ᠣᠢ ᠰᠢᠭᠤᠢ ᠶᠢᠨ ᠲᠣᠪᠴᠢᠶ᠎ᠠ 
ᠨᠡᠶᠢᠲᠡᠯᠡᠭᠰᠡᠨ ᠴᠠᠭ᠄
2015/8/20
     ᠠᠣᠬᠠᠨ ᠬᠤᠰᠢᠭᠤᠨ ᠤ ᠣᠢ ᠰᠢᠭᠤᠢ ᠶᠢᠨ ᠲᠣᠪᠴᠢᠶ᠎ᠠ ᠨᠢ 1973 ᠣᠨ ᠤ 4 ᠰᠠᠷ᠎ᠠ ᠶᠢᠨ 17 ᠤ ᠡᠳᠦᠷ ᠪᠠᠶᠢᠭᠤᠯᠤᠭᠳᠠᠵᠤ᠂ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠨ ᠬᠦᠭᠵᠢᠭᠦᠯᠬᠦ ᠬᠢᠨᠠᠨ ᠬᠠᠮᠢᠶᠠᠷᠠᠬᠤ ᠬᠠᠷᠢᠭᠤᠴᠠᠯᠭ᠎ᠠ ᠶᠢ  ᠭᠤᠣᠯᠴᠢᠯᠠᠨ  ᠡᠭᠦᠷᠭᠡᠯᠡᠬᠦ ᠵᠠᠰᠠᠭ ᠵᠠᠬᠢᠷᠭᠠᠨ ᠤ ᠴᠢᠳᠠᠪᠬᠢ ᠪᠦᠬᠦᠢ ᠰᠠᠯᠪᠤᠷᠢ  ᠪᠠᠶᠢᠵᠤ᠂  ᠰᠢᠨᠾᠦ᠋ᠢ ᠪᠠᠯᠭᠠᠰᠤᠨ ᠤ ᠰᠢᠨ᠎ᠡ ᠬᠤᠲᠠ ᠲᠣᠭᠤᠷᠢᠭ ᠲᠤ ᠪᠠᠶᠢᠷᠢᠰᠢᠵᠤ ᠪᠠᠶᠢᠨ᠎ᠠ᠃ᠭᠤᠤᠯ ᠡᠭᠦᠷᠭᠡ ᠬᠠᠷᠢᠭᠤᠴᠠᠯᠭ᠎ᠠ᠄            ︵ᠨᠢᠭᠡ︶ ᠳᠡᠭᠡᠲᠦ ᠱᠠᠲᠤᠨ ᠤ ᠤᠢ ᠰᠢᠭᠤᠢ ᠵᠢᠴᠢ ᠠᠮᠢ ᠠᠬᠤᠢ ᠶᠢᠨ ᠪᠥᠲᠦᠭᠡᠨ ᠪᠠᠶᠢᠭᠤᠯᠦᠯᠲᠠ ᠶᠢᠨ ᠲᠥᠷᠦ   ᠶᠢᠨ ᠪᠤᠳᠦᠯᠭ᠎ᠠ  ᠪᠣᠯᠤᠨ ︽ ᠪᠦᠬᠦᠲᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠣᠢ ᠰᠢᠭᠤᠢ ᠶᠢᠨ ᠬᠠᠤᠯᠢ︾ ᠵᠡᠷᠭᠡ ᠬᠠᠤᠯᠢ ᠳᠦᠷᠢᠮ᠂ ᠬᠠᠤᠯᠢ ᠳᠣᠭᠲᠠᠭᠠᠯ᠂  ᠪᠦᠬᠦ ᠬᠤᠰᠢᠭᠤᠨ ᠤ ᠣᠢ ᠰᠢᠭᠤᠢ  ᠵᠢᠴᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠣᠬᠠᠢ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ  ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ᠎ᠠ᠃        ︵ᠬᠤᠶᠠᠷ︶ ᠪᠥᠬᠦ ᠬᠤᠰᠢᠭᠤᠨ ᠤ ᠡᠯᠡᠰᠦᠷᠬᠡᠭᠵᠢᠬᠦ ᠶᠢ ᠰᠡᠷᠭᠡᠶᠢᠯᠡᠨ ᠵᠠᠰᠠᠬᠤ ᠠᠵᠢᠯ  ᠪᠠ ᠣᠶᠢᠵᠢᠭᠤᠯᠤᠨ ᠨᠣᠭᠤᠭᠠᠷᠠᠭᠤᠯᠬᠤ ᠠᠵᠢᠯ ᠢ ᠵᠤᠬᠢᠶᠠᠨ ᠪᠠᠶᠢᠭᠤᠯᠵᠤ᠂  ᠵᠣᠬᠢᠴᠠᠭᠤᠯᠵᠣ᠂ ᠵᠢᠯᠣᠭᠤᠳᠬᠤ ᠪᠠ ᠬᠢᠨᠠᠯᠲᠠ ᠲᠠᠯᠪᠢᠵᠤ᠂ ᠪᠥᠬᠦ  ᠬᠤᠰᠢᠭᠤᠨ ᠤ ᠣᠶᠢᠵᠢᠭᠤᠯᠤᠨ ᠨᠣᠭᠤᠭᠠᠷᠠᠭᠤᠯᠬᠤ  ᠠᠵᠢᠯ ᠤᠨ ᠵᠢᠯᠤᠭᠤᠳᠬᠤ ᠴᠢᠨᠠᠷᠲᠠᠢ ᠲᠥᠯᠥᠪᠯᠡᠭᠡ ᠶᠢ ᠳᠣᠭᠲᠠᠭᠠᠨ᠎ᠠ᠃      ︵ᠭᠤᠷᠪᠠ︶ ᠪᠥᠬᠦ ᠬᠤᠰᠢᠭᠤᠨ ᠤ ᠣᠢ ᠰᠢᠭᠤᠢ ᠵᠢᠴᠢ ᠠᠮᠢ ᠠᠬᠤᠢ ᠶᠢᠨ ᠪᠥᠲᠦᠭᠡᠨ ᠪᠠᠶᠢᠭᠤᠯᠣᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ᠂ ᠪᠣᠯᠪᠠᠰᠤᠷᠠᠯ ᠪᠠ ᠭᠠᠳᠠᠭᠠᠳᠤ ᠶᠠᠪᠤᠳᠠᠯ ᠤᠨ ᠠᠵᠢᠯ ᠢ  ᠵᠣᠬᠢᠶᠠᠨ ᠪᠠᠶᠢᠭᠤᠯᠣᠨ ᠵᠢᠯᠣᠭᠤᠳᠣᠨ᠎ᠠ︔ ᠪᠥᠬᠦ  ᠬᠤᠰᠢᠭᠤᠨ ᠤ ᠣᠢ ᠰᠢᠭᠤᠢ ᠶᠢᠨ ᠡᠩᠨᠡᠭᠡ ᠶᠢᠨ ᠪᠠᠶᠢᠭᠤᠯᠣᠯᠲᠠ ᠶᠢ  ᠵᠢᠯᠣᠭᠤᠳᠣᠨ᠎ᠠ᠃              ︵ᠳᠦᠷᠪᠡ︶ ᠪᠥᠬᠦ ᠬᠤᠰᠢᠭᠤᠨ ᠤ ᠤᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠬᠤ ᠬᠥᠭᠵᠢᠭᠦᠯᠬᠦ ᠬᠢᠨᠠᠨ  ᠬᠠᠮᠢᠶᠠᠷᠬᠤ  ᠬᠠᠷᠢᠭᠤᠴᠠᠯᠭ᠎ᠠ ᠶᠢ ᠡᠭᠦᠷᠭᠡᠯᠡᠵᠤ᠂ ᠤᠶᠢᠳᠤ ᠭᠠᠵᠠᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ  ᠲᠣᠭᠤᠷᠪᠢᠨ ᠲᠣᠭᠲᠠᠭᠠᠬᠤ ᠶᠢᠨ ᠬᠠᠮᠲᠤ ᠵᠢᠯᠤᠭᠤᠳᠤᠨ ᠬᠡᠷᠡᠭᠵᠢᠭᠦᠯᠦᠨ᠎ᠡ︔ ᠪᠥᠬᠦ  ᠬᠤᠰᠢᠭᠤᠨ ᠤ ᠤᠢ ᠰᠢᠭᠤᠢ ᠶᠢ  ᠤᠭᠲᠤᠯᠬᠤ ᠲᠤᠭ᠎ᠠ ᠬᠢᠵᠠᠭᠠᠷ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠤᠢ  ᠮᠣᠳᠤ ᠶᠢ ᠬᠡᠷᠡᠴᠢ ᠪᠠᠷᠢᠮᠲᠠ ᠲᠠᠢ ᠪᠠᠷ ᠤᠭᠲᠤᠯᠬᠤ᠂ ᠲᠡᠭᠡᠭᠡᠪᠦᠷᠢᠯᠡᠬᠦ ᠶᠢ ᠬᠢᠨᠠᠨ ᠪᠠᠶᠢᠴᠠᠭᠠᠵᠤ᠂ ᠣᠶᠢᠲᠤ ᠭᠠᠵᠠᠷ᠂  ᠤᠢ ᠮᠤᠳᠤᠨ ᠤ ᠡᠷᠬᠡ ᠶᠢᠨ ᠬᠠᠮᠢᠶᠠᠷᠤᠯᠲᠠ ᠶᠢ ᠵᠤᠬᠢᠶᠠᠨ ᠪᠠᠶᠢᠭᠤᠯᠬᠤ ᠪᠠ ᠵᠢᠯᠤᠭᠤᠳᠤᠨ᠎ᠠ︔ ᠤᠢ ᠮᠣᠳᠣᠨ ᠤ  ᠡᠷᠬᠡ ᠶᠢᠨ ᠳᠠᠩᠰᠠᠯᠠᠨ ᠲᠡᠮᠳᠡᠭᠯᠡᠬᠦ᠂ ᠦᠨᠡᠮᠯᠡᠯ ᠣᠯᠭᠤᠬᠤ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠥᠬᠦ  ᠬᠤᠰᠢᠭᠤᠨ ᠤ ᠤᠢ ᠰᠢᠭᠤᠢ ᠶᠢᠨ ᠡᠬᠢ ᠪᠠᠶᠠᠯᠢᠭ᠂  ᠡᠬᠡ ᠬᠭᠤᠷᠠᠢ ᠶᠢᠨ ᠬᠡᠬᠡᠷ᠎ᠡ ᠶᠢᠨ ᠠᠮᠢᠲᠠᠨ ᠤᠷᠭᠤᠮᠠᠯ  ᠤᠨ ᠡᠬᠢ ᠪᠠᠶᠠᠯᠢᠭ ᠤᠨ ᠬᠠᠮᠠᠭᠠᠯᠠᠯᠲᠠ᠂ ᠬᠦᠭᠵᠢᠯᠲᠡ᠂ ᠠᠰᠢᠭᠯᠠᠯᠲᠠ  ᠪᠣᠯᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠤᠨ ᠤ ᠬᠠᠮᠢᠶᠠᠷᠤᠯᠲᠠ ᠶᠢᠨ ᠣᠷᠤᠨ ᠤ ᠠᠵᠢᠯ ᠤᠨ ᠬᠢᠨᠠᠨ  ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ᠃      ︵ ᠲᠠᠪᠤ︶ ᠪᠥᠬᠦ  ᠬᠤᠰᠢᠭᠤᠨ ᠤ ᠣᠢ ᠰᠢᠭᠤᠢ ᠨᠣᠳᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠵᠣᠬᠢᠶᠠᠨ  ᠪᠠᠶᠢᠭᠤᠯᠬᠤ᠂ ᠵᠣᠬᠢᠴᠠᠭᠤᠯᠬᠤ᠂ ᠵᠢᠯᠤᠭᠤᠳᠬᠤ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠡᠭᠦᠷᠭᠡᠯᠡᠵᠦ ᠂ ᠣᠢ  ᠰᠢᠭᠤᠢ ᠶᠢᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠪᠣᠯᠣᠨ ᠲᠣᠰᠬᠠᠢ ᠭᠠᠯ ᠣᠨᠲᠠᠷᠠᠭᠠᠬᠤ ᠡᠩᠨᠡᠭᠡ ᠶᠢᠨ ᠭᠠᠯ  ᠰᠡᠷᠭᠡᠶᠢᠯᠡᠨ ᠣᠨᠲᠠᠷᠠᠭᠠᠬᠤ ᠠᠵᠢᠯ ᠢ ᠵᠣᠬᠢᠶᠠᠨ ᠪᠠᠶᠢᠭᠤᠯᠤᠨ ᠵᠤᠬᠢᠴᠠᠭᠤᠯᠬᠤ ᠪᠠ ᠵᠢᠯᠣᠭᠤᠳᠣᠨ᠎ᠠ︔  ᠬᠤᠰᠢᠭᠤᠨ ᠤ ᠣᠢ ᠰᠢᠭᠤᠢ ᠨᠣᠳᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ ᠤᠨ  ᠪᠣᠲᠠᠲᠠᠢ ᠠᠵᠢᠯ ᠢ ᠡᠭᠦᠷᠭᠡᠯᠡᠵᠦ᠂ ᠣᠢ ᠰᠢᠭᠤᠢ ᠶᠢᠨ  ᠵᠠᠰᠠᠭ ᠵᠠᠬᠢᠷᠭᠠᠨ ᠤ ᠬᠠᠦᠯᠢ ᠬᠡᠷᠡᠭᠵᠢᠭᠦᠯᠬᠦ ᠶᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ︔ ᠪᠥᠬᠦ  ᠬᠤᠰᠢᠭᠤᠨ ᠤ ᠣᠢ ᠰᠢᠭᠤᠢ ᠶᠢᠨ ᠲᠣᠲᠣᠭᠠᠳᠣ ᠶᠢ ᠬᠠᠮᠠᠭᠠᠯᠠᠬᠤ  ᠠᠵᠢᠯ ᠢ ᠵᠢᠯᠤᠭᠤᠳᠴᠤ᠂ ᠣᠢ ᠰᠢᠭᠤᠢ ᠶᠢᠨ ᠲᠣᠲᠣᠭᠠᠳᠣ ᠶᠢ ᠬᠠᠮᠠᠭᠠᠯᠠᠬᠤ ᠡᠩᠨᠡᠭᠡ ᠶᠢ ᠬᠢᠨᠠᠨ ᠬᠠᠮᠢᠶᠠᠷᠴᠤ᠂ ᠪᠥᠬᠦ  ᠬᠤᠰᠢᠭᠤᠨ ᠤ ᠣᠢ ᠰᠢᠭᠤᠢ ᠶᠢᠨ ᠬᠥᠨᠳᠣ ᠶᠡᠭᠡ ᠬᠠᠦᠯᠢ ᠠᠴᠠ ᠵᠦᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ  ᠠᠵᠢᠯ ᠢ ᠵᠢᠯᠤᠭᠤᠳᠤᠨ᠎ᠠ︔ ᠣᠢ ᠰᠢᠭᠤᠢ ᠶᠢᠨ ᠬᠤᠣᠷ ᠬᠥᠨᠦᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ᠂  ᠬᠢᠵᠢᠭ ᠪᠠᠶᠢᠴᠠᠭᠠᠬᠤ ᠠᠵᠢᠯ ᠢ ᠵᠢᠯᠤᠭᠤᠳᠤᠨ᠎ᠠ᠃          ︵ ᠵᠢᠷᠭᠤᠭ᠎ᠠ︶ ᠤᠯᠤᠰ ᠤᠨ  ᠥᠮᠴᠢᠯᠡᠯ ᠤᠨ ᠣᠢ ᠰᠢᠭᠤᠢ ᠶᠢᠨ  ᠡᠬᠢ  ᠪᠠᠶᠠᠯᠢᠭ ᠢ ᠬᠢᠨᠠᠨ ᠬᠠᠮᠢᠶᠠᠷᠴᠤ᠂ ᠬᠤᠯᠪᠤᠭᠳᠠᠯ ᠪᠥᠬᠦᠢ ᠲᠣᠭᠲᠠᠭᠠᠯ  ᠶᠣᠰᠤᠭᠠᠷ ᠭᠤᠣᠯᠳᠠᠯᠭ᠎ᠠ ᠲᠠᠢ ᠣᠢ ᠰᠢᠭᠤᠢ ᠶᠢᠨ ᠪᠥᠲᠦᠭᠡᠨ ᠪᠠᠶᠢᠭᠤᠯᠣᠯᠲᠠ ᠶᠢᠨ ᠲᠥᠷᠥᠯ ᠵᠦᠢᠯ ᠤᠳ ᠢ ᠬᠢᠨᠠᠨ  ᠬᠠᠷᠭᠤᠭᠤᠯᠤᠨ᠎ᠠ︔ ᠪᠥᠬᠦ ᠬᠤᠰᠢᠭᠤᠨ ᠤ ᠣᠢ ᠰᠢᠭᠤᠢ ᠶᠢᠨ ᠠᠵᠤ ᠠᠬᠤᠢ ᠶᠢᠨ ᠲᠣᠬᠢᠷᠠᠭᠤᠯᠭ᠎ᠠ ᠪᠠ ᠣᠢ ᠰᠢᠭᠤᠢ ᠶᠢᠨ  ᠪᠡᠯᠡ ᠣᠷᠤᠭᠤᠯᠤᠯᠲᠠ ᠶᠢᠨ ᠲᠥᠷᠥ ᠶᠢᠨ ᠪᠣᠳᠤᠯᠭ᠎ᠠ ᠶᠢ ᠲᠣᠭᠤᠷᠪᠢᠨ ᠲᠣᠭᠲᠠᠭᠠᠬᠤ ᠳᠤ ᠣᠷᠣᠯᠴᠠᠵᠤ᠂ ᠪᠥᠬᠦ  ᠬᠤᠰᠢᠭᠤᠨ ᠤ ᠣᠢ ᠰᠢᠭᠤᠢ ᠵᠢᠴᠢ ᠠᠮᠢ ᠠᠬᠤᠢ ᠶᠢᠨ ᠪᠥᠲᠦᠭᠡᠨ ᠪᠠᠶᠢᠭᠤᠯᠣᠯᠲᠠ ᠶᠢᠨ ᠠᠮᠢ ᠠᠬᠤᠢ ᠶᠢᠨ ᠨᠥᠬᠦᠪᠦᠷᠢ ᠶᠢᠨ ᠳᠦᠷᠢᠮ ᠪᠠᠶᠢᠭᠤᠯᠬᠤ ᠪᠠ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠤ ᠵᠢᠯᠤᠭᠤᠳᠤᠨ᠎ᠠ︔ ᠰᠠᠯᠠᠭ᠎ᠠ  ᠮᠦᠴᠢᠷ ᠤᠨ ᠲᠦᠰᠤᠪ ᠢ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠣᠨ ᠬᠡᠷᠡᠭᠵᠢᠭᠦᠯᠦᠨ᠎ᠡ︔              ︵ᠲᠤᠯᠤᠭ᠎ᠠ︶  ᠪᠦᠬᠦ ᠬᠤᠰᠢᠭᠤᠨ ᠤ ᠣᠢ ᠰᠢᠭᠤᠢ ᠶᠢᠨ ᠠᠵᠤ ᠠᠬᠤᠢ ᠶᠢᠨ ᠲᠣᠬᠢᠷᠠᠭᠤᠯᠭ᠎ᠠ ᠪᠠ ᠣᠢ  ᠰᠢᠭᠤᠢ ᠶᠢᠨ  ᠪᠡᠯᠡ ᠣᠷᠤᠭᠤᠯᠤᠯᠲᠠ ᠶᠢᠨ ᠲᠥᠷᠥ ᠶᠢᠨ ᠪᠣᠳᠤᠯᠭ᠎ᠠ ᠶᠢ ᠲᠣᠭᠤᠷᠪᠢᠨ ᠲᠣᠭᠲᠠᠭᠠᠬᠤ ᠳᠤ ᠣᠷᠣᠯᠴᠠᠵᠤ᠂ ᠪᠥᠬᠦ  ᠬᠤᠰᠢᠭᠤᠨ ᠤ ᠣᠢ ᠰᠢᠭᠤᠢ ᠵᠢᠴᠢ ᠠᠮᠢ ᠠᠬᠤᠢ ᠶᠢᠨ ᠪᠥᠲᠦᠭᠡᠨ ᠪᠠᠶᠢᠭᠤᠯᠣᠯᠲᠠ ᠶᠢᠨ ᠠᠮᠢ ᠠᠬᠤᠢ ᠶᠢᠨ  ᠨᠥᠬᠦᠪᠦᠷᠢ ᠶᠢᠨ ᠳᠦᠷᠢᠮ ᠪᠠᠶᠢᠭᠤᠯᠬᠤ ᠪᠠ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠤ ᠵᠢᠯᠤᠭᠤᠳᠤᠨ᠎ᠠ︔ ᠰᠠᠯᠠᠭ᠎ᠠ  ᠮᠦᠴᠢᠷ ᠤᠨ ᠲᠦᠰᠤᠪ ᠢ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠣᠨ ᠬᠡᠷᠡᠭᠵᠢᠭᠦᠯᠦᠨ᠎ᠡ︔  ᠪᠦᠬᠦ ᠬᠤᠰᠢᠭᠤᠨ ᠤ ᠳᠠᠰ ᠤᠨ ᠣᠢ ᠰᠢᠭᠤᠢ ᠶᠢᠨ ᠪᠡᠯᠡ ᠮᠥᠩᠭᠦ ᠶᠢ ᠬᠠᠮᠢᠶᠠᠷᠴᠤ᠂ ᠪᠥᠬᠦ  ᠬᠤᠰᠢᠭᠤᠨ ᠤ ᠣᠢ  ᠰᠢᠭᠤᠢ ᠶᠢᠨ ᠪᠡᠯᠡ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠳᠤ ᠬᠢᠨᠠᠯᠲᠠ  ᠲᠠᠯᠪᠢᠨ ᠬᠠᠷᠢᠭᠤᠴᠠᠨ᠎ᠠ᠃      ︵ ᠨᠠᠢᠮᠠ︶  ᠬᠤᠰᠢᠭᠤᠨ ᠤ ᠠᠷᠠᠳ ᠤᠨ ᠵᠠᠰᠠᠭ ᠤᠨ ᠣᠷᠳᠣᠨ  ᠪᠠ ᠳᠡᠭᠡᠲᠦ ᠱᠠᠲᠤᠨ ᠠᠴᠠ  ᠬᠦᠢᠴᠡᠳᠭᠡᠯᠭᠡᠬᠦ ᠪᠠᠷ ᠲᠤᠰᠢᠶᠠᠭᠰᠠᠨ ᠪᠣᠰᠤᠳ ᠬᠡᠷᠡᠭ ᠶᠠᠪᠤᠳᠠᠯ ᠢ ᠳᠠᠭᠠᠭᠠᠨ ᠭᠦᠢᠴᠡᠳᠭᠡᠨ᠎ᠡ᠃      ᠪᠦᠬᠦ ᠬᠤᠰᠢᠭᠤᠨ ᠤ ᠶᠡᠷᠥᠩᠬᠡᠢ ᠨᠣᠲᠤᠭ ᠳᠡᠪᠢᠰᠭᠡᠷ ᠤᠨ ᠲᠠᠯᠠᠪᠠᠢ 1245 ᠲᠦᠮᠡᠨ ᠮᠦ ᠪᠠᠶᠢᠵᠤ᠂ ᠡᠭᠦᠨ ᠳᠤ ᠣᠶᠢᠲᠤ ᠭᠠᠵᠠᠷ ᠤᠨ ᠬᠡᠷᠡᠭᠯᠡᠭᠡᠨ ᠤ ᠲᠠᠯᠠᠪᠠᠢ ᠨᠢ 600 ᠲᠦᠮᠡᠨ ᠮᠦ ᠪᠠᠶᠢᠨ᠎ᠠ᠃ ᠳᠡᠭᠡᠷ᠎ᠡ ᠵᠠᠭᠤᠨ ᠤ ᠳᠠᠯᠠᠭᠠᠳ ᠣᠨ ᠠᠴᠠ ᠡᠬᠢᠯᠡᠨ᠂ ᠲᠣᠰ  ᠣᠷᠤᠨ ᠤ ᠠᠷᠠᠳ ᠲᠦᠮᠡᠨ ᠤ ᠰᠢᠷᠭᠠᠭᠤ ᠬᠠᠲᠠᠭᠤᠵᠢᠯᠲᠠᠢ  ᠴᠢᠷᠮᠠᠶᠢᠯᠭ᠎ᠠ ᠶᠢᠨ ᠳᠣᠣᠷ᠎ᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠬᠦᠭᠵᠢᠭᠦᠯᠵᠦ ᠲᠤᠶᠢᠯ ᠤᠨ ᠶᠡᠭᠡ ᠠᠮᠵᠢᠯᠲᠠ ᠣᠯᠣᠭᠰᠠᠨ ᠪᠠᠶᠢᠨ᠎ᠠ᠃ ᠣᠳᠣ  ᠪᠦᠬᠦ ᠬᠤᠰᠢᠭᠤᠨ ᠤ ᠣᠶᠢᠲᠤ ᠭᠠᠵᠠᠷ ᠤᠨ ᠲᠠᠯᠠᠪᠠᠢ 561 ᠲᠦᠮᠡᠨ ᠮᠦ ᠳᠤ ᠬᠦᠷᠴᠦ᠂ ᠪᠦᠬᠦ ᠭᠠᠵᠠᠷ ᠨᠤᠲᠤᠭ ᠤᠨ ᠲᠠᠯᠠᠪᠠᠢ ᠶᠢᠨ 45% ᠢ ᠡᠵᠡᠯᠡᠵᠦ᠂ ᠣᠢ ᠰᠢᠭᠤᠢ ᠶᠢᠨ ᠪᠦᠷᠬᠦᠴᠡ ᠶᠢᠨ ᠬᠡᠮᠵᠢᠶ᠎ᠡ ᠨᠢ 42.73% ᠳᠤ ᠬᠦᠷᠪᠡ᠃ ᠪᠦᠬᠦ ᠬᠤᠰᠢᠭᠤᠨ ᠤ ᠣᠢ ᠰᠢᠭᠤᠢ ᠶᠢᠨ ᠦᠢᠯᠡᠰ ᠤᠨ ᠦᠢᠯᠡᠳᠭᠦᠨ ᠤ ᠦᠷᠲᠡᠭ 3.4 ᠳ᠋ᠥᠩᠰᠢᠭᠤᠷ ᠲᠤ ᠬᠦᠷᠴᠦ  ︔ ᠪᠦᠬᠦ ᠬᠤᠰᠢᠭᠤᠨ ᠳᠤ 616 ᠲᠦᠮᠡᠨ ᠪᠣᠰᠤᠭ᠎ᠠ ᠲᠦᠷᠪᠡᠯᠵᠢᠨ ᠮᠧᠲᠷ᠂ ᠬᠥᠮᠦᠨ ᠪᠦᠷᠢ ᠶᠢᠨ ᠲᠡᠭᠰᠢᠳᠭᠡᠯ 10.3 ᠪᠣᠰᠤᠭ᠎ᠠ ᠳᠦᠷᠪᠡᠯᠵᠢᠨ ᠮᠧᠲᠷ︔ ᠣᠢ ᠰᠢᠭᠤᠢ ᠶᠢᠨ ᠦᠢᠯᠡᠰ ᠤᠨ ᠶᠡᠷᠥᠩᠬᠡᠢ ᠥᠷᠲᠡᠭ 122.3 ᠳ᠋ᠥᠩᠰᠢᠭᠤᠷ ᠬᠦᠷᠪᠡ᠃      ᠠᠣᠬᠠᠨ ᠬᠤᠰᠢᠭᠤ ᠨᠢ ᠤᠷᠢᠳ ᠬᠤᠵᠢᠳ ᠣᠢ ᠰᠢᠭᠤᠢ ᠶᠢᠨ ᠬᠠᠮᠠᠭᠠᠯᠠᠯᠲᠠ ᠶᠢᠨ ᠰᠢᠰᠲ᠋ᠧᠮ ᠤᠨ ᠨᠢᠭᠡ᠂ ᠬᠤᠶᠠᠷ᠂  ᠭᠤᠷᠪᠠᠳᠤᠭᠠᠷ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ  ᠨᠢᠭᠡᠴᠡ᠂ ᠪᠦᠬᠦ ᠤᠯᠤᠰ ᠤᠨ ᠡᠯᠡᠰᠦᠷᠬᠡᠭᠵᠢᠯ ᠢ ᠵᠠᠰᠠᠬᠤ ᠲᠡᠷᠢᠭᠦᠨ ᠨᠢᠭᠡᠴᠡ ᠵᠡᠷᠭᠡ ᠣᠯᠠᠨ ᠠᠷᠪᠢᠨ ᠢᠷᠠᠭᠤ ᠠᠯᠳᠠᠷ ᠣᠯᠭᠤᠭᠰᠠᠨ ᠪᠠᠶᠢᠨ᠎ᠠ᠃    
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号