ᠵᠠᠬᠢᠳᠠᠯ  ᠰᠣᠷᠪᠤᠯᠵᠢᠯᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2015/8/20
ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶  ᠣᠯᠠᠨ ᠲᠦᠮᠡᠨ ᠤ ᠢᠷᠡᠭᠦᠯᠥᠭᠰᠡᠨ ᠵᠠᠬᠢᠳᠠᠯ᠂ ᠢᠷᠡᠭᠦᠯᠥᠭᠰᠡᠨ ᠳ᠋ᠢᠶᠠᠩᠬᠤᠸᠠ᠂  ᠰᠤᠷᠪᠤᠯᠵᠢᠯᠠᠯ ᠳᠤ ᠲᠤᠷᠠᠳᠤᠭᠰᠠᠨ ᠴᠢᠬᠤᠯᠠ ᠰᠠᠨᠠᠭᠤᠯᠭ᠎ᠠ᠂ ᠰᠠᠨᠠᠯ ᠪᠠ ᠠᠰᠠᠭᠤᠳᠠᠯ ᠢ  ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠬᠢᠭᠡᠳ ᠤᠳᠤᠷᠢᠳᠬᠤ ᠨᠦᠬᠦᠳ ᠲᠤ ᠲᠤᠰᠬᠠᠬᠤ ᠶᠢ  ᠬᠠᠷᠢᠭᠤᠴᠠᠨ᠎ᠠ︔      ︵ᠬᠤᠶᠠᠷ︶  ᠪᠦᠬᠦ  ᠬᠤᠰᠢᠭᠤ ᠪᠣᠯᠤᠨ ᠳᠡᠭᠡᠲᠦ ᠱᠠᠲᠤᠨ ᠤ  ᠠᠷᠠᠳ ᠤᠨ ᠵᠠᠰᠠᠭ ᠤᠨ ᠣᠷᠳᠤᠨ ᠤ  ᠵᠠᠬᠢᠳᠠᠯ ᠰᠤᠷᠪᠤᠯᠵᠢᠯᠠᠯ ᠤᠨ  ᠵᠤᠶᠢᠯᠡᠰ ᠢ  ᠬᠠᠮᠢᠶ᠎ᠠ ᠪᠦᠬᠦᠢ ᠰᠠᠯᠠᠭ᠎ᠠ ᠮᠦᠴᠢᠷ ᠲᠤ ᠰᠢᠯᠵᠢᠬᠦᠯᠦᠨ ᠭᠦᠢᠴᠡᠳᠭᠡᠯᠭᠡᠬᠦ᠂ ᠲᠤᠰᠢᠶᠠᠨ  ᠭᠦᠢᠴᠡᠳᠭᠡᠯᠭᠡᠬᠦ ᠶᠢ ᠬᠠᠷᠢᠭᠤᠴᠠᠵᠤ᠂ ᠴᠢᠬᠤᠯᠠ ᠵᠠᠬᠢᠳᠠᠯ ᠰᠤᠷᠪᠤᠯᠵᠢᠯᠠᠯ ᠤᠨ  ᠵᠦᠢᠯᠡᠰ ᠢ ᠰᠢᠢᠳᠪᠦᠷᠢᠯᠡᠭᠰᠡᠨ ᠪᠠ  ᠨᠡᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠰᠢᠢᠳᠪᠦᠷᠢᠯᠡᠬᠦ ᠶᠢ ᠬᠠᠷᠢᠭᠤᠴᠠᠨ᠎ᠠ᠃      ︵ᠭᠤᠷᠪᠠ︶ ᠭᠤᠣᠯᠳᠠᠯᠭ᠎ᠠ ᠲᠠᠢ ᠵᠠᠬᠢᠳᠠᠯ  ᠰᠣᠷᠪᠤᠯᠵᠢᠯᠠᠯ ᠤᠨ  ᠠᠵᠢᠯ ᠢ ᠵᠣᠬᠢᠴᠠᠭᠤᠯᠤᠨ ᠰᠢᠢᠳᠪᠦᠷᠢᠯᠡᠨ᠎ᠡ  ᠃ ᠤᠷᠤᠨ ᠨᠤᠳᠤᠭ ᠪᠠ ᠰᠠᠯᠠᠭ᠎ᠠ ᠮᠦᠴᠢᠷ ᠤᠨ ᠵᠠᠬᠢᠳᠠᠯ  ᠰᠤᠷᠪᠤᠯᠵᠢᠯᠠᠯ ᠤᠨ ᠲᠤᠪᠤᠶᠢᠮ᠎ᠠ ᠠᠰᠠᠭᠤᠳᠠᠯ ᠬᠢᠭᠡᠳ ᠪᠦᠯᠥᠭᠯᠡᠯ ᠴᠢᠨᠠᠷᠳᠡᠢ ᠬᠡᠷᠡᠭ ᠢ ᠰᠢᠢᠳᠪᠦᠷᠢᠯᠡᠬᠦ ᠠᠵᠢᠯ ᠢ  ᠶᠡᠷᠦᠩᠭᠡᠶᠢᠯᠡᠨ ᠵᠠᠳᠠᠯᠵᠤ᠂ ᠵᠤᠬᠢᠶᠠᠨ ᠪᠠᠶᠢᠭᠤᠯᠤᠨ ᠵᠤᠬᠢᠴᠠᠭᠤᠯᠵᠤ᠂ ᠰᠢᠮᠳᠠᠭᠤᠯᠤᠨ ᠪᠠᠶᠢᠴᠠᠭᠠᠵᠤ᠂ ᠠᠮᠵᠢᠯᠳᠠ  ᠤᠯᠤᠭᠰᠠᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠭᠦᠨᠵᠡᠭᠡᠢ  ᠦᠷᠨᠢᠬᠦ ᠶᠢ ᠲᠦᠯᠬᠢᠨ ᠠᠬᠢᠭᠤᠯᠤᠨ᠎ᠠ᠃      ︵ᠳᠦᠷᠪᠡ︶ ᠬᠤᠰᠢᠭᠤᠨ ᠤ ᠤᠳᠤᠷᠢᠳᠬᠤ ᠨᠦᠬᠦᠳ ᠤᠨ ᠲᠤᠰᠢᠶᠠᠨ ᠭᠦᠢᠴᠡᠳᠭᠡᠯᠭᠡᠬᠦ  ᠵᠠᠬᠢᠳᠠᠯ ᠰᠤᠷᠪᠤᠯᠵᠢᠯᠠᠯ ᠤᠨ ᠵᠦᠢᠯᠡᠰ ᠢ ᠵᠤᠬᠢᠴᠠᠭᠤᠯᠬᠤ᠂ ᠬᠢᠨᠠᠨ ᠵᠢᠯᠤᠭᠤᠳᠬᠤ᠂ ᠭᠦᠢᠴᠡᠳᠭᠡᠬᠦ ᠠᠵᠢᠯ ᠢ  ᠬᠠᠷᠢᠭᠤᠴᠠᠬᠤ ᠶᠢᠨ ᠬᠠᠮᠳᠤ ᠨᠡᠶᠢᠳᠠᠪᠤᠷᠢᠵᠢᠭᠤᠯᠬᠤ ᠶᠢ ᠰᠠᠶᠢᠳᠦᠷ ᠠᠳᠬᠤᠨ᠎ᠠ︔      ︵ᠲᠠᠪᠤ︶ ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠠᠵᠢᠯ  ᠢ ᠵᠤᠬᠢᠴᠠᠭᠤᠯᠤᠨ ᠵᠢᠯᠤᠭᠤᠳᠬᠤ ᠶᠢ  ᠬᠠᠷᠢᠭᠤᠴᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠬᠠᠢ ᠲᠦᠷᠦ ᠶᠢᠨ ᠪᠤᠳᠤᠯᠭ᠎ᠠ ᠶᠢ ᠰᠤᠳᠤᠯᠤᠨ᠂  ᠲᠤᠭᠤᠷᠪᠢᠵᠤ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ  ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠢ ᠬᠠᠯᠠᠨ ᠰᠠᠶᠢᠵᠢᠷᠠᠭᠤᠯᠵᠤ  ᠴᠢᠩᠭᠠᠳᠬᠠᠬᠤ ᠰᠠᠨᠠᠯ ᠪᠠ ᠰᠠᠨᠠᠭᠤᠯᠭ᠎ᠠ ᠲᠤᠷᠠᠳᠤᠨ᠎ᠠ᠃      ︵ᠵᠢᠷᠭᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ  ᠡᠯ᠎ᠡ ᠰᠠᠯᠠᠭ᠎ᠠ ᠮᠦᠴᠢᠷ᠂ ᠠᠷᠠᠳ ᠤᠨ ᠪᠦᠯᠬᠦᠮ ᠬᠢᠭᠡᠳ ᠡᠯ᠎ᠡ  ᠭᠠᠵᠠᠷ ᠣᠷᠤᠨ ᠤ ᠵᠠᠬᠢᠳᠠᠯ ᠰᠤᠷᠪᠤᠯᠵᠢᠯᠠᠯ ᠤᠨ  ᠠᠵᠢᠯ ᠢ ᠵᠢᠯᠤᠭᠤᠳᠬᠤ ᠶᠢ ᠬᠠᠷᠢᠭᠤᠴᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号