ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ  ︵  ᠵᠢᠷᠭᠤᠭ᠎ᠠ ︶
ᠨᠡᠶᠢᠲᠡᠯᠡᠭᠰᠡᠨ ᠴᠠᠭ᠄
2015/8/10
     ᠲᠤᠯᠤᠳᠤᠭᠠᠷ ᠪᠦᠯᠦᠭ    ᠬᠠᠤᠯᠢ ᠶᠢ ᠬᠠᠷᠢᠭᠤᠴᠠᠯᠭ᠎ᠠ          ᠲᠠᠯᠠᠨ ᠭᠤᠷᠪᠠᠳᠦᠭᠠᠷ ᠵᠦᠢᠯ  ᠭᠠᠵᠠᠷ ᠰᠢᠷᠦᠢ ᠶᠢ ᠮᠠᠶᠢᠮᠠᠶᠢᠯᠠᠬᠤ ᠪᠤᠶᠤ ᠪᠤᠰᠤᠳ ᠬᠡᠯᠪᠡᠷᠢ ᠪᠠᠷ ᠬᠠᠤᠯᠢ ᠪᠤᠰᠤ   ᠪᠠᠷ ᠰᠢᠯᠵᠢᠬᠦᠯᠦᠨ ᠦᠭᠬᠦᠭᠰᠡᠨ ᠪᠠᠶᠢᠪᠠᠯ᠂ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ  ᠣᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠢ  ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠵᠦ ᠠᠪᠤᠨ᠎ᠠ︔ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠠᠴᠠ ᠵᠦᠷᠢᠴᠡᠨ ᠲᠠᠷᠢᠶᠠᠯᠠᠩ ᠳᠤ ᠬᠡᠷᠡᠭᠯᠡᠬᠦ ᠭᠠᠵᠠᠷ ᠢ ᠲᠤᠷ᠎ᠡ ᠪᠠᠷ ᠢᠶᠠᠨ ᠪᠦᠳᠦᠭᠡᠨ  ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠨ ᠬᠤᠪᠢᠷᠠᠭᠠᠭᠰᠠᠨ ᠪᠠᠶᠢᠪᠠᠯ᠂ ᠬᠠᠤᠯᠢ ᠪᠤᠰᠤ ᠪᠠᠷ ᠰᠢᠯᠵᠢᠬᠦᠯᠦᠨ  ᠦᠭᠬᠦᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ ᠲᠦᠬᠦᠭᠡᠷᠦᠮᠵᠢ ᠶᠢ  ᠬᠤᠭᠤᠴᠠᠭ᠎ᠠ ᠲᠤᠭᠳᠠᠭᠠᠨ ᠨᠤᠷᠠᠭᠠᠯᠭᠠᠨ ᠠᠷᠢᠯᠠᠭᠠᠭᠤᠯᠵᠦ᠂ ᠭᠠᠵᠠᠷ ᠰᠢᠷᠦᠢ ᠶᠢᠨ ᠤᠭ ᠤᠨ ᠪᠠᠶᠢᠳᠠᠯ ᠢ ᠨᠢ  ᠰᠡᠷᠬᠦᠭᠡᠯᠭᠡᠨ᠎ᠡ᠃ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠨᠡᠶᠢᠴᠡᠵᠦ ᠪᠠᠶᠢᠪᠠᠯ᠂ ᠬᠠᠤᠯᠢ  ᠪᠤᠰᠤ ᠪᠠᠷ ᠰᠢᠯᠵᠢᠬᠦᠯᠦᠨ ᠦᠭᠬᠦᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ  ᠲᠦᠬᠦᠭᠡᠷᠦᠮᠵᠢ ᠶᠢ ᠨᠢ ᠬᠤᠷᠢᠶᠠᠨ ᠠᠪᠤᠨ᠎ᠠ︔ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠵᠦ ᠪᠤᠯᠤᠨ᠎ᠠ︔  ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠤᠭᠴᠢ ᠪᠠ ᠰᠢᠭᠤᠳ ᠬᠠᠷᠢᠭᠤᠴᠠᠯᠭ᠎ᠠ ᠲᠠᠢ ᠪᠤᠰᠤᠳ  ᠬᠦᠮᠦᠰ ᠲᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ  ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃          ᠲᠠᠯᠠᠨ ᠳᠦᠷᠪᠡᠳᠦᠭᠡᠷ ᠵᠦᠢᠯ  ᠲᠤᠰ ᠬᠠᠤᠯᠢ ᠶᠢᠨ ᠲᠤᠭᠳᠠᠭᠠᠯ ᠠᠴᠠ ᠵᠦᠷᠢᠴᠡᠵᠦ᠂ ᠲᠠᠷᠢᠶᠠᠨ ᠭᠠᠵᠠᠷ ᠢ  ᠡᠵᠡᠯᠡᠨ ᠶᠤᠤ ᠭᠠᠷᠭᠠᠭᠰᠠᠨ᠂ ᠪᠤᠯᠠᠰᠢᠨ ᠭᠠᠵᠠᠷ ᠭᠠᠷᠭᠠᠭᠰᠠᠨ ᠪᠤᠶᠤ ᠲᠠᠷᠢᠶᠠᠨ ᠭᠠᠵᠠᠷ ᠲᠡᠭᠡᠷ᠎ᠡ ᠲᠤᠷ᠎ᠡ ᠪᠠᠷ ᠢᠶᠠᠨ ᠬᠡᠷ  ᠪᠠᠷᠢᠭᠰᠠᠨ᠂ ᠡᠯᠡᠰᠦ ᠮᠠᠯᠳᠠᠭᠰᠠᠨ᠂ ᠴᠢᠯᠠᠭᠤ ᠭᠠᠷᠭᠠᠭᠰᠠᠨ᠂ ᠠᠭᠤᠷᠬᠠᠢ ᠮᠠᠯᠳᠠᠭᠰᠠᠨ᠂ ᠰᠢᠷᠦᠢ ᠠᠪᠤᠭᠰᠠᠨ  ᠵᠡᠷᠭᠡ ᠠᠴᠠ ᠪᠤᠯᠵᠦ ᠲᠠᠷᠢᠶᠠᠯᠬᠤ ᠨᠦᠬᠦᠴᠡᠯ ᠢ ᠡᠪᠳᠡᠭᠰᠡᠨ᠂ ᠡᠰᠡᠬᠦᠯ᠎ᠡ ᠭᠠᠵᠠᠷ ᠰᠢᠷᠦᠢ ᠶᠢ ᠨᠡᠭᠡᠭᠡᠨ  ᠠᠰᠢᠭᠯᠠᠭᠰᠠᠨ ᠠᠴᠠ ᠪᠤᠯᠤᠭᠠᠳ ᠭᠠᠵᠠᠷ ᠰᠢᠷᠦᠢ ᠶᠢ ᠡᠯᠡᠰᠦᠵᠢᠬᠦᠯᠦᠭᠰᠡᠨ᠂ ᠬᠤᠵᠢᠷᠰᠢᠭᠤᠯᠤᠭᠰᠠᠨ ᠪᠠᠶᠢᠪᠠᠯ᠂  ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ  ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠬᠤ  ᠪᠤᠶᠤ ᠵᠠᠰᠠᠭᠤᠯᠵᠦ᠂ ᠵᠤᠭᠤᠰ ᠢᠶᠠᠷ ᠲᠣᠷᠭᠠᠬᠤ ᠪᠠᠷ ᠨᠡᠶᠢᠯᠡᠬᠦᠯᠦᠨ ᠰᠢᠳᠭᠡᠵᠦ ᠪᠤᠯᠤᠨ᠎ᠠ︔ ᠶᠠᠯ᠎ᠠ ᠪᠤᠯᠵᠦ  ᠪᠦᠷᠢᠯᠳᠦᠭᠰᠡᠨ  ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃          ᠲᠠᠯᠠᠨ ᠲᠠᠪᠤᠳᠦᠭᠠᠷ ᠵᠦᠢᠯ  ᠲᠤᠰ ᠬᠠᠤᠯᠢ ᠶᠢᠨ ᠲᠤᠭᠳᠠᠭᠠᠯ ᠠᠴᠠ ᠵᠦᠷᠢᠴᠡᠵᠦ᠂ ᠭᠠᠵᠠᠷ ᠰᠢᠷᠦᠢ ᠶᠢ  ᠰᠡᠷᠬᠦᠭᠡᠨ ᠬᠠᠭᠠᠯᠪᠤᠷᠢᠯᠠᠬᠤ ᠡᠬᠦᠷᠭᠡ ᠪᠠᠨ ᠬᠦᠢᠴᠡᠳᠭᠡᠬᠦ ᠶᠢ ᠲᠡᠪᠴᠢᠭᠰᠡᠨ ᠪᠠᠶᠢᠪᠠᠯ᠂ ᠰᠢᠶᠠᠨ ᠤ ᠱᠠᠳᠣᠨ ᠠᠴᠠ  ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ  ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠨ᠎ᠠ︔ ᠬᠤᠭᠤᠴᠠᠭ᠎ᠠ  ᠬᠡᠳᠦᠷᠡᠭᠰᠡᠨ ᠪᠠᠶᠢᠳᠠᠯ᠎ᠠ ᠵᠠᠯᠠᠷᠠᠭᠤᠯᠤᠭᠰᠠᠨ ᠦᠭᠡᠢ ᠪᠠᠶᠢᠪᠠᠯ ᠵᠠᠷᠯᠢᠭᠳᠠᠵᠦ ᠪᠠᠶᠢᠭᠠᠳ ᠰᠡᠷᠬᠦᠭᠡᠨ ᠬᠠᠭᠠᠯᠪᠤᠷᠢᠯᠠᠬᠤ  ᠰᠦᠢᠳᠭᠡᠯ ᠲᠤᠰᠢᠶᠠᠯᠭᠠᠭᠠᠳ᠂ ᠭᠠᠵᠠᠷ ᠰᠢᠷᠦᠢ ᠶᠢ ᠲᠠᠬᠢᠨ ᠬᠠᠭᠠᠯᠪᠤᠷᠢᠯᠠᠬᠤ ᠳᠤ ᠲᠤᠰᠬᠠᠢ ᠬᠡᠷᠡᠭᠯᠡᠨ᠎ᠡ ᠵᠤᠭᠤᠰ ᠢᠶᠠᠷ  ᠲᠤᠷᠭᠠᠬᠤ ᠪᠠᠷ ᠰᠢᠳᠭᠡᠵᠦ ᠪᠤᠯᠤᠨ᠎ᠠ᠃          ᠲᠠᠯᠠᠨ ᠵᠢᠷᠭᠤᠳᠤᠭᠠᠷ ᠵᠦᠢᠯ  ᠵᠦᠪᠰᠢᠶᠡᠷᠡᠯ ᠤᠯᠤᠭᠰᠠᠨ ᠦᠭᠡᠢ ᠪᠤᠶᠤ ᠮᠡᠭᠡᠯᠡᠬᠦ ᠠᠷᠭ᠎ᠠ ᠪᠠᠷ ᠵᠦᠪᠰᠢᠶᠡᠷᠡᠯ  ᠤᠯᠤᠭᠠᠳ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠠᠶᠢᠪᠠᠯ᠂ ᠰᠢᠶᠠᠨ ᠤ ᠱᠠᠳᠣᠨ ᠠᠴᠠ  ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ  ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠠᠤᠯᠢ  ᠪᠤᠰᠤ ᠪᠠᠷ ᠬᠡᠷᠡᠭᠯᠡᠭᠰᠡᠨ ᠭᠠᠵᠠᠷ ᠰᠢᠷᠦᠢ ᠶᠢ ᠪᠤᠴᠠᠭᠠᠯᠭᠠᠨ᠎ᠠ  ᠂ ᠭᠠᠵᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠠᠴᠠ ᠵᠦᠷᠢᠴᠡᠨ ᠲᠠᠷᠢᠶᠠᠯᠠᠩ ᠳᠤ ᠬᠡᠷᠡᠭᠯᠡᠬᠦ ᠭᠠᠵᠠᠷ ᠢ  ᠲᠤᠷ᠎ᠡ ᠪᠠᠷ ᠢᠶᠠᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠨ ᠬᠤᠪᠢᠷᠭᠠᠭᠰᠠᠨ ᠪᠠᠶᠢᠪᠠᠯ᠂ ᠬᠠᠤᠯᠢ  ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ  ᠲᠦᠬᠦᠭᠡᠷᠦᠮᠵᠢ ᠶᠢ ᠬᠤᠭᠤᠴᠠᠭ᠎ᠠ ᠲᠤᠭᠳᠠᠭᠠᠨ ᠨᠤᠷᠠᠭᠠᠯᠭᠠᠨ ᠠᠷᠢᠯᠠᠭᠠᠭᠤᠯᠵᠦ᠂ ᠭᠠᠵᠠᠷ ᠰᠢᠷᠦᠢ ᠶᠢᠨ ᠤᠭ ᠤᠨ  ᠪᠠᠶᠢᠳᠠᠯ ᠢ ᠨᠢ ᠰᠡᠷᠬᠦᠭᠡᠯᠭᠡᠨ᠎ᠡ᠂ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠨᠡᠶᠢᠴᠡᠵᠦ  ᠪᠠᠶᠢᠪᠠᠯ᠂ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ  ᠪᠠ ᠪᠤᠰᠤᠳ ᠲᠦᠬᠦᠭᠡᠷᠦᠮᠵᠢ ᠶᠢ ᠨᠢ ᠬᠤᠷᠢᠶᠠᠨ ᠠᠪᠴᠦ᠂ ᠵᠤᠭᠤᠰ ᠢᠶᠠᠷ ᠲᠤᠷᠭᠠᠬᠤ  ᠪᠠᠷ ᠨᠡᠶᠢᠯᠡᠬᠦᠯᠦᠨ ᠰᠢᠳᠭᠡᠵᠦ  ᠪᠤᠯᠤᠨ᠎ᠠ︔ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠨᠢᠭᠡᠴᠢ ᠶᠢᠨ ᠰᠢᠭᠤᠳ ᠬᠠᠷᠢᠭᠤᠴᠠᠵᠦ  ᠪᠠᠶᠢᠭ᠎ᠠ ᠡᠷᠬᠢᠯᠡᠨ ᠬᠠᠮᠢᠶᠠᠷᠤᠭᠴᠢ ᠪᠠ ᠰᠢᠭᠤᠳ ᠬᠠᠷᠢᠭᠤᠴᠠᠯᠭ᠎ᠠ ᠲᠠᠢ  ᠪᠤᠰᠤᠳ ᠬᠦᠮᠦᠰ ᠲᠤ ᠬᠠᠤᠯᠢ ᠶᠤᠰᠤᠭᠠᠷ  ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ  ᠬᠠᠷᠢᠭᠤᠴᠠᠯᠭ᠎ᠠ ᠨᠡᠭᠡᠮᠵᠢᠯᠡᠨ᠎ᠡ᠃          ᠵᠦᠪᠰᠢᠶᠡᠷᠡᠭᠰᠡᠨ ᠲᠤᠭ᠎ᠠ ᠬᠡᠮᠵᠢᠶ᠎ᠡ ᠠᠴᠠ ᠲᠠᠪᠠᠭᠤᠯᠤᠨ ᠭᠠᠵᠠᠷ ᠰᠢᠷᠦᠢ ᠶᠢ ᠡᠵᠡᠯᠡᠨ ᠬᠡᠷᠡᠭᠯᠡᠭᠰᠡᠨ ᠪᠠᠶᠢᠪᠠᠯ᠂  ᠢᠯᠡᠭᠦᠦ ᠡᠵᠡᠯᠡᠭᠰᠡᠨ ᠭᠠᠵᠠᠷ ᠰᠢᠷᠦᠢ ᠶᠢ ᠨᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠪᠠᠷ  ᠲᠤᠭᠠᠴᠠᠵᠦ ᠰᠢᠢᠳᠪᠦᠷᠢᠯᠡᠨ᠎ᠡ᠃          ᠲᠠᠯᠠᠨ ᠲᠤᠯᠤᠳᠦᠭᠠᠷ ᠵᠦᠢᠯ  ᠬᠦᠳᠡᠭᠡ ᠲᠤᠰᠬᠤᠨ ᠤ ᠭᠠᠴᠠᠭᠠᠨ ᠤ ᠠᠷᠠᠳ ᠵᠦᠪᠰᠢᠶᠡᠷᠡᠯ ᠤᠯᠤᠭᠰᠠᠨ ᠦᠭᠡᠢ  ᠪᠤᠶᠤ ᠮᠡᠭᠡᠯᠡᠬᠦ ᠠᠷᠭ᠎ᠠ ᠪᠠᠷ ᠵᠦᠪᠰᠢᠶᠡᠷᠡᠯ ᠤᠯᠤᠭᠠᠳ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠵᠦ  ᠤᠷᠤᠨ ᠰᠠᠭᠤᠴᠠ ᠪᠠᠷᠢᠭᠰᠠᠨ ᠪᠠᠶᠢᠪᠠᠯ᠂ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ  ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ  ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠶᠢ ᠪᠤᠴᠠᠭᠠᠯᠭᠠᠵᠦ᠂ ᠬᠠᠤᠯᠢ ᠪᠤᠰᠤ ᠪᠠᠷ ᠡᠵᠡᠯᠡᠨ  ᠬᠡᠷᠡᠭᠯᠡᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ ᠪᠠᠷᠢᠭᠰᠠᠨ ᠭᠡᠷ ᠪᠠᠶᠢᠰᠢᠩ ᠢ ᠨᠢ ᠬᠤᠭᠤᠴᠠᠭ᠎ᠠ ᠲᠤᠭᠳᠠᠭᠠᠨ  ᠨᠤᠷᠠᠭᠠᠯᠭᠠᠨ ᠠᠷᠢᠯᠠᠭᠠᠭᠤᠯᠤᠨ᠎ᠠ᠃          ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠭᠰᠠᠨ ᠪᠠᠷᠢᠮᠵᠢᠶ᠎ᠡ ᠠᠴᠠ  ᠭᠡᠳᠦᠷᠡᠭᠰᠡᠨ ᠪᠠᠶᠢᠪᠠᠯ᠂ ᠢᠯᠡᠭᠦᠦ ᠡᠵᠡᠯᠡᠭᠰᠡᠨ ᠭᠠᠵᠠᠷ ᠰᠢᠷᠦᠢ ᠶᠢ ᠨᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ  ᠭᠠᠵᠠᠷ ᠰᠢᠷᠦᠢ ᠪᠠᠷ ᠲᠤᠭᠠᠴᠠᠵᠦ ᠰᠢᠢᠳᠪᠦᠷᠢᠯᠡᠨ᠎ᠡ᠃          ᠲᠠᠯᠠᠨ ᠨᠠᠢᠮᠠᠳᠦᠭᠠᠷ ᠵᠦᠢᠯ  ᠭᠠᠵᠠᠷ ᠰᠢᠷᠦᠢ ᠶᠢ ᠲᠠᠳᠠᠪᠤᠷᠢᠯᠠᠬᠤ᠂ ᠭᠠᠵᠠᠷ ᠰᠢᠷᠦᠢ ᠶᠢ ᠬᠡᠷᠡᠭᠯᠡᠬᠦ ᠶᠢ  ᠵᠦᠪᠰᠢᠶᠡᠷᠡᠬᠦ ᠡᠷᠭᠡ ᠦᠭᠡᠢ ᠨᠢᠭᠡᠴᠡ ᠪᠤᠶᠤ ᠬᠤᠪᠢ ᠬᠦᠮᠦᠨ ᠭᠠᠵᠠᠷ ᠰᠢᠷᠦᠢ ᠶᠢᠨ ᠡᠵᠡᠯᠡᠨ ᠬᠡᠷᠡᠭᠯᠡᠬᠦ ᠶᠢ ᠬᠠᠤᠯᠢ  ᠪᠤᠰᠤ ᠪᠠᠷ ᠵᠦᠪᠰᠢᠶᠡᠷᠡᠭᠰᠡᠨ ᠪᠠ ᠵᠦᠪᠰᠢᠶᠡᠷᠡᠬᠦ ᠡᠷᠭᠡ ᠮᠡᠳᠡᠯ ᠤᠨ ᠬᠡᠪᠴᠢᠶ᠎ᠡ ᠠᠴᠠ ᠪᠠᠨ ᠲᠠᠪᠠᠵᠦ᠂ ᠭᠠᠵᠠᠷ ᠰᠢᠷᠦᠢ  ᠡᠵᠡᠯᠡᠨ ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠰᠡᠨ᠂ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠳᠤ ᠲᠤᠭᠳᠠᠭᠠᠭᠰᠠᠨ ᠬᠡᠷᠡᠭᠯᠡᠯᠳᠡ ᠠᠴᠠ ᠵᠦᠷᠢᠴᠡᠨ ᠭᠠᠵᠠᠷ ᠬᠡᠷᠡᠭᠯᠡᠬᠦ ᠶᠢ ᠵᠦᠪᠰᠢᠶᠡᠷᠡᠭᠰᠡᠨ᠂  ᠡᠰᠡᠬᠦᠯ᠎ᠡ ᠭᠠᠵᠠᠷ ᠰᠢᠷᠦᠢ ᠶᠢ ᠡᠵᠡᠯᠡᠨ ᠬᠡᠷᠡᠭᠯᠡᠬᠦ᠂ ᠲᠠᠳᠠᠪᠤᠷᠢᠯᠠᠬᠤ ᠶᠢ ᠬᠠᠤᠯᠢ ᠳᠤ ᠲᠤᠭᠳᠠᠭᠠᠭᠰᠠᠨ ᠵᠢᠷᠦᠮ ᠠᠴᠠ  ᠵᠦᠷᠢᠴᠡᠨ ᠵᠦᠪᠰᠢᠶᠡᠷᠡᠭᠰᠡᠨ ᠪᠠᠶᠢᠪᠠᠯ᠂ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠨᠢ ᠬᠦᠴᠦᠨ ᠦᠭᠡᠢ ᠪᠤᠯᠤᠨ᠎ᠠ᠃  ᠭᠠᠵᠠᠷ ᠰᠢᠷᠦᠢ ᠲᠠᠳᠠᠪᠤᠷᠢᠯᠠᠬᠤ᠂ ᠭᠠᠵᠠᠷ ᠰᠢᠷᠦᠢ ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠰᠡᠨ ᠰᠢᠭᠤᠳ  ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠤᠭᠴᠢ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠰ ᠲᠤ ᠬᠠᠤᠯᠢ  ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ  ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ ᠬᠠᠤᠯᠢ ᠪᠤᠰᠤ ᠪᠠᠷ ᠵᠦᠪᠰᠢᠶᠡᠷᠡᠭᠰᠡᠨ᠂ ᠬᠡᠷᠡᠭᠯᠡᠬᠦᠯᠦᠭᠰᠡᠨ ᠭᠠᠵᠠᠷ  ᠰᠢᠷᠦᠢ ᠶᠢ ᠨᠢ ᠪᠤᠴᠠᠭᠠᠨ ᠠᠪᠬᠤ ᠬᠡᠷᠡᠭᠲᠠᠢ᠂ ᠬᠤᠯᠪᠤᠭᠳᠠᠯ ᠪᠦᠬᠦᠢ ᠲᠤᠬᠠᠢ ᠶᠢᠨ ᠬᠦᠮᠦᠨ ᠨᠢ ᠪᠤᠴᠠᠭᠠᠵᠦ ᠦᠭᠬᠦ ᠶᠢ  ᠲᠡᠪᠴᠢᠪᠡᠯ᠂ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠢᠶᠠᠷ ᠲᠤᠭᠠᠴᠠᠵᠦ ᠰᠢᠢᠳᠪᠦᠷᠢᠯᠡᠨ᠎ᠡ᠃            ᠭᠠᠵᠠᠷ ᠰᠢᠷᠦᠢ ᠲᠠᠳᠠᠪᠤᠷᠢᠯᠠᠬᠤ᠂ ᠭᠠᠵᠠᠷ ᠰᠢᠷᠦᠢ ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠡᠳ  ᠲᠤᠬᠠᠢ ᠶᠢᠨ ᠬᠦᠮᠦᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠤᠰᠤᠭᠠᠷ ᠲᠦᠯᠦᠪᠤᠷᠢ ᠶᠢᠨ  ᠬᠠᠷᠢᠭᠤᠴᠠᠯᠭ᠎ᠠ ᠡᠬᠦᠷᠭᠡᠯᠡᠬᠦ ᠬᠡᠷᠡᠭᠲᠠᠢ᠃          ᠲᠠᠯᠨ ᠶᠢᠰᠦᠳᠦᠭᠡᠷ ᠵᠦᠢᠯ  ᠭᠠᠵᠠᠷ ᠰᠢᠷᠦᠢ ᠲᠠᠳᠠᠪᠤᠷᠢᠯᠠᠭᠳᠠᠭᠰᠠᠨ ᠨᠢᠭᠡᠴᠢ ᠶᠢᠨ ᠭᠠᠵᠠᠷ ᠰᠢᠷᠦᠢ  ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠪᠠ ᠬᠤᠯᠪᠤᠭᠳᠠᠯ ᠪᠦᠬᠦᠢ ᠪᠤᠰᠤᠳ ᠰᠦᠢᠳᠭᠡᠯ ᠢ ᠡᠵᠡᠯᠡᠨ ᠬᠡᠷᠡᠭᠯᠡᠵᠦ᠂  ᠨᠡᠬᠦᠯᠭᠡᠨ ᠬᠡᠷᠡᠭᠯᠡᠭᠡᠳ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ  ᠨᠡᠭᠡᠮᠵᠢᠯᠡᠨ᠎ᠡ︔ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠦᠭᠡᠢ ᠪᠤᠯ ᠬᠠᠤᠯᠢ ᠶᠤᠰᠤᠭᠠᠷ ᠵᠠᠰᠠᠭ ᠵᠠᠬᠢᠷᠭᠠᠨ ᠤ  ᠰᠢᠳᠭᠡᠯ ᠦᠭᠬᠦᠨ᠎ᠡ᠃          ᠨᠠᠶᠠᠳᠤᠭᠠᠷ ᠵᠦᠢᠯ  ᠣᠯᠣᠰ ᠤᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠬᠠᠤᠯᠢ ᠶᠤᠰᠤᠭᠠᠷ  ᠪᠤᠴᠠᠭᠠᠵᠦ ᠠᠪᠬᠤ ᠳᠤ ᠲᠤᠬᠠᠢ ᠶᠢᠨ ᠬᠦᠮᠦᠨ ᠨᠢ ᠭᠠᠵᠠᠷ ᠰᠢᠷᠦᠢ ᠲᠤᠰᠢᠶᠠᠬᠤ ᠶᠢ ᠲᠡᠪᠴᠢᠭᠰᠡᠨ᠂ ᠭᠠᠵᠠᠷ ᠰᠢᠷᠦᠢ ᠶᠢ  ᠲᠦᠷ ᠬᠡᠷᠡᠭᠯᠡᠬᠦ ᠬᠤᠭᠤᠴᠠᠭ᠎ᠠ ᠲᠦᠬᠦᠷᠦᠭᠰᠡᠨ ᠪᠠᠶᠢᠳᠠᠯ᠎ᠠ ᠪᠤᠴᠠᠭᠠᠵᠦ ᠦᠭᠬᠦ ᠶᠢ ᠲᠡᠪᠴᠢᠭᠰᠡᠨ᠂ ᠡᠰᠡᠬᠦᠯ᠎ᠡ  ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠵᠦᠪᠰᠢᠶᠡᠷᠡᠭᠰᠡᠨ ᠬᠡᠷᠡᠭᠯᠡᠯᠳᠡ ᠶᠤᠰᠤᠭᠠᠷ ᠬᠡᠷᠡᠭᠯᠡᠭᠰᠡᠨ ᠦᠭᠡᠢ  ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ  ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠭᠠᠵᠠᠷ ᠰᠢᠷᠦᠢ ᠶᠢ ᠨᠢ  ᠪᠤᠴᠠᠭᠠᠯᠭᠠᠵᠦ᠂ ᠵᠤᠭᠤᠰ ᠢᠶᠠᠷ ᠲᠤᠷᠭᠠᠨ᠎ᠠ᠃          ᠨᠠᠶᠠᠨ ᠨᠢᠭᠡᠳᠦᠭᠡᠷ ᠵᠦᠢᠯ  ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ  ᠡᠷᠭᠡ ᠶᠢ ᠲᠤᠷ᠎ᠡ ᠪᠠᠷ ᠢᠶᠠᠨ ᠰᠢᠯᠵᠢᠬᠦᠯᠦᠨ ᠬᠤᠳᠠᠯᠳᠤᠵᠦ᠂ ᠰᠢᠯᠵᠢᠬᠦᠯᠦᠨ ᠦᠭᠴᠦ᠂ ᠡᠰᠡᠬᠦᠯ᠎ᠡ ᠲᠦᠷᠢᠶᠡᠰᠦᠯᠡᠨ  ᠭᠠᠷᠭᠠᠭᠠᠳ ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ ᠬᠡᠷᠡᠭᠯᠡᠬᠦᠯᠦᠭᠰᠡᠨ ᠪᠠᠶᠢᠪᠠᠯ᠂ ᠰᠢᠶᠠᠨ ᠤ  ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ  ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ  ᠲᠤᠭᠳᠠᠭᠠᠨ ᠵᠠᠯᠠᠷᠠᠭᠤᠯᠵᠦ᠂ ᠬᠠᠤᠯᠢ ᠠᠴᠠ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠴᠦ᠂  ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠨ᠎ᠡ᠃          ᠨᠠᠶᠠᠨ ᠬᠤᠶᠠᠳᠦᠭᠠᠷ ᠵᠦᠢᠯ  ᠲᠤᠰ ᠬᠠᠤᠯᠢ ᠶᠢᠨ ᠲᠤᠭᠳᠠᠭᠠᠯ ᠶᠤᠰᠤᠭᠠᠷ ᠭᠠᠵᠠᠷ ᠰᠢᠷᠦᠢ ᠶᠢᠨ ᠡᠷᠭᠡ ᠶᠢᠨ  ᠬᠠᠷᠢᠶᠠᠯᠠᠯ ᠪᠠ ᠬᠡᠷᠡᠭᠯᠡᠯᠳᠡ ᠶᠢ ᠬᠤᠪᠢᠷᠠᠭᠠᠬᠤ ᠲᠠᠩᠰᠠᠯᠠᠯᠳᠠ ᠬᠢᠯᠭᠡᠭᠰᠡᠨ ᠦᠭᠡᠢ ᠪᠠᠶᠢᠪᠠᠯ᠂ ᠰᠢᠶᠠᠨ ᠤ ᠱᠠᠳᠤᠨ ᠠᠴᠠ  ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ  ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠬᠢᠯᠭᠡᠨ᠎ᠡ᠃            ᠨᠠᠶᠠᠨ ᠭᠤᠷᠪᠠᠳᠦᠭᠠᠷ ᠵᠦᠢᠯ  ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ  ᠪᠠᠶᠢᠭᠤᠯᠤᠭᠰᠠᠨ ᠪᠠᠷᠢᠯᠭ᠎ᠠ ᠪᠠ ᠪᠤᠰᠤᠳ ᠲᠦᠬᠦᠭᠡᠷᠦᠮᠵᠢ ᠶᠢ ᠲᠤᠰ ᠬᠠᠤᠯᠢ ᠶᠢᠨ ᠲᠤᠭᠳᠠᠭᠠᠯ ᠶᠤᠰᠤᠭᠠᠷ  ᠬᠤᠭᠤᠴᠠᠭ᠎ᠠ ᠲᠤᠭᠳᠠᠭᠠᠨ ᠨᠤᠷᠭᠠᠨ ᠠᠷᠢᠯᠭᠠᠭᠤᠯᠬᠤ ᠪᠠᠷ ᠵᠠᠷᠯᠢᠭᠳᠠᠭᠰᠠᠨ ᠪᠠᠶᠢᠪᠠᠯ᠂ ᠪᠦᠳᠦᠭᠡᠨ ᠪᠠᠶᠢᠭᠤᠯᠬᠤ ᠨᠢᠭᠡᠴᠢ  ᠪᠤᠶᠤ ᠬᠤᠪᠢ ᠬᠦᠮᠦᠨ ᠨᠢ ᠪᠠᠷᠢᠯᠭ᠎ᠠ ᠶᠢᠨ ᠠᠵᠢᠯ ᠢᠶᠠᠨ ᠲᠡᠷᠡ ᠲᠤᠤᠷ᠎ᠡ ᠨᠢ ᠵᠤᠭᠰᠤᠭᠠᠵᠦ ᠦᠪᠡᠷᠳᠡᠭᠡᠨ ᠨᠤᠷᠭᠠᠨ  ᠠᠷᠢᠯᠭᠠᠬᠤ ᠬᠡᠷᠡᠭᠲᠠᠢ︔ ᠪᠠᠷᠢᠯᠭ᠎ᠠ ᠶᠢᠨ ᠠᠵᠢᠯ ᠢᠶᠠᠨ ᠦᠷᠬᠦᠯᠵᠢᠯᠡᠨ ᠬᠢᠵᠦ ᠪᠠᠶᠢᠪᠠᠯ᠂ ᠰᠢᠳᠭᠡᠬᠦ ᠲᠤᠭᠳᠠᠭᠠᠯ  ᠭᠠᠷᠭᠠᠭᠰᠠᠨ ᠪᠠᠶᠢᠭᠤᠯᠭ᠎ᠠ ᠬᠤᠷᠢᠭᠯᠠᠨ ᠵᠤᠭᠰᠤᠭᠠᠬᠤ ᠡᠷᠭᠡ ᠲᠠᠢ᠃ ᠪᠦᠳᠦᠭᠡᠨ ᠪᠠᠶᠢᠭᠤᠯᠬᠤ ᠨᠢᠭᠡᠴᠢ ᠪᠤᠶᠤ ᠬᠤᠪᠢ  ᠬᠦᠮᠦᠨ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠨᠤᠷᠭᠠᠨ ᠠᠷᠢᠯᠭᠠᠭᠤᠯᠬᠤ ᠵᠠᠰᠠᠭ ᠵᠠᠬᠢᠷᠭᠠᠨ ᠤ ᠰᠢᠳᠭᠡᠯ  ᠦᠭᠬᠦ ᠲᠤᠭᠳᠠᠭᠠᠯ ᠢ ᠬᠦᠯᠢᠶᠡᠬᠦ ᠦᠭᠡᠢ ᠪᠤᠯ᠂ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠨᠤᠷᠭᠠᠨ  ᠠᠷᠢᠯᠭᠠᠭᠤᠯᠬᠤ ᠲᠤᠭᠳᠠᠭᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠲᠤᠳᠤᠷ᠎ᠡ  ᠠᠷᠠᠳ ᠤᠨ ᠰᠢᠬᠦᠬᠦ ᠬᠤᠷᠢᠶᠠᠨ ᠳᠤ ᠵᠠᠭᠠᠯᠳᠤᠵᠦ ᠪᠤᠯᠤᠨ᠎ᠠ︔ ᠬᠤᠭᠤᠴᠠᠭ᠎ᠠ ᠨᠢ ᠲᠦᠬᠦᠷᠦᠭᠰᠡᠨ ᠪᠠᠶᠢᠳᠠᠯ᠎ᠠ  ᠵᠠᠭᠠᠯᠳᠣᠭᠰᠠᠨ ᠦᠭᠡᠢ ᠪᠦᠭᠡᠳ ᠦᠪᠡᠷᠳᠡᠭᠡᠨ ᠪᠠᠰᠠ ᠨᠤᠷᠭᠠᠨ ᠠᠷᠢᠯᠭᠠᠭᠰᠠᠨ ᠦᠭᠡᠢ ᠪᠠᠶᠢᠪᠠᠯ᠂ ᠰᠢᠳᠭᠡᠯ ᠦᠭᠬᠦ  ᠲᠤᠭᠳᠠᠭᠠᠯ ᠭᠠᠷᠭᠠᠭᠰᠠᠨ ᠪᠠᠶᠢᠭᠤᠯᠭ᠎ᠠ ᠨᠢ ᠬᠠᠤᠯᠢ ᠶᠤᠰᠤᠭᠠᠷ ᠠᠷᠠᠳ ᠤᠨ ᠰᠢᠬᠦᠬᠦ ᠬᠤᠷᠢᠶᠠᠨ ᠳᠤ ᠭᠤᠶᠤᠴᠢᠯᠠᠯ  ᠭᠠᠷᠭᠠᠵᠦ ᠠᠯᠪᠠᠳᠠᠨ ᠬᠦᠢᠴᠡᠳᠭᠡᠬᠦᠯᠦᠨ᠎ᠡ᠂ ᠵᠠᠷᠣᠳᠠᠯ ᠰᠦᠢᠳᠭᠡᠯ ᠢ ᠨᠢ ᠬᠠᠤᠯᠢ ᠠᠴᠠ ᠵᠦᠷᠢᠴᠡᠭᠰᠡᠳ ᠲᠠᠭᠠᠭᠠᠨ᠎ᠠ᠃          ᠨᠠᠶᠠᠨ ᠳᠦᠷᠪᠡᠳᠦᠭᠡᠷ ᠵᠦᠢᠯ  ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ  ᠮᠦᠴᠢᠷ ᠤᠨ ᠠᠵᠢᠯᠳᠠᠳ ᠡᠬᠦᠷᠭᠡ ᠲᠤᠰᠢᠶᠠᠯ ᠳᠠᠭᠠᠨ ᠣᠰᠣᠯᠳᠠᠵᠦ᠂ ᠡᠷᠭᠡ ᠲᠤᠰᠢᠶᠠᠯ ᠢᠶᠠᠨ ᠲᠤᠷ᠎ᠡ ᠪᠠᠷ ᠢᠶᠠᠨ  ᠬᠡᠷᠡᠭᠯᠡᠵᠦ᠂ ᠬᠤᠪᠢ ᠶᠢᠨ ᠨᠠᠶᠢᠷ ᠬᠠᠷᠠᠵᠦ ᠭᠡᠮ ᠬᠢᠭᠡᠳ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ  ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ︔ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠦᠭᠡᠢ ᠪᠤᠯ ᠬᠠᠤᠯᠢ  ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ᠃          ᠨᠠᠢᠮᠠᠳᠤᠭᠠᠷ ᠪᠦᠯᠦᠭ    ᠲᠠᠭᠠᠯᠳᠣᠭᠤᠯᠣᠭᠰᠠᠨ ᠲᠦᠷᠢᠮ          ᠨᠠᠶᠠᠨ ᠲᠠᠪᠤᠳᠦᠭᠠᠷ ᠵᠦᠢᠯ  ᠲᠤᠮᠳᠠᠳᠦ ᠭᠠᠳᠠᠭᠠᠳᠦ ᠶᠢᠨ ᠪᠡᠯᠡ ᠨᠡᠶᠢᠯᠡᠬᠦᠯᠦᠨ ᠡᠵᠡᠩᠨᠡᠭᠰᠡᠨ ᠠᠵᠦ ᠠᠬᠤᠶᠢᠯᠠᠯ ᠂  ᠲᠤᠮᠳᠠᠳᠦ ᠭᠠᠳᠠᠭᠠᠳᠦ ᠶᠢᠨ ᠬᠤᠷᠰᠢᠨ ᠡᠵᠡᠩᠨᠡᠭᠰᠡᠨ ᠠᠵᠦ ᠠᠬᠤᠶᠢᠯᠠᠯ᠂ ᠭᠠᠳᠠᠭᠠᠳᠦ ᠪᠡᠯᠡ ᠶᠢᠨ ᠠᠵᠦ  ᠠᠬᠤᠶᠢᠯᠠᠯ ᠤᠳ ᠭᠠᠵᠠᠷ ᠰᠢᠷᠦᠢ ᠬᠡᠷᠡᠭᠯᠡᠬᠦ ᠳᠤ ᠲᠤᠰ ᠬᠠᠤᠯᠢ ᠶᠢ ᠬᠡᠷᠡᠭᠯᠡᠨ᠎ᠡ︔ ᠬᠠᠤᠯᠢ ᠴᠠᠭᠠᠵᠠ ᠳᠤ ᠠᠰᠳᠠᠭᠠᠨ  ᠲᠤᠭᠳᠠᠭᠠᠯ ᠲᠠᠢ ᠪᠠᠶᠢᠪᠠᠯ ᠲᠡᠷᠡ ᠲᠤᠭᠳᠠᠭᠠᠯ ᠢ ᠬᠡᠷᠡᠭᠵᠢᠬᠦᠯᠦᠨ᠎ᠡ᠃        ᠨᠠᠶᠠᠨ ᠵᠢᠷᠭᠤᠳᠦᠭᠠᠷ ᠵᠦᠢᠯ  ᠲᠤᠰ ᠬᠠᠤᠯᠢ ᠶᠢ 1999 ᠤᠨ ᠤ 1 ᠰᠠᠷ᠎ᠡ ᠶᠢᠨ 1 ᠤ ᠡᠳᠦᠷ ᠠᠴᠠ ᠡᠬᠢᠯᠡᠵᠦ  ᠬᠡᠷᠡᠭᠵᠢᠬᠦᠯᠦᠨ᠎ᠡ᠃  
 
ᠢᠷᠡᠯᠲᠡ᠄ ᠤᠯᠠᠭᠠᠨᠬᠠᠳᠠ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号