ᠲᠠᠪᠤᠳᠤᠭᠠᠷ ᠪᠦᠯᠦᠭ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ | ᠲᠦᠴᠢᠨ ᠭᠤᠷᠪᠠᠳᠣᠭᠠᠷ ᠵᠦᠢᠯ ᠶᠠᠮᠠᠷᠪᠠ ᠨᠢᠭᠡᠴᠢ ᠪᠤᠶᠤ ᠬᠤᠪᠢ ᠬᠦᠮᠦᠨ ᠪᠦᠳᠦᠭᠡᠨ ᠪᠠᠶᠢᠭᠤᠯᠤᠯᠳᠠ ᠳᠤ | ᠭᠠᠵᠠᠷ ᠰᠢᠷᠦᠢ ᠬᠡᠷᠡᠭᠯᠡᠬᠦ ᠴᠢᠬᠤᠯᠠ ᠲᠠᠢ ᠪᠤᠯᠪᠠᠯ᠂ ᠡᠷᠭᠡᠪᠰᠢ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ | ᠬᠡᠷᠡᠭᠯᠡᠬᠦ ᠪᠠᠷ ᠬᠠᠤᠯᠢ ᠶᠤᠰᠤᠭᠠᠷ ᠭᠤᠶᠤᠴᠢᠯᠠᠬᠤ ᠬᠡᠷᠡᠭᠲᠠᠢ︔ ᠭᠡᠪᠡᠴᠦ ᠰᠣᠮᠤ ᠪᠠᠯᠭᠠᠰᠤᠨ ᠤ ᠠᠵᠦ ᠠᠬᠤᠶᠢᠯᠠᠯ | ᠡᠷᠬᠢᠯᠡᠬᠦ ᠪᠠ ᠭᠠᠴᠠᠭᠠᠨ ᠤ ᠠᠷᠠᠳ ᠤᠨ ᠤᠷᠤᠨ ᠰᠠᠭᠤᠴᠠ ᠪᠠᠷᠢᠬᠤ ᠳᠤ ᠲᠤᠰ ᠬᠠᠮᠳᠦ ᠶᠢᠨ ᠠᠵᠦ ᠠᠬᠤᠢ ᠶᠢᠨ | ᠵᠤᠬᠢᠶᠠᠨ ᠪᠠᠶᠢᠭᠤᠯᠤᠯᠳᠠ ᠶᠢᠨ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠪᠠᠷ | ᠬᠠᠤᠯᠢ ᠶᠤᠰᠤᠭᠠᠷ ᠵᠦᠪᠰᠢᠶᠡᠷᠡᠬᠦᠯᠦᠭᠰᠡᠨ ᠪᠠᠶᠢᠪᠠᠯ᠂ ᠡᠰᠡᠬᠦᠯ᠎ᠡ ᠰᠤᠮᠤ ︵ᠪᠠᠯᠭᠠᠰᠤ︶ ᠭᠠᠴᠠᠭ᠎ᠠ ᠶᠢᠨ ᠨᠠᠶᠢᠳᠡ ᠶᠢᠨ | ᠬᠡᠷᠡᠭᠯᠡᠭᠡᠨ ᠤ ᠲᠦᠬᠦᠭᠡᠷᠦᠮᠵᠢ ᠪᠠ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠦᠳᠦᠭᠡᠨ ᠪᠠᠶᠢᠭᠤᠯᠤᠯᠳᠠ ᠳᠤ | ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠪᠠᠷ ᠬᠠᠤᠯᠢ ᠶᠤᠰᠤᠭᠠᠷ | ᠵᠦᠪᠰᠢᠶᠡᠷᠡᠬᠦᠯᠦᠭᠰᠡᠨ ᠪᠠᠶᠢᠪᠠᠯ ᠡᠬᠦᠨ ᠳᠤ ᠪᠠᠭᠳᠠᠬᠤ ᠦᠭᠡᠢ᠃ | ᠡᠮᠦᠨᠡᠬᠢ ᠪᠠᠳᠠᠭ ᠲᠤ ᠲᠤᠷᠠᠳᠤᠭᠰᠠᠨ ᠬᠡᠷᠡᠭᠯᠡᠬᠦ ᠪᠠᠷ ᠬᠠᠤᠯᠢ ᠶᠤᠰᠤᠭᠠᠷ ᠭᠤᠶᠤᠴᠢᠯᠠᠭᠰᠠᠨ ᠤᠯᠤᠰ ᠤᠨ | ᠦᠮᠴᠢᠯᠡᠯ ᠤᠨ ᠭᠠᠵᠠᠷ ᠰᠢᠷᠦᠢ ᠳᠤ ᠤᠯᠤᠰ ᠤᠨ ᠦᠮᠴᠢᠯᠡᠯ ᠤᠨ ᠭᠠᠵᠠᠷ ᠰᠢᠷᠦᠢ ᠪᠤᠯᠤᠨ ᠤᠯᠤᠰ ᠠᠴᠠ | ᠲᠠᠳᠠᠪᠤᠷᠢᠯᠠᠭᠰᠠᠨ ᠤᠤᠯ ᠨᠢ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠪᠠᠶᠢᠭᠰᠠᠨ ᠭᠠᠵᠠᠷ ᠰᠢᠷᠦᠢ ᠪᠠᠭᠳᠠᠨ᠎ᠠ᠃ | | ᠲᠦᠴᠢᠨ ᠲᠦᠷᠪᠡᠳᠦᠭᠡᠷ ᠵᠦᠢᠯ ᠪᠦᠳᠦᠭᠡᠨ ᠪᠠᠶᠢᠭᠤᠯᠤᠯᠳᠠ ᠳᠤ ᠡᠵᠡᠯᠡᠨ ᠬᠡᠷᠡᠭᠯᠡᠬᠦ ᠭᠠᠵᠠᠷ ᠰᠢᠷᠦᠢ ᠨᠢ | ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠵᠦ ᠬᠤᠪᠢᠷᠠᠭᠠᠬᠤ | ᠶᠠᠪᠤᠳᠠᠯ ᠳᠤ ᠬᠤᠯᠪᠤᠭᠳᠠᠪᠠᠯ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠠᠳ ᠬᠡᠷᠡᠭᠯᠡᠬᠦ ᠪᠠᠷ ᠬᠢᠨᠠᠨ | ᠵᠦᠪᠰᠢᠶᠡᠷᠡᠬᠦᠯᠬᠦ ᠭᠠᠷ ᠬᠦᠢᠴᠡᠳᠭᠡᠯ ᠬᠢᠬᠦ ᠬᠡᠷᠡᠭᠲᠠᠢ᠃ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ | ᠣᠷᠳᠣᠨ ᠠᠴᠠ ᠵᠦᠪᠰᠢᠶᠡᠷᠡᠭᠰᠡᠨ ᠵᠠᠮ᠂ ᠬᠤᠭᠤᠯᠠᠢ ᠤᠳᠠᠰᠦ ᠶᠢᠨ ᠪᠠᠷᠢᠯᠭ᠎ᠠ ᠪᠠ ᠲᠤᠮᠤ ᠬᠡᠯᠪᠡᠷᠢ ᠶᠢᠨ ᠰᠠᠭᠤᠷᠢ | ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠵᠦᠢᠯᠡᠰ᠂ ᠲᠦᠷᠦ ᠶᠢᠨ ᠶᠠᠪᠤᠳᠠᠯ ᠤᠨ ᠬᠤᠷᠢᠶ᠎ᠡ ᠠᠴᠠ | ᠵᠦᠪᠰᠢᠶᠡᠷᠡᠭᠰᠡᠨ ᠪᠦᠳᠦᠭᠡᠨ ᠪᠠᠶᠢᠭᠤᠯᠤᠯᠳᠠ ᠶᠢᠨ ᠵᠦᠢᠯᠡᠰ ᠤᠨ ᠡᠵᠡᠯᠡᠨ ᠬᠡᠷᠡᠭᠯᠡᠬᠦ ᠭᠠᠵᠠᠷ ᠰᠢᠷᠦᠢ ᠨᠢ | ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠵᠦ ᠬᠤᠪᠢᠷᠠᠭᠠᠬᠤ | ᠶᠠᠪᠤᠳᠠᠯ ᠳᠤ ᠬᠤᠯᠪᠤᠭᠳᠠᠬᠤ ᠲᠦᠷᠦ ᠶᠢᠨ ᠶᠠᠪᠤᠳᠠᠯ ᠤᠨ ᠬᠤᠷᠢᠶ᠎ᠡ ᠪᠠᠷ ᠵᠦᠪᠰᠢᠶᠡᠷᠡᠬᠦᠯᠦᠨ᠎ᠡ᠃ | ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠲᠤᠳᠠᠭᠠᠭᠰᠠᠨ ᠬᠤᠳᠠ ᠪᠠ ᠠᠶᠢᠯ | ᠲᠤᠰᠬᠤᠨ᠂ ᠪᠠᠯᠭᠠᠰᠣᠨ ᠤ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠬᠡᠪᠴᠢᠶ᠎ᠡ ᠬᠦᠷᠢᠶᠠᠨ ᠤ | ᠲᠤᠳᠤᠷ᠎ᠡ᠂ ᠲᠤᠰ ᠲᠦᠯᠦᠪᠵᠢᠬᠦᠯᠭᠡ ᠶᠢ ᠬᠡᠷᠡᠭᠵᠢᠬᠦᠯᠬᠦ ᠶᠢᠨ ᠲᠤᠰᠠᠳᠠ ᠲᠠᠷᠢᠶᠠᠯᠠᠩ ᠳᠤ ᠬᠡᠷᠡᠭᠯᠡᠬᠦ ᠭᠠᠵᠠᠷ ᠢ | ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠪᠤᠯᠭᠠᠵᠦ ᠬᠤᠪᠢᠷᠠᠭᠠᠬᠤ ᠳᠤ ᠬᠦᠷᠪᠡᠯ᠂ ᠭᠠᠵᠠᠷ ᠰᠢᠷᠦᠢ ᠶᠢᠨ | ᠠᠰᠢᠭᠯᠠᠯᠳᠠ ᠶᠢᠨ ᠤᠨ ᠤ ᠲᠦᠯᠦᠪᠯᠡᠭᠡ ᠶᠢᠨ ᠶᠤᠰᠤᠭᠠᠷ ᠪᠦᠯᠦᠭ ᠤᠳᠠᠭ᠎ᠠ ᠬᠤᠪᠢᠶᠠᠨ ᠭᠠᠵᠠᠷ ᠰᠢᠷᠦᠢ ᠶᠢ | ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠵᠦᠪᠰᠢᠶᠡᠷᠡᠭᠰᠡᠨ ᠤᠤᠯ ᠤᠨ ᠪᠠᠶᠢᠭᠤᠯᠭ᠎ᠠ ᠪᠠᠷ ᠨᠢ ᠵᠦᠪᠰᠢᠶᠡᠷᠡᠬᠦᠯᠦᠨ᠎ᠡ | ᠃ ᠨᠢᠭᠡᠨᠳᠡ ᠵᠦᠪᠰᠢᠶᠡᠷᠡᠬᠦᠯᠦᠭᠰᠡᠨ ᠬᠤᠪᠢᠷᠠᠭᠠᠨ ᠬᠡᠷᠡᠭᠯᠡᠬᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠡᠪᠴᠢᠶᠡᠨ | ᠲᠤᠳᠤᠷᠠᠬᠢ ᠪᠤᠳᠠᠳᠠᠢ ᠪᠦᠳᠦᠭᠡᠨ ᠪᠠᠶᠢᠭᠤᠯᠤᠯᠳᠠ ᠶᠢᠨ ᠵᠦᠢᠯᠡᠰ ᠲᠤ ᠬᠡᠷᠡᠭᠯᠡᠬᠦ ᠭᠠᠵᠠᠷ ᠢ ᠬᠤᠳᠠ᠂ ᠰᠢᠶᠠᠨ ᠤ | ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠵᠦ ᠪᠤᠯᠤᠨ᠎ᠠ᠃ | ᠲᠤᠰ ᠵᠦᠢᠯ ᠤᠨ ᠬᠤᠶᠠᠳᠤᠭᠠᠷ ᠪᠠᠳᠠᠭ᠂ ᠭᠤᠷᠪᠠᠳᠣᠭᠠᠷ ᠪᠠᠳᠠᠭ ᠤᠨ ᠲᠤᠭᠳᠠᠭᠠᠯ ᠠᠴᠠ ᠪᠤᠰᠤᠳ ᠪᠦᠳᠦᠭᠡᠨ | ᠪᠠᠶᠢᠭᠤᠯᠤᠯᠳᠠ ᠶᠢᠨ ᠵᠦᠢᠯᠡᠰ ᠤᠨ ᠡᠵᠡᠯᠡᠨ ᠬᠡᠷᠡᠭᠯᠡᠬᠦ ᠭᠠᠵᠠᠷ ᠰᠢᠷᠦᠢ ᠨᠢ ᠲᠠᠷᠢᠶᠠᠯᠠᠩ ᠳᠤ ᠬᠡᠷᠡᠭᠯᠡᠬᠦ ᠭᠠᠵᠠᠷ ᠢ | ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠨ ᠬᠤᠪᠢᠷᠠᠭᠠᠬᠤ ᠶᠠᠪᠤᠳᠠᠯ ᠳᠤ ᠬᠤᠯᠪᠤᠭᠳᠠᠪᠠᠯ᠂ ᠮᠤᠵᠢ᠂ | ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠᠯ ᠶᠢᠨ ᠠᠷᠠᠳ ᠤᠨ ᠵᠠᠰᠠᠭ ᠤᠨ ᠤᠷᠳᠤᠨ ᠢᠶᠠᠷ | ᠵᠦᠪᠰᠢᠶᠡᠷᠡᠬᠦᠯᠦᠨ᠎ᠡ᠃ | ᠲᠦᠴᠢᠨ ᠲᠠᠪᠤᠳᠤᠭᠠᠷ ᠵᠦᠢᠯ ᠲᠤᠤᠷ᠎ᠡ ᠵᠢᠭᠰᠠᠭᠠᠭᠰᠠᠨ ᠭᠠᠵᠠᠷ ᠰᠢᠷᠦᠢ ᠶᠢ ᠲᠠᠳᠠᠪᠤᠷᠢᠯᠠᠬᠤ ᠳᠤ ᠬᠦᠷᠪᠡᠯ᠂ | ᠲᠦᠷᠦ ᠶᠢᠨ ᠶᠠᠪᠤᠳᠠᠯ ᠤᠨ ᠬᠤᠷᠢᠶ᠎ᠡ ᠪᠠᠷ ᠵᠦᠪᠰᠢᠶᠡᠷᠡᠬᠦᠯᠦᠨ᠎ᠡ᠄ | ︵ᠨᠢᠭᠡ︶ ᠦᠨᠳᠦᠰᠦᠨ ᠲᠠᠷᠢᠶᠠᠨ ᠭᠠᠵᠠᠷ︔ | ︵ᠬᠤᠶᠠᠷ︶ ᠦᠨᠳᠦᠰᠦᠨ ᠲᠠᠷᠢᠶᠠᠨ ᠭᠠᠵᠠᠷ ᠠᠴᠠ ᠭᠠᠳᠠᠨᠠᠬᠢ 35 ᠡᠾᠧᠺᠲ᠋ᠠᠷ ᠠᠴᠠ ᠬᠡᠳᠤᠷᠡᠭᠰᠡᠨ | ᠲᠠᠷᠢᠶᠠᠨ ᠭᠠᠵᠠᠷ︔ | ︵ᠭᠤᠷᠪᠠ︶ 70 ᠡᠾᠧᠺᠲ᠋ᠠᠷ ᠠᠴᠠ ᠬᠡᠳᠤᠷᠡᠭᠰᠡᠨ ᠪᠤᠰᠤᠳ ᠭᠠᠵᠠᠷ ᠰᠢᠷᠦᠢ᠃ | ᠡᠮᠦᠨᠡᠬᠢ ᠪᠠᠳᠠᠭ ᠤᠨ ᠲᠤᠭᠳᠠᠭᠠᠯ ᠳᠠᠬᠢ ᠭᠠᠵᠠᠷ ᠰᠢᠷᠦᠢ ᠠᠴᠠ ᠭᠠᠳᠠᠨᠠᠬᠢ ᠭᠠᠵᠠᠷ ᠰᠢᠷᠦᠢ ᠶᠢ | ᠲᠠᠳᠠᠪᠤᠷᠢᠯᠠᠬᠤ ᠳᠤ ᠬᠦᠷᠪᠡᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ | ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠬᠦ ᠶᠢᠨ ᠬᠠᠮᠳᠦ ᠲᠦᠷᠦ ᠶᠢᠨ ᠶᠠᠪᠤᠳᠠᠯ ᠤᠨ ᠬᠤᠷᠢᠶᠠᠨ ᠳᠤ | ᠮᠡᠳᠡᠬᠦᠯᠵᠦ ᠲᠠᠩᠰᠠᠯᠠᠭᠤᠯᠤᠨ᠎ᠠ᠃ | ᠲᠠᠷᠢᠶᠠᠯᠠᠩ ᠳᠤ ᠬᠡᠷᠡᠭᠯᠡᠬᠦ ᠭᠠᠵᠠᠷ ᠢ ᠲᠠᠳᠠᠪᠤᠷᠢᠯᠠᠬᠤ ᠳᠤ ᠬᠦᠷᠪᠡᠯ᠂ ᠲᠤᠰ ᠬᠠᠤᠯᠢ ᠶᠢᠨ ᠲᠦᠴᠢᠨ | ᠲᠦᠷᠪᠡᠳᠦᠭᠡᠷ ᠵᠦᠢᠯ ᠤᠨ ᠲᠤᠭᠳᠠᠭᠠᠯ ᠶᠤᠰᠤᠭᠠᠷ ᠲᠡᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠠᠨ ᠬᠡᠷᠡᠭᠯᠡᠬᠦ ᠪᠠᠷ | ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠢ ᠣᠷᠢᠳᠠᠪᠡᠷ ᠬᠢᠬᠦ ᠬᠡᠷᠡᠭᠲᠠᠢ᠃ ᠡᠬᠦᠨ ᠤ ᠲᠤᠳᠤᠷ᠎ᠡ᠂ ᠲᠠᠷᠢᠶᠠᠯᠠᠩ ᠳᠤ | ᠬᠡᠷᠡᠭᠯᠡᠬᠦ ᠭᠠᠵᠠᠷ ᠢ ᠬᠤᠪᠢᠷᠠᠭᠠᠨ ᠬᠡᠷᠡᠭᠯᠡᠬᠦ ᠪᠠᠷ ᠲᠦᠷᠦ ᠶᠢᠨ ᠶᠠᠪᠤᠳᠠᠯ ᠤᠨ ᠬᠤᠷᠢᠶ᠎ᠡ ᠪᠠᠷ ᠵᠦᠪᠰᠢᠶᠡᠷᠡᠬᠦᠯᠦᠭᠰᠡᠨ | ᠪᠠᠶᠢᠪᠠᠯ᠂ ᠭᠠᠵᠠᠷ ᠲᠠᠳᠠᠪᠤᠷᠢᠯᠠᠬᠤ ᠶᠢ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠢ ᠵᠡᠷᠭᠡ ᠳᠤᠨᠢ ᠬᠢᠵᠦ᠂ ᠭᠠᠵᠠᠷ | ᠲᠠᠳᠠᠪᠤᠷᠢᠯᠠᠬᠤ ᠶᠢ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠢ ᠠᠰ ᠲᠤᠨᠢ ᠲᠠᠬᠢᠵᠦ ᠬᠢᠬᠦ ᠦᠭᠡᠢ︔ ᠮᠤᠵᠢ᠂ | ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠭᠠᠵᠠᠷ | ᠲᠠᠳᠠᠪᠤᠷᠢᠯᠠᠬᠤ ᠶᠢ ᠵᠦᠪᠰᠢᠶᠡᠷᠡᠬᠦ ᠡᠷᠭᠡ ᠮᠡᠳᠡᠯ ᠤᠨ ᠬᠡᠪᠴᠢᠶᠡᠨ ᠲᠤᠳᠤᠷ᠎ᠡ ᠪᠠᠨ ᠲᠠᠷᠢᠶᠠᠯᠠᠩ ᠳᠤ ᠬᠡᠷᠡᠭᠯᠡᠬᠦ ᠭᠠᠵᠠᠷ ᠢ | ᠬᠤᠪᠢᠷᠠᠭᠠᠨ ᠬᠡᠷᠡᠭᠯᠡᠬᠦ ᠶᠢ ᠵᠦᠪᠰᠢᠶᠡᠷᠡᠭᠰᠡᠨ ᠪᠠᠶᠢᠪᠠᠯ᠂ ᠭᠠᠵᠠᠷ ᠲᠠᠳᠠᠪᠤᠷᠢᠯᠠᠬᠤ ᠶᠢ ᠬᠢᠨᠠᠨ ᠵᠦᠪᠰᠢᠶᠡᠷᠡᠬᠦ ᠭᠠᠷ | ᠬᠦᠢᠴᠡᠳᠭᠡᠯ ᠢ ᠵᠡᠷᠭᠡ ᠳᠤᠨᠢ ᠬᠢᠵᠦ᠂ ᠭᠠᠵᠠᠷ ᠲᠠᠳᠠᠪᠤᠷᠢᠯᠠᠬᠤ ᠶᠢ ᠬᠢᠨᠠᠨ ᠵᠦᠪᠰᠢᠶᠡᠷᠡᠬᠦ ᠭᠠᠷ ᠬᠦᠢᠴᠡᠳᠭᠡᠯ ᠢ ᠠᠰ | ᠲᠤᠨᠢ ᠲᠠᠬᠢᠵᠦ ᠬᠢᠬᠦ ᠦᠭᠡᠢ᠃ ᠭᠠᠵᠠᠷ ᠲᠠᠳᠠᠪᠤᠷᠢᠯᠠᠬᠤ ᠶᠢ ᠵᠦᠪᠰᠢᠶᠡᠷᠡᠬᠦ ᠡᠷᠭᠡ ᠮᠡᠳᠡᠯ ᠤᠨ ᠬᠡᠪᠴᠢᠶᠡᠨ ᠠᠴᠠ | ᠲᠠᠪᠠᠭᠰᠠᠨ ᠪᠠᠶᠢᠪᠠᠯ᠂ ᠲᠤᠰ ᠵᠦᠢᠯ ᠤᠨ ᠨᠢᠭᠡᠳᠦᠭᠡᠷ ᠪᠠᠳᠠᠭ ᠤᠨ ᠲᠤᠭᠳᠠᠭᠠᠯ ᠶᠤᠰᠤᠭᠠᠷ ᠭᠠᠵᠠᠷ ᠲᠠᠳᠠᠪᠤᠷᠢᠯᠠᠬᠤ ᠶᠢ | ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠢ ᠠᠰ ᠲᠤᠨᠢ ᠬᠢᠬᠦ ᠬᠡᠷᠡᠭᠲᠠᠢ᠃ | ᠲᠦᠴᠢᠨ ᠵᠢᠷᠭᠤᠳᠤᠭᠠᠷ ᠵᠦᠢᠯ ᠤᠯᠤᠰ ᠠᠴᠠ ᠭᠠᠵᠠᠷ ᠰᠢᠷᠦᠢ ᠶᠢ ᠲᠠᠳᠠᠪᠤᠷᠢᠯᠠᠬᠤ ᠳᠤ ᠬᠦᠷᠪᠡᠯ᠂ | ᠬᠠᠤᠯᠢ ᠳᠤ ᠲᠤᠭᠳᠠᠭᠠᠭᠰᠠᠨ ᠵᠢᠷᠦᠮ ᠶᠤᠰᠤᠭᠠᠷ ᠵᠦᠪᠰᠢᠶᠡᠷᠡᠬᠦᠯᠦᠭᠰᠡᠨ ᠤ ᠲᠠᠷᠠᠭ᠎ᠠ᠂ ᠰᠢᠶᠠᠨ ᠤ ᠱᠠᠳᠣᠨ ᠠᠴᠠ | ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ ᠠᠯᠪᠠᠨ ᠵᠠᠷ ᠨᠡᠶᠢᠳᠡᠯᠡᠬᠦ ᠶᠢᠨ ᠬᠠᠮᠳᠦ | ᠵᠤᠬᠢᠶᠠᠨ ᠪᠠᠶᠢᠭᠤᠯᠵᠦ ᠬᠡᠷᠡᠭᠵᠢᠬᠦᠯᠦᠨ᠎ᠡ᠃ | ᠭᠠᠵᠠᠷ ᠰᠢᠷᠦᠢ ᠪᠠᠨ ᠲᠠᠳᠠᠪᠤᠷᠢᠯᠠᠭᠳᠠᠭᠰᠠᠨ ᠦᠮᠴᠢᠯᠡᠯ ᠤᠨ ᠡᠷᠭᠡ ᠪᠦᠬᠦᠢ ᠬᠦᠮᠦᠨ᠂ ᠬᠡᠷᠡᠭᠯᠡᠬᠦ ᠡᠷᠭᠡ ᠪᠦᠬᠦᠢ | ᠬᠦᠮᠦᠨ ᠠᠯᠪᠠᠨ ᠵᠠᠷ ᠲᠤ ᠲᠤᠭᠳᠠᠭᠠᠭᠰᠠᠨ ᠬᠤᠭᠤᠴᠠᠭᠠᠨ ᠤ ᠲᠤᠳᠤᠷ᠎ᠡ ᠭᠠᠵᠠᠷ ᠰᠢᠷᠦᠢ ᠶᠢᠨ ᠡᠷᠭᠡ ᠶᠢᠨ | ᠬᠠᠷᠢᠶᠠᠯᠠᠯ ᠤᠨ ᠦᠨᠡᠮᠯᠡᠯ ᠢᠶᠠᠨ ᠠᠪᠴᠦ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠤᠷᠳᠤᠨ ᠤ ᠭᠠᠵᠠᠷ | ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠬᠦᠷᠴᠦ ᠭᠠᠵᠠᠷ ᠰᠢᠷᠦᠢ | ᠲᠠᠳᠠᠪᠤᠷᠢᠯᠠᠭᠰᠠᠨ ᠲᠦᠯᠦᠪᠦᠷᠢ ᠠᠪᠬᠤ ᠲᠠᠩᠰᠠᠯᠠᠯᠳᠠ ᠬᠢᠯᠭᠡᠬᠦ ᠬᠡᠷᠡᠭᠲᠠᠢ᠃ | ᠲᠦᠴᠢᠨ ᠲᠤᠯᠤᠳᠤᠭᠠᠷ ᠵᠦᠢᠯ ᠭᠠᠵᠠᠷ ᠰᠢᠷᠦᠢ ᠶᠢ ᠲᠠᠳᠠᠪᠤᠷᠢᠯᠠᠭᠰᠠᠨ ᠪᠠᠶᠢᠪᠠᠯ᠂ ᠲᠠᠳᠠᠪᠤᠷᠢᠯᠠᠨ ᠠᠪᠤᠭᠰᠠᠨ | ᠭᠠᠵᠠᠷ ᠰᠢᠷᠦᠢ ᠶᠢᠨ ᠤᠤᠯ ᠬᠡᠷᠡᠭᠯᠡᠯᠳᠡ ᠶᠤᠰᠤᠭᠠᠷ ᠲᠦᠯᠦᠪᠤᠷᠢ ᠦᠭᠬᠦ ᠬᠡᠷᠡᠭᠲᠠᠢ᠃ | ᠲᠠᠷᠢᠶᠠᠨ ᠭᠠᠵᠠᠷ ᠢ ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠳᠤ ᠭᠠᠵᠠᠷ ᠰᠢᠷᠦᠢ ᠶᠢᠨ ᠲᠦᠯᠦᠪᠤᠷᠢ᠂ | ᠲᠦᠪᠬᠢᠨᠡᠬᠦᠯᠬᠦ ᠨᠦᠬᠦᠪᠦᠷᠢ ᠰᠦᠢᠳᠭᠡᠯ ᠵᠢᠴᠢ ᠭᠠᠵᠠᠷ ᠲᠡᠭᠡᠷᠡᠬᠢ ᠲᠠᠭᠠᠯᠳᠠ ᠶᠠᠭᠤᠮ᠎ᠠ ᠪᠠ ᠲᠠᠷᠢᠶᠠᠨ ᠴᠢᠬᠢ ᠶᠢᠨ | ᠲᠦᠯᠦᠪᠤᠷᠢ ᠰᠦᠢᠳᠭᠡᠯ ᠪᠠᠭᠳᠠᠨ᠎ᠠ᠃ ᠲᠠᠷᠢᠶᠠᠨ ᠭᠠᠵᠠᠷ ᠢ ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠤᠨ ᠬᠡᠮᠵᠢᠶ᠎ᠡ | ᠨᠢ ᠲᠤᠰ ᠲᠠᠷᠢᠶᠠᠨ ᠭᠠᠵᠠᠷ ᠢ ᠲᠠᠳᠠᠪᠤᠷᠢᠯᠠᠬᠤ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ ᠵᠢᠯ ᠤᠨ | ᠦᠢᠯᠡᠳᠬᠦᠨ ᠤ ᠦᠷᠳᠡᠭ ᠤ ᠬᠢᠨᠢ ᠵᠢᠷᠭᠤᠭᠠᠨ ᠲᠠᠬᠢᠨ ᠠᠴᠠ ᠠᠷᠪᠠᠨ ᠲᠠᠬᠢᠨ ᠪᠤᠯᠤᠨ᠎ᠠ᠃ ᠲᠠᠷᠢᠶᠠᠨ ᠭᠠᠵᠠᠷ ᠢ | ᠲᠠᠳᠠᠪᠤᠷᠢᠯᠠᠭᠰᠠᠨ ᠤ ᠲᠦᠪᠬᠢᠨᠡᠬᠦᠯᠬᠦ ᠨᠦᠬᠦᠪᠦᠷᠢ ᠰᠦᠢᠳᠭᠡᠯ ᠢ ᠲᠦᠪᠬᠢᠨᠡᠬᠦᠯᠬᠦ ᠴᠢᠬᠤᠯᠠ ᠲᠠᠢ ᠲᠠᠷᠢᠶᠠᠯᠠᠩ ᠤᠨ | ᠬᠦᠮᠦᠨ ᠠᠮᠠ ᠶᠢᠨ ᠲᠤᠭ᠎ᠠ ᠪᠠᠷ ᠪᠤᠳᠤᠨ᠎ᠠ᠃ ᠲᠦᠪᠬᠢᠨᠡᠬᠦᠯᠬᠦ ᠴᠢᠬᠤᠯᠠ ᠲᠠᠢ ᠬᠦᠮᠦᠨ ᠠᠮᠠ ᠶᠢᠨ ᠲᠤᠭ᠎ᠠ ᠶᠢ ᠪᠤᠯ | ᠲᠠᠳᠠᠪᠤᠷᠢᠯᠠᠬᠤ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠲᠠᠷᠢᠶᠠᠨ ᠭᠠᠵᠠᠷ ᠪᠠᠨ ᠲᠠᠳᠠᠪᠤᠷᠢᠯᠠᠭᠳᠠᠭᠰᠠᠨ | ᠨᠢᠭᠡᠴᠢ ᠶᠢᠨ ᠲᠠᠷᠢᠶᠠᠨ ᠭᠠᠵᠠᠷ ᠢᠶᠠᠨ ᠲᠠᠳᠠᠪᠤᠷᠢᠯᠠᠭᠳᠠᠬᠤ ᠠᠴᠠ ᠡᠮᠦᠨᠡᠬᠢ ᠬᠦᠮᠦᠨ ᠪᠦᠷᠢ ᠳᠤ ᠨᠤᠭᠳᠠᠵᠦ ᠪᠠᠶᠢᠭᠰᠠᠨ | ᠲᠤᠮᠳᠠᠴᠢ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠᠷ ᠬᠤᠪᠢᠶᠠᠭᠠᠳ ᠪᠤᠳᠤᠵᠦ ᠭᠠᠷᠭᠠᠨ᠎ᠠ᠃ ᠲᠦᠪᠬᠢᠨᠡᠬᠦᠯᠬᠦ | ᠴᠢᠬᠤᠯᠠ ᠲᠠᠢ ᠲᠠᠷᠢᠶᠠᠯᠠᠩ ᠤᠨ ᠬᠦᠮᠦᠨ ᠠᠮᠠ ᠨᠢᠭᠡᠪᠤᠷᠢ ᠶᠢᠨ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ | ᠪᠠᠷᠢᠮᠵᠢᠶ᠎ᠡ ᠨᠢ ᠲᠤᠰ ᠲᠠᠷᠢᠶᠠᠨ ᠭᠠᠵᠠᠷ ᠤᠨ ᠲᠠᠳᠠᠪᠤᠷᠢᠯᠠᠭᠳᠠᠬᠤ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ | ᠵᠢᠯ ᠤᠨ ᠦᠢᠯᠡᠳᠬᠦᠨ ᠤ ᠦᠷᠳᠡᠭ ᠤᠨ ᠬᠢᠨᠢ ᠲᠦᠷᠪᠡ ᠠᠴᠠ ᠵᠢᠷᠭᠤᠭᠠᠨ ᠲᠠᠬᠢᠨ ᠪᠤᠯᠤᠨ᠎ᠠ᠃ ᠭᠡᠪᠡᠴᠦ | ᠲᠠᠳᠠᠪᠤᠷᠢᠯᠠᠭᠳᠠᠰᠠᠨ ᠲᠠᠷᠢᠶᠠᠨ ᠭᠠᠵᠠᠷ ᠤᠨ ᠡᠾᠧᠺᠲ᠋ᠠᠷ ᠪᠦᠷᠢ ᠶᠢᠨ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ | ᠬᠠᠮᠤᠭ ᠦᠨᠳᠦᠷ ᠬᠡᠮᠵᠢᠶ᠎ᠡ ᠨᠢ ᠲᠠᠳᠠᠪᠤᠷᠢᠯᠠᠭᠳᠠᠬᠤ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ ᠵᠢᠯ ᠤᠨ | ᠦᠢᠯᠡᠳᠬᠦᠨ ᠤ ᠦᠷᠳᠡᠭ ᠤᠨ ᠠᠷᠪᠠᠨ ᠲᠠᠪᠤᠨ ᠲᠠᠬᠢᠨ ᠠᠴᠠ ᠭᠡᠳᠦᠷᠡᠵᠦ ᠪᠤᠯᠬᠤ ᠦᠭᠡᠢ᠃ | ᠪᠤᠰᠤᠳ ᠭᠠᠵᠠᠷ ᠰᠢᠷᠦᠢ ᠶᠢ ᠲᠠᠳᠠᠪᠤᠷᠢᠯᠠᠬᠤ ᠶᠢᠨ ᠭᠠᠵᠠᠷ ᠰᠢᠷᠦᠢ ᠶᠢᠨ ᠲᠦᠯᠦᠪᠤᠷᠢ ᠰᠦᠢᠳᠭᠡᠯ ᠪᠠ | ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠪᠠᠷᠢᠮᠵᠢᠶ᠎ᠡ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ | ᠬᠠᠷᠢᠶ᠎ᠠ ᠬᠤᠳᠠ ᠠᠴᠠ ᠲᠠᠷᠢᠶᠠᠨ ᠭᠠᠵᠠᠷ ᠢ ᠲᠠᠳᠠᠪᠤᠷᠢᠯᠠᠬᠤ ᠲᠦᠯᠦᠪᠤᠷᠢ ᠰᠦᠢᠳᠭᠡᠯ ᠪᠠ ᠲᠦᠪᠬᠢᠨᠡᠬᠦᠯᠬᠦ ᠨᠦᠬᠦᠪᠦᠷᠢ | ᠰᠦᠢᠳᠭᠡᠯ ᠤᠨ ᠪᠠᠷᠢᠮᠵᠢᠶ᠎ᠠ ᠪᠠᠷ ᠯᠠᠪᠯᠠᠯᠳᠠ ᠪᠤᠯᠭᠠᠵᠦ ᠲᠤᠭᠳᠠᠭᠠᠨ᠎ᠠ᠃ | ᠲᠠᠳᠠᠪᠤᠷᠢᠯᠠᠭᠳᠠᠭᠰᠠᠨ ᠭᠠᠵᠠᠷ ᠰᠢᠷᠦᠢ ᠲᠡᠭᠡᠷᠡᠬᠢ ᠲᠠᠭᠠᠯᠳᠠ ᠶᠠᠭᠤᠮ᠎ᠠ ᠪᠠ ᠲᠠᠷᠢᠶᠠᠨ ᠴᠢᠬᠢ ᠶᠢᠨ | ᠲᠦᠯᠦᠪᠤᠷᠢ ᠶᠢᠨ ᠪᠠᠷᠢᠮᠵᠢᠶ᠎ᠡ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠠᠴᠠ | ᠲᠤᠭᠳᠠᠭᠠᠨ᠎ᠠ᠃ | ᠬᠤᠳᠠ ᠶᠢᠨ ᠲᠡᠬᠦᠷᠭᠡ ᠶᠢᠨ ᠢᠳᠡᠰᠢᠨ ᠨᠤᠭᠤᠭᠠᠨ ᠤ ᠭᠠᠵᠠᠷ ᠢ ᠲᠠᠳᠠᠪᠤᠷᠢᠯᠠᠬᠤ ᠳᠤ ᠬᠦᠷᠪᠡᠯ᠂ ᠭᠠᠵᠠᠷ | ᠬᠡᠷᠡᠭᠯᠡᠬᠦ ᠨᠢᠭᠡᠴᠢ ᠨᠢ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠢᠨ᠎ᠡ ᠢᠳᠡᠰᠢᠨ ᠨᠤᠭᠤᠭᠠᠨ ᠤ | ᠭᠠᠵᠠᠷ ᠭᠠᠷᠭᠠᠬᠤ ᠪᠦᠳᠦᠭᠡᠨ ᠪᠠᠶᠢᠭᠤᠯᠤᠯᠳᠠ ᠶᠢᠨ ᠰᠠᠭᠤᠷᠢ ᠮᠦᠩᠬᠦ ᠲᠤᠰᠢᠶᠠᠬᠤ ᠬᠡᠷᠡᠭᠲᠠᠢ᠃ | ᠲᠤᠰ ᠵᠦᠢᠯ ᠤᠨ ᠬᠤᠶᠠᠳᠤᠭᠠᠷ ᠪᠠᠳᠠᠭ ᠤᠨ ᠲᠤᠭᠳᠠᠭᠠᠯ ᠶᠤᠰᠤᠭᠠᠷ ᠭᠠᠵᠠᠷ ᠰᠢᠷᠦᠢ ᠶᠢᠨ ᠲᠦᠯᠦᠪᠤᠷᠢ | ᠰᠦᠢᠳᠭᠡᠯ ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠢ ᠦᠭᠬᠦᠭᠰᠡᠨ ᠪᠠᠶᠢᠳᠠᠯ᠎ᠠ ᠲᠦᠪᠬᠢᠨᠡᠬᠦᠯᠬᠦ ᠴᠢᠬᠤᠯᠠ ᠲᠠᠢ | ᠲᠠᠷᠢᠶᠠᠴᠢᠳ ᠤᠨ ᠤᠤᠯ ᠤᠨ ᠠᠮᠢᠳᠣᠷᠠᠯ ᠤᠨ ᠬᠢᠷᠢ ᠬᠡᠮᠵᠢᠶ᠎ᠡ ᠶᠢ ᠪᠠᠰᠠ ᠪᠠᠳᠤᠯᠠᠵᠦ ᠴᠢᠳᠠᠬᠤ ᠦᠭᠡᠢ ᠪᠠᠶᠢᠪᠠᠯ᠂ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠢᠶᠠᠷ | ᠵᠦᠪᠰᠢᠶᠡᠷᠡᠬᠦᠯᠦᠭᠡᠳ ᠲᠦᠪᠬᠢᠨᠡᠬᠦᠯᠬᠦ ᠨᠦᠬᠦᠪᠦᠷᠢ ᠰᠦᠢᠳᠭᠡᠯ ᠢ ᠨᠡᠮᠡᠭᠳᠡᠬᠦᠯᠵᠦ ᠪᠤᠯᠤᠨ᠎ᠠ᠃ ᠭᠡᠪᠡᠴᠦ ᠭᠠᠵᠠᠷ | ᠰᠢᠷᠦᠢ ᠶᠢᠨ ᠲᠦᠯᠦᠪᠤᠷᠢ ᠰᠦᠢᠳᠭᠡᠯ ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠨᠡᠶᠢᠯᠡᠪᠤᠷᠢ ᠨᠢ ᠭᠠᠵᠠᠷ | ᠰᠢᠷᠦᠢ ᠶᠢᠨ ᠲᠠᠳᠠᠪᠤᠷᠢᠯᠠᠭᠳᠠᠬᠤ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ ᠵᠢᠯ ᠤᠨ ᠦᠢᠯᠡᠳᠬᠦᠨ ᠤ | ᠦᠷᠳᠡᠭ ᠤᠨ ᠬᠢᠨᠢ ᠭᠤᠴᠢᠨ ᠲᠠᠬᠢᠨ ᠠᠴᠠ ᠬᠡᠳᠦᠷᠡᠵᠦ ᠪᠤᠯᠬᠤ ᠦᠭᠡᠢ᠃ | ᠤᠨᠴᠠᠭᠠᠢ ᠪᠠᠶᠢᠳᠠᠯ ᠤᠨ ᠲᠤᠤᠷ᠎ᠡ᠂ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠨᠡᠶᠢᠭᠡᠮ᠂ ᠠᠵᠦ ᠠᠬᠤᠢ ᠶᠢᠨ | ᠬᠦᠭᠵᠢᠯᠳᠡ ᠶᠢᠨ ᠬᠢᠷᠢ ᠬᠡᠮᠵᠢᠶ᠎ᠡ ᠶᠢ ᠦᠨᠳᠦᠰᠦᠯᠡᠨ ᠲᠠᠷᠢᠶᠠᠨ ᠭᠠᠵᠠᠷ ᠢ ᠲᠠᠳᠠᠪᠤᠷᠢᠯᠠᠬᠤ ᠶᠢᠨ ᠭᠠᠵᠠᠷ ᠰᠢᠷᠦᠢ ᠶᠢᠨ | ᠲᠦᠯᠦᠪᠤᠷᠢ ᠰᠦᠢᠳᠭᠡᠯ ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠪᠠᠷᠢᠮᠵᠢᠶ᠎ᠡ ᠶᠢ ᠲᠡᠭᠡᠭᠰᠢᠯᠡᠬᠦᠯᠵᠦ ᠪᠤᠯᠤᠨ᠎ᠠ᠃ | | ᠲᠦᠴᠢᠨ ᠨᠠᠢᠮᠠᠳᠣᠭᠠᠷ ᠵᠦᠢᠯ ᠪᠤᠰᠤᠳ ᠭᠠᠵᠠᠷ ᠰᠢᠷᠦᠢ ᠶᠢ ᠲᠠᠳᠠᠪᠤᠷᠢᠯᠠᠬᠤ ᠶᠢᠨ ᠭᠠᠵᠠᠷ ᠰᠢᠷᠦᠢ ᠶᠢᠨ | ᠲᠦᠯᠦᠪᠤᠷᠢ ᠰᠦᠢᠳᠭᠡᠯ ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠪᠠᠷᠢᠮᠵᠢᠶ᠎ᠠ ᠶᠢ ᠮᠤᠵᠢ᠂ ᠦᠪᠡᠷᠳᠡᠭᠡᠨ | ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠠᠴᠠ ᠲᠠᠷᠢᠶᠠᠨ ᠭᠠᠵᠠᠷ ᠢ ᠲᠠᠳᠠᠪᠤᠷᠢᠯᠠᠬᠤ ᠲᠦᠯᠦᠪᠤᠷᠢ ᠰᠦᠢᠳᠭᠡᠯ | ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠪᠠᠷᠢᠮᠵᠢᠶ᠎ᠠ ᠪᠠᠷ ᠯᠠᠪᠯᠠᠯᠳᠠ ᠪᠤᠯᠭᠠᠵᠦ ᠲᠤᠭᠳᠠᠭᠠᠨ᠎ᠠ᠃ | ᠲᠦᠴᠢ ᠶᠢᠰᠦᠳᠦᠭᠡᠷ ᠵᠦᠢᠯ ᠭᠠᠵᠠᠷ ᠢᠶᠠᠨ ᠲᠠᠳᠠᠪᠤᠷᠢᠯᠠᠭᠳᠠᠭᠰᠠᠨ ᠬᠦᠳᠡᠭᠡ ᠲᠤᠰᠬᠤᠨ ᠤ ᠬᠠᠮᠳᠦ ᠶᠢᠨ ᠠᠵᠦ | ᠠᠬᠤᠢ ᠶᠢᠨ ᠵᠤᠬᠢᠶᠠᠨ ᠪᠠᠶᠢᠭᠤᠯᠤᠯᠳᠠ ᠨᠤᠭᠤᠳ ᠭᠠᠵᠠᠷ ᠰᠢᠷᠦᠢ ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠤᠨ | ᠤᠷᠤᠯᠭ᠎ᠠ ᠵᠠᠷᠤᠯᠭ᠎ᠠ ᠶᠢᠨ ᠪᠠᠶᠢᠳᠠᠯ ᠢᠶᠠᠨ ᠲᠤᠰ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ | ᠪᠦᠷᠢᠯᠳᠦᠬᠦᠨ ᠨᠠᠷ ᠲᠠᠭᠠᠨ ᠨᠡᠶᠢᠳᠡᠯᠡᠵᠦ᠂ ᠬᠢᠨᠠᠯᠳᠠ ᠶᠢ ᠨᠢ ᠬᠦᠯᠢᠶᠡᠬᠦ ᠬᠡᠷᠡᠭᠲᠠᠢ᠃ | ᠭᠠᠵᠠᠷ ᠰᠢᠷᠦᠢ ᠲᠠᠳᠠᠪᠤᠷᠢᠯᠠᠭᠳᠠᠭᠰᠠᠨ ᠨᠢᠭᠡᠴᠢ ᠶᠢᠨ ᠭᠠᠵᠠᠷ ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠪᠠ | ᠬᠤᠯᠪᠤᠭᠳᠠᠯ ᠪᠦᠬᠦᠢ ᠪᠤᠰᠤᠳ ᠰᠦᠢᠳᠭᠡᠯ ᠢ ᠡᠵᠡᠯᠡᠨ ᠠᠪᠬᠤ᠂ ᠨᠡᠬᠦᠯᠭᠡᠨ ᠬᠡᠷᠡᠭᠯᠡᠬᠦ ᠶᠢ ᠴᠠᠭᠠᠵᠠᠯᠠᠨ᠎ᠠ᠃ | ᠲᠠᠪᠢᠳᠣᠭᠠᠷ ᠵᠦᠢᠯ ᠣᠷᠣᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ | ᠭᠠᠵᠠᠷ ᠢᠶᠠᠨ ᠲᠠᠳᠠᠪᠤᠷᠢᠯᠠᠭᠳᠠᠭᠰᠠᠨ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ | ᠪᠠᠶᠢᠭᠤᠯᠤᠯᠳᠠ ᠪᠠ ᠲᠠᠷᠢᠶᠠᠴᠢᠳ ᠤᠨ ᠨᠡᠭᠡᠭᠡᠨ ᠡᠵᠡᠩᠨᠡᠬᠦ᠂ ᠠᠵᠦ ᠠᠬᠤᠶᠢᠯᠠᠯ ᠡᠷᠬᠢᠯᠡᠬᠦ ᠶᠢ ᠲᠡᠮᠵᠢᠬᠦ ᠬᠡᠷᠡᠭᠲᠠᠢ᠃ | | ᠲᠠᠪᠢᠨ ᠨᠢᠭᠡᠳᠦᠭᠡᠷ ᠵᠦᠢᠯ ᠲᠤᠮᠤ ᠲᠤᠮᠳᠠ ᠬᠡᠯᠪᠡᠷᠢ ᠶᠢᠨ ᠤᠰᠤᠨ ᠠᠰᠢᠭᠯᠠᠯᠳᠠ᠂ ᠤᠰᠤᠨ ᠴᠠᠬᠢᠯᠭᠠᠨ ᠤ | ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠳᠤ ᠲᠠᠳᠠᠪᠤᠷᠢᠯᠠᠭᠰᠠᠨ ᠭᠠᠵᠠᠷ ᠰᠢᠷᠦᠢ ᠳᠤ ᠦᠭᠬᠦ ᠲᠦᠯᠦᠪᠤᠷᠢ | ᠰᠦᠢᠳᠭᠡᠯ ᠤᠨ ᠪᠠᠷᠢᠮᠵᠢᠶ᠎ᠡ ᠪᠠ ᠨᠡᠬᠦᠳᠡᠯᠴᠢᠨ ᠠᠷᠠᠳ ᠢ ᠲᠦᠪᠬᠢᠨᠡᠬᠦᠯᠬᠦ ᠠᠷᠭ᠎ᠠ ᠶᠢ ᠲᠦᠷᠦ ᠶᠢᠨ ᠶᠠᠪᠤᠳᠠᠯ ᠤᠨ | ᠬᠤᠷᠢᠶ᠎ᠡ ᠠᠴᠠ ᠠᠰ ᠲᠤᠨᠢ ᠲᠤᠭᠳᠠᠭᠠᠨ᠎ᠠ᠃ | ᠲᠠᠪᠢᠨ ᠬᠤᠶᠠᠳᠣᠭᠠᠷ ᠵᠦᠢᠯ ᠪᠦᠳᠦᠭᠡᠨ ᠪᠠᠶᠢᠭᠤᠯᠬᠤ ᠵᠦᠢᠯᠡᠰ ᠤᠨ ᠪᠤᠯᠤᠮᠵᠢ ᠶᠢᠨ ᠲᠤᠬᠠᠢ ᠰᠣᠳᠤᠯᠭᠠᠨ ᠤ | ᠨᠤᠳᠠᠯᠠᠯᠳᠠ ᠬᠢᠬᠦ ᠦᠶ᠎ᠡ ᠳᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ | ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠯᠡᠭᠡ᠂ ᠭᠠᠵᠠᠷ ᠰᠢᠷᠦᠢ ᠶᠢᠨ ᠠᠰᠢᠭᠯᠠᠯᠳᠠ ᠶᠢᠨ ᠣᠨ ᠤ | ᠲᠦᠯᠦᠪᠯᠡᠭᠡ ᠪᠤᠯᠤᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠪᠠᠷᠢᠮᠵᠢᠶ᠎ᠡ ᠶᠢ ᠦᠨᠳᠦᠰᠦᠯᠡᠨ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠲᠤᠬᠠᠢ ᠬᠤᠯᠪᠤᠭᠳᠠᠯ ᠪᠦᠬᠦᠢ ᠶᠠᠪᠤᠳᠠᠯ ᠤᠳ ᠢ ᠬᠢᠨᠠᠨ | ᠪᠠᠶᠢᠴᠠᠭᠠᠬᠤ ᠶᠢᠨ ᠬᠠᠮᠳᠦ ᠰᠠᠨᠠᠯ ᠢᠶᠠᠨ ᠲᠤᠷᠠᠳᠴᠦ ᠪᠤᠯᠤᠨ᠎ᠠ᠃ | ᠲᠠᠪᠢᠨ ᠭᠤᠷᠪᠠᠳᠣᠭᠠᠷ ᠵᠦᠢᠯ ᠨᠢᠭᠡᠨᠳᠡ ᠵᠦᠪᠰᠢᠶᠡᠷᠡᠬᠦᠯᠦᠭᠰᠡᠨ ᠪᠦᠳᠦᠭᠡᠨ ᠪᠠᠶᠢᠭᠤᠯᠤᠯᠳᠠ ᠶᠢᠨ | ᠵᠦᠢᠯᠡᠰ ᠲᠤ ᠤᠯᠤᠰ ᠤᠨ ᠦᠮᠴᠢᠯᠡᠯ ᠤᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠴᠢᠬᠤᠯᠠ | ᠲᠠᠢ ᠪᠠᠶᠢᠪᠠᠯ᠂ ᠪᠦᠳᠦᠭᠡᠨ ᠪᠠᠶᠢᠭᠤᠯᠬᠤ ᠨᠢᠭᠡᠴᠢ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠳᠤ | ᠲᠤᠭᠳᠠᠭᠠᠭᠰᠠᠨ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠪᠴᠦ᠂ ᠵᠦᠪᠰᠢᠶᠡᠷᠡᠬᠦ ᠡᠷᠭᠡ ᠪᠦᠬᠦᠢ ᠰᠢᠶᠠᠨ ᠤ | ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠲᠤ ᠬᠦᠷᠴᠦ ᠪᠦᠳᠦᠭᠡᠨ ᠪᠠᠶᠢᠭᠤᠯᠤᠯᠳᠠ ᠳᠤ ᠭᠠᠵᠠᠷ ᠬᠡᠷᠡᠭᠯᠡᠬᠦ ᠭᠤᠶᠤᠴᠢᠯᠠᠯ | ᠭᠠᠷᠭᠠᠵᠦ᠂ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ | ᠪᠠᠶᠢᠴᠠᠭᠠᠯᠭᠠᠭᠠᠳ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠠᠢ | ᠃ | ᠲᠠᠪᠢᠨ ᠲᠦᠷᠪᠡᠳᠦᠭᠡᠷ ᠵᠦᠢᠯ ᠪᠦᠳᠦᠭᠡᠨ ᠪᠠᠶᠢᠭᠤᠯᠬᠤ ᠨᠢᠭᠡᠴᠢ ᠨᠢ ᠤᠯᠤᠰ ᠤᠨ ᠦᠮᠴᠢᠯᠡᠯ ᠤᠨ ᠭᠠᠵᠠᠷ | ᠰᠢᠷᠦᠢ ᠶᠢ ᠬᠡᠷᠡᠭᠯᠡᠬᠦ ᠳᠡᠭᠡᠨ ᠰᠢᠯᠵᠢᠬᠦᠯᠦᠨ ᠬᠤᠳᠠᠯᠳᠤᠬᠤ ᠵᠡᠷᠭᠡ ᠲᠦᠯᠦᠪᠤᠷᠢ ᠲᠠᠢ ᠪᠠᠷ ᠬᠡᠷᠡᠭᠯᠡᠬᠦ ᠬᠡᠯᠪᠡᠷᠢ ᠪᠠᠷ | ᠭᠠᠵᠠᠷ ᠰᠢᠷᠦᠢ ᠶᠢ ᠤᠯᠬᠤ ᠬᠡᠷᠡᠭᠲᠠᠢ︔ ᠭᠡᠪᠡᠴᠦ ᠲᠤᠤᠷ᠎ᠡ ᠵᠢᠭᠰᠠᠭᠠᠭᠰᠠᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ | ᠭᠠᠵᠠᠷ ᠢ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠢᠶᠠᠷ ᠬᠠᠤᠯᠢ ᠶᠤᠰᠤᠭᠠᠷ | ᠵᠦᠪᠰᠢᠶᠡᠷᠡᠬᠦᠯᠦᠭᠡᠳ ᠰᠢᠯᠵᠢᠬᠦᠯᠦᠨ ᠤᠯᠭᠤᠬᠤ ᠬᠡᠯᠪᠡᠷᠢ ᠪᠠᠷ ᠤᠯᠵᠦ ᠪᠤᠯᠤᠨ᠎ᠠ᠄ | ︵ᠨᠢᠭᠡ︶ ᠲᠦᠷᠦ ᠶᠢᠨ ᠪᠠᠶᠢᠭᠤᠯᠭ᠎ᠠ ᠶᠢᠨ ᠬᠡᠷᠡᠭᠯᠡᠬᠦ ᠭᠠᠵᠠᠷ ᠪᠠ ᠴᠡᠷᠢᠭ ᠤᠨ ᠶᠠᠪᠤᠳᠠᠯ ᠳᠤ ᠬᠡᠷᠡᠭᠯᠡᠬᠦ ᠭᠠᠵᠠᠷ︔ | | ︵ᠬᠤᠶᠠᠷ︶ ᠬᠤᠳᠠ ᠶᠢᠨ ᠰᠠᠭᠤᠷᠢ ᠲᠦᠬᠦᠭᠡᠷᠦᠮᠵᠢ ᠳᠤ ᠬᠡᠷᠡᠭᠯᠡᠬᠦ ᠭᠠᠵᠠᠷ ᠪᠠ ᠨᠡᠶᠢᠳᠡ ᠶᠢᠨ ᠠᠰᠠᠷᠠᠮᠵᠢ ᠶᠢᠨ | ᠦᠢᠯᠡᠰ ᠲᠤ ᠬᠡᠷᠡᠭᠯᠡᠬᠦ ᠭᠠᠵᠠᠷ︔ | ︵ᠭᠤᠷᠪᠠ︶ ᠤᠯᠤᠰ ᠠᠴᠠ ᠭᠤᠤᠯᠳᠠᠯᠭ᠎ᠠ ᠲᠠᠢ ᠪᠠᠷ ᠲᠡᠳᠬᠦᠨ ᠲᠡᠮᠵᠢᠵᠦ ᠪᠠᠶᠢᠭ᠎ᠠ ᠡᠨᠧᠷᠬᠢ ᠶᠢᠨ ᠰᠣᠷᠪᠤᠯᠵᠢ | ᠂ ᠵᠠᠮ ᠬᠠᠷᠢᠯᠴᠠᠭ᠎ᠠ᠂ ᠤᠰᠤᠨ ᠠᠰᠢᠭᠯᠠᠯᠳᠠ ᠵᠡᠷᠭᠡ ᠰᠠᠭᠤᠷᠢ ᠲᠦᠬᠦᠭᠡᠷᠦᠮᠵᠢ ᠳᠤ ᠬᠡᠷᠡᠭᠯᠡᠬᠦ ᠭᠠᠵᠠᠷ︔ | ︵ᠲᠦᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠳᠤ ᠲᠤᠭᠳᠠᠭᠠᠭᠰᠠᠨ ᠪᠤᠰᠤᠳ | ᠵᠦᠢᠯ ᠤᠨ ᠬᠡᠷᠡᠭᠯᠡᠬᠦ ᠭᠠᠵᠠᠷ᠃ | ᠲᠠᠪᠢᠨ ᠲᠠᠪᠤᠳᠤᠭᠠᠷ ᠵᠦᠢᠯ ᠰᠢᠯᠵᠢᠬᠦᠯᠦᠨ ᠬᠤᠳᠠᠯᠳᠤᠬᠤ ᠵᠡᠷᠭᠡ ᠲᠦᠯᠦᠪᠤᠷᠢ ᠲᠠᠢ ᠪᠠᠷ ᠬᠡᠷᠡᠭᠯᠡᠬᠦ ᠬᠡᠯᠪᠡᠷᠢ | ᠪᠠᠷ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠡᠷᠭᠡ ᠶᠢ ᠤᠯᠤᠭᠰᠠᠨ ᠪᠦᠳᠦᠭᠡᠨ ᠪᠠᠶᠢᠭᠤᠯᠬᠤ | ᠨᠢᠭᠡᠴᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠳᠠᠭᠠᠭᠰᠠᠨ ᠪᠠᠷᠢᠮᠵᠢᠶ᠎ᠡ ᠪᠠ ᠠᠷᠭ᠎ᠠ ᠶᠤᠰᠤᠭᠠᠷ ᠭᠠᠵᠠᠷ | ᠰᠢᠷᠦᠢ ᠬᠡᠷᠡᠭᠯᠡᠬᠦ ᠡᠷᠭᠡ ᠶᠢ ᠰᠢᠯᠵᠢᠬᠦᠯᠦᠨ ᠬᠤᠳᠠᠯᠳᠤᠬᠤ ᠮᠦᠩᠬᠦ ᠵᠡᠷᠭᠡ ᠭᠠᠵᠠᠷ ᠰᠢᠷᠦᠢ ᠶᠢ ᠲᠦᠯᠦᠪᠤᠷᠢ ᠲᠠᠢ ᠪᠠᠷ | ᠬᠡᠷᠡᠭᠯᠡᠬᠦ ᠰᠦᠢᠳᠭᠡᠯ ᠪᠤᠯᠤᠨ ᠪᠤᠰᠤᠳ ᠰᠦᠢᠳᠭᠡᠯ ᠢ ᠲᠤᠰᠢᠶᠠᠭᠰᠠᠨ ᠤ ᠲᠠᠷᠠᠭ᠎ᠠ ᠰᠠᠶ᠋ᠢ ᠭᠠᠵᠠᠷ ᠰᠢᠷᠦᠢ ᠶᠢ | ᠬᠡᠷᠡᠭᠯᠡᠵᠦ ᠪᠤᠯᠤᠨ᠎ᠠ᠃ | ᠲᠤᠰ ᠬᠠᠤᠯᠢ ᠶᠢ ᠬᠡᠷᠡᠭᠵᠢᠬᠦᠯᠦᠭᠰᠡᠨ ᠡᠳᠦᠷ ᠠᠴᠠ ᠡᠬᠢᠯᠡᠵᠦ᠂ ᠰᠢᠨ᠎ᠡ ᠪᠠᠷ ᠨᠡᠮᠡᠭᠳᠡᠭᠰᠡᠨ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠭᠠᠵᠠᠷ ᠰᠢᠷᠦᠢ ᠶᠢ ᠲᠦᠯᠦᠪᠤᠷᠢ ᠲᠠᠢ ᠪᠠᠷ ᠬᠡᠷᠡᠭᠯᠡᠬᠦ ᠰᠦᠢᠳᠭᠡᠯ ᠤᠨ 30 | % ᠬᠤᠪᠢ ᠶᠢ ᠲᠡᠭᠡᠭᠰᠢ ᠲᠦᠪ ᠤᠨ ᠡᠳ᠋ ᠤᠨ ᠵᠠᠰᠠᠭ ᠲᠤ ᠲᠤᠰᠢᠶᠠᠵᠦ᠂ 70 % ᠬᠤᠪᠢ ᠶᠢ ᠬᠤᠯᠪᠤᠭᠳᠠᠯ ᠪᠦᠬᠦᠢ | ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠳᠤ ᠦᠯᠡᠳᠡᠭᠡᠨ ᠦᠭᠬᠦᠨ᠎ᠡ᠂ ᠡᠳᠡᠭᠡᠷ ᠢ ᠴᠦᠮ ᠲᠠᠷᠢᠶᠠᠨ | ᠭᠠᠵᠠᠷ ᠢ ᠨᠡᠭᠡᠭᠡᠨ ᠠᠰᠢᠭᠯᠠᠬᠤ ᠳᠤ ᠲᠤᠰᠬᠠᠢ ᠬᠡᠷᠡᠭᠯᠡᠨ᠎ᠡ᠃ | ᠲᠠᠪᠢᠨ ᠵᠢᠷᠭᠤᠳᠤᠭᠠᠷ ᠵᠦᠢᠯ ᠪᠦᠳᠦᠭᠡᠨ ᠪᠠᠶᠢᠭᠤᠯᠬᠤ ᠨᠢᠭᠡᠴᠢ ᠨᠢ ᠤᠯᠤᠰ ᠤᠨ ᠦᠮᠴᠢᠯᠡᠯ ᠤᠨ ᠭᠠᠵᠠᠷ | ᠰᠢᠷᠦᠢ ᠶᠢ ᠬᠡᠷᠡᠭᠯᠡᠬᠦ ᠶᠢ ᠬᠦᠷᠪᠡᠯ᠂ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠰᠢᠯᠵᠢᠬᠦᠯᠦᠨ ᠬᠤᠳᠠᠯᠳᠤᠬᠤ ᠵᠡᠷᠭᠡ | ᠲᠦᠯᠦᠪᠤᠷᠢ ᠲᠠᠢ ᠪᠠᠷ ᠬᠡᠷᠡᠭᠯᠡᠬᠦ ᠬᠡᠷ᠎ᠡ ᠶᠢᠨ ᠪᠤᠯᠵᠤᠯ ᠪᠤᠶᠤ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠰᠢᠯᠵᠢᠬᠦᠯᠦᠨ | ᠤᠯᠭᠤᠬᠤ ᠶᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠲᠤᠭᠳᠠᠭᠠᠯ ᠶᠤᠰᠤᠭᠠᠷ ᠭᠠᠵᠠᠷ ᠰᠢᠷᠦᠢ ᠶᠢ ᠬᠡᠷᠡᠭᠯᠡᠬᠦ | ᠬᠡᠷᠡᠭᠲᠠᠢ︔ ᠡᠨᠡ ᠭᠠᠵᠠᠷ ᠰᠢᠷᠦᠢ ᠶᠢᠨ ᠪᠦᠳᠦᠭᠡᠨ ᠪᠠᠶᠢᠭᠤᠯᠤᠯᠳᠠ ᠶᠢᠨ ᠬᠡᠷᠡᠭᠯᠡᠯᠳᠡ ᠶᠢ ᠦᠨᠡᠭᠡᠷ ᠬᠤᠪᠢᠷᠠᠭᠤᠯᠬᠤ | ᠴᠢᠬᠤᠯᠠ ᠲᠠᠢ ᠪᠠᠶᠢᠪᠠᠯ᠂ ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠵᠦᠪᠰᠢᠶᠡᠷᠡᠯ ᠢ ᠤᠯᠵᠦ᠂ ᠭᠠᠵᠠᠷ ᠬᠡᠷᠡᠭᠯᠡᠬᠦ ᠶᠢ | ᠵᠦᠪᠰᠢᠶᠡᠷᠡᠭᠰᠡᠨ ᠤᠤᠯ ᠤᠨ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠠᠢ᠃ | ᠡᠬᠦᠨ ᠳᠤ ᠬᠤᠳᠠ ᠶᠢᠨ ᠲᠦᠯᠦᠪᠵᠢᠬᠦᠯᠭᠡ ᠶᠢᠨ ᠲᠤᠭᠤᠷᠢᠭ ᠤᠨ ᠲᠤᠳᠤᠷ᠎ᠡ ᠭᠠᠵᠠᠷ ᠰᠢᠷᠦᠢ ᠶᠢᠨ ᠬᠡᠷᠡᠭᠯᠡᠯᠳᠡ ᠶᠢ | ᠬᠤᠪᠢᠷᠠᠭᠤᠯᠬᠤ ᠳᠤ ᠬᠦᠷᠪᠡᠯ᠂ ᠮᠡᠳᠡᠬᠦᠯᠵᠦ ᠵᠦᠪᠰᠢᠶᠡᠷᠡᠬᠦᠯᠬᠦ ᠠᠴᠠ ᠪᠠᠨ ᠡᠮᠦᠨ᠎ᠡ ᠤᠷᠢᠳ ᠢᠶᠠᠷ ᠬᠤᠯᠪᠤᠭᠳᠠᠯ | ᠪᠦᠬᠦᠢ ᠬᠤᠳᠠ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ | ᠵᠦᠪᠰᠢᠶᠡᠷᠡᠯ ᠢ ᠤᠯᠬᠤ ᠬᠡᠷᠡᠭᠲᠠᠢ᠃ | ᠲᠠᠪᠢᠨ ᠲᠤᠯᠤᠳᠦᠭᠠᠷ ᠵᠦᠢᠯ ᠪᠦᠳᠦᠭᠡᠨ ᠪᠠᠶᠢᠭᠤᠯᠤᠯᠳᠠ ᠶᠢᠨ ᠵᠦᠢᠯᠡᠰ ᠤᠨ ᠪᠠᠷᠢᠯᠭ᠎ᠠ ᠪᠠᠷᠢᠬᠤ ᠪᠠ ᠭᠠᠵᠠᠷ | ᠰᠢᠨᠵᠢᠯᠡᠭᠡᠨ ᠤ ᠬᠠᠶᠢᠨ ᠪᠠᠶᠢᠴᠠᠭᠠᠯᠳᠠ ᠬᠢᠬᠦ ᠳᠤ ᠤᠯᠤᠰ ᠤᠨ ᠦᠮᠴᠢᠯᠡᠯ ᠤ ᠭᠠᠵᠠᠷ ᠰᠢᠷᠦᠢ ᠪᠤᠶᠤ ᠲᠠᠷᠢᠶᠠᠴᠢᠳ ᠤᠨ | ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠲᠦᠷ ᠬᠡᠷᠡᠭᠯᠡᠬᠦ ᠴᠢᠬᠤᠯᠠ ᠲᠠᠢ ᠪᠤᠯ᠂ ᠰᠢᠶᠠᠨ ᠤ ᠱᠠᠳᠣᠨ ᠠᠴᠠ | ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ | ᠰᠠᠯᠠᠭ᠎ᠠ ᠮᠦᠴᠢᠷ ᠠᠴᠠ ᠵᠦᠪᠰᠢᠶᠡᠷᠡᠯ ᠤᠯᠭᠤᠨ᠎ᠠ᠃ ᠡᠬᠦᠨ ᠳᠤ ᠬᠤᠳᠠ ᠶᠢᠨ ᠲᠦᠯᠦᠪᠵᠢᠬᠦᠯᠭᠡ ᠶᠢᠨ ᠲᠤᠭᠤᠷᠢᠭ | ᠲᠤᠳᠤᠷᠠᠬᠢ ᠭᠠᠵᠠᠷ ᠢ ᠲᠦᠷ ᠬᠡᠷᠡᠭᠯᠡᠬᠦ ᠳᠤ ᠬᠦᠷᠪᠡᠯ᠂ ᠮᠡᠳᠡᠬᠦᠯᠵᠦ ᠵᠦᠪᠰᠢᠶᠡᠷᠡᠬᠦᠯᠬᠦ ᠠᠴᠠ ᠪᠠᠨ ᠡᠮᠦᠨ᠎ᠡ ᠤᠷᠢᠳᠠᠪᠡᠷ | ᠬᠤᠯᠪᠤᠭᠳᠠᠯ ᠪᠦᠬᠦᠢ ᠬᠤᠳᠠ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠤᠨ ᠵᠦᠪᠰᠢᠶᠡᠷᠡᠯ ᠢ ᠤᠯᠬᠤ ᠬᠡᠷᠡᠭᠲᠠᠢ᠃ ᠭᠠᠵᠠᠷ ᠰᠢᠷᠦᠢ ᠶᠢ ᠬᠡᠷᠡᠭᠯᠡᠭᠴᠢᠳ ᠭᠠᠵᠠᠷ ᠰᠢᠷᠦᠢ ᠶᠢᠨ | ᠡᠷᠭᠡ ᠶᠢᠨ ᠬᠠᠷᠢᠶᠠᠯᠠᠯ ᠢ ᠦᠨᠳᠦᠰᠦᠯᠡᠨ ᠬᠤᠯᠪᠤᠭᠳᠠᠯ ᠪᠦᠬᠦᠢ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠪᠤᠶᠤ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ | ᠪᠠᠶᠢᠭᠤᠯᠤᠯᠳᠠ᠂ ᠭᠠᠴᠠᠭᠠᠨ ᠤ ᠠᠷᠠᠳ ᠤᠨ ᠵᠦᠪᠯᠡᠯ ᠯᠦᠭᠡ ᠭᠠᠵᠠᠷ ᠰᠢᠷᠦᠢ ᠶᠢ ᠲᠦᠷ ᠬᠡᠷᠡᠭᠯᠡᠬᠦ ᠬᠡᠷ᠎ᠡ | ᠲᠤᠭᠳᠠᠭᠠᠬᠤ ᠶᠢᠨ ᠬᠠᠮᠳᠦ ᠬᠡᠷ᠎ᠡ ᠳᠤ ᠪᠤᠯᠵᠤᠨ ᠲᠤᠭᠳᠠᠭᠠᠭᠰᠠᠨ ᠶᠤᠰᠤᠭᠠᠷ ᠭᠠᠵᠠᠷ ᠰᠢᠷᠦᠢ ᠶᠢ ᠲᠦᠷ ᠬᠡᠷᠡᠭᠯᠡᠬᠦ | ᠲᠦᠯᠦᠪᠤᠷᠢ ᠰᠦᠢᠳᠭᠡᠯ ᠦᠭᠬᠦ ᠬᠡᠷᠡᠭᠲᠠᠢ᠃ | ᠭᠠᠵᠠᠷ ᠰᠢᠷᠦᠢ ᠶᠢ ᠲᠦᠷ ᠬᠡᠷᠡᠭᠯᠡᠭᠴᠢᠳ ᠭᠠᠵᠠᠷ ᠰᠢᠷᠦᠢ ᠶᠢ ᠲᠦᠷ ᠬᠡᠷᠡᠭᠯᠡᠬᠦ ᠬᠡᠷ᠎ᠡ ᠳᠤ ᠪᠤᠯᠵ᠊ ᠤᠨ | ᠲᠤᠭᠳᠠᠭᠠᠭᠰᠠᠨ ᠬᠡᠷᠡᠭᠯᠡᠯᠳᠡ ᠶᠤᠰᠤᠭᠠᠷ ᠭᠠᠵᠠᠷ ᠰᠢᠷᠦᠢ ᠶᠢ ᠬᠡᠷᠡᠭᠯᠡᠬᠦ ᠬᠡᠷᠡᠭᠲᠠᠢ᠂ ᠡᠬᠦᠷᠢᠳᠡ ᠶᠢᠨ ᠴᠢᠨᠠᠷᠲᠠᠢ ᠪᠠᠷᠢᠯᠭ᠎ᠠ | ᠪᠠᠷᠢᠵᠦ ᠪᠤᠯᠬᠤ ᠦᠭᠡᠢ᠃ | ᠭᠠᠵᠠᠷ ᠰᠢᠷᠦᠢ ᠶᠢ ᠲᠦᠷ ᠬᠡᠷᠡᠭᠯᠡᠬᠦ ᠬᠤᠭᠤᠴᠠᠭ᠎ᠠ ᠶᠢ ᠡᠩ ᠤᠨ ᠪᠠᠶᠢᠳᠠᠯ ᠳᠤ ᠬᠤᠶᠠᠷ ᠵᠢᠯ ᠠᠴᠠ ᠬᠡᠳᠦᠷᠡᠬᠦᠯᠬᠦ | ᠦᠭᠡᠢ᠃ | ᠲᠠᠪᠢᠨ ᠨᠠᠢᠮᠠᠳᠦᠭᠠᠷ ᠵᠦᠢᠯ ᠲᠤᠤᠷ᠎ᠡ ᠵᠢᠭᠰᠠᠭᠠᠭᠰᠠᠨ ᠦᠢᠯᠡ ᠪᠠᠶᠢᠳᠠᠯ ᠤᠳ ᠤᠨ ᠨᠢᠭᠡ ᠨᠢ ᠪᠠᠶᠢᠪᠠᠯ᠂ | ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠠᠴᠠ ᠭᠠᠵᠠᠷ ᠬᠡᠷᠡᠭᠯᠡᠬᠦ ᠶᠢ ᠵᠦᠪᠰᠢᠶᠡᠷᠡᠭᠰᠡᠨ ᠤᠤᠯ ᠤᠨ ᠠᠷᠠᠳ ᠤᠨ ᠵᠠᠰᠠᠭ ᠤᠨ | ᠣᠷᠳᠤᠨ ᠪᠤᠶᠤ ᠵᠦᠪᠰᠢᠶᠡᠷᠡᠬᠦ ᠡᠷᠭᠡ ᠪᠦᠬᠦᠢ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ | ᠵᠦᠪᠰᠢᠶᠡᠷᠡᠬᠦᠯᠦᠭᠡᠳ ᠤᠯᠤᠰ ᠤᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠪᠤᠴᠠᠭᠠᠨ ᠠᠪᠴᠦ | ᠪᠤᠯᠤᠨ᠎ᠠ᠄ | ︵ᠨᠢᠭᠡ︶ ᠨᠡᠶᠢᠳᠡ ᠶᠢᠨ ᠠᠰᠢᠭ ᠲᠤᠰᠠ ᠶᠢᠨ ᠲᠦᠯᠦᠭᠡ ᠭᠠᠵᠠᠷ ᠰᠢᠷᠦᠢ ᠬᠡᠷᠡᠭᠯᠡᠬᠦ ᠴᠢᠬᠤᠯᠠ ᠲᠠᠢ | ᠪᠤᠯᠤᠭᠰᠠᠨ︔ | ︵ᠬᠤᠶᠠᠷ︶ ᠬᠤᠳᠠ ᠶᠢᠨ ᠲᠦᠯᠦᠪᠵᠢᠬᠦᠯᠭᠡ ᠶᠢ ᠬᠡᠷᠡᠭᠵᠢᠬᠦᠯᠵᠦ ᠬᠤᠳᠠ ᠶᠢᠨ ᠬᠠᠭᠤᠴᠢᠨ ᠲᠤᠭᠤᠷᠢᠭ ᠢ | ᠦᠭᠡᠷᠡᠴᠢᠯᠡᠨ ᠪᠠᠶᠢᠭᠤᠯᠬᠤ ᠶᠢᠨ ᠲᠦᠯᠦᠭᠡ ᠭᠠᠵᠠᠷ ᠰᠢᠷᠦᠢ ᠶᠢ ᠲᠤᠬᠢᠷᠠᠭᠤᠯᠤᠨ ᠬᠡᠷᠡᠭᠯᠡᠬᠦ ᠴᠢᠬᠤᠯᠠ ᠲᠠᠢ ᠪᠤᠯᠤᠭᠰᠠᠨ | ︔ | ︵ᠭᠤᠷᠪᠠ︶ ᠭᠠᠵᠠᠷ ᠰᠢᠷᠦᠢ ᠶᠢ ᠰᠢᠯᠵᠢᠬᠦᠯᠦᠨ ᠬᠤᠳᠠᠯᠳᠤᠬᠤ ᠵᠡᠷᠭᠡ ᠲᠦᠯᠦᠪᠤᠷᠢ ᠲᠠᠢ ᠪᠠᠷ ᠬᠡᠷᠡᠭᠯᠡᠬᠦ | ᠬᠡᠷ᠎ᠡ ᠳᠤ ᠪᠤᠯᠵᠤᠨ ᠲᠤᠭᠳᠠᠭᠠᠭᠰᠠᠨ ᠬᠡᠷᠡᠭᠯᠡᠬᠦ ᠬᠤᠭᠤᠴᠠᠭ᠎ᠠ ᠨᠢ ᠲᠦᠬᠦᠷᠦᠭᠰᠡᠨ ᠪᠠᠶᠢᠳᠠᠯ᠎ᠠ ᠭᠠᠵᠠᠷ ᠰᠢᠷᠦᠢ | ᠬᠡᠷᠡᠭᠯᠡᠭᠴᠢ ᠬᠤᠭᠤᠴᠠᠭ᠎ᠠ ᠤᠷᠳᠤᠳᠬᠠᠬᠤ ᠪᠠᠷ ᠭᠤᠶᠤᠴᠢᠯᠠᠭᠰᠠᠨ ᠦᠭᠡᠢ ᠪᠤᠶᠤ ᠬᠤᠭᠤᠴᠠᠭ᠎ᠠ ᠤᠷᠳᠤᠳᠬᠠᠬᠤ | ᠭᠤᠶᠤᠴᠢᠯᠠᠯ ᠨᠢ ᠡᠰᠡ ᠵᠦᠪᠰᠢᠶᠡᠷᠡᠭᠳᠡᠭᠰᠡᠨ︔ | ︵ᠲᠦᠷᠪᠡ︶ ᠨᠢᠭᠡᠴᠢ ᠨᠢ ᠬᠠᠰᠣᠭᠳᠠᠭᠰᠠᠨ᠂ ᠨᠡᠬᠦᠭᠰᠡᠨ ᠵᠡᠷᠭᠡ ᠰᠢᠯᠳᠠᠭᠠᠨ ᠠᠴᠠ ᠪᠤᠯᠵᠦ ᠤᠤᠯ ᠤᠨ | ᠬᠤᠪᠢᠶᠠᠷᠢᠯᠠᠨ ᠤᠯᠤᠭᠰᠠᠨ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠪᠠᠨ ᠪᠤᠯᠢᠭᠰᠠᠨ︔ | ︵ᠲᠠᠪᠤ︶ ᠵᠠᠰᠠᠮᠠᠯ ᠵᠠᠮ᠂ ᠲᠠᠮᠦᠷ ᠵᠠᠮ᠂ ᠨᠢᠰᠭᠡᠯ ᠤᠨ ᠪᠠᠭᠤᠳᠠᠯ᠂ ᠠᠭᠤᠷᠬᠠᠢ ᠵᠡᠷᠭᠡ ᠶᠢ ᠬᠢᠨᠠᠨ | ᠵᠦᠪᠰᠢᠶᠡᠷᠡᠯ ᠢᠶᠠᠷ ᠲᠠᠮᠵᠢᠭᠤᠯᠤᠭᠠᠳ ᠬᠡᠷᠡᠭᠴᠡᠭᠡ ᠠᠴᠠ ᠭᠠᠷᠭᠠᠭᠰᠠᠨ᠃ | ᠡᠮᠦᠨᠡᠬᠢ ᠪᠠᠳᠠᠭ ᠤᠨ ︵ᠨᠢᠭᠡ︶ ᠳ᠋ᠤᠭᠡᠷ ᠵᠤᠷᠪᠤᠰ᠂ ︵ᠬᠤᠶᠠᠷ︶ ᠳ᠋ᠤᠭᠠᠷ ᠵᠤᠷᠪᠤᠰ ᠤᠨ ᠲᠤᠭᠳᠠᠭᠠᠯ | ᠶᠤᠰᠤᠭᠠᠷ ᠤᠯᠤᠰ ᠤᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠪᠤᠴᠠᠭᠠᠵᠦ ᠠᠪᠬᠤ ᠳᠤ ᠬᠦᠷᠪᠡᠯ᠂ | ᠭᠠᠵᠠᠷ ᠰᠢᠷᠦᠢ ᠶᠢᠨ ᠬᠡᠷᠡᠭᠯᠡᠬᠦ ᠡᠷᠭᠡ ᠲᠠᠢ ᠬᠦᠮᠦᠨ ᠳᠤ ᠵᠤᠬᠢᠬᠤ ᠲᠦᠯᠦᠪᠤᠷᠢ ᠦᠭᠬᠦ ᠬᠡᠷᠡᠭᠲᠠᠢ᠃ | ᠲᠠᠪᠢ ᠶᠢᠰᠦᠳᠦᠭᠡᠷ ᠵᠦᠢᠯ ᠰᠣᠮᠤ ᠪᠠᠯᠭᠠᠰᠣᠨ ᠤ ᠠᠵᠦ ᠠᠬᠤᠶᠢᠯᠠᠯ᠂ ᠰᠤᠮᠤ ︵ᠪᠠᠯᠭᠠᠰᠣ︶ ᠭᠠᠴᠠᠭ᠎ᠠ ᠶᠢᠨ | ᠤᠯᠠᠨ ᠨᠡᠶᠢᠳᠡ ᠶᠢᠨ ᠲᠦᠬᠦᠭᠡᠷᠦᠮᠵᠢ᠂ ᠨᠡᠶᠢᠳᠡ ᠶᠢᠨ ᠠᠰᠠᠷᠠᠮᠵᠢ ᠶᠢᠨ ᠦᠢᠯᠡᠰ᠂ ᠬᠦᠳᠡᠭᠡ ᠲᠤᠰᠬᠤᠨ ᠤ ᠠᠷᠠᠳ ᠤᠨ | ᠣᠷᠣᠨ ᠰᠠᠭᠤᠴᠠ ᠵᠡᠷᠭᠡ ᠰᠤᠮᠤ ︵ᠪᠠᠯᠭᠠᠰᠣ︶ ᠭᠠᠴᠠᠭ᠎ᠠ ᠶᠢᠨ ᠪᠦᠳᠦᠭᠡᠨ ᠪᠠᠶᠢᠭᠤᠯᠤᠯᠳᠠ ᠬᠢᠬᠦ ᠳᠡᠭᠡᠨ ᠠᠶᠢᠯ | ᠲᠤᠰᠬᠤᠨ ᠪᠠ ᠪᠠᠯᠭᠠᠰᠣᠨ ᠤ ᠲᠦᠯᠦᠪᠵᠢᠬᠦᠯᠭᠡ ᠶᠤᠰᠤᠭᠠᠷ ᠵᠦᠢ ᠵᠤᠬᠢᠰᠲᠠᠢ ᠪᠠᠶᠢᠷᠢᠰᠢᠭᠤᠯᠤᠨ᠂ ᠪᠦᠬᠦ ᠲᠠᠯ᠎ᠠ ᠪᠠᠷ | ᠨᠡᠭᠡᠭᠡᠨ ᠬᠦᠭᠵᠢᠬᠦᠯᠵᠦ᠂ ᠢᠵᠢ ᠪᠦᠷᠢᠯᠳᠦᠬᠦᠯᠦᠨ ᠪᠦᠳᠦᠭᠡᠨ ᠪᠠᠶᠢᠭᠤᠯᠬᠤ ᠬᠡᠷᠡᠭᠲᠠᠢ︔ ᠪᠦᠳᠦᠭᠡᠨ | ᠪᠠᠶᠢᠭᠤᠯᠤᠯᠳᠠ ᠳᠤ ᠭᠠᠵᠠᠷ ᠬᠡᠷᠡᠭᠯᠡᠬᠦ ᠳᠡᠭᠡᠨ ᠰᠤᠮᠤ ︵ᠪᠠᠯᠭᠠᠰᠣ︶ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠪᠤᠯᠤᠨ ᠭᠠᠵᠠᠷ ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠯᠡᠭᠡ ᠳᠤ ᠨᠡᠶᠢᠴᠡᠬᠦᠯᠬᠦ ᠬᠡᠷᠡᠭᠲᠠᠢ | ᠪᠦᠭᠡᠳ ᠲᠤᠰ ᠬᠠᠤᠯᠢ ᠶᠢᠨ ᠲᠦᠴᠢᠨ ᠲᠦᠷᠪᠡᠳᠦᠭᠡᠷ ᠵᠦᠢᠯ᠂ ᠵᠢᠷᠠᠳᠤᠭᠠᠷ ᠵᠦᠢᠯ᠂ ᠵᠢᠷᠠᠨ ᠨᠢᠭᠡᠳᠦᠭᠡᠷ ᠵᠦᠢᠯ᠂ | ᠵᠢᠷᠠᠨ ᠬᠤᠶᠠᠳᠤᠭᠠᠷ ᠵᠦᠢᠯ ᠤᠨ ᠲᠤᠭᠳᠠᠭᠠᠯ ᠶᠤᠰᠤᠭᠠᠷ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠬᠢᠬᠦ ᠬᠡᠷᠡᠭᠲᠠᠢ᠃ | | ᠵᠢᠷᠠᠳᠤᠭᠠᠷ ᠵᠦᠢᠯ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ | ᠪᠠᠶᠢᠭᠤᠯᠤᠯᠳᠠ ᠨᠤᠭᠤᠳ ᠰᠤᠮᠤ ︵ᠪᠠᠯᠭᠠᠰᠣ︶ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠳᠤ ᠲᠤᠭᠳᠠᠭᠠᠭᠰᠠᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠠᠰᠢᠭᠯᠠᠨ ᠠᠵᠦ | ᠠᠬᠤᠶᠢᠯᠠᠯ ᠡᠷᠬᠢᠯᠡᠬᠦ ᠪᠤᠶᠤ ᠭᠠᠵᠠᠷ ᠰᠢᠷᠦᠢ ᠶᠢᠨ ᠬᠡᠷᠡᠭᠯᠡᠬᠦ ᠡᠷᠭᠡ ᠪᠠᠷ ᠢᠶᠠᠨ ᠬᠤᠪᠢ ᠤᠷᠤᠬᠤ᠂ ᠬᠤᠯᠪᠤᠭᠠᠯᠠᠨ | ᠡᠵᠡᠩᠨᠡᠬᠦ ᠵᠡᠷᠭᠡ ᠬᠡᠯᠪᠡᠷᠢ ᠪᠠᠷ ᠪᠤᠰᠤᠳ ᠨᠢᠭᠡᠴᠢ᠂ ᠬᠤᠪᠢ ᠬᠦᠮᠦᠨ ᠲᠠᠢ ᠬᠠᠮᠳᠤᠷᠠᠨ ᠠᠵᠦ ᠠᠬᠤᠶᠢᠯᠠᠯ | ᠡᠷᠬᠢᠯᠡᠬᠦ ᠳᠤ ᠬᠦᠷᠪᠡᠯ᠂ ᠬᠤᠯᠪᠤᠭᠳᠠᠯ ᠪᠦᠬᠦᠢ ᠵᠦᠪᠰᠢᠶᠡᠷᠡᠬᠦᠯᠦᠭᠰᠡᠨ ᠪᠢᠴᠢᠭ ᠮᠠᠲ᠋ᠧᠷᠢᠶᠠᠯ ᠢ ᠠᠪᠴᠦ᠂ ᠰᠢᠶᠠᠨ ᠤ | ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠬᠤ ᠬᠡᠷᠡᠭᠲᠠᠢ᠂ ᠰᠢᠶᠠᠨ ᠤ | ᠱᠠᠳᠣᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠣᠷᠳᠤᠨ ᠨᠢ ᠮᠤᠵᠢ᠂ ᠦᠪᠡᠷᠳᠡᠭᠡᠨ | ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠭᠰᠠᠨ ᠵᠦᠪᠰᠢᠶᠡᠷᠡᠬᠦ ᠡᠷᠭᠡ ᠮᠡᠳᠡᠯ ᠤᠨ ᠭᠡᠪᠴᠢᠶ᠎ᠡ | ᠶᠤᠰᠤᠭᠠᠷ ᠵᠦᠪᠰᠢᠶᠡᠷᠡᠯ ᠤᠯᠭᠤᠨ᠎ᠠ︔ ᠡᠬᠦᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠬᠦ ᠲᠠᠢ | ᠬᠤᠯᠪᠤᠭᠳᠠᠪᠠᠯ᠂ ᠲᠤᠰ ᠬᠠᠤᠯᠢ ᠶᠢᠨ ᠲᠦᠴᠢᠨ ᠲᠦᠷᠪᠡᠳᠦᠭᠡᠷ ᠵᠦᠢᠯ ᠤᠨ ᠲᠤᠭᠳᠠᠭᠠᠯ ᠶᠤᠰᠤᠭᠠᠷ ᠬᠢᠨᠠᠨ | ᠵᠦᠪᠰᠢᠶᠡᠷᠡᠬᠦᠯᠬᠦ ᠭᠠᠷ ᠬᠦᠢᠴᠡᠳᠭᠡᠯ ᠬᠢᠬᠦ ᠬᠡᠷᠡᠭᠲᠠᠢ᠃ | ᠡᠮᠦᠨᠡᠬᠢ ᠪᠠᠳᠠᠭ ᠤᠨ ᠲᠤᠭᠳᠠᠭᠠᠯ ᠶᠤᠰᠤᠭᠠᠷ ᠠᠵᠦ ᠠᠬᠤᠶᠢᠯᠠᠯ ᠡᠷᠬᠢᠯᠡᠬᠦ ᠪᠦᠳᠦᠭᠡᠨ ᠪᠠᠶᠢᠭᠤᠯᠤᠯᠳᠠ ᠳᠤ | ᠬᠡᠷᠡᠭᠯᠡᠬᠦ ᠭᠠᠵᠠᠷ ᠢ ᠡᠷᠭᠡᠪᠰᠢ ᠴᠢᠩᠭ᠎ᠠ ᠬᠢᠵᠠᠭᠠᠷᠯᠠᠬᠤ ᠬᠡᠷᠡᠭᠲᠠᠢ᠃ ᠮᠤᠵᠢ᠂ ᠦᠪᠡᠷᠳᠡᠭᠡᠨ ᠵᠠᠰᠠᠬᠤ ᠤᠷᠤᠨ᠂ | ᠰᠢᠭᠤᠳ ᠬᠠᠷᠢᠶ᠎ᠠ ᠬᠤᠳᠠ ᠨᠤᠭᠤᠳ ᠰᠣᠮᠣ ᠪᠠᠯᠭᠠᠰᠣᠨ ᠤ ᠠᠵᠦ ᠠᠬᠤᠶᠢᠯᠠᠯ ᠤᠨ ᠠᠳᠠᠯᠢ ᠪᠤᠰᠤ ᠠᠵᠢᠯ ᠲᠦᠷᠦᠯ | ᠪᠤᠯᠤᠨ ᠡᠵᠡᠩᠨᠡᠬᠦ ᠬᠡᠪᠴᠢᠶ᠎ᠡ ᠶᠢ ᠦᠨᠳᠦᠰᠦᠯᠡᠵᠦ ᠭᠠᠵᠠᠷ ᠬᠡᠷᠡᠭᠯᠡᠬᠦ ᠪᠠᠷᠢᠮᠵᠢᠶ᠎ᠡ ᠶᠢ ᠲᠤᠰ ᠲᠤᠰ ᠲᠤᠭᠳᠠᠭᠠᠵᠦ | ᠪᠤᠯᠤᠨ᠎ᠠ᠃ | ᠵᠢᠷᠠᠨ ᠨᠢᠭᠡᠳᠦᠭᠡᠷ ᠵᠦᠢᠯ ᠰᠣᠮᠣ ︵ᠪᠠᠯᠭᠠᠰᠣ︶ ᠭᠠᠴᠠᠭ᠎ᠠ ᠶᠢᠨ ᠤᠯᠠᠨ ᠨᠠᠶᠢᠳᠡ ᠶᠢᠨ ᠲᠦᠬᠦᠭᠡᠷᠦᠮᠵᠢ᠂ | ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠦᠳᠦᠭᠡᠨ ᠪᠠᠶᠢᠭᠤᠯᠤᠯᠳᠠ ᠳᠤ ᠭᠠᠵᠠᠷ ᠰᠢᠷᠦᠢ ᠬᠡᠷᠡᠭᠯᠡᠬᠦ ᠴᠢᠬᠤᠯᠠ ᠲᠠᠢ | ᠪᠠᠶᠢᠪᠠᠯ᠂ ᠰᠤᠮᠤ ︵ᠪᠠᠯᠭᠠᠰᠤ︶ ᠶᠢᠨ ᠠᠷᠠᠳ ᠤᠨ ᠵᠠᠰᠠᠭ ᠤᠨ ᠤᠷᠳᠤᠨ ᠢᠶᠠᠷ ᠬᠢᠨᠠᠨ ᠬᠠᠷᠭᠤᠭᠤᠯᠤᠭᠤᠯᠤᠭᠠᠳ᠂ | ᠰᠢᠶᠠᠨ ᠤ ᠱᠠᠳᠣᠨ ᠠᠴᠠ ᠲᠡᠭᠡᠭᠰᠢᠬᠢ ᠣᠷᠣᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠭᠠᠵᠠᠷ | ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠵᠦ᠂ ᠰᠢᠶᠠᠨ ᠤ | ᠱᠠᠳᠤᠨ ᠠᠴᠠ ᠲᠡᠭᠡᠭᠰᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠨᠢ ᠮᠤᠵᠢ᠂ ᠦᠪᠡᠷᠳᠡᠭᠡᠨ ᠵᠠᠰᠠᠬᠤ | ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠭᠰᠠᠨ ᠵᠦᠪᠰᠢᠶᠡᠷᠡᠬᠦ ᠡᠷᠭᠡ ᠮᠡᠳᠡᠯ ᠤᠨ ᠬᠡᠪᠴᠢᠶ᠎ᠡ ᠶᠤᠰᠤᠭᠠᠷ | ᠵᠦᠪᠰᠢᠶᠡᠷᠡᠯ ᠤᠯᠭᠤᠨ᠎ᠠ︔ ᠡᠬᠦᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠵᠦ ᠬᠡᠷᠡᠭᠯᠡᠬᠦ ᠲᠠᠢ ᠬᠤᠯᠪᠤᠭᠳᠠᠪᠠᠯ | ᠂ ᠲᠤᠰ ᠬᠠᠤᠯᠢ ᠶᠢᠨ ᠲᠦᠴᠢᠨ ᠲᠦᠷᠪᠡᠳᠦᠭᠡᠷ ᠵᠦᠢᠯ ᠤᠨ ᠲᠤᠭᠳᠠᠭᠠᠯ ᠶᠤᠰᠤᠭᠠᠷ ᠬᠢᠨᠠᠨ ᠵᠦᠪᠰᠢᠶᠡᠷᠡᠬᠦᠯᠬᠦ ᠭᠠᠷ | ᠬᠦᠢᠴᠡᠳᠭᠡᠯ ᠬᠢᠨ᠎ᠡ᠃ | ᠵᠢᠷᠠᠨ ᠬᠤᠶᠠᠳᠦᠭᠠᠷ ᠵᠦᠢᠯ ᠬᠦᠳᠡᠭᠡ ᠲᠤᠰᠬᠤᠨ ᠤ ᠭᠠᠴᠠᠭᠠᠨ ᠤ ᠠᠷᠠᠳ ᠤᠨ ᠨᠢᠭᠡ ᠡᠷᠦᠭᠡ ᠳᠤ ᠨᠢᠭᠡ ᠯᠡ | ᠤᠷᠤᠨ ᠰᠠᠭᠤᠴᠠ ᠶᠢᠨ ᠭᠠᠵᠠᠷ ᠲᠠᠢ ᠪᠠᠶᠢᠵᠦ ᠪᠤᠯᠤᠨ᠎ᠠ᠂ ᠲᠠᠬᠦᠨ ᠤ ᠤᠷᠤᠨ ᠰᠠᠭᠤᠴᠠ ᠶᠢᠨ ᠭᠠᠵᠠᠷ ᠤᠨ ᠲᠠᠯᠠᠪᠠᠢ | ᠨᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠭᠰᠠᠨ ᠪᠠᠷᠢᠮᠵᠢᠶ᠎ᠡ ᠠᠴᠠ | ᠭᠡᠳᠦᠷᠡᠵᠦ ᠪᠤᠯᠬᠤ ᠦᠭᠡᠢ᠃ | ᠬᠦᠳᠡᠭᠡ ᠲᠤᠰᠬᠤᠨ ᠤ ᠭᠠᠴᠠᠭᠠᠨ ᠤ ᠠᠷᠠᠳ ᠣᠷᠣᠨ ᠰᠠᠭᠤᠴᠠ ᠪᠠᠷᠢᠬᠤ ᠳᠠᠭᠠᠨ ᠰᠤᠮᠤ ︵ᠪᠠᠯᠭᠠᠰᠣ︶ ᠶᠢᠨ | ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠨᠡᠶᠢᠴᠡᠬᠦᠯᠬᠦ ᠬᠡᠷᠡᠭᠲᠠᠢ ᠪᠦᠭᠡᠳ ᠠᠯᠢ ᠪᠤᠯᠬᠤ ᠪᠠᠷ | ᠤᠭ ᠤᠨ ᠤᠷᠤᠨ ᠰᠠᠭᠤᠴᠠ ᠶᠢᠨ ᠭᠠᠵᠠᠷ ᠪᠤᠯᠤᠨ ᠲᠤᠰᠬᠤᠨ ᠤ ᠲᠤᠳᠤᠷᠠᠬᠢ ᠰᠤᠯᠠ ᠭᠠᠵᠠᠷ ᠢ ᠬᠡᠷᠡᠭᠯᠡᠬᠦ ᠬᠡᠷᠡᠭᠲᠠᠢ᠃ | | ᠬᠦᠳᠡᠭᠡ ᠲᠤᠰᠬᠤᠨ ᠤ ᠭᠠᠴᠠᠭᠠᠨ ᠤ ᠠᠷᠠᠳ ᠣᠷᠣᠨ ᠰᠠᠭᠤᠴᠠ ᠳᠤ ᠬᠡᠷᠡᠭᠯᠡᠬᠦ ᠭᠠᠵᠠᠷ ᠢ ᠰᠤᠮᠤ ︵ᠪᠠᠯᠭᠠᠰᠣ︶ | ᠶᠢᠨ ᠠᠷᠠᠳ ᠤᠨ ᠵᠠᠰᠠᠭ ᠤᠨ ᠤᠷᠳᠤᠨ ᠢᠶᠠᠷ ᠬᠢᠨᠠᠨ ᠬᠠᠷᠭᠤᠭᠤᠯᠤᠭᠠᠳ᠂ ᠰᠢᠶᠠᠨ ᠱᠠᠳᠣᠨ ᠤ ᠠᠷᠠᠳ ᠤᠨ | ᠵᠠᠰᠠᠭ ᠤᠨ ᠣᠷᠳᠤᠨ ᠢᠶᠠᠷ ᠵᠦᠪᠰᠢᠶᠡᠷᠡᠬᠦᠯᠦᠨ᠎ᠡ︔ ᠡᠬᠦᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ | ᠬᠡᠷᠡᠭᠯᠡᠬᠦ ᠳᠤ ᠬᠤᠯᠪᠤᠭᠳᠠᠪᠠᠯ᠂ ᠲᠤᠰ ᠬᠠᠤᠯᠢ ᠶᠢᠨ ᠲᠦᠴᠢᠨ ᠲᠦᠷᠪᠡᠳᠦᠭᠡᠷ ᠵᠦᠢᠯ ᠤᠨ ᠲᠤᠭᠳᠠᠭᠠᠯ ᠶᠤᠰᠤᠭᠠᠷ | ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠬᠢᠨ᠎ᠡ᠃ | ᠬᠦᠳᠡᠭᠡ ᠲᠤᠰᠬᠤᠨ ᠤ ᠭᠠᠴᠠᠭᠠᠨ ᠤ ᠠᠷᠠᠳ ᠣᠷᠣᠨ ᠰᠠᠭᠤᠴᠠ ᠪᠠᠨ ᠬᠤᠳᠠᠯᠳᠤᠵᠦ᠂ | ᠲᠦᠷᠢᠶᠡᠰᠦᠯᠡᠬᠦᠯᠦᠭᠰᠡᠨ ᠤ ᠲᠠᠷᠠᠭ᠎ᠠ ᠲᠠᠬᠢᠨ ᠤᠷᠤᠨ ᠰᠠᠭᠤᠴᠠ ᠶᠢᠨ ᠭᠠᠵᠠᠷ ᠠᠪᠬᠤ ᠪᠠᠷ ᠭᠤᠶᠤᠴᠢᠯᠠᠯ ᠭᠠᠷᠭᠠᠪᠠᠯ | ᠵᠦᠪᠰᠢᠶᠡᠷᠡᠬᠦ ᠦᠭᠡᠢ᠃ | ᠵᠢᠷᠠᠨ ᠭᠤᠷᠪᠠᠳᠤᠭᠠᠷ ᠵᠦᠢᠯ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ | ᠡᠷᠭᠡ ᠶᠢ ᠰᠢᠯᠵᠢᠬᠦᠯᠦᠨ ᠬᠤᠳᠠᠯᠳᠤᠬᠤ᠂ ᠰᠢᠯᠵᠢᠬᠦᠯᠦᠨ ᠦᠭᠬᠦ ᠪᠤᠶᠤ ᠲᠠᠷᠢᠶᠠᠯᠠᠩ ᠤᠨ ᠪᠤᠰᠤ ᠪᠦᠳᠦᠭᠡᠨ | ᠪᠠᠶᠢᠭᠤᠯᠤᠯᠳᠠ ᠳᠤ ᠲᠦᠷᠢᠶᠡᠰᠦᠯᠡᠨ ᠬᠡᠷᠡᠭᠯᠡᠬᠦᠯᠵᠦ ᠪᠤᠯᠬᠤ ᠦᠭᠡᠢ︔ ᠭᠡᠪᠡᠴᠦ ᠭᠠᠵᠠᠷ ᠰᠢᠷᠦᠢ ᠶᠢ ᠠᠰᠢᠭᠯᠠᠬᠤ | ᠶᠡᠷᠦᠩᠭᠡᠢ ᠲᠦᠯᠦᠪᠵᠢᠬᠦᠯᠭᠡ ᠳᠤ ᠨᠡᠶᠢᠴᠡᠬᠦ ᠪᠦᠭᠡᠳ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠠᠤᠯᠢ | ᠶᠤᠰᠤᠭᠠᠷ ᠤᠯᠤᠭᠰᠠᠨ ᠠᠵᠦ ᠠᠬᠤᠶᠢᠯᠠᠯ ᠲᠠᠮᠪᠠᠷᠠᠬᠤ᠂ ᠨᠡᠶᠢᠯᠡᠬᠦ ᠵᠡᠷᠭᠡ ᠪᠠᠶᠢᠳᠠᠯ ᠠᠴᠠ ᠪᠤᠯᠵᠦ ᠭᠠᠵᠠᠷ ᠰᠢᠷᠦᠢ ᠶᠢᠨ | ᠬᠡᠷᠡᠭᠯᠡᠬᠦ ᠡᠷᠭᠡ ᠪᠠᠨ ᠬᠠᠤᠯᠢ ᠶᠤᠰᠤᠭᠠᠷ ᠰᠢᠯᠵᠢᠬᠦᠯᠦᠭᠰᠡᠨ ᠪᠠᠶᠢᠪᠠᠯ ᠡᠬᠦᠨ ᠳᠤ ᠪᠠᠭᠳᠠᠬᠤ ᠦᠭᠡᠢ᠃ | ᠵᠢᠷᠠᠨ ᠲᠦᠷᠪᠡᠳᠦᠭᠡᠷ ᠵᠦᠢᠯ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ | ᠲᠤᠭᠳᠠᠭᠠᠬᠤ ᠠᠴᠠ ᠡᠮᠦᠨ᠎ᠡ ᠨᠢᠭᠡᠨᠳᠡ ᠪᠠᠶᠢᠭᠤᠯᠤᠭᠳᠠᠭᠰᠠᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠳᠤ ᠲᠤᠭᠳᠠᠭᠠᠭᠰᠠᠨ ᠬᠡᠷᠡᠭᠯᠡᠯᠳᠡ ᠳᠤ ᠦᠯᠦ ᠨᠡᠶᠢᠴᠡᠬᠦ ᠪᠠᠷᠢᠯᠭ᠎ᠠ᠂ ᠪᠠᠷᠢᠯᠭ᠎ᠠ ᠶᠢᠨ ᠡᠳ᠋ ᠢ ᠲᠠᠬᠢᠨ | ᠪᠠᠶᠢᠭᠤᠯᠵᠦ᠂ ᠦᠷᠭᠡᠳᠭᠡᠨ ᠪᠠᠶᠢᠭᠤᠯᠵᠦ ᠪᠤᠯᠬᠤ ᠦᠭᠡᠢ᠃ | ᠵᠢᠷᠠᠨ ᠲᠠᠪᠤᠳᠤᠭᠠᠷ ᠵᠦᠢᠯ ᠲᠤᠤᠷ᠎ᠡ ᠵᠢᠭᠰᠠᠭᠠᠭᠰᠠᠨ ᠦᠢᠯᠡ ᠪᠠᠶᠢᠳᠠᠯ ᠤᠳ ᠤᠨ ᠨᠢᠭᠡ ᠨᠢ ᠪᠠᠶᠢᠪᠠᠯ᠂ | ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠠᠴᠠ ᠭᠠᠵᠠᠷ ᠬᠡᠷᠡᠭᠯᠡᠬᠦ ᠶᠢ | ᠵᠦᠪᠰᠢᠶᠡᠷᠡᠭᠰᠡᠨ ᠤᠤᠯ ᠤᠨ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠦᠭᠡᠳ ᠭᠠᠵᠠᠷ | ᠰᠢᠷᠦᠢ ᠶᠢᠨ ᠬᠡᠷᠡᠭᠯᠡᠬᠦ ᠡᠷᠭᠡ ᠶᠢ ᠪᠤᠴᠠᠭᠠᠨ ᠠᠪᠴᠦ ᠪᠤᠯᠤᠨ᠎ᠠ᠄ | ︵ᠨᠢᠭᠡ︶ ᠰᠤᠮᠤ ︵ᠪᠠᠯᠭᠠᠰᠤ︶ ᠭᠠᠴᠠᠭ᠎ᠠ ᠶᠢᠨ ᠤᠯᠠᠨ ᠨᠡᠶᠢᠳᠡ ᠶᠢᠨ ᠲᠦᠬᠦᠭᠡᠷᠦᠮᠵᠢ ᠪᠠ ᠨᠡᠶᠢᠳᠡ ᠶᠢᠨ | ᠠᠰᠠᠷᠠᠮᠵᠢ ᠶᠢᠨ ᠦᠢᠯᠡᠰ ᠤᠨ ᠪᠦᠳᠦᠭᠡᠨ ᠪᠠᠶᠢᠭᠤᠯᠤᠯᠳᠠ ᠳᠤ ᠭᠠᠵᠠᠷ ᠰᠢᠷᠦᠢ ᠬᠡᠷᠡᠭᠯᠡᠬᠦ ᠴᠢᠬᠤᠯᠠ ᠲᠠᠢ ᠪᠤᠯᠤᠭᠰᠠᠨ︔ | | ︵ᠬᠤᠶᠠᠷ︶ ᠭᠠᠵᠠᠷ ᠰᠢᠷᠦᠢ ᠶᠢ ᠵᠦᠪᠰᠢᠶᠡᠷᠡᠭᠰᠡᠨ ᠬᠡᠷᠡᠭᠯᠡᠯᠳᠡ ᠶᠢᠨ ᠶᠤᠰᠤᠭᠠᠷ ᠡᠰᠡ ᠬᠡᠷᠡᠭᠯᠡᠭᠰᠡᠨ︔ | ︵ᠭᠤᠷᠪᠠ︶ ᠬᠠᠰᠣᠭᠳᠠᠭᠰᠠᠨ᠂ ᠨᠡᠬᠦᠭᠰᠡᠨ ᠵᠡᠷᠭᠡ ᠰᠢᠯᠳᠠᠭᠠᠨ ᠠᠴᠠ ᠪᠤᠯᠵᠦ ᠭᠠᠵᠠᠷ ᠰᠢᠷᠦᠢ ᠶᠢ ᠬᠡᠷᠡᠭᠯᠡᠬᠦ | ᠪᠠᠨ ᠪᠤᠯᠢᠭᠰᠠᠨ᠃ | ᠡᠮᠦᠨᠡᠬᠢ ᠪᠠᠳᠠᠭ ᠤᠨ ︵ᠨᠢᠭᠡ︶ ᠳ᠋ᠤᠭᠡᠷ ᠵᠤᠷᠪᠤᠰ ᠤᠨ ᠲᠤᠭᠳᠠᠭᠠᠯ ᠶᠤᠰᠤᠭᠠᠷ ᠲᠠᠷᠢᠶᠠᠴᠢᠳ ᠤᠨ ᠬᠠᠮᠳᠦ ᠶᠢᠨ | ᠦᠮᠴᠢᠯᠡᠯ ᠤᠨ ᠭᠠᠵᠠᠷ ᠰᠢᠷᠦᠢ ᠶᠢ ᠪᠤᠴᠠᠭᠠᠵᠦ ᠠᠪᠤᠭᠰᠠᠨ ᠪᠠᠶᠢᠪᠠᠯ᠂ ᠭᠠᠵᠠᠷ ᠰᠢᠷᠦᠢ ᠬᠡᠷᠡᠭᠯᠡᠬᠦ ᠡᠷᠭᠡ ᠪᠦᠬᠦᠢ | ᠬᠦᠮᠦᠨ ᠳᠤ ᠵᠦᠢ ᠵᠤᠬᠢᠰᠲᠠᠢ ᠲᠦᠯᠦᠪᠤᠷᠢ ᠦᠭᠬᠦ ᠬᠡᠷᠡᠭᠲᠠᠢ᠃ |