2015 ᠣᠨ ᠤ 3 ᠳ᠋ᠤᠭᠠᠷ ᠰᠠᠷ᠎ᠠ ᠶᠢᠨ 2 ᠤ ᠡᠳᠦᠷ ᠠᠣᠬᠠᠨ ᠬᠤᠰᠢᠭᠤᠨ ᠤ | ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨᠲ᠋ᠦ᠋ᠷᠪᠡᠳᠦᠭᠡᠷ ᠤᠳᠠᠭᠠᠨ ᠤ | ᠬᠤᠷᠠᠯᠳᠤᠭᠠᠨ ᠳᠡᠭᠡᠷ᠎ᠡ | | ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠣᠷᠤᠯᠠᠭᠴᠢ ᠬᠤᠰᠢᠭᠤᠨ ᠳᠠᠷᠤᠭ᠎ᠠ ᠢᠦᠢ | ᠪᠣᠣ ᠵᠢᠶᠦ᠋ᠨ | | ᠲᠦᠯᠦᠭᠡᠯᠡᠭᠴᠢᠳ ᠡ ᠄ | ᠣᠳᠣ ᠪᠢ ᠬᠤᠰᠢᠭᠤᠨ ᠤ ᠵᠠᠰᠠᠭ ᠤᠨ ᠣᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ | ᠮᠡᠳᠡᠭᠦᠯᠦᠯᠲᠡ ᠬᠢᠶ᠎ᠡ᠂ ᠬᠢᠨᠠᠨ ᠵᠦᠪᠯᠡᠬᠦ ᠪᠣᠯᠪᠠᠤ᠂ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠵᠢᠴᠢ ᠬᠤᠷᠠᠯ ᠳᠤ | ᠰᠤᠯᠠ ᠣᠷᠤᠯᠴᠠᠭᠰᠠᠳ ᠰᠠᠨᠠᠯ ᠳᠤᠷᠠᠳᠬᠤ ᠪᠣᠯᠪᠠᠤ᠃ | ᠨᠢᠭᠡ᠂ 2014 ᠣᠨ ᠤ ᠠᠵᠢᠯ ᠤᠨ ᠡᠷᠭᠢᠴᠡᠭᠦᠯᠦᠯ | ᠨᠢᠭᠡ ᠵᠢᠯ ᠤᠨ ᠲᠣᠷᠰᠢ ᠳᠤ᠂ ᠬᠤᠰᠢᠭᠤᠨ ᠤ ᠨᠠᠮ ᠤᠨ ᠬᠤᠷᠢᠶᠠᠨ ᠤ ᠵᠦᠪ ᠣᠨᠤᠪᠴᠢᠲᠠᠢ ᠤᠳᠤᠷᠢᠳᠤᠯᠭ᠎ᠠ | ᠳᠣᠣᠷ᠎ᠠ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ | ᠬᠢᠨᠠᠯᠲᠠ ᠳᠡᠮᠵᠢᠯᠭᠡ ᠳᠣᠣᠷ᠎ᠠ᠂ ᠬᠤᠰᠢᠭᠤᠨ ᠤ ᠵᠠᠰᠠᠭ ᠤᠨ ᠣᠷᠳᠤᠨ ᠪᠦᠬᠦ ᠬᠤᠰᠢᠭᠤᠨ ᠤ ᠡᠯ᠎ᠡ ᠦᠨᠳᠦᠰᠦᠳᠡᠨ ᠤ | ᠺᠠᠲᠠᠷ ᠪᠣᠯᠤᠨ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ | ᠪᠣᠯᠤᠨ ᠠᠷᠪᠠᠨ ᠨᠠᠶᠢᠮᠠᠳᠦᠭᠠᠷ ᠭᠤᠷᠪᠠᠳᠤᠭᠠᠷ ᠪᠦᠬᠦᠲᠡ ᠬᠤᠷᠠᠯ᠂ ᠳᠦᠷᠪᠡᠳᠦᠭᠡᠷ ᠪᠦᠬᠦᠲᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ ᠲᠤᠤᠱᠯᠠᠭᠤᠯᠵᠤ᠂ ᠰᠡᠳᠭᠢᠯ ᠢᠶᠠᠨ ᠲᠦᠪᠯᠡᠷᠡᠭᠦᠯᠦᠨ ᠬᠦᠴᠦᠨ ᠢᠶᠠᠨ | ᠬᠠᠮᠲᠤᠳᠬᠠᠨ ᠬᠦᠭᠵᠢᠯᠲᠡ ᠳᠤ ᠰᠡᠳᠭᠢᠮᠵᠢᠯᠡᠵᠦ᠂ ᠬᠦᠴᠢᠷ ᠢ ᠲᠤᠭᠤᠯᠠᠨ ᠪᠡᠷᠬᠡ ᠶᠢ ᠳᠠᠪᠠᠨ ᠰᠢᠪᠲᠦᠯᠦᠯᠲᠠ ᠶᠢ | ᠪᠡᠶᠡᠯᠡᠭᠦᠯᠵᠦ᠂ ᠢᠲᠡᠭᠡᠯ ᠵᠣᠷᠢᠭ ᠢᠶᠠᠨ ᠬᠦᠪᠴᠢᠯᠡᠨ ᠢᠳᠡᠯᠡᠨ ᠵᠣᠷᠢᠭᠵᠢᠨ ᠤᠷᠤᠭᠰᠢᠯᠠᠭᠰᠠᠨ ᠢᠶᠠᠷ᠂ ᠪᠦᠬᠦ | ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠠᠯᠭᠤᠷ ᠢᠶᠠᠷ ᠳᠡᠪᠰᠢᠵᠦ᠂ ᠳᠣᠭᠳᠠᠭᠤᠨ ᠢᠶᠠᠷ | ᠤᠷᠤᠭᠰᠢᠯᠠᠪᠠ᠃ | ᠪᠦᠬᠦ ᠬᠤᠰᠢᠭᠤᠨ ᠤ ᠣᠷᠤᠨ ᠨᠤᠲᠤᠭ ᠤᠨ ᠦᠢᠯᠡᠳᠪᠦᠷᠢᠯᠡᠯ ᠤᠨ ᠶᠡᠷᠥᠩᠬᠡᠢ ᠦᠷᠲᠡᠭ 156.5 | ᠳ᠋ᠥᠩᠰᠢᠭᠤᠷ ᠲᠦᠭᠦᠷᠢᠭ ᠢ ᠪᠡᠶᠡᠯᠡᠭᠦᠯᠵᠦ᠂ ᠦᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ7.6% | ᠨᠡᠮᠡᠭᠳᠡᠪᠡ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠲᠡᠭ 40.4 ᠳ᠋ᠥᠩᠰᠢᠭᠤᠷ ᠲᠦᠭᠦᠷᠢᠭ | ᠲᠤ ᠬᠦᠷᠴᠦ᠂ ᠦᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 4.2 % ᠨᠡᠮᠡᠭᠳᠡᠵᠦ︔ ᠬᠤᠶᠠᠳᠤᠭᠠᠷ | ᠠᠵᠤ ᠦᠢᠯᠡᠰ ᠤᠨ ᠨᠡᠮᠡᠭᠳᠡᠯ ᠦᠷᠲᠡᠭ 70 ᠳ᠋ᠥᠩᠰᠢᠭᠤᠷ ᠲᠦᠭᠦᠷᠢᠭ ᠲᠤ ᠬᠦᠷᠴᠦ᠂ ᠦᠩᠭᠡᠷᠡᠭᠰᠡᠨ ᠤ ᠠᠳᠠᠯᠢ | ᠬᠤᠭᠤᠴᠠᠭᠠᠨ ᠤ ᠬᠢ ᠠᠴᠠ11.3 % ᠨᠡᠮᠡᠭᠳᠡᠵᠦ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠲᠡᠭ 46. | 1 ᠳ᠋ᠥᠩᠰᠢᠭᠤᠷ ᠲᠦᠭᠦᠷᠢᠭ ᠲᠤ ᠬᠦᠷᠴᠦ᠂ ᠦᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 4.1 % | ᠨᠡᠮᠡᠭᠳᠡᠵᠡᠢ᠃ ᠭᠤᠷᠪᠠᠨ ᠠᠵᠤ ᠦᠢᠯᠡᠰ ᠤᠨ ᠪᠦᠳᠦᠴᠡ ᠶᠢᠨ ᠬᠠᠷᠢᠴᠠᠯ ᠨᠢ 25.8᠄ 44.7᠄ 29.5 ᠪᠣᠯᠪᠠ᠃ | ᠡᠳ᠋ ᠤᠨ ᠵᠠᠰᠠᠭ ᠤᠨ ᠣᠷᠤᠯᠭ᠎ᠠ 8.64 ᠳ᠋ᠥᠩᠰᠢᠭᠤᠷ ᠲᠦᠭᠦᠷᠢᠭ ᠲᠤ ᠬᠦᠷᠴᠦ᠂ ᠦᠩᠭᠡᠷᠡᠭᠰᠡᠨ ᠤ ᠠᠳᠠᠯᠢ | ᠬᠤᠭᠤᠴᠠᠭᠠᠨ ᠤ ᠬᠢ ᠠᠴᠠ 5.6% ᠨᠡᠮᠡᠭᠳᠡᠪᠡ᠃ ᠡᠭᠦᠨ ᠳᠤ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ | ᠣᠷᠤᠯᠭ᠎ᠠ5.19 ᠳ᠋ᠥᠩᠰᠢᠭᠤᠷ ᠲᠦᠭᠦᠷᠢᠭ ᠲᠤ ᠬᠦᠷᠴᠦ᠂ ᠥᠩᠭᠡᠷᠡᠭᠰᠡᠨ ᠤ ᠠᠳᠠᠯᠢ ᠬᠤᠭᠤᠴᠠᠭᠠᠨ ᠤ | ᠬᠢ ᠠᠴᠠ13.3 % ᠨᠡᠮᠡᠭᠳᠡᠪᠡ᠃ ᠪᠦᠬᠦ ᠨᠡᠶᠢᠭᠡᠮ ᠤᠨ ᠳᠣᠭᠳᠠᠮᠠᠯ ᠬᠦᠷᠥᠩᠭᠡ ᠶᠢᠨ ᠪᠡᠯᠡ ᠣᠷᠤᠭᠤᠯᠤᠯᠲᠠ 128 | ᠳ᠋ᠥᠩᠰᠢᠭᠤᠷ ᠲᠦᠭᠦᠷᠢᠭ ᠲᠤ ᠬᠦᠷᠴᠦ᠂ ᠦᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 18.5% | ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠤᠯᠠᠭᠤᠯᠤᠭᠰᠠᠨ ᠨᠣᠷᠮ᠎ᠠ 38.5 ᠳ᠋ᠥᠩᠰᠢᠭᠤᠷ | ᠲᠦᠭᠦᠷᠢᠭ ᠲᠤ ᠬᠦᠷᠴᠦ᠂ ᠦᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 11.4% ᠨᠡᠮᠡᠭᠳᠡᠪᠡ᠃ | ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠬᠦ ᠣᠷᠤᠯᠭ᠎ᠠ ᠪᠠ ᠮᠠᠯᠴᠢᠨ | ᠲᠠᠷᠢᠶᠠᠴᠢᠳ ᠤᠨ ᠬᠥᠮᠦᠨ ᠳᠤᠮᠳᠠᠴᠢ ᠴᠡᠪᠡᠷ ᠣᠷᠤᠯᠭ᠎ᠠ ᠨᠢ ᠲᠤᠰ ᠲᠤᠰ 20620 ᠲᠦᠭᠦᠷᠢᠭ ᠪᠠ 8005 | ᠲᠦᠭᠦᠷᠢᠭ ᠲᠤ ᠬᠦᠷᠴᠦ᠂ ᠦᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ ᠲᠤᠰ ᠲᠤᠰ 9.6% ᠪᠠ 11. | 4% ᠨᠡᠮᠡᠭᠳᠡᠪᠡ᠃ | ︵ᠨᠢᠭᠡ︶ ᠠᠵᠤ ᠦᠢᠯᠡᠳᠪᠦᠷᠢ ᠶᠢᠨ ᠠᠵᠤ ᠠᠬᠤᠢ ᠨᠢ ᠳᠣᠭᠲᠠᠭᠤᠨ ᠢᠶᠠᠷ ᠡᠷᠭᠢᠯᠳᠦᠪᠡ | ᠭᠤᠣᠯᠳᠠᠯᠭ᠎ᠠ ᠲᠠᠢ ᠲᠦᠷᠦᠯ ᠵᠦᠢᠯ ᠨᠢ ᠲᠤᠯᠭᠠᠭᠤᠷᠢᠯᠠᠬᠤ ᠬᠦᠴᠦᠨ ᠴᠢᠩᠭᠠᠷᠠᠪᠠ᠃ ᠪᠦᠬᠦ ᠵᠢᠯ ᠳᠤ 57.6 | ᠳ᠋ᠥᠩᠰᠢᠭᠤᠷ ᠲᠦᠭᠦᠷᠢᠭ ᠪᠡᠯᠡ ᠣᠷᠤᠭᠤᠯᠵᠤ᠂1000 ᠲᠦᠮᠡᠨ ᠲᠦᠭᠦᠷᠢᠭ ᠠᠴᠠ ᠳᠡᠭᠡᠭᠰᠢ ᠪᠡᠯᠡ | ᠣᠷᠤᠭᠤᠯᠤᠯᠲᠠ ᠲᠠᠢ 55 ᠭᠤᠣᠯᠳᠠᠯᠭ᠎ᠠ ᠲᠠᠢ ᠲᠦᠷᠦᠯ ᠵᠦᠢᠯ ᠦᠢᠯᠡᠳᠪᠦᠷᠢᠯᠡᠯᠲᠡᠡᠬᠢᠯᠡᠪᠡ᠃ ᠰᠡᠶᠢᠫᠦ᠋ᠷᠡᠰ ᠤᠨ | ᠪᠦᠲᠠᠷᠠ ᠪᠦᠯᠦᠭᠯᠡᠯ ᠤᠨ ᠵᠢᠯ ᠳᠤ1500 ᠲᠦᠮᠡᠨ ᠲᠣᠨ ᠪᠠᠷᠤᠭᠰᠢᠨ ᠴᠢᠯᠠᠭᠤᠵᠢᠮᠠᠯ ᠤᠨ ᠲᠦᠷᠦᠯ ᠵᠦᠢᠯ ᠂ | ᠪᠸᠢᠫᠢᠶᠣᠣ ᠶᠢᠨ ᠨᠡᠭᠦᠷᠡᠰᠦᠨ ᠠᠭᠤᠷᠬᠠᠢ ᠶᠢᠨ 15 ᠲᠦᠮᠡᠨ ᠲᠣᠨ ᠵᠠᠨᠠᠷ ᠤᠨ ᠴᠢᠯᠠᠭᠤᠯᠢᠭ᠂ ᠱᠠᠨ ᠱᠦᠢ | ᠪᠦᠯᠦᠭᠯᠡᠯ ᠤᠨ 60 ᠲᠦᠮᠡᠨ ᠲᠣᠨᠼᠧᠮᠧᠨ᠋ᠲ ᠨᠣᠨᠳᠠᠭ ᠤᠨ ᠲᠦᠷᠦᠯ ᠵᠦᠢᠯ ᠲᠣᠷᠰᠢᠨ ᠦᠢᠯᠡᠳᠪᠦᠷᠢᠯᠡᠵᠦ᠂ ᠵᠦᠩ | ᠣᠣ ᠪᠦᠯᠦᠭᠯᠡᠯ ᠤᠨ 30 ᠲᠦᠮᠡᠨ ᠠᠯᠠᠰᠢᠨ ᠬᠤᠨᠢ ᠶᠢ ᠨᠢᠳᠦᠯᠡᠵᠦ ᠪᠣᠯᠪᠠᠰᠤᠷᠠᠭᠤᠯᠬᠤ᠂ ᠶᠤᠸᠠᠨ ᠭᠦ᠋ | ᠲᠠᠷᠢᠶᠠᠯᠠᠩ ᠤᠨ 1.4 ᠲᠦᠮᠡᠨ ᠲᠣᠨ ᠬᠤᠯᠢᠮᠠᠭ ᠠᠮᠤ ᠪᠣᠯᠪᠠᠰᠤᠷᠠᠭᠤᠯᠬᠤ ᠪᠣᠯᠤᠨ 6000 ᠲᠣᠨ ᠰᠤᠯᠠ ᠢᠳᠡᠭᠡᠨ | ᠪᠣᠯᠪᠠᠰᠤᠷᠠᠭᠤᠯᠬᠤ᠂ ᠰᠢᠩ ᠳ᠋ᠧᠦ ᠺᠣᠮᠫᠠᠨᠢ ᠶᠢᠨ 400 ᠲᠣᠨ ᠲᠠᠯᠠᠭᠳᠠᠭᠰᠠᠨ ᠰᠢᠶᠠᠩᠶ᠋ᠢᠦ ᠲᠣᠰᠤ ᠪᠣᠯᠤᠨ 300 | ᠲᠣᠨ ᠮᠠᠭᠠᠵᠢ ᠶᠢᠨ ᠵᠢᠶᠠᠩ ᠦᠢᠯᠡᠳᠪᠦᠷᠢᠯᠡᠬᠦ ᠲᠦᠷᠦᠯ ᠵᠦᠢᠯ ᠡᠵᠡᠩᠨᠡᠯᠲᠡ ᠳᠤ ᠣᠷᠤᠪᠠ᠃ ᠰᠢᠨ ᠶᠤᠸᠠᠨ | ᠪᠣᠭᠤᠳᠠᠯᠯᠠᠬᠤ ᠦᠢᠯᠡᠳᠪᠦᠷᠢ ᠶᠢᠨ 11 ᠲᠦᠮᠡᠨ ᠲᠣᠨ ᠵᠢᠮᠢᠰ ᠪᠠᠭᠯᠠᠬᠤ ᠴᠠᠭᠠᠰᠤ ᠦᠢᠯᠡᠳᠪᠦᠷᠢᠯᠡᠬᠦ ᠂ ᠶᠢᠨ ᠭᠧᠦ | ᠲᠠᠷᠢᠶᠠᠯᠠᠩ ᠤᠨ 2 ᠲᠦᠮᠡᠨ ᠲᠣᠨ ᠬᠤᠯᠢᠮᠠᠭ ᠠᠮᠤ ᠨᠠᠷᠢᠯᠢᠭ ᠪᠣᠯᠪᠠᠰᠤᠷᠠᠭᠤᠯᠬᠤ᠂ ᠹᠦ᠋ ᠰᠢᠨ ᠶᠤᠸᠠᠨ 60 | ᠲᠦᠮᠡᠨ ᠭᠠᠭ᠋ᠠᠢ ᠠᠯᠠᠵᠤ ᠨᠢᠳᠦᠯᠡᠬᠦ ᠲᠦᠷᠦᠯ ᠵᠦᠢᠯ ᠲᠣᠷᠰᠢᠨ ᠦᠢᠯᠡᠳᠪᠦᠷᠢᠯᠡᠪᠡ᠂ ᠦᠪᠦᠷ ᠮᠣᠩᠭᠤᠯ ᠤᠨ | ᠤᠯᠤᠰ ᠤᠨ ᠴᠠᠬᠢᠯᠭᠠᠨ ᠤ 100 ᠰᠠᠶ᠎ᠠ ᠸᠠᠲ ᠨᠠᠷᠠᠨ ᠤ ᠭᠡᠷᠡᠯ ᠤᠨ ᠴᠠᠬᠢᠯᠭᠠᠨ ᠤ ᠲᠦᠷᠦᠯ ᠵᠦᠢᠯ᠂ ᠲᠢᠶᠠᠨ | ᠾᠧᠩ ᠰᠦᠯᠢᠶᠥᠦ ᠦᠢᠯᠡᠰ ᠤᠨ 6 ᠳ᠋ᠥᠩᠰᠢᠭᠤᠷ ᠮᠧᠲᠷ ᠳᠤᠰᠤᠯᠭᠠᠨ ᠣᠰᠤᠯᠠᠬᠤ ᠬᠤᠭᠤᠯᠠᠢ ᠦᠢᠯᠡᠳᠪᠦᠷᠢᠯᠡᠬᠦ | ᠲᠦᠷᠦᠯ ᠵᠦᠢᠯ᠂ ᠢᠦᠢ ᠬᠤᠣ ᠠᠵᠤ ᠦᠢᠯᠡᠳᠪᠦᠷᠢ ᠶᠢᠨ ᠠᠷᠠᠯᠵᠢᠶ᠎ᠠ ᠶᠢᠨ 100 ᠲᠦᠮᠡᠨ ᠢᠵᠢ ᠰᠢᠭᠦᠭᠦᠷ | ᠦᠢᠯᠡᠳᠪᠦᠷᠢᠯᠡᠬᠦ ᠲᠦᠷᠦᠯ ᠵᠦᠢᠯ ᠤᠷᠤᠭᠰᠢᠲᠠᠢ ᠶᠠᠪᠤᠭᠳᠠᠪᠠ᠃ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠨᠢ | 73 ᠳ᠋ᠥᠩᠰᠢᠭᠤᠷ ᠲᠦᠭᠦᠷᠢᠭ ᠲᠤ ᠬᠦᠷᠴᠦ᠂ ᠦᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 10.5 % | ᠨᠡᠮᠡᠭᠳᠡᠵᠦ᠂ ᠠᠵᠤ ᠦᠢᠯᠡᠳᠪᠦᠷᠢ ᠠᠴᠠ ᠡᠳ᠋ ᠤᠨ ᠵᠠᠰᠠᠭ ᠲᠤ ᠦᠵᠡᠭᠦᠯᠦᠭᠰᠡᠨ ᠬᠤᠪᠢ ᠨᠡᠮᠡᠷᠢ ᠨᠢ 70% ᠳᠤ | ᠬᠦᠷᠦᠭᠰᠡᠨ ᠪᠠᠶᠢᠨ᠎ᠠ᠃ | ᠤᠳᠤᠷᠢᠳᠬᠤ ᠠᠵᠤ ᠦᠢᠯᠡᠰ ᠤᠨ ᠳᠠᠪᠠᠭᠤᠯᠢᠭ ᠲᠠᠯ᠎ᠠ ᠨᠢ ᠴᠢᠩᠭᠠᠷᠠᠪᠠ᠃ ᠠᠭᠤᠷᠬᠠᠢ ᠶᠢᠨ ᠦᠢᠯᠡᠰ ᠤᠨ | ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠰ ᠤᠨ ᠳᠤᠮᠳᠠ ᠬᠦᠴᠦ ᠪᠠᠨ ᠲᠦᠪᠯᠡᠷᠡᠭᠦᠯᠦᠨ ᠰᠢᠵᠢᠷ ᠠᠯᠲᠠ᠂ ᠲᠡᠮᠦᠷ | ᠤᠨ ︽ ᠵᠠᠭᠤᠨ ᠳ᠋ᠥᠩᠰᠢᠭᠤᠷ ᠲᠦᠭᠦᠷᠢᠭ︾ ᠤᠨ ᠠᠵᠤ ᠦᠢᠯᠡᠰ ᠢ ᠬᠦᠴᠦᠯᠡᠨ ᠪᠣᠶᠢᠵᠢᠭᠤᠯᠪᠠ᠃ ᠵᠦᠩ ᠶᠢᠨ | ᠪᠦᠯᠦᠭᠯᠡᠯ ᠤᠨ ᠶᠢᠨ ᠲᠣᠣ ᠺᠣᠮᠫᠠᠨᠢ ᠶᠢᠨ ᠰᠢᠵᠢᠷ ᠠᠯᠲᠠ ᠶᠢᠨ ᠭᠠᠷᠤᠯᠲᠠ ᠦᠩᠭᠡᠷᠡᠭᠰᠡᠨ ᠠᠳᠠᠯᠢ ᠬᠤᠭᠤᠴᠠᠭᠠᠨ ᠤ | ᠬᠢ ᠠᠴᠠ 18% ᠨᠡᠮᠡᠭᠳᠡᠵᠦ᠂ ᠤᠯᠠᠭᠠᠨᠬᠠᠳᠠᠶᠢᠨ ᠰᠢᠵᠢᠷ ᠠᠯᠲᠠ ᠶᠢᠨ ᠺᠣᠮᠫᠠᠨᠢ ᠶᠢᠨ ᠰᠢᠵᠢᠷ ᠠᠯᠲᠠᠨ ᠤ ᠭᠠᠷᠤᠯᠲᠠ | ᠦᠩᠭᠡᠷᠡᠭᠰᠡᠨ ᠠᠳᠠᠯᠢ ᠬᠤᠭᠤᠴᠠᠭᠠᠨ ᠤ ᠬᠢ ᠠᠴᠠ 10% ᠨᠡᠮᠡᠭᠳᠡᠪᠡ᠃ ᠱᠤᠸᠠᠩ ᠹᠧᠩ᠂ ᠸᠠᠨ ᠲᠠᠢ | ᠠᠭᠤᠷᠬᠠᠢ ᠶᠢᠨ ᠦᠢᠯᠡᠰ ᠤᠨ 20 ᠲᠦᠮᠡᠨ ᠲᠣᠨ ᠲᠡᠮᠦᠷ ᠤᠨ ᠬᠦᠳᠡᠷ ᠰᠢᠯᠢᠬᠦ ᠦᠢᠯᠡᠳᠪᠦᠷᠢ ᠪᠣᠯᠤᠨ ᠴᠦᠨ | ᠱᠧᠩ ᠠᠭᠤᠷᠬᠠᠢ ᠶᠢᠨ ᠦᠢᠡᠯᠰ 30 ᠲᠦᠮᠡᠨ ᠲᠣᠨ ᠲᠡᠮᠦᠷ ᠤᠨ ᠬᠦᠳᠡᠷ ᠰᠢᠯᠢᠬᠦ ᠦᠢᠯᠡᠳᠪᠦᠷᠢ ᠶᠢᠨ ᠡᠵᠡᠭᠨᠡᠯᠲᠡ | ᠬᠡᠪ ᠢᠶᠠᠷ ᠶᠠᠪᠤᠭᠳᠠᠪᠠ ᠂ ᠶᠥᠩ ᠱᠧᠩ᠂ ᠵᠢᠶᠠ ᠶᠢᠨ ᠠᠭᠤᠷᠬᠠᠢ ᠶᠢᠨ 30 ᠲᠦᠮᠡᠨ ᠲᠣᠨᠲ᠋ᠡᠮᠦᠷ ᠤᠨ ᠬᠦᠳᠡᠷ | ᠰᠢᠯᠢᠬᠦ ᠦᠢᠯᠡᠳᠪᠦᠷᠢ ᠶᠢᠨ ᠪᠠᠶᠢᠭᠤᠯᠤᠯᠲᠠ ᠤᠷᠤᠭᠰᠢᠲᠠᠢ ᠶᠠᠪᠤᠭᠳᠠᠪᠠ᠃ ᠠᠭᠤᠷᠬᠠᠢ ᠶᠢᠨ ᠡᠬᠢ ᠪᠠᠶᠠᠯᠢᠭ ᠤᠨ | ᠬᠠᠶᠢᠨ ᠰᠢᠨᠵᠢᠯᠡᠯᠲᠡ ᠳᠤ 1.7 ᠳ᠋ᠥᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠳᠠᠭᠤᠰᠬᠠᠵᠤ᠂ ᠬᠠᠶᠢᠨ | ᠰᠢᠨᠵᠢᠯᠡᠭᠰᠡᠨ ᠲᠠᠯᠠᠪᠠᠢ ᠨᠢ 3500 ᠲᠡᠭᠰᠢ ᠲᠦᠷᠪᠡᠯᠵᠢᠨ ᠺᠢᠯᠦᠮᠧᠲ᠋ᠧᠷ ᠲᠤ ᠬᠦᠷᠴᠦ᠂ ᠰᠢᠨ᠎ᠡ ᠪᠠᠷ ᠬᠠᠶᠢᠨ | ᠲᠣᠳᠤᠯᠤᠭᠰᠠᠨ ᠰᠢᠵᠢᠷ ᠠᠯᠲᠠᠨ ᠲᠡᠮᠦᠷᠯᠢᠭ ᠤᠨ ᠬᠠᠳᠠᠭᠠᠯᠠᠭᠳᠠᠴᠠ 5 ᠲᠣᠨ᠂ ᠮᠦᠩᠬᠦᠨ ᠲᠡᠮᠦᠷᠯᠢᠭ ᠤᠨ | ᠬᠠᠳᠠᠭᠠᠯᠠᠭᠳᠠᠴᠠ 4 ᠲᠣᠨ᠂ ᠲᠡᠮᠦᠷ ᠤᠨ ᠴᠢᠯᠠᠭᠤᠯᠢᠭ ᠤᠨ ᠬᠠᠳᠠᠭᠠᠯᠠᠭᠳᠠᠴᠠ 5000 ᠲᠦᠮᠡᠨ ᠲᠣᠨ ᠠᠴᠠ | ᠳᠠᠪᠠᠪᠠ᠃ ᠲᠠᠷᠢᠶᠠᠯᠠᠩ ᠮᠠᠯᠵᠢᠯ ᠤᠨ ᠭᠠᠷᠤᠯᠲᠠ ᠪᠣᠯᠪᠠᠰᠤᠷᠠᠭᠤᠯᠬᠤ ᠦᠢᠯᠡᠰ᠂ ᠡᠨᠧᠷᠬᠢ ᠶᠢᠨ ᠰᠣᠷᠪᠤᠯᠵᠢᠳᠤ | ᠬᠢᠮᠢ ᠶᠢᠨ ᠦᠢᠯᠡᠳᠪᠦᠷᠢ᠂ ᠪᠣᠯᠪᠠᠰᠤᠷᠠᠭᠤᠯᠤᠨ ᠦᠢᠯᠡᠳᠬᠦ ᠦᠢᠯᠡᠰ ᠣᠳᠣ ᠶᠢᠨ ᠦᠨ᠎ᠡ ᠬᠠᠩᠰᠢ ᠪᠠᠷ ᠲᠤᠰ ᠲᠤᠰ | 8.3 ᠳ᠋ᠥᠩᠰᠢᠭᠤᠷ ᠲᠦᠭᠦᠷᠢᠭ ᠂ 12.5 ᠳ᠋ᠥᠩᠰᠢᠭᠤᠷ ᠲᠦᠭᠦᠷᠢᠭ ᠂ 55.9 ᠳ᠋ᠥᠩᠰᠢᠭᠤᠷ ᠲᠦᠭᠦᠷᠢᠭ ᠤᠨ | ᠦᠢᠯᠡᠳᠭᠦᠨ ᠤ ᠦᠷᠲᠡᠭ ᠪᠡᠶᠡᠯᠡᠭᠦᠯᠵᠦ᠂ ᠥᠩᠭᠡᠷᠡᠭᠰᠡᠨ ᠠᠳᠠᠯᠢ ᠬᠤᠭᠤᠴᠠᠭᠠᠨ ᠤ ᠬᠢ ᠠᠴᠠ ᠲᠤᠰ ᠲᠤᠰ 24.2 | %᠂2.7 %᠂ 5.5 % ᠨᠡᠮᠡᠭᠳᠡᠪᠡ᠃ | ᠣᠷᠤᠨ ᠲᠣᠭᠤᠷᠢᠭ ᠤᠨ ᠦᠷ᠎ᠡ ᠪᠦᠲᠦᠮᠵᠢ ᠶᠡᠬᠡᠪᠡᠷ ᠳᠡᠭᠡᠭᠰᠢᠯᠡᠭᠰᠡᠨ ᠪᠠᠶᠢᠨ᠎ᠠ ᠃ ᠪᠦᠬᠦ ᠬᠤᠰᠢᠭᠤᠨ ᠤ | ᠠᠵᠤ ᠦᠢᠯᠡᠳᠪᠦᠷᠢ ᠶᠢᠨ ᠣᠷᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠨᠢ 10.6 ᠲᠡᠭᠰᠢ | ᠲᠦᠷᠪᠡᠯᠵᠢᠨ ᠺᠢᠯᠦᠮᠧᠲ᠋ᠧᠷ ᠲᠤ ᠬᠦᠷᠴᠦ᠂ 107 ᠠᠵᠤ ᠠᠬᠤᠶᠢᠯᠠᠯ ᠣᠷᠤᠨ ᠲᠣᠭᠤᠷᠢᠭ ᠲᠤ ᠨᠤᠲᠤᠭᠰᠢᠵᠤ᠂ | 87 ᠲᠦᠷᠦᠯ ᠵᠦᠢᠯ ᠡᠵᠡᠭᠨᠡᠯᠲᠡ ᠡᠬᠢᠯᠡᠵᠦ᠂ 67 ᠳ᠋ᠥᠩᠰᠢᠭᠤᠷ ᠲᠦᠭᠦᠷᠢᠭ ᠤᠨ ᠦᠢᠯᠡᠳᠭᠦᠨ ᠤ ᠦᠷᠲᠡᠭ ᠢ | ᠪᠡᠶᠡᠯᠡᠭᠦᠯᠵᠦ ᠃ ᠰᠢᠨ ᠬᠤᠢ ᠬᠤᠲᠠ ᠶᠢᠨ ᠠᠵᠤ ᠦᠢᠯᠡᠳᠪᠦᠷᠢ ᠶᠢᠨ ᠣᠷᠤᠨ ᠲᠣᠭᠤᠷᠢᠭ ᠲᠤ 29 ᠲᠦᠷᠦᠯ ᠵᠦᠢᠯ | ᠨᠣᠲᠤᠭᠰᠢᠵᠤ᠂ ᠨᠡᠶᠢᠲᠡ 7000 ᠮᠦ ᠬᠡᠷᠡᠭᠯᠡᠭᠡᠨ ᠤ ᠭᠠᠵᠠᠷ ᠰᠢᠷᠦᠢ ᠨᠥᠭᠡᠴᠡᠯᠡᠵᠦ᠂ ᠠᠵᠤ | ᠦᠢᠯᠡᠳᠪᠦᠷᠢ ᠶᠢᠨ ᠲᠣᠭᠤᠷᠢᠭ ᠤᠨ ᠦᠨᠳᠦᠰᠦᠨ ᠲᠣᠨᠤᠭ ᠲᠦᠬᠦᠭᠡᠷᠦᠮᠵᠢ ᠶᠢᠨ ᠪᠠᠶᠢᠭᠤᠯᠤᠯᠲᠠ ᠳᠤ7.2 | ᠳ᠋ᠥᠩᠰᠢᠭᠤᠷ ᠲᠦᠭᠦᠷᠢᠭ ᠤᠨ ᠪᠡᠯᠡ ᠣᠷᠤᠭᠤᠯᠵᠤ᠂ ᠣᠷᠤᠨ ᠲᠣᠭᠤᠷᠢᠭ ᠲᠠᠬᠢ ᠲᠠᠷᠢᠶᠠᠯᠠᠩ ᠮᠠᠯ ᠤᠨ ᠭᠠᠷᠤᠯᠲᠠ | ᠪᠣᠯᠪᠠᠰᠤᠷᠠᠭᠤᠯᠬᠤ ᠲᠣᠭᠤᠷᠢᠭ ᠳᠡᠰ ᠳᠡᠪᠰᠢᠵᠤ ᠦᠪᠡᠷᠲᠡᠭᠡᠨ ᠵᠠᠰᠠᠬᠤ ᠣᠷᠤᠨ ᠤ ᠲᠠᠷᠢᠶᠠᠯᠠᠩ ᠮᠠᠯ ᠠᠵᠤ | ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠪᠣᠯᠪᠠ᠃ ᠡᠭᠦᠨ ᠤ ᠳᠠᠭᠠᠤ᠂ ᠰᠧ ᠵᠢᠶᠠᠽᠢ ᠶᠢᠨ ᠪᠠᠷᠤᠭᠰᠢᠨ | ᠴᠢᠯᠠᠭᠤᠯᠢᠭ ᠢ ᠶᠡᠷᠥᠩᠬᠡᠶᠢᠯᠡᠨ ᠠᠰᠢᠭᠯᠠᠬᠤ ᠡᠷᠭᠢᠯᠳᠡᠳᠦ ᠠᠵᠤ ᠠᠬᠤᠢ ᠶᠢᠨ ᠲᠣᠭᠤᠷᠢᠭ ᠪᠠ ᠰᠢᠨ ᠬᠤᠢ ᠶᠢᠨ | ᠪᠢᠴᠢᠯ ᠠᠵᠤ ᠠᠬᠤᠶᠢᠯᠠᠯ ᠤᠨ ᠦᠢᠯᠡᠰ ᠪᠦᠲᠦᠭᠡᠬᠦ ᠣᠷᠤᠨ ᠲᠣᠭᠤᠷᠢᠭ ᠢ ᠪᠦᠬᠦ ᠲᠠᠯ᠎ᠠ ᠪᠠᠷ ᠪᠡᠯᠡᠳᠭᠡᠵᠦ | ᠪᠠᠶᠢᠭᠤᠯᠪᠠ ᠃ ᠠᠵᠤ ᠦᠢᠯᠡᠳᠪᠦᠷᠢ ᠶᠢᠨ ᠣᠷᠤᠨ ᠲᠣᠭᠤᠷᠢᠭ ᠨᠢ ᠨᠢᠭᠡᠨᠲᠡ ᠠᠵᠤ ᠦᠢᠯᠡᠳᠪᠦᠷᠢ ᠶᠢᠨ ᠠᠵᠤ | ᠠᠬᠤᠢ ᠶᠢᠨ ᠬᠦᠭᠵᠢᠯᠲᠡ ᠶᠢᠨ ᠴᠢᠬᠤᠯᠠ ᠳᠠᠪᠴᠠᠩ ᠪᠣᠯᠪᠠ᠃ | ︵ᠬᠤᠶᠠᠷ︶ ᠣᠳᠤᠬᠢᠴᠢᠯᠠᠭᠰᠠᠨ ᠲᠠᠷᠢᠶᠠᠯᠠᠩ ᠤᠨ ᠠᠬᠢᠴᠠᠲ᠋ᠦ᠋ᠷᠭᠡᠳᠭᠡᠪᠡ | ᠲᠠᠷᠢᠶᠠᠯᠠᠩ ᠦᠢᠯᠡᠳᠪᠦᠷᠢᠯᠡᠯ ᠤᠨ ᠰᠠᠭᠤᠷᠢ ᠣᠯᠠᠮ ᠪᠠᠲᠤᠵᠢᠪᠠ᠃ ᠪᠦᠬᠦ ᠬᠤᠰᠢᠭᠤᠨ ᠤ ᠲᠠᠷᠢᠮᠠᠯ ᠤᠨ | ᠲᠠᠯᠠᠪᠠᠢ ᠨᠢ 380.6 ᠲᠦᠮᠡᠨ ᠮᠦ ᠳᠤ ᠬᠦᠷᠴᠦ᠂ ᠡᠭᠦᠨ ᠳᠤ ᠳᠣᠲᠤᠷ᠎ᠠ ᠪᠦᠷᠬᠦᠪᠴᠢᠨ ᠳᠣᠣᠭᠤᠷ | ᠳᠤᠰᠤᠯᠭᠠᠨ ᠤᠰᠤᠯᠠᠬᠤ ᠲᠠᠷᠢᠶ᠎ᠠ 67.5 ᠲᠦᠮᠡᠨ ᠮᠦ᠂ ᠨᠠᠷᠢᠮᠤ ᠶᠢᠨ ᠲᠠᠷᠢᠮᠠᠯ ᠤᠨ ᠰᠠᠭᠤᠷᠢᠨ ᠭᠠᠵᠠᠷ 74 | ᠲᠦᠮᠡᠨ ᠮᠦ ᠬᠦᠭᠵᠢᠭᠦᠯᠪᠡ ᠃ ᠠᠮᠤ ᠪᠤᠳᠠᠭᠠᠨ ᠤ ᠶᠡᠷᠦᠩᠬᠡᠢ ᠤᠨᠠᠯᠲᠠ ᠨᠢ 21.6 ᠳ᠋ᠥᠩᠰᠢᠭᠤᠷ ᠵᠢᠩ ᠳᠤ | ᠬᠦᠷᠴᠦ᠂ ᠤᠯᠤᠰ ᠤᠨ ᠲᠠᠷᠢᠶᠠᠯᠠᠩ ᠤᠨ ᠶᠠᠪᠤᠳᠠᠯ ᠤᠨ ᠬᠡᠯᠲᠦᠰ ᠲᠤ ︽ ᠪᠦᠬᠦ ᠤᠯᠤᠰ ᠤᠨ ᠠᠮᠤ ᠪᠤᠳᠠᠭᠠᠨ ᠤ | ᠦᠢᠯᠡᠳᠪᠦᠷᠢᠯᠡᠯ ᠤᠨ ᠲᠡᠷᠢᠭᠦᠨ ᠰᠢᠶᠠᠨ︾ ᠢᠶᠠᠷ ᠭᠤᠷᠪᠠᠳᠡᠬᠢ ᠤᠳᠠᠭ᠎ᠠ ᠦᠨᠡᠯᠡᠭᠳᠡᠪᠡ᠃ ᠳᠡᠯᠡᠬᠡᠢ ᠶᠢᠨ ᠨᠠᠷᠢᠮᠤ | ᠠᠮᠤ ᠶᠢᠨ ᠡᠬᠢ ᠡᠭᠦᠰᠦᠯ ᠵᠢᠴᠢ ᠬᠦᠭᠵᠢᠯᠲᠡ ᠶᠢᠨ ᠣᠯᠠᠨ ᠤᠯᠤᠰ ᠤᠨ ᠬᠤᠷᠠᠯ ᠢ ᠠᠮᠵᠢᠯᠲᠠ ᠲᠠᠢ | ᠬᠤᠷᠠᠯᠳᠤᠭᠤᠯᠵᠤ ᠂ ︽ᠳᠡᠯᠡᠬᠡᠢ ᠶᠢᠨ ᠨᠠᠷᠢᠮᠤ ᠠᠮᠤ ᠶᠢᠨ ᠨᠤᠲᠤᠭ᠂ ᠳᠤᠮᠳᠠᠳᠤ ᠶᠢᠨ ᠨᠠᠷᠢᠮᠤ ᠶᠢᠨ ᠲᠣᠰᠬᠤᠨ᠂ | ᠪᠦᠬᠦ ᠤᠯᠤᠰ ᠤᠨ ᠬᠠᠮᠤᠭ ᠤᠨ ᠰᠢᠯᠢᠳᠡᠭ ᠨᠠᠷᠢᠮᠤ ᠦᠢᠯᠡᠳᠪᠦᠷᠢᠯᠡᠬᠦ ᠰᠠᠭᠤᠷᠢᠨ ᠭᠠᠵᠠᠷ︾ ᠤᠨ ᠢᠷᠠᠭᠤ ᠠᠯᠳᠠᠷ ᠢ | ᠭᠦᠷᠲᠡᠪᠡ᠃ ᠨᠢᠭᠡ ᠵᠢᠯ ᠳᠤ᠂ 20 ᠲᠦᠮᠡᠨ ᠲᠣᠨᠡᠰᠢ ᠰᠦᠷᠡᠯ ᠪᠣᠯᠪᠠᠰᠤᠷᠠᠭᠤᠯᠤᠨ ᠠᠰᠢᠭᠯᠠᠪᠠ᠃ ᠲᠠᠷᠢᠮᠠᠯ ᠤᠨ | ᠦᠷ᠎ᠡ ᠶᠢ ᠰᠢᠯᠢᠳᠡᠭᠵᠢᠭᠦᠯᠦᠭᠰᠡᠨ ᠨᠣᠷᠮ᠎ᠠ 96% ᠳᠤ ᠬᠦᠷᠴᠦ᠂ ᠲᠠᠷᠢᠶᠠᠯᠠᠩ ᠤᠨ ᠮᠠᠰᠢᠨ ᠤ ᠶᠡᠷᠥᠩᠬᠡᠢ | ᠴᠣᠭᠴᠠᠯᠠᠪᠤᠷᠢ 83 ᠲᠦᠮᠡᠨ ᠺᠢᠯᠦᠸᠠᠲ ᠲᠤ ᠬᠦᠷᠴᠦ᠂ ᠲᠠᠷᠢᠶᠠᠯᠠᠩ ᠤᠨ ᠮᠧᠬᠠᠨᠢᠭᠵᠢᠯᠠᠭᠰᠠᠨ ᠨᠣᠷᠮ᠎ᠠ 66.6% | ᠬᠦᠷᠪᠡ᠃ | ᠲᠡᠵᠢᠭᠡᠨ ᠠᠷᠠᠴᠢᠯᠠᠬᠤ ᠬᠦᠷᠢᠶ᠎ᠡ ᠬᠡᠪᠴᠢᠶ᠎ᠡ ᠳᠠᠰᠤᠷᠠᠯᠳᠠ ᠦᠭᠡᠢ ᠦᠷᠭᠡᠵᠢᠪᠡ᠃ ᠲᠣᠯᠤᠭᠠᠶᠢᠯᠠᠭᠴᠢ ᠠᠵᠤ | ᠠᠬᠤᠶᠢᠯᠠᠯ ᠤᠨ ᠲᠦᠰᠢᠭ ᠳᠣᠣᠷ᠎ᠠ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠪᠠᠷᠢᠮᠵᠢᠯᠠᠯᠠᠭᠰᠠᠨ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠦᠢᠯᠡᠰ ᠢ ᠬᠦᠭᠵᠢᠭᠦᠯᠦᠨ᠎ᠡ᠃ ᠵᠢᠯ ᠤᠨ ᠡᠴᠦᠰ | ᠪᠣᠯᠬᠤ ᠳᠤ ᠭᠡᠷ ᠤᠨ ᠲᠡᠵᠢᠭᠡᠪᠦᠷᠢ 238 ᠲᠦᠮᠡᠨ ᠲᠣᠯᠤᠭᠠᠢ ᠬᠦᠷᠴᠦ᠂ 250.5 ᠲᠦᠮᠡᠨ ᠲᠣᠯᠤᠭᠠᠢ | ᠭᠠᠷᠭᠠᠯᠲᠠ ᠳᠤ ᠭᠠᠷᠭᠠᠪᠠ᠃ ᠡᠭᠦᠨ ᠤ ᠳᠣᠲᠤᠷ᠎ᠠ᠂ ᠠᠯᠠᠰᠢᠨ ᠦᠬᠡᠷ 12 ᠲᠦᠮᠡᠨ ᠲᠣᠯᠤᠭᠠᠢ ᠬᠦᠷᠴᠦ᠂ 10. | 1 ᠲᠦᠮᠡᠨ ᠲᠣᠯᠤᠭᠠᠢ ᠶᠢ ᠭᠠᠷᠭᠠᠯᠲᠠ ᠳᠤ ᠭᠠᠷᠭᠠᠵᠤ᠂ ᠠᠯᠠᠰᠢᠨ ᠬᠤᠨᠢ 124 ᠲᠦᠮᠡ ᠬᠦᠷᠴᠦ᠂ 124 | ᠲᠦᠮᠡ ᠶᠢ ᠭᠠᠷᠭᠠᠯᠲᠠ ᠳᠤ ᠭᠠᠷᠭᠠᠵᠤ᠂ ᠭᠠᠭ᠋ᠠᠢ 80 ᠲᠦᠮᠡ ᠪᠠᠶᠢᠵᠤ ᠂ 100 ᠲᠦᠮᠡ ᠶᠢ ᠭᠠᠷᠭᠠᠯᠲᠠ ᠳᠤ | ᠭᠠᠷᠭᠠᠵᠤ᠂ ᠠᠯᠠᠰᠢᠨᠡᠯᠵᠢᠭᠡ 12.5 ᠲᠦᠮᠡ ᠬᠦᠷᠴᠦ᠂ 12.5 ᠲᠦᠮᠡ ᠶᠢ ᠭᠠᠷᠭᠠᠯᠲᠠ ᠳᠤ ᠭᠠᠷᠭᠠᠪᠠ᠃ | ᠮᠢᠬᠠᠨ ᠲᠠᠬᠢᠶ᠎ᠠ 1000 ᠲᠦᠮᠡ ᠭᠠᠷᠭᠠᠯᠲᠠ ᠳᠤ ᠭᠠᠷᠭᠠᠵᠤ᠂ ᠦᠨᠳᠡᠭᠡᠨ ᠲᠠᠬᠢᠶ᠎ᠠ 1330 ᠲᠦᠮᠡ ᠂ ᠮᠢᠬᠠᠨ | ᠭᠠᠯᠠᠭᠤ 300 ᠲᠦᠮᠡ ᠶᠢ ᠲᠡᠵᠢᠭᠡᠨ ᠦᠷᠡᠵᠢᠭᠦᠯᠪᠡ᠃ ᠪᠦᠬᠦ ᠬᠦᠴᠦ ᠪᠠᠷ ᠢᠶᠠᠨ ᠡᠭᠦᠯᠳᠡᠷ ᠰᠠᠶᠢᠵᠢᠷᠠᠭᠤᠯᠬᠤ | ᠬᠦᠪᠦᠷᠡᠯ ᠰᠢᠯᠵᠢᠭᠦᠯᠬᠦ ᠵᠡᠷᠭᠡ ᠪᠣᠳᠠᠳᠤ ᠬᠡᠷᠡᠭᠴᠡᠭᠡᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠵᠢᠭᠦᠯᠵᠦ ᠂ ᠶᠡᠭᠡ ᠪᠠᠭ᠎ᠠ | ᠮᠠᠯ ᠤᠨ ᠡᠭᠦᠯᠳᠡᠷ ᠢ ᠰᠠᠶᠢᠵᠢᠷᠠᠭᠤᠯᠤᠭᠰᠠᠨ ᠨᠣᠷᠮ᠎ᠠ 98% ᠳᠤ ᠬᠦᠷᠪᠡ᠃ 21 ᠲᠦᠮᠡᠨ ᠮᠦ ᠡᠪᠡᠰᠦ ᠲᠠᠷᠢᠵᠤ᠂ | 16 ᠳ᠋ᠥᠩᠰᠢᠭᠤᠷ ᠵᠢᠩ ᠨᠣᠭᠤᠭᠠᠨ ᠪᠣᠷᠳᠠᠭᠠ ᠳᠠᠷᠤᠰᠢᠯᠠᠵᠤ᠂ ᠲᠡᠵᠢᠭᠡᠨ ᠠᠷᠠᠴᠢᠯᠠᠬᠤ ᠲᠤᠰᠬᠠᠢ ᠲᠣᠰᠬᠤᠨ ︵ | ᠲᠣᠭᠤᠷᠢᠭ︶ ᠢ 383 ᠪᠠᠶᠢᠭᠤᠯᠵᠤ᠂ ᠲᠡᠵᠢᠭᠡᠨ ᠠᠷᠠᠴᠢᠯᠠᠬᠤ ᠲᠣᠮᠤ ᠡᠷᠦᠬᠡ 2400 ᠡᠷᠦᠬᠡ ᠪᠣᠶᠢᠵᠢᠭᠤᠯᠵᠤ᠂ | ᠬᠤᠲᠠ ᠶᠢᠨ ᠳᠡᠰ ᠠᠴᠠ ᠳᠠᠪᠠᠭᠰᠠᠨ ᠠᠵᠤ ᠦᠢᠯᠡᠰ ᠤᠨ ᠲᠣᠯᠤᠭᠠᠶᠢᠯᠠᠭᠴᠢ ᠠᠵᠤ ᠠᠬᠤᠶᠢᠯᠠᠯ 15 ᠡᠷᠦᠬᠡ | ᠪᠣᠯᠵᠤ ᠬᠦᠭᠵᠢᠪᠡ ᠃ | ᠪᠠᠶᠢᠭᠤᠯᠤᠮᠵᠢ ᠶᠢᠨ ᠵᠣᠬᠢᠴᠠᠮᠵᠢ ᠶᠢ ᠢᠳᠡᠭ ᠢᠳᠡᠭ ᠢᠶᠠᠷ ᠰᠢᠨᠡᠴᠢᠯᠡᠪᠡ᠃ ᠲᠡᠷᠢᠭᠦᠨ ᠤ ᠵᠢᠱᠢᠶ᠎ᠡ ᠦᠵᠡᠭᠦᠯᠬᠦ | ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠴᠢᠨ ᠤ ᠳᠤᠰᠬᠠᠢ ᠬᠤᠷᠰᠢᠶᠠᠵᠢᠯ 693 ᠨᠡᠮᠡᠭᠳᠡᠵᠦ᠂ | ᠬᠤᠰᠢᠭᠤᠨ ᠳᠡᠰ ᠤᠨ ᠵᠢᠱᠢᠶ᠎ᠡ ᠦᠵᠡᠭᠦᠯᠬᠦ ᠳᠣᠰᠬᠠᠢ ᠬᠤᠷᠰᠢᠶᠠᠵᠢᠯ 50᠂ ᠣᠳᠣᠬᠢᠴᠢᠯᠠᠨᠰᠠᠨ ᠲᠠᠷᠢᠶᠠᠯᠠᠩ ᠤᠨ | ᠵᠢᠱᠢᠶ᠎ᠡ ᠦᠵᠡᠭᠦᠯᠬᠦ ᠲᠣᠭᠤᠷᠢᠭ 2᠂ ᠭᠡᠷ ᠪᠦᠯᠢ ᠶᠢᠨ ᠮᠠᠯᠵᠢᠯ ᠤᠨ ᠲᠠᠯᠠᠪᠠᠢ 87 ᠡᠷᠦᠬᠡ ᠳᠤ ᠬᠦᠷᠴᠦ᠂ ᠬᠤᠢ | ᠯᠥᠩ ᠬᠤᠯᠢᠮᠠᠭ ᠠᠮᠤ ᠶᠢᠨ ᠬᠤᠷᠰᠢᠶᠠᠵᠢᠯ ᠨᠢ ᠤᠯᠤᠰ ᠤᠨ ᠳᠡᠰ ᠤᠨ ᠲᠠᠷᠢᠶᠠᠴᠢᠨ ᠤ ᠲᠣᠰᠬᠠᠢ ᠬᠤᠷᠰᠢᠶᠠᠵᠢᠯ ᠢᠶᠠᠷ | ᠦᠨᠡᠯᠡᠭᠳᠡᠭᠰᠡᠨ ᠪᠠᠶᠢᠨ᠎ᠠ ᠃ ᠬᠥᠳᠡᠭᠡ ᠲᠣᠰᠬᠤᠨ ᠤ ᠨᠡᠶᠢᠲᠡ ᠶᠢᠨ ᠭᠠᠵᠠᠷ ᠰᠢᠷᠤᠢ ᠶᠢ ᠠᠷᠠᠯᠵᠢᠶᠠᠬᠤ ᠳᠠᠪᠴᠠᠩ ᠢ | ᠰᠦᠪᠡᠭᠴᠢᠯᠡᠨ ᠪᠠᠶᠢᠭᠤᠯᠵᠤ᠂ ᠳᠠᠭᠠᠭᠠᠴᠢᠯᠠᠨ ᠠᠪᠬᠤ᠂ ᠰᠢᠯᠵᠢᠭᠦᠯᠦᠨ ᠡᠵᠡᠩᠨᠡᠬᠦ᠂ ᠣᠷᠤᠯᠠᠵᠤ ᠲᠠᠷᠢᠬᠤ ᠵᠡᠷᠭᠡ | ᠠᠷᠭ᠎ᠠ ᠬᠡᠯᠪᠡᠷᠢ ᠪᠠᠷ35.7 ᠲᠦᠮᠡᠨ ᠮᠦ ᠲᠠᠷᠢᠶᠠᠨ ᠭᠠᠵᠠᠷ ᠤᠨ ᠡᠵᠡᠭᠨᠡᠯᠲᠡ ᠶᠢᠨ ᠡᠷᠬᠡ ᠶᠢ ᠰᠢᠯᠵᠢᠭᠦᠯᠪᠡ᠃ | ᠤᠯᠤᠰ ᠤᠨ ᠲᠠᠷᠢᠶᠠᠯᠠᠩ ᠤᠨ ᠪᠦᠲᠦᠭᠡᠭᠳᠡᠭᠦᠨ ᠤ ᠠᠶᠦᠯᠭᠦᠢ ᠶᠢ ᠬᠢᠨᠠᠨ ᠬᠠᠮᠢᠶᠠᠷᠠᠬᠤ ᠵᠢᠱᠢᠶᠡᠴᠢ ᠰᠢᠶᠠᠨ ᠡᠭᠦᠳᠦᠨ | ᠪᠠᠶᠢᠭᠤᠯᠬᠤ ᠠᠵᠢᠯ ᠢ ᠡᠬᠢᠯᠡᠭᠦᠯᠵᠦ᠂ ᠪᠣᠬᠢᠷᠳᠠᠯ ᠦᠭᠡᠢ ᠪᠦᠲᠦᠭᠡᠭᠳᠡᠭᠦᠨ9 ᠨᠡᠮᠡᠭᠳᠡᠭᠦᠯᠵᠦ᠂ ︽ ᠨᠣᠭᠤᠭᠠᠨ | ᠥᠩᠭᠡᠲᠦ᠂ ᠪᠣᠬᠢᠷᠳᠠᠯ ᠦᠭᠡᠢ᠂ ᠤᠷᠭᠠᠨᠢᠭ᠂ ᠭᠠᠵᠠᠷ ᠵᠦᠢ ᠶᠢᠨ ᠲᠡᠮᠲᠡᠭᠲᠦ︾ ᠪᠦᠲᠦᠭᠡᠭᠳᠡᠭᠦᠨ ᠢ 52 ᠪᠣᠯᠭᠠᠪᠠ᠃ | | ︵ᠭᠤᠷᠪᠠ︶ ᠭᠤᠷᠪᠠᠳᠤᠭᠠᠷ ᠠᠵᠤ ᠦᠢᠯᠡᠰ ᠤᠨ ᠪᠣᠳᠠᠳᠤ ᠬᠦᠴᠦᠨ ᠴᠢᠩᠭᠠᠷᠠᠪᠠ | ᠠᠷᠠᠯᠵᠢᠶ᠎ᠠ ᠬᠤᠳᠠᠯᠳᠤᠭ᠎ᠠ ᠪᠣᠳᠠᠰ ᠤᠨ ᠭᠦᠢᠯᠭᠡᠭᠡᠨ ᠤ ᠦᠢᠡᠯᠰ ᠤᠨ ᠴᠢᠨᠠᠷ ᠴᠢᠨᠰᠠᠭ᠎ᠠ ᠳᠡᠭᠡᠭᠰᠢᠯᠡᠵᠦ | ᠦᠷ᠎ᠡ ᠠᠰᠢᠭ ᠨᠡᠮᠡᠭᠳᠡᠪᠡ᠃ ︽ᠠᠣᠬᠠᠨᠬᠤᠰᠢᠭᠤᠨ ᠤ 2014——2017 ᠣᠨ ᠤ ᠠᠷᠠᠯᠵᠢᠶ᠎ᠠ | ᠬᠤᠳᠠᠯᠳᠤᠭ᠎ᠠ ᠡᠳ᠋ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠬᠦᠭᠵᠢᠯᠲᠡ ᠶᠢᠨ ᠲᠦᠯᠦᠪᠵᠢᠭᠦᠯᠭᠡ︾ ᠶᠢ | ᠲᠣᠭᠲᠠᠭᠠᠵᠤ᠂ ᠡᠳ᠋ ᠪᠠᠷᠠᠭ᠎ᠠ ᠶᠢᠨ ᠭᠦᠢᠯᠭᠡᠭᠡᠨ ᠤ ᠤᠷᠤᠨ ᠲᠤᠭᠤᠷᠢᠭ ᠲᠤ 6.4 ᠳ᠋ᠦᠩᠰᠢᠭᠤᠷ ᠲᠦᠭᠦᠷᠢᠭ ᠪᠡᠯᠡ | ᠣᠷᠤᠭᠤᠯᠤᠯᠲᠠ ᠳᠠᠭᠤᠰᠬᠠᠵᠤ᠂ 46 ᠠᠵᠤ ᠠᠬᠤᠶᠢᠯᠠᠯ ᠲᠣᠭᠤᠷᠢᠭ ᠲᠤ ᠨᠤᠲᠤᠭᠰᠢᠪᠠ᠃ ᠭᠠᠵᠠᠷ ᠳᠤᠤᠷᠠᠬᠢ | ᠬᠤᠳᠠᠯᠳᠤᠭᠠᠨ ᠤ ᠵᠡᠭᠡᠯᠢ ᠪᠤᠯᠤᠨ ᠸᠠᠨᠴᠢᠶᠠᠩ ᠠᠭᠤᠳᠠᠮ ᠲᠠᠯᠠᠪᠠᠢ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ | ᠣᠷᠤᠭᠤᠯᠪᠠ᠃ ᠪᠦᠭᠡᠮ ᠢᠶᠠᠷ ᠲᠣᠬᠢᠷᠠᠭᠤᠯᠤᠨ ᠬᠦᠷᠭᠡᠬᠦ᠂ ᠬᠤᠲᠠ ᠵᠢᠨᠲ᠋ᠦ᠋ᠷᠭᠡᠨ ᠳᠠᠮᠵᠢᠭᠤᠯᠭ᠎ᠠ᠂ ᠡᠯᠧᠲ᠋ᠤᠷᠤᠨ | ᠲᠠᠸᠠᠷ ᠤᠨ ᠠᠷᠠᠯᠵᠢᠶ᠎ᠠ ᠵᠡᠷᠭᠡ ᠠᠵᠤ ᠦᠢᠯᠡᠰ ᠦᠳᠲᠡᠷ ᠲᠦᠷᠭᠡᠨ ᠬᠦᠭᠵᠢᠵᠦ᠂ ᠪᠦᠬᠦ ᠬᠤᠰᠢᠭᠤᠨ ᠤ ᠬᠤᠲᠠ | ᠬᠦᠳᠡᠭᠡ ᠶᠢᠨ ᠠᠷᠠᠯᠵᠢᠶᠠᠨ ᠤ ᠦᠢᠯᠡᠰ ᠤᠨ ᠲᠣᠣᠷᠵᠢᠯ ᠴᠢᠭ 5658 ᠪᠣᠯᠪᠠ ᠃ | ᠰᠤᠶᠤᠯ ᠵᠤᠭᠠᠴᠠᠯ ᠤᠨ ᠦᠢᠯᠡᠰ ᠳᠡᠰ ᠳᠡᠪᠰᠢᠪᠡ᠃ ᠦᠪᠦᠷ ᠮᠣᠩᠭᠤᠯ ᠤᠨ ᠯᠥᠩ ᠶᠤᠸᠠᠨ ᠮᠦᠽᠧᠢ ᠶᠢ | ᠪᠠᠶᠢᠭᠤᠯᠤᠨ ᠳᠠᠭᠤᠰᠬᠠᠵᠤ᠂ ᠳ᠋ᠢ ᠢ ᠽᠦᠨ ᠦᠨᠳᠦᠰᠦᠲᠡᠨ ᠤ ᠵᠠᠩ ᠠᠷᠠᠨᠰᠢᠯ ᠤᠨ ᠮᠦᠽᠧᠢ᠂ ᠰᠢᠨ ᠵᠧᠦ | ᠮᠦᠽᠧᠢ ᠶᠢᠨ ᠭᠤᠣᠯ ᠪᠠᠷᠢᠯᠭ᠎ᠠ ᠶᠢ ᠳᠠᠭᠤᠰᠬᠠᠵᠤ᠂ ᠦᠪᠦᠷ ᠮᠤᠩᠭᠤᠯ ᠤᠨ ᠪᠠᠯᠠᠷ ᠲᠡᠦᠬᠡ ᠶᠢᠨ ᠮᠦᠽᠧᠢ ᠶᠢ | ᠡᠬᠢᠯᠡᠵᠦ ᠪᠠᠶᠢᠭᠤᠯᠪᠠ᠃ ᠰᠢᠶᠣᠣ ᠾᠧ ᠶᠠᠨ ᠰᠤᠶᠤᠯ ᠵᠤᠭᠠᠴᠠᠯ ᠤᠨ ᠦᠵᠡᠮᠵᠢᠲᠦ ᠣᠷᠤᠨ ᠂ ᠴᠢᠩ ᠴᠢᠤᠸᠠᠨ | ᠭᠧᠦ ᠵᠤᠭᠠᠴᠠᠯ ᠤᠨ ᠣᠷᠤᠨ᠂ ᠬᠤᠸᠠᠩ ᠶᠠᠩ ᠸᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠤᠷᠤᠭᠰᠢᠲᠠᠢ | ᠶᠠᠪᠤᠭᠳᠠᠵᠤ᠃ ᠠᠤᠬᠠᠨ ᠬᠤᠰᠢᠭᠤᠨ ᠤ ᠬᠠᠰ ᠤᠨ ᠰᠤᠳᠤᠯᠤᠯ ᠤᠨ ᠠᠵᠢᠯ ᠢ ᠲᠦᠯᠬᠢᠨ ᠠᠬᠢᠭᠤᠯᠵᠤ᠂ ᠠᠣᠬᠠᠨ ᠬᠠᠰ | ᠤᠨ ᠪᠦᠲᠦᠭᠡᠯ ᠨᠢ ᠲᠦᠷᠪᠡᠲᠦᠭᠡᠢ ᠬᠤᠭᠤᠴᠠᠭᠠᠨ ᠤ ᠲᠤᠮᠳᠠᠳᠤ ᠤᠯᠤᠰ ᠤᠨ ᠬᠠᠰ ᠰᠡᠶᠢᠯᠦᠮᠡᠯ ᠤᠨ ᠤᠷᠤᠯᠳᠤᠭᠠᠨ | ᠳᠡᠭᠡᠷ᠎ᠡ ᠭᠠᠤᠯᠢᠨ ᠮᠧᠲᠧᠯ ᠬᠦᠷᠲᠡᠪᠡ᠃ ︽ᠳᠤᠮᠳᠠᠲᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ | ᠬᠦᠷᠢᠶᠡᠯᠡᠭ ᠤᠨ ᠬᠠᠭᠤᠴᠢ ᠰᠣᠳᠤᠯᠬᠤ ᠰᠠᠯᠠᠭᠠᠨ ᠤ ᠠᠣᠬᠠᠨ ᠪᠠᠯᠠᠷ ᠳᠡᠤᠬᠡ ᠶᠢᠨ ᠬᠠᠭᠤᠴᠢ ᠶᠢ ᠰᠣᠳᠤᠯᠬᠤ | ᠰᠠᠭᠤᠷᠢᠨ ᠭᠠᠵᠠᠷ︾ ᠢ ᠪᠠᠶᠢᠭᠤᠯᠵᠤ᠂ ᠂ ᠪᠠᠷᠢᠮᠳᠠᠳᠤ ᠹᠢᠯᠢᠮ ︽ᠠᠤᠬᠠᠨ ᠬᠠᠭᠤᠷᠠᠢ ᠲᠠᠷᠢᠶᠠᠯᠠᠩ ᠤᠨ ᠡᠬᠢ | ᠡᠭᠦᠰᠦᠯ ᠤᠨ ᠡᠷᠢᠯᠬᠢᠯᠡᠯᠲᠡ ︾ ᠪᠤᠯᠤᠨ ︽ᠠᠤᠬᠠᠨ ᠨᠠᠷᠢᠮᠤ ᠠᠮᠤ ᠶᠢᠨ ᠨᠠᠢᠮᠠᠨ ᠮᠢᠩᠭᠠᠨ ᠣᠨ︾ ᠨᠢ ᠲᠦᠪ | ᠲᠧᠯᠸᠢᠰ ᠤᠨ ︽ᠰᠦᠪᠡᠭᠴᠢᠯᠡᠯᠲᠡ ᠢᠯᠡᠷᠡᠭᠦᠯᠦᠯᠲᠡ︾ ᠪᠣᠯᠤᠩ ᠪᠤᠯᠤᠨ ︽ᠳᠤᠮᠳᠠᠲᠤ ᠤᠯᠤᠰ ᠳᠠᠬᠢ ᠠᠶᠠᠯᠠᠯ ︾ | ᠪᠣᠯᠤᠩ ᠢᠶᠠᠷ ᠲᠣᠰ ᠲᠣᠰ ᠨᠡᠪᠲᠡᠷᠡᠭᠦᠯᠦᠭᠲᠡᠪᠡ᠃ ᠠᠩᠬᠠᠳᠤᠭᠠᠷ ᠬᠤᠭᠤᠴᠠᠭᠠᠨ ᠤ ᠠᠤᠬᠠᠨ ᠬᠠᠯᠠᠭᠤᠨ ᠷᠠᠰᠢᠶᠠᠨᠲᠤ | ᠰᠤᠶᠤᠯ ᠵᠤᠭᠠᠴᠠᠯ ᠤᠨ ᠨᠠᠶᠢᠷ᠂ ᠲᠤᠮᠳᠠᠳᠤ ᠶᠢᠨ ᠠᠤᠬᠠᠨ ᠯᠤᠤ ᠶᠢᠨ ᠳᠡᠭᠡᠳᠦᠰ ᠬᠠᠰ ᠤᠨ ᠨᠤᠲᠤᠭ ᠰᠣᠶᠤᠯ | ᠦᠭᠦᠯᠡᠯ ᠤᠨ ᠳᠠᠪᠴᠠᠩ᠂ ᠬᠤᠶᠠᠳᠤᠭᠠᠷ ᠬᠤᠭᠤᠴᠠᠭᠠᠨ ᠤ ᠬᠢᠳᠠᠨ ᠰᠣᠳᠤᠯᠤᠯ ᠤᠨ ᠳᠡᠯᠡᠬᠡᠢ ᠶᠢᠨ ᠡᠷᠳᠡᠮ | ᠰᠢᠨᠵᠢᠯᠡᠭᠡᠨ ᠤ ᠶᠠᠷᠢᠯᠴᠠᠬᠤ ᠬᠤᠷᠠᠯ᠂ ᠬᠤᠩᠱᠠᠨ ᠰᠤᠶᠤᠯ ᠤᠨ ᠨᠡᠷᠡᠶᠢᠲᠦᠯ ᠤᠨ 60 ᠵᠢᠯ ᠦᠨᠤᠢ ᠶᠢ | ᠳᠤᠷᠠᠰᠬᠠᠬᠤ ᠰᠢᠷᠢᠰ ᠠᠵᠢᠯᠯᠠᠭᠠᠨ ᠵᠡᠷᠭᠡ ᠶᠢ ᠠᠮᠵᠢᠯᠲᠠ ᠲᠠᠢ ᠡᠷᠬᠢᠯᠡᠨ ᠶᠠᠪᠤᠭᠳᠠᠭᠤᠯᠵᠤ᠂ ᠮᠠᠨ ᠤ ᠬᠤᠰᠢᠭᠤ ᠨᠢ ︽ | ᠪᠦᠬᠦ ᠤᠯᠤᠰ ᠤᠨ ᠰᠣᠶᠤᠯ ᠤᠨ ᠲᠡᠷᠢᠭᠦᠨ ᠬᠤᠰᠢᠭᠤ︾ ᠶᠢᠨ ᠢᠷᠠᠭᠤ ᠠᠯᠳᠠᠷ ᠢ ᠬᠦᠷᠲᠡᠪᠡ᠃ | ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠯᠠᠮ ᠲᠡᠭᠦᠯᠳᠡᠷᠵᠢᠪᠡ᠃ ᠪᠦᠬᠦ ᠬᠤᠰᠢᠭᠤᠨ ᠤ | ᠪᠠᠩᠬᠢ ᠶᠢᠨ ᠦᠢᠯᠡᠰ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ 10 ᠂ ᠪᠠᠭ᠎ᠠ ᠨᠣᠷᠮ᠎ᠠ ᠶᠢᠨ ᠢᠲᠡᠭᠡᠮᠵᠢᠲᠦ | ᠵᠢᠭᠡᠯᠡᠯᠭᠡ ᠶᠢᠨ ᠺᠤᠮᠫᠠᠨᠢ 4 ᠂ ᠪᠡᠯᠡ ᠬᠤᠷᠠᠮᠳᠠᠭᠤᠯᠭ᠎ᠠ ᠶᠢᠨ ᠴᠢᠨᠠᠷ ᠲᠠᠢ ᠪᠠᠲᠤᠯᠭᠠᠲᠤ ᠺᠤᠮᠫᠠᠨᠢ 2 ᠪᠣᠯᠵᠤ | ᠬᠦᠭᠵᠢᠪᠡ ᠃ ᠰᠢᠨ ᠴᠢᠶᠤᠤ ᠵᠢᠭᠡᠯᠡᠯᠭᠡ ᠶᠢᠨ ᠪᠠᠲᠤᠯᠭᠠᠲᠤ ᠺᠤᠮᠫᠠᠨᠢ ᠤᠨ ᠪᠠᠲᠤᠯᠭ᠎ᠠ ᠶᠢᠨ ᠴᠢᠳᠠᠯ 1.24 | ᠳ᠋ᠦᠩᠰᠢᠭᠤᠷ ᠲᠦᠭᠦᠷᠢᠭ ᠲᠤ ᠬᠦᠷᠴᠦ᠂ ᠪᠦᠲᠦᠭᠡᠨ ᠪᠠᠶᠢᠭᠤᠯᠤᠯᠲᠠ ᠶᠢᠨ ᠪᠠᠩᠬᠢ7150 ᠲᠦᠮᠡᠨ ᠲᠦᠭᠦᠷᠢᠭ ᠤᠨ | ᠵᠢᠭᠡᠯᠡᠯᠭᠡ ᠶᠢᠨ ᠮᠥᠩᠬᠦ ᠲᠠᠯᠪᠢᠪᠠ᠃ ᠪᠦᠬᠦ ᠬᠤᠰᠢᠭᠤᠨ ᠤ ᠮᠥᠩᠬᠦᠨ ᠭᠦᠢᠯᠭᠡᠭᠡᠨ ᠤ ᠪᠠᠶᠢᠭᠤᠯᠤᠮᠵᠢ ᠶᠢᠨ | ᠬᠠᠳᠠᠭᠠᠯᠠᠮᠵᠢ ᠶᠢᠨ ᠦᠯᠡᠳᠡᠪᠦᠷᠢ ᠲᠤᠭ᠎ᠠ85.9 ᠳ᠋ᠥᠩᠰᠢᠭᠤᠷ ᠲᠦᠭᠦᠷᠢᠭ ᠲᠤ ᠬᠦᠷᠴᠦ᠂ ᠥᠩᠭᠡᠷᠡᠭᠰᠡᠨ ᠤ ᠠᠳᠠᠯᠢ | ᠬᠤᠭᠤᠴᠠᠭᠠᠨ ᠤ ᠬᠢ ᠠᠴᠠ1.3% ᠪᠠᠭᠤᠷᠠᠵᠤ᠂ ᠵᠢᠭᠡᠯᠡᠯᠭᠡ ᠶᠢᠨ ᠥᠯᠡᠳᠡᠪᠦᠷᠢ ᠲᠤᠭ᠎ᠠ45.5 ᠳ᠋ᠥᠩᠰᠢᠭᠤᠷ | ᠲᠦᠭᠦᠷᠢᠭ ᠲᠤ ᠬᠦᠷᠴᠦ᠂ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ28% ᠨᠡᠮᠡᠭᠳᠡᠪᠡ᠃ | ᠳᠠᠭᠠᠳᠬᠠᠯ ᠤᠨ ᠲᠦᠯᠦᠪᠦᠷᠢᠯᠡᠬᠦ ᠬᠦᠷᠢᠶ᠎ᠡ ᠬᠡᠪᠴᠢᠶ᠎ᠡ ᠶᠢ ᠡᠮᠬᠢ ᠳᠠᠷᠠᠭ᠎ᠠ ᠲᠠᠢ ᠥᠷᠭᠡᠳᠭᠡᠵᠦ᠂ ᠨᠢᠭᠡ ᠵᠢᠯ ᠤᠨ | ᠳᠣᠲᠤᠷ᠎ᠠ1400 ᠲᠦᠮᠡᠨ ᠲᠦᠭᠦᠷᠢᠭ ᠤᠨ ᠲᠦᠯᠦᠪᠦᠷᠢ ᠮᠥᠩᠬᠦ ᠵᠠᠷᠤᠴᠠᠭᠤᠯᠪᠠ᠃ | ︵ ᠳᠦᠷᠪᠡ︶ ᠬᠤᠲᠠ ᠬᠥᠳᠡᠭᠡ ᠶᠢᠨ ᠬᠦᠭᠵᠢᠯᠲᠡ ᠨᠢᠭᠡᠲᠦᠯᠲᠡᠢ ᠠᠬᠢᠪᠠ | ᠬᠤᠲᠠ ᠬᠥᠳᠡᠭᠡ ᠶᠢᠨ ᠲᠦᠯᠦᠪᠵᠢᠭᠦᠯᠭᠡ ᠤᠯᠠᠮ ᠰᠢᠨᠵᠢᠯᠡᠬᠦ ᠤᠬᠠᠭᠠᠨᠴᠢ ᠪᠣᠯᠪᠠ᠃ ᠰᠢᠨ ᠬᠤᠢ ᠬᠤᠲᠠ | ᠲᠣᠭᠤᠷᠢᠭ ᠤᠨ ᠶᠡᠷᠥᠩᠬᠡᠢ ᠲᠦᠯᠦᠪᠵᠢᠭᠦᠯᠭᠡ ᠳᠤ ᠵᠠᠰᠠᠪᠤᠷᠢ ᠣᠷᠤᠭᠤᠯᠵᠤ᠂ᠰᠢᠨ᠎ᠡ ᠬᠥᠳᠡᠭᠡ ᠲᠣᠰᠬᠤᠨ ᠤ | ᠪᠠᠶᠢᠭᠤᠯᠤᠯᠲᠠ ᠳᠤ12 ᠠᠶᠢᠯ ᠲᠣᠰᠬᠤᠨ ᠢ ᠭᠤᠣᠯᠳᠠᠯᠭ᠎ᠠ ᠲᠠᠢ ᠬᠦᠭᠵᠢᠭᠦᠯᠬᠦ᠂ ︽ ᠠᠷᠪᠠ ᠶᠢ ᠪᠦᠷᠬᠦᠭᠦᠯᠬᠦ︾ | ᠢᠨᠵᠧᠨᠧᠷᠢᠩ ᠢ ᠳᠦᠯᠬᠢᠨ ᠠᠬᠢᠭᠤᠯᠬᠤ ᠵᠡᠷᠭᠡ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ᠃ ᠰᠢᠨ ᠬᠤᠢ ᠬᠤᠲᠠ | ᠲᠣᠭᠤᠷᠢᠭ ᠤᠨ 50 ᠲᠡᠭᠰᠢ ᠳᠦᠷᠪᠡᠯᠵᠢᠨ ᠺᠢᠯᠥᠮᠧᠲᠷ ᠤᠨ ᠭᠠᠵᠠᠷ ᠵᠦᠢ ᠶᠢᠨ ᠮᠡᠳᠡᠭᠡ ᠵᠠᠩᠬᠢᠴᠢᠯᠠᠯᠲᠠ᠂ 20 | ᠲᠡᠭᠰᠢ ᠳᠦᠷᠪᠡᠯᠵᠢᠨ ᠺᠢᠯᠥᠮᠧᠲᠷ ᠤᠨ ᠭᠤᠷᠪᠠᠨ ᠬᠡᠮᠵᠢᠯᠲᠦ ᠮᠡᠳᠡᠭᠡ ᠵᠠᠩᠬᠢᠴᠢᠯᠠᠯᠲᠠ ᠪᠣᠯᠤᠨ 800 ᠺᠢᠯᠥᠮᠧᠲᠷ | ᠭᠠᠵᠠᠷ ᠳᠣᠣᠷᠠᠬᠢ ᠲᠣᠣᠷ ᠬᠤᠭᠤᠯᠠᠢ ᠶᠢᠨ ᠨᠡᠶᠢᠳᠡᠮ ᠪᠠᠶᠢᠴᠠᠭᠠᠯᠲᠠ ᠶᠢ ᠵᠡᠷᠭᠡᠪᠡᠷ ᠦᠷᠨᠢᠭᠦᠯᠵᠦ᠂ ᠬᠤᠲᠠ | ᠲᠣᠭᠤᠷᠢᠭ ᠤᠨ ᠬᠢᠵᠠᠭᠠᠷᠯᠠᠯ ᠤᠨ ᠴᠢᠨᠠᠷᠲᠠᠢ ᠲᠦᠯᠦᠪᠵᠢᠭᠦᠯᠭᠡ ᠶᠢᠨ ᠪᠦᠷᠬᠦᠴᠡ 90 % ᠠᠴᠠ ᠳᠡᠭᠡᠭᠰᠢ | ᠬᠦᠷᠦᠭᠰᠡᠨ ᠪᠠᠶᠢᠨ᠎ᠠ᠃ ᠬᠠᠯᠠᠭᠤᠨ ᠷᠠᠰᠢᠶᠠᠨᠲᠤ ᠲᠣᠰᠬᠤᠨ ᠤ ᠲᠦᠯᠦᠪᠵᠢᠭᠦᠯᠭᠡ ᠶᠢᠨ ᠬᠡᠪ ᠵᠠᠭᠪᠤᠷ ᠪᠦᠬᠦ | ᠣᠷᠤᠨ ᠤ ᠬᠡᠪ ᠳᠠᠭᠤᠷᠢᠶᠠᠯ ᠪᠣᠯᠪᠠ᠃ | ᠬᠤᠲᠠ ᠬᠥᠳᠡᠭᠡ ᠶᠢᠨ ᠪᠠᠶᠢᠭᠤᠯᠤᠯᠲᠠ ᠳᠣᠭᠲᠠᠭᠤᠨ ᠶᠠᠪᠤᠭᠳᠠᠪᠠ᠃ 37ᠲᠦᠷᠦᠯ ᠵᠦᠢᠯ ᠢ | ᠬᠡᠷᠡᠭᠵᠢᠭᠦᠯᠵᠦ᠂ 39.4 ᠳ᠋ᠥᠩᠰᠢᠭᠤᠷ ᠲᠦᠭᠦᠷᠢᠭ ᠪᠡᠯᠡᠣᠷᠤᠭᠤᠯᠤᠯᠲᠠ ᠳᠠᠭᠤᠰᠬᠠᠪᠠ᠃ 107 ᠲᠦᠮᠡᠨ | ᠲᠡᠭᠰᠢ ᠲᠦᠷᠪᠡᠯᠵᠢᠨ ᠮᠧᠲᠷ ᠭᠡᠷ ᠪᠠᠶᠢᠰᠢᠩ ᠭᠠᠵᠠᠷ ᠰᠢᠷᠤᠢ ᠶᠢᠨ ᠨᠡᠬᠡᠭᠡᠯᠲᠡ ᠬᠢᠵᠦ᠂ ᠬᠠᠢ ᠶᠤᠸᠠᠢ ᠰᠢᠨ᠎ᠡ | ᠬᠤᠲᠠ ᠶᠢᠨ ᠳᠦᠭᠦᠮ ᠪᠦᠲᠦᠴᠡᠲᠦ ᠣᠷᠤᠨ ᠢ ᠦᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ 17 ᠲᠦᠮᠡᠨ | ᠲᠡᠭᠰᠢ ᠳᠦᠷᠪᠡᠯᠵᠢᠨ ᠮᠧᠲᠷ ᠬᠠᠭᠤᠴᠢᠨ ᠠᠰᠠᠷ ᠲᠤ ᠡᠨᠧᠷᠬᠢ ᠠᠷᠪᠢᠯᠠᠬᠤ ᠨᠡᠶᠢᠲᠡ ᠵᠢᠨᠲ᠋ᠦ᠋ᠷᠢᠶᠡᠰᠦᠨ ᠭᠡᠷ ᠢ | ᠪᠠᠶᠢᠭᠤᠯᠵᠤ ᠳᠠᠭᠤᠰᠬᠠᠪᠠ ᠃ 496 ᠢᠵᠢ ᠨᠡᠶᠢᠲᠡ ᠶᠢᠨ ᠳᠦᠷᠢᠶᠡᠰᠦᠨ ᠭᠡᠷ ᠪᠠᠶᠢᠰᠢᠩ ᠢ ᠪᠠᠶᠢᠭᠤᠯᠵᠤ | ᠳᠠᠭᠤᠰᠬᠠᠪᠠ᠃ ᠣᠮᠠᠷᠠᠲᠤ ᠬᠤᠲᠠ ᠶᠢᠨ ᠰᠢᠨ᠎ᠡ ᠲᠣᠭᠤᠷᠢᠭ ᠤᠨ ᠬᠡᠪᠴᠢᠶ᠎ᠡ ᠠᠩᠬ᠎ᠠ ᠠᠯᠬᠤᠮ ᠪᠦᠷᠢᠯᠳᠦᠵᠦ᠂ | ᠬᠤᠲᠠ ᠶᠢᠨ ᠭᠠᠳᠠᠨᠠᠬᠢ ᠲᠣᠭᠤᠷᠢᠯ ᠵᠠᠮ ᠤᠨ ᠪᠠᠶᠢᠭᠤᠯᠤᠯᠲᠠ ᠭᠧᠷᠮᠠᠨ ᠤ ᠹᠦ᠋ ᠰᠢᠩ ᠢᠲᠡᠭᠡᠮᠵᠢᠲᠦ ᠵᠢᠭᠡᠯᠡᠯᠭᠡ ᠶᠢᠨ | ᠺᠤᠮᠫᠠᠨᠢ ᠶᠢᠨ ᠰᠢᠯᠭᠠᠨ ᠬᠤᠷᠢᠶᠠᠯᠲᠠ ᠳᠤ ᠬᠢᠷᠢ ᠳᠡᠩᠴᠡᠪᠡ᠃ ᠵᠣᠴᠢᠳ ᠣᠭᠲᠤᠬᠤ ᠶᠡᠭᠡ ᠵᠠᠮ ᠪᠣᠯᠤᠨ ᠰᠢᠨ | ᠶᠤᠸᠠᠨ ᠵᠠᠮ᠂ ᠰᠢᠨ ᠰᠢᠩ ᠵᠡᠭᠡᠯᠢ ᠶᠢᠨ ᠡᠮᠦᠨᠡᠬᠢ ᠵᠠᠮ ᠤᠨ ᠪᠠᠷᠢᠯᠭ᠎ᠠ ᠳᠠᠭᠤᠰᠴᠤ ᠲᠡᠷᠭᠡ ᠨᠡᠪᠲᠡᠷᠡᠪᠡ ᠃ ᠰᠢᠨ | ᠵᠦᠩ ᠵᠡᠭᠡᠯᠢ ᠶᠢᠨ ᠵᠠᠷᠢᠮ ᠬᠡᠰᠡᠭ ᠭᠠᠵᠠᠷ ᠢ ᠵᠠᠰᠠᠨ ᠰᠢᠨᠡᠳᠭᠡᠵᠦ᠂ ᠲᠤᠸᠠᠨ ᠵᠢᠶᠧ ᠵᠠᠮ ᠤᠨ ᠲᠡᠷᠭᠡ ᠨᠡᠪᠲᠡᠷᠡᠬᠦ | ᠬᠦᠭᠦᠷᠭᠡ᠂ ᠶᠤᠸᠠᠨ ᠯᠢᠨ ᠵᠠᠮ ᠤᠨ ᠶᠠᠪᠠᠭᠠᠨ ᠬᠥᠮᠦᠨ ᠤ ᠬᠦᠭᠦᠷᠭᠡ ᠶᠢᠨ ᠭᠤᠣᠯ ᠪᠠᠷᠢᠯᠭ᠎ᠠ ᠶᠢ ᠳᠠᠭᠤᠰᠬᠠᠪᠠ ᠃ | ᠢᠯᠴᠢ ᠬᠠᠩᠭᠠᠯᠲᠠ ᠶᠢᠨ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠡᠵᠡᠩᠨᠡᠯᠲᠡ ᠳᠤ | ᠣᠷᠤᠵᠤ᠂ ᠬᠠᠶᠠᠭᠳᠠᠮᠠᠯ ᠤᠰᠤ ᠶᠢ ᠳᠠᠬᠢᠨ ᠠᠰᠢᠭᠯᠠᠬᠤ ᠦᠢᠯᠡᠳᠪᠦᠷᠢ ᠲᠤᠷᠰᠢᠨ ᠦᠢᠯᠡᠳᠪᠦᠷᠢᠯᠡᠪᠡ᠃ ᠰᠢᠨ | ᠬᠤᠢ ᠂ ᠰᠧ ᠵᠢᠶᠠᠽᠢ᠂ ᠴᠠᠩ ᠱᠧᠩ᠂ ᠰᠢᠶᠠ ᠸᠠ ᠳᠦᠷᠪᠡᠨ ᠪᠠᠯᠭᠠᠰᠤ ᠪᠦᠬᠦ ᠤᠯᠤᠰ ᠤᠨᠭᠤᠣᠯᠳᠠᠯᠭ᠎ᠠ ᠲᠠᠢ | ᠪᠠᠯᠭᠠᠰᠤ ᠪᠠᠷ ᠦᠨᠡᠯᠡᠭᠳᠡᠪᠡ᠃ ᠪᠦᠬᠦ ᠬᠤᠰᠢᠭᠤᠨ ᠤ ᠬᠤᠲᠠ ᠪᠠᠯᠭᠠᠰᠤᠵᠢᠯᠲᠠ ᠶᠢᠨ ᠨᠣᠷᠮ᠎ᠠ ᠨᠢ 35.7% ᠳᠤ | ᠬᠦᠷᠴᠦ᠂ ᠥᠩᠭᠡᠷᠡᠭᠰᠡᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 1.7 ᠴᠢᠭ | ᠳᠡᠭᠡᠭᠰᠢᠯᠡᠪᠡ᠃ | ᠬᠤᠲᠠ ᠬᠦᠳᠡᠭᠡ ᠶᠢᠨ ᠬᠠᠮᠢᠶᠠᠷᠤᠯᠲᠠ ᠴᠢᠩᠭᠠᠷᠠᠪᠠ᠃ ᠬᠤᠲᠠ ᠬᠦᠳᠡᠭᠡ ᠶᠢᠨ ᠡᠳᠦᠷ ᠲᠣᠲᠤᠮ ᠤᠨ | ᠬᠢᠨᠠᠨᠬᠠᠮᠢᠶᠠᠷᠤᠯᠲᠠ ᠪᠠᠨ ᠴᠢᠩᠭᠠᠳᠬᠠᠵᠤ᠂ ᠬᠠᠤᠯᠢ ᠳᠣᠭᠲᠠᠭᠠᠯ ᠠᠴᠠ ᠵᠦᠷᠢᠴᠡᠭᠰᠡᠨ ᠪᠠᠷᠢᠯᠭ᠎ᠠ ᠶᠢ ᠴᠠᠭ ᠲᠣᠬᠠᠢ | ᠳᠤᠨᠢ ᠡᠪᠳᠡᠨ ᠨᠤᠷᠠᠭᠠᠵᠤ᠂ ᠨᠡᠶᠢᠲᠡ ᠶᠢᠨ ᠲᠦᠬᠦᠭᠡᠷᠦᠮᠵᠢ ᠶᠢᠨ ᠠᠶᠤᠯᠭᠦᠢ ᠡᠷᠭᠢᠯᠲᠡ ᠶᠢ ᠪᠠᠲᠤᠯᠠᠪᠠ᠃ ᠭᠡᠷ | ᠠᠬᠤᠢ ᠶᠢᠨ ᠬᠠᠮᠢᠶᠠᠷᠤᠯᠲᠠ ᠶᠢᠨ ᠰᠢᠨ᠎ᠡ ᠬᠡᠪ ᠵᠠᠭᠪᠤᠷ ᠢ ᠰᠦᠪᠡᠭᠴᠢᠯᠡᠵᠦ᠂ ᠰᠠᠭᠤᠭᠠᠯᠢ ᠲᠣᠭᠤᠷᠢᠭ ᠤᠨ ᠲᠦᠭᠦᠷ | ᠲᠦᠬᠦᠭᠡᠷᠦᠮᠵᠢ ᠶᠢ ᠴᠠᠭ ᠲᠣᠬᠠᠢ ᠳᠤᠨᠢ ᠵᠠᠰᠠᠨ ᠰᠢᠨᠡᠳᠭᠡᠵᠦ᠂ ᠭᠡᠷ ᠠᠬᠤᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ | ᠳᠠᠰᠤᠷᠠᠯ ᠦᠭᠡᠢ ᠳᠡᠭᠡᠭᠰᠢᠯᠡᠪᠡ ᠃ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠡᠷᠴᠢᠮ ᠢᠶᠠᠨ | ᠴᠢᠩᠭᠠᠷᠠᠭᠤᠯᠵᠤ ᠂ ᠠᠯᠪᠠᠨ ᠪᠠᠶᠢᠭᠤᠯᠭ᠎ᠠ ᠺᠠᠲᠡᠷ ᠤᠨᠴᠡᠪᠡᠷᠰᠢᠭᠦᠯᠬᠦ ᠲᠣᠭᠤᠷᠢᠭ ᠢ ᠲᠣᠭᠳᠠᠭᠠᠵᠤ᠂ ᠤᠯᠤᠰ ᠢᠶᠠᠨ | ᠬᠠᠶᠢᠷᠠᠯᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠭᠦᠯᠵᠦ᠂ ᠬᠤᠲᠠ ᠬᠦᠳᠡᠭᠡ ᠶᠢᠨ ᠥᠩᠭᠡ ᠳᠦᠷᠰᠦ ᠳᠤ | ᠰᠢᠨ᠎ᠡ ᠬᠤᠪᠢᠷᠠᠯᠲᠠ ᠭᠠᠷᠭᠠᠪᠠ᠃ ᠮᠠᠨ ᠤ ᠬᠤᠰᠢᠭᠤ ᠨᠢ ᠦᠪᠡᠷᠲᠡᠭᠡᠨ ᠵᠠᠰᠠᠬᠤ ᠣᠷᠤᠨ ᠤ ᠠᠷᠢᠭᠤᠨ ᠴᠡᠪᠡᠷ | ᠬᠤᠰᠢᠭᠤ ᠰᠢᠶᠠᠨ ᠬᠤᠲᠠ ᠶᠢᠨ ᠰᠢᠯᠭᠠᠨ ᠬᠤᠷᠢᠶᠠᠯᠲᠠ᠂ ᠦᠪᠡᠷᠲᠡᠭᠡᠨ ᠵᠠᠰᠠᠬᠤ ᠣᠷᠤᠨ ᠤ ᠬᠤᠰᠢᠭᠤ ᠰᠢᠶᠠᠨ ᠤ | ᠬᠤᠲᠠ ᠶᠢᠨ ᠪᠣᠯᠪᠠᠰᠤᠨ ᠤ ᠵᠢᠭᠠᠯᠲᠠ ᠶᠢᠨ ᠲᠤᠭ᠎ᠠ ᠶᠢᠨ ᠬᠡᠮᠵᠢᠯᠲᠡ᠂ ᠦᠪᠡᠷᠲᠡᠭᠡᠨ ᠵᠠᠰᠠᠬᠤ ᠣᠷᠤᠨ ᠤ ᠠᠮᠢ | ᠠᠬᠤᠢ ᠶᠢᠨ ᠴᠡᠴᠡᠷᠯᠢᠭᠲᠦ ᠬᠤᠲᠠ ᠶᠢᠨ ᠰᠢᠯᠭᠠᠨ ᠬᠤᠷᠢᠶᠠᠯᠲᠠ ᠳᠤ ᠪᠦᠷ ᠬᠢᠷᠢ ᠲᠡᠩᠴᠡᠪᠡ᠃ | ᠰᠣᠮᠤ ᠶᠢᠨ ᠬᠦᠭᠵᠢᠯᠲᠡ ᠢᠯᠡᠳᠲᠡ ᠪᠦᠲᠦᠮᠵᠢ ᠣᠯᠪᠠ᠃ ᠨᠢᠭᠡ ᠵᠢᠯ ᠤᠨ ᠲᠣᠷᠰᠢ᠂ ᠪᠦᠬᠦ ᠬᠤᠰᠢᠭᠤᠨ ᠤ | 20 ᠰᠠᠯᠠᠭ᠎ᠠ ᠮᠥᠴᠢᠷ ᠨᠢ ᠣᠷᠤᠢ ᠶᠢᠨ ᠰᠦᠮ᠎ᠡ ᠰᠣᠮᠤ ᠶᠢᠨ ᠠᠵᠤ ᠠᠬᠤᠢ ᠨᠡᠶᠢᠭᠡᠮ ᠤᠨ ᠬᠦᠭᠵᠢᠯᠲᠡ ᠶᠢ ᠠᠵᠢᠯ | ᠲᠦᠷᠦᠯ ᠢᠶᠠᠷ ᠬᠠᠪᠰᠤᠷᠤᠨ ᠳᠡᠳᠭᠦᠵᠦ᠂ ᠨᠡᠶᠢᠲᠡ27 ᠲᠦᠷᠦᠯ ᠵᠦᠢᠯ ᠬᠡᠷᠡᠭᠵᠢᠭᠦᠯᠵᠦ᠂ 4648 ᠲᠦᠮᠡᠨ | ᠲᠦᠭᠦᠷᠢᠭ ᠪᠡᠯᠡ ᠮᠥᠩᠬᠦ ᠨᠠᠶᠢᠳᠠᠪᠤᠷᠢᠵᠢᠭᠤᠯᠵᠤ᠂ ᠵᠢᠯ ᠤᠨ ᠬᠠᠷᠠᠯᠲᠠ ᠡᠭᠦᠷᠭᠡ ᠶᠢᠨ 103% ᠶᠢ | ᠪᠡᠶᠡᠯᠡᠭᠦᠯᠵᠦ᠂ ᠰᠣᠮᠤ ᠶᠢᠨ ᠦᠨᠳᠦᠰᠦᠨ ᠲᠣᠨᠤᠭ ᠲᠦᠬᠦᠭᠡᠷᠦᠮᠵᠢ ᠶᠢᠨ ᠪᠠᠶᠢᠭᠤᠯᠤᠯᠲᠠ ᠢᠯᠡᠳᠲᠡ ᠰᠠᠶᠢᠵᠢᠷᠠᠵᠤ | ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠦᠭᠦᠴᠡᠯ ᠦᠨᠡᠨᠬᠦ ᠳᠡᠭᠡᠭᠰᠢᠯᠡᠭᠰᠡᠨ ᠪᠠᠶᠢᠨ᠎ᠠ᠃ | ︵ᠲᠠᠪᠤ︶ ᠠᠴᠢᠶᠠᠯᠠᠬᠤ ᠴᠢᠳᠠᠯ ᠪᠦᠬᠦ ᠲᠠᠯ᠎ᠠ ᠪᠠᠷ ᠳᠡᠭᠡᠭᠰᠢᠯᠡᠪᠡ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠦᠷᠭᠦᠯᠵᠢᠯᠡᠨ ᠪᠠᠲᠤᠵᠢᠪᠠ᠃ ᠨᠢᠭᠡ ᠵᠢᠯ ᠳᠤ11 ᠲᠦᠮᠡᠨ | ᠮᠦ ᠣᠶᠢᠵᠢᠭᠤᠯᠤᠯᠲᠠ ᠳᠠᠭᠤᠰᠬᠠᠵᠤ᠂ ᠡᠭᠦᠨ ᠤ ᠳᠣᠲᠤᠷ᠎ᠠ ᠂ 2 ᠲᠦᠮᠡᠨ ᠮᠦ ᠠᠵᠤ ᠠᠬᠤᠢ ᠵᠢᠨᠣᠢ᠂ 2 | ᠲᠦᠮᠡᠨ ᠮᠦ ᠬᠠᠶᠢᠯᠠᠷ ᠨᠠᠷᠠᠰᠤ ᠣᠶᠢᠵᠢᠭᠤᠯᠵᠤ᠂ 2 ᠲᠦᠮᠡᠨ ᠮᠦ ᠭᠤᠤ ᠰᠤᠪᠠᠭ ᠢ ᠵᠠᠰᠠᠵᠤ ᠴᠡᠭᠴᠡᠯᠡᠵᠦ᠂ 2.7 | ᠲᠦᠮᠡᠨ ᠮᠦ ᠭᠤᠣᠯᠳᠠᠯᠭ᠎ᠠ ᠲᠠᠢ ᠣᠷᠤᠨ ᠢ ᠨᠣᠭᠤᠭᠠᠷᠠᠭᠤᠯᠪᠠ ᠃ 111 ᠤᠯᠤᠰ ᠤᠨ ᠵᠠᠮ ᠤᠨ ᠰᠠᠯᠪᠤᠷᠢ ᠠᠴᠠ | ᠰᠢᠨ ᠬᠤᠢ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠢ 3900 ᠮᠦ ᠨᠣᠭᠤᠭᠠᠷᠠᠭᠤᠯᠵᠤ᠂ ᠬᠤᠲᠠ ᠶᠢᠨ | ᠭᠤᠣᠯᠳᠠᠯᠭ᠎ᠠ ᠲᠠᠢ ᠨᠣᠭᠤᠭᠠᠷᠠᠭᠤᠯᠤᠯᠲᠠ ᠶᠢᠨ ᠰᠢᠯᠢᠳᠡᠭ ᠪᠦᠲᠦᠭᠡᠯ ᠤᠨ ᠵᠢᠱᠢᠶᠡᠴᠢ ᠢᠨᠵᠧᠨᠧᠷᠢᠩ ᠢᠶᠠᠷ | ᠦᠨᠡᠯᠡᠭᠳᠡᠪᠡ᠃ | ᠤᠰᠤᠨ ᠠᠰᠢᠭᠯᠠᠯᠲᠠ ᠶᠢᠨ ᠢᠨᠵᠧᠨᠧᠷᠢᠩ ᠣᠯᠠᠮ ᠲᠡᠭᠦᠯᠳᠡᠷᠵᠢᠪᠡ᠃ ︽ᠯᠤᠤᠬ᠎ᠠ ᠶᠢᠨ ᠭᠤᠣᠯ ᠢ ᠰᠢᠨ | ᠬᠤᠢ ᠳᠤ ᠲᠠᠲᠠᠨ ᠣᠷᠤᠭᠤᠯᠬᠤ︾ ᠢᠨᠵᠧᠨᠧᠷᠢᠩ ᠤᠨ ᠬᠥᠪᠡᠭᠡ ᠳᠠᠭᠠᠭᠰᠠᠨ ᠬᠥᠳᠡᠭᠡ ᠲᠣᠰᠬᠤᠨ ᠳᠤ ᠤᠰᠤ | ᠨᠡᠪᠲᠡᠷᠡᠵᠦ᠂ 14.8 ᠲᠦᠮᠡᠨ ᠬᠥᠮᠦᠨ ᠠᠰᠢᠭ ᠬᠦᠷᠲᠡᠪᠡ᠃ ᠭᠤᠷᠪᠠᠨᠬᠤᠸᠠ ᠰᠢᠶᠠᠩ ᠤᠨ ᠪᠠᠷᠠᠭᠤᠨᠳᠡᠬᠢ | ᠤᠰᠤ ᠶᠢ ᠵᠡᠭᠦᠨᠰᠢ ᠲᠠᠲᠠᠬᠤ ᠢᠨᠵᠧᠨᠧᠷᠢᠩ1800 ᠲᠦᠮᠡᠨ ᠲᠦᠭᠦᠷᠢᠭ ᠪᠡᠯᠡ ᠣᠷᠤᠭᠤᠯᠤᠯᠲᠡ ᠳᠠᠭᠤᠰᠬᠠᠵᠤ᠂ | 3ᠲᠦᠮᠡᠨ ᠤᠰᠤᠯᠠᠯᠲᠠ ᠶᠢᠨ ᠲᠠᠷᠢᠶ᠎ᠠ ᠨᠡᠮᠡᠭᠳᠡᠭᠦᠯᠪᠡ᠃ ᠬᠦᠳᠦᠯ ᠭᠠᠵᠠᠷ ᠤᠨ ᠤᠰᠤ ᠬᠦᠷᠦᠰᠦ ᠶᠢ | ᠳᠣᠭᠲᠠᠪᠤᠷᠢᠵᠢᠭᠤᠯᠵᠤ᠂ ᠪᠡᠭᠡᠵᠢᠩ ᠲᠢᠶᠠᠨᠵᠢᠨ ᠤ ᠡᠯᠡᠰᠦᠨ ᠤ ᠢᠷᠡᠯᠲᠡ ᠶᠢ ᠵᠠᠰᠠᠬᠤ ᠢᠨᠵᠧᠨᠧᠷᠢᠩ ᠳᠤ 2109 | ᠲᠦᠮᠡᠨ ᠲᠦᠭᠦᠷᠢᠭ ᠪᠡᠯᠡ ᠣᠷᠤᠭᠤᠯᠵᠤ᠂ 1.3 ᠲᠦᠮᠡᠨ ᠮᠦ ᠱᠠᠲᠤᠨ ᠲᠠᠷᠢᠶ᠎ᠠ᠂ 3165 ᠮᠦ ᠤᠰᠤ | ᠠᠷᠪᠢᠯᠠᠬᠤ ᠤᠰᠤᠯᠠᠯᠲᠠ᠂ 4.4 ᠲᠦᠮᠡᠨ ᠮᠦ ᠣᠶᠢᠵᠢᠭᠤᠯᠤᠯᠲᠠ ᠶᠢ ᠳᠠᠭᠤᠰᠬᠠᠪᠠ᠃ 37 ᠬᠡᠰᠡᠭ ᠭᠠᠵᠠᠷ ᠲᠤ | ᠬᠥᠮᠦᠨ ᠤ ᠢᠳᠡᠬᠦ ᠤᠰᠤᠨ ᠤ ᠢᠨᠵᠧᠨᠧᠷᠢᠩ ᠢ ᠪᠠᠶᠢᠭᠤᠯᠵᠤ᠂ 2.3ᠲᠦᠮᠡᠨ ᠬᠦᠮᠦᠨ ᠤ ᠤᠰᠤ ᠢᠳᠡᠬᠦ | ᠠᠰᠠᠭᠤᠳᠠᠯ ᠢ ᠰᠢᠢᠳᠪᠦᠷᠢᠯᠡᠪᠡ᠃ | ᠵᠠᠮ ᠨᠡᠪᠲᠡᠷᠡᠯᠭᠡ ᠵᠥᠭᠡᠭᠡᠪᠦᠷᠢ ᠣᠯᠠᠮ ᠰᠢᠯᠤᠭᠤᠨ ᠳᠠᠷᠳᠠᠩ ᠪᠣᠯᠪᠠ ᠃ ᠠᠣᠬᠠᠨ ᠤ ᠠᠶᠠᠨᠴᠢᠳ ᠤᠨ ᠮᠠᠰᠢᠨ | ᠲᠡᠷᠭᠡᠨ ᠦᠷᠲᠡᠭᠡ ᠡᠵᠡᠩᠨᠡᠯᠲᠡ ᠳᠤ ᠤᠷᠤᠵᠤ᠂ ᠡᠳᠦᠷ ᠪᠦᠷᠢ ᠶᠢᠨ ᠠᠶᠠᠨᠴᠢᠨ ᠤ ᠵᠦᠭᠡᠭᠡᠪᠦᠷᠢᠯᠡᠯᠲᠡ 4800 | ᠬᠥᠮᠦᠨ ︵ᠤᠳᠠᠭ᠎ᠠ︶ ᠳᠤ ᠬᠦᠷᠪᠡ ᠃ 152 ᠺᠢᠯᠥᠮᠧᠲᠷ ᠲᠣᠰᠬᠤᠨ ᠳᠤ ᠨᠡᠪᠲᠡᠷᠡᠬᠦ ᠱᠤᠶᠢᠨᠢ ᠵᠠᠮ ᠢ ᠰᠢᠨ᠎ᠡ ᠪᠠᠷ | ᠪᠠᠶᠢᠭᠤᠯᠵᠤ᠂ 87% ᠵᠢᠨᠵᠠᠰᠠᠭ ᠵᠠᠬᠢᠷᠭᠠᠨ ᠤ ᠲᠣᠰᠬᠤᠨ ᠳᠤ ᠱᠤᠶᠢᠨᠢ ᠵᠠᠮ ᠨᠡᠪᠲᠡᠷᠡᠪᠡ᠃ 210 ᠳ᠋ᠤᠭᠠᠷ | ᠮᠣᠵᠢ ᠶᠢᠨ ᠳᠡᠰ ᠤᠨ ᠵᠠᠮ ᠤᠨ ᠰᠢᠨ ᠬᠤᠢ ᠠᠴᠠ ᠯᠣᠣ ᠬᠡᠦ ᠱᠠᠨ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ | ᠥᠪᠡᠷᠲᠡᠭᠡᠨ ᠵᠠᠰᠠᠬᠤ ᠣᠷᠤᠨ ᠤ 2015 ᠣᠨ ᠤ ᠪᠠᠶᠢᠭᠤᠯᠤᠯᠲᠠ ᠶᠢᠨ ᠲᠦᠯᠦᠪᠵᠢᠭᠦᠯᠭᠡ ᠳᠤ ᠵᠢᠭᠰᠠᠭᠠᠭᠳᠠᠵᠤ᠂ | ᠭᠤᠷᠣᠬᠠᠨ ᠠᠴᠠ ᠰᠢᠨ ᠬᠤᠢ ᠬᠦᠷᠬᠦ ᠬᠤᠶᠠᠳᠤᠭᠠᠷ ᠳᠠᠰ ᠤᠨ ᠵᠠᠰᠠᠮᠠᠯ ᠵᠠᠮ ᠤᠨ ᠪᠠᠶᠢᠭᠤᠯᠤᠯᠲᠠ ᠶᠢᠨ ᠡᠮᠦᠨᠡᠬᠢ | ᠬᠤᠭᠤᠴᠠᠭᠠᠨ ᠤ ᠠᠵᠢᠯ ᠢ ᠡᠬᠢᠯᠡᠭᠦᠯᠪᠡ᠃ | ᠴᠠᠬᠢᠯᠭᠠᠨ ᠬᠦᠴᠦᠨ ᠤ ᠬᠠᠩᠭᠠᠯᠲᠠ ᠪᠦᠲᠦᠮᠵᠢᠲᠡᠢ ᠰᠠᠶᠢᠵᠢᠷᠠᠪᠠ᠃ 1.05 ᠳ᠋ᠥᠩᠰᠢᠭᠤᠷ ᠲᠦᠭᠦᠷᠢᠭ | ᠤᠨ ᠪᠡᠯᠡ ᠣᠷᠤᠭᠤᠯᠤᠯᠲᠠ ᠶᠢ ᠳᠠᠭᠤᠰᠬᠠᠵᠤ᠂ ᠠᠵᠤ ᠦᠢᠯᠡᠳᠪᠦᠷᠢ ᠶᠢᠨ ᠲᠣᠭᠤᠷᠢᠭ ᠪᠣᠯᠤᠨ ᠴᠠᠩ ᠴᠢᠩ ᠤᠨ 66 | ᠺᠢᠯᠤᠸᠠᠲ ᠶᠢᠨ ᠴᠠᠬᠢᠯᠭᠠᠨ ᠬᠤᠪᠢᠰᠬᠠᠬᠤ ᠢᠨᠵᠧᠨᠧᠷᠢᠩ ᠡᠵᠡᠩᠨᠡᠯᠲᠡ ᠳᠤ ᠣᠷᠤᠪᠠ ᠃ ᠡᠦ ᠵᠢᠶᠠ ᠶᠢᠨ 66 | ᠺᠢᠯᠤᠸᠠᠲ ᠶᠢᠨ ᠴᠠᠬᠢᠯᠭᠠᠨ ᠬᠤᠪᠢᠰᠬᠠᠬᠤ ᠢᠨᠵᠧᠨᠧᠷᠢᠩ ᠤᠨ ᠭᠤᠣᠯ ᠪᠠᠷᠢᠯᠭ᠎ᠠ ᠳᠠᠭᠤᠰᠪᠠ ᠃ 10 ᠺᠢᠯᠤᠸᠠᠲ | ᠶᠢᠨ ᠴᠠᠬᠢᠯᠭᠠᠨ ᠤᠲᠠᠰᠤ 116 ᠺᠢᠯᠤᠮᠧᠲᠷ ᠵᠠᠰᠠᠵᠤ ᠰᠢᠨᠡᠳᠭᠡᠵᠦ᠂175 ᠲᠤᠤᠷ᠎ᠠ ᠬᠦᠴᠦᠳᠡᠯᠳᠤ ᠴᠠᠬᠢᠯᠭᠠᠨ | ᠬᠤᠪᠢᠰᠬᠠᠭᠤᠷ ᠢ ᠥᠭᠡᠷᠡᠴᠢᠯᠡᠪᠡ ᠃ | ︵ᠵᠢᠷᠭᠤᠭ᠎ᠠ︶ ᠪᠡᠯᠡ ᠣᠷᠤᠭᠤᠯᠤᠨ ᠳᠠᠶᠢᠴᠢᠯᠠᠬᠤ ᠬᠦᠴᠦᠨ ᠮᠡᠳᠡᠭᠳᠡᠮ᠎ᠡ ᠴᠢᠩᠭᠠᠷᠠᠪᠠ | ᠠᠷᠠᠯᠵᠢᠶᠠᠴᠢᠨ ᠤᠷᠢᠵᠤ ᠪᠡᠯᠡ ᠳᠠᠪᠲᠠᠭᠰᠠᠨᠠᠵᠢᠯ ᠢᠯᠡᠳᠲᠡ ᠦᠷ᠎ᠡ ᠪᠦᠲᠦᠮᠵᠢ ᠣᠯᠪᠠ᠃ ᠨᠢᠭᠡ ᠵᠢᠯ ᠳᠤ ᠂ | ᠠᠷᠠᠯᠵᠢᠶᠠᠴᠢᠨ ᠤᠷᠢᠵᠤ ᠪᠡᠯᠡ ᠲᠠᠲᠠᠬᠤ ᠲᠦᠷᠦᠯ ᠵᠦᠢᠯ 143 ᠬᠡᠷᠡᠭᠵᠢᠭᠦᠯᠪᠡ᠃11 ᠰᠢᠨ᠎ᠡ ᠲᠦᠷᠦᠯ ᠵᠦᠢᠯ | ᠳᠡᠭᠡᠷ᠎ᠡ ᠭᠠᠷ ᠤᠨ ᠦᠰᠦᠭ ᠵᠢᠷᠤᠵᠤ᠂ ᠭᠡᠷ᠎ᠡ ᠳᠣᠭᠲᠠᠭᠰᠠᠨ ᠪᠡᠯᠡ ᠮᠥᠩᠬᠦ 180.8 ᠳ᠋ᠦᠩᠰᠢᠭᠤᠷ | ᠲᠦᠭᠦᠷᠢᠭ ᠲᠤ ᠬᠦᠷᠴᠦ᠂ 8 ᠲᠦᠷᠦᠯ ᠵᠦᠢᠯ ᠪᠠᠷᠢᠯᠭ᠎ᠠ ᠡᠬᠢᠯᠡᠵᠦ᠂ ᠡᠭᠦᠨ ᠳᠤ᠂ ᠪᠡᠯᠡ ᠣᠷᠤᠭᠤᠯᠤᠯᠲᠠ10 | ᠳ᠋ᠦᠩᠰᠢᠭᠤᠷ ᠲᠦᠭᠦᠷᠢᠭ ᠢ ᠳᠠᠪᠠᠭᠰᠠᠨ ᠲᠦᠷᠦᠯ ᠵᠦᠢᠯ 5 ᠪᠠᠶᠢᠵᠤ᠂ ᠪᠣᠲᠠᠲᠠᠶᠢᠵᠢᠭᠤᠯᠤᠭᠰᠠᠨ ᠪᠡᠯᠡ ᠮᠦᠩᠭᠦ ᠨᠢ | 105.1 ᠳ᠋ᠦᠩᠰᠢᠭᠤᠷ ᠲᠦᠭᠦᠷᠢᠭ ᠲᠤ ᠬᠦᠷᠴᠦ᠂ ᠥᠩᠭᠡᠷᠡᠭᠰᠡᠨ ᠠᠳᠠᠯᠢ ᠬᠤᠭᠤᠴᠠᠭᠠᠨ ᠤ ᠬᠢ ᠠᠴᠠ 18.7% | ᠪᠠᠷ ᠨᠡᠮᠡᠭᠳᠡᠪᠡ᠃ | ᠶᠠᠳᠠᠭᠤ ᠶᠢ ᠳᠡᠳᠭᠦᠨ ᠪᠣᠭᠤᠮᠲᠠ ᠰᠢᠪᠲᠤᠯᠬᠤ ᠠᠵᠢᠯ ᠯᠠᠪᠳᠠᠭᠤᠨ ᠠᠬᠢᠪᠠ᠃ ︽ᠦᠪᠦᠷ ᠮᠤᠩᠭᠤᠯ ᠤᠨ | ᠮᠣᠵᠢ ᠶᠢᠨ ᠲᠠᠰ ᠤᠨ ᠤᠳᠤᠷᠢᠳᠤᠯᠭ᠎ᠠ ᠺᠠᠲᠠᠷ ᠠᠤᠬᠠᠨ ᠬᠤᠰᠢᠭᠤ ᠲᠠᠢ ᠬᠠᠷᠢᠯᠴᠠᠵᠤ ᠶᠠᠳᠠᠭᠤ ᠶᠢ ᠳᠡᠳᠭᠦᠨ | ᠨᠡᠬᠡᠭᠡᠨ ᠬᠦᠭᠵᠢᠭᠦᠯᠬᠦ ᠲᠦᠯᠦᠪᠵᠢᠭᠦᠯᠭᠡ (2013—— 2017 ) ᠢ ᠬᠡᠷᠡᠭᠵᠢᠭᠦᠯᠵᠦ︾ 2014 | ᠤᠨ ᠳᠤ ᠂27 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠳᠠᠭᠤᠰᠬᠠᠪᠠ᠃ ᠳᠠᠩᠰᠠ ᠪᠠᠶᠢᠭᠤᠯᠤᠨ | ᠺᠠᠷᠲ ᠵᠣᠬᠢᠶᠠᠬᠤ᠂ ᠨᠠᠷᠢᠯᠢᠭ ᠣᠨᠤᠰᠢᠲᠠᠢ ᠢᠯᠭᠠᠨ ᠲᠣᠳᠤᠯᠠᠬᠤ᠂ ︽ᠮᠥᠩᠬᠦᠨ ᠭᠦᠢᠯᠭᠡᠭᠡᠨᠢᠶ᠋ᠡᠷ ᠶᠠᠳᠠᠭᠤ ᠶᠢ | ᠳᠡᠳᠭᠦᠨ ᠠᠷᠠᠳ ᠢ ᠪᠠᠶᠠᠵᠢᠭᠤᠯᠬᠤ︾᠂ ︽ ᠭᠤᠷᠪᠠ ᠶᠢ ᠲᠣᠰᠬᠤᠨ ᠬᠢᠭᠡᠳᠡᠷᠦᠬᠡ ᠳᠤ ᠬᠦᠷᠭᠡᠬᠦ︾ | ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠦᠨ᠂ 23 ᠠᠵᠢᠯ ᠲᠦᠷᠦᠯ ᠤᠨ ᠪᠠᠶᠢᠭᠤᠯᠤᠯᠭ᠎ᠠ ᠪᠣᠯᠤᠨ ᠰᠠᠯᠠᠭ᠎ᠠ | ᠮᠦᠴᠢᠷ 27 ᠳ᠋ᠥᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠳᠠᠭᠤᠰᠬᠠᠵᠤ᠂ ᠪᠦᠬᠦ ᠬᠤᠰᠢᠭᠤᠨ ᠤ 2.2 | ᠲᠦᠮᠡᠨ ᠬᠦᠮᠦᠨ ᠶᠢ ᠶᠠᠳᠠᠭᠤ ᠠᠴᠠ ᠳᠣᠭᠲᠠᠭᠤᠨ ᠠᠩᠵᠢᠷᠠᠭᠤᠯᠵᠤ ᠂ ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠵᠠᠰᠠᠭ ᠤᠨ ᠤᠷᠳᠤᠨ ᠠᠴᠠ ᠮᠠᠨ ᠤ ᠬᠤᠰᠢᠭᠤᠨ ᠤ ᠶᠠᠳᠠᠭᠤ ᠶᠢ ᠳᠡᠳᠭᠦᠬᠦ ᠠᠵᠢᠯ ᠳᠤ ᠭᠦᠢᠴᠡᠳ | ᠦᠨᠡᠯᠡᠯᠲᠡ ᠥᠭᠪᠡ ᠃ | ᠳᠡᠭᠡᠲᠦ ᠱᠠᠳᠤᠨ ᠤ ᠪᠡᠯᠡᠤᠷᠤᠭᠤᠯᠤᠯᠲᠠ ᠦᠷᠭᠦᠯᠵᠢᠯᠡᠨ ᠨᠡᠮᠡᠭᠳᠡᠪᠡ᠃ ᠤᠯᠤᠰ ᠤᠨ ᠪᠡᠯᠡ | ᠣᠷᠤᠭᠤᠯᠤᠯᠲᠠ ᠶᠢᠨ ᠲᠦᠷᠦ ᠶᠢᠨ ᠪᠣᠳᠤᠯᠭ᠎ᠠ ᠶᠢ ᠨᠠᠷᠢᠨ ᠬᠢᠨᠠᠮᠠᠭᠠᠢ ᠰᠣᠳᠤᠯᠤᠨ᠂ ᠪᠡᠯᠡ ᠣᠷᠤᠭᠤᠯᠤᠯᠲᠠ ᠶᠢᠨ | ᠴᠢᠭᠯᠡᠯ ᠪᠣᠯᠤᠨ ᠬᠤᠰᠢᠭᠤᠨ ᠤ ᠪᠠᠶᠢᠳᠠᠯ ᠢᠶᠠᠨ ᠦᠷ᠎ᠡ ᠪᠦᠳᠦᠮᠵᠢᠲᠡᠢ ᠵᠤᠯᠭᠤᠭᠤᠯᠵᠤ᠂ ᠤᠯᠤᠰ ᠤᠨ ᠠᠮᠤᠷ | ᠲᠦᠪᠰᠢᠨ ᠤ ᠬᠡᠯᠲᠡᠰ ᠠᠴᠠ ᠮᠠᠨ ᠤ ᠬᠤᠰᠢᠭᠤ ᠶᠢ ᠬᠠᠪᠰᠤᠷᠤᠨ ᠳᠡᠳᠭᠦᠵᠦ ᠪᠠᠶᠢᠭ᠎ᠠ᠂ ᠪᠡᠭᠡᠵᠢᠩ ᠤᠨ ᠬᠠᠢ | ᠳ᠋ᠢᠶᠠᠨ ᠲᠣᠭᠤᠷᠢᠭ ᠠᠴᠠ ᠮᠠᠨ ᠤ ᠬᠤᠰᠢᠭᠤ ᠶᠢ ᠠᠵᠢᠯ ᠲᠦᠷᠦᠯ ᠢᠶᠠᠷ ᠳᠡᠮᠵᠢᠨ ᠳᠡᠳᠭᠦᠵᠦ ᠪᠠᠶᠢᠭ᠎ᠠ ᠳᠣᠬᠢᠶᠠᠯ ᠢ | ᠡᠵᠡᠮᠳᠡᠵᠦ᠂ ᠳᠡᠭᠡᠳᠦ ᠱᠠᠲᠤᠨ ᠠᠴᠠ 14.9 ᠳ᠋ᠥᠩᠰᠢᠭᠤᠷ ᠲᠦᠭᠦᠷᠢᠭ ᠦᠨ᠎ᠡ ᠲᠦᠯᠦᠪᠦᠷᠢ ᠦᠭᠡᠢ ᠪᠦᠳᠦᠭᠡᠨ | ᠪᠠᠶᠢᠭᠤᠯᠤᠯᠲᠠ ᠶᠢᠨ ᠪᠡᠯᠡ ᠮᠥᠩᠬᠦ ᠭᠤᠶᠤᠴᠢᠯᠠᠨ ᠣᠯᠵᠤ᠂ ᠥᠩᠭᠡᠷᠡᠭᠰᠡᠨ ᠠᠳᠠᠯᠢ ᠬᠤᠭᠤᠴᠠᠭᠠᠨ ᠤ ᠬᠢ ᠠᠴᠠ | 5% ᠪᠠᠷ ᠨᠡᠮᠡᠭᠳᠡᠪᠡ᠃ | ︵ᠳᠣᠯᠤᠭ᠎ᠠ︶ ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠬᠦᠭᠵᠢᠪᠡ | ᠰᠤᠷᠭᠠᠨ ᠬᠦᠮᠦᠵᠢᠯ ᠤᠨ ᠬᠦᠭᠵᠢᠯᠲᠡ ᠶᠢᠨ ᠨᠦᠭᠦᠴᠡᠯ ᠳᠠᠰᠤᠷᠠᠯᠲᠠᠦᠭᠡᠢ ᠰᠠᠶᠢᠵᠢᠷᠠᠪᠠ᠃ ᠰᠢᠨ ᠬᠤᠢ | ᠭᠤᠷᠪᠠᠳᠤᠭᠠᠷ ᠳᠤᠮᠳᠠᠳᠤ ᠰᠤᠷᠭᠠᠭᠤᠯᠢ᠂ ᠳᠣᠯᠤᠳᠤᠭᠠᠷ ᠳᠤᠮᠳᠠᠳᠤ ᠰᠤᠷᠭᠠᠭᠤᠯᠢ᠂ ᠳᠣᠯᠤᠳᠤᠭᠠᠷ ᠪᠠᠭ᠎ᠠ ᠰᠤᠷᠭᠠᠭᠤᠯᠢ | ᠂ ᠰᠢᠨ᠎ᠡ ᠬᠤᠲᠠ ᠲᠣᠭᠤᠷᠢᠭ ᠪᠣᠯᠤᠨ ᠣᠮᠠᠷᠠᠲᠤ ᠬᠤᠲᠠ ᠲᠣᠭᠤᠷᠢᠭ ᠤᠨ ᠬᠡᠦᠬᠡᠳ ᠤᠨ ᠴᠡᠴᠡᠷᠯᠢᠭ ᠤᠨ ᠭᠤᠣᠯ | ᠪᠠᠷᠢᠯᠭ᠎ᠠ ᠶᠢ ᠪᠠᠶᠢᠭᠤᠯᠤᠨ ᠳᠠᠭᠤᠰᠬᠠᠪᠠ᠃ ᠬᠠᠮᠢᠶᠠᠷᠤᠯᠲᠠ ᠶᠢ ᠠᠳᠬᠤᠵᠤ ᠶᠠᠰᠤ ᠴᠢᠨᠠᠷ ᠢ ᠳᠡᠭᠡᠭᠰᠢᠯᠡᠭᠦᠯᠬᠦ ᠶᠢ | ᠪᠠᠷᠢᠮᠳᠠᠯᠠᠨ᠂ ᠰᠤᠷᠭᠠᠨ ᠬᠥᠮᠦᠵᠢᠯ ᠤᠨ ᠬᠢᠷᠢ ᠬᠡᠮᠵᠢᠶ᠎ᠡ ᠪᠦᠬᠦᠯᠢ ᠴᠣᠭᠴᠠ ᠪᠠᠷ ᠳᠡᠭᠡᠭᠰᠢᠯᠡᠪᠡ᠃ ᠶᠡᠭᠡ ᠳᠡᠭᠡᠳᠦ | ᠰᠤᠷᠭᠠᠭᠤᠯᠢ ᠶᠢᠨg ᠰᠢᠯᠭᠠᠯᠲᠠ ᠨᠢ ᠰᠢᠨ᠎ᠡ ᠰᠢᠪᠲᠤᠯᠤᠯᠲᠠ ᠡᠭᠦᠳᠴᠦ᠂ ᠰᠢᠯᠭᠠᠯᠲᠠ ᠶᠢᠨ ᠬᠤᠪᠢᠨ ᠳᠤ | ᠬᠦᠷᠦᠭᠰᠡᠨ ᠨᠣᠷᠮ᠎ᠠ 50.3% ᠬᠦᠷᠴᠦ᠂ ᠠᠵᠢᠯ ᠲᠦᠷᠦᠯ ᠤᠨ ᠰᠤᠷᠭᠠᠨ ᠬᠦᠮᠦᠵᠢᠯ ᠤᠨ ᠠᠵᠢᠯ | ᠣᠯᠭᠤᠯᠲᠠ ᠶᠢᠨ ᠨᠣᠷᠮ᠎ᠠ 98% ᠳᠤ ᠬᠦᠷᠴᠦ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠡᠮᠬᠢ | ᠲᠢᠭᠯᠢᠮ ᠲᠠᠢ ᠬᠦᠭᠵᠢᠵᠦ᠂ ᠦᠨᠳᠦᠰᠦᠲᠡᠨ ᠤ ᠰᠤᠷᠭᠠᠨ ᠬᠦᠮᠦᠵᠢᠯ ᠪᠦᠬᠦ ᠲᠠᠯ᠎ᠠ ᠪᠠᠷ ᠠᠬᠢᠪᠠ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠬᠢᠷᠢ ᠬᠡᠮᠵᠢᠶ᠎ᠡ ᠠᠯᠭᠤᠷ ᠳᠡᠭᠡᠭᠰᠢᠯᠡᠪᠡ᠃ ᠬᠤᠰᠢᠭᠤᠨ ᠤ | ᠡᠮᠨᠡᠯᠭᠡ ᠶᠢᠨ ᠬᠤᠷᠢᠶ᠎ᠠ ᠶᠢᠨ ᠰᠢᠨ᠎ᠡ ᠰᠠᠭᠤᠴᠠ ᠶᠢᠨ ᠪᠠᠶᠢᠭᠤᠯᠤᠯᠲᠠ ᠤᠷᠤᠭᠰᠢᠲᠠᠢ ᠶᠠᠪᠤᠭᠳᠠᠵᠤ᠂ ᠮᠤᠩᠭᠤᠯ ᠬᠢᠲᠠᠳ | ᠡᠮᠨᠡᠯᠭᠡ ᠶᠢᠨ ᠬᠤᠷᠢᠶ᠎ᠠ ᠵᠢᠴᠢ ᠰᠢᠶᠠ ᠸᠠ ᠪᠠᠯᠭᠠᠰᠤᠨ ᠤ ᠨᠣᠶ᠋ᠬᠠᠤᠰᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ | ᠡᠭᠦᠳᠡᠨ ᠡᠮᠨᠡᠯᠭᠡ ᠶᠢᠨ ᠡᠪᠡᠳᠴᠢᠲᠡᠨ ᠤ ᠠᠰᠠᠷ᠂ 43 ᠲᠤᠰᠬᠤᠨ ᠤ ᠲᠡᠰ ᠤᠨ ᠡᠷᠡᠭᠦᠯ ᠬᠠᠮᠠᠭᠠᠯᠠᠯ ᠤᠨ ᠲᠠᠰᠤᠭ | ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠤᠪᠠ᠃ 2208 ᠲᠦᠮᠡᠨ ᠲᠦᠭᠦᠷᠢᠭ ᠤᠨ ᠦᠨᠳᠦᠰᠦᠨ ᠡᠮ ᠤᠨ ᠵᠦᠢᠯ | ᠬᠤᠳᠠᠯᠳᠤᠨ ᠠᠪᠴᠤ᠂ ᠪᠦᠬᠦ ᠣᠷᠤᠨ ᠳᠤ ᠲᠡᠷᠢᠭᠦᠯᠡᠪᠡ᠃ ᠡᠷᠦᠬᠡ ᠠᠮᠠ ᠶᠢᠨ ᠳᠠᠩᠰᠠᠨ ᠳᠠᠬᠢ ᠬᠥᠮᠦᠨ ᠠᠮᠠ ᠶᠢᠨ | 95.8% ᠨᠢ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠳᠤ ᠣᠷᠤᠯᠴᠠᠵᠤ᠂ 1.92 ᠳ᠋ᠦᠩᠰᠢᠭᠤᠷ | ᠲᠦᠭᠦᠷᠢᠭ ᠤᠨ ᠨᠦᠬᠦᠪᠦᠷᠢ ᠮᠥᠩᠬᠦ ᠵᠠᠷᠤᠴᠠᠭᠤᠯᠵᠤ᠂ 27ᠲᠦᠮᠡᠨ ᠬᠦᠮᠦᠨ ︵ᠤᠳᠠᠭ᠎ᠠ︶ ᠠᠰᠢᠭ ᠬᠦᠷᠲᠡᠪᠡ᠃ | ᠰᠤᠶᠤᠯ ᠪᠡᠶ᠎ᠡ ᠲᠠᠮᠢᠷ ᠷᠠᠳᠢᠤ᠋ ᠲᠧᠯᠸᠢᠰ ᠤᠨ ᠦᠢᠯᠡᠰ ᠵᠣᠬᠢᠴᠠᠩᠭᠤᠢ ᠬᠦᠭᠵᠢᠪᠡ᠃ ᠤᠯᠠᠨ ᠬᠡᠯᠪᠡᠷᠢ | ᠶᠠᠩᠵᠤ ᠶᠢᠨ ᠣᠯᠠᠨ ᠲᠦᠮᠡᠨᠴᠢ ᠴᠢᠨᠠᠷᠲᠠᠢ ᠰᠣᠶᠤᠯ ᠤᠨ ᠠᠵᠢᠯᠯᠠᠭᠠᠨ ᠢ ᠦᠷᠨᠢᠭᠦᠯᠵᠦ᠂ ᠰᠤᠶᠤᠯ ᠢ ᠬᠥᠳᠡᠭᠡ | ᠭᠦᠷᠭᠡᠵᠦ᠂ 230 ᠲᠠᠯᠠᠪᠠᠢ ᠲᠣᠭᠯᠠᠯᠲᠠ ᠭᠠᠷᠭᠠᠪᠠ᠃ ᠮᠡᠳᠡᠭᠡ ᠵᠠᠩᠬᠢᠴᠢᠯᠠᠯᠲᠠ ᠶᠢ ᠳᠡᠰ ᠳᠡᠪᠰᠢᠬᠦ ᠠᠵᠢᠯ ᠢ | ᠴᠢᠩᠬᠠᠳᠭᠠᠵᠤ᠂ ᠷᠠᠳᠢᠤ᠋ ᠲᠤᠭᠠᠴᠢᠯᠠᠭᠰᠠᠨ ᠲᠧᠯᠸᠢᠰ ᠦᠨᠢᠨᠵᠧᠨᠧᠷᠢᠩ ᠨᠢ ᠣᠮᠠᠷᠠᠲᠤ ᠰᠢᠶᠠᠩ ᠪᠠᠯᠭᠠᠰᠤ ᠶᠢ | ᠪᠦᠷᠬᠦᠵᠦ᠂ 4G ᠳᠣᠬᠢᠶᠠᠨ ᠲᠡᠮᠲᠡᠭ ᠰᠢᠨ ᠬᠤᠢ ᠬᠤᠲᠠ ᠲᠣᠭᠤᠷᠢᠭ ᠢ ᠪᠦᠷᠬᠦᠪᠡ᠃ ᠰᠤᠶᠤᠯ ᠤᠨ ᠵᠠᠬ᠎ᠠ | ᠳᠡᠯᠭᠡᠭᠦᠷ ᠤᠨ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠣᠬᠢ ᠰᠠᠶᠢᠨ ᠨᠡᠶᠢᠭᠡᠮ ᠰᠤᠶᠤᠯ ᠤᠨ | ᠠᠭᠤᠷ ᠠᠮᠢᠰᠬᠤᠯ ᠢ ᠡᠭᠦᠳᠪᠡ᠃ | ︽ᠠᠷᠪᠠ ᠶᠢ ᠪᠦᠷᠬᠦᠭᠦᠯᠬᠦ︾ ᠢᠨᠵᠧᠨᠧᠷᠢᠩ ᠪᠣᠳᠠᠳᠤ ᠦᠷ᠎ᠡ ᠪᠦᠲᠦᠮᠵᠢ ᠣᠯᠪᠠ᠃ ᠨᠢᠭᠡ ᠵᠢᠯ ᠳᠤ 1. | 97 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂140 ᠺᠢᠯᠤᠮᠧᠲᠷ ᠵᠡᠭᠡᠯᠢ ᠭᠤᠳᠤᠮᠵᠢ ᠶᠢᠨ | ᠬᠠᠲᠠᠷᠠᠭᠤᠷᠤᠯᠲᠠ ᠪᠠ 517 ᠺᠢᠯᠤᠮᠧᠲᠷ ᠲᠠᠷᠢᠶᠠᠯᠠᠩ ᠤᠨ ᠴᠠᠬᠢᠯᠭᠠᠨ ᠤ ᠦᠭᠡᠷᠡᠴᠢᠯᠡᠯᠲᠡ ᠶᠢ ᠳᠠᠭᠤᠰᠬᠠᠵᠤ᠂ 1. | 3 ᠲᠦᠮᠡᠨ ᠡᠷᠦᠬᠡ ᠳᠤ ᠷᠠᠳᠢᠤ᠋ ᠲᠧᠯᠸᠢᠰ ᠨᠡᠪᠲᠡᠷᠡᠭᠦᠯᠵᠦ᠂ 43 ᠰᠠᠤᠷᠢ ᠡᠷᠡᠭᠦᠯ ᠬᠠᠮᠠᠭᠠᠯᠠᠯ ᠤᠨ ᠲᠠᠰᠤᠭ | ᠪᠠᠶᠢᠭᠤᠯᠵᠤ᠂ 70 ᠬᠦᠳᠡᠯᠭᠡᠭᠡᠨ ᠤ ᠲᠠᠰᠤᠭ ᠢ ᠲᠦᠭᠦᠷᠵᠢᠭᠦᠯᠵᠦ᠂ 8 ᠰᠠᠤᠷᠢ ᠰᠤᠷᠭᠠᠭᠤᠯᠢ ᠶᠢᠨ ᠪᠠᠶᠢᠷᠢ ᠶᠢ | ᠰᠢᠨᠡᠳᠭᠡᠵᠦ᠂ 7 ᠬᠡᠰᠡᠭ ᠭᠠᠵᠠᠷ ᠲᠤ ᠤᠰᠤᠨᠢᠨᠵᠧᠨᠧᠷᠢᠩ ᠪᠠᠶᠢᠭᠤᠯᠪᠠ᠃ ᠨᠤᠷᠠᠬᠤ ᠠᠶᠤᠯᠲᠠᠢ ᠭᠡᠷ | ᠪᠠᠶᠢᠰᠢᠩ ᠢ ᠰᠢᠨᠡᠳᠭᠡᠬᠦ ᠢᠨᠵᠧᠨᠧᠷᠢᠩ ᠂ ᠬᠡᠯᠬᠢᠶᠡᠵᠢᠭᠰᠡᠨ ᠬᠡᠲᠦ ᠲᠡᠯᠭᠡᠭᠦᠷ ᠪᠠᠶᠢᠭᠤᠯᠬᠤ᠂ ᠬᠦᠳᠡᠭᠡ ᠲᠤᠰᠬᠤᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠨᠠᠰᠤᠵᠢᠯ᠂ ᠡᠷᠡᠭᠦᠯ ᠬᠠᠮᠠᠭᠠᠯᠠᠯ᠂ ᠳᠣᠣᠷ᠎ᠠ ᠣᠷᠤᠯᠭ᠎ᠠ ᠶᠢ | ᠪᠠᠲᠤᠯᠠᠬᠤ ᠢᠨᠵᠧᠨᠧᠷᠢᠩ ᠢ ᠬᠡᠷᠡᠭᠵᠢᠭᠦᠯᠪᠡ᠃ ᠮᠠᠨ ᠤ ᠬᠤᠰᠢᠭᠤ ᠪᠦᠬᠦ ᠬᠤᠲᠠ ᠶᠢᠨ ︽ᠠᠷᠪᠠ ᠶᠢ | ᠪᠦᠷᠬᠦᠭᠦᠯᠦᠭᠰᠡᠨ ᠲᠡᠷᠢᠭᠦᠨ ᠬᠤᠰᠢᠭᠤ ︾ ᠶᠢᠨ ᠢᠷᠠᠭᠤ ᠠᠯᠳᠠᠷ ᠢ ᠬᠦᠷᠲᠡᠪᠡ᠃ | ᠠᠷᠠᠳ ᠤᠨ ᠠᠮᠢᠳᠤᠷᠠᠯ ᠢ ᠪᠠᠲᠤᠯᠠᠬᠤ ᠴᠢᠳᠠᠯ ᠦᠨᠡᠨᠬᠦ ᠴᠢᠩᠭᠠᠷᠠᠪᠠ᠃ 2750 ᠬᠦᠮᠦᠨ ᠳᠤ ᠠᠵᠢᠯ | ᠣᠯᠭᠤᠵᠣ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ ᠶᠢ 3.8% ᠳᠣᠲᠤᠷ᠎ᠠ | ᠬᠢᠵᠠᠭᠠᠷᠯᠠᠵᠤ ᠂ 11.7 ᠲᠦᠮᠡᠨ ᠬᠦᠮᠤᠨ ︵ᠤᠳᠠᠭ᠎ᠠ ︶ ᠬᠦᠳᠡᠯᠮᠦᠷᠢ ᠬᠦᠴᠦᠨ ᠤ ᠰᠢᠯᠵᠢᠯᠲᠡ ᠶᠢ | ᠪᠡᠶᠡᠯᠡᠭᠦᠯᠵᠦ᠂ 18.5 ᠳ᠋ᠦᠩᠰᠢᠭᠤᠷ ᠲᠦᠭᠦᠷᠢᠭ ᠤᠨ ᠤᠷᠤᠯᠭ᠎ᠠ ᠡᠭᠦᠳᠪᠡ᠃ ᠨᠡᠶᠢᠭᠡᠮ ᠤᠨ ᠪᠠᠲᠤᠯᠠᠭ᠎ᠠ ᠶᠢᠨ | ᠰᠠᠭᠤᠷᠢ ᠮᠥᠩᠬᠦ 4.5 ᠳ᠋ᠦᠩᠰᠢᠭᠤᠷ ᠵᠠᠷᠤᠴᠠᠭᠤᠯᠵᠤ᠂ 5.09 ᠳ᠋ᠦᠩᠰᠢᠭᠤᠷ ᠲᠦᠭᠦᠷᠢᠭ ᠦᠯᠡᠳᠡᠪᠡ᠃ | ᠲᠠᠪᠤᠨ ᠪᠠᠲᠤᠯᠭᠠᠲᠤ ᠡᠷᠦᠬᠡ ᠳᠤ 996.9 ᠲᠦᠮᠡᠨ ᠲᠦᠭᠦᠷᠢᠭ ᠨᠦᠬᠦᠪᠦᠷᠢ ᠮᠥᠩᠬᠦ ᠲᠠᠷᠬᠠᠭᠠᠵᠤ᠂ ᠲᠤᠤᠷ᠎ᠠ | ᠪᠠᠲᠤᠯᠠᠭᠠᠲᠤ ᠡᠷᠦᠬᠡ ᠳᠤ 9539.1 ᠲᠦᠮᠡᠨ ᠲᠦᠭᠦᠷᠢᠭ ᠨᠦᠬᠦᠪᠦᠷᠢ ᠮᠥᠩᠬᠦ ᠲᠠᠷᠬᠠᠭᠠᠵᠤ᠂ ᠦᠨᠳᠦᠷ | ᠨᠠᠰᠤᠲᠠᠶᠢᠴᠤᠳ ᠲᠤ764.1 ᠲᠦᠮᠡᠨ ᠲᠦᠭᠦᠷᠢᠭ ᠨᠦᠬᠦᠪᠦᠷᠢ ᠮᠥᠩᠬᠦ ᠲᠠᠷᠬᠠᠭᠠᠵᠤ᠂ ᠠᠰᠠᠷᠠᠨ ᠬᠠᠷᠠᠭᠠᠯᠵᠠᠬᠤ | ᠡᠲᠡᠭᠡᠳ ᠲᠤ 381 ᠲᠦᠮᠡᠨ ᠲᠦᠭᠦᠷᠢᠭᠨᠦ᠋ᠬᠦᠪᠦᠷᠢ ᠮᠥᠩᠬᠦ ᠲᠠᠷᠬᠠᠭᠠᠪᠠ᠃ ᠲᠤᠤᠷ᠎ᠠ ᠤᠷᠤᠯᠭ᠎ᠠ ᠲᠠᠢ ᠮᠠᠯᠴᠢᠨ | ᠲᠠᠷᠢᠶᠠᠴᠢᠨ ᠡᠷᠦᠬᠡ ᠳᠤ 5524.14 ᠲᠦᠮᠡᠨ ᠲᠦᠭᠦᠷᠢᠭ ᠤᠨ ᠲᠤᠯᠠᠭᠠᠴᠢᠯᠭᠠ ᠶᠢᠨ ᠨᠡᠭᠦᠷᠡᠰᠦᠨ ᠤ ᠨᠦᠬᠦᠪᠦᠷᠢ | ᠮᠦᠩᠭᠦ ᠲᠠᠷᠬᠠᠭᠠᠵᠤ᠂18.2 ᠲᠦᠮᠡᠨ ᠡᠷᠦᠬᠡ ᠳᠤ ᠠᠰᠢᠭ ᠬᠦᠷᠲᠡᠭᠡᠪᠡ᠃ | ᠬᠥᠮᠦᠨ ᠠᠮᠠᠲ᠋ᠦ᠋ᠯᠦᠪᠯᠡᠭᠡᠲᠦ ᠦᠷᠡᠵᠢᠯ ᠤᠨ ᠠᠵᠢᠯ ᠢ ᠯᠠᠪᠳᠠᠭᠤᠨ ᠦᠷᠨᠢᠪᠡ᠃ ︽ ᠡᠷ᠎ᠡ ᠡᠮ᠎ᠡ | ᠬᠤᠶᠠᠭᠤᠯᠠ ᠶᠢᠨ ᠨᠢᠭᠡ ᠨᠢ ᠬᠥᠮᠦᠨ ᠤ ᠭᠠᠭᠴᠠ ᠬᠡᠦᠬᠡᠳ ᠪᠣᠯ ᠬᠤᠶᠠᠷ ᠬᠡᠦᠬᠡᠳ ᠠᠪᠴᠤ ᠪᠣᠯᠬᠤ ︾ ᠲᠦᠷᠦ ᠶᠢᠨ | ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠦᠮᠦᠨ ᠠᠮᠠ ᠶᠢᠨ ᠲᠦᠷᠦᠯᠲᠡ ᠶᠢᠨ ᠨᠤᠷᠮ᠎ᠠ 9.71‰ | ᠬᠦᠷᠴᠦ᠂ ᠬᠦᠮᠦᠨ ᠠᠮᠠ ᠶᠢᠨ ᠠᠶᠠᠨᠳᠠᠭᠠᠨ ᠤ ᠦᠰᠦᠯᠲᠠ ᠶᠢᠨ ᠨᠤᠷᠮ᠎ᠠ 4.75 ‰ ᠪᠤᠯᠵᠤ᠂ ᠲᠦᠷᠦ ᠶᠢᠨ | ᠪᠤᠳᠤᠯᠭ᠎ᠠ ᠳᠤ ᠨᠡᠶᠢᠴᠡᠭᠰᠡᠨ ᠦᠷᠡᠵᠢᠯ ᠤᠨ ᠨᠤᠷᠮ᠎ᠠ 91.81% ᠬᠦᠷᠴᠦ᠂ ᠲᠦᠷᠦᠯᠲᠡ ᠶᠢᠨ ᠬᠥᠮᠦᠨ | ᠠᠮᠠ ᠶᠢᠨ ᠴᠢᠨᠠᠷ ᠤᠨ ᠢᠯᠭᠠᠭ᠎ᠠ ᠶᠢᠨ ᠬᠠᠷᠢᠴᠠᠯ ᠨᠢ112.34᠂ ᠥᠩᠭᠡᠷᠡᠭᠰᠡᠨ ᠠᠳᠠᠯᠢ ᠬᠤᠭᠤᠴᠤᠭᠠᠨ ᠤ | ᠬᠢ ᠠᠴᠠ5.28 ᠪᠠᠭᠤᠷᠠᠵᠠᠢ᠃ ᠮᠠᠨ ᠤ ᠬᠤᠰᠢᠭᠤ ᠨᠢ ︽ ᠪᠦᠬᠦ ᠤᠯᠤᠰ ᠤᠨ ᠲᠦᠯᠦᠪᠯᠡᠭᠡᠲᠦ ᠦᠷᠡᠵᠢᠯ ᠤᠨ | ᠰᠢᠯᠢᠳᠡᠭ ᠦᠢᠯᠡᠴᠢᠯᠡᠭᠡᠨ ᠤ ᠲᠡᠷᠢᠭᠦᠨ ᠨᠢᠭᠡᠴᠡ︾ ᠶᠢᠨ ᠢᠷᠠᠭᠤ ᠠᠯᠳᠠᠷ ᠢ ᠬᠦᠷᠲᠡᠪᠡ᠃ | ᠲᠧᠭᠨᠢᠭ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠠᠵᠢᠯ ᠡᠮᠬᠢ ᠲᠢᠭᠯᠢᠮ ᠲᠠᠢ ᠠᠬᠢᠪᠠ᠃ ᠨᠢᠭᠡ | ᠵᠢᠯ ᠳᠤ 13 ᠰᠢᠨ᠎ᠡ ᠲᠧᠭᠨᠢᠭ ᠤᠨ ᠮᠡᠷᠭᠡᠵᠢᠯ ᠢ ᠣᠷᠤᠭᠤᠯᠤᠨ ᠠᠪᠴᠢᠷᠠᠵᠤ ᠂ 11 ᠰᠢᠨ᠎ᠡ ᠮᠡᠷᠭᠡᠵᠢᠯ ᠢ | ᠳᠡᠯᠭᠡᠷᠡᠭᠦᠯᠦᠨ ᠬᠡᠷᠡᠭᠵᠢᠭᠦᠯᠵᠦ ᠂ 20 ᠲᠦᠮᠡᠨ ᠬᠦᠮᠦᠨ ︵ᠤᠳᠠᠭ᠎ᠠ︶ ᠳᠤ ᠲᠧᠭᠨᠢᠭ ᠮᠡᠷᠭᠡᠵᠢᠯ ᠤᠨ ᠪᠤᠯᠪᠠᠰᠤᠷᠠᠯ | ᠬᠦᠷᠲᠡᠭᠡᠪᠡ᠃ ᠴᠢᠳᠠᠪᠤᠷᠢᠳᠠᠨ ᠤ ᠡᠩᠨᠡᠭᠡᠨ ᠤ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠠᠵᠢᠯ | ᠦᠢᠯᠡᠰ ᠤᠨ ᠪᠠᠶᠢᠭᠤᠯᠤᠯᠭ᠎ᠠ ᠨᠢᠭᠡᠴᠡ ᠤᠷᠢᠵᠤ ᠬᠡᠷᠡᠭᠯᠡᠭᠰᠡᠨ ᠪᠠ ᠠᠵᠢᠯ ᠤᠨ ᠪᠠᠶᠢᠷᠢ ᠪᠠᠷ ᠵᠣᠬᠢᠴᠠᠭᠤᠯᠤᠭᠰᠠᠨ | ᠲᠣᠰᠬᠠᠢ ᠮᠡᠷᠭᠡᠵᠢᠯᠲᠡᠨ1797 ᠬᠦᠮᠦᠨ ᠳᠤ ᠬᠦᠷᠴᠦ᠂ ᠰᠢᠯᠭᠠᠯᠲᠠ ᠪᠠᠷ ᠳᠠᠮᠵᠢᠨ ᠡᠯᠡᠰᠡᠭᠳᠡᠨ ᠬᠡᠷᠡᠭᠯᠡᠭᠰᠡᠨ ᠶᠡᠭᠡ | ᠰᠤᠷᠭᠠᠭᠤᠯᠢ ᠵᠢᠨᠤᠶᠤᠳᠡᠨ 139 ᠂ ᠤᠶᠤᠳᠠᠨ ᠴᠡᠷᠢᠭ ᠪᠠᠶᠢᠯᠳᠤᠭᠴᠢ 47 ᠂ ᠬᠤᠰᠢᠭᠤᠨ ᠤ ᠰᠢᠭᠤᠳ | ᠬᠠᠷᠢᠶ᠎ᠠ ᠪᠠᠶᠢᠭᠤᠯᠤᠯᠭ᠎ᠠ ᠪᠣᠯᠤᠨ ᠰᠢᠶᠠᠩ ᠪᠠᠯᠭᠠᠰᠤᠨ ᠤ ᠡᠯᠰᠡᠭᠰᠡᠨ ᠤᠯᠤᠰ ᠤᠨ ᠠᠯᠪᠠᠲᠠᠨ 39 ᠳᠤ ᠬᠦᠷᠪᠡ᠃ | ᠨᠡᠶᠢᠭᠡᠮ ᠤᠨ ᠶᠡᠷᠦᠩᠬᠡᠶᠢᠯᠡᠭᠰᠡᠨ ᠬᠠᠮᠢᠶᠠᠷᠤᠯᠲᠠ ᠤᠯᠠᠮ ᠲᠡᠭᠦᠯᠳᠡᠷᠵᠢᠪᠡ᠃ ᠠᠶᠤᠯᠭᠦᠢ | ᠦᠢᠯᠡᠳᠪᠦᠷᠢᠯᠡᠯ ᠤᠨ ᠪᠠᠶᠢᠳᠠᠯ ᠶᠡᠷᠥᠩᠬᠡᠢ ᠳᠡᠭᠡᠨ ᠳᠣᠭᠲᠠᠭᠤᠨ ᠪᠠᠶᠢᠵᠤ᠂ ᠨᠡᠶᠢᠭᠡᠮ ᠤᠨ ᠵᠦᠷᠢᠴᠡᠯ ᠮᠦᠷᠭᠦᠯᠳᠦᠭᠡᠨ ᠢ | ᠵᠤᠬᠢᠰᠲᠠᠢ ᠰᠢᠢᠳᠪᠦᠷᠢᠯᠡᠵᠦ᠂ ᠣᠯᠠᠨ ᠨᠡᠶᠢᠲᠡ ᠶᠢᠨ ᠠᠮᠤᠷ ᠲᠦᠪᠰᠢᠨ ᠢ ᠤᠯᠠᠮ ᠨᠢᠭᠡ ᠠᠯᠬᠤᠮ ᠴᠢᠩᠭᠠᠳᠬᠠᠵᠤ᠂ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠠᠪᠰᠢᠨ ᠤᠷᠤᠭᠰᠢᠯᠠᠵᠤ᠂ ᠨᠡᠶᠢᠭᠡᠮ ᠤᠨ ᠠᠮᠤᠷ ᠳᠣᠭᠲᠠᠭᠤᠨ ᠳᠤ ᠰᠠᠶᠢᠨ | ᠡᠷᠭᠢᠯᠲᠡ ᠭᠠᠷᠪᠠ᠃ ᠡᠭᠦᠨ ᠤ ᠬᠠᠮᠲᠤ᠂ ᠢᠳᠡᠭᠡᠨ ᠣᠮᠳᠠᠭᠠᠨ ᠪᠣᠯᠤᠨ ᠡᠮ ᠤᠨ ᠵᠦᠢᠯ ᠤᠨ ᠠᠶᠦᠯᠭᠦᠢ ᠶᠢᠨ | ᠬᠢᠨᠠᠯᠲᠠ ᠬᠠᠮᠢᠶᠠᠷᠤᠯᠲᠠ ᠣᠯᠠᠮ ᠴᠢᠩᠭᠠᠷᠠᠵᠤ᠂ ᠦᠢᠯᠡᠳᠪᠦᠷᠢ ᠬᠤᠳᠠᠯᠳᠤᠭ᠎ᠠ᠂ ᠲᠤᠭ᠎ᠠ ᠪᠦᠷᠢᠳᠬᠡᠯ᠂ ᠠᠭᠠᠷ ᠤᠨ | ᠰᠡᠷᠭᠡᠶᠢᠯᠡᠯᠲᠡ᠂ ᠴᠠᠭ ᠠᠭᠤᠷ᠂ ᠵᠡᠮᠳᠡᠭᠴᠦᠳ ᠤᠨ ᠬᠤᠯᠪᠤᠭ᠎ᠠ᠂ ᠲᠠᠩᠰᠠ ᠡᠪᠬᠢᠮᠡᠯ᠂ ᠲᠡᠤᠬᠡ ᠰᠤᠲᠤᠷ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ᠂ ᠪᠣᠶᠠᠨ ᠤ ᠦᠢᠯᠡᠰ᠂ ᠦᠨᠳᠦᠰᠦᠲᠡᠨ ᠤ ᠱᠠᠰᠢᠨ ᠰᠤᠷᠳᠠᠬᠤᠨ ᠵᠡᠷᠬᠡ ᠠᠵᠢᠯ | ᠦᠢᠯᠡᠰ ᠢᠯᠡᠳᠲᠡ ᠳᠠᠪᠰᠢᠪᠠ᠃ | ︵ᠨᠠᠢᠮᠠ︶ ᠵᠠᠰᠠᠭ ᠤᠨ ᠤᠷᠳᠤᠨ ᠤ ᠲᠣᠰ ᠪᠡᠶ᠎ᠡ ᠶᠢᠨ ᠪᠠᠶᠢᠭᠤᠯᠤᠯᠲᠠ ᠦᠨᠡᠨᠬᠦ ᠴᠢᠩᠭᠠᠷᠠᠪᠠ | ᠨᠢᠭᠡ ᠵᠢᠯ ᠤᠨ ᠲᠣᠷᠰᠢᠲᠠ᠂ ᠬᠤᠰᠢᠭᠤᠨ ᠤ ᠵᠠᠰᠠᠭ ᠤᠨ ᠣᠷᠳᠤᠨ ᠨᠠᠮ ᠤᠨ ᠤᠯᠠᠨ ᠲᠦᠮᠡᠨᠴᠢ ᠱᠤᠭᠤᠮ ᠤᠨ | ᠬᠦᠮᠥᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠲᠦᠪ ᠤᠨ ᠨᠠᠢᠮᠠᠨ ᠲᠤᠭᠲᠠᠭᠠᠯ ᠢ | ᠴᠢᠩᠭ᠎ᠠ ᠬᠡᠷᠡᠭᠵᠢᠭᠦᠯᠵᠦ᠂ ᠬᠤᠰᠢᠭᠤᠨ ᠤ ᠵᠠᠰᠠᠭ ᠤᠨ ᠤᠷᠳᠤᠨ ᠤ ᠬᠤᠷᠠᠯ᠂ ᠪᠢᠴᠢᠭ ᠮᠠᠲ᠋ᠧᠷᠢᠶᠠᠯ ᠨᠢ ᠲᠤᠰ ᠲᠤᠰ | 15.1%᠂ 14.6% ᠪᠠᠷ ᠪᠠᠭᠠᠰᠴᠤ᠂ 2.6 ᠲᠦᠮᠡᠨ ᠲᠡᠭᠰᠢ ᠳᠦᠷᠪᠡᠯᠵᠢᠨ ᠮᠧᠲᠷ ᠲᠠᠯᠠᠪᠠᠢ ᠪᠦᠬᠦᠢ | ᠢᠯᠡᠭᠦᠴᠡ ᠠᠯᠪᠠᠨ ᠭᠡᠷ ᠢ ᠴᠡᠪᠡᠷᠯᠡᠨ ᠴᠡᠭᠴᠡᠯᠡᠵᠦ᠂ 55 ᠠᠯᠪᠠᠨ ᠤ ᠲᠡᠷᠭᠡ ᠶᠢ ᠬᠤᠷᠢᠶᠠᠨ ᠪᠢᠲᠡᠭᠦᠮᠵᠢᠯᠡᠵᠦ᠂ | 50 ᠠᠯᠪᠠᠨ ᠤ ᠲᠡᠷᠭᠡ ᠶᠢ ᠦᠨ᠎ᠡ ᠬᠠᠶᠠᠵᠤ ᠬᠤᠳᠠᠯᠳᠤᠪᠠ ᠃ ︽ᠠᠯᠪᠠᠨ ᠤ ᠭᠤᠷᠪᠠᠨ ᠵᠠᠷᠤᠳᠠᠯ︾ | ᠥᠩᠭᠡᠷᠡᠭᠰᠡᠨ ᠠᠳᠠᠯᠢ ᠬᠤᠭᠤᠴᠠᠭᠠᠨ ᠤ ᠬᠢ ᠠᠴᠠ 10% ᠪᠠᠷ ᠪᠠᠭᠤᠷᠠᠵᠠᠢ᠃ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠪᠠᠷ ᠬᠢᠨᠠᠯᠲᠠ | ᠲᠠᠯᠪᠢᠬᠤ᠂ ᠠᠵᠢᠯ ᠢᠶᠠᠷ ᠬᠢᠨᠠᠯᠲᠠ ᠲᠠᠯᠪᠢᠬᠤ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ | ᠠᠷᠠᠳᠴᠢᠯᠠᠯ ᠢᠶᠠᠷ ᠬᠢᠨᠠᠯᠲᠠ ᠲᠠᠯᠪᠢᠬᠤ ᠪᠤᠯᠤᠨ ᠨᠡᠶᠢᠭᠡᠮ ᠤᠨ ᠶᠠᠷᠢᠶ᠎ᠠ ᠬᠡᠯᠡᠯᠴᠡᠬᠡᠨ ᠢᠶᠠᠷ ᠬᠢᠨᠠᠯᠲᠠ ᠲᠠᠯᠪᠢᠬᠤ ᠶᠢ | ᠤᠬᠠᠮᠰᠠᠷ ᠠᠴᠠ ᠪᠠᠨ ᠬᠦᠯᠢᠶᠡᠨ ᠠᠪᠴᠤ᠂ ᠨᠢᠭᠡ ᠵᠢᠯ ᠳᠤ᠂ ᠠᠷᠠᠳ ᠤᠨ ᠲᠦᠯᠦᠭᠡᠯᠡᠭᠴᠢᠳ ᠤᠨ ᠰᠠᠨᠠᠯ 101 | ᠬᠤᠪᠢ ᠭᠦᠢᠴᠡᠳᠭᠡᠵᠦ᠂ ᠤᠯᠤᠰ ᠲᠦᠷᠦ ᠶᠢᠨ ᠵᠦᠪᠯᠡᠯᠭᠡᠨ ᠤ ᠵᠦᠪᠯᠡᠯᠭᠡ 97 ᠬᠤᠪᠢ ᠭᠦᠢᠴᠡᠳᠭᠡᠵᠦ᠂ | ᠬᠠᠷᠢᠭᠤᠯᠲᠠ ᠦᠭᠬᠦᠭᠰᠡᠨ ᠨᠤᠷᠮ᠎ᠠ ᠨᠢ 100% ᠳᠤ ᠬᠦᠷᠴᠠᠢ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ | ᠶᠢᠨ ᠲᠦᠷᠢᠮ ᠤᠨ ᠦᠭᠡᠷᠡᠴᠢᠯᠡᠯᠲᠡ ᠪᠠᠨ ᠭᠦᠨᠵᠡᠭᠡᠶᠢᠷᠡᠭᠦᠯᠵᠦ᠂ 345 ᠬᠢᠨᠠᠨ ᠵᠦᠪᠰᠢᠶᠡᠷᠡᠬᠦ ᠵᠦᠢᠯᠡᠰ ᠢ | ᠴᠣᠮᠬᠠᠳᠬᠠᠨ 244 ᠪᠣᠯᠭᠠᠵᠠᠢ᠃ ᠵᠠᠰᠠᠭ ᠤᠨ ᠤᠷᠳᠤᠨ ᠤ ᠦᠢᠯᠡᠴᠢᠯᠡᠭᠡᠨ ᠤ ᠲᠦᠪ ᠨᠢ 15 ᠲᠦᠮᠡᠨ ᠬᠤᠪᠢ | ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠭᠦᠢᠴᠡᠳᠭᠡᠵᠦ᠂ ᠤᠯᠠᠨ ᠲᠦᠮᠡᠨ ᠤ ᠰᠡᠳᠭᠢᠯ ᠬᠠᠨᠤᠭᠰᠠᠨ | ᠬᠡᠮᠵᠢᠶ᠎ᠡ 98.5% ᠬᠦᠷᠴᠠᠢ᠃ 2000 ᠤᠨ ᠠᠴᠠ ᠨᠠᠭᠠᠰᠢᠬᠢ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ | ᠢ ᠴᠡᠪᠡᠷᠯᠡᠨ ᠴᠡᠭᠴᠡᠯᠡᠵᠦ᠂ 21 ᠵᠦᠢᠯ ᠢ ᠤᠰᠠᠳᠬᠠᠵᠤ᠂ 47 ᠵᠦᠢᠯ ᠢ ᠬᠦᠴᠦᠨ ᠦᠭᠡᠢ ᠪᠣᠯᠭᠠᠪᠠ᠃ 4.8 | ᠳ᠋ᠥᠩᠰᠢᠭᠤᠷ ᠲᠦᠭᠦᠷᠢᠭ ᠤᠨ ᠵᠠᠰᠠᠭ ᠤᠨ ᠣᠷᠳᠤᠨ ᠤ ᠬᠤᠳᠠᠯᠳᠤᠨ ᠠᠪᠬᠤ ᠡᠭᠦᠷᠭᠡ ᠶᠢ ᠪᠡᠶᠡᠯᠡᠭᠦᠯᠵᠦ᠂ 5463 | ᠲᠦᠮᠡᠨ ᠲᠦᠭᠦᠷᠢᠭ ᠪᠡᠯᠡ ᠮᠥᠩᠬᠦ ᠶᠢ ᠠᠷᠪᠢᠯᠠᠭᠰᠠᠨ ᠪᠠᠶᠢᠨ᠎ᠠ᠃ ᠤᠯᠤᠰ ᠤᠨ ᠬᠢᠨᠠᠨ ᠪᠣᠳᠤᠬᠤ ᠵᠠᠬᠢᠷᠭ᠎ᠠ ᠳᠤ | ᠬᠠᠮᠵᠢᠯᠴᠠᠵᠤ ᠤᠯᠤᠰ ᠤᠨ ᠭᠠᠵᠠᠷ ᠰᠢᠷᠤᠢ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠭᠰᠡᠨ ᠪᠡᠯᠡ ᠮᠥᠩᠬᠦ ᠵᠢᠴᠢ | ᠲᠠᠷᠢᠶᠠᠨ ᠭᠠᠵᠠᠷ ᠤᠨ ᠬᠠᠮᠠᠭᠠᠯᠠᠭᠰᠠ ᠪᠡᠯᠡ ᠮᠦᠩᠭᠦ ᠶᠢ ᠲᠣᠰᠬᠠᠶᠢᠯᠠᠨ ᠬᠢᠨᠠᠨ ᠪᠣᠳᠣᠬᠤ ᠠᠵᠢᠯ ᠢ ᠳᠠᠭᠤᠰᠬᠠᠪᠠ᠃ | ᠵᠠᠰᠠᠭ ᠤᠨ ᠶᠠᠪᠤᠳᠠᠯ ᠢ ᠢᠯᠡ ᠪᠣᠯᠭᠠᠬᠤ᠂ ᠬᠦᠴᠦᠨ ᠴᠢᠳᠠᠯ ᠢ ᠬᠢᠨᠠᠨ ᠪᠠᠶᠢᠴᠠᠭᠠᠬᠤ ᠠᠵᠢᠯ ᠢᠯᠡᠳᠲᠡ ᠦᠷ᠎ᠡ | ᠪᠦᠲᠦᠮᠵᠢ ᠣᠯᠵᠤ ᠂ ᠬᠢᠨᠠᠨ ᠪᠣᠳᠤᠯᠲᠠ ᠶᠢᠨ ᠱᠠᠭᠠᠷᠳᠠᠨ ᠪᠠᠶᠢᠴᠠᠭᠠᠯᠲᠠ᠂ ᠠᠷᠢᠭᠤᠨ ᠴᠢᠭᠡᠴᠢ ᠵᠠᠰᠠᠭ ᠤᠨ | ᠪᠠᠶᠢᠭᠤᠯᠤᠯᠲᠠ ᠳᠠᠰᠤᠷᠠᠯ ᠦᠭᠡᠢ ᠴᠢᠩᠭᠠᠷᠠᠪᠠ᠃ | ᠡᠷᠬᠢᠮ ᠲᠦᠯᠦᠭᠡᠯᠡᠭᠴᠢᠳ ᠡ᠂ 2014 ᠤᠨ ᠪᠤᠯ ᠪᠢᠳᠡᠨ ᠤ ᠬᠦᠴᠢᠷ ᠢ ᠲᠤᠭᠤᠯᠠᠨ ᠬᠦᠴᠦᠯᠡᠨ | ᠰᠢᠪᠲᠤᠯᠤᠭᠰᠠᠨ ᠨᠢᠭᠡ ᠵᠢᠯ ᠪᠤᠯᠤᠨ᠎ᠠ᠂ ᠮᠠᠷᠳᠠᠭᠳᠠᠰᠢ ᠦᠭᠡᠢ ᠲᠡᠮᠡᠴᠡᠯ ᠢ ᠪᠢᠳᠡ ᠬᠠᠮᠲᠤᠪᠡᠷ ᠥᠩᠭᠡᠷᠡᠭᠦᠯᠵᠦ᠂ | ᠬᠦᠭᠵᠢᠯᠲᠡ ᠶᠢᠨ ᠡᠯᠪᠡᠭ ᠦᠷ᠎ᠡ ᠪᠦᠲᠦᠭᠡᠯ ᠢᠶᠠᠨ ᠪᠢᠳᠡ ᠬᠠᠮᠲᠤᠪᠡᠷ ᠡᠳ᠋ᠯᠡᠯ᠎ᠡ᠃ ᠦᠩᠭᠡᠷᠡᠭᠰᠡᠨ ᠨᠢᠭᠡ ᠵᠢᠯ ᠤᠨ | ᠦᠷ᠎ᠡ ᠪᠦᠲᠦᠮᠵᠢ ᠬᠢᠯᠪᠠᠷ ᠢᠶᠠᠷ ᠢᠷᠡᠭᠰᠡᠨ ᠪᠢᠰᠢ᠂ ᠡᠨᠡᠬᠦ ᠦᠷ᠎ᠡ ᠪᠦᠲᠦᠮᠵᠢ ᠨᠢ ᠬᠤᠰᠢᠭᠤᠨ ᠤ ᠨᠠᠮ ᠤᠨ | ᠬᠤᠷᠢᠶᠠᠨ ᠤ ᠰᠢᠨᠵᠢᠯᠡᠬᠦ ᠤᠬᠠᠭᠠᠨᠴᠢ ᠰᠢᠢᠳᠪᠦᠷᠢ ᠪᠠ ᠬᠦᠴᠦᠲᠦ ᠤᠳᠤᠷᠢᠳᠤᠯᠭ᠎ᠠ ᠶᠢᠨ ᠦᠷ᠎ᠡ ᠳ᠋ᠦᠩ ᠪᠤᠯᠤᠨ᠎ᠠ᠂ | ᠮᠦᠨ ᠴᠦ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠦᠷᠦ ᠶᠢᠨ | ᠵᠦᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠪᠦᠬᠦ ᠲᠠᠯ᠎ᠠ ᠪᠠᠷ ᠬᠢᠨᠠᠯᠲᠠ ᠲᠠᠯᠪᠢᠵᠤ ᠪᠦᠬᠦ ᠬᠦᠴᠦᠨ ᠢᠶᠠᠷ ᠢᠶᠠᠨ | ᠲᠡᠮᠵᠢᠭᠰᠡᠨ ᠤ ᠦᠷ᠎ᠡ ᠳ᠋ᠦᠩ ᠮᠦᠨ᠂ ᠨᠡᠩ ᠴᠦ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠲᠠᠷ ᠤᠯᠠᠨ | ᠲᠦᠮᠡᠨ ᠪᠦᠯᠬᠦᠮᠳᠡᠨ ᠬᠠᠮᠲᠤᠷᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠭᠰᠠᠨ ᠤ ᠦᠷ᠎ᠡ ᠳ᠋ᠦᠩ ᠪᠤᠯᠤᠨ᠎ᠠ᠃ | ᠠᠳᠡ ᠪᠢ ᠬᠤᠰᠢᠭᠤᠨ ᠤ ᠵᠠᠰᠠᠭ ᠤᠨ ᠣᠷᠳᠤᠨ ᠢ ᠲᠦᠯᠦᠭᠡᠯᠡᠨ᠂ ᠠᠷᠠᠳ ᠤᠨ ᠲᠦᠯᠦᠭᠡᠯᠡᠭᠴᠢᠳ᠂ ᠤᠯᠤᠰ | ᠲᠦᠷᠦ ᠶᠢᠨ ᠵᠦᠪᠯᠡᠭᠡᠨ ᠤ ᠬᠡᠰᠢᠭᠦᠳ᠂ ᠪᠦᠬᠦ ᠰᠡᠳᠭᠢᠯ ᠪᠦᠬᠦ ᠬᠦᠴᠦᠨ ᠢᠶᠠᠷ ᠢᠶᠠᠨ ᠠᠣᠬᠠᠨ ᠬᠤᠰᠢᠭᠤᠨ ᠤ | ᠬᠦᠭᠵᠢᠯᠲᠡ ᠶᠢ ᠬᠠᠯᠠᠮᠵᠢᠯᠠᠨ ᠳᠡᠮᠵᠢᠭᠰᠡᠨ ᠨᠦᠬᠦᠳ᠂ ᠨᠠᠶᠢᠵᠠ ᠨᠠᠷ ᠲᠠᠭᠠᠨ ᠴᠢᠩ ᠰᠡᠳᠭᠢᠯ ᠤᠨ ᠲᠠᠯᠠᠷᠬᠠᠯᠠᠯ | ᠪᠠ ᠡᠷᠬᠢᠮ ᠳᠡᠭᠡᠳᠦ ᠮᠡᠨᠳᠦᠴᠢᠯᠡᠯ ᠳᠡᠪᠰᠢᠭᠦᠯᠵᠦ ᠪᠠᠶᠢᠨ᠎ᠠ︕ | ᠨᠢᠭᠡ ᠵᠢᠯ ᠤᠨ ᠠᠵᠢᠯ ᠵᠶ᠋ᠡᠨᠡᠷᠭᠢᠴᠡᠭᠦᠯᠦᠨ ᠪᠣᠳᠤᠪᠠᠯ᠂ ᠪᠦᠬᠦ ᠬᠤᠰᠢᠭᠤᠨ ᠤ ᠬᠦᠭᠵᠢᠯᠲᠡ ᠶᠢᠨ | ᠶᠠᠪᠤᠴᠠ ᠳᠤ ᠬᠦᠴᠢᠷᠳᠡᠯ ᠪᠠ ᠠᠰᠠᠭᠤᠳᠠᠯ ᠣᠷᠤᠰᠢᠵᠤ ᠪᠠᠶᠢᠭ᠎ᠠ ᠶᠢ ᠪᠢᠳᠡ ᠰᠡᠷᠭᠡᠭ ᠢᠶᠠᠷ ᠲᠠᠨᠢᠭᠰᠠᠨ ᠪᠠᠶᠢᠨ᠎ᠠ ᠃ | ᠡᠳᠡᠭᠡᠷ ᠬᠦᠴᠡᠷᠳᠡᠯ ᠪᠠ ᠠᠰᠠᠭᠤᠳᠠᠯ ᠤᠳ ᠭᠡᠪᠡᠯ᠄ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ | ᠶᠡᠬᠡᠬᠡᠰᠦᠭᠰᠡᠨ᠂ ᠣᠨᠴᠠ ᠵᠠᠷᠢᠮ ᠵᠢᠭᠠᠯᠲᠠ ᠲᠤᠭ᠎ᠠ ᠵᠢᠱᠢᠭᠰᠡᠨ ᠬᠠᠷᠠᠯᠲᠠ ᠳᠤ ᠬᠦᠷᠦᠭᠰᠡᠨ ᠦᠭᠡᠢ ᠂ ᠡᠬᠢ | ᠪᠠᠶᠠᠯᠢᠭ ᠲᠤ ᠬᠡᠳᠦ ᠲᠦᠰᠢᠭᠯᠡᠭᠰᠡᠨ ᠠᠵᠤ ᠠᠬᠤᠶᠢᠯᠠᠯ ᠤᠨ ᠡᠵᠡᠭᠨᠡᠯᠲᠡ ᠬᠦᠴᠢᠷᠳᠡᠭᠰᠡᠨ᠂ ᠭᠠᠵᠠᠷ ᠰᠢᠷᠤᠢ ᠶᠢᠨ | ᠨᠡᠬᠡᠭᠡᠯᠲᠡ ᠪᠠ ᠭᠡᠷ ᠪᠠᠶᠢᠰᠢᠩ ᠭᠠᠵᠠᠷ ᠬᠦᠷᠥᠩᠭᠡ ᠶᠢᠨ ᠨᠡᠬᠡᠭᠡᠯᠲᠡ ᠤᠳᠠᠭᠠᠰᠢᠷᠠᠭᠰᠠᠨ᠂ ᠮᠠᠯᠴᠢᠨ | ᠲᠠᠷᠢᠶᠠᠴᠢᠳ ᠤᠨ ᠤᠷᠤᠯᠭ᠎ᠠ ᠶᠢᠨ ᠨᠡᠮᠡᠭᠳᠡᠯ ᠤᠨ ᠵᠣᠬᠢᠴᠠᠮᠵᠢ ᠳᠣᠭᠲᠠᠭᠤᠨ ᠪᠣᠰᠤ ᠪᠠᠶᠢᠭ᠎ᠠ᠂ ᠶᠠᠳᠠᠭᠤ ᠬᠦᠴᠢᠷᠲᠡᠢ | ᠬᠥᠮᠦᠨ ᠠᠮᠠ ᠶᠢ ᠶᠠᠳᠠᠭᠤ ᠠᠴᠠ ᠨᠢ ᠠᠩᠵᠢᠷᠠᠭᠤᠯᠬᠤ ᠡᠭᠦᠷᠭᠡ ᠬᠦᠨᠳᠦ ᠪᠠᠶᠢᠭᠰᠠᠭᠠᠷ᠂ ᠬᠤᠲᠠ ᠬᠦᠳᠡᠭᠡ ᠶᠢᠨ ᠨᠢᠭᠡ | ᠴᠤᠭᠴᠠᠯᠠᠭᠰᠠᠨ ᠪᠠᠶᠢᠭᠤᠯᠤᠯᠲᠠ ᠶᠢᠨ ᠡᠭᠦᠷᠭᠡ ᠬᠦᠨᠳᠦ ᠳᠠᠷᠤᠭᠠᠰᠤ ᠶᠡᠭᠡ ᠪᠣᠯᠤᠭᠰᠠᠨ᠂ ᠠᠷᠠᠳ ᠤᠨ ᠠᠮᠢᠳᠤᠷᠠᠯ ᠢ | ᠪᠠᠲᠤᠯᠠᠬᠤ ᠳᠤ ᠨᠡᠩ ᠶᠡᠭᠡ ᠴᠢᠷᠮᠠᠶᠢᠯᠭ᠎ᠠ ᠱᠠᠭᠠᠷᠳᠠᠭᠳᠠᠭᠰᠠᠨ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ | ᠠᠵᠤ ᠠᠬᠤᠢ ᠵᠢᠨᠦᠷ᠎ᠡ ᠠᠰᠢᠭ ᠢ ᠳᠡᠭᠡᠭᠰᠢᠯᠡᠭᠦᠯᠬᠦ ᠴᠢᠬᠤᠯᠠ ᠲᠠᠢ ᠪᠠᠶᠢᠭ᠎ᠠ᠂ ᠴᠢᠨᠠᠷ ᠠᠨᠠᠢ ᠣᠢ ᠰᠢᠭᠤᠢ ᠶᠢ | ᠰᠢᠨᠡᠳᠭᠡᠨ ᠥᠭᠡᠷᠡᠴᠢᠯᠡᠬᠦ ᠡᠭᠦᠷᠭᠡ ᠬᠦᠨᠳᠦ ᠪᠠᠶᠢᠬᠤ ᠂ ᠡᠯ᠎ᠡ ᠵᠦᠢᠯ ᠤᠨ ᠬᠠᠳᠠᠨ ᠴᠢᠨᠠᠷ ᠲᠠᠢ ᠵᠠᠷᠤᠯᠭ᠎ᠠ ᠳᠠᠰᠤᠷᠠᠯ | ᠦᠭᠡᠢ ᠨᠡᠮᠡᠭᠳᠡᠭᠰᠡᠨ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠲᠡᠩᠴᠡᠭᠦᠷᠢ ᠶᠢ ᠪᠠᠲᠤᠯᠠᠬᠤ ᠳᠠᠷᠤᠭᠠᠰᠤ | ᠨᠡᠮᠡᠭᠳᠡᠭᠰᠡᠨ᠂ ᠵᠠᠰᠠᠭ ᠤᠨ ᠤᠷᠳᠤᠨ ᠤ ᠴᠢᠳᠠᠪᠬᠢ ᠪᠠᠨ ᠬᠤᠪᠢᠷᠠᠭᠤᠯᠤᠭᠰᠠᠨ ᠭᠦᠢᠴᠡᠳ ᠦᠭᠡᠢ᠂ | ᠬᠦᠭᠵᠢᠯᠲᠡ ᠶᠢᠨ ᠣᠷᠴᠢᠨ ᠲᠣᠭᠤᠷᠢᠨ ᠢ ᠤᠯᠠᠮ ᠰᠢᠯᠢᠳᠡᠭᠵᠢᠭᠦᠯᠬᠦ ᠴᠢᠬᠤᠯᠠ ᠲᠠᠢ ᠪᠠᠶᠢᠭ᠎ᠠ ᠵᠡᠷᠭᠡ ᠪᠣᠯᠤᠨ᠎ᠠ᠃ | ᠡᠭᠦᠨ ᠳᠤ᠂ ᠡᠳᠡᠭᠡᠷ ᠠᠰᠠᠭᠤᠳᠠᠯ ᠢ ᠪᠢᠳᠡ ᠡᠷᠬᠡᠪᠰᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠨ ᠵᠦᠪ ᠢᠶᠠᠷ ᠬᠠᠨᠲᠤᠵᠤ | ᠂ ᠵᠤᠷᠢᠭᠲᠠᠢ ᠪᠠᠷ ᠡᠭᠦᠷᠭᠡᠯᠡᠨ ᠤᠬᠤᠷᠠᠰᠢ ᠦᠭᠡᠢ ᠲᠡᠮᠡᠴᠡᠵᠦ᠂ ᠰᠡᠳᠭᠢᠯ ᠰᠢᠭᠤᠳᠴᠤ ᠬᠤᠷᠳᠤᠨ | ᠰᠢᠢᠳᠪᠦᠷᠢᠯᠡᠨ᠎ᠡ᠃ | ᠬᠤᠶᠠᠷ᠄ 2015 ᠤᠨ ᠤ ᠠᠵᠢᠯ ᠤᠨ ᠪᠠᠶᠢᠷᠢᠰᠢᠭᠤᠯᠤᠯᠲᠠ | 2015 ᠤᠨ ᠪᠤᠯ ︽ᠠᠷᠪᠠᠨ ᠬᠤᠶᠠᠳᠤᠭᠠᠷ ᠲᠠᠪᠤ︾ ᠶᠢ ᠪᠡᠶᠡᠯᠡᠭᠦᠯᠵᠦ᠂ ︽ ᠠᠷᠪᠠᠨ ᠭᠤᠷᠪᠠᠳᠤᠭᠠᠷ ᠲᠠᠪᠤ | ︾ ᠶᠢ ᠲᠦᠯᠦᠪᠵᠢᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠃ ᠠᠵᠤ ᠠᠬᠤᠢ ᠶᠢᠨ ᠬᠦᠭᠵᠢᠯᠲᠡ ᠰᠢᠨ᠎ᠡ ᠳᠣᠭᠲᠠᠭᠤᠨ | ᠪᠠᠶᠢᠳᠠᠯ ᠳᠤ ᠣᠷᠤᠵᠤ᠂ ᠨᠡᠩ ᠣᠯᠠᠨ ᠦᠷᠢᠰᠦᠯᠳᠦᠭᠡᠨ ᠪᠢᠳᠡᠨ ᠤ ᠡᠮᠦᠨ᠎ᠡ ᠲᠠᠯᠪᠢᠭᠳᠠᠵᠤ ᠪᠠᠶᠢᠨ᠎ᠠ᠃ ᠣᠳᠣᠬᠠᠨ ᠤ | ᠤᠯᠤᠰ ᠤᠨ ᠭᠠᠳᠠᠭᠠᠲᠤ ᠳᠣᠲᠤᠭᠠᠲᠤ ᠶᠢᠨ ᠪᠠᠶᠢᠳᠠᠯ ᠠᠴᠠ ᠦᠵᠡᠪᠡᠯ᠂ ᠬᠤᠷᠸ᠎ᠠ ᠠᠵᠤ ᠠᠬᠤᠢ ᠶᠢᠨ ᠬᠦᠭᠵᠢᠯᠲᠡ | ᠦᠷᠭᠦᠯᠵᠢᠯᠡᠨ ᠤᠳᠠᠭᠠᠰᠢᠷᠠᠵᠤ᠂ ᠠᠵᠤ ᠠᠬᠤᠢ ᠶᠢᠨ ᠬᠦᠭᠵᠢᠯᠲᠡ ᠶᠢᠨ ᠬᠤᠷᠳᠤᠴᠠ ᠳᠣᠷᠤᠭᠰᠢᠯᠠᠬᠤ ᠨᠢ ᠯᠠᠪᠲᠠᠢ᠃ | ᠤᠯᠠᠮᠵᠢᠯᠠᠯᠲᠤ ᠠᠵᠤ ᠦᠢᠯᠡᠰ ᠤᠨ ᠬᠠᠩᠭᠠᠯᠭ᠎ᠠ ᠬᠠᠷᠢᠴᠠᠩᠭᠤᠢ ᠢᠯᠡᠭᠦᠳᠡᠵᠦ᠂ ᠬᠥᠳᠡᠯᠮᠦᠷᠢ ᠬᠦᠴᠦᠨ ᠤ | ᠥᠪᠡᠷ ᠤᠨ ᠥᠷᠳᠡᠭ ᠳᠠᠰᠤᠷᠠᠯ ᠦᠭᠡᠢ ᠳᠡᠭᠡᠭᠰᠢᠯᠡᠵᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠨᠡᠩ ᠰᠢᠷᠦᠭᠦᠰᠪᠡ᠃ | ᠡᠬᠢ ᠪᠠᠶᠠᠯᠢᠭ ᠪᠣᠯᠤᠨ ᠣᠷᠴᠢᠨ ᠲᠣᠭᠤᠷᠢᠨ ᠤ ᠳᠠᠭᠠᠭᠠᠴᠠ ᠬᠢᠵᠠᠭᠠᠷ ᠲᠠᠭᠠᠨ ᠣᠶᠢᠷᠠᠳᠴᠤ᠂ ᠡᠨᠧᠷᠭᠢ ᠶᠢᠨ | ᠥᠨᠳᠦᠷ ᠬᠤᠷᠤᠭᠳᠠᠯᠲᠤ ᠬᠦᠭᠵᠢᠯᠲᠡ ᠶᠢ ᠳᠡᠰᠪᠦᠷᠢᠯᠡᠬᠦ ᠦᠭᠡᠢ ᠪᠣᠯᠵᠤ᠂ ᠪᠦᠳᠦᠭᠦᠯᠢᠭ ᠠᠵᠤ ᠦᠢᠯᠡᠰ ᠤᠨ | ᠡᠵᠡᠩᠨᠡᠯᠲᠡ ᠢᠳᠡᠭ ᠢᠳᠡᠭ ᠢᠶᠠᠷ ᠲᠠᠶᠠᠭᠳᠠᠬᠤ ᠪᠣᠯᠤᠨ᠎ᠠ᠃ ᠡᠭᠦᠨ ᠤ ᠬᠠᠮᠲᠤ᠂ ᠤᠯᠤᠰ ᠠᠴᠠ ᠰᠢᠨ᠎ᠡ ︽ | ᠲᠦᠰᠦᠪ ᠤᠨ ᠬᠠᠤᠯᠢ︾ ᠶᠢ ᠬᠡᠷᠡᠭᠵᠢᠭᠦᠯᠵᠦ᠂ ᠲᠣᠰᠬᠠᠢ ᠵᠦᠢᠯ ᠤᠨ ᠰᠢᠯᠵᠢᠭᠦᠯᠦᠨ ᠵᠠᠷᠤᠴᠠᠭᠤᠯᠬᠤ ᠪᠡᠯᠡ | ᠮᠥᠩᠬᠦ ᠶᠢ ᠢᠳᠡᠭ ᠢᠳᠡᠭ ᠢᠶᠠᠷ ᠪᠠᠭᠠᠰᠬᠠᠵᠤ᠂ ᠣᠷᠤᠨ ᠨᠤᠳᠤᠭ ᠤᠨ ᠵᠠᠰᠠᠭ ᠤᠨ ᠣᠷᠳᠤᠨ ᠤ ᠪᠡᠯᠡ | ᠬᠤᠷᠠᠮᠳᠤᠭᠤᠯᠤᠯᠲᠠ ᠶᠢ ᠴᠢᠩᠭ᠎ᠠ ᠬᠢᠵᠠᠭᠠᠷᠯᠠᠵᠤ᠂ ᠬᠦᠭᠵᠢᠯᠲᠡ ᠶᠢ ᠳᠡᠮᠵᠢᠵᠦ ᠲᠤᠯᠭᠤᠷᠢᠯᠠᠬᠤ ᠲᠦᠷᠦᠯ ᠵᠦᠢᠯ ᠪᠠ | ᠪᠡᠯᠡ ᠮᠦᠩᠬᠦ ᠣᠯᠠᠮ ᠪᠠᠭᠠᠰᠴᠤ ᠪᠠᠶᠢᠨ᠎ᠠ᠃ 2014ᠣᠨ ᠤ11 ᠰᠠᠷ᠎ᠠ ᠠᠴᠠ ᠡᠬᠢᠯᠡᠵᠦ᠂ ᠲᠦᠷᠦ ᠶᠢᠨ | ᠶᠠᠪᠤᠳᠠᠯ ᠤᠨ ᠬᠤᠷᠢᠶ᠎ᠠ ᠠᠴᠠ ᠭᠠᠶᠢᠯᠢ ᠳᠠᠲᠠᠪᠤᠷᠢ᠂ ᠭᠠᠵᠠᠷ ᠰᠢᠷᠤᠢ ᠵᠡᠷᠭᠡ ᠠᠷᠠᠯᠵᠢᠶᠠᠴᠢᠨ ᠤᠷᠢᠵᠤ ᠪᠡᠯᠡ ᠳᠠᠲᠠᠬᠤ | ᠲᠦᠷᠦᠯ ᠵᠦᠢᠯ ᠤᠨ ᠬᠠᠷᠠᠭᠠᠯᠵᠠᠯ ᠤᠨ ᠲᠦᠷᠦ ᠶᠢᠨ ᠪᠣᠳᠤᠯᠭ᠎ᠠ ᠳᠤ ᠪᠦᠬᠦ ᠲᠠᠯ᠎ᠠ ᠶᠢᠨ ᠴᠡᠪᠡᠷᠯᠡᠯᠲᠡ ᠬᠢᠭᠰᠡᠨ ᠢᠶᠠᠷ | ᠪᠦᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠳᠠᠲᠠᠬᠤ ᠠᠵᠢᠯ ᠤᠨ ᠳᠠᠪᠠᠭᠤᠯᠢᠭ ᠲᠠᠯ᠎ᠠ ᠶᠡᠭᠡ ᠬᠡᠮᠵᠢᠶ᠎ᠡ ᠪᠠᠷ | ᠨᠦᠯᠦᠭᠡᠯᠡᠭᠳᠡᠵᠦ᠂ ᠭᠠᠳᠠᠭᠠᠲᠤ ᠪᠡᠯᠡ ᠮᠥᠩᠬᠦ ᠶᠢ ᠣᠷᠤᠭᠤᠯᠤᠨ ᠠᠪᠴᠢᠷᠠᠵᠤ ᠬᠦᠭᠵᠢᠯᠲᠡ ᠪᠠᠨ ᠠᠬᠢᠭᠤᠯᠬᠤ | ᠳᠠᠷᠤᠭᠠᠰᠤ ᠣᠯᠠᠮ ᠬᠦᠨᠳᠦᠷᠡᠪᠡ᠃ ᠭᠡᠪᠡᠴᠦ᠂ ᠰᠢᠨ᠎ᠡ ᠳᠣᠭᠲᠠᠭᠤᠨ ᠪᠠᠶᠢᠳᠠᠯ ᠳᠣᠣᠷᠠᠬᠢ ᠬᠤᠷᠳᠤᠴᠠ ᠶᠢᠨ | ᠬᠤᠪᠢᠷᠠᠯᠲᠠ᠂ ᠪᠦᠲᠦᠴᠡ ᠶᠢᠨ ᠰᠢᠯᠢᠳᠡᠭᠵᠢᠭᠦᠯᠦᠯᠲᠡ᠂ ᠬᠥᠳᠡᠯᠭᠡᠭᠴᠢ ᠬᠥᠴᠦᠨ ᠤ ᠰᠣᠯᠢᠯᠲᠠ ᠭᠤᠷᠪᠠᠨ | ᠣᠨᠴᠠᠯᠢᠭ ᠢ ᠵᠦᠪ ᠡᠵᠡᠮᠳᠡᠵᠦ᠂ ᠬᠦᠭᠵᠢᠭᠦᠯᠦᠯᠲᠡ ᠶᠢᠨ ᠴᠢᠬᠤᠯᠠ ᠪᠠᠶᠢᠯᠳᠤᠬᠤ ᠪᠣᠳᠤᠯᠭ᠎ᠠ ᠶᠢᠨ ᠠᠵᠠ ᠳᠣᠬᠢᠶᠠᠯᠲᠠᠢ | ᠴᠠᠭ ᠬᠤᠭᠤᠴᠠᠭ᠎ᠠ ᠬᠤᠪᠢᠷᠠᠭᠰᠠᠨ ᠦᠭᠡᠢ᠂ ᠶᠡᠷᠥᠩᠬᠡᠢ ᠳᠡᠭᠡᠨ ᠰᠠᠶᠢᠨ ᠵᠦᠭ ᠬᠠᠨᠲᠤᠭᠰᠠᠨ ᠦᠨᠳᠦᠰᠦᠨ ᠪᠠᠶᠢᠳᠠᠯ | ᠬᠤᠪᠢᠷᠠᠭᠰᠠᠨ ᠦᠭᠡᠢ ᠭᠡᠳᠡᠭ ᠢ ᠭᠦᠢᠴᠡᠳ ᠲᠠᠨᠢᠵᠤ᠂ ᠠᠵᠤ ᠦᠢᠯᠡᠰ ᠤᠨ ᠪᠦᠲᠦᠴᠡ ᠶᠢᠨ ᠳᠣᠬᠢᠷᠠᠭᠤᠯᠤᠯᠲᠠ | ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨᠡᠴᠢᠯᠡᠯᠲᠡ᠂ ᠣᠯᠠᠨ ᠲᠦᠮᠡᠨ ᠤ ᠱᠠᠭᠠᠷᠳᠠᠯᠭ᠎ᠠ ᠬᠡᠷᠡᠭᠴᠡᠭᠡ᠂ | ᠠᠵᠤ ᠠᠬᠤᠶᠢᠯᠠᠯᠲᠠᠨ ᠤ ᠠᠪᠢᠶᠠᠰ ᠴᠢᠳᠠᠪᠤᠷᠢ ᠪᠣᠯᠤᠨ ᠬᠥᠳᠡᠯᠮᠦᠷᠢᠯᠡᠭᠴᠢᠳ ᠤᠨ ᠤᠤᠷ ᠴᠢᠨᠠᠷ ᠢ | ᠳᠡᠭᠡᠭᠰᠢᠯᠡᠭᠦᠯᠬᠦ ᠶᠢ ᠨᠡᠩ ᠴᠢᠬᠤᠯᠠᠴᠢᠯᠠᠪᠠᠯ ᠵᠣᠬᠢᠨ᠎ᠠ᠃ ᠡᠶᠢᠮᠦ ᠠᠴᠠ ᠪᠢᠳᠡ ᠡᠷᠬᠡᠪᠰᠢ ᠡᠯ᠎ᠡ ᠵᠦᠢᠯ ᠤᠨ | ᠥᠷᠢᠰᠦᠯᠳᠦᠭᠡᠨ ᠢ ᠢᠯᠠᠨ ᠳᠠᠪᠠᠵᠤ᠂ ᠰᠢᠨ᠎ᠡ ᠳᠣᠭᠲᠠᠭᠤᠨ ᠪᠠᠶᠢᠳᠠᠯ ᠢ ᠭᠦᠢᠴᠡᠳ ᠲᠠᠨᠢᠵᠤ᠂ ᠬᠠᠷᠠᠴᠠ ᠪᠠᠨ | ᠥᠷᠭᠡᠳᠭᠡᠨ ᠰᠡᠳᠭᠢᠭᠦᠢ ᠪᠠᠨ ᠰᠢᠨᠡᠳᠭᠡᠬᠦ ᠬᠡᠷᠡᠭᠲᠡᠢ ︔ ᠬᠦᠭᠵᠢᠯᠲᠡ ᠶᠢᠨ ᠰᠢᠨ᠎ᠡ ᠳᠣᠭᠲᠠᠭᠤᠨ ᠪᠠᠶᠢᠳᠠᠯ ᠳᠤ | ᠲᠤᠬᠢᠷᠠᠯᠴᠠᠵᠤ᠂ ᠰᠡᠳᠭᠢᠯ ᠢᠶᠠᠨ ᠬᠤᠯᠪᠤᠨ ᠠᠯᠬᠤᠮ ᠢᠶᠠᠨ ᠨᠢᠭᠡᠳᠭᠡᠬᠦ ᠬᠡᠷᠡᠭᠲᠡᠢ᠂ ᠬᠦᠭᠵᠢᠯᠲᠡ ᠶᠢᠨ ᠰᠢᠨ᠎ᠡ | ᠳᠣᠭᠲᠠᠭᠤᠨ ᠪᠠᠶᠢᠳᠠᠯ ᠢ ᠬᠦᠲᠦᠯᠦᠨ ᠳᠠᠭᠠᠭᠤᠯᠵᠤ᠂ ᠪᠠᠶᠢᠳᠠᠯ ᠢ ᠳᠠᠭᠠᠵᠤ ᠤᠷᠤᠭᠰᠢᠯᠠᠬᠤ ᠬᠡᠷᠡᠭᠲᠡᠢ᠃ ᠪᠢᠳᠡ ᠡᠯ᠎ᠡ | ᠵᠦᠢᠯ ᠤᠨ ᠠᠵᠠ ᠳᠣᠬᠢᠶᠠᠯ ᠢ ᠡᠵᠡᠮᠳᠡᠵᠦ᠂ ᠣᠷᠤᠨ ᠪᠠᠶᠢᠷᠢᠰᠢᠯ᠂ ᠣᠷᠴᠢᠨ ᠲᠣᠭᠤᠷᠢᠨ᠂ ᠰᠣᠶᠤᠯ᠂ ᠡᠬᠢ ᠪᠠᠶᠠᠯᠢᠭ | ᠵᠡᠷᠭᠡ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠠᠯᠢᠪᠠ ᠬᠥᠴᠦᠨ ᠢ ᠨᠢᠭᠲᠠᠷᠠᠭᠤᠯᠤᠨ᠂ ᠠᠯᠢᠪᠠ ᠡᠨᠧᠷᠭᠢ ᠶᠢ | ᠤᠷᠮᠠᠰᠢᠭᠤᠯᠵᠤ᠂ ᠠᠷᠠᠳ ᠤᠨ ᠳᠤᠮᠳᠠᠬᠢ ᠠᠮᠢᠵᠢᠷᠠᠯ ᠤᠨ ᠬᠥᠴᠦᠨ ᠢ ᠬᠦᠭᠵᠢᠭᠡᠵᠦ᠂ ᠪᠦᠬᠦ ᠬᠤᠰᠢᠭᠤᠨ ᠤ | ᠬᠦᠭᠵᠢᠯᠲᠡ ᠶᠢᠨ ᠠᠯᠬᠤᠴᠠ ᠪᠠᠨ ᠯᠠᠪᠳᠠᠭᠤᠨ ᠲᠦᠷᠭᠡᠳᠭᠡᠨ᠎ᠡ᠃ | ᠠᠵᠢᠯ ᠤᠨ ᠶᠡᠷᠦᠩᠬᠡᠢ ᠰᠳᠭᠢᠴᠡ ᠪᠣᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ | ᠨᠠᠢᠮᠠᠳᠤᠭᠠᠷ ᠶᠡᠭᠡ ᠬᠤᠷᠠᠯ ᠤᠨ ᠭᠤᠷᠪᠠᠳᠤᠭᠠᠷ ᠪᠦᠬᠦᠳᠡ ᠬᠤᠷᠠᠯ᠂ ᠳᠦᠷᠪᠡᠳᠦᠭᠡᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠤᠨ ᠪᠠ ᠬᠤᠲᠠ ᠶᠢᠨ ᠡᠯ᠎ᠡ ᠵᠦᠢᠯ ᠤᠨ | ᠠᠵᠢᠯ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠦᠷᠪᠡᠳᠦᠭᠡᠷ | ᠤᠳᠠᠭᠠᠨ ᠤ ᠳᠣᠯᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠠᠵᠤ | ᠠᠬᠤᠢ ᠶᠢᠨ ᠬᠦᠭᠵᠢᠯᠲᠡ ᠶᠢᠨ ᠶᠠᠰᠤ ᠴᠢᠨᠠᠷ ᠪᠣᠯᠤᠨ ᠦᠷ᠎ᠡ ᠠᠰᠢᠭ ᠢ ᠳᠡᠭᠡᠭᠰᠢᠯᠡᠬᠦ ᠶᠢ ᠪᠠᠷᠢᠮᠳᠠᠯᠠᠬᠤ ᠪᠠᠷ ᠭᠤᠣᠯ | ᠪᠣᠯᠭᠠᠵᠤ᠂ᠠᠵᠤ ᠠᠬᠤᠢ ᠶᠢᠨ ᠬᠦᠭᠵᠢᠯᠲᠡ ᠶᠢᠨ ᠰᠢᠨ᠎ᠡ ᠳᠣᠭᠲᠠᠭᠤᠨ ᠪᠠᠶᠢᠳᠠᠯ ᠲᠠᠢ ᠢᠳᠡᠪᠬᠢᠲᠡᠢ ᠳᠣᠬᠢᠷᠠᠯᠴᠠᠵᠤ᠂ | ᠠᠵᠤ ᠠᠬᠤᠢ ᠶᠢᠨ ᠡᠷᠭᠢᠯᠲᠡ ᠶᠢ ᠵᠣᠬᠢᠰᠲᠠᠢ ᠣᠷᠤᠨ ᠪᠠᠶᠢᠷᠢ ᠳᠤ ᠪᠠᠶᠢᠯᠭᠠᠵᠤ᠂ ᠤᠷᠲᠤᠮᠵᠢᠲᠠᠢ ᠬᠦᠭᠵᠢᠭᠦᠯᠬᠦ᠂ | ᠬᠡᠯᠪᠡᠷᠢ ᠥᠭᠡᠷᠡᠴᠢᠯᠡᠨ ᠬᠦᠭᠵᠢᠭᠦᠯᠬᠦ᠂ ᠵᠣᠬᠢᠴᠠᠮᠵᠢᠲᠠᠢ ᠬᠦᠭᠵᠢᠭᠦᠯᠬᠦ᠂ ᠨᠠᠶᠢᠷᠠᠮᠳᠠᠭᠤ ᠬᠦᠭᠵᠢᠭᠦᠯᠬᠦ ᠤᠬᠠᠮᠰᠠᠷ ᠢ ᠪᠣᠢ | ᠪᠣᠯᠭᠠᠵᠤ᠂ ᠠᠷᠭ᠎ᠠ ᠬᠡᠯᠪᠡᠷᠢ ᠪᠠᠨ ᠬᠤᠪᠢᠷᠠᠭᠤᠯᠵᠤ ᠪᠦᠲᠦᠴᠡ ᠪᠠᠨ ᠳᠣᠬᠢᠷᠠᠭᠤᠯᠬᠤ ᠶᠢ ᠨᠡᠩ ᠭᠤᠣᠯᠴᠢᠯᠠᠵᠤ᠂ | ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠰᠠᠶᠢᠲᠤᠷ ᠴᠢᠩᠭ᠎ᠠ ᠠᠳᠬᠤᠵᠤ᠂ ᠰᠢᠨ᠎ᠡ ᠡᠭᠦᠳᠦᠯᠲᠡ ᠶᠢᠨ | ᠬᠥᠴᠦᠨ ᠴᠢᠳᠠᠯ ᠢᠶᠠᠨ ᠪᠠᠳᠠᠷᠠᠭᠤᠯᠤᠨ᠂ ᠠᠶᠤᠯ ᠲᠦᠭᠰᠢᠭᠦᠷᠢ ᠶᠢᠨ ᠰᠡᠷᠭᠡᠶᠢᠯᠡᠯᠲᠡ ᠪᠠᠨ ᠴᠢᠩᠭᠠᠳᠬᠠᠵᠤ᠂ | ᠠᠷᠠᠳ ᠤᠨ ᠠᠮᠢᠳᠤᠷᠠᠯ ᠢ ᠪᠠᠲᠤᠯᠠᠨ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠡᠯᠲᠡ᠂ ᠲᠠᠷᠢᠶᠠᠯᠠᠩ ᠮᠠᠯ ᠠᠵᠤ | ᠦᠢᠯᠡᠰ ᠤᠨ ᠣᠳᠣᠬᠢᠴᠢᠯᠠᠯᠲᠠ᠂ ᠬᠤᠲᠠ ᠬᠥᠳᠡᠭᠡ ᠶᠢᠨ ᠨᠢᠭᠡᠨ ᠴᠣᠭᠴᠠᠵᠢᠯᠠᠯᠲᠠ ᠶᠢᠨ ᠠᠯᠬᠤᠮ ᠢ ᠶᠡᠬᠡᠪᠡᠷ | ᠠᠬᠢᠭᠤᠯᠵᠤ᠂ ᠠᠵᠤ ᠠᠬᠤᠢ ᠨᠡᠶᠢᠭᠡᠮ ᠢ ᠥᠷᠭᠦᠯᠵᠢᠯᠡᠨ᠂ ᠡᠷᠡᠭᠦᠯ᠂ ᠲᠦᠷᠭᠡᠨ ᠢᠶᠠᠷ ᠬᠦᠭᠵᠢᠭᠦᠯᠦᠨ᠎ᠡ᠃ | ᠭᠤᠣᠯ ᠪᠣᠯᠬᠤ ᠵᠢᠱᠢᠭᠰᠡᠨ ᠬᠠᠷᠠᠯᠲᠠ ᠭᠡᠪᠡᠯ᠄ ᠣᠷᠤᠨ ᠨᠤᠲᠤᠭ ᠤᠨ ᠦᠢᠯᠡᠳᠪᠦᠷᠢᠯᠡᠯ ᠤᠨ ᠶᠡᠷᠥᠩᠬᠡᠢ | ᠦᠷᠲᠡᠭ 172.1 ᠳ᠋ᠥᠩᠰᠢᠭᠤᠷ ᠲᠦᠭᠦᠷᠢᠭ ᠢ ᠪᠡᠶᠡᠯᠡᠭᠦᠯᠵᠦ᠂ ᠦᠩᠭᠡᠷᠡᠭᠰᠡᠨ ᠤ ᠠᠳᠠᠯᠢ ᠬᠤᠭᠤᠴᠠᠭᠠᠨ ᠤ | ᠬᠢ ᠠᠴᠠ 9% ᠨᠡᠮᠡᠭᠳᠡᠭᠦᠯᠦᠨ᠎ᠡ᠃ ᠡᠭᠦᠨ ᠤ ᠳᠣᠲᠤᠷ᠎ᠠ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠲᠡᠭ | 42.6 ᠳ᠋ᠥᠩᠰᠢᠭᠤᠷ ᠲᠦᠭᠦᠷᠢᠭ ᠪᠡᠶᠡᠯᠡᠭᠦᠯᠵᠦ᠂ ᠦᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 4.5 % | ᠨᠡᠮᠡᠭᠳᠡᠭᠦᠯᠵᠦ ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠲᠡᠭ 80.4 ᠳ᠋ᠥᠩᠰᠢᠭᠤᠷ ᠲᠦᠭᠦᠷᠢᠭ | ᠪᠡᠶᠡᠯᠡᠭᠦᠯᠵᠦ᠂ ᠦᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ11.5 % ᠨᠡᠮᠡᠭᠳᠡᠭᠦᠯᠵᠦ ︔ | ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠲᠡᠭ 49.1 ᠳ᠋ᠥᠩᠰᠢᠭᠤᠷ ᠲᠦᠭᠦᠷᠢᠭ ᠪᠡᠶᠡᠯᠡᠭᠦᠯᠵᠦ᠂ | ᠦᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ4.7 % ᠨᠡᠮᠡᠭᠳᠡᠭᠦᠯᠵᠦ︔ ᠡᠳ᠋ ᠤᠨ ᠵᠠᠰᠠᠭ ᠤᠨ | ᠣᠷᠤᠯᠭ᠎ᠠ 9.09 ᠳ᠋ᠥᠩᠰᠢᠭᠤᠷ ᠲᠦᠭᠦᠷᠢᠭ ᠪᠡᠶᠡᠯᠡᠭᠦᠯᠵᠦ᠂ ᠦᠩᠭᠡᠷᠡᠭᠰᠡᠨ ᠤ ᠠᠳᠠᠯᠢ ᠬᠤᠭᠤᠴᠠᠭᠠᠨ ᠤ | ᠬᠢ ᠠᠴᠠ 5.2% ᠨᠡᠮᠡᠭᠳᠡᠭᠦᠯᠵᠦ᠂ ᠡᠭᠦᠨ ᠤ ᠳᠣᠲᠤᠷ᠎ᠠ ᠨᠡᠶᠢᠲᠡ ᠶᠢᠨ ᠡᠳ᠋ ᠤᠨ ᠵᠠᠰᠠᠭ ᠤᠨ ᠤᠷᠢᠳᠴᠢᠯᠠᠨ | ᠪᠣᠳᠤᠭᠰᠠᠨ ᠣᠷᠤᠯᠭ᠎ᠠ 5.6 ᠳ᠋ᠥᠩᠰᠢᠭᠤᠷ ᠲᠦᠭᠦᠷᠢᠭ ᠢ ᠪᠡᠶᠡᠯᠡᠭᠦᠯᠵᠦ᠂ ᠦᠩᠭᠡᠷᠡᠭᠰᠡᠨ ᠤ ᠠᠳᠠᠯᠢ | ᠬᠤᠭᠤᠴᠠᠭᠠᠨ ᠤ ᠬᠢ ᠠᠴᠠ 7.2% ᠨᠡᠮᠡᠭᠳᠡᠭᠦᠯᠦᠨ᠎ᠡ᠃ 500 ᠲᠦᠮᠡᠨ ᠲᠦᠭᠦᠷᠢᠭ ᠠᠴᠠ ᠳᠠᠪᠠᠭᠰᠠᠨ ᠳᠣᠭᠳᠠᠮᠠᠯ | ᠬᠦᠷᠥᠩᠭᠡ ᠶᠢᠨ ᠪᠡᠯᠡ ᠣᠷᠤᠭᠤᠯᠤᠯᠲᠠ 108.3 ᠳ᠋ᠥᠩᠰᠢᠭᠤᠷ ᠲᠦᠭᠦᠷᠢᠭ ᠢ ᠪᠡᠶᠡᠯᠡᠭᠦᠯᠵᠦ᠂ ᠦᠩᠭᠡᠷᠡᠭᠰᠡᠨ ᠤ | ᠠᠳᠠᠯᠢ ᠬᠤᠭᠤᠴᠠᠭᠠᠨ ᠤ ᠬᠢ ᠠᠴᠠ 14% ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠢᠵᠢᠭᠯᠡᠨ | ᠪᠣᠷᠤᠯᠠᠭᠤᠯᠤᠭᠰᠠᠨ ᠨᠣᠷᠮ᠎ᠠ 42.9 ᠳ᠋ᠥᠩᠰᠢᠭᠤᠷ ᠲᠦᠭᠦᠷᠢᠭ ᠢ ᠪᠡᠶᠡᠯᠡᠭᠦᠯᠵᠦ᠂ ᠦᠩᠭᠡᠷᠡᠭᠰᠡᠨ ᠤ ᠠᠳᠠᠯᠢ | ᠬᠤᠭᠤᠴᠠᠭᠠᠨ ᠤ ᠬᠢ ᠠᠴᠠ 11.5% ᠨᠡᠮᠡᠭᠳᠡᠭᠦᠯᠦᠨ᠎ᠡ᠃ ᠬᠤᠲᠠ ᠬᠥᠳᠡᠭᠡ ᠶᠢᠨ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠪᠦᠷᠢ ᠳᠤᠮᠳᠠᠴᠢ ᠡᠵᠡᠮᠳᠡᠬᠦ ᠣᠷᠤᠯᠭ᠎ᠠ ᠪᠠ ᠮᠠᠯᠴᠢᠨ ᠲᠠᠷᠢᠶᠠᠴᠢᠳ ᠤᠨ ᠬᠥᠮᠦᠨ | ᠪᠦᠷᠢ ᠶᠢᠨ ᠳᠤᠮᠳᠠᠴᠢ ᠴᠡᠪᠡᠷ ᠣᠷᠤᠯᠭ᠎ᠠ ᠨᠢ ᠲᠤᠰ ᠲᠤᠰ 22800 ᠲᠦᠭᠦᠷᠢᠭ ᠪᠠ 8885 ᠲᠦᠭᠦᠷᠢᠭ ᠲᠤ | ᠬᠦᠷᠭᠡᠵᠦ᠂ ᠦᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ ᠲᠤᠰ ᠲᠤᠰ 10% ᠪᠠ 11% | ᠨᠡᠮᠡᠭᠳᠡᠭᠦᠯᠦᠨ᠎ᠡ᠃ | ᠳᠡᠭᠡᠷᠡᠬᠢ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠦᠯᠦᠭᠡ ᠂ ᠳᠣᠣᠷᠠᠬᠢ ᠠᠷᠪᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠠᠳᠬᠤᠨ᠎ᠠ ᠄ | ︵ᠨᠢᠭᠡ︶ ᠭᠤᠣᠯᠯᠠᠬᠤ ᠪᠠᠶᠢᠷᠢ ᠰᠠᠭᠤᠷᠢ ᠶᠢ ᠳᠣᠪᠤᠶᠢᠯᠭᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢ | ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠤᠨ᠎ᠠ | ᠲᠦᠷᠦᠯ ᠵᠦᠢᠯ ᠤᠨ ᠪᠠᠶᠢᠭᠤᠯᠤᠯᠲᠠ ᠳᠤ ᠲᠦᠰᠢᠭᠯᠡᠵᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ | ᠶᠡᠬᠡᠰᠭᠡᠨ᠎ᠡ᠃ ᠡᠵᠡᠩᠨᠡᠯᠲᠡ ᠶᠢᠨ ᠳᠤᠮᠳᠠᠬᠢ ᠠᠵᠤ ᠠᠬᠤᠶᠢᠯᠠᠯ ᠤᠨ ᠦᠭᠡᠷᠡᠴᠢᠯᠡᠨ ᠬᠦᠴᠦᠷᠬᠡᠭᠵᠢᠨ | ᠪᠣᠵᠠᠭᠠᠶᠢᠷᠠᠭᠤᠯᠤᠨᠲ᠋ᠡᠰ ᠳᠡᠪᠰᠢᠬᠦ ᠶᠢ ᠳᠡᠮᠵᠢᠵᠦ᠂ ᠦᠢᠯᠡᠳᠪᠦᠷᠢᠯᠡᠯ ᠵᠣᠭᠰᠤᠭᠰᠠᠨ ᠠᠵᠤ ᠠᠬᠤᠶᠢᠯᠠᠯ ᠢ ᠳᠠᠬᠢᠨ | ᠳᠠᠪᠲᠠᠨ ᠬᠤᠯᠪᠤᠭᠠᠯᠠᠬᠤ ᠵᠠᠮ ᠢᠶᠠᠷ ᠬᠦᠲᠦᠯᠵᠦ ᠡᠳ᠋ ᠬᠦᠷᠦᠩᠭᠡ ᠶᠢ ᠨᠢ ᠠᠮᠢᠯᠠᠭᠤᠯᠤᠨ᠎ᠠ᠃ ᠪᠣᠳᠠᠲᠤ ᠬᠦᠴᠦᠨ ᠲᠠᠢ | ᠠᠵᠤ ᠠᠬᠤᠶᠢᠯᠠᠯ ᠢ ᠳᠠᠪᠲᠠᠨ ᠠᠪᠴᠢᠷᠠᠵᠤ᠂ ᠮᠠᠨ ᠤ ᠬᠤᠰᠢᠭᠤᠨ ᠳᠤ ᠨᠤᠲᠤᠭᠰᠢᠭᠤᠯᠤᠨ ᠬᠥᠭᠵᠢᠭᠦᠯᠵᠦ᠂ | ᠦᠢᠯᠡᠳᠪᠦᠷᠢᠯᠡᠯ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠰᠤᠯᠠᠯᠠᠵᠤ᠂ ᠠᠵᠤ ᠠᠬᠤᠢ ᠵᠢᠨᠰᠢᠨ᠎ᠡ ᠨᠡᠮᠡᠭᠳᠡᠯ | ᠴᠢᠭ ᠢ ᠪᠣᠶᠢᠵᠢᠭᠤᠯᠤᠨ᠎ᠠ᠂ ᠠᠵᠤ ᠦᠢᠯᠡᠳᠪᠦᠷᠢ ᠶᠢᠨ ᠠᠵᠤ ᠠᠬᠤᠢ ᠶᠢᠨ ᠦᠷᠭᠦᠯᠵᠢᠯᠡᠨ ᠬᠦᠭᠵᠢᠬᠦ ᠭᠤᠣᠯᠯᠠᠬᠤ | ᠦᠢᠯᠡᠳᠦᠯ ᠢ ᠪᠠᠳᠠᠷᠠᠭᠤᠯᠤᠨ᠎ᠠ᠃1000 ᠲᠦᠮᠡᠨ ᠲᠦᠭᠦᠷᠢᠭ ᠠᠴᠠ ᠳᠡᠭᠡᠭᠰᠢ ᠪᠡᠯᠡ ᠣᠷᠤᠯᠠᠭᠤᠯᠤᠯᠲᠠ ᠲᠠᠢ | ᠲᠦᠷᠦᠯ ᠵᠦᠢᠯ ᠢ 35 ᠬᠡᠷᠡᠭᠵᠢᠭᠦᠯᠵᠦ᠂ ᠵᠢᠯ ᠤᠨ ᠳᠣᠲᠤᠷ᠎ᠠ 62 ᠳ᠋ᠥᠡᠭᠰᠢᠭᠤᠷ ᠲᠦᠭᠦᠷᠢᠭ ᠤᠨ ᠪᠡᠯᠡ | ᠣᠷᠤᠭᠤᠯᠤᠯᠲᠠ ᠳᠠᠭᠤᠰᠬᠠᠨ᠎ᠠ᠃ ᠱᠠᠨ ᠱᠦᠢ ᠼᠧᠮᠧᠨ᠋ᠲ᠂ ᠲᠢᠶᠠᠨ ᠾᠧᠩ ᠰᠦᠯᠢᠶᠣᠣ᠂ ᠶᠢᠨ ᠭᠧᠦ | ᠲᠠᠷᠢᠶᠠᠯᠠᠩ ᠂ ᠹᠦ᠋ ᠰᠢᠨ ᠶᠤᠸᠠᠨ ᠮᠢᠬᠠᠨ ᠢᠳᠡᠭᠡᠨ ᠵᠡᠷᠭᠡ ᠠᠵᠤ ᠦᠢᠯᠡᠰ ᠢ ᠪᠦᠬᠦᠲᠡ ᠶᠢ ᠡᠵᠡᠩᠨᠡᠯᠲᠡ ᠳᠤ | ᠣᠷᠤᠭᠤᠯᠵᠤ᠂ ᠦᠪᠦᠷ ᠮᠣᠩᠭᠤᠯ ᠤᠨ ᠤᠯᠤᠰ ᠤᠨ ᠴᠠᠬᠢᠯᠭᠠᠨ ᠤ100 ᠰᠠᠶ᠎ᠠ ᠸᠠᠲ ᠤᠨ ᠭᠡᠷᠡᠯᠯᠢᠭ ᠴᠠᠬᠢᠯᠭᠠᠨ | ᠬᠠᠩᠭᠠᠯᠲᠠ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠵᠢᠦ ᠱᠧᠩ ᠮᠣᠩᠭᠤᠯ ᠬᠢᠲᠠᠳ ᠡᠮ ᠤᠨ | ᠰᠤᠶᠤᠯ ᠤᠨ ᠦᠢᠯᠡᠰ ᠤᠨ ᠬᠦᠷᠢᠶᠡᠯᠡᠩ᠂ ᠢᠤᠢ ᠬᠤᠣ ᠦᠢᠯᠡᠳᠪᠦᠷᠢ ᠠᠷᠠᠯᠵᠢᠶᠠᠨ ᠤ 100 ᠲᠦᠮᠡᠨ ᠢᠵᠢ | ᠰᠢᠭᠦᠭᠦᠷ᠂ ᠪᠠᠢ ᠷᠦᠨ ᠳ᠋ᠠ 5000 ᠲᠣᠨ ᠰᠢᠨ᠎ᠡ ᠬᠡᠯᠪᠡᠷᠢ ᠶᠢᠨ ᠲᠠᠷᠢᠶᠠᠯᠠᠩ ᠤᠨ ᠬᠡᠷᠡᠭᠴᠡᠭᠡᠲᠦ ᠰᠦᠯᠢᠶᠣᠣ | ᠪᠦᠷᠬᠦᠭᠦᠯ᠂ ᠯᠢ ᠲᠠᠢ 30 ᠲᠦᠮᠡᠨ ᠯᠣᠩᠬᠤ ᠬᠡᠶᠢᠲᠦ ᠪᠡᠶ᠎ᠡ ᠵᠡᠷᠭᠡ ᠲᠦᠷᠦᠯ ᠵᠦᠢᠯ ᠤᠳ ᠢ ᠪᠠᠶᠢᠭᠤᠯᠤᠨ | ᠳᠠᠭᠤᠰᠬᠠᠵᠤ ᠠᠰᠢᠭᠯᠠᠯᠲᠠ ᠳᠤ ᠣᠷᠤᠭᠤᠯᠤᠨ᠎ᠠ ᠃ ᠳ᠋ᠠᠢ ᠸᠠᠩ ᠱᠠᠨ ᠺᠣᠮᠫᠠᠨᠢ ᠶᠢᠨ ᠡᠳᠤᠷ ᠲᠤ 1000 ᠲᠣᠨ | ᠠᠯᠲᠠ ᠶᠢᠨ ᠬᠦᠳᠡᠷ ᠰᠣᠩᠭᠤᠬᠤ ᠦᠢᠯᠡᠳᠪᠦᠷᠢ ᠢ ᠪᠠᠶᠢᠭᠤᠯᠤᠨ ᠳᠠᠭᠤᠰᠬᠠᠬᠤ ᠪᠠᠷ ᠴᠠᠷᠮᠠᠶᠢᠵᠤ᠂ ᠰᠠᠶᠢᠫᠦ᠋ᠷᠡᠰ ᠤᠨ | ᠫᠦᠳᠠᠷᠠ ᠪᠦᠯᠦᠭᠯᠡᠯ ᠤᠨ ᠵᠢᠯ ᠳᠤ 1500 ᠲᠦᠮᠡᠨ ᠲᠣᠨ ᠪᠠᠷᠤᠭᠰᠢᠨ ᠴᠢᠯᠠᠭᠤᠯᠢᠭ ᠤᠨ ᠲᠦᠷᠦᠯ ᠵᠦᠢᠯ ᠪᠣᠯᠤᠨ | ᠪᠧᠶᠢᠫᠢᠶᠥᠥ ᠶᠢᠨ ᠨᠡᠭᠦᠷᠡᠰᠦᠨ ᠤ ᠪᠦᠯᠦᠭᠯᠡᠯ ᠤᠨ 15 ᠲᠦᠮᠡᠨ ᠲᠣᠨ ᠲᠣᠰᠤᠲᠤ ᠵᠠᠨᠠᠷ ᠤᠨ ᠴᠢᠯᠠᠭᠤᠯᠢᠭ ᠤᠨ | ᠲᠦᠷᠦᠯ ᠵᠦᠢᠯ ᠲᠦᠯᠦᠪᠯᠡᠯᠭᠡ ᠶᠣᠰᠤᠭᠠᠷ ᠪᠦᠲᠦᠭᠡᠭᠳᠡᠭᠦᠨ ᠦᠢᠯᠡᠳᠪᠦᠷᠢᠯᠡᠬᠦ ᠶᠢ ᠪᠡᠶᠡᠯᠡᠭᠦᠯᠦᠨ᠎ᠡ᠃ | ᠳᠤᠮᠳᠠᠳᠤ ᠶᠢᠨ ᠴᠠᠬᠢᠯᠭᠠᠨ ᠣᠷᠤᠭᠤᠯᠤᠯᠲᠠ ᠶᠢᠨ ᠺᠣᠮᠫᠠᠨᠢ ᠶᠢᠨ ᠰᠠᠯᠬᠢᠨ ᠬᠦᠴᠦᠨ ᠤ ᠴᠠᠬᠢᠯᠭᠠᠨ ᠬᠠᠩᠭᠠᠯᠲᠠ ᠶᠢᠨ | ᠲᠦᠷᠦᠯ ᠵᠦᠢᠯ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠦᠨ᠎ᠡ᠃ | ᠤᠳᠤᠷᠢᠳᠬᠤ ᠠᠵᠤ ᠦᠢᠯᠡᠰ ᠤᠨ ᠲᠣᠭᠤᠷᠢᠨ ᠳᠤ ᠡᠷᠭᠢᠯᠡᠭᠡᠨ ᠤ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠎ᠡ᠃ ᠠᠭᠤᠷᠬᠠᠢ ᠶᠢᠨ ᠡᠬᠢ ᠪᠠᠶᠠᠯᠢᠭ ᠤᠨ ᠬᠠᠶᠢᠨ ᠰᠢᠨᠵᠢᠯᠡᠯᠲᠡ ᠪᠠᠨ ᠦᠷᠭᠦᠯᠵᠢᠯᠡᠨ | ᠴᠢᠩᠭᠠᠷᠠᠭᠤᠯᠵᠤ᠂ ᠠᠭᠤᠷᠬᠠᠢ ᠶᠢᠨ ᠡᠬᠢ ᠪᠠᠶᠠᠯᠢᠭ ᠢ ᠴᠣᠮᠠᠬᠤᠭᠬᠤ ᠶᠠᠪᠤᠴᠠ ᠪᠠᠨ ᠲᠦᠷᠭᠡᠳᠭᠡᠵᠦ᠂ ᠳᠠᠪᠠᠭᠤᠯᠢᠭ | ᠡᠬᠢ ᠪᠠᠶᠠᠯᠢᠭ ᠨᠢ ᠳᠠᠪᠠᠭᠤᠯᠢᠭᠲᠤ ᠠᠵᠤ ᠠᠬᠤᠶᠢᠯᠠᠯ ᠳᠤ ᠲᠦᠪᠯᠡᠷᠡᠭᠦᠯᠬᠦ ᠶᠢ ᠠᠬᠢᠭᠤᠯᠵᠤ᠂ ᠰᠢᠵᠢᠷ ᠠᠯᠲᠠ᠂ | ᠲᠡᠮᠦᠷ᠂ ᠬᠠᠷ᠎ᠠ ᠲᠤᠭᠤᠯᠭᠠᠨ ᠴᠠᠶᠢᠷ᠂ ᠵᠡᠰ ᠮᠣᠯᠢᠪᠲᠧᠨ ᠶᠢᠨ ᠨᠡᠬᠡᠭᠡᠨ ᠠᠰᠢᠭᠯᠠᠬᠤ ᠲᠠᠯ᠎ᠠ ᠳᠤ ᠨᠡᠩ ᠶᠡᠭᠡ | ᠰᠢᠪᠲᠦᠯᠦᠯᠲᠠ ᠭᠠᠷᠭᠠᠬᠤ ᠪᠠᠷ ᠴᠠᠷᠮᠠᠶᠢᠵᠤ᠂ ︽ ᠠᠮᠢ ᠠᠬᠤᠢ᠂ ᠠᠶᠦᠯᠭᠦᠢ︾ ᠶᠢ ᠳᠣᠪᠤᠶᠢᠯᠭᠠᠵᠤ᠂ | ᠠᠭᠤᠷᠬᠠᠢ ᠶᠢᠨ ᠲᠡᠮᠦᠷᠯᠢᠭ ᠤᠨ ᠪᠣᠯᠪᠠᠰᠤᠷᠠᠭᠤᠯᠬᠤ ᠦᠢᠯᠡᠰ ᠬᠡᠯᠪᠠᠷᠢ ᠪᠠᠨ ᠬᠤᠪᠢᠷᠠᠭᠤᠯᠤᠨ ᠳᠡᠰ ᠳᠡᠪᠰᠢᠬᠦ ᠶᠢ | ᠳᠦᠯᠬᠢᠨ ᠠᠬᠢᠭᠤᠯᠵᠤ ︔ ᠰᠢᠯᠢᠳᠡᠭ ᠪᠦᠲᠦᠭᠡᠭᠳᠡᠭᠦᠨ ᠤ ᠳᠠᠪᠠᠭᠤᠯᠢᠭ ᠲᠠᠭᠠᠨ ᠲᠦᠰᠢᠭᠯᠡᠵᠦ᠂ ᠲᠣᠮᠤ ᠬᠡᠯᠪᠡᠷᠢ ᠶᠢᠨ | ᠠᠵᠤ ᠦᠢᠯᠡᠰᠵᠢᠯᠲᠡ ᠶᠢᠨ ᠲᠣᠯᠤᠭᠠᠶᠢᠯᠠᠭᠴᠢ ᠠᠵᠤ ᠠᠬᠤᠶᠢᠯᠠᠯ ᠢ ᠲᠠᠲᠠᠨ ᠠᠪᠴᠢᠷᠠᠵᠤ᠂ ᠲᠠᠷᠢᠶᠠᠯᠠᠩ ᠮᠠᠯ ᠤᠨ | ᠪᠦᠲᠦᠭᠡᠭᠳᠡᠭᠦᠨ ᠢ ᠨᠠᠷᠢᠯᠢᠭ ᠪᠣᠯᠪᠠᠰᠤᠷᠠᠭᠤᠯᠵᠤ᠂ ︽ ᠨᠣᠭᠤᠭᠠᠨ ᠥᠩᠭᠡᠲᠦ᠂ ᠤᠷᠭᠠᠨᠢᠭ︾ ᠢ ᠲᠣᠪᠤᠶᠢᠯᠭᠠᠵᠤ ᠂ | ᠲᠠᠷᠢᠶᠠᠯᠠᠩ ᠮᠠᠯ ᠤᠨ ᠪᠦᠲᠦᠭᠡᠭᠳᠡᠭᠦᠨ ᠤ ᠪᠣᠯᠪᠠᠰᠤᠷᠠᠭᠤᠯᠬᠤ ᠦᠢᠯᠡᠳᠪᠦᠷᠢ ᠶᠢ ᠬᠦᠴᠦᠷᠬᠡᠭᠵᠢᠭᠦᠯᠦᠨ | ᠪᠣᠵᠠᠭᠠᠶᠢᠷᠠᠭᠤᠯᠤᠨ᠎ᠠ︔ ᠲᠣᠰᠤᠲᠤ ᠵᠠᠨᠠᠷ ᠤᠨ ᠴᠢᠯᠠᠭᠤᠯᠢᠭ᠂ ᠪᠠᠷᠤᠭᠰᠢᠨ ᠴᠢᠯᠠᠭᠤᠯᠢᠭ ᠵᠡᠷᠭᠡ ᠡᠬᠢ ᠪᠠᠶᠠᠯᠢᠭ ᠢ | ᠶᠡᠷᠥᠩᠬᠢᠯᠡᠨ ᠠᠰᠢᠭᠯᠠᠵᠤ᠂ ᠬᠠᠶᠢᠯᠠᠭᠤᠷ ᠵᠤᠩᠰᠢ ᠶᠢᠨ ᠡᠬᠢ ᠪᠠᠶᠠᠯᠢᠭ ᠤᠨ ᠠᠵᠤ ᠦᠢᠯᠡᠰ ᠤᠨ ᠭᠤᠭᠴᠠᠭ᠎ᠠ ᠶᠢ | ᠤᠷᠳᠤᠳᠬᠠᠵᠤ᠂ ᠨᠠᠷᠠᠨ ᠤ ᠡᠨᠧᠷᠬᠢ᠂ ᠰᠠᠯᠬᠢᠨ ᠤ ᠡᠨᠧᠷᠬᠢ ᠵᠡᠷᠭᠡ ᠰᠢᠨ᠎ᠡ ᠡᠨᠧᠷᠬᠢ ᠶᠢᠨ ᠡᠬᠢ ᠰᠤᠷᠪᠤᠯᠵᠢ ᠶᠢ | ᠨᠡᠬᠡᠭᠡᠨ ᠠᠰᠢᠭᠯᠠᠬᠤ ᠠᠯᠬᠤᠮ ᠢᠶᠠᠨ ᠲᠦᠭᠡᠳᠭᠡᠵᠦ᠂ ︽ᠡᠨᠧᠷᠭᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ︾ | ᠶᠢ ᠳᠣᠪᠤᠶᠢᠯᠭᠠᠵᠤ᠂ ᠡᠨᠧᠷᠭᠢ ᠶᠢᠨ ᠰᠣᠷᠪᠤᠯᠵᠢᠲᠤ ᠬᠢᠮᠢ ᠶᠢᠨ ᠦᠢᠯᠡᠳᠪᠦᠷᠢ ᠶᠢᠨ ᠦᠢᠯᠡᠳᠪᠦᠷᠢᠯᠡᠯ ᠤᠨ | ᠬᠡᠪᠴᠢᠶ᠎ᠡ ᠪᠠᠨ ᠦᠷᠭᠡᠳᠭᠡᠬᠦ ᠶᠢ ᠠᠬᠢᠭᠤᠯᠤᠨ᠎ᠠ︔ ᠬᠤᠲᠠ ᠪᠠᠯᠭᠠᠰᠤᠨ ᠤ ᠬᠦᠭᠵᠢᠯᠲᠡ᠂ ᠵᠠᠮ ᠨᠡᠪᠲᠡᠷᠡᠯᠭᠡ ᠶᠢᠨ | ᠪᠠᠷᠢᠯᠭ᠎ᠠ᠂ ᠠᠭᠤᠷᠬᠠᠢ ᠶᠢᠨ ᠨᠡᠬᠡᠭᠡᠯᠲᠡ ᠪᠣᠯᠤᠨ ᠬᠦᠳᠡᠯᠮᠦᠷᠢ ᠬᠦᠴᠦᠨ ᠤ ᠡᠬᠢ ᠪᠠᠶᠠᠯᠢᠭ ᠢ ᠲᠦᠰᠢᠭᠯᠡᠨ᠂ ᠠᠵᠤ | ᠦᠢᠯᠡᠰ ᠤᠨ ᠰᠢᠯᠵᠢᠯᠲᠡ ᠶᠢ ᠰᠣᠩᠭᠤᠯᠲᠠ ᠲᠠᠢ ᠪᠠᠷ ᠵᠤᠯᠭᠤᠭᠤᠯᠵᠤ᠂ ᠠᠭᠤᠷᠬᠠᠢ ᠶᠢᠨ ᠮᠧᠬᠠᠨᠢᠭᠵᠢᠯᠠᠯᠲᠡ᠂ | ᠰᠠᠭᠤᠷᠢ ᠲᠣᠨᠤᠭᠯᠠᠯ᠂ ᠲᠠᠷᠢᠶᠠᠯᠠᠩ ᠤᠨ ᠮᠠᠰᠢᠨ ᠤ ᠤᠭᠰᠠᠷᠠᠮᠠᠯ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ | ᠮᠠᠲ᠋ᠧᠷᠢᠶᠠᠯ ᠵᠡᠷᠭᠡ ᠠᠵᠢᠯ ᠲᠦᠷᠦᠯ ᠢ ᠬᠦᠭᠵᠢᠭᠦᠯᠬᠦ ᠳᠡᠭᠡᠷ᠎ᠡ ᠬᠦᠴᠦ ᠲᠠᠯᠪᠢᠨ᠂ ︽ ᠲᠧᠭᠨᠢᠭ ᠮᠡᠷᠭᠡᠵᠢᠯ᠂ | ᠰᠢᠨᠡᠴᠢᠯᠡᠯᠲᠡ︾ ᠶᠢ ᠲᠣᠪᠤᠶᠢᠯᠭᠠᠵᠤ᠂ ᠪᠣᠯᠪᠠᠰᠤᠷᠠᠭᠤᠯᠤᠨ ᠦᠢᠯᠡᠳᠬᠦ ᠦᠢᠯᠡᠰ ᠤᠨ ᠬᠡᠪᠴᠢᠶᠡᠵᠢᠯ ᠢ ᠲᠦᠯᠬᠢᠨ | ᠠᠬᠢᠭᠤᠯᠤᠨ᠎ᠠ᠃ | ᠤᠯᠤᠰ ᠤᠨ ᠲᠦᠷᠦ ᠶᠢᠨ ᠪᠣᠳᠤᠯᠭ᠎ᠠ ᠶᠢ ᠰᠠᠶᠢᠲᠤᠷ ᠬᠡᠷᠡᠭᠵᠢᠭᠦᠯᠵᠦ᠂ ᠨᠥᠬᠡᠴᠡ ᠲᠦᠷᠦᠯ ᠵᠦᠢᠯ ᠢ | ᠠᠮᠢᠯᠠᠭᠤᠯᠤᠨ᠎ᠠ᠃ ᠠᠵᠤ ᠦᠢᠯᠡᠰ ᠤᠨ ᠲᠦᠷᠦ ᠶᠢᠨ ᠪᠣᠳᠤᠯᠭ᠎ᠠ ᠶᠢ ᠨᠠᠷᠢᠨ ᠨᠢᠮᠪᠠᠢ ᠰᠣᠳᠤᠯᠵᠤ᠂ ᠲᠦᠷᠦᠯ | ᠵᠦᠢᠯ ᠤᠨ ᠭᠡᠷ᠎ᠡ ᠶᠢ ᠪᠦᠬᠦ ᠲᠠᠯ᠎ᠠ ᠪᠠᠷ ᠡᠮᠬᠢᠳᠭᠡᠨ ᠴᠡᠭᠴᠡᠯᠡᠨ᠎ᠡ᠃ ᠣᠬᠤᠷ ᠬᠤᠭᠤᠴᠠᠭᠠᠨ ᠳᠣᠲᠤᠷ᠎ᠠ ᠡᠵᠡᠩᠨᠡᠨ | ᠡᠷᠭᠢᠯᠳᠦᠵᠦ ᠪᠣᠯᠬᠤ ᠲᠦᠷᠦᠯ ᠵᠦᠢᠯ ᠢ ᠲᠦᠷᠦ ᠶᠢᠨ ᠪᠣᠳᠤᠯᠭ᠎ᠠ ᠶᠢᠨ ᠵᠦᠪᠰᠢᠶᠡᠷᠡᠯ ᠤᠨ ᠬᠡᠪᠴᠢᠶᠡᠨ ᠳᠣᠲᠤᠷ᠎ᠠ | ᠳᠡᠮᠵᠢᠨ ᠳᠡᠳᠭᠦᠵᠦ ᠡᠷᠴᠢᠮ ᠢᠶᠠᠨ ᠣᠯᠠᠮ ᠨᠢᠭᠡ ᠠᠯᠬᠤᠮ ᠴᠢᠩᠭᠠᠷᠠᠭᠤᠯᠵᠤ᠂ ᠨᠡᠩ ᠬᠤᠷᠳᠤᠨ ᠡᠵᠡᠩᠨᠡᠯᠲᠡ ᠳᠤ | ᠣᠷᠤᠵᠤ ᠦᠢᠯᠡᠳᠭᠦᠨ ᠤ ᠴᠢᠳᠠᠯ ᠢᠶᠠᠨ ᠪᠡᠶᠡᠯᠡᠭᠦᠯᠬᠦ ᠶᠢ ᠳᠦᠯᠬᠢᠨ ᠠᠬᠢᠭᠤᠯᠤᠨ᠎ᠠ ᠃ ᠣᠬᠤᠷ ᠬᠤᠭᠤᠴᠠᠭᠠᠨ | ᠳᠣᠲᠤᠷ᠎ᠠ ᠡᠵᠡᠩᠨᠡᠯᠲᠡ ᠰᠡᠷᠭᠦᠭᠡᠵᠦ ᠳᠡᠶᠢᠯᠬᠦ ᠦᠭᠡᠢ ᠲᠦᠷᠦᠯ ᠵᠦᠢᠯ ᠢ ᠭᠡᠷ᠎ᠡ ᠳᠣᠭᠲᠠᠭᠰᠠᠨ ᠶᠣᠰᠤᠭᠠᠷ ᠴᠠᠭ ᠲᠣᠬᠠᠢ | ᠳᠤᠨᠢ ᠴᠡᠪᠡᠷᠯᠡᠨ ᠴᠡᠭᠴᠡᠯᠡᠵᠦ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠤᠢ ᠪᠣᠯᠤᠨ ᠦᠢᠯᠡᠳᠪᠦᠷᠢ ᠶᠢᠨ ᠲᠠᠰᠤᠭ | ᠵᠢᠴᠢ ᠪᠡᠯᠡ ᠮᠥᠩᠬᠦ ᠶᠢ ᠬᠠᠤᠯᠢ ᠶᠣᠰᠤᠭᠠᠷ ᠬᠤᠷᠢᠶᠠᠨ ᠠᠪᠤᠨ᠎ᠠ᠃ ᠦᠨ᠎ᠡ ᠬᠠᠶᠠᠯᠴᠠᠨ ᠬᠤᠳᠠᠯᠳᠤᠬᠤ᠂ | ᠨᠡᠶᠢᠯᠡᠭᠦᠯᠦᠨ ᠴᠣᠮᠬᠠᠳᠬᠠᠬᠤ᠂ ᠳᠠᠪᠲᠠᠨ ᠪᠦᠯᠦᠭᠯᠡᠬᠦ ᠵᠡᠷᠭᠡ ᠠᠷᠭ᠎ᠠ ᠬᠡᠯᠪᠡᠷᠢ ᠪᠠᠷ ᠰᠤᠯᠠ ᠡᠬᠢ ᠪᠠᠶᠠᠯᠢᠭ ᠤᠨ | ᠠᠰᠢᠭᠯᠠᠯᠲᠠ ᠶᠢ ᠨᠡᠩ ᠬᠤᠷᠳᠤᠨ ᠪᠡᠶᠡᠯᠡᠭᠦᠯᠦᠨ᠎ᠡ᠃ | ᠣᠷᠤᠨ ᠲᠣᠭᠤᠷᠢᠭ ᠤᠨ ᠠᠵᠤ ᠦᠢᠯᠡᠳᠪᠦᠷᠢ ᠳᠤ ᠰᠠᠭᠤᠷᠢᠯᠠᠵᠤ᠂ ᠠᠵᠤ ᠦᠢᠯᠡᠰ ᠤᠨ ᠬᠡᠮᠵᠢᠶᠡᠨ ᠤ | ᠨᠡᠮᠡᠭᠳᠡᠯ ᠢ ᠠᠬᠢᠭᠤᠯᠤᠨ᠎ᠠ᠃ ᠲᠣᠭᠤᠷᠢᠭ ᠤᠨ ᠪᠠᠶᠢᠭᠤᠯᠤᠯᠲᠠ ᠶᠢᠨ ᠲᠦᠯᠦᠪᠵᠢᠭᠦᠯᠭᠡ ᠪᠣᠯᠤᠨ ᠠᠵᠤ ᠦᠢᠯᠡᠰ ᠤᠨ | ᠰᠠᠭᠤᠷᠢᠨ ᠭᠠᠵᠠᠷ ᠤᠨ ᠲᠣᠭᠤᠷᠢᠨ ᠳᠤ᠂ ᠰᠠᠭᠤᠷᠢ ᠲᠦᠬᠦᠭᠡᠷᠦᠮᠵᠢ ᠶᠢᠨ ᠪᠡᠯᠡ ᠣᠷᠤᠯᠠᠭᠤᠯᠤᠯᠲᠠ ᠶᠢᠨ | ᠡᠷᠴᠢᠮ ᠢᠶᠠᠨ ᠴᠢᠩᠭᠠᠷᠠᠭᠤᠯᠵᠤ᠂ ᠣᠷᠤᠨ ᠲᠣᠭᠤᠷᠢᠭ ᠤᠨ ᠠᠴᠢᠶᠠᠯᠠᠬᠤ ᠴᠢᠳᠠᠯ ᠢ ᠳᠠᠰᠤᠷᠠᠯᠲᠠ ᠦᠭᠡᠢ | ᠨᠡᠮᠡᠭᠳᠡᠭᠦᠯᠦᠨ᠎ᠡ᠃ ᠰᠢᠨ ᠬᠤᠢ ᠶᠢᠨ ᠠᠵᠤ ᠦᠢᠯᠡᠳᠪᠦᠷᠢ ᠶᠢᠨ ᠣᠷᠤᠨ ᠲᠣᠭᠤᠷᠢᠭ ᠤᠨ ᠲᠦᠯᠦᠪᠵᠢᠭᠦᠯᠭᠡ ᠳᠤ | ᠵᠠᠰᠠᠪᠤᠷᠢ ᠣᠷᠤᠭᠤᠯᠵᠤ᠂ ᠣᠷᠤᠨ ᠲᠣᠭᠤᠷᠢᠭ ᠤᠨ ᠬᠡᠪᠴᠢᠶ᠎ᠡ ᠶᠢ ᠤᠯᠠᠮ ᠨᠢᠭᠡ ᠠᠯᠬᠤᠮ ᠦᠷᠭᠡᠳᠭᠡᠵᠦ᠂ ᠢᠵᠢ | ᠪᠣᠯᠪᠠᠰᠤᠷᠠᠭᠤᠯᠬᠤ ᠲᠣᠨᠤᠭ ᠲᠦᠬᠦᠭᠡᠷᠦᠮᠵᠢ ᠶᠢ ᠨᠢ ᠣᠯᠠᠮ ᠴᠢᠨᠠᠭᠰᠢᠲᠠ ᠲᠦᠭᠦᠷᠵᠢᠭᠦᠯᠦᠨᠡ᠂ ᠬᠠᠶᠠᠭᠳᠠᠮᠠᠯ | ᠤᠰᠤ ᠶᠢ ᠭᠠᠳᠠᠭᠰᠢᠯᠠᠭᠤᠯᠬᠤ ᠦᠢᠯᠡᠳᠪᠦᠷᠢ ᠪᠣᠯᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ | ᠦᠢᠯᠡᠳᠪᠦᠷᠢ ᠶᠢ ᠡᠬᠢᠯᠡᠨ ᠪᠠᠶᠢᠭᠤᠯᠵᠤ᠂ ᠬᠦᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ ᠢ | ᠦᠷᠭᠦᠯᠵᠢᠯᠡᠨ ᠣᠷᠤᠭᠤᠯᠤᠨ ᠠᠪᠴᠢᠷᠠᠨ᠎ᠠ ᠃ ᠰᠧ ᠵᠢᠶᠠᠽᠢ ᠶᠢᠨ ᠪᠠᠷᠤᠭᠰᠢᠨ ᠴᠢᠯᠠᠭᠤᠯᠢᠭ ᠪᠣᠯᠤᠨ ᠰᠢᠩ ᠯᠥᠩ | ᠸᠠ ᠲᠣᠰᠤᠲᠤ ᠵᠠᠨᠠᠷ ᠤᠨ ᠴᠢᠯᠠᠭᠤᠯᠢᠭ ᠢ ᠶᠡᠷᠥᠩᠬᠡᠶᠢᠯᠡᠨ ᠠᠰᠢᠭᠯᠠᠬᠤ ᠡᠷᠭᠢᠯᠳᠡᠳᠦ ᠠᠵᠤ ᠠᠬᠤᠢ ᠣᠷᠤᠨ | ᠲᠣᠭᠤᠷᠢᠭ ᠤᠨ ᠪᠠᠶᠢᠭᠤᠯᠤᠯᠲᠠ ᠂ ᠰᠢᠨ ᠬᠤᠢ ᠶᠢᠨ ᠵᠢᠵᠢᠭ ᠪᠠᠭ᠎ᠠ ᠠᠵᠤ ᠠᠬᠤᠶᠢᠯᠠᠯ ᠪᠠᠶᠢᠭᠤᠯᠬᠤ ᠣᠷᠤᠨ | ᠲᠣᠭᠤᠷᠢᠭ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ ᠠᠬᠢᠭᠤᠯᠤᠨ᠎ᠠ᠃ ᠰᠢᠨ ᠬᠤᠢ ᠠᠵᠤ ᠦᠢᠯᠡᠳᠪᠦᠷᠢ ᠶᠢᠨ | ᠲᠣᠭᠤᠷᠢᠭ᠂ ᠹᠯᠥᠷ ᠬᠢᠮᠢ ᠶᠢᠨ ᠦᠢᠯᠡᠳᠪᠦᠷᠢ ᠶᠢᠨ ᠠᠵᠤ ᠦᠢᠯᠡᠰ ᠤᠨ ᠲᠣᠭᠤᠷᠢᠭ᠂ ᠰᠧ ᠵᠢᠶᠠᠽᠢ ᠶᠢᠨ ᠪᠠᠷᠤᠭᠰᠢᠨ | ᠴᠢᠯᠠᠭᠤᠯᠢᠭ ᠤᠨ ᠣᠷᠤᠨ ᠲᠣᠭᠤᠷᠢᠭ ᠪᠣᠯᠤᠨ ᠰᠢᠩ ᠯᠥᠩ ᠸᠠ ᠲᠣᠰᠤᠲᠤ ᠵᠠᠨᠠᠷ ᠤᠨ ᠴᠢᠯᠠᠭᠤᠯᠢᠭ ᠤᠨ ᠣᠷᠤᠨ | ᠲᠣᠭᠤᠷᠢᠭ ᠢ ᠴᠣᠮᠬᠠᠳᠬᠠᠵᠤ᠂ ᠣᠷᠤᠨ ᠤ ᠳᠡᠰ ᠤᠨ ᠠᠵᠤ ᠦᠢᠯᠡᠳᠪᠦᠷᠢ ᠶᠢᠨ ᠣᠷᠤᠨ ᠲᠣᠭᠤᠷᠢᠭ ᠪᠣᠯᠭᠠᠬᠤ ᠪᠠᠷ | ᠭᠤᠶᠤᠴᠢᠯᠠᠨ ᠮᠡᠳᠡᠭᠦᠯᠦᠨ᠎ᠡ᠃ | ︵ᠬᠤᠶᠠᠷ︶ ᠵᠢᠱᠢᠶᠡᠴᠢ ᠪᠠᠷ ᠳᠠᠭᠠᠭᠤᠯᠤᠨ ᠭᠦᠲᠦᠯᠡᠭᠦᠯᠵᠦ᠂ ᠣᠳᠣᠬᠢᠴᠢᠯᠠᠭᠰᠠᠨ ᠲᠠᠷᠢᠶᠠᠯᠠᠩ ᠢ | ᠪᠠᠶᠢᠭᠤᠯᠤᠨ᠎ᠠ | ᠬᠠᠮᠢᠶᠠᠷᠤᠯᠲᠠ ᠶᠢᠨ ᠵᠣᠬᠢᠴᠠᠮᠵᠢ ᠪᠠᠨ ᠰᠢᠨᠡᠴᠢᠯᠡᠵᠦ ᠂ ᠲᠠᠷᠢᠶᠠᠯᠠᠩ ᠤᠨ ᠨᠡᠮᠡᠭᠳᠡᠯ ᠤᠨ ᠠᠷᠭ᠎ᠠ ᠬᠡᠯᠪᠡᠷᠢ ᠶᠢ | ᠬᠤᠪᠢᠷᠠᠭᠤᠯᠤᠨ᠎ᠠ᠃ ᠬᠥᠳᠡᠭᠡ ᠲᠣᠰᠬᠤᠨ ᠤ ᠨᠡᠶᠢᠲᠡ ᠶᠢᠨ ᠭᠠᠵᠠᠷ ᠰᠢᠷᠤᠢ ᠶᠢᠨ ᠥᠮᠴᠢᠯᠡᠯ ᠤᠨ ᠡᠷᠬᠡ ᠶᠢ | ᠲᠣᠳᠤᠳᠬᠠᠨ ᠳᠠᠩᠰᠠᠯᠠᠵᠤ ᠭᠡᠷᠡᠴᠢ ᠲᠡᠮᠲᠡᠭ ᠲᠠᠷᠬᠠᠭᠠᠬᠤ ᠲᠣᠷᠰᠢᠯᠲᠠ ᠶᠢᠨ ᠴᠡᠭ ᠤᠨ ᠠᠵᠢᠯ ᠪᠣᠯᠤᠨ ᠦᠨᠳᠦᠰᠦᠨ | ᠲᠠᠯ᠎ᠠ ᠨᠤᠲᠤᠭ ᠢ ᠢᠯᠭᠠᠨ ᠳᠣᠳᠤᠯᠠᠬᠤ ᠠᠵᠢᠯ᠂ ᠪᠠᠭ᠎ᠠ ᠬᠡᠯᠪᠡᠷᠢ ᠶᠢᠨ ᠤᠰᠤᠨ ᠠᠰᠢᠭᠯᠠᠯᠲᠠ ᠶᠢᠨ | ᠥᠮᠴᠢᠯᠡᠯ ᠤᠨ ᠡᠷᠬᠡ ᠶᠢᠨ ᠥᠭᠡᠷᠡᠴᠢᠯᠡᠯᠲᠡ ᠶᠢᠨ ᠠᠵᠢᠯ᠂ ᠲᠠᠷᠢᠶᠠᠯᠠᠩ ᠤᠨ ᠤᠰᠤᠨ ᠤ ᠬᠠᠩᠰᠢ ᠶᠢ ᠶᠡᠷᠥᠩᠬᠡᠶᠢᠯᠡᠨ | ᠥᠭᠡᠷᠡᠴᠢᠯᠡᠬᠦ ᠲᠤᠷᠰᠢᠯᠲᠡ ᠶᠢᠨ ᠴᠢᠭ ᠤᠨ ᠠᠵᠢᠯ ᠢ ᠯᠠᠪᠳᠠᠭᠤᠨ ᠪᠠᠳᠤᠳᠠᠢ ᠬᠢᠨ᠎ᠡ᠃ ᠲᠠᠷᠢᠶᠠᠴᠢᠳ ᠭᠠᠵᠠᠷ | ᠰᠢᠷᠤᠢ ᠶᠢ ᠬᠠᠤᠯᠢ ᠶᠣᠰᠤᠭᠠᠷ ᠳᠠᠭᠠᠭᠠᠴᠢᠯᠠᠨ ᠡᠵᠡᠩᠨᠡᠬᠦ᠂ ᠳᠦᠷᠢᠶᠡᠰᠦᠯᠡᠨ ᠡᠵᠡᠩᠨᠡᠬᠦ᠂ ᠰᠣᠯᠢᠯᠴᠠᠨ ᠡᠵᠡᠩᠨᠡᠬᠦ᠂ | ᠰᠢᠯᠵᠢᠭᠦᠯᠦᠨ ᠡᠵᠡᠩᠨᠡᠬᠦ᠂ ᠬᠤᠪᠢ ᠣᠷᠤᠭᠤᠯᠤᠨ ᠡᠵᠡᠩᠨᠡᠬᠦ ᠵᠡᠷᠭᠡ ᠠᠷᠭ᠎ᠠ ᠬᠡᠯᠪᠡᠷᠢ ᠪᠠᠷ ᠭᠠᠵᠠᠷ ᠰᠢᠷᠤᠢ ᠶᠢᠨ | ᠡᠵᠡᠩᠨᠡᠯᠲᠡ ᠶᠢᠨ ᠡᠷᠬᠡ ᠶᠢ ᠲᠠᠷᠢᠶᠠᠴᠢᠳ ᠤᠨ ᠨᠡᠶᠢᠭᠡᠮᠯᠢᠭ᠂ ᠲᠠᠷᠢᠮᠠᠯ ᠤᠨ ᠲᠣᠮᠤ ᠡᠷᠦᠬᠡ᠂ ᠲᠣᠯᠤᠭᠠᠶᠢᠯᠠᠭᠴᠢ ᠠᠵᠤ | ᠠᠬᠤᠶᠢᠯᠠᠯ ᠳᠤ ᠰᠢᠯᠵᠢᠭᠦᠯᠦᠨ ᠦᠭᠬᠦ ᠶᠢ ᠬᠦᠬᠢᠭᠦᠯᠦᠨ ᠵᠣᠷᠢᠭᠵᠢᠭᠤᠯᠤᠨ᠎ᠠ᠃ ᠬᠥᠳᠡᠭᠡ ᠲᠣᠰᠬᠤᠨ ᠤ ᠠᠵᠤ | ᠠᠬᠤᠢ ᠶᠢᠨ ᠬᠠᠮᠲᠤᠷᠠᠭᠰᠠᠨ ᠵᠣᠬᠢᠶᠠᠨ ᠪᠠᠶᠢᠭᠤᠯᠤᠯᠲᠠ ᠶᠢ ᠬᠡᠪᠴᠢᠶᠡᠵᠢᠭᠦᠯᠦᠨ ᠬᠠᠮᠢᠶᠠᠷᠴᠦ᠂ ᠨᠢᠭᠡ ᠵᠢᠯ ᠳᠤ᠂ | ᠲᠠᠷᠢᠶᠠᠴᠢᠨ ᠤ ᠵᠢᠱᠢᠶ᠎ᠡ ᠦᠵᠡᠭᠦᠯᠬᠦ ᠲᠣᠰᠬᠠᠢ ᠬᠤᠷᠰᠢᠶᠠᠵᠢᠯ 50 ᠡᠷᠦᠬᠡ ᠂ ᠭᠡᠷ ᠪᠦᠯᠢ ᠶᠢᠨ ᠮᠠᠯᠵᠢᠯ ᠤᠨ | ᠲᠠᠯᠠᠪᠠᠢ 50 ᠪᠠᠶᠢᠭᠤᠯᠤᠨ᠎ᠠ ᠃ ᠶᠢᠨ ᠭᠧᠦ ᠣᠳᠤᠬᠢᠴᠢᠯᠠᠭᠰᠠᠨ ᠲᠠᠷᠢᠶᠠᠯᠠᠩ ᠤᠨ ᠵᠢᠱᠢᠶ᠎ᠡ ᠦᠵᠡᠭᠦᠯᠬᠦ | ᠲᠣᠭᠤᠷᠢᠭ ᠤᠨ ᠪᠠᠶᠢᠭᠤᠯᠤᠯᠲᠠ᠂ ᠬᠤᠸᠠᠩ ᠶᠠᠩ ᠸᠠ ᠭᠥᠸᠧ ᠣᠪᠤᠭᠳᠠᠨ ᠤ ᠵᠢᠮᠢᠰ ᠤᠨ ᠬᠦᠷᠢᠶᠡᠯᠡᠩ ᠤᠨ | ᠪᠠᠶᠢᠭᠤᠯᠤᠯᠲᠠ᠂ ᠬᠤᠢ ᠯᠥᠩ ᠬᠤᠯᠢᠮᠠᠭ ᠠᠮᠤ ᠶᠢᠨ ᠬᠤᠷᠰᠢᠶᠠᠵᠢᠯ ᠤᠨ ᠪᠠᠶᠢᠭᠤᠯᠤᠯᠲᠠ ᠶᠢ ᠶᠡᠬᠡᠪᠡᠷ ᠳᠡᠮᠵᠢᠵᠦ᠂ | ᠣᠳᠣᠬᠢᠴᠢᠯᠠᠭᠰᠠᠨ ᠲᠠᠷᠢᠶᠠᠯᠠᠩ ᠤᠨ ᠬᠦᠭᠵᠢᠯᠲᠡ ᠶᠢᠨ ᠰᠢᠨ᠎ᠡ ᠬᠡᠪ ᠵᠠᠭᠪᠤᠷ ᠢ ᠰᠦᠪᠡᠭᠴᠢᠯᠡᠨ᠎ᠡ᠃ | ᠲᠠᠷᠢᠶᠠᠯᠠᠩ ᠤᠨ ᠰᠠᠭᠤᠷᠢ ᠪᠠᠨ ᠪᠠᠲᠤᠳᠬᠠᠵᠤ᠂ ᠶᠡᠷᠥᠩᠬᠡᠶᠢᠯᠡᠭᠰᠡᠨ ᠦᠢᠯᠡᠳᠪᠦᠷᠢᠯᠡᠯ ᠤᠨ ᠴᠢᠳᠠᠯ ᠢ | ᠴᠢᠩᠭᠠᠷᠠᠭᠤᠯᠤᠨ᠎ᠠ᠃ ᠪᠦᠬᠦ ᠣᠷᠤᠨ ᠤ ᠠᠮᠤ ᠪᠣᠳᠠᠭᠠᠨ ᠤ ᠤᠨᠠᠯᠲᠠ ᠶᠢᠨ ᠲᠣᠮᠤ ᠰᠢᠶᠠᠨ ᠤ ᠪᠠᠶᠢᠷᠢ ᠰᠠᠭᠤᠷᠢ ᠪᠠᠨ | ᠴᠢᠩᠭ᠎ᠠ ᠪᠠᠲᠤᠯᠠᠵᠤ᠂ ᠮᠠᠨ ᠤ ᠬᠤᠰᠢᠭᠤ ᠤᠯᠤᠰ ᠤᠨ ᠳᠡᠰ ᠤᠨ ᠲᠠᠷᠢᠶᠠᠯᠠᠩ ᠤᠨ ᠦᠢᠯᠡᠳᠭᠦᠨ ᠤ ᠭᠤᠣᠯᠯᠠᠬᠤ | ᠣᠷᠤᠨ ᠪᠣᠯᠤᠭᠰᠠᠨ ᠳᠣᠬᠢᠶᠠᠯ ᠢ ᠴᠢᠩᠭ᠎ᠠ ᠡᠵᠡᠮᠳᠡᠵᠦ᠂ ᠲᠠᠷᠢᠶᠠᠯᠠᠩ ᠮᠠᠯ ᠠᠵᠤ ᠠᠬᠤᠢ ᠳᠤ ᠬᠤᠯᠪᠤᠭᠳᠠᠬᠤ ᠪᠡᠯᠡ | ᠮᠥᠩᠬᠦ ᠶᠢ ᠨᠡᠶᠢᠯᠡᠭᠦᠯᠦᠨ ᠴᠣᠮᠬᠠᠳᠬᠠᠵᠤ᠂ ᠰᠠᠭᠤᠷᠢ ᠲᠦᠬᠦᠭᠡᠷᠦᠮᠵᠢ ᠶᠢᠨ ᠪᠡᠯᠡ ᠣᠷᠤᠭᠤᠯᠤᠯᠲᠠ ᠶᠢ ᠦᠷᠭᠦᠯᠵᠢᠯᠡᠨ | ᠨᠡᠮᠡᠭᠳᠡᠭᠦᠯᠦᠨ᠎ᠡ᠃ ᠪᠦᠷᠬᠦᠭᠦᠯ ᠤᠨ ᠳᠣᠣᠭᠤᠷ ᠳᠣᠰᠤᠯᠭᠠᠨ ᠤᠰᠤᠯᠠᠬᠤ ᠲᠠᠷᠢᠶ᠎ᠠ 20 ᠲᠦᠮᠡᠨ ᠮᠦ ᠨᠡᠮᠡᠭᠳᠡᠭᠦᠯᠵᠦ᠂ | ᠣᠳᠤᠬᠠᠨ ᠤ 67.5 ᠲᠦᠮᠡᠨ ᠮᠦ ᠪᠦᠷᠬᠦᠭᠦᠯ ᠳᠣᠣᠭᠤᠷ ᠳᠣᠰᠤᠯᠭᠠᠨ ᠤᠰᠤᠯᠠᠬᠤ ᠲᠠᠷᠢᠶ᠎ᠠ ᠶᠢ ᠰᠠᠶᠢᠲᠤᠷ | ᠬᠠᠮᠠᠭᠠᠯᠠᠨ᠂ 35 ᠲᠦᠮᠡᠨ ᠮᠦ ᠦᠨᠳᠦᠷ ᠦᠷ᠎ᠡ ᠠᠰᠢᠭᠲᠤ ᠠᠵᠤ ᠠᠬᠤᠢ ᠶᠢᠨ ᠲᠠᠷᠢᠶᠠᠯᠠᠩ ᠢ ᠬᠦᠭᠵᠢᠭᠦᠯᠵᠦ᠂ | 100 ᠲᠦᠮᠡᠨ ᠮᠦ ᠰᠢᠯᠢᠳᠡᠭ ᠬᠤᠯᠢᠮᠠᠭ ᠠᠮᠤ ᠶᠢ ᠲᠠᠷᠢᠵᠤ᠂ ᠦᠨᠳᠦᠰᠦᠨ ᠲᠠᠷᠢᠶᠠᠨ ᠭᠠᠵᠠᠷ ᠤᠨ ᠵᠠᠰᠠᠯᠲᠠ 13 | ᠲᠦᠮᠡᠨ ᠮᠦ ᠶᠢ ᠪᠡᠶᠡᠯᠡᠭᠦᠯᠵᠦ᠂ ᠪᠦᠬᠦ ᠲᠠᠷᠢᠮᠠᠯ ᠤᠨ ᠲᠠᠯᠠᠪᠠᠢ ᠶᠢ 380 ᠲᠦᠮᠡᠨ ᠮᠦ ᠠᠴᠠ ᠳᠡᠭᠡᠭᠰᠢ ᠳᠤ | ᠳᠣᠭᠲᠠᠪᠤᠷᠢᠵᠢᠭᠤᠯᠤᠨᠠ ᠃ 10 ᠲᠦᠮᠡ ᠭᠠᠷᠤᠢ ᠲᠡᠭᠰᠢ ᠳᠦᠷᠪᠡᠯᠵᠢᠨ ᠮᠧᠲᠷ ᠫᠧᠩ ᠰᠠᠷᠠᠪᠴᠢ ᠪᠠᠶᠢᠭᠤᠯᠵᠤ᠂ | 1 ᠲᠦᠮᠡᠨ ᠲᠡᠭᠰᠢ ᠳᠦᠷᠪᠡᠯᠵᠢᠨ ᠮᠧᠲᠷ ᠡᠪᠡᠰᠦᠨ ᠫᠧᠩ ᠪᠠᠶᠢᠭᠤᠯᠵᠤ᠂ 6000 ᠪᠣᠰᠤᠭ᠎ᠠ ᠳᠦᠷᠪᠡᠯᠵᠢᠨ ᠮᠧᠲᠷ | ᠨᠣᠭᠤᠭᠠᠨ ᠪᠣᠷᠳᠤᠭ᠎ᠠ ᠳᠠᠷᠤᠰᠢᠯᠠᠨᠠ᠃ ᠤᠯᠤᠰ ᠤᠨ ᠲᠠᠷᠢᠶᠠᠯᠠᠩ ᠶᠢᠨ ᠮᠠᠰᠢᠨ ᠤ ᠨᠦᠬᠦᠪᠦᠷᠢ ᠶᠢᠨ ᠲᠦᠷᠦ ᠶᠢᠨ | ᠪᠣᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠮᠠᠭᠠᠯᠠᠯᠲᠠ ᠶᠢᠨ ᠴᠢᠨᠠᠷ ᠲᠠᠢ ᠲᠠᠷᠢᠮᠠᠯ᠂ ᠨᠠᠷᠠᠯᠢᠭ ᠪᠠᠭ᠎ᠠ | ᠬᠡᠮᠵᠢᠶᠡᠲᠡᠢ ᠲᠠᠷᠢᠬᠤ᠂ ᠡᠷᠳᠡᠨᠢ ᠰᠢᠰᠢ᠂ ᠨᠠᠷᠢᠮᠤ ᠵᠡᠷᠭᠡ ᠲᠠᠷᠢᠮᠠᠯ ᠤᠨ ᠲᠠᠷᠢᠶᠠᠯᠯᠠᠭᠠ ᠬᠠᠳᠤᠯᠯᠠᠭᠠ ᠶᠢᠨ | ᠮᠠᠰᠢᠨᠴᠢᠯᠠᠯᠲᠠ᠂ ᠲᠠᠷᠢᠮᠠᠯ ᠤᠨᠡᠰᠢ ᠰᠦᠷᠡᠯ ᠤᠨ ᠠᠰᠢᠭᠯᠠᠯᠲᠠ᠂ ᠰᠦᠯᠢᠶᠥᠦ ᠪᠦᠷᠬᠦᠭᠦᠯ ᠤᠨ ᠦᠯᠡᠳᠡᠭᠳᠡᠯ ᠤᠨ | ᠴᠡᠪᠡᠷᠯᠡᠯᠲᠡ ᠶᠢ ᠰᠠᠶᠢᠲᠤᠷ ᠬᠢᠵᠦ᠂ ᠪᠦᠬᠦ ᠬᠤᠰᠢᠭᠤᠨ ᠤ ᠲᠠᠷᠢᠶᠠᠯᠠᠩ ᠤᠨ ᠮᠠᠰᠢᠨ ᠤ ᠶᠡᠷᠥᠩᠬᠡᠢ ᠴᠢᠲᠠᠯ ᠢ 86 | ᠲᠦᠮᠡᠨ ᠺᠢᠯᠦᠸᠠᠲ ᠲᠤ ᠬᠦᠷᠭᠡᠵᠦ᠂ ᠬᠠᠭᠠᠯᠪᠤᠷᠢᠯᠠᠯᠲᠠ᠂ ᠲᠠᠷᠢᠶᠠᠯᠠᠭ᠎ᠠ᠂ ᠬᠤᠷᠢᠶᠠᠯᠲᠠ ᠶᠢᠨ ᠮᠠᠰᠢᠨᠴᠢᠯᠠᠯᠲᠠ ᠶᠢᠨ | ᠬᠡᠮᠵᠢᠶ᠎ᠡ ᠶᠢ 69 % ᠳᠤ ᠬᠦᠷᠭᠡᠨ᠎ᠡ᠃ ᠴᠠᠭ ᠠᠭᠤᠷ ᠤᠨ ᠦᠢᠯᠡᠴᠢᠯᠡᠭᠡᠨ ᠤ ᠠᠵᠢᠯ ᠢ ᠨᠠᠷᠢᠨ ᠬᠢᠨᠠᠮᠠᠭᠠᠢ ᠬᠢᠵᠦ᠂ | ᠴᠠᠭ ᠠᠭᠤᠷ ᠤᠨ ᠭᠠᠢ ᠭᠠᠮᠰᠢᠭ ᠢ ᠰᠠᠶᠢᠲᠤᠷ ᠰᠡᠷᠭᠡᠶᠢᠯᠡᠨ᠎ᠡ᠃ | ᠪᠦᠲᠦᠴᠡ ᠶᠢᠨ ᠲᠣᠬᠢᠷᠠᠭᠤᠯᠤᠯᠲᠡ ᠶᠢ ᠠᠬᠢᠭᠤᠯᠤᠨ᠂ ᠤᠳᠤᠷᠢᠳᠬᠤ ᠠᠵᠤ ᠦᠢᠯᠡᠰ ᠤᠨ ᠦᠷ᠎ᠡ ᠠᠰᠢᠭ ᠢ | ᠳᠡᠭᠡᠭᠰᠢᠯᠡᠭᠦᠯᠦᠨ᠎ᠡ ᠃ ᠲᠦᠷᠦ ᠶᠢᠨ ᠪᠣᠳᠤᠯᠭ᠎ᠠ ᠪᠠᠷ ᠬᠦᠲᠦᠯᠦᠨ ᠳᠠᠭᠠᠭᠤᠯᠬᠤ᠂ ᠲᠦᠷᠦᠯ ᠵᠦᠢᠯ ᠢ ᠳᠡᠮᠵᠢᠨ | ᠳᠡᠳᠭᠦᠬᠦ᠂ ᠨᠡᠶᠢᠳᠡᠯᠢᠭ ᠵᠢᠱᠢᠶ᠎ᠡ ᠦᠵᠡᠭᠦᠯᠦᠨ᠂ ᠲᠡᠷᠢᠭᠦᠨ ᠤ ᠠᠵᠤ ᠠᠬᠤᠶᠢᠯᠠᠯ ᠢᠶᠠᠨ ᠲᠣᠯᠤᠭᠠᠶᠢᠯᠠᠭᠤᠯᠬᠤ ᠶᠢ | ᠪᠠᠷᠢᠮᠳᠠᠯᠠᠨ᠂ ︽ᠲᠣᠯᠤᠭᠠᠶᠢᠯᠠᠭᠴᠢ ᠠᠵᠤ ᠠᠬᠤᠶᠢᠯᠠᠯ + ᠬᠠᠮᠲᠤᠷᠠᠭᠰᠠᠨ ᠵᠣᠬᠢᠶᠠᠨ ᠪᠠᠶᠢᠭᠤᠯᠤᠯᠲᠠ + ᠮᠠᠯᠴᠢᠨ | ᠲᠠᠷᠢᠶᠠᠴᠢᠨ ᠡᠷᠦᠬᠡ︾ ᠲᠠᠷᠢᠵᠤ ᠠᠷᠠᠴᠢᠯᠠᠬᠤ ᠬᠡᠪ ᠵᠠᠭᠪᠤᠷ ᠢ ᠬᠡᠷᠡᠭᠵᠢᠭᠦᠯᠵᠦ᠂ ᠰᠠᠭᠤᠷᠢᠨ ᠭᠠᠵᠠᠷ ᠤᠨ ᠬᠦᠷᠢᠶ᠎ᠡ | ᠬᠡᠪᠴᠢᠶ᠎ᠡ ᠶᠢ ᠳᠠᠰᠤᠷᠠᠯᠳᠠ ᠦᠭᠡᠢ ᠦᠷᠭᠡᠳᠭᠡᠨ᠂ ᠰᠢᠯᠢᠳᠡᠭ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ | ᠰᠢᠯᠢᠳᠡᠭᠵᠢᠭᠦᠯᠦᠨ᠎ᠡ᠃ ᠲᠠᠷᠢᠮᠠᠯ ᠤᠨ ᠦᠢᠯᠡᠰ ᠤᠨ ᠲᠠᠯ᠎ᠠ ᠪᠠᠷ᠂ ᠨᠠᠷᠢᠮᠤ᠂ ᠰᠠᠭᠠᠭ ᠵᠡᠷᠭᠡ ᠬᠤᠯᠢᠮᠠᠭ ᠠᠮᠤ | ᠪᠣᠷᠴᠠᠭ ᠂ ᠰᠢᠬᠢᠷ ᠯᠣᠣᠪᠠᠩ ᠂ ᠨᠠᠪᠴᠢᠨ ᠲᠠᠮᠠᠬᠢ᠂ ᠬᠢᠲᠠᠳ ᠡᠮ ᠤᠨ ᠮᠠᠲ᠋ᠧᠷᠢᠶᠠᠯ ᠵᠡᠷᠭᠡ ᠦᠨᠳᠦᠷ ᠦᠷ᠎ᠡ | ᠠᠰᠢᠭᠲᠤ ᠠᠵᠤ ᠠᠬᠤᠢ ᠶᠢᠨ ᠲᠠᠷᠢᠮᠠᠯ ᠪᠣᠯᠤᠨ ᠢᠳᠡᠭᠡᠨ ᠤ ᠪᠠᠺᠲ᠋ᠧᠷᠢ᠂ ᠣᠮᠠᠷᠠᠲᠤ ᠶᠢᠨ ᠬᠤᠷᠤᠬᠠᠢ ᠡᠪᠡᠰᠦ᠂ | ᠵᠡᠷᠭᠡ ᠣᠨᠴᠠᠯᠢᠭᠲᠤ ᠲᠠᠷᠢᠮᠠᠯ ᠤᠨ ᠬᠦᠭᠵᠢᠭᠦᠯᠦᠯᠲᠡ ᠶᠢ ᠭᠤᠣᠯᠳᠠᠯᠭ᠎ᠠ ᠲᠠᠢ ᠠᠳᠬᠤᠵᠤ᠂ ᠬᠠᠭᠤᠷᠠᠢ ᠲᠠᠷᠢᠶᠠᠯᠠᠩ | ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠦᠮᠦᠰᠦ ᠶᠢ ᠢᠳᠡᠭ | ᠢᠳᠡᠭ ᠢᠶᠠᠷ ᠭᠤᠣᠯᠯᠠᠬᠤ ᠠᠮᠤ ᠪᠣᠳᠠᠭᠠᠨ ᠤ ᠲᠠᠷᠢᠮᠠᠯ ᠪᠣᠯᠭᠠᠨ ᠬᠦᠭᠵᠢᠭᠦᠯᠦᠨ᠎ᠡ᠃ ᠲᠡᠵᠢᠭᠡᠨ ᠦᠷᠡᠵᠢᠭᠦᠯᠬᠦ | ᠦᠢᠯᠡᠰ ᠤᠨ ᠲᠠᠯ᠎ᠠ ᠪᠠᠷ᠄ ᠠᠯᠠᠰᠢᠨ ᠦᠬᠡᠷ᠂ ᠠᠯᠠᠰᠢᠨ ᠬᠤᠨᠢ᠂ ᠭᠠᠭ᠋ᠠᠢ᠂ ᠦᠨᠳᠡᠭᠡᠨ ᠲᠠᠬᠢᠶ᠎ᠠ ᠵᠡᠷᠭᠡ | ᠤᠳᠤᠷᠢᠳᠬᠤ ᠠᠵᠤ ᠦᠢᠯᠡᠰ ᠪᠣᠯᠤᠨ ᠠᠯᠠᠰᠢᠨ ᠡᠯᠵᠢᠭᠡ᠂ ᠮᠢᠬᠠᠨ ᠭᠠᠯᠠᠭᠤ ᠵᠡᠷᠭᠡ ᠣᠨᠴᠠᠯᠢᠭᠲᠤ ᠠᠵᠤ | ᠦᠢᠯᠡᠰ ᠤᠨ ᠦᠷ᠎ᠡ ᠠᠰᠢᠭ ᠢ ᠳᠡᠭᠡᠭᠰᠢᠯᠡᠭᠦᠯᠵᠦ᠂ ᠳ᠋ᠥᠩ ᠧ ᠧ ᠵᠢᠶᠣᠣ ᠪᠦᠯᠦᠭᠯᠡᠯ ᠤᠨ5000 ᠲᠣᠯᠤᠭᠠᠢ | ᠠᠯᠠᠰᠢᠨ ᠡᠯᠵᠢᠭᠡ ᠲᠡᠵᠢᠭᠡᠬᠦ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠲᠠᠯᠠᠪᠠᠢ ᠶᠢ ᠬᠦᠴᠦ ᠲᠠᠯᠪᠢᠵᠤ ᠪᠠᠶᠢᠭᠤᠯᠤᠨ᠎ᠠ᠃ | ᠮᠢᠬᠠᠨ ᠬᠤᠨᠢᠨ ᠤ ᠡᠭᠦᠯᠳᠡᠷ ᠤᠨ ᠰᠠᠶᠢᠵᠢᠭᠤᠷᠤᠯᠲᠠ᠂ ᠪᠣᠷᠳᠤᠵᠤ ᠲᠠᠷᠭᠤᠯᠠᠭᠤᠯᠬᠤ ᠠᠵᠢᠯ ᠢ ᠰᠠᠶᠢᠲᠤᠷ ᠬᠢᠵᠦ᠂ | 5 ᠲᠦᠮᠡᠨ ᠰᠢᠯᠢᠳᠡᠭ ᠡᠭᠦᠯᠳᠡᠷ ᠤᠨ ᠡᠬᠡ ᠬᠤᠨᠢ᠂ 300 ᠳ᠋ᠦ᠋ ᠪᠦᠸᠧ ᠡᠭᠦᠯᠳᠡᠷ ᠤᠨ ᠦᠷ᠎ᠡ ᠶᠢᠨ ᠬᠤᠨᠢ᠂ | 1000 ᠣᠬᠤᠷ ᠰᠡᠭᠦᠯᠲᠦ ᠦᠯᠴᠢᠷ ᠦᠷ᠎ᠡ ᠶᠢᠨ ᠬᠤᠨᠢ ᠵᠡᠷᠭᠡ ᠶᠢ ᠣᠷᠤᠭᠤᠯᠤᠨ ᠠᠪᠴᠢᠷᠠᠵᠤ᠂ ᠨᠢᠭᠡ ᠵᠢᠯ ᠳᠤ | ᠪᠠᠷᠢᠮᠵᠢᠶᠠᠨ ᠳᠤ ᠨᠡᠶᠢᠴᠡᠭᠦᠯᠦᠨ ᠪᠣᠷᠳᠤᠨ ᠲᠠᠷᠭᠤᠯᠠᠭᠤᠯᠤᠭᠰᠠᠨ60 ᠲᠦᠮᠡᠨ ᠠᠯᠠᠰᠢᠨ ᠬᠤᠨᠢ ᠶᠢ ᠭᠠᠷᠭᠠᠯᠲᠠ ᠳᠤ | ᠭᠠᠷᠭᠠᠨ᠎ᠠ᠃ ᠮᠠᠯᠵᠢᠯ ᠤᠨ ᠣᠨ ᠤ ᠮᠠᠯ ᠤᠨ ᠲᠤᠭ᠎ᠠ ᠶᠢ 290 ᠲᠣᠯᠤᠭᠠᠢ ᠳᠤ ᠬᠦᠷᠭᠡᠵᠦ᠂ 254 ᠲᠣᠯᠤᠭᠠᠢ | ᠮᠠᠯ ᠢ ᠭᠠᠷᠭᠠᠯᠲᠠ ᠳᠤ ᠭᠠᠷᠭᠠᠵᠤ᠂ ᠦᠨᠳᠡᠭᠡᠨ ᠲᠠᠬᠢᠶ᠎ᠠ 1340 ᠲᠦᠮᠡ ᠲᠡᠵᠢᠭᠡᠨ ᠦᠷᠡᠵᠢᠭᠦᠯᠵᠦ ᠂ ᠮᠢᠬᠠᠨ | ᠭᠠᠯᠠᠭᠤ ᠶᠢᠨ ᠲᠤᠭ᠎ᠠ ᠶᠢ 300 ᠲᠦᠮᠡ ᠳᠤ ᠬᠦᠷᠭᠡᠨ᠎ᠡ᠃ ᠠᠮᠢᠳᠠᠨ ᠤ ᠬᠡᠵᠢᠭ ᠢ ᠰᠡᠷᠭᠡᠶᠢᠯᠡᠬᠦ ᠠᠵᠢᠯ ᠢ ᠰᠠᠶᠢᠲᠤᠷ | ᠬᠢᠵᠦ᠂ ᠮᠠᠯ ᠠᠵᠤ ᠦᠢᠯᠡᠳᠪᠦᠷᠢᠯᠡᠯ ᠤᠨ ᠠᠶᠦᠯᠭᠦᠢ ᠶᠢ ᠪᠠᠲᠤᠯᠠᠨ᠎ᠠ᠃ | ᠨᠡᠷᠡᠲᠦ ᠲᠡᠮᠲᠡᠭᠲᠦ ᠶᠢᠨ ᠪᠠᠶᠢᠯᠳᠤᠬᠤ ᠪᠣᠳᠤᠯᠭ᠎ᠠ ᠶᠢ ᠬᠡᠷᠡᠭᠵᠢᠭᠦᠯᠦᠨ᠂ ᠣᠯᠠᠨ ᠲᠦᠮᠡᠨ ᠤ ᠣᠷᠤᠯᠭ᠎ᠠ ᠶᠢᠨ | ᠨᠡᠮᠡᠭᠳᠡᠯ ᠤᠨ ᠵᠠᠢ ᠶᠢ ᠦᠷᠭᠡᠳᠭᠡᠨ᠎ᠡ᠃ ︽ᠪᠦᠬᠦ ᠪᠦᠮᠪᠦᠷᠴᠡᠭ ᠤᠨ 500 ᠰᠣᠳᠤᠨ︾ ︽ ᠪᠦᠬᠦ | ᠪᠦᠮᠪᠦᠷᠴᠡᠭ ᠤᠨ ᠭᠤᠣᠯ ᠪᠣᠯᠬᠤ ᠲᠠᠷᠢᠶᠠᠯᠠᠩ ᠰᠤᠶᠤᠯ ᠤᠨ ᠥᠪ︾ ︽ ᠳᠡᠯᠡᠬᠡᠢ ᠶᠢᠨ ᠨᠠᠷᠢᠮᠦ ᠠᠮᠤ ᠶᠢᠨ | ᠨᠤᠲᠤᠭ︾ ᠵᠡᠷᠭᠡ ᠢᠷᠠᠭᠤ ᠠᠯᠳᠠᠷ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠣᠬᠠᠨ ᠤ ᠲᠠᠷᠢᠶᠠᠯᠠᠩ ᠤᠨ | ᠨᠡᠷᠡᠲᠦ ᠪᠦᠲᠦᠭᠡᠭᠳᠡᠭᠦᠨ ᠢ ᠥᠷᠭᠡᠨ ᠢᠶᠠᠷ ᠤᠬᠠᠭᠤᠯᠤᠨ ᠲᠠᠨᠢᠯᠴᠠᠭᠤᠯᠵᠤ᠂ ᠠᠣᠬᠠᠨ ᠤ ᠨᠠᠷᠢᠮᠤ ᠠᠮᠤ᠂ ᠰᠠᠭᠠᠭ᠂ | ᠡᠷᠳᠡᠨᠢ ᠰᠢᠰᠢ᠂ ᠬᠤᠰᠢᠶᠠᠩᠭᠤᠷ᠂ ᠠᠯᠠᠰᠢᠨ ᠡᠯᠵᠢᠭᠡ᠂ ᠣᠮᠠᠷᠠᠲᠤ ᠶᠢᠨ ᠬᠤᠷᠤᠬᠠᠢ ᠡᠪᠡᠰᠦ᠂ ᠰᠢᠨ᠎ᠡ ᠰᠣᠷᠭᠤᠭ | ᠦᠨᠳᠡᠭᠡ ᠵᠡᠷᠭᠡ ᠲᠠᠷᠢᠶᠠᠯᠠᠩ ᠮᠠᠯ ᠤᠨ ᠭᠠᠷᠤᠯᠲᠠ ᠶᠢ ᠭᠠᠵᠠᠷ ᠵᠦᠢ ᠶᠢ ᠪᠡᠯᠭᠡ ᠲᠡᠮᠲᠡᠭᠲᠦ ᠪᠦᠲᠦᠭᠡᠭᠳᠡᠭᠦᠨ ᠢᠶᠠᠷ | ᠭᠡᠷᠡᠴᠢᠯᠡᠭᠦᠯᠬᠦ ᠠᠵᠢᠯ ᠢ ᠳᠠᠭᠤᠰᠬᠠᠵᠤ᠂ ︽ ᠨᠣᠭᠤᠭᠠᠨ ᠥᠩᠭᠡᠲᠦ᠂ ᠪᠣᠬᠢᠷᠳᠠᠯ ᠦᠭᠡᠢ᠂ ᠤᠷᠭᠠᠨᠢᠭ᠂ ᠭᠠᠵᠠᠷ | ᠵᠦᠢ ᠶᠢᠨ ᠲᠡᠮᠲᠡᠭᠲᠦ︾ ᠶᠢᠨ ᠪᠦᠲᠦᠭᠡᠭᠳᠡᠭᠦᠨ ᠢ 5 ᠨᠡᠮᠡᠭᠳᠡᠭᠦᠯᠵᠦ᠂ 1——2 ᠠᠵᠤ ᠠᠬᠤᠶᠢᠯᠠᠯ ᠤᠨ | ᠪᠦᠲᠦᠭᠡᠭᠳᠡᠭᠦᠨ ᠢ ᠥᠪᠡᠷᠲᠡᠭᠡᠨ ᠵᠠᠰᠠᠬᠤ ᠣᠷᠤᠨ ᠤ ᠨᠡᠷᠡᠲᠦ ᠪᠦᠲᠦᠭᠡᠭᠳᠡᠭᠦᠨ ᠢᠶᠠᠷ ᠮᠡᠳᠡᠭᠦᠯᠦᠨ᠎ᠡ᠃ ᠲᠠᠷᠢᠶᠠᠯᠠᠩ | ᠤᠨ ᠪᠦᠲᠦᠭᠡᠭᠳᠡᠭᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠵᠢᠱᠢᠶᠡᠴᠢ ᠰᠢᠶᠠᠨ ᠪᠠᠶᠢᠭᠤᠯᠬᠤ | ᠠᠵᠢᠯ ᠤᠨ ᠠᠬᠢᠴᠠ ᠲᠠᠢ ᠪᠣᠯᠭᠠᠵᠤ᠂ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠨᠡᠬᠡᠮᠵᠢᠯᠡᠬᠦ | ᠰᠢᠰᠢᠲ᠋ᠧᠮ ᠢ ᠡᠬᠢᠯᠡᠨ ᠬᠡᠷᠡᠭᠵᠢᠭᠦᠯᠵᠦ᠂ ᠰᠠᠭᠤᠷᠢᠨ ᠭᠠᠵᠠᠷ᠂ ᠦᠢᠯᠡᠳᠪᠦᠷᠢᠯᠡᠬᠦ᠂ ᠪᠣᠯᠪᠠᠰᠤᠷᠠᠭᠤᠯᠬᠤ᠂ | ᠪᠣᠭᠤᠳᠠᠯᠯᠠᠬᠤ ᠶᠠᠪᠤᠴᠠ ᠶᠢ ᠪᠦᠬᠦ ᠲᠠᠯ᠎ᠠ ᠠᠴᠠ ᠬᠢᠨᠠᠨ ᠬᠠᠮᠢᠶᠠᠷᠠᠴᠤ᠂ ᠠᠵᠢᠯ ᠦᠢᠯᠡᠰ ᠤᠨ ᠨᠡᠶᠢᠭᠡᠮᠯᠢᠭ ᠤᠨ | ᠰᠦᠪᠡᠭᠴᠢᠯᠡᠨ ᠪᠠᠶᠢᠭᠤᠯᠵᠤ᠂ ᠲᠠᠷᠢᠶᠠᠯᠠᠩ ᠮᠠᠯ ᠤᠨ ᠭᠠᠷᠤᠯᠲᠠ ᠶᠢᠨ ᠦᠢᠯᠡᠳᠪᠦᠷᠢᠯᠡᠯ ᠤᠨ ᠪᠠᠷᠢᠮᠵᠢᠶ᠎ᠠ ᠶᠢ | ᠳᠣᠭᠲᠠᠭᠠᠨ᠎ᠠ᠃ ᠪᠦᠬᠦ ᠪᠦᠮᠪᠦᠷᠴᠡᠭ ᠤᠨ ᠴᠢᠬᠤᠯᠠ ᠪᠣᠯᠬᠤ ᠲᠠᠷᠢᠶᠠᠯᠠᠩ ᠰᠣᠶᠤᠯ ᠤᠨ ᠥᠪ ᠤᠨ ᠬᠠᠮᠠᠭᠠᠯᠠᠵᠤ | ᠬᠦᠭᠵᠢᠭᠦᠯᠬᠦ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ︽ ᠠᠣᠬᠠᠨ ᠨᠠᠷᠢᠮᠦ ᠠᠮᠤ︾ ᠶᠢ ᠬᠦᠭᠵᠢᠭᠦᠯᠦᠨ | ᠳᠡᠯᠭᠡᠷᠡᠭᠦᠯᠬᠦ ᠠᠵᠢᠯ ᠢ ᠭᠤᠶᠢᠪᠠᠰᠢ ᠦᠭᠡᠢ ᠪᠠᠷᠢᠮᠳᠠᠯᠠᠨ ᠠᠳᠬᠤᠵᠤ᠂ ᠠᠣᠬᠠᠨ ᠤ ᠣᠨᠴᠠᠯᠢᠭᠳᠤ ᠨᠠᠷᠢᠮᠤ ᠶᠢᠨ | ᠲᠦᠷᠦᠯ ᠵᠦᠢᠯ ᠢ ᠪᠣᠶᠢᠵᠢᠭᠤᠯᠵᠤ᠂ ᠠᠣᠬᠠᠨ ᠨᠠᠷᠢᠮᠤ ᠠᠮᠤ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠠᠣᠬᠠᠨ | ᠨᠠᠷᠢᠮᠤ ᠠᠮᠤ ᠶᠢᠨ ᠲᠠᠸᠠᠷ ᠤᠨ ᠲᠡᠮᠲᠡᠭ ᠢ ᠬᠠᠮᠠᠭᠠᠯᠠᠨ᠎ᠠ᠃ ᠤᠯᠤᠰ ᠤᠨ ᠳᠣᠲᠤᠭᠠᠲᠤ ᠭᠠᠳᠠᠭᠠᠲᠤ ᠶᠢᠨ ᠨᠡᠷᠡᠲᠦ ᠠᠵᠤ | ᠠᠬᠤᠶᠢᠯᠠᠯ ᠲᠠᠲᠠᠨ ᠠᠪᠴᠢᠷᠠᠵᠤ ᠪᠡᠯᠡ ᠣᠷᠤᠭᠤᠯᠤᠨ᠎ᠠ ᠃ ᠭᠤᠣᠯᠳᠠᠯᠭᠠᠲᠤ ᠠᠵᠤ ᠠᠬᠤᠶᠢᠯᠠᠯ ᠤᠨ ᠨᠡᠷᠡᠲᠦ | ᠲᠡᠮᠲᠡᠭ ᠪᠣᠯᠤᠨ ᠵᠠᠬ᠎ᠠ ᠳᠡᠯᠭᠡᠭᠦᠷ ᠢ ᠲᠦᠰᠢᠭᠯᠡᠨ᠂ ᠲᠠᠷᠢᠶᠠᠯᠠᠩ ᠮᠠᠯ ᠤᠨ ᠭᠠᠷᠤᠯᠲᠠ ᠶᠢᠨ ᠨᠡᠮᠡᠭᠳᠡᠯ ᠦᠷᠲᠡᠭ ᠢ | ᠨᠡᠮᠡᠭᠳᠡᠭᠦᠯᠦᠨ᠎ᠡ᠃ | ︵ᠭᠤᠷᠪᠡ︶ ᠭᠤᠷᠪᠠᠳᠤᠭᠠᠷ ᠠᠵᠤ ᠦᠢᠯᠡᠰ ᠢ ᠬᠦᠭᠵᠢᠭᠦᠯᠦᠨ᠂ ᠬᠦᠭᠵᠢᠯᠲᠡ ᠶᠢᠨ ᠴᠢᠬᠤᠯᠠ ᠡᠯᠧᠮᠧᠨ᠋ᠲ ᠢ | ᠠᠮᠢᠯᠠᠭᠤᠯᠤᠨ᠎ᠠ | ᠰᠤᠶᠤᠯ ᠵᠣᠭᠠᠴᠠᠯ ᠤᠨ ᠦᠢᠯᠡᠰ ᠢ ᠶᠡᠬᠡᠪᠡᠷ ᠬᠦᠭᠵᠢᠭᠦᠯᠦᠨ᠎ᠡ᠃ ᠦᠪᠦᠷ ᠮᠣᠩᠭᠤᠯ ᠤᠨ ᠪᠠᠯᠠᠷ ᠡᠷᠲᠡᠨ ᠤ | ᠲᠡᠦᠬᠡ ᠶᠢᠨ ᠮᠦᠽᠧᠢ ᠶᠢᠨ ᠭᠤᠣᠯ ᠪᠠᠷᠢᠯᠭ᠎ᠠ ᠶᠢ ᠪᠠᠶᠢᠭᠤᠯᠤᠨ ᠳᠠᠭᠤᠰᠬᠠᠵᠤ᠂ ᠵᠢᠯ ᠤᠨ ᠳᠣᠲᠤᠷ᠎ᠠ᠂ ᠨᠢᠭᠡᠳᠦᠭᠡᠷ | ᠲᠣᠰᠬᠤᠨ ᠦᠨᠳᠦᠰᠦᠲᠡᠨ ᠤ ᠵᠠᠩ ᠠᠷᠠᠨᠰᠢᠯ ᠤᠨ ᠮᠦᠽᠧᠢ᠂ ᠰᠢᠨ ᠵᠧᠦ ᠮᠦᠽᠧᠢ᠂ ᠲᠠᠷᠢᠶᠠᠯᠠᠩ ᠤᠨ ᠰᠤᠶᠤᠯ ᠤᠨ | ᠥᠪ ᠤᠨ ᠳᠡᠯᠭᠡᠨ ᠦᠵᠡᠭᠦᠯᠦᠯᠭᠡ ᠶᠢᠨ ᠣᠷᠳᠤᠨ ᠢ ᠪᠠᠶᠢᠭᠤᠯᠤᠨ ᠳᠠᠭᠤᠰᠬᠠᠵᠤ ᠡᠵᠩᠨᠡᠨᠡ ᠃ ᠪᠠᠯᠠᠷ ᠡᠷᠲᠡᠨ ᠤ | ᠲᠡᠤᠬᠡ ᠶᠢᠨ ᠮᠦᠽᠸᠢ ᠶᠢᠨ ᠠᠵᠤ ᠦᠢᠯᠡᠰ ᠤᠨ ᠲᠣᠭᠤᠷᠢᠭ ᠪᠣᠯᠤᠨ ᠯᠥᠩ ᠶᠤᠸᠠᠨ ᠰᠣᠶᠤᠯ ᠵᠤᠭᠠᠴᠠᠯ ᠤᠨ | ᠲᠣᠭᠤᠷᠢᠭ᠂ ᠰᠢᠶᠣᠣ ᠾᠧ ᠶᠠᠨ ᠰᠣᠶᠤᠯ ᠵᠤᠭᠠᠴᠠᠯ ᠤᠨ ᠲᠣᠭᠤᠷᠢᠭ ᠤᠨ ᠪᠠᠶᠢᠭᠤᠯᠤᠯᠲᠠ ᠶᠢᠨ ᠠᠬᠢᠴᠠ ᠶᠢ | ᠲᠦᠷᠭᠡᠳᠭᠡᠨ᠎ᠡ ᠃ ᠨᠢᠭᠡᠳᠦᠭᠡᠷ ᠤᠳᠠᠭᠠᠨ ᠤ ᠪᠦᠬᠦ ᠤᠯᠤᠰ ᠤᠨ ᠰᠢᠯᠵᠢᠭᠦᠯᠵᠦ ᠪᠣᠯᠬᠤ ᠲᠡᠦᠬᠡᠨ ᠳᠤᠷᠠᠰᠬᠠᠯᠲᠤ | ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠪᠡᠶᠡᠯᠡᠭᠦᠯᠵᠦ᠂ ᠮᠠᠨ ᠤ ᠬᠤᠰᠢᠭᠤᠨ ᠤ ︽ ᠪᠣᠯᠪᠠᠰᠤᠨ ᠤ ᠨᠠᠷᠠᠨ | ᠮᠠᠨᠳᠤᠭᠰᠠᠨ ᠣᠷᠤᠨ︾ ᠰᠢᠷᠢᠰᠲᠤ ᠪᠠᠯᠠᠷ ᠡᠷᠲᠡᠨ ᠤ ᠲᠡᠦᠬᠡᠨ ᠳᠤᠷᠠᠰᠬᠠᠯᠲᠤ ᠵᠦᠢᠯᠡᠰ ᠢ ᠺᠤᠷᠢᠶᠠ | ᠤᠯᠤᠰ ᠤᠨ ᠬᠠᠭᠠᠨ ᠤ ᠣᠷᠳᠤᠨ ᠤ ᠮᠦᠽᠧᠢ ᠳᠤ ᠳᠡᠯᠭᠡᠨ ᠦᠵᠡᠭᠦᠯᠬᠦ ᠶᠢ ᠠᠵᠢᠯ ᠢ ᠢᠳᠡᠪᠬᠢᠲᠡᠢ ᠠᠬᠢᠭᠤᠯᠤᠨ᠎ᠠ | ᠃ ᠪᠠᠯᠠᠷ ᠡᠷᠲᠡᠨ ᠤ ᠲᠡᠦᠬᠡ ᠣᠨᠴᠠᠭᠠᠶᠢᠯᠠᠨ ᠬᠤᠩᠱᠠᠨ ᠰᠤᠶᠤᠯ ᠤᠨ ᠰᠣᠳᠤᠯᠠᠯ ᠳᠤ ᠠᠰᠢᠭᠲᠠᠢ ᠨᠦᠭᠦᠴᠡᠯ ᠢ | ᠴᠢᠩᠭᠠᠳᠬᠠᠵᠤ᠂ ᠰᠢᠩ ᠯᠥᠩ ᠸᠠ᠂ ᠰᠢᠩ ᠯᠥᠩ ᠭᠧᠦ ᠬᠠᠭᠤᠴᠢᠳ ᠤᠨ ᠪᠠᠭᠤᠷᠢ ᠴᠡᠴᠡᠷᠯᠢᠭ᠂ ᠳ᠋ᠠ ᠳ᠋ᠢᠶᠠᠨᠽᠢ᠂ | ᠵᠣᠣ ᠪᠣᠣ ᠭᠧᠦ ᠬᠠᠭᠤᠴᠢᠳ ᠤᠨ ᠪᠠᠭᠤᠷᠢ ᠶᠢᠨ ᠵᠢᠷᠤᠭ ᠲᠦᠯᠦᠪᠯᠡᠯᠭᠡ ᠵᠢᠴᠢ ᠲᠦᠷᠦᠯ ᠵᠦᠢᠯ ᠤᠨ ᠭᠤᠶᠤᠴᠢᠯᠠᠨ | ᠮᠡᠳᠡᠭᠦᠯᠬᠦ ᠠᠵᠢᠯ ᠢ ᠬᠤᠷᠳᠤᠯᠠᠨ ᠡᠬᠢᠯᠡᠭᠦᠯᠵᠦ᠂ ᠬᠤᠶᠠᠷ ᠯᠢᠤᠤ ᠶᠢᠨ ᠰᠣᠪᠤᠷᠭ᠎ᠠ ᠳᠤ ᠠᠪᠤᠷᠠᠯᠲᠠ ᠶᠢᠨ ᠴᠢᠨᠠᠷᠲᠠᠢ | ᠵᠠᠰᠠᠨ ᠰᠡᠯᠪᠢᠬᠦ ᠢᠨᠵᠧᠨᠧᠷᠢᠩ ᠢ ᠬᠡᠷᠡᠭᠵᠢᠭᠦᠯᠦᠨ᠎ᠡ᠃ | ᠬᠤᠳᠠᠯᠳᠤᠭ᠎ᠠ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠦᠭᠵᠢᠯᠳᠡ ᠶᠢ ᠲᠦᠷᠭᠡᠳᠭᠡᠨ᠎ᠡ᠃ ᠬᠤᠲᠠ ᠶᠢᠨ | ᠶᠡᠷᠥᠩᠬᠡᠶᠢᠯᠡᠭᠰᠡᠨ ᠴᠣᠭᠴᠠ᠂ ᠸᠠᠨᠴᠢᠶᠠᠩ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠷᠢᠯᠭ᠎ᠠ ᠶᠢ | ᠡᠬᠢᠯᠡᠭᠦᠯᠦᠨ᠎ᠡ᠃ ︽ ᠲᠦᠮᠡᠨ ᠳᠣᠰᠬᠤᠨ ᠮᠢᠩᠭᠠᠨ ᠰᠢᠶᠠᠩ ᠤᠨ ᠵᠠᠬ᠎ᠠ ᠳᠡᠯᠭᠡᠭᠦᠷ ᠤᠨ ᠢᠨᠵᠧᠨᠧᠷᠢᠩ︾ ᠢ | ᠬᠡᠷᠡᠭᠵᠢᠭᠦᠯᠵᠦ᠂ 2 ᠰᠢᠶᠠᠩ ᠪᠠᠯᠭᠠᠰᠤᠨ ᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠥᠭᠡᠷᠡᠴᠢᠯᠡᠨ ᠳᠡᠰ | ᠳᠡᠪᠰᠢᠭᠦᠯᠦᠨ᠎ᠡ᠃ ᠠᠣᠬᠠᠨ ᠡᠳ᠋ ᠪᠠᠷᠠᠭᠠᠨ ᠤ ᠭᠦᠢᠯᠭᠡᠭᠡᠨ ᠤ ᠠᠵᠢᠯᠯᠠᠯᠲᠠ ᠶᠢᠨ ᠲᠣᠭᠤᠷᠢᠭ᠂ ᠮᠠᠰᠢᠨ | ᠲᠡᠷᠭᠡ ᠶᠢ ᠰᠡᠯᠪᠢᠨ ᠵᠠᠰᠠᠬᠤ ᠲᠣᠭᠤᠷᠢᠭ ᠪᠣᠯᠤᠨ ᠲᠡᠮᠦᠷᠯᠢᠭ ᠮᠠᠰᠢᠨ ᠴᠠᠬᠢᠯᠭᠠᠨ ᠤ ᠲᠣᠭᠤᠷᠢᠭ ᠢ ᠪᠠᠶᠢᠭᠤᠯᠤᠨ᠎ᠠ ᠃ | ᠳᠠᠬᠢᠯᠲᠠ ᠡᠬᠢ ᠪᠠᠶᠠᠯᠢᠭ ᠤᠨ ᠠᠷᠠᠯᠵᠢᠶᠠᠨ ᠤ ᠵᠠᠬ᠎ᠠ ᠳᠡᠯᠭᠡᠭᠦᠷ᠂ ᠡᠳᠦᠷ ᠲᠣᠲᠤᠮ ᠤᠨ ᠬᠡᠷᠡᠭᠯᠡᠭᠡᠨ ᠪᠠ ᠵᠢᠮᠢᠰ᠂ | ᠨᠣᠭᠤᠭ᠎ᠠ᠂ ᠠᠮᠤ ᠪᠤᠳᠠᠭᠠᠨ ᠤ ᠶᠡᠷᠥᠩᠬᠡᠶᠢᠯᠡᠭᠰᠡᠨ ᠵᠠᠬ᠎ᠠ ᠳᠡᠯᠭᠡᠭᠦᠷ ᠢ ᠪᠠᠶᠢᠭᠤᠯᠬᠤ ᠪᠠᠷ ᠪᠡᠯᠡᠳᠭᠡᠨ᠎ᠡ᠃ ᠰᠢᠨ᠎ᠡ | ᠬᠡᠯᠪᠡᠷᠢ ᠶᠢᠨ ᠬᠤᠲᠠ ᠬᠥᠳᠡᠭᠡ ᠶᠢᠨ ᠭᠦᠢᠯᠭᠡᠭᠡᠨ ᠤ ᠲᠣᠣᠷᠵᠢᠯ ᠢ ᠲᠡᠭᠦᠯᠳᠡᠷᠵᠢᠭᠦᠯᠵᠦ᠂ ᠡᠯᠧᠺᠲᠷᠦᠨ | ᠠᠷᠠᠯᠵᠢᠶᠠᠨ ᠤ ᠬᠡᠷᠡᠭᠵᠢᠭᠦᠯᠦᠯᠲᠡ ᠶᠢ ᠳᠡᠯᠭᠡᠷᠡᠭᠦᠯᠦᠨ᠂ ᠭᠦᠢᠯᠭᠡᠭᠡᠨ ᠤ ᠠᠵᠤ ᠦᠢᠯᠡᠰ ᠤᠨ ᠡᠵᠡᠩᠨᠡᠯᠲᠡ ᠶᠢ | ᠬᠤᠪᠢᠷᠠᠭᠤᠯᠤᠨ ᠳᠡᠰ ᠳᠡᠪᠰᠢᠬᠦᠯᠬᠦ ᠶᠢ ᠠᠬᠢᠭᠤᠯᠵᠤ᠂ ᠲᠠᠷᠢᠶᠠᠯᠠᠩ ᠤᠨ ᠳᠤᠰᠠᠯᠠᠬᠤ ᠪᠦᠲᠦᠭᠡᠭᠳᠡᠭᠦᠨ | ᠪᠣᠯᠪᠠᠰᠤᠷᠠᠭᠤᠯᠬᠤ ᠪᠠ ᠡᠳ᠋ ᠪᠠᠷᠠᠭ᠎ᠠ ᠳᠣᠬᠢᠷᠠᠭᠤᠯᠤᠨ ᠬᠦᠷᠭᠡᠬᠦ ᠪᠠᠷ ᠭᠤᠣᠯᠯᠠᠭᠰᠠᠨ ᠦᠢᠯᠡᠴᠢᠯᠡᠭᠡᠨ ᠤ ᠦᠢᠯᠡᠰ ᠤᠨ | ᠲᠦᠪᠯᠡᠷᠡᠯ ᠤᠨ ᠣᠷᠤᠨ ᠢ ᠪᠠᠶᠢᠭᠤᠯᠤᠨ᠎ᠠ᠃ | ᠮᠥᠩᠬᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠢ ᠢᠳᠡᠪᠬᠢᠲᠡᠢ ᠬᠦᠭᠵᠢᠭᠦᠯᠦᠨ᠎ᠡ᠃ ᠦᠪᠦᠷ | ᠮᠣᠩᠭᠤᠯ ᠤᠨ ᠪᠠᠩᠬᠢ᠂ ᠵᠠᠮ ᠬᠠᠷᠢᠯᠴᠠᠭᠠᠨ ᠤ ᠪᠠᠩᠬᠢ ᠶᠢᠨ ᠬᠤᠪᠢᠶᠠᠷᠢ ᠪᠠᠩᠬᠢ ᠶᠢ ᠪᠠᠶᠢᠭᠤᠯᠬᠤ᠂ ᠰᠢᠶᠠᠩ | ᠪᠠᠯᠭᠠᠰᠤ ᠪᠣᠯᠭᠠᠨ ᠳᠤ 2 ᠠᠴᠠ ᠳᠡᠭᠡᠭᠰᠢ ᠮᠥᠩᠬᠦᠨ ᠭᠦᠢᠯᠭᠡᠭᠡᠨ ᠤ ᠦᠢᠯᠡᠴᠢᠯᠡᠭᠡᠨ ᠤ ᠲᠣᠣᠷᠯᠢᠭ ᠴᠢᠭ ᠲᠠᠢ | ᠪᠣᠯᠭᠠᠨ᠎ᠠ᠃ ᠪᠠᠩᠬᠢ ᠶᠢᠨ ᠢᠲᠡᠭᠡᠮᠵᠢᠲᠦ ᠵᠢᠭᠡᠯᠡᠯᠭᠡ ᠪᠠᠷ ᠵᠢᠭᠡᠯᠡᠯᠭᠡ ᠲᠠᠯᠪᠢᠬᠤ ᠭᠤᠣᠯ ᠠᠷᠭ᠎ᠠ ᠵᠠᠮ ᠪᠣᠯᠭᠠᠵᠤ᠂ | ᠪᠠᠲᠤᠯᠠᠪᠤᠷᠢ ᠶᠢᠨ ᠺᠣᠮᠫᠠᠨᠢ ᠶᠢᠨ ᠪᠠᠲᠤᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠬᠥᠳᠡᠭᠡ ᠲᠣᠰᠬᠤᠨ ᠮᠠᠯᠵᠢᠬᠤ | ᠣᠷᠤᠨ ᠤ ᠢᠲᠡᠭᠡᠮᠵᠢᠲᠦ ᠢᠨᠵᠧᠨᠧᠷᠢᠩ ᠤᠨ ᠪᠠᠶᠢᠭᠤᠯᠤᠯᠲᠠ ᠶᠢl ᠳᠦᠯᠬᠢᠨ ᠠᠬᠢᠭᠤᠯᠤᠨ᠎ᠠ᠃ ᠳᠠᠭᠠᠳᠬᠠᠯ ᠤᠨ | ᠪᠠᠶᠢᠭᠤᠯᠤᠮᠵᠢ ᠶᠢᠨ ᠳᠤᠭ᠎ᠠ ᠶᠢ15 ᠠᠴᠠ ᠳᠠᠪᠠᠭᠤᠯᠬᠤ ᠪᠠᠷ ᠴᠠᠷᠮᠠᠶᠢᠵᠤ᠂ 90% ᠠᠴᠠ ᠳᠡᠭᠡᠭᠰᠢ ᠮᠠᠯᠴᠢᠨ | ᠲᠠᠷᠢᠶᠠᠴᠢᠨ ᠪᠣᠯᠤᠨ ᠠᠵᠤ ᠦᠢᠯᠡᠰ ᠲᠤ ᠦᠷ᠎ᠡ ᠪᠦᠲᠦᠮᠵᠢᠲᠡᠢ ᠪᠠᠲᠤᠯᠠᠭ᠎ᠠ ᠶᠢ ᠬᠠᠩᠭᠠᠭᠰᠠᠨ ᠪᠠᠶᠢᠨ᠎ᠠ᠃ ᠡᠳ᠋ | ᠬᠥᠷᠥᠩᠭᠡ ᠶᠢᠨ ᠵᠠᠬ᠎ᠠ ᠳᠡᠯᠭᠡᠭᠦᠷ ᠤᠨ ᠪᠡᠯᠡ ᠬᠤᠷᠠᠮᠳᠤᠭᠤᠯᠬᠤ ᠴᠢᠳᠠᠪᠬᠢ ᠶᠢ ᠴᠢᠬᠤᠯᠠᠴᠢᠯᠠᠵᠤ᠂ ᠳᠤᠮᠳᠠ ᠪᠠᠭ᠎ᠠ | ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠦ ᠪᠡᠯᠡ ᠬᠤᠷᠠᠮᠳᠤᠭᠤᠯᠬᠤ ᠶᠢ ᠬᠦᠬᠢᠭᠦᠯᠦᠨ ᠵᠣᠷᠢᠭᠵᠢᠭᠤᠯᠵᠤ᠂ | ᠠᠷᠠᠳ ᠤᠨ ᠳᠤᠮᠳᠠᠬᠢ ᠵᠢᠭᠡᠯᠡᠯᠭᠡ ᠶᠢ ᠴᠢᠩᠭ᠎ᠠ ᠬᠢᠨᠠᠨ ᠬᠠᠮᠢᠶᠠᠷᠴᠤ᠂ ᠡᠯ᠎ᠡ ᠵᠦᠢᠯ ᠤᠨ ᠮᠥᠩᠬᠦᠨ ᠭᠦᠢᠯᠭᠡᠭᠡᠨ ᠤ | ᠠᠶᠤᠯ ᠲᠦᠭᠰᠢᠭᠦᠷᠢ ᠶᠢ ᠰᠡᠷᠭᠡᠶᠢᠯᠡᠨ ᠵᠠᠶᠢᠯᠠᠭᠤᠯᠤᠨ᠎ᠠ᠃ | ︵ᠳᠦᠷᠪᠡ︶ ᠬᠤᠲᠠ ᠬᠥᠳᠡᠭᠡ ᠶᠢ ᠨᠢᠭᠡᠳᠦᠯᠲᠡᠢ ᠪᠠᠶᠢᠭᠤᠯᠤᠨ᠂ ᠣᠷᠤᠰᠢᠨ ᠰᠠᠭᠤᠷᠢᠰᠢᠬᠤ ᠲᠣᠬᠢᠷᠠᠮᠵᠢᠲᠠᠢ | ᠣᠷᠴᠢᠨ ᠢ ᠡᠭᠦᠳᠦᠨ ᠪᠠᠶᠢᠭᠤᠯᠤᠨ᠎ᠠ | ᠬᠤᠯᠠ ᠶᠢᠨ ᠬᠠᠷᠠᠴᠠ ᠠᠴᠠ ᠬᠦᠭᠵᠢᠯᠲᠡ ᠶᠢ ᠪᠣᠳᠤᠯᠬᠢᠯᠠᠵᠤ᠂ ᠬᠤᠲᠠ ᠶᠢᠨ ᠲᠦᠯᠦᠪᠵᠢᠭᠦᠯᠭᠡ ᠪᠠᠨ | ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠣᠯᠭᠠᠨ᠎ᠠ᠃ ᠲᠦᠯᠦᠪᠵᠢᠭᠦᠯᠭᠡ ᠪᠣᠯᠤᠨ ᠭᠤᠣᠯ ᠴᠣᠭᠴᠠ ᠶᠢᠨ ᠡᠭᠦᠷᠭᠡ | ᠴᠢᠳᠠᠪᠬᠢ᠂ ᠠᠵᠤ ᠦᠢᠯᠡᠰ ᠤᠨ ᠬᠦᠭᠵᠢᠯᠲᠡ᠂ ᠭᠠᠵᠠᠷ ᠰᠢᠷᠤᠶᠢᠨ ᠤ ᠠᠰᠢᠭᠯᠠᠯᠲᠠ᠂ ᠰᠠᠭᠤᠷᠢ ᠲᠦᠬᠦᠭᠡᠷᠦᠮᠵᠢ ᠶᠢᠨ | ᠪᠠᠶᠢᠭᠤᠯᠤᠯᠲᠠ ᠶᠢ ᠦᠷ᠎ᠡ ᠪᠦᠲᠦᠮᠵᠢᠲᠡᠢ ᠪᠠᠷ ᠵᠤᠯᠭᠤᠭᠤᠯᠵᠤ᠂ ᠰᠢᠨ ᠬᠤᠢ ᠬᠤᠲᠠ ᠲᠣᠭᠤᠷᠢᠭ ᠤᠨ 50 | ᠲᠡᠭᠰᠢ ᠳᠦᠷᠪᠡᠯᠵᠢᠨ ᠺᠢᠯᠥᠮᠧᠲᠷ ᠶᠡᠷᠥᠩᠬᠡᠢ ᠲᠦᠯᠦᠪᠵᠢᠭᠦᠯᠭᠡ ᠶᠢᠨ ᠵᠠᠰᠠᠪᠤᠷᠢᠯᠠᠯ ᠢ ᠳᠠᠭᠤᠰᠬᠠᠵᠤ᠂ | ᠬᠢᠵᠠᠭᠠᠷᠯᠠᠯ ᠤᠨ ᠴᠢᠨᠠᠷ ᠲᠠᠢ ᠲᠦᠯᠦᠪᠵᠢᠭᠦᠯᠭᠡ ᠪᠣᠯᠤᠨ ᠰᠡᠯᠪᠢᠨ ᠵᠠᠰᠠᠬᠤ ᠴᠢᠨᠠᠷᠲᠠᠢ ᠲᠦᠯᠦᠪᠵᠢᠭᠦᠯᠭᠡ ᠶᠢ | ᠲᠡᠭᠦᠯᠳᠡᠷᠵᠢᠭᠦᠯᠵᠦ᠂ ᠬᠤᠲᠠ ᠲᠣᠭᠤᠷᠢᠭ ᠤᠨ ᠬᠢᠵᠠᠭᠠᠷᠯᠠᠯ ᠤᠨ ᠴᠢᠨᠠᠷᠲᠠᠢ ᠲᠦᠯᠦᠪᠵᠢᠭᠦᠯᠭᠡ ᠶᠢᠨ | ᠪᠦᠷᠬᠦᠴᠡ ᠶᠢ95% ᠳᠤ ᠬᠦᠷᠭᠡᠨ᠎ᠡ ᠃ ᠠᠶᠢᠯ ᠲᠣᠰᠬᠤᠨ ᠤ ᠲᠦᠯᠦᠪᠵᠢᠭᠦᠯᠭᠡ ᠶᠢᠨ ᠪᠣᠳᠠᠳᠤ ᠬᠡᠷᠡᠭᠴᠡᠭᠡ ᠪᠣᠯᠤᠨ | ᠬᠡᠷᠡᠭᠵᠢᠭᠦᠯᠵᠦ ᠪᠣᠯᠬᠤᠶᠢᠴᠠ ᠴᠢᠨᠠᠷ ᠢ ᠳᠣᠪᠤᠶᠢᠮ᠎ᠠ ᠪᠠᠶᠢᠷᠢᠨ ᠳᠤ ᠲᠠᠯᠪᠢᠵᠤ᠂ ᠠᠵᠤ ᠦᠢᠯᠡᠰ ᠤᠨ ᠪᠠᠶᠢᠷᠢᠰᠢᠯ᠂ | ᠬᠡᠪ ᠰᠤᠷᠳᠠᠯ ᠵᠠᠩ ᠠᠷᠠᠨᠰᠢᠯ ᠪᠣᠯᠤᠨ ᠬᠦᠭᠵᠢᠯᠲᠡ ᠶᠢᠨ ᠣᠳᠤᠬᠢ ᠪᠠᠶᠢᠳᠠᠯ ᠲᠠᠢ ᠤᠶᠠᠯᠳᠤᠭᠤᠯᠵᠤ᠂ ᠬᠦᠢᠰᠦ | ᠲᠣᠰᠬᠤᠨ ᠪᠣᠯᠤᠨ ᠭᠤᠣᠯᠳᠠᠯᠭ᠎ᠠ ᠲᠠᠢ ᠲᠣᠰᠬᠤᠨ ᠢ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠦᠨ᠎ᠡ᠃ | ᠰᠣᠳᠤᠨ ᠪᠦᠲᠦᠭᠡᠯ ᠤᠨ ᠤᠬᠠᠮᠰᠠᠷ ᠢ ᠪᠣᠢ ᠪᠣᠯᠭᠠᠨ᠂ ᠪᠠᠶᠢᠭᠤᠯᠤᠯᠲᠠᠶᠢᠨ ᠳᠡᠰ ᠳᠠᠪᠬᠤᠷᠭ᠎ᠠ ᠶᠢ | ᠳᠡᠭᠡᠭᠰᠢᠯᠡᠭᠦᠯᠦᠨ᠎ᠡ ᠃ 14 ᠲᠦᠷᠦᠯ ᠵᠦᠢᠯ ᠢ ᠭᠤᠣᠯᠳᠠᠯᠭ᠎ᠠ ᠲᠠᠢ ᠪᠠᠶᠢᠭᠤᠯᠬᠤ ᠪᠠᠷ ᠲᠦᠯᠦᠪᠯᠡᠵᠦ᠂ ᠵᠢᠯ ᠤᠨ | ᠳᠣᠲᠤᠷ᠎ᠠ14.6 ᠳ᠋ᠥᠩᠰᠢᠭᠤᠷ ᠪᠡᠯᠡ ᠣᠷᠤᠭᠤᠯᠤᠯᠲᠠ ᠶᠢ ᠳᠠᠭᠤᠰᠬᠠᠨ᠎ᠠ ᠃ ᠪᠠᠶᠢᠭᠤᠯᠵᠤ ᠪᠠᠶᠢᠭ᠎ᠠ ᠭᠡᠷ | ᠪᠠᠶᠢᠰᠢᠩ ᠭᠠᠵᠠᠷ ᠬᠥᠷᠥᠩᠭᠡ ᠶᠢᠨ ᠨᠡᠬᠡᠭᠡᠯᠲᠡ ᠶᠢᠨ ᠲᠠᠯᠠᠪᠠᠢ ᠶᠢ 43.4 ᠲᠦᠮᠡᠨ ᠲᠡᠭᠰᠢ ᠳᠦᠷᠪᠡᠯᠵᠢᠨ ᠮᠧᠲᠷ | ᠪᠠᠶᠢᠵᠤ᠂ 232 ᠢᠵᠢ ᠨᠡᠶᠢᠲᠡ ᠶᠢᠨ ᠳᠦᠷᠢᠶᠡᠰᠦᠨ ᠭᠡᠷ ᠢ ᠦᠷᠭᠦᠯᠵᠢᠯᠡᠨ ᠪᠠᠶᠢᠭᠤᠯᠵᠤ᠂ 108 ᠨᠡᠶᠢᠲᠡ ᠶᠢᠨ | ᠳᠦᠷᠢᠶᠡᠰᠦᠨ ᠭᠡᠷ ᠢ ᠨᠡᠮᠡᠭᠦᠯᠵᠦ ᠪᠠᠶᠢᠭᠤᠯᠤᠨ᠎ᠠ᠃ ᠴᠢᠯᠠᠭᠤᠨ ᠬᠤᠨᠢ ᠪᠠᠷᠰᠲᠤ ᠠᠭᠤᠯᠠ ᠶᠢᠨ ᠡᠮᠦᠨ᠎ᠡ ᠪᠡᠶ᠎ᠡ ᠪᠠ | ᠨᠠᠮ ᠤᠨ ᠰᠤᠷᠭᠠᠭᠤᠯᠢ ᠶᠢᠨ ᠬᠤᠶᠢᠲᠤ ᠪᠡᠶ᠎ᠡ ᠳᠠᠬᠢ200 ᠡᠷᠦᠬᠡ ᠳᠦᠭᠦᠮ ᠪᠦᠳᠦᠴᠡᠲᠦ ᠣᠷᠤᠨ ᠰᠠᠭᠤᠴᠠ ᠶᠢᠨ | ᠥᠭᠡᠷᠡᠴᠢᠯᠡᠯᠲᠡ ᠪᠣᠯᠤᠨ 20 ᠲᠦᠮᠡᠨ ᠲᠡᠭᠰᠢ ᠳᠦᠷᠪᠡᠯᠵᠢᠨ ᠮᠧᠲᠷ ᠬᠠᠭᠤᠴᠢᠨ ᠠᠰᠠᠷ ᠤᠨ ᠡᠨᠧᠷᠬᠢ | ᠠᠷᠪᠢᠯᠠᠬᠤ ᠪᠠᠷᠢᠯᠭ᠎ᠠ ᠶᠢ ᠦᠭᠡᠷᠡᠴᠢᠯᠡᠨ ᠪᠠᠶᠢᠭᠤᠯᠬᠤ ᠶᠢ ᠬᠡᠷᠡᠭᠵᠢᠭᠦᠯᠵᠦ᠂ ᠬᠤᠲᠠ ᠲᠣᠭᠤᠷᠢᠭ ᠤᠨ ᠰᠢᠪᠠᠷ | ᠨᠢᠯᠴᠠᠭ ᠢ ᠰᠢᠢᠳᠪᠦᠷᠢᠯᠡᠵᠦ ᠪᠠᠷᠢᠯᠭ᠎ᠠ᠂ ᠬᠤᠲᠠ ᠲᠣᠭᠤᠷᠢᠭ ᠤᠨ ᠬᠠᠶᠠᠭᠳᠠᠮᠠᠯ ᠤᠰᠤ ᠶᠢ ᠰᠢᠢᠳᠪᠦᠷᠢᠯᠡᠬᠦ | ᠦᠢᠯᠡᠳᠪᠦᠷᠢ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠪᠣᠯᠤᠨ ᠬᠤᠭ ᠨᠣᠪᠰᠢ ᠶᠢ ᠪᠣᠬᠢᠷᠳᠤᠯ ᠦᠭᠡᠢ | ᠰᠢᠢᠳᠪᠦᠷᠢᠯᠡᠵᠦ ᠳᠠᠬᠢᠨ ᠠᠰᠢᠭᠯᠠᠬᠤ ᠲᠦᠷᠦᠯ ᠵᠦᠢᠯ ᠢ ᠰᠠᠶᠢᠲᠤᠷ ᠬᠡᠷᠡᠭᠵᠢᠭᠦᠯᠦᠨ᠎ᠡ ᠃ 6.1 ᠳ᠋ᠥᠩᠰᠢᠭᠤᠷ | ᠺᠢᠯᠥᠮᠧᠲᠷ ᠤᠰᠤ ᠳᠠᠮᠵᠢᠭᠤᠯᠬᠤ ᠬᠤᠭᠤᠯᠠᠢ ᠶᠢ ᠳᠡᠪᠢᠰᠴᠦ᠂ ︽ ᠯᠣᠤᠬ᠎ᠠ ᠶᠢᠨ ᠭᠤᠣᠯ ᠤᠨ ᠤᠰᠤ ᠶᠢ ᠰᠢᠨ | ᠬᠤᠢ ᠳᠤ ᠲᠠᠲᠠᠨ ᠣᠷᠤᠭᠤᠯᠬᠤ︾ ᠢᠨᠵᠧᠨᠧᠷᠢᠩ ᠪᠣᠯᠤᠨ ᠬᠤᠲᠠ ᠲᠣᠭᠤᠷᠢᠭ ᠬᠤᠭᠤᠯᠠᠢ ᠲᠣᠣᠷᠵᠢᠯ ᠢ | ᠵᠤᠯᠭᠤᠭᠤᠯᠬᠤ ᠢᠨᠵᠧᠨᠧᠷᠢᠩ ᠢ ᠳᠠᠭᠤᠰᠬᠠᠨ᠎ᠠ᠃ ᠵᠣᠴᠢᠳ ᠤᠭᠲᠤᠬᠤ ᠶᠡᠭᠡ ᠵᠠᠮ ᠤᠨ ᠪᠠᠶᠢᠭᠤᠯᠤᠯᠲᠠ᠂ ᠲᠤᠸᠠᠨ | ᠵᠢᠶᠧ ᠵᠠᠮ ᠪᠣᠯᠤᠨ ᠰᠢᠨ ᠶᠤᠸᠠᠨ ᠵᠠᠮ ᠤᠨ ᠬᠦᠭᠦᠷᠭᠡ ᠶᠢᠨ ᠪᠠᠶᠢᠭᠤᠯᠤᠯᠲᠠ᠂ ᠬᠤᠢ ᠵᠧᠦ ᠵᠡᠭᠡᠯᠢ ᠶᠢᠨ ᠵᠠᠮ ᠤᠨ | ᠪᠠᠶᠢᠭᠤᠯᠤᠯᠲᠠ ᠶᠢ ᠦᠷᠭᠦᠯᠵᠢᠯᠡᠨ ᠶᠠᠪᠤᠭᠳᠠᠭᠤᠯᠵᠤ᠂ ᠵᠢᠶᠠᠽᠢ ᠠᠭᠤᠯᠠ᠂ ᠴᠢᠯᠠᠭᠤᠨ ᠬᠤᠨᠢ ᠪᠠᠷᠰᠲᠤ ᠠᠭᠤᠯᠠ᠂ | ᠮᠥᠩᠬᠡ ᠭᠤᠣᠯ ᠤᠨ ᠬᠤᠲᠠ ᠶᠢᠨ ᠦᠵᠡᠮᠵᠢᠲᠦ ᠣᠷᠤᠨ ᠵᠡᠷᠭᠡ ᠶᠢᠨ ᠨᠣᠭᠤᠭᠠᠷᠠᠵᠢᠯᠠᠯᠲᠡ ᠶᠢᠨ ᠢᠨᠵᠧᠨᠧᠷᠢᠩ ᠢ | ᠦᠷᠭᠦᠯᠵᠢᠯᠡᠨ ᠬᠡᠷᠡᠭᠵᠢᠭᠦᠯᠦᠨ᠎ᠡ᠃ PPP ᠪᠡᠯᠡ ᠣᠷᠤᠭᠤᠯᠤᠯᠲᠠ ᠶᠢᠨ ᠬᠡᠪ ᠵᠠᠭᠪᠤᠷ ᠢ ᠰᠦᠪᠡᠭᠴᠢᠯᠡᠨ ᠪᠠᠶᠢᠭᠤᠯᠵᠤ | ᠂ ᠬᠤᠲᠠ ᠶᠢᠨ ᠵᠠᠬᠢᠷᠭ᠎ᠠ ᠶᠢᠨ ᠨᠡᠶᠢᠲᠡ ᠶᠢᠨ ᠲᠦᠬᠦᠭᠡᠷᠦᠮᠵᠢ ᠶᠢᠨ ᠪᠠᠶᠢᠭᠤᠯᠤᠯᠲᠠ ᠶᠢ ᠳᠦᠯᠬᠢᠨ ᠠᠬᠢᠭᠤᠯᠵᠤ᠂ | ᠬᠤᠲᠠ ᠶᠢᠨ ᠭᠤᠶᠤᠵᠢᠭᠤᠯᠤᠯᠲᠠ ᠶᠢᠨ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ | ᠣᠳᠣᠬᠢᠴᠢᠯᠠᠭᠰᠠᠨ ᠶᠢᠨ ᠣᠨᠤᠯ ᠤᠬᠠᠮᠰᠠᠷ ᠢ ᠬᠦᠯᠢᠶᠡᠨ ᠠᠪᠴᠤ᠂ ᠬᠠᠮᠢᠶᠠᠷᠤᠯᠲᠠ ᠪᠠᠨᠴᠢᠩᠭᠠ | ᠳᠦᠷᠢᠮᠵᠢᠭᠦᠯᠦᠨ᠎ᠡ᠃ ᠬᠤᠲᠠ ᠲᠣᠭᠤᠷᠢᠭ ᠤᠨ ᠲᠤᠭᠠᠴᠢᠯᠠᠭᠰᠠᠨ᠂ ᠤᠶᠤᠨᠴᠢᠯᠠᠭᠰᠠᠨ᠂ ᠨᠠᠷᠢᠯᠢᠭᠴᠢᠯᠠᠭᠰᠠᠨ | ᠬᠠᠮᠢᠶᠠᠷᠤᠯᠲᠠ ᠶᠢ ᠳᠡᠯᠭᠡᠷᠡᠭᠦᠯᠦᠨ ᠬᠡᠷᠡᠭᠵᠢᠭᠦᠯᠵᠦ᠂ ᠢᠯᠴᠢ ᠬᠠᠩᠭᠠᠯᠲᠠ᠂ ᠰᠢᠲᠠᠮᠠᠭᠠᠢ ᠬᠡᠢ᠂ ᠴᠠᠬᠢᠯᠭᠠᠨ ᠬᠦᠴᠦᠨ᠂ | ᠲᠦᠭᠡᠭᠡᠯ ᠤᠰᠤ ᠵᠡᠷᠭᠡ ᠨᠡᠶᠢᠲᠡ ᠶᠢᠨ ᠬᠡᠷᠡᠭᠯᠡᠭᠡᠨ ᠤ ᠲᠣᠨᠤᠭ ᠲᠦᠬᠦᠭᠡᠷᠦᠮᠵᠢ ᠵᠢᠨᠠᠶᠦᠯᠭᠦᠢ᠂ ᠲᠤᠭᠲᠠᠪᠤᠷᠢ ᠲᠠᠢ | ᠪᠠᠶᠢᠬᠤ ᠶᠢ ᠪᠠᠲᠤᠯᠠᠨ᠂ ᠬᠤᠲᠠ ᠬᠦᠳᠡᠭᠡ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ | ᠴᠢᠩᠭᠠᠳᠬᠠᠵᠤ᠂ ᠲᠤᠷ᠎ᠠ ᠲᠠᠪᠠ ᠪᠠᠷ ᠢᠶᠠᠨ ᠪᠠᠶᠢᠭᠤᠯᠵᠤ ᠪᠣᠰᠬᠠᠨ᠂ ᠵᠠᠮ ᠢ ᠡᠵᠡᠯᠡᠨ ᠡᠵᠡᠩᠨᠡᠯᠲᠠ ᠬᠢᠬᠦ᠂ ᠵᠠᠮ | ᠬᠠᠷᠢᠯᠴᠠᠭᠠᠨ ᠤ ᠲᠦᠭᠵᠢᠷᠡᠯ ᠪᠤᠯᠤᠨ ᠲᠡᠷᠭᠡ ᠵᠣᠭᠰᠤᠭᠠᠵᠤ ᠲᠠᠯᠪᠢᠬᠤ ᠳᠤ ᠬᠦᠴᠢᠷᠲᠡᠢ ᠪᠣᠯᠤᠭᠰᠠᠨ ᠵᠡᠷᠭᠡ | ᠠᠰᠠᠭᠤᠳᠠᠯ ᠢ ᠦᠨᠡᠨᠬᠦ ᠰᠢᠢᠳᠪᠦᠷᠢᠯᠡᠵᠦ ᠴᠢᠳᠠᠭᠰᠠᠨ ᠪᠠᠶᠢᠨ᠎ᠠ᠃ ᠭᠡᠷ ᠠᠬᠤᠢ ᠶᠢᠨ ᠬᠠᠮᠢᠶᠠᠷᠤᠯᠲᠠ ᠪᠠᠨ | ᠳᠦᠷᠢᠮᠵᠢᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠶᠢᠨ ᠲᠤᠭ᠎ᠠ ᠶᠢ ᠳᠡᠭᠡᠭᠰᠢᠯᠡᠭᠦᠯᠦᠨ᠎ᠡ᠃ | ᠬᠤᠲᠠ ᠲᠤᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠵᠣᠬᠢᠶᠠᠮᠵᠢ ᠪᠠᠨ ᠲᠡᠭᠦᠯᠳᠡᠷᠵᠢᠭᠦᠯᠵᠦ᠂ ᠨᠡᠶᠢᠭᠡᠮ | ᠲᠤᠭᠤᠷᠢᠭ ᠤᠨ ᠦᠢᠯᠡᠴᠢᠯᠡᠭᠡᠨ ᠤ ᠲᠦᠪᠰᠢᠨ ᠢ ᠲᠡᠭᠡᠭᠰᠢᠯᠡᠭᠦᠯᠦᠨ᠂ ᠬᠤᠲᠠ ᠬᠦᠳᠡᠭᠡ ᠶᠢᠨ ᠣᠷᠴᠢᠨ ᠲᠣᠭᠤᠷᠢᠨ ᠢ | ᠵᠠᠰᠠᠨ ᠴᠡᠭᠴᠡᠯᠡᠵᠦ᠂ ᠣᠯᠠᠨ ᠲᠦᠮᠡᠨ ᠤ ᠠᠷᠢᠭᠤᠨ ᠴᠡᠪᠡᠷ ᠢ ᠡᠷᠬᠢᠮᠯᠡᠬᠦ ᠤᠬᠠᠮᠰᠠᠷ ᠢ ᠳᠡᠭᠡᠭᠰᠢᠯᠡᠭᠦᠯᠵᠦ᠂ ᠬᠢᠨᠠᠯᠲᠠ | ᠬᠠᠮᠢᠶᠠᠷᠤᠯᠲᠠ ᠶᠢᠨ ᠵᠣᠬᠢᠴᠠᠮᠵᠢ ᠪᠠᠨ ᠪᠠᠶᠢᠭᠤᠯᠤᠨ ᠲᠡᠭᠦᠯᠳᠡᠷᠵᠢᠭᠦᠯᠵᠦ᠂ ᠣᠬᠢ ᠰᠠᠶᠢᠨ ᠠᠮᠢᠳᠤᠷᠠᠯ ᠤᠨ ᠤᠷᠴᠢᠨ | ᠠᠬᠤᠢ ᠶᠢ ᠪᠤᠢ ᠪᠤᠯᠭᠠᠨ᠎ᠠ᠃ | ᠬᠥᠳᠡᠭᠡ ᠲᠣᠰᠬᠤᠨ ᠤ ᠬᠦᠭᠵᠢᠯᠲᠡ ᠳᠤ ᠠᠩᠬᠠᠷᠤᠯ ᠲᠠᠯᠪᠢᠵᠤ᠂ ᠬᠤᠲᠠ ᠬᠥᠳᠡᠭᠡ ᠶᠢ ᠬᠤᠯᠪᠤᠯᠳᠤᠭᠤᠯᠤᠨ | ᠵᠣᠬᠢᠴᠠᠭᠤᠯᠤᠨ᠎ᠠ᠃ ᠵᠢᠵᠢᠭ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠭᠡᠵᠦ᠂ | ᠰᠢᠶᠠᠩ ᠪᠠᠯᠭᠠᠰᠤ ᠶᠢᠨ ᠵᠠᠰᠠᠭ ᠤᠨ ᠣᠷᠳᠤᠨ ᠤ ᠰᠠᠭᠤᠭ᠎ᠠ ᠭᠠᠵᠠᠷ ᠤᠨ ᠤᠰᠤ ᠬᠠᠩᠭᠠᠯᠲᠠ᠂ ᠢᠯᠴᠢ ᠬᠠᠩᠭᠠᠯᠲᠠ᠂ | ᠵᠠᠮ ᠨᠡᠪᠲᠡᠷᠡᠭᠦᠯᠭᠡ᠂ ᠴᠢᠮᠡᠭᠡ ᠬᠤᠯᠪᠤᠭ᠎ᠠ ᠵᠡᠷᠭᠡ ᠰᠠᠭᠤᠷᠢ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠤᠲᠠ | ᠪᠠᠯᠭᠠᠰᠤᠨ ᠤ ᠶᠡᠷᠥᠩᠬᠡᠶᠢᠯᠡᠭᠰᠡᠨ ᠠᠴᠢᠶᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠤᠶᠤ ᠰᠠᠶᠢᠬᠠᠨ ᠲᠣᠰᠬᠤᠨ ᠤ | ᠪᠠᠶᠢᠭᠤᠯᠤᠯᠲᠠ ᠪᠠᠨ ᠯᠠᠪᠳᠠᠭᠤᠨ ᠠᠬᠢᠭᠤᠯᠵᠤ᠂ ᠲᠠᠷᠢᠵᠤ ᠳᠡᠵᠢᠭᠡᠬᠦ ᠪᠣᠯᠪᠠᠰᠤᠷᠠᠭᠤᠯᠬᠤ ᠶᠢ ᠨᠢᠭᠡᠨ ᠴᠣᠭᠴᠠᠯᠠᠭᠰᠠᠨ᠂ | ᠦᠢᠯᠡᠳᠪᠦᠷᠢᠯᠡᠵᠦ ᠬᠠᠩᠭᠠᠵᠤ᠂ ᠪᠣᠷᠤᠯᠠᠭᠤᠯᠬᠤ ᠶᠢ ᠬᠠᠷᠢᠯᠴᠢᠨ ᠳᠦᠭᠦᠷᠵᠢᠭᠦᠯᠦᠭᠰᠡᠨ ᠬᠦᠭᠵᠢᠯᠲᠡ ᠶᠢᠨ ᠬᠡᠪ | ᠵᠠᠭᠪᠤᠷ ᠢ ᠳᠦᠯᠬᠢᠨ ᠬᠡᠷᠡᠭᠵᠢᠭᠦᠯᠦᠨ᠎ᠡ᠃ ︽ ᠬᠦᠢᠰᠦ ᠳᠣᠰᠬᠤᠨ ᠢ ᠰᠠᠶᠢᠲᠤᠷ ᠪᠠᠶᠢᠭᠤᠯᠵᠤ᠂ ᠡᠩ ᠤᠨ ᠲᠣᠰᠬᠤᠨ ᠢ | ᠠᠭᠠᠵᠢᠮ ᠳᠡᠭᠡᠭᠰᠢᠯᠡᠭᠦᠯᠵᠦ᠂ ᠣᠨᠴᠠᠯᠢᠭᠲᠤ ᠲᠣᠰᠬᠤᠨ ᠢ ᠭᠤᠣᠯᠴᠢᠯᠠᠨ ᠬᠦᠭᠵᠢᠭᠦᠯᠬᠦ︾ ᠰᠡᠳᠭᠢᠴᠡ ᠪᠠᠷ᠂ ᠠᠵᠤ | ᠦᠢᠯᠡᠰ ᠤᠨ ᠲᠤᠯᠭᠤᠷᠢᠯᠠᠬᠤ ᠬᠥᠴᠦᠨ ᠢ ᠴᠢᠩᠭᠠᠳᠬᠠᠵᠤ᠂ ᠪᠡᠯᠡ ᠮᠥᠩᠬᠦ ᠶᠢ ᠨᠡᠶᠢᠯᠡᠭᠦᠯᠦᠨ ᠨᠢᠭᠡᠳᠭᠡᠨ ᠬᠡᠷᠡᠭᠯᠡᠵᠦ᠂ | ᠬᠤᠲᠠ ᠶᠢᠨ ᠰᠣᠳᠤᠨ ᠪᠦᠲᠦᠭᠡᠯ ᠤᠨ ᠣᠷᠤᠨ ᠤ ᠲᠦᠷᠦᠯ ᠵᠦᠢᠯ ᠢ ᠢᠳᠡᠪᠬᠢᠲᠡᠢ ᠭᠤᠶᠤᠴᠢᠯᠠᠨ ᠣᠯᠵᠤ᠂ ᠬᠦᠢᠰᠦ | ᠲᠣᠰᠬᠤᠨ ᠪᠣᠯᠤᠨ ᠭᠤᠣᠯᠳᠠᠯᠭ᠎ᠠ ᠲᠠᠢ ᠲᠣᠰᠬᠤᠨ ᠢ ᠴᠢᠬᠤᠯᠠᠴᠢᠯᠠᠨ ᠪᠠᠶᠢᠭᠤᠯᠵᠤ᠂ ᠵᠡᠭᠡᠯᠢ ᠭᠤᠳᠤᠮᠵᠢ ᠶᠢᠨ | ᠬᠠᠲᠠᠷᠠᠭᠤᠯᠤᠯᠲᠠ 318 ᠺᠢᠯᠥᠮᠧᠲᠷ ᠳᠠᠭᠤᠰᠬᠠᠵᠤ᠂ 85 ᠭᠠᠴᠠᠭ᠎ᠠ ᠲᠣᠰᠬᠤᠨ ᠪᠣᠯᠤᠨ 9 ᠲᠠᠷᠢᠶᠠᠯᠠᠩ ᠮᠠᠯᠵᠢᠯ | ᠣᠢ ᠰᠢᠭᠤᠢ ᠶᠢᠨ ᠲᠠᠯᠠᠪᠠᠢ ᠳᠤ ︽ ᠠᠷᠪᠠ ᠶᠢ ᠪᠦᠷᠬᠦᠭᠦᠯᠬᠦ ᠢᠨᠵᠧᠨᠧᠷᠢᠩ︾ ᠢ ᠰᠠᠶᠢᠲᠤᠷ ᠬᠡᠷᠡᠭᠵᠢᠭᠦᠯᠦᠨ᠎ᠡ᠃ | ︵ᠲᠠᠪᠤ︶ ᠨᠡᠶᠢᠭᠡᠮ ᠤᠨ ᠠᠵᠢᠯ ᠦᠢᠯᠡᠰ ᠢ ᠬᠦᠭᠵᠢᠭᠦᠯᠵᠦ᠂ ᠠᠷᠠᠳ ᠤᠨ ᠠᠮᠢᠳᠤᠷᠠᠯ ᠳᠡᠭᠡᠷ᠎ᠡ ᠠᠩᠬᠠᠷᠤᠯ | ᠲᠠᠯᠪᠢᠨ᠎ᠠ | ᠰᠤᠷᠭᠠᠨ ᠬᠥᠮᠦᠵᠢᠯ ᠤᠨ ᠵᠣᠬᠢᠴᠠᠩᠭᠤᠢ ᠬᠦᠭᠵᠢᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠰᠢᠨ ᠬᠤᠢ | ᠭᠤᠷᠪᠠᠳᠤᠭᠠᠷ ᠳᠤᠮᠳᠠᠲᠤ ᠰᠤᠷᠭᠠᠭᠤᠯᠢ᠂ ᠳᠣᠯᠤᠳᠤᠭᠠᠷ ᠳᠤᠮᠳᠠᠲᠤ ᠰᠤᠷᠭᠠᠭᠤᠯᠢ ᠂ ᠳᠣᠯᠤᠳᠤᠭᠠᠷ ᠪᠠᠭ᠎ᠠ | ᠰᠤᠷᠭᠠᠭᠤᠯᠢ ᠂ ᠰᠢᠨ᠎ᠡ ᠬᠤᠲᠠ ᠶᠢᠨ ᠬᠡᠦᠬᠡᠳ ᠤᠨ ᠴᠡᠴᠡᠷᠯᠢᠭ ᠵᠡᠷᠭᠡ ᠶᠢ ᠪᠠᠶᠢᠭᠤᠯᠤᠨ ᠳᠠᠭᠤᠰᠬᠠᠵᠤ | ᠠᠰᠢᠭᠯᠠᠯᠲᠠ ᠳᠤ ᠣᠷᠤᠭᠤᠯᠤᠨ᠎ᠠ᠃ ᠰᠢᠨ ᠸᠧ ᠫᠦ᠋ ᠳᠤᠮᠳᠠᠲᠤ ᠰᠤᠷᠭᠠᠭᠤᠯᠢ ᠶᠢᠨ ᠪᠠᠶᠢᠷᠢ ᠶᠢᠨ ᠠᠰᠠᠷ᠂ ᠰᠢᠶᠠ ᠸᠠ | ᠪᠣᠯᠤᠨ ᠰᠧ ᠵᠢᠶᠠᠽᠢ ᠭᠤᠣᠯ ᠬᠦᠢᠰᠦᠨ ᠬᠡᠦᠬᠡᠳ ᠤᠨ ᠴᠡᠴᠡᠷᠯᠢᠭ ᠢ ᠪᠠᠶᠢᠭᠤᠯᠤᠨ ᠳᠠᠭᠤᠰᠬᠠᠵᠤ᠂ ᠹᠧᠩ ᠱᠸᠦ ᠮᠢᠩ | ᠳ᠋ᠧ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠰᠠᠷ ᠪᠠᠶᠢᠭᠤᠯᠬᠤ ᠲᠦᠷᠦᠯ ᠵᠦᠢᠯ ᠢ ᠡᠬᠢᠯᠡᠭᠦᠯᠦᠨ᠎ᠡ᠃ ᠪᠠᠭᠰᠢ ᠶᠢᠨ | ᠶᠣᠰᠤ ᠮᠤᠷᠠᠯ ᠪᠣᠯᠤᠨ ᠬᠡᠪ ᠰᠣᠷᠳᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠵᠢᠭᠠᠭᠠᠨ | ᠰᠤᠷᠭᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠬᠤᠪᠢᠨ ᠳᠤ | ᠬᠦᠷᠬᠦ ᠨᠣᠷᠮ᠎ᠠ ᠶᠢ ᠳᠡᠭᠡᠭᠰᠢᠯᠡᠭᠦᠯᠦᠨ᠎ᠡ᠃ ᠦᠨᠳᠦᠰᠦᠲᠡᠨ ᠤ ᠰᠤᠷᠭᠠᠨ ᠬᠥᠮᠦᠵᠢᠯ ᠢ ᠤᠷᠢᠳᠴᠢᠯᠠᠭᠤᠯᠤᠨ | ᠬᠦᠭᠵᠢᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠪᠣᠯᠤᠨ ᠠᠵᠢᠯ ᠲᠦᠷᠦᠯ ᠤᠨ ᠰᠤᠷᠭᠠᠨ | ᠬᠦᠮᠥᠵᠢᠯ ᠢ ᠶᠡᠬᠡᠪᠡᠷ ᠬᠦᠭᠵᠢᠭᠦᠯᠦᠨ ᠂ ᠬᠤᠰᠢᠭᠤᠨ ᠤ ᠠᠵᠢᠯ ᠲᠦᠷᠦᠯ ᠤᠨ ᠰᠤᠷᠭᠠᠨ ᠬᠦᠮᠥᠵᠢᠯ ᠤᠨ ᠲᠦᠪ ᠢ | ᠳᠡᠰ ᠳᠡᠪᠰᠢᠭᠦᠯᠦᠨ ᠤᠯᠤᠰ ᠤᠨ ᠳᠡᠰ ᠤᠨ ᠭᠤᠣᠯᠳᠠᠯᠭ᠎ᠠ ᠲᠠᠢ ᠠᠵᠢᠯ ᠲᠦᠷᠦᠯ ᠤᠨ ᠰᠤᠷᠭᠠᠭᠤᠯᠢ ᠪᠣᠯᠭᠠᠬᠤ ᠪᠠᠷ | ᠴᠠᠷᠮᠠᠶᠢᠨ᠎ᠠ᠃ | ᠲᠧᠭᠨᠢᠭ ᠮᠡᠷᠭᠡᠵᠢᠯᠲᠡᠨ ᠴᠢᠳᠠᠪᠤᠷᠢᠲᠠᠨ ᠤ ᠠᠵᠢᠯ ᠢ ᠥᠷᠨᠢᠭᠦᠯᠦᠨ᠎ᠡ᠃ ᠰᠢᠨ᠎ᠡ ᠶᠢ ᠡᠭᠦᠳᠬᠦ ᠰᠠᠭᠤᠷᠢ | ᠮᠥᠩᠬᠦ ᠶᠢᠨ ᠲᠦᠷᠦᠯ ᠵᠦᠢᠯ3——5 ᠭᠤᠶᠤᠴᠢᠯᠠᠨ ᠣᠯᠵᠤ᠂10 ᠠᠴᠠ ᠳᠡᠭᠡᠭᠰᠢ ᠳᠣᠰᠬᠠᠢ ᠠᠰᠢᠭ ᠤᠨ | ᠡᠷᠬᠡ ᠶᠢ ᠡᠷᠡᠮᠵᠢᠯᠡᠵᠦ᠂ ᠠᠵᠤ ᠠᠬᠤᠶᠢᠯᠠᠯ ᠢ ᠳᠡᠮᠵᠢᠵᠦ᠂ ᠲᠧᠭᠨᠢᠭ ᠮᠡᠷᠭᠡᠵᠢᠯ ᠤᠨ ᠰᠣᠳᠤᠯᠯᠠᠭᠠᠨ ᠤ ᠲᠦᠪ ᠪᠣᠯᠤᠨ | ᠠᠵᠤ ᠦᠢᠯᠡᠰ ᠤᠨ ᠰᠠᠭᠤᠷᠢᠨ ᠪᠠᠶᠢᠭᠤᠯᠤᠨ᠎ᠠ᠃ ᠨᠢᠭᠡ ᠵᠢᠯ ᠳᠤ᠂20 ᠬᠥᠮᠦᠨ ︵ ᠤᠳᠠᠭ᠎ᠠ︶ ᠠᠴᠠ ᠳᠡᠭᠡᠭᠰᠢ | ᠪᠣᠯᠪᠠᠰᠤᠷᠠᠯ ᠡᠷᠬᠢᠯᠡᠵᠦ᠂ ᠡᠭᠦᠨ ᠳᠤ᠂ ᠤᠯᠤᠰ ᠤᠨ ᠠᠯᠪᠠᠲᠠᠨ ᠢ1740 ᠬᠥᠮᠦᠨ᠂ ᠳᠣᠰᠬᠠᠢ | ᠮᠡᠷᠭᠡᠵᠢᠯᠲᠡᠨ ᠢ7000 ᠬᠥᠮᠦᠨ ᠪᠣᠯᠪᠠᠰᠤᠷᠠᠯ ᠬᠥᠷᠲᠡᠭᠡᠨ᠎ᠡ᠃ ᠲᠧᠭᠨᠢᠭ ᠮᠡᠷᠭᠡᠵᠢᠯ ᠪᠣᠯᠤᠨ ᠴᠢᠳᠠᠪᠤᠷᠢᠲᠡᠨ ᠤ | ᠲᠣᠭᠠᠴᠢᠯᠠᠭᠰᠠᠨ ᠬᠥᠮᠦᠷᠭᠡ ᠶᠢ ᠪᠠᠶᠢᠭᠤᠯᠵᠤ᠂ ᠬᠦᠭᠵᠢᠯᠲᠡ ᠳᠤ ᠮᠡᠷᠭᠡᠵᠢᠯ ᠪᠣᠯᠤᠨ ᠴᠢᠳᠠᠪᠤᠷᠢᠲᠡᠨ ᠤ ᠲᠤᠯᠭᠤᠷ | ᠬᠥᠴᠦᠨ ᠬᠠᠩᠭᠠᠨ᠎ᠠ᠃ | ᠰᠤᠶᠤᠯ ᠪᠡᠶ᠎ᠡ ᠲᠠᠮᠢᠷ ᠷᠠᠳᠢᠤ᠋ ᠲᠧᠯᠸᠢᠰ ᠤᠨ ᠦᠢᠯᠡᠰ ᠤᠨ ᠤᠷᠤᠭᠰᠢᠯᠠᠯᠲᠠ ᠶᠢ ᠲᠦᠷᠭᠡᠳᠭᠡᠨ᠎ᠡ᠃ | ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠢᠲ᠋ᠧᠮ ᠢ ᠲᠡᠭᠦᠯᠳᠡᠷᠵᠢᠭᠦᠯᠦᠨ᠂ ᠪᠦᠬᠦ ᠠᠷᠠᠳ ᠤᠨ | ᠡᠷᠡᠭᠦᠯᠵᠢᠯ ᠦᠨᠲ᠋ᠦ᠋ᠯᠦᠪᠯᠡᠯᠭᠡ ᠶᠢ ᠭᠦᠨᠵᠡᠭᠡᠶᠢᠷᠡᠭᠦᠯᠵᠦ᠂ ᠣᠯᠠᠨ ᠲᠦᠮᠡᠨᠴᠢ ᠴᠢᠨᠠᠷ ᠲᠠᠢ ᠰᠤᠶᠤᠯ ᠪᠡᠶ᠎ᠡ ᠲᠠᠠᠮᠢᠷ ᠤᠨ | ᠠᠵᠢᠯᠯᠠᠭᠠᠨ ᠢ ᠥᠷᠭᠡᠨ ᠬᠡᠪᠴᠢᠶ᠎ᠡ ᠲᠠᠢ ᠦᠷᠨᠢᠭᠦᠯᠦᠨ᠎ᠡ᠃ ᠷᠠᠳᠢᠤ᠋ ᠲᠧᠯᠸᠢᠰ ᠤᠨ ᠪᠦᠲᠦᠮᠵᠢᠲᠡᠢ ᠪᠦᠷᠬᠦᠬᠦ | ᠬᠦᠷᠢᠶ᠎ᠡ ᠬᠡᠪᠴᠢᠶ᠎ᠡ ᠶᠢ ᠦᠷᠭᠦᠯᠵᠢᠯᠡᠨ ᠦᠷᠭᠡᠳᠭᠡᠵᠦ᠂ 1 ᠲᠦᠮᠡᠨ ᠡᠷᠦᠬᠡ ᠳᠤ ︽ ᠡᠷᠦᠬᠡ ᠪᠣᠯᠭᠠᠨ ᠳᠤ | ᠨᠡᠪᠲᠡᠷᠡᠭᠦᠯᠬᠦ︾ ᠢᠨᠵᠧᠨᠧᠷᠢᠩ ᠢ ᠬᠡᠷᠡᠭᠵᠢᠭᠦᠯᠵᠦ᠂ 240 ᠭᠠᠴᠠᠭ᠎ᠠ ᠲᠣᠰᠬᠤᠨ ᠪᠣᠯᠤᠨ ᠤᠯᠤᠰ ᠤᠨ ᠣᠢ ᠶᠢᠨ | ᠲᠠᠯᠠᠪᠠᠢ ᠳᠤ ︽ ᠲᠣᠰᠬᠤᠨ ᠪᠣᠯᠭᠠᠨ ᠳᠤ ᠳᠣᠣᠭᠠᠷᠬᠤ︾ ᠢᠨᠵᠧᠨᠧᠷᠢᠩ ᠢ ᠬᠡᠷᠡᠭᠵᠢᠭᠦᠯᠵᠦ᠂ 3 ᠲᠦᠮᠡᠨ | ᠲᠦᠭᠦᠷᠢᠢᠭ ᠪᠡᠯᠡ ᠤᠷᠤᠭᠤᠯᠤᠯᠲᠠ ᠲᠠᠢ ᠰᠢᠨᠬᠤᠸᠠ ᠨᠣᠮ ᠤᠨ ᠳᠡᠯᠭᠡᠭᠦᠷ ᠤᠨ ᠰᠢᠨ᠎ᠡ ᠪᠠᠶᠢᠴᠠ ᠶᠢ | ᠪᠠᠶᠢᠭᠤᠯᠤᠨ᠎ᠠ ᠃ | ᠡᠮᠡᠮᠨᠡᠯᠭᠡ ᠡᠷᠡᠭᠦᠯ ᠬᠠᠮᠠᠭᠠᠯᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠨ᠎ᠠ᠃ | ᠬᠤᠰᠢᠭᠤᠨ ᠤ ᠡᠮᠨᠡᠯᠭᠡ ᠶᠢᠨ ᠬᠤᠷᠢᠶ᠎ᠠ ᠵᠢᠨᠡᠪᠡᠳᠴᠢᠲᠡᠨ ᠤ ᠠᠰᠠᠷ ᠪᠠᠶᠢᠭᠤᠯᠬᠤ ᠠᠬᠢᠴᠠ ᠶᠢ ᠲᠦᠷᠭᠡᠳᠭᠡᠵᠦ᠂ | ᠬᠢᠲᠠᠳ ᠮᠤᠩᠭᠤᠯ ᠡᠮᠨᠡᠯᠭᠡ ᠶᠢᠨ ᠬᠤᠷᠢᠶᠠᠨ ᠤ ᠤᠤᠯ ᠤᠨ ᠡᠭᠦᠳᠡᠨ ᠡᠮᠨᠡᠯᠭᠡ ᠶᠢᠨ ᠠᠰᠠᠷ ᠢ ᠦᠷᠭᠡᠳᠭᠡᠨ | ᠪᠠᠶᠢᠭᠤᠯᠵᠤ᠂ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠢ ᠬᠠᠮᠠᠭᠠᠯᠠᠬᠤ ᠭᠠᠵᠠᠷ ᠢ ᠰᠢᠯᠵᠢᠭᠦᠯᠦᠨ ᠰᠢᠨ᠎ᠡ ᠪᠠᠷ | ᠪᠠᠶᠢᠭᠤᠯᠬᠤ ᠪᠣᠯᠤᠨ 4 ᠰᠠᠤᠷᠢ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠᠶᠢᠭᠤᠯᠬᠤ | ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠎ᠡ᠃ ᠦᠨᠳᠦᠰᠦᠨ ᠱᠠᠲᠤᠨ ᠤ ᠡᠮ ᠡᠮᠨᠡᠯᠭᠡ ᠶᠢᠨ ᠦᠢᠯᠡᠴᠢᠯᠡᠭᠡᠨ ᠤ | ᠴᠢᠳᠠᠯ ᠤᠨᠲ᠋ᠡᠭᠡᠭᠰᠢᠯᠡᠭᠦᠯᠬᠦ ᠢᠨᠵᠧᠨᠧᠷᠢᠩ ᠢ ᠠᠬᠢᠭᠤᠯᠵᠤ᠂ ᠮᠠᠨ ᠤ ᠬᠤᠰᠢᠭᠤᠨ ᠤ ︽ᠪᠦᠬᠦ ᠤᠯᠤᠰ ᠤᠨ ᠬᠢᠲᠠᠳ | ᠮᠤᠩᠭᠤᠯ ᠡᠮ ᠡᠮᠨᠡᠯᠭᠡ ᠶᠢᠨ ᠲᠡᠷᠢᠭᠦᠨ ᠨᠢᠭᠡᠴᠡ︾ ᠶᠢ ᠪᠠᠶᠢᠭᠤᠯᠬᠤ ᠠᠵᠢᠯ ᠢ ᠰᠠᠶᠢᠲᠤᠷ ᠬᠢᠵᠦ ᠰᠢᠯᠭᠠᠨ | ᠬᠤᠷᠢᠶᠠᠯᠲᠠ ᠳᠤ ᠬᠢᠷᠢ ᠲᠡᠩᠴᠡᠭᠦᠯᠦᠨ᠎ᠡ᠂ ᠤᠯᠤᠰ ᠤᠨ ᠦᠨᠳᠦᠰᠦᠨ ᠡᠮ ᠤᠨ ᠵᠦᠢᠯ ᠤᠨ ᠳᠦᠷᠢᠮ ᠢ ᠨᠠᠷᠢᠨ | ᠬᠢᠨᠠᠮᠠᠭᠠᠢ ᠬᠡᠷᠡᠭᠵᠢᠭᠦᠯᠵᠦ᠂ ᠦᠨᠳᠦᠰᠦᠨᠨᠡᠶᠢᠲᠡ ᠶᠢᠨ ᠡᠷᠡᠭᠦᠯ ᠬᠠᠮᠠᠭᠠᠯᠠᠯ ᠤᠨᠦᠢᠯᠡᠴᠢᠯᠡᠭᠡᠨ ᠤ ᠲᠡᠩᠴᠡᠭᠦᠷᠢᠰᠢᠯ ᠢ | ᠠᠬᠢᠭᠤᠯᠵᠤ᠂ ᠠᠯᠪᠠᠨ ᠠᠴᠠ ᠪᠠᠶᠢᠭᠤᠯᠤᠨᠳᠰᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠂ ᠠᠷᠠᠳ ᠤᠨ ᠡᠵᠡᠩᠨᠡᠯᠲᠡ ᠶᠢᠨ ᠡᠮᠨᠡᠯᠭᠡ ᠶᠢᠨ ᠬᠤᠷᠢᠶ᠎ᠠ ᠶᠢ ᠶᠡᠬᠡᠪᠡᠷ ᠬᠦᠭᠵᠢᠭᠦᠯᠦᠨ᠎ᠡ᠃ | ᠰᠢᠨ᠎ᠡ ᠬᠡᠯᠪᠡᠷᠢ ᠶᠢᠨ ᠬᠤᠷᠰᠢᠭᠰᠠᠨ ᠡᠮ ᠡᠮᠨᠡᠯᠭᠡ ᠶᠢᠨ ᠨᠦᠬᠦᠪᠦᠷᠢ ᠶᠢᠨ ᠪᠠᠷᠢᠮᠵᠢᠶ᠎ᠠ ᠶᠢ ᠦᠨᠡᠨᠬᠦ ᠳᠡᠭᠡᠭᠰᠢᠯᠡᠭᠦᠯᠵᠦ | ᠂ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠪᠠ ᠬᠦᠨᠳᠦ ᠶᠡᠭᠡ ᠬᠠᠯᠳᠠᠪᠦᠷᠢᠲᠦ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠠᠵᠢᠯ ᠢᠶᠠᠨ ᠴᠢᠩᠭᠠᠳᠬᠠᠨ᠎ᠠ᠃ | ᠬᠦᠮᠦᠨ ᠠᠮᠠ ᠶᠢᠨ ᠲᠦᠯᠦᠪᠯᠡᠯᠭᠡᠲᠦ ᠦᠷᠡᠵᠢᠯ ᠤᠨ ᠠᠵᠢᠯ ᠢ ᠰᠠᠶᠢᠳᠤᠷ ᠬᠢᠨ᠎ᠡ᠃ ᠲᠦᠯᠦᠪᠯᠡᠯᠭᠡᠲᠦ | ᠦᠷᠡᠵᠢᠯ ᠤᠨ ᠠᠵᠢᠯ ᠤᠨ ᠡᠩᠨᠡᠭᠡ ᠶᠢ ᠳᠣᠭᠲᠠᠪᠤᠷᠢᠵᠢᠭᠤᠯᠵᠤ᠂ ᠰᠢᠯᠵᠢᠩᠭᠦᠢ ᠬᠦᠮᠦᠨ ᠠᠮᠠ ᠶᠢᠨ ᠬᠠᠮᠢᠶᠠᠷᠤᠯᠲᠠ ᠶᠢ | ᠴᠢᠩᠭᠠᠷᠠᠭᠤᠯᠤᠨ᠂ ᠲᠦᠯᠦᠪᠯᠡᠯᠭᠡᠲᠦ ᠦᠷᠡᠵᠢᠯ ᠤᠨ ᠬᠠᠷᠠᠭᠠᠯᠵᠠᠯᠠᠯ ᠤᠨ ᠲᠦᠷᠦ ᠵᠢᠨᠪᠤᠳᠤᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠲᠦᠷᠦᠯᠲᠡ ᠶᠢᠨ ᠬᠥᠮᠦᠨ ᠠᠮᠠ ᠶᠢᠨ ᠴᠢᠨᠠᠷ ᠤᠨ ᠢᠯᠭᠠᠯ ᠤᠨ ᠬᠠᠷᠢᠴᠠᠯ ᠢ ᠣᠯᠠᠮ ᠨᠢᠭᠡ | ᠠᠯᠬᠤᠮ ᠰᠢᠯᠢᠳᠡᠭᠵᠢᠭᠦᠯᠦᠨ᠎ᠡ᠃ ᠪᠦᠬᠦ ᠬᠤᠰᠢᠭᠤᠨ ᠤ ᠬᠦᠮᠦᠨ ᠠᠮᠠ ᠶᠢᠨ ᠲᠦᠷᠦᠯᠲᠡ ᠶᠢᠨ ᠨᠤᠷᠮ᠎ᠠ ᠶᠢ | 12‰ ᠶᠢᠨ ᠳᠤᠳᠤᠷ᠎ᠠ ᠬᠢᠵᠠᠭᠠᠷᠯᠠᠵᠤ ᠂ ᠠᠶᠠᠨᠳᠠᠭᠠᠨ ᠤ ᠦᠰᠦᠯᠲᠡ ᠶᠢᠨ ᠨᠤᠷᠮ᠎ᠠ ᠶᠢ 6‰ ᠶᠢᠨ ᠲᠤᠳᠤᠷ᠎ᠠ | ᠬᠢᠵᠠᠭᠠᠷᠯᠠᠵᠤ᠂ ᠲᠦᠷᠦ ᠶᠢᠨ ᠪᠤᠳᠤᠯᠭ᠎ᠠ ᠳᠤ ᠨᠡᠶᠢᠴᠡᠭᠰᠡᠨ ᠦᠷᠡᠵᠢᠯ ᠤᠨ ᠨᠤᠷᠮ᠎ᠠ ᠶᠢ 90 % ᠠᠴᠠ | ᠳᠠᠪᠠᠭᠤᠯᠤᠨ᠎ᠠ᠃ | ᠨᠡᠶᠢᠭᠡᠮ ᠤᠨ ᠪᠠᠲᠤᠯᠠᠪᠤᠷᠢ ᠶᠢᠨ ᠰᠢᠰᠢᠲ᠋ᠧᠮ ᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ | ᠨᠠᠰᠤᠵᠢᠯ ᠤᠨ ᠳᠠᠭᠠᠳᠬᠠᠯ ᠢ ᠨᠢᠭᠡᠨ ᠴᠣᠭᠴᠠᠯᠠᠬᠤ ᠬᠦᠭᠵᠢᠯᠲᠡ ᠶᠢ ᠠᠬᠢᠭᠤᠯᠤᠨ᠂ ᠪᠠᠲᠤᠯᠠᠭ᠎ᠠ ᠶᠢᠨ ᠰᠠᠭᠤᠷᠢ | ᠮᠥᠩᠬᠦ ᠶᠢ ᠴᠠᠭ ᠳᠣᠬᠠᠢ ᠳᠤᠨᠢ ᠲᠤᠭ᠎ᠠ ᠶᠣᠰᠤᠭᠠᠷ ᠲᠠᠷᠬᠠᠭᠠᠨ᠎ᠠ᠃ ᠪᠠᠶᠢᠭᠤᠯᠤᠯᠭ᠎ᠠ ᠠᠵᠢᠯ ᠦᠢᠯᠡᠰ ᠤᠨ | ᠨᠢᠭᠡᠴᠡ ᠶᠢᠨ ᠨᠠᠰᠤᠵᠢᠯ ᠤᠨ ᠳᠠᠭᠠᠳᠬᠠᠯ ᠢ ᠨᠢᠭᠡᠳᠬᠡᠨ ᠥᠭᠡᠷᠡᠴᠢᠯᠡᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ | ᠰᠢᠨ᠎ᠡ ᠬᠠᠭᠤᠴᠢᠨ ᠳᠦᠷᠢᠮ ᠤᠨ ᠤᠷᠤᠭᠰᠢᠲᠠᠢ ᠵᠤᠯᠭᠤᠯᠲᠠ ᠶᠢ ᠪᠠᠲᠤᠯᠠᠨ᠎ᠠ᠃ ᠲᠦᠪᠯᠡᠷᠡᠭᠦᠯᠦᠨ ᠠᠰᠠᠷᠠᠬᠤ ᠪᠠ | ᠠᠰ ᠲᠤᠨᠢ ᠠᠰᠠᠷᠠᠬᠤ ᠶᠢ ᠬᠠᠷᠢᠯᠴᠢᠨ ᠤᠶᠠᠯᠳᠤᠭᠤᠯᠵᠤ᠂ ᠰᠢᠨ ᠬᠤᠢ ᠬᠤᠲᠠ ᠲᠣᠭᠤᠷᠢᠭ ᠲᠤ ᠨᠡᠶᠢᠭᠡᠮ ᠠᠴᠠ | ᠠᠰᠠᠷᠠᠬᠤ ᠦᠢᠯᠡᠴᠢᠯᠡᠭᠡᠨ ᠤ ᠲᠦᠪ ᠢ ᠪᠠᠶᠢᠭᠤᠯᠤᠨ᠂ ᠰᠢᠨ ᠬᠤᠢ ᠭᠤᠣᠯ ᠨᠠᠰᠤᠲᠠᠨ ᠢ ᠠᠰᠠᠷᠠᠬᠤ ᠬᠦᠷᠢᠶᠡᠯᠡᠩ ᠢ | ᠪᠠᠶᠢᠭᠤᠯᠤᠨ ᠳᠠᠭᠤᠰᠬᠠᠵᠤ᠂ ᠨᠦᠭᠦᠴᠡᠯ ᠪᠦᠷᠢᠯᠳᠦᠭᠰᠡᠨ ᠲᠣᠰᠬᠤᠨ ᠢ ᠳᠡᠮᠵᠢᠵᠦ ᠨᠠᠰᠤᠲᠠᠨ ᠠᠰᠠᠷᠠᠬᠤ | ᠦᠢᠯᠡᠴᠢᠯᠡᠭᠡᠨ ᠤ ᠪᠠᠶᠢᠭᠤᠯᠤᠮᠵᠢ ᠪᠠᠶᠢᠭᠤᠯᠤᠨ᠎ᠠ᠃ ᠣᠨᠴᠠ ᠶᠠᠳᠠᠭᠤ ᠬᠦᠴᠢᠷᠲᠡᠢ ᠡᠷᠦᠬᠡ ᠪᠣᠯᠤᠨ ᠬᠦᠨᠳᠦ ᠵᠡᠮᠳᠡᠭ | ᠬᠥᠮᠦᠨ ᠳᠤ 640 ᠲᠦᠮᠡᠨᠲ᠋ᠦ᠋ᠭᠦᠷᠢᠭ ᠤᠨ ᠨᠦᠬᠦᠪᠦᠷᠢ ᠲᠠᠷᠬᠠᠭᠠᠬᠤ ᠪᠠᠷ ᠲᠦᠯᠦᠪᠯᠡᠵᠦ᠂100 ᠭᠠᠷᠤᠢ ᠴᠠᠭᠠᠨ | ᠬᠠᠷᠠᠩ ᠡᠪᠡᠳᠴᠢᠲᠡᠨ ᠳᠤ ᠲᠦᠯᠦᠪᠦᠷᠢ ᠦᠭᠡᠢ ᠮᠡᠰᠡ ᠵᠠᠰᠠᠯ ᠬᠢᠵᠦ ᠦᠭᠭᠦᠨ᠎ᠡ᠃ ᠳᠣᠣᠷ᠎ᠠ ᠪᠠᠲᠤᠯᠭᠠᠲᠤ | ᠮᠠᠯᠴᠢᠨ ᠲᠠᠷᠢᠶᠠᠴᠢᠨ ᠡᠷᠦᠬᠡ ᠳᠤ ᠡᠪᠦᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠨᠦᠬᠦᠪᠦᠷᠢ ᠦᠭᠬᠦ ᠠᠵᠢᠯ ᠢ | ᠰᠠᠶᠢᠲᠤᠷ ᠬᠢᠵᠦ᠂ ᠨᠡᠶᠢᠲᠡ ᠶᠢᠨ ᠬᠤᠷᠠᠮᠳᠤᠯᠠᠭ᠎ᠠ ᠶᠢᠨ ᠮᠦᠩᠬᠦᠨ ᠤ ᠪᠦᠷᠬᠦᠴᠡ ᠶᠢ ᠳᠠᠰᠤᠷᠠᠯ ᠦᠭᠡᠢ | ᠦᠷᠭᠡᠳᠭᠡᠨ᠎ᠡ᠃ | ᠦᠢᠯᠡᠰ ᠪᠦᠲᠦᠭᠡᠵᠦ ᠠᠵᠢᠯ ᠣᠯᠭᠤᠬᠤ ᠢᠨᠵᠧᠨᠧᠷᠢᠩ ᠢ ᠬᠡᠷᠡᠭᠵᠢᠭᠦᠯᠦᠨ᠎ᠡ᠃ ᠬᠦᠳᠡᠯᠮᠦᠷᠢ ᠬᠦᠴᠦᠨ ᠤ | ᠭᠠᠷᠭᠠᠯᠲᠠ ᠳᠤ ᠨᠡᠷᠡᠲᠦ ᠳᠡᠮᠲᠡᠭᠲᠦ ᠳᠤ ᠲᠦᠰᠢᠭᠯᠡᠵᠦ᠂ ᠠᠵᠢᠯ ᠣᠯᠭᠤᠬᠤ ᠳᠤ ᠲᠦᠷᠦᠯ ᠵᠦᠢᠯ ᠳᠤ ᠲᠦᠰᠢᠭᠯᠡᠬᠦ | ᠵᠠᠷᠴᠢᠮ ᠢ ᠪᠠᠷᠢᠮᠳᠠᠯᠠᠵᠤ ᠂ 4 ᠬᠦᠳᠡᠯᠮᠦᠷᠢ ᠬᠦᠴᠦᠨ ᠤ ᠨᠡᠷᠡᠲᠦ ᠲᠡᠮᠲᠡᠭᠲᠦ ᠶᠢ ᠲᠦᠰᠢᠭᠯᠡᠨ ᠬᠦᠳᠡᠯᠮᠦᠷᠢ ᠡᠯᠰᠡᠬᠦ | ᠳᠠᠪᠴᠠᠩ ᠪᠠᠶᠢᠭᠤᠯᠵᠤ᠂ 12 ᠲᠦᠮᠡᠨ ᠬᠥᠮᠦᠨ ︵ᠤᠳᠠᠭ᠎ᠠ︶ ᠬᠦᠳᠡᠯᠮᠦᠷᠢ ᠬᠦᠴᠦᠨ ᠢ ᠭᠠᠳᠠᠭᠰᠢ ᠭᠠᠷᠭᠠᠵᠤ᠂ | 20 ᠳ᠋ᠥᠩᠰᠢᠭᠤᠷ ᠲᠦᠭᠦᠷᠢᠭ ᠤᠨ ᠬᠦᠳᠡᠯᠮᠦᠷᠢ ᠬᠦᠴᠦᠨ ᠤ ᠣᠷᠤᠯᠭ᠎ᠠ ᠡᠭᠦᠳᠬᠦ ᠪᠠᠷ ᠲᠦᠯᠦᠪᠯᠡᠵᠦ ᠪᠠᠶᠢᠨ᠎ᠠ᠃ | ᠠᠵᠢᠯ ᠣᠯᠭᠤᠬᠤ ᠬᠠᠷᠭᠠᠯᠵᠠᠯᠠᠯ ᠤᠨ ᠲᠦᠷᠦ ᠶᠢᠨ ᠪᠣᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ | ᠬᠤᠰᠢᠭᠤᠨ ᠤ ᠳᠣᠲᠤᠭᠠᠲᠤ ᠳᠠᠬᠢ ᠠᠵᠤ ᠠᠬᠤᠶᠢᠯᠠᠯ ᠠᠴᠠ ᠨᠡᠩ ᠣᠯᠠᠨ ᠳᠣᠰᠬᠠᠢ ᠶᠢᠨ ᠣᠷᠤᠨ ᠤ ᠬᠥᠳᠡᠯᠮᠦᠷᠢ | ᠬᠦᠴᠦᠨ ᠢ ᠰᠢᠩᠭᠡᠨ ᠠᠪᠴᠤ᠂ 200 ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠡᠭᠦᠳᠴᠦ᠂ ᠠᠳᠠᠯᠢ | ᠪᠣᠰᠤ ᠳᠠᠪᠬᠤᠷᠭ᠎ᠠ ᠶᠢᠨ ᠬᠦᠳᠡᠯᠮᠦᠷᠢᠴᠢᠳ ᠲᠤ ᠠᠵᠢᠯ ᠣᠯᠭᠤᠵᠤ ᠦᠢᠯᠡᠰ ᠪᠦᠲᠦᠭᠡᠬᠦ ᠶᠢ ᠳᠡᠮᠵᠢᠨ ᠳᠡᠳᠭᠦᠨ᠎ᠡ ᠃ | | ᠨᠠᠷᠢᠯᠢᠭ ᠣᠨᠤᠰᠢᠲᠠᠢ ᠶᠠᠳᠠᠭᠤ ᠶᠢ ᠳᠡᠳᠭᠦᠬᠦ ᠠᠵᠢᠯ ᠢ ᠪᠦᠬᠦ ᠲᠠᠯ᠎ᠠ ᠪᠠᠷ ᠠᠬᠢᠭᠤᠯᠤᠨ᠎ᠠ᠃ ᠤᠯᠤᠰ ᠤᠨ | ᠠᠶᠤᠯᠭᠦᠢ ᠶᠢᠨ ᠬᠡᠯᠲᠡᠰ ᠤᠨ ᠶᠠᠳᠠᠭᠤ ᠶᠢ ᠳᠡᠳᠭᠦᠬᠦ ᠴᠡᠭ᠂ ᠪᠡᠭᠡᠵᠢᠩ ᠤᠨ ᠬᠠᠢ ᠳ᠋ᠢᠶᠠᠨ ᠲᠣᠭᠤᠷᠢᠭ ᠤᠨ ᠠᠵᠢᠯ | ᠲᠦᠷᠦᠯ ᠢᠶᠠᠷ ᠶᠠᠳᠠᠭᠤ ᠶᠢ ᠳᠡᠳᠭᠦᠬᠦ᠂ ᠥᠪᠡᠷᠲᠡᠭᠡᠨ ᠵᠠᠰᠠᠬᠤ ᠣᠷᠤᠨ ᠤ ᠮᠦᠩᠬᠦᠨ ᠭᠦᠢᠯᠭᠡᠭᠡᠨ ᠤ ᠺᠠᠲᠠᠷ | ᠲᠣᠰᠬᠠᠢ ᠵᠦᠢᠯ ᠢᠶᠠᠷ ᠶᠠᠳᠠᠭᠤ ᠶᠢ ᠳᠡᠳᠭᠦᠬᠦ ᠵᠡᠷᠭᠡ ᠠᠵᠢᠯ ᠲᠠᠢ ᠭᠦᠢᠴᠡᠳ ᠤᠶᠠᠯᠳᠤᠭᠤᠯᠤᠨ᠂ ︽ ᠥᠪᠥᠷ | ᠮᠣᠩᠭᠤᠯ ᠤᠨ ᠮᠣᠵᠢ ᠶᠢᠨ ᠳᠡᠰ ᠤᠨ ᠤᠳᠤᠷᠢᠳᠤᠯᠭ᠎ᠠ ᠺᠠᠲᠠᠷ ᠠᠣᠬᠠᠨ ᠬᠤᠰᠢᠭᠤ ᠲᠠᠢ ᠬᠠᠷᠢᠯᠴᠠᠵᠤ ᠶᠠᠳᠠᠭᠤ ᠶᠢ | ᠳᠡᠳᠭᠦᠨ ᠨᠡᠬᠡᠭᠡᠨ ᠬᠦᠭᠵᠢᠭᠦᠯᠬᠦ ᠲᠦᠯᠦᠪᠵᠢᠭᠦᠯᠭᠡ ︵2013——2017 ᠣᠨ︶ ︾ ᠶᠢ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠢ᠃ ︽ᠮᠦᠩᠬᠦᠨ ᠭᠦᠢᠯᠭᠡᠭᠡᠨ ᠢᠶᠠᠷ ᠶᠠᠳᠠᠭᠤ ᠶᠢ ᠳᠡᠳᠭᠦᠨ ᠠᠷᠠᠳ ᠢ | ᠪᠠᠶᠠᠵᠢᠭᠤᠯᠬᠤ︾ ᠢᠨᠵᠧᠨᠧᠷᠢᠩ ᠢᠶᠠᠷ ᠦᠷᠭᠦᠯᠵᠢᠯᠡᠨ ᠲᠣᠯᠤᠭᠠᠶᠢᠯᠠᠭᠤᠯᠵᠤ᠂ ︽ ᠭᠤᠷᠪᠠ ᠶᠢ ᠲᠣᠰᠬᠤᠨ ᠬᠢᠭᠡᠳ | ᠡᠷᠦᠬᠡ ᠳᠤ ᠬᠦᠷᠭᠡᠬᠦ︾ ᠪᠠᠷ ᠠᠴᠢᠶᠠᠯᠠᠪᠤᠷᠢ ᠪᠣᠯᠭᠠᠵᠤ᠂ ᠲᠣᠰᠬᠤᠨ ᠠᠵᠤ ᠠᠬᠤᠶᠢᠯᠠᠯ ᠢ ᠬᠠᠮᠲᠤᠪᠠᠷ | ᠪᠠᠶᠢᠭᠤᠯᠵᠤ ᠬᠦᠭᠵᠢᠭᠦᠯᠬᠦ ᠪᠠᠷ ᠤᠳᠤᠷᠢᠳᠤᠮᠵᠢ ᠪᠣᠯᠭᠠᠵᠤ᠂ ᠬᠡᠷᠡᠭᠵᠢᠭᠦᠯᠬᠦ ᠲᠦᠷᠦᠯ ᠵᠦᠢᠯ ᠤᠨ ᠢᠯᠡ ᠲᠣᠳᠣ | ᠴᠢᠨᠠᠷ ᠢ ᠨᠡᠮᠡᠭᠳᠡᠭᠦᠯᠦᠨ᠎ᠡ᠂ ᠮᠥᠩᠬᠦᠨ ᠭᠦᠢᠯᠭᠡᠭᠡᠨ ᠢᠶᠠᠷ ᠶᠠᠳᠠᠭᠤ ᠶᠢ ᠳᠡᠳᠭᠦᠬᠦ ᠵᠢᠭᠡᠯᠡᠯᠭᠡ ᠶᠢᠨ ᠮᠥᠩᠬᠦ 1 | ᠳ᠋ᠥᠩᠰᠢᠭᠤᠷ ᠲᠦᠭᠦᠷᠢᠭ ᠲᠠᠷᠬᠠᠭᠠᠵᠤ᠂ ︽ ᠭᠤᠷᠪᠠ ᠶᠢ ᠲᠣᠰᠬᠤᠨ ᠬᠢᠭᠡᠳ ᠡᠷᠦᠬᠡ ᠳᠤ ᠬᠦᠷᠭᠡᠬᠦ︾ ᠪᠠᠷ | ᠳᠠᠮᠵᠢᠭᠤᠯᠤᠨ 99 ᠭᠤᠣᠯᠳᠠᠯᠭ᠎ᠠ ᠲᠠᠢ ᠲᠣᠰᠬᠤᠨ ᠳᠤ 4950 ᠲᠦᠮᠡᠨ ᠲᠦᠭᠦᠷᠢᠭ ᠤᠨ ᠶᠠᠳᠠᠭᠤ ᠶᠢ | ᠳᠡᠳᠭᠦᠬᠦ ᠪᠡᠯᠡ ᠮᠥᠩᠬᠦ ᠶᠢ ᠨᠠᠶᠢᠳᠠᠪᠤᠷᠢᠵᠢᠭᠤᠯᠤᠨ᠎ᠠ᠃ ᠶᠠᠳᠠᠭᠤ ᠬᠦᠴᠢᠷᠲᠠᠢ ᠬᠥᠮᠦᠨ ᠠᠮᠠ ᠶᠢᠨ ᠬᠥᠮᠦᠨ | ᠪᠦᠷᠢ ᠶᠢᠨ ᠲᠡᠭᠰᠢᠳᠭᠡᠭᠰᠡᠨ ᠣᠷᠤᠯᠭ᠎ᠠ ᠶᠢ 15% ᠠᠴᠠ ᠳᠡᠭᠡᠭᠰᠢ ᠳᠤ ᠬᠦᠷᠭᠡᠵᠦ᠂ ᠵᠢᠯ ᠤᠨ ᠳᠣᠲᠤᠷ᠎ᠠ 2 | ᠲᠦᠮᠡᠨ ᠬᠥᠮᠦᠨᠢ ᠶᠠᠳᠠᠭᠤ ᠠᠴᠠ ᠳᠣᠭᠲᠠᠭᠤᠨ ᠠᠩᠭᠢᠵᠢᠷᠠᠭᠤᠯᠤᠨ᠎ᠠ ᠃ | ︵ ᠵᠢᠷᠭᠤᠭ᠎ᠠ︶ ᠭᠤᠷᠪᠠᠨ ᠠᠰᠢᠭ ᠤᠨ ᠨᠡᠭᠡᠲᠦᠯ ᠢ ᠪᠠᠷᠢᠮᠳᠠᠯᠠᠵᠤ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠠᠬᠢᠭᠤᠯᠤᠨ᠎ᠠ | ᠠᠮᠢ ᠠᠬᠤᠢ ᠶᠢᠨ ᠪᠠᠶᠢᠭᠤᠯᠤᠯᠲᠠ ᠪᠠᠨ ᠪᠠᠲᠤᠵᠢᠭᠤᠯᠤᠨ᠎ᠠ ᠃ ᠠᠮᠢ ᠠᠬᠤᠢ ᠶᠢᠨ ᠪᠠᠶᠢᠭᠤᠯᠤᠯᠲᠠ ᠪᠤᠯᠤᠨ | ᠬᠠᠮᠠᠭᠠᠯᠠᠯᠲᠠ ᠶᠢ ᠵᠡᠷᠭᠡᠪᠡᠷ ᠴᠢᠬᠤᠯᠠᠴᠢᠯᠠᠵᠤ᠂ ᠠᠮᠢ ᠠᠬᠤᠢ ᠶᠢᠨ ᠦᠷ᠎ᠡ ᠠᠰᠢᠭ ᠪᠣᠯᠤᠨ ᠠᠵᠤ ᠠᠬᠤᠢ ᠶᠢᠨ ᠦᠷ᠎ᠡ | ᠠᠰᠢᠭ ᠢ ᠠᠳᠠᠯᠢ ᠪᠠᠶᠢᠷᠢᠨ ᠳᠤ ᠲᠠᠯᠪᠢᠬᠤ ᠵᠠᠷᠴᠢᠮ ᠢᠶᠠᠷ᠂ ︽ᠲᠦᠷᠪᠡᠨ ᠶᠡᠭᠡ ᠢᠨᠵᠧᠨᠧᠷᠢᠩ᠂ ᠨᠢᠭᠡ ᠰᠠᠭᠤᠷᠢᠨ | ᠭᠠᠵᠠᠷ︾ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠡᠯᠡᠰᠦ ᠶᠢ ᠵᠠᠰᠠᠵᠤ ᠰᠡᠷᠭᠡᠶᠢᠯᠡᠬᠦ ᠡᠷᠴᠢᠮ ᠢᠶᠠᠨ | ᠴᠢᠩᠭᠠᠷᠠᠭᠤᠯᠵᠤ᠂ ᠤᠷᠭᠤᠯᠲᠠ ᠮᠠᠭᠤᠲᠠᠭᠰᠠᠨ ᠣᠢ ᠰᠢᠭᠤᠢ ᠶᠢᠨ ᠵᠠᠰᠠᠯᠲᠠ ᠶᠢ ᠠᠬᠢᠭᠤᠯᠵᠤ᠂ 12 ᠲᠦᠮᠡᠨ ᠮᠦ | ᠣᠶᠢᠵᠢᠭᠤᠯᠤᠯᠲᠠ ᠶᠢ ᠳᠠᠭᠤᠰᠬᠠᠨ᠎ᠠ᠃ ᠬᠦᠴᠦ ᠲᠠᠯᠪᠢᠨᠰᠤᠳᠤᠨ ᠪᠦᠲᠦᠭᠡᠯᠲᠦ ᠢᠨᠵᠧᠨᠧᠷᠢᠩ ᠡᠭᠦᠳᠴᠦ᠂ | ᠤᠰᠤ ᠠᠷᠪᠢᠯᠠᠵᠤ ᠤᠰᠤᠯᠠᠬᠤ ᠠᠵᠤ ᠠᠬᠤᠢ ᠶᠢᠨ ᠣᠢ 2 ᠲᠦᠮᠡᠨ ᠮᠦ᠂ ᠬᠠᠶᠢᠯᠠᠷ ᠨᠠᠷᠠᠰᠤᠨ ᠣᠢ 1 ᠲᠦᠮᠡᠨ | ᠮᠦ᠂ ᠭᠤᠤ ᠰᠤᠪᠠᠭ ᠤᠨ ᠵᠠᠰᠠᠯᠲᠠ1 ᠲᠦᠮᠡᠨ ᠮᠦ ᠂ ᠭᠤᠤᠯᠳᠠᠯᠠᠭ᠎ᠠ ᠲᠠᠢ ᠭᠠᠵᠠᠷ ᠣᠷᠤᠨ ᠤ | ᠨᠤᠭᠤᠭᠠᠷᠠᠭᠤᠯᠤᠯᠲᠠ 1.6 ᠲᠦᠮᠡᠨ ᠮᠦ ᠳᠠᠭᠤᠰᠬᠠᠵᠤ᠂ ᠲᠤᠩᠯᠢᠶᠤᠤ ᠠᠴᠠ ᠤᠯᠠᠭᠠᠨᠬᠠᠳᠠ ᠬᠦᠷᠳᠡᠯᠡᠬᠢ ᠦᠨᠳᠦᠷ | ᠬᠤᠷᠳᠤᠴᠠᠳᠤ ᠵᠠᠰᠠᠮᠠᠯ ᠵᠠᠮ ᠤᠨ ᠠᠤᠬᠠᠨ ᠤ ᠬᠡᠰᠡᠭ ᠲᠠᠬᠢ 10 ᠺᠢᠯᠤᠮᠧᠲᠷ ᠤᠨ ᠨᠣᠭᠤᠭᠠᠷᠠᠭᠤᠯᠤᠯᠲᠠ᠂ ᠴᠢᠩ | ᠴᠢᠤᠸᠠᠨ ᠭᠧᠦ ᠶᠢᠨ ᠵᠠᠮ ᠤᠨ ᠬᠤᠶᠠᠷ ᠲᠠᠯ᠎ᠠ ᠶᠢᠨ ᠨᠣᠭᠤᠭᠠᠷᠠᠭᠤᠯᠤᠯᠲᠠ᠂17 ᠲᠦᠮᠡᠨ ᠮᠦ ᠬᠥᠮᠦᠨ ᠤ ᠬᠥᠴᠦᠨ ᠤ | ᠣᠶᠢᠵᠢᠭᠤᠯᠤᠯᠲᠠ ᠶᠢ ᠳᠠᠭᠤᠰᠬᠠᠨ᠎ᠠ᠃ ᠤᠯᠤᠰ ᠤᠨ ᠣᠢ ᠶᠢᠨ ᠲᠠᠯᠠᠪᠠᠢ ᠶᠢ ᠭᠦᠢᠴᠡᠳ ᠪᠠᠳᠠᠷᠠᠭᠤᠯᠵᠤ᠂ | ᠨᠣᠭᠤᠭᠠᠷᠠᠭᠤᠯᠤᠯᠲᠠ ᠶᠢᠨ ᠴᠢᠬᠢ ᠮᠣᠳᠤᠨ ᠤ ᠠᠵᠤ ᠦᠢᠯᠡᠰ ᠢ ᠲᠦᠷᠭᠡᠨ ᠬᠦᠭᠵᠢᠭᠦᠯᠦᠨ᠎ᠡ ᠃ ᠣᠢ ᠶᠢᠨ ᠭᠠᠵᠠᠷ ᠢ | ᠲᠤᠰᠬᠠᠶᠢᠯᠠᠨ ᠬᠠᠮᠠᠭᠠᠯᠠᠬᠤ ᠠᠵᠢᠯᠯᠠᠭ᠎ᠠ ᠥᠷᠨᠢᠭᠦᠯᠵᠦ᠂ ᠠᠭᠤᠯᠠ ᠶᠢ ᠪᠢᠲᠡᠭᠦᠮᠵᠢᠯᠡᠵᠦ ᠮᠠᠯᠵᠢᠬᠤ ᠶᠢ ᠴᠠᠭᠠᠵᠠᠯᠠᠬᠤ | ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠣᠢ ᠰᠢᠭᠤᠢ ᠡᠪᠡᠰᠦ ᠪᠡᠯᠴᠢᠭᠡᠷ ᠢ ᠰᠦᠢᠳᠭᠡᠬᠦ ᠪᠤᠯᠤᠨ ᠳᠠᠯᠳᠠᠭᠤᠷ | ᠲᠡᠭᠦᠵᠦ ᠬᠤᠯᠠᠭᠠᠶᠢᠯᠠᠨ ᠮᠠᠯᠲᠠᠬᠤ ᠠᠵᠢᠯᠯᠠᠭ᠎ᠠ ᠳᠤ ᠴᠣᠬᠢᠯᠲᠠ ᠦᠭᠭᠦᠨ᠎ᠡ᠃ | ᠤᠷᠭᠤᠮᠠᠯ ᠤᠨ ᠪᠦᠷᠭᠦᠴᠡ ᠶᠢ ᠰᠡᠷᠭᠦᠭᠡᠨ᠎ᠡ᠃ ︽ ᠬᠠᠷᠢᠶᠠᠲᠤ ᠣᠷᠤᠨ ᠬᠠᠮᠢᠶᠠᠷᠬᠤ᠂ ᠲᠣᠬᠠᠢ ᠶᠢᠨ ᠭᠠᠵᠠᠷ | ᠲᠤᠨᠢ ᠵᠣᠬᠢᠴᠠᠭᠤᠯᠬᠤ︾ ᠪᠣᠯᠤᠨ ︽ ᠬᠡᠨ ᠡᠪᠳᠡᠯᠡᠪᠡᠯ ᠬᠡᠨ ᠵᠠᠰᠠᠬᠤ︾ ᠵᠠᠷᠴᠢᠮ ᠢ ᠪᠠᠷᠢᠮᠳᠠᠯᠠᠨ᠂ ᠠᠭᠤᠷᠬᠠᠢ ᠶᠢᠨ | ᠤᠷᠭᠤᠮᠠᠯ ᠤᠨ ᠪᠦᠷᠬᠦᠴᠡ ᠶᠢ ᠰᠡᠷᠭᠦᠭᠡᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠦᠨ᠎ᠡ᠃ ᠤᠷᠭᠤᠮᠠᠯ ᠤᠨ ᠪᠦᠷᠬᠦᠴᠡ ᠶᠢ | ᠡᠪᠳᠡᠨ ᠰᠦᠢᠳᠭᠡᠬᠦ ᠠᠵᠢᠯᠯᠠᠭ᠎ᠠ ᠲᠠᠢ ᠠᠵᠤ ᠠᠬᠤᠶᠢᠯᠠᠯ ᠪᠦᠬᠦᠨ ᠢ ᠦᠢᠯᠡᠳᠪᠦᠷᠢᠯᠡᠯ ᠵᠣᠭᠰᠤᠭᠠᠵᠤ ᠥᠭᠡᠷᠡᠴᠢᠯᠡᠨ | ᠴᠡᠭᠴᠡᠯᠡᠵᠦ᠂ ᠰᠢᠯᠭᠠᠨ ᠬᠤᠷᠢᠶᠠᠯᠲᠠ ᠳᠤ ᠬᠢᠷᠢ ᠲᠡᠩᠴᠡᠪᠡᠯ ᠰᠠᠶ᠋ᠢ ᠦᠢᠯᠡᠳᠪᠦᠷᠢᠯᠡᠯ ᠰᠡᠷᠭᠦᠭᠡᠨ᠎ᠡ᠃ ᠳ᠋ᠠ ᠾᠸᠢ | ᠱᠠᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠤᠨ ᠤ ᠬᠦᠷᠢᠶ᠎ᠡ ᠬᠡᠪᠴᠢᠶ᠎ᠡ ᠶᠢ ᠲᠣᠳᠤᠯᠠᠬᠤ ᠪᠠ ᠦᠢᠯᠡᠳᠦᠯᠲᠦ | ᠣᠷᠤᠨ ᠢ ᠰᠠᠯᠭᠠᠨ ᠳᠣᠬᠢᠷᠠᠭᠤᠯᠬᠤ ᠠᠵᠢᠯ ᠢ ᠭᠦᠨᠵᠡᠭᠡᠢ ᠦᠷᠨᠢᠭᠦᠯᠵᠦ᠂ ᠬᠠᠮᠠᠭᠠᠯᠠᠯᠲᠠ ᠶᠢᠨ ᠣᠷᠤᠨ ᠤ ᠠᠮᠢ | ᠠᠬᠤᠢ ᠶᠢᠨ ᠤᠷᠭᠤᠮᠠᠯ ᠤᠨ ᠪᠦᠷᠬᠦᠴᠡ ᠶᠢᠨ ᠬᠠᠮᠠᠭᠠᠯᠠᠯᠲᠠ ᠶᠢ ᠪᠣᠳᠠᠳᠠᠢ ᠴᠢᠩᠭᠠᠳᠬᠠᠨ᠎ᠠ᠃ | ᠡᠷᠭᠢᠯᠳᠦᠲᠦ ᠠᠵᠤ ᠠᠬᠤᠢ ᠶᠢ ᠬᠦᠭᠵᠢᠭᠦᠯᠦᠨ᠎ᠡ᠃ ᠬᠤᠴᠤᠷᠣᠩᠭᠤᠢ ᠡᠨᠧᠷᠭᠢ ᠶᠢᠨ ᠬᠦᠴᠦᠨ ᠢ ᠬᠦᠴᠦᠯᠡᠨ | ᠲᠠᠶᠠᠭᠳᠠᠵᠤ᠂ ᠠᠵᠤ ᠠᠬᠤᠶᠢᠯᠠᠯ ᠤᠨ ᠮᠡᠷᠭᠡᠵᠢᠯ ᠤᠨ ᠦᠭᠡᠷᠡᠴᠢᠯᠡᠯᠡᠲᠡ ᠬᠢᠬᠦ ᠶᠢ ᠬᠦᠬᠢᠭᠦᠯᠵᠦ᠂ ᠬᠠᠶᠠᠭᠳᠠᠮᠠᠯ ᠤᠰᠤ | ᠂ ᠬᠠᠶᠠᠭᠳᠠᠮᠠᠯ ᠬᠡᠢ᠂ ᠬᠠᠶᠠᠭᠳᠠᠮᠠᠯ ᠰᠢᠭᠠᠷᠤ ᠵᠡᠷᠭᠡ ᠶᠢ ᠶᠡᠷᠦᠩᠬᠡᠶᠢᠯᠡᠨ ᠠᠰᠢᠭᠯᠠᠵᠤ᠂ ᠠᠵᠤ ᠠᠬᠤᠢ ᠶᠢᠨ ᠶᠡᠷᠥᠩᠬᠡᠢ | ᠦᠷ᠎ᠡ ᠠᠰᠢᠭ ᠢ ᠳᠡᠭᠡᠭᠰᠢᠯᠡᠭᠦᠯᠦᠨ᠎ᠡ᠃ ᠨᠠᠷᠠᠨᠦ ᠡᠨᠧᠷᠬᠢ᠂ ᠰᠠᠯᠬᠢᠨ ᠤ ᠡᠨᠧᠷᠬᠢ ᠵᠡᠷᠬᠡ ᠠᠷᠢᠭᠤᠨ ᠡᠨᠧᠷᠬᠢ ᠶᠢᠨ | ᠰᠤᠷᠪᠤᠯᠵᠢ ᠶᠢ ᠲᠦᠷᠦᠯ ᠵᠦᠢᠯ ᠳᠤ ᠤᠷᠤᠭᠤᠯᠵᠤ ᠂ ᠡᠰᠢ ᠰᠦᠷᠡᠯ ᠢ ᠤᠯᠠᠷᠢᠭᠤᠯᠤᠨ ᠠᠰᠢᠭᠯᠠᠬᠤ ᠠᠵᠤ ᠦᠢᠯᠡᠰ ᠢ | ᠶᠡᠬᠡᠪᠡᠷ ᠬᠦᠭᠵᠢᠭᠦᠯᠵᠦ᠂ ᠡᠰᠢ ᠰᠦᠷᠠᠯ ᠢ ᠮᠦᠬᠦᠯᠢᠭᠵᠢᠭᠦᠯᠦᠨ ᠪᠣᠯᠪᠠᠰᠤᠷᠠᠭᠤᠯᠬᠤ ᠦᠢᠯᠡᠳᠪᠦᠷᠢ3——5 | ᠪᠠᠶᠢᠭᠤᠯᠤᠨ᠎ᠠ᠃ ᠡᠰᠢ ᠰᠦᠷᠠᠯ ᠢ ᠰᠢᠲᠠᠭᠠᠯᠯᠠᠭᠠ᠂ ᠪᠣᠷᠳᠤᠭ᠎ᠠ᠂ ᠪᠣᠷᠳᠤᠭᠤᠷ ᠪᠣᠯᠭᠠᠨ ᠬᠤᠪᠢᠷᠠᠭᠤᠯᠤᠨ ᠠᠰᠢᠭᠯᠠᠨ᠎ᠠ᠃ | ᠳᠡᠮᠵᠢᠯᠭᠡ ᠶᠢᠨ ᠴᠢᠨᠠᠷᠲᠠᠢ ᠲᠦᠷᠦ ᠶᠢᠨ ᠪᠣᠳᠤᠯᠭᠠᠲᠤ ᠠᠷᠭ᠎ᠠ ᠬᠡᠮᠵᠢᠶ᠎ᠡ ᠳᠣᠭᠲᠠᠭᠠᠵᠤ᠂ ᠨᠣᠭᠤᠭᠠᠨ ᠥᠩᠭᠡᠲᠦ᠂ | ᠳᠣᠣᠷ᠎ᠠ ᠨᠡᠭᠦᠷᠡᠰᠦᠳᠦᠷᠦᠭᠴᠢᠲᠦ ᠬᠦᠭᠵᠢᠯᠲᠡ ᠶᠢᠨ ᠠᠷᠭ᠎ᠠ ᠬᠡᠯᠪᠡᠷᠢ ᠶᠢ ᠡᠷᠬᠢᠮᠯᠡᠵᠦ᠂ ᠡᠷᠭᠢᠯᠲᠡᠲᠦ ᠠᠵᠤ | ᠠᠬᠤᠢ ᠶᠢᠨ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ | ᠤᠷᠴᠢᠨ ᠲᠤᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ ᠡᠨᠧᠷᠭᠢ ᠠᠷᠪᠢᠯᠠᠵᠤ ᠪᠣᠬᠢᠷᠳᠠᠯ ᠢ | ᠪᠠᠭᠠᠰᠬᠠᠬᠤ ᠠᠵᠢᠯ ᠢᠶᠠᠨ ᠭᠦᠨᠵᠡᠭᠡᠶᠢᠷᠡᠭᠦᠯᠵᠦ᠂ ᠥᠷᠭᠦᠯᠵᠢᠯᠡᠯᠲᠦ ᠬᠦᠭᠵᠢᠯᠲᠡ ᠪᠠᠨ ᠳᠦᠯᠬᠢᠨ ᠠᠬᠢᠭᠤᠯᠤᠨ᠎ᠠ᠃ | ᠪᠤᠵᠠᠷᠳᠠᠯ ᠪᠤᠳᠠᠰ ᠢ ᠭᠠᠳᠠᠭᠰᠢᠯᠠᠭᠤᠯᠬᠤ ᠵᠦᠪᠰᠢᠶᠡᠷᠡᠯ ᠪᠠ ᠲᠦᠷᠦᠯ ᠵᠦᠢᠯ ᠢ ᠬᠢᠨᠠᠨ ᠴᠣᠬᠤᠯᠠᠪᠤᠷᠢᠯᠠᠬᠤ ᠡᠷᠬᠡ ᠶᠢ | ᠴᠢᠩᠭᠠᠳᠬᠠᠵᠤ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠦᠬᠦᠭᠡᠷᠦᠮᠵᠢ ᠶᠢ ᠪᠠᠶᠢᠭᠤᠯᠤᠨ ᠳᠠᠭᠤᠰᠬᠠᠵᠤ | ᠰᠢᠯᠭᠠᠨ ᠬᠤᠷᠢᠶᠠᠬᠤ ᠠᠵᠢᠯ ᠢ ᠰᠠᠶᠢᠲᠦᠷ ᠴᠢᠩᠭ᠎ᠠ ᠠᠳᠬᠤᠵᠤ᠂ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ | ᠪᠣᠯᠤᠨ ᠴᠡᠭᠴᠡᠯᠡᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠣᠷᠴᠢᠨ | ᠲᠣᠭᠤᠷᠢᠨ ᠤ ᠠᠰᠠᠭᠤᠳᠠᠯ ᠪᠣᠯᠤᠨ ᠭᠡᠮ ᠰᠣᠭᠤᠭ ᠢ ᠲᠦᠢᠯᠪᠦᠷᠢᠲᠡᠢ ᠰᠢᠢᠳᠪᠦᠷᠢᠯᠡᠨ᠎ᠡ᠃ ᠠᠭᠠᠷ ᠮᠠᠨᠳᠤᠯ ᠤᠨ | ᠪᠣᠬᠢᠷᠳᠠᠯ ᠤᠨ ᠲᠤᠰᠬᠠᠢ ᠵᠠᠰᠠᠯᠲᠠ ᠶᠢ ᠬᠡᠷᠡᠭᠵᠢᠭᠦᠯᠵᠦ᠂ ᠦᠢᠯᠡᠳᠪᠦᠷᠢ ᠠᠭᠤᠷᠬᠠᠢ᠂ ᠢᠳᠡᠭᠡᠨ ᠤᠮᠳᠠᠭᠠᠨ ᠤ | ᠦᠢᠯᠡᠰ᠂ ᠢᠯᠴᠢ ᠬᠠᠩᠭᠠᠯᠲᠠ ᠵᠡᠷᠭᠡ ᠶᠢᠨ ᠪᠠᠷᠢᠮᠵᠢᠶᠠᠨ ᠠᠴᠠ ᠬᠡᠲᠦᠷᠡᠨ ᠪᠣᠬᠢᠷᠳᠠᠯ ᠭᠠᠳᠠᠭᠰᠢᠯᠠᠭᠤᠯᠬᠤ ᠵᠢᠴᠢ᠂ | ᠬᠡᠭᠡᠷ᠎ᠡ ᠭᠠᠳᠠᠨ᠎ᠠ ᠡᠰᠢ ᠰᠦᠷᠡᠯ ᠰᠢᠲᠠᠭᠠᠬᠤ ᠵᠡᠷᠭᠡ ᠠᠵᠢᠯᠯᠠᠭ᠎ᠠ ᠶᠢ ᠭᠤᠣᠯᠳᠠᠯᠭ᠎ᠠ ᠲᠠᠢ ᠵᠠᠰᠠᠵᠤ ᠴᠡᠭᠴᠡᠯᠡᠨ᠎ᠡ᠃ | ᠤᠰᠤᠨ ᠢᠷᠡᠯᠲᠡ ᠶᠢᠨ ᠣᠷᠤᠨ ᠤ ᠬᠠᠮᠠᠭᠠᠯᠠᠯᠲᠠ ᠪᠠ ᠤᠰᠤᠨ ᠤ ᠴᠢᠨᠠᠷ ᠤᠨ ᠬᠢᠨᠠᠯᠲᠠ ᠬᠡᠮᠵᠢᠯᠲᠡ ᠪᠠᠨ | ᠴᠢᠩᠭᠠᠳᠬᠠᠵᠤ᠂ ᠭᠤᠣᠯᠳᠠᠯᠭ᠎ᠠ ᠲᠠᠢ ᠤᠷᠤᠰᠬᠠᠯ ᠤᠨᠰᠠᠪᠠ ᠣᠷᠤᠨ ᠢ ᠵᠠᠰᠠᠬᠤ᠂ ᠠᠵᠤ ᠦᠢᠯᠡᠳᠪᠦᠷᠢ ᠶᠢᠨ | ᠲᠣᠭᠤᠷᠢᠭ ᠤᠨ ᠣᠷᠴᠢᠨ ᠲᠣᠭᠤᠷᠢᠨ ᠢ ᠵᠠᠰᠠᠬᠤ᠂ ᠲᠢᠷᠢᠶᠠᠯᠠᠩ ᠤᠨ ᠰᠦᠯᠢᠶᠣᠣ ᠪᠦᠷᠬᠦᠭᠦᠯ ᠤᠨ ᠪᠣᠬᠢᠷᠳᠠᠯ ᠢ ᠵᠠᠰᠠᠬᠤ | ᠠᠵᠢᠯ ᠤᠳ ᠢ ᠰᠠᠶᠢᠲᠤᠷ ᠬᠢᠨ᠎ᠡ᠃ | ︵ ᠳᠣᠯᠤᠭ᠎ᠠ︶ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠭᠦᠯᠵᠦ᠂ ᠠᠴᠢᠶᠠᠯᠠᠬᠤ ᠴᠢᠳᠠᠪᠤᠷᠢ ᠪᠠᠨ | ᠳᠡᠭᠡᠭᠰᠢᠯᠡᠭᠦᠯᠦᠨ᠎ᠡ | ᠤᠰᠤᠨ ᠠᠰᠢᠭᠯᠠᠯᠲᠠ ᠶᠢᠨ ᠲᠣᠨᠤᠭ ᠲᠦᠬᠦᠭᠡᠷᠦᠮᠵᠢ ᠪᠠᠨ ᠲᠡᠭᠦᠯᠳᠡᠷᠵᠢᠭᠦᠯᠦᠨ᠎ᠡ᠃ ᠣᠮᠠᠷᠠᠲᠤ ᠬᠡᠰᠡᠭ ᠤᠨ | ᠲᠠᠪᠤᠨ ᠰᠢᠶᠠᠩ ᠪᠠᠯᠭᠠᠰᠤᠨ ᠤ ᠤᠰᠤᠨ ᠢᠨᠵᠧᠨᠧᠷᠢᠩ ᠢ ᠬᠡᠷᠡᠭᠵᠢᠭᠦᠯᠵᠦ᠂ 134 ᠪᠠᠶᠢᠭᠠᠯᠢᠯᠢᠭ ᠲᠤᠰᠬᠤᠨ᠂ | 8 ᠲᠦᠮᠡ ᠣᠷᠴᠢᠮ ᠬᠦᠮᠦᠨ ᠠᠮᠠ ᠶᠢᠨ ᠢᠳᠡᠬᠦ ᠤᠰᠤᠨ ᠤ ᠬᠦᠴᠢᠷᠳᠡᠯ ᠢ ᠰᠢᠢᠳᠪᠦᠷᠢᠯᠡᠨ᠎ᠡ᠃ ᠬᠥᠳᠡᠭᠡ | ᠲᠣᠰᠬᠤᠨ ᠮᠠᠯᠵᠢᠬᠤ ᠣᠷᠤᠨ ᠤ 36 ᠬᠡᠰᠡᠭ ᠭᠠᠵᠠᠷ ᠲᠤ ᠪᠠᠭ᠎ᠠ ᠬᠡᠯᠪᠡᠷᠢ ᠶᠢᠨ ᠠᠶᠦᠯᠭᠦᠢ ᠤᠰᠤᠨ ᠤ | ᠢᠨᠵᠧᠨᠧᠷᠢᠩ ᠢ ᠬᠡᠷᠡᠭᠵᠢᠭᠦᠯᠵᠦ᠂ 2.3 ᠲᠦᠮᠡᠨ ᠬᠦᠮᠦᠨ ᠠᠮᠠ ᠶᠢᠨ ᠢᠳᠡᠬᠦ ᠤᠰᠤᠨ ᠤ ᠠᠶᠤᠯᠬᠦᠢ ᠶᠢ | ᠰᠢᠳᠪᠦᠷᠢᠯᠡᠵᠠᠢ᠃ ᠬᠦᠳᠦᠯ ᠭᠠᠵᠠᠷ ᠤᠨ ᠤᠰᠤ ᠬᠦᠷᠦᠰᠦᠨ ᠤ ᠤᠷᠤᠰᠬᠠᠭᠳᠠᠯ ᠢ ᠵᠠᠰᠠᠬᠤ ᠢᠨᠵᠧᠨᠧᠷᠢᠩ ᠪᠠ | ᠪᠡᠭᠡᠵᠢᠭ ᠲᠢᠶᠠᠨᠵᠢᠨ ᠤ ᠡᠯᠡᠰᠦᠨ ᠤ ᠢᠷᠡᠯᠲᠡ ᠶᠢᠨ ᠬᠤᠶᠠᠳᠤᠭᠠᠷ ᠬᠤᠭᠤᠴᠠᠭᠠᠨ ᠤ ᠵᠠᠰᠠᠯᠲᠠ ᠢᠨᠵᠧᠨᠧᠷᠢᠩ ᠢ | ᠳᠠᠭᠤᠰᠬᠠᠵᠤ᠂ 8333 ᠮᠦ ᠦᠨᠳᠦᠷ ᠪᠠᠷᠢᠮᠵᠢᠶᠠᠲᠤ ᠲᠡᠭᠰᠢ ᠱᠠᠳᠤᠨ ᠲᠠᠷᠢᠶ᠎ᠠ ᠵᠠᠰᠠᠵᠠᠢ᠃ ᠰᠧ ᠵᠢᠶᠠᠽᠢ ᠶᠢᠨ | ᠬᠤᠲᠠ ᠲᠣᠭᠤᠷᠢᠭ ᠤᠨ ᠦᠶᠡᠷ ᠢ ᠰᠡᠷᠭᠡᠶᠢᠯᠡᠬᠦ ᠢᠨᠵᠧᠨᠧᠷᠢᠩ᠂ ᠮᠠᠨᠢᠬᠠᠨ ᠤ ᠬᠠᠷᠬᠤᠰᠤ ᠦᠶᠡᠷ ᠢ ᠰᠡᠷᠭᠡᠶᠢᠯᠡᠬᠦ | ᠢᠨᠵᠧᠨᠧᠷᠢᠩ᠂ ᠬᠠᠯᠠᠭᠤᠨ ᠷᠠᠰᠢᠶᠠᠨ ᠤ ᠠᠭᠤᠯᠠᠨ ᠦᠶᠡᠷ ᠢ ᠵᠠᠰᠠᠬᠤ ᠢᠨᠵᠧᠨᠧᠷᠢᠩ ᠢ ᠪᠠᠶᠢᠭᠤᠯᠵᠤ᠂ ᠰᠢᠨ ᠬᠤᠢ | ᠬᠤᠲᠠ ᠲᠣᠭᠤᠷᠢᠭ ᠤᠨ ᠦᠶᠡᠷ ᠢ ᠰᠡᠷᠭᠡᠶᠢᠯᠡᠬᠦ ᠢᠨᠵᠧᠨᠧᠷᠢᠩ᠂ ᠰᠢᠶᠠ ᠸᠠ ᠪᠠᠯᠭᠠᠰᠤ᠂ ᠭᠤᠷᠪᠠᠨᠬᠤᠸᠠ ᠰᠢᠶᠠᠩ ᠤᠨ | ᠪᠠᠭ᠎ᠠ ᠤᠰᠤᠨ ᠴᠥᠬᠦᠷᠡᠮ ᠤᠨ ᠠᠶᠤᠯ ᠢ ᠵᠠᠶᠢᠯᠠᠭᠤᠯᠵᠤ ᠪᠠᠬᠢᠵᠢᠭᠦᠯᠬᠦ ᠢᠨᠵᠧᠨᠧᠷᠢᠩ ᠢ ᠥᠷᠭᠦᠯᠵᠢᠯᠡᠨ | ᠶᠠᠪᠤᠭᠳᠠᠭᠤᠯᠤᠨ᠎ᠠ᠃ ᠶᠢᠨ ᠲᠣᠣ ᠺᠥᠮᠫᠠᠨᠢ ᠶᠢᠨ ᠪᠣᠬᠢᠷᠳᠠᠯ ᠤᠰᠤ ᠶᠢ ᠶᠡᠷᠥᠩᠬᠡᠶᠢᠯᠡᠨ ᠠᠰᠢᠭᠯᠠᠬᠤ ᠲᠦᠷᠦᠯ ᠵᠦᠢᠯ ᠢ | ᠡᠬᠢᠯᠡᠨ ᠬᠡᠷᠡᠭᠵᠢᠭᠦᠯᠵᠦ᠂ ᠰᠢᠶᠣᠣ ᠱᠠᠨ ᠤᠰᠤᠯᠠᠯᠲᠠ ᠶᠢᠨ ᠣᠷᠤᠨ ᠤ ᠦᠷᠭᠦᠯᠵᠢᠯᠡᠨ ᠲᠦᠭᠦᠷᠵᠢᠭᠦᠯᠬᠦ ᠵᠢᠴᠢ ᠤᠰᠤ | ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ | ᠵᠠᠮ ᠬᠠᠷᠢᠯᠴᠠᠭᠠᠨ ᠤ ᠨᠦᠬᠦᠴᠡᠯ ᠢ ᠰᠠᠶᠢᠵᠢᠷᠠᠭᠤᠯᠵᠠᠢ᠃ 210 ᠳ᠋ᠤᠭᠠᠷ ᠮᠤᠵᠢ ᠶᠢᠨ ᠳᠡᠰ ᠤᠨ ᠵᠠᠰᠠᠮᠠᠯ | ᠵᠠᠮ ᠰᠢᠨ ᠬᠤᠢ ᠠᠴᠠ ᠯᠣᠣ ᠬᠡᠦ ᠱᠠᠨ ᠬᠦᠷᠳᠡᠯᠡᠬᠢ ᠨᠢᠭᠡᠳᠦᠭᠡᠷ ᠳᠡᠰ ᠤᠨ ᠵᠠᠰᠠᠮᠠᠯ ᠵᠠᠮ ᠪᠠᠶᠢᠭᠤᠯᠬᠤ ᠠᠵᠢᠯ ᠢ | ᠪᠦᠬᠦ ᠲᠠᠯ᠎ᠠ ᠪᠠᠷ ᠡᠬᠢᠯᠡᠭᠦᠯᠵᠦ᠂ ᠭᠤᠷᠤᠬᠠᠨ ᠠᠴᠠ ᠰᠢᠨ ᠬᠤᠢ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ ᠤᠨ | ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢ ᠳᠠᠭᠤᠰᠬᠠᠵᠤ ᠂ 111 ᠳ᠋ᠤᠭᠠᠷ ᠤᠯᠤᠰ ᠤᠨ ᠵᠠᠮ ᠤᠨ | ᠴᠢ ᠵᠢᠶᠠ ᠸᠧᠫᠦ᠋ ᠠᠴᠠ ᠰᠢᠶᠠ ᠸᠠ ᠬᠦᠷᠬᠦ 20 ᠺᠢᠯᠤᠮᠧᠲᠷ ᠤᠨ ᠬᠤᠶᠠᠳᠤᠭᠠᠷ ᠳᠠᠰ ᠤᠨ ᠵᠠᠰᠠᠮᠠᠯ ᠵᠠᠮ ᠤᠨ | ᠥᠭᠡᠷᠡᠴᠢᠯᠡᠬᠦ ᠡᠭᠦᠷᠭᠡ ᠶᠢ ᠳᠠᠭᠤᠰᠬᠠᠵᠤ ᠂ 80 ᠺᠢᠯᠤᠮᠧᠲᠷ ᠬᠦᠳᠡᠭᠡ ᠲᠤᠰᠬᠤᠨ ᠳᠤ ᠨᠡᠪᠳᠡᠷᠡᠭ᠌ᠰᠠᠨ ᠱᠦᠢᠨᠢ ︵ | ᠲᠤᠰᠤᠨ︶ ᠵᠠᠮ ᠢ ᠳᠡᠪᠢᠰᠴᠦ᠂ ᠬᠤᠨᠴᠠ ᠶᠢᠨ ᠲᠠᠯᠠᠪᠠᠢ ᠶᠢᠨ ᠡᠩ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ | ᠪᠣᠯᠤᠨ ᠠᠭᠠᠷ ᠤᠨ ᠠᠶᠠᠯᠠᠯ ᠤᠨ ᠠᠵᠤ ᠦᠢᠯᠡᠰ ᠤᠨ ᠬᠦᠷᠢᠶᠡᠯᠡᠩ ᠢ ᠬᠦᠴᠦ ᠲᠠᠯᠪᠢᠵᠤ ᠪᠠᠷᠢᠯᠭ᠎ᠠ ᠡᠬᠢᠯᠡᠭᠦᠯᠦᠨ᠎ᠡ᠃ | ᠴᠠᠬᠢᠯᠭᠠᠨ ᠬᠦᠴᠦᠨ ᠤ ᠬᠠᠩᠭᠠᠯᠠᠭ᠎ᠠ ᠶᠢ ᠪᠠᠳᠤᠯᠠᠵᠠᠢ᠃ 1.9 ᠳ᠋ᠥᠩᠰᠢᠭᠤᠷ ᠲᠦᠭᠦᠷᠢᠭ ᠤᠨ ᠪᠡᠯᠡ | ᠣᠷᠤᠭᠤᠯᠵᠤ᠂ ᠺᠠᠩ ᠵᠢᠶᠠ ᠶᠢᠩᠽᠢ ᠶᠢᠨ220 ᠺᠢᠯᠥᠸᠠᠲ ᠤᠨ ᠴᠠᠬᠢᠯᠭᠠᠨ ᠬᠦᠴᠦᠳᠡᠯ ᠥᠭᠡᠷᠡᠴᠢᠯᠡᠬᠦ | ᠢᠨᠵᠧᠨᠧᠷᠢᠩ ᠤᠨ ᠪᠠᠷᠢᠯᠭ᠎ᠠ ᠶᠢ ᠡᠬᠢᠯᠡᠭᠦᠯᠵᠦ᠂3145 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠬᠤᠨᠴᠠ | ᠶᠢᠨ ᠲᠠᠯᠠᠪᠠᠢ ᠶᠢᠨ 66 ᠺᠢᠯᠤᠸᠠᠲ ᠤᠨ ᠴᠠᠬᠢᠯᠭᠠᠨ ᠬᠤᠪᠢᠰᠬᠠᠬᠤ ᠥᠷᠲᠡᠭᠡ ᠶᠢᠨ ᠪᠠᠭᠲᠠᠭᠠᠮᠵᠢ ᠶᠢ ᠶᠡᠬᠡᠰᠭᠡᠨ | ᠥᠷᠭᠡᠳᠭᠡᠨ ᠪᠠᠶᠢᠭᠤᠯᠬᠤ ᠪᠠ ᠰᠢᠨ ᠳ᠋ᠢ ᠶᠢᠨ 66 ᠺᠢᠯᠤᠸᠠᠲ ᠤᠨ ᠬᠦᠴᠦᠳᠡᠯ ᠦᠭᠡᠷᠡᠴᠢᠯᠡᠬᠦ ᠢᠨᠵᠧᠨᠧᠷᠢᠩ ᠢ | ᠪᠠᠶᠢᠭᠤᠯᠤᠨ᠎ᠠ᠃ 3850 ᠲᠦᠮᠡᠨ ᠲᠦᠭᠦᠷᠢᠭ ᠤᠨ ᠪᠡᠯᠡ ᠣᠷᠤᠭᠤᠯᠵᠤ᠂ 10 ᠺᠢᠯᠤᠸᠠᠲ ᠤᠨ ᠴᠠᠬᠢᠯᠭᠠᠨ | ᠤᠲᠠᠰᠤ130 ᠺᠢᠯᠥᠮᠧᠲᠷ ᠵᠠᠰᠠᠵᠤ ᠥᠭᠡᠷᠡᠴᠢᠯᠡᠬᠦ ᠪᠣᠶᠤ ᠰᠢᠨᠡᠳᠭᠡᠵᠦ᠂120 ᠰᠠᠤᠷᠢ ᠴᠠᠬᠢᠯᠭᠠᠨ | ᠬᠤᠪᠢᠰᠬᠠᠭᠴᠢ ᠶᠢg ᠥᠭᠡᠷᠡᠴᠢᠯᠡᠨ᠎ᠡ᠃ | ᠤᠰᠤ ᠶᠢ ᠰᠢᠨᠵᠢᠯᠡᠬᠦ ᠤᠬᠠᠭᠠᠨᠴᠢ ᠵᠦᠢ ᠵᠤᠬᠢᠰᠲᠠᠢ ᠠᠰᠢᠭᠯᠠᠨ᠎ᠠ᠃ ᠤᠰᠤᠨ ᠤ ᠡᠬᠢ ᠰᠤᠷᠪᠤᠯᠵᠢ ᠶᠢ ᠬᠢᠨᠠᠨ | ᠴᠣᠬᠤᠯᠠᠪᠤᠷᠢᠯᠠᠬᠤ ᠠᠵᠢᠯ ᠢ ᠰᠠᠶᠢᠲᠤᠷ ᠬᠢᠵᠤ᠂ ᠤᠰᠤᠨ ᠤ ᠡᠬᠢ ᠰᠤᠷᠪᠤᠯᠵᠢ ᠶᠢ ᠨᠣᠲᠠᠯᠠᠨ ᠭᠡᠷᠡᠴᠢᠯᠡᠬᠦ ᠪᠠᠷ ᠲᠦᠷᠦᠯ | ᠵᠦᠢᠯ ᠤᠨ ᠪᠠᠶᠢᠭᠤᠯᠤᠯᠲᠠ ᠶᠢᠨ ᠤᠷᠢᠳᠠᠯ ᠨᠦᠭᠦᠴᠡᠯ ᠪᠣᠯᠭᠠᠨ᠎ᠠ᠃ ᠤᠰᠤ ᠬᠡᠷᠡᠭᠰᠡᠬᠦ ᠵᠦᠪᠰᠢᠶᠡᠷᠡᠯ ᠢ ᠴᠢᠩᠭᠠᠳᠬᠠᠵᠤ | ᠂ ᠤᠰᠤᠨ ᠤ ᠡᠬᠢ ᠰᠣᠷᠪᠤᠯᠵᠢ ᠶᠢ ᠵᠦᠢ ᠵᠣᠬᠢᠰᠲᠠᠢ ᠲᠣᠬᠢᠷᠠᠭᠤᠯᠵᠤ᠂ ᠬᠠᠤᠯᠢ ᠪᠣᠰᠤ ᠪᠠᠷ ᠤᠰᠤ ᠲᠠᠲᠠᠪᠤᠷᠢᠯᠠᠬᠤ | ᠪᠠ ᠪᠠᠷᠢᠮᠵᠢᠶᠠᠨ ᠠᠴᠠ ᠬᠡᠲᠦᠷᠡᠭᠦᠯᠦᠨ ᠤᠰᠤ ᠬᠡᠷᠡᠭᠰᠡᠬᠦ ᠠᠵᠢᠯᠯᠠᠭ᠎ᠠ ᠶᠢ ᠴᠢᠩᠭ᠎ᠠ ᠪᠠᠶᠢᠴᠠᠭᠠᠨ ᠲᠣᠷᠭᠠᠭᠠᠨᠠ᠃ | ᠤᠰᠤ ᠶᠢ ᠠᠷᠪᠢᠯᠠᠬᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠤᠨ ᠤᠰᠤ ᠠᠷᠪᠢᠯᠠᠬᠤ | ᠠᠷᠭ᠎ᠠ ᠬᠡᠮᠵᠢᠶ᠎ᠡ ᠪᠠ ᠠᠮᠢᠳᠤᠷᠠᠯ ᠤᠨ ᠳᠤᠮᠳᠠᠬᠢ ᠤᠰᠤ ᠠᠷᠪᠢᠯᠠᠬᠤ ᠪᠠᠭᠠᠵᠢ ᠶᠢ ᠳᠡᠯᠭᠡᠷᠡᠭᠦᠯᠦᠨ ᠬᠡᠷᠡᠭᠯᠡᠵᠦ᠂ | ᠪᠣᠬᠢᠷᠳᠠᠯ ᠤᠰᠤ ᠶᠢ ᠳᠠᠬᠢᠨ ᠠᠰᠢᠭᠯᠠᠬᠤ ᠢᠨᠵᠧᠨᠧᠷᠢᠩ ᠢ ᠬᠡᠷᠡᠭᠵᠢᠭᠦᠯᠦᠨ᠎ᠡ᠃ | ᠭᠠᠵᠠᠷ ᠰᠢᠷᠤᠢ ᠶᠢᠨ ᠬᠠᠮᠢᠶᠠᠷᠤᠯᠲᠠ ᠶᠢ ᠴᠢᠩᠭᠠᠳᠬᠠᠵᠠᠢ᠃ ᠦᠨᠢᠲᠡ ᠶᠢᠨ ᠦᠨᠳᠦᠰᠦᠨ ᠲᠠᠷᠢᠶᠠᠯᠠᠩ ᠢ | ᠢᠯᠭᠠᠨ ᠳᠣᠭᠲᠠᠭᠠᠬᠤ ᠪᠠ ᠭᠠᠵᠠᠷ ᠰᠢᠷᠤᠢ ᠶᠢᠨ ᠠᠰᠢᠭᠯᠠᠯᠲᠠ ᠶᠢᠨ ᠶᠡᠷᠥᠩᠬᠡᠢ ᠲᠦᠯᠦᠪᠵᠢᠭᠦᠯᠭᠡ ᠳᠤ ᠵᠠᠰᠠᠪᠤᠷᠢ | ᠣᠷᠤᠭᠤᠯᠬᠤ ᠠᠵᠢᠯ ᠢ ᠳᠠᠭᠤᠰᠬᠠᠵᠤ᠂ ᠲᠦᠬᠦᠭᠡᠷᠦᠮᠵᠢᠲᠦ ᠲᠠᠷᠢᠶᠠᠯᠠᠩ ᠤᠨ ᠭᠠᠵᠠᠷ ᠰᠢᠷᠤᠢ ᠶᠢᠨ ᠬᠠᠮᠢᠶᠠᠷᠤᠯᠲᠠ ᠶᠢ | ᠣᠯᠠᠮ ᠨᠢᠭᠡ ᠠᠯᠬᠤᠮ ᠳᠦᠷᠢᠮᠵᠢᠭᠦᠯᠦᠨ᠎ᠡ᠃ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠤᠢ ᠶᠢ ᠪᠦᠲᠦᠮᠵᠢᠲᠡᠢ | ᠠᠮᠢᠯᠠᠭᠤᠯᠵᠤ᠂ ᠭᠠᠵᠠᠷ ᠰᠢᠷᠤᠢ ᠶᠢ ᠬᠤᠳᠠᠯᠳᠤᠨ ᠠᠪᠤᠭᠠᠳ ᠬᠤᠭᠤᠰᠤᠨ ᠲᠠᠯᠪᠢᠬᠤ᠂ ᠭᠠᠵᠠᠷ ᠰᠢᠷᠤᠢ ᠶᠢᠨ | ᠬᠡᠷᠡᠭᠴᠡᠭᠡ ᠶᠢ ᠳᠤᠷᠠᠪᠡᠷ ᠦᠭᠡᠷᠡᠴᠢᠯᠡᠬᠦ ᠵᠡᠷᠭᠡ ᠠᠵᠢᠯᠯᠠᠭ᠎ᠠ ᠳᠤ ᠴᠣᠬᠢᠯᠲᠠ ᠦᠭᠭᠦᠨ᠎ᠡ᠃ ᠪᠦᠲᠦᠭᠡᠨ | ᠪᠠᠶᠢᠭᠤᠯᠤᠯᠲᠠ ᠶᠢᠨ ᠬᠡᠷᠡᠭᠴᠡᠭᠡᠲᠦ ᠭᠠᠵᠠᠷ ᠰᠢᠷᠤᠢ ᠶᠢᠨ ᠬᠡᠷᠡᠭᠯᠡᠭᠡᠨ ᠤ ᠡᠷᠬᠡ ᠶᠢ ᠢᠳᠡᠪᠬᠢᠲᠡᠢ ᠭᠤᠶᠤᠴᠢᠯᠠᠵᠤ᠂ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡᠲᠦ ᠭᠠᠵᠠᠷ ᠰᠢᠷᠤᠢ ᠶᠢᠨ ᠨᠡᠮᠡᠭᠳᠡᠯ ᠬᠠᠰᠤᠭᠳᠠᠯ ᠢ | ᠳᠠᠬᠢᠨ ᠬᠠᠭᠠᠯᠪᠤᠷᠢᠯᠠᠯᠲᠠ ᠲᠠᠢ ᠬᠤᠯᠪᠤᠭᠳᠠᠭᠤᠯᠤᠭᠰᠠᠨ ᠲᠠᠯᠠᠪᠠᠢ120 ᠡᠾᠧᠺᠲᠷ ᠲᠤ ᠬᠦᠷᠭᠡᠵᠦ᠂ ᠬᠤᠲᠠ | ᠬᠥᠳᠡᠭᠡ ᠶᠢᠨ ᠬᠦᠭᠵᠢᠯᠲᠡ ᠪᠠ ᠭᠤᠣᠯᠳᠠᠯᠭ᠎ᠠ ᠲᠠᠢ ᠲᠦᠷᠦᠯ ᠵᠦᠢᠯ ᠤᠨ ᠭᠠᠵᠠᠷ ᠰᠢᠷᠤᠢ ᠶᠢᠨ ᠬᠡᠷᠡᠭᠴᠡᠭᠡ ᠶᠢ | ᠪᠠᠲᠤᠯᠠᠨ᠎ᠠ᠃ | ︵ ᠨᠠᠢᠮᠠ︶ ᠪᠡᠯᠡ ᠤᠷᠤᠭᠤᠯᠤᠯᠲᠠ ᠪᠠᠷ ᠲᠠᠲᠠᠭᠴᠢ ᠬᠦᠴᠦᠨ ᠪᠣᠯᠭᠠᠵᠤ᠂ ᠳᠣᠲᠣᠭᠠᠲᠤ ᠬᠦᠳᠡᠯᠭᠡᠭᠴᠢ | ᠬᠦᠴᠦᠨ ᠢᠶᠠᠨ ᠴᠢᠩᠭᠠᠷᠠᠭᠤᠯᠤᠨ᠎ᠠ | ᠠᠷᠠᠯᠵᠢᠶᠠᠴᠢᠨ ᠢ ᠤᠷᠢᠵᠤ ᠪᠡᠯᠡ ᠤᠷᠤᠭᠤᠯᠬᠤ ᠶᠢ ᠭᠤᠶᠢᠪᠠᠰᠢ ᠦᠬᠡᠢ ᠪᠠᠷᠢᠮᠳᠠᠯᠠᠨ᠎ᠠ᠃ ᠨᠡᠷᠡᠲᠦ | ᠲᠡᠮᠲᠡᠭ ᠢᠶᠠᠷ ᠠᠷᠠᠯᠵᠢᠶᠠᠴᠢᠨ ᠢ ᠤᠷᠢᠬᠤ᠂ ᠠᠵᠤ ᠦᠢᠯᠡᠰ ᠢᠶᠠᠷ ᠠᠷᠠᠯᠵᠢᠶᠠᠴᠢᠨ ᠤᠷᠢᠬᠤ᠂ ᠤᠷᠤᠨ | ᠲᠤᠭᠤᠷᠢᠭ ᠢᠶᠠᠷ ᠠᠷᠠᠯᠵᠢᠶᠠᠴᠢᠨ ᠢ ᠤᠷᠢᠬᠤ ᠵᠢᠴᠢ ᠠᠷᠠᠯᠵᠢᠶᠠᠴᠢᠨ ᠢᠶᠠᠷ ᠠᠷᠠᠯᠵᠢᠶᠠᠴᠢᠨ ᠢ ᠤᠷᠢᠬᠤ ᠵᠡᠷᠭᠡ | ᠠᠷᠭ᠎ᠠ ᠬᠡᠯᠪᠡᠷᠢ ᠪᠠᠷ᠂ ᠪᠡᠭᠡᠵᠢᠩ ᠲᠢᠶᠠᠨᠵᠢᠨ ᠡᠾᠧᠪᠸᠢ ᠶᠢ ᠨᠢᠭᠡᠨ ᠴᠤᠭᠴᠠᠯᠠᠭᠰᠠᠨ ᠠᠰᠢᠭᠲᠠᠢ ᠵᠠᠪᠰᠢᠶᠠᠨ ᠢ | ᠪᠠᠷᠢᠮᠳᠠᠯᠠᠵᠤ ᠂ ᠪᠦᠬᠦ ᠬᠤᠰᠢᠭᠤᠨ ᠤ ᠭᠠᠳᠠᠭᠰᠢᠯ ᠠᠵᠤ ᠠᠬᠤᠢ ᠶᠢᠨ ᠰᠤᠯᠢᠯᠴᠠᠭ᠎ᠠ ᠂ ᠣᠷᠤᠨ ᠪᠠᠶᠢᠷᠢᠰᠢᠯ ᠤᠨ | ᠠᠵᠤ ᠠᠬᠤᠢ ᠶᠢᠨ ᠬᠠᠮᠲᠤᠷᠠᠯᠴᠠᠭ᠎ᠠ ᠶᠢ ᠳᠦᠯᠬᠢᠨ ᠠᠬᠢᠭᠤᠯᠵᠤ ᠰᠢᠪᠲᠤᠯᠤᠯᠲᠠ ᠲᠠᠢ ᠪᠣᠯᠭᠠᠨ᠎ᠠ᠃ ᠰᠢᠨ᠎ᠡ | ᠡᠨᠧᠷᠭᠢ ᠶᠢᠨ ᠡᠬᠢ ᠰᠣᠷᠪᠤᠯᠵᠢ᠂ ᠤᠳᠤᠬᠢᠴᠢᠯᠠᠭᠰᠠᠨ ᠮᠠᠯᠵᠢᠯ ᠲᠠᠷᠢᠶᠠᠯᠠᠩ ᠤᠨ ᠦᠢᠯᠡᠰ᠂ ᠲᠡᠭᠡᠲᠦ ᠰᠢᠨ᠎ᠡ | ᠮᠡᠷᠭᠡᠵᠢᠯ ᠤᠨ ᠠᠵᠤ ᠦᠢᠯᠡᠰ᠂ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ᠂ ᠲᠡᠷᠢᠬᠦᠨ ᠤ ᠦᠢᠯᠡᠳᠬᠦ | ᠦᠢᠯᠡᠰ ᠵᠡᠷᠭᠡ ᠲᠦᠷᠦᠯ ᠵᠦᠢᠯ ᠢ ᠭᠤᠣᠯᠳᠠᠯᠭ᠎ᠠ ᠲᠠᠢ ᠲᠠᠲᠠᠨ ᠤᠷᠤᠭᠤᠯᠵᠤ᠂ ᠬᠠᠶᠠᠭᠳᠠᠮᠠᠯ ᠬᠤᠸᠠᠷ | ᠫᠦᠵᠢᠩ ᠤᠨ ᠦᠢᠯᠡᠳᠪᠦᠷᠢ ᠪᠣᠯᠤᠨ ᠲᠦᠬᠦᠭᠡᠷᠦᠮᠵᠢᠲᠦ ᠲᠠᠷᠢᠶᠠᠯᠠᠩ ᠤᠨ ᠫᠧᠩ ᠵᠡᠷᠭᠡ ᠰᠤᠯᠠ ᠪᠠᠶᠢᠭ᠎ᠠ ᠡᠬᠢ | ᠪᠠᠶᠠᠯᠢᠭ ᠢ ᠭᠦᠢᠴᠡᠳ ᠠᠰᠢᠭᠯᠠᠨ᠎ᠠ᠃ ᠭᠠᠳᠠᠨ᠎ᠠ ᠣᠷᠤᠨ ᠤ ᠪᠡᠯᠡ ᠮᠦᠩᠭᠦ ᠪᠤᠯᠤᠨ ᠮᠡᠷᠭᠡᠵᠢᠯ ᠢ ᠠᠰᠢᠭᠯᠠᠨ | ᠤᠲᠤᠬᠢ ᠪᠠᠶᠢᠭᠠᠠᠵᠤ ᠠᠬᠤᠶᠢᠯᠠᠯ ᠬᠤᠯᠪᠤᠭᠠᠯᠠᠨ ᠳᠠᠬᠢᠨ ᠪᠦᠯᠦᠭᠯᠡᠬᠦ ᠶᠢ ᠬᠦᠬᠢᠭᠦᠯᠦᠨ ᠳᠡᠮᠵᠢᠵᠦ ᠂ | ᠠᠷᠠᠯᠵᠢᠶᠠᠴᠢᠨ ᠢ ᠤᠷᠢᠵᠤ ᠪᠡᠯᠡ ᠲᠠᠲᠠᠬᠤ ᠲᠦᠷᠦᠯ ᠵᠦᠢᠯ ᠤᠨ ᠡᠳ᠋ ᠤᠨ ᠵᠠᠰᠠᠭ ᠲᠤ ᠦᠵᠡᠭᠦᠯᠬᠦ ᠬᠤᠪᠢ | ᠨᠡᠮᠡᠷᠢ ᠶᠢ ᠳᠡᠭᠡᠭᠰᠢᠯᠡᠭᠦᠯᠵᠦ᠂ ᠠᠷᠠᠯᠵᠢᠶᠠᠴᠢᠨ ᠢ ᠤᠷᠢᠵᠤ ᠪᠡᠯᠡ ᠲᠠᠲᠠᠬᠤ ᠪᠠᠷ ᠬᠦᠭᠵᠢᠯᠲᠡ ᠪᠠᠨ ᠳᠦᠯᠬᠢᠨ | ᠠᠬᠢᠭᠤᠯᠬᠤ ᠶᠢᠨ ᠴᠢᠬᠤᠯᠠ ᠠᠷᠭ᠎ᠠ ᠪᠠᠷᠢᠯ ᠪᠣᠯᠭᠠᠨ᠎ᠠ᠃ | ᠨᠡᠶᠢᠲᠡ ᠶᠢᠨ ᠪᠣᠰᠤ ᠥᠮᠴᠢᠯᠡᠯᠲᠦ ᠠᠵᠤ ᠠᠬᠤᠢ ᠶᠢ ᠶᠡᠬᠡᠪᠡᠷ ᠬᠦᠭᠵᠢᠭᠦᠯᠦᠨ᠎ᠡ᠃ ᠨᠡᠶᠢᠲᠡ ᠶᠢᠨ ᠪᠣᠰᠤ | ᠥᠮᠴᠢᠯᠡᠯᠲᠦ ᠠᠵᠤ ᠠᠬᠤᠢ ᠶᠢ ᠬᠦᠭᠵᠢᠭᠦᠯᠬᠦ ᠬᠠᠷᠠᠭᠠᠯᠵᠠᠯ ᠤᠨ ᠲᠦᠷᠦ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠤᠨ | ᠲᠣᠣᠱᠯᠠᠭᠤᠯᠵᠤ᠂ ᠠᠷᠠᠳ ᠤᠨ ᠳᠤᠮᠳᠠᠬᠢ ᠪᠡᠯᠡ ᠮᠥᠩᠬᠦ ᠠᠵᠤ ᠠᠬᠤᠢ ᠶᠢᠨ ᠪᠠᠶᠢᠭᠤᠯᠤᠯᠲᠠ ᠳᠤ ᠣᠷᠤᠯᠴᠠᠬᠤ ᠶᠢ | ᠳᠡᠮᠵᠢᠨ᠎ᠡ᠃ ᠨᠤᠲᠤᠭ ᠤᠨ ᠠᠵᠤ ᠠᠬᠤᠶᠢᠯᠠᠯᠲᠠᠨ᠂ ᠨᠤᠲᠤᠭ ᠲᠠᠭᠠᠨ ᠪᠣᠴᠠᠵᠤ ᠦᠢᠯᠡᠰ ᠪᠦᠲᠦᠭᠡᠭᠴᠢᠳ᠂ ᠥᠨᠳᠦᠷ | ᠳᠡᠭᠡᠲᠦ ᠰᠤᠷᠭᠠᠭᠤᠯᠢ ᠠᠴᠠ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ ᠢ ᠬᠦᠬᠢᠭᠦᠯᠦᠨ ᠵᠣᠷᠢᠭᠵᠢᠭᠤᠯᠵᠤ | ᠬᠤᠪᠢ ᠶᠢᠨ ᠡᠵᠡᠩᠨᠡᠯᠲᠡ ᠶᠢᠨ ᠠᠵᠤ ᠠᠬᠤᠢ ᠡᠷᠬᠢᠯᠡᠭᠦᠯᠵᠦ᠂ ᠠᠵᠤ ᠠᠬᠤᠢ ᠶᠢᠨ ᠬᠠᠮᠲᠤᠷᠠᠭᠰᠠᠨ ᠵᠣᠬᠢᠶᠠᠨ | ᠪᠠᠶᠢᠭᠤᠯᠤᠯᠲᠠ ᠶᠢ ᠨᠡᠶᠢᠲᠡ ᠶᠢᠨ ᠪᠣᠰᠤ ᠥᠮᠴᠢᠯᠡᠯᠲᠦ ᠠᠵᠤ ᠠᠬᠤᠢ ᠡᠷᠬᠢᠯᠡᠬᠦ ᠵᠠᠮ ᠢᠶᠠᠷ ᠬᠦᠲᠦᠯᠦᠨ | ᠳᠠᠭᠠᠭᠤᠯᠤᠨ᠎ᠠ᠃ ᠨᠡᠶᠢᠲᠡ ᠶᠢᠨ ᠪᠣᠰᠤ ᠥᠮᠴᠢᠯᠡᠯᠲᠦ ᠠᠵᠤ ᠠᠬᠤᠶᠢᠯᠠᠯ ᠤᠨ ᠬᠦᠷᠢᠶ᠎ᠡ ᠬᠡᠪᠴᠢᠶ᠎ᠡ ᠶᠢ ᠳᠠᠰᠤᠷᠠᠯ | ᠦᠭᠡᠢ ᠥᠷᠭᠡᠳᠭᠡᠵᠦ᠂ ᠳᠠᠪᠠᠭᠤᠯᠢᠭ ᠠᠵᠤ ᠦᠢᠯᠡᠰ ᠢ ᠨᠢᠭᠡ ᠪᠦᠯᠥᠭ ᠤᠯᠠᠷᠢᠭᠤᠯᠵᠤ᠂ ᠥᠪᠡᠷ ᠢᠶᠠᠨ ᠡᠭᠦᠳᠴᠦ | ᠪᠦᠲᠦᠭᠡᠭᠰᠡᠨ ᠠᠵᠤ ᠦᠢᠯᠡᠰ ᠢ ᠨᠢᠭᠡ ᠪᠥᠯᠦᠭ ᠪᠣᠶᠢᠵᠢᠭᠤᠯᠵᠤ᠂ ᠣᠳᠣ ᠪᠠᠶᠢᠭ᠎ᠠ ᠠᠵᠤ ᠠᠬᠤᠶᠢᠯᠠᠯ ᠢ ᠨᠢᠭᠡ | ᠪᠦᠯᠦᠭ ᠳᠠᠰ ᠳᠡᠪᠰᠢᠭᠦᠯᠵᠦ᠂ ᠨᠡᠶᠢᠲᠡ ᠶᠢᠨ ᠪᠣᠰᠤ ᠥᠮᠴᠢᠯᠡᠯᠲᠦ ᠠᠵᠤ ᠠᠬᠤᠢ ᠶᠢᠨ ᠳᠠᠯᠳᠠ ᠬᠥᠴᠦᠨ ᠢ ᠮᠠᠯᠲᠠᠨ | ᠢᠯᠡᠷᠡᠭᠦᠯᠵᠦ᠂ ᠪᠦᠬᠦᠯᠢ ᠴᠣᠭᠴᠠᠲᠤ ᠪᠣᠳᠠᠳᠤ ᠬᠥᠴᠦᠨ ᠢᠶᠠᠨ ᠠᠭᠠᠵᠢᠮ ᠢᠶᠠᠷ ᠳᠡᠭᠡᠭᠰᠢᠯᠡᠭᠦᠯᠦᠨ᠎ᠡ᠃ | ᠣᠯᠠᠨ ᠠᠷᠭ᠎ᠠ ᠵᠠᠮ ᠢᠶᠠᠷ ᠲᠦᠷᠦᠯ ᠵᠦᠢᠯ ᠢ ᠭᠤᠶᠤᠴᠢᠯᠠᠨ᠎ᠠ᠃ ᠤᠯᠤᠰ ᠤᠨ ᠲᠦᠷᠦ ᠶᠢᠨ ᠪᠤᠳᠤᠯᠭ᠎ᠠ ᠶᠢ | ᠰᠠᠨᠠᠭᠠᠴᠢᠯᠠᠭ᠎ᠠ ᠠᠴᠠ ᠪᠠᠨ ᠵᠤᠯᠭᠤᠭᠤᠯᠵᠤ᠂ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠨᠠᠷᠢᠯᠢᠭ | ᠲᠦᠰᠦᠪᠯᠡᠨ ᠵᠢᠷᠤᠭᠯᠠᠵᠤ᠂ ᠨᠡᠩ ᠤᠯᠠᠨ ᠲᠦᠷᠦᠯ ᠵᠦᠢᠯ ᠢ ᠤᠯᠠᠭᠠᠨᠬᠠᠳᠠ ᠬᠤᠲᠠ᠂ ᠦᠪᠡᠷᠳᠡᠭᠡᠨ ᠵᠠᠰᠠᠬᠤ ᠤᠷᠤᠨ | ᠪᠤᠯᠤᠨ ᠪᠦᠬᠦ ᠤᠯᠤᠰ ᠤᠨ ᠪᠠᠶᠢᠭᠤᠯᠤᠯᠲᠠ ᠶᠢᠨ ᠲᠦᠯᠦᠪᠯᠡᠯᠭᠡ ᠶᠢᠨ ᠬᠡᠪᠴᠢᠶᠡᠨ ᠲᠤᠳᠤᠷ᠎ᠠ ᠤᠷᠤᠭᠤᠯᠵᠠᠢ᠃ ᠪᠡᠯᠡ | ᠣᠷᠤᠭᠤᠯᠤᠯᠲᠠ ᠪᠠᠷ ᠬᠦᠭᠵᠢᠯᠲᠡ ᠶᠢ ᠠᠬᠢᠭᠤᠯᠬᠤ ᠶᠢ ᠪᠠᠷᠢᠮᠳᠠᠯᠠᠵᠤ᠂ ᠪᠡᠯᠡ ᠤᠷᠤᠭᠤᠯᠬᠤ ᠬᠠᠨᠳᠦᠰᠢ ᠪᠠᠨ ᠵᠦᠪ | ᠣᠨᠤᠪᠴᠢᠲᠠᠢ ᠡᠵᠡᠮᠳᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠦᠨᠳᠦᠰᠦᠨ ᠲᠣᠨᠤᠭ | ᠲᠦᠬᠦᠭᠡᠷᠦᠮᠵᠢ᠂ ᠠᠷᠠᠳ ᠤᠨ ᠠᠮᠢᠳᠤᠷᠠᠯ᠂ ᠣᠷᠴᠢᠨ ᠲᠣᠭᠤᠷᠢᠨ ᠤ ᠬᠠᠮᠠᠭᠠᠯᠠᠯᠲᠠ᠂ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠵᠡᠷᠭᠡ ᠬᠦᠷᠢᠶ᠎ᠡ ᠬᠡᠪᠴᠢᠶᠡᠨ ᠳᠤ ᠨᠡᠩ ᠣᠯᠠᠨ ᠲᠦᠷᠦᠯ ᠵᠦᠢᠯ ᠪᠣᠯᠤᠨ ᠪᠡᠯᠡ ᠣᠷᠤᠭᠤᠯᠤᠯᠲᠠ ᠶᠢ | ᠭᠤᠶᠤᠴᠢᠯᠠᠨ ᠣᠯᠵᠤ᠂ ᠨᠡᠶᠢᠭᠡᠮ ᠤᠨ ᠠᠵᠤ ᠠᠬᠤᠢ ᠶᠢᠨ ᠬᠦᠭᠵᠢᠯᠳᠡ ᠶᠢᠨ ᠬᠠᠩᠭᠠᠯᠭ᠎ᠠ ᠶᠢ ᠪᠠᠲᠤᠯᠠᠬᠤ ᠶᠢ | ᠳᠦᠯᠬᠢᠨ ᠠᠬᠢᠭᠤᠯᠤᠨ᠎ᠠ᠃ | ︵ ᠶᠢᠰᠦ︶ ᠡᠳ᠋ ᠤᠨ ᠭᠠᠶᠢᠯᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠠᠲᠤᠯᠠᠭ᠎ᠠ ᠶᠢᠨ ᠴᠢᠳᠠᠯ ᠢᠶᠠᠨ | ᠴᠢᠩᠭᠠᠷᠠᠭᠤᠯᠤᠨ᠎ᠠ | ᠡᠳ᠋ ᠭᠠᠶᠢᠯᠢ ᠶᠢᠨ ᠢᠷᠡᠯᠲᠡ ᠪᠠᠨ ᠦᠷᠭᠡᠳᠭᠡᠵᠦ᠂ ᠣᠷᠤᠯᠭ᠎ᠠ ᠪᠠᠨ ᠳᠣᠭᠲᠠᠭᠤᠨ ᠨᠡᠮᠡᠭᠳᠡᠭᠦᠯᠦᠨ᠎ᠡ᠃ | ᠡᠳ᠋ ᠤᠨ ᠭᠠᠶᠢᠯᠢ ᠶᠢᠨ ᠬᠦᠬᠢᠭᠦᠯᠦᠨ ᠵᠣᠷᠢᠭᠵᠢᠭᠤᠯᠬᠤ ᠲᠦᠷᠦ ᠶᠢᠨ ᠪᠣᠳᠤᠯᠭ᠎ᠠ ᠶᠢ ᠰᠠᠶᠢᠲᠤᠷ ᠬᠡᠷᠡᠭᠵᠢᠭᠦᠯᠵᠦ᠂ | ᠠᠵᠤ ᠠᠬᠤᠢ ᠶᠢᠨ ᠦᠷ᠎ᠡ ᠠᠰᠢᠭ ᠰᠠᠶᠢᠨ᠂ ᠡᠳ᠋ ᠤᠨ ᠵᠠᠰᠠᠭ ᠤᠨ ᠬᠤᠪᠢ ᠨᠡᠮᠡᠷᠢ ᠶᠡᠭᠡ᠂ ᠬᠦᠭᠵᠢᠯᠲᠡᠶᠢᠨ | ᠳᠦᠯᠬᠢᠴᠡ ᠬᠦᠴᠦᠨ ᠴᠢᠩᠭ᠎ᠠ ᠨᠢᠭᠡ ᠪᠦᠯᠦᠭ ᠠᠵᠤ ᠠᠬᠤᠶᠢᠯᠠᠯ ᠢ ᠳᠡᠳᠭᠦᠨ ᠬᠦᠭᠵᠢᠭᠦᠯᠵᠦ᠂ ᠡᠳ᠋ ᠤᠨ | ᠵᠠᠰᠠᠭ ᠤᠨ ᠭᠠᠶᠢᠯᠢ ᠶᠢᠨ ᠣᠷᠤᠯᠭ᠎ᠠ ᠶᠢᠨ ᠵᠠᠮ ᠢ ᠳᠠᠰᠤᠷᠠᠯᠲᠠ ᠦᠭᠡᠢ ᠦᠷᠭᠡᠳᠭᠡᠨ᠎ᠡ᠃ ᠤᠯᠤᠰ ᠤᠨ ᠪᠡᠯᠡ | ᠣᠷᠤᠭᠤᠯᠤᠯᠲᠠ ᠶᠢ ᠢᠳᠡᠪᠬᠢᠲᠡᠢ ᠭᠤᠶᠤᠴᠢᠯᠠᠵᠤ᠂ ᠡᠳ᠋ ᠤᠨ ᠵᠠᠰᠠᠭ ᠤᠨ ᠪᠡᠯᠡ ᠮᠥᠩᠬᠦ ᠶᠢ ᠠᠪᠴᠠᠯᠳᠤᠭᠤᠯᠤᠨ | ᠬᠡᠷᠡᠭᠯᠡᠵᠦ᠂ ᠣᠷᠤᠨ ᠨᠤᠲᠤᠭ ᠤᠨ ᠡᠳ᠋ ᠤᠨ ᠵᠠᠰᠠᠭ ᠤᠨ ᠵᠠᠷᠤᠯᠭ᠎ᠠ ᠶᠢ ᠪᠠᠭᠠᠰᠬᠠᠨ᠎ᠠ᠃ ᠡᠳ᠋ ᠤᠨ ᠢᠷᠡᠯᠲᠡ ᠶᠢᠨ | ᠳᠠᠯᠳᠠ ᠬᠦᠴᠦᠨ ᠢ ᠭᠦᠨ ᠰᠦᠪᠡᠭᠴᠢᠯᠡᠵᠦ᠂ ᠬᠤᠷᠢᠶᠠᠪᠠᠰᠤ ᠵᠣᠬᠢᠬᠤ ᠵᠦᠢᠯ ᠢ ᠪᠦᠬᠦᠨ ᠢ ᠬᠤᠷᠢᠶᠠᠵᠤ᠂ | ᠲᠡᠩᠴᠡᠭᠦᠷᠢᠲᠡᠢ ᠬᠦᠮᠦᠷᠭᠡᠯᠡᠨᠡ᠃ ᠤᠯᠤᠰ ᠤᠨ ᠥᠮᠴᠢᠯᠡᠯᠲᠦ ᠨᠥᠬᠡᠴᠡ ᠪᠡᠯᠡ ᠬᠦᠷᠥᠩᠭᠡ ᠶᠢ ᠠᠮᠢᠯᠠᠭᠤᠯᠵᠤ᠂ | ᠬᠡᠷᠡᠭᠯᠡᠵᠦ ᠪᠣᠯᠬᠤᠶᠢᠴᠠ ᠡᠳ᠋ ᠤᠨ ᠬᠦᠴᠦᠨ ᠢᠶᠠᠨ ᠦᠨᠡᠨᠬᠦ ᠨᠡᠮᠡᠭᠳᠡᠭᠦᠯᠦᠨ᠎ᠡ᠃ | ᠪᠦᠲᠦᠴᠡ ᠶᠢ ᠰᠢᠯᠢᠳᠡᠭᠵᠢᠭᠦᠯᠦᠨ᠂ ᠵᠠᠷᠤᠯᠭ᠎ᠠ ᠶᠢ ᠪᠠᠲᠤᠯᠠᠨ᠎ᠠ᠃ ᠠᠷᠪᠢᠯᠠᠨ ᠭᠠᠮᠨᠠᠬᠤ ᠦᠵᠡᠯ ᠤᠬᠠᠮᠰᠠᠷ ᠢ | ᠪᠣᠢ ᠪᠣᠯᠭᠠᠵᠤ᠂ ᠰᠢᠶᠠᠩ ᠪᠠᠯᠭᠠᠰᠤᠨ ᠤ ᠪᠠᠶᠢᠭᠤᠯᠤᠯᠭ᠎ᠠ ᠶᠢᠨ ᠲᠦᠰᠦᠪ ᠢ ᠴᠢᠩᠭᠠᠳᠬᠠᠨ᠂ ︽ᠠᠯᠪᠠᠨ ᠤ ᠭᠤᠷᠪᠠᠨ | ᠵᠠᠷᠤᠳᠠᠯ ︾ ᠢ ᠪᠠᠭᠠᠰᠬᠠᠨ᠂ ᠰᠢᠨ᠎ᠡ ᠪᠠᠷ ᠨᠡᠮᠡᠭᠳᠡᠭᠰᠡᠨ ᠪᠡᠯᠡ ᠮᠥᠩᠬᠦ ᠶᠢ ᠭᠤᠣᠯ ᠨᠢ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠳᠡᠭᠡᠷ᠎ᠡ ᠬᠡᠷᠡᠭᠯᠡᠨ᠂ ᠴᠢᠳᠠᠯ ᠤᠨ ᠬᠢᠷᠢ ᠪᠠᠷ ᠢᠶᠠᠨ ᠴᠠᠷᠮᠠᠶᠢᠬᠤ ᠵᠠᠷᠴᠢᠮ ᠢ ᠪᠠᠷᠢᠮᠳᠠᠯᠠᠵᠤ᠂ ᠪᠡᠯᠡ | ᠮᠥᠩᠬᠦ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠬᠡᠷᠡᠭᠯᠡᠵᠦ᠂ ᠡᠳ᠋ ᠤᠨ ᠵᠠᠰᠠᠭ ᠤᠨ ᠪᠡᠯᠡ ᠮᠥᠩᠬᠦᠨ ᠤ | ᠦᠷ᠎ᠡ ᠠᠰᠢᠭ ᠢ ᠭᠦᠢᠴᠡᠳ ᠪᠠᠳᠠᠷᠠᠭᠤᠯᠵᠤ ᠳᠤᠰᠬᠠᠢ ᠵᠦᠢᠯ ᠢᠶᠠᠷ ᠣᠷᠤᠨᠵᠢᠭᠤᠯᠬᠤ ᠪᠠ ᠭᠤᠣᠯᠳᠠᠯᠭ᠎ᠠ ᠲᠠᠢ | ᠵᠠᠷᠤᠯᠭ᠎ᠠ ᠶᠢ ᠪᠠᠲᠤᠯᠠᠵᠤ ᠂ ᠴᠠᠯᠢᠩ ᠮᠥᠩᠬᠦ ᠶᠢ ᠲᠠᠷᠬᠠᠨ ᠥᠭᠬᠦ ᠪᠠ ᠠᠷᠠᠳ ᠤᠨ ᠠᠮᠢᠳᠤᠷᠠᠯ ᠤᠨ ᠵᠠᠷᠤᠯᠭ᠎ᠠ ᠶᠢ | ᠡᠷᠬᠡᠪᠰᠢ ᠪᠠᠲᠤᠯᠠᠨ᠎ᠠ᠃ | ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠦᠷᠢᠮᠵᠢᠯ ᠢ ᠠᠬᠢᠭᠤᠯᠤᠨ᠎ᠠ᠃ ᠡᠳ᠋ ᠤᠨ ᠵᠠᠰᠠᠭ ᠤᠨ | ᠲᠦᠰᠦᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠢᠨ᠎ᠡ ᠲᠦᠰᠦᠪ ᠤᠨ ᠠᠷᠭ᠎ᠠ ᠶᠢ ᠨᠠᠷᠢᠨ | ᠬᠢᠨᠠᠮᠠᠭᠠᠢ ᠬᠡᠷᠡᠭᠵᠢᠭᠦᠯᠵᠦ᠂ ᠲᠦᠰᠦᠪ ᠦᠭᠡᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠡᠳ᠋ ᠤᠨ ᠵᠠᠰᠠᠭ ᠤᠨ | ᠲᠦᠰᠦᠪ ᠪᠠ ᠲᠦᠰᠦᠪ ᠤᠨ ᠭᠦᠢᠴᠡᠳᠭᠡᠯ ᠢ ᠢᠯᠡ ᠪᠣᠯᠭᠠᠨ᠎ᠠ᠃ ᠤᠯᠤᠰ ᠤᠨ ᠬᠦᠮᠥᠷᠭᠡ ᠶᠢ ᠲᠦᠪᠯᠡᠷᠡᠭᠦᠯᠦᠨ | ᠵᠠᠷᠤᠴᠠᠭᠤᠯᠬᠤ ᠦᠭᠡᠷᠡᠴᠢᠯᠡᠯᠲᠡ ᠪᠠᠨ ᠲᠦᠷᠭᠡᠳᠭᠡᠵᠦ᠂ ᠰᠢᠶᠠᠩ ᠤᠨ ᠡᠳ᠋ ᠢ ᠬᠤᠰᠢᠭᠤ ᠬᠠᠮᠢᠶᠠᠷᠠᠬᠤ᠂ | ᠲᠣᠰᠬᠤᠨ ᠤ ᠡᠳ᠋ ᠢ ᠰᠢᠶᠠᠩ ᠬᠠᠮᠢᠶᠠᠷᠠᠬᠤ ᠪᠣᠯᠤᠨ ᠠᠯᠪᠠᠨ ᠤ ᠺᠠᠲᠠᠷ ᠢᠶᠠᠷ ᠲᠠᠰᠤᠯᠠᠨ ᠪᠣᠳᠤᠬᠤ ᠲᠦᠷᠢᠮ ᠢ | ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠵᠠᠰᠠᠭ ᠤᠨ ᠣᠷᠳᠤᠨ ᠤ ᠬᠤᠳᠠᠯᠳᠤᠨ ᠠᠪᠬᠤ ᠬᠡᠪᠴᠢᠶ᠎ᠡ ᠶᠢ ᠦᠷᠭᠡᠳᠭᠡᠨ᠂ | ᠬᠤᠳᠠᠯᠳᠤᠨ ᠠᠪᠬᠤ ᠡᠮᠬᠢ ᠲᠢᠭᠯᠢᠮ ᠢ ᠳᠦᠷᠢᠮᠵᠢᠭᠦᠯᠦᠨ᠂ ︽ᠬᠤᠳᠠᠯᠳᠤᠨ ᠠᠪᠬᠤ ᠵᠦᠢᠯ ᠪᠦᠬᠦᠨ ᠢ ᠵᠠᠰᠠᠭ ᠤᠨ | ᠣᠷᠳᠤᠨ ᠬᠤᠳᠠᠯᠳᠤᠨ ᠠᠪᠬᠤ ︾ ᠶᠢ ᠪᠡᠶᠡᠯᠡᠭᠦᠯᠦᠨ᠎ᠡ᠂ ᠭᠠᠵᠠᠷ ᠰᠢᠷᠤᠢ᠂ ᠠᠭᠤᠷᠬᠠᠢ ᠬᠠᠶᠢᠨ ᠰᠢᠨᠵᠢᠯᠡᠬᠦ ᠡᠷᠬᠡ᠂ | ᠠᠭᠤᠷᠬᠠᠢ ᠮᠠᠯᠲᠠᠬᠤ ᠡᠷᠬᠡ ᠵᠡᠷᠭᠡ ᠤᠯᠤᠰ ᠤᠨ ᠥᠮᠴᠢᠯᠡᠯᠲᠦ ᠪᠡᠯᠡ ᠬᠦᠷᠦᠩᠭᠡ ᠶᠢ ᠬᠠᠤᠯᠢ ᠶᠤᠰᠤᠭᠠᠷ | ᠰᠢᠢᠳᠪᠦᠷᠢᠯᠡᠨ᠂ ︽ ᠬᠤᠳᠠᠯᠳᠤᠵᠤ ᠭᠠᠷᠭᠠᠬᠤ ᠵᠦᠢᠯ ᠪᠦᠬᠦᠨ ᠢ ᠦᠨ᠎ᠡ ᠬᠠᠶᠠᠯᠴᠠᠨ ᠬᠤᠳᠠᠯᠳᠤᠬᠤ ︾ | ᠪᠣᠯᠭᠠᠨ᠎ᠠ᠃ ᠵᠠᠰᠠᠭ ᠤᠨ ᠣᠷᠳᠤᠨ ᠤ ᠪᠡᠯᠡ ᠣᠷᠤᠭᠤᠯᠤᠯᠲᠠ ᠶᠢ ᠬᠢᠨᠠᠨ ᠳᠣᠭᠲᠠᠭᠠᠬᠤ ᠡᠷᠴᠢᠮ ᠢᠶᠠᠨ | ᠴᠢᠩᠭᠠᠷᠠᠭᠤᠯᠵᠤ᠂ ᠡᠳ᠋ ᠤᠨ ᠵᠠᠰᠠᠭ ᠤᠨ ᠪᠡᠯᠡ ᠮᠥᠩᠬᠦ ᠶᠢᠨ ᠡᠮᠬᠢ ᠲᠢᠭᠯᠢᠮ ᠲᠠᠢ ᠬᠡᠷᠡᠭᠯᠡᠭᠡ ᠶᠢ ᠪᠠᠲᠤᠯᠠᠨ᠎ᠠ᠃ | ︵ᠠᠷᠪᠠ︶ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠲᠤᠭᠳᠠᠭᠤᠨ ᠢ | ᠬᠠᠮᠠᠭᠠᠯᠠᠨ᠎ᠠ | ᠨᠡᠶᠢᠭᠡᠮ ᠤᠨ ᠵᠦᠷᠢᠴᠡᠯ ᠮᠦᠷᠭᠦᠯᠳᠦᠭᠡᠨ ᠢ ᠵᠦᠢ ᠵᠣᠬᠢᠰᠲᠠᠢ ᠡᠶᠡᠳᠡᠭᠦᠯᠦᠨ᠎ᠡ᠃ ᠬᠦᠭᠵᠢᠯᠲᠡ ᠪᠤᠯᠤᠨ | ᠲᠤᠭᠳᠠᠭᠤᠨ ᠤ ᠬᠠᠷᠢᠴᠠᠭ᠎ᠠ ᠶᠢ ᠵᠦᠪ ᠢᠶᠠᠷ ᠲᠠᠨᠢᠵᠤ᠂ ︽ ᠳᠦᠷᠪᠡᠨ ᠡᠶᠡᠲᠡᠭᠦᠯᠭᠡ ᠶᠢ ᠵᠤᠯᠭᠤᠭᠤᠯᠬᠤ ︾ | ᠰᠢᠰᠲ᠋ᠧᠮ ᠢ ᠤᠯᠠᠮ ᠲᠡᠭᠦᠯᠳᠡᠷᠵᠢᠭᠦᠯᠦᠨ ᠪᠠᠶᠢᠭᠤᠯᠵᠤ᠂ ᠨᠡᠶᠢᠭᠡᠮ ᠤᠨ ᠵᠦᠷᠢᠴᠡᠯ ᠵᠢᠭᠤᠷᠠᠯᠳᠠᠭᠠᠨ ᠢ ᠨᠠᠷᠢᠨ | ᠨᠢᠮᠪᠠᠢ ᠪᠠᠶᠢᠴᠠᠭᠠᠨ ᠰᠢᠳᠪᠦᠷᠢᠯᠡᠵᠤ᠂ ᠠᠰᠠᠭᠤᠳᠠᠯ ᠢ ᠦᠨᠳᠦᠰᠦᠨ ᠱᠠᠲᠤ ᠪᠠ ᠰᠤᠶᠤᠭᠠᠯᠠᠬᠤ ᠱᠠᠲᠤᠨ ᠳᠤᠨᠢ | ᠰᠢᠢᠳᠪᠦᠷᠢᠯᠡᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠵᠠᠮ ᠢ ᠰᠢᠯᠤᠭᠤᠨ ᠳᠠᠷᠳᠠᠩ ᠪᠣᠯᠭᠠᠵᠤ᠂ ᠵᠠᠬᠢᠳᠠᠯ | ᠰᠤᠷᠪᠤᠯᠵᠢᠯᠠᠭ᠎ᠠ ᠶᠢᠨ ᠡᠮᠬᠢ ᠳᠠᠷᠠᠭᠠᠯᠠᠯ ᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠡᠮᠬᠢ ᠲᠢᠭᠯᠢᠮ ᠢ | ᠳᠦᠷᠢᠮᠵᠢᠭᠦᠯᠵᠦ᠂ ᠣᠯᠠᠨ ᠲᠦᠮᠡᠨ ᠢ ᠵᠦᠢ ᠵᠣᠬᠢᠰᠲᠠᠢ᠂ ᠬᠠᠤᠯᠢ ᠲᠦᠷᠢᠮ ᠳᠤ ᠨᠡᠶᠢᠴᠡᠭᠰᠡᠨ ᠠᠷᠭ᠎ᠠ ᠵᠠᠮ ᠢᠶᠠᠷ | ᠬᠦᠰᠡᠯ ᠱᠠᠭᠠᠷᠳᠠᠯᠭ᠎ᠠ ᠪᠠᠨ ᠢᠯᠡᠳᠭᠡᠬᠦ ᠶᠢ ᠬᠦᠲᠦᠯᠦᠨ ᠳᠠᠭᠠᠭᠤᠯᠵᠤ᠂ ᠳᠠᠷᠤᠭᠳᠠᠵᠤ ᠪᠠᠶᠢᠭ᠎ᠠ ᠵᠠᠬᠢᠳᠡᠯ | ᠰᠤᠷᠪᠤᠯᠵᠢᠯᠠᠭ᠎ᠠ ᠶᠢᠨ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠨ᠎ᠡ᠃ | ᠬᠦᠭᠵᠢᠯᠲᠡ ᠶᠢ ᠭᠦᠨᠵᠡᠭᠡᠶᠢᠷᠡᠭᠦᠯᠦᠨ᠂ ᠡᠩᠬᠡ ᠲᠠᠶᠢᠪᠤᠩ ᠪᠠᠶᠢᠭᠤᠯᠤᠨ᠎ᠠ᠃ ᠪᠣᠰᠤᠭ᠎ᠠ ᠴᠣᠭᠴᠠᠲᠤ ᠠᠮᠤᠷ | ᠲᠦᠪᠰᠢᠨ ᠤ ᠰᠡᠷᠭᠡᠶᠢᠯᠡᠨ ᠬᠢᠵᠠᠭᠠᠷᠯᠠᠬᠤ ᠰᠢᠰᠢᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠶᠢ | ᠵᠦᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠣᠯᠠᠨ ᠲᠦᠮᠡᠨ ᠤ ᠠᠶᠤᠯᠭᠦᠢ | ᠤᠬᠠᠮᠰᠠᠷ ᠢ ᠴᠢᠩᠭᠠᠷᠠᠭᠤᠯᠤᠨ᠎ᠠ ᠃ ᠢᠳᠡᠭᠡᠨ ᠤ ᠵᠦᠢᠯ᠂ ᠡᠮ ᠤᠨ ᠵᠦᠢᠯ ᠤᠨ ᠠᠶᠤᠯᠭᠦᠢ ᠬᠠᠮᠢᠶᠠᠷᠤᠯᠲᠠ ᠶᠢᠨ | ᠠᠵᠢᠯ ᠢ ᠣᠯᠠᠮ ᠨᠢᠭᠡ ᠠᠯᠬᠤᠮ ᠴᠢᠩᠭᠠᠳᠬᠠᠵᠤ᠂ ᠦᠷᠭᠡᠨ ᠣᠯᠠᠨ ᠠᠷᠠᠳ ᠲᠦᠮᠡᠨ ᠤ ︽ ᠢᠳᠡᠭᠡᠨ ᠤ ᠲᠠᠯ᠎ᠠ | ᠳᠡᠭᠡᠷᠡᠬᠢ ᠠᠶᠦᠯᠭᠦᠢ︾ ᠶᠢ ᠪᠠᠳᠤᠯᠠᠨ᠎ᠠ᠃ ᠠᠶᠦᠯᠭᠦᠢ ᠦᠢᠯᠡᠳᠪᠦᠷᠢᠯᠡᠬᠦ ᠠᠵᠢᠯ ᠢ ᠦᠨᠡᠨᠬᠦ ᠴᠢᠩᠭᠠᠳᠬᠠᠨ᠂ ᠭᠤᠣᠯ | ᠬᠠᠷᠢᠭᠤᠴᠠᠯᠭ᠎ᠠ ᠶᠢᠨ ᠳᠦᠷᠢᠮ ᠪᠣᠯᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠠᠤᠯᠢ ᠳᠦᠷᠢᠮ ᠢ | ᠵᠦᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ᠂ ᠠᠳᠡᠯ ᠡᠭᠦᠰᠭᠡᠬᠦ ᠡᠯ᠎ᠡ ᠵᠦᠢᠯ ᠤᠨ ᠭᠡᠮ ᠰᠤᠭᠤᠭ ᠢ | ᠵᠠᠶᠢᠯᠠᠭᠤᠯᠤᠨ᠂ ᠠᠶᠤᠯᠭᠦᠢ ᠵᠢᠨᠠᠳᠡᠯ ᠡᠭᠦᠰᠬᠦ ᠪᠣᠯᠤᠮᠵᠢ ᠶᠢ ᠠᠯᠢ ᠴᠢᠳᠠᠬᠤ ᠪᠠᠷ ᠰᠡᠷᠭᠡᠶᠢᠯᠡᠵᠦ ᠪᠠᠭᠠᠰᠬᠠᠨ᠎ᠠ᠃ | ᠨᠡᠶᠢᠭᠡᠮ ᠤᠨ ᠬᠠᠮᠢᠶᠠᠷᠤᠯᠲᠠ ᠶᠢ ᠳᠠᠰᠤᠷᠠᠯᠲᠠ ᠦᠭᠡᠢ ᠰᠢᠨᠡᠳᠭᠡᠬᠦ ᠬᠡᠷᠡᠭᠲᠡᠢ᠃ ᠬᠤᠲᠠ ᠬᠥᠳᠡᠭᠡ ᠶᠢᠨ | ᠲᠣᠣᠷᠵᠢᠭᠤᠯᠤᠨ ᠬᠠᠮᠢᠶᠠᠷᠠᠬᠤ ᠬᠠᠮᠢᠶᠠᠷᠤᠯᠲᠠ ᠶᠢ ᠭᠦᠨᠵᠡᠭᠡᠶᠢᠷᠡᠭᠦᠯᠦᠨ ᠂ ᠬᠤᠰᠢᠭᠤ᠂ ᠰᠢᠶᠠᠩ᠂ ᠲᠣᠰᠬᠤᠨ ᠤ | ᠭᠤᠷᠪᠠᠨ ᠳᠡᠰ ᠤᠨ ᠵᠣᠬᠢᠶᠠᠨ ᠪᠠᠶᠢᠭᠤᠯᠤᠯᠲᠠ ᠶᠢ ᠴᠢᠩᠭᠠᠳᠬᠠᠵᠤ᠂ ︽ ᠬᠦᠨᠳᠡᠯᠡᠨ ᠭᠤᠤᠯᠳᠦ ᠪᠠᠷ︾ ᠪᠦᠬᠦᠨ ᠢ | ᠬᠤᠯᠪᠤᠭᠰᠠᠨ ᠠᠵᠢᠯ ᠤᠨ ᠲᠦᠯᠦᠪᠰᠢᠷᠡᠯ ᠢ ᠪᠣᠢ ᠪᠣᠯᠭᠠᠨ᠎ᠠ᠃ ᠬᠦᠨᠳᠡᠭᠡᠲᠦᠢ ᠬᠡᠷᠡᠭ ᠶᠠᠪᠤᠳᠠᠯ ᠪᠣᠯᠤᠨ | ᠰᠦᠯᠵᠢᠶᠡᠨ ᠤ ᠳᠣᠰᠬᠠᠯ ᠪᠠᠶᠢᠳᠠᠯ ᠢ ᠨᠢᠭᠲᠠ ᠠᠩᠬᠠᠷᠤᠨ᠂ ᠨᠡᠶᠢᠭᠡᠮ ᠤᠨ ᠶᠠᠷᠢᠶ᠎ᠠ ᠬᠡᠯᠡᠯᠴᠡᠭᠡ ᠶᠢ ᠢᠳᠡᠪᠬᠢᠲᠡᠢ | ᠬᠦᠲᠦᠯᠦᠨ ᠳᠠᠭᠠᠭᠤᠯᠬᠤ ᠪᠠ ᠬᠠᠷᠢᠭᠤᠯᠲᠠ ᠳᠤᠰᠬᠠᠵᠤ ᠂ ᠪᠠᠴᠢᠮ ᠪᠠᠶᠢᠳᠠᠯ ᠢ ᠠᠷᠭᠠᠴᠠᠬᠤ ᠰᠢᠰᠢᠲ᠋ᠧᠮ ᠤᠨ | ᠪᠠᠶᠢᠭᠤᠯᠤᠯᠲᠠ ᠶᠢ ᠴᠢᠩᠭᠠᠳᠬᠠᠨ᠂ ᠭᠡᠨᠡᠳᠲᠡ ᠶᠢᠨ ᠬᠡᠷᠡᠭ ᠶᠡᠪᠤᠳᠠᠯ ᠢ ᠠᠷᠭᠠᠴᠠᠭᠠᠬᠤ ᠲᠦᠰᠦᠯ ᠢᠶᠠᠨ | ᠲᠡᠭᠦᠯᠳᠡᠷᠵᠢᠭᠦᠯᠦᠨ᠂ ᠰᠡᠷᠭᠡᠶᠢᠯᠡᠨ ᠵᠠᠶᠢᠯᠠᠭᠤᠯᠬᠤ ᠪᠣᠯᠤᠨ ᠪᠠᠶᠢᠴᠠᠭᠠᠨᠰᠢᠢᠳᠪᠦᠷᠢᠯᠡᠬᠦ ᠴᠢᠳᠠᠯ ᠢᠶᠠᠨ ᠪᠦᠬᠦ | ᠲᠠᠯ᠎ᠠ ᠪᠠᠷ ᠳᠡᠭᠡᠭᠰᠢᠯᠡᠭᠦᠯᠦᠨ᠎ᠡ᠃ ᠲᠣᠰᠬᠤᠨ ᠤ ᠳᠡᠰ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠳᠦᠷᠢᠮᠵᠢᠭᠦᠯᠦᠨ᠂ ᠲᠣᠰᠬᠤᠨ ᠤ ᠺᠠᠲᠠᠷ ᠤᠨ ᠠᠵᠤ ᠠᠬᠤᠢ ᠶᠢᠨ ᠬᠠᠷᠢᠭᠤᠴᠠᠯᠭ᠎ᠠ ᠶᠢ ᠨᠢᠭᠲᠠᠯᠠᠨ ᠪᠣᠳᠤᠬᠤ ᠠᠵᠢᠯ ᠢ | ᠰᠠᠶᠢᠲᠤᠷ ᠬᠢᠵᠤ᠂ ᠪᠦᠬᠦ ᠬᠤᠰᠢᠭᠤᠨ ᠤ ᠨᠠᠢᠮᠠᠳᠤᠭᠠᠷ ᠤᠳᠠᠭᠠᠨ ᠤ ᠲᠣᠰᠬᠤᠨ ᠤ ᠵᠦᠪᠯᠡᠯ ᠤᠨ ᠡᠭᠡᠯᠵᠢ | ᠰᠣᠯᠢᠬᠤ ᠰᠣᠩᠭᠤᠭᠤᠯᠢ ᠶᠢᠨ ᠠᠵᠢᠯ ᠢ ᠳᠠᠭᠤᠰᠬᠠᠨ᠎ᠠ᠃ ᠬᠤᠰᠢᠭᠤ ᠶᠢ ᠬᠤᠲᠠ ᠪᠣᠯᠭᠠᠨ ᠪᠦᠲᠦᠭᠡᠨ ᠪᠠᠶᠢᠭᠤᠯᠬᠤ | ᠂ ᠬᠤᠸᠠᠩ ᠶᠠᠩ ᠸᠠ ᠪᠠᠯᠭᠠᠰᠤ ᠶᠢ ᠰᠢᠨ᠎ᠡ ᠪᠠᠷ ᠪᠠᠶᠢᠭᠤᠯᠬᠤ᠂ ᠮᠣᠳᠤᠨ ᠠᠶᠢᠯ ᠰᠢᠶᠠᠩ ᠢ ᠪᠠᠯᠭᠠᠰᠤ ᠪᠣᠯᠭᠠᠨ | ᠪᠠᠶᠢᠭᠤᠯᠬᠤ ᠠᠵᠢᠯ ᠢ ᠳᠣᠭᠲᠠᠭᠤᠨ ᠠᠬᠢᠭᠤᠯᠤᠨ᠎ᠠ᠃ ᠪᠦᠬᠦ ᠤᠯᠤᠰ ᠤᠨ1% ᠶᠢᠨ ᠬᠥᠮᠦᠨ ᠠᠮᠠ ᠶᠢᠨ ᠰᠤᠭᠤᠴᠢᠨ | ᠪᠠᠶᠢᠴᠠᠭᠠᠬᠤ ᠠᠵᠢᠯ ᠢ ᠦᠷᠨᠢᠭᠦᠯᠦᠨ᠎ᠡ᠃ ᠦᠨᠳᠦᠰᠦᠲᠡᠨ ᠱᠠᠰᠢᠨ ᠰᠤᠷᠲᠤᠬᠤᠨ ᠤ ᠲᠦᠷᠦ ᠶᠢᠨ ᠪᠣᠳᠤᠯᠭ᠎ᠠ ᠶᠢ | ᠨᠠᠷᠢᠨᠬᠢᠨᠠᠮᠠᠭᠠᠢ ᠨᠠᠶᠢᠳᠠᠪᠤᠷᠢᠵᠢᠭᠤᠯᠤᠨᠲ᠋ᠤᠤᠱᠯᠠᠭᠤᠯᠵᠤ᠂ ᠪᠦᠯᠬᠦᠮᠳᠡᠨ ᠳᠠᠪᠰᠢᠭᠰᠠᠨᠡᠶᠡ ᠵᠣᠬᠢᠴᠠᠯᠲᠦ ᠨᠡᠶᠢᠭᠡᠮ ᠢ | ᠪᠠᠲᠤᠯᠠᠬᠤ ᠬᠡᠷᠡᠭᠲᠡᠢ᠃ | ᠡᠭᠦᠨ ᠤ ᠬᠠᠮᠲᠤ᠂ ᠲᠤᠭ᠎ᠠ ᠪᠦᠷᠢᠳᠭᠡᠯ ᠂ ᠳᠠᠩᠰᠠ ᠡᠪᠬᠡᠮᠡᠯ᠂ ᠴᠠᠭ ᠠᠭᠤᠷ᠂ ᠬᠥᠮᠦᠰ ᠤᠨ | ᠰᠡᠷᠭᠡᠶᠢᠯᠡᠯᠲᠡ᠂ ᠲᠡᠦᠬᠡ ᠰᠤᠳᠤᠷ᠂ ᠦᠲᠡᠬᠦᠰ᠂ ᠪᠣᠶᠠᠨ ᠤ ᠦᠢᠯᠡᠰ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ | ᠵᠡᠷᠭᠡ ᠶᠢᠨ ᠠᠵᠢᠯ ᠢ ᠰᠠᠶᠢᠲᠤᠷ ᠬᠢᠵᠦ᠂ ᠠᠵᠢᠯᠴᠢᠨ᠂ ᠵᠠᠯᠠᠭᠤᠴᠤᠤᠳ᠂ ᠡᠮᠡᠭᠲᠡᠶᠢᠴᠦᠦᠳ ᠵᠡᠷᠭᠡ ᠪᠥᠯᠬᠦᠮ ᠤᠨ | ᠵᠣᠬᠢᠶᠠᠨ ᠪᠠᠶᠢᠭᠤᠯᠤᠯᠲᠠ ᠶᠢᠨ ᠠᠵᠢᠯ ᠢ ᠳᠡᠮᠵᠢᠨ᠎ᠡ᠃ ᠣᠷᠤᠢ ᠶᠢᠨ ᠰᠦᠮ᠎ᠡ ᠰᠣᠮᠤ ᠶᠢᠨ ᠬᠦᠭᠵᠢᠯᠲᠡ ᠶᠢᠨ ᠠᠵᠢᠯ ᠢ | ᠦᠷᠭᠦᠯᠵᠢᠯᠡᠨ ᠦᠷᠭᠡᠳᠭᠡᠨ ᠳᠡᠮᠵᠢᠨ᠎ᠡ᠃ | ᠭᠤᠷᠪᠠ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠤᠨᠠ | ᠬᠦᠭᠵᠢᠯᠲᠡ ᠶᠢᠨ ᠬᠦᠨᠲᠦ ᠡᠭᠦᠷᠭᠡ᠂ ᠠᠷᠡᠳ ᠲᠦᠮᠡᠨ ᠤ ᠬᠦᠰᠡᠯ ᠨᠠᠶᠢᠳᠠᠯᠭ᠎ᠠ ᠶᠢ ᠵᠠᠰᠠᠭ ᠤᠨ ᠤᠷᠳᠤᠨ ᠤ | ᠠᠵᠢᠯ ᠳᠤ ᠨᠡᠩ ᠦᠨᠳᠦᠷ ᠱᠠᠭᠠᠷᠳᠠᠯᠭ᠎ᠠ ᠲᠠᠯᠪᠢᠵᠤ᠂ ᠪᠢᠳᠡ ᠡᠷᠬᠡᠪᠰᠢ ᠬᠦᠭᠵᠢᠯᠲᠡ ᠶᠢᠨ ᠡᠭᠦᠷᠭᠡᠯᠡᠵᠦ᠂ | ᠠᠷᠠᠳ ᠤᠨ ᠠᠮᠢᠳᠤᠷᠠᠯ ᠢ ᠠᠩᠬᠠᠷᠤᠨ ᠬᠠᠯᠠᠮᠵᠢᠯᠠᠵᠤ᠂ ᠠᠷᠠᠳ ᠲᠦᠮᠡᠨ ᠤ ᠰᠡᠳᠭᠢᠯ ᠰᠠᠨᠠᠭᠠᠨ ᠳᠤ ᠨᠡᠶᠢᠴᠡᠭᠰᠡᠨ | ᠵᠠᠰᠠᠭ ᠤᠨ ᠤᠷᠳᠤᠨ ᠢ ᠪᠦᠬᠦ ᠲᠠᠯ᠎ᠠ ᠪᠠᠷ ᠪᠠᠶᠢᠭᠤᠯᠬᠤ ᠬᠡᠷᠡᠭᠲᠡᠢ᠃ | ᠨᠢᠭᠡ ᠳᠤ᠂ ᠬᠠᠤᠯᠢ ᠶᠤᠰᠤᠭᠠᠷ ᠵᠠᠰᠠᠭ ᠪᠠᠷᠢᠵᠤ᠂ ᠬᠠᠤᠯᠢᠵᠢᠯ ᠤᠨ ᠵᠠᠰᠠᠭ ᠤᠨ ᠤᠷᠳᠤᠨ ᠢ ᠪᠠᠶᠢᠭᠤᠯᠠᠨ᠎ᠠ ᠃ | ᠨᠠᠮ ᠤᠨᠠᠷᠪᠠᠨ ᠨᠠᠶᠢᠮᠠᠳᠦᠭᠠᠷ ᠤᠳᠠᠭᠠᠨ ᠤ ᠲᠦᠷᠪᠡᠳᠦᠭᠡᠷ ᠪᠦᠭᠦᠳᠡ ᠬᠤᠷᠠᠯᠳᠣᠭᠠᠨ ᠤ ᠵᠣᠷᠢᠭ ᠰᠠᠨᠠᠭ᠎ᠠ ᠶᠢ | ᠭᠦᠨᠵᠡᠭᠡᠢ ᠲᠤᠤᠱᠠᠯᠠᠭᠤᠯᠦᠨ᠂ ᠬᠠᠤᠯᠢ ᠶᠤᠰᠤᠭᠠᠷ ᠬᠤᠰᠢᠭᠤ ᠪᠠᠨ ᠵᠠᠰᠠᠬᠤ ᠶᠠᠪᠤᠴᠠ ᠪᠠᠨ ᠠᠬᠢᠭᠤᠯᠵᠤ᠂ | ᠵᠠᠰᠠᠭ ᠤᠨ ᠤᠷᠳᠤᠨ ᠤ ᠡᠭᠦᠷᠭᠡ ᠴᠢᠳᠠᠯ ᠢᠶᠠᠨ ᠬᠠᠤᠯᠢ ᠶᠤᠰᠤᠭᠠᠷ ᠭᠦᠢᠴᠡᠳᠭᠡᠵᠦ᠂ ︽ ᠶᠠᠭᠤ ᠴᠤ ᠬᠢᠬᠦ ᠦᠭᠡᠢ | ᠂ ᠳᠤᠷ᠎ᠠ ᠪᠠᠷ ᠢᠶᠠᠨ ᠬᠢᠬᠦ᠂ ᠬᠠᠷᠢᠭᠤᠴᠠᠯᠭ᠎ᠠ ᠪᠠᠨ ᠠᠯᠳᠠᠬᠤ᠂ ᠳᠤᠰᠢᠶᠠᠯ ᠢᠶᠠᠨ ᠭᠤᠲᠤᠭᠠᠬᠤ︾ ᠠᠵᠢᠯᠯᠠᠭ᠎ᠠ ᠶᠢ ᠡᠷᠡᠰ | ᠡᠰᠡᠷᠭᠦᠴᠡᠨ᠎ᠡ᠃ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶᠠᠨ ᠤ ᠬᠠᠤᠯᠢ ᠶᠣᠰᠤᠭᠠᠷ ᠭᠢᠨᠠᠯᠲᠠ ᠲᠠᠯᠪᠢᠬᠤ᠂ ᠠᠵᠢᠯ ᠢᠶᠠᠷ ᠬᠢᠨᠠᠯᠲᠠ ᠲᠠᠯᠪᠢᠬᠤ ᠪᠠ ᠤᠯᠤᠰ ᠲᠦᠷᠦ ᠶᠢᠨ | ᠵᠦᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠦ᠂ | ᠨᠡᠶᠢᠭᠡᠮ ᠤᠨ ᠬᠠᠯᠠᠮᠵᠢᠯᠠᠯ ᠠᠰᠠᠭᠤᠳᠠᠯ ᠬᠦᠴᠢᠷ ᠠᠰᠠᠭᠤᠳᠠᠯ ᠢ ᠴᠠᠭ ᠲᠣᠬᠠᠢ ᠲᠤᠨᠢ ᠰᠢᠢᠳᠪᠦᠷᠢᠯᠡᠵᠦ᠂ ᠣᠯᠠᠨ | ᠲᠦᠮᠡᠨ ᠤ ᠬᠦᠰᠡᠯ ᠱᠠᠭᠠᠷᠳᠠᠯᠭ᠎ᠠ ᠶᠢ ᠵᠠᠰᠠᠭ ᠤᠨ ᠣᠷᠳᠤᠨ ᠤ ᠪᠣᠳᠠᠲᠤ ᠦᠢᠯᠡ ᠠᠵᠢᠯᠯᠠᠭ᠎ᠠ ᠪᠣᠯᠭᠠᠨ᠎ᠠ᠃ ︽ | ᠵᠢᠷᠭᠤᠳᠤᠭᠠᠷ ᠲᠠᠪᠤ︾ ᠶᠢᠨ ᠬᠠᠤᠯᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠡᠶᠡᠯᠡᠭᠦᠯᠵᠦ᠂ ᠪᠦᠬᠦ ᠠᠷᠠᠳ ᠤᠨ | ᠬᠠᠤᠯᠢᠵᠢᠯ ᠤᠨ ᠤᠬᠠᠮᠰᠠᠷ ᠢ ᠴᠢᠩᠭᠠᠳᠬᠠᠵᠤ᠂ ᠬᠠᠤᠯᠢ ᠶᠢ ᠲᠦᠪ ᠴᠢᠩᠭ᠎ᠠ᠂ ᠲᠦᠪ ᠭᠤᠤᠯᠴᠢ᠂ ᠪᠣᠯᠪᠠᠰᠤᠨ ᠢᠶᠠᠷ | ᠬᠠᠤᠯᠢ ᠬᠡᠷᠡᠭᠵᠢᠭᠦᠯᠵᠦ᠂ ᠨᠡᠶᠢᠭᠡᠮ ᠤᠨ ᠡᠷᠬᠡ ᠲᠡᠭᠰᠢ ᠲᠦᠪ ᠶᠣᠰᠤᠨ ᠢ ᠦᠨᠡᠨᠬᠦ ᠬᠠᠮᠠᠭᠠᠯᠠᠨ᠎ᠠ᠃ | ᠬᠤᠶᠠᠷ ᠲᠤ᠂ ᠠᠷᠠᠳ ᠤᠨ ᠲᠦᠯᠦᠭᠡ ᠵᠠᠰᠠᠭ ᠪᠠᠷᠢᠵᠤ᠂ ᠦᠢᠯᠡᠴᠢᠯᠡᠭᠡᠨ ᠤ ᠵᠠᠰᠠᠭ ᠤᠨ ᠤᠷᠳᠤᠨ ᠢ | ᠪᠠᠶᠢᠭᠤᠯᠤᠨ᠎ᠠ᠃ ᠨᠠᠮ ᠤᠨ ᠣᠯᠠᠨ ᠲᠦᠮᠡᠨᠴᠢ ᠱᠣᠭᠤᠮ ᠤᠨ ᠰᠤᠷᠭᠠᠨ ᠭᠦᠮᠦᠵᠢᠯ ᠤᠨ ᠦᠢᠯᠡᠳᠦᠯᠭᠡ ᠶᠢᠨ | ᠠᠵᠢᠯᠯᠠᠭᠠᠨ ᠤ ᠦᠷ᠎ᠡ ᠪᠦᠲᠦᠭᠡᠯ ᠢ ᠦᠷᠭᠦᠯᠵᠢᠯᠡᠨ ᠪᠠᠲᠤᠵᠢᠭᠤᠯᠵᠤ᠂ ᠳᠣᠭᠲᠠᠭᠠᠭᠰᠠᠨ ᠴᠠᠭ ᠶᠣᠰᠤᠭᠠᠷ | ᠣᠷᠤᠰᠢᠵᠤ ᠪᠠᠶᠢᠭ᠎ᠠ ᠠᠰᠠᠭᠤᠳᠠᠯ ᠢᠶᠠᠨ ᠴᠡᠭᠴᠡᠯᠡᠵᠦ᠂ ᠣᠯᠠᠨ ᠲᠦᠮᠡᠨ ᠤ ᠨᠢᠳᠦᠨ ᠳᠤ ᠦᠵᠡᠭᠳᠡᠵᠦ ᠭᠠᠷ ᠲᠤ | ᠪᠠᠷᠢᠭᠳᠠᠮ᠎ᠠ ᠪᠣᠳᠠᠲᠤ ᠦᠷ᠎ᠡ ᠪᠦᠲᠦᠮᠵᠢ ᠭᠠᠷᠭᠠᠨ᠎ᠠ᠃ ᠦᠷᠭᠦᠯᠵᠢᠯᠡᠨ ᠵᠠᠰᠠᠭ ᠢ ᠴᠣᠮᠬᠠᠳᠬᠠᠨ ᠡᠷᠬᠡ ᠶᠢ ᠰᠤᠯᠠᠯᠠᠵᠤ | ᠂ ᠵᠠᠰᠠᠭ ᠵᠠᠬᠢᠷᠭᠠᠨ ᠤ ᠵᠦᠪᠰᠢᠶᠡᠷᠡᠯ ᠤᠨ ᠵᠦᠢᠯᠡᠰ ᠤᠨ ᠵᠤᠯᠭᠤᠭᠤᠯᠬᠤ᠂ ᠦᠭᠡᠶᠢᠰᠭᠡᠬᠦ᠂ ᠪᠠᠭᠤᠯᠭᠠᠬᠤ ᠶᠢ ᠰᠠᠶᠢᠲᠤᠷ | ᠪᠡᠶᠡᠯᠡᠭᠦᠯᠵᠦ᠂ ︽ ᠭᠤᠷᠪᠠᠨ ᠭᠡᠷᠡᠴᠢ ᠶᠢ ᠨᠢᠭᠡᠳᠭᠡᠬᠦ︾ ᠪᠠ ᠰᠦᠯᠵᠢᠶᠡᠨ ᠳᠡᠭᠡᠷ᠎ᠡ ᠨᠡᠶᠢᠯᠡᠭᠦᠯᠦᠨ | ᠴᠣᠬᠤᠯᠠᠪᠤᠷᠢᠯᠠᠬᠤ ᠶᠢ ᠬᠡᠷᠡᠭᠵᠢᠭᠦᠯᠵᠦ᠂ ᠵᠠᠰᠠᠭ ᠤᠨ ᠡᠷᠬᠡ ᠶᠢ ︽ᠬᠠᠰᠤᠬᠤ ᠠᠷᠭ᠎ᠠ︾ ᠶᠢ ᠵᠠᠬ᠎ᠠ ᠲᠡᠯᠬᠡᠭᠦᠷ ᠤᠨ ︽ | ᠨᠡᠮᠡᠬᠦ ᠠᠷᠭ᠎ᠠ︾ ᠶᠢ ᠰᠣᠯᠢᠵᠤ ᠠᠪᠴᠢᠷᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ᠂ ᠰᠢᠶᠠᠩ | ᠪᠠᠯᠭᠠᠰᠤᠨ ᠤ ᠠᠷᠠᠳ ᠲᠤ ᠦᠢᠯᠡᠴᠢᠯᠡᠬᠦ ᠲᠢᠩᠭᠢᠮ ᠪᠣᠯᠤᠨ ᠲᠣᠰᠬᠤᠨ ᠤ ᠳᠡᠰ ᠤᠨ ᠣᠷᠤᠯᠠᠨ ᠭᠦᠢᠴᠡᠳᠭᠡᠬᠦ | ᠴᠡᠭ ᠤᠨ ᠪᠠᠶᠢᠭᠤᠯᠤᠯᠲᠠ ᠶᠢᠨ ᠴᠢᠩᠭᠠᠳᠬᠠᠵᠤ᠂ ᠴᠠᠭ ᠬᠢᠵᠠᠭᠠᠷᠯᠠᠨ ᠭᠦᠢᠴᠡᠳᠭᠡᠬᠦ ᠳᠦᠷᠢᠮ ᠢ ᠴᠢᠩᠭ᠎ᠠ | ᠬᠡᠷᠡᠭᠵᠢᠭᠦᠯᠵᠦ᠂ ᠣᠯᠠᠨ ᠲᠦᠮᠡᠨ ᠶᠠᠪᠤᠳᠠᠯ ᠭᠦᠢᠴᠡᠳᠭᠡᠬᠦ ᠳᠤ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ | ᠠᠷᠠᠳ ᠢ ᠬᠠᠷᠠᠭᠠᠯᠵᠠᠬᠤ ᠲᠦᠷᠦ ᠶᠢᠨ ᠪᠣᠳᠤᠯᠭ᠎ᠠ ᠶᠢ ᠢᠯᠡ ᠲᠣᠳᠤ ᠪᠠᠷ ᠨᠠᠶᠢᠳᠠᠪᠤᠷᠢᠵᠢᠭᠤᠯᠵᠤ᠂ ᠣᠯᠠᠨ ᠲᠦᠮᠡᠨ | ᠣᠯᠵᠤ ᠦᠵᠡᠵᠦ᠂ ᠣᠯᠵᠤ ᠰᠣᠨᠤᠰᠴᠤ᠂ ᠬᠢᠨᠠᠯᠲᠠ ᠲᠠᠯᠪᠢᠬᠤ ᠬᠡᠮᠵᠢᠶᠡᠨ ᠳᠤ ᠬᠦᠷᠭᠡᠨ᠎ᠡ᠃ ᠨᠤᠷᠠᠬᠤ ᠠᠶᠤᠯᠲᠠᠢ ᠭᠡᠷ | ᠪᠠᠶᠢᠰᠢᠩ ᠤᠨ ᠥᠭᠡᠷᠡᠴᠢᠯᠡᠯᠲᠡ᠂ ᠶᠠᠳᠠᠭᠤ ᠶᠢ ᠲᠡᠳᠭᠦᠬᠦ ᠨᠡᠬᠡᠭᠡᠨ ᠬᠦᠭᠵᠢᠭᠦᠯᠦᠯᠲᠡ᠂ ᠳᠣᠣᠷ᠎ᠠ ᠪᠠᠳᠤᠯᠠᠭ᠎ᠠ ᠶᠢᠨ | ᠪᠡᠯᠡ ᠮᠥᠩᠬᠦ ᠶᠢᠨ ᠲᠠᠷᠬᠠᠯᠲᠠ ᠶᠢᠨ ᠶᠠᠪᠦᠴᠠ ᠳᠤ ᠣᠷᠤᠰᠢᠵᠤ ᠪᠠᠶᠢᠭ᠎ᠠ ᠠᠰᠠᠭᠤᠳᠠᠯ ᠤᠳ ᠢ ᠲᠦᠪᠯᠡᠷᠡᠭᠦᠯᠦᠨ | ᠪᠠᠶᠢᠴᠠᠭᠠᠨ ᠴᠡᠪᠡᠷᠯᠡᠵᠦ᠂ ᠳᠣᠭᠲᠠᠭᠰᠠᠨ ᠬᠤᠭᠤᠴᠠᠭ᠎ᠠ ᠲᠠᠢ ᠴᠡᠭᠴᠡᠯᠡᠨ ᠥᠭᠡᠷᠡᠴᠢᠯᠡᠬᠦ᠂ ᠳᠠᠬᠢᠵᠦ ᠰᠢᠨ᠎ᠡ ᠪᠠᠷ | ᠨᠡᠷᠡᠯᠡᠨ ᠳᠣᠭᠲᠠᠭᠠᠬᠤ ᠵᠡᠷᠭᠡ ᠠᠷᠭ᠎ᠠ ᠪᠠᠷᠢᠯ ᠢᠶᠠᠷ ᠬᠠᠷᠠᠭᠠᠯᠵᠠᠯᠠᠯ ᠤᠨ ᠲᠦᠷᠦ ᠶᠢᠨ ᠪᠣᠳᠤᠯᠭ᠎ᠠ ᠶᠢ ᠥᠨᠡᠨ | ᠮᠥᠨ ᠢᠶᠠᠷ ᠨᠢ ᠣᠷᠤᠨ ᠳᠤᠨᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ | ᠭᠤᠷᠪᠠ ᠳᠤ᠂ ᠦᠨᠡᠨ ᠢ ᠪᠠᠷᠢᠮᠳᠠᠯᠠᠨ ᠪᠣᠳᠠᠳᠠᠢ ᠶᠢ ᠡᠷᠬᠢᠮᠯᠡᠵᠦ᠂ ᠬᠦᠴᠦᠨ ᠴᠢᠳᠠᠯ ᠲᠠᠢ ᠵᠠᠰᠠᠭ ᠤᠨ | ᠤᠷᠳᠤᠨ ᠢ ᠬᠦᠴᠦᠯᠡᠨ ᠪᠠᠶᠢᠭᠤᠯᠤᠨ᠎ᠠ᠃ ᠪᠣᠳᠠᠳᠠᠢ ᠠᠵᠢᠯᠯᠠᠬᠤ ᠰᠣᠷᠳᠠᠯ ᠢ ᠶᠡᠬᠡᠪᠡᠷ ᠡᠷᠬᠢᠮᠯᠡᠨ᠂ ᠠᠵᠢᠯ ᠤᠨ | ᠡᠭᠦᠷᠭᠡ ᠪᠠᠨ ᠲᠦᠷᠦᠯ ᠵᠦᠢᠯ ᠢᠶᠠᠷ ᠰᠠᠯᠭᠠᠵᠤ ᠂ ᠠᠵᠢᠯ ᠤᠨ ᠬᠠᠷᠢᠭᠤᠴᠠᠯᠭ᠎ᠠ ᠪᠠᠨ ᠬᠥᠮᠦᠨ ᠨᠢᠭᠡᠪᠦᠷᠢ ᠳᠤ | ᠨᠠᠶᠢᠳᠠᠪᠤᠷᠢᠵᠢᠭᠤᠯᠵᠤ᠂ ᠠᠵᠢᠯ ᠤᠨ ᠠᠬᠢᠴᠠ ᠪᠠᠨ ᠰᠠᠷ᠎ᠠ ᠪᠣᠯᠭᠠᠨ ᠳᠤ ᠲᠣᠬᠢᠷᠠᠭᠤᠯᠵᠤ᠂ ᠰᠢᠢᠳᠪᠦᠷᠢ ᠪᠣᠯᠭᠠᠨ ᠳᠤ | ᠦᠷ᠎ᠡ ᠳ᠋ᠥᠩ ᠭᠠᠷᠭᠠᠬᠤ ᠶᠢ ᠪᠠᠳᠤᠯᠠᠨ᠎ᠠ᠃ ᠨᠢᠭᠡᠳᠦᠭᠡᠷ ᠹᠷᠤᠨᠲ ᠤᠨ ᠠᠵᠢᠯᠯᠠᠬᠤ ᠠᠷᠭ᠎ᠠ ᠶᠢ ᠶᠡᠬᠡᠪᠡᠷ ᠳᠦᠯᠬᠢᠨ | ᠬᠡᠷᠡᠭᠵᠢᠭᠦᠯᠵᠦ᠂ ᠲᠣᠬᠠᠢ ᠶᠢᠨ ᠭᠠᠵᠠᠷ ᠳᠤᠨᠢ ᠪᠠᠶᠢᠴᠠᠭᠠᠨ ᠰᠣᠳᠤᠯᠤᠯᠲᠠ ᠬᠢᠵᠦ᠂ ᠠᠬᠤᠢ ᠲᠠᠯᠠᠪᠠᠢ ᠳᠤ ᠠᠵᠢᠯᠯᠠᠬᠤ | ᠠᠷᠭ᠎ᠠ ᠬᠡᠯᠪᠡᠷᠢ ᠪᠠᠷ ᠪᠣᠳᠠᠳᠠᠢ ᠠᠰᠠᠭᠤᠳᠠᠯ ᠢ ᠴᠠᠭ ᠲᠣᠬᠠᠢ ᠳᠤᠨᠢ ᠰᠢᠢᠳᠪᠦᠷᠢᠯᠡᠨ᠎ᠡ᠃ ᠢᠯᠡᠭᠦᠦ ᠬᠦᠳᠡᠯᠮᠦᠷᠢᠯᠡᠪᠡᠯ | ᠢᠯᠡᠭᠦᠦ ᠬᠦᠷᠲᠡᠬᠦ ᠵᠠᠷᠴᠢᠮ ᠢ ᠪᠠᠷᠢᠮᠳᠠᠯᠠᠵᠤ᠂ ᠦᠷ᠎ᠡ ᠪᠦᠲᠦᠮᠵᠢ ᠶᠢ ᠰᠢᠯᠭᠠᠨ ᠬᠢᠨᠠᠬᠤ ᠵᠣᠬᠢᠴᠠᠮᠵᠢ ᠪᠠᠨ | ᠲᠡᠭᠦᠯᠳᠡᠷᠵᠢᠭᠦᠯᠵᠦ᠂ ᠦᠷ᠎ᠡ ᠪᠦᠲᠦᠮᠵᠢ ᠶᠢᠨ ᠴᠠᠯᠢᠩ ᠤᠨ ᠲᠠᠷᠬᠠᠯᠲᠠ ᠶᠢ ᠳᠦᠷᠢᠮᠵᠢᠭᠦᠯᠦᠨ᠎ᠡ᠃ ᠦᠷ᠎ᠡ | ᠪᠦᠲᠦᠮᠵᠢ ᠶᠢᠨ ᠮᠦᠷᠳᠡᠯᠲᠡ ᠪᠠᠨ ᠴᠢᠩᠭᠠᠷᠠᠭᠤᠯᠵᠤ᠂ ᠱᠠᠭᠠᠷᠳᠠᠯᠭ᠎ᠠ ᠪᠠᠶᠢᠴᠠᠭᠠᠯᠲᠠ ᠪᠠᠨ ᠴᠢᠩᠭᠠᠳᠬᠠᠵᠤ᠂ ᠺᠠᠲᠠᠷ ᠤᠨ | ᠭᠦᠢᠴᠡᠳᠭᠡᠬᠦ ᠴᠢᠳᠠᠪᠦᠷᠢ ᠶᠢ ᠳᠡᠭᠡᠭᠰᠢᠯᠡᠭᠦᠯᠦᠨ᠂ ︽ ᠶᠠᠪᠤᠳᠠᠯ ᠰᠡᠳᠭᠢᠵᠦ᠂ ᠶᠠᠪᠤᠳᠠᠯ ᠬᠢᠵᠦ᠂ ᠶᠠᠪᠤᠳᠠᠯ | ᠪᠦᠲᠦᠭᠡᠭᠰᠡᠨ︾ ᠠᠵᠢᠯᠯᠠᠬᠤ ᠡᠩᠨᠡᠭᠡ ᠶᠢ ᠪᠠᠶᠢᠭᠤᠯᠤᠨ᠎ᠠ᠃ | ᠳᠦᠷᠪᠡ ᠳᠤ᠂ ᠡᠭᠦᠷᠭᠡ ᠳᠤᠰᠢᠶᠠᠯ ᠢᠶᠠᠨ ᠬᠡᠴᠢᠶᠡᠩᠭᠦᠶᠢᠯᠡᠨ ᠭᠦᠢᠴᠡᠳᠭᠡᠵᠦ᠂ ᠬᠠᠷᠢᠭᠤᠴᠠᠯᠭᠠᠲᠤ ᠵᠠᠰᠠᠭ ᠤᠨ | ᠣᠷᠳᠤᠨ ᠢ ᠬᠦᠴᠦᠯᠡᠨ ᠪᠠᠶᠢᠭᠤᠯᠤᠨ᠎ᠠ᠃ ᠠᠷᠢᠭᠤᠨ ᠴᠢᠭᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ | ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠳᠤᠷᠢᠳᠤᠯᠭ᠎ᠠ ᠺᠠᠲᠠᠷ ᠤᠨ ︽ ᠨᠢᠭᠡ ᠪᠠᠶᠢᠷᠢ ᠬᠤᠶᠠᠷ | ᠬᠠᠷᠢᠭᠤᠴᠠᠯᠭ᠎ᠠ︾ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠶᠠᠪᠤᠳᠠᠯ ᠢ ᠰᠠᠶᠢᠲᠤᠷ ᠪᠦᠲᠦᠭᠡᠵᠦ᠂ ᠡᠷᠬᠡ ᠪᠠᠨ | ᠰᠠᠶᠢᠲᠤᠷ ᠪᠠᠲᠤᠯᠠᠨ᠎ᠠ᠃ ᠬᠦᠭᠵᠢᠯᠲᠡ ᠶᠢ ᠠᠬᠢᠭᠤᠯᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠰᠢᠢᠳᠪᠦᠷᠢ ᠳᠣᠭᠲᠠᠭᠠᠬᠤ ᠳᠠᠭᠠᠨ ᠠᠷᠠᠳ ᠤᠨ ᠰᠠᠨᠠᠭ᠎ᠠ ᠶᠢ ᠦᠨᠳᠦᠰᠦᠯᠡᠵᠦ᠂ ᠠᠷᠭ᠎ᠠ ᠬᠡᠮᠵᠢᠶ᠎ᠡ ᠬᠡᠷᠡᠭᠵᠢᠭᠦᠯᠬᠦ ᠪᠠᠨ | ᠠᠷᠠᠳ ᠤᠨ ᠰᠠᠨᠠᠭᠠᠨ ᠳᠤ ᠵᠣᠬᠢᠴᠠᠭᠤᠯᠵᠤ᠂ ᠪᠠᠷᠢᠯᠭ᠎ᠠ ᠢᠨᠵᠧᠨᠧᠷᠢᠩ ᠢᠶᠠᠨ ᠠᠷᠠᠳ ᠤᠨ ᠲᠦᠯᠦᠭᠡ ᠪᠠᠶᠢᠭᠤᠯᠵᠤ᠂ | ᠠᠷᠠᠳ ᠲᠦᠮᠡᠨ ᠤ ᠰᠠᠨᠠᠭᠠᠨ ᠳᠤ ᠨᠡᠶᠢᠴᠡᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠳᠣᠭᠲᠠᠭᠤᠨ ᠢ ᠬᠠᠮᠠᠭᠠᠯᠠᠬᠤ | ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ ᠲᠣᠬᠠᠢ ᠶᠢᠨ ᠣᠷᠤᠨ ᠠᠴᠠ ᠬᠠᠮᠢᠶᠠᠷᠬᠤ︾ | ᠪᠣᠯᠤᠨ ︽ ᠬᠡᠨ ᠭᠤᠣᠯᠯᠠᠨ ᠬᠠᠮᠢᠶᠠᠷᠪᠠᠯ ᠬᠡᠨ ᠠᠴᠠ ᠬᠠᠷᠢᠭᠤᠴᠠᠬᠤ︾ ᠵᠠᠷᠴᠢᠮ ᠢᠶᠠᠷ ᠨᠡᠶᠢᠭᠡᠮ ᠤᠨ | ᠳᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠴᠢᠳᠠᠯ ᠢᠶᠠᠨ ᠴᠢᠩᠭᠠᠷᠠᠭᠤᠯᠵᠤ᠂ ᠣᠬᠢ ᠰᠠᠶᠢᠨ | ᠬᠦᠭᠵᠢᠯᠲᠡ ᠶᠢᠨ ᠣᠷᠴᠢᠨ ᠲᠣᠭᠤᠷᠢᠨ ᠢ ᠪᠣᠢ ᠪᠣᠯᠭᠠᠨ᠎ᠠ᠃ ᠲᠣᠰᠬᠤᠨ ᠤ ᠳᠡᠰ ᠤᠨ ᠺᠠᠲᠠᠷ ᠤᠨ ᠬᠠᠷᠢᠭᠤᠴᠠᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠨᠠᠨ ᠰᠢᠯᠭᠠᠬᠤ ᠱᠠᠩᠨᠠᠨ ᠲᠣᠷᠭᠠᠭᠠᠬᠤ ᠵᠣᠬᠢᠴᠠᠮᠵᠢ ᠶᠢ | ᠲᠡᠭᠦᠯᠳᠡᠷᠵᠢᠭᠦᠯᠵᠦ᠂ ᠦᠢᠯᠡᠰ ᠪᠦᠲᠦᠭᠡᠵᠦ ᠬᠠᠷᠢᠭᠤᠴᠠᠯᠭ᠎ᠠ ᠪᠠᠨ ᠭᠦᠢᠴᠡᠳᠭᠡᠬᠦ ᠬᠠᠯᠠᠭᠤᠨ ᠵᠣᠷᠢᠭ ᠢ ᠬᠦᠭᠵᠢᠭᠡᠨ᠎ᠡ᠃ | | ᠲᠠᠪᠤ ᠳᠤ᠂ ᠵᠠᠰᠠᠭ ᠪᠠᠷᠢᠬᠤ ᠶᠢ ᠴᠢᠩᠭᠠᠳᠬᠠᠨ᠂ ᠠᠷᠢᠭᠤᠨ ᠴᠢᠭᠡᠴᠢ ᠵᠠᠰᠠᠭ ᠤᠨ ᠤᠷᠳᠤᠨ ᠢ ᠬᠦᠴᠦᠯᠡᠨ | ᠪᠠᠶᠢᠭᠤᠯᠤᠨ᠎ᠠ᠃ ᠲᠦᠪ ᠤᠨ ᠨᠠᠢᠮᠠᠨ ᠲᠤᠭᠳᠠᠭᠠᠯ ᠪᠤᠯᠤᠨ ᠨᠠᠮ ᠵᠠᠰᠠᠭ ᠤᠨ ᠪᠠᠶᠢᠭᠤᠯᠤᠯᠭ᠎ᠠ ᠶᠢᠨ ᠠᠯᠪᠠᠨ ᠤ | ᠵᠣᠴᠢᠯᠯᠠᠭᠠ ᠶᠢᠨ ᠬᠠᠮᠢᠶᠠᠷᠦᠯᠲᠠᠶᠢᠨ ᠳᠦᠷᠢᠮ ᠢ ᠴᠢᠩᠭ᠎ᠠ ᠬᠡᠷᠡᠭᠵᠢᠭᠦᠯᠦᠨ᠂ ︽ ᠴᠠᠯᠢᠩ ᠢᠳᠡᠵᠦ ᠬᠤᠭᠤᠰᠤᠨ | ᠰᠠᠭᠤᠬᠤ ︾ ᠠᠰᠠᠭᠤᠳᠠᠯ ᠢ ᠲᠦᠪᠯᠡᠷᠡᠭᠦᠯᠦᠨ ᠴᠡᠭᠴᠡᠯᠡᠵᠦ᠂ ᠠᠯᠪᠠᠨ ᠤ ᠲᠡᠷᠬᠡ ᠶᠢ ᠦᠭᠡᠷᠡᠴᠢᠯᠡᠬᠦ ᠡᠭᠦᠷᠭᠡ ᠪᠠᠨ | ᠳᠠᠭᠤᠰᠬᠠᠨ᠎ᠠ᠃ ᠬᠢᠨᠠᠨ ᠪᠣᠳᠤᠯᠲᠠ ᠳᠤ ᠴᠢᠩᠭ᠎ᠠ ᠬᠢᠨᠠᠯᠲᠠ ᠲᠠᠯᠪᠢᠵᠤ᠂ ︽ ᠲᠦᠪ ᠬᠤᠷᠢᠶᠠᠨ ᠤ ᠬᠢᠨᠠᠨ ᠪᠣᠳᠤᠬᠤ | ᠠᠵᠢᠯ ᠢ ᠴᠢᠩᠭᠠᠳᠬᠠᠬᠤ ᠲᠣᠬᠠᠢ ᠰᠠᠨᠠᠯ︾ ᠢ ᠨᠠᠶᠢᠳᠠᠪᠤᠷᠢᠵᠢᠭᠤᠯᠤᠨ ᠲᠤᠤᠱᠯᠠᠭᠤᠯᠵᠤ᠂ ᠨᠡᠶᠢᠲᠡ ᠶᠢᠨ ᠪᠡᠯᠡ | ᠮᠥᠩᠬᠦ᠂ ᠤᠯᠤᠰ ᠤᠨ ᠦᠮᠴᠢᠯᠡᠯᠲᠦ ᠡᠳ᠋ ᠭᠥᠷᠥᠩᠭᠡ᠂ ᠤᠯᠤᠰ ᠤᠨ ᠥᠮᠴᠢᠯᠡᠯᠲᠦ ᠡᠬᠢ ᠪᠠᠶᠠᠯᠢᠭ᠂ | ᠤᠳᠤᠷᠢᠳᠤᠯᠭ᠎ᠠ ᠺᠠᠲᠠᠷ ᠤᠨ ᠠᠵᠤ ᠠᠬᠤᠢ ᠶᠢᠨ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠵᠡᠷᠭᠡ ᠪᠦᠬᠦᠨ ᠢ | ᠬᠢᠨᠠᠨ ᠪᠣᠳᠤᠵᠤ ᠬᠢᠨᠠᠯᠲᠠ ᠲᠠᠯᠪᠢᠵᠤ᠂ ᠬᠠᠤᠯᠢ ᠳᠣᠭᠲᠠᠭᠠᠯ ᠢ ᠵᠦᠷᠢᠴᠡᠵᠦ᠂ ᠪᠦᠷᠢᠯᠭᠡᠨ ᠰᠦᠢᠳᠭᠡᠵᠦ᠂ | ᠬᠠᠷᠢᠭᠤᠴᠠᠯᠭ᠎ᠠ ᠪᠠᠨ ᠠᠯᠳᠠᠭᠰᠠᠨ ᠵᠡᠷᠭᠡv ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠵᠠᠰᠠᠭ | ᠵᠠᠬᠢᠷᠭᠠᠨ ᠤ ᠬᠢᠨᠠᠨ ᠪᠠᠶᠢᠴᠠᠭᠠᠯᠲᠠ ᠪᠣᠯᠤᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢᠶᠠᠨ ᠣᠯᠠᠮ ᠴᠢᠩᠭᠠᠳᠬᠠᠵᠤ᠂ | ᠵᠠᠰᠠᠭ ᠤᠨ ᠣᠷᠳᠤᠨ ᠤ ᠲᠦᠪ ᠭᠤᠣᠯᠴᠢ ᠠᠷᠢᠭᠤᠨ ᠴᠢᠭᠡᠴᠢ ᠬᠢᠨᠠᠨ ᠬᠠᠮᠢᠶᠠᠷᠴᠤ᠂ ᠵᠠᠰᠠᠭ ᠤᠨ ᠶᠠᠪᠤᠳᠠᠯ ᠢ ᠢᠯᠡ | ᠪᠣᠯᠭᠠᠬᠤ᠂ ᠵᠠᠰᠠᠭ ᠵᠠᠬᠢᠷᠭᠠᠨ ᠤ ᠬᠢᠨᠠᠯᠲᠠ ᠪᠠᠶᠢᠴᠠᠭᠠᠯᠲᠠ ᠪᠠᠨ ᠳᠠᠰᠤᠷᠠᠯᠲᠠ ᠦᠭᠡᠢ ᠴᠢᠩᠭᠠᠳᠬᠠᠵᠤ᠂ ᠠᠷᠢᠭᠤᠨ | ᠴᠢᠭᠡᠴᠢ ᠵᠠᠰᠠᠭ ᠤᠨ ᠣᠷᠳᠤᠨ ᠤ ᠣᠬᠢ ᠰᠠᠶᠢᠨ ᠳᠦᠷᠢ ᠳᠦᠷᠬᠦ ᠶᠢ ᠪᠣᠢ ᠪᠣᠯᠭᠠᠨ᠎ᠠ᠃ | ᠡᠷᠬᠢᠮ ᠲᠦᠯᠦᠭᠡᠯᠡᠭᠴᠢᠳ ᠡ᠄ | ᠢᠷᠡᠭᠡᠲᠦᠢ ᠶᠢᠨ ᠵᠠᠮ ᠢᠶᠠᠨ ᠨᠡᠬᠡᠭᠡᠬᠦ ᠳᠤ ᠲᠠᠷᠪᠠᠭᠤᠯ ᠢᠶᠠᠨ ᠪᠣᠰᠬᠠᠨ ᠳᠠᠪᠠᠯᠭᠠᠨ ᠢ ᠰᠦᠷᠥᠨ | ᠤᠷᠤᠭᠰᠢᠯᠠᠬᠤ ᠴᠢᠬᠤᠯᠠᠲᠠᠢ᠂ ᠵᠡᠭᠦᠳᠦ ᠪᠠᠨ ᠲᠡᠷᠭᠡᠯᠰᠢᠭᠦᠯᠵᠦ ᠬᠦᠰᠡᠯ ᠢᠶᠠᠨ ᠪᠡᠶᠡᠯᠡᠭᠦᠯᠬᠦ ᠳᠤ ᠬᠦᠴᠦᠯᠡᠨ ᠴᠠᠷᠮᠠᠶᠢᠵᠤ | ᠮᠠᠷᠠᠶᠢᠨ ᠲᠡᠮᠡᠴᠡᠬᠦ ᠬᠡᠷᠡᠭᠲᠡᠢ᠂ ᠠᠯᠢᠪᠠ ᠬᠦᠴᠡᠷ ᠪᠡᠷᠬᠡ ᠪᠢᠳᠡᠨ ᠤ ᠬᠦᠭᠵᠢᠯᠳᠡ ᠶᠢᠨ ᠠᠯᠬᠤᠴᠠ ᠶᠢ | ᠤᠳᠠᠭᠠᠰᠢᠷᠠᠭᠤᠯᠵᠤ ᠴᠢᠳᠠᠬᠤ ᠦᠭᠡᠢ᠂ ᠠᠯᠢᠪᠠ ᠠᠵᠠ ᠲᠣᠬᠢᠶᠠᠯ ᠪᠢᠳᠡᠨ ᠤ ᠤᠷᠤᠭᠰᠢᠯᠠᠬᠤ ᠵᠠᠮ ᠤᠨ ᠬᠦᠳᠡᠯᠭᠡᠭᠦᠷ | ᠪᠣᠯᠤᠨ ᠭᠡᠳᠡᠭ ᠲᠤ ᠪᠢᠳᠡ ᠪᠠᠲᠤ ᠢᠲᠡᠭᠡᠯᠲᠡᠢ᠃ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ | ᠲᠤᠤᠷ᠎ᠠ ᠂ ᠪᠢᠳᠡ ᠰᠡᠳᠭᠢᠯ ᠢᠶᠠᠨ ᠬᠤᠯᠪᠤᠨ ᠬᠠᠷᠠᠯᠲᠠ ᠪᠠᠨ ᠨᠢᠭᠡᠳᠭᠡᠵᠦ᠂ ᠠᠷᠡᠳ ᠲᠦᠮᠡᠨ ᠤ ᠭᠦᠰᠡᠯ | ᠨᠠᠶᠢᠳᠠᠯᠭ᠎ᠠ ᠪᠠᠷ ᠵᠣᠯ ᠵᠢᠷᠭᠠᠯᠠᠩᠲᠤ ᠠᠤᠬᠠᠨ ᠢ ᠪᠦᠳᠦᠭᠡᠨ ᠪᠠᠶᠢᠭᠤᠯᠬᠤ ᠪᠠᠷ ᠴᠠᠷᠮᠠᠶᠢᠨ ᠲᠡᠮᠡᠴᠡᠲᠦᠭᠡᠢ︕ | | |