ᠨᠢᠭᠡ᠂ ᠬᠢᠨᠠᠨ ᠵᠥᠪᠰᠢᠶᠡᠷᠡᠬᠦ ᠦᠨᠳᠦᠰᠦᠯᠡᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠪᠠᠭᠰᠢ ᠶᠢᠨ ᠬᠠᠤᠯᠢ︾᠂ ︽ᠪᠠᠭᠰᠢ ᠶᠢᠨ ᠬᠢᠷᠢ ᠭᠡᠮ ᠤᠨ ᠳᠦᠷᠢᠮ︾᠂ ︽ᠪᠠᠭᠰᠢ ᠶᠢᠨ ᠬᠢᠷᠢ ᠬᠡᠮ ᠤᠨ ᠳᠦᠷᠢᠮ ᠢ | ᠬᠡᠷᠡᠭᠵᠢᠭᠦᠯᠬᠦ ᠠᠷᠭ᠎ᠠ︾᠂ ︽ᠪᠠᠭᠰᠢ ᠶᠢᠨ ᠬᠢᠷᠢ ᠭᠡᠮ ᠤᠨ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ | ᠬᠤᠶᠠᠷ᠂ ᠬᠢᠨᠡᠨ ᠵᠦᠪᠰᠢᠶᠡᠷᠡᠬᠦ ᠨᠥᠬᠦᠴᠡᠯ | 1. ᠭᠤᠶᠤᠴᠢᠯᠠᠭᠴᠢ ᠨᠠᠮ ᠤᠨ ᠦᠨᠳᠦᠰᠦᠨ ᠱᠤᠭᠤᠮ ᠢ ᠬᠦᠷᠢᠶᠡᠯᠡᠵᠦ᠂ ᠨᠠᠮ ᠤᠨ ᠰᠤᠷᠭᠠᠨ ᠬᠦᠮᠦᠵᠢᠯ ᠤᠨ | ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ᠂ ︽ᠪᠠᠭᠰᠢ ᠶᠢᠨ ᠬᠠᠤᠯᠢ︾ ᠵᠡᠷᠭᠡ ᠬᠠᠤᠯᠢ ᠴᠠᠭᠠᠵᠠ ᠬᠠᠤᠯᠢ | ᠲᠤᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠦ᠂ ᠪᠠᠭᠰᠢ ᠶᠢᠨ ᠡᠷᠬᠢᠯᠡᠭᠰᠡᠨ ᠠᠵᠢᠯ ᠤᠨ ᠶᠣᠰᠦ ᠰᠤᠷᠲᠠᠬᠤᠨ ᠢ | ᠵᠢᠷᠤᠮᠯᠠᠨ᠂ ᠰᠤᠷᠭᠠᠨ ᠬᠦᠮᠦᠵᠢᠯ ᠤᠨ ᠦᠢᠯᠡᠰ ᠢ ᠬᠠᠶᠢᠷᠠᠯᠠᠵᠦ᠂ ᠰᠤᠷᠤᠭᠴᠢ ᠪᠠᠨ ᠬᠠᠶᠢᠷᠠᠯᠠᠨ᠂ ᠪᠤᠰᠤᠳ ᠲᠤ ᠬᠡᠪ | ᠳᠦᠷᠢᠮ ᠪᠣᠯᠬᠤ ᠬᠡᠷᠡᠭᠲᠡᠢ᠃ | 2. ᠰᠤᠷᠤᠯᠭ᠎ᠠ ᠶᠢᠨ ᠨᠠᠮᠲᠠᠷ ᠤᠨ ᠨᠥᠬᠦᠴᠡᠯ᠄ | ︵1︶ ᠬᠡᠤᠬᠡᠳ ᠤᠨ ᠴᠡᠴᠡᠷᠯᠢᠭ ᠤᠨ ᠪᠠᠭᠰᠢ ᠶᠢᠨ ᠬᠢᠷᠢ ᠭᠡᠮ ᠭᠤᠶᠤᠴᠢᠯᠠᠪᠠᠯ᠂ ᠬᠡᠤᠬᠡᠳ ᠤᠨ ᠪᠠᠭᠰᠢ ᠶᠢᠨ | ᠰᠤᠷᠭᠠᠭᠤᠯᠢ ᠲᠡᠭᠦᠰᠦᠭᠰᠡᠨ ᠪᠤᠶᠤ ᠲᠡᠭᠦᠨ ᠠᠴᠠ ᠳᠡᠭᠡᠭᠰᠢ ᠰᠤᠷᠤᠯᠴᠠᠭᠰᠠᠨ ᠨᠠᠮᠲᠠᠷ ᠢ ᠪᠦᠷᠢᠳᠥᠭᠦᠯᠥᠭᠰᠡᠨ ᠪᠠᠶᠢᠬᠤ | ᠬᠡᠷᠡᠭᠲᠡᠢ ᠃ | ︵2︶ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠭᠤᠶᠤᠴᠢᠯᠠᠪᠠᠯ᠂ ᠳᠤᠮᠳᠠ ᠵᠡᠷᠭᠡ ᠶᠢᠨ | ᠪᠠᠭᠰᠢ ᠶᠢᠨ ᠰᠤᠷᠭᠠᠭᠤᠯᠢ ᠲᠡᠭᠦᠰᠦᠭᠰᠡᠨ ᠪᠤᠶᠤ ᠲᠡᠭᠦᠨ ᠠᠴᠠ ᠳᠡᠭᠡᠭᠰᠢ ᠰᠤᠷᠤᠯᠴᠠᠭᠰᠠᠨ ᠨᠠᠮᠲᠠᠷ ᠢ | ᠪᠦᠷᠢᠳᠥᠭᠦᠯᠥᠭᠰᠡᠨ ᠪᠠᠶᠢᠬᠤ ᠬᠡᠷᠡᠭᠲᠡᠢ ᠃ | ︵3︶ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠭᠤᠶᠤᠴᠢᠯᠠᠪᠠᠯ᠂ | ᠳᠡᠭᠡᠳᠦ ᠵᠡᠷᠭᠡ ᠶᠢᠨ ᠪᠠᠭᠰᠢ ᠶᠢᠨ ᠲᠤᠰᠬᠠᠢ ᠮᠡᠷᠭᠡᠵᠢᠯ ᠪᠤᠶᠤ ᠪᠤᠰᠤᠳ ᠶᠡᠭᠡ ᠰᠤᠷᠭᠠᠭᠤᠯᠢ ᠶᠢᠨ ᠲᠤᠰᠬᠠᠢ | ᠮᠡᠷᠭᠡᠵᠢᠯ ᠢᠶᠠᠷ ᠲᠡᠭᠦᠰᠦᠭᠰᠡᠨ ᠵᠢᠴᠢ ᠲᠡᠭᠦᠨ ᠠᠴᠠ ᠳᠡᠭᠡᠭᠰᠢ ᠰᠤᠷᠤᠯᠴᠠᠭᠰᠠᠨ ᠨᠠᠮᠲᠠᠷ ᠢ ᠪᠦᠷᠢᠳᠥᠭᠦᠯᠥᠭᠰᠡᠨ ᠪᠠᠶᠢᠬᠤ | ᠬᠡᠷᠡᠭᠲᠡᠢ ᠃ | ︵4︶ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠪᠠ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠭᠤᠶᠤᠴᠢᠯᠠᠪᠠᠯ᠂ ᠳᠡᠭᠡᠳᠦ ᠵᠡᠷᠭᠡ ᠶᠢᠨ | ᠪᠠᠭᠰᠢ ᠶᠢᠨ ᠰᠤᠷᠭᠠᠭᠤᠯᠢ ᠶᠢᠨ ᠵᠢᠩᠬᠢᠨᠢ ᠠᠩᠭᠢ ᠪᠤᠶᠤ ᠪᠤᠰᠤᠳ ᠶᠡᠭᠡ ᠰᠤᠷᠭᠠᠭᠤᠯᠢ ᠶᠢᠨ ᠵᠢᠩᠬᠢᠨᠢ ᠠᠩᠭᠢ ᠠᠴᠠ | ᠲᠡᠭᠦᠰᠦᠭᠰᠡᠨ ᠵᠢᠴᠢ ᠲᠡᠭᠦᠨ ᠠᠴᠠ ᠳᠡᠭᠡᠭᠰᠢ ᠰᠤᠷᠤᠯᠴᠠᠭᠰᠠᠨ ᠨᠠᠮᠲᠠᠷ ᠢ ᠪᠦᠷᠢᠳᠥᠭᠦᠯᠥᠭᠰᠡᠨ ᠪᠠᠶᠢᠬᠤ ᠬᠡᠷᠡᠭᠲᠡᠢ᠃ | | ︵5︶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠯᠭ᠎ᠠ ᠵᠢᠯᠤᠭᠤᠳᠬᠤ ᠪᠠᠭᠰᠢ ᠶᠢᠨ | ᠬᠢᠷᠢ ᠭᠡᠮ ᠭᠤᠶᠤᠴᠢᠯᠠᠪᠠᠯ᠂ ᠡᠯ᠎ᠡ ᠲᠦᠷᠦᠯ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ | ᠲᠡᠭᠦᠰᠦᠭᠰᠡᠨ ᠵᠢᠴᠢ ᠲᠡᠭᠦᠨ ᠠᠴᠠ ᠳᠡᠭᠡᠭᠰᠢ ᠰᠤᠷᠤᠯᠴᠠᠭᠰᠠᠨ ᠨᠠᠮᠲᠠᠷ ᠪᠠ ᠲᠤᠰᠠᠯᠠᠬᠤ ᠢᠨᠵᠧᠨᠧᠷ ᠠᠴᠠ ᠳᠡᠭᠡᠭᠰᠢ | ᠲᠤᠰᠬᠠᠢ ᠮᠡᠷᠭᠡᠵᠢᠯ ᠤᠨ ᠲᠤᠰᠢᠶᠠᠯ ᠲᠠᠢ ᠲᠡᠩᠴᠡᠬᠦ ᠪᠤᠶᠤ ᠳᠤᠮᠳᠠ ᠵᠡᠷᠭᠡ ᠠᠴᠠ ᠳᠡᠭᠡᠭᠰᠢ ᠠᠵᠢᠯᠴᠢᠨ ᠤ | ᠮᠡᠷᠭᠡᠵᠢᠯ ᠤᠨ ᠳᠡᠰ ᠢ ᠪᠦᠷᠢᠳᠥᠭᠦᠯᠥᠭᠰᠡᠨ ᠪᠠᠶᠢᠬᠤ ᠬᠡᠷᠡᠭᠲᠡᠢ᠃ | 3. ᠪᠠᠭᠰᠢ ᠶᠢᠨ ᠬᠢᠷᠢ ᠭᠡᠮ ᠤᠨ ᠦᠨᠡᠮᠯᠡᠯ ᠦᠨᠡᠮᠰᠢᠭᠦᠯᠬᠦ ᠪᠠᠷ ᠭᠤᠶᠤᠴᠢᠯᠠᠭᠴᠢ ᠶᠢᠨ ᠰᠤᠷᠭᠠᠨ | ᠬᠦᠮᠦᠵᠢᠯ ᠤᠨ ᠵᠢᠭᠠᠨ ᠰᠤᠷᠭᠠᠬᠤ ᠴᠢᠳᠠᠪᠤᠷᠢ ᠨᠢ ᠳᠣᠣᠷ᠎ᠠ ᠵᠢᠭᠰᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ | ᠬᠡᠷᠡᠭᠲᠡᠢ᠄ | ︵1︶ ᠰᠤᠷᠭᠠᠨ ᠬᠥᠮᠥᠵᠢᠯ ᠤᠨ ᠤᠬᠠᠭᠠᠨ᠂ ᠰᠡᠳᠬᠢᠴᠡ ᠵᠦᠢ ᠵᠡᠷᠭᠡ ᠬᠢᠴᠢᠶᠡᠯ ᠢ ᠰᠤᠷᠤᠯᠴᠠᠭᠰᠠᠨ᠃ | | ︵2︶ ᠰᠤᠷᠭᠠᠨ ᠬᠥᠮᠥᠵᠢᠯ ᠤᠨ ᠵᠢᠭᠠᠨ ᠰᠤᠷᠭᠠᠬᠤ ᠠᠵᠢᠯ ᠢ ᠡᠭᠦᠷᠭᠡᠯᠡᠬᠦ ᠴᠢᠬᠤᠯᠠ ᠪᠦᠬᠦᠢ ᠲᠤᠰᠬᠠᠢ | ᠮᠡᠷᠭᠡᠵᠢᠯ ᠤᠨ ᠮᠡᠳᠡᠯᠭᠡ ᠪᠠ ᠦᠨᠳᠥᠰᠥᠨ ᠴᠢᠳᠠᠪᠤᠷᠢ ᠲᠠᠢ ᠪᠠᠶᠢᠵᠤ᠂ ᠨᠢᠭᠤᠷᠳᠠᠨ ᠰᠢᠯᠭᠠᠬᠤ᠂ ᠲᠤᠷᠰᠢᠨ ᠶᠠᠷᠢᠬᠤ ᠳᠤ | ᠬᠢᠷᠢ ᠲᠡᠩᠴᠡᠭᠰᠡᠨ᠃ | ︵3︶ ᠪᠠᠷᠢᠮᠵᠢᠶ᠎ᠡ ᠬᠡᠯᠡ ᠶᠢᠨ ᠬᠤᠶᠠᠳᠤᠭᠠᠷ ᠵᠡᠷᠭᠡ ᠶᠢᠨ ᠬᠤᠶᠠᠳᠤᠭᠠᠷ ᠳᠡᠰ ᠠᠴᠠ ᠳᠡᠭᠡᠭᠰᠢ ᠪᠠᠷᠢᠮᠵᠢᠶ᠎ᠡ ᠳᠤ | ᠬᠥᠷᠥᠭᠰᠡᠨ ᠃ | ︵4︶ ᠪᠡᠶ᠎ᠡ ᠰᠡᠳᠬᠢᠴᠡ ᠶᠢᠨ ᠰᠠᠶᠢᠨ ᠰᠠᠶᠢᠬᠠᠨ ᠬᠡᠪ ᠴᠢᠨᠠᠷ ᠲᠠᠢ ᠪᠠᠶᠢᠵᠤ᠂ ᠬᠠᠯᠳᠠᠪᠤᠷᠢᠲᠤ ᠡᠪᠡᠳᠴᠢᠨ | ᠦᠭᠡᠢ᠂ ᠣᠶᠣᠨ ᠮᠡᠳᠡᠷᠡᠯ ᠤᠨ ᠡᠪᠡᠳᠴᠢᠨ ᠤ ᠲᠡᠮᠳᠡᠭᠯᠡᠯ ᠦᠭᠡᠢ᠂ ᠰᠤᠷᠭᠠᠨ ᠬᠥᠮᠥᠵᠢᠯ ᠤᠨ ᠵᠢᠭᠠᠨ ᠰᠤᠷᠭᠠᠬᠤ | ᠠᠵᠢᠯ ᠤᠨ ᠬᠡᠷᠡᠭᠴᠡᠭᠡ ᠳᠤ ᠲᠣᠬᠢᠷᠠᠭᠰᠠᠨ᠂ ᠪᠠᠭᠰᠢ ᠶᠢᠨ ᠬᠢᠷᠢ ᠭᠡᠮ ᠢ ᠦᠨᠡᠮᠰᠢᠬᠦ ᠪᠠᠶᠢᠭᠤᠯᠤᠮᠵᠢ ᠶᠢᠨ ᠵᠢᠭᠠᠨ | ᠲᠣᠭᠲᠠᠭᠠᠭᠰᠠᠨ ᠰᠢᠶᠠᠨ ᠤ ᠱᠠᠲᠥᠨ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠳᠤ ᠪᠡᠶ᠎ᠡ ᠪᠠᠶᠢᠴᠠᠭᠠᠯᠭᠠᠳ ᠬᠢᠷᠢ | ᠲᠡᠩᠴᠡᠭᠰᠡᠨ ᠪᠠᠶᠢᠬᠤ ᠬᠡᠷᠡᠭᠲᠡᠢ᠃ | ᠭᠤᠷᠪᠠ᠂ ᠭᠤᠶᠤᠴᠢᠯᠠᠯ ᠤᠨ ᠮᠠᠲ᠋ᠧᠷᠢᠶᠠᠯ | 1. ︽ᠪᠠᠭᠰᠢ ᠶᠢᠨ ᠬᠢᠷᠢ ᠭᠡᠮ ᠢ ᠦᠨᠡᠮᠰᠢᠬᠦ ᠭᠤᠶᠤᠴᠢᠯᠠᠯ ᠤᠨ ᠬᠦᠰᠥᠨᠥᠭᠲᠦ︾ ᠨᠢᠭᠡ ᠶᠠᠩᠵᠦ ᠶᠢᠨ ᠬᠢ ᠶᠢ | ᠬᠤᠶᠠᠷ ᠬᠤᠪᠢ ᠲᠠᠭᠯᠠᠨ᠎ᠠ ᠃ | 2. ᠪᠡᠶ᠎ᠡ ᠶᠢᠨ ᠦᠨᠡᠮᠯᠡᠯ ᠤᠨ ᠤᠭ ᠵᠦᠢᠯ ᠪᠠ ᠪᠠᠭᠤᠯᠭᠠᠪᠥᠷᠢ ᠃ | 3. ᠰᠤᠷᠤᠯᠭ᠎ᠠ ᠶᠢᠨ ᠨᠠᠮᠲᠠᠷ ᠤᠨ ᠤᠭ ᠵᠦᠢᠯ ᠪᠠ ᠪᠠᠭᠤᠯᠭᠠᠪᠥᠷᠢ ᠃ | 4. ᠡᠮᠨᠡᠯᠭᠡ ᠶᠢᠨ ᠬᠤᠷᠢᠶᠠᠨ ᠤ ᠬᠢᠵᠦ ᠥᠭᠭᠦᠭᠰᠡᠨ ᠪᠠᠭᠰᠢ ᠶᠢᠨ ᠬᠢᠷᠢ ᠭᠡᠮ ᠢ ᠦᠨᠡᠮᠰᠢᠬᠦ ᠪᠡᠶ᠎ᠡ ᠶᠢᠨ | ᠪᠠᠶᠢᠴᠠᠭᠠᠯᠲᠠ ᠶᠢᠨ ᠬᠢᠷᠢ ᠲᠡᠩᠴᠡᠭᠰᠡᠨ ᠭᠡᠷᠡᠴᠢ ᠃ | 5. ︽ᠪᠠᠷᠢᠮᠵᠢᠶ᠎ᠡ ᠬᠡᠯᠡᠨ ᠤ ᠬᠢᠷᠢ ᠬᠡᠮᠵᠢᠶ᠎ᠡ ᠶᠢᠨ ᠰᠢᠯᠭᠠᠯᠲᠠ ᠶᠢᠨ ᠳᠡᠰ ᠤᠨ ᠦᠨᠡᠮᠯᠡᠯ︾ ᠤᠨ ᠤᠭ ᠵᠦᠢᠯ | ᠪᠠ ᠪᠠᠭᠤᠯᠭᠠᠪᠥᠷᠢ ᠃ | 6. ︽ᠪᠠᠭᠰᠢ ᠶᠢᠨ ᠬᠢᠷᠢ ᠭᠡᠮ ᠢ ᠦᠨᠡᠮᠰᠢᠭᠦᠯᠬᠦ ᠪᠠᠷ ᠭᠤᠶᠤᠴᠢᠯᠠᠬᠤ ᠶᠢᠨ ᠨᠢᠭᠤᠷᠳᠠᠨ ᠰᠢᠯᠭᠠᠭᠰᠠᠨ᠂ | ᠲᠤᠷᠰᠢᠨ ᠶᠠᠷᠢᠭᠰᠠᠨ ᠪᠠᠶᠢᠳᠠᠯ ᠢ ᠳᠠᠩᠰᠠᠯᠠᠬᠤ ᠬᠦᠰᠥᠨᠥᠭᠲᠦ︾ | 7. ︽ᠭᠤᠶᠤᠴᠢᠯᠠᠭᠴᠢ ᠶᠢᠨ ᠦᠵᠡᠯ ᠰᠠᠨᠠᠭ᠎ᠠ ᠶᠣᠰᠦ ᠮᠤᠷᠠᠯ ᠢ ᠬᠢᠨᠠᠨ ᠲᠣᠭᠲᠠᠭᠠᠬᠤ ᠬᠦᠰᠥᠨᠥᠭᠲᠦ︾᠂ | ᠠᠵᠢᠯ ᠳᠤ ᠪᠠᠶᠢᠭ᠎ᠠ ᠭᠤᠶᠤᠴᠢᠯᠠᠭᠴᠢ ᠪᠣᠯ ᠲᠤᠰ ᠬᠦᠰᠥᠨᠥᠭᠲᠦ ᠶᠢ ᠠᠵᠢᠯᠯᠠᠵᠤ ᠪᠠᠶᠢᠭ᠎ᠠ ᠨᠢᠭᠡᠴᠡ ᠠᠴᠠ ᠨᠢ | ᠲᠠᠭᠯᠠᠨ᠎ᠠ ᠃ ᠠᠵᠢᠯ ᠳᠤ ᠪᠠᠶᠢᠭ᠎ᠠ ᠪᠤᠰᠤ ᠭᠤᠶᠤᠴᠢᠯᠠᠭᠴᠢ ᠪᠣᠯ ᠲᠤᠰ ᠬᠦᠰᠥᠨᠥᠭᠲᠦ ᠶᠢ ᠡᠷᠦᠭᠡ ᠠᠮᠠ ᠶᠢᠨ ᠪᠠᠶᠢᠭ᠎ᠠ | ᠭᠠᠵᠠᠷ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠠᠴᠠ ᠨᠢ ᠲᠠᠭᠯᠠᠨ᠎ᠠ᠃ ᠴᠢᠬᠤᠯᠠᠲᠠᠢ ᠦᠶ᠎ᠡ ᠳᠤ᠂ ᠪᠠᠭᠰᠢ ᠶᠢᠨ ᠬᠢᠷᠢ ᠭᠡᠮ ᠢ ᠦᠨᠡᠮᠰᠢᠬᠦ | ᠪᠠᠶᠢᠭᠤᠯᠤᠮᠵᠢ ᠨᠢ ᠬᠤᠯᠪᠤᠭᠳᠠᠯ ᠪᠦᠬᠦᠢ ᠨᠢᠭᠡᠴᠡ ᠪᠠᠷ ᠨᠡᠩ ᠨᠠᠷᠢᠨ ᠲᠣᠲᠤᠷᠬᠠᠢ ᠭᠡᠷᠡᠴᠢᠯᠡᠬᠦ ᠮᠠᠲ᠋ᠧᠷᠢᠶᠠᠯ | ᠬᠠᠩᠭᠠᠯᠭᠠᠬᠤ ᠶᠢ ᠱᠠᠭᠠᠷᠳᠠᠵᠤ ᠪᠤᠯᠤᠨ᠎ᠠ᠃ | 8. ᠪᠠᠭᠰᠢ ᠶᠢᠨ ᠰᠤᠷᠭᠠᠨ ᠬᠦᠮᠦᠵᠢᠯ ᠤᠨ ᠪᠤᠰᠤ ᠲᠤᠰᠬᠠᠢ ᠮᠡᠷᠭᠡᠵᠢᠯ ᠢᠶᠠᠷ ᠲᠡᠭᠦᠰᠦᠭᠰᠡᠨ ᠬᠦᠮᠦᠰ ᠡᠷᠬᠡᠪᠰᠢ | ᠵᠣᠬᠢᠴᠠᠩᠭᠤᠢ ᠳᠡᠰ ᠳᠠᠪᠬᠤᠷᠭ᠎ᠠ ᠪᠦᠬᠦᠢ ᠰᠤᠷᠭᠠᠨ ᠬᠦᠮᠦᠵᠢᠯ ᠤᠨ ᠤᠬᠠᠭᠠᠨ᠂ ᠰᠡᠳᠬᠢᠴᠡ ᠵᠦᠢ ᠶᠢᠨ | ᠪᠣᠯᠪᠠᠰᠤᠷᠠᠭᠤᠯᠤᠯ ᠠᠴᠠ ᠰᠤᠷᠤᠯᠭ᠎ᠠ ᠲᠡᠭᠦᠰᠦᠭᠰᠡᠨ ᠦᠨᠡᠮᠯᠡᠯ ᠬᠠᠩᠭᠠᠬᠤ ᠬᠡᠷᠡᠭᠲᠡᠢ ᠃ | 9. ᠦᠢᠶ᠎ᠡ ᠶᠢᠨ ᠬᠤᠭᠤᠴᠠᠭᠠᠨ ᠤ ᠠᠳᠠᠯᠢ ᠳᠡᠪᠢᠰᠬᠡᠷ ᠲᠠᠢ ᠮᠠᠯᠠᠭᠠᠢ ᠦᠭᠡᠢ ᠬᠤᠶᠠᠷ ᠢᠮᠠᠬᠤ ᠶᠢᠨ | ᠦᠩᠭᠡᠲᠦ ᠭᠡᠷᠡᠯ ᠵᠢᠷᠤᠭ ᠭᠤᠷᠪᠠᠨ ᠬᠤᠪᠢ ᠃ ᠳᠥᠷᠪᠡ᠂ ᠬᠢᠨᠠᠨ ᠵᠦᠪᠰᠢᠶᠡᠷᠡᠬᠦ ᠴᠠᠭ ᠤᠨ ᠬᠢᠵᠠᠭᠠᠷ ᠭᠤᠶᠤᠴᠢᠯᠠᠯ ᠢ | ᠬᠦᠯᠢᠶᠡᠨ ᠠᠪᠴᠤ ᠰᠢᠢᠳᠪᠦᠷᠢᠯᠡᠬᠦ ᠬᠤᠭᠤᠴᠠᠭ᠎ᠠ ᠬᠢᠵᠠᠭᠠᠷ ᠳᠠᠭᠤᠰᠤᠭᠠᠳ ᠵᠢᠷᠭᠤᠭᠠᠨ ᠡᠳᠦᠷ ᠤᠨ ᠳᠠᠷᠠᠭᠠᠬᠢ | ᠬᠠᠤᠯᠢ ᠪᠠᠷ ᠲᠣᠭᠲᠠᠭᠠᠭᠰᠠᠨ 30 ᠠᠵᠢᠯᠯᠠᠬᠤ ᠡᠳᠦᠷ ᠤᠨ ᠳᠣᠲᠣᠷ᠎ᠠ ᠪᠠᠭᠰᠢ ᠶᠢᠨ ᠬᠢᠷᠢ ᠭᠡᠮ ᠢ ᠦᠨᠡᠮᠰᠢᠬᠦ | ᠡᠰᠡᠬᠦ ᠶᠢᠨ ᠰᠢᠢᠳᠪᠦᠷᠢ ᠭᠠᠷᠭᠠᠬᠤ ᠶᠢᠨ ᠬᠠᠮᠲᠤ ᠦᠨᠡᠮᠰᠢᠭᠰᠡᠨ ᠦᠷ᠎ᠡ ᠳ᠋ᠦᠩ ᠢ ᠭᠤᠶᠤᠴᠢᠯᠠᠭᠴᠢ ᠳᠤ ᠮᠡᠳᠡᠭᠳᠡᠵᠦ᠂ | ᠬᠠᠤᠯᠢ ᠪᠠᠷ ᠲᠣᠭᠲᠠᠭᠠᠭᠰᠠᠨ ᠦᠨᠡᠮᠰᠢᠬᠦ ᠨᠦᠬᠦᠴᠡᠯ ᠳᠤ ᠨᠡᠶᠢᠴᠡᠭᠰᠡᠳ ᠲᠤ ᠵᠣᠬᠢᠴᠠᠩᠭᠤᠢ ︽ᠪᠠᠭᠰᠢ ᠶᠢᠨ ᠬᠢᠷᠢ | ᠭᠡᠮ ᠤᠨ ᠦᠨᠡᠮᠯᠡᠯ︾ ᠣᠯᠭᠤᠨ᠎ᠠ᠃ | |