ᠡᠯ᠎ᠡ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ | ᠵᠠᠰᠠᠭ ᠤᠨ ᠤᠷᠳᠤᠨ᠂ ᠲᠦᠷᠦ ᠶᠢᠨ ᠶᠠᠪᠤᠳᠠᠯ ᠤᠨ ᠬᠤᠷᠢᠶᠠᠨ ᠤ ᠡᠯ᠎ᠡ ᠶᠠᠮᠤᠨ ᠵᠦᠪᠯᠡᠯ᠂ ᠡᠯ᠎ᠡ ᠰᠢᠭᠤᠳ ᠬᠠᠷᠢᠶ᠎ᠠ | ᠪᠠᠶᠢᠭᠤᠯᠤᠮᠵᠢ᠄ | ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠪᠤᠯ ᠤᠯᠤᠰ ᠤᠨ ᠰᠤᠷᠭᠠᠨ ᠬᠦᠮᠦᠵᠢᠯ ᠤᠨ | ᠦᠨᠳᠦᠰᠦᠨ ᠲᠦᠷᠢᠮ ᠪᠤᠯᠤᠨ᠎ᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ | ᠭᠤᠷᠪᠠᠳᠤᠭᠠᠷ ᠪᠦᠬᠦᠳᠡ ᠬᠤᠷᠠᠯ ᠠᠴᠠ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ | ᠦᠭᠡᠷᠡᠴᠢᠯᠡᠯᠳᠡ ᠶᠢᠨ ᠲᠤᠬᠠᠢ ᠪᠦᠬᠦ ᠲᠠᠯ᠎ᠠ ᠪᠠᠷ ᠪᠠᠶᠢᠷᠢᠯᠠᠭᠤᠯᠤᠯᠳᠠ ᠬᠢᠭᠰᠡᠨ ᠪᠦᠭᠡᠳ ᠡᠨᠡ ᠵᠢᠯ ᠤᠨ ︽ | ᠵᠠᠰᠠᠭ ᠤᠨ ᠤᠷᠳᠤᠨ ᠤ ᠠᠵᠢᠯ ᠤᠨ ᠢᠯᠡᠳᠭᠡᠯ︾ ᠳᠤ ᠴᠤ ᠲᠤᠳᠤᠷᠬᠠᠢ ᠱᠠᠭᠠᠷᠳᠠᠯᠭ᠎ᠠ ᠲᠤᠷᠠᠳᠤᠭᠰᠠᠨ ᠪᠢᠯᠡ᠃ | ᠦᠭᠡᠷᠡᠴᠢᠯᠡᠯᠳᠡ ᠨᠡᠭᠡᠭᠡᠯᠳᠡ ᠬᠢᠭᠰᠡᠨ 30 ᠭᠠᠷᠤᠢ ᠵᠢᠯ ᠤᠨ ᠲᠤᠷᠰᠢ᠂ ᠮᠠᠨ ᠤ ᠤᠯᠤᠰ ᠰᠢᠯᠭᠠᠯᠳᠠ ᠬᠢᠵᠤ | ᠰᠤᠷᠤᠭᠴᠢ ᠡᠯᠰᠡᠬᠦ ᠲᠦᠷᠢᠮ ᠢ ᠲᠠᠰᠤᠷᠠᠯᠳᠠ ᠦᠭᠡᠢ ᠦᠭᠡᠷᠡᠴᠢᠯᠡᠨ ᠲᠡᠬᠦᠯᠳᠡᠷᠵᠢᠬᠦᠯᠦᠭᠡᠳ ᠰᠢᠯᠭᠠᠯᠳᠠ ᠬᠢᠵᠤ | ᠰᠤᠷᠤᠭᠴᠢ ᠡᠯᠰᠡᠬᠦ ᠲᠠᠯ᠎ᠠ ᠪᠠᠷ ᠨᠡᠯᠢᠶᠡᠳ ᠲᠡᠬᠦᠯᠳᠡᠷᠵᠢᠭᠰᠡᠨ ᠰᠢᠰᠲ᠋ᠧᠮ ᠢ ᠠᠩᠬ᠎ᠠ ᠠᠯᠬᠤᠮ ᠪᠦᠷᠢᠯᠳᠤᠬᠦᠯᠵᠤ᠂ | ᠰᠤᠷᠤᠭᠴᠢ ᠶᠢᠨ ᠦᠰᠦᠯᠳᠡ ᠪᠤᠶᠢᠵᠢᠯᠳᠠ᠂ ᠤᠯᠤᠰ ᠠᠴᠠ ᠴᠢᠳᠠᠪᠤᠷᠢᠳᠠᠨ ᠢ ᠰᠤᠩᠭᠤᠬᠤ ᠪᠠ ᠨᠡᠶᠢᠭᠡᠮ ᠤᠨ ᠡᠷᠭᠡ | ᠲᠡᠭᠰᠢ ᠳᠤ ᠲᠡᠦᠭᠡᠳᠤ ᠴᠢᠨᠠᠷᠳᠠᠢ ᠬᠤᠪᠢ ᠨᠡᠮᠡᠷᠢ ᠪᠠᠨ ᠦᠵᠡᠬᠦᠯᠦᠨ᠂ ᠲᠡᠭᠡᠳᠤ ᠵᠡᠷᠭᠡ ᠶᠢᠨ ᠰᠤᠷᠭᠠᠨ | ᠬᠦᠮᠦᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ᠂ ᠠᠷᠠᠳ ᠢᠷᠭᠡᠳ ᠤᠨ ᠬᠡᠪ ᠪᠤᠯᠪᠠᠰᠤᠷᠠᠯ ᠢ ᠲᠡᠭᠡᠭᠰᠢᠯᠡᠬᠦᠯᠬᠦ | ᠂ ᠤᠯᠤᠰ ᠤᠨ ᠤᠳᠤᠬᠢᠴᠢᠯᠠᠭᠰᠠᠨ ᠪᠦᠳᠦᠭᠡᠨ ᠪᠠᠶᠢᠭᠤᠯᠤᠯᠳᠠ ᠳᠤ ᠦᠢᠯᠡᠴᠢᠯᠡᠬᠦ ᠳᠤ ᠤᠷᠤᠯᠠᠭᠤᠯᠵᠤ ᠪᠤᠯᠤᠰᠢ | ᠦᠭᠡᠢ ᠴᠢᠬᠤᠯᠠ ᠦᠢᠯᠡᠳᠦᠯ ᠦᠵᠡᠬᠦᠯᠦᠭᠰᠡᠨ ᠪᠠᠶᠢᠨ᠎ᠠ᠃ ᠡᠨᠡᠬᠦ ᠲᠦᠷᠢᠮ ᠨᠢ ᠤᠯᠤᠰ ᠤᠨ ᠪᠠᠶᠢᠳᠠᠯ ᠲᠠᠢ | ᠶᠡᠷᠦᠩᠭᠡᠢ ᠳᠡᠭᠡᠨ ᠨᠡᠶᠢᠴᠡᠵᠤ᠂ ᠡᠷᠭᠡ ᠰᠦᠷᠳᠤ ᠴᠢᠨᠠᠷ ᠪᠤᠯᠤᠨ ᠡᠷᠭᠡ ᠲᠡᠭᠰᠢ ᠴᠢᠨᠠᠷ ᠢᠶᠠᠷ ᠢᠶᠠᠨ ᠨᠡᠶᠢᠭᠡᠮ | ᠨᠡᠶᠢᠳᠡ ᠳᠤ ᠮᠡᠳᠡᠷᠡᠭᠳᠡᠭᠰᠡᠨ ᠶᠤᠮ᠂ ᠬᠡᠪᠡᠴᠤ ᠪᠠᠰᠠ ᠵᠠᠷᠢᠮ ᠲᠠᠯ᠎ᠠ ᠪᠠᠷ ᠨᠡᠶᠢᠭᠡᠮ ᠤᠨ ᠲᠤᠰᠬᠠᠯ ᠢᠶᠠᠷ ᠴᠢᠩᠭ᠎ᠠ | ᠠᠰᠠᠭᠤᠳᠠᠯ ᠴᠤ ᠤᠷᠤᠰᠢᠵᠤ ᠪᠤᠢ᠂ ᠭᠤᠤᠯᠳᠠᠭᠤ ᠵᠦᠪᠬᠡᠨ ᠰᠢᠯᠭᠠᠯᠳᠠ ᠶᠢᠨ ᠬᠤᠪᠢ ᠪᠠᠷ ᠰᠤᠷᠤᠭᠴᠢ ᠶᠢᠨ ᠪᠦᠬᠦ | ᠲᠠᠯ᠎ᠠ ᠶᠢᠨ ᠬᠦᠭᠵᠢᠯᠳᠡ ᠶᠢ ᠨᠦᠯᠦᠭᠡᠯᠡᠵᠤ ᠨᠢᠭᠡ ᠰᠢᠯᠭᠠᠯᠳᠠ ᠪᠠᠷ ᠨᠠᠰᠤᠨ ᠲᠤᠷᠰᠢᠬᠢ ᠶᠢ ᠲᠤᠭᠳᠠᠭᠠᠬᠤ | ᠪᠤᠯᠤᠭᠰᠠᠨ ᠠᠴᠠ ᠰᠤᠷᠤᠭᠴᠢᠳ ᠤᠨ ᠰᠤᠷᠤᠯᠭ᠎ᠠ ᠶᠢᠨ ᠲᠠᠷᠤᠭᠠᠰᠤ ᠲᠡᠩᠳᠡᠬᠦᠦ ᠬᠦᠨᠳᠤ ᠪᠠᠶᠢᠬᠤ᠂ ᠤᠷᠤᠨ ᠪᠦᠰᠡ | ᠂ ᠬᠤᠳᠠ ᠬᠦᠳᠡᠭᠡ ᠶᠢᠨ ᠰᠤᠷᠤᠭᠴᠢ ᠶᠢᠨ ᠰᠤᠷᠭᠠᠭᠤᠯᠢ ᠳᠤ ᠤᠷᠤᠬᠤ ᠨᠦᠬᠦᠴᠡᠯ ᠲᠤᠬᠢᠶᠠᠯ ᠵᠦᠷᠢᠶ᠎ᠡ ᠲᠠᠢ | ᠪᠠᠶᠢᠬᠤ᠂ ᠲᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠰᠤᠷᠭᠠᠭᠤᠯᠢ ᠰᠤᠩᠭᠤᠬᠤ ᠦᠵᠡᠭᠳᠡᠯ ᠲᠤᠪᠤᠶᠢᠮ᠎ᠠ | ᠪᠠᠶᠢᠬᠤ᠂ ᠬᠤᠳᠠᠯ ᠬᠠᠭᠤᠷᠮᠠᠭ ᠢᠶᠠᠷ ᠬᠤᠪᠢ ᠨᠡᠮᠡᠬᠦ᠂ ᠲᠦᠷᠢᠮ ᠲᠤᠭᠳᠠᠭᠠᠯ ᠢ ᠵᠦᠷᠢᠴᠡᠨ ᠰᠤᠷᠤᠭᠴᠢ ᠡᠯᠰᠡᠬᠦ | ᠦᠵᠡᠭᠳᠡᠯ ᠴᠤ ᠬᠠᠶᠠ ᠭᠠᠷᠴᠤ ᠪᠠᠶᠢᠨ᠎ᠠ᠃ ᠨᠡᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠳᠤ ᠪᠠᠶᠢᠷᠢᠯᠠᠭᠤᠯᠤᠯᠳᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ ᠤᠳᠤ | ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠲᠤᠬᠠᠢ ᠲᠤᠤᠷᠠᠬᠢ | ᠮᠡᠳᠤ ᠬᠡᠷᠡᠭᠵᠢᠬᠦᠯᠬᠦ ᠰᠠᠨᠠᠯ ᠢ ᠨᠡᠶᠢᠳᠡᠯᠡᠪᠡ᠃ | ᠨᠢᠭᠡ᠂ ᠶᠡᠷᠦᠩᠭᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ | ᠮᠠᠨᠳᠤᠭᠤᠯᠤᠨ ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ | ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠰᠤᠷᠭᠠᠨ | ᠬᠦᠮᠦᠵᠢᠯ ᠤᠨ ᠴᠢᠭᠯᠡᠯᠳᠡ ᠶᠢ ᠪᠦᠬᠦ ᠲᠠᠯ᠎ᠠ ᠪᠠᠷ ᠲᠤᠤᠱᠯᠠᠭᠤᠯᠤᠨ᠂ ᠶᠤᠰᠤ ᠰᠤᠷᠳᠠᠬᠤᠨ ᠢᠶᠠᠷ ᠬᠦᠮᠦᠨ ᠢ | ᠬᠦᠮᠦᠵᠢᠬᠦᠯᠬᠦ ᠶᠢ ᠪᠠᠷᠢᠮᠳᠠᠯᠠᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠤᠯᠠᠨ ᠲᠠᠯ᠎ᠠ ᠶᠢᠨ ᠴᠢᠳᠠᠪᠤᠷᠢ | ᠲᠠᠢ ᠦᠨᠳᠦᠷ ᠬᠡᠪ ᠴᠢᠨᠠᠷ ᠪᠦᠬᠦᠢ ᠴᠢᠳᠠᠪᠤᠷᠢᠳᠠᠨ ᠢ ᠬᠡᠷᠡᠭᠰᠡᠬᠦ ᠱᠠᠭᠠᠷᠳᠠᠯᠭ᠎ᠠ ᠳᠤ ᠵᠤᠬᠢᠴᠠᠭᠤᠯᠤᠨ᠂ | ᠰᠤᠷᠤᠭᠴᠢ ᠶᠢᠨ ᠡᠷᠡᠬᠦᠯ ᠴᠢᠬᠢᠷᠠᠭ ᠬᠦᠭᠵᠢᠯᠳᠡ ᠶᠢ ᠠᠬᠢᠭᠤᠯᠬᠤ ᠳᠤ ᠲᠤᠰᠠᠳᠠᠢ᠂ ᠡᠯ᠎ᠡ ᠲᠦᠷᠦᠯ ᠤᠨ | ᠴᠢᠳᠠᠪᠤᠷᠢᠳᠠᠨ ᠢ ᠰᠢᠨᠵᠢᠯᠡᠬᠦ ᠤᠬᠠᠭᠠᠨᠴᠢ ᠪᠠᠷ ᠰᠤᠩᠭᠤᠨ ᠰᠢᠯᠭᠠᠷᠠᠭᠤᠯᠬᠤ ᠪᠠ ᠨᠡᠶᠢᠭᠡᠮ ᠤᠨ ᠡᠷᠭᠡ ᠲᠡᠭᠰᠢ ᠶᠢ | ᠬᠠᠮᠠᠭᠠᠯᠠᠬᠤ ᠡᠬᠦᠳᠡᠨ ᠠᠴᠠ ᠭᠠᠷᠳᠠᠵᠤ᠂ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠨ᠂ ᠠᠰᠠᠭᠤᠳᠠᠯ ᠢ | ᠬᠦᠳᠦᠯᠦᠨ ᠵᠢᠯᠤᠭᠤᠳᠬᠤ ᠶᠢ ᠲᠤᠪᠤᠶᠢᠯᠭᠠᠵᠤ᠂ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ | ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠂ ᠠᠷᠠᠳ ᠤᠯᠠᠨ ᠤ ᠰᠡᠳᠬᠢᠯ ᠳᠤ ᠬᠠᠨᠤᠮᠵᠢᠳᠠᠢ ᠰᠤᠷᠭᠠᠨ ᠬᠦᠮᠦᠵᠢᠯ ᠢ | ᠰᠠᠶᠢᠳᠤᠷ ᠡᠷᠬᠢᠯᠡᠵᠤ᠂ ᠬᠦᠮᠦᠨ ᠤ ᠬᠦᠴᠦᠨ ᠤ ᠡᠬᠢ ᠪᠠᠶᠠᠯᠢᠭ ᠢᠶᠠᠷ ᠬᠦᠴᠦᠷᠭᠡᠭ ᠤᠯᠤᠰ ᠢ ᠪᠠᠶᠢᠭᠤᠯᠬᠤ ᠳᠤ | ᠬᠦᠴᠦᠨ ᠪᠦᠬᠦᠢ ᠪᠠᠳᠤᠯᠠᠭ᠎ᠠ ᠬᠠᠩᠭᠠᠬᠤ ᠶᠢᠨ ᠲᠦᠯᠦᠭᠡ᠂ ︽ ᠬᠤᠶᠠᠷ ᠨᠢᠭᠡ ᠵᠠᠭᠤᠨ ᠵᠢᠯ︾ ᠤᠨ ᠲᠡᠮᠡᠴᠡᠬᠦ | ᠬᠠᠷᠠᠯᠳᠠ ᠪᠤᠯᠤᠨ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠮᠠᠨᠳᠤᠯᠳᠠ ᠶᠢᠨ ᠲᠤᠮᠳᠠᠳᠤ ᠶᠢᠨ ᠵᠠᠬᠦᠳᠤ ᠶᠢ | ᠲᠡᠷᠭᠡᠯᠰᠢᠬᠦᠯᠬᠦ ᠳᠤ ᠬᠦᠴᠦᠨ ᠪᠦᠬᠦᠢ ᠴᠢᠳᠠᠪᠤᠷᠢᠳᠠᠨ ᠤ ᠲᠡᠮᠵᠢᠯᠭᠡ ᠬᠠᠩᠭᠠᠨ᠎ᠠ᠃ | ︵ᠬᠤᠶᠠᠷ︶ ᠦᠨᠳᠦᠰᠦᠨ ᠵᠠᠷᠴᠢᠮ | ᠬᠦᠮᠦᠨ ᠢ ᠬᠦᠮᠦᠵᠢᠬᠦᠯᠬᠦ ᠪᠠᠷ ᠦᠨᠳᠦᠰᠦ ᠪᠤᠯᠭᠠᠬᠤ ᠶᠢ ᠪᠠᠷᠢᠮᠳᠠᠯᠠᠨ᠂ ᠰᠤᠷᠭᠠᠨ ᠬᠦᠮᠦᠵᠢᠯ ᠤᠨ ᠵᠢᠮ᠎ᠡ | ᠬᠠᠤᠯᠢ ᠶᠢ ᠵᠢᠷᠤᠮᠯᠠᠨ᠎ᠠ᠃ ᠰᠤᠷᠤᠭᠴᠢ ᠶᠢᠨ ᠡᠷᠡᠬᠦᠯ ᠴᠢᠬᠢᠷᠠᠭ ᠢᠶᠠᠷ ᠦᠰᠦᠨ ᠪᠤᠶᠢᠵᠢᠬᠤ ᠶᠢ ᠠᠬᠢᠭᠤᠯᠬᠤ ᠪᠠᠷ | ᠦᠭᠡᠷᠡᠴᠢᠯᠡᠯᠳᠡ ᠶᠢᠨ ᠬᠠᠷᠠᠭ᠎ᠠ ᠪᠠ ᠵᠤᠭᠰᠤᠴᠠ ᠪᠤᠯᠭᠠᠵᠤ᠂ ᠬᠡᠰᠡᠭ ᠲᠠᠯ᠎ᠠ ᠶᠢ ᠬᠦᠭᠡᠭᠡᠴᠡᠯᠳᠦᠭᠰᠡᠨ | ᠰᠢᠯᠭᠠᠯᠳᠠ ᠶᠢ ᠠᠷᠭᠠᠴᠠᠬᠤ ᠰᠤᠷᠭᠠᠨ ᠬᠦᠮᠦᠵᠢᠯ ᠤᠨ ᠬᠠᠨᠳᠤᠰᠢ ᠶᠢ ᠬᠤᠪᠢᠷᠠᠭᠤᠯᠤᠨ᠂ ᠬᠦᠮᠦᠨ ᠬᠦᠮᠦᠵᠢᠬᠦᠯᠬᠦ | ᠵᠦᠪ ᠤᠨᠤᠪᠴᠢᠳᠠᠢ ᠬᠦᠳᠦᠯᠤᠮᠵᠢ ᠶᠢ ᠪᠠᠷᠢᠮᠳᠠᠯᠠᠵᠤ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ | ᠦᠵᠡᠯᠳᠡ ᠶᠢ ᠦᠢᠯᠡᠳᠦᠯᠭᠡᠵᠢᠬᠦᠯᠦᠨ᠂ ᠬᠡᠪ ᠴᠢᠨᠠᠷ ᠤᠨ ᠰᠤᠷᠭᠠᠨ ᠬᠦᠮᠦᠵᠢᠯ ᠢ ᠬᠦᠨᠵᠡᠭᠡᠢ ᠠᠬᠢᠭᠤᠯᠵᠤ᠂ | ᠶᠤᠰᠤ ᠰᠤᠷᠳᠠᠬᠤᠨ᠂ ᠤᠶᠤᠨ ᠤᠬᠠᠭᠠᠨ᠂ ᠪᠡᠶ᠎ᠡ ᠮᠠᠬᠠᠪᠤᠳ᠂ ᠭᠤᠸ᠎ᠠ ᠰᠠᠶᠢᠬᠠᠨ ᠵᠡᠷᠭᠡ ᠪᠦᠬᠦ ᠲᠠᠯ᠎ᠠ ᠪᠠᠷ | ᠬᠦᠭᠵᠢᠭᠰᠡᠨ ᠨᠡᠶᠢᠭᠡᠮ ᠵᠢᠷᠦᠮ ᠤᠨ ᠪᠦᠳᠦᠭᠡᠨ ᠪᠠᠶᠢᠭᠤᠯᠤᠭᠴᠢᠳ ᠪᠤᠯᠤᠨ ᠵᠠᠯᠭᠠᠮᠵᠢᠯᠠᠭᠴᠢᠳ ᠢ ᠬᠦᠮᠦᠵᠢᠬᠦᠯᠦᠨ᠎ᠡ | ᠃ ᠲᠦᠷᠢᠮ ᠲᠤᠭᠳᠠᠭᠠᠯ ᠢ ᠲᠡᠬᠦᠯᠳᠡᠷᠵᠢᠬᠦᠯᠦᠨ᠂ ᠡᠷᠭᠡ ᠲᠡᠭᠰᠢ ᠲᠦᠪ ᠭᠤᠤᠯᠴᠢ ᠶᠢ ᠪᠠᠳᠤᠯᠠᠬᠤ ᠲᠡᠭᠡᠷ᠎ᠡ ᠬᠦᠴᠦ | ᠪᠠᠨ ᠲᠠᠯᠪᠢᠨ᠎ᠠ᠃ ᠡᠷᠭᠡ ᠲᠡᠭᠰᠢ ᠲᠦᠪ ᠭᠤᠤᠯᠴᠢ ᠶᠢ ᠠᠬᠢᠭᠤᠯᠬᠤ ᠪᠠᠷ ᠦᠭᠡᠷᠡᠴᠢᠯᠡᠯᠳᠡ ᠶᠢᠨ ᠦᠨᠳᠦᠰᠦᠨ | ᠦᠷᠳᠡᠭ ᠤᠨ ᠴᠢᠭᠯᠡᠯ ᠪᠤᠯᠭᠠᠨ᠂ ᠬᠤᠷᠸ᠎ᠠ ᠲᠤᠬᠢᠷᠠᠭᠤᠯᠭ᠎ᠠ ᠶᠢ ᠴᠢᠩᠭᠠᠳᠬᠠᠵᠤ᠂ ᠬᠠᠤᠯᠢ ᠴᠠᠭᠠᠵᠠ ᠬᠠᠤᠯᠢ | ᠲᠤᠭᠳᠠᠭᠠᠯ ᠢ ᠲᠡᠬᠦᠯᠳᠡᠷᠵᠢᠬᠦᠯᠦᠨ᠂ ᠪᠠᠶᠢᠭᠤᠯᠤᠮᠵᠢ ᠶᠢᠨ ᠲᠤᠭᠳᠠᠴᠠ ᠶᠢ ᠲᠡᠬᠦᠯᠳᠡᠷᠵᠢᠬᠦᠯᠵᠤ᠂ ᠰᠢᠯᠭᠠᠯᠳᠠ ᠬᠢᠵᠤ | ᠰᠤᠷᠤᠭᠴᠢ ᠡᠯᠰᠡᠬᠦ ᠠᠵᠠ ᠲᠤᠬᠢᠶᠠᠯ ᠨᠢ ᠡᠷᠭᠡ ᠲᠡᠭᠰᠢ᠂ ᠲᠡᠰ ᠲᠠᠷᠠᠭᠠᠯᠠᠯ ᠨᠢ ᠢᠯᠡ ᠲᠤᠳᠤ᠂ ᠦᠷ᠎ᠡ ᠳ᠋ᠦᠩ | ᠨᠢ ᠲᠦᠪ ᠭᠤᠤᠯᠴᠢ ᠪᠠᠶᠢᠬᠤ ᠶᠢ ᠦᠨᠡᠨᠬᠦ ᠪᠠᠳᠤᠯᠠᠨ᠎ᠠ᠃ | ᠰᠢᠨᠵᠢᠯᠡᠬᠦ ᠤᠬᠠᠭᠠᠨᠴᠢ ᠪᠦᠭᠡᠳ ᠦᠨᠳᠦᠷ ᠪᠦᠳᠦᠮᠵᠢᠳᠡᠢ ᠪᠠᠶᠢᠬᠤ ᠶᠢ ᠢᠯᠡᠷᠡᠬᠦᠯᠦᠨ᠂ ᠰᠤᠩᠭᠤᠨ | ᠰᠢᠯᠭᠠᠷᠠᠭᠤᠯᠬᠤ ᠲᠦᠪᠰᠢᠨ ᠢ ᠲᠡᠭᠡᠭᠰᠢᠯᠡᠬᠦᠯᠦᠨ᠎ᠡ᠃ ᠰᠤᠷᠤᠭᠴᠢ ᠶᠢᠨ ᠰᠤᠩᠭᠤᠯᠳᠠ ᠬᠢᠬᠦ ᠡᠷᠭᠡ ᠶᠢ | ᠨᠡᠮᠡᠭᠳᠡᠬᠦᠯᠦᠨ᠂ ᠰᠢᠨᠵᠢᠯᠡᠬᠦ ᠤᠬᠠᠭᠠᠨᠴᠢ ᠪᠠᠷ ᠴᠢᠳᠠᠪᠤᠷᠢᠳᠠᠨ ᠢ ᠰᠤᠩᠭᠤᠬᠤ ᠶᠢ ᠠᠬᠢᠭᠤᠯᠵᠤ᠂ ᠵᠠᠰᠠᠭ ᠤᠨ | ᠤᠷᠳᠤᠨ ᠤ ᠬᠢᠨᠠᠯᠳᠠ ᠲᠠᠯᠪᠢᠬᠤ ᠲᠤᠭᠳᠠᠴᠠ ᠶᠢ ᠲᠡᠬᠦᠯᠳᠡᠷᠵᠢᠬᠦᠯᠦᠨ᠂ ᠰᠢᠯᠭᠠᠯᠳᠠ ᠬᠢᠵᠤ ᠰᠤᠷᠤᠭᠴᠢ ᠡᠯᠰᠡᠬᠦ | ᠠᠵᠢᠯ ᠤᠨ ᠦᠨᠳᠦᠷ ᠦᠷ᠎ᠡ ᠪᠦᠳᠦᠮᠵᠢᠳᠠᠢ᠂ ᠡᠮᠬᠢ ᠲᠠᠷᠠᠭ᠎ᠠ ᠲᠠᠢ ᠶᠠᠪᠤᠭᠳᠠᠬᠤ ᠶᠢ ᠪᠠᠳᠤᠯᠠᠨ᠎ᠠ᠃ ᠨᠢᠭᠡᠳᠦᠯᠳᠡᠢ | ᠲᠦᠯᠦᠪᠵᠢᠬᠦᠯᠬᠦ ᠶᠢ ᠴᠢᠩᠭᠠᠳᠬᠠᠨ᠂ ᠢᠳᠡᠪᠬᠢᠳᠡᠢ ᠪᠦᠭᠡᠳ ᠯᠠᠪᠳᠠᠭᠤᠨ ᠢᠶᠠᠷ ᠠᠬᠢᠭᠤᠯᠤᠨ᠎ᠠ᠃ ᠰᠠᠭᠤᠷᠢ | ᠰᠤᠷᠭᠠᠨ ᠬᠦᠮᠦᠵᠢᠯ ᠠᠴᠠ ᠠᠪᠤᠭᠠᠳ ᠲᠡᠭᠡᠳᠤ ᠵᠡᠷᠭᠡ ᠶᠢᠨ ᠰᠤᠷᠭᠠᠨ ᠬᠦᠮᠦᠵᠢᠯ ᠬᠦᠷᠳᠡᠯ᠎ᠡ ᠰᠢᠯᠭᠠᠯᠳᠠ ᠬᠢᠵᠤ | ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠶᠢ ᠵᠢᠷᠤᠭᠯᠠᠨ ᠲᠦᠯᠦᠪᠯᠡᠵᠤ᠂ ᠡᠩ ᠤᠨ ᠰᠤᠷᠭᠠᠨ ᠬᠦᠮᠦᠵᠢᠯ | ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ᠂ ᠦᠷᠬᠦᠯᠵᠢᠯᠡᠭᠰᠡᠨ ᠰᠤᠷᠭᠠᠨ ᠬᠦᠮᠦᠵᠢᠯ ᠬᠤᠭᠤᠷᠤᠨᠳᠤ ᠪᠠᠨ | ᠵᠠᠯᠭᠠᠯᠳᠤᠨ ᠠᠭᠤᠰᠤᠯᠴᠠᠬᠤ ᠶᠢ ᠠᠬᠢᠭᠤᠯᠤᠨ᠂ ᠰᠢᠯᠭᠠᠯᠳᠠ ᠬᠢᠬᠦ᠂ ᠰᠤᠷᠤᠭᠴᠢ ᠡᠯᠰᠡᠬᠦ ᠪᠠ ᠬᠠᠮᠢᠶᠠᠷᠤᠯᠳᠠ ᠶᠢᠨ | ᠲᠦᠷᠢᠮ ᠤᠨ ᠶᠡᠷᠦᠩᠭᠡᠶᠢᠯᠡᠭᠰᠡᠨ ᠦᠭᠡᠷᠡᠴᠢᠯᠡᠯᠳᠡ ᠶᠢ ᠨᠢᠭᠡᠳᠦᠯᠳᠡᠢ ᠲᠦᠯᠦᠪᠵᠢᠬᠦᠯᠦᠨ ᠬᠡᠷᠡᠭᠵᠢᠬᠦᠯᠵᠤ᠂ | ᠤᠷᠢᠳᠠᠪᠡᠷ ᠲᠤᠷᠰᠢᠯᠳᠡ ᠶᠢᠨ ᠠᠵᠢᠯ ᠢ ᠶᠠᠪᠤᠭᠳᠠᠭᠤᠯᠤᠨ ᠲᠠᠷᠠᠭ᠎ᠠ ᠨᠢ ᠠᠯᠭᠤᠷ ᠢᠶᠠᠷ ᠠᠬᠢᠭᠤᠯᠤᠨ᠎ᠠ᠃ | | ︵ᠭᠤᠷᠪᠠ︶ ᠶᠡᠷᠦᠩᠭᠡᠢ ᠬᠠᠷᠠᠯᠳᠠ | 2014 ᠤᠨ ᠳᠤ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠶᠢᠨ | ᠲᠤᠷᠰᠢᠯᠳᠠ ᠶᠢᠨ ᠴᠢᠭ᠋ ᠤᠨ ᠠᠵᠢᠯ ᠢ ᠬᠢᠵᠤ᠂ 2017 ᠤᠨ ᠪᠤᠯᠬᠤ ᠳᠤ ᠪᠦᠬᠦ ᠲᠠᠯ᠎ᠠ ᠪᠠᠷ ᠠᠬᠢᠭᠤᠯᠤᠨ᠂ | 2020 ᠤᠨ ᠪᠤᠯᠬᠤ ᠳᠤ ᠲᠤᠮᠳᠠᠳᠤ ᠤᠯᠤᠰ ᠤᠨ ᠤᠨᠴᠠᠯᠢᠭ ᠲᠠᠢ ᠤᠳᠤ ᠦᠶ᠎ᠡ ᠶᠢᠨ ᠰᠤᠷᠭᠠᠨ ᠬᠦᠮᠦᠵᠢᠯ ᠤᠨ | ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠢ ᠦᠨᠳᠦᠰᠦᠨ ᠳᠡᠭᠡᠨ ᠪᠠᠶᠢᠭᠤᠯᠵᠤ᠂ ᠲᠦᠷᠦᠯ ᠬᠤᠪᠢᠶᠠᠨ | ᠰᠢᠯᠭᠠᠬᠤ᠂ ᠶᠡᠷᠦᠩᠭᠡᠶᠢᠯᠡᠨ ᠦᠨᠡᠯᠡᠬᠦ᠂ ᠤᠯᠠᠨ ᠠᠷᠭ᠎ᠠ ᠬᠡᠯᠪᠡᠷᠢ ᠪᠠᠷ ᠰᠤᠷᠤᠭᠴᠢ ᠡᠯᠰᠡᠬᠦ ᠵᠠᠭᠪᠤᠷ ᠢ ᠪᠤᠢ ᠪᠤᠯᠭᠠᠨ | ᠂ ᠡᠷᠭᠡ ᠲᠡᠭᠰᠢ ᠶᠢ ᠠᠬᠢᠭᠤᠯᠤᠨ᠂ ᠰᠢᠨᠵᠢᠯᠡᠬᠦ ᠤᠬᠠᠭᠠᠨᠴᠢ ᠪᠠᠷ ᠴᠢᠳᠠᠪᠤᠷᠢᠳᠠᠨ ᠢ ᠰᠤᠩᠭᠤᠵᠤ᠂ ᠡᠷᠴᠢᠮᠯᠢᠭ | ᠬᠢᠨᠠᠯᠳᠠ ᠲᠠᠯᠪᠢᠭᠰᠠᠨ ᠪᠠᠶᠢᠭᠤᠯᠤᠮᠵᠢ ᠶᠢᠨ ᠲᠤᠭᠳᠠᠴᠠ ᠶᠢ ᠲᠡᠬᠦᠯᠳᠡᠷᠵᠢᠬᠦᠯᠦᠨ᠂ ᠡᠯ᠎ᠡ ᠱᠠᠳᠤᠨ ᠤ ᠡᠯ᠎ᠡ | ᠲᠦᠷᠦᠯ ᠤᠨ ᠰᠤᠷᠭᠠᠨ ᠬᠦᠮᠦᠵᠢᠯ ᠬᠠᠷᠢᠯᠴᠠᠨ ᠵᠠᠯᠭᠠᠯᠳᠤᠨ ᠤᠶᠠᠯᠳᠤᠵᠤ᠂ ᠰᠤᠷᠤᠯᠴᠠᠭᠰᠠᠨ ᠬᠢᠷᠢ ᠪᠦᠳᠦᠮᠵᠢ ᠶᠢ | ᠮᠡᠳᠡᠷᠡᠭᠰᠡᠨ ᠨᠠᠰᠤᠨ ᠲᠤᠷᠰᠢᠳᠠ ᠰᠤᠷᠤᠯᠴᠠᠬᠤ ᠡᠯ᠎ᠡ ᠵᠦᠢᠯ ᠤᠨ ︽ᠵᠦᠷᠢᠯᠢᠭ ᠬᠦᠬᠦᠷᠭᠡ︾ ᠶᠢ ᠪᠠᠶᠢᠭᠤᠯᠤᠨ᠎ᠠ᠃ | | ᠬᠤᠶᠠᠷ᠂ ᠭᠤᠤᠯ ᠡᠬᠦᠷᠭᠡ ᠪᠠ ᠠᠷᠭ᠎ᠠ ᠪᠠᠷᠢᠯ | ︵ᠨᠢᠭᠡ︶ ᠰᠤᠷᠤᠭᠴᠢ ᠡᠯᠰᠡᠬᠦ ᠲᠦᠯᠦᠪᠯᠡᠭᠡ ᠶᠢ ᠬᠤᠪᠢᠶᠠᠷᠢᠯᠠᠬᠤ ᠠᠷᠭ᠎ᠠ ᠶᠢ ᠬᠠᠯᠠᠨ | ᠰᠠᠶᠢᠵᠢᠷᠠᠭᠤᠯᠤᠨ᠎ᠠ᠃ | 1. ᠲᠤᠮᠳᠠᠳᠤ ᠪᠠᠷᠠᠭᠤᠨ ᠬᠡᠰᠡᠭ ᠤᠨ ᠭᠠᠵᠠᠷ ᠤᠷᠤᠨ ᠪᠤᠯᠤᠨ ᠬᠦᠮᠦᠨ ᠠᠮᠠ ᠪᠠᠷ ᠤᠯᠠᠨ ᠮᠤᠵᠢ ᠶᠢᠨ | ᠨᠢᠭᠡᠳᠦᠯᠳᠡᠢ ᠰᠢᠯᠭᠠᠯᠳᠠ ᠶᠢᠨ ᠰᠤᠷᠤᠭᠴᠢ ᠡᠯᠰᠡᠬᠦ ᠨᠤᠷᠮ᠎ᠠ ᠶᠢ ᠲᠡᠭᠡᠭᠰᠢᠯᠡᠬᠦᠯᠦᠨ᠎ᠡ᠃ ᠰᠤᠷᠤᠭᠴᠢ ᠶᠢᠨ ᠢᠷᠡᠯᠳᠡ | ᠠᠷᠪᠢᠨ ᠪᠠ ᠰᠤᠷᠭᠠᠭᠤᠯᠢ ᠡᠷᠬᠢᠯᠡᠬᠦ ᠨᠦᠬᠦᠴᠡᠯ᠂ ᠲᠡᠬᠦᠰᠦᠭᠰᠡᠨ ᠰᠤᠷᠤᠭᠴᠢ ᠶᠢᠨ ᠠᠵᠢᠯ ᠤᠯᠬᠤ ᠪᠠᠶᠢᠳᠠᠯ ᠵᠡᠷᠭᠡ | ᠡᠯᠧᠮᠧᠨ᠋ᠲ ᠢ ᠶᠡᠷᠦᠩᠭᠡᠶᠢᠯᠡᠨ ᠪᠤᠳᠤᠯᠬᠢᠯᠠᠵᠤ᠂ ᠤᠯᠤᠰ ᠤᠨ ᠰᠤᠷᠤᠭᠴᠢ ᠡᠯᠰᠡᠬᠦ ᠲᠦᠯᠦᠪᠯᠡᠭᠡ ᠶᠢ ᠲᠤᠭᠳᠠᠭᠠᠬᠤ | ᠠᠷᠭ᠎ᠠ ᠪᠠᠷᠢᠯ ᠢ ᠲᠡᠬᠦᠯᠳᠡᠷᠵᠢᠬᠦᠯᠦᠨ᠂ ᠲᠡᠭᠡᠳᠤ ᠵᠡᠷᠭᠡ ᠶᠢᠨ ᠰᠤᠷᠭᠠᠭᠤᠯᠢ ᠶᠢ ᠱᠠᠯᠠᠪᠳᠠᠭᠤᠯᠤᠨ ᠰᠤᠷᠤᠭᠴᠢ | ᠡᠯᠰᠡᠬᠦ ᠲᠦᠯᠦᠪᠯᠡᠭᠡ ᠶᠢ ᠡᠷᠡᠰ ᠢᠶᠠᠷ ᠬᠡᠷᠡᠭᠵᠢᠬᠦᠯᠬᠦ ᠱᠠᠭᠠᠷᠳᠠᠨ᠎ᠠ᠃ ᠲᠤᠮᠳᠠ ᠪᠠᠷᠠᠭᠤᠨ ᠬᠡᠰᠡᠭ ᠤᠨ ᠭᠠᠵᠠᠷ | ᠤᠷᠤᠨ ᠤ ᠰᠤᠷᠤᠭᠴᠢ ᠡᠯᠰᠡᠬᠦ ᠶᠢ ᠲᠡᠮᠵᠢᠬᠦ ᠬᠠᠮᠵᠢᠯᠴᠠᠭ᠎ᠠ ᠶᠢᠨ ᠲᠦᠯᠦᠪᠯᠡᠭᠡ ᠶᠢ ᠦᠷᠬᠦᠯᠵᠢᠯᠡᠨ ᠬᠡᠷᠡᠭᠵᠢᠬᠦᠯᠵᠤ᠂ | ᠵᠠᠬᠦᠨ ᠭᠡᠰᠡᠭ ᠤᠨ ᠭᠠᠵᠠᠷ ᠤᠷᠤᠨ ᠤ ᠲᠡᠭᠡᠳᠤ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ | ᠲᠦᠯᠦᠪᠯᠡᠭᠡ ᠳᠤ ᠲᠤᠮᠳᠠᠳᠤ ᠪᠠᠷᠠᠭᠤᠨ ᠭᠡᠰᠡᠭ ᠤᠨ ᠭᠠᠵᠠᠷ ᠤᠷᠤᠨ ᠠᠴᠠ ᠰᠤᠷᠤᠭᠴᠢ ᠡᠯᠰᠡᠬᠦ ᠲᠤᠭ᠎ᠠ ᠶᠢ | ᠲᠤᠰᠬᠠᠢ ᠲᠤᠬᠢᠷᠠᠭᠤᠯᠤᠨ᠎ᠠ᠃ ᠰᠤᠷᠭᠠᠨ ᠬᠦᠮᠦᠵᠢᠯ ᠤᠨ ᠶᠠᠮᠤᠨ ᠳᠤ ᠬᠠᠷᠢᠶᠠᠯᠠᠭᠳᠠᠵᠤ ᠪᠠᠶᠢᠭ᠎ᠠ ᠲᠡᠭᠡᠳᠤ ᠵᠡᠷᠭᠡ ᠶᠢᠨ | ᠰᠤᠷᠭᠠᠭᠤᠯᠢ ᠢᠯᠡ ᠪᠠᠷ ᠰᠤᠷᠤᠭᠴᠢ ᠡᠯᠰᠡᠬᠦ ᠲᠤᠭ᠎ᠠ ᠶᠢ ᠬᠤᠪᠢᠶᠠᠷᠢᠯᠠᠬᠤ ᠵᠠᠷᠴᠢᠮ ᠪᠠ ᠠᠷᠭ᠎ᠠ ᠪᠠᠷ ᠮᠤᠵᠢ | ᠬᠤᠪᠶᠠᠨ ᠰᠤᠷᠤᠭᠴᠢ ᠡᠯᠰᠡᠬᠦ ᠲᠦᠯᠦᠪᠯᠡᠭᠡ ᠪᠠᠨ ᠵᠤᠬᠢᠰᠳᠠᠢ ᠲᠤᠭᠳᠠᠭᠠᠵᠤ᠂ ᠬᠠᠷᠢᠶᠠᠯᠠᠭᠳᠠᠬᠤ ᠭᠠᠵᠠᠷ ᠤᠷᠤᠨ ᠤ | ᠰᠤᠷᠤᠭᠴᠢ ᠶᠢ ᠡᠯᠰᠡᠬᠦ ᠲᠤᠭ᠎ᠠ ᠶᠢ ᠡᠷᠡᠰ ᠬᠢᠵᠠᠭᠠᠷᠯᠠᠨ᠎ᠠ᠃ 2017 ᠤᠨ ᠪᠤᠯᠬᠤ ᠳᠤ ᠰᠤᠷᠤᠭᠴᠢ ᠡᠯᠰᠡᠬᠦ | ᠨᠤᠷᠮ᠎ᠠ ᠪᠠᠷ ᠬᠠᠮᠤᠭ ᠤᠨ ᠲᠤᠤᠷ᠎ᠠ ᠮᠤᠵᠢ ᠶᠢ ᠪᠦᠬᠦ ᠤᠯᠤᠰ ᠤᠨ ᠲᠡᠭᠰᠢᠳᠭᠡᠭᠰᠡᠨ ᠲᠦᠪᠰᠢᠨ ᠤ ᠵᠦᠷᠢᠶ᠎ᠡ ᠠᠴᠠ | 2013 ᠤᠨ ᠳᠤ ᠵᠠᠭᠤᠨ ᠤ ᠬᠠᠷᠢᠴᠠᠯ ᠢᠶᠠᠷ 6 ᠬᠤᠪᠢ ᠪᠠᠶᠢᠭᠰᠠᠨ ᠢ ᠵᠠᠭᠤᠨ ᠤ ᠬᠠᠷᠢᠴᠠᠯ ᠢᠶᠠᠷ 4 ᠬᠤᠪᠢ | ᠪᠤᠯᠭᠠᠨ᠎ᠠ᠃ | 2. ᠬᠦᠳᠡᠭᠡ ᠲᠤᠰᠬᠤᠨ ᠤ ᠰᠤᠷᠤᠭᠴᠢ ᠶᠢᠨ ᠭᠤᠤᠯᠳᠠᠯᠭ᠎ᠠ ᠲᠠᠢ ᠶᠡᠭᠡ ᠰᠤᠷᠭᠠᠭᠤᠯᠢ ᠳᠤ ᠤᠷᠤᠬᠤ | ᠲᠤᠭ᠎ᠠ ᠶᠢ ᠨᠡᠮᠡᠭᠳᠡᠬᠦᠯᠦᠨ᠎ᠡ᠃ ᠤᠯᠤᠰ ᠠᠴᠠ ᠬᠦᠳᠡᠭᠡ ᠲᠤᠰᠬᠤᠨ ᠤ ᠶᠠᠳᠠᠭᠤ ᠬᠦᠴᠢᠷᠳᠠᠢ ᠭᠠᠵᠠᠷ ᠤᠷᠤᠨ ᠳᠤ | ᠬᠠᠨᠳᠤᠯᠭ᠎ᠠ ᠲᠠᠢ ᠪᠠᠷ ᠰᠤᠷᠤᠭᠴᠢ ᠡᠯᠰᠡᠬᠦ ᠲᠤᠰᠬᠠᠢ ᠲᠦᠯᠦᠪᠯᠡᠭᠡ ᠶᠢ ᠦᠷᠬᠦᠯᠵᠢᠯᠡᠨ ᠬᠡᠷᠡᠭᠵᠢᠬᠦᠯᠵᠤ᠂ | ᠭᠤᠤᠯᠳᠠᠯᠭ᠎ᠠ ᠲᠠᠢ ᠶᠡᠭᠡ ᠰᠤᠷᠭᠠᠭᠤᠯᠢ ᠨᠤᠭᠤᠳ ᠶᠠᠳᠠᠭᠤ ᠬᠦᠴᠢᠷᠳᠡᠢ ᠭᠠᠵᠠᠷ ᠤᠷᠤᠨ ᠳᠤ ᠬᠠᠨᠳᠤᠭᠤᠯᠤᠨ | ᠬᠠᠨᠳᠤᠯᠭ᠎ᠠ ᠲᠠᠢ ᠪᠠᠷ ᠰᠤᠷᠤᠭᠴᠢ ᠡᠯᠰᠡᠨ᠎ᠡ᠃ ᠰᠤᠷᠭᠠᠨ ᠬᠦᠮᠦᠵᠢᠯ ᠤᠨ ᠶᠠᠮᠤᠨ ᠳᠤ ᠬᠠᠷᠢᠶᠠᠯᠠᠭᠳᠠᠵᠤ ᠪᠠᠶᠢᠭ᠎ᠠ | ᠲᠡᠭᠡᠳᠤ ᠵᠡᠷᠭᠡ ᠶᠢᠨ ᠰᠤᠷᠭᠠᠭᠤᠯᠢ᠂ ᠮᠤᠵᠢ ᠳᠤ ᠬᠠᠷᠢᠶᠠᠯᠠᠭᠳᠠᠵᠤ ᠪᠠᠶᠢᠭ᠎ᠠ ᠭᠤᠤᠯᠳᠠᠯᠭ᠎ᠠ ᠲᠠᠢ ᠲᠡᠭᠡᠳᠤ | ᠵᠡᠷᠭᠡ ᠶᠢᠨ ᠰᠤᠷᠭᠠᠭᠤᠯᠢ ᠵᠤᠬᠢᠬᠤ ᠬᠠᠷᠢᠴᠠᠯ ᠪᠦᠬᠦᠢ ᠰᠤᠷᠤᠭᠴᠢ ᠡᠯᠰᠡᠬᠦ ᠤᠷᠤᠨ ᠲᠤᠭ᠎ᠠ ᠭᠠᠷᠭᠠᠵᠤ ᠪᠤᠶᠢᠳᠠ | ᠪᠦᠭᠯᠡᠬᠦᠦ᠂ ᠶᠠᠳᠠᠭᠤ ᠬᠦᠴᠢᠷᠳᠠᠢ᠂ ᠦᠨᠳᠦᠰᠦᠳᠡᠨ ᠤ ᠭᠠᠵᠠᠷ ᠤᠷᠤᠨ ᠤ ᠬᠦᠳᠡᠭᠡ ᠲᠤᠰᠬᠤᠨ ᠤ ᠰᠢᠯᠢᠳᠡᠭ | ᠰᠤᠷᠤᠭᠴᠢ ᠶᠢ ᠡᠯᠰᠡᠨ᠎ᠡ᠃ 2017 ᠤᠨ ᠪᠤᠯᠬᠤ ᠳᠤ ᠶᠠᠳᠠᠭᠤ ᠬᠦᠴᠢᠷᠳᠡᠢ ᠭᠠᠵᠠᠷ ᠤᠷᠤᠨ ᠤ ᠬᠦᠳᠡᠭᠡ | ᠲᠤᠰᠬᠤᠨ ᠤ ᠰᠤᠷᠤᠭᠴᠢ ᠶᠢᠨ ᠭᠤᠤᠯᠳᠠᠯᠭ᠎ᠠ ᠲᠠᠢ ᠲᠡᠭᠡᠳᠤ ᠵᠡᠷᠭᠡ ᠶᠢᠨ ᠰᠤᠷᠭᠠᠭᠤᠯᠢ ᠳᠤ ᠤᠷᠤᠬᠤ ᠲᠤᠭ᠎ᠠ ᠶᠢ | ᠮᠡᠳᠡᠭᠳᠡᠮ᠎ᠡ ᠨᠡᠮᠡᠭᠳᠡᠬᠦᠯᠦᠨ᠂ ᠬᠦᠳᠡᠭᠡ ᠲᠤᠰᠬᠤᠨ ᠤ ᠰᠤᠷᠤᠭᠴᠢ ᠶᠢᠨ ᠭᠤᠤᠯᠳᠠᠯᠭ᠎ᠠ ᠲᠠᠢ ᠲᠡᠭᠡᠳᠤ ᠵᠡᠷᠭᠡ ᠶᠢᠨ | ᠰᠤᠷᠭᠠᠭᠤᠯᠢ ᠳᠤ ᠤᠷᠤᠬᠤ ᠶᠢ ᠪᠠᠳᠤᠯᠠᠬᠤ ᠤᠷᠳᠤ ᠬᠤᠭᠤᠴᠠᠭᠠᠳᠤ ᠲᠤᠭᠳᠠᠴᠠ ᠶᠢ ᠪᠤᠢ ᠪᠤᠯᠭᠠᠨ᠎ᠠ᠃ | 3. ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠠᠷᠭ᠎ᠠ ᠶᠢ ᠲᠡᠬᠦᠯᠳᠡᠷᠵᠢᠬᠦᠯᠦᠨ᠂ | ᠰᠤᠷᠭᠠᠭᠤᠯᠢ ᠰᠤᠩᠭᠤᠬᠤ ᠠᠰᠠᠭᠤᠳᠠᠯ ᠢ ᠰᠢᠢᠳᠪᠦᠷᠢᠯᠡᠨ᠎ᠡ᠃ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ | ᠬᠦᠮᠦᠵᠢᠯ ᠤᠨ ᠲᠡᠩᠴᠡᠬᠦᠷᠢ ᠲᠠᠢ ᠬᠦᠭᠵᠢᠯᠳᠡ ᠶᠢ ᠠᠬᠢᠭᠤᠯᠤᠨ᠂ ᠶᠢᠰᠦᠨ ᠵᠢᠯ ᠤᠨ ᠠᠯᠪᠠᠨ ᠵᠢᠷᠤᠮ ᠤᠨ | ᠰᠤᠷᠭᠠᠨ ᠬᠦᠮᠦᠵᠢᠯ ᠢ ᠬᠦᠷᠳᠡᠬᠦ ᠰᠤᠷᠤᠭᠴᠢ ᠶᠢ ᠰᠢᠯᠭᠠᠬᠤ ᠦᠭᠡᠢ ᠪᠠᠷ ᠰᠤᠷᠭᠠᠭᠤᠯᠢ ᠳᠤ ᠤᠷᠤᠭᠤᠯᠬᠤ | ᠪᠤᠳᠠᠳᠠᠢ ᠠᠷᠭ᠎ᠠ ᠶᠢ ᠲᠡᠬᠦᠯᠳᠡᠷᠵᠢᠬᠦᠯᠦᠨ᠂ ᠰᠤᠷᠬᠤ ᠲᠤᠭᠤᠷᠢᠭ ᠤᠨ ᠲᠦᠷᠢᠮ ᠪᠤᠯᠤᠨ ᠶᠢᠰᠦᠨ ᠵᠢᠯ ᠤᠨ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠢᠵᠢᠯ ᠲᠦᠷᠦᠯ ᠢᠶᠠᠷ ᠰᠤᠷᠤᠭᠴᠢ ᠡᠯᠰᠡᠬᠦ ᠲᠦᠷᠢᠮ ᠢ | ᠬᠡᠷᠡᠭᠵᠢᠬᠦᠯᠦᠨ᠎ᠡ᠃ ᠦᠨᠳᠦᠷ ᠲᠤᠮᠳᠠᠳᠤ ᠶᠢᠨ ᠱᠠᠳᠤᠨ ᠤ ᠰᠤᠷᠭᠠᠭᠤᠯᠢ ᠶᠢᠨ ᠰᠢᠯᠭᠠᠯᠳᠠ ᠬᠢᠵᠤ ᠰᠤᠷᠤᠭᠴᠢ | ᠡᠯᠰᠡᠬᠦ ᠠᠷᠭ᠎ᠠ ᠶᠢ ᠬᠠᠯᠠᠨ ᠰᠠᠶᠢᠵᠢᠷᠠᠭᠤᠯᠤᠨ᠎ᠠ᠃ ᠡᠩ ᠤᠨ ᠰᠢᠯᠢᠳᠡᠭ ᠦᠨᠳᠦᠷ ᠵᠡᠷᠭᠡ ᠶᠢᠨ ᠲᠤᠮᠳᠠᠳᠤ | ᠰᠤᠷᠭᠠᠭᠤᠯᠢ ᠪᠤᠯᠤᠨ ᠲᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ | ᠲᠤᠭ᠎ᠠ ᠶᠢ ᠤᠷᠤᠨ ᠲᠤᠭᠤᠷᠢᠭ ᠤᠨ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠨᠤᠭᠤᠳ ᠲᠤ ᠵᠤᠬᠢᠰᠳᠠᠢ | ᠬᠤᠪᠢᠶᠠᠷᠢᠯᠠᠨ ᠦᠭᠬᠦ ᠠᠷᠭ᠎ᠠ ᠶᠢ ᠬᠡᠷᠡᠭᠵᠢᠬᠦᠯᠦᠨ᠎ᠡ᠃ ᠬᠤᠳᠠ ᠤᠷᠤᠭᠰᠠᠨ ᠬᠦᠯᠦᠰᠦᠨ ᠠᠵᠢᠯᠴᠢᠨ ᠤ ᠲᠠᠭᠠᠵᠤ | ᠢᠷᠡᠭᠰᠡᠨ ᠦᠷ᠎ᠡ ᠬᠡᠦᠭᠡᠳ ᠤᠨ ᠰᠤᠷᠭᠠᠭᠤᠯᠢ ᠳᠤ ᠤᠷᠤᠬᠤ ᠪᠠ ᠰᠤᠷᠭᠠᠭᠤᠯᠢ ᠲᠡᠪᠰᠢᠬᠦ ᠰᠢᠯᠭᠠᠯᠳᠠ ᠶᠢᠨ | ᠲᠦᠷᠦ ᠶᠢᠨ ᠪᠤᠳᠤᠯᠭ᠎ᠠ ᠪᠠ ᠠᠷᠭ᠎ᠠ ᠪᠠᠷᠢᠯ ᠢ ᠴᠢᠨᠠᠭᠰᠢᠳᠠ ᠲᠡᠬᠦᠯᠳᠡᠷᠵᠢᠬᠦᠯᠵᠤ ᠬᠡᠷᠡᠭᠵᠢᠬᠦᠯᠦᠨ᠎ᠡ᠃ | | ︵ᠬᠤᠶᠠᠷ︶ ᠰᠢᠯᠭᠠᠯᠳᠠ ᠶᠢᠨ ᠬᠡᠯᠪᠡᠷᠢ ᠪᠤᠯᠤᠨ ᠠᠭᠤᠯᠭ᠎ᠠ ᠶᠢ ᠦᠭᠡᠷᠡᠴᠢᠯᠡᠨ᠎ᠡ | 1. ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠢᠯᠭᠠᠯᠳᠠ ᠶᠢ | ᠲᠡᠬᠦᠯᠳᠡᠷᠵᠢᠬᠦᠯᠦᠨ᠎ᠡ᠃ ᠰᠤᠷᠤᠯᠭ᠎ᠠ ᠶᠢᠨ ᠲᠦᠪᠰᠢᠨ ᠤ ᠰᠢᠯᠭᠠᠯᠳᠠ ᠪᠤᠯ ᠭᠤᠤᠯᠳᠠᠭᠤ ᠰᠤᠷᠤᠭᠴᠢ ᠶᠢᠨ | ᠰᠤᠷᠤᠯᠴᠠᠭᠰᠠᠨ ᠬᠢᠷᠢ ᠬᠡᠮᠵᠢᠶ᠎ᠡ ᠶᠢ ᠰᠢᠯᠭᠠᠭᠰᠠᠨ ᠪᠠᠶᠢᠴᠠᠭᠠᠯᠳᠠ ᠪᠤᠯᠤᠨ᠎ᠠ᠂ ᠡᠨᠡ ᠨᠢ ᠰᠤᠷᠤᠭᠴᠢ ᠶᠢᠨ | ᠲᠡᠬᠦᠰᠬᠦ ᠪᠠ ᠰᠤᠷᠭᠠᠭᠤᠯᠢ ᠲᠡᠪᠰᠢᠬᠦ ᠳᠤ ᠴᠢᠬᠤᠯᠠ ᠬᠡᠷᠡᠴᠢ ᠪᠠᠷᠢᠮᠳᠠ ᠪᠤᠯᠬᠤ ᠶᠤᠮ᠃ ᠰᠢᠯᠭᠠᠯᠳᠠ ᠶᠢᠨ ᠬᠦᠷᠢᠶ᠎ᠡ | ᠬᠡᠪᠴᠢᠶ᠎ᠡ ᠨᠢ ᠤᠯᠤᠰ ᠤᠨ ᠲᠤᠭᠳᠠᠭᠠᠭᠰᠠᠨ ᠪᠤᠢ ᠪᠦᠬᠦᠢ ᠰᠤᠷᠤᠯᠴᠠᠬᠤ ᠬᠢᠴᠢᠶᠠᠯ ᠲᠦᠷᠦᠯ ᠢ ᠪᠠᠭᠳᠠᠭᠠᠵᠤ᠂ | ᠰᠤᠷᠤᠭᠴᠢᠳ ᠢ ᠬᠦᠳᠦᠯᠦᠨ ᠵᠢᠯᠤᠭᠤᠳᠴᠤ ᠬᠢᠴᠢᠶᠠᠯ ᠪᠦᠬᠦᠨ ᠢ ᠬᠢᠨᠠᠮᠠᠭᠠᠢ ᠰᠤᠷᠤᠯᠴᠠᠭᠤᠯᠤᠨ᠂ ᠬᠦᠨᠳᠤ | ᠨᠤᠴᠢᠳᠠᠢ ᠪᠠᠷ ᠬᠢᠴᠢᠶᠠᠯ ᠭᠤᠯᠤᠬᠤ ᠠᠴᠠ ᠵᠠᠶᠢᠯᠠᠰᠬᠢᠯᠭᠡᠨᠡ᠃ ᠰᠤᠷᠤᠯᠭ᠎ᠠ ᠶᠢᠨ ᠲᠦᠪᠰᠢᠨ ᠤ ᠰᠢᠯᠭᠠᠯᠳᠠ ᠶᠢ | ᠮᠤᠵᠢ ᠶᠢᠨ ᠱᠠᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠠᠴᠠ ᠤᠯᠤᠰ ᠤᠨ | ᠬᠢᠴᠢᠶᠡᠯᠡᠯᠭᠡ ᠶᠢᠨ ᠪᠠᠷᠢᠮᠵᠢᠶ᠎ᠠ ᠪᠤᠯᠤᠨ ᠰᠢᠯᠭᠠᠯᠳᠠ ᠶᠢᠨ ᠱᠠᠭᠠᠷᠳᠠᠯᠭ᠎ᠠ ᠪᠠᠷ ᠵᠤᠬᠢᠶᠠᠨ ᠪᠠᠶᠢᠭᠤᠯᠵᠤ | ᠶᠠᠪᠤᠭᠳᠠᠭᠤᠯᠤᠨ᠂ ᠰᠢᠯᠭᠠᠯᠳᠠ ᠨᠢ ᠠᠮᠤᠷ ᠲᠦᠪᠰᠢᠨ ᠪᠦᠭᠡᠳ ᠡᠮᠬᠢ ᠲᠠᠷᠠᠭ᠎ᠠ ᠲᠠᠢ᠂ ᠬᠢᠷᠢ ᠪᠦᠳᠦᠮᠵᠢ ᠨᠢ | ᠦᠨᠡᠨ ᠪᠤᠳᠠᠳᠠᠢ ᠢᠳᠡᠭᠡᠮᠵᠢᠳᠡᠢ ᠪᠠᠶᠢᠬᠤ ᠶᠢ ᠪᠠᠳᠤᠯᠠᠨ᠎ᠠ᠃ ᠡᠯ᠎ᠡ ᠭᠠᠵᠠᠷ ᠤᠷᠤᠨ ᠡᠷᠬᠡᠪᠰᠢ ᠬᠢᠴᠢᠶᠡᠯᠡᠯᠭᠡ ᠶᠢᠨ | ᠠᠬᠢᠴᠠ ᠪᠤᠯᠤᠨ ᠰᠢᠯᠭᠠᠯᠳᠠ ᠶᠢᠨ ᠴᠠᠭ ᠢᠶᠠᠨ ᠵᠦᠢ ᠵᠤᠬᠢᠰᠳᠠᠢ ᠲᠤᠬᠢᠷᠠᠭᠤᠯᠵᠤ᠂ ᠠᠳᠠᠯᠢ ᠨᠢᠭᠡ ᠬᠢᠴᠢᠶᠡᠯ | ᠲᠦᠷᠦᠯ ᠤᠨ ᠰᠢᠯᠭᠠᠯᠳᠠ ᠶᠢ ᠬᠤᠶᠠᠷ ᠤᠳᠠᠭ᠎ᠠ ᠤᠷᠤᠯᠴᠠᠵᠤ ᠪᠤᠯᠬᠤ ᠰᠤᠷᠤᠭᠴᠢ ᠳᠤ ᠦᠨᠡᠨᠬᠦ ᠨᠦᠬᠦᠴᠡᠯ | ᠪᠦᠷᠢᠯᠳᠤᠬᠦᠯᠵᠤ ᠪᠠᠶᠢᠭᠠᠳ ᠠᠵᠠ ᠲᠤᠬᠢᠶᠠᠯ ᠬᠠᠩᠭᠠᠨ ᠦᠭᠬᠦ ᠬᠡᠷᠡᠭᠳᠡᠢ᠃ 2014 ᠤᠨ ᠳᠤ ᠦᠨᠳᠦᠷ | ᠵᠡᠷᠭᠡ ᠶᠢᠨ ᠲᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠢᠯᠭᠠᠯᠳᠠ ᠶᠢ ᠲᠡᠬᠦᠯᠳᠡᠷᠵᠢᠬᠦᠯᠬᠦ | ᠲᠤᠬᠠᠢ ᠵᠢᠯᠤᠭᠤᠳᠬᠤ ᠰᠠᠨᠠᠯ ᠢ ᠨᠡᠶᠢᠳᠡᠯᠡᠨ᠎ᠡ᠃ | 2. ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠶᠡᠷᠦᠩᠭᠡᠢ ᠬᠡᠪ ᠴᠢᠨᠠᠷ ᠤᠨ | ᠦᠨᠡᠯᠡᠯᠳᠡ ᠶᠢ ᠲᠦᠷᠢᠮᠵᠢᠬᠦᠯᠦᠨ᠎ᠡ᠃ ᠶᠡᠷᠦᠩᠭᠡᠢ ᠬᠡᠪ ᠴᠢᠨᠠᠷ ᠤᠨ ᠦᠨᠡᠯᠡᠯᠳᠡ ᠨᠢ ᠭᠤᠤᠯᠳᠠᠭᠤ ᠰᠤᠷᠤᠭᠴᠢ ᠶᠢᠨ | ᠶᠤᠰᠤ ᠰᠤᠷᠳᠠᠬᠤᠨ᠂ ᠤᠶᠦᠨ ᠤᠬᠠᠭᠠᠨ᠂ ᠪᠡᠶ᠎ᠡ ᠮᠠᠬᠠᠪᠤᠳ᠂ ᠭᠤᠸ᠎ᠠ ᠰᠠᠶᠢᠬᠠᠨ ᠵᠡᠷᠭᠡ ᠪᠦᠬᠦ ᠲᠠᠯ᠎ᠠ ᠶᠢᠨ | ᠬᠦᠭᠵᠢᠯᠳᠡ ᠶᠢᠨ ᠪᠠᠶᠢᠳᠠᠯ ᠢ ᠲᠤᠰᠬᠠᠵᠤ᠂ ᠰᠤᠷᠤᠭᠴᠢ ᠶᠢᠨ ᠲᠡᠬᠦᠰᠬᠦ ᠪᠠ ᠰᠤᠷᠭᠠᠭᠤᠯᠢ ᠲᠡᠪᠰᠢᠬᠦ ᠳᠤ ᠴᠢᠬᠤᠯᠠ | ᠯᠠᠪᠯᠠᠯᠳᠠ ᠪᠤᠯᠬᠤ ᠶᠤᠮ᠃ ᠰᠤᠷᠤᠭᠴᠢ ᠶᠢᠨ ᠶᠡᠷᠦᠩᠭᠡᠢ ᠬᠡᠪ ᠴᠢᠨᠠᠷ ᠤᠨ ᠲᠦᠷᠢᠮᠵᠢᠭᠰᠡᠨ ᠲᠡᠩᠰᠠ ᠡᠪᠬᠡᠮᠡᠯ ᠢ | ᠪᠠᠶᠢᠭᠤᠯᠵᠤ᠂ ᠰᠤᠷᠤᠭᠴᠢ ᠶᠢᠨ ᠦᠰᠦᠯᠳᠡ ᠪᠤᠶᠢᠵᠢᠯᠳᠡ ᠶᠢᠨ ᠶᠠᠪᠤᠴᠠ ᠳᠠᠬᠢ ᠲᠤᠪᠤᠶᠢᠮ᠎ᠠ ᠢᠯᠡᠷᠡᠯ ᠢ | ᠪᠤᠰᠤᠳᠴᠢ ᠪᠠᠷ ᠲᠡᠮᠳᠡᠭᠯᠡᠨ᠂ ᠨᠡᠶᠢᠭᠡᠮ ᠤᠨ ᠬᠠᠷᠢᠭᠤᠴᠠᠯᠭᠠᠳᠤ ᠰᠡᠳᠬᠢᠯᠭᠡ᠂ ᠪᠦᠳᠦᠭᠡᠯᠴᠢ ᠵᠤᠷᠢᠭ ᠰᠠᠨᠠᠭ᠎ᠠ | ᠪᠤᠯᠤᠨ ᠦᠢᠯᠡᠳᠦᠯᠭᠡ ᠶᠢᠨ ᠴᠢᠳᠠᠪᠤᠷᠢ ᠶᠢ ᠴᠢᠬᠤᠯᠠᠴᠢᠯᠠᠨ᠎ᠠ᠃ ᠡᠬᠦᠨ ᠳᠤ ᠭᠤᠤᠯᠳᠠᠭᠤ ᠰᠤᠷᠤᠭᠴᠢ ᠶᠢᠨ ᠦᠵᠡᠯ | ᠰᠠᠨᠠᠭ᠎ᠠ ᠶᠤᠰᠤ ᠰᠤᠷᠳᠠᠬᠤᠨ᠂ ᠰᠤᠷᠤᠯᠭ᠎ᠠ ᠶᠢᠨ ᠲᠦᠪᠰᠢᠨ᠂ ᠪᠡᠶ᠎ᠡ ᠰᠡᠳᠬᠢᠴᠡ ᠶᠢᠨ ᠡᠷᠡᠬᠦᠯ ᠴᠢᠬᠢᠷᠠᠭ᠂ ᠲᠤᠷ᠎ᠠ | ᠪᠠᠬ᠎ᠠ ᠦᠪᠡᠷᠮᠢᠴᠡ ᠴᠢᠳᠠᠪᠤᠷᠢ᠂ ᠨᠡᠶᠢᠭᠡᠮ ᠤᠨ ᠦᠢᠯᠡᠳᠦᠯᠭᠡ ᠵᠡᠷᠭᠡ ᠠᠭᠤᠯᠭ᠎ᠠ ᠶᠢ ᠪᠠᠭᠳᠠᠭᠠᠨ᠎ᠠ᠃ ᠲᠡᠰ | ᠲᠠᠷᠠᠭᠠᠯᠠᠯ ᠢ ᠴᠢᠩᠳᠠᠯᠠᠨ᠂ ᠬᠢᠨᠠᠯᠳᠠ ᠲᠠᠯᠪᠢᠬᠤ ᠶᠢ ᠴᠢᠩᠭᠠᠳᠬᠠᠵᠤ ᠂ ᠢᠯᠡ ᠲᠤᠳᠤ ᠶᠢ ᠪᠠᠳᠤᠯᠠᠨ᠂ | ᠠᠭᠤᠯᠭ᠎ᠠ ᠨᠢ ᠦᠨᠡᠨ ᠪᠤᠳᠠᠳᠠᠢ ᠵᠦᠪ ᠤᠨᠤᠪᠴᠢᠳᠠᠢ ᠪᠠᠶᠢᠬᠤ ᠶᠢ ᠪᠠᠳᠤᠯᠠᠨ᠎ᠠ᠃ 2014 ᠤᠨ ᠳᠤ ᠦᠨᠳᠦᠷ | ᠵᠡᠷᠭᠡ ᠶᠢᠨ ᠲᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠶᠡᠷᠦᠩᠭᠡᠢ ᠬᠡᠪ ᠴᠢᠨᠠᠷ ᠢ ᠦᠨᠡᠯᠡᠬᠦ ᠶᠢ ᠲᠦᠷᠢᠮᠵᠢᠬᠦᠯᠬᠦ | ᠲᠤᠬᠠᠢ ᠵᠢᠯᠤᠭᠤᠳᠬᠤ ᠰᠠᠨᠠᠯ ᠢ ᠨᠡᠶᠢᠳᠡᠯᠡᠨ᠎ᠡ᠃ ᠡᠯ᠎ᠡ ᠮᠤᠵᠢ ︵ᠦᠪᠡᠷᠳᠡᠭᠡᠨ ᠵᠠᠰᠠᠬᠤ ᠤᠷᠤᠨ᠂ ᠬᠤᠳᠠ︶ | ᠶᠡᠷᠦᠩᠭᠡᠢ ᠬᠡᠪ ᠴᠢᠨᠠᠷ ᠢ ᠦᠨᠡᠯᠡᠬᠦ ᠦᠨᠳᠦᠰᠦᠨ ᠱᠠᠭᠠᠷᠳᠠᠯᠭ᠎ᠠ ᠶᠢ ᠲᠤᠭᠳᠠᠭᠠᠭᠰᠠᠨ ᠤ ᠲᠠᠷᠠᠭ᠎ᠠ ᠰᠤᠷᠭᠠᠭᠤᠯᠢ ᠶᠢ | ᠵᠤᠬᠢᠶᠠᠨ ᠪᠠᠶᠢᠭᠤᠯᠵᠤ ᠬᠡᠷᠡᠭᠵᠢᠬᠦᠯᠦᠨ᠎ᠡ᠃ | 3. ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠶᠢᠨ ᠲᠦᠷᠦᠯ ᠬᠤᠪᠢᠶᠠᠨ | ᠰᠢᠯᠭᠠᠯᠳᠠ ᠬᠢᠬᠦ ᠶᠢ ᠲᠦᠷᠭᠡᠳᠭᠡᠨ ᠠᠬᠢᠭᠤᠯᠤᠨ᠎ᠠ᠃ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠲᠡᠭᠡᠳᠤ | ᠰᠤᠷᠭᠠᠭᠤᠯᠢ ᠶᠢᠨ ᠰᠢᠯᠭᠠᠯᠳᠠ ᠬᠢᠵᠤ ᠰᠤᠷᠤᠭᠴᠢ ᠡᠯᠰᠡᠬᠦ ᠶᠢ ᠡᠩ ᠤᠨ ᠲᠡᠭᠡᠳᠤ ᠵᠡᠷᠭᠡ ᠶᠢᠨ ᠰᠤᠷᠭᠠᠭᠤᠯᠢ ᠠᠴᠠ | ᠬᠠᠷᠢᠴᠠᠩᠭᠤᠢ ᠪᠠᠷ ᠰᠠᠯᠭᠠᠵᠤ᠂ ︽ᠰᠤᠶᠤᠯ ᠤᠨ ᠬᠡᠪ ᠴᠢᠨᠠᠷ + ᠮᠡᠷᠭᠡᠵᠢᠯ ᠴᠢᠳᠠᠪᠤᠷᠢ︾ ᠶᠢ ᠦᠨᠡᠯᠡᠬᠦ ᠠᠷᠭ᠎ᠠ ᠶᠢ | ᠬᠡᠷᠡᠭᠵᠢᠬᠦᠯᠦᠨ᠎ᠡ ᠃ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠠᠴᠠ ᠲᠡᠬᠦᠰᠦᠭᠰᠡᠨ ᠰᠤᠷᠤᠭᠴᠢ | ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠳᠤ ᠤᠷᠤᠬᠤ ᠳᠤ ᠰᠤᠶᠤᠯ ᠤᠨ ᠰᠠᠭᠤᠷᠢ | ᠮᠡᠳᠡᠯᠭᠡ ᠪᠤᠯᠤᠨ ᠮᠡᠷᠭᠡᠵᠢᠯ ᠴᠢᠳᠠᠪᠤᠷᠢ ᠶᠢ ᠤᠶᠠᠯᠳᠤᠭᠤᠯᠤᠭᠰᠠᠨ ᠬᠢᠨᠠᠨ ᠰᠢᠯᠭᠠᠯᠳᠠ ᠳᠤ ᠤᠷᠤᠯᠴᠠᠨ᠎ᠠ᠃ | ᠡᠩ ᠤᠨ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠠᠴᠠ ᠲᠡᠬᠦᠰᠦᠭᠰᠡᠨ ᠰᠤᠷᠤᠭᠴᠢ ᠲᠡᠭᠡᠳᠤ ᠵᠡᠷᠭᠡ ᠶᠢᠨ | ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠠᠴᠠ ᠲᠡᠬᠦᠰᠦᠭᠰᠡᠨ ᠰᠤᠷᠤᠭᠴᠢ ᠲᠡᠭᠡᠳᠤ ᠵᠡᠷᠭᠡ ᠶᠢᠨ ᠠᠵᠢᠯ | ᠮᠡᠷᠭᠡᠵᠢᠯ ᠤᠨ ᠲᠡᠭᠡᠳᠤ ᠰᠤᠷᠭᠠᠭᠤᠯᠢ ᠳᠤ ᠤᠷᠤᠬᠤ ᠳᠤ ᠮᠡᠷᠭᠡᠵᠢᠯ ᠴᠢᠳᠠᠪᠤᠷᠢ ᠶᠢᠨ ᠬᠢᠨᠠᠨ ᠰᠢᠯᠭᠠᠯᠳᠠ ᠳᠤ | ᠤᠷᠤᠯᠴᠠᠵᠤ᠂ ᠰᠤᠶᠤᠯ ᠤᠨ ᠬᠡᠪ ᠴᠢᠨᠠᠷ ᠤᠨ ᠬᠢᠷᠢ ᠪᠦᠳᠦᠮᠵᠢ ᠶᠢ ᠦᠨᠳᠦᠷ ᠵᠡᠷᠭᠡ ᠶᠢᠨ ᠲᠤᠮᠳᠠᠳᠤ | ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠢᠯᠭᠠᠯᠳᠠ ᠶᠢᠨ ᠬᠢᠷᠢ ᠪᠦᠳᠦᠮᠵᠢ ᠪᠠᠷ ᠤᠷᠤᠯᠠᠭᠤᠯᠤᠨ᠂ | ᠶᠡᠷᠦᠩᠭᠡᠢ ᠬᠡᠪ ᠴᠢᠨᠠᠷ ᠤᠨ ᠦᠨᠡᠯᠡᠯᠳᠡ ᠶᠢᠨ ᠬᠢᠨᠠᠨ ᠰᠢᠯᠭᠠᠯᠳᠠ ᠳᠤ ᠤᠷᠤᠯᠴᠠᠨ᠎ᠠ᠃ ᠰᠤᠷᠤᠭᠴᠢᠳ ᠨᠢᠭᠡᠳᠦᠯᠳᠡᠢ | ᠰᠢᠯᠭᠠᠯᠳᠠ ᠪᠠᠷ ᠲᠠᠮᠵᠢᠨ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠴᠤ ᠤᠷᠤᠵᠤ ᠪᠤᠯᠤᠨ᠎ᠠ᠃ | 2015 ᠤᠨ ᠪᠤᠯᠬᠤ ᠳᠤ ᠲᠦᠷᠦᠯ ᠬᠤᠪᠢᠶᠠᠭᠰᠠᠨ ᠰᠢᠯᠭᠠᠯᠳᠠ ᠪᠠᠷ ᠲᠠᠮᠵᠢᠨ ᠡᠯᠰᠡᠳᠡᠭᠰᠡᠨ ᠰᠤᠷᠤᠭᠴᠢ ᠶᠢᠨ | ᠲᠤᠭ᠎ᠠ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠶᠢᠨ ᠶᠡᠷᠦᠩᠭᠡᠢ ᠲᠤᠭᠠᠨ ᠤ | ᠬᠠᠭᠠᠰ ᠤᠷᠴᠢᠮ ᠢ ᠡᠵᠡᠯᠡᠨ᠎ᠡ᠂ 2017 ᠤᠨ ᠪᠤᠯᠬᠤ ᠳᠤ ᠡᠨᠡ ᠨᠢ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠰᠤᠷᠤᠭᠴᠢ ᠡᠯᠰᠡᠬᠦ ᠭᠤᠤᠯ ᠠᠷᠭ᠎ᠠ ᠵᠠᠮ ᠪᠤᠯᠤᠨ᠎ᠠ᠃ | 4. ᠲᠡᠭᠡᠳᠤ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠨᠢᠭᠡᠳᠦᠯᠳᠡᠢ ᠰᠢᠯᠭᠠᠯᠳᠠ ᠶᠢᠨ | ᠠᠭᠤᠯᠭ᠎ᠠ ᠶᠢᠨ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠎ᠡ᠃ ᠲᠡᠭᠡᠳᠤ ᠵᠡᠷᠭᠡ ᠶᠢᠨ ᠰᠤᠷᠭᠠᠭᠤᠯᠢ ᠶᠢᠨ | ᠴᠢᠳᠠᠪᠤᠷᠢᠳᠠᠨ ᠢ ᠰᠤᠩᠭᠤᠨ ᠰᠢᠯᠭᠠᠷᠠᠭᠤᠯᠬᠤ ᠱᠠᠭᠠᠷᠳᠠᠯᠭ᠎ᠠ ᠪᠤᠯᠤᠨ ᠤᠯᠤᠰ ᠤᠨ ᠬᠢᠴᠢᠶᠡᠯᠡᠯᠭᠡ ᠶᠢᠨ | ᠪᠠᠷᠢᠮᠵᠢᠶ᠎ᠡ ᠶᠢ ᠦᠨᠳᠦᠰᠦᠯᠡᠨ᠂ ᠰᠡᠳᠦᠪ ᠭᠠᠷᠭᠠᠬᠤ ᠠᠭᠤᠯᠭ᠎ᠠ ᠶᠢ ᠰᠢᠨᠵᠢᠯᠡᠬᠦ ᠤᠬᠠᠭᠠᠨᠴᠢ ᠪᠠᠷ ᠵᠢᠷᠤᠭᠯᠠᠨ | ᠲᠦᠯᠦᠪᠯᠡᠵᠤ᠂ ᠰᠠᠭᠤᠷᠢ ᠮᠡᠳᠡᠯᠭᠡ ᠶᠢᠨ ᠴᠢᠨᠠᠷᠳᠠᠢ᠂ ᠶᠡᠷᠦᠩᠭᠡᠶᠢᠯᠡᠭᠰᠡᠨ ᠴᠢᠨᠠᠷᠳᠠᠢ᠂ ᠶᠡᠷᠦᠩᠭᠡᠶᠢᠯᠡᠭᠰᠡᠨ ᠴᠢᠨᠠᠷᠳᠠᠢ | ᠠᠭᠤᠯᠭ᠎ᠠ ᠶᠢ ᠨᠡᠮᠡᠭᠳᠡᠬᠦᠯᠦᠨ ᠂ ᠰᠤᠷᠤᠭᠴᠢ ᠶᠢᠨ ᠪᠡᠶ᠎ᠡ ᠪᠠᠨ ᠲᠠᠭᠠᠭᠠᠵᠤ ᠰᠡᠳᠬᠢᠬᠦ ᠪᠠ ᠰᠤᠷᠤᠭᠰᠠᠨ ᠮᠡᠳᠡᠯᠭᠡ | ᠪᠠᠨ ᠠᠰᠢᠭᠯᠠᠨ ᠠᠰᠠᠭᠤᠳᠠᠯ ᠢ ᠵᠠᠳᠠᠯᠬᠤ᠂ ᠠᠰᠠᠭᠤᠳᠠᠯ ᠢ ᠰᠢᠢᠳᠪᠦᠷᠢᠯᠡᠬᠦ ᠲᠡᠭᠡᠷ᠎ᠡ ᠬᠡᠷᠡᠭᠯᠡᠬᠦ ᠴᠢᠳᠠᠪᠤᠷᠢ ᠶᠢ | ᠰᠢᠯᠭᠠᠨ ᠪᠠᠶᠢᠴᠠᠭᠠᠬᠤ ᠶᠢ ᠴᠢᠬᠤᠯᠠᠴᠢᠯᠠᠨ᠎ᠠ᠃ ᠬᠤᠪᠢ ᠦᠨᠡᠯᠡᠨ ᠦᠭᠬᠦ ᠠᠷᠭ᠎ᠠ ᠶᠢ ᠬᠠᠯᠠᠨ ᠰᠠᠶᠢᠵᠢᠷᠠᠭᠤᠯᠵᠤ᠂ | ᠰᠢᠯᠭᠠᠯᠳᠠ ᠶᠢᠨ ᠬᠠᠭᠤᠳᠠᠰᠤ ᠬᠢᠨᠠᠬᠤ ᠬᠠᠮᠢᠶᠠᠷᠤᠯᠳᠠ ᠶᠢ ᠴᠢᠩᠭᠠᠳᠬᠠᠨ᠂ ᠬᠢᠷᠢ ᠪᠦᠳᠦᠮᠵᠢ ᠶᠢᠨ | ᠮᠡᠳᠡᠬᠦᠯᠦᠯᠳᠡ ᠶᠢ ᠲᠡᠬᠦᠯᠳᠡᠷᠵᠢᠬᠦᠯᠦᠨ᠎ᠡ᠃ ᠤᠯᠤᠰ ᠤᠨ ᠰᠤᠷᠭᠠᠨ ᠬᠦᠮᠦᠵᠢᠯ ᠤᠨ ᠰᠢᠯᠭᠠᠯᠳᠠ ᠶᠢᠨ | ᠪᠠᠶᠢᠭᠤᠯᠤᠮᠵᠢ᠂ ᠤᠯᠤᠰ ᠤᠨ ᠰᠢᠯᠭᠠᠯᠳᠠ ᠶᠢᠨ ᠬᠦᠮᠦᠷᠭᠡ ᠪᠤᠯᠤᠨ ᠭᠠᠳᠠᠭᠠᠳᠤ ᠬᠡᠯᠡᠨ ᠤ ᠴᠢᠳᠠᠪᠤᠷᠢ ᠶᠢ ᠬᠢᠨᠠᠨ | ᠰᠢᠯᠭᠠᠬᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠨ᠎ᠠ᠃ 2015 ᠤᠨ ᠠᠴᠠ ᠡᠬᠢᠯᠡᠨ ᠪᠦᠬᠦ | ᠤᠯᠤᠰ ᠤᠨ ᠭᠠᠷᠭᠠᠭᠰᠠᠨ ᠨᠢᠭᠡᠳᠦᠯᠳᠡᠢ ᠰᠢᠯᠭᠠᠯᠳᠠ ᠶᠢᠨ ᠬᠠᠭᠤᠳᠠᠰᠤ ᠶᠢ ᠬᠡᠷᠡᠭᠯᠡᠬᠦ ᠮᠤᠵᠢ ᠶᠢᠨ ᠬᠦᠷᠢᠶ᠎ᠡ | ᠬᠡᠪᠴᠢᠶ᠎ᠡ ᠶᠢ ᠨᠡᠮᠡᠭᠳᠡᠬᠦᠯᠦᠨ᠎ᠡ᠃ | ︵ᠭᠤᠷᠪᠠ︶ ᠰᠤᠷᠤᠭᠴᠢ ᠡᠯᠰᠡᠬᠦ ᠲᠤᠭᠲᠠᠴᠠ ᠶᠢ ᠦᠭᠡᠷᠡᠴᠢᠯᠡᠨ᠎ᠡ | 1. ᠰᠢᠯᠭᠠᠯᠲᠠ ᠳᠤ ᠬᠤᠪᠢ ᠨᠡᠮᠡᠬᠦ ᠶᠢ ᠴᠦᠭᠡᠳᠭᠡᠨ ᠳᠦᠷᠢᠮᠵᠢᠭᠦᠯᠦᠨ᠎ᠡ᠃ ᠰᠢᠯᠭᠠᠯᠲᠠ ᠳᠤ ᠬᠤᠪᠢ | ᠨᠡᠮᠡᠬᠦ ᠲᠦᠷᠦᠯ ᠵᠦᠢᠯ ᠢ ᠶᠡᠬᠡᠪᠡᠷ ᠴᠦᠭᠡᠳᠭᠡᠵᠤ ᠡᠷᠡᠰ ᠬᠢᠵᠠᠭᠠᠷᠯᠠᠨ᠂ 2015 ᠤᠨ ᠠᠴᠠ ᠡᠬᠢᠯᠡᠨ ᠪᠡᠶ᠎ᠡ ᠶᠢᠨ | ᠲᠠᠮᠢᠷ᠂ ᠤᠷᠠᠯᠢᠭ ᠤᠨ ᠤᠨᠴᠠ ᠴᠢᠳᠠᠪᠤᠷᠢ ᠶᠢᠨ ᠰᠤᠷᠤᠭᠴᠢ ᠳᠤ ᠬᠤᠪᠢ ᠨᠡᠮᠡᠬᠦ ᠲᠦᠷᠦᠯ ᠵᠦᠢᠯ ᠢ | ᠦᠭᠡᠶᠢᠰᠬᠡᠨ᠎ᠡ᠃ ᠦᠨᠡᠨᠬᠦ ᠦᠯᠡᠳᠡᠭᠡᠬᠦ ᠴᠢᠬᠤᠯᠠᠲᠠᠢ ᠨᠡᠮᠡᠬᠦ ᠬᠤᠪᠢ ᠶᠢᠨ ᠲᠦᠷᠦᠯ ᠵᠦᠢᠯ ᠳᠤ ᠨᠡᠮᠡᠬᠦ ᠬᠤᠪᠢ ᠶᠢᠨ | ᠦᠷᠲᠡᠭ ᠢ ᠵᠤᠬᠢᠰᠲᠠᠢ ᠲᠤᠬᠢᠷᠠᠭᠤᠯᠤᠨ᠎ᠠ᠃ ᠬᠢᠯᠢ ᠬᠢᠵᠠᠭᠠᠷ ᠤᠷᠤᠨ ᠤ ᠦᠨᠳᠦᠰᠦᠲᠡᠨ ᠤ ᠤᠨᠴᠠ ᠶᠠᠳᠠᠭᠤ | ᠬᠦᠴᠢᠷᠲᠠᠢ ᠭᠠᠵᠠᠷ ᠤᠷᠤᠨ ᠤ ᠬᠤᠪᠢ ᠨᠡᠮᠡᠬᠦ ᠲᠦᠷᠦ ᠶᠢᠨ ᠪᠤᠳᠤᠯᠭ᠎ᠠ ᠶᠢ ᠰᠦᠪᠡᠭᠴᠢᠯᠡᠵᠤ ᠲᠡᠭᠦᠯᠳᠡᠷᠵᠢᠭᠦᠯᠦᠨ᠎ᠡ | ᠃ ᠤᠷᠤᠨ ᠨᠤᠲᠤᠭ ᠤᠨ ᠴᠢᠨᠠᠷᠲᠠᠢ ᠨᠢᠭᠡᠳᠦᠯᠲᠠᠢ ᠰᠢᠯᠭᠠᠯᠲᠠ ᠳᠤ ᠬᠤᠪᠢ ᠨᠡᠮᠡᠬᠦ ᠲᠦᠷᠦᠯ ᠵᠦᠢᠯ ᠢ ᠮᠤᠵᠢ ᠶᠢᠨ | ᠱᠠᠲᠤᠨ ᠤ ᠠᠷᠠᠳ ᠤᠨ ᠵᠠᠰᠠᠭ ᠤᠨ ᠤᠷᠳᠤᠨ ᠠᠴᠠ ᠲᠤᠭᠲᠠᠭᠠᠬᠤ ᠶᠢᠨ ᠬᠠᠮᠲᠤ ᠰᠤᠷᠭᠠᠨ ᠬᠦᠮᠦᠵᠢᠯ ᠤᠨ | ᠶᠠᠮᠤᠨ ᠳᠤ ᠮᠡᠳᠡᠭᠦᠯᠵᠤ ᠳᠠᠩᠰᠠᠯᠠᠭᠤᠯᠤᠨ᠂ ᠵᠠᠷᠴᠢᠮ ᠳᠡᠭᠡᠷ᠎ᠡ ᠪᠠᠨ ᠵᠦᠪᠬᠡᠨ ᠲᠤᠰ ᠮᠤᠵᠢ ︵ᠦᠪᠡᠷᠲᠡᠭᠡᠨ | ᠵᠠᠰᠠᠬᠤ ᠤᠷᠤᠨ᠂ ᠬᠤᠲᠠ︶ ᠳᠤ ᠬᠠᠷᠢᠶᠠᠯᠠᠭᠳᠠᠬᠤ ᠳᠡᠭᠡᠲᠤ ᠵᠡᠷᠭᠡ ᠶᠢᠨ ᠰᠤᠷᠭᠠᠭᠤᠯᠢ ᠶᠢᠨ ᠲᠤᠰ ᠮᠤᠵᠢ ︵ | ᠦᠪᠡᠷᠲᠡᠭᠡᠨ ᠵᠠᠰᠠᠬᠤ ᠤᠷᠤᠨ᠂ ᠬᠤᠲᠠ︶ ᠠᠴᠠ ᠰᠤᠷᠤᠭᠴᠢ ᠡᠯᠰᠡᠬᠦ ᠳᠤ ᠵᠤᠬᠢᠴᠠᠭᠰᠠᠨ ᠪᠠᠶᠢᠬᠤ ᠬᠡᠷᠡᠭᠲᠠᠢ᠃ | ᠰᠢᠯᠭᠠᠭᠤᠯᠤᠭᠰᠠᠳ ᠲᠤ ᠬᠤᠪᠢ ᠨᠡᠮᠡᠬᠦ ᠬᠢᠷᠢ ᠬᠡᠮ ᠤᠨ ᠬᠢᠨᠠᠨ ᠵᠦᠪᠰᠢᠶᠡᠷᠡᠬᠦ ᠠᠵᠢᠯ ᠢ ᠴᠢᠩᠭᠠᠳᠬᠠᠵᠤ᠂ | ᠦᠨᠡᠯᠡᠨ ᠲᠤᠭᠲᠠᠭᠠᠬᠤ ᠳᠡᠰ ᠳᠠᠷᠠᠭᠠᠯᠠᠯ ᠢ ᠴᠢᠩᠭᠠᠷᠠᠭᠤᠯᠤᠨ᠂ ᠨᠡᠶᠢᠭᠡᠮ ᠨᠡᠶᠢᠲᠡ ᠳᠤ ᠢᠯᠡ ᠪᠠᠷ ᠨᠡᠶᠢᠲᠡᠯᠡᠬᠦ | ᠠᠵᠢᠯ ᠢ ᠰᠠᠶᠢᠲᠤᠷ ᠬᠢᠵᠤ᠂ ᠬᠢᠨᠠᠯᠲᠠ ᠲᠠᠯᠪᠢᠬᠤ ᠬᠠᠮᠢᠶᠠᠷᠤᠯᠲᠠ ᠶᠢ ᠴᠢᠩᠭᠠᠳᠬᠠᠨ᠎ᠠ᠃ 2014 ᠤᠨ ᠤ ᠵᠢᠯ | ᠤᠨ ᠡᠴᠦᠰ ᠲᠤ ᠨᠢᠭᠡᠳᠤᠯᠲᠠᠢ ᠰᠢᠯᠭᠠᠯᠲᠠ ᠳᠤ ᠬᠤᠪᠢ ᠨᠡᠮᠡᠬᠦ ᠲᠦᠷᠦᠯ ᠵᠦᠢᠯ ᠪᠤᠯᠤᠨ ᠬᠤᠪᠢ ᠶᠢᠨ ᠦᠷᠲᠡᠭ ᠢ | ᠴᠢᠨᠠᠭᠰᠢᠳᠠ ᠴᠦᠭᠡᠳᠭᠡᠨ ᠲᠦᠷᠢᠮᠵᠢᠭᠦᠯᠬᠦ ᠲᠤᠬᠠᠢ ᠰᠠᠨᠠᠯ ᠢ ᠨᠡᠶᠢᠲᠡᠯᠡᠨ᠎ᠡ᠃ | 2. ᠦᠪᠡᠷ ᠢᠶᠠᠨ ᠡᠵᠡᠨ ᠮᠡᠳᠡᠵᠤ ᠰᠤᠷᠤᠭᠴᠢ ᠡᠯᠰᠡᠬᠦ ᠶᠢ ᠲᠡᠭᠦᠯᠳᠡᠷᠵᠢᠭᠦᠯᠦᠨ ᠳᠦᠷᠢᠮᠵᠢᠭᠦᠯᠦᠨ᠎ᠡ᠃ | ᠦᠪᠡᠷ ᠢᠶᠠᠨ ᠡᠵᠡᠨ ᠮᠡᠳᠡᠵᠤ ᠰᠤᠷᠤᠭᠴᠢ ᠡᠯᠰᠡᠬᠦ ᠨᠢ ᠭᠤᠤᠯᠳᠠᠭᠤ ᠰᠢᠨᠵᠢᠯᠡᠭᠡᠨ ᠤ ᠰᠠᠯᠠᠭᠠᠨ ᠤ ᠲᠠᠯ᠎ᠠ ᠪᠠᠷ | ᠤᠨᠴᠠ ᠴᠢᠳᠠᠪᠤᠷᠢ ᠲᠠᠢ ᠪᠠ ᠪᠦᠲᠦᠭᠡᠯᠴᠢ ᠴᠢᠳᠠᠪᠤᠷᠢ ᠶᠢᠨ ᠲᠠᠯ᠎ᠠ ᠪᠠᠷ ᠳᠠᠯᠳᠠ ᠬᠦᠴᠦᠨ ᠲᠠᠢ ᠰᠢᠯᠢᠳᠡᠭ | ᠰᠤᠷᠤᠭᠴᠢ ᠶᠢ ᠰᠢᠯᠭᠠᠷᠠᠭᠤᠯᠬᠤ ᠪᠤᠯᠤᠨ᠎ᠠ᠃ ᠭᠤᠶᠤᠴᠢᠯᠠᠭᠰᠠᠨ ᠰᠤᠷᠤᠭᠴᠢᠳ ᠪᠦᠬᠦ ᠤᠯᠤᠰ ᠤᠨ ᠨᠢᠭᠡᠳᠦᠯᠲᠠᠢ | ᠰᠢᠯᠭᠠᠯᠲᠠ ᠳᠤ ᠤᠷᠤᠯᠴᠠᠭᠠᠳ ᠵᠤᠬᠢᠬᠤ ᠱᠠᠭᠠᠷᠳᠠᠯᠭ᠎ᠠ ᠳᠤ ᠨᠡᠶᠢᠴᠡᠪᠡᠯ ᠰᠠᠶ᠋ᠢ ᠨᠡᠷ᠎ᠡ ᠮᠡᠳᠡᠭᠦᠯᠵᠤ | ᠰᠢᠯᠭᠠᠭᠤᠯᠤᠭᠰᠠᠨ ᠳᠡᠭᠡᠲᠤ ᠵᠡᠷᠭᠡ ᠶᠢᠨ ᠰᠤᠷᠭᠠᠭᠤᠯᠢ ᠶᠢᠨ ᠬᠢᠨᠠᠨ ᠰᠢᠯᠭᠠᠯᠲᠠ ᠶᠢ ᠬᠦᠯᠢᠶᠡᠨ᠎ᠡ᠃ ᠲᠤᠷᠰᠢᠯᠲᠠ | ᠶᠢᠨ ᠴᠢᠭ᠋ ᠢ ᠬᠡᠷᠡᠭᠵᠢᠬᠦᠯᠬᠦ ᠬᠡᠵᠤ ᠪᠠᠶᠢᠭ᠎ᠠ ᠳᠡᠭᠡᠲᠤ ᠵᠡᠷᠭᠡ ᠶᠢᠨ ᠰᠤᠷᠭᠠᠭᠤᠯᠢ ᠡᠷᠬᠡᠪᠰᠢ ᠬᠢᠨᠠᠨ ᠰᠢᠯᠭᠠᠬᠤ | ᠠᠭᠤᠯᠭ᠎ᠠ ᠪᠠᠨ ᠵᠦᠢ ᠵᠤᠬᠢᠰᠲᠠᠢ ᠲᠤᠭᠲᠠᠭᠠᠵᠤ᠂ ᠬᠠᠮᠲᠤᠷᠠᠨ ᠰᠢᠯᠭᠠᠬᠤ ᠠᠷᠭ᠎ᠠ ᠪᠠ ᠲᠤᠰᠬᠠᠢ ᠪᠤᠯᠪᠠᠰᠤᠷᠠᠯ | ᠬᠦᠷᠲᠡᠭᠡᠬᠦ ᠶᠢ ᠵᠤᠬᠢᠶᠠᠨ ᠪᠠᠶᠢᠭᠤᠯᠵᠤ ᠪᠤᠯᠬᠤ ᠦᠭᠡᠢ᠃ ᠦᠪᠡᠷ ᠢᠶᠠᠨ ᠡᠵᠡᠨ ᠮᠡᠳᠡᠵᠤ ᠰᠤᠷᠤᠭᠴᠢ ᠡᠯᠰᠡᠬᠦ | ᠠᠷᠭ᠎ᠠ᠂ ᠬᠢᠨᠠᠨ ᠰᠢᠯᠭᠠᠬᠤ ᠠᠯᠬᠤᠮ ᠳᠠᠷᠠᠭ᠎ᠠ ᠪᠠ ᠡᠯᠰᠡᠬᠦ ᠦᠷ᠎ᠡ ᠳ᠋ᠦᠩ ᠢ ᠨᠡᠶᠢᠲᠡᠯᠡᠬᠦ ᠶᠢ ᠳᠦᠷᠢᠮᠵᠢᠭᠦᠯᠦᠨ᠎ᠡ᠃ | ᠦᠪᠡᠷ ᠢᠶᠠᠨ ᠡᠵᠡᠨ ᠮᠡᠳᠡᠵᠤ ᠰᠤᠷᠤᠭᠴᠢ ᠡᠯᠰᠡᠬᠦ ᠬᠦᠷᠢᠶ᠎ᠡ ᠬᠡᠪᠴᠢᠶ᠎ᠡ ᠶᠢ ᠡᠷᠡᠰ ᠬᠢᠵᠠᠭᠠᠷᠯᠠᠨ᠎ᠠ᠃ 2015 | ᠤᠨ ᠠᠴᠠ ᠡᠬᠢᠯᠡᠨ ᠦᠪᠡᠷ ᠢᠶᠠᠨ ᠡᠵᠡᠨ ᠮᠡᠳᠡᠵᠤ ᠰᠤᠷᠤᠭᠴᠢ ᠡᠯᠰᠡᠬᠦ ᠶᠢ ᠪᠦᠬᠦ ᠤᠯᠤᠰ ᠤᠨ ᠨᠢᠭᠡᠳᠦᠯᠲᠠᠢ | ᠰᠢᠯᠭᠠᠯᠲᠠ ᠶᠢᠨ ᠳᠠᠷᠠᠭ᠎ᠠ ᠲᠤᠬᠢᠷᠠᠭᠤᠯᠵᠤ ᠶᠠᠪᠤᠭᠳᠠᠭᠤᠯᠬᠤ ᠶᠢ ᠠᠬᠢᠭᠤᠯᠤᠨ᠎ᠠ᠃ | 3. ᠳᠡᠭᠡᠲᠤ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠵᠤ ᠰᠤᠩᠭᠤᠨ ᠰᠢᠯᠭᠠᠷᠠᠭᠤᠯᠬᠤ | ᠲᠤᠭᠲᠠᠴᠠ ᠶᠢ ᠲᠡᠬᠦᠯᠳᠡᠷᠵᠢᠭᠦᠯᠦᠨᠡ᠃ ᠳᠡᠭᠡᠲᠤ ᠵᠡᠷᠭᠡ ᠶᠢᠨ ᠰᠤᠷᠭᠠᠭᠤᠯᠢ ᠨᠤᠭᠤᠳ ᠰᠢᠯᠭᠠᠯᠲᠠ ᠬᠢᠵᠤ | ᠰᠤᠷᠤᠭᠴᠢ ᠡᠯᠰᠡᠬᠦ ᠲᠠᠢ ᠬᠤᠯᠪᠤᠭᠳᠠᠭᠰᠠᠨ ᠲᠦᠷᠦᠯ ᠵᠦᠢᠯ᠂ ᠪᠠᠷᠢᠮᠵᠢᠶ᠎ᠠ᠂ ᠨᠦᠬᠦᠴᠡᠯ ᠪᠤᠯᠤᠨ ᠳᠡᠰ ᠳᠠᠷᠠᠭ᠎ᠠ | ᠵᠡᠷᠭᠡ ᠠᠭᠤᠯᠭ᠎ᠠ ᠶᠢ ᠰᠤᠷᠤᠭᠴᠢ ᠡᠯᠰᠡᠬᠦ ᠳᠦᠷᠢᠮ ᠳᠡᠭᠡᠨ ᠨᠠᠷᠢᠨ ᠲᠤᠲᠤᠷᠬᠠᠢ ᠪᠢᠴᠢᠵᠤ ᠤᠷᠤᠭᠤᠯᠤᠨ ᠨᠡᠶᠢᠭᠡᠮ | ᠳᠡᠭᠡᠷ᠎ᠡ ᠤᠷᠢᠳᠴᠢᠯᠠᠨ ᠨᠡᠶᠢᠲᠡᠯᠡᠬᠦ ᠬᠡᠷᠡᠭᠲᠠᠢ᠃ ᠰᠤᠷᠭᠠᠭᠤᠯᠢ ᠶᠢᠨ ᠰᠤᠷᠤᠭᠴᠢ ᠡᠯᠰᠡᠬᠦ ᠵᠦᠪᠯᠡᠯ ᠤᠨ | ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠰᠤᠷᠤᠭᠴᠢ ᠡᠯᠰᠡᠬᠦ ᠲᠦᠯᠦᠪᠯᠡᠭᠡ ᠶᠢ ᠲᠤᠭᠲᠠᠭᠠᠬᠤ᠂ | ᠰᠤᠷᠤᠭᠴᠢ ᠡᠯᠰᠡᠬᠦ ᠲᠦᠷᠦ ᠶᠢᠨ ᠪᠤᠳᠤᠯᠭ᠎ᠠ ᠪᠤᠯᠤᠨ ᠲᠤᠭᠲᠠᠭᠠᠯ ᠢ ᠲᠤᠭᠲᠠᠭᠠᠬᠤ᠂ ᠰᠤᠷᠤᠭᠴᠢ ᠡᠯᠰᠡᠬᠦ | ᠴᠢᠬᠤᠯᠠ ᠶᠡᠭᠡ ᠤᠴᠢᠷ ᠶᠠᠪᠤᠳᠠᠯ ᠢ ᠲᠤᠭᠲᠠᠭᠠᠬᠤ ᠵᠡᠷᠭᠡ ᠲᠠᠯ᠎ᠠ ᠪᠠᠷ ᠰᠤᠷᠤᠭᠴᠢ ᠡᠯᠰᠡᠬᠦ ᠵᠦᠪᠯᠡᠯ ᠤᠨ | ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ᠳᠡᠭᠡᠲᠤ ᠵᠡᠷᠭᠡ ᠶᠢᠨ ᠰᠤᠷᠭᠠᠭᠤᠯᠢ ᠨᠤᠭᠤᠳ ᠨᠡᠶᠢᠭᠡᠮ ᠳᠡᠭᠡᠷ᠎ᠡ | ᠠᠴᠠ ᠬᠢᠨᠠᠯᠲᠠ ᠲᠠᠯᠪᠢᠭᠴᠢ ᠶᠢ ᠤᠷᠢᠬᠤ ᠠᠷᠭ᠎ᠠ ᠪᠠᠷ ᠰᠤᠷᠭᠠᠭᠤᠯᠢ ᠶᠢᠨ ᠬᠢᠨᠠᠨ ᠰᠢᠯᠭᠠᠯᠲᠠ᠂ ᠰᠤᠷᠤᠭᠴᠢ | ᠡᠯᠰᠡᠬᠦ ᠠᠬᠤᠢ ᠲᠠᠯᠠᠪᠠᠢ ᠶᠢ ᠲᠤᠭᠤᠷᠢᠨ ᠪᠠᠶᠢᠴᠠᠭᠠᠯᠭᠠᠬᠤ ᠵᠡᠷᠭᠡ ᠠᠷᠭ᠎ᠠ ᠪᠠᠷ ᠰᠤᠷᠤᠭᠴᠢ ᠡᠯᠰᠡᠬᠦ ᠠᠵᠢᠯ ᠳᠤ | ᠭᠤᠷᠪᠠᠳᠤᠭᠠᠷ ᠡᠲᠡᠭᠡᠳ ᠤᠨ ᠬᠢᠨᠠᠯᠲᠠ ᠶᠢ ᠲᠠᠯᠪᠢᠭᠤᠯᠵᠤ ᠪᠤᠯᠤᠨ᠎ᠠ᠃ ᠰᠢᠯᠭᠠᠯᠲᠠ ᠬᠢᠵᠤ ᠰᠤᠷᠤᠭᠴᠢ ᠡᠯᠰᠡᠬᠦ | ᠳᠤ ᠭᠤᠮᠤᠳᠠᠯ ᠲᠤᠭᠠᠴᠢᠬᠤ ᠲᠤᠭᠲᠠᠴᠠ ᠶᠢ ᠪᠠᠶᠢᠭᠤᠯᠵᠤ᠂ ᠡᠯ᠎ᠡ ᠵᠦᠢᠯ ᠤᠨ ᠠᠰᠠᠭᠤᠳᠠᠯ ᠢ ᠰᠢᠢᠳᠪᠦᠷᠢᠯᠡᠭᠰᠡᠨ | ᠢᠶᠠᠨ ᠴᠠᠭ ᠲᠤᠬᠠᠢ ᠳᠤ ᠨᠢ ᠬᠠᠷᠢᠭᠤ ᠲᠤᠰᠬᠠᠬᠤ ᠬᠡᠷᠡᠭᠲᠠᠢ᠃ ᠰᠤᠷᠤᠭᠴᠢ ᠡᠯᠰᠡᠬᠦ ᠠᠵᠢᠯ ᠤᠨ ᠬᠠᠷᠢᠭᠤᠴᠠᠯᠭ᠎ᠠ | ᠶᠢ ᠨᠡᠬᠡᠮᠵᠢᠯᠡᠬᠦ ᠳᠦᠷᠢᠮ ᠢ ᠪᠠᠶᠢᠭᠤᠯᠵᠤ᠂ 2015 ᠤᠨ ᠠᠴᠠ ᠡᠬᠢᠯᠡᠨ ᠰᠤᠷᠭᠠᠭᠤᠯᠢ ᠶᠢᠨ ᠵᠠᠬᠢᠷᠤᠯ ᠤᠨ ᠭᠠᠷ | ᠤᠨ ᠦᠰᠦᠭ ᠵᠢᠷᠤᠭᠰᠠᠨ ᠰᠤᠷᠭᠠᠭᠤᠯᠢ ᠳᠤ ᠤᠷᠤᠬᠤ ᠮᠡᠳᠡᠭᠳᠡᠯ ᠤᠨ ᠪᠢᠴᠢᠭ ᠢ ᠬᠡᠷᠡᠭᠵᠢᠭᠦᠯᠵᠤ᠂ ᠰᠤᠷᠤᠭᠴᠢ | ᠡᠯᠰᠡᠭᠰᠡᠨ ᠦᠷ᠎ᠡ ᠳ᠋ᠦᠩ ᠳᠤ ᠬᠠᠷᠢᠭᠤᠴᠠᠯᠭ᠎ᠠ ᠡᠭᠦᠷᠭᠡᠯᠡᠭᠦᠯᠦᠨ᠎ᠡ᠃ | 4. ᠰᠤᠷᠤᠭᠴᠢ ᠡᠯᠰᠡᠬᠦ ᠠᠷᠭ᠎ᠠ ᠶᠢ ᠬᠠᠯᠠᠨ ᠰᠠᠶᠢᠵᠢᠷᠠᠭᠤᠯᠤᠨ᠎ᠠ᠃ ᠨᠢᠭᠡᠳᠦᠯᠲᠠᠢ ᠰᠢᠯᠭᠠᠯᠲᠠ ᠶᠢᠨ | ᠬᠢᠷᠢ ᠪᠦᠲᠦᠮᠵᠢ ᠶᠢ ᠨᠡᠶᠢᠲᠡᠯᠡᠭᠰᠡᠨ ᠤ ᠳᠠᠷᠠᠭ᠎ᠠ ᠰᠤᠷᠭᠠᠭᠤᠯᠢ ᠳᠤ ᠤᠷᠤᠬᠤ ᠡᠷᠡᠮᠡᠯᠵᠡᠯ ᠲᠠᠭᠯᠠᠬᠤ ᠠᠷᠭ᠎ᠠ ᠶᠢ | ᠬᠡᠷᠡᠭᠵᠢᠭᠦᠯᠦᠨ᠎ᠡ᠃ ᠳᠡᠭᠡᠲᠤ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠪᠦᠯᠦᠭ ᠤᠳᠠᠭ᠎ᠠ ᠶᠢ | ᠨᠦᠬᠦᠴᠡᠯ ᠪᠦᠷᠢᠯᠳᠦᠭᠦᠯᠵᠤ ᠪᠠᠶᠢᠭᠠᠳ ᠢᠳᠡᠭ ᠢᠳᠡᠭ ᠢᠶᠠᠷ ᠦᠭᠡᠶᠢᠰᠭᠡᠨ᠎ᠡ᠃ ᠳᠠᠩᠰᠠ ᠡᠪᠬᠡᠮᠡᠯ ᠢ ᠭᠠᠷᠭᠠᠨ | ᠦᠭᠴᠦ ᠰᠤᠷᠤᠭᠴᠢ ᠡᠯᠰᠡᠬᠦ ᠵᠠᠭᠪᠤᠷ ᠢ ᠬᠠᠯᠠᠨ ᠦᠭᠡᠷᠡᠴᠢᠯᠡᠵᠤ᠂ ᠡᠷᠡᠮᠡᠯᠵᠡᠯ ᠲᠠᠭᠯᠠᠬᠤ ᠪᠠ ᠳᠠᠩᠰᠠ ᠡᠪᠬᠡᠮᠡᠯ ᠢ | ᠵᠡᠷᠭᠡᠪᠡᠷ ᠭᠠᠷᠭᠠᠵᠤ ᠦᠭᠬᠦ ᠠᠷᠭ᠎ᠠ ᠶᠢ ᠲᠡᠭᠦᠯᠳᠡᠷᠵᠢᠭᠦᠯᠦᠨ ᠠᠬᠢᠭᠤᠯᠵᠤ᠂ ᠳᠡᠭᠡᠲᠤ ᠵᠡᠷᠭᠡ ᠶᠢᠨ ᠰᠤᠷᠭᠠᠭᠤᠯᠢ | ᠪᠤᠯᠤᠨ ᠰᠤᠷᠤᠭᠴᠢ ᠶᠢᠨ ᠬᠤᠶᠠᠷ ᠲᠠᠯ᠎ᠠ ᠪᠠᠷ ᠢᠶᠠᠨ ᠰᠤᠩᠭᠤᠯᠲᠠ ᠬᠢᠬᠦ ᠠᠵᠠ ᠲᠤᠬᠢᠶᠠᠯ ᠢ ᠨᠡᠮᠡᠭᠳᠡᠭᠦᠯᠦᠨ᠎ᠡ᠃ | 2015 ᠤᠨ ᠠᠴᠠ ᠡᠬᠢᠯᠡᠨ ᠨᠦᠬᠦᠴᠡᠯ ᠲᠠᠢ ᠮᠤᠵᠢ ᠶᠢᠨ ᠰᠤᠷᠤᠭᠴᠢ ᠡᠯᠰᠡᠬᠦ ᠪᠦᠯᠦᠭ ᠤᠳᠠᠭ᠎ᠠ ᠳᠤ | ᠦᠭᠡᠷᠡᠴᠢᠯᠡᠯᠲᠡ ᠬᠢᠬᠦ ᠲᠤᠷᠰᠢᠯᠲᠠ ᠶᠢ ᠶᠠᠪᠤᠭᠳᠠᠭᠤᠯᠤᠨ᠎ᠠ᠃ | 5. ᠨᠡᠶᠢᠭᠡᠮ ᠤᠨ ᠬᠦᠮᠦᠰ ᠤᠨ ᠨᠠᠰᠤᠨ ᠲᠤᠷᠰᠢᠳᠠ ᠰᠤᠷᠤᠯᠴᠠᠬᠤ ᠠᠷᠭ᠎ᠠ ᠵᠠᠮ ᠢ ᠦᠷᠭᠡᠳᠭᠡᠨ᠎ᠡ᠃ | ᠨᠡᠶᠢᠭᠡᠮ ᠤᠨ ᠬᠦᠮᠦᠰ ᠤᠨ ᠤᠯᠠᠨ ᠡᠰᠢᠴᠢᠯᠡᠭᠰᠡᠨ ᠰᠤᠷᠭᠠᠨ ᠬᠦᠮᠦᠵᠢᠯ ᠬᠦᠷᠲᠡᠬᠦ ᠠᠵᠠ ᠲᠤᠬᠢᠶᠠᠯ ᠢ | ᠦᠷᠭᠡᠳᠭᠡᠵᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠳᠠᠩᠰᠠᠯᠠᠵᠤ ᠰᠤᠷᠭᠠᠭᠤᠯᠢ ᠳᠤ | ᠤᠷᠤᠬᠤ ᠶᠢ ᠬᠡᠷᠡᠭᠵᠢᠭᠦᠯᠵᠤ᠂ ᠨᠠᠰᠤᠨ ᠳᠤ ᠬᠦᠷᠦᠭᠰᠡᠳ ᠤᠨ ᠳᠡᠭᠡᠲᠤ ᠵᠡᠷᠭᠡ ᠶᠢᠨ ᠰᠤᠷᠤᠯᠭ᠎ᠠ ᠶᠢᠨ ᠨᠠᠮᠳᠠᠷ ᠤᠨ | ᠰᠤᠷᠭᠠᠨ ᠬᠦᠮᠦᠵᠢᠯ ᠳᠤ ᠬᠠᠷᠢᠮᠠᠬᠠᠢ ᠰᠤᠷᠤᠯᠭ᠎ᠠ ᠶᠢᠨ ᠳᠦᠷᠢᠮ ᠢ ᠬᠡᠷᠡᠭᠵᠢᠭᠦᠯᠦᠨ᠂ ᠰᠤᠷᠭᠠᠭᠤᠯᠢ ᠳᠤ ᠤᠷᠤᠬᠤ | ᠨᠦᠬᠦᠴᠡᠯ ᠢ ᠠᠭᠤᠵᠢᠭᠤ ᠲᠠᠯᠪᠢᠵᠤ ᠰᠤᠷᠭᠠᠭᠤᠯᠢ ᠠᠴᠠ ᠲᠡᠭᠦᠰᠬᠦ ᠨᠦᠬᠦᠴᠡᠯ ᠢ ᠦᠨᠳᠦᠷ ᠪᠤᠯᠭᠠᠨ᠎ᠠ᠃ | ᠵᠡᠮᠳᠡᠭᠴᠤᠤᠳ ᠵᠡᠷᠭᠡ ᠤᠨᠴᠠᠭᠠᠢ ᠬᠦᠮᠦᠰ ᠤᠨ ᠨᠢᠭᠡᠳᠦᠯᠲᠠᠢ ᠰᠢᠯᠭᠠᠯᠲᠠ ᠶᠢ ᠤᠷᠤᠯᠴᠠᠬᠤ ᠳᠤ ᠦᠢᠯᠡᠴᠢᠯᠡᠭᠡ | ᠬᠠᠩᠭᠠᠨ᠎ᠠ᠃ ᠤᠯᠠᠨ ᠬᠡᠯᠪᠡᠷᠢ ᠮᠠᠶ᠋ᠢᠭ ᠢᠶᠠᠷ ᠰᠤᠷᠤᠯᠴᠠᠭᠰᠠᠨ ᠰᠤᠷᠤᠯᠭ᠎ᠠ ᠶᠢᠨ ᠬᠢᠷᠢ ᠪᠦᠲᠦᠮᠵᠢ ᠶᠢ ᠦᠨᠡᠯᠡᠨ | ᠲᠤᠭᠲᠠᠭᠠᠵᠤ ᠬᠤᠪᠢᠷᠠᠭᠤᠯᠬᠤ ᠳᠦᠷᠢᠮ ᠢ ᠰᠦᠪᠡᠭᠴᠢᠯᠡᠨ ᠪᠠᠶᠢᠭᠤᠯᠵᠤ᠂ ᠡᠩ ᠤᠨ ᠳᠡᠭᠡᠲᠤ ᠵᠡᠷᠭᠡ ᠶᠢᠨ | ᠰᠤᠷᠭᠠᠭᠤᠯᠢ᠂ ᠳᠡᠭᠡᠲᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠨᠠᠰᠤᠨ ᠳᠤ ᠬᠦᠷᠦᠭᠰᠡᠳ ᠤᠨ | ᠳᠡᠭᠡᠲᠤ ᠵᠡᠷᠭᠡ ᠶᠢᠨ ᠰᠤᠷᠭᠠᠭᠤᠯᠢ ᠬᠤᠭᠤᠷᠤᠨᠳᠤ ᠪᠠᠨ ᠰᠤᠷᠤᠯᠭ᠎ᠠ ᠶᠢᠨ ᠬᠤᠪᠢ ᠶᠢ ᠮᠡᠳᠡᠷᠡᠯᠴᠡᠬᠦ ᠠᠷᠭ᠎ᠠ ᠶᠢ | ᠬᠡᠷᠡᠭᠵᠢᠭᠦᠯᠦᠨ᠂ ᠤᠯᠠᠨ ᠵᠦᠢᠯ ᠤᠨ ᠰᠤᠷᠤᠯᠴᠠᠬᠤ ᠠᠷᠭ᠎ᠠ ᠵᠠᠮ᠂ ᠰᠤᠷᠤᠯᠴᠠᠬᠤ ᠠᠷᠭ᠎ᠠ ᠬᠡᠯᠪᠡᠷᠢ᠂ | ᠰᠤᠷᠤᠯᠴᠠᠬᠤ ᠶᠠᠪᠤᠴᠠ ᠶᠢ ᠬᠠᠷᠢᠯᠴᠠᠨ ᠵᠠᠯᠭᠠᠭᠤᠯᠤᠨ ᠤᠶᠠᠯᠳᠤᠭᠤᠯᠬᠤ ᠶᠢ ᠪᠡᠶᠡᠯᠡᠬᠦᠯᠵᠤ᠂ ᠴᠢᠳᠠᠪᠤᠷᠢᠲᠠᠨ ᠤ | ᠦᠰᠦᠯᠲᠡ ᠪᠤᠶᠢᠵᠢᠯᠲᠠ ᠳᠤ《 ᠵᠦᠷᠢᠯᠢᠭ ᠬᠦᠬᠦᠷᠭᠡ》 ᠳᠡᠪᠢᠰᠴᠤ ᠦᠭᠬᠦᠨ᠎ᠡ᠃ 2015 ᠤᠨ ᠳᠤ ᠰᠤᠷᠤᠯᠭ᠎ᠠ | ᠶᠢᠨ ᠬᠤᠪᠢ ᠶᠢ ᠬᠠᠷᠢᠯᠴᠠᠨ ᠵᠦᠪᠰᠢᠶᠡᠷᠡᠬᠦ ᠪᠠ ᠬᠠᠷᠢᠯᠴᠠᠨ ᠮᠡᠳᠡᠷᠡᠯᠴᠡᠬᠦ ᠲᠤᠬᠠᠢ ᠰᠠᠨᠠᠯ ᠢ ᠰᠤᠳᠤᠯᠵᠤ | ᠨᠡᠶᠢᠲᠡᠯᠡᠨ᠎ᠡ᠃ | ︵ᠳᠦᠷᠪᠡ︶ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠲᠤᠭᠲᠠᠴᠠ ᠶᠢ ᠬᠠᠯᠠᠨ ᠦᠭᠡᠷᠡᠴᠢᠯᠡᠨ᠎ᠡ ᠃ | | 1. ᠮᠡᠳᠡᠭᠡ ᠵᠠᠩᠬᠢ ᠶᠢ ᠢᠯᠡ ᠨᠡᠶᠢᠲᠡᠯᠡᠬᠦ ᠶᠢ ᠴᠢᠩᠭᠠᠳᠬᠠᠨ᠎ᠠ᠃ ᠳᠡᠭᠡᠲᠤ ᠵᠡᠷᠭᠡ ᠶᠢᠨ ᠰᠤᠷᠭᠠᠭᠤᠯᠢ | ᠶᠢᠨ《 ᠢᠯᠡ ᠪᠠᠷ ᠰᠤᠷᠤᠭᠴᠢ ᠡᠯᠰᠡᠬᠦ ᠢᠨᠵᠧᠨᠧᠷᠢᠩ》 ᠢ ᠬᠦᠨᠵᠡᠭᠡᠢ ᠨᠠᠶᠢᠳᠠᠪᠤᠷᠢᠵᠢᠭᠤᠯᠵᠤ᠂ ᠱᠠᠲᠤᠨ | ᠬᠤᠪᠢᠶᠠᠨ ᠬᠠᠷᠢᠭᠤᠴᠠᠬᠤ ᠪᠠ ᠮᠡᠳᠡᠭᠡ ᠵᠠᠩᠭᠢ ᠶᠢ ᠢᠯᠡ ᠨᠡᠶᠢᠲᠡᠯᠡᠬᠦ ᠳᠦᠷᠢᠮ ᠢ ᠲᠡᠭᠦᠯᠳᠡᠷᠵᠢᠭᠦᠯᠦᠨ᠎ᠡ᠃ ᠮᠡᠳᠡᠭᠡ | ᠵᠠᠩᠭᠢ ᠶᠢ ᠢᠯᠡ ᠪᠤᠯᠭᠠᠬᠤ ᠠᠭᠤᠯᠭ᠎ᠠ ᠶᠢ ᠴᠢᠨᠠᠭᠰᠢᠲᠠ ᠦᠷᠭᠡᠳᠭᠡᠵᠤ᠂ ᠰᠤᠷᠤᠭᠴᠢ ᠡᠯᠰᠡᠬᠦ ᠲᠦᠷᠦ ᠶᠢᠨ | ᠪᠤᠳᠤᠯᠭ᠎ᠠ᠂ ᠰᠤᠷᠤᠭᠴᠢ ᠡᠯᠰᠡᠬᠦ ᠬᠢᠷᠢ ᠬᠡᠮ᠂ ᠰᠤᠷᠤᠭᠴᠢ ᠡᠯᠰᠡᠬᠦ ᠳᠦᠷᠢᠮ᠂ ᠰᠤᠷᠤᠭᠴᠢ ᠡᠯᠰᠡᠬᠦ ᠲᠦᠯᠦᠪᠯᠡᠭᠡ | ᠂ ᠰᠤᠷᠤᠭᠴᠢ ᠡᠯᠰᠡᠬᠦ ᠶᠠᠪᠤᠴᠠ᠂ ᠰᠤᠷᠤᠭᠴᠢ ᠡᠯᠰᠡᠭᠰᠡᠨ ᠦᠷ᠎ᠡ ᠳ᠋ᠦᠩ ᠵᠢᠴᠢ ᠯᠠᠪᠯᠠᠨ ᠪᠠᠶᠢᠴᠠᠭᠠᠬᠤ ᠪᠠ | ᠭᠤᠮᠤᠳᠠᠯ ᠲᠤᠭᠠᠴᠢᠬᠤ ᠠᠷᠭ᠎ᠠ ᠵᠠᠮ᠂ ᠳᠦᠷᠢᠮ ᠲᠤᠭᠲᠠᠭᠠᠯ ᠢ ᠵᠦᠷᠢᠴᠡᠭᠰᠡᠨ ᠴᠢᠬᠤᠯᠠ ᠶᠡᠭᠡ ᠤᠴᠢᠷ ᠶᠠᠪᠤᠳᠠᠯ | ᠢ ᠰᠢᠢᠳᠪᠦᠷᠢᠯᠡᠭᠰᠡᠨ ᠦᠷ᠎ᠡ ᠳ᠋ᠦᠩ᠂ ᠡᠯᠰᠡᠭᠰᠡᠨ ᠰᠢᠨ᠎ᠡ ᠰᠤᠷᠤᠭᠴᠢ ᠶᠢ ᠳᠠᠬᠢᠨ ᠪᠠᠶᠢᠴᠠᠭᠠᠭᠰᠠᠨ ᠦᠷ᠎ᠡ ᠳ᠋ᠦᠩ | ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤ ᠨᠢ ᠢᠯᠡ ᠨᠡᠶᠢᠲᠡᠯᠡᠨ᠎ᠡ᠃ ᠮᠡᠳᠡᠭᠡ ᠵᠠᠩᠭᠢ ᠶᠢ ᠢᠯᠡ ᠨᠡᠶᠢᠲᠡᠯᠡᠬᠦ | ᠬᠦᠷᠢᠶ᠎ᠡ ᠬᠡᠪᠴᠢᠶ᠎ᠡ ᠶᠢ ᠴᠢᠨᠠᠭᠰᠢᠲᠠ ᠦᠷᠭᠡᠳᠭᠡᠵᠤ᠂ ᠰᠢᠯᠭᠠᠭᠤᠯᠤᠭᠰᠠᠳ᠂ ᠰᠤᠷᠭᠠᠭᠤᠯᠢ ᠪᠤᠯᠤᠨ ᠬᠡᠷ ᠤᠨ | ᠠᠬᠠᠮᠠᠳ ᠤᠨ ᠬᠢᠨᠠᠯᠲᠠ ᠶᠢ ᠬᠦᠯᠢᠶᠡᠨ᠎ᠡ᠃ | 2. ᠪᠠᠲᠤᠯᠠᠭ᠎ᠠ ᠶᠢᠨ ᠳᠦᠷᠢᠮ ᠢ ᠴᠢᠩᠭᠠᠳᠬᠠᠨ᠎ᠠ᠃ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ | ᠬᠤᠭᠤᠷᠤᠨᠳᠤᠬᠢ ᠬᠠᠮᠲᠤᠷᠠᠯᠴᠠᠬᠤ ᠲᠤᠭᠲᠠᠴᠠ ᠶᠢ ᠪᠠᠶᠢᠭᠤᠯᠵᠤ ᠲᠡᠭᠦᠯᠳᠡᠷᠵᠢᠭᠦᠯᠦᠨ᠂ ᠰᠤᠷᠭᠠᠨ ᠬᠦᠮᠦᠵᠢᠯ ᠤᠨ | ᠰᠢᠭᠠᠯᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ | ᠰᠢᠨᠵᠢᠯᠡᠬᠦ ᠤᠬᠠᠭᠠᠨᠴᠢᠯᠠᠭᠰᠠᠨ᠂ ᠳᠦᠷᠢᠮᠵᠢᠭᠰᠡᠨ᠂ ᠡᠷᠡᠰ ᠴᠢᠩᠭ᠎ᠠ ᠬᠠᠮᠢᠶᠠᠷᠤᠯᠲᠠ ᠪᠦᠬᠦᠢ ᠰᠤᠷᠭᠠᠨ ᠬᠦᠮᠦᠵᠢᠯ | ᠤᠨ ᠰᠢᠯᠭᠠᠯᠲᠠ ᠶᠢᠨ ᠠᠮᠤᠷ ᠲᠦᠪᠰᠢᠨ ᠤ ᠰᠢᠰᠲ᠋ᠧᠮ ᠢ ᠪᠠᠶᠢᠭᠤᠯᠤᠨ᠎ᠠ᠃ ᠢᠲᠡᠭᠡᠮᠵᠢᠲᠤ ᠳᠦᠷᠢᠮ ᠢ | ᠲᠡᠭᠦᠯᠳᠡᠷᠵᠢᠭᠦᠯᠦᠨ ᠂ ᠰᠢᠯᠭᠠᠭᠤᠯᠤᠭᠰᠠᠳ ᠤᠨ ᠢᠲᠡᠭᠡᠮᠵᠢᠲᠤ ᠬᠦᠮᠦᠵᠢᠯ ᠪᠤᠯᠤᠨ ᠢᠲᠡᠭᠡᠮᠵᠢᠲᠤ ᠳᠠᠩᠰᠠ ᠡᠪᠬᠡᠮᠡᠯ | ᠤᠨ ᠬᠠᠮᠢᠶᠠᠷᠤᠯᠲᠠ ᠶᠢ ᠴᠢᠩᠭᠠᠳᠬᠠᠨ᠎ᠠ᠃ ᠰᠤᠷᠭᠠᠨ ᠬᠦᠮᠦᠵᠢᠯ ᠤᠨ ᠰᠢᠯᠭᠠᠯᠲᠠ ᠬᠢᠵᠤ ᠰᠤᠷᠤᠭᠴᠢ ᠡᠯᠰᠡᠬᠦ | ᠬᠠᠤᠯᠢ ᠴᠠᠭᠠᠵᠠ ᠬᠠᠤᠯᠢ ᠲᠤᠭᠲᠠᠭᠠᠯ ᠢ ᠲᠡᠭᠦᠯᠳᠡᠷᠵᠢᠭᠦᠯᠦᠨ᠂ ᠰᠢᠯᠭᠠᠯᠲᠠ ᠬᠢᠵᠤ ᠰᠤᠷᠤᠭᠴᠢ ᠡᠯᠰᠡᠬᠦ | ᠬᠠᠤᠯᠢᠵᠢᠭᠰᠠᠨ ᠲᠦᠪᠰᠢᠨ ᠢ ᠳᠡᠭᠡᠭᠰᠢᠯᠡᠬᠦᠯᠦᠨ᠎ᠡ᠃ | 3. ᠳᠦᠷᠢᠮ ᠲᠤᠭᠲᠠᠭᠠᠯ ᠢ ᠵᠦᠷᠢᠴᠡᠭᠰᠡᠳ ᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃ | ᠰᠢᠯᠭᠠᠯᠲᠠ ᠬᠢᠵᠤ ᠰᠤᠷᠤᠭᠴᠢ ᠡᠯᠰᠡᠬᠦ ᠪᠦᠬᠦ ᠶᠠᠪᠤᠴᠠ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠬᠠᠤᠯᠢ | ᠳᠦᠷᠢᠮ ᠢ ᠵᠦᠷᠢᠴᠡᠭᠰᠡᠨ ᠠᠵᠢᠯᠯᠠᠭ᠎ᠠ ᠶᠢ ᠡᠷᠡᠰ ᠴᠢᠩᠭ᠎ᠠ ᠪᠠᠶᠢᠴᠠᠭᠠᠵᠤ᠂ ᠲᠤᠬᠠᠢ ᠶᠢᠨ ᠬᠦᠮᠦᠨ ᠪᠤᠯᠤᠨ | ᠬᠤᠯᠪᠤᠭᠳᠠᠯ ᠪᠦᠬᠦᠢ ᠬᠦᠮᠦᠨ ᠤ ᠬᠠᠷᠢᠭᠤᠴᠠᠯᠭ᠎ᠠ ᠶᠢ ᠨᠡᠬᠡᠮᠵᠢᠯᠡᠨ᠂ ᠪᠠᠶᠢᠴᠠᠭᠠᠵᠤ ᠰᠢᠢᠳᠪᠦᠷᠢᠯᠡᠭᠰᠡᠨ ᠦᠷ᠎ᠡ | ᠳ᠋ᠦᠩ ᠢ ᠴᠠᠭ ᠲᠤᠬᠠᠢ ᠳᠤ ᠨᠢ ᠢᠯᠡ ᠨᠡᠶᠢᠲᠡᠯᠡᠨ᠎ᠡ᠃ ᠶᠠᠯ᠎ᠠ ᠬᠢᠭᠰᠡᠨ ᠬᠡᠮᠵᠢᠶᠡᠨ ᠳᠤ ᠬᠦᠷᠦᠭᠰᠡᠨ ᠪᠤᠯ ᠬᠠᠤᠯᠢ | ᠴᠠᠭᠠᠵᠠ ᠶᠢᠨ ᠪᠠᠶᠢᠭᠤᠯᠤᠯᠭ᠎ᠠ ᠠᠴᠠ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃ | | ︵ᠲᠠᠪᠤ︶ ᠳᠡᠭᠡᠲᠤ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠨᠢᠭᠡᠳᠤᠯᠲᠠᠢ ᠰᠢᠯᠭᠠᠯᠲᠠ ᠶᠢᠨ | ᠶᠡᠷᠦᠩᠭᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠤᠨ ᠠᠵᠢᠯ ᠢ ᠡᠬᠢᠯᠡᠵᠤ ᠦᠷᠨᠢᠭᠦᠯᠦᠨ᠎ᠡ᠃ | | 1. ᠰᠢᠯᠭᠠᠯᠲᠠ ᠬᠢᠬᠦ ᠬᠢᠴᠢᠶᠡᠯ ᠲᠦᠷᠦᠯ ᠤᠨ ᠲᠤᠬᠢᠷᠠᠭᠤᠯᠤᠯᠲᠠ ᠶᠢ ᠦᠭᠡᠷᠡᠴᠢᠯᠡᠨ᠎ᠡ᠃ ᠳᠡᠭᠡᠲᠤ | ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠨᠢᠭᠡᠳᠤᠯᠲᠠᠢ ᠰᠢᠯᠭᠠᠯᠲᠠ ᠪᠠ ᠦᠨᠳᠦᠷ ᠵᠡᠷᠭᠡ ᠶᠢᠨ ᠳᠤᠮᠳᠠᠲᠤ | ᠰᠤᠷᠭᠠᠭᠤᠯᠢ ᠶᠢᠨ ᠰᠤᠷᠤᠯᠴᠠᠯᠭ᠎ᠠ ᠶᠢᠨ ᠬᠠᠷᠢᠯᠴᠠᠨ ᠬᠤᠯᠪᠤᠯᠳᠤᠬᠤ ᠡᠷᠴᠢᠮ ᠢ ᠴᠢᠩᠭᠠᠷᠠᠭᠤᠯᠵᠤ᠂ | ᠰᠢᠯᠭᠠᠭᠤᠯᠤᠭᠰᠠᠳ ᠤᠨ ᠶᠡᠷᠦᠩᠭᠡᠢ ᠬᠢᠷᠢ ᠪᠦᠲᠦᠮᠵᠢ ᠳᠤ ᠨᠢᠭᠡᠳᠦᠯᠲᠠᠢ ᠰᠢᠯᠭᠠᠯᠲᠠ ᠶᠢᠨ ᠬᠡᠯᠡ ᠪᠢᠴᠢᠭ᠂ | ᠲᠤᠭᠠᠨ ᠤ ᠤᠬᠠᠭᠠᠨ᠂ ᠭᠠᠳᠠᠭᠠᠲᠤ ᠬᠡᠯᠡ ᠵᠡᠷᠭᠡ ᠭᠤᠷᠪᠠᠨ ᠬᠢᠴᠢᠶᠡᠯ ᠲᠦᠷᠦᠯ ᠤᠨ ᠬᠢᠷᠢ ᠪᠦᠲᠦᠮᠵᠢ ᠪᠤᠯᠤᠨ | ᠦᠨᠳᠦᠷ ᠵᠡᠷᠭᠡ ᠶᠢᠨ ᠳᠤᠮᠳᠠᠲᠤ ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠢᠯᠭᠠᠯᠲᠠ ᠶᠢᠨ 3 ᠬᠢᠴᠢᠶᠡᠯ | ᠲᠦᠷᠦᠯ ᠤᠨ ᠬᠢᠷᠢ ᠪᠦᠲᠦᠮᠵᠢ ᠶᠢ ᠪᠤᠳᠤᠵᠤ ᠤᠷᠤᠭᠤᠯᠤᠨ᠎ᠠ᠃ ᠨᠢᠭᠡᠳᠤᠯᠲᠠᠢ ᠰᠢᠯᠭᠠᠯᠲᠠ ᠶᠢᠨ ᠰᠢᠯᠭᠠᠬᠤ | ᠲᠦᠷᠦᠯ ᠵᠦᠢᠯ ᠳᠤ ᠬᠡᠯᠡ ᠪᠢᠴᠢᠭ᠂ ᠲᠤᠭᠠᠨ ᠤ ᠤᠬᠠᠭᠠᠨ᠂ ᠭᠠᠳᠠᠭᠠᠲᠤ ᠬᠡᠯᠡ ᠨᠢ ᠬᠤᠪᠢᠷᠠᠬᠤ ᠦᠭᠡᠢ᠂ | ᠬᠤᠪᠢ ᠶᠢᠨ ᠦᠷᠲᠡᠭ ᠴᠤ ᠬᠤᠪᠢᠷᠠᠬᠤ ᠦᠭᠡᠢ᠃ ᠨᠡᠶᠢᠭᠡᠮ ᠤᠨ ᠪᠠ ᠪᠠᠶᠢᠭᠠᠯᠢ ᠶᠢᠨ ᠰᠢᠨᠵᠢᠯᠡᠭᠡᠨ ᠤ ᠲᠦᠷᠦᠯ | ᠵᠦᠢᠯ ᠬᠡᠵᠤ ᠬᠤᠪᠢᠶᠠᠬᠤ ᠦᠭᠡᠢ᠂ ᠭᠠᠳᠠᠭᠠᠲᠤ ᠬᠡᠯᠡᠨ ᠤ ᠬᠢᠴᠢᠶᠡᠯ ᠤᠨ ᠰᠢᠯᠭᠠᠯᠲᠠ ᠳᠤ ᠬᠤᠶᠠᠷ ᠤᠳᠠᠭ᠎ᠠ | ᠤᠷᠤᠯᠴᠠᠵᠤ ᠪᠤᠯᠬᠤ ᠠᠵᠠ ᠲᠤᠬᠢᠶᠠᠯ ᠤᠯᠭᠤᠨ᠎ᠠ᠃ ᠶᠡᠷᠦᠩᠭᠡᠢ ᠬᠢᠷᠢ ᠪᠦᠲᠦᠮᠵᠢ ᠳᠤ ᠪᠤᠳᠤᠵᠤ ᠤᠷᠤᠭᠤᠯᠬᠤ | ᠦᠨᠳᠦᠷ ᠵᠡᠷᠭᠡ ᠶᠢᠨ ᠳᠤᠮᠳᠠᠲᠤ ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠢᠯᠭᠠᠯᠲᠠ ᠶᠢᠨ ᠬᠢᠴᠢᠶᠡᠯ | ᠲᠦᠷᠦᠯ ᠳᠤ ᠰᠢᠯᠭᠠᠭᠤᠯᠤᠭᠰᠠᠳ ᠨᠡᠷ᠎ᠡ ᠮᠡᠳᠡᠭᠦᠯᠵᠤ ᠰᠢᠯᠭᠠᠭᠤᠯᠤᠭᠰᠠᠨ ᠳᠡᠭᠡᠲᠤ ᠵᠡᠷᠭᠡ ᠶᠢᠨ ᠰᠤᠷᠭᠠᠭᠤᠯᠢ ᠶᠢᠨ | ᠱᠠᠭᠠᠷᠳᠠᠯᠭ᠎ᠠ ᠪᠤᠯᠤᠨ ᠦᠪᠡᠷ ᠤᠨ ᠦᠪᠡᠷᠮᠢᠴᠡ ᠤᠴᠠᠯᠢᠭ ᠢᠶᠠᠨ ᠦᠨᠳᠦᠰᠦᠯᠡᠨ᠂ ᠦᠵᠡᠯ ᠰᠠᠨᠠᠭ᠎ᠠ ᠤᠯᠤᠰ | ᠲᠦᠷᠦ᠂ ᠲᠡᠤᠭᠡ᠂ ᠭᠠᠵᠠᠷ ᠵᠦᠢ᠂ ᠬᠢᠮᠢ᠂ ᠹᠢᠽᠢᠺ᠂ ᠠᠮᠢᠳᠤ ᠪᠤᠳᠠᠰ ᠵᠡᠷᠭᠡ ᠬᠢᠴᠢᠶᠡᠯ ᠲᠦᠷᠦᠯ ᠳᠤᠲᠤᠷ᠎ᠠ | ᠠᠴᠠ ᠦᠪᠡᠷ ᠢᠶᠠᠨ ᠰᠤᠩᠭᠤᠯᠲᠠ ᠬᠢᠨ᠎ᠠ᠃ | 2. ᠰᠤᠷᠤᠭᠴᠢ ᠡᠯᠰᠡᠬᠦ ᠲᠤᠭᠲᠠᠴᠠ ᠶᠢ ᠦᠭᠡᠷᠡᠴᠯᠡᠨᠡ᠃ ᠨᠢᠭᠡᠳᠤᠯᠲᠠᠢ ᠰᠢᠯᠭᠠᠯᠲᠠ ᠪᠤᠯᠤᠨ ᠦᠨᠳᠦᠷ | ᠵᠡᠷᠭᠡ ᠶᠢᠨ ᠳᠤᠮᠳᠠᠲᠤ ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠢᠯᠭᠠᠯᠲᠠ ᠶᠢᠨ ᠬᠢᠷᠢ ᠲᠦᠪᠰᠢᠨ ᠤ | ᠰᠢᠯᠭᠠᠯᠲᠠ ᠶᠢᠨ ᠬᠢᠷᠢ ᠪᠦᠲᠦᠮᠵᠢ ᠳᠤ ᠰᠠᠭᠤᠷᠢᠯᠠᠵᠤ᠂ ᠶᠡᠷᠦᠩᠭᠡᠢ ᠬᠡᠪ ᠴᠢᠨᠠᠷ ᠤᠨ ᠦᠨᠡᠯᠡᠯᠲᠡ ᠪᠠᠷ ᠯᠠᠪᠯᠠᠯᠲᠠ | ᠪᠤᠯᠭᠠᠭᠰᠠᠨ ᠤᠯᠠᠨ ᠡᠰᠢᠴᠢᠯᠡᠭᠰᠡᠨ ᠰᠤᠷᠤᠭᠴᠢ ᠡᠯᠰᠡᠬᠦ ᠲᠤᠭᠲᠠᠴᠠ ᠶᠢ ᠰᠦᠪᠡᠭᠴᠢᠯᠡᠨ᠎ᠡ᠃ ᠳᠡᠭᠡᠲᠤ ᠵᠡᠷᠭᠡ ᠶᠢᠨ | ᠰᠤᠷᠭᠠᠭᠤᠯᠢ ᠨᠤᠭᠤᠳ ᠰᠤᠷᠭᠠᠭᠤᠯᠢ ᠡᠷᠬᠢᠯᠡᠬᠦ ᠪᠠᠶᠢᠷᠢ ᠲᠤᠭᠲᠠᠭᠠᠯᠲᠠ ᠪᠤᠯᠤᠨ ᠲᠤᠰᠬᠠᠢ ᠮᠡᠷᠭᠡᠵᠢᠯ ᠤᠨ ᠬᠦᠮᠦᠨ | ᠬᠦᠮᠦᠵᠢᠬᠦᠯᠬᠦ ᠬᠠᠷᠠᠯᠲᠠ ᠪᠠᠨ ᠦᠳᠦᠰᠦᠯᠡᠨ᠂ ᠰᠢᠯᠭᠠᠭᠤᠯᠤᠭᠰᠠᠳ ᠤᠨ ᠦᠨᠳᠦᠷ ᠵᠡᠷᠭᠡ ᠶᠢᠨ ᠳᠤᠮᠳᠠᠲᠤ | ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠢᠯᠭᠠᠯᠲᠠ ᠶᠢᠨ ᠬᠢᠴᠢᠶᠡᠯ ᠲᠦᠷᠦᠯ ᠢᠶᠠᠨ ᠦᠨᠳᠦᠰᠦᠯᠡᠨ | ᠨᠡᠷ᠎ᠡ ᠮᠡᠳᠡᠭᠦᠯᠵᠤ ᠰᠢᠯᠭᠠᠭᠤᠯᠤᠭᠰᠠᠨ ᠱᠠᠭᠠᠷᠳᠠᠯᠭ᠎ᠠ ᠪᠤᠯᠤᠨ ᠶᠡᠷᠦᠩᠭᠡᠢ ᠬᠡᠪ ᠴᠢᠨᠠᠷ ᠤᠨ ᠦᠨᠡᠯᠡᠯᠲᠡ ᠶᠢ | ᠶᠠᠭᠠᠬᠢᠵᠤ ᠡᠰᠢᠯᠡᠵᠤ ᠠᠰᠢᠭᠯᠠᠬᠤ ᠲᠤᠬᠠᠢ ᠠᠷᠭ᠎ᠠ ᠶᠢ ᠰᠤᠳᠤᠯᠤᠨ ᠲᠤᠭᠲᠠᠭᠠᠵᠤ ᠨᠡᠶᠢᠭᠡᠮ ᠳᠤ ᠤᠷᠢᠳᠴᠢᠯᠠᠨ | ᠢᠯᠡ ᠨᠡᠶᠢᠲᠡᠯᠡᠨ᠎ᠡ᠃ | 3. ᠦᠭᠡᠷᠴᠢᠯᠡᠯᠲᠡ ᠶᠢᠨ ᠲᠤᠷᠰᠢᠯᠲᠠ ᠶᠢᠨ ᠴᠢᠭ᠋ ᠤᠨ ᠠᠵᠢᠯ ᠢ ᠦᠷᠨᠢᠭᠦᠯᠦᠨ᠎ᠡ᠃ ᠨᠢᠭᠡᠳᠦᠯᠲᠠᠢ | ᠲᠦᠯᠦᠪᠵᠢᠬᠦᠯᠬᠦ᠂ ᠲᠤᠷᠰᠢᠯᠲᠠ ᠶᠢᠨ ᠠᠵᠢᠯ ᠢ ᠤᠷᠢᠳᠠᠪᠡᠷ ᠶᠠᠪᠤᠭᠳᠠᠭᠤᠯᠬᠤ᠂ ᠠᠯᠬᠤᠮ ᠬᠤᠪᠢᠶᠠᠨ | ᠬᠡᠷᠡᠭᠵᠢᠬᠦᠯᠬᠦ᠂ ᠳᠡᠰ ᠳᠠᠷᠠᠭ᠎ᠠ ᠲᠠᠢ ᠪᠠᠷ ᠠᠬᠢᠭᠤᠯᠬᠤ ᠵᠠᠷᠴᠢᠮ ᠢᠶᠠᠷ᠂ ᠨᠦᠬᠦᠴᠡᠯ ᠲᠠᠢ ᠮᠤᠵᠢ ︵ᠬᠤᠲᠠ︶ ᠶᠢ | ᠰᠤᠩᠭᠤᠵᠤ ᠨᠢᠭᠡᠳᠦᠯᠲᠠᠢ ᠰᠢᠯᠭᠠᠯᠲᠠ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ | ᠦᠷᠨᠢᠭᠦᠯᠦᠨ᠎ᠡ᠃ ᠲᠤᠷᠰᠢᠯᠲᠠ ᠶᠢᠨ ᠴᠢᠭ᠋ ᠤᠨ ᠲᠤᠷᠰᠢᠯᠭ᠎ᠠ ᠶᠢ ᠴᠠᠭ ᠲᠤᠬᠠᠢ ᠳᠤ ᠨᠢ ᠲᠡᠭᠦᠯᠳᠡᠷᠵᠢᠭᠦᠯᠤᠨ | ᠳ᠋ᠦᠩᠨᠡᠵᠤ᠂ ᠶᠡᠷᠦᠩᠭᠡᠶᠢᠯᠡᠭᠰᠡᠨ ᠦᠭᠡᠷᠡᠴᠢᠯᠡᠯᠲᠡ ᠪᠠᠷ ᠳᠠᠮᠵᠢᠨ᠂ ᠨᠠᠮ ᠤᠨ ᠰᠤᠷᠭᠠᠨ ᠬᠦᠮᠦᠵᠢᠯ ᠤᠨ ᠴᠢᠭᠯᠡᠯᠲᠡ | ᠶᠢ ᠨᠡᠩ ᠰᠠᠶᠢᠲᠤᠷ ᠲᠤᠤᠱᠯᠠᠭᠤᠯᠵᠤ᠂ ᠬᠡᠪ ᠴᠢᠨᠠᠷ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠦᠨ | ᠂ ᠰᠤᠷᠤᠭᠴᠢ ᠶᠢᠨ ᠰᠤᠩᠭᠤᠯᠲᠠ ᠬᠢᠬᠦ ᠶᠢ ᠨᠡᠮᠡᠭᠳᠡᠬᠦᠯᠵᠤ᠂ ᠰᠤᠷᠤᠭᠴᠢ ᠶᠢᠨ ᠰᠢᠯᠭᠠᠯᠲᠠ ᠶᠢᠨ ᠳᠠᠷᠤᠭᠠᠰᠤ ᠶᠢ | ᠦᠨᠡᠨᠬᠦ ᠬᠦᠩᠭᠡᠷᠡᠭᠦᠯᠦᠨ᠂ ᠰᠤᠷᠤᠭᠴᠢ ᠶᠢ ᠪᠦᠬᠦ ᠲᠠᠯ᠎ᠠ ᠪᠠᠷ ᠬᠦᠭᠵᠢᠭᠦᠯᠬᠦ ᠮᠦᠷᠲᠡᠭᠡᠨ ᠪᠠᠰᠠ ᠦᠪᠡᠷᠮᠢᠴᠡ | ᠴᠢᠳᠠᠪᠤᠷᠢ ᠲᠠᠢ ᠪᠤᠯᠭᠠᠨ ᠬᠦᠮᠦᠵᠢᠭᠦᠯᠬᠦ ᠶᠢ ᠠᠬᠢᠭᠤᠯᠤᠨ᠎ᠠ᠃ 2014 ᠤᠨ ᠳᠤ ᠱᠠᠩᠬᠠᠢ ᠬᠤᠲᠠ᠂ ᠵᠧᠵᠢᠶᠠᠩ | ᠮᠤᠵᠢ ᠲᠤᠰ ᠪᠦᠷᠢ ᠨᠢᠭᠡᠳᠦᠯᠲᠠᠢ ᠰᠢᠯᠭᠠᠯᠲᠠ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ | ᠴᠢᠭ᠋ ᠤᠨ ᠲᠦᠰᠦᠯ ᠢ ᠲᠤᠭᠲᠠᠭᠠᠵᠤ᠂ 2014 ᠤᠨ ᠤ ᠨᠠᠮᠤᠷ ᠤᠨ ᠤᠯᠠᠷᠢᠯ ᠤᠨ ᠰᠢᠨ᠎ᠡ ᠤᠷᠤᠯᠭ᠎ᠠ ᠶᠢᠨ | ᠬᠤᠭᠤᠴᠠᠭᠠᠨ ᠤ ᠦᠨᠳᠦᠷ ᠵᠡᠷᠭᠡ ᠶᠢᠨ ᠳᠤᠮᠳᠠᠲᠤ ᠰᠤᠷᠭᠠᠭᠤᠯᠢ ᠶᠢᠨ ᠨᠢᠭᠡᠳᠦᠭᠡᠷ ᠤᠨ ᠤ ᠰᠤᠷᠤᠭᠴᠢ ᠠᠴᠠ | ᠡᠬᠢᠯᠡᠵᠤ ᠬᠡᠷᠡᠭᠵᠢᠬᠦᠯᠦᠨ᠎ᠡ᠃ ᠲᠤᠷᠰᠢᠯᠲᠠ ᠶᠢᠨ ᠴᠢᠭ᠋ ᠢᠶᠠᠷ ᠪᠤᠰᠤᠳ ᠮᠤᠵᠢ ︵ᠦᠪᠡᠷᠲᠡᠭᠡᠨ ᠵᠠᠰᠠᠬᠤ ᠤᠷᠤᠨ᠂ | ᠬᠤᠳᠠ︶ ᠶᠢᠨ ᠬᠢᠨ ᠤ ᠨᠢᠭᠡᠳᠦᠯᠲᠠᠢ ᠰᠢᠯᠭᠠᠯᠲᠠ ᠶᠢᠨ ᠦᠭᠡᠷᠡᠴᠢᠯᠡᠯᠲᠡ ᠶᠢ ᠬᠢᠬᠦ ᠳᠤ ᠬᠡᠷᠡᠴᠢ ᠪᠠᠷᠢᠮᠲᠠ | ᠪᠤᠯᠭᠠᠨ᠎ᠠ᠃ | ᠭᠤᠷᠪᠠ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ | ︵ᠨᠢᠬᠡ︶ ᠬᠡᠷᠡᠭᠵᠢᠬᠦᠯᠬᠦ ᠲᠦᠰᠦᠯ ᠢ ᠨᠡᠷᠢᠯᠢᠭ᠌ᠵᠢᠭᠤᠯᠤᠨᠠ᠃ ᠡᠯ᠎ᠡ ᠭᠠᠵᠠᠷ ᠤᠷᠤᠨ ᠤ ᠡᠯ᠎ᠡ | ᠬᠤᠯᠪᠤᠭᠳᠠᠯ ᠪᠦᠬᠦᠢ ᠰᠠᠯᠠᠭ᠎ᠠ ᠮᠦᠴᠢᠷ ᠰᠢᠯᠭᠠᠯᠲᠠ ᠬᠢᠵᠤ ᠰᠤᠷᠤᠭᠴᠢ ᠡᠯᠰᠡᠬᠦ ᠳᠦᠷᠢᠮ ᠤᠨ ᠦᠭᠡᠷᠡᠴᠢᠯᠡᠯᠲᠡ | ᠶᠢ ᠴᠢᠬᠤᠯᠠᠴᠢᠯᠠᠨ ᠂ ᠤᠳᠦᠷᠢᠳᠤᠯᠭ᠎ᠠ ᠪᠠᠨ ᠦᠨᠡᠨᠬᠦ ᠴᠢᠩᠭᠠᠳᠬᠠᠨ᠎ᠠ᠃ ᠰᠤᠷᠭᠠᠨ ᠬᠦᠮᠦᠵᠢᠯ ᠤᠨ ᠶᠠᠮᠤᠨ ᠵᠡᠷᠭᠡ | ᠬᠤᠯᠪᠤᠭᠳᠠᠯ ᠪᠦᠬᠦᠢ ᠰᠠᠯᠠᠭ᠎ᠠ ᠮᠦᠴᠢᠷ᠂ ᠲᠦᠭᠦᠷᠵᠢᠭᠰᠡᠨ ᠪᠢᠴᠢᠭ ᠮᠠᠲ᠋ᠧᠷᠢᠶᠠᠯ ᠢ ᠳᠠᠷᠤᠶᠢᠬᠠᠨ ᠰᠤᠳᠤᠯᠤᠨ | ᠲᠤᠭᠲᠠᠭᠠᠨ᠎ᠠ᠃ ᠡᠯ᠎ᠡ ᠮᠤᠵᠢ ︵ᠦᠪᠡᠷᠲᠡᠭᠡᠨ ᠵᠠᠰᠠᠬᠤ ᠤᠷᠤᠨ᠂ ᠬᠤᠲᠠ︶ ᠲᠤᠰ ᠭᠠᠵᠠᠷ ᠤᠷᠤᠨ ᠤ ᠪᠠᠨ | ᠪᠤᠳᠠᠲᠤ ᠪᠠᠶᠢᠳᠠᠯ ᠲᠠᠢ ᠤᠶᠠᠯᠳᠤᠭᠤᠯᠤᠨ᠂ ᠰᠢᠯᠭᠠᠯᠲᠠ ᠬᠢᠵᠤ ᠰᠤᠷᠤᠭᠴᠢ ᠡᠯᠰᠡᠬᠦ ᠳᠦᠷᠢᠮ ᠤᠨ | ᠦᠭᠡᠷᠡᠴᠢᠯᠡᠯᠲᠡ ᠶᠢ ᠬᠡᠷᠡᠭᠵᠢᠬᠦᠯᠬᠦ ᠲᠦᠰᠦᠯ ᠢ ᠲᠤᠭᠲᠠᠭᠠᠵᠤ᠂ ᠰᠤᠷᠭᠠᠨ ᠬᠦᠮᠦᠵᠢᠯ ᠤᠨ ᠶᠠᠮᠤᠨ ᠳᠤ | ᠮᠡᠳᠡᠭᠦᠯᠦᠭᠰᠡᠨ ᠤ ᠳᠠᠷᠠᠭ᠎ᠠ ᠨᠡᠶᠢᠭᠡᠮ ᠳᠤ ᠨᠡᠶᠢᠲᠡᠯᠡᠨ᠎ᠡ᠃ | ︵ᠬᠤᠶᠠᠷ︶ ᠡᠮᠬᠢ ᠳᠠᠷᠠᠭ᠎ᠠ ᠲᠠᠢ ᠪᠠᠷ ᠠᠬᠢᠭᠤᠯᠵᠤ ᠬᠡᠷᠡᠭᠵᠢᠬᠦᠯᠦᠨ᠎ᠡ᠃ ᠰᠤᠷᠭᠠᠨ ᠬᠦᠮᠦᠵᠢᠯ ᠤᠨ | ᠦᠶᠡᠯᠡᠯ ᠤᠨ ᠬᠤᠭᠤᠴᠠᠭ᠎ᠠ ᠶᠢ ᠭᠦᠢᠴᠡᠳ ᠪᠤᠳᠤᠯᠬᠢᠯᠠᠵᠤ᠂ ᠰᠢᠯᠭᠠᠯᠲᠠ ᠬᠢᠵᠤ ᠰᠤᠷᠤᠭᠴᠢ ᠡᠯᠰᠡᠬᠦ ᠳᠦᠷᠢᠮ | ᠤᠨ ᠦᠭᠡᠷᠡᠴᠢᠯᠡᠯᠲᠡ ᠶᠢ ᠬᠡᠷᠡᠭᠵᠢᠬᠦᠯᠬᠦ ᠲᠦᠰᠦᠯ ᠢᠶᠠᠨ ᠤᠷᠢᠳᠴᠢᠯᠠᠨ ᠨᠡᠶᠢᠲᠡᠯᠡᠵᠤ᠂ ᠰᠢᠯᠭᠠᠭᠤᠯᠤᠭᠰᠠᠳ | ᠪᠤᠯᠤᠨ ᠨᠡᠶᠢᠭᠡᠮ ᠨᠡᠶᠢᠲᠡ ᠳᠤ ᠲᠤᠲᠤᠷᠬᠠᠢ ᠪᠦᠭᠡᠳ ᠲᠤᠭᠲᠠᠩᠭᠤᠢ ᠵᠢᠱᠢᠯᠲᠡ ᠦᠭᠭᠦᠨ᠎ᠡ᠃ ᠦᠭᠡᠷᠡᠴᠢᠯᠡᠯᠲᠡ | ᠶᠢᠨ ᠳᠤᠮᠳᠠ ᠲᠤᠬᠢᠶᠠᠯᠳᠤᠭᠰᠠᠨ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠴᠠᠭ | ᠲᠤᠬᠠᠢ ᠳᠤ ᠨᠢ ᠰᠤᠳᠤᠯᠤᠨ ᠲᠤᠭᠲᠠᠭᠠᠵᠤ᠂ ᠲᠤᠷᠰᠢᠯᠭ᠎ᠠ ᠪᠠᠨ ᠲᠠᠰᠤᠷᠠᠯᠲᠠ ᠦᠭᠡᠢ ᠳ᠋ᠦᠩᠨᠡᠵᠤ ᠠᠷᠭ᠎ᠠ ᠪᠠᠷᠢᠯ | ᠢᠶᠠᠨ ᠲᠡᠭᠦᠯᠳᠡᠷᠵᠢᠭᠦᠯᠦᠨ ᠲᠤᠬᠢᠷᠠᠭᠤᠯᠤᠨ᠎ᠠ᠃ | ︵ᠭᠤᠷᠪᠠ︶ ᠤᠬᠠᠭᠤᠯᠵᠤ ᠵᠢᠯᠤᠭᠤᠳᠬᠤ ᠡᠷᠴᠢᠮ ᠢᠶᠠᠨ ᠴᠢᠩᠭᠠᠷᠠᠭᠤᠯᠤᠨ᠎ᠠ᠃ ᠦᠭᠡᠷᠡᠴᠢᠯᠡᠯᠲᠡ ᠶᠢᠨ | ᠲᠦᠰᠦᠯ ᠪᠤᠯᠤᠨ ᠲᠦᠷᠦ ᠶᠢᠨ ᠪᠤᠳᠤᠯᠭ᠎ᠠ ᠶᠢ ᠤᠬᠠᠭᠤᠯᠬᠤ ᠪᠠ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ | ᠂ ᠨᠡᠶᠢᠭᠡᠮ ᠨᠡᠶᠢᠲᠡ ᠶᠢᠨ ᠠᠩᠬᠠᠷᠤᠯ ᠲᠦᠪᠯᠡᠷᠡᠯ ᠳᠤ ᠬᠠᠷᠢᠭᠤ ᠲᠤᠰᠬᠠᠯ ᠦᠭᠴᠦ᠂ ᠲᠦᠭᠡᠷᠢᠭᠳᠡᠯ ᠢ ᠠᠷᠢᠯᠭᠠᠨ | ᠮᠠᠳᠠᠭ ᠢ ᠲᠠᠶᠢᠯᠪᠤᠷᠢᠯᠠᠵᠤ᠂ ᠬᠠᠮᠲᠤ ᠶᠢᠨ ᠲᠠᠨᠢᠯᠲᠠ ᠪᠠᠨ ᠨᠢᠭᠡᠳᠭᠡᠵᠤ᠂ ᠦᠭᠡᠷᠡᠴᠢᠯᠡᠯᠲᠡ ᠶᠢᠨ ᠤᠷᠤᠭᠰᠢᠲᠠᠢ | ᠶᠠᠪᠤᠭᠳᠠᠬᠤ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠪᠦᠷᠢᠯᠳᠦᠬᠦᠯᠦᠨ᠎ᠡ᠃ | | | ᠲᠦᠷᠦ ᠶᠢᠨ ᠶᠠᠪᠤᠳᠠᠯ ᠤᠨ ᠬᠤᠷᠢᠶ᠎ᠠ | 2014 | ᠤᠨ 9 ᠰᠠᠷ᠎ᠠ ᠶᠢᠨ 3 ᠤ ᠡᠳᠦᠷ | | | | |