ᠰᠤᠷᠪᠤᠯᠵᠢᠯᠠᠭᠰᠠᠨ ᠴᠠᠭ᠄ | 2015 ᠣᠨ ᠤ 9 ᠳ᠋ᠤᠭᠡᠷ ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ 10 ᠴᠠᠭ ᠲᠤ | ᠰᠤᠷᠪᠤᠯᠵᠢᠯᠠᠭᠰᠠᠨ ᠵᠤᠴᠢᠨ᠄ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠮᠡᠳᠡᠭᠡ ᠵᠠᠩᠭᠢᠵᠢᠯ ᠤᠨ ᠵᠦᠪᠯᠡᠯ ᠤᠨ ᠳᠡᠳ᠋ ᠡᠷᠬᠢᠯᠡᠭᠴᠢ | ᠵᠠᠩ ᠪᠠᠢ ᠴᠧᠩ | | | | ᠰᠤᠷᠪᠤᠯᠵᠢᠯᠠᠨ ᠶᠠᠷᠢᠯᠴᠠᠭᠰᠠᠨ ᠲᠤᠪᠴᠢ᠄ | ᠠᠵᠤ ᠠᠬᠤᠶᠢᠯᠠᠯ ᠤᠨ ᠬᠠᠦᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠠᠵᠤ ᠠᠬᠤᠶᠢᠯᠠᠯ ᠤᠨ | ᠳᠠᠷᠤᠭᠠᠰᠤ ᠶᠢ ᠬᠥᠩᠭᠡᠯᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠦᠨ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ ᠥᠷᠭᠦᠯᠵᠢᠯᠡᠨ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠶᠢᠨ ᠲᠥᠯᠦᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ | ᠡᠷᠬᠡ ᠠᠰᠢᠭ ᠢ ᠬᠠᠮᠠᠭᠠᠯᠠᠬᠤ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ ᠳᠥᠭᠦᠮᠴᠢᠯᠡᠨ᠎ᠡ︶ ᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠤᠰᠬᠠᠢ ᠰᠡᠳᠦᠪᠲᠦ | ᠬᠤᠷᠠᠯ ᠢᠶᠠᠷ ᠬᠢᠨᠠᠨ ᠪᠠᠲᠤᠯᠠᠭᠠᠳ ᠥᠪᠥᠷ ᠵᠠᠰᠠᠭ ᠲᠠᠷᠬᠠᠭᠠᠭᠰᠠᠨ【2015】64 ᠳ᠋ᠤᠭᠡᠷ ᠲᠣᠭᠠᠲᠤ ᠪᠢᠴᠢᠭ | ᠮᠠᠲ᠋ᠧᠷᠢᠶᠠᠯ ᠢᠶᠠᠷ ᠢᠯᠡ ᠪᠠᠷ ᠨᠡᠶᠢᠲᠡᠯᠡᠭᠰᠡᠨ ᠪᠠᠶᠢᠨ᠎ᠠ᠃ ︽ᠲᠣᠭᠲᠠᠭᠠᠯ︾ ᠤᠨ ᠨᠡᠶᠢᠲᠡᠯᠡᠯᠲᠡ ᠪᠣᠯ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠬᠦ ᠠᠵᠢᠯ ᠤᠨ | ᠨᠢᠭᠡᠨ ᠲᠣᠮᠣ ᠶᠠᠪᠤᠳᠠᠯ ᠪᠣᠯᠬᠤ ᠪᠥᠭᠡᠳ ᠪᠥᠬᠦ ᠣᠷᠣᠨ ᠤ ᠠᠵᠤ ᠠᠬᠤᠶᠢᠯᠠᠯ ᠤᠨ ᠬᠠᠦᠯᠢ ᠶᠣᠰᠣᠨ ᠤ ᠡᠵᠡᠩᠨᠡᠯᠲᠡ | ᠳᠤ ︽ᠬᠠᠮᠠᠭᠠᠯᠠᠯᠲᠠ ᠶᠢᠨ ᠰᠢᠭᠦᠷ︾ ᠣᠯᠭᠤᠭᠰᠠᠨ ᠪᠠᠶᠢᠨ᠎ᠠ᠃ ︽ᠲᠣᠭᠲᠠᠭᠠᠯ︾ ᠤᠨ ᠬᠤᠯᠪᠤᠭᠳᠠᠯ ᠪᠥᠬᠦᠢ | ᠠᠭᠤᠯᠭ᠎ᠠ ᠶᠢ ᠨᠡᠶᠢᠭᠡᠮ ᠳᠠᠶᠠᠭᠠᠷ ᠪᠣᠯᠣᠨ ᠥᠷᠭᠡᠨ ᠣᠯᠠᠨ ᠠᠵᠤ ᠠᠬᠤᠶᠢᠯᠠᠯ ᠳᠤ ᠨᠠᠷᠢᠨ ᠣᠶᠢᠯᠠᠭᠠᠭᠤᠯᠬᠤ ᠶᠢᠨ | ᠲᠤᠰᠠᠲᠠ᠂ ᠣᠶᠢᠷ᠎ᠠ ᠳᠤ ᠪᠢᠳᠡ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠮᠡᠳᠡᠭᠡ ᠵᠠᠩᠭᠢᠵᠢᠯ ᠤᠨ | ᠵᠦᠪᠯᠡᠯ ᠤᠨ ᠳᠡᠳ᠋ ᠡᠷᠬᠢᠯᠡᠭᠴᠢ ᠵᠠᠩ ᠪᠠᠢ ᠴᠧᠩ ᠢ ︽ᠳᠤᠮᠳᠠᠲᠤ ᠤᠯᠤᠰ᠂ ᠥᠪᠥᠷ ᠮᠣᠩᠭᠤᠯ︾ ᠰᠦᠯᠵᠢᠶᠡᠨ ᠳᠤ | ᠣᠷᠢᠵᠤ ᠲᠠ ᠪᠥᠬᠦᠨ ᠲᠠᠢ ᠶᠠᠷᠢᠯᠴᠠᠭᠤᠯᠬᠤ ᠪᠣᠯᠣᠨ᠎ᠠ᠂ ᠥᠷᠭᠡᠨ ᠣᠯᠠᠨ ᠰᠦᠯᠵᠢᠶᠡᠨ ᠠᠨᠳᠠ ᠨᠠᠷ ᠲᠤᠬᠠᠢ ᠶᠢᠨ | ᠴᠠᠭ ᠲᠤᠨᠢ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠬᠥᠲᠥᠯᠥᠭᠴᠢ᠄ ᠰᠦᠯᠵᠢᠶᠡᠨ ᠠᠨᠳᠠ ᠨᠠᠷ ᠡ᠂ ᠰᠠᠶᠢᠨ ᠪᠠᠶᠢᠴᠠᠭᠠᠨ᠎ᠠ ᠦᠦ᠂ ᠲᠠ ᠪᠥᠬᠦᠨ ᠲᠤᠰ | ᠬᠤᠭᠤᠴᠠᠭᠠᠨ ᠤ ︽ᠳᠤᠮᠳᠠᠲᠤ ᠤᠯᠤᠰ ᠥᠪᠥᠷ ᠮᠣᠩᠭᠤᠯ︾ ᠪᠣᠯᠣᠩ ᠤᠨ ᠰᠦᠯᠵᠢᠶᠡᠨ ᠰᠣᠷᠪᠤᠯᠵᠢᠯᠠᠭ᠎ᠠ ᠶᠢ | ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠠᠵᠠ ᠵᠠᠪᠰᠢᠶᠠᠨ ᠲᠠᠢ ᠪᠠᠷ | ᠠᠵᠤ ᠠᠬᠤᠢ ᠮᠡᠳᠡᠭᠡ ᠵᠠᠩᠭᠢᠵᠢᠯ ᠤᠨ ᠵᠦᠪᠯᠡᠯ ᠤᠨ ᠳᠡᠳ᠋ ᠡᠷᠬᠢᠯᠡᠭᠴᠢ ᠵᠠᠩ ᠪᠠᠢ ᠴᠧᠩ ᠢ ᠠᠳᠡ ᠣᠷᠢᠨ ᠢᠷᠡᠵᠦ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠡᠷᠬᠡ ᠠᠰᠢᠭ ᠢ ᠬᠠᠮᠠᠭᠠᠯᠠᠬᠤ | ᠲᠣᠭᠲᠠᠭᠠᠯ ︵ᠳᠣᠷᠣᠭᠰᠢ ︽ᠲᠣᠭᠲᠠᠭᠠᠯ︾ ᠭᠡᠵᠦ ᠳᠥᠭᠦᠮᠴᠢᠯᠡᠨ᠎ᠡ︶ ᠤᠨ ᠬᠤᠯᠪᠤᠭᠳᠠᠯ ᠪᠥᠬᠦᠢ ᠪᠠᠶᠢᠳᠠᠯ ᠤᠨ | ᠲᠣᠬᠠᠢ ᠮᠠᠨ ᠳᠤ ᠨᠠᠷᠢᠨ ᠲᠠᠶᠢᠯᠤᠮᠵᠢ ᠬᠢᠬᠦ ᠪᠣᠯᠣᠨ᠎ᠠ᠃ ᠵᠠᠩ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ | ᠪᠠᠶᠢᠨ᠎ᠠ᠃ | ᠵᠠᠩ ᠪᠠᠢ ᠴᠧᠩ᠄ ᠬᠥᠲᠥᠯᠥᠭᠴᠢ ᠲᠠ ᠰᠠᠶᠢᠨ ᠪᠠᠶᠢᠨᠤ᠂ ᠰᠦᠯᠵᠢᠶᠡᠨ ᠠᠨᠳᠠ ᠨᠠᠷ ᠰᠠᠶᠢᠨ ᠪᠠᠶᠢᠴᠠᠭᠠᠨ᠎ᠠ ᠦᠦ | ᠃ ᠡᠨᠡ ᠬᠥ᠋ ᠵᠠᠪᠰᠢᠶᠠᠨ ᠢᠶᠠᠷ ᠲᠠ ᠪᠥᠬᠦᠨ ᠲᠠᠢ ᠵᠣᠭᠤᠭᠳᠠᠬᠤ ᠪᠣᠯᠣᠭᠰᠠᠨ ᠳᠠᠭᠠᠨ ᠲᠤᠩ ᠪᠠᠶᠠᠷᠲᠠᠢ ᠪᠠᠶᠢᠨ᠎ᠠ᠃ | | ᠬᠥᠲᠥᠯᠥᠭᠴᠢ᠄ ᠵᠠᠩ ᠡᠷᠬᠢᠯᠡᠭᠴᠢ ᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ | ᠠᠬᠤᠶᠢᠯᠠᠯ ᠤᠨ ᠡᠷᠬᠡ ᠠᠰᠢᠭ ᠢ ᠬᠠᠮᠠᠭᠠᠯᠠᠬᠤ ᠲᠣᠭᠲᠠᠭᠠᠯ︾ ᠢ ᠲᠣᠭᠤᠷᠪᠢᠨ ᠪᠢᠴᠢᠭᠰᠡᠨ ᠶᠠᠪᠤᠴᠠ ᠨᠤᠭᠤᠳ ᠢ | ᠤᠷᠢᠳᠠᠪᠡᠷ ᠮᠠᠨ ᠳᠤ ᠲᠠᠨᠢᠯᠴᠠᠭᠤᠯᠤᠭᠠᠳ ᠥᠭᠭᠦᠨᠦ︖ | ᠵᠠᠩ ᠪᠠᠢ ᠴᠧᠩ᠄ ᠪᠣᠯᠣᠨ᠎ᠠ᠃ ᠡᠨᠡ ᠵᠢᠯ ᠤᠨ ᠡᠬᠢᠨ ᠠᠴᠠ ᠠᠪᠤᠭᠠᠳ 4 ᠳ᠋ᠤᠭᠡᠷ ᠰᠠᠷ᠎ᠠ ᠶᠢᠨ ᠡᠴᠦᠰ | ᠬᠥᠷᠲᠡᠯ᠎ᠡ᠂ ᠪᠢᠳᠡ ︽ᠲᠣᠭᠲᠠᠭᠠᠯ︾ ᠤᠨ ᠡᠮᠦᠨᠡᠬᠢ ᠬᠤᠭᠤᠴᠠᠭᠠᠨ ᠤ ᠪᠠᠶᠢᠴᠠᠭᠠᠨ ᠰᠣᠳᠣᠯᠣᠯᠲᠠ ᠶᠢᠨ ᠠᠵᠢᠯ ᠢ | ᠪᠡᠶᠡᠯᠡᠭᠦᠯᠵᠡᠢ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠬᠦ ᠠᠵᠢᠯ ᠤᠨ | ᠤᠳᠤᠷᠢᠳᠬᠤ ᠳᠤᠭᠤᠶᠢᠯᠠᠩ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠦᠭᠡᠯᠡᠭᠴᠢᠳ ᠤᠨ | ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠦᠪᠯᠡᠯᠭᠡᠨ ᠤ ᠬᠤᠯᠪᠤᠭᠳᠠᠯ ᠪᠥᠬᠦᠢ ᠰᠠᠯᠠᠭ᠎ᠠ | ᠮᠦᠴᠢᠷ ᠢᠶᠠᠷ ᠪᠦᠷᠢᠯᠳᠦᠭᠰᠡᠨ ᠬᠠᠮᠲᠤᠷᠠᠨ ᠠᠵᠢᠯᠯᠠᠬᠤ 6 ᠳᠤᠭᠤᠶᠢᠯᠠᠩ ᠪᠠᠶᠢᠭᠤᠯᠤᠨ᠂ ᠡᠯ᠎ᠡ ᠠᠶᠢᠮᠠᠭ ᠬᠤᠲᠠ ᠪᠠᠷ | ᠬᠦᠷᠴᠦ᠂ ᠬᠠᠮᠢᠶ᠎ᠡ ᠪᠥᠬᠦᠢ ᠪᠠᠶᠢᠴᠠᠭᠠᠨ ᠰᠣᠳᠣᠯᠣᠯᠲᠠ ᠶᠢᠨ ᠠᠵᠢᠯ ᠢ ᠥᠷᠨᠢᠭᠦᠯᠦᠨ᠂ ᠡᠯ᠎ᠡ ᠠᠶᠢᠮᠠᠭ ᠬᠤᠲᠠ ᠶᠢᠨ | ᠬᠤᠯᠪᠤᠭᠳᠠᠯ ᠪᠥᠬᠦᠢ ᠰᠠᠯᠠᠭ᠎ᠠ ᠮᠦᠴᠢᠷ᠂ ᠡᠯ᠎ᠡ ᠲᠥᠷᠥᠯ ᠤᠨ ᠠᠵᠤ ᠠᠬᠤᠶᠢᠯᠠᠯ ᠠᠴᠠ ᠣᠳᠣᠬᠠᠨ ᠤ ᠠᠵᠤ | ᠠᠬᠤᠶᠢᠯᠠᠯ ᠤᠨ ᠡᠷᠬᠡ ᠪᠠᠨ ᠬᠠᠮᠠᠭᠠᠯᠠᠵᠤ ᠳᠠᠷᠤᠭᠠᠰᠤ ᠬᠥᠩᠭᠡᠯᠡᠬᠦ ᠲᠣᠬᠠᠢ ᠰᠠᠨᠠᠯ ᠰᠠᠨᠠᠭᠤᠯᠭ᠎ᠠ ᠰᠣᠨᠣᠰᠴᠠᠢ︔ | ᠠᠶᠢᠮᠠᠭ ᠬᠤᠲᠠ ᠶᠢᠨ ᠰᠠᠨᠠᠯ ᠪᠠ ᠰᠠᠨᠠᠭᠤᠯᠭ᠎ᠠ ᠶᠢ ᠪᠢᠳᠡ ᠰᠢᠰᠲ᠋ᠧᠮ ᠲᠠᠢ ᠪᠠᠷ ᠡᠮᠬᠢᠯᠡᠨ ᠰᠣᠩᠭᠤᠭᠰᠠᠨ ᠤ ᠬᠠᠮᠲᠤ᠂ | ᠪᠣᠰᠤᠳ ᠮᠤᠵᠢ ᠤᠷᠤᠨ ᠬᠤᠲᠠ ᠶᠢᠨ ᠬᠤᠯᠪᠤᠭᠳᠠᠯ ᠪᠥᠬᠦᠢ ᠪᠢᠴᠢᠭ ᠮᠠᠲ᠋ᠧᠷᠢᠶᠠᠯ ᠢ ᠯᠠᠪᠯᠠᠯᠲᠠ ᠪᠣᠯᠭᠠᠨ᠂ ︽ | ᠲᠣᠭᠲᠠᠭᠠᠯ︾ ᠤᠨ ᠠᠩᠬ᠎ᠠ ᠨᠤᠤᠷᠠᠭ ᠢ 5 ᠳ᠋ᠤᠭᠠᠷ ᠰᠠᠷ᠎ᠠ ᠶᠢᠨ ᠳᠤᠮᠳᠠᠴᠢ ᠪᠠᠷ ᠪᠢᠴᠢᠵᠦ ᠭᠠᠷᠭᠠᠭᠠᠳ ᠥᠪᠡᠷᠲᠡᠭᠡᠨ | ᠵᠠᠰᠠᠬᠤ ᠣᠷᠣᠨ ᠤ ᠥᠭᠡᠷᠡᠴᠢᠯᠡᠯᠲᠡ ᠬᠥᠭᠵᠢᠭᠦᠯᠦᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠠᠷᠠᠳ ᠤᠨ | ᠶᠠᠪᠤᠳᠠᠯ ᠤᠨ ᠲᠢᠩᠬᠢᠮ᠂ ᠣᠷᠣᠨ ᠨᠤᠲᠤᠭ ᠤᠨ ᠭᠠᠶᠢᠯᠢ ᠶᠢᠨ ᠲᠣᠪᠴᠢᠶ᠎ᠡ ᠵᠡᠷᠭᠡ ᠬᠤᠯᠪᠤᠭᠳᠠᠯ ᠪᠥᠬᠦᠢ ᠲᠢᠩᠬᠢᠮ | ᠲᠣᠪᠴᠢᠶ᠎ᠡ ᠳᠤ ᠥᠭᠴᠦ ᠰᠠᠨᠠᠯ ᠬᠤᠷᠢᠶᠠᠪᠠ᠃ ᠡᠯ᠎ᠡ ᠲᠢᠩᠬᠢᠮ ᠲᠣᠪᠴᠢᠶᠡᠨ ᠤ ᠪᠤᠴᠠᠭᠠᠭᠰᠠᠨ ᠰᠠᠨᠠᠯ ᠢ | ᠦᠨᠳᠦᠰᠦᠯᠡᠨ ᠵᠠᠰᠠᠪᠤᠷᠢ ᠣᠷᠤᠭᠤᠯᠤᠨ ᠲᠡᠭᠦᠯᠳᠡᠷᠵᠢᠭᠦᠯᠵᠦ᠂ 5 ᠳ᠋ᠤᠭᠠᠷ ᠰᠠᠷ᠎ᠠ ᠶᠢᠨ ᠳᠤᠮᠳᠠᠴᠢ ᠪᠠᠷ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠡᠷᠬᠡ ᠠᠰᠢᠭ ᠢ ᠬᠠᠮᠠᠭᠠᠯᠠᠬᠤ ᠲᠣᠭᠲᠠᠭᠠᠯ ︵ | ᠮᠡᠳᠡᠭᠦᠯᠦᠨ ᠬᠥᠷᠭᠡᠬᠦ ᠨᠤᠤᠷᠠᠭ︶︾ ᠢ ᠪᠢᠴᠢᠵᠦ ᠭᠠᠷᠭᠠᠭᠠᠳ ᠬᠢᠨᠠᠨ ᠵᠦᠪᠯᠡᠭᠦᠯᠭᠦ ᠪᠠᠷ ᠥᠪᠡᠷᠲᠡᠭᠡᠨ ᠵᠠᠰᠠᠬᠤ ᠣᠷᠣᠨ | ᠤ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠭᠰᠡᠨ ᠶᠤᠮ᠃ | ᠬᠥᠲᠥᠯᠥᠭᠴᠢ᠄ ᠶᠠᠮᠠᠷ ᠠᠬᠤᠢ ᠪᠠᠶᠢᠳᠠᠯ ᠠᠴᠠ ᠪᠣᠯᠵᠤ ︽ᠲᠣᠭᠲᠠᠭᠠᠯ︾ ᠭᠠᠷᠭᠠᠭᠰᠠᠨ ᠪᠣᠢ︖ | ᠵᠠᠩ ᠪᠠᠢ ᠴᠧᠩ᠄ ᠣᠳᠣᠬᠠᠨ ᠤ ᠪᠡᠷᠬᠡ ᠪᠣᠳᠣᠯᠢᠶᠡᠨᠲᠠᠢ ᠠᠵᠤ ᠠᠬᠤᠢ ᠶᠢᠨ ᠪᠠᠶᠢᠳᠠᠯ ᠪᠣᠯᠣᠨ ᠬᠡᠯᠪᠡᠷᠢ ᠶᠢ | ᠰᠢᠯᠵᠢᠭᠦᠯᠦᠨ ᠪᠥᠲᠦᠴᠡ ᠶᠢ ᠲᠣᠬᠢᠷᠠᠭᠤᠯᠬᠤ ᠲᠤᠩ ᠬᠠᠳᠠᠭᠤᠵᠢᠯᠲᠠᠢ ᠡᠭᠦᠷᠭᠡ ᠶᠢᠨ ᠡᠮᠦᠨ᠎ᠡ᠂ ᠮᠠᠨ ᠤ ᠣᠷᠣᠨ ᠤ | ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠮᠠᠰᠢ ᠣᠯᠠᠨ ᠬᠦᠴᠢᠷᠳᠡᠯ ᠪᠣᠯᠣᠨ ᠠᠰᠠᠭᠤᠳᠠᠯ ᠢᠯᠡᠷᠡᠵᠦ᠂ | ᠠᠵᠤ ᠠᠬᠤᠶᠢᠯᠠᠯ ᠤᠨ ᠶᠡᠷᠦᠩᠬᠡᠶᠢᠯᠡᠭᠰᠡᠨ ᠳᠠᠷᠤᠭᠠᠰᠤ ᠬᠥᠩᠭᠡᠷᠡᠬᠦ ᠶᠢᠨ ᠠᠷᠭ᠎ᠠ ᠦᠭᠡᠢ ᠪᠣᠯᠵᠠᠢ᠃ ᠵᠢᠱᠢᠶᠡᠯᠡᠪᠡᠯ᠂ | ᠡᠯ᠎ᠡ ᠲᠥᠷᠥᠯ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠶᠢᠨ ᠡᠮᠦᠨᠡᠬᠢ ᠡᠵᠡᠩᠨᠡᠯᠲᠡ ᠶᠢᠨ ᠴᠢᠨᠠᠷᠲᠠᠢ | ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠡ ᠥᠨᠳᠥᠷ᠂ ᠲᠥᠷᠥᠯ ᠵᠦᠢᠯ ᠣᠯᠠᠨ᠂ ᠬᠢᠨᠠᠨ ᠵᠦᠪᠰᠢᠶᠡᠷᠡᠬᠦ | ᠦᠶᠡᠯᠡᠯ ᠤᠨ ᠬᠤᠭᠤᠴᠠᠭ᠎ᠠ ᠤᠷᠲᠤ︔ ᠵᠠᠭᠤᠴᠢᠯᠠᠭᠤᠷ ᠪᠠᠶᠢᠭᠤᠯᠤᠮᠵᠢ ᠶᠢᠨ ᠰᠦᠢᠳᠬᠡᠯ ᠬᠤᠷᠢᠶᠠᠬᠤ ᠳᠤ ᠬᠦᠴᠦᠨ | ᠲᠡᠭᠦᠯᠳᠡᠷ ᠥᠷᠢᠰᠦᠯᠳᠦᠭᠡᠨ ᠪᠠᠶᠢᠬᠤ ᠦᠭᠡᠢ᠂ ᠵᠢᠭᠠᠨ ᠲᠣᠭᠲᠠᠭᠰᠠᠨ ᠦᠢᠯᠡᠴᠢᠯᠡᠭᠡ ᠪᠣᠯᠣᠨ ᠭᠠᠭᠴᠠᠭᠠᠷ ᠡᠵᠡᠮᠰᠢᠨ | ᠡᠵᠡᠩᠨᠡᠬᠦ ᠪᠠᠶᠢᠳᠠᠯ ᠠᠳᠠᠯᠢ ᠪᠣᠰᠤ ᠬᠡᠮᠵᠢᠶ᠎ᠡ ᠪᠠᠷ ᠣᠷᠣᠰᠢᠵᠤ ᠪᠠᠶᠢᠬᠤ︔ ᠵᠠᠰᠠᠭ ᠤᠨ ᠣᠷᠣᠨ ᠤ ᠬᠡᠰᠡᠭ | ᠪᠠᠶᠢᠭᠤᠯᠤᠮᠵᠢ ᠵᠣᠬᠢᠶᠠᠨ ᠪᠠᠶᠢᠭᠤᠯᠤᠯᠲᠠ ᠶᠢᠨ ᠡᠭᠦᠷᠭᠡ ᠴᠢᠳᠠᠪᠤᠷᠢ ᠶᠢᠨ ᠪᠠᠶᠢᠷᠢ ᠨᠢ ᠪᠣᠷᠣᠭᠤᠳᠠᠵᠤ᠂ ᠠᠵᠤ | ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠳᠤ ᠵᠠᠰᠠᠭ ᠵᠠᠬᠢᠷᠭᠠᠨ ᠤ ᠠᠷᠭ᠎ᠠ ᠠᠪᠴᠢᠯ ᠢᠶᠠᠷ ᠭᠠᠷ | ᠳᠥᠷᠥᠬᠦ ᠪᠣᠶᠤ ᠰᠢᠢᠳᠪᠦᠷᠢᠯᠡᠨ ᠲᠣᠭᠲᠠᠭᠠᠬᠤ︔ ᠬᠠᠦᠯᠢ ᠶᠣᠰᠤᠭᠠᠷ ᠠᠵᠢᠯᠯᠠᠬᠤ ᠦᠭᠡᠢ᠂ ᠳᠤᠷ᠎ᠠ ᠪᠠᠷ ᠢᠶᠠᠨ | ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠬᠢᠨᠠᠨ ᠪᠠᠶᠢᠴᠠᠭᠠᠬᠤ᠂ ᠳᠤᠷ᠎ᠠ ᠪᠠᠷ ᠢᠶᠠᠨ ᠠᠳᠠᠯᠢᠳᠬᠠᠯ ᠬᠢᠬᠦ᠂ | ᠳᠤᠷ᠎ᠠ ᠪᠠᠷ ᠢᠶᠠᠨ ᠲᠤᠰᠠᠯᠠᠮᠵᠢ ᠠᠪᠬᠤ ᠵᠡᠷᠭᠡ ᠦᠵᠡᠭᠳᠡᠯ ᠪᠠᠶᠢᠨ ᠪᠠᠶᠢᠨ ᠭᠠᠷᠴᠤ ᠪᠠᠶᠢᠨ᠎ᠠ ᠭᠡᠵᠦ ᠠᠵᠤ | ᠠᠬᠤᠶᠢᠯᠠᠯ ᠤᠳ ᠨᠡᠶᠢᠳᠡᠮ ᠲᠤᠰᠬᠠᠵᠤ ᠪᠠᠶᠢᠪᠠ᠃ | ᠡᠭᠦᠨ ᠤ ᠬᠠᠮᠲᠤᠲᠠ᠂ ᠡᠨᠡ ᠵᠢᠯ ᠤᠨ 4 ᠳ᠋ᠤᠭᠡᠷ ᠰᠠᠷ᠎ᠠ ᠶᠢᠨ 8 ᠤ ᠡᠳᠦᠷ ᠯᠢ ᠺᠧ ᠴᠢᠶᠠᠩ ᠶᠡᠷᠦᠩᠬᠡᠢ | ᠰᠠᠶᠢᠳ ᠲᠥᠷᠥ ᠶᠢᠨ ᠶᠠᠪᠤᠳᠠᠯ ᠤᠨ ᠬᠤᠷᠢᠶ᠎ᠡ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠠᠭᠠᠰ | ᠵᠢᠯ ᠤᠨ ᠴᠠᠭ ᠢ ᠲᠥᠪᠯᠡᠷᠡᠭᠦᠯᠦᠨ ᠲᠤᠰᠬᠠᠢ ᠠᠵᠢᠯᠯᠠᠭ᠎ᠠ ᠶᠠᠪᠤᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠳᠤ ᠠᠪᠴᠤ ᠪᠠᠶᠢᠭᠠᠳ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠬᠦ ᠬᠡᠷᠡᠭᠲᠡᠢ ᠭᠡᠵᠥ ᠱᠠᠭᠠᠷᠳᠠᠪᠠ᠃ | ᠠᠵᠤ ᠠᠬᠤᠶᠢᠯᠠᠯ ᠤᠨ ᠵᠢᠷᠤᠬᠡᠰᠢᠶᠠᠯ ᠪᠣᠯᠣᠨ ᠬᠦᠴᠢᠷᠳᠡᠯ ᠢ ᠬᠠᠦᠯᠢ ᠶᠣᠰᠤᠭᠠᠷ ᠬᠠᠪᠰᠤᠷᠤᠨ ᠠᠷᠢᠯᠭᠠᠵᠤ᠂ ᠮᠠᠨ ᠤ | ᠣᠷᠣᠨ ᠤ ᠠᠵᠤ ᠠᠬᠤᠶᠢᠯᠠᠯ ᠤᠨ ᠬᠠᠦᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠦᠴᠦᠯᠡᠴᠡ ᠪᠠᠨ ᠶᠡᠬᠡᠰᠬᠡᠵᠦ᠂ | ᠠᠵᠤ ᠠᠬᠤᠶᠢᠯᠠᠯ ᠤᠨ ᠳᠤᠳᠤᠭᠠᠳᠤᠬᠢ ᠳᠠᠯᠳᠠ ᠬᠦᠴᠦᠨ ᠪᠣᠯᠣᠨ ᠭᠠᠳᠠᠭᠠᠳᠤᠬᠢ ᠠᠮᠢᠵᠢᠷᠠᠯ ᠤᠨ ᠬᠦᠴᠦᠨ ᠢ | ᠣᠷᠭᠢᠯᠠᠭᠤᠯᠵᠤ᠂ ᠮᠠᠨ ᠤ ᠣᠷᠣᠨ ᠤ ᠪᠡᠯᠡ ᠣᠷᠤᠭᠤᠯᠤᠯᠲᠠ ᠪᠣᠯᠣᠨ ᠦᠢᠡᠯᠳᠪᠦᠷᠢᠯᠡᠯ ᠡᠵᠡᠩᠨᠡᠯᠲᠡ ᠶᠢᠨ ᠣᠷᠴᠢᠨ | ᠲᠣᠭᠤᠷᠢᠨ ᠢ ᠰᠢᠯᠢᠳᠡᠭᠵᠢᠭᠦᠯᠬᠦ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ | ᠠᠬᠤᠶᠢᠯᠠᠯ ᠤᠨ ᠡᠷᠬᠡ ᠠᠰᠢᠭ ᠢ ᠬᠠᠮᠠᠭᠠᠯᠠᠬᠤ ᠲᠣᠭᠲᠠᠭᠠᠯ︾ ᠪᠣᠢ ᠪᠣᠯᠵᠤ ᠮᠡᠨᠳᠦᠯᠡᠵᠡᠢ᠃ | ᠬᠦᠲᠦᠯᠦᠭᠴᠢ᠄ | ︽ᠠᠵᠤ ᠠᠬᠤᠶᠢᠯᠠᠯ ᠤᠨ ᠡᠷᠬᠡ ᠠᠰᠢᠭ ᠢ ᠬᠠᠮᠠᠭᠠᠯᠠᠬᠤ ᠲᠣᠭᠲᠠᠭᠠᠯ︾ ᠨᠢ ᠶᠠᠮᠠᠷ ᠴᠢᠬᠤᠯᠠ ᠠᠴᠢ | ᠬᠤᠯᠪᠣᠭᠳᠠᠯ ᠲᠠᠢ ᠪᠣᠢ︖ | ᠵᠠᠩ ᠪᠠᠢ ᠴᠧᠩ᠄ | ᠶᠡᠷᠦᠩᠭᠡᠢ ᠳᠤ ᠨᠢ ᠠᠪᠴᠤ ᠦᠵᠡᠪᠡᠯ᠂ ︽ᠲᠣᠭᠲᠠᠭᠠᠯ︾ ᠭᠠᠷᠭᠠᠬᠤ ᠪᠣᠯ ᠥᠭᠡᠷᠡᠴᠢᠯᠡᠯᠲᠡ ᠶᠢᠨ ᠠᠰᠢᠭ | ᠲᠤᠰᠠ ᠶᠢ ᠢᠯᠡᠷᠡᠭᠦᠯᠬᠦ ᠬᠡᠷᠡᠭᠴᠡᠭᠡ ᠪᠣᠯᠬᠤ ᠪᠦᠭᠡᠳ ᠬᠠᠣᠯᠢᠵᠢᠯ ᠥᠪᠥᠷ ᠮᠣᠩᠭᠤᠯ ᠢ ᠪᠦᠲᠦᠭᠡᠨ ᠪᠠᠶᠢᠭᠤᠯᠬᠤ ᠶᠢᠨ | ᠬᠡᠷᠡᠭᠴᠡᠭᠡ ᠪᠣᠯᠣᠨ᠎ᠠ᠂ ᠮᠦᠨᠴᠦ ᠮᠠᠨ ᠤ ᠣᠷᠣᠨ ᠤ ᠣᠳᠣᠬᠢ ᠠᠵᠤ ᠠᠬᠤᠢ ᠶᠢᠨ ᠪᠠᠶᠢᠳᠠᠯ ᠤᠨ ᠬᠥᠭᠵᠢᠯᠲᠡ ᠶᠢᠨ | ᠬᠡᠷᠡᠭᠴᠡᠭᠡ ᠪᠣᠯᠣᠨ᠎ᠠ᠃ ᠪᠣᠳᠠᠲᠠᠢ ᠪᠠᠷ ᠠᠪᠴᠤ ᠦᠵᠡᠪᠡᠯ᠂ ᠲᠡᠷᠡ ᠨᠢ ᠳᠣᠣᠷᠠᠬᠢ ᠭᠤᠷᠪᠠᠨ ᠴᠢᠬᠤᠯᠠ ᠠᠴᠢ | ᠬᠤᠯᠪᠣᠭᠳᠠᠯ ᠢ ᠢᠯᠡᠷᠡᠭᠦᠯᠵᠡᠢ᠄ ᠨᠢᠭᠡ ᠳᠤ ᠬᠠᠣᠯᠢ ᠪᠠᠷ ᠵᠠᠰᠠᠬᠤ ᠪᠦᠲᠦᠭᠡᠨ ᠪᠠᠶᠢᠭᠤᠯᠤᠯᠲᠠ᠂ ᠤᠯᠤᠰ ᠢᠶᠠᠨ | ᠬᠠᠣᠯᠢ ᠪᠠᠷ ᠵᠠᠰᠠᠬᠤ᠂ ᠣᠷᠣᠨ ᠢᠶᠠᠨ ᠬᠠᠣᠯᠢ ᠪᠠᠷ ᠵᠠᠰᠠᠬᠤ ᠶᠢ ᠲᠦᠷᠭᠡᠳᠬᠡᠨ ᠠᠬᠢᠭᠤᠯᠬᠤ ᠲᠣᠬᠠᠢ ᠨᠠᠮ ᠤᠨ ᠲᠥᠪ | ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ ᠢᠯᠡᠷᠡᠭᠦᠯᠪᠡ︔ | ᠬᠤᠶᠠᠷ ᠲᠤ ︽ᠬᠠᠣᠯᠢᠵᠢᠯ ᠵᠠᠰᠠᠭ ᠤᠨ ᠣᠷᠳᠣᠨ︾ ᠪᠣᠯᠣᠨ ᠦᠢᠯᠡᠴᠢᠯᠡᠬᠦ ᠬᠡᠯᠪᠡᠷᠢ ᠶᠢᠨ ᠵᠠᠰᠠᠭ ᠤᠨ ᠣᠷᠳᠣᠨ ᠤ | ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠳᠤ ᠠᠰᠢᠭᠲᠠᠢ︔ ᠭᠤᠷᠪᠠ ᠳᠤ | ᠥᠷᠭᠡᠨ ᠣᠯᠠᠨ ᠠᠵᠤ ᠠᠬᠤᠶᠢᠯᠠᠯ ᠤᠨ ᠡᠵᠡᠩᠨᠡᠭᠴᠢᠳ ᠤᠨ ᠬᠦᠰᠡᠯ ᠱᠠᠭᠠᠷᠳᠠᠯᠭ᠎ᠠ ᠪᠣᠯᠣᠨ ᠨᠡᠶᠢᠭᠡᠮ ᠨᠡᠶᠢᠲᠡ ᠶᠢᠨ | ᠡᠷᠡᠮᠡᠯᠵᠡᠯ ᠳᠤ ᠨᠡᠶᠢᠴᠡᠭᠰᠡᠨ ᠪᠠᠶᠢᠨ᠎ᠠ᠃ | ᠬᠦᠲᠦᠯᠦᠭᠴᠢ᠄ | ᠲᠠ ︽ᠲᠣᠭᠲᠠᠭᠠᠯ︾ ᠤᠨ ᠠᠭᠤᠯᠭ᠎ᠠ ᠨᠤᠭᠤᠳ ᠪᠠ ᠠᠵᠢᠯ ᠤᠨ ᠭᠤᠣᠯᠳᠠᠯᠭ᠎ᠠ ᠶᠢ ᠳᠦᠭᠦᠮᠬᠡᠨ | ᠲᠣᠲᠤᠷᠬᠠᠶᠢᠯᠠᠭᠠᠳ ᠥᠭᠭᠦᠨ᠎ᠡ ᠤᠤ︖ | ᠵᠠᠩ ᠪᠠᠢ ᠴᠧᠩ᠄ | ︽ᠲᠣᠭᠲᠠᠭᠠᠯ︾ ᠤᠨ ᠠᠭᠤᠯᠭ᠎ᠠ ᠨᠢ ᠨᠡᠶᠢᠲᠡ 25 ᠵᠦᠢᠯ᠂ ᠭᠤᠣᠯᠳᠠᠭᠤ ᠠᠵᠤ ᠠᠬᠤᠶᠢᠯᠠᠯ ᠤᠨ ᠡᠭᠦᠷᠭᠡᠯᠡᠬᠦ | ᠶᠣᠰᠣ ᠲᠠᠢ ᠨᠡᠶᠢᠭᠡᠮ ᠤᠨ ᠬᠠᠷᠢᠭᠤᠴᠠᠯᠭ᠎ᠠ ᠬᠢᠭᠡᠳ ᠡᠭᠦᠷᠭᠡ᠂ ᠠᠵᠤ ᠠᠬᠤᠶᠢᠯᠠᠯ ᠤᠨ ᠡᠷᠬᠡ ᠠᠰᠢᠭ ᠢ ᠬᠠᠮᠠᠭᠠᠯᠠᠬᠤ | ᠪᠡᠶᠡᠴᠢ ᠴᠣᠭᠴᠠ ᠪᠠ ᠬᠠᠮᠢᠶ᠎ᠠ ᠪᠦᠬᠦᠢ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ᠂ ᠬᠠᠮᠠᠭᠠᠯᠠᠬᠤ ᠠᠷᠭ᠎ᠠ | ᠬᠡᠮᠵᠢᠶ᠎ᠡ᠂ ᠬᠠᠣᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠠᠭᠤᠯᠭ᠎ᠠ ᠶᠢ ᠲᠣᠭᠲᠠᠭᠠᠪᠠ᠃ ᠲᠣᠭᠲᠠᠭᠠᠯ ᠢ ᠲᠤᠭᠤᠷᠪᠢᠨ | ᠪᠢᠴᠢᠬᠦ ᠶᠠᠪᠤᠴᠠ ᠳᠤ᠂ ᠬᠠᠷᠢᠶᠠᠯᠠᠬᠤ ᠬᠠᠣᠯᠢ ᠶᠢ ᠬᠠᠷᠢᠯᠴᠠᠨ ᠨᠢᠭᠡᠳᠦᠯᠲᠡᠢ ᠪᠠᠶᠢᠯᠭᠠᠬᠤ ᠮᠦᠷᠲᠡᠭᠡᠨ ᠳᠦᠷᠢᠮ | ᠲᠣᠭᠲᠠᠭᠠᠯ ᠤᠨ ᠰᠢᠨ᠎ᠡ ᠶᠢ ᠡᠭᠦᠳᠴᠦ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠨᠴᠠᠯᠢᠭ ᠢ | ᠢᠯᠡᠷᠡᠭᠦᠯᠬᠦ ᠵᠠᠷᠴᠢᠮ ᠢ ᠪᠠᠷᠢᠮᠲᠠᠯᠠᠵᠤ᠂ ᠦᠢᠯᠡᠳᠦᠯᠭᠡ ᠶᠢᠨ ᠲᠤᠷᠰᠢᠯᠭ᠎ᠠ ᠪᠠᠨ ᠬᠢᠨᠠᠮᠠᠭᠠᠢ ᠪᠠᠷ ᠳ᠋ᠦᠩᠨᠡᠵᠦ᠂ ᠠᠵᠤ | ᠠᠬᠤᠶᠢᠯᠠᠯ ᠤᠨ ᠡᠷᠬᠡ ᠠᠰᠢᠭ ᠢ ᠬᠠᠮᠠᠭᠠᠯᠠᠬᠤ ᠠᠵᠢᠯ ᠳᠤ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠤᠳ ᠢ | ᠡᠷᠢᠨ ᠵᠦᠢᠴᠢᠯᠡᠵᠦ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠨᠦᠭᠦᠳ ᠢ ᠳᠤᠷᠠᠳᠴᠠᠢ᠃ ᠬᠠᠷᠢᠶᠠᠯᠠᠬᠤ | ᠬᠠᠣᠯᠢ ᠳᠤ ᠨᠢᠭᠡᠨᠲᠡ ᠲᠤᠲᠤᠷᠬᠠᠢ ᠲᠣᠭᠲᠠᠭᠠᠭᠰᠠᠨ ᠠᠭᠤᠯᠭ᠎ᠠ ᠶᠢ ︽ᠲᠣᠭᠲᠠᠭᠠᠯ︾ ᠳᠤ ᠳᠠᠪᠬᠤᠴᠠᠨ | ᠲᠣᠭᠲᠠᠭᠠᠭᠰᠠᠨ ᠦᠭᠡᠢ᠂ ᠭᠤᠣᠯᠳᠠᠭᠤ ᠲᠦᠷᠥ ᠠᠴᠠ ᠲᠤᠲᠤᠷᠬᠠᠢ ᠲᠣᠭᠲᠠᠭᠠᠭᠰᠠᠨ ᠦᠭᠡᠢ ᠵᠠᠰᠠᠭ ᠵᠠᠬᠢᠷᠭᠠᠨ ᠤ | ᠪᠠᠶᠢᠭᠤᠯᠭ᠎ᠠ ᠪᠣᠯᠣᠨ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ᠂ ᠵᠠᠭᠤᠴᠢᠯᠠᠭᠤᠷ | ᠪᠠᠶᠢᠭᠤᠯᠤᠮᠵᠢ᠂ ᠠᠵᠢᠯ ᠲᠥᠷᠥᠯ ᠤᠨ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ | ᠵᠢᠴᠢ ᠠᠵᠤ ᠠᠬᠤᠶᠢᠯᠠᠯ ᠤᠨ ᠡᠷᠬᠡ ᠠᠰᠢᠭ ᠲᠤ ᠬᠠᠯᠳᠠᠬᠤ ᠵᠡᠷᠭᠡ ᠨᠡᠯᠢᠶᠡᠳ ᠲᠥᠪᠯᠡᠷᠡᠩᠭᠦᠢ ᠣᠷᠤᠰᠢᠵᠤ ᠪᠠᠶᠢᠭ᠎ᠠ | ᠵᠠᠰᠠᠭ ᠵᠠᠬᠢᠷᠭᠠᠨ ᠤ ᠰᠦᠢᠳᠬᠡᠯ ᠬᠤᠷᠢᠶᠠᠬᠤ᠂ ᠰᠢᠯᠭᠠᠨ ᠪᠠᠶᠢᠴᠠᠭᠠᠬᠤ᠂ ᠬᠠᠣᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠬᠢᠬᠦ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠮᠡᠲᠦ ᠶᠢᠨ ᠭᠤᠣᠯᠳᠠᠯᠭ᠎ᠠ ᠲᠠᠢ | ᠬᠦᠷᠢᠶ᠎ᠡ ᠨᠦᠭᠦᠳ ᠢ ᠵᠢᠷᠤᠮᠵᠢᠭᠤᠯᠤᠭᠰᠠᠨ ᠪᠠᠶᠢᠨ᠎ᠠ᠃ | ᠬᠦᠲᠦᠯᠦᠭᠴᠢ᠄ | ︽ᠲᠣᠭᠲᠠᠭᠠᠯ︾ ᠳᠤ ᠵᠠᠰᠠᠭ ᠵᠠᠬᠢᠷᠭᠠᠨ ᠤ ᠪᠡᠶᠡᠴᠢ ᠴᠣᠭᠴᠠ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠬᠤ | ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖ | ᠵᠠᠩ ᠪᠠᠢ ᠴᠧᠩ᠄ | ᠭᠤᠣᠯᠳᠠᠭᠤ ᠳᠥᠷᠪᠡᠨ ᠠᠷᠭ᠎ᠠ ᠬᠡᠮᠵᠢᠶ᠎ᠡ ᠠᠪᠴᠠᠢ᠄ ᠨᠢᠭᠡ ᠳᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠶᠠᠪᠤᠭᠤᠯᠵᠤ ᠪᠠᠶᠢᠭ᠎ᠠ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠦᠢᠳᠬᠡᠯ ᠬᠤᠷᠢᠶᠠᠬᠤ᠂ ᠬᠠᠣᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠵᠡᠷᠭᠡ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠳᠠᠬᠢ ᠵᠣᠬᠢᠰ ᠦᠭᠡᠢ | ᠦᠢᠯᠡᠳᠬᠦᠢ᠂ ᠬᠠᠣᠯᠢ ᠵᠦᠷᠢᠴᠡᠭᠰᠡᠨ ᠦᠢᠯᠡᠳᠬᠦᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠲᠣᠭᠲᠠᠭᠠᠵᠠᠢ᠃ ᠬᠤᠶᠠᠷ ᠲᠤ | ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠠᠵᠤ ᠠᠬᠤᠶᠢᠯᠠᠯ ᠳᠤ ᠵᠠᠰᠠᠭ ᠵᠠᠬᠢᠷᠭᠠᠨ ᠤ ᠲᠣᠷᠭᠠᠭᠤᠯᠢ ᠥᠭᠬᠦ ᠪᠠ ᠵᠠᠰᠠᠭ | ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠳᠤ ᠪᠠᠨ ᠬᠠᠣᠯᠢ ᠪᠠᠷ ᠲᠣᠭᠲᠠᠭᠠᠭᠰᠠᠨ ᠡᠷᠬᠡ ᠮᠡᠳᠡᠯ᠂ | ᠵᠢᠷᠤᠮ ᠤᠨ ᠶᠤᠰᠣ ᠪᠠᠷ ᠶᠠᠪᠤᠭᠤᠯᠬᠤ ᠶᠣᠰᠤᠲᠠᠢ᠃ ᠭᠤᠷᠪᠠ ᠳᠤ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ | ᠵᠠᠬᠢᠷᠭᠠᠨ ᠤ ᠬᠠᠮᠢᠶᠠᠷᠤᠯᠲᠠ ᠳᠤ ᠪᠠᠨ ᠵᠢᠱᠢᠶ᠎ᠡ ᠦᠵᠡᠭᠦᠯᠬᠦ᠂ ᠨᠡᠶᠢᠲᠡ ᠳᠤ ᠵᠠᠷᠯᠠᠬᠤ᠂ ᠢᠳᠬᠠᠨ ᠴᠡᠭᠡᠷᠯᠡᠭᠦᠯᠬᠦ᠂ | ᠪᠣᠯᠵᠣᠨ ᠶᠠᠷᠢᠯᠴᠠᠬᠤ ᠵᠡᠷᠭᠡ ᠬᠡᠯᠪᠡᠷᠢ ᠶᠢ ᠭᠤᠣᠯᠴᠢᠯᠠᠨ ᠬᠡᠷᠡᠭᠯᠡᠵᠦ᠂ ᠠᠵᠤ ᠠᠬᠤᠶᠢᠯᠠᠯ ᠢ ᠰᠤᠷᠭᠠᠨ ᠬᠦᠮᠦᠵᠢᠭᠦᠯᠦᠨ᠂ | ᠬᠦᠲᠦᠯᠦᠨ ᠵᠢᠯᠣᠭᠤᠳᠴᠦ᠂ ᠰᠢᠮᠳᠠᠭᠤᠯᠤᠨ ᠬᠠᠣᠯᠢ ᠠᠴᠠ ᠵᠦᠷᠢᠴᠡᠬᠦ ᠦᠢᠯᠡ ᠠᠵᠢᠯᠯᠠᠭ᠎ᠠ ᠪᠠᠨ | ᠤᠬᠠᠮᠰᠠᠷ ᠠᠴᠠ ᠪᠠᠨ ᠵᠠᠯᠠᠷᠠᠭᠤᠯᠬᠤ ᠶᠤᠰᠤᠲᠠᠢ᠃ ᠳᠥᠷᠪᠡ ᠳᠤ ᠠᠵᠤ ᠠᠬᠤᠶᠢᠯᠠᠯ ᠠᠴᠠ ᠨᠡᠯᠢᠶᠡᠳ ᠲᠥᠪᠯᠡᠷᠡᠯ ᠲᠠᠢ | ᠲᠤᠰᠬᠠᠵᠤ ᠪᠠᠶᠢᠭ᠎ᠠ ᠠᠵᠤ ᠠᠬᠤᠶᠢᠯᠠᠯ ᠤᠳ ᠢ ᠠᠯᠪᠠᠳᠠᠬᠤ ᠶᠤᠮ ᠤᠤ ᠡᠰᠡᠬᠦᠯ᠎ᠡ ᠬᠡᠯᠪᠡᠷᠢ ᠶᠢ ᠨᠢ ᠥᠭᠡᠷᠡᠲᠡᠭᠦᠯᠦᠨ | ᠠᠯᠪᠠᠳᠠᠵᠤ ᠪᠠᠶᠢᠭᠠᠳ ᠠᠳᠠᠯᠢᠳᠬᠠᠯ ᠳᠤ ᠣᠷᠣᠯᠴᠠᠭᠤᠯᠬᠤ᠂ ᠲᠡᠷᠡᠴᠢᠯᠡᠨ ᠰᠦᠢᠳᠬᠡᠯ ᠬᠤᠷᠢᠶᠠᠬᠤ ᠮᠡᠲᠦ ᠶᠢᠨ ᠠᠵᠤ | ᠠᠬᠤᠶᠢᠯᠠᠯ ᠤᠨ ᠬᠠᠣᠯᠢ ᠶᠣᠰᠤᠨ ᠤ ᠡᠷᠬᠡ ᠠᠰᠢᠭ ᠲᠤ ᠬᠠᠯᠳᠠᠬᠤ ᠦᠢᠯᠡ ᠠᠵᠢᠯᠯᠠᠭ᠎ᠠ ᠶᠢ ︽ᠲᠣᠭᠲᠠᠭᠠᠯ︾ ᠤᠨ | ᠠᠷᠪᠠᠨ ᠨᠠᠢᠮᠠᠳᠤᠭᠠᠷ ᠵᠦᠢᠯ᠂ ᠠᠷᠪᠠ ᠶᠢᠰᠦᠳᠦᠭᠡᠷ ᠵᠦᠢᠯ ᠳᠤ ᠴᠠᠭᠠᠵᠠᠯᠠᠬᠤ ᠴᠢᠨᠠᠷᠲᠠᠢ ᠱᠠᠭᠠᠷᠳᠠᠯᠭ᠎ᠠ ᠲᠣᠭᠲᠠᠭᠠᠭᠰᠠᠨ | ᠪᠣᠯᠬᠤᠷ ᠠᠳᠡ ᠨᠠᠷᠢᠨ ᠶᠠᠷᠢᠬᠤ ᠦᠭᠡᠢ᠃ | ᠬᠦᠲᠦᠯᠦᠭᠴᠢ᠄ | ︽ᠲᠣᠭᠲᠠᠭᠠᠯ︾ ᠳᠤ ᠠᠵᠢᠯ ᠲᠥᠷᠥᠯ ᠤᠨ ᠨᠡᠶᠢᠭᠡᠮᠯᠢᠭ ᠪᠣᠯᠣᠨ ᠰᠣᠨᠢᠨ ᠮᠡᠳᠡᠭᠡᠨ ᠤ ᠵᠠᠭᠤᠴᠢᠯᠠᠭᠤᠷ ᠤᠨ | ᠬᠢᠨ ᠦᠢᠯᠡᠳᠦᠯ ᠢᠶᠠᠨ ᠬᠡᠷᠬᠢᠨ ᠢᠳᠡᠪᠬᠢᠲᠡᠢ ᠪᠠᠳᠠᠷᠠᠭᠤᠯᠬᠤ ᠲᠠᠯ᠎ᠠ ᠪᠠᠷ ᠶᠠᠮᠠᠷ ᠶᠠᠮᠠᠷ ᠱᠠᠭᠠᠷᠳᠠᠯᠭ᠎ᠠ ᠳᠤᠷᠠᠳᠤᠭᠰᠠᠨ | ᠪᠣᠢ︖ | ᠵᠠᠩ ᠪᠠᠢ ᠴᠧᠩ᠄ | ᠠᠵᠤ ᠠᠬᠤᠶᠢᠯᠠᠯ ᠤᠨ ᠡᠷᠬᠡ ᠠᠰᠢᠭ ᠢ ᠬᠠᠮᠠᠭᠠᠯᠠᠬᠤ ᠠᠵᠢᠯ ᠳᠤ ᠬᠤᠯᠪᠣᠭᠳᠠᠯ ᠪᠦᠬᠦᠢ ᠠᠵᠢᠯ ᠲᠥᠷᠥᠯ ᠤᠨ | ᠨᠡᠶᠢᠭᠡᠮᠯᠢᠭ ᠪᠣᠯᠣᠨ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠢᠳᠡᠪᠬᠢᠲᠡᠢ ᠣᠷᠣᠯᠴᠠᠬᠤ ᠶᠠᠪᠤᠳᠠᠯ ᠱᠠᠭᠠᠷᠳᠠᠨ᠎ᠠ᠃ | ᠲᠡᠳᠡᠨ ᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠤᠰᠠᠳᠠ᠂ ᠡᠯ᠎ᠡ ᠠᠵᠢᠯ ᠲᠥᠷᠥᠯ ᠤᠨ | ᠨᠡᠶᠢᠭᠡᠮᠯᠢᠭ ︵ᠬᠤᠳᠠᠯᠳᠤᠭᠠᠴᠢᠨ ᠤ ᠡᠪᠯᠡᠯ︶ ᠪᠣᠯᠣᠨ ᠰᠣᠨᠢᠨ ᠮᠡᠳᠡᠭᠡᠨ ᠤ ᠵᠠᠭᠤᠴᠢᠯᠠᠭᠤᠷ ᠤᠳ ᠥᠪᠡᠷ ᠤᠨ ᠦᠢᠯᠡ | ᠠᠵᠢᠯᠯᠠᠭ᠎ᠠ ᠪᠠᠨ ᠬᠠᠣᠯᠢ ᠶᠤᠰᠣ ᠪᠠᠷ ᠵᠢᠷᠤᠮᠵᠢᠭᠤᠯᠬᠤ ᠬᠡᠷᠡᠭᠲᠡᠢ᠃ ᠨᠢᠭᠡ ᠳᠤ ᠠᠵᠢᠯ ᠲᠥᠷᠥᠯ ᠤᠨ | ᠨᠡᠶᠢᠭᠡᠮᠯᠢᠭ ᠤᠳ ᠬᠠᠣᠯᠢ ᠴᠠᠭᠠᠵᠠ᠂ ᠵᠠᠰᠠᠭ ᠵᠠᠬᠢᠷᠭᠠᠨ ᠤ ᠬᠠᠣᠯᠢ ᠲᠣᠭᠲᠠᠭᠠᠯ ᠤᠨ ᠦᠨᠳᠦᠰᠦᠯᠡᠯ ᠦᠭᠡᠢ ᠪᠠᠷ | ᠠᠵᠤ ᠠᠬᠤᠶᠢᠯᠠᠯ ᠢ ᠨᠡᠶᠢᠭᠡᠮᠯᠢᠭ ᠲᠡᠭᠡᠨ ᠠᠯᠪᠠᠳᠠᠨ ᠣᠷᠣᠭᠤᠯᠬᠤ ᠪᠣᠶᠣ ᠬᠡᠯᠪᠡᠷᠢ ᠶᠢ ᠨᠢ ᠥᠭᠡᠷᠡᠲᠡᠭᠦᠯᠦᠨ ᠠᠯᠪᠠᠳᠠᠨ | ᠣᠷᠣᠭᠤᠯᠵᠤ ᠪᠣᠯᠬᠤ ᠦᠭᠡᠢ︔ ᠨᠡᠶᠢᠭᠡᠮᠯᠢᠭ ᠤᠨ ᠰᠦᠢᠳᠬᠡᠯ ᠬᠤᠷᠢᠶᠠᠬᠤ ᠪᠠᠷᠢᠮᠵᠢᠶ᠎ᠠ ᠲᠣᠭᠲᠠᠭᠠᠬᠤ ᠪᠣᠶᠣ | ᠲᠣᠬᠢᠷᠠᠭᠤᠯᠤᠯᠲᠠ ᠬᠢᠬᠦ ᠳᠡᠭᠡᠨ ᠤᠯᠤᠰ ᠠᠴᠠ ᠲᠣᠭᠲᠠᠭᠠᠭᠰᠠᠨ ᠵᠢᠷᠦᠮ ᠪᠣᠯᠣᠨ ᠱᠠᠭᠠᠷᠳᠠᠯᠭ᠎ᠠ ᠶᠣᠰᠣ ᠪᠠᠷ | ᠬᠡᠷᠡᠭᠵᠢᠭᠦᠯᠬᠦ ᠬᠡᠷᠡᠭᠲᠡᠢ︔ ᠬᠤᠶᠠᠷ ᠲᠤ ᠰᠣᠨᠢᠨ ᠮᠡᠳᠡᠭᠡᠨ ᠤ ᠵᠠᠭᠤᠴᠢᠯᠠᠭᠤᠷ ᠤᠳ ᠠᠵᠤ ᠠᠬᠤᠶᠢᠯᠠᠯ ᠳᠤ | ᠬᠤᠯᠪᠣᠭᠳᠠᠬᠤ ᠮᠡᠳᠡᠭᠡ ᠪᠠᠨ ᠪᠤᠰᠤᠳᠴᠢ ᠪᠦᠭᠡᠳ ᠦᠨᠡᠨ ᠪᠣᠳᠠᠲᠠᠢ᠂ ᠲᠥᠪ ᠭᠤᠤᠯᠴᠢ ᠪᠠᠷ ᠮᠡᠳᠡᠭᠡᠯᠡᠬᠦ ᠬᠡᠷᠡᠭᠲᠡᠢ᠂ | ᠪᠤᠳᠠᠳᠤ ᠶᠠᠪᠤᠳᠠᠯ ᠢ ᠦᠰᠬᠡᠬᠦ ᠪᠤᠶᠤ ᠬᠤᠳᠠᠯ ᠬᠠᠭᠤᠷᠮᠠᠭ ᠢᠶᠠᠷ ᠮᠡᠳᠡᠭᠡᠯᠡᠵᠦ ᠪᠣᠯᠬᠤ ᠦᠭᠡᠢ᠂ ᠰᠦᠬᠡᠷᠬᠦ ᠮᠡᠳᠡᠭᠡ | ᠵᠠᠩᠭᠢ ᠶᠢ ᠯᠡᠪᠡᠷᠡᠭᠦᠯᠬᠦ ᠪᠠᠷ ᠠᠶᠤᠯᠭᠠᠨ ᠠᠵᠤ ᠠᠬᠤᠶᠢᠯᠠᠯ ᠠᠴᠠ ᠡᠳ᠋ ᠪᠤᠳᠠᠰ ᠪᠤᠶᠤ ᠪᠤᠰᠤᠳ ᠠᠰᠢᠭ ᠲᠤᠰᠠ | ᠬᠢᠨᠠᠨ ᠱᠤᠯᠤᠵᠤ ᠪᠣᠯᠬᠤ ᠦᠭᠡᠢ ᠃ | ᠬᠦᠲᠦᠯᠦᠭᠴᠢ᠄ | ᠵᠠ᠂ ᠵᠠᠩ ᠡᠷᠬᠢᠯᠡᠭᠴᠢ ᠶᠢᠨ ᠲᠠᠶᠢᠯᠪᠤᠷᠢᠯᠠᠭᠰᠠᠨ ᠳᠤ ᠲᠠᠯᠠᠷᠬᠠᠵᠤ ᠪᠠᠶᠢᠨ᠎ᠠ᠃ ︽ᠲᠤᠭᠲᠠᠭᠠᠯ︾ ᠭᠠᠷᠭᠠᠭᠰᠠᠨ | ᠨᠢ᠂ ᠶᠠᠭ ᠮᠠᠨ ᠤ ᠡᠷᠡᠮᠡᠯᠵᠡᠯᠡᠭᠰᠡᠨ ᠰᠢᠭ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠦᠩᠭᠡᠯᠡᠵᠦ᠂ ᠮᠠᠨ ᠤ | ᠣᠷᠣᠨ ᠤ ᠠᠵᠤ ᠠᠬᠤᠶᠢᠯᠠᠯ ᠤᠨ ᠬᠠᠣᠯᠢ ᠶᠣᠰᠣᠨ ᠤ ᠡᠵᠡᠩᠨᠡᠯᠲᠡ ᠶᠢ ᠲᠤᠯᠭᠠᠭᠤᠷᠢᠯᠠᠬᠤ ︽ᠬᠠᠮᠠᠭᠠᠯᠠᠯᠲᠠ ᠶᠢᠨ | ᠰᠢᠬᠦᠷ︾ ᠪᠣᠯᠬᠤ ᠶᠢ ᠢᠲᠡᠭᠡᠵᠦ ᠪᠠᠶᠢᠨ᠎ᠠ︕ ᠵᠠᠩ ᠡᠷᠬᠢᠯᠡᠭᠴᠢ ᠮᠠᠨ ᠤ ᠰᠦᠯᠵᠢᠶᠡᠨ ᠳᠤ ᠢᠷᠡᠭᠰᠡᠨ ᠳᠤ ᠳᠠᠬᠢᠨ | ᠲᠠᠯᠠᠷᠬᠠᠵᠤ ᠪᠠᠶᠢᠨ᠎ᠠ᠂ ᠮᠦᠨᠴᠦ ᠰᠦᠯᠵᠢᠶᠡᠨ ᠠᠨᠳᠠ ᠨᠠᠷ ᠤᠨ ᠣᠷᠤᠯᠴᠠᠭᠰᠠᠨ ᠳᠤ ᠲᠠᠯᠠᠷᠬᠠᠵᠤ ᠪᠠᠶᠢᠨ᠎ᠠ᠂ ᠲᠤᠰ | ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠳᠠᠷᠠᠭᠠᠴᠢ ᠶᠢᠨ ᠫᠷᠦᠭᠷᠡᠮ ᠳᠤ ᠪᠠᠶᠠᠷᠲᠠᠢ | ᠵᠣᠯᠭᠠᠶ᠎ᠠ︕ |