ᠠᠤᠬᠠᠨ ᠤ ᠬᠠᠯᠠᠭᠤᠨ ᠷᠠᠰᠢᠶᠠᠨ
ᠨᠡᠶᠢᠲᠡᠯᠡᠭᠰᠡᠨ ᠴᠠᠭ᠄
2016/9/23
                 ᠠᠤᠬᠠᠨ ᠤ ᠬᠠᠯᠠᠭᠤᠨ ᠷᠠᠰᠢᠶᠠᠨ          ᠠᠤᠬᠠᠨ ᠤ ᠬᠠᠯᠠᠭᠤᠨ ᠷᠠᠰᠢᠶᠠᠨ ᠪᠣᠯ ᠥᠪᠥᠷ ᠮᠣᠩᠭᠤᠯ ᠤᠨ ᠠᠤᠬᠠᠨ ᠬᠤᠰᠢᠭᠤᠨ ᠤ ᠰᠧ ᠵᠢᠶᠠ ᠽᠢ ᠪᠠᠯᠭᠠᠰᠤ  ᠶᠢᠨ ᠷᠧ ᠱᠦᠢ ᠳᠠᠩ ᠲᠣᠰᠬᠤᠨ ᠳᠤ ᠪᠠᠶᠢᠷᠢᠰᠢᠵᠤ᠂ ᠵᠠᠮ ᠬᠠᠷᠢᠯᠴᠠᠭ᠎ᠠ ᠳᠥᠭᠦᠮ ᠳᠥᠲᠡ᠂ ᠪᠠᠶᠢᠷᠢᠯᠠᠯ ᠳᠠᠪᠠᠭᠤᠯᠢᠭ ᠪᠠᠶᠢᠳᠠᠭ᠃               ᠠᠣᠬᠠᠨ ᠤ ᠬᠠᠯᠠᠭᠤᠨ  ᠷᠠᠰᠢᠶᠠᠨᠲᠤ ᠬᠤᠲᠠ ᠶᠢᠨ ᠲᠠᠨᠢᠯᠴᠠᠭᠤᠯᠭ᠎ᠠ
     ᠠᠤᠬᠠᠨ ᠤ ᠬᠠᠯᠠᠭᠤᠨ ᠷᠠᠰᠢᠶᠠᠨ ᠪᠣᠯ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠵᠡᠷᠭᠡ ᠣᠯᠠᠨ ᠲᠠᠯ᠎ᠠ ᠪᠠᠷ ᠪᠦᠷ ᠠᠯᠳᠠᠷᠲᠠᠶ ᠶᠤᠮ᠃ ᠪᠦᠬᠦ ᠬᠤᠰᠢᠭᠤᠨ ᠤ ᠣᠢ ᠰᠢᠭᠤᠢ ᠶᠢᠨ ᠲᠠᠯᠠᠪᠠᠶ 562 ᠲᠦᠮᠡᠨ ᠮᠤ᠋᠂ ᠬᠥᠮᠦᠨ ᠤ ᠬᠦᠴᠦ ᠪᠠᠷ ᠡᠪᠡᠰᠦ ᠪᠣᠷᠳᠤᠭ᠎ᠠ ᠲᠠᠷᠢᠭᠰᠠᠨ ᠲᠠᠯᠠᠪᠠᠢ 314 ᠲᠦᠮᠡᠨ ᠮᠤ᠋᠂ ︽ᠪᠦᠬᠦ ᠤᠯᠤᠰ ᠤᠨ ᠬᠥᠮᠦᠨ ᠤ ᠬᠦᠴᠦ ᠪᠠᠷ  ᠣᠶᠢᠵᠢᠭᠤᠯᠤᠭᠰᠠᠨ ᠨᠢᠭᠡᠳᠦᠭᠡᠷ ᠰᠢᠶᠠᠨ︾᠂ ︽ᠪᠦᠬᠦ ᠤᠯᠤᠰ ᠤᠨ ᠬᠥᠮᠦᠨ ᠤ ᠬᠦᠴᠦ ᠪᠠᠷ ᠡᠪᠡᠰᠦ ᠲᠠᠷᠢᠭᠰᠠᠨ ᠨᠢᠭᠡᠳᠦᠭᠡᠷ ᠰᠢᠶᠠᠨ︾᠂ ︽ᠪᠦᠬᠦ ᠤᠯᠤᠰ ᠤᠨ ᠠᠮᠢ ᠠᠬᠤᠶ ᠶᠢᠨ ᠪᠥᠳᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ︾᠂ ︽ᠪᠦᠬᠦ ᠤᠯᠤᠰ ᠤᠨ ᠦᠵᠡᠮᠵᠢᠲᠦ ᠰᠠᠶᠢᠬᠠᠨ ᠠᠭᠤᠯᠠ ᠤᠰᠤ ᠢ ᠳᠠᠬᠢᠨ ᠪᠠᠶᠢᠭᠤᠯᠬᠤ ᠲᠡᠷᠢᠭᠦᠨ ᠬᠤᠰᠢᠭᠤ︾᠃ 2002 ᠣᠨ ᠤ 6 ᠰᠠᠷ᠎ᠠ ᠳᠤ᠂ ᠣᠯᠠᠨ ᠤᠯᠤᠰ ᠤᠨ ᠬᠤᠯᠪᠤᠭᠠᠲᠤ ᠪᠠᠶᠢᠭᠤᠯᠭ᠎ᠠ ᠶᠢᠨ ᠣᠷᠴᠢᠨ ᠠᠬᠤᠢ ᠶᠢᠨ ᠲᠦᠯᠦᠪᠵᠢᠭᠦᠯᠭᠡ ᠶᠢᠨ ᠵᠠᠬᠢᠷᠭ᠎ᠠ ᠠᠴᠠ  ︽ᠪᠦᠭᠦ ᠪᠥᠮᠪᠥᠷᠴᠡᠭ ᠤᠨ500 ᠰᠠᠶᠢᠬᠠᠠ ᠦᠵᠠᠮᠵᠢ︾ ᠭᠡᠬᠦ ᠢᠷᠠᠭᠤ ᠴᠤᠯᠡ ᠦᠭᠴᠦ᠂  ᠪᠦᠬᠦ ᠤᠯᠤᠰ ᠤᠨ ᠴᠣᠷ ᠤᠨ ᠭᠠᠭᠴᠠ ᠡᠶᠢᠮᠦᠷᠬᠦ ᠢᠷᠠᠭᠤ ᠴᠤᠯᠡ ᠣᠯᠤᠭᠰᠠᠨ ᠰᠢᠶᠠᠨ ᠤ ᠳᠡᠰ ᠶᠢᠨ ᠪᠠᠶᠢᠭᠤᠯᠤᠯᠭ᠎ᠠ ᠶᠤᠮ᠃
     ᠠᠤᠬᠠᠨ ᠤ ᠬᠠᠯᠠᠭᠤᠨ ᠷᠠᠰᠢᠶᠠᠨ ᠪᠣᠯ ᠥᠨᠳᠥᠷ ᠬᠠᠯᠠᠭᠤᠨ ᠷᠠᠰᠢᠶᠠᠨ᠂ ᠬᠠᠯᠠᠭᠤᠨ ᠷᠠᠰᠢᠶᠠᠨ ᠤ ᠤᠰᠤᠨ ᠳᠣᠲᠣᠷ᠎ᠠ ᠡᠯᠪᠡᠭ ᠪᠠᠶᠠᠯᠢᠭ᠂ ᠷᠠᠳᠣᠨ᠂ ᠺᠠᠯᠢ᠂ ᠨᠠᠲᠷᠢ᠂ ᠺᠠᠯᠼ᠂ ᠨᠡᠭᠦᠷᠡᠰᠦ ᠬᠦᠴᠢᠯ᠂ ᠹᠯᠣᠷᠲᠤ᠂ ᠴᠠᠬᠢᠭᠤᠷ ᠤᠨ ᠳᠠᠪᠬᠤᠷ ᠢᠰᠦᠯ ᠵᠡᠷᠭᠡ ᠬᠤᠷᠢ ᠭᠠᠷᠤᠶ ᠵᠦᠢᠯ ᠢᠶᠠᠷ ᠪᠢᠴᠢᠯ ᠡᠯᠧᠮᠧᠨ᠋ᠲ ᠠᠭᠤᠯᠤᠭᠳᠠᠵᠤ  ᠂ ᠡᠭᠦᠨ ᠤ ᠳᠣᠲᠣᠷ᠎ᠠ ᠷᠠᠳᠣᠨ ᠠᠭᠤᠯᠤᠭᠳᠠᠴᠠ ᠨᠢ 232.47Bq/L ᠤᠯᠠᠨ ᠤᠯᠤᠰ ᠤᠨ ᠪᠠᠷᠢᠮᠵᠢᠶ᠎ᠠ ᠶᠢᠨ ᠤ‍‌ᠵᠤᠠᠭᠡᠴᠡ ᠶᠢᠨ ᠬᠡᠮᠵᠢᠶ᠎ᠡ ᠶᠢᠨ  6.28 ᠳᠠᠬᠢᠨ ᠪᠠᠶᠢᠵᠤ᠂ ᠤᠯᠤᠰ ᠤᠨ ᠳᠣᠲᠣᠭᠠᠳᠤ ᠳᠤ ᠲᠦᠢᠯ ᠤᠨ ᠬᠤᠪᠣᠷ ᠷᠠᠰᠢᠶᠠᠨ ᠳᠤ ᠬᠠᠷᠢᠶᠠᠯᠠᠭᠳᠠᠬᠤ  ᠂ ᠡᠮ ᠡᠮᠨᠡᠯᠭᠡ ᠶᠢᠨ ᠦᠨ᠎ᠡ ᠥᠷᠲᠡᠭ   ᠪᠠᠷ ᠨᠡᠯᠢᠶᠡᠳ ᠥᠨᠳᠥᠷ  ᠪᠠᠶᠢᠳᠠᠭ᠃ ᠷᠠᠳᠣᠨ ﹇Rn﹈ ᠡᠯᠧᠮᠧᠨ᠋ᠲ ᠨᠢ ᠠᠷᠠᠰᠤᠨ ᠤ ᠴᠢᠰᠤᠨ ᠰᠤᠳᠠᠯ   ᠤᠨ ᠠᠪᠴᠢᠯᠲᠠ ᠪᠠ ᠲᠡᠯᠡᠬᠦ   ᠶᠢ ᠭᠤᠣᠯ ᠠᠬᠢᠭᠤᠯᠤᠨ᠂ ᠵᠢᠷᠦᠬᠡ   ᠶᠢᠨ ᠴᠢᠰᠤᠨ ᠰᠤᠳᠠᠯ ᠤᠨ ᠴᠢᠳᠠᠮᠵᠢ ᠶᠢ ᠲᠣᠬᠢᠷᠠᠭᠤᠯᠵᠤ᠂ ᠴᠢᠰᠤᠨ ᠳᠠᠷᠤᠯᠲᠠ ᠥᠨᠳᠥᠷ ᠡᠪᠡᠳᠴᠢᠨ ᠢ ᠵᠠᠰᠠᠬᠤ   ᠳᠤ ᠲᠦᠢᠯ ᠤᠨ  ᠶᠡᠭᠡ ᠦᠢᠯᠡᠳᠦᠯ ᠲᠠᠢ ᠪᠠᠶᠢᠵᠤ᠂ ᠪᠠᠰᠠ ᠮᠡᠳᠡᠷᠡᠯ ᠤᠨ ᠰᠤᠳᠠᠰᠤᠨ ᠤ ᠠᠵᠢᠯᠯᠠᠭ᠎ᠠ ᠶᠢ ᠳᠣᠬᠢᠷᠠᠭᠤᠯᠤᠨ᠂ ᠤᠨᠲᠠᠭᠤᠯᠬᠤ  ᠂ ᠡᠪᠡᠳᠬᠦ ᠶᠢ ᠳᠠᠷᠤᠬᠤ ᠵᠡᠷᠭᠡ ᠦᠢᠯᠡᠳᠦᠯ ᠲᠠᠢ ᠪᠠᠶᠢᠳᠠᠭ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号