2015 ᠣᠨ ᠤ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠨ  ᠪᠠᠶᠢᠭᠤᠯᠤᠯᠲᠠ ᠶᠢᠨ ᠲᠦᠷᠦᠯ ᠵᠦᠢᠯ ᠢ ᠭᠤᠶᠤᠴᠢᠯᠠᠬᠤ ᠬᠠᠮᠢᠶᠠᠷᠬᠤ ᠠᠵᠢᠯ ᠢ ᠲᠠᠶᠢᠯᠪᠤᠷᠢᠯᠠᠬᠤ ᠨᠢ
ᠨᠡᠶᠢᠲᠡᠯᠡᠭᠰᠡᠨ ᠴᠠᠭ᠄
2015/7/29
     
                   ᠰᠤᠷᠪᠤᠯᠵᠢᠯᠠᠨ ᠶᠠᠷᠢᠯᠴᠠᠭᠰᠠᠨ ᠴᠠᠭ᠄            2015 ᠤᠨ ᠤ 7 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨᠡᠬᠢ 10 ᠴᠠᠭ            ᠰᠤᠷᠪᠤᠯᠵᠢᠯᠠᠨ ᠶᠠᠷᠢᠯᠴᠠᠭᠰᠠᠨ ᠵᠣᠴᠢᠨ᠄            ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ  ᠳᠡᠳ᠋ ᠳᠠᠷᠤᠭ᠎ᠠ    ᠵᠢᠶᠠ ᠶᠤᠸᠠᠢ ᠹᠸᠡᠭ            ᠰᠤᠷᠪᠤᠯᠵᠢᠯᠠᠨ ᠶᠠᠷᠢᠯᠴᠠᠭᠰᠠᠨ ᠲᠣᠪᠴᠢ᠄            ᠣᠶᠢᠷ᠎ᠠ ᠶᠢᠨ ᠵᠢᠯ ᠤᠳ ᠲᠤ᠂ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠪᠦᠲᠦᠭᠡᠨ  ᠪᠠᠶᠢᠭᠤᠯᠤᠯᠲᠠ ᠶᠢᠨ ᠲᠦᠷᠦᠯ ᠵᠦᠢᠯ ᠵᠢᠯ ᠳᠠᠷᠠᠭᠠᠯᠠᠨ ᠨᠡᠮᠡᠭᠳᠡᠵᠦ ᠪᠠᠶᠢᠭ᠎ᠠ ᠪᠤᠯᠪᠠᠴᠤ ᠮᠠᠨ ᠤ ᠣᠷᠣᠨ ᠤ ᠥᠷᠭᠡᠨ  ᠤᠯᠠᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠪᠡᠶᠡᠴᠢ ᠴᠣᠭᠴᠠ ᠪᠤᠯᠤᠨ ᠬᠤᠯᠪᠣᠭᠳᠠᠯ ᠪᠦᠬᠦᠢ  ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ  ᠪᠡᠯᠡ ᠣᠷᠣᠭᠤᠯᠤᠯᠲᠠ ᠶᠢᠨ ᠴᠢᠭᠯᠡᠯ᠂ ᠭᠤᠶᠤᠴᠢᠯᠠᠬᠤ ᠴᠤᠪᠤᠷᠠᠯ᠂ ᠭᠤᠶᠤᠴᠢᠯᠠᠬᠤ ᠨᠥᠬᠦᠴᠡᠯ ᠬᠢᠭᠡᠳ ᠲᠦᠷᠦᠯ  ᠵᠦᠢᠯ ᠤᠨ ᠬᠠᠮᠢᠶᠠᠷᠤᠯᠲᠠ ᠶᠢ ᠳᠡᠮᠡᠶ ᠣᠶᠢᠯᠠᠭᠠᠬᠤ ᠦᠭᠡᠶ ᠪᠠᠶᠢᠨ᠎ᠠ᠂ ᠡᠶᠢᠮᠦ ᠠᠴᠠ ᠲᠥᠷᠥ ᠶᠢᠨ ᠪᠣᠳᠣᠯᠭ᠎ᠠ ᠶᠢᠨ  ᠬᠤᠯᠪᠣᠭᠳᠠᠯ ᠪᠦᠬᠦᠢ ᠪᠠᠶᠢᠳᠠᠯ ᠢ ᠨᠠᠷᠢᠨ ᠤᠶᠢᠯᠠᠭᠠᠭᠤᠯᠬᠤ ᠶᠢᠨ ᠲᠤᠰᠠᠳᠠ᠂ ᠣᠶᠢᠷ᠎ᠠ ᠳᠤ ᠪᠢᠳᠡ ᠥᠪᠡᠷᠲᠡᠭᠡᠨ  ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠵᠢᠶᠠ ᠶᠤᠸᠠᠢ ᠹᠸᠡᠭ ᠢ  ︽ᠳᠤᠮᠳᠠᠳᠤ ᠤᠯᠤᠰ ᠥᠪᠥᠷ ᠮᠣᠩᠭᠤᠯ︾ ᠰᠦᠯᠵᠢᠶᠡᠨ ᠳᠤ ᠤᠷᠢᠵᠤ ᠥᠷᠭᠡᠨ ᠣᠯᠠᠨ ᠰᠦᠯᠵᠢᠶᠡᠨ ᠠᠨᠳᠠ ᠨᠡᠷ ᠲᠤ  ᠨᠠᠷᠢᠨ ᠲᠣᠳᠣᠷᠬᠠᠶ ᠲᠠᠶᠢᠯᠪᠤᠷᠢᠯᠠᠯᠲᠠ ᠬᠢᠯᠬᠡᠬᠦ ᠪᠤᠯᠤᠨ᠎ᠠ᠃ ᠲᠤᠬᠠᠢ ᠶᠢᠨ ᠴᠠᠭ ᠲᠤ᠂ ᠥᠷᠭᠡᠨ ᠣᠯᠠᠨ ᠰᠦᠯᠵᠢᠶᠡᠨ  ᠠᠨᠳᠠ ᠨᠡᠷ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕             ﹇ᠬᠦᠲᠦᠯᠦᠭᠴᠢ﹈  ᠰᠦᠯᠵᠢᠶᠡᠨ ᠠᠨᠳᠠ ᠨᠠᠷ ᠡ᠂ ᠰᠠᠶᠢᠨ ᠪᠠᠶᠢᠵᠠᠭᠠᠨᠠᠤ︖ ᠲᠠ ᠪᠦᠬᠦᠨ ᠤ ᠲᠤᠰ  ᠬᠤᠭᠤᠴᠠᠭᠠᠨ ᠤ ︽ᠳᠤᠮᠳᠠᠳᠤ ᠤᠯᠤᠰ ᠥᠪᠥᠷ ᠮᠣᠩᠭᠤᠯ︾ ᠰᠦᠯᠵᠢᠶ᠎ᠠ ᠶᠢᠨ ᠰᠤᠷᠪᠤᠯᠵᠢᠯᠠᠨ ᠶᠠᠷᠢᠯᠴᠠᠬᠤ  ᠫᠷᠤᠭ᠍ᠷᠠᠮ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠣᠶᠢᠷ᠎ᠠ ᠶᠢᠨ ᠵᠢᠯ ᠤᠳ ᠲᠤ᠂  ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ  ᠵᠢᠯ ᠳᠠᠷᠠᠭᠠᠯᠠᠨ ᠨᠡᠮᠡᠭᠳᠡᠵᠦ ᠪᠠᠶᠢᠭ᠎ᠠ ᠪᠤᠯᠪᠠᠴᠤ ᠮᠠᠨ ᠤ ᠣᠷᠣᠨ ᠤ ᠥᠷᠭᠡᠨ ᠤᠯᠠᠨ ᠲᠠᠷᠢᠶᠠᠯᠠᠩ ᠮᠠᠯ ᠠᠵᠤ  ᠠᠬᠤᠶ ᠶᠢᠨ ᠡᠵᠡᠩᠨᠡᠯᠲᠡ ᠶᠢᠨ ᠪᠡᠶᠡᠴᠢ ᠴᠣᠭᠴᠠ ᠪᠤᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠠᠷᠢᠶᠠᠯᠠᠩ  ᠮᠠᠯ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠴᠢᠭᠯᠡᠯ ᠂  ᠭᠤᠶᠤᠴᠢᠯᠠᠬᠤ ᠴᠤᠪᠤᠷᠠᠯ᠂ ᠭᠤᠶᠤᠴᠢᠯᠠᠬᠤ ᠨᠥᠬᠦᠴᠡᠯ ᠬᠢᠭᠡᠳ ᠲᠦᠷᠦᠯ ᠵᠦᠢᠯ ᠤᠨ ᠬᠠᠮᠢᠶᠠᠷᠤᠯᠲᠠ ᠶᠢ ᠳᠡᠮᠡᠶ  ᠣᠶᠢᠯᠠᠭᠠᠬᠤ ᠦᠭᠡᠶ ᠪᠠᠶᠢᠨ᠎ᠠ᠂ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ ᠪᠠᠶᠢᠳᠠᠯ ᠢ ᠨᠠᠷᠢᠨ  ᠤᠶᠢᠯᠠᠭᠠᠭᠤᠯᠬᠤ ᠶᠢᠨ ᠲᠤᠰᠠᠳᠠ᠂ ᠦᠨᠦᠳᠦᠷ ᠪᠢᠳᠡ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ  ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠵᠢᠶᠠ ᠶᠤᠸᠠᠢ ᠹᠸᠡᠭ ᠢ ︽ᠳᠤᠮᠳᠠᠳᠤ ᠤᠯᠤᠰ ᠥᠪᠥᠷ ᠮᠣᠩᠭᠤᠯ︾  ᠰᠦᠯᠵᠢᠶᠡᠨ ᠳᠤ ᠤᠷᠢᠵᠤ ᠥᠷᠭᠡᠨ ᠣᠯᠠᠨ ᠰᠦᠯᠵᠢᠶᠡᠨ ᠠᠨᠳᠠ ᠨᠡᠷ ᠲᠤ ᠨᠠᠷᠢᠨ ᠲᠣᠳᠣᠷᠬᠠᠶ ᠲᠠᠶᠢᠯᠪᠤᠷᠢᠯᠠᠯᠲᠠ  ᠬᠢᠯᠬᠡᠬᠦ ᠪᠤᠯᠤᠨ᠎ᠠ᠃ ᠵᠢᠶᠠ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕            ﹇ᠵᠢᠶᠠ ᠶᠤᠸᠠᠢ ᠹᠸᠡᠭ﹈ ᠬᠦᠲᠦᠯᠦᠭᠴᠢ ᠰᠠᠶᠢᠨ ᠤᠤ︖ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨᠠᠤ︖ ᠠᠳᠡ ᠲᠠ ᠪᠦᠬᠦᠨ ᠲᠠᠢ ᠵᠤᠭᠤᠭᠳᠠᠬᠤ ᠪᠤᠯᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃ ᠲᠠ ᠪᠦᠬᠦᠨ ᠤ  ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠡᠯ᠎ᠡ ᠵᠦᠢᠯ ᠤᠨ ᠠᠵᠢᠯ ᠢ ᠬᠠᠯᠠᠮᠵᠢᠯᠠᠨ ᠳᠡᠮᠵᠢᠭᠰᠡᠭᠡᠷ  ᠢᠷᠡᠭᠰᠡᠨ ᠳᠤ ᠲᠠᠯᠠᠷᠬᠠᠵᠤ ᠪᠠᠶᠢᠨ᠎ᠠ︕            ﹇ᠬᠦᠲᠦᠯᠦᠭᠴᠢ﹈  ᠶᠠᠭᠤᠨ ᠤ ᠡᠮᠦᠨ᠎ᠡ ᠲᠠ ᠤᠯᠤᠰ ᠤᠨ ᠲᠠᠷᠢᠶᠠᠯᠠᠩ ᠮᠠᠯ ᠠᠵᠤ ᠠᠬᠤᠶ ᠶᠢᠨ ᠪᠡᠯᠡ  ᠣᠷᠣᠭᠤᠯᠤᠯᠲᠠ ᠶᠢᠨ ᠭᠤᠣᠯ ᠬᠠᠨᠳᠤᠰᠢ ᠶᠢ ᠳᠦᠭᠦᠮ ᠲᠠᠨᠢᠯᠴᠠᠭᠤᠯᠤᠭᠠᠳ ᠦᠭᠭᠦᠨ᠎ᠡ ᠤᠤ︖            ﹇ᠵᠢᠶᠠ ᠶᠤᠸᠠᠢ ᠹᠸᠡᠭ﹈ ᠣᠶᠢᠷ᠎ᠠ ᠶᠢᠨ ᠬᠡᠳᠦᠨ ᠵᠢᠯ ᠳᠤ ᠬᠠᠷᠢᠴᠠᠩᠭᠤᠶ ᠪᠠᠷ ᠨᠡᠯᠢᠶᠡᠳ ᠲᠣᠭᠲᠠᠪᠤᠷᠢᠲᠠᠶ  ᠲᠦᠷᠦᠯ ᠵᠦᠢᠯ ᠭᠡᠪᠡᠯ ᠲᠠᠷᠢᠵᠦ ᠲᠡᠵᠢᠭᠡᠬᠦ ᠦᠢᠯᠡᠰ ᠤᠨ ᠰᠠᠶᠢᠨ ᠡᠭᠦᠯᠳᠡᠷ ᠤᠨ ᠢᠨᠵᠧᠨᠧᠷᠢᠩ᠂ ᠬᠥᠳᠡᠭᠡ  ᠲᠣᠰᠬᠤᠨ ᠤ ᠲᠣᠮᠣ ᠬᠡᠯᠪᠡᠷᠢ ᠶᠢᠨ ᠨᠠᠮᠤᠭ ᠤᠨ ᠬᠡᠢ᠂ ᠵᠢᠭᠠᠰᠤᠨ ᠤ ᠶᠠᠪᠤᠳᠠᠯ ᠤᠨ ᠭᠠᠷᠠᠮ᠂ ᠲᠠᠷᠢᠶᠠᠯᠠᠩ ᠤᠨ  ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠬᠡᠢ ᠶᠢᠨ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠰᠢᠰᠲ᠋ᠧᠮᠵᠢ᠂  ᠬᠥᠳᠡᠭᠡ ᠠᠵᠤ ᠠᠬᠤᠶ ᠶᠢᠨ ᠶᠠᠮᠤᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠦᠨᠢᠶ᠎ᠡ᠂ ᠢᠳᠡᠰᠢᠨ ᠬᠤᠨᠢ᠂ ᠲᠡᠵᠢᠭᠡᠪᠦᠷᠢ ᠭᠠᠭ᠋ᠠᠶ ᠶᠢᠨ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠶ ︵ᠵᠢᠵᠢᠭ ᠲᠣᠭᠤᠷᠢᠭ︶᠂  ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠬᠤᠷᠢᠶᠠᠯᠲᠠ ᠶᠢ ᠨᠡᠮᠡᠭᠳᠡᠭᠦᠯᠬᠦ ᠢᠨᠵᠧᠨᠧᠷᠢᠩ᠂ ᠮᠠᠯᠵᠢᠬᠤ ᠶᠢ  ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠤᠨ ᠲᠦᠷᠦᠯ ᠵᠦᠢᠯ ᠵᠢᠴᠢ ᠰᠠᠯᠠᠭ᠎ᠠ ᠮᠥᠴᠢᠷ ᠤᠨ  ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠦᠷᠦᠯ ᠵᠦᠢᠯ ᠵᠡᠷᠭᠡ ᠪᠠᠶᠢᠨ᠎ᠠ᠃            ﹇ᠬᠦᠲᠦᠯᠦᠭᠴᠢ﹈  ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ  ᠬᠡᠷᠬᠢᠨ ᠭᠤᠶᠤᠴᠢᠯᠠᠬᠤ ᠪᠤᠶ︖            ﹇ᠵᠢᠶᠠ ᠶᠤᠸᠠᠢ ᠹᠸᠡᠭ﹈ ᠤᠯᠤᠰ ᠤᠨ ᠲᠠᠷᠢᠶᠠᠯᠠᠩ ᠮᠠᠯ ᠠᠵᠤ ᠠᠬᠤᠶ ᠶᠢᠨ ᠦᠨᠳᠦᠰᠦᠨ ᠪᠦᠲᠦᠭᠡᠨ  ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠭᠤᠶᠤᠴᠢᠯᠠᠬᠤ ᠳᠤ ᠭᠤᠷᠪᠠᠨ ᠲᠦᠷᠦᠯ  ᠬᠤᠪᠢᠶᠠᠳᠠᠭ᠄ ᠨᠢᠭᠡᠳᠦᠭᠡᠷ ᠲᠦᠷᠦᠯ ᠨᠢ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ  ᠪᠤᠯᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠨᠢ ᠵᠤᠬᠢᠴᠠᠩᠭᠤᠢ ᠲᠥᠯᠥᠪᠵᠢᠭᠦᠯᠭᠡ ᠵᠢᠴᠢ ᠭᠤᠶᠤᠴᠢᠯᠠᠬᠤ  ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠦᠷᠦᠯ ᠵᠦᠢᠯ ᠢ ᠬᠢᠨᠠᠨ ᠪᠠᠶᠢᠴᠠᠭᠠᠵᠤ ᠨᠤᠲᠠᠯᠠᠯᠲᠠ  ᠬᠢᠬᠦ ᠵᠥᠪᠰᠢᠶᠡᠷᠡᠬᠦ ᠪᠠ ᠪᠡᠯᠡ ᠣᠷᠣᠭᠤᠯᠤᠯᠲᠠ ᠶᠢᠨ ᠲᠥᠯᠥᠪᠯᠡᠭᠡ ᠶᠢᠨ ᠰᠠᠨᠠᠭᠤᠯᠭ᠎ᠠ ᠨᠠᠶᠢᠷᠠᠭᠤᠯᠤᠨ ᠵᠣᠬᠢᠶᠠᠬᠤ ᠶᠢ  ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠪᠣᠯᠤᠨ  ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠳᠤ ᠮᠡᠳᠡᠭᠦᠯᠦᠨ ᠬᠢᠨᠠᠨ ᠪᠠᠶᠢᠴᠠᠭᠠᠯᠭᠠᠭᠰᠠᠨ ᠤ ᠰᠡᠭᠦᠯᠡᠷ᠂  ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠪᠣᠯᠤᠨ ᠬᠥᠭᠵᠢᠭᠦᠯᠦᠯᠲᠡ  ᠥᠭᠡᠷᠡᠴᠢᠯᠡᠯᠲᠡ ᠶᠢᠨ ᠵᠦᠪᠯᠡᠯ ᠬᠠᠮᠲᠤᠷᠠᠨ ᠲᠠᠷᠢᠶᠠᠯᠠᠩ ᠤᠨ ᠶᠠᠮᠤᠨ ᠪᠣᠯᠤᠨ ᠤᠯᠤᠰ ᠤᠨ ᠬᠥᠭᠵᠢᠭᠦᠯᠦᠯᠲᠡ  ᠥᠭᠡᠷᠡᠴᠢᠯᠡᠯᠲᠡ ᠶᠢᠨ ᠵᠦᠪᠯᠡᠯ ᠳᠤ ᠪᠡᠯᠡ ᠣᠷᠣᠭᠤᠯᠤᠯᠲᠠ ᠶᠢᠨ ᠲᠥᠯᠥᠪᠯᠡᠭᠡ ᠶᠢᠨ ᠰᠠᠨᠠᠭᠤᠯᠭ᠎ᠠ ᠪᠠᠨ ᠭᠤᠶᠤᠴᠢᠯᠠᠨ  ᠮᠡᠳᠡᠭᠦᠯᠦᠨ᠎ᠡ᠃ ᠬᠤᠶᠠᠳᠤᠭᠠᠷ ᠲᠥᠷᠥᠯ ᠨᠢ ᠰᠠᠯᠠᠭ᠎ᠠ ᠮᠥᠴᠢᠷ ᠤᠨ ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ  ᠬᠦᠭᠵᠢᠬᠦᠯᠬᠦ ᠲᠦᠷᠦᠯ ᠵᠦᠢᠯ ᠢ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠤᠯᠤᠨ  ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠠᠯᠪᠠᠨ ᠭᠡᠷ ᠨᠢ ᠤᠯᠤᠰ ᠤᠨ ᠪᠢᠴᠢᠭ ᠮᠠᠲ᠋ᠧᠷᠢᠶᠠᠯ ᠤᠨ  ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠪᠤᠯᠤᠨ  ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠠᠯᠪᠠᠨ ᠭᠡᠷ ᠲᠤ ᠮᠡᠳᠡᠭᠦᠯᠦᠨ ᠬᠦᠷᠭᠡᠵᠦ᠂ ᠥᠪᠡᠷᠲᠡᠭᠡᠨ  ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠪᠤᠯᠤᠨ ᠨᠡᠭᠡᠭᠡᠨ ᠬᠥᠭᠵᠢᠭᠦᠯᠬᠦ ᠠᠯᠪᠠᠨ ᠭᠡᠷ  ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠲᠦᠷᠦᠯ ᠵᠦᠢᠯ ᠢ ᠬᠢᠨᠠᠨ ᠰᠢᠯᠭᠠᠵᠤ᠂ ᠪᠠᠶᠢᠴᠠᠭᠠᠭᠰᠠᠨ ᠤ ᠳᠠᠷᠠᠭ᠎ᠠ᠂ ᠬᠦᠳᠡᠭᠡ ᠠᠵᠤ ᠠᠬᠤᠢ ᠶᠢᠨ ᠶᠠᠮᠤᠨ ᠪᠣᠯᠤᠨ ᠤᠯᠤᠰ ᠤᠨ ᠨᠡᠭᠡᠭᠡᠨ ᠬᠥᠭᠵᠢᠭᠦᠯᠬᠦ ᠠᠯᠪᠠᠨ ᠭᠡᠷ ᠲᠤ ᠮᠡᠳᠡᠭᠦᠯᠦᠨ  ᠬᠦᠷᠭᠡᠭᠡᠨ᠎ᠡ᠃ ᠭᠤᠷᠪᠠᠳᠤᠭᠠᠷ ᠲᠥᠷᠥᠯ ᠨᠢ ᠬᠦᠳᠡᠭᠡ ᠠᠵᠤ ᠠᠬᠤᠢ ᠶᠢᠨ ᠶᠠᠮᠤᠨ ᠠᠴᠠ ᠪᠦᠲᠦᠭᠡᠨ  ᠪᠠᠶᠢᠭᠤᠯᠬᠤ ᠶᠢ  ᠵᠥᠪᠰᠢᠶᠡᠷᠡᠭᠰᠡᠨ ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂  ᠵᠢᠱᠢᠶᠡᠯᠡᠪᠡᠯ ᠲᠠᠷᠢᠵᠦ ᠲᠡᠵᠢᠭᠡᠬᠦ ᠦᠢᠯᠡᠰ ᠤᠨ ᠰᠠᠶᠢᠨ ᠡᠭᠦᠯᠳᠡᠷ ᠤᠨ ᠢᠨᠵᠧᠨᠧᠷᠢᠩ᠂ ᠵᠢᠭᠠᠰᠤᠨ ᠤ ᠶᠠᠪᠤᠳᠠᠯ ᠤᠨ  ᠭᠠᠷᠠᠮ ᠂ ᠬᠦᠳᠡᠭᠡ ᠠᠵᠤ ᠠᠬᠤᠢ ᠶᠢᠨ ᠶᠠᠮᠤᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠵᠡᠷᠭᠡ ᠲᠦᠷᠦᠯ  ᠵᠦᠢᠯ ᠢ ᠪᠤᠯ ᠠᠶᠢᠮᠠᠭ ᠬᠤᠲᠠ ᠪᠤᠶᠤ ᠰᠢᠭᠤᠳ ᠬᠠᠷᠢᠶ᠎ᠠ ᠨᠢᠭᠡᠴᠡ ᠨᠢ ᠲᠦᠷᠦᠯ ᠵᠦᠢᠯ ᠤᠨ ᠭᠤᠶᠤᠴᠢᠯᠠᠨ ᠮᠡᠳᠡᠭᠦᠯᠬᠦ  ᠮᠠᠲ᠋ᠧᠷᠢᠶᠠᠯ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠳᠤ ᠮᠡᠳᠡᠭᠦᠯᠦᠨ  ᠬᠦᠷᠭᠡᠵᠤ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠨᠢ ᠤᠯᠤᠰ ᠤᠨ ᠬᠥᠳᠡᠭᠡ ᠠᠵᠤ ᠠᠬᠤᠶ ᠶᠢᠨ ᠶᠠᠮᠤᠨ ᠳᠤ  ᠮᠡᠳᠡᠭᠦᠯᠦᠨ᠎ᠡ᠃            ﹇ᠬᠦᠲᠦᠯᠦᠭᠴᠢ﹈  ᠶᠠᠮᠠᠷ ᠨᠥᠬᠦᠴᠡᠯ ᠢ ᠪᠦᠷᠢᠯᠳᠦᠭᠦᠯᠪᠡᠯ ᠰᠠᠶ᠋ᠢ ᠭᠤᠶᠤᠴᠢᠯᠠᠵᠤ ᠪᠤᠯᠬᠤ ᠪᠤᠶ︖            ﹇ᠵᠢᠶᠠ ᠶᠤᠸᠠᠢ ᠹᠸᠡᠭ﹈ ᠶᠡᠷᠦ ᠳᠡᠭᠡᠨ ᠲᠦᠷᠦᠯ ᠵᠦᠢᠯ ᠭᠤᠶᠤᠴᠢᠯᠠᠬᠤ ᠵᠦᠭᠯᠡᠭᠦᠷ ᠪᠤᠶᠤ ᠲᠣᠬᠢᠷᠠᠭᠤᠯᠬᠤ  ᠰᠠᠨᠠᠯ ᠳᠤ ᠶᠠᠮᠠᠷ ᠨᠥᠬᠦᠴᠡᠯ ᠢ ᠪᠦᠷᠢᠯᠳᠦᠭᠦᠯᠪᠡᠯ ᠰᠠᠶ᠋ᠢ ᠲᠦᠷᠦᠯ ᠵᠦᠢᠯ ᠢ ᠭᠤᠶᠤᠴᠢᠯᠠᠵᠤ ᠪᠤᠯᠬᠤ᠂ ᠲᠦᠷᠦᠯ  ᠵᠦᠢᠯ ᠤᠨ ᠪᠣᠳᠠᠲᠠᠶ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠂ ᠪᠡᠯᠡ ᠣᠷᠣᠭᠤᠯᠤᠯᠲᠠ ᠶᠢᠨ ᠬᠢᠵᠠᠭᠠᠷᠯᠠᠬᠤ  ᠬᠡᠪᠴᠢᠶ᠎ᠡ ᠵᠡᠷᠭᠡ ᠶᠢ ᠨᠠᠷᠢᠨ ᠲᠤᠲᠤᠷᠬᠠᠶᠢᠯᠠᠭᠰᠠᠨ ᠪᠠᠶᠢᠳᠠᠭ᠃ ᠲᠦᠷᠦᠯ ᠵᠦᠢᠯ  ᠭᠤᠶᠤᠴᠢᠯᠠᠬᠤ ᠦᠨᠳᠦᠰᠦᠨ  ᠱᠠᠭᠠᠷᠳᠠᠯᠭ᠎ᠠ ᠪᠣᠯ᠄ ᠨᠢᠭᠡ ᠳᠤ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠤᠨ ᠱᠠᠭᠠᠷᠳᠠᠯᠭ᠎ᠠ ᠶᠣᠰᠣᠭᠠᠷ  ᠲᠦᠷᠦᠯ ᠵᠦᠢᠯ ᠢ ᠵᠣᠬᠢᠶᠠᠨ ᠪᠠᠶᠢᠭᠤᠯᠵᠤ ᠭᠤᠶᠤᠴᠢᠯᠠᠨ᠎ᠠ᠃ ︽ᠲᠠᠷᠢᠶᠠᠯᠠᠩ ᠤᠨ ᠦᠨᠳᠦᠰᠦᠨ ᠪᠦᠲᠦᠭᠡᠨ  ᠪᠠᠶᠢᠭᠤᠯᠤᠯᠲᠠ ᠶᠢᠨ ᠲᠦᠷᠦᠯ ᠵᠦᠢᠯ ᠤᠨ ᠬᠠᠮᠢᠶᠠᠷᠤᠯᠲᠠ ᠶᠢᠨ ᠠᠷᠭ᠎ᠠ︾᠂ ︽ᠲᠠᠷᠢᠶᠠᠯᠠᠩ ᠤᠨ ᠦᠨᠳᠦᠰᠦᠨ  ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠭᠤᠶᠤᠴᠢᠯᠠᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ  ᠳᠦᠷᠢᠮ︾᠂ ︽ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ ᠬᠦᠭᠵᠢᠬᠦᠯᠬᠦ ᠰᠠᠯᠠᠭ᠎ᠠ ᠮᠥᠴᠢᠷ ᠤᠨ ᠲᠦᠷᠦᠯ ᠵᠦᠢᠯ ᠤᠨ  ᠬᠠᠮᠢᠶᠠᠷᠤᠯᠲᠠ ᠶᠢᠨ ᠠᠷᠭ᠎ᠠ︾ ᠵᠢᠴᠢ ︽ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ  ᠪᠤᠯᠤᠮᠵᠢᠲᠤ ᠰᠤᠳᠤᠯᠭᠠᠨ ᠤ ᠮᠡᠳᠡᠭᠦᠯᠦᠯᠲᠡ ᠶᠢᠨ ᠡᠩ ᠤᠨ ᠬᠡᠯᠪᠡᠷᠢ ᠬᠢᠭᠡᠳ ᠱᠠᠭᠠᠷᠳᠠᠯᠭ᠎ᠠ︾ ᠶᠢ ᠴᠢᠩᠭ᠎ᠠ ᠵᠢᠷᠤᠮᠯᠠᠨ  ᠲᠦᠷᠦᠯ ᠵᠦᠢᠯ ᠤᠨ ᠭᠤᠶᠤᠴᠢᠯᠠᠯ ᠢ ᠵᠣᠬᠢᠶᠠᠨ ᠪᠠᠶᠢᠭᠤᠯᠬᠤ ᠬᠡᠷᠡᠭᠲᠡᠶ᠃ ᠡᠩ ᠤᠨ ᠲᠦᠷᠦᠯ ᠵᠦᠢᠯ ᠪᠤᠯ ᠲᠦᠷᠦᠯ  ᠵᠦᠢᠯ ᠤᠨ ᠪᠤᠯᠤᠮᠵᠢᠲᠤ ᠰᠤᠳᠤᠯᠭᠠᠨ ᠤ ᠮᠡᠳᠡᠭᠦᠯᠦᠯᠲᠡ ᠳᠤ ᠰᠢᠭᠤᠳ ᠨᠠᠶᠢᠷᠠᠭᠤᠯᠤᠨ ᠮᠡᠳᠡᠭᠦᠯᠵᠤ ᠪᠣᠯᠤᠨ᠎ᠠ᠃  ᠲᠦᠷᠦᠯ ᠵᠦᠢᠯ ᠤᠨ ᠪᠤᠯᠤᠮᠵᠢᠲᠤ ᠰᠤᠳᠤᠯᠭᠠᠨ ᠤ ᠮᠡᠳᠡᠭᠦᠯᠦᠯᠲᠡ ᠶᠢ ᠵᠠᠷᠴᠢᠮ ᠳᠡᠭᠡᠷ᠎ᠡ ᠪᠠᠨ ᠲᠠᠷᠢᠶᠠᠯᠠᠩ ᠤᠨ  ᠢᠨᠵᠧᠨᠧᠷᠢᠩ ᠤᠨ ᠬᠢᠷᠢ ᠭᠡᠮ ᠲᠠᠢ ᠬᠠᠶᠢᠨ ᠪᠠᠶᠢᠴᠠᠭᠠᠬᠤ ᠵᠢᠷᠤᠵᠤ ᠲᠦᠯᠦᠪᠯᠡᠬᠦ᠂ ᠪᠠᠷᠢᠯᠭ᠎ᠠ ᠶᠢᠨ ᠵᠥᠪᠯᠡᠯᠭᠡ ᠥᠭᠬᠦ  ᠨᠢᠭᠡᠴᠡ ᠨᠠᠶᠢᠷᠠᠭᠤᠯᠤᠨ ᠪᠢᠴᠢᠵᠤ᠂ ᠵᠤᠬᠢᠴᠠᠩᠭᠤᠢ ᠬᠦᠨᠴᠡ ᠶᠢᠨ ᠱᠠᠭᠠᠷᠳᠠᠯᠭ᠎ᠠ ᠳᠤ ᠬᠦᠷᠦᠭᠦᠯᠬᠦ ᠬᠡᠷᠡᠭᠲᠠᠢ᠃  ᠬᠤᠶᠠᠷ ᠲᠤ ᠭᠤᠶᠤᠴᠢᠯᠠᠬᠤ ᠲᠦᠷᠦᠯ ᠵᠦᠢᠯ ᠨᠢ ᠬᠤᠯᠪᠣᠭᠳᠠᠯ ᠪᠦᠬᠦᠢ ᠡᠮᠦᠨᠡᠬᠢ ᠬᠤᠭᠤᠴᠠᠭᠠᠨ ᠤ ᠠᠵᠢᠯ ᠢ  ᠪᠡᠶᠡᠯᠡᠭᠦᠯᠦᠭᠰᠡᠨ ᠪᠠᠶᠢᠬᠤ ᠬᠡᠷᠡᠭᠲᠡᠶ᠃ ᠵᠢᠱᠢᠶᠡᠯᠡᠪᠡᠯ ᠲᠦᠷᠦᠯ ᠵᠦᠢᠯ ᠤᠨ ᠨᠢᠭᠡᠴᠡ ᠨᠢ ᠲᠦᠷᠦᠯ ᠵᠦᠢᠯ ᠡᠭᠦᠷᠭᠡᠯᠡᠬᠦ  ᠬᠤᠯᠪᠣᠭᠳᠠᠯ ᠪᠦᠬᠦᠢ ᠨᠥᠬᠦᠴᠡᠯ ᠢ ᠪᠦᠷᠢᠯᠳᠦᠭᠦᠯᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠢᠭᠡᠨᠲᠡ  ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠪᠡᠶᠡᠯᠡᠯᠲᠡ ᠶᠢ ᠲᠦᠯᠦᠪᠵᠢᠭᠦᠯᠦᠨ ᠮᠡᠳᠡᠭᠦᠯᠵᠤ᠂ ᠣᠷᠴᠢᠨ  ᠲᠣᠭᠤᠷᠢᠨ ᠤ ᠦᠨᠡᠯᠡᠯᠲᠡ ᠬᠢᠯᠭᠡᠵᠤ᠂ ᠳᠠᠭᠠᠭᠠᠴᠢᠯᠠᠯᠲᠠ ᠵᠠᠷᠯᠠᠬᠤ ᠲᠦᠰᠦᠯ ᠵᠢᠴᠢ ᠢᠵᠢ ᠪᠦᠷᠢᠳᠦᠭᠦᠯᠦᠯ ᠤᠨ ᠪᠡᠯᠡ  ᠮᠥᠩᠭᠦ ᠶᠢ ᠨᠠᠶᠢᠳᠠᠪᠤᠷᠢᠵᠢᠭᠤᠯᠤᠭᠰᠠᠨ ᠪᠠᠶᠢᠬᠤ ᠬᠡᠷᠡᠭᠲᠠᠢ᠃            ﹇ᠬᠦᠲᠦᠯᠦᠭᠴᠢ﹈ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ  ᠬᠡᠷᠬᠢᠨ ᠰᠠᠶᠢᠲᠤᠷ ᠬᠠᠮᠢᠶᠠᠷᠬᠤ ᠪᠤᠶ︖            ﹇ᠵᠢᠶᠠ ᠶᠤᠸᠠᠢ ᠹᠧᠩ﹈ ᠮᠢᠨᠦ ᠦᠵᠡᠬᠦ ᠪᠠᠷ ᠲᠥᠷᠥᠯ ᠵᠦᠢᠯ ᠢ ᠰᠠᠶᠢᠳᠤᠷ ᠬᠠᠮᠢᠶᠠᠷᠬᠤ ᠳᠤ ᠳᠣᠣᠷᠠᠬᠢ ᠮᠡᠲᠦ  ᠬᠡᠳᠦᠨ ᠲᠠᠯ᠎ᠠ ᠶᠢ ᠴᠢᠬᠤᠯᠠᠴᠢᠯᠠᠬᠤ ᠬᠡᠷᠡᠭᠲᠡᠢ᠄ ᠨᠢᠭᠡ ᠳᠤ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢᠶᠠᠷ ᠲᠥᠷᠥᠯ ᠵᠦᠢᠯ ᠢ ᠬᠠᠮᠢᠶᠠᠷᠤᠨ᠎ᠠ᠃ ᠵᠢᠱᠢᠶᠡᠯᠡᠪᠡᠯ  ᠲᠠᠷᠢᠶᠠᠯᠠᠩ ᠤᠨ ᠶᠠᠮᠤᠨ ᠤ ︽ᠲᠠᠷᠢᠶᠠᠯᠠᠩ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ  ᠬᠠᠮᠢᠶᠠᠷᠤᠯᠲᠠ ᠶᠢᠨ ᠠᠷᠭ᠎ᠠ︾᠂ ᠬᠢᠭᠡᠳ ᠲᠥᠬᠦᠷᠵᠢᠭᠰᠡᠨ ︽ᠲᠠᠷᠢᠶᠠᠯᠠᠩ ᠤᠨ ᠦᠨᠳᠦᠰᠦᠨ ᠪᠦᠲᠦᠭᠡᠨ  ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ  ᠬᠠᠮᠢᠶᠠᠷᠤᠯᠲᠠ ᠶᠢᠨ ᠲᠣᠭᠲᠠᠭᠠᠯ︾᠂ ︽ᠲᠠᠷᠢᠶᠠᠯᠠᠩ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠠᠪᠬᠤ ᠬᠠᠮᠢᠶᠠᠷᠤᠯᠲᠠ ᠶᠢᠨ ᠲᠣᠭᠲᠠᠭᠠᠯ︾᠂ ︽ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠯᠲᠠ ᠲᠠᠯᠪᠢᠵᠤ ᠪᠠᠶᠢᠴᠠᠭᠠᠬᠤ  ᠬᠠᠮᠢᠶᠠᠷᠤᠯᠲᠠ ᠶᠢᠨ ᠲᠣᠭᠲᠠᠭᠠᠯ︾ ᠵᠡᠷᠭᠡ ᠪᠣᠯᠣᠨ᠎ᠠ᠃            ᠬᠤᠶᠠᠷ ᠳᠤ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠢᠶᠠᠷ ᠲᠥᠷᠥᠯ ᠵᠦᠢᠯ ᠢ ᠬᠠᠮᠢᠶᠠᠷᠤᠨ᠎ᠠ᠃  ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠪᠣᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠳᠤᠷᠠᠳᠤᠨ  ᠭᠠᠷᠭᠠᠬᠤ᠂  ᠰᠢᠢᠳᠪᠦᠷᠢᠲᠦ ᠪᠣᠳᠣᠯᠭ᠎ᠠ ᠲᠣᠭᠲᠠᠭᠠᠬᠤ ᠠᠴᠠ ᠬᠡᠷᠡᠭᠵᠢᠭᠦᠯᠬᠦ ᠬᠦᠷᠲᠡᠯᠡᠬᠢ ᠪᠦᠬᠦ ᠶᠠᠪᠤᠴᠠ ᠳᠤ  ᠡᠷᠬᠡᠪᠰᠢ ᠵᠢᠷᠤᠮᠯᠠᠬᠤ ᠦᠨᠳᠦᠰᠦᠨ ᠠᠵᠢᠯ ᠤᠨ ᠳᠡᠰ ᠳᠠᠷᠠᠭᠠᠯᠠᠯ ᠪᠠ ᠤᠷᠢᠳ ᠬᠤᠵᠢᠳ ᠤᠨ ᠳᠡᠰ ᠳᠠᠷᠠᠭᠠᠯᠠᠯ  ᠪᠣᠯᠣᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠨᠢ ᠪᠣᠯ ᠲᠥᠷᠥᠯ ᠵᠦᠢᠯ ᠤᠨ  ᠰᠠᠨᠠᠭᠤᠯᠭ᠎ᠠ ᠶᠢᠨ ᠪᠢᠴᠢᠭ᠂ ᠪᠣᠯᠣᠮᠵᠢᠲᠤ ᠰᠤᠳᠤᠯᠤᠯ᠂ ᠠᠩᠬᠠᠨ ᠤ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ  ᠪᠡᠯᠡᠳᠬᠡᠯ᠂ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ᠂ ᠠᠵᠢᠯ ᠳᠠᠭᠤᠰᠴᠤ ᠪᠠᠷᠢᠯᠭ᠎ᠠ ᠶᠢ ᠰᠢᠯᠭᠠᠨ ᠠᠪᠬᠤ᠂  ᠳᠠᠷᠠᠭ᠎ᠠ ᠪᠠᠷ ᠨᠢ ᠦᠨᠡᠯᠡᠬᠦ ᠵᠡᠷᠭᠡ ᠪᠣᠯᠣᠨ᠎ᠠ᠃ ᠳᠡᠰ ᠳᠠᠷᠠᠭᠠᠯᠠᠯ ᠢ ᠵᠣᠬᠢᠰᠲᠠᠶ ᠪᠠᠷ ᠨᠡᠶᠢᠯᠡᠭᠦᠯᠬᠦ ᠪᠤᠶᠤ ᠳᠥᠭᠦᠮᠴᠢᠯᠡᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠬᠢᠴᠠ ᠶᠢ ᠨᠢ ᠲᠦᠷᠭᠡᠳᠬᠡᠵᠦ ᠪᠣᠯᠣᠨ᠎ᠠ᠃            ᠭᠤᠷᠪᠠ ᠳᠤ ᠲᠥᠷᠥᠯ ᠵᠦᠢᠯ ᠤᠨ ᠴᠣᠬᠤᠯᠠᠪᠤᠷᠢ ᠪᠢᠴᠢᠭ ᠮᠠᠲ᠋ᠧᠷᠢᠶᠠᠯ ᠢ ᠦᠨᠳᠦᠰᠦᠯᠡᠨ ᠲᠥᠷᠥᠯ ᠵᠦᠢᠯ ᠢ  ᠬᠠᠮᠢᠶᠠᠷᠤᠨ᠎ᠠ᠃ ᠲᠥᠷᠥᠯ ᠵᠦᠢᠯ ᠤᠨ ᠪᠣᠯᠣᠮᠵᠢᠲᠤ ᠰᠤᠳᠤᠯᠤᠯ ᠤᠨ ᠮᠡᠳᠡᠭᠦᠯᠦᠯᠲᠡ᠂ ᠠᠩᠬ᠎ᠠ ᠠᠯᠬᠤᠮ ᠤᠨ ᠵᠢᠷᠤᠭ  ᠲᠥᠯᠥᠪᠯᠡᠭᠡ᠂ ᠳᠠᠭᠠᠭᠠᠴᠢᠯᠠᠯᠲᠠ ᠵᠠᠷᠯᠠᠬᠤ ᠲᠥᠰᠦᠯ ᠵᠡᠷᠭᠡ ᠲᠠᠯ᠎ᠠ ᠪᠠᠷ ᠬᠢ ᠴᠣᠬᠤᠯᠠᠪᠤᠷᠢ ᠪᠢᠴᠢᠭ ᠮᠠᠲ᠋ᠧᠷᠢᠶᠠᠯ ᠪᠣᠯ  ᠳᠠᠷᠤᠶ ᠮᠠᠨ ᠤ ᠬᠡᠷᠡᠭᠵᠢᠭᠦᠯᠬᠦ ᠪᠠ ᠲᠥᠷᠥᠯ ᠵᠦᠢᠯ ᠤᠨ ᠦᠨᠳᠦᠰᠦᠨ ᠪᠠᠷᠢᠮᠲᠠ ᠪᠣᠯᠤᠨ᠎ᠠ ᠃            ᠳᠥᠷᠪᠡ ᠳᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠷ ᠲᠥᠷᠥᠯ ᠵᠦᠢᠯ ᠢ ᠬᠠᠮᠢᠶᠠᠷᠤᠨ᠎ᠠ᠃ ᠬᠠᠤᠯᠢ ᠶᠢᠨ  ᠡᠷᠬᠡᠲᠡᠨ ᠤ ᠬᠠᠷᠢᠭᠤᠴᠠᠯᠭ᠎ᠠ ᠶᠢᠨ ᠳᠦᠷᠢᠮ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠳᠦᠷᠢᠮ᠂  ᠬᠢᠨᠠᠵᠤ ᠬᠠᠮᠢᠶᠠᠷᠬᠤ ᠳᠦᠷᠢᠮ ᠪᠠ ᠭᠡᠷ᠎ᠡ ᠶᠢᠨ ᠳᠦᠷᠢᠮ ᠢ ᠡᠷᠡᠰ ᠲᠤᠤᠱᠯᠠᠭᠤᠯᠤᠨ᠎ᠠ᠃ ᠡᠯ᠎ᠡ ᠲᠥᠷᠥᠯ ᠤᠨ ᠪᠦᠲᠦᠭᠡᠨ  ᠪᠠᠶᠢᠭᠤᠯᠤᠯᠲᠠ ᠪᠣᠯᠣᠨ ᠬᠠᠮᠢᠶᠠᠷᠤᠯᠲᠠ ᠶᠢᠨ ᠡᠭᠦᠷᠭᠡ ᠵᠠᠳᠠᠯᠵᠤ᠂ ᠬᠥᠮᠥᠨ ᠪᠦᠷᠢ ᠳᠤ ᠬᠦᠷᠲᠡᠯ᠎ᠡ  ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠨᠢ ᠲᠣᠲᠣᠷᠬᠠᠶᠢᠯᠠᠵᠤ᠂ ᠡᠷᠬᠡ ᠬᠠᠷᠢᠭᠤᠴᠠᠯᠭ᠎ᠠ ᠶᠢ ᠨᠢᠭᠡᠳᠦᠭᠦᠯᠬᠦ ᠶᠢ  ᠪᠡᠶᠡᠯᠡᠭᠦᠯᠬᠦ ᠬᠡᠷᠡᠭᠲᠡᠢ᠃            ᠲᠠᠪᠤ ᠳᠤ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠲᠣᠭᠲᠠᠭᠠᠭᠰᠠᠨ ᠨᠣᠷᠮ᠎ᠠ ᠪᠠᠷ  ᠲᠥᠷᠥᠯ ᠵᠦᠢᠯ ᠢ ᠬᠠᠮᠢᠶᠠᠷᠤᠨ᠎ᠠ᠃ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ  ᠬᠡᠷᠡᠭᠵᠢᠭᠦᠯᠬᠦ ᠪᠠ ᠬᠠᠮᠢᠶᠠᠷᠬᠤ ᠳᠤ ᠮᠡᠷᠭᠡᠵᠢᠯ ᠤᠨ ᠴᠢᠨᠠᠷ ᠢᠶᠠᠷ ᠴᠢᠩᠭ᠎ᠠ᠂ ᠬᠤᠯᠪᠣᠭᠳᠠᠬᠤ ᠬᠡᠪᠴᠢᠶ᠎ᠡ ᠨᠢ ᠥᠷᠭᠡᠨ  ᠵᠡᠷᠭᠡ ᠣᠨᠴᠠᠯᠢᠭ ᠲᠠᠢ ᠪᠠᠶᠢᠳᠠᠭ᠂ ᠵᠢᠱᠢᠶᠡᠯᠡᠪᠡᠯ ︽ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ  ᠳᠦᠷᠢᠮᠵᠢᠯ︾ ᠨᠢ ᠨᠠᠶᠢᠷᠠᠭᠤᠯᠤᠨ ᠵᠣᠬᠢᠶᠠᠬᠤ ᠬᠡᠪᠴᠢᠶ᠎ᠡ᠂ ᠨᠠᠶᠢᠷᠠᠭᠤᠯᠤᠨ ᠵᠣᠬᠢᠶᠠᠬᠤ ᠭᠦᠨᠴᠡ᠂ ᠭᠠᠷ ᠤᠨ ᠦᠰᠦᠭ  ᠵᠢᠷᠤᠬᠤ ᠱᠠᠭᠠᠷᠳᠠᠯᠭ᠎ᠠ ᠶᠢ ᠲᠣᠳᠣᠷᠬᠠᠶᠢᠯᠠᠭᠰᠠᠨ ᠪᠥᠭᠡᠳ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ  ᠲᠣᠳᠣᠷᠬᠠᠶᠢᠯᠠᠯᠲᠠ᠂ ᠬᠥᠬᠡ ᠵᠢᠷᠤᠭ᠂ ᠲᠠᠷᠢᠶᠠᠯᠠᠩ ᠤᠨ ᠮᠠᠰᠢᠨ ᠪᠠᠭᠠᠵᠢ ᠪᠠ ᠬᠡᠮᠵᠢᠭᠦᠷᠯᠢᠭ ᠶᠢᠨ ᠨᠠᠷᠢᠨ ᠳᠠᠩᠰᠠ ᠪᠠ  ᠲᠦᠢᠮᠣ ᠲᠥᠰᠦᠪ ᠤᠨ ᠪᠢᠴᠢᠭ ᠵᠡᠷᠭᠡ ᠡᠯ᠎ᠡ ᠬᠡᠰᠡᠭ ᠤᠨ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ ᠶᠢ  ᠳᠦᠷᠢᠮᠵᠢᠭᠦᠯᠦᠭᠰᠡᠨ ᠪᠠᠶᠢᠳᠠᠭ᠃            ﹇ᠬᠥᠲᠥᠯᠥᠭᠴᠢ﹈  ᠵᠠ ᠰᠠᠶᠢᠨ ᠪᠣᠯᠣᠯ᠎ᠠ᠃ ᠵᠢᠶᠠ ᠳᠠᠷᠤᠭ᠎ᠠ ᠶᠢᠨ ᠲᠠᠶᠢᠯᠪᠤᠷᠢᠯᠠᠭᠰᠠᠨ ᠳᠤ ᠲᠠᠯᠠᠷᠬᠠᠵᠤ  ᠪᠠᠶᠢᠨ᠎ᠠ᠂  ᠮᠦᠨᠴᠦ ᠰᠦᠯᠵᠢᠶᠡᠨ ᠤ ᠠᠨᠳᠠ ᠨᠡᠷ ᠤᠨ ᠢᠳᠡᠪᠬᠢᠲᠡᠶ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ ᠲᠤᠰ  ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠠᠶ᠎ᠠ  ᠂ ᠳᠠᠷᠠᠭᠠᠴᠢ ᠶᠢᠨ ᠫᠷᠦᠭᠷᠠᠮ ᠳᠤ ᠪᠠᠶᠠᠷᠲᠠᠶ  ᠵᠣᠯᠭᠠᠶ᠎ᠠ︕
         ᠲᠦᠮᠦᠰᠦ ᠶᠢᠨ ︽ᠬᠤᠶᠠᠷ ᠢ ᠨᠡᠮᠡᠭᠳᠡᠭᠦᠯᠬᠦ ᠲᠠᠪᠤ ᠶᠢ ᠠᠬᠢᠭᠤᠯᠬᠤ︾ ᠮᠡᠷᠭᠡᠵᠢᠯ ᠢ ᠶᠡᠭᠡ ᠬᠡᠪᠴᠢᠶ᠎ᠡ ᠪᠠᠷ  ᠳᠡᠯᠭᠡᠷᠡᠭᠦᠯᠵᠦ ᠪᠠᠶᠢᠭ᠎ᠠ ᠨᠢ  
                 ᠨᠡᠶᠢᠭᠡᠮᠴᠢᠯᠡᠭᠰᠡᠨ ᠦᠢᠯᠡᠴᠢᠯᠡᠭᠡ ᠶᠢᠨ ᠵᠣᠬᠢᠶᠠᠨ ᠪᠠᠶᠢᠭᠤᠯᠤᠯᠲᠠ ᠶᠢᠨ ᠨᠢᠭᠡᠳᠦᠯᠲᠡᠢ ᠰᠡᠷᠭᠡᠶᠢᠯᠡᠨ ᠵᠠᠰᠠᠵᠤ  ᠪᠠᠶᠢᠭ᠎ᠠ ᠲᠤᠬᠠᠢ ᠶᠢᠨ ᠲᠠᠯᠠᠪᠠᠢ
               ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠳᠡᠳ᠋ ᠳᠠᠷᠤᠭ᠎ᠠ ᠵᠢᠶᠠ  ᠶᠤᠸᠠᠢ ᠹᠧᠩ ︽ᠳᠤᠮᠳᠠᠳᠤ ᠤᠯᠤᠰ ᠥᠪᠥᠷ ᠮᠣᠩᠭᠤᠯ︾ ᠰᠦᠯᠵᠢᠶ᠎ᠡ ᠳᠤ ᠰᠠᠭᠠᠲᠠᠵᠤ ᠪᠠᠶᠢᠭ᠎ᠠ ᠨᠢ
             ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠯᠧᠺᠲᠷᠣᠨ ᠵᠠᠰᠠᠭ ᠤᠨ  ᠶᠠᠪᠤᠳᠠᠯ ᠤᠨ ᠭᠠᠵᠠᠷ ᠤᠨ ᠳᠡᠳ᠋ ᠳᠠᠷᠤᠭ᠎ᠠ ᠭᠤᠣ ᠬᠤᠩ ᠯᠢ ᠡᠷᠬᠢᠮ ᠵᠣᠴᠢᠨ ᠳᠤ ᠪᠠᠷ᠎ᠠ ᠪᠣᠯᠵᠤ ᠥᠪᠡᠷᠲᠡᠭᠡᠨ  ᠵᠠᠰᠠᠬᠤ ᠣᠷᠣᠨ ᠤ ᠵᠠᠰᠠᠭ ᠤᠨ ᠣᠷᠳᠣᠨ ᠤ ᠪᠣᠷᠲ᠋ᠧᠯ ᠰᠦᠯᠵᠢᠶ᠎ᠡ ᠶᠢ ᠲᠣᠭᠤᠷᠢᠨ ᠦᠵᠡᠵᠦ ᠪᠠᠶᠢᠭ᠎ᠠ  ᠨᠢ  
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号