2017 ᠣᠨ ᠤ ᠵᠠᠰᠠᠭ ᠤᠨ ᠣᠷᠳᠤᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2017/8/11
  2017 ᠣᠨ ᠤ ᠵᠠᠰᠠᠭ ᠤᠨ ᠣᠷᠳᠤᠨ ᠤ ᠠᠵᠢᠯ ᠤᠨ ᠢᠯᠡᠳᠭᠡᠯ      2017 ᠣᠨ ᠤ 2 ᠰᠠᠷ᠎ᠠ ᠤᠨ 14   ᠤ ᠡᠳᠦᠷ ᠤᠨ ᠠᠣᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ  ᠬᠤᠷᠠᠯᠳᠤᠭᠠᠨ ᠳᠡᠭᠡᠷ᠎ᠡ                    ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠬᠤᠰᠢᠭᠤᠨ ᠳᠠᠷᠤᠭ᠎ᠠ     ᠢᠦᠢ ᠪᠣᠣ ᠵᠢᠶᠦ᠋ᠨ   ᠲᠦᠯᠦᠭᠡᠯᠡᠭᠴᠢᠳ ᠡ᠄      ᠤᠳᠤ᠂ ᠪᠢ ᠬᠤᠰᠢᠭᠤᠠ ᠤ ᠵᠠᠰᠠᠭ ᠤᠨ ᠤᠷᠳᠤᠠ ᠢ ᠲᠥᠯᠥᠭᠡᠯᠠᠠ ᠶᠡᠭᠡ ᠬᠤᠷᠠᠯ ᠳᠤ ᠠᠵᠢᠯ ᠤᠨ ᠮᠠᠳᠠᠬᠦᠯᠤᠯᠳᠠ ᠬᠢᠶ᠎ᠡ᠂  ᠬᠢᠨᠠᠠ ᠵᠥᠪᠯᠠᠬᠦ ᠪᠤᠯᠪᠠᠤ᠂  ᠤᠯᠤᠰ ᠲᠥᠷᠤ ᠶᠢᠨ ᠵᠥᠪᠯᠠᠯᠭᠡᠠ ᠤ ᠭᠡᠰᠢᠭᠦᠳ ᠵᠢᠴᠢ ᠬᠤᠷᠠᠯ   ᠳᠤ ᠰᠤᠯᠠ ᠤᠷᠤᠯᠴᠠᠬᠰᠠᠳ ᠰᠠᠨᠠᠯ ᠲᠤᠷᠠᠳᠬᠤ ᠪᠤᠯᠪᠠᠤ  ᠃      ᠨᠢᠭᠡ᠂ 2016 ᠣᠨ ᠤ ᠠᠵᠢᠯ ᠤᠨ ᠡᠷᠭᠢᠴᠡᠭᠦᠯᠦᠯ      ᠥᠩᠭᠡᠷᠡᠭᠰᠡᠨ ᠨᠢᠭᠡ ᠵᠢᠯ ᠳᠤ᠂ ᠬᠤᠰᠢᠭᠤᠨ ᠤ ᠨᠠᠮ ᠤᠨ ᠬᠤᠷᠢᠶᠠᠨ ᠤ ᠵᠦᠪ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠬᠤᠰᠢᠭᠤᠨ ᠤ ᠵᠠᠰᠠᠭ ᠤᠨ ᠣᠷᠳᠤᠨ  ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠨᠠᠷᠢᠨ ᠪᠣᠳᠤᠯᠢᠶᠠᠨᠲᠠᠢ ᠬᠦᠨᠳᠦ ᠨᠦᠰᠡᠷ ᠠᠵᠤ ᠠᠬᠤᠢ ᠶᠢᠨ ᠪᠠᠶᠢᠳᠠᠯ ᠪᠣᠯᠤᠨ ᠬᠠᠳᠠᠭᠤ ᠪᠡᠷᠬᠡᠰᠢᠶᠡᠯᠲᠡᠢ ᠬᠥᠨᠳᠦ ᠬᠡᠴᠡᠭᠦᠦ ᠬᠦᠭᠵᠢᠯᠲᠡ   ᠶᠢ ᠳᠣᠭᠲᠠᠭᠤᠨ ᠪᠠᠶᠢᠯᠭᠠᠬᠤ ᠡᠭᠦᠷᠭᠡ  ᠳᠤ ᠬᠠᠨᠲᠤᠭᠤᠯᠤᠨ᠂ ᠪᠦᠬᠦ ᠬᠦᠴᠦ ᠪᠠᠷ ᠢᠶᠠᠨ ᠬᠦᠭᠵᠢᠯᠲᠡ ᠶᠢ ᠠᠬᠢᠭᠤᠯᠵᠤ᠂ ᠨᠡᠮᠡᠭᠳᠡᠯ ᠢ ᠳᠣᠭᠲᠠᠪᠤᠷᠢᠵᠢᠭᠤᠯᠵᠤ᠂ ᠪᠦᠲᠦᠴᠡ ᠶᠢ ᠲᠣᠬᠢᠷᠠᠭᠤᠯᠤᠨ᠂ ᠳᠤᠲᠠᠭᠳᠠᠯ ᠢᠶᠠᠨ ᠨᠦᠬᠦᠪᠦᠷᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠥᠷᠲᠡᠭᠡᠵᠦ᠂ ᠠᠵᠤ ᠠᠬᠤᠢ ᠶᠢᠨ ᠨᠡᠶᠢᠭᠡᠮ ᠢ ᠥᠷᠭᠦᠯᠵᠢᠯᠡᠨ ᠡᠷᠡᠭᠦᠯ ᠢᠶᠠᠷ ᠬᠦᠭᠵᠢᠭᠦᠯᠵᠦ  ᠂ ︽13 · 5︾  ᠶᠢᠨ ᠲᠦᠯᠦᠪᠵᠢᠭᠦᠯᠭᠡ ᠶᠢᠨ ᠬᠤᠭᠤᠴᠠᠭᠠᠨ ᠤ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃      ᠬᠤᠰᠢᠭᠤᠠ ᠤ ᠤᠷᠤᠠ ᠨᠤᠳᠤᠭ ᠤᠨ ᠥᠢᠯᠠᠳᠪᠤᠷᠢᠯᠠᠯ ᠤᠨ ᠶᠠᠷᠤᠩᠭᠡᠢ ᠥᠷᠳᠡᠭ 176.9 ᠳ᠋ᠥᠩᠰᠢᠭᠤᠷ ᠲᠦᠭᠦᠷᠢᠭ ᠢ ᠪᠡᠶᠡᠯᠡᠭᠦᠯᠵᠦ᠂  ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 7.4 % ᠨᠡᠮᠡᠭᠳᠡᠪᠡ᠃  ᠡᠭᠦᠨ ᠳᠤ᠂  ᠨᠢᠭᠡᠳᠤᠭᠡᠷ ᠠᠵᠤ ᠥᠢᠯᠠᠰ ᠤᠨ ᠨᠡᠮᠡᠭᠳᠡᠯ ᠥᠷᠲᠡᠭ 43.2 ᠳ᠋ᠥᠩᠰᠢᠭᠤᠷ᠂ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 3.7 % ᠨᠡᠮᠡᠭᠳᠡᠪᠡ  ︔  ᠬᠤᠶᠠᠳᠤᠭᠠᠷ ᠠᠵᠤ ᠥᠢᠯᠠᠰ ᠤᠨ ᠨᠡᠮᠡᠭᠳᠡᠯ ᠥᠷᠲᠡᠭ 74.8 ᠳ᠋ᠥᠩᠰᠢᠭᠤᠷ᠂ ᠥᠩᠭᠡᠷᠡᠭᠰᠡᠨ ᠤ ᠠᠳᠠᠯᠢ ᠬᠤᠭᠤᠴᠠᠭᠠᠨ ᠤ   ᠬᠢ ᠠᠴᠠ 8.2 % ᠨᠡᠮᠡᠭᠳᠡᠪᠡ︔ ᠭᠤᠷᠪᠠᠳᠤᠭᠠᠷ ᠠᠵᠤ ᠥᠢᠯᠠᠰ ᠤᠨ ᠨᠡᠮᠡᠭᠳᠡᠯ ᠥᠷᠲᠡᠭ 58.9 ᠳ᠋ᠥᠩᠰᠢᠭᠤᠷ  ᠂ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ  ᠠᠴᠠ 8.7 % ᠨᠡᠮᠡᠭᠳᠡᠪᠡ᠃  ᠨᠠᠶᠢᠳᠠ ᠶᠢᠨ ᠡᠳ᠋ ᠤᠨ ᠵᠠᠰᠠᠭ ᠤᠨ ᠲᠥᠰᠥᠪ ᠤᠨ ᠤᠷᠤᠯᠭ᠎ᠠ 5.96 ᠳ᠋ᠥᠩᠰᠢᠭᠤᠷ ᠪᠠᠶᠢᠵᠤ᠂ ᠥᠩᠭᠡᠷᠡᠭᠰᠡᠨ ᠤ ᠠᠳᠠᠯᠢ ᠬᠤᠭᠤᠴᠠᠭᠠᠨ ᠤ   ᠬᠢ ᠠᠴᠠ 9.6% ᠨᠡᠮᠡᠭᠳᠡᠪᠡ᠃  ᠬᠤᠲᠠ  ᠬᠥᠳᠡᠭᠡ ᠶᠢᠨ ᠰᠠᠭᠤᠭᠠᠯᠢ ᠠᠷᠠᠳ ᠤᠨ  ᠬᠥᠮᠦᠨ ᠳᠤᠮᠳᠠᠴᠢ ᠡᠵᠡᠮᠳᠡᠵᠦ ᠪᠣᠯᠬᠤ ᠣᠷᠤᠯᠭ᠎ᠠ ᠨᠢ ᠳᠣᠰ ᠳᠤᠰ 24195 ᠲᠦᠭᠦᠷᠢᠭ ᠪᠠ 9394 ᠲᠦᠭᠦᠷᠢᠭ᠂ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ ᠳᠣᠰ ᠳᠣᠰ 8.4% ᠪᠠ 8.1% ᠨᠡᠮᠡᠭᠳᠡᠪᠡ᠃      ︵ᠨᠢᠭᠡ︶  ᠶᠠᠳᠠᠭᠤ ᠠᠴᠠ ᠠᠩᠭᠢᠵᠢᠷᠠᠭᠤᠯᠵᠤ  ᠪᠣᠭᠤᠮᠳᠠ ᠰᠢᠪᠳᠤᠯᠬᠤ ᠠᠵᠢᠯ ᠤᠨ ᠦᠷ᠎ᠡ ᠪᠦᠲᠦᠮᠵᠢ   ᠶᠢ ᠢᠯᠡᠷᠬᠡᠢ ᠳᠡᠭᠡᠭᠰᠢᠯᠡᠭᠦᠯᠪᠡ      ᠶᠠᠳᠠᠭᠤ ᠶᠢ ᠳᠡᠳᠭᠦᠬᠦ ᠰᠢᠰᠲ᠋ᠧᠮ ᠤᠨ ᠪᠦᠲᠦᠴᠡ ᠶᠢ ᠪᠦᠬᠦ ᠲᠠᠯ᠎ᠠ ᠪᠠᠷ ᠪᠠᠶᠢᠭᠤᠯᠪᠠ᠃  ︽4151︾ ᠢᠨᠵᠧᠨᠧᠷᠢᠩ ᠢ ᠬᠡᠷᠡᠭᠵᠢᠭᠦᠯᠵᠦ᠂ ︽ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠵᠤ  ᠪᠣᠭᠤᠮᠳᠠ ᠰᠢᠪᠳᠤᠯᠬᠤ ᠲᠥᠯᠥᠪᠵᠢᠭᠦᠯᠭᠡ︾ ᠪᠠ 53 ᠰᠠᠯᠠᠭ᠎ᠠ  ᠮᠦᠴᠢᠷ ᠤᠨ ᠶᠠᠳᠠᠭᠤ ᠶᠢ ᠳᠡᠳᠭᠦᠬᠦ ᠲᠦᠯᠦᠪᠵᠢᠭᠦᠯᠭᠡ ᠶᠢ  ᠨᠠᠶᠢᠳᠠᠪᠤᠷᠢᠵᠢᠭᠤᠯᠵᠤ᠂ ᠬᠤᠰᠢᠭᠤ᠂ ᠰᠢᠶᠠᠩ᠂ ᠲᠣᠰᠬᠤᠨ ᠤ ᠺᠠᠳ᠋ᠷ ᠪᠣᠯᠤᠨ 20539 ᠶᠠᠳᠠᠭᠤ ᠬᠥᠴᠢᠷ ᠲᠠᠢ ᠭᠡᠷ ᠡᠷᠦᠬᠡ ᠶᠢ ᠳᠡᠮᠵᠢᠨ ᠳᠤᠰᠠᠯᠠᠵᠤ᠂ ︽ᠲᠠᠪᠤ ᠪᠠᠷ ᠨᠢᠭᠡ ᠪᠦᠯᠦᠭ ᠪᠣᠯᠭᠠᠬᠤ︾ ︽ᠵᠢᠷᠭᠤᠭᠠᠨ ᠣᠨᠤᠪᠴᠢᠲᠠᠢ  ︾ ᠱᠠᠭᠠᠷᠳᠠᠯᠭ᠎ᠠ ᠪᠠᠷ  ᠠᠵᠤ ᠦᠢᠯᠡᠰ ᠢᠶᠠᠷ ᠵᠢᠯᠤᠭᠤᠳᠤᠭᠤᠯᠬᠤ᠂ ᠮᠥᠩᠬᠦᠨ ᠭᠦᠢᠯᠭᠡᠭᠡᠨ ᠢᠶᠠᠷ ᠶᠠᠳᠠᠭᠤ ᠶᠢ ᠳᠡᠳᠭᠦᠬᠦ ᠵᠡᠷᠭᠡ ᠠᠷᠭ᠎ᠠ ᠠᠪᠴᠤ᠂ ᠬᠤᠰᠢᠭᠤᠨ   ᠳᠤ ᠲᠣᠯᠤᠭᠠᠶᠢᠯᠠᠭᠴᠢ ᠠᠵᠤ ᠠᠬᠤᠶᠢᠯᠠᠯ ᠲᠠᠢ  ᠪᠠᠶᠢᠬᠤ  ᠂ ᠰᠢᠶᠠᠩ ᠳᠤ ᠲᠠᠷᠢᠵᠤ ᠦᠷᠡᠵᠢᠭᠦᠯᠬᠦ ᠰᠠᠭᠤᠷᠢᠨ ᠭᠠᠵᠠᠷ ᠲᠠᠢ ᠪᠠᠶᠢᠬᠤ᠂ ᠬᠥᠳᠡᠭᠡ ᠳᠤ ᠬᠥᠭᠵᠢᠯᠲᠡ ᠶᠢᠨ ᠠᠵᠤ ᠦᠢᠯᠡᠰ ᠲᠠᠢ ᠪᠠᠶᠢᠬᠤ᠂ ᠡᠷᠦᠬᠡ ᠳᠤ ᠣᠷᠤᠯᠭ᠎ᠠ ᠨᠡᠮᠡᠭᠳᠡᠭᠦᠯᠬᠦ ᠲᠦᠷᠦᠯ ᠵᠦᠢᠯ ᠲᠠᠢ ᠪᠠᠶᠢᠬᠤ ᠶᠠᠳᠠᠭᠤ ᠶᠢ ᠳᠡᠳᠭᠦᠬᠦ ᠠᠵᠢᠯ ᠤᠨ ᠪᠦᠲᠦᠴᠡ ᠶᠢ ᠪᠣᠢ  ᠪᠣᠯᠭᠠᠭᠰᠠᠨ ᠪᠠᠶᠢᠨ᠎ᠠ᠃      ᠡᠷᠡᠭᠦᠯ ᠢᠶᠠᠷ ᠶᠠᠳᠠᠭᠤ ᠶᠢ ᠳᠡᠳᠭᠦᠬᠦ ᠠᠷᠭ᠎ᠠ ᠶᠢ ᠰᠢᠨᠡᠳᠭᠡᠪᠡ᠃ ᠬᠤᠰᠢᠭᠤᠨ ᠤ  ᠡᠳ᠋ ᠤᠨ ᠵᠠᠰᠠᠭ ᠤᠨ ᠪᠡᠯᠡ ᠣᠷᠤᠭᠤᠯᠤᠯᠲᠠ᠂ ᠨᠡᠶᠢᠭᠡᠮ ᠤᠨ ᠰᠠᠭᠤᠷᠢ ᠮᠥᠩᠬᠦ ᠶᠢ ᠲᠠᠳᠠᠨ ᠣᠷᠤᠭᠤᠯᠬᠤ ᠵᠡᠷᠭᠡ ᠠᠷᠭ᠎ᠠ ᠪᠠᠷ ᠶᠠᠳᠠᠭᠤ ᠶᠢ ᠳᠡᠳᠭᠦᠵᠦ᠂ ᠪᠦᠬᠦ ᠬᠤᠳᠠ ᠶᠢᠨ ᠡᠷᠡᠭᠦᠯ ᠢᠶᠠᠷ ᠶᠠᠳᠠᠭᠤ ᠶᠢ ᠳᠡᠳᠭᠦᠬᠦ ᠲᠣᠬᠠᠢ ᠳᠠᠯᠠᠪᠠᠢ ᠶᠢᠨ ᠬᠤᠷᠠᠯᠳᠤᠭᠠᠨ ᠮᠠᠨ ᠤ ᠬᠤᠰᠢᠭᠤᠨ ᠳᠤ ᠬᠤᠷᠠᠯᠳᠤᠵᠤ᠂ ᠡᠷᠡᠭᠦᠯ ᠢᠶᠠᠷ ᠶᠠᠳᠠᠭᠤ ᠶᠢ ᠳᠡᠳᠭᠦᠬᠦ ᠠᠷᠭ᠎ᠠ ᠨᠢ ᠪᠦᠬᠦ ᠬᠤᠲᠠ ᠪᠠ ᠥᠪᠡᠷᠲᠡᠭᠡᠨ ᠵᠠᠰᠠᠬᠤ ᠣᠷᠤᠨ ᠤ ᠬᠡᠪᠴᠢᠶᠡᠨ ᠳᠤ ᠳᠡᠯᠭᠡᠷᠡᠭᠰᠡᠨ ᠪᠠᠶᠢᠨ᠎ᠠ᠃      ᠶᠠᠳᠠᠭᠤ ᠶᠢ ᠳᠡᠳᠭᠦᠬᠦ ᠠᠵᠢᠯ ᠨᠢ ᠪᠣᠳᠠᠳᠠᠢ ᠠᠮᠵᠢᠯᠲᠠ ᠣᠯᠤᠭᠰᠠᠨ ᠪᠠᠶᠢᠨ᠎ᠠ᠃ ᠪᠦᠬᠦ ᠬᠤᠰᠢᠭᠤᠨ ᠳᠤ 6559 ᠡᠷᠦᠬᠡ᠂ 1.19 ᠲᠦᠮᠡᠨ ᠶᠠᠳᠠᠭᠤ ᠬᠥᠴᠢᠷ ᠲᠠᠢ ᠬᠥᠮᠦᠨ ᠠᠮᠠ ᠶᠢ ᠳᠣᠭᠲᠠᠩᠭᠤᠢ ᠪᠠᠷ ᠶᠠᠳᠠᠭᠤ ᠠᠴᠠ ᠠᠩᠭᠢᠵᠢᠷᠠᠭᠤᠯᠵᠤ᠂ ᠥᠪᠡᠷᠲᠡᠭᠡᠨ ᠵᠠᠰᠠᠬᠤ ᠣᠷᠤᠨ ᠪᠠᠨ ᠲᠦᠯᠦᠭᠡᠯᠡᠵᠦ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠳᠡᠳᠬᠦᠬᠦ ᠠᠵᠢᠯ ᠤᠨ ᠠᠯᠪᠠᠨ ᠭᠡᠷ ᠤᠨ ᠵᠣᠬᠢᠶᠠᠨ ᠪᠠᠶᠢᠭᠤᠯᠤᠭᠰᠠᠨ ᠮᠣᠵᠢ ᠶᠢᠨ ᠬᠤᠭᠤᠷᠤᠨᠳᠤᠬᠢ ᠶᠠᠳᠠᠭᠤ ᠠᠴᠠ ᠠᠩᠭᠢᠵᠢᠷᠠᠭᠰᠠᠨ ᠦᠷ᠎ᠡ ᠪᠦᠳᠦᠮᠵᠢ ᠶᠢ ᠬᠢᠨᠠᠨ ᠰᠢᠯᠭᠠᠬᠤ ᠶᠢ ᠳᠣᠰᠣᠭᠰᠠᠨ ᠪᠠᠶᠢᠨ᠎ᠠ᠃      ︵ᠬᠤᠶᠠᠷ︶ ︽ᠠᠷᠪᠠ ᠶᠢ  ᠪᠦᠷᠬᠦᠭᠦᠯᠬᠦ︾ ᠢᠨᠵᠧᠨᠧᠷᠢᠩ ᠢ ᠠᠮᠵᠯᠲᠠ ᠲᠠᠢ ᠲᠡᠭᠦᠰᠭᠡᠪᠡ᠃      ᠺᠠᠳ᠋ᠷ ᠣᠯᠠᠨ ᠲᠦᠮᠡᠨ ᠪᠦᠬᠦ ᠬᠦᠴᠦ ᠪᠠᠨ ᠵᠣᠷᠢᠭᠤᠯᠪᠠ᠃ ᠪᠦᠬᠦ ᠬᠤᠰᠢᠭᠤᠨ ᠤ 1110 ᠨᠡᠷᠡᠰ ᠺᠠᠳ᠋ᠷ ᠤᠷᠲᠤ ᠬᠤᠭᠤᠴᠠᠭ᠎ᠠ ᠪᠠᠷ ᠬᠥᠳᠡᠭᠡ ᠲᠣᠰᠬᠤᠨ ᠳᠤ ᠨᠤᠲᠤᠭᠰᠢᠵᠤ᠂ ᠭᠠᠵᠠᠷ ᠤᠨ ᠳᠡᠰ ᠤᠨ ᠺᠠᠳ᠋ᠷ ᠰᠢᠶᠠᠩ ᠪᠠᠯᠭᠠᠰᠤ  ᠶᠢ ᠳᠠᠭᠠᠴᠢᠯᠠᠵᠤ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠪᠣᠯᠤᠨ ᠰᠢᠶᠠᠩ ᠪᠠᠯᠭᠠᠰᠤᠨ ᠤ ᠺᠠᠳ᠋ᠷ ᠳᠣᠰᠬᠤᠨ ᠢ ᠳᠠᠭᠠᠴᠢᠯᠠᠵᠤ  ᠂ ᠨᠠᠮ ᠤᠨ ᠬᠡᠰᠢᠭᠦᠨ ᠺᠠᠳ᠋ᠷ ᠡᠷᠦᠬᠡ ᠶᠢ ᠳᠠᠭᠠᠴᠢᠯᠠᠨ᠂  ᠥᠷᠭᠡᠨ ᠣᠯᠠᠨ ᠠᠷᠠᠳ ᠲᠦᠮᠡᠨ ᠢᠳᠡᠪᠬᠢᠲᠡᠢ ᠠᠵᠢᠯᠯᠠᠨ ᠬᠥᠳᠡᠯᠮᠦᠷᠢᠯᠡᠵᠦ᠂ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠰᠠᠨᠠᠭᠠᠴᠢᠯᠠᠭ᠎ᠠ ᠠᠴᠠ ᠪᠠᠨ ᠪᠡᠯᠡ ᠮᠥᠩᠬᠦ ᠡᠷᠭᠦᠨ ᠳᠣᠰᠠᠯᠠᠵᠤ᠂  ᠺᠠᠳ᠋ᠷ ᠣᠯᠠᠨ ᠲᠦᠮᠡᠨ ᠨᠢᠭᠲᠠ ᠬᠠᠮᠵᠢᠯᠴᠢᠨ᠂ ᠠᠮᠠᠷᠠᠯᠲᠠ ᠶᠢᠨ ᠡᠳᠦᠷ ᠢᠶᠠᠨ ᠬᠠᠶᠠᠵᠤ᠂ ᠪᠦᠬᠦ ᠰᠡᠳᠭᠢᠯ ᠢᠶᠠᠷ ᠢᠶᠠᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ  ᠶᠢᠨ ᠠᠵᠢᠯ ᠳᠤ ᠣᠷᠤᠯᠴᠠᠭᠰᠠᠨ ᠪᠠᠶᠢᠨ᠎ᠠ᠃      ᠢᠨᠵᠧᠨᠧᠷᠢᠩ ᠤᠨ ᠪᠡᠯᠡ ᠣᠷᠤᠭᠤᠯᠤᠯᠲᠠ ᠶᠢᠨ ᠬᠡᠪᠴᠢᠶ᠎ᠡ ᠤᠷᠢᠲᠤ ᠭᠠᠷᠤᠭ᠎ᠠ ᠦᠭᠡᠢ᠃ ᠢᠨᠵᠧᠨᠧᠷᠢᠩ ᠤᠨ ᠤᠷᠤᠭᠰᠢᠲᠠᠢ ᠠᠬᠢᠭᠤᠯᠬᠤ ᠶᠢ ᠪᠠᠲᠤᠯᠠᠬᠤ ᠶᠢᠨ ᠲᠦᠯᠦᠭᠡ ᠬᠤᠰᠢᠭᠤ᠂ ᠰᠢᠶᠠᠩ᠂ ᠲᠣᠰᠬᠤᠨ ᠨᠢ ︽ᠵᠢᠷᠭᠤᠭᠠᠨ ᠴᠡᠭ︾ ᠤᠨ  ᠪᠡᠯᠡ ᠬᠤᠷᠠᠮᠳᠤᠭᠤᠯᠬᠤ ᠠᠷᠭ᠎ᠠ ᠶᠢ ᠠᠪᠴᠤ᠂ ᠪᠡᠯᠡ ᠮᠥᠩᠬᠦ ᠶᠢᠨ ᠬᠤᠷᠠᠮᠳᠤᠭᠤᠯᠭ᠎ᠠ ᠪᠠᠨ ᠨᠡᠮᠡᠭᠳᠡᠭᠦᠯᠵᠦ᠂ ᠭᠤᠷᠪᠠᠨ ᠵᠢᠯ ᠤᠨ ᠲᠣᠷᠰᠢ 56.5 ᠳ᠋ᠥᠩᠰᠢᠭᠤᠷ ᠲᠦᠭᠦᠷᠢᠭ  ᠬᠤᠷᠠᠮᠳᠤᠭᠤᠯᠭ᠎ᠠ ᠶᠢᠨ ᠪᠡᠯᠡ ᠮᠥᠩᠬᠦ ᠶᠢ ︽ᠠᠷᠪᠠ ᠶᠢ  ᠪᠦᠷᠬᠦᠭᠦᠯᠬᠦ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠵᠠᠷᠤᠴᠠᠭᠤᠯᠤᠭᠰᠠᠨ ᠪᠠᠶᠢᠨ᠎ᠠ᠃      ᠬᠥᠳᠡᠭᠡ ᠲᠣᠰᠬᠤᠨ ᠤ ᠳᠦᠷᠢ ᠳᠦᠷᠢᠬᠦ  ᠴᠣ  ᠰᠢᠨ᠎ᠡ ᠪᠠᠶᠢᠳᠠᠯ ᠲᠠᠢ ᠪᠣᠯᠪᠠ᠃ ᠭᠤᠷᠪᠠᠨ ᠵᠢᠯ ᠲᠤ 1474 ᠠᠶᠢᠯ ᠲᠣᠰᠬᠤᠨ ᠢ ᠪᠠᠶᠢᠭᠤᠯᠬᠤ ᠡᠭᠦᠷᠭᠡ ᠶᠢ ᠪᠡᠶᠡᠯᠡᠭᠦᠯᠵᠦ᠂50.1 ᠲᠦᠮᠡᠨ ᠬᠥᠮᠦᠨ ᠠᠮᠠ ᠳᠤ ᠪᠦᠷᠬᠦᠭᠦᠯᠵᠦ  ᠂ ᠬᠥᠮᠦᠨ ᠠᠮᠠ   ᠶᠢᠨ ᠠᠰᠢᠭ ᠬᠥᠷᠳᠡᠭᠰᠡᠨ ᠨᠣᠷᠮ᠎ᠠ 93.1% ᠬᠦᠷᠪᠡ᠃ 5420 ᠺᠢᠯᠦᠮᠧᠲᠷ ᠵᠡᠭᠡᠯᠢ ᠭᠤᠳᠤᠮᠵᠢ ᠶᠢᠨ ᠬᠠᠲᠠᠭᠤᠷᠤᠯᠲᠠ ᠶᠢ ᠪᠡᠶᠡᠯᠡᠭᠦᠯᠵᠦ᠂ 192 ᠲᠦᠮᠡᠨ ᠰᠠᠭᠤᠷᠢ ᠮᠣᠳᠤ ᠳᠠᠷᠢᠵᠤ ᠬᠥᠳᠡᠭᠡ ᠲᠣᠰᠬᠤᠨ ᠤ ᠨᠣᠭᠤᠭᠠᠷᠠᠯᠲᠠ ᠶᠢ ᠪᠡᠶᠡᠯᠡᠭᠦᠯᠵᠦ᠂ 1.8 ᠲᠦᠮᠡᠨ ᠡᠷᠦᠬᠡ ᠠᠶᠤᠯᠲᠤ ᠰᠢᠪᠠᠷ ᠪᠠᠶᠢᠰᠢᠩ ᠡᠷᠦᠬᠡ ᠶᠢ ᠥᠭᠡᠷᠡᠴᠢᠯᠡᠨ ᠪᠠᠶᠢᠭᠤᠯᠵᠤ᠂ 812 ᠲᠦᠮᠡᠨ ᠳᠡᠭᠰᠢ ᠳᠦᠷᠪᠡᠯᠵᠢᠨ ᠮᠧᠲᠷ ᠬᠡᠷᠡᠮ ᠢ ᠥᠭᠡᠷᠡᠴᠢᠯᠡᠨ ᠪᠠᠶᠢᠭᠤᠯᠵᠤ᠂ 19 ᠲᠦᠮᠡᠨ ᠬᠡᠰᠡᠭ ᠭᠠᠵᠠᠷ ᠤᠨ ᠨᠡᠷᠡᠰ ᠤᠨ ᠲᠡᠮᠲᠡᠭᠲᠦ ᠫᠠᠶᠢᠰᠠ ᠪᠠ ᠡᠭᠦᠳᠡ ᠡᠷᠦᠬᠡ ᠶᠢᠨ ᠫᠠᠶᠢᠰᠠ ᠶᠢ ᠲᠣᠬᠢᠷᠠᠭᠤᠯᠤᠨ ᠪᠣᠰᠬᠠᠪᠠ᠃ ︽ᠠᠷᠪᠠ ᠶᠢ  ᠪᠦᠷᠬᠦᠭᠦᠯᠬᠦ︾ ᠢᠨᠵᠧᠨᠧᠷᠢᠩ ᠤᠨ ᠪᠡᠯᠡ ᠣᠷᠤᠭᠤᠯᠤᠯᠲᠠ᠂ ᠠᠵᠢᠯᠯᠠᠬᠤ ᠬᠡᠪᠴᠢᠶ᠎ᠡ᠂ ᠬᠥᠳᠡᠭᠡ ᠲᠣᠰᠬᠤᠨ ᠤ ᠬᠤᠪᠢᠷᠠᠯᠲᠠ ᠪᠦᠷ ᠲᠦᠩ ᠶᠡᠭᠡ ᠪᠠᠶᠢᠵᠤ᠂ ᠠᠣᠬᠠᠨ ᠤᠨ ᠬᠥᠭᠵᠢᠯᠲᠡ ᠶᠢᠨ ᠳᠡᠦᠬᠡᠨ ᠳᠤ ᠤᠷᠢᠳ ᠡᠮᠦᠨ᠎ᠡ ᠶᠡᠷᠦ ᠪᠠᠶᠢᠭ᠎ᠠ ᠦᠭᠡᠢ ᠬᠤᠪᠢᠷᠠᠯᠲᠠ ᠪᠣᠯᠬᠤ ᠶᠤᠮ᠃      ︵ ᠭᠤᠷᠪᠠ︶ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠣᠭᠲᠠᠪᠤᠷᠢᠲᠠᠢ ᠠᠬᠢᠭᠤᠯᠪᠠ      ᠬᠤᠳᠠᠯᠳᠣᠭᠠᠴᠢᠨ ᠤᠷᠢᠵᠤ ᠪᠡᠯᠡ ᠣᠷᠤᠭᠤᠯᠤᠯᠲᠠ ᠶᠢᠨ ᠰᠢᠰᠲ᠋ᠧᠮ ᠪᠦᠬᠦ ᠲᠠᠯ᠎ᠠ ᠪᠠᠷ ᠬᠥᠭᠵᠢᠪᠡ᠃  ︽ᠠᠣᠬᠠᠨ ᠬᠤᠰᠢᠭᠤᠨ ᠤ  ᠪᠡᠯᠡ ᠣᠷᠤᠭᠤᠯᠤᠨ ᠬᠠᠮᠲᠤᠷᠠᠨ ᠠᠵᠢᠯᠯᠠᠬᠤ ᠲᠦᠷ ᠬᠡᠷᠡᠭᠵᠢᠭᠦᠯᠬᠦ ᠠᠷᠭ᠎ᠠ︾ ᠶᠢ ᠨᠡᠶᠢᠳᠡᠯᠡᠵᠦ᠂ ᠠᠭᠤᠵᠢᠮ ᠳᠠᠯᠪᠢᠭᠤ ᠬᠤᠳᠠᠯᠳᠣᠭᠠᠴᠢᠨ ᠤᠷᠢᠵᠤ ᠪᠡᠯᠡ ᠣᠷᠤᠭᠤᠯᠬᠤ ᠣᠷᠴᠢᠨ ᠠᠬᠤᠢ ᠶᠢ  ᠪᠣᠢ ᠪᠣᠯᠭᠠᠪᠠ᠃ ᠪᠦᠬᠦ ᠵᠢᠯ ᠳᠤ 115 ᠬᠤᠳᠠᠯᠳᠣᠭᠠᠴᠢᠨ ᠤᠷᠢᠵᠤ ᠪᠡᠯᠡ ᠣᠷᠤᠭᠤᠯᠬᠤ  ᠲᠦᠷᠦᠯ ᠵᠦᠢᠯ ᠢ ᠬᠡᠷᠡᠭᠵᠢᠭᠦᠯᠵᠦ᠂ 72.6 ᠳ᠋ᠥᠩᠰᠢᠭᠤᠷ ᠲᠦᠭᠦᠷᠢᠭ ᠤᠨ ᠬᠤᠳᠠᠯᠳᠣᠭᠠᠴᠢᠨ ᠤᠷᠢᠵᠤ ᠪᠡᠯᠡ ᠣᠷᠤᠭᠤᠯᠤᠯᠲᠠ ᠶᠢᠨ ᠪᠡᠯᠡ ᠮᠥᠩᠬᠦ ᠶᠢ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ᠲᠡᠷᠢᠭᠦᠨ  ᠡᠩᠨᠡᠭᠡᠨ ᠳᠤ ᠣᠷᠤᠪᠠ᠃      ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠦᠯᠬᠢᠨ ᠠᠬᠢᠭᠤᠯᠪᠠ᠃ 1000 ᠲᠦᠮᠡᠨ ᠲᠦᠭᠦᠷᠢᠭ ︵ᠨᠡᠶᠢᠭᠡᠮ ᠤᠨ ᠦᠢᠯᠡᠰ ᠤᠨ 500 ᠲᠦᠮᠡᠨ ᠲᠦᠭᠦᠷᠢᠭ︶ ᠠᠴᠠ ᠳᠡᠭᠡᠭᠰᠢ ᠲᠦᠷᠦᠯ ᠵᠦᠢᠯ ᠢ 163 ᠶᠢ ᠬᠡᠷᠡᠭᠵᠢᠭᠦᠯᠵᠦ᠂ 130 ᠳ᠋ᠥᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ ᠡᠭᠦᠨ ᠳᠤ᠂ 6 ᠲᠦᠷᠦᠯ ᠵᠦᠢᠯ ᠨᠢ ᠥᠪᠡᠷᠲᠡᠭᠡᠨ ᠵᠠᠰᠠᠬᠤ ᠣᠷᠤᠨ ᠤ ᠬᠡᠪᠴᠢᠶᠠᠨ ᠳᠤ ᠭᠤᠣᠯᠳᠠᠯᠭ᠎ᠠ ᠲᠠᠢ ᠲᠦᠷᠦᠯ ᠵᠦᠢᠯ ᠢᠶᠠᠷ ᠵᠢᠭᠰᠠᠭᠠᠭᠳᠠᠪᠠ᠃ ᠮᠤ᠋ ᠶᠤᠸᠠᠨ ᠪᠦᠯᠣᠭ᠍ᠯᠠᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ᠂ ᠬᠤᠢ ᠱᠧᠩ ᠺᠤᠮᠫᠠᠨᠢ  ᠶᠢᠨ ᠡᠰᠢ ᠰᠦᠷᠢᠯ ᠢᠶᠠᠷ ᠬᠢ ᠪᠡᠶᠡᠲᠦ ᠪᠣᠯᠪᠠᠰᠤᠷᠠᠭᠤᠯᠬᠤ᠂ ᠠᠣᠬᠠᠨ ᠤ ᠨᠡᠶᠢᠳᠡᠮ ᠬᠡᠷᠡᠭᠯᠡᠬᠦ ᠨᠢᠰᠭᠡᠯ ᠤᠨ ᠳᠠᠯᠪᠤᠷ ᠵᠡᠷᠭᠡ ᠲᠦᠷᠦᠯ ᠵᠦᠢᠯ   ᠢ ᠠᠯᠬᠤᠮ ᠳᠠᠷᠠᠭ᠎ᠠ ᠲᠠᠢ ᠠᠬᠢᠭᠤᠯᠪᠠ᠃      ᠪᠡᠯᠡ ᠣᠷᠤᠭᠤᠯᠤᠯᠲᠠ ᠶᠢᠨ ᠠᠷᠭ᠎ᠠ ᠵᠠᠮ ᠢ ᠣᠯᠠᠨ ᠳᠠᠪᠬᠤᠷᠭ᠎ᠠ ᠲᠠᠢ ᠥᠷᠭᠡᠳᠭᠡᠪᠡ᠃ ᠳᠡᠭᠡᠲᠦ ᠳᠡᠰ ᠤᠨ ᠲᠦᠯᠪᠦᠷᠢ ᠦᠭᠡᠢ ᠪᠡᠯᠡ ᠮᠥᠩᠬᠦ ᠶᠢ 16.2 ᠳ᠋ᠥᠩᠰᠢᠭᠤᠷ ᠲᠦᠭᠦᠷᠢᠭ ᠲᠡᠮᠡᠴᠡᠨ ᠣᠯᠵᠤ᠂ ᠪᠦᠬᠦ ᠬᠤᠰᠢᠭᠤᠨ ᠤ ᠨᠡᠶᠢᠲᠡ ᠶᠢᠨ ᠡᠳ᠋ ᠤᠨ ᠵᠠᠰᠠᠭ ᠤᠨ ᠵᠠᠷᠤᠯᠭ᠎ᠠ ᠪᠦᠬᠦ ᠬᠤᠳᠠ ᠳᠤ ᠨᠢᠭᠡᠳᠦᠭᠡᠷ ᠪᠠᠶᠢᠷᠢᠨ ᠳᠤ ᠣᠷᠤᠪᠠ᠃ ᠤᠯᠤᠰ ᠤᠨ ᠲᠦᠷᠦ ᠶᠢᠨ ᠪᠣᠳᠤᠯᠭ᠎ᠠ ᠶᠢ ᠠᠰᠢᠭᠯᠠᠨ ᠨᠡᠶᠢᠭᠡᠮ ᠤᠨ ᠪᠡᠯᠡ ᠮᠥᠩᠬᠦ ᠶᠢ ᠣᠯᠠᠨ  ᠨᠡᠶᠢᠲᠡ ᠶᠢᠨ ᠦᠢᠯᠡᠰ ᠲᠤ ᠪᠡᠯᠡ ᠣᠷᠤᠭᠤᠯᠬᠤ ᠶᠢ ᠵᠣᠷᠢᠭᠵᠢᠭᠤᠯᠵᠤ᠂ ᠬᠤᠰᠢᠭᠤᠨ ᠤ ᠡᠳ᠋ ᠤᠨ ᠵᠠᠰᠠᠭ ᠤᠨ ᠪᠡᠯᠡ ᠣᠷᠤᠭᠤᠯᠤᠯᠲᠠ ᠨᠢ 1 ᠳ᠋ᠥᠩᠰᠢᠭᠤᠷ ᠲᠦᠭᠦᠷᠢᠭ᠂ 13 ᠳ᠋ᠥᠩᠰᠢᠭᠤᠷ ᠨᠡᠶᠢᠭᠡᠮ ᠤᠨ ᠪᠡᠯᠡ ᠮᠥᠩᠬᠦ ᠶᠢ ᠬᠥᠳᠡᠯᠭᠡᠵᠦ᠂ ᠵᠡᠭᠡᠯᠢ ᠭᠤᠳᠤᠮᠵᠢ  ᠶᠢᠨ ᠬᠠᠲᠠᠭᠤᠷᠠᠯᠲᠠ᠂ ᠪᠤᠵᠠᠷ ᠤᠰᠤ ᠰᠢᠢᠳᠪᠦᠷᠢᠯᠡᠬᠦ ᠤᠶᠢᠯᠡᠳᠪᠤᠷᠢ᠂ ᠭᠤᠣᠯᠳᠠᠯᠭ᠎ᠠ ᠲᠠᠢ ᠣᠷᠤᠨ ᠬᠡᠪᠴᠢᠶᠡᠨ ᠤ ᠨᠣᠭᠤᠭᠠᠷᠠᠯᠲᠠ ᠵᠡᠷᠭᠡ PPP  ᠲᠦᠷᠦᠯ ᠵᠦᠢᠯ ᠢ ᠳᠣᠭᠲᠠᠩᠭᠤᠢ ᠬᠡᠷᠡᠭᠵᠢᠭᠦᠯᠪᠡ᠃      ︵ᠳᠦᠷᠪᠡ︶ ᠲᠠᠷᠢᠶᠠᠯᠠᠩ ᠮᠠᠯ ᠠᠵᠤ ᠠᠬᠤᠢ ᠶᠢᠨ ᠶᠡᠷᠤᠩᠬᠡᠢ ᠦᠷ᠎ᠡ ᠪᠦᠲᠦᠮᠵᠢ ᠶᠢ ᠳᠡᠰ ᠳᠠᠷᠠᠭ᠎ᠠ ᠲᠠᠢ ᠳᠡᠭᠡᠭᠰᠢᠯᠡᠭᠦᠯᠪᠡ      ᠠᠵᠤ ᠦᠢᠯᠡᠰ ᠤᠨ ᠰᠠᠭᠤᠷᠢ ᠠᠯᠬᠤᠮ ᠳᠠᠷᠠᠭᠠᠯᠠᠨ ᠲᠡᠭᠦᠯᠳᠡᠷᠵᠢᠪᠡ᠃  ︽3661︾ ᠢᠨᠵᠧᠨᠧᠷᠢᠩ   ᠲᠠᠢ ᠭᠦᠨᠵᠡᠭᠡᠢ ᠵᠤᠯᠭᠠᠵᠤ  ᠂ ︽4662︾ ᠢᠨᠵᠧᠨᠧᠷᠢᠩ   ᠢ ᠬᠦᠴᠦᠡᠯᠨ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠣᠷᠤᠨ ᠬᠡᠪᠴᠢᠶᠠᠨ ᠤ ᠴᠢᠨᠠᠷᠲᠤ ᠭᠤᠣᠯᠯᠠᠬᠤ ᠠᠵᠤ ᠦᠢᠯᠡᠰ ᠢ ᠪᠦᠷᠢᠯᠳᠦᠭᠦᠯᠪᠡ᠃ ᠲᠠᠷᠢᠮᠠᠯ ᠤᠨ ᠦᠢᠯᠡᠰ ᠨᠢ ︽ᠬᠤᠶᠠᠷ ᠢ ᠪᠠᠭᠠᠰᠬᠠᠵᠤ᠂ ᠬᠤᠶᠠᠷ ᠢ ᠨᠡᠮᠡᠭᠳᠡᠭᠦᠯᠬᠦ  ︾ ᠪᠠᠶᠢᠯᠳᠤᠬᠤ ᠪᠣᠳᠤᠯᠭ᠎ᠠ ᠶᠢ ᠬᠡᠷᠡᠭᠵᠢᠭᠦᠯᠵᠦ᠂ 45 ᠲᠦᠮᠡᠨ ᠮᠤ᠋ ᠰᠢᠰᠢ  ᠂ 1 ᠲᠦᠮᠡᠨ ᠮᠤ᠋ ᠨᠣᠶᠠᠨ ᠰᠢᠰᠢ ᠶᠢ ᠪᠠᠭᠠᠰᠬᠠᠨ︔ ᠨᠠᠷᠢᠮᠤ ᠵᠡᠷᠭᠡ ᠪᠦᠳᠦᠭᠦᠯᠢᠩ ᠠᠮᠤ ᠪᠣᠷᠴᠠᠭ ᠢ 5 ᠲᠦᠮᠡᠨ ᠮᠤ᠋  ᠂ 41 ᠲᠦᠮᠡᠨ ᠮᠤ᠋  ᠪᠣᠷᠳᠤᠭᠠᠨ ᠲᠠᠷᠢᠮᠠᠯ ᠢ ᠨᠡᠮᠡᠭᠳᠡᠭᠦᠯᠪᠡ᠃ 400 ᠲᠦᠮᠡᠨ ᠮᠤ᠋ ᠲᠠᠷᠢᠮᠠᠯ ᠤᠨ ᠵᠦᠢᠯ ᠲᠠᠷᠢᠵᠤ᠂ ᠠᠮᠤ ᠪᠤᠳᠠᠭᠠᠨ ᠤ ᠶᠡᠷᠥᠩᠬᠡᠢ ᠤᠨᠠᠯᠲᠠ ᠨᠢ 26.5 ᠳ᠋ᠦᠩᠰᠢᠭᠤᠷ ᠵᠢᠩ ᠳᠤ ᠬᠥᠷᠪᠡ ᠃ ᠲᠡᠵᠢᠭᠡᠨ ᠥᠷᠡᠵᠢᠭᠦᠯᠬᠦ ᠦᠢᠯᠡᠰ ᠨᠢ ︽ᠨᠢᠭᠡ ᠶᠢ ᠪᠠᠭᠠᠰᠬᠠᠨ᠂ ᠭᠤᠷᠪᠡ ᠶᠢ ᠨᠡᠮᠡᠭᠳᠡᠭᠦᠯᠬᠦ︾ ᠪᠠᠶᠢᠯᠳᠤᠬᠤ ᠪᠣᠳᠤᠯᠭ᠎ᠠ ᠶᠢ ᠬᠡᠷᠡᠭᠵᠢᠭᠦᠯᠵᠦ᠂ 20 ᠲᠦᠮᠡᠨ ᠤᠬᠤᠷ ᠰᠡᠬᠦᠯᠲᠦ ᠦᠯᠴᠢᠷ ᠬᠤᠨᠢ ᠶᠢ ᠪᠠᠭᠠᠰᠬᠠᠵᠤ᠂ 20.8 ᠲᠦᠮᠡᠨ ᠡᠷᠯᠢᠰᠡᠵᠢᠭᠦᠯᠦᠭᠰᠡᠨ ᠴᠢᠨᠠᠷ ᠰᠠᠶᠢᠲᠠᠢ ᠠᠯᠠᠰᠢᠨ ᠬᠤᠨᠢ᠂ 7.5 ᠳ᠋ᠦᠩᠰᠢᠭᠤᠷ ᠵᠢᠩ ᠠᠯᠠᠰᠢᠨ ᠡᠯᠵᠢᠭᠡ᠂ 40 ᠲᠦᠮᠡᠨ ᠭᠠᠭ᠋ᠠᠢ ᠨᠡᠮᠡᠭᠳᠡᠭᠦᠯᠪᠡ᠃ ᠮᠠᠯ ᠠᠵᠤ ᠠᠬᠤᠢ ᠶᠢᠨ ᠵᠢᠯ ᠤᠨ ᠲᠤᠭ᠎ᠠ ᠨᠢ 381.2 ᠲᠦᠮᠡ ᠬᠦᠷᠴᠦ᠂  ᠰᠢᠢᠳᠪᠦᠷᠢᠯᠡᠭᠰᠡᠨ ᠮᠠᠯ ᠤᠨ ᠨᠣᠷᠮ᠎ᠠ ᠨᠢ 352.8  ᠲᠦᠮᠡ ᠬᠦᠷᠪᠡ᠃ ᠣᠢ ᠰᠢᠭᠤᠢ ᠶᠢᠨ ᠠᠵᠤ ᠠᠬᠤᠢ ᠨᠢ ︽ᠨᠢᠭᠡ ᠶᠢ ᠪᠠᠭᠠᠰᠬᠠᠵᠤ ᠭᠤᠷᠪᠠ ᠶᠢ ᠨᠡᠮᠡᠭᠳᠡᠭᠦᠯᠵᠦ ᠬᠤᠶᠠᠷ ᠢ ᠥᠭᠡᠷᠡᠴᠢᠯᠡᠬᠦ︾ ᠪᠠᠶᠢᠯᠳᠤᠬᠤ ᠪᠣᠳᠤᠯᠭ᠎ᠠ ᠶᠢ ᠬᠡᠷᠡᠭᠵᠢᠭᠦᠯᠦᠨ᠂ 8 ᠲᠦᠮᠡᠨ ᠮᠤ᠋ ᠮᠠᠭᠤᠳᠠᠯᠳᠠ ᠣᠢ ᠶᠢ  ᠪᠠᠭᠠᠰᠬᠠᠵᠤ᠂ ᠵᠢᠮᠢᠰ ᠤᠨ ᠠᠵᠤ ᠠᠬᠤᠢ ᠶᠢᠨ ᠣᠢ1 ᠲᠦᠮᠡᠨ ᠮᠤ᠋᠂  2 ᠲᠦᠮᠡᠨ ᠮᠤ᠋ ᠵᠢᠭᠠᠷᠲᠤ ᠮᠣᠲᠤ ᠶᠢ ᠨᠡᠮᠡᠭᠳᠡᠭᠦᠯᠵᠤ᠂ 1 ᠲᠦᠮᠡᠨ ᠮᠤ᠋ ᠬᠡᠭᠡᠷ᠎ᠡ ᠶᠢᠨ ᠭᠦᠢᠯᠡᠰᠦᠨ ᠮᠣᠳᠤ ᠶᠢ ᠬᠠᠪᠲᠠᠭᠠᠢ ᠭᠦᠢᠯᠡᠰᠦᠨ ᠮᠣᠳᠤᠨ ᠳᠤ ᠥᠭᠡᠷᠡᠴᠢᠯᠡᠨ ᠵᠠᠯᠭᠠᠵᠤ᠂ 1 ᠲᠦᠮᠡᠨ ᠮᠣ᠋ ᠴᠢᠴᠠᠷᠭᠠᠨ᠎ᠠ ᠶᠢ ᠠᠷᠠᠴᠢᠯᠠᠨ ᠪᠣᠶᠢᠵᠢᠭᠤᠯᠬᠤ ᠠᠷᠭ᠎ᠠ ᠶᠢ ᠥᠭᠡᠷᠡᠴᠢᠯᠡᠨ ᠰᠢᠯᠢᠳᠡᠭᠵᠢᠭᠦᠯᠪᠡ᠃      ᠡᠵᠡᠩᠨᠡᠯᠲᠡ ᠶᠢᠨ ᠭᠤᠣᠯᠳᠠᠯᠭᠠᠲᠤ ᠬᠡᠪᠴᠢᠶ᠎ᠡ ᠶᠢ ᠥᠷᠭᠦᠯᠵᠢᠯᠡᠨ ᠪᠣᠵᠠᠭᠠᠶᠢᠷᠠᠭᠤᠯᠪᠠ᠃ ᠵᠢᠯ ᠤᠨ ᠪᠣᠷᠤᠯᠠᠭᠤᠯᠤᠯᠲᠠ ᠶᠢᠨ ᠨᠣᠷᠮ᠎ᠠ ᠨᠢ 500 ᠲᠦᠮᠡ ᠠᠴᠠ ᠳᠡᠭᠡᠭᠰᠢ ᠠᠵᠤ ᠦᠢᠯᠡᠳᠪᠦᠷᠢᠵᠢᠭᠰᠡᠨ ᠳᠠᠭᠠᠭᠤᠯᠤᠭᠴᠢ ᠠᠵᠤ ᠠᠬᠤᠶᠢᠯᠠᠯ ᠨᠢ 45 ᠡᠷᠦᠬᠡ ᠳᠤ ᠬᠦᠷᠴᠦ᠂ ᠪᠦᠳᠦᠭᠦᠯᠢᠭ ᠠᠮᠤ ᠪᠣᠷᠴᠠᠭ᠂ ᠣᠢ ᠰᠢᠭᠤᠢ ᠵᠢᠮᠢᠰ ᠤᠨ ᠠᠵᠤ ᠦᠢᠯᠠᠰ ᠪᠣᠯᠤᠨ ︽ᠵᠢᠷᠭᠤᠭᠠᠨ ᠲᠣᠮᠤ ᠠᠵᠤ ᠦᠢᠯᠡᠰ︾ ᠤᠨ ᠡᠷᠡᠭᠦᠯ ᠢᠶᠠᠷ ᠬᠥᠭᠵᠢᠬᠦ ᠶᠢ ᠳᠠᠶᠢᠴᠢᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠭᠦᠨ ᠢ ᠲᠣᠬᠠᠢ ᠶᠢᠨ ᠭᠠᠵᠠᠷ ᠲᠤᠨᠢ ᠪᠣᠯᠪᠠᠰᠤᠷᠠᠭᠤᠯᠤᠨ ᠬᠤᠪᠢᠷᠠᠭᠤᠯᠤᠭᠰᠠᠨ ᠨᠣᠷᠮ᠎ᠠ ᠨᠢ 56.4% ᠳᠤ ᠬᠦᠷᠪᠡ᠃ ᠲᠠᠷᠢᠶᠠᠴᠢᠳ ᠤᠨ ᠲᠣᠰᠬᠠᠢ ᠬᠤᠷᠰᠢᠶᠠᠵᠢᠯ ᠤᠨ ᠵᠣᠬᠢᠶᠠᠨ ᠪᠠᠶᠢᠭᠤᠯᠤᠯᠲᠠ ᠨᠢ43.7% ᠡᠷᠦᠬᠡ ᠳᠤ ᠬᠦᠷᠴᠦ᠂1.5 ᠲᠦᠮᠡᠨ ᠮᠠᠯᠴᠢᠨ ᠲᠠᠷᠢᠶᠠᠴᠢᠨ ᠡᠷᠦᠬᠡ᠂ 5.4 ᠲᠦᠮᠡᠨ ᠮᠠᠯᠴᠢᠨ ᠲᠠᠷᠢᠶᠠᠴᠢᠨ ᠬᠤᠷᠰᠢᠶᠠᠵᠢᠯ ᠳᠤ ᠣᠷᠤᠯᠴᠠᠵᠤ᠂ 6.9 ᠲᠦᠮᠡᠨ ᠮᠠᠯᠴᠢᠨ ᠲᠠᠷᠢᠶᠠᠴᠢᠨ ᠡᠷᠦᠬᠡ ᠶᠢ  ᠳᠠᠭᠠᠭᠤᠯᠵᠤ᠂ ᠬᠤᠷᠰᠢᠶᠠᠵᠢᠯ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠬᠦᠭᠦᠯᠦᠯ ᠤᠨ ᠨᠣᠷᠮ᠎ᠠ ᠨᠢ 43.7% ᠳᠤ ᠬᠦᠷᠴᠦ᠂ ᠪᠦᠬᠦ ᠬᠤᠰᠢᠭᠤᠨ ᠤ 60.3 ᠲᠦᠮᠡᠨ ᠮᠤ᠋ ᠭᠠᠵᠠᠷ ᠰᠢᠷᠤᠢ ᠡᠷᠭᠢᠯᠲᠡ ᠳᠤ ᠣᠷᠤᠪᠠ᠃      ᠮᠧᠬᠠᠨᠢᠭᠵᠢᠭᠤᠯᠤᠯᠲᠠ ᠬᠢᠷᠢ ᠬᠡᠮᠵᠢᠶ᠎ᠡ ᠶᠢ ᠳᠠᠰᠣᠷᠠᠯᠲᠠ ᠦᠭᠡᠢ ᠳᠡᠭᠡᠭᠰᠢᠯᠡᠭᠦᠯᠪᠡ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠦᠬᠦᠪᠦᠷᠢ 3120 ᠲᠦᠮᠡᠨ ᠲᠦᠭᠦᠷᠢᠭ ᠢ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠮᠠᠰᠢᠨ  ᠤ ᠶᠡᠷᠥᠩᠬᠡᠢ ᠭᠥᠳᠡᠯᠭᠡᠭᠴᠢ ᠬᠥᠴᠦᠨ 91.4 ᠲᠦᠮᠡᠨ ᠺᠢᠯᠤᠸᠠᠲ ᠳᠤ ᠬᠥᠷᠴᠦ᠂ ᠶᠡᠷᠥᠩᠬᠡᠢ ᠮᠧᠬᠠᠨᠢᠭᠵᠢᠭᠤᠯᠤᠯᠲᠠ  ᠶᠢᠨ ᠬᠡᠮᠵᠢᠶ᠎ᠡ 43.7% ᠳᠤ  ᠬᠥᠷᠪᠡ᠃ 5 ᠡᠷᠦᠬᠡ ᠡᠰᠢ ᠰᠦᠷᠡᠯ ᠢ ᠬᠤᠪᠢᠷᠠᠭᠤᠯᠤᠨ ᠪᠣᠯᠪᠠᠰᠤᠷᠠᠭᠤᠯᠬᠤ ᠦᠢᠯᠡᠳᠪᠦᠷᠢ ᠶᠢ ᠪᠠᠶᠢᠭᠤᠯᠤᠨ ᠲᠡᠭᠦᠯᠳᠡᠷᠵᠢᠭᠦᠯᠵᠦ᠂ 137 ᠰᠠᠤᠷᠢ ᠡᠰᠢ ᠰᠦᠷᠡᠯ ᠢ ᠬᠤᠪᠢᠷᠠᠭᠤᠯᠤᠨ ᠪᠣᠯᠪᠠᠰᠤᠷᠠᠭᠤᠯᠬᠤ ᠮᠠᠰᠢᠨ ᠢ ᠣᠷᠤᠭᠤᠯᠵᠤ᠂ ᠡᠰᠢ ᠰᠦᠷᠡᠯ ᠢ ᠬᠤᠪᠢᠷᠠᠭᠤᠯᠤᠨ ᠪᠣᠯᠪᠠᠰᠤᠷᠠᠭᠤᠯᠬᠤ ᠨᠣᠷᠮ᠎ᠠ 30% ᠬᠥᠷᠪᠡ᠃      ᠨᠡᠷᠡᠲᠦ ᠳᠠᠸᠠᠷ ᠤᠨ ᠮᠡᠳᠡᠭᠳᠡᠬᠦᠶᠢᠴᠡ ᠶᠢᠨ ᠬᠡᠮᠵᠢᠶ᠎ᠡ ᠶᠢ ᠪᠤᠲᠤᠮᠵᠢᠲᠠᠢ ᠥᠷᠭᠡᠳᠭᠡᠪᠡ᠃ ᠭᠤᠷᠪᠠᠳᠤᠭᠠᠷ ᠤᠳᠠᠭᠠᠨ ᠤ ᠳᠡᠯᠡᠬᠡᠢ ᠶᠢᠨ ᠨᠠᠷᠢᠮᠤ ᠶᠢᠨ ᠡᠭᠦᠰᠦᠯ ᠵᠢᠴᠢ ᠬᠥᠭᠵᠢᠯᠲᠡ ᠶᠢᠨ ᠬᠤᠷᠠᠯ ᠢ ᠬᠤᠷᠠᠯᠳᠤᠭᠤᠯᠵᠤ᠂ ᠠᠩᠬ᠎ᠠ ᠤᠳᠠᠭᠠᠨ ᠤ ᠡᠯᠵᠢᠭᠡᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠡᠭᠡ ᠬᠤᠷᠠᠯ ᠢ ᠬᠤᠷᠠᠯᠳᠤᠭᠤᠯᠵᠤ᠂ ᠥᠪᠦᠷ ᠮᠣᠩᠭᠤᠯ ᠤᠨ ᠾᠧ ᠸᠧᠢ ᠭᠦᠢ ᠨᠠᠷᠢᠮᠤ ᠶᠢᠨ ᠠᠮᠤ ︵ᠨᠠᠷᠢᠮᠤ︶ ᠶᠢᠨ ᠰᠣᠳᠤᠯᠬᠤ ᠬᠦᠷᠢᠶᠡᠯᠡᠩ᠂ ᠥᠪᠦᠷ ᠮᠣᠩᠭᠤᠯ ᠤᠨ ᠲᠢᠶᠠᠨ ᠯᠥᠩ ᠡᠯᠵᠢᠭᠡᠨ ᠦᠢᠯᠡᠰ ᠤᠨ ᠰᠣᠳᠤᠯᠬᠤ ᠬᠥᠷᠢᠶᠡᠯᠡᠩ ᠮᠠᠨ ᠤ ᠬᠤᠰᠢᠭᠤᠨ ᠳᠤ ᠪᠠᠶᠢᠭᠤᠯᠤᠭᠳᠠᠪᠠ᠃ ᠠᠣᠬᠠᠨ ᠤ ᠨᠠᠷᠢᠮᠤ᠂ ᠨᠣᠶᠠᠨ ᠰᠢᠰᠢ᠂ ᠰᠠᠭᠠᠭ᠂ ᠬᠡᠭᠡᠷ᠎ᠡ ᠶᠢᠨ ᠲᠠᠤᠯᠠᠢ ᠶᠢᠨ ᠪᠥᠭᠡᠷ᠎ᠡ᠂ ᠰᠢᠯᠦᠬᠡᠢ ᠠᠮᠤ ᠵᠡᠷᠭᠡ 5 ᠲᠦᠷᠦᠯ ᠤᠨ ᠲᠠᠷᠢᠮᠠᠯ ᠤᠨ8 ᠲᠠᠷᠢᠶᠠᠨ ᠦᠷ᠎ᠡ ᠶᠢᠨ ᠶᠠᠩᠵᠤ ᠶᠢ  ᠲᠢᠶᠠᠨ ᠭᠥᠩ ᠬᠤᠶᠠᠳᠤᠭᠠᠷ ᠨᠣᠮᠧᠷᠲᠤ ᠰᠠᠨᠰᠠᠷ ᠤᠨ ᠠᠶᠠᠯᠠᠯ ᠳᠤ ᠠᠴᠢᠶᠠᠯᠠᠨ ᠣᠭᠲᠠᠷᠭᠤᠢ ᠳᠤ ᠭᠠᠷᠴᠤ᠂ ᠰᠠᠨᠰᠠᠷ ᠤᠨ ᠠᠶᠠᠯᠠᠯ  ᠤᠨ ᠦᠷ᠎ᠡ ᠪᠣᠶᠢᠵᠢᠭᠤᠯᠬᠤ ᠲᠤᠷᠰᠢᠯᠭ᠎ᠠ ᠶᠢ  ᠪᠡᠶᠡᠯᠡᠭᠦᠯᠪᠡ᠃ ᠲᠠᠷᠢᠮᠠᠯ ᠤᠨ ᠵᠦᠢᠯ ᠤᠨ ᠰᠢᠯᠢᠳᠡᠭ ᠲᠦᠷᠦᠯ ᠵᠦᠢᠯ  ᠤᠨ ᠬᠡᠷᠡᠭᠯᠡᠭᠡᠨ ᠤ ᠨᠣᠷᠮ᠎ᠠ 96% ᠬᠥᠷᠴᠦ᠂ ᠭᠡᠷ ᠤᠨ ᠲᠡᠵᠢᠭᠡᠪᠦᠷᠢ ᠶᠢᠨ ᠰᠠᠶᠢᠵᠢᠷᠠᠭᠤᠯᠤᠯᠲᠠ ᠶᠢᠨ ᠨᠣᠷᠮ᠎ᠠ 98% ᠳᠡᠭᠡᠭᠰᠢ ᠬᠥᠷᠴᠦ᠂ ︽ᠭᠤᠷᠪᠠᠨ ᠪᠦᠲᠦᠭᠡᠭᠳᠡᠭᠦᠨ ᠨᠢᠭᠡ ᠪᠠᠷᠢᠮᠵᠢᠶ᠎ᠠ︾   ᠶᠢᠨ ᠲᠠᠷᠢᠶᠠᠯᠠᠩ ᠤᠨ ᠪᠦᠲᠦᠭᠡᠭᠳᠡᠭᠦᠨ 84 ᠳᠤ ᠬᠥᠷᠪᠡ᠃ ᠮᠠᠨ ᠤ ᠬᠤᠰᠢᠭᠤ ᠨᠢ 2016 ᠣᠨ ᠤ ᠤᠯᠤᠰ ᠤᠨ ᠤᠷᠭᠠᠨᠢᠭ ᠪᠦᠲᠦᠭᠡᠭᠳᠡᠭᠦᠨ ᠤ ᠵᠢᠱᠢᠶ᠎ᠡ ᠥᠵᠡᠭᠦᠯᠬᠦ ᠪᠠᠶᠢᠭᠤᠯᠤᠯᠲᠠ ᠶᠢᠨ ᠣᠷᠤᠨ ᠪᠠ ᠥᠪᠡᠷᠲᠡᠭᠡᠨ ᠵᠠᠰᠠᠬᠤ ᠣᠷᠤᠨ ᠤ ᠲᠠᠷᠢᠶᠠᠯᠠᠩ ᠤᠨ ᠪᠦᠲᠦᠭᠡᠭᠳᠡᠭᠦᠨ ᠤ ᠴᠢᠨᠠᠷ ᠤᠨ ᠠᠶᠦᠯᠭᠦᠢ ᠰᠢᠶᠠᠨ ᠳᠤ ᠣᠷᠤᠭᠰᠠᠨ ᠪᠠᠶᠢᠨ᠎ᠠ᠃      ︵ᠲᠠᠪᠤ︶ ᠠᠵᠤ ᠦᠢᠯᠡᠳᠪᠦᠷᠢ ᠶᠢᠨ ᠠᠵᠤ ᠠᠬᠤᠢ ᠶᠢᠨ ᠰᠠᠭᠤᠷᠢ ᠨᠡᠩ ᠢᠯᠡᠭᠦᠦ ᠪᠠᠬᠢᠵᠢᠪᠡ      ᠠᠵᠤ ᠠᠬᠤᠢ ᠶᠢᠨ ᠡᠷᠭᠢᠯᠲᠡ ᠶᠢᠨ ᠳᠣᠭᠲᠠᠭᠤᠨ ᠢ ᠪᠠᠷᠢᠮᠳᠠᠯᠠᠪᠠ᠃ ᠬᠤᠷᠸ᠎ᠠ ᠠᠵᠤ ᠠᠬᠤᠢ ᠶᠢᠨ ᠬᠠᠨᠲᠤᠰᠢ  ᠶᠢ ᠬᠢᠨᠠᠮᠠᠭᠠᠢ ᠰᠣᠳᠤᠯᠠᠵᠤ ᠲᠣᠳᠤᠯᠤᠨ᠂ ︽ᠠᠣᠬᠠᠨ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠠᠷᠪᠠᠨ ᠠᠷᠭ᠎ᠠ ᠬᠡᠮᠵᠢᠶ᠎ᠡ︾ ᠶᠢ ᠨᠡᠶᠢᠳᠡᠯᠡᠵᠦ᠂ 3000 ᠲᠦᠮᠡ ᠠᠴᠠ ᠳᠡᠭᠡᠭᠰᠢ ᠭᠤᠣᠯᠳᠠᠯᠭᠠᠲᠤ ᠠᠵᠤ ᠦᠢᠯᠡᠳᠪᠦᠷᠢ ᠶᠢᠨ ᠲᠦᠷᠦᠯ ᠵᠦᠢᠯ ᠢ 13 ᠬᠡᠷᠡᠭᠵᠢᠭᠦᠯᠵᠦ᠂ 37.5 ᠳ᠋ᠥᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ ᠬᠡᠪᠴᠢᠶᠡᠵᠢᠭᠰᠡᠨ ᠠᠴᠠ ᠳᠡᠭᠡᠭᠰᠢ ᠠᠵᠤ ᠦᠢᠯᠡᠳᠪᠦᠷᠢ  ᠶᠢᠨ ᠨᠡᠮᠡᠭᠳᠡᠯ ᠥᠷᠳᠡᠭ ᠨᠢ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 8.9% ᠨᠡᠮᠡᠭᠳᠡᠪᠡ᠃      ᠠᠵᠤ ᠦᠢᠯᠡᠰ ᠤᠨ ᠪᠦᠲᠦᠴᠡ ᠶᠢᠨ ᠬᠠᠨᠲᠤᠰᠢ ᠶᠢ ᠰᠢᠯᠢᠳᠡᠭᠵᠢᠭᠦᠯᠪᠡ᠃ 32.3 ᠲᠦᠮᠡᠨ ᠲᠤᠨ ᠬᠤᠴᠤᠷᠠᠩᠭᠤᠢ ᠪᠣᠯᠤᠳ ᠲᠡᠮᠦᠷ ᠤᠨ ᠡᠨᠧᠷᠬᠢ ᠶᠢ ᠰᠢᠯᠢᠭᠳᠡᠭᠦᠯᠪᠡ᠃ ᠨᠠᠷᠢᠮᠤ᠂ ᠠᠯᠠᠰᠢᠨ ᠡᠯᠵᠢᠭᠡ᠂ ᠴᠢᠴᠠᠷᠭᠠᠨ᠎ᠠ ᠵᠡᠷᠭᠡ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠬᠤᠰᠢᠭᠤᠨ ᠤ ᠳᠠᠭᠠᠭᠤᠯᠤᠭᠴᠢ ᠠᠵᠤ ᠠᠬᠤᠶᠢᠯᠠᠯ ᠳᠤ ᠲᠦᠰᠢᠭᠯᠡᠨ᠂ ︽ᠳᠤᠮᠳᠠᠳᠤ ᠤᠯᠤᠰ ᠤᠨ ᠨᠠᠷᠢᠮᠤ ᠶᠢᠨ ᠨᠣᠲᠤᠭ︾ ︽ᠡᠯᠵᠢᠭᠡᠨ ᠠᠷᠠᠰᠤᠨ ᠴᠠᠪᠠᠤ ᠶᠢᠨ ᠤᠯᠠᠭ᠎ᠠ ᠥᠷᠳᠡᠭᠡ︾ ︽ᠴᠢᠴᠠᠷᠭᠠᠨ᠎ᠠ ᠶᠢᠨ ᠶᠡᠭᠡ ᠬᠤᠲᠠ︾  ᠵᠡᠷᠭᠡ ᠶᠢ ᠪᠦᠬᠦ ᠬᠦᠴᠦᠨ ᠢᠶᠠᠷ ᠢᠶᠠᠨ ᠪᠠᠶᠢᠭᠤᠯᠤᠭᠰᠠᠨ ᠶᠤᠮ᠃ ᠬᠤᠸᠠᠩ ᠶᠠᠩ ᠸᠠ ᠶᠢᠨ 10 ᠲᠦᠮᠡᠨ ᠺᠢᠯᠤᠸᠠᠲ ᠶᠢᠨ ᠰᠠᠯᠬᠢᠨ ᠤ ᠬᠥᠴᠦ ᠪᠠᠷ ᠴᠠᠬᠢᠯᠭᠠᠨ ᠭᠠᠷᠭᠠᠬᠤ᠂ ᠴᠠᠩ ᠱᠧᠩ ᠤᠨ 40 ᠰᠠᠶ᠎ᠠ ᠸᠠᠲ ᠨᠠᠷᠠᠨ ᠭᠡᠷᠡᠯ ᠤᠨ ᠴᠠᠬᠢᠯᠭᠠᠨ ᠭᠠᠷᠭᠠᠬᠤ ᠲᠦᠷᠦᠯ ᠵᠦᠢᠯ ᠰᠠᠭᠠᠳ ᠦᠭᠡᠢ ᠠᠵᠢᠯᠯᠠᠵᠤ  ᠂ ᠲᠥᠩ ᠸᠧᠢ ᠪᠦᠯᠦᠭᠯᠡᠯ ᠤᠨ ᠭᠡᠷᠡᠯ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠪᠠᠶᠢᠭᠤᠯᠤᠯᠲᠠ ᠶᠢ ᠳᠣᠭᠲᠠᠩᠭᠤᠢ ᠠᠬᠢᠭᠤᠯᠵᠤ᠂ ᠰᠢᠨ᠎ᠡ ᠬᠡᠯᠪᠡᠷᠢ ᠶᠢᠨ ᠡᠨᠧᠷᠬᠢ ᠬᠢᠮᠢ ᠶᠢᠨ ᠠᠵᠤ ᠦᠢᠯᠡᠳᠪᠦᠷᠢ ᠶᠢᠨ ᠬᠠᠷᠢᠴᠠᠯ ᠠᠯᠬᠤᠮ ᠳᠠᠷᠠᠭᠠᠯᠠᠨ ᠨᠡᠮᠡᠭᠳᠡᠪᠡ᠃       ᠬᠥᠭᠵᠢᠯᠲᠡ ᠶᠢᠨ ᠲᠠᠪᠴᠠᠩ ᠤᠯᠠᠮ ᠪᠠᠬᠢᠵᠢᠪᠡ᠃ ︽ᠠᠣᠬᠠᠨ ᠬᠤᠰᠢᠭᠤᠨ ᠤ ᠠᠵᠤ ᠦᠢᠯᠡᠳᠪᠦᠷᠢ ᠶᠢᠨ ᠣᠷᠤᠨ ᠲᠣᠭᠤᠷᠢᠭ ᠤᠨ ᠬᠥᠭᠵᠢᠯᠲᠡ ᠶᠢᠨ ᠬᠠᠷᠢᠶ᠎ᠠ ᠭᠠᠵᠠᠷ ᠤᠨ ᠠᠵᠤ ᠠᠬᠤᠢ ᠶᠢ ᠬᠡᠷᠡᠭᠵᠢᠭᠦᠯᠬᠦ ᠠᠷᠭ᠎ᠠ ︵ᠲᠣᠷᠰᠢᠨ ᠬᠡᠷᠡᠭᠵᠢᠭᠦᠯᠬᠦ︶︾ ᠨᠡᠶᠢᠳᠡᠯᠡᠵᠦ᠂ ᠰᠢᠨ ᠬᠤᠢ ᠠᠵᠤ ᠦᠢᠯᠡᠳᠪᠦᠷᠢ ᠶᠢᠨ ᠣᠷᠤᠨ ᠲᠣᠭᠤᠷᠢᠭ ᠤᠨ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠢᠨᠵᠧᠨᠧᠷᠢᠩ ᠢ ᠡᠬᠢᠯᠡᠭᠦᠯᠵᠦ᠂ ᠠᠣᠬᠠᠨ ᠬᠤᠰᠢᠭᠤᠨ ᠤ ᠠᠵᠤ ᠦᠢᠯᠡᠳᠪᠦᠷᠢ ᠶᠢᠨ ᠣᠷᠤᠨ ᠲᠣᠭᠤᠷᠢᠭ ᠨᠢ ᠥᠪᠡᠷᠲᠡᠭᠡᠨ ᠵᠠᠰᠠᠬᠤ ᠣᠷᠤᠨ ᠤ ᠳᠡᠰ ᠤᠨ ᠣᠷᠤᠨ ᠲᠣᠭᠤᠷᠢᠭ ᠤᠨ ᠠᠵᠢᠯᠯᠠᠬᠤ ᠣᠷᠤᠨ ᠳᠤ ᠳᠡᠪᠰᠢᠬᠦ ᠶᠢ ᠥᠷᠨᠢᠭᠦᠯᠵᠦ᠂ ᠰᠢᠩ ᠯᠥᠩ ᠸᠠ ᠶᠢᠨ ᠲᠣᠰᠣᠲᠣ ᠵᠠᠨᠠᠷ ᠤᠨ ᠴᠢᠯᠠᠭᠤᠯᠢᠭ  ᠤᠨ ᠣᠷᠴᠢᠯ ᠠᠵᠤ ᠠᠬᠤᠢ ᠶᠢᠨ ᠣᠷᠤᠨ ᠲᠣᠭᠤᠷᠢᠭ ᠤᠨ ᠲᠦᠯᠯᠦᠪᠯᠡᠭᠡ ᠶᠢ ᠲᠡᠭᠦᠯᠳᠡᠷᠵᠢᠭᠦᠯᠪᠡ᠃ ᠪᠦᠬᠦ ᠬᠤᠰᠢᠭᠤᠨ   ᠤ ᠠᠵᠤ ᠦᠢᠯᠡᠳᠪᠦᠷᠢ ᠶᠢᠨ ᠣᠷᠤᠨ ᠲᠣᠭᠤᠷᠢᠭ ᠤᠨ ᠪᠠᠶᠢᠭᠤᠯᠤᠯᠲᠠ ᠶᠢᠨ ᠲᠠᠯᠠᠪᠠᠢ 10.6 ᠳᠡᠭᠰᠢ ᠳᠦᠷᠪᠡᠯᠵᠢᠨ ᠺᠢᠯᠤᠮᠧᠲᠷ ᠪᠠᠶᠢᠵᠤ᠂ 107 ᠲᠦᠷᠦᠯ ᠵᠦᠢᠯ ᠨᠣᠳᠤᠭᠰᠢᠵᠤ᠂ 1.5 ᠲᠦᠮᠡᠨ ᠬᠥᠮᠦᠨ ᠤ ᠠᠵᠢᠯ ᠣᠯᠭᠤᠯᠲᠠ ᠶᠢ ᠲᠣᠬᠢᠷᠠᠭᠤᠯᠵᠤ᠂ 45 ᠳ᠋ᠦᠩᠰᠢᠭᠤᠷ ᠲᠦᠭᠦᠷᠢᠭ ᠤᠨ ᠪᠣᠷᠤᠯᠠᠭᠤᠯᠤᠯᠲᠠ ᠶᠢᠨ ᠣᠷᠤᠯᠭ᠎ᠠ ᠶᠢ ᠪᠡᠶᠡᠯᠡᠭᠦᠯᠪᠡ᠃      ︵ᠵᠢᠷᠭᠤᠭ᠎ᠠ︶ ᠭᠤᠷᠪᠠᠳᠤᠭᠠᠷ ᠠᠵᠤ ᠦᠢᠯᠡᠰ ᠤᠨ ᠳᠠᠯᠳᠠ ᠬᠥᠴᠦᠨ ᠢ ᠭᠦᠢᠴᠡᠳ ᠲᠣᠳᠤᠷᠠᠭᠤᠯᠪᠠ      ᠰᠣᠶᠤᠯ ᠵᠤᠭᠠᠴᠠᠯ ᠤᠨ ᠦᠢᠯᠡᠰ ᠤᠨ ᠴᠢᠨᠠᠷ ᠳᠡᠰ ᠳᠡᠪᠰᠢᠪᠡ᠃ ︽ ᠪᠦᠬᠦ ᠬᠤᠰᠢᠭᠤᠨ ᠤ ᠵᠣᠭᠠᠴᠠᠯ ᠤᠨ ᠦᠢᠯᠡᠰ ᠤᠨ ᠬᠥᠭᠵᠢᠯᠲᠡ ᠶᠢᠨ ᠲᠦᠯᠦᠪᠯᠡᠭᠡ ︵2016 — 2020 ᠣᠨ︶︾ ᠶᠢ ᠨᠡᠶᠢᠳᠡᠯᠡᠪᠡ᠃ ᠰᠧ ᠵᠢᠶᠠ ᠽᠢ ᠪᠠᠯᠭᠠᠰᠤ᠂ ᠰᠢᠶᠠ ᠸᠠ ᠪᠠᠯᠭᠠᠰᠤ ᠶᠢᠨ ᠾᠧ ᠰᠢ ᠲᠣᠰᠬᠤᠨ ᠢ ᠳᠣᠰ ᠪᠦᠷᠢ ᠥᠪᠡᠷᠲᠡᠭᠡᠨ ᠵᠠᠰᠠᠬᠤ ᠣᠷᠤᠨ ᠤ ᠳᠡᠰ ᠲᠡᠦᠬᠡ ᠰᠣᠶᠤᠯ ᠨᠡᠷᠡᠲᠦ ᠪᠠᠯᠭᠠᠰᠤ᠂ ᠳᠡᠦᠬᠡ ᠰᠣᠶᠤᠯ ᠤᠨ ᠨᠡᠷᠡᠲᠦ ᠳᠣᠰᠬᠤᠨ ᠤ ᠨᠢᠭᠡᠳᠦᠭᠡᠷ  ᠪᠦᠯᠦᠭ ᠲᠤ ᠤᠷᠤᠭᠤᠯᠵᠤ᠂ ᠹᠧᠩᠱᠸᠦ ᠰᠢᠶᠠᠩ ᠤᠨ ᠽᠥᠩ ᠵᠠᠩ ᠽᠢ ᠳᠣᠰᠬᠤᠨ ᠨᠢ ᠳᠤᠮᠳᠠᠲᠤ ᠤᠯᠤᠰ ᠤᠨ ᠤᠯᠠᠮᠵᠢᠯᠠᠯᠲᠤ ᠲᠣᠰᠬᠤᠨ ᠤ  ᠨᠡᠷᠡᠰ ᠤᠨ ᠳᠦᠷᠪᠡᠳᠦᠭᠡᠷ ᠪᠦᠯᠦᠭ ᠲᠤ ᠰᠣᠩᠭᠤᠭᠳᠠᠪᠠ᠃ ᠳᠤᠮᠳᠠᠳᠤ ᠤᠯᠤᠰ · ᠠᠣᠬᠠᠨ ᠤ ᠭᠤᠷᠪᠠᠳᠤᠭᠠᠷ ᠬᠤᠭᠤᠴᠠᠭᠠᠨ ᠤ ᠬᠠᠯᠠᠭᠤᠨ ᠷᠠᠰᠢᠶᠠᠨᠲᠤ ᠰᠣᠶᠤᠯ ᠵᠤᠭᠠᠴᠠᠯ ᠤᠨ ᠪᠠᠶᠠᠷ ᠢ ᠶᠠᠪᠤᠭᠳᠠᠭᠤᠯᠵᠤ᠂ ᠠᠣᠬᠠᠨ ᠬᠤᠰᠢᠭᠤᠨ ᠤ ᠬᠠᠯᠠᠭᠤᠨ ᠷᠠᠰᠢᠶᠠᠨ ᠨᠢ ᠤᠯᠤᠰ ᠤᠨ ᠳᠡᠰ ᠤᠨ 4A ᠳᠡᠰ ᠤᠨ ᠵᠣᠭᠠᠴᠠᠯ ᠤᠨ ᠦᠵᠡᠮᠵᠢ ᠶᠢᠨ ᠣᠷᠤᠨ   ᠤ ᠵᠦᠪᠰᠢᠶᠡᠷᠡᠯ ᠢ ᠣᠯᠪᠠ᠃ ᠳᠠᠯᠡᠬᠡᠢ ᠶᠢᠨ ᠬᠠᠭᠤᠷᠠᠢ ᠲᠠᠷᠢᠶᠠᠯᠠᠩ ᠤᠨ ᠥᠵᠡᠰᠭᠦᠯᠡᠩ ᠤᠨ ᠣᠷᠳᠤᠨ ᠤ ᠭᠤᠣᠯ ᠴᠣᠭᠴᠠ ᠶᠢᠨ ᠪᠠᠷᠢᠯᠭ᠎ᠠ ᠳᠠᠭᠤᠰᠴᠤ᠂ ᠰᠢᠶᠠᠩ ᠱᠧᠩ ᠵᠧᠦ ᠯᠢᠶᠣᠣ ᠲᠠ ᠶᠢᠨ ᠰᠠᠯᠪᠢᠨ ᠵᠠᠰᠠᠬᠤ ᠢᠨᠵᠧᠨᠧᠷᠢᠩ   ᠢ ᠪᠡᠶᠡᠯᠡᠭᠦᠯᠵᠦ᠂ ᠴᠧᠩ ᠽᠢ ᠱᠠᠨ᠂ ᠰᠢᠩ ᠯᠥᠩ ᠸᠠ ᠶᠢᠨ ᠬᠠᠭᠤᠴᠢᠳ ᠢ ᠬᠠᠮᠠᠭᠠᠯᠠᠬᠤ ᠢᠨᠵᠧᠨᠧᠷᠢᠩ  ᠪᠠ ᠴᠢᠩ ᠴᠢᠤᠸᠠᠨ ᠭᠦ᠋ ᠵᠤᠭᠠᠴᠠᠯ ᠤᠨ ᠣᠷᠤᠨ᠂ ᠰᠢᠶᠣᠣ ᠾᠧ ᠶᠠᠨ ᠤ ᠰᠣᠶᠤᠯ ᠵᠣᠭᠠᠴᠠᠯ ᠤᠨ ᠣᠷᠤᠨ᠂  ᠰᠠᠩᠳᠠᠩ ᠮᠣᠳᠤᠨ ᠡᠳ᠋ᠯᠡᠩ ᠤᠨ ᠠᠮᠢ ᠠᠬᠤᠢ ᠶᠢᠨ ᠵᠣᠭᠠᠴᠠᠯ ᠤᠨ ᠣᠷᠤᠨ ᠤ ᠪᠠᠶᠢᠭᠤᠯᠤᠯᠲᠠ ᠶᠢ ᠳᠣᠭᠲᠠᠭᠤᠨ ᠢᠶᠠᠷ ᠠᠬᠢᠭᠤᠯᠪᠠ᠃      ᠠᠷᠠᠯᠵᠢᠶ᠎ᠠ ᠬᠤᠳᠠᠯᠳᠤᠭᠠᠨ ᠤ  ᠭᠦᠢᠯᠭᠡᠭᠡᠨ ᠤ ᠦᠢᠯᠡᠰ ᠤᠨ ᠠᠮᠢᠵᠢᠷᠠᠯ ᠤᠨ ᠬᠥᠴᠦᠨ ᠨᠡᠮᠡᠭᠳᠡᠪᠡ᠃ ᠡᠳ᠋ ᠪᠠᠷᠠᠭ᠎ᠠ ᠶᠢᠨ ᠭᠦᠢᠯᠭᠡᠭᠡᠨ ᠤ ᠣᠷᠤᠨ ᠲᠣᠭᠤᠷᠢᠭ ︽ᠬᠤᠲᠠ ᠠᠴᠠ ᠲᠣᠭᠤᠷᠢᠭ ᠥᠭᠡᠳᠡ ᠪᠣᠴᠠᠬᠤ︾ ᠠᠵᠤ ᠠᠬᠤᠶᠢᠯᠠᠯ 34 ᠡᠷᠦᠬᠡ ᠳᠤ ᠬᠦᠷᠴᠦ᠂ ᠲᠣᠭᠤᠷᠢᠭ ᠤᠨ ᠣᠷᠤᠨ ᠤ  ᠪᠣᠷᠤᠯᠠᠭᠤᠯᠭ᠎ᠠ ᠶᠢᠨ ᠣᠷᠤᠯᠭ᠎ᠠ ᠨᠢ 5.8 ᠳ᠋ᠥᠩᠰᠢᠭᠤᠷ ᠲᠦᠭᠦᠷᠢᠭ ᠢ ᠪᠡᠶᠡᠯᠡᠭᠦᠯᠪᠡ᠃ ᠮᠠᠨ ᠤ ᠬᠤᠰᠢᠭᠤ ᠨᠢ 2016 ᠣᠨ ᠤ ᠤᠯᠤᠰ ᠤᠨ ᠳᠡᠰ ᠤᠨ ᠡᠯᠧᠺᠲᠷᠤᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠤᠭᠤᠯᠬᠤ ᠶᠡᠷᠥᠩᠬᠡᠢ ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠵᠦ᠂ ᠬᠤᠰᠢᠭᠤᠨ ᠳᠡᠰ ᠤᠨ ᠡᠵᠡᠩᠨᠡᠯᠲᠡ ᠤᠨ ᠲᠦᠪ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ  ᠶᠢ ᠡᠬᠢᠯᠡᠨ ᠪᠠᠶᠢᠭᠤᠯᠪᠠ᠃ ᠠ ᠯᠢ ᠪᠠ ᠪᠠ ᠪᠦᠯᠦᠭᠯᠡᠯ ᠨᠢ ᠮᠠᠨ ᠤ ᠬᠤᠰᠢᠭᠤᠨ ᠳᠤ ᠨᠣᠳᠤᠭᠰᠢᠵᠤ᠂ ︽ᠬᠥᠳᠡᠭᠡ ᠳᠣᠰᠬᠤᠨ ᠤ ᠪᠠᠷᠠᠭ᠎ᠠ ᠬᠤᠳᠠᠯᠳᠤᠨ ᠠᠪᠬᠤ︾ 29 ᠳᠣᠰᠬᠤᠨ ᠤ ᠳᠡᠰ ᠤᠨ ᠦᠢᠯᠡᠴᠢᠯᠡᠭᠡᠨ ᠤ ᠥᠷᠳᠡᠭᠡ ᠪᠠ 2 ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠥᠷᠲᠡᠭᠡ ᠨᠢ ᠡᠵᠡᠩᠨᠡᠯᠲᠡ ᠳᠤ ᠣᠷᠤᠪᠠ᠃ 265 ᠡᠷᠦᠬᠡ ᠠᠷᠠᠳ ᠳᠤ ᠳᠦᠭᠦᠮ ᠦᠵᠡᠭᠦᠯᠬᠦ ᠬᠤᠯᠪᠣᠭᠠᠲᠤ ᠳᠡᠯᠭᠡᠭᠦᠷ ᠢ ᠥᠭᠡᠷᠡᠴᠢᠯᠡᠵᠦ᠂ ᠰᠢᠨ᠎ᠡ ᠪᠠᠷ  ᠪᠠᠶᠢᠭᠤᠯᠵᠤ᠂ ᠬᠤᠲᠠ ᠬᠥᠳᠡᠭᠡ  ᠶᠢᠨ ᠳᠠᠸᠠᠷ ᠬᠤᠳᠠᠯᠳᠤᠭ᠎ᠠ ᠨᠢ ᠢᠵᠢᠯᠢ ᠴᠢᠨᠠᠷ ᠢᠵᠢᠯᠢ ᠦᠨ᠎ᠡ ᠶᠢ ᠪᠡᠶᠡᠯᠡᠭᠦᠯᠦᠭᠰᠡᠨ ᠪᠠᠶᠢᠨ᠎ᠠ᠃      ᠮᠥᠩᠬᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠴᠢᠳᠠᠪᠬᠢ ᠰᠢᠯᠢᠳᠡᠭᠵᠢᠪᠡ᠃ ᠮᠥᠩᠬᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠥᠯᠡᠳᠡᠪᠦᠷᠢ ᠮᠥᠩᠬᠦ 115 ᠳ᠋ᠦᠩᠰᠢᠭᠤᠷ ᠲᠦᠭᠦᠷᠢᠭ ᠪᠠᠶᠢᠵᠤ᠂ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ16.7% ᠨᠡᠮᠡᠭᠳᠡᠵᠦ︔ ᠵᠢᠭᠡᠯᠡᠯᠭᠡ ᠶᠢᠨ ᠥᠯᠡᠳᠡᠪᠦᠷᠢ ᠮᠥᠩᠭᠬᠦ56.4 ᠳ᠋ᠦᠩᠰᠢᠭᠤᠷ ᠲᠦᠭᠦᠷᠢᠭ ᠪᠠᠶᠢᠵᠤ᠂ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ  ᠠᠴᠠ 14.8% ᠨᠡᠮᠡᠭᠳᠡᠪᠡ᠃ ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ ᠶᠢᠨ ᠳᠠᠭᠠᠳᠬᠠᠯ ᠤᠨ ᠪᠦᠷᠬᠦᠴᠡ  ᠶᠢᠨ ᠬᠡᠪᠴᠢᠶ᠎ᠡ ᠶᠢ ᠥᠷᠭᠡᠳᠭᠡᠵᠦ᠂ ᠪᠦᠬᠦ ᠵᠢᠯ ᠤᠨ ᠳᠠᠭᠠᠳᠬᠠᠯ ᠤᠨ ᠦᠢᠯᠡᠰ ᠤᠨ ᠲᠦᠯᠦᠪᠦᠷᠢ   ᠶᠢᠨ ᠵᠣᠭᠤᠰ 6200 ᠲᠦᠮᠡᠨ ᠲᠦᠭᠦᠷᠢᠭ ᠲᠤ ᠬᠥᠷᠪᠡ᠃ ᠨᠠᠶᠢᠳᠠᠨ ᠬᠤᠳᠠᠯᠳᠤᠭᠤᠯᠬᠤ ᠭᠠᠵᠠᠷ ᠪᠣᠯᠤᠨ ᠪᠡᠯᠡ ᠣᠷᠤᠭᠤᠯᠤᠯᠲᠠ  ᠶᠢᠨ ᠺᠤᠮᠫᠠᠨᠢ ᠶᠢ ᠣᠯᠠᠮ ᠨᠢᠭᠡ ᠠᠯᠬᠤᠮ ᠳᠦᠷᠢᠮᠵᠢᠭᠦᠯᠵᠦ᠂ ᠮᠥᠩᠬᠦᠨ ᠭᠦᠢᠯᠭᠡᠭᠡᠨ ᠤ ᠡᠳ᠋ ᠤᠨ ᠶᠠᠪᠤᠳᠠᠯ ᠢ ᠬᠠᠮᠢᠶᠠᠷᠬᠤ ᠪᠦᠳᠦᠭᠡᠭᠳᠡᠭᠦᠨ ᠤ ᠰᠢᠨ᠎ᠡ ᠡᠭᠦᠳᠴᠦ᠂ ᠰᠠᠭᠤᠭᠠᠯᠢ ᠠᠷᠠᠳ ᠤᠨ ᠪᠡᠯᠡ ᠣᠷᠤᠭᠤᠯᠤᠨ ᠡᠳ᠋ ᠤᠨ ᠶᠠᠪᠤᠳᠠᠯ  ᠢ ᠬᠠᠮᠢᠶᠠᠷᠬᠤ ᠠᠷᠭ᠎ᠠ ᠵᠠᠮ ᠢ ᠥᠷᠭᠡᠳᠭᠡᠪᠡ᠃      ︵ ᠳᠤᠯᠤᠭ᠎ᠠ︶ ᠬᠤᠲᠠ ᠬᠥᠳᠡᠭᠡ ᠶᠢᠨ ᠠᠮᠢᠳᠤᠷᠠᠯ ᠤᠨ ᠣᠷᠴᠢᠨ ᠲᠣᠭᠤᠷᠢᠨ ᠢ ᠪᠦᠲᠦᠮᠵᠢᠲᠠᠢ ᠰᠠᠶᠢᠵᠢᠷᠠᠭᠤᠯᠪᠠ      ᠪᠦᠷᠬᠦᠴᠡ ᠶᠢᠨ ᠬᠡᠪᠴᠢᠶ᠎ᠡ ᠶᠢᠨ ᠥᠷᠭᠡᠳᠭᠡᠯ ᠢ ᠲᠦᠯᠦᠪᠵᠢᠭᠦᠯᠪᠡ᠃ ᠰᠢᠨ ᠬᠤᠢ ᠬᠤᠲᠠ ᠲᠣᠭᠤᠷᠢᠭ ᠤᠨ ᠡᠵᠡᠮᠰᠢᠯ ᠤᠨ ᠴᠢᠨᠠᠷᠲᠠᠢ ᠨᠠᠷᠢᠯᠢᠭ ᠲᠦᠯᠦᠪᠵᠢᠭᠦᠯᠭᠡ ᠶᠢᠨ ᠪᠦᠷᠬᠦᠴᠡ ᠶᠢᠨ ᠨᠣᠷᠮ᠎ᠠ ᠨᠢ 96% ᠬᠥᠷᠴᠦ᠂ 222 ᠵᠠᠰᠠᠭ ᠵᠠᠬᠢᠷᠭᠠᠨ   ᠤ ᠲᠣᠰᠬᠤᠨ᠂ 18 ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠣᠢ ᠰᠢᠭᠤᠢ ᠶᠢᠨ ᠲᠠᠯᠠᠪᠠᠢ ᠪᠣᠯᠤᠨ 111 ᠠᠶᠢᠯ ᠲᠣᠰᠬᠤᠨ ᠤ ᠲᠦᠯᠦᠪᠵᠢᠭᠦᠯᠭᠡ ᠶᠢ ᠪᠡᠶᠡᠯᠡᠭᠦᠯᠵᠦ᠂ ᠳᠤᠰ ᠳᠣᠰ 100% ᠪᠠ 60.5% ᠬᠥᠷᠪᠡ᠃ 222 ᠵᠠᠰᠠᠭ ᠵᠠᠬᠢᠷᠭᠠᠨ ᠤ ᠲᠣᠰᠬᠤᠨ ᠤ ᠳᠡᠰ ᠰᠢᠰᠲ᠋ᠧᠮ ᠤᠨ ᠪᠦᠲᠦᠴᠡ ᠶᠢᠨ ᠲᠦᠯᠦᠪᠵᠢᠭᠦᠯᠭᠡ ᠪᠣᠯᠤᠨ ᠠᠵᠤ ᠦᠢᠯᠡᠰ ᠤᠨ ᠲᠣᠬᠢᠷᠠᠭᠤᠯᠤᠯᠲᠠ ᠶᠢᠨ ᠲᠦᠯᠦᠪᠵᠢᠭᠦᠯᠭᠡ ᠶᠢ ᠪᠡᠶᠡᠯᠡᠭᠦᠯᠪᠡ᠃      ᠬᠤᠲᠠ ᠬᠥᠳᠡᠭᠡ ᠶᠢᠨ ᠰᠠᠭᠤᠷᠢ ᠴᠢᠳᠠᠪᠤᠷᠢ ᠶᠢ ᠲᠡᠭᠦᠯᠳᠡᠷᠵᠢᠭᠦᠯᠪᠡ᠃ ᠰᠢᠨ ᠬᠤᠢ ᠬᠤᠲᠠ ᠲᠣᠭᠤᠷᠢᠭ ᠲᠤ 5.8 ᠺᠢᠯᠥᠮᠧᠲᠷ ᠤᠰᠤᠨ ᠬᠤᠭᠤᠯᠠᠢ ᠶᠢᠨ ᠳᠣᠣᠷᠵᠢᠯ᠂ 12ᠺᠢᠯᠥᠮᠧᠲᠷ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢ ᠰᠢᠨ᠎ᠡ ᠪᠠᠷ ᠪᠠᠶᠢᠭᠤᠯᠤᠨ ᠲᠣᠬᠢᠷᠠᠭᠤᠯᠵᠤ᠂ 20 ᠺᠢᠯᠥᠮᠧᠲᠷ ᠢᠯᠴᠢ ᠬᠠᠩᠭᠠᠬᠤ ᠬᠤᠭᠤᠯᠠᠢ ᠶᠢᠨ ᠲᠣᠣᠷᠵᠢᠯ ᠢ ᠰᠢᠨᠡᠳᠭᠡᠵᠦ᠂ ᠡᠳᠦᠷ ᠲᠤ 30 ᠲᠣᠨ ᠪᠣᠵᠠᠷ ᠰᠢᠪᠠᠷ ᠢ ᠰᠢᠢᠳᠪᠦᠷᠢᠯᠡᠬᠦ ᠪᠠᠷᠢᠯᠭ᠎ᠠ ᠶᠢᠨ ᠠᠵᠢᠯ ᠳᠠᠭᠤᠰᠪᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ 35.6 ᠲᠦᠮᠡᠨ ᠳᠡᠭᠰᠢ ᠳᠦᠷᠪᠡᠯᠵᠢᠨ ᠮᠧᠲᠷ ᠨᠡᠬᠡᠭᠡᠨ ᠬᠥᠭᠵᠢᠭᠦᠯᠪᠡ᠃ ᠶᠡᠷᠥᠩᠬᠡᠢ ᠪᠡᠯᠡ ᠣᠷᠤᠭᠤᠯᠤᠯᠲᠠ ᠨᠢ 2.5 ᠳ᠋ᠥᠩᠰᠢᠭᠤᠷ ᠲᠦᠭᠦᠷᠢᠭ ᠢ ᠵᠠᠷᠤᠴᠠᠭᠤᠯᠤᠨ᠂ ᠰᠢᠨ ᠬᠤᠢ ᠬᠤᠲᠠ ᠲᠣᠭᠤᠷᠢᠭ ᠤᠨ ᠪᠠᠲᠤᠯᠭ᠎ᠠ ᠶᠢᠨ ᠴᠢᠨᠠᠷᠲᠠᠢ ᠠᠮᠤᠭᠤᠯᠠᠩ ᠰᠠᠭᠤᠴᠠ ᠶᠢᠨ ᠢᠨᠵᠧᠨᠧᠷᠢᠩ 408 ᠢᠵᠢ ᠪᠠᠶᠢᠭᠤᠯᠵᠤ᠂ 6.04 ᠲᠦᠮᠡᠨ ᠲᠡᠭᠰᠢ ᠳᠦᠷᠪᠡᠯᠵᠢᠨ ᠮᠧᠲᠷ  ᠡᠨᠧᠷᠬᠢ  ᠠᠷᠪᠢᠯᠠᠬᠤ ᠪᠠᠷᠢᠯᠭ᠎ᠠ ᠶᠢ ᠥᠭᠡᠷᠡᠴᠢᠯᠡᠪᠡ᠃ ᠵᠢᠵᠢᠭ ᠬᠤᠲᠠ ᠪᠠᠯᠭᠠᠰᠤ ᠪᠣᠯᠤᠨ ᠥᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠲᠠ ᠶᠢ ᠯᠠᠪᠳᠠᠭᠤᠨ ᠠᠬᠢᠭᠤᠯᠵᠤ᠂ ᠬᠤᠸᠠᠩ ᠶᠠᠩ ᠸᠠ ᠵᠡᠷᠭᠡ 8 ᠰᠢᠶᠠᠩ ᠪᠠᠯᠭᠠᠰᠤ ᠶᠢᠨ ᠲᠣᠬᠠᠢ ᠶᠢᠨ ᠣᠷᠤᠨ ᠳᠤᠨᠢ ᠢᠯᠴᠢ ᠶᠢ ᠨᠢᠭᠡᠳᠦᠯᠲᠠᠢ ᠬᠠᠩᠭᠠᠬᠤ ᠶᠢ ᠪᠡᠶᠡᠯᠡᠭᠦᠯᠵᠦ᠂ ᠳᠣᠰᠬᠤᠨ ᠤ ᠳᠡᠰ ᠤᠨ ᠶᠡᠷᠥᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ ᠠᠯᠭᠤᠷ ᠲᠡᠭᠦᠯᠳᠡᠷᠵᠢᠪᠡ᠃ ᠪᠦᠬᠦ ᠬᠤᠰᠢᠭᠤᠨ ᠤ ᠬᠤᠲᠠᠴᠢᠯᠠᠯᠲᠠ ᠶᠢᠨ ᠬᠡᠮᠵᠢᠶ᠎ᠡ 39.1% ᠬᠥᠷᠪᠡ᠃      ᠶᠡᠷᠥᠩᠬᠡᠢ ᠬᠠᠮᠢᠶᠠᠷᠤᠯᠲᠠ ᠶᠢᠨ ᠬᠢᠷᠢ ᠲᠦᠪᠰᠢᠨ ᠳᠡᠭᠡᠭᠰᠢᠯᠡᠪᠡ᠃ ᠲᠣᠭᠠᠵᠢᠭᠤᠯᠤᠯᠲᠠ᠂ ᠤᠶᠤᠨᠴᠢᠯᠠᠯᠲᠠ ᠪᠠ ᠨᠠᠷᠢᠯᠢᠭᠵᠢᠭᠤᠯᠤᠯᠲᠠ ᠶᠢᠨ ᠬᠠᠮᠢᠶᠠᠷᠤᠯᠲᠠ ᠶᠢ  ᠬᠡᠷᠭᠵᠢᠭᠦᠯᠦᠨ  ᠂ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢᠨ ᠠᠮᠤᠷ ᠲᠦᠪᠰᠢᠨ ᠳᠣᠭᠲᠠᠩᠭᠤᠢ ᠡᠷᠭᠢᠯᠲᠡ ᠶᠢ ᠪᠠᠲᠤᠯᠠᠪᠠ᠃  ᠬᠤᠰᠢᠭᠤ᠂ ᠰᠢᠶᠠᠩ᠂ ᠳᠣᠰᠬᠤᠨ ᠭᠤᠷᠪᠠᠨ ᠳᠡᠰ  ᠤᠨ ᠬᠤᠯᠪᠤᠭᠠᠯᠠᠨ ᠬᠥᠳᠡᠯᠬᠦ ᠰᠢᠰᠲ᠋ᠧᠮ ᠪᠠᠶᠢᠭᠤᠯᠵᠤ︔ ᠬᠤᠲᠠ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠴᠢᠳᠠᠪᠬᠢ ᠳᠣᠰᠬᠤᠨ ᠳᠤ  ᠬᠥᠷᠴᠦ᠂  ᠠᠶᠢᠯ ᠳᠣᠰᠬᠤᠨ ᠤ ᠡᠷᠡᠭᠦᠯ ᠬᠠᠮᠠᠭᠠᠯᠠᠯ ᠤᠨ ᠠᠷᠢᠭᠤᠨ ᠴᠡᠪᠡᠷ ᠤᠨ ᠪᠡᠯᠡ ᠮᠥᠩᠬᠦ ᠶᠢᠨ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠪᠦᠬᠦ ᠬᠤᠰᠢᠭᠤᠨ ᠤ ᠬᠤᠳᠠᠯᠳᠤᠭᠠᠨ ᠤ ᠡᠷᠦᠬᠡ  ᠥᠪᠡᠷᠲᠡᠭᠡᠨ ᠵᠠᠰᠠᠬᠤ᠂ ᠲᠠᠷᠢᠶᠠᠴᠢᠨ ᠡᠷᠦᠬᠡ ᠥᠪᠡᠷ ᠢ ᠪᠠᠨ ᠱᠭᠠᠷᠳᠠᠬᠤ ᠤᠷᠲᠤ ᠬᠤᠭᠤᠴᠠᠭᠠᠨ ᠤ ᠠᠵᠢᠯᠯᠠᠭ᠎ᠠ ᠶᠢ ᠶᠠᠭ ᠰᠠᠶᠢᠬᠠᠨ  ᠪᠦᠷᠢᠯᠳᠦᠭᠦᠯᠵᠦ ᠪᠠᠶᠢᠨ᠎ᠠ᠃      ︵ᠨᠠᠢᠮᠠ︶ ᠦᠨᠳᠦᠰᠦᠨ ᠱᠠᠲᠤᠨ ᠤ ᠪᠠᠲᠤᠯᠠᠭ᠎ᠠ ᠶᠢᠨ ᠬᠥᠴᠦᠨ ᠠᠭᠠᠵᠢᠮ ᠨᠡᠮᠡᠭᠳᠡᠪᠡ      ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠪᠠ᠃ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠲᠠᠪᠤᠳᠤᠭᠠᠷ ᠤᠳᠠᠭᠠᠨ ᠤ  ᠬᠤᠷᠠᠯ ᠤᠨ ︽ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠵᠢᠴᠢ ᠬᠠᠮᠠᠭᠠᠯᠠᠯᠲᠠ ᠶᠢᠨ ᠠᠵᠢᠯ ᠤᠨ ᠢᠯᠡᠳᠭᠡᠯ ᠤᠨ ᠰᠢᠢᠳᠪᠦᠷᠢ ᠶᠢ ᠣᠯᠠᠮ ᠨᠢᠭᠡ ᠠᠯᠬᠤᠮ ᠴᠢᠩᠭᠠᠳᠬᠠᠬᠤ ᠲᠣᠬᠠᠢ︾ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠲᠠᠪᠤᠨ ᠶᠡᠭᠡ ᠢᠨᠵᠧᠨᠧᠷᠢᠩ ᠨᠢᠭᠡᠨ ᠰᠠᠭᠤᠷᠢᠨ ᠭᠠᠵᠠᠷ︾  ᠪᠣᠯᠣᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠳᠤ ᠲᠦᠰᠢᠭᠯᠡᠵᠦ᠂ ᠪᠦᠬᠦ ᠵᠢᠯ ᠳᠤ 5.4 ᠳ᠋ᠦᠩᠰᠢᠭᠤᠷ ᠲᠦᠭᠦᠷᠢᠭ ᠪᠡᠯᠡ ᠣᠷᠤᠭᠤᠯᠤᠨ᠂ 12.6 ᠲᠦᠮᠡᠨ ᠮᠤ᠋ ᠣᠶᠢᠵᠢᠭᠤᠯᠤᠯᠲᠠ ᠶᠢ ᠳᠠᠭᠤᠰᠬᠠᠪᠠ᠃ 900 ᠮᠤ᠋ ᠠᠭᠤᠷᠬᠠᠢ ᠶᠢᠨ ᠤᠷᠭᠤᠮᠠᠯ ᠢ ᠰᠡᠷᠭᠦᠭᠡᠬᠦ ᠶᠢ ᠬᠡᠷᠡᠭᠵᠢᠭᠦᠯᠪᠡ᠃ ᠳ᠋ᠠ ᠾᠧᠢ ᠱᠠᠨ ᠳᠠᠷᠬᠠᠯᠠᠭᠰᠠᠨ ᠪᠠᠶᠢᠭᠠᠯᠢ ᠶᠢᠨ ᠣᠷᠤᠨ ᠤ ᠲᠦᠯᠦᠪᠵᠢᠭᠦᠯᠭᠡ ᠶᠢᠨ ᠲᠣᠬᠢᠷᠠᠭᠤᠯᠤᠯᠲᠠ ᠶᠢᠨ ᠠᠵᠢᠯᠯᠠᠭ᠎ᠠ ᠦᠨᠡᠨ ᠪᠣᠳᠠᠳᠠᠢ ᠠᠬᠢᠯᠲᠠ ᠣᠯᠪᠠ᠃      ᠤᠰᠤᠨ ᠠᠰᠢᠭᠯᠠᠯᠲᠠ ᠶᠢᠨ ᠲᠦᠬᠦᠭᠡᠷᠦᠮᠵᠢ ᠶᠢ ᠳᠠᠰᠤᠷᠠᠯᠲᠠ ᠦᠭᠡᠢ ᠲᠡᠭᠦᠯᠳᠡᠷᠵᠢᠭᠦᠯᠪᠡ᠃ 16 ᠭᠠᠵᠠᠷ ᠠᠶᠤᠯ ᠦᠭᠡᠢ ᠤᠭᠤᠤᠬᠤ ᠤᠰᠤ ᠶᠢ  ᠪᠠᠬᠢᠵᠢᠭᠦᠯᠬᠦ ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ 6960 ᠬᠥᠮᠦᠨ ᠠᠮᠠ ᠳᠤ ᠠᠰᠢᠭ ᠬᠥᠷᠲᠡᠭᠡᠪᠡ  ᠃ 1.3 ᠲᠦᠮᠡᠨ ᠮᠤ᠋ ᠪᠠᠯ ᠭᠠᠵᠠᠷ ᠤᠨ ᠲᠠᠷᠢᠶᠠᠨ ᠭᠠᠵᠠᠷ ᠤᠨ ᠤᠰᠤ ᠰᠢᠷᠤᠢ ᠶᠢᠨ ᠤᠷᠤᠰᠤᠭᠳᠠᠯ ᠤᠨ ᠶᠡᠷᠥᠩᠬᠡᠶᠢᠯᠡᠨ ᠵᠠᠰᠠᠯᠲᠠ ᠶᠢ ᠪᠡᠶᠡᠯᠡᠭᠦᠯᠵᠦ᠂ ᠵᠢᠩ ᠶᠢᠨ ᠡᠯᠡᠰᠦ ᠰᠢᠷᠤᠶᠢᠨ ᠤ ᠢᠷᠡᠯᠲᠡ ᠶᠢᠨ ᠤᠰᠤ ᠰᠢᠷᠤᠢ ᠶᠢᠨ ᠤᠷᠤᠰᠤᠭᠳᠠᠯ ᠢ1.8 ᠲᠦᠮᠡᠨ ᠮᠤ᠋ ᠶᠡᠷᠥᠩᠬᠡᠶᠢᠯᠡᠨ ᠵᠠᠰᠠᠪᠠ᠃ ᠱᠠᠨ ᠸᠠᠨᠽᠢ ᠶᠢᠨ ᠤᠰᠤᠯᠠᠯᠲᠠ  ᠶᠢᠨ ᠣᠷᠤᠨ ᠤ ᠲᠦᠬᠦᠭᠡᠷᠦᠮᠵᠢ ᠶᠢᠨ ᠦᠷᠭᠦᠯᠵᠢᠯᠡᠨ ᠪᠠᠶᠢᠭᠤᠯᠬᠤ ᠵᠢᠴᠢ ᠤᠰᠤ ᠠᠷᠪᠢᠯᠠᠯᠲᠠ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠪᠡ᠃      ᠵᠠᠮ ᠲᠡᠭᠡᠭᠡᠪᠦᠷᠢ ᠡᠳᠦᠷ ᠢᠷᠡᠬᠦᠶ᠎ᠡ ᠰᠠᠭᠠᠳ ᠦᠭᠡᠢ ᠨᠡᠪᠲᠡᠷᠡᠪᠡ᠃ ᠮᠣᠵᠢ ᠶᠢᠨ ᠳᠡᠰ ᠤᠨ  ᠵᠠᠮ 210 ᠱᠣᠭᠤᠮ ᠰᠢᠨ ᠬᠤᠢ ᠠᠴᠠ ᠯᠣᠣ ᠬᠤ᠋ ᠱᠠᠨ ᠬᠦᠷᠬᠦ ᠨᠢᠭᠡᠳᠦᠭᠡᠷ ᠳᠡᠰ ᠤᠨ ᠵᠠᠰᠠᠮᠠᠯ  ᠵᠠᠮ ᠢ ᠡᠬᠢᠯᠡᠨ ᠪᠠᠶᠢᠭᠤᠯᠵᠤ᠂ ᠶᠡᠷᠥᠩᠬᠡᠢ ᠢᠨᠵᠧᠨᠧᠷᠢᠩ ᠤᠨ 53% ᠪᠡᠶᠠᠯᠡᠭᠦᠯᠦᠭᠰᠡᠨ ᠪᠠᠶᠢᠨ᠎ᠠ᠃ ᠤᠯᠤᠰ ᠤᠨ ᠵᠠᠮ 305 ᠱᠣᠭᠤᠮ ᠮᠠᠨᠢᠬᠠᠨ  ᠠᠴᠠ ᠢᠦᠢ ᠲᠢᠶᠠᠨ ᠭᠤᠣ ᠬᠦᠷᠬᠦ ᠬᠡᠰᠡᠭ᠂ ᠮᠣᠵᠢ ᠶᠢᠨ ᠵᠠᠮ 210 ᠱᠣᠭᠤᠮ ᠭᠤᠷᠤᠬᠠᠨ ᠠᠴᠠ ᠶᠠᠩᠴᠠᠩ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ ᠤᠨ ᠲᠦᠷᠦᠯ ᠵᠦᠢᠯ ᠢ ᠳᠣᠭᠲᠠᠭᠠᠨ ᠵᠦᠪᠰᠢᠶᠡᠷᠡᠭᠰᠡᠨ ᠪᠠ ᠠᠩᠬ᠎ᠠ ᠠᠯᠬᠤᠮ  ᠤᠨ ᠲᠦᠯᠦᠪᠯᠡᠭᠡ ᠶᠢ ᠬᠢᠨᠠᠨ ᠵᠦᠪᠰᠢᠶᠡᠷᠡᠬᠦ ᠠᠵᠢᠯ ᠢ ᠪᠡᠶᠡᠯᠡᠭᠦᠯᠦᠭᠰᠡᠨ ᠪᠠᠶᠢᠨ᠎ᠠ᠃ 38 ᠵᠣᠷᠪᠤᠰ 341 ᠺᠢᠯᠤᠮᠧᠲᠷ ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ ᠰᠢᠨ᠎ᠡ ᠪᠠᠷ ᠪᠠᠶᠢᠭᠤᠯᠵᠤ᠂ ᠵᠠᠰᠠᠭ ᠵᠠᠬᠢᠷᠭᠠᠨ ᠤ ᠲᠣᠰᠬᠤᠨ ᠳᠤ ᠨᠡᠪᠲᠡᠷᠡᠭᠰᠡᠨ ᠱᠦᠢᠨᠢ ᠵᠠᠮ ᠤᠨ ᠨᠣᠷᠮ᠎ᠠ ᠨᠢ 100% ᠳᠤ ᠬᠦᠷᠪᠡ᠃      ᠴᠠᠬᠢᠯᠭᠠᠨ ᠬᠥᠴᠦᠳᠡᠯ ᠨᠡᠩ ᠢᠯᠡᠭᠦᠦ ᠪᠠᠲᠤᠯᠠᠭ᠎ᠠ ᠲᠠᠢ ᠪᠣᠯᠪᠠ᠃ 1.9 ᠳ᠋ᠦᠩᠰᠢᠭᠤᠷ ᠲᠦᠭᠦᠷᠢᠭ ᠤᠨ ᠪᠡᠯᠡ ᠮᠥᠩᠬᠦ ᠶᠢ ᠵᠠᠷᠤᠴᠠᠭᠤᠯᠵᠤ᠂ ᠺᠠᠩ ᠵᠢᠶᠠ ᠶᠢᠩᠽᠢ ᠤᠨ 220 ᠺᠢᠯᠤᠸᠤᠯᠲ ᠶᠢᠨ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠠᠵᠢᠯ ᠡᠬᠢᠯᠡᠨ ᠪᠠᠶᠢᠭᠤᠯᠪᠠ᠃ 1.3 ᠳ᠋ᠦᠩᠰᠢᠭᠤᠷ ᠲᠦᠭᠦᠷᠢᠭ ᠤᠨ ᠪᠡᠯᠡ ᠮᠥᠩᠬᠦ ᠶᠢ ᠵᠠᠷᠤᠴᠠᠭᠤᠯᠵᠤ ᠬᠥᠳᠡᠭᠡ ᠲᠣᠰᠬᠤᠨ ᠤ ᠴᠠᠬᠢᠯᠭᠠᠨ ᠲᠣᠣᠷ ᠤᠨ ᠥᠭᠡᠷᠡᠴᠢᠯᠡᠯᠲᠡ᠂ 339.5 ᠺᠢᠯᠤᠮᠧᠲᠷ ᠴᠠᠬᠢᠯᠭᠠᠨ ᠳᠠᠮᠵᠢᠭᠤᠯᠬᠤ ᠵᠠᠮ ᠱᠣᠭᠤᠮ ᠢ ᠥᠭᠡᠷᠡᠴᠢᠯᠡᠨ ᠪᠠᠶᠢᠭᠤᠯᠵᠤ᠂ 98 ᠳᠣᠣᠷ᠎ᠠ ᠬᠦᠴᠦᠳᠡᠯᠲᠦ ᠣᠷᠤᠨ   ᠤ ᠥᠭᠡᠷᠡᠴᠢᠯᠡᠯᠲᠡ ᠶᠢ ᠪᠡᠶᠡᠯᠡᠭᠦᠯᠵᠦ᠂ ᠪᠦᠬᠦ ᠬᠤᠰᠢᠭᠤᠨ ᠤ ᠴᠠᠬᠢᠯᠭᠠᠨ ᠬᠠᠩᠭᠠᠯᠲᠠ ᠶᠢᠨ ᠨᠠᠶᠢᠳᠠᠪᠤᠷᠢᠲᠤ ᠨᠣᠷᠮ᠎ᠠ ᠨᠢ 99.6% ᠳᠤ ᠬᠦᠷᠪᠡ᠃      ︵ ᠶᠢᠰᠤ︶ ᠣᠯᠠᠨ ᠲᠦᠮᠡᠨ ᠤ ᠵᠤᠯ ᠵᠢᠷᠭᠠᠯ ᠤᠨ ᠵᠢᠭᠠᠯᠲᠠ ᠶᠢᠨ ᠲᠤᠭ᠎ᠠ ᠨᠢ ᠳᠣᠭᠲᠠᠭᠤᠨ ᠢᠶᠠᠷ ᠳᠡᠭᠡᠭᠰᠢᠯᠡᠪᠡ      ᠰᠤᠷᠭᠠᠨ ᠬᠥᠮᠦᠵᠢᠭᠦᠯᠬᠦ ᠵᠢᠭᠠᠨ ᠰᠣᠷᠭᠠᠯᠲᠠ ᠶᠢᠨ ᠨᠦᠭᠦᠴᠡᠯ ᠢ ᠪᠦᠲᠦᠮᠵᠢᠲᠠᠢ ᠰᠠᠶᠢᠵᠢᠷᠠᠭᠤᠯᠪᠠ᠃ ᠠᠯᠪᠠᠨ ᠵᠢᠷᠤᠮ ᠤᠨ ᠰᠣᠷᠭᠠᠨ ᠬᠥᠮᠦᠵᠢᠯ ᠤᠨ ᠨᠦᠭᠦᠴᠡᠯ ᠪᠠᠭᠤᠷᠠᠢ ᠰᠣᠷᠭᠠᠭᠤᠯᠢ   ᠶᠢᠨ ᠨᠦᠭᠦᠴᠡᠯ ᠢ ᠥᠭᠡᠷᠡᠴᠢᠯᠡᠬᠦ ᠠᠵᠢᠯ  ᠢ ᠥᠷᠭᠦᠯᠵᠢᠯᠡᠨ ᠬᠡᠷᠡᠭᠵᠢᠭᠦᠯᠵᠦ᠂ 2753 ᠲᠦᠮᠡᠨ ᠲᠦᠭᠦᠷᠢᠭ ᠤᠨ ᠪᠡᠯᠡ ᠮᠥᠩᠬᠦ ᠶᠢ ᠵᠠᠷᠤᠴᠠᠭᠤᠯᠵᠤ᠂ ᠬᠥᠳᠡᠭᠡ ᠲᠣᠰᠬᠤᠨ ᠤ ᠠᠯᠪᠠᠨ ᠵᠢᠷᠤᠮ ᠤᠨ ᠰᠣᠷᠭᠠᠨ ᠬᠥᠮᠦᠵᠢᠯ ᠤᠨ ᠰᠣᠷᠭᠠᠭᠤᠯᠢ ᠶᠢᠨ ᠰᠣᠷᠭᠠᠭᠤᠯᠢ ᠡᠷᠬᠢᠯᠡᠬᠦ ᠨᠦᠭᠦᠴᠡᠯ ᠢ ᠰᠠᠶᠢᠵᠢᠷᠠᠭᠤᠯᠬᠤ ᠢᠨᠵᠧᠨᠧᠷᠢᠩ ᠢ ᠬᠥᠳᠡᠯᠭᠡᠵᠦ᠂ 2100 ᠲᠦᠮᠡᠨ ᠲᠦᠭᠦᠷᠢᠭ ᠤᠨ ᠪᠡᠯᠡ ᠮᠥᠩᠬᠦ ᠶᠢ ᠵᠠᠷᠣᠴᠠᠭᠤᠯᠵᠤ 55 ᠲᠣᠰᠬᠤᠨ ᠤ ᠳᠡᠰ ᠤᠨ ᠬᠡᠦᠬᠡᠳ ᠤᠨ ᠴᠡᠴᠡᠷᠯᠢᠭ ᠢ ᠰᠢᠨ᠎ᠡ   ᠪᠠᠷ ᠪᠠᠶᠢᠭᠤᠯᠪᠠ᠃ ᠰᠠᠭᠤᠭᠠᠯᠢ ᠰᠣᠷᠤᠭᠴᠢ ᠶᠢᠨ ᠠᠮᠢᠳᠤᠷᠠᠯ ᠤᠨ ᠲᠤᠰᠠᠯᠠᠮᠵᠢ 1897.1 ᠲᠦᠮᠡᠨ ᠲᠦᠭᠦᠷᠢᠭ ᠳᠠᠷᠬᠠᠭᠠᠪᠠ᠃ ᠵᠠᠰᠠᠭ ᠤᠨ ᠣᠷᠳᠤᠨ ᠤ ᠬᠤᠳᠠᠯᠳᠤᠨ ᠠᠪᠬᠤ ᠦᠢᠯᠡᠴᠢᠯᠡᠭᠡ᠂ ᠵᠢᠯ ᠤᠨ ᠳᠤᠮᠳᠠᠴᠢ ᠴᠢᠳᠬᠤᠨ ᠣᠷᠤᠭᠤᠯᠬᠤ ᠮᠠᠶ᠋ᠢᠭ ᠤᠨ ᠨᠦᠬᠦᠪᠦᠷᠢ᠂ ᠨᠡᠶᠢᠭᠡᠮ ᠤᠨ ᠪᠡᠯᠡ ᠮᠥᠩᠬᠦ ᠶᠢ 4000 ᠲᠦᠮᠡᠨ ᠲᠦᠭᠦᠷᠢᠭ ᠢ ᠬᠥᠳᠡᠯᠭᠡᠵᠦ᠂ ᠰᠤᠷᠭᠠᠭᠤᠯᠢ ᠶᠢᠨ ᠲᠡᠷᠭᠡ ᠶᠢᠨ ᠡᠵᠡᠩᠨᠡᠯᠲᠡ ᠶᠢᠨ ᠺᠤᠮᠫᠠᠨᠢ ᠶᠢ ᠵᠣᠬᠢᠶᠠᠨ ᠪᠠᠶᠢᠭᠤᠯᠵᠤ᠂ ᠠᠯᠢᠪᠠ ᠬᠥᠳᠡᠭᠡ ᠲᠣᠰᠬᠤᠨ ᠤ ᠰᠤᠷᠭᠠᠭᠤᠯᠢ  ᠳᠤ ᠰᠠᠭᠤᠭ᠎ᠠ 1.2 ᠲᠦᠮᠡᠨ ᠨᠡᠷᠡᠰ ᠰᠤᠷᠤᠭᠴᠢᠳ ᠤᠨ ᠰᠣᠷᠭᠠᠭᠤᠯᠢ ᠳᠠᠭᠠᠨ ᠣᠴᠢᠬᠤ ᠪᠠ ᠰᠤᠷᠭᠠᠭᠤᠯᠢ ᠲᠠᠷᠬᠠᠵᠤ ᠶᠠᠪᠤᠵᠤ ᠰᠠᠭᠤᠬᠤ ᠶᠢᠨ ᠠᠮᠤᠷ ᠲᠦᠪᠰᠢᠨ ᠢ ᠪᠠᠲᠤᠯᠠᠭᠰᠠᠨ ᠪᠠᠶᠢᠨ᠎ᠠ᠃ ᠡᠩ ᠤᠨ ᠳᠡᠭᠡᠲᠦ ᠵᠡᠷᠭᠡ ᠶᠢᠨ ᠰᠤᠷᠭᠠᠭᠤᠯᠢ  ᠶᠢᠨ ᠰᠢᠯᠭᠠᠯᠲᠠ ᠳᠤ ᠰᠢᠪᠲᠦᠯᠲᠠ ᠶᠢᠨ ᠬᠢᠷᠢ ᠪᠦᠲᠦᠮᠵᠢ ᠣᠯᠵᠤ᠂ ᠵᠢᠩᠬᠢᠨᠢ ᠠᠩᠬᠢ ᠶᠢᠨ ᠬᠤᠪᠢᠨ ᠳᠤ ᠬᠦᠷᠬᠦ ᠨᠣᠷᠮ᠎ᠠ ᠨᠢ 55% ᠬᠦᠷᠴᠦ᠂ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 11% ᠨᠡᠮᠡᠭᠳᠡᠪᠡ᠃      ᠨᠡᠶᠢᠭᠡᠮ ᠤᠨ ᠪᠠᠲᠤᠯᠠᠪᠤᠷᠢ ᠶᠢᠨ ᠴᠢᠳᠠᠪᠬᠢ ᠶᠢ ᠥᠷᠭᠦᠯᠵᠢᠯᠡᠨ ᠪᠠᠬᠢᠵᠢᠭᠦᠯᠪᠡ᠃ 1.06 ᠳ᠋ᠦᠩᠰᠢᠭᠤᠷ ᠲᠦᠭᠦᠷᠢᠭ ᠤᠨ ᠳᠣᠣᠷ᠎ᠠ ᠪᠠᠲᠤᠯᠠᠭᠠᠲᠤ ᠮᠥᠩᠬᠦ᠂1162.2 ᠲᠦᠮᠡᠨ ᠲᠦᠭᠦᠷᠢᠭ ᠤᠨ ᠲᠠᠪᠤᠨ ᠪᠠᠲᠤᠯᠭᠠᠲᠤ ᠶᠢᠨ ᠮᠥᠩᠬᠦ᠂ 603.7 ᠲᠦᠮᠡᠨ ᠲᠦᠭᠦᠷᠢᠭ ᠤᠨ ᠵᠡᠮᠳᠡᠭᠴᠦᠳ ᠤᠨ ᠨᠦᠬᠦᠪᠦᠷᠢ ᠮᠥᠩᠬᠦ ᠶᠢ ᠲᠠᠷᠬᠠᠭᠠᠪᠠ᠃ ᠬᠤᠷᠰᠢᠭᠰᠠᠨ ᠡᠮᠨᠡᠯᠭᠡ ᠶᠢᠨ ᠬᠥᠮᠦᠨ ᠠᠮᠠ ᠶᠢᠨ ᠳᠠᠭᠠᠳᠬᠠᠯ ᠳᠤ ᠣᠷᠤᠯᠴᠠᠭᠰᠠᠨ ᠨᠣᠷᠮ᠎ᠠ ᠨᠢ  27.8% ᠲᠦᠮᠡᠨ ᠬᠥᠮᠦᠨ ︵ᠤᠳᠠᠭ᠎ᠠ︶ ᠳᠤ ᠨᠦᠬᠦᠪᠦᠷᠢ ᠮᠥᠩᠬᠦ ᠣᠯᠭᠤᠭᠰᠠᠨ ᠪᠠᠶᠢᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠥᠨᠳᠦᠰᠦᠨ ᠡᠮᠨᠡᠯᠭᠡ ᠶᠢᠨ ᠳᠠᠭᠠᠳᠬᠠᠯ ᠢ ᠨᠢᠭᠡᠲᠦᠭᠦᠯᠵᠦ᠂ 4 ᠳ᠋ᠦᠩᠰᠢᠭᠤᠷ ᠲᠦᠭᠦᠷᠢᠭ ᠤᠨ ᠡᠮᠨᠡᠯᠭᠡ  ᠶᠢᠨ ᠳᠠᠭᠠᠳᠬᠠᠯ ᠤᠨ ᠰᠠᠭᠤᠷᠢ ᠮᠥᠩᠬᠦ ᠶᠢ ᠵᠠᠷᠤᠴᠠᠭᠤᠯᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ  ᠨᠠᠰᠤᠳᠠᠨ ᠢ ᠠᠰᠠᠷᠠᠬᠤ ᠳᠠᠭᠠᠳᠬᠠᠯ   ᠳᠤ 24.2 ᠲᠦᠮᠡᠨ ᠬᠥᠮᠦᠨ ᠳᠠᠭᠠᠳᠬᠠᠯ ᠳᠤ ᠣᠷᠤᠯᠴᠠᠵᠤ᠂ 4.7 ᠳ᠋ᠦᠩᠰᠢᠭᠤᠷ ᠲᠦᠭᠦᠷᠢᠭ ᠤᠨ ᠡᠯ᠎ᠡ ᠵᠦᠢᠯ ᠤᠨ ᠨᠠᠰᠤᠳᠠᠨ ᠢ ᠠᠰᠠᠷᠠᠬᠤ ᠮᠥᠩᠬᠦ ᠶᠢ ᠳᠠᠷᠬᠠᠭᠠᠪᠠ᠃ ᠳᠣᠣᠷ᠎ᠠ ᠣᠷᠤᠯᠭ᠎ᠠ ᠲᠠᠢ ᠲᠠᠷᠢᠶᠠᠯᠠᠩ ᠮᠠᠯᠴᠢᠨ ᠡᠷᠦᠬᠡ ᠶᠢᠨ ᠡᠪᠦᠯ ᠤᠨ ᠤᠯᠠᠷᠢᠯ ᠤᠨ ᠳᠤᠯᠠᠭᠠᠴᠠᠯᠭ᠎ᠠ ᠶᠢᠨ ᠨᠦᠬᠦᠪᠦᠷᠢ 6320 ᠲᠦᠮᠡᠨ ᠲᠦᠭᠦᠷᠢᠭ ᠤᠨ ᠮᠥᠩᠬᠦ ᠶᠢ ᠲᠠᠷᠬᠠᠭᠠᠭᠰᠠᠨ ᠪᠠᠶᠢᠨ᠎ᠠ᠃ ᠬᠤᠲᠠ ᠪᠠᠯᠭᠠᠰᠤᠨ ᠤ ᠠᠵᠢᠯ ᠠᠯᠳᠠᠭᠰᠠᠨ ᠲᠡᠮᠲᠡᠭᠯᠡᠯ ᠤᠨ ᠨᠣᠷᠮ᠎ᠠ ᠶᠢ 3.84% ᠢᠶᠠᠷ ᠬᠢᠵᠠᠭᠠᠷᠯᠠᠵᠤ᠂ ᠬᠥᠳᠡᠭᠡ ᠲᠣᠰᠬᠤᠨ ᠤ ᠬᠥᠳᠡᠯᠮᠦᠷᠢ ᠬᠥᠴᠦ ᠶᠢ ᠰᠢᠯᠵᠢᠭᠦᠯᠦᠨ ᠠᠵᠢᠯ ᠣᠯᠭᠤᠭᠰᠠᠨ ᠨᠢ 11.5 ᠲᠦᠮᠡᠨ ᠬᠥᠮᠦᠨ ︵ᠤᠳᠠᠭ᠎ᠠ︶  ᠂ 22 ᠳ᠋ᠦᠩᠰᠢᠭᠤᠷ ᠲᠦᠭᠦᠷᠢᠭ ᠤᠨ ᠬᠥᠳᠡᠯᠮᠦᠷᠢ ᠦᠢᠯᠡᠴᠢᠯᠡᠭᠡᠨ ᠤ ᠣᠷᠤᠯᠭ᠎ᠠ ᠶᠢ ᠪᠡᠶᠡᠯᠡᠭᠦᠯᠵᠦ᠂ ᠮᠠᠨ ᠤ ᠬᠤᠰᠢᠭᠤ ᠨᠢ ᠵᠠᠯᠭᠠᠭ᠎ᠠ ᠬᠤᠶᠠᠷ ᠵᠢᠯ  ᠄ ︽ ᠪᠦᠬᠦ ᠣᠷᠤᠨ ᠤ ᠬᠥᠴᠦᠨ ᠤ ᠲᠠᠷᠢᠶᠠᠴᠢᠨ ᠠᠵᠢᠯ ᠤᠨ ᠲᠡᠷᠢᠭᠦᠨ ᠤ ᠨᠢᠭᠡᠴᠢ︾ ᠪᠠᠷ ᠦᠨᠡᠯᠡᠭᠳᠡᠪᠡ᠃      ᠨᠠᠰᠤᠲᠠᠶᠢᠴᠤᠳ ᠤᠨ ᠪᠠᠲᠤᠯᠠᠪᠤᠷᠢ ᠶᠢᠨ ᠰᠢᠰᠲ᠋ᠧᠮ ᠤᠨ ᠬᠠᠨᠳᠤᠰᠢ ᠲᠡᠭᠦᠯᠳᠡᠷᠵᠢᠪᠡ᠃ 7250 ᠲᠦᠮᠡᠨ ᠲᠦᠭᠦᠷᠢᠭ ᠤᠨ ᠪᠡᠯᠡ ᠮᠥᠩᠬᠦ ᠶᠢ ᠵᠠᠷᠤᠴᠠᠭᠤᠯᠵᠤ᠂ ᠬᠤᠰᠢᠭᠤᠨ ᠤ ᠭᠤᠣᠯ ᠨᠠᠰᠤᠲᠠᠨ   ᠢ ᠠᠰᠠᠷᠠᠬᠤ ᠬᠦᠷᠢᠶᠡᠯᠡᠩ  ᠪᠣᠯᠤᠨ ᠨᠢᠭᠡᠨ ᠰᠢᠶᠠᠩ ᠪᠠᠯᠭᠠᠰᠤᠨ ᠤ ᠨᠠᠰᠤᠲᠠᠨ ᠢ ᠠᠰᠠᠷᠠᠬᠤ ᠬᠦᠷᠢᠶᠡᠯᠡᠩ  ᠂ 23 ᠭᠠᠵᠠᠷ ᠬᠥᠳᠡᠭᠡ ᠲᠣᠰᠬᠤᠨ ᠤ ᠵᠢᠷᠭᠠᠯᠠᠩᠲᠤ ᠶᠡᠭᠡ ᠬᠦᠷᠢᠶᠡᠯᠡᠩ   ᠢ ᠰᠢᠨ᠎ᠡ ᠪᠠᠷ ᠪᠠᠶᠢᠭᠤᠯᠵᠤ᠂ 6 ᠭᠠᠵᠠᠷ ᠤᠨ ᠰᠢᠶᠠᠩ ᠪᠠᠯᠭᠠᠰᠤᠨ ᠤ ᠨᠠᠰᠤᠲᠠᠨ ᠢ ᠠᠰᠠᠷᠠᠬᠤ ᠬᠦᠷᠢᠶᠡᠯᠡᠩ ᠢ ᠰᠢᠨᠡᠳᠭᠡᠨ᠂ ᠪᠦᠬᠦ ᠬᠤᠰᠢᠭᠤᠨ ᠤ 36.3%᠂ 2430 ᠨᠡᠷᠡᠰ ᠴᠢᠳᠠᠪᠤᠷᠢ ᠪᠠᠨ ᠠᠯᠠᠳᠠᠭᠰᠠᠨ ᠬᠠᠭᠠᠰ ᠴᠢᠳᠠᠪᠦᠷᠢ ᠪᠠᠨ ᠠᠯᠠᠳᠠᠭᠰᠠᠨ ᠨᠠᠰᠤᠲᠠᠶᠢᠴᠤᠳ ᠤᠨ  ᠥᠲᠡᠯᠦᠭᠡ  ᠨᠠᠰᠤᠨ ᠤ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃      ᠡᠮᠨᠡᠯᠭᠡ ᠡᠷᠡᠭᠦᠯ ᠬᠠᠮᠠᠭᠠᠯᠠᠯ ᠤᠨ ᠬᠡᠮᠵᠢᠶ᠎ᠡ ᠠᠭᠠᠵᠢᠮ ᠳᠡᠭᠡᠭᠰᠢᠯᠡᠪᠡ᠃ ︽ᠭᠤᠷᠪᠠᠳᠤᠭᠠᠷ ᠬᠤᠭᠤᠴᠠᠭᠠᠨ ᠤ ᠤᠯᠤᠰ ᠤᠨ ᠮᠣᠩᠭᠤᠯ ᠡᠮ ᠡᠮᠨᠡᠯᠭᠡ ᠶᠢᠨ ᠬᠠᠮᠲᠤᠷᠠᠨ ᠰᠢᠨ᠎ᠡ ᠶᠢ ᠡᠭᠦᠳᠬᠦ ᠶᠠᠷᠢᠯᠴᠠᠭᠠᠨ ᠤ ᠳᠠᠪᠴᠠᠩ︾ ᠠᠮᠵᠢᠯᠲᠠ  ᠲᠠᠢ ᠶᠠᠪᠤᠭᠳᠠᠪᠠ᠃ ᠤᠯᠤᠰ ᠤᠨ ᠭᠠᠳᠠᠭᠠᠲᠤ ᠳᠣᠲᠤᠭᠠᠲᠤ ᠶᠢᠨ ᠮᠡᠷᠭᠡᠵᠢᠯᠲᠡᠨ ᠲᠠᠢ ᠢᠳᠡᠪᠬᠢᠲᠡᠢ ᠬᠠᠷᠢᠯᠴᠠᠵᠤ ᠮᠠᠨ  ᠤ ᠬᠤᠰᠢᠭᠤᠨ ᠳᠤ ᠢᠷᠡᠵᠦ ᠡᠮᠴᠢᠯᠡᠭᠡ ᠬᠢᠭᠰᠡᠨ ᠪᠠᠶᠢᠨ᠎ᠠ᠃ ᠪᠦᠬᠦ ᠬᠤᠰᠢᠭᠤᠨ ᠤ ᠦᠨᠳᠤᠰᠦᠨ ᠡᠮ ᠪᠣᠳᠠᠰ ᠤᠨ ᠬᠡᠷᠡᠭᠯᠡᠭᠡᠨ ᠤ ᠨᠣᠷᠮ᠎ᠠ ᠨᠢ 41% ᠬᠦᠷᠴᠦ᠂ ᠡᠪᠡᠳᠴᠢᠳᠡᠨ ᠤ ᠡᠮᠨᠡᠯᠭᠡ᠂ ᠡᠮᠨᠡᠯᠭᠡ ᠳᠤ ᠰᠠᠭᠤᠬᠤ ᠤᠳᠠᠭ᠎ᠠ ᠪᠦᠷᠢ  ᠶᠢᠨ ᠵᠠᠷᠤᠳᠠᠯ ᠨᠢ ᠪᠦᠬᠦ ᠬᠤᠳᠠ ᠳᠤ ᠬᠠᠮᠤᠭ ᠳᠣᠣᠷ᠎ᠠ ᠪᠠᠷᠢᠮᠵᠢᠶ᠎ᠠ ᠳᠤ ᠪᠠᠶᠢᠳᠠᠭ᠃ 5 ᠭᠤᠣᠯ ᠡᠷᠡᠭᠦᠯ ᠬᠠᠮᠠᠭᠠᠯᠠᠯ  ᠤᠨ ᠬᠤᠷᠢᠶ᠎ᠠ ᠨᠢ ︽ᠤᠯᠤᠰ ᠤᠨ ᠳᠡᠰ ᠤᠨ ᠠᠷᠠᠳ ᠣᠯᠠᠨ ᠳᠤ ᠲᠠᠭᠠᠰᠢᠶᠠᠭᠳᠠᠭᠰᠠᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ︾ ᠪᠠᠷ ᠦᠨᠡᠯᠡᠭᠳᠡᠭᠰᠡᠨ ᠪᠠᠶᠢᠨ᠎ᠠ᠃ ᠡᠷᠡᠭᠦᠯ ᠬᠠᠮᠠᠭᠠᠯᠠᠯ ᠤᠨ ᠬᠢᠨᠠᠯᠲᠠ᠂ ᠡᠪᠡᠳᠴᠢᠨ ᠡᠮᠭᠡᠭ ᠤᠨ ᠬᠤᠷᠢᠭᠯᠠᠯ ᠤᠨ ᠠᠵᠢᠯᠯᠠᠭ᠎ᠠ ᠣᠯᠠᠮ ᠨᠢᠭᠡ ᠠᠯᠬᠤᠮ ᠴᠢᠩᠭᠠᠷᠠᠪᠠ᠃      ᠠᠷᠠᠳ ᠣᠯᠠᠨ ᠤ ᠰᠤᠶᠤᠯ ᠲᠠᠮᠢᠷ ᠤᠨ ᠠᠮᠢᠳᠤᠷᠠᠯ ᠣᠯᠠᠮ ᠪᠠᠶᠠᠯᠢᠭᠵᠢᠪᠠ᠃ ᠠᠩᠬᠠᠳᠤᠭᠠᠷ ᠬᠤᠭᠤᠴᠠᠭᠠᠨ ᠤ ᠠᠣᠬᠠᠨ ᠬᠤᠰᠢᠭᠤᠨ ᠤ ᠴᠠᠭᠠᠨ ᠰᠠᠷ᠎ᠠ ᠶᠢᠨ ᠪᠠᠶᠠᠷ ᠤᠨ ᠦᠳᠡᠰᠢᠯᠡᠭᠡ ᠶᠢ ᠡᠷᠬᠢᠯᠡᠪᠡ᠃ 741 ᠳᠣᠰᠬᠤᠨ ᠤ ᠳᠡᠰ  ᠤᠨ ᠰᠣᠶᠤᠯ ᠤᠨ ᠲᠠᠯᠠᠪᠠᠢ  ᠂ 222 ᠰᠣᠶᠤᠯ ᠤᠨ ᠬᠥᠳᠡᠯᠭᠡᠭᠡᠨ ᠤ ᠲᠠᠰᠤᠭ ᠢ ᠪᠠᠶᠢᠭᠤᠯᠵᠤ᠂ 30 ᠡᠷᠦᠬᠡ ᠰᠣᠶᠤᠯ ᠤᠨ ᠶᠡᠭᠡ ᠬᠦᠷᠢᠶᠡᠯᠡᠩ ᠢ ᠬᠥᠭᠵᠢᠭᠦᠯᠦᠨ ᠪᠠᠶᠢᠭᠤᠯᠪᠠ᠃ ᠪᠦᠬᠦ ᠬᠤᠲᠠ ᠶᠢᠨ ᠲᠠᠷᠢᠶᠠᠴᠢᠨ ᠮᠠᠯᠴᠢᠳ ᠤᠨ ᠰᠢᠯᠢᠳᠡᠭ ᠫᠷᠦᠭᠷᠡᠮ ᠤᠨ ᠲᠣᠭᠯᠠᠯᠲᠠ ᠳᠤ ᠠᠣᠬᠠᠨ ᠤ ᠲᠣᠰᠬᠠᠢ ᠳᠣᠭᠯᠠᠯᠲᠠ ᠨᠢ ᠰᠢᠯᠢᠳᠡᠭ ᠵᠣᠬᠢᠶᠠᠨ ᠪᠠᠶᠢᠭᠤᠯᠤᠯᠲᠠ  ᠶᠢᠨ ᠱᠠᠩᠨᠠᠯ ᠬᠥᠷᠲᠡᠪᠡ᠃ ᠪᠦᠬᠦ ᠬᠤᠰᠢᠭᠤᠨ ᠳᠤ 12 ᠤᠳᠠᠭ᠎ᠠ ᠲᠠᠮᠢᠷ ᠤᠨ ᠤᠷᠤᠯᠳᠤᠭᠠᠨ ᠶᠠᠪᠤᠭᠳᠠᠭᠤᠯᠵᠤ᠂ ᠠᠷᠠᠳ ᠣᠯᠠᠨ ᠢᠳᠡᠪᠬᠢᠲᠡᠢ ᠬᠥᠳᠡᠯᠭᠡᠭᠡᠨ ᠳᠤ ᠣᠷᠤᠯᠴᠠᠭᠰᠠᠨ ᠪᠠᠶᠢᠨ᠎ᠠ᠃ 1 ᠲᠦᠮᠡᠨ ᠡᠷᠦᠬᠡ ᠳᠤ ᠤᠳᠠᠰᠤᠲᠤ ᠲᠣᠭᠠᠲᠤ ᠲᠧᠯᠸᠢᠰ ᠢ ᠥᠷᠨᠢᠭᠦᠯᠵᠦ᠂ 2.4 ᠲᠦᠮᠡᠨ ᠡᠷᠦᠬᠡ ᠳᠤ ︽ᠡᠷᠦᠬᠡ ᠪᠦᠷᠢ ᠳᠤ ᠨᠡᠪᠲᠡᠷᠡᠭᠦᠯᠬᠦ︾ ᠷᠠᠳᠢᠤ᠋ ᠲᠧᠯᠸᠢᠰ᠂ 240 ᠳᠣᠰᠬᠤᠨ ᠪᠦᠷᠢ ᠳᠤ ᠷᠠᠳᠢᠤ᠋ ᠨᠡᠪᠲᠡᠷᠡᠭᠦᠯᠭᠡ ᠣᠭᠰᠠᠷᠠᠭᠤᠯᠤᠨ ᠲᠠᠭᠠᠷᠠᠭᠤᠯᠪᠠ᠃      ᠬᠥᠮᠦᠨ ᠠᠮᠠ ᠶᠢᠨ ᠲᠦᠯᠦᠪᠯᠡᠭᠡᠲᠦ ᠦᠷᠡᠵᠢᠯ ᠤᠨ ᠠᠵᠢᠯ   ᠢ ᠳᠣᠭᠲᠠᠭᠤᠨ ᠦᠷᠨᠢᠭᠦᠯᠪᠡ᠃ ᠲᠦᠷᠦ ᠶᠢᠨ ᠪᠣᠳᠤᠯᠭ᠎ᠠ ᠶᠣᠰᠤᠭᠠᠷ ᠳᠣᠰᠬᠤᠨ ᠤ ᠳᠡᠰ ᠤᠨ ᠲᠦᠯᠦᠪᠯᠡᠭᠡᠲᠦ ᠦᠷᠡᠵᠢᠯ ᠤᠨ ᠬᠡᠰᠢᠭᠦᠨ ᠤ ᠠᠮᠢᠳᠤᠷᠠᠯ ᠤᠨ ᠨᠦᠬᠦᠪᠦᠷᠢ ᠶᠢ ᠴᠠᠭ ᠲᠣᠬᠠᠢ ᠳᠤᠨᠢ ᠲᠠᠷᠬᠠᠭᠠᠵᠤ᠂ ᠬᠤᠶᠠᠳᠤᠭᠠᠷ ᠬᠡᠦᠬᠡᠳ ᠠᠪᠬᠤ ᠲᠦᠷᠦ ᠶᠢᠨ ᠪᠣᠳᠤᠯᠭ᠎ᠠ ᠶᠢ ᠪᠦᠬᠦ ᠲᠠᠯ᠎ᠠ ᠪᠠᠷ ᠳᠣᠭᠲᠠᠭᠤᠨ ᠬᠡᠷᠡᠭᠵᠢᠭᠦᠯᠵᠦ᠂ ᠬᠥᠮᠦᠨ ᠠᠮᠠ ᠶᠢᠨ ᠲᠦᠷᠦᠯᠲᠡ ᠶᠢᠨ ᠴᠢᠨᠠᠷ ᠤᠨ ᠬᠠᠷᠢᠴᠠᠯ ᠢ ᠰᠢᠯᠢᠳᠡᠭᠵᠢᠭᠦᠯᠪᠠ᠃ ᠪᠦᠬᠦ ᠬᠤᠰᠢᠭᠤᠨ ᠤ ᠬᠥᠮᠦᠨ ᠠᠮᠠ ᠶᠢᠨ ᠲᠦᠷᠦᠯᠲᠡ ᠶᠢᠨ ᠨᠣᠷᠮ᠎ᠠ 7.99‰᠂ ᠠᠶᠠᠨᠳᠠᠭᠠᠨ ᠤ ᠦᠰᠦᠯᠲᠡ ᠶᠢᠨ ᠨᠣᠷᠮ᠎ᠠ 4.07‰᠂ ᠲᠦᠷᠦ ᠶᠢᠨ ᠪᠣᠳᠤᠯᠭ᠎ᠠ ᠲᠠᠢ ᠨᠡᠶᠢᠴᠡᠭᠰᠡᠨ ᠲᠦᠷᠦᠯᠲᠡ ᠶᠢᠨ ᠨᠣᠷᠮ᠎ᠠ ᠨᠢ 95.09% ᠳᠤ ᠬᠦᠷᠪᠡ᠃      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠳᠠᠨ ᠤ ᠠᠵᠢᠯ ᠤᠨ ᠳᠣᠬᠢᠷᠠᠭᠤᠯᠲᠠ ᠶᠢ ᠠᠬᠢᠭᠤᠯᠪᠠ ᠃ 135 ᠰᠢᠨ᠎ᠡ ᠡᠭᠦᠯᠳᠡᠷ᠂ 53 ᠲᠦᠷᠦᠯ ᠰᠢᠨ᠎ᠡ ᠮᠡᠷᠭᠡᠵᠢᠯ ᠢ ᠲᠠᠲᠠᠨ ᠣᠷᠤᠭᠤᠯᠵᠤ᠂ 24 ᠲᠦᠷᠦᠯ ᠳᠣᠰᠬᠠᠢ ᠠᠰᠢᠭ ᠤᠨ ᠪᠠᠭᠴᠠ ᠬᠦᠷᠲᠡᠵᠦ᠂ ᠲᠠᠷᠢᠶᠠᠴᠢᠨ ᠮᠠᠯᠴᠢᠨ ᠢ 11.8 ᠲᠦᠮᠡᠨ ᠬᠥᠮᠦᠨ ︵ᠣᠳᠠᠭ᠎ᠠ︶ ᠪᠣᠯᠪᠠᠰᠤᠷᠠᠭᠤᠯᠲᠠ ᠳᠤ ᠣᠷᠤᠯᠴᠠᠭᠤᠯᠤᠭᠰᠠᠨ ᠪᠠᠶᠢᠨ᠎ᠠ᠃ 2016 ᠣᠨ ᠤ ᠤᠯᠠᠭᠠᠨᠬᠠᠲᠠ · ᠳᠤᠮᠳᠠᠳᠤ ᠤᠯᠤᠰ  ᠤᠨ ᠣᠮᠠᠷᠠᠲᠤ ᠶᠢᠨ ᠲᠠᠷᠢᠶᠠᠯᠠᠩ ᠤᠨ ᠰ‍‌ᠵᠠᠵ‍‌ᠵᠯᠡᠭᠡ ᠲᠧᠭᠨ᠋‍‌ᠵᠭ ᠤᠨ ᠤ‍‌ᠵᠷ᠎ᠡ ᠪᠦᠳᠤᠭᠡᠯ ᠤᠨ ᠴᠣᠭᠯᠠᠭᠠᠨ ᠮᠠᠨ ᠤ ᠬᠤᠰᠢᠭᠤᠨ ᠳᠤ ᠠᠮᠵᠢᠯᠲᠠ ᠲᠠᠢ  ᠶᠠᠪᠤᠭᠳᠠᠵᠤ᠂ ᠪᠦᠬᠦ ᠤᠯᠤᠰ ᠤᠨ ᠡᠯ᠎ᠡ ᠭᠠᠵᠠᠷ ᠤᠨ 150 ᠠᠵᠤ ᠠᠬᠤᠶᠢᠯᠠᠯ  ᠤᠨ ᠬᠦᠷᠦᠯᠴᠡᠨ ᠢᠷᠡᠵᠦ ᠳᠡᠯᠭᠡᠨ ᠦᠵᠡᠭᠦᠯᠬᠦ ᠰᠣᠯᠢᠯᠴᠠᠭᠠᠨ ᠤ ᠬᠤᠷᠠᠯ ᠳᠤ ᠣᠷᠤᠯᠴᠠᠵᠤ᠂ ᠲᠣᠬᠠᠢ ᠶᠢᠨ ᠲᠠᠯᠠᠪᠠᠢ  ᠶᠢᠨ ᠠᠷᠠᠯᠵᠢᠶᠠᠯᠠᠬᠤ ᠲᠤᠭ᠎ᠠ 200 ᠭᠠᠷᠤᠢ ᠲᠦᠮᠡᠨ ᠲᠦᠭᠦᠷᠢᠭ ᠲᠤ ᠬᠦᠷᠪᠡ᠃ ᠪᠦᠬᠦ  ᠬᠤᠰᠢᠭᠤᠨ ᠳᠤ 32 ᠨᠡᠷᠡᠰ ᠠᠯᠪᠠᠨ ᠳᠤᠰᠢᠶᠠᠯᠳᠠᠨ᠂ 165 ᠨᠡᠷᠡᠰ ᠠᠵᠢᠯ ᠦᠢᠯᠡᠰ ᠤᠨ ᠨᠢᠭᠡᠴᠢ ᠶᠢᠨ ᠠᠵᠢᠯᠳᠠᠳ᠂ 34 ᠨᠡᠷᠡᠰ ︽ᠭᠤᠷᠪᠠ ᠶᠢ ᠳᠡᠮᠵᠢᠵᠦ ᠨᠢᠭᠡ ᠶᠢ ᠳᠡᠳᠭᠦᠬᠦ︾ ᠠᠵᠢᠯᠳᠡᠳ᠂ 62 ᠨᠡᠷᠡᠰ ︽ᠨᠡᠶᠢᠭᠡᠮ ᠲᠤᠭᠤᠷᠢᠭ ᠤᠨ ᠠᠷᠠᠳ ᠤᠨ ᠠᠮᠢᠳᠤᠷᠠᠯ   ᠳᠤ ᠰᠠᠶᠢᠨ ᠳᠣᠷ᠎ᠠ ᠠᠴᠠ ᠪᠠᠨ ᠣᠷᠤᠯᠴᠠᠭᠴᠢ︾ ᠶᠢ ᠡᠯᠰᠡᠯᠡᠭᠰᠡᠨ ᠪᠠᠶᠢᠨ᠎ᠠ᠃      ᠨᠡᠶᠢᠭᠡᠮ ᠤᠨ ᠬᠥᠭᠵᠢᠯᠲᠡ ᠶᠢᠨ ᠵᠣᠬᠢᠴᠠᠩᠭᠤᠢ ᠳᠣᠭᠲᠠᠭᠤᠨ᠃ ᠰᠢᠶᠠ ᠸᠠ ᠪᠠᠯᠭᠠᠰᠤ᠂ ᠰᠧ ᠳ᠋ᠣᠣ ᠸᠠᠨ ᠽᠢ  ᠪᠠᠯᠭᠠᠰᠤ ᠶᠢᠨ ᠲᠣᠰᠬᠤᠨ ᠤ ᠭᠠᠯ ᠤᠨ ᠰᠡᠷᠭᠡᠶᠢᠯᠡᠯᠲᠡ ᠶᠢᠨ ᠥᠷᠲᠡᠭᠡ ᠶᠢ ᠪᠠᠶᠢᠭᠤᠯᠵᠤ ᠬᠡᠷᠡᠭᠯᠡᠭᠡᠨ ᠳᠤ ᠣᠷᠤᠭᠤᠯᠵᠤ᠂ ᠬᠥᠳᠡᠭᠡ ᠲᠣᠰᠬᠤᠨ ᠤ ᠭᠠᠯ ᠤᠨ ᠭᠠᠮᠰᠢᠭ ᠠᠴᠠ ᠠᠪᠤᠷᠠᠬᠤ ᠴᠠᠭ ᠢ ᠪᠣᠭᠤᠨᠢᠰᠬᠠᠭᠰᠠᠨ ᠪᠠᠶᠢᠨ᠎ᠠ᠃ ᠣᠷᠴᠢᠨ ᠠᠬᠤᠢ ᠶᠢᠨ ᠬᠠᠮᠠᠭᠠᠯᠠᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠣᠵᠠᠷᠳᠠᠯ ᠡᠳ᠋ ᠶᠢᠨ ᠪᠠᠷᠢᠮᠵᠢᠶ᠎ᠠ ᠳᠤ ᠬᠦᠷᠦᠭᠦᠯᠵᠦ ᠭᠠᠳᠠᠭᠰᠢᠯᠠᠭᠤᠯᠬᠤ ᠶᠢ ᠪᠡᠶᠡᠯᠡᠭᠦᠯᠪᠡ᠃ ᠪᠦᠬᠦ ᠬᠤᠰᠢᠭᠤ᠂ ᠰᠢᠶᠠᠩ᠂ ᠲᠣᠰᠬᠤᠨ ᠭᠤᠷᠪᠠᠨ ᠳᠡᠰ ᠤᠨ ᠢᠳᠡᠭᠡᠨ ᠤ ᠡᠳ᠋ ᠡᠮ ᠤᠨ ᠡᠳ᠋ ᠤᠨ  ᠬᠢᠨᠠᠨ ᠬᠠᠮᠢᠶᠠᠷᠤᠯᠲᠠ ᠶᠢᠨ ᠰᠦᠯᠵᠢᠶ᠎ᠡ᠂ ᠢᠳᠡᠭᠡᠨ   ᠤ ᠡᠳ᠋᠂ ᠡᠮ ᠤᠨ ᠡᠳ᠋  ᠤᠨ ᠠᠶᠦᠯᠭᠦᠢ ᠠᠵᠢᠯᠯᠠᠭ᠎ᠠ ᠨᠢ ᠭᠤᠷᠪᠠᠨ ᠵᠢᠯ ᠳᠠᠷᠠᠭᠠᠯᠠᠨ ᠪᠦᠬᠦ ᠬᠤᠲᠠ ᠳᠤ ᠨᠢᠭᠡᠳᠦᠭᠡᠷ ᠳᠡᠰ ᠲᠤ ᠳ᠋ᠤᠭᠠᠷᠯᠠᠭᠳᠠᠪᠠ ᠃ ᠬᠠᠷᠠᠭᠠᠨ ᠳᠠᠪᠲᠠᠮᠵᠢ ᠶᠢᠨ ᠰᠣᠷᠪᠤᠯᠵᠢᠯᠠᠬᠤ ᠶᠢ ᠬᠦᠯᠢᠶᠡᠨ ᠠᠪᠬᠤ ᠶᠢ ᠨᠡᠪᠲᠡᠷᠡᠭᠦᠯᠵᠦ᠂  ᠠᠩᠬ᠎ᠠ ᠤᠳᠠᠭ᠎ᠠ ᠰᠣᠷᠪᠤᠯᠵᠢᠯᠡᠨ ᠬᠡᠷᠡᠭ ᠢ ᠲᠠᠰᠤᠯᠤᠨ ᠰᠢᠳᠭᠡᠬᠦ ᠨᠣᠷᠮ᠎ᠠ ᠶᠢ ᠳᠡᠭᠡᠭᠰᠢᠯᠡᠭᠦᠯᠵᠦ᠂ ᠨᠡᠶᠢᠭᠡᠮ ᠤᠨ ᠠᠮᠤᠷ ᠲᠦᠪᠰᠢᠨ ᠤ ᠶᠡᠷᠥᠩᠬᠡᠶᠢᠯᠡᠨ  ᠵᠠᠰᠠᠯᠲᠠ ᠶᠢ ᠴᠢᠩᠭᠠᠳᠬᠠᠵᠤ᠂ ᠣᠯᠠᠨ ᠲᠦᠮᠡᠨ ᠤ ᠠᠶᠤᠯ ᠦᠭᠡᠢ ᠲᠦᠷᠦᠭᠳᠡᠯ ᠢᠯᠡᠷᠬᠡᠢ ᠳᠡᠭᠡᠭᠰᠢᠯᠡᠪᠡ᠃ ︽ᠵᠢᠷᠭᠤᠭ᠎ᠠ ᠲᠠᠪᠤ︾ ᠶᠢᠨ ᠬᠠᠤᠯᠢ ᠴᠠᠭᠠᠵᠠ ᠶᠢᠨ ᠮᠡᠳᠡᠯᠭᠡ   ᠶᠢᠨ  ᠲᠦᠭᠡᠮᠡᠯᠵᠢᠭᠦᠯᠦᠯᠲᠡ ᠨᠢ ᠰᠢᠯᠭᠠᠨ ᠬᠤᠷᠢᠶᠠᠯᠲᠠ ᠶᠢ ᠥᠩᠭᠡᠷᠡᠭᠦᠯᠵᠦ᠂ ︽ᠳᠣᠯᠤᠭ᠎ᠠ ᠲᠠᠪᠤ︾ ᠶᠢᠨ ᠬᠠᠤᠯᠢ ᠴᠠᠭᠠᠵᠠ ᠶᠢᠨ ᠮᠡᠳᠡᠯᠭᠡ   ᠶᠢ ᠲᠦᠭᠡᠮᠡᠯᠵᠢᠭᠦᠯᠬᠦ ᠶᠢ ᠪᠦᠬᠦ ᠲᠠᠯ᠎ᠠ ᠪᠠᠷ ᠬᠥᠳᠡᠯᠭᠡᠵᠦ᠂ ᠮᠠᠨ ᠤ ᠬᠤᠰᠢᠭᠤ ᠨᠢ ︽ ᠪᠦᠬᠦ ᠤᠯᠤᠰ ᠤᠨ ᠬᠠᠤᠯᠢ ᠴᠠᠭᠠᠵᠠ ᠶᠢᠨ ᠮᠡᠳᠡᠯᠭᠡ   ᠶᠢ ᠲᠦᠭᠡᠮᠡᠯᠵᠢᠭᠦᠯᠬᠦ  ᠲᠡᠷᠢᠭᠦᠨ ᠤ ᠰᠢᠶᠠᠨ︾ ᠢᠶᠠᠷ ᠦᠨᠡᠯᠡᠭᠳᠡᠪᠡ᠃ ᠭᠡᠨᠡᠳᠲᠡ ᠶᠢᠨ ᠬᠡᠷᠡᠭ ᠡᠭᠦᠰᠬᠦ ᠶᠢ ᠬᠠᠷᠢᠭᠤᠯᠬᠤ ᠪᠡᠯᠡᠳᠭᠡᠯ ᠲᠦᠰᠦᠪ   ᠢ ᠲᠡᠭᠦᠯᠳᠡᠷᠵᠢᠭᠦᠯᠵᠦ᠂ ᠰᠦᠯᠵᠢᠶᠡᠨᠲᠦ ᠣᠯᠠᠨ ᠤ ᠪᠠᠶᠢᠳᠠᠯ᠂ ᠭᠡᠨᠡᠳᠲᠡ ᠶᠢᠨ ᠬᠡᠷᠡᠭ ᠡᠭᠦᠰᠬᠦ ᠶᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃      ︵ᠠᠷᠪᠠ︶ ᠵᠠᠰᠠᠭ ᠤᠨ ᠣᠷᠳᠤᠨ ᠤ ᠳᠤᠰ ᠪᠡᠶ᠎ᠡ ᠶᠢᠨ ᠪᠠᠶᠢᠭᠤᠯᠤᠯᠲᠠ ᠶᠢ ᠦᠨᠡᠨᠬᠦ ᠴᠢᠩᠭᠠᠷᠠᠭᠤᠯᠪᠠ      ᠨᠢᠭᠡ ᠵᠢᠯ ᠤᠨ ᠲᠣᠷᠰᠢ᠂ ᠬᠤᠰᠢᠭᠤᠨ ᠤ ᠵᠠᠰᠠᠭ ᠤᠨ ᠣᠷᠳᠤᠨ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠬᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠦᠨ᠂ ︽ᠠᠵᠢᠯ ᠬᠢᠬᠦ ᠦᠭᠡᠢ᠂ ᠬᠢᠵᠦ ᠴᠢᠳᠠᠬᠤ ᠦᠭᠡᠢ᠂ ᠳᠤᠷ᠎ᠠ ᠪᠠᠷ ᠢᠶᠠᠨ ᠬᠢᠬᠦ︾ ᠶᠢ ᠳᠣᠰᠬᠠᠶᠢᠯᠠᠨ ᠵᠠᠰᠠᠬᠤ ᠶᠢ ᠪᠦᠬᠦ ᠲᠠᠯ᠎ᠠ ᠪᠠᠷ ᠶᠠᠪᠤᠭᠳᠠᠭᠤᠯᠵᠤ᠂ ︽ ᠳᠦᠷᠪᠡᠨ ᠲᠠᠯ᠎ᠠ ᠶᠢᠨ ᠤᠬᠠᠮᠰᠠᠷ︾   ᠢ ᠦᠨᠡᠨᠬᠦ ᠴᠢᠩᠭᠠᠳᠬᠠᠵᠤ᠂  ︽ᠳᠦᠷᠪᠡᠨ ᠰᠤᠷᠳᠠᠯ  ᠤᠨ ᠠᠰᠠᠭᠤᠳᠠᠯ︾ ᠪᠦᠲᠦᠮᠵᠢᠲᠡᠢ ᠬᠤᠷᠢᠭᠯᠠᠪᠠ᠃ ᠲᠦᠪ ᠤᠨ ᠨᠡᠢᠮᠠᠨ ᠵᠣᠷᠪᠤᠰ ᠳᠣᠭᠳᠠᠭᠠᠯ ᠢ ᠴᠢᠩᠭ᠎ᠠ ᠬᠡᠷᠡᠭᠵᠢᠭᠦᠯᠵᠦ᠂ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢ ᠥᠩᠭᠡᠷᠡᠭᠰᠡᠨ ᠤ ᠠᠳᠠᠯᠢ ᠬᠤᠭᠤᠴᠠᠭᠠᠨ ᠤ  ᠬᠢ ᠠᠴᠠ 17.3 % ᠪᠠᠭᠤᠷᠠᠭᠤᠯᠪᠠ᠃ ᠬᠠᠤᠯᠢ ᠪᠠᠷ ᠵᠠᠰᠠᠬᠤ ᠵᠠᠰᠠᠭ ᠤᠨ  ᠣᠷᠳᠤᠨ ᠪᠠᠶᠢᠭᠤᠯᠬᠤ   ᠶᠢ ᠪᠦᠬᠦ ᠲᠠᠯ᠎ᠠ ᠪᠠᠷ ᠠᠬᠢᠭᠤᠯᠵᠤ᠂  ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠵᠤ ᠬᠢᠨᠠᠨ ᠳᠣᠭᠳᠠᠭᠠᠬᠤ  ᠠᠵᠢᠯ ᠢ ᠳᠠᠭᠤᠰᠬᠠᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ  ᠤᠨ ᠰᠠᠨᠠᠭᠤᠯᠭ᠎ᠠ ᠶᠢ 87 ᠬᠤᠪᠢ ᠭᠦᠢᠴᠡᠳᠭᠡᠵᠦ᠂ ᠤᠯᠤᠰ ᠲᠦᠷᠦ ᠶᠢᠨ ᠵᠦᠪᠯᠡᠯᠭᠡᠨ ᠤᠨ ᠰᠠᠨᠠᠯ ᠳᠤᠷᠠᠳᠤᠯᠭ᠎ᠠ ᠶᠢ  62 ᠬᠤᠪᠢ ᠭᠦᠢᠴᠡᠳᠭᠡᠵᠦ᠂ ᠭᠦᠢᠴᠡᠳᠭᠡᠨ ᠳᠠᠭᠤᠰᠬᠠᠭᠰᠠᠨ ᠨᠣᠷᠮ᠎ᠠ 100% ᠪᠣᠯᠪᠠ᠃ ᠡᠭᠦᠨ ᠤ ᠳᠠᠭᠠᠤ᠂ ᠤᠯᠠᠭᠠᠨ ᠵᠠᠭᠠᠯᠮᠠᠶᠢᠲᠠᠨ᠂  ᠠᠷᠠᠳ ᠤᠨ ᠠᠭᠠᠷ ᠤᠨ ᠰᠡᠷᠭᠡᠶᠢᠯᠡᠯᠲᠠ᠂ ᠭᠠᠵᠠᠷ ᠬᠥᠳᠡᠯᠦᠯᠲᠡ ᠴᠠᠭ ᠠᠭᠤᠷ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂  ᠨᠠᠰᠤᠳᠠᠶᠢᠴᠤᠳ ᠪᠠ ᠵᠡᠮᠳᠡᠭᠴᠤᠳ ᠤᠨ ᠠᠵᠢᠯ ᠦᠢᠯᠡᠰ  ᠨᠢ ᠰᠢᠨ᠎ᠡ ᠠᠬᠢᠯᠲᠠ ᠲᠠᠢ ᠪᠣᠯᠪᠠ᠃ 587 ᠤᠳᠠᠭ᠎ᠠ ᠵᠠᠰᠠᠭ ᠤᠨ ᠣᠷᠳᠤᠨ ᠤ ᠬᠤᠳᠠᠯᠳᠤᠨ ᠠᠪᠬᠤ ᠡᠭᠦᠷᠭᠡ ᠶᠢ ᠪᠡᠶᠡᠯᠡᠭᠦᠯᠵᠦ᠂ 6069 ᠲᠦᠮᠡᠨ ᠲᠦᠭᠦᠷᠢᠭ ᠪᠡᠯᠡ ᠮᠥᠩᠬᠦ ᠠᠷᠪᠢᠯᠠᠨ᠂ ᠪᠡᠯᠡ ᠮᠥᠩᠬᠦ ᠠᠷᠪᠢᠯᠠᠭᠰᠠᠨ ᠨᠣᠷᠮ᠎ᠠ 12.4% ᠬᠥᠷᠪᠡ᠃      ᠲᠦᠯᠦᠭᠡᠯᠡᠭᠴᠢᠳ ᠡ᠂ ᠠᠵᠤ ᠠᠬᠤᠢ ᠶᠢᠨ  ᠪᠠᠭᠤᠷᠠᠯᠲᠠ ᠶᠢᠨ  ᠳᠠᠷᠤᠯᠲᠠ ᠥᠷᠭᠦᠯᠵᠢᠯᠡᠨ ᠨᠡᠮᠡᠭᠳᠡᠵᠦ᠂  ︽ᠭᠤᠷᠪᠠᠨ ᠬᠤᠭᠤᠴᠠᠭᠠᠨ︾ ᠤ ᠳᠠᠪᠬᠤᠴᠠᠭ᠎ᠠ ᠨᠡᠮᠡᠯᠲᠡ ᠥᠷᠭᠦᠯᠵᠢᠯᠡᠨ ᠭᠦᠨᠵᠡᠭᠡᠶᠢᠷᠡᠬᠦ ᠨᠦᠭᠦᠴᠡᠯ ᠳᠣᠣᠷ᠎ᠠ᠂ 2016 ᠣᠨ ᠳᠤ ᠡᠶᠢᠮᠦᠷᠬᠦ ᠠᠮᠵᠢᠯᠲᠠ ᠣᠯᠤᠭᠰᠠᠨ ᠨᠢ ᠬᠢᠯᠪᠠᠷ ᠪᠢᠰᠢ ᠶᠤᠮ᠂ ᠡᠨᠡ ᠪᠣᠯ ᠬᠤᠰᠢᠭᠤᠨ ᠤ ᠨᠠᠮ ᠤᠨ  ᠬᠤᠷᠢᠶᠠᠨ ᠤ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠤᠯᠭ᠎ᠠ᠂ ᠵᠦᠪ ᠣᠨᠣᠪᠴᠢᠲᠠᠢ ᠤᠳᠤᠷᠢᠳᠤᠯᠭ᠎ᠠ   ᠶᠢᠨ ᠦᠷ᠎ᠡ ᠳ᠋ᠦᠩ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠵᠢᠴᠢ ᠪᠠᠶᠢᠩᠭᠤ ᠶᠢᠨ ᠬᠤᠷᠢᠶ᠎ᠠ ᠂ ᠬᠤᠰᠢᠭᠤᠨ ᠤ ᠤᠯᠤᠰ ᠲᠦᠷᠦ ᠵᠦᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ  ᠬᠠᠷᠢᠭᠤᠴᠠᠯᠭ᠎ᠠ ᠪᠠᠨ ᠭᠦᠢᠴᠡᠳᠭᠡᠵᠦ ᠬᠢᠨᠠᠯᠲᠠ ᠳᠠᠯᠪᠢᠵᠤ᠂  ᠬᠦᠴᠦᠲᠠᠢ ᠳᠡᠮᠵᠢᠭᠰᠡᠨ ᠤ ᠦᠷ᠎ᠡ ᠳ᠋ᠦᠩ ᠶᠤᠮ᠂ ᠪᠦᠬᠦ ᠬᠤᠰᠢᠭᠤᠨ ᠤ ᠺᠠᠳ᠋ᠷ ᠣᠯᠠᠨ ᠲᠦᠮᠡᠨ ᠤ ᠤᠶᠤᠨ ᠬᠦᠴᠦᠨ ᠢᠶᠠᠨ ᠡᠷᠭᠦᠵᠦ᠂ ᠯᠠᠪᠳᠠᠭᠤᠨ ᠪᠠᠲᠤᠲᠠᠢ ᠴᠢᠷᠮᠠᠶᠢᠭᠰᠠᠨ ᠤ ᠦᠷ᠎ᠡ ᠳ᠋ᠦᠩ ᠶᠤᠮ᠃ ᠠᠳᠡ ᠪᠢ ᠬᠤᠰᠢᠭᠤᠨ ᠤ ᠵᠠᠰᠠᠭ ᠤᠨ ᠣᠷᠳᠤᠨ ᠢ ᠲᠦᠯᠦᠭᠡᠯᠡᠵᠦ᠂ ᠪᠦᠬᠦ ᠬᠤᠰᠢᠭᠤᠨ ᠤ  ᠠᠷᠠᠳ ᠣᠯᠠᠨ ᠂ ᠠᠷᠠᠳ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ᠂ ᠠᠣᠬᠠᠨ ᠬᠤᠰᠢᠭᠤᠨ ᠤ ᠥᠭᠡᠷᠡᠴᠢᠯᠡᠯᠲᠠ ᠨᠡᠬᠡᠭᠡᠯᠲᠡ ᠪᠣᠯᠤᠨ ᠣᠳᠤᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ  ᠬᠠᠯᠠᠮᠵᠢᠯᠠᠵᠤ ᠳᠡᠮᠵᠢᠵᠤ ᠣᠷᠤᠯᠴᠠᠭᠰᠠᠨ ᠨᠦᠬᠦᠳ᠂ ᠨᠠᠶᠢᠵᠢ ᠨᠠᠷ ᠲᠤ ᠴᠢᠩ ᠰᠡᠳᠭᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠨᠢᠭᠡ ᠵᠢᠯ ᠤᠨ ᠠᠵᠢᠯ ᠢᠶᠠᠨ ᠡᠷᠭᠢᠴᠡᠭᠦᠯᠭᠦ ᠳᠤ᠂ ᠬᠥᠭᠵᠢᠯᠲᠡ ᠶᠢᠨ ᠳᠤᠮᠳᠠ ᠣᠷᠤᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠤ ᠬᠥᠩᠬᠡᠪᠴᠢᠯᠡᠵᠦ ᠪᠣᠯᠣᠰᠢ ᠦᠭᠡᠢ᠃ ᠨᠢᠭᠡ ᠬᠥᠭᠵᠢᠯᠲᠡ ᠶᠢᠨ ᠬᠡᠯᠪᠡᠷᠢ ᠶᠢᠨ ᠬᠦᠷᠦᠯᠴᠡᠬᠦ ᠦᠭᠡᠢ ᠲᠠᠯ᠎ᠠ ᠣᠯᠠᠨ᠃ ᠪᠦᠬᠦ ᠬᠤᠰᠢᠭᠤᠨ ᠤ ᠠᠵᠤ ᠠᠬᠤᠢ ᠶᠢᠨ ᠶᠡᠷᠥᠩᠬᠡᠢ ᠬᠡᠮᠵᠢᠶ᠎ᠡ ᠪᠠᠭ᠎ᠠ᠂ ᠬᠥᠭᠵᠢᠯᠲᠡ ᠶᠢᠨ ᠬᠤᠷᠳᠤᠴᠠ ᠨᠢ ᠣᠳᠠᠭᠠᠨ᠂ ᠠᠵᠤ ᠦᠢᠯᠡᠰ ᠤᠨ ᠳᠡᠰ ᠳᠠᠪᠬᠤᠷᠭ᠎ᠠ ᠳᠣᠣᠷ᠎ᠠ᠂  ᠬᠤᠳᠠ ᠪᠠᠯᠭᠠᠰᠤᠵᠢᠯᠲᠠ ᠬᠡᠮᠵᠢᠶ᠎ᠡ ᠳᠣᠣᠷ᠎ᠠ᠂ ᠴᠢᠨᠡᠭᠡᠯᠢᠭ ᠨᠡᠶᠢᠭᠡᠮ ᠤᠨ ᠬᠡᠮᠵᠢᠶ᠎ᠡ ᠳᠣᠣᠷ᠎ᠠ᠂ ᠵᠡᠷᠭᠡᠯᠳᠡᠭᠡ ᠬᠤᠰᠢᠭᠤ ᠰᠢᠶᠠᠨ  ᠲᠠᠢ ᠠᠳᠠᠯᠢᠳᠬᠠᠪᠠᠯ᠂ ᠡᠯ᠎ᠡ ᠬᠥᠷᠢᠶ᠎ᠡ ᠬᠡᠪᠴᠢᠶᠡᠨ ᠤ ᠭᠤᠣᠯ ᠭᠦᠢᠴᠡᠳᠭᠡᠯ ᠲᠤᠭ᠎ᠠ ᠨᠢ ᠪᠠᠰᠠ ᠵᠣᠬᠢᠬᠤ ᠬᠡᠮᠵᠢᠶᠡᠨ ᠤ ᠵᠦᠷᠢᠶᠡᠨ ᠲᠠᠢ︔ ᠬᠤᠶᠠᠷ ᠭᠤᠣᠯᠳᠠᠯᠭ᠎ᠠ ᠲᠠᠢ ᠡᠳ᠋ ᠮᠥᠩᠬᠦᠨ ᠤ ᠢᠷᠡᠯᠲᠡ ᠪᠠᠭ᠎ᠠ᠃ ᠭᠤᠷᠪᠠ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠬᠠᠳᠠᠭᠤᠵᠢᠯᠲᠠᠢ᠃  ᠳᠦᠷᠪᠡ ᠠᠮᠢ ᠠᠬᠤᠢ ᠶᠢᠨ ᠪᠠᠬᠢᠵᠢᠯᠡᠯᠲᠡ ᠭᠦᠴᠢᠷ᠃ ᠲᠠᠪᠤ ᠡᠳ᠋  ᠤᠨ ᠵᠠᠰᠠᠭ ᠤᠨ ᠳᠠᠷᠤᠭᠠᠰᠤ ᠶᠡᠭᠡ᠃ ᠵᠢᠷᠭᠤᠭ᠎ᠠ ᠲᠠᠷᠢᠶᠠᠴᠢᠨ ᠮᠠᠯᠴᠢᠳ ᠤᠨ ᠵᠣᠬᠢᠶᠠᠨ ᠪᠠᠶᠢᠭᠤᠯᠤᠯᠲᠠ ᠶᠢᠨ ᠬᠡᠮᠵᠢᠶ᠎ᠡ ᠳᠣᠣᠷ᠎ᠠ᠃ ᠡᠳᠡᠭᠡᠷ ᠠᠰᠠᠭᠤᠳᠠᠯ   ᠢ ᠪᠢᠳᠡ ᠡᠷᠬᠡᠪᠰᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂  ᠥᠷᠭᠦᠯᠵᠢᠯᠡᠨ ᠴᠢᠷᠮᠠᠶᠢᠵᠤ ᠪᠦᠬᠦ ᠬᠦᠴᠦᠨ ᠢᠶᠠᠷ ᠢᠶᠠᠨ ᠰᠢᠢᠳᠪᠦᠷᠢᠯᠡᠬᠦ ᠬᠡᠷᠡᠭᠲᠡᠢ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号