| | 2018 ᠣᠨ ᠤ 3 ᠰᠠᠷ᠎ᠠ ᠤᠨ 8 ᠤ ᠡᠳᠦᠷ ᠤᠨ ᠠᠣᠬᠠᠨ ᠬᠤᠰᠢᠭᠤᠨ ᠤ | ᠠᠷᠪᠠᠨ ᠳᠣᠯᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠬᠤᠰᠢᠭᠤᠨ ᠳᠠᠷᠤᠭ᠎ᠠ | ᠢᠦᠢ ᠪᠣᠣ ᠵᠢᠶᠦ᠋ᠨ | ᠲᠦᠯᠦᠭᠡᠯᠡᠭᠴᠢᠳ ᠡ᠄ | ᠤᠳᠤ ᠪᠢ ᠬᠤᠰᠢᠭᠤᠠ ᠤ ᠠᠷᠠᠳ ᠤᠨ ᠵᠠᠰᠠᠭ ᠤᠨ ᠤᠷᠳᠤᠠ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ | ᠮᠠᠳᠠᠬᠦᠯᠤᠯᠳᠠ ᠬᠢᠶ᠎ᠡ᠂ ᠬᠢᠨᠠᠠ ᠵᠥᠪᠯᠠᠬᠦ ᠪᠤᠯᠪᠠᠤ᠂ ᠬᠤᠰᠢᠭᠤᠨ ᠤ ᠤᠯᠤᠰ ᠲᠥᠷᠤ ᠶᠢᠨ ᠵᠥᠪᠯᠠᠯᠭᠡᠠ ᠤ ᠭᠡᠰᠢᠭᠦᠨ | ᠪᠣᠯᠤᠨ ᠬᠤᠷᠠᠯ ᠳᠤ ᠰᠤᠯᠠ ᠣᠷᠤᠯᠴᠠᠭᠰᠠᠨ ᠨᠦᠬᠦᠳ ᠰᠠᠨᠠᠯ ᠢᠶᠠᠨ ᠳᠡᠪᠰᠢᠭᠦᠯᠬᠦ ᠪᠤᠯᠪᠠᠤ ᠃ | ᠨᠢᠭᠡ ᠂ 2017 ᠣᠨ ᠤ ᠠᠵᠢᠯ ᠤᠨ ᠲᠤᠬᠠᠶ ᠡᠷᠭᠢᠴᠡᠭᠦᠯᠦᠯ | ᠨᠢᠭᠡ ᠵᠢᠯ ᠤᠨ ᠲᠤᠷᠰᠢ᠂ ᠬᠤᠰᠢᠭᠤᠨ ᠤ ᠨᠠᠮ ᠤᠨ ᠬᠤᠷᠢᠶᠠᠨ ᠤ ᠵᠦᠪ ᠤᠳᠤᠷᠢᠳᠤᠯᠭ᠎ᠠ ᠳᠣᠣᠷ᠎ᠠ᠂ | ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠬᠢᠨᠠᠯᠲᠠ | ᠳᠡᠮᠵᠢᠯᠭᠡ ᠳᠣᠣᠷ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠪᠦᠬᠦ ᠬᠤᠰᠢᠭᠤᠨ ᠤ ᠡᠯ᠎ᠡ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ ᠪᠥᠬᠦ ᠬᠦᠴᠦᠨ ᠢᠶᠠᠷ ᠢᠶᠠᠨ | ᠨᠡᠮᠡᠭᠳᠡᠯ ᠢ ᠲᠣᠭᠲᠠᠪᠤᠷᠢᠵᠢᠭᠤᠯᠤᠨ᠂ ᠪᠦᠲᠦᠴᠡ ᠶᠢ ᠲᠣᠬᠢᠷᠠᠭᠤᠯᠤᠨ᠂ ᠰᠠᠭᠤᠷᠢ ᠶᠢ ᠪᠠᠬᠢᠵᠢᠭᠦᠯᠦᠨ᠂ ᠠᠷᠠᠳ ᠤᠨ | ᠠᠮᠢᠳᠤᠷᠠᠯ ᠳᠤ ᠠᠰᠢᠭ ᠬᠥᠷᠲᠡᠭᠡᠵᠦ᠂ ᠠᠵᠤ ᠠᠬᠤᠶ ᠨᠡᠶᠢᠭᠡᠮ ᠤᠨ ᠲᠣᠭᠲᠠᠭᠤᠨ ᠡᠷᠡᠭᠦᠯ ᠢᠶᠠᠷ ᠬᠥᠭᠵᠢᠬᠦ ᠶᠢ | ᠠᠬᠢᠭᠤᠯᠤᠭᠰᠠᠨ ᠪᠠᠶᠢᠨ᠎ᠠ᠃ ᠪᠦᠭᠦ ᠬᠤᠰᠢᠭᠤᠨ ᠤ ᠭᠠᠵᠠᠷ ᠣᠷᠤᠨ ᠤ ᠦᠢᠯᠡᠳᠪᠦᠷᠢᠯᠡᠯ ᠤᠨ ᠶᠡᠷᠥᠩᠬᠡᠢ ᠥᠷᠲᠡᠭ | ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 4 % ᠪᠠᠷ ᠨᠡᠮᠡᠭᠳᠡᠪᠡ︔ 500 ᠲᠦᠮᠡᠨ ᠲᠥᠭᠦᠷᠢᠭ ᠠᠴᠠ | ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ ᠥᠩᠭᠡᠷᠡᠭᠰᠡᠨ ᠤ ᠠᠳᠠᠯᠢ | ᠬᠤᠭᠤᠴᠠᠭᠠᠨ ᠤ ᠬᠢ ᠠᠴᠠ 7.6% ᠪᠠᠷ ᠨᠡᠮᠡᠭᠳᠡᠪᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ | ᠣᠷᠣᠯᠭ᠎ᠠ 4.45 ᠳ᠋ᠥᠩᠰᠢᠭᠤᠷ ᠲᠥᠭᠦᠷᠢᠭ︔ ᠪᠦᠬᠦ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ | ᠬᠤᠳᠠᠯᠳᠤᠭᠰᠠᠨ ᠪᠦᠬᠦ ᠲᠤᠭ᠎ᠠ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 8.4% ᠨᠡᠮᠡᠭᠳᠡᠪᠡ︔ | ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ | ᠳᠤᠮᠳᠠᠴᠢ ᠣᠷᠣᠯᠭ᠎ᠠ ᠨᠢ ᠲᠤᠰ ᠲᠤᠰ 26275 ᠲᠥᠭᠦᠷᠢᠭ ᠪᠠ10221 ᠲᠥᠭᠦᠷᠢᠭ ᠬᠦᠷᠴᠦ᠂ | ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 8.6% ᠪᠠ 8.8% ᠨᠡᠮᠡᠭᠳᠡᠪᠡ ᠃ | ︵ᠨᠢᠭᠡ︶ ᠶᠠᠳᠠᠭᠤ ᠠᠴᠠ ᠠᠩᠭᠢᠵᠢᠷᠠᠭᠤᠯᠬᠤ ᠪᠡᠷᠬᠡ ᠶᠢ ᠳᠠᠪᠠᠭ᠋ᠤ ᠠᠵᠢᠯ ᠳᠤᠪᠤᠶᠢᠮ᠎ᠠ ᠠᠮᠵᠢᠯᠲᠠ ᠤᠯᠪᠠ | ᠶᠠᠳᠠᠭᠤ ᠶᠢ ᠲᠡᠳᠬᠦᠬᠦ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠪᠡ᠃ ᠬᠥᠳᠡᠯᠦᠩᠭᠦᠶ ᠬᠠᠮᠢᠶᠠᠷᠤᠯᠲᠠ ᠨᠢ | ᠭᠡᠪᠰᠢᠵᠢᠯᠳᠡ ᠶᠢ ᠪᠡᠶᠡᠯᠡᠭᠦᠯᠵᠦ᠂ 6040 ᠶᠠᠳᠠᠭᠤ ᠬᠦᠴᠢᠷᠳᠡᠯᠲᠡᠶ ᠬᠥᠮᠦᠨ ᠠᠮᠠ ᠶᠢ ᠰᠢᠨ᠎ᠡ ᠪᠠᠷ ᠢᠯᠭᠠᠨ ᠲᠠᠨᠢᠵᠤ | ᠂ 4891 ᠨᠥᠬᠦᠴᠡᠯ ᠳᠤ ᠥᠯᠥ ᠨᠡᠶᠢᠴᠡᠬᠦ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠳᠠᠩᠰᠠ ᠶᠢ ᠦᠭᠡᠶᠢᠰᠭᠡᠪᠡ | ᠃ ᠶᠠᠳᠠᠭᠤ ᠶᠢ ᠬᠠᠪᠰᠤᠷᠤᠨ ᠲᠡᠳᠬᠦᠬᠦ ᠠᠵᠢᠯ ᠢ ᠳᠦᠷᠢᠮᠵᠢᠭᠦᠯᠵᠦ᠂ ᠲᠥᠪ ᠤᠨ ᠰᠢᠭᠤᠳ ᠬᠠᠷᠢᠶ᠎ᠠ | ᠪᠠᠶᠢᠭᠤᠯᠤᠯᠭ᠎ᠠ ᠶᠢᠨ ᠬᠠᠪᠰᠤᠷᠤᠨ ᠲᠡᠳᠬᠦᠬᠦ ᠴᠡᠭ ᠲᠣᠭᠲᠠᠭᠠᠨ᠂ ᠪᠡᠭᠡᠵᠢᠩ ᠥᠪᠥᠷ ᠮᠣᠩᠭᠤᠯ ᠤᠨ ᠠᠵᠢᠯ | ᠲᠦᠷᠦᠯ ᠢᠶᠠᠷ ᠢᠶᠠᠨ ᠬᠠᠪᠰᠤᠷᠤᠨ ᠲᠡᠳᠬᠦᠬᠦ᠂ ᠣᠷᠣᠨ ᠬᠤᠳᠠ ᠬᠤᠶᠠᠷ ᠱᠠᠲᠤᠨ ᠤ ᠬᠠᠪᠰᠤᠷᠤᠨ ᠲᠡᠳᠬᠦᠬᠦ᠂ | ᠬᠤᠰᠢᠭᠤ ᠰᠢᠶᠠᠩ ᠭᠠᠴᠠᠭ᠎ᠠ ᠭᠤᠷᠪᠠᠨ ᠱᠠᠲᠤᠨ ᠤ ᠬᠠᠪᠰᠤᠷᠤᠨ ᠲᠡᠳᠬᠦᠬᠦ ᠠᠵᠢᠯ ᠢ ᠳᠣᠭᠲᠠᠭᠤᠨ ᠪᠠᠲᠤᠲᠠᠶ | ᠥᠷᠨᠢᠭᠦᠯᠵᠦ᠂ 231 ᠨᠡᠷᠡᠰ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠤᠷᠳᠤ ᠬᠤᠭᠤᠴᠠᠭ᠎ᠠ ᠪᠠᠷ | ᠲᠣᠰᠬᠤᠨ ᠳᠤ ᠰᠠᠭᠤᠪᠠ᠃ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠨᠡᠩ ᠨᠠᠷᠢᠯᠢᠭ ᠣᠨᠤᠪᠴᠢᠲᠠᠢ ᠪᠣᠯᠭᠠᠪᠠ᠃ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠦᠷᠦᠯ ᠵᠦᠢᠯ ᠨᠢ 1.2 1ᠲᠦᠮᠡᠨ ᠶᠠᠳᠠᠭᠤ ᠬᠦᠴᠢᠷᠳᠡᠯᠲᠡᠶ ᠤᠯᠠᠨ | ᠲᠦᠮᠡᠨ ᠢ ᠬᠠᠪᠰᠤᠷᠤᠨ ᠣᠷᠣᠯᠭ᠎ᠠ ᠶᠢ ᠨᠢ ᠲᠣᠭᠲᠠᠭᠤᠨ ᠨᠡᠮᠡᠭᠳᠡᠭᠦᠯᠵᠦ︔7 ᠰᠢᠶᠠᠩ ᠪᠠᠯᠭᠠᠰᠤᠨ ᠳᠤ 1300 | ᠬᠥᠮᠦᠨ ᠠᠮᠠ ᠶᠢ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠡᠭᠦᠷᠭᠡ ᠶᠢ ᠪᠡᠶᠡᠯᠡᠭᠦᠯᠵᠦ︔ 6800 | ᠡᠷᠦᠬᠡ ᠳᠤ 1.28 ᠲᠦᠮᠡᠨ ᠬᠥᠮᠦᠨ ᠳᠤ ᠠᠮᠢ ᠠᠬᠤᠶ ᠶᠢᠨ ᠨᠥᠬᠦᠪᠥᠷᠢ ᠣᠯᠭᠤᠬᠤ ᠪᠠᠷ ᠶᠠᠳᠠᠭᠤ ᠶᠢ ᠲᠡᠳᠬᠦᠬᠦ ᠶᠢ | ᠪᠦᠷᠬᠦᠵᠦ︔ 7804 ᠨᠡᠷᠡᠰ ᠶᠠᠳᠠᠭᠤ ᠬᠦᠴᠢᠷᠳᠡᠯᠲᠡᠶ ᠰᠤᠷᠤᠭᠴᠢᠳ ᠢ ᠰᠤᠷᠭᠠᠨ ᠬᠥᠮᠦᠵᠢᠯ ᠢᠶᠠᠷ ᠶᠠᠳᠠᠭᠤ ᠶᠢ | ᠲᠡᠳᠬᠦᠬᠦ ᠪᠠᠷ ᠲᠣᠰᠠᠯᠠᠵᠤ︔ ᠤᠳᠠᠭᠠᠨ ᠴᠢᠨᠠᠷᠲᠠᠶ ᠡᠪᠡᠳᠴᠢᠨ ᠤ ᠵᠠᠮᠴᠢᠯᠠᠯᠲᠠ ᠶᠢᠨ ᠬᠠᠮᠢᠶᠠᠷᠤᠯᠳᠠ᠂ | ᠡᠮᠴᠢᠯᠡᠭᠡ ᠪᠠᠷ ᠠᠪᠤᠷᠠᠨ ᠲᠤᠰᠠᠯᠠᠬᠤ ᠂ ᠶᠡᠭᠡ ᠡᠪᠡᠳᠴᠢᠨ ᠤ ᠶᠠᠳᠠᠭᠤ ᠶᠢ ᠲᠡᠳᠬᠦᠬᠦ ᠬᠠᠶᠢᠷ᠎ᠠ ᠬᠠᠯᠠᠮᠵᠢ ᠬᠦᠷᠭᠡᠬᠦ | ᠰᠠᠭᠤᠷᠢ ᠮᠥᠩᠬᠦ ᠪᠠᠷ ᠲᠤᠰᠠᠯᠠᠬᠤ ᠳᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠪᠦᠬᠦ ᠠᠷᠠᠳ ᠤᠨ | ᠬᠤᠳᠠᠯᠳᠤᠭ᠎ᠠ ᠪᠠᠷ ᠡᠮᠨᠡᠯᠭᠡ ᠶᠢᠨ ᠳᠠᠭᠠᠳᠬᠠᠯ ᠢ ᠨᠦᠬᠦᠪᠦᠷᠢᠯᠡᠬᠦ ᠶᠢ ᠲᠥᠯᠬᠢᠨ ᠠᠬᠢᠭᠤᠯᠵᠤ ᠪᠠᠶᠢᠭᠠᠳ 1.6 | ᠲᠦᠮᠡᠨ ᠬᠥᠮᠦᠨ ᠳᠤ ᠠᠰᠢᠭ ᠬᠥᠷᠲᠡᠭᠡᠪᠡ᠃ ᠪᠦᠭᠦ ᠬᠤᠰᠢᠭᠤᠨ ᠤ ᠬᠥᠳᠡᠭᠡ ᠲᠣᠰᠬᠤᠨ ᠤ ᠳᠣᠣᠷ᠎ᠠ | ᠪᠠᠲᠤᠯᠠᠭ᠎ᠠ ᠶᠢ ᠡᠳ᠋ᠯᠡᠵᠦ ᠪᠠᠶᠢᠭ᠎ᠠ ᠶᠠᠳᠠᠭᠤ ᠬᠦᠴᠢᠷᠳᠡᠯᠲᠡᠶ ᠬᠥᠮᠦᠨ ᠠᠮᠠ 1.9 ᠲᠦᠮᠡ ᠳᠤ ᠬᠦᠷᠪᠡ᠃ | ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠠᠭᠠᠵᠢᠮ ᠢᠯᠡᠷᠬᠡᠢ ᠪᠣᠯᠪᠠ᠃ 2017 ᠣᠨ ᠤ ᠪᠥᠬᠦ | ᠣᠷᠣᠨ ᠤ ᠠᠩᠬᠠᠳᠤᠭᠠᠷ ᠡᠭᠡᠯᠵᠢ ᠶᠢᠨ ᠶᠠᠳᠠᠭᠤ ᠠᠴᠠ ᠠᠩᠭᠢᠵᠢᠷᠠᠭᠤᠯᠬᠤ ᠪᠡᠷᠬᠡ ᠶᠢ ᠳᠠᠪᠠᠭ᠋ᠤ ᠰᠣᠯᠪᠢᠴᠠᠯ | ᠪᠠᠶᠢᠴᠠᠭᠠᠯᠳᠠ ᠳᠤᠮᠳᠠ ᠳᠤ ᠳᠥᠷᠪᠡᠳᠦᠭᠡᠷ ᠲᠤ ᠣᠷᠣᠵᠠᠶ᠃ ᠪᠦᠭᠦ ᠬᠤᠰᠢᠭᠤᠨ ᠤ 5421 ᠡᠷᠦᠬᠡ᠂ 11441 | ᠬᠥᠮᠦᠨ ᠢ ᠶᠠᠳᠠᠭᠤ ᠠᠴᠠ ᠳᠣᠭᠲᠠᠪᠤᠷᠢᠲᠠᠢ ᠠᠩᠭᠢᠵᠢᠷᠠᠭᠤᠯᠪᠠ᠂ ᠵᠢᠯ ᠤᠨ ᠡᠬᠢᠨ ᠤ ᠲᠥᠯᠥᠪᠯᠡᠭᠡ ᠶᠢᠨ ᠬᠠᠷᠠᠯᠲᠠ ᠶᠢᠨ | 177.7% ᠶᠢ ᠪᠡᠶᠡᠯᠡᠭᠦᠯᠪᠡ᠃ | ︵ᠬᠤᠶᠠᠷ︶ ᠭᠤᠣᠯᠳᠠᠯᠭ᠎ᠠ ᠲᠠᠢ ᠲᠦᠷᠦᠯ ᠵᠦᠢᠯ ᠢ ᠪᠠᠲᠤᠲᠠᠶ ᠠᠬᠢᠭᠤᠯᠪᠠ | ᠪᠡᠯᠡ ᠣᠷᠣᠯᠠᠭᠤᠯᠤᠲᠠ ᠶᠢᠨ ᠬᠡᠪᠴᠢᠶ᠎ᠠ ᠲᠠᠰᠤᠷᠠᠯᠲᠠ ᠦᠭᠡᠶ ᠨᠡᠮᠡᠭᠳᠡᠪᠡ᠃ 5000 ᠲᠦᠮᠡᠨ | ᠲᠥᠭᠦᠷᠢᠭ ᠠᠴᠠ ᠳᠡᠭᠡᠭᠰᠢᠬᠢ ᠪᠡᠯᠡ ᠣᠷᠤᠭᠤᠯᠤᠯᠲᠠ ᠲᠠᠢ 71 ᠲᠦᠷᠦᠯ ᠵᠦᠢᠯ ᠢ ᠬᠡᠷᠡᠭᠵᠢᠭᠦᠯᠵᠦ᠂ 100.3 | ᠳ᠋ᠥᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠲᠦᠷᠦᠯ ᠵᠦᠢᠯ ᠤᠨ ᠴᠢᠨᠠᠷ ᠴᠢᠨᠰᠠᠭ᠎ᠠ ᠨᠢ | ᠢᠯᠡᠳᠲᠡ ᠳᠡᠭᠡᠭᠰᠢᠯᠡᠪᠡ᠃ ᠴᠢᠯᠦᠭᠡᠲᠦ ᠪᠡᠯᠡ ᠣᠷᠣᠭᠤᠯᠤᠯᠲᠠ ᠶᠢᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ | 47 ᠲᠥᠷᠥᠯ ᠵᠦᠢᠯ ᠢ ᠬᠡᠷᠡᠭᠵᠢᠭᠦᠯᠵᠦ᠂ 87.3 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠪᠡ᠃ ᠲᠦᠷᠦᠯ ᠵᠦᠢᠯ ᠤᠨ ᠬᠠᠳᠠᠭᠠᠯᠠᠮᠵᠢ ᠤᠯᠠᠮ ᠢᠶᠠᠷ ᠲᠡᠭᠦᠯᠳᠡᠷᠵᠢᠪᠡ᠃ ᠤᠯᠤᠰ ᠤᠨ ᠲᠦᠷᠦᠯ ᠵᠦᠢᠯ | ᠤᠨ ᠬᠥᠮᠥᠷᠭᠡ ᠶᠢᠨ ᠭᠤᠷᠪᠠᠨ ᠵᠢᠯ ᠦᠷᠭᠦᠯᠵᠢᠯᠡᠭᠦᠯᠦᠭᠰᠡᠨ ᠬᠡᠷᠡᠭᠯᠡᠬᠦ ᠲᠥᠯᠥᠪᠯᠡᠭᠡ ᠶᠢ ᠬᠡᠷᠡᠭᠵᠢᠭᠦᠯᠵᠦ᠂ 5000 | ᠲᠦᠮᠡᠨ ᠲᠥᠭᠦᠷᠢᠭ ᠠᠴᠠ ᠳᠡᠭᠡᠭᠰᠢᠬᠢ ᠪᠡᠯᠡ ᠣᠷᠤᠭᠤᠯᠤᠯᠲᠠ ᠲᠠᠢ ᠲᠥᠷᠥᠯ ᠵᠦᠢᠯ ᠢ 89 ᠬᠠᠳᠠᠭᠠᠯᠠᠪᠠ᠃ 135 | ᠵᠦᠢᠯ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠢ ᠬᠡᠷᠡᠭᠵᠢᠭᠦᠯᠵᠦ᠂ 82.1ᠳ᠋ᠦᠩᠰᠢᠭᠤᠷ | ᠲᠦᠭᠦᠷᠢᠭ ᠤᠨ ᠪᠡᠯᠡ ᠮᠥᠩᠭᠦ ᠶᠢ ᠪᠣᠳᠠᠳᠠᠶᠢᠵᠢᠭᠤᠯᠪᠠ᠃ ᠡᠭᠦᠨ ᠤ ᠳᠣᠲᠣᠷ᠎ᠠ ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠲᠥᠷᠥᠯ ᠵᠦᠢᠯ 24 ᠪᠠᠶᠢᠵᠤ᠂ 32.7 ᠳ᠋ᠦᠩᠰᠢᠭᠤᠷ ᠲᠦᠭᠦᠷᠢᠭ ᠤᠨ ᠪᠡᠯᠡ ᠮᠥᠩᠭᠦ ᠶᠢ | ᠪᠣᠳᠠᠳᠠᠶᠢᠵᠢᠭᠤᠯᠪᠠ᠃ | ︵ᠭᠤᠷᠪᠠ︶ ᠤᠳᠤ ᠦᠶ᠎ᠡ ᠶᠢᠨ ᠲᠠᠷᠢᠶᠠᠯᠠᠩ ᠤᠨ ᠶᠠᠰᠤ ᠴᠢᠨᠠᠷ ᠦᠷ᠎ᠡ ᠠᠰᠢᠭ ᠢ ᠨᠡᠮᠡᠭᠳᠡᠭᠦᠯᠪᠡ | ᠪᠠᠶᠢᠭᠤᠯᠤᠮᠵᠢ ᠶᠢ ᠪᠠᠶᠢᠭᠤᠯᠤᠨ᠂ ᠡᠵᠡᠩᠨᠡᠯᠲᠡ ᠶᠢᠨ ᠠᠮᠢᠵᠢᠷᠠᠯ ᠤᠨ ᠬᠦᠴᠦᠨ ᠶᠢ ᠢᠯᠡᠳᠲᠡ ᠴᠢᠩᠭᠠᠷᠠᠭᠤᠯᠪᠠ | ᠃ ᠬᠤᠰᠢᠭᠤᠨ ᠳᠡᠰ ᠤᠨ ᠬᠡᠷ ᠪᠦᠯᠢ ᠶᠢᠨ ᠳᠠᠷᠢᠶᠠᠯᠠᠩ ᠤᠨ ᠳᠠᠯᠠᠪᠠᠢ 75 ᠡᠷᠦᠬᠡ ᠶᠢ ᠮᠠᠭᠠᠳᠯᠠᠨ ᠲᠣᠭᠲᠠᠭᠠᠵᠤ᠂ | ᠪᠦᠭᠦ ᠬᠤᠰᠢᠭᠤᠨ ᠤ ᠬᠤᠷᠰᠢᠶᠠᠵᠢᠯ 2602 ᠬᠦᠷᠴᠦ᠂ ᠠᠵᠤ ᠠᠬᠤᠶ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠪᠦᠷᠬᠦᠴᠡ᠂ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ | ᠲᠤᠬᠠᠶ ᠶᠢᠨ ᠭᠠᠵᠠᠷ ᠲᠤᠨᠢ ᠪᠣᠯᠪᠠᠰᠤᠷᠠᠭᠤᠯᠤᠨ ᠬᠤᠪᠢᠷᠠᠭᠤᠯᠬᠤ ᠨᠤᠷᠮ᠎ᠠ ᠪᠠ ᠭᠠᠵᠠᠷ ᠰᠢᠷᠣᠶ ᠶᠢ ᠡᠷᠭᠢᠯᠲᠡ ᠳᠤ | ᠣᠷᠣᠭᠤᠯᠬᠤ ᠨᠤᠷᠮ᠎ᠠ ᠳᠤᠰ ᠪᠦᠷᠢ 46.3%᠂ 57% ᠪᠠ 32.7% ᠬᠦᠷᠪᠡ᠃ ᠰᠠᠭᠤᠷᠢ ᠶᠢ ᠪᠠᠬᠢᠵᠢᠭᠦᠯᠦᠨ᠂ | ᠦᠢᠯᠡᠳᠪᠦᠷᠢᠯᠡᠬᠦ ᠴᠢᠳᠠᠪᠤᠷᠢ ᠶᠢ ᠳᠣᠭᠲᠠᠭᠤᠨ ᠢᠶᠠᠷ ᠳᠡᠭᠡᠭᠰᠢᠯᠡᠭᠦᠯᠪᠡ᠃ 20 ᠲᠦᠮᠡᠨ ᠮᠥ ᠭᠠᠵᠠᠷ ᠰᠢᠷᠣᠶ ᠶᠢ | ᠡᠮᠬᠢᠯᠡᠨ ᠵᠠᠰᠠᠬᠤ ᠠᠵᠢᠯ ᠢ ᠪᠡᠶᠡᠯᠡᠭᠦᠯᠵᠦ᠂ ᠪᠦᠷᠬᠦᠭᠦᠯ ᠤᠨ ᠳᠣᠣᠷ᠎ᠠ ᠳᠤᠰᠤᠯᠭᠠᠨ ᠤᠰᠤᠯᠠᠯᠲᠠ 105 ᠮᠤ᠋ ᠶᠢ | ᠬᠡᠷᠡᠭᠵᠢᠭᠦᠯᠵᠦ᠂ ᠠᠮᠤ ᠪᠤᠳᠠᠭᠠᠨ ᠤ ᠬᠤᠷᠢᠶᠠᠯᠲᠠ 26.2 ᠳ᠋ᠦᠩᠰᠢᠭᠤᠷ ᠵᠢᠩ ᠢ ᠪᠡᠶᠡᠯᠡᠭᠦᠯᠪᠡ᠃ ᠰᠠᠶᠢᠨ | ᠡᠭᠦᠯᠳᠡᠷ ᠤᠨ ᠮᠠᠯ ᠢ ᠦᠷᠡᠵᠢᠭᠦᠯᠵᠦ ᠪᠤᠶᠢᠵᠢᠭᠤᠯᠬᠤ ᠲᠥᠪ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ ᠮᠠᠯ | ᠠᠵᠤ ᠠᠬᠤᠶ ᠶᠢᠨ ᠵᠢᠯ ᠤᠨ ᠮᠠᠯ ᠤᠨ ᠪᠣᠳᠠᠳᠠᠢ ᠲᠤᠭ᠎ᠠ 347 ᠲᠦᠮᠡ ᠬᠦᠷᠴᠦ᠂ 370.2 ᠲᠦᠮᠡ ᠪᠣᠷᠤᠯᠠᠭᠤᠯᠪᠠ | ᠃ ᠲᠠᠷᠢᠶᠠᠯᠠᠩ ᠤᠨ ᠮᠠᠰᠢᠨ ᠤ ᠶᠡᠷᠦᠩᠬᠡᠶ ᠬᠥᠳᠡᠯᠭᠡᠬᠦ ᠬᠦᠴᠦᠨ 71 ᠲᠦᠮᠡᠨ ᠺᠢᠯᠣᠸᠠᠲ ᠬᠦᠷᠴᠦ᠂ | ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠬᠢᠷᠢ ᠬᠡᠮᠵᠢᠶ᠎ᠡ 75 % ᠳᠤ ᠬᠦᠷᠪᠡ᠃ ᠪᠦᠲᠦᠴᠡ ᠶᠢ ᠲᠣᠬᠢᠷᠠᠭᠤᠯᠤᠨ᠂ | ᠠᠵᠤ ᠦᠢᠯᠡᠰ ᠤᠨ ᠪᠠᠶᠢᠷᠢᠰᠢᠭᠤᠯᠤᠯ ᠢ ᠠᠯᠭᠤᠷ ᠰᠢᠯᠢᠳᠡᠭᠵᠢᠭᠦᠯᠪᠡ᠃ ᠲᠠᠷᠢᠮᠠᠯ ᠤᠨ ᠦᠢᠯᠡᠰ ᠤᠨ ᠡᠷᠳᠡᠨᠢ ᠰᠢᠰᠢ | ᠪᠠ ᠰᠢᠰᠢ ᠶᠢ 20 ᠲᠦᠮᠡᠨ ᠮᠤ᠋ ᠪᠠᠭᠠᠰᠬᠠᠵᠤ᠂ ᠪᠦᠳᠦᠭᠦᠯᠢᠭ ᠠᠮᠤ ᠪᠤᠷᠴᠠᠭ ᠪᠠ ᠠᠵᠤ ᠠᠬᠤᠶ ᠶᠢᠨ ᠪᠣᠷᠳᠣᠭᠠᠨ | ᠲᠠᠷᠢᠮᠠᠯ ᠢ 20 ᠲᠦᠮᠡᠨ ᠮᠤ᠋ ᠨᠡᠮᠡᠭᠳᠡᠭᠦᠯᠵᠦ᠂ ᠨᠠᠷᠢᠮᠤ ᠶᠢᠨ ᠳᠠᠷᠢᠬᠤ ᠬᠡᠮᠵᠢᠶ᠎ᠡ 90 ᠲᠦᠮᠡᠨ ᠮᠦ ᠳᠤ ᠬᠦᠷᠴᠠᠢ︔ | ᠲᠡᠵᠢᠭᠡᠨ ᠦᠷᠡᠵᠢᠭᠦᠯᠬᠦ ᠦᠢᠯᠡᠰ ᠤᠨ ᠤᠬᠤᠷ ᠰᠡᠬᠦᠯᠲᠦ ᠦᠯᠴᠢᠷ ᠬᠤᠨᠢ ᠶᠢ 15 ᠲᠦᠮᠡ ᠪᠠᠭᠠᠰᠬᠠᠵᠤ᠂ ᠴᠢᠨᠠᠷ | ᠰᠠᠶᠢᠲᠠᠶ ᠠᠯᠠᠰᠢᠨ ᠬᠤᠨᠢ 30 ᠲᠦᠮᠡ᠂ ᠭᠠᠭ᠋ᠠᠶ 48 ᠲᠦᠮᠡ᠂ ᠠᠯᠠᠰᠢᠨ ᠡᠯᠵᠢᠭᠡ 3.8 ᠲᠦᠮᠡ ᠶᠢ | ᠨᠡᠮᠡᠭᠳᠡᠭᠦᠯᠪᠡ᠃ ᠮᠠᠨ ᠤ ᠬᠤᠰᠢᠭᠤ ᠨᠢ ᠪᠦᠬᠦ ᠤᠯᠤᠰ ᠤᠨ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠶᠢᠨ | ᠶᠡᠭᠡ ᠰᠢᠶᠠᠨ ᠲᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠲᠤᠷᠰᠢᠯᠲᠠ ᠶᠢᠨ ᠰᠢᠶᠠᠨ ᠢᠶᠠᠷ ᠦᠨᠡᠯᠡᠭᠳᠡᠪᠡ︔ ᠤᠢ | ᠰᠢᠭᠤᠢ ᠶᠢᠨ ᠠᠵᠤ ᠦᠢᠯᠡᠰ ᠨᠢ 7.5 ᠲᠦᠮᠡᠨ ᠮᠤ᠋ ᠤᠢ ᠮᠣᠳᠣᠨ ᠤ ᠬᠡᠰᠡᠭᠯᠡᠯ ᠥᠭᠡᠷᠡᠴᠢᠯᠡᠯᠲᠡ ᠪᠠ ᠮᠠᠭᠤᠳᠠᠯ ᠢ | ᠵᠠᠰᠠᠨ ᠰᠡᠷᠭᠦᠭᠡᠬᠦ ᠪᠡᠶᠡᠯᠡᠭᠦᠯᠵᠦ᠂ 2.5 ᠲᠦᠮᠡᠨ ᠮᠤ᠋ ᠬᠠᠶᠢᠯᠠᠷ ᠨᠠᠷᠠᠰᠤ᠂ 3 ᠲᠦᠮᠡᠨ ᠮᠦ ᠰᠡᠩᠳᠡᠩ ᠮᠣᠳᠤ᠂ 2 | ᠲᠦᠮᠡᠨ ᠮᠤ᠋ ᠠᠵᠤ ᠠᠬᠤᠶ ᠶᠢᠨ ᠤᠢ ᠶᠢ ᠰᠢᠨ᠎ᠡ ᠪᠠᠷ ᠨᠡᠮᠡᠭᠳᠡᠭᠦᠯᠵᠦ᠂ 1 ᠲᠦᠮᠡᠨ ᠮᠤ᠋ ᠬᠡᠭᠡᠷ᠎ᠡ ᠶᠢᠨ ᠬᠦᠢᠯᠡᠰᠦ ᠶᠢ | ᠬᠠᠪᠲᠠᠭᠠᠶ ᠬᠦᠢᠯᠡᠰᠦ ᠪᠣᠯᠭᠠᠨ ᠥᠭᠡᠷᠡᠴᠢᠯᠡᠬᠦ ᠪᠠ ᠴᠢᠴᠠᠷᠭᠠᠨ᠎ᠠ ᠶᠢ ᠰᠠᠶᠢᠵᠢᠷᠠᠭᠤᠯᠤᠭᠰᠠᠨ ᠪᠣᠶᠢᠵᠢᠭᠤᠯᠪᠠ᠃ | ᠨᠡᠷᠡᠲᠦ ᠳᠡᠮᠳᠡᠭᠲᠦ ᠶᠢ ᠡᠭᠦᠳᠦᠨ᠂ ᠣᠷᠣᠨ ᠪᠦᠰᠡ ᠶᠢᠨ ᠣᠨᠴᠠᠯᠢᠭᠲᠤ ᠦᠷᠭᠦᠯᠵᠢᠯᠡᠨ ᠲᠣᠳᠤᠷᠠᠪᠠ᠃ | ︵ᠳᠦᠷᠪᠡ︶ ᠠᠵᠤ ᠦᠢᠯᠡᠳᠪᠦᠷᠢ ᠶᠢᠨ ᠠᠵᠤ ᠠᠬᠤᠶ ᠶᠢ ᠲᠣᠭᠲᠠᠭᠤᠨ ᠢᠶᠠᠷ ᠳᠡᠭᠡᠭᠰᠢᠯᠡᠭᠦᠯᠪᠡ | ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠠᠷᠪᠠᠨ ᠵᠦᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ 3000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 20 ᠬᠡᠷᠡᠭᠵᠢᠭᠦᠯᠵᠦ᠂ | 44.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 23 ᠬᠡᠪᠴᠢᠶᠡᠵᠢᠯ ᠠᠴᠠ | ᠳᠡᠭᠡᠭᠰᠢᠬᠢ ᠠᠵᠤ ᠠᠬᠤᠶᠢᠯᠠᠯ ᠤᠳ ᠦᠢᠯᠡᠳᠪᠦᠷᠢᠯᠡᠯ ᠡᠬᠢᠯᠡᠪᠡ᠃ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ | ᠬᠤᠪᠢᠷᠠᠭᠤᠯᠵᠤ ᠲᠡᠰ ᠳᠡᠪᠰᠢᠪᠡ᠃ ᠰᠢᠨ᠎ᠡ ᠪᠠᠷ ᠪᠣᠢ ᠪᠣᠯᠤᠭᠰᠠᠨ ᠡᠨᠧᠷᠭᠢ ᠶᠢᠨ ᠰᠤᠷᠪᠤᠯᠵᠢ ᠬᠢᠮᠢ ᠶᠢᠨ ᠠᠵᠤ | ᠦᠢᠯᠡᠳᠪᠦᠷᠢ ᠦᠳᠲᠡᠷ ᠲᠦᠷᠭᠡᠨ ᠬᠥᠭᠵᠢᠵᠦ᠂ ᠲᠦᠩ ᠸᠧᠶ ᠪᠦᠯᠣᠭ᠍ᠯᠠᠯ ᠤᠨ ᠭᠡᠷᠡᠯ ᠢᠶᠠᠷ ᠴᠠᠬᠢᠯᠭᠠᠨ ᠭᠠᠷᠭᠠᠬᠤ᠂ | ᠪᠦᠳᠠᠷᠠ ᠪᠠᠷᠤᠭᠰᠢᠨ ᠴᠢᠯᠠᠭᠤᠯᠢᠭ ᠵᠡᠷᠭᠡ ᠲᠦᠷᠦᠯ ᠵᠦᠢᠯ ᠤᠨ ᠠᠬᠢᠴᠠ ᠤᠷᠤᠭᠰᠢᠲᠠᠶ ᠶᠠᠪᠤᠭᠳᠠᠵᠤ᠂ ᠬᠤᠸᠠᠩ | ᠶᠠᠩ ᠸᠠ ᠶᠢᠨ 10 ᠲᠦᠮᠡᠨ ᠺᠢᠯᠣᠸᠠᠲ ᠶᠢᠨ ᠰᠠᠯᠬᠢᠨ ᠤ ᠬᠦᠴᠦᠨ ᠤ ᠴᠠᠬᠢᠯᠭᠠᠨ ᠭᠠᠷᠭᠠᠯᠲᠠ᠂ ᠴᠠᠩ ᠱᠧᠩ ᠤᠨ | 40 ᠰᠠᠶ᠎ᠠ ᠸᠠᠲ ᠭᠡᠷᠡᠯ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠠᠵᠢᠯᠯᠠᠭ᠎ᠠ ᠤᠷᠤᠭᠰᠢᠲᠠᠢ ᠶᠠᠪᠤᠭᠳᠠᠵᠤ | ᠪᠠᠶᠢᠨ᠎ᠠ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠬᠤ ᠠᠯᠬᠤᠴᠠ ᠪᠠᠨ | ᠲᠦᠷᠭᠡᠳᠬᠡᠵᠦ᠂ ᠠᠤᠬᠠᠨ ᠤ ᠨᠠᠷᠢᠮᠤ ᠠᠮᠤ᠂ ᠡᠯᠵᠢᠭᠡ᠂ ᠴᠢᠴᠠᠷᠭᠠᠨ᠎ᠠ ᠂ ᠰᠡᠩᠳᠡᠩ ᠮᠣᠳᠤ ᠳᠥᠷᠪᠡᠨ ᠵᠦᠢᠯ ᠤᠨ ︽ | ᠵᠠᠭᠤᠨ ᠳ᠋ᠦᠩᠰᠢᠭᠤᠷ ᠲᠥᠭᠦᠷᠢᠭ︾ ᠤᠨ ᠠᠵᠤ ᠦᠢᠯᠡᠰ ᠢ ᠳᠣᠭᠲᠠᠭᠤᠨ ᠪᠠᠲᠤᠲᠠᠶ ᠲᠦᠯᠬᠢᠨ ᠠᠬᠢᠭᠤᠯᠪᠠ᠃ | ᠠᠭᠤᠷᠬᠠᠶ ᠶᠢᠨ ᠭᠠᠷᠤᠯᠲᠠ᠂ ᠲᠡᠮᠦᠷᠯᠢᠭ ᠤᠨ ᠠᠵᠤ ᠦᠢᠯᠡᠳᠪᠦᠷᠢ ᠳᠣᠭᠲᠠᠭᠤᠨ ᠢᠶᠠᠷ ᠬᠥᠭᠵᠢᠵᠦ᠂ ᠪᠦᠬᠦ ᠵᠢᠯ ᠤᠨ | ᠦᠢᠯᠡᠳᠪᠦᠷᠢᠯᠡᠭᠰᠡᠨ ᠠᠯᠲᠠ 5 ᠲᠣᠨ ᠬᠦᠷᠪᠡ᠃ ᠬᠥᠭᠵᠢᠯᠲᠡ ᠶᠢᠨ ᠲᠠᠪᠴᠠᠩ ᠡᠳᠦᠷ ᠢᠷᠡᠬᠦᠶ᠎ᠡ ᠪᠣᠵᠠᠭᠠᠶᠢᠷᠠᠪᠠ᠃ | ᠪᠦᠭᠦ ᠬᠤᠰᠢᠭᠤᠨ ᠤ ᠠᠵᠤ ᠦᠢᠯᠡᠳᠪᠦᠷᠢ ᠶᠢᠨ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠠᠵᠢᠯ ᠢ ᠡᠬᠢᠯᠡᠭᠦᠯᠵᠦ᠂ ᠰᠢᠨ ᠬᠤᠢ ᠶᠢᠨ ᠠᠵᠤ ᠦᠢᠯᠡᠳᠪᠦᠷᠢ ᠶᠢᠨ ᠲᠣᠭᠤᠷᠢᠭ ᠤᠨ ᠰᠠᠭᠤᠷᠢ | ᠲᠥᠬᠦᠭᠡᠷᠦᠮᠵᠢ ᠶᠢ ᠠᠯᠭᠤᠷ ᠲᠡᠭᠦᠯᠳᠡᠷᠵᠢᠭᠦᠯᠦᠨ᠂ ᠰᠧ ᠵᠢᠶᠠ ᠽᠢ ᠶᠢᠨ ᠠᠵᠤ ᠦᠢᠯᠡᠳᠪᠦᠷᠢ ᠶᠢᠨ ᠲᠣᠭᠤᠷᠢᠭ ᠪᠠ | ᠰᠢᠩ ᠯᠦᠩ ᠸᠠ ᠲᠣᠰᠣᠲᠤ ᠵᠠᠨᠠᠷ ᠤᠨ ᠴᠢᠯᠠᠭᠤᠯᠢᠭ ᠢ ᠶᠡᠷᠦᠩᠬᠡᠶᠢᠯᠡᠨ ᠠᠰᠢᠭᠯᠠᠬᠤ ᠣᠷᠴᠢᠯ ᠠᠵᠤ ᠠᠬᠤᠶ ᠶᠢᠨ | ᠲᠣᠭᠤᠷᠢᠭ ᠠᠩᠬᠠᠨ ᠤ ᠬᠡᠯᠪᠡᠷᠢ ᠪᠠᠨ ᠪᠦᠷᠢᠯᠳᠦᠭᠦᠯᠦᠭᠰᠡᠨ ᠶᠤᠮ᠃ | ︵ᠲᠠᠪᠤ︶ ᠭᠤᠷᠪᠠᠳᠤᠭᠠᠷ ᠠᠵᠤ ᠦᠢᠯᠡᠰ ᠤᠨ ᠠᠮᠢᠵᠢᠷᠠᠯ ᠤᠨ ᠬᠦᠴᠦᠨ ᠢ ᠴᠢᠩᠭᠠᠷᠠᠭᠤᠯᠪᠠ | ᠰᠣᠶᠣᠯ ᠵᠤᠭᠠᠴᠠᠯ ᠤᠨ ᠦᠢᠯᠡᠰ ᠵᠣᠬᠢᠴᠠᠩᠭᠤᠶ ᠬᠦᠭᠵᠢᠪᠡ᠃ ᠮᠠᠨ ᠤ ᠬᠤᠰᠢᠭᠤ ᠨᠢ ᠪᠦᠬᠦ ᠬᠤᠲᠠ ᠶᠢᠨ ︽ | ᠪᠠᠯᠠᠷ ᠡᠷᠲᠡᠨ ᠤ ᠰᠣᠶᠣᠯ ᠢ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠲᠡᠷᠢᠭᠦᠨ︾ ᠭᠤᠣᠯᠯᠠᠭᠴᠢ ᠣᠷᠣᠨ ᠢᠶᠠᠷ | ᠦᠨᠡᠯᠡᠭᠳᠡᠵᠦ᠂ ︽ᠪᠠᠯᠠᠷ ᠡᠷᠲᠡᠨ ᠤ ᠰᠣᠶᠣᠯ ᠤᠨ ᠨᠢᠭᠤᠴᠠ ᠶᠢ ᠬᠠᠶᠢᠬᠤ᠂ ᠬᠠᠭᠤᠷᠠᠶ ᠲᠠᠷᠢᠶᠠᠯᠠᠩ ᠤᠨ ᠵᠤᠭᠠᠴᠡᠨ | ᠲᠤᠭᠤᠷᠢᠬᠤ᠂ ᠠᠮᠢ ᠠᠬᠤᠢ ᠶᠢᠨ ᠬᠦᠳᠡᠯᠭᠡᠭᠡᠨ ᠤ ᠡᠷᠡᠭᠦᠯ ᠮᠡᠨᠳᠦ︾ ᠶᠢᠨ ᠶᠣᠰᠤᠭᠠᠷ ᠶᠡᠷᠦᠩᠬᠡᠶ ᠵᠢᠷᠤᠭ ᠲᠥᠰᠦᠪ ᠢ | ᠭᠠᠷᠭᠠᠵᠤ᠂ 13 ᠭᠤᠤᠯᠳᠠᠯᠭ᠎ᠠ ᠲᠠᠢ ᠲᠥᠷᠥᠯ ᠵᠦᠶ᠋ᠯ ᠢ ᠬᠡᠷᠡᠭᠵᠢᠭᠦᠯᠪᠡ᠃ ᠰᠢᠨ ᠵᠧᠦ ᠮᠦᠽᠧᠶ ᠨᠢ AAAA | ᠲᠠᠰ ᠤᠨ ᠦᠵᠡᠮᠵᠢᠲᠦ ᠣᠷᠣᠨ ᠪᠣᠯᠵᠤ ᠳᠡᠪᠰᠢᠪᠡ᠃ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠦᠢᠯᠡᠰ ᠳᠡᠰ | ᠳᠡᠪᠰᠢᠪᠡ᠃ ᠪᠦᠭᠦ ᠬᠤᠰᠢᠭᠤᠨ ᠳᠤ 7976 ᠬᠤᠳᠠᠯᠳᠤᠭᠠᠨ ᠤ ᠦᠢᠯᠡᠰ ᠤᠨ ᠳᠣᠣᠷᠵᠢᠯ ᠢ ᠪᠠᠶᠢᠭᠤᠯᠵᠤ᠂ 12 | ᠠᠵᠤ ᠠᠬᠤᠶᠢᠯᠠᠯ ᠢ ᠬᠤᠳᠠᠯᠳᠤᠭᠠᠨ ᠤ ᠶᠠᠪᠤᠳᠠᠯ ᠤᠨ ᠬᠡᠯᠲᠡᠰ ᠤᠨ ᠵᠠᠬ᠎ᠠ ᠳᠡᠯᠭᠡᠭᠦᠷ ᠤᠨ ᠬᠢᠨᠠᠨ ᠬᠡᠮᠵᠢᠬᠦ ᠠᠵᠤ | ᠠᠬᠤᠶᠢᠯᠠᠯ ᠳᠤ ᠣᠷᠤᠭᠤᠯᠪᠠ᠃ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ | ᠣᠷᠤᠭᠤᠯᠤᠨ ᠶᠡᠷᠥᠩᠬᠡᠶᠢᠯᠡᠨ ᠵᠢᠱᠢᠶ᠎ᠡ ᠦᠵᠡᠭᠦᠯᠬᠦ ᠲᠦᠷᠦᠯ ᠵᠦᠢᠯ ᠤᠨ ᠠᠬᠢᠴᠠ ᠤᠷᠤᠭᠰᠢᠲᠠᠶ ᠪᠠᠶᠢᠵᠤ᠂ ᠪᠦᠭᠦ | ᠬᠤᠰᠢᠭᠤᠨ ᠤ ᠰᠦᠯᠵᠢᠶᠡᠨ ᠤ ᠬᠤᠳᠠᠯᠳᠤᠭᠠᠴᠢᠨ ᠢ 3500 ᠬᠦᠷᠲᠡᠯ᠎ᠡ ᠬᠥᠭᠵᠢᠭᠦᠯᠦᠭᠰᠡᠨ ᠪᠠᠶᠢᠨ᠎ᠠ᠃ ᠠᠤᠬᠠᠨ | ᠨᠠᠷᠢᠮᠤ ᠨᠢ ᠠ ᠯᠢ ᠪᠠ ᠪᠠ ᠰᠦᠯᠵᠢᠶᠡᠨ ᠳᠤ ᠨᠡᠶᠢᠳᠡᠯᠡᠭᠳᠡᠪᠡ᠃ ᠮᠥᠩᠭᠦᠨ ᠭᠦᠢᠯᠭᠡᠭᠡᠨ ᠤ ᠦᠢᠯᠡᠴᠢᠯᠡᠭᠡᠨ ᠤ | ᠦᠢᠯᠡᠰ ᠤᠨ ᠪᠠᠲᠤᠯᠠᠭ᠎ᠠ ᠬᠦᠴᠦᠨ ᠲᠠᠢ ᠪᠠᠶᠢᠪᠠ᠃ ᠮᠥᠩᠭᠦᠨ ᠭᠦᠢᠯᠭᠡᠭᠡᠨ ᠤ ᠪᠠᠢᠭᠤᠯᠤᠮᠵᠢ ᠶᠢᠨ ᠬᠠᠳᠠᠭᠠᠯᠠᠮᠵᠢ ᠶᠢᠨ | ᠦᠯᠡᠳᠡᠪᠦᠷᠢ ᠲᠤᠭ᠎ᠠ 125.6 ᠳ᠋ᠦᠡᠭᠰᠢᠭᠤᠷ ᠲᠥᠭᠦᠷᠢᠭ ᠪᠠᠶᠢᠵᠤ᠂ ᠵᠢᠭᠡᠯᠡᠯᠭᠡ ᠶᠢᠨ ᠦᠯᠡᠳᠡᠪᠦᠷᠢ ᠲᠤᠭ᠎ᠠ 62.8 | ᠳ᠋ᠦᠡᠭᠰᠢᠭᠤᠷ ᠲᠥᠭᠦᠷᠢᠭ᠂ ᠬᠠᠳᠠᠭᠠᠯᠠᠮᠵᠢ ᠪᠣᠯᠤᠨ ᠵᠢᠭᠡᠯᠡᠯᠭᠡ ᠶᠢᠨ ᠬᠠᠷᠢᠴᠠᠯ 50 % ᠳᠤ ᠬᠦᠷᠪᠡ᠃ | ᠬᠡᠷᠡᠭᠯᠡᠭᠡᠨ ᠤ ᠵᠢᠭᠡᠯᠡᠯᠭᠡ ᠶᠢᠨ ᠺᠣᠮᠫᠠᠨᠢ᠂ ᠪᠡᠯᠠ ᠮᠥᠩᠬᠦ ᠬᠤᠷᠠᠮᠳᠤᠭᠤᠯᠤᠯ ᠤᠨ ᠴᠢᠨᠠᠷᠲᠠᠶ ᠪᠠᠲᠤᠯᠠᠭ᠎ᠠ ᠶᠢᠨ ᠺᠣᠮᠫᠠᠨᠢ | ᠪᠣᠯᠤᠨ ᠡᠯ᠎ᠡ ᠲᠦᠷᠤᠯ ᠤᠨ ᠳᠠᠭᠠᠳᠬᠠᠯ ᠤᠨ ᠪᠠᠶᠢᠭᠤᠯᠤᠮᠵᠢ ᠳᠦᠷᠢᠮᠵᠢᠭᠦᠨ ᠠᠵᠢᠯᠯᠠᠪᠠ᠃ 6 ᠠᠵᠤ ᠠᠬᠤᠶᠢᠯᠠᠯ ᠨᠢ | ᠥᠪᠥᠷ ᠮᠣᠩᠭᠤᠯ ᠤᠨ ᠬᠤᠪᠢ ᠤᠷᠤᠭᠤᠯᠤᠯᠲᠠ ᠶᠢᠨ ᠠᠷᠠᠯᠵᠢᠶᠠᠨ ᠤ ᠲᠥᠪ ᠲᠤ ᠫᠠᠶᠢᠰᠠ ᠡᠯᠭᠦᠪᠡ᠃ | ︵ᠵᠢᠷᠭᠤᠭ᠎ᠠ︶ ᠬᠤᠳᠠ ᠬᠥᠳᠡᠭᠡ ᠶᠢᠨ ᠳᠦᠷᠰᠦ ᠪᠠᠶᠢᠳᠠᠯ ᠳᠤ ᠰᠢᠨ᠎ᠡ ᠬᠤᠪᠢᠷᠠᠯᠲᠠ ᠢᠯᠡᠷᠡᠪᠡ | ᠬᠤᠳᠠ ᠬᠥᠳᠡᠭᠡ ᠶᠢᠨ ᠲᠥᠯᠥᠪᠵᠢᠭᠦᠯᠭᠡ ᠰᠢᠨᠵᠢᠯᠡᠬᠦ ᠤᠬᠠᠭᠠᠨᠴᠢ ᠵᠦᠢ ᠵᠣᠬᠢᠰᠲᠠᠶ᠃ ᠪᠤᠢ ᠪᠦᠬᠦᠢ ᠰᠤᠮᠤ | ᠰᠢᠶᠠᠩ ᠪᠠᠯᠭᠠᠰᠤ ᠶᠢᠨ ᠶᠡᠷᠦᠩᠬᠡᠶ ᠲᠥᠯᠥᠪᠵᠢᠭᠦᠯᠭᠡ᠂ 222 ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠪᠠ | 111ᠠᠶᠢᠯ ᠲᠣᠰᠬᠤᠨ ᠤ ᠲᠥᠯᠥᠪᠵᠢᠭᠦᠯᠭᠡ ᠶᠢ ᠪᠡᠶᠡᠯᠡᠭᠦᠯᠵᠦ᠂ ᠬᠤᠲᠠ ᠪᠠᠯᠭᠠᠰᠤᠨ ᠤ ᠵᠠᠮ ᠬᠠᠷᠢᠯᠴᠠᠭ᠎ᠠ᠂ ᠤᠰᠤᠨ | ᠬᠠᠩᠭᠠᠯᠭ᠎ᠠ᠂ ᠰᠢᠲᠠᠮᠠᠬᠠᠢ ᠬᠡᠢ᠂ ᠢᠯᠴᠢ ᠬᠠᠩᠭᠠᠬᠤ ᠵᠡᠷᠭᠡ ᠬᠤᠳᠠ ᠶᠢᠨ ᠶᠠᠪᠤᠳᠠᠯ ᠤᠨ ︽ᠵᠢᠷᠭᠤᠭᠠᠨ ᠲᠣᠣᠷ︾ | ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠪᠡ᠃ ᠬᠤᠳᠠ ᠬᠥᠳᠡᠭᠡ ᠶᠢᠨ ᠪᠥᠳᠥᠭᠡᠨ | ᠪᠠᠶᠢᠭᠤᠯᠤᠯᠲᠠ ᠶᠢᠨ ᠠᠵᠢᠯ ᠢᠯᠡᠳᠲᠡ ᠦᠷ᠎ᠡ ᠪᠦᠲᠦᠮᠵᠢ ᠤᠯᠪᠠ᠃ 39.6 ᠺᠢᠯᠣᠮᠧᠲᠷ ᠬᠤᠲᠠ ᠶᠢᠨ ᠶᠠᠪᠤᠳᠠᠯ ᠤᠨ | ᠵᠠᠮ᠂ 4ᠬᠥᠭᠦᠷᠭᠡ ᠶᠢᠨ ᠪᠠᠶᠢᠭᠤᠯᠤᠯᠲᠠ ᠶᠢᠨ ᠠᠵᠢᠯ ᠡᠬᠢᠯᠡᠭᠦᠯᠪᠡ᠃ ᠳᠥᠷᠪᠡᠳᠦᠭᠡᠷ ᠤᠰᠤᠨ ᠰᠤᠷᠪᠤᠯᠵᠢ ᠬᠢᠭᠡᠳ | ᠬᠤᠲᠠ ᠲᠣᠭᠤᠷᠢᠭ ᠤᠨ ᠵᠠᠯᠭᠠᠯᠲᠠ ᠶᠢ ᠪᠡᠶᠡᠯᠡᠭᠦᠯᠪᠡ᠃ 6.6 ᠺᠢᠯᠣᠮᠧᠲᠷ ᠤᠰᠤ ᠲᠦᠭᠡᠭᠡᠬᠦ ᠬᠤᠭᠤᠯᠠᠶ᠂ 32 | ᠺᠢᠯᠣᠮᠧᠲᠷ ᠪᠠᠶᠢᠭᠠᠯᠢ ᠶᠢᠨ ᠰᠢᠲᠠᠮᠠᠬᠠᠶ ᠭᠡᠢ ᠶᠢᠨ ᠳᠠᠮᠵᠢᠭᠤᠯᠬᠤ ᠬᠤᠭᠤᠯᠠᠶ ᠶᠢ ᠰᠢᠨ᠎ᠡ ᠪᠠᠷ ᠪᠠᠶᠢᠭᠤᠯᠵᠤ᠂ 25 | ᠺᠢᠯᠣᠮᠧᠲᠷ ᠬᠠᠭᠤᠴᠢᠨ ᠢᠯᠴᠢ ᠬᠠᠩᠭᠠᠬᠤ ᠬᠤᠭᠤᠯᠠᠶ ᠶᠢᠨ ᠲᠣᠣᠷ ᠢ ᠥᠭᠡᠷᠡᠴᠢᠯᠡᠪᠡ᠃ 500 ᠡᠷᠦᠬᠡ ᠳᠥᠭᠦᠮ | ᠪᠦᠳᠦᠴᠡᠳᠦ ᠣᠷᠣᠨ ᠰᠠᠭᠤᠴᠠ᠂ 6 ᠲᠦᠮᠡᠨ ᠲᠡᠭᠰᠢ ᠳᠦᠷᠪᠡᠯᠵᠢᠨ ᠮᠧᠲᠷ ᠪᠠᠷᠢᠯᠭ᠎ᠠ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ ᠶᠢ ᠬᠡᠷᠡᠭᠵᠢᠭᠦᠯᠵᠦ᠂ ᠨᠡᠶᠢᠲᠡ ᠶᠢᠨ ᠲᠦᠷᠢᠶᠡᠰᠦᠨ ᠭᠡᠷ 108 ᠪᠠᠶᠢᠭᠤᠯᠪᠠ᠃ ᠰᠢᠶᠠ ᠸᠠ | ᠪᠠᠯᠭᠠᠰᠤ ᠨᠢ ᠤᠯᠤᠰ ᠤᠨ ᠲᠠᠰ ᠤᠨ ᠴᠢᠴᠠᠷᠭᠠᠨ᠎ᠠ ᠶᠢᠨ ᠣᠨᠴᠠᠯᠢᠭ ᠪᠦᠬᠦᠢ ᠵᠢᠵᠢᠭ ᠪᠠᠯᠭᠠᠰᠤ ᠪᠠᠷ ᠦᠨᠡᠯᠡᠭᠳᠡᠵᠦ ᠂ | ᠰᠢᠶᠠ ᠸᠠ ᠪᠠᠯᠭᠠᠰᠤ ᠶᠢᠨ ᠾᠧ ᠰᠢ ᠲᠣᠰᠬᠤᠨ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠲᠡᠦᠬᠡ | ᠰᠣᠶᠣᠯ ᠤᠨ ᠨᠡᠷᠡᠲᠦ ᠲᠣᠰᠬᠤᠨ᠂ ᠰᠧ ᠵᠢᠶᠠ ᠽᠢ ᠪᠠᠯᠭᠠᠰᠤ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠲᠡᠦᠬᠡ | ᠰᠣᠶᠣᠯ ᠤᠨ ᠠᠯᠳᠠᠷᠲᠤ ᠪᠠᠯᠭᠠᠰᠤ ᠪᠠᠷ ᠦᠨᠡᠯᠡᠭᠳᠡᠪᠡ᠃ ᠪᠦᠭᠦ ᠬᠤᠰᠢᠭᠤᠨ ᠤ ᠬᠤᠳᠠ ᠪᠠᠯᠭᠠᠰᠣᠵᠢᠭᠰᠠᠨ ᠨᠣᠷᠮ᠎ᠠ | 40.85% ᠳᠤ ᠬᠦᠷᠪᠡ᠃ ᠬᠤᠳᠠ ᠶᠢᠨ ᠬᠠᠮᠢᠶᠠᠷᠤᠯᠲᠠ ᠶᠢ ᠨᠠᠩ ᠵᠢᠷᠤᠮᠵᠢᠭᠤᠯᠪᠠ᠃ ᠲᠣᠭᠠᠵᠢᠭᠤᠯᠬᠤ | ᠬᠠᠮᠢᠶᠠᠷᠤᠯᠲᠠ ᠶᠢ ᠶᠠᠪᠤᠭᠤᠯᠵᠤ᠂ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠲᠣᠭᠲᠠᠭᠤᠨ ᠢᠶᠠᠷ ᠠᠵᠢᠯᠯᠠᠵᠤ ᠪᠣᠢ᠃ | ᠠᠳᠠᠯ ᠠᠬᠤᠶ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠵᠢᠷᠤᠮᠵᠢᠭᠤᠯᠵᠤ᠂ ᠦ᠋ ᠠᠨ ᠵᠢᠵᠢᠭ ᠲᠣᠭᠤᠷᠢᠭ ᠤᠨ | ᠠᠳᠠᠯ ᠠᠬᠤᠶ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠪᠡᠶᠡᠯᠡᠭᠦᠯᠦᠭᠰᠡᠨ ᠪᠠᠶᠢᠨ᠎ᠠ᠃ | 720 ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠦᠭᠵᠢᠭᠦᠯᠵᠦ᠂ ᠨᠡᠶᠢᠭᠡᠮ | ᠲᠣᠭᠤᠷᠢᠭ ᠤᠨ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠬᠡᠮᠵᠢᠶ᠎ᠡ ᠪᠠᠨ ᠳᠡᠭᠡᠭᠰᠢᠯᠡᠭᠦᠯᠦᠭᠰᠡᠨ ᠪᠠᠶᠢᠨ᠎ᠠ᠃ | ︵ᠲᠤᠯᠤᠭ᠎ᠠ︶ ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ | ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠶᠢ ᠵᠡᠷᠭᠡ ᠪᠠᠷ ᠠᠬᠢᠭᠤᠯᠪᠠ᠃ ᠠᠮᠢ | ᠠᠬᠤᠶ ᠶᠢᠨ ᠪᠦᠲᠦᠭᠡᠨ ᠪᠠᠶᠢᠭᠤᠯᠤᠯᠲᠠ ᠤᠷᠣᠭᠰᠢᠲᠠᠢ ᠶᠠᠪᠤᠭᠳᠠᠵᠤ ᠪᠠᠶᠢᠨ᠎ᠠ᠃ 11.5 ᠲᠦᠮᠡᠨ ᠮᠤ᠋ ᠵᠣᠬᠢᠶᠠᠮᠠᠯ | ᠣᠶᠢᠵᠢᠭᠤᠯᠤᠯᠲᠠ ᠶᠢ ᠪᠡᠶᠡᠯᠡᠭᠦᠯᠵᠦ᠂ 5 ᠲᠦᠮᠡᠨ ᠮᠤ᠋ ᠬᠥᠮᠦᠨ ᠤ ᠬᠦᠴᠦ ᠪᠠᠷ ᠡᠪᠡᠰᠦ ᠲᠠᠷᠢᠬᠤ ᠶᠢ ᠪᠡᠶᠡᠯᠡᠭᠦᠯᠪᠡ᠃ | ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠪᠦᠬᠦ ᠬᠦᠴᠦᠨ ᠢᠶᠠᠷ ᠢᠶᠠᠨ ᠲᠦᠯᠬᠢᠨ | ᠠᠬᠢᠭᠤᠯᠵᠤ᠂ ᠠᠭᠤᠷᠬᠠᠶ ᠶᠢᠨ ᠣᠷᠤᠨ ᠤ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠠᠵᠢᠯ ᠢ ᠦᠷᠭᠦᠯᠵᠢᠯᠡᠨ | ᠦᠷᠨᠢᠭᠦᠯᠪᠡ᠃ ︽ᠤᠶᠤᠨᠴᠢ ᠣᠶ︾ ᠶᠢᠨ ᠭᠠᠯ ᠤᠨ ᠠᠶᠤᠯ ᠢ ᠰᠡᠷᠭᠡᠶᠢᠯᠡᠬᠦ ᠰᠢᠰᠲ᠋ᠧᠮ ᠤᠨ ᠳᠦᠷᠦᠯ ᠵᠦᠢᠯ ᠢ | ᠡᠬᠢᠯᠡᠭᠦᠯᠵᠦ᠂ 3 ᠰᠠᠯᠪᠤᠷᠢ ᠲᠤᠰᠬᠠᠶ ᠮᠡᠷᠭᠡᠵᠢᠯ ᠤᠨ ᠭᠠᠯ ᠤᠨ ᠠᠶᠤᠯ ᠢ ᠰᠡᠷᠭᠡᠶᠢᠯᠡᠬᠦ ᠡᠩᠨᠡᠭᠡ ᠪᠠᠶᠢᠭᠤᠯᠵᠤ᠂ ᠠᠮᠢ | ᠠᠬᠤᠶ ᠶᠢᠨ ᠦᠷ᠎ᠡ ᠪᠦᠲᠦᠭᠡᠯ ᠠᠰᠢᠭᠲᠠᠢ ᠪᠠᠬᠢᠵᠢᠪᠡ ᠃ ᠣᠷᠴᠢᠨ ᠠᠬᠤᠶ ᠶᠢ ᠬᠢᠨᠠᠨ ᠬᠠᠮᠢᠶᠠᠷᠬᠤ ᠪᠠ ᠴᠡᠭᠴᠡᠯᠡᠨ | ᠵᠠᠰᠠᠬᠤ ᠡᠷᠴᠢᠮ ᠢᠶᠠᠨ ᠥᠷᠭᠦᠯᠵᠢᠯᠡᠨ ᠴᠢᠩᠭᠠᠷᠠᠭᠤᠯᠪᠠ᠃ ᠳᠡᠭᠡᠳᠦ ᠱᠠᠲᠤᠨ ᠤ ᠬᠢᠨᠠᠨ ᠪᠠᠶᠢᠴᠠᠭᠠᠯᠲᠠ ᠶᠢᠨ | ᠳᠤᠷᠠᠳᠤᠭᠰᠠᠨ ᠣᠷᠴᠢᠨ ᠲᠣᠭᠤᠷᠢᠨ ᠢ ᠬᠠᠮᠠᠭᠠᠯᠠᠬᠤ ᠠᠰᠠᠭᠤᠳᠠᠯ ᠤᠨ ᠱᠠᠭᠠᠷᠳᠠᠯᠭ᠎ᠠ ᠶᠣᠰᠣᠭᠠᠷ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠪᠡ᠃ ᠤᠰᠤ᠂ ᠠᠭᠠᠷ ᠮᠠᠨᠳᠠᠯ᠂ ᠬᠥᠷᠥᠰᠥ ᠰᠢᠷᠣᠶ ᠶᠢᠨ ᠪᠣᠬᠢᠷᠲᠤᠯ ᠢ | ᠲᠤᠰᠬᠠᠶᠢᠯᠠᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ︽ᠪᠦᠭᠦ ᠬᠤᠰᠢᠭᠤᠨ ᠤ ᠮᠠᠯ ᠵᠢᠭᠦᠷᠲᠡᠨ ᠢ ᠲᠡᠵᠢᠭᠡᠬᠦ ᠶᠢ | ᠴᠠᠭᠠᠵᠠᠯᠠᠭᠰᠠᠨ ᠣᠷᠣᠨ ᠢ ᠬᠤᠪᠢᠶᠠᠷᠢᠯᠠᠨ ᠲᠣᠭᠲᠠᠭᠠᠨ ᠬᠡᠷᠡᠭᠵᠢᠭᠦᠯᠬᠦ ᠲᠥᠰᠦᠯ︾ ᠪᠠ ︽ᠪᠦᠭᠦ ᠬᠤᠰᠢᠭᠤᠨ ᠤ | ᠭᠠᠭ᠋ᠠᠢ ᠲᠡᠵᠢᠭᠡᠬᠦ ᠶᠢ ᠪᠠᠷᠢᠮᠵᠢᠶᠠᠵᠢᠭᠤᠯᠤᠭᠰᠠᠨ ᠬᠡᠪᠴᠢᠶᠡᠲᠦ ᠣᠷᠤᠨ ᠳᠤ ᠲᠡᠵᠢᠭᠡᠨ ᠦᠷᠡᠵᠢᠭᠦᠯᠬᠦ ᠲᠠᠯᠠᠪᠠᠢ ᠶᠢᠨ | ᠪᠦᠲᠦᠭᠡᠨ ᠪᠠᠶᠢᠭᠤᠯᠤᠯᠲᠠ ᠶᠢᠨ ᠳᠦᠷᠢᠮ︾ ᠢ ᠨᠡᠶᠢᠳᠡᠯᠡᠪᠡ᠃ ᠡᠰᠢ ᠰᠦᠷᠡᠯ ᠢ ᠬᠤᠪᠢᠷᠠᠭᠤᠯᠤᠭᠰᠠᠨ ᠨᠤᠷᠮ᠎ᠠ | 40% ᠳᠤ ᠬᠦᠷᠴᠦ᠂ ᠮᠠᠨ ᠤ ᠬᠤᠰᠢᠭᠤ ᠶᠢ ᠵᠡᠭᠦᠨ ᠬᠤᠶᠢᠲᠤ ᠣᠷᠣᠨ ᠤ ᠡᠰᠢ ᠰᠦᠷᠡᠯ ᠢ ᠰᠢᠢᠳᠪᠦᠷᠢᠯᠡᠬᠦ | ᠠᠵᠢᠯᠯᠠᠭᠠᠨ ᠤ ᠦᠯᠢᠭᠡᠷ ᠳᠠᠭᠤᠷᠢᠶᠠᠯ ᠦᠵᠡᠭᠦᠯᠬᠦ ᠰᠢᠶᠠᠨ ᠪᠣᠯᠭᠠᠪᠠ᠃ | ︵ᠨᠠᠢᠮᠠ︶ ᠰᠠᠭᠤᠷᠢ ᠪᠠᠶᠢᠭᠤᠯᠤᠯᠲᠠ ᠶᠢᠨ ᠪᠠᠲᠤᠯᠠᠭ᠎ᠠ ᠶᠢ ᠬᠦᠴᠦᠨ ᠲᠠᠢ ᠪᠣᠯᠭᠠᠪᠠ | ᠵᠠᠮ ᠬᠠᠷᠢᠯᠴᠠᠭᠠᠨ ᠤ ᠲᠡᠭᠡᠭᠡᠪᠦᠷᠢ ᠶᠢᠨ ᠳᠡᠭᠡᠭᠰᠢᠯᠡᠯᠲᠡ ᠶᠢᠨ ᠪᠠᠷᠢᠮᠵᠢᠶ᠎ᠠ ᠶᠢ ᠳᠡᠰ ᠳᠡᠪᠰᠢᠭᠦᠯᠪᠠ᠃ ᠮᠤᠵᠢ ᠶᠢᠨ | ᠳᠡᠰ ᠤᠨ ᠵᠡᠮ 210 ᠱᠤᠭᠤᠮ ᠤᠨ ᠰᠢᠨ ᠬᠤᠢ ᠠᠴᠠ ᠯᠣᠣ ᠬᠤ᠋ ᠱᠠᠨ ᠬᠦᠷᠲᠡᠯᠡᠬᠢ ᠨᠢᠭᠡᠳᠦᠭᠡᠷ ᠳᠡᠰ ᠤᠨ | ᠵᠠᠰᠠᠮᠠᠯ ᠵᠠᠮ ᠪᠠᠶᠢᠭᠤᠯᠤᠭᠳᠠᠵᠤ ᠲᠡᠷᠭᠡ ᠨᠡᠪᠲᠡᠷᠡᠵᠦ᠂ ᠭᠤᠷᠣᠬᠠᠨ ᠠᠴᠠ ᠶᠠᠩ ᠴᠠᠩ ᠬᠦᠷᠲᠡᠯᠡᠬᠢ ᠬᠤᠶᠠᠳᠤᠭᠠᠷ | ᠳᠡᠰ ᠤᠨ ᠵᠠᠰᠠᠮᠠᠯ ᠵᠠᠮ 0.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠤᠯᠤᠰ ᠤᠨ | ᠳᠡᠰ ᠤᠨ ᠵᠠᠮ 305 ᠱᠤᠭᠤᠮ ᠤᠨ ᠮᠠᠨᠢᠬᠠᠨ ᠠᠴᠠ ᠢᠦᠢ ᠲᠢᠶᠠᠨ ᠭᠤᠤ ᠬᠦᠷᠲᠡᠯᠡᠬᠢ ᠬᠤᠶᠠᠳᠤᠭᠠᠷ ᠳᠡᠰ ᠤᠨ | ᠵᠠᠰᠠᠮᠠᠯ ᠵᠠᠮ 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ 119 ᠲᠦᠮᠡᠨ | ᠺᠢᠯᠣᠮᠧᠲᠷ ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ ᠥᠷᠭᠡᠳᠬᠡᠨ ᠪᠠᠶᠢᠭᠤᠯᠪᠠ᠃ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠠᠵᠢᠯᠯᠠᠭ᠎ᠠ ᠤᠷᠤᠭᠰᠢᠲᠠᠢ᠃ ᠨᠠᠯᠠᠤ ᠲᠠᠷᠢᠶᠠᠨ ᠭᠠᠵᠠᠷ ᠤᠨ ᠬᠥᠷᠥᠰᠥ ᠰᠢᠷᠣᠶ ᠢᠳᠡᠭᠳᠡᠬᠦ᠂ | ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢᠨ ᠤᠰᠤᠨ ᠠᠰᠢᠭᠯᠠᠯᠲᠠ ᠤᠰᠤᠨ ᠤ ᠡᠬᠢ ᠰᠤᠷᠪᠤᠯᠵᠢ ᠶᠢ | ᠬᠠᠮᠠᠭᠠᠯᠠᠬᠤ᠂ ᠬᠤᠰᠢᠭᠤᠨ ᠤ ᠬᠤᠶᠢᠲᠤ ᠬᠡᠰᠡᠭ ᠤᠨ ᠲᠠᠪᠤᠨ ᠰᠢᠶᠠᠩ ᠪᠠᠯᠭᠠᠰᠤᠨ ᠤ ᠢᠳᠡᠵᠦ ᠤᠭᠤᠤᠬᠤ | ᠤᠰᠤᠨ ᠤ ᠪᠠᠷᠢᠯᠭ᠎ᠠ ᠶᠢ ᠥᠷᠭᠡᠳᠬᠡᠨ ᠪᠠᠶᠢᠭᠤᠯᠬᠤ ᠵᠡᠷᠭᠡ ᠢᠨᠵᠧᠨᠧᠷᠢᠩ ᠢ ᠬᠡᠷᠡᠭᠵᠢᠭᠦᠯᠵᠦ᠂ 7 ᠲᠦᠮᠡᠨ ᠮᠦ | ᠤᠰᠤᠯᠠᠯᠲᠠ ᠶᠢᠨ ᠲᠠᠯᠠᠪᠠᠢ ᠶᠢ ᠪᠠᠬᠢᠵᠢᠭᠦᠯᠵᠦ᠂ 10.2 ᠲᠦᠮᠡᠨ ᠮᠤ᠋ ᠬᠥᠷᠥᠰᠥ ᠰᠢᠷᠣᠶ ᠶᠢᠨ ᠢᠳᠡᠭᠳᠡᠯ ᠢ ᠵᠠᠰᠠᠵᠤ᠂ | 3.13 ᠲᠦᠮᠡᠨ ᠬᠥᠮᠦᠨ ᠤ ᠢᠳᠡᠬᠦ ᠤᠭᠤᠤᠬᠤ ᠤᠰᠤᠨ ᠤ ᠠᠮᠤᠷ ᠲᠦᠪᠰᠢᠨ ᠢ ᠪᠠᠲᠤᠯᠠᠨ ᠳᠡᠭᠡᠭᠰᠢᠯᠡᠭᠦᠯᠪᠡ᠃ | ᠴᠠᠬᠢᠯᠭᠠᠨ ᠬᠠᠩᠭᠠᠯᠭ᠎ᠠ ᠶᠢᠨ ᠴᠢᠳᠠᠪᠬᠢ ᠡᠮᠬᠢᠵᠢᠭᠦᠨ ᠳᠡᠭᠡᠭᠰᠢᠯᠡᠪᠡ᠃ 66 ᠺᠢᠯᠤᠸᠤᠯᠲ ᠶᠢᠨ ᠱᠣᠭᠤᠮ ᠢ 71.2 | ᠺᠢᠯᠣᠮᠧᠲᠷ ᠰᠢᠨ᠎ᠡ ᠪᠠᠷ ᠪᠠᠶᠢᠭᠤᠯᠵᠤ᠂ 10 ᠺᠢᠯᠤᠸᠤᠯᠲ ᠶᠢᠨ ᠱᠣᠭᠤᠮ ᠢ 310.5 ᠺᠢᠯᠣᠮᠧᠲᠷ ᠰᠢᠨ᠎ᠡ ᠪᠠᠷ | ᠪᠠᠶᠢᠭᠤᠯᠤᠨ ᠥᠭᠡᠷᠡᠴᠢᠯᠡᠵᠦ᠂ ᠴᠠᠬᠢᠯᠭᠠᠨ ᠬᠠᠩᠭᠠᠯᠳᠠ ᠶᠢᠨ ᠪᠠᠲᠤᠯᠠᠪᠤᠷᠢ ᠶᠢᠨ ᠨᠤᠷᠮ᠎ᠠ 99.6% ᠳᠤ ᠬᠦᠷᠪᠡ᠃ | ︵ᠶᠢᠰᠦ︶ ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠳᠠᠪᠰᠢᠭᠤᠯᠪᠠ | ᠡᠯ᠎ᠡ ᠵᠦᠢᠯ ᠤᠨ ᠰᠤᠷᠭᠠᠨ ᠬᠥᠮᠦᠵᠢᠯ ᠤᠨ ᠠᠵᠢᠯ ᠢ ᠵᠣᠬᠢᠴᠠᠭᠤᠯᠤᠨ ᠠᠬᠢᠭᠤᠯᠪᠠ᠃ ᠬᠥᠳᠡᠭᠡ ᠲᠣᠰᠬᠤᠨ ᠤ | 43 ᠪᠠᠭ᠎ᠠ ᠰᠤᠷᠭᠠᠭᠤᠯᠢ ᠶᠢᠨ ᠪᠠᠶᠢᠷᠢ ᠳᠤ ᠰᠠᠭᠤᠭ᠎ᠠ ᠰᠣᠷᠤᠭᠴᠢᠳ ᠢ ᠵᠥᠭᠡᠭᠡᠪᠦᠷᠢᠯᠡᠬᠦ ᠲᠡᠷᠭᠡ ᠠᠵᠢᠯᠯᠠᠭᠠᠨ ᠳᠤ | ᠣᠷᠣᠪᠠ᠃ 16 ᠭᠤᠣᠯ ᠰᠤᠷᠭᠠᠭᠤᠯᠢ ᠪᠣᠯᠤᠨ 6 ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢ ᠬᠠᠰᠤᠵᠤ | ᠨᠡᠶᠢᠯᠡᠭᠦᠯᠬᠦ ᠠᠵᠢᠯ ᠢ ᠪᠡᠶᠡᠯᠡᠭᠦᠯᠪᠡ᠃ ᠬᠥᠳᠡᠭᠡ ᠲᠣᠰᠬᠤᠨ ᠮᠠᠯᠵᠢᠬᠤ ᠣᠷᠣᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯᠲᠦ ᠬᠤᠭᠤᠯᠠᠨ ᠲᠥᠯᠥᠪᠯᠡᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠪᠠ᠃ ᠡ᠊ᠩ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠳᠤ ᠰᠢᠯᠭᠠᠭᠤᠯᠤᠨ ᠤᠷᠤᠭᠰᠠᠨ | ᠨᠣᠷᠮ᠎ᠠ 59.2% ᠬᠦᠷᠴᠦ᠂ ᠰᠢᠨ ᠬᠤᠢ ᠳᠤᠮᠳᠠᠳᠤ ᠰᠤᠷᠭᠠᠭᠤᠯᠢ ᠨᠢ ᠴᠢᠩᠬᠤᠸᠠ ᠶᠡᠭᠡ ᠰᠤᠷᠭᠠᠭᠤᠯᠢ ᠶᠢᠨ ︽ | 2017 ᠣᠨ ᠤ ᠰᠣᠷᠤᠭᠴᠢ ᠶᠢᠨ ᠢᠷᠡᠯᠲᠡ ᠶᠢᠨ ᠳᠤᠮᠳᠠᠳᠤ ᠰᠤᠷᠭᠠᠭᠤᠯᠢ︾ ᠶᠢᠨ ᠴᠤᠯᠠ ᠶᠢ ᠣᠯᠭᠤᠭᠰᠠᠨ ᠪᠠᠶᠢᠨ᠎ᠠ | ᠃ ᠠᠤᠬᠠᠨ ᠤ ᠺᠠᠳ᠋ᠷ ᠤᠨ ᠳᠡᠭᠡᠳᠦ ᠰᠤᠷᠭᠠᠭᠤᠯᠢ ᠶᠢ ᠪᠠᠶᠢᠭᠤᠯᠵᠤ ᠡᠬᠢᠯᠡᠪᠡ᠃ ᠯᠢᠦ ᠳ᠋ᠤᠤ ᠯᠢᠩ᠂ ᠰᠠᠨ ᠱᠢ ᠡᠯ | ᠯᠢᠶᠠᠨ ᠱᠠᠨ᠂ ᠯᠢᠶᠠᠨ ᠵᠠᠩ ᠱᠠᠨ᠂ ᠮᠠ ᠴᠠᠩ ᠯᠢᠶᠠᠩ᠂ ᠡᠯᠡᠰᠦ ᠶᠢ ᠵᠠᠰᠠᠬᠤ ᠤᠢ ᠰᠢᠭᠤᠶ ᠶᠢᠨ ᠲᠠᠯᠠᠪᠠᠢ ᠵᠡᠷᠭᠡ 5 | ᠣᠷᠤᠨ ᠤ ᠲᠤᠬᠠᠶ ᠶᠢᠨ ᠲᠠᠯᠠᠪᠠᠢ ᠳᠤ ᠵᠢᠭᠠᠨ ᠰᠤᠷᠭᠠᠬᠤ ᠴᠢᠭ ᠤᠨ ᠰᠠᠭᠤᠷᠢ ᠪᠠᠷᠢᠯᠭ᠎ᠠ ᠶᠢ ᠪᠠᠶᠢᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠭᠠᠭᠤᠯᠢ ᠠᠴᠠ ᠠᠤᠬᠠᠨ ᠤ ᠺᠠᠳ᠋ᠷ ᠤᠨ ᠳᠡᠭᠡᠳᠦ ᠰᠤᠷᠭᠠᠭᠤᠯᠢ ᠶᠢ | ᠲᠤᠬᠠᠶ ᠶᠢᠨ ᠲᠠᠯᠠᠪᠠᠢ ᠳᠤ ᠵᠢᠭᠠᠨ ᠰᠤᠷᠭᠠᠬᠤ ᠰᠠᠭᠤᠷᠢᠨ ᠭᠠᠵᠠᠷ ᠭᠡᠵᠦ ᠠᠩᠬ᠎ᠠ ᠠᠯᠬᠤᠮ ᠲᠣᠭᠲᠠᠭᠠᠪᠠ᠃ ᠡᠮ | ᠡᠮᠨᠡᠯᠭᠡ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃ ᠬᠤᠰᠢᠭᠤᠨ ᠤ ᠮᠣᠩᠭᠤᠯ ᠬᠢᠲᠠᠳ | ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠡᠪᠡᠳᠴᠢᠲᠡᠨ ᠤ ᠥᠷᠦᠭᠡ ᠶᠢᠨ ᠶᠡᠷᠦᠩᠬᠡᠶᠢᠯᠡᠭᠰᠡᠨ ᠠᠰᠠᠷ ᠪᠠ ᠡᠬᠡ | ᠨᠢᠯᠬᠠᠰ ᠤᠨ ᠡᠷᠡᠭᠦᠯ ᠬᠠᠮᠠᠭᠠᠯᠠᠯ ᠤᠨ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠢ ᠪᠠᠶᠢᠭᠤᠯᠪᠠ᠃ ︽ | ᠤᠷᠢᠳᠠᠪᠠᠷ ᠡᠮᠨᠡᠭᠦᠯᠵᠦ ᠰᠡᠭᠦᠯᠡᠷ ᠰᠦᠢᠳᠬᠡᠯ ᠲᠤᠰᠢᠶᠠᠬᠤ︾ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ | ᠤᠳᠠᠭᠠᠨ ᠴᠢᠨᠠᠷᠲᠠᠢ ᠡᠪᠡᠳᠴᠢᠨ ᠳᠤ ᠡᠮ ᠲᠣᠬᠢᠷᠠᠭᠤᠯᠬᠤ ᠠᠵᠢᠯ ᠢ ᠡᠬᠢᠯᠡᠭᠦᠯᠪᠡ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠴᠠᠩ ᠱᠧᠩ ᠡᠷᠡᠭᠦᠯ ᠬᠠᠮᠠᠭᠠᠯᠠᠯ ᠤᠨ ᠬᠤᠷᠢᠶ᠎ᠠ | ᠨᠢ ᠳᠤᠮᠳᠠᠳᠤ ᠤᠯᠤᠰ ᠤᠨ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠨᠡᠶᠢᠭᠡᠮᠯᠢᠭ ᠠᠴᠠ ᠪᠦᠬᠦ ᠤᠯᠤᠰ ᠤᠨ ︽ | ᠰᠢᠯᠢᠳᠡᠭ ᠡᠷᠡᠭᠦᠯ ᠬᠠᠮᠠᠭᠠᠯᠠᠯ ᠤᠨ ᠬᠤᠷᠢᠶ᠎ᠠ︾ ᠪᠠᠷ ᠦᠨᠡᠯᠡᠭᠳᠡᠵᠦ︔ ᠭᠤᠷᠪᠠᠨᠬᠤᠸᠠ᠂ ᠬᠤᠸᠠᠩ ᠶᠠᠩ ᠸᠠ ᠶᠢᠨ | ᠡᠷᠡᠭᠦᠯ ᠬᠠᠮᠠᠭᠠᠯᠠᠯ ᠤᠨ ᠬᠤᠷᠢᠶ᠎ᠠ ᠨᠢ ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠠᠴᠠ | ︽2017 ᠣᠨ ᠤ ᠤᠯᠠᠨ ᠲᠦᠮᠡᠨ ᠳᠤ ᠬᠠᠨᠤᠮᠵᠢᠲᠠᠶ ᠡᠷᠡᠭᠦᠯ ᠬᠠᠮᠠᠭᠠᠯᠠᠯ ᠤᠨ ᠬᠤᠷᠢᠶ᠎ᠠ︾ ᠦᠨᠡᠯᠡᠭᠳᠡᠪᠡ ᠃ | ᠰᠣᠶᠣᠯ ᠪᠡᠶ᠎ᠡ ᠲᠠᠮᠢᠷ ᠷᠠᠳᠢᠤ᠋ ᠲᠧᠯᠸᠢᠰ ᠤᠨ ᠦᠢᠯᠡᠰ ᠥᠷᠨᠢᠨ ᠬᠦᠭᠵᠢᠪᠡ᠃ ᠮᠠᠯᠵᠢᠬᠤ ᠲᠠᠷᠢᠶᠠᠯᠠᠬᠤ ᠣᠷᠣᠨ ᠤ | ᠤᠲᠠᠰᠤᠲᠤ ᠲᠧᠯᠸᠢᠰ ᠤᠨ ᠰᠦᠯᠵᠢᠶ᠎ᠡ ᠶᠢ ᠳᠤᠭᠠᠵᠢᠭᠤᠯᠬᠤ ᠥᠭᠡᠷᠡᠴᠢᠯᠡᠯᠲᠡ ᠪᠠ ︽ᠥᠷᠭᠡᠨ ᠪᠦᠰᠡᠲᠦ ᠬᠥᠳᠡᠭᠡ | ᠲᠣᠰᠬᠤᠨ︾ ᠤ ᠢᠨᠵᠧᠨᠧᠷᠢᠩ ᠢ ᠡᠬᠢᠯᠡᠭᠦᠯᠪᠡ᠃ ᠰᠢᠨᠵᠢᠯᠡᠭᠡ ᠮᠡᠷᠭᠡᠵᠢᠯ ᠤᠨ ᠴᠢᠳᠠᠪᠤᠷᠢᠲᠠᠨ ᠤ ᠠᠵᠢᠯ ᠢ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠪᠠ᠃ 15 ᠰᠢᠨᠵᠢᠯᠡᠭᠡ ᠮᠡᠷᠭᠡᠵᠢᠯ ᠤᠨ ᠲᠦᠷᠦᠯ ᠵᠦᠢᠯ ᠢ ᠬᠥᠬᠢᠭᠦᠯᠦᠨ | ᠱᠠᠩᠨᠠᠵᠤ ᠂ 42 ᠰᠢᠨ᠎ᠡ ᠲᠦᠷᠦᠯ ᠵᠦᠢᠯ ᠂ 19 ᠰᠢᠨ᠎ᠡ ᠮᠡᠷᠭᠡᠵᠢᠯ ᠢ ᠲᠠᠲᠠᠨ ᠣᠷᠤᠭᠤᠯᠵᠤ᠂ ︽ᠠᠣᠬᠠᠨ ᠨᠠᠷᠢᠮᠤ | 1 ᠨᠡᠷᠡᠮᠵᠢᠲᠦ︾ ᠶᠢᠨ ᠳᠡᠯᠭᠡᠷᠡᠭᠦᠯᠦᠨ ᠬᠡᠷᠡᠭᠯᠡᠬᠦ ᠨᠢ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ | ᠡᠯᠪᠡᠭ ᠬᠤᠷᠢᠶᠠᠯᠲᠠ ᠶᠢᠨ ᠬᠤᠶᠠᠳᠤᠭᠠᠷ ᠳᠡᠰ ᠤᠨ ᠱᠠᠩᠨᠠᠯ ᠬᠥᠷᠲᠡᠪᠡ᠃ ᠲᠦᠷᠦᠭᠦᠦ ᠪᠦᠯᠦᠭ ᠤᠨ 167 ᠨᠡᠷᠡᠰ | ᠰᠢᠨ᠎ᠡ ᠮᠠᠶ᠋ᠢᠭ ᠤᠨ ᠲᠤᠰᠬᠠᠶ ᠠᠵᠢᠯ ᠤᠨ ᠲᠠᠷᠢᠶᠠᠴᠢᠨ ᠢ ᠬᠥᠮᠦᠵᠢᠭᠦᠯᠦᠨ ᠪᠤᠶᠢᠵᠢᠭᠤᠯᠬᠤ ᠠᠵᠢᠯ ᠢ ᠪᠡᠶᠡᠯᠡᠭᠦᠯᠦᠭᠰᠡᠨ | ᠪᠠᠶᠢᠨ᠎ᠠ᠃ 174 ᠨᠡᠷᠡᠰ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠢ ᠢᠯᠡ ᠪᠠᠷ ᠤᠷᠢᠪᠠ᠃ | ᠬᠥᠮᠦᠨ ᠠᠮᠠ ᠲᠥᠯᠥᠪᠯᠡᠭᠡᠲᠦ ᠦᠷᠡᠵᠢᠯ ᠤᠨ ᠠᠵᠢᠯ ᠢ ᠳᠤᠭᠲᠠᠭᠤᠨ ᠪᠠᠲᠤᠲᠠᠶ ᠪᠠᠷ ᠥᠷᠨᠢᠭᠦᠯᠪᠡ᠃ ᠬᠤᠶᠠᠳᠤᠭᠠᠷ | ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠷᠢᠨ ᠬᠢᠨᠠᠮᠠᠭᠠᠶ ᠨᠠᠶᠢᠳᠠᠪᠤᠷᠢᠵᠢᠭᠤᠯᠪᠠ᠃ | ᠪᠦᠭᠦ ᠬᠤᠰᠢᠭᠤᠨ ᠤ ᠬᠥᠮᠦᠨ ᠠᠮᠠ ᠶᠢᠨ ᠲᠦᠷᠦᠯᠲᠡ ᠶᠢᠨ ᠨᠤᠷᠮ᠎ᠠ 9.22 ‰ ᠪᠤᠯᠵᠤ᠂ ᠠᠶᠠᠨᠳᠠᠭᠠᠨ ᠤ | ᠦᠰᠦᠯᠲᠡ ᠶᠢᠨ ᠨᠤᠷᠮ᠎ᠠ 5.05 ‰᠂ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠦᠷᠡᠵᠢᠯ ᠤᠨ ᠨᠣᠷᠮ᠎ᠠ 93. | 32%᠃ ᠨᠡᠶᠢᠭᠡᠮ ᠤᠨ ᠠᠷᠠᠳ ᠤᠨ ᠠᠮᠢᠳᠤᠷᠠᠯ ᠤᠨ ᠪᠠᠲᠤᠯᠠᠪᠤᠷᠢ ᠦᠨᠡᠨᠬᠦ ᠴᠢᠩᠭᠠᠷᠠᠵᠤ ᠪᠠᠶᠢᠨ᠎ᠠ᠃ ᠪᠥᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠳᠠᠩᠰᠠᠯᠠᠯ ᠢ ᠨᠡᠶᠢᠳᠡᠮ ᠪᠦᠷᠬᠦᠬᠦ ᠶᠢ ᠪᠡᠶᠡᠯᠡᠭᠦᠯᠵᠦ᠂ ᠭᠠᠵᠠᠷ | ᠰᠢᠷᠣᠶ ᠪᠠᠨ ᠲᠠᠲᠠᠪᠤᠷᠢᠯᠠᠭᠳᠠᠭᠰᠠᠨ ᠲᠠᠷᠢᠶᠠᠴᠢᠨ ᠮᠠᠯᠴᠢᠳ ᠤᠨ ᠳᠠᠭᠠᠳᠬᠠᠯ ᠳᠤ ᠣᠷᠣᠯᠴᠠᠭᠰᠠᠨ 1.6 ᠲᠦᠮᠡᠨ | ᠬᠥᠮᠦᠨ ᠳᠤ ᠠᠰᠢᠭ ᠬᠦᠷᠲᠡᠭᠡᠪᠡ᠃ ᠬᠤᠲᠠ ᠪᠠᠯᠭᠠᠰᠤᠨ ᠤ ᠠᠵᠤ ᠠᠬᠤᠶᠢᠯᠠᠯ ᠤᠨ ᠠᠵᠢᠯᠳᠠᠨ ᠠᠵᠢᠯᠴᠢᠨ᠂ | ᠪᠠᠶᠢᠭᠤᠯᠭ᠎ᠠ ᠤᠨ ᠠᠵᠢᠯ ᠦᠢᠯᠡᠰ ᠤᠨ ᠠᠵᠢᠯᠲᠠᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ | ᠣᠷᠤᠯᠴᠠᠭᠰᠠᠨ ᠨᠢ 27.78 ᠲᠦᠮᠡᠨ ᠬᠥᠮᠦᠨ ᠳᠤ ᠬᠦᠷᠴᠦ᠂ ᠰᠠᠭᠤᠷᠢ ᠮᠥᠩᠭᠦ ᠶᠢᠨ ᠦᠯᠡᠳᠡᠪᠦᠷᠢ ᠲᠥᠭᠦᠷᠢᠭ 2. | 78 ᠳ᠋ᠦᠩᠰᠢᠭᠤᠷ ᠲᠦᠭᠦᠷᠢᠭ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠢ | ᠨᠡᠶᠢᠯᠡᠭᠦᠯᠦᠨ ︽ᠵᠢᠷᠭᠤᠭ᠎ᠠ ᠶᠢ ᠨᠢᠭᠡᠳᠬᠡᠬᠦ︾ ᠲᠦᠷᠢᠮ ᠢ ᠪᠤᠢ ᠪᠣᠯᠭᠠᠵᠤ᠂ ᠰᠠᠭᠤᠭᠠᠯᠢ ᠠᠷᠠᠳ ᠤᠨ ᠳᠠᠭᠠᠳᠬᠠᠯ ᠳᠤ | ᠣᠷᠣᠯᠴᠠᠭᠰᠠᠨ ᠨᠣᠷᠮ᠎ᠠ 98.5% ᠬᠦᠷᠪᠡ᠃ ᠬᠤᠳᠠ ᠬᠥᠳᠡᠭᠡ ᠶᠢᠨ ᠠᠮᠢᠳᠤᠷᠠᠯ ᠤᠨ ᠳᠣᠣᠷ᠎ᠠ ᠪᠠᠲᠤᠯᠠᠭᠠᠲᠤ | ᠪᠡᠯᠡ ᠮᠥᠩᠭᠦ ᠶᠢ 1.23 ᠳ᠋ᠦᠩᠰᠢᠭᠤᠷ ᠲᠦᠭᠦᠷᠢᠭ ᠲᠠᠷᠬᠠᠭᠠᠪᠠ᠃ ᠬᠤᠲᠠ ᠪᠠᠯᠭᠠᠰᠤᠨ ᠤ ᠠᠵᠢᠯ ᠠᠯᠳᠠᠯᠲᠠ ᠶᠢ | ᠳᠠᠩᠰᠠᠯᠠᠭᠤᠯᠤᠭᠰᠠᠨ ᠨᠤᠷᠮ᠎ᠠ ᠶᠢ 3.8% ᠳᠣᠲᠣᠷ᠎ᠠ ᠬᠢᠵᠠᠭᠠᠷᠯᠠᠪᠠ᠃ ᠬᠥᠳᠡᠭᠡ ᠲᠣᠰᠬᠤᠨ ᠤ ᠬᠥᠳᠡᠯᠮᠦᠷᠢ ᠶᠢᠨ | ᠬᠦᠴᠦᠨ ᠤ ᠰᠢᠯᠵᠢᠵᠦ ᠠᠵᠢᠯ ᠣᠯᠭᠤᠭᠰᠠᠨ ᠨᠢ 11.6 ᠲᠦᠮᠡᠨ ᠬᠥᠮᠦᠨ ︵ᠤᠳᠠᠭ᠎ᠠ︶ ᠪᠠᠶᠢᠵᠠᠶ᠃ ᠨᠡᠶᠢᠭᠡᠮ ᠤᠨ | ᠶᠡᠷᠦᠩᠬᠡᠶᠢᠯᠡᠨ ᠵᠠᠰᠠᠯᠲᠠ ᠨᠡᠩ ᠪᠦᠲᠦᠮᠵᠢᠲᠡᠶ ᠪᠣᠯᠪᠠ᠃ ᠬᠤᠰᠢᠭᠤ ᠰᠢᠶᠠᠩ ᠲᠣᠰᠬᠤᠨ ᠭᠤᠷᠪᠠᠨ ᠳᠡᠰ ᠤᠨ | ᠶᠡᠷᠦᠩᠬᠡᠶᠢᠯᠡᠨ ᠵᠠᠰᠠᠬᠤ ᠲᠥᠪ ᠱᠤᠴᠢᠯᠠᠭᠰᠠᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ | ᠪᠠᠶᠢᠭᠤᠯᠤᠭᠰᠠᠨ ᠪᠠᠶᠢᠨ᠎ᠠ᠃ ᠪᠦᠭᠦ ᠬᠤᠰᠢᠭᠤᠨ ᠤ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠭᠰᠡᠨ ᠨᠣᠷᠮ᠎ᠠ | 98% ᠳᠤ ᠬᠦᠷᠦᠭᠰᠡᠨ ᠪᠠᠶᠢᠨ᠎ᠠ᠃ ᠪᠦᠭᠦ ᠬᠤᠰᠢᠭᠤᠨ ᠳᠤ ᠨᠡᠯᠢᠶᠡᠳ ᠶᠡᠭᠡ ᠠᠶᠤᠯ ᠥᠭᠡᠢ ᠦᠢᠯᠡᠳᠪᠦᠷᠢᠯᠡᠯ ᠤᠨ | ᠡ᠊ᠨᠳᠡᠯ ᠭᠠᠷᠤᠭᠰᠠᠨ ᠤᠢᠭᠡᠢ᠃ ᠲᠧᠯᠸᠢᠰᠲᠦ ᠰᠤᠷᠪᠤᠯᠵᠢᠯᠠᠭ᠎ᠠ ᠶᠢᠨ ᠠᠷᠭ᠎ᠠ ᠵᠠᠮ ᠢ ᠨᠡᠭᠡᠭᠡᠨ ᠨᠡᠪᠲᠡᠷᠡᠭᠦᠯᠵᠦ᠂ ᠤᠯᠠᠨ | ᠲᠦᠮᠡᠨ ᠢ ᠬᠠᠤᠯᠢ ᠶᠣᠰᠤᠭᠠᠷ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠶᠢ ᠬᠥᠲᠥᠯᠥᠨ ᠵᠢᠯᠤᠭᠤᠳᠪᠠ᠃ ᠴᠠᠭ | ᠠᠭᠤᠷ ᠤᠨ ᠭᠠᠶ ᠭᠠᠮᠰᠢᠭ ᠢ ᠬᠢᠨᠠᠨ ᠰᠢᠯᠭᠠᠬᠤ ᠲᠣᠣᠷ ᠴᠡᠭ 34 ᠳᠤ ᠬᠦᠷᠪᠡ᠃ ᠬᠥᠳᠡᠭᠡ ᠲᠣᠰᠬᠤᠨ ᠤ ᠭᠠᠯ | ᠤᠨᠲᠠᠷᠠᠭᠠᠬᠤ ᠥᠷᠳᠡᠭᠡ 5 ᠶᠢ ᠰᠢᠨ᠎ᠡ ᠪᠠᠷ ᠪᠠᠶᠢᠭᠤᠯᠪᠠ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠨ | ᠵᠢᠯᠣᠭᠤᠳᠬᠤ ᠲᠥᠪ ᠪᠣᠯᠤᠨ ᠰᠤᠮᠤ ᠪᠠᠯᠭᠠᠰᠤᠨ ᠤ ᠲᠧᠯᠸᠢᠰᠲᠦ ᠬᠤᠯᠪᠤᠭ᠎ᠠ ᠶᠢ ᠪᠡᠶᠡᠯᠡᠭᠦᠯᠪᠡ᠃ ᠭᠤᠷᠪᠠᠨᠬᠤᠸᠠ | ᠰᠢᠶᠠᠩ ᠪᠣᠯᠤᠨ ᠨᠦᠬᠡᠲᠦ ᠰᠢᠶᠠᠩ ᠢ ᠬᠠᠰᠤᠵᠤ ᠪᠠᠯᠭᠠᠰᠤ ᠪᠠᠶᠢᠭᠤᠯᠬᠤ ᠨᠢ ᠣᠷᠣᠨ᠂ ᠬᠤᠳᠠ ᠶᠢᠨ | ᠴᠣᠬᠤᠯᠠᠪᠤᠷᠢᠯᠠᠬᠤ ᠶᠢ ᠣᠯᠤᠭᠰᠠᠨ ᠪᠠᠶᠢᠨ᠎ᠠ ᠃ ᠵᠠᠩᠭᠢᠯᠠᠭ᠎ᠠ ᠶᠢᠨ ᠴᠠᠭ ᠬᠤᠭᠤᠴᠠᠭᠠᠨ ᠳᠤ ᠪᠦᠭᠦ ᠬᠤᠰᠢᠭᠤᠨ ᠤ | ᠨᠡᠶᠢᠭᠡᠮ ᠤᠨ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠪᠠᠲᠤᠯᠠᠵᠤ ᠴᠢᠳᠠᠭᠰᠠᠨ ᠪᠠᠶᠢᠨ᠎ᠠ᠃ | ︵ᠠᠷᠪᠠ︶ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨᠬᠦ ᠴᠢᠩᠭᠠᠳᠬᠠᠪᠠ | ︽ᠬᠤᠶᠠᠷ ᠢ ᠰᠤᠷᠤᠯᠴᠠᠵᠤ ᠬᠢᠷᠢ ᠳᠡᠩᠴᠡᠭᠰᠡᠨ ᠨᠠᠮ ᠤᠨ ᠬᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ | ᠪᠠᠶᠢᠩᠭᠤᠵᠢᠭᠤᠯᠵᠤ᠂ ᠳᠦᠷᠢᠮᠵᠢᠭᠦᠯᠬᠦ ᠠᠵᠢᠯ ᠢ ᠭᠦᠨᠵᠡᠭᠡᠶ ᠥᠷᠨᠢᠭᠦᠯᠵᠦ᠂ ︽ᠭᠤᠷᠪᠠ ᠶᠢ ᠠᠳᠠᠯᠢᠳᠬᠠᠨ ᠨᠢᠭᠡ ᠶᠢ | ᠴᠡᠭᠴᠡᠯᠡᠨ ᠵᠠᠰᠠᠬᠤ︾ ᠲᠤᠰᠬᠠᠶ ᠵᠦᠢᠯ ᠤᠨ ᠠᠵᠢᠯᠯᠠᠭ᠎ᠠ ᠶᠢᠨ ᠵᠠᠰᠠᠯᠲᠠ ᠪᠦᠲᠦᠮᠵᠢᠲᠡᠶ᠃ ᠲᠥᠪ ᠬᠤᠷᠢᠶᠠᠨ ᠤ | ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠳᠥᠷᠪᠡᠨ ᠰᠤᠷᠲᠠᠯ︾ ᠤᠨ | ᠠᠰᠠᠭᠤᠳᠠᠯ ᠢ ᠪᠦᠲᠦᠮᠵᠢᠲᠡᠶ ᠪᠠᠷ ᠬᠤᠷᠢᠭᠯᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠪᠠ ᠠᠵᠢᠯ ᠳᠤ ᠬᠢᠨᠠᠯᠲᠠ | ᠲᠠᠯᠪᠢᠬᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ | ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ ᠂ ᠪᠦᠬᠦ ᠵᠢᠯ ᠳᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ 82 ᠬᠤᠪᠢ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ 71 ᠬᠤᠪᠢ ᠰᠢᠢᠳᠪᠦᠷᠢᠯᠡᠵᠦ᠂ ᠬᠠᠷᠢᠭᠤᠯᠲᠠ ᠦᠭᠭᠦᠭᠰᠡᠨ ᠨᠤᠷᠮ᠎ᠠ | 100% ᠬᠦᠷᠪᠡ᠃ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠨᠢ ᠬᠤᠰᠢᠭᠤ᠂ ᠰᠢᠶᠠᠩ ︵ᠰᠤᠮᠤ︶᠂ | ᠭᠠᠴᠠᠭᠠᠨ ᠤ ᠰᠦᠯᠵᠢᠶᠠᠵᠢᠬᠦᠯᠣᠯᠳᠠ ᠶᠢ ᠪᠡᠶᠡᠯᠡᠭᠦᠯᠵᠦ᠂ ᠤᠯᠠᠨ ᠲᠦᠮᠡᠨ ᠤ ᠬᠠᠨᠤᠮᠵᠢᠲᠠᠶ ᠨᠣᠷᠮ᠎ᠠ 98.7% | ᠬᠦᠷᠪᠡ᠃ ᠤᠯᠠᠨ ᠨᠡᠶᠢᠲᠡ ᠶᠢᠨ ᠡᠬᠢ ᠰᠣᠷᠪᠤᠯᠵᠢ ᠶᠢᠨ ᠰᠣᠯᠢᠯᠴᠠᠭᠠᠨ ᠤ ᠲᠠᠪᠴᠠᠩ ᠪᠣᠯᠤᠨ ᠬᠤᠳᠠ ᠶᠢᠨ ᠳᠡᠰ ᠤᠨ | ᠲᠠᠪᠴᠠᠩ ᠲᠠᠢ ᠰᠦᠯᠵᠢᠶ᠎ᠡ ᠬᠤᠯᠪᠣᠨ᠂ ᠳᠠᠭᠠᠭᠠᠴᠢᠯᠠᠯᠲᠠ ᠶᠢᠨ ᠡᠯᠧᠺᠲᠷᠣᠨ ᠲᠠᠪᠴᠠᠩ ᠢ ᠠᠰᠢᠭᠯᠠᠯᠲᠠ ᠳᠤ | ᠣᠷᠣᠭᠤᠯᠵᠤ᠂ 391 ᠪᠦᠯᠦᠭ ᠤᠳᠠᠭ᠎ᠠ ᠬᠤᠳᠠᠯᠳᠤᠨ ᠠᠪᠬᠤ ᠶᠢ ᠪᠡᠶᠡᠯᠡᠭᠦᠯᠦᠨ᠂ 6795 ᠲᠦᠮᠡᠨ ᠲᠥᠭᠦᠷᠢᠭ | ᠪᠡᠯᠡ ᠮᠥᠩᠭᠦ ᠶᠢ ᠠᠷᠪᠢᠯᠠᠪᠠ᠃ ᠬᠢᠨᠠᠨ ᠪᠠᠶᠢᠴᠠᠭᠠᠬᠤ ᠬᠤᠷᠢᠶ᠎ᠠ ᠪᠠ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ ᠶᠢ ᠪᠠᠶᠢᠭᠤᠯᠪᠠ᠃ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠷᠬᠡ ᠶᠢ ᠨᠤᠲᠠᠯᠠᠨ | ᠳᠡᠩᠰᠡᠯᠡᠵᠦ ᠦᠨᠡᠮᠯᠡᠯ ᠣᠯᠭᠤᠬᠤ᠂ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ᠂ ᠤᠯᠤᠰ ᠤᠨ | ᠥᠮᠴᠢᠯᠡᠯ ᠤᠨ ᠤᠢ ᠰᠢᠭᠤᠶ ᠶᠢᠨ ᠲᠠᠯᠠᠪᠠᠢ ᠶᠢᠨ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠬᠦ ᠶᠢ ᠪᠦᠬᠦ ᠲᠠᠯ᠎ᠠ ᠪᠠᠷ | ᠦᠷᠨᠢᠭᠦᠯᠪᠡ᠃ ᠬᠤᠰᠢᠭᠤ ᠰᠢᠶᠠᠩ ᠭᠠᠴᠠᠭᠠᠨ ᠤ ᠭᠤᠣᠯ ᠮᠦᠷᠡᠨ ᠤ ᠠᠵᠢᠯ ᠳᠤ ᠬᠠᠷᠢᠭᠤᠴᠠᠬᠤ ᠶᠢ ᠴᠢᠩᠭ᠎ᠠ | ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠤᠰᠤᠨ ᠤ ᠦᠨ᠎ᠡ ᠶᠢᠨ ᠥᠭᠡᠷᠡᠴᠢᠯᠡᠯᠲᠡ ᠶᠢ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠪᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠥᠷᠨᠢᠭᠦᠯᠵᠦ᠂ ︽ᠳᠣᠯᠣᠳᠤᠭᠠᠷ ᠲᠠᠪᠤᠨ ᠵᠢᠯ ᠤᠨ ᠲᠥᠯᠥᠪᠯᠡᠭᠡᠨ︾ ᠤ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠮᠵᠢᠯᠲᠠ ᠣᠯᠤᠭᠰᠠᠨ ᠪᠠᠶᠢᠨ᠎ᠠ᠃ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠡᠷᠬᠡ ᠬᠠᠷᠢᠭᠤᠴᠠᠯᠭ᠎ᠠ ᠶᠢᠨ ᠲᠣᠳᠣᠷᠬᠠᠶ | ᠬᠠᠭᠤᠳᠠᠰᠤ ᠶᠢ ᠨᠠᠶᠢᠷᠠᠭᠤᠯᠤᠨ ᠵᠣᠬᠢᠶᠠᠵᠤ ᠬᠢᠨᠠᠨ ᠲᠣᠭᠲᠠᠭᠠᠬᠤ ᠠᠵᠢᠯ ᠢ ᠲᠡᠭᠦᠯᠳᠡᠷᠵᠢᠭᠦᠯᠪᠡ᠃ ᠵᠠᠰᠠᠭ ᠤᠨ | ᠶᠠᠪᠤᠳᠠᠯ ᠢ ᠢᠯᠡ ᠪᠣᠯᠭᠠᠬᠤ᠂ ᠴᠢᠳᠠᠪᠬᠢ ᠶᠢ ᠬᠢᠨᠠᠨ ᠪᠠᠶᠢᠴᠠᠭᠠᠬᠤ ᠠᠵᠢᠯ ᠤᠨ ᠠᠮᠵᠢᠯᠲᠠ ᠢᠯᠡᠷᠬᠡᠶ ᠪᠠᠶᠢᠵᠤ᠂ ᠬᠢᠨᠠᠨ | ᠪᠤᠳᠤᠬᠤ ᠬᠢᠨᠠᠯᠲᠠ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠲᠠᠰᠤᠷᠠᠯᠳᠡ ᠦᠭᠡᠢ | ᠴᠢᠩᠭᠠᠳᠬᠠᠪᠠ᠃ ᠪᠦᠬᠦ ᠵᠢᠯ ᠳᠤ ᠥᠪᠡᠷᠲᠡᠭᠡᠨ ᠵᠠᠰᠠᠬᠤ ᠣᠷᠣᠨ ᠠᠴᠠ ᠳᠡᠭᠡᠭᠰᠢᠬᠢ ᠰᠠᠶᠢᠰᠢᠶᠠᠯ ᠪᠠ ᠢᠷᠠᠭᠤ ᠠᠯᠳᠠᠷ | 39 ᠵᠦᠢᠯ ᠭᠥᠷᠳᠡᠪᠡ᠃ ᠡᠭᠦᠨ ᠤ ᠵᠡᠷᠭᠡᠪᠡᠷ᠂ ᠦᠨᠳᠦᠰᠦᠲᠡᠨ ᠤ ᠱᠠᠰᠢᠨ᠂ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ᠂ ᠳᠠᠩᠰᠠ ᠡᠪᠬᠡᠮᠡᠯ᠂ ᠠᠷᠠᠳ ᠤᠨ ᠰᠡᠷᠭᠡᠶᠢᠯᠡᠯᠲᠡ ᠂ ᠲᠡᠦᠬᠡ ᠣᠶᠢᠯᠠᠯᠭ᠎ᠠ᠂ ᠨᠠᠰᠤᠳᠠᠶᠢᠴᠤᠳ᠂ | ᠵᠡᠮᠳᠡᠭᠴᠦᠳ ᠤᠨ ᠬᠤᠯᠪᠣᠭ᠎ᠠ ᠂ ᠨᠢᠭᠦᠯᠡᠰᠦᠩᠭᠦᠢ ᠶᠢᠨ ᠦᠢᠯᠡᠰ ᠵᠡᠷᠭᠡ ᠠᠵᠢᠯ ᠳᠤ ᠢᠯᠡᠷᠬᠡᠶ ᠲᠠᠪᠰᠢᠯᠳᠠ ᠲᠠᠢ | ᠪᠣᠯᠤᠭᠰᠠᠨ ᠪᠠᠶᠢᠨ᠎ᠠ᠃ | ᠲᠥᠯᠥᠭᠡᠯᠡᠭᠴᠢᠳ ᠡ᠄ ᠡᠳᠡᠭᠡᠷ ᠠᠮᠵᠢᠯᠲᠠ ᠪᠦᠲᠦᠮᠵᠢ ᠶᠢ ᠣᠯᠤᠭᠰᠠᠨ ᠨᠢ ᠬᠤᠰᠢᠭᠤᠨ ᠤ ᠨᠠᠮ ᠤᠨ | ᠬᠤᠷᠢᠶᠠᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠪᠠ ᠵᠥᠪ ᠤᠳᠤᠷᠢᠳᠤᠭᠰᠠᠨ ᠤ | ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ | ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠬᠤ ᠠᠵᠢᠯ ᠢ ᠴᠢᠩᠭᠠᠳᠬᠠᠨ ᠬᠦᠴᠦᠯᠡᠨ | ᠳᠠᠮᠵᠢᠭᠰᠠᠨ ᠤ ᠦᠷ᠎ᠡ ᠳ᠋ᠦᠩ ᠮᠥᠨ ᠂ ᠬᠤᠰᠢᠭᠤ ᠳᠠᠶᠠᠭᠠᠷ ᠰᠡᠳᠬᠢᠯ ᠢᠶᠠᠨ ᠨᠢᠭᠡᠳᠬᠡᠨ ᠬᠦᠴᠦᠨ ᠢᠶᠠᠨ | ᠬᠠᠮᠲᠤᠳᠬᠠᠵᠤ᠂ ᠬᠠᠲᠠᠭᠤᠵᠢᠨ ᠴᠢᠩᠭᠠᠷᠠᠵᠤ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠡᠯ᠎ᠡ ᠹᠷᠣᠨᠲ ᠲᠤ ᠰᠢᠷᠭᠠᠭᠤ ᠠᠵᠢᠯᠯᠠᠵᠤ | ᠪᠠᠶᠢᠭ᠎ᠠ ᠥᠷᠭᠡᠨ ᠤᠯᠠᠨ ᠺᠠᠳ᠋ᠷ ᠤᠯᠠᠨ ᠲᠦᠮᠡᠨ᠂ ᠠᠣᠬᠠᠨ ᠬᠤᠰᠢᠭᠤᠨ ᠤ ᠪᠦᠲᠦᠭᠡᠨ ᠪᠠᠶᠢᠭᠤᠯᠤᠯᠲᠠ ᠪᠣᠯᠣᠨ | ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠠᠶᠢᠵᠢ ᠨᠥᠬᠦᠳ ᠲᠤ ᠴᠢᠩ ᠰᠡᠳᠬᠢᠯ ᠤᠨ ᠲᠠᠯᠠᠷᠬᠠᠯ ᠢᠶᠠᠨ | ᠢᠯᠡᠳᠭᠡᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕ | ᠠᠮᠵᠢᠯᠲᠠ ᠪᠦᠲᠦᠮᠵᠢ ᠪᠠᠨ ᠨᠤᠲᠠᠯᠠᠬᠤ ᠶᠢᠨ ᠬᠠᠮᠲᠤ ᠪᠢᠳᠠ ᠪᠠᠰᠠ ᠪᠦᠭᠦ ᠬᠤᠰᠢᠭᠤᠨ ᠤ ᠬᠥᠭᠵᠢᠯᠲᠡ | ᠲᠡᠩᠴᠡᠭᠦᠷᠢ ᠦᠭᠡᠢ᠂ ᠭᠦᠢᠴᠡᠳ ᠪᠣᠰᠤ ᠵᠥᠷᠢᠴᠡᠯ ᠮᠥᠨ ᠯᠡ ᠮᠠᠰᠢ ᠲᠤᠪᠤᠶᠢᠮ᠎ᠠ ᠪᠠᠶᠢᠵᠤ᠂ ᠪᠠᠭ᠎ᠠ ᠪᠤᠰᠤ | ᠬᠦᠴᠢᠷᠳᠡᠯ ᠪᠣᠯᠣᠨ ᠠᠰᠠᠭᠤᠳᠠᠯ ᠣᠷᠣᠰᠢᠭᠰᠠᠭᠠᠷ ᠭᠡᠳᠡᠭ ᠢ ᠰᠡᠷᠭᠡᠭ ᠢᠶᠠᠷ ᠣᠯᠵᠣ ᠬᠠᠷᠠᠬᠤ ᠬᠡᠷᠡᠭᠲᠡᠢ᠃ ᠨᠢᠭᠡ ᠳᠤ᠂ | ᠠᠵᠤ ᠠᠬᠤᠶ ᠶᠢᠨ ᠪᠦᠲᠦᠴᠡ ᠶᠢᠨ ᠪᠦᠬᠦᠯᠢ ᠴᠣᠭᠴᠠ ᠶᠢᠨ ᠰᠢᠯᠢᠳᠡᠭ ᠪᠣᠰᠤ ᠪᠠᠶᠢᠭᠰᠠᠭᠠᠷ᠃ ᠪᠦᠭᠦ ᠬᠤᠰᠢᠭᠤᠨ ᠤ | ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠᠭ᠎ᠠ᠂ ᠶᠡᠷᠦᠩᠬᠡᠶᠢᠯᠡᠭᠰᠡᠨ ᠪᠣᠳᠠᠲᠤ ᠬᠦᠴᠦᠨ ᠪᠠᠭᠤᠷᠠᠶ᠂ ᠲᠠᠷᠢᠶᠠᠯᠠᠩ ᠲᠤᠮᠤ | ᠪᠣᠯᠪᠠᠴᠤ ᠬᠦᠴᠦᠷᠬᠡᠭ ᠪᠤᠰᠤ᠂ ᠠᠵᠤ ᠦᠢᠯᠡᠳᠪᠦᠷᠢ ᠶᠢᠨ ᠡᠵᠡᠯᠡᠬᠦ ᠬᠤᠪᠢ ᠶᠢᠨ ᠳᠤᠭ᠎ᠠ ᠳᠣᠣᠷ᠎ᠠ ᠂ ᠭᠤᠷᠪᠠᠳᠤᠭᠠᠷ | ᠠᠵᠤ ᠦᠢᠯᠡᠰ ᠤᠨ ᠳᠡᠰ ᠳᠠᠪᠬᠤᠷᠭ᠎ᠠ ᠥᠨᠳᠥᠷ ᠪᠢᠰᠢ ᠪᠠᠶᠢᠨ᠎ᠠ᠃ ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠬᠤ | ᠡᠭᠦᠷᠭᠡ ᠮᠥᠨ ᠯᠡ ᠨᠦᠰᠡᠷ ᠬᠦᠨᠳᠦ ᠪᠠᠶᠢᠨ᠎ᠠ᠃ ᠤᠲᠤ ᠪᠦᠭᠦ ᠬᠤᠰᠢᠭᠤᠨ ᠳᠤ 24609 ᠶᠠᠳᠠᠭᠤ ᠬᠦᠴᠢᠷᠳᠡᠯᠲᠡᠶ | ᠬᠥᠮᠦᠨ ᠠᠮᠠ ᠪᠠᠶᠢᠵᠤ᠂ ᠮᠥᠨ ᠯᠡ ᠪᠦᠬᠦ ᠬᠤᠲᠠ ᠶᠢᠨ 18.6% ᠂ ᠪᠥᠬᠦ ᠣᠷᠣᠨ ᠤ 6.56% ᠶᠢ ᠡᠵᠡᠯᠡᠵᠦ᠂ | ᠡᠳᠡᠭᠡᠷ ᠶᠠᠳᠠᠭᠤ ᠬᠦᠴᠢᠷᠳᠡᠯᠲᠡᠶ ᠣᠯᠠᠨ ᠲᠦᠮᠡᠨ ᠢ ᠶᠠᠳᠠᠭᠤ ᠠᠴᠠ ᠠᠩᠭᠢᠵᠢᠷᠠᠭᠤᠯᠬᠤ ᠨᠢ ᠴᠥᠮ ᠰᠢᠢᠳᠪᠦᠷᠢᠯᠡᠬᠦ ᠳᠤ | ᠪᠡᠷᠬᠡ ᠠᠰᠠᠭᠤᠳᠠᠯ ᠶᠤᠮ᠃ ᠭᠤᠷᠪᠠ ᠳᠤ᠂ ᠡᠳ᠋ ᠤᠨ ᠵᠠᠰᠠᠭ ᠤᠨ ᠵᠠᠷᠤᠯᠭ᠎ᠠ ᠶᠢᠨ ᠳᠠᠷᠤᠯᠲᠠ ᠨᠡᠮᠡᠭᠳᠡᠵᠦ ᠪᠠᠶᠢᠨ᠎ᠠ᠃ | ᠪᠦᠭᠦ ᠬᠤᠰᠢᠭᠤᠨ ᠤ 2017 ᠣᠨ ᠤ ᠡᠳ᠋ ᠤᠨ ᠵᠠᠰᠠᠭ ᠤᠨ ᠵᠠᠷᠤᠯᠭ᠎ᠠ 41.7 ᠳ᠋ᠦᠩᠰᠢᠭᠤᠷ ᠲᠥᠭᠦᠷᠢᠭ ᠪᠠᠶᠢᠵᠤ᠂ | ᠣᠷᠣᠨ ᠨᠤᠲᠤᠭ ᠤᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠨᠢ ᠵᠥᠪᠬᠡᠨ 4.45 | ᠳ᠋ᠦᠩᠰᠢᠭᠤᠷ ᠲᠥᠭᠦᠷᠢᠭ ᠪᠣᠯᠤᠨ᠎ᠠ᠃ ᠡᠭᠦᠨ ᠤ ᠵᠡᠷᠭᠡᠪᠡᠷ᠂ ᠥᠷᠢ ᠥᠭᠴᠡᠭᠡ ᠶᠢ ᠨᠠᠮᠲᠠᠭᠤᠯᠵᠤ᠂ ᠠᠷᠠᠳ ᠤᠨ | ᠠᠮᠢᠳᠤᠷᠠᠯ ᠢ ᠪᠠᠲᠤᠯᠠᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠪᠠᠰᠠ ᠦᠷᠭᠦᠯᠵᠢᠯᠡᠨ ᠵᠠᠶᠢᠯᠠᠰᠢ | ᠦᠭᠡᠢ ᠵᠠᠷᠤᠯᠭ᠎ᠠ ᠲᠠᠢ ᠪᠠᠶᠢᠳᠠᠭ᠃ ᠲᠦᠷᠪᠡ ᠳᠤ᠂ ᠳᠣᠲᠣᠭᠠᠳᠤ ᠶᠢᠨ ᠬᠥᠳᠡᠯᠭᠡᠬᠦ ᠬᠦᠴᠦᠨ ᠤ ᠰᠡᠭᠦᠯᠴᠢ ᠶᠢᠨ | ᠬᠦᠴᠦᠨ ᠬᠦᠷᠦᠯᠴᠡᠬᠦ ᠦᠭᠡᠢ᠃ ᠪᠦᠭᠦ ᠬᠤᠰᠢᠭᠤᠨ ᠤ ᠳᠠᠶᠢᠴᠢᠯᠠᠯᠲᠠ ᠶᠢᠨ ᠠᠵᠤ ᠦᠢᠯᠡᠰ ᠤᠨ ᠳᠡᠰ ᠳᠡᠪᠰᠢᠨ᠂ | ᠠᠵᠢᠯ ᠣᠯᠭᠤᠬᠤ ᠦᠢᠯᠡᠰ ᠪᠦᠲᠦᠭᠡᠬᠦ ᠶᠢ ᠠᠬᠢᠭᠤᠯᠬᠤ ᠲᠤᠮᠤ ᠲᠦᠷᠦᠯ ᠵᠦᠢᠯ ᠤᠯᠠᠨ ᠪᠢᠰᠢ᠂ ᠰᠢᠨᠵᠢᠯᠡᠭᠡ | ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠪᠡᠯᠡ ᠣᠷᠣᠭᠤᠯᠤᠯᠲᠠ ᠶᠢᠨ ᠬᠦᠴᠦᠯᠡᠴᠡ ᠨᠢ ᠶᠡᠭᠡ ᠰᠠᠶᠢᠨ ᠲᠦᠷᠦᠯ | ᠵᠦᠢᠯ ᠴᠥᠭᠡᠨ ᠪᠠᠶᠢᠳᠠᠭ᠃ ᠲᠠᠪᠤ ᠳᠤ᠂ ᠵᠠᠰᠠᠭ ᠵᠠᠬᠢᠷᠭᠠᠨ ᠤ ᠴᠢᠳᠠᠪᠬᠢ ᠶᠢ ᠴᠢᠩᠭᠠᠳᠬᠠᠬᠤ ᠴᠢᠬᠤᠯᠠᠲᠠᠶ ᠪᠠᠶᠢᠨ᠎ᠠ᠃ | ᠬᠡᠰᠡᠭ ᠺᠠᠳ᠋ᠷᠴᠤᠳ ᠤᠨ ᠠᠵᠢᠯ ᠤᠨ ᠰᠤᠷᠲᠠᠯ ᠨᠢ ᠯᠠᠪᠳᠠᠭᠤᠨ ᠪᠢᠰᠢ᠂ ᠨᠠᠶᠢᠳᠠᠪᠤᠷᠢᠵᠢᠯᠲᠠ ᠶᠢᠨ ᠠᠵᠢᠯ ᠤᠳᠠᠭᠠᠨ᠂ | ᠠᠵᠢᠯ ᠤᠨ ᠦᠷ᠎ᠡ ᠪᠦᠲᠦᠮᠵᠢ ᠳᠣᠣᠷ᠎ᠠ᠂ ︽ᠲᠦᠭᠵᠢᠷᠡᠯ︾ ᠤᠨ ᠦᠵᠡᠭᠳᠡᠯ ᠣᠷᠣᠰᠢᠵᠤ ᠪᠠᠶᠢᠨ᠎ᠠ᠃ | ᠣᠨᠴᠠᠭᠠᠶᠢᠯᠠᠨ ᠠᠷᠠᠯᠵᠢᠶᠠᠴᠢᠨ ᠤᠷᠢᠵᠤ ᠪᠠᠯᠠ ᠣᠷᠤᠭᠤᠯᠬᠤ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ | ᠵᠡᠷᠭᠡ ᠬᠦᠷᠢᠶ᠎ᠡ ᠬᠡᠪᠴᠢᠶ᠎ᠡ ᠶᠢᠨ ᠦᠢᠯᠡᠴᠢᠯᠡᠭᠡᠨ ᠤ ᠤᠬᠠᠮᠰᠠᠷ ᠨᠢ ᠴᠢᠩᠭ᠎ᠠ ᠪᠢᠰᠢ᠂ ᠡᠯ᠎ᠡ ᠵᠦᠢᠯ ᠤᠨ ᠭᠠᠷ | ᠭᠦᠢᠴᠡᠳᠬᠡᠯ ᠤᠨ ᠠᠵᠢᠯ ᠤᠳᠠᠭᠠᠨ᠂ ᠠᠷᠢᠭᠤᠨ ᠴᠢᠭᠡᠴᠢ ᠰᠢᠨ᠎ᠡ ᠬᠡᠯᠪᠡᠷᠢ ᠶᠢᠨ ᠵᠠᠰᠠᠭ ᠤᠨ ᠣᠷᠳᠣᠨ ᠪᠠ | ᠬᠤᠳᠠᠯᠳᠤᠭᠠᠴᠢᠨ ᠤ ᠬᠠᠷᠢᠴᠠᠭ᠎ᠠ ᠪᠠᠶᠢᠭᠤᠯᠬᠤ ᠶᠢ ᠱᠠᠭᠠᠷᠳᠠᠵᠤ ᠪᠠᠶᠢᠨ᠎ᠠ᠃ ᠡᠳᠡᠭᠡᠷ ᠬᠦᠴᠢᠷᠳᠡᠯ ᠪᠠ ᠠᠰᠠᠭᠤᠳᠠᠯ ᠢ | ᠰᠢᠢᠳᠪᠦᠷᠢᠯᠡᠬᠦ ᠳᠤ ᠪᠢᠳᠡ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠨᠠᠷᠢᠨ ᠬᠢᠨᠠᠮᠠᠭᠠᠶ ᠰᠢᠢᠳᠪᠦᠷᠢᠯᠡᠬᠦ ᠬᠡᠷᠡᠭᠲᠡᠶ᠃ | |