ᠵᠢᠯᠤᠭᠤᠴᠢ ᠶᠢᠨ ᠦᠨᠡᠮᠯᠡᠯ ᠢᠶᠠᠨ ᠭᠡᠭᠡᠭᠰᠡᠨ ᠪᠣᠶᠤ ᠰᠦᠢᠳᠭᠡᠭᠰᠡᠨ ᠪᠣᠯ ᠶᠠᠭᠠᠬᠢᠬᠤ ᠪᠣᠢ︖
ᠨᠡᠶᠢᠲᠡᠯᠡᠭᠰᠡᠨ ᠴᠠᠭ᠄
2015/10/8
      ᠨᠢᠭᠡ᠂ ᠲᠤᠰᠢᠶᠠᠬᠤ ᠮᠠᠲ᠋ᠧᠷᠢᠶᠠᠯ᠄            1᠂ ︽ᠮᠠᠰᠢᠨᠲᠦ ᠲᠡᠷᠭᠡᠨ ᠤ ᠵᠢᠯᠣᠭᠤᠴᠢ ᠶᠢᠨ ᠦᠨᠡᠮᠯᠡᠯ ᠤᠨ ᠭᠤᠶᠣᠴᠢᠯᠠᠯ ᠤᠨ ᠬᠥᠰᠦᠨᠦᠭᠲᠦ︾︔            2᠂ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠪᠣᠯᠣᠨ ᠬᠠᠭᠤᠯᠪᠤᠷᠢ︔            3᠂ ᠬᠦᠴᠦᠨ ᠪᠦᠬᠦᠢ ᠬᠤᠭᠤᠴᠠᠭ᠎ᠠ ᠨᠢ ᠳᠦᠭᠦᠷᠦᠭᠡᠳ ᠦᠨᠡᠮᠯᠡᠯ ᠰᠣᠯᠢᠬᠤ᠂ ᠲᠣᠭᠲᠠᠭᠰᠠᠨ ᠨᠠᠰᠤᠨ ᠳᠤ  ᠬᠦᠷᠦᠭᠡᠳ ᠦᠨᠡᠮᠯᠡᠯ ᠰᠣᠯᠢᠬᠤ ᠳᠤ ᠬᠠᠷᠢᠶᠠᠯᠠᠭᠳᠠᠪᠠᠯ᠂ ︽ᠮᠠᠰᠢᠨᠲᠦ ᠲᠡᠷᠭᠡᠨ ᠤ ᠵᠢᠯᠣᠭᠤᠴᠢ ᠶᠢᠨ ᠪᠡᠶ᠎ᠡ  ᠮᠠᠬᠠᠪᠤᠳ ᠤᠨ ᠨᠥᠬᠦᠴᠡᠯ ᠤᠨ ᠭᠡᠷᠡᠴᠢ︾ ᠲᠤᠰᠢᠶᠠᠬᠤ ᠬᠡᠷᠡᠭᠲᠡᠢ︔            4᠂ ᠣᠶᠢᠷ᠎ᠠ ᠶᠢᠨ ᠬᠤᠭᠤᠴᠠᠭᠠᠨ ᠤ ᠮᠠᠯᠠᠭᠠᠢ ᠦᠭᠡᠢ ᠴᠠᠭᠠᠨ ᠳᠡᠪᠢᠰᠬᠡᠷᠲᠦ ᠨᠢᠭᠡ ᠢᠮᠠᠬᠤ ᠪᠣᠳᠤᠭᠲᠤ ᠭᠡᠷᠡᠯ  ᠵᠢᠷᠤᠭ 4 ᠬᠠᠭᠤᠳᠠᠰᠤ            ᠬᠤᠶᠠᠷ᠂ ᠣᠨᠴᠠᠭᠠᠢ ᠰᠠᠨᠠᠭᠤᠯᠤᠮᠵᠢ            1᠂ ᠬᠤᠶᠠᠷ ᠪᠣᠶᠤ ᠬᠤᠶᠠᠷ ᠠᠴᠠ ᠳᠡᠭᠡᠭᠰᠢ ᠦᠨᠡᠮᠯᠡᠯ ᠰᠣᠯᠢᠬᠤ ᠲᠤᠬᠠᠶᠢᠯᠠᠭᠰᠠᠨ ᠠᠵᠢᠯ ᠢ ᠵᠡᠷᠭᠡ ᠳᠤᠨᠢ  ᠭᠦᠢᠴᠡᠳᠬᠡᠬᠦ ᠪᠠᠷ ᠭᠤᠶᠤᠴᠢᠯᠠᠭᠰᠠᠨ ᠳᠤ ᠪᠣᠯ ᠨᠡᠶᠢᠯᠡᠭᠦᠯᠦᠨ ᠭᠦᠢᠴᠡᠳᠬᠡᠵᠦ ᠪᠣᠯᠣᠨ᠎ᠠ︔            2᠂ ᠬᠤᠭᠤᠴᠠᠭ᠎ᠠ ᠳᠦᠭᠦᠷᠦᠭᠰᠡᠨ ᠤ ᠦᠨᠡᠮᠯᠡᠯ ᠰᠣᠯᠢᠬᠤ᠂ ᠲᠣᠭᠲᠠᠭᠰᠠᠨ ᠨᠠᠰᠤᠨ ᠳᠤ ᠬᠦᠷᠥᠭᠰᠡᠨ ᠤ  ᠦᠨᠡᠮᠯᠡᠯ ᠰᠣᠯᠢᠬᠤ᠂ ᠵᠢᠯᠤᠭᠤᠳᠬᠤ ᠮᠠᠰᠢᠨ ᠤ ᠬᠡᠯᠪᠡᠷᠢ ᠪᠠᠨ ᠰᠠᠶᠢᠨ ᠳᠤᠷ᠎ᠠ ᠠᠴᠠ ᠪᠠᠨ ᠳᠣᠷᠣᠭᠰᠢᠯᠠᠭᠤᠯᠤᠭᠰᠠᠨ ᠤ  ᠦᠨᠡᠮᠯᠡᠯ ᠰᠣᠯᠢᠬᠤ᠂ ᠵᠢᠯᠣᠭᠤᠴᠢ ᠶᠢᠨ ᠮᠡᠳᠡᠭᠡ ᠵᠠᠩᠭᠢ ᠳᠤ ᠬᠤᠪᠢᠷᠠᠯᠲᠠ ᠭᠠᠷᠤᠭᠰᠠᠨ ᠤ ᠦᠨᠡᠮᠯᠡᠯ ᠰᠣᠯᠢᠬᠤ  ᠶᠠᠪᠤᠳᠠᠯ ᠢ ᠭᠦᠢᠴᠡᠳᠭᠡᠬᠦ ᠦᠶ᠎ᠡ ᠳᠤ ᠤᠤᠯ ᠤᠨ ᠵᠢᠯᠣᠭᠤᠴᠢ ᠶᠢᠨ ᠦᠨᠡᠮᠯᠡᠯ ᠢ ᠨᠢ ᠪᠤᠴᠠᠭᠠᠵᠦ ᠠᠪᠤᠨ᠎ᠠ᠃            ᠭᠤᠷᠪᠡ᠂ ᠬᠡᠷᠡᠭ ᠡᠷᠬᠢᠯᠡᠬᠦ ᠴᠤᠪᠤᠷᠠᠯ᠄            ᠭᠠᠷᠳᠠᠮ ᠢᠶᠠᠨ ᠪᠦᠷᠢᠳᠦᠭᠦᠯᠦᠭᠡᠳ ᠯᠠᠪᠯᠠᠯᠭ᠎ᠠ ᠶᠢᠨ ᠲᠠᠪᠴᠠᠩ ᠳᠤ ᠬᠦᠷᠴᠦ ᠳ᠋ᠤᠭᠠᠷ ᠠᠪᠤᠨ᠎ᠠ᠃ ᠬᠦᠯᠢᠶᠡᠬᠦ  ᠭᠠᠵᠠᠷ ᠲᠤ ᠲᠤᠬᠠᠶᠢᠯᠠᠭᠰᠠᠨ ᠠᠵᠢᠯ ᠭᠦᠢᠴᠡᠳᠬᠡᠬᠦ ᠳ᠋ᠤᠭᠠᠷ ᠳᠠᠭᠤᠳᠠᠬᠤ ᠶᠢ ᠬᠦᠯᠢᠶᠡᠨ᠎ᠡ᠃            ᠬᠦᠯᠢᠶᠡᠨ ᠠᠪᠴᠤ ᠰᠢᠢᠳᠪᠦᠷᠢᠯᠡᠬᠦ ᠴᠤᠩᠬᠤ ᠨᠢ 1 — — — 5 ᠳ᠋ᠤᠭᠠᠷ ᠴᠤᠩᠬᠤ ᠪᠣᠯᠬᠤ ᠪᠦᠭᠡᠳ 6  ᠳ᠋ᠤᠭᠠᠷ ᠴᠤᠩᠬᠤᠨ ᠳᠤ ᠵᠠᠷᠤᠳᠠᠯ ᠲᠤᠰᠢᠶᠠᠨ᠎ᠠ᠃ 8 ᠳ᠋ᠤᠭᠠᠷ ᠴᠤᠩᠬᠤ ᠠᠴᠠ ᠵᠢᠯᠣᠭᠤᠴᠢ ᠶᠢᠨ ᠦᠨᠡᠮᠯᠡᠯ ᠢᠶᠠᠨ  ᠠᠪᠤᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号