ᠬᠤᠲᠠ ᠶᠢᠨ ᠠᠮᠢᠳᠤᠷᠠᠯ ᠤᠨ ᠨᠠᠭᠠᠲᠤ ᠵᠠᠬ᠎ᠠ ᠵᠢᠨ‌‍ᠪᠠᠲᠤᠯᠠᠭ᠎ᠠ ᠶᠢᠨ ᠣᠯᠭᠤᠮᠵᠢ ᠬᠦᠷᠲᠡᠵᠦ  ᠪᠠᠶᠢᠭ᠎ᠠ  ᠬᠤᠭᠤᠴᠠᠭᠠᠨ ᠳᠤ  ᠭᠦᠢᠴᠡᠳᠭᠡᠪᠡᠰᠦ  ᠵᠣᠬᠢᠬᠤ ᠡᠭᠦᠷᠭᠡ
ᠨᠡᠶᠢᠲᠡᠯᠡᠭᠰᠡᠨ ᠴᠠᠭ᠄
2016/11/3
     1. ᠭᠡᠷ ᠪᠦᠯᠢ ᠶᠢᠨ ᠪᠦᠷᠢᠯᠳᠦᠭᠦᠨ ᠵᠢᠴᠢ ᠣᠷᠣᠯᠭ᠎ᠠ ᠶᠢᠨ ᠬᠤᠪᠢᠷᠠᠯᠲᠠ ᠶᠢᠨ ᠪᠠᠶᠢᠳᠠᠯ ᠢᠶᠠᠨ ᠴᠠᠭ  ᠲᠣᠬᠠᠢ  ᠳᠤᠨᠢ  ᠳᠡᠭᠡᠭᠰᠢ ᠮᠡᠳᠡᠭᠦᠯᠵᠦ᠂ ᠲᠣᠭᠲᠠᠭᠰᠠᠨ ᠬᠤᠭᠤᠴᠠᠭ᠎ᠠ ᠲᠠᠢ ᠪᠠᠷ ᠳᠠᠬᠢᠨ ᠪᠠᠶᠢᠴᠠᠭᠠᠯᠲᠠ ᠬᠢᠯᠭᠡᠨ᠎ᠠ︔            2. ᠠᠵᠢᠯ ᠣᠯᠬᠤ ᠨᠠᠰᠤᠨ ᠳᠤ ᠪᠠᠶᠢᠭ᠎ᠠ ᠬᠥᠳᠡᠯᠮᠦᠷᠢᠯᠡᠬᠦ ᠴᠢᠳᠠᠪᠤᠷᠢ ᠲᠠᠢ ᠪᠠᠶᠢᠭᠰᠠᠳ  ᠰᠠᠨᠠᠭᠠᠴᠢᠯᠠᠭ᠎ᠠ  ᠠᠴᠠ ᠪᠠᠨ ᠠᠵᠢᠯ ᠣᠯᠬᠤ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠲᠠᠨᠢᠯᠴᠠᠭᠤᠯᠤᠭᠰᠠᠨ  ᠠᠵᠢᠯ ᠢ ᠬᠦᠯᠢᠶᠡᠵᠦ ᠠᠪᠬᠤ ᠬᠡᠷᠡᠭᠲᠡᠢ︔ ᠤᠯᠠᠷᠢᠯ ᠪᠦᠷᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ  ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠣᠯᠭᠤᠭᠰᠠᠨ ᠠᠵᠢᠯ ᠣᠯᠣᠭᠰᠠᠨ ᠪᠠᠶᠢᠳᠠᠯ ᠤᠨ ᠭᠡᠷᠡᠴᠢ ᠪᠠᠨ  ᠬᠠᠩᠭᠠᠵᠤ᠂ ᠠᠵᠢᠯ ᠣᠯᠣᠭᠰᠠᠨ ᠪᠠᠶᠢᠳᠠᠯ ᠢᠶᠠᠨ ᠮᠡᠳᠡᠭᠦᠯᠦᠭᠰᠡᠨ ᠪᠠᠶᠢᠬᠤ ᠬᠡᠷᠡᠭᠲᠡᠢ︔            3. ᠠᠵᠢᠯ ᠣᠯᠬᠤ ᠨᠠᠰᠤᠨ ᠳᠤ ᠪᠠᠶᠢᠭ᠎ᠠ᠂ ᠬᠥᠳᠡᠯᠮᠦᠷᠢᠯᠡᠬᠦ ᠴᠢᠳᠠᠪᠤᠷᠢ ᠲᠠᠢ ᠪᠦᠭᠡᠳ ᠬᠠᠷᠠᠬᠠᠨ  ᠠᠵᠢᠯ ᠣᠯᠤᠭ᠎ᠠ ᠦᠭᠡᠢ ᠬᠦᠮᠦᠰ᠂  ᠰᠠᠭᠤᠭ᠎ᠠ ᠭᠠᠵᠠᠷ ᠤᠨ ᠢᠶᠠᠨ ᠰᠠᠭᠤᠭᠠᠯᠢ ︵ᠭᠡᠷ︶ ᠠᠷᠠᠳ ᠤᠨ ᠵᠥᠪᠯᠡᠯ ᠤᠨ  ᠵᠣᠬᠢᠶᠠᠨ ᠪᠠᠶᠢᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ  ᠬᠥᠳᠡᠯᠮᠦᠷᠢ ᠳᠤ ᠣᠷᠣᠯᠴᠠᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号