ᠨᠢᠭᠡ ᠳᠤ᠂ ᠶᠡᠷᠦᠩᠬᠡᠶ ᠬᠡᠮᠵᠢᠶ᠎ᠡ ᠶᠢᠨ ᠬᠢᠨᠠᠨ ᠵᠥᠪᠰᠢᠶᠡᠷᠡᠬᠦ ᠠᠵᠢᠯ ᠢ ᠴᠢᠩᠭᠠᠳᠬᠠᠪᠠ᠃ ᠪᠦᠭᠦ | ᠬᠤᠰᠢᠭᠤᠨ ᠤ ᠪᠣᠬᠢᠷᠲᠤᠯ ᠪᠣᠳᠠᠰ ᠤᠨ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢᠨ ᠭᠦᠢᠴᠡᠳᠭᠡᠯ ᠲᠤᠭ᠎ᠠ ᠶᠢᠨ | ᠰᠢᠨ᠎ᠡ ᠨᠡᠮᠡᠭᠳᠡᠯ ᠵᠢᠴᠢ ᠦᠯᠡᠳᠡᠪᠦᠷᠢ ᠬᠡᠮᠵᠢᠭᠳᠡᠬᠦᠨ ᠤ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠵᠣᠬᠢᠰᠲᠠᠶ | ᠬᠤᠪᠢᠶᠠᠷᠢᠯᠠᠪᠠ᠃ ᠡᠭᠦᠨ ᠤ ᠬᠠᠮᠲᠤ ᠪᠣᠬᠢᠷᠲᠤᠯ ᠤᠨ ᠡᠬᠢ ᠶᠢ ᠰᠦᠯᠵᠢᠶᠡᠨ ᠳᠡᠭᠡᠷ᠎ᠡ ᠠᠴᠠ ᠬᠢᠨᠠᠨ ᠬᠡᠮᠵᠢᠬᠦ ᠲᠣᠨᠤᠭ | ᠲᠥᠬᠦᠭᠡᠷᠦᠮᠵᠢ ᠶᠢᠨ ᠠᠵᠢᠯᠯᠠᠭᠠᠨ ᠢ ᠬᠢᠨᠠᠨ ᠬᠠᠮᠢᠶᠠᠷᠬᠤ ᠶᠢ ᠴᠢᠩᠭᠠᠳᠬᠠᠵᠤ᠂ ᠪᠣᠬᠢᠷᠲᠤᠯ ᠪᠣᠳᠠᠰ ᠢ ᠳᠤᠭᠲᠠᠪᠤᠷᠢᠲᠠᠢ | ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠪᠡᠶᠡᠯᠡᠭᠦᠯᠪᠡ᠃ ᠵᠢᠯ ᠤᠨ ᠳᠣᠲᠤᠷ᠎ᠠ ᠨᠡᠶᠢᠲᠡ47.041 | ᠲᠣᠨ ᠬᠦᠬᠦᠷ ᠤᠨ ᠳᠠᠪᠬᠤᠷ ᠢᠰᠦᠯ᠂ 53.152 ᠲᠣᠨ ᠠᠽᠣᠲ ᠤᠨ ᠢᠰᠦᠮᠡᠭ᠂ 59.06 ᠲᠣᠨ ᠬᠢᠮᠢ ᠶᠢᠨ | ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ ᠂ 7.175 ᠲᠣᠨ ᠰᠢᠪᠲᠦᠷᠲᠦ ᠠᠽᠣᠲ ᠢ ᠬᠢᠨᠠᠨ ᠵᠦᠪᠰᠢᠶᠡᠷᠡᠪᠡ᠃ | ᠬᠤᠶᠠᠷ ᠲᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠪᠠ᠃ ᠪᠣᠬᠢᠷᠲᠤᠯ ᠢ ᠰᠡᠷᠭᠡᠶᠢᠯᠡᠨ | ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠶᠡᠷᠦᠩᠬᠡᠶ ᠱᠠᠭᠠᠷᠳᠠᠯᠭ᠎ᠠ ᠶᠣᠰᠣᠭᠠᠷ᠂ ᠪᠠᠶᠢᠰᠢᠩ ᠬᠡᠷ ᠤᠨ | ᠲᠣᠭᠤᠷᠢᠭ ᠤᠨ ᠰᠠᠭᠤᠭᠠᠯᠢ ᠠᠷᠠᠳ ᠤᠨ ᠨᠡᠭᠦᠷᠡᠰᠦ ᠰᠢᠲᠠᠭᠠᠬᠤ ᠵᠤᠤᠬ᠎ᠠ ᠶᠢ ᠴᠡᠪᠡᠷᠵᠢᠭᠦᠯᠦᠭᠰᠡᠨ ᠥᠭᠡᠷᠡᠴᠢᠯᠡᠬᠦ ᠶᠢ | ᠦᠷᠭᠦᠯᠵᠢᠯᠡᠨ ᠥᠷᠨᠢᠭᠦᠯᠵᠦ᠂ 2 ᠨᠡᠶᠢᠭᠡᠮ ᠲᠣᠭᠤᠷᠢᠭ ᠤᠨ 1000 ᠡᠷᠤᠭᠡ ᠶᠢᠨ ᠰᠠᠭᠤᠭᠠᠯᠢ ᠠᠷᠠᠳ ᠲᠤ ᠡᠨᠧᠷᠭᠢ | ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠨᠡᠭᠦᠷᠡᠰᠦ ᠰᠢᠲᠠᠭᠠᠬᠤ ᠵᠣᠤᠬ᠎ᠠ ᠰᠣᠯᠢᠨ ᠦᠭᠴᠦ᠂ 15 ᠲᠣᠨ | ᠨᠡᠭᠦᠷᠡᠰᠦ ᠠᠷᠪᠢᠯᠠᠬᠤ ᠪᠣᠯᠵᠤ᠂ 25.5 ᠲᠣᠨ ᠬᠦᠬᠦᠷ ᠤᠨ ᠳᠠᠪᠬᠤᠷ ᠢᠰᠦᠯ᠂ 4.41ᠲᠣᠨ ᠠᠽᠣᠲ ᠤᠨ | ᠢᠰᠦᠯ᠂ 61.8 ᠲᠣᠨ ᠤᠲᠤᠭ᠎ᠠ ᠲᠣᠭᠤᠰᠣ ᠶᠢᠨ ᠭᠠᠳᠠᠭᠰᠢᠯᠠᠭᠤᠯᠤᠯᠲᠠ ᠶᠢ ᠪᠠᠭᠠᠰᠬᠠᠪᠠ᠃ 7 ᠪᠠᠶᠢᠭᠤᠯᠤᠯᠳᠤ | ᠲᠣᠰᠬᠤᠨ ᠳᠤ ᠠᠮᠢᠳᠤᠷᠠᠯ ᠤᠨ ᠬᠤᠭ ᠨᠣᠪᠰᠢ᠂ ᠮᠠᠯ ᠵᠢᠭᠦᠷᠲᠡᠨ ᠤ ᠪᠠᠭᠠᠰᠤ ᠰᠢᠭᠡᠰᠦ᠂ ᠠᠮᠢᠳᠤᠷᠠᠯ ᠤᠨ ᠪᠣᠬᠢᠷ | ᠤᠰᠤ ᠪᠠ ᠠᠶᠤᠯᠭᠦᠶ ᠤᠤᠭᠤᠬᠤ ᠣᠰᠣᠨ ᠤ ᠢᠨᠵᠧᠨᠧᠷᠢᠩ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ | ᠦᠷᠨᠢᠭᠦᠯᠪᠡ᠃ | ᠭᠤᠷᠪᠠ ᠳᠤ᠂ ᠣᠷᠴᠢᠨ ᠲᠣᠭᠤᠷᠢᠨ ᠤ ᠬᠢᠨᠠᠨ ᠪᠠᠶᠢᠴᠠᠭᠠᠯᠲᠠ ᠶᠢᠨ ᠠᠵᠢᠯ ᠢ ᠴᠢᠩᠭᠠᠳᠬᠠᠪᠠ᠃ ︽ᠡᠬᠢ | ᠡᠭᠦᠰᠦᠯ ᠠᠴᠠ ᠨᠢ ᠴᠢᠩᠭ᠎ᠠ ᠬᠢᠵᠠᠭᠠᠷᠯᠠᠵᠤ᠂ ᠶᠠᠪᠤᠴᠠ ᠶᠢ ᠴᠢᠩᠭ᠎ᠠ ᠬᠠᠮᠢᠶᠠᠷᠬᠤ᠂ ᠦᠷ᠎ᠡ ᠳ᠋ᠦᠩ ᠢ ᠴᠢᠩᠭ᠎ᠠ | ᠶᠠᠯᠠᠯᠠᠬᠤ︾ ᠶᠢᠨ ᠱᠠᠭᠠᠷᠳᠠᠯᠭ᠎ᠠ ᠶᠣᠰᠤᠭᠠᠷ᠂ ᠰᠣᠭᠤᠴᠠᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠦᠨ | ᠨᠠᠶᠢᠳᠠᠪᠤᠷᠢᠵᠢᠭᠤᠯᠵᠤ᠂ ᠡᠳᠦᠷ ᠲᠤᠳᠤᠮ ᠤᠨ ᠪᠠᠶᠢᠴᠠᠭᠠᠯᠲᠠ᠂ ᠲᠥᠪᠯᠡᠷᠡᠭᠦᠯᠦᠨ ᠪᠠᠶᠢᠴᠠᠭᠠᠬᠤ᠂ ᠲᠤᠰᠬᠠᠶ | ᠪᠠᠶᠢᠴᠠᠭᠠᠬᠤ᠂ ᠲᠦᠭᠰᠢᠭᠦᠷᠢ ᠶᠢᠨ ᠳᠠᠯᠳᠠ ᠬᠡᠮ ᠢ ᠳᠠᠷᠠᠭᠠᠯᠠᠨ ᠪᠠᠶᠢᠴᠠᠭᠠᠬᠤ ᠵᠡᠷᠭᠡ ᠤᠯᠠᠨ ᠵᠦᠢᠯ ᠤᠨ ᠠᠷᠭ᠎ᠠ | ᠬᠡᠮᠵᠢᠶ᠎ᠡ ᠠᠪᠴᠤ᠂ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠪᠡ᠃ 2018 ᠣᠨ ᠳᠤ᠂ ᠪᠦᠭᠦ ᠬᠤᠰᠢᠭᠤᠨ ᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠥᠭᠬᠦ | ᠬᠡᠷᠡᠭ 59 ᠬᠤᠪᠢ ᠲᠠᠷᠬᠠᠭᠠᠵᠤ᠂ 85.61 ᠲᠦᠮᠡᠨ ᠲᠦᠭᠦᠷᠢᠭ ᠤᠨ ᠵᠣᠭᠤᠰ ᠢᠶᠠᠷ ᠲᠣᠷᠭᠠᠪᠠ ᠃ |