ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ︽ᠡᠷ᠎ᠡ ᠡᠮ᠎ᠡ ᠬᠤᠶᠠᠭᠤᠯᠠ ᠶᠢᠨ | ᠨᠢᠭᠡ ᠨᠢ ᠬᠦᠮᠥᠨ ᠤ ᠭᠠᠭᠴᠠ ᠬᠡᠦᠬᠡᠳ ᠪᠣᠯ ᠬᠤᠶᠠᠷ ᠬᠡᠦᠬᠡᠳ ᠠᠪᠴᠤ ᠪᠣᠯᠬᠤ︾ ᠲᠥᠷᠥ ᠶᠢᠨ ᠪᠣᠳᠤᠯᠭ᠎ᠠ ᠶᠢ | ᠬᠡᠷᠡᠭᠵᠢᠭᠦᠯᠬᠦ ᠨᠠᠷᠢᠨ ᠳᠦᠷᠢᠮ ᠳᠤ ᠲᠤᠳᠤᠷᠬᠠᠢ ᠲᠣᠭᠲᠠᠭᠠᠭᠰᠠᠨ ᠨᠢ᠂ ︽ᠡᠷ᠎ᠡ ᠡᠮ᠎ᠡ ᠬᠤᠶᠠᠭᠤᠯᠠ ᠶᠢᠨ ᠨᠢᠭᠡ ᠨᠢ | ᠬᠦᠮᠥᠨ ᠤ ᠭᠠᠭᠴᠠ ᠬᠡᠦᠬᠡᠳ ᠪᠣᠯ ᠬᠤᠶᠠᠷ ᠬᠡᠦᠬᠡᠳ ᠠᠪᠴᠤ ᠪᠣᠯᠬᠤ︾ ᠲᠥᠷᠥ ᠶᠢᠨ ᠪᠣᠳᠤᠯᠭ᠎ᠠ ᠳᠤ ᠨᠡᠶᠢᠴᠡᠵᠦ | ᠬᠤᠶᠠᠳᠤᠭᠠᠷ ᠬᠡᠦᠬᠡᠳ ᠲᠥᠷᠦᠬᠦ ᠶᠢ ᠭᠤᠶᠤᠴᠢᠯᠠᠬᠤ ᠳᠤ᠂ ᠭᠠᠭᠴᠠ ᠬᠡᠦᠬᠡᠳ ᠤᠨ ᠠᠪᠤ ᠡᠵᠢ ᠨᠢ ᠬᠡᠦᠬᠡᠳ | ᠲᠦᠷᠥᠭᠰᠡᠨ ᠪᠠᠶᠢᠳᠠᠯ ᠤᠨ ᠭᠡᠷᠡᠴᠢ ᠪᠠ ᠭᠤᠶᠣᠴᠢᠯᠠᠭᠴᠢ ᠶᠢᠨ ᠡᠷᠦᠬᠡ ᠠᠮᠠ ᠶᠢᠨ ᠳᠡᠪᠲᠡᠷ᠂ ︽ᠤᠷᠤᠭ ᠤᠨ | ᠦᠨᠡᠮᠯᠡᠯ︾᠂ ᠬᠡᠦᠬᠡᠳ ᠲᠦᠷᠥᠭᠰᠡᠨ ᠪᠠᠶᠢᠳᠠᠯ ᠤᠨ ᠭᠡᠷᠡᠴᠢ ᠵᠡᠷᠭᠡ ᠶᠢᠨ ᠤᠭ ᠮᠠᠲ᠋ᠧᠷᠢᠶᠠᠯ ᠬᠢᠭᠡᠳ ᠬᠠᠭᠤᠯᠪᠤᠷᠢ ᠶᠢ | ᠲᠤᠰᠢᠶᠠᠬᠤ ᠬᠡᠷᠡᠭᠲᠡᠢ᠃ ᠠᠪᠤ ᠡᠵᠢ ᠨᠢ ᠤᠤᠯ ᠳᠠᠭᠠᠨ ᠬᠤᠶᠠᠷ ᠬᠡᠦᠬᠡᠳ ᠲᠥᠷᠥᠭᠰᠡᠨ ᠪᠣᠯ ᠬᠠᠮᠢᠶ᠎ᠠ ᠪᠥᠬᠦᠢ | ᠰᠠᠯᠠᠭ᠎ᠠ ᠮᠦᠴᠢᠷ ᠤᠨ ᠬᠢᠵᠦ ᠥᠭᠭᠦᠭᠰᠡᠨ ᠬᠡᠦᠬᠡᠳ ᠨᠢ ᠦᠬᠦᠭᠰᠡᠨ ᠭᠡᠳᠡᠭ ᠤᠨ ᠬᠦᠴᠦᠨ ᠪᠦᠬᠦᠢ ᠪᠤᠰᠤᠳ | ᠭᠡᠷᠡᠴᠢ ᠶᠢ ᠬᠠᠩᠭᠠᠬᠤ ᠬᠡᠷᠡᠭᠲᠡᠢ᠃ | ᠨᠢᠭᠡ ᠲᠠᠯ᠎ᠠ ᠨᠢ ᠭᠠᠳᠠᠷ ᠮᠤᠵᠢ ᠬᠤᠲᠠ ᠶᠢᠨ ᠡᠷᠦᠬᠡ ᠠᠮᠠ ᠶᠢᠨ ᠬᠠᠷᠢᠶ᠎ᠠ ᠲᠠᠢ ᠪᠣᠶᠤ ᠠᠪᠤ ᠡᠵᠢ ᠨᠢ ᠭᠠᠳᠠᠷ | ᠮᠤᠵᠢ ᠬᠤᠲᠠ ᠶᠢᠨ ᠡᠷᠦᠬᠡ ᠠᠮᠠ ᠶᠢᠨ ᠬᠠᠷᠢᠶ᠎ᠠ ᠲᠠᠢ ᠪᠣᠯ ᠭᠠᠳᠠᠷ ᠮᠤᠵᠢ ᠶᠢᠨ ᠲᠠᠯ᠎ᠠ ᠶᠢᠨ ᠡᠷᠦᠬᠡ ᠠᠮᠠ ᠶᠢᠨ | ᠬᠠᠷᠢᠶ᠎ᠠ ᠶᠢᠨ ᠪᠠᠶᠢᠭ᠎ᠠ ᠭᠠᠵᠠᠷ ᠤᠨ ᠭᠠᠴᠠᠭ᠎ᠠ ᠲᠣᠰᠬᠤᠨ ᠤ ᠠᠷᠠᠳ ᠤᠨ ᠵᠦᠪᠯᠡᠯ᠂ ᠰᠠᠭᠤᠭᠠᠯᠢ ᠠᠷᠠᠳ ᠤᠨ ᠵᠦᠪᠯᠡᠯ | ᠪᠣᠶᠤ ᠪᠠᠶᠢᠭ᠎ᠠ ᠨᠢᠭᠡᠴᠡ ᠬᠢᠭᠡᠳ ᠰᠢᠶᠠᠨ ︵ᠬᠤᠲᠠ᠂ ᠲᠤᠭᠤᠷᠢᠭ︶ ᠤ ᠱᠠᠲᠤᠨ ᠤ ᠬᠥᠮᠦᠨ ᠠᠮᠠ ︵ᠡᠷᠡᠭᠦᠯ | ᠬᠠᠮᠠᠭᠠᠯᠠᠯ︶ ᠲᠥᠯᠥᠪᠯᠡᠭᠡᠲᠦ ᠦᠷᠡᠵᠢᠯ ᠤᠨ ᠰᠠᠯᠠᠭ᠎ᠠ ᠮᠦᠴᠢᠷ ᠢᠶᠠᠷ ᠤᠷᠤᠭᠯᠠᠵᠦ ᠬᠡᠤᠬᠡᠳ ᠲᠦᠷᠥᠭᠦᠯᠥᠭᠰᠡᠨ | ᠪᠠᠶᠢᠳᠠᠯ ᠤᠨ ᠭᠡᠷᠡᠴᠢ ᠬᠢᠯᠭᠡᠨ᠎ᠡ᠃ | ᠬᠤᠶᠠᠳᠡᠬᠢ ᠬᠡᠤᠬᠡᠳ ᠠᠪᠬᠤ ᠶᠢ ᠬᠢᠨᠠᠨ ᠵᠦᠪᠰᠢᠶᠡᠷᠡᠬᠦ ᠳᠤ᠂ ᠭᠤᠶᠤᠴᠢᠯᠠᠭᠴᠢ ᠪᠣᠯᠣᠭᠰᠠᠨ ᠠᠪᠤ ᠡᠵᠢ ᠶᠢᠨ | ︽ᠭᠠᠭᠴᠠ ᠬᠡᠦᠬᠡᠳ ᠤᠨ ᠠᠪᠤ ᠡᠵᠢ ᠶᠢᠨ ᠢᠷᠠᠭᠤ ᠠᠯᠳᠠᠷ ᠤᠨ ᠦᠨᠡᠮᠯᠡᠯ︾ ᠠᠪᠤᠭᠰᠠᠨ ᠡᠰᠡᠬᠦ ᠨᠢ ︽ᠭᠠᠭᠴᠠ | ᠬᠡᠦᠬᠡᠳ︾ ᠢᠶᠠᠷ ᠵᠠᠭᠠᠭᠯᠠᠨ ᠲᠣᠭᠲᠠᠭᠠᠬᠤ ᠶᠢᠨ ᠵᠠᠪᠠᠯ ᠪᠦᠷᠢᠳᠥᠭᠦᠯᠬᠦ ᠮᠠᠲ᠋ᠧᠷᠢᠶᠠᠯ ᠪᠢᠰᠢ᠃ ︽ᠭᠠᠭᠴᠠ | ᠬᠡᠦᠬᠡᠳ ᠤᠨ ᠠᠪᠤ ᠡᠵᠢ ᠶᠢᠨ ᠢᠷᠠᠭᠤ ᠠᠯᠳᠠᠷ ᠤᠨ ᠦᠨᠡᠮᠯᠡᠯ︾ ᠠᠪᠤᠭᠰᠠᠨ ᠪᠣᠯ ︽ᠭᠠᠭᠴᠠ ᠬᠡᠦᠬᠡᠳ ᠤᠨ ᠠᠪᠤ | ᠡᠵᠢ ᠶᠢᠨ ᠢᠷᠠᠭᠤ ᠠᠯᠳᠠᠷ ᠤᠨ ᠦᠨᠡᠮᠯᠡᠯ︾ ᠢᠶᠠᠨ ᠬᠠᠩᠭᠠᠬᠤ ᠬᠡᠷᠡᠭᠲᠡᠢ︔ ︽ᠭᠠᠭᠴᠠ ᠬᠡᠦᠬᠡᠳ ᠤᠨ ᠠᠪᠤ | ᠡᠵᠢ ᠶᠢᠨ ᠢᠷᠠᠭᠤ ᠠᠯᠳᠠᠷ ᠤᠨ ᠦᠨᠡᠮᠯᠡᠯ︾ ᠢᠶᠠᠨ ᠭᠡᠭᠡᠭᠰᠡᠨ ᠪᠣᠯ ᠲᠤᠰ ᠬᠥᠮᠦᠨ ᠨᠢ ᠬᠠᠮᠢᠶ᠎ᠠ ᠪᠥᠬᠦᠢ ᠪᠢᠴᠢᠭᠯᠡᠭᠰᠡᠨ | ᠠᠮᠠᠯᠠᠯᠲᠠ ᠬᠢᠬᠦ ᠬᠡᠷᠡᠭᠲᠡᠢ᠃ | ︽ᠡᠷ᠎ᠡ ᠡᠮ᠎ᠡ ᠬᠤᠶᠠᠭᠤᠯᠠ ᠶᠢᠨ ᠨᠢᠭᠡ ᠨᠢ ᠬᠦᠮᠥᠨ ᠤ ᠭᠠᠭᠴᠠ ᠬᠡᠦᠬᠡᠳ ᠪᠣᠯ ᠬᠤᠶᠠᠷ ᠬᠡᠦᠬᠡᠳ ᠠᠪᠴᠤ | ᠪᠣᠯᠬᠤ︾ ᠲᠥᠷᠥ ᠶᠢᠨ ᠪᠣᠳᠤᠯᠭ᠎ᠠ ᠶᠢᠨ ᠭᠤᠶᠤᠴᠢᠯᠠᠬᠤ ᠲᠡᠰ ᠳᠠᠷᠠᠭᠠᠯᠠᠯ ᠤᠨ ᠱᠠᠭᠠᠷᠳᠠᠯᠭ᠎ᠠ᠄ ︽ᠡᠷ᠎ᠡ ᠡᠮ᠎ᠡ | ᠬᠤᠶᠠᠭᠤᠯᠠ ᠶᠢᠨ ᠨᠢᠭᠡ ᠨᠢ ᠬᠦᠮᠥᠨ ᠤ ᠭᠠᠭᠴᠠ ᠬᠡᠦᠬᠡᠳ ᠪᠣᠯ ᠬᠤᠶᠠᠷ ᠬᠡᠦᠬᠡᠳ ᠠᠪᠴᠤ ᠪᠣᠯᠬᠤ︾ ᠲᠥᠷᠥ ᠶᠢᠨ | ᠪᠣᠳᠤᠯᠭ᠎ᠠ ᠳᠤ ᠨᠡᠶᠢᠴᠡᠵᠦ᠂ ᠬᠤᠶᠠᠳᠤᠭᠠᠷ ᠬᠡᠦᠬᠡᠳ ᠲᠥᠷᠥᠬᠦ ᠶᠢ ᠬᠦᠰᠡᠭᠰᠡᠨ ᠡᠷ᠎ᠡ ᠡᠮ᠎ᠡ ᠬᠤᠶᠠᠷ ᠲᠠᠯ᠎ᠠ ᠪᠠᠷ ᠢᠶᠠᠨ | ᠭᠤᠶᠤᠴᠢᠯᠠᠭᠠᠳ᠂ ᠬᠤᠰᠢᠭᠤ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠬᠢᠭᠡᠳ ᠲᠥᠯᠥᠪᠯᠡᠭᠡᠲᠦ ᠦᠷᠡᠵᠢᠯ ᠤᠨ | ᠰᠠᠯᠠᠭ᠎ᠠ ᠮᠦᠴᠢᠷ ᠢᠶᠠᠷ ᠵᠦᠪᠰᠢᠶᠡᠷᠡᠭᠦᠯᠵᠦ᠂ ︽ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠦᠨᠡᠮᠯᠡᠯ︾ | ᠠᠪᠬᠤ ᠶᠠᠪᠤᠳᠠᠯ ᠢ ᠭᠦᠢᠴᠡᠳᠬᠡᠨ᠎ᠡ᠃ ᠪᠣᠲᠠᠲᠠᠢ ᠲᠡᠰ ᠳᠠᠷᠠᠭᠠᠯᠠᠯ ᠨᠢ ᠳᠣᠣᠷᠠᠬᠢ ᠮᠡᠲᠦ᠄ | ᠡᠷ᠎ᠡ ᠡᠮ᠎ᠡ ᠬᠤᠶᠠᠷ ᠲᠠᠯ᠎ᠠ ᠨᠢ ᠡᠷᠦᠬᠡ ᠠᠮᠠ ᠶᠢᠨ ᠪᠠᠶᠢᠭ᠎ᠠ ᠭᠠᠵᠠᠷ ᠤᠨ ᠭᠠᠴᠠᠭ᠎ᠠ ᠲᠣᠰᠬᠤᠨ ᠤ ᠠᠷᠠᠳ ᠤᠨ | ᠵᠦᠪᠯᠡᠯ᠂ ᠰᠠᠭᠤᠭᠠᠯᠢ ᠠᠷᠠᠳ ᠤᠨ ᠵᠦᠪᠯᠡᠯ ᠪᠣᠶᠤ ᠪᠠᠶᠢᠭ᠎ᠠ ᠨᠢᠭᠡᠴᠡ ᠳᠡᠭᠡᠨ ᠭᠤᠶᠣᠴᠢᠯᠠᠯ ᠢᠶᠠᠨ ᠳᠤᠷᠠᠳᠴᠤ᠂ ︽ | ᠬᠤᠶᠠᠳᠡᠬᠢ ᠬᠡᠤᠬᠡᠳ ᠠᠪᠬᠤ ᠭᠤᠶᠤᠴᠢᠯᠠᠯ ᠤᠨ ᠬᠢᠨᠠᠨ ᠵᠦᠪᠰᠢᠶᠡᠷᠡᠭᠦᠯᠬᠦ ᠬᠦᠰᠥᠨᠥᠭᠲᠦ︾ ᠢ ᠦᠨᠡᠨ ᠢᠶᠠᠷ ᠲᠠᠭᠯᠠᠨ | ᠪᠢᠴᠢᠬᠦ ᠶᠢᠨ ᠬᠠᠮᠲᠤ ᠬᠠᠮᠢᠶ᠎ᠠ ᠪᠥᠬᠦᠢ ᠮᠠᠲ᠋ᠧᠷᠢᠶᠠᠯ ᠢ ᠲᠤᠰ ᠥᠪᠡᠷᠲᠡᠭᠡᠨ ᠵᠠᠰᠠᠬᠤ ᠣᠷᠣᠨ ᠤ ᠡᠷ᠎ᠡ ᠡᠮ᠎ᠡ ᠶᠢᠨ ᠨᠢᠭᠡ | ᠲᠠᠯ᠎ᠠ ᠶᠢᠨ ᠡᠷᠦᠬᠡ ᠠᠮᠠ ᠶᠢᠨ ᠪᠠᠶᠢᠭ᠎ᠠ ᠭᠠᠵᠠᠷ ᠤᠨ ᠰᠣᠮᠣ ᠰᠢᠶᠠᠩ ᠪᠠᠯᠭᠠᠰᠦ ᠶᠢᠨ ᠠᠷᠠᠳ ᠤᠨ ᠵᠠᠰᠠᠭ ᠤᠨ ᠣᠷᠳᠣᠨ | ᠪᠣᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠲᠤᠰᠢᠶᠠᠨ᠎ᠠ᠃ ᠰᠣᠮᠣ ᠰᠢᠶᠠᠩ ᠪᠠᠯᠭᠠᠰᠦ ᠶᠢᠨ | ᠠᠷᠠᠳ ᠤᠨ ᠵᠠᠰᠠᠭ ᠤᠨ ᠣᠷᠳᠣᠨ ᠪᠣᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢᠶᠠᠷ ᠬᠢᠨᠠᠭᠤᠯᠤᠭᠠᠳ | ᠬᠤᠰᠢᠭᠤ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠬᠢᠭᠡᠳ ᠲᠥᠯᠥᠪᠯᠡᠭᠡᠲᠦ ᠦᠷᠡᠵᠢᠯ ᠤᠨ ᠰᠠᠯᠠᠭ᠎ᠠ ᠮᠦᠴᠢᠷ ᠲᠤ | ᠮᠡᠳᠡᠭᠦᠯᠵᠦ ᠬᠢᠨᠠᠨ ᠵᠦᠪᠰᠢᠶᠡᠷᠡᠭᠦᠯᠦᠨ᠎ᠡ᠃ | ᠨᠢᠭᠡ ᠲᠠᠯ᠎ᠠ ᠨᠢ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠪᠣᠯᠬᠤ ᠡᠷ᠎ᠡ ᠡᠮ᠎ᠡ ᠬᠤᠶᠠᠭᠤᠯᠠ ᠶᠢᠨ ᠨᠢᠭᠡ | ᠨᠢ ᠬᠦᠮᠥᠨ ᠤ ᠭᠠᠭᠴᠠ ᠬᠡᠤᠬᠡᠳ ᠪᠦᠭᠡᠳ ᠨᠥᠬᠦᠴᠡᠯ ᠳᠤ ᠨᠡᠶᠢᠴᠡᠵᠦ ᠪᠠᠶᠢᠪᠠᠯ᠂ ᠲᠡᠰ ᠳᠠᠷᠠᠭᠠᠯᠠᠯ ᠤᠨ ᠶᠣᠰᠤᠭᠠᠷ | ᠲᠤᠰ ᠥᠪᠡᠷᠲᠡᠭᠡᠨ ᠵᠠᠰᠠᠬᠤ ᠣᠷᠣᠨ ᠤ ᠨᠢᠭᠡ ᠲᠠᠯ᠎ᠠ ᠶᠢᠨ ᠡᠷᠦᠬᠡ ᠠᠮᠠ ᠶᠢᠨ ᠪᠠᠶᠢᠭ᠎ᠠ ᠭᠠᠵᠠᠷ ᠣᠷᠣᠨ ᠳᠤ | ᠬᠤᠶᠠᠳᠡᠬᠢ ᠬᠡᠤᠬᠡᠳ ᠠᠪᠬᠤ ᠪᠠᠷ ᠭᠤᠶᠤᠴᠢᠯᠠᠵᠤ ᠪᠣᠯᠣᠨ᠎ᠠ᠃ |