︵1986 ᠤᠨ ᠤ 6 ᠰᠠᠷ᠎ᠠ ᠶᠢᠨ 25 ᠡᠳᠦᠷ ᠤᠨ ᠵᠢᠷᠭᠤᠳᠣᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ | ᠬᠤᠷᠠᠯᠳᠣᠭᠠᠨ ᠠᠴᠠ ᠪᠠᠳᠣᠯᠠᠪᠠ᠂ 1988 ᠤᠨ ᠤ 12 ᠰᠠᠷ᠎ᠡ ᠶᠢᠨ 29 ᠤ ᠡᠳᠦᠷ ᠤᠨ ᠲᠤᠯᠤᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠲᠠᠪᠤᠳᠤᠭᠠᠷ ᠬᠤᠷᠠᠯᠳᠤᠭᠠᠨ ᠤ 《〈 ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠭᠠᠵᠠᠷ | ᠰᠢᠷᠦᠢ ᠶᠢᠨ ᠬᠠᠮᠢᠶᠠᠷᠤᠯᠳᠠ ᠶᠢᠨ ᠬᠠᠤᠯᠢ〉 ᠳᠤ ᠵᠠᠰᠠᠪᠤᠷᠢ ᠤᠷᠤᠭᠤᠯᠬᠤ ᠲᠤᠭᠳᠠᠭᠠᠯ 》 ᠢ ᠦᠨᠳᠦᠰᠦᠯᠡᠵᠦ | ᠠᠩᠬ᠎ᠠ ᠤᠳᠠᠭ᠎ᠠ ᠵᠠᠰᠠᠪᠠ᠂ 1998 ᠤᠨ ᠤ 8 ᠰᠠᠷ᠎ᠡ ᠶᠢᠨ 29 ᠤ ᠡᠳᠦᠷ ᠶᠢᠰᠦᠳᠦᠭᠡᠷ ᠬᠤᠭᠤᠴᠭᠠᠠᠨ ᠤ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠦᠷᠪᠡᠳᠦᠭᠡᠷ | ᠬᠤᠷᠠᠯᠳᠤᠭᠠᠨ ᠠᠴᠠ ᠵᠠᠰᠠᠪᠤᠷᠢ ᠤᠷᠤᠭᠤᠯᠪᠠ᠂ 2004 ᠤᠨ ᠤ 8 ᠰᠠᠷ᠎ᠡ ᠶᠢᠨ 28 ᠤ ᠡᠳᠦᠷ ᠤᠨ ᠠᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠤ《 ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ | ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ〉 ᠳᠤ ᠵᠠᠰᠠᠪᠤᠷᠢ ᠤᠷᠤᠭᠤᠯᠬᠤ ᠲᠤᠭᠳᠠᠭᠠᠯ 》 ᠢ ᠦᠨᠳᠦᠰᠦᠯᠡᠨ | ᠬᠤᠶᠠᠳᠡᠬᠢ ᠤᠳᠠᠭ᠎ᠠ ᠵᠠᠰᠠᠪᠠ︶ | ᠨᠢᠭᠡᠳᠦᠭᠡᠷ ᠪᠦᠯᠦᠭ ᠶᠠᠷᠦᠩᠭᠡᠢ ᠲᠦᠷᠢᠮ | ᠨᠢᠭᠡᠳᠦᠭᠡᠷ ᠵᠦᠢᠯ ᠭᠠᠵᠠᠷ ᠰᠢᠷᠦᠢ ᠶᠢᠨ ᠬᠠᠮᠢᠶᠠᠷᠤᠯᠳᠠ ᠶᠢ ᠴᠢᠩᠭᠠᠳᠬᠠᠵᠦ᠂ ᠭᠠᠵᠠᠷ ᠰᠢᠷᠦᠢ ᠶᠢᠨ ᠨᠡᠶᠢᠭᠡᠮ | ᠵᠢᠷᠦᠮ ᠤᠨ ᠨᠡᠶᠢᠳᠡ ᠶᠢᠨ ᠦᠮᠴᠢᠯᠡᠯ ᠢ ᠬᠠᠮᠠᠭᠠᠯᠠᠨ᠂ ᠭᠠᠵᠠᠷ ᠰᠢᠷᠦᠢ ᠶᠢᠨ ᠡᠬᠢ ᠪᠠᠶᠠᠯᠢᠭ ᠢ ᠬᠠᠮᠠᠭᠠᠯᠠᠬᠤ ᠪᠠ | ᠨᠡᠭᠡᠭᠡᠨ ᠠᠰᠢᠭᠯᠠᠵᠦ᠂ ᠭᠠᠵᠠᠷ ᠰᠢᠷᠦᠢ ᠶᠢ ᠵᠦᠢ ᠵᠤᠬᠢᠰᠲᠠᠢ ᠪᠠᠷ ᠠᠰᠢᠭᠯᠠᠨ᠂ ᠲᠠᠷᠢᠶᠠᠨ ᠭᠠᠵᠠᠷ ᠢ ᠦᠨᠡᠨ ᠬᠦ | ᠬᠠᠮᠠᠭᠠᠯᠠᠵᠦ᠂ ᠨᠡᠶᠢᠭᠡᠮ ᠠᠵᠦ ᠠᠬᠤᠢ ᠶᠢᠨ ᠦᠷᠬᠦᠯᠵᠢᠯᠡᠬᠦ ᠬᠦᠭᠵᠢᠯᠳᠡ ᠶᠢ ᠠᠬᠢᠭᠤᠯᠬᠤ ᠶᠢᠨ ᠲᠦᠯᠦᠭᠡ᠂ | ᠦᠨᠳᠦᠰᠦᠨ ᠬᠠᠤᠯᠢ ᠶᠢ ᠦᠨᠳᠦᠰᠦᠯᠡᠨ ᠲᠤᠰ ᠬᠠᠤᠯᠢ ᠶᠢ ᠲᠤᠭᠳᠠᠭᠠᠪᠠ᠃ | ᠬᠤᠶᠠᠳᠣᠭᠠᠷ ᠵᠦᠢᠯ ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠭᠠᠵᠠᠷ ᠰᠢᠷᠦᠢ ᠶᠢᠨ ᠨᠡᠶᠢᠭᠡᠮ | ᠵᠢᠷᠦᠮ ᠤᠨ ᠨᠡᠶᠢᠳᠡ ᠶᠢᠨ ᠦᠮᠴᠢᠯᠡᠯ᠂ ᠲᠤᠬᠠᠶᠢᠯᠠᠪᠠᠯ ᠠᠷᠠᠳ ᠨᠡᠶᠢᠳᠡ ᠶᠢᠨ ᠦᠮᠴᠢᠯᠡᠯ ᠪᠠ ᠬᠦᠳᠡᠯᠮᠦᠷᠢᠴᠢᠨ | ᠲᠦᠮᠡᠨ ᠤ ᠬᠠᠮᠳᠦ ᠶᠢᠨ ᠦᠮᠴᠢᠯᠡᠯ ᠢ ᠬᠡᠷᠡᠭᠵᠢᠬᠦᠯᠦᠨ᠎ᠡ᠃ | ᠠᠷᠠᠳ ᠨᠡᠶᠢᠳᠡ ᠶᠢᠨ ᠦᠮᠴᠢᠯᠡᠯ᠂ ᠲᠤᠬᠠᠶᠢᠯᠠᠪᠠᠯ ᠤᠯᠤᠰ ᠤᠨ ᠦᠮᠴᠢᠯᠡᠯ ᠤᠨ ᠭᠠᠵᠠᠷ ᠰᠢᠷᠦᠢ ᠶᠢᠨ | ᠦᠮᠴᠢᠯᠡᠯ ᠤᠨ ᠡᠷᠭᠡ ᠶᠢ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠤᠯᠤᠰ ᠢ ᠲᠦᠯᠦᠭᠡᠯᠡᠨ ᠬᠡᠷᠡᠭᠵᠢᠬᠦᠯᠦᠨ᠎ᠡ᠃ | | ᠶᠠᠮᠠᠷᠪᠠ ᠨᠢᠭᠡᠴᠢ᠂ ᠬᠤᠪᠢ ᠬᠦᠮᠦᠨ ᠭᠠᠵᠠᠷ ᠰᠢᠷᠦᠢ ᠶᠢ ᠡᠵᠡᠯᠡᠵᠦ᠂ ᠮᠠᠶᠢᠮᠠᠶᠢᠯᠠᠬᠤ ᠪᠤᠶᠤ ᠪᠤᠰᠤᠳ ᠬᠡᠯᠪᠡᠷᠢ | ᠪᠠᠷ ᠬᠠᠣᠯᠢ ᠪᠣᠰᠣ ᠪᠠᠷ ᠰᠢᠯᠵᠢᠭᠦᠯᠦᠨ ᠦᠭᠴᠦ ᠪᠤᠯᠬᠤ ᠦᠭᠡᠢ᠃ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠬᠠᠤᠯᠢ | ᠶᠤᠰᠤᠭᠠᠷ ᠰᠢᠯᠵᠢᠬᠦᠯᠦᠨ ᠦᠭᠴᠦ ᠪᠤᠯᠤᠨ᠎ᠠ᠃ | ᠤᠯᠤᠰ ᠠᠴᠠ ᠤᠯᠠᠨ ᠨᠡᠶᠢᠳᠡ ᠶᠢᠨ ᠠᠰᠢᠭ ᠲᠤᠰᠠ ᠶᠢᠨ ᠬᠡᠷᠡᠭᠴᠡᠭᠡ ᠶᠢᠨ ᠲᠦᠯᠦᠭᠡ ᠭᠠᠵᠠᠷ ᠰᠢᠷᠦᠢ ᠶᠢ | ᠬᠠᠤᠯᠢ ᠶᠤᠰᠤᠭᠠᠷ ᠲᠠᠳᠠᠪᠤᠷᠢᠯᠠᠬᠤ ᠪᠤᠶᠤ ᠲᠠᠳᠠᠪᠤᠷᠢᠯᠠᠨ ᠬᠡᠷᠡᠭᠯᠡᠵᠦ ᠪᠤᠯᠬᠤ ᠪᠦᠭᠡᠳ ᠨᠦᠬᠦᠪᠦᠷᠢ ᠦᠭᠬᠦᠨ᠎ᠡ᠃ | ᠤᠯᠤᠰ ᠠᠴᠠ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠦᠨ᠎ᠡ ᠲᠦᠯᠦᠪᠤᠷᠢ ᠲᠠᠢ ᠪᠠᠷ ᠬᠡᠷᠡᠭᠯᠡᠬᠦ | ᠲᠦᠷᠢᠮ ᠢ ᠬᠠᠤᠯᠢ ᠶᠤᠰᠤᠭᠠᠷ ᠬᠡᠷᠡᠭᠵᠢᠬᠦᠯᠦᠨ᠎ᠡ᠃ ᠭᠡᠪᠡᠴᠦ ᠤᠯᠤᠰ ᠠᠴᠠ ᠬᠠᠤᠯᠢ ᠴᠠᠭᠠᠵᠠ ᠳᠤ ᠲᠤᠭᠳᠠᠭᠠᠭᠰᠠᠨ | ᠬᠡᠪᠴᠢᠶᠠᠨ ᠲᠤᠳᠤᠷ᠎ᠡ ᠤᠯᠤᠰ ᠤᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠰᠢᠯᠵᠢᠬᠦᠯᠦᠨ | ᠤᠯᠭᠤᠭᠰᠠᠨ ᠪᠠᠶᠢᠪᠠᠯ ᠡᠬᠦᠨ ᠳᠤ ᠪᠠᠭᠳᠠᠬᠤ ᠦᠭᠡᠢ᠃ | ᠭᠤᠷᠪᠠᠳᠤᠭᠠᠷ ᠵᠦᠢᠯ ᠭᠠᠵᠠᠷ ᠰᠢᠷᠦᠢ ᠶᠢ ᠲᠦᠢᠯ ᠢᠶᠠᠷ ᠨᠠᠨᠳᠢᠩᠨᠠᠵᠦ᠂ ᠵᠦᠢ ᠵᠤᠬᠢᠰᠲᠠᠢ ᠠᠰᠢᠭᠯᠠᠬᠤ ᠪᠠ | ᠲᠠᠷᠢᠶᠠᠨ ᠭᠠᠵᠠᠷ ᠢ ᠦᠨᠡᠨ ᠬᠦ ᠬᠠᠮᠠᠭᠠᠯᠠᠬᠤ ᠪᠤᠯ ᠮᠠᠨ ᠤ ᠤᠯᠤᠰ ᠤᠨ ᠦᠨᠳᠦᠰᠦᠨ ᠪᠤᠳᠤᠯᠭ᠎ᠠ ᠮᠦᠨ᠃ ᠡᠯ᠎ᠡ | ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠠᠷᠭ᠎ᠠ ᠬᠡᠮᠵᠢᠶ᠎ᠡ ᠠᠪᠴᠦ ᠪᠠᠶᠢᠭᠠᠳ ᠪᠦᠬᠦ ᠲᠠᠯ᠎ᠠ ᠪᠠᠷ | ᠲᠦᠯᠦᠪᠵᠢᠬᠦᠯᠦᠨ᠂ ᠴᠢᠩᠭ᠎ᠠ ᠬᠠᠮᠢᠶᠠᠷᠴᠦ᠂ ᠭᠠᠵᠠᠷ ᠰᠢᠷᠦᠢ ᠶᠢᠨ ᠡᠬᠢ ᠪᠠᠶᠠᠯᠢᠭ ᠢ ᠬᠠᠮᠠᠭᠠᠯᠠᠨ᠂ ᠨᠡᠭᠡᠭᠡᠨ | ᠠᠰᠢᠭᠯᠠᠵᠦ᠂ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠠᠵᠢᠯᠯᠠᠭ᠎ᠠ ᠶᠢ ᠬᠤᠷᠢᠭᠯᠠᠨ ᠵᠤᠭᠰᠤᠭᠠᠬᠤ | ᠬᠡᠷᠡᠭᠲᠠᠢ᠃ | ᠲᠦᠷᠪᠡᠳᠦᠭᠡᠷ ᠵᠦᠢᠯ ᠤᠯᠤᠰ ᠠᠴᠠ ᠭᠠᠵᠠᠷ ᠰᠢᠷᠦᠢ ᠶᠢᠨ ᠬᠡᠷᠡᠭᠯᠡᠯᠳᠡ ᠶᠢ ᠵᠠᠬᠢᠷᠤᠨ ᠬᠠᠮᠢᠶᠠᠷᠬᠤ ᠲᠦᠷᠢᠮ ᠢ | ᠬᠡᠷᠡᠭᠵᠢᠬᠦᠯᠦᠨ᠎ᠡ᠃ | ᠤᠯᠤᠰ ᠠᠴᠠ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠵᠦ᠂ | ᠭᠠᠵᠠᠷ ᠰᠢᠷᠦᠢ ᠶᠢᠨ ᠬᠡᠷᠡᠭᠯᠡᠯᠳᠡ ᠶᠢ ᠲᠤᠭᠳᠠᠭᠠᠵᠦ᠂ ᠭᠠᠵᠠᠷ ᠰᠢᠷᠦᠢ ᠶᠢ ᠲᠡᠷᠢᠶᠠᠯᠠᠩ ᠳᠤ ᠬᠡᠷᠡᠭᠯᠡᠬᠦ ᠭᠠᠵᠠᠷ᠂ | ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠠ ᠠᠰᠢᠭᠯᠠᠭᠠᠳᠤᠢ ᠭᠠᠵᠠᠷ ᠭᠡᠵᠦ ᠬᠤᠪᠢᠶᠠᠨ᠎ᠠ᠃ ᠲᠠᠷᠢᠶᠠᠯᠠᠩ ᠳᠤ | ᠬᠡᠷᠡᠭᠯᠡᠬᠦ ᠭᠠᠵᠠᠷ ᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠨ ᠬᠤᠪᠢᠷᠠᠭᠠᠬᠤ ᠶᠢ ᠴᠢᠩᠭ᠎ᠠ | ᠬᠢᠵᠠᠭᠠᠷᠯᠠᠵᠦ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠶᠡᠷᠦᠩᠭᠡᠢ ᠬᠡᠮᠵᠢᠶ᠎ᠡ ᠶᠢ ᠬᠢᠵᠠᠭᠠᠷᠯᠠᠵᠦ᠂ | ᠲᠠᠷᠢᠶᠠᠨ ᠭᠠᠵᠠᠷ ᠲᠤ ᠤᠨᠴᠠᠭᠠᠢ ᠬᠠᠮᠠᠭᠠᠯᠠᠯᠳᠠ ᠶᠠᠪᠤᠭᠤᠯᠤᠨ᠎ᠠ᠃ | ᠡᠮᠦᠨᠡᠬᠢ ᠪᠠᠳᠠᠭ ᠲᠤ ᠭᠡᠯᠡᠵᠦ ᠪᠠᠶᠢᠭ᠎ᠠ ᠲᠠᠷᠢᠶᠠᠯᠠᠩ ᠳᠤ ᠬᠡᠷᠡᠭᠯᠡᠬᠦ ᠭᠠᠵᠠᠷ ᠭᠡᠳᠡᠭ ᠨᠢ ᠲᠠᠷᠢᠶᠠᠨ ᠭᠠᠵᠠᠷ᠂ | ᠰᠢᠭᠤᠶᠢᠳᠦ ᠭᠠᠵᠠᠷ᠂ ᠪᠡᠯᠴᠢᠭᠡᠷ ᠭᠠᠵᠠᠷ᠂ ᠲᠠᠷᠢᠶᠠᠯᠠᠩ ᠤᠨ ᠤᠰᠤᠨ ᠠᠰᠢᠭᠯᠠᠯᠳᠠ ᠳᠤ ᠬᠡᠷᠡᠭᠯᠡᠬᠦ ᠭᠠᠵᠠᠷ᠂ ᠲᠡᠵᠢᠭᠡᠨ | ᠦᠷᠡᠵᠢᠬᠦᠯᠬᠦ ᠤᠰᠤᠨ ᠤ ᠭᠠᠳᠠᠷᠭᠤ ᠵᠡᠷᠭᠡ ᠶᠢ ᠪᠠᠭᠳᠠᠭᠠᠭᠰᠠᠨ ᠲᠠᠷᠢᠶᠠᠯᠠᠩ ᠤᠨ ᠦᠢᠯᠡᠳᠪᠦᠷᠢᠯᠡᠯ ᠳᠤ ᠰᠢᠭᠤᠳ | ᠬᠡᠷᠡᠭᠯᠡᠬᠦ ᠭᠠᠵᠠᠷ ᠰᠢᠷᠦᠢ ᠶᠢ ᠵᠢᠭᠠᠵᠦ ᠪᠠᠶᠢᠨ᠎ᠠ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠬᠡᠳᠡᠭ ᠨᠢ | ᠬᠤᠳᠠ ᠬᠦᠳᠡᠭᠡ ᠶᠢᠨ ᠤᠷᠤᠨ ᠰᠠᠭᠤᠴᠠ ᠪᠠ ᠨᠠᠶᠢᠳᠡ ᠶᠢᠨ ᠬᠡᠷᠡᠭᠯᠡᠬᠡᠨ ᠤ ᠲᠦᠬᠦᠭᠡᠷᠦᠮᠵᠢ ᠳᠤ ᠬᠡᠷᠡᠭᠯᠡᠬᠦ ᠭᠠᠵᠠᠷ᠂ | ᠦᠢᠯᠡᠳᠪᠦᠷᠢ ᠠᠭᠤᠷᠬᠠᠢ ᠳᠤ ᠬᠡᠷᠡᠭᠯᠡᠬᠦ ᠭᠠᠵᠠᠷ᠂ ᠵᠠᠮ ᠬᠠᠷᠢᠯᠴᠠᠭ᠎ᠠ ᠤᠰᠤᠨ ᠠᠰᠢᠭᠯᠠᠯᠳᠠ ᠶᠢᠨ ᠲᠦᠬᠦᠭᠡᠷᠦᠮᠵᠢ ᠳᠤ | ᠬᠡᠷᠡᠭᠯᠡᠬᠦ ᠭᠠᠵᠠᠷ᠂ ᠵᠤᠭᠠᠴᠠᠯ ᠳᠤ ᠬᠡᠷᠡᠭᠯᠡᠬᠦ ᠭᠠᠵᠠᠷ᠂ ᠵᠤᠭᠠᠴᠠᠯ ᠳᠤ ᠬᠡᠷᠡᠭᠯᠡᠬᠦ ᠭᠠᠵᠠᠷ᠂ ᠴᠡᠷᠢᠭ ᠤᠨ ᠶᠠᠪᠤᠳᠠᠯ ᠤᠨ | ᠲᠦᠬᠦᠭᠡᠷᠦᠮᠵᠢ ᠳᠤ ᠬᠡᠷᠡᠭᠯᠡᠬᠦ ᠭᠠᠵᠠᠷ ᠵᠡᠷᠭᠡ ᠶᠢ ᠪᠠᠭᠳᠠᠭᠠᠭᠰᠠᠨ ᠪᠠᠷᠢᠯᠭ᠎ᠠ᠂ ᠪᠠᠷᠢᠯᠭ᠎ᠠ ᠶᠢᠨ ᠡᠳ᠋ ᠢ ᠪᠠᠶᠢᠭᠤᠯᠬᠤ ᠳᠤ | ᠬᠡᠷᠡᠭᠯᠡᠬᠦ ᠭᠠᠵᠠᠷ ᠰᠢᠷᠦᠢ ᠶᠢ ᠵᠢᠭᠠᠵᠦ ᠪᠠᠶᠢᠨ᠎ᠠ︔ ᠠᠰᠢᠭᠯᠠᠭᠠᠳᠦᠢ ᠭᠠᠵᠠᠷ ᠭᠡᠳᠡᠭ ᠨᠢ ᠲᠠᠷᠢᠶᠠᠯᠠᠩ ᠳᠤ ᠬᠡᠷᠡᠭᠯᠡᠬᠦ | ᠭᠠᠵᠠᠷ ᠪᠠ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠠᠴᠠ ᠪᠤᠰᠤᠳ ᠭᠠᠵᠠᠷ ᠰᠢᠷᠦᠢ ᠶᠢ ᠵᠢᠭᠠᠵᠦ ᠪᠠᠶᠢᠨ᠎ᠠ᠃ | | ᠭᠠᠵᠠᠷ ᠰᠢᠷᠦᠢ ᠬᠡᠷᠡᠭᠯᠡᠬᠦ ᠨᠢᠭᠡᠴᠢ ᠪᠤᠯᠤᠨ ᠬᠤᠪᠢ ᠬᠦᠮᠦᠨ ᠡᠷᠭᠡᠪᠰᠢ ᠭᠠᠵᠠᠷ ᠰᠢᠷᠦᠢ ᠶᠢ ᠠᠰᠢᠭᠯᠠᠬᠤ | ᠶᠡᠷᠦᠩᠭᠡᠢ ᠲᠦᠯᠦᠪᠵᠢᠬᠦᠯᠭᠡ ᠳᠤ ᠲᠤᠭᠳᠠᠭᠠᠭᠰᠠᠨ ᠬᠡᠷᠡᠭᠯᠡᠯᠳᠡ ᠶᠢ ᠴᠢᠩᠭ᠎ᠠ ᠵᠢᠷᠦᠮᠯᠠᠨ ᠭᠠᠵᠠᠷ ᠰᠢᠷᠦᠢ ᠶᠢ ᠬᠡᠷᠡᠭᠯᠡᠬᠦ | ᠬᠡᠷᠡᠭᠲᠠᠢ᠃ | ᠲᠠᠪᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠪᠦᠬᠦ ᠤᠯᠤᠰ ᠤᠨ ᠭᠠᠵᠠᠷ ᠰᠢᠷᠦᠢ ᠶᠢ ᠬᠠᠮᠢᠶᠠᠷᠴᠦ ᠬᠢᠨᠠᠬᠤ ᠠᠵᠢᠯ ᠢ | ᠨᠢᠭᠡᠳᠦᠯᠲᠠᠢ ᠬᠠᠷᠢᠭᠤᠴᠠᠨ᠎ᠠ᠃ | ᠰᠢᠶᠠᠨ ᠤ ᠱᠠᠳᠤᠨ ᠠᠴᠠ ᠲᠡᠭᠡᠭᠰᠢᠬᠢ ᠣᠷᠣᠨ ᠨᠤᠳᠤᠭ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ | ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢ ᠪᠠᠶᠢᠭᠤᠯᠬᠤ ᠵᠢᠴᠢ ᠲᠠᠬᠦᠨ ᠤ ᠲᠤᠰᠢᠶᠠᠯ | ᠬᠠᠷᠢᠭᠤᠴᠠᠯᠭ᠎ᠠ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ | ᠵᠠᠰᠠᠭ ᠤᠨ ᠤᠷᠳᠤᠨ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠲᠤᠭᠳᠠᠭᠠᠯ ᠢ | ᠦᠨᠳᠦᠰᠦᠯᠡᠨ ᠲᠤᠭᠳᠠᠭᠠᠨ᠎ᠠ᠃ | ᠵᠢᠷᠭᠤᠳᠤᠭᠠᠷ ᠵᠦᠢᠯ ᠶᠠᠮᠠᠷᠪᠠ ᠨᠢᠭᠡᠴᠢ᠂ ᠬᠤᠪᠢ ᠬᠦᠮᠦᠨ ᠴᠦᠮ ᠭᠠᠵᠠᠷ ᠰᠢᠷᠦᠢ ᠶᠢᠨ ᠬᠠᠮᠢᠶᠠᠷᠤᠯᠳᠠ ᠶᠢᠨ | ᠬᠠᠤᠯᠢ ᠴᠠᠭᠠᠵᠠ᠂ ᠬᠠᠤᠯᠢ ᠲᠦᠷᠢᠮ ᠢ ᠵᠢᠷᠦᠮᠯᠠᠨ ᠰᠠᠬᠢᠬᠤ ᠡᠬᠦᠷᠭᠡ ᠲᠠᠢ ᠪᠦᠭᠡᠳ ᠭᠠᠵᠠᠷ ᠰᠢᠷᠦᠢ ᠶᠢᠨ | ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ ᠲᠤᠭᠳᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠨ | ᠵᠠᠭᠠᠯᠳᠤᠬᠤ ᠡᠷᠭᠡ ᠲᠠᠢ᠃ | ᠲᠤᠯᠤᠳᠤᠭᠠᠷ ᠵᠦᠢᠯ ᠭᠠᠵᠠᠷ ᠰᠢᠷᠦᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠠᠰᠢᠭᠯᠠᠬᠤ᠂ | ᠭᠠᠵᠠᠷ ᠰᠢᠷᠦᠢ ᠶᠢ ᠵᠦᠢ ᠵᠤᠬᠢᠰᠲᠠᠢ ᠠᠰᠢᠭᠯᠠᠬᠤ ᠵᠢᠴᠢ ᠬᠤᠯᠪᠤᠭᠳᠠᠯ ᠪᠦᠬᠦᠢ ᠰᠢᠨᠵᠢᠯᠡᠬᠦ ᠤᠬᠠᠭᠠᠨ ᠤ ᠰᠣᠳᠣᠯᠭᠠᠨ | ᠬᠢᠬᠦ ᠵᠡᠷᠭᠡ ᠲᠠᠯ᠎ᠠ ᠪᠠᠷ ᠢᠯᠡᠳᠳᠡ ᠠᠮᠵᠢᠯᠳᠠ ᠤᠯᠤᠭᠰᠠᠨ ᠨᠢᠭᠡᠴᠢ ᠪᠤᠯᠤᠨ ᠬᠤᠪᠢ ᠬᠦᠮᠦᠨ ᠢ ᠠᠷᠠᠳ ᠤᠨ | ᠵᠠᠰᠠᠭ ᠤᠨ ᠤᠷᠳᠤᠨ ᠠᠴᠠ ᠬᠦᠬᠢᠬᠦᠯᠦᠨ ᠱᠠᠩᠨᠠᠨ᠎ᠠ᠃ | ᠬᠤᠶᠠᠳᠣᠭᠠᠷ ᠪᠦᠯᠦᠭ ᠭᠠᠵᠠᠷ ᠰᠢᠷᠦᠢ ᠶᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ | ᠨᠠᠢᠮᠠᠳᠣᠭᠠᠷ ᠵᠦᠢᠯ ᠬᠤᠳᠠ ᠶᠢᠨ ᠲᠤᠭᠤᠷᠢᠭ ᠤᠨ ᠭᠠᠵᠠᠷ ᠰᠢᠷᠦᠢ ᠪᠤᠯ ᠤᠯᠤᠰ ᠤᠨ ᠦᠮᠴᠢᠯᠡᠯ ᠳᠤ | ᠬᠠᠷᠢᠶᠠᠯᠠᠭᠳᠠᠨ᠎ᠠ᠃ ᠬᠦᠳᠡᠭᠡ ᠲᠤᠰᠬᠤᠨ ᠪᠠ ᠬᠤᠳᠠ ᠶᠢᠨ ᠲᠡᠬᠦᠷᠭᠡ ᠶᠢᠨ ᠭᠠᠵᠠᠷ ᠰᠢᠷᠦᠢ ᠶᠢᠨ ᠤᠯᠤᠰ ᠤᠨ | ᠦᠮᠴᠢᠯᠡᠯ ᠳᠤ ᠬᠠᠷᠢᠶᠠᠯᠠᠭᠳᠠᠨ᠎ᠠ ᠭᠡᠵᠦ ᠬᠠᠤᠯᠢ ᠴᠠᠭᠠᠵᠠ ᠳᠤ ᠲᠤᠭᠳᠠᠭᠠᠭᠰᠠᠨ ᠠᠴᠠ ᠪᠤᠰᠣᠳ ᠨᠢ ᠲᠠᠷᠢᠶᠠᠴᠢᠳ ᠤᠨ | ᠬᠠᠮᠳᠦ ᠶᠢᠨ ᠦᠮᠴᠢᠯᠡᠯ ᠳᠤ ᠬᠠᠷᠢᠶᠠᠯᠠᠭᠳᠠᠨ᠎ᠠ︔ ᠤᠷᠤᠨ ᠰᠠᠭᠤᠴᠠ ᠶᠢᠨ ᠭᠠᠵᠠᠷ ᠪᠠ ᠬᠤᠪᠢᠨ ᠳᠠᠭᠠᠨ | ᠦᠯᠡᠳᠡᠭᠡᠭᠰᠡᠨ ᠲᠡᠷᠢᠶ᠎ᠡ᠂ ᠬᠤᠪᠢᠨ ᠳᠠᠭᠠᠨ ᠦᠯᠡᠳᠡᠭᠡᠭᠰᠡᠨ ᠠᠭᠤᠯᠠ ᠨᠢ ᠲᠠᠷᠢᠶᠠᠴᠢᠳ ᠤᠨ ᠬᠠᠮᠳᠦ ᠶᠢᠨ | ᠦᠮᠴᠢᠯᠡᠯ ᠳᠤ ᠬᠠᠷᠢᠶᠠᠯᠠᠭᠳᠠᠨ᠎ᠠ᠃ | ᠶᠢᠰᠦᠳᠦᠭᠡᠷ ᠵᠦᠢᠯ ᠣᠯᠣᠰ ᠤᠨ ᠦᠮᠴᠢᠯᠡᠯ ᠤᠨ ᠭᠠᠵᠠᠷ ᠰᠢᠷᠦᠢ ᠪᠠ ᠲᠠᠷᠢᠶᠠᠴᠢᠳ ᠤᠨ ᠬᠠᠮᠳᠦ ᠶᠢᠨ | ᠦᠮᠴᠢᠯᠡᠯ ᠤᠨ ᠭᠠᠵᠠᠷ ᠰᠢᠷᠦᠢ ᠶᠢ ᠬᠠᠤᠯᠢ ᠶᠤᠰᠤᠭᠠᠷ ᠨᠢᠭᠡᠴᠢ ᠪᠤᠶᠤ ᠬᠤᠪᠢ ᠬᠦᠮᠦᠨ ᠳᠤ ᠦᠭᠴᠦ ᠬᠡᠷᠡᠭᠯᠡᠬᠦᠯᠬᠦ | ᠪᠠᠷ ᠲᠤᠭᠳᠠᠭᠠᠵᠦ ᠪᠤᠯᠤᠨ᠎ᠠ᠃ ᠭᠠᠵᠠᠷ ᠰᠢᠷᠦᠢ ᠶᠢ ᠬᠡᠷᠡᠭᠯᠡᠬᠦ ᠨᠢᠭᠡᠴᠢ ᠪᠠ ᠬᠤᠪᠢ ᠬᠦᠮᠦᠨ ᠭᠠᠵᠠᠷ ᠰᠢᠷᠦᠢ ᠶᠢ | ᠬᠠᠮᠠᠭᠠᠯᠠᠬᠤ᠂ ᠬᠠᠮᠢᠶᠠᠷᠬᠤ ᠪᠠ ᠵᠦᠢ ᠵᠤᠬᠢᠰᠲᠠᠢ ᠪᠠᠷ ᠠᠰᠢᠭᠯᠠᠬᠤ ᠡᠬᠦᠷᠭᠡ ᠲᠠᠢ᠃ | ᠠᠷᠪᠠᠳᠣᠭᠠᠷ ᠵᠦᠢᠯ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠨᠢ ᠬᠠᠤᠯᠢ ᠶᠤᠰᠤᠭᠠᠷ | ᠭᠠᠴᠠᠭᠠᠨ ᠤ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠬᠠᠷᠢᠶᠠᠯᠠᠭᠳᠠᠵᠦ ᠪᠠᠶᠢᠪᠠᠯ᠂ ᠭᠠᠴᠠᠭ᠎ᠠ ᠶᠢᠨ ᠬᠠᠮᠳᠦ ᠶᠢᠨ | ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠪᠤᠶᠤ ᠭᠠᠴᠠᠭᠠᠨ ᠤ ᠠᠷᠠᠳ ᠤᠨ ᠵᠦᠪᠯᠡᠯ ᠠᠴᠠ ᠡᠵᠡᠩᠨᠡᠵᠦ | ᠬᠠᠮᠢᠶᠠᠷᠤᠨ᠎ᠠ︔ ᠨᠢᠭᠡᠨᠳᠡ ᠭᠠᠴᠠᠭ᠎ᠠ ᠶᠢᠨ ᠲᠤᠳᠤᠷᠠᠬᠢ ᠬᠤᠶᠠᠷ ᠠᠴᠠ ᠲᠡᠭᠡᠰᠢᠬᠢ ᠬᠦᠳᠡᠭᠡ ᠲᠤᠰᠬᠤᠨ ᠤ | ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠲᠤᠰ | ᠲᠤᠰ ᠬᠠᠷᠢᠶᠠᠯᠠᠭᠳᠠᠵᠦ ᠪᠠᠶᠢᠪᠠᠯ᠂ ᠭᠠᠴᠠᠭ᠎ᠠ ᠶᠢᠨ ᠲᠤᠳᠤᠷᠠᠬᠢ ᠲᠡᠳᠡᠭᠡᠷ ᠬᠦᠳᠡᠭᠡ ᠲᠤᠰᠬᠤᠨ ᠤ ᠬᠠᠮᠳᠦ ᠶᠢᠨ ᠠᠵᠦ | ᠠᠬᠤᠢ ᠶᠢᠨ ᠵᠤᠬᠢᠶᠠᠨ ᠪᠠᠶᠢᠭᠤᠯᠤᠯᠳᠠ ᠪᠤᠶᠤ ᠭᠠᠴᠠᠭᠠᠨ ᠤ ᠠᠷᠠᠳ ᠤᠨ ᠲᠤᠭᠤᠶᠢᠯᠠᠩ ᠠᠴᠠ ᠡᠵᠡᠩᠨᠡᠵᠦ | ᠬᠠᠮᠢᠶᠠᠷᠤᠨ᠎ᠠ ︔ ᠨᠢᠭᠡᠨᠳᠡ ᠰᠤᠮᠤ ︵ᠪᠠᠯᠭᠠᠰᠦ︶ ᠶᠢᠨ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ | ᠬᠠᠷᠢᠶᠠᠯᠠᠭᠳᠠᠵᠦ ᠪᠠᠶᠢᠪᠠᠯ᠂ ᠰᠤᠮᠤ ︵ᠪᠠᠯᠭᠠᠰᠦ︶ ᠶᠢᠨ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ | ᠵᠤᠬᠢᠶᠠᠨ ᠪᠠᠶᠢᠭᠤᠯᠤᠯᠳᠠ ᠠᠴᠠ ᠡᠵᠡᠩᠨᠡᠵᠦ ᠬᠠᠮᠢᠶᠠᠷᠤᠨ᠎ᠠ᠃ | ᠠᠷᠪᠠᠨ ᠨᠢᠭᠡᠳᠦᠭᠡᠷ ᠵᠦᠢᠯ ᠲᠠᠷᠢᠶᠠᠴᠢᠳ ᠤᠨ ᠬᠠᠮᠳᠦ ᠶᠢᠨ ᠦᠮᠴᠢᠯᠡᠯ ᠤ ᠭᠠᠵᠠᠷ ᠰᠢᠷᠦᠢ ᠶᠢ ᠰᠢᠶᠠᠨ | ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠲᠠᠩᠰᠠᠯᠠᠨ ᠲᠡᠮᠳᠡᠭᠯᠡᠵᠦ᠂ ᠬᠢᠨᠠᠵᠦ ᠬᠠᠷᠭᠤᠭᠤᠯᠤᠭᠠᠳ ᠦᠨᠡᠮᠯᠡᠯ | ᠤᠯᠭᠤᠨ᠂ ᠦᠮᠴᠢᠯᠡᠯ ᠤᠨ ᠡᠷᠭᠡ ᠶᠢ ᠨᠢ ᠨᠤᠳᠠᠯᠠᠨ ᠲᠤᠭᠳᠠᠭᠠᠨ᠎ᠠ᠃ | ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠬᠠᠤᠯᠢ ᠶᠤᠰᠤᠭᠠᠷ ᠲᠠᠷᠢᠶᠠᠯᠠᠩ ᠤᠨ ᠪᠤᠰᠤ | ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠳᠤ ᠬᠦᠷᠪᠡᠯ᠂ ᠰᠢᠶᠠᠨ ᠤ ᠱᠠᠳᠤᠨ ᠤ ᠠᠷᠠᠳ ᠤᠨ ᠵᠠᠰᠠᠭ ᠤᠨ | ᠣᠷᠳᠤᠨ ᠠᠴᠠ ᠲᠠᠩᠰᠠᠯᠠᠨ ᠲᠡᠮᠳᠡᠭᠯᠡᠵᠦ᠂ ᠬᠢᠨᠠᠵᠦ ᠬᠠᠷᠭᠤᠭᠤᠯᠤᠭᠠᠳ ᠦᠨᠡᠮᠯᠡᠯ ᠤᠯᠭᠤᠨ᠂ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠭᠡ ᠶᠢ ᠨᠢ ᠨᠤᠳᠠᠯᠠᠨ ᠲᠤᠭᠳᠠᠭᠠᠨ᠎ᠠ᠃ | ᠨᠢᠭᠡᠴᠢ ᠪᠠ ᠬᠤᠪᠢ ᠬᠦᠮᠦᠨ ᠬᠠᠤᠯᠢ ᠶᠤᠰᠤᠭᠠᠷ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ | ᠬᠡᠷᠡᠭᠯᠡᠬᠦ ᠳᠤ ᠬᠦᠷᠪᠡᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠠᠴᠠ ᠲᠠᠩᠰᠠᠯᠠᠨ | ᠲᠡᠮᠳᠡᠭᠯᠡᠵᠦ᠂ ᠬᠢᠨᠠᠨ ᠬᠠᠷᠭᠤᠭᠤᠯᠤᠭᠠᠳ ᠦᠨᠡᠮᠯᠡᠯ ᠤᠯᠭᠤᠨ᠂ ᠬᠡᠷᠡᠭᠯᠡᠬᠦ ᠡᠷᠭᠡ ᠶᠢ ᠨᠢ ᠨᠤᠳᠠᠯᠠᠨ ᠲᠤᠭᠳᠠᠭᠠᠨ᠎ᠠ︔ | ᠡᠬᠦᠨ ᠤ ᠲᠤᠳᠤᠷ᠎ᠡ᠂ ᠲᠦᠪ ᠤᠨ ᠲᠦᠷᠦ ᠶᠢᠨ ᠪᠠᠶᠢᠭᠤᠯᠭ᠎ᠠ ᠶᠢᠨ ᠬᠡᠷᠡᠭᠯᠡᠬᠦ ᠤᠯᠤᠰ ᠤᠨ ᠦᠮᠴᠢᠯᠡᠯ ᠤᠨ ᠭᠠᠵᠠᠷ | ᠰᠢᠷᠦᠢ ᠶᠢ ᠪᠤᠳᠠᠳᠠᠢ ᠪᠠᠷ ᠲᠠᠩᠰᠠᠯᠠᠨ ᠲᠠᠮᠳᠡᠭᠯᠡᠵᠦ ᠬᠡᠷᠡᠴᠢ ᠪᠢᠴᠢᠭ ᠤᠯᠭᠤᠬᠤ ᠪᠠᠶᠢᠭᠤᠯᠭ᠎ᠠ ᠶᠢ ᠲᠦᠷᠦ ᠶᠢᠨ | ᠶᠠᠪᠤᠳᠠᠯ ᠤᠨ ᠬᠤᠷᠢᠶ᠎ᠡ ᠠᠴᠠ ᠲᠤᠭᠳᠠᠭᠠᠨ᠎ᠠ᠃ | ᠰᠢᠭᠤᠶᠢᠳᠦ ᠭᠠᠵᠠᠷ᠂ ᠨᠤᠳᠤᠭ ᠪᠡᠯᠴᠢᠭᠡᠷ ᠤᠨ ᠦᠮᠴᠢᠯᠡᠬᠦ ᠡᠷᠭᠡ ᠪᠤᠶᠤ ᠬᠡᠷᠡᠭᠯᠡᠬᠦ ᠡᠷᠭᠡ ᠶᠢ ᠨᠤᠳᠠᠯᠠᠨ | ᠲᠤᠭᠳᠠᠭᠠᠬᠤ᠂ ᠤᠰᠤᠨ ᠤ ᠭᠠᠳᠠᠷᠭᠤ᠂ ᠲᠠᠯᠠᠢ ᠶᠢᠨ ᠲᠠᠩ ᠢ ᠠᠰᠢᠭᠯᠠᠨ ᠲᠡᠵᠢᠭᠡᠨ ᠦᠷᠡᠵᠢᠬᠦᠯᠬᠦ ᠠᠵᠢᠯ ᠳᠤ | ᠬᠡᠷᠡᠭᠯᠡᠬᠦ ᠡᠷᠭᠡ ᠶᠢ ᠨᠤᠳᠠᠯᠠᠨ ᠲᠤᠭᠳᠠᠭᠠᠬᠤ ᠳᠤ《 ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠤᠢ | ᠰᠢᠭᠤᠢ ᠶᠢᠨ ᠬᠠᠤᠯᠢ 》᠂《 ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠨᠤᠳᠤᠭ ᠪᠡᠯᠴᠢᠭᠡᠷ ᠤᠨ | ᠬᠠᠤᠯᠢ 》ᠪᠤᠯᠤᠨ《 ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠵᠢᠭᠠᠰᠤᠨ ᠠᠵᠦ ᠠᠬᠤᠢ ᠶᠢᠨ | ᠬᠠᠤᠯᠢ 》 ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠲᠤᠰ ᠲᠤᠰ ᠰᠢᠢᠳᠪᠦᠷᠢᠯᠡᠨ᠎ᠡ᠃ | ᠠᠷᠪᠠᠨ ᠬᠤᠶᠠᠳᠦᠭᠠᠷ ᠵᠦᠢᠯ ᠭᠠᠵᠠᠷ ᠰᠢᠷᠦᠢ ᠶᠢᠨ ᠡᠷᠭᠡ ᠶᠢᠨ ᠬᠠᠷᠢᠶᠠᠯᠠᠯ ᠪᠠ ᠬᠡᠷᠡᠭᠯᠡᠯᠳᠡ ᠶᠢ ᠬᠠᠤᠯᠢ | ᠶᠤᠰᠤᠭᠠᠷ ᠬᠤᠪᠢᠷᠠᠭᠠᠬᠤ ᠳᠤ ᠬᠦᠷᠪᠡᠯ᠂ ᠭᠠᠵᠠᠷ ᠰᠢᠷᠦᠢ ᠶᠢᠨ ᠡᠷᠭᠡ ᠶᠢᠨ ᠬᠠᠷᠢᠶᠠᠯᠠᠯ᠂ ᠬᠡᠷᠡᠭᠯᠡᠯᠳᠡ ᠶᠢ | ᠬᠤᠪᠢᠷᠠᠭᠠᠬᠤ ᠲᠠᠩᠰᠠᠯᠠᠯᠳᠠ ᠶᠢᠨ ᠭᠠᠷ ᠬᠦᠢᠴᠡᠳᠭᠡᠯ ᠬᠢᠬᠦ ᠬᠡᠷᠡᠭᠲᠠᠢ᠃ | ᠠᠷᠪᠠᠨ ᠭᠤᠷᠪᠠᠳᠦᠭᠠᠷ ᠵᠦᠢᠯ ᠬᠠᠤᠯᠢ ᠶᠤᠰᠤᠭᠠᠷ ᠲᠠᠩᠰᠠᠯᠠᠭᠤᠯᠤᠭᠰᠠᠨ ᠭᠠᠵᠠᠷ ᠰᠢᠷᠦᠢ ᠶᠢᠨ ᠦᠮᠴᠢᠯᠡᠬᠦ | ᠡᠷᠬᠡ ᠪᠠ ᠬᠡᠷᠡᠭᠯᠡᠬᠦ ᠡᠷᠭᠡ ᠶᠢ ᠬᠠᠤᠯᠢ ᠪᠠᠷ ᠬᠠᠮᠠᠭᠠᠯᠠᠨ᠎ᠠ᠂ ᠶᠠᠮᠠᠷᠪᠠ ᠨᠢᠭᠡᠴᠢ ᠪᠤᠯᠤᠨ ᠬᠤᠪᠢ ᠬᠦᠮᠦᠨ ᠬᠠᠯᠳᠠᠵᠦ | ᠪᠤᠯᠬᠤ ᠦᠭᠡᠢ᠃ | ᠠᠷᠪᠠᠨ ᠲᠦᠷᠪᠡᠳᠦᠭᠡᠷ ᠵᠦᠢᠯ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠲᠤᠰ | ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠪᠦᠷᠢᠯᠳᠦᠬᠦᠨ ᠨᠠᠷ ᠲᠠᠭᠠᠭᠠᠴᠢᠯᠠᠨ ᠡᠵᠡᠩᠨᠡᠵᠦ᠂ | ᠲᠠᠷᠢᠮᠠᠯ ᠤᠨ ᠦᠢᠯᠡᠰ᠂ ᠤᠢ ᠰᠢᠭᠤᠢ ᠶᠢᠨ ᠠᠵᠦ ᠠᠬᠤᠢ᠂ ᠮᠠᠯ ᠠᠵᠦ ᠠᠬᠤᠢ᠂ ᠵᠢᠭᠠᠰᠤᠨ ᠠᠵᠦ ᠠᠬᠤᠢ ᠶᠢᠨ | ᠦᠢᠯᠡᠳᠪᠦᠷᠢᠯᠡᠯ ᠬᠢᠨ᠎ᠡ᠃ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠬᠤᠭᠤᠴᠠᠭ᠎ᠠ ᠨᠢ ᠭᠤᠴᠢᠨ ᠵᠢᠯ ᠪᠤᠯᠤᠨ᠎ᠠ᠃ | ᠲᠠᠭᠠᠭᠠᠴᠢᠯᠠᠭᠤᠯᠬᠤ ᠡᠳᠡᠭᠡᠳ ᠪᠠ ᠲᠠᠭᠠᠭᠠᠴᠢᠯᠠᠬᠤ ᠡᠳᠡᠭᠡᠳ ᠬᠤᠭᠤᠷᠤᠨᠳᠦ ᠪᠠᠨ ᠲᠠᠭᠠᠭᠠᠴᠢᠯᠠᠯᠳᠠ ᠶᠢᠨ ᠬᠡᠷ᠎ᠡ | ᠲᠤᠭᠳᠠᠭᠠᠵᠦ᠂ ᠬᠤᠶᠠᠷ ᠡᠳᠡᠭᠡᠳ ᠤᠨ ᠡᠷᠭᠡ ᠪᠠ ᠡᠬᠦᠷᠭᠡ ᠶᠢ ᠪᠤᠯᠵᠤᠨ ᠲᠤᠭᠳᠠᠭᠠᠬᠤ ᠬᠡᠷᠡᠭᠲᠠᠢ᠃ ᠭᠠᠵᠠᠷ | ᠰᠢᠷᠦᠢ ᠶᠢ ᠲᠠᠭᠠᠭᠠᠴᠢᠯᠠᠨ ᠡᠵᠡᠩᠨᠡᠭᠰᠡᠨ ᠲᠠᠷᠢᠶᠠᠴᠢᠳ ᠭᠠᠵᠠᠷ ᠰᠢᠷᠦᠢ ᠶᠢ ᠬᠠᠮᠠᠭᠠᠯᠠᠬᠤ᠂ ᠭᠠᠵᠠᠷ ᠰᠢᠷᠦᠢ ᠶᠢᠨ | ᠲᠠᠭᠠᠭᠠᠴᠢᠯᠠᠯᠳᠠ ᠶᠢᠨ ᠭᠡᠷ᠎ᠡ ᠳᠤ ᠪᠤᠯᠵᠤᠨ ᠲᠤᠭᠳᠠᠭᠠᠭᠰᠠᠨ ᠬᠡᠷᠡᠭᠯᠡᠯᠳᠡ ᠶᠤᠰᠤᠭᠠᠷ ᠭᠠᠵᠠᠷ ᠰᠢᠷᠦᠢ ᠶᠢ ᠵᠦᠢ | ᠵᠤᠬᠢᠰᠲᠠᠢ ᠠᠰᠢᠭᠯᠠᠬᠤ ᠡᠬᠦᠷᠭᠡ ᠲᠠᠢ᠃ ᠲᠠᠷᠢᠶᠠᠴᠢᠳ ᠤᠨ ᠭᠠᠵᠷ ᠰᠢᠷᠦᠢ ᠲᠠᠭᠠᠭᠠᠴᠢᠯᠠᠨ ᠡᠵᠡᠩᠨᠡᠬᠦ ᠡᠷᠭᠡ ᠶᠢ | ᠬᠠᠤᠯᠢ ᠪᠠᠷ ᠬᠠᠮᠠᠭᠠᠯᠠᠨ᠎ᠠ᠃ | ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠬᠤᠭᠤᠴᠠᠭᠠᠨ ᠳᠤ ᠤᠨᠴᠠ ᠵᠠᠷᠢᠮ ᠲᠠᠭᠠᠭᠠᠴᠢᠯᠠᠨ | ᠡᠵᠡᠩᠨᠡᠭᠴᠢᠳ ᠤᠨ ᠬᠤᠭᠤᠷᠤᠨᠳᠤᠬᠢ ᠲᠠᠭᠠᠭᠠᠴᠢᠯᠠᠭᠰᠠᠨ ᠭᠠᠵᠠᠷ ᠰᠢᠷᠦᠢ ᠳᠤ ᠵᠤᠬᠢᠰᠲᠠᠢ ᠲᠤᠬᠢᠷᠠᠭᠤᠯᠤᠯᠳᠠ ᠬᠢᠬᠦ ᠳᠤ | ᠬᠦᠷᠪᠡᠯ᠂ ᠡᠷᠭᠡᠪᠰᠢ ᠭᠠᠴᠠᠭᠠᠨ ᠤ ᠠᠷᠠᠳ ᠤᠨ ᠬᠤᠷᠠᠯ ᠤᠨ ᠭᠤᠷᠪᠠᠨ ᠤ ᠬᠤᠶᠠᠷ ᠬᠤᠪᠢ ᠠᠴᠠ ᠲᠡᠭᠡᠭᠰᠢᠬᠢ | ᠪᠦᠷᠢᠯᠳᠦᠬᠦᠨ ᠪᠤᠶᠤ ᠭᠤᠷᠪᠠᠨ ᠤ ᠬᠤᠶᠠᠷ ᠬᠤᠪᠢ ᠠᠴᠠ ᠲᠡᠭᠡᠭᠰᠢᠬᠢ ᠭᠠᠴᠠᠭᠠᠨ ᠤ ᠠᠷᠠᠳ ᠤᠨ | ᠲᠦᠯᠦᠭᠡᠯᠡᠭᠴᠢᠳ ᠢᠶᠠᠷ ᠵᠦᠪᠰᠢᠶᠡᠷᠡᠬᠦᠯᠬᠦ ᠬᠡᠷᠡᠭᠲᠠᠢ ᠪᠦᠭᠡᠳ ᠰᠤᠮᠤ ᠠᠴᠠ ︵ᠪᠠᠯᠭᠠᠰᠦ︶ ᠶᠢᠨ ᠠᠷᠠᠳ ᠤᠨ | ᠵᠠᠰᠠᠭ ᠤᠨ ᠤᠷᠳᠤᠨ ᠪᠠ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠲᠠᠷᠢᠶᠠᠯᠠᠩ ᠤᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠠᠢ᠃ | ᠠᠷᠪᠠᠨ ᠲᠠᠪᠤᠳᠤᠭᠠᠷ ᠵᠦᠢᠯ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠨᠢᠭᠡᠴᠢ ᠪᠤᠶᠤ ᠬᠤᠪᠢ | ᠬᠦᠮᠦᠨ ᠲᠠᠭᠠᠭᠠᠴᠢᠯᠠᠨ ᠡᠵᠡᠩᠨᠡᠵᠦ᠂ ᠲᠠᠷᠢᠮᠠᠯ ᠤᠨ ᠦᠢᠯᠡᠰ᠂ ᠤᠢ ᠰᠢᠭᠤᠢ ᠶᠢᠨ ᠠᠵᠦ ᠠᠬᠤᠢ᠂ ᠮᠠᠯ ᠠᠵᠦ ᠠᠬᠤᠢ | ᠂ ᠵᠢᠭᠠᠰᠤᠨ ᠠᠵᠦ ᠠᠬᠤᠢ ᠶᠢᠨ ᠦᠢᠯᠡᠳᠪᠦᠷᠢᠯᠡᠯ ᠬᠢᠵᠦ ᠪᠤᠯᠤᠨ᠎ᠠ᠃ ᠲᠠᠷᠢᠶᠠᠴᠢᠳ ᠤᠨ ᠬᠠᠮᠳᠦ ᠶᠢᠨ | ᠦᠮᠴᠢᠯᠡᠯ ᠤᠨ ᠭᠠᠵᠠᠷ ᠰᠢᠷᠦᠢ ᠶᠢ ᠲᠤᠰ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠠᠴᠠ | ᠭᠠᠳᠠᠨᠠᠬᠢ ᠨᠢᠭᠡᠴᠢ ᠪᠤᠶᠤ ᠬᠤᠪᠢ ᠬᠦᠮᠦᠨ ᠲᠠᠭᠠᠭᠠᠴᠢᠯᠠᠨ ᠡᠵᠡᠩᠨᠡᠵᠦ᠂ ᠲᠠᠷᠢᠮᠠᠯ ᠤᠨ ᠦᠢᠯᠡᠰ᠂ ᠤᠢ ᠰᠢᠭᠤᠢ ᠶᠢᠨ | ᠠᠵᠦ ᠠᠬᠤᠢ᠂ ᠮᠠᠯ ᠠᠵᠦ ᠠᠬᠤᠢ᠂ ᠵᠢᠭᠠᠰᠣᠨ ᠠᠵᠦ ᠠᠬᠤᠢ ᠶᠢᠨ ᠦᠢᠯᠡᠳᠪᠦᠷᠢᠯᠡᠯ ᠬᠢᠵᠦ ᠪᠤᠯᠤᠨ᠎ᠠ᠃ | ᠲᠠᠭᠠᠭᠠᠴᠢᠯᠠᠭᠤᠯᠬᠤ ᠡᠳᠡᠭᠡᠳ ᠪᠠ ᠲᠠᠭᠠᠭᠠᠴᠢᠯᠠᠬᠤ ᠡᠳᠡᠭᠡᠳ ᠬᠤᠭᠤᠷᠤᠨᠳᠦ ᠪᠠᠨ ᠲᠠᠭᠠᠭᠠ᠊ᠴᠢᠯᠠᠯᠳᠠ ᠶᠢᠨ | ᠭᠡᠷ᠎ᠡ ᠲᠤᠭᠳᠠᠭᠠᠵᠦ᠂ ᠬᠤᠶᠠᠷ ᠡᠳᠡᠭᠡᠳ ᠤᠨ ᠡᠷᠭᠡ ᠪᠠ ᠡᠬᠦᠷᠭᠡ ᠶᠢ ᠪᠤᠯᠵᠤᠨ ᠲᠤᠭᠳᠠᠭᠠᠬᠤ ᠬᠡᠷᠡᠭᠲᠠᠢ᠃ ᠭᠠᠵᠠᠷ | ᠰᠢᠷᠦᠢ ᠶᠢ ᠲᠠᠭᠠᠭᠠᠴᠢᠯᠠᠨ ᠡᠵᠡᠩᠨᠡᠬᠦ ᠬᠤᠭᠤᠴᠠᠭ᠎ᠠ ᠶᠢ ᠲᠠᠭᠠᠭᠠᠴᠢᠯᠠᠯᠳᠠ ᠶᠢᠨ ᠬᠡᠷ᠎ᠡ ᠳᠤ ᠪᠤᠯᠵᠤᠨ ᠲᠤᠭᠳᠠᠭᠠᠨ᠎ᠠ︔ | ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠭᠰᠡᠨ ᠨᠢᠭᠡᠴᠢ ᠪᠠ ᠬᠤᠪᠢ ᠬᠦᠮᠦᠨ ᠭᠠᠵᠷ ᠰᠢᠷᠦᠢ ᠶᠢ ᠬᠠᠮᠠᠭᠠᠯᠠᠬᠤ ᠪᠠ | ᠭᠠᠵᠠᠷ ᠰᠢᠷᠦᠢ ᠶᠢᠨ ᠲᠠᠭᠠᠭᠠᠴᠢᠯᠠᠯᠳᠠ ᠶᠢᠨ ᠬᠡᠷ᠎ᠡ ᠳᠤ ᠪᠤᠯᠵᠤᠨ ᠲᠤᠭᠳᠠᠭᠠᠭᠰᠠᠨ ᠬᠡᠷᠡᠭᠯᠡᠯᠳᠡ ᠶᠤᠰᠤᠭᠠᠷ ᠵᠦᠢ | ᠵᠤᠬᠢᠰᠲᠠᠢ ᠠᠰᠢᠭᠯᠠᠬᠤ ᠡᠬᠦᠷᠭᠡ ᠲᠠᠢ᠃ | ᠲᠠᠷᠢᠶᠡᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠲᠤᠰ ᠬᠠᠮᠳᠦ ᠶᠢᠨ ᠠᠵᠦ ᠠᠬᠤᠢ ᠶᠢᠨ | ᠵᠤᠬᠢᠶᠠᠨ ᠪᠠᠶᠢᠭᠤᠯᠤᠯᠳᠠ ᠠᠴᠠ ᠭᠠᠳᠠᠨᠠᠬᠢ ᠨᠢᠭᠡᠴᠢ ᠪᠤᠶᠤ ᠬᠤᠪᠢ ᠬᠦᠮᠦᠨ ᠲᠠᠭᠠᠭᠠᠴᠢᠯᠠᠨ ᠡᠵᠡᠩᠨᠡᠬᠦ ᠳᠤ ᠬᠦᠷᠪᠡᠯ᠂ | ᠡᠷᠭᠡᠪᠰᠢ ᠭᠠᠴᠠᠭᠠᠨ ᠤ ᠠᠷᠠᠳ ᠤᠨ ᠬᠤᠷᠠᠯ ᠤᠨ ᠭᠤᠷᠪᠠᠨ ᠤ ᠬᠤᠶᠠᠷ ᠬᠤᠪᠢ ᠠᠴᠠ ᠲᠡᠭᠡᠭᠰᠢᠬᠢ ᠪᠦᠷᠢᠯᠳᠦᠬᠦᠨ | ᠪᠤᠶᠤ ᠭᠤᠷᠪᠠᠨ ᠤ ᠬᠤᠶᠠᠷ ᠬᠤᠪᠢ ᠠᠴᠠ ᠲᠡᠭᠡᠭᠰᠢᠬᠢ ᠭᠠᠴᠠᠭᠠᠨ ᠤ ᠠᠷᠠᠳ ᠤᠨ ᠲᠦᠯᠦᠭᠡᠯᠡᠭᠴᠢᠳ ᠢᠶᠠᠷ | ᠵᠦᠪᠰᠢᠶᠡᠷᠡᠬᠦᠯᠬᠦ ᠬᠡᠷᠡᠭᠲᠠᠢ ᠪᠦᠭᠡᠳ ᠰᠤᠮᠤ ︵ᠪᠠᠯᠭᠠᠰᠦ︶ ᠶᠢᠨ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ | ᠵᠦᠪᠰᠢᠶᠡᠷᠡᠬᠦᠯᠬᠦ ᠬᠡᠷᠡᠭᠲᠠᠢ᠃ | ᠠᠷᠪᠠᠨ ᠵᠢᠷᠭᠤᠳᠤᠭᠠᠷ ᠵᠦᠢᠯ ᠭᠠᠵᠠᠷ ᠰᠢᠷᠦᠢ ᠶᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ ᠶᠢᠨ ᠲᠤᠬᠠᠢ | ᠮᠠᠷᠭᠤᠯᠳᠤᠭᠠᠨ ᠢ ᠲᠤᠬᠠᠢ ᠶᠢᠨ ᠬᠦᠮᠦᠰ ᠨᠢ ᠵᠦᠪᠳᠡᠯᠴᠡᠵᠦ ᠪᠠᠶᠢᠭᠠᠳ ᠰᠢᠢᠳᠪᠦᠷᠢᠯᠡᠨ᠎ᠡ︔ ᠵᠦᠪᠳᠡᠯᠴᠡᠭᠡᠳ ᠪᠦᠳᠦᠬᠦ | ᠦᠭᠡᠢ ᠪᠤᠯ ᠠᠷᠠᠳ ᠤᠨ ᠵᠠᠰᠠᠭ ᠤᠨ ᠤᠷᠳᠤᠨ ᠠᠴᠠ ᠰᠢᠢᠳᠪᠦᠷᠢᠯᠡᠨ᠎ᠡ᠃ | ᠨᠢᠭᠡᠴᠢ ᠶᠢᠨ ᠬᠤᠭᠤᠷᠤᠨᠳᠦᠬᠢ ᠮᠠᠷᠭᠤᠯᠳᠤᠭᠠᠨ ᠢ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ | ᠵᠠᠰᠠᠭ ᠤᠨ ᠤᠷᠳᠤᠨ ᠰᠢᠢᠳᠪᠦᠷᠢᠯᠡᠨ᠎ᠡ︔ ᠬᠤᠪᠢ ᠬᠦᠮᠦᠨ ᠤ ᠬᠤᠭᠤᠷᠤᠨᠳᠦᠬᠢ᠂ ᠬᠤᠪᠢ ᠬᠦᠮᠦᠨ ᠪᠤᠯᠤᠨ | ᠨᠢᠭᠡᠴᠢ ᠶᠢᠨ ᠬᠤᠭᠤᠷᠤᠨᠳᠤᠬᠢ ᠮᠠᠷᠭᠤᠯᠳᠤᠭᠠᠨ ᠢ ᠰᠤᠮᠤᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠪᠤᠶᠤ | ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠤᠨ ᠰᠢᠢᠳᠪᠦᠷᠢᠯᠡᠨ᠎ᠡ᠃ | ᠲᠤᠬᠠᠢ ᠶᠢᠨ ᠬᠦᠮᠦᠨ ᠨᠢ ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠯᠡᠭᠰᠡᠨ | ᠲᠤᠭᠳᠠᠭᠠᠯ ᠢ ᠬᠦᠯᠢᠶᠡᠭᠦ ᠦᠭᠡᠢ ᠪᠤᠯ ᠰᠢᠢᠳᠪᠦᠷᠢᠯᠡᠭᠰᠡᠨ ᠲᠤᠭᠳᠠᠭᠠᠯ ᠤᠨ ᠮᠡᠳᠡᠭᠳᠡᠯ ᠢ ᠤᠯᠤᠭᠰᠠᠨ ᠡᠳᠦᠷ ᠠᠴᠠ | ᠡᠬᠢᠯᠡᠵᠦ ᠭᠤᠴᠢᠨ ᠡᠳᠦᠷ ᠤᠨ ᠲᠤᠳᠤᠷ᠎ᠡ ᠠᠷᠠᠳ ᠤᠨ ᠰᠢᠬᠦᠬᠦ ᠬᠤᠷᠢᠶᠠᠨ ᠳᠤ ᠵᠠᠭᠠᠯᠳᠤᠵᠦ ᠪᠤᠯᠤᠨ᠎ᠠ᠃ | ᠭᠠᠵᠠᠷ ᠰᠢᠷᠦᠢ ᠶᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ ᠶᠢᠨ ᠲᠤᠬᠠᠢ ᠮᠠᠷᠭᠤᠯᠳᠤᠭᠠᠨ ᠢ | ᠰᠢᠢᠳᠪᠦᠷᠢᠯᠡᠬᠦ ᠠᠴᠠ ᠡᠮᠦᠨ᠎ᠡ᠂ ᠠᠯᠢ ᠡᠳᠡᠭᠡᠳ ᠨᠢ ᠴᠦ ᠭᠡᠳ ᠭᠠᠵᠠᠷ ᠰᠢᠷᠦᠢ ᠶᠢ ᠠᠰᠢᠭᠯᠠᠵᠦ ᠪᠠᠶᠢᠭ᠎ᠠ ᠤᠳᠤᠬᠢ | ᠪᠠᠶᠢᠳᠠᠯ ᠢ ᠬᠤᠪᠢᠷᠠᠭᠤᠯᠵᠦ ᠪᠤᠯᠬᠤ ᠦᠭᠡᠢ᠃ |