ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ︶ᠦᠨᠡᠮᠰᠢᠯᠲᠡ  ᠶᠢᠨ  ᠳᠡᠰ  ᠳᠠᠷᠠᠭᠠᠯᠠᠯ  ᠬᠢᠭᠡᠳ ᠭᠦᠢᠴᠡᠳᠭᠡᠬᠦ ︵ᠯᠠᠪᠯᠠᠬᠤ︶
ᠨᠡᠶᠢᠲᠡᠯᠡᠭᠰᠡᠨ ᠴᠠᠭ᠄
2015/9/24
     ᠨᠢᠭᠡ᠂ ᠡᠯ᠎ᠡ ᠬᠤᠰᠢᠭᠤ ᠰᠢᠶᠠᠨ ᠲᠤᠭᠤᠷᠢᠭ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ ᠨᠢ  ᠬᠠᠷᠢᠶ᠎ᠠ ᠪᠦᠬᠦᠢ ᠭᠠᠳᠠᠭᠠᠲᠤ ᠭᠠᠷᠭᠠᠯᠳᠠ ᠶᠢᠨ ᠬᠤᠳᠠᠯᠳᠤᠭᠠᠴᠢᠨ ᠤ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ  ᠪᠤᠴᠠᠭᠠᠬᠤ ︵ᠬᠡᠯᠲᠦᠷᠢᠬᠦᠯᠬᠦ︶  ᠦᠨᠡᠮᠰᠢᠯᠳᠠ ᠶᠢ ᠰᠢᠨ᠎ᠡ ᠪᠠᠷ ᠬᠦᠢᠴᠡᠳᠭᠡᠬᠦ᠂ ᠬᠤᠪᠢᠷᠠᠭᠤᠯᠬᠤ᠂  ᠬᠦᠴᠤᠨ ᠦᠬᠡᠢ  ᠪᠤᠯᠭᠠᠬᠤ ᠭᠤᠶᠤᠴᠢᠯᠠᠯ ᠢ ᠬᠢᠨᠠᠨ ᠵᠦᠪᠰᠢᠶᠡᠷᠡᠬᠦ ᠠᠵᠢᠯ ᠢ ᠬᠠᠷᠢᠭᠤᠴᠠᠨ᠎ᠠ᠃            ᠭᠠᠳᠠᠭᠠᠲᠤ ᠠᠷᠠᠯᠵᠢᠶ᠎ᠠ ᠡᠵᠡᠩᠨᠡᠭᠴᠢᠳ《 ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ  ᠭᠠᠳᠠᠭᠠᠲᠤ ᠠᠷᠠᠯᠵᠢᠶᠠᠨ ᠤ ᠬᠠᠤᠯᠢ》 ᠪᠠ ᠬᠤᠳᠠᠯᠳᠤᠭᠠᠨ ᠤ ᠶᠠᠪᠤᠳᠠᠯ ᠤᠨ ᠶᠠᠮᠤᠨ ᠤ《 ᠭᠠᠳᠠᠭᠠᠲᠤ ᠠᠷᠠᠯᠵᠢᠶ᠎ᠠ  ᠡᠵᠡᠩᠨᠡᠭᠴᠢᠳ ᠤᠨ  ᠳᠠᠩᠰᠠᠯᠠᠭᠤᠯᠤᠨ ᠪᠦᠷᠢᠳᠭᠡᠯᠭᠡᠬᠦ ᠠᠷᠭ᠎ᠠ》 ᠶᠢᠨ ᠲᠤᠭᠲᠠᠭᠠᠯ ᠶᠤᠰᠤᠭᠠᠷ ᠳᠠᠩᠰᠠᠯᠠᠭᠤᠯᠤᠨ  ᠪᠦᠷᠢᠳᠭᠡᠯᠭᠡᠭᠰᠡᠨ ᠤ ᠰᠡᠭᠦᠯᠡᠷ᠂ ᠭᠠᠳᠠᠭᠠᠲᠤ ᠭᠠᠷᠭᠠᠯᠳᠠ ᠶᠢᠨ ᠡᠵᠡᠩᠨᠡᠯᠳᠡ ᠶᠢᠨ ᠬᠢᠷᠢ ᠬᠡᠮ ᠦᠭᠡᠢ ᠦᠢᠯᠡᠳᠪᠦᠷᠢᠯᠡᠯ   ᠤᠨ ᠠᠵᠤ ᠠᠬᠤᠶᠢᠯᠠᠯ ᠦᠪᠡᠷ ᠤᠨ ᠦᠢᠯᠡᠳᠪᠦᠷᠢᠯᠡᠭᠰᠡᠨ ᠪᠠᠷᠠᠭ᠎ᠠ ︵ ᠦᠪᠡᠷ   ᠢᠶᠠᠨ ᠦᠢᠯᠡᠳᠪᠤᠷᠢᠯᠡᠭᠰᠡᠨ ᠲᠠᠢ  ᠠᠳᠠᠯᠢ ᠦᠢᠯᠡᠳᠬᠦᠨ ᠪᠠᠭᠳᠠᠨ᠎ᠠ ᠂ ᠳᠤᠷᠤᠭᠰᠢ ᠠᠳᠠᠯᠢ︶ ᠪᠠᠨ ᠭᠠᠳᠠᠭᠠᠲᠤ ᠳᠤ ᠭᠠᠷᠭᠠᠬᠤ ᠪᠠᠷ ᠨᠠᠶᠢᠳᠠᠪᠠᠯ᠂ ᠲᠤᠰ  ᠲᠤᠰ ᠪᠦᠷᠢᠳᠭᠡᠨ ᠳᠠᠩᠰᠠᠯᠠᠭᠤᠯᠤᠭᠰᠠᠨ᠂ ᠤᠷᠤᠯᠠᠨ ᠭᠠᠳᠠᠭᠠᠲᠤ ᠳᠤ ᠭᠠᠷᠭᠠᠬᠤ ᠵᠦᠪᠯᠡᠯᠴᠡᠭᠡᠷ ᠳᠤ ᠭᠠᠷ ᠤᠨ  ᠦᠰᠦᠭ ᠵᠢᠷᠤᠭᠰᠠᠨ ᠡᠳᠦᠷ ᠠᠴᠠ ᠡᠬᠢᠯᠡᠵᠤ᠂ 30 ᠡᠳᠦᠷ ᠤᠨ ᠳᠤᠲᠤᠷ᠎ᠠ ᠬᠤᠯᠪᠤᠭᠳᠠᠯ ᠪᠦᠬᠦᠢ ᠮᠠᠲ᠋ᠧᠷᠢᠶᠠᠯ ᠢᠶᠠᠨ  ᠠᠪᠴᠤ᠂《 ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ︶ ᠦᠨᠡᠮᠰᠢᠯᠲᠡ ᠶᠢᠨ  ᠬᠦᠰᠦᠨᠦᠭᠲᠦ》 ᠶᠢ ᠲᠠᠭᠯᠠᠵᠤ᠂ ᠰᠠᠭᠤᠭ᠎ᠠ ᠭᠠᠵᠠᠷ ᠤᠨ ᠢᠶᠠᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ  ᠤᠴᠢᠵᠦ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ︶ ᠭᠠᠷᠳᠠᠮ ᠢ  ᠬᠦᠢᠴᠡᠳᠭᠡᠨ᠎ᠡ᠃            ᠤᠨᠴᠠ ᠲᠤᠭᠳᠠᠭᠠᠭᠰᠠᠨ ᠭᠠᠶᠢᠯᠢ ᠪᠤᠴᠠᠭᠠᠬᠤ ︵ᠬᠡᠯᠲᠦᠷᠢᠬᠦᠯᠬᠦ︶ ᠠᠵᠤ ᠠᠬᠤᠶᠢᠯᠠᠯ ᠪᠠ ᠬᠦᠮᠤᠰ  ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ︶  ᠦᠨᠡᠮᠰᠢᠯᠳᠡ ᠶᠢᠨ ᠭᠠᠷᠳᠠᠮ  ᠬᠦᠢᠴᠡᠳᠭᠡᠬᠦ ᠳᠤ ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠭᠦᠢᠴᠡᠳᠭᠡᠨ᠎ᠡ᠃            ᠬᠤᠶᠠᠷ᠂ ᠪᠦᠷᠢᠳᠭᠡᠯᠭᠡᠬᠦ ᠬᠢᠭᠡᠳ ᠳᠠᠭᠠᠯᠳᠤᠭᠤᠯᠤᠨ ᠬᠦᠷᠭᠡᠬᠦ ᠮᠠᠲ᠋ᠧᠷᠢᠶᠠᠯ᠃ ᠭᠠᠳᠠᠭᠠᠲᠤ ᠭᠠᠷᠭᠠᠯᠳᠠ ᠶᠢᠨ  ᠬᠤᠳᠠᠯᠳᠤᠭᠠᠴᠢᠨ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ︶ ᠦᠨᠡᠮᠰᠢᠯᠳᠠ   ᠶᠢᠨ ᠭᠠᠷᠳᠠᠮ ᠬᠦᠢᠴᠡᠳᠭᠡᠬᠦ ᠳᠡᠭᠡᠨ 《 ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ  ︵ᠬᠡᠯᠲᠦᠷᠢᠬᠦᠯᠬᠦ︶ ᠦᠨᠡᠮᠰᠢᠯᠳᠠ ᠶᠢᠨ ᠬᠦᠰᠦᠨᠦᠭᠲᠦ ︵ᠨᠢᠭᠡ ᠬᠡᠪ ᠤᠨ ᠬᠤᠶᠠᠷ ᠬᠤᠪᠢ︶ ᠶᠢ ᠲᠠᠭᠯᠠᠬᠤ ᠶᠢᠨ  ᠬᠠᠮᠲᠤ ᠳᠤᠤᠷᠠᠬᠢ ᠮᠠᠲ᠋ᠧᠷᠢᠶᠠᠯ ︵ᠮᠠᠲ᠋ᠧᠷᠢᠶᠠᠯ ᠪᠦᠬᠦᠨ ᠤ ᠡᠬᠡ ᠳᠡᠪᠲᠡᠷ ᠬᠢᠭᠡᠳ ᠳᠠᠷᠤᠮᠯᠠᠯ ᠳᠡᠪᠲᠡᠷ ᠢ ᠲᠤᠰ ᠪᠦᠷᠢ  ᠨᠢᠭᠡ ᠬᠤᠪᠢ︶ ᠢ ᠬᠠᠨᠭ᠍ᠭᠠᠨ᠎ᠠ᠄            1.《 ᠭᠠᠶᠢᠯᠢ ᠶᠢᠨ ᠶᠠᠪᠤᠳᠠᠯ ᠤᠨ ᠪᠦᠷᠢᠳᠭᠡᠯ ᠤᠨ ᠦᠨᠡᠮᠯᠡᠯ》 ︵ᠬᠠᠭᠤᠯᠪᠤᠷᠢ ᠳᠡᠪᠲᠡᠷ︶            2. ᠳᠠᠩᠰᠠᠯᠠᠭᠤᠯᠤᠨ ᠪᠦᠷᠢᠳᠭᠡᠯᠭᠡᠭᠰᠡᠨ ᠪᠦᠭᠡᠳ ᠳᠠᠩᠰᠠᠯᠠᠨ ᠪᠦᠷᠢᠳᠭᠡᠭᠰᠡᠨ ᠲᠤᠰᠬᠠᠢ ᠲᠠᠮᠠᠭ᠎ᠠ  ᠳᠠᠷᠤᠭᠰᠠᠨ《 ᠭᠠᠳᠠᠭᠠᠲᠤ ᠠᠷᠠᠯᠵᠢᠶ᠎ᠠ ᠡᠵᠡᠩᠨᠡᠭᠴᠢᠳ ᠤᠨ ᠳᠠᠩᠰᠠᠯᠠᠭᠤᠯᠤᠨ ᠪᠦᠷᠢᠳᠭᠡᠯᠭᠡᠬᠦ ᠬᠦᠰᠦᠨᠦᠭᠲᠦ》 ᠶᠢᠨ  ᠡᠬᠡ ᠳᠡᠪᠲᠡᠷ ᠬᠢᠭᠡᠳ ᠳᠠᠷᠤᠮᠯᠠᠯ ᠳᠡᠪᠲᠡᠷ᠂ ᠭᠠᠳᠠᠭᠠᠲᠤ ᠭᠠᠷᠭᠠᠯᠳᠠ ᠶᠢᠨ ᠡᠵᠡᠩᠨᠡᠯᠳᠡ ᠶᠢᠨ ᠬᠢᠷᠢ ᠬᠡᠮ ᠦᠭᠡᠢ  ᠦᠢᠯᠡᠳᠪᠦᠷᠢᠯᠡᠯ ᠤᠨ ᠠᠵᠤ ᠠᠬᠤᠶᠢᠯᠠᠯ ᠭᠠᠳᠠᠭᠠᠲᠤ ᠳᠤ ᠪᠠᠷᠠᠭ᠎ᠠ ᠪᠠᠨ ᠭᠠᠷᠭᠠᠬᠤ ᠪᠠᠷ ᠨᠠᠶᠢᠳᠠᠭᠰᠠᠨ ᠪᠤᠯ᠂ ᠤᠷᠤᠯᠠᠨ  ᠭᠠᠳᠠᠭᠠᠲᠤ ᠳᠤ ᠭᠠᠷᠭᠠᠬᠤ ᠵᠦᠪᠯᠡᠯᠴᠡᠭᠡᠷ ᠤᠨ  ᠡᠬᠡ ᠮᠠᠲ᠋ᠧᠷᠢᠶᠠᠯ ᠬᠢᠭᠡᠳ ᠳᠠᠷᠤᠮᠯᠠᠯ ᠮᠠᠲ᠋ᠧᠷᠢᠶᠠᠯ ᠠᠴᠠ ᠨᠢᠭᠡ ᠬᠤᠪᠢ  ᠬᠠᠨᠭ᠍ᠭᠠᠨ᠎ᠠ            3. ᠪᠤᠭᠤᠮᠲᠠ ᠳᠤ ᠦᠪᠡᠷᠲᠡᠭᠡᠨ ᠭᠦᠢᠴᠡᠳᠭᠡᠬᠦ ᠪᠠᠷ ᠮᠡᠳᠡᠭᠦᠯᠦᠭᠰᠡᠨ ᠨᠢᠭᠡᠴᠡ ᠶᠢᠨ ᠳᠠᠩᠰᠠᠯᠠᠭᠤᠯᠤᠨ  ᠪᠦᠷᠢᠳᠭᠡᠯᠭᠡᠭᠰᠡᠨ ᠬᠡᠷᠡᠴᠢ ᠪᠢᠴᠢᠭ ᠤᠨ ᠡᠬᠡ ᠮᠠᠲ᠋ᠧᠷᠢᠶᠠᠯ ᠬᠢᠭᠡᠳ ᠳᠠᠷᠤᠮᠯᠠᠯ ᠮᠠᠲ᠋ᠧᠷᠢᠶᠠᠯ ᠨᠢᠭᠡ ᠬᠤᠪᠢ ︵ ᠭᠠᠳᠠᠭᠠᠲᠤ ᠤᠷᠤᠭᠤᠯᠤᠯᠳᠠ ᠭᠠᠷᠭᠠᠯᠳᠠ ᠶᠢᠨ ᠡᠵᠡᠩᠨᠡᠯᠳᠡ ᠶᠢᠨ ᠬᠢᠷᠢ ᠭᠡᠮ ᠦᠭᠡᠢ ᠦᠢᠯᠡᠳᠪᠦᠷᠢᠯᠡᠯ ᠤᠨ ᠠᠵᠤ  ᠠᠬᠤᠶᠢᠯᠠᠯ ᠨᠢ ᠪᠠᠷᠠᠭ᠎ᠠ ᠪᠠᠨ ᠭᠠᠳᠠᠭᠠᠲᠤ ᠳᠤ ᠭᠠᠷᠭᠠᠬᠤ ᠪᠠᠷ ᠨᠠᠶᠢᠳᠠᠭᠰᠠᠨ ᠪᠤᠯ᠂ ᠬᠠᠨᠭ᠍ᠭᠠᠬᠤ ᠴᠢᠬᠤᠯᠠ ᠦᠭᠡᠢ︶            4. ᠭᠠᠳᠠᠭᠠᠲᠤ ᠬᠤᠳᠠᠯᠳᠤᠭᠠᠴᠢᠨ ᠤ ᠪᠡᠯᠡ ᠤᠷᠤᠭᠤᠯᠤᠭᠰᠠᠨ ᠠᠵᠤ ᠠᠬᠤᠶᠢᠯᠠᠯ ᠪᠤᠯ《 ᠪᠦᠬᠦᠳᠡ  ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠭᠠᠳᠠᠭᠠᠲᠤ ᠬᠤᠳᠠᠯᠳᠤᠭᠠᠴᠢᠨ ᠤ ᠪᠡᠯᠡ ᠤᠷᠤᠭᠤᠯᠤᠯᠳᠠ ᠶᠢᠨ ᠠᠵᠤ  ᠠᠬᠤᠶᠢᠯᠠᠯ ᠢ ᠬᠢᠨᠠᠨ ᠵᠦᠪᠰᠢᠶᠡᠷᠡᠬᠦ  ᠦᠨᠡᠮᠯᠡᠯ︾ ᠡᠬᠡ ᠮᠠᠲ᠋ᠧᠷᠢᠶᠠᠯ ᠪᠠ ᠳᠠᠷᠤᠮᠯᠠᠯ ᠮᠠᠲ᠋ᠧᠷᠢᠶᠠᠯ ᠨᠢᠭᠡ ᠬᠤᠪᠢ  ᠬᠠᠨᠭ᠍ᠭᠠᠨ᠎ᠠ            5. ᠤᠨᠴᠠ ᠵᠦᠪᠰᠢᠶᠡᠷᠡᠭᠰᠡᠨ ᠭᠠᠶᠢᠯᠢ ᠪᠤᠴᠠᠭᠠᠬᠤ ︵ᠬᠡᠯᠲᠦᠷᠢᠬᠦᠯᠬᠦ︶ ᠨᠢᠭᠡᠴᠡ ᠪᠠ ᠬᠦᠮᠤᠰ ᠪᠠᠰᠠ  ᠤᠳᠤᠬᠠᠨ ᠤ ᠬᠡᠷᠡᠭᠵᠢᠬᠦᠯᠵᠤ ᠪᠦᠬᠦᠢ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ ︶ ᠲᠤᠭᠲᠠᠭᠠᠯ ᠳᠤ ᠱᠠᠭᠠᠷᠳᠠᠭᠰᠠᠨ ᠪᠤᠰᠤᠳ ᠬᠠᠮᠢᠶ᠎ᠠ ᠪᠦᠬᠦᠢ ᠬᠡᠷᠡᠴᠢ ᠶᠢ ᠲᠤᠰ ᠪᠦᠷᠢ ᠨᠢᠭᠡ  ᠬᠤᠪᠢ ᠬᠠᠨᠭ᠍ᠭᠠᠨ᠎ᠠ            ᠭᠤᠷᠪᠠ᠂ ᠡᠯ᠎ᠡ ᠬᠤᠰᠢᠭᠤ ᠰᠢᠶᠠᠨ ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ ᠨᠢ  ᠳᠠᠩᠰᠠᠯᠠᠬᠤ ᠶᠢ ᠬᠦᠯᠢᠶᠡᠨ ᠠᠪᠴᠤ ᠪᠦᠷᠢᠳᠭᠡᠭᠰᠡᠨ ᠤ ᠪᠠᠨ ᠳᠠᠷᠠᠭ᠎ᠠ᠂  ᠤᠳᠤ ᠶᠢᠨ ᠬᠡᠷᠡᠭᠵᠢᠬᠦᠯᠵᠤ ᠪᠠᠶᠢᠭ᠎ᠠ  ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ︶ ᠲᠦᠷᠦ ᠶᠢᠨ ᠪᠤᠳᠤᠯᠭ᠎ᠠ ᠤᠨ  ᠲᠤᠭᠲᠠᠭᠠᠯ ᠶᠤᠰᠤᠭᠠᠷ ᠭᠠᠳᠠᠭᠠᠲᠤ ᠭᠠᠷᠭᠠᠯᠳᠠ ᠶᠢᠨ ᠬᠤᠳᠠᠯᠳᠤᠭᠠᠴᠢᠨ ᠤ ᠲᠠᠭᠯᠠᠨ ᠮᠡᠳᠡᠭᠦᠯᠦᠭᠰᠡᠨ《  ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ︶ ᠦᠨᠡᠮᠰᠢᠯᠳᠡ ᠶᠢᠨ  ᠬᠦᠰᠦᠨᠦᠭᠲᠦ》 ᠬᠢᠭᠡᠳ ᠳᠠᠭᠠᠯᠳᠤᠭᠤᠯᠤᠨ ᠲᠤᠰᠢᠶᠠᠭᠰᠠᠨ ᠮᠠᠲ᠋ᠧᠷᠢᠶᠠᠯ ᠢ ᠬᠢᠨᠠᠨ ᠬᠠᠷᠭᠤᠭᠤᠯᠤᠨ᠎ᠠ ︵ᠪᠤᠳᠠᠲᠤ  ᠭᠠᠵᠠᠷ ᠲᠤ ᠬᠢᠨᠠᠨ ᠬᠠᠷᠭᠤᠭᠤᠯᠬᠤ ᠪᠠ ᠪᠢᠴᠢᠭ ᠢᠶᠠᠷ ᠬᠠᠷᠭᠤᠭᠤᠯᠬᠤ ᠪᠠᠭᠲᠠᠨ᠎ᠠ︶᠃ ᠪᠤᠳᠠᠲᠤ ᠭᠠᠵᠠᠷ ᠲᠤ ᠬᠢᠨᠠᠨ  ᠬᠠᠷᠭᠤᠭᠤᠯᠬᠤ ᠳᠤ《 ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠭᠦᠯᠬᠦ︶   ᠦᠨᠡᠮᠰᠢᠯᠳᠡ ᠶᠢᠨ ᠬᠦᠰᠦᠨᠦᠭᠲᠦ》 ᠶᠢᠨ ᠬᠤᠯᠪᠤᠭᠳᠠᠯ ᠪᠦᠬᠦᠢ ᠠᠭᠤᠯᠭ᠎ᠠ ᠶᠢ ᠬᠢᠨᠠᠨ ᠬᠠᠷᠭᠤᠭᠤᠯᠬᠤ ᠠᠴᠠ ᠭᠠᠳᠠᠨ᠎ᠠ  ᠪᠠᠰᠠ ᠭᠠᠳᠠᠭᠠᠲᠤ ᠳᠤ ᠭᠠᠷᠭᠠᠬᠤ ᠦᠢᠯᠡᠳᠭᠦᠨ᠂ ᠦᠢᠯᠡᠳᠪᠦᠷᠢᠯᠡᠯ ᠤᠨ ᠴᠢᠳᠠᠪᠤᠷᠢ᠂ ᠠᠵᠤ ᠠᠬᠤᠶᠢᠯᠠᠯ ᠤᠨ  ᠬᠡᠪᠴᠢᠶ᠎ᠡ ᠵᠡᠷᠭᠡ ᠶᠢ ᠪᠤᠳᠠᠲᠤ ᠭᠠᠵᠠᠷ ᠲᠤᠨᠢ ᠰᠢᠯᠭᠠᠨ ᠪᠠᠶᠢᠴᠠᠭᠠᠬᠤ ᠶᠢᠨ ᠬᠠᠮᠲᠤ᠂ ᠪᠤᠳᠠᠲᠤ ᠭᠠᠵᠠᠷ ᠲᠤᠨᠢ ᠰᠢᠯᠭᠠᠨ  ᠪᠠᠶᠢᠴᠠᠭᠠᠭᠰᠠᠨ ᠮᠡᠳᠡᠭᠦᠯᠦᠯᠲᠡ ᠲᠤᠰᠢᠶᠠᠨ᠎ᠠ᠃ ᠬᠢᠨᠠᠨ ᠬᠠᠷᠭᠤᠭᠤᠯᠬᠤ ᠶᠠᠪᠤᠴᠠ ᠳᠤ ᠪᠠᠶᠢᠳᠠᠯ ᠨᠢ ᠲᠤᠲᠤᠷᠬᠠᠢ ᠪᠤᠰᠤ  ᠪᠤᠯ ᠪᠠᠰᠠ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠬᠦᠷᠴᠤ ᠪᠠᠶᠢᠳᠠᠯ ᠢ ᠤᠯᠠᠮ ᠨᠢᠭᠡ ᠠᠯᠬᠤᠮ  ᠲᠤᠳᠤᠯᠠᠬᠤ ᠶᠢᠨ ᠬᠠᠮᠲᠤ᠂ ᠪᠠᠶᠢᠴᠠᠭᠠᠭᠰᠠᠨ ᠲᠡᠮᠳᠡᠭᠯᠡᠯ ᠢ ᠰᠠᠶᠢᠲᠤᠷ ᠬᠢᠨ᠎ᠡ᠃ ᠪᠢᠴᠢᠭ ᠢᠶᠠᠷ ᠬᠢᠨᠠᠨ ᠬᠠᠷᠭᠤᠭᠤᠯᠬᠤ   ᠳᠤ ᠭᠤᠤᠯᠳᠠᠭᠤ ᠭᠠᠳᠠᠭᠠᠲᠤ ᠭᠠᠷᠭᠠᠯᠳᠠ ᠶᠢᠨ ᠬᠤᠳᠠᠯᠳᠤᠭᠠᠴᠢᠨ ᠤ ᠬᠤᠳᠠᠯᠳᠤᠭ᠎ᠠ ᠡᠷᠬᠢᠯᠡᠭᠰᠡᠨ ᠪᠦᠷᠢᠳᠭᠡᠯ᠂  ᠭᠠᠳᠠᠭᠠᠲᠤ ᠤᠷᠤᠭᠤᠯᠤᠯᠳᠠ ᠭᠠᠷᠭᠠᠯᠳᠠ ᠶᠢᠨ ᠡᠵᠡᠩᠨᠡᠯᠲᠡ ᠶᠢᠨ ᠡᠷᠬᠡ ᠵᠡᠷᠭᠡ ᠶᠢᠨ ᠬᠢᠨᠠᠨ ᠵᠦᠪᠰᠢᠶᠡᠷᠡᠯ ᠤᠨ  ᠭᠠᠷᠳᠠᠮ ᠨᠢ ᠬᠦᠢᠴᠡᠳ ᠡᠰᠡᠬᠦ᠂《 ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ  ︵ᠬᠡᠯᠲᠦᠷᠢᠬᠦᠯᠬᠦ︶ ᠦᠨᠡᠮᠰᠢᠯᠳᠠ ᠶᠢᠨ ᠬᠦᠰᠦᠨᠦᠭᠲᠦ》 ᠶᠢᠨ ᠠᠭᠤᠯᠭ᠎ᠠ ᠶᠢ ᠲᠠᠭᠯᠠᠭᠰᠠᠨ ᠨᠢ ᠪᠦᠷᠢᠨ ᠡᠰᠡᠬᠦ᠂  ᠳᠦᠷᠢᠮᠵᠢᠭᠦᠨ ᠡᠰᠡᠭᠦ᠂ ᠦᠨᠡᠨ ᠪᠤᠳᠠᠲᠠᠢ ᠡᠰᠡᠬᠦ᠂ ᠲᠠᠮᠠᠭ᠎ᠠ ᠬᠡᠷᠡᠴᠢ ᠨᠢ ᠪᠦᠷᠢᠨ ᠡᠰᠡᠬᠦ ᠶᠢ 5 ᠠᠵᠢᠯᠯᠠᠬᠤ  ᠡᠳᠦᠷ ᠤᠨ ᠳᠤᠲᠤᠷ᠎ᠠ ᠬᠢᠨᠠᠨ ᠬᠠᠷᠭᠤᠭᠤᠯᠵᠤ ᠳᠠᠭᠤᠰᠬᠠᠬᠤ ᠶᠢᠨ ᠬᠠᠮᠲᠤ ᠮᠠᠲ᠋ᠧᠷᠢᠶᠠᠯ ᠢ ᠳᠠᠩᠰᠠ ᠡᠪᠬᠡᠮᠡᠯ ᠳᠤ  ᠤᠷᠤᠭᠤᠯᠤᠨ᠎ᠠ᠃            ᠳᠦᠷᠪᠡ᠂ ᠦᠨᠡᠮᠰᠢᠯᠳᠠ ᠶᠢ ᠬᠤᠪᠢᠷᠠᠭᠤᠯᠬᠤ ᠃ ᠭᠠᠳᠠᠭᠠᠲᠤ ᠭᠠᠷᠭᠠᠯᠳᠠ ᠶᠢᠨ ᠬᠤᠳᠠᠯᠳᠤᠭᠠᠴᠢᠨ  ᠨᠢᠭᠡᠴᠡ ᠶᠢᠨ ᠨᠡᠷᠡᠶᠢᠳᠦᠯ᠂ ᠬᠠᠤᠯᠢ ᠳᠤ ᠲᠤᠭᠲᠠᠭᠠᠭᠰᠠᠨ ᠲᠦᠯᠦᠭᠡᠯᠡᠭᠴᠢ᠂ ᠡᠵᠡᠩᠨᠡᠯᠲᠡ ᠶᠢᠨ ᠭᠠᠵᠠᠷ᠂ ᠭᠠᠳᠠᠭᠠᠲᠤ  ᠤᠷᠤᠭᠤᠯᠤᠯᠳᠠ ᠭᠠᠷᠭᠠᠯᠳᠠ ᠶᠢᠨ ᠡᠵᠡᠩᠨᠡᠯᠲᠡ ᠶᠢᠨ ᠬᠡᠪᠴᠢᠶ᠎ᠡ᠂ ᠡᠵᠡᠩᠨᠡᠯᠲᠡ ᠶᠢᠨ ᠬᠡᠯᠪᠡᠷᠢ᠂ ᠳᠠᠩᠰᠠ  ᠪᠠᠶᠢᠭᠤᠯᠤᠭᠰᠠᠨ ᠪᠠᠩᠬᠢ ᠬᠢᠭᠡᠳ ᠳᠠᠩᠰᠠᠨ ᠤ ᠨᠤᠮᠧᠷ ᠵᠡᠷᠭᠡ ᠪᠠᠨ ᠬᠤᠪᠢᠷᠠᠭᠤᠯᠬᠤ ᠳᠤ᠂ ᠦᠢᠯᠡᠳᠪᠦᠷᠢ  ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠭ᠎ᠠ ᠠᠴᠠ ᠬᠤᠪᠢᠷᠠᠭᠤᠯᠬᠤ ᠪᠦᠷᠢᠳᠭᠡᠯ ᠢ  ᠬᠦᠢᠴᠡᠳᠭᠡᠭᠰᠡᠨ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠬᠢᠨᠠᠨ ᠵᠦᠪᠰᠢᠶᠡᠷᠡᠵᠤ ᠨᠡᠶᠢᠳᠡᠯᠡᠭᠰᠡᠨ ᠡᠳᠦᠷ ᠠᠴᠠ  ᠡᠬᠢᠯᠡᠨ 30 ᠡᠳᠦᠷ ᠤᠨ ᠳᠤᠲᠤᠷ᠎ᠠ᠂ ᠬᠤᠪᠢᠷᠠᠭᠤᠯᠤᠨ ᠪᠦᠷᠢᠳᠭᠡᠯᠭᠡᠭᠰᠡᠨ ᠬᠤᠯᠪᠤᠭᠳᠠᠯ ᠪᠦᠬᠦᠢ ᠪᠢᠴᠢᠭ  ᠮᠠᠲ᠋ᠧᠷᠢᠶᠠᠯ᠂ ᠳᠤᠬᠠᠶᠢᠯᠠᠪᠠᠯ᠄            1.《 ᠭᠠᠶᠢᠯᠢ ᠶᠢᠨ ᠶᠠᠪᠤᠳᠠᠯ ᠤᠨ ᠪᠦᠷᠢᠳᠭᠡᠯ ᠤᠨ ᠦᠨᠡᠮᠯᠡᠯ》 ︵ᠬᠠᠭᠤᠯᠪᠤᠷᠢ ᠳᠡᠪᠲᠡᠷ︶︔ 2.  ᠬᠤᠯᠪᠤᠭᠳᠠᠯ ᠪᠦᠬᠦᠢ ᠬᠠᠮᠢᠶᠠᠷᠤᠯᠲᠠ ᠶᠢᠨ ᠪᠠᠶᠢᠭᠤᠯᠭ᠎ᠠ ᠶᠢᠨ ᠬᠢᠨᠠᠨ ᠵᠦᠪᠰᠢᠶᠡᠷᠡᠭᠰᠡᠨ ᠪᠢᠴᠢᠭ ᠮᠠᠲ᠋ᠧᠷᠢᠶᠠᠯ᠂ ᠬᠡᠷᠡᠴᠢ  ᠮᠠᠲ᠋ᠧᠷᠢᠶᠠᠯ ᠶᠢᠨ ᠡᠬᠡ ᠮᠠᠲ᠋ᠧᠷᠢᠶᠠᠯ ᠬᠢᠭᠡᠳ ᠳᠠᠷᠤᠮᠯᠠᠯ ᠨᠢᠭᠡ ᠬᠤᠪᠢ︔ 3. ᠨᠢᠭᠡᠨᠲᠡ ᠬᠤᠪᠢᠷᠠᠭᠤᠯᠤᠭᠰᠠᠨ  ᠮᠠᠲ᠋ᠧᠷᠢᠶᠠᠯ ᠤᠨ ᠡᠬᠡ ᠮᠠᠲ᠋ᠧᠷᠢᠶᠠᠯ ᠬᠢᠭᠡᠳ ᠳᠠᠷᠤᠮᠯᠠᠯ︔ 4. ᠤᠤᠯ《 ᠭᠠᠳᠠᠭᠠᠲᠤ ᠳᠤ ᠭᠠᠷᠭᠠᠬᠤ ᠪᠠᠷᠠᠭ᠎ᠠ ᠶᠢᠨ  ᠭᠠᠶᠢᠯᠢ ᠪᠤᠴᠠᠭᠠᠬᠤ ︵ᠬᠡᠯᠲᠦᠷᠢᠭᠦᠯᠬᠦ︶ ᠦᠨᠡᠮᠰᠢᠯᠳᠠ ᠶᠢᠨ ᠬᠦᠰᠦᠨᠦᠭᠲᠦ》 ᠵᠡᠷᠭᠡ ᠮᠠᠲ᠋ᠧᠷᠢᠶᠠᠯ ᠢᠶᠠᠨ ᠠᠪᠴᠤ᠂  ᠭᠠᠳᠠᠭᠠᠲᠤ ᠭᠠᠷᠭᠠᠯᠳᠠ ᠶᠢᠨ ᠬᠤᠳᠠᠯᠳᠤᠭᠠᠴᠢᠨ ᠢ ᠭᠤᠤᠯᠴᠢᠯᠠᠨ ᠬᠠᠮᠢᠶᠠᠷᠬᠤ ᠭᠠᠶᠢᠯᠢ ᠶᠢᠨ ᠶᠠᠪᠤᠳᠠᠯ ᠤᠨ  ᠪᠠᠶᠢᠭᠤᠯᠭ᠎ᠠ ᠳᠤ ᠤᠴᠢᠵᠤ᠂ ᠦᠨᠡᠮᠰᠢᠯᠳᠡ ᠪᠠᠨ ᠬᠤᠪᠢᠷᠠᠭᠤᠯᠬᠤ ᠭᠠᠷᠳᠠᠮ ᠬᠦᠢᠴᠡᠳᠭᠡᠵᠤ᠂ ᠡᠯ᠎ᠡ ᠭᠠᠳᠠᠭᠠᠲᠤ  ᠭᠠᠷᠭᠠᠯᠳᠠ ᠶᠢᠨ ᠬᠤᠳᠠᠯᠳᠤᠭᠠᠴᠢᠨ ᠤ ᠭᠤᠤᠯᠴᠢᠯᠠᠨ ᠬᠠᠮᠢᠶᠠᠷᠬᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠬᠢᠨᠠᠨ  ᠪᠠᠶᠢᠴᠠᠭᠠᠵᠦ ᠮᠡᠳᠡᠷᠡᠭᠰᠡᠨ ᠤ ᠰᠡᠭᠦᠯᠡᠷ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ  ᠦᠨᠡᠮᠰᠢᠯᠳᠠ   ᠪᠠᠨ ᠬᠤᠪᠢᠷᠠᠭᠤᠯᠬᠤ ᠭᠠᠷᠳᠠᠮ ᠢ ᠬᠦᠢᠴᠡᠳᠭᠡᠨ᠎ᠡ᠃            ᠲᠠᠪᠤ᠂ ᠦᠨᠡᠮᠰᠢᠯᠳᠠ ᠶᠢ ᠬᠦᠴᠤᠨ ᠦᠬᠡᠢ ᠪᠤᠯᠭᠠᠬᠤ᠃ ᠭᠠᠳᠠᠭᠠᠲᠤ ᠭᠠᠷᠭᠠᠯᠳᠠ ᠶᠢᠨ ᠬᠤᠳᠠᠯᠳᠤᠭᠠᠴᠢᠨ  ᠲᠠᠮᠫᠤᠷᠠᠬᠤ᠂ ᠲᠠᠷᠬᠠᠬᠤ᠂ ᠬᠠᠰᠤᠬᠤ ᠨᠡᠶᠢᠯᠡᠭᠦᠯᠬᠦ ᠬᠢᠭᠡᠳ ᠭᠠᠶᠢᠯᠢ ᠪᠤᠴᠠᠭᠠᠬᠤ ᠵᠦᠢᠯᠡᠰ ᠢ ᠬᠠᠤᠯᠢ ᠶᠤᠰᠤᠭᠠᠷ  ᠵᠤᠭᠰᠤᠭᠠᠬᠤ ᠪᠤᠰᠤᠳ ᠪᠠᠶᠢᠳᠠᠯ ᠡᠭᠦᠰᠦᠭᠰᠡᠨ ᠪᠤᠯ᠂ ᠬᠠᠰᠤᠬᠤ ᠨᠡᠶᠢᠯᠡᠬᠦᠯᠬᠦ ᠶᠢ ᠬᠢᠨᠠᠨ ᠵᠦᠪᠰᠢᠶᠡᠷᠡᠭᠰᠡᠨ  ᠡᠳᠦᠷ ᠠᠴᠠ ᠡᠬᠢᠯᠡᠵᠤ 30 ᠡᠳᠦᠷ ᠤᠨ ᠳᠤᠲᠤᠷ᠎ᠠ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ  ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠬᠦᠴᠦᠨ ᠦᠭᠡᠢ ᠪᠤᠯᠭᠠᠬᠤ ᠪᠦᠷᠢᠳᠭᠡᠯ ᠢ ᠬᠦᠢᠴᠡᠳᠭᠡᠬᠦ ᠠᠴᠠ ᠪᠠᠨ  ᠡᠮᠦᠨ᠎ᠡ ᠡᠯ᠎ᠡ ᠬᠤᠰᠢᠭᠤ ᠰᠢᠶᠠᠨ ᠲᠤᠭᠤᠷᠢᠭ ᠤᠨ ᠭᠤᠤᠯᠯᠠᠨ ᠬᠠᠮᠢᠶᠠᠷᠬᠤ ᠭᠠᠶᠢᠯᠢ ᠶᠢᠨ ᠶᠠᠪᠤᠳᠠᠯ ᠤᠨ  ᠪᠠᠶᠢᠭᠤᠯᠭ᠎ᠠ ᠳᠤ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ᠦᠨᠡᠮᠰᠢᠯᠳᠡ ᠪᠠᠨ ᠬᠦᠴᠦᠨ ᠦᠭᠡᠢ  ᠪᠤᠯᠭᠠᠬᠤ ᠪᠠᠷ ᠭᠤᠶᠤᠴᠢᠯᠠᠨ ᠭᠦᠢᠴᠡᠳᠭᠡᠬᠦ ᠬᠡᠷᠡᠭᠲᠠᠢ᠃ ᠡᠭᠦᠨ ᠳᠤ ᠲᠤᠤᠷᠠᠬᠢ ᠮᠠᠲ᠋ᠧᠷᠢᠶᠠᠯ ᠢ ᠬᠠᠨᠭ᠍ᠭᠠᠨ᠎ᠠ᠄            1.《 ᠭᠠᠶᠢᠯᠢ ᠶᠢᠨ ᠶᠠᠪᠤᠳᠠᠯ ᠤᠨ ᠪᠦᠷᠢᠳᠭᠡᠯ ᠤᠨ ᠦᠨᠡᠮᠯᠡᠯ》 ︵ᠬᠠᠭᠤᠯᠪᠤᠷᠢ ᠳᠡᠪᠲᠡᠷ︶            2. ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ︶ ᠦᠨᠡᠮᠰᠢᠯᠳᠡ ᠪᠠᠨ  ᠬᠦᠴᠦᠨ ᠦᠭᠡᠢ ᠪᠤᠯᠭᠠᠬᠤ ᠭᠤᠶᠤᠴᠢᠯᠠᠯ ᠤᠨ ᠮᠡᠳᠡᠭᠦᠯᠦᠯᠲᠡ ᠨᠢᠭᠡ ᠬᠤᠪᠢ            3. ᠤᠤᠯ《 ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ︶  ᠦᠨᠡᠮᠰᠢᠯᠳᠠ ᠶᠢᠨ ᠬᠦᠰᠤᠨᠦᠭᠳᠤ︾            ᠭᠤᠤᠯᠴᠢᠯᠠᠨ ᠬᠠᠮᠢᠶᠠᠷᠬᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠲᠤᠭᠲᠠᠭᠠᠯ ᠶᠤᠰᠤᠭᠠᠷ ᠲᠡᠭᠦᠨ ᠤ  ᠭᠠᠶᠢᠯᠢ ᠪᠤᠴᠠᠭᠠᠬᠤ ︵ᠬᠡᠯᠲᠦᠷᠢᠬᠦᠯᠬᠦ︶ ᠮᠦᠡᠭᠭᠦ ᠶᠢ ᠲᠠᠰᠤᠯᠠᠨ ᠪᠤᠳᠤᠵᠦ ᠤᠤᠯ ᠤᠨ ᠤᠯᠭᠤᠭᠰᠠᠨ《  ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ︶ ᠦᠨᠡᠮᠰᠢᠯᠳᠡ ᠶᠢᠨ ᠬᠦᠰᠦᠨᠦᠭᠲᠦ︾ ᠶᠢ ᠬᠤᠷᠢᠶᠠᠨ ᠠᠪᠴᠤ᠂ ᠳᠤᠳᠤᠯᠤᠨ ᠪᠤᠳᠤᠭᠰᠠᠨ ᠮᠡᠳᠡᠭᠦᠯᠦᠯᠲᠡ ᠪᠤᠯᠭᠠᠵᠦ ᠳᠠᠩᠰᠨ ᠡᠪᠬᠢᠮᠡᠯ ᠳᠤ ᠤᠷᠤᠭᠤᠯᠤᠨ᠎ᠡ᠃            ᠵᠢᠷᠭᠤᠭ᠎ᠠ᠂ ᠭᠠᠳᠠᠭᠠᠲᠤ ᠭᠠᠷᠭᠠᠯᠳᠠ ᠶᠢᠨ ᠬᠤᠳᠠᠯᠳᠤᠭᠠᠴᠢᠨ ᠭᠠᠳᠠᠭᠠᠲᠤ ᠳᠤ ᠭᠠᠷᠭᠠᠬᠤ ᠪᠠᠷᠠᠭ᠎ᠠ ᠶᠢᠨ  ᠭᠠᠶᠢᠯᠢ ᠪᠤᠴᠠᠭᠠᠬᠤ ᠶᠢ ᠭᠦᠢᠴᠡᠳᠭᠡᠬᠦ ᠲᠤᠰᠬᠠᠢ ᠲᠤᠰᠢᠶᠠᠯ ᠲᠠᠢ ᠪᠤᠶᠤ ᠲᠤᠰᠢᠶᠠᠯ ᠬᠠᠪᠰᠤᠷᠭᠠᠭᠰᠠᠨ ᠠᠵᠢᠯᠲᠠᠨ  ᠲᠤᠬᠢᠷᠠᠭᠤᠯᠬᠤ ᠶᠢᠨ ᠬᠠᠮᠲᠤ᠂ ᠭᠠᠳᠠᠭᠠᠲᠤ ᠭᠠᠷᠭᠠᠯᠳᠠ ᠶᠢᠨ ᠬᠤᠳᠠᠯᠳᠤᠭᠠᠴᠢᠨ ᠤ ᠭᠤᠤᠯᠴᠢᠯᠠᠨ ᠬᠠᠮᠢᠶᠠᠷᠬᠤ  ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠪᠤᠯᠪᠠᠰᠤᠷᠠᠭᠤᠯᠤᠯ ᠢᠶᠠᠷ ᠳᠠᠮᠵᠢᠨ᠂ ᠰᠢᠯᠭᠠᠯᠳ᠋ᠨ ᠳᠤ ᠬᠢᠷᠢ  ᠲᠡᠩᠴᠡᠭᠰᠡᠨ ᠤ ᠳᠠᠷᠠᠭ᠎ᠠ《 ᠭᠠᠶᠢᠯᠢ ᠶᠢᠨ ᠶᠠᠪᠤᠳᠠᠯ ᠭᠦᠢᠴᠡᠳᠭᠡᠬᠦ ᠠᠵᠢᠯᠲᠠᠨ ᠤ ᠦᠨᠡᠮᠯᠡᠯ︾ ᠤᠯᠭᠤᠨ᠎ᠠ᠂《  ᠭᠠᠶᠢᠯᠢ ᠶᠢᠨ ᠶᠠᠪᠤᠳᠠᠯ ᠭᠦᠢᠴᠡᠳᠭᠡᠬᠦ ᠠᠵᠢᠯᠲᠠᠨ ᠤ ᠦᠨᠡᠮᠯᠡᠯ》ᠦᠭᠡᠢ ᠪᠤᠯ ᠭᠠᠳᠠᠭᠠᠲᠤ ᠳᠤ ᠭᠠᠷᠭᠠᠬᠤ ᠪᠠᠷᠠᠭ᠎ᠠ   ᠶᠢᠨ ᠭᠠᠶᠢᠯᠢ ᠪᠤᠴᠠᠭᠠᠬᠤ ᠲᠤᠬᠠᠶᠢᠯᠠᠭᠰᠠᠨ ᠠᠵᠢᠯ ᠢ ᠬᠦᠢᠴᠡᠳᠭᠡᠵᠤ ᠪᠤᠯᠬᠤ ᠦᠭᠡᠢ᠃ ᠠᠵᠤ ᠠᠬᠤᠶᠢᠯᠠᠯ ᠭᠠᠶᠢᠯᠢ  ᠪᠤᠴᠠᠭᠠᠬᠤ ᠶᠠᠪᠤᠳᠠᠯ ᠢ ᠭᠦᠢᠴᠡᠳᠭᠡᠬᠦ ᠠᠵᠢᠯᠳᠠᠨ ᠰᠤᠯᠢᠬᠤ ᠳᠤ ᠬᠦᠷᠪᠡᠯ᠂ ᠴᠠᠭ ᠲᠤᠬᠠᠢ ᠳᠤᠨᠢ ᠭᠠᠶᠢᠯᠢ ᠶᠢᠨ  ᠶᠠᠪᠤᠳᠠᠯ ᠤᠨ ᠪᠠᠶᠢᠭᠤᠯᠭ᠎ᠠ ᠳᠤ ᠮᠡᠳᠡᠭᠳᠡᠵᠤ᠂ ᠤᠤᠯ ᠤᠨ《 ᠭᠠᠶᠢᠯᠢ ᠶᠢᠨ ᠶᠠᠪᠤᠳᠠᠯ ᠭᠦᠢᠴᠡᠳᠭᠡᠬᠦ ᠠᠵᠢᠯᠲᠠᠨ ᠤ  ᠦᠨᠡᠮᠯᠡᠯ︾ ᠢ ᠨᠢ ᠬᠦᠴᠦᠨ ᠦᠭᠡᠢ ᠪᠤᠯᠭᠠᠬᠤ ᠬᠡᠷᠡᠭᠲᠠᠢ᠃ ᠴᠠᠭ ᠲᠤᠬᠠᠢ ᠳᠤᠨᠢ ᠮᠡᠳᠡᠭᠳᠡᠭᠰᠡᠨ ᠦᠭᠡᠢ ᠪᠤᠯ᠂  ᠭᠠᠶᠢᠯᠢ ᠪᠤᠴᠠᠭᠠᠬᠤ ᠶᠠᠪᠤᠳᠠᠯ ᠤᠨ ᠲᠠᠯ᠎ᠠ ᠪᠠᠷ ᠡᠭᠦᠰᠦᠭᠰᠡᠨ ᠠᠯᠢᠪᠠ ᠬᠠᠷᠢᠭᠤᠴᠠᠯᠭ᠎ᠠ ᠶᠢ ᠠᠵᠤ ᠠᠬᠤᠶᠢᠯᠠᠯ  ᠬᠠᠷᠢᠭᠤᠴᠠᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号