ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ  ︵  ᠲᠠᠪᠤ ︶
ᠨᠡᠶᠢᠲᠡᠯᠡᠭᠰᠡᠨ ᠴᠠᠭ᠄
2015/8/10
     ᠵᠢᠷᠭᠤᠳᠤᠭᠠᠷ ᠪᠦᠯᠦᠭ    ᠬᠢᠨᠠᠯᠳᠠ ᠲᠠᠯᠪᠢᠵᠦ ᠪᠠᠶᠢᠴᠠᠭᠠᠬᠤ            ᠵᠢᠷᠠᠨ ᠵᠢᠷᠭᠤᠳᠤᠭᠠᠷ ᠵᠦᠢᠯ  ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ  ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠭᠠᠵᠠᠷ ᠰᠢᠷᠦᠢ ᠶᠢᠨ  ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ ᠲᠦᠷᠢᠮ ᠢ ᠵᠦᠷᠢᠴᠡᠭᠰᠡᠨ ᠠᠵᠢᠯᠯᠠᠭ᠎ᠠ ᠳᠤ ᠬᠢᠨᠠᠯᠳᠠ ᠲᠠᠯᠪᠢᠵᠦ  ᠪᠠᠶᠢᠴᠠᠭᠠᠯᠳᠠ ᠬᠢᠨ᠎ᠡ᠃          ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠢᠨᠠᠯᠳᠠ ᠲᠠᠯᠪᠢᠵᠦ ᠪᠠᠶᠢᠴᠠᠭᠠᠬᠤ ᠠᠵᠢᠯᠳᠠᠳ ᠭᠠᠵᠠᠷ ᠰᠢᠷᠦᠢ ᠶᠢᠨ  ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ ᠲᠦᠷᠢᠮ ᠢ ᠲᠤᠭᠤᠷᠠᠳᠠᠯ᠎ᠠ ᠮᠡᠳᠡᠵᠦ᠂ ᠡᠬᠦᠷᠭᠡ ᠲᠤᠰᠢᠶᠠᠯ ᠳᠠᠭᠠᠨ  ᠦᠨᠡᠨᠴᠢ ᠰᠢᠳᠤᠷᠭᠤ ᠪᠠᠶᠢᠵᠦ᠂ ᠬᠠᠤᠯᠢ ᠶᠢ ᠭᠤᠤᠯᠴᠢ ᠪᠠᠷ ᠬᠡᠷᠡᠭᠵᠢᠬᠦᠯᠬᠦ ᠬᠡᠷᠡᠭᠲᠠᠢ᠃          ᠵᠢᠷᠠᠨ ᠲᠣᠯᠣᠳᠣᠭᠠᠷ ᠵᠦᠢᠯ  ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠤᠨ ᠤ  ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠬᠢᠨᠠᠯᠳᠠ ᠲᠠᠯᠪᠢᠵᠦ  ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠦᠶ᠎ᠡ ᠳᠤ ᠲᠤᠤᠷ᠎ᠡ ᠵᠢᠭᠰᠠᠭᠠᠭᠰᠠᠨ ᠠᠷᠭ᠎ᠠ  ᠬᠡᠮᠵᠢᠶ᠎ᠡ ᠨᠦᠭᠦᠳ ᠢ ᠠᠪᠬᠤ ᠡᠷᠭᠡ ᠲᠠᠢ᠄          ︵ᠨᠢᠭᠡ︶ ᠪᠠᠶᠢᠴᠠᠭᠠᠭᠳᠠᠵᠦ ᠪᠠᠶᠢᠭ᠎ᠠ ᠨᠢᠭᠡᠴᠢ ᠪᠤᠶᠤ ᠬᠤᠪᠢ ᠬᠦᠮᠦᠨ ᠳᠤ ᠭᠠᠵᠠᠷ ᠰᠢᠷᠦᠢ ᠶᠢᠨ ᠡᠷᠭᠡ ᠶᠢᠨ  ᠲᠤᠬᠠᠢ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠪᠠ ᠮᠠᠲ᠋ᠧᠷᠢᠶᠠᠯ ᠢ ᠬᠠᠩᠭᠠᠯᠭᠠᠬᠤ ᠱᠠᠭᠠᠷᠳᠠᠯᠭ᠎ᠠ ᠲᠠᠯᠪᠢᠵᠦ᠂  ᠲᠠᠳᠡᠭᠡᠷ ᠢ ᠪᠠᠶᠢᠴᠠᠭᠠᠨ ᠦᠵᠡᠬᠦ ᠪᠤᠶᠤ ᠬᠠᠭᠤᠯᠪᠤᠷᠢᠯᠠᠵᠦ ᠠᠪᠬᠤ︔        ︵ᠬᠤᠶᠠᠷ︶ ᠪᠠᠶᠢᠴᠠᠭᠠᠭᠳᠠᠵᠦ ᠪᠠᠶᠢᠭ᠎ᠠ ᠨᠢᠭᠡᠴᠢ ᠪᠤᠶᠤ ᠬᠤᠪᠢ ᠬᠦᠮᠦᠨ ᠢ ᠭᠠᠵᠠᠷ ᠰᠢᠷᠦᠢ ᠶᠢᠨ ᠡᠷᠭᠡ ᠶᠢᠨ  ᠬᠤᠯᠪᠤᠭᠳᠠᠯ ᠪᠦᠬᠦᠢ ᠠᠰᠠᠭᠤᠳᠠᠯ ᠤᠨ ᠲᠠᠯ᠎ᠠ ᠪᠠᠷ ᠲᠤᠳᠤᠷᠬᠠᠶᠢᠯᠠᠯᠳᠠ ᠬᠢᠯᠭᠡᠬᠦ ᠪᠠᠷ ᠱᠠᠭᠠᠷᠳᠠᠬᠤ︔        ︵ᠭᠤᠷᠪᠠ︶ ᠪᠠᠶᠢᠴᠠᠭᠠᠭᠳᠠᠵᠦ ᠪᠠᠶᠢᠭ᠎ᠠ ᠨᠢᠭᠡᠴᠢ ᠪᠤᠶᠤ ᠬᠤᠪᠢ ᠬᠦᠮᠦᠨ ᠤ ᠬᠠᠤᠯᠢ ᠪᠤᠰᠤ ᠪᠠᠷ ᠡᠵᠡᠯᠡᠨ  ᠬᠡᠷᠡᠭᠯᠡᠭᠰᠡᠨ ᠭᠠᠵᠠᠷ ᠰᠢᠷᠦᠢ ᠶᠢᠨ ᠲᠤᠬᠠᠢ ᠶᠢᠨ ᠭᠠᠵᠠᠷ ᠲᠤ ᠤᠴᠢᠵᠦ ᠬᠠᠶᠢᠨ ᠬᠡᠮᠵᠢᠬᠦ︔          ︵ᠲᠦᠷᠪᠡ︶ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠨᠢᠭᠡᠴᠢ ᠪᠤᠶᠤ ᠬᠤᠪᠢ ᠬᠦᠮᠦᠨ ᠢ  ᠵᠠᠷᠯᠢᠭᠳᠠᠵᠦ ᠪᠠᠶᠢᠭᠠᠳ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ ᠲᠦᠷᠢᠮ ᠠᠴᠠ  ᠵᠦᠷᠢᠴᠡᠭᠰᠡᠨ ᠠᠵᠢᠯᠯᠠᠭ᠎ᠠ ᠶᠢ ᠨᠢ ᠵᠤᠭᠰᠤᠭᠠᠬᠤ᠃          ᠵᠢᠷᠠᠨ ᠨᠠᠢᠮᠠᠳᠦᠭᠠᠷ ᠵᠦᠢᠯ  ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠢᠨᠠᠯᠳᠠ ᠲᠠᠯᠪᠢᠵᠦ ᠪᠠᠶᠢᠴᠠᠭᠠᠬᠤ  ᠠᠵᠢᠯᠳᠠᠳ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠦ᠂ ᠲᠤᠬᠠᠢ ᠶᠢᠨ ᠭᠠᠵᠠᠷ ᠲᠤ ᠤᠴᠢᠵᠦ ᠬᠠᠶᠢᠨ ᠬᠡᠮᠵᠢᠬᠦ᠂  ᠬᠤᠯᠪᠤᠭᠳᠠᠯ ᠪᠦᠬᠦᠢ ᠨᠢᠭᠡᠴᠢ ᠪᠤᠶᠤ ᠬᠤᠪᠢ ᠬᠦᠮᠦᠨ ᠢᠶᠠᠷ ᠪᠢᠴᠢᠭ ᠮᠠᠲ᠋ᠧᠷᠢᠶᠠᠯ᠂ ᠮᠠᠲ᠋ᠧᠷᠢᠶᠠᠯ ᠬᠠᠩᠭᠠᠯᠭᠠᠬᠤ᠂  ᠲᠤᠳᠤᠷᠬᠠᠶᠢᠯᠠᠯᠳᠠ ᠬᠢᠯᠭᠡᠬᠦ ᠪᠠᠷ ᠱᠠᠭᠠᠷᠳᠠᠬᠤ ᠴᠢᠬᠤᠯᠠ ᠲᠠᠢ ᠪᠤᠯ᠂ ᠭᠠᠵᠠᠷ ᠰᠢᠷᠦᠢ ᠶᠢᠨ ᠬᠠᠮᠢᠶᠠᠷᠤᠯᠳᠠ ᠶᠢᠨ  ᠬᠢᠨᠠᠯᠳᠠ ᠲᠠᠯᠪᠢᠵᠦ  ᠪᠠᠶᠢᠴᠠᠭᠠᠯᠳᠠ ᠬᠢᠬᠦ ᠬᠡᠷᠡᠴᠢ ᠲᠡᠮᠳᠡᠭ ᠢᠶᠠᠨ ᠭᠠᠷᠭᠠᠵᠦ ᠦᠵᠡᠬᠦᠯᠬᠦ ᠬᠡᠷᠡᠭᠲᠠᠢ᠃          ᠵᠢᠷᠨ ᠶᠢᠰᠦᠳᠦᠭᠡᠷ ᠵᠦᠢᠯ  ᠭᠠᠵᠠᠷ ᠰᠢᠷᠦᠢ ᠶᠢᠨ ᠬᠠᠮᠢᠶᠠᠷᠤᠯᠳᠠ ᠶᠢᠨ ᠲᠠᠯ᠎ᠠ ᠪᠠᠷ ᠬᠢ ᠬᠠᠤᠯᠢ ᠠᠴᠠ  ᠵᠦᠷᠢᠴᠡᠭᠰᠡᠨ ᠠᠵᠢᠯᠯᠠᠭ᠎ᠠ ᠳᠤ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ  ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠯᠳᠠ ᠲᠠᠯᠪᠢᠵᠦ ᠪᠠᠶᠢᠴᠠᠭᠠᠯᠳᠠ  ᠬᠢᠬᠦ ᠦᠶ᠎ᠡ ᠳᠤ ᠬᠤᠯᠪᠤᠭᠳᠠᠯ ᠪᠦᠬᠦᠢ ᠨᠢᠭᠡᠴᠢ ᠪᠤᠯᠤᠨ ᠬᠤᠪᠢ ᠬᠦᠮᠦᠨ ᠲᠠᠮᠵᠢᠨ ᠬᠠᠮᠵᠢᠯᠴᠠᠬᠤ ᠬᠡᠷᠡᠭᠲᠠᠢ ᠪᠦᠭᠡᠳ  ᠠᠵᠢᠯ ᠤᠨ ᠲᠠᠯ᠎ᠠ ᠪᠠᠷ ᠲᠦᠬᠦᠮ ᠦᠵᠡᠬᠦᠯᠬᠦ ᠬᠡᠷᠡᠭᠲᠠᠢ᠂ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠢᠨᠠᠯᠳᠠ  ᠲᠠᠯᠪᠢᠵᠦ ᠪᠠᠶᠢᠴᠠᠭᠠᠬᠤ ᠠᠵᠢᠯᠳᠠᠳ ᠤᠨ ᠡᠬᠦᠷᠭᠡ ᠲᠤᠰᠢᠶᠠᠯ ᠢᠶᠠᠨ ᠬᠠᠤᠯᠢ ᠶᠤᠰᠤᠭᠠᠷ ᠬᠦᠢᠴᠡᠳᠭᠡᠬᠦ ᠶᠢ ᠲᠡᠪᠴᠢᠬᠦ  ᠪᠠ ᠬᠠᠷᠰᠢᠯᠠᠵᠦ ᠪᠤᠯᠬᠤ ᠦᠭᠡᠢ᠃          ᠲᠠᠯᠠᠳᠤᠭᠠᠷ ᠵᠦᠢᠯ  ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ  ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠬᠢᠨᠠᠯᠳᠠ ᠲᠠᠯᠪᠢᠵᠦ ᠪᠠᠶᠢᠴᠠᠭᠠᠬᠤ  ᠠᠵᠢᠯ ᠤᠨ ᠲᠤᠮᠳᠠ ᠪᠠᠨ ᠲᠦᠷᠦ ᠶᠢᠨ ᠠᠵᠢᠯᠳᠠᠨ ᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠤᠯᠵᠦ ᠮᠡᠳᠡᠭᠡᠳ᠂  ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦ ᠬᠡᠷᠡᠭᠲᠠᠢ ᠪᠠᠶᠢᠪᠠᠯ ᠬᠠᠤᠯᠢ ᠶᠤᠰᠤᠭᠠᠷ ᠰᠢᠢᠳᠪᠦᠷᠢᠯᠡᠬᠦ  ᠬᠡᠷᠡᠭᠲᠠᠢ︔ ᠦᠪᠡᠷᠳᠡᠭᠡᠨ ᠰᠢᠢᠳᠪᠦᠷᠢᠯᠡᠬᠦ ᠡᠷᠭᠡ ᠦᠭᠡᠢ ᠪᠤᠯ ᠠᠳᠠᠯᠢ ᠱᠠᠳᠤᠨ ᠤ ᠪᠤᠶᠤ ᠲᠡᠭᠡᠳᠦ ᠱᠠᠳᠤᠨ ᠤ  ᠠᠷᠠᠳ ᠤᠨ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠵᠠᠰᠠᠭ ᠵᠠᠬᠢᠷᠭᠠᠨ ᠤ  ᠰᠢᠳᠭᠡᠯ ᠦᠭᠬᠦ ᠰᠠᠨᠠᠭᠤᠯᠭ᠎ᠠ ᠶᠢᠨ ᠪᠢᠴᠢᠭ ᠲᠡᠪᠰᠢᠬᠦᠯᠬᠦ ᠬᠡᠷᠡᠭᠲᠠᠢ᠂ ᠬᠤᠯᠪᠤᠭᠳᠠᠯ ᠪᠦᠬᠦᠢ ᠵᠠᠰᠠᠭ ᠵᠠᠬᠢᠷᠭᠠᠨ ᠤ   ᠬᠢᠨᠠᠨ ᠪᠠᠶᠢᠴᠠᠭᠠᠬᠤ ᠪᠠᠶᠢᠭᠤᠯᠭ᠎ᠠ ᠨᠢ ᠬᠠᠤᠯᠢ ᠶᠤᠰᠤᠭᠠᠷ ᠰᠢᠢᠳᠪᠦᠷᠢᠯᠡᠬᠦ ᠬᠡᠷᠡᠭᠲᠠᠢ᠃          ᠲᠠᠯᠠᠨ ᠨᠢᠭᠡᠳᠦᠭᠡᠷ ᠵᠦᠢᠯ  ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ  ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠬᠢᠨᠠᠯᠳᠠ ᠲᠠᠯᠪᠢᠵᠦ ᠪᠠᠶᠢᠴᠠᠭᠠᠬᠤ  ᠠᠵᠢᠯ ᠤᠨ ᠲᠤᠮᠳᠠ ᠪᠠᠨ ᠭᠠᠵᠠᠷ ᠰᠢᠷᠦᠢ ᠶᠢᠨ ᠬᠠᠮᠢᠶᠠᠷᠤᠯᠳᠠ ᠶᠢᠨ ᠲᠠᠯ᠎ᠠ ᠪᠠᠷ ᠬᠠᠤᠯᠢ ᠠᠴᠠ ᠵᠦᠷᠢᠴᠡᠨ ᠶᠠᠯ᠎ᠠ  ᠪᠤᠯᠵᠦ ᠪᠦᠷᠢᠯᠳᠦᠭᠰᠡᠨ ᠠᠵᠢᠯᠯᠠᠭ᠎ᠠ ᠪᠠᠶᠢᠬᠤ ᠶᠢ ᠤᠯᠵᠦ ᠮᠡᠳᠡᠪᠡᠯ᠂ ᠤᠤᠯ ᠤᠨ ᠬᠡᠷᠡᠭ ᠢ ᠬᠤᠯᠪᠤᠭᠳᠠᠯ ᠪᠦᠬᠦᠢ  ᠪᠠᠶᠢᠭᠤᠯᠭ᠎ᠠ ᠳᠤ ᠰᠢᠯᠵᠢᠬᠦᠯᠦᠨ ᠦᠭᠴᠦ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠬᠦᠯᠬᠦ   ᠬᠡᠷᠡᠭᠲᠠᠢ︔ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠦᠭᠡᠢ ᠪᠤᠯ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ  ᠦᠭᠬᠦ ᠬᠡᠷᠡᠭᠲᠠᠢ᠃          ᠲᠠᠯᠠᠨ ᠬᠤᠶᠠᠳᠦᠭᠠᠷ ᠵᠦᠢᠯ  ᠲᠤᠰ ᠬᠠᠤᠯᠢ ᠶᠢᠨ ᠲᠤᠭᠳᠠᠭᠠᠯ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦ  ᠶᠤᠰᠤᠲᠠᠢ ᠪᠠᠶᠢᠳᠠᠯ᠎ᠠ ᠬᠤᠯᠪᠤᠭᠳᠠᠯ ᠪᠦᠬᠦᠢ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ  ᠮᠦᠴᠢᠷ ᠠᠴᠠ ᠵᠠᠰᠠᠭ ᠵᠠᠬᠢᠷᠭᠠᠨ ᠤ ᠰᠢᠳᠭᠡᠯ ᠦᠭᠬᠦ ᠦᠭᠡᠢ ᠪᠠᠶᠢᠪᠠᠯ᠂ ᠲᠡᠭᠡᠳᠦ ᠱᠠᠳᠤᠨ ᠤ ᠠᠷᠠᠳ ᠤᠨ ᠵᠠᠰᠠᠭ ᠤᠨ  ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠤᠯᠪᠤᠭᠳᠠᠯ  ᠪᠦᠬᠦᠢ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢ ᠵᠠᠷᠯᠢᠭᠳᠠᠵᠦ ᠪᠠᠶᠢᠭᠠᠳ  ᠵᠠᠰᠠᠭ ᠵᠠᠬᠢᠷᠭᠠᠨ ᠤ ᠰᠢᠳᠭᠡᠯ ᠦᠭᠬᠦ ᠲᠤᠭᠳᠠᠭᠠᠯ ᠭᠠᠷᠭᠠᠭᠤᠯᠬᠤ ᠪᠤᠶᠤ ᠰᠢᠭᠤᠳ ᠵᠠᠰᠠᠭ ᠵᠠᠬᠢᠷᠭᠠᠨ ᠤ ᠰᠢᠳᠭᠡᠯ  ᠦᠭᠬᠦ ᠶᠢᠨ ᠬᠠᠮᠳᠦ ᠬᠤᠯᠪᠤᠭᠳᠠᠯ ᠪᠦᠬᠦᠢ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ  ᠮᠦᠴᠢᠷ ᠤᠨ ᠬᠠᠷᠢᠭᠤᠴᠠᠯᠭᠠᠳᠠᠨ ᠳᠤ ᠵᠠᠰᠠᠭ ᠵᠠᠬᠢᠷᠭᠠᠨ ᠤ ᠰᠢᠳᠭᠡᠯ ᠦᠭᠬᠦ ᠡᠷᠭᠡ ᠲᠠᠢ᠃        
 
ᠢᠷᠡᠯᠲᠡ᠄ ᠤᠯᠠᠭᠠᠨᠬᠠᠳᠠ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号