| | | | ᠰᠤᠷᠪᠤᠯᠵᠢᠯᠠᠭ᠎ᠠ ᠶᠢᠨ ᠭᠤᠤᠯ ᠰᠡᠳᠦᠪ᠄ 2015 —2017 ᠤᠨ ᠤ ᠦᠪᠦᠷ ᠮᠤᠩᠭᠤᠯ ᠤᠨ | ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ | | ᠰᠤᠷᠪᠤᠯᠵᠢᠯᠠᠭᠰᠠᠨ ᠴᠠᠭ᠄ 2015 ᠤᠨ ᠤ 6 ᠳ᠋ᠤᠭᠠᠷ ᠰᠠᠷ᠎ᠠ ᠶᠢᠨ 10 ᠤ ᠦᠳᠡ ᠶᠢᠨ ᠡᠮᠦᠨᠡᠬᠢ | 10 ᠴᠠᠭ | ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ ᠤᠨ ᠳᠡᠳ᠋ ᠳᠠᠷᠤᠭ᠎ᠠ ᠸᠠᠩ ᠭᠦᠸᠧ ᠯᠢᠨ | ﹇ᠬᠦᠲᠦᠯᠦᠭᠴᠢ﹈ ᠰᠦᠯᠵᠢᠶᠡᠨ ᠠᠨᠳᠠ ᠨᠡᠷ ᠡ᠂ ᠲᠠ ᠪᠦᠬᠦᠨ ᠰᠠᠶᠢᠨ ᠪᠠᠶᠢᠵᠠᠭᠠᠨ᠎ᠠ ᠤᠤ︖ | ᠲᠤᠰ ᠬᠤᠭᠤᠴᠠᠭᠠᠨ ᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶ᠎ᠡ ᠶᠢᠨ ᠰᠤᠷᠪᠤᠯᠵᠢᠯᠠᠨ | ᠶᠠᠷᠢᠯᠴᠠᠬᠤ ᠫᠷᠤᠭ᠍ᠷᠠᠮ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ | ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠳᠡᠳ᠋ ᠳᠠᠷᠤᠭ᠎ᠠ ᠸᠠᠩ | ᠭᠦᠸᠧ ᠯᠢᠨ ᠢ ᠤᠷᠢᠵᠤ 2015 —2017 ᠤᠨ ᠤ ᠦᠪᠦᠷ ᠮᠤᠩᠭᠤᠯ ᠤᠨ ᠲᠠᠷᠢᠶᠠᠯᠠᠩ ᠤᠨ ᠮᠠᠰᠢᠨ ᠪᠠᠭᠠᠵᠢ | ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠭᠤᠯᠬᠤ ᠶᠢᠨ ᠬᠠᠮᠲᠤ | ᠰᠦᠯᠵᠢᠶᠡᠨ ᠠᠨᠳᠠ ᠨᠡᠷ ᠤᠨ ᠰᠡᠳᠬᠢᠯ ᠲᠠᠯᠪᠢᠵᠤ ᠪᠠᠶᠢᠭ᠎ᠠ ᠠᠰᠠᠭᠤᠯᠲᠠ ᠶᠢ ᠬᠠᠷᠢᠭᠤᠯᠬᠤ ᠪᠠᠷ ᠪᠤᠯᠪᠠ᠃ ᠸᠠᠩ | ᠲᠢᠩᠬᠢᠮ ᠤᠨ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ﹇ᠸᠠᠩ ᠬᠦᠸᠧ ᠯᠢᠨ﹈ ᠬᠦᠲᠦᠯᠦᠭᠴᠢ ᠰᠠᠶᠢᠨ ᠤᠤ︖ ᠰᠦᠯᠵᠢᠶᠡᠨ ᠠᠨᠳᠠ ᠨᠡᠷ ᠰᠠᠶᠢᠨ | ᠪᠠᠶᠢᠵᠠᠭᠠᠨᠠᠤ︖ ᠠᠳᠡ ᠰᠦᠯᠵᠢᠶ᠎ᠡ ᠪᠠᠷ ᠳᠠᠮᠵᠢᠭᠤᠯᠤᠨ ᠲᠠ ᠪᠦᠬᠦᠨ ᠲᠠᠢ ᠵᠤᠭᠤᠭᠳᠠᠬᠤ ᠪᠤᠯᠤᠭᠰᠠᠨ ᠳᠠᠭᠠᠨ | ᠮᠠᠰᠢ ᠪᠠᠶᠠᠷᠯᠠᠵᠤ ᠪᠠᠶᠢᠨ᠎ᠠ᠃ ᠰᠦᠯᠵᠢᠶᠡᠨ ᠠᠨᠳᠠ ᠨᠠᠷ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠡᠯ᠎ᠡ | ᠵᠦᠢᠯ ᠤᠨ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠨ᠎ᠠ︕ | ﹇ᠬᠦᠲᠦᠯᠦᠭᠴᠢ﹈ ᠦᠡᠭᠭᠡᠷᠡᠭᠰᠡᠨ ᠵᠢᠯ ᠤᠳ ᠤᠨ ᠬᠢ ᠲᠠᠢ ᠬᠠᠷᠢᠴᠠᠭᠤᠯᠪᠠᠯ᠂ ᠬᠤᠶᠢᠰᠢᠳᠠ ᠶᠢᠨ | ᠭᠤᠷᠪᠠᠨ ᠵᠢᠯ ᠳᠤ ᠮᠠᠨ ᠤ ᠤᠷᠤᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠠᠬᠢ ᠨᠥᠬᠦᠪᠥᠷᠢ ᠦᠭᠭᠦ | ᠲᠥᠷᠥ ᠶᠢᠨ ᠪᠣᠳᠣᠯᠭ᠎ᠠ ᠳᠤ ᠶᠠᠮᠠᠷ ᠰᠢᠨ᠎ᠡ ᠬᠤᠪᠢᠷᠠᠯᠲᠠ ᠲᠠᠢ ᠪᠤᠯᠬᠤ ᠪᠤᠶ︖ | ﹇ᠸᠠᠩ ᠬᠦᠸᠧ ᠯᠢᠨ﹈ 2015 ᠣᠨ ᠠᠴᠠ ᠡᠬᠢᠯᠡᠨ ᠮᠠᠨ ᠤ ᠣᠷᠣᠨ ᠲᠠᠷᠢᠶᠠᠯᠠᠩ ᠤᠨ ᠮᠠᠰᠢᠨ | ᠪᠠᠭᠠᠵᠢ ᠬᠤᠳᠠᠯᠳᠤᠨ ᠠᠪᠬᠤ ᠳᠠᠬᠢ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠳᠤ ᠴᠢᠬᠤᠯᠠ ᠶᠡᠭᠡ | ᠥᠭᠡᠷᠡᠴᠢᠯᠡᠯᠲᠡ ᠬᠢᠵᠤ ᠰᠢᠨ᠎ᠡ ᠶᠢ ᠡᠭᠦᠳᠪᠡ᠂ ︽ ᠮᠠᠰᠢᠨ ᠬᠤᠳᠠᠯᠳᠤᠨ ᠠᠪᠬᠤ ᠶᠢ ᠴᠢᠯᠦᠭᠡᠲᠠᠢ ᠲᠠᠯᠪᠢᠬᠤ᠂ | ᠪᠠᠷᠢᠮᠲᠠ ᠪᠠᠷ ᠢᠶᠠᠨ ᠭᠤᠶᠤᠴᠢᠯᠠᠬᠤ᠂ ᠬᠤᠳᠠᠯᠳᠤᠨ ᠠᠪᠬᠤ ᠪᠠ ᠨᠥᠬᠦᠪᠥᠷᠢ ᠦᠭᠭᠦ ᠶᠢ ᠰᠠᠯᠭᠠᠬᠤ᠂ | ᠬᠦᠢᠴᠡᠳᠭᠡᠬᠦ ᠶᠢ ᠳᠦᠭᠦᠮᠴᠢᠯᠡᠬᠦ︾ ᠠᠷᠭ᠎ᠠ ᠶᠢ ᠬᠡᠷᠡᠭᠵᠢᠬᠦᠯᠦᠭᠰᠡᠨ ᠨᠢ ᠲᠠᠷᠢᠶᠠᠴᠢᠳ ᠤᠨ ᠡᠵᠡᠨ ᠮᠡᠳᠡᠬᠦ ᠡᠷᠬᠡ ᠶᠢ | ᠬᠦᠨᠳᠦᠳᠭᠡᠵᠤ ᠪᠠᠶᠢᠭ᠎ᠠ ᠪᠠ ᠵᠠᠬ᠎ᠠ ᠳᠡᠯᠭᠡᠭᠦᠷᠴᠢᠯᠡᠬᠦ ᠬᠡᠷᠡᠭᠯᠡᠭᠡ ᠳᠤ ᠨᠡᠶᠢᠴᠡᠭᠦᠯᠬᠦ ᠵᠠᠷᠴᠢᠮ ᠢ ᠨᠡᠩ ᠢᠯᠡᠭᠦᠦ | ᠬᠠᠷᠠᠭᠤᠯᠵᠤ᠂ ᠲᠥᠷᠥ ᠶᠢᠨ ᠪᠣᠳᠣᠯᠭ᠎ᠠ ᠶᠢ ᠬᠡᠷᠡᠭᠵᠢᠬᠦᠯᠬᠦ ᠬᠠᠨᠳᠤᠯᠭᠠᠲᠤ ᠴᠢᠨᠠᠷ᠂ ᠲᠣᠭᠲᠠᠪᠤᠷᠢᠲᠤ ᠴᠢᠨᠠᠷ᠂ | ᠨᠡᠶᠢᠳᠡᠮ ᠠᠰᠢᠭ ᠬᠦᠷᠲᠡᠭᠡᠬᠦ ᠴᠢᠨᠠᠷ᠂ ᠠᠶᠤᠯ ᠦᠭᠡᠢ ᠴᠢᠨᠠᠷ ᠢ ᠬᠦᠴᠦᠯᠡᠨ ᠠᠬᠢᠭᠤᠯᠵᠤ᠂ ᠪᠡᠯᠡ ᠮᠦᠡᠭᠭᠦ ᠶᠢᠨ | ᠠᠮᠤᠷ ᠲᠦᠪᠰᠢᠨ ᠪᠠ ᠺᠠᠳ᠋ᠷ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠨᠥᠬᠦᠪᠥᠷᠢ ᠥᠭᠬᠦ ᠲᠥᠷᠥ ᠶᠢᠨ | ᠪᠣᠳᠣᠯᠭ᠎ᠠ ᠶᠢ ᠥᠨᠳᠥᠷ ᠦᠷ᠎ᠡ ᠪᠦᠲᠦᠮᠵᠢᠲᠡᠶ ᠠᠶᠤᠯ ᠦᠭᠡᠶ ᠬᠡᠷᠡᠭᠵᠢᠬᠦᠯᠬᠦ ᠶᠢ ᠦᠨᠡᠨ ᠬᠦ ᠪᠠᠲᠤᠯᠠᠪᠠ᠃ | ᠡᠭᠦᠨ ᠳᠤ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠲᠣᠬᠢᠷᠠᠭᠤᠯᠤᠯᠲᠠ ᠬᠢᠪᠡ᠄ ᠨᠢᠭᠡ ᠳᠤ ᠠᠵᠢᠯᠯᠠᠭᠤᠯᠬᠤ | ᠵᠠᠭᠪᠤᠷ ᠢ ︽ᠤᠷᠢᠳᠠᠪᠠᠷ ᠭᠤᠶᠤᠴᠢᠯᠠᠵᠤ ᠳᠠᠷᠠᠭ᠎ᠠ ᠨᠢ ᠮᠠᠰᠢᠨ ᠬᠤᠳᠠᠯᠳᠤᠨ ᠠᠪᠴᠤ ᠳᠠᠬᠢᠭᠠᠳ ᠨᠥᠬᠦᠪᠥᠷᠢ | ᠥᠭᠬᠦ︾ ᠪᠠᠶᠢᠭᠰᠠᠨ ᠢ ︽ᠤᠷᠢᠳᠠᠪᠠᠷ ᠮᠠᠰᠢᠨ ᠬᠤᠳᠠᠯᠳᠤᠨ ᠠᠪᠴᠤ ᠳᠠᠷᠠᠭ᠎ᠠ ᠪᠠᠷ ᠨᠥᠬᠦᠪᠥᠷᠢ ᠠᠪᠬᠤ ᠶᠢ | ᠭᠤᠶᠤᠴᠢᠯᠠᠬᠤ︾ ᠪᠤᠯᠭᠠᠨ ᠬᠤᠪᠢᠷᠠᠭᠤᠯᠵᠤ ᠬᠤᠳᠠᠯᠳᠤᠨ ᠠᠪᠬᠤ ᠪᠠ ᠨᠦᠬᠦᠪᠦᠷᠢ ᠦᠭᠭᠦ ᠶᠢ ᠰᠠᠯᠭᠠᠪᠠ᠃ | ᠬᠤᠶᠠᠷ ᠲᠤ ᠨᠥᠬᠦᠪᠥᠷᠢ ᠦᠭᠭᠦ ᠦᠢᠯᠡᠳᠬᠦᠨ ᠤ ᠵᠠᠬ᠎ᠠ ᠲᠡᠯᠬᠡᠬᠦᠷᠴᠢᠯᠡᠬᠦ ᠥᠭᠡᠷᠡᠴᠢᠯᠡᠯᠲᠡ ᠶᠢ ᠠᠯᠬᠤᠮ | ᠠᠯᠬᠤᠮ ᠢᠶᠠᠷ ᠳᠥᠯᠭᠢᠨ ᠠᠬᠢᠭᠤᠯᠵᠤ᠂ ᠨᠥᠬᠦᠪᠥᠷᠢ ᠦᠭᠭᠦ ᠮᠠᠰᠢᠨ ᠪᠠᠭᠠᠵᠢ ᠶᠢ ᠮᠠᠨ ᠤ ᠤᠯᠤᠰ ᠤᠨ | ᠬᠡᠪᠴᠢᠶᠡᠨ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠦᠲᠦᠮᠵᠢᠲᠡᠶ ᠳᠡᠯᠭᠡᠷᠡᠭᠦᠯᠬᠦ ᠪᠠᠷ ᠬᠢᠨᠠᠨ | ᠲᠤᠭᠲᠠᠭᠠᠭᠰᠠᠨ ᠦᠨᠡᠮᠯᠡᠯ ᠤᠯᠤᠭᠰᠠᠨ ᠦᠢᠯᠡᠳᠬᠦᠨ ᠪᠤᠯᠭᠠᠵᠤ᠂ ᠳᠡᠯᠭᠡᠷᠡᠭᠦᠯᠬᠦ ᠶᠢ ᠳᠡᠮᠵᠢᠬᠦ ᠭᠠᠷᠴᠠᠭ ᠠᠴᠠ | ᠰᠠᠯᠭᠠᠪᠠ᠃ ᠭᠤᠷᠪᠠ ᠳᠤ ᠨᠦᠬᠦᠪᠦᠷᠢ ᠤᠯᠤᠭᠰᠠᠳ ᠲᠤ ᠲᠣᠬᠢᠷᠠᠭᠤᠯᠤᠯᠲᠠ ᠬᠢᠵᠦ᠂ ᠥᠪᠡᠷᠲᠡᠭᠡᠨ ᠵᠠᠰᠠᠬᠤ | ᠣᠷᠣᠨ ᠤ ᠳᠤᠲᠤᠷᠠᠬᠢ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠬᠢᠵᠦ ᠪᠠᠶᠢᠭ᠎ᠠ ᠪᠤᠶ ᠪᠦᠬᠦᠢ | ᠬᠤᠪᠢ ᠬᠥᠮᠦᠨ ᠪᠠ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠳᠤ ᠬᠦᠷᠲᠡᠯ᠎ᠡ ᠥᠷᠭᠡᠳᠬᠡᠵᠦ᠂ ᠪᠤᠳᠠᠲᠠᠢ ᠡᠯ᠎ᠡ | ᠠᠶᠢᠮᠠᠭ ᠬᠤᠲᠠ ᠨᠤᠭᠤᠳ ᠮᠠᠯᠴᠢᠨ ᠲᠠᠷᠢᠶᠠᠴᠢᠳ ᠤᠨ ᠬᠤᠳᠠᠯᠳᠤᠨ ᠠᠪᠬᠤ ᠴᠢᠳᠠᠪᠤᠷᠢ ᠪᠠ ᠡᠳ᠋ ᠤᠨ ᠵᠠᠰᠠᠭ ᠤᠨ | ᠪᠡᠯᠡ ᠮᠦᠡᠭᠭᠦ ᠶᠢᠨ ᠪᠠᠶᠢᠳᠠᠯ ᠢᠶᠠᠨ ᠦᠨᠳᠦᠰᠦᠯᠡᠨ ᠲᠤᠭᠲᠠᠭᠠᠬᠤ ᠪᠤᠯᠭᠠᠪᠠ᠃ ᠳᠥᠷᠪᠡ ᠳᠤ ᠭᠤᠣᠯᠳᠠᠯᠭ᠎ᠠ ᠶᠢ | ᠳᠤᠪᠤᠶᠢᠯᠭᠠᠨ ᠦᠢᠯᠡᠳᠭᠦᠨ ᠤ ᠨᠡᠷ᠎ᠡ ᠲᠥᠷᠥᠯ ᠢ ᠪᠠᠭᠠᠰᠬᠠᠵᠤ᠂ 2014 ᠣᠨ ᠤ 89 ᠦᠢᠯᠡᠳᠭᠦᠨ ᠤ ᠨᠡᠷ᠎ᠡ | ᠲᠥᠷᠥᠯ ᠪᠠᠶᠢᠭᠰᠠᠨ ᠠᠴᠠ ᠨᠢ ᠡᠨᠡ ᠵᠢᠯ ᠤᠨ 59 ᠦᠢᠯᠡᠳᠭᠦᠨ ᠤ ᠨᠡᠷ᠎ᠡ ᠲᠥᠷᠥᠯ ᠪᠤᠯᠲᠠᠯ᠎ᠠ ᠪᠠᠭᠠᠰᠬᠠᠪᠠ᠃ | ᠲᠠᠪᠤ ᠳᠤ ᠡᠵᠡᠩᠨᠡᠨ ᠪᠤᠷᠤᠯᠠᠭᠤᠯᠬᠤ ᠬᠤᠳᠠᠯᠳᠤᠭᠠᠴᠢᠨ ᠢ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ | ᠠᠵᠢᠯᠯᠠᠭᠤᠯᠬᠤ ᠴᠤᠪᠤᠷᠠᠯ ᠳᠤ ᠤᠷᠤᠯᠴᠠᠭᠤᠯᠬᠤ ᠦᠭᠡᠢ ᠪᠠᠵᠤ᠂ ᠦᠢᠯᠡᠳᠪᠦᠷᠢᠯᠡᠭᠰᠡᠨ ᠠᠵᠤ ᠠᠬᠤᠶᠢᠯᠠᠯ ᠠᠴᠠ | ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠢ ᠡᠵᠡᠨ ᠮᠡᠳᠡᠵᠤ ᠲᠤᠭᠲᠠᠭᠠᠬᠤ ᠶᠢᠨ ᠬᠠᠮᠲᠤ ᠡᠷᠭᠡ ᠤᠯᠤᠭᠰᠠᠨ | ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠤ ᠡᠵᠡᠩᠨᠡᠵᠤ ᠪᠠᠶᠢᠭ᠎ᠠ ᠨᠥᠬᠦᠪᠥᠷᠢ ᠦᠭᠭᠦ ᠦᠢᠯᠡᠳᠬᠦᠨ ᠢ ᠡᠵᠡᠩᠨᠡᠨ | ᠪᠤᠷᠤᠯᠠᠭᠤᠯᠬᠤ ᠦᠢᠯᠡ ᠠᠵᠢᠯᠯᠠᠭ᠎ᠠ ᠳᠤ ᠵᠤᠬᠢᠴᠠᠩᠭᠤᠢ ᠬᠠᠷᠢᠭᠤᠴᠠᠯᠭ᠎ᠠ ᠡᠭᠦᠷᠭᠡᠯᠡᠨ᠎ᠡ᠃ | ﹇ᠬᠦᠲᠦᠯᠦᠭᠴᠢ﹈ ᠲᠠ ᠮᠠᠨ ᠳᠤ ᠮᠠᠨ ᠤ ᠣᠷᠣᠨ ᠤ ᠲᠠᠷᠢᠶᠠᠯᠠᠩ ᠤᠨ ᠮᠠᠰᠢᠨᠴᠢᠯᠠᠯᠲᠠ ᠶᠢᠨ | ᠬᠥᠭᠵᠢᠯᠲᠡ ᠶᠢᠨ ᠣᠳᠣᠬᠢ ᠪᠠᠶᠢᠳᠠᠯ ᠢ ᠲᠠᠨᠢᠯᠴᠠᠭᠤᠯᠤᠭᠠᠳ ᠦᠭᠭᠦᠨ᠎ᠡ ᠤᠤ︖ | ﹇ᠸᠠᠩ ᠬᠦᠸᠧ ᠯᠢᠨ﹈ 2014 ᠣᠨ ᠳᠤ᠂ ᠪᠦᠬᠦ ᠣᠷᠣᠨ ᠤ ᠲᠠᠷᠢᠶᠠᠯᠠᠩ ᠤᠨ ᠮᠠᠰᠢᠨ ᠤ | ᠶᠡᠷᠦᠩᠭᠡᠶᠢᠯᠡᠭᠰᠡᠨ ᠮᠠᠰᠢᠨᠴᠢᠯᠡᠯᠲᠠ ᠶᠢᠨ ᠬᠢᠷᠢ ᠬᠡᠮᠵᠢᠶ᠎ᠡ 79.8% ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ ᠵᠠᠭᠤᠨ ᠤ ᠴᠡᠭ ᠤᠨ 3.8 ᠨᠡᠮᠡᠭᠳᠡᠵᠤ᠂ ᠪᠦᠬᠦ ᠤᠯᠤᠰ ᠤᠨ ᠳᠤᠮᠳᠠᠴᠢ ᠬᠢᠷᠢ | ᠬᠡᠮᠵᠢᠶ᠎ᠡ ᠠᠴᠠ ᠵᠠᠭᠤᠨ ᠤ ᠴᠡᠭ ᠤᠨ 19 ᠳᠡᠭᠡᠭᠦᠷ ᠪᠤᠯᠪᠠ᠃ ᠭᠤᠣᠯ ᠪᠤᠯᠬᠤ ᠲᠠᠷᠢᠮᠠᠯ ᠡᠷᠳᠡᠨᠢ ᠰᠢᠰᠢ᠂ | ᠲᠥᠮᠥᠰᠥ ᠶᠢᠨ ᠮᠠᠰᠢᠨ ᠢᠶᠠᠷ ᠬᠤᠷᠢᠶᠠᠬᠤ ᠬᠢᠷᠢ ᠬᠡᠮᠵᠢᠶ᠎ᠡ ᠲᠤᠰ ᠲᠤᠰ 47.4% ᠪᠠ 63.9% ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ ᠲᠤᠰ ᠲᠤᠰ ᠵᠠᠭᠤᠨ ᠤ ᠴᠡᠭ ᠤᠨ 9.2 ᠪᠠ 3.1 ᠳᠡᠭᠡᠭᠰᠢᠯᠡᠪᠡ᠃ ᠪᠦᠬᠦ | ᠣᠷᠣᠨ ᠤ ᠲᠠᠷᠢᠶᠠᠯᠠᠩ ᠤᠨ ᠮᠠᠰᠢᠨ ᠤ ᠶᠡᠷᠦᠩᠬᠡᠶ ᠬᠥᠳᠡᠯᠭᠡᠬᠦ ᠬᠦᠴᠦᠨ 3631.4 ᠲᠦᠮᠡᠨ ᠺᠢᠯᠣᠸᠠᠲ ᠬᠦᠷᠴᠦ | ᠂ ᠠᠳᠠᠯᠢ ᠬᠤᠭᠤᠴᠠᠭᠠᠨ ᠤ ᠬᠢ ᠠᠴᠠ 5. 8 % ᠪᠠᠷ ᠨᠡᠮᠡᠭᠳᠡᠪᠡ︔ ᠲᠷᠠᠺᠲ᠋ᠣᠷ ᠤᠨ ᠶᠡᠷᠦᠩᠬᠡᠶ ᠲᠤᠭ᠎ᠠ | 107.9 ᠲᠦᠮᠡ ᠳᠤ ᠬᠦᠷᠴᠦ᠂ ᠡᠭᠦᠨ ᠳᠤ ᠲᠣᠮᠣ ᠳᠤᠮᠳᠠ ᠬᠡᠯᠪᠡᠷᠢ ᠶᠢᠨ ᠲᠷᠠᠺᠲ᠋ᠣᠷ ᠤᠨ ᠬᠡᠮᠵᠢᠶ᠎ᠡ 67 | ᠲᠦᠮᠡ ᠶᠢ ᠳᠠᠪᠠᠪᠠ᠃ ᠪᠦᠬᠦ ᠣᠷᠣᠨ ᠳᠤ ᠲᠠᠷᠢᠶᠠᠯᠠᠩ ᠤᠨ ᠮᠠᠰᠢᠨ ᠤ ᠲᠤᠰᠬᠠᠶ ᠠᠵᠢᠯ ᠤᠨ ᠬᠤᠷᠰᠢᠶ᠎ᠠ 251 | ᠰᠢᠨ᠎ᠡ ᠪᠠᠷ ᠨᠡᠮᠡᠭᠳᠡᠵᠤ᠂ ᠶᠡᠷᠦᠩᠬᠡᠶ ᠲᠤᠭ᠎ᠠ ᠨᠢ 1481 ᠳᠤ ᠬᠦᠷᠪᠡ᠃ ᠲᠠᠷᠢᠶᠠᠯᠠᠩ ᠤᠨ ᠮᠠᠰᠢᠨ ᠤ ᠲᠤᠰᠬᠠᠢ | ᠠᠵᠢᠯ ᠤᠨ ᠬᠤᠷᠰᠢᠶ᠎ᠠ ᠪᠣᠯᠤᠨ ᠲᠠᠷᠢᠶᠠᠯᠠᠩ ᠤᠨ ᠮᠠᠰᠢᠨ ᠤ ᠲᠣᠮᠣ ᠡᠷᠦᠬᠡ ᠪᠠᠷ ᠭᠤᠣᠯ ᠬᠦᠴᠦᠨ ᠪᠣᠯᠭᠠᠭᠰᠠᠨ | ᠲᠠᠷᠢᠶᠠᠨ ᠭᠠᠵᠠᠷ ᠤᠨ ᠠᠵᠢᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠪᠦᠬᠦ ᠲᠠᠷᠢᠶᠠᠯᠠᠩ ᠤᠨ ᠮᠠᠰᠢᠨ ᠤ | ᠠᠵᠢᠯᠯᠠᠬᠤ ᠲᠠᠯᠠᠪᠠᠶ ᠳᠤ ᠡᠵᠡᠯᠡᠵᠤ ᠪᠠᠶᠢᠭ᠎ᠠ ᠬᠤᠪᠢ ᠶᠢᠨ ᠵᠢᠩ 29.1% ᠳᠤ ᠬᠦᠷᠴᠦ᠂ ᠲᠠᠷᠢᠶᠠᠯᠠᠩ ᠤᠨ | ᠮᠠᠰᠢᠨ ᠤ ᠵᠣᠬᠢᠶᠠᠨ ᠪᠠᠶᠢᠭᠤᠯᠤᠯᠲᠠᠴᠢᠯᠠᠯᠲᠠ᠂ ᠬᠡᠪᠴᠢᠶᠡᠵᠢᠯᠲᠡ᠂ ᠠᠵᠤ ᠦᠢᠯᠡᠰᠴᠢᠯᠡᠯᠲᠡ ᠶᠢᠨ ᠬᠡᠮᠵᠢᠶ᠎ᠡ | ᠲᠠᠰᠤᠷᠠᠯᠲᠠ ᠦᠭᠡᠶ ᠳᠡᠭᠡᠭᠰᠢᠯᠡᠪᠡ᠃ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠮᠡᠷᠭᠡᠵᠢᠯ ᠢ ᠳᠡᠯᠭᠡᠷᠡᠭᠦᠯᠦᠨ | ᠬᠡᠷᠡᠭᠯᠡᠭᠰᠡᠨ ᠶᠠᠪᠤᠳᠠᠯ ᠨᠢ ᠮᠡᠷᠭᠡᠵᠢᠯ ᠤᠨ ᠨᠢᠭᠡᠳᠦᠮᠡᠯᠵᠢᠯᠲᠡ᠂ ᠠᠵᠢᠯᠯᠠᠭᠤᠯᠭᠠ ᠶᠢᠨ ᠬᠡᠪᠴᠢᠶᠡᠵᠢᠯᠲᠡ᠂ | ᠲᠣᠭᠲᠠᠴᠠ ᠶᠢᠨ ᠰᠢᠨ᠎ᠡ ᠶᠢ ᠡᠭᠦᠳᠭᠦ ᠬᠠᠨᠳᠤᠰᠢ ᠶᠢ ᠢᠯᠡᠷᠡᠭᠦᠯᠪᠡ᠃ ᠪᠦᠬᠦ ᠣᠷᠣᠨ ᠤ ᠬᠠᠮᠠᠭᠠᠯᠠᠯᠲᠠ ᠶᠢᠨ | ᠴᠢᠨᠠᠷᠲᠠᠶ ᠲᠠᠷᠢᠶᠠᠯᠠᠬᠤ ᠲᠠᠯᠠᠪᠠᠶ 1920.8 ᠲᠦᠮᠡᠨ ᠮᠥ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 115.8 ᠲᠦᠮᠡᠨ ᠮᠥ ᠨᠡᠮᠡᠭᠳᠡᠪᠡ᠃ ᠪᠦᠬᠦ ᠣᠷᠣᠨ ᠳᠤ 5.8 ᠲᠦᠮᠡᠨ ᠲᠷᠠᠺᠲ᠋ᠣᠷ ᠪᠠ ᠬᠠᠳᠤᠵᠤ ᠬᠤᠷᠢᠶᠠᠬᠤ | ᠬᠠᠮ ᠮᠠᠰᠢᠨ ᠰᠢᠨ᠎ᠡ ᠪᠠᠷ ᠳᠠᠩᠰᠠᠯᠠᠭᠤᠯᠵᠤ᠂ 53.1 ᠲᠦᠮᠡᠨ ᠲᠷᠠᠺᠲ᠋ᠣᠷ ᠰᠢᠯᠭᠠᠭᠤᠯᠤᠨ᠂ ᠬᠠᠳᠤᠵᠤ | ᠬᠤᠷᠢᠶᠠᠬᠤ ᠬᠠᠮ ᠮᠠᠰᠢᠨ ᠰᠢᠯᠭᠠᠭᠤᠯᠤᠨ ᠪᠠᠶᠢᠴᠠᠭᠠᠯᠭᠠᠵᠤ᠂ 3.9 ᠲᠦᠮᠡᠨ ᠵᠢᠯᠤᠭᠤᠴᠢ ᠰᠢᠨ᠎ᠡ ᠪᠠᠷ | ᠰᠢᠯᠭᠠᠭᠤᠯᠪᠠ᠃ | ﹇ᠬᠦᠲᠦᠯᠦᠭᠴᠢ﹈ ᠡᠨᠡ ᠵᠢᠯ ᠤᠨ ᠮᠠᠨ ᠤ ᠤᠷᠤᠨ ᠤ ᠲᠠᠷᠢᠶᠠᠯᠠᠩ ᠤᠨ ᠮᠠᠰᠢᠨ ᠬᠤᠳᠠᠯᠳᠤᠨ | ᠠᠪᠬᠤ ᠶᠢᠨ ᠨᠥᠬᠦᠪᠥᠷᠢ ᠤᠯᠤᠭᠰᠠᠳ ᠢ ᠬᠡᠷᠬᠢᠨ ᠲᠣᠭᠲᠠᠭᠠᠬᠤ ᠪᠤᠶ︖ | ﹇ᠸᠠᠩ ᠬᠦᠸᠧ ᠯᠢᠨ﹈ ᠡᠨᠡ ᠵᠢᠯ ᠮᠠᠨ ᠤ ᠤᠷᠤᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ | ᠨᠥᠬᠦᠪᠥᠷᠢ ᠶᠢᠨ ᠪᠡᠯᠡ ᠮᠥᠩᠭᠦ ᠶᠢ ᠪᠦᠬᠦ ᠣᠷᠣᠨ ᠤ ᠪᠤᠢ ᠪᠦᠬᠦᠢ ᠲᠠᠷᠢᠶᠠᠯᠠᠩ ᠮᠠᠯ ᠠᠵᠤ ᠠᠬᠤᠶ ᠶᠢᠨ ᠬᠤᠰᠢᠭᠤ | ᠰᠢᠶᠠᠨ ︵ᠲᠠᠯᠠᠪᠠᠶ︶ ᠶᠢ ᠬᠠᠮᠤᠷᠤᠨ ᠲᠤᠬᠢᠷᠠᠭᠤᠯᠪᠠ᠃ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ | ᠠᠪᠬᠤ ᠳᠤ ᠨᠥᠬᠦᠪᠥᠷᠢ ᠤᠯᠤᠭᠰᠠᠳ ᠪᠤᠯ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠢ ᠰᠢᠭᠤᠳ | ᠡᠷᠬᠢᠯᠡᠵᠤ ᠪᠠᠶᠢᠭ᠎ᠠ ᠬᠤᠪᠢ ᠬᠥᠮᠦᠨ ᠪᠤᠯᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ | ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠪᠤᠯᠤᠨ᠎ᠠ᠃ ᠨᠥᠬᠦᠪᠥᠷᠢ ᠶᠢᠨ ᠪᠡᠯᠡ ᠮᠥᠩᠭᠦ ᠪᠠᠴᠢᠭᠤ ᠭᠠᠵᠠᠷ | ᠣᠷᠣᠨ ᠪᠤᠯ᠂ ᠮᠠᠯᠴᠢᠨ ᠲᠠᠷᠢᠶᠠᠴᠢᠳ ᠲᠤ ᠨᠥᠬᠦᠪᠥᠷᠢ ᠤᠯᠭᠤᠬᠤ ᠶᠢ ᠡᠩ ᠲᠡᠷᠢᠬᠦᠨ ᠳᠤ ᠪᠠᠲᠤᠯᠠᠨ᠂ ᠪᠤᠳᠠᠲᠠᠢ | ᠡᠯ᠎ᠡ ᠠᠶᠢᠮᠠᠭ ᠬᠤᠲᠠ ᠨᠢ ᠮᠠᠯᠴᠢᠨ ᠲᠠᠷᠢᠶᠠᠴᠢᠳ ᠤᠨ ᠬᠤᠳᠠᠯᠳᠤᠨ ᠠᠪᠬᠤ ᠴᠢᠳᠠᠪᠤᠷᠢ ᠪᠠ ᠡᠳ᠋ ᠤᠨ ᠵᠠᠰᠠᠭ ᠤᠨ | ᠪᠡᠯᠡ ᠮᠦᠡᠭᠭᠦ ᠶᠢᠨ ᠪᠠᠶᠢᠳᠠᠯ ᠢᠶᠠᠨ ᠦᠨᠳᠦᠰᠦᠯᠡᠨ ᠲᠣᠭᠲᠠᠭᠠᠬᠤ ᠬᠡᠷᠡᠭᠲᠡᠶ᠃ | ﹇ᠬᠥᠲᠥᠯᠦᠭᠴᠢ﹈ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠠᠬᠢ ᠨᠥᠬᠦᠪᠥᠷᠢ ᠶᠢᠨ | ᠮᠠᠰᠢᠨ ᠪᠠᠭᠠᠵᠢ ᠶᠢᠨ ᠲᠥᠷᠥᠯ ᠵᠦᠢᠯ ᠤᠨ ᠬᠡᠪᠴᠢᠶ᠎ᠡ ᠨᠢ ᠶᠠᠭᠤ ᠪᠤᠶ︖ ᠨᠥᠬᠦᠪᠥᠷᠢ ᠲᠠᠢ ᠮᠠᠰᠢᠨ ᠪᠠᠭᠠᠵᠢ ᠶᠢᠨ | ᠦᠢᠯᠡᠳᠭᠦᠨ ᠢ ᠬᠡᠷᠬᠢᠨ ᠠᠰᠠᠭᠤᠨ ᠯᠠᠪᠯᠠᠬᠤ ᠪᠤᠶ︖ | ﹇ᠸᠠᠩ ᠭᠦᠸᠧ ᠯᠢᠨ﹈ ᠨᠥᠬᠦᠪᠥᠷᠢ ᠲᠠᠢ ᠮᠠᠰᠢᠨ ᠪᠠᠭᠠᠵᠢ ᠶᠢᠨ ᠲᠥᠷᠥᠯ ᠵᠦᠢᠯ ᠳᠤ ᠬᠥᠳᠡᠯᠭᠡᠭᠴᠢ | ᠬᠦᠴᠦᠨ ᠤ ᠮᠠᠰᠢᠨ᠂ ᠬᠠᠭᠠᠯᠪᠤᠷᠢᠯᠠᠵᠤ ᠲᠡᠭᠰᠢᠯᠡᠬᠦ ᠮᠠᠰᠢᠨ᠂ ᠲᠠᠷᠢᠵᠤ ᠪᠣᠷᠳᠣᠭᠤᠷ ᠣᠷᠣᠭᠤᠯᠬᠤ ᠮᠠᠰᠢᠨ᠂ | ᠬᠤᠷᠢᠶᠠᠬᠤ ᠮᠠᠰᠢᠨ ᠵᠡᠷᠭᠡ 10 ᠶᠡᠭᠡ ᠲᠦᠷᠦᠯ ᠤᠨ 59 ᠦᠢᠯᠡᠳᠬᠦᠨ ᠤ ᠨᠡᠷ᠎ᠡ ᠲᠥᠷᠥᠯ ᠪᠠᠭᠲᠠᠵᠤ᠂ | ᠡᠭᠦᠨ ᠳᠤ ᠠᠴᠢᠶᠠᠯᠠᠬᠤ ᠮᠠᠰᠢᠨ᠂ ᠨᠡᠷᠡᠨ ᠡᠨᠧᠷᠭᠢ ᠶᠢᠨ ᠲᠥᠬᠦᠭᠡᠷᠦᠮᠵᠢ᠂ ᠰᠠᠯᠬᠢ ᠭᠡᠷᠡᠯ ᠬᠠᠷᠢᠯᠴᠠᠨ | ᠨᠥᠬᠦᠪᠦᠷᠢᠯᠡᠬᠦ ᠲᠥᠬᠦᠭᠡᠷᠦᠮᠵᠢ ᠵᠡᠷᠭᠡ 7 ᠦᠢᠯᠡᠳᠬᠦᠨ ᠤ ᠨᠡᠷ᠎ᠡ ᠲᠥᠷᠥᠯ ᠵᠥᠪᠬᠡᠨ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠪᠠᠷ ᠮᠠᠯᠵᠢᠬᠤ ᠣᠷᠣᠨ ᠤ ᠮᠠᠯᠴᠢᠳ ᠲᠤ ᠨᠥᠬᠦᠪᠦᠷᠢ | ᠣᠯᠭᠤᠬᠤ ᠪᠠᠷ ᠬᠢᠵᠠᠭᠠᠷᠯᠠᠨ᠎ᠠ᠃ ᠪᠤᠳᠠᠲᠠᠢ ᠪᠠᠶᠢᠳᠠᠯ ᠢ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ | ᠮᠠᠰᠢᠨᠴᠢᠯᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠤ ᠥᠪᠥᠷ ᠮᠣᠩᠭᠤᠯ ᠤᠨ ᠲᠠᠷᠢᠶᠠᠯᠠᠩ ᠤᠨ ᠮᠠᠰᠢᠨ | ᠪᠠᠭᠠᠵᠢ ᠬᠤᠳᠠᠯᠳᠤᠨ ᠠᠪᠬᠤ ᠳᠠᠬᠢ ᠨᠥᠬᠦᠪᠥᠷᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠶ | ᠪᠤᠯᠤᠩ ᠠᠴᠠ ᠦᠵᠡᠭᠡᠷᠡᠢ᠃ ᠨᠥᠬᠦᠪᠥᠷᠢ ᠶᠢᠨ ᠦᠢᠯᠡᠳᠬᠡᠬᠦᠨ ᠢ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ | ᠠᠪᠬᠤ ᠨᠥᠬᠦᠪᠥᠷᠢ ᠶᠢᠨ ᠬᠠᠪᠰᠤᠷᠤᠮᠵᠢ ᠬᠠᠮᠢᠶᠠᠷᠤᠯᠲᠠ ᠶᠢᠨ ᠰᠢᠰᠲ᠋ᠧᠮ ᠤᠨ ᠲᠡᠷᠢᠭᠦᠨ ᠨᠢᠭᠤᠷ ᠤᠨ | ᠨᠥᠬᠦᠪᠥᠷᠢ ᠶᠢᠨ ᠮᠡᠳᠡᠭᠡ ᠵᠠᠩᠭᠢ ᠶᠢ ᠯᠠᠪᠯᠠᠨ ᠠᠰᠠᠭᠤᠬᠤ ᠲᠤᠰᠬᠠᠶ ᠪᠤᠯᠤᠩ ᠠᠴᠠ ᠦᠵᠡᠭᠡᠷᠡᠢ᠃ | | ﹇ᠬᠥᠲᠥᠯᠦᠭᠴᠢ﹈ ᠨᠥᠬᠦᠪᠥᠷᠢ ᠲᠠᠢ ᠮᠠᠰᠢᠨ ᠪᠠᠭᠠᠵᠢ ᠶᠢᠨ ᠨᠥᠬᠦᠪᠥᠷᠢ ᠥᠭᠬᠦ ᠪᠠᠷᠢᠮᠵᠢᠶ᠎ᠠ ᠶᠢ ᠬᠡᠷᠬᠢᠨ | ᠲᠣᠭᠲᠠᠭᠠᠬᠤ ᠪᠤᠶ︖ | ﹇ᠸᠠᠩ ᠭᠦᠸᠧ ᠯᠢᠨ﹈ ᠨᠥᠬᠦᠪᠥᠷᠢ ᠲᠠᠢ ᠮᠠᠰᠢᠨ ᠪᠠᠭᠠᠵᠢ ᠳᠤ ᠨᠤᠷᠮᠠᠴᠢᠯᠠᠭᠰᠠᠨ ᠨᠥᠬᠦᠪᠥᠷᠢ ᠥᠭᠬᠦ | ᠶᠢ ᠬᠡᠷᠡᠭᠵᠢᠭᠦᠯᠦᠨ᠂ ᠮᠠᠨ ᠣᠷᠣᠨ ᠤ ᠬᠡᠪᠴᠢᠶᠡᠨ ᠳᠤ ᠨᠥᠬᠦᠪᠥᠷᠢ ᠬᠦᠷᠲᠡᠬᠦ ᠲᠠᠷᠢᠶᠠᠯᠠᠩ ᠤᠨ ᠮᠠᠰᠢᠨ ᠤ | ᠦᠢᠯᠡᠳᠬᠡᠬᠦᠨ ᠪᠦᠬᠦᠨ ᠳᠤ ᠴᠦᠮ ᠠᠳᠠᠯᠢ ᠨᠢᠭᠡᠨ ᠲᠥᠷᠥᠯ ᠵᠦᠢᠯ᠂ ᠠᠳᠠᠯᠢ ᠨᠢᠭᠡᠨ ᠳᠡᠰ ᠤᠨ | ᠦᠢᠯᠡᠳᠬᠦᠨ ᠳᠤ ᠨᠢᠭᠡᠳᠦᠯᠲᠡᠶ ᠨᠤᠷᠮᠠᠴᠢᠯᠠᠭᠰᠠᠨ ᠨᠥᠬᠦᠪᠥᠷᠢ ᠥᠭᠬᠦ ᠶᠢ ᠬᠡᠷᠡᠭᠵᠢᠭᠦᠯᠦᠨ᠎ᠡ᠃ ᠬᠠᠭᠠᠯᠪᠤᠷᠢᠯᠠᠬᠤ | ᠦᠭᠡᠢ ᠪᠠᠷ ᠲᠠᠷᠢᠬᠤ ᠮᠠᠰᠢᠨ᠂ ᠭᠦᠨ ᠬᠥᠪᠰᠦᠭᠡᠷᠯᠡᠨ ᠲᠡᠭᠰᠢᠯᠡᠬᠦ ᠮᠠᠰᠢᠨ ᠤ ᠲᠥᠷᠥᠯ ᠤᠨ ᠨᠡᠶᠢᠯᠡᠭᠦᠯᠦᠭᠰᠡᠨ | ᠨᠥᠬᠦᠪᠥᠷᠢ ᠶᠢ 10 % ᠶᠢ ᠳᠠᠪᠠᠭᠤᠯᠬᠤ ᠦᠭᠡᠢ︔ ᠮᠠᠯᠵᠢᠬᠤ ᠣᠷᠣᠨ ᠤ ᠮᠠᠯᠴᠢᠳ ᠤᠨ ᠬᠤᠳᠠᠯᠳᠤᠨ | ᠠᠪᠬᠤ ᠮᠠᠯ ᠤᠨ ᠠᠵᠤ ᠠᠬᠤᠶ ᠶᠢᠨ ᠮᠠᠰᠢᠨ ᠳᠤ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ | ᠨᠤᠷᠮᠠᠴᠢᠯᠠᠭᠰᠠᠨ ᠨᠥᠬᠦᠪᠥᠷᠢ ᠶᠢᠨ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ | ᠮᠥᠩᠭᠦ ᠶᠢ ᠨᠡᠮᠡᠭᠡᠳ ᠨᠡᠶᠢᠯᠡᠭᠦᠯᠦᠭᠰᠡᠨ ᠨᠥᠬᠦᠪᠥᠷᠢ ᠶᠢ 20% ᠶᠢ ᠳᠠᠪᠠᠭᠤᠯᠬᠤ ᠦᠭᠡᠢ︔ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠪᠠᠷ ᠠᠰ ᠲᠤᠨᠢ ᠨᠥᠬᠦᠪᠦᠷᠢ ᠥᠭᠭᠦᠭᠰᠡᠨ ᠪᠣᠯ ᠵᠠᠷᠴᠢᠮ | ᠳᠡᠭᠡᠷ᠎ᠡ ᠪᠠᠨ ᠨᠢᠳᠤᠨᠤᠨ ᠤᠨ ᠳᠤᠮᠳᠠᠴᠢ ᠪᠣᠷᠣᠯᠠᠭᠤᠯᠤᠨ ᠬᠤᠳᠠᠯᠳᠤᠭᠰᠠᠨ ᠦᠨ᠎ᠡ ᠶᠢᠨ 30% ᠶᠢ | ᠳᠠᠪᠠᠭᠤᠯᠬᠤ ᠦᠭᠡᠢ ᠪᠠᠶᠢᠬᠤ ᠶᠣᠰᠣᠭᠠᠷ᠂ ᠨᠤᠷᠮᠠᠴᠢᠯᠠᠭᠰᠠᠨ ᠨᠥᠬᠦᠪᠥᠷᠢ ᠥᠭᠬᠦ ᠶᠢ ᠬᠡᠷᠡᠭᠵᠢᠭᠦᠯᠦᠨ᠎ᠡ᠃ | | ﹇ᠬᠥᠲᠥᠯᠦᠭᠴᠢ﹈ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠠᠬᠢ ᠨᠥᠬᠦᠪᠥᠷᠢ ᠶᠢᠨ | ᠬᠠᠮᠢᠶ᠎ᠠ ᠪᠦᠬᠦᠢ ᠭᠠᠷᠳᠠᠮ ᠢ ᠬᠡᠷᠬᠢᠨ ᠭᠤᠶᠤᠴᠢᠯᠠᠨ ᠭᠦᠢᠴᠡᠳᠬᠡᠬᠦ ᠪᠤᠢ︖ | ﹇ᠸᠠᠩ ᠭᠦᠸᠧ ᠯᠢᠨ﹈ 2015 ᠣᠨ ᠠᠴᠠ ᠡᠬᠢᠯᠡᠨ ᠮᠠᠨ ᠤ ᠣᠷᠣᠨ ︽ᠤᠷᠢᠳᠠᠪᠠᠷ ᠮᠠᠰᠢᠨ | ᠬᠤᠳᠠᠯᠳᠤᠵᠤ ᠠᠪᠤᠭᠠᠳ ᠳᠠᠷᠠᠭ᠎ᠠ ᠨᠢ ᠨᠥᠬᠦᠪᠥᠷᠢ ᠥᠭᠬᠦ ᠶᠢ ᠭᠤᠶᠤᠴᠢᠯᠠᠬᠤ︾ ᠠᠷᠭ᠎ᠠ ᠶᠢ ᠬᠡᠷᠡᠭᠵᠢᠭᠦᠯᠪᠡ᠃ ︵ | 1 ︶ ᠮᠠᠰᠢᠨ ᠬᠤᠳᠠᠯᠳᠤᠨ ᠠᠪᠬᠤ ᠶᠢ ᠴᠢᠯᠦᠭᠡᠲᠡᠢ ᠲᠠᠯᠪᠢᠨ᠎ᠠ᠃ ᠮᠠᠰᠢᠨ ᠬᠤᠳᠠᠯᠳᠤᠨ ᠠᠪᠤᠭᠴᠢ ᠥᠪᠡᠷ ᠤᠨ | ᠪᠤᠳᠠᠲᠠᠢ ᠬᠡᠷᠡᠭᠴᠡᠭᠡ ᠪᠠᠨ ᠦᠨᠳᠦᠰᠦᠯᠡᠨ ᠥᠪᠡᠷ ᠢᠶᠠᠨ ᠡᠵᠡᠨ ᠮᠠᠳᠡᠨ ᠮᠠᠰᠢᠨ ᠪᠠᠭᠠᠵᠢ ᠬᠤᠳᠠᠯᠳᠤᠨ ᠠᠪᠴᠤ᠂ | ᠥᠪᠡᠷ ᠢᠶᠠᠨ ᠡᠵᠡᠨ ᠮᠠᠳᠡᠨ ᠪᠣᠷᠣᠯᠠᠭᠤᠯᠤᠨ ᠬᠤᠳᠠᠯᠳᠤᠬᠤ ᠠᠵᠤ ᠠᠬᠤᠶᠢᠯᠠᠯ ᠢ ᠰᠤᠩᠭᠤᠨ᠂ ᠥᠪᠡᠷ ᠢᠶᠠᠨ ᠡᠵᠡᠨ | ᠮᠡᠳᠡᠨ ᠦᠢᠯᠡᠳᠬᠦᠨ ᠤ ᠬᠡᠪ ᠮᠠᠶ᠋ᠢᠭ ᠢ ᠰᠤᠩᠭᠤᠵᠤ᠂ ᠥᠪᠡᠷ ᠢᠶᠠᠨ ᠡᠵᠡᠨ ᠮᠡᠳᠡᠨ ᠨᠡᠷᠡᠲᠦ ᠲᠡᠮᠳᠡᠭ ᠰᠤᠩᠭᠤᠵᠤ᠂ | ᠥᠪᠡᠷ ᠢᠶᠠᠨ ᠡᠵᠡᠨ ᠮᠡᠳᠡᠨ ᠦᠨ᠎ᠡ ᠬᠡᠯᠡᠯᠴᠡᠵᠦ ᠵᠥᠪᠳᠡᠯᠴᠡᠨ᠎ᠡ᠃ ᠮᠠᠰᠢᠨ ᠬᠤᠳᠠᠯᠳᠤᠨ ᠠᠪᠤᠭᠰᠠᠨ ᠤ | ᠨᠥᠬᠦᠪᠥᠷᠢ ᠥᠭᠬᠦ ᠶᠢ ᠭᠤᠶᠤᠴᠢᠯᠠᠭᠰᠠᠨ ᠬᠤᠳᠠᠯᠳᠤᠨ ᠠᠪᠤᠭᠴᠢᠳ ᠪᠠᠷᠠᠭ᠎ᠠ ᠬᠠᠩᠭᠠᠭᠰᠠᠨ ᠠᠵᠤ | ᠠᠬᠤᠶᠢᠯᠠᠯ ᠠᠴᠠ ᠫᠢᠶᠣᠣ ᠪᠠᠷᠢᠮᠲᠠ ᠪᠣᠯᠣᠨ ᠬᠤᠳᠠᠯᠳᠤᠨ ᠠᠪᠤᠭᠰᠠᠨ ᠮᠠᠰᠢᠨ ᠪᠠᠭᠠᠵᠢ ᠶᠢᠨ ᠢᠶᠠᠨ ᠦᠨᠳᠦᠰᠦᠨ | ᠮᠡᠳᠡᠭᠡ ᠵᠠᠩᠭᠢ ᠶᠢᠨ ᠬᠠᠭᠤᠳᠠᠰᠤ ᠶᠢ ᠠᠪᠴᠤ᠂ ᠮᠠᠰᠢᠨ ᠬᠤᠳᠠᠯᠳᠤᠨ ᠠᠪᠤᠭᠴᠢ ᠶᠢᠨ ᠡᠷᠦᠭᠡ ᠠᠮᠠ ᠶᠢᠨ ᠪᠠᠶᠢᠭ᠎ᠠ | ᠭᠠᠵᠠᠷ ᠤᠨ ᠬᠤᠰᠢᠭᠤ ᠰᠢᠶᠠᠨ ᠤ ᠲᠠᠷᠢᠶᠠᠯᠠᠩ ᠤᠨ ᠮᠠᠰᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ | ᠬᠢᠨᠠᠨ ᠬᠠᠷᠭᠤᠭᠤᠯᠬᠤ ᠬᠡᠷᠡᠭᠲᠡᠢ᠃ ︵2︶ ᠫᠢᠶᠤᠤ ᠪᠠᠷᠢᠮᠲᠠ ᠪᠠᠷ ᠢᠶᠠᠨ ᠭᠤᠶᠤᠴᠢᠯᠠᠨ᠎ᠠ᠃ ᠮᠠᠰᠢᠨ ᠬᠤᠳᠠᠯᠳᠤᠨ | ᠠᠪᠤᠭᠴᠢ ᠮᠠᠰᠢᠨ ᠬᠤᠳᠠᠯᠳᠤᠵᠤ ᠠᠪᠤᠭᠰᠠᠨ ᠫᠢᠶᠤᠤ ᠪᠠᠷᠢᠮᠲᠠ᠂ ᠮᠠᠰᠢᠨ ᠪᠠᠭᠠᠵᠢ ᠶᠢᠨ ᠦᠨᠳᠦᠰᠦᠨ ᠮᠡᠳᠡᠭᠡ | ᠵᠠᠩᠭᠢ ᠶᠢᠨ ᠬᠠᠭᠤᠳᠠᠰᠤ᠂ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠲᠠᠷᠢᠶᠠᠴᠢᠳ ᠲᠤ ᠠᠰᠢᠭ | ᠬᠦᠷᠲᠡᠭᠡᠬᠦ ︽ ᠪᠥᠬᠦᠨ ᠳᠤ ᠳᠤᠬᠢᠷᠠᠬᠤ ᠺᠠᠷᠲ︾ ︵ᠪᠠᠩᠬᠢ ᠶᠢᠨ ᠺᠠᠷᠲ︶ ᠢᠶᠠᠨ ᠠᠪᠴᠤ᠂ ᠡᠷᠦᠬᠡ ᠠᠮᠠ | ᠶᠢᠨ ᠬᠠᠷᠢᠶ᠎ᠠ ᠬᠤᠰᠢᠭᠤ ᠰᠢᠶᠠᠨ ᠤ ᠲᠠᠷᠢᠶᠠᠯᠠᠩ ᠤᠨ ᠮᠠᠰᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠨᠥᠬᠦᠪᠦᠷᠢ ᠥᠭᠬᠦ ᠭᠤᠶᠤᠴᠢᠯᠠᠯ ᠤᠨ ᠵᠦᠢᠯᠡᠰ ᠢ ᠭᠦᠢᠴᠡᠳᠬᠡᠨ᠎ᠡ᠃ ᠡᠭᠦᠨ ᠤ ᠬᠠᠮᠲᠤ ᠲᠠᠷᠢᠶᠠᠯᠠᠩ ᠤᠨ | ᠮᠠᠰᠢᠨ ᠪᠠᠭᠠᠵᠢ ᠬᠤᠳᠠᠯᠳᠤᠨ ᠠᠪᠬᠤ ᠳᠠᠬᠢ ᠨᠥᠬᠦᠪᠥᠷᠢ ᠶᠢᠨ ᠬᠠᠪᠰᠤᠷᠤᠮᠵᠢ ᠬᠠᠮᠢᠶᠠᠷᠤᠯᠲᠠ ᠶᠢᠨ ᠰᠢᠰᠧᠲᠮ ᠢᠶᠠᠷ | ᠳᠠᠮᠵᠢᠭᠤᠯᠤᠨ ᠨᠥᠬᠦᠪᠥᠷᠢ ᠣᠯᠬᠤ ᠮᠡᠳᠡᠭᠡ ᠵᠠᠩᠭᠢ ᠪᠠᠨ ᠣᠷᠣᠭᠤᠯᠤᠨ᠂ ᠨᠥᠬᠦᠪᠥᠷᠢ ᠣᠯᠬᠤ ᠭᠦᠢᠴᠡᠳᠬᠡᠬᠦ | ᠲᠤᠭ᠎ᠠ ᠶᠢ ᠨᠤᠲᠠᠯᠠᠬᠤ ᠪᠢᠴᠢᠭ ᠲᠤ ᠭᠠᠷ ᠤᠨ ᠦᠰᠦᠭ ᠵᠢᠷᠤᠵᠤ ᠶᠠᠪᠤᠭᠤᠯᠤᠨ᠎ᠠ᠃ ᠬᠢᠨᠠᠨ ᠬᠠᠷᠭᠤᠭᠤᠯᠬᠤ ᠪᠠᠷ | ᠳᠠᠮᠵᠢᠭᠠᠳ᠂ ᠨᠥᠬᠦᠪᠥᠷᠢ ᠬᠦᠷᠲᠡᠬᠦ ᠮᠠᠰᠢᠨ ᠬᠤᠳᠠᠯᠳᠤᠨ ᠠᠪᠤᠭᠴᠢ ᠨᠥᠬᠦᠪᠦᠷᠢ ᠶᠢᠨ ᠭᠦᠢᠴᠡᠳᠬᠡᠬᠦ ᠲᠤᠭ᠎ᠠ ᠶᠢ | ᠨᠣᠲᠠᠯᠠᠬᠤ ᠪᠢᠴᠢᠭ ᠠᠪᠴᠤ᠂ ᠳᠡᠭᠡᠷ᠎ᠡ ᠨᠢ ᠭᠠᠷ ᠤᠨ ᠦᠰᠦᠭ ᠢᠶᠠᠨ ᠵᠢᠷᠤᠵᠤ᠂ ᠬᠤᠷᠤᠭᠤᠨ ᠤ ᠣᠷᠤᠮ ᠢᠶᠠᠨ | ᠳᠠᠷᠤᠨ᠎ᠠ︔ ᠲᠤᠰ ᠬᠥᠮᠦᠨ ᠨᠢ ᠶᠠᠮᠠᠷ ᠨᠢᠭᠡᠨ ᠰᠢᠯᠲᠠᠭᠠᠨ ᠠᠴᠠ ᠪᠣᠯᠵᠤ ᠲᠤᠬᠠᠶ ᠶᠢᠨ ᠭᠠᠵᠠᠷ ᠲᠤᠨᠢ ᠬᠦᠷᠴᠦ | ᠭᠦᠢᠴᠡᠳᠬᠡᠬᠦ ᠶᠢᠨ ᠠᠷᠭ᠎ᠠ ᠦᠭᠡᠢ ᠪᠣᠯ ᠪᠤᠰᠤᠳ ᠲᠤ ᠪᠢᠴᠢᠭ ᠢᠶᠠᠷ ᠨᠠᠶᠢᠳᠠᠨ ᠭᠦᠢᠴᠡᠳᠬᠡᠯᠭᠡᠬᠦ ᠬᠡᠷᠡᠭᠲᠡᠢ᠃ | | ᠮᠠᠯᠴᠢᠳ ᠮᠠᠯ ᠠᠵᠤ ᠠᠬᠤᠶ ᠶᠢᠨ ᠮᠠᠰᠢᠨ ᠬᠤᠳᠠᠯᠳᠤᠨ ᠠᠪᠬᠤ ᠪᠠᠷ ᠭᠤᠶᠤᠴᠢᠯᠠᠬᠤ ᠳᠤ᠂ | ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠶ ᠵᠣᠬᠢᠶᠠᠵᠤ ᠲᠠᠷᠬᠠᠭᠠᠭᠰᠠᠨ ᠪᠡᠯᠴᠢᠭᠡᠷ ᠳᠠᠭᠠᠭᠠᠴᠢᠯᠠᠨ | ᠡᠵᠡᠩᠨᠡᠬᠦ ᠦᠨᠡᠮᠯᠡᠯ ᠤᠨ ᠤᠭ ᠵᠦᠢᠯ ᠢ ᠬᠠᠮᠲᠤ ᠳᠤᠨᠢ ᠬᠠᠩᠭᠠᠬᠤ ᠬᠡᠷᠡᠭᠲᠡᠢ︔ ᠡᠷᠦᠬᠡ ᠬᠤᠪᠢᠶᠠᠭᠰᠠᠨ ᠤ | ᠳᠠᠷᠠᠭ᠎ᠠ ᠬᠠᠮᠲᠤ ᠶᠢᠨ ᠪᠡᠯᠴᠢᠭᠡᠷ ᠤᠨ ᠦᠨᠡᠮᠯᠡᠯ ᠪᠤᠶᠤ ᠪᠡᠯᠴᠢᠭᠡᠷ ᠤᠨ ᠦᠨᠡᠮᠯᠡᠯ ᠢ ᠡᠷᠦᠬᠡ ᠳᠤ | ᠣᠯᠭᠤᠭᠠᠳᠤᠢ ᠪᠣᠯ᠂ ᠬᠠᠮᠲᠤ ᠶᠢᠨ ᠪᠡᠯᠴᠢᠭᠡᠷ ᠤᠨ ᠦᠨᠡᠮᠯᠡᠯ ᠤᠨ ᠤᠭ ᠵᠦᠢᠯ ᠬᠢᠭᠡᠳ ᠮᠠᠰᠢᠨ ᠬᠤᠳᠠᠯᠳᠤᠨ | ᠠᠪᠤᠭᠴᠢ ᠶᠢᠨ ᠪᠠᠶᠢᠭ᠎ᠠ ᠰᠤᠮᠤ ᠪᠤᠶᠤ ᠭᠠᠴᠠᠭ᠎ᠠ ᠶᠢᠨ ᠬᠢᠵᠦ ᠥᠭᠭᠦᠭᠰᠡᠨ ᠪᠢᠴᠢᠭᠯᠡᠭᠰᠡᠨ ᠭᠡᠷᠡᠴᠢᠯᠡᠬᠦ ᠮᠠᠲ᠋ᠧᠷᠢᠶᠠᠯ | ᠬᠠᠩᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ ᠠᠴᠠ ᠠᠰ ᠲᠤᠨᠢ | ᠨᠥᠬᠦᠪᠦᠷᠢ ᠥᠭᠭᠦᠭᠰᠡᠨ ᠪᠣᠯ ᠮᠠᠰᠢᠨ ᠬᠤᠳᠠᠯᠳᠤᠨ ᠠᠪᠤᠭᠴᠢ ᠮᠠᠰᠢᠨ ᠢᠶᠠᠨ ᠬᠤᠳᠠᠯᠳᠤᠵᠤ ᠠᠪᠣᠭᠰᠠᠨ ᠤ ᠳᠠᠷᠠᠭ᠎ᠠ | ᠫᠢᠶᠤᠤ ᠪᠠᠷᠢᠮᠲᠠ ᠪᠣᠯᠣᠨ ᠮᠠᠰᠢᠨ ᠪᠠᠭᠠᠵᠢ ᠶᠢᠨ ᠦᠨᠳᠦᠰᠦᠨ ᠮᠡᠳᠡᠭᠡ ᠵᠠᠩᠭᠢ ᠶᠢᠨ ᠬᠠᠭᠤᠳᠠᠰᠤ ᠵᠡᠷᠭᠡ | ᠮᠠᠲ᠋ᠧᠷᠢᠶᠠᠯ ᠢᠶᠠᠨ ᠠᠪᠴᠤ ᠬᠤᠰᠢᠭᠤ ᠰᠢᠶᠠᠨ ᠤ ᠲᠠᠷᠢᠶᠠᠯᠠᠩ ᠤᠨ ᠮᠠᠰᠢᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠬᠦᠷᠴᠦ ᠨᠥᠬᠦᠪᠦᠷᠢ ᠥᠭᠬᠦ ᠭᠤᠶᠤᠴᠢᠯᠠᠯ ᠭᠠᠷᠭᠠᠵᠤ᠂ ᠬᠤᠰᠢᠭᠤ ᠰᠢᠶᠠᠨ ᠤ ᠲᠠᠷᠢᠶᠠᠯᠠᠩ ᠤᠨ | ᠮᠠᠰᠢᠨ ᠪᠠᠭᠠᠵᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠭᠲᠠᠭᠠᠭᠰᠠᠨ ᠵᠠᠭᠪᠤᠷ ᠶᠣᠰᠣᠭᠠᠷ | ᠬᠤᠷᠢᠶᠠᠩᠭᠤᠶᠢᠯᠠᠬᠤ ᠶᠢᠨ ᠬᠠᠮᠲᠤ ᠨᠥᠬᠦᠪᠦᠷᠢ ᠥᠭᠬᠦ ᠴᠤᠪᠤᠷᠠᠯ ᠤᠨ ᠶᠣᠰᠣᠭᠠᠷ ᠵᠥᠭᠡᠯᠡᠨ ᠬᠡᠷᠡᠭᠰᠡᠯ ᠤᠨ | ᠰᠢᠰᠲ᠋ᠧᠮ ᠤᠨ ᠭᠠᠳᠠᠨ᠎ᠠ ᠭᠦᠢᠴᠡᠳᠬᠡᠬᠦ ᠬᠡᠷᠡᠭᠲᠡᠶ᠃ | ﹇ᠬᠥᠲᠥᠯᠦᠭᠴᠢ﹈ ᠨᠥᠬᠦᠪᠥᠷᠢ ᠶᠢᠨ ᠪᠡᠯᠡ ᠮᠥᠩᠭᠦ ᠶᠢ ᠳ᠋ᠦᠩᠨᠡᠨ ᠪᠣᠳᠣᠬᠤ ᠳᠤ ᠶᠠᠮᠠᠷ ᠶᠠᠮᠠᠷ ᠭᠠᠷᠳᠠᠮ | ᠭᠦᠢᠴᠡᠳᠬᠡᠬᠦ ᠴᠢᠬᠤᠯᠠᠲᠠᠶ ᠪᠤᠶ︖ | ﹇ᠸᠠᠩ ᠭᠦᠸᠧ ᠯᠢᠨ﹈ ᠬᠤᠰᠢᠭᠤ ᠰᠢᠶᠠᠨ ᠤ ᠲᠠᠷᠢᠶᠠᠯᠠᠩ ᠤᠨ ᠮᠠᠰᠢᠨ ᠪᠠᠭᠠᠵᠢ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠥᠬᠦᠪᠦᠷᠢ ᠶᠢᠨ ᠪᠡᠯᠡ ᠮᠥᠩᠭᠦ ᠶᠢ ᠳ᠋ᠦᠩᠨᠡᠨ ᠪᠣᠳᠣᠭᠰᠠᠨ ᠮᠠᠲ᠋ᠧᠷᠢᠶᠠᠯ ᠢ ᠡᠮᠬᠢᠯᠡᠨ | ᠬᠤᠷᠢᠶᠠᠩᠭᠤᠶᠢᠯᠠᠵᠤ᠂ ᠵᠠᠷᠴᠢᠮ ᠳᠡᠭᠡᠷ᠎ᠡ ᠪᠠᠨ ᠬᠤᠰᠢᠭᠤ ᠰᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ | ᠰᠠᠷ᠎ᠠ ᠪᠦᠷᠢ ᠨᠢᠭᠡ ᠤᠳᠠᠭ᠎ᠠ ᠮᠡᠳᠡᠭᠦᠯᠦᠨ ᠬᠦᠷᠭᠡᠬᠦ ᠬᠡᠷᠡᠭᠲᠡᠶ᠃ ᠬᠤᠰᠢᠭᠤ ᠰᠢᠶᠠᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠨᠢ ᠠᠳᠠᠯᠢ ᠱᠠᠲᠤᠨ ᠤ ᠲᠠᠷᠢᠶᠠᠯᠠᠩ ᠤᠨ ᠮᠠᠰᠢᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠳᠠᠩᠰᠠ ᠮᠡᠳᠡᠭᠦᠯᠵᠦ ᠳ᠋ᠦᠩᠨᠡᠨ ᠪᠣᠳᠣᠭᠰᠠᠨ ᠮᠠᠲ᠋ᠧᠷᠢᠶᠠᠯ ᠢ ᠣᠯᠤᠭᠰᠠᠨ ᠠᠴᠠ ᠡᠬᠢᠯᠡᠨ᠂ | ᠨᠥᠬᠦᠪᠥᠷᠢ ᠶᠢᠨ ᠪᠡᠯᠡ ᠮᠥᠩᠭᠦ ᠶᠢ ᠨᠥᠬᠦᠪᠥᠷᠢ ᠣᠯᠣᠭᠴᠢ ᠶᠢᠨ ᠲᠠᠷᠢᠶᠠᠴᠢᠳ ᠲᠤ ᠠᠰᠢᠭ ᠬᠦᠷᠲᠡᠭᠡᠬᠦ ︽ | ᠪᠦᠬᠦᠨ ᠳᠤ ᠳᠣᠬᠢᠷᠠᠬᠤ ᠺᠠᠷᠲ︾ ︵ᠪᠠᠩᠬᠢ ᠶᠢᠨ ᠺᠠᠷᠲ︶ ᠳᠠᠩᠰᠠᠨ ᠡᠷᠦᠬᠡ ᠳᠤ ᠰᠠᠷ᠎ᠠ ᠪᠦᠷᠢ ᠨᠢᠭᠡ | ᠤᠳᠠᠭ᠎ᠠ ᠰᠠᠯᠭᠠᠨ ᠥᠭᠬᠦ ᠬᠡᠷᠡᠭᠲᠡᠢ᠃ ᠮᠠᠯᠴᠢᠨ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠪᠤᠶᠤ | ᠪᠤᠰᠤᠳ ᠪᠤᠰᠤᠳ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ | ᠪᠠᠶᠢᠭᠤᠯᠤᠯᠲᠠ ᠳᠤ ᠨᠥᠬᠦᠪᠦᠷᠢᠯᠡᠵᠦ ᠥᠭᠬᠦ ᠪᠡᠯᠡ ᠮᠥᠩᠭᠦ ᠶᠢ ᠪᠣᠯ ᠳᠡᠭᠡᠷ᠎ᠡ ᠳᠤᠷᠠᠳᠤᠭᠰᠠᠨ ᠵᠣᠬᠢᠶᠠᠨ | ᠪᠠᠶᠢᠭᠤᠯᠤᠯᠲᠠ ᠶᠢᠨ ᠣᠯᠠᠨ ᠨᠡᠶᠢᠲᠡ ᠶᠢᠨ ᠳᠠᠩᠰᠠᠨ ᠡᠷᠦᠬᠡ ᠳᠤ ᠰᠠᠯᠭᠠᠨ ᠥᠭᠭᠦᠨ᠎ᠡ︔ ᠣᠯᠠᠨ ᠨᠡᠶᠢᠲᠡ ᠶᠢᠨ | ᠳᠠᠩᠰᠠᠨ ᠡᠷᠦᠬᠡ ᠪᠠᠶᠢᠭᠤᠯᠤᠭᠠᠳᠤᠢ ᠬᠤᠷᠰᠢᠶ᠎ᠠ ᠪᠣᠯ ᠬᠤᠷᠰᠢᠶᠠᠨ ᠤ ᠭᠡᠰᠢᠭᠦᠳ ᠢᠶᠠᠷ ᠵᠥᠪᠰᠢᠶᠡᠷᠡᠭᠦᠯᠦᠭᠡᠳ | ᠭᠠᠷ ᠤᠨ ᠦᠰᠦᠭ ᠵᠢᠷᠤᠵᠤ᠂ ᠮᠠᠲ᠋ᠧᠷᠢᠶᠠᠯ ᠢᠶᠠᠨ ᠬᠤᠰᠢᠭᠤ ᠰᠢᠶᠠᠨ ᠤ ᠲᠠᠷᠢᠶᠠᠯᠠᠩ ᠤᠨ ᠮᠠᠰᠢᠨ ᠪᠠᠭᠠᠵᠢ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠭᠰᠠᠨ ᠤ ᠳᠠᠷᠠᠭ᠎ᠠ᠂ ᠬᠤᠷᠰᠢᠶᠠᠨ ᠤ | ᠬᠠᠤᠯᠢ ᠶᠢᠨ ᠡᠷᠬᠡᠲᠡᠨ ᠪᠤᠶᠤ ᠭᠡᠰᠢᠭᠦᠨ ᠬᠤᠪᠢ ᠬᠥᠮᠦᠨ ᠤ ᠲᠠᠷᠢᠶᠠᠴᠢᠳ ᠲᠤ ᠠᠰᠢᠭ ᠬᠦᠷᠲᠡᠭᠡᠬᠦ ︽ᠪᠦᠬᠦᠨ ᠳᠤ | ᠳᠣᠬᠢᠷᠠᠬᠤ ᠺᠠᠷᠲ︾ ᠤᠨ ᠳᠠᠩᠰᠠᠨ ᠡᠷᠦᠬᠡ ᠳᠤ ᠰᠠᠯᠭᠠᠨ ᠥᠭᠴᠦ ᠪᠣᠯᠣᠨ᠎ᠠ᠃ | ﹇ᠬᠥᠲᠥᠯᠥᠭᠴᠢ﹈ ᠨᠥᠬᠦᠪᠥᠷᠢ ᠥᠭᠬᠦ ᠮᠠᠰᠢᠨ ᠪᠠᠭᠠᠵᠢ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠢ | ᠬᠡᠷᠬᠢᠨ ᠲᠣᠭᠲᠠᠭᠠᠬᠤ ᠪᠤᠶ︖ | ﹇ᠸᠠᠩ ᠭᠦᠸᠧ ᠯᠢᠨ﹈ 2015 ᠣᠨ ᠠᠴᠠ ᠡᠬᠢᠯᠡᠨ᠂ ᠮᠠᠨ ᠤ ᠣᠷᠣᠨ ᠣᠨᠴᠠ ᠲᠣᠭᠲᠠᠭᠠᠭᠰᠠᠨ | ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠤ ᠨᠥᠬᠦᠪᠥᠷᠢ ᠥᠭᠬᠦ ᠲᠤᠰᠬᠠᠶ ᠵᠦᠢᠯ ᠤᠨ ᠪᠠᠷᠠᠭ᠎ᠠ | ᠬᠠᠩᠭᠠᠬᠤ ᠠᠵᠤ ᠠᠬᠤᠶᠢᠯᠠᠯ ᠭᠡᠵᠦ ᠲᠣᠭᠲᠠᠭᠠᠬᠤ ᠪᠠᠨ ᠪᠣᠯᠢᠪᠠ᠃ ᠮᠠᠨ ᠤ ᠣᠷᠣᠨ ᠤ ᠠᠵᠤ ᠦᠢᠯᠡᠳᠪᠦᠷᠢ | ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠡᠮᠳᠡᠭᠯᠡᠭᠦᠯᠦᠨ | ᠳᠠᠩᠰᠠᠯᠠᠭᠤᠯᠤᠭᠰᠠᠨ ᠪᠥᠭᠡᠳ ᠦᠢᠯᠡᠳᠪᠦᠷᠢᠯᠡᠬᠦ ᠠᠵᠤ ᠠᠬᠤᠶᠢᠯᠠᠯ ᠤᠨ ᠨᠥᠬᠦᠪᠥᠷᠢ ᠥᠭᠬᠦ ᠦᠢᠯᠡᠳᠬᠦᠨ ᠢ ᠨᠢ | ᠡᠵᠡᠩᠨᠡᠨ ᠪᠣᠷᠣᠯᠠᠭᠤᠯᠬᠤ ᠡᠷᠬᠡ ᠶᠢ ᠣᠯᠣᠭᠰᠠᠨ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠪᠥᠬᠦᠨ ᠴᠥᠮ | ᠨᠥᠬᠦᠪᠥᠷᠢ ᠥᠭᠬᠦ ᠦᠢᠯᠡᠳᠬᠦᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠪᠣᠯᠵᠤ ᠪᠣᠯᠣᠨ᠎ᠠ︔ ᠥᠪᠡᠷᠲᠡᠭᠡᠨ | ᠵᠠᠰᠠᠬᠤ ᠣᠷᠣᠨ ᠤ ᠳᠣᠲᠣᠷᠠᠬᠢ ᠲᠠᠷᠢᠶᠠᠯᠠᠩ ᠤᠨ ᠮᠠᠰᠢᠨ ᠦᠢᠯᠡᠳᠪᠦᠷᠢᠯᠡᠬᠦ ᠠᠵᠤ ᠠᠬᠤᠶᠢᠯᠠᠯ ᠪᠠ ᠣᠷᠣᠨ ᠤ | ᠳᠣᠲᠣᠷ᠎ᠠ ᠭᠠᠳᠠᠨᠠᠬᠢ ᠰᠦ ᠶᠢᠨ ᠦᠢᠯᠡᠰ ᠤᠨ ᠲᠥᠬᠦᠭᠡᠷᠦᠮᠵᠢ ᠦᠢᠯᠡᠳᠪᠦᠷᠢᠯᠡᠬᠦ ᠠᠵᠤ ᠠᠬᠤᠶᠢᠯᠠᠯ ᠤᠳ ᠡᠵᠡᠩᠨᠡᠨ | ᠪᠣᠷᠣᠯᠠᠭᠤᠯᠬᠤ ᠬᠤᠳᠠᠯᠳᠤᠭᠠᠴᠢᠨ ᠢ ᠳᠠᠮᠵᠢᠬᠤ ᠦᠭᠡᠢ ᠪᠠᠷ ᠰᠢᠭᠤᠳ ᠮᠠᠰᠢᠨ ᠠᠪᠤᠭᠴᠢᠳ ᠲᠤ ᠰᠢᠭᠤᠳ | ᠪᠣᠷᠣᠯᠠᠭᠤᠯᠬᠤ ᠪᠠᠷᠠᠭ᠎ᠠ ᠲᠣᠬᠢᠷᠠᠭᠤᠯᠵᠤ ᠥᠭᠬᠦ ᠶᠢᠨ ᠬᠠᠮᠲᠤ ᠪᠣᠷᠣᠯᠠᠭᠤᠯᠤᠨ ᠬᠤᠳᠠᠯᠳᠤᠭᠰᠠᠨ ᠪᠠᠷᠢᠮᠲᠠ ᠭᠠᠷᠭᠠᠨ | ᠬᠢᠵᠦ ᠥᠭᠴᠦ ᠪᠣᠯᠣᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ | ᠲᠠᠷᠢᠶᠠᠯᠠᠩ ᠤᠨ ᠮᠠᠰᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠴᠥᠮ ᠲᠠᠷᠢᠶᠠᠯᠠᠩ ᠤᠨ ᠮᠠᠰᠢᠨ ᠤ | ᠨᠥᠬᠦᠪᠥᠷᠢ ᠥᠭᠬᠦ ᠦᠢᠯᠡᠳᠬᠦᠨ ᠤ ᠦᠢᠯᠡᠳᠪᠦᠷᠢᠯᠡᠵᠦ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠤᠨ ᠨᠡᠷᠡᠰ ᠢ | ᠨᠡᠶᠢᠲᠡᠯᠡᠵᠦ ᠪᠣᠯᠬᠤ ᠦᠭᠡᠶ᠃ ︽ᠬᠡᠨ ᠲᠣᠭᠲᠠᠭᠠᠭᠰᠠᠨ ᠪᠣᠯ ᠲᠡᠷᠡ ᠬᠠᠷᠢᠭᠤᠴᠠᠬᠤ︾ ᠵᠠᠷᠴᠢᠮ ᠤᠨ ᠶᠣᠰᠤᠭᠠᠷ᠂ | ᠲᠠᠷᠢᠶᠠᠯᠠᠩ ᠤᠨ ᠮᠠᠰᠢᠨ ᠦᠢᠯᠡᠳᠪᠦᠷᠢᠯᠡᠬᠦ ᠠᠵᠤ ᠠᠬᠤᠶᠢᠯᠠᠯ ᠤᠳ ᠡᠵᠡᠩᠨᠡᠨ ᠪᠣᠷᠣᠯᠠᠭᠤᠯᠬᠤ ᠡᠷᠬᠡ ᠣᠯᠭᠤᠭᠰᠠᠨ | ᠬᠤᠳᠠᠯᠳᠤᠭᠠᠴᠢᠨ ᠢ ᠬᠠᠮᠢᠶᠠᠷᠬᠤ᠂ ᠪᠣᠯᠪᠠᠰᠤᠷᠠᠭᠤᠯᠬᠤ ᠡᠭᠦᠷᠭᠡ ᠬᠠᠷᠢᠭᠤᠴᠠᠯᠭ᠎ᠠ ᠲᠠᠢ ᠪᠠᠶᠢᠵᠤ᠂ ᠡᠵᠡᠩᠨᠡᠨ | ᠪᠣᠷᠣᠯᠠᠭᠤᠯᠬᠤ ᠬᠤᠳᠠᠯᠳᠤᠭᠠᠴᠢᠨ ᠢ ᠬᠥᠮᠦᠵᠢᠭᠦᠯᠦᠨ ᠪᠣᠢ ᠪᠣᠯᠭᠠᠬᠤ ᠶᠢ ᠴᠢᠬᠤᠯᠠᠴᠢᠯᠠᠨ᠂ ᠬᠠᠤᠯᠢ ᠶᠢ ᠰᠠᠬᠢᠵᠤ | ᠦᠨᠡᠨᠴᠢ ᠢᠲᠡᠭᠡᠮᠵᠢᠲᠡᠶ ᠡᠵᠡᠩᠨᠡᠭᠦᠯᠬᠦ᠂ ᠠᠵᠢᠯᠯᠠᠭᠤᠯᠬᠤ ᠪᠠᠨ ᠴᠢᠩᠭ᠎ᠠ ᠵᠢᠷᠤᠮᠵᠢᠭᠤᠯᠤᠨ᠂ ᠬᠤᠳᠠᠯᠳᠤᠭᠰᠠᠨ ᠤ | ᠳᠠᠷᠠᠭᠠᠬᠢ ᠦᠢᠯᠡᠴᠢᠯᠡᠭᠡ ᠶᠢ ᠰᠠᠶᠢᠲᠤᠷ ᠬᠢᠯᠭᠡᠬᠦ ᠬᠡᠷᠡᠭᠲᠡᠢ︔ ᠲᠡᠷᠡᠴᠢᠯᠡᠨ ᠡᠷᠬᠡ ᠣᠯᠭᠤᠭᠰᠠᠨ ᠡᠵᠡᠩᠨᠡᠨ | ᠪᠣᠷᠣᠯᠠᠭᠤᠯᠬᠤ ᠬᠤᠳᠠᠯᠳᠤᠭᠠᠴᠢᠨ ᠤ ᠡᠵᠡᠩᠨᠡᠵᠦ ᠪᠠᠶᠢᠭ᠎ᠠ ᠨᠥᠬᠦᠪᠥᠷᠢ ᠥᠭᠬᠦ ᠦᠢᠯᠡᠳᠬᠦᠨ ᠢ ᠡᠵᠡᠩᠨᠡᠨ | ᠪᠣᠷᠤᠯᠠᠭᠤᠯᠬᠤ ᠦᠢᠯᠡ ᠠᠵᠢᠯᠯᠠᠭ᠎ᠠ ᠳᠤ ᠵᠣᠬᠢᠴᠠᠩᠭᠤᠶ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ | | ﹇ᠬᠥᠲᠥᠯᠥᠭᠴᠢ﹈ ᠳᠠᠷᠠᠭᠠᠴᠢ ᠶᠢᠨ ᠠᠯᠬᠤᠮ ᠳᠤ᠂ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ | ᠠᠯᠢ ᠠᠯᠢ ᠲᠠᠯ᠎ᠠ ᠪᠠᠷ ᠥᠷᠭᠡᠳᠬᠡᠬᠦ ᠪᠤᠶ︖ | ﹇ᠸᠠᠩ ᠭᠦᠸᠧ ᠯᠢᠨ﹈ ᠥᠪᠡᠷᠲᠡᠭᠡᠨ ᠵᠠᠰᠠᠬᠤ ᠣᠷᠣᠨ ᠳᠤ ᠣᠳᠣ ᠲᠠᠷᠢᠶᠠᠨ ᠭᠠᠵᠠᠷ 1.3 | ᠳ᠋ᠦᠩᠰᠢᠭᠤᠷ ᠮᠥ ᠪᠠᠶᠢᠵᠤ᠂ ᠵᠢᠯ ᠪᠦᠷᠢ ᠪᠠᠷᠤᠭ 2000 ᠲᠦᠮᠡᠨ ᠮᠥ ᠲᠠᠷᠢᠶᠠᠨ ᠭᠠᠵᠠᠷ ᠢ ᠭᠦᠨ ᠬᠥᠪᠰᠥᠭᠡᠷ | ᠲᠡᠭᠰᠢᠯᠡᠬᠦ ᠴᠢᠬᠤᠯᠠᠲᠠᠢ ᠪᠣᠢ︔ ᠪᠦᠬᠦ ᠣᠷᠣᠨ ᠳᠤ ᠪᠠᠶᠢᠬᠤ ᠲᠷᠠᠺᠲ᠋ᠣᠷ ᠤᠨ ᠬᠡᠮᠵᠢᠶ᠎ᠡ 108 ᠲᠥᠮᠡᠨ ᠰᠠᠦᠷᠢ | ᠳᠤ ᠬᠦᠷᠴᠦ᠂ ᠡᠭᠦᠨ ᠳᠤ 10 ᠲᠥᠮᠡ ᠣᠷᠴᠢᠮ ᠰᠠᠦᠷᠢ ᠲᠷᠠᠺᠲ᠋ᠣᠷ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ | ᠴᠢᠬᠤᠯᠠᠲᠠᠢ ᠪᠠᠶᠢᠨ᠎ᠠ᠃ ᠳᠠᠷᠠᠭᠠᠴᠢ ᠶᠢᠨ ᠠᠯᠬᠤᠮ ᠳᠤ ᠪᠢᠳᠡ ᠢᠳᠡᠪᠬᠢᠲᠡᠶ ᠪᠠᠷ ᠰᠦᠪᠡᠭᠴᠢᠯᠡᠨ ᠰᠣᠳᠣᠯᠵᠣ᠂ | ᠠᠬ᠎ᠠ ᠳᠡᠭᠦᠦ ᠮᠤᠵᠢ ᠬᠤᠲᠠ ᠣᠷᠣᠨ ᠤ ᠭᠦᠨ ᠬᠥᠪᠰᠥᠭᠡᠷ ᠲᠡᠭᠰᠢᠯᠡᠬᠦ᠂ ᠲᠠᠷᠢᠶᠠᠯᠠᠩ ᠤᠨ ᠮᠠᠰᠢᠨ ᠢ | ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠡᠨᠡ ᠬᠤᠶᠠᠷ ᠲᠠᠯ᠎ᠠ ᠶᠢᠨ ᠲᠤᠬᠠᠢ ᠨᠡᠶᠢᠲᠡᠯᠢᠭ ᠵᠢᠱᠢᠶ᠎ᠡ ᠪᠠ ᠲᠤᠷᠰᠢᠯᠭ᠎ᠠ | ᠶᠢ ᠰᠣᠷᠣᠯᠴᠠᠨ᠂ ᠡᠨᠡ ᠬᠤᠶᠠᠷ ᠲᠠᠯ᠎ᠠ ᠶᠢᠨ ᠨᠥᠬᠦᠪᠥᠷᠢ ᠥᠭᠬᠦ ᠠᠷᠭ᠎ᠠ ᠶᠢ ᠡᠷᠲᠡᠬᠡᠨ ᠨᠡᠶᠢᠲᠡᠯᠡᠬᠦ ᠪᠠᠷ ᠴᠢᠷᠮᠠᠶᠢᠵᠤ | ᠂ ᠲᠡᠭᠦᠯᠳᠡᠷᠵᠢᠭᠰᠡᠨ ᠬᠢᠨᠠᠨ ᠬᠠᠮᠢᠶᠠᠷᠬᠤ ᠠᠷᠭ᠎ᠠ ᠪᠠ ᠠᠷᠭ᠎ᠠ ᠬᠡᠮᠵᠢᠶ᠎ᠡ ᠶᠢ ᠪᠤᠶ ᠪᠣᠯᠭᠠᠨ᠂ ᠲᠠᠷᠢᠶᠠᠴᠢᠳ ᠲᠤ | ᠠᠰᠢᠭ ᠬᠦᠷᠲᠡᠭᠡᠬᠦ ᠤᠯᠤᠰ ᠤᠨ ᠡᠨᠡ ᠬᠦ ᠲᠥᠷᠥ ᠶᠢᠨ ᠪᠣᠳᠣᠯᠭ᠎ᠠ ᠪᠠᠷ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠭᠴᠢᠳ ᠲᠤ ᠨᠡᠩ ᠢᠯᠡᠭᠦᠦ ᠠᠰᠢᠭ ᠬᠦᠷᠲᠡᠭᠡᠨ᠎ᠡ᠃ | ﹇ᠬᠥᠲᠥᠯᠥᠭᠴᠢ﹈ ᠶᠠᠮᠠᠷ ᠶᠠᠮᠠᠷ ᠠᠵᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠲᠥᠷᠥ ᠶᠢᠨ | ᠪᠣᠳᠣᠯᠭ᠎ᠠ ᠶᠢ ᠳᠥᠯᠭᠢᠨ ᠠᠬᠢᠭᠤᠯᠬᠤ ᠪᠠ ᠨᠠᠶᠢᠳᠠᠪᠤᠷᠢᠵᠢᠭᠤᠯᠬᠤ ᠶᠢ ᠪᠠᠲᠤᠯᠠᠬᠤ ᠪᠤᠶ︖ | ﹇ᠸᠠᠩ ᠭᠦᠸᠧ ᠯᠢᠨ﹈ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠤ ᠨᠥᠬᠦᠪᠥᠷᠢ ᠥᠭᠬᠦ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠶᠢ ᠪᠠᠲᠤᠯᠬᠠᠤ ᠶᠢᠨ ᠲᠤᠰᠠᠲᠠ᠂ | ᠳᠣᠣᠷᠠᠬᠢ ᠬᠡᠳᠦᠨ ᠲᠠᠯ᠎ᠠ ᠪᠠᠷ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠲᠠᠷᠢᠶᠠᠯᠠᠩ ᠤᠨ ᠮᠠᠰᠢᠨ ᠪᠠᠭᠠᠵᠢ | ᠬᠤᠳᠠᠯᠳᠤᠨ ᠠᠪᠬᠤ ᠳᠤ ᠨᠥᠬᠦᠪᠥᠷᠢ ᠥᠭᠬᠦ ᠠᠵᠢᠯ ᠢ ᠴᠢᠩᠭᠠᠷᠠᠭᠤᠯᠤᠨ᠎ᠠ᠃ ᠨᠢᠭᠡ ᠳᠤ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠎ᠠ᠃ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠨᠠᠷᠢᠨ ᠨᠢᠮᠪᠠᠶ ᠪᠠᠶᠢᠷᠢᠯᠠᠭᠤᠯᠤᠨ ᠲᠣᠬᠢᠷᠠᠭᠤᠯᠬᠤ ᠬᠡᠷᠡᠭᠲᠡᠶ᠃ | ᠠᠶᠢᠮᠠᠭ ᠬᠤᠲᠠ ᠶᠢᠨ ᠲᠠᠷᠢᠶᠠᠯᠠᠩ ᠤᠨ ᠮᠠᠰᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠬᠤᠰᠢᠭᠤ | ᠰᠢᠶᠠᠨ ᠤ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠤ ᠨᠥᠬᠦᠪᠥᠷᠢ ᠥᠭᠬᠦ ᠶᠢᠨ ᠬᠡᠷᠡᠭᠵᠢᠭᠦᠯᠬᠦ | ᠲᠥᠰᠦᠯ ᠢ ᠬᠢᠨᠠᠬᠤ᠂ ᠨᠥᠬᠦᠪᠥᠷᠢ ᠥᠭᠬᠦ ᠠᠵᠢᠯ ᠳᠤ ᠬᠢᠨᠠᠯᠲᠠ ᠲᠠᠯᠪᠢᠨ ᠪᠠᠶᠢᠴᠠᠭᠠᠬᠤ᠂ ᠨᠥᠬᠦᠪᠥᠷᠢ ᠥᠭᠬᠦ | ᠮᠠᠰᠢᠨ ᠪᠠᠭᠠᠵᠢ ᠶᠢ ᠰᠣᠭᠤᠴᠠᠨ ᠪᠠᠶᠢᠴᠠᠭᠠᠵᠤ ᠬᠢᠨᠠᠨ ᠬᠠᠷᠭᠤᠭᠤᠯᠬᠤ᠂ ᠨᠥᠬᠦᠪᠥᠷᠢ ᠥᠭᠴᠦ ᠪᠠᠶᠢᠭ᠎ᠠ ᠳᠠᠬᠢ | ᠵᠠᠭᠠᠯᠳᠤᠯᠭ᠎ᠠ ᠶᠢ ᠪᠠᠶᠢᠴᠠᠭᠠᠨ ᠰᠢᠢᠳᠪᠦᠷᠢᠯᠡᠬᠦ ᠪᠠ ᠰᠢᠮᠳᠠᠭᠤᠯᠤᠨ ᠰᠢᠢᠳᠪᠦᠷᠢᠯᠡᠭᠦᠯᠬᠦ ᠵᠡᠷᠭᠡ ᠠᠵᠢᠯ ᠢ | ᠴᠢᠩᠭᠠᠳᠬᠠᠬᠤ ᠬᠡᠷᠡᠭᠲᠡᠢ᠃ ᠬᠤᠰᠢᠭᠤ ᠰᠢᠶᠠᠨ ᠤ ᠲᠠᠷᠢᠶᠠᠯᠠᠩ ᠤᠨ ᠮᠠᠰᠢᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠤᠰ ᠱᠠᠲᠤᠨ ᠤ ᠵᠠᠰᠠᠭ ᠤᠨ ᠣᠷᠳᠣᠨ ᠤ | ᠤᠳᠤᠷᠢᠳᠤᠯᠭ᠎ᠠ ᠶᠢᠨ ᠳᠣᠣᠷ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠥᠬᠦᠪᠥᠷᠢ ᠥᠭᠬᠦ ᠪᠡᠯᠡ | ᠮᠥᠩᠭᠦ ᠶᠢ ᠬᠡᠷᠡᠭᠯᠡᠬᠦ ᠪᠠ ᠮᠠᠰᠢᠨ ᠪᠠᠭᠠᠵᠢ ᠶᠢᠨ ᠭᠤᠣᠯᠳᠠᠯᠭ᠎ᠠ ᠲᠠᠢ ᠳᠡᠯᠭᠡᠷᠡᠭᠦᠯᠬᠦ ᠲᠥᠷᠥᠯ ᠵᠦᠢᠯ ᠢ ᠵᠡᠷᠭᠡ | ᠶᠠᠪᠤᠳᠠᠯ ᠢ ᠬᠠᠮᠲᠤᠪᠠᠷ ᠰᠤᠳᠤᠯᠤᠨ ᠲᠣᠭᠲᠠᠭᠠᠵᠤ᠂ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠶᠢ ᠬᠠᠮᠲᠤᠷᠠᠨ ᠬᠢᠨᠠᠨ ᠬᠠᠮᠢᠶᠠᠷᠬᠤ ᠬᠡᠷᠡᠭᠲᠡᠢ᠃ ᠬᠤᠶᠠᠷ ᠲᠤ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢ ᠰᠠᠶᠢᠲᠤᠷ ᠬᠢᠬᠦ ᠬᠡᠷᠡᠭᠲᠡᠢ᠃ ᠲᠧᠯᠸᠢᠰ᠂ ᠲᠣᠣᠷ ᠰᠦᠯᠵᠢᠶ᠎ᠡ᠂ ᠰᠣᠨᠢᠨ᠂ ᠷᠠᠳᠢᠣ᠋ ᠨᠡᠪᠲᠡᠷᠡᠭᠦᠯᠭᠡ | ᠵᠡᠷᠭᠡ ᠭᠤᠣᠯ ᠤᠷᠤᠰᠬᠠᠯ ᠤᠨ ᠵᠠᠭᠤᠴᠢᠯᠠᠭᠤᠷ ᠢ ᠭᠦᠢᠴᠡᠳ ᠠᠰᠢᠭᠯᠠᠨ᠂ ᠲᠠᠷᠢᠶᠠᠯᠠᠩ ᠤᠨ ᠮᠠᠰᠢᠨ ᠪᠠᠭᠠᠵᠢ | ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠣᠯᠠᠨ ᠠᠷᠭ᠎ᠠ ᠵᠠᠮ᠂ | ᠪᠦᠬᠦ ᠲᠠᠯ᠎ᠠ ᠪᠠᠷ ᠥᠷᠨᠢᠭᠦᠯᠵᠦ᠂ ᠮᠠᠯᠴᠢᠨ ᠲᠠᠷᠢᠶᠠᠴᠢᠳ ᠪᠠ ᠨᠢᠭᠡᠳᠦᠭᠡᠷ ᠹᠷᠣᠨᠲ ᠤᠨ ᠦᠢᠯᠡᠳᠪᠦᠷᠢᠯᠡᠵᠦ | ᠡᠵᠡᠩᠨᠡᠭᠴᠢᠳ ᠲᠤ ᠲᠥᠷᠥ ᠶᠢᠨ ᠪᠣᠳᠣᠯᠭ᠎ᠠ ᠶᠢ ᠣᠨᠣᠪᠴᠢᠲᠠᠶ ᠡᠵᠡᠮᠰᠢᠭᠦᠯᠦᠨ᠂ ᠲᠥᠷᠥ ᠶᠢᠨ ᠪᠣᠳᠣᠯᠭ᠎ᠠ ᠶᠢ | ᠤᠷᠤᠭᠰᠢᠲᠠᠶ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠷᠪᠠ ᠳᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠶ᠃ ᠫᠠᠶᠢᠰᠠ ᠤᠨ ᠦᠨᠡᠮᠯᠡᠯ ᠤᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠮᠠᠰᠢᠨ | ᠪᠠᠭᠠᠵᠢ ᠬᠤᠳᠠᠯᠳᠤᠨ ᠠᠪᠤᠭᠰᠠᠨ ᠪᠣᠯ ᠥᠮᠴᠢᠯᠡᠭᠴᠢ ᠨᠢ ᠭᠠᠵᠠᠷ ᠤᠨ ᠲᠠᠷᠢᠶᠠᠯᠠᠩ ᠤᠨ ᠮᠠᠰᠢᠨ ᠤ ᠠᠶᠤᠯ | ᠦᠭᠡᠢ ᠶᠢ ᠬᠢᠨᠠᠨ ᠬᠠᠮᠢᠶᠠᠷᠬᠤ ᠪᠠᠶᠢᠭᠤᠯᠤᠮᠵᠢ ᠳᠤ ᠫᠠᠶᠢᠰᠠ ᠦᠨᠡᠮᠯᠡᠯ ᠭᠡᠷᠡᠴᠢ ᠶᠢ ᠭᠦᠢᠴᠡᠳᠬᠡᠬᠦ ᠬᠡᠷᠡᠭᠲᠡᠢ᠃ | ᠨᠥᠬᠦᠪᠥᠷᠢ ᠥᠭᠬᠦ ᠮᠠᠰᠢᠨ ᠪᠠᠭᠠᠵᠢ ᠶᠢᠨ ᠶᠠᠰᠤ ᠴᠢᠨᠠᠷ ᠤᠨ ᠪᠠᠶᠢᠴᠠᠭᠠᠯᠲᠠ ᠶᠢ ᠬᠠᠤᠯᠢ ᠶᠣᠰᠣᠭᠠᠷ ᠥᠷᠨᠢᠭᠦᠯᠵᠦ᠂ | ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡ ᠵᠡᠷᠭᠡ ᠠᠵᠢᠯ ᠢ | ᠰᠠᠶᠢᠲᠤᠷ ᠬᠢᠯᠭᠡᠬᠦ ᠬᠡᠷᠡᠭᠲᠡᠶ᠃ ᠨᠥᠬᠦᠪᠥᠷᠢ ᠥᠭᠬᠦ ᠮᠡᠳᠡᠭᠡ ᠵᠠᠩᠭᠢ ᠶᠢ ᠬᠤᠯᠠᠭᠠᠶᠢᠯᠠᠨ ᠠᠪᠤᠭᠰᠠᠨ᠂ ᠰᠠᠷᠢᠭᠠᠯᠠᠭᠰᠠᠨ᠂ | ᠵᠠᠳᠠᠷᠠᠭᠤᠯᠤᠭᠰᠠᠨ ᠪᠠ ᠴᠠᠬᠢᠯᠭᠠᠨ ᠬᠤᠯᠪᠣᠭ᠎ᠠ ᠪᠠᠷ ᠮᠡᠬᠡᠯᠡᠭᠰᠡᠨ ᠵᠡᠷᠭᠡ ᠬᠠᠤᠯᠢ ᠪᠤᠰᠤ ᠦᠢᠯᠡ ᠠᠵᠢᠯᠯᠠᠭ᠎ᠠ ᠳᠤ | ᠬᠠᠮᠢᠶ᠎ᠡ ᠪᠦᠬᠦᠢ ᠰᠠᠯᠠᠭ᠎ᠠ ᠮᠥᠴᠢᠷ ᠯᠦᠭᠡ ᠬᠠᠮᠵᠢᠯᠴᠠᠨ ᠴᠢᠩᠭ᠎ᠠ ᠴᠣᠬᠢᠯᠲᠠ ᠥᠭᠴᠦ᠂ ᠮᠠᠯᠴᠢᠨ | ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠶ᠃ ᠣᠯᠠᠨ ᠲᠦᠮᠡᠨ ᠤ ᠢᠯᠡᠴᠢᠯᠡᠨ | ᠮᠡᠳᠡᠭᠦᠯᠵᠦ ᠵᠠᠭᠠᠯᠳᠤᠯᠭ᠎ᠠ ᠬᠢᠭᠰᠡᠨ ᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠬᠤ ᠬᠡᠷᠡᠭᠲᠡᠶ᠃ ᠬᠠᠮᠢᠶ᠎ᠡ ᠪᠦᠬᠦᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠳ᠋ᠢᠶᠠᠩᠬᠤᠸᠠ᠂ | ᠲᠣᠣᠷ ᠰᠦᠯᠵᠢᠶ᠎ᠡ᠂ ᠵᠠᠬᠢᠳᠠᠯ ᠵᠡᠷᠭᠡ ᠪᠦᠲᠦᠮᠵᠢᠲᠡᠶ ᠬᠡᠯᠪᠡᠷᠢ ᠪᠠᠷ ᠳᠠᠮᠵᠢᠭᠤᠯᠤᠨ ᠵᠠᠭᠠᠯᠳᠤᠯᠭ᠎ᠠ ᠶᠢ ᠬᠦᠯᠢᠶᠡᠨ | ᠠᠪᠴᠤ ᠰᠢᠢᠳᠪᠦᠷᠢᠯᠡᠬᠦ ᠬᠡᠷᠡᠭᠲᠡᠢ᠃ ᠳᠥᠷᠪᠡ ᠳᠤ ᠵᠠᠰᠠᠭ ᠶᠠᠪᠤᠭᠤᠯᠬᠤ ᠶᠢ ᠢᠯᠡ ᠪᠣᠯᠭᠠᠬᠤ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠤ ᠨᠥᠬᠦᠪᠥᠷᠢ | ᠥᠭᠬᠦ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠶ ᠪᠣᠯᠣᠩ ᠢ ᠪᠠᠶᠢᠭᠤᠯᠤᠨ ᠲᠡᠭᠦᠯᠳᠡᠷᠵᠢᠭᠦᠯᠬᠦ ᠪᠠᠷ | ᠳᠠᠮᠵᠢᠭᠤᠯᠤᠨ᠂ ᠪᠦᠲᠦᠮᠵᠢᠲᠡᠶ ᠠᠵᠢᠯᠯᠠᠭᠠᠨ ᠢ ᠦᠨᠡᠨ ᠬᠦ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ | ᠂ ᠠᠶᠢᠮᠠᠭ ᠬᠤᠲᠠ᠂ ᠬᠤᠰᠢᠭᠤ ᠰᠢᠶᠠᠨ ᠤ ᠲᠠᠷᠢᠶᠠᠯᠠᠩ ᠤᠨ ᠮᠠᠰᠢᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠦᠴᠢᠷ ᠤᠳ ᠬᠡᠷᠡᠭᠵᠢᠭᠦᠯᠬᠦ ᠲᠥᠰᠦᠯ᠂ ᠨᠥᠬᠦᠪᠥᠷᠢ ᠥᠭᠬᠦ ᠲᠤᠭ᠎ᠠ ᠶᠢᠨ ᠦᠵᠡᠮᠦᠷᠢ ᠬᠥᠰᠥᠨᠥᠭᠲᠦ᠂ | ᠠᠵᠢᠯᠯᠠᠭᠤᠯᠬᠤ ᠳᠡᠰ ᠳᠠᠷᠠᠭᠠᠯᠠᠯ᠂ ᠵᠠᠭᠠᠯᠳᠤᠬᠤ ᠯᠠᠪᠯᠠᠯᠭ᠎ᠠ ᠥᠭᠬᠦ ᠠᠷᠭ᠎ᠠ ᠮᠠᠶ᠋ᠢᠭ᠂ ᠪᠡᠯᠡ ᠮᠥᠡᠭᠭᠦ ᠶᠢᠨ | ᠬᠡᠪᠴᠢᠶ᠎ᠡ ᠪᠠ ᠬᠡᠷᠡᠭᠯᠡᠵᠦ ᠪᠠᠶᠢᠭ᠎ᠠ ᠶᠢᠨ ᠠᠬᠢᠴᠠ᠂ ᠨᠥᠬᠦᠪᠥᠷᠢ ᠶᠢᠨ ᠠᠰᠢᠭ ᠬᠦᠷᠲᠡᠭᠰᠡᠳ᠂ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠶᠠᠯᠠᠯᠠᠨ ᠰᠢᠳᠬᠡᠵᠦ ᠪᠠᠶᠢᠭ᠎ᠠ ᠪᠠᠶᠢᠳᠠᠯ ᠵᠡᠷᠭᠡ ᠶᠢ ᠭᠤᠣᠯᠳᠠᠯᠭ᠎ᠠ ᠲᠠᠢ ᠢᠯᠡ | ᠪᠣᠯᠭᠠᠬᠤ ᠬᠡᠷᠡᠭᠲᠡᠢ᠃ ᠲᠠᠪᠤ ᠳᠤ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠳᠠᠯᠠᠬᠤ ᠬᠡᠷᠡᠭᠲᠡᠢ᠃ ᠡᠯ᠎ᠡ | ᠱᠠᠲᠤᠨ ᠤ ᠲᠠᠷᠢᠶᠠᠯᠠᠩ ᠤᠨ ᠮᠠᠰᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠡᠳ᠋ ᠤᠨ ᠵᠠᠰᠠᠭ ᠤᠨ | ᠰᠠᠯᠠᠭ᠎ᠠ ᠮᠥᠴᠢᠷ ᠤᠳ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠨᠥᠬᠦᠪᠥᠷᠢ ᠶᠢᠨ ᠪᠡᠯᠡ ᠮᠥᠩᠭᠦ ᠶᠢ | ᠴᠠᠭ ᠲᠤᠬᠠᠶ ᠳᠤᠨᠢ ᠪᠠᠭᠤᠯᠭᠠᠵᠤ᠂ ᠣᠷᠣᠨ ᠪᠠᠶᠢᠷᠢ ᠳᠤᠨᠢ ᠣᠨᠣᠪᠴᠢᠲᠠᠶ ᠬᠦᠷᠦᠭᠦᠯᠬᠦ ᠶᠢ ᠦᠨᠡᠨ ᠬᠦ ᠪᠠᠲᠤᠯᠠᠬᠤ | ᠬᠡᠷᠡᠭᠲᠡᠶ︔ ᠨᠥᠬᠦᠪᠥᠷᠢ ᠶᠢᠨ ᠪᠡᠯᠡ ᠮᠥᠩᠭᠦ ᠶᠢ ᠲᠣᠭᠲᠠᠭᠠᠯ ᠶᠣᠰᠣᠭᠠᠷ ᠬᠡᠷᠡᠭᠯᠡᠵᠦ᠂ ᠪᠡᠯᠡ ᠮᠥᠡᠭᠭᠦ ᠶᠢᠨ ᠠᠮᠤᠷ | ᠲᠦᠪᠰᠢᠨ ᠢ ᠪᠠᠲᠤᠯᠠᠬᠤ ᠬᠡᠷᠡᠭᠲᠡᠶ︔ ᠵᠣᠭᠤᠰ ᠰᠣᠯᠢᠵᠤ ᠥᠭᠬᠦ ᠶᠢ ᠲᠦᠷᠭᠡᠨ ᠣᠨᠣᠪᠴᠢᠲᠠᠶ ᠳ᠋ᠦᠩᠨᠡᠨ ᠪᠣᠳᠣᠵᠤ᠂ | ᠪᠡᠯᠡ ᠮᠥᠩᠭᠦ ᠬᠡᠷᠡᠭᠯᠡᠬᠦ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠶ᠃ | ﹇ᠬᠥᠲᠥᠯᠥᠭᠴᠢ﹈ ᠵᠠ ᠰᠠᠶᠢᠨ ᠪᠣᠯᠣᠯ᠎ᠠ᠂ ᠸᠠᠩ ᠳᠠᠷᠤᠭ᠎ᠠ ᠶᠢᠨ ᠬᠠᠯᠠᠰᠢᠷᠠᠯ ᠦᠭᠡᠢ ᠲᠠᠶᠢᠯᠪᠤᠷᠢᠯᠠᠭᠰᠠᠨ | ᠳᠤ ᠲᠠᠯᠠᠷᠬᠠᠵᠤ ᠪᠠᠶᠢᠨ᠎ᠠ᠃ ᠴᠠᠭ ᠤᠨ ᠬᠠᠷᠠᠭ᠎ᠠ ᠠᠴᠠ ᠪᠣᠯᠵᠤ᠂ ᠮᠠᠨ ᠤ ᠰᠤᠷᠪᠤᠯᠵᠢᠯᠠᠭ᠎ᠠ ᠠᠳᠡ ᠬᠦᠷᠦᠭᠡᠳ | ᠲᠡᠭᠦᠰᠦᠯ᠎ᠡ ᠂ ᠳᠠᠷᠠᠭᠠᠴᠢ ᠶᠢᠨ ᠫᠷᠦᠭᠷᠠᠮ ᠳᠤ ᠪᠠᠶᠠᠷᠲᠠᠶ ᠵᠣᠯᠭᠠᠶ᠎ᠠ︕ | | |