ᠤᠷᠤᠭ ᠢ ᠬᠦᠴᠦᠨ ᠦᠭᠡᠢ ᠪᠣᠯᠭᠠᠬᠤ ᠳᠡᠰ ᠳᠠᠷᠠᠭᠠᠯᠠᠯ
ᠨᠡᠶᠢᠲᠡᠯᠡᠭᠰᠡᠨ ᠴᠠᠭ᠄
2016/11/7
     ᠨᠢᠭᠡ᠂ ᠤᠷᠤᠭ ᠢ ᠬᠦᠴᠦᠨ ᠦᠭᠡᠢ ᠪᠣᠯᠭᠠᠬᠤ ᠪᠠᠷ ᠭᠤᠶᠤᠴᠢᠯᠠᠬᠤ ᠨᠥᠬᠦᠴᠡᠯ ᠳᠤ ᠲᠣᠭᠲᠠᠭᠠᠭᠰᠠᠨ  ᠭᠡᠷᠡᠴᠢ ᠪᠢᠴᠢᠭ ᠪᠠ ᠭᠡᠷᠡᠴᠢᠯᠡᠬᠦ ᠮᠠᠲ᠋ᠧᠷᠢᠶᠠᠯ ᠢ ᠪᠠᠶᠢᠴᠠᠭᠠᠨ ᠰᠢᠯᠭᠠᠨ᠎ᠠ︔            ᠬᠤᠶᠠᠷ᠂ ᠲᠤᠬᠠᠶᠢᠲᠠᠢ ᠬᠥᠮᠦᠨ ᠨᠢ ᠤᠷᠤᠭ ᠳᠠᠩᠰᠠᠯᠠᠭᠴᠢ ᠶᠢᠨ ᠳᠡᠷᠭᠡᠳᠡ ︽ᠤᠷᠤᠭ ᠢ ᠬᠦᠴᠦᠨ  ᠦᠭᠡᠢ ᠪᠣᠯᠭᠠᠬᠤ ᠭᠤᠶᠤᠴᠢᠯᠠᠯ ᠤᠨ ᠪᠢᠴᠢᠭ︾ ᠢ ᠪᠡᠶ᠎ᠡ ᠪᠠᠷ ᠢᠶᠠᠨ ᠲᠠᠭᠯᠠᠨ ᠪᠢᠴᠢᠨ᠎ᠡ︔ ᠬᠤᠶᠠᠷ ᠲᠠᠯ᠎ᠠ ᠶᠢᠨ  ᠲᠤᠬᠠᠶᠢᠲᠠᠢ ᠬᠥᠮᠦᠨ ᠨᠢ ︽ᠢᠯᠡᠷᠬᠡᠶᠢᠯᠡᠭᠴᠢ︾ ᠭᠡᠰᠡᠨ ᠬᠦᠰᠥᠨᠥᠭ ᠲᠤ ᠭᠠᠷ ᠤᠨ ᠦᠰᠦᠭ ᠵᠢᠷᠤᠨ᠎ᠠ᠃            ᠭᠤᠷᠪᠠ᠂ ᠲᠤᠬᠠᠶᠢᠲᠠᠢ ᠬᠥᠮᠦᠨ ᠥᠪᠡᠷ ᠤᠨ ᠭᠤᠶᠤᠴᠢᠯᠠᠯ ᠤᠨ ᠪᠢᠴᠢᠭ ᠢᠶᠠᠨ ᠵᠠᠷᠯᠠᠨ ᠤᠩᠰᠢᠵᠦ᠂  ᠤᠷᠤᠭ ᠳᠠᠩᠰᠠᠯᠠᠭᠴᠢ ᠠᠨᠳᠠᠭᠠᠢ ᠬᠢᠨᠠᠬᠴᠢ ᠪᠣᠯᠬᠤ ᠶᠢᠨ ᠬᠠᠮᠲᠦ ᠠᠨᠳᠠᠭᠠᠢ ᠬᠢᠨᠠᠬᠴᠢ ᠭᠡᠰᠡᠨ ᠬᠥᠰᠥᠨᠥᠭ ᠲᠤ  ᠭᠠᠷ ᠤᠨ ᠦᠰᠦᠭ ᠵᠢᠷᠤᠨ᠎ᠠ᠃            ᠳᠥᠷᠪᠡ᠂ ᠤᠷᠤᠭ ᠳᠠᠠᠩᠰᠠᠯᠠᠬᠤ ᠭᠠᠵᠠᠷ ︽× × × ᠪᠣᠯᠣᠨ × × × ᠤ ᠤᠷᠤᠭ ᠢ ᠬᠦᠴᠦᠨ  ᠦᠭᠡᠢ ᠪᠣᠯᠭᠠᠬᠤ ᠲᠤᠬᠠᠢ ᠲᠣᠭᠲᠠᠭᠠᠯ︾ ᠢ ᠲᠤᠭᠤᠷᠪᠢᠨ ᠪᠢᠴᠢᠭᠡᠳ ᠬᠠᠷᠢᠶ᠎ᠡ ᠪᠦᠬᠦᠢ ᠠᠷᠠᠳ ᠤᠨ ᠶᠠᠪᠤᠳᠠᠯ ᠤᠨ  ᠰᠠᠯᠠᠭ᠎ᠠ ᠮᠦᠴᠢᠷ ᠪᠣᠶᠤ ᠰᠢᠶᠠᠩ ︵ ᠪᠠᠯᠭᠠᠰᠤ︶ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ︔  ᠬᠦᠴᠦᠨ ᠦᠭᠡᠢ ᠪᠣᠯᠭᠠᠬᠤ ᠨᠥᠬᠦᠴᠡᠯ ᠳᠤ ᠨᠡᠶᠢᠴᠡᠬᠦ ᠶᠢ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠪᠣᠶᠤ ᠰᠢᠶᠠᠩ  ︵ ᠪᠠᠯᠭᠠᠰᠤ︶ ᠤᠨ ᠠᠷᠠᠳ ᠤᠨ ᠵᠠᠰᠠᠭ ᠤᠨ ᠣᠷᠳᠣᠨ ᠵᠦᠪᠰᠢᠶᠡᠷᠡᠬᠦ ᠬᠡᠷᠡᠭᠲᠡᠢ ᠪᠥᠭᠡᠳ ᠬᠦᠴᠦᠨ ᠦᠭᠡᠢ  ᠪᠣᠯᠭᠠᠬᠤ ᠲᠣᠭᠲᠠᠭᠠᠯ ᠢ ᠳᠠᠷᠤᠮᠠᠯᠯᠠᠨ ᠲᠠᠷᠬᠠᠭᠠᠨ᠎ᠠ᠃                ᠲᠠᠪᠤ᠂ ᠤᠷᠤᠭ ᠳᠠᠩᠰᠠᠯᠠᠬᠤ ᠭᠠᠵᠠᠷ ︽× × × ᠪᠣᠯᠣᠨ × × × ᠤ ᠤᠷᠤᠭ ᠢ ᠬᠦᠴᠦᠨ  ᠦᠭᠡᠢ ᠪᠣᠯᠭᠠᠬᠤ ᠲᠤᠬᠠᠢ ᠲᠣᠭᠲᠠᠭᠠᠯ︾ ᠢ ᠲᠤᠬᠠᠶᠢᠲᠠᠢ ᠬᠥᠮᠦᠨ ᠬᠤᠶᠠᠷ ᠲᠠᠯ᠎ᠠ ᠳᠤ ᠬᠦᠷᠭᠡᠵᠦ ᠦᠭᠬᠦ ᠬᠡᠷᠡᠭᠲᠡᠢ  ᠪᠥᠭᠡᠳ ᠣᠷᠤᠭ ᠳᠠᠩᠰᠠᠯᠠᠭᠰᠠᠨ ᠠᠯᠪᠠᠨ ᠵᠠᠷ ᠤᠨ ᠪᠣᠯᠣᠩ ᠳᠤ 30 ᠡᠳᠦᠷ ᠵᠠᠷᠯᠠᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号