ᠲᠧᠯᠸᠢᠰ ᠵᠦᠴᠦᠭᠡ ᠦᠢᠯᠡᠳᠬᠦ ᠬᠢᠷᠢ ᠴᠢᠳᠠᠮᠵᠢ ᠢ ᠭᠡᠷᠬᠢᠨ ᠣᠯᠬᠤ ᠪᠣᠢ︖
ᠨᠡᠶᠢᠲᠡᠯᠡᠭᠰᠡᠨ ᠴᠠᠭ᠄
2015/10/10
     ᠲᠧᠯᠸᠢᠰ ᠵᠦᠴᠦᠭᠡ ᠰᠡᠭᠦᠳᠡᠷᠯᠡᠨ ᠦᠢᠯᠡᠳᠬᠦ ᠪᠠᠶᠢᠭᠤᠯᠤᠮᠵᠢ ᠤᠷᠢᠳᠠᠪᠡᠷ ᠲᠧᠯᠸᠢᠰ ᠵᠦᠴᠦᠭᠡ ᠦᠢᠯᠡᠳᠬᠦ  ᠬᠢᠷᠢ ᠴᠢᠳᠠᠮᠵᠢ ᠣᠯᠬᠤ ᠬᠡᠷᠡᠭᠲᠡᠢ᠂ ᠲᠤᠬᠠᠶᠢᠯᠠᠪᠠᠯ ᠳᠣᠣᠷ᠎ᠠ ᠵᠢᠭᠰᠠᠭᠠᠭᠰᠠᠨ ᠨᠥᠬᠦᠴᠡᠯ ᠤᠨ ᠨᠢᠭᠡ ᠳᠤᠨᠢ ᠨᠡᠶᠢᠴᠡᠭᠰᠡᠨ  ᠪᠠᠶᠢᠬᠤ ᠬᠡᠷᠡᠭᠲᠡᠢ᠄              ︵ᠨᠢᠭᠡ︶ ︽ᠲᠧᠯᠸᠢᠰ ᠵᠦᠴᠦᠭᠡ ᠦᠢᠯᠡᠳᠬᠦ ᠵᠥᠪᠰᠢᠶᠡᠷᠡᠯ ᠤᠨ ᠦᠨᠡᠮᠯᠡᠯ ︵ᠨᠢᠭᠡᠳᠦᠭᠡᠷ ᠲᠦᠷᠦᠯ︶︾   ᠲᠠᠢ ᠪᠠᠶᠢᠬᠤ︔              ︵ᠬᠤᠶᠠᠷ︶ ︽ᠷᠠᠳᠢᠣ᠋ ᠺᠢᠨᠣ᠋ ᠲᠧᠯᠸᠢᠰ ᠤᠨ ᠫᠷᠦᠭᠷᠡᠮ ᠦᠢᠯᠡᠳᠬᠦ ᠡᠵᠡᠩᠨᠡᠯᠲᠡ ᠶᠢᠨ ᠵᠥᠪᠰᠢᠶᠡᠷᠡᠯ ᠤᠨ  ᠦᠨᠡᠮᠯᠡᠯ︾ ᠲᠠᠢ ᠪᠠᠶᠢᠬᠤ︔              ︵ᠭᠤᠷᠪᠠ︶ ᠲᠣᠭᠤᠷᠢᠭ ᠲᠠᠢ ᠬᠤᠲᠠ ᠶᠢᠨ ᠱᠠᠲᠤᠨ ᠠᠴᠠ ᠳᠡᠭᠡᠭᠰᠢᠬᠢ ᠲᠧᠯᠸᠢᠰ ᠬᠤᠷᠢᠶ᠎ᠠ ︵ᠷᠠᠳᠢᠣ᠋ ᠺᠢᠨᠣ᠋  ᠲᠧᠯᠸᠢᠰ ᠤᠨ ᠬᠤᠷᠢᠶ᠎ᠠ᠂ ᠷᠠᠳᠢᠣ᠋ ᠺᠢᠨᠣ᠋ ᠲᠧᠯᠸᠢᠰ ᠤᠨ ᠪᠦᠯᠦᠭᠯᠡᠯ ᠪᠠᠭᠲᠠᠨ᠎ᠠ︶︔              ︵ᠳᠥᠷᠪᠡ︶ ︽ᠺᠢᠨᠣ᠋ ᠦᠢᠯᠡᠳᠬᠦ ᠵᠥᠪᠰᠢᠶᠡᠷᠡᠯ ᠤᠨ ᠦᠨᠡᠮᠯᠡᠯ︾ ᠲᠠᠢ ᠪᠠᠶᠢᠬᠤ︔              ︵ᠲᠠᠪᠤ︶  ︽ᠲᠧᠯᠸᠢᠰ ᠵᠦᠴᠦᠭᠡ ᠦᠢᠯᠡᠳᠬᠦ ᠵᠥᠪᠰᠢᠶᠡᠷᠡᠯ ᠤᠨ ᠦᠨᠡᠮᠯᠡᠯ ︵ᠳᠡᠳ᠋ ᠲᠦᠷᠦᠯ︶︾  ᠭᠤᠶᠤᠴᠢᠯᠠᠨ ᠠᠪᠬᠤ ᠬᠢᠷᠢ ᠴᠢᠳᠠᠮᠵᠢ ᠶᠢ ᠪᠦᠷᠢᠳᠥᠭᠦᠯᠥᠭᠰᠡᠨ ᠪᠤᠰᠤᠳ ᠦᠢᠯᠡᠳᠬᠦ ᠪᠠᠶᠢᠭᠤᠯᠤᠮᠵᠢ᠃            ᠲᠥᠪ ᠤᠨ ᠰᠢᠭᠤᠳ ᠬᠠᠷᠢᠶ᠎ᠠ ᠪᠠᠶᠢᠭᠤᠯᠤᠮᠵᠢ ᠳᠡᠭᠡᠷᠡᠬᠢ ᠬᠢᠷᠢ ᠴᠢᠳᠠᠮᠵᠢ ᠶᠢ ᠭᠤᠶᠤᠴᠢᠯᠠᠬᠤ ᠪᠠᠷ ᠪᠠᠶᠢᠭ᠎ᠠ  ᠪᠣᠯ ᠤᠯᠠᠮᠵᠢᠯᠠᠬᠤ ᠵᠠᠭᠤᠴᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠵᠣᠷᠭᠠᠨ ︵ᠭᠤᠣᠯ ᠮᠠᠰᠢᠨ  86093114 ᠠᠴᠠ ᠤᠯᠠᠮᠵᠢᠯᠠᠬᠤ ᠵᠠᠭᠤᠴᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠵᠣᠷᠭᠠᠨ ᠤᠷᠤᠭᠤ  ᠵᠠᠯᠭᠠᠭᠤᠯᠤᠨ᠎ᠠ︶ ᠠᠴᠠ ᠯᠠᠪᠯᠠᠵᠤ ᠪᠣᠯᠣᠨ᠎ᠠ᠃ ᠡᠯ᠎ᠡ ᠠᠶᠢᠮᠠᠭ ᠬᠤᠲᠠ ᠥᠪᠡᠷᠲᠡᠭᠡᠨ ᠵᠠᠰᠠᠬᠤ ᠣᠷᠣᠨ ᠤ ᠦᠢᠯᠡᠳᠬᠦ  ᠪᠠᠶᠢᠭᠤᠯᠤᠮᠵᠢ ᠪᠣᠯ ᠲᠣᠬᠠᠢ ᠶᠢᠨ ᠭᠠᠵᠠᠷ ᠤᠨ ᠮᠤᠵᠢ ᠶᠢᠨ ᠱᠠᠲᠤᠨ ᠤ ᠷᠠᠳᠢᠣ᠋ ᠺᠢᠨᠣ᠋ ᠲᠧᠯᠸᠢᠰ ᠤᠨ ᠵᠠᠰᠠᠭ ᠵᠠᠬᠢᠷᠭᠠᠨ ᠤ  ᠰᠠᠯᠠᠭ᠎ᠠ ᠮᠦᠴᠢᠷ ︵ᠪᠤᠳᠠᠳᠠᠢ ᠳ᠋ᠢᠶᠠᠩᠬᠤᠸᠠ ᠶᠢ ᠲᠣᠬᠠᠢ ᠶᠢᠨ ᠭᠠᠵᠠᠷ ᠤᠨ 114 ᠶᠢ ᠤᠲᠠᠰᠤᠳᠠᠭᠠᠳ ᠪᠠᠶᠢᠴᠠᠭᠠᠨ  ᠠᠰᠠᠭᠤᠵᠦ ᠪᠣᠯᠣᠨ᠎ᠠ︶ ᠠᠴᠠ ᠯᠠᠪᠯᠠᠵᠤ ᠪᠣᠯᠣᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号