| | | ᠰᠤᠷᠪᠤᠯᠵᠢᠯᠠᠨ ᠶᠠᠷᠢᠯᠴᠠᠭᠰᠠᠨ ᠭᠤᠤᠯ ᠰᠡᠳᠦᠪ᠄ | ᠭᠠᠵᠠᠷ ᠰᠢᠷᠣᠶ ᠶᠢ ᠠᠷᠪᠢᠲᠠᠶ ᠡᠷᠴᠢᠮᠯᠢᠭ ᠠᠰᠢᠭᠯᠠᠵᠤ ᠭᠠᠵᠠᠷ ᠰᠢᠷᠣᠶ ᠶᠢ ᠠᠰᠢᠭᠯᠠᠬᠤ ᠠᠷᠭ᠎ᠠ | ᠮᠠᠶ᠋ᠢᠭ ᠢ ᠦᠨᠳᠦᠰᠦᠨ ᠠᠴᠠ ᠨᠢ ᠬᠤᠪᠢᠷᠠᠭᠤᠯᠬᠤ ᠶᠢ ᠳᠥᠯᠭᠢᠨ ᠠᠬᠢᠭᠤᠯᠬᠤ ᠬᠡᠷᠡᠭᠲᠡᠢ | ᠰᠤᠷᠪᠤᠯᠵᠢᠯᠠᠭᠰᠠᠨ ᠴᠠᠭ᠄ | 2015 ᠤᠨ ᠤ 6 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ ᠶᠢᠨ 3 ᠴᠠᠭ | | ᠰᠤᠷᠪᠤᠯᠵᠢᠯᠠᠭᠰᠠᠨ ᠵᠤᠴᠢᠨ᠄ | ᠦᠪᠡᠷᠲᠡᠭᠡᠨ ᠵᠠᠰᠠᠬᠤ ᠤᠷᠤᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ ᠤᠨ ᠳᠡᠳ᠋ | ᠲᠤᠭᠤᠷᠢᠨ ᠪᠠᠶᠢᠴᠠᠭᠠᠭᠴᠢ ᠵᠣᠣ ᠳ᠋ᠠ ᠶᠥᠩ | ᠰᠤᠷᠪᠤᠯᠵᠢᠯᠠᠨ ᠶᠠᠷᠢᠯᠴᠠᠭᠰᠠᠨ ᠲᠤᠪᠴᠢ᠄ | ᠭᠠᠵᠠᠷ ᠰᠢᠷᠤᠢ ᠶᠢ ᠠᠷᠪᠢᠲᠠᠶ ᠡᠷᠴᠢᠮᠯᠢᠭ ᠬᠡᠷᠡᠭᠯᠡᠬᠦ ᠶᠢ ᠲᠦᠯᠬᠢᠨ ᠠᠬᠢᠭᠤᠯᠬᠤ ᠪᠣᠯ ᠠᠵᠤ ᠠᠬᠤᠶ ᠶᠢᠨ | ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠳᠬᠡᠨ ᠬᠤᠪᠢᠷᠠᠭᠤᠯᠬᠤ᠂ ᠠᠵᠤ ᠠᠬᠤᠶ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ ᠳᠡᠰ ᠳᠡᠪᠰᠢᠭᠦᠯᠬᠦ ᠶᠢ ᠳᠥᠯᠭᠢᠨ ᠠᠬᠢᠭᠤᠯᠬᠤ ᠵᠠᠶᠢᠯᠠᠰᠢ ᠦᠭᠡᠶ | ᠰᠣᠩᠭᠤᠯᠲᠠ ᠮᠥᠨ᠂ ᠮᠦᠨᠴᠦ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠶᠡᠬᠡᠪᠡᠷ ᠳᠥᠯᠭᠢᠨ | ᠠᠬᠢᠭᠤᠯᠵᠤ᠂ ᠠᠵᠤ ᠠᠬᠤᠶ ᠨᠡᠶᠢᠭᠡᠮ ᠤᠨ ᠠᠯᠤᠰ ᠬᠡᠳᠦ ᠶᠢᠨ ᠦᠷᠭᠦᠯᠵᠢᠯᠡᠬᠦ ᠬᠥᠭᠵᠢᠯᠲᠡ ᠶᠢ ᠪᠠᠲᠤᠯᠠᠬᠤ ᠵᠠᠶᠢᠯᠠᠰᠢ | ᠦᠭᠡᠶ ᠶᠠᠪᠤᠬᠤ ᠵᠠᠮ ᠮᠥᠨ᠃ ᠡᠨᠡ ᠵᠢᠯ ᠤᠨ 6 ᠳ᠋ᠤᠭᠠᠷ ᠰᠠᠷ᠎ᠠ ᠶᠢᠨ 25 ᠤ ᠡᠳᠦᠷ ᠪᠣᠯ ᠬᠤᠷᠢᠨ ᠲᠠᠪᠤᠳᠠᠬᠢ | ᠪᠦᠬᠦ ᠤᠯᠤᠰ ᠤᠨ ︽ᠭᠠᠵᠠᠷ ᠰᠢᠷᠣᠶ ᠶᠢᠨ ᠡᠳᠦᠷ︾ ᠮᠦᠨ᠂ ᠤᠬᠠᠭᠤᠯᠭ᠎ᠠ ᠶᠢᠨ ᠭᠤᠣᠯ ᠰᠡᠳᠦᠪ ᠪᠣᠯ ︽ | ᠭᠠᠵᠠᠷ ᠰᠢᠷᠣᠶ ᠶᠢ ᠠᠷᠪᠢᠲᠠᠶ ᠡᠷᠴᠢᠮᠯᠢᠭ ᠠᠰᠢᠭᠯᠠᠵᠤ᠂ ᠭᠠᠵᠠᠷ ᠰᠢᠷᠣᠶ ᠶᠢ ᠠᠰᠢᠭᠯᠠᠬᠤ ᠠᠷᠭ᠎ᠠ ᠮᠠᠶ᠋ᠢᠭ ᠢ | ᠦᠨᠳᠦᠰᠦᠨ ᠠᠴᠠ ᠨᠢ ᠬᠤᠪᠢᠷᠠᠭᠤᠯᠬᠤ ᠶᠢ ᠳᠥᠯᠭᠢᠨ ᠠᠬᠢᠭᠤᠯᠤᠶ᠎ᠠ︾᠂ ᠡᠨᠡ ᠪᠣᠯ ᠵᠠᠯᠭ᠎ᠠ ᠪᠠᠷ ᠭᠤᠷᠪᠠᠨ ᠵᠢᠯ ︽ | ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ︾ ᠪᠠᠷ ᠭᠤᠣᠯ ᠰᠡᠳᠦᠪ ᠪᠣᠯᠭᠠᠭᠰᠠᠨ ᠪᠦᠬᠦ ᠤᠯᠤᠰ ᠤᠨ | ᠭᠠᠵᠠᠷ ᠰᠢᠷᠣᠶ ᠶᠢᠨ ᠡᠳᠦᠷ ᠶᠤᠮ᠃ ᠬᠤᠯᠪᠣᠭᠳᠠᠯ ᠪᠦᠬᠦᠢ ᠪᠠᠶᠢᠳᠠᠯ ᠢ ᠭᠦᠨᠵᠡᠭᠡᠶ ᠣᠶᠢᠯᠠᠭᠠᠬᠤ ᠶᠢᠨ ᠲᠤᠰᠠᠳᠠ᠂ | ᠣᠶᠢᠷ᠎ᠠ ᠳᠤ ᠂ ᠪᠢᠳᠡ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ | ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠵᠣᠣ ᠳ᠋ᠠ ᠶᠥᠩ ᠶᠢ ︽ᠳᠤᠮᠳᠠᠳᠤ ᠤᠯᠤᠰ ᠥᠪᠥᠷ ᠮᠣᠩᠭᠤᠯ︾ | ᠰᠦᠯᠵᠶᠡᠠ ᠳᠤ ᠤᠷᠢᠵᠤ ᠲᠠ ᠪᠦᠬᠦᠨ ᠲᠠᠢ ᠰᠦᠯᠵᠢᠶᠠᠨ ᠳᠡᠭᠡᠷ᠎ᠡ ᠵᠤᠭᠤᠭᠳᠠᠭᠤᠯᠬᠤ ᠪᠠᠷ ᠪᠤᠯᠪᠠ᠂ ᠦᠷᠭᠡᠨ | ᠤᠯᠠᠨ ᠰᠦᠯᠵᠢᠶᠠᠨ ᠠᠨᠳᠠ ᠨᠠᠷ ᠲᠤᠬᠠᠢ ᠶᠢᠨ ᠴᠠᠭ ᠲᠤᠨᠢ ᠢᠳᠡᠪᠬᠢᠲᠠᠢ ᠤᠷᠤᠯᠴᠠᠬᠤ ᠶᠢ ᠪᠠᠶᠠᠷᠯᠠᠨ ᠤᠭᠲᠤᠵᠤ | ᠪᠠᠶᠢᠨ᠎ᠠ︕ | ﹇ᠬᠦᠲᠦᠯᠦᠭᠴᠢ﹈ ᠰᠦᠯᠵᠢᠶᠡᠨ ᠠᠨᠳᠠ ᠨᠠᠷ ᠡ᠂ ᠠᠮᠤᠷ ᠠᠶᠢᠯᠠᠳᠬᠠᠶ᠎ᠠ︕ ᠲᠠ ᠪᠦᠬᠦᠨ ᠲᠤᠰ | ᠬᠤᠭᠤᠴᠠᠭᠠᠨ ᠤ ︽ᠳᠤᠮᠳᠠᠲᠤ ᠤᠯᠤᠰ ᠦᠪᠦᠷ ᠮᠤᠩᠭᠤᠯ︾ ᠰᠦᠯᠵᠢᠶᠡᠨ ᠳᠡᠭᠡᠷ᠎ᠡ ᠰᠤᠷᠪᠤᠯᠵᠢᠯᠠᠨ | ᠶᠠᠷᠢᠯᠴᠠᠬᠤ ᠫᠷᠤᠭ᠍ᠷᠠᠮ ᠢ ᠬᠦᠯᠢᠶᠡᠨ ᠦᠵᠡᠬᠦ ᠶᠢ ᠪᠠᠶᠠᠷᠯᠠᠨ ᠤᠭᠳᠤᠵᠤ ᠪᠠᠶᠢᠨ᠎ᠠ᠃ ᠡᠨᠡ ᠵᠢᠯ ᠤᠨ 6 ᠳ᠋ᠤᠭᠠᠷ | ᠰᠠᠷ᠎ᠠ ᠶᠢᠨ 25 ᠤ ᠡᠳᠦᠷ ᠪᠣᠯ ᠬᠤᠷᠢᠨ ᠲᠠᠪᠤᠳᠠᠬᠢ ᠪᠦᠬᠦ ᠤᠯᠤᠰ ᠤᠨ ︽ᠭᠠᠵᠠᠷ ᠰᠢᠷᠣᠶ ᠶᠢᠨ ᠡᠳᠦᠷ︾ | ᠪᠣᠯᠣᠨ᠎ᠠ ᠂ ᠤᠬᠠᠭᠤᠯᠭ᠎ᠠ ᠶᠢᠨ ᠭᠤᠣᠯ ᠰᠡᠳᠦᠪ ᠪᠣᠯ ︽ᠭᠠᠵᠠᠷ ᠰᠢᠷᠣᠶ ᠶᠢ ᠠᠷᠪᠢᠲᠠᠶ ᠡᠷᠴᠢᠮᠯᠢᠭ ᠠᠰᠢᠭᠯᠠᠵᠤ᠂ | ᠭᠠᠵᠠᠷ ᠰᠢᠷᠣᠶ ᠶᠢ ᠠᠰᠢᠭᠯᠠᠬᠤ ᠠᠷᠭ᠎ᠠ ᠮᠠᠶ᠋ᠢᠭ ᠢ ᠦᠨᠳᠦᠰᠦᠨ ᠠᠴᠠ ᠨᠢ ᠬᠤᠪᠢᠷᠠᠭᠤᠯᠬᠤ ᠶᠢ ᠳᠥᠯᠭᠢᠨ | ᠠᠬᠢᠭᠤᠯᠤᠶ᠎ᠠ︾᠂ ᠡᠨᠡ ᠪᠣᠯ ᠵᠠᠯᠭ᠎ᠠ ᠪᠠᠷ ᠭᠤᠷᠪᠠᠨ ᠵᠢᠯ ︽ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ︾ | ᠪᠠᠷ ᠭᠤᠣᠯ ᠰᠡᠳᠦᠪ ᠪᠣᠯᠭᠠᠭᠰᠠᠨ ᠪᠦᠬᠦ ᠤᠯᠤᠰ ᠤᠨ ᠭᠠᠵᠠᠷ ᠰᠢᠷᠣᠶ ᠶᠢᠨ ᠡᠳᠦᠷ ᠶᠤᠮ᠃ ᠣᠳᠣᠬᠠᠨ ᠳᠤ᠂ | ᠮᠠᠨ ᠤ ᠤᠯᠤᠰ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠪᠠᠶᠢᠳᠠᠯ ᠳᠤ ᠣᠷᠣᠵᠤ᠂ ᠠᠵᠤ ᠠᠬᠤᠶ ᠶᠢᠨ | ᠨᠡᠮᠡᠭᠳᠡᠯ ᠤᠨ ᠰᠢᠯᠵᠢᠯᠲᠡ ᠶᠢᠨ ᠬᠤᠭᠤᠴᠠᠭ᠎ᠠ᠂ ᠪᠦᠲᠦᠴᠡ ᠶᠢᠨ ᠲᠣᠬᠢᠷᠠᠭᠤᠯᠤᠯᠲᠠ ᠬᠢᠬᠦ ᠡᠪᠡᠷᠰᠢᠶᠡᠯ ᠤᠨ | ᠬᠤᠭᠤᠴᠠᠭ᠎ᠠ᠂ ᠡᠮᠦᠨ᠎ᠡ ᠬᠤᠭᠤᠴᠠᠭᠠᠨ ᠤ ᠤᠷᠮᠠᠰᠢᠭᠤᠯᠤᠯ ᠤᠨ ᠲᠥᠷᠥ ᠶᠢᠨ ᠪᠣᠳᠣᠯᠭ᠎ᠠ ᠶᠢ ᠰᠢᠩᠭᠡᠭᠡᠬᠦ | ᠬᠤᠭᠤᠴᠠᠭ᠎ᠠ ᠵᠡᠷᠭᠡ ︽ᠭᠤᠷᠪᠠᠨ ᠬᠤᠭᠤᠴᠠᠭ᠎ᠠ ᠳᠠᠪᠬᠤᠴᠠᠭᠰᠠᠨ︾ ᠰᠢᠨ᠎ᠡ ᠱᠠᠲᠤ ᠦᠶ᠎ᠡ ᠳᠤ ᠣᠷᠣᠰᠢᠵᠤ᠂ | ᠡᠬᠢ ᠪᠠᠶᠠᠯᠢᠭ ᠤᠨ ᠣᠷᠴᠢᠨ ᠲᠣᠭᠤᠷᠢᠨ ᠤ ᠬᠢᠵᠠᠭᠠᠷᠯᠠᠯ ᠡᠳᠦᠷ ᠢᠷᠡᠬᠦᠶ᠎ᠡ ᠰᠢᠷᠦᠭᠦᠰᠴᠦ᠂ ᠬᠥᠭᠵᠢᠯᠲᠡ ᠶᠢᠨ | ᠵᠠᠮ ᠳᠤ ᠲᠦᠰᠢᠭᠯᠡᠬᠦ ᠪᠠ ᠰᠡᠳᠬᠢᠭᠦᠢ ᠶᠢᠨ ᠢᠨᠧᠷᠼᠢ ᠮᠥᠨ ᠬᠦ ᠴᠢᠩᠭ᠎ᠠ ᠪᠠᠶᠢᠵᠤ᠂ ᠬᠥᠭᠵᠢᠯᠲᠡ ᠶᠢᠨ ᠶᠠᠰᠤ | ᠴᠢᠨᠠᠷ ᠪᠣᠯᠣᠨ ᠦᠷ᠎ᠡ ᠠᠰᠢᠭ ᠢ ᠲᠦᠷᠭᠡᠨ ᠳᠡᠭᠡᠭᠰᠢᠯᠡᠭᠦᠯᠬᠦ ᠬᠡᠷᠡᠭ ᠲᠠᠢ ᠪᠠᠶᠢᠨ᠎ᠠ᠃ ᠡᠭᠦᠨ ᠠᠴᠠ ᠪᠣᠯᠵᠤ᠂ | ᠭᠠᠵᠠᠷ ᠰᠢᠷᠣᠶ ᠶᠢᠨ ᠠᠰᠠᠭᠤᠳᠠᠯ ᠨᠢ ᠮᠥᠨᠬᠦ ᠢᠷᠡᠭᠡᠳᠦᠶ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤᠮᠳᠠᠬᠢ | ᠨᠢᠭᠡᠨ ᠪᠦᠬᠦ ᠲᠠᠯ᠎ᠠ ᠶᠢᠨ ᠴᠢᠨᠠᠷ ᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠂ ᠦᠨᠳᠦᠰᠦᠨ ᠴᠢᠨᠠᠷᠲᠠᠶ | ᠴᠢᠬᠤᠯᠠ ᠶᠡᠭᠡ ᠠᠰᠠᠭᠤᠳᠠᠯ ᠪᠣᠯᠵᠤ᠂ ᠡᠯ᠎ᠡ ᠵᠦᠢᠯ ᠤᠨ ᠭᠠᠵᠠᠷ ᠰᠢᠷᠣᠶ ᠶᠢᠨ ᠠᠰᠠᠭᠤᠳᠠᠯ ᠤᠨ ᠳᠣᠲᠣᠷ᠎ᠠ᠂ | ᠬᠠᠮᠤᠭ ᠤᠨ ᠦᠨᠳᠦᠰᠦᠨ᠂ ᠬᠠᠮᠤᠭ ᠤᠨ ᠲᠤᠯᠭᠠᠮ᠎ᠠ ᠪᠣᠯᠬᠤ ᠨᠢ ᠳᠠᠷᠤᠢ ᠭᠠᠵᠠᠷ ᠰᠢᠷᠣᠶ ᠶᠢ ᠠᠰᠢᠭᠯᠠᠬᠤ ᠠᠷᠭ᠎ᠠ | ᠮᠠᠶ᠋ᠢᠭ ᠢ ᠬᠤᠪᠢᠷᠠᠭᠤᠯᠵᠤ᠂ ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ ᠶᠢ ᠳᠥᠯᠭᠢᠨ ᠠᠬᠢᠭᠤᠯᠬᠤ | ᠶᠠᠪᠤᠳᠠᠯ ᠪᠣᠯᠣᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ︽ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠵᠤ᠂ | ᠡᠬᠢ ᠪᠠᠶᠠᠯᠢᠭ ᠢ ᠠᠰᠢᠭᠯᠠᠬᠤ ᠠᠷᠭ᠎ᠠ ᠮᠠᠶ᠋ᠢᠭ ᠢ ᠦᠨᠳᠦᠰᠦᠨ ᠠᠴᠠ ᠨᠢ ᠬᠤᠪᠢᠷᠠᠭᠤᠯᠬᠤ ᠶᠢ ᠲᠦᠯᠬᠢᠨ | ᠠᠬᠢᠭᠤᠯᠵᠤ︾᠂ ︽ ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ ᠳᠦᠷᠢᠮ︾ ᠢ ᠪᠦᠷᠢᠨᠰᠢᠭᠦᠯᠬᠦ ᠬᠡᠷᠡᠭᠲᠡᠶ | ᠭᠡᠵᠦ ᠳᠤᠷᠠᠳᠴᠠᠢ︔ ᠣᠶᠢᠷ᠎ᠠ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠡ ᠶᠢᠨ | ᠰᠠᠶ᠋ᠢᠬᠠᠨ ᠳᠠᠷᠤᠮᠠᠯᠯᠠᠨ ᠲᠠᠷᠬᠠᠭᠠᠭᠰᠠᠨ ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠥᠷᠭᠡᠳᠬᠡᠨ | ᠠᠬᠢᠭᠤᠯᠬᠤ ᠲᠤᠬᠠᠶ ᠰᠠᠨᠠᠯ︾ ᠳᠤ ︽ᠡᠬᠢ ᠪᠠᠶᠠᠯᠢᠭ ᠢ ᠠᠷᠪᠢᠯᠠᠨ ᠭᠠᠮᠨᠠᠵᠤ ᠣᠷᠴᠢᠯᠳᠤᠭᠤᠯᠤᠨ ᠥᠨᠳᠥᠷ | ᠪᠦᠲᠦᠮᠵᠢᠲᠡᠶ ᠬᠡᠷᠡᠭᠯᠡᠬᠦ ᠶᠢ ᠪᠥᠬᠦ ᠲᠠᠯ᠎ᠠ ᠢᠶᠠᠷ ᠠᠬᠢᠭᠤᠯᠵᠤ᠂ ᠡᠬᠢ ᠪᠠᠶᠠᠯᠢᠭ ᠢ ᠠᠰᠢᠭᠯᠠᠬᠤ ᠠᠷᠭ᠎ᠠ ᠮᠠᠶ᠋ᠢᠭ ᠢ | ᠦᠨᠳᠦᠰᠦᠨ ᠠᠴᠠ ᠨᠢ ᠬᠤᠪᠢᠷᠠᠭᠤᠯᠬᠤ ᠶᠢ ᠲᠦᠯᠬᠢᠨ ᠠᠬᠢᠭᠤᠯᠵᠤ︾᠂ ︽ᠤᠰᠤ᠂ ᠭᠠᠵᠠᠷ ᠰᠢᠷᠣᠶ᠂ | ᠠᠭᠤᠷᠬᠠᠶ ᠶᠢᠨ ᠭᠠᠷᠤᠯᠲᠠ ᠵᠡᠷᠭᠡ ᠡᠬᠢ ᠪᠠᠶᠠᠯᠢᠭ ᠢ ᠠᠷᠪᠢᠲᠠᠶ ᠡᠷᠴᠢᠮᠯᠢᠭ ᠢᠶᠠᠷ ᠠᠰᠢᠭᠯᠠᠬᠤ ᠬᠡᠷᠡᠭᠲᠡᠢ︾ ᠭᠡᠵᠦ | ᠴᠢᠬᠤᠯᠠᠴᠢᠯᠠᠨ ᠵᠢᠭᠠᠵᠤ ᠭᠠᠷᠭᠠᠵᠠᠶ᠃ ᠡᠳᠡᠭᠡᠷ ᠠᠯᠢ ᠣᠯᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠨᠢ | ᠭᠠᠵᠠᠷ ᠰᠢᠷᠣᠶ ᠶᠢ ᠠᠷᠪᠢᠲᠠᠶ ᠡᠷᠴᠢᠮᠯᠢᠭ ᠢᠶᠠᠷ ᠬᠡᠷᠡᠭᠯᠡᠬᠦ ᠶᠢ ᠳᠥᠯᠭᠢᠨ ᠠᠬᠢᠭᠤᠯᠬᠤ ᠪᠣᠯ ᠠᠵᠤ ᠠᠬᠤᠶ ᠶᠢᠨ | ᠬᠥᠭᠵᠢᠯᠲᠡ ᠶᠢᠨ ᠠᠷᠭ᠎ᠠ ᠮᠠᠶ᠋ᠢᠭ ᠢ ᠲᠥᠷᠬᠡᠨ ᠬᠤᠪᠢᠷᠠᠭᠤᠯᠵᠤ᠂ ᠠᠵᠤ ᠠᠬᠤᠶ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠤ ᠳᠡᠰ ᠳᠡᠪᠰᠢᠭᠦᠯᠬᠦ ᠶᠢ ᠳᠥᠯᠭᠢᠨ ᠠᠬᠢᠭᠤᠯᠬᠤ ᠵᠠᠶᠢᠯᠠᠰᠢ ᠦᠭᠡᠶ | ᠰᠣᠩᠭᠤᠯᠲᠠ ᠮᠦᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠶᠡᠬᠡᠪᠡᠷ ᠳᠥᠯᠭᠢᠨ ᠠᠬᠢᠭᠤᠯᠵᠤ᠂ | ᠠᠵᠤ ᠠᠬᠤᠶ ᠨᠡᠶᠢᠭᠡᠮ ᠤᠨ ᠠᠯᠤᠰ ᠬᠡᠳᠦ ᠶᠢᠨ ᠦᠷᠭᠦᠯᠵᠢᠯᠡᠬᠦ ᠬᠥᠭᠵᠢᠯᠲᠡ ᠶᠢ ᠪᠠᠲᠤᠯᠠᠬᠤ ᠵᠠᠶᠢᠯᠠᠰᠢ ᠦᠭᠡᠶ | ᠶᠠᠪᠤᠬᠤ ᠵᠠᠮ ᠮᠥᠨ ᠭᠡᠰᠡᠨ ᠢ ᠢᠯᠡᠷᠡᠭᠦᠯᠵᠡᠢ᠃ ᠬᠤᠯᠪᠣᠭᠳᠠᠯ ᠪᠦᠬᠦᠢ ᠪᠠᠶᠢᠳᠠᠯ ᠢ ᠭᠦᠨᠵᠡᠭᠡᠶ ᠣᠶᠢᠯᠠᠭᠠᠬᠤ ᠶᠢᠨ | ᠲᠥᠯᠥᠭᠡ᠂ ᠥᠨᠥᠳᠦᠷ ᠪᠢᠳᠡ ᠠᠵᠠ ᠲᠠᠢ ᠪᠠᠷ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ | ᠡᠬᠢ ᠪᠠᠶᠠᠯᠢᠭ ᠤᠨ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠵᠣᠣ ᠳ᠋ᠠ ᠶᠥᠩ ᠶᠢ ᠤᠷᠢᠵᠤ ᠲᠡᠭᠦᠨ ᠢᠶᠠᠷ | ᠨᠠᠷᠢᠨ ᠲᠤᠲᠤᠷᠬᠠᠢ ᠲᠠᠶᠢᠯᠪᠤᠷᠢᠯᠠᠯᠲᠠ ᠬᠢᠯᠬᠡᠬᠦ ᠪᠤᠯᠤᠨ᠎ᠠ᠂ ᠰᠦᠯᠵᠢᠶᠠᠨ ᠠᠨᠳᠠ ᠨᠠᠷ ᠮᠠᠨ ᠤ ᠰᠤᠷᠪᠤᠯᠵᠢᠯᠠᠨ | ᠶᠠᠷᠢᠯᠴᠠᠬᠤ ᠪᠤᠯᠤᠩ ᠳᠤ ᠢᠳᠡᠪᠬᠢᠲᠠᠢ ᠤᠷᠤᠯᠴᠠᠬᠤ ᠪᠤᠯᠪᠠᠤ᠃ ᠵᠣᠣ ᠲᠢᠩᠬᠢᠮ ᠤᠨ ᠳᠠᠷᠤᠭ᠎ᠠ ᠶᠢ ᠪᠠᠶᠠᠷᠯᠠᠨ | ᠤᠭᠲᠤᠶ᠎ᠠ︕᠂ | ﹇ᠵᠣᠣ ᠳ᠋ᠠ ᠶᠥᠩ﹈ ᠬᠦᠲᠦᠯᠦᠭᠴᠢ ᠰᠠᠶᠢᠨ ᠤᠤ᠂ ᠰᠦᠯᠵᠢᠶᠠᠨ ᠠᠨᠳᠠ ᠨᠠᠷ ᠲᠤ ᠠᠮᠤᠷ | ᠠᠶᠢᠯᠠᠳᠬᠠᠶ᠎ᠠ︕ ︽ᠰᠦᠯᠵᠢᠶᠠᠨ ᠰᠤᠷᠪᠤᠯᠵᠢᠯᠠᠭ᠎ᠠ︾ ᠲᠠᠪᠴᠠᠩ ᠢᠶᠠᠷ ᠲᠠ ᠪᠦᠬᠦᠨ ᠲᠠᠢ ᠶᠠᠷᠢᠯᠴᠠᠬᠤ | ᠪᠤᠯᠤᠭᠰᠠᠨ ᠳᠠᠭᠠᠨ ᠰᠡᠳᠬᠢᠯ ᠮᠠᠰᠢ ᠦᠨᠳᠦᠷ ᠪᠠᠶᠢᠨ᠎ᠠ᠃ ᠦᠷᠭᠡᠨ ᠤᠯᠠᠨ ᠰᠦᠯᠵᠢᠶᠠᠨ ᠠᠨᠳᠠ ᠨᠠᠷ ᠮᠠᠨ ᠤ | ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠰᠠᠯᠠᠭ᠎ᠠ ᠮᠦᠴᠢᠷ ᠤᠨ ᠡᠯ᠎ᠡ ᠵᠦᠢᠯ ᠤᠨ ᠠᠵᠢᠯ ᠳᠤ ᠰᠡᠳᠬᠢᠯ | ᠲᠠᠯᠪᠢᠵᠤ ᠳᠡᠮᠵᠢᠭᠰᠡᠭᠡᠷ ᠢᠷᠡᠭᠰᠡᠨ ᠳᠤ ᠲᠠᠯᠠᠷᠬᠠᠯ ᠢᠶᠠᠨ ᠳᠡᠪᠰᠢᠬᠦᠯᠦᠶ᠎ᠡ︕ | ﹇ᠬᠦᠲᠦᠯᠦᠭᠴᠢ﹈ ᠵᠣᠣ ᠲᠢᠩᠬᠢᠮ ᠤᠨ ᠳᠠᠷᠤᠭ᠎ᠠ ᠡ᠂ ᠲᠠ ᠶᠠᠭᠤᠨ ᠤ ᠡᠮᠦᠨ᠎ᠡ ᠪᠢᠳᠡᠨ ᠳᠤ ᠭᠠᠵᠠᠷ | ᠰᠢᠷᠣᠶ ᠶᠢ ᠠᠷᠪᠢᠲᠠᠶ ᠡᠷᠴᠢᠮᠯᠢᠭ ᠠᠰᠢᠭᠯᠠᠬᠤ ᠭᠡᠳᠡᠭ ᠨᠢ ᠶᠠᠭᠤ ᠪᠤᠯᠬᠤ ᠶᠢ ᠨᠠᠷᠢᠨ ᠲᠠᠶᠢᠯᠪᠤᠷᠢᠯᠠᠭᠠᠳ ᠦᠭᠭᠦᠨ᠎ᠡ | ᠤᠤ ︖ | ﹇ᠵᠣᠣ ᠳ᠋ᠠ ᠶᠥᠩ﹈ ᠵᠠ ᠲᠡᠭᠡᠶ᠎ᠡ᠃ ᠭᠠᠵᠠᠷ ᠰᠢᠷᠣᠶ ᠶᠢ ᠠᠷᠪᠢᠲᠠᠶ ᠡᠷᠴᠢᠮᠯᠢᠭ ᠠᠰᠢᠭᠯᠠᠬᠤ ᠭᠡᠳᠡᠭ ᠨᠢ | ᠳᠠᠷᠤᠢ ᠬᠡᠪᠴᠢᠶ᠎ᠡ ᠪᠠᠷ ᠬᠥᠲᠥᠯᠥᠨ ᠵᠢᠯᠤᠭᠤᠳᠬᠤ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠪᠠᠷᠢᠮᠵᠢᠶ᠎ᠠ | ᠡᠵᠡᠮᠳᠡᠬᠦ᠂ ᠵᠠᠬ᠎ᠠ ᠳᠡᠯᠭᠡᠭᠦᠷ ᠢᠶᠠᠷ ᠲᠣᠬᠢᠷᠠᠭᠤᠯᠬᠤ᠂ ᠠᠮᠢᠳᠤᠯᠢᠭ ᠠᠰᠢᠭᠯᠠᠬᠤ ᠵᠡᠷᠭᠡ ᠠᠷᠭ᠎ᠠ ᠪᠠᠷᠢᠯ ᠢᠶᠠᠷ | ᠳᠠᠮᠵᠢᠭᠤᠯᠤᠨ᠂ ᠭᠠᠵᠠᠷ ᠰᠢᠷᠣᠶ ᠶᠢ ᠠᠷᠪᠢᠯᠠᠨ ᠭᠠᠮᠨᠠᠬᠤ᠂ ᠬᠡᠮᠵᠢᠶ᠎ᠡ ᠶᠢ ᠪᠠᠭᠠᠰᠬᠠᠬᠤ ᠭᠠᠵᠠᠷ ᠰᠢᠷᠤᠢ ᠶᠢ ᠬᠡᠷᠡᠭᠯᠡᠬᠦ | ᠂ ᠭᠠᠵᠠᠷ ᠰᠢᠷᠤᠢ ᠶᠢ ᠬᠡᠷᠡᠭᠯᠡᠬᠦ ᠡᠷᠴᠢᠮ ᠢ ᠴᠢᠩᠭᠠᠯᠠᠬᠤ᠂ ᠠᠰᠢᠭᠯᠠᠮᠵᠢ ᠮᠠᠭᠤᠲᠠᠢ ᠬᠠᠶᠠᠭᠳᠠᠮᠠᠯ ᠭᠠᠵᠠᠷ ᠢ ᠳᠠᠬᠢᠨ | ᠠᠰᠢᠭᠯᠠᠬᠤ ᠶᠢ ᠠᠬᠢᠭᠤᠯᠬᠤ᠂ ᠭᠠᠵᠠᠷ ᠰᠢᠷᠣᠶ ᠶᠢ ᠠᠰᠢᠭᠯᠠᠬᠤ ᠪᠦᠲᠦᠴᠡ ᠪᠣᠯᠣᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠬᠦ᠂ ᠭᠠᠵᠠᠷ ᠰᠢᠷᠣᠶ ᠶᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠡᠯ᠎ᠡ ᠵᠦᠢᠯ ᠤᠨ | ᠦᠢᠯᠡ ᠠᠵᠢᠯᠯᠠᠭ᠎ᠠ ᠬᠢᠭᠡᠳ ᠠᠵᠢᠯᠯᠠᠭ᠎ᠠ ᠶᠢ ᠵᠢᠭᠠᠵᠤ ᠪᠣᠢ︔ ᠪᠠᠰᠠ ᠴᠤ ᠭᠠᠵᠠᠷ ᠰᠢᠷᠣᠶ ᠶᠢ ᠮᠠᠰᠢ ᠨᠠᠨᠳᠢᠩᠨᠠᠨ | ᠵᠦᠶ ᠵᠣᠬᠢᠰᠲᠠᠶ ᠠᠰᠢᠭᠯᠠᠬᠤ ᠪᠠ ᠲᠠᠷᠢᠶᠠᠨ ᠭᠠᠵᠠᠷ ᠢ ᠦᠨᠡᠨ ᠬᠦ ᠬᠠᠮᠠᠭᠠᠯᠠᠬᠤ ᠤᠯᠤᠰ ᠤᠨ ᠦᠨᠳᠦᠰᠦᠨ | ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ᠂ ᠲᠠᠷᠢᠶᠠᠨ ᠭᠠᠵᠠᠷ ᠢ ᠬᠠᠮᠠᠭᠠᠯᠠᠬᠤ ᠪᠠ ᠭᠠᠵᠠᠷ ᠰᠢᠷᠣᠶ ᠶᠢ | ᠠᠷᠪᠢᠲᠠᠶ ᠡᠷᠴᠢᠮᠯᠢᠭ ᠬᠡᠷᠡᠭᠯᠡᠬᠦ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠠᠵᠤ ᠠᠬᠤᠶ | ᠨᠡᠶᠢᠭᠡᠮ ᠤᠨ ᠬᠥᠭᠵᠢᠯᠲᠡ ᠳᠤ ᠭᠠᠵᠠᠷ ᠰᠢᠷᠣᠶ ᠶᠢᠨ ᠡᠬᠢ ᠪᠠᠶᠠᠯᠢᠭ ᠤᠨ ᠳᠠᠭᠠᠭᠠᠬᠤ ᠴᠢᠳᠠᠪᠤᠷᠢ ᠶᠢ | ᠳᠡᠭᠡᠭᠰᠢᠯᠡᠭᠦᠯᠦᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠦᠨᠳᠦᠰᠦᠨ ᠠᠷᠭ᠎ᠠ ᠵᠠᠮ | ᠮᠥᠨ᠃ ᠭᠠᠵᠠᠷ ᠰᠢᠷᠣᠶ ᠶᠢ ᠠᠷᠪᠢᠲᠠᠶ ᠡᠷᠴᠢᠮᠯᠢᠭ ᠠᠰᠢᠭᠯᠠᠬᠤ ᠳᠤ ᠭᠤᠣᠯᠳᠠᠭᠤ ᠭᠤᠷᠪᠠᠨ ᠳᠡᠰ | ᠳᠠᠪᠬᠤᠷᠭ᠎ᠠ ᠶᠢᠨ ᠠᠭᠤᠯᠭ᠎ᠠ ᠪᠠᠭᠲᠠᠵᠤ ᠪᠤᠶ᠄ ᠨᠢᠭᠡ ᠳᠤ ᠭᠠᠵᠠᠷ ᠰᠢᠷᠣᠶ ᠶᠢ ᠠᠷᠪᠢᠯᠠᠨ ᠬᠡᠷᠡᠭᠯᠡᠬᠦ᠂ ᠳᠠᠷᠤᠶ ᠡᠯ᠎ᠡ | ᠵᠦᠢᠯ ᠤᠨ ᠪᠦᠲᠦᠭᠡᠨ ᠪᠠᠶᠢᠭᠤᠯᠤᠯᠲᠠ ᠳᠤ ᠴᠥᠮ ᠠᠯᠢ ᠴᠢᠳᠠᠬᠤ ᠪᠠᠷ ᠭᠠᠵᠠᠷ ᠰᠢᠷᠣᠶ ᠶᠢ ᠠᠷᠪᠢᠯᠠᠨ ᠬᠡᠷᠡᠭᠯᠡᠵᠦ᠂ | ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠠᠷᠢᠶᠠᠨ ᠭᠠᠵᠠᠷ ᠢ ᠡᠵᠡᠯᠡᠬᠦ ᠦᠭᠡᠶ ᠪᠤᠶᠤ ᠪᠠᠭ᠎ᠠ ᠡᠵᠡᠯᠡᠬᠦ | ᠬᠡᠷᠡᠭᠲᠡᠶ︔ ᠬᠤᠶᠠᠷ ᠲᠤ ᠭᠠᠵᠠᠷ ᠰᠢᠷᠣᠶ ᠶᠢ ᠡᠷᠴᠢᠮᠯᠢᠭ ᠬᠡᠷᠡᠭᠯᠡᠬᠦ ᠳᠤ ᠪᠦᠲᠦᠭᠡᠨ ᠪᠠᠶᠢᠭᠤᠯᠤᠯᠲᠠ ᠪᠥᠬᠦᠨ ᠳᠤ | ᠬᠡᠷᠡᠭᠯᠡᠬᠦ ᠭᠠᠵᠠᠷ ᠤᠨ ᠣᠷᠣᠭᠤᠯᠤᠯᠲᠠ ᠭᠠᠷᠭᠠᠯᠲᠠ ᠶᠢᠨ ᠡᠷᠴᠢᠮ ᠢᠶᠠᠨ ᠴᠢᠩᠭᠠᠯᠠᠵᠤ᠂ ᠭᠠᠵᠠᠷ ᠰᠢᠷᠣᠶ ᠶᠢᠨ | ᠠᠰᠢᠭᠯᠠᠯᠲᠠ ᠶᠢ ᠡᠷᠴᠢᠮᠵᠢᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ︔ ᠭᠤᠷᠪᠠ ᠳᠤ ᠡᠮᠬᠢᠯᠡᠨ ᠨᠡᠶᠢᠯᠡᠭᠦᠯᠬᠦ᠂ | ᠰᠣᠯᠢᠬᠤ᠂ ᠨᠥᠭᠡᠴᠡᠯᠡᠬᠦ᠂ ᠲᠥᠯᠥᠪᠵᠢᠭᠦᠯᠬᠦ᠂ ᠲᠥᠯᠥᠪᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠵᠠᠷ | ᠰᠢᠷᠣᠶ ᠶᠢ ᠬᠡᠷᠡᠭᠯᠡᠭᠦᠯᠬᠦ ᠲᠤᠭ᠎ᠠ ᠬᠡᠮᠵᠢᠶ᠎ᠡ ᠪᠣᠯᠣᠨ ᠬᠥᠭ ᠠᠶᠢᠵᠢᠮ ᠢ ᠵᠦᠶ ᠵᠣᠬᠢᠰᠲᠠᠶ ᠲᠣᠬᠢᠷᠠᠭᠤᠯᠵᠤ᠂ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠪᠦᠲᠦᠴᠡ ᠪᠣᠯᠣᠨ ᠪᠠᠶᠢᠷᠢᠰᠢᠭᠤᠯᠤᠯᠲᠠ ᠶᠢ | ᠰᠠᠶᠢᠵᠢᠷᠠᠭᠤᠯᠤᠨ᠂ ᠭᠠᠵᠠᠷ ᠬᠡᠷᠡᠭᠯᠡᠬᠦ ᠳᠠᠯᠳᠠ ᠬᠦᠴᠦᠨ ᠢ ᠠᠭᠤᠳᠠᠯᠵᠤ᠂ ᠭᠠᠵᠠᠷ ᠰᠢᠷᠣᠶ ᠶᠢᠨ ᠲᠣᠬᠢᠷᠠᠭᠤᠯᠤᠯᠲᠠ | ᠪᠣᠯᠣᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ | ﹇ᠬᠦᠲᠦᠯᠦᠭᠴᠢ﹈ ᠪᠢᠳᠡ ᠭᠠᠵᠠᠷ ᠰᠢᠷᠣᠶ ᠶᠢ ᠠᠰᠢᠭᠯᠠᠬᠤ ᠪᠠ ᠬᠠᠮᠢᠶᠠᠷᠬᠤ ᠳᠤᠮᠳᠠ ᠶᠠᠮᠠᠷ | ᠵᠠᠷᠴᠢᠮ ᠢ ᠪᠠᠷᠢᠮᠲᠠᠯᠠᠬᠤ ᠪᠤᠶ︖ | ﹇ᠵᠣᠣ ᠳ᠋ᠠ ᠶᠥᠩ﹈ ᠭᠠᠵᠠᠷ ᠰᠢᠷᠣᠶ ᠶᠢᠨ ᠡᠬᠢ ᠪᠠᠶᠠᠯᠢᠭ ᠢ ᠠᠰᠢᠭᠯᠠᠬᠤ ᠪᠠ ᠬᠠᠮᠢᠶᠠᠷᠬᠤ ᠳᠤ | ᠵᠢᠷᠤᠮᠯᠠᠬᠤ ᠦᠨᠳᠦᠰᠦᠨ ᠵᠠᠷᠴᠢᠮ ᠭᠡᠪᠡᠯ᠄ ᠨᠢᠭᠡ ᠳᠤ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ ᠵᠠᠷᠴᠢᠮ ᠢ | ᠪᠠᠷᠢᠮᠲᠠᠯᠠᠵᠤ᠂ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠳᠤ ᠭᠠᠵᠠᠷ ᠪᠠᠭ᠎ᠠ ᠡᠵᠡᠯᠡᠬᠦ᠂ ᠲᠠᠷᠢᠶᠠᠨ ᠭᠠᠵᠠᠷ ᠢ | ᠴᠥᠭᠡᠨ ᠡᠵᠡᠯᠡᠬᠦ ᠪᠣᠶᠤ ᠡᠵᠡᠯᠡᠬᠦ ᠦᠭᠡᠶ ᠪᠠᠶᠢᠵᠤ᠂ ᠢᠮᠠᠬᠤ ᠶᠢᠨ ᠲᠡᠳᠦᠶ ᠭᠠᠵᠠᠷ ᠰᠢᠷᠣᠶ ᠶᠢ ᠴᠦ ᠨᠠᠨᠳᠢᠩᠨᠠᠨ | ᠬᠠᠶᠢᠷᠠᠯᠠᠵᠤ ᠵᠦᠶ ᠵᠣᠬᠢᠰᠲᠠᠶ ᠠᠰᠢᠭᠯᠠᠬᠤ ᠬᠡᠷᠡᠭᠲᠡᠢ︔ ᠬᠤᠶᠠᠷ ᠲᠤ ᠵᠦᠶ ᠵᠣᠬᠢᠰᠲᠠᠶ ᠬᠡᠷᠡᠭᠯᠡᠬᠦ ᠵᠠᠷᠴᠢᠮ ᠢ | ᠪᠠᠷᠢᠮᠲᠠᠯᠠᠵᠤ᠂ ᠭᠠᠵᠠᠷ ᠰᠢᠷᠣᠶ ᠶᠢᠨ ᠡᠬᠢ ᠪᠠᠶᠠᠯᠢᠭ ᠤᠨ ᠬᠠᠳᠠᠭᠠᠯᠠᠯᠲᠠ ᠶᠢᠨ ᠬᠡᠮᠵᠢᠶ᠎ᠡ ᠶᠢ ᠠᠮᠢᠳᠤᠯᠢᠭᠵᠢᠭᠤᠯᠤᠨ᠂ | ᠤᠯᠤᠰ ᠤᠨ ᠡᠬᠢ ᠪᠠᠶᠠᠯᠢᠭ ᠤᠨ ᠪᠠᠶᠢᠳᠠᠯ ᠳᠤ ᠨᠡᠶᠢᠴᠡᠭᠰᠡᠨ ᠬᠤᠲᠠ ᠬᠥᠳᠡᠭᠡ ᠶᠢᠨ ᠭᠠᠵᠠᠷ ᠰᠢᠷᠣᠶ ᠶᠢ | ᠠᠰᠢᠭᠯᠠᠬᠤ ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠢ︔ ᠭᠤᠷᠪᠠ ᠳᠤ ᠵᠠᠬ᠎ᠠ ᠳᠡᠯᠭᠡᠭᠦᠷ ᠢᠶᠠᠷ ᠲᠣᠬᠢᠷᠠᠭᠤᠯᠬᠤ | ᠵᠠᠷᠴᠢᠮ ᠢ ᠪᠠᠷᠢᠮᠲᠠᠯᠠᠵᠤ᠂ ᠵᠠᠰᠠᠭ ᠤᠨ ᠣᠷᠳᠣᠨ ᠪᠣᠯᠣᠨ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠲᠣᠬᠢᠲᠠᠶ | ᠰᠠᠶᠢᠲᠤᠷ ᠰᠢᠢᠳᠪᠦᠷᠢᠯᠡᠵᠦ᠂ ᠭᠠᠵᠠᠷ ᠰᠢᠷᠣᠶ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠳᠤᠮᠳᠠᠬᠢ ᠵᠠᠬ᠎ᠠ | ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ︔ ᠳᠥᠷᠪᠡ ᠳᠤ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠠᠷᠴᠢᠮ ᠢ ᠪᠠᠷᠢᠮᠲᠠᠯᠠᠵᠤ᠂ ᠭᠠᠵᠠᠷ ᠰᠢᠷᠣᠶ ᠶᠢᠨ ᠬᠠᠮᠢᠶᠠᠷᠤᠯᠲᠠ ᠶᠢᠨ | ᠰᠢᠨ᠎ᠡ ᠲᠣᠭᠲᠠᠴᠠ ᠶᠢ ᠬᠠᠶᠢᠨ ᠰᠦᠪᠡᠭᠴᠢᠯᠡᠵᠦ᠂ ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ ᠰᠢᠨ᠎ᠡ | ᠵᠠᠭᠪᠤᠷ ᠢ ᠡᠭᠦᠳᠬᠦ ᠬᠡᠷᠡᠭᠲᠡᠢ᠃ | ﹇ᠬᠦᠲᠦᠯᠦᠭᠴᠢ﹈ ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ ᠨᠢ ᠶᠠᠮᠠᠷ ᠠᠴᠢ | ᠬᠤᠯᠪᠣᠭᠳᠠᠯ ᠲᠠᠢ ᠪᠤᠶ︖ | ﹇ᠵᠣᠣ ᠳ᠋ᠠ ᠶᠥᠩ﹈ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠭᠠᠵᠠᠷ | ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠬᠢ | ᠪᠠᠶᠠᠯᠢᠭ ᠢ ᠠᠷᠪᠢᠯᠠᠬᠤ ᠶᠢ ᠤᠯᠤᠰ ᠤᠨ ᠦᠨᠳᠦᠰᠦᠨ ᠪᠣᠳᠣᠯᠭ᠎ᠠ ᠪᠣᠯᠣᠨ ᠲᠡᠷᠢᠭᠦᠨ ᠤ ᠪᠠᠶᠢᠯᠳᠤᠬᠤ ᠪᠣᠳᠣᠯᠭ᠎ᠠ | ᠪᠣᠯᠭᠠᠨ ᠲᠣᠭᠲᠠᠭᠠᠪᠠ᠃ ᠲᠥᠪ ᠤᠨ ᠬᠤᠲᠠ ᠪᠠᠯᠭᠠᠰᠤᠵᠢᠯᠲᠠ ᠶᠢᠨ ᠠᠵᠢᠯ ᠤᠨ ᠬᠤᠷᠠᠯᠳᠤᠭᠠᠨ ᠳᠡᠭᠡᠷ᠎ᠡ᠂ | ᠶᠡᠷᠦᠩᠬᠡᠶ ᠱᠦᠵᠢ ᠰᠢ ᠶᠢᠨ ᠫᠢᠩ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠭᠠᠵᠠᠷ ᠰᠢᠷᠣᠶ ᠶᠢ | ᠠᠷᠪᠢᠲᠠᠶ ᠡᠷᠴᠢᠮᠯᠢᠭ ᠠᠰᠢᠭᠯᠠᠬᠤ ᠠᠰᠠᠭᠤᠳᠠᠯ ᠢ ᠨᠠᠷᠢᠨ ᠦᠭᠦᠯᠡᠵᠦ᠂ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ | ᠴᠢᠩᠭ᠎ᠠ ᠰᠠᠬᠢᠬᠤ᠂ ᠪᠦᠲᠦᠴᠡ ᠶᠢ ᠲᠣᠬᠢᠷᠠᠭᠤᠯᠬᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠡᠳᠬᠢᠴᠡ ᠪᠠᠷ | ᠬᠡᠮᠵᠢᠶ᠎ᠡ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠵᠤ᠂ ᠬᠠᠳᠠᠭᠠᠯᠠᠯᠲᠠ ᠶᠢ ᠠᠮᠢᠳᠤᠯᠢᠭᠵᠢᠭᠤᠯᠵᠤ᠂ ᠪᠦᠲᠦᠴᠡ ᠶᠢ | ᠰᠢᠯᠢᠳᠡᠭᠵᠢᠭᠦᠯᠵᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠲᠣᠳᠣᠷᠬᠠᠶ ᠳᠤᠷᠠᠳᠪᠠ᠃ ᠯᠢ ᠺᠧ | ᠴᠢᠶᠠᠩ ᠶᠡᠷᠦᠩᠬᠡᠶ ᠰᠠᠶᠢᠳ ᠪᠠᠰᠠ ᠴᠢᠬᠤᠯᠠᠴᠢᠯᠠᠭᠰᠠᠨ ᠨᠢ᠂ ᠬᠥᠭᠵᠢᠭᠦᠯᠬᠦ ᠪᠣᠯ ᠬᠠᠲᠠᠭᠤ ᠶᠣᠰᠣ᠂ ᠠᠷᠪᠢᠯᠠᠨ | ᠭᠠᠮᠨᠠᠬᠤ ᠪᠣᠯ ᠶᠡᠭᠡ ᠪᠠᠶᠢᠯᠳᠤᠬᠤ ᠪᠣᠳᠣᠯᠭ᠎ᠠ ᠮᠦᠨ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ | ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠵᠦ᠂ ᠰᠠᠶᠢᠨ ᠲᠠᠷᠢᠶ᠎ᠡ ᠶᠢ ᠠᠯᠢ ᠴᠢᠳᠠᠬᠤ ᠪᠠᠷ ᠪᠠᠭ᠎ᠠ ᠡᠵᠡᠯᠡᠬᠦ | ᠪᠤᠶᠤ ᠡᠵᠡᠯᠡᠬᠦ ᠦᠭᠡᠶ ᠪᠠᠶᠢᠬᠤ ᠬᠡᠷᠡᠭᠲᠡᠢ ᠭᠡᠵᠡᠢ ᠃ | ᠭᠠᠵᠠᠷ ᠰᠢᠷᠣᠶ ᠪᠣᠯᠤᠨ ᠡᠬᠢ ᠪᠠᠶᠠᠯᠢᠭ ᠪᠣᠯ ᠬᠥᠭᠵᠢᠯᠲᠡ ᠶᠢᠨ ᠦᠨᠳᠦᠰᠦ ᠮᠥᠨ᠂ ᠠᠷᠪᠢᠲᠠᠶ | ᠡᠷᠴᠢᠮᠯᠢᠭ ᠬᠡᠷᠡᠭᠯᠡᠬᠦ ᠪᠣᠯ ᠦᠷᠭᠦᠯᠵᠢᠯᠡᠬᠦ ᠬᠥᠭᠵᠢᠯᠲᠡ ᠶᠢᠨ ᠰᠠᠭᠤᠷᠢ ᠮᠦᠨ᠂ ᠠᠮᠢ ᠠᠬᠤᠶ ᠶᠢᠨ ᠣᠷᠴᠢᠨ | ᠲᠣᠭᠤᠷᠢᠨ ᠢ ᠬᠠᠮᠠᠭᠠᠯᠠᠬᠤ ᠦᠨᠳᠦᠰᠦᠨ ᠠᠷᠭ᠎ᠠ ᠪᠣᠳᠣᠯᠭ᠎ᠠ ᠮᠦᠨ ᠪᠥᠭᠡᠳ᠂ ᠮᠠᠨ ᠤ ᠤᠯᠤᠰ ᠤᠨ ᠨᠡᠶᠢᠭᠡᠮ᠂ | ᠠᠵᠤ ᠠᠬᠤᠶ᠂ ᠠᠮᠢ ᠠᠬᠤᠶ᠂ ᠣᠷᠴᠢᠨ ᠲᠣᠭᠤᠷᠢᠨ ᠤ ᠣᠯᠠᠨ ᠲᠠᠯ᠎ᠠ ᠳᠤ ᠬᠤᠯᠪᠣᠭᠳᠠᠵᠤ ᠪᠠᠶᠢᠳᠠᠭ᠃ | ᠪᠣᠳᠠᠲᠠᠶ ᠪᠠᠷ ᠬᠡᠯᠡᠪᠡᠯ᠂ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ | ᠨᠢ ᠠᠷᠪᠢᠯᠠᠨ ᠭᠠᠮᠨᠠᠬᠤ ᠪᠠ ᠬᠤᠷᠣᠭᠳᠠᠯ ᠢ ᠪᠠᠭᠠᠰᠬᠠᠬᠤ ᠳᠤ ᠠᠰᠢᠭᠲᠠᠢ ᠪᠠᠷ ᠪᠠᠷᠠᠬᠤ ᠦᠭᠡᠶ ᠪᠠᠰᠠ ᠬᠥᠭᠵᠢᠭᠦᠯᠬᠦ | ᠪᠠ ᠦᠷ᠎ᠡ ᠠᠰᠢᠭ ᠢ ᠨᠡᠮᠡᠭᠳᠡᠭᠦᠯᠬᠦ ᠳᠤ ᠠᠰᠢᠭᠲᠠᠶ ᠪᠠᠶᠢᠵᠤ᠂ ᠠᠵᠤ ᠠᠬᠤᠶ ᠶᠢᠨ ᠬᠥᠭᠵᠢᠯᠲᠡ ᠶᠢᠨ ᠠᠷᠭ᠎ᠠ | ᠮᠠᠶ᠋ᠢᠭ ᠢ ᠲᠥᠷᠬᠡᠨ ᠬᠤᠪᠢᠷᠠᠭᠤᠯᠬᠤ ᠪᠠ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠶᠢ ᠳᠥᠯᠭᠢᠨ | ᠠᠬᠢᠭᠤᠯᠬᠤ ᠴᠢᠬᠤᠯᠠ ᠶᠡᠭᠡ ᠡᠭᠦᠷᠭᠡ ᠮᠦᠨ᠂ ᠠᠵᠤ ᠠᠬᠤᠶ ᠶᠢᠨ ᠤᠷᠲᠤ ᠬᠤᠭᠤᠴᠠᠭ᠎ᠠ ᠪᠠᠷ ᠲᠣᠭᠲᠠᠭᠤᠨ | ᠪᠥᠭᠡᠳ ᠨᠡᠯᠢᠶᠡᠳ ᠲᠦᠷᠭᠡᠨ ᠬᠥᠭᠵᠢᠬᠦ ᠶᠢ ᠪᠠᠲᠤᠯᠠᠬᠤ ᠴᠢᠬᠤᠯᠠ ᠶᠡᠭᠡ ᠠᠷᠭ᠎ᠠ ᠬᠡᠮᠵᠢᠶ᠎ᠡ ᠮᠦᠨ᠂ ᠪᠠᠰᠠ ᠴᠤ | ᠰᠢᠨᠵᠢᠯᠡᠬᠦ ᠤᠬᠠᠭᠠᠨᠴᠢ ᠬᠥᠭᠵᠢᠯᠲᠡ ᠪᠣᠯᠣᠨ ᠬᠥᠭᠵᠢᠯᠲᠡ ᠶᠢᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ | ᠡᠵᠡᠮᠳᠡᠬᠦ ᠨᠢᠭᠡᠨ ᠴᠢᠬᠤᠯᠠ ᠪᠠᠷᠢᠮᠵᠢᠶ᠎ᠠ ᠮᠥᠨ᠃ ᠠᠵᠤ ᠠᠬᠤᠶᠢᠯᠠᠯ ᠳᠤ ᠠᠪᠴᠤ ᠬᠡᠯᠡᠪᠡᠯ᠂ ᠠᠷᠪᠢᠲᠠᠶ ᠡᠷᠴᠢᠮᠲᠡᠶ | ᠬᠡᠷᠡᠭᠯᠡᠬᠦ ᠨᠢ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠬᠡᠯᠪᠡᠷᠢ ᠪᠠᠨ ᠬᠤᠪᠢᠷᠠᠭᠤᠯᠤᠨ | ᠳᠡᠰ ᠳᠡᠪᠰᠢᠭᠦᠯᠵᠦ᠂ ᠥᠷᠢᠰᠥᠯᠳᠦᠬᠦ ᠴᠢᠳᠠᠪᠤᠷᠢ ᠪᠠᠨ ᠨᠡᠮᠡᠭᠳᠡᠭᠦᠯᠬᠦ ᠪᠠ ᠳᠡᠭᠡᠭᠰᠢᠯᠡᠭᠦᠯᠵᠦ ᠪᠣᠯᠣᠨ᠎ᠠ︔ ᠪᠦᠬᠦ | ᠨᠡᠶᠢᠭᠡᠮ ᠳᠤ ᠠᠪᠴᠤ ᠬᠡᠯᠡᠪᠡᠯ᠂ ᠠᠷᠪᠢᠲᠠᠶ ᠡᠷᠴᠢᠮᠲᠡᠶ ᠬᠡᠷᠡᠭᠯᠡᠬᠦ ᠨᠢ ᠰᠢᠨ᠎ᠡ ᠠᠵᠤ ᠦᠢᠯᠡᠰ ᠤᠨ ᠪᠣᠢ ᠪᠣᠯᠬᠤ ᠶᠢ | ᠲᠥᠷᠭᠡᠳᠬᠡᠨ᠂ ᠰᠢᠨ᠎ᠡ ᠡᠳ᠋ ᠪᠠᠶᠠᠯᠢᠭ ᠢ ᠡᠭᠦᠳᠦᠨ ᠪᠥᠲᠦᠭᠡᠵᠦ᠂ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠵᠦ᠂ ᠦᠢᠯᠡᠳᠪᠦᠷᠢᠯᠡᠯ ᠤᠨ ᠨᠣᠷᠮ᠎ᠠ ᠶᠢ ᠨᠢ ᠳᠡᠭᠡᠭᠰᠢᠯᠡᠭᠦᠯᠵᠦ ᠪᠣᠯᠣᠨ᠎ᠠ᠃ ᠡᠶᠢᠮᠦ ᠠᠴᠠ᠂ ᠭᠠᠵᠠᠷ | ᠰᠢᠷᠣᠶ ᠶᠢ ᠡᠷᠴᠢᠮᠲᠡᠶ ᠠᠰᠢᠭᠯᠠᠬᠤ ᠶᠢ ᠶᠡᠬᠡᠪᠡᠷ ᠳᠥᠯᠭᠢᠨ ᠠᠬᠢᠭᠤᠯᠵᠤ᠂ ᠭᠠᠵᠠᠷ ᠰᠢᠷᠣᠶ ᠶᠢ ᠠᠰᠢᠭᠯᠠᠬᠤ ᠠᠷᠭ᠎ᠠ | ᠮᠠᠶ᠋ᠢᠭ ᠢ ᠦᠨᠳᠦᠰᠦᠨ ᠠᠴᠠ ᠨᠢ ᠬᠤᠪᠢᠷᠠᠭᠤᠯᠬᠤ ᠶᠠᠪᠤᠳᠠᠯ ᠢᠶᠠᠷ ᠠᠵᠤ ᠠᠬᠤᠶ ᠶᠢᠨ ᠬᠥᠭᠵᠢᠯᠲᠡ ᠶᠢᠨ ᠠᠷᠭ᠎ᠠ | ᠮᠠᠶ᠋ᠢᠭ ᠢ ᠬᠤᠪᠢᠷᠠᠭᠤᠯᠬᠤ ᠶᠢ ᠳᠥᠯᠭᠢᠨ ᠠᠬᠢᠭᠤᠯᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ | ᠠᠯᠤᠰ ᠬᠡᠳᠦ ᠶᠢᠨ ᠨᠥᠯᠥᠭᠡ ᠲᠠᠢ ᠶᠤᠮ᠃ | ﹇ᠬᠦᠲᠦᠯᠦᠭᠴᠢ﹈ ᠵᠣᠣ ᠳᠠᠷᠤᠭ᠎ᠠ ᠡ᠂ ᠮᠠᠨ ᠤ ᠣᠷᠣᠨ ᠤᠨ ᠭᠠᠵᠠᠷ ᠰᠢᠷᠣᠶ ᠶᠢ ᠠᠷᠪᠢᠲᠠᠶ ᠡᠷᠴᠢᠮᠯᠢᠭ | ᠠᠰᠢᠭᠯᠠᠬᠤ ᠲᠠᠯ᠎ᠠ ᠪᠠᠷ ᠶᠠᠮᠠᠷ ᠶᠠᠮᠠᠷ ᠠᠵᠢᠯ ᠢ ᠥᠷᠨᠢᠭᠦᠯᠵᠦ ᠪᠠᠶᠢᠭ᠎ᠠ ᠪᠤᠶ︖ | ﹇ᠵᠣᠣ ᠳ᠋ᠠ ᠶᠦᠩ﹈ ︵ᠨᠢᠭᠡ︶ ︽ᠬᠤᠶᠠᠷ ᠬᠠᠮᠤᠭ ᠠᠴᠠ ᠴᠢᠩᠭ᠎ᠠ︾ ᠭᠠᠵᠠᠷ ᠰᠢᠷᠣᠶ ᠶᠢᠨ | ᠬᠠᠮᠢᠶᠠᠷᠤᠯᠲᠠ ᠶᠢᠨ ᠳᠦᠷᠢᠮ ᠢ ᠴᠢᠩᠭᠠᠳᠬᠠᠬᠤ ᠬᠡᠷᠡᠭᠲᠡᠢ᠃ ᠬᠤᠶᠠᠷ ︽ᠬᠠᠮᠤᠭ ᠠᠴᠠ ᠴᠢᠩᠭ᠎ᠠ︾ | ᠬᠠᠮᠢᠶᠠᠷᠤᠯᠲᠠ ᠶᠢᠨ ᠳᠦᠷᠢᠮ ᠨᠢ ᠲᠤᠰ ᠲᠤᠰ ᠲᠠᠭᠠᠨ᠄ ᠲᠠᠷᠢᠶᠠᠨ ᠭᠠᠵᠠᠷ ᠢ ᠬᠠᠮᠤᠭ ᠠᠴᠠ ᠴᠢᠩᠭ᠎ᠠ ᠬᠠᠮᠠᠭᠠᠯᠠᠬᠤ | ᠳᠦᠷᠢᠮ ᠬᠢᠭᠡᠳ ᠭᠠᠵᠠᠷ ᠰᠢᠷᠣᠶ ᠶᠢ ᠬᠠᠮᠤᠭ ᠠᠴᠠ ᠴᠢᠩᠭ᠎ᠠ ᠠᠷᠪᠢᠯᠠᠬᠤ ᠳᠦᠷᠢᠮ ᠪᠣᠯᠣᠨ᠎ᠠ᠂ ᠮᠠᠨ ᠤ | ᠤᠯᠤᠰ ᠤᠨ ᠠᠵᠤ ᠠᠬᠤᠶ ᠨᠢ ᠬᠥᠭᠵᠢᠯᠲᠡ ᠶᠢᠨ ᠳᠤᠮᠳᠠ ᠡᠷᠬᠡᠪᠰᠢ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠶᠢ ᠲᠦᠷᠭᠡᠳᠬᠡᠬᠦ ᠴᠢᠬᠤᠯᠠ ᠴᠠᠭ ᠦᠶ᠎ᠡ ᠳᠤ ᠬᠦᠷᠴᠦ᠂ ᠪᠦᠳᠦᠭᠦᠯᠢᠭ ᠢᠶᠠᠷ | ᠥᠷᠭᠡᠵᠢᠭᠦᠯᠬᠦ᠂ ᠡᠬᠢ ᠪᠠᠶᠠᠯᠢᠭ ᠢ ᠪᠦᠷᠢᠯᠭᠡᠨ ᠰᠦᠢᠳᠬᠡᠬᠦ᠂ ᠣᠷᠴᠢᠨ ᠲᠣᠭᠤᠷᠢᠨ ᠢ ᠡᠪᠳᠡᠬᠦ ᠬᠠᠭᠤᠴᠢᠨ | ᠵᠠᠮ ᠢᠶᠠᠷ ᠶᠠᠪᠤᠵᠤ ᠪᠣᠯᠬᠤ ᠦᠭᠡᠶ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠭᠠᠵᠠᠷ | ᠰᠢᠷᠣᠶ ᠶᠢ ᠠᠷᠪᠢᠯᠠᠨ ᠭᠠᠮᠨᠠᠵᠤ ᠡᠷᠴᠢᠮᠵᠢᠭᠦᠯᠦᠨ ᠬᠡᠷᠡᠭᠯᠡᠬᠦ ᠨᠢ ᠠᠯᠢ ᠴᠤ ᠦᠶ᠎ᠡ ᠶᠢᠨ ᠬᠢ ᠠᠴᠠ ᠴᠥᠮ ᠨᠡᠩ | ᠴᠢᠬᠤᠯᠠ ᠪᠥᠭᠡᠳ ᠲᠤᠯᠭᠠᠮ᠎ᠠ ᠪᠣᠯᠣᠭᠠᠳ ᠪᠠᠶᠢᠨ᠎ᠠ᠃ ᠪᠢᠳᠡ ᠲᠠᠷᠢᠶᠠᠨ ᠭᠠᠵᠠᠷ ᠢ ᠬᠠᠮᠠᠭᠠᠯᠠᠬᠤ ᠶᠢ ᠭᠠᠵᠠᠷ | ᠰᠢᠷᠤᠢ ᠶᠢᠨ ᠬᠠᠮᠢᠶᠠᠷᠤᠯᠲᠠ ᠶᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠡᠷᠬᠡᠪᠰᠢ ᠲᠠᠷᠢᠶᠠᠨ ᠭᠠᠵᠠᠷ ᠢ | ᠬᠠᠮᠠᠭᠠᠯᠠᠬᠤ ᠶᠢ ᠲᠡᠷᠢᠭᠦᠨ ᠳᠤ ᠲᠠᠯᠪᠢᠵᠤ᠂ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠴᠢᠬᠤᠯᠠᠴᠢᠯᠠᠵᠤ᠂ | ᠨᠢᠭᠡᠳᠦᠯᠲᠡᠶ ᠲᠥᠯᠥᠪᠵᠢᠭᠦᠯᠬᠦ᠂ ᠬᠡᠷᠡᠭᠯᠡᠯᠲᠡ ᠶᠢ ᠵᠠᠬᠢᠷᠤᠨ ᠬᠠᠮᠢᠶᠠᠷᠬᠤ᠂ ᠭᠠᠵᠠᠷ ᠰᠢᠷᠤᠢ ᠶᠢ ᠠᠷᠪᠢᠯᠠᠨ ᠬᠡᠷᠡᠭᠯᠡᠬᠦ | ᠪᠠ ᠬᠠᠤᠯᠢ ᠪᠠᠷ ᠬᠢᠨᠠᠵᠤ ᠬᠠᠮᠢᠶᠠᠷᠬᠤ ᠶᠢ ᠪᠦᠬᠦ ᠲᠠᠯ᠎ᠠ ᠪᠠᠷ ᠴᠢᠩᠭᠠᠳᠬᠠᠨ᠂ ᠬᠠᠮᠲᠤ ᠶᠢᠨ ᠬᠠᠷᠢᠭᠤᠴᠠᠯᠭ᠎ᠠ᠂ ᠠᠵᠤ | ᠠᠬᠤᠶ ᠶᠢᠨ ᠤᠷᠮᠠᠰᠢᠭᠤᠯᠤᠯ ᠪᠣᠯᠤᠨ ᠨᠡᠶᠢᠭᠡᠮ ᠤᠨ ᠬᠢᠨᠠᠯᠲᠠ ᠲᠠᠯᠪᠢᠬᠤ ᠲᠣᠭᠲᠠᠴᠠ ᠶᠢ ᠲᠥᠷᠭᠡᠨ ᠪᠠᠶᠢᠭᠤᠯᠵᠤ᠂ | ᠲᠠᠷᠢᠶᠠᠨ ᠭᠠᠵᠠᠷ ᠤᠨ ᠪᠠᠲᠤᠯᠠᠭ᠎ᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠤᠨ ᠪᠣᠳᠠᠲᠠᠶ | ᠲᠠᠯᠠᠪᠠᠶ ᠶᠢ ᠦᠨᠳᠦᠰᠦᠨ ᠳᠡᠭᠡᠨ ᠲᠣᠭᠲᠠᠭᠤᠨ ᠪᠠᠶᠢᠯᠭᠠᠵᠤ᠂ ᠶᠠᠰᠤ ᠴᠢᠨᠠᠷ ᠢ ᠮᠠᠭᠤᠲᠠᠭᠤᠯᠬᠤ ᠦᠭᠡᠶ ᠪᠠᠶᠢᠬᠤ ᠶᠢ | ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠶᠢᠨ ᠪᠦᠬᠦᠯᠢ | ᠴᠣᠭᠴᠠ ᠪᠠᠷ ᠬᠠᠮᠢᠶᠠᠷᠤᠨ ᠡᠵᠡᠮᠳᠡᠬᠦ ᠦᠢᠯᠡᠳᠦᠯ ᠢ ᠪᠠᠳᠠᠷᠠᠭᠤᠯᠬᠤ ᠬᠡᠷᠡᠭᠲᠡᠶ᠃ 2014 ᠣᠨ ᠤ 6 ᠳ᠋ᠤᠭᠠᠷ | ᠰᠠᠷ᠎ᠠ ᠳᠤ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠤᠨ ︽ᠭᠠᠵᠠᠷ ᠰᠢᠷᠣᠶ ᠶᠢ ᠠᠷᠪᠢᠲᠠᠶ ᠡᠷᠴᠢᠮᠯᠢᠭ | ᠠᠰᠢᠭᠯᠠᠬᠤ ᠲᠣᠭᠲᠠᠭᠠᠯ︾ ︵ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠤᠨ ᠤ 61 ᠳ᠋ᠦ᠋ᠭᠡᠷ ᠲᠣᠭᠠᠲᠤ | ᠵᠠᠷᠯᠢᠭ︶ ᠢ ᠨᠡᠶᠢᠲᠡᠯᠡᠨ᠂ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠪᠠᠷ ᠳᠠᠮᠵᠢᠨ᠂ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ᠂ ᠪᠠᠶᠢᠷᠢᠰᠢᠭᠤᠯᠤᠯᠲᠠ᠂ ᠪᠦᠲᠦᠴᠡ ᠪᠣᠯᠤᠨ | ᠴᠠᠭ ᠤᠨ ᠳᠠᠷᠠᠭᠠᠯᠠᠯ ᠤᠨ ᠲᠣᠬᠢᠷᠠᠭᠤᠯᠤᠯᠲᠠ ᠢ ᠲᠣᠭᠲᠠᠭᠠᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠯ ᠢ ᠬᠡᠷᠡᠭᠵᠢᠭᠦᠯᠬᠦ ᠶᠢ ᠴᠢᠬᠤᠯᠠᠴᠢᠯᠠᠪᠠ᠃ ᠭᠠᠵᠠᠷ ᠰᠢᠷᠣᠶ ᠶᠢ | ᠠᠰᠢᠭᠯᠠᠬᠤ ᠶᠡᠷᠦᠩᠬᠡᠶ ᠲᠥᠯᠥᠪᠵᠢᠭᠦᠯᠭᠡ ᠨᠢ ᠡᠯ᠎ᠡ ᠣᠷᠣᠨ ᠪᠦᠰᠡ᠂ ᠡᠯ᠎ᠡ ᠠᠵᠢᠯ ᠲᠥᠷᠥᠯ ᠤᠨ | ᠬᠥᠭᠵᠢᠯᠲᠡ ᠳᠤ ᠬᠡᠷᠡᠭᠯᠡᠬᠦ ᠭᠠᠵᠠᠷ ᠰᠢᠷᠤᠢ ᠶᠢᠨ ᠬᠡᠪᠴᠢᠶ᠎ᠡ ᠪᠤᠯᠤᠨ ᠪᠠᠶᠢᠷᠢᠰᠢᠭᠤᠯᠤᠯᠲᠠ ᠳᠤ ᠨᠢᠭᠡᠳᠦᠯᠲᠡᠶ | ᠲᠥᠯᠥᠪᠵᠢᠭᠦᠯᠬᠦ ᠦᠢᠯᠡᠳᠦᠯ ᠲᠠᠢ ᠶᠤᠮ᠃ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠶᠢ | ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠠᠵᠤ ᠦᠢᠯᠡᠰ ᠤᠨ ᠬᠥᠭᠵᠢᠯᠲᠡ᠂ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠰᠠᠭᠤᠷᠢ ᠪᠡᠯᠡᠳᠬᠡᠮᠵᠢ ᠶᠢᠨ ᠪᠠᠶᠢᠷᠢᠰᠢᠭᠤᠯᠤᠯᠲᠠ᠂ ᠠᠮᠢ ᠠᠬᠤᠶ ᠶᠢᠨ | ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠵᠡᠷᠭᠡ ᠬᠤᠯᠪᠣᠭᠳᠠᠯ ᠪᠦᠬᠦᠢ ᠲᠥᠯᠥᠪᠵᠢᠭᠦᠯᠭᠡ ᠶᠢ ᠭᠠᠵᠠᠷ | ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠲᠠᠢ ᠠᠪᠴᠠᠯᠳᠤᠭᠤᠯᠬᠤ ᠶᠢ ᠴᠢᠩᠭᠠᠳᠬᠠᠨ᠂ ᠡᠯ᠎ᠡ | ᠲᠥᠷᠥᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠤᠢ ᠶᠢᠨ ᠬᠡᠪᠴᠢᠶ᠎ᠡ ᠪᠠ | ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ | ᠭᠠᠵᠠᠷ ᠰᠢᠷᠣᠶ ᠶᠢᠨ ᠡᠬᠢ ᠪᠠᠶᠠᠯᠢᠭ ᠢ ᠲᠥᠪᠯᠡᠷᠡᠭᠦᠯᠦᠨ ᠠᠰᠢᠭᠯᠠᠬᠤ ᠦᠢᠯᠡᠳᠦᠯ ᠢ ᠬᠠᠮᠤᠭ ᠤᠨ ᠶᠡᠭᠡ | ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠢ᠃ ᠬᠤᠯᠪᠣᠭᠳᠠᠯ ᠪᠦᠬᠦᠢ ᠲᠥᠯᠥᠪᠵᠢᠭᠦᠯᠭᠡ ᠨᠢ ᠭᠠᠵᠠᠷ ᠰᠢᠷᠣᠶ ᠶᠢ | ᠠᠰᠢᠭᠯᠠᠬᠤ ᠶᠡᠷᠦᠩᠬᠡᠶ ᠲᠥᠯᠥᠪᠵᠢᠭᠦᠯᠭᠡ ᠳᠤ ᠲᠣᠭᠲᠠᠭᠠᠭᠰᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠬᠡᠪᠴᠢᠶ᠎ᠡ ᠠᠴᠠ ᠬᠡᠲᠦᠷᠡᠭᠰᠡᠨ ᠪᠣᠯ᠂ ᠴᠠᠭ ᠲᠤᠬᠠᠶ ᠳᠤᠨᠢ ᠲᠣᠬᠢᠷᠠᠭᠤᠯᠬᠤ ᠪᠤᠶᠤ ᠵᠠᠰᠠᠪᠤᠷᠢ | ᠣᠷᠣᠭᠤᠯᠵᠤ ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠤᠢ ᠶᠢᠨ ᠬᠡᠷᠡᠭᠯᠡᠬᠦ ᠪᠠᠷᠢᠮᠵᠢᠶ᠎ᠠ ᠪᠠᠷ ᠬᠡᠷᠡᠭᠯᠡᠬᠦ | ᠭᠠᠵᠠᠷ ᠰᠢᠷᠤᠢ ᠶᠢᠨ ᠬᠡᠪᠴᠢᠶ᠎ᠡ ᠶᠢ ᠬᠢᠨᠠᠨ ᠬᠠᠰᠤᠵᠤ᠂ ᠬᠡᠷᠡᠭᠯᠡᠬᠦ ᠭᠠᠵᠠᠷ ᠤᠨ ᠪᠠᠶᠢᠷᠢᠰᠢᠭᠤᠯᠤᠯᠲᠠ ᠶᠢ | ᠲᠣᠬᠢᠷᠠᠭᠤᠯᠬᠤ ᠬᠡᠷᠡᠭᠲᠡᠢ᠃ ᠬᠤᠲᠠ ᠬᠥᠳᠡᠭᠡ ᠶᠢᠨ ᠭᠠᠵᠠᠷ ᠰᠢᠷᠣᠶ ᠶᠢ ᠠᠰᠢᠭᠯᠠᠬᠤ ᠳᠤ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠬᠦ ᠵᠠᠷᠴᠢᠮ ᠢ ᠪᠠᠷᠢᠮᠲᠠᠯᠠᠵᠤ᠂ ᠬᠥᠮᠦᠨ ᠠᠮᠠ ᠬᠤᠲᠠ ᠪᠠᠯᠭᠠᠰᠤ ᠤᠷᠤᠭᠤ ᠲᠥᠪᠯᠡᠷᠡᠬᠦ᠂ | ᠣᠷᠣᠨ ᠰᠠᠭᠤᠴᠠ ᠨᠡᠶᠢᠭᠡᠮ ᠲᠣᠭᠤᠷᠢᠭ ᠲᠡᠰᠢ ᠲᠥᠪᠯᠡᠷᠡᠬᠦ᠂ ᠠᠵᠤ ᠦᠢᠯᠡᠰ ᠬᠦᠷᠢᠶᠡᠯᠡᠩ ᠲᠣᠭᠤᠷᠢᠭ ᠵᠦᠭ | ᠲᠥᠪᠯᠡᠷᠡᠬᠦ ᠶᠢ ᠢᠳᠡᠪᠬᠢᠲᠡᠶ ᠳᠥᠯᠭᠢᠨ ᠠᠬᠢᠭᠤᠯᠵᠤ ᠂ ᠭᠠᠵᠠᠷ ᠰᠢᠷᠣᠶ ᠶᠢᠨ ᠡᠬᠢ ᠪᠠᠶᠠᠯᠢᠭ ᠢ ᠥᠨᠳᠥᠷ ᠦᠷ᠎ᠡ | ᠪᠦᠲᠦᠮᠵᠢᠲᠡᠶ ᠪᠠᠷ ᠲᠣᠬᠢᠷᠠᠭᠤᠯᠬᠤ ᠪᠠ ᠠᠷᠪᠢᠲᠠᠶ ᠡᠷᠴᠢᠮᠯᠢᠭ ᠠᠰᠢᠭᠯᠠᠬᠤ ᠶᠢ ᠪᠡᠶᠡᠯᠡᠭᠦᠯᠬᠦ ᠬᠡᠷᠡᠭᠲᠡᠢ᠃ | | ︵ᠭᠤᠷᠪᠠ︶ ᠭᠠᠵᠠᠷ ᠰᠢᠷᠣᠶ ᠶᠢᠨ ᠡᠬᠢ ᠪᠠᠶᠠᠯᠢᠭ ᠢ ᠲᠣᠬᠢᠷᠠᠭᠤᠯᠬᠤ ᠳᠤᠮᠳᠠᠬᠢ ᠵᠠᠬ᠎ᠠ ᠳᠡᠯᠭᠡᠭᠦᠷ ᠤᠨ | ᠰᠢᠢᠳᠪᠦᠷᠢᠯᠡᠭᠴᠢ ᠴᠢᠨᠠᠷᠲᠠᠶ ᠦᠢᠯᠡᠳᠦᠯ ᠢ ᠪᠠᠳᠠᠷᠠᠭᠤᠯᠬᠤ ᠬᠡᠷᠡᠭᠲᠡᠶ᠃ ᠦᠨ᠎ᠡ ᠬᠠᠩᠰᠢ ᠶᠢᠨ ᠬᠥᠰᠢᠭᠦᠷᠭᠡ ᠶᠢ | ᠢᠳᠡᠪᠬᠢᠲᠡᠶ ᠬᠡᠷᠡᠭᠯᠡᠵᠦ᠂ ᠭᠠᠵᠠᠷ ᠰᠢᠷᠣᠶ ᠶᠢᠨ ᠡᠬᠢ ᠪᠠᠶᠠᠯᠢᠭ ᠤᠨ ᠬᠤᠪᠤᠷ ᠴᠤᠬᠠᠭ ᠬᠡᠮᠵᠢᠶ᠎ᠡ ᠶᠢ ᠲᠤᠰᠬᠠᠭᠰᠠᠨ | ᠦᠨ᠎ᠡ ᠬᠠᠩᠰᠢ ᠶᠢᠨ ᠪᠦᠷᠢᠯᠳᠦᠯ ᠤᠨ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠭᠠᠵᠠᠷ | ᠰᠢᠷᠣᠶ ᠶᠢ ᠠᠷᠪᠢᠲᠠᠢ ᠡᠷᠴᠢᠮᠯᠢᠭ ᠠᠰᠢᠭᠯᠠᠬᠤ ᠶᠢ ᠠᠬᠢᠭᠤᠯᠬᠤ ᠬᠡᠷᠡᠭᠲᠡᠢ᠃ ᠭᠠᠵᠠᠷ ᠰᠢᠷᠣᠶ ᠬᠡᠷᠡᠭᠯᠡᠭᠴᠢ | ᠲᠥᠯᠥᠪᠵᠢᠭᠦᠯᠭᠡ ᠳᠤ ᠨᠡᠶᠢᠴᠡᠬᠦ ᠤᠷᠢᠲᠠᠯ ᠳᠣᠣᠷ᠎ᠠ᠂ ᠦᠢᠯᠡᠳᠪᠦᠷᠢ ᠶᠢᠨ ᠭᠡᠷ ᠪᠠᠶᠢᠰᠢᠩ ᠳᠡᠭᠡᠷ᠎ᠡ ᠳᠠᠪᠬᠤᠷᠭ᠎ᠠ | ᠨᠡᠮᠡᠬᠦ᠂ ᠦᠢᠯᠡᠳᠪᠦᠷᠢ ᠶᠢᠨ ᠲᠣᠭᠤᠷᠢᠭ ᠢ ᠥᠭᠡᠷᠡᠴᠢᠯᠡᠬᠦ᠂ ᠳᠣᠲᠣᠭᠠᠳᠤ ᠳᠤ ᠬᠡᠷᠡᠭᠯᠡᠬᠦ ᠭᠠᠵᠠᠷ ᠢ ᠡᠮᠬᠢᠯᠡᠨ | ᠴᠡᠭᠴᠡᠯᠡᠬᠦ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠭᠠᠵᠠᠷ ᠰᠢᠷᠣᠶ ᠶᠢᠨ ᠠᠰᠢᠭᠯᠠᠯᠲᠠ ᠶᠢᠨ ᠨᠣᠷᠮ᠎ᠠ ᠶᠢ | ᠳᠡᠭᠡᠭᠰᠢᠯᠡᠭᠦᠯᠬᠦ ᠬᠡᠷᠡᠭᠲᠡᠶ᠃ ᠲᠥᠯᠥᠪᠵᠢᠭᠦᠯᠭᠡ ᠳᠤ ᠨᠡᠶᠢᠴᠡᠵᠦ᠂ ᠬᠡᠷᠡᠭᠯᠡᠯᠲᠡ ᠶᠢ ᠬᠤᠪᠢᠷᠠᠭᠤᠯᠬᠤ ᠦᠭᠡᠶ | ᠤᠷᠢᠲᠠᠯ ᠳᠣᠣᠷ᠎ᠠ᠂ ᠣᠳᠣ ᠪᠠᠶᠢᠭ᠎ᠠ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠲᠤ ᠠᠰᠢᠭᠯᠠᠯᠲᠠ ᠶᠢᠨ | ᠨᠣᠷᠮ᠎ᠠ ᠶᠢ ᠳᠡᠭᠡᠭᠰᠢᠯᠡᠭᠦᠯᠬᠦ ᠪᠠ ᠡᠵᠡᠯᠡᠭᠦᠨ ᠤ ᠨᠣᠷᠮ᠎ᠠ ᠶᠢ ᠨᠡᠮᠡᠭᠳᠡᠭᠦᠯᠵᠦ᠂ ᠭᠠᠵᠠᠷ ᠰᠢᠷᠣᠶ ᠶᠢ ᠠᠷᠪᠢᠲᠠᠢ | ᠡᠷᠴᠢᠮᠯᠢᠭ ᠬᠡᠷᠡᠭᠯᠡᠬᠦ ᠱᠠᠭᠠᠷᠳᠠᠯᠭ᠎ᠠ ᠳᠤ ᠨᠡᠶᠢᠴᠡᠭᠰᠡᠨ᠂ ᠤᠯᠤᠰ ᠠᠴᠠ ᠵᠣᠷᠢᠭᠵᠢᠭᠤᠯᠤᠭᠰᠠᠨ ᠠᠵᠤ ᠦᠢᠯᠡᠰ ᠤᠨ | ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠰᠢᠷᠤᠢ ᠳᠤ ᠬᠠᠷᠢᠶᠠᠯᠠᠭᠳᠠᠬᠤ ᠪᠥᠭᠡᠳ ᠢᠯᠭᠠᠭ᠎ᠠ ᠲᠠᠢ ᠭᠠᠵᠠᠷ ᠤᠨ | ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠣᠯᠤᠨ᠎ᠠ᠃ ᠠᠵᠤ ᠠᠬᠤᠶᠢᠯᠠᠯ ᠤᠨ ᠭᠠᠵᠠᠷ | ᠰᠢᠷᠤᠢ ᠬᠡᠷᠡᠭᠯᠡᠬᠦ ᠭᠠᠷᠭᠠᠯᠲᠠ ᠶᠢᠨ ᠳᠠᠯᠳᠠ ᠬᠥᠴᠦᠨ ᠢ ᠭᠦᠢᠴᠡᠳ ᠠᠭᠤᠳᠠᠯᠵᠤ᠂ ᠠᠵᠤ ᠠᠬᠤᠶᠢᠯᠠᠯ ᠢ | ᠵᠣᠷᠢᠭᠵᠢᠭᠤᠯᠤᠨ ᠬᠡᠷᠡᠭᠯᠡᠬᠦ ᠭᠠᠵᠠᠷ ᠲᠠᠯᠠᠪᠠᠶ ᠶᠢ ᠨᠡᠮᠡᠭᠳᠡᠭᠦᠯᠬᠦ ᠦᠭᠡᠶ ᠪᠠᠶᠢᠬᠤ ᠤᠷᠢᠲᠠᠯ ᠳᠣᠣᠷ᠎ᠠ ᠪᠡᠯᠡ | ᠮᠥᠩᠭᠦ ᠶᠢ ᠨᠡᠮᠡᠭᠳᠡᠭᠦᠯᠦᠨ ᠰᠲ᠋ᠣᠺ ᠢ ᠥᠷᠭᠡᠵᠢᠭᠦᠯᠬᠦ ᠬᠡᠷᠡᠭᠲᠡᠢ᠃ | ︵ᠳᠥᠷᠪᠡ︶ ᠠᠮᠢᠳᠤᠯᠢᠭ ᠨᠥᠬᠡᠴᠡ ᠶᠢᠨ ᠭᠠᠵᠠᠷ ᠰᠢᠷᠣᠶ ᠶᠢ ᠳᠠᠬᠢᠨ ᠠᠰᠢᠭᠯᠠᠬᠤ ᠶᠢ ᠦᠷᠭᠦᠯᠵᠢᠯᠡᠨ | ᠳᠥᠯᠭᠢᠨ ᠠᠬᠢᠭᠤᠯᠬᠤ ᠬᠡᠷᠡᠭᠲᠡᠢ᠃ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠪᠣᠯᠣᠨ ᠭᠠᠵᠠᠷ | ᠰᠢᠷᠣᠶ ᠶᠢ ᠴᠡᠭᠴᠡᠯᠡᠨ ᠵᠠᠰᠠᠬᠤ ᠲᠥᠯᠥᠪᠵᠢᠭᠦᠯᠭᠡ ᠶᠢᠨ ᠶᠣᠰᠤᠭᠠᠷ᠂ ᠲᠠᠷᠢᠶ᠎ᠠ᠂ ᠤᠰᠤ᠂ ᠵᠠᠮ᠂ ᠣᠶ᠂ | ᠲᠤᠰᠬᠤᠨ ᠢ ᠪᠦᠬᠦ ᠲᠠᠯ᠎ᠠ ᠪᠠᠷ ᠵᠠᠰᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠰᠠᠭᠤᠭᠠᠯᠢ ᠠᠷᠠᠳ ᠤᠨ | ᠬᠠᠶᠠᠭᠳᠠᠮᠠᠯ ᠣᠷᠣᠨ ᠰᠠᠭᠤᠴᠠ ᠶᠢᠨ ᠭᠠᠵᠠᠷ ᠪᠣᠯᠣᠨ ᠦᠢᠯᠡᠳᠪᠦᠷᠢ ᠠᠭᠤᠷᠬᠠᠶ ᠵᠡᠷᠭᠡ ᠬᠠᠶᠠᠭᠳᠠᠮᠠᠯ ᠭᠠᠵᠠᠷ ᠢ | ᠳᠠᠬᠢᠨ ᠬᠠᠭᠠᠯᠪᠤᠷᠢᠯᠠᠵᠤ ᠠᠰᠢᠭᠯᠠᠨ᠂ ᠤᠰᠤᠨ ᠠᠰᠢᠭᠯᠠᠯᠲᠠ ᠶᠢᠨ ᠪᠠᠷᠢᠯᠭ᠎ᠠ ᠳᠤ ᠬᠡᠷᠡᠭᠯᠡᠬᠦ ᠭᠠᠵᠠᠷ ᠢ ᠴᠢᠨᠠᠷᠲᠠᠢ | ᠭᠠᠮᠨᠠᠨ ᠬᠡᠷᠡᠭᠯᠡᠬᠦ ᠪᠠ ᠳᠠᠯᠳᠠ ᠬᠦᠴᠦᠨ ᠢ ᠨᠢ ᠠᠭᠤᠳᠠᠯᠬᠤ ᠬᠡᠷᠡᠭᠲᠡᠢ᠃ ᠬᠤᠲᠠ ᠪᠠᠯᠭᠠᠰᠤ ᠶᠢᠨ ᠳᠣᠣᠷ᠎ᠠ ᠦᠷ᠎ᠡ | ᠪᠦᠲᠦᠮᠵᠢᠲᠠᠢ ᠬᠡᠷᠡᠭᠯᠡᠭᠰᠡᠨ ᠭᠠᠵᠠᠷ ᠢ ᠳᠠᠬᠢᠨ ᠨᠡᠭᠡᠭᠡᠨ ᠬᠥᠭᠵᠢᠭᠦᠯᠬᠦ᠂ ᠬᠠᠶᠠᠭᠳᠠᠮᠠᠯ ᠭᠠᠵᠠᠷ ᠢ ᠳᠠᠬᠢᠨ | ᠠᠰᠢᠭᠯᠠᠬᠤ ᠶᠢ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠪᠠᠶᠢᠭᠤᠯᠤᠨ᠂ ᠪᠠᠶᠢᠷᠢᠰᠢᠭᠤᠯᠤᠯᠲᠠ ᠨᠢ | ᠲᠠᠷᠠᠬᠠᠢ ᠪᠤᠲᠠᠷᠬᠠᠢ᠂ ᠠᠰᠢᠭᠯᠠᠯᠲᠠ ᠨᠢ ᠪᠦᠳᠦᠭᠦᠯᠢᠭ᠂ ᠬᠡᠷᠡᠭᠯᠡᠯᠲᠡ ᠨᠢ ᠵᠣᠬᠢᠰ ᠦᠭᠡᠶ᠂ ᠰᠤᠯᠠ ᠲᠠᠯᠪᠢᠵᠤ | ᠪᠦᠷᠢᠯᠭᠡᠨ ᠰᠦᠢᠳᠬᠡᠬᠦ ᠵᠡᠷᠭᠡ ᠳᠣᠣᠷ᠎ᠠ ᠦᠷ᠎ᠡ ᠪᠦᠲᠦᠮᠵᠢᠲᠠᠢ ᠬᠡᠷᠡᠭᠯᠡᠭᠰᠡᠨ ᠭᠠᠵᠠᠷ ᠢ ᠳᠠᠬᠢᠵᠤ ᠨᠡᠭᠡᠭᠡᠨ | ᠬᠥᠭᠵᠢᠭᠦᠯᠵᠦ᠂ ᠠᠭᠤᠷᠬᠠᠶ ᠮᠠᠯᠲᠠᠭᠰᠠᠨ ᠠᠴᠠ ᠪᠣᠯᠵᠤ ᠡᠪᠳᠡᠵᠦ ᠰᠦᠢᠳᠬᠡᠭᠰᠡᠨ᠂ ᠰᠠᠭᠤᠭᠠᠯᠢ ᠠᠷᠠᠳ ᠤᠨ | ᠣᠷᠣᠨ ᠰᠠᠭᠤᠴᠠ ᠶᠢ ᠨᠡᠭᠦᠯᠭᠡᠭᠰᠡᠨ᠂ ᠠᠵᠤ ᠦᠢᠯᠡᠰ ᠤᠨ ᠲᠣᠬᠢᠷᠠᠭᠤᠯᠤᠯᠲᠠ ᠪᠠᠷ ᠪᠤᠶ ᠪᠣᠯᠤᠭᠰᠠᠨ ᠬᠠᠶᠠᠭᠳᠠᠮᠠᠯ | ᠭᠠᠵᠠᠷ ᠢ ᠳᠠᠬᠢᠨ ᠬᠠᠭᠠᠯᠪᠤᠷᠢᠯᠠᠵᠤ ᠠᠰᠢᠭᠯᠠᠬᠤ ᠶᠢ ᠬᠡᠷᠡᠭᠵᠢᠭᠦᠯᠵᠦ᠂ ᠭᠠᠵᠠᠷ ᠰᠢᠷᠣᠶ ᠶᠢ ᠰᠢᠯᠢᠳᠡᠭᠵᠢᠭᠦᠯᠦᠨ | ᠠᠰᠢᠭᠯᠠᠬᠤ ᠶᠢ ᠠᠬᠢᠭᠤᠯᠬᠤ ᠬᠡᠷᠡᠭᠲᠡᠢ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠭᠠᠵᠠᠷ ᠬᠡᠷᠡᠭᠯᠡᠬᠦ | ᠵᠢᠷᠤᠭ ᠲᠥᠯᠥᠪᠯᠡᠭᠡ ᠶᠢ ᠰᠢᠯᠢᠳᠡᠭᠵᠢᠭᠦᠯᠬᠦ᠂ ᠳᠠᠪᠬᠤᠷᠭ᠎ᠠ ᠬᠤᠪᠢᠶᠠᠨ ᠪᠠᠶᠢᠷᠢᠰᠢᠭᠤᠯᠬᠤ᠂ ᠭᠠᠵᠠᠷ ᠳᠡᠭᠡᠷᠡᠬᠢ᠂ | ᠭᠠᠵᠠᠷ ᠳᠣᠣᠷᠠᠬᠢ ᠣᠷᠣᠨ ᠵᠠᠶ ᠶᠢ ᠭᠦᠢᠴᠡᠳ ᠠᠰᠢᠭᠯᠠᠬᠤ ᠶᠢ ᠵᠣᠷᠢᠭᠵᠢᠭᠤᠯᠬᠤ ᠬᠡᠷᠡᠭᠲᠡᠢ᠃ | ︵ᠲᠠᠪᠤ︶ ᠭᠠᠵᠠᠷ ᠰᠢᠷᠤᠢ ᠶᠢ ᠠᠷᠪᠢᠲᠠᠢ ᠡᠷᠴᠢᠮᠯᠢᠭ ᠬᠡᠷᠡᠭᠯᠡᠬᠦ ᠲᠣᠬᠠᠢ ᠶᠠᠷᠢᠶ᠎ᠠ ᠬᠡᠯᠡᠯᠴᠡᠭᠡᠨ ᠤ | ᠤᠬᠠᠭᠤᠯᠭ᠎ᠠ ᠶᠢᠨ ᠬᠥᠲᠥᠯᠥᠨ ᠵᠢᠯᠣᠭᠤᠳᠬᠤ ᠦᠢᠯᠡᠳᠦᠯ ᠢ ᠴᠢᠩᠭᠠᠳᠬᠠᠬᠤ ᠬᠡᠷᠡᠭᠲᠡᠢ᠃ ᠨᠢᠭᠡ ᠳᠤ ᠭᠠᠵᠠᠷ | ᠰᠢᠷᠣᠶ ᠶᠢᠨ ᠡᠬᠢ ᠪᠠᠶᠠᠯᠢᠭ ᠤᠨ ᠤᠯᠤᠰ ᠤᠨ ᠪᠠᠶᠢᠳᠠᠯ ᠣᠷᠣᠨ ᠤ ᠪᠠᠶᠢᠳᠠᠯ᠂ ᠭᠠᠵᠠᠷ ᠰᠢᠷᠣᠶ ᠶᠢ ᠨᠠᠨᠳᠢᠩᠨᠠᠨ | ᠵᠦᠶ ᠵᠣᠬᠢᠰᠲᠠᠶ ᠠᠰᠢᠭᠯᠠᠬᠤ ᠦᠨᠳᠦᠰᠦᠨ ᠲᠥᠷᠥ ᠶᠢᠨ ᠪᠣᠳᠣᠯᠭ᠎ᠠ ᠪᠣᠯᠣᠨ ᠭᠠᠵᠠᠷ ᠰᠢᠷᠣᠶ ᠶᠢᠨ | ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠦᠷᠥ ᠶᠢᠨ ᠪᠤᠳᠣᠯᠭ᠎ᠠ ᠶᠢ ᠶᠡᠬᠡᠪᠡᠷ ᠤᠬᠠᠭᠤᠯᠵᠤ | ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠭᠠᠵᠠᠷ ᠰᠢᠷᠤᠢ ᠶᠢ ᠠᠷᠪᠢᠲᠠᠢ ᠡᠷᠴᠢᠮᠯᠢᠭ ᠬᠡᠷᠡᠭᠯᠡᠬᠦ ᠶᠢᠨ ᠲᠠᠯ᠎ᠠ ᠪᠠᠷ | ᠬᠢ ᠠᠩᠬᠠᠷᠤᠯ ᠬᠢᠭᠡᠳ ᠵᠥᠪᠰᠢᠶᠡᠷᠡᠯ ᠢ ᠳᠠᠶᠢᠴᠢᠯᠠᠵᠤ᠂ ᠭᠠᠵᠠᠷ ᠰᠢᠷᠣᠶ ᠶᠢ ᠠᠷᠪᠢᠲᠠᠢ ᠡᠷᠴᠢᠮᠯᠢᠭ ᠬᠡᠷᠡᠭᠯᠡᠬᠦ ᠶᠢ | ᠨᠡᠶᠢᠭᠡᠮ ᠤᠨ ᠬᠠᠮᠲᠤ ᠶᠢᠨ ᠲᠠᠨᠢᠯᠲᠠ ᠪᠣᠯᠭᠠᠨ᠂ ᠭᠠᠵᠠᠷ ᠰᠢᠷᠣᠶ ᠶᠢ ᠠᠷᠪᠢᠲᠠᠢ ᠡᠷᠴᠢᠮᠯᠢᠭ | ᠬᠡᠷᠡᠭᠯᠡᠬᠦ ᠳᠤ ᠨᠡᠶᠢᠭᠡᠮ ᠤᠨ ᠰᠠᠶᠢᠨ ᠰᠠᠶᠢᠬᠠᠨ ᠣᠷᠴᠢᠨ ᠠᠬᠤᠢ ᠶᠢ ᠪᠤᠶ ᠪᠣᠯᠭᠠᠬᠤ ᠬᠡᠷᠡᠭᠲᠡᠶ᠃ ᠬᠤᠶᠠᠷ ᠲᠤ | ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠥᠷᠭᠡᠨ ᠢᠶᠠᠷ ᠳᠠᠶᠢᠴᠢᠯᠠᠵᠤ ᠭᠠᠵᠠᠷ ᠰᠢᠷᠤᠢ ᠶᠢ ᠠᠷᠪᠢᠲᠠᠢ ᠡᠷᠴᠢᠮᠯᠢᠭ | ᠬᠡᠷᠡᠭᠯᠡᠬᠦ ᠠᠵᠢᠯᠯᠠᠭ᠎ᠠ ᠳᠤ ᠢᠳᠡᠪᠬᠢᠲᠠᠢ ᠣᠷᠣᠯᠴᠠᠭᠤᠯᠵᠤ᠂ ︽ᠰᠢᠨ᠎ᠡ ᠬᠡᠪ ᠪᠠᠶᠢᠳᠠᠯ︾ ᠳᠣᠣᠷᠠᠬᠢ | ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠨ᠎ᠡ ᠬᠡᠪᠰᠢᠯ ᠢ ᠲᠥᠷᠭᠡᠨ | ᠪᠠᠶᠢᠭᠤᠯᠤᠨ ᠲᠡᠭᠦᠯᠳᠡᠷᠵᠢᠭᠦᠯᠵᠦ᠂ ᠭᠠᠵᠠᠷ ᠰᠢᠷᠣᠶ ᠶᠢ ᠠᠷᠪᠢᠲᠠᠢ ᠡᠷᠴᠢᠮᠯᠢᠭ ᠬᠡᠷᠡᠭᠯᠡᠬᠦ ᠳᠤ ᠪᠠᠲᠤ ᠴᠢᠩᠭ᠎ᠠ | ᠪᠠᠶᠢᠭᠤᠯᠤᠯ ᠤᠨ ᠲᠣᠭᠲᠠᠴᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠭᠤᠷᠪᠠ ᠳᠤ ᠭᠠᠵᠠᠷ ᠰᠢᠷᠣᠶ ᠶᠢ ᠨᠡᠭᠡᠭᠡᠨ | ᠠᠰᠢᠭᠯᠠᠬᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠤᠯᠭᠠᠵᠤ᠂ ᠵᠥᠪᠰᠢᠶᠡᠷᠡᠭᠰᠡᠨ ᠪᠠᠶᠢᠲᠠᠯ᠎ᠠ | ᠦᠯᠦ ᠬᠠᠩᠭᠠᠭᠰᠠᠨ᠂ ᠬᠠᠩᠭᠠᠭᠰᠠᠨ ᠪᠠᠶᠢᠲᠠᠯ᠎ᠠ ᠦᠯᠦ ᠬᠡᠷᠡᠭᠯᠡᠭᠰᠡᠨ᠂ ᠭᠠᠵᠠᠷ ᠢ ᠳᠣᠣᠷ᠎ᠠ ᠦᠷ᠎ᠡ ᠪᠦᠲᠦᠮᠵᠢᠲᠡᠢ | ᠪᠠᠷ ᠬᠡᠷᠡᠭᠯᠡᠭᠰᠡᠨ᠂ ᠰᠤᠯᠠ ᠲᠠᠯᠪᠢᠵᠤ ᠬᠠᠶᠠᠭᠰᠠᠨ᠂ ᠭᠡᠷ᠎ᠡ ᠭᠦᠢᠴᠡᠳᠬᠡᠭᠰᠡᠨ ᠵᠡᠷᠭᠡ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠨᠡᠶᠢᠲᠡᠯᠡᠵᠦ᠂ ᠭᠠᠵᠠᠷ ᠰᠢᠷᠣᠶ ᠶᠢ ᠠᠷᠪᠢᠲᠠᠢ ᠡᠷᠴᠢᠮᠯᠢᠭ ᠬᠡᠷᠡᠭᠯᠡᠬᠦ ᠳᠤ ᠬᠦᠴᠦᠨ | ᠲᠡᠭᠦᠯᠳᠡᠷ ᠬᠢᠨᠠᠯᠲᠠ ᠲᠠᠯᠪᠢᠬᠤ ᠰᠢᠰᠲ᠋ᠧᠮᠵᠢ ᠪᠠᠶᠢᠭᠤᠯᠬᠤ ᠬᠡᠷᠡᠭᠲᠡᠢ᠃ | ﹇ᠬᠦᠲᠦᠯᠦᠭᠴᠢ﹈ ᠵᠣᠣ ᠳᠠᠷᠤᠭ᠎ᠠ ᠡ᠂ ᠭᠠᠵᠠᠷ ᠰᠢᠷᠤᠢ ᠶᠢ ᠠᠷᠪᠢᠲᠠᠶ ᠡᠷᠴᠢᠮᠯᠢᠭ ᠬᠡᠷᠡᠭᠯᠡᠬᠦ ᠠᠵᠢᠯ ᠤᠨ | ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠨᠢ ᠶᠠᠭᠤ ᠪᠤᠶ︖ | ﹇ᠵᠣᠣ ᠳ᠋ᠠ ᠶᠦᠩ﹈ ︵ᠨᠢᠭᠡ︶ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠤᠭᠤᠯᠬᠤ ᠪᠠᠷ | ᠳᠠᠮᠵᠢᠨ᠂ ᠭᠠᠵᠠᠷ ᠰᠢᠷᠣᠶ ᠶᠢ ᠠᠷᠪᠢᠲᠠᠢ ᠡᠷᠴᠢᠮᠯᠢᠭ ᠬᠡᠷᠡᠭᠯᠡᠬᠦ ᠦᠵᠡᠯᠲᠡ ᠶᠢᠨ ᠵᠢᠯᠣᠭᠤᠳᠤᠮᠵᠢ ᠶᠢᠨ ᠦᠢᠯᠡᠳᠦᠯ ᠢ | ᠴᠢᠩᠭᠠᠳᠬᠠᠬᠤ ᠬᠡᠷᠡᠭᠲᠡᠢ᠃ ᠭᠠᠵᠠᠷ ᠰᠢᠷᠣᠶ ᠶᠢ ᠠᠷᠪᠢᠲᠠᠢ ᠡᠷᠴᠢᠮᠯᠢᠭ ᠬᠡᠷᠡᠭᠯᠡᠬᠦ ᠬᠠᠮᠤᠭ ᠠᠴᠠ ᠴᠢᠩᠭ᠎ᠠ | ᠳᠦᠷᠢᠮ ᠢ ᠨᠠᠶᠢᠳᠠᠪᠤᠷᠢᠵᠢᠭᠤᠯᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ︽ᠭᠠᠵᠠᠷ ᠰᠢᠷᠣᠶ ᠶᠢ | ᠠᠷᠪᠢᠲᠠᠢ ᠡᠷᠴᠢᠮᠯᠢᠭ ᠠᠰᠢᠭᠯᠠᠬᠤ ᠶᠢ ᠠᠬᠢᠭᠤᠯᠬᠤ ᠲᠤᠬᠠᠶ ᠮᠡᠳᠡᠭᠳᠡᠯ︾ ︵ᠲᠥᠷᠥ ᠲᠠᠷᠬᠠᠭᠠᠭᠰᠠᠨ ﹇2008﹈ | 3 ᠳ᠋ᠤᠭᠠᠷ ᠲᠣᠭᠠᠳᠣ︶ ᠪᠠᠭᠤᠯᠭᠠᠵᠤ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠤᠨ ︽ᠭᠠᠵᠠᠷ | ᠰᠢᠷᠣᠶ ᠶᠢ ᠠᠷᠪᠢᠲᠠᠶ ᠡᠷᠴᠢᠮᠯᠢᠭ ᠠᠰᠢᠭᠯᠠᠬᠤ ᠲᠣᠭᠲᠠᠭᠠᠯ︾ ︵ᠤᠯᠤᠰ ᠤᠨ ᠭᠠᠵᠠᠷ ᠰᠢᠷᠤᠢ ᠡᠬᠢ | ᠪᠠᠶᠠᠯᠢᠭ ᠤᠨ ᠶᠠᠮᠤᠨ ᠤ 61 ᠳ᠋ᠦ᠋ᠭᠡᠷ ᠲᠣᠭᠠᠲᠤ ᠵᠠᠷᠯᠢᠭ︶᠂ ︽ᠭᠠᠵᠠᠷ ᠰᠢᠷᠣᠶ ᠶᠢ ᠠᠷᠪᠢᠲᠠᠢ ᠡᠷᠴᠢᠮᠯᠢᠭ | ᠬᠡᠷᠡᠭᠯᠡᠬᠦ ᠶᠢ ᠳᠥᠯᠭᠢᠨ ᠠᠬᠢᠭᠤᠯᠬᠤ ᠲᠤᠬᠠᠶ ᠵᠢᠯᠣᠭᠤᠳᠬᠤ ᠰᠠᠨᠠᠯ︾ ︵ᠤᠯᠤᠰ ᠤᠨ ᠭᠠᠵᠠᠷ ᠰᠢᠷᠤᠢ ᠡᠬᠢ | ᠪᠠᠶᠠᠯᠢᠭ ᠲᠠᠷᠬᠠᠭᠠᠭᠰᠠᠨ ︵2014︶ 119 ᠳ᠋ᠦ᠋ᠭᠡᠷ ᠲᠣᠭᠠᠲᠤ︶ ᠢ ᠨᠡᠶᠢᠲᠡᠯᠡᠵᠦ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ︽ ᠭᠠᠵᠠᠷ ᠰᠢᠷᠣᠶ ᠶᠢ ᠠᠷᠪᠢᠲᠠᠢ ᠡᠷᠴᠢᠮᠯᠢᠭ ᠬᠡᠷᠡᠭᠯᠡᠬᠦ ᠶᠢ ᠶᠡᠭᠡ ᠪᠠᠷ | ᠠᠬᠢᠭᠤᠯᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2012﹈ 90 | ᠳ᠋ᠦ᠋ᠭᠡᠷ ᠲᠤᠭᠠᠳᠤ︶ ᠪᠢᠴᠢᠭ ᠮᠠᠲ᠋ᠧᠷᠢᠶᠠᠯ ᠢ ᠪᠠᠭᠤᠯᠭᠠᠪᠠ᠂ ᠡᠳᠡᠭᠡᠷ ᠠᠯᠢ ᠣᠯᠠᠨ ᠮᠠᠲ᠋ᠧᠷᠢᠶᠠᠯ ᠪᠣᠯᠣᠨ ᠲᠥᠷᠥ ᠶᠢᠨ | ᠪᠣᠳᠣᠯᠭ᠎ᠠ ᠶᠢ ᠨᠡᠶᠢᠲᠡᠯᠡᠭᠰᠡᠨ ᠨᠢ᠂ ᠭᠠᠵᠠᠷ ᠰᠢᠷᠣᠶ ᠶᠢ ᠠᠷᠪᠢᠲᠠᠢ ᠡᠷᠴᠢᠮᠯᠢᠭ ᠬᠡᠷᠡᠭᠯᠡᠬᠦ ᠴᠢᠬᠤᠯᠠ ᠴᠢᠨᠠᠷ ᠢ ᠤᠯᠠᠮ | ᠨᠢᠭᠡ ᠠᠯᠬᠤᠮ ᠲᠤᠲᠤᠷᠬᠠᠶᠢᠯᠠᠵᠤ᠂ ᠭᠠᠵᠠᠷ ᠰᠢᠷᠤᠢ ᠶᠢ ᠠᠷᠪᠢᠲᠠᠢ ᠡᠷᠴᠢᠮᠯᠢᠭ ᠬᠡᠷᠡᠭᠯᠡᠬᠦ ᠴᠢᠬᠤᠯᠠ ᠴᠢᠨᠠᠷ ᠢ | ᠦᠬᠦᠯᠡᠵᠦ᠂ ᠭᠠᠵᠠᠷ ᠰᠢᠷᠣᠶ ᠶᠢ ᠠᠰᠢᠭᠯᠠᠬᠤ ᠵᠠᠩᠭᠢᠯᠠᠭ᠎ᠠ ᠪᠠᠷ ᠳᠠᠮᠵᠢᠨ ᠨᠡᠶᠢᠭᠡᠮ ᠤᠨ ᠡᠯ᠎ᠡ ᠠᠵᠢᠯ ᠲᠥᠷᠥᠯ ᠤᠨ | ᠬᠢᠨ ᠭᠠᠵᠠᠷ ᠰᠢᠷᠣᠶ ᠶᠢ ᠠᠷᠪᠢᠲᠠᠢ ᠡᠷᠴᠢᠮᠯᠢᠭ ᠬᠡᠷᠡᠭᠯᠡᠬᠦ ᠦᠵᠡᠯ ᠤᠬᠠᠮᠰᠠᠷ ᠢ ᠪᠣᠢ ᠪᠣᠯᠭᠠᠬᠤ ᠶᠢ ᠠᠯᠬᠤᠮ | ᠠᠯᠬᠤᠮ ᠢᠶᠠᠷ ᠵᠢᠯᠣᠭᠤᠳᠪᠠ᠃ | ︵ᠬᠤᠶᠠᠷ︶ ᠳᠦᠷᠢᠮ ᠤᠨ ᠪᠠᠲᠤᠯᠠᠭ᠎ᠠ ᠪᠠᠷ ᠳᠠᠮᠵᠢᠨ᠂ ᠭᠠᠵᠠᠷ ᠰᠢᠷᠤᠢ ᠶᠢ ᠠᠷᠪᠢᠲᠠᠢ ᠡᠷᠴᠢᠮᠯᠢᠭ | ᠬᠡᠷᠡᠭᠯᠡᠬᠦ ᠠᠷᠭ᠎ᠠ ᠵᠠᠮ ᠢ ᠰᠢᠯᠤᠭᠤᠳᠬᠠᠬᠤ ᠬᠡᠷᠡᠭᠲᠡᠢ᠃ ᠭᠠᠵᠠᠷ ᠰᠢᠷᠤᠢ ᠶᠢ ᠠᠷᠪᠢᠲᠠᠢ ᠡᠷᠴᠢᠮᠯᠢᠭ ᠬᠡᠷᠡᠭᠯᠡᠬᠦ | ᠬᠡᠷᠡᠭᠵᠢᠭᠦᠯᠦᠯᠲᠡ ᠶᠢ ᠪᠦᠲᠦᠮᠵᠢᠲᠠᠢ ᠲᠥᠯᠬᠢᠨ ᠠᠬᠢᠭᠤᠯᠬᠤ ᠶᠢᠨ ᠲᠥᠯᠥᠭᠡ᠂ ᠤᠯᠤᠰ ᠤᠨ ᠭᠠᠵᠠᠷ ᠰᠢᠷᠤᠢ ᠡᠬᠢ | ᠪᠠᠶᠠᠯᠢᠭ ᠤᠨ ᠶᠠᠮᠤᠨ ᠠᠴᠠ ︽ᠭᠠᠵᠠᠷ ᠰᠢᠷᠣᠶ ᠬᠡᠷᠡᠭᠯᠡᠬᠦ ᠪᠠᠷᠢᠮᠵᠢᠶ᠎ᠠ︾ ᠶᠢ ᠨᠡᠶᠢᠲᠡᠯᠡᠵᠦ᠂ ᠵᠠᠮ ᠬᠠᠷᠢᠯᠴᠠᠭ᠎ᠠ᠂ | ᠴᠠᠬᠢᠯᠭᠠᠨ ᠬᠦᠴᠦ᠂ ᠡᠨᠧᠷᠭᠢ ᠶᠢᠨ ᠰᠤᠷᠪᠤᠯᠵᠢ᠂ ᠠᠵᠤ ᠦᠢᠯᠡᠳᠪᠦᠷᠢ ᠶᠢᠨ ᠲᠥᠷᠥᠯ ᠵᠦᠢᠯ᠂ ᠣᠯᠠᠨ | ᠨᠡᠶᠢᠲᠡ ᠶᠢᠨ ᠪᠡᠯᠡᠳᠬᠡᠮᠵᠢ᠂ ᠣᠨᠴᠠᠭᠠᠶ ᠲᠥᠷᠥᠯ ᠵᠦᠢᠯ ᠳᠤ ᠭᠠᠵᠠᠷ ᠰᠢᠷᠤᠢ ᠬᠡᠷᠡᠭᠯᠡᠬᠦ ᠪᠠᠷᠢᠮᠵᠢᠶ᠎ᠠ ᠶᠢ | ᠬᠤᠯᠪᠤᠭᠳᠠᠭᠤᠯᠵᠤ᠂ ᠡᠯ᠎ᠡ ᠲᠥᠷᠥᠯ ᠤᠨ ᠭᠠᠵᠠᠷ ᠬᠡᠷᠡᠭᠯᠡᠬᠦ ᠠᠵᠤ ᠠᠬᠤᠶᠢᠯᠠᠯ ᠤᠨ ᠭᠠᠵᠠᠷ ᠰᠢᠷᠣᠶ ᠶᠢ ᠠᠷᠪᠢᠲᠠᠢ | ᠡᠷᠴᠢᠮᠯᠢᠭ ᠬᠡᠷᠡᠭᠯᠡᠬᠦ ᠶᠢ ᠵᠦᠢ ᠵᠣᠬᠢᠰᠲᠠᠢ ᠪᠠᠷ ᠬᠦᠲᠦᠯᠦᠨ ᠵᠢᠯᠣᠭᠤᠳᠪᠠ︔ ︽ᠠᠵᠤ ᠦᠢᠯᠡᠳᠪᠦᠷᠢ ᠶᠢᠨ | ᠭᠠᠵᠠᠷ ᠬᠡᠷᠡᠭᠯᠡᠬᠦ ᠲᠥᠷᠥᠯ ᠵᠦᠢᠯ ᠢ ᠬᠢᠵᠠᠭᠠᠷᠯᠠᠬᠤ ᠭᠦᠢᠴᠡᠳᠬᠡᠬᠦ ᠲᠤᠭ᠎ᠠ︾ ᠨᠢ᠂ ᠪᠦᠲᠦᠭᠡᠨ | ᠪᠠᠶᠢᠭᠤᠯᠤᠯᠲᠠ ᠳᠤ ᠭᠠᠵᠠᠷ ᠬᠡᠷᠡᠭᠯᠡᠬᠦ ᠡᠵᠡᠯᠡᠭᠦᠨ ᠤ ᠨᠣᠷᠮ᠎ᠠ᠂ ᠪᠠᠷᠢᠯᠭ᠎ᠠ ᠶᠢᠨ ᠢᠯᠡᠳᠬᠡᠮᠵᠢ᠂ ᠠᠵᠤ | ᠦᠢᠯᠡᠳᠪᠦᠷᠢ ᠶᠢᠨ ᠭᠠᠵᠠᠷ ᠬᠡᠷᠡᠭᠯᠡᠬᠦ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠷᠴᠢᠮ᠂ ᠠᠵᠤ | ᠦᠢᠯᠡᠳᠪᠦᠷᠢ ᠶᠢᠨ ᠭᠠᠵᠠᠷ ᠬᠡᠷᠡᠭᠯᠡᠬᠦ ᠭᠠᠷᠭᠠᠯᠲᠠ ᠶᠢᠨ ᠬᠦᠴᠦᠯᠡᠴᠡ ᠵᠡᠷᠭᠡ ᠲᠠᠯ᠎ᠠ ᠪᠠᠷ ᠲᠤᠰ ᠲᠤᠰ ᠬᠠᠮᠤᠭ ᠤᠨ | ᠳᠣᠣᠷ᠎ᠠ ᠪᠠᠷᠢᠮᠵᠢᠶ᠎ᠠ ᠲᠣᠭᠲᠠᠭᠠᠵᠤ᠂ ᠭᠠᠵᠠᠷ ᠰᠢᠷᠣᠶ ᠶᠢ ᠪᠦᠳᠦᠭᠦᠯᠢᠭ ᠢᠶᠠᠷ ᠠᠰᠢᠭᠯᠠᠬᠤ ᠶᠢ ᠰᠡᠷᠭᠡᠶᠢᠯᠡᠪᠡ︔ | ᠥᠪᠡᠷᠲᠡᠭᠡᠨ ᠵᠠᠰᠠᠬᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ | ᠣᠷᠣᠨ ᠤ ᠣᠷᠣᠨ ᠰᠠᠭᠤᠴᠠ ᠶᠢᠨ ᠰᠠᠭᠤᠷᠢ ᠶᠢᠨ ᠬᠠᠮᠢᠶᠠᠷᠤᠯᠲᠠ ᠶᠢᠨ ᠠᠷᠭ᠎ᠠ︾ ᠬᠢᠭᠡᠳ ︽ᠤᠯᠤᠰ ᠤᠨ ᠭᠠᠵᠠᠷ | ᠰᠢᠷᠤᠢ ᠡᠬᠢ ᠪᠠᠶᠠᠯᠢᠭ ᠢ ᠠᠷᠪᠢᠲᠠᠶ ᠡᠷᠴᠢᠮᠯᠢᠭ ᠬᠡᠷᠡᠭᠯᠡᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ | ᠵᠢᠯᠣᠭᠤᠳᠬᠤ ᠰᠠᠨᠠᠯ︾ ᠢ ᠶᠠᠭ ᠲᠤᠭᠤᠷᠪᠢᠵᠤ ᠪᠤᠢ᠂ ᠡᠳᠡᠭᠡᠷ ᠭᠠᠵᠠᠷ ᠰᠢᠷᠣᠶ ᠶᠢ ᠠᠷᠪᠢᠲᠠᠢ ᠡᠷᠴᠢᠮᠯᠢᠭ | ᠬᠡᠷᠡᠭᠯᠡᠬᠦ ᠶᠢᠨ ᠬᠤᠯᠪᠣᠭᠳᠠᠯ ᠪᠦᠬᠦᠢ ᠳᠦᠷᠢᠮ ᠤᠨ ᠪᠠᠶᠢᠭᠤᠯᠤᠯᠲᠠ ᠪᠣᠯᠣᠨ ᠪᠠᠷᠢᠮᠵᠢᠶ᠎ᠠ ᠲᠣᠭᠲᠠᠭᠠᠯ ᠨᠢ ᠴᠥᠮ | ᠪᠦᠬᠦ ᠣᠷᠣᠨ ᠭᠠᠵᠠᠷ ᠰᠢᠷᠣᠶ ᠶᠢ ᠠᠰᠢᠭᠯᠠᠬᠤ ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ ᠪᠦᠬᠦ ᠲᠠᠯ᠎ᠠ ᠪᠠᠷ | ᠳᠥᠯᠭᠢᠨ ᠠᠬᠢᠭᠤᠯᠬᠤ ᠳᠤ ᠳᠦᠷᠢᠮ ᠤᠨ ᠠᠷᠭ᠎ᠠ ᠵᠠᠮ ᠢ ᠰᠢᠯᠤᠭᠤᠳᠬᠠᠵᠤ ᠥᠭᠬᠦ ᠪᠣᠯᠣᠨ᠎ᠠ᠃ | ︵ᠭᠤᠷᠪᠠ︶ ᠲᠤᠰᠬᠠᠶ ᠠᠵᠢᠯ ᠢ ᠳᠥᠯᠭᠢᠨ ᠠᠬᠢᠭᠤᠯᠬᠤ ᠪᠠᠷ ᠳᠠᠮᠵᠢᠨ᠂ ᠭᠠᠵᠠᠷ ᠰᠢᠷᠣᠶ ᠶᠢ | ᠠᠷᠪᠢᠲᠠᠢ ᠡᠷᠴᠢᠮᠯᠢᠭ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠵᠢᠱᠢᠶᠡᠯᠡᠪᠡᠯ᠄ ᠥᠨᠳᠥᠷ | ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠡᠷᠴᠢᠮ ᠢ ᠨᠡᠮᠡᠭᠳᠡᠭᠦᠯᠵᠦ᠂ ᠴᠢᠨᠠᠷ | ᠰᠠᠶᠢᠲᠠᠶ ᠲᠠᠷᠢᠶᠠᠨ ᠭᠠᠵᠠᠷ ᠤᠨ ᠬᠠᠷᠢᠴᠠᠯ ᠢ ᠢᠳᠡᠭ ᠢᠳᠡᠭ ᠢᠶᠠᠷ ᠳᠡᠭᠡᠭᠰᠢᠯᠡᠭᠦᠯᠦᠨ᠎ᠡ︔ ᠭᠠᠵᠠᠷ ᠰᠢᠷᠤᠢ ᠶᠢ | ᠠᠷᠪᠢᠲᠠᠶ ᠡᠷᠴᠢᠮᠯᠢᠭ ᠠᠰᠢᠭᠯᠠᠭᠰᠠᠨ ᠵᠢᠱᠢᠶᠡᠴᠢ ᠰᠢᠶᠠᠨ ︵ᠬᠤᠲᠠ︶ ᠢ ᠡᠭᠦᠳᠦᠨ ᠪᠠᠶᠢᠭᠤᠯᠬᠤ ᠠᠵᠢᠯ ᠢ | ᠦᠷᠨᠢᠭᠦᠯᠵᠦ᠂ ᠠᠷᠪᠢᠲᠠᠶ ᠡᠷᠴᠢᠮᠯᠢᠭ ᠠᠰᠢᠭᠯᠠᠭᠰᠠᠨ ᠵᠢᠱᠢᠶᠡᠴᠢ ᠭᠠᠵᠠᠷ ᠣᠷᠣᠨ ᠤ ᠵᠢᠱᠢᠶ᠎ᠡ ᠦᠵᠡᠭᠦᠯᠬᠦ | ᠦᠢᠯᠡᠳᠦᠯ ᠢ ᠪᠠᠳᠠᠷᠠᠭᠤᠯᠤᠨ᠎ᠠ︔ ᠨᠢᠭᠡᠴᠡ ᠶᠢᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠭᠡᠢ | ᠥᠷᠲᠡᠭ ᠤᠨ ᠪᠦᠲᠦᠭᠡᠨ ᠪᠠᠶᠢᠭᠤᠯᠤᠯᠲᠠ ᠳᠤ ᠭᠠᠵᠠᠷ ᠬᠡᠷᠡᠭᠯᠡᠬᠦ ᠭᠦᠢᠴᠡᠳᠬᠡᠬᠦ ᠲᠣᠭᠠᠨ ᠤ ᠪᠠᠭᠤᠷᠠᠯᠲᠠ ᠶᠢ | ᠬᠢᠨᠠᠨ ᠰᠢᠯᠭᠠᠬᠤ ᠶᠢ ᠴᠢᠩᠭᠠᠳᠬᠠᠵᠤ᠂ ᠭᠠᠵᠠᠷ ᠰᠢᠷᠣᠶ ᠶᠢ ᠠᠷᠪᠢᠲᠠᠢ ᠡᠷᠴᠢᠮᠯᠢᠭ ᠠᠰᠢᠭᠯᠠᠬᠤ ᠬᠢᠷᠢ ᠲᠥᠪᠰᠢᠨ ᠢ | ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ︔ ᠬᠤᠲᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ | ᠰᠢᠷᠣᠶ ᠶᠢ ᠠᠷᠪᠢᠲᠠᠢ ᠡᠷᠴᠢᠮᠯᠢᠭ ᠬᠡᠷᠡᠭᠯᠡᠭᠰᠡᠨ ᠢ ᠦᠨᠡᠯᠡᠬᠦ ᠠᠵᠢᠯ ᠢ ᠲᠥᠯᠬᠢᠨ ᠠᠬᠢᠭᠤᠯᠵᠤ᠂ ᠠᠷᠪᠢᠲᠠᠢ | ᠡᠷᠴᠢᠮᠯᠢᠭ ᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ︔ ᠬᠤᠲᠠ ᠶᠢᠨ | ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠵᠦᠶ ᠵᠣᠬᠢᠰᠲᠠᠶ ᠲᠣᠭᠲᠠᠭᠠᠵᠤ᠂ ᠪᠦᠲᠦᠭᠡᠨ ᠪᠠᠶᠢᠭᠤᠯᠤᠯᠲᠠ ᠳᠤ | ᠭᠠᠵᠠᠷ ᠬᠡᠷᠡᠭᠯᠡᠬᠦ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ︔ ᠨᠡᠭᠡᠭᠡᠯᠲᠡ ᠶᠢᠨ ᠣᠷᠣᠨ ᠤ ᠭᠠᠵᠠᠷ ᠰᠢᠷᠣᠶ ᠶᠢ | ᠠᠷᠪᠢᠲᠠᠢ ᠡᠷᠴᠢᠮᠯᠢᠭ ᠠᠰᠢᠭᠯᠠᠭᠰᠠᠨ ᠢ ᠦᠨᠡᠯᠡᠬᠦ ᠠᠵᠢᠯ ᠢ ᠳᠥᠯᠭᠢᠨ ᠠᠬᠢᠭᠤᠯᠵᠤ᠂ ᠨᠡᠭᠡᠭᠡᠯᠲᠡ ᠶᠢᠨ ᠣᠷᠣᠨ ᠤ | ᠭᠠᠵᠠᠷ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠎ᠠ︔ ᠰᠠᠭᠤᠭᠠᠯᠢ ᠠᠷᠠᠳ ᠤᠨ ᠬᠠᠶᠠᠭᠳᠠᠮᠠᠯ ᠣᠷᠣᠨ | ᠰᠠᠭᠤᠴᠠ ᠶᠢᠨ ᠭᠠᠵᠠᠷ ᠪᠣᠯᠣᠨ ᠦᠢᠯᠡᠳᠪᠦᠷᠢ ᠠᠭᠤᠷᠬᠠᠶ ᠶᠢᠨ ᠬᠠᠶᠠᠭᠳᠠᠮᠠᠯ ᠭᠠᠵᠠᠷ ᠢ ᠳᠠᠬᠢᠨ ᠬᠠᠭᠠᠯᠪᠤᠷᠢᠯᠠᠬᠤ ᠶᠢ | ᠥᠷᠨᠢᠭᠦᠯᠵᠦ᠂ ᠳᠣᠣᠷ᠎ᠠ ᠦᠷ᠎ᠡ ᠪᠦᠲᠦᠮᠵᠢᠲᠠᠢ ᠪᠠᠷ ᠬᠡᠷᠡᠭᠯᠡᠭᠰᠡᠨ ᠭᠠᠵᠠᠷ ᠢ ᠳᠠᠬᠢᠨ ᠠᠰᠢᠭᠯᠠᠬᠤ ᠶᠢ ᠲᠦᠯᠬᠢᠨ | ᠠᠬᠢᠭᠤᠯᠤᠨ᠎ᠠ᠃ | ︵ᠳᠥᠷᠪᠡ︶ ᠭᠠᠵᠠᠷ ᠰᠢᠷᠣᠶ ᠶᠢ ᠠᠰᠢᠭᠯᠠᠬᠤ ᠶᠢ ᠬᠥᠳᠡᠯᠦᠩᠭᠦᠶ ᠪᠠᠶᠢᠳᠠᠯ ᠢ ᠲᠣᠭᠤᠷᠢᠨ ᠪᠠᠶᠢᠴᠠᠭᠠᠬᠤ | ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠᠷ ᠳᠠᠮᠵᠢᠨ᠂ ᠭᠠᠵᠠᠷ ᠰᠢᠷᠤᠢ ᠶᠢ ᠠᠷᠪᠢᠲᠠᠢ ᠡᠷᠴᠢᠮᠯᠢᠭ | ᠬᠡᠷᠡᠭᠯᠡᠬᠦ ᠲᠥᠷᠥ ᠶᠢᠨ ᠪᠣᠳᠣᠯᠭ᠎ᠠ ᠪᠤᠳᠠᠳᠠᠢ ᠳᠤ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠣᠳᠣᠬᠠᠨ ᠳᠤ᠂ ᠪᠦᠬᠦ ᠣᠷᠣᠨ ᠳᠤ ᠭᠠᠵᠠᠷ ᠰᠢᠷᠣᠶ ᠶᠢᠨ ᠠᠰᠢᠭᠯᠠᠯᠲᠠ ᠶᠢᠨ ᠬᠥᠳᠡᠯᠦᠩᠭᠦᠶ ᠪᠠᠶᠢᠳᠠᠯ ᠢ | ᠲᠣᠭᠤᠷᠢᠨ ᠪᠠᠶᠢᠴᠠᠭᠠᠬᠤ ᠪᠠ ᠭᠠᠵᠠᠷ ᠰᠢᠷᠣᠶ ᠶᠢᠨ ᠬᠠᠤᠯᠢ ᠬᠡᠷᠡᠭᠵᠢᠭᠦᠯᠦᠯᠲᠡ ᠶᠢᠨ ᠬᠥᠳᠡᠯᠦᠩᠭᠦᠶ ᠪᠠᠶᠢᠳᠠᠯ ᠢ | ᠲᠣᠭᠤᠷᠢᠨ ᠪᠠᠶᠢᠴᠠᠭᠠᠬᠤ ᠰᠢᠰᠲ᠋ᠧᠮᠵᠢ ᠶᠢ ᠪᠠᠶᠢᠭᠤᠯᠵᠤ᠂ ᠠᠶᠢᠮᠠᠭ ᠬᠤᠲᠠ᠂ ᠬᠤᠰᠢᠭᠤ ᠰᠢᠶᠠᠨ ᠤ | ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠭᠠᠵᠠᠷ | ᠰᠢᠷᠣᠶ ᠶᠢ ᠠᠰᠢᠭᠯᠠᠬᠤ ᠬᠦᠳᠡᠯᠦᠩᠭᠦᠢ ᠪᠠᠶᠢᠳᠠᠯ ᠢ ᠲᠣᠭᠤᠷᠢᠨ ᠪᠠᠶᠢᠴᠠᠭᠠᠬᠤ ᠠᠵᠢᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠡᠭᠦᠷᠭᠡᠯᠡᠵᠦ᠂ ᠦᠨᠳᠦᠰᠦᠨ ᠱᠠᠲᠤᠨ ᠤ ᠤᠯᠤᠰ ᠤᠨ ᠭᠠᠵᠠᠷ ᠰᠢᠷᠤᠢ ᠶᠢᠨ ᠭᠠᠵᠠᠷ ᠡᠰᠡᠬᠦᠯ᠎ᠡ | ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠪᠣᠯ ᠲᠤᠬᠠᠶ ᠶᠢᠨ ᠭᠠᠵᠠᠷ ᠲᠤᠨᠢ ᠬᠢᠨᠠᠨ | ᠪᠠᠶᠢᠴᠠᠭᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠭᠠᠵᠠᠷ ᠰᠢᠷᠣᠶ ᠬᠡᠷᠡᠭᠯᠡᠬᠦ ᠶᠢ ᠬᠢᠨᠠᠨ | ᠵᠥᠪᠰᠢᠶᠡᠷᠡᠬᠦ᠂ ᠬᠠᠩᠭᠠᠬᠤ᠂ ᠬᠡᠷᠡᠭᠯᠡᠬᠦ ᠪᠦᠬᠦ ᠶᠠᠪᠤᠴᠠ ᠳᠤ ᠬᠢᠨᠠᠯᠲᠠ ᠬᠠᠮᠢᠶᠠᠷᠤᠯᠲᠠ ᠬᠢᠵᠦ᠂ ᠲᠥᠷᠥ ᠶᠢᠨ | ᠪᠣᠳᠣᠯᠭ᠎ᠠ ᠶᠢᠨ ᠲᠣᠭᠲᠠᠭᠠᠯ ᠢᠶᠠᠷ ᠦᠨᠳᠦᠰᠦᠯᠡᠯ ᠪᠣᠯᠭᠠᠨ᠂ ᠬᠠᠤᠯᠢ ᠬᠡᠷᠡᠭᠵᠢᠭᠦᠯᠵᠦ ᠬᠢᠨᠠᠨ ᠪᠠᠶᠢᠴᠠᠭᠠᠬᠤ | ᠡᠷᠴᠢᠮ ᠢ ᠴᠢᠩᠭᠠᠷᠠᠭᠤᠯᠬᠤ ᠪᠠᠷ ᠲᠦᠰᠢᠭ ᠪᠣᠯᠭᠠᠵᠤ᠂ ᠭᠠᠵᠠᠷ ᠰᠢᠷᠣᠶ ᠶᠢ ᠪᠦᠳᠦᠭᠦᠯᠢᠭ ᠪᠦᠭᠡᠳ ᠳᠣᠣᠷ᠎ᠠ | ᠦᠷ᠎ᠡ ᠪᠦᠲᠦᠮᠵᠢᠲᠠᠢ ᠪᠠᠷ ᠠᠰᠢᠭᠯᠠᠬᠤ ᠢᠯᠠᠩᠭᠤᠶ᠎ᠠ ᠵᠥᠪᠰᠢᠶᠡᠷᠡᠭᠰᠡᠨ ᠪᠠᠶᠢᠬᠤ ᠳᠤ ᠦᠯᠦ ᠬᠠᠩᠭᠠᠭᠰᠠᠨ ᠪᠠ | ᠭᠠᠵᠠᠷ ᠰᠢᠷᠤᠢ ᠶᠢ ᠰᠤᠯᠠ ᠲᠠᠯᠪᠢᠭᠰᠠᠨ ᠪᠠᠶᠢᠳᠠᠯ ᠳᠤ ᠬᠡᠪ ᠤᠨ ᠰᠢᠮᠳᠠᠭᠤᠯᠤᠨ ᠪᠠᠶᠢᠴᠠᠭᠠᠯᠲᠠ ᠬᠢᠵᠦ᠂ ᠭᠠᠵᠠᠷ | ᠰᠢᠷᠣᠶ ᠶᠢᠨ ᠬᠠᠩᠭᠠᠯᠭ᠎ᠠ ᠶᠢᠨ ᠶᠡᠷᠦᠩᠬᠡᠶ ᠬᠡᠮᠵᠢᠶ᠎ᠡ ᠂ ᠪᠠᠶᠢᠷᠢᠰᠢᠭᠤᠯᠤᠯᠲᠠ᠂ ᠪᠦᠲᠦᠴᠡ᠂ ᠦᠨ᠎ᠡ ᠬᠠᠩᠰᠢ | ᠪᠣᠯᠣᠨ ᠨᠡᠭᠡᠭᠡᠨ ᠠᠰᠢᠭᠯᠠᠬᠤ ᠪᠠᠶᠢᠳᠠᠯ ᠳᠤ ᠪᠦᠬᠦ ᠲᠠᠯ᠎ᠠ ᠶᠢᠨ᠂ ᠬᠥᠳᠡᠯᠦᠩᠭᠦᠶ᠂ ᠥᠷᠭᠦᠯᠵᠢᠯᠡᠭᠰᠡᠨ ᠬᠢᠨᠠᠨ | ᠬᠠᠮᠢᠶᠠᠷᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠭᠠᠵᠠᠷ ᠰᠢᠷᠣᠶ ᠶᠢ ᠠᠷᠪᠢᠲᠠᠢ ᠡᠷᠴᠢᠮᠯᠢᠭ ᠬᠡᠷᠡᠭᠯᠡᠬᠦ | ᠲᠥᠷᠥ ᠶᠢᠨ ᠪᠣᠳᠣᠯᠭ᠎ᠠ ᠪᠤᠳᠠᠳᠠᠢ ᠳᠤ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠶᠢ ᠲᠤᠲᠤᠷᠬᠠᠶᠢᠯᠠᠪᠠ᠃ | | ﹇ᠬᠥᠲᠥᠯᠥᠭᠴᠢ﹈ ᠵᠠ ᠰᠠᠶᠢᠨ ᠪᠣᠯᠣᠯ᠎ᠠ᠃ ᠵᠣᠣ ᠳᠠᠷᠤᠭ᠎ᠠ ᠶᠢᠨ ᠬᠠᠯᠠᠰᠢᠷᠠᠯ ᠦᠭᠡᠢ ᠪᠠᠷ | ᠲᠠᠶᠢᠯᠪᠤᠷᠢᠯᠠᠭᠰᠠᠨ ᠳᠤ ᠲᠠᠯᠠᠷᠬᠠᠵᠤ ᠪᠠᠶᠢᠨ᠎ᠠ᠂ ᠮᠦᠨᠴᠦ ᠰᠦᠯᠵᠢᠶᠡᠨ ᠤ ᠠᠨᠳᠠ ᠨᠡᠷ ᠤᠨ ᠢᠳᠡᠪᠬᠢᠲᠡᠶ | ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ | ᠵᠠᠪᠰᠠᠷᠯᠠᠶ᠎ᠠ ᠂ ᠳᠠᠷᠠᠭᠠᠴᠢ ᠶᠢᠨ ᠫᠷᠦᠭᠷᠠᠮ ᠳᠤ ᠪᠠᠶᠠᠷᠲᠠᠶ ᠵᠣᠯᠭᠠᠶ᠎ᠠ︕ | | | | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠯᠧᠺᠲᠷᠤᠨ | ᠵᠠᠰᠠᠭ ᠤᠨ ᠶᠠᠪᠤᠳᠠᠯ ᠤᠨ ᠭᠠᠵᠠᠷ ᠤᠨ ᠳᠠᠷᠤᠭ᠎ᠠ ᠡᠾᠧ ᠪᠢᠶᠤᠤ ᠡᠷᠬᠢᠮ ᠵᠣᠴᠢᠨ ᠳᠤ ᠪᠠᠷ᠎ᠠ ᠪᠣᠯᠵᠤ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢ ᠲᠤᠭᠤᠷᠢᠨ ᠦᠵᠡᠵᠦ ᠪᠠᠶᠢᠭ᠎ᠠ ᠨᠢ | | | | ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ ᠤᠨ ᠳᠡᠳ᠋ | ᠲᠣᠭᠤᠷᠢᠨ ᠪᠠᠶᠢᠴᠠᠭᠠᠭᠴᠢ ᠵᠣᠣ ᠳ᠋ᠠ ᠶᠦᠩ ︽ᠳᠤᠮᠳᠠᠳᠤ ᠤᠯᠤᠰ ᠥᠪᠥᠷ ᠮᠤᠩᠭᠤᠯ︾ ᠰᠦᠯᠵᠢᠶ᠎ᠡ ᠳᠤ | ᠰᠠᠭᠠᠲᠠᠵᠤ ᠪᠠᠶᠢᠭ᠎ᠠ ᠨᠢ |