ᠨᠢᠭᠡ᠂《 ᠪᠦᠬᠦᠳᠡ ᠨᠡᠶᠢᠷᠠᠮᠳᠠᠬᠤ ᠳᠤᠮᠳᠠᠲᠤ ᠠᠷᠠᠳ ᠤᠯᠤᠰ ᠤᠨ ᠠᠭᠠᠷ ᠮᠠᠨᠳᠠᠯ ᠤᠨ ᠪᠤᠬᠢᠷᠳᠤᠯ ᠢ | ᠰᠡᠷᠭᠡᠶᠢᠯᠡᠨ ᠵᠠᠰᠠᠬᠤ ᠬᠠᠤᠯᠢ》 ᠶᠢᠨ ᠬᠤᠷᠢᠨ ᠲᠠᠪᠤᠳᠤᠭᠠᠷ ᠵᠦᠢᠯ ᠤᠨ ᠲᠤᠭᠲᠠᠭᠠᠯ ᠢ ᠦᠨᠳᠦᠰᠦᠯᠡᠨ᠂ ᠲᠤᠰ | ᠲᠤᠭᠲᠠᠭᠠᠯ ᠢ ᠲᠤᠭᠲᠠᠭᠠᠪᠠ᠃ | ᠬᠤᠶᠠᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠪᠢᠶᠠᠷᠢᠯᠠᠨ ᠲᠤᠭᠲᠠᠭᠠᠭᠰᠠᠨ ᠠᠭᠠᠷ ᠮᠠᠨᠳᠠᠯ ᠤᠨ | ᠪᠤᠬᠢᠷᠳᠤᠯ ᠢ ᠰᠡᠷᠭᠡᠶᠢᠯᠡᠨ ᠵᠠᠰᠠᠬᠤ ᠭᠤᠤᠯᠳᠠᠯᠭ᠎ᠠ ᠲᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ ᠨᠤᠭᠤᠳ《 | ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ | ᠬᠠᠤᠯᠢ》 ᠶᠢᠨ ᠬᠤᠯᠪᠤᠭᠳᠠᠯ ᠪᠦᠬᠦᠢ ᠱᠠᠭᠠᠷᠳᠠᠯᠭ᠎ᠠ ᠶᠤᠰᠤᠭᠠᠷ᠂ ᠪᠤᠬᠢᠷᠳᠤᠯ ᠶᠡᠬᠡᠲᠠᠢ ᠲᠦᠯᠡᠰᠢ ᠪᠤᠷᠤᠯᠠᠭᠤᠯᠬᠤ᠂ | ᠬᠡᠷᠡᠭᠯᠡᠬᠦ ᠶᠢ ᠴᠠᠭᠠᠵᠠᠯᠠᠬᠤ ᠤᠷᠤᠨ ᠢ ᠬᠤᠪᠢᠶᠠᠷᠢᠯᠠᠨ ᠲᠤᠭᠲᠠᠭᠠᠬᠤ ᠳᠤ ︵ᠳᠤᠷᠤᠭᠰᠢ《 ᠲᠦᠯᠡᠰᠢ ᠴᠠᠭᠠᠵᠠᠯᠠᠬᠤ | ᠤᠷᠤᠨ》 ᠬᠡᠵᠤ ᠲᠤᠪᠴᠢᠯᠠᠨ ᠨᠡᠷᠡᠯᠡᠨ᠎ᠡ︶᠂ ᠲᠤᠰ ᠲᠤᠭᠲᠠᠭᠠᠯ ᠲᠤᠬᠢᠷᠠᠨ᠎ᠠ᠃ | ᠲᠤᠰ ᠲᠤᠭᠲᠠᠭᠠᠯ ᠲᠡᠷᠭᠡᠨ ᠳᠤ ᠬᠡᠷᠡᠭᠯᠡᠬᠦ ᠲᠦᠯᠡᠰᠢ ᠳᠤ ᠲᠤᠬᠢᠷᠠᠬᠤ ᠦᠭᠡᠢ᠃ | ᠭᠤᠷᠪᠠ᠂ ᠳᠤᠤᠷ᠎ᠠ ᠵᠢᠭᠰᠠᠭᠠᠭᠰᠠᠨ ᠲᠦᠯᠡᠰᠢ ᠪᠤᠯᠤᠨ ᠪᠤᠳᠠᠰ ᠪᠤᠯ ᠪᠤᠬᠢᠷᠳᠤᠯ ᠶᠡᠬᠡᠲᠠᠢ ᠲᠦᠯᠡᠰᠢ ᠪᠤᠯᠤᠨ᠎ᠠ᠄ | | ︵ᠨᠢᠭᠡ︶ ᠲᠦᠭᠦᠬᠡᠢ ︵ᠰᠤᠯᠠ︶ ᠨᠡᠭᠦᠷᠡᠰᠦ᠂ ᠨᠡᠭᠦᠷᠡᠰᠦᠨ ᠴᠢᠯᠠᠭᠤ᠂ ᠨᠤᠨᠳᠠᠭ ᠨᠡᠭᠦᠷᠡᠰᠦ᠂ ᠬᠦᠯᠦᠷᠠ᠂ | ᠲᠦᠯᠡᠰᠢᠨ ᠲᠤᠰᠤ ︵ᠬᠦᠨᠳᠦ ᠲᠤᠰᠤ ᠪᠤᠯᠤᠨ ᠰᠢᠭᠠᠷᠤᠭ ᠲᠤᠰᠤ︶᠂ ᠡᠯ᠎ᠡ ᠵᠦᠢᠯ ᠤᠨ ᠰᠢᠲᠠᠮᠠᠬᠠᠢ ᠬᠠᠶᠠᠭᠳᠠᠮᠠᠯ | ᠪᠤᠳᠠᠰ ᠪᠤᠯᠤᠨ ᠰᠢᠭᠤᠳ ᠰᠢᠲᠠᠭᠠᠬᠤ ᠠᠮᠢᠳᠤ ᠪᠤᠳᠠᠰ ᠤᠨ ᠲᠦᠯᠡᠰᠢ ︵ᠤᠢ ᠮᠤᠳᠤ᠂ ᠡᠰᠢ ᠰᠦᠷᠡᠯ᠂ ᠦᠷᠡᠳᠡᠰᠦ | ᠂ ᠲᠤᠲᠤᠷᠭ᠎ᠠ ᠶᠢᠨ ᠬᠡᠪᠡᠭ᠂ ᠨᠢᠰᠢᠩᠭᠦ ᠶᠢᠨ ᠰᠢᠭᠠᠷᠤ ᠵᠡᠷᠭᠡ︶᠃ | ︵ᠬᠤᠶᠠᠷ︶ ᠲᠦᠯᠡᠰᠢ ᠶᠢᠨ ᠳᠠᠬᠢ ᠪᠤᠬᠢᠷ ᠪᠤᠳᠠᠰ ᠤᠨ ᠠᠭᠤᠯᠤᠭᠳᠠᠴᠠ ᠨᠢ ᠳᠤᠤᠷᠠᠬᠢ ᠬᠦᠰᠦᠨᠦᠭᠲᠦ ᠳᠤ | ᠬᠢᠵᠠᠭᠠᠷᠯᠠᠭᠰᠠᠨ ᠬᠡᠮᠵᠢᠭᠳᠡᠯ ᠠᠴᠠ ᠳᠠᠪᠠᠭᠰᠠᠨ ᠬᠠᠲᠠᠭᠤ ᠬᠦᠬᠦᠷᠲᠦ ᠰᠡᠭᠯᠡᠭᠦᠷ ᠬᠡᠪ ᠨᠡᠭᠦᠷᠡᠰᠦ᠂ ᠬᠦᠡᠭᠭᠡᠨ | ᠲᠦᠯᠡᠰᠢ ᠶᠢᠨ ᠲᠤᠰᠤ᠂ ᠨᠡᠭᠦᠷᠡᠰᠦᠨ ᠲᠤᠰᠤ ᠪᠤᠯᠤᠨ ᠵᠤᠬᠢᠶᠠᠮᠠᠯ ᠨᠡᠭᠦᠷᠡᠰᠦᠨ ᠬᠡᠢ᠃ | ᠲᠦᠯᠡᠰᠢ ᠶᠢᠨ ᠲᠦᠷᠦᠯ ᠵᠦᠢᠯ ᠤᠨ ᠪᠠᠷᠢᠮᠵᠢᠶᠠᠲᠤ ᠢᠯᠴᠢ ᠶᠢᠨ ᠬᠡᠮᠵᠢᠭᠳᠡᠯ ᠳᠤ ᠬᠦᠬᠦᠷ ᠤᠨ | ᠠᠭᠤᠯᠤᠭᠳᠠᠴᠠ ᠦᠨᠡᠰᠦᠨ ᠠᠭᠤᠯᠤᠭᠳᠠᠴᠠ ᠲᠠᠢ ᠬᠠᠲᠠᠭᠤ ᠬᠦᠬᠦᠷᠲᠦ ᠰᠡᠭᠯᠡᠭᠦᠷ ᠬᠡᠪ ᠨᠡᠭᠦᠷᠡᠰᠦ | 5000cal/kg0.3% — — ᠬᠦᠡᠭᠭᠡᠨ ᠲᠦᠯᠡᠰᠢ ᠶᠢᠨ ᠲᠤᠰᠤ᠂ ᠨᠡᠭᠦᠷᠡᠰᠦᠨ ᠲᠤᠰᠤ1000cal/kg0. | 5%0.01% ᠵᠤᠬᠢᠶᠠᠮᠠᠯ ᠨᠡᠭᠦᠷᠡᠰᠦᠨ ᠬᠡᠢ 4000cal/kg30mg/m320mg/m3 ᠲᠤᠲᠤᠷᠬᠠᠶᠢᠯᠠᠬᠤ | ᠨᠢ᠄ | 1. ᠬᠠᠲᠠᠭᠤ ᠬᠦᠬᠦᠷᠲᠦ ᠰᠡᠭᠯᠡᠭᠦᠷ ᠬᠡᠪ ᠨᠡᠭᠦᠷᠡᠰᠦ ᠶᠢ ᠰᠠᠭᠤᠭᠠᠯᠢ ᠠᠷᠠᠳ ᠤᠨ ᠳᠤᠯᠠᠭᠠᠯᠠᠯᠭ᠎ᠠ ᠶᠢᠨ ᠵᠢᠵᠢᠭ | ᠨᠡᠭᠦᠷᠡᠰᠦᠨ ᠵᠤᠤᠬ᠎ᠠ ᠳᠤ ᠯᠠ ᠬᠡᠷᠡᠭᠯᠡᠬᠦᠯᠬᠦ ᠪᠠᠷ ᠬᠢᠵᠠᠭᠠᠷᠯᠠᠨ᠎ᠠ᠃ ᠬᠠᠲᠠᠭᠤ ᠬᠦᠬᠦᠷᠲᠦ ᠰᠡᠭᠯᠡᠭᠦᠷ ᠬᠡᠪ | ᠨᠡᠭᠦᠷᠡᠰᠦ ᠶᠢᠨ ᠬᠦᠬᠦᠷ ᠤᠨ ᠠᠭᠤᠯᠤᠭᠳᠠᠴᠠ ᠶᠢᠨ ᠬᠢᠵᠠᠭᠠᠷᠯᠠᠭᠰᠠᠨ ᠬᠡᠮᠵᠢᠭᠳᠡᠯ ᠨᠢ 0.3% ᠬᠡᠳᠡᠭ ᠨᠢ ᠬᠦᠬᠦᠷ ᠤᠨ | ᠠᠭᠤᠯᠤᠭᠳᠠᠴᠠ ᠶᠢ ᠭᠠᠳᠠᠭᠰᠢᠯᠠᠭᠤᠯᠬᠤ ᠶᠢ ᠵᠢᠭᠠᠵᠤ ᠪᠤᠢ᠃ ᠨᠦᠬᠦᠴᠡᠯ ᠲᠠᠢ ᠬᠤᠲᠠ ᠨᠤᠭᠤᠳ ᠪᠤᠯ 《 ᠲᠦᠯᠡᠰᠢ | ᠴᠠᠭᠠᠵᠠᠯᠠᠬᠤ ᠤᠷᠤᠨ》 ᠳᠤ ᠬᠠᠲᠠᠭᠤ ᠬᠦᠬᠦᠷᠲᠦ ᠰᠡᠭᠯᠡᠭᠦᠷ ᠬᠡᠪ ᠨᠡᠭᠦᠷᠡᠰᠦ ᠰᠢᠲᠠᠭᠠᠬᠤ ᠶᠢ ᠴᠠᠭᠠᠵᠠᠯᠠᠬᠤ ᠪᠠᠷ | ᠲᠤᠭᠲᠠᠭᠠᠵᠤ ᠪᠤᠯᠤᠨ᠎ᠠ᠃ | 2. ᠲᠦᠯᠡᠰᠢ ᠶᠢᠨ ᠪᠤᠳᠠᠲᠠᠢ ᠢᠯᠴᠢ ᠶᠢᠨ ᠬᠡᠮᠵᠢᠭᠳᠡᠯ ᠨᠢ ᠪᠠᠷᠢᠮᠵᠢᠶᠠᠲᠤ ᠢᠯᠴᠢ ᠶᠢᠨ ᠬᠡᠮᠵᠢᠭᠳᠡᠯ ᠯᠦᠭᠡ ᠪᠠᠨ | ᠲᠡᠩᠴᠡᠭᠦᠦ ᠪᠤᠰᠤ ᠦᠶ᠎ᠡ ᠳᠤ᠂ ᠬᠦᠰᠦᠨᠦᠭᠲᠦ ᠳᠠᠬᠢ ᠬᠦᠬᠦᠷ ᠤᠨ ᠠᠭᠤᠯᠤᠭᠳᠠᠴᠠ ᠪᠤᠯᠤᠨ ᠦᠨᠡᠰᠦᠨ ᠤ | ᠠᠭᠤᠯᠤᠭᠳᠠᠴᠠ ᠶᠢᠨ ᠬᠢᠵᠠᠭᠠᠷᠯᠠᠭᠰᠠᠨ ᠬᠡᠮᠵᠢᠭᠳᠡᠯ ᠢ ᠢᠯᠴᠢ ᠶᠢᠨ ᠬᠡᠮᠵᠢᠭᠳᠡᠯ ᠢᠶᠠᠷ ᠦᠷᠡᠵᠢᠭᠦᠯᠵᠤ ᠲᠤᠬᠢᠷᠠᠭᠤᠯᠤᠭᠰᠠᠨ | ᠢᠯᠡᠳᠭᠡᠮᠵᠢ ᠶᠢ ᠲᠤᠬᠢᠷᠠᠭᠤᠯᠬᠤ ᠬᠡᠷᠡᠭᠲᠠᠢ᠃ | 3. ᠲᠦᠯᠡᠰᠢ ᠳᠠᠬᠢ ᠪᠤᠰᠤᠳ ᠪᠤᠬᠢᠷ ᠪᠤᠳᠠᠰ ᠤᠨ ᠠᠭᠤᠯᠤᠭᠳᠠᠴᠠ ᠨᠢ ᠪᠠᠰᠠ ᠬᠤᠯᠪᠤᠭᠳᠠᠯ ᠪᠦᠬᠦᠢ ᠬᠠᠤᠯᠢ | ᠴᠠᠭᠠᠵᠠ ᠬᠠᠤᠯᠢ ᠲᠤᠭᠲᠠᠭᠠᠯ᠂ ᠪᠠᠷᠢᠮᠵᠢᠶ᠎ᠠ ᠶᠢᠨ ᠲᠤᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠠᠢ᠃ | ᠳᠦᠷᠪᠡ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠪᠢᠶᠠᠷᠢᠯᠠᠨ ᠲᠤᠭᠲᠠᠭᠠᠭᠰᠠᠨ ᠠᠭᠠᠷ ᠮᠠᠨᠳᠠᠯ ᠤᠨ | ᠪᠤᠬᠢᠷᠳᠤᠯ ᠢ ᠰᠡᠷᠭᠡᠶᠢᠯᠡᠨ ᠵᠠᠰᠠᠬᠤ ᠭᠤᠤᠯᠳᠠᠯᠭ᠎ᠠ ᠲᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ ᠨᠤᠭᠤᠳ | ᠪᠤᠬᠢᠷᠳᠤᠯ ᠶᠡᠬᠡᠲᠠᠢ ᠲᠦᠯᠡᠰᠢ ᠪᠤᠷᠤᠯᠠᠭᠤᠯᠬᠤ᠂ ᠬᠡᠷᠡᠭᠯᠡᠬᠦ᠂ ᠳᠠᠮᠵᠢᠭᠤᠯᠤᠨ ᠲᠡᠭᠡᠭᠡᠪᠦᠷᠢᠯᠡᠬᠦ᠂ ᠬᠠᠳᠠᠭᠠᠯᠠᠬᠤ ᠶᠢᠨ | ᠵᠠᠬᠢᠷᠤᠨ ᠬᠠᠮᠢᠶᠠᠷᠬᠤ ᠠᠷᠭ᠎ᠠ ᠪᠤᠯᠤᠨ ᠴᠡᠪᠡᠷ ᠡᠨᠧᠷᠬᠢ ᠬᠡᠷᠡᠭᠯᠡᠬᠦ ᠶᠢ ᠵᠤᠷᠢᠭᠵᠢᠭᠤᠯᠬᠤ ᠠᠵᠤ ᠠᠬᠤᠢ ᠶᠢᠨ | ᠲᠦᠷᠦ ᠶᠢᠨ ᠪᠤᠳᠤᠯᠭ᠎ᠠ ᠶᠢ ᠲᠤᠭᠲᠠᠭᠠᠬᠤ ᠶᠢᠨ ᠬᠠᠮᠲᠤ ᠲᠤᠰ ᠲᠤᠭᠲᠠᠭᠠᠯ ᠤᠨ ᠭᠤᠷᠪᠠᠳᠤᠭᠠᠷ ᠵᠦᠢᠯ ᠳᠤ | ᠲᠤᠭᠲᠠᠭᠠᠭᠰᠠᠨ ᠪᠤᠬᠢᠷᠳᠤᠯ ᠶᠡᠭᠡᠲᠠᠢ ᠲᠦᠯᠡᠰᠢ ᠶᠢ ᠬᠢᠵᠠᠭᠠᠷᠯᠠᠬᠤ ᠠᠴᠠ ᠴᠢᠩᠭ᠎ᠠ ᠱᠠᠭᠠᠷᠳᠠᠯᠭ᠎ᠠ ᠲᠤᠭᠲᠠᠭᠠᠨ᠂ | ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠶᠡᠷᠦᠩᠭᠡᠢ ᠲᠤᠪᠴᠢᠶ᠎ᠠ ᠳᠤ ᠮᠡᠳᠡᠭᠦᠯᠵᠤ ᠪᠤᠯᠤᠨ᠎ᠠ᠃ |