ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠥᠷᠭᠡᠨ ᠤ ᠵᠠᠮ ᠤᠨ ᠳᠥᠷᠢᠮ
ᠨᠡᠶᠢᠲᠡᠯᠡᠭᠰᠡᠨ ᠴᠠᠭ᠄
2017/10/17
     ︵2015 ᠤᠨ ᠤ 3 ᠳ᠋ᠤᠭᠠᠷ ᠰᠠᠷ᠎ᠡ ᠶᠢᠨ 27 ᠤ ᠡᠳᠦᠷ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ  ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠡ ᠶᠢᠨ ᠠᠷᠪᠠᠨ ᠲᠠᠪᠤᠳᠤᠭᠠᠷ ᠬᠤᠷᠠᠯ ᠠᠴᠠ ᠪᠠᠳᠤᠯᠠᠪᠠ︶            ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ  ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠠᠯᠪᠠᠨ ᠵᠠᠷ            ᠶᠢᠰᠦᠳᠦᠭᠡᠷ ᠲᠣᠭᠠᠲᠣ            2015 ᠣᠨ ᠤ 3 ᠳ᠋ᠤᠭᠠᠷ ᠰᠠᠷ᠎ᠠ ᠶᠢᠨ 27 ᠤ ᠡᠳᠦᠷ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ  ᠣᠷᠣᠨ ᠤ ᠠᠷᠪᠠᠨ ᠬᠤᠶᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶ᠎ᠠ ᠶᠢᠨ ᠠᠷᠪᠠᠨ ᠲᠠᠪᠣᠳᠣᠭᠠᠷ ᠬᠤᠷᠠᠯ ᠠᠴᠠ ︽ᠦᠪᠦᠷ ᠮᠣᠩᠭᠤᠯ ᠤᠨ ᠦᠪᠡᠷᠲᠡᠭᠡᠨ ᠵᠠᠰᠠᠬᠤ  ᠣᠷᠣᠨ ᠤ ᠲᠦᠷᠭᠡᠨ ᠤ ᠵᠠᠮ ᠤᠨ ᠳᠦᠷᠢᠮ︾ ᠢ ᠪᠠᠲᠣᠯᠠᠪᠠ᠂ ᠣᠳᠣ ᠨᠡᠶᠢᠲᠡᠯᠡᠶ᠎ᠡ᠂ 2015 ᠣᠨ ᠤ 6 ᠳ᠋ᠤᠭᠠᠷ  ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠬᠦᠯᠦᠨ᠎ᠡ᠃            2015 ᠣᠨ ᠤ 3 ᠳ᠋ᠤᠭᠠᠷ ᠰᠠᠷ᠎ᠠ ᠶᠢᠨ 27 ᠤ ᠡᠳᠦᠷ            ᠨᠢᠭᠡᠳᠦᠭᠡᠷ ᠪᠦᠯᠦᠭ   ᠶᠡᠷᠦᠩᠬᠡᠢ ᠲᠦᠷᠢᠮ            ᠨᠢᠭᠡᠳᠦᠭᠡᠷ ᠵᠦᠢᠯ   ᠲᠦᠷᠭᠡᠨ ᠤ ᠵᠠᠮ ᠤᠨ ᠦᠢᠯᠡᠰ ᠤᠨ ᠬᠦᠭᠵᠢᠯᠲᠡ ᠶᠢ ᠠᠬᠢᠭᠤᠯᠵᠣ᠂ ᠲᠦᠷᠭᠡᠨ ᠤ  ᠵᠠᠮ ᠤᠨ ᠪᠦᠷᠢᠨ ᠲᠦᠬᠦᠷ᠂ ᠠᠶᠣᠯ ᠦᠭᠡᠢ ᠪᠠ ᠰᠠᠭᠠᠳ ᠦᠭᠡᠢ ᠨᠡᠪᠲᠡᠷᠡᠬᠦ ᠶᠢ ᠪᠠᠲᠣᠯᠠᠬᠤ ᠶᠢᠨ ᠲᠦᠯᠦᠭᠡ᠂ ︽ ᠪᠦᠬᠦᠲᠡ ᠨᠠᠶᠢᠷᠠᠮᠳᠠᠬᠤ ᠲᠣᠮᠲᠠᠲᠣ ᠠᠷᠠᠳ ᠣᠯᠣᠰ ᠤᠨ ᠵᠠᠰᠠᠮᠠᠯ ᠵᠠᠮ ᠤᠨ ᠬᠠᠣᠯᠢ︾ ᠪᠠ ᠣᠯᠣᠰ ᠤᠨ ᠬᠠᠮᠢᠶ᠎ᠠ  ᠪᠦᠬᠦᠢ ᠬᠠᠣᠯᠢ ᠴᠠᠭᠠᠵᠠ᠂ ᠬᠠᠣᠯᠢ ᠲᠣᠭᠲᠠᠭᠠᠯ ᠢ ᠦᠨᠳᠦᠰᠦᠯᠡᠨ᠂ ᠦᠪᠡᠷᠲᠡᠭᠡᠨ ᠵᠠᠰᠠᠬᠤ ᠣᠷᠣᠨ ᠤ  ᠪᠣᠲᠠᠲᠠᠢ ᠲᠠᠢ ᠪᠠᠨ ᠣᠶᠠᠯᠳᠣᠭᠤᠯᠵᠣ᠂ ᠲᠣᠰ ᠲᠦᠷᠢᠮ ᠢ ᠲᠣᠭᠲᠠᠭᠠᠪᠠ᠃            ᠬᠤᠶᠠᠳᠤᠭᠠᠷ ᠵᠦᠢᠯ   ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠲᠦᠷᠭᠡᠨ ᠤ  ᠵᠠᠮ ᠤᠨ ᠲᠦᠯᠦᠪᠵᠢᠬᠦᠯᠭᠡ᠂ ᠪᠦᠲᠦᠭᠡᠨ ᠪᠠᠶᠢᠭᠤᠯᠣᠯᠲᠠ᠂ ᠠᠷᠠᠴᠢᠯᠠᠯ ᠬᠠᠮᠠᠭᠠᠯᠠᠯᠲᠠ᠂ ᠡᠵᠡᠩᠨᠡᠯᠲᠡ᠂ ᠬᠡᠷᠡᠭᠯᠡᠯᠲᠡ  ᠪᠠ ᠬᠠᠮᠢᠶᠠᠷᠣᠯᠲᠠ ᠳᠤ ᠲᠣᠰ ᠳᠦᠷᠢᠮ ᠢ ᠬᠡᠷᠡᠭᠯᠡᠨ᠎ᠡ᠃            ᠭᠤᠷᠪᠠᠳᠤᠭᠠᠷ ᠵᠦᠢᠯ   ᠲᠦᠷᠭᠡᠨ ᠤ ᠵᠠᠮ ᠤᠨ ᠬᠦᠭᠵᠢᠯᠲᠡ ᠨᠢ ᠰᠢᠨᠵᠢᠯᠡᠬᠦ ᠣᠬᠠᠭᠠᠨᠴᠢ ᠪᠠᠷ  ᠲᠦᠯᠦᠪᠵᠢᠬᠦᠯᠬᠦ᠂ ᠠᠮᠣᠷ ᠲᠦᠪᠰᠢᠨ ᠢᠶᠠᠷ ᠰᠠᠭᠠᠳ ᠦᠭᠡᠢ ᠨᠡᠪᠲᠡᠷᠡᠬᠦ᠂ ᠦᠨᠳᠦᠷ ᠦᠷ᠎ᠡ ᠠᠰᠢᠭᠲᠣ᠂ ᠠᠷᠠᠳ ᠲᠤ  ᠲᠦᠬᠦᠮ ᠦᠵᠡᠬᠦᠯᠬᠦ᠂ ᠣᠷᠴᠢᠨ ᠲᠣᠭᠤᠷᠢᠨ ᠢ ᠬᠠᠮᠠᠭᠠᠯᠠᠬᠤ᠂ ᠪᠦᠲᠦᠭᠡᠨ ᠪᠠᠶᠢᠭᠤᠯᠵᠣ ᠵᠠᠰᠠᠨ ᠦᠭᠡᠷᠡᠴᠢᠯᠡᠬᠦ ᠬᠢᠭᠡᠳ  ᠠᠷᠠᠴᠢᠯᠠᠨ ᠬᠠᠮᠠᠭᠠᠯᠠᠬᠤ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠵᠢᠷᠣᠮᠯᠠᠬᠤ ᠬᠡᠷᠡᠭᠲᠠᠢ᠃            ᠲᠦᠷᠪᠡᠳᠦᠭᠡᠷ ᠵᠦᠢᠯ   ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ  ᠬᠠᠷᠢᠯᠴᠠᠭ᠎ᠠ ᠳᠡᠭᠡᠭᠡᠪᠦᠷᠢ ᠶᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠨᠢ ᠪᠦᠬᠦ ᠣᠷᠣᠨ ᠤ ᠲᠦᠷᠭᠡᠨ ᠤ ᠵᠠᠮ ᠤᠨ  ᠠᠵᠢᠯ ᠢ ᠭᠤᠣᠯᠯᠠᠨ ᠬᠠᠮᠢᠶᠠᠷᠴᠣ᠂ ᠲᠡᠬᠦᠨ ᠳᠤ ᠬᠠᠷᠢᠶᠠᠯᠠᠭᠳᠠᠬᠤ ᠲᠦᠷᠭᠡᠨ ᠤ ᠵᠠᠮ ᠤᠨ ᠬᠠᠮᠢᠶᠠᠷᠣᠯᠲᠠ ᠶᠢᠨ  ᠪᠠᠶᠢᠭᠤᠯᠣᠮᠵᠢ ᠨᠢ ᠲᠦᠷᠭᠡᠨ ᠤ ᠵᠠᠮ ᠤᠨ ᠵᠠᠮ ᠤᠨ ᠶᠠᠪᠣᠳᠠᠯ᠂ ᠠᠷᠠᠴᠢᠯᠠᠨ ᠬᠠᠮᠠᠭᠠᠯᠠᠬᠤ᠂ ᠡᠵᠡᠩᠨᠡᠨ ᠦᠢᠯᠡᠴᠢᠯᠡᠬᠦ᠂  ᠰᠦᠢᠳᠬᠡᠯ ᠬᠤᠷᠢᠶᠠᠬᠤ ᠵᠡᠷᠭᠡ ᠬᠢᠨᠠᠯᠲᠠ ᠬᠠᠮᠢᠶᠠᠷᠣᠯᠲᠠ ᠶᠢᠨ ᠠᠵᠢᠯ ᠢ ᠪᠣᠲᠠᠲᠠᠢ ᠬᠠᠷᠢᠭᠤᠴᠠᠨ᠎ᠠ᠃            ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠲᠣᠭᠠᠲᠣ ᠶᠢ ᠬᠠᠮᠠᠭᠠᠯᠠᠬᠤ  ᠪᠠᠶᠢᠭᠤᠯᠭ᠎ᠠ ᠪᠦᠬᠦ ᠣᠷᠣᠨ ᠤ ᠲᠦᠷᠭᠡᠨ ᠤ ᠵᠠᠮ ᠤᠨ ᠵᠠᠮ ᠬᠠᠷᠢᠯᠴᠠᠭᠠᠨ ᠤ ᠠᠮᠣᠷ ᠲᠦᠪᠰᠢᠨ ᠪᠠ ᠠᠮᠣᠷ ᠢ  ᠬᠠᠮᠠᠭᠠᠯᠠᠬᠤ ᠬᠠᠮᠢᠶᠠᠷᠣᠯᠲᠠ ᠶᠢᠨ ᠠᠵᠢᠯ ᠢ ᠭᠤᠣᠯᠯᠠᠨ ᠬᠠᠮᠢᠶᠠᠷᠣᠨ᠎ᠠ᠃ ᠲᠣᠲᠣᠭᠠᠲᠣ ᠶᠢ ᠬᠠᠮᠠᠭᠠᠯᠠᠬᠤ  ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠣᠯᠲᠠ ᠶᠢᠨ ᠰᠠᠯᠠᠭ᠎ᠠ ᠮᠦᠴᠢᠷ ᠲᠦᠷᠭᠡᠨ ᠤ ᠵᠠᠮ ᠤᠨ ᠵᠠᠮ  ᠬᠠᠷᠢᠯᠴᠠᠭᠠᠨ ᠤ ᠠᠮᠣᠷ ᠲᠦᠪᠰᠢᠨ ᠤ ᠬᠠᠮᠢᠶᠠᠷᠣᠯᠲᠠ ᠶᠢᠨ ᠠᠵᠢᠯ ᠢ ᠪᠣᠲᠠᠲᠠᠢ ᠬᠠᠷᠢᠭᠤᠴᠠᠨ᠎ᠠ᠃ ᠦᠪᠡᠷᠲᠡᠭᠡᠨ  ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠳᠡᠭᠡᠭᠡᠪᠦᠷᠢ ᠶᠢ ᠭᠤᠣᠯᠯᠠᠨ ᠬᠠᠮᠢᠶᠠᠷᠬᠤ  ᠰᠠᠯᠠᠭ᠎ᠠ ᠮᠦᠴᠢᠷ᠂ ᠲᠣᠲᠣᠭᠠᠲᠣ ᠶᠢ ᠬᠠᠮᠠᠭᠠᠯᠠᠬᠤ ᠪᠠᠶᠢᠭᠤᠯᠭ᠎ᠠ ᠨᠢ ᠨᠢᠭᠲᠠ ᠬᠠᠮᠵᠢᠯᠴᠠᠵᠣ᠂ ᠲᠦᠷᠭᠡᠨ ᠤ ᠵᠠᠮ ᠤᠨ  ᠬᠠᠮᠢᠶᠠᠷᠣᠯᠲᠠ ᠬᠠᠮᠵᠢᠯᠴᠠᠭᠠᠨ ᠤ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠠᠢ᠃ ᠦᠪᠡᠷᠲᠡᠭᠡᠨ ᠵᠠᠰᠠᠬᠤ  ᠣᠷᠣᠨ ᠤ ᠬᠦᠭᠵᠢᠬᠦᠯᠦᠯᠲᠡ ᠪᠠ ᠦᠭᠡᠷᠡᠴᠢᠯᠡᠯᠲᠡ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ  ᠪᠠᠶᠢᠭᠤᠯᠣᠯᠲᠠ᠂ ᠣᠯᠣᠰ ᠤᠨ ᠭᠠᠵᠠᠷ ᠰᠢᠷᠣᠢ᠂ ᠬᠢᠨᠠᠨ ᠪᠣᠳᠣᠬᠤ᠂ ᠦᠢᠯᠡᠳᠪᠦᠷᠢ ᠬᠤᠳᠠᠯᠳᠣᠭᠠᠨ ᠤ ᠵᠠᠰᠠᠭ  ᠵᠠᠬᠢᠷᠭᠠᠨ ᠤ ᠬᠠᠮᠢᠶᠠᠷᠣᠯᠲᠠ᠂ ᠶᠠᠰᠣ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠵᠡᠷᠭᠡ ᠰᠠᠯᠠᠭ᠎ᠠ ᠮᠦᠴᠢᠷ ᠪᠠ  ᠲᠦᠷᠭᠡᠨ ᠤ ᠵᠠᠮ ᠤᠨ ᠵᠠᠮ ᠳᠠᠭᠠᠣ ᠭᠠᠵᠠᠷ ᠤᠨ ᠠᠷᠠᠳ ᠤᠨ ᠵᠠᠰᠠᠭ ᠤᠨ ᠣᠷᠳᠣᠨ ᠨᠢ ᠲᠣᠰ ᠲᠣᠰ ᠤᠨ ᠲᠣᠰᠢᠶᠠᠯ  ᠬᠠᠷᠢᠭᠤᠴᠠᠯᠭ᠎ᠠ ᠶᠢᠨ ᠬᠡᠪᠴᠢᠶᠡᠨ ᠲᠣᠲᠣᠷ᠎ᠠ ᠲᠦᠷᠭᠡᠨ ᠤ ᠵᠠᠮ ᠤᠨ ᠬᠤᠯᠪᠣᠭᠳᠠᠯ ᠪᠦᠬᠦᠢ ᠬᠢᠨᠠᠯᠲᠠ ᠲᠠᠯᠪᠢᠯᠲᠠ᠂  ᠬᠠᠮᠢᠶᠠᠷᠣᠯᠲᠠ ᠪᠠ ᠦᠢᠯᠡᠴᠢᠯᠡᠭᠡᠨ ᠤ ᠠᠵᠢᠯ ᠢ ᠰᠠᠶᠢᠲᠣᠷ ᠬᠢᠬᠦ ᠬᠡᠷᠡᠭᠲᠠᠢ᠃            ᠲᠠᠪᠤᠳᠤᠭᠠᠷ ᠵᠦᠢᠯ   ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ ᠶᠢᠨ ᠲᠦᠷᠭᠡᠨ ᠤ ᠵᠠᠮ ᠤᠨ  ᠵᠠᠰᠠᠭ ᠵᠠᠬᠢᠷᠭᠠᠨ ᠤ ᠬᠠᠮᠢᠶᠠᠷᠣᠯᠲᠠ ᠶᠢᠨ ᠡᠷᠭᠡ ᠲᠣᠰᠢᠶᠠᠯ ᠢᠶᠠᠨ ᠬᠡᠷᠡᠭᠵᠢᠬᠦᠯᠬᠦ ᠳᠤ ᠬᠡᠷᠡᠭᠰᠡᠬᠦ ᠵᠠᠷᠣᠳᠠᠯ ᠢ  ᠦᠪᠡᠷᠲᠡᠭᠡᠨ ᠵᠠᠰᠠᠬᠤ ᠣᠷᠣᠨ ᠤ ᠲᠣᠰ ᠱᠠᠲᠣᠨ ᠤ ᠡᠳ᠋ ᠤᠨ ᠵᠠᠰᠠᠭ ᠤᠨ ᠲᠦᠰᠦᠪ ᠲᠤ ᠣᠷᠣᠭᠤᠯᠣᠨ᠎ᠠ᠃              ᠵᠢᠷᠭᠤᠳᠤᠭᠠᠷ ᠵᠦᠢᠯ   ᠲᠦᠷᠭᠡᠨ ᠤ ᠵᠠᠮ ᠤᠨ ᠡᠵᠡᠩᠨᠡᠯᠲᠡ ᠬᠠᠮᠢᠶᠠᠷᠣᠯᠲᠠ ᠶᠢᠨ ᠠᠵᠢᠯᠯᠠᠭ᠎ᠠ ᠶᠢ ᠡᠷᠬᠢᠯᠡᠵᠣ  ᠪᠠᠶᠢᠭ᠎ᠠ ᠠᠵᠣ ᠠᠬᠤᠶᠢᠯᠠᠯ ᠪᠣᠶᠣ ᠪᠣᠰᠣᠳ ᠵᠣᠬᠢᠶᠠᠨ ᠪᠠᠶᠢᠭᠤᠯᠣᠯᠲᠠ ︵ᠲᠣᠷᠣᠭᠰᠢ ᠲᠦᠷᠭᠡᠨ ᠤ ᠵᠠᠮ ᠤᠨ  ᠡᠵᠡᠩᠨᠡᠭᠴᠢ ᠬᠡᠵᠣ ᠲᠦᠬᠦᠮᠴᠢᠯᠡᠨ᠎ᠡ︶ ᠶᠢᠨ ᠬᠠᠣᠯᠢ ᠶᠣᠰᠣᠭᠠᠷ ᠣᠯᠣᠭᠰᠠᠨ ᠲᠦᠷᠭᠡᠨ ᠤ ᠵᠠᠮ ᠤᠨ ᠰᠦᠢᠳᠬᠡᠯ  ᠬᠤᠷᠢᠶᠠᠬᠤ ᠡᠷᠭᠡ᠂ ᠵᠡᠷ ᠮᠡᠳᠡᠭᠡᠨ ᠤ ᠡᠵᠡᠩᠨᠡᠯᠲᠡ ᠶᠢᠨ ᠡᠷᠭᠡ᠂ ᠦᠢᠯᠡᠴᠢᠯᠡᠭᠡᠨ ᠤ ᠲᠦᠬᠦᠭᠡᠷᠦᠮᠵᠢ ᠶᠢᠨ  ᠡᠵᠡᠩᠨᠡᠯᠲᠡ ᠶᠢᠨ ᠡᠷᠭᠡ ᠶᠢ ᠬᠠᠣᠯᠢ ᠴᠠᠭᠠᠵᠠ ᠠᠴᠠ ᠬᠠᠮᠠᠭᠠᠯᠠᠨ᠎ᠠ᠃             ᠲᠤᠯᠤᠳᠤᠭᠠᠷ ᠵᠦᠢᠯ   ᠲᠦᠷᠭᠡᠨ ᠤ ᠵᠠᠮ ᠨᠢ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠰᠠᠭᠤᠷᠢ  ᠲᠦᠬᠦᠭᠡᠷᠦᠮᠵᠢ ᠳᠤ ᠬᠠᠷᠢᠶᠠᠯᠠᠭᠳᠠᠵᠣ᠂ ᠶᠠᠮᠠᠷᠪᠠ ᠨᠢᠭᠡᠴᠡ ᠪᠠ ᠬᠤᠪᠢ ᠬᠦᠮᠦᠨ ᠬᠡᠳ ᠲᠦᠷᠭᠡᠨ ᠤ ᠵᠠᠮ᠂  ᠲᠦᠷᠭᠡᠨ ᠤ ᠵᠠᠮ ᠤᠨ ᠬᠡᠷᠡᠭᠯᠡᠬᠦ ᠭᠠᠵᠠᠷ ᠵᠢᠴᠢ ᠲᠦᠷᠭᠡᠨ ᠤ ᠵᠠᠮ ᠤᠨ ᠳᠠᠭᠠᠯᠲᠠ ᠲᠦᠬᠦᠭᠡᠷᠦᠮᠵᠢ ᠶᠢ ᠡᠪᠲᠡᠬᠦ᠂  ᠰᠦᠢᠳᠬᠡᠬᠦ ᠪᠣᠶᠣ ᠬᠠᠣᠯᠢ ᠪᠣᠰᠣ ᠪᠠᠷ ᠡᠵᠡᠯᠡᠨ ᠬᠡᠷᠡᠭᠯᠡᠵᠣ ᠪᠣᠯᠬᠤ ᠦᠭᠡᠢ︔ ᠲᠦᠷᠭᠡᠨ ᠤ ᠵᠠᠮ ᠵᠢᠴᠢ ᠲᠡᠬᠦᠨ ᠤ  ᠳᠠᠭᠠᠯᠲᠠ ᠵᠠᠮ ᠳᠡᠭᠡᠷ᠎ᠡ ᠬᠠᠣᠯᠢ ᠪᠣᠰᠣ ᠪᠠᠷ ᠬᠠᠷᠰᠢ ᠰᠠᠭᠠᠳ ᠲᠣᠬᠢᠷᠠᠭᠤᠯᠬᠤ᠂ ᠰᠦᠢᠳᠬᠡᠯ ᠬᠤᠷᠢᠶᠠᠬᠤ᠂  ᠵᠣᠭᠤᠰ ᠢᠶᠠᠷ ᠲᠣᠷᠭᠠᠬᠤ ᠪᠠ ᠲᠡᠷᠭᠡ ᠣᠨᠤᠭ᠎ᠠ ᠶᠢ ᠬᠠᠰᠢᠨ ᠪᠠᠶᠢᠴᠠᠭᠠᠵᠣ ᠪᠣᠯᠬᠤ ᠦᠭᠡᠢ︔ ᠲᠦᠷᠭᠡᠨ ᠤ ᠵᠡᠮ ᠳᠡᠭᠡᠷ᠎ᠡ ᠬᠠᠣᠯᠢ ᠪᠣᠰᠣ ᠪᠠᠷ ᠲᠣᠷ᠎ᠠ ᠲᠠᠪᠠ ᠪᠠᠷ ᠢᠶᠠᠨ ᠭᠠᠷᠴᠣ ᠣᠷᠣᠬᠤ ᠭᠠᠵᠠᠷ ᠪᠣᠶᠣ ᠳᠠᠭᠠᠯᠲᠠ ᠲᠦᠬᠦᠭᠡᠷᠦᠮᠵᠢ ᠶᠢ  ᠲᠣᠬᠢᠷᠠᠭᠤᠯᠵᠣ ᠪᠣᠯᠬᠤ ᠦᠭᠡᠢ᠃            ᠪᠣᠢ ᠪᠦᠬᠦᠢ ᠨᠢᠭᠡᠴᠡ ᠪᠠ ᠬᠤᠪᠢ ᠬᠦᠮᠦᠨ ᠴᠦ᠋ᠮ ᠲᠦᠷᠭᠡᠨ ᠤ ᠵᠠᠮ ᠢ ᠬᠠᠮᠠᠭᠠᠯᠠᠬᠤ ᠡᠬᠦᠷᠭᠡ ᠲᠠᠢ᠂  ᠲᠦᠷᠭᠡᠨ ᠤ ᠵᠠᠮ᠂ ᠲᠦᠷᠭᠡᠨ ᠤ ᠵᠠᠮ ᠤᠨ ᠬᠡᠷᠡᠭᠯᠡᠬᠦ ᠭᠠᠵᠠᠷ᠂ ᠲᠦᠷᠭᠡᠨ ᠤ ᠵᠠᠮ ᠤᠨ ᠳᠠᠭᠠᠯᠲᠠ ᠲᠦᠬᠦᠭᠡᠷᠦᠮᠵᠢ ᠶᠢ  ᠡᠪᠲᠡᠬᠦ᠂ ᠰᠦᠢᠳᠬᠡᠬᠦ ᠪᠠ ᠲᠦᠷᠭᠡᠨ ᠤ ᠵᠠᠮ ᠤᠨ ᠠᠮᠣᠷ ᠲᠦᠪᠰᠢᠨ᠂ ᠰᠠᠭᠠᠳ ᠦᠭᠡᠢ ᠨᠡᠪᠲᠡᠷᠡᠬᠦ ᠶᠢ ᠨᠦᠯᠦᠭᠡᠯᠡᠬᠦ  ᠦᠢᠯᠡ ᠠᠵᠢᠯᠯᠠᠭ᠎ᠠ ᠶᠢ ᠢᠯᠡᠴᠢᠯᠡᠬᠦ ᠪᠠ ᠵᠠᠭᠠᠯᠳᠣᠬᠤ ᠡᠷᠭᠡ ᠲᠠᠢ︔ ᠲᠦᠷᠭᠡᠨ ᠤ ᠵᠠᠮ ᠤᠨ ᠰᠦᠢᠳᠬᠡᠯ ᠬᠤᠷᠢᠶᠠᠬᠤ᠂  ᠠᠷᠠᠴᠢᠯᠠᠨ ᠬᠠᠮᠠᠭᠠᠯᠠᠬᠤ᠂ ᠡᠵᠡᠩᠨᠡᠬᠦ ᠳᠤ ᠬᠢᠨᠠᠯᠲᠠ ᠲᠠᠯᠪᠢᠬᠤ ᠡᠷᠭᠡ ᠲᠠᠢ᠃            ᠬᠤᠶᠠᠳᠤᠭᠠᠷ ᠪᠦᠯᠦᠭ   ᠲᠦᠯᠦᠪᠵᠢᠭᠦᠯᠭᠡ ᠪᠠ ᠪᠦᠳᠦᠭᠡᠨ ᠪᠠᠶᠢᠭᠤᠯᠤᠯᠳᠠ     ᠨᠠᠢᠮᠠᠳᠤᠭᠠᠷ ᠵᠦᠢᠯ   ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ  ᠬᠠᠷᠢᠯᠴᠠᠭ᠎ᠠ ᠳᠡᠭᠡᠭᠡᠪᠦᠷᠢ ᠶᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ‍ᠣᠮᠣᠰ ᠠᠷᠠᠳ ᠤᠨ ᠠᠵᠣ ᠠᠬᠤᠢ ᠪᠠ  ᠨᠡᠶᠢᠭᠡᠮ ᠤᠨ ᠬᠦᠭᠵᠢᠯᠲᠡ ᠶᠢᠨ ᠲᠦᠯᠦᠪᠵᠢᠬᠦᠯᠭᠡ᠂ ᠣᠯᠣᠰ ᠤᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠣᠯᠲᠠ ᠶᠢᠨ  ᠬᠡᠷᠡᠭᠴᠡᠭᠡ ᠶᠢ ᠦᠨᠳᠦᠰᠦᠯᠡᠨ᠂ ᠣᠯᠣᠰ ᠤᠨ ᠲᠦᠷᠭᠡᠨ ᠤ ᠵᠠᠮ ᠤᠨ ᠶᠡᠷᠦᠩᠭᠡᠢ ᠲᠦᠯᠦᠪᠵᠢᠬᠦᠯᠭᠡ ᠶᠢᠨ ᠱᠠᠭᠠᠷᠳᠠᠯᠭ᠎ᠠ  ᠶᠣᠰᠣᠭᠠᠷ᠂ ᠠᠳᠠᠯᠢ ᠱᠠᠲᠣᠨ ᠤ ᠬᠦᠭᠵᠢᠬᠦᠯᠦᠯᠲᠡ ᠪᠠ ᠦᠭᠡᠷᠡᠴᠢᠯᠡᠯᠲᠡ᠂ ᠲᠣᠲᠣᠭᠠᠲᠣ ᠶᠢ ᠬᠠᠮᠠᠭᠠᠯᠠᠬᠤ᠂  ᠣᠯᠣᠰ ᠤᠨ ᠭᠠᠵᠠᠷ ᠰᠢᠷᠣᠢ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ᠂ ᠣᠷᠴᠢᠨ  ᠲᠣᠭᠤᠷᠢᠨ ᠤ ᠬᠠᠮᠠᠭᠠᠯᠠᠯᠲᠠ᠂ ᠣᠰᠣᠨ ᠠᠰᠢᠭᠯᠠᠯᠲᠠ᠂ ᠲᠡᠣᠭᠡ ᠶᠢᠨ ᠲᠣᠷᠠᠰᠬᠠᠯᠲᠣ ᠵᠦᠢᠯᠠᠰ ᠵᠡᠷᠭᠡ ᠬᠠᠮᠢᠶ᠎ᠠ ᠪᠦᠬᠦᠢ  ᠰᠠᠯᠠᠭ᠎ᠠ ᠮᠦᠴᠢᠷ ᠲᠠᠢ ᠬᠠᠮᠲᠣᠷᠠᠨ᠂ ᠵᠠᠮ ᠳᠠᠭᠠᠣ ᠳᠠᠬᠢ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ  ᠠᠷᠠᠳ ᠤᠨ ᠵᠠᠰᠠᠭ ᠤᠨ ᠣᠷᠳᠣᠨ ᠲᠠᠢ ᠬᠠᠮᠲᠣ ᠪᠠᠷ ᠵᠦᠪᠳᠡᠯᠴᠡᠵᠣ ᠪᠠᠶᠢᠭᠠᠳ ᠦᠪᠡᠷᠲᠡᠭᠡᠨ ᠵᠠᠰᠠᠬᠤ ᠣᠷᠣᠨ ᠤ  ᠲᠦᠷᠭᠡᠨ ᠤ ᠵᠠᠮ ᠤᠨ ᠲᠦᠯᠦᠪᠵᠢᠬᠦᠯᠭᠡ ᠶᠢ ᠨᠠᠶᠢᠷᠠᠭᠤᠯᠵᠣ᠂ ᠬᠠᠣᠯᠢ ᠶᠣᠰᠣᠭᠠᠷ ᠮᠡᠳᠡᠬᠦᠯᠦᠨ  ᠵᠦᠪᠰᠢᠶᠡᠷᠡᠬᠦᠯᠦᠭᠰᠡᠨ ᠤ ᠳᠠᠷᠠᠭ᠎ᠠ ᠵᠣᠬᠢᠶᠠᠨ ᠪᠠᠶᠢᠭᠤᠯᠣᠨ ᠬᠡᠷᠡᠭᠵᠢᠬᠦᠯᠬᠦ ᠬᠡᠷᠡᠭᠲᠠᠢ᠃            ᠦᠪᠡᠷᠲᠡᠭᠡᠨ ᠵᠠᠰᠠᠬᠤ ᠣᠷᠣᠨ ᠤ ᠲᠦᠷᠭᠡᠨ ᠤ ᠵᠠᠮ ᠤᠨ ᠲᠦᠯᠦᠪᠵᠢᠬᠦᠯᠭᠡ ᠶᠢ ᠬᠤᠲᠠ ᠬᠦᠳᠡᠭᠡ ᠶᠢᠨ  ᠲᠦᠯᠦᠪᠵᠢᠬᠦᠯᠭᠡ ᠲᠠᠢ ᠵᠣᠬᠢᠴᠠᠯᠳᠣᠭᠤᠯᠵᠣ᠂ ᠪᠦᠲᠦᠭᠡᠨ ᠪᠠᠶᠢᠭᠤᠯᠣᠯᠲᠠ ᠳᠤ ᠬᠡᠷᠡᠭᠯᠡᠬᠦ ᠭᠠᠵᠠᠷ ᠤᠨ  ᠲᠦᠯᠦᠪᠵᠢᠬᠦᠯᠭᠡ ᠨᠢ ᠭᠠᠵᠠᠷ ᠰᠢᠷᠣᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠲᠠᠢ ᠨᠡᠶᠢᠴᠡᠬᠦ ᠬᠡᠷᠡᠭᠲᠠᠢ᠃            ᠶᠢᠰᠦᠳᠦᠭᠡᠷ ᠵᠦᠢᠯ   ᠲᠣᠰᠬᠤᠨ ᠪᠠᠯᠭᠠᠰᠣ᠂ ᠨᠡᠭᠡᠭᠡᠯᠲᠡ ᠶᠢᠨ ᠣᠷᠣᠨ᠂ ᠡᠳ᠋ ᠪᠠᠷᠠᠭ᠎ᠠ ᠲᠦᠪᠯᠡᠷᠡᠬᠦᠯᠵᠣ  ᠲᠠᠷᠬᠠᠭᠠᠬᠤ ᠭᠠᠵᠠᠷ ᠵᠡᠷᠭᠡ ᠣᠯᠠᠨ ᠨᠡᠶᠢᠲᠡ ᠶᠢᠨ ᠭᠠᠵᠠᠷ ᠢ ᠲᠦᠯᠦᠪᠵᠢᠬᠦᠯᠬᠦ ᠪᠠ ᠰᠢᠨ᠎ᠡ ᠪᠠᠷ ᠪᠠᠶᠢᠭᠤᠯᠬᠤ ᠳᠤ  ᠲᠦᠷᠭᠡᠨ ᠤ ᠵᠠᠮ ᠲᠠᠢ ᠲᠣᠭᠲᠠᠭᠰᠠᠨ ᠵᠠᠢ ᠲᠠᠢ ᠪᠠᠶᠢᠯᠭᠠᠬᠤ ᠶᠢᠨ ᠬᠠᠮᠲᠣ ᠲᠦᠷᠭᠡᠨ ᠤ ᠵᠠᠮ ᠤᠨ ᠬᠤᠶᠠᠷ ᠲᠠᠯ᠎ᠠ ᠲᠠᠢ  ᠵᠣᠬᠢᠴᠠᠯᠳᠣᠭᠤᠯᠣᠨ ᠬᠢᠬᠦ ᠠᠴᠠ ᠵᠠᠶᠢᠯᠠᠰᠬᠢᠬᠦ ᠬᠡᠷᠡᠭᠲᠠᠢ᠃          ᠠᠷᠪᠠᠳᠤᠭᠠᠷ ᠵᠦᠢᠯ   ᠲᠦᠷᠭᠡᠨ ᠤ ᠵᠠᠮ ᠤᠨ ᠪᠦᠲᠦᠭᠡᠨ ᠪᠠᠶᠢᠭᠤᠯᠣᠯᠲᠠ ᠶᠢᠨ ᠪᠡᠯᠡ ᠮᠦᠩᠬᠦ ᠶᠢ ᠵᠠᠰᠠᠭ ᠤᠨ  ᠣᠷᠳᠣᠨ ᠤ ᠡᠳ᠋ ᠤᠨ ᠵᠠᠰᠠᠭ ᠠᠴᠠ ᠵᠣᠭᠤᠰ ᠰᠠᠯᠭᠠᠨ ᠦᠭᠬᠦ ᠠᠴᠠ ᠭᠠᠳᠠᠨ᠎ᠠ᠂ ᠣᠯᠣᠰ ᠤᠨ ᠬᠠᠮᠢᠶ᠎ᠠ ᠪᠦᠬᠦᠢ  ᠲᠣᠭᠲᠠᠭᠠᠯ ᠶᠣᠰᠣᠭᠠᠷ ᠬᠤᠷᠠᠮᠳᠣᠭᠤᠯᠬᠤ ᠬᠡᠷᠡᠭᠲᠠᠢ᠃            ᠣᠯᠣᠰ ᠤᠨ ᠲᠣᠲᠣᠭᠠᠲᠣ ᠭᠠᠳᠠᠭᠠᠲᠣ ᠶᠢᠨ ᠠᠵᠣ ᠠᠬᠤᠢ ᠶᠢᠨ ᠵᠣᠬᠢᠶᠠᠨ ᠪᠠᠶᠢᠭᠤᠯᠣᠯᠲᠠ ᠣᠨᠴᠠ  ᠵᠦᠪᠰᠢᠶᠡᠷᠡᠯ ᠤᠨ ᠡᠵᠡᠩᠨᠡᠯᠲᠡ ᠶᠢᠨ ᠠᠷᠭ᠎ᠠ ᠪᠠᠷ ᠲᠣᠰᠠᠭᠠᠷ ᠪᠡᠯᠡ ᠣᠷᠣᠭᠤᠯᠬᠤ᠂ ᠪᠡᠯᠡ ᠨᠡᠶᠢᠯᠡᠬᠦᠯᠬᠦ᠂ ᠬᠤᠷᠰᠢᠬᠤ᠂  ᠬᠤᠯᠪᠣᠭᠠᠯᠠᠨ ᠡᠵᠡᠩᠨᠡᠬᠦ ᠵᠡᠷᠭᠡ ᠬᠡᠯᠪᠡᠷᠢ ᠪᠠᠷ ᠲᠦᠷᠭᠡᠨ ᠤ ᠵᠠᠮ ᠳᠤ ᠬᠠᠣᠯᠢ ᠶᠣᠰᠣᠭᠠᠷ ᠪᠡᠯᠡ ᠣᠷᠣᠭᠤᠯᠬᠤ᠂  ᠪᠦᠲᠦᠭᠡᠨ ᠪᠠᠶᠢᠭᠤᠯᠬᠤ᠂ ᠡᠵᠡᠩᠨᠡᠬᠦ ᠶᠢ ᠦᠪᠡᠷᠲᠡᠭᠡᠨ ᠵᠠᠰᠠᠬᠤ ᠣᠷᠣᠨ ᠠᠴᠠ ᠬᠦᠲᠦᠯᠦᠨ ᠵᠣᠷᠢᠬᠵᠢᠭᠤᠯᠣᠨ᠎ᠠ᠃            ᠲᠦᠷᠭᠡᠨ ᠤ ᠵᠠᠮ ᠤᠨ ᠡᠵᠡᠩᠨᠡᠯᠲᠡ ᠶᠢᠨ ᠡᠷᠭᠡ ᠶᠢᠨ ᠣᠯᠭᠤᠯᠲᠠ ᠪᠠ ᠡᠵᠡᠩᠨᠡᠯᠲᠡ ᠶᠢᠨ ᠬᠤᠭᠤᠴᠠᠭ᠎ᠠ ᠶᠢ  ᠣᠯᠣᠰ ᠪᠠ ᠦᠪᠡᠷᠲᠡᠭᠡᠨ ᠵᠠᠰᠠᠬᠤ ᠣᠷᠣᠨ ᠤ ᠬᠠᠮᠢᠶ᠎ᠡ ᠪᠦᠬᠦᠢ ᠲᠣᠭᠲᠠᠭᠠᠯ ᠶᠣᠰᠣᠭᠠᠷ ᠬᠡᠷᠡᠭᠵᠢᠬᠦᠯᠦᠨ᠎ᠡ᠃            ᠠᠷᠪᠠᠨ ᠨᠢᠭᠡᠳᠦᠭᠡᠷ ᠵᠦᠢᠯ   ᠲᠦᠷᠭᠡᠨ ᠤ ᠵᠠᠮ ᠤᠨ ᠪᠠᠶᠢᠭᠤᠯᠣᠯᠲᠠ ᠶᠢᠨ ᠲᠦᠷᠦᠯ ᠵᠦᠢᠯ ᠨᠢ ᠬᠠᠣᠯᠢ ᠶᠢᠨ  ᠡᠷᠭᠡᠲᠡᠨ ᠬᠠᠷᠢᠭᠤᠴᠠᠬᠤ ᠳᠦᠷᠢᠮ᠂ ᠳᠠᠭᠠᠭᠠᠴᠢᠯᠠᠯᠲᠠ ᠵᠠᠷᠯᠠᠵᠣ ᠳᠠᠭᠠᠭᠠᠴᠢᠯᠠᠯᠲᠠ ᠬᠦᠯᠢᠶᠡᠬᠦ ᠲᠦᠷᠢᠮ ᠪᠠ  ᠢᠨᠵᠧᠨᠧᠷᠢᠩ ᠢ ᠬᠢᠨᠠᠨ ᠬᠠᠮᠢᠶᠠᠷᠬᠤ ᠳᠦᠷᠢᠮ ᠢ ᠬᠡᠷᠡᠭᠵᠢᠬᠦᠯᠦᠨ᠎ᠡ᠃            ᠲᠦᠷᠭᠡᠨ ᠤ ᠵᠠᠮ ᠤᠨ ᠪᠠᠶᠢᠭᠤᠯᠣᠯᠲᠠ ᠶᠢᠨ ᠲᠦᠷᠦᠯ ᠵᠦᠢᠯ ᠤᠨ ᠬᠠᠣᠯᠢ ᠶᠢᠨ ᠡᠷᠭᠡᠲᠡᠨ ᠨᠢ ᠣᠯᠣᠰ ᠠᠴᠠ  ᠲᠣᠭᠲᠠᠭᠠᠭᠰᠠᠨ ᠦᠨᠳᠦᠰᠦᠨ ᠪᠦᠲᠦᠭᠡᠨ ᠪᠠᠶᠢᠭᠤᠯᠣᠯᠲᠠ ᠶᠢᠨ ᠳᠠᠷᠠᠭᠠᠯᠠᠯ ᠪᠠ ᠬᠠᠮᠢᠶ᠎ᠡ ᠪᠦᠬᠦᠢ ᠲᠣᠭᠲᠠᠭᠠᠯ  ᠶᠣᠰᠣᠭᠠᠷ ᠬᠢᠬᠦ ᠶᠢᠨ ᠬᠠᠮᠲᠣ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠤᠨ ᠪᠡᠯᠡ ᠣᠷᠣᠭᠤᠯᠣᠯᠲᠠ᠂  ᠳᠠᠭᠠᠭᠠᠴᠢᠯᠠᠯᠲᠠ ᠵᠠᠷᠯᠠᠵᠣ ᠳᠠᠭᠠᠭᠠᠴᠢᠯᠠᠯᠲᠠ ᠬᠦᠯᠢᠶᠡᠬᠦ᠂ ᠶᠠᠰᠣ ᠴᠢᠨᠠᠷ᠂ ᠠᠮᠣᠷ ᠲᠦᠪᠰᠢᠨ᠂ ᠪᠠᠷᠢᠯᠭ᠎ᠠ ᠶᠢᠨ  ᠬᠤᠭᠤᠴᠠᠭ᠎ᠠ ᠪᠠ ᠣᠷᠴᠢᠨ ᠲᠣᠭᠤᠷᠢᠨ ᠤ ᠬᠠᠮᠠᠭᠠᠯᠠᠯᠲᠠ ᠳᠤ ᠬᠠᠷᠢᠭᠤᠴᠠᠭᠤ ᠬᠡᠷᠡᠭᠲᠠᠢ᠃            ᠠᠷᠪᠠᠨ ᠬᠤᠶᠠᠳᠤᠭᠠᠷ ᠵᠦᠢᠯ   ᠪᠡᠯᠡ ᠣᠷᠣᠭᠤᠯᠣᠯᠲᠠ ᠶᠢᠨ ᠡᠵᠡᠩᠨᠡᠯᠲᠡ ᠶᠢᠨ ᠴᠢᠨᠠᠷᠲᠠᠢ ᠲᠦᠷᠭᠡᠨ ᠤ  ᠵᠠᠮ ᠤᠨ ᠪᠠᠶᠢᠭᠤᠯᠣᠯᠲᠠ ᠶᠢᠨ ᠲᠦᠷᠦᠯ ᠵᠦᠢᠯ ᠤᠨ ᠬᠠᠣᠯᠢ ᠶᠢᠨ ᠡᠷᠭᠡᠲᠡᠨ ᠨᠢ ᠪᠣᠯᠵᠣᠭᠰᠠᠨ ᠬᠤᠭᠤᠴᠠᠭᠠᠨ ᠳᠣᠲᠣᠷ᠎ᠠ  ᠪᠠᠷᠢᠯᠭ᠎ᠠ ᠪᠠᠨ ᠡᠬᠢᠯᠡᠬᠦᠯᠬᠦ ᠪᠠ ᠪᠠᠶᠢᠭᠤᠯᠣᠨ ᠪᠦᠲᠦᠭᠡᠵᠣ ᠡᠵᠡᠩᠨᠡᠯᠲᠡ ᠳᠤ ᠣᠷᠣᠭᠤᠯᠬᠤ ᠬᠡᠷᠡᠭᠲᠠᠢ᠃ ᠬᠤᠭᠤᠴᠠᠭ᠎ᠠ  ᠶᠣᠰᠣᠭᠠᠷ ᠪᠠᠷᠢᠯᠭ᠎ᠠ ᠪᠠᠨ ᠡᠬᠢᠯᠡᠬᠦᠯᠵᠣ᠂ ᠪᠠᠷᠢᠯᠭ᠎ᠠ ᠳᠠᠭᠤᠰᠬᠠᠵᠣ ᠳᠡᠶᠢᠯᠬᠦ ᠦᠭᠡᠢ ᠪᠣᠯ ᠬᠡᠷ᠎ᠡ ᠳᠤ ᠪᠣᠯᠵᠣᠭᠰᠠᠨ  ᠪᠣᠶᠣ ᠬᠠᠮᠢᠶ᠎ᠠ ᠪᠦᠬᠦᠢ ᠬᠠᠣᠯᠢ ᠴᠠᠭᠠᠵᠠ᠂ ᠬᠠᠣᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃            ᠠᠷᠪᠠᠨ ᠭᠤᠷᠪᠠᠳᠤᠭᠠᠷ ᠵᠦᠢᠯ   ᠦᠪᠡᠷᠲᠡᠭᠡᠨ ᠵᠠᠰᠠᠬᠤ ᠣᠷᠣᠨ ᠠᠴᠠ ᠲᠦᠷᠭᠡᠨ ᠤ ᠵᠠᠮ ᠤᠨ ᠪᠠᠷᠢᠯᠭ᠎ᠠ ᠶᠢᠨ  ᠶᠠᠰᠣ ᠴᠢᠨᠠᠷ ᠢ ᠬᠢᠨᠠᠨ ᠬᠠᠮᠢᠶᠠᠷᠬᠤ ᠳᠦᠷᠢᠮ ᠢ ᠬᠡᠷᠡᠭᠵᠢᠬᠦᠯᠦᠨ᠎ᠡ᠃            ᠬᠠᠶᠢᠨ ᠪᠠᠶᠢᠴᠠᠭᠠᠬᠤ᠂ ᠲᠦᠯᠦᠪᠯᠡᠬᠦ᠂ ᠪᠠᠷᠢᠯᠭ᠎ᠠ ᠶᠢᠨ ᠠᠵᠢᠯ ᠬᠢᠬᠦ᠂ ᠬᠢᠨᠠᠨ ᠬᠠᠮᠢᠶᠠᠷᠬᠤ ᠵᠡᠷᠭᠡ ᠲᠦᠷᠭᠡᠨ ᠤ  ᠵᠠᠮ ᠤᠨ ᠠᠵᠢᠯ ᠢ ᠡᠷᠬᠢᠯᠡᠵᠣ ᠪᠠᠶᠢᠭ᠎ᠠ ᠨᠢᠭᠡᠴᠡ ᠨᠢ ᠲᠦᠷᠭᠡᠨ ᠤ ᠵᠠᠮ ᠤᠨ ᠢᠨᠵᠧᠨᠧᠷᠢᠩ ᠤᠨ ᠶᠠᠰᠣ ᠴᠢᠨᠠᠷ ᠤᠨ  ᠬᠠᠷᠢᠭᠤᠴᠠᠯᠭ᠎ᠠ ᠶᠢ ᠬᠠᠣᠯᠢ ᠶᠣᠰᠣᠭᠠᠷ ᠡᠬᠦᠷᠭᠡᠯᠡᠵᠣ᠂ ᠵᠠᠮ ᠬᠠᠷᠢᠯᠴᠠᠭ᠎ᠠ ᠳᠡᠭᠡᠭᠡᠪᠦᠷᠢ ᠶᠢ ᠭᠤᠣᠯᠯᠠᠨ ᠬᠠᠮᠢᠶᠠᠷᠬᠤ  ᠰᠠᠯᠠᠭ᠎ᠠ ᠮᠦᠴᠢᠷ ᠵᠢᠴᠢ ᠲᠡᠬᠦᠨ ᠳᠤ ᠬᠠᠷᠢᠶᠠᠯᠠᠭᠳᠠᠬᠤ ᠶᠠᠰᠣ ᠴᠢᠨᠠᠷ ᠲᠤ ᠬᠢᠨᠠᠯᠲᠠ ᠲᠠᠯᠪᠢᠬᠤ ᠪᠠᠶᠢᠭᠤᠯᠣᠮᠵᠢ ᠶᠢᠨ  ᠬᠢᠨᠠᠯᠲᠠ ᠪᠠᠶᠢᠴᠠᠭᠠᠯᠲᠠ ᠶᠢ ᠬᠦᠯᠢᠶᠠᠵᠣ᠂ ᠬᠢᠨᠠᠯᠲᠠ ᠪᠠᠶᠢᠴᠠᠭᠠᠯᠲᠠ ᠳᠤ ᠬᠠᠮᠵᠢᠯᠴᠠᠨ᠎ᠠ︔ ᠪᠦᠲᠦᠭᠡᠨ  ᠪᠠᠶᠢᠭᠤᠯᠣᠯᠲᠠ ᠶᠢᠨ ᠨᠢᠭᠡᠴᠡ ᠪᠠᠷᠢᠯᠭ᠎ᠠ ᠡᠬᠢᠯᠡᠬᠦᠯᠬᠦ ᠵᠦᠪᠰᠢᠶᠡᠷᠡᠯ ᠤᠨ ᠦᠨᠡᠮᠯᠡᠯ ᠢ ᠣᠯᠬᠤ ᠠᠴᠠ ᠡᠮᠦᠨ᠎ᠡ᠂  ᠣᠯᠣᠰ ᠤᠨ ᠬᠠᠮᠢᠶ᠎ᠡ ᠪᠦᠬᠦᠢ ᠲᠣᠭᠲᠠᠭᠠᠯ ᠶᠣᠰᠣᠭᠠᠷ ᠪᠠᠷᠢᠯᠭ᠎ᠠ ᠶᠢᠨ ᠶᠠᠰᠣ ᠴᠢᠨᠠᠷ ᠲᠤ ᠬᠢᠨᠠᠯᠲᠠ ᠲᠠᠯᠪᠢᠬᠤ  ᠭᠠᠷᠳᠠᠮ ᠢ ᠭᠦᠢᠴᠡᠳᠬᠡᠬᠦ ᠬᠡᠷᠡᠭᠲᠠᠢ᠃            ᠠᠷᠪᠠᠨ ᠲᠦᠷᠪᠡᠳᠦᠭᠡᠷ ᠵᠦᠢᠯ   ᠬᠠᠶᠢᠨ ᠪᠠᠶᠢᠴᠠᠭᠠᠬᠤ᠂ ᠲᠦᠯᠦᠪᠯᠡᠬᠦ᠂ ᠪᠠᠷᠢᠯᠭ᠎ᠠ ᠬᠢᠬᠦ᠂ ᠬᠢᠨᠠᠨ ᠬᠠᠮᠢᠶᠠᠷᠬᠤ  ᠵᠡᠷᠭᠡ ᠲᠦᠷᠭᠡᠨ ᠤ ᠵᠠᠮ ᠤᠨ ᠠᠵᠢᠯ ᠢ ᠡᠷᠬᠢᠯᠡᠵᠣ ᠪᠠᠶᠢᠭ᠎ᠠ ᠨᠢᠭᠡᠴᠡ ᠲᠦᠷᠭᠡᠨ ᠤ ᠵᠠᠮ ᠤᠨ ᠪᠦᠲᠦᠭᠡᠨ  ᠪᠠᠶᠢᠭᠤᠯᠣᠯᠲᠠ ᠶᠢᠨ ᠲᠦᠷᠦᠯ ᠵᠦᠢᠯ ᠢ ᠳᠠᠭᠠᠭᠠᠨ ᠠᠪᠬᠤ ᠵᠣᠬᠢᠴᠠᠩᠭᠤᠢ ᠬᠢᠷᠢ ᠬᠡᠮ ᠢ ᠪᠦᠷᠢᠳᠦᠬᠦᠯᠬᠦ ᠶᠢᠨ ᠬᠠᠮᠲᠣ  ᠲᠡᠬᠦᠨ ᠤ ᠬᠢᠷᠢ ᠬᠡᠮ ᠤᠨ ᠲᠡᠰ ᠤᠨ ᠵᠦᠪᠰᠢᠶᠡᠷᠡᠭᠰᠡᠨ ᠬᠡᠪᠴᠢᠶᠠᠨ ᠲᠣᠲᠣᠷ᠎ᠠ ᠪᠠᠷᠢᠯᠭ᠎ᠠ ᠶᠢ ᠳᠠᠭᠠᠭᠠᠴᠢᠯᠠᠨ ᠠᠪᠬᠤ  ᠬᠡᠷᠡᠭᠲᠠᠢ᠃ ᠬᠠᠶᠢᠨ ᠪᠠᠶᠢᠴᠠᠭᠠᠬᠤ᠂ ᠲᠦᠯᠦᠪᠯᠡᠬᠦ᠂ ᠪᠠᠷᠢᠯᠭ᠎ᠠ ᠬᠢᠬᠦ ᠨᠢᠭᠡᠴᠡ ᠳᠠᠭᠠᠭᠠᠴᠢᠯᠠᠭᠰᠠᠨ ᠪᠠᠷᠢᠯᠭ᠎ᠠ ᠪᠠᠨ  ᠰᠢᠯᠵᠢᠬᠦᠯᠦᠨ ᠳᠠᠭᠠᠭᠠᠴᠢᠯᠠᠭᠤᠯᠬᠤ ᠪᠣᠶᠣ ᠬᠠᠣᠯᠢ ᠪᠣᠰᠣ ᠪᠠᠷ ᠰᠠᠯᠭᠠᠨ ᠳᠠᠭᠠᠭᠠᠴᠢᠯᠠᠭᠤᠯᠵᠣ ᠪᠣᠯᠬᠤ ᠦᠭᠡᠢ᠃  ᠬᠢᠨᠠᠯᠲᠠ ᠲᠠᠯᠪᠢᠵᠣ ᠬᠠᠮᠢᠶᠠᠷᠬᠤ ᠨᠢᠭᠡᠴᠡ ᠪᠠᠷᠢᠯᠭ᠎ᠠ ᠶᠢ ᠬᠢᠨᠠᠨ ᠬᠠᠮᠢᠶᠠᠷᠬᠤ ᠲᠣᠬᠠᠶᠢᠯᠠᠭᠰᠠᠨ ᠠᠵᠢᠯ ᠢᠶᠠᠨ  ᠪᠣᠰᠣᠳ ᠲᠤ ᠰᠢᠯᠵᠢᠬᠦᠯᠦᠨ ᠦᠭᠴᠦ ᠪᠣᠯᠬᠤ ᠦᠭᠡᠢ᠃            ᠠᠷᠪᠠᠨ ᠲᠠᠪᠤᠳᠤᠭᠠᠷ ᠵᠦᠢᠯ   ᠲᠦᠷᠭᠡᠨ ᠤ ᠵᠠᠮ ᠢ ᠲᠦᠯᠦᠪᠯᠡᠬᠦ ᠪᠠ ᠪᠦᠲᠦᠭᠡᠨ ᠪᠠᠶᠢᠭᠤᠯᠬᠤ ᠨᠢᠭᠡᠴᠡ  ‍ᠣᠮᠣᠰ ᠤᠨ ᠲᠦᠷᠭᠡᠨ ᠤ ᠵᠠᠮ ᠤᠨ ᠲᠦᠯᠦᠪᠯᠡᠭᠡ ᠶᠢᠨ ᠵᠢᠷᠣᠮᠵᠢᠯ ᠢᠶᠠᠷ ᠵᠠᠮ ᠬᠠᠷᠢᠯᠴᠠᠭᠠᠨ ᠤ ᠢᠯᠡᠳᠬᠡᠮᠵᠢ ᠳᠡᠮᠲᠡᠭ᠂  ᠵᠠᠮ ᠬᠠᠷᠢᠯᠴᠠᠭᠠᠨ ᠤ ᠢᠯᠡᠳᠬᠡᠮᠵᠢ ᠱᠣᠭᠤᠮ᠂ ᠵᠠᠮ ᠬᠠᠷᠢᠯᠴᠠᠭᠠᠨ ᠤ ᠮᠡᠷᠬᠡᠵᠢᠯ ᠤᠨ ᠬᠢᠨᠠᠨ ᠡᠵᠡᠮᠳᠡᠬᠦ ᠲᠦᠬᠦᠭᠡᠷᠦᠮᠵᠢ  ᠂ ᠲᠦᠭᠰᠢᠬᠦᠷᠢ ᠮᠡᠳᠡᠬᠦᠯᠬᠦ ᠣᠳᠠᠰᠣ ᠪᠠ ᠬᠤᠪᠢᠰᠣᠩᠭᠤᠢ ᠮᠡᠳᠡᠭᠡ ᠵᠠᠩᠬᠢ ᠶᠢᠨ ᠬᠠᠪᠳᠠᠰᠣ ᠵᠡᠷᠭᠡ ᠵᠠᠮ  ᠬᠠᠷᠢᠯᠴᠠᠭᠠᠨ ᠤ ᠠᠮᠣᠷ ᠲᠦᠪᠰᠢᠨ ᠤ ᠲᠦᠬᠦᠭᠡᠷᠦᠮᠵᠢ ᠶᠢ ᠲᠦᠯᠦᠪᠯᠡᠨ ᠣᠭᠰᠠᠷᠠᠬᠤ ᠬᠡᠷᠡᠭᠲᠠᠢ᠃            ᠲᠦᠷᠭᠡᠨ ᠤ ᠵᠠᠮ ᠤᠨ ᠦᠢᠯᠡᠴᠢᠯᠡᠭᠡᠨ ᠤ ᠲᠣᠭᠤᠷᠢᠭ᠂ ᠵᠠᠮ ᠤᠨ ᠶᠠᠪᠣᠳᠠᠯ ᠤᠨ ᠬᠠᠮᠢᠶᠠᠷᠣᠯᠲᠠ᠂ ᠵᠠᠮ  ᠬᠠᠷᠢᠯᠴᠠᠭᠠᠨ ᠤ ᠠᠮᠣᠷ ᠲᠦᠪᠰᠢᠨ ᠤ ᠬᠠᠮᠢᠶᠠᠷᠣᠯᠲᠠ᠂ ᠵᠠᠮ ᠤᠨ ᠲᠣᠰᠠᠯᠠᠮᠵᠢ ᠵᠡᠷᠭᠡ ᠴᠢᠬᠤᠯᠠ ᠬᠡᠷᠡᠭᠴᠡᠭᠡ ᠪᠦᠬᠦᠢ  ᠲᠠᠯᠠᠪᠣᠷ ᠪᠠ ᠲᠦᠬᠦᠭᠡᠷᠦᠮᠵᠢ ᠶᠢ ᠲᠦᠷᠭᠡᠨ ᠤ ᠵᠠᠮ ᠤᠨ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠤᠨ ᠭᠤᠣᠯ  ᠴᠣᠭᠴᠠ ᠪᠠᠷᠢᠯᠭ᠎ᠠ ᠲᠠᠢ ᠵᠡᠷᠭᠡᠪᠡᠷ ᠲᠦᠯᠦᠪᠯᠡᠬᠦ᠂ ᠪᠠᠶᠢᠭᠤᠯᠬᠤ᠂ ᠰᠢᠯᠭᠠᠨ ᠬᠤᠷᠢᠶᠠᠬᠤ ᠪᠠ ᠬᠡᠷᠡᠭᠯᠡᠭᠡ ᠳᠤ  ᠣᠷᠣᠭᠤᠯᠬᠤ ᠬᠡᠷᠡᠭᠲᠠᠢ᠃             ᠨᠢᠭᠡᠨᠲᠡ ᠬᠡᠷᠡᠭᠯᠡᠭᠡ ᠳᠤ ᠣᠷᠣᠭᠤᠯᠣᠭᠰᠠᠨ ᠲᠦᠷᠭᠡᠨ ᠤ ᠵᠠᠮ ᠤᠨ ᠬᠤᠯᠪᠣᠭᠳᠠᠯ ᠪᠦᠬᠦᠢ ᠲᠠᠯᠠᠪᠣᠷ ᠪᠠ  ᠲᠦᠬᠦᠭᠡᠷᠦᠮᠵᠢ ᠶᠢ ᠪᠦᠲᠦᠭᠡᠨ ᠪᠠᠶᠢᠭᠤᠯᠣᠭᠠᠳᠣᠢ ᠪᠣᠶᠣ ᠲᠡᠬᠦᠯᠳᠡᠷᠵᠢᠬᠦᠯᠦᠭᠡᠲᠦᠢ ᠪᠣᠯ ᠬᠤᠭᠤᠴᠠᠭ᠎ᠠ ᠬᠢᠵᠠᠭᠠᠷᠯᠠᠨ  ᠪᠦᠲᠦᠭᠡᠨ ᠪᠠᠶᠢᠭᠤᠯᠬᠤ ᠪᠣᠶᠣ ᠲᠡᠬᠦᠯᠳᠡᠷᠵᠢᠬᠦᠯᠬᠦ ᠬᠡᠷᠡᠭᠲᠠᠢ᠃            ᠠᠷᠪᠠᠨ ᠵᠢᠷᠭᠤᠳᠤᠭᠠᠷ ᠵᠦᠢᠯ   ᠲᠦᠷᠭᠡᠨ ᠤ ᠵᠠᠮ ᠤᠨ ᠡᠵᠡᠩᠨᠡᠯᠲᠡ ᠶᠢᠨ ᠡᠷᠭᠡ ᠶᠢ ᠰᠢᠯᠵᠢᠬᠦᠯᠵᠣ ᠠᠪᠬᠤ  ᠪᠣᠶᠣ ᠣᠯᠣᠰ ᠤᠨ ᠲᠣᠲᠣᠭᠠᠲᠣ ᠭᠠᠳᠠᠭᠠᠲᠣ ᠶᠢᠨ ᠠᠵᠣ ᠠᠬᠤᠢ ᠶᠢᠨ ᠵᠣᠬᠢᠶᠠᠨ ᠪᠠᠶᠢᠭᠤᠯᠣᠯᠲᠠ ᠠᠴᠠ ᠪᠡᠯᠡ  ᠣᠷᠣᠭᠤᠯᠣᠨ ᠪᠦᠲᠦᠭᠡᠨ ᠪᠠᠶᠢᠭᠤᠯᠵᠣ ᠡᠵᠡᠩᠨᠡᠭᠰᠡᠨ ᠲᠦᠷᠭᠡᠨ ᠤ ᠵᠠᠮ ᠤᠨ ᠡᠵᠡᠩᠨᠡᠭᠴᠢ ᠨᠢ ᠡᠵᠡᠩᠨᠡᠵᠣ ᠪᠠᠶᠢᠭ᠎ᠠ  ᠬᠤᠭᠤᠴᠠᠭᠠᠨ ᠳᠤ ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ ᠶᠢᠨ ᠬᠢᠨᠠᠯᠲᠠ ᠬᠠᠮᠢᠶᠠᠷᠣᠯᠲᠠ ᠶᠢ  ᠬᠦᠯᠢᠶᠡᠬᠦ ᠬᠡᠷᠡᠭᠲᠠᠢ︔ ᠡᠵᠡᠩᠨᠡᠬᠦ ᠡᠷᠭᠡ ᠶᠢ ᠰᠢᠯᠵᠢᠬᠦᠯᠵᠣ ᠠᠪᠣᠭᠰᠠᠨ ᠬᠤᠭᠤᠴᠠᠭ᠎ᠠ ᠨᠢ ᠲᠣᠯᠣᠭᠰᠠᠨ ᠪᠣᠶᠣ  ᠡᠵᠡᠩᠨᠡᠬᠦ ᠬᠤᠭᠤᠴᠠᠭ᠎ᠠ ᠨᠢ ᠲᠣᠯᠣᠭᠰᠠᠨ ᠪᠣᠯ᠂ ᠲᠦᠷᠭᠡᠨ ᠤ ᠵᠠᠮ ᠢ ᠨᠡᠯᠢᠶᠡᠳ ᠰᠠᠶᠢᠨ ᠮᠡᠷᠭᠡᠵᠢᠯ ᠤᠨ ᠪᠠᠶᠢᠳᠠᠯ ᠳᠤ  ᠪᠠᠶᠢᠯᠭᠠᠬᠤ ᠬᠡᠷᠡᠭᠲᠠᠢ ᠪᠦᠭᠡᠳ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ  ᠬᠠᠷᠢᠯᠴᠠᠭ᠎ᠠ ᠳᠡᠭᠡᠭᠡᠪᠦᠷᠢ ᠶᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠢᠯᠭᠠᠨ ᠬᠤᠷᠢᠶᠠᠬᠤ ᠶᠢ ᠵᠣᠬᠢᠶᠠᠨ  ᠪᠠᠶᠢᠭᠤᠯᠣᠨ᠎ᠠ᠃            ᠠᠷᠪᠠᠨ ᠲᠤᠯᠤᠳᠤᠭᠠᠷ ᠵᠦᠢᠯ   ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ ᠲᠦᠷᠭᠡᠨ ᠤ  ᠵᠠᠮ ᠤᠨ ᠬᠠᠮᠢᠶᠠᠷᠣᠯᠲᠠ ᠶᠢᠨ ᠳᠠᠩᠰᠠ ᠡᠪᠬᠡᠮᠡᠯ ᠢ ᠪᠠᠶᠢᠭᠤᠯᠣᠨ ᠳᠡᠬᠦᠯᠳᠡᠷᠵᠢᠬᠦᠯᠵᠣ᠂ ᠲᠦᠷᠭᠡᠨ ᠤ ᠵᠠᠮ᠂  ᠲᠦᠷᠭᠡᠨ ᠤ ᠵᠠᠮ ᠤᠨ ᠬᠡᠷᠡᠭᠯᠡᠬᠦ ᠭᠠᠵᠠᠷ᠂ ᠲᠦᠷᠭᠡᠨ ᠤ ᠵᠠᠮ ᠤᠨ ᠳᠠᠭᠠᠯᠲᠠ ᠲᠦᠬᠦᠭᠡᠷᠦᠮᠵᠢ ᠳᠤ ᠪᠠᠶᠢᠴᠠᠭᠠᠯᠲᠠ ᠬᠢᠵᠣ  ᠬᠠᠷᠭᠤᠭᠤᠯᠣᠭᠰᠠᠨ ᠤ ᠳᠠᠷᠠᠭ᠎ᠠ ᠳᠠᠩᠰᠠᠯᠠᠭᠤᠯᠣᠨ ᠳᠡᠪᠲᠡᠷᠯᠡᠬᠦᠯᠬᠦ ᠬᠡᠷᠡᠭᠲᠠᠢ᠃            ᠲᠦᠷᠭᠡᠨ ᠤ ᠵᠠᠮ ᠤᠨ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠤᠨ ᠠᠵᠢᠯ ᠳᠠᠭᠤᠰᠴᠣ ᠰᠢᠯᠭᠠᠨ  ᠬᠤᠷᠢᠶᠠᠭᠰᠠᠨ ᠤ ᠳᠠᠷᠠᠭ᠎ᠠ᠂ ᠲᠦᠷᠭᠡᠨ ᠤ ᠵᠠᠮ ᠤᠨ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠤᠨ ᠬᠠᠣᠯᠢ ᠶᠢᠨ  ᠡᠷᠭᠡᠲᠡᠨ ᠲᠦ᠋ᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ ᠳᠤ ᠪᠦᠲᠦᠭᠡᠨ ᠪᠠᠶᠢᠭᠤᠯᠣᠯᠲᠠ ᠶᠢᠨ ᠲᠦᠷᠦᠯ  ᠵᠦᠢᠯ ᠤᠨ ᠳᠠᠩᠰᠠ ᠡᠪᠬᠡᠮᠡᠯ ᠤᠨ ᠮᠠᠲ᠋ᠧᠷᠢᠶᠠᠯ ᠢ ᠬᠠᠣᠯᠢ ᠶᠣᠰᠣᠭᠠᠷ ᠲᠣᠰᠢᠶᠠᠬᠤ ᠬᠡᠷᠡᠭᠲᠠᠢ᠃             ᠭᠤᠷᠪᠠᠳᠤᠭᠠᠷ ᠪᠦᠯᠦᠭ   ᠠᠷᠠᠴᠢᠯᠠᠯᠲᠠ ᠬᠠᠮᠠᠭᠠᠯᠠᠯᠲᠠ            ᠠᠷᠪᠠᠨ ᠨᠠᠢᠮᠠᠳᠤᠭᠠᠷ ᠵᠦᠢᠯ   ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ᠂ ᠲᠦᠷᠭᠡᠨ ᠤ  ᠵᠠᠮ ᠤᠨ ᠡᠵᠡᠩᠨᠡᠭᠴᠢ ᠣᠯᠣᠰ ᠠᠴᠠ ᠲᠣᠭᠲᠠᠭᠠᠭᠰᠠᠨ ᠮᠡᠷᠭᠡᠵᠢᠯ ᠤᠨ ᠵᠢᠷᠣᠮᠵᠢᠯ ᠪᠠ ᠠᠵᠢᠯᠯᠠᠬᠤ ᠳᠦᠷᠢᠮ ᠶᠣᠰᠣᠭᠠᠷ  ᠲᠦᠷᠭᠡᠨ ᠤ ᠵᠠᠮ ᠢ ᠠᠷᠠᠴᠢᠯᠠᠨ ᠬᠠᠮᠠᠭᠠᠯᠠᠵᠣ᠂ ᠲᠦᠷᠭᠡᠨ ᠤ ᠵᠠᠮ ᠤᠨ ᠪᠠᠶᠢᠩᠭᠤ ᠰᠠᠶᠢᠨ ᠮᠡᠷᠭᠡᠵᠢᠯ ᠤᠨ ᠪᠠᠶᠢᠳᠠᠯ ᠳᠤ  ᠪᠠᠶᠢᠬᠤ ᠶᠢ ᠪᠠᠳᠣᠯᠠᠬᠤ ᠬᠡᠷᠡᠭᠲᠠᠢ᠃            ᠠᠷᠪᠠ ᠶᠢᠰᠦᠳᠦᠭᠡᠷ ᠵᠦᠢᠯ ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ᠂ ᠲᠦᠷᠭᠡᠨ ᠤ ᠵᠠᠮ ᠤᠨ  ᠡᠵᠡᠩᠨᠡᠭᠴᠢ ‍ᠣᠮᠣᠰ ᠪᠠ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ  ᠳᠡᠭᠡᠭᠡᠪᠦᠷᠢ ᠶᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ ᠲᠣᠭᠲᠠᠭᠠᠯ ᠶᠣᠰᠣᠭᠠᠷ᠂ ᠲᠦᠷᠭᠡᠨ ᠤ ᠵᠠᠮ ᠤᠨ  ᠣᠨ ᠤ ᠠᠷᠠᠴᠢᠯᠠᠨ ᠬᠠᠮᠠᠭᠠᠯᠠᠬᠤ ᠲᠦᠯᠦᠪᠯᠡᠭᠡ ᠶᠢ ᠨᠠᠶᠢᠷᠠᠭᠤᠯᠵᠣ᠂ ᠦᠪᠡᠷᠲᠡᠭᠡᠨ ᠵᠠᠰᠠᠬᠤ ᠣᠷᠣᠨ ᠤ ᠠᠷᠠᠳ ᠤᠨ  ᠵᠠᠰᠠᠭ ᠤᠨ ᠣᠷᠳᠣᠨ ᠤ ᠵᠠᠮ ᠬᠠᠷᠢᠯᠴᠠᠭ᠎ᠠ ᠳᠡᠭᠡᠭᠡᠪᠦᠷᠢ ᠶᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠤ  ᠳᠠᠩᠰᠠᠯᠠᠭᠤᠯᠬᠤ ᠪᠠᠷ ᠮᠡᠳᠡᠬᠦᠯᠬᠦ ᠬᠡᠷᠡᠭᠲᠠᠢ᠃            ᠬᠤᠷᠢᠳᠤᠭᠠᠷ ᠵᠦᠢᠯ   ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠡ ᠲᠦᠷᠭᠡᠨ ᠤ ᠵᠠᠮ ᠤᠨ ᠣᠨ ᠤ  ᠠᠷᠠᠴᠢᠯᠠᠨ ᠬᠠᠮᠠᠭᠠᠯᠠᠬᠤ ᠲᠦᠯᠦᠪᠯᠡᠭᠡ ᠳᠤ ᠵᠢᠭᠰᠠᠭᠠᠭᠳᠠᠭᠰᠠᠨ ᠲᠦᠷᠭᠡᠨ ᠤ ᠵᠠᠮ ᠢ ᠶᠡᠭᠡ ᠲᠣᠮᠲᠠ ᠬᠡᠮᠵᠢᠶ᠎ᠡ ᠪᠠᠷ  ᠵᠠᠰᠠᠨ ᠪᠠᠶᠢᠭᠤᠯᠬᠤ ᠪᠠᠷᠢᠯᠭ᠎ᠠ ᠪᠣᠶᠣ ᠦᠭᠡᠷᠡᠴᠢᠯᠡᠨ ᠪᠠᠶᠢᠭᠤᠯᠬᠤ ᠪᠠᠷᠢᠯᠭ᠎ᠠ ᠶᠢᠨ ᠲᠦᠷᠦᠯ ᠵᠦᠢᠯ ᠢ ᠵᠣᠬᠢᠶᠠᠨ  ᠪᠠᠶᠢᠭᠤᠯᠣᠨ ᠬᠡᠷᠡᠭᠵᠢᠬᠦᠯᠬᠦ ᠳᠤ᠂ ᠠᠷᠪᠠᠨ ᠲᠠᠪᠣᠨ ᠡᠳᠦᠷ ᠠᠴᠠ ᠡᠮᠦᠨ᠎ᠡ ᠲᠦᠷᠭᠡᠨ ᠤ ᠵᠠᠮ ᠤᠨ ᠰᠠᠭᠠᠳ ᠦᠭᠡᠢ ᠶᠢ  ᠪᠠᠲᠣᠯᠬᠠᠣ ᠲᠦᠰᠦᠯ ᠢᠶᠠᠨ ᠵᠠᠮ ᠬᠠᠷᠢᠯᠴᠠᠭ᠎ᠠ ᠳᠡᠭᠡᠭᠡᠪᠦᠷᠢ ᠶᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠠ  ᠲᠣᠲᠣᠭᠠᠲᠣ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠣᠯᠲᠠ ᠶᠢᠨ ᠰᠠᠯᠠᠭ᠎ᠠ ᠮᠦᠴᠢᠷ ᠲᠤ  ᠳᠠᠩᠰᠠᠯᠠᠭᠤᠯᠬᠤ ᠶᠢᠨ ᠬᠠᠮᠲᠣ ᠪᠠᠷᠢᠯᠭ᠎ᠠ ᠶᠢᠨ ᠲᠦᠷᠦᠯ ᠵᠦᠢᠯ ᠢᠶᠠᠨ ᠡᠬᠢᠯᠡᠬᠦᠯᠬᠦ ᠠᠴᠠ ᠲᠠᠪᠣᠨ ᠡᠳᠦᠷ ᠤᠨ ᠡᠮᠦᠨ᠎ᠡ  ᠰᠣᠨᠢᠨ ᠮᠡᠳᠡᠭᠡ ᠵᠠᠭᠤᠴᠢᠯᠠᠭᠤᠷ᠂ ᠲᠦᠷᠭᠡᠨ ᠤ ᠵᠠᠮ ᠤᠨ ᠬᠤᠪᠢᠰᠣᠩᠭᠤᠢ ᠮᠡᠳᠡᠭᠡ ᠵᠠᠩᠬᠢ ᠶᠢᠨ ᠬᠠᠪᠳᠠᠰᠣ ᠪᠠᠷ  ᠳᠠᠮᠵᠢᠭᠤᠯᠵᠣ ᠨᠡᠶᠢᠭᠡᠮ ᠳᠠᠶᠠᠭᠠᠷ ᠲᠤ ᠨᠡᠶᠢᠲᠡᠯᠡᠬᠦ ᠬᠡᠷᠡᠭᠲᠠᠢ᠃            ᠲᠡᠷᠭᠡ ᠬᠦᠰᠭᠡ ᠶᠢᠨ ᠠᠮᠣᠷ ᠲᠦᠪᠰᠢᠨ ᠨᠡᠪᠲᠡᠷᠡᠬᠦ ᠶᠢ ᠬᠦᠨᠳᠦ ᠰᠦᠷᠡᠭᠡᠢ ᠨᠦᠯᠦᠭᠡᠯᠡᠬᠦ ᠪᠠᠴᠢᠮ ᠪᠠᠶᠢᠳᠠᠯ ᠢ  ᠠᠷᠭᠠᠴᠠᠵᠣ ᠵᠠᠪᠳᠣᠨ ᠨᠡᠪᠲᠡᠷᠡᠬᠦᠯᠦᠨ ᠵᠠᠪᠳᠣᠨ ᠠᠪᠣᠷᠠᠬᠤ ᠶᠡᠭᠡ ᠲᠣᠮᠲᠠ ᠵᠠᠪᠳᠣᠨ ᠵᠠᠰᠠᠬᠤ ᠪᠠᠷᠢᠯᠭ᠎ᠠ ᠲᠣᠯᠭᠠᠷᠠᠪᠠᠯ᠂  ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠡ ᠳᠠᠷᠣᠢ ᠲᠦᠷᠭᠡᠨ ᠵᠡᠪᠳᠣᠨ ᠵᠠᠰᠠᠬᠤ ᠶᠢᠨ ᠵᠡᠷᠭᠡᠪᠡᠷ ᠲᠦᠷᠭᠡᠨ ᠤ  ᠵᠠᠮ ᠤᠨ ᠰᠠᠭᠠᠳ ᠦᠭᠡᠢ ᠨᠡᠪᠲᠡᠷᠡᠬᠦ ᠲᠦᠰᠦᠯ ᠢ ᠵᠠᠮ ᠬᠠᠷᠢᠯᠴᠠᠭ᠎ᠠ ᠲᠡᠭᠡᠭᠡᠪᠦᠷᠢ ᠶᠢ ᠭᠤᠣᠯᠯᠠᠨ ᠬᠠᠮᠢᠶᠠᠷᠬᠤ ᠰᠠᠯᠠᠭ᠎ᠠ  ᠮᠦᠴᠢᠷ ᠪᠠ ᠲᠣᠲᠣᠭᠠᠲᠣ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠣᠯᠲᠠ ᠶᠢᠨ ᠰᠠᠯᠠᠭ᠎ᠠ  ᠮᠦᠴᠢᠷ ᠲᠤ ᠳᠠᠩᠰᠠᠯᠠᠭᠤᠯᠬᠤ ᠪᠠᠷ ᠮᠡᠳᠡᠬᠦᠯᠬᠦ ᠶᠢᠨ ᠬᠠᠮᠲᠣ ᠨᠡᠶᠢᠭᠡᠮ ᠳᠠᠶᠠᠭᠠᠷ ᠲᠤ ᠴᠠᠭ ᠲᠣᠬᠠᠢ ᠳᠤᠨᠢ ᠨᠡᠶᠢᠲᠡᠯᠡᠬᠦ  ᠬᠡᠷᠡᠭᠲᠠᠢ᠃            ᠬᠤᠷᠢᠨ ᠨᠢᠭᠡᠳᠦᠭᠡᠷ ᠵᠦᠢᠯ   ᠠᠷᠠᠴᠢᠯᠠᠨ ᠬᠠᠮᠭᠠᠯᠠᠬᠤ ᠠᠵᠢᠯ ᠤᠨ ᠬᠡᠷᠡᠭᠴᠡᠭᠡ ᠠᠴᠠ ᠪᠣᠯᠵᠣ᠂ ᠲᠦᠷᠭᠡᠨ ᠤ  ᠵᠠᠮ ᠢ ᠬᠤᠶᠠᠷ ᠳᠡᠶᠢᠰᠢ ᠪᠦᠷᠢᠨ ᠦᠷᠭᠡᠴᠡ ᠪᠠᠷ ᠪᠢᠲᠡᠬᠦᠮᠵᠢᠯᠡᠬᠦ᠂ ᠳᠠᠩ ᠴᠢᠭᠯᠡᠯ ᠪᠦᠷᠢᠨ ᠦᠷᠭᠡᠴᠡ ᠪᠠᠷ  ᠪᠢᠲᠡᠬᠦᠮᠵᠢᠯᠡᠨ ᠡᠰᠡᠷᠬᠦ‍ ᠴᠢᠭ ᠠᠵᠢᠯᠯᠠᠬᠤ ᠴᠢᠬᠤᠯᠠᠲᠠᠢ ᠵᠠᠮ ᠤᠨ ᠬᠡᠰᠡᠭ ᠨᠢ ᠬᠤᠶᠠᠷ ᠺᠢᠯᠣᠮᠧᠳ᠋ᠷ ᠠᠴᠠ ᠣᠷᠲᠣ  ᠪᠦᠭᠡᠳ ᠠᠵᠢᠯᠯᠠᠬᠤ ᠬᠤᠭᠤᠴᠠᠭ᠎ᠠ ᠨᠢ ᠭᠤᠴᠢᠨ ᠡᠳᠦᠷ ᠠᠴᠠ ᠬᠡᠲᠦᠷᠡᠪᠡᠯ᠂ ᠠᠷᠠᠴᠢᠯᠠᠨ ᠬᠠᠮᠠᠭᠠᠯᠠᠬᠤ ᠠᠵᠢᠯ ᠤᠨ  ᠨᠢᠭᠡᠴᠡ ᠨᠢ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ ᠲᠦᠰᠦᠯ ᠪᠠ ᠲᠦᠷᠭᠡᠨ ᠤ  ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠣᠯᠠᠬᠤ ᠲᠦᠰᠦᠯ ᠢ ᠦᠪᠡᠷᠲᠡᠭᠡᠨ ᠵᠠᠰᠠᠬᠤ ᠣᠷᠣᠨ ᠤ ᠠᠷᠠᠳ ᠤᠨ  ᠵᠠᠰᠠᠭ ᠤᠨ ᠣᠷᠳᠣᠨ ᠤ ᠵᠠᠮ ᠬᠠᠷᠢᠯᠴᠠᠭ᠎ᠠ ᠳᠡᠭᠡᠭᠡᠪᠦᠷᠢ ᠶᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ᠂ ᠵᠢᠯᠣᠭᠤᠳᠣᠨ  ᠨᠡᠪᠲᠡᠷᠡᠬᠦᠯᠬᠦ ᠲᠦᠰᠦᠯ ᠢ ᠲᠣᠲᠣᠭᠠᠲᠣ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠣᠯᠲᠠ ᠶᠢᠨ  ᠰᠠᠯᠠᠭ᠎ᠠ ᠮᠦᠴᠢᠷ ᠲᠤ ᠮᠡᠳᠡᠬᠦᠯᠵᠣ᠂ ᠲᠣᠲᠣᠭᠠᠲᠣ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ  ᠬᠠᠮᠢᠶᠠᠷᠣᠯᠲᠠ ᠶᠢᠨ ᠰᠠᠯᠠᠭ᠎ᠠ ᠮᠦᠴᠢᠷ᠂ ᠵᠠᠮ ᠬᠠᠷᠢᠯᠴᠠᠭ᠎ᠠ ᠳᠡᠭᠡᠭᠡᠪᠦᠷᠢ ᠶᠢ ᠭᠤᠣᠯᠯᠠᠨ ᠬᠠᠮᠢᠶᠷᠬᠤ ᠰᠠᠯᠠᠭ᠎ᠠ ᠮᠦᠴᠢᠷ  ᠵᠢᠴᠢ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠡ ᠠᠴᠠ ᠬᠠᠮᠲᠣᠷᠠᠨ ᠲᠣᠭᠲᠠᠭᠠᠬᠤ ᠬᠡᠷᠡᠭᠲᠠᠢ᠃            ᠬᠤᠷᠢᠨ ᠬᠤᠶᠠᠳᠤᠭᠠᠷ ᠵᠦᠢᠯ   ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ᠂ ᠲᠣᠲᠣᠭᠠᠲᠣ ᠶᠢ  ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠣᠯᠲᠠ ᠶᠢᠨ ᠰᠠᠯᠠᠭ᠎ᠠ ᠮᠦᠴᠢᠷ ᠨᠢ ᠠᠷᠠᠴᠢᠯᠠᠨ  ᠬᠠᠮᠠᠭᠠᠯᠠᠬᠤ ᠠᠵᠢᠯ ᠤᠨ ᠪᠠᠷᠢᠯᠭ᠎ᠠ ᠶᠢᠨ ᠲᠣᠬᠠᠢ ᠶᠢᠨ ᠭᠠᠵᠠᠷ ᠪᠠ ᠵᠠᠮ ᠬᠠᠷᠢᠯᠴᠠᠭᠠᠨ ᠤ ᠵᠣᠬᠢᠶᠠᠨ  ᠪᠠᠶᠢᠭᠤᠯᠣᠯᠲᠠ ᠶᠢᠨ ᠪᠠᠶᠢᠳᠠᠯ ᠳᠠᠬᠢ ᠬᠢᠨᠠᠯᠲᠠ ᠬᠠᠮᠢᠶᠠᠷᠣᠯᠲᠠ ᠪᠠᠨ ᠴᠢᠩᠭᠠᠳᠬᠠᠬᠤ ᠬᠡᠷᠡᠭᠲᠠᠢ᠃            ᠲᠦᠷᠭᠡᠨ ᠤ ᠵᠠᠮ ᠢ ᠠᠷᠠᠴᠢᠯᠠᠨ ᠬᠠᠮᠠᠭᠠᠯᠠᠬᠤ ᠠᠵᠢᠯ ᠠᠴᠠ ᠪᠣᠯᠵᠣ ᠵᠠᠮ ᠬᠠᠷᠢᠯᠴᠠᠭᠠᠨ ᠤ ᠲᠦᠭᠵᠢᠷᠡᠯ  ᠡᠬᠦᠰᠦᠭᠰᠡᠨ ᠪᠣᠯ ᠲᠣᠲᠣᠭᠠᠲᠣ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠣᠯᠲᠠ ᠶᠢᠨ  ᠰᠠᠯᠠᠭ᠎ᠠ ᠮᠦᠴᠢᠷ ᠠᠴᠠ ᠴᠠᠭ ᠲᠣᠬᠠᠢ ᠳᠤᠨᠢ ᠠᠷᠭ᠎ᠠ ᠬᠡᠮᠵᠢᠶ᠎ᠡ ᠠᠪᠴᠣ ᠵᠠᠮ ᠬᠠᠷᠢᠯᠴᠠᠭ᠎ᠠ ᠶᠢ ᠵᠢᠯᠣᠭᠤᠳᠣᠨ  ᠨᠡᠪᠲᠡᠷᠡᠬᠦᠯᠵᠣ᠂ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠡ ᠨᠢ ᠲᠣᠰᠠᠯᠠᠨ ᠬᠠᠮᠵᠢᠯᠴᠠᠬᠤ ᠬᠡᠷᠡᠭᠲᠠᠢ᠃            ᠬᠤᠷᠢᠨ ᠭᠤᠷᠪᠠᠳᠤᠭᠠᠷ ᠵᠦᠢᠯ   ᠲᠦᠷᠭᠡᠨ ᠤ ᠵᠠᠮ ᠤᠨ ᠠᠷᠠᠴᠢᠯᠠᠨ ᠬᠠᠮᠠᠭᠠᠯᠠᠬᠤ ᠠᠵᠢᠯ ᠨᠢ ᠲᠣᠣᠷᠠᠬᠢ  ᠲᠣᠭᠲᠠᠭᠠᠯ ᠢ ᠵᠢᠷᠣᠮᠯᠠᠬᠤ ᠬᠡᠷᠡᠭᠲᠠᠢ᠄            ︵ᠨᠢᠭᠡ︶ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠡ ᠣᠯᠣᠰ ᠤᠨ ᠬᠠᠮᠢᠶ᠎ᠠ ᠪᠦᠬᠦᠢ ᠲᠣᠭᠲᠠᠭᠠᠯ  ᠶᠣᠰᠣᠭᠠᠷ ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ ᠢ ᠪᠠᠶᠢᠭᠤᠯᠵᠣ᠂ ᠠᠵᠢᠯ ᠤᠨ ᠵᠠᠮ ᠬᠠᠷᠢᠯᠴᠠᠭᠠᠨ ᠤ  ᠡᠵᠡᠮᠳᠡᠯ ᠢ ᠬᠡᠷᠡᠭᠵᠢᠬᠦᠯᠬᠦ ᠬᠡᠷᠡᠭᠲᠠᠢ︔            ︵ᠬᠤᠶᠠᠷ︶ ᠠᠷᠠᠴᠢᠯᠠᠨ ᠬᠠᠮᠠᠭᠠᠯᠠᠬᠤ ᠠᠵᠢᠯ ᠤᠨ ᠲᠣᠬᠠᠢ ᠶᠢᠨ ᠲᠠᠯᠠᠪᠠᠢ ᠳᠤ ᠠᠮᠣᠷ ᠲᠦᠪᠰᠢᠨ ᠠᠵᠢᠯᠯᠠᠬᠤ  ᠲᠦᠬᠦᠭᠡᠷᠦᠮᠵᠢ ᠪᠠ ᠢᠯᠡᠳᠬᠡᠮᠵᠢ ᠳᠡᠮᠳᠡᠭ ᠲᠣᠬᠢᠷᠠᠭᠤᠯᠵᠣ᠂ ᠠᠷᠠᠴᠢᠯᠠᠨ ᠬᠠᠮᠠᠭᠠᠯᠠᠬᠤ ᠠᠵᠢᠯ ᠤᠨ ᠠᠵᠢᠯᠲᠠᠨ  ᠨᠢᠭᠡᠳᠦᠯᠲᠠᠢ ᠠᠮᠣᠷ ᠲᠦᠪᠰᠢᠨ ᠳᠡᠮᠳᠡᠭᠲᠣ ᠬᠤᠪᠴᠠᠰᠣ ᠡᠮᠦᠰᠬᠦ ᠬᠡᠷᠡᠭᠲᠠᠢ︔            ︵ᠭᠤᠷᠪᠠ︶ ᠠᠷᠠᠴᠢᠯᠠᠨ ᠬᠠᠮᠠᠭᠠᠯᠠᠬᠤ ᠠᠵᠢᠯ ᠤᠨ ᠲᠣᠰᠬᠠᠢ ᠲᠡᠷᠭᠡ ᠪᠠ ᠲᠣᠰᠬᠠᠢ ᠮᠧᠬᠠᠨᠢᠭ  ᠲᠦᠬᠦᠭᠡᠷᠦᠮᠵᠢ ᠶᠢ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠡ ᠠᠴᠠ ᠪᠠᠶᠢᠭ᠎ᠠ ᠭᠠᠵᠠᠷ ᠤᠨ ᠠᠶᠢᠮᠠᠭ ᠤᠨ  ᠵᠠᠰᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠲᠣᠭᠠᠲᠣ ᠶᠢ  ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠣᠯᠲᠠ ᠶᠢᠨ ᠰᠠᠯᠠᠭ᠎ᠠ ᠮᠦᠴᠢᠷ ᠲᠤ  ᠳᠠᠩᠰᠠᠯᠠᠭᠤᠯᠬᠤ ᠪᠠᠷ ᠮᠡᠳᠡᠬᠦᠯᠦᠨ᠎ᠡ᠃ ᠠᠷᠠᠴᠢᠯᠠᠨ ᠬᠠᠮᠠᠭᠠᠯᠠᠬᠤ ᠲᠣᠰᠬᠠᠢ ᠲᠡᠷᠭᠡ ᠪᠠ ᠲᠣᠰᠬᠠᠢ ᠮᠧᠬᠠᠨᠢᠭ  ᠲᠦᠬᠦᠭᠡᠷᠦᠮᠵᠢ ᠶᠢ ᠬᠡᠷᠡᠭᠯᠡᠵᠣ ᠠᠵᠢᠯᠯᠠᠬᠤ ᠦᠶᠡᠰ᠂ ᠳᠡᠭᠡᠷ᠎ᠡ ᠨᠢ ᠢᠯᠡᠷᠭᠡᠢ ᠠᠵᠢᠯ ᠤᠨ ᠢᠯᠡᠳᠬᠡᠮᠵᠢ ᠳᠡᠮᠲᠡᠭ  ᠲᠣᠬᠢᠷᠠᠭᠤᠯᠬᠤ ᠶᠢᠨ ᠬᠠᠮᠲᠣ ᠲᠦᠭᠰᠢᠬᠦᠷᠢ ᠮᠡᠳᠡᠬᠦᠯᠬᠦ ᠬᠢᠯᠪᠠᠭᠠᠨ ᠳ᠋ᠧᠩ ᠢ ᠨᠡᠭᠡᠭᠡᠬᠦ ᠬᠡᠷᠡᠭᠲᠠᠢ︔            ︵ᠲᠦᠷᠪᠡ︶ ᠠᠷᠠᠴᠢᠯᠠᠨ ᠬᠠᠮᠠᠭᠠᠯᠠᠬᠤ ᠲᠡᠷᠭᠡ ᠶᠢ ᠬᠡᠷᠡᠭᠯᠡᠵᠣ ᠠᠵᠢᠯᠯᠠᠬᠤ ᠦᠶᠡᠰ᠂ ᠲᠡᠷᠭᠡᠨ ᠣᠷᠣᠰᠬᠠᠯ ᠤᠨ  ᠣᠷᠬᠢᠯ ᠴᠠᠭ ᠠᠴᠠ ᠵᠠᠶᠢᠯᠠᠰᠬᠢᠬᠦ ᠬᠡᠷᠡᠭᠲᠠᠢ᠂ ᠨᠠᠰᠢ ᠴᠠᠰᠢ ᠶᠠᠪᠣᠬᠤ ᠲᠡᠷᠭᠡᠨ ᠤ ᠨᠡᠪᠲᠡᠷᠡᠬᠦ ᠶᠢ ᠨᠦᠯᠦᠭᠡᠯᠡᠬᠦ ᠦᠭᠡᠢ  ᠪᠠᠶᠢᠳᠠᠯ ᠲᠣᠣᠷ᠎ᠠ᠂ ᠲᠡᠬᠦᠨ ᠤ ᠶᠠᠪᠣᠬᠤ ᠵᠠᠮ ᠱᠣᠭᠤᠮ ᠪᠠ ᠴᠢᠭᠯᠡᠯ ᠨᠢ ᠲᠦᠷᠭᠡᠨ ᠤ ᠵᠠᠮ ᠤᠨ ᠵᠠᠮ ᠬᠠᠷᠢᠯᠴᠠᠭᠠᠨ ᠤ  ᠢᠯᠡᠳᠬᠡᠮᠵᠢ ᠳᠡᠮᠳᠡᠭ᠂ ᠢᠯᠡᠳᠬᠡᠮᠵᠢ ᠱᠣᠭᠤᠮ ᠤᠨ ᠬᠢᠵᠠᠭᠠᠷᠯᠠᠯ ᠢ ᠬᠦᠷᠲᠡᠬᠦ ᠦᠭᠡᠢ᠃ ᠨᠠᠰᠢ ᠴᠠᠰᠢ ᠵᠦᠷᠢᠯᠳᠦᠬᠦ  ᠲᠡᠷᠭᠡ ᠨᠢ ᠠᠷᠠᠴᠢᠯᠠᠨ ᠬᠠᠮᠠᠭᠠᠯᠠᠬᠤ ᠠᠵᠢᠯ ᠤᠨ ᠲᠡᠷᠭᠡ ᠪᠠ ᠠᠵᠢᠯᠲᠠᠨ ᠳᠤ ᠵᠠᠶᠢᠯᠠᠵᠣ ᠦᠭᠬᠦ ᠶᠢ ᠠᠩᠬᠠᠷᠴᠣ᠂  ᠲᠣᠬᠠᠢ ᠶᠢᠨ ᠲᠠᠯᠠᠪᠣᠷ ᠤᠨ ᠠᠵᠢᠯᠲᠠᠨ ᠤ ᠵᠢᠯᠣᠭᠤᠳᠬᠤ ᠶᠢ ᠳᠠᠭᠠᠬᠤ ᠬᠡᠷᠡᠭᠲᠠᠢ︔            ︵ᠲᠠᠪᠤ︶ ᠠᠷᠠᠴᠢᠯᠠᠨ ᠬᠠᠮᠠᠭᠠᠯᠠᠬᠤ ᠠᠵᠢᠯ ᠳᠠᠭᠤᠰᠪᠠᠯ᠂ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠡ ᠨᠢ  ᠠᠵᠢᠯ ᠤᠨ ᠲᠣᠬᠠᠢ ᠶᠢᠨ ᠲᠠᠯᠠᠪᠣᠷ ᠪᠣᠶᠣ ᠵᠠᠮ ᠳᠡᠭᠡᠷᠡᠬᠢ ᠰᠠᠭᠠᠳ ᠪᠣᠳᠠᠰ ᠢ ᠴᠠᠭ ᠳᠠᠷᠣᠢ ᠳᠤᠨᠢ ᠠᠷᠢᠯᠭᠠᠬᠤ  ᠬᠡᠷᠡᠭᠲᠠᠢ᠃ ᠠᠮᠣᠷ ᠲᠦᠪᠰᠢᠨ ᠤ ᠳᠠᠯᠲᠠ ᠬᠡᠮ ᠢ ᠠᠷᠢᠯᠭᠠᠭᠰᠠᠨ ᠤ ᠳᠠᠷᠠᠭ᠎ᠠ ᠰᠠᠶᠢ ᠨᠡᠪᠲᠡᠷᠡᠬᠦ ᠶᠢ ᠰᠡᠷᠬᠦᠬᠡᠨ᠎ᠡ᠃            ᠬᠤᠷᠢᠨ ᠲᠦᠷᠪᠡᠳᠦᠭᠡᠷ ᠵᠦᠢᠯ   ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ᠂ ᠲᠦᠷᠭᠡᠨ ᠤ  ᠵᠠᠮ ᠤᠨ ᠡᠵᠡᠩᠨᠡᠭᠴᠢ ᠨᠢ ᠠᠷᠠᠴᠢᠯᠠᠯᠲᠠ ᠬᠠᠮᠠᠭᠠᠯᠠᠯᠲᠠ ᠶᠢᠨ ᠴᠠᠭᠳᠠᠨ ᠪᠠᠶᠢᠴᠠᠭᠠᠯᠲᠠ ᠪᠠᠨ ᠴᠢᠩᠭᠠᠳᠬᠠᠬᠤ ᠶᠢᠨ  ᠬᠠᠮᠲᠣ ᠲᠦᠷᠭᠡᠨ ᠤ ᠵᠠᠮ ᠵᠢᠴᠢ ᠲᠡᠬᠦᠨ ᠤ ᠳᠠᠭᠠᠯᠲᠠ ᠲᠦᠬᠦᠭᠡᠷᠦᠮᠵᠢ ᠶᠢᠨ ᠮᠡᠷᠭᠡᠵᠢᠯ ᠤᠨ ᠪᠠᠶᠢᠳᠠᠯ ᠳᠤ ᠲᠣᠭᠲᠠᠮᠠᠯ  ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠯᠲᠠ ᠪᠠ ᠰᠢᠯᠭᠠᠨ ᠲᠣᠭᠲᠠᠭᠠᠯᠲᠠ ᠬᠢᠵᠣ᠂ ᠮᠡᠷᠭᠡᠵᠢᠯ ᠤᠨ ᠪᠠᠶᠢᠳᠠᠯ ᠨᠢ  ᠠᠷᠠᠴᠢᠯᠠᠨ ᠬᠠᠮᠠᠭᠠᠯᠠᠬᠤ ᠵᠢᠷᠣᠮᠵᠢᠯ ᠱᠠᠭᠠᠷᠳᠠᠯᠭ᠎ᠠ ᠳᠤ ᠬᠦᠷᠬᠦ ᠦᠭᠡᠢ ᠪᠣᠶᠣ ᠵᠠᠮ ᠤᠨ ᠰᠠᠭᠤᠷᠢ᠂ ᠵᠠᠮ ᠤᠨ ᠭᠠᠳᠠᠷᠭᠤ  ᠂ ᠬᠦᠬᠦᠷᠭᠡ᠂ ᠨᠦᠭᠡᠨ ᠵᠠᠮ᠂ ᠲᠠᠭᠠᠯᠲᠠ ᠠᠮᠣᠷ ᠲᠦᠪᠰᠢᠨ ᠤ ᠲᠦᠬᠦᠭᠡᠷᠦᠮᠵᠢ ᠡᠪᠳᠡᠭᠳᠡᠭᠰᠡᠨ ᠵᠢᠴᠢ ᠲᠦᠷᠭᠡᠨ ᠤ  ᠵᠠᠮ ᠤᠨ ᠠᠮᠣᠷ ᠲᠦᠪᠰᠢᠨ ᠨᠡᠪᠲᠡᠷᠡᠬᠦ ᠳᠤ ᠲᠦᠭᠰᠢᠬᠦᠷᠢ ᠣᠴᠠᠷᠠᠭᠤᠯᠬᠤ ᠪᠣᠰᠣᠳ ᠪᠠᠶᠢᠳᠠᠯ ᠢ ᠣᠯᠵᠣ ᠮᠡᠳᠡᠪᠡᠯ᠂  ᠰᠡᠷᠡᠮᠵᠢᠯᠡᠯ ᠤᠨ ᠢᠯᠡᠳᠬᠡᠮᠵᠢ ᠳᠡᠮᠳᠡᠭ᠂ ᠠᠮᠣᠷ ᠲᠦᠪᠰᠢᠨ ᠤ ᠰᠡᠷᠬᠡᠶᠢᠯᠡᠨ ᠬᠠᠮᠠᠭᠠᠯᠠᠬᠤ ᠲᠦᠬᠦᠭᠡᠷᠦᠮᠵᠢ ᠶᠢ ᠴᠠᠭ  ᠳᠠᠷᠣᠢ ᠳᠤᠨᠢ ᠲᠣᠬᠢᠷᠠᠭᠤᠯᠬᠤ ᠶᠢᠨ ᠬᠠᠮᠲᠣ ᠵᠠᠪᠳᠣᠨ ᠵᠠᠰᠠᠬᠤ ᠶᠢ ᠵᠣᠬᠢᠶᠠᠨ ᠪᠠᠶᠢᠭᠤᠯᠬᠤ ᠪᠣᠶᠣ ᠠᠷᠭ᠎ᠠ ᠬᠡᠮᠵᠢᠶ᠎ᠡ  ᠠᠪᠴᠣ ᠲᠦᠭᠰᠢᠬᠦᠷᠢᠲᠦ ᠪᠠᠶᠢᠳᠠᠯ ᠢ ᠠᠷᠢᠯᠭᠠᠬᠤ ᠬᠡᠷᠡᠭᠲᠠᠢ᠃            ᠬᠤᠷᠢᠨ ᠲᠠᠪᠤᠳᠤᠭᠠᠷ ᠵᠦᠢᠯ   ᠲᠦᠷᠭᠡᠨ ᠤ ᠵᠠᠮ ᠤᠨ ᠭᠠᠳᠠᠷᠭᠤ ᠳᠤ ᠬᠤᠷᠠᠮᠠᠯ ᠮᠦᠰᠦ᠂ ᠬᠤᠷᠠᠮᠠᠯ ᠴᠠᠰᠣ᠂  ᠬᠤᠷᠠᠮᠠᠯ ᠣᠰᠣ᠂ ᠨᠡᠬᠦᠳᠡᠯ ᠡᠯᠡᠰᠦ ᠲᠠᠢ ᠪᠣᠯᠵᠣ᠂ ᠲᠦᠷᠭᠡᠨ ᠤ ᠵᠠᠮ ᠤᠨ ᠠᠮᠣᠷ ᠲᠦᠪᠰᠢᠨ ᠨᠡᠪᠲᠡᠷᠡᠬᠦ ᠶᠢ  ᠨᠦᠯᠦᠭᠡᠯᠡᠭᠰᠡᠨ ᠪᠣᠯᠪᠠᠴᠣ ᠬᠠᠭᠠᠬᠤ ᠬᠡᠮᠵᠢᠶᠡᠨ ᠳᠤ ᠬᠠᠷᠠᠬᠠᠨ ᠬᠦᠷᠦᠭᠡ ᠦᠭᠡᠢ ᠪᠣᠯ᠂ ᠲᠦᠷᠭᠡᠨ ᠤ ᠵᠠᠮ ᠤᠨ  ᠬᠠᠮᠢᠶᠠᠷᠣᠯᠲᠠ ᠶᠢᠨ ᠪᠠᠶᠢᠭᠤᠯᠣᠮᠵᠢ᠂ ᠲᠦᠷᠭᠡᠨ ᠤ ᠵᠠᠮ ᠤᠨ ᠡᠵᠡᠩᠨᠡᠭᠴᠢ ᠨᠢ ᠨᠠᠰᠢ ᠴᠠᠰᠢ ᠵᠦᠷᠢᠯᠳᠦᠬᠦ ᠲᠡᠷᠭᠡᠨ ᠳᠤ  ᠠᠩᠬᠠᠷᠣᠭᠤᠯᠬᠤ ᠶᠢᠨ ᠬᠠᠮᠲᠣ ᠴᠠᠭ ᠲᠣᠬᠠᠢ ᠳᠤᠨᠢ ᠠᠷᠢᠯᠭᠠᠬᠤ ᠪᠣᠶᠣ ᠬᠠᠯᠳᠣᠷᠢᠬᠤ ᠠᠴᠠ ᠰᠡᠷᠬᠡᠶᠢᠯᠡᠬᠦ ᠠᠷᠭ᠎ᠠ  ᠬᠡᠮᠵᠢᠶ᠎ᠡ ᠠᠪᠬᠤ ᠬᠡᠷᠡᠭᠲᠠᠢ᠃            ᠬᠤᠷᠢᠨ ᠵᠢᠷᠭᠤᠳᠤᠭᠠᠷ ᠵᠦᠢᠯ ᠲᠦᠷᠭᠡᠨ ᠤ ᠵᠠᠮ ᠤᠨ ᠨᠣᠭᠤᠭᠠᠷᠠᠭᠤᠯᠣᠯᠲᠠ ᠶᠢᠨ ᠠᠵᠢᠯ ᠢ ᠲᠦᠷᠭᠡᠨ ᠤ  ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ ᠠᠴᠠ ᠵᠠᠰᠠᠮᠠᠯ ᠵᠠᠮ ᠤᠨ ᠢᠨᠵᠧᠨᠧᠷᠢᠩ ᠤᠨ ᠮᠡᠷᠭᠡᠵᠢᠯ ᠤᠨ ᠪᠠᠷᠢᠮᠵᠢᠶ᠎ᠡ  ᠶᠣᠰᠣᠭᠠᠷ ᠵᠣᠬᠢᠶᠠᠨ ᠪᠠᠶᠢᠭᠤᠯᠣᠨ ᠬᠡᠷᠡᠭᠵᠢᠬᠦᠯᠦᠨ᠎ᠡ᠃            ᠲᠦᠷᠪᠡᠳᠦᠭᠡᠷ ᠪᠦᠯᠦᠭ   ᠵᠠᠮ ᠤᠨ ᠶᠠᠪᠣᠳᠠᠯ ᠤᠨ ᠬᠠᠮᠢᠶᠠᠷᠣᠯᠲᠠ            ᠬᠤᠷᠢᠨ ᠲᠤᠯᠤᠳᠤᠭᠠᠷ ᠵᠦᠢᠯ   ᠲᠦᠷᠭᠡᠨ ᠤ ᠵᠠᠮ ᠤᠨ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠤᠨ  ᠬᠠᠣᠯᠢ ᠶᠢᠨ ᠡᠷᠭᠡᠲᠡᠨ ᠪᠣᠶᠣ ᠲᠦᠷᠭᠡᠨ ᠤ ᠵᠠᠮ ᠤᠨ ᠡᠵᠡᠩᠨᠡᠭᠴᠢ ᠨᠢ ᠲᠦᠷᠭᠡᠨ ᠤ ᠵᠠᠮ ᠳᠤ ᠣᠷᠣᠬᠤ ᠵᠠᠮ ᠵᠢᠴᠢ  ᠨᠦᠭᠡᠨ ᠵᠠᠮ ᠵᠡᠷᠭᠡ ᠬᠤᠯᠪᠣᠭᠳᠠᠯ ᠪᠦᠬᠦᠢ ᠲᠦᠬᠦᠭᠡᠷᠦᠮᠵᠢ ᠶᠢᠨ ᠢᠯᠡᠷᠭᠡᠢ ᠪᠠᠶᠢᠷᠢᠨ ᠳᠤ ᠲᠡᠷᠭᠡᠨ ᠤ ᠠᠴᠢᠶᠠᠨ ᠤ  ᠬᠡᠮᠵᠢᠶ᠎ᠡ ᠶᠢ ᠬᠢᠵᠠᠭᠠᠷᠯᠠᠬᠤ᠂ ᠦᠨᠳᠦᠷ ᠢ ᠬᠢᠵᠠᠭᠠᠷᠯᠠᠬᠤ᠂ ᠦᠷᠭᠡᠨ ᠢ ᠬᠢᠵᠠᠭᠠᠷᠯᠠᠬᠤ᠂ ᠣᠷᠲᠣ ᠶᠢ ᠬᠢᠵᠠᠭᠠᠷᠯᠠᠬᠤ  ᠢᠯᠡᠳᠬᠡᠮᠵᠢ ᠳᠡᠮᠳᠡᠭ ᠢ ᠲᠣᠬᠢᠷᠠᠭᠤᠯᠬᠤ ᠬᠡᠷᠡᠭᠲᠠᠢ᠃            ᠬᠤᠷᠢᠨ ᠨᠠᠢᠮᠠᠳᠤᠭᠠᠷ ᠵᠦᠢᠯ   ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ ᠨᠢ ᠲᠦᠷᠭᠡᠨ ᠤ  ᠵᠠᠮ ᠳᠤ ᠣᠷᠣᠵᠣ ᠭᠠᠷᠬᠤ ᠵᠠᠮ᠂ ᠦᠢᠯᠡᠴᠢᠯᠡᠭᠡᠨ ᠤ ᠲᠣᠭᠤᠷᠢᠭ ᠵᠢᠴᠢ ᠵᠦᠪᠰᠢᠶᠡᠷᠡᠯ ᠢᠶᠠᠷ ᠲᠣᠬᠢᠷᠠᠭᠤᠯᠣᠭᠰᠠᠨ  ᠬᠡᠮᠵᠢᠶ᠎ᠡ ᠠᠴᠠ ᠬᠡᠲᠦᠷᠡᠨ ᠲᠡᠭᠡᠭᠡᠪᠦᠷᠢᠯᠡᠬᠦ ᠶᠢ ᠰᠢᠯᠭᠠᠨ ᠪᠠᠶᠢᠴᠠᠭᠠᠬᠤ ᠦᠷᠲᠡᠭᠡ ᠵᠡᠷᠭᠡ ᠲᠠᠯᠠᠪᠣᠷ ᠲᠤ ᠨᠠᠰᠢ ᠴᠠᠰᠢ  ᠵᠦᠷᠢᠯᠳᠦᠬᠦ ᠪᠠᠷᠠᠭ᠎ᠠ ᠳᠡᠭᠡᠭᠡᠪᠦᠷᠢᠯᠡᠭᠰᠡᠨ ᠲᠡᠷᠭᠡᠨ ᠤ ᠬᠡᠮᠵᠢᠶ᠎ᠡ ᠠᠴᠠ ᠬᠡᠲᠦᠷᠡᠨ ᠲᠡᠭᠡᠭᠡᠪᠦᠷᠢᠯᠡᠬᠦ ᠶᠢ ᠰᠢᠯᠭᠠᠨ  ᠪᠠᠶᠢᠴᠠᠭᠠᠵᠣ ᠪᠣᠯᠣᠨ᠎ᠠ᠃ ᠰᠢᠯᠭᠠᠨ ᠪᠠᠶᠢᠴᠠᠭᠠᠯᠲᠠ ᠪᠠᠷ ᠳᠠᠮᠵᠢᠨ ᠢᠯᠡᠷᠡᠬᠦᠯᠦᠭᠰᠡᠨ ᠬᠠᠣᠯᠢ ᠠᠴᠠ ᠵᠦᠷᠢᠴᠡᠨ  ᠬᠡᠮᠵᠢᠶ᠎ᠡ ᠠᠴᠠ ᠬᠡᠲᠦᠷᠡᠨ ᠲᠡᠭᠡᠭᠡᠪᠦᠷᠢᠯᠡᠭᠰᠡᠨ ᠲᠡᠷᠭᠡ ᠶᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠬᠦ  ᠬᠡᠷᠡᠭᠲᠠᠢ᠃ ᠲᠦᠷᠭᠡᠨ ᠤ ᠵᠠᠮ ᠳᠤ ᠣᠷᠣᠵᠣ ᠭᠠᠷᠬᠤ ᠵᠠᠮ᠂ ᠦᠢᠯᠡᠴᠢᠯᠡᠭᠡᠨ ᠤ ᠲᠣᠭᠤᠷᠢᠭ ᠤᠨ ᠲᠣᠬᠠᠢ ᠶᠢᠨ  ᠭᠠᠵᠠᠷ ᠲᠤᠨᠢ ᠰᠢᠢᠳᠪᠦᠷᠢᠯᠡᠬᠦ ᠴᠢᠬᠤᠯᠠᠲᠠᠢ ᠪᠣᠯ ᠵᠠᠮ ᠬᠠᠷᠢᠯᠴᠠᠭᠠᠨ ᠤ ᠠᠮᠣᠷ ᠲᠦᠪᠰᠢᠨ ᠨᠡᠪᠲᠡᠷᠡᠬᠦ ᠶᠢ ᠨᠦᠯᠦᠭᠡᠯᠡᠵᠣ  ᠪᠣᠯᠬᠤ ᠦᠭᠡᠢ᠃ ᠲᠦᠷᠭᠡᠨ ᠤ ᠵᠠᠮ ᠤᠨ ᠭᠤᠣᠯ ᠱᠣᠭᠤᠮ ᠳᠡᠭᠡᠷ᠎ᠡ ᠨᠡᠬᠦᠳᠡᠯ ᠪᠠᠶᠢᠴᠠᠭᠠᠯᠲᠠ ᠬᠢᠬᠦ ᠶᠢ ᠴᠠᠭᠠᠵᠠᠯᠠᠨ᠎ᠠ᠃            ᠲᠦᠷᠭᠡᠨ ᠤ ᠵᠠᠮ ᠤᠨ ᠰᠦᠢᠳᠬᠡᠯ ᠬᠤᠷᠢᠶᠠᠬᠤ ᠦᠷᠲᠡᠭᠡ ᠨᠢ ᠬᠠᠣᠯᠢ ᠪᠣᠰᠣ ᠪᠠᠷ ᠬᠡᠮᠵᠢᠶ᠎ᠡ ᠠᠴᠠ ᠬᠡᠲᠦᠷᠡᠨ  ᠲᠡᠭᠡᠭᠡᠪᠦᠷᠢᠯᠡᠭᠰᠡᠨ ᠲᠡᠷᠭᠡ ᠶᠢ ᠢᠯᠡᠷᠡᠬᠦᠯᠪᠡᠯ᠂ ᠴᠠᠭ ᠲᠣᠬᠠᠢ ᠳᠤᠨᠢ ᠲᠦᠷᠭᠡᠨ ᠤ ᠵᠠᠮ ᠤᠨ ᠬᠠᠮᠢᠶᠠᠷᠣᠯᠲᠠ ᠶᠢᠨ  ᠪᠠᠶᠢᠭᠤᠯᠣᠮᠵᠢ ᠳᠤ ᠰᠢᠢᠳᠪᠦᠷᠢᠯᠡᠬᠦᠯᠬᠦ ᠪᠠᠷ ᠮᠡᠳᠡᠭᠳᠡᠬᠦ ᠬᠡᠷᠡᠭᠲᠠᠢ᠃            ᠬᠤᠷᠢ ᠶᠢᠰᠦᠳᠦᠭᠡᠷ ᠵᠦᠢᠯ   ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ᠂ ᠲᠦᠷᠭᠡᠨ ᠤ  ᠵᠠᠮ ᠤᠨ ᠡᠵᠡᠩᠨᠡᠭᠴᠢ ᠨᠢ ᠲᠦᠷᠭᠡᠨ ᠤ ᠵᠠᠮ ᠤᠨ ᠴᠢᠬᠤᠯᠠ ᠵᠠᠮ ᠤᠨ ᠠᠭᠤᠯᠵᠠᠷ ᠲᠤ ᠬᠠᠣᠯᠢ ᠶᠣᠰᠣᠨ ᠤ  ᠪᠠᠶᠢᠴᠠᠭᠠᠯᠲᠠ ᠳᠤ ᠬᠢᠷᠢ ᠳᠡᠩᠴᠡᠭᠰᠡᠨ ᠲᠡᠷᠭᠡᠨ ᠤ ᠠᠴᠢᠶᠠᠨ ᠤ ᠬᠦᠨᠲᠦ ᠶᠢ ᠰᠢᠯᠭᠠᠨ ᠪᠠᠶᠢᠴᠠᠭᠠᠬᠤ ᠲᠣᠨᠤᠭ  ᠲᠦᠬᠦᠭᠡᠷᠦᠮᠵᠢ ᠶᠢ ᠲᠣᠬᠢᠷᠠᠭᠤᠯᠬᠤ ᠬᠡᠷᠡᠭᠲᠠᠢ᠃ ᠪᠠᠷᠠᠯᠠᠨ ᠬᠡᠮᠵᠢᠬᠦ ᠠᠷᠭ᠎ᠠ ᠪᠠᠷ ᠲᠡᠷᠭᠡᠨ ᠤ ᠬᠠᠣᠯᠢ ᠠᠴᠠ ᠵᠦᠷᠢᠴᠡᠵᠣ  ᠬᠡᠮᠵᠢᠶ᠎ᠡ ᠠᠴᠠ ᠬᠡᠲᠦᠷᠡᠨ ᠲᠡᠭᠡᠭᠡᠪᠦᠷᠢᠯᠡᠬᠦ ᠶᠢ ᠮᠠᠭᠠᠳᠯᠠᠨ ᠲᠣᠭᠲᠠᠭᠠᠬᠤ ᠶᠢ ᠴᠠᠭᠠᠵᠠᠯᠠᠨ᠎ᠠ᠃ ᠲᠦᠷᠭᠡᠨ ᠤ ᠵᠠᠮ ᠤᠨ  ᠬᠠᠮᠢᠶᠠᠷᠣᠯᠲᠠ ᠶᠢᠨ ᠪᠠᠶᠢᠭᠤᠯᠣᠮᠵᠢ᠂ ᠲᠣᠲᠣᠭᠠᠲᠣ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ  ᠬᠠᠮᠢᠶᠠᠷᠣᠯᠲᠠ ᠶᠢᠨ ᠰᠠᠯᠠᠭ᠎ᠠ ᠮᠦᠴᠢᠷ ᠬᠦᠨᠲᠦ ᠶᠢ ᠬᠡᠮᠵᠢᠶᠡᠷᠯᠡᠨ ᠰᠦᠢᠳᠬᠡᠯ ᠬᠤᠷᠢᠶᠠᠬᠤ ᠶᠢ ᠬᠡᠷᠡᠭᠵᠢᠬᠦᠯᠦᠭᠰᠡᠨ  ᠲᠦᠷᠭᠡᠨ ᠤ ᠵᠠᠮ ᠤᠨ ᠰᠦᠢᠳᠬᠡᠯ ᠬᠤᠷᠢᠶᠠᠬᠤ ᠦᠷᠲᠡᠭᠡ ᠳᠤ ᠬᠢᠵᠠᠭᠠᠷᠯᠠᠯ ᠠᠴᠠ ᠬᠡᠲᠦᠷᠡᠨ ᠲᠡᠭᠡᠭᠡᠪᠦᠷᠢᠯᠡᠭᠰᠡᠨ  ᠪᠠᠷᠠᠭᠠᠨ ᠳᠡᠭᠡᠭᠡᠪᠦᠷᠢ ᠶᠢᠨ ᠲᠡᠷᠭᠡ ᠶᠢ ᠰᠢᠢᠳᠪᠦᠷᠢᠯᠡᠬᠦ ᠡᠷᠭᠡ ᠲᠠᠢ᠃            ᠭᠤᠴᠢᠳᠤᠭᠠᠷ ᠵᠦᠢᠯ   ᠰᠢᠯᠭᠠᠨ ᠪᠠᠶᠢᠴᠠᠭᠠᠯᠲᠠ ᠪᠠᠷ ᠳᠠᠮᠵᠢᠨ ᠬᠢᠵᠠᠭᠠᠷᠯᠠᠯ ᠠᠴᠠ ᠬᠡᠲᠦᠷᠡᠭᠰᠡᠨ ᠢ ᠨᠢ  ᠮᠠᠭᠠᠳᠯᠠᠨ ᠲᠣᠭᠲᠠᠭᠠᠭᠰᠠᠨ ᠪᠠᠷᠠᠭᠠᠨ ᠳᠡᠭᠡᠭᠡᠪᠦᠷᠢ ᠶᠢᠨ ᠲᠡᠷᠭᠡ ᠰᠠᠯᠭᠠᠵᠣ ᠪᠣᠯᠬᠤᠶᠢᠴᠠ ᠪᠣᠳᠠᠰ ᠲᠡᠭᠡᠭᠡᠪᠦᠷᠢᠯᠡᠭᠰᠡᠨ  ᠪᠣᠯ᠂ ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ ᠠᠴᠠ ᠲᠠᠭᠠᠭᠠᠴᠢᠯᠠᠨ ᠲᠡᠭᠡᠭᠡᠪᠦᠷᠢᠯᠡᠭᠴᠢ ᠶᠢ  ᠵᠠᠷᠯᠢᠭᠳᠠᠨ ᠠᠴᠢᠶ᠎ᠠ ᠪᠠᠭᠤᠯᠭᠠᠬᠤ᠂ ᠰᠠᠯᠭᠠᠨ ᠳᠡᠭᠡᠭᠡᠬᠦ ᠵᠡᠷᠭᠡ ᠵᠠᠯᠠᠷᠠᠭᠤᠯᠬᠤ ᠠᠷᠭ᠎ᠠ ᠬᠡᠮᠵᠢᠶ᠎ᠡ ᠠᠪᠣᠭᠤᠯᠵᠣ᠂ ᠲᠠᠬᠢᠨ  ᠪᠠᠶᠢᠴᠠᠭᠠᠯᠲᠠ ᠳᠤ ᠬᠢᠷᠢ ᠳᠡᠩᠴᠡᠭᠰᠡᠨ ᠤ ᠳᠠᠷᠠᠭ᠎ᠠ ᠶᠠᠪᠣᠭᠤᠯᠬᠤ ᠬᠡᠷᠡᠭᠲᠠᠢ᠃            ᠰᠢᠯᠭᠠᠨ ᠪᠠᠶᠢᠴᠠᠭᠠᠯᠲᠠ ᠪᠠᠷ ᠳᠠᠮᠵᠢᠨ ᠬᠢᠵᠠᠭᠠᠷᠯᠠᠯ ᠠᠴᠠ ᠬᠡᠲᠦᠷᠡᠭᠰᠡᠨ ᠢ ᠨᠢ ᠮᠠᠭᠠᠳᠯᠠᠨ ᠲᠣᠭᠲᠠᠭᠠᠭᠰᠠᠨ  ᠪᠠᠷᠠᠭᠠᠨ ᠳᠡᠭᠡᠭᠡᠪᠦᠷᠢ ᠶᠢᠨ ᠲᠡᠷᠭᠡ ᠰᠠᠯᠭᠠᠵᠣ ᠪᠣᠯᠬᠤ ᠦᠭᠡᠢ ᠪᠣᠳᠠᠰ ᠲᠡᠭᠡᠭᠡᠪᠦᠷᠢᠯᠡᠭᠰᠡᠨ ᠪᠦᠭᠡᠳ ᠬᠡᠮᠵᠢᠶ᠎ᠡ ᠠᠴᠠ  ᠬᠡᠲᠦᠷᠡᠨ ᠳᠡᠭᠡᠭᠡᠪᠦᠷᠢᠯᠡᠬᠦ ᠶᠢ ᠵᠦᠪᠰᠢᠶᠡᠷᠡᠬᠦ ᠭᠠᠷᠳᠠᠮ ᠢ ᠭᠦᠢᠴᠡᠳᠬᠡᠭᠰᠡᠨ ᠦᠭᠡᠢ ᠪᠣᠯ ᠲᠦᠷᠭᠡᠨ ᠤ ᠵᠠᠮ ᠤᠨ  ᠬᠠᠮᠢᠶᠠᠷᠣᠯᠲᠠ ᠶᠢᠨ ᠪᠠᠶᠢᠭᠤᠯᠣᠮᠵᠢ ᠨᠢ ᠲᠠᠭᠠᠭᠠᠨ ᠲᠡᠭᠡᠭᠡᠪᠦᠷᠢᠯᠡᠭᠴᠢ ᠳᠤ ᠬᠠᠣᠯᠢ ᠶᠣᠰᠣᠭᠠᠷ ᠬᠢᠵᠠᠭᠠᠷᠯᠠᠯ ᠠᠴᠠ  ᠬᠡᠲᠦᠷᠡᠨ ᠲᠡᠭᠡᠭᠡᠪᠦᠷᠢᠯᠡᠬᠦ ᠶᠢ ᠵᠦᠪᠰᠢᠶᠡᠷᠡᠬᠦ ᠭᠠᠷᠳᠠᠮ ᠢ ᠭᠦᠢᠴᠡᠳᠬᠡᠬᠦ ᠶᠢ ᠮᠡᠳᠡᠭᠳᠡᠬᠦ ᠬᠡᠷᠡᠭᠲᠠᠢ︔ ᠬᠢᠵᠠᠭᠠᠷᠯᠠᠯ ᠠᠴᠠ  ᠬᠡᠲᠦᠷᠡᠨ ᠲᠡᠭᠡᠭᠡᠪᠦᠷᠢᠯᠡᠭᠰᠡᠨ ᠨᠢ ᠵᠠᠮ ᠬᠠᠷᠢᠯᠴᠠᠭᠠᠨ ᠤ ᠠᠮᠣᠷ ᠲᠦᠪᠰᠢᠨ ᠢ ᠨᠦᠯᠦᠭᠡᠯᠡᠭᠰᠡᠨ ᠪᠣᠯ ᠲᠦᠷᠭᠡᠨ ᠤ  ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ ᠨᠢ ᠬᠢᠵᠠᠭᠠᠷᠯᠠᠯ ᠠᠴᠠ ᠬᠡᠲᠦᠷᠡᠨ ᠲᠡᠭᠡᠭᠡᠪᠦᠷᠢᠯᠡᠬᠦ ᠭᠤᠶᠣᠴᠢᠯᠠᠯ ᠢ ᠬᠢᠨᠠᠨ  ᠵᠦᠪᠰᠢᠶᠡᠷᠡᠬᠦ ᠦᠶᠡᠰ ᠲᠣᠲᠣᠭᠠᠲᠣ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠣᠯᠲᠠ ᠶᠢᠨ  ᠰᠠᠯᠠᠭ᠎ᠠ ᠮᠦᠴᠢᠷ ᠤᠨ ᠰᠠᠨᠠᠯ ᠢ ᠬᠤᠷᠢᠶᠠᠵᠣ᠂ ᠲᠠᠭᠠᠭᠠᠨ ᠳᠡᠭᠡᠭᠡᠪᠦᠷᠢᠯᠡᠭᠴᠢ ᠨᠢ ᠲᠣᠲᠣᠭᠠᠲᠣ ᠶᠢ ᠬᠠᠮᠠᠭᠠᠯᠠᠬᠤ  ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠣᠯᠲᠠ ᠶᠢᠨ ᠰᠠᠯᠠᠭ᠎ᠠ ᠮᠦᠴᠢᠷ ᠤᠨ ᠲᠣᠭᠲᠠᠭᠠᠭᠰᠠᠨ ᠴᠠᠭ᠂ ᠵᠠᠮ  ᠱᠣᠭᠤᠮ ᠪᠠ ᠬᠤᠷᠳᠣᠴᠠ ᠶᠣᠰᠣᠭᠠᠷ ᠶᠠᠪᠣᠬᠤ ᠶᠢᠨ ᠬᠠᠮᠲᠣ ᠢᠯᠡᠷᠭᠡᠢ ᠢᠯᠡᠳᠬᠡᠮᠵᠢ ᠲᠡᠮᠳᠡᠭ ᠡᠯᠬᠦᠬᠦ ᠬᠡᠷᠡᠭᠲᠠᠢ᠃            ᠰᠢᠯᠭᠠᠨ ᠪᠠᠶᠢᠴᠠᠭᠠᠯᠲᠠ ᠪᠠᠷ ᠳᠠᠮᠵᠢᠨ ᠬᠢᠵᠠᠭᠠᠷᠯᠠᠯ ᠠᠴᠠ ᠬᠡᠲᠦᠷᠡᠭᠰᠡᠨ ᠦᠭᠡᠢ ᠪᠠᠷᠠᠭᠠᠨ ᠳᠡᠭᠡᠭᠡᠪᠦᠷᠢ ᠶᠢᠨ  ᠲᠡᠷᠭᠡ ᠪᠣᠯ᠂ ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ ᠨᠢ ᠴᠠᠭ ᠳᠠᠷᠣᠢ ᠳᠤᠨᠢ ᠶᠠᠪᠣᠭᠤᠯᠬᠤ  ᠬᠡᠷᠡᠭᠲᠠᠢ᠃            ᠭᠤᠴᠢᠨ ᠨᠢᠭᠡᠳᠦᠭᠡᠷ ᠵᠦᠢᠯ   ᠲᠦᠷᠭᠡᠨ ᠤ ᠵᠠᠮ ᠤᠨ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠤᠨ  ᠬᠠᠣᠯᠢ ᠶᠢᠨ ᠡᠷᠭᠡᠲᠡᠨ ᠵᠠᠮ ᠬᠠᠷᠢᠯᠴᠠᠭᠠᠨ ᠤ ᠢᠯᠡᠳᠬᠡᠮᠵᠢ ᠲᠡᠮᠳᠡᠭ᠂ ᠢᠯᠡᠳᠬᠡᠮᠵᠢ ᠱᠣᠭᠤᠮ ᠢ ᠲᠣᠬᠢᠷᠠᠭᠤᠯᠬᠤ᠂  ᠬᠤᠪᠢᠷᠠᠭᠠᠬᠤ ᠳᠤ ᠣᠯᠣᠰ ᠤᠨ ᠪᠠᠷᠢᠮᠵᠢᠶ᠎ᠡ ᠪᠠ ᠮᠡᠷᠭᠡᠵᠢᠯ ᠤᠨ ᠵᠢᠷᠣᠮᠵᠢᠯ ᠳᠤ ᠨᠡᠶᠢᠴᠡᠬᠦ ᠭᠡᠷᠡᠭᠲᠠᠢ ᠪᠦᠭᠡᠳ ᠵᠠᠮ  ᠬᠠᠷᠢᠯᠴᠠᠭᠠᠨ ᠤ ᠠᠮᠣᠷ ᠲᠦᠪᠰᠢᠨ ᠨᠡᠪᠲᠡᠷᠡᠬᠦ ᠱᠠᠭᠠᠷᠳᠠᠯᠭ᠎ᠠ ᠪᠠ ᠬᠠᠮᠢᠶ᠎ᠠ ᠪᠦᠬᠦᠢ ᠬᠠᠮᠢᠶᠠᠷᠣᠯᠲᠠ ᠶᠢᠨ  ᠲᠣᠭᠲᠠᠭᠠᠯ ᠳᠤ ᠨᠡᠶᠢᠴᠡᠬᠦ ᠬᠡᠷᠡᠭᠲᠠᠢ᠃ ᠨᠢᠭᠡᠨᠲᠠ ᠪᠠᠶᠢᠭᠤᠯᠣᠭᠰᠠᠨ ᠲᠦᠷᠭᠡᠨ ᠤ ᠵᠠᠮ ᠤᠨ ᠵᠠᠮ ᠬᠠᠷᠢᠯᠴᠠᠭᠠᠨ ᠤ  ᠢᠯᠡᠳᠬᠡᠮᠵᠢ ᠲᠡᠮᠳᠡᠭ᠂ ᠢᠯᠡᠳᠬᠡᠮᠵᠢ ᠱᠣᠭᠤᠮ ᠢ ᠦᠨᠡᠨᠬᠦ ᠬᠤᠪᠢᠷᠠᠭᠠᠬᠤ ᠴᠢᠬᠤᠯᠠᠲᠠᠢ ᠪᠣᠯ᠂ ᠲᠦᠷᠭᠡᠨ ᠤ ᠵᠠᠮ ᠤᠨ  ᠡᠵᠡᠩᠨᠡᠭᠴᠢ ᠨᠢ ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ ᠳᠤ ᠵᠦᠪᠰᠢᠶᠡᠷᠡᠬᠦᠯᠬᠦ ᠪᠠᠷ ᠮᠡᠳᠡᠬᠦᠯᠬᠦ  ᠬᠡᠷᠡᠭᠲᠠᠢ᠃            ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ ᠨᠢ ᠵᠠᠮ ᠤᠨ ᠰᠦᠯᠵᠢᠶᠠᠨ ᠤ ᠠᠵᠢᠯᠯᠠᠭ᠎ᠠ᠂ ᠵᠠᠮ  ᠬᠠᠷᠢᠯᠴᠠᠭᠠᠨ ᠤ ᠠᠮᠣᠷ ᠲᠦᠪᠰᠢᠨ ᠵᠡᠷᠭᠡ ᠪᠠᠶᠢᠳᠠᠯ ᠢ ᠦᠨᠳᠦᠰᠦᠯᠡᠨ᠂ ᠵᠠᠮ ᠬᠠᠷᠢᠯᠴᠠᠭᠠᠨ ᠤ ᠢᠯᠡᠳᠬᠡᠮᠵᠢ ᠳᠡᠮᠳᠡᠭ᠂  ᠢᠯᠡᠳᠬᠡᠮᠵᠢ ᠱᠣᠭᠤᠮ ᠢ ᠬᠤᠪᠢᠷᠠᠭᠠᠬᠤ ᠲᠦᠰᠦᠯ ᠢ ᠲᠣᠷᠠᠳᠴᠣ᠂ ᠲᠦᠷᠭᠡᠨ ᠤ ᠵᠠᠮ ᠤᠨ ᠡᠵᠡᠩᠨᠡᠭᠴᠢ ᠠᠴᠠ  ᠵᠣᠬᠢᠶᠠᠨ ᠪᠠᠶᠢᠭᠤᠯᠣᠨ ᠬᠡᠷᠡᠭᠵᠢᠬᠦᠯᠦᠨ᠎ᠡ᠃ ᠵᠠᠮ ᠬᠠᠷᠢᠯᠴᠠᠭᠠᠨ ᠤ ᠢᠯᠡᠳᠬᠡᠮᠵᠢ ᠲᠡᠮᠳᠡᠭ᠂ ᠢᠯᠡᠳᠬᠡᠮᠵᠢ ᠱᠣᠭᠤᠮ ᠢ  ᠬᠤᠪᠢᠷᠠᠭᠠᠬᠤ ᠲᠦᠰᠦᠯ ᠨᠢ ᠵᠠᠮ ᠬᠠᠷᠢᠯᠴᠠᠭᠠᠨ ᠤ ᠠᠮᠣᠷ ᠲᠦᠪᠰᠢᠨ ᠲᠠᠢ ᠬᠤᠯᠪᠣᠭᠳᠠᠪᠠᠯ᠂ ᠲᠣᠲᠣᠭᠠᠲᠣ ᠶᠢ  ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠣᠯᠲᠠ ᠶᠢᠨ ᠰᠠᠯᠠᠭ᠎ᠠ ᠮᠦᠴᠢᠷ ᠤᠨ ᠰᠠᠨᠠᠯ ᠢ ᠬᠤᠷᠢᠶᠠᠬᠤ  ᠬᠡᠷᠡᠭᠲᠠᠢ᠃            ᠭᠤᠴᠢᠨ ᠬᠤᠶᠠᠳᠤᠭᠠᠷ ᠵᠦᠢᠯ   ᠲᠦᠷᠭᠡᠨ ᠤ ᠵᠠᠮ ᠤᠨ ᠰᠦᠢᠳᠭᠡᠯ ᠬᠤᠷᠢᠶᠠᠬᠤ ᠦᠷᠲᠡᠭᠡ᠂ ᠬᠠᠷᠢᠯᠴᠠᠨ  ᠨᠡᠪᠲᠡᠷᠡᠬᠦ ᠲᠤᠭᠤᠷᠢᠭ᠂ ᠦᠢᠯᠡᠴᠢᠯᠡᠭᠡᠨ ᠤ ᠲᠤᠭᠤᠷᠢᠭ ᠲᠤ ᠵᠡᠷ ᠮᠡᠳᠡᠭᠡᠨ ᠤ ᠲᠦᠬᠦᠭᠡᠷᠦᠮᠵᠢ ᠪᠠᠶᠢᠭᠤᠯᠬᠤ ᠳᠤ  ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠᠷ ᠵᠦᠪᠰᠢᠶᠡᠷᠡᠭᠦᠯᠬᠦ ᠶᠢᠨ ᠬᠠᠮᠲᠤ ᠪᠤᠰᠤᠳ ᠬᠢᠨᠠᠨ  ᠵᠦᠪᠰᠢᠶᠡᠷᠡᠭᠦᠯᠬᠦ ᠭᠠᠷ ᠭᠦᠢᠴᠡᠳᠭᠡᠯ ᠢ ᠬᠠᠤᠯᠢ ᠶᠤᠰᠤᠭᠠᠷ ᠭᠦᠢᠴᠡᠳᠭᠡᠬᠦ ᠬᠡᠷᠡᠭᠲᠠᠢ᠃            ᠲᠦᠷᠭᠡᠨ ᠤ ᠵᠠᠮ ᠤᠨ ᠪᠠᠷᠢᠯᠭ᠎ᠠ ᠶᠢᠨ ᠡᠵᠡᠮᠰᠢᠯ ᠤᠷᠤᠨ ᠠᠴᠠ ᠭᠠᠳᠠᠭᠰᠢ ᠪᠠᠨ ᠲᠠᠪᠢᠨ ᠮᠧᠲᠷ ᠤᠨ ᠬᠦᠷᠢᠶ᠎ᠡ  ᠬᠡᠪᠴᠢᠶᠡᠨ ᠲᠤᠲᠤᠷ᠎ᠠ ᠵᠡᠷ ᠮᠡᠳᠡᠭᠡᠨ ᠤ ᠲᠦᠬᠦᠭᠡᠷᠦᠮᠵᠢ ᠪᠠᠶᠢᠭᠤᠯᠬᠤ ᠳᠤ ᠲᠦᠷᠭᠡᠨ ᠤ ᠵᠠᠮ ᠤᠨ ᠵᠠᠮ ᠲᠠᠭᠠᠤ ᠳᠠᠬᠢ  ᠭᠡᠷ ᠤᠨ ᠭᠠᠳᠠᠨᠠᠬᠢ ᠵᠠᠷ ᠮᠡᠳᠡᠭᠡᠨ ᠤ ᠲᠦᠯᠦᠪᠵᠢᠭᠦᠯᠭᠡ ᠲᠠᠢ ᠨᠡᠶᠢᠴᠡᠬᠦ ᠬᠡᠷᠡᠭᠲᠠᠢ᠃            ᠭᠤᠴᠢᠨ ᠭᠤᠷᠪᠠᠳᠤᠭᠠᠷ ᠵᠦᠢᠯ   ᠲᠦᠷᠭᠡᠨ ᠤ ᠵᠠᠮ ᠵᠢᠴᠢ ᠲᠡᠭᠦᠨ ᠤ ᠲᠠᠭᠠᠯᠲᠠ ᠲᠦᠬᠦᠭᠡᠷᠦᠮᠵᠢ ᠶᠢ  ᠡᠪᠳᠡᠯᠡᠭᠰᠡᠨ ᠨᠢᠭᠡᠴᠡ ᠪᠠ ᠬᠤᠪᠢ ᠬᠦᠮᠦᠨ ᠨᠢ ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠲᠠᠷᠤᠢ  ᠲᠦᠷᠭᠡᠨ ᠮᠡᠳᠡᠭᠦᠯᠵᠤ᠂ ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠤᠬᠠᠢ ᠶᠢᠨ ᠲᠠᠯᠠᠪᠠᠢ ᠶᠢᠨ  ᠪᠠᠶᠢᠴᠠᠭᠠᠨ ᠰᠢᠢᠳᠪᠦᠷᠢᠯᠡᠯᠲᠠ ᠶᠢ ᠬᠦᠯᠢᠶᠡᠬᠦ ᠬᠡᠷᠡᠭᠲᠠᠢ︔ ᠵᠠᠮ ᠬᠠᠷᠢᠯᠴᠠᠭᠠᠨ ᠤ ᠠᠶᠤᠯᠭᠦᠢ ᠳᠤ ᠠᠶᠤᠯ ᠲᠦᠭᠰᠢᠭᠦᠷᠢ  ᠤᠴᠠᠷᠠᠭᠤᠯᠤᠭᠰᠠᠨ ᠪᠤᠯ᠂ ᠰᠡᠷᠡᠮᠵᠢ ᠶᠢᠨ ᠲᠡᠮᠳᠡᠭ ᠲᠠᠯᠪᠢᠬᠤ ᠪᠤᠶᠤ ᠪᠤᠰᠤᠳ ᠠᠶᠤᠯᠭᠦᠢ ᠰᠡᠷᠭᠡᠶᠢᠯᠡᠨ ᠬᠠᠮᠠᠭᠠᠯᠠᠬᠤ  ᠠᠷᠭ᠎ᠠ ᠬᠡᠮᠵᠢᠶ᠎ᠡ ᠠᠪᠬᠤ ᠶᠢᠨ ᠬᠠᠮᠲᠤ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ  ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠲᠠᠷᠤᠢ ᠲᠦᠷᠭᠡᠨ ᠮᠡᠳᠡᠭᠦᠯᠬᠦ ᠬᠡᠷᠡᠭᠲᠠᠢ᠃            ᠵᠠᠮ ᠬᠠᠷᠢᠯᠴᠠᠭᠠᠨ ᠤ ᠠᠳᠠᠯ ᠡᠭᠦᠰᠴᠤ ᠲᠦᠷᠭᠡᠨ ᠤ ᠵᠠᠮ ᠵᠢᠴᠢ ᠲᠡᠭᠦᠨ ᠤ ᠲᠠᠭᠠᠯᠲᠠ ᠲᠦᠬᠦᠭᠡᠷᠦᠮᠵᠢ ᠶᠢ  ᠡᠪᠳᠡᠯᠡᠭᠰᠡᠨ ᠪᠤᠯ᠂ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ  ᠰᠠᠯᠠᠭ᠎ᠠ ᠮᠦᠴᠢᠷ ᠠᠴᠠ ᠵᠠᠮ ᠬᠠᠷᠢᠯᠴᠠᠭᠠᠨ ᠤ ᠠᠳᠠᠯ ᠢ ᠰᠢᠢᠳᠪᠦᠷᠢᠯᠡᠬᠦ ᠦᠶᠡᠰ ᠲᠦᠷᠭᠡᠨ ᠤ ᠵᠠᠮ ᠤᠨ  ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠠᠯᠠᠪᠤᠷ ᠲᠤ ᠬᠦᠷᠴᠤ ᠪᠠᠶᠢᠴᠠᠭᠠᠨ ᠰᠢᠢᠳᠪᠦᠷᠢᠯᠡᠭᠦᠯᠬᠦ ᠶᠢ ᠲᠠᠷᠤᠢ ᠲᠦᠷᠭᠡᠨ  ᠮᠡᠳᠡᠭᠳᠡᠬᠦ ᠬᠡᠷᠡᠭᠲᠠᠢ᠃            ᠭᠤᠴᠢᠨ ᠲᠦᠷᠪᠡᠳᠦᠭᠡᠷ ᠵᠦᠢᠯ   ᠲᠦᠷᠭᠡᠨ ᠤ ᠵᠠᠮ ᠵᠢᠴᠢ ᠲᠡᠭᠦᠨ ᠤ ᠲᠠᠭᠠᠯᠲᠠ ᠲᠦᠬᠦᠭᠡᠷᠦᠮᠵᠢ ᠶᠢ  ᠡᠪᠳᠡᠯᠡᠵᠤ᠂ ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠤᠬᠠᠢ ᠶᠢᠨ ᠲᠠᠯᠠᠪᠤᠷ ᠤᠨ ᠪᠠᠶᠢᠴᠠᠭᠠᠨ  ᠰᠢᠢᠳᠪᠦᠷᠢᠯᠡᠯᠲᠠ ᠶᠢ ᠡᠰᠠ ᠬᠦᠯᠢᠶᠡᠨ ᠠᠪᠤᠪᠠᠯ᠂ ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ  ᠲᠡᠷᠭᠡ᠂ ᠪᠠᠭᠠᠵᠢ ᠬᠡᠷᠡᠭᠰᠡᠯ ᠢ ᠨᠢ ᠦᠯᠡᠳᠡᠭᠡᠨ ᠠᠪᠴᠤ ᠪᠤᠯᠤᠨ᠎ᠡ᠃            ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠡᠷᠭᠡ᠂ ᠪᠠᠭᠠᠵᠢ ᠬᠡᠷᠡᠭᠰᠡᠯ ᠢ ᠦᠯᠡᠳᠡᠭᠡᠨ  ᠠᠪᠤᠭᠰᠠᠨ ᠪᠤᠯ᠂ ᠲᠤᠬᠠᠢ ᠶᠢᠨ ᠲᠠᠯᠠᠪᠠᠢ ᠳᠤᠨᠢ ᠬᠡᠷᠡᠴᠢ ᠪᠠᠷᠢᠮᠲᠠ ᠪᠢᠴᠢᠵᠤ ᠦᠭᠬᠦ ᠶᠢᠨ ᠬᠠᠮᠲᠤ ᠲᠤᠭᠲᠠᠭᠰᠠᠨ  ᠬᠤᠭᠤᠴᠠᠭᠠᠨ ᠲᠤᠲᠤᠷ᠎ᠠ ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠤᠴᠢᠵᠤ ᠰᠢᠢᠳᠪᠦᠷᠢᠯᠡᠬᠦ ᠶᠢ  ᠬᠦᠯᠢᠶᠡᠬᠦ ᠶᠢ ᠲᠤᠬᠠᠢ ᠶᠢᠨ ᠬᠦᠮᠦᠨ ᠳᠤ ᠮᠡᠳᠡᠭᠲᠡᠬᠦ ᠬᠡᠷᠡᠭᠲᠠᠢ᠃ ᠬᠤᠭᠤᠴᠠᠭ᠎ᠠ ᠨᠢ ᠬᠡᠲᠦᠷᠡᠭᠡᠳ ᠰᠢᠢᠳᠪᠦᠷᠢᠯᠡᠬᠦ ᠶᠢ  ᠬᠦᠯᠢᠶᠡᠬᠦ ᠦᠭᠡᠢ ᠪᠦᠭᠡᠳ ᠭᠤᠷᠪᠠᠨ ᠰᠠᠷ᠎ᠠ ᠶᠢᠨ ᠵᠠᠷᠯᠠᠯ ᠢᠶᠠᠷ ᠪᠠᠰᠠ ᠢᠷᠡᠵᠤ ᠰᠢᠢᠳᠪᠦᠷᠢᠯᠡᠬᠦ ᠶᠢ ᠬᠦᠯᠢᠶᠡᠬᠦ ᠦᠭᠡᠢ  ᠪᠤᠯ᠂ ᠦᠯᠡᠳᠡᠭᠡᠨ ᠠᠪᠤᠭᠰᠠᠨ ᠲᠡᠷᠭᠡ᠂ ᠪᠠᠭᠠᠵᠢ ᠬᠡᠷᠡᠭᠰᠡᠯ ᠢ ᠲᠦᠷᠭᠡᠨ ᠤ ᠵᠠᠮ ᠤᠨ ᠬᠠᠮᠢᠶᠠᠷᠤᠯᠲᠠ ᠶᠢᠨ  ᠪᠠᠶᠢᠭᠤᠯᠤᠮᠵᠢ ᠬᠠᠤᠯᠢ ᠶᠤᠰᠤᠭᠠᠷ ᠰᠢᠢᠳᠪᠦᠷᠢᠯᠡᠨ᠎ᠡ᠃ ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ  ᠦᠯᠡᠳᠡᠭᠡᠨ ᠠᠪᠤᠭᠰᠠᠨ ᠲᠡᠷᠭᠡ᠂ ᠪᠠᠭᠠᠵᠢ ᠬᠡᠷᠡᠭᠰᠡᠯ ᠢ ᠰᠠᠶᠢᠲᠤᠷ ᠬᠠᠳᠠᠭᠠᠯᠠᠨ ᠬᠠᠮᠢᠶᠠᠷᠬᠤ ᠬᠡᠷᠡᠭᠲᠠᠢ᠂ ᠬᠡᠷᠡᠭᠯᠡᠵᠤ  ᠪᠤᠯᠬᠤ ᠦᠭᠡᠢ᠃            ᠲᠠᠪᠤᠳᠤᠭᠠᠷ ᠪᠦᠯᠦᠭ   ᠡᠵᠡᠩᠨᠡᠯᠲᠠ ᠦᠢᠯᠡᠴᠢᠯᠡᠭᠡ          ᠭᠤᠴᠢᠨ ᠲᠠᠪᠤᠳᠤᠭᠠᠷ ᠵᠦᠢᠯ   ᠲᠦᠷᠭᠡᠨ ᠤ ᠵᠠᠮ ᠤᠨ ᠰᠦᠢᠳᠭᠡᠯ ᠬᠤᠷᠢᠶᠠᠬᠤ ᠨᠢ ᠪᠦᠬᠦ ᠤᠷᠤᠨ ᠢᠶᠠᠷ ᠢᠶᠠᠨ  ᠲᠤᠤᠷᠵᠢᠭᠤᠯᠤᠭᠰᠠᠨ᠂ ᠨᠢᠭᠡᠲᠦᠯᠲᠠᠢ ᠳ᠋ᠦ᠋ᠩᠨᠠᠨ ᠪᠤᠳᠤᠯᠲᠠ ᠪᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠦᠪᠡᠷᠲᠡᠭᠡᠨ  ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠮ ᠬᠠᠷᠢᠯᠴᠠᠭ᠎ᠠ ᠲᠡᠭᠡᠭᠡᠪᠤᠷᠢ ᠶᠢ ᠭᠤᠤᠯᠯᠠᠨ ᠬᠠᠮᠢᠶᠠᠷᠬᠤ  ᠰᠠᠯᠠᠭ᠎ᠠ ᠮᠦᠴᠢᠷ ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠ ᠲᠦᠷᠭᠡᠨ ᠤ ᠵᠠᠮ ᠤᠨ  ᠡᠵᠡᠩᠨᠡᠭᠴᠢ ᠶᠢ ᠵᠤᠬᠢᠶᠠᠨ ᠪᠠᠶᠢᠭᠤᠯᠤᠨ ᠲᠣᠣᠷᠵᠢᠭᠤᠯᠬᠤ ᠲᠦᠰᠦᠯ᠂ ᠰᠦᠢᠳᠭᠡᠯ ᠬᠤᠷᠢᠶᠠᠬᠤ ᠲᠠᠰ ᠲᠠᠷᠠᠭᠠᠯᠠᠯ ᠪᠠ  ᠳ᠋ᠦ᠋ᠩᠨᠠᠨ ᠪᠤᠳᠤᠯᠲᠠ ᠶᠢᠨ ᠬᠠᠮᠢᠶᠠᠷᠤᠯᠲᠠ ᠬᠠᠮᠢᠶᠠᠷᠬᠤ ᠵᠡᠷᠭᠡ ᠲᠦᠷᠢᠮᠵᠢᠯ ᠢ ᠬᠠᠮᠲᠤᠪᠠᠷ ᠲᠤᠭᠲᠠᠭᠠᠬᠤ ᠶᠢᠨ ᠬᠠᠮᠲᠤ  ᠵᠤᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠬᠡᠷᠡᠭᠲᠠᠢ᠃            ᠭᠤᠴᠢᠨ ᠵᠢᠷᠭᠤᠳᠤᠭᠠᠷ ᠵᠦᠢᠯ   ᠰᠢᠨ᠎ᠡ ᠪᠠᠷ ᠪᠠᠶᠢᠭᠤᠯᠬᠤ ᠲᠦᠷᠭᠡᠨ ᠤ ᠵᠠᠮ ᠤᠨ ᠲᠦᠷᠦᠯ ᠵᠦᠢᠯ ᠨᠢ  ᠦᠪᠡᠷᠲᠡᠭᠡᠨ ᠵᠠᠰᠠᠭᠤ ᠤᠷᠤᠨ ᠤ ᠲᠦᠷᠭᠡᠨ ᠤ ᠵᠠᠮ ᠤᠨ ᠲᠤᠤᠷᠵᠢᠭᠤᠯᠬᠤ ᠠᠵᠢᠯᠯᠠᠭ᠎ᠠ ᠪᠠ ᠬᠠᠮᠢᠶᠠᠷᠤᠯᠲᠠ ᠶᠢᠨ  ᠬᠡᠷᠡᠭᠴᠡᠭᠡ ᠶᠢ ᠦᠨᠳᠦᠰᠦᠯᠡᠵᠤ᠂ ᠲᠦᠷᠭᠡᠨ ᠤ ᠵᠠᠮ ᠤᠨ ᠴᠢᠮᠡᠭᠡ ᠬᠤᠯᠪᠤᠭ᠎ᠠ᠂ ᠬᠢᠨᠠᠨ ᠡᠵᠡᠮᠰᠢᠬᠦ᠂ ᠰᠦᠢᠳᠭᠡᠯ  ᠬᠤᠷᠢᠶᠠᠬᠤ ᠵᠡᠷᠭᠡ ᠬᠠᠮᠢᠶᠠᠷᠤᠯᠲᠠ ᠶᠢᠨ ᠰᠢᠰᠲ᠋ᠧᠮ ᠪᠠ ᠲᠦᠬᠦᠭᠡᠷᠦᠮᠵᠢ ᠶᠢ ᠪᠠᠶᠢᠭᠤᠯᠬᠤ ᠬᠡᠷᠡᠭᠲᠠᠢ᠃            ᠨᠢᠭᠡᠨᠲᠠ ᠪᠠᠶᠢᠭᠤᠯᠤᠭᠠᠳ ᠲᠡᠷᠭᠡ ᠨᠡᠪᠲᠡᠷᠡᠭᠰᠡᠨ ᠲᠦᠷᠭᠡᠨ ᠤ ᠵᠠᠮ ᠨᠢ ᠡᠮᠦᠨᠡᠬᠢ ᠪᠠᠳᠠᠭ ᠲᠤ ᠲᠤᠭᠲᠠᠭᠠᠭᠰᠠᠨ  ᠲᠦᠬᠦᠭᠡᠷᠦᠮᠵᠢ ᠶᠢᠨ ᠨᠦᠬᠦᠴᠡᠯ ᠢ ᠪᠦᠷᠢᠯᠳᠦᠭᠦᠯᠦᠭᠰᠡᠨ ᠦᠭᠡᠢ ᠪᠤᠯ᠂ ᠲᠦᠷᠭᠡᠨ ᠤ ᠵᠠᠮ ᠤᠨ ᠡᠵᠡᠩᠨᠡᠭᠴᠢ ᠨᠢ  ᠬᠠᠷᠢᠭᠤᠴᠠᠨ ᠪᠦᠲᠦᠭᠡᠨ ᠪᠠᠶᠢᠭᠤᠯᠤᠨ᠎ᠡ᠃            ᠲᠦᠷᠭᠡᠨ ᠤ ᠵᠠᠮ ᠤᠨ ᠡᠵᠡᠩᠨᠡᠭᠴᠢ ᠲᠤᠭᠲᠠᠭᠠᠯ ᠶᠤᠰᠤᠭᠠᠷ ᠲᠡᠷᠭᠡ ᠨᠡᠪᠲᠡᠷᠡᠬᠦ ᠵᠠᠷᠤᠳᠠᠯ ᠢ ᠨᠢᠭᠡᠲᠦᠯᠲᠠᠢ  ᠲᠤᠰᠢᠶᠠᠬᠤ ᠶᠢᠨ ᠬᠠᠮᠲᠤ ᠲᠤᠤᠷᠵᠢᠭᠤᠯᠤᠨ ᠰᠦᠢᠳᠭᠡᠯ ᠬᠤᠷᠢᠶᠠᠬᠤ᠂ ᠴᠢᠮᠡᠭᠡ ᠬᠤᠯᠪᠤᠭ᠎ᠠ᠂ ᠬᠢᠨᠠᠨ ᠡᠵᠡᠮᠰᠢᠬᠦ ᠵᠡᠷᠭᠡ  ᠰᠢᠰᠲ᠋ᠧᠮ ᠤᠨ ᠡᠷᠬᠢᠯᠲᠠ ᠶᠢ ᠬᠠᠮᠠᠭᠠᠯᠠᠬᠤ ᠪᠠ ᠲᠡᠰ ᠲᠡᠪᠰᠢᠭᠦᠯᠵᠤ ᠦᠭᠡᠷᠡᠴᠢᠯᠡᠬᠦ ᠵᠠᠷᠤᠳᠠᠯ ᠢ ᠡᠭᠦᠷᠭᠡᠯᠡᠬᠦ ᠬᠡᠷᠡᠭᠲᠠᠢ᠃            ᠭᠤᠴᠢᠨ ᠲᠤᠯᠤᠳᠤᠭᠠᠷ ᠵᠦᠢᠯ   ᠲᠦᠷᠭᠡᠨ ᠤ ᠵᠠᠮ ᠤᠨ ᠡᠵᠡᠩᠨᠡᠭᠴᠢ ᠨᠢ ᠤᠯᠤᠰ ᠪᠠ ᠦᠪᠡᠷᠲᠡᠭᠡᠨ ᠵᠠᠰᠠᠭᠤ  ᠤᠷᠤᠨ ᠤ ᠨᠢᠭᠡᠲᠤᠯᠲᠠᠢ ᠲᠦᠯᠦᠪᠵᠢᠭᠦᠯᠭᠡ ᠪᠠ ᠱᠠᠭᠠᠷᠳᠠᠯᠭ᠎ᠠ ᠶᠤᠰᠤᠭᠠᠷ᠂ ᠲᠦᠷᠭᠡᠨ ᠤ ᠵᠠᠮ ᠤᠨ  ᠲᠤᠤᠷᠵᠢᠭᠤᠯᠤᠯᠲᠠ ᠶᠢᠨ ᠡᠯᠧᠺᠲᠷᠣᠨ ᠲᠡᠷᠭᠡ ᠵᠤᠭᠰᠤᠬᠤ ᠦᠭᠡᠢ ᠰᠦᠢᠳᠭᠡᠯ ᠬᠤᠷᠢᠶᠠᠬᠤ ᠵᠡᠷᠭᠡ ᠤᠶᠤᠨᠲᠤ ᠵᠠᠷᠤᠳᠠᠯ  ᠬᠤᠷᠢᠶᠠᠬᠤ ᠰᠢᠰᠲ᠋ᠧᠮ ᠢ ᠪᠠᠶᠢᠭᠤᠯᠬᠤ ᠬᠡᠷᠡᠭᠲᠠᠢ᠃            ᠭᠤᠴᠢᠨ ᠨᠠᠢᠮᠠᠳᠤᠭᠠᠷ ᠵᠦᠢᠯ   ᠲᠦᠷᠭᠡᠨ ᠤ ᠵᠠᠮ ᠤᠨ ᠡᠵᠡᠩᠨᠡᠭᠴᠢ ᠨᠢ ᠰᠦᠢᠳᠭᠡᠯ ᠬᠤᠷᠢᠶᠠᠬᠤ  ᠦᠷᠲᠡᠭᠡ ᠶᠢᠨ ᠢᠯᠡ ᠭᠠᠵᠠᠷ ᠲᠤ ᠨᠢᠭᠡᠲᠦᠯᠲᠠᠢ ᠶᠠᠩᠵᠤ ᠮᠠᠶᠢᠭ ᠤᠨ ᠵᠠᠷᠯᠠᠯ ᠤᠨ ᠫᠠᠶᠢᠰᠠ ᠲᠠᠯᠪᠢᠵᠤ᠂ ᠵᠠᠷᠯᠠᠯ ᠤᠨ  ᠠᠭᠤᠯᠭ᠎ᠠ ᠳᠤ ᠰᠦᠢᠳᠭᠡᠯ ᠬᠤᠷᠢᠶᠠᠬᠤ ᠦᠷᠳᠡᠭᠡ ᠶᠢᠨ ᠨᠡᠷᠡᠶᠢᠳᠦᠯ᠂ ᠬᠢᠨᠠᠨ ᠵᠦᠪᠰᠢᠶᠡᠷᠡᠭᠰᠡᠨ ᠪᠠᠶᠢᠭᠤᠯᠭ᠎ᠠ᠂  ᠰᠦᠢᠳᠭᠡᠯ ᠬᠤᠷᠢᠶᠠᠬᠤ ᠨᠢᠭᠡᠴᠡ᠂ ᠰᠦᠢᠳᠭᠡᠯ ᠬᠤᠷᠢᠶᠠᠬᠤ ᠪᠠᠷᠢᠮᠵᠢᠶ᠎ᠠ᠂ ᠰᠦᠢᠳᠭᠡᠯ ᠡᠬᠢᠯᠡᠯ ᠲᠡᠭᠦᠰᠭᠡᠯ ᠤᠨ  ᠤᠨ ᠤ ᠬᠢᠵᠠᠭᠠᠷ ᠪᠠ ᠬᠢᠨᠨᠠᠯᠲᠠ ᠲᠠᠯᠪᠢᠬᠤ ᠤᠳᠠᠰᠤ ᠵᠡᠷᠭᠡ ᠶᠢ ᠪᠠᠭᠲᠠᠭᠠᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ  ᠬᠦᠯᠢᠶᠡᠬᠦ ᠬᠡᠷᠡᠭᠲᠠᠢ᠃            ᠭᠤᠴᠢ ᠶᠢᠰᠦᠳᠦᠭᠡᠷ ᠵᠦᠢᠯ   ᠵᠠᠰᠠᠭ ᠤᠨ ᠤᠷᠳᠤᠨ ᠵᠢᠭᠡᠯᠡᠯᠭᠡ ᠠᠪᠴᠤ ᠪᠡᠯᠡ ᠨᠡᠶᠢᠯᠡᠭᠦᠯᠦᠨ ᠪᠦᠲᠦᠭᠡᠨ  ᠪᠠᠶᠢᠭᠤᠯᠤᠭᠰᠠᠨ ᠲᠦᠷᠭᠡᠨ ᠤ ᠵᠠᠮ ᠤᠨ ᠰᠦᠢᠳᠭᠡᠯ ᠬᠤᠷᠢᠶᠠᠬᠤ ᠪᠠᠷᠢᠮᠲᠠ ᠶᠢ ᠦᠪᠡᠷᠲᠡᠭᠡᠨ ᠵᠠᠰᠠᠬᠤ ᠤᠷᠤᠨ ᠤ  ᠠᠷᠠᠳ ᠤᠨ ᠵᠠᠰᠠᠭ ᠤᠨ ᠤᠷᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠨᠢᠭᠡᠲᠦᠯᠲᠠᠢ ᠲᠠᠷᠤᠮᠠᠯᠯᠠᠨ  ᠦᠢᠯᠡᠳᠴᠤ᠂ ᠦᠪᠡᠷᠲᠡᠭᠡᠨ ᠵᠠᠰᠠᠭᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠮ ᠬᠠᠷᠢᠯᠴᠠᠭᠠᠨ ᠤ  ᠲᠡᠭᠡᠭᠡᠪᠤᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠨᠢᠭᠡᠲᠤᠯᠲᠠᠢ ᠲᠠᠷᠬᠠᠭᠠᠵᠤ᠂ ᠬᠠᠮᠢᠶᠠᠷᠤᠨ᠎ᠡ᠃            ᠡᠵᠡᠩᠨᠡᠯᠲᠠ ᠶᠢᠨ ᠴᠢᠨᠠᠷᠲᠠᠢ ᠲᠦᠷᠭᠡᠨ ᠤ ᠵᠠᠮ ᠤᠨ ᠰᠦᠢᠳᠭᠡᠯ ᠬᠤᠷᠢᠶᠠᠬᠤ ᠪᠠᠷᠢᠮᠲᠠ ᠶᠢ ᠦᠪᠡᠷᠲᠡᠭᠡᠨ  ᠵᠠᠰᠠᠬᠤ ᠤᠷᠤᠨ ᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠨᠢᠭᠡᠲᠤᠯᠲᠠᠢ ᠲᠠᠷᠤᠮᠠᠯᠯᠠᠨ ᠦᠢᠯᠡᠳᠴᠤ᠂  ᠦᠪᠡᠷᠲᠡᠭᠡᠨ ᠵᠠᠰᠠᠭᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠮ ᠬᠠᠷᠢᠯᠴᠠᠭᠠᠨ ᠤ ᠲᠡᠭᠡᠭᠡᠪᠤᠷᠢ ᠶᠢᠨ  ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠨᠢᠭᠡᠲᠤᠯᠲᠠᠢ ᠲᠠᠷᠬᠠᠭᠠᠵᠤ᠂ ᠬᠠᠮᠢᠶᠠᠷᠤᠨ᠎ᠡ᠃            ᠲᠦᠴᠢᠳᠦᠭᠡᠷ ᠵᠦᠢᠯ   ᠲᠦᠷᠭᠡᠨ ᠤ ᠵᠠᠮ ᠤᠨ ᠡᠵᠡᠩᠨᠡᠭᠴᠢ ᠲᠡᠷᠭᠡᠨ ᠤ ᠤᠷᠤᠰᠬᠠᠯ ᠤᠨ ᠬᠡᠮᠵᠢᠶ᠎ᠡ ᠶᠢ  ᠦᠨᠳᠦᠰᠦᠯᠡᠵᠤ ᠬᠦᠷᠦᠯᠴᠡᠬᠦ ᠲᠤᠭᠠᠨ ᠤ ᠰᠦᠢᠳᠭᠡᠯ ᠬᠤᠷᠢᠶᠠᠬᠤ ᠵᠠᠮ ᠤᠨ ᠠᠭᠤᠯᠵᠠᠷ ᠨᠡᠭᠡᠭᠡᠵᠤ᠂ ᠰᠦᠢᠳᠭᠡᠯ  ᠲᠤᠰᠢᠶᠠᠬᠤ ᠲᠡᠷᠭᠡᠨ ᠤ ᠵᠢᠭᠰᠠᠭᠠᠯ ᠬᠤᠶᠠᠷ ᠵᠠᠭᠤᠨ ᠮᠧᠲᠷ ᠢ ᠬᠡᠲᠦᠷᠡᠭᠰᠡᠨ ᠦᠶᠡᠰ᠂ ᠤᠷᠤᠵᠤ ᠭᠠᠷᠬᠤ ᠰᠦᠢᠳᠭᠡᠯ  ᠬᠤᠷᠢᠶᠠᠬᠤ ᠵᠠᠮ ᠤᠨ ᠠᠭᠤᠯᠵᠠᠷ ᠲᠤ ᠲᠤᠬᠢᠷᠠᠭᠤᠯᠤᠯᠲᠠ ᠬᠢᠬᠦ᠂ ᠲᠦᠭᠦᠮ ᠲᠦᠷᠭᠡᠨ ᠬᠡᠯᠪᠡᠷᠢ ᠶᠢᠨ ᠰᠦᠢᠳᠭᠡᠯ  ᠬᠤᠷᠢᠶᠠᠬᠤ ᠮᠠᠰᠢᠨ ᠬᠡᠷᠡᠭᠯᠡᠬᠦ ᠵᠡᠷᠭᠡ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠠᠪᠴᠤ ᠲᠡᠷᠭᠡ ᠶᠢ  ᠨᠡᠪᠲᠡᠷᠡᠭᠦᠯᠬᠦ ᠬᠡᠷᠡᠭᠲᠠᠢ᠃            ᠭᠡᠨᠡᠳᠲᠠ ᠡᠭᠦᠰᠬᠦ ᠬᠡᠷᠡᠭ ᠢ ᠰᠢᠢᠳᠪᠦᠷᠢᠯᠡᠬᠦ᠂ ᠠᠶᠤᠯ ᠢ ᠬᠡᠯᠲᠦᠷᠢᠭᠦᠯᠵᠤ ᠠᠪᠤᠷᠠᠨ ᠲᠤᠰᠠᠯᠠᠬᠤ ᠪᠠ  ᠰᠦᠢᠳᠭᠡᠯ ᠬᠤᠷᠢᠶᠠᠬᠤ ᠵᠠᠮ ᠤᠨ ᠠᠭᠤᠯᠵᠠᠷ ᠤᠨ ᠲᠦᠭᠵᠢᠷᠡᠬᠦ ᠶᠢ ᠨᠠᠮᠳᠠᠭᠠᠬᠤ ᠰᠢᠯᠲᠠᠭᠠᠨ ᠠᠴᠠ ᠪᠤᠯᠵᠤ ᠲᠡᠷᠭᠡ ᠶᠢ  ᠲᠦᠷᠭᠡᠨ ᠨᠡᠪᠲᠡᠷᠡᠭᠦᠯᠵᠤ᠂ ᠲᠠᠷᠬᠠᠭᠠᠨ ᠨᠡᠪᠲᠡᠷᠡᠭᠦᠯᠬᠦ ᠠᠰᠲᠠᠭᠠᠨ ᠰᠠᠯᠭᠠᠬᠤ ᠴᠢᠬᠤᠯᠠᠲᠠᠢ ᠪᠤᠯ᠂ ᠦᠪᠡᠷᠲᠡᠭᠡᠨ  ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠮ ᠬᠠᠷᠢᠯᠴᠠᠭᠠᠨ ᠤ ᠲᠡᠭᠡᠭᠡᠪᠤᠷᠢ ᠶᠢᠨ ᠭᠤᠤᠯᠯᠠᠨ  ᠬᠠᠮᠢᠶᠠᠷᠬᠤ ᠰᠠᠯᠠᠭ᠎ᠠ ᠮᠦᠴᠢᠷ ᠨᠢ ᠲᠦᠷ ᠴᠠᠭ ᠦᠨ᠎ᠡ ᠲᠦᠯᠦᠪᠦᠷᠢ ᠦᠭᠡᠢ ᠪᠠᠷ ᠲᠡᠷᠭᠡ ᠨᠡᠪᠲᠡᠷᠡᠬᠦ ᠶᠢ ᠲᠤᠭᠲᠠᠭᠠᠵᠤ  ᠪᠤᠯᠤᠨ᠎ᠡ᠃            ᠲᠦᠷᠭᠡᠨ ᠤ ᠵᠠᠮ ᠤᠨ ᠡᠵᠡᠩᠨᠡᠭᠴᠢ ᠨᠢ ᠢᠯᠡᠴᠢᠯᠡᠨ ᠮᠡᠳᠡᠭᠦᠯᠬᠦ ᠤᠳᠠᠰᠤ ᠶᠢ ᠨᠡᠶᠢᠲᠡᠯᠡᠵᠤ᠂ ᠨᠡᠶᠢᠭᠡᠮ ᠤᠨ  ᠬᠢᠨᠠᠯᠲᠠ ᠶᠢ ᠬᠦᠯᠢᠶᠡᠬᠦ ᠬᠡᠷᠡᠭᠲᠠᠢ᠃            ᠲᠦᠴᠢᠨ ᠨᠢᠭᠡᠳᠦᠭᠡᠷ ᠵᠦᠢᠯ   ᠲᠦᠷᠭᠡᠨ ᠤ ᠵᠠᠮ ᠳᠤ ᠤᠷᠤᠬᠤ ᠲᠡᠷᠭᠡ ᠨᠢ ᠤᠷᠤᠬᠤ ᠵᠠᠮ ᠠᠴᠠ ᠨᠡᠪᠲᠡᠷᠡᠬᠦ  ᠦᠨᠡᠮᠯᠡᠯ ᠢᠶᠠᠨ ᠠᠪᠴᠤ᠂ ᠭᠠᠷᠬᠤ ᠦᠶᠡᠰ ᠭᠠᠷᠬᠤ ᠵᠠᠮ ᠳᠠᠭᠠᠨ ᠨᠡᠪᠲᠡᠷᠡᠬᠦ ᠦᠨᠡᠮᠯᠡᠯ ᠢᠶᠠᠨ ᠲᠤᠰᠢᠶᠠᠨ ᠪᠤᠴᠠᠭᠠᠬᠤ  ᠬᠡᠷᠡᠭᠲᠠᠢ︔ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠪᠤᠰᠤᠳ ᠲᠤᠭᠲᠠᠭᠠᠯ ᠲᠠᠢ ᠠᠴᠠ  ᠭᠠᠳᠠᠨ᠎ᠡ᠃            ᠨᠡᠪᠲᠡᠷᠡᠬᠦ ᠦᠨᠡᠮᠯᠡᠯ ᠢ ᠡᠪᠳᠡᠯᠡᠭᠰᠡᠨ᠂ ᠭᠡᠭᠡᠭᠰᠡᠨ ᠪᠤᠯ ᠦᠪᠡᠷᠲᠡᠭᠡᠨ ᠵᠠᠰᠠᠬᠤ ᠤᠷᠤᠨ ᠤ ᠠᠷᠠᠳ ᠤᠨ  ᠵᠠᠰᠠᠭ ᠤᠨ ᠤᠷᠳᠤᠨ ᠤ ᠦᠨ᠎ᠡ ᠬᠠᠩᠰᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ ᠲᠤᠭᠲᠠᠭᠠᠭᠰᠠᠨ  ᠨᠡᠪᠲᠡᠷᠡᠬᠦ ᠦᠨᠡᠮᠯᠡᠯ ᠤᠨ ᠦᠷᠲᠡᠭ ᠶᠤᠰᠤᠭᠠᠷ ᠲᠦᠯᠦᠪᠤᠷᠢᠯᠡᠬᠦ ᠬᠡᠷᠡᠭᠲᠠᠢ᠃            ᠲᠦᠴᠢᠨ ᠬᠤᠶᠠᠳᠤᠭᠠᠷ ᠵᠦᠢᠯ   ᠲᠦᠷᠭᠡᠨ ᠤ ᠵᠠᠮ ᠤᠨ ᠡᠵᠡᠩᠨᠡᠭᠴᠢ ᠲᠡᠷᠬᠡ ᠨᠡᠪᠲᠡᠷᠡᠬᠦ ᠰᠦᠢᠳᠭᠡᠯ ᠢᠶᠠᠨ  ᠬᠠᠤᠯᠢ ᠶᠤᠰᠤᠭᠠᠷ ᠲᠣᠰᠢᠶᠠᠠᠬᠤ ᠶᠤᠰᠤᠲᠠᠢ ᠪᠠᠶᠢᠲᠠᠯ᠎ᠡ ᠪᠠᠨ ᠲᠣᠰᠢᠶᠠᠬᠤ ᠶᠢ ᠲᠡᠪᠵᠢᠬᠦ᠂ ᠲᠤᠰᠢᠶᠠᠬᠤ ᠠᠴᠠ ᠵᠠᠶᠢᠯᠠᠬᠤ  ᠂ ᠴᠦᠭᠡᠨ ᠲᠤᠰᠢᠶᠠᠭᠰᠠᠨ ᠲᠡᠷᠭᠡ ᠶᠢ ᠨᠡᠪᠲᠡᠷᠡᠭᠦᠯᠬᠦ ᠦᠭᠡᠢ ᠡᠷᠬᠡ ᠲᠠᠢ ᠪᠦᠭᠡᠳ ᠲᠤᠰᠢᠶᠠᠬᠤ ᠶᠤᠰᠤᠲᠠᠢ ᠲᠡᠷᠭᠡ  ᠨᠡᠪᠲᠡᠷᠡᠬᠦ ᠰᠦᠢᠳᠭᠡᠯ ᠢ ᠨᠢ ᠨᠦᠬᠦᠵᠤ ᠲᠤᠰᠢᠶᠠᠯᠭᠠᠬᠤ ᠪᠠᠷ ᠱᠠᠭᠠᠷᠳᠠᠬᠤ ᠡᠷᠬᠡ ᠲᠠᠢ︔ ᠵᠠᠮ ᠤᠨ ᠤᠷᠳᠤ ᠶᠢ ᠨᠢ  ᠲᠤᠭᠲᠠᠭᠠᠬᠤ ᠳᠤ ᠪᠡᠷᠬᠡ ᠲᠡᠷᠭᠡ ᠪᠤᠯ ᠲᠦᠷᠭᠡᠨ ᠤ ᠵᠠᠮ ᠤᠨ ᠡᠵᠡᠩᠨᠡᠭᠴᠢ ᠨᠢ ᠰᠦᠢᠳᠭᠡᠯ ᠲᠤᠰᠢᠶᠠᠬᠤ ᠦᠷᠳᠡᠭᠡ  ᠪᠤᠯᠤᠨ ᠡᠵᠡᠩᠨᠡᠯᠲᠠ ᠶᠢᠨ ᠲᠤᠤᠷ ᠳᠠᠬᠢ ᠬᠠᠮᠤᠭ ᠬᠤᠯᠠ ᠦᠷᠲᠡᠭᠡᠨ ᠤ ᠬᠤᠭᠤᠷᠤᠨᠳᠤᠬᠢ ᠰᠦᠢᠳᠭᠡᠯ ᠬᠤᠷᠢᠶᠠᠬᠤ  ᠵᠠᠮ ᠤᠨ ᠤᠷᠳᠤ ᠶᠤᠰᠤᠭᠠᠷ ᠲᠡᠷᠭᠡ ᠨᠡᠪᠲᠡᠷᠡᠬᠦ ᠰᠦᠢᠳᠭᠡᠯ ᠨᠦᠬᠦᠨ ᠲᠤᠰᠢᠶᠠᠯᠭᠠᠬᠤ ᠪᠠᠷ ᠱᠠᠭᠠᠷᠳᠠᠵᠤ ᠪᠤᠯᠤᠨ᠎ᠡ᠃  ᠲᠡᠷᠭᠡ ᠨᠡᠪᠲᠡᠷᠡᠬᠦ ᠰᠦᠢᠳᠭᠡᠯ ᠨᠦᠬᠦᠨ ᠲᠤᠰᠢᠶᠠᠬᠤ ᠶᠢ ᠲᠡᠪᠴᠢᠵᠤ᠂ ᠰᠦᠢᠳᠭᠡᠯ ᠬᠤᠷᠢᠶᠠᠬᠤ ᠵᠠᠮ ᠤᠨ ᠠᠭᠤᠯᠵᠠᠷ ᠢ  ᠵᠤᠷᠢᠭᠤᠲᠠ ᠪᠦᠭᠯᠡᠨ᠂ ᠵᠠᠮ ᠬᠠᠷᠢᠯᠴᠠᠭᠠᠨ ᠤ ᠡᠮᠬᠢ ᠵᠢᠷᠣᠮ ᠢ ᠨᠦᠯᠦᠭᠡᠯᠡᠭᠰᠡᠨ ᠲᠡᠷᠭᠡ ᠶᠢ ᠲᠤᠲᠤᠭᠠᠲᠤ ᠶᠢ  ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠤᠰᠤᠭᠠᠷ ᠰᠢᠢᠳᠪᠦᠷᠢᠯᠡᠨ᠎ᠡ᠃            ᠬᠤᠶᠠᠷ ᠠᠴᠠ ᠲᠡᠭᠡᠭᠰᠢ ᠤᠳᠠᠭ᠎ᠠ ᠲᠡᠷᠭᠡ ᠨᠡᠪᠲᠡᠷᠡᠬᠦ ᠰᠦᠢᠳᠭᠡᠯ ᠲᠣᠰᠢᠶᠠᠬᠤ ᠶᠢ ᠲᠡᠪᠴᠢᠭᠰᠡᠨ᠂  ᠲᠣᠰᠢᠶᠠᠬᠤ ᠠᠴᠠ ᠵᠠᠶᠢᠯᠠᠭᠰᠠᠨ ᠲᠡᠷᠭᠡ ᠶᠢ ᠪᠤᠯ᠂ ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ  ᠢᠲᠡᠭᠡᠮᠵᠢ ᠶᠢᠨ ᠲᠡᠮᠳᠡᠭᠯᠡᠯ ᠬᠢᠬᠦ ᠶᠢᠨ ᠬᠠᠮᠲᠤ ᠨᠡᠶᠢᠭᠡᠮ ᠳᠤ ᠵᠠᠷᠯᠠᠬᠤ ᠬᠡᠷᠡᠭᠲᠠᠢ᠃            ᠲᠦᠴᠢᠨ ᠭᠤᠷᠪᠠᠳᠤᠭᠠᠷ ᠵᠦᠢᠯ   ᠲᠦᠷᠭᠡᠨ ᠤ ᠵᠠᠮ ᠤᠨ ᠡᠵᠡᠩᠨᠡᠭᠴᠢ ᠡᠯ᠎ᠡ ᠲᠦᠷᠦᠯ ᠤᠨ ᠲᠦᠷᠢᠮ  ᠲᠤᠭᠲᠠᠭᠠᠯ ᠢ ᠲᠤᠭᠲᠠᠭᠠᠨ ᠲᠡᠭᠦᠯᠳᠡᠷᠵᠢᠭᠦᠯᠵᠤ᠂ ᠬᠠᠤᠯᠢ ᠶᠤᠰᠤᠭᠠᠷ ᠡᠵᠡᠩᠨᠡᠵᠤ᠂ ᠪᠤᠯᠪᠠᠰᠤᠨ ᠦᠢᠯᠡᠴᠢᠯᠡᠭᠡ ᠬᠢᠵᠤ᠂ ᠦᠢᠯᠡᠴᠢᠯᠡᠭᠡᠨ ᠤ ᠠᠭᠤᠯᠭ᠎ᠠ᠂ ᠪᠠᠷᠢᠮᠵᠢᠶ᠎ᠠ᠂ ᠦᠨ᠎ᠡ ᠬᠠᠩᠰᠢ ᠶᠢ ᠢᠯᠡ ᠪᠤᠯᠭᠠᠬᠤ ᠬᠡᠷᠡᠭᠲᠠᠢ᠃            ᠲᠦᠷᠭᠡᠨ ᠤ ᠵᠠᠮ ᠤᠨ ᠡᠵᠡᠩᠨᠡᠭᠴᠢ ᠨᠢ ᠲᠤᠤᠷᠠᠬᠢ ᠦᠢᠯᠡᠴᠢᠯᠡᠭᠡᠨ ᠤ ᠲᠦᠬᠦᠭᠡᠷᠦᠮᠵᠢ ᠶᠢ ᠬᠠᠩᠭᠠᠬᠤ ᠬᠡᠷᠡᠭᠲᠠᠢ  ᠄            ︵ᠨᠢᠭᠡ︶ ᠲᠦᠷ ᠠᠮᠠᠷᠠᠬᠤ᠂ ᠤᠤᠭᠤᠬᠤ ᠤᠰᠤ ᠬᠠᠩᠭᠠᠬᠤ᠂ ᠲᠡᠷᠭᠡ ᠵᠤᠭᠰᠤᠬᠤ ᠲᠠᠯᠠᠪᠤᠷ᠂ ᠰᠠᠭᠠᠳ  ᠦᠭᠡᠢ ᠲᠦᠬᠦᠭᠡᠷᠦᠮᠵᠢ᠂ ᠨᠡᠶᠢᠲᠠ ᠶᠢᠨ ᠵᠤᠷᠯᠤᠩ ᠵᠡᠷᠭᠡ ᠦᠨ᠎ᠡ ᠲᠦᠯᠦᠪᠦᠷᠢ ᠦᠭᠡᠢ ᠪᠠᠷ ᠬᠡᠷᠡᠭᠯᠡᠬᠦ ᠨᠡᠶᠢᠲᠠ ᠶᠢᠨ  ᠠᠰᠠᠷᠠᠮᠵᠢ ᠶᠢᠨ ᠴᠢᠨᠠᠷᠲᠠᠢ ᠰᠠᠭᠤᠷᠢ ᠲᠦᠬᠦᠭᠡᠷᠦᠮᠵᠢ︔           ︵ᠬᠤᠶᠠᠷ︶ ᠲᠤᠰᠤ ᠨᠡᠮᠡᠬᠦ᠂ ᠭᠡᠢ ᠨᠡᠮᠡᠬᠦ᠂ ᠴᠠᠬᠢᠯᠭᠠᠨ ᠴᠡᠨᠡᠭᠯᠡᠬᠦ᠂ ᠪᠠᠷᠠᠭ᠎ᠠ ᠬᠤᠳᠠᠯᠳᠤᠨ ᠠᠪᠬᠤ᠂ ᠢᠳᠡᠭᠡᠨ  ᠤᠮᠳᠠᠭᠠᠨ ᠵᠢᠴᠢ ᠮᠠᠰᠢᠨ ᠲᠡᠷᠭᠡ ᠶᠢ ᠰᠡᠯᠪᠢᠨ ᠵᠠᠰᠠᠬᠤ ᠵᠡᠷᠭᠡ ᠡᠵᠡᠩᠨᠡᠯᠲᠠ ᠶᠢᠨ ᠴᠢᠨᠠᠷᠲᠠᠢ ᠰᠠᠭᠤᠷᠢ ᠲᠦᠬᠦᠭᠡᠷᠦᠮᠵᠢ︔             ︵ᠭᠤᠷᠪᠠ︶ ᠨᠤᠭᠤᠭᠠᠷᠠᠭᠤᠯᠤᠯᠲᠠ᠂ ᠤᠷᠴᠢᠨ ᠲᠤᠭᠤᠷᠢᠨ ᠤ ᠬᠠᠮᠠᠭᠠᠯᠠᠯᠲᠠ᠂ ᠬᠡᠷᠡᠯᠲᠦᠭᠦᠯᠭᠡ᠂ ᠲᠤᠯᠠᠭᠠᠨ  ᠬᠠᠩᠭᠠᠬᠤ᠂ ᠤᠰᠤ ᠬᠠᠩᠭᠠᠬᠤ ᠵᠡᠷᠭᠡ ᠦᠢᠯᠡᠳᠦᠯᠲᠤ ᠴᠢᠨᠠᠷᠲᠠᠢ ᠰᠠᠭᠤᠷᠢ ᠲᠦᠬᠦᠭᠡᠷᠦᠮᠵᠢ᠃            ᠲᠦᠴᠢᠨ ᠲᠦᠷᠪᠡᠳᠦᠭᠡᠷ ᠵᠦᠢᠯ   ᠲᠦᠷᠭᠡᠨ ᠤ ᠵᠠᠮ ᠤᠨ ᠦᠢᠯᠡᠴᠢᠯᠡᠭᠡᠨ ᠤ ᠲᠤᠭᠤᠷᠢᠭ ᠨᠢ ᠨᠡᠶᠢᠭᠡᠮ  ᠨᠡᠶᠢᠲᠠ ᠳᠤ ᠦᠷᠭᠦᠯᠵᠢᠯᠡᠭᠰᠡᠨ ᠦᠢᠯᠡᠴᠢᠯᠡᠭᠡ ᠬᠠᠩᠭᠠᠬᠤ ᠬᠡᠷᠡᠭᠲᠠᠢ︔ ᠤᠴᠢᠷ ᠰᠢᠯᠲᠠᠭᠠᠨ ᠠᠴᠠ ᠪᠤᠯᠵᠤ ᠬᠡᠰᠡᠭ  ᠦᠢᠯᠡᠴᠢᠯᠡᠭᠡ ᠪᠠᠨ ᠵᠤᠭᠰᠤᠭᠠᠭᠰᠠᠨ ᠪᠤᠯ᠂ ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ  ᠲᠠᠩᠰᠠᠯᠠᠬᠤ ᠶᠢᠨ ᠬᠠᠮᠲᠤ ᠬᠤᠪᠢᠰᠤᠩᠭᠤᠢ ᠮᠡᠳᠡᠭᠡ ᠵᠠᠩᠬᠢ ᠶᠢᠨ ᠲᠠᠪᠴᠠᠩ ᠵᠡᠷᠭᠡ ᠬᠡᠯᠪᠡᠷᠢ ᠪᠠᠷ ᠮᠡᠳᠡᠭᠡ ᠵᠠᠩᠬᠢ ᠪᠠᠨ  ᠴᠠᠭ ᠲᠤᠬᠠᠢ ᠳᠤᠨᠢ ᠨᠡᠶᠢᠲᠡᠯᠡᠬᠦ ᠬᠡᠷᠡᠭᠲᠠᠢ᠃            ᠵᠡᠷᠭᠡᠯᠡᠳᠡᠭᠡ ᠬᠤᠶᠠᠷ ᠦᠢᠯᠡᠴᠢᠯᠡᠭᠡᠨ ᠤ ᠲᠤᠭᠤᠷᠢᠭ ᠨᠢ ᠬᠡᠰᠡᠭ ᠦᠢᠯᠡᠴᠢᠯᠡᠭᠡ ᠪᠠᠨ ᠵᠡᠷᠭᠡᠪᠡᠷ ᠵᠤᠭᠰᠤᠭᠠᠭᠰᠠᠨ  ᠪᠤᠯ᠂ ᠪᠠᠴᠢᠮ ᠠᠷᠭᠠᠴᠠᠬᠤ ᠦᠢᠯᠡᠴᠢᠯᠡᠭᠡᠨ ᠤ ᠲᠦᠬᠦᠭᠡᠷᠦᠮᠵᠢ ᠶᠢ ᠨᠡᠮᠡᠭᠳᠡᠭᠦᠯᠬᠦ ᠬᠡᠷᠡᠭᠲᠠᠢ᠃            ᠳᠦᠴᠢᠨ ᠲᠠᠪᠤᠳᠤᠭᠠᠷ ᠵᠦᠢᠯ   ᠲᠦᠷᠭᠡᠨ ᠤ ᠵᠠᠮ ᠤᠨ ᠡᠵᠡᠩᠨᠡᠭᠴᠢ ᠵᠢᠴᠢ ᠠᠵᠢᠯᠲᠡᠨ ᠲᠤᠤᠷᠠᠬᠢ ᠦᠢᠯᠡ  ᠠᠵᠢᠯᠯᠠᠭ᠎ᠠ ᠲᠠᠢ ᠪᠠᠶᠢᠵᠤ ᠪᠤᠯᠬᠤ ᠦᠭᠡᠢ᠄            ︵ᠨᠢᠭᠡ︶ ᠰᠦᠢᠳᠭᠡᠯ ᠬᠤᠷᠢᠶᠠᠬᠤ ᠲᠦᠷᠦᠯ ᠵᠦᠢᠯ ᠢ ᠲᠤᠷ᠎ᠠ ᠪᠠᠷ ᠪᠠᠶᠢᠭᠤᠯᠬᠤ᠂ ᠲᠡᠷᠭᠡ ᠨᠡᠪᠲᠡᠷᠡᠬᠦ  ᠰᠦᠢᠳᠭᠡᠯ ᠢ ᠬᠠᠰᠤᠨ ᠬᠡᠯᠲᠤᠷᠢᠭᠦᠯᠬᠦ᠂ ᠰᠦᠢᠳᠭᠡᠯ ᠬᠤᠷᠢᠶᠠᠬᠤ ᠪᠠᠷᠢᠮᠵᠢᠶ᠎ᠡ ᠶᠢ ᠲᠡᠭᠡᠭᠰᠢᠯᠡᠭᠦᠯᠬᠦ ᠪᠠ ᠰᠦᠢᠳᠭᠡᠯ  ᠬᠤᠷᠢᠶᠠᠬᠤ ᠬᠦᠷᠢᠶ᠎ᠡ ᠬᠡᠪᠴᠢᠶ᠎ᠡ ᠶᠢ ᠦᠷᠭᠡᠳᠭᠡᠬᠦ︔            ︵ᠬᠤᠶᠠᠷ︶ ᠲᠡᠷᠭᠡ ᠨᠡᠪᠲᠡᠷᠡᠬᠦ ᠰᠦᠢᠳᠭᠡᠯ ᠤᠨ ᠰᠦᠢᠳᠭᠡᠯ ᠬᠤᠷᠢᠶᠠᠬᠤ ᠪᠠᠷᠢᠮᠵᠢᠶ᠎ᠡ ᠠᠴᠠ ᠭᠠᠳᠠᠨ᠎ᠡ  ᠪᠤᠰᠤᠳ ᠵᠠᠷᠤᠳᠠᠯ ᠨᠡᠮᠡᠨ ᠬᠤᠷᠢᠶᠠᠬᠤ ᠪᠤᠶᠤ ᠤᠷᠤᠯᠠᠨ ᠬᠤᠷᠢᠶᠠᠬᠤ︔            ︵ᠭᠤᠷᠪᠠ︶ ᠶᠠᠮᠠᠷ ᠨᠢᠭᠡᠨ ᠬᠡᠰᠡᠭ ᠬᠤᠭᠤᠴᠠᠭᠠᠨ ᠲᠠᠬᠢ ᠲᠡᠷᠭᠡ ᠨᠡᠪᠲᠡᠷᠡᠬᠦ ᠰᠦᠢᠳᠭᠡᠯ ᠢ ᠲᠡᠷᠭᠡ  ᠪᠦᠷᠢ ᠠᠴᠠ ᠠᠯᠪᠠᠳᠠᠯᠭ᠎ᠠ ᠪᠠᠷ ᠬᠤᠷᠢᠶᠠᠨ ᠠᠪᠬᠤ ᠪᠤᠶᠤ ᠪᠤᠰᠤᠳ ᠵᠦᠢ ᠵᠤᠬᠢᠰ ᠦᠭᠡᠢ ᠠᠷᠭ᠎ᠠ ᠪᠠᠷᠢᠯ ᠢᠶᠠᠷ  ᠬᠤᠷᠢᠶᠠᠨ ᠠᠪᠬᠤ︔            ︵ᠲᠦᠷᠪᠠ︶ ᠰᠦᠢᠳᠭᠡᠯ ᠬᠤᠷᠢᠶᠠᠭᠰᠡᠨ ᠪᠠᠷᠢᠮᠲᠠ ᠭᠠᠷᠭᠠᠵᠤ ᠦᠭᠬᠦ ᠦᠭᠡᠢ ᠪᠤᠶᠤ ᠬᠠᠤᠯᠢ ᠶᠤᠰᠤᠨ ᠤ᠂  ᠬᠦᠴᠦᠨ ᠪᠦᠬᠦᠢ᠂ ᠭᠦᠢᠴᠡᠳ ᠲᠤᠭᠠᠨ ᠤ ᠪᠠᠷᠢᠮᠲᠠ ᠭᠠᠷᠭᠠᠵᠦ ᠦᠭᠬᠦ ᠦᠭᠡᠢ︔            ︵ᠲᠠᠪᠤ︶ ᠵᠢᠯᠤᠭᠤᠴᠢ ᠪᠤᠯᠤᠨ ᠲᠡᠷᠭᠡᠨ ᠳᠤ ᠰᠠᠭᠤᠭᠴᠢ ᠶᠢ ᠭᠠᠴᠢᠬᠤ᠂ ᠬᠢᠬᠠᠨ ᠠᠪᠬᠤ︔            ︵ᠵᠢᠷᠭᠤᠭ᠎ᠠ︶ ᠠᠵᠢᠯ ᠤᠨ ᠪᠠᠶᠢᠷᠢᠨ ᠠᠴᠠ ᠪᠠᠨ ᠲᠤᠷ᠎ᠠ ᠪᠠᠷ ᠰᠠᠯᠵᠤ᠂ ᠲᠡᠷᠭᠡᠨ ᠤ ᠬᠡᠪ ᠢᠶᠠᠷ ᠨᠡᠪᠲᠡᠷᠡᠬᠦ ᠶᠢ  ᠨᠦᠯᠦᠭᠡᠯᠡᠬᠦ︔            ︵ᠲᠤᠯᠤᠭ᠎ᠠ︶ ᠬᠠᠤᠯᠢ ᠴᠠᠭᠠᠵᠠ ᠬᠠᠤᠯᠢ ᠲᠤᠭᠲᠠᠭᠠᠯ ᠳᠤ ᠴᠠᠭᠠᠵᠠᠯᠠᠭᠰᠠᠨ ᠪᠤᠰᠤᠳ ᠦᠢᠯᠡ ᠠᠵᠢᠯᠯᠠᠭ᠎ᠠ᠃            ᠲᠦᠴᠢᠨ ᠵᠢᠷᠭᠤᠳᠤᠭᠠᠷ ᠵᠦᠢᠯ   ᠵᠢᠯᠤᠭᠤᠴᠢ ᠵᠢᠴᠢ ᠲᠡᠷᠭᠡᠨ ᠳᠤ ᠰᠠᠭᠤᠭᠴᠢ ᠨᠢ ᠲᠦᠷᠭᠡᠨ ᠤ ᠵᠠᠮ ᠢᠶᠠᠷ  ᠶᠠᠪᠤᠬᠤ ᠳᠤ ᠲᠤᠤᠷᠠᠬᠢ ᠦᠢᠯᠡ ᠠᠵᠢᠯᠯᠠᠭ᠎ᠠ ᠲᠠᠢ ᠪᠠᠶᠢᠵᠤ ᠪᠤᠯᠬᠤ ᠦᠭᠡᠢ᠄            ︵ᠨᠢᠭᠡ︶ ᠲᠡᠷᠭᠡ ᠨᠡᠪᠲᠡᠷᠡᠬᠦ ᠰᠦᠢᠳᠭᠡᠯ ᠢ ᠬᠠᠰᠤᠨ ᠬᠡᠯᠲᠦᠷᠢᠭᠦᠯᠬᠦ ᠲᠡᠷᠭᠡ ᠪᠠᠷ ᠬᠠᠭᠤᠷᠮᠠᠭᠯᠠᠬᠤ︔            ︵ᠬᠤᠶᠠᠷ︶ ᠬᠠᠭᠤᠷᠮᠠᠭ ᠢᠶᠠᠷ ᠵᠤᠬᠢᠶᠠᠭᠰᠠᠨ ᠲᠦᠷᠭᠡᠨ ᠤ ᠵᠠᠮ ᠢᠶᠠᠷ ᠨᠡᠪᠲᠡᠷᠡᠬᠦ ᠦᠨᠡᠮᠯᠡᠯ᠂ ᠲᠦᠷᠭᠡᠨ ᠤ  ᠵᠠᠮ ᠤᠨ ᠲᠤᠤᠷᠵᠢᠭᠤᠯᠤᠯᠲᠠ ᠶᠢᠨ ᠡᠯᠧᠺᠲᠷᠣᠨ ᠲᠡᠷᠭᠡ ᠵᠤᠭᠰᠤᠬᠤ ᠦᠭᠡᠢ ᠰᠦᠢᠳᠭᠡᠯ ᠬᠤᠷᠢᠶᠠᠬᠤ ᠲᠤᠰᠬᠠᠢ  ᠺᠠᠷᠲ ᠢ ᠰᠤᠯᠢᠬᠤ ᠪᠤᠶᠤ ᠬᠡᠷᠡᠭᠯᠡᠬᠦ︔            ︵ᠭᠤᠷᠪᠠ︶ ᠹᠦᠨᠲ ᠠᠴᠠ ᠬᠠᠷᠠᠶᠢᠨ ᠵᠠᠶᠢᠯᠠᠬᠤ᠂ ᠹᠦᠨᠲ ᠲᠡᠪᠢᠰᠬᠦ᠂ ᠹᠦᠨᠲ ᠲᠤᠭᠤᠷᠢᠨ ᠭᠠᠷᠬᠤ ᠵᠡᠷᠭᠡ  ᠠᠷᠭ᠎ᠠ ᠬᠡᠯᠪᠡᠷᠢ ᠪᠠᠷ ᠬᠦᠨᠲᠦ ᠶᠢ ᠪᠤᠲᠤᠬᠤ ᠮᠠᠰᠢᠨ ᠤ ᠬᠡᠪ ᠢᠶᠠᠷ ᠬᠦᠨᠲᠦ ᠶᠢ ᠪᠤᠳᠤᠬᠤ ᠶᠢ ᠬᠠᠷᠰᠢᠯᠠᠬᠤ︔            ︵ᠲᠦᠷᠪᠠ︶ ᠰᠦᠢᠳᠭᠡᠯ ᠬᠤᠷᠢᠶᠠᠬᠤ ᠵᠠᠮ ᠤᠨ ᠠᠭᠤᠯᠵᠠᠷ ᠢ ᠲᠠᠭᠠᠷᠢᠬᠤ ᠪᠤᠶᠤ ᠰᠦᠢᠳᠭᠡᠯ ᠬᠤᠷᠢᠶᠠᠬᠤ  ᠵᠠᠮ ᠤᠨ ᠠᠭᠤᠯᠵᠠᠷ ᠲᠤ ᠵᠤᠷᠢᠭᠤᠲᠠ ᠵᠤᠭᠰᠤᠬᠤ᠂ ᠵᠠᠮ ᠪᠦᠭᠯᠡᠬᠦ︔            ︵ᠲᠠᠪᠤ︶ ᠲᠦᠷᠭᠡᠨ ᠤ ᠵᠠᠮ ᠤᠨ ᠰᠦᠢᠳᠭᠡᠯ ᠬᠤᠷᠢᠶᠠᠭᠴᠢ ᠶᠢ ᠲᠤᠷᠤᠮᠵᠢᠯᠠᠬᠤ᠂ ᠰᠦᠷᠳᠡᠭᠦᠯᠬᠦ᠂ ᠵᠤᠳᠤᠬᠤ︔            ︵ᠵᠢᠷᠭᠤᠭ᠎ᠠ︶ ᠬᠠᠤᠯᠢ ᠴᠠᠭᠠᠵᠠ ᠬᠠᠤᠯᠢ ᠲᠤᠭᠲᠠᠭᠠᠯ ᠳᠤ ᠲᠤᠭᠲᠠᠭᠠᠭᠰᠠᠨ ᠲᠦᠷᠭᠡᠨ ᠤ ᠵᠠᠮ ᠤᠨ  ᠰᠦᠢᠳᠭᠡᠯ ᠬᠤᠷᠢᠶᠠᠬᠤ ᠵᠢᠴᠢ ᠨᠡᠪᠲᠡᠷᠡᠬᠦ ᠡᠮᠬᠢ ᠵᠢᠷᠣᠮ ᠢ ᠵᠤᠷᠢᠭᠤᠲᠠ ᠰᠠᠮᠠᠭᠤᠷᠠᠭᠤᠯᠬᠤ ᠪᠤᠰᠤᠳ ᠦᠢᠯᠡ  ᠠᠵᠢᠯᠯᠠᠭ᠎ᠠ᠃            ᠲᠦᠴᠢᠨ ᠲᠤᠯᠤᠳᠤᠭᠠᠷ ᠵᠦᠢᠯ   ᠲᠦᠷᠭᠡᠨ ᠤ ᠵᠠᠮ ᠤᠨ ᠡᠵᠡᠩᠨᠡᠭᠴᠢ ᠬᠠᠷᠢᠶᠠᠯᠠᠭᠳᠠᠵᠤ ᠪᠠᠶᠢᠭ᠎ᠠ ᠲᠦᠷᠭᠡᠨ ᠤ  ᠵᠠᠮ ᠤᠨ ᠵᠠᠮ ᠬᠠᠷᠢᠯᠴᠠᠭᠠᠨ ᠤ ᠤᠷᠤᠰᠬᠠᠯ ᠤᠨ ᠬᠡᠮᠵᠢᠶ᠎ᠡ᠂ ᠪᠠᠷᠢᠯᠭ᠎ᠠ ᠶᠢᠨ ᠠᠵᠢᠯ ᠵᠡᠷᠭᠡ ᠵᠠᠮ ᠤᠨ ᠰᠦᠯᠵᠢᠶᠡᠨ ᠤ  ᠠᠵᠢᠯᠯᠠᠭ᠎ᠠ ᠲᠠᠢ ᠬᠠᠮᠢᠶ᠎ᠠ ᠲᠠᠢ ᠮᠡᠳᠡᠭᠡ ᠵᠠᠩᠬᠢ ᠶᠢ ᠴᠤᠭᠯᠠᠭᠤᠯᠤᠨ ᠡᠮᠬᠢᠳᠭᠡᠵᠤ᠂ ᠲᠦᠷᠭᠡᠨ ᠤ ᠵᠠᠮ ᠤᠨ  ᠬᠠᠮᠢᠶᠠᠷᠤᠯᠲᠠ ᠶᠢᠨ ᠪᠠᠶᠢᠭᠤᠯᠤᠮᠵᠢ ᠪᠠ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ  ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠲᠤᠭᠲᠠᠭᠠᠯ ᠶᠤᠰᠤᠭᠠᠷ ᠮᠡᠳᠡᠭᠦᠯᠬᠦ ᠶᠢᠨ ᠬᠠᠮᠲᠤ ᠬᠡᠪ ᠢᠶᠠᠷ ᠨᠠᠪᠲᠡᠷᠡᠬᠦ ᠶᠢ  ᠨᠦᠯᠦᠭᠡᠯᠡᠬᠦ ᠮᠡᠳᠡᠭᠡ ᠵᠠᠩᠬᠢ ᠶᠢ ᠴᠠᠭ ᠲᠤᠬᠠᠢ ᠳᠤᠨᠢ ᠨᠡᠶᠢᠭᠡᠮ ᠳᠤ ᠨᠡᠶᠢᠲᠡᠯᠡᠬᠦ ᠬᠡᠷᠡᠭᠲᠠᠢ᠃            ᠵᠢᠷᠭᠤᠳᠤᠭᠠᠷ ᠪᠦᠯᠦᠭ   ᠵᠠᠮ ᠬᠠᠷᠢᠯᠴᠠᠭᠠᠨ ᠤ ᠠᠮᠤᠷ ᠲᠦᠪᠰᠢᠨ ᠪᠤᠯᠤᠨ ᠪᠠᠴᠢᠮ ᠠᠷᠭᠠᠴᠠᠬᠤ  ᠬᠠᠮᠢᠶᠠᠷᠤᠯᠲᠠ            ᠲᠦᠴᠢᠨ ᠨᠠᠢᠮᠠᠳᠤᠭᠠᠷ ᠵᠦᠢᠯ   ᠲᠡᠯᠪᠡᠷᠡᠬᠦ ᠪᠤᠳᠠᠰ᠂ ᠨᠤᠴᠤᠮᠠᠳᠠᠭᠠᠢ ᠲᠠᠰᠤᠷᠠᠮᠠᠳᠡᠭᠡᠢ ᠬᠢᠮᠢ ᠶᠢᠨ ᠪᠤᠳᠠᠰ  ᠵᠢᠴᠢ ᠲᠤᠭᠰᠢᠨ ᠬᠤᠤᠷ ᠲᠠᠢ ᠰᠠᠴᠤᠷᠠᠮᠠᠭᠠᠢ ᠵᠡᠷᠭᠡ ᠠᠶᠤᠯᠲᠤ ᠪᠤᠳᠠᠰ ᠢ ᠲᠡᠭᠡᠭᠡᠪᠤᠷᠢᠯᠡᠬᠦ ᠳᠤ᠂ ᠲᠤᠲᠤᠭᠠᠲᠤ ᠶᠢ  ᠬᠠᠮᠠᠭᠠᠯᠠᠬᠤ ᠪᠠᠶᠢᠭᠤᠯᠭ᠎ᠠ ᠶᠢᠨ ᠵᠦᠪᠰᠢᠶᠡᠷᠡᠯ ᠢ ᠲᠠᠮᠵᠢᠭᠰᠡᠨ ᠤ ᠲᠠᠷᠠᠭ᠎ᠠ᠂ ᠵᠢᠭᠠᠨ ᠲᠤᠭᠲᠠᠭᠠᠭᠰᠠᠨ ᠴᠠᠭ᠂ ᠵᠠᠮ᠂  ᠬᠤᠷᠳᠤᠴᠠ ᠶᠤᠰᠤᠭᠠᠷ ᠶᠠᠪᠤᠨ᠂ ᠡᠷᠬᠡᠪᠰᠢ ᠰᠡᠷᠡᠮᠵᠢ ᠶᠢᠨ ᠲᠡᠮᠳᠡᠭ ᠡᠯᠭᠦᠭᠦ ᠶᠢᠨ ᠬᠠᠮᠲᠤ ᠴᠢᠬᠤᠯᠠ ᠪᠦᠬᠦᠢ ᠠᠮᠤᠷ  ᠲᠦᠪᠰᠢᠨ ᠤ ᠠᠷᠭ᠎ᠠ ᠬᠡᠮᠵᠢᠶ᠎ᠡ ᠠᠪᠬᠤ ᠬᠡᠷᠡᠭᠲᠠᠢ᠃ ᠲᠤᠭᠰᠢᠨ ᠪᠤᠷᠤᠭᠠᠨ᠂ ᠠᠶᠤᠩᠭ᠎ᠠ ᠴᠠᠬᠢᠯᠭᠠᠨ᠂ ᠮᠦᠰᠦ ᠴᠠᠰᠤ᠂  ᠮᠠᠨᠠᠨ᠂ ᠡᠯᠡᠰᠦ ᠵᠡᠷᠭᠡ ᠮᠠᠭᠤ ᠴᠠᠭ ᠠᠭᠤᠷ ᠪᠠ ᠴᠢᠬᠤᠯᠠ ᠪᠠᠶᠠᠷ ᠤᠨ ᠡᠳᠦᠷ᠂ ᠴᠢᠬᠤᠯᠠ ᠬᠦᠳᠡᠯᠭᠡᠭᠡᠨ ᠤ ᠴᠠᠭ  ᠬᠤᠭᠤᠴᠠᠭᠠᠨ ᠳᠤ᠂ ᠲᠤᠭᠰᠢᠨ ᠬᠤᠤᠷ ᠲᠠᠢ ᠬᠢᠮᠢ ᠶᠢᠨ ᠪᠤᠳᠠᠰ᠂ ᠲᠡᠯᠪᠡᠷᠡᠬᠦ ᠪᠤᠳᠠᠰ ᠲᠡᠭᠡᠭᠡᠪᠦᠷᠢᠯᠡᠭᠰᠡᠨ ᠲᠡᠷᠭᠡ ᠶᠢᠨ  ᠲᠦᠷᠭᠡᠨ ᠤ ᠵᠠᠮ ᠢᠶᠠᠷ ᠨᠡᠪᠲᠡᠷᠡᠬᠦ ᠶᠢ ᠴᠠᠭᠠᠵᠠᠯᠠᠨ᠎ᠡ᠃ ᠠᠶᠤᠯᠲᠠᠢ ᠪᠤᠳᠠᠰ ᠠᠴᠢᠭᠰᠠᠨ ᠲᠡᠷᠭᠡ ᠲᠦᠷᠭᠡᠨ ᠤ ᠵᠠᠮ ᠤᠨ  ᠬᠦᠬᠦᠷᠭᠡ᠂ ᠨᠦᠬᠡᠨ ᠵᠠᠮ᠂ ᠲᠦᠷᠭᠡᠨ ᠤ ᠵᠠᠮ ᠤᠨ ᠤᠷᠤᠵᠤ ᠭᠠᠷᠬᠤ ᠵᠠᠮ ᠵᠡᠷᠭᠡ ᠤᠯᠠᠨ ᠨᠡᠶᠢᠲᠠ ᠶᠢᠨ ᠠᠮᠤᠷ  ᠲᠦᠪᠰᠢᠨ ᠢ ᠰᠦᠷᠳᠡᠭᠦᠯᠬᠦ ᠭᠠᠵᠠᠷ ᠲᠤ ᠴᠤᠭᠯᠠᠷᠠᠵᠤ᠂ ᠵᠤᠭᠰᠤᠬᠤ ᠶᠢ ᠡᠷᠡᠰ ᠴᠠᠭᠠᠵᠠᠯᠠᠨ᠎ᠡ᠃            ᠠᠶᠤᠯ ᠲᠠᠢ ᠪᠤᠳᠠᠰ ᠲᠡᠭᠡᠭᠡᠪᠤᠷᠢᠯᠡᠭᠰᠡᠨ ᠲᠡᠷᠭᠡ ᠭᠡᠨᠡᠳᠠᠯ ᠡᠭᠦᠰᠪᠡᠯ᠂ ᠲᠤᠬᠠᠢ ᠶᠢᠨ ᠬᠦᠮᠦᠨ ᠨᠢ ᠲᠠᠷᠤᠢ  ᠲᠦᠷᠭᠡᠨ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠪᠤᠶᠤ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠮᠡᠳᠡᠭᠦᠯᠬᠦ  ᠬᠡᠷᠡᠭᠲᠠᠢ᠃ ᠠᠶᠤᠯᠭᠦᠢ ᠬᠢᠨᠠᠯᠲᠠ ᠬᠠᠮᠢᠶᠠᠷᠤᠯᠲᠠ᠂ ᠲᠤᠲᠤᠭᠠᠲᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠲᠡᠭᠡᠭᠡᠪᠤᠷᠢ  ᠂ ᠡᠷᠡᠭᠦᠯ ᠬᠠᠮᠠᠭᠠᠯᠠᠯ᠂ ᠤᠷᠴᠢᠨ ᠲᠤᠭᠤᠷᠢᠨ ᠤ ᠬᠠᠮᠠᠭᠠᠯᠠᠯᠲᠠ᠂ ᠶᠠᠰᠤ ᠴᠢᠨᠠᠷ ᠤᠨ ᠮᠡᠷᠭᠡᠵᠢᠯ ᠳᠤ ᠬᠢᠨᠠᠯᠲᠠ ᠲᠠᠯᠪᠢᠬᠤ  ᠵᠡᠷᠭᠡ ᠰᠠᠯᠠᠭ᠎ᠠ ᠮᠦᠴᠢᠷ ᠵᠢᠴᠢ ᠲᠦᠷᠭᠡᠨ ᠤ ᠵᠠᠮ ᠤᠨ ᠡᠵᠡᠩᠨᠡᠭᠴᠢ ᠨᠢ ᠭᠡᠨᠡᠳᠡᠯ ᠡᠭᠦᠰᠦᠭᠰᠡᠨ ᠭᠠᠵᠠᠷ ᠤᠨ ᠬᠤᠰᠢᠭᠤ  ᠰᠢᠶᠡᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠨᠢᠭᠡᠲᠦᠯᠲᠠᠢ ᠵᠢᠯᠤᠭᠤᠳᠤᠯᠭ᠎ᠠ ᠲᠤᠤᠷ᠎ᠠ᠂  ᠭᠡᠨᠡᠳᠡᠯ ᠤᠨ ᠠᠶᠤᠯ ᠠᠴᠠ ᠠᠪᠤᠷᠠᠨ ᠲᠤᠰᠠᠯᠠᠬᠤ ᠠᠵᠢᠯ ᠢ ᠬᠠᠮᠵᠢᠯᠴᠠᠨ ᠦᠷᠨᠢᠬᠦᠯᠬᠦ ᠬᠡᠷᠡᠭᠲᠠᠢ᠃            ᠲᠦᠴᠢ ᠶᠢᠰᠦᠳᠦᠭᠡᠷ ᠵᠦᠢᠯ   ᠬᠠᠷᠰᠢ ᠰᠠᠭᠠᠳ ᠲᠤ ᠤᠴᠠᠷᠠᠬᠤ᠂ ᠠᠳᠡᠯ ᠡᠭᠦᠰᠬᠦ ᠵᠡᠷᠭᠡ ᠰᠢᠯᠲᠠᠭᠠᠨ ᠠᠴᠠ  ᠪᠤᠯᠵᠤ ᠲᠡᠷᠭᠡ ᠨᠢ ᠵᠤᠭᠰᠤᠪᠠᠯ᠂ ᠵᠢᠯᠤᠭᠤᠴᠢ ᠨᠢ ᠠᠶᠤᠯ ᠲᠦᠭᠰᠢᠭᠦᠷᠢ ᠶᠢ ᠮᠡᠳᠡᠭᠦᠯᠬᠦ ᠬᠢᠯᠪᠠᠭᠠᠨ ᠳ᠋ᠧᠩ ᠢᠶᠠᠨ ᠲᠠᠷᠤᠢ  ᠲᠦᠷᠭᠡᠨ ᠨᠡᠭᠡᠭᠡᠵᠤ᠂ ᠤᠷᠤᠬᠰᠢᠯᠠᠬᠤ ᠴᠢᠭᠯᠡᠯ ᠤᠨ ᠠᠷᠤ ᠲᠠᠯ᠎ᠠ ᠵᠠᠭᠤ ᠲᠠᠪᠢᠨ ᠮᠧᠲᠷ ᠤᠨ ᠭᠠᠳᠠᠨ᠎ᠡ ᠰᠠᠭᠠᠳ ᠲᠠᠢ  ᠲᠡᠷᠭᠡ ᠶᠢᠨ ᠰᠡᠷᠡᠮᠵᠢ ᠶᠢᠨ ᠲᠡᠮᠳᠡᠭ ᠲᠠᠯᠪᠢᠵᠤ᠂ ᠰᠦᠨᠢ᠂ ᠪᠤᠷᠤᠭᠠᠨ᠂ ᠴᠠᠰᠤ᠂ ᠮᠠᠨᠡᠨ ᠲᠠᠢ ᠡᠳᠦᠷ ᠲᠤ ᠠᠭᠤᠳᠠᠮ  ᠳ᠋ᠧᠩ᠂ ᠡᠮᠦᠨ᠎ᠡ ᠬᠤᠶᠢᠨ᠎ᠡ ᠲᠠᠯ᠎ᠠ ᠶᠢᠨ ᠳ᠋ᠧᠩ ᠪᠠ ᠮᠠᠨᠡᠨ ᠳ᠋ᠧᠩ ᠢᠶᠠᠨ ᠬᠠᠮᠲᠤ ᠨᠢ ᠨᠡᠭᠡᠭᠡᠬᠦ ᠶᠢᠨ ᠬᠠᠮᠲᠤ ᠠᠶᠤᠯᠭᠦᠢ  ᠠᠷᠭ᠎ᠠ ᠬᠡᠮᠵᠢᠶ᠎ᠡ ᠠᠪᠴᠤ᠂ ᠲᠡᠷᠭᠡᠨ ᠲᠡᠭᠡᠷᠡᠬᠢ ᠬᠦᠮᠦᠰ ᠢ ᠵᠤᠬᠢᠶᠠᠨ ᠪᠠᠶᠢᠭᠤᠯᠤᠨ ᠠᠮᠤᠷ ᠲᠦᠪᠰᠢᠨ ᠭᠠᠵᠠᠷ ᠲᠤ  ᠤᠴᠢᠭᠤᠯᠬᠤ ᠬᠡᠷᠡᠭᠲᠠᠢ᠃            ᠲᠠᠪᠢᠳᠤᠭᠠᠷ ᠵᠦᠢᠯ   ᠲᠦᠷᠭᠡᠨ ᠤ ᠵᠠᠮ ᠲᠡᠭᠡᠷᠡᠬᠢ ᠰᠠᠭᠠᠳ ᠢ ᠠᠷᠢᠯᠭᠠᠨ ᠠᠪᠤᠷᠠᠨ ᠲᠤᠰᠠᠯᠠᠬᠤ  ᠦᠢᠯᠡᠴᠢᠯᠡᠭᠡ ᠶᠢ ᠲᠦᠷᠭᠡᠨ ᠤ ᠵᠠᠮ ᠤᠨ ᠡᠵᠡᠩᠨᠡᠭᠴᠢ ᠨᠢᠭᠡᠲᠦᠯᠲᠠᠢ ᠲᠦᠯᠦᠪᠯᠡᠨ ᠵᠤᠬᠢᠶᠠᠨ ᠪᠠᠶᠢᠭᠤᠯᠤᠨ  ᠬᠡᠷᠡᠭᠵᠢᠭᠦᠯᠦᠨ᠎ᠡ᠃            ᠲᠡᠷᠭᠡ ᠬᠠᠷᠰᠢ ᠰᠠᠭᠠᠳ ᠪᠤᠶᠤ ᠠᠳᠡᠯ ᠡᠭᠦᠰᠬᠦ ᠦᠶᠡᠰ᠂ ᠲᠤᠬᠠᠢ ᠶᠢᠨ ᠬᠦᠮᠦᠨ ᠲᠦᠷᠬᠡᠨ ᠤ ᠵᠠᠮ ᠤᠨ  ᠡᠵᠡᠩᠨᠡᠭᠴᠢ ᠠᠴᠠ ᠲᠤᠰᠠᠯᠠᠮᠵᠢ ᠬᠦᠰᠡᠵᠦ ᠪᠤᠯᠤᠨ᠎ᠡ᠃ ᠲᠡᠷᠭᠡᠨ ᠤ ᠲᠤᠰᠠᠯᠠᠮᠵᠢ ᠬᠦᠰᠡᠭᠰᠡᠨ ᠴᠢᠮᠡᠭᠡ ᠶᠢ ᠤᠯᠤᠭᠰᠠᠨ ᠤ  ᠲᠠᠷᠠᠭ᠎ᠠ᠂ ᠲᠦᠷᠭᠡᠨ ᠤ ᠵᠠᠮ ᠤᠨ ᠡᠵᠡᠩᠨᠡᠭᠴᠢ ᠤᠶᠢᠷᠠᠬᠠᠨ ᠪᠠᠶᠢᠭ᠎ᠠ ᠲᠤᠰᠠᠯᠠᠬᠤ ᠲᠡᠷᠭᠡ ᠪᠠ ᠠᠵᠢᠯᠲᠡᠨ ᠢ  ᠲᠤᠬᠠᠢ ᠶᠢᠨ ᠲᠠᠯᠠᠪᠤᠷ ᠲᠤ ᠴᠠᠭ ᠲᠤᠬᠠᠢ ᠳᠤᠨᠢ ᠤᠴᠢᠭᠤᠯᠤᠨ ᠠᠪᠤᠷᠠᠯᠲᠠ ᠬᠢᠯᠭᠡᠬᠦ ᠪᠠᠷ ᠲᠤᠬᠢᠷᠠᠭᠤᠯᠬᠤ ᠬᠡᠷᠡᠭᠲᠠᠢ᠃            ᠲᠦᠷᠭᠡᠨ ᠤ ᠵᠠᠮ ᠤᠨ ᠬᠡᠪ ᠢᠶᠠᠷ ᠬᠡᠷᠡᠭᠯᠡᠭᠳᠡᠬᠦ ᠶᠢ ᠨᠦᠯᠦᠭᠡᠯᠡᠬᠦ ᠦᠭᠡᠢ ᠪᠠᠶᠢᠳᠠᠯ ᠲᠤᠤᠷ᠎ᠠ᠂ ᠲᠤᠬᠠᠢ ᠶᠢᠨ  ᠬᠦᠮᠦᠨ ᠨᠢ ᠪᠠᠰᠠ ᠨᠡᠶᠢᠭᠡᠮ ᠤᠨ ᠠᠪᠤᠷᠠᠨ ᠲᠤᠰᠠᠯᠠᠬᠤ ᠪᠠᠶᠢᠭᠤᠯᠤᠮᠵᠢ ᠶᠢ ᠰᠤᠩᠭᠤᠨ ᠠᠪᠤᠷᠠᠨ ᠲᠤᠰᠠᠯᠠᠯᠲᠠ ᠬᠢᠯᠭᠡᠵᠤ  ᠪᠤᠯᠤᠨ᠎ᠡ᠂ ᠶᠠᠮᠠᠷᠪᠠ ᠨᠢᠭᠡᠴᠡ ᠪᠠ ᠬᠤᠪᠢ ᠬᠦᠮᠦᠨ ᠠᠪᠤᠷᠠᠨ ᠲᠤᠰᠠᠯᠠᠬᠤ ᠪᠠᠶᠢᠭᠤᠯᠤᠮᠵᠢ ᠶᠢ ᠠᠯᠪᠠᠳᠠᠯᠭ᠎ᠠ ᠪᠠᠷ ᠵᠢᠭᠠᠨ  ᠲᠤᠭᠲᠠᠭᠠᠵᠤ ᠪᠤᠯᠬᠤ ᠦᠭᠡᠢ᠂ ᠪᠠᠰᠠ ᠲᠤᠬᠠᠢ ᠶᠢᠨ ᠬᠦᠮᠦᠨ ᠤ ᠨᠠᠶᠢᠲᠠᠭᠰᠠᠨ ᠠᠪᠤᠷᠠᠨ ᠲᠤᠰᠠᠯᠠᠬᠤ  ᠪᠠᠶᠢᠭᠤᠯᠤᠮᠵᠢ ᠶᠢᠨ ᠲᠠᠯᠠᠪᠠᠢ ᠳᠤ ᠤᠷᠤᠵᠦ ᠦᠢᠯᠡᠴᠢᠯᠡᠭᠡ ᠬᠢᠬᠦ ᠶᠢ ᠬᠠᠷᠰᠢᠯᠠᠬᠤ ᠪᠠ ᠬᠤᠷᠢᠭᠯᠠᠵᠤ ᠪᠤᠯᠬᠤ ᠦᠭᠡᠢ᠃            ᠲᠠᠪᠢᠨ ᠨᠢᠭᠡᠳᠦᠭᠡᠷ ᠵᠦᠢᠯ   ᠲᠦᠷᠭᠡᠨ ᠤ ᠵᠠᠮ ᠤᠨ ᠡᠵᠡᠩᠨᠡᠭᠴᠢ ᠠᠳᠡᠯ ᠲᠠᠢ ᠲᠡᠷᠭᠡᠨ ᠤ ᠰᠠᠭᠠᠳ ᠢ  ᠠᠷᠢᠯᠭᠠᠨ ᠠᠪᠤᠷᠠᠨ ᠲᠤᠰᠠᠯᠠᠬᠤ ᠦᠶᠡᠰ᠂ ᠲᠡᠷᠭᠡ ᠶᠢ ᠲᠤᠬᠠᠢ ᠶᠢᠨ ᠬᠦᠮᠦᠨ ᠲᠠᠢ ᠵᠦᠪᠯᠡᠨ ᠲᠤᠭᠲᠠᠭᠠᠭᠰᠠᠨ ᠭᠠᠵᠠᠷ  ᠴᠢᠷᠤᠨ ᠬᠦᠷᠭᠡᠬᠦ ᠬᠡᠷᠡᠭᠲᠠᠢ︔ ᠵᠦᠪᠯᠡᠨ ᠲᠤᠭᠲᠠᠭᠠᠵᠤ ᠲᠡᠶᠢᠯᠦᠭᠰᠡᠨ ᠦᠭᠡᠢ ᠪᠤᠯ᠂ ᠬᠠᠮᠤᠭ ᠤᠶᠢᠷ᠎ᠠ ᠭᠠᠷᠬᠤ  ᠵᠠᠮ ᠠᠴᠠ ᠲᠡᠷᠭᠡ ᠶᠢ ᠲᠦᠷᠭᠡᠨ ᠤ ᠵᠠᠮ ᠠᠴᠠ ᠴᠢᠷᠤᠨ ᠭᠠᠷᠭᠠᠬᠤ ᠬᠡᠷᠡᠭᠲᠠᠢ᠃ ᠰᠠᠭᠠᠳ ᠢ ᠠᠷᠢᠯᠭᠠᠨ ᠠᠪᠤᠷᠠᠨ  ᠲᠤᠰᠠᠯᠠᠬᠤ ᠰᠦᠢᠳᠭᠡᠯ ᠬᠤᠷᠢᠶᠠᠬᠤ ᠳᠤ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ  ᠦᠨ᠎ᠡ ᠬᠠᠩᠰᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ ᠲᠤᠭᠲᠠᠭᠠᠭᠰᠠᠨ ᠪᠠᠷᠢᠮᠵᠢᠶ᠎ᠠ ᠪᠠᠷ  ᠬᠡᠷᠡᠭᠵᠢᠭᠦᠯᠦᠨ᠎ᠡ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠭᠡᠨᠡᠳᠠᠯ ᠲᠠᠢ ᠲᠡᠷᠭᠡᠨ ᠤ  ᠰᠠᠭᠠᠳ ᠢ ᠠᠷᠢᠯᠭᠠᠨ ᠲᠤᠰᠠᠯᠠᠨ ᠠᠪᠤᠷᠠᠬᠤ ᠲᠤᠬᠠᠢ ᠠᠰᠲᠠᠭᠠᠨ ᠲᠤᠭᠲᠠᠭᠠᠯ ᠲᠠᠢ ᠪᠤᠯ᠂ ᠲᠡᠷᠡᠬᠦ ᠲᠤᠭᠲᠠᠭᠠᠯ ᠢ  ᠲᠠᠭᠠᠨ᠎ᠡ᠃            ᠲᠠᠪᠢᠨ ᠬᠤᠶᠠᠳᠤᠭᠠᠷ ᠵᠦᠢᠯ   ᠲᠦᠷᠭᠡᠨ ᠤ ᠵᠠᠮ ᠬᠦᠨᠲᠦ ᠰᠦᠷᠡᠭᠡᠢ ᠡᠪᠳᠡᠭᠳᠡᠬᠦ᠂ ᠪᠠᠶᠢᠭᠠᠯᠢ ᠶᠢᠨ ᠭᠠᠮᠰᠢᠭ᠂  ᠮᠠᠭᠤ ᠴᠠᠭ ᠠᠭᠤᠷ ᠤᠨ ᠨᠦᠬᠦᠴᠡᠯ ᠪᠤᠶᠤ ᠲᠤᠮᠤ ᠶᠡᠭᠡ ᠵᠠᠮ ᠬᠠᠷᠢᠯᠴᠠᠭᠠᠨ ᠤ ᠬᠡᠨᠡᠳᠠᠯ᠂ ᠵᠠᠮ ᠵᠠᠰᠠᠬᠤ ᠠᠵᠢᠯᠯᠠᠭ᠎ᠠ  ᠭᠡᠨᠡᠳᠲᠠ ᠡᠭᠦᠰᠬᠦ ᠬᠡᠷᠡᠭ ᠵᠡᠷᠭᠡ ᠠᠴᠠ ᠪᠤᠯᠵᠤ᠂ ᠲᠡᠷᠭᠡ ᠶᠢᠨ ᠠᠶᠤᠯᠭᠦᠢ ᠠᠶᠠᠯᠠᠬᠤ ᠶᠢ ᠬᠦᠨᠲᠦ ᠨᠤᠴᠢᠲᠠᠢ  ᠨᠦᠯᠦᠭᠡᠯᠡᠪᠡᠯ᠂ ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠲᠦᠷᠭᠡᠨ ᠤ ᠵᠠᠮ ᠤᠨ ᠡᠵᠡᠩᠨᠡᠭᠴᠢ ᠪᠠ  ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ  ᠴᠠᠭ ᠲᠤᠬᠠᠢ ᠳᠤᠨᠢ ᠪᠠᠶᠢᠳᠠᠯ ᠢᠶᠠᠨ ᠬᠠᠷᠢᠯᠴᠠᠨ ᠮᠡᠳᠡᠭᠦᠯᠬᠦ ᠬᠡᠷᠡᠭᠲᠠᠢ᠃ ᠪᠤᠰᠤᠳ ᠠᠷᠭ᠎ᠠ ᠬᠡᠮᠵᠢᠶ᠎ᠡ ᠪᠠᠷ ᠵᠠᠮ  ᠬᠠᠷᠢᠯᠴᠠᠭᠠᠨ ᠤ ᠠᠮᠤᠷ ᠲᠦᠪᠰᠢᠨ ᠢ ᠪᠠᠳᠤᠯᠠᠬᠤ ᠳᠤ ᠪᠡᠷᠬᠡ ᠦᠶᠡᠰ᠂ ᠲᠤᠲᠤᠭᠠᠲᠤ ᠶᠢ ᠬᠠᠮᠠᠭᠠᠯᠠᠬᠤ  ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠬᠤᠷᠳᠤᠴᠠ ᠬᠢᠵᠠᠭᠠᠷᠯᠠᠵᠤ  ᠨᠡᠪᠲᠡᠷᠡᠭᠦᠯᠬᠦ᠂ ᠲᠠᠰᠤᠯᠳᠠᠭᠤᠯᠵᠤ ᠲᠠᠯᠪᠢᠬᠤ᠂ ᠲᠡᠷᠭᠡᠨ ᠵᠠᠮ ᠢ ᠰᠤᠯᠢᠬᠤ᠂ ᠵᠠᠮ ᠪᠢᠲᠡᠭᠦᠮᠵᠢᠯᠡᠬᠦ ᠵᠡᠷᠭᠡ ᠵᠠᠮ  ᠬᠠᠷᠢᠯᠴᠠᠭᠠᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠴᠤ ᠪᠤᠯᠬᠤ ᠪᠦᠭᠡᠳ ᠮᠡᠳᠡᠭᠡ ᠵᠠᠩᠭᠢ ᠪᠠᠨ ᠴᠠᠭ  ᠲᠤᠬᠠᠢ ᠳᠤᠨᠢ ᠨᠡᠶᠢᠭᠡᠮ ᠪᠠᠷ ᠨᠡᠶᠢᠲᠡᠯᠡᠨ᠎ᠡ᠃            ᠲᠥᠷᠭᠡᠨ ᠤ ᠵᠠᠮ ᠨᠢ ᠦᠨᠡᠨᠬᠦ ᠪᠢᠲᠡᠭᠦᠮᠵᠢᠯᠡᠬᠦ ᠴᠢᠬᠤᠯᠠ ᠲᠠᠢ ᠪᠤᠯ ᠲᠤᠲᠤᠭᠠᠲᠤ ᠶᠢ ᠬᠠᠮᠠᠭᠠᠯᠠᠬᠤ  ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ᠂ ᠵᠠᠮ ᠬᠠᠷᠢᠯᠴᠠᠭ᠎ᠠ ᠲᠡᠭᠡᠭᠡᠪᠤᠷᠢ ᠶᠢ  ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠠᠮᠲᠤᠪᠡᠷ ᠵᠦᠪᠯᠡᠨ ᠲᠤᠭᠲᠠᠭᠠᠬᠤ ᠶᠢᠨ ᠬᠠᠮᠲᠤ ᠮᠡᠳᠡᠭᠡ ᠵᠠᠩᠭᠢ ᠪᠠᠨ ᠴᠠᠭ  ᠲᠤᠬᠠᠢ ᠳᠤᠨᠢ ᠨᠡᠶᠢᠲᠡᠯᠡᠨ᠎ᠡ︔ ᠲᠦᠷᠭᠡᠨ ᠤ ᠵᠠᠮ ᠢ ᠪᠢᠲᠡᠭᠦᠮᠵᠢᠯᠡᠬᠦ ᠪᠠᠶᠢᠳᠠᠯ ᠨᠢ ᠵᠤᠭᠰᠤᠭᠠᠭᠰᠠᠨ ᠤ ᠲᠠᠷᠠᠭ᠎ᠠ ᠬᠠᠮᠢᠶ᠎ᠠ  ᠪᠦᠬᠦᠢ ᠰᠠᠯᠠᠭ᠎ᠠ ᠮᠦᠴᠢᠷ ᠨᠢ ᠲᠦᠷᠭᠡᠨ ᠤ ᠵᠠᠮ ᠢ ᠴᠠᠭ ᠲᠤᠬᠠᠢ ᠳᠤᠨᠢ ᠨᠡᠭᠡᠭᠡᠵᠤ᠂ ᠵᠠᠮ ᠬᠠᠷᠢᠯᠴᠠᠭ᠎ᠠ ᠶᠢ ᠰᠡᠷᠭᠦᠭᠡᠬᠦ  ᠬᠡᠷᠡᠭᠲᠠᠢ᠃            ᠲᠤᠯᠤᠳᠤᠭᠠᠷ ᠪᠦᠯᠦᠭ   ᠬᠠᠤᠯᠢ ᠴᠠᠭᠠᠵᠠ ᠶᠢᠨ ᠬᠠᠷᠢᠭᠤᠴᠠᠯᠭ᠎ᠠ            ᠲᠠᠪᠢᠨ ᠭᠤᠷᠪᠠᠳᠤᠭᠠᠷ ᠵᠦᠢᠯ   ᠲᠤᠰ ᠲᠦᠷᠢᠮ ᠳᠤ ᠲᠤᠭᠲᠠᠭᠠᠭᠰᠠᠨ ᠦᠢᠯᠡ ᠠᠵᠢᠯᠯᠠᠭ᠎ᠠ ᠶᠢ ᠵᠦᠷᠢᠴᠡᠵᠤ᠂  ︽ᠪᠦᠭᠦᠲᠠ ᠨᠠᠶᠢᠷᠠᠮᠳᠠᠬᠤ ᠲᠤᠮᠲᠠᠲᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾ ᠵᠡᠷᠭᠡ ᠤᠯᠤᠰ ᠤᠨ ᠬᠠᠮᠢᠶ᠎ᠠ  ᠪᠦᠬᠦᠢ ᠬᠠᠤᠯᠢ ᠴᠠᠭᠠᠵᠠ᠂ ᠬᠠᠤᠯᠢ ᠲᠤᠭᠲᠠᠭᠠᠯ ᠳᠤ ᠨᠢᠭᠡᠨᠲᠠ ᠪᠤᠲᠠᠲᠠᠢ ᠰᠢᠳᠭᠡᠨ ᠲᠤᠷᠭᠠᠬᠤ ᠲᠤᠭᠲᠠᠭᠠᠯ  ᠭᠠᠷᠭᠠᠭᠰᠠᠨ ᠪᠤᠯ᠂ ᠲᠡᠷᠡᠬᠦ ᠲᠤᠭᠲᠠᠭᠠᠯ ᠢ ᠲᠠᠭᠠᠨ᠎ᠡ᠃            ᠲᠠᠪᠢᠨ ᠲᠦᠷᠪᠡᠳᠦᠭᠡᠷ ᠵᠦᠢᠯ   ᠲᠤᠰ ᠲᠦᠷᠢᠮ ᠤᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ  ᠪᠠᠳᠠᠭ ᠤᠨ ᠲᠤᠭᠲᠠᠭᠠᠯ ᠢ ᠵᠦᠷᠢᠴᠡᠨ᠂ ᠵᠦᠪᠰᠢᠶᠡᠷᠡᠯ ᠢ ᠲᠡᠮᠵᠢᠬᠰᠠᠨ ᠦᠭᠡᠢ ᠪᠠᠷ ᠲᠦᠷᠭᠡᠨ ᠤ ᠵᠠᠮ ᠤᠨ ᠰᠦᠢᠳᠭᠡᠯ  ᠬᠤᠷᠢᠶᠠᠬᠤ ᠦᠷᠲᠡᠭᠡ᠂ ᠬᠠᠷᠢᠯᠴᠡᠨ ᠨᠡᠪᠲᠡᠷᠡᠬᠦ ᠲᠤᠭᠤᠷᠢᠭ᠂ ᠦᠢᠯᠡᠴᠢᠯᠡᠭᠡᠨ ᠤ ᠲᠤᠭᠤᠷᠢᠭ ᠲᠤ ᠵᠠᠷ ᠮᠡᠳᠡᠭᠡᠨ ᠤ  ᠲᠦᠬᠦᠭᠡᠷᠦᠮᠵᠢ ᠲᠠᠯᠪᠢᠪᠠᠯ᠂ ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠬᠤᠭᠤᠴᠠᠭ᠎ᠠ ᠬᠢᠵᠠᠭᠠᠷᠯᠠᠨ  ᠨᠤᠷᠠᠭᠠᠨ ᠰᠢᠯᠵᠢᠭᠦᠯᠬᠦ ᠶᠢᠨ ᠬᠠᠮᠲᠤ 2 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠡ︔  ᠬᠤᠭᠤᠴᠠᠭ᠎ᠠ ᠨᠢ ᠬᠡᠲᠦᠷᠡᠨ ᠨᠤᠷᠠᠭᠠᠨ ᠰᠢᠯᠵᠢᠭᠦᠯᠦᠭᠰᠡᠨ ᠦᠭᠡᠢ ᠪᠤᠯ᠂ ᠲᠦᠷᠭᠡᠨ ᠤ ᠵᠠᠮ ᠤᠨ ᠬᠠᠮᠢᠶᠠᠷᠤᠯᠲᠠ ᠶᠢᠨ  ᠪᠠᠶᠢᠭᠤᠯᠤᠮᠵᠢ ᠠᠴᠠ ᠨᠤᠷᠠᠭᠠᠨ ᠰᠢᠯᠵᠢᠭᠦᠯᠦᠨ᠎ᠡ᠂ ᠬᠠᠮᠢᠶ᠎ᠠ ᠪᠦᠬᠦᠢ ᠵᠠᠷᠤᠳᠠᠯ ᠢ ᠲᠦᠬᠦᠭᠡᠷᠦᠮᠵᠢ ᠲᠠᠯᠪᠢᠬᠰᠡᠨ ᠬᠦᠮᠦᠨ  ᠡᠭᠦᠷᠭᠡᠯᠡᠨ᠎ᠡ᠃            ᠲᠠᠪᠢᠨ ᠲᠠᠪᠤᠳᠤᠭᠠᠷ ᠵᠦᠢᠯ   ᠲᠤᠰ ᠲᠦᠷᠢᠮ ᠤᠨ ᠲᠤᠭᠲᠠᠭᠠᠯ ᠢ ᠵᠦᠷᠢᠴᠡᠨ᠂ ᠲᠦᠷᠭᠡᠨ ᠤ ᠵᠠᠮ ᠤᠨ  ᠡᠵᠡᠩᠨᠡᠭᠴᠢ ᠲᠤᠤᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠲᠦᠷᠭᠡᠨ ᠤ ᠵᠠᠮ ᠤᠨ ᠬᠠᠮᠢᠶᠠᠷᠤᠯᠲᠠ ᠶᠢᠨ  ᠪᠠᠶᠢᠭᠤᠯᠤᠮᠵᠢ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠵᠠᠷᠯᠢᠭᠳᠠᠬᠤ ᠶᠢᠨ ᠬᠠᠮᠲᠤ 1 ᠲᠦᠮᠡᠨ  ᠲᠦᠭᠦᠷᠢᠭ ᠠᠴᠠ ᠲᠡᠭᠡᠭᠰᠢ 3 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠡ᠄            ︵ᠨᠢᠭᠡ︶ ᠲᠤᠰ ᠲᠦᠷᠢᠮ ᠤᠨ ᠲᠦᠴᠢᠨ ᠭᠤᠷᠪᠠᠳᠤᠭᠠᠷ ᠵᠦᠢᠯ ᠤᠨ ᠲᠤᠭᠲᠠᠭᠠᠯ ᠠᠴᠠ ᠵᠦᠷᠢᠴᠡᠨ᠂  ᠬᠠᠩᠭᠠᠭᠰᠠᠨ ᠦᠢᠯᠡᠴᠢᠯᠡᠭᠡᠨ ᠤ ᠲᠦᠬᠦᠭᠡᠷᠦᠮᠵᠢ ᠨᠢ ᠡᠵᠡᠩᠨᠡᠯᠲᠠ ᠶᠢᠨ ᠬᠠᠮᠢᠶᠠᠷᠤᠯᠲᠠ ᠶᠢᠨ ᠲᠦᠷᠢᠮᠵᠢᠯ ᠳᠤ ᠨᠡᠶᠢᠴᠡᠬᠦ  ᠦᠭᠡᠢ︔            ︵ᠬᠤᠶᠠᠷ︶ ᠲᠤᠰ ᠲᠦᠷᠢᠮ ᠤᠨ ᠲᠦᠴᠢᠨ ᠲᠦᠷᠪᠡᠳᠦᠭᠡᠷ ᠵᠦᠢᠯ ᠤᠨ ᠨᠢᠭᠡᠳᠦᠭᠡᠷ ᠪᠠᠳᠠᠭ ᠤᠨ  ᠲᠤᠭᠲᠠᠭᠠᠯ ᠠᠴᠠ ᠵᠦᠷᠢᠴᠡᠨ᠂ ᠦᠷᠭᠦᠯᠵᠢᠯᠡᠭᠰᠡᠨ ᠦᠢᠯᠡᠴᠢᠯᠡᠭᠡ ᠬᠠᠩᠭᠠᠭᠰᠠᠨ ᠦᠭᠡᠢ ᠪᠤᠶᠤ ᠬᠡᠰᠡᠭ  ᠦᠢᠯᠡᠴᠢᠯᠡᠭᠡ ᠶᠢ ᠲᠤᠷ᠎ᠠ ᠪᠠᠷ ᠵᠤᠭᠰᠤᠭᠠᠬᠤ᠃            ᠲᠠᠪᠢᠨ ᠵᠢᠷᠭᠤᠳᠤᠭᠠᠷ ᠵᠦᠢᠯ   ᠵᠠᠮ ᠬᠠᠷᠢᠯᠴᠠᠭ᠎ᠠ ᠲᠡᠭᠡᠭᠡᠪᠤᠷᠢ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ  ᠂ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ᠂  ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠵᠢᠴᠢ ᠪᠤᠰᠤᠳ ᠬᠠᠮᠢᠶ᠎ᠠ ᠪᠦᠬᠦᠢ ᠰᠠᠯᠠᠭ᠎ᠠ ᠮᠦᠴᠢᠷ ᠤᠨ  ᠠᠵᠢᠯᠲᠠᠨ ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠲᠡᠭᠦᠨ ᠤ ᠪᠠᠶᠢᠭ᠎ᠠ ᠨᠢᠭᠡᠴᠡ ᠪᠤᠶᠤ ᠲᠠᠭᠡᠲᠤ ᠱᠠᠲᠤᠨ ᠤ  ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠤᠭᠴᠢ ᠪᠠ  ᠪᠤᠰᠤᠳ ᠰᠢᠭᠤᠳ ᠬᠠᠷᠢᠭᠤᠴᠠᠯᠭᠠᠲᠠᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠭᠦᠨ᠎ᠡ︔  ᠶᠠᠯ᠎ᠠ ᠳᠤ ᠬᠦᠷᠦᠭᠰᠡᠨ ᠪᠤᠯ᠂ ᠬᠠᠤᠯᠢ ᠶᠤᠰᠤᠭᠠᠷ ᠡᠷᠡᠭᠦᠤ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄            ︵ᠨᠢᠭᠡ︶ ᠵᠠᠰᠠᠭ ᠵᠠᠬᠢᠷᠭᠠᠨ ᠤ ᠵᠦᠪᠰᠢᠶᠡᠷᠡᠯ ᠢ ᠬᠠᠤᠯᠢ ᠠᠴᠠ ᠵᠦᠷᠢᠴᠡᠨ ᠬᠡᠷᠡᠭᠵᠢᠭᠦᠯᠬᠦ︔            ︵ᠬᠤᠶᠠᠷ︶ ᠲᠤᠭᠲᠠᠭᠠᠯ ᠠᠴᠠ ᠵᠦᠷᠢᠴᠡᠨ ᠬᠡᠪ ᠢᠶᠠᠷ ᠶᠠᠪᠤᠵᠤ ᠪᠠᠶᠢᠭ᠎ᠠ ᠲᠡᠷᠭᠡ ᠶᠢ ᠬᠠᠰᠢᠨ ᠬᠤᠷᠢᠬᠤ᠂  ᠪᠠᠶᠢᠴᠠᠭᠠᠬᠤ︔            ︵ᠭᠤᠷᠪᠠ︶ ᠬᠠᠤᠯᠢ ᠠᠴᠠ ᠵᠦᠷᠢᠴᠡᠨ ᠲᠡᠷᠭᠡ᠂ ᠪᠠᠭᠠᠵᠢ ᠬᠡᠷᠡᠭᠰᠡᠯ ᠦᠯᠡᠳᠡᠭᠡᠵᠤ ᠠᠪᠬᠤ ᠪᠤᠶᠤ ᠬᠠᠤᠯᠢ  ᠶᠤᠰᠤᠭᠠᠷ ᠦᠯᠡᠳᠡᠭᠡᠨ ᠠᠪᠤᠭᠰᠠᠨ ᠲᠡᠷᠭᠡ᠂ ᠪᠠᠭᠠᠵᠢ ᠬᠡᠷᠡᠭᠰᠡᠯ ᠢ ᠬᠡᠷᠡᠭᠯᠡᠬᠦ︔            ︵ᠲᠦᠷᠪᠠ︶ ᠲᠤᠭᠲᠠᠭᠠᠯ ᠠᠴᠠ ᠵᠦᠷᠢᠴᠡᠨ ᠠᠪᠤᠷᠠᠨ ᠲᠤᠰᠠᠯᠠᠬᠤ ᠪᠠᠶᠢᠭᠤᠯᠤᠮᠵᠢ ᠶᠢ ᠠᠯᠪᠠᠳᠠᠯᠭ᠎ᠠ ᠪᠠᠷ  ᠲᠤᠭᠲᠠᠭᠠᠵᠤ᠂ ᠲᠡᠷᠭᠡᠨ ᠤ ᠬᠠᠷᠰᠢ ᠰᠠᠭᠠᠳ ᠢ ᠠᠷᠢᠯᠭᠠᠨ ᠲᠤᠰᠠᠯᠠᠬᠤ︔            ︵ᠲᠠᠪᠤ︶ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠢᠯᠡᠷᠡᠭᠦᠯᠦᠭᠡᠳ ᠬᠠᠤᠯᠢ ᠶᠤᠰᠤᠭᠠᠷ  ᠪᠠᠶᠢᠴᠠᠭᠠᠨ ᠰᠢᠳᠭᠡᠬᠦ ᠦᠭᠡᠢ︔            ︵ᠵᠢᠷᠭᠤᠭ᠎ᠠ︶ ᠲᠤᠰᠢᠶᠠᠯ ᠤᠨ ᠲᠠᠰᠢᠷᠠᠮ ᠢᠶᠠᠨ ᠠᠰᠢᠭᠯᠠᠨ᠂ ᠪᠤᠰᠤᠳ ᠤᠨ ᠡᠳ᠋ ᠬᠤᠭᠰᠢᠯ ᠪᠤᠶᠤ ᠪᠤᠰᠤᠳ  ᠠᠰᠢᠭ ᠲᠤᠰᠠ ᠶᠢ ᠨᠡᠭᠡᠨ ᠠᠪᠬᠤ᠂ ᠬᠦᠯᠢᠶᠡᠨ ᠠᠪᠬᠤ︔            ︵ᠲᠤᠯᠤᠭ᠎ᠠ︶ ᠡᠷᠬᠡ ᠲᠤᠰᠢᠶᠠᠯ ᠢᠶᠠᠨ ᠲᠤᠷ᠎ᠠ ᠪᠠᠷ ᠬᠡᠷᠡᠭᠯᠡᠭᠰᠡᠨ᠂ ᠭᠤᠶᠠᠴᠢᠯᠠᠨ ᠬᠠᠤᠯᠢ ᠶᠤᠰᠤ ᠶᠢ  ᠵᠦᠷᠢᠴᠡᠭᠰᠡᠨ᠂ ᠠᠯᠪᠠᠨ ᠲᠤᠰᠢᠶᠠᠯ ᠳᠠᠭᠠᠨ ᠠᠯᠮᠠᠶᠢᠷᠠᠨ ᠤᠰᠤᠯᠳᠠᠭᠰᠠᠨ ᠪᠤᠰᠤᠳ ᠦᠢᠯᠡ ᠠᠵᠢᠯᠯᠠᠭ᠎ᠠ᠃            ᠨᠠᠢᠮᠠᠳᠤᠭᠠᠷ ᠪᠦᠯᠦᠭ   ᠲᠠᠭᠠᠯᠳᠤᠭᠤᠯᠤᠭᠰᠠᠨ ᠲᠦᠷᠢᠮ          ᠲᠠᠪᠢᠨ ᠲᠤᠯᠤᠳᠤᠭᠠᠷ ᠵᠦᠢᠯ   ᠲᠤᠰ ᠲᠦᠷᠢᠮ ᠤᠨ ᠲᠤᠤᠷᠠᠬᠢ ᠬᠡᠯᠡᠯᠭᠡ ᠶᠢᠨ ᠤᠳᠬ᠎ᠠ ᠨᠢ᠄ ᠲᠦᠷᠭᠡᠨ ᠤ  ᠵᠠᠮ ᠭᠡᠳᠡᠭ ᠨᠢ ᠤᠯᠤᠰ ᠤᠨ ︽ᠵᠠᠰᠠᠮᠠᠯ ᠵᠠᠮ ᠤᠨ ᠪᠠᠷᠢᠯᠭ᠎ᠠ ᠶᠢᠨ ᠮᠡᠷᠭᠡᠵᠢᠯ ᠤᠨ ᠪᠠᠷᠢᠮᠵᠢᠶ᠎ᠡ︾ ᠳᠤ ᠨᠡᠶᠢᠴᠡᠨ᠂  ᠮᠠᠰᠢᠨ ᠲᠡᠷᠭᠡᠨ ᠤ ᠴᠢᠭᠯᠡᠯ ᠬᠤᠪᠢᠶᠠᠨ ᠲᠡᠷᠭᠡᠨ ᠵᠠᠮ ᠬᠤᠪᠢᠶᠠᠨ ᠶᠠᠪᠤᠬᠤ ᠳᠤ ᠲᠤᠰᠬᠠᠢ ᠬᠡᠷᠡᠭᠯᠡᠬᠦ ᠶᠢᠨ ᠬᠠᠮᠲᠤ  ᠤᠷᠤᠵᠤ ᠭᠠᠷᠬᠤ ᠶᠢ ᠪᠦᠷᠢᠨ ᠡᠵᠡᠮᠳᠡᠬᠦ ᠤᠯᠠᠨ ᠲᠡᠷᠭᠡᠨ ᠵᠠᠮ ᠲᠠᠢ ᠵᠠᠰᠠᠮᠠᠯ ᠵᠠᠮ ᠢ ᠵᠢᠭᠠᠵᠤ ᠪᠤᠢ᠃            ᠲᠦᠷᠭᠡᠨ ᠤ ᠵᠠᠮ ᠤᠨ ᠬᠡᠷᠡᠭᠯᠡᠬᠦ ᠭᠠᠵᠠᠷ ᠭᠡᠳᠡᠭ ᠨᠢ ᠲᠦᠷᠭᠡᠨ ᠤ ᠵᠠᠮ ᠤᠨ ᠬᠤᠶᠠᠷ ᠲᠠᠯ᠎ᠠ ᠶᠢᠨ ᠰᠤᠪᠠᠭ ︵ ᠤᠰᠤ ᠬᠠᠰᠢᠬᠤ ᠰᠤᠪᠠᠭ᠂ ᠪᠡᠯ ᠤᠨ ᠬᠤᠷᠮᠤᠢ ᠶᠢᠨ ᠪᠡᠯ ᠬᠠᠮᠠᠭᠠᠯᠠᠬᠤ ᠵᠠᠮ︶ ᠤᠨ ᠭᠠᠳᠠᠷ ᠬᠦᠪᠡᠭᠡ ᠠᠴᠠ ᠡᠬᠢᠯᠡᠨ  ᠬᠠᠤᠯᠢ ᠶᠤᠰᠤᠭᠠᠷ ᠲᠠᠲᠠᠪᠤᠷᠢᠯᠠᠨ ᠬᠡᠷᠡᠭᠯᠡᠭᠰᠡᠨ ᠭᠠᠵᠠᠷ ᠰᠢᠷᠤᠢ ᠶᠢ ᠵᠢᠭᠠᠵᠤ ᠪᠤᠢ᠂ ᠡᠭᠦᠨ ᠳᠤ ᠬᠠᠤᠯᠢ ᠶᠤᠰᠤᠭᠠᠷ  ᠲᠠᠲᠠᠪᠤᠷᠢᠯᠠᠨ ᠬᠡᠷᠡᠭᠯᠡᠭᠰᠡᠨ ᠲᠦᠷᠭᠡᠨ ᠤ ᠵᠠᠮ ᠤᠨ ᠰᠦᠢᠳᠭᠡᠯ ᠬᠤᠷᠢᠶᠠᠬᠤ ᠲᠠᠯᠠᠪᠤᠷ ︵ᠦᠷᠲᠡᠭᠡ︶᠂  ᠦᠢᠯᠡᠴᠢᠯᠡᠭᠡᠨ ᠤ ᠲᠤᠨᠤᠭ ᠵᠡᠷᠭᠡ ᠲᠦᠬᠦᠭᠡᠷᠦᠮᠵᠢ ᠳᠤ ᠲᠤᠰᠬᠠᠢ ᠬᠡᠷᠡᠭᠯᠡᠬᠦ ᠬᠡᠷᠡᠭᠯᠡᠬᠦ ᠭᠠᠵᠠᠷ ᠢ ᠪᠠᠭᠲᠠᠭᠠᠨ᠎ᠡ᠃            ᠲᠦᠷᠭᠡᠨ ᠤ ᠵᠠᠮ ᠤᠨ ᠲᠠᠭᠠᠯᠳᠤᠭᠤᠯᠤᠯ ᠲᠦᠬᠦᠭᠡᠷᠦᠮᠵᠢ ᠭᠡᠳᠡᠭ ᠨᠢ ᠲᠦᠷᠭᠡᠨ ᠤ ᠵᠠᠮ ᠢ ᠬᠠᠮᠠᠭᠠᠯᠠᠬᠤ᠂  ᠠᠷᠠᠴᠢᠯᠠᠨ ᠬᠠᠮᠠᠭᠠᠯᠠᠬᠤ ᠪᠠ ᠲᠦᠷᠭᠡᠨ ᠤ ᠵᠠᠮ ᠤᠨ ᠠᠶᠤᠯᠭᠦᠢ ᠨᠡᠪᠲᠡᠷᠡᠬᠦ ᠶᠢ ᠪᠠᠲᠤᠯᠠᠬᠤ ᠳᠤ ᠪᠠᠶᠢᠭᠤᠯᠤᠭᠰᠠᠨ  ᠵᠠᠰᠠᠮᠠᠯ ᠵᠠᠮ ᠢ ᠰᠡᠷᠭᠡᠶᠢᠯᠡᠨ ᠬᠠᠮᠠᠭᠠᠯᠠᠬᠤ᠂ ᠤᠰᠤ ᠲᠠᠲᠠᠷᠠᠭᠤᠯᠬᠤ᠂ ᠨᠤᠭᠤᠭᠠᠷᠠᠭᠤᠯᠬᠤ᠂ ᠠᠷᠠᠴᠢᠯᠠᠨ ᠬᠠᠮᠠᠭᠠᠯᠠᠬᠤ᠂  ᠬᠠᠮᠢᠶᠠᠷᠬᠤ᠂ ᠦᠢᠯᠡᠴᠢᠯᠡᠭᠡ᠂ ᠵᠠᠮ ᠬᠠᠷᠢᠯᠴᠠᠭᠠᠨ ᠤ ᠠᠮᠤᠷ ᠲᠦᠪᠰᠢᠨ᠂ ᠬᠢᠨᠠᠨ ᠡᠵᠡᠮᠰᠢᠬᠦ᠂ ᠴᠢᠮᠡᠭᠡ ᠬᠤᠯᠪᠤᠭ᠎ᠠ᠂  ᠰᠦᠢᠳᠭᠡᠯ ᠬᠤᠷᠢᠶᠠᠬᠤ᠂ ᠴᠠᠬᠢᠯᠭᠠᠨ ᠬᠠᠩᠭᠠᠬᠤ᠂ ᠤᠰᠤ ᠬᠠᠩᠭᠠᠬᠤ᠂ ᠬᠡᠷᠡᠯᠲᠦᠭᠦᠯᠭᠡ ᠵᠡᠷᠭᠡ ᠲᠦᠬᠦᠭᠡᠷᠦᠮᠵᠢ ᠪᠠ  ᠲᠤᠰᠬᠠᠢ ᠬᠡᠷᠡᠭᠯᠡᠬᠦ ᠪᠠᠷᠢᠯᠭ᠎ᠠ ᠵᠡᠷᠭᠡ ᠶᠢ ᠵᠢᠭᠠᠵᠤ ᠪᠤᠢ᠃            ᠲᠦᠷᠭᠡᠨ ᠤ ᠵᠠᠮ ᠤᠨ ᠪᠠᠷᠢᠯᠭ᠎ᠠ ᠶᠢᠨ ᠡᠵᠡᠮᠰᠢᠬᠦ ᠲᠤᠭᠤᠷᠢᠭ ᠭᠡᠳᠡᠭ ᠨᠢ ᠲᠦᠷᠭᠡᠨ ᠤ ᠵᠠᠮ ᠤᠨ ᠬᠡᠷᠡᠭᠯᠡᠬᠦ  ᠭᠠᠵᠠᠷ ᠤᠨ ᠭᠠᠳᠠᠷ ᠬᠦᠪᠡᠭᠡ ᠠᠴᠠ ᠡᠬᠢᠯᠡᠨ ᠭᠠᠳᠠᠭᠰᠢ ᠲᠤᠰᠪᠤᠷᠢ ᠲᠠᠪᠢᠨ ᠮᠧᠲᠷ ᠵᠢᠴᠢ ᠵᠦᠷᠢᠯᠢᠭ ᠬᠦᠬᠦᠷᠭᠡ ᠶᠢᠨ  ᠬᠤᠯᠪᠤᠭᠠᠰᠤ ᠵᠠᠮ᠂ ᠲᠦᠷᠭᠡᠨ ᠤ ᠵᠠᠮ ᠤᠨ ᠬᠤᠯᠪᠤᠬᠤ ᠱᠤᠭᠤᠮ ᠤᠨ ᠬᠤᠶᠠᠷ ᠲᠠᠯ᠎ᠠ᠂ ᠰᠦᠢᠳᠭᠡᠯ ᠬᠤᠷᠢᠶᠠᠬᠤ  ᠦᠷᠲᠡᠭᠡᠨ ᠤ ᠡᠷᠬᠢᠨ ᠲᠤᠭᠤᠷᠢᠨ ᠠᠴᠠ ᠲᠤᠰᠪᠤᠷᠢ ᠵᠠᠭᠤᠨ ᠮᠧᠲᠷ ᠤᠨ ᠬᠦᠷᠢᠶ᠎ᠡ ᠬᠡᠪᠴᠢᠶᠡᠨ ᠲᠤᠲᠤᠷᠠᠬᠢ ᠭᠠᠵᠠᠷ ᠢ  ᠵᠢᠭᠠᠵᠤ ᠪᠤᠢ᠃            ᠲᠠᠪᠢᠨ ᠨᠠᠢᠮᠠᠳᠤᠭᠠᠷ ᠵᠦᠢᠯ   ᠲᠤᠰ ᠲᠦᠷᠢᠮ ᠢ 2015 ᠤᠨ ᠤ 6 ᠳ᠋ᠤᠭᠠᠷ ᠰᠠᠷ᠎ᠠ ᠶᠢᠨ 1 ᠤ  ᠡᠳᠦᠷ ᠠᠴᠠ ᠡᠬᠢᠯᠡᠨ ᠬᠡᠷᠡᠭᠵᠢᠭᠦᠯᠦᠨ᠎ᠡ᠃    
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号