ᠠᠣᠬᠠᠨ ᠬᠤᠰᠢᠭᠤᠨ ᠤ  ᠵᠠᠰᠠᠭ  ᠤᠨ ᠣᠷᠳᠤᠨ ᠤ ᠰᠤᠷᠠᠭ ᠵᠠᠩᠬᠢ ᠶᠢ ᠢᠯᠡ ᠪᠣᠯᠭᠠᠬᠤ ᠵᠦᠭᠯᠡᠭᠦᠷ
ᠨᠡᠶᠢᠲᠡᠯᠡᠭᠰᠡᠨ ᠴᠠᠭ᠄
2016/6/20
     ᠠᠷᠠᠳ ᠢᠷᠬᠡᠳ᠂ ᠬᠠᠤᠯᠢ ᠶᠢᠨ ᠡᠷᠬᠡᠳᠡᠨ ᠪᠠ ᠪᠤᠰᠤᠳ ᠵᠤᠬᠢᠶᠠᠨ ᠪᠠᠶᠢᠭᠤᠯᠤᠯᠳᠠ ᠶᠢᠨ ᠲᠤᠰ  ᠪᠠᠶᠢᠭᠤᠯᠤᠯᠭ᠎ᠠ ᠶᠢᠨ ᠵᠠᠰᠠᠭ ᠤᠨ ᠰᠤᠷᠠᠭ ᠵᠠᠩᠬᠢ ᠶᠢ ᠢᠯᠡ ᠪᠤᠯᠭᠠᠬᠤ ᠦᠢᠯᠡᠴᠢᠯᠡᠭᠡ ᠶᠢ ᠬᠦᠷᠳᠡᠬᠦ ᠳᠤ ᠲᠦᠬᠦᠮ  ᠦᠵᠡᠬᠦᠯᠬᠦ ᠶᠢᠨ ᠲᠦᠯᠦᠬᠡ᠂ ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠠᠰᠠᠭ ᠤᠨ ᠰᠤᠷᠠᠭ  ᠵᠠᠩᠬᠢ ᠶᠢ ᠢᠯᠡ ᠪᠤᠯᠭᠠᠬᠤ ᠲᠦᠷᠢᠮ︾ ᠳᠤ ᠲᠤᠭᠳᠠᠭᠠᠭᠰᠠᠨ ᠢ ᠦᠨᠳᠤᠰᠤᠯᠠᠨ᠂《  ᠠᠣᠬᠠᠨ ᠬᠤᠰᠢᠭᠤᠨ ᠤ  ᠵᠠᠰᠠᠭ ᠤᠨ ᠤᠷᠳᠤᠨ ᠤ ᠰᠤᠷᠠᠭ ᠵᠡᠩᠬᠢ ᠶᠢ ᠢᠯᠡ ᠪᠤᠯᠭᠠᠬᠤ ᠵᠦᠭᠯᠡᠭᠦᠷ 》 ᠢ  ᠨᠠᠶᠢᠷᠠᠭᠤᠯᠪᠠ᠃      ᠵᠢᠯᠤᠭᠤᠳᠤᠮᠵᠢ ᠶᠢ ᠵᠢᠯ ᠪᠦᠷᠢ ᠳᠤ ᠨᠢᠬᠡ ᠤᠳᠠᠭ᠎ᠠ ᠰᠢᠨᠡᠴᠢᠯᠡᠨ᠎ᠡ᠂  ᠠᠣᠬᠠᠨ ᠬᠤᠰᠢᠭᠤᠨ ᠤ  ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠭᠤᠤᠯ ᠰᠦᠯᠵᠢᠶ᠎ᠡ ︵ᠰᠦᠯᠵᠢᠶᠡᠨ ᠬᠠᠶ᠋ᠢᠭ᠄ http://www.aohan.gov.cn ᠪᠣᠶᠦ http://www.ahq.gov.cn  ᠃︶ ᠳᠤ ᠭᠠᠷᠴᠤ ᠦᠵᠡᠵᠤ ᠪᠤᠯᠤᠨ᠎ᠠ᠃      ᠨᠢᠬᠡ᠂ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ      ︵ᠨᠢᠭᠡ︶ ᠢᠯᠡ ᠪᠤᠯᠭᠠᠬᠤ ᠬᠦᠷᠢᠶ᠎ᠡ ᠬᠡᠪᠴᠢᠶ᠎ᠡ      ᠬᠤᠰᠢᠭᠤᠨ ᠤ ᠵᠠᠰᠠᠭ ᠤᠨ ᠤᠷᠳᠤᠨ ᠤ ᠰᠤᠷᠠᠭ  ᠵᠠᠩᠬᠢ ᠶᠢ ᠢᠯᠡ ᠪᠤᠯᠭᠠᠬᠤ ᠨᠢ  ᠬᠤᠰᠢᠭᠤᠨ ᠤ ᠵᠠᠰᠠᠭ  ᠤᠨ  ᠤᠷᠳᠤᠨ ᠤ ᠲᠠᠯ᠎ᠠ ᠶᠢᠨ ᠰᠤᠷᠠᠭ ᠵᠠᠩᠬᠢ ᠶᠢ ᠢᠯᠡ ᠪᠤᠯᠭᠠᠬᠤ ᠪᠤᠯᠤᠨ ᠬᠤᠰᠢᠭᠤᠨ ᠤ ᠵᠠᠰᠠᠭ ᠤᠨ ᠤᠷᠳᠤᠨ ᠤ ᠡᠯ᠎ᠡ  ᠠᠵᠢᠯ ᠤᠨ ᠪᠠᠶᠢᠭᠤᠯᠤᠮᠵᠢ ᠶᠢᠨ ᠰᠤᠷᠠᠭ ᠵᠠᠩᠬᠢ ᠶᠢ ᠢᠯᠡ ᠪᠤᠯᠭᠠᠬᠤ ᠶᠢ ᠪᠠᠭᠳᠠᠭᠠᠨ᠎ᠠ᠃  ᠬᠤᠰᠢᠭᠤᠨ ᠤ ᠵᠠᠰᠠᠭ ᠤᠨ  ᠤᠷᠳᠤᠨ ᠤ  ᠠᠯᠪᠠᠨ ᠭᠡᠷ ᠨᠢ ᠬᠠᠷᠢᠭᠤᠴᠠᠨ᠂ ᠵᠠᠰᠠᠭ ᠤᠨ ᠤᠷᠳᠤᠨ ᠤ ᠲᠠᠯ᠎ᠠ ᠶᠢᠨ ᠭᠤᠤᠯ ᠪᠤᠯᠬᠤ ᠰᠤᠷᠠᠭ ᠵᠠᠩᠬᠢ   ᠶᠢ ᠲᠤᠤᠷᠠᠬᠢ ᠮᠠᠳᠤ ᠪᠠᠷ ᠨᠡᠶᠢᠭᠡᠮ ᠨᠡᠶᠢᠳᠡ ᠳᠤ  ᠰᠠᠨᠠᠭᠠᠴᠢᠯᠠᠭ᠎ᠠ ᠠᠴᠠ ᠪᠠᠨ ᠢᠯᠡ ᠪᠤᠯᠭᠠᠨ᠎ᠠ᠃      1 . ᠬᠤᠰᠢᠭᠤᠨ ᠤ ᠵᠠᠰᠠᠭ ᠤᠨ ᠤᠷᠳᠤᠨ ᠵᠢᠴᠢ ᠲᠡᠬᠦᠨ ᠤ ᠠᠵᠢᠯ ᠤᠨ ᠪᠠᠶᠢᠭᠤᠯᠤᠮᠵᠢ ᠶᠢᠨ ᠤᠳᠤᠷᠢᠳᠤᠯᠭ᠎ᠠ ᠶᠢᠨ ᠨᠠᠷᠠᠰ      2 . ᠬᠤᠰᠢᠭᠤᠨ ᠤ ᠵᠠᠰᠠᠭ ᠤᠨ ᠤᠷᠳᠤᠨ ᠤ ᠠᠵᠢᠯ ᠤᠨ ᠪᠠᠶᠢᠭᠤᠯᠤᠮᠵᠢ ᠵᠢᠴᠢ ᠲᠡᠬᠦᠨ ᠤ ᠭᠤᠤᠯ ᠪᠤᠯᠬᠤ ᠡᠭᠦᠷᠭᠡ  ᠬᠠᠷᠢᠭᠤᠴᠠᠯᠭ᠎ᠠ      3 . ᠬᠤᠰᠢᠭᠤᠨ ᠤ  ᠵᠠᠰᠠᠭ ᠤᠨ ᠤᠷᠳᠤᠨ ᠤ ᠠᠵᠢᠯ ᠤᠨ  ᠳᠦᠷᠢᠮ  ᠵᠢᠴᠢ ᠪᠣᠰᠤᠳ ᠲᠦᠷᠢᠮᠵᠢᠬᠦᠨ ᠴᠢᠨᠠᠷᠳᠡᠢ ᠪᠢᠴᠢᠭ  ᠮᠠᠲ᠋ᠧᠷᠢᠶᠠᠯ      4 . ᠬᠤᠰᠢᠭᠤᠨ ᠤ ᠵᠠᠰᠠᠭ ᠤᠨ ᠤᠷᠳᠤᠨ ᠤ ᠭᠤᠤᠯᠳᠠᠯᠭ᠎ᠠ ᠲᠠᠢ ᠠᠵᠢᠯ      5 . ᠬᠤᠰᠢᠭᠤᠨ ᠤ ᠵᠠᠰᠠᠭ ᠤᠨ ᠣᠷᠳᠤᠨ ᠳᠤ ᠳᠤᠰᠢᠶᠠᠭᠰᠠᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠬᠢᠨᠠᠨ ᠵᠦᠪᠯᠡᠯᠲᠡ ᠶᠢᠨ ᠡᠯ᠎ᠡ ᠵᠦᠢᠯ ᠤᠨ ᠮᠡᠳᠡᠭᠦᠯᠡᠯᠲᠡ      6 . ᠬᠤᠰᠢᠭᠤᠨ ᠤ ᠵᠠᠰᠠᠭ ᠤᠨ ᠤᠷᠳᠤᠨ ᠤ  ᠡᠯ᠎ᠡ ᠬᠤᠷᠠᠯᠳᠤᠭᠠᠨ      7 . ᠬᠤᠰᠢᠭᠤᠨ   ᠤ ᠵᠠᠰᠠᠭ ᠤᠨ ᠤᠷᠳᠤᠨ ᠤ ᠲᠤᠭ᠎ᠠ ᠪᠦᠷᠢᠳᠭᠡᠯ ᠤᠨ ᠰᠤᠷᠠᠭ ᠵᠠᠩᠬᠢ      8 . ᠬᠤᠰᠢᠭᠤᠨ ᠤ ᠵᠠᠰᠠᠭ ᠤᠨ ᠤᠷᠳᠤᠨ ᠤ ᠪᠤᠳᠠᠳᠤ ᠶᠠᠪᠤᠳᠠᠯ ᠤᠨ ᠲᠦᠷᠦᠯ ᠵᠤᠶᠢᠯ      9 . ᠪᠣᠰᠤᠳ ᠵᠦᠢᠯ      ︵ᠬᠤᠶᠠᠷ  ︶ ᠢᠯᠡ ᠪᠤᠯᠭᠠᠬᠤ ᠬᠡᠯᠪᠠᠷᠢ      1 . ᠵᠠᠰᠠᠭ ᠤᠨ ᠣᠷᠳᠤᠨ ᠤ ᠰᠦᠯᠵᠢᠶ᠎ᠡ      2 . ᠵᠠᠰᠠᠭ ᠤᠨ ᠤᠷᠳᠤᠨ ᠤ ᠠᠯᠪᠠᠨ ᠮᠡᠳᠡᠭᠡ ᠪᠤᠶᠤ ᠪᠤᠰᠤᠳ ᠢᠯᠡ ᠪᠠᠷ ᠲᠠᠷᠬᠠᠭᠠᠭᠰᠠᠨ ᠵᠠᠰᠠᠭ ᠤᠨ  ᠤᠷᠳᠤᠨ ᠤ ᠰᠤᠷᠠᠭ  ᠵᠠᠩᠬᠢ ᠶᠢᠨ ᠲᠤᠰᠬᠠᠢ ᠰᠡᠳᠬᠦᠯ        3 . ᠷᠠᠳᠢᠣ᠋  ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ ᠵᠡᠷᠭᠡ ᠵᠠᠭᠤᠴᠢᠯᠠᠭᠤᠷ      4 . ᠤᠯᠠᠨ ᠨᠡᠶᠢᠳᠡ ᠶᠢᠨ ᠤᠩᠰᠢᠯᠭ᠎ᠠ ᠶᠢᠨ ᠬᠡᠷ᠂ ᠮᠠᠲ᠋ᠧᠷᠢᠶᠠᠯ ᠡᠷᠢᠬᠦ‍ ᠴᠢᠭ᠂ ᠵᠠᠰᠠᠭ ᠤᠨ ᠤᠷᠳᠤᠨ ᠤ ᠰᠤᠷᠠᠭ  ᠵᠠᠩᠬᠢ ᠶᠢᠨ ᠵᠠᠷᠯᠠᠯ ᠤᠨ ᠪᠤᠯᠤᠩ᠂ ᠡᠯᠧᠺᠲᠷᠦᠨ ᠬᠦᠰᠢᠭᠡ ᠮᠡᠳᠣ ᠶᠢᠨ ᠲᠠᠯᠠᠪᠤᠷ ᠪᠤᠶᠤ ᠲᠦᠬᠦᠬᠡᠷᠦᠮᠵᠢ        5 . ᠰᠤᠨᠢᠨ ᠮᠡᠳᠡᠭᠡ ᠨᠡᠶᠢᠳᠡᠯᠡᠬᠦ ᠬᠤᠷᠡᠯ      ︵ ᠭᠤᠷᠪᠠ︶ ᠢᠯᠡ ᠪᠤᠯᠭᠠᠬᠤ ᠴᠠᠭ      ︽ᠪᠠᠶᠢᠩᠭᠤ ᠶᠢᠨ ᠴᠢᠨᠡᠷᠳᠡᠢ ᠠᠵᠢᠯ ᠢ ᠦᠷᠬᠦᠯᠵᠢ ᠢᠯᠡ ᠪᠠᠶᠢᠯᠭᠠᠬᠤ᠂ ᠱᠠᠳᠤᠴᠢ ᠴᠢᠨᠡᠷ ᠲᠠᠢ ᠠᠵᠢᠯ ᠢ ᠱᠠᠳᠤ  ᠲᠠᠷᠠᠭᠠᠯᠠᠨ ᠢᠯᠡ ᠪᠠᠶᠢᠯᠠᠭᠠᠬᠤ᠂ ᠲᠦᠷ ᠴᠠᠭ ᠤᠨ ᠠᠵᠢᠯ ᠢ ᠴᠠᠭ  ᠲᠣᠬᠠᠢ ᠳᠤᠨᠢ ᠢᠯᠡ ᠪᠠᠶᠢᠯᠭᠠᠬᠤ︾  ᠱᠠᠭᠠᠷᠳᠠᠯᠭ᠎ᠠ ᠪᠠᠷ  ᠢᠯᠡ ᠪᠤᠯᠭᠠᠬᠤ ᠠᠭᠤᠯᠭ᠎ᠠ ᠶᠢ ᠦᠨᠳᠤᠰᠤᠯᠡᠵᠤ ᠢᠯᠡ ᠪᠤᠯᠭᠠᠬᠤ ᠴᠠᠭ ᠢ ᠲᠤᠭᠳᠠᠭᠠᠨ᠎ᠠ᠃ ᠡᠯ᠎ᠡ  ᠲᠦᠷᠦᠯ ᠤᠨ ᠰᠠᠨᠠᠭᠠᠴᠢᠯᠠᠭ᠎ᠠ ᠲᠠᠢ ᠪᠠᠷ ᠢᠯᠡ ᠪᠤᠯᠭᠠᠬᠤ ᠵᠠᠰᠠᠭ ᠤᠨ ᠤᠷᠳᠤᠨ ᠤ ᠰᠤᠷᠠᠭ ᠵᠠᠩᠬᠢ ᠶᠢ ᠶᠡᠷᠦᠳᠡᠬᠡᠨ ᠰᠤᠷᠠᠭ ᠵᠠᠩᠬᠢ ᠪᠤᠢ ᠪᠤᠯᠤᠭᠰᠠᠨ 7 ᠡᠳᠤᠷ ᠤᠨ ᠲᠤᠳᠤᠷ᠎ᠡ ᠢᠯᠡ ᠨᠡᠶᠢᠳᠡᠯᠡᠨ᠎ᠡ︔ ᠵᠠᠰᠠᠭ ᠤᠨ ᠤᠷᠳᠤᠨ ᠤ  ᠴᠢᠬᠤᠯᠠ ᠰᠤᠷᠠᠭ  ᠵᠠᠩᠬᠢ   ᠶᠢ ᠡᠷᠭᠡᠪᠰᠢ ᠴᠠᠭ ᠲᠤᠬᠠᠢ ᠳᠤᠨᠢ ᠨᠡᠶᠢᠳᠡᠯᠡᠨ᠎ᠡ︔ ᠤᠨᠴᠠᠭᠠᠢ ᠰᠢᠯᠳᠠᠭᠠᠨ ᠠᠴᠠ ᠪᠤᠯᠵᠤ  ᠴᠠᠭ ᠲᠤᠬᠠᠢ ᠳᠤᠨᠢ ᠢᠯᠡ ᠪᠤᠯᠭᠠᠵᠤ ᠲᠡᠶᠢᠯᠬᠦ ᠦᠭᠡᠢ  ᠰᠤᠷᠠᠭ  ᠵᠠᠩᠬᠢ   ᠶᠢ ᠰᠤᠷᠠᠭ  ᠵᠠᠩᠬᠢ  ᠪᠤᠢ ᠪᠤᠯᠤᠭᠰᠠᠨ  ᠠᠴᠠ  ᠬᠤᠶᠢᠨ᠎ᠠ 15  ᠠᠵᠢᠯ ᠤᠨ ᠡᠳᠤᠷ   ᠠᠴᠠ ᠤᠷᠤᠶᠢᠳᠠᠭᠤᠯᠵᠤ ᠪᠤᠯᠬᠤ ᠦᠭᠡᠢ᠃  
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号