ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ  ︵  ᠭᠤᠷᠪᠠ︶
ᠨᠡᠶᠢᠲᠡᠯᠡᠭᠰᠡᠨ ᠴᠠᠭ᠄
2015/8/10
     ᠲᠦᠷᠪᠡᠳᠦᠭᠡᠷ ᠪᠦᠯᠦᠭ    ᠲᠠᠷᠢᠶᠠᠨ ᠭᠠᠵᠠᠷ ᠢ ᠬᠠᠮᠠᠭᠠᠯᠠᠬᠤ          ᠭᠤᠴᠢᠨ ᠨᠢᠭᠡᠳᠦᠭᠡᠷ ᠵᠦᠢᠯ  ᠣᠯᠣᠰ ᠠᠴᠠ ᠲᠠᠷᠢᠶᠠᠨ ᠭᠠᠵᠠᠷ ᠢ ᠬᠠᠮᠠᠭᠠᠯᠠᠵᠦ᠂ ᠲᠠᠷᠢᠶᠠᠨ ᠭᠠᠵᠠᠷ ᠢ ᠲᠠᠷᠢᠶᠠᠨ  ᠭᠠᠵᠠᠷ ᠪᠤᠰᠤ ᠪᠤᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠨ᠎ᠠ᠃          ᠣᠯᠣᠰ ᠠᠴᠠ ᠲᠠᠷᠢᠶᠠᠨ ᠭᠠᠵᠠᠷ ᠢ ᠡᠵᠡᠯᠡᠵᠦ ᠬᠡᠷᠡᠭᠯᠡᠪᠡᠯ ᠨᠦᠬᠦᠪᠦᠷᠢ ᠦᠭᠬᠦ ᠲᠦᠷᠢᠮ ᠢ ᠬᠡᠷᠡᠭᠵᠢᠬᠦᠯᠦᠨ᠎ᠡ᠃  ᠵᠦᠪᠰᠢᠶᠡᠷᠡᠯ ᠢᠶᠠᠷ ᠲᠠᠮᠵᠢᠨ ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ ᠲᠠᠷᠢᠶᠠᠨ ᠭᠠᠵᠠᠷ ᠢ ᠡᠵᠡᠯᠡᠵᠦ  ᠬᠡᠷᠡᠭᠯᠡᠭᠰᠡᠨ ᠪᠠᠶᠢᠪᠠᠯ᠂《 ᠬᠡᠳᠦᠢ ᠡᠵᠡᠯᠡᠪᠡᠯ ᠤᠷᠤᠨ ᠳᠤᠨᠢ ᠲᠡᠳᠦᠢ ᠭᠠᠵᠠᠷ ᠬᠠᠭᠠᠯᠪᠤᠷᠢᠯᠠᠬᠤ 》ᠵᠠᠷᠴᠢᠮ ᠤᠨ     ᠶᠤᠰᠤᠭᠠᠷ᠂ ᠲᠠᠷᠢᠶᠠᠨ ᠭᠠᠵᠠᠷ ᠢ ᠡᠵᠡᠯᠡᠵᠦ ᠬᠡᠷᠡᠭᠯᠡᠭᠰᠡᠨ ᠨᠢᠭᠡᠴᠢ ᠠᠴᠠ ᠬᠠᠷᠢᠭᠤᠴᠠᠵᠦ ᠪᠠᠶᠢᠭᠠᠳ ᠡᠵᠡᠯᠡᠵᠦ  ᠬᠡᠷᠡᠭᠯᠡᠭᠰᠡᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ ᠲᠠᠢ ᠲᠡᠩᠴᠡᠬᠦ ᠲᠠᠷᠢᠶᠠᠨ ᠭᠠᠵᠠᠷ ᠢ  ᠬᠠᠭᠠᠯᠪᠤᠷᠢᠯᠠᠬᠤ ᠬᠡᠷᠡᠭᠲᠠᠢ︔ ᠬᠠᠭᠠᠯᠪᠤᠷᠢᠯᠠᠬᠤ ᠨᠦᠬᠦᠴᠡᠯ ᠦᠭᠡᠢ ᠪᠤᠶᠤ ᠬᠠᠭᠠᠯᠪᠤᠷᠢᠯᠠᠭᠰᠠᠨ ᠲᠠᠷᠢᠶᠠᠨ ᠭᠠᠵᠠᠷ ᠨᠢ  ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ  ᠬᠤᠳᠠ ᠶᠢᠨ ᠲᠤᠭᠳᠠᠭᠠᠯ ᠶᠤᠰᠤᠭᠠᠷ ᠲᠠᠷᠢᠶᠠᠨ ᠭᠠᠵᠠᠷ ᠬᠠᠭᠠᠯᠪᠤᠷᠢᠯᠠᠬᠤ ᠰᠦᠢᠳᠭᠡᠯ ᠲᠤᠰᠢᠶᠠᠬᠤ ᠬᠡᠷᠡᠭᠲᠠᠢ᠂ ᠲᠤᠰ  ᠰᠦᠢᠳᠭᠡᠯ ᠤᠨ ᠵᠤᠭᠤᠰ ᠢ ᠰᠢᠨ᠎ᠡ ᠲᠠᠷᠢᠶᠠᠨ ᠭᠠᠵᠠᠷ ᠬᠠᠭᠠᠯᠪᠤᠷᠢᠯᠠᠬᠤ ᠳᠤ ᠲᠤᠰᠬᠠᠢ ᠬᠡᠷᠡᠭᠯᠡᠨ᠎ᠡ᠃          ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ  ᠤᠷᠳᠤᠨ ᠨᠤᠭᠤᠳ ᠲᠠᠷᠢᠶᠠᠨ ᠭᠠᠵᠠᠷ ᠬᠠᠭᠠᠯᠪᠤᠷᠢᠯᠠᠬᠤ ᠲᠦᠯᠦᠪᠯᠡᠭᠡ ᠲᠤᠭᠳᠠᠭᠠᠵᠦ᠂ ᠲᠠᠷᠢᠶᠠᠨ ᠭᠠᠵᠠᠷ ᠢ ᠡᠵᠡᠯᠡᠵᠦ  ᠬᠡᠷᠡᠭᠯᠡᠭᠰᠡᠨ ᠨᠢᠭᠡᠴᠢ ᠶᠢᠨ ᠲᠦᠯᠦᠪᠯᠡᠭᠡ ᠶᠤᠰᠤᠭᠠᠷ ᠲᠠᠷᠢᠶᠠᠨ ᠭᠠᠵᠠᠷ ᠬᠠᠭᠠᠯᠪᠤᠷᠢᠯᠠᠬᠤ ᠪᠤᠶᠤ ᠲᠦᠯᠦᠪᠯᠡᠭᠡ ᠶᠤᠰᠤᠭᠠᠷ  ᠲᠠᠷᠢᠶᠠᠨ ᠭᠠᠵᠠᠷ ᠬᠠᠭᠠᠯᠪᠤᠷᠢᠯᠠᠬᠤ ᠠᠵᠢᠯ ᠢ ᠵᠤᠬᠢᠶᠠᠨ ᠪᠠᠶᠢᠭᠤᠯᠬᠤ ᠳᠤᠨᠢ ᠬᠢᠨᠠᠯᠳᠠ ᠲᠠᠯᠪᠢᠬᠤ ᠶᠢᠨ ᠬᠠᠮᠳᠦ ᠲᠠᠬᠦᠨ ᠢ   ᠨᠢ ᠰᠢᠯᠭᠠᠨ ᠠᠪᠬᠤ ᠬᠡᠷᠡᠭᠲᠠᠢ᠃          ᠭᠤᠴᠢᠨ ᠬᠤᠶᠠᠳᠣᠭᠠᠷ ᠵᠦᠢᠯ  ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ  ᠤᠷᠳᠤᠨ ᠠᠴᠠ ᠲᠠᠷᠢᠶᠠᠨ ᠭᠠᠵᠠᠷ ᠢ ᠡᠵᠡᠯᠡᠵᠦ ᠬᠡᠷᠡᠭᠯᠡᠭᠰᠡᠨ ᠨᠢᠭᠡᠴᠢ ᠳᠤ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ  ᠲᠠᠷᠢᠯᠠᠭ᠎ᠠ ᠶᠢᠨ ᠬᠦᠷᠦᠰᠦ ᠰᠢᠷᠦᠢ ᠶᠢ ᠰᠢᠨ᠎ᠡ ᠬᠠᠭᠠᠯᠪᠤᠷᠢᠯᠠᠬᠤ ᠲᠠᠷᠢᠶᠠᠨ ᠭᠠᠵᠠᠷ᠂ ᠴᠢᠨᠠᠷ ᠮᠠᠭᠤᠲᠠᠢ ᠭᠠᠵᠠᠷ ᠲᠤ  ᠬᠡᠷᠡᠭᠯᠡᠬᠦᠯᠬᠦ ᠪᠤᠶᠤ ᠪᠤᠰᠤᠳ ᠲᠠᠷᠢᠶᠠᠨ ᠭᠠᠵᠠᠷ ᠤᠨ ᠬᠦᠷᠦᠰᠦ ᠰᠢᠷᠦᠢ ᠶᠢ ᠰᠠᠶᠢᠵᠢᠷᠠᠭᠤᠯᠬᠤ ᠳᠤ ᠬᠡᠷᠡᠭᠯᠡᠬᠦᠯᠬᠦ ᠪᠠᠷ  ᠱᠠᠭᠠᠷᠳᠠᠯᠭ᠎ᠠ ᠲᠠᠯᠪᠢᠵᠦ ᠪᠤᠯᠤᠨ᠎ᠠ᠃          ᠭᠤᠴᠢᠨ ᠭᠤᠷᠪᠠᠳᠤᠭᠠᠷ ᠵᠦᠢᠯ  ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ  ᠠᠷᠠᠳ ᠤᠨ ᠵᠠᠰᠠᠭ ᠤᠨ ᠤᠷᠳᠤᠨ ᠨᠤᠭᠤᠳ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠪᠠ  ᠭᠠᠵᠠᠷ ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠯᠡᠭᠡ ᠶᠢ ᠴᠢᠩᠭ᠎ᠠ ᠬᠡᠷᠡᠭᠵᠢᠬᠦᠯᠵᠦ᠂ ᠠᠷᠭ᠎ᠠ ᠬᠡᠮᠵᠢᠶ᠎ᠡ  ᠠᠪᠴᠦ ᠪᠠᠶᠢᠭᠠᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠲᠤᠳᠤᠷᠠᠬᠢ ᠲᠠᠷᠢᠶᠠᠨ ᠭᠠᠵᠠᠷ ᠤᠨ ᠪᠦᠬᠦ ᠬᠡᠮᠵᠢᠶ᠎ᠡ  ᠬᠠᠰᠣᠭᠳᠠᠬᠤ ᠦᠭᠡᠢ ᠪᠠᠶᠢᠬᠤ ᠶᠢ ᠦᠨᠡᠨ ᠬᠦ ᠪᠠᠳᠤᠯᠠᠬᠤ ᠬᠡᠷᠡᠭᠲᠠᠢ︔ᠲᠠᠷᠢᠶᠠᠨ ᠭᠠᠵᠠᠷ ᠤᠨ ᠪᠦᠬᠦ ᠬᠡᠮᠵᠢᠶ᠎ᠡ ᠨᠢ  ᠬᠠᠰᠣᠭᠳᠠᠭᠰᠠᠨ ᠪᠠᠶᠢᠪᠠᠯ᠂ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠵᠠᠷᠯᠢᠭᠳᠠᠵᠦ ᠪᠠᠶᠢᠭᠠᠳ ᠬᠠᠰᠣᠭᠳᠠᠭᠰᠠᠨ  ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠ ᠶᠠᠰᠣ ᠴᠢᠨᠠᠷ ᠯᠤᠭ᠎ᠠ ᠠᠳᠠᠯᠢᠬᠠᠨ ᠲᠠᠷᠢᠶᠠᠨ ᠭᠠᠵᠠᠷ ᠢ ᠲᠤᠭᠳᠠᠭᠰᠠᠨ  ᠬᠤᠭᠤᠴᠠᠭᠠᠨ ᠤ ᠲᠤᠳᠤᠷ᠎ᠡ ᠵᠤᠬᠢᠶᠠᠨ ᠪᠠᠶᠢᠭᠤᠯᠵᠦ ᠬᠠᠭᠠᠯᠪᠤᠷᠢᠯᠠᠭᠤᠯᠬᠤ ᠪᠦᠭᠡᠳ ᠲᠦᠷᠦ ᠶᠢᠨ ᠶᠠᠪᠤᠳᠠᠯ ᠤᠨ  ᠬᠤᠷᠢᠶᠡᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠲᠠᠷᠢᠶᠠᠯᠠᠩ ᠤᠨ  ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠣᠷᠠᠨ ᠰᠢᠯᠭᠠᠵᠦ ᠠᠪᠤᠨ᠎ᠠ᠃ ᠤᠨᠴᠠ ᠵᠠᠷᠢᠮ  ᠮᠤᠵᠢ᠂ ᠰᠢᠭᠤᠳ ᠬᠠᠷᠢᠶ᠎ᠠ ᠬᠤᠳᠠ ᠶᠢᠨ ᠭᠠᠵᠠᠷ ᠰᠢᠷᠦᠢ ᠶᠢᠨ ᠪᠡᠯᠡᠳᠭᠡᠯ ᠡᠬᠢ ᠰᠣᠷᠪᠤᠯᠵᠢ ᠨᠢ ᠦᠨᠡᠭᠡᠷ ᠲᠤᠳᠠᠮᠠᠭ  ᠪᠠᠶᠢᠵᠦ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠰᠢᠨ᠎ᠡ ᠪᠠᠷ ᠨᠡᠮᠡᠭᠳᠡᠬᠦᠯᠦᠭᠰᠡᠨ ᠤ ᠲᠠᠷᠠᠭ᠎ᠠ᠂ ᠰᠢᠨ᠎ᠡ   ᠪᠠᠷ ᠬᠠᠭᠠᠯᠪᠤᠷᠢᠯᠠᠭᠰᠠᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠨᠢ ᠡᠵᠡᠯᠡᠵᠦ ᠬᠡᠷᠡᠭᠯᠡᠭᠰᠡᠨ ᠲᠠᠷᠢᠶᠠᠨ ᠭᠠᠵᠠᠷ ᠤᠨ  ᠲᠤᠭ᠎ᠠ ᠬᠡᠮᠵᠢᠶ᠎ᠡ ᠶᠢ ᠨᠦᠬᠦᠵᠦ ᠬᠦᠷᠬᠦ ᠦᠭᠡᠢ ᠪᠠᠶᠢᠪᠠᠯ᠂ ᠡᠷᠭᠡᠪᠰᠢ ᠲᠦᠷᠦ ᠶᠢᠨ ᠶᠠᠪᠤᠳᠠᠯ ᠤᠨ ᠬᠤᠷᠢᠶᠠᠨ ᠳᠤ  ᠮᠡᠳᠡᠬᠦᠯᠵᠦ ᠵᠦᠪᠰᠢᠶᠡᠷᠡᠬᠦᠯᠦᠭᠡᠳ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠳᠤᠷᠠᠬᠢ ᠬᠠᠭᠠᠯᠪᠤᠷᠢᠯᠠᠬᠤ  ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠᠨ ᠬᠠᠰᠣᠭᠤᠯᠵᠦ ᠬᠡᠯᠳᠦᠷᠢᠬᠦᠯᠦᠭᠡᠳ᠂ ᠦᠭᠡᠷ᠎ᠡ ᠭᠠᠵᠠᠷ ᠲᠤ ᠣᠴᠢᠵᠦ  ᠬᠠᠭᠠᠯᠪᠤᠷᠢᠯᠠᠬᠤ ᠬᠡᠷᠡᠭᠲᠠᠢ᠃          ᠭᠤᠴᠢᠨ ᠲᠦᠷᠪᠡᠳᠦᠭᠡᠷ ᠵᠦᠢᠯ  ᠣᠯᠣᠰ ᠠᠴᠠ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠲᠦᠷᠢᠮ ᠢ  ᠬᠡᠷᠡᠭᠵᠢᠬᠦᠯᠦᠨ᠎ᠡ᠃ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠦᠨᠳᠦᠰᠦᠯᠡᠨ ᠲᠤᠤᠷ᠎ᠡ  ᠵᠢᠭᠰᠠᠭᠠᠭᠰᠠᠨ ᠲᠠᠷᠢᠶᠠᠨ ᠭᠠᠵᠠᠷ ᠤᠳ ᠢ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠤᠷᠤᠨ ᠳᠤ  ᠤᠷᠤᠭᠤᠯᠵᠦ ᠴᠢᠩᠭ᠎ᠠ ᠬᠠᠮᠢᠶᠠᠷᠬᠤ ᠬᠡᠷᠡᠭᠲᠠᠢ᠄          ︵ᠨᠢᠭᠡ︶ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ  ᠮᠦᠴᠢᠷ ᠪᠤᠶᠤ ᠰᠢᠶᠠᠨ ᠤ ᠱᠠᠳᠣᠨ ᠠᠴᠠ ᠲᠡᠭᠡᠭᠰᠢᠬᠢ ᠣᠷᠣᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠢᠶᠠᠷ  ᠵᠦᠪᠰᠢᠶᠡᠷᠡᠬᠦᠯᠵᠦ ᠲᠤᠭᠳᠠᠭᠠᠭᠰᠠᠨ ᠠᠮᠤ ᠪᠤᠳᠠᠭ᠎ᠠ᠂ ᠬᠦᠪᠦᠩ  ᠲᠤᠰᠤᠯᠢᠭ ᠲᠠᠷᠢᠮᠠᠯ ᠤᠨ ᠦᠢᠯᠡᠳᠪᠦᠷᠢᠯᠡᠯ ᠤᠨ  ᠰᠠᠭᠤᠷᠢᠨ ᠭᠠᠵᠠᠷ ᠤᠨ ᠲᠤᠳᠤᠷᠠᠬᠢ ᠲᠠᠷᠢᠶᠠᠨ ᠭᠠᠵᠠᠷ︔          ︵ᠬᠤᠶᠠᠷ︶ ᠤᠰᠤᠨ ᠠᠰᠢᠭᠯᠠᠯᠳᠠ ᠶᠢᠨ ᠪᠠ ᠬᠦᠷᠦᠰᠦ ᠰᠢᠷᠦᠢ ᠶᠢᠨ ᠬᠠᠮᠠᠭᠠᠯᠠᠯᠳᠠ ᠶᠢᠨ ᠲᠤᠬᠢᠲᠠᠢ ᠰᠠᠶᠢᠨ  ᠲᠦᠬᠦᠭᠡᠷᠦᠮᠵᠢ ᠲᠠᠢ ᠲᠠᠷᠢᠶᠠᠨ ᠭᠠᠵᠠᠷ᠂ ᠤᠳᠤ ᠶᠠᠭ ᠰᠠᠶᠢᠵᠢᠷᠠᠭᠤᠯᠬᠤ ᠲᠦᠯᠦᠪᠯᠡᠭᠡ ᠶᠢ ᠬᠡᠷᠡᠭᠵᠢᠬᠦᠯᠵᠦ ᠪᠠᠶᠢᠬᠤ ᠪᠠ  ᠰᠠᠶᠢᠵᠢᠷᠠᠭᠤᠯᠵᠦ ᠪᠤᠯᠬᠤ ᠲᠤᠮᠳᠠ᠂ ᠲᠤᠤᠷ᠎ᠡ ᠤᠨᠠᠯᠳᠠ ᠲᠠᠢ ᠲᠠᠷᠢᠶᠠᠨ ᠭᠠᠵᠠᠷ︔            ︵ᠭᠤᠷᠪᠠ︶ ᠢᠳᠡᠰᠢᠨ ᠨᠤᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ︔            ︵ᠲᠦᠷᠪᠡ︶ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠣᠳᠣᠯᠭᠠᠨ ᠬᠢᠬᠦ᠂ ᠵᠢᠭᠠᠨ ᠰᠤᠷᠭᠠᠬᠤ ᠲᠤᠷᠰᠢᠯᠳᠠ  ᠬᠢᠬᠦ ᠲᠠᠷᠢᠶᠠᠨ ᠭᠠᠵᠠᠷ︔            ︵ᠲᠠᠪᠤ︶ ᠲᠦᠷᠦ ᠶᠢᠨ ᠶᠠᠪᠤᠳᠠᠯ ᠤᠨ ᠬᠤᠷᠢᠶᠠᠨ ᠠᠴᠠ ᠦᠨᠳᠦᠰᠦᠨ ᠲᠠᠷᠢᠶᠠᠨ ᠭᠠᠵᠠᠷ ᠤᠨ  ᠬᠠᠮᠠᠭᠠᠯᠠᠯᠳᠠ ᠶᠢᠨ ᠤᠷᠤᠨ ᠳᠤ ᠤᠷᠤᠭᠤᠯᠬᠤ ᠶᠤᠰᠤᠲᠠᠢ ᠭᠡᠵᠦ ᠲᠤᠭᠳᠠᠭᠠᠭᠰᠠᠨ ᠪᠤᠰᠤᠳ ᠲᠠᠷᠢᠶᠠᠨ ᠭᠠᠵᠠᠷ᠃          ᠡᠯ᠎ᠡ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠵᠠᠭᠠᠭᠯᠠᠨ ᠲᠤᠭᠳᠠᠭᠠᠭᠰᠠᠨ  ᠦᠨᠳᠦᠰᠦᠨ ᠲᠠᠷᠢᠶᠠᠨ ᠭᠠᠵᠠᠷ ᠨᠢ ᠲᠤᠰ ᠵᠠᠰᠠᠭ ᠵᠠᠬᠢᠷᠭᠠᠨ ᠤ ᠤᠷᠤᠨ ᠤ ᠲᠤᠳᠤᠷᠠᠬᠢ ᠲᠠᠷᠢᠶᠠᠨ ᠭᠠᠵᠠᠷ ᠤᠨ80  % ᠠᠴᠠ ᠲᠡᠭᠡᠭᠰᠢᠬᠢ ᠶᠢ ᠡᠵᠡᠯᠡᠭᠰᠡᠨ ᠪᠠᠶᠢᠬᠤ ᠬᠡᠷᠡᠭᠲᠠᠢ᠃          ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠤᠷᠤᠨ ᠢ ᠰᠤᠮᠤ ︵ᠪᠠᠯᠭᠠᠰᠦ︶ ᠪᠠᠷ ᠨᠢᠭᠡᠴᠢ ᠪᠤᠯᠭᠠᠨ  ᠵᠠᠭᠠᠭᠯᠠᠨ ᠲᠤᠭᠳᠠᠭᠠᠵᠦ᠂ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ  ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠠᠳᠠᠯᠢ ᠱᠠᠳᠤᠨ ᠤ ᠲᠠᠷᠢᠶᠠᠯᠠᠩ ᠤᠨ ᠵᠠᠰᠠᠭ ᠵᠠᠬᠢᠷᠭᠠᠨ ᠤ  ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤᠷᠠᠨ ᠵᠤᠬᠢᠶᠠᠨ ᠪᠠᠶᠢᠭᠤᠯᠵᠦ ᠬᠡᠷᠡᠭᠵᠢᠬᠦᠯᠦᠨ᠎ᠡ᠃          ᠭᠤᠴᠢᠨ ᠲᠠᠪᠤᠳᠤᠭᠠᠷ ᠵᠦᠢᠯ  ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠠᠷᠭ᠎ᠠ ᠬᠡᠮᠵᠢᠶ᠎ᠡ  ᠠᠪᠴᠦ ᠪᠠᠶᠢᠭᠠᠳ ᠤᠰᠤ ᠵᠠᠯᠠᠬᠤ ᠪᠠᠷᠢᠯᠭ᠎ᠠ ᠶᠢᠨ ᠲᠦᠬᠦᠭᠡᠷᠦᠮᠵᠢ ᠶᠢ ᠬᠠᠮᠠᠭᠠᠯᠠᠵᠦ᠂ ᠬᠦᠷᠦᠰᠦ ᠰᠢᠷᠦᠢ ᠶᠢ  ᠰᠠᠶᠢᠵᠢᠷᠠᠭᠤᠯᠤᠨ᠂  ᠭᠠᠵᠠᠷ ᠤᠨ ᠰᠢᠮ᠎ᠡ ᠶᠢ ᠨᠡᠮᠡᠭᠳᠡᠬᠦᠯᠵᠦ᠂ ᠭᠠᠵᠠᠷ ᠰᠢᠷᠦᠢ ᠡᠯᠡᠰᠦᠵᠢᠬᠦ᠂ ᠬᠤᠵᠢᠷᠰᠢᠬᠤ᠂  ᠬᠦᠷᠦᠰᠦ ᠰᠢᠷᠦᠢ ᠢᠳᠡᠭᠳᠡᠬᠦ ᠪᠠ ᠭᠠᠵᠠᠷ ᠰᠢᠷᠦᠢ ᠪᠤᠬᠢᠷᠳᠤᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠠᠢ᠃          ᠭᠤᠴᠢᠨ ᠵᠢᠷᠭᠤᠳᠤᠭᠠᠷ ᠵᠦᠢᠯ  ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠬᠢᠬᠦ ᠳᠡᠭᠡᠨ ᠡᠷᠭᠡᠪᠰᠢ  ᠭᠠᠵᠠᠷ ᠰᠢᠷᠦᠢ ᠶᠢ ᠭᠠᠮᠨᠠᠨ ᠬᠡᠷᠡᠭᠯᠡᠬᠦ ᠬᠡᠷᠡᠭᠲᠠᠢ᠂ ᠠᠳᠠᠷ ᠭᠠᠵᠠᠷ ᠢ ᠠᠰᠢᠭᠯᠠᠵᠦ ᠪᠤᠯᠬᠤ ᠳᠤ ᠬᠦᠷᠪᠡᠯ ᠲᠠᠷᠢᠶᠠᠨ  ᠭᠠᠵᠠᠷ ᠢ ᠡᠵᠡᠯᠡᠨ ᠬᠡᠷᠡᠭᠯᠡᠵᠦ ᠪᠤᠯᠬᠤ ᠦᠭᠡᠢ︔ ᠮᠠᠭᠤ ᠭᠠᠵᠠᠷ ᠢ ᠠᠰᠢᠭᠯᠠᠵᠦ ᠪᠤᠯᠬᠤ ᠳᠤ ᠬᠦᠷᠪᠡᠯ ᠰᠠᠶᠢᠨ ᠭᠠᠵᠠᠷ ᠢ  ᠡᠵᠡᠯᠡᠨ ᠬᠡᠷᠡᠭᠯᠡᠵᠦ ᠪᠤᠯᠬᠤ ᠦᠭᠡᠢ᠃          ᠲᠠᠷᠢᠶᠠᠨ ᠭᠠᠵᠠᠷ ᠢ ᠡᠵᠡᠯᠡᠨ ᠶᠤᠤ ᠭᠠᠷᠭᠠᠬᠤ᠂ ᠪᠤᠯᠠᠰᠢᠨ ᠭᠠᠵᠠᠷ ᠭᠠᠷᠭᠠᠬᠤ ᠪᠤᠶᠤ ᠲᠠᠷᠢᠶᠠᠨ ᠭᠠᠵᠠᠷ ᠲᠡᠭᠡᠷ᠎ᠡ  ᠲᠤᠷ᠎ᠡ ᠪᠠᠷ ᠢᠶᠠᠨ ᠭᠡᠷ ᠪᠠᠷᠢᠬᠤ᠂ ᠡᠯᠡᠰᠦ ᠮᠠᠯᠳᠠᠬᠤ᠂ ᠴᠢᠯᠠᠭᠤ ᠭᠠᠷᠭᠠᠬᠤ᠂ ᠠᠭᠤᠷᠬᠠᠢ ᠮᠠᠯᠳᠠᠬᠤ᠂ ᠰᠢᠷᠦᠢ  ᠠᠪᠬᠤ ᠶᠢ ᠴᠠᠭᠠᠵᠠᠯᠠᠨ᠎ᠠ᠃          ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠤᠢ ᠵᠢᠮᠢᠰ ᠤᠨ ᠦᠢᠯᠡᠰ ᠢ ᠬᠦᠭᠵᠢᠬᠦᠯᠬᠦ ᠪᠡ ᠨᠠᠭᠤᠷ  ᠮᠠᠯᠳᠠᠵᠦ ᠵᠢᠭᠠᠰᠣ  ᠲᠡᠵᠢᠭᠡᠬᠦ ᠶᠢ ᠴᠠᠭᠠᠵᠠᠯᠠᠨ᠎ᠠ᠃          ᠭᠤᠴᠢᠨ ᠲᠤᠯᠤᠳᠤᠭᠠᠷ ᠵᠦᠢᠯ  ᠶᠠᠮᠠᠷᠪᠠ ᠨᠢᠭᠡᠴᠢ ᠪᠤᠯᠤᠨ ᠬᠤᠪᠢ ᠬᠦᠮᠦᠨ ᠤ ᠲᠠᠷᠢᠶᠠᠨ ᠭᠠᠵᠠᠷ ᠢ ᠰᠣᠯᠠ  ᠪᠠᠶᠢᠯᠭᠠᠬᠤ᠂ ᠠᠳᠠᠷᠰᠢᠭᠤᠯᠬᠤ ᠶᠢ ᠴᠠᠭᠠᠵᠠᠯᠠᠨ᠎ᠠ᠃ ᠨᠢᠭᠡᠨᠳᠡ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠬᠢᠭᠰᠡᠨ  ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ ᠡᠵᠡᠯᠡᠨ ᠬᠡᠷᠡᠭᠯᠡᠬᠦ ᠲᠠᠷᠢᠶᠠᠨ ᠭᠠᠵᠠᠷ ᠢ ᠨᠢᠭᠡ ᠵᠢᠯ ᠤᠨ  ᠲᠤᠳᠤᠷ᠎ᠡ ᠬᠡᠷᠡᠭᠯᠡᠭᠰᠡᠨ ᠦᠭᠡᠢ ᠪᠦᠭᠡᠳ ᠲᠡᠷᠡ ᠭᠠᠵᠠᠷ ᠲᠤ ᠲᠠᠷᠢᠶ᠎ᠠ ᠲᠠᠷᠢᠵᠦ ᠬᠤᠷᠢᠶᠠᠯᠳᠠ ᠠᠪᠴᠦ ᠪᠤᠯᠬᠤ ᠪᠠᠶᠢᠪᠠᠯ  ᠂ ᠤᠤᠯ ᠤᠨ ᠡᠨᠡ ᠲᠠᠷᠢᠶᠠᠨ ᠭᠠᠵᠠᠷ ᠲᠡᠭᠡᠷ᠎ᠡ ᠲᠠᠷᠢᠶ᠎ᠠ ᠲᠠᠷᠢᠵᠦ ᠪᠠᠶᠢᠭᠰᠠᠨ ᠬᠠᠮᠳᠦ ᠨᠡᠶᠢᠳᠡ ᠪᠤᠶᠤ ᠬᠤᠪᠢ ᠬᠦᠮᠦᠨ  ᠲᠠᠬᠢᠵᠦ ᠲᠠᠷᠢᠶ᠎ᠠ ᠲᠠᠷᠢᠬᠤ ᠬᠡᠷᠡᠭᠲᠠᠢ᠂ ᠭᠠᠵᠠᠷ ᠬᠡᠷᠡᠭᠯᠡᠬᠦ ᠨᠢᠭᠡᠴᠢ ᠠᠴᠠ ᠵᠤᠬᠢᠶᠠᠨ ᠪᠠᠶᠢᠭᠤᠯᠵᠦ ᠪᠠᠶᠢᠭᠠᠳ ᠲᠠᠷᠢᠵᠦ  ᠴᠦ ᠪᠤᠯᠤᠨ᠎ᠠ︔ ᠨᠢᠭᠡ ᠵᠢᠯ ᠭᠠᠷᠦᠢ ᠪᠤᠯᠤᠭᠠᠳ ᠪᠦᠳᠦᠭᠡᠨ ᠪᠠᠶᠢᠭᠤᠯᠤᠯᠳᠠ ᠶᠢᠨ ᠠᠵᠢᠯ ᠢᠶᠠᠨ ᠡᠬᠢᠯᠡᠬᠦᠯᠦᠭᠰᠡᠨ  ᠦᠭᠡᠢ ᠪᠠᠶᠢᠪᠠᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠯ ᠶᠤᠰᠤᠭᠠᠷ  ᠭᠠᠵᠠᠷ ᠰᠢᠷᠦᠢ ᠶᠢ ᠰᠣᠯᠠ ᠪᠠᠶᠢᠯᠭᠠᠭᠰᠠᠨ ᠰᠦᠢᠳᠭᠡᠯ ᠲᠤᠰᠢᠶᠠᠬᠤ ᠬᠡᠷᠡᠭᠲᠠᠢ︔ ᠬᠤᠶᠠᠷ ᠵᠢᠯ ᠲᠠᠷᠠᠭᠠᠯᠠᠨ ᠬᠡᠷᠡᠭᠯᠡᠭᠰᠡᠨ  ᠦᠭᠡᠢ ᠪᠠᠶᠢᠪᠠᠯ᠂ ᠤᠤᠯ ᠤᠨ ᠵᠦᠪᠰᠢᠶᠡᠷᠡᠭᠰᠡᠨ ᠪᠠᠶᠢᠭᠤᠯᠭ᠎ᠠ ᠪᠠᠷ ᠨᠢ ᠵᠦᠪᠰᠢᠶᠡᠷᠡᠬᠦᠯᠦᠭᠡᠳ ᠰᠢᠶᠠᠨ ᠤ ᠱᠠᠳᠤᠨ ᠠᠴᠠ  ᠲᠡᠭᠡᠭᠰᠢᠬᠢ ᠠᠷᠠᠳ ᠤᠨ ᠵᠠᠰᠠᠭ ᠤᠨ ᠤᠷᠳᠣᠨ ᠠᠴᠠ ᠭᠠᠵᠠᠷ ᠬᠡᠷᠡᠭᠯᠡᠬᠦ ᠨᠢᠭᠡᠴᠢ ᠶᠢᠨ ᠭᠠᠵᠠᠷ ᠰᠢᠷᠦᠢ ᠬᠡᠷᠡᠭᠯᠡᠬᠦ  ᠡᠷᠭᠡ ᠶᠢ ᠨᠢ ᠦᠨ᠎ᠡ ᠲᠦᠯᠦᠪᠤᠷᠢ ᠦᠭᠡᠢ ᠪᠠᠷ ᠬᠤᠷᠢᠶᠠᠨ ᠠᠪᠤᠨ᠎ᠠ︔ ᠡᠨᠡ ᠭᠠᠵᠠᠷ ᠰᠢᠷᠦᠢ ᠤᠤᠯ ᠨᠢ  ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠬᠢ ᠪᠠᠶᠢᠭᠰᠠᠨ ᠪᠤᠯ ᠤᠤᠯ ᠤᠨ ᠬᠦᠳᠡᠭᠡ ᠲᠤᠰᠬᠤᠨ ᠤ ᠬᠠᠮᠳᠦ ᠶᠢᠨ  ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠳᠤ ᠲᠤᠰᠢᠶᠠᠨ ᠦᠭᠴᠦ ᠲᠠᠷᠢᠶᠠᠯᠠᠯᠭ᠎ᠠ ᠶᠢ ᠨᠢ ᠰᠡᠷᠬᠦᠭᠡᠬᠦ ᠬᠡᠷᠡᠭᠲᠠᠢ᠃          ᠬᠤᠳᠠ ᠶᠢᠨ ᠲᠦᠯᠦᠪᠵᠢᠬᠦᠯᠭᠡ ᠶᠢᠨ ᠲᠤᠭᠤᠷᠢᠭ ᠤᠨ ᠭᠡᠪᠴᠢᠶᠡᠨ ᠲᠤᠳᠤᠷ᠎ᠡ ᠰᠢᠯᠵᠢᠬᠦᠯᠦᠨ ᠬᠤᠳᠠᠯᠳᠤᠬᠤ  ᠬᠡᠯᠪᠡᠷᠢ ᠪᠠᠷ ᠭᠠᠵᠠᠷ ᠰᠢᠷᠦᠢ ᠬᠡᠷᠡᠭᠯᠡᠬᠦ ᠡᠷᠭᠡ ᠶᠢ ᠤᠯᠤᠭᠠᠳ ᠬᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢ  ᠨᠡᠭᠡᠭᠡᠨ ᠬᠦᠭᠵᠢᠬᠦᠯᠬᠦ ᠪᠠᠷ ᠪᠠᠶᠢᠭ᠎ᠠ ᠰᠣᠯᠠ ᠪᠠᠶᠢᠯᠭᠠᠭᠰᠠᠨ ᠭᠠᠵᠠᠷ ᠰᠢᠷᠦᠢ ᠶᠢ ᠪᠤᠯ《 ᠪᠦᠬᠦᠳᠡ ᠨᠠᠶᠢᠷᠠᠮᠳᠠᠬᠤ  ᠲᠤᠮᠳᠠᠳᠦ ᠠᠷᠠᠳ ᠤᠯᠤᠰ ᠤᠨ ᠬᠤᠳᠠ ᠶᠢᠨ ᠬᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢᠨ  ᠬᠠᠮᠢᠶᠠᠷᠤᠯᠳᠠ ᠶᠢᠨ ᠬᠠᠤᠯᠢ 》 ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠢᠢᠳᠪᠦᠷᠢᠯᠡᠨ᠎ᠡ᠃          ᠲᠠᠷᠢᠶᠠᠨ ᠭᠠᠵᠠᠷ ᠢ ᠲᠠᠭᠠᠭᠠᠴᠢᠯᠠᠨ ᠡᠵᠡᠩᠨᠡᠭᠰᠡᠨ ᠨᠢᠭᠡᠴᠢ ᠪᠤᠶᠤ ᠬᠤᠪᠢ ᠬᠦᠮᠦᠨ ᠬᠤᠶᠠᠷ ᠵᠢᠯ ᠲᠠᠷᠠᠭᠠᠯᠠᠨ  ᠲᠠᠷᠢᠶᠠᠯᠠᠬᠤ ᠦᠭᠡᠢ ᠪᠠᠷ ᠲᠠᠷᠢᠶᠠᠨ ᠭᠠᠵᠠᠷ ᠢ ᠠᠳᠠᠷᠰᠢᠭᠤᠯᠤᠭᠰᠠᠨ ᠪᠠᠶᠢᠪᠠᠯ᠂ ᠤᠤᠯ ᠤᠨ ᠲᠠᠭᠠᠭᠠᠴᠢᠯᠠᠭᠤᠯᠤᠭᠰᠠᠨ  ᠨᠢᠭᠡᠴᠢ ᠨᠢ ᠲᠠᠭᠠᠭᠠᠴᠢᠯᠠᠯᠳᠠ ᠶᠢᠨ ᠬᠡᠷ᠎ᠡ ᠪᠠᠨ ᠲᠠᠭᠤᠰᠬᠠᠵᠦ᠂ ᠲᠠᠭᠠᠭᠠᠴᠢᠯᠠᠭᠤᠯᠤᠭᠰᠠᠨ ᠲᠠᠷᠢᠶᠠᠨ ᠭᠠᠵᠠᠷ ᠢᠶᠠᠨ  ᠬᠤᠷᠢᠶᠠᠨ ᠠᠪᠬᠤ ᠬᠡᠷᠡᠭᠲᠠᠢ᠃        ᠭᠤᠴᠢᠨ ᠨᠠᠢᠮᠠᠳᠣᠭᠠᠷ ᠵᠦᠢᠯ  ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠤᠰᠤᠭᠠᠷ᠂ ᠠᠮᠢ  ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠨ ᠰᠠᠶᠢᠵᠢᠷᠠᠭᠤᠯᠬᠤ᠂ ᠬᠦᠷᠦᠰᠦ ᠰᠢᠷᠦᠢ ᠢᠳᠡᠭᠳᠡᠬᠦ ᠪᠠ ᠭᠠᠵᠠᠷ  ᠰᠢᠷᠦᠢ ᠡᠯᠡᠰᠦᠵᠢᠬᠦ ᠶᠢ ᠰᠡᠷᠭᠡᠶᠢᠯᠡᠨ ᠵᠤᠭᠰᠤᠭᠠᠬᠤ ᠤᠷᠢᠳᠠᠯ ᠲᠤᠤᠷ᠎ᠡ᠂ ᠠᠰᠢᠭᠯᠠᠭᠠᠳᠦᠢ ᠭᠠᠵᠠᠷ ᠰᠢᠷᠦᠢ ᠶᠢ ᠨᠢᠭᠡᠴᠢ  ᠪᠠ ᠬᠤᠪᠢ ᠬᠦᠮᠦᠨ ᠤ ᠨᠡᠭᠡᠭᠡᠨ ᠠᠰᠢᠭᠯᠠᠬᠤ ᠶᠢ ᠤᠯᠤᠰ ᠠᠴᠠ ᠵᠤᠷᠢᠭᠵᠢᠭᠤᠯᠤᠨ᠎ᠠ︔ ᠲᠠᠷᠢᠶᠠᠯᠠᠩ ᠳᠤ ᠬᠡᠷᠡᠭᠯᠡᠬᠦ  ᠭᠠᠵᠠᠷ ᠪᠤᠯᠭᠠᠵᠦ ᠨᠡᠭᠡᠭᠡᠨ ᠠᠰᠢᠭᠯᠠᠬᠤ ᠳᠤ ᠲᠤᠬᠢᠷᠠᠮᠵᠢᠲᠠᠢ ᠪᠠᠶᠢᠪᠠᠯ ᠡᠩ ᠲᠠᠷᠢᠬᠦᠨ ᠳᠤ ᠲᠠᠷᠢᠶᠠᠯᠠᠩ ᠳᠤ ᠬᠡᠷᠡᠭᠯᠡᠬᠦ  ᠭᠠᠵᠠᠷ ᠪᠤᠯᠭᠠᠨ ᠨᠡᠭᠡᠭᠡᠨ ᠠᠰᠢᠭᠯᠠᠬᠤ ᠬᠡᠷᠡᠭᠲᠠᠢ᠃        ᠤᠯᠤᠰ ᠠᠴᠠ ᠨᠡᠭᠡᠭᠡᠨ ᠠᠰᠢᠭᠯᠠᠭᠴᠢᠳ ᠤᠨ ᠬᠠᠤᠯᠢ ᠶᠤᠰᠤᠨ ᠤ ᠡᠷᠭᠡ ᠠᠰᠢᠭ ᠢ ᠬᠠᠤᠯᠢ ᠶᠤᠰᠤᠭᠠᠷ  ᠬᠠᠮᠠᠭᠠᠯᠠᠨ᠎ᠠ᠃          ᠭᠤᠴᠢ ᠶᠢᠰᠦᠳᠦᠭᠡᠷ ᠵᠦᠢᠯ  ᠠᠰᠢᠭᠯᠠᠭᠠᠳᠦᠢ ᠭᠠᠵᠠᠷ ᠰᠢᠷᠦᠢ ᠶᠢ ᠬᠠᠭᠠᠯᠪᠤᠷᠢᠯᠠᠬᠤ ᠳᠤ ᠡᠷᠭᠡᠪᠰᠢ ᠰᠢᠨᠵᠢᠯᠡᠬᠦ  ᠤᠬᠠᠭᠠᠨᠴᠢ ᠨᠤᠳᠠᠯᠠᠯᠳᠠ ᠪᠠ ᠦᠨᠡᠯᠡᠨ ᠵᠢᠱᠢᠯᠳᠠ ᠬᠢᠵᠦ᠂ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠳᠤ ᠵᠠᠭᠠᠭᠯᠠᠨ ᠲᠤᠭᠳᠠᠭᠠᠭᠰᠠᠨ ᠬᠠᠭᠠᠯᠪᠤᠷᠢᠯᠠᠵᠦ ᠪᠤᠯᠬᠤ ᠤᠷᠤᠨ ᠤ ᠲᠤᠳᠤᠷ᠎ᠡ᠂ ᠬᠠᠤᠯᠢ  ᠶᠤᠰᠤᠭᠠᠷ ᠵᠦᠪᠰᠢᠶᠡᠷᠡᠬᠦᠯᠦᠭᠰᠡᠨ ᠤ ᠲᠠᠷᠠᠭ᠎ᠠ ᠬᠠᠭᠠᠯᠪᠤᠷᠢᠯᠠᠬᠤ ᠬᠡᠷᠡᠭᠲᠠᠢ᠃ ᠣᠢ ᠰᠢᠭᠤᠢ᠂ ᠡᠪᠡᠰᠦ ᠪᠡᠯᠴᠢᠭᠡᠷ ᠢ  ᠡᠪᠳᠡᠵᠦ ᠲᠠᠷᠢᠶᠠᠨ ᠭᠠᠵᠠᠷ ᠪᠤᠯᠭᠠᠨ ᠬᠠᠭᠠᠯᠪᠤᠷᠢᠯᠠᠬᠤ ᠶᠢ ᠴᠠᠭᠠᠵᠠᠯᠠᠨ᠎ᠠ᠂ ᠨᠠᠭᠤᠷ ᠢ ᠬᠦᠷᠢᠶᠡᠯᠡᠨ ᠲᠠᠷᠢᠶᠠᠨ ᠭᠠᠵᠠᠷ  ᠭᠠᠷᠭᠠᠬᠤ ᠪᠠ ᠭᠤᠤᠯ ᠮᠦᠷᠡᠨ ᠤ ᠲᠠᠩ ᠭᠠᠵᠠᠷ ᠢ ᠡᠵᠡᠯᠡᠬᠦ ᠶᠢ ᠴᠠᠭᠠᠵᠠᠯᠠᠨ᠎ᠠ᠃          ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠨ ᠬᠠᠭᠠᠯᠪᠤᠷᠢᠯᠠᠭᠰᠠᠨ ᠪᠠ ᠬᠦᠷᠢᠶᠡᠯᠡᠨ ᠬᠠᠭᠠᠯᠪᠤᠷᠢᠯᠠᠭᠰᠠᠨ  ᠭᠠᠵᠠᠷ ᠰᠢᠷᠦᠢ ᠶᠢ ᠪᠤᠯ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠦᠨᠳᠦᠰᠦᠯᠡᠨ᠂  ᠲᠦᠯᠦᠪᠯᠡᠭᠡ ᠲᠠᠢ ᠠᠯᠬᠤᠮ ᠲᠠᠷᠠᠭ᠎ᠠ ᠲᠠᠢ ᠪᠠᠷ ᠲᠠᠷᠢᠶᠠᠯᠠᠬᠤ ᠶᠢ ᠨᠢ ᠵᠤᠭᠰᠤᠭᠠᠨ᠂ ᠲᠠᠬᠢᠨ ᠤᠢ ᠰᠢᠭᠤᠢ᠂ ᠡᠪᠡᠰᠦ  ᠪᠡᠯᠴᠢᠭᠡᠷ ᠨᠠᠭᠤᠷ ᠲᠤᠭᠤᠷᠢᠮ ᠪᠤᠯᠭᠠᠬᠤ ᠬᠡᠷᠡᠭᠲᠠᠢ᠃          ᠲᠦᠴᠢᠳᠦᠭᠡᠷ ᠵᠦᠢᠯ  ᠬᠡᠷᠡᠭᠯᠡᠬᠦ ᠡᠷᠭᠡ ᠶᠢ ᠨᠢ ᠲᠤᠳᠤᠷᠬᠠᠢ ᠲᠤᠭᠳᠠᠭᠠᠭᠰᠠᠨ ᠦᠭᠡᠢ ᠤᠯᠤᠰ ᠤᠨ  ᠦᠮᠴᠢᠯᠡᠯ ᠤᠨ ᠠᠭᠯᠠᠭ ᠠᠭᠤᠯᠠ᠂ ᠠᠳᠠᠷ ᠭᠠᠵᠠᠷ᠂ ᠬᠤᠭᠤᠰᠤᠨ ᠲᠠᠩ ᠭᠠᠵᠠᠷ ᠢ ᠨᠡᠭᠡᠭᠡᠨ ᠠᠰᠢᠭᠯᠠᠭᠠᠳ  ᠲᠠᠷᠢᠮᠠᠯ ᠤᠨ ᠦᠢᠯᠡᠰ᠂ ᠤᠢ ᠰᠢᠭᠤᠢ ᠶᠢᠨ ᠠᠵᠦ ᠠᠬᠤᠢ᠂ ᠮᠠᠯ ᠠᠵᠦ ᠠᠬᠤᠢ᠂ ᠵᠢᠭᠠᠰᠤᠨ ᠠᠵᠦ ᠠᠬᠤᠢ ᠶᠢᠨ  ᠦᠢᠯᠡᠳᠪᠦᠷᠢᠯᠡᠯ ᠬᠢᠬᠦ ᠳᠤ ᠬᠦᠷᠪᠡᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠢᠶᠠᠷ  ᠬᠠᠤᠯᠢ ᠶᠤᠰᠤᠭᠠᠷ ᠵᠦᠪᠰᠢᠶᠡᠷᠡᠬᠦᠯᠦᠭᠡᠳ᠂ ᠨᠡᠭᠡᠭᠡᠨ ᠠᠰᠢᠭᠯᠠᠬᠤ ᠨᠢᠭᠡᠴᠢ ᠪᠤᠶᠤ ᠬᠤᠪᠢ ᠬᠦᠮᠦᠨ ᠳᠤ ᠦᠭᠴᠦ  ᠤᠷᠳᠦ ᠬᠤᠭᠤᠴᠠᠭ᠎ᠠ ᠬᠡᠷᠡᠭᠯᠡᠬᠦᠯᠬᠦ ᠪᠠᠷ ᠲᠤᠭᠳᠠᠭᠠᠵᠦ ᠪᠤᠯᠤᠨ᠎ᠠ᠃          ᠲᠦᠴᠢᠨ ᠨᠢᠭᠡᠳᠦᠭᠡᠷ ᠵᠦᠢᠯ  ᠤᠯᠤᠰ ᠠᠴᠠ ᠭᠠᠵᠠᠷ ᠰᠢᠷᠦᠢ ᠶᠢ ᠵᠠᠰᠠᠵᠦ ᠰᠠᠶᠢᠵᠢᠷᠠᠭᠤᠯᠬᠤ ᠶᠢ  ᠵᠤᠷᠢᠭᠵᠢᠭᠤᠯᠤᠨ᠎ᠠ᠃ ᠰᠢᠶᠠᠨ᠂ ᠰᠤᠮᠤ ︵ᠪᠠᠯᠭᠠᠰᠤ︶ ᠶᠢᠨ ᠠᠷᠠᠳ ᠤᠨ ᠵᠠᠰᠠᠭ ᠤᠨ ᠤᠷᠳᠤᠨ ᠨᠤᠭᠤᠳ ᠬᠦᠳᠡᠭᠡ  ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢ ᠵᠤᠬᠢᠶᠠᠨ ᠪᠠᠶᠢᠭᠤᠯᠵᠦ ᠪᠠᠶᠢᠭᠠᠳ ᠭᠠᠵᠠᠷ  ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠤᠰᠤᠭᠠᠷ ᠲᠠᠷᠢᠶ᠎ᠠ᠂ ᠤᠰᠤ᠂ ᠵᠠᠮ᠂ ᠤᠢ᠂ ᠲᠤᠰᠬᠤᠨ ᠢ  ᠶᠡᠷᠦᠩᠭᠡᠶᠢᠯᠡᠨ ᠵᠠᠰᠠᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠰᠠᠶᠢᠵᠢᠷᠠᠭᠤᠯᠤᠨ᠂ ᠦᠷ᠎ᠡ ᠠᠰᠢᠭ ᠲᠠᠢ ᠲᠠᠷᠢᠶᠠᠨ  ᠭᠠᠵᠠᠷ ᠤᠨ ᠲᠠᠯᠠᠪᠠᠢ ᠶᠢ ᠨᠡᠮᠡᠭᠳᠡᠬᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠨᠦᠬᠦᠴᠡᠯ ᠪᠠ ᠠᠮᠢ ᠠᠬᠤᠢ ᠶᠢᠨ  ᠤᠷᠴᠢᠨ ᠲᠤᠭᠤᠷᠢᠨ ᠢ ᠰᠠᠶᠢᠵᠢᠷᠠᠭᠤᠯᠬᠤ  ᠬᠡᠷᠡᠭᠲᠠᠢ᠃          ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠷᠭ᠎ᠠ ᠬᠡᠮᠵᠢᠶ᠎ᠡ ᠠᠪᠴᠦ  ᠪᠠᠶᠢᠭᠠᠳ ᠲᠤᠮᠳᠠ᠂ ᠲᠤᠤᠷ᠎ᠡ ᠤᠨᠠᠯᠳᠠ ᠲᠠᠢ ᠲᠠᠷᠢᠶᠠᠨ ᠭᠠᠵᠠᠷ ᠢ ᠦᠭᠡᠷᠡᠴᠢᠯᠠᠨ ᠰᠠᠶᠢᠵᠢᠷᠠᠭᠤᠯᠵᠦ᠂ ᠰᠣᠯᠠ ᠭᠠᠵᠠᠷ  ᠪᠠ ᠬᠠᠶᠠᠭᠳᠠᠮᠠᠯ ᠭᠠᠵᠠᠷ ᠢ ᠵᠠᠰᠠᠬᠤ ᠬᠡᠷᠡᠭᠲᠠᠢ᠃        ᠲᠦᠴᠢᠨ ᠬᠤᠶᠠᠳᠤᠭᠠᠷ ᠵᠦᠢᠯ  ᠮᠠᠯᠳᠠᠵᠦ ᠡᠪᠳᠡᠭᠰᠡᠨ᠂ ᠴᠦᠮᠦᠷᠴᠦ ᠢᠪᠡᠷᠡᠭᠰᠡᠨ᠂ ᠲᠠᠷᠤᠵᠦ ᠡᠵᠡᠯᠡᠭᠰᠡᠨ  ᠵᠡᠷᠭᠡ ᠠᠴᠠ ᠪᠤᠯᠵᠦ ᠭᠠᠵᠠᠷ ᠰᠢᠷᠦᠢ ᠳᠤ ᠡᠪᠳᠡᠯᠡᠭᠡ ᠤᠴᠠᠷᠠᠭᠤᠯᠤᠭᠰᠠᠨ ᠪᠠᠶᠢᠪᠠᠯ᠂ ᠭᠠᠵᠠᠷ ᠬᠡᠷᠡᠭᠯᠡᠭᠰᠡᠨ ᠨᠢᠭᠡᠴᠢ ᠪᠠ  ᠬᠤᠪᠢ ᠬᠦᠮᠦᠨ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠡᠷᠬᠦᠭᠡᠨ ᠬᠠᠭᠠᠯᠪᠤᠷᠢᠯᠠᠬᠤ ᠠᠵᠢᠯ ᠢ  ᠬᠠᠷᠢᠭᠤᠴᠠᠬᠤ ᠬᠡᠷᠡᠭᠲᠠᠢ︔ ᠰᠡᠷᠭᠦᠭᠡᠨ ᠬᠠᠭᠠᠯᠪᠤᠷᠢᠯᠠᠬᠤ ᠨᠦᠬᠦᠴᠡᠯ ᠦᠭᠡᠢ ᠪᠤᠶᠤ ᠰᠡᠷᠬᠦᠭᠡᠨ ᠬᠠᠭᠠᠯᠪᠤᠷᠢᠯᠠᠭᠰᠠᠨ ᠨᠢ  ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠭᠠᠵᠠᠷ ᠰᠢᠷᠦᠢ ᠶᠢ ᠰᠡᠷᠬᠦᠭᠡᠨ ᠬᠠᠭᠠᠯᠪᠤᠷᠢᠯᠠᠬᠤ ᠰᠦᠢᠳᠭᠡᠯ  ᠲᠤᠰᠢᠶᠠᠵᠦ᠂ ᠲᠤᠰ ᠰᠦᠢᠳᠭᠡᠯ ᠢ ᠭᠠᠵᠠᠷ ᠰᠢᠷᠦᠢ ᠶᠢ ᠰᠡᠷᠬᠦᠭᠡᠨ ᠬᠠᠭᠠᠯᠪᠤᠷᠢᠯᠠᠬᠤ ᠳᠤ ᠲᠤᠰᠬᠠᠢ ᠬᠡᠷᠡᠭᠯᠡᠬᠦ ᠬᠡᠷᠡᠭᠲᠠᠢ  ᠃            ᠰᠡᠷᠬᠦᠭᠡᠨ ᠬᠠᠭᠠᠯᠪᠤᠷᠢᠯᠠᠭᠰᠠᠨ ᠭᠠᠵᠠᠷ ᠢ ᠡᠩ ᠲᠠᠷᠢᠬᠦᠨ ᠳᠤ ᠲᠠᠷᠢᠶᠠᠯᠠᠩ ᠳᠤ ᠬᠡᠷᠡᠭᠯᠡᠬᠦ ᠬᠡᠷᠡᠭᠲᠠᠢ᠃
 
ᠢᠷᠡᠯᠲᠡ᠄ ᠤᠯᠠᠭᠠᠨᠬᠠᠳᠠ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号