ᠬᠦᠩᠭᠡᠨ ᠴᠠᠭᠠᠨ ᠤ ᠠᠭᠤᠯᠬᠤᠨ ᠲᠠᠢ ᠢᠳᠡᠭᠡᠨ ᠤ ᠨᠡᠮᠡᠯᠲᠡ ᠡᠳ᠋ ᠤᠨ ᠬᠡᠷᠡᠭᠯᠡᠬᠦ ᠲᠣᠭᠲᠠᠭᠠᠯ ᠢ  ᠲᠤᠬᠢᠷᠠᠭᠤᠯᠬᠤ ᠲᠤᠬᠠᠢ ᠤᠯᠤᠰ ᠤᠨ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠵᠡᠷᠭᠡ  5 ᠰᠠᠯᠠᠭ᠎ᠠ ᠮᠦᠴᠢᠷ ‍ᠦᠨ‌ᠠᠯᠪᠠᠨ ᠵᠠᠷ ︵2014 ᠣᠨ ᠤ 8 ᠳ᠋ᠤᠭᠠᠷ ᠲᠣᠭᠠᠲᠤ︶
ᠨᠡᠶᠢᠲᠡᠯᠡᠭᠰᠡᠨ ᠴᠠᠭ᠄
2015/9/23
     ︽ᠢᠳᠡᠭᠡᠨ ᠤ ᠠᠮᠤᠷ ᠲᠦᠪᠰᠢᠨ ᠤ ᠬᠠᠤᠯᠢ︾ ᠪᠠ ︽ᠢᠳᠡᠭᠡᠨ ᠤ ᠨᠡᠮᠡᠯᠲᠡ ᠡᠳ᠋ ᠤᠨ ᠰᠢᠨ᠎ᠡ ᠲᠦᠷᠦᠯ  ᠵᠦᠢᠯ ᠤᠨ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠢ ᠦᠨᠳᠦᠰᠦᠯᠡᠨ᠂ ︽ᠢᠳᠡᠭᠡᠨ ᠤ ᠨᠡᠮᠡᠯᠲᠡ ᠡᠳ᠋ ᠤᠨ  ᠬᠡᠷᠡᠭᠯᠡᠬᠦ ᠪᠠᠷᠢᠮᠵᠢᠶ᠎ᠠ︾ (GB2760-2011︶ ᠳᠤ ᠬᠦᠩᠭᠡᠨ ᠴᠠᠭᠠᠨ ᠤ ᠠᠭᠤᠯᠬᠤᠨ‌‍ᠲ᠋ᠠᠢ ᠢᠳᠡᠭᠡᠨ ᠤ ᠨᠡᠮᠡᠯᠲᠡ  ᠡᠳ᠋ ᠢ ᠳᠠᠬᠢᠨ ᠰᠢᠨ᠎ᠡ ᠪᠠᠷ ᠦᠨᠡᠯᠡᠬᠦ ᠪᠠᠷ ᠳᠠᠮᠵᠢᠨ᠂  ᠬᠦᠴᠢᠯᠯᠢᠭ ᠹᠣᠰᠹᠣᠷ ᠬᠦᠴᠢᠯ ᠤᠨ ᠬᠦᠩᠭᠡᠨ ᠴᠠᠭᠠᠨ ᠨᠠᠲᠷᠢ ᠂  ᠴᠠᠬᠢᠭᠤᠷ ᠬᠦᠩᠭᠡᠨ ᠴᠠᠭᠠᠨ ᠬᠦᠴᠢᠯ ᠤᠨ ᠨᠠᠲᠷᠢ ᠪᠣᠯᠣᠨ ᠤᠺᠲ᠋ᠧᠲᠤ ᠬᠤᠪᠠ ᠬᠦᠴᠢᠯ ᠤᠨ ᠬᠦᠩᠭᠡᠨ ᠴᠠᠭᠠᠨ ᠤ  ᠴᠠᠷᠳᠠᠭᠤᠯ ᠵᠡᠷᠭᠡ 3 ᠵᠦᠢᠯ ᠤᠨ ᠢᠳᠡᠭᠡᠨ ᠤ ᠨᠡᠮᠡᠯᠲᠠ ᠡᠳ᠋ ᠢ ᠬᠠᠰᠤᠵᠦ᠂ ᠬᠦᠭᠡᠯᠭᠡᠭᠰᠡᠨ ᠢᠳᠡᠭᠡᠨ ᠳᠤ ᠳᠠᠬᠢᠵᠤ  ᠬᠦᠩᠭᠡᠨ ᠴᠠᠭᠠᠨ ᠤ ᠠᠭᠤᠯᠬᠤᠨ ᠲᠠᠢ ᠢᠳᠡᠭᠡᠨ ᠤ ᠨᠡᠮᠡᠯᠲᠡ ᠡᠳ᠋ ᠬᠡᠷᠡᠭᠯᠡᠬᠦ ᠶᠢ ᠦᠯᠦ ᠵᠦᠪᠰᠢᠶᠡᠷᠡᠬᠦ  ᠲᠡᠷᠡᠴᠢᠯᠡᠨ  ᠬᠦᠬᠦᠷ ᠬᠦᠴᠢᠯ ᠤᠨ ᠬᠦᠩᠭᠡᠨ ᠴᠠᠭᠠᠨ ᠺᠠᠯᠢ ᠪᠠ ᠬᠦᠬᠦᠷ ᠬᠦᠴᠢᠯ ᠤᠨ ᠠᠮᠮᠤᠨᠢ ᠶᠢᠨ ᠬᠡᠷᠡᠭᠯᠡᠬᠦ ᠬᠦᠷᠢᠶ᠎ᠡ  ᠬᠡᠪᠴᠢᠶ᠎ᠡ ᠶᠢ ᠲᠣᠬᠢᠷᠠᠭᠤᠯᠬᠤ ᠪᠠᠷ ᠲᠤᠭᠳᠠᠭᠠᠪᠠ᠃ ᠦᠨᠦ ᠳᠣᠣᠷᠠᠬᠢ ᠮᠡᠲᠦ ᠠᠯᠪᠠᠨ ᠵᠠᠷᠯᠠᠪᠠ᠄         ᠨᠢᠭᠡ᠂ 2014 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠦᠴᠢᠯᠯᠢᠭ ᠹᠣᠰᠹᠣᠷ  ᠬᠦᠴᠢᠯ ᠤᠨ ᠬᠦᠩᠭᠡᠨ ᠴᠠᠭᠠᠨ ᠨᠠᠲᠷᠢ᠂ ᠴᠠᠬᠢᠭᠤᠷ ᠬᠦᠩᠭᠡᠨ ᠴᠠᠭᠠᠨ ᠬᠦᠴᠢᠯ ᠤᠨ ᠨᠠᠲᠷᠢ ᠪᠣᠯᠣᠨ ᠤᠺᠲ᠋ᠧᠲᠤ  ᠬᠤᠪᠠ ᠬᠦᠴᠢᠯ ᠤᠨ ᠬᠦᠩᠭᠡᠨ ᠴᠠᠭᠠᠨ ᠤ ᠴᠠᠷᠳᠠᠭᠤᠯ ᠢ ᠢᠳᠡᠭᠡᠨ ᠤ ᠨᠡᠮᠡᠯᠲᠡ ᠡᠳ᠋ ᠦᠢᠯᠡᠳᠪᠦᠷᠢᠯᠡᠬᠦ᠂ ᠡᠵᠡᠩᠨᠡᠬᠦ ᠪᠠ  ᠬᠡᠷᠡᠭᠯᠡᠬᠦ ᠳᠤ ᠬᠡᠷᠡᠭᠯᠡᠬᠦ ᠶᠢ ᠴᠠᠭᠠᠵᠠᠯᠠᠵᠤ᠂ ᠬᠦᠭᠡᠯᠭᠡᠭᠰᠡᠨ ᠢᠳᠡᠭᠡᠨ ᠦᠢᠯᠡᠳᠪᠦᠷᠢᠯᠡᠬᠦ ᠳᠤᠮᠳᠠ ᠬᠦᠩᠭᠡᠨ ᠴᠠᠭᠠᠨ ᠤ  ᠠᠭᠤᠯᠬᠤᠨ ᠲᠠᠢ ᠢᠳᠡᠭᠡᠨ ᠤ ᠨᠡᠮᠡᠯᠲᠡ ᠡᠳ᠋ ᠬᠡᠷᠡᠭᠯᠡᠵᠦ ᠪᠣᠯᠬᠤ ᠦᠭᠡᠢ  ᠪᠦᠭᠡᠳ ᠪᠣᠭᠤᠳᠠᠢ ᠶᠢᠨ ᠭᠤᠯᠢᠷ ᠵᠢᠴᠢ  ᠦᠢᠯᠡᠳᠬᠦᠨ ︵ᠲᠣᠰᠣᠨ ᠳᠤ ᠪᠣᠴᠠᠯᠭᠠᠭᠰᠠᠨ ᠭᠤᠯᠢᠷ ᠢᠳᠡᠭᠡᠨ᠂  ᠵᠤᠳᠠᠩ ︵ᠵᠢᠱᠢᠶᠡᠯᠡᠪᠡᠯ ᠵᠢᠭᠠᠰᠤ ᠪᠣᠯᠣᠨ  ᠵᠢᠭᠦᠷᠳᠡᠨ ᠤ ᠮᠢᠬᠠᠨ ᠳᠤ ᠬᠡᠷᠡᠭᠯᠡᠬᠦ ᠭᠤᠯᠢᠷᠬᠠᠭ︶᠂ ᠪᠠᠭᠯᠠᠬᠤ ᠲᠠᠯᠬ᠎ᠠ᠂ ᠬᠠᠭᠠᠷᠢᠬᠤ ᠲᠠᠯᠬ᠎ᠠ ᠠᠴᠠ  ᠪᠤᠰᠤᠳ︶  ᠦᠢᠯᠡᠳᠪᠦᠷᠢᠯᠡᠬᠦ ᠳᠤ ᠬᠦᠬᠦᠷ ᠬᠦᠴᠢᠯ ᠤᠨ ᠬᠦᠩᠭᠡᠨ ᠴᠠᠭᠠᠨ ᠺᠠᠯᠢ ᠪᠠ ᠬᠦᠬᠦᠷ ᠬᠦᠴᠢᠯ ᠤᠨ ᠠᠮᠮᠤᠨᠢ ᠬᠡᠷᠡᠭᠯᠡᠵᠦ  ᠪᠣᠯᠬᠤ ᠦᠭᠡᠢ᠃ 2014 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠬᠠᠮᠢᠶ᠎ᠠ ᠪᠦᠬᠦᠢ ᠪᠠᠷᠢᠮᠵᠢᠶ᠎ᠠ  ᠶᠣᠰᠤᠭᠠᠷ ᠳᠡᠭᠡᠷ᠎ᠡ ᠳᠤᠷᠠᠳᠤᠭᠰᠠᠨ ᠢᠳᠡᠭᠡᠨ ᠤ ᠨᠡᠮᠡᠯᠲᠡ‌ᠡᠳ᠋   ᠢ ᠬᠡᠷᠡᠭᠯᠡᠵᠦ ᠦᠢᠯᠡᠳᠪᠦᠷᠢᠯᠡᠭᠰᠡᠨ ᠢᠳᠡᠭᠡᠨ ᠢ  ᠦᠷᠭᠦᠯᠵᠢᠯᠡᠨ ᠴᠢᠨᠡᠷ ᠢ ᠪᠠᠳᠤᠯᠠᠬᠤ ᠬᠤᠭᠤᠴᠠᠭ᠎ᠠ ᠨᠢ ᠳᠠᠭᠤᠰᠲᠠᠯ᠎ᠠ ᠬᠤᠳᠠᠯᠳᠤᠵᠤ ᠪᠣᠯᠣᠨ᠎ᠠ᠃          ᠬᠤᠶᠠᠷ᠂ ᠡᠯ᠎ᠡ ᠱᠠᠳᠤᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ  ᠮᠦᠴᠢᠷ ᠤᠳ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠴᠠᠭᠠᠯᠲᠠ ᠪᠠᠨ ᠴᠢᠩᠭᠠᠳᠬᠠᠵᠤ᠂  ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ  ᠪᠠᠶᠢᠴᠠᠭᠠᠨ ᠰᠡᠶᠢᠳᠪᠦᠷᠢᠯᠡᠬᠦ ᠬᠡᠷᠡᠭᠲᠡᠢ᠃ ᠢᠳᠡᠭᠡᠨ ᠤ ᠠᠵᠤ ᠦᠢᠯᠡᠳᠪᠦᠷᠢ ᠶᠢᠨ ᠠᠵᠢᠯ ᠲᠦᠷᠦᠯ ᠤᠨ ᠭᠤᠣᠯᠴᠢᠯᠠᠨ  ᠬᠠᠮᠢᠶᠠᠷᠬᠤ ᠰᠠᠯᠠᠭ᠎ᠠ ᠮᠦᠴᠢᠷ ᠤᠳ ᠠᠵᠢᠯ ᠲᠦᠷᠦᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠠᠵᠤ  ᠠᠬᠤᠶᠢᠯᠠᠯ ᠤᠳ ᠢ ᠵᠢᠯᠣᠭᠤᠳᠤᠨ ᠬᠠᠮᠢᠶ᠎ᠠ ᠪᠦᠬᠦᠢ ᠢᠳᠡᠭᠡᠨ ᠪᠠ ᠢᠳᠡᠭᠡᠨ ᠤ ᠨᠡᠮᠡᠯᠲᠡ ᠡᠳ᠋ ᠤᠨ ᠦᠢᠯᠡᠳᠪᠦᠷᠢᠯᠡᠯ  ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃                                                      ᠤᠨᠴᠠᠭᠠᠶᠢᠯᠠᠨ ᠠᠯᠪᠠᠨ ᠵᠠᠷᠯᠠᠪᠠ᠃   ᠤᠯᠤᠰ ᠤᠨ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ      ᠠᠵᠤ ᠦᠢᠯᠡᠳᠪᠦᠷᠢ ᠪᠠ ᠮᠡᠳᠡᠭᠡ  ᠵᠠᠩᠬᠢᠵᠢᠯᠳᠠ ᠶᠢᠨ ᠶᠠᠮᠤᠨ ᠶᠠᠰᠤ ᠴᠢᠨᠠᠷ ᠬᠢᠨᠠᠨ ᠪᠠᠶᠢᠴᠠᠭᠠᠬᠤ ᠶᠡᠷᠦᠩᠬᠡᠢ ᠲᠣᠪᠴᠢᠶ᠎ᠠ      ᠢᠳᠡᠭᠡᠨ ᠪᠠ ᠡᠮ ᠤᠨ ᠵᠦᠢᠯ ᠤᠨ ᠬᠢᠨᠠᠯᠲᠠ  ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠠᠮᠤ ᠪᠤᠳᠠᠭᠠᠨ ᠤ ᠲᠣᠪᠴᠢᠶ᠎ᠠ                                                                                                                                          2014ᠣᠨ ᠤ 5 ᠳ᠋ᠤᠭᠠᠷ ᠰᠠᠷ᠎ᠠ ᠶᠢᠨ 14 ᠤ ᠡᠳᠦᠷ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号