ᠮᠠᠨ ᠤ ᠤᠷᠤᠨ ᠤ ᠨᠡᠶᠢᠭᠡᠮ ᠠᠴᠠ ᠡᠷᠬᠢᠯᠡᠭᠰᠡᠨ ᠨᠠᠰᠤᠳᠠᠶᠢᠴᠤᠳ ᠢ ᠠᠰᠠᠷᠠᠬᠤ ᠪᠠᠶᠢᠭᠤᠯᠤᠮᠵᠢ ᠶᠢᠨ ᠰᠠᠭᠤᠬᠤ | ᠤᠷᠤ ᠳᠤ ᠭᠡᠷᠬᠢᠨ ᠨᠦᠬᠦᠪᠤᠷᠢ ᠤᠯᠭᠤᠬᠤ ᠪᠤᠢ︖ ᠬᠠᠷᠢᠭᠤᠯᠳᠠ᠄ ᠨᠡᠶᠢᠭᠡᠮ ᠤ ᠬᠦᠴᠤᠨ ᠠᠴᠠ ᠡᠷᠬᠢᠯᠡᠭᠰᠡᠨ | ᠠᠰᠢᠭ ᠤᠯᠵᠠᠪᠤᠷᠢ ᠶᠢᠨ ᠪᠤᠰᠤ ᠨᠡᠰᠤᠳᠠᠶᠢᠴᠤᠳ ᠢ ᠠᠰᠠᠷᠠᠬᠤ ᠪᠠᠶᠢᠭᠤᠯᠤᠮᠵᠢ ᠶᠢᠨ ᠰᠠᠭᠤᠬᠤ ᠤᠷᠤ ᠪᠦᠷᠢ ︵ | ᠨᠡᠶᠢᠳᠡ ᠶᠢᠨ ᠳᠦᠬᠦᠭᠡᠷᠦᠮᠵᠢ 30 ᠳᠡᠭᠰᠢ ᠳᠦᠷᠪᠡᠯᠵᠢᠨ ᠮᠧᠲᠷ ᠪᠠᠭᠳᠠᠨ᠎ᠠ︶ ᠳᠤ 6000 ᠳᠦᠬᠦᠷᠢᠭ ᠤᠨ ᠨᠢᠭᠡ | ᠤᠳᠠᠭᠠᠨ ᠤ ᠴᠢᠨᠠᠷ ᠲᠠᠢ ᠪᠦᠳᠦᠭᠡᠨ ᠪᠠᠶᠢᠭᠤᠯᠤᠯᠳᠠ ᠶᠢᠨ ᠨᠦᠬᠦᠪᠤᠷᠢ ᠦᠭᠬᠦᠨ᠎ᠠ᠃ ᠡᠬᠦᠨ ᠤ ᠬᠠᠮᠳᠤ ︽ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠰᠤᠳᠠᠶᠢᠴᠤᠳ ᠢ ᠠᠰᠠᠷᠠᠬᠤ ᠪᠠᠶᠢᠭᠤᠯᠤᠮᠵᠢ ᠶᠢᠨ ᠳᠡᠰ | ᠳᠤᠭᠳᠠᠭᠠᠬᠤ ᠪᠠᠷᠢᠮᠵᠢᠶ᠎ᠠ︾ ᠶᠤᠰᠤᠭᠠᠷ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠠᠴᠠ ᠪᠠᠶᠢᠭᠤᠯᠤᠮᠵᠢ ᠶᠢᠨ | ᠵᠡᠷᠭᠡ ᠳᠡᠰ ᠪᠤᠯᠤᠨ ᠪᠤᠳᠠᠳᠤ ᠤᠷᠤᠵᠤ ᠰᠠᠭᠤᠭᠰᠠᠨ ᠬᠦᠮᠦᠨ ᠤ ᠳᠤᠭ᠎ᠠ ᠪᠠᠷ ᠰᠠᠭᠤᠬᠤ ᠤᠷᠤ ᠪᠦᠷᠢ ᠳᠤ ᠰᠠᠷ᠎ᠠ | ᠪᠦᠷᠢ 100 — 300 ᠳᠦᠬᠦᠷᠢᠭ ᠤᠨ ᠡᠷᠬᠢᠯᠡᠨ ᠡᠵᠡᠩᠨᠡᠬᠦ ᠨᠦᠬᠦᠪᠤᠷᠢ ᠤᠯᠭᠤᠨ᠎ᠠ᠃ | ᠬᠦᠳᠡᠭᠡ ᠳᠤᠰᠬᠤᠨ ᠮᠠᠯᠵᠢᠬᠤ ᠤᠷᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠶᠢᠨ ᠳᠤᠬᠠᠢ | ᠳᠦᠷᠦ ᠶᠢᠨ ᠪᠤᠳᠤᠯᠭ᠋ ᠶᠢᠨ ᠳᠠᠶᠢᠯᠤᠮᠵᠢ | ᠨᠢᠭᠡ᠂ ᠬᠦᠳᠡᠭᠡ ᠳᠤᠰᠬᠤᠨ ᠮᠠᠯᠵᠢᠬᠤ ᠤᠷᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠶᠢ | ᠭᠤᠶᠤᠴᠢᠯᠠᠬᠤ ᠶᠢᠨ ᠨᠦᠬᠦᠴᠡᠯ ᠨᠢ ᠶᠠᠭᠤ ᠪᠤᠢ︖ | 1᠂ ᠮᠠᠯᠴᠢᠨ ᠳᠠᠷᠢᠶᠠᠴᠢᠨ ᠤ ᠡᠷᠦᠭᠡ ᠠᠮᠠ ᠶᠢᠨ ᠳᠠᠩᠰᠠ ᠲᠠᠢ ᠪᠠᠶᠢᠬᠤ︔ | 2᠂ ᠬᠠᠮᠳᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠬᠦᠮᠦᠨ ᠳᠤᠮᠳᠠᠴᠢ ᠶᠢᠨ ᠤᠷᠤᠯᠭ᠎ᠠ | ᠨᠢ ᠳᠤᠬᠠᠢ ᠶᠢᠨ ᠭᠠᠵᠠᠷ ᠤᠨ ᠬᠦᠳᠡᠭᠡ ᠳᠤᠰᠬᠤᠨ ᠮᠠᠯᠵᠢᠬᠤ ᠤᠷᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠷᠢᠮᠵᠢᠶ᠎ᠠ ᠠᠴᠠ ᠳᠤᠤᠷ᠎ᠠ︔ | 3᠂ ᠭᠡᠷ ᠪᠦᠯᠢ ᠶᠢᠨ ᠡᠳ᠋ ᠬᠦᠷᠦᠩᠭᠡ ᠶᠢᠨ ᠠᠬᠤᠢ ᠪᠠᠶᠢᠳᠠᠯ ᠨᠢ ᠳᠤᠬᠠᠢ ᠶᠢᠨ ᠭᠠᠵᠠᠷ ᠤᠨ ᠳᠦᠷᠦ ᠶᠢᠨ | ᠪᠤᠳᠤᠯᠭ᠎ᠠ ᠶᠢᠨ ᠳᠤᠭᠳᠠᠭᠠᠯ ᠳᠤ ᠨᠡᠶᠢᠴᠡᠭᠰᠡᠨ ᠪᠠᠶᠢᠬᠤ︔ | ᠬᠤᠶᠠᠷ᠂ ᠬᠦᠳᠡᠭᠡ ᠳᠤᠰᠬᠤᠨ ᠮᠠᠯᠵᠢᠬᠤ ᠤᠷᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠶᠢ | ᠭᠤᠶᠤᠴᠢᠯᠠᠬᠤ ᠳᠤ ᠶᠠᠮᠠᠷ ᠮᠠᠲ᠋ᠧᠷᠢᠶᠠᠯ ᠬᠠᠨᠭ᠍ᠭᠠᠬᠤ ᠴᠢᠬᠤᠯᠠ ᠲᠠᠢ ᠪᠤᠢ︖ | 1᠂ ᠭᠤᠶᠤᠴᠢᠯᠠᠬᠤ ᠪᠢᠴᠢᠭ᠄ ᠭᠡᠷ ᠤᠨ ᠪᠦᠷᠢᠯᠳᠦᠭᠦᠨ ᠤ ᠦᠨᠳᠦᠰᠦᠨ ᠪᠠᠶᠢᠳᠠᠯ᠂ ᠦᠢᠯᠡᠳᠪᠦᠷᠢᠯᠡᠯ | ᠠᠮᠢᠳᠤᠷᠠᠯ ᠤᠨ ᠦᠨᠳᠦᠰᠦᠨ ᠪᠠᠶᠢᠳᠠᠯ᠂ ᠬᠦᠴᠢᠷᠳᠡᠯ ᠡᠬᠦᠰᠦᠭᠰᠡᠨ ᠭᠤᠤᠯ ᠰᠢᠯᠲᠠᠭᠠᠨ ᠵᠡᠷᠬᠡ ᠪᠠᠭᠲᠠᠨ᠎ᠠ︔ | 2᠂ ᠡᠷᠦᠬᠡ ᠠᠮᠠ ᠶᠢᠨ ᠬᠡᠷᠡᠴᠢ ᠪᠤᠶᠤ ᠡᠷᠦᠬᠡ ᠠᠮᠠ ᠶᠢᠨ ᠳᠡᠪᠲᠡᠷ ᠤᠨ ᠳᠠᠷᠤᠮᠠᠯᠯᠠᠭᠰᠠᠨ ᠬᠠᠭᠤᠳᠠᠰᠤ︔ | | 3᠂ ᠠᠷᠠᠳ ᠤᠨ ᠶᠠᠪᠤᠳᠠᠯ ᠤᠨ ᠰᠠᠯᠠᠬ᠎ᠠ ᠮᠦᠴᠢᠷ ᠤᠨ ᠬᠠᠨᠭ᠍ᠭᠠᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠳᠤᠯᠠᠪᠤᠷᠢ ᠭᠤᠶᠤᠴᠢᠯᠠᠬᠤ ᠭᠦᠰᠦᠨᠦᠭᠲᠦ︔ | 4᠂ ᠵᠡᠮᠲᠡᠭᠴᠤᠳ ᠤᠨ ᠵᠡᠮᠲᠡᠭ ᠤᠨ ᠦᠨᠡᠮᠯᠡᠯ ᠤᠨ ᠳᠠᠷᠤᠮᠠᠯᠯᠠᠭᠰᠠᠨ ᠬᠠᠭᠤᠳᠠᠰᠤ︔ | 5᠂ ᠪᠤᠰᠤᠳ ᠬᠠᠮᠢᠶ᠎ᠠ ᠪᠦᠭᠦᠢ ᠭᠡᠷᠡᠴᠢ ᠮᠠᠲ᠋ᠧᠷᠢᠶᠠᠯ᠃ | ᠭᠤᠷᠪᠠ᠂ ᠬᠦᠳᠡᠭᠡ ᠳᠤᠰᠬᠤᠨ ᠮᠠᠯᠵᠢᠬᠤ ᠤᠷᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠶᠢ | ᠭᠤᠶᠤᠴᠢᠯᠠᠬᠤ ᠳᠤ ᠶᠠᠮᠠᠷ ᠳᠡᠰ ᠳᠠᠷᠠᠭᠠᠯᠠᠯ ᠲᠠᠢ ᠪᠠᠶᠢᠳᠠᠭ ᠪᠤᠢ︖ | 1᠂ ᠬᠠᠮᠳᠤ ᠠᠮᠢᠳᠤᠷᠠᠵᠤ ᠪᠠᠶᠢᠭ᠎ᠠ ᠭᠡᠷ ᠤᠨ ᠪᠦᠷᠢᠯᠳᠦᠬᠦᠨ ᠨᠢ ᠡᠷᠦᠭᠡ ᠠᠮᠠ ᠶᠢᠨ ᠳᠠᠩᠰᠠ ᠨᠢ ᠪᠠᠶᠢᠭ᠎ᠠ | ᠭᠠᠵᠠᠷ ᠤᠨ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠳᠤ ᠪᠢᠴᠢᠭ ᠢᠶᠠᠷ ᠭᠤᠶᠤᠴᠢᠯᠠᠨ᠎ᠠ︔ | | 2᠂ ᠭᠡᠷ ᠤᠨ ᠪᠦᠷᠢᠯᠳᠦᠬᠦᠨ ᠨᠢ ᠭᠤᠶᠤᠴᠢᠯᠠᠬᠤ ᠳᠤ ᠬᠦᠴᠢᠷ ᠲᠠᠢ ᠪᠤᠯ ᠭᠠᠴᠠᠭ᠎ᠠ ᠳᠤᠰᠬᠤᠨ ᠤ ᠵᠦᠪᠯᠡᠯ | ᠳᠤ ᠨᠡᠶᠢᠳᠡᠵᠤ ᠤᠷᠤᠯᠠᠨ ᠭᠤᠶᠤᠴᠢᠯᠠᠭᠤᠯᠵᠤ ᠪᠤᠯᠤᠨ᠎ᠠ︔ | 3᠂ ᠭᠤᠶᠤᠴᠢᠯᠠᠭᠰᠠᠳ ᠨᠢ ︽ᠭᠡᠷ ᠪᠦᠯᠢ ᠶᠢᠨ ᠤᠷᠤᠯᠭ᠎ᠠ ᠪᠤᠯᠤᠨ ᠡᠳ᠋ ᠬᠦᠷᠦᠩᠭᠡ ᠶᠢᠨ ᠪᠠᠶᠢᠳᠠᠯ ᠤᠨ | ᠢᠯᠡᠷᠭᠡᠶᠢᠯᠡᠯᠳᠡ︾᠂ ︽ᠡᠷᠭᠡ ᠤᠯᠭᠤᠨ ᠬᠢᠨᠨᠠ ᠬᠠᠷᠭᠤᠭᠤᠯᠬᠤ ᠶᠢ ᠳᠠᠭᠠᠭᠠᠯᠭᠠᠭᠰᠠᠨ ᠪᠢᠴᠢᠭ︾ ᠪᠤᠯᠤᠨ ︽ | ᠦᠨᠡᠨᠴᠢ ᠢᠳᠡᠭᠡᠮᠵᠢ ᠶᠢᠨ ᠠᠮᠠᠯᠳᠠᠯᠭ᠎ᠠ ᠶᠢᠨ ᠪᠢᠴᠢᠭ︾᠃ | ᠳᠦᠷᠪᠡ᠂ ᠬᠦᠳᠡᠭᠡ ᠳᠤᠰᠬᠤᠨ ᠤ ᠮᠠᠯᠵᠢᠬᠤ ᠤᠷᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠳᠤᠯᠠᠪᠤᠷᠢ ᠶᠢ ᠬᠢᠨᠠᠨ ᠵᠦᠪᠰᠢᠶᠡᠷᠡᠬᠦ ᠳᠤ ᠶᠠᠮᠠᠷ ᠳᠡᠰ ᠳᠠᠷᠠᠭᠠᠯᠠᠯ ᠲᠠᠢ ᠪᠠᠶᠢᠳᠠᠯ ᠪᠤᠢ︖ | 1᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠨᠢ ᠡᠷᠦᠭᠡ ᠳᠤ ᠬᠦᠷᠴᠤ | ᠪᠠᠶᠢᠴᠠᠭᠠᠬᠤ᠂ ᠬᠦᠷᠰᠢ ᠰᠠᠭᠠᠬᠠᠯᠳᠠ ᠠᠴᠠ ᠨᠢ ᠰᠤᠷᠪᠤᠯᠵᠢᠯᠠᠨ ᠠᠰᠠᠭᠤᠬᠤ᠂ ᠵᠠᠬᠢᠳᠠᠯ ᠢᠶᠠᠷ ᠭᠡᠷᠡᠴᠢ ᠠᠪᠬᠤ᠂ | ᠤᠯᠠᠨ ᠳᠦᠮᠡᠨ ᠢᠶᠠᠷ ᠶᠠᠷᠢᠯᠴᠠᠨ ᠦᠨᠡᠯᠡᠬᠦᠯᠬᠦ᠂ ᠴᠢᠮᠡᠭᠡ ᠵᠠᠩᠬᠢ ᠶᠢ ᠬᠢᠨᠠᠨ ᠬᠠᠷᠭᠤᠭᠤᠯᠬᠤ ᠵᠡᠷᠭᠡ ᠠᠷᠭ᠎ᠠ ᠭᠡᠯᠪᠡᠷᠢ | ᠪᠠᠷ ᠳᠠᠮᠵᠢᠭᠤᠯᠤᠨ ᠭᠤᠶᠤᠴᠢᠯᠠᠭᠰᠠᠳ ᠤᠨ ᠭᠡᠷ ᠪᠦᠯᠢ ᠶᠢᠨ ᠤᠷᠤᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ | ᠪᠠᠶᠢᠳᠠᠯ ᠳᠤ ᠬᠢᠨᠠᠨ ᠪᠠᠶᠢᠴᠠᠭᠠᠯᠳᠠ ᠬᠢᠵᠤ᠂ ᠠᠩᠬ᠎ᠠ ᠬᠢᠨᠠᠭᠰᠠᠨ ᠰᠠᠨᠠᠯ ᠶᠢᠨ ᠳᠤᠷᠠᠳᠤᠨ᠂ ᠭᠤᠶᠤᠴᠢᠯᠠᠭᠰᠠᠳ ᠤᠨ | ᠪᠠᠶᠢᠭ᠎ᠠ ᠭᠠᠴᠠᠭ᠎ᠠ ᠳᠤᠰᠬᠤᠨ ᠳᠤ ᠨᠡᠶᠢᠳᠡᠯᠡᠨ ᠵᠠᠷᠯᠠᠭᠰᠠᠨ ᠤᠨ ᠳᠠᠷᠠᠭ᠎ᠠ᠂ ᠬᠤᠰᠢᠭᠤᠨ ᠰᠢᠶᠠᠨ ᠤ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠤ ᠮᠡᠳᠡᠬᠦᠯᠵᠤ | ᠵᠦᠪᠰᠢᠶᠡᠷᠡᠬᠦᠯᠦᠨ᠎ᠡ᠃ | 2᠂ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ | ᠰᠠᠯᠠᠭ᠎ᠠ ᠮᠦᠴᠢᠷ ᠬᠢᠨᠠᠨ ᠪᠠᠶᠢᠴᠠᠭᠠᠭᠠᠳ᠂ ᠨᠦᠬᠦᠴᠡᠯ ᠳᠤ ᠨᠡᠶᠢᠴᠡᠭᠰᠡᠨ ᠭᠤᠶᠤᠴᠢᠯᠠᠭᠰᠠᠳ ᠢ ᠵᠦᠪᠰᠢᠶᠡᠷᠡᠬᠦ ᠶᠢᠨ | ᠬᠠᠮᠳᠤ ᠭᠤᠶᠤᠴᠢᠯᠠᠭᠰᠠᠳ ᠤᠨ ᠪᠠᠶᠢᠭ᠎ᠠ ᠭᠠᠴᠠᠭ᠎ᠠ ᠳᠤᠰᠬᠤᠨ ᠳᠤ ᠨᠡᠶᠢᠳᠡᠯᠡᠨ ᠵᠠᠷᠯᠠᠨ᠎ᠠ︔ ᠨᠦᠬᠦᠴᠡᠯ ᠳᠤ ᠬᠦᠷᠬᠦ | ᠦᠭᠡᠢ ᠭᠤᠶᠤᠴᠢᠯᠠᠭᠰᠠᠳ ᠢ ᠵᠦᠪᠰᠢᠶᠡᠷᠡᠬᠦ ᠦᠭᠡᠢ ᠪᠦᠭᠡᠳ ᠭᠤᠶᠤᠴᠢᠯᠠᠭᠰᠠᠳ ᠲᠤ ᠤᠴᠢᠷ ᠰᠢᠯᠳᠠᠭᠠᠨ ᠢ ᠨᠢ | ᠪᠢᠴᠢᠭ ᠢᠶᠠᠷ ᠳᠠᠶᠢᠯᠪᠤᠷᠢᠯᠠᠵᠤ ᠦᠭᠬᠦᠨ᠎ᠠ᠃ | 3᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠤᠯᠭᠤᠬᠤ ᠪᠠᠷ ᠵᠦᠪᠰᠢᠶᠡᠷᠡᠭᠳᠡᠭᠰᠡᠨ ᠭᠡᠷ ᠪᠦᠯᠢ ᠳᠤ ᠂ | ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ | ᠨᠢ ᠳᠡᠳᠡᠨ ᠤ ᠬᠠᠮᠳᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠬᠢᠨᠢ ᠬᠦᠮᠦᠨ ᠳᠤᠮᠳᠠᠴᠢ ᠶᠢᠨ | ᠤᠷᠤᠯᠭ᠎ᠠ ᠨᠢ ᠳᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠶᠢᠨ ᠪᠠᠷᠢᠮᠵᠢᠶ᠎ᠠ ᠠᠴᠠ | ᠵᠦᠷᠢᠵᠤ ᠪᠠᠶᠢᠭ᠎ᠠ ᠭᠡᠰᠡᠭ ᠨᠢ ᠢ ᠰᠠᠷ᠎ᠠ ᠪᠠᠷ ᠤᠯᠭᠤᠨ᠎ᠠ᠃ | ᠳᠠᠪᠤ᠂ ᠪᠠᠳᠤᠯᠠᠪᠤᠷᠢ ᠤᠯᠬᠤ ᠡᠳᠡᠭᠡᠳ ᠨᠢ ᠬᠦᠳᠡᠭᠡ ᠳᠤᠰᠬᠤᠨ ᠮᠠᠯᠵᠢᠬᠤ ᠤᠷᠤᠨ ᠤ ᠠᠮᠢᠳᠤᠷᠠᠯ ᠤᠨ | ᠨᠠᠭᠠᠳᠤ ᠵᠠᠬ᠎ᠠ ᠶᠢᠨ ᠪᠠᠳᠤᠯᠠᠪᠤᠷᠢ ᠶᠢᠨ ᠬᠦᠷᠳᠡᠮᠵᠢ ᠤᠯᠵᠤ ᠪᠠᠶᠢᠭ᠎ᠠ ᠬᠤᠭᠤᠴᠠᠭᠠᠨ ᠳᠤ ᠶᠠᠮᠠᠷ ᠡᠬᠦᠷᠭᠡ | ᠬᠠᠷᠢᠭᠤᠴᠠᠯᠭ᠎ᠠ ᠶᠢ ᠪᠡᠶᠡᠯᠡᠬᠦᠯᠬᠦ ᠪᠤᠢ︖ | 1᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠶᠢᠨ ᠭᠡᠷ ᠪᠦᠯᠢ ᠶᠢᠨ ᠬᠦᠮᠦᠨ ᠠᠮᠠ ᠶᠢᠨ ᠪᠠᠶᠢᠳᠠᠯ᠂ | ᠤᠷᠤᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ ᠳᠤ ᠨᠢ ᠬᠤᠪᠢᠷᠠᠯᠳᠠ ᠭᠠᠷᠤᠭᠰᠠᠳ ᠰᠤᠮᠤ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠳᠤ ᠴᠠᠭ ᠳᠤᠬᠠᠢ ᠳᠤ ᠨᠢ ᠮᠡᠳᠡᠭᠳᠡᠪᠡᠯ ᠵᠤᠬᠢᠨ᠎ᠠ᠃ | 2᠂ ᠠᠵᠢᠯ ᠤᠯᠬᠤ ᠨᠠᠰᠤᠨ ᠳᠤ ᠪᠠᠶᠢᠭ᠎ᠠ ᠬᠦᠳᠡᠯᠮᠦᠷᠢᠯᠡᠬᠦ ᠴᠢᠳᠠᠪᠤᠷᠢ ᠲᠠᠢ ᠬᠦᠮᠦᠰ ᠨᠢ ᠢᠳᠡᠪᠬᠢᠳᠡᠢ ᠪᠠᠷ | ᠠᠵᠢᠯ ᠤᠯᠬᠤ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠳᠠᠨᠢᠯᠴᠠᠭᠤᠯᠤᠭᠰᠠᠨ ᠠᠵᠢᠯ ᠢ ᠬᠦᠯᠢᠶᠡᠨ ᠠᠪᠴᠤ | ᠬᠢᠪᠡᠯ ᠵᠤᠬᠢᠨ᠎ᠠ᠃ | ᠵᠢᠷᠭᠤᠭ᠎ᠠ᠂ ᠶᠠᠮᠠᠷ ᠬᠦᠮᠦᠰ ᠬᠦᠳᠡᠭᠡ ᠳᠤᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ | ᠬᠦᠷᠳᠡᠵᠤ ᠪᠤᠯᠬᠤ ᠦᠭᠡᠢ ᠪᠤᠢ︖ | 1᠂ ᠬᠦᠳᠡᠯᠮᠦᠷᠢᠯᠡᠬᠦ ᠴᠢᠳᠠᠪᠤᠷᠢ ᠪᠤᠯᠤᠨ ᠬᠦᠳᠡᠯᠮᠦᠷᠢᠯᠡᠬᠦ ᠨᠦᠬᠦᠴᠡᠯ ᠲᠠᠢ ᠪᠠᠶᠢᠭᠰᠠᠨ ᠴᠤ ᠠᠯᠵᠠᠭᠤᠷᠠᠵᠤ | ᠵᠠᠯᠬᠠᠭᠤᠷᠠᠨ᠂ ᠦᠪᠡᠷ ᠤᠨ ᠬᠦᠴᠤᠨ ᠳᠡᠭᠡᠨ ᠳᠦᠰᠢᠭᠯᠡᠨ ᠠᠮᠢᠳᠤᠷᠠᠯ ᠢᠶᠠᠨ ᠳᠡᠭᠡᠭᠰᠢᠯᠡᠬᠦᠯᠬᠦ ᠦᠭᠡᠢ ᠪᠠᠶᠢᠭᠠᠳ | ᠠᠮᠢᠳᠤᠷᠠᠯ ᠢᠶᠠᠨ ᠬᠦᠴᠢᠷᠳᠡᠯ ᠲᠠᠢ ᠪᠤᠯᠭᠠᠭᠰᠠᠳ︔ | 2᠂ ᠭᠠᠵᠠᠷ ᠰᠢᠷᠤᠢ᠂ ᠨᠤᠳᠤᠭ ᠪᠡᠯᠴᠢᠭᠡᠷ᠂ ᠤᠢ ᠰᠢᠭᠤᠢ ᠶᠢᠨ ᠭᠠᠵᠠᠷ᠂ ᠤᠷᠤᠨ ᠰᠠᠭᠤᠴᠠ ᠶᠢ ᠨᠢ | ᠳᠠᠳᠠᠪᠤᠷᠢᠯᠠᠨ ᠠᠪᠴᠤ᠂ ᠨᠢᠭᠡᠨᠳᠡ ᠵᠦᠢ ᠵᠤᠬᠢᠰᠳᠠᠢ ᠨᠦᠬᠦᠪᠤᠷᠢ ᠦᠭᠬᠦᠭᠰᠡᠨ︔ | 3᠂ ᠭᠡᠷ ᠪᠦᠯᠢ ᠶᠢᠨ ᠪᠤᠳᠠᠳᠠᠢ ᠠᠮᠢᠳᠤᠷᠠᠯ ᠤᠨ ᠭᠡᠮᠵᠢᠶ᠎ᠡ ᠨᠢ ᠳᠤᠬᠠᠢ ᠶᠢᠨ ᠭᠠᠵᠠᠷ ᠤᠨ ᠳᠡᠭᠰᠢᠳᠭᠡᠭᠰᠡᠨ | ᠠᠮᠢᠳᠤᠷᠠᠯ ᠤᠨ ᠭᠡᠮᠵᠢᠶ᠎ᠡ ᠳᠤ ᠬᠦᠷᠦᠭᠰᠡᠨ ᠪᠤᠶᠤ ᠳᠠᠪᠠᠭᠰᠠᠳ︔ | 4᠂ ᠳᠠᠪᠤᠨ ᠪᠠᠳᠤᠯᠠᠭᠠᠳᠤ ᠡᠷᠦᠭᠡ ᠶᠢᠨ ᠨᠦᠬᠦᠴᠡᠯ ᠳᠤ ᠨᠡᠶᠢᠴᠡᠬᠦ ᠮᠠᠯᠴᠢᠨ ᠳᠠᠷᠢᠶᠠᠴᠢᠨ ᠢ ᠪᠤᠯ ᠳᠠᠪᠤᠨ | ᠪᠠᠳᠤᠯᠠᠭᠠᠳᠤ ᠡᠷᠦᠭᠡ ᠶᠢᠨ ᠭᠡᠪᠴᠢᠶᠠᠨ ᠳᠤ ᠤᠷᠤᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠶᠢᠨ | ᠬᠡᠪᠴᠢᠶᠡᠠ ᠳᠤ ᠤᠷᠤᠭᠤᠯᠬᠤ ᠭᠡᠷᠡᠭ ᠦᠭᠡᠢ︔ | 5᠂ ᠬᠤᠤᠷ᠎ᠠ ᠳᠠᠳᠠᠬᠤ᠂ ᠵᠤᠭᠤᠰ ᠨᠠᠭᠠᠳᠬᠤ᠂ ᠶᠠᠩᠬᠠᠨ ᠳᠤ ᠪᠠᠭᠤᠬᠤ ᠵᠡᠷᠭᠡ ᠬᠠᠤᠯᠢ ᠴᠠᠭᠠᠵᠠ ᠶᠢ | ᠵᠦᠷᠢᠴᠡᠭᠰᠡᠳ︔ | 6᠂ ᠬᠠᠣᠯᠢ ᠶᠤᠰᠤᠨ ᠤ ᠠᠰᠠᠷᠠᠨ ᠳᠡᠵᠢᠭᠡᠬᠦ ︵ᠳᠡᠳᠬᠦᠬᠦ᠂ ᠠᠰᠠᠷᠠᠬᠤ︶ ᠬᠦᠮᠦᠨ ᠲᠠᠢ ᠮᠦᠷᠳᠡᠭᠡᠨ | ᠠᠰᠠᠷᠠᠨ ᠳᠡᠵᠢᠭᠡᠬᠦ ︵ᠳᠡᠳᠬᠦᠬᠦ᠂ ᠠᠰᠠᠷᠠᠬᠤ︶ ᠬᠦᠮᠦᠨ ᠨᠢ ᠠᠰᠠᠷᠠᠨ ᠳᠡᠵᠢᠭᠡᠬᠦ ᠴᠢᠳᠠᠪᠤᠷᠢ ᠲᠠᠢ ᠪᠠᠶᠢᠭᠠᠳ ᠡᠬᠦᠷᠭᠡ | ᠬᠠᠷᠢᠭᠤᠴᠠᠯᠭ᠎ᠠ ᠪᠠᠨ ᠬᠦᠢᠴᠡᠳᠭᠡᠳᠡᠭ ᠦᠭᠡᠢ︔ | 7᠂ ᠭᠡᠷ ᠪᠦᠯᠢ ᠶᠢᠨ ᠤᠷᠤᠯᠭ᠎ᠠ ᠪᠠᠨ ᠦᠨᠡᠨ ᠪᠤᠳᠠᠳᠠᠢ ᠪᠠᠷ ᠮᠡᠳᠡᠬᠦᠯᠦᠭᠰᠡᠨ ᠦᠭᠡᠢ᠂ ᠤᠯᠠᠨ ᠳᠦᠮᠡᠨ ᠤ | ᠳᠤᠰᠬᠠᠯ ᠴᠢᠩᠭ᠎ᠠ᠂ ᠶᠤᠰᠤ ᠪᠤᠰᠤ ᠪᠠᠷ ᠠᠭᠠᠰᠢᠯᠠᠬᠤ ᠪᠤᠶᠤ ᠠᠵᠢᠯ ᠤᠨ ᠡᠮᠬᠢ ᠳᠢᠭᠯᠢᠮ ᠢ ᠰᠠᠮᠠᠭᠤᠷᠠᠭᠤᠯᠳᠠᠭ︔ | | 8᠂ ᠪᠤᠰᠤᠳ ᠬᠦᠳᠡᠭᠡ ᠳᠤᠰᠬᠤᠨ ᠮᠠᠯᠵᠢᠬᠤ ᠤᠷᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ | ᠬᠦᠷᠳᠡᠬᠦ ᠨᠦᠬᠦᠴᠡᠯ ᠳᠤ ᠨᠡᠶᠢᠴᠡᠬᠦ ᠦᠭᠡᠢ ᠬᠦᠮᠦᠰ᠃ | ᠳᠤᠯᠤᠭ᠎ᠠ᠂ ᠬᠦᠳᠡᠭᠡ ᠳᠤᠰᠬᠤᠨ ᠮᠠᠯᠵᠢᠬᠤ ᠤᠷᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠶᠢ | ᠭᠤᠤᠯᠳᠠᠭᠤ ᠶᠠᠮᠠᠷ ᠬᠦᠮᠦᠰ ᠲᠤ ᠤᠯᠭᠤᠬᠤ ᠪᠤᠢ︖ | 1᠂ ᠬᠦᠳᠡᠯᠮᠦᠷᠢᠯᠡᠬᠦ ᠴᠢᠳᠠᠪᠤᠷᠢ ᠪᠠᠨ ᠪᠦᠷᠢᠮᠦᠰᠤᠨ ᠠᠯᠳᠠᠵᠤ᠂ ᠤᠷᠤᠯᠭ᠎ᠠ ᠶᠢᠨ ᠢᠷᠡᠯᠳᠡ ᠦᠭᠡᠢ | ᠪᠤᠯᠤᠭᠰᠠᠳ︔ | 2᠂ ᠠᠮᠢᠳᠤᠷᠠᠯ ᠨᠢ ᠳᠦᠢᠯ ᠤᠨ ᠬᠦᠴᠢᠷᠳᠡᠯ ᠲᠠᠢ ᠭᠤᠤᠯᠳᠠᠯᠭ᠎ᠠ ᠲᠠᠢ ᠠᠰᠠᠷᠠᠨ ᠬᠠᠷᠠᠭᠠᠯᠵᠠᠬᠤ ᠴᠢᠬᠤᠯᠠ | ᠲᠠᠢ ᠬᠦᠮᠦᠰ︔ | 3᠂ ᠭᠡᠰᠡᠭ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠵᠡᠮᠳᠡᠭ ᠬᠦᠮᠦᠰ︔ | 4᠂ ᠡᠪᠡᠳᠴᠢᠨ ᠳᠠᠬᠤᠯ᠂ ᠭᠠᠢ ᠭᠠᠮᠰᠢᠭ ᠪᠤᠯᠤᠨ ᠭᠡᠤᠭᠡᠳ ᠨᠢ ᠪᠢᠴᠢᠭ ᠦᠵᠡᠬᠦ ᠵᠢᠴᠢ ᠦᠭᠡᠷ᠎ᠡ | ᠵᠦᠢᠯ ᠤᠨ ᠠᠷᠭᠠᠴᠠᠬᠤ ᠶᠢᠨ ᠠᠷᠭ᠎ᠠ ᠤᠴᠢᠷ ᠰᠢᠯᠳᠠᠭᠠᠨ ᠠᠴᠠ ᠪᠤᠯᠤᠭᠠᠳ ᠶᠠᠳᠠᠭᠤ ᠬᠦᠴᠢᠷᠳᠡᠯ ᠲᠠᠢ ᠪᠤᠯᠤᠭᠰᠠᠨ | ᠬᠦᠮᠦᠰ︔ | 5᠂ ᠬᠢᠯᠢ ᠬᠢᠵᠠᠭᠠᠷ ᠤᠷᠤᠨ ᠢᠶᠠᠷ ᠰᠠᠭᠤᠷᠢᠰᠢᠭᠰᠠᠨ ᠶᠠᠳᠠᠭᠤ ᠬᠦᠴᠢᠷᠳᠡᠯ ᠲᠠᠢ ᠮᠠᠯᠴᠢᠨ ᠳᠠᠷᠢᠶᠠᠴᠢᠳ︔ | | 6᠂ ᠳᠡᠭᠡᠷ᠎ᠡ ᠵᠠᠭᠤᠨ ᠤ ᠵᠢᠷᠠᠭᠠᠳ ᠤᠨ ᠤ ᠦᠶ ᠳᠤ ᠠᠵᠢᠯᠳᠠᠨ ᠢ ᠴᠦᠭᠡᠳᠭᠡᠨ ᠬᠦᠳᠡᠭᠡ ᠳᠤᠰᠬᠤᠨ | ᠮᠠᠯᠵᠢᠬᠤ ᠤᠷᠤᠨ ᠳᠤ ᠪᠠᠭᠤᠯᠭᠠᠭᠰᠠᠨ ᠶᠠᠳᠠᠭᠤ ᠬᠦᠴᠢᠷᠳᠡᠯ ᠲᠠᠢ ᠮᠠᠯᠴᠢᠨ ᠳᠠᠷᠢᠶᠠᠴᠢᠳ︔ | 7᠂ ︽ᠰᠤᠶᠤᠯ ᠤᠨ ᠬᠤᠪᠢᠰᠬᠠᠯ ᠤᠨ ᠳᠤᠮᠳᠠ ᠰᠢᠷᠬᠠᠳᠠᠵᠤ ᠵᠡᠮᠳᠡᠭ ᠪᠤᠯᠤᠭᠰᠠᠨ ᠦᠨᠡᠮᠯᠡᠯ︾ ᠲᠠᠢ | ᠶᠠᠳᠠᠭᠤ ᠬᠦᠴᠢᠷᠳᠡᠯ ᠲᠠᠢ ᠮᠠᠯᠴᠢᠨ ᠳᠠᠷᠢᠶᠠᠴᠢᠳ︔ | 8᠂ ᠦᠭᠡᠷᠡᠴᠢᠯᠡᠯᠳᠡ ᠨᠡᠭᠡᠭᠡᠯᠳᠡ ᠠᠴᠠ ᠡᠮᠤᠨ᠎ᠠ ᠭᠠᠴᠠᠭ᠎ᠠ ᠳᠤᠰᠬᠤᠨ ᠤ ᠵᠤᠬᠢᠶᠠᠨ ᠪᠠᠶᠢᠭᠤᠯᠤᠯᠳᠠ ᠳᠤ | ᠳᠤᠰᠢᠶᠠᠯ ᠬᠠᠷᠢᠭᠤᠴᠠᠵᠤ ᠪᠠᠶᠢᠭᠰᠠᠨ ᠶᠠᠳᠠᠭᠤ ᠬᠦᠴᠢᠷᠳᠡᠯ ᠳᠡ ᠠᠬᠠᠮᠠᠳ ᠨᠠᠮ ᠤᠨ ᠭᠡᠰᠢᠬᠦᠨ᠃ | |