ᠤᠷᠤᠭᠯᠠᠭᠰᠠᠨ ᠦᠨᠡᠮᠯᠡᠯ᠂ ᠤᠷᠤᠭ ᠰᠠᠯᠤᠭᠰᠠᠨ ᠦᠨᠡᠮᠯᠡᠯ ᠢ ᠨᠥᠬᠦᠵᠦ ᠠᠪᠬᠤ ᠨᠥᠬᠦᠴᠡᠯ
ᠨᠡᠶᠢᠲᠡᠯᠡᠭᠰᠡᠨ ᠴᠠᠭ᠄
2015/9/23
     ᠨᠢᠭᠡ᠂ ᠤᠷᠤᠭ ᠳᠠᠩᠰᠠᠯᠠᠬᠤ ᠭᠠᠵᠠᠷ ᠬᠠᠷᠢᠶᠠᠯᠠᠬᠤ ᠡᠷᠬᠡ ᠲᠠᠢ︔            ᠬᠤᠶᠠᠷ᠂ ᠲᠤᠬᠠᠶᠢᠲᠠᠢ ᠬᠥᠮᠦᠨ ᠤᠷᠤᠭᠯᠠᠬᠤ ᠪᠣᠶᠤ ᠤᠷᠤᠭ ᠰᠠᠯᠬᠤ ᠪᠠᠨ ᠬᠠᠦᠯᠢ ᠶᠣᠰᠤᠭᠠᠷ  ᠳᠠᠩᠰᠠᠯᠠᠭᠤᠯᠬᠤ ᠳᠤ᠂ ᠡᠳᠦᠭᠡ ᠲᠣᠰ ᠪᠠᠶᠢᠳᠠᠯ ᠢ ᠮᠦᠨᠬᠦ ᠬᠡᠪ ᠢᠶᠠᠷ ᠨᠢ ᠪᠠᠶᠢᠯᠭᠠᠨ᠎ᠠ︔            ᠭᠤᠷᠪᠡ᠂ ᠲᠤᠬᠠᠶᠢᠲᠠᠢ ᠬᠥᠮᠦᠨ ᠳᠤ ᠤᠷᠤᠭ ᠳᠠᠩᠰᠠᠯᠠᠭᠤᠯᠬᠤ ᠲᠤᠬᠠᠶᠢᠲᠠᠢ ᠬᠥᠮᠦᠨ ᠤ ᠪᠠᠶᠢᠪᠠᠰᠦ ᠵᠣᠬᠢᠬᠤ  ᠦᠨᠡᠮᠯᠡᠯ ᠪᠠᠶᠢᠬᠤ ᠬᠡᠷᠡᠭᠲᠡᠢ᠃            ᠳᠥᠷᠪᠡ᠂ ᠤᠷᠤᠭ ᠳᠠᠩᠰᠠᠯᠠᠬᠤ ᠪᠠᠶᠢᠭᠤᠯᠭ᠎ᠠ ᠳᠤ ᠲᠤᠬᠠᠶᠢᠲᠠᠢ ᠬᠥᠮᠦᠨ ᠪᠡᠶ᠎ᠡ ᠪᠠᠷ ᠢᠶᠠᠨ ᠬᠦᠷᠴᠦ  ᠭᠤᠶᠤᠴᠢᠯᠠᠯ ᠢᠶᠠᠨ ᠳᠤᠷᠠᠳᠤᠨ᠂ ︽ᠣᠷᠤᠭ ᠳᠠᠩᠰᠠᠯᠠᠭᠤᠯᠤᠭᠰᠠᠨ ᠦᠨᠡᠮᠯᠡᠯ ᠭᠤᠶᠤᠴᠢᠯᠠᠨ ᠨᠥᠬᠦᠵᠦ ᠠᠪᠬᠤ  ᠢᠯᠡᠷᠬᠡᠶᠢᠯᠡᠯᠲᠡ︾ ᠶᠢ ᠲᠠᠭᠯᠠᠨ ᠪᠢᠴᠢᠨ᠎ᠡ᠃            ᠲᠠᠪᠤ᠂ ᠲᠤᠬᠠᠶᠢᠲᠠᠢ ᠬᠥᠮᠦᠨ ᠶᠠᠮᠠᠷ ᠨᠢᠭᠡᠨ ᠰᠢᠯᠲᠠᠭᠠᠨ ᠠᠴᠠ ᠪᠣᠯᠤᠭᠠᠳ ᠤᠤᠯ ᠤᠨ ᠤᠷᠤᠭ ᠳᠠᠩᠰᠠᠯᠠᠭᠰᠠᠨ  ᠪᠠᠶᠢᠭᠤᠯᠭ᠎ᠠ ᠳᠤ ᠬᠦᠷᠴᠦ ᠣᠷᠤᠭ ᠳᠠᠩᠰᠠᠯᠠᠭᠰᠠᠨ ᠦᠨᠡᠮᠯᠡᠯ ᠭᠤᠶᠤᠴᠢᠯᠠᠨ ᠨᠥᠬᠦᠵᠦ ᠠᠪᠴᠦ ᠳᠡᠶᠢᠯᠬᠦ ᠦᠭᠡᠢ ᠪᠣᠯ  ᠪᠣᠰᠤᠳ ᠲᠤ ᠨᠠᠶᠢᠳᠠᠨ ᠭᠦᠢᠴᠡᠳᠬᠡᠯᠭᠡᠵᠦ ᠪᠣᠯᠣᠨ᠎ᠠ᠃ ᠨᠠᠶᠢᠳᠠᠨ ᠭᠦᠢᠴᠡᠳᠬᠡᠯᠭᠡᠬᠦ ᠳᠤ ᠠᠯᠪᠠᠨ ᠭᠡᠷᠡᠴᠢᠯᠡᠭᠡ ᠶᠢᠨ  ᠪᠠᠶᠢᠭᠤᠯᠭ᠎ᠠ ᠪᠠᠷ ᠭᠡᠷᠡᠴᠢᠯᠡᠭᠦᠯᠦᠭᠰᠡᠨ ᠲᠤᠬᠠᠶᠢᠲᠠᠢ ᠬᠥᠮᠦᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ ᠪᠠ  ᠨᠠᠶᠢᠳᠠᠯᠭ᠎ᠠ ᠶᠢᠨ ᠪᠢᠴᠢᠭ ᠢ ᠲᠣᠰᠢᠶᠠᠬᠤ ᠬᠡᠷᠡᠭᠲᠡᠢ᠃ ᠨᠠᠶᠢᠳᠠᠯᠭ᠎ᠠ ᠶᠢᠨ ᠪᠢᠴᠢᠭ ᠲᠤ ᠲᠤᠬᠠᠶᠢᠲᠠᠢ ᠬᠥᠮᠦᠨ ᠤ  ᠤᠷᠤᠭ ᠤᠨ ᠳᠠᠩᠰᠠᠯᠠᠭᠤᠯᠤᠭᠰᠠᠨ ᠴᠠᠭ ᠬᠤᠭᠤᠴᠠᠭ᠎ᠠ ᠪᠠ ᠳᠠᠭᠠᠭᠠᠨ ᠬᠢᠭᠰᠡᠨ ᠪᠠᠶᠢᠭᠤᠯᠭ᠎ᠠ᠂ ᠣᠳᠣᠬᠢ ᠣᠷᠤᠭ ᠤᠨ  ᠪᠠᠶᠢᠳᠠᠯ᠂ ᠨᠠᠶᠢᠳᠠᠭᠰᠠᠨ ᠤᠴᠢᠷ ᠰᠢᠯᠲᠠᠭᠠᠨ᠂ ᠨᠠᠶᠢᠳᠠᠯᠭ᠎ᠠ ᠬᠦᠯᠢᠶᠡᠭᠰᠡᠨ ᠬᠥᠮᠦᠨ ᠤ  ᠣᠪᠣᠭ  ᠨᠡᠷ᠎ᠡ  ᠪᠠ  ᠪᠡᠶ᠎ᠡ   ᠶᠢᠨ  ᠦᠨᠡᠮᠯᠡᠯ  ᠤᠨ  ᠳ᠋ᠤᠭᠠᠷ  ᠢ ᠲᠣᠳᠣᠷᠬᠠᠶᠢᠯᠠᠨ ᠪᠢᠴᠢᠬᠦ ᠬᠡᠷᠡᠭᠲᠡᠢ᠃ ᠨᠠᠶᠢᠳᠠᠯᠭ᠎ᠠ ᠬᠦᠯᠢᠶᠡᠭᠴᠢ ᠦᠪᠡᠷ ᠤᠨ  ᠪᠡᠶ᠎ᠡ ᠶᠢᠨ ᠦᠨᠡᠮᠯᠡᠯ ᠢᠶᠠᠨ ᠵᠡᠷᠭᠡ ᠳᠤᠨᠢ ᠲᠤᠰᠢᠶᠠᠬᠤ ᠬᠡᠷᠡᠭᠲᠡᠢ᠃              ᠵᠢᠷᠭᠤᠭ᠎ᠠ᠂ ᠤᠷᠤᠭ ᠳᠠᠩᠰᠠᠯᠠᠭᠰᠠᠨ ᠳᠠᠩᠰᠠ ᠡᠪᠬᠡᠮᠡᠯ ᠨᠢ ᠭᠡᠭᠡᠭᠳᠡᠭᠰᠡᠨ ᠪᠣᠯ ᠲᠤᠬᠠᠶᠢᠲᠠᠢ ᠬᠥᠮᠦᠨ  ᠤᠷᠤᠭ ᠤᠨ ᠪᠠᠶᠢᠳᠠᠯ ᠢᠶᠠᠨ ᠭᠡᠷᠡᠴᠢᠯᠡᠵᠦ ᠳᠡᠶᠢᠯᠬᠦ ᠭᠡᠷᠡᠴᠢ ᠲᠣᠰᠢᠶᠠᠬᠤ ᠬᠡᠷᠡᠭᠲᠡᠢ᠃ ᠡᠷᠦᠬᠡ ᠠᠮᠠ ᠶᠢᠨ  ᠲᠡᠪᠲᠡᠷ ᠲᠠᠬᠢ ᠡᠷ᠎ᠡ ᠡᠮ᠎ᠡ ᠶᠢᠨ ᠬᠠᠷᠢᠴᠠᠭ᠎ᠠ ᠶᠢᠨ ᠲᠡᠮᠳᠡᠭᠯᠡᠯ᠂ ᠭᠤᠶᠤᠴᠢᠯᠠᠭᠴᠢ ᠶᠢᠨ ᠤᠷᠤᠭ ᠤᠨ ᠪᠠᠶᠢᠳᠠᠯ ᠢ  ᠲᠣᠳᠤᠷᠬᠠᠶᠢᠯᠠᠨ ᠪᠢᠴᠢᠭᠰᠡᠨ ᠨᠢᠭᠡᠴᠡ᠂ ᠭᠠᠴᠠᠭᠠᠨ ︵ᠰᠠᠭᠤᠭᠠᠯᠢ︶ ᠤ ᠠᠷᠠᠳ ᠤᠨ ᠵᠦᠪᠯᠡᠯ ᠪᠣᠶᠤ ᠣᠶᠢᠷ᠎ᠠ ᠲᠥᠷᠥᠯ  ᠰᠠᠳᠤᠨ ᠤ ᠬᠢᠵᠦ ᠥᠭᠭᠦᠭᠰᠡᠨ ᠭᠡᠷᠡᠴᠢ ᠶᠢ ᠭᠤᠶᠣᠴᠢᠯᠠᠭᠴᠢ ᠶᠢᠨ ᠣᠷᠤᠭ ᠤᠨ ᠪᠠᠶᠢᠳᠠᠯ ᠤᠨ ᠭᠡᠷᠡᠴᠢ ᠪᠣᠯᠭᠠᠨ  ᠬᠡᠷᠡᠭᠯᠡᠵᠦ ᠪᠣᠯᠣᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号