ᠥᠪᠥᠷ ᠮᠣᠩᠭᠤᠯ ᠡᠷᠳᠡᠨᠢ ᠰᠢᠰᠢ ᠶᠢᠨ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2016/9/20
     
     ᠰᠤᠷᠪᠤᠯᠵᠢᠯᠠᠭᠰᠠᠨ ᠴᠠᠭ᠄          2016 ᠣᠨ ᠤ 8 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨᠡᠬᠢ 10 ᠴᠠᠭ            ᠰᠤᠷᠪᠤᠯᠵᠢᠯᠠᠭᠰᠠᠨ ᠵᠣᠴᠢᠨ᠄            ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠳᠡᠳ᠋ ᠳᠠᠷᠤᠭ᠎ᠠ᠂ ᠲᠢᠩᠬᠢᠮ ᠤᠨ ᠨᠠᠮ ᠤᠨ ᠤᠳᠤᠷᠢᠳᠬᠤ  ᠳᠤᠭᠤᠶᠢᠯᠠᠩ ᠤᠨ ᠪᠦᠷᠢᠯᠳᠦᠭᠦᠨ   ᠵᠢᠶᠡ ᠶᠦᠸᠧ ᠹᠧᠩ            ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄            ᠤᠢᠢᠷ᠎ᠠ ᠶᠢᠨ ᠠᠷᠪᠠᠨ ᠵᠢᠯ ᠤᠨ ᠲᠤᠷᠰᠢ᠂ ᠡᠷᠳᠡᠨᠢ ᠰᠢᠰᠢ ᠶᠢᠨ ᠦᠨ᠎ᠡ ᠶᠢᠨ ᠥᠰᠦᠯᠲᠡ᠂ ᠲᠠᠷᠢᠮᠠᠯ ᠤᠨ  ᠦᠷ᠎ᠡ ᠠᠰᠢᠭ ᠥᠨᠳᠥᠷ ᠵᠢᠴᠢ ᠲᠠᠷᠢᠮᠠᠯ ᠤᠨ ᠮᠡᠷᠭᠡᠵᠢᠯ ᠤᠨ ᠬᠥᠭᠵᠢᠯᠲᠡ ᠵᠡᠷᠭᠡ ᠣᠯᠠᠨ ᠬᠦᠴᠦᠨ ᠵᠦᠢᠯ ᠤᠨ  ᠨᠦᠯᠦᠭᠡ ᠪᠠᠷ᠂ ᠥᠪᠥᠷ ᠮᠣᠩᠭᠤᠯ ᠤᠨ ᠡᠷᠳᠡᠨᠢ ᠰᠢᠰᠢ ᠶᠢᠨ ᠲᠠᠷᠢᠮᠠᠯ ᠤᠨ ᠲᠠᠯᠠᠪᠠᠢ ᠵᠢᠯ ᠳᠠᠷᠠᠭᠠᠯᠠᠨ ᠦᠷᠭᠡᠳᠴᠦ᠂  ᠬᠤᠷᠢᠶᠠᠯᠲᠠ ᠵᠢᠯ ᠳᠠᠷᠠᠭᠠᠯᠠᠨ ᠨᠡᠮᠡᠭᠳᠡᠪᠡ᠃ 2007 ᠣᠨ᠂ 2011 ᠣᠨ ᠪᠣᠯᠤᠨ 2014 ᠣᠨ ᠳᠤ  ᠲᠠᠷᠢᠮᠠᠯ ᠤᠨ ᠲᠠᠯᠠᠪᠠᠢ ᠨᠢ ᠲᠤᠰ ᠲᠤᠰ 3000 ᠲᠦᠮᠡᠨ ᠮᠦ᠂ 4000 ᠲᠦᠮᠡᠨ ᠮᠦ ᠪᠣᠯᠤᠨ 5000 ᠲᠦᠮᠡᠨ  ᠮᠦ ᠶᠢ ᠳᠠᠪᠠᠭᠰᠠᠨ ᠪᠠᠶᠢᠨ᠎ᠠ᠃ 2015 ᠣᠨ ᠪᠣᠯᠬᠤ ᠳᠤ᠂ ᠮᠠᠨ ᠤ ᠤᠷᠤᠨ ᠤ ᠡᠷᠳᠡᠨᠢ ᠰᠢᠰᠢ ᠶᠢᠨ ᠲᠠᠷᠢᠮᠠᠯ ᠤᠨ  ᠲᠠᠯᠠᠪᠠᠢ ᠤᠯᠠᠮ ᠨᠢᠭᠡ ᠠᠯᠬᠤᠮ ᠥᠷᠭᠡᠳᠴᠦ᠂ 5110.9 ᠲᠦᠮᠡᠨ ᠮᠥ ᠬᠦᠷᠴᠦ᠂ ᠬᠤᠷᠢᠶᠠᠯᠲᠠ ᠨᠢ 450.2  ᠳ᠋ᠦᠩᠰᠢᠭᠤᠷ ᠵᠢᠩ ᠳᠤ ᠬᠦᠷᠴᠦ᠂ ᠲᠠᠷᠢᠭᠰᠠᠨ ᠲᠡᠯᠡᠪᠡᠢ ᠪᠣᠯᠤᠨ ᠬᠤᠷᠢᠶᠠᠯᠲᠠ ᠨᠢ ᠲᠤᠰ ᠲᠤᠰ ᠪᠥᠬᠦ ᠣᠷᠣᠨ ᠤ  ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠪᠠ ᠬᠤᠷᠢᠶᠠᠯᠲᠠ ᠶᠢᠨ 59.5% ᠪᠣᠯᠤᠨ 79.6% ᠶᠢ ᠡᠵᠡᠯᠡᠨ᠂ ᠪᠦᠬᠦ  ᠤᠯᠤᠰ ᠤᠨ ᠡᠷᠳᠡᠨᠢ ᠰᠢᠰᠢ ᠶᠢᠨ ᠲᠠᠷᠢᠮᠠᠯ ᠤᠨ ᠲᠠᠯᠠᠪᠠᠢ ᠪᠣᠯᠤᠨ ᠬᠤᠷᠢᠶᠠᠯᠲᠠ ᠶᠢᠨ 8.9% ᠪᠣᠯᠤᠨ 10% ᠶᠢ  ᠡᠵᠡᠯᠡᠵᠦ᠂ ᠪᠦᠬᠦ ᠤᠯᠤᠰ ᠲᠤ 3 ᠳ᠋ᠤᠭᠠᠷ ᠲᠤ ᠪᠠᠶᠢᠷᠢᠯᠠᠨ᠂ ᠮᠠᠨ ᠤ ᠤᠷᠤᠨ ᠤ ᠨᠡᠷ᠎ᠡ ᠨᠢᠳᠡᠷ ᠲᠡᠭᠡᠨ ᠨᠡᠶᠢᠴᠡᠭᠰᠡᠨ  ᠨᠢᠭᠡᠳᠦᠭᠡᠷ ᠶᠡᠭᠡ ᠲᠠᠷᠢᠮᠠᠯ ᠪᠣᠯᠤᠭᠰᠠᠨ ᠪᠠᠶᠢᠨ᠎ᠠ᠃ ᠡᠷᠳᠡᠨᠢ ᠰᠢᠰᠢ ᠶᠢᠨ ᠠᠵᠤ ᠦᠢᠯᠡᠰ ᠤᠨ ᠦᠳᠲᠡᠷ ᠲᠦᠷᠭᠡᠨ  ᠬᠥᠭᠵᠢᠯᠲᠡ ᠨᠢ ᠥᠪᠥᠷ ᠮᠣᠩᠭᠤᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ ︽ᠠᠷᠪᠠᠨ ᠬᠤᠶᠠᠳᠡᠬᠢ ᠡᠯᠪᠡᠭ  ᠬᠤᠷᠢᠶᠠᠯᠲᠠ︾ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃                                         ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ                ᠬᠥᠲᠥᠯᠥᠭᠴᠢ᠄            ᠦᠷᠭᠡᠨ ᠤᠯᠠᠨ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨᠠᠤ︕ ᠥᠨᠥᠳᠦᠷ ᠪᠢᠳᠡ ᠥᠪᠡᠷᠲᠡᠭᠡᠨ ᠵᠠᠰᠠᠬᠤ  ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ᠂ ᠲᠢᠩᠬᠢᠮ ᠤᠨ ᠨᠠᠮ ᠤᠨ  ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠶᠡ ᠶᠦᠸᠧ ᠹᠧᠩ ᠢ ᠤᠷᠢᠵᠤ ︽ᠳᠤᠮᠳᠠᠳᠤ ᠤᠯᠤᠰ   ᠥᠪᠥᠷ  ᠮᠣᠩᠭᠤᠯ︾ ᠰᠦᠯᠵᠢᠶᠡᠨ ᠳᠡᠭᠡᠷ᠎ᠡ ᠲᠠ ᠪᠦᠬᠦᠨ ᠲᠠᠢ ᠶᠠᠷᠢᠯᠴᠠᠭᠤᠯᠬᠤ ᠪᠠᠷ ᠪᠠᠶᠢᠨ᠎ᠠ᠂ ᠥᠷᠭᠡᠨ ᠣᠯᠠᠨ ᠰᠦᠯᠵᠢᠶᠡᠨ  ᠠᠨᠳᠠ ᠨᠠᠷ ᠮᠢᠨᠢ ᠢᠳᠡᠪᠬᠢᠲᠡᠶ ᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕            ᠵᠢᠶᠡ ᠶᠦᠸᠧ ᠹᠧᠩ᠄            ᠬᠦᠲᠦᠯᠦᠭᠴᠢ ᠰᠠᠶᠢᠨ ᠪᠠᠶᠢᠨᠠᠤ᠂ ᠰᠦᠯᠵᠢᠶᠡᠨ ᠠᠨᠳᠠ ᠨᠠᠷ ᠰᠠᠶᠢᠨ ᠪᠠᠶᠢᠴᠠᠭᠠᠨ᠎ᠠ ᠦᠦ︕ ᠥᠪᠡᠷᠲᠡᠭᠡᠨ  ᠵᠠᠰᠠᠬᠤ ᠣᠷᠣᠨ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠳᠡᠭᠡᠷ᠎ᠡ ᠲᠠ ᠨᠠᠷ ᠲᠠᠢ ᠶᠠᠷᠢᠯᠴᠠᠬᠤ  ᠪᠣᠯᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃            ᠬᠥᠲᠥᠯᠥᠭᠴᠢ᠄            ᠮᠠᠨ ᠤ ᠤᠷᠤᠨ ᠤ ᠡᠷᠳᠡᠨᠢ ᠰᠢᠰᠢ ᠶᠢᠨ ᠲᠠᠷᠢᠮᠠᠯ ᠤᠨ ᠣᠳᠣᠬᠢ ᠪᠠᠶᠢᠳᠠᠯ ᠨᠢ ᠶᠠᠮᠠᠷ ᠪᠠᠶᠢᠳᠠᠭ ᠪᠤᠢ︖            ᠵᠢᠶᠡ ᠶᠦᠸᠧ ᠹᠧᠩ᠄          ᠤᠢᠢᠷ᠎ᠠ ᠶᠢᠨ ᠠᠷᠪᠠᠨ ᠵᠢᠯ ᠤᠨ ᠲᠤᠷᠰᠢ᠂ ᠡᠷᠳᠡᠨᠢ ᠰᠢᠰᠢ ᠶᠢᠨ ᠦᠨ᠎ᠡ ᠶᠢᠨ ᠥᠰᠦᠯᠲᠡ᠂ ᠲᠠᠷᠢᠮᠠᠯ ᠤᠨ  ᠦᠷ᠎ᠡ ᠠᠰᠢᠭ ᠥᠨᠳᠥᠷ ᠵᠢᠴᠢ ᠲᠠᠷᠢᠮᠠᠯ ᠤᠨ ᠮᠡᠷᠭᠡᠵᠢᠯ ᠤᠨ ᠬᠥᠭᠵᠢᠯᠲᠡ ᠵᠡᠷᠭᠡ ᠣᠯᠠᠨ ᠵᠦᠢᠯ ᠤᠨ ᠬᠦᠴᠦᠨ  ᠵᠦᠢᠯ ᠤᠨ ᠨᠦᠯᠦᠭᠡ ᠪᠠᠷ᠂ ᠥᠪᠥᠷ ᠮᠣᠩᠭᠤᠯ ᠤᠨ ᠡᠷᠳᠡᠨᠢ ᠰᠢᠰᠢ ᠶᠢᠨ ᠲᠠᠷᠢᠮᠠᠯ ᠤᠨ ᠲᠠᠯᠠᠪᠠᠢ ᠵᠢᠯ ᠳᠠᠷᠠᠭᠠᠯᠠᠨ  ᠦᠷᠭᠡᠳᠴᠦ᠂ ᠬᠤᠷᠢᠶᠠᠯᠲᠠ ᠵᠢᠯ ᠳᠠᠷᠠᠭᠠᠯᠠᠨ ᠨᠡᠮᠡᠭᠳᠡᠪᠡ᠃ 2007 ᠣᠨ᠂ 2011 ᠣᠨ ᠪᠣᠯᠤᠨ 2014 ᠣᠨ   ᠳᠤ ᠲᠠᠷᠢᠮᠠᠯ ᠤᠨ ᠲᠠᠯᠠᠪᠠᠢ ᠨᠢ ᠲᠤᠰ ᠲᠤᠰ 3000 ᠲᠦᠮᠡᠨ ᠮᠦ᠂ 4000 ᠲᠦᠮᠡᠨ ᠮᠦ ᠪᠣᠯᠤᠨ 5000  ᠲᠦᠮᠡᠨ ᠮᠦ ᠶᠢ ᠳᠠᠪᠠᠭᠰᠠᠨ ᠪᠠᠶᠢᠨ᠎ᠠ᠃ 2015 ᠣᠨ ᠪᠣᠯᠬᠤ ᠳᠤ᠂ ᠮᠠᠨ ᠤ ᠤᠷᠤᠨ ᠤ ᠡᠷᠳᠡᠨᠢ ᠰᠢᠰᠢ ᠶᠢᠨ  ᠲᠠᠷᠢᠮᠠᠯ ᠤᠨ ᠲᠠᠯᠠᠪᠠᠢ ᠨᠢ ᠤᠯᠠᠮ ᠨᠢᠭᠡ ᠠᠯᠬᠤᠮ ᠦᠷᠭᠡᠳᠴᠦ᠂ 5110.9 ᠲᠦᠮᠡᠨ ᠮᠥ ᠳᠤ ᠬᠦᠷᠴᠦ᠂  ᠬᠤᠷᠢᠶᠠᠯᠲᠠ ᠨᠢ 450.2 ᠳ᠋ᠦᠩᠰᠢᠭᠤᠷ ᠵᠢᠩ ᠳᠤ ᠬᠦᠷᠴᠦ᠂ ᠲᠠᠷᠢᠭᠰᠠᠨ ᠲᠡᠯᠡᠪᠡᠢ ᠪᠣᠯᠤᠨ ᠬᠤᠷᠢᠶᠠᠯᠲᠠ ᠨᠢ  ᠲᠤᠰ ᠲᠤᠰ ᠪᠥᠬᠦ ᠣᠷᠣᠨ ᠤ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠪᠠ ᠬᠤᠷᠢᠶᠠᠯᠲᠠ ᠶᠢᠨ 59.5% ᠪᠣᠯᠤᠨ  79.6% ᠶᠢ ᠡᠵᠡᠯᠡᠨ᠂ ᠪᠦᠬᠦ ᠤᠯᠤᠰ ᠤᠨ ᠡᠷᠳᠡᠨᠢ ᠰᠢᠰᠢ ᠶᠢᠨ ᠲᠠᠷᠢᠮᠠᠯ ᠤᠨ ᠲᠠᠯᠠᠪᠠᠢ ᠪᠣᠯᠤᠨ ᠬᠤᠷᠢᠶᠠᠯᠲᠠ ᠶᠢᠨ  8.9% ᠪᠣᠯᠤᠨ 10% ᠶᠢ ᠡᠵᠡᠯᠡᠵᠦ᠂ ᠪᠦᠬᠦ ᠤᠯᠤᠰ ᠲᠤ 3 ᠳ᠋ᠤᠭᠠᠷ ᠲᠤ ᠪᠠᠶᠢᠷᠢᠯᠠᠨ᠂ ᠮᠠᠨ ᠤ ᠤᠷᠤᠨ ᠤ ᠨᠡᠷ᠎ᠡ  ᠨᠢᠳᠡᠷ ᠲᠡᠭᠡᠨ ᠨᠡᠶᠢᠴᠡᠭᠰᠡᠨ ᠨᠢᠭᠡᠳᠦᠭᠡᠷ ᠶᠡᠭᠡ ᠲᠠᠷᠢᠮᠠᠯ ᠪᠣᠯᠤᠭᠰᠠᠨ ᠪᠠᠶᠢᠨ᠎ᠠ᠃ ᠡᠷᠳᠡᠨᠢ ᠰᠢᠰᠢ ᠶᠢᠨ ᠠᠵᠤ  ᠦᠢᠯᠡᠰ ᠤᠨ ᠦᠳᠲᠡᠷ ᠲᠦᠷᠭᠡᠨ ᠬᠥᠭᠵᠢᠯᠲᠡ ᠨᠢ ᠥᠪᠥᠷ ᠮᠣᠩᠭᠤᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ  ︽ᠠᠷᠪᠠᠨ ᠬᠤᠶᠠᠳᠡᠬᠢ ᠡᠯᠪᠡᠭ ᠬᠤᠷᠢᠶᠠᠯᠲᠠ︾ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠵᠦ᠂ ᠪᠠᠰᠠ ᠡᠷᠳᠡᠨᠢ  ᠰᠢᠰᠢ ᠶᠢ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠪᠠ ᠮᠠᠯ ᠠᠵᠤ ᠠᠬᠤᠶ ᠶᠢᠨ ᠬᠥᠭᠵᠢᠯᠲᠡ ᠳᠤ ᠡᠯᠪᠡᠭ  ᠭᠦᠢᠴᠡᠳ ᠲᠦᠭᠦᠬᠡᠶ ᠡᠳ᠋ ᠪᠣᠯᠤᠨ ᠲᠡᠵᠢᠭᠡᠯ ᠪᠣᠷᠳᠤᠭ᠎ᠠ ᠬᠠᠩᠭᠠᠭᠰᠠᠨ ᠪᠠᠶᠢᠨ᠎ᠠ᠃            ᠬᠥᠲᠥᠯᠥᠭᠴᠢ᠄          ᠣᠳᠣᠬᠠᠨ ᠳᠤ ᠡᠷᠳᠡᠨᠢ ᠰᠢᠰᠢ ᠶᠢᠨ ᠠᠵᠤ ᠦᠢᠯᠡᠰ ᠤᠨ ᠬᠥᠭᠵᠢᠯᠲᠡ ᠳᠤ ᠶᠠᠮᠠᠷ ᠵᠥᠷᠢᠴᠡᠯ ᠪᠣᠯᠤᠨ  ᠠᠰᠠᠭᠤᠳᠠᠯ ᠣᠷᠣᠰᠢᠵᠤ ᠪᠠᠶᠢᠭ᠎ᠠ ᠪᠣᠢ︖            ᠵᠢᠶᠡ ᠶᠦᠸᠧ ᠹᠧᠩ᠄          ᠨᠢᠭᠡ ᠳᠤ ᠬᠡᠳᠦ᠋ᠢᠪᠡᠷ ᠡᠷᠳᠡᠨᠢ ᠰᠢᠰᠢ ᠶᠢᠨ ᠬᠡᠷᠡᠭᠴᠡᠭᠡ ᠱᠠᠭᠠᠷᠳᠠᠯᠭ᠎ᠠ ᠪᠠᠲᠤᠯᠠᠭ᠎ᠠ ᠲᠠᠢ ᠨᠡᠮᠡᠭᠳᠡᠵᠦ ᠪᠠᠶᠢᠭ᠎ᠠ  ᠪᠣᠯᠪᠠᠴᠤ ᠮᠠᠨ ᠤ ᠦᠪᠡᠷᠲᠡᠭᠡᠨ ᠦᠢᠯᠡᠳᠪᠦᠷᠢᠯᠡᠬᠦ ᠡᠷᠳᠡᠨᠢ ᠰᠢᠰᠢ ᠶᠢᠨ ᠦᠨ᠎ᠡ ᠨᠢ ᠳᠡᠯᠡᠬᠡᠶ ᠶᠢᠨ ᠵᠠᠬ᠎ᠠ  ᠳᠡᠯᠭᠡᠭᠦᠷ ᠯᠦᠭᠡ ᠬᠦᠨᠳᠦ ᠨᠣᠴᠢᠲᠠᠶ ᠲᠣᠩᠭᠤᠷᠠᠵᠦ᠂ ᠡᠷᠳᠡᠨᠢ ᠰᠢᠰᠢ ᠪᠤᠳᠠᠭ᠎ᠠ ᠵᠢᠴᠢ ᠣᠷᠣᠯᠠᠭᠴᠢ ᠡᠳ᠋ ᠶᠢ  ᠭᠠᠳᠠᠭᠠᠳᠤ ᠠᠴᠠ ᠣᠷᠣᠭᠤᠯᠬᠤ ᠨᠢ ᠵᠢᠯ ᠳᠠᠷᠠᠭᠠᠯᠠᠨ ᠨᠡᠮᠡᠭᠳᠡᠭᠡᠳ᠂ ᠤᠯᠤᠰ ᠤᠨ ᠳᠣᠲᠣᠭᠠᠳᠤ ᠶᠢᠨ ᠡᠷᠳᠡᠨᠢ  ᠰᠢᠰᠢ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠢ ᠰᠢᠬᠠᠨ ᠡᠵᠡᠯᠡᠵᠦ᠂ ︽ᠭᠠᠳᠠᠭᠠᠳᠤ ᠶᠢᠨ ᠠᠮᠤ ᠪᠤᠳᠠᠭ᠎ᠠ ᠵᠠᠬ᠎ᠠ  ᠳᠡᠯᠭᠡᠭᠦᠷ ᠲᠤ ᠤᠷᠤᠵᠤ᠂ ᠤᠯᠤᠰ ᠤᠨ ᠠᠮᠤ ᠪᠤᠳᠠᠭ᠎ᠠ ᠬᠦᠮᠦᠷᠭᠡ ᠳᠤ ᠤᠷᠤᠬᠤ︾ ᠬᠦᠨᠳᠦ ᠬᠡᠴᠡᠭᠦᠦ ᠪᠠᠶᠢᠳᠠᠯ ᠢ  ᠪᠣᠢ ᠪᠣᠯᠭᠠᠨ᠂ ᠡᠷᠳᠡᠨᠢ ᠰᠢᠰᠢ ᠶᠢᠨ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠬᠦᠨᠳᠦ ᠶᠡᠭᠡ  ᠦᠷᠢᠰᠦᠯᠳᠦᠭᠡᠨ ᠲᠤᠯᠭᠠᠷᠠᠵᠤ ᠪᠠᠶᠢᠨ᠎ᠠ᠃            ᠬᠤᠶᠠᠷ ᠲᠤ᠂ ᠡᠷᠳᠡᠨᠢ ᠰᠢᠰᠢ ᠶᠢ ᠨᠢᠭᠡ ᠬᠡᠷ ᠨᠢᠭᠡ ᠡᠷᠦᠬᠡ ᠪᠠᠷ ᠢᠶᠠᠨ ᠲᠠᠷᠢᠬᠤ ᠦᠢᠯᠡᠳᠪᠦᠷᠢᠯᠡᠯ ᠤᠨ ᠠᠷᠭ᠎ᠠ  ᠮᠠᠶ᠋ᠢᠭ ᠲᠤ ᠦᠨᠳᠦᠰᠦᠨ ᠴᠢᠨᠠᠷᠲᠠᠶ ᠬᠤᠪᠢᠷᠠᠯᠲᠠ ᠭᠠᠷᠤᠭᠰᠠᠨ ᠦᠭᠡᠢ᠂ ᠲᠠᠷᠢᠮᠠᠯ ᠤᠨ ᠣᠷᠣᠨ ᠪᠦᠰᠡ ᠪᠠ  ᠡᠵᠡᠩᠨᠡᠯᠲᠡ ᠶᠢᠨ ᠬᠡᠪᠴᠢᠶ᠎ᠡ ᠨᠢ ᠨᠡᠯᠢᠶᠡᠳ ᠲᠠᠷᠠᠬᠠᠶ ᠪᠤᠲᠠᠷᠬᠠᠶ ᠪᠠᠶᠢᠵᠤ᠂ ᠥᠪᠡᠷ ᠤᠨ ᠦᠷᠲᠡᠭ ᠨᠢ ᠦᠷᠭᠦᠯᠵᠢᠯᠡᠨ  ᠳᠡᠭᠡᠭᠰᠢᠯᠡᠵᠦ᠂ ᠲᠠᠷᠢᠮᠠᠯ ᠤᠨ ᠡᠷᠥᠭᠡ ᠶᠢᠨ ᠠᠰᠢᠭ ᠣᠷᠣᠯᠭ᠎ᠠ ᠢᠯᠡᠳᠲᠡ ᠪᠠᠭᠠᠰᠴᠤ ᠪᠠᠶᠢᠨ᠎ᠠ᠃ ᠠᠵᠤ ᠦᠢᠯᠡᠰ ᠤᠨ  ᠬᠡᠯᠬᠢᠶ᠎ᠡ ᠨᠢ ᠨᠢᠭᠲᠠ ᠪᠢᠰᠢ᠂ ᠠᠵᠤ ᠠᠬᠤᠶᠢᠯᠠᠯ ᠤᠨ ᠬᠤᠷᠢᠶᠡᠨ ᠬᠠᠳᠠᠭᠠᠯᠠᠬᠤ ᠪᠠ ᠪᠣᠯᠪᠠᠰᠤᠷᠠᠭᠤᠯᠬᠤ ᠥᠪᠡᠷ ᠤᠨ  ᠥᠷᠲᠡᠭ ᠤᠨ ᠳᠠᠷᠤᠯᠲᠠ ᠨᠢ ᠲᠠᠰᠤᠷᠠᠯᠳᠠ ᠦᠭᠡᠢ ᠨᠡᠮᠡᠭᠳᠡᠵᠦ ᠪᠠᠶᠢᠨ᠎ᠠ᠃            ᠭᠤᠷᠪᠠ ᠳᠤ ᠡᠷᠳᠡᠨᠢ ᠰᠢᠰᠢ ᠶᠢᠨ ᠲᠦᠷᠦᠯ ᠤᠨ ᠲᠤᠰᠬᠠᠶ ᠬᠡᠷᠡᠭᠯᠡᠭᠡᠨ ᠤ ᠲᠦᠷᠦᠯ ᠨᠢ ᠴᠥᠭᠡᠨ᠂ ᠣᠷᠣᠨ  ᠳᠠᠪᠠᠵᠤ ᠲᠠᠷᠢᠬᠤ ᠪᠠᠶᠢᠳᠠᠯ ᠬᠦᠨᠳᠦ ᠨᠣᠴᠢᠲᠠᠶ ᠪᠠᠶᠢᠨ᠎ᠠ᠃ ᠪᠦᠬᠦ ᠤᠷᠤᠨ ᠳᠤ ᠡᠷᠳᠡᠨᠢ ᠰᠢᠰᠢ ᠶᠢᠨ ᠲᠦᠷᠦᠯ ᠨᠢ  ᠨᠡᠶᠢᠲᠡ 420 ᠭᠠᠷᠤᠶ ᠪᠠᠶᠢᠬᠤ ᠳᠤ᠂ ᠴᠢᠨᠠᠷ ᠰᠠᠶᠢᠨ ᠤᠨᠠᠯᠲᠠ ᠥᠨᠳᠥᠷ᠂ ᠤᠰᠤ ᠦᠭᠡᠶᠢᠲᠡᠭᠦᠯᠬᠦ ᠨᠢ ᠲᠦᠷᠭᠡᠨ᠂  ᠮᠠᠰᠢᠨ ᠢᠶᠠᠷ ᠬᠤᠷᠢᠶᠠᠬᠤ ᠳᠤ ᠬᠢᠯᠪᠠᠷᠬᠠᠨ ᠰᠢᠯᠢᠳᠡᠭ ᠲᠥᠷᠥᠯ ᠨᠢ ᠲᠤᠩ ᠴᠥᠭᠡᠨ ᠪᠠᠶᠢᠵᠤ᠂ ᠪᠥᠬᠦ ᠶᠠᠪᠤᠴᠠ ᠶᠢᠨ  ᠮᠠᠰᠢᠨᠴᠢᠯᠠᠯᠲᠠ ᠨᠢ ᠪᠠᠰᠠ ᠳᠠᠰᠤᠯᠳᠠᠯ ᠲᠠᠢ ᠪᠠᠶᠢᠵᠤ᠂ ᠡᠷᠳᠡᠨᠢ ᠰᠢᠰᠢ ᠶᠢᠨ ᠮᠧᠬᠠᠨᠢᠭ ᠢᠶᠠᠷ ᠮᠥᠬᠦᠯᠢᠭ ᠬᠤᠷᠢᠶᠠᠬᠤ  ᠨᠣᠷᠮ᠎ᠠ ᠪᠠᠭ᠋ᠠᠨ ᠳᠣᠣᠷ᠎ᠠ ᠪᠠᠶᠢᠨ᠎ᠠ᠃ ᠬᠡᠰᠡᠭ ᠥᠨᠳᠥᠷ ᠥᠷᠭᠡᠷᠢᠭ ᠤᠨ ᠣᠷᠣᠨ ᠳᠠᠬᠢ ᠲᠠᠸᠠᠷ ᠤᠨ ᠡᠷᠳᠡᠨᠢ  ᠰᠢᠰᠢ ᠶᠢᠨ ᠤᠰᠤᠨ ᠠᠭᠤᠯᠤᠭᠳᠠᠴᠠ ᠨᠢ ᠥᠨᠳᠥᠷ᠂ ᠬᠦᠨᠳᠦ  ᠨᠣᠴᠢᠲᠠᠶ  ᠸᠠᠯᠠᠵᠤ᠂ ᠶᠠᠰᠤ  ᠴᠢᠨᠠᠷ  ᠨᠢ  ᠠᠨᠠᠢ   ᠪᠠᠶᠢᠨ᠎ᠠ᠃            ᠲᠦᠷᠪᠡ ᠳᠤ ᠡᠷᠳᠡᠨᠢ ᠰᠢᠰᠢ ᠲᠠᠷᠢᠬᠤ ᠬᠤᠪᠢ ᠶᠢᠨ ᠵᠢᠩ ᠬᠡᠲᠦᠷᠬᠡᠶ ᠶᠡᠭᠡ᠂ ᠠᠮᠤ ᠪᠤᠳᠠᠭᠠᠨ ᠤ ᠪᠦᠲᠦᠴᠡ   ᠨᠢ ᠳᠠᠩ ᠴᠤᠯᠭᠤᠶ᠂ ᠬᠡᠳᠦ᠋ᠢᠪᠡᠷ ᠡᠷᠳᠡᠨᠢ ᠰᠢᠰᠢ ᠶᠢ ᠵᠢᠯ ᠳᠠᠷᠠᠭᠠᠯᠠᠨ ᠲᠠᠷᠢᠬᠤ ᠳᠤ ᠳᠠᠭᠠᠭᠠᠮᠠᠭᠠᠶ ᠪᠣᠯᠪᠠᠴᠤ  ᠡᠭᠡᠯᠵᠢᠯᠡᠨ ᠰᠡᠯᠭᠦᠵᠦ ᠲᠡᠷᠢᠬᠤ ᠣᠷᠣᠨ ᠵᠠᠶ ᠬᠢᠵᠠᠭᠠᠷᠲᠠᠶ ᠪᠠᠶᠢᠵᠤ᠂ ᠬᠥᠷᠥᠰᠥ ᠬᠡᠰᠡᠭᠷᠡᠵᠦ ᠬᠠᠲᠠᠭᠤᠷᠠᠨ᠂  ᠡᠪᠡᠳᠴᠢᠨ ᠬᠤᠷᠣᠬᠠᠶ ᠶᠢᠨ ᠬᠥᠨᠥᠭᠡᠯ ᠵᠡᠷᠭᠡ ᠠᠰᠠᠭᠤᠳᠠᠯ ᠨᠡᠯᠢᠶᠡᠳ ᠬᠦᠨᠳᠦᠷᠡᠵᠦ ᠪᠠᠶᠢᠨ᠎ᠠ᠃            ᠲᠠᠪᠤ ᠳᠤ ᠡᠨᠡ ᠵᠢᠯ ᠤᠯᠤᠰ ᠠᠴᠠ ᠡᠷᠳᠡᠨᠢ ᠰᠢᠰᠢ ᠶᠢ ᠲᠦᠷ ᠴᠠᠭ ᠬᠤᠷᠢᠶᠠᠨ ᠨᠥᠭᠡᠴᠡᠯᠡᠬᠦ ᠲᠦᠷᠦ ᠶᠢᠨ  ᠪᠤᠳᠤᠯᠭ᠎ᠠ ᠳᠤ ᠥᠭᠡᠷᠡᠴᠢᠯᠡᠯᠲᠡ ᠬᠢᠵᠦ᠂ ᠵᠡᠭᠦᠨ ᠬᠤᠶᠢᠲᠤ ᠶᠢᠨ ᠲᠦᠷᠪᠡᠨ ᠮᠤᠵᠢ ᠶᠢᠨ ᠡᠷᠳᠡᠨᠢ ᠰᠢᠰᠢ ᠶᠢ ᠲᠦᠷ  ᠴᠠᠭ ᠬᠤᠷᠢᠶᠠᠨ ᠨᠥᠭᠡᠴᠡᠯᠡᠬᠦ ᠶᠢ ᠬᠦᠴᠦᠨ ᠦᠭᠡᠢ ᠪᠣᠯᠭᠠᠨ᠎ᠠ᠂᠂ ︽ᠵᠠᠬ᠎ᠠ ᠳᠡᠯᠭᠡᠭᠦᠷ ᠢᠶᠠᠷ ᠦᠨ᠎ᠡ ᠲᠣᠭᠲᠠᠭᠠᠬᠤ᠂  ᠦᠨ᠎ᠡ ᠬᠢᠭᠡᠳ ᠨᠥᠬᠦᠪᠥᠷᠢ ᠶᠢ ᠰᠠᠯᠭᠠᠬᠤ︾ ᠠᠷᠭ᠎ᠠ ᠬᠡᠮᠵᠢᠶ᠎ᠡ ᠠᠪᠤᠭᠰᠠᠳ ᠠᠴᠠ ᠮᠠᠨ ᠤ ᠤᠷᠤᠨ ᠤ ᠡᠷᠳᠡᠨᠢ  ᠰᠢᠰᠢ ᠶᠢᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠳᠤ ᠭᠡᠳᠡᠷᠭᠦ ᠰᠢᠬᠠᠬᠤ ᠪᠠᠶᠢᠳᠠᠯ ᠢᠯᠡᠷᠡᠭᠰᠡᠨ  ᠪᠠᠶᠢᠨ᠎ᠠ᠃            ᠬᠥᠲᠥᠯᠥᠭᠴᠢ᠄            ᠮᠠᠨ ᠤ ᠣᠷᠣᠨ ᠤ ᠡᠷᠳᠡᠨᠢ ᠰᠢᠰᠢ ᠲᠠᠷᠢᠬᠤ ᠪᠦᠲᠦᠴᠡ ᠶᠢ ᠬᠡᠷᠬᠢᠨ ᠲᠣᠬᠢᠷᠠᠭᠤᠯᠬᠤ ᠪᠤᠢ︖            ᠵᠢᠶᠠ ᠶᠦᠸᠧ ᠹᠧᠩ᠄            ᠶᠡᠷᠦᠩᠬᠡᠶ ᠰᠡᠳᠬᠢᠴᠡ ᠪᠣᠯ᠄ ︽ᠳᠡᠭᠡᠭᠰᠢᠯᠡᠭᠦᠯᠬᠦ᠂ ᠬᠠᠰᠤᠬᠤ᠂ ᠰᠢᠯᠵᠢᠭᠦᠯᠬᠦ︾ ᠭᠤᠷᠪᠠᠨ ᠵᠦᠢᠯ ᠤᠨ  ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ ᠡᠷᠳᠡᠨᠢ ᠰᠢᠰᠢ ᠳᠠᠷᠢᠬᠤ ᠪᠦᠲᠦᠴᠡ ᠶᠢ ᠲᠣᠬᠢᠷᠠᠭᠤᠯᠤᠨ  ᠰᠢᠯᠢᠳᠡᠭᠵᠢᠭᠦᠯᠦᠨ᠎ᠡ᠃ ᠨᠢᠭᠡ ᠳᠤ ︽ᠳᠡᠭᠡᠭᠰᠢᠯᠡᠭᠦᠯᠬᠦ︾᠃ ᠲᠠᠷᠢᠶᠠᠨ ᠭᠠᠵᠠᠷ ᠤᠨ ᠬᠠᠮᠠᠭᠠᠯᠠᠯᠲᠠ ᠪᠠ ᠲᠠᠷᠢᠶᠠᠨ  ᠭᠠᠵᠠᠷ ᠤᠨ ᠶᠠᠰᠤ ᠴᠢᠨᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠷᠳᠡᠨᠢ ᠰᠢᠰᠢ ᠶᠢᠨ ᠳᠠᠪᠠᠭᠤᠯᠢᠭ  ᠣᠷᠣᠨ ᠤ ᠦᠢᠯᠡᠳᠪᠦᠷᠢᠯᠡᠬᠦ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠠᠵᠤ ᠦᠢᠯᠡᠰ ᠤᠨ ᠥᠷᠢᠰᠥᠯᠳᠦᠬᠦ  ᠬᠦᠴᠦᠨ ᠢ ᠨᠡᠮᠡᠭᠳᠡᠭᠦᠯᠵᠦ᠂ 2020 ᠣᠨ ᠪᠣᠯᠬᠤ ᠳᠤ ᠪᠥᠬᠦ ᠣᠷᠣᠨ ᠤ ᠡᠷᠳᠡᠨᠢ ᠰᠢᠰᠢ ᠳᠠᠪᠠᠭᠤᠯᠢᠭ ᠣᠷᠣᠨ  ᠪᠦᠰᠡ ᠶᠢᠨ ᠲᠥᠪᠯᠡᠷᠡᠯ ᠢ 90% ᠠᠴᠠ ᠳᠡᠭᠡᠭᠰᠢ ᠳᠤ ᠬᠦᠷᠦᠭᠦᠯᠦᠨ᠎ᠡ᠃ ᠬᠤᠶᠠᠷ ᠲᠤ ︽ᠬᠠᠰᠤᠬᠤ︾᠃ ᠥᠨᠳᠥᠷ  ᠥᠷᠭᠡᠷᠢᠭ᠂ ᠳᠠᠯᠠᠶ ᠶᠢᠨ ᠲᠦᠪᠰᠢᠨ ᠠᠴᠠ ᠥᠨᠳᠥᠷ ᠭᠠᠵᠠᠷ ᠣᠷᠣᠨ ᠪᠠ ᠬᠦᠨᠳᠦ ᠨᠣᠴᠢᠲᠠᠶ ᠭᠠᠩ ᠬᠠᠭᠤᠷᠠᠶ ᠭᠠᠵᠠᠷ  ᠣᠷᠣᠨ ᠳᠤ ᠡᠷᠳᠡᠨᠢ ᠰᠢᠰᠢ ᠲᠠᠷᠢᠬᠤ ᠶᠢ ᠲᠣᠬᠢᠷᠠᠭᠤᠯᠤᠨ ᠬᠠᠰᠤᠵᠤ᠂ ᠤᠨᠠᠯᠲᠠ ᠳᠣᠣᠷ᠎ᠠ᠂ ᠤᠰᠤᠨ ᠤ ᠬᠡᠮᠵᠢᠶ᠎ᠡ  ᠥᠨᠳᠥᠷ᠂ ᠴᠢᠨᠠᠷ ᠮᠠᠭᠤᠲᠠᠶ ᠡᠷᠳᠡᠨᠢ ᠰᠢᠰᠢ ᠶᠢᠨ ᠲᠦᠷᠦᠯ ᠢ ᠪᠠᠭᠠᠰᠬᠠᠵᠤ᠂ 2020 ᠣᠨ ᠪᠣᠯᠬᠤ ᠳᠤ ᠮᠦᠬᠦᠯᠢᠭᠲᠦ  ᠦᠷ᠎ᠡ ᠡᠷᠳᠡᠨᠢ ᠰᠢᠰᠢ ᠶᠢ 500 ᠲᠦᠮᠡᠨ ᠮᠥ ᠬᠠᠰᠤᠬᠤ ᠪᠠᠷ ᠴᠢᠷᠮᠠᠶᠢᠨ᠎ᠠ᠃ ᠭᠤᠷᠪᠠ ᠳᠤ ︽ᠰᠢᠯᠵᠢᠭᠦᠯᠬᠦ︾᠃ ︽ ᠲᠡᠵᠢᠭᠡᠬᠦ ᠶᠢᠨ ᠲᠥᠯᠥᠭᠡ ᠲᠠᠷᠢᠬᠤ᠂ ᠲᠠᠷᠢᠬᠤ ᠪᠠᠷ ᠲᠡᠵᠢᠭᠡᠬᠦ ᠶᠢ ᠠᠬᠢᠭᠤᠯᠬᠤ᠂ ᠲᠡᠵᠢᠭᠡᠬᠦ ᠪᠠᠷ ᠤᠷᠤᠯᠭ᠎ᠠ ᠶᠢ  ᠨᠡᠮᠡᠭᠳᠡᠭᠦᠯᠬᠦ︾ ᠳᠤ ᠰᠠᠭᠤᠷᠢᠯᠠᠨ᠂ ᠲᠠᠷᠢᠶᠠᠯᠠᠬᠤ ᠣᠷᠣᠨ ᠤ ᠮᠠᠯ ᠠᠵᠤ ᠠᠬᠤᠶ ᠶᠢᠨ ᠲᠥᠪᠯᠡᠷᠡᠯ ᠤᠨ ᠤᠷᠤᠨ᠂  ᠲᠠᠷᠢᠶᠠᠯᠠᠩ ᠮᠠᠯ ᠠᠵᠤ ᠠᠬᠤᠶ ᠰᠣᠯᠪᠢᠴᠠᠭᠰᠠᠨ ᠪᠦᠰᠡ ᠳᠤ ᠮᠦᠬᠦᠯᠢᠭᠲᠦ ᠡᠷᠳᠡᠨᠢ ᠰᠢᠰᠢ ᠲᠠᠷᠢᠬᠤ ᠡᠪᠡᠰᠦ ᠲᠡᠷᠢᠶ᠎ᠠ  ᠡᠭᠡᠯᠵᠢᠯᠡᠨ ᠲᠡᠷᠢᠬᠤ᠂ ᠠᠮᠤ ᠪᠤᠳᠠᠭ᠎ᠠ ᠶᠢ ᠲᠠᠷᠢᠬᠤ ᠲᠡᠵᠢᠭᠡᠯ ᠪᠤᠷᠳᠤᠭ᠎ᠠ ᠲᠠᠷᠢᠬᠤ ᠪᠠᠷ ᠦᠭᠡᠷᠡᠴᠢᠯᠡᠬᠦ ᠪᠠ ᠡᠷᠳᠡᠨᠢ  ᠰᠢᠰᠢ ᠶᠢ ᠪᠦᠬᠦᠯᠢ ᠪᠠᠷ ᠨᠢ ᠨᠣᠭᠤᠭᠠᠨ ᠪᠣᠷᠳᠤᠭ᠎ᠠ ᠳᠠᠷᠤᠰᠢᠭᠤᠯᠬᠤ ᠵᠦᠭ ᠬᠤᠪᠢᠷᠠᠭᠤᠯᠬᠤ ᠶᠢ ᠬᠥᠲᠥᠯᠥᠨ  ᠵᠢᠯᠣᠭᠤᠳᠴᠤ᠂ 2020 ᠣᠨ ᠪᠣᠯᠬᠤ ᠳᠤ ᠮᠦᠬᠦᠯᠢᠭᠲᠦ ᠡᠷᠳᠡᠨᠢ ᠰᠢᠰᠢ ᠶᠢ ᠨᠣᠭᠤᠭᠠᠨ ᠪᠣᠷᠳᠤᠭ᠎ᠠ ᠳᠠᠷᠤᠰᠢᠭᠤᠯᠬᠤ  ᠡᠷᠳᠡᠨᠢ ᠰᠢᠰᠢ ᠪᠤᠯᠭᠠᠨ ᠲᠠᠷᠢᠬᠤ ᠲᠠᠯᠠᠪᠠᠢ ᠶᠢ 500 ᠲᠦᠮᠡᠨ ᠮᠥ ᠳᠤ ᠬᠦᠷᠦᠭᠦᠯᠬᠦ ᠪᠠᠷ ᠴᠢᠷᠮᠠᠶᠢᠨ᠎ᠠ᠃            ᠵᠢᠶᠠ ᠶᠦᠸᠧ ᠹᠧᠩ᠄            ᠭᠤᠣᠯ ᠵᠠᠷᠴᠢᠮ ᠪᠣᠯ᠄ — — ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠶᠢ ᠪᠠᠷᠢᠮᠲᠠᠯᠠᠵᠤ᠂  ᠬᠠᠮᠠᠭᠠᠯᠠᠯᠲᠠ ᠲᠠᠢ ᠮᠦᠷᠲᠡᠭᠡᠨ ᠬᠠᠰᠤᠯᠲᠠ ᠲᠠᠢ ᠪᠠᠶᠢᠯᠭᠠᠨ᠎ᠠ᠃ ᠳᠠᠪᠠᠭᠤᠯᠢᠭ ᠣᠷᠣᠨ ᠪᠦᠰᠡ ᠶᠢᠨ ᠡᠷᠳᠡᠨᠢ  ᠰᠢᠰᠢ ᠶᠢᠨ ᠦᠢᠯᠡᠳᠪᠦᠷᠢᠯᠡᠯ ᠢ ᠲᠥᠪᠯᠡᠷᠡᠭᠦᠯᠦᠨ ᠬᠥᠭᠵᠢᠭᠦᠯᠵᠦ᠂ ᠳᠠᠪᠠᠭᠤᠯᠢᠭ ᠣᠷᠣᠨ ᠪᠦᠰᠡ ᠶᠢᠨ ᠲᠥᠪᠯᠡᠷᠡᠯ ᠢ  ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠷᠳᠡᠨᠢ ᠰᠢᠰᠢ ᠶᠢᠨ ᠦᠢᠯᠡᠳᠪᠦᠷᠢᠯᠡᠯ ᠤᠨ ᠴᠢᠳᠠᠪᠤᠷᠢ ᠪᠠ ᠵᠠᠬ᠎ᠠ  ᠳᠡᠯᠭᠡᠭᠦᠷ ᠤᠨ ᠥᠷᠢᠰᠥᠯᠳᠦᠬᠦ ᠬᠦᠴᠦᠨ ᠢ ᠲᠤᠭᠲᠠᠭᠤᠨ ᠢᠶᠠᠷ ᠳᠡᠭᠡᠭᠰᠢᠯᠡᠭᠦᠯᠦᠨ᠎ᠡ᠃ ᠳᠠᠪᠠᠭᠤᠯᠢᠭ ᠪᠤᠰᠤ ᠣᠷᠣᠨ ᠤ  ᠲᠠᠯᠠᠪᠠᠢ ᠶᠢ ᠵᠣᠬᠢᠰᠲᠠᠶ ᠪᠠᠷ ᠲᠣᠬᠢᠷᠠᠭᠤᠯᠤᠭᠠᠳ ᠬᠠᠰᠤᠵᠤ᠂ ᠦᠷ᠎ᠡ ᠠᠰᠢᠭ ᠥᠨᠳᠥᠷ ᠲᠠᠷᠢᠮᠠᠯ ᠪᠤᠶᠤ ᠠᠵᠤ  ᠦᠢᠯᠡᠰ ᠢ ᠢᠳᠡᠪᠬᠢᠲᠡᠶ ᠬᠥᠭᠵᠢᠭᠦᠯᠵᠦ᠂ ᠡᠷᠳᠡᠨᠢ ᠰᠢᠰᠢ ᠶᠢᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠶᠢ  ᠣᠷᠣᠨ ᠪᠦᠰᠡ ᠶᠢᠨ ᠣᠨᠴᠠᠯᠢᠭ ᠪᠦᠬᠦᠢ ᠲᠠᠷᠢᠶᠠᠯᠠᠩ ᠤᠨ ᠪᠦᠲᠦᠭᠡᠭᠲᠡᠬᠦᠨ ᠢ ᠪᠤᠶᠢᠵᠢᠭᠤᠯᠬᠤ ᠲᠠᠢ ᠨᠢᠭᠲᠠ  ᠤᠶᠠᠯᠳᠤᠭᠤᠯᠵᠤ᠂ ᠠᠵᠤ ᠦᠢᠯᠡᠰ ᠤᠨ ᠠᠳᠠᠯᠢ ᠪᠦᠲᠦᠴᠡ᠂ ᠢᠵᠢᠯ ᠴᠢᠨᠠᠷ ᠤᠨ ᠥᠷᠢᠰᠥᠯᠳᠦᠭᠡᠨ ᠠᠴᠠ  ᠵᠠᠶᠢᠯᠠᠰᠬᠢᠵᠦ᠂ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ᠂ ᠤᠢᠢᠯᠡᠳᠭᠡᠬᠦᠨ ᠤ  ᠳᠠᠪᠠᠭᠤᠯᠢᠭ ᠪᠤᠯᠤᠨ ᠦᠷᠢᠰᠦᠯᠳᠦᠭᠡᠨ ᠤ ᠳᠠᠪᠠᠭᠤᠯᠢᠭ ᠪᠤᠯᠭᠠᠨ ᠤᠯᠠᠷᠢᠭᠤᠯᠤᠨ᠎ᠠ᠃                — — ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠠᠷᠢᠶᠠᠴᠢᠳ ᠤᠨ ᠬᠦᠰᠡᠯ  ᠰᠠᠨᠠᠭ᠎ᠠ ᠶᠢ ᠭᠦᠢᠴᠡᠳᠬᠡᠨ᠎ᠡ᠃ ᠵᠠᠬ᠎ᠠ ᠳᠡᠯᠭᠡᠭᠦᠷ ᠢᠶᠠᠷ ᠡᠬᠢ ᠪᠠᠶᠠᠯᠢᠭ ᠢ ᠲᠣᠬᠢᠷᠠᠭᠤᠯᠬᠤ ᠰᠢᠢᠳᠪᠦᠷᠢᠯᠡᠭᠴᠢ ᠴᠢᠨᠠᠷᠲᠠᠶ  ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ᠂ ᠵᠠᠬ᠎ᠠ ᠳᠡᠯᠭᠡᠭᠦᠷ ᠤᠨ  ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠲᠠᠷᠢᠶᠠᠴᠢᠳ ᠤᠨ ᠬᠦᠰᠡᠯ ᠰᠠᠨᠠᠭ᠎ᠠ ᠪᠠ ᠡᠵᠡᠩᠨᠡᠯᠲᠡ ᠶᠢᠨ  ᠡᠵᠡᠨ ᠮᠡᠳᠡᠬᠦ ᠡᠷᠬᠡ ᠶᠢ ᠬᠦᠨᠳᠦᠳᠬᠡᠵᠦ᠂ ᠵᠣᠬᠢᠬᠤ ᠬᠡᠪᠴᠢᠶᠡᠲᠦ ᠡᠵᠡᠩᠨᠡᠯᠲᠡ ᠶᠢ ᠬᠦᠭᠵᠢᠭᠦᠯᠬᠦ ᠶᠢ ᠵᠤᠷᠢᠭᠵᠢᠭᠤᠯᠵᠤ᠂  ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠤᠭᠴᠠ ᠶᠢ ᠪᠤᠶᠢᠵᠢᠭᠤᠯᠤᠨ᠎ᠠ᠃ ᠮᠡᠷᠭᠡᠵᠢᠯ ᠤᠨ ᠦᠢᠯᠡᠴᠢᠯᠡᠭᠡ ᠪᠠ  ᠵᠢᠱᠢᠶ᠎ᠡ ᠦᠵᠡᠭᠦᠯᠦᠯᠲᠡ ᠪᠠᠷ ᠳᠠᠶᠢᠴᠢᠯᠠᠬᠤ ᠶᠢ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠬᠦ᠂  ᠮᠡᠳᠡᠭᠡ ᠵᠠᠩᠭᠢ ᠪᠠᠷ ᠬᠥᠲᠥᠯᠥᠨ ᠵᠢᠯᠣᠭᠤᠳᠬᠤ᠂ ᠲᠦᠷᠦ ᠶᠢᠨ ᠪᠣᠳᠤᠯᠭ᠎ᠠ ᠪᠠᠷ ᠳᠡᠮᠵᠢᠬᠦ ᠪᠠᠷ ᠳᠠᠮᠵᠢᠭᠤᠯᠤᠨ᠂ ᠡᠯ᠎ᠡ  ᠲᠦᠷᠦᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠡᠶᠡᠴᠢ ᠴᠣᠭᠴᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ᠂  ᠲᠠᠷᠢᠶᠠᠯᠠᠩ ᠤᠨ ᠦᠢᠯᠡᠳᠪᠦᠷᠢᠯᠡᠯ ᠪᠠ ᠡᠭᠦᠯᠳᠡᠷ ᠤᠨ ᠪᠦᠲᠦᠴᠡ ᠶᠢ ᠵᠦᠢ ᠵᠣᠬᠢᠰᠲᠠᠶ ᠲᠤᠬᠢᠷᠠᠭᠤᠯᠤᠨ᠎ᠠ᠃ ᠠᠯᠪᠠᠳᠠᠨ  ᠵᠠᠷᠯᠢᠭᠳᠠᠬᠤ ᠦᠭᠡᠢ᠂ ᠨᠢᠭᠡ ᠯᠡ ᠠᠳᠠᠯᠢ ᠪᠣᠯᠭᠠᠬᠤ ᠦᠭᠡᠢ᠃            — — ᠣᠯᠠᠨ ᠠᠵᠤ ᠦᠢᠯᠡᠰ ᠢ ᠵᠡᠷᠭᠡᠪᠡᠷ ᠬᠥᠭᠵᠢᠭᠦᠯᠬᠦ ᠶᠢ ᠪᠠᠷᠢᠮᠲᠠᠯᠠᠵᠤ᠂ ᠠᠵᠤ ᠦᠢᠯᠡᠰ ᠤᠨ  ᠠᠪᠴᠢᠯᠳᠤᠯ ᠢ ᠲᠦᠯᠬᠢᠨ ᠠᠬᠢᠭᠤᠯᠤᠨ᠎ᠠ᠃ ᠠᠮᠤ ᠪᠤᠳᠠᠭ᠎ᠠ ᠠᠵᠤ ᠠᠬᠤᠢ ᠪᠤᠷᠳᠤᠭ᠎ᠠ ᠶᠢ ᠨᠢᠭᠡᠳᠦᠯᠲᠡᠶ ᠲᠦᠯᠦᠪᠯᠡᠬᠦ᠂  ᠲᠠᠷᠢᠶᠠᠯᠠᠩ ᠮᠠᠯ ᠠᠵᠤ ᠠᠬᠤᠶ ᠶᠢ ᠤᠶᠠᠯᠳᠤᠭᠤᠯᠬᠤ᠂ ᠲᠠᠷᠢᠬᠤ ᠲᠡᠵᠢᠭᠡᠬᠦ ᠶᠢ ᠨᠢᠭᠡ ᠴᠤᠭᠴᠠᠵᠢᠭᠤᠯᠬᠤ᠂ ᠠᠵᠤ  ᠦᠢᠯᠡᠰ ᠢ ᠠᠪᠴᠢᠯᠳᠤᠭᠤᠯᠬᠤ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮᠵᠢ ᠶᠢᠨ  ᠱᠠᠭᠠᠷᠳᠠᠯᠭ᠎ᠠ ᠶᠢ ᠦᠨᠳᠦᠰᠦᠯᠡᠨ᠂ ᠪᠦᠬᠦ ᠠᠵᠤ ᠦᠢᠯᠡᠰ ᠤᠨ ᠬᠡᠯᠬᠢᠶ᠎ᠡ ᠶᠢ ᠡᠭᠦᠳᠴᠦ᠂ ᠠᠵᠤ ᠦᠢᠯᠡᠰ ᠤᠨ  ᠬᠡᠯᠬᠢᠶ᠎ᠡ ᠶᠢ ᠰᠤᠨᠤᠭᠠᠵᠤ᠂ ᠳᠠᠭᠠᠯᠲᠠ ᠦᠷᠲᠡᠭ ᠢ ᠨᠡᠮᠡᠭᠳᠡᠭᠦᠯᠦᠨ᠎ᠡ᠃ ᠢᠯᠠᠩᠭᠤᠶ᠎ᠠ ︽ᠠᠮᠦ ᠪᠤᠳᠠᠭ᠎ᠠ ᠶᠢ  ᠪᠤᠷᠳᠤᠭ᠎ᠠ ᠪᠠᠷ ᠦᠭᠡᠷᠡᠴᠢᠯᠡᠬᠦ︾ ᠪᠠ ︽ᠬᠤᠨᠢ ᠢ ᠲᠤᠭᠲᠠᠪᠤᠷᠢᠵᠢᠭᠤᠯᠵᠤ ᠦᠬᠡᠷ ᠢ ᠨᠡᠮᠡᠭᠳᠡᠭᠦᠯᠵᠦ ᠭᠠᠭ᠋ᠠᠶ  ᠵᠢᠭᠦᠷᠲᠡᠨ ᠢ ᠦᠷᠭᠡᠳᠬᠡᠬᠦ︾ ᠬᠥᠭᠵᠢᠯᠲᠡ ᠶᠢᠨ ᠰᠡᠳᠬᠢᠴᠡ ᠶᠢ ᠬᠠᠷᠢᠯᠴᠠᠨ ᠠᠭᠤᠰᠤᠯᠴᠠᠭᠤᠯᠵᠤ᠂ ᠲᠠᠷᠢᠶᠠᠯᠠᠩ ᠮᠠᠯ  ᠠᠵᠤ ᠠᠬᠤᠶ ᠶᠢᠨ ᠵᠣᠬᠢᠴᠠᠩᠭᠤᠶ ᠬᠥᠭᠵᠢᠯᠲᠡ ᠶᠢ ᠪᠡᠶᠡᠯᠡᠭᠦᠯᠦᠨ᠎ᠡ᠃            — — ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠶᠠᠰᠤ ᠴᠢᠨᠠᠷ ᠢ  ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠲᠠᠷᠢᠶᠠᠯᠠᠩ ᠰᠢᠨᠵᠢᠯᠡᠬᠦ ᠤᠬᠠᠭᠠᠨ ᠰᠤᠷᠭᠠᠨ  ᠬᠥᠮᠦᠵᠢᠯ ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠬᠤᠯᠪᠤᠭᠠᠯᠠᠯ ᠢ ᠴᠢᠩᠭᠠᠳᠬᠠᠵᠤ᠂ ᠰᠢᠨ᠎ᠡ ᠶᠢ ᠡᠭᠦᠳᠬᠦ ᠪᠠᠷ  ᠬᠥᠳᠡᠯᠭᠡᠭᠦᠷ ᠪᠣᠯᠭᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ  ᠬᠦᠭᠵᠢᠭᠦᠯᠬᠦ ᠰᠡᠳᠬᠢᠴᠡ ᠶᠢ ᠢᠳᠡᠪᠬᠢᠲᠡᠶ ᠲᠣᠬᠢᠷᠠᠭᠤᠯᠵᠤ᠂ ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠬᠤ  ᠲᠠᠯ᠎ᠠ ᠪᠠᠷ ᠪᠣᠯᠪᠠᠰᠤᠷᠠᠬᠤ ᠬᠤᠭᠤᠴᠠᠭ᠎ᠠ ᠨᠢ ᠲᠤᠬᠢᠷᠠᠮᠵᠢᠲᠠᠢ᠂ ᠤᠰᠤ ᠦᠭᠡᠶᠢᠲᠡᠬᠦ ᠨᠢ ᠲᠦᠷᠭᠡᠨ᠂ ᠴᠢᠨᠠᠷ ᠰᠠᠶᠢᠲᠠᠶ᠂  ᠮᠠᠰᠢᠨ ᠢᠶᠠᠷ ᠬᠤᠷᠢᠶᠠᠬᠤ ᠠᠮᠠᠷᠬᠠᠨ ᠵᠦᠢᠯ ᠢ ᠰᠢᠨ᠎ᠡ ᠶᠢ ᠡᠭᠦᠳᠬᠦ ᠭᠦᠢᠴᠡᠳᠬᠡᠬᠦ ᠲᠤᠭ᠎ᠠ ᠶᠢᠨ ᠰᠢᠯᠢᠳᠡᠭᠵᠢᠭᠦᠯᠦᠯ ᠤᠨ  ᠳᠠᠷᠠᠭᠠᠯᠠᠯ ᠪᠤᠯᠭᠠᠨ᠎ᠠ᠃ ᠮᠡᠷᠭᠡᠵᠢᠯ ᠢ ᠳᠡᠯᠭᠡᠷᠡᠭᠦᠯᠬᠦ ᠲᠠᠯ᠎ᠠ ᠪᠠᠷ ᠪᠤᠬᠢᠷᠳᠤᠯ ᠦᠭᠡᠢ᠂ ᠥᠨᠳᠥᠷ ᠠᠰᠢᠭᠲᠠᠢ᠂ ᠬᠥᠡᠭᠭᠡᠨ  ᠪᠥᠭᠡᠳ ᠲᠥᠬᠦᠮ᠂ ᠬᠡᠪᠴᠢᠶᠡᠵᠢᠯ ᠢ ᠲᠡᠷᠢᠭᠦᠨ ᠴᠢᠬᠤᠯᠠ ᠪᠠᠶᠢᠷᠢᠨ ᠳᠤ ᠲᠠᠯᠪᠢᠨ᠎ᠠ ᠃ ᠦᠢᠯᠡᠳᠪᠦᠷᠢᠯᠡᠯ  ᠡᠵᠡᠩᠨᠡᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠵᠦ᠂ ᠠᠵᠤ ᠦᠢᠯᠡᠰ ᠤᠨ ᠬᠡᠯᠪᠡᠷᠢ ᠶᠢ  ᠬᠤᠪᠢᠷᠠᠭᠤᠯᠤᠨ ᠲᠡᠰ ᠳᠡᠪᠰᠢᠭᠦᠯᠬᠦ ᠶᠢ ᠬᠥᠲᠥᠯᠥᠨ ᠵᠢᠯᠤᠭᠤᠳᠤᠨ᠎ᠠ᠃            ᠬᠥᠲᠥᠯᠥᠭᠴᠢ᠄            ᠮᠠᠨ ᠤ ᠣᠷᠣᠨ ᠤ ᠡᠷᠳᠡᠨᠢ ᠰᠢᠰᠢ ᠳᠠᠷᠢᠬᠤ ᠪᠦᠲᠦᠴᠡ ᠶᠢᠨ ᠲᠣᠬᠢᠷᠠᠭᠤᠯᠤᠯᠲᠠ ᠶᠢ ᠲᠥᠯᠬᠢᠨ  ᠠᠬᠢᠭᠤᠯᠬᠤ ᠳᠤ ᠶᠠᠮᠠᠷ ᠶᠠᠮᠠᠷ ᠲᠥᠬᠦᠷᠵᠢᠭᠦᠯᠬᠦ ᠠᠷᠭ᠎ᠠ ᠬᠡᠮᠵᠢᠶ᠎ᠡ ᠪᠠᠶᠢᠬᠤ ᠪᠤᠢ︖            ᠵᠢᠶᠡ ᠶᠥᠸᠧ ᠹᠧᠩ᠄            ᠨᠢᠭᠡ ᠳᠤ᠂ ᠤᠬᠠᠭᠤᠯᠤᠨ ᠪᠣᠯᠪᠠᠰᠤᠷᠠᠭᠤᠯᠵᠤ᠂ ᠬᠥᠲᠥᠯᠥᠨ ᠵᠢᠯᠣᠭᠤᠳᠴᠤ ᠳᠠᠶᠢᠴᠢᠯᠠᠨ᠎ᠠ᠃ ᠷᠠᠳᠢᠣ᠋  ᠨᠡᠪᠲᠡᠷᠡᠭᠦᠯᠭᠡ᠂ ᠲᠧᠯᠸᠢᠰ᠂ ᠰᠣᠨᠢᠨ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠪᠣᠯᠣᠨ ᠬᠥᠳᠡᠭᠡ ᠠᠵᠤ  ᠠᠬᠤᠶ ᠶᠢᠨ ᠰᠠᠯᠠᠭ᠎ᠠ ᠮᠥᠴᠢᠷ ᠤᠳ ᠤᠨ ᠭᠠᠴᠠᠭ᠎ᠠ ᠲᠣᠰᠬᠤᠨ ᠠᠶᠢᠯ ᠡᠷᠦᠬᠡ ᠳᠤ ᠣᠷᠣᠵᠣ ᠰᠢᠨᠵᠢᠯᠡᠬᠦ ᠤᠬᠠᠭᠠᠨ  ᠮᠡᠷᠭᠡᠵᠢᠯ ᠤᠨ ᠪᠣᠯᠪᠠᠰᠤᠷᠠᠭᠤᠯᠤᠯ ᠬᠢᠬᠦ ᠪᠠᠷ ᠳᠠᠮᠵᠢᠭᠤᠯᠤᠨ᠂ ᠣᠳᠣᠬᠠᠨ ᠤ ᠮᠠᠨ ᠤ ᠤᠯᠤᠰ ᠤᠨ ᠡᠷᠳᠡᠨᠢ ᠰᠢᠰᠢ ᠶᠢᠨ  ᠦᠢᠯᠡᠳᠪᠦᠷᠢᠯᠡᠯ ᠤᠨ ᠪᠠᠶᠢᠳᠠᠯ ᠢ ᠲᠠᠷᠢᠶᠠᠴᠢᠳ ᠲᠤ ᠬᠡᠯᠡᠵᠦ ᠥᠭᠴᠦ᠂ ᠤᠯᠤᠰ ᠤᠨ ᠲᠦᠷ ᠴᠠᠭ ᠤᠨ ᠬᠤᠷᠢᠶᠠᠨ  ᠨᠥᠭᠡᠴᠡᠯᠡᠬᠦ ᠲᠦᠷᠦ ᠶᠢᠨ ᠪᠤᠳᠤᠯᠭ᠎ᠠ᠂ ᠨᠥᠬᠦᠪᠥᠷᠢ ᠶᠢᠨ ᠲᠥᠷᠥ ᠶᠢᠨ ᠪᠤᠳᠤᠯᠭ᠎ᠠ ᠶᠢᠨ ᠲᠣᠬᠢᠷᠠᠭᠤᠯᠤᠯᠲᠠ ᠶᠢ  ᠲᠠᠷᠢᠶᠠᠴᠢᠳ ᠲᠤ ᠴᠠᠭ ᠲᠤᠬᠠᠶ ᠳᠤᠨᠢ ᠤᠯᠠᠮᠵᠢᠯᠠᠵᠤ᠂ ᠪᠦᠲᠦᠴᠡ ᠶᠢᠨ ᠳᠤᠬᠢᠷᠠᠭᠤᠯᠤᠯᠲᠠ ᠳᠤ ᠬᠡᠷᠡᠭᠰᠡᠬᠦ ᠮᠡᠷᠭᠡᠵᠢᠯ ᠢ  ᠲᠠᠷᠢᠶᠠᠴᠢᠳ ᠲᠤ ᠰᠠᠶᠢᠲᠤᠷ ᠪᠡᠯᠡᠳᠬᠡᠨ ᠥᠭᠴᠦ᠂ ᠮᠡᠳᠡᠭᠡ ᠵᠠᠩᠭᠢ ᠶᠢ ᠰᠠᠭᠠᠳ ᠦᠭᠡᠢ ᠨᠡᠪᠲᠡᠷᠡᠭᠦᠯᠬᠦ᠂ ᠲᠥᠷᠥ ᠶᠢᠨ  ᠪᠤᠳᠤᠯᠭ᠎ᠠ ᠶᠢ ᠤᠬᠠᠭᠤᠯᠬᠤ ᠪᠠᠷ ᠳᠠᠮᠵᠢᠭᠤᠯᠤᠨ᠂ ᠲᠠᠷᠢᠶᠠᠴᠢᠳ ᠤᠨ ᠵᠠᠬ᠎ᠠ ᠳᠡᠯᠭᠡᠭᠦᠷ ᠤᠨ ᠦᠵᠡᠯ ᠤᠬᠠᠮᠰᠠᠷ᠂  ᠲᠦᠭᠰᠢᠭᠦᠷᠢ ᠶᠢᠨ ᠦᠵᠡᠯ ᠤᠬᠠᠮᠰᠠᠷ᠂ ᠰᠠᠨᠠᠭᠠᠴᠢᠯᠠᠭ᠎ᠠ ᠲᠠᠢ ᠪᠠᠷ ᠠᠷᠭᠠᠴᠠᠬᠤ ᠦᠵᠡᠯ ᠤᠬᠠᠮᠰᠠᠷ ᠢ ᠨᠢ  ᠳᠡᠭᠡᠭᠰᠢᠯᠡᠭᠦᠯᠦᠨ᠂ ᠲᠠᠷᠢᠶᠠᠴᠢᠳ ᠤᠨ ᠢᠳᠡᠪᠬᠢᠵᠢᠯ ᠪᠣᠯᠣᠨ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠵᠤ᠂  ᠡᠵᠡᠨ ᠮᠡᠳᠡᠵᠦ ᠰᠠᠶᠢᠨ ᠳᠤᠷ᠎ᠠ ᠠᠴᠠ ᠪᠠᠨ ᠲᠣᠬᠢᠷᠠᠭᠤᠯᠬᠤ ᠪᠣᠯᠭᠠᠨ᠎ᠠ᠃            ᠬᠤᠶᠠᠷ ᠲᠤ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃  ᠡᠯ᠎ᠡ ᠱᠠᠲᠤᠨ ᠤ ᠲᠠᠷᠢᠶᠠᠯᠠᠩ ᠤᠨ ᠰᠠᠯᠠᠭ᠎ᠠ ᠮᠦᠴᠢᠷ ᠤᠳ ᠲᠤ ︽︿ᠬᠠᠳᠤᠭᠤᠷ ᠤᠨ ᠮᠤᠷᠤᠶ﹀ ᠭᠠᠵᠠᠷ ᠣᠷᠣᠨ ᠤ  ᠡᠷᠳᠡᠨᠢ ᠰᠢᠰᠢ ᠶᠢᠨ ᠪᠦᠲᠦᠴᠡ ᠶᠢ ᠲᠣᠬᠢᠷᠠᠭᠤᠯᠬᠤ ᠲᠤᠬᠠᠶ ᠬᠥᠳᠡᠭᠡ ᠠᠵᠤ ᠠᠬᠤᠶ ᠶᠢᠨ ᠶᠠᠮᠤᠨ ᠤ ᠵᠢᠯᠣᠭᠤᠳᠬᠤ  ᠰᠠᠨᠠᠯ︾ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠲᠤᠰ ᠭᠠᠵᠠᠷ ᠣᠷᠣᠨ ᠤ ᠪᠠᠨ  ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠥᠪᠥᠷ ᠮᠣᠩᠭᠤᠯ ᠤᠨ ᠡᠷᠳᠡᠨᠢ ᠰᠢᠰᠢ ᠲᠠᠷᠢᠬᠤ ᠪᠦᠲᠦᠴᠡ ᠶᠢᠨ  ᠲᠤᠬᠢᠷᠠᠭᠤᠯᠤᠯᠳᠠ ᠶᠢᠨ ᠬᠡᠷᠡᠭᠵᠢᠭᠦᠯᠬᠦ ᠰᠠᠨᠠᠯ︾ ᠳᠤ ᠳᠤᠷᠠᠳᠤᠭᠰᠠᠨ ᠪᠦᠬᠦᠯᠢ ᠴᠣᠭᠴᠠᠲᠤ ᠬᠠᠷᠠᠯᠲᠠ ᠪᠣᠯᠤᠨ ᠪᠣᠳᠠᠲᠠᠶ  ᠱᠠᠭᠠᠷᠳᠠᠯᠭ᠎ᠠ ᠶᠣᠰᠤᠭᠠᠷ᠂ ᠦᠨᠡᠨᠬᠦ ᠶᠠᠪᠤᠭᠳᠠᠭᠤᠰᠢᠲᠠᠶ ᠲᠤᠬᠢᠷᠠᠭᠤᠯᠤᠯᠳᠠ ᠶᠢᠨ ᠲᠥᠰᠦᠯ ᠲᠣᠭᠲᠠᠭᠠᠵᠤ᠂  ᠲᠣᠬᠢᠷᠠᠭᠤᠯᠬᠤ ᠴᠢᠭᠯᠡᠯ ᠪᠣᠯᠣᠨ ᠭᠤᠣᠯᠳᠠᠯᠭ᠎ᠠ ᠶᠢ ᠲᠣᠳᠣᠷᠬᠠᠶᠢᠯᠠᠵᠤ᠂ ᠰᠠᠯᠠᠭ᠎ᠠ ᠮᠥᠴᠢᠷ ᠤᠳ ᠤᠨ ᠬᠤᠭᠤᠷᠣᠨᠳᠣᠬᠢ  ᠵᠣᠬᠢᠴᠠᠭᠤᠯᠭ᠎ᠠ ᠶᠢ ᠴᠢᠩᠭᠠᠳᠬᠠᠵᠤ᠂ ᠬᠠᠮᠢᠶ᠎ᠡ ᠪᠦᠬᠦᠢ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂  ᠵᠢᠯᠣᠭᠤᠳᠤᠮᠵᠢ ᠶᠢᠨ ᠦᠢᠯᠡᠴᠢᠯᠡᠭᠡ ᠪᠠᠨ ᠰᠠᠶᠢᠲᠤᠷ ᠬᠢᠬᠦ ᠶᠢ ᠱᠠᠭᠠᠷᠳᠠᠨ᠎ᠠ᠃            ᠭᠤᠷᠪᠠ ᠳᠤ ᠳᠦᠷᠦ ᠶᠢᠨ ᠪᠤᠳᠤᠯᠭ᠎ᠠ ᠶᠢ ᠲᠥᠬᠦᠷᠵᠢᠭᠦᠯᠵᠦ᠂ ᠲᠥᠷᠥᠯ ᠵᠦᠢᠯ ᠢ ᠡᠮᠬᠢᠯᠡᠨ ᠨᠡᠶᠢᠯᠡᠭᠦᠯᠦᠨ᠎ᠡ᠃  ᠵᠠᠬ᠎ᠠ ᠳᠡᠯᠭᠡᠭᠦᠷ ᠤᠨ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠬᠠᠮᠲᠤ ᠤᠳᠤ ᠶᠢᠨ  ᠬᠡᠷᠡᠭᠵᠢᠭᠦᠯᠵᠦ ᠪᠠᠶᠢᠭ᠎ᠠ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ  ᠠᠰᠢᠭᠯᠠᠵᠤ᠂ ᠡᠷᠳᠡᠨᠢ ᠰᠢᠰᠢ ᠶᠢᠨ ᠪᠦᠲᠦᠴᠡ ᠶᠢᠨ ᠲᠣᠬᠢᠷᠠᠭᠤᠯᠤᠯᠲᠠ ᠬᠢᠬᠦ ᠶᠢ ᠲᠡᠳᠬᠦᠨ ᠳᠡᠮᠵᠢᠬᠦ ᠡᠷᠴᠢᠮ ᠢᠶᠠᠨ  ᠴᠢᠩᠭᠠᠷᠠᠭᠤᠯᠵᠤ᠂ ᠲᠠᠷᠢᠵᠦ ᠲᠡᠵᠢᠭᠡᠬᠦ ᠲᠤᠮᠤ ᠡᠷᠦᠭᠡ᠂ ᠲᠠᠷᠢᠶᠠᠴᠢᠳ ᠤᠨ ᠬᠤᠷᠰᠢᠶᠠᠵᠢᠯ᠂ ᠳᠠᠭᠠᠭᠤᠯᠤᠭᠴᠢ ᠠᠵᠤ  ᠠᠬᠤᠶᠢᠯᠠᠯ ᠢ ᠵᠣᠷᠢᠭᠵᠢᠭᠤᠯᠣᠨ ᠪᠦᠲᠦᠴᠡ ᠶᠢᠨ ᠲᠤᠬᠢᠷᠠᠭᠤᠯᠤᠯᠳᠡ ᠳᠤ ᠢᠳᠡᠪᠬᠢᠲᠡᠶ ᠣᠷᠣᠯᠴᠠᠭᠤᠯᠤᠨ᠎ᠠ᠃ ᠡᠯ᠎ᠡ  ᠬᠤᠯᠪᠣᠭᠳᠠᠯ ᠪᠥᠬᠦᠢ ᠰᠠᠯᠠᠭ᠎ᠠ ᠮᠥᠴᠢᠷ ᠤᠨ ᠨᠡᠪᠲᠡᠷᠡᠯᠴᠡᠭᠡ ᠵᠣᠬᠢᠳᠣᠯ ᠢ ᠴᠢᠩᠭᠠᠳᠬᠠᠵᠤ᠂ ᠡᠷᠳᠡᠨᠢ ᠰᠢᠰᠢ ᠪᠣᠯᠣᠨ  ᠰᠢᠷ᠎ᠠ ᠪᠤᠷᠴᠠᠭ ᠤᠨ ᠦᠨ᠎ᠡ ᠬᠠᠩᠰᠢ ᠶᠢᠨ ᠨᠥᠬᠦᠪᠥᠷᠢ ᠶᠢᠨ ᠲᠥᠷᠥ ᠶᠢᠨ ᠪᠤᠳᠤᠯᠭ᠎ᠠ ᠶᠢ ᠪᠦᠷᠢᠨᠰᠢᠭᠦᠯᠵᠦ᠂  ᠲᠠᠷᠢᠮᠠᠯ ᠤᠨ ᠠᠰᠢᠭ ᠣᠯᠵᠠᠪᠤᠷᠢ ᠶᠢ ᠲᠣᠭᠲᠠᠭᠤᠨ ᠪᠠᠶᠢᠯᠭᠠᠵᠤ᠂ ᠲᠠᠷᠢᠶᠠᠴᠢᠳ ᠤᠨ ᠦᠢᠯᠡᠳᠪᠦᠷᠢᠯᠡᠯ ᠤᠨ  ᠢᠳᠡᠪᠬᠢᠵᠢᠯ ᠢ ᠨᠢ ᠬᠠᠮᠠᠭᠠᠯᠠᠨ᠎ᠠ︔ ︽ᠵᠡᠭᠦᠨ ᠬᠤᠶᠢᠲᠤ ᠣᠷᠣᠨ ᠤ ᠡᠷᠳᠡᠨᠢ ᠰᠢᠰᠢ ᠲᠠᠷᠢᠬᠤ ᠲᠤᠮᠤ ᠡᠷᠤᠭᠡ ᠵᠡᠷᠭᠡ  ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠣᠭᠴᠠ ᠶᠢᠨ ᠲᠠᠷᠢᠮᠠᠯ ᠤᠨ ᠪᠦᠲᠦᠴᠡ ᠶᠢᠨ ᠲᠤᠬᠢᠷᠠᠭᠤᠯᠤᠯᠳᠠ ᠪᠠᠨ  ᠲᠦᠷᠭᠡᠨ ᠬᠥᠭᠵᠢᠭᠦᠯᠵᠦ ᠠᠬᠢᠭᠤᠯᠬᠤ ᠶᠢ ᠨᠢ ᠳᠡᠮᠵᠢᠬᠦ ᠨᠥᠬᠦᠪᠦᠷᠢ ᠪᠡᠯᠡ ᠮᠥᠩᠭᠦ ᠶᠢ ᠰᠠᠯᠭᠠᠨ ᠥᠭᠬᠦ ᠲᠤᠬᠠᠶ  ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ᠤᠨ ᠵᠣᠷᠢᠭ ᠰᠠᠨᠠᠭ᠎ᠠ ᠶᠢ ᠲᠦᠷᠭᠡᠨ ᠨᠠᠶᠢᠳᠠᠪᠤᠷᠢᠵᠢᠭᠤᠯᠵᠤ᠂ ᠨᠥᠬᠦᠪᠥᠷᠢ  ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠡᠷᠳᠡᠨᠢ ᠰᠢᠰᠢ ᠳᠠᠷᠢᠬᠤ ᠪᠦᠲᠦᠴᠡ ᠶᠢᠨ ᠲᠣᠬᠢᠷᠠᠭᠤᠯᠤᠯᠲᠠ ᠶᠢ ᠲᠦᠯᠬᠢᠨ  ᠠᠬᠢᠭᠤᠯᠤᠨ᠎ᠠ︔ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠵᠤ ᠣᠰᠣᠨ ᠤ ᠠᠰᠢᠭᠯᠠᠮᠵᠢ ᠶᠢ  ᠨᠡᠮᠡᠭᠳᠡᠭᠦᠯᠬᠦ ᠢᠨᠵᠧᠨᠧᠷᠢᠩ᠂ ᠵᠠᠭᠤᠨ ᠳ᠋ᠦᠩᠰᠢᠭᠤᠷ ᠵᠢᠩ ᠠᠮᠤ ᠪᠤᠳᠠᠭᠠᠨ ᠤ ᠬᠤᠷᠢᠶᠠᠯᠲᠠ ᠨᠡᠮᠡᠭᠳᠡᠭᠦᠯᠬᠦ  ᠢᠨᠵᠧᠨᠧᠷᠢᠩ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠰᠠᠭᠤᠷᠢ ᠴᠢᠨᠠᠷᠲᠠᠶ  ᠭᠤᠣᠯᠳᠠᠯᠭ᠎ᠠ ᠲᠠᠢ ᠲᠥᠷᠥᠯ ᠵᠦᠢᠯ ᠢ ᠢᠳᠡᠪᠬᠢᠲᠡᠶ ᠬᠠᠮᠵᠢᠯᠴᠠᠨ ᠨᠠᠶᠢᠳᠠᠪᠤᠷᠢᠵᠢᠭᠤᠯᠵᠤ᠂ ᠤᠰᠤ ᠠᠷᠪᠢᠯᠠᠬᠤ  ᠤᠰᠤᠯᠠᠯᠲᠠ᠂ ᠵᠣᠷ ᠨᠠᠶᠢᠷᠠᠭᠤᠯᠤᠨ ᠪᠤᠷᠳᠤᠭᠤᠷ ᠣᠷᠣᠭᠤᠯᠬᠤ᠂ ᠤᠷᠭᠠᠨᠢᠭ ᠪᠤᠷᠳᠤᠭᠤᠷ ᠣᠷᠣᠭᠤᠯᠬᠤ ᠶᠢ  ᠨᠡᠮᠡᠭᠳᠡᠭᠦᠯᠬᠦ᠂ ᠡᠰᠢ ᠰᠦᠷᠡᠯ ᠢ ᠪᠣᠷᠳᠤᠭᠤᠷ ᠪᠣᠯᠭᠠᠬᠤ᠂ ᠬᠤᠵᠢᠷᠯᠢᠬ ᠭᠠᠵᠠᠷ ᠢ ᠥᠭᠡᠷᠡᠴᠢᠯᠡᠬᠦ᠂ ᠵᠦᠢ ᠵᠣᠬᠢᠰᠲᠠᠶ  ᠡᠭᠡᠯᠵᠢᠯᠡᠨ ᠲᠠᠷᠢᠬᠤ ᠵᠡᠷᠭᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ᠂ ᠳᠠᠪᠠᠭᠤᠯᠢᠭ ᠣᠷᠣᠨ  ᠪᠦᠰᠡ ᠶᠢᠨ ᠦᠢᠯᠡᠳᠪᠦᠷᠢᠯᠡᠯ ᠤᠨ ᠴᠢᠳᠠᠪᠤᠷᠢ ᠪᠣᠯᠣᠨ ᠵᠠᠬ᠎ᠠ ᠳᠡᠯᠭᠡᠭᠦᠷ ᠤᠨ ᠥᠷᠢᠰᠥᠯᠳᠦᠬᠦ ᠴᠢᠳᠠᠯ ᠢ ᠦᠨᠡᠨ ᠬᠦ  ᠳᠡᠭᠡᠭᠰᠢᠯᠡᠭᠦᠯᠦᠨ᠎ᠡ᠃            ᠲᠦᠷᠪᠡ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠲᠦᠰᠢᠭ  ᠲᠤᠯᠭᠠᠭᠤᠷᠢ ᠣᠯᠭᠤᠨ᠎ᠠ᠃ ᠡᠷᠳᠡᠨᠢ ᠰᠢᠰᠢ ᠶᠢᠨ ᠪᠦᠲᠦᠴᠡ ᠶᠢᠨ ᠲᠤᠬᠢᠷᠠᠭᠤᠯᠤᠯᠳᠠ ᠶᠢᠨ ᠬᠡᠷᠡᠭᠴᠡᠭᠡ ᠶᠢ  ᠦᠨᠳᠦᠰᠦᠯᠡᠨ᠂ ᠰᠢᠨ᠎ᠡ ᠳᠠᠪᠠᠭᠤᠯᠢᠭ ᠢ ᠤᠯᠠᠮ ᠨᠢᠭᠡ ᠠᠯᠬᠤᠮ ᠠᠭᠤᠳᠠᠯᠵᠤ᠂ ᠰᠢᠨ᠎ᠡ ᠠᠵᠤ ᠦᠢᠯᠡᠰ ᠢ  ᠪᠣᠶᠢᠵᠢᠭᠤᠯᠤᠨ᠎ᠠ᠃ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠲᠤᠰᠬᠠᠶ ᠡᠭᠦᠯᠳᠡᠷ᠂ ᠲᠤᠰᠤ ᠶᠡᠬᠡᠲᠡᠶ ᠤᠭᠤᠷᠠᠭ  ᠡᠯᠪᠡᠭ ᠰᠢᠷ᠎ᠠ ᠪᠤᠷᠴᠠᠭ ᠤᠨ ᠡᠭᠦᠯᠳᠡᠷ᠂ ᠣᠷᠣᠯᠠᠭᠤᠯᠵᠤ ᠲᠠᠷᠢᠬᠤ ᠡᠯᠪᠡᠭ ᠬᠤᠷᠢᠶᠠᠯᠲᠠ ᠲᠠᠢ ᠴᠢᠨᠠᠷ ᠰᠠᠶᠢᠲᠠᠶ  ᠪᠦᠳᠦᠭᠦᠯᠢᠭ ᠠᠮᠤ ᠶᠢᠨ ᠡᠭᠦᠯᠳᠡᠷ ᠵᠢᠴᠢ ᠴᠢᠨᠠᠷ ᠰᠠᠶᠢᠲᠠᠶ ᠲᠡᠵᠢᠭᠡᠯ ᠡᠪᠡᠰᠦ ᠶᠢᠨ ᠰᠢᠨ᠎ᠡ ᠡᠭᠦᠯᠳᠡᠷ ᠢ ᠲᠦᠷᠭᠡᠨ  ᠰᠣᠩᠭᠤᠨ ᠪᠣᠶᠢᠵᠢᠭᠤᠯᠤᠨ᠎ᠠ︔ ᠪᠣᠬᠢᠷᠲᠤᠯ ᠦᠭᠡᠶ ᠪᠠᠷ ᠤᠨᠠᠯᠲᠠ ᠶᠢ ᠨᠡᠮᠡᠭᠳᠡᠭᠦᠯᠬᠦ ᠦᠷ᠎ᠡ ᠠᠰᠢᠭ ᠢ ᠨᠡᠮᠡᠭᠳᠡᠭᠦᠯᠬᠦ  ᠮᠡᠷᠭᠡᠵᠢᠯ ᠤᠨ ᠬᠤᠷᠠᠮᠠᠯ ᠤᠨ ᠡᠭᠦᠳᠦᠯᠲᠡ ᠶᠢ ᠶᠡᠬᠡᠪᠡᠷ ᠲᠦᠯᠬᠢᠨ ᠠᠬᠢᠭᠤᠯᠵᠤ᠂ ᠲᠠᠷᠢᠬᠤ ᠲᠦᠷᠢᠮ᠂ ᠲᠠᠷᠢᠬᠤ ᠠᠷᠭ᠎ᠠ  ᠮᠠᠶ᠋ᠢᠭ ᠢ ᠰᠠᠶᠢᠵᠢᠷᠠᠭᠤᠯᠤᠨ ᠪᠦᠷᠢᠨᠰᠢᠭᠦᠯᠵᠦ᠂ ᠦᠢᠯᠡᠳᠬᠦᠨ ᠤ ᠵᠡᠷᠭᠡ ᠳᠡᠰ ᠢ ᠳᠡᠭᠡᠭᠰᠢᠯᠡᠭᠦᠯᠵᠦ᠂ ᠬᠡᠯᠪᠡᠷᠢ ᠶᠢ ᠨᠢ  ᠬᠤᠪᠢᠷᠠᠭᠤᠯᠤᠨ ᠲᠡᠰ ᠳᠡᠪᠰᠢᠭᠦᠯᠬᠦ ᠶᠢ ᠪᠡᠶᠡᠯᠡᠭᠦᠯᠦᠨ᠎ᠡ︔ ᠲᠠᠷᠢᠶᠠᠯᠠᠩ ᠤᠨ ᠮᠠᠰᠢᠨ ᠮᠧᠬᠠᠨᠢᠭ ᠤᠨ  ᠦᠢᠯᠡᠳᠪᠦᠷᠢᠯᠡᠯ ᠤᠨ ᠠᠵᠤ ᠠᠬᠤᠶᠢᠯᠠᠯ ᠲᠠᠢ ᠬᠠᠮᠲᠤᠷᠠᠨ ᠰᠢᠪᠲᠤᠯᠤᠯᠲᠠ ᠬᠢᠬᠦ ᠶᠢ ᠴᠢᠩᠭᠠᠳᠬᠠᠵᠤ᠂ ᠰᠢᠨ᠎ᠡ  ᠵᠠᠭᠪᠤᠷ ᠲᠤ ᠲᠣᠬᠢᠷᠠᠬᠤ ᠡᠯ᠎ᠡ ᠵᠦᠢᠯ ᠤᠨ ᠲᠠᠷᠢᠶᠠᠯᠠᠩ ᠤᠨ ᠮᠠᠰᠢᠨ ᠪᠠᠭᠠᠵᠢ ᠶᠢ ᠰᠤᠳᠤᠯᠤᠨ ᠦᠢᠯᠡᠳᠬᠦ᠂ ᠰᠢᠨ᠎ᠡ ᠪᠠᠷ  ᠡᠭᠦᠳᠴᠦ᠂ ᠲᠠᠷᠢᠶᠠᠯᠠᠩ ᠤᠨ ᠮᠠᠰᠢᠨ ᠪᠣᠯᠣᠨ ᠲᠠᠷᠢᠶᠠᠯᠠᠩ ᠤᠨ ᠤᠷᠠᠯᠠᠯ ᠤᠨ ᠨᠡᠶᠢᠯᠡᠯ ᠢ ᠪᠡᠶᠡᠯᠡᠭᠦᠯᠵᠦ᠂  ᠮᠠᠰᠢᠨᠴᠢᠯᠠᠬᠤ᠂ ᠪᠠᠷᠢᠮᠵᠢᠶᠠᠵᠢᠭᠤᠯᠬᠤ᠂ ᠲᠤᠰᠬᠠᠶᠢᠵᠢᠭᠤᠯᠬᠤ᠂ ᠥᠪᠡᠷ ᠤᠨ ᠥᠷᠲᠡᠭ ᠢ ᠠᠷᠪᠢᠯᠠᠬᠤ᠂ ᠬᠥᠡᠭᠭᠡᠨ  ᠪᠥᠭᠡᠳ ᠲᠥᠬᠦᠮᠴᠢᠯᠡᠬᠦ ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃            ᠲᠠᠪᠤ ᠳᠤ ᠠᠵᠤ ᠦᠢᠯᠡᠰ ᠢ ᠡᠵᠡᠩᠨᠡᠵᠦ᠂ ᠵᠢᠱᠢᠶ᠎ᠡ ᠦᠵᠡᠭᠦᠯᠦᠨ ᠬᠥᠲᠥᠯᠥᠨ ᠵᠢᠯᠣᠭᠤᠳᠤᠨ᠎ᠠ᠃ ᠳᠠᠷᠢᠵᠤ  ᠲᠡᠵᠢᠭᠡᠬᠦ ᠳᠤᠮᠤ ᠡᠷᠦᠬᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠠᠷᠢᠶᠠᠴᠢᠳ ᠤᠨ ᠬᠤᠷᠰᠢᠶ᠎ᠠ ᠵᠡᠷᠭᠡ ᠰᠢᠨ᠎ᠡ  ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ᠂  ᠮᠠᠰᠢᠨᠴᠢᠯᠠᠭᠰᠠᠨ ᠳᠠᠪᠠᠭᠤᠯᠢᠭ ᠢ ᠭᠦᠢᠴᠡᠳ ᠠᠰᠢᠭᠯᠠᠵᠤ᠂ ᠪᠦᠲᠦᠴᠡ ᠶᠢ ᠲᠣᠬᠢᠷᠠᠭᠤᠯᠬᠤ ᠪᠠ ᠠᠵᠤ ᠦᠢᠯᠡᠰ ᠤᠨ  ᠳᠡᠰ ᠳᠡᠪᠰᠢᠭᠦᠯᠬᠦ ᠳᠤᠮᠳᠠ ᠲᠡᠭᠦᠨ ᠤ ᠦᠯᠢᠭᠡᠷ ᠳᠠᠭᠤᠷᠢᠶᠠᠯ ᠪᠣᠯᠬᠤ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂  ᠨᠢᠭᠡ ᠪᠦᠯᠦᠭ ᠮᠠᠯ ᠠᠵᠤ ᠠᠬᠤᠶ ᠳᠠᠭᠠᠭᠤᠯᠤᠨ ᠳᠠᠶᠢᠴᠢᠯᠠᠬᠤ᠂ ᠠᠵᠤ ᠠᠬᠤᠶᠢᠯᠠᠯ ᠬᠥᠲᠥᠯᠥᠨ ᠳᠠᠶᠢᠴᠢᠯᠠᠬᠤ᠂  ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠬᠤᠯᠪᠣᠭᠠᠯᠠᠨ ᠳᠠᠶᠢᠴᠢᠯᠠᠬᠤ ᠭᠤᠣᠯᠳᠠᠯᠭ᠎ᠠ ᠲᠠᠢ ᠲᠡᠳᠬᠦᠨ  ᠪᠤᠶᠢᠵᠢᠭᠤᠯᠵᠤ᠂ ᠡᠯ᠎ᠡ ᠭᠠᠵᠠᠷ ᠤᠨ ᠴᠣᠯᠭᠤᠷᠠᠨ ᠭᠠᠷᠤᠭᠰᠠᠨ ᠰᠠᠶᠢᠨ ᠬᠢᠳᠡᠯ᠂ ᠰᠠᠶᠢᠨ ᠲᠤᠷᠰᠢᠯᠭ᠎ᠠ᠂ ᠰᠠᠶᠢᠨ  ᠨᠡᠶᠢᠲᠡᠯᠢᠭ ᠵᠢᠱᠢᠶ᠎ᠡ ᠶᠢ ᠢᠳᠡᠪᠬᠢᠲᠡᠶ ᠠᠭᠤᠳᠠᠯᠵᠤ᠂ ᠲᠧᠯᠸᠢᠰ᠂ ᠷᠠᠳᠢᠣ᠋ ᠨᠡᠪᠲᠡᠷᠡᠭᠦᠯᠭᠡ᠂ ᠰᠣᠨᠢᠨ ᠰᠡᠳᠬᠦᠯ᠂  ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ ᠤᠬᠠᠭᠤᠯᠤᠨ ᠮᠡᠳᠡᠭᠡᠯᠡᠵᠦ᠂ ᠦᠯᠢᠭᠡᠷ  ᠵᠢᠱᠢᠶ᠎ᠡ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃            ᠵᠢᠷᠭᠤᠭ᠎ᠠ ᠳᠤ ᠬᠢᠨᠠᠯᠲᠠ ᠬᠡᠮᠵᠢᠯᠲᠡ ᠪᠠᠨ ᠴᠢᠩᠭᠠᠳᠬᠠᠵᠤ᠂ ᠬᠥᠳᠡᠯᠦᠩᠭᠦᠶ ᠪᠠᠷ ᠲᠣᠬᠢᠷᠠᠭᠤᠯᠤᠨ᠎ᠠ᠃ ᠵᠠᠬ᠎ᠠ  ᠳᠡᠯᠭᠡᠭᠦᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂  ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠪᠦᠲᠦᠴᠡ ᠶᠢ  ᠲᠣᠬᠢᠷᠠᠭᠤᠯᠬᠤ ᠮᠠᠭᠠᠳᠯᠠᠯᠲᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠠᠷᠢᠮᠠᠯ ᠤᠨ  ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠴᠠᠭ ᠲᠤᠨᠢ ᠲᠣᠬᠢᠷᠠᠭᠤᠯᠤᠨ ᠬᠥᠲᠥᠯᠥᠨ ᠵᠢᠯᠣᠭᠤᠳᠤᠨ᠎ᠠ᠃  ᠡᠨᠡ ᠵᠢᠯ ᠮᠠᠨ ᠤ ᠣᠷᠣᠨ ᠲᠠᠷᠢᠮᠠᠯ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠮᠤᠵᠢ ᠶᠢᠨ ᠱᠠᠲᠤᠨ ᠤ ᠮᠡᠳᠡᠭᠡ  ᠵᠠᠩᠭᠢ ᠶᠢ ᠵᠠᠳᠠᠯᠤᠨ ᠰᠢᠨᠵᠢᠯᠡᠬᠦ ᠪᠦᠯᠬᠦᠮ ᠢ ᠪᠠᠶᠢᠭᠤᠯᠵᠤ᠂ ᠡᠷᠳᠡᠨᠢ ᠰᠢᠰᠢ ᠶᠢᠨ ᠤᠷᠲᠤᠪᠲᠤᠷ ᠪᠠ ᠤᠷᠳᠤ  ᠬᠤᠭᠤᠴᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠶᠡᠷᠦᠩᠬᠡᠶ ᠬᠡᠮᠵᠢᠶᠡᠨ ᠤ ᠬᠤᠪᠢᠷᠠᠯᠲᠠ ᠶᠢ  ᠠᠩᠬᠠᠷᠴᠤ᠂ ᠵᠠᠬ᠎ᠠ ᠳᠡᠯᠭᠡᠭᠦᠷ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠪᠠ ᠮᠡᠳᠡᠭᠡ  ᠵᠠᠩᠭᠢ ᠶᠢᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠷᠳᠡᠨᠢ ᠰᠢᠰᠢ ᠶᠢᠨ ᠵᠠᠬ᠎ᠠ  ᠳᠡᠯᠭᠡᠭᠦᠷ ᠤᠨ ᠪᠠᠶᠢᠳᠠᠯ ᠢ ᠴᠠᠭ ᠲᠤᠬᠠᠶ ᠳᠤᠨᠢ ᠣᠨᠣᠪᠴᠢᠲᠠᠶ ᠡᠵᠡᠮᠰᠢᠵᠦ᠂ ᠮᠠᠨ ᠤ ᠣᠷᠣᠨ ᠤ ᠡᠷᠳᠡᠨᠢ ᠰᠢᠰᠢ ᠶᠢᠨ  ᠪᠦᠲᠦᠴᠡ ᠶᠢᠨ ᠲᠣᠬᠢᠷᠠᠭᠤᠯᠤᠯᠲᠠ ᠶᠢᠨ ᠴᠢᠭᠯᠡᠯ᠂ ᠡᠷᠴᠢᠮ ᠪᠠ ᠬᠤᠷᠳᠤᠴᠠ ᠶᠢ ᠴᠠᠭ ᠲᠤᠬᠠᠶ ᠳᠤᠨᠢ ᠵᠠᠯᠠᠷᠠᠭᠤᠯᠤᠨ᠎ᠠ᠃            ᠬᠥᠲᠥᠯᠥᠭᠴᠢ᠄            ᠵᠢᠶᠠ ᠲᠢᠩᠬᠢᠮ ᠤᠨ ᠳᠠᠷᠤᠭ᠎ᠠ ᠶᠢᠨ ᠬᠦᠯᠢᠴᠡᠩᠭᠦᠶ ᠪᠠᠷ ᠲᠠᠶᠢᠯᠦᠮᠵᠢ ᠬᠢᠭᠰᠡᠨ ᠳᠤ ᠮᠠᠰᠢ ᠲᠠᠯᠠᠷᠬᠠᠵᠤ ᠪᠠᠶᠢᠨ᠎ᠠ᠂  ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠠᠯ᠎ᠠ᠂ ᠳᠠᠷᠠᠭᠠᠴᠢ ᠶᠢᠨ ᠫᠷᠤᠭ᠍ᠷᠠᠮ ᠳᠤ  ᠪᠠᠶᠠᠷᠲᠠᠶᠢᠬᠠᠨ ᠵᠣᠯᠭᠠᠶ᠎ᠠ︕              
     
     ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠦᠢᠯᠡᠰ ᠤᠨ ᠠᠵᠢᠯ ᠤᠨ ᠬᠤᠷᠠᠯ᠂ ᠳᠡᠳ᠋ ᠲᠢᠩᠬᠢᠮ ᠤᠨ ᠳᠠᠷᠤᠭ᠎ᠠ ᠵᠢᠶᠠ ᠶᠦᠸᠡᠢ ᠹᠧᠩ ᠶᠠᠷᠢᠶ᠎ᠠ ᠲᠠᠯᠪᠢᠵᠤ ᠪᠠᠶᠢᠭ᠎ᠠ ᠨᠢ    
     
     ᠲᠢᠩᠬᠢᠮ ᠤᠨ ᠳᠡᠳ᠋ ᠳᠠᠷᠤᠭ᠎ᠠ ᠵᠢᠶᠠ ᠶᠦᠸᠡᠢ ᠹᠧᠩ ᠪᠠᠶᠠᠨᠨᠠᠭᠤᠷ ᠬᠤᠳᠠ ᠶᠢᠨ ᠪᠤᠷᠳᠤᠭᠤᠷ ᠢ  ᠬᠢᠵᠠᠭᠠᠷᠯᠠᠵᠤ ᠦᠷ᠎ᠡ ᠠᠰᠢᠭ ᠢ ᠨᠡᠮᠡᠭᠳᠡᠭᠦᠯᠬᠦ ᠵᠢᠴᠢ ᠡᠮ ᠢ ᠬᠢᠵᠠᠭᠠᠷᠯᠠᠵᠤ ᠬᠥᠨᠥᠭᠡᠯ ᠢ ᠪᠠᠭᠠᠰᠬᠠᠬᠤ ᠮᠡᠷᠭᠡᠵᠢᠯ ᠤᠨ  ᠦᠵᠡᠭᠦᠯᠦᠯᠭᠡ ᠪᠣᠯᠪᠠᠰᠤᠷᠠᠭᠤᠯᠤᠯ ᠤᠨ ᠬᠤᠷᠠᠯ ᠤᠨ ᠠᠬᠤᠢ ᠲᠠᠯᠠᠪᠠᠢ ᠳᠤ ᠡᠷᠳᠡᠨᠢ ᠰᠢᠰᠢ ᠶᠢᠨ ᠪᠣᠷᠳᠣᠭᠤᠷ ᠤᠨ  ᠲᠦᠷᠦᠯ ᠤᠨ ᠬᠠᠷᠢᠴᠠᠭᠤᠯᠤᠯ ᠲᠤᠷᠰᠢᠯᠲᠠ ᠶᠢᠨ ᠲᠠᠷᠢᠶ᠎ᠠ ᠶᠢ ᠦᠵᠡᠵᠦ ᠪᠠᠶᠢᠭ᠎ᠠ ᠨᠢ        
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号