ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠠᠵᠢᠯ
ᠨᠡᠶᠢᠲᠡᠯᠡᠭᠰᠡᠨ ᠴᠠᠭ᠄
2016/10/8
     ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠪᠠᠭᠠᠳᠤᠷ ︵2016 ᠤᠨ ᠤ 3 ᠳ᠋ᠤᠭᠠᠷ ᠰᠠᠷ᠎ᠠ ᠶᠢᠨ  24 ᠤ ᠡᠳᠦᠷ︶ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠪᠣᠯ ᠮᠠᠨ ᠤ ᠣᠯᠣᠰ ᠤᠨ  ᠦᠨᠳᠦᠰᠦᠲᠡᠨ ᠤ ᠠᠵᠢᠯ ᠪᠣᠯᠣᠨ ᠮᠣᠩᠭᠤᠯ ᠬᠡᠯᠡ ᠪᠢᠴᠢᠭ ᠤᠨ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠦᠨ᠂  ᠪᠠᠰᠠ ᠴᠦ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠣᠨ᠎ᠠ᠃ ᠰᠢᠨ᠎ᠡ  ᠪᠠᠶᠢᠳᠠᠯ ᠳᠣᠣᠷᠠᠬᠢ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠠᠵᠢᠯ ᠢ ᠰᠠᠶᠢᠲᠤᠷ  ᠬᠢᠬᠦ ᠨᠢ ᠦᠨᠳᠦᠰᠦᠲᠡᠨ ᠤ ᠲᠤᠬᠠᠢ ᠨᠠᠮ ᠤᠨ ᠲᠥᠷᠦ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠬᠤ᠂  ᠦᠨᠳᠦᠰᠦᠲᠡᠨ ᠤ ᠪᠥᠯᠬᠦᠮᠳᠡᠯ ᠢ ᠴᠢᠩᠭᠠᠳᠬᠠᠬᠤ᠂ ᠦᠨᠳᠦᠰᠦᠲᠡᠨ ᠤ ᠰᠣᠶᠣᠯ ᠢ ᠪᠠᠳᠠᠷᠠᠭᠤᠯᠬᠤ᠂  ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭ᠎ᠠ ᠪᠣᠯᠣᠨ ᠨᠥᠯᠦᠭᠡ ᠶᠢ ᠴᠢᠩᠭᠠᠳᠬᠠᠬᠤ ᠳᠤ ᠴᠦᠮ ᠴᠢᠬᠤᠯᠠ  ᠦᠢᠯᠡᠳᠦᠯ ᠲᠠᠢ ᠶᠤᠮ᠃            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠠᠴᠠ  ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ  ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ  ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠨ ᠠᠬᠢᠭᠤᠯᠬᠤ ᠰᠠᠨᠠᠯ ᠪᠣᠯᠣᠨ ᠲᠤᠮᠳᠠ ᠪᠠ ᠤᠷᠲᠤ  ᠬᠤᠭᠤᠴᠠᠭᠠᠨ ᠤ ᠲᠥᠯᠥᠪᠵᠢᠭᠦᠯᠭᠡ ︵2014 — 2020︶ ᠶᠢ ᠲᠣᠭᠲᠠᠭᠠᠨ ᠨᠡᠶᠢᠲᠡᠯᠡᠵᠦ᠂ ᠲᠥᠷᠦ ᠶᠢᠨ  ᠪᠣᠳᠣᠯᠭ᠎ᠠ᠂ ᠲᠥᠷᠥᠯ ᠵᠦᠢᠯ᠂ ᠪᠡᠯᠡ ᠮᠥᠡᠭᠭᠦ ᠵᠡᠷᠭᠡ ᠲᠠᠯ᠎ᠠ ᠪᠠᠷ ᠮᠣᠩᠭᠤᠯ ᠦᠭᠡ ᠬᠡᠯᠡ ᠦᠰᠦᠭ ᠪᠢᠴᠢᠭ ᠤᠨ  ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠳᠡᠮᠵᠢᠪᠡ᠃              ᠣᠶᠢᠷ᠎ᠠ ᠶᠢᠨ ᠬᠤᠶᠠᠷ ᠵᠢᠯ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ 3.6  ᠳ᠋ᠥ᠋ᠩᠰᠢᠭᠤᠷ ᠲᠥᠭᠦᠷᠢᠭ ᠤᠨ ᠪᠡᠯᠡ ᠮᠥᠡᠭᠭᠦ ᠣᠷᠣᠭᠤᠯᠵᠤ᠂ ᠮᠣᠩᠭᠤᠯ ᠦᠰᠦᠭ ᠪᠢᠴᠢᠭ ᠤᠨ ᠮᠡᠳᠡᠭᠡ  ᠵᠠᠩᠭᠢᠵᠢᠯᠲᠠ ᠶᠢᠨ ᠲᠤᠰᠬᠠᠢ ᠵᠦᠢᠯ ᠤᠨ ᠳᠡᠳᠬᠦᠬᠦ ᠲᠥᠷᠥᠯ ᠵᠦᠢᠯ ᠳᠤ ᠬᠡᠷᠡᠭᠯᠡᠨ᠂ ᠲᠥᠯᠥᠪᠵᠢᠭᠦᠯᠭᠡ ᠪᠠᠷ  ᠬᠥᠲᠥᠯᠥᠨ ᠵᠢᠯᠤᠭᠤᠳᠤᠭᠰᠠᠨ᠂ ᠲᠥᠷᠥᠯ ᠵᠦᠢᠯ ᠢᠶᠠᠷ ᠳᠠᠶᠢᠴᠢᠯᠠᠭᠰᠠᠨ᠂ ᠰᠠᠯᠠᠭ᠎ᠠ ᠮᠥᠴᠢᠷ ᠤᠳ ᠬᠠᠮᠵᠢᠯᠴᠠᠭᠰᠠᠨ᠂  ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠣᠷᠣᠯᠴᠠᠭᠰᠠᠨ᠂ ᠰᠡᠳᠬᠢᠯ ᠨᠢᠭᠡᠳᠦᠨ ᠬᠦᠴᠦ ᠬᠠᠮᠲᠤᠳᠬᠠᠨ  ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ  ᠠᠬᠢᠭᠤᠯᠤᠭᠰᠠᠨ ᠰᠠᠶᠢᠨ ᠪᠠᠶᠢᠳᠠᠯ ᠢ ᠪᠣᠢ ᠪᠣᠯᠭᠠᠵᠤ᠂ ᠰᠠᠶᠢᠨ ᠠᠮᠵᠢᠯᠲᠠ ᠪᠦᠲᠦᠮᠵᠢ ᠣᠯᠣᠭᠰᠠᠨ ᠪᠠᠶᠢᠨ᠎ᠠ᠃            ᠨᠢᠭᠡ ᠳᠤ ᠰᠠᠭᠤᠷᠢ ᠰᠤᠳᠤᠯᠭᠠᠨ ᠤ ᠲᠠᠯ᠎ᠠ ᠪᠠᠷ᠂ ᠲᠤᠰᠬᠠᠢ ᠵᠦᠢᠯ ᠢᠶᠠᠷ ᠶᠡᠭᠡ ᠳᠡᠭᠡᠳᠦ ᠰᠤᠷᠭᠠᠭᠤᠯᠢ ᠶᠢᠨ  ᠰᠢᠨᠵᠢᠯᠡᠭᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢ ᠳᠡᠮᠵᠢᠵᠦ ᠪᠠᠶᠢᠭᠠᠳ ᠰᠠᠭᠤᠷᠢ ᠴᠢᠨᠠᠷᠲᠠᠢ᠂ ᠣᠷᠢᠳᠠᠴᠢ  ᠴᠢᠨᠠᠷᠲᠠᠢ ᠰᠤᠳᠤᠯᠭ᠎ᠠ ᠥᠷᠨᠢᠭᠦᠯᠵᠦ᠂ ᠡᠷᠳᠡᠮ ᠰᠢᠨᠵᠢᠯᠡᠭᠡᠨ ᠤ ᠰᠣᠳᠣᠯᠭ᠎ᠠ ᠪᠣᠯᠣᠨ ᠰᠣᠯᠢᠯᠴᠠᠭ᠎ᠠ ᠬᠠᠮᠲᠤᠷᠠᠯᠴᠠᠭ᠎ᠠ ᠶᠢ  ᠠᠬᠢᠭᠤᠯᠤᠨ᠂ ᠣᠨᠣᠯ ᠤᠨ ᠰᠠᠭᠤᠷᠢ ᠰᠣᠳᠣᠯᠭᠠᠨ ᠤ ᠲᠦᠪᠰᠢᠨ ᠢ ᠳᠡᠭᠡᠭᠰᠢᠯᠡᠭᠦᠯᠵᠦ᠂ ᠴᠢᠳᠠᠪᠤᠷᠢᠳᠠᠨ ᠢ  ᠬᠥᠮᠦᠵᠢᠭᠦᠯᠦᠨ᠂ ᠬᠡᠷᠡᠭᠯᠡᠭᠡᠨ ᠤ ᠮᠡᠷᠭᠡᠵᠢᠯ ᠢ ᠨᠡᠬᠡᠬᠡᠨ ᠠᠰᠢᠬᠯᠠᠬᠤ ᠳᠤ ᠴᠢᠳᠠᠪᠤᠷᠢᠲᠠᠨ ᠪᠣᠯᠣᠨ ᠤᠶᠤᠨ ᠤ ᠳᠡᠮᠵᠢᠯᠭᠡ  ᠬᠠᠨᠭ᠍ᠭᠠᠪᠠ᠃            ᠬᠤᠶᠠᠷ ᠲᠤ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠠᠵᠤ ᠠᠬᠤᠶᠢᠯᠠᠯ ᠤᠳ ᠢ  ᠲᠡᠮᠵᠢᠵᠦ ᠪᠠᠶᠢᠭᠠᠳ ᠮᠣᠩᠭᠤᠯ ᠦᠰᠣᠭ᠌ ᠪᠢᠴᠢᠭ ᠤᠨ ᠮᠡᠳᠡᠭᠡ ᠵᠠᠩᠭᠢᠵᠢᠯᠲᠠ ᠶᠢᠨ ᠮᠡᠷᠭᠡᠵᠢᠯ ᠤᠨ ᠳᠠᠯ᠎ᠠ ᠳᠠᠬᠢ ᠤᠯᠤᠰ ᠤᠨ ᠪᠠᠷᠢᠮᠵᠢᠶ᠎ᠠ ᠶᠢᠨ ᠰᠢᠰᠲ᠋ᠧᠮ ᠢ ᠳᠡᠯᠭᠡᠷᠡᠭᠦᠯᠬᠦ ᠪᠠᠷ ᠦᠨᠳᠦᠰᠦᠨ ᠱᠠᠭᠠᠷᠳᠠᠯᠭ᠎ᠠ ᠪᠣᠯᠭᠠᠭᠰᠠᠨ᠂  ᠵᠠᠩᠭᠢᠯᠠᠭ᠎ᠠ ᠶᠢᠨ ᠨᠡᠶᠢᠲᠡᠯᠢᠭ ᠴᠢᠨᠠᠷ ᠲᠠᠢ ᠮᠡᠷᠭᠡᠵᠢᠯ ᠢ ᠰᠣᠳᠣᠯᠣᠨ ᠨᠡᠬᠡᠬᠡᠬᠦ ᠬᠢᠭᠡᠳ ᠠᠵᠤ ᠦᠢᠯᠡᠰᠵᠢᠭᠰᠡᠨ  ᠬᠡᠷᠡᠭᠯᠡᠭᠡᠨ ᠤ ᠵᠢᠱᠢᠶ᠎ᠡ ᠦᠵᠡᠭᠦᠯᠬᠦ ᠪᠠᠷ ᠭᠤᠣᠯᠳᠠᠯᠭ᠎ᠠ ᠪᠣᠯᠭᠠᠭᠰᠠᠨ ᠰᠣᠳᠣᠯᠣᠨ ᠨᠡᠬᠡᠬᠡᠬᠦ ᠲᠥᠷᠥᠯ ᠵᠦᠢᠯ ᠢ  ᠶᠠᠪᠤᠭᠳᠠᠭᠤᠯᠵᠤ᠂ ᠮᠣᠩᠭᠤᠯ ᠦᠭᠡ ᠬᠡᠯᠡ ᠦᠰᠦᠭ ᠪᠢᠴᠢᠭ ᠤᠨ ᠨᠢᠭᠡ ᠪᠥᠯᠥᠭ ᠮᠡᠳᠡᠭᠡ ᠵᠠᠩᠭᠢ ᠰᠢᠢᠳᠪᠦᠷᠢᠯᠡᠬᠦ  ᠭᠤᠣᠯᠯᠠᠬᠤ ᠮᠡᠷᠭᠡᠵᠢᠯ ᠳᠤ ᠰᠢᠪᠳᠣᠯᠣᠯᠳᠠ ᠭᠠᠷᠭᠠᠵᠣ᠂ 157 ᠵᠦᠢᠯ ᠤᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ  ᠪᠥᠲᠦᠭᠡᠭᠳᠡᠭᠦᠨ ᠤ ᠦᠮᠴᠢᠯᠡᠭᠦ ᠡᠷᠬᠡ ᠶᠢ ᠣᠯᠵᠣ᠂ ᠮᠡᠷᠭᠡᠵᠢᠯ ᠪᠣᠯᠣᠨ ᠦᠢᠯᠡᠳᠬᠦᠨ ᠤ ᠬᠡᠷᠡᠭᠯᠡᠭᠴᠢᠳ ᠨᠢ 40  ᠭᠠᠷᠤᠢ ᠣᠯᠣᠰ ᠪᠣᠯᠣᠨ ᠭᠠᠵᠠᠷ ᠣᠷᠣᠨ ᠳᠤ ᠲᠠᠷᠬᠠᠵᠤ᠂ ᠮᠡᠷᠭᠡᠵᠢᠯ ᠤᠨ ᠠᠵᠤ ᠦᠢᠯᠡᠰᠵᠢᠬᠦ᠂ ᠵᠠᠬ᠎ᠠ  ᠳᠡᠯᠭᠡᠭᠦᠷᠴᠢᠯᠡᠬᠦ ᠠᠯᠬᠤᠴᠠ ᠶᠢ ᠠᠬᠢᠭᠤᠯᠵᠤ᠂ ᠮᠣᠩᠭᠤᠯ ᠦᠭᠡ ᠬᠡᠯᠡ ᠦᠰᠦᠭ ᠪᠢᠴᠢᠭ ᠤᠨ ᠣᠨᠴᠠᠯᠢᠭ ᠪᠥᠬᠦᠢ  ᠰᠢᠨ᠎ᠡ ᠬᠡᠯᠪᠡᠷᠢ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠪᠣᠢ ᠪᠣᠯᠭᠠᠬᠤ ᠳᠤ  ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃            ᠭᠤᠷᠪᠠ ᠳᠤ ᠡᠬᠢ ᠪᠠᠶᠠᠯᠢᠭ ᠢ ᠨᠡᠬᠡᠬᠡᠨ ᠠᠰᠢᠬᠯᠠᠬᠤ ᠲᠠᠯ᠎ᠠ ᠪᠠᠷ᠂ ᠮᠡᠳᠡᠭᠡ ᠵᠠᠩᠭᠢᠴᠢᠯᠠᠬᠰᠠᠨ᠂  ᠲᠣᠭᠠᠴᠢᠯᠠᠭᠰᠠᠨ ᠠᠷᠭ᠎ᠠ ᠪᠠᠷᠢᠯ ᠢ ᠭᠦᠢᠴᠡᠳ ᠠᠰᠢᠬᠯᠠᠵᠤ᠂ ᠮᠣᠩᠭᠤᠯ ᠦᠭᠡ ᠬᠡᠯᠡ ᠦᠰᠦᠭ ᠪᠢᠴᠢᠭ ᠢᠶᠠᠷ  ᠠᠴᠢᠶᠠᠯᠠᠪᠤᠷᠢ ᠪᠣᠯᠭᠠᠭᠰᠠᠨ ᠦᠨᠳᠦᠰᠦᠲᠡᠨ ᠤ ᠰᠤᠷᠭᠠᠨ ᠬᠥᠮᠦᠵᠢᠯ᠂ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ  ᠵᠡᠷᠭᠡ ᠡᠬᠢ ᠪᠠᠶᠠᠯᠢᠭ ᠤᠨ ᠬᠥᠮᠥᠷᠭᠡ ᠶᠢᠨ ᠲᠥᠷᠥᠯ ᠵᠦᠢᠯ ᠢ ᠨᠡᠬᠡᠬᠡᠵᠤ ᠪᠥᠲᠦᠭᠡᠨ ᠪᠠᠶᠢᠭᠤᠯᠪᠠ᠃ ︽ᠶᠤᠸᠠᠨ ᠤ  ᠲᠡᠦᠬᠡ︾ ᠶᠢᠨ ᠮᠣᠩᠭᠤᠯ ᠣᠷᠴᠢᠭᠤᠯᠭ᠎ᠠ ᠶᠢᠨ ᠬᠡᠪᠯᠡᠬᠦ ᠠᠵᠢᠯ ᠢ ᠡᠬᠢᠯᠡᠭᠦᠯᠵᠦ᠂ ︽ᠬᠢᠲᠠᠳ ᠮᠣᠩᠭᠤᠯ ᠠᠩᠭ᠍ᠯᠢ  ᠶᠠᠫᠦᠨ ᠬᠡᠯᠡᠨ ᠤ ᠦᠭᠡᠰ ᠤᠨ ᠲᠣᠮᠣ ᠲᠣᠯᠢ︾ ᠶᠢᠨ 33.8 ᠲᠥᠮᠡᠨ ᠦᠭᠡᠰ ᠤᠨ ᠨᠠᠶᠢᠷᠠᠭᠤᠯᠬᠤ ᠠᠵᠢᠯ ᠢ ᠨᠢᠭᠡᠨᠲᠡ  ᠪᠡᠶᠡᠯᠡᠭᠦᠯᠵᠦ᠂ ᠮᠣᠩᠭᠤᠯ ᠦᠭᠡ ᠬᠡᠯᠡ ᠦᠰᠦᠭ ᠪᠢᠴᠢᠭ ᠤᠨ ᠲᠤᠭᠠᠴᠢᠯᠠᠬᠰᠠᠨ ᠡᠬᠢ ᠪᠠᠶᠠᠯᠢᠭ ᠤᠨ ᠪᠥᠲᠥᠬᠡᠨ  ᠪᠠᠶᠢᠭᠤᠯᠤᠯᠲᠠ ᠬᠢᠭᠡᠳ ᠬᠠᠮᠲᠤᠪᠡᠷ ᠡᠳ᠋ᠯᠡᠬᠦ ᠢᠨᠵᠧᠨᠧᠷᠢᠩ ᠢ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70  ᠵᠢᠯ ᠤᠨ ᠣᠢ ᠶᠢᠨ ᠭᠤᠣᠯᠳᠠᠯᠭ᠎ᠠ ᠲᠠᠢ ᠲᠥᠷᠥᠯ ᠵᠦᠢᠯ ᠳᠤ ᠣᠷᠤᠭᠤᠯᠪᠠ᠃            ᠳᠥᠷᠪᠡ ᠳᠤ ᠳᠡᠯᠭᠡᠷᠡᠭᠦᠯᠦᠨ ᠬᠡᠷᠡᠭᠯᠡᠬᠦ ᠲᠠᠯ᠎ᠠ ᠪᠠᠷ᠂ ᠮᠣᠩᠭᠤᠯ ᠬᠡᠯᠡᠨ ᠤ ᠰᠢᠨ᠎ᠡ ᠪᠠᠷ ᠬᠥᠭᠵᠢᠭᠰᠡᠨ  ᠵᠠᠭᠤᠴᠢᠯᠠᠭᠤᠷ ᠤᠨ ᠪᠥᠲᠦᠭᠡᠨ ᠪᠠᠶᠢᠭᠤᠯᠤᠯᠲᠠ ᠵᠢᠴᠢ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ  ᠵᠦᠢᠯ ᠢ ᠬᠡᠷᠡᠭᠵᠢᠭᠦᠯᠵᠦ᠂ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠰᠢᠨ᠎ᠡ  ᠵᠠᠭᠤᠴᠢᠯᠠᠭᠤᠷ ᠤᠨ ᠬᠥᠭᠵᠢᠯᠲᠡ‌ᠵᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ  ᠮᠣᠩᠭᠤᠯ ᠰᠦᠯᠵᠢᠶ᠎ᠡ ᠨᠢ ᠨᠢᠳᠤᠨᠤᠨ ᠤ 7 ᠳ᠋ᠤᠭᠠᠷ ᠰᠠᠷ᠎ᠠ ᠳᠤ ᠵᠢᠩᠬᠢᠨᠢ ᠪᠠᠷ ᠬᠡᠷᠡᠭᠯᠡᠭᠡᠨ ᠳᠤ ᠣᠷᠤᠭᠰᠠᠨ ᠪᠥᠭᠡᠳ  ᠳ᠋ᠠᠶᠢᠲ᠋ᠠ ᠬᠥᠮᠦᠷᠭᠡ ᠶᠢ ᠤᠯᠠᠮ ᠨᠢᠭᠡ ᠠᠯᠬᠤᠮ ᠪᠤᠳᠠᠲᠠᠶᠢᠵᠢᠭᠤᠯᠤᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ  ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠰᠦᠯᠵᠢᠶᠡᠨ ᠪᠦᠯᠦᠭᠵᠢᠯ ᠢ ᠪᠠᠶᠢᠭᠤᠯᠬᠤ  ᠪᠣᠯᠣᠨ᠎ᠠ᠃ ᠮᠣᠩᠭᠤᠯ ᠦᠭᠡ ᠬᠡᠯᠡ ᠦᠰᠦᠭ ᠪᠢᠴᠢᠭ ᠤᠨ ᠬᠠᠮ ᠮᠡᠳᠡᠭᠡ ᠵᠠᠩᠭᠢ ᠶᠢᠨ ᠡᠭᠦᠯᠡᠨ ᠦᠢᠯᠡᠴᠢᠯᠡᠭᠡᠨ ᠤ  ᠲᠠᠪᠴᠠᠩ ᠢ ᠣᠳᠣ ᠶᠠᠭ ᠱᠠᠯᠠᠪᠳᠠᠨ ᠪᠠᠶᠢᠭᠤᠯᠵᠤ᠂ ᠰᠢᠨ᠎ᠡ ᠦᠶ᠎ᠡ ᠶᠢᠨ ᠮᠣᠩᠭᠤᠯ ᠭᠠᠷ ᠤᠲᠠᠰᠤᠨ ᠤ ᠠᠵᠢᠯᠯᠠᠬᠤ  ᠰᠢᠰᠲ᠋ᠧᠮ ᠢ ᠰᠤᠳᠤᠯᠤᠨ ᠨᠡᠭᠡᠭᠡᠬᠦ ᠠᠵᠢᠯ ᠠᠮᠵᠢᠯᠲᠠ ᠣᠯᠣᠭᠰᠠᠨ ᠪᠥᠭᠡᠳ ᠳᠡᠯᠭᠡᠷᠡᠭᠦᠯᠦᠨ ᠬᠡᠷᠡᠭᠯᠡᠭᠦᠯᠵᠦ᠂ ᠨᠢᠭᠡᠨᠲᠡ  6 ᠲᠥᠮᠡ ᠭᠠᠷᠤᠢ ᠬᠡᠷᠡᠭᠯᠡᠭᠴᠢ ᠮᠣᠩᠭᠤᠯ ᠬᠡᠷᠡᠭᠯᠡᠭᠡᠨ ᠤ ᠣᠶᠤᠨᠴᠢ ᠭᠠᠷ ᠤᠲᠠᠰᠤ ᠶᠢ ᠬᠡᠷᠡᠭᠯᠡᠭᠡᠳ ᠥᠷᠭᠡᠨ ᠣᠯᠠᠨ  ᠲᠥᠮᠡᠨ ᠰᠠᠨᠠᠯ ᠨᠢᠭᠡᠲᠡᠢ ᠪᠠᠷ ᠰᠠᠶᠢᠰᠢᠶᠠᠨ ᠮᠠᠭᠲᠠᠵᠤ ᠪᠠᠶᠢᠨ᠎ᠠ᠃ ᠶᠡᠷᠦᠩᠬᠡᠢ ᠳᠤᠨᠢ ᠠᠪᠴᠣ ᠦᠵᠡᠪᠡᠯ᠂ ᠮᠣᠩᠭᠤᠯ  ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ  ᠠᠬᠢᠭᠤᠯᠬᠤ ᠶᠠᠪᠤᠳᠠᠯ ᠨᠢ ᠦᠨᠳᠦᠰᠦᠲᠡᠨ ᠤ ᠲᠡᠦᠭᠡ ᠰᠣᠶᠣᠯ ᠤᠨ ᠤᠯᠠᠮᠵᠢᠯᠠᠯ ᠬᠢᠭᠡᠳ ᠬᠥᠭᠵᠢᠯᠲᠡ ᠶᠢ ᠬᠦᠴᠦᠲᠡᠢ  ᠠᠬᠢᠭᠤᠯᠤᠭᠰᠠᠨ ᠮᠥᠷᠲᠡᠭᠡᠨ ᠮᠡᠷᠭᠡᠵᠢᠯ ᠤᠨ ᠲᠠᠯ᠎ᠠ ᠪᠠᠷ ᠤᠯᠤᠰ ᠤᠨ ᠲᠣᠳᠣᠭᠠᠲᠤ ᠭᠠᠳᠠᠭᠠᠳᠤ ᠳᠠᠬᠢ ᠣᠯᠠᠨ  ᠵᠦᠢᠯ ᠤᠨ ᠬᠤᠭᠤᠰᠣᠨ ᠵᠦᠢᠯ ᠢ ᠨᠥᠬᠦᠪᠦᠷᠢᠯᠡᠵᠦ᠂ ᠴᠥᠬᠡᠨ ᠲᠣᠭᠠᠳᠤ ᠦᠨᠳᠦᠰᠦᠲᠡᠨ ᠤ ᠣᠯᠠᠨ ᠲᠥᠮᠡᠨ ᠣᠳᠣ  ᠦᠶ᠎ᠡ ᠶᠢᠨ ᠮᠡᠷᠭᠡᠵᠢᠯ ᠤᠨ ᠪᠣᠯᠪᠠᠰᠤᠨ ᠢ ᠬᠠᠮᠲᠤᠪᠡᠷ ᠡᠳ᠋ᠯᠡᠬᠦ᠂ ᠰᠢᠨᠵᠢᠯᠡᠬᠦ ᠣᠬᠠᠭᠠᠨ ᠰᠣᠶᠣᠯ ᠤᠨ ᠬᠡᠪ ᠪᠣᠯᠪᠠᠰᠤᠷᠠᠯ  ᠪᠣᠯᠣᠨ ᠠᠮᠢᠳᠤᠷᠠᠯ ᠤᠨ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠬᠦ᠂ ᠠᠵᠤ ᠠᠬᠤᠢ ᠨᠡᠶᠢᠭᠡᠮ ᠤᠨ ᠥᠷᠭᠦᠯᠵᠢᠯᠡᠨ  ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃ ᠳᠠᠷᠠᠭᠠᠴᠢ ᠶᠢᠨ  ᠠᠯᠬᠤᠮ ᠳᠤ᠂ ᠪᠢᠲᠡ ᠣᠳᠣᠬᠠᠨ ᠤ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠤᠨ ᠰᠠᠭᠤᠷᠢᠨ ᠳᠡᠭᠡᠷ᠎ᠡ᠂  ᠰᠢᠨᠵᠢᠶᠠᠩ᠂ ᠲᠥᠪᠡᠳ ᠵᠡᠷᠭᠡ ᠦᠨᠳᠦᠰᠦᠲᠡᠨ ᠤ ᠭᠠᠵᠠᠷ ᠣᠷᠣᠨ ᠤ ᠲᠡᠷᠢᠭᠦᠨ ᠤ ᠲᠤᠷᠰᠢᠯᠭ᠎ᠠ ᠶᠢ ᠭᠦᠢᠴᠡᠳ  ᠲᠣᠯᠢᠳᠠᠨ᠂ ᠤᠯᠤᠰ ᠤᠨ ᠲᠥᠷᠦ ᠶᠢᠨ ᠪᠣᠳᠣᠯᠭ᠎ᠠ᠂ ᠲᠥᠷᠥᠯ ᠵᠦᠢᠯ ᠪᠣᠯᠣᠨ ᠪᠡᠯᠡ ᠮᠥᠡᠭᠭᠦ ᠶᠢᠨ ᠳᠡᠮᠵᠢᠯᠭᠡ ᠶᠢ  ᠢᠳᠡᠪᠬᠢᠯᠡᠨ ᠣᠯᠵᠣ᠂ ᠤᠯᠠᠮ ᠨᠢᠭᠡ ᠠᠯᠬᠤᠮ ᠨᠢᠬᠡᠲᠦᠯᠲᠡᠢ ᠲᠥᠯᠥᠪᠯᠡᠵᠦ ᠵᠣᠬᠢᠴᠠᠭᠤᠯᠤᠨ᠂ ᠡᠬᠢ ᠪᠠᠶᠠᠯᠢᠭ ᠢ  ᠡᠮᠬᠢᠯᠡᠨ ᠨᠡᠶᠢᠳᠭᠡᠵᠦ᠂ ᠨᠡᠶᠢᠯᠡᠮᠡᠯ ᠬᠦᠴᠦᠨ ᠢ ᠪᠣᠢ ᠪᠣᠯᠭᠠᠵᠤ᠂ ᠦᠨᠳᠦᠰᠦᠲᠡᠨ ᠤ ᠰᠣᠶᠣᠯ᠂ ᠲᠡᠦᠬᠡᠨ ᠮᠠᠲ᠋ᠧᠷᠢᠶᠠᠯ ᠢ  ᠡᠮᠬᠢᠯᠡᠨ ᠳᠢᠭᠯᠡᠬᠦ ᠪᠠ ᠮᠣᠩᠭᠤᠯ ᠦᠭᠡ ᠬᠡᠯᠡ ᠦᠰᠣᠭ᠌ ᠪᠢᠴᠢᠭ ᠤᠨ ᠮᠡᠳᠡᠭᠡ ᠵᠠᠩᠭᠢᠵᠢᠯᠲᠠ ᠶᠢᠨ ᠪᠦᠲᠦᠭᠡᠨ  ᠪᠠᠶᠢᠭᠤᠯᠤᠯᠲᠠ ᠶᠢᠨ ᠠᠵᠢᠯ ᠢ ᠨᠢᠬᠡᠲᠦᠯᠲᠡᠢ ᠤᠬᠠᠭᠠᠯᠠᠨ ᠲᠥᠯᠥᠪᠯᠡᠵᠦ᠂ ᠲᠥᠷᠥᠯ ᠵᠦᠢᠯ ᠤᠨ ᠳᠡᠰ ᠳᠠᠪᠬᠤᠷᠭ᠎ᠠ ᠶᠢ  ᠡᠮᠬᠢᠯᠡᠨ ᠨᠡᠶᠢᠯᠡᠭᠦᠯᠵᠦ ᠳᠡᠭᠡᠭᠰᠢᠯᠡᠭᠦᠯᠦᠨ᠂ ᠪᠡᠯᠡ ᠮᠥᠡᠭᠭᠦ ᠶᠢ ᠨᠢᠬᠡᠲᠦᠯᠲᠡᠢ ᠬᠤᠷᠠᠮᠳᠤᠭᠤᠯᠤᠨ ᠴᠤᠭᠯᠠᠭᠤᠯᠵᠤ᠂ ᠲᠤᠰ  ᠲᠤᠰ ᠲᠠᠭᠠᠨ ᠡᠵᠡᠨ ᠮᠡᠳᠡᠵᠦ ᠠᠵᠢᠯᠯᠠᠬᠤ ᠪᠠ ᠳᠠᠬᠢᠨ ᠳᠠᠪᠲᠠᠨ ᠪᠦᠲᠦᠭᠡᠨ ᠪᠠᠶᠢᠭᠤᠯᠬᠤ ᠠᠴᠠ ᠵᠠᠶᠢᠯᠠᠰᠬᠢᠨ᠎ᠡ᠃  ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠤ ᠪᠦᠲᠦᠭᠡᠨ ᠪᠠᠶᠢᠭᠤᠯᠤᠯᠲᠠ᠂ ᠰᠢᠨ᠎ᠡ ᠵᠠᠭᠤᠴᠢᠯᠠᠭᠤᠷ ᠤᠨ  ᠰᠦᠯᠵᠢᠶᠡᠨ ᠤ ᠮᠡᠷᠭᠡᠵᠢᠯ ᠤᠨ ᠬᠡᠷᠡᠭᠯᠡᠭᠡᠨ᠂ ᠮᠣᠩᠭᠤᠯ ᠣᠶᠣᠨᠴᠢ ᠭᠠᠷ ᠤᠲᠠᠰᠤ ᠶᠢ ᠳᠡᠯᠭᠡᠷᠡᠭᠦᠯᠦᠨ  ᠲᠥᠭᠡᠮᠡᠯᠵᠢᠭᠦᠯᠬᠦ ᠶᠢ ᠬᠦᠴᠦᠯᠡᠨ ᠠᠬᠢᠭᠤᠯᠵᠤ᠂ ᠮᠣᠩᠭᠤᠯ ᠲᠤᠭᠠᠴᠢᠯᠠᠬᠰᠠᠨ ᠡᠬᠢ ᠪᠠᠶᠠᠯᠢᠭ ᠤᠨ ᠪᠦᠲᠦᠭᠡᠨ  ᠪᠠᠶᠢᠭᠤᠯᠤᠯᠲᠠ ᠬᠢᠭᠡᠳ ᠬᠠᠮᠲᠤᠪᠡᠷ ᠡᠳ᠋ᠯᠡᠬᠦ ᠢᠨᠵᠧᠨᠧᠷᠢᠩ ᠪᠣᠯᠣᠨ ᠡᠯ᠎ᠡ ᠲᠥᠷᠥᠯ ᠤᠨ ᠪᠠᠶᠢᠭᠤᠯᠵᠤ ᠪᠠᠶᠢᠭ᠎ᠠ ᠲᠥᠷᠥᠯ  ᠵᠦᠢᠯ ᠢ ᠲᠥᠷᠭᠡᠳᠬᠡᠨ ᠶᠠᠪᠤᠭᠳᠠᠭᠤᠯᠵᠤ ᠪᠠᠶᠢᠭᠠᠳ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ  ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠳᠤ ᠰᠢᠨ᠎ᠡ ᠬᠥᠭᠵᠢᠯᠲᠡ᠂ ᠰᠢᠨ᠎ᠡ ᠰᠢᠪᠲᠦᠯᠦᠯᠲᠡ ᠲᠠᠢ ᠪᠣᠯᠭᠠᠨ᠎ᠠ᠃            2017 ᠣᠨ ᠪᠣᠯᠬᠤ ᠳᠤ᠂ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ  ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠲᠥᠯᠥᠪᠵᠢᠭᠦᠯᠭᠡ᠂ ᠮᠡᠷᠭᠡᠵᠢᠯ ᠤᠨ ᠪᠠᠷᠢᠮᠵᠢᠶ᠎ᠡ᠂  ᠰᠣᠳᠣᠯᠭ᠎ᠠ ᠨᠡᠬᠡᠬᠡᠯᠲᠡ᠂ ᠪᠥᠲᠦᠭᠡᠨ ᠪᠠᠶᠢᠭᠤᠯᠬᠤ ᠲᠥᠷᠥᠯ ᠵᠦᠢᠯ᠂ ᠬᠢᠨᠠᠨ ᠬᠠᠮᠢᠶᠠᠷᠴᠤ ᠦᠨᠡᠯᠡᠯᠲᠡ ᠬᠢᠬᠦ ᠪᠠ  ᠯᠠᠪᠯᠠᠯᠭ᠎ᠠ ᠶᠢᠨ ᠦᠢᠯᠡᠴᠢᠯᠡᠭᠡᠨ ᠤ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠵᠦ᠂ ᠨᠡᠯᠢᠶᠡᠳ ᠪᠦᠷᠢᠨ ᠭᠦᠢᠴᠡᠳ  ᠪᠦᠬᠦᠢ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠰᠣᠳᠣᠯᠭ᠎ᠠ ᠨᠡᠬᠡᠬᠡᠯᠲᠡ ᠬᠢᠬᠦ᠂  ᠳᠡᠯᠭᠡᠷᠡᠭᠦᠯᠦᠨ ᠬᠡᠷᠡᠭᠯᠡᠬᠦ ᠪᠠ ᠴᠢᠳᠠᠪᠤᠷᠢᠲᠠᠨ ᠬᠥᠮᠦᠵᠢᠭᠦᠯᠬᠦ ᠲᠣᠭᠲᠠᠴᠠ ᠶᠢ ᠪᠠᠶᠢᠭᠤᠯᠤᠨ᠂ ᠮᠣᠩᠭᠤᠯ ᠦᠭᠡ ᠬᠡᠯᠡ  ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠲᠥᠷᠭᠡᠨ ᠬᠥᠭᠵᠢᠯᠲᠡ ᠶᠢ ᠠᠬᠢᠭᠤᠯᠤᠨ᠎ᠠ᠃ 2020 ᠣᠨ  ᠪᠣᠯᠬᠤ ᠳᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ  ᠵᠠᠩᠭᠢᠵᠢᠯᠲᠠ ᠶᠢᠨ ᠬᠠᠮᠢᠶᠠᠷᠤᠯᠲᠠ ᠪᠣᠯᠣᠨ ᠣᠯᠠᠨ ᠨᠡᠶᠢᠳᠡ ᠶᠢᠨ ᠦᠨᠳᠦᠰᠦᠨ ᠦᠢᠯᠡᠴᠢᠯᠡᠭᠡᠨ ᠤ ᠬᠢᠷᠢ ᠲᠦᠪᠰᠢᠨ ᠢ  ᠶᠡᠬᠡᠪᠡᠷ ᠳᠡᠭᠡᠭᠰᠢᠯᠡᠭᠦᠯᠵᠦ᠂ ᠮᠡᠳᠡᠭᠡ ᠵᠠᠩᠭᠢ ᠶᠢᠨ ᠡᠬᠢ ᠪᠠᠶᠠᠯᠢᠭ ᠢ ᠥᠷᠭᠡᠨ ᠳᠡᠯᠭᠡᠷᠡᠩᠭᠦᠢ ᠪᠠᠷ ᠨᠡᠬᠡᠬᠡᠨ  ᠠᠰᠢᠬᠯᠠᠭᠤᠯᠵᠤ᠂ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠮᠵᠢᠯᠲᠠ ᠪᠥᠲᠦᠭᠡᠯ ᠢᠶᠠᠷ  ᠦᠨᠳᠦᠰᠦᠲᠡᠨ ᠨᠦᠭᠦᠳ ᠤᠨ ᠠᠷᠠᠳ ᠲᠥᠮᠡᠨ ᠳᠤ ᠠᠰᠢᠭ ᠬᠥᠷᠲᠡᠭᠡᠬᠦ ᠪᠠᠷ ᠴᠢᠷᠮᠠᠶᠢᠨ᠎ᠠ᠃        
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号