ᠠᠵᠤ ᠠᠬᠤᠶᠢᠯᠠᠯ ᠬᠠᠤᠯᠢ ᠶᠢᠨ ᠡᠷᠬᠡᠲᠡᠨ ᠤ ᠬᠦᠴᠦᠨ ᠦᠭᠡᠢ ᠪᠣᠯᠭᠠᠨ ᠪᠦᠷᠢᠳᠭᠡᠭᠦᠯᠬᠦ ᠳᠤ ᠲᠤᠰᠢᠶᠠᠬᠤ  ᠮᠠᠲ᠋ᠧᠷᠢᠶᠠᠯ ᠤᠨ ᠵᠢᠷᠤᠮᠵᠢᠯ
ᠨᠡᠶᠢᠲᠡᠯᠡᠭᠰᠡᠨ ᠴᠠᠭ᠄
2015/9/22
     1. ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠶᠢᠨ ᠭᠠᠷ ᠤᠨ ᠦᠰᠦᠭ ᠵᠢᠷᠤᠭᠰᠠᠨ ︽ᠺᠤᠮᠫᠠᠨᠢ ᠶᠢᠨ  ᠪᠤᠰᠤ ᠠᠵᠤ ᠠᠬᠤᠶᠢᠯᠠᠯ ᠤᠨ ᠬᠠᠤᠯᠢ ᠶᠢᠨ ᠡᠷᠭᠡᠲᠡᠨ ᠤ ᠬᠦᠴᠦᠨ ᠦᠭᠡᠢ ᠪᠣᠯᠭᠠᠨ ᠪᠦᠷᠢᠳᠭᠡᠭᠦᠯᠬᠦ ᠭᠤᠶᠤᠴᠢᠯᠠᠯ ᠤᠨ  ᠪᠢᠴᠢᠭ︾ ︵ᠠᠵᠤ ᠠᠬᠤᠶᠢᠯᠠᠯ ᠪᠤᠯᠤᠨ ᠠᠯᠪᠠᠨ ᠲᠠᠮᠠᠭ᠎ᠠ ᠪᠠᠨ ᠳᠠᠷᠤᠨ᠎ᠠ︶︔            2. ᠠᠵᠤ ᠠᠬᠤᠶᠢᠯᠠᠯ ᠤᠨ ᠬᠠᠤᠯᠢ ᠶᠢᠨ ᠡᠷᠭᠡᠲᠡᠨ ᠭᠠᠷ ᠤᠨ ᠦᠰᠦᠭ ᠵᠢᠷᠤᠭᠰᠠᠨ ︽ᠵᠢᠭᠠᠨ ᠲᠣᠭᠲᠠᠭᠠᠰᠠᠨ  ᠲᠦᠯᠦᠭᠡᠯᠡᠭᠴᠢ ᠪᠤᠶᠤ ᠬᠠᠮᠲᠤᠪᠡᠷ ᠨᠠᠶᠢᠳᠠᠭᠰᠠᠨ ᠤᠷᠤᠯᠠᠭᠴᠢ ᠶᠢᠨ ᠬᠡᠷᠡᠴᠢ》︵ᠠᠵᠤ ᠠᠬᠤᠶᠢᠯᠠᠯ ᠠᠯᠪᠠᠨ  ᠲᠠᠮᠠᠭ᠎ᠠ ᠪᠠᠨ ᠳᠠᠷᠤᠨ᠎ᠠ︶ ᠬᠢᠭᠡᠳ ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠥᠪᠡᠷ ᠨᠠᠶᠢᠳᠠᠭᠰᠠᠨ  ᠤᠷᠤᠯᠠᠭᠴᠢ ᠶᠢᠨ ᠪᠡᠶ᠎ᠡ ᠶᠢᠨ ᠬᠡᠷᠡᠴᠢ ᠶᠢᠨ ᠬᠠᠭᠤᠯᠪᠥᠷᠢ︔           ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠥᠪᠡᠷ ᠨᠠᠶᠢᠳᠠᠭᠰᠠᠨ ᠤᠷᠤᠯᠠᠭᠴᠢ ᠶᠢᠨ ᠬᠦᠢᠴᠡᠳᠭᠡᠬᠦ  ᠵᠦᠢᠯ᠂ ᠡᠷᠬᠡ ᠮᠡᠳᠡᠯ᠂ ᠤᠯᠭᠤᠭᠰᠠᠨ ᠡᠷᠭᠡ ᠶᠢᠨ ᠬᠤᠭᠤᠴᠠᠭ᠎ᠠ ᠶᠢ ᠲᠤᠲᠤᠷᠬᠠᠶᠢᠯᠠᠬᠤ ᠬᠡᠷᠡᠭᠲᠠᠢ᠃            3. ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ︵ᠪᠡᠯᠡ  ᠭᠠᠷᠭᠠᠭᠴᠢ︶ ᠤᠨ ᠵᠦᠪᠰᠢᠶᠡᠷᠡᠭᠰᠡᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠢ ᠬᠦᠴᠦᠨ ᠦᠭᠡᠢ ᠪᠤᠯᠭᠠᠬᠤ  ᠪᠢᠴᠢᠭ ᠮᠠᠲ᠋ᠧᠷᠢᠶᠠᠯ᠂ ᠡᠰᠡᠭᠦᠯ᠎ᠡ ᠵᠠᠰᠠᠭ ᠤᠨ ᠤᠷᠳᠤᠨ ᠠᠴᠠ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠢ ᠬᠠᠤᠯᠢ  ᠶᠣᠰᠤᠭᠠᠷ ᠵᠠᠷᠯᠢᠭᠳᠠᠵᠦ ᠪᠠᠶᠢᠭᠠᠳ ᠡᠭᠦᠳᠡ ᠶᠢ ᠨᠢ ᠬᠠᠭᠠᠯᠭᠠᠬᠤ ᠪᠢᠴᠢᠭ ᠮᠠᠲ᠋ᠧᠷᠢᠶᠠᠯ᠂ ᠡᠰᠡᠭᠦᠯ᠎ᠡ ᠠᠷᠠᠳ ᠤᠨ  ᠰᠢᠬᠦᠬᠦ ᠬᠤᠷᠢᠶ᠎ᠠ ᠠᠴᠠ ᠠᠵᠤ ᠠᠬᠤᠶᠢᠯᠠᠯ ᠤᠨ ᠬᠠᠤᠯᠢ ᠶᠢᠨ ᠡᠷᠭᠡᠲᠡᠨ ᠳᠤ ᠬᠠᠨᠳᠤᠭᠤᠯᠤᠭᠰᠠᠨ ᠲᠠᠮᠫᠤᠷᠠᠭᠤᠯᠬᠤ  ᠲᠣᠭᠲᠠᠭᠠᠯᠲᠠ︔            4. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠠᠵᠤ ᠠᠬᠤᠶᠢᠯᠠᠯ ᠶᠢᠨ ᠬᠠᠤᠯᠢ ᠶᠢᠨ  ᠡᠷᠬᠡᠲᠡᠨ ᠬᠦᠴᠦᠨ ᠦᠭᠡᠢ ᠪᠣᠯᠭᠠᠨ ᠪᠦᠷᠢᠳᠭᠡᠭᠦᠯᠬᠦ ᠶᠢ ᠬᠦᠢᠴᠡᠳᠭᠡᠬᠦ ᠳᠤ ᠡᠷᠬᠡᠪᠰᠢ ᠮᠡᠳᠡᠭᠦᠯᠥᠨ ᠵᠦᠪᠰᠢᠶᠡᠷᠡᠬᠦᠯᠬᠦ  ᠬᠡᠷᠡᠭᠲᠡᠢ ᠭᠡᠵᠦ ᠲᠣᠭᠲᠠᠭᠠᠭᠰᠠᠨ ᠪᠠᠶᠢᠪᠠᠯ᠂ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ ᠲᠤᠰᠢᠶᠠᠨ᠎ᠠ︔            5. ᠠᠵᠤ ᠠᠬᠤᠶᠢᠯᠠᠯ ᠤᠨ ᠬᠠᠤᠯᠢ ᠶᠢᠨ ᠡᠷᠭᠡᠲᠡᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ︵ᠪᠡᠯᠡ  ᠭᠠᠷᠭᠠᠭᠴᠢ︶ ᠤᠨ ᠬᠢᠵᠦ ᠦᠭᠭᠦᠭᠰᠡᠨ ᠦᠷᠢ ᠦᠭᠴᠡᠭᠡ ᠶᠢ ᠢᠯᠭᠠᠷᠠᠭᠤᠯᠵᠦ ᠳᠠᠭᠤᠰᠬᠠᠭᠰᠠᠨ ᠤ ᠬᠡᠷᠡᠴᠢ ᠪᠤᠶᠤ  ᠳᠠᠩᠰᠠ ᠪᠤᠳᠤᠬᠤ  ᠵᠣᠬᠢᠶᠠᠨ ᠪᠠᠶᠢᠭᠤᠯᠤᠯᠲᠠ ᠲᠣᠭᠲᠠᠭᠠᠨ ᠦᠭᠴᠡᠭᠡ ᠠᠪᠴᠠᠭ᠎ᠠ ᠶᠢ ᠢᠯᠭᠠᠷᠠᠭᠤᠯᠬᠤ ᠶᠢ  ᠬᠠᠷᠢᠭᠤᠴᠠᠭᠤᠯᠬᠤ ᠪᠢᠴᠢᠭ ᠮᠠᠲ᠋ᠧᠷᠢᠶᠠᠯ︔            6. ︽ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠩᠨᠠᠯᠲᠡ ᠶᠢᠨ ᠦᠨᠡᠮᠯᠡᠯ︾ ᠵᠢᠩᠬᠢᠨᠢ᠂ ᠳᠡᠳ᠋  ᠳᠡᠪᠲᠡᠷ︔            7. ᠠᠵᠤ ᠠᠬᠤᠶᠢᠯᠠᠯ ᠤᠨ ᠬᠠᠤᠯᠢ ᠶᠢᠨ ᠡᠷᠭᠡᠲᠡᠨ ᠤ ᠠᠯᠪᠠᠨ ᠲᠠᠮᠠᠭ᠎ᠠ︔            8. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠤᠭᠲᠠᠭᠠᠭᠰᠠᠨ ᠲᠤᠰᠢᠶᠠᠬᠤ ᠬᠡᠷᠡᠭᠲᠡᠢ  ᠪᠤᠰᠤᠳ ᠮᠠᠲ᠋ᠧᠷᠢᠶᠠᠯ᠃            ᠲᠤᠲᠤᠷᠬᠠᠶᠢᠯᠠᠬᠤ ᠨᠢ᠄1. ︽ᠠᠵᠤ ᠠᠬᠤᠶᠢᠯᠠᠯ ᠤᠨ ᠬᠠᠤᠯᠢ ᠶᠢᠨ ᠡᠷᠭᠡᠲᠡᠨ ᠤ ᠪᠦᠷᠢᠳᠭᠡᠭᠦᠯᠬᠦ  ᠬᠠᠮᠢᠶᠠᠷᠤᠯᠲᠠ ᠶᠢᠨ ᠳᠦᠷᠢᠮ︾ ᠤᠨ ᠶᠣᠰᠤᠭᠠᠷ ᠪᠠᠶᠢᠭᠤᠯᠤᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ  ᠭᠤᠶᠤᠴᠢᠯᠠᠵᠦ ᠬᠦᠴᠦᠨ ᠦᠭᠡᠢ  ᠪᠣᠯᠭᠠᠨ ᠪᠦᠷᠢᠳᠭᠡᠭᠦᠯᠬᠦ ᠳᠤ ᠲᠤᠰ ᠵᠢᠷᠤᠮᠵᠢᠯ ᠲᠤᠬᠢᠷᠠᠨ᠎ᠠ᠃            2. ︽ᠺᠤᠮᠫᠠᠨᠢ ᠶᠢᠨ ᠪᠤᠰᠤ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠬᠦᠴᠦᠨ ᠦᠭᠡᠢ ᠪᠣᠯᠭᠠᠨ  ᠪᠦᠷᠢᠳᠭᠡᠭᠦᠯᠬᠦ ᠭᠤᠶᠤᠴᠢᠯᠠᠯ ᠤᠨ ᠪᠢᠴᠢᠭ︾᠂ ︽ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠥᠪᠡᠷ  ᠨᠠᠶᠢᠳᠠᠭᠰᠠᠨ ᠤᠷᠤᠯᠠᠭᠴᠢ ᠶᠢᠨ ᠬᠡᠷᠡᠴᠢ︾ ᠶᠢ ᠤᠯᠤᠰ ᠤᠨ ᠠᠵᠦ ᠦᠢᠯᠡᠳᠪᠦᠷᠢ ᠬᠤᠳᠠᠯᠳᠤᠭ᠎ᠠ ᠶᠢᠨ ᠵᠠᠰᠠᠭ  ᠵᠠᠬᠢᠷᠭᠠᠨ ᠤ ᠬᠠᠮᠢᠶᠠᠷᠤᠯᠲᠠ ᠶᠢᠨ ᠶᠡᠷᠦᠩᠭᠡᠢ ᠲᠤᠪᠴᠢᠶ᠎ᠠ ᠶᠢᠨ ︽ᠳᠤᠮᠳᠠᠲᠤ ᠤᠯᠤᠰ ᠤᠨ ᠠᠵᠤ ᠠᠬᠤᠶᠢᠯᠠᠯ  ᠪᠦᠷᠢᠳᠭᠡᠭᠦᠯᠬᠦ ᠰᠦᠯᠵᠢᠶ᠎ᠠ︾ ᠪᠠᠷ ᠳᠠᠮᠵᠢᠭᠤᠯᠤᠨ ︵http://qyj.saic.gov.cn︶ ᠲᠠᠲᠠᠬᠤ ᠪᠤᠶᠤ ᠠᠵᠦ  ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠭ᠎ᠠ ᠠᠴᠠ ᠠᠪᠴᠦ ᠪᠣᠯᠤᠨ᠎ᠠ᠃            3. ᠲᠤᠰᠢᠶᠠᠬᠤ ᠭᠤᠶᠤᠴᠢᠯᠠᠯ ᠤᠨ ᠪᠢᠴᠢᠭ ᠬᠢᠭᠡᠳ ᠪᠤᠰᠤᠳ ᠭᠤᠶᠤᠴᠢᠯᠠᠯ ᠤᠨ ᠮᠠᠲ᠋ᠧᠷᠢᠶᠠᠯ ᠳᠤ A4 ᠶᠢᠨ  ᠴᠠᠭᠠᠰᠤ ᠶᠢ ᠬᠡᠷᠡᠭᠯᠡᠬᠦ ᠬᠡᠷᠡᠭᠲᠡᠢ᠃            ᠳᠡᠭᠡᠷ᠎ᠡ ᠦᠭᠦᠯᠡᠭᠰᠡᠨ ᠵᠦᠢᠯ ᠤᠳ ᠤᠨ ᠬᠠᠭᠤᠯᠪᠥᠷᠢ ᠲᠤᠰᠢᠶᠠᠬᠤ ᠶᠢ ᠲᠤᠲᠤᠷᠬᠠᠶᠢᠯᠠᠭᠰᠠᠨ ᠦᠭᠡᠢ ᠳᠤᠨᠢ  ᠤᠭ ᠵᠦᠢᠯ ᠢ ᠲᠤᠰᠢᠶᠠᠬᠤ ᠬᠡᠷᠡᠭᠲᠠᠢ︔ ᠬᠠᠭᠤᠯᠪᠥᠷᠢ ᠲᠤᠰᠢᠶᠠᠬᠤ ᠲᠤᠰᠢᠶᠠᠬᠤ ᠳᠤᠨᠢ ᠤᠭ ᠵᠦᠢᠯ ᠲᠠᠢ ᠪᠠᠨ  ᠨᠢᠭᠡᠳᠦᠯᠲᠠᠢ︾ ᠬᠡᠵᠤ ᠲᠤᠲᠤᠷᠬᠠᠶᠢᠯᠠᠬᠤ ᠶᠢᠨ ᠬᠠᠮᠲᠤ ᠺᠤᠮᠫᠠᠨᠢ ᠠᠴᠠ ᠭᠠᠷ ᠤᠨ ᠦᠰᠦᠭ ᠵᠢᠷᠤᠬᠤ ᠬᠡᠷᠡᠭᠲᠡᠢ᠂  ᠡᠰᠡᠭᠦᠯ᠎ᠡ ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠨᠠᠶᠢᠳᠠᠭᠰᠠᠨ ᠤᠷᠤᠯᠠᠭᠴᠢ ᠨᠢ ᠠᠯᠪᠠᠨ ᠲᠠᠮᠠᠭ᠎ᠠ ᠪᠠᠨ  ᠳᠠᠷᠤᠬᠤ ᠪᠤᠶᠤ ᠭᠠᠷ ᠤᠨ ᠦᠰᠦᠭ ᠵᠢᠷᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号