ᠲᠤᠭ᠎ᠠ ᠪᠦᠷᠢᠳᠭᠡᠯ ᠤᠨ ᠲᠣᠪᠴᠢᠶ᠎ᠠ
ᠨᠡᠶᠢᠲᠡᠯᠡᠭᠰᠡᠨ ᠴᠠᠭ᠄
2015/8/25
ᠭᠤᠤᠯ ᠡᠭᠦᠷᠭᠡ ᠴᠢᠳᠠᠪᠤᠷᠢ ᠪᠠ ᠡᠭᠦᠷᠭᠡ ᠬᠠᠷᠢᠭᠤᠴᠠᠯᠭ᠎ᠠ᠄      ︵ᠨᠢᠭᠡ︶ ᠤᠯᠤᠰ ᠤᠨ ᠲᠤᠭ᠎ᠠ ᠪᠦᠷᠢᠳᠭᠡᠯ ᠤᠨ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠪᠤᠯᠤᠨ  ᠬᠠᠤᠯᠢ ᠴᠠᠭᠠᠵᠠ᠂ ᠬᠠᠤᠯᠢ ᠲᠤᠭᠲᠠᠭᠠᠯ ᠢ ᠲᠤᠤᠱᠯᠠᠭᠤᠯᠤᠨ᠂ ᠬᠤᠰᠢᠭᠤᠨ ᠤ ᠲᠤᠭ᠎ᠠ  ᠪᠦᠷᠢᠳᠭᠡᠯ ᠤᠨ ᠦᠭᠡᠷᠡᠴᠢᠯᠡᠯᠲᠡ᠂ ᠲᠤᠭ᠎ᠠ ᠪᠦᠷᠢᠳᠭᠡᠯ ᠤᠨ ᠪᠠᠶᠢᠭᠤᠯᠤᠯᠲᠠ ᠶᠢᠨ  ᠲᠦᠯᠦᠪᠵᠢᠭᠦᠯᠭᠡ ᠬᠢᠭᠡᠳ  ᠲᠤᠭ᠎ᠠ ᠪᠦᠷᠢᠳᠭᠡᠯ ᠤᠨ ᠪᠠᠶᠢᠴᠠᠭᠠᠯᠲᠠ ᠶᠢᠨ ᠲᠦᠯᠦᠪᠯᠡᠭᠡ ᠶᠢ ᠲᠤᠭᠲᠠᠭᠠᠵᠤ᠂  ᠪᠦᠬᠦ ᠬᠤᠰᠢᠭᠤᠨ ᠤ ᠲᠤᠭ᠎ᠠ ᠪᠦᠷᠢᠳᠭᠡᠯ ᠤᠨ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ ᠪᠠ ᠵᠣᠬᠢᠴᠠᠭᠤᠯᠤᠨ᠂ ᠰᠠᠯᠠᠭ᠎ᠠ ᠮᠦᠴᠢᠷ ᠤᠨ ᠲᠤᠭ᠎ᠠ ᠪᠦᠷᠢᠳᠭᠡᠯ ᠳᠤ ᠬᠢᠨᠠᠯᠲᠠ ᠲᠠᠯᠪᠢᠨ ᠬᠠᠮᠢᠶᠠᠷᠤᠨ᠎ᠠ᠃ ᠤᠯᠤᠰ ᠪᠣᠯᠤᠨ ᠥᠪᠡᠷᠲᠡᠭᠡᠨ ᠵᠠᠰᠠᠬᠤ ᠣᠷᠤᠨ ᠤ ᠦᠨᠳᠦᠰᠦᠨ ᠲᠤᠭ᠎ᠠ ᠪᠦᠷᠢᠳᠭᠡᠯ ᠤᠨ ᠳᠦᠷᠢᠮ ᠢ ᠲᠤᠤᠱᠯᠠᠭᠤᠯᠤᠨ ᠬᠡᠷᠡᠭᠵᠢᠭᠦᠯᠦᠨ᠂  ᠲᠤᠭ᠎ᠠ ᠪᠦᠷᠢᠳᠭᠡᠯ ᠤᠨ  ᠬᠠᠤᠯᠢ ᠴᠠᠭᠠᠵᠠ᠂ ᠬᠠᠤᠯᠢ ᠲᠤᠭᠲᠠᠭᠠᠯ  ᠪᠣᠯᠤᠨ ᠲᠤᠭ᠎ᠠ ᠪᠦᠷᠢᠳᠭᠡᠯ ᠤᠨ ᠳᠦᠷᠢᠮ ᠢ  ᠬᠡᠷᠡᠭᠵᠢᠭᠦᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃      ︵ᠬᠤᠶᠠᠷ︶ ᠤᠯᠤᠰ ᠠᠷᠠᠳ ᠤᠨ ᠠᠵᠤ ᠠᠬᠤᠢ ᠶᠢᠨ ᠲᠤᠭᠠᠴᠠᠭ᠎ᠠ ᠬᠢᠬᠦ ᠰᠢᠰᠲ᠋ᠧᠮᠵᠢ ᠪᠤᠯᠤᠨ ᠲᠤᠭ᠎ᠠ  ᠪᠦᠷᠢᠳᠭᠡᠯ ᠤᠨ ᠬᠦᠢᠴᠡᠳᠭᠡᠬᠦ ᠲᠤᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠤ᠂ ᠪᠦᠬᠦ ᠤᠯᠤᠰ ᠤᠨ  ᠨᠢᠭᠡᠳᠤᠯᠲᠠᠢ ᠦᠨᠳᠦᠰᠦᠨ ᠲᠤᠭ᠎ᠠ ᠪᠦᠷᠢᠳᠭᠡᠯ ᠤᠨ ᠳᠦᠷᠢᠮ ᠢ ᠲᠤᠤᠱᠯᠠᠭᠤᠯᠵᠤ᠂  ᠬᠤᠰᠢᠭᠤᠨ ᠤ  ᠲᠤᠭ᠎ᠠ ᠪᠦᠷᠢᠳᠭᠡᠯ ᠤᠨ ᠲᠦᠷᠢᠮ ᠢ ᠲᠤᠭᠲᠠᠭᠠᠨ᠎ᠠ᠃  ᠬᠤᠰᠢᠭᠤᠨ ᠤ ᠲᠤᠭ᠎ᠠ ᠪᠦᠷᠢᠳᠭᠡᠯ ᠤᠨ  ᠪᠠᠷᠢᠮᠵᠢᠶ᠎ᠠ ᠶᠢ ᠲᠤᠭᠲᠠᠭᠠᠨ᠂ ᠵᠠᠰᠠᠭ ᠤᠨ ᠣᠷᠳᠤᠨ ᠬᠢᠭᠡᠳ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠲᠤᠭ᠎ᠠ ᠪᠦᠷᠢᠳᠭᠡᠯ ᠤᠨ  ᠮᠡᠳᠡᠭᠡ ᠵᠠᠩᠬᠢ ᠪᠠ ᠯᠠᠪᠯᠠᠯᠭ᠎ᠠ ᠶᠢᠨ ᠰᠠᠨᠠᠭᠤᠯᠭ᠎ᠠ ᠬᠠᠩᠭᠠᠨ᠎ᠠ᠃        ︵ᠭᠤᠷᠪᠠ︶ ᠤᠯᠤᠰ᠂ ᠥᠪᠡᠷᠲᠡᠭᠡᠨ ᠵᠠᠰᠠᠬᠤ ᠣᠷᠤᠨ ᠂ ᠬᠤᠲᠠ ᠶᠢᠨ ᠨᠡᠶᠢᠳᠡᠮ ᠪᠠᠶᠢᠴᠠᠭᠠᠯᠲᠠ ᠶᠢᠨ ᠲᠦᠰᠦᠯ ᠤᠨ ᠶᠤᠰᠤᠭᠠᠷ᠂  ᠬᠤᠰᠢᠭᠤᠨ ᠤ ᠴᠢᠬᠤᠯᠠ  ᠶᠡᠭᠡ ᠪᠠᠶᠢᠳᠠᠯ ᠪᠠ ᠬᠦᠴᠦᠨ ᠤ ᠨᠡᠶᠢᠳᠡᠮ ᠪᠠᠶᠢᠴᠠᠭᠠᠯᠲᠠ ᠶᠢᠨ ᠲᠦᠯᠦᠪᠯᠡᠭᠡ ᠶᠢ ᠰᠤᠳᠤᠯᠤᠨ ᠳᠤᠷᠠᠳᠴᠤ᠂  ᠵᠦᠪᠰᠢᠶᠡᠷᠡᠭᠦᠯᠦᠭᠡᠳ ᠵᠤᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ᠲᠤᠰ ᠬᠤᠰᠢᠭᠤᠨ ᠤ ᠲᠤᠳᠤᠭᠠᠳᠤ ᠳᠠᠬᠢ ᠡᠯ᠎ᠡ ᠲᠥᠷᠥᠯ ᠤᠨ ᠲᠤᠮᠤ  ᠬᠡᠯᠪᠡᠷᠢ ᠶᠢᠨ ᠲᠤᠰᠬᠠᠢ ᠨᠡᠶᠢᠳᠡᠮ ᠪᠠᠶᠢᠴᠠᠭᠠᠯᠲᠠ ᠶᠢᠨ ᠬᠥᠳᠡᠯᠭᠡᠭᠡᠨ ᠢ ᠵᠤᠬᠢᠶᠠᠨ ᠪᠠᠶᠢᠭᠤᠯᠤᠨ ᠭᠡᠷᠩᠵᠢᠭᠦᠯᠦᠨ᠂  ᠲᠡᠭᠡᠳᠤ ᠱᠠᠳᠤᠨ ᠤ ᠱᠠᠭᠠᠷᠳᠠᠯᠭ᠎ᠠ ᠶᠤᠰᠤᠭᠠᠷ᠂ ᠲᠤᠬᠳᠠᠮᠠᠯ ᠬᠤᠭᠤᠴᠠᠭ᠎ᠠ ᠪᠤᠯᠤᠨ ᠲᠤᠬᠳᠠᠮᠠᠯ ᠪᠤᠰᠤ ᠬᠤᠭᠤᠴᠠᠭᠠᠨ   ᠳᠤ ᠡᠯ᠎ᠡ ᠵᠤᠶᠢᠯ ᠤᠨ ᠲᠤᠭ᠎ᠠ ᠪᠥᠷᠢᠳᠭᠡᠯ ᠤᠨ ᠪᠠᠶᠢᠴᠠᠭᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃      ︵ᠳᠦᠷᠪᠡ︶ ᠪᠦᠬᠦ  ᠬᠤᠰᠢᠭᠤᠨ ᠤ ᠴᠢᠨᠠᠷᠲᠠᠢ ᠦᠨᠳᠦᠰᠦᠨ ᠲᠤᠭ᠎ᠠ ᠪᠦᠷᠢᠳᠭᠡᠯ ᠤᠨ ᠮᠠᠲ᠋ᠧᠷᠢᠶᠠᠯ ᠢ  ᠨᠢᠭᠡᠲᠤᠯᠲᠠᠢ ᠬᠠᠮᠢᠶᠠᠷᠴᠤ ᠨᠡᠶᠢᠲᠡᠯᠡᠨ᠂ ᠪᠦᠬᠦ  ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ  ᠬᠦᠭᠵᠢᠯᠲᠠ ᠶᠢᠨ ᠪᠠᠶᠢᠳᠠᠯ ᠤᠨ ᠲᠤᠭ᠎ᠠ ᠪᠦᠷᠢᠳᠭᠡᠯ ᠤᠨ ᠮᠡᠳᠡᠭᠡ ᠵᠠᠩᠭᠢ ᠶᠢ ᠲᠤᠭᠲᠠᠮᠠᠯ ᠬᠤᠭᠤᠴᠠᠭ᠎ᠠ ᠲᠠᠢ ᠪᠠᠷ  ᠨᠡᠶᠢᠭᠡᠮ ᠨᠡᠶᠢᠲᠡ ᠳᠤ ᠨᠡᠶᠢᠲᠡᠯᠡᠨ᠎ᠡ᠃      ︵ᠲᠠᠪᠤ︶  ᠬᠤᠰᠢᠭᠤᠨ ᠤ ᠲᠤᠭ᠎ᠠ ᠪᠦᠷᠢᠳᠭᠡᠯ ᠤᠨ ᠮᠡᠳᠡᠭᠡ ᠵᠠᠩᠭᠢ ᠶᠢᠨ ᠠᠦ᠋ᠲ᠋ᠤᠴᠢᠯᠠᠬᠤ  ᠰᠢᠰᠲ᠋ᠧᠮ ᠪᠤᠯᠤᠨ ᠲᠤᠭ᠎ᠠ ᠪᠦᠷᠢᠳᠭᠡᠯ ᠤᠨ ᠬᠦᠮᠦᠷᠭᠡ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠪᠠ  ᠬᠠᠮᠢᠶᠠᠷᠤᠨ᠎ᠠ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠲᠤᠭ᠎ᠠ ᠪᠦᠷᠢᠳᠭᠡᠯ ᠤᠨ ᠬᠦᠮᠦᠷᠭᠡ ᠶᠢᠨ  ᠲᠤᠤᠷ ᠰᠦᠯᠵᠢᠶᠡᠨ ᠤ ᠦᠨᠳᠦᠰᠦᠨ ᠪᠠᠷᠢᠮᠵᠢᠶ᠎ᠡ ᠪᠠ ᠠᠵᠢᠯᠯᠠᠭᠤᠯᠬᠤ ᠳᠦᠷᠢᠮ ᠢ ᠲᠤᠭᠲᠠᠭᠠᠨ᠎ᠠ᠃                    ︵ ᠵᠢᠷᠭᠤᠭ᠎ᠠ︶  ᠬᠤᠰᠢᠭᠤᠨ ᠤ ᠠᠷᠠᠳ ᠤᠨ ᠵᠠᠰᠠᠭ ᠤᠨ ᠤᠷᠳᠤᠨ ᠪᠤᠯᠤᠨ  ᠥᠪᠡᠷᠲᠡᠭᠡᠨ ᠵᠠᠰᠠᠬᠤ ᠣᠷᠤᠨ  ᠤ ᠲᠤᠰᠢᠶᠠᠭᠰᠠᠨ ᠪᠤᠰᠤᠳ ᠵᠦᠢᠯ ᠤᠨ ᠶᠠᠪᠤᠳᠠᠯ ᠢ  ᠳᠠᠭᠠᠭᠠᠨ ᠬᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号