2018 ᠣᠨ ᠤ ᠵᠠᠰᠠᠭ ᠤᠨ ᠣᠷᠳᠤᠨ ᠤ ᠠᠵᠢᠯ ᠤᠨ ᠢᠯᠡᠳᠭᠡᠯ    ︵ᠬᠤᠶᠠᠷ︶
ᠨᠡᠶᠢᠲᠡᠯᠡᠭᠰᠡᠨ ᠴᠠᠭ᠄
2018/4/9
ᠬᠤᠶᠠᠷ  ᠂ 2018 ᠣᠨ ᠤ ᠠᠵᠢᠯ ᠤᠨ ᠲᠣᠬᠢᠷᠠᠭᠤᠯᠤᠯᠲᠠ     2018 ᠣᠨ ᠪᠣᠯ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠤᠷᠢᠳᠤᠬᠢ ᠶᠢ ᠵᠠᠯᠭᠠᠮᠵᠢᠯᠠᠨ ᠬᠤᠶᠢᠨᠠᠬᠢ ᠶᠢ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠮᠥᠨ᠂ ᠨᠡᠩ ᠴᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠱᠠᠲᠤᠨ ᠳᠤ ᠢᠯᠠᠯᠲᠠ ᠤᠯᠬᠤ ᠶᠢᠨ ᠴᠢᠬᠤᠯᠠ ᠨᠢᠭᠡ ᠵᠢᠯ ᠮᠥᠨ᠂ ᠡᠨᠡ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ  ᠪᠠᠶᠢᠳᠠᠭ᠃     ᠡᠨᠡ ᠵᠢᠯ ᠤᠨ ᠠᠵᠢᠯ ᠤᠨ ᠶᠡᠷᠦᠩᠬᠡᠶ ᠰᠡᠳᠬᠢᠴᠡ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ᠂ ᠣᠷᠣᠨ ᠬᠤᠲᠠ ᠶᠢᠨ ᠬᠤᠯᠪᠣᠭᠳᠠᠯ ᠪᠦᠬᠦᠢ ᠬᠤᠷᠠᠯᠳᠤᠭᠠᠨ ᠪᠠ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠥᠬᠦ ᠭᠡᠰᠢᠭᠦᠳ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ  ᠳᠤ ᠤᠷᠤᠭᠰᠢᠯᠠᠬᠤ ᠠᠵᠢᠯ ᠤᠨ ᠦᠨᠳᠦᠰᠦᠨ ᠦᠵᠡᠯᠲᠡ ᠶᠢ ᠪᠠᠷᠢᠮᠲᠠᠯᠠᠨ᠂ ᠭᠤᠷᠪᠠᠨ ᠠᠵᠤ ᠦᠢᠯᠡᠰ ᠤᠨ ᠨᠡᠶᠢᠯᠡᠮᠡᠯ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠣᠯᠭᠠᠵᠤ᠂ ᠲᠡᠩᠴᠡᠭᠦᠷᠢ ᠤᠢᠭᠡᠢ ᠪᠠ ᠭᠦᠢᠴᠡᠳ ᠪᠤᠰᠤ ᠬᠥᠭᠵᠢᠯᠲᠡ  ᠶᠢ ᠰᠢᠢᠳᠪᠦᠷᠢᠯᠡᠬᠦ ᠪᠠᠷ ᠲᠡᠷᠢᠭᠦᠨ ᠴᠢᠬᠤᠯᠠ ᠡᠭᠦᠷᠭᠡ ᠪᠣᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠵᠤ᠂ ᠲᠣᠭᠲᠠᠭᠤᠨ ᠨᠡᠮᠡᠭᠳᠡᠭᠦᠯᠬᠦ᠂ ᠪᠦᠲᠦᠴᠡ ᠶᠢ ᠲᠣᠬᠢᠷᠠᠭᠤᠯᠬᠤ᠂ ᠰᠠᠭᠤᠷᠢ ᠶᠢ ᠪᠠᠬᠢᠵᠢᠭᠦᠯᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ ᠬᠤᠪᠢᠰᠤᠯᠲᠠ᠂ ᠬᠥᠳᠡᠯᠭᠡᠭᠴᠢ ᠬᠦᠴᠦᠨ ᠤ ᠬᠤᠪᠢᠰᠤᠯᠲᠠ ᠭᠠᠷᠴᠤ ᠶᠢ ᠬᠦᠴᠦᠯᠡᠨ ᠠᠬᠢᠭᠤᠯᠵᠤ᠂ ᠬᠦᠭᠵᠢᠯᠲᠡ᠂ ᠠᠷᠠᠳ ᠤᠨ ᠠᠮᠢᠳᠤᠷᠠᠯ᠂ ᠠᠮᠢ ᠠᠬᠤᠶ ᠶᠢᠨ ᠭᠤᠷᠪᠠᠨ ᠵᠤᠷᠪᠤᠰ ᠬᠤᠷᠢᠭ᠎ᠠ ᠱᠤᠭᠤᠮ ᠢ ᠡᠷᠡᠰ ᠰᠠᠬᠢᠵᠤ᠂  ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠶᠢ ᠲᠣᠭᠲᠠᠭᠰᠠᠨ ᠬᠤᠭᠤᠴᠠᠭᠠᠨ ᠳᠤ  ᠪᠡᠶᠡᠯᠡᠭᠦᠯᠬᠦ ᠶᠢ ᠪᠠᠲᠤᠯᠠᠵᠤ᠂ ᠰᠢᠨ᠎ᠡ ᠴᠠᠭ ᠦᠶ᠎ᠡ ᠶᠢᠨ ᠠᠤᠬᠠᠨ ᠤ ᠬᠦᠭᠵᠢᠯᠲᠡ ᠶᠢ ᠴᠢᠷᠮᠠᠶᠢᠨ ᠬᠥᠭᠵᠢᠭᠦᠯᠬᠦ ᠰᠢᠨ᠎ᠡ ᠠᠶᠠᠨ  ᠵᠠᠮ ᠢ ᠡᠬᠢᠯᠡᠭᠦᠯᠬᠦ ᠬᠡᠷᠡᠭᠲᠡᠢ  ᠃     ᠭᠤᠣᠯ ᠪᠣᠯᠬᠤ ᠵᠢᠱᠢᠭᠰᠡᠨ ᠬᠠᠷᠠᠯᠲᠠ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠥᠩᠬᠡᠢ ᠦᠷᠳᠡᠭ ᠢ 7 % ᠳᠡᠭᠡᠭᠰᠢ ᠨᠡᠮᠡᠭᠳᠡᠭᠦᠯᠦᠨ᠂  ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 9 %ᠳᠡᠭᠡᠭᠰᠢ ᠨᠡᠮᠡᠭᠳᠡᠭᠦᠯᠵᠦ᠂ ᠡ᠊ᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢᠨ ᠵᠢᠱᠢᠭᠰᠡᠨ ᠬᠠᠷᠠᠯᠲᠠ ᠪᠠᠨ ᠪᠡᠶᠡᠯᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠥᠩᠬᠡᠢ ᠲᠤᠭ᠎ᠠ ᠶᠢ 8.5 %  ᠠᠴᠠ ᠳᠡᠭᠡᠭᠰᠢ  ᠨᠡᠮᠡᠭᠳᠡᠭᠦᠯᠵᠦ᠂ ᠬᠤᠳᠠ  ᠪᠠᠯᠭᠠᠰᠤ ᠪᠣᠯᠤᠨ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ ᠲᠤᠰ ᠲᠤᠰ 8 % ᠪᠠ 8.5% ᠠᠴᠠ ᠳᠡᠭᠡᠭᠰᠢ ᠨᠡᠮᠡᠭᠳᠡᠭᠦᠯᠦᠭᠰᠡᠨ ᠪᠠᠶᠢᠬᠤ ᠬᠡᠷᠡᠭᠲᠡᠢ᠃     ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ  ᠳᠤ᠂ ᠳᠣᠣᠷᠠᠬᠢ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠃     ︵ᠨᠢᠭᠡ︶ ᠭᠤᠷᠪᠠᠨ ᠶᠡᠭᠡ ᠪᠡᠷᠬᠡ ᠶᠢ ᠲᠤᠭᠤᠯᠬᠤ ᠠᠵᠢᠯ ᠢ ᠰᠠᠶᠢᠲᠤᠷ  ᠬᠢᠵᠦ᠂ ᠡᠶ᠎ᠡ  ᠵᠣᠬᠢᠴᠠᠯᠲᠤ ᠠᠤᠬᠠᠨ ᠢ ᠪᠠᠶᠢᠭᠤᠯᠤᠨ᠎ᠠ     ᠬᠦᠨᠳᠦ ᠶᠡᠭᠡ ᠠᠶᠤᠯ ᠲᠦᠭᠰᠢᠭᠦᠷᠢ ᠤᠴᠠᠷᠠᠬᠤ ᠶᠢ ᠢᠳᠡᠪᠬᠢᠲᠡᠢ ᠰᠡᠷᠭᠡᠶᠢᠯᠡᠨ ᠠᠷᠢᠯᠭᠠᠨ᠎ᠠ᠃ ᠰᠢᠰᠲ᠋ᠧᠮ ᠤᠨ ᠠᠶᠤᠯ ᠲᠦᠭᠰᠢᠭᠦᠷᠢ ᠶᠢᠨ ᠬᠤᠷᠢᠭ᠎ᠠ ᠱᠣᠭᠤᠮ ᠶᠢ ᠴᠢᠩᠭ᠎ᠠ ᠰᠠᠬᠢᠬᠤ ᠬᠡᠷᠡᠭᠲᠡᠶ᠃ ᠡᠯ᠎ᠡ ᠬᠦᠷᠢᠶᠡᠨ ᠳᠠᠬᠢ ᠠᠶᠤᠯ ᠲᠦᠭᠰᠢᠭᠦᠷᠢ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠢᠰᠲ᠋ᠧᠮᠲᠦ ᠴᠢᠨᠠᠷᠲᠠᠶ ᠠᠶᠤᠯ ᠲᠦᠭᠰᠢᠭᠦᠷᠢ ᠶᠢ ᠡᠭᠦᠰᠭᠡᠬᠦ ᠦᠭᠡᠢ ᠪᠠᠶᠢᠬᠤ ᠬᠤᠷᠢᠭ᠎ᠠ ᠱᠤᠭᠤᠮ ᠢ  ᠴᠢᠩᠭ᠎ᠠ ᠰᠠᠬᠢᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠡᠷᠬᠡ ᠶᠢ ᠲᠤᠭᠤᠯᠬᠤ ᠠᠵᠢᠯ ᠢ ᠡᠷᠡᠰ ᠰᠠᠶᠢᠲᠤᠷ ᠬᠢᠬᠦ ᠬᠡᠷᠡᠭᠲᠡᠶ᠃ ᠵᠠᠰᠠᠭ ᠤᠨ ᠣᠷᠳᠣᠨ ᠤ ᠥᠷᠢ ᠥᠭᠴᠡᠭᠡ ᠶᠢ ᠬᠦᠴᠦᠯᠡᠨ ᠰᠢᠢᠳᠪᠦᠷᠢᠯᠡᠨ᠎ᠡ᠃ ︽ᠥᠷᠢ ᠲᠥᠯᠥᠬᠦ ᠨᠢ ᠮᠦᠨᠴᠦ ᠠᠵᠢᠯ ᠤᠨ ᠪᠦᠲᠦᠮᠵᠢ ᠮᠦᠨ ︾ ᠭᠡᠬᠦ ᠣᠶᠢᠯᠠᠭᠠᠭᠳᠠᠬᠤᠨ ᠢ ᠪᠤᠢ ᠪᠣᠯᠭᠠᠨ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠭᠤᠣᠯ ᠳᠡᠳ᠋ ᠢ ᠢᠯᠭᠠᠨ ᠲᠣᠳᠤᠷᠬᠠᠶᠢᠯᠠᠵᠤ  ᠂ ᠬᠠᠷᠢᠭᠤᠴᠠᠯᠭ᠎ᠠ  ᠶᠢ  ᠨᠠᠶᠢᠳᠠᠪᠤᠷᠢᠵᠢᠭᠤᠯᠤᠨ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠢ ᠢᠳᠡᠪᠬᠢᠲᠡᠶ ᠠᠪᠴᠤ ᠬᠡᠷᠡᠭᠯᠡᠨ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠬᠤ᠂ ᠠᠯᠪᠠᠨ ᠤ ᠲᠦᠷᠢᠶᠡᠰᠦᠯᠡᠯ ᠬᠤᠳᠠᠯᠳᠤᠭᠠᠯᠠᠯ ᠢ ᠵᠡᠷᠭᠡᠪᠡᠷ ᠠᠳᠬᠤᠬᠤ᠂ ᠰᠣᠯᠠ ᠲᠠᠯᠪᠢᠵᠤ ᠪᠠᠶᠢᠭ᠎ᠠ ᠤᠯᠤᠰ ᠤᠨ ᠥᠮᠴᠢᠯᠡᠯ ᠤᠨ ᠡᠳ᠋ ᠬᠦᠷᠦᠩᠭᠡ  ᠶᠢ ᠰᠢᠢᠳᠪᠦᠷᠢᠯᠡᠨ᠂ ᠬᠠᠳᠠᠭᠠᠯᠠᠮᠵᠢ ᠶᠢᠨ ᠪᠡᠯᠡ ᠮᠥᠩᠭᠦ ᠶᠢ ᠴᠢᠯᠦᠭᠡᠲᠠᠢ ᠪᠣᠯᠭᠠᠨ᠂ ᠳᠡᠭᠡᠳᠦ ᠱᠠᠲᠤᠨ ᠤ ᠳᠡᠮᠵᠢᠯᠭᠡ  ᠶᠢ ᠲᠡᠮᠡᠴᠡᠨ ᠣᠯᠬᠤ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠥᠷᠢ ᠥᠭᠴᠡᠭᠡ ᠶᠢ ᠰᠢᠢᠳᠪᠦᠷᠢᠯᠡᠨ᠎ᠡ᠂ 2018 ᠣᠨ ᠳᠤ᠂ ᠬᠤᠰᠢᠭᠤᠨ ᠳᠡᠰ ᠤᠨ ᠡᠳ᠋ ᠤᠨ ᠵᠠᠰᠠᠭ ᠤᠨ ᠲᠥᠰᠦᠪ 4.5 ᠳ᠋ᠦᠩᠰᠢᠭᠤᠷ ᠲᠥᠭᠦᠷᠢᠭ ᠢ ᠵᠢᠭᠰᠠᠭᠠᠨ ᠣᠷᠣᠭᠤᠯᠵᠤ᠂ ᠳᠡᠭᠡᠳᠦ ᠱᠠᠲᠤᠨ ᠤ ᠲᠤᠰᠬᠠᠶ ᠵᠦᠢᠯ ᠤᠨ ᠳᠡᠮᠵᠢᠯᠭᠡ ᠶᠢᠨ ᠪᠡᠯᠡ ᠮᠥᠩᠬᠦ ᠶᠢ 2.5 ᠳ᠋ᠦᠩᠰᠢᠭᠤᠷ ᠲᠥᠭᠦᠷᠢᠭ ᠲᠡᠮᠡᠴᠡᠨ ᠣᠯᠵᠤ᠂ ᠣᠨ  ᠤ ᠥᠷᠢ ᠥᠭᠴᠡᠭᠡ ᠶᠢ ᠨᠠᠮᠲᠠᠭᠤᠯᠬᠤ ᠡᠭᠦᠷᠭᠡ ᠶᠢ ᠪᠡᠶᠡᠯᠡᠭᠦᠯᠵᠦ᠂ 2021 ᠣᠨ ᠪᠣᠯᠲᠠᠯ᠎ᠠ ᠪᠦᠭᠦ ᠬᠤᠰᠢᠭᠤᠨ ᠤ ᠥᠭᠴᠡᠭᠡ ᠶᠢᠨ ᠨᠣᠷᠮ᠎ᠠ ᠶᠢ ᠪᠠᠭᠠᠰᠬᠠᠵᠤ ᠵᠣᠬᠢᠰᠲᠠᠶ ᠣᠷᠣᠨ ᠪᠠᠶᠢᠷᠢᠨ ᠳᠤ  ᠣᠷᠤᠭᠤᠯᠬᠤ ᠪᠠᠷ ᠬᠦᠴᠦᠯᠡᠨ  ᠴᠢᠷᠮᠠᠶᠢᠨ᠎ᠠ᠃ ᠥᠷᠢ ᠥᠭᠴᠡᠭᠡ ᠰᠢᠨ᠎ᠡ ᠪᠠᠷ ᠨᠡᠮᠡᠭᠳᠡᠬᠦ ᠶᠢ ᠡᠷᠡᠰ ᠬᠤᠷᠢᠭᠯᠠᠨ ᠵᠣᠭᠰᠣᠭᠠᠵᠤ᠂ ︽ᠲᠥᠰᠦᠪ ᠤᠨ ᠬᠠᠤᠯᠢ︾ ᠶᠢ ᠴᠢᠩᠭ᠎ᠠ ᠬᠡᠷᠡᠭᠵᠢᠭᠦᠯᠵᠦ᠂ ᠡᠳ᠋ ᠤᠨ ᠵᠠᠰᠠᠭ ᠤᠨ ᠬᠢᠨᠠᠯᠲᠠ ᠶᠢ ᠴᠢᠩᠭᠠᠳᠬᠠᠵᠤ᠂  ᠲᠥᠰᠦᠪ ᠦᠭᠡᠶ  ᠪᠣᠯ ᠴᠣᠭᠴᠠᠯᠠᠯ ᠦᠭᠡᠢ᠂ ᠲᠥᠰᠦᠪ ᠦᠭᠡᠶ ᠵᠠᠷᠤᠯᠭ᠎ᠠ ᠶᠢ ᠦᠭᠡᠢ ᠪᠠᠶᠢᠬᠤ ᠶᠢ ᠪᠡᠶᠡᠯᠡᠭᠦᠯᠦᠨ᠎ᠡ᠃ ᠥᠭᠴᠡᠭᠡᠨ ᠤ ᠬᠠᠮᠢᠶᠠᠷᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠳᠤ ᠣᠷᠤᠭᠤᠯᠵᠤ᠂ ᠪᠣᠳᠠᠲᠤ ᠪᠠᠶᠢᠳᠠᠯ ᠠᠴᠠ ᠰᠠᠯᠵᠤ ᠵᠢᠭᠡᠯᠡᠯᠭᠡ ᠠᠪᠴᠤ᠂ ᠲᠣᠭᠲᠠᠭᠠᠯ ᠠᠴᠠ ᠵᠥᠷᠢᠴᠡᠨ ᠥᠷᠢ ᠲᠠᠯᠪᠢᠵᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃ ᠬᠢᠨᠠᠨ ᠪᠣᠳᠤᠨ ᠬᠢᠨᠠᠯᠲᠠ ᠲᠠᠯᠪᠢᠬᠤ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠡᠯ᠎ᠡ ᠲᠦᠷᠦᠯ ᠤᠨ ᠪᠡᠯᠡ ᠮᠥᠩᠭᠦ ᠶᠢ ᠬᠢᠨᠠᠨ ᠪᠣᠳᠤᠨ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠬᠤ ᠶᠢ ᠨᠡᠮᠡᠭᠳᠡᠭᠦᠯᠵᠦ᠂ ᠤᠳᠤᠷᠢᠳᠬᠤ ᠺᠠᠳ᠋ᠷᠴᠤᠳ ᠤᠨ ᠠᠵᠦ ᠠᠬᠤᠶ ᠶᠢᠨ ᠭ᠋ᠠᠷᠢᠭᠤᠴᠡᠯᠭ᠎ᠠ ᠶᠢ ᠭᠢᠨᠡᠨ ᠪᠦ᠋ᠳᠦᠬᠤ ᠶᠢ ᠴᠢᠩᠭᠠᠳᠬᠠᠵᠤ᠂ ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠬᠢᠨᠠᠨ ᠪᠣᠳᠣᠬᠤ ᠲᠤᠷᠰᠢᠯᠲᠠ ᠶᠢᠨ ᠠᠵᠢᠯ ᠬᠢᠭᠰᠡᠨ ᠢ ᠨᠠᠷᠢᠨ ᠬᠢᠨᠠᠮᠠᠭᠠᠶ ᠦᠷᠨᠢᠭᠦᠯᠦᠨ᠎ᠡ᠃ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢ  ᠴᠢᠩᠭᠠᠳᠬᠠᠬᠤ ᠬᠡᠷᠡᠭᠲᠡᠶ᠃ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ  ᠲᠣᠳᠤᠷᠬᠠᠶᠢᠯᠠᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠠᠯᠳᠠᠭᠳᠠᠬᠤ ᠶᠢ ᠴᠢᠩᠭ᠎ᠠ  ᠰᠡᠷᠭᠡᠶᠢᠯᠡᠵᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠦᠷᠳᠡᠭ ᠢ  ᠪᠠᠲᠤᠯᠠᠨ  ᠨᠡᠮᠡᠭᠳᠡᠭᠦᠯᠬᠦ ᠶᠢ ᠠᠬᠢᠭᠤᠯᠤᠨ᠎ᠠ᠃     ᠣᠨᠤᠪᠴᠢᠲᠠᠢ ᠬᠦᠴᠦᠯᠡᠵᠦ ᠶᠠᠳᠠᠭᠤ ᠠᠴᠠ ᠠᠩᠭᠢᠵᠢᠷᠠᠭᠤᠯᠬᠤ ᠪᠡᠷᠬᠡ ᠶᠢ ᠲᠤᠭᠤᠯᠬᠤ ᠶᠢ ᠠᠬᠢᠭᠤᠯᠤᠨ᠎ᠠ᠃ ᠠᠵᠤ ᠦᠢᠯᠡᠰ ᠤᠨ ᠬᠥᠭᠵᠢᠯᠲᠡ ᠲᠠᠢ ᠤᠶᠠᠯᠳᠤᠭᠤᠯᠤᠨ ᠣᠷᠣᠯᠭ᠎ᠠ ᠶᠢᠨ ᠲᠣᠭᠲᠠᠭᠤᠨ ᠨᠡᠮᠡᠭᠳᠡᠯ ᠢ ᠠᠬᠢᠭᠤᠯᠤᠨ᠎ᠠ᠃ ᠶᠠᠳᠠᠭᠤ ᠶᠢ ᠲᠡᠳᠬᠦᠬᠦ ᠪᠠ ᠵᠣᠷᠢᠭᠵᠢᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠣᠯᠤᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠯᠲᠠ︾  ᠳᠤ ᠲᠦᠰᠢᠭᠯᠡᠨ᠂ ᠶᠠᠳᠠᠭᠤ ᠬᠦᠴᠢᠷᠳᠡᠯᠲᠡᠶ ᠤᠯᠠᠨ ᠲᠦᠮᠡᠨ ᠤ ︽ᠠᠵᠤ ᠦᠢᠯᠡᠳᠪᠦᠷᠢ ᠶᠢ ᠡᠷᠥᠭᠡ ᠳᠤ ᠬᠦᠷᠭᠡᠬᠦ︾ ᠶᠢ ᠬᠦᠭᠵᠢᠭᠦᠯᠦᠨ  ᠵᠢᠯᠣᠭᠤᠳᠴᠤ᠂ ᠲᠡᠳᠡᠨ ᠢ ᠡᠳ᠋ ᠪᠣᠳᠠᠰ ᠤᠨ ᠬᠥᠯᠥᠰᠥ ᠣᠯᠭᠤᠮᠵᠢ ᠪᠠ ᠤᠶᠤᠨ ᠰᠠᠨᠠᠭᠠᠨ ᠤ ᠲᠠᠯ᠎ᠠ ᠪᠠᠷ ᠤᠷᠮᠠᠰᠢᠭᠤᠯᠬᠤ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠶᠠᠳᠠᠭᠤ ᠠᠴᠠ ᠠᠩᠭᠢᠵᠢᠷᠠᠭᠤᠯᠬᠤ ᠤᠬᠠᠮᠰᠠᠷ ᠪᠣᠯᠤᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠶᠠᠳᠠᠭᠤ ᠶᠢ ᠲᠡᠳᠬᠦᠬᠦ ᠲᠤᠰᠬᠠᠶ ᠪᠦᠷᠬᠦᠬᠦ ᠬᠦᠷᠢᠶ᠎ᠡ ᠬᠡᠪᠴᠢᠶ᠎ᠡ ᠶᠢ  ᠥᠷᠭᠡᠳᠭᠡᠬᠦ ᠶᠢ ᠲᠦᠰᠢᠭᠯᠡᠨ᠎ᠡ᠃ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ᠂ ᠭᠡᠷᠡᠯ  ᠢᠶᠠᠷ ᠴᠠᠬᠢᠯᠭᠠᠨ ᠭᠠᠷᠭᠠᠬᠤ ᠪᠠᠷ ᠶᠠᠳᠠᠭᠤ ᠶᠢ ᠲᠡᠳᠬᠦᠬᠦ᠂  ᠬᠦ᠋ᠷᠦᠩᠭᠡ ᠶᠢᠨ ᠠᠰᠢᠭ ᠣᠷᠣᠯᠭ᠎ᠠ  ᠂ ᠶᠠᠳᠠᠭᠤ  ᠶᠢ ᠲᠡᠳᠬᠦᠬᠦ ᠠᠵᠤ ᠦᠢᠯᠡᠰ  ᠤᠨ ᠬᠦᠷᠢᠶᠡᠯᠡᠩ ᠵᠡᠷᠭᠡ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ  ᠳᠣᠭᠲᠠᠭᠤᠨ ᠠᠬᠢᠭᠤᠯᠵᠤ᠂ 14943 ᠶᠠᠳᠠᠭᠤ ᠬᠦᠴᠢᠷᠳᠡᠯᠲᠡᠶ ᠬᠥᠮᠦᠨ ᠠᠮᠠ  ᠳᠤ ᠠᠰᠢᠭ ᠬᠥᠷᠲᠡᠭᠡᠬᠦ ᠪᠠᠷ ᠴᠢᠷᠮᠠᠶᠢᠨ᠎ᠠ᠃ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 2187 ᠬᠥᠮᠦᠨ ᠢ ᠨᠡᠭᠦᠯᠭᠡᠬᠦ ᠡᠭᠦᠷᠭᠡ ᠶᠢ ᠪᠡᠶᠡᠯᠡᠭᠦᠯᠬᠦ ᠬᠡᠷᠡᠭᠲᠡᠶ᠃ ᠶᠠᠳᠠᠭᠤ ᠶᠢ ᠲᠡᠳᠬᠦᠬᠦ ᠪᠠ ᠤᠶᠤᠨ ᠤᠬᠠᠭᠠᠨ ᠢ ᠲᠡᠳᠬᠦᠬᠦ ᠶᠢ ᠤᠶᠠᠯᠳᠤᠭᠤᠯᠬᠤ  ᠶᠢ ᠪᠠᠷᠢᠮᠲᠠᠯᠠᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠳᠤ ᠮᠡᠷᠭᠡᠵᠢᠯ ᠤᠨ ᠲᠣᠬᠠᠢ ᠪᠣᠯᠪᠠᠰᠤᠷᠠᠯ ᠢ ᠴᠢᠩᠭᠠᠳᠬᠠᠵᠤ᠂ ᠦᠶ᠎ᠡ ᠶᠢᠨ ᠦᠶ᠎ᠡ ᠶᠠᠳᠠᠭᠤ ᠬᠦᠴᠢᠷᠲᠡᠶ ᠶᠠᠪᠤᠬᠤ ᠶᠢ ᠦᠭᠡᠶᠢᠰᠭᠡᠨ᠎ᠡ᠃ ᠠᠵᠢᠯ  ᠤᠨ ᠬᠠᠷᠢᠭᠤᠴᠠᠯᠭ᠎ᠠ ᠶᠢ ᠲᠠᠭᠰᠢᠷᠠᠭᠤᠯᠵᠤ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠭᠠᠴᠠᠭ᠎ᠠ ᠲᠣᠰᠬᠤᠨ ᠤ ᠳᠡᠰ ᠤᠨ ᠵᠣᠬᠢᠶᠠᠨ ᠪᠠᠶᠢᠭᠤᠯᠤᠯᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤᠵᠢᠭᠤᠯᠵᠤ ᠂ ᠨᠢᠭᠡᠳᠦᠭᠡᠷ ᠱᠦᠵᠢ ᠪᠠ ᠬᠠᠪᠰᠤᠷᠠᠨ ᠲᠡᠳᠬᠦᠬᠦ ᠭᠠᠨᠪᠦ᠋ ᠶᠢᠨ ᠬᠤᠣᠰᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠲᠥᠷᠥᠯ ᠢᠶᠠᠷ ᠶᠠᠳᠠᠭᠤ ᠶᠢ ᠲᠡᠳᠬᠦᠬᠦ᠂ ᠲᠤᠰᠬᠠᠶ ᠵᠦᠢᠯ ᠢᠶᠠᠷ ᠶᠠᠳᠠᠭᠤ ᠶᠢ ᠲᠡᠳᠬᠦᠬᠦ ᠪᠠ ᠨᠡᠶᠢᠭᠡᠮ ᠤᠨ ᠶᠠᠳᠠᠭᠤ ᠶᠢ ᠲᠡᠳᠬᠦᠬᠦ  ᠶᠢ ᠳᠣᠭᠲᠠᠭᠤᠨ ᠦᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠶᠢ ᠲᠤᠭᠤᠯᠬᠤ ︽ᠬᠠᠷᠢᠭᠤᠴᠠᠯᠭ᠎ᠠ᠂ ᠲᠦᠷᠦ ᠶᠢᠨ ᠪᠤᠳᠤᠯᠭ᠎ᠠ᠂ ᠠᠵᠢᠯ︾ ᠭᠤᠷᠪᠠ ᠶᠢ ᠨᠠᠶᠢᠳᠠᠪᠤᠷᠢᠵᠢᠭᠤᠯᠬᠤ ᠶᠢ ᠲᠥᠯᠬᠢᠨ ᠠᠬᠢᠭᠤᠯᠵᠤ ᠂ ᠨᠠᠷᠢᠯᠢᠭ ᠣᠨᠤᠪᠴᠢᠲᠠᠢ ᠪᠠᠷ ᠢᠯᠭᠠᠨ ᠲᠠᠨᠢᠵᠤ᠂ ᠨᠠᠷᠢᠯᠢᠭ ᠣᠨᠤᠪᠴᠢᠲᠠᠢ ᠬᠠᠪᠰᠤᠷᠤᠨ ᠲᠡᠳᠬᠦᠬᠦ ᠶᠢᠨ ᠲᠥᠪ ᠭᠤᠣᠯᠴᠢ ᠴᠢᠨᠠᠷ ᠪᠠ ᠵᠥᠪ ᠣᠨᠣᠪᠴᠢᠲᠤ ᠴᠢᠨᠠᠷ ᠢ ᠳᠡᠭᠡᠭᠰᠢᠯᠡᠭᠦᠯᠦᠨ᠎ᠡ᠃ ᠦᠷ᠎ᠡ ᠬᠡᠦᠬᠡᠳ ᠨᠢ ᠠᠴᠢᠯᠠᠨ ᠲᠡᠵᠢᠭᠡᠬᠦ ᠡᠭᠦᠷᠭᠡ ᠪᠠᠨ ᠭᠦᠢᠴᠡᠳᠭᠡᠬᠦ ᠦᠭᠡᠢ ᠠᠴᠠ  ᠪᠣᠯᠤᠭᠠᠳ ᠡᠴᠢᠭᠡ ᠡᠬᠡ ᠨᠢ ᠶᠠᠳᠠᠭᠤᠷᠠᠭᠰᠠᠨ ᠵᠡᠷᠭᠡ ᠠᠯᠢ ᠣᠯᠠᠨ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠭᠤᠣᠯᠳᠠᠯᠭ᠎ᠠ ᠲᠠᠢ ᠰᠠᠶᠢᠲᠤᠷ ᠰᠢᠢᠳᠪᠦᠷᠢᠯᠡᠨ᠎ᠡ᠃  ᠨᠢᠭᠡ ᠵᠢᠯ ᠤᠨ ᠳᠣᠲᠣᠷ᠎ᠠ᠂ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠡᠯᠡ ᠮᠥᠩᠭᠦ  ᠶᠢ 2.4 ᠳ᠋ᠦᠩᠰᠢᠭᠤᠷ ᠲᠥᠭᠦᠷᠢᠭ ᠡᠮᠬᠢᠯᠡᠨ ᠨᠡᠶᠢᠯᠡᠭᠦᠯᠵᠦ᠂ 3 ᠳ᠋ᠦᠩᠰᠢᠭᠤᠷ ᠲᠥᠭᠦᠷᠢᠭ ᠶᠢᠨ ᠮᠥᠩᠭᠦᠨ ᠭᠦᠢᠯᠭᠡᠭᠡᠨ ᠤ ᠶᠠᠳᠠᠭᠤ  ᠶᠢ ᠲᠡᠳᠬᠦᠬᠦ  ᠪᠡᠯᠡ ᠮᠥᠩᠭᠦ  ᠶᠢ ᠵᠠᠷᠤᠴᠠᠭᠤᠯᠵᠤ᠂ 1.3 ᠲᠦᠮᠡᠨ ᠶᠠᠳᠠᠭᠤ ᠬᠦᠴᠢᠷᠳᠡᠯᠲᠡᠶ ᠤᠯᠡᠨ ᠲᠦᠮᠡᠨ ᠢ ᠶᠠᠳᠠᠭᠤ ᠠᠴᠠ ᠠᠩᠭᠢᠵᠢᠷᠠᠭᠤᠯᠬᠤ ᠶᠢ ᠴᠢᠷᠮᠠᠶᠢᠨ ᠪᠡᠶᠡᠯᠡᠭᠦᠯᠵᠦ᠂ ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠡᠷᠬᠡ  ᠶᠢ ᠲᠤᠭᠤᠯᠬᠤ  ᠠᠵᠢᠯ ᠤᠨ  ᠱᠠᠲᠤᠴᠢ ᠴᠢᠨᠠᠷ ᠲᠠᠢ ᠢᠯᠠᠯᠲᠠ ᠤᠯᠬᠤ  ᠶᠢ ᠪᠠᠲᠤᠯᠠᠨ᠎ᠠ᠃     ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠦᠴᠦᠯᠡᠨ ᠬᠢᠨ᠎ᠡ᠃ ᠤᠰᠤᠨ ᠤ ᠪᠣᠬᠢᠷᠲᠤᠯ ᠢ ᠪᠦᠬᠦ ᠲᠠᠯ᠎ᠠ ᠪᠠᠷ ᠰᠡᠷᠭᠡᠶᠢᠯᠡᠬᠦ ᠬᠡᠷᠡᠭᠲᠡᠶ᠃ ᠠᠵᠤ ᠦᠢᠯᠡᠳᠪᠦᠷᠢ ᠶᠢᠨ  ᠲᠣᠭᠤᠷᠢᠭ ᠤᠨ ᠪᠣᠵᠠᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠵᠤ᠂ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠶ᠃ ᠨᠢᠭᠡ ᠭᠤᠣᠯ ᠳᠤ ᠨᠢᠭᠡ ᠠᠷᠭ᠎ᠠ ᠪᠤᠳᠤᠯᠭ᠎ᠠ ᠶᠢ ᠬᠡᠷᠡᠭᠵᠢᠭᠦᠯᠵᠦ᠂  ᠭᠤᠷᠪᠠᠳᠤᠭᠠᠷ ᠳᠡᠰ ᠤᠨ ᠭᠤᠣᠯ ᠤᠨ ᠳᠠᠷᠤᠭ᠎ᠠ ᠶᠢᠨ ᠲᠤᠰᠢᠶᠠᠯ ᠬᠠᠷᠢᠭᠤᠴᠠᠯᠭ᠎ᠠ  ᠶᠢ ᠪᠠᠬᠢᠵᠢᠭᠦᠯᠵᠦ᠂  ᠤᠰᠤᠨ ᠤ ᠠᠶᠤᠯᠭᠦᠶ ᠶᠢ ᠪᠦᠬᠦ ᠬᠦᠴᠦᠨ ᠢᠶᠠᠷ ᠢᠶᠠᠨ  ᠪᠠᠲᠤᠯᠠᠨ᠎ᠠ᠃ ᠭᠤᠷᠪᠠᠳᠠᠬᠢ ᠡᠲᠡᠭᠡᠳ ᠤᠨ ᠠᠷᠠᠳ ᠤᠨ ᠬᠥᠷᠥᠩᠭᠡ ᠶᠢ ᠢᠳᠡᠪᠬᠢᠲᠡᠢ ᠲᠠᠲᠠᠨ ᠣᠷᠤᠭᠤᠯᠵᠤ᠂ ᠤᠯᠤᠰ ᠤᠨ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ  ᠶᠡᠭᠡ ᠰᠢᠶᠠᠨ ᠤ ᠲᠤᠰᠬᠠᠶ ᠵᠦᠢᠯ  ᠤᠨ ᠪᠡᠯᠡ ᠮᠥᠩᠭᠦ  ᠶᠢ ᠠᠰᠢᠭᠯᠠᠵᠤ᠂ ᠮᠠᠯ ᠵᠢᠭᠦᠷᠲᠡᠨ ᠤ ᠪᠠᠭᠠᠰᠤ ᠵᠡᠷᠭᠡ ᠬᠠᠶᠠᠭᠳᠠᠮᠠᠯ ᠳᠤ ᠬᠤᠣᠷ  ᠦᠭᠡᠢ ᠰᠢᠢᠳᠪᠦᠷᠢᠯᠡᠯᠲᠡ ᠬᠢᠬᠦ ᠬᠡᠷᠡᠭᠲᠡᠶ᠃ ᠠᠭᠠᠷ ᠮᠠᠨᠳᠠᠯ ᠤᠨ ᠪᠣᠬᠢᠷᠲᠤᠯ ᠢ ᠤᠯᠡᠨ ᠠᠷᠭ᠎ᠠ ᠵᠠᠮ ᠢᠶᠠᠷ ᠰᠡᠷᠭᠡᠶᠢᠯᠡᠬᠦ ᠬᠡᠷᠡᠭᠲᠡᠶ ᠃ ᠵᠡᠭᠦᠨ ᠬᠤᠶᠢᠲᠤ ᠣᠷᠣᠨ ᠤ ᠡᠰᠢ ᠰᠦᠷᠡᠯ ᠢ  ᠰᠢᠢᠳᠪᠦᠷᠢᠯᠡᠬᠦ ᠠᠵᠢᠯᠯᠠᠭᠠᠨ ᠤ ᠦᠯᠢᠭᠡᠷ ᠳᠠᠭᠤᠷᠢᠶᠠᠯᠲᠤ ᠰᠢᠶᠠᠨ ᠪᠠᠶᠢᠭᠤᠯᠬᠤ ᠡᠭᠦᠷᠭᠡ ᠶᠢ ᠨᠠᠶᠢᠳᠠᠪᠤᠷᠢᠵᠢᠭᠤᠯᠵᠤ᠂ ᠠᠮᠢᠳᠤ ᠪᠣᠳᠠᠰ ᠤᠨ ᠮᠠᠰ ᠤᠨ ᠴᠠᠬᠢᠯᠭᠠᠨ ᠭᠠᠷᠭᠠᠬᠤ ᠦᠢᠯᠡᠳᠪᠦᠷᠢ ᠶᠢ ᠪᠠᠶᠢᠭᠤᠯᠵᠤ᠂ ᠬᠥᠳᠡᠭᠡ ᠲᠣᠰᠬᠤᠨ ᠤ ᠦᠯᠡᠳᠡᠭᠳᠡᠯ ᠡᠰᠢ ᠰᠦᠷᠡᠯ ᠪᠠ ᠤᠢ ᠰᠢᠭᠤᠶ ᠶᠢᠨ ᠭᠤᠷᠪᠠᠨ ᠵᠦᠢᠯ ᠤᠨ ᠦᠯᠡᠳᠡᠭᠰᠡᠨ ᠪᠣᠳᠠᠰ ᠢ ᠵᠣᠬᠢᠰᠲᠠᠢ ᠰᠢᠢᠳᠪᠦᠷᠢᠯᠡᠨ᠂ ᠡᠰᠢ ᠰᠦᠷᠡᠯ ᠢ ᠬᠤᠪᠢᠷᠠᠭᠤᠯᠬᠤ ᠨᠣᠷᠮ᠎ᠠ  ᠶᠢ 50 % ᠠᠴᠠ ᠳᠡᠭᠡᠭᠰᠢ ᠬᠦᠷᠲᠡᠯ᠎ᠡ ᠳᠡᠭᠡᠭᠰᠢᠯᠡᠭᠦᠯᠬᠦ ᠬᠡᠷᠡᠭᠲᠡᠶ᠃ ᠤᠯᠤᠰ ᠤᠨ ᠲᠦᠷᠦ ᠶᠢᠨ ᠪᠤᠳᠤᠯᠭ᠎ᠠ ᠶᠢ ᠢᠳᠡᠪᠬᠢᠲᠡᠶ ᠵᠠᠯᠭᠠᠨ ᠠᠪᠴᠤ᠂ 10 ᠲᠦᠮᠡᠨ ᠲᠡᠭᠰᠢ ᠳᠥᠷᠪᠡᠯᠵᠢᠨ ᠮᠧᠲᠷ ᠨᠡᠭᠦᠷᠡᠰᠦ ᠰᠢᠲᠠᠭᠠᠬᠤ ᠵᠤᠤᠬ᠎ᠠ ᠶᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠦᠨ᠎ᠡ᠃ ᠬᠥᠷᠥᠰᠥ ᠰᠢᠷᠣᠶ ᠶᠢᠨ ᠪᠣᠬᠢᠷᠲᠤᠯ ᠢ ᠥᠷᠭᠡᠨ ᠬᠡᠪᠴᠢᠶᠡᠨ ᠳᠤ ᠰᠡᠷᠭᠡᠶᠢᠯᠡᠬᠦ ᠬᠡᠷᠡᠭᠲᠡᠶ᠃ ᠰᠢᠭᠡᠭ ᠪᠤᠷᠳᠦᠭᠤᠷ ᠨᠢᠭᠡ ᠴᠤᠭᠴᠠᠵᠢᠭᠤᠯᠬᠤ᠂ ᠬᠥᠷᠥᠰᠥ ᠶᠢ ᠰᠢᠨᠵᠢᠵᠦ ᠨᠠᠶᠢᠷᠠᠯᠭ᠎ᠠ ᠲᠠᠢ ᠪᠤᠷᠳᠤᠭᠤᠷ ᠣᠷᠤᠭᠤᠯᠬᠤ ᠂ ᠡᠰᠢ ᠰᠦᠷᠡᠯ ᠢ ᠪᠤᠷᠳᠤᠭᠤᠷ ᠪᠣᠯᠭᠠᠨ ᠲᠠᠷᠢᠶᠠᠨ ᠭᠠᠵᠠᠷ ᠲᠤ ᠪᠣᠴᠠᠭᠠᠬᠤ ᠵᠡᠷᠭᠡ ᠬᠥᠳᠡᠭᠡ ᠠᠵᠤ ᠠᠬᠤᠶ ᠶᠢᠨ ᠦᠢᠯᠡᠳᠪᠦᠷᠢᠯᠡᠯ ᠤᠨ ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠭᠦᠯᠵᠦ᠂  ᠰᠦᠯᠢᠶᠣᠣ ᠪᠦᠷᠬᠦᠪᠴᠢ  ᠂ ᠬᠢᠮᠢ ᠶᠢᠨ ᠪᠤᠷᠳᠦᠭᠤᠷ᠂ ᠲᠠᠷᠢᠶᠠᠨ ᠡᠮ ᠵᠡᠷᠭᠡ ᠲᠠᠯ᠎ᠠ ᠶᠢᠨ ᠪᠣᠬᠢᠷᠲᠤᠯ ᠢ ᠴᠢᠩᠭ᠎ᠠ ᠬᠢᠵᠠᠭᠠᠷᠯᠠᠵᠤ᠂ ᠲᠠᠷᠢᠶᠠᠯᠠᠩ ᠳᠤ ᠣᠷᠣᠭᠤᠯᠬᠤ ᠡᠳ᠋ ᠢ ᠬᠡᠪ ᠢᠶᠠᠷ ᠪᠠᠶᠢᠯᠭᠠᠬᠤ ᠶᠢ ᠦᠨᠡᠨ ᠬᠦ  ᠪᠠᠲᠤᠯᠠᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠣᠯᠬᠤ ᠶᠢ  ᠰᠠᠶᠢᠲᠤᠷ  ᠬᠢᠵᠦ᠂  ᠤᠰᠤ ᠨᠢ ᠲᠤᠩᠭᠠᠯᠠᠭ᠂  ᠣᠭᠲᠠᠷᠭᠤᠢ ᠨᠢ ᠴᠡᠯᠮᠡᠭ  ᠂ ᠨᠤᠲᠤᠭ ᠳᠡᠪᠢᠰᠭᠡᠷ ᠨᠢ ᠪᠣᠬᠢᠷᠳᠡᠯ ᠦᠭᠡᠢ  ᠶᠢ ᠪᠡᠶᠡᠯᠡᠭᠦᠯᠬᠦ ᠬᠡᠷᠡᠭᠲᠡᠢ᠃     ︵ᠬᠤᠶᠠᠷ︶ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ  ᠬᠦᠴᠦᠯᠡᠨ ᠬᠡᠷᠡᠭᠵᠢᠭᠦᠯᠵᠦ᠂ ᠦᠵᠡᠰᠬᠦᠯᠡᠩᠲᠦ ᠰᠠᠶᠢᠬᠠᠨ ᠠᠤᠬᠠᠨ ᠢ ᠪᠠᠶᠢᠭᠤᠯᠤᠨ᠎ᠠ     ᠰᠢᠨᠵᠢᠯᠡᠬᠦ ᠤᠬᠠᠭᠠᠨᠴᠢ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠶᠢ ᠲᠣᠭᠲᠠᠭᠠᠨ᠎ᠠ᠃ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠬᠥᠭᠵᠢᠯᠲᠡ ᠶᠢᠨ ᠬᠠᠨᠳᠤᠰᠢ ᠲᠠᠢ ᠵᠣᠬᠢᠴᠠᠭᠤᠯᠵᠤ᠂ ᠣᠳᠣᠬᠠᠨ ᠤ ᠬᠥᠳᠡᠭᠡ ᠲᠣᠰᠬᠤᠨ ᠤ ᠬᠥᠭᠵᠢᠯᠲᠡ ᠶᠢᠨ ᠵᠢᠮ᠎ᠡ ᠶᠣᠰᠣ ᠶᠢ ᠣᠨᠣᠪᠴᠢᠲᠠᠶ ᠡᠵᠡᠮᠰᠢᠵᠦ᠂ ᠪᠦᠭᠦ ᠬᠤᠰᠢᠭᠤᠨ ᠤ  ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠣᠪᠴᠢ  ᠭᠦᠲᠦᠯᠪᠦᠷᠢ ᠲᠠᠢ ᠤᠶᠠᠯᠳᠤᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ  ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ  ᠂ ᠪᠦᠭᠦ ᠬᠤᠰᠢᠭᠤᠨ ᠤ ᠬᠥᠳᠡᠭᠡ ᠲᠣᠰᠬᠤᠨ ᠶᠢ ᠬᠥᠭᠵᠢᠭᠦᠯᠦᠨ ᠮᠠᠨᠳᠤᠭᠤᠯᠬᠤ ᠶᠠᠪᠤᠴᠠ  ᠶᠢ  ᠵᠢᠯᠤᠭᠤᠳᠤᠨ ᠳᠦᠷᠢᠮᠵᠢᠭᠦᠯᠬᠦ ᠬᠡᠷᠡᠭᠲᠡᠢ᠃     ᠠᠵᠤ ᠦᠢᠯᠡᠰ ᠤᠨ  ᠪᠠᠳᠠᠷᠠᠨ ᠬᠦᠭᠵᠢᠬᠦ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠳᠥᠷᠪᠡᠨ ᠲᠦᠷᠦᠯ ᠤᠨ ︽ᠵᠠᠭᠤᠨ ᠳ᠋ᠦᠩᠰᠢᠭᠤᠷ ᠲᠥᠭᠦᠷᠢᠭ︾ ᠤᠨ ᠠᠵᠤ ᠦᠢᠯᠡᠰ ᠢ ᠰᠠᠶᠢᠲᠤᠷ ᠠᠳᠬᠤᠵᠤ᠂ ᠠᠵᠤ ᠦᠢᠯᠡᠰ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠵᠤ᠂ ᠡᠭᠦᠷᠭᠡ ᠶᠢ ᠨᠠᠷᠢᠯᠢᠬᠵᠢᠭᠤᠯᠤᠨ ᠬᠦᠭᠵᠢᠭᠦᠯᠦᠨ᠂ ᠠᠵᠢᠯ ᠤᠨ ᠬᠠᠷᠢᠭᠤᠴᠠᠯᠭ᠎ᠠ ᠶᠢ ᠣᠨᠤᠪᠴᠢᠭᠤᠯᠵᠤ᠂ ᠠᠵᠤ ᠦᠢᠯᠡᠰ ᠨᠢᠭᠡᠪᠦᠷᠢ ᠶᠢᠨ ᠬᠦᠭᠵᠢᠯᠲᠡ ᠶᠢᠨ ᠰᠠᠭᠤᠷᠢ ᠮᠥᠩᠬᠦ ᠶᠢ 1000 ᠲᠦᠮᠡᠨ ᠲᠥᠭᠦᠷᠢᠭ ᠵᠠᠷᠤᠴᠠᠭᠤᠯᠬᠤ ᠪᠠᠷ ᠲᠦᠰᠦᠪᠯᠡᠨ᠂  ᠰᠢᠨ᠎ᠡ ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠢᠳᠡᠪᠬᠢᠲᠡᠶ ᠪᠤᠶᠢᠵᠢᠭᠤᠯᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠤᠨ᠎ᠠ᠂ ︽ᠳᠤᠮᠳᠠᠳᠤ ᠤᠯᠤᠰ ᠤᠨ ᠨᠠᠷᠢᠮᠤ ᠶᠢᠨ ᠨᠣᠳᠤᠭ︾ ︽ᠧ ᠵᠢᠶᠣᠣ ᠥᠷᠲᠡᠭᠡ︾᠂ ︽ᠴᠢᠴᠠᠷᠭᠠᠨ᠎ᠠ ᠶᠢᠨ ᠬᠤᠲᠠ︾᠂ ︽ᠰᠡᠩᠳᠡᠩ ᠮᠣᠳᠤᠨ ᠨᠣᠳᠤᠭ︾  ᠢ ᠬᠦᠴᠦᠯᠡᠨ  ᠪᠠᠶᠢᠭᠤᠯᠤᠨ᠎ᠠ᠃ ᠾᠧ ᠸᠧᠢ ᠭᠦᠢ᠂ ᠶᠢᠨ ᠭᠧᠦ ᠵᠡᠷᠭᠡ ᠲᠣᠯᠤᠭᠠᠶᠢᠯᠠᠭᠴᠢ ᠠᠵᠤ ᠠᠬᠤᠶᠢᠯᠠᠯ  ᠤᠨ ᠳᠠᠶᠢᠴᠢᠯᠠᠯᠲᠠ ᠳᠤ ᠲᠦᠰᠢᠭᠯᠡᠨ᠂  ᠰᠧ ᠵᠢᠶᠠ ᠽᠢ  ᠂ ᠰᠢᠩ ᠯᠦᠩ ᠸᠠ  ᠂ ᠶᠢᠨ ᠴᠠᠩ ᠭᠧᠤ ᠯᠢᠶᠠᠩ ᠤᠨ ᠰᠢᠯᠢᠳᠡᠭ ᠲᠠᠷᠢᠮᠠᠯ ᠤᠨ ᠪᠦᠰᠡ ᠶᠢ ᠪᠠᠶᠢᠭᠤᠯᠵᠤ᠂ ᠰᠢᠨ ᠬᠤᠢ᠂ ᠰᠠᠯᠪᠤᠷᠢ  ᠂ ᠮᠠᠨᠢᠬᠠᠨ᠂  ᠭᠤᠷᠪᠠᠨᠬᠤᠸᠠ ᠶᠢᠨ ᠰᠢᠯᠢᠳᠡᠭ ᠨᠠᠷᠢᠮᠤ ᠲᠠᠷᠢᠬᠤ ᠣᠷᠣᠨ ᠪᠠᠶᠢᠭᠤᠯᠤᠨ᠂ 92 ᠲᠦᠮᠡᠨ ᠮᠤ᠋ ᠨᠠᠷᠢᠮᠤ ᠳᠠᠷᠢᠬᠤ  ᠶᠢ  ᠪᠡᠶᠡᠯᠡᠭᠦᠯᠦᠨ᠎ᠡ᠃ ᠲᠠᠷᠢᠶᠠᠴᠢᠳ ᠤᠨ ᠰᠢᠭᠡᠭ ᠪᠤᠷᠳᠤᠭᠤᠷ ᠬᠡᠷᠡᠭᠯᠡᠬᠦ ᠶᠢ ᠢᠳᠡᠪᠬᠢᠲᠡᠢ ᠬᠥᠲᠥᠯᠥᠨ ᠵᠢᠯᠤᠭᠤᠳᠤᠨ ᠳᠡᠯᠭᠡᠷᠡᠭᠦᠯᠵᠦ᠂ ᠪᠣᠬᠢᠷᠲᠤᠯ ᠦᠬᠡᠢ ᠣᠷᠭᠠᠨᠢᠭ ᠪᠦᠲᠦᠭᠡᠭᠳᠡᠭᠦᠨ ᠤ ᠰᠠᠭᠤᠷᠢᠨ ᠭᠠᠵᠠᠷ ᠤᠨ ᠬᠡᠪᠴᠢᠶ᠎ᠡ ᠶᠢ ᠳᠣᠭᠲᠠᠭᠤᠨ ᠢᠶᠠᠷ ᠥᠷᠭᠡᠳᠬᠡᠵᠦ᠂ ᠦᠢᠯᠡᠳᠬᠦᠨ  ᠤ ᠶᠠᠰᠤ ᠴᠢᠨᠠᠷ  ᠢ ᠨᠡᠬᠡᠮᠵᠢᠯᠡᠨ ᠮᠥᠷᠳᠡᠬᠦ  ᠰᠢᠰᠲ᠋ᠧᠮ ᠢ ᠪᠠᠶᠢᠭᠤᠯᠤᠨ᠎ᠠ᠂ ᠵᠢᠯ ᠤᠨ ᠳᠣᠲᠣᠷ᠎ᠠ 3 ᠲᠦᠮᠡᠨ ᠮᠤ᠋ ᠤᠷᠭᠠᠨᠢᠭ ᠨᠠᠷᠢᠮᠤ᠂ 6 ᠲᠦᠮᠡᠨ ᠮᠤ᠋ ᠪᠣᠬᠢᠷᠳᠠᠯ ᠦᠭᠡᠢ ᠨᠠᠷᠢᠮᠤ ᠶᠢ ᠰᠢᠨ᠎ᠡ ᠪᠠᠷ  ᠭᠡᠷᠡᠴᠢᠯᠡᠨ ᠨᠡᠮᠡᠭᠳᠡᠭᠦᠯᠦᠨ᠎ᠡ᠃ ︽ᠠᠤᠬᠠᠨ ᠨᠠᠷᠢᠮᠤ  ᠶᠢᠨ ᠬᠡᠷᠡᠭᠯᠡᠭᠡᠨ ᠤ ᠵᠦᠭᠯᠡᠭᠦᠷ︾ ᠢᠶᠠᠷ ᠠᠴᠢᠶᠠᠯᠠᠪᠤᠷᠢ ᠪᠣᠯᠭᠠᠨ᠂ ᠡᠮ ᠢᠳᠡᠭᠡᠨ ᠤ ᠭᠠᠷᠤᠯ ᠨᠢᠭᠡᠲᠡᠶ ᠪᠠᠶᠢᠬᠤ ᠣᠶᠢᠯᠠᠭᠠᠭᠳᠠᠬᠤᠨ ᠶᠣᠰᠣᠭᠠᠷ᠂ ᠠᠤᠬᠠᠨ ᠨᠠᠷᠢᠮᠤ ᠪᠠᠷ ᠭᠤᠣᠯ ᠪᠣᠯᠭᠠᠭᠰᠠᠨ ᠡᠯ᠎ᠡ ᠵᠦᠢᠯ ᠤᠨ ᠰᠢᠮ᠎ᠡ ᠲᠡᠵᠢᠭᠡᠯᠲᠦ ᠢᠳᠡᠭᠡᠨ  ᠤ ᠴᠠᠳᠢᠭ  ᠢ ᠰᠤᠳᠤᠯᠤᠨ ᠨᠡᠭᠡᠭᠡᠵᠦ᠂ ᠠᠤᠬᠠᠨ  ᠨᠠᠷᠢᠮᠤ  ᠶᠢ ᠨᠡᠩ ᠤᠯᠠᠨ ᠬᠡᠷᠡᠭᠯᠡᠭᠴᠢᠳ ᠲᠤ ᠲᠠᠨᠢᠯᠴᠠᠭᠤᠯᠬᠤ ᠶᠢ ᠠᠬᠢᠭᠤᠯᠤᠨ᠎ᠠ᠃ ︽ᠪᠠᠭ᠎ᠠ ᠬᠡᠪᠴᠢᠶᠡᠲᠦ᠂ ᠲᠤᠮᠤ  ᠪᠦᠯᠦᠭᠳᠦ︾ ᠶᠢᠨ ᠬᠥᠭᠵᠢᠯᠲᠡ ᠶᠢᠨ ᠬᠡᠪ ᠵᠠᠭᠪᠤᠷ ᠦᠷᠭᠦᠯᠵᠢᠯᠡᠨ ᠳᠡᠯᠭᠡᠷᠡᠭᠦᠯᠵᠦ  ᠂ ᠡᠯᠵᠢᠭᠡ ᠲᠡᠵᠢᠭᠡᠵᠦ ᠦᠷᠡᠵᠢᠭᠦᠯᠬᠦ ᠬᠡᠪᠴᠢᠶ᠎ᠡ ᠪᠠᠨ ᠲᠡᠰᠦᠷᠡᠯᠳᠠ ᠤᠢᠭᠡᠢ ᠪᠣᠵᠠᠭᠠᠶᠢᠷᠠᠭᠤᠯᠵᠤ᠂  ᠮᠠᠯ ᠠᠵᠤ ᠠᠬᠤᠢ ᠶᠢᠨ ᠵᠢᠯ ᠤᠨ ᠲᠤᠭ᠎ᠠ ᠶᠢ 5  ᠲᠦᠮᠡ ᠳᠤ ᠨᠡᠮᠡᠭᠳᠡᠭᠦᠯᠬᠦ ᠬᠡᠷᠡᠭᠲᠡᠶ᠃ ᠳ᠋ᠦᠩ ᠧ ᠬᠠᠷ᠎ᠠ ᠡᠯᠵᠢᠭᠡᠨ ᠬᠢᠵᠠᠭᠠᠷᠲᠤ ᠺᠣᠮᠫᠠᠨᠢ ᠶᠢᠨ ᠳᠠᠶᠢᠴᠢᠯᠠᠯᠲᠠ ᠳᠤ ᠲᠦᠰᠢᠭᠯᠡᠨ᠂ ᠡᠯᠵᠢᠭᠡ ᠲᠦᠷᠢᠶᠡᠰᠦᠯᠡᠬᠦ ᠠᠵᠢᠯ ᠢ ᠥᠷᠨᠢᠭᠦᠯᠵᠦ᠂ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠦᠢᠯᠡᠳᠪᠦᠷᠢ ᠶᠢ ᠲᠦᠷᠭᠡᠳᠬᠡᠵᠦ᠂ ᠡᠯᠵᠢᠭᠡ  ᠠᠷᠠᠯᠵᠢᠶᠠᠯᠠᠬᠤ ᠵᠠᠬ᠎ᠠ ᠳᠡᠯᠭᠡᠭᠦᠷ᠂ ᠦᠢᠯᠡᠳᠪᠦᠷᠢ ᠶᠢᠨ ᠡᠮᠦᠨᠡᠬᠢ ᠲᠣᠭᠤᠷᠢᠭ ᠤᠨ ᠠᠵᠤ ᠦᠢᠯᠡᠰ ᠤᠨ ᠲᠣᠭᠤᠷᠢᠭ ‍ᠤᠨ‌‍ᠲ᠋ᠥ᠋ᠷᠥᠯ ᠵᠦᠢᠯ  ᠢ ᠪᠠᠶᠢᠭᠤᠯᠵᠤ᠂ ᠵᠢᠯ ᠤᠨ ᠳᠣᠲᠤᠷ᠎ᠠ ᠠᠰᠢᠭᠯᠠᠯᠲᠠ ᠳᠤ  ᠣᠷᠤᠭᠤᠯᠬᠤ ᠶᠢ ᠪᠠᠲᠤᠯᠠᠬᠤ ᠬᠡᠷᠡᠭᠲᠡᠶ᠃  ᠬᠤᠷᠰᠢᠶᠠᠵᠢᠯ᠂ ᠲᠡᠵᠢᠭᠡᠨ ᠦᠷᠡᠵᠢᠭᠦᠯᠬᠦ ᠲᠣᠮᠣ ᠡᠷᠦᠬᠡ ᠪᠠᠷ ᠠᠴᠢᠶᠠᠯᠠᠪᠤᠷᠢ ᠪᠣᠯᠭᠠᠨ᠂ ᠡᠯᠵᠢᠭᠡᠨ ᠡᠭᠦᠯᠳᠡᠷ ᠰᠠᠶᠢᠵᠢᠷᠠᠭᠤᠯᠬᠤ ᠶᠢ ᠠᠬᠢᠭᠤᠯᠵᠤ᠂ ᠲᠡᠵᠢᠭᠡᠨ ᠦᠷᠡᠵᠢᠭᠦᠯᠵᠦ ᠪᠠᠶᠢᠭ᠎ᠠ ᠡᠷᠦᠬᠡ ᠶᠢᠨ ᠠᠵᠤ ᠠᠬᠤᠶ ᠶᠢᠨ ᠦᠷ᠎ᠡ ᠠᠰᠢᠭ ᠢ  ᠳᠡᠭᠡᠭᠰᠢᠯᠡᠭᠦᠯᠦᠨ᠎ᠡ᠃ ᠱᠠ ᠮᠥᠸᠧ ᡁᠢ ᠬᠤᠸᠠ ᠬᠢᠵᠠᠭᠠᠷᠲᠤ ᠺᠣᠮᠫᠠᠨᠢ ᠶᠢᠨ ᠳᠠᠶᠢᠴᠢᠯᠠᠯᠲᠠ ᠳᠤ ᠲᠦᠰᠢᠭᠯᠡᠨ᠂ ᠴᠢᠴᠠᠷᠭᠠᠨ᠎ᠠ ᠶᠢᠨ ᠰᠠᠭᠤᠷᠢᠨ ᠭᠠᠵᠠᠷ ᠤᠨ ᠬᠡᠪᠴᠢᠶ᠎ᠡ ᠶᠢ  ᠠᠯᠭᠤᠷ ᠥᠷᠭᠡᠳᠬᠡᠵᠦ᠂  ᠰᠢᠶᠠ ᠸᠠ᠂ ᠶᠢᠨ ᠴᠠᠩ ᠭᠧᠤ ᠯᠢᠶᠠᠩ᠂ ᠴᠠᠩ ᠱᠧᠩ ᠵᠡᠷᠭᠡ ᠰᠢᠶᠠᠩ ᠪᠠᠯᠭᠠᠰᠤ ᠪᠠᠷ ᠭᠤᠣᠯᠳᠠᠯᠭ᠎ᠠ ᠪᠣᠯᠭᠠᠵᠤ᠂ 1 ᠲᠦᠮᠡᠨ ᠮᠦ ᠴᠢᠴᠠᠷᠭᠠᠨ᠎ᠠ ᠶᠢᠨ ᠰᠠᠭᠤᠷᠢᠨ ᠭᠠᠵᠠᠷ  ᠢ ᠪᠠᠶᠢᠭᠤᠯᠤᠨ᠎ᠠ᠃ ᠠᠵᠤ ᠠᠬᠤᠶᠢᠯᠠᠯ  ᠤᠨ ᠲᠧᠭᠨᠢᠭ ᠮᠡᠷᠭᠡᠵᠢᠯ ᠤᠨ ᠲᠠᠰ ᠳᠡᠪᠰᠢᠭᠦᠯᠦᠨ ᠥᠭᠡᠷᠡᠴᠢᠯᠡᠵᠦ ᠢ ᠵᠣᠷᠢᠭᠵᠢᠭᠤᠯᠤᠨ᠂ ᠦᠢᠯᠡᠳᠪᠦᠷᠢᠯᠡᠯ ᠤᠨ ᠬᠡᠪᠴᠢᠶ᠎ᠡ  ᠪᠠᠨ ᠥᠷᠭᠡᠳᠬᠡᠵᠦ᠂ ᠠᠵᠤ ᠦᠢᠯᠡᠰ ᠤᠨ ᠬᠡᠯᠬᠢᠶᠡᠵᠢᠯ ᠢᠶᠠᠨ ᠲᠠᠰᠤᠷᠠᠯᠲᠠ ᠦᠭᠡᠢ ᠤᠷᠳᠤᠳᠬᠠᠨ᠂ ᠪᠦᠲᠦᠭᠡᠭᠳᠡᠬᠦᠨ ᠤ ᠨᠡᠮᠡᠯᠲᠡ ᠦᠷᠳᠡᠭ  ᠶᠢ ᠨᠡᠮᠡᠭᠳᠡᠭᠦᠯᠬᠦ ᠬᠡᠷᠡᠭᠲᠡᠶ᠃ ᠰᠡᠩᠳᠡᠩ ᠮᠣᠳᠤᠨ ᠬᠦᠷᠢᠶᠡᠯᠡᠩ ᠤᠨ ᠳᠠᠶᠢᠴᠢᠯᠠᠯᠲᠠ ᠳᠤ ᠲᠦᠰᠢᠭᠯᠡᠨ᠂ ᠬᠤᠸᠠᠩ ᠶᠠᠩ ᠸᠠ᠂ ᠮᠣᠳᠣᠨ ᠠᠶᠢᠯ ᠵᠡᠷᠭᠡ ᠰᠢᠶᠠᠩ ᠪᠠᠯᠭᠠᠰᠤ ᠪᠠᠷ  ᠭᠤᠣᠯ  ᠪᠣᠯᠭᠠᠨ᠂ 3 ᠲᠦᠮᠡᠨ ᠮᠦ ᠰᠡᠩᠳᠡᠩ ᠮᠣᠳᠣᠨ ᠤ ᠰᠠᠭᠤᠷᠢᠨ ᠭᠠᠵᠠᠷ ᠪᠠᠶᠢᠭᠤᠯᠤᠨ᠎ᠠ᠃ ᠠᠵᠤ ᠠᠬᠤᠶᠢᠯᠠᠯ ᠤᠨ ᠨᠠᠷᠢᠯᠢᠭ ᠪᠣᠯᠪᠠᠰᠤᠷᠠᠭᠤᠯᠬᠤ ᠶᠢ ᠦᠷᠨᠢᠭᠦᠯᠦᠨ ᠳᠡᠮᠵᠢᠵᠦ᠂ ᠰᠡᠩᠳᠡᠩ ᠮᠣᠳᠣᠨ ᠤ ᠢᠳᠡᠭᠡᠨ ᠳᠤ ᠬᠡᠷᠡᠭᠯᠡᠬᠦ᠂ ᠡᠮ ᠳᠤ ᠬᠡᠷᠡᠭᠯᠡᠬᠦ ᠵᠡᠷᠭᠡ ᠰᠢᠷᠢᠰ ᠦᠢᠯᠡᠳᠬᠦᠨ ᠤ ᠪᠥᠭᠡᠮ ᠢᠶᠠᠷ ᠦᠢᠯᠡᠳᠪᠦᠷᠢᠯᠡᠬᠦ ᠶᠢ ᠠᠬᠢᠭᠤᠯᠵᠤ᠂ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ  ᠪᠠᠶᠠᠯᠢᠭᠵᠢᠭᠤᠯᠤᠨ᠎ᠠ᠃     ᠠᠮᠢ ᠠᠬᠤᠶ ᠶᠢᠨ ᠵᠣᠬᠢᠴᠠᠯ ᠢ ᠬᠦᠴᠦᠯᠡᠨ ᠪᠠᠶᠢᠭᠤᠯᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂16 ᠭᠠᠵᠠᠷ ᠣᠷᠤᠨ ᠳᠤ ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠳᠬᠠᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ ᠂ ᠣᠯᠠᠨ ᠲᠦᠮᠡᠨ ᠤ ᠤᠤᠭᠤᠬᠤ ᠣᠰᠣᠨ ᠤ ᠠᠶᠤᠯᠭᠦᠶ ᠪᠠᠶᠢᠬᠤ ᠶᠢ ᠦᠷᠭᠦᠯᠵᠢᠯᠡᠨ ᠪᠠᠲᠤᠯᠠᠨ᠎ᠠ᠃ 190 ᠺᠢᠯᠣᠮᠧᠲᠷ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠪᠠᠶᠢᠭᠤᠯᠵᠤ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠂ ᠤᠯᠠᠨ ᠲᠦᠮᠡᠨ ᠤ ᠶᠠᠪᠤᠵᠤ ᠰᠠᠭᠤᠬᠤ ᠳᠤ ᠨᠡᠩ ᠰᠢᠭᠤᠳ ᠰᠢᠯᠤᠭᠤᠨ ᠪᠣᠯᠭᠠᠬᠤ ᠬᠡᠷᠡᠭᠲᠡᠢ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ  ᠢ ᠴᠡᠭᠴᠡᠯᠡᠨ ᠵᠠᠰᠠᠬᠤ  ᠶᠢ ᠭᠦᠨᠵᠡᠭᠡᠶ ᠥᠷᠨᠢᠭᠦᠯᠵᠦ᠂ ᠯᠣᠤᠬ᠎ᠠ ᠶᠢᠨ ᠭᠤᠣᠯ ᠤᠨ ᠳᠡᠭᠡᠳᠦ ᠤᠷᠤᠰᠬᠠᠯ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠡᠬᠢᠯᠡᠭᠦᠯᠵᠦ᠂ ᠵᠢᠯ ᠤᠨ ᠳᠣᠲᠣᠷ᠎ᠠ 2.98 ᠳ᠋ᠦᠩᠰᠢᠭᠤᠷ ᠲᠥᠭᠦᠷᠢᠭ  ᠤᠨ ᠪᠡᠯᠡ ᠣᠷᠣᠭᠤᠯᠤᠯᠲᠠ  ᠶᠢ ᠵᠠᠷᠤᠴᠠᠭᠤᠯᠵᠤ  ᠂ ᠠᠮᠢ ᠠᠬᠤᠶ ᠶᠢ ᠵᠠᠰᠠᠨ ᠰᠡᠷᠭᠦᠭᠡᠬᠦ᠂ ᠲᠠᠷᠢᠶᠠᠯᠠᠩ  ᠤᠨ ᠤᠰᠤ ᠠᠷᠪᠢᠯᠠᠬᠤ᠂ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠠᠭᠤᠷᠬᠠᠶ ᠶᠢᠨ ᠴᠡᠭᠴᠡᠯᠡᠨ ᠵᠠᠰᠠᠬᠤ ᠪᠠ ᠠᠮᠢ ᠠᠬᠤᠶ ᠶᠢᠨ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ  ᠤ ᠣᠷᠴᠢᠨ ᠲᠣᠭᠤᠷᠢᠨ ᠢ ᠵᠠᠰᠠᠨ ᠬᠠᠮᠢᠶᠠᠷᠴᠤ ᠬᠠᠮᠠᠭᠠᠯᠠᠬᠤ ᠤᠷᠳᠤ ᠬᠤᠭᠤᠴᠠᠭᠠᠨ  ᠤ ᠦᠷ᠎ᠡ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠬᠤᠳᠠ ᠬᠥᠳᠡᠭᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠢᠭᠡ ᠴᠤᠭᠴᠠᠵᠢᠭᠤᠯᠤᠭᠰᠠᠨ ᠵᠦᠢᠯᠡᠰ ᠪᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ  ᠰᠢᠢᠳᠪᠦᠷᠢᠯᠡᠬᠦ ᠲᠥᠷᠥᠯ ᠵᠦᠢᠯ ᠢ ᠬᠡᠷᠡᠭᠵᠢᠭᠦᠯᠵᠦ᠂ ᠰᠤᠮᠤ ᠰᠢᠶᠠᠩ ᠪᠠᠯᠭᠠᠰᠤ ᠪᠣᠯᠤᠨ ᠵᠠᠰᠠᠭ ᠵᠠᠬᠢᠷᠭᠠᠨ ᠤ ᠭᠠᠴᠠᠭ᠎ᠠ ᠲᠣᠰᠬᠤᠨ  ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ  ᠢ ᠵᠠᠰᠠᠬᠤ ᠡᠷᠴᠢᠮ ᠢ ᠴᠢᠩᠭᠠᠷᠠᠭᠤᠯᠤᠨ᠎ᠠ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠶᠢᠯ ᠲᠣᠰᠬᠤᠨ ᠤ ᠨᠣᠭᠤᠭᠠᠷᠠᠭᠤᠯᠤᠨ ᠭᠤᠶᠤᠵᠢᠭᠤᠯᠬᠤ ᠠᠵᠢᠯ  ᠢ ᠥᠷᠨᠢᠭᠦᠯᠵᠦ᠂  ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠰᠢᠨ ᠠᠮᠢᠳᠤᠷᠠᠬᠤ ᠣᠷᠴᠢᠨ ᠠᠬᠤᠶ ᠶᠢᠨ ᠶᠠᠰᠤ ᠴᠢᠨᠠᠷ ᠢ  ᠠᠯᠭᠤᠷ  ᠰᠠᠶᠢᠵᠢᠷᠠᠭᠤᠯᠤᠨ᠎ᠠ᠃     ᠬᠥᠳᠡᠭᠡ ᠶᠢᠨ ᠰᠤᠷᠲᠠᠯ ᠪᠣᠯᠪᠠᠰᠤᠨ ᠢ ᠢᠳᠡᠪᠬᠢᠲᠡᠶ ᠬᠥᠮᠦᠵᠢᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂  ᠠᠷᠠᠳ ᠢᠷᠭᠡᠨ ᠤ ᠶᠣᠰᠣ ᠮᠣᠷᠠᠯ ᠤᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠴᠢᠷᠮᠠᠶᠢᠨ ᠳᠠᠪᠰᠢᠬᠤ ᠡᠪ ᠨᠠᠶᠢᠷᠰᠠᠭ᠂ ᠨᠠᠰᠤᠲᠠᠨ ᠢᠶᠠᠨ ᠠᠴᠢᠯᠠᠵᠤ ᠰᠠᠳᠤᠨ ᠲᠦ᠋ᠷᠦᠯ ᠢᠶᠠᠨ ᠬᠠᠶᠢᠷᠠᠯᠠᠬᠤ᠂ ᠡᠷᠬᠢᠮ ᠳᠡᠭᠡᠲᠦ ᠶᠣᠰᠤ ᠮᠣᠷᠠᠯ ᠤᠨ ᠨᠡᠶᠢᠭᠡᠮ ᠤᠨ ᠬᠡᠪ ᠰᠤᠷᠲᠠᠯ ᠢ ᠬᠦᠴᠦᠯᠡᠨ ᠤᠬᠠᠭᠤᠯᠬᠤ ᠬᠡᠷᠡᠭᠲᠡᠢ᠃ ᠲᠠᠷᠢᠶᠠᠯᠠᠬᠤ ᠮᠠᠯᠵᠢᠬᠤ ᠣᠷᠣᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠪᠣᠯᠪᠠᠰᠤᠨ ᠭᠠᠴᠠᠭ᠎ᠠ ᠪᠠᠯᠭᠠᠰᠤ᠂ ᠪᠣᠯᠪᠠᠰᠤᠨ ᠭᠡᠷ ᠪᠦᠯᠢ᠂ ᠶᠣᠰᠣ ᠮᠣᠷᠠᠯ ᠤᠨ ᠵᠢᠱᠢᠶᠡᠴᠢ ᠶᠢ ᠰᠢᠯᠭᠠᠷᠠᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠡᠶᠢᠲᠡᠯᠢᠭ ᠵᠢᠱᠢᠶ᠎ᠡ ᠦᠵᠡᠭᠦᠯᠵᠦ ᠬᠥᠲᠥᠯᠥᠨ ᠵᠢᠯᠣᠭᠤᠳᠬᠤ  ᠪᠠᠷ ᠳᠠᠮᠵᠢᠭᠤᠯᠤᠨ᠂ ᠤᠯᠠᠨ ᠲᠦᠮᠡᠨ ᠤ ᠪᠣᠯᠪᠠᠰᠤᠨ ᠤ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠭᠡᠷ ᠪᠦᠯᠢ ᠪᠣᠯ ᠨᠡᠶᠢᠭᠡᠮ ᠤᠨ ︽ᠡᠰ︾᠂ ︽ᠬᠡᠷ ᠪᠦᠯᠢ ᠶᠢᠨ ᠰᠤᠷᠲᠠᠯ ᠤᠨ ᠪᠠᠶᠢᠭᠤᠯᠤᠯᠲᠠ︾ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠵᠠᠩ ᠳᠠᠳᠬᠠᠯ  ᠤᠨ ᠥᠭᠡᠷᠡᠴᠢᠯᠡᠯᠲᠡ ᠶᠢ ᠥᠷᠨᠢᠭᠦᠯᠵᠦ᠂ ᠬᠥᠳᠡᠭᠡ ᠲᠣᠰᠬᠤᠨ ᠤ ᠣᠶᠤᠨ ᠰᠠᠨᠠᠭᠠᠨ ᠤ ᠳᠦᠷᠰᠦ ᠪᠠᠶᠢᠳᠠᠯ ᠢ ᠬᠤᠪᠢᠷᠠᠭᠤᠯᠵᠤ᠂ ᠪᠣᠯᠪᠠᠰᠤᠨ ᠳᠠᠬᠢᠯᠭ᠎ᠠ ᠶᠢ ᠢᠳᠡᠪᠬᠢᠲᠡᠢ ᠤᠬᠠᠭᠤᠯᠵᠤ᠂ ᠡᠯ᠎ᠡ ᠵᠦᠢᠯ ᠤᠨ  ᠬᠤᠷᠢᠮ ᠨᠠᠶᠢᠷ ᠲᠤ ᠶᠡᠭᠡ ᠪᠠᠷ ᠵᠠᠯᠠᠵᠤ ᠪᠦᠷᠢᠯᠭᠡᠨ ᠰᠦᠢᠳᠬᠡᠬᠦ ᠵᠡᠷᠭᠡ ᠮᠠᠭᠤ ᠳᠠᠳᠬᠠᠯ ᠢ ᠲᠠᠶᠠᠭᠳᠠᠵᠤ᠂ ᠰᠢᠯᠢᠳᠡᠭ ᠰᠠᠶᠢᠨ ᠰᠠᠶᠢᠬᠠᠨ ᠭᠡᠷ ᠤᠨ ᠰᠤᠷᠲᠠᠯ  ᠢᠶᠠᠷ ᠬᠥᠳᠡᠭᠡ ᠲᠣᠰᠬᠤᠨ ᠤ ᠪᠣᠯᠪᠠᠰᠤᠨ ᠰᠤᠷᠲᠠᠯ  ᠢ  ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠯ ᠲᠠᠢ ᠳᠠᠪᠰᠢᠯᠳᠠ ᠶᠢ ᠲᠦᠯᠬᠢᠨ ᠠᠬᠢᠭᠤᠯᠬᠤ ᠬᠡᠷᠡᠭᠲᠡᠶ᠃     ᠪᠦᠲᠦᠮᠵᠢᠲᠡᠶ ᠵᠠᠰᠠᠬᠤ ᠠᠵᠢᠯ ᠢ ᠴᠢᠷᠮᠠᠶᠢᠨ ᠠᠬᠢᠭᠤᠯᠬᠤ ᠬᠡᠷᠡᠭᠲᠡᠶ᠃ ᠡᠷᠬᠡ ᠪᠠᠨ ᠬᠠᠮᠠᠭᠠᠯᠠᠬᠤ ᠪᠠ ᠲᠣᠭᠲᠠᠭᠤᠨ ᠢ ᠬᠠᠮᠠᠭᠠᠯᠠᠬᠤ ᠶᠢ ᠤᠶᠠᠯᠳᠤᠭᠤᠯᠬᠤ ᠶᠢ ᠪᠠᠷᠢᠮᠲᠠᠯᠠᠨ᠂  ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ᠲᠣᠬᠢᠲᠠᠶ ᠨᠠᠮᠳᠠᠭᠤᠯᠬᠤ ᠬᠡᠷᠡᠭᠲᠡᠶ᠃ ᠬᠠᠤᠯᠢ ᠪᠠᠷ ᠵᠠᠰᠠᠬᠤ ᠵᠠᠬᠢᠳᠠᠯ ᠰᠤᠷᠪᠤᠯᠵᠢᠯᠠᠭ᠎ᠠ᠂ ᠬᠠᠷᠢᠭᠤᠴᠠᠯᠭ᠎ᠠ ᠶᠢᠨ ᠵᠠᠬᠢᠳᠠᠯ ᠰᠤᠷᠪᠤᠯᠵᠢᠯᠠᠭ᠎ᠠ ᠪᠠ ᠢᠯᠠ ᠵᠠᠬᠢᠳᠠᠯ ᠰᠤᠷᠪᠤᠯᠵᠢᠯᠠᠭ᠎ᠠ  ᠶᠢ ᠢᠳᠡᠪᠬᠢᠲᠡᠶ ᠲᠦᠯᠬᠢᠨ ᠠᠬᠢᠭᠤᠯᠵᠤ᠂ ᠡᠯ᠎ᠡ ᠲᠦᠷᠦᠯ ᠤᠨ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ  ᠢ ᠬᠠᠤᠯᠢ ᠶᠣᠰᠣᠭᠠᠷ ᠴᠠᠭ ᠲᠤᠬᠠᠶ ᠳᠤᠨᠢ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ ᠬᠡᠷᠡᠭᠲᠡᠢ᠃ ᠬᠤᠭᠤᠴᠠᠭ᠎ᠠ ᠰᠣᠯᠢᠬᠤ ᠰᠣᠩᠭᠤᠭᠤᠯᠢ ᠶᠠᠪᠤᠭᠤᠯᠬᠤ ᠵᠢᠷᠤᠮ ᠢ ᠴᠢᠩᠭᠠᠳᠬᠠᠵᠤ᠂ ᠠᠷᠪᠠᠳᠤᠭᠠᠷ ᠤᠳᠠᠭᠠᠨ ᠤ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠠᠵᠢᠯ ᠢ ᠥᠷᠨᠢᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠰᠡᠳᠭᠢᠴᠡ ᠳᠠᠪᠠᠭᠤᠯᠢᠭ᠂ ᠦᠨᠳᠦᠰᠦᠨ ᠱᠠᠲᠤᠨ ᠤ ᠠᠵᠢᠯ ᠤᠨ ᠰᠢᠯᠭᠠᠷᠠᠭᠰᠠᠨ ᠲᠣᠰᠬᠤᠨ ᠤ ᠵᠥᠪᠯᠡᠯ ᠺᠣᠮᠢᠰ ᠤᠨ ᠤᠳᠤᠷᠢᠳᠬᠤ ᠪᠠᠭ ᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ᠰᠣᠩᠭᠤᠨ ᠭᠠᠷᠭᠠᠨ᠎ᠠ᠃  ᠬᠤᠷᠰᠢᠶᠠᠵᠢᠯ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠵᠠᠰᠠᠯᠲᠠ ᠶᠢ  ᠭᠦᠨᠵᠡᠭᠡᠶᠢᠷᠡᠨ ᠦᠷᠨᠢᠭᠦᠯᠬᠦ ᠶᠢ ᠠᠬᠢᠭᠤᠯᠤᠨ᠎ᠠ᠃ ︽ᠠᠯᠪᠠᠨ ᠤ ᠭᠤᠷᠪᠠᠨ ᠵᠠᠷᠤᠳᠠᠯ︾ ᠢ ᠢᠯᠡ ᠪᠣᠯᠭᠠᠬᠤ ᠶᠢ ᠠᠬᠢᠭᠤᠯᠵᠤ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ  ᠂ ᠶᠣᠰᠣ ᠮᠣᠷᠠᠯ ᠢᠶᠠᠷ ᠵᠠᠰᠠᠬᠤ ᠶᠢ ᠬᠠᠷᠢᠯᠴᠠᠨ  ᠤᠶᠠᠯᠳᠤᠭᠤᠯᠤᠭᠰᠠᠨ ᠬᠥᠳᠡᠭᠡ ᠲᠣᠰᠬᠤᠨ ᠢ ᠵᠠᠰᠠᠬᠤ  ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠭᠡᠵᠦ᠂ ᠲᠠᠷᠢᠶᠠᠯᠠᠩ  ᠢ ᠣᠶᠢᠯᠠᠭᠠᠬᠤ᠂ ᠬᠥᠳᠡᠭᠡ ᠲᠣᠰᠬᠤᠨ ᠢ ᠬᠠᠶᠢᠷᠠᠯᠠᠬᠤ᠂  ᠲᠠᠷᠢᠶᠠᠴᠢᠳ ᠢ ᠬᠠᠶᠢᠷᠠᠯᠠᠬᠤ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠡᠩᠨᠡᠭᠡ ᠶᠢ ᠪᠠᠶᠢᠭᠤᠯᠬᠤ ᠬᠡᠷᠡᠭᠲᠡᠶ᠃     ᠠᠮᠢᠳᠤᠷᠠᠯ ᠤᠨ ᠪᠠᠶᠠᠨ ᠴᠢᠨᠡᠭᠡᠯᠢᠭ ᠢ ᠳᠣᠭᠲᠠᠭᠤᠨ ᠢᠶᠠᠷ ᠪᠡᠶᠡᠯᠡᠭᠦᠯᠬᠦ  ᠬᠡᠷᠡᠭᠲᠡᠢ᠃ ᠭᠠᠵᠠᠷ ᠰᠢᠷᠣᠶ ᠶᠢᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠪᠠ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ ᠠᠵᠢᠯ ᠢ  ᠪᠦᠬᠦ ᠲᠠᠯ᠎ᠠ ᠪᠠᠷ ᠪᠡᠶᠡᠯᠡᠭᠦᠯᠵᠦ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠶᠢ  ᠲᠦᠷᠭᠡᠨ ᠠᠬᠢᠭᠤᠯᠵᠤ᠂ ᠣᠷᠣᠨ ᠰᠠᠭᠤᠴᠠ ᠶᠢᠨ ᠭᠠᠵᠠᠷ ᠤᠨ ᠥᠮᠴᠢᠯᠡᠯ ᠤᠨ ᠡᠷᠬᠡ ᠂ ᠬᠢᠷᠢ ᠬᠡᠮ ᠤᠨ ᠡᠷᠬᠡ᠂ ᠬᠡᠷᠡᠭᠯᠡᠭᠡᠨ ᠤ ᠡᠷᠬᠡ ᠶᠢ ᠰᠠᠯᠭᠠᠨ ᠪᠠᠶᠢᠷᠢᠯᠠᠭᠤᠯᠬᠤ ᠥᠭᠡᠷᠡᠴᠢᠯᠡᠯᠲᠡ ᠶᠢ ᠬᠠᠶᠢᠨ ᠰᠦᠪᠡᠭᠴᠢᠯᠡᠵᠦ᠂ ᠲᠠᠷᠢᠶᠠᠴᠢᠳ ᠲᠤ ᠨᠡᠩ ᠤᠯᠠᠨ ᠡᠳ᠋ ᠬᠦ᠋ᠷᠦᠩᠭᠡ ᠶᠢᠨ ᠡᠷᠬᠡ ᠶᠢ ᠣᠯᠭᠤᠨ ᠬᠦᠷᠲᠡᠭᠡᠬᠦ ᠬᠡᠷᠡᠭᠲᠡᠢ᠃ ᠳᠡᠭᠡᠳᠦ ᠱᠠᠲᠤᠨ ᠤ ᠲᠠᠷᠢᠶᠠᠴᠢᠨ ᠮᠠᠯᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠠᠷᠢᠶᠠᠴᠢᠳ ᠮᠠᠯᠴᠢᠳ ᠲᠤ ᠨᠡᠩ ᠣᠯᠠᠨ ᠠᠰᠢᠭ ᠬᠥᠲᠡᠭᠡᠨ᠎ᠡ᠃ ᠭᠠᠴᠠᠭᠠᠨ ᠤ ᠲᠡᠰ ᠤᠨ ᠬᠠᠮᠲᠤ ᠶᠢᠨ ᠠᠵᠤ ᠠᠬᠤᠶ ᠶᠢ ᠦᠷᠭᠦᠯᠵᠢᠯᠡᠨ ᠪᠤᠵᠠᠭᠠᠶᠢᠷᠠᠭᠤᠯᠵᠤ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠡ ᠬᠢᠵᠦ᠂ ᠤᠯᠠᠨ ᠲᠦᠮᠡᠨ ᠤ ᠣᠷᠣᠯᠭ᠎ᠠ ᠶᠢ ᠲᠣᠭᠲᠠᠪᠤᠷᠢᠲᠠᠶ ᠪᠠᠷ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠰᠢᠨᠵᠢᠯᠡᠭᠡ ᠮᠡᠷᠭᠡᠵᠢᠯ ᠢ ᠬᠥᠳᠡᠭᠡ ᠪᠠᠭᠤᠯᠭᠠᠬᠤ ᠶᠢ ᠢᠳᠡᠪᠬᠢᠲᠡᠶ ᠥᠷᠨᠢᠭᠦᠯᠵᠦ᠂ ᠲᠠᠷᠢᠶᠠᠴᠢᠨ ᠮᠠᠯᠴᠢᠳ ᠲᠤ ᠠᠵᠢᠯ ᠤᠨ ᠪᠣᠯᠪᠠᠰᠤᠷᠠᠭᠤᠯᠤᠯᠲᠠ ᠬᠢᠵᠦ᠂ ᠮᠡᠷᠭᠡᠵᠢᠯ ᠤᠨ ᠰᠢᠨᠡᠴᠢᠯᠡᠯᠲᠡ ᠶᠢ ᠵᠣᠷᠢᠭᠵᠢᠭᠤᠯᠤᠨ᠂ ᠬᠥᠳᠡᠭᠡ ᠲᠣᠰᠬᠤᠨ ᠤ ᠴᠢᠳᠠᠪᠤᠷᠢᠲᠠᠨ ᠤ ᠪᠣᠯᠪᠠᠰᠤᠷᠠᠯ ᠶᠢ ᠢᠳᠡᠪᠬᠢᠲᠡᠶ ᠬᠥᠮᠦᠵᠢᠭᠦᠯᠵᠦ᠂ ᠵᠢᠯ ‍ᠤᠨ‌‍ᠲ᠋ᠣᠲᠣᠷ᠎ᠠ 10 ᠲᠦᠮᠡᠨ ᠲᠠᠷᠢᠶᠠᠴᠢᠨ ᠮᠠᠯᠴᠢᠨ ᠳᠤ ᠪᠣᠯᠪᠠᠰᠤᠷᠠᠭᠤᠯᠤᠯ ᠬᠥᠷᠲᠡᠭᠡᠵᠦ᠂ 200 ᠬᠥᠮᠦᠨ ᠳᠤ ᠰᠢᠨ᠎ᠡ ᠮᠠᠶ᠋ᠢᠭ ᠤᠨ ᠲᠤᠰᠬᠠᠶ ᠠᠵᠢᠯ ᠤᠨ ᠲᠠᠷᠢᠶᠠᠴᠢᠨ ᠢ ᠬᠥᠮᠦᠵᠢᠭᠦᠯᠦᠨ᠎ᠡ᠃ ᠠᠵᠢᠯ ᠣᠯᠭᠤᠬᠤ ᠠᠳᠠᠯ ᠦᠶ᠋ᠯᠡᠰ  ᠪᠣᠰᠬᠠᠬᠤ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠵᠢᠯᠯᠠᠭᠴᠢ ᠶᠢᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠬᠥᠳᠡᠭᠡ ᠲᠣᠰᠬᠤᠨ ᠤ ᠦᠯᠡᠭᠦᠦ ᠬᠥᠳᠡᠯᠮᠦᠷᠢ ᠶᠢᠨ ᠬᠦᠴᠦᠨ ᠤ ᠰᠢᠯᠵᠢᠭᠦᠯᠵᠦ ᠠᠵᠢᠯ  ᠣᠯᠭᠤᠬᠤ ᠶᠢ ᠬᠥᠲᠥᠯᠥᠨ ᠵᠢᠯᠣᠭᠤᠳᠴᠤ  ᠂ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ  ᠬᠡᠷᠡᠭᠲᠡᠢ᠃     ︵ᠭᠤᠷᠪᠠ︶ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ  ᠲᠣᠭᠲᠠᠭᠤᠨ ᠠᠬᠢᠭᠤᠯᠵᠤ᠂  ᠪᠠᠶᠠᠨ ᠴᠢᠨᠡᠭᠡᠯᠢᠭ ᠠᠤᠬᠠᠨ  ᠢ ᠪᠠᠶᠢᠭᠤᠯᠤᠨ᠎ᠠ     ᠤᠳᠤ ᠦᠶ᠎ᠡ ᠶᠢᠨ ᠲᠠᠷᠢᠶᠠᠯᠠᠩ ᠢ ᠬᠦᠴᠦᠷᠬᠡᠭᠵᠢᠭᠦᠯᠦᠨ ᠪᠠᠶᠢᠭᠤᠯᠤᠨ᠎ᠠ᠃ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ ᠶᠡᠷᠦᠩᠬᠡᠶ ᠬᠡᠮᠵᠢᠶ᠎ᠡ ᠶᠢ ᠪᠤᠵᠠᠭᠠᠶᠢᠷᠠᠭᠤᠯᠬᠤ ᠬᠡᠷᠡᠭᠲᠡᠶ᠃  ︽4662︾ ᠢᠨᠵᠧᠨᠧᠷᠢᠩ  ᠢ ᠦᠷᠭᠦᠯᠵᠢᠯᠡᠨ ᠲᠦᠯᠬᠢᠨ ᠠᠬᠢᠭᠤᠯᠵᠤ  ᠂ ᠲᠠᠷᠢᠮᠠᠯ ᠤᠨ ᠦᠢᠯᠡᠰ ᠤᠨ 9  ᠲᠦᠮᠡᠨ ᠮᠥ ᠡᠷᠳᠡᠨᠢ ᠰᠢᠰᠢ᠂ 1 ᠲᠦᠮᠡᠨ ᠮᠤ᠋ ᠰᠢᠰᠢ  ᠶᠢ ᠪᠠᠭᠠᠰᠬᠠᠵᠤ᠂ 4 ᠲᠦᠮᠡᠨ ᠮᠤ᠋  ᠪᠦᠳᠦᠭᠦᠯᠢᠭ ᠠᠮᠤ ᠪᠤᠷᠴᠠᠭ᠂ 6 ᠲᠦᠮᠡᠨ ᠮᠤ᠋ ᠠᠵᠤ ᠠᠬᠤᠶ ᠶᠢᠨ ᠲᠠᠷᠢᠮᠠᠯ ᠪᠠ ᠪᠣᠷᠳᠣᠭᠠᠨ ᠲᠠᠷᠢᠮᠠᠯ ᠢ ᠨᠡᠮᠡᠭᠳᠡᠭᠦᠯᠪᠡ᠃  ᠵᠠᠬᠢᠶᠠᠯᠠᠭ᠎ᠠ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠲᠠᠷᠢᠶᠠᠯᠠᠩ ᠤᠨ ᠦᠷ᠎ᠡ ᠠᠰᠢᠭ ᠪᠣᠯᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ  ᠶᠢ ᠦᠨᠡᠨ ᠬᠦ ᠪᠠᠲᠤᠯᠠᠵᠤ︔ ᠲᠡᠵᠢᠭᠡᠨ ᠦᠷᠡᠵᠢᠭᠦᠯᠬᠦ ᠦᠢᠯᠡᠰ ᠨᠢ ᠠᠤᠬᠠᠨ ᠤ ᠰᠢᠯᠢᠳᠡᠭ ᠡᠭᠦᠯᠳᠡᠷ ᠤᠨ ᠮᠠᠯ ᠢ ᠦᠷᠡᠵᠢᠭᠦᠯᠦᠨ ᠪᠣᠶᠢᠵᠢᠭᠤᠯᠬᠤ ᠲᠦᠪ ᠢ ᠲᠦᠰᠢᠭᠯᠡᠨ᠂ ᠮᠠᠯ ᠠᠵᠤ ᠠᠬᠤᠶ ᠶᠢᠨ ᠡᠭᠦᠯᠳᠡᠷ  ᠰᠠᠶᠢᠵᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ 15 ᠲᠦᠮᠡᠨ ᠣᠬᠤᠷ ᠰᠡᠬᠦᠯᠳᠦ ᠦᠯᠴᠢᠷ ᠬᠤᠨᠢ ᠶᠢ ᠪᠠᠭᠠᠰᠬᠠᠵᠤ᠂ 30 ᠲᠦᠮᠡᠨ ᠰᠢᠯᠢᠳᠡᠭ ᠡᠭᠦᠯᠲᠡᠷ ᠤᠨ ᠠᠯᠠᠰᠢᠨ ᠬᠤᠨᠢ᠂ 60 ᠲᠦᠮᠡᠨ ᠭᠠᠭ᠋ᠠᠶ ᠶᠢ ᠨᠡᠮᠡᠭᠳᠡᠭᠦᠯᠦᠨ᠎ᠡ᠃ ᠤᠢ ᠰᠢᠭᠤᠢ ᠶᠢᠨ ᠠᠵᠤ ᠦᠢᠯᠡᠰ ᠨᠢ  ᠪᠦᠬᠦ ᠬᠤᠲᠠ ᠶᠢᠨ ︽ᠵᠢᠷᠭᠤᠭᠠᠨ ᠵᠠᠭᠤᠨ ᠲᠦᠮᠡᠨ ᠮᠤ᠋︾ ᠶᠢᠨ ᠰᠠᠭᠤᠷᠢᠨ ᠭᠠᠵᠠᠷ ᠤᠨ ᠲᠦᠷᠦᠯ ᠵᠦᠢᠯ ᠲᠠᠢ ᠭᠦᠨᠵᠡᠭᠡᠢ ᠵᠠᠯᠭᠠᠵᠤ᠂ 8 ᠲᠦᠮᠡᠨ ᠮᠥ ᠳᠣᠷᠤᠶᠢᠲᠠᠯ ᠤᠢ ᠮᠣᠳᠤ ᠶᠢ ᠪᠠᠭᠠᠰᠬᠠᠵᠤ᠂ 2.5 ᠲᠦᠮᠡᠨ ᠮᠥ ᠬᠠᠶᠢᠯᠠᠷ ᠨᠠᠷᠠᠰᠤ  ᠂ 0.5 ᠲᠦᠮᠡᠨ ᠮᠤ᠋ ᠵᠢᠮᠢᠰ ᠤᠨ ᠠᠵᠤ ᠠᠬᠤᠶ ᠶᠢᠨ ᠤᠢ᠂ 0.5ᠲᠦᠮᠡᠨ ᠮᠤ᠋ ᠬᠡᠭᠡᠷ᠎ᠡ ᠶᠢᠨ ᠬᠦᠢᠯᠡᠰᠦ ᠶᠢ ᠬᠠᠪᠲᠠᠭᠠᠶ ᠬᠦᠢᠯᠡᠰᠦ ᠪᠣᠯᠭᠠᠨ ᠥᠭᠡᠷᠡᠴᠢᠯᠡᠨ ᠵᠠᠯᠭᠠᠵᠤ᠂ 0.5 ᠲᠦᠮᠡᠨ ᠮᠤ᠋ ᠪᠤᠰᠤᠳ ᠲᠦᠷᠦᠯ ᠤᠨ  ᠣᠢ ᠮᠣᠳᠤ ᠶᠢ ᠳᠠᠷᠢᠵᠤ ᠨᠡᠮᠡᠭᠳᠡᠭᠦᠯᠦᠨ᠎ᠡ᠃ ᠲᠣᠭᠲᠠᠴᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢ ᠲᠡᠭᠦᠯᠳᠡᠷᠵᠢᠭᠦᠯᠬᠦ ᠬᠡᠷᠡᠭᠲᠡᠶ᠃ ᠬᠤᠰᠢᠭᠤᠨ ᠳᠡᠰ ᠤᠨ ᠬᠡᠷ ᠪᠦᠯᠢ ᠶᠢᠨ ᠲᠠᠷᠢᠶᠠᠯᠠᠩ ᠤᠨ ᠲᠠᠯᠠᠪᠠᠢ ᠪᠠ ᠬᠤᠰᠢᠭᠤᠨ ᠳᠡᠰ ᠤᠨ ᠵᠢᠱᠢᠶ᠎ᠡ ᠦᠵᠡᠭᠦᠯᠬᠦ ᠬᠤᠷᠰᠢᠶᠠᠵᠢᠯ ᠤᠨ ᠮᠠᠭᠠᠳᠯᠠᠨ ᠲᠣᠭᠲᠠᠭᠠᠬᠤ ᠠᠵᠢᠯ ᠢ ᠦᠷᠭᠦᠯᠵᠢᠯᠡᠨ ᠦᠷᠨᠢᠭᠦᠯᠵᠦ᠂ ᠬᠤᠳᠠ ᠶᠢᠨ ᠳᠡᠰ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ ᠶᠢᠨ ᠲᠣᠯᠤᠭᠠᠶᠢᠯᠠᠭᠴᠢ ᠠᠵᠤ ᠠᠬᠤᠶᠢᠯᠠᠯ ᠢ ᠢᠳᠡᠪᠬᠢᠲᠡᠶ ᠦᠰᠭᠡᠨ᠂ ᠲᠠᠷᠢᠶᠠᠯᠠᠬᠤ ᠮᠠᠯᠵᠢᠬᠤ ᠣᠷᠣᠨ  ᠤ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠦᠷᠬᠦᠴᠡ ᠶᠢᠨ ᠨᠤᠷᠮ᠎ᠠ  ᠶᠢ 48 %᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠤᠬᠠᠶ ᠶᠢᠨ ᠭᠠᠵᠠᠷ ᠲᠤᠨᠢ ᠪᠣᠯᠪᠠᠰᠤᠷᠠᠭᠤᠯᠤᠨ ᠬᠤᠪᠢᠷᠠᠭᠤᠯᠬᠤ ᠨᠤᠷᠮ᠎ᠠ ᠶᠢ 58 % ᠬᠦᠷᠭᠡᠬᠦ ᠪᠠᠷ ᠬᠦᠴᠦᠯᠡᠨ ᠴᠢᠷᠮᠠᠶᠢᠨ᠎ᠠ᠃ ᠴᠢᠭᠯᠡᠯ ᠢᠶᠠᠨ ᠣᠨᠢᠯᠠᠵᠤ   ᠨᠡᠷᠡᠲᠦ ᠲᠡᠮᠲᠡᠭᠲᠦ ᠶᠢ ᠪᠠᠶᠢᠭᠤᠯᠤᠨ᠎ᠠ᠃ ᠪᠣᠬᠢᠷᠳᠠᠯ ᠦᠭᠡᠢ ᠪᠠᠷ ᠰᠠᠭᠤᠷᠢ ᠪᠣᠯᠭᠠᠨ᠂ ᠣᠷᠭᠠᠨᠢᠭ ᠢᠶᠠᠷ ᠴᠢᠭᠯᠡᠯ ᠪᠣᠯᠭᠠᠵᠤ᠂ ᠦᠷ᠎ᠡ ᠠᠰᠢᠭ ᠢᠶᠠᠷ ᠬᠠᠷᠠᠯᠲᠠ ᠪᠠᠨ ᠪᠣᠯᠭᠠᠵᠤ᠂ ᠠᠤᠬᠠᠨ  ᠤ ᠣᠨᠴᠠᠯᠢᠭᠲᠤ ᠪᠦᠬᠦᠢ ︽ᠨᠠᠷᠢᠮᠤ ᠠᠮᠤ︾  ᠪᠠ ︽ᠢᠳᠡᠰᠢᠨ ᠨᠣᠭᠤᠭ᠎ᠠ︾ ᠶᠢ ᠡᠭᠦᠳᠦᠨ᠎ᠡ᠃ ︽ᠨᠠᠷᠢᠮᠤ  ᠶᠢ ᠦᠵᠡᠮᠵᠢ  ᠪᠣᠯᠭᠠᠨ ᠲᠠᠷᠢᠵᠤ᠂ ᠨᠠᠷᠢᠮᠤ ᠠᠮᠤ ᠶᠢ ᠡᠮ ᠤᠨ ᠮᠠᠲ᠋ᠧᠷᠢᠶᠠᠯ ᠪᠣᠯᠭᠠᠨ ᠬᠡᠷᠡᠭᠯᠡᠬᠦ︾ ᠭᠡᠰᠡᠨ ᠦᠵᠡᠯᠲᠡ ᠶᠢ ᠪᠠᠷᠢᠮᠲᠠᠯᠠᠨ᠂ ᠪᠣᠬᠢᠷᠳᠠᠯ ᠦᠭᠡᠢ ᠣᠷᠭᠠᠨᠢᠭ ᠨᠠᠷᠢᠮᠤ ᠳᠠᠷᠢᠬᠤ ᠬᠡᠪᠴᠢᠶ᠎ᠡ ᠶᠢ ᠳᠣᠭᠲᠠᠭᠤᠨ ᠥᠷᠭᠡᠳᠭᠡᠵᠦ᠂ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠠᠣᠬᠠᠨ ᠨᠠᠷᠢᠮᠤ︾ ᠪᠠᠷ ᠭᠤᠣᠯ ᠪᠣᠯᠭᠠᠭᠰᠠᠨ ᠪᠦᠳᠦᠭᠦᠯᠢᠭ ᠠᠮᠤ ᠪᠣᠷᠴᠠᠭ ᠤᠨ ᠨᠡᠷᠡᠲᠦ ᠲᠡᠮᠲᠡᠭᠳᠦ ᠶᠢᠨ ᠮᠡᠳᠡᠭᠳᠡᠬᠦᠶᠢᠴᠡ ᠬᠡᠮᠵᠢᠶ᠎ᠡ ᠶᠢ ᠳᠠᠰᠤᠷᠠᠯᠲᠠ ᠦᠭᠡᠢ ᠳᠡᠭᠡᠭᠰᠢᠯᠡᠭᠦᠯᠵᠦ ︽ᠠᠣᠬᠠᠨ ᠨᠠᠷᠢᠮᠤ︾ ᠶᠢ ᠲᠠᠷᠢᠶᠠᠯᠠᠩ ᠠᠵᠤ ᠠᠬᠤᠶ ᠶᠢᠨ ᠭᠠᠵᠠᠷ ᠵᠦᠢ ᠶᠢᠨ ᠲᠡᠮᠲᠡᠭᠲᠦ ᠪᠦᠲᠦᠭᠡᠭᠳᠡᠭᠦᠨ ᠪᠣᠯᠭᠠᠨ ᠮᠡᠳᠡᠭᠦᠯᠬᠦ ᠶᠢ ᠴᠢᠷᠮᠠᠶᠢᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠳᠦᠷᠦᠯ ᠲᠡᠮᠲᠡᠭᠲᠦ ᠶᠢ ᠪᠤᠢ ᠪᠣᠯᠭᠠᠨ ᠰᠠᠭᠤᠷᠢ ᠲᠠᠯᠪᠢᠬᠤ ᠬᠡᠷᠡᠭᠲᠡᠶ᠃ ᠲᠧᠭᠨᠢᠭ ᠮᠡᠷᠭᠡᠵᠢᠯ ᠤᠨ ᠲᠤᠷᠰᠢᠯᠭ᠎ᠠ ᠲᠠᠢ᠂ ᠪᠣᠷᠣᠯᠠᠭᠤᠯᠬᠤ ᠵᠠᠬ᠎ᠠ ᠳᠡᠯᠭᠡᠭᠦᠷ ᠲᠣᠭᠲᠠᠭᠤᠨ ᠪᠡᠯᠡᠳᠭᠡᠮᠵᠢᠳᠤ ᠲᠠᠷᠢᠶᠠᠯᠠᠩ  ᠤᠨ ᠲᠣᠭᠤᠷᠢᠭ ᠢ ᠲᠡᠳᠬᠦᠨ ᠲᠡᠮᠵᠢᠵᠦ᠂ ᠰᠢᠨ ᠬᠤᠢ ᠬᠤᠲᠠ ᠲᠣᠭᠤᠷᠢᠭ ᠤᠨ ᠬᠥᠷᠰᠢ ᠵᠡᠷᠭᠡᠯᠡᠳᠡᠭᠡ ᠭᠠᠵᠠᠷ ᠣᠷᠣᠨ ᠪᠠ ᠭᠤᠣᠯ ᠪᠣᠯᠬᠤ ᠵᠠᠰᠠᠮᠠᠯ ᠵᠠᠮ ᠳᠠᠭᠠᠤ ᠭᠤᠣᠯᠳᠠᠯᠭ᠎ᠠ ᠪᠣᠯᠭᠠᠨ᠂ ᠬᠤᠶᠠᠷ ᠠᠴᠠ ᠳᠡᠭᠡᠭᠰᠢ ᠴᠡᠴᠡᠷᠯᠢᠭ  ᠪᠣᠯᠤᠨ ᠲᠠᠷᠢᠶ᠎ᠠ ᠬᠤᠣᠰᠯᠠᠭᠰᠠᠨ ᠲᠠᠷᠢᠮᠠᠯ ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠢ ᠣᠷᠭᠠᠨᠢᠭ ᠢᠶᠠᠷ ᠤᠶᠠᠯᠳᠤᠭᠤᠯᠤᠭᠰᠠᠨ  ᠲᠠᠷᠢᠮᠠᠯ ᠤᠨ ᠨᠡᠶᠢᠯᠡᠮᠡᠯ ᠴᠣᠭᠴᠠ ᠶᠢ ᠪᠠᠶᠢᠭᠤᠯᠤᠨ᠎ᠠ᠃     ᠰᠢᠨ᠎ᠡ ᠮᠠᠶ᠋ᠢᠭ ᠤᠨ ᠠᠵᠤ ᠦᠢᠯᠡᠳᠪᠦᠷᠢ ᠶᠢ ᠬᠦᠭᠵᠢᠭᠦᠯᠦᠨ ᠪᠣᠵᠠᠭᠠᠶᠢᠷᠠᠭᠤᠯᠬᠤ ᠬᠡᠷᠡᠭᠲᠡᠶ᠃ ᠪᠦᠭᠦ ᠬᠤᠰᠢᠭᠤᠨ ᠤ ᠠᠵᠤ ᠦᠢᠯᠡᠳᠪᠦᠷᠢ ᠶᠢᠨ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠶᠢ ᠵᠠᠰᠠᠵᠤ ᠨᠠᠶᠢᠷᠠᠭᠤᠯᠬᠤ ᠶᠢ ᠲᠡᠭᠦᠯᠳᠡᠷᠵᠢᠭᠦᠯᠵᠦ᠂ ᠰᠢᠨ ᠬᠤᠢ ᠠᠵᠤ ᠦᠢᠯᠡᠳᠪᠦᠷᠢ ᠶᠢᠨ ᠲᠣᠭᠤᠷᠢᠭ᠂ ᠰᠧ ᠵᠢᠶᠠ ᠽᠢ ᠠᠵᠤ ᠦᠢᠯᠡᠳᠪᠦᠷᠢ ᠶᠢᠨ ᠲᠣᠭᠤᠷᠢᠭ ᠪᠣᠯᠤᠨ ᠰᠢᠩ ᠯᠦᠩ ᠸᠠ ᠲᠣᠰᠣᠲᠤ ᠵᠠᠨᠠᠷ ᠤᠨ ᠴᠢᠯᠠᠭᠤᠯᠢᠭ ᠢ ᠶᠡᠷᠦᠩᠬᠡᠶᠢᠯᠡᠨ ᠠᠰᠢᠭᠯᠠᠬᠤ ᠣᠷᠴᠢᠯ ᠠᠵᠤ ᠠᠬᠤᠢ ᠶᠢᠨ ᠲᠣᠭᠤᠷᠢᠭ ᠤᠨ ᠴᠢᠳᠠᠮᠵᠢᠳᠦ ᠪᠠᠶᠢᠷᠢᠰᠢᠯ ᠢ ᠰᠢᠯᠢᠳᠡᠭᠵᠢᠭᠦᠯᠦᠨ᠎ᠡ᠃ ᠰᠢᠨ ᠬᠤᠢ ᠠᠵᠤ ᠦᠢᠯᠡᠳᠪᠦᠷᠢ ᠶᠢᠨ ᠲᠣᠭᠤᠷᠢᠭ ᠲᠤ ᠮᠠᠯ ᠠᠵᠤ ᠠᠬᠤᠶ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠦᠢᠯᠡᠳᠪᠦᠷᠢ᠂ ᠪᠣᠯᠪᠠᠰᠤᠷᠠᠭᠤᠯᠤᠨ ᠦᠢᠯᠡᠳᠬᠦ ᠦᠢᠯᠡᠰ ᠵᠡᠷᠭᠡ ᠭᠦᠳᠡᠯᠮᠦᠷᠢ ᠴᠤᠭᠯᠠᠷᠠᠭᠰᠠᠨ ᠬᠡᠯᠪᠡᠷᠢ ᠶᠢᠨ ᠠᠵᠤ ᠦᠢᠯᠡᠰ ᠢ  ᠭᠤᠣᠯᠳᠠᠯᠭ᠎ᠠ ᠲᠠᠢ ᠬᠦᠭᠵᠢᠭᠦᠯᠦᠨ᠎ᠡ᠃ ᠰᠧ ᠵᠢᠶᠠ ᠽᠢ ᠠᠵᠤ ᠦᠢᠯᠡᠳᠪᠦᠷᠢ ᠶᠢᠨ ᠲᠣᠭᠤᠷᠢᠭ ᠲᠤ ᠡᠨᠧᠷᠭᠢ ᠬᠢᠮᠢ ᠶᠢᠨ ᠠᠵᠤ ᠦᠢᠯᠡᠳᠪᠦᠷᠢ᠂ ᠦᠯᠡᠳᠡᠭᠳᠡᠯ ᠬᠦᠳᠡᠷ ᠢ ᠶᠡᠷᠦᠩᠬᠡᠶᠢᠯᠡᠨ ᠠᠰᠢᠭᠯᠠᠬᠤ ᠵᠡᠷᠭᠡ ᠵᠦᠢᠯᠡᠰ ᠢ  ᠭᠤᠣᠯᠳᠠᠯᠭ᠎ᠠ ᠲᠠᠢ ᠬᠦᠭᠵᠢᠭᠦᠯᠦᠨ᠎ᠡ᠃  ᠰᠢᠩ ᠯᠥᠩ ᠸᠠ ᠲᠣᠰᠤᠲᠤ ᠵᠠᠨᠠᠷ ᠴᠢᠯᠠᠭᠤᠯᠢᠭ ᠤᠨ ᠡᠬᠢ ᠪᠠᠶᠠᠯᠢᠭ ᠢ ᠲᠦᠰᠢᠭᠯᠡᠨ᠂ ᠲᠣᠰᠤᠲᠤ ᠵᠠᠨᠠᠷ ᠤᠨ ᠴᠢᠯᠠᠭᠤᠯᠢᠭ ᠤᠨ ᠠᠺᠠᠳᠤᠮᠢᠴ ᠶᠢᠨ ᠠᠵᠢᠯᠯᠠᠭᠠᠨ ᠤ ᠦᠷᠲᠡᠭᠡ ᠪᠠᠶᠢᠭᠤᠯᠵᠤ᠂ ᠰᠦᠷᠦᠭᠵᠢᠯ ᠬᠡᠯᠪᠡᠷᠢᠲᠦ ᠠᠵᠤ ᠦᠢᠯᠡᠰ ᠤᠨ ᠲᠣᠭᠤᠷᠢᠭ ᠢ ᠪᠠᠶᠢᠭᠤᠯᠤᠨ᠎ᠠ᠃ ᠶᠡᠬᠡᠪᠡᠷ ᠡᠮᠬᠢᠯᠡᠨ ᠴᠡᠭᠴᠡᠯᠡᠵᠦ᠂ ︽ᠣᠷᠤᠨᠴᠤᠭ ᠠᠵᠤ ᠠᠬᠤᠶᠢᠯᠠᠯ︾ ᠢ ᠰᠡᠷᠭᠦᠭᠡᠵᠦ᠂ ᠡᠬᠢ ᠪᠠᠶᠠᠯᠢᠭ ᠤᠨ ᠠᠰᠢᠭᠯᠠᠮᠵᠢ ᠶᠢᠨ ᠨᠤᠷᠮ᠎ᠠ ᠶᠢ ᠳᠡᠭᠡᠭᠰᠢᠯᠡᠭᠦᠯᠵᠦ᠂ ᠲᠣᠭᠤᠷᠢᠭ ᠤᠨ ᠪᠦᠬᠦᠯᠢ ᠴᠣᠭᠴᠠ ᠶᠢᠨ ᠦᠢᠯᠡᠳᠪᠦᠷᠢᠯᠡᠬᠦ ᠴᠢᠳᠠᠪᠤᠷᠢ ᠪᠠ ᠭᠠᠶᠢᠯᠢ ᠲᠠᠲᠠᠪᠤᠷᠢ ᠶᠢᠨ ᠬᠤᠪᠢ ᠨᠡᠮᠡᠷᠢ ᠶᠢᠨ ᠦᠢᠯᠡᠳᠦᠯ ᠢ ᠳᠡᠭᠡᠭᠰᠢᠯᠡᠭᠦᠯᠦᠨ᠎ᠡ᠃ ᠲᠡᠰ ᠳᠡᠪᠰᠢᠭᠰᠡᠨ ᠠᠭᠤᠷᠬᠠᠶ ᠲᠡᠮᠦᠷᠯᠢᠭ ᠤᠨ ᠠᠵᠤ ᠦᠢᠯᠡᠳᠪᠦᠷᠢ ᠶᠢ ᠡᠮᠬᠢᠯᠡᠨ ᠨᠡᠶᠢᠯᠡᠭᠦᠯᠵᠦ᠂ ᠬᠤᠴᠣᠷᠤᠩᠭᠤᠶ  ᠦᠢᠯᠡᠳᠪᠦᠷᠢᠯᠡᠯ  ᠢ ᠢᠳᠡᠪᠬᠢᠲᠡᠢ ᠲᠠᠶᠠᠭᠳᠠᠵᠤ᠂ ᠠᠮᠢ ᠠᠬᠤᠶ᠂ ᠠᠮᠤᠷ ᠲᠦᠪᠰᠢᠨ᠂ ᠣᠷᠴᠢᠨ ᠠᠬᠤᠶ ᠶᠢᠨ ᠬᠠᠮᠠᠭᠠᠯᠠᠯᠲᠠ ᠶᠢᠨ ︽ᠭᠤᠷᠪᠠᠨ ᠤᠯᠠᠭᠠᠨ ᠱᠤᠭᠤᠮ︾  ᠢ ᠡᠷᠡᠰ ᠰᠠᠬᠢᠬᠤ ᠬᠡᠷᠡᠭᠲᠡᠢ᠃ ᠳᠤᠮᠳᠠᠳᠤ ᠤᠯᠤᠰ ᠤᠨ ᠰᠢᠵᠢᠷ ᠠᠯᠲᠠ᠂ ᠤᠯᠠᠭᠠᠨᠬᠠᠳᠠ ᠶᠢᠨ ᠰᠢᠵᠢᠷ ᠠᠯᠲᠠ ᠵᠡᠷᠭᠡ ᠠᠵᠤ ᠠᠬᠤᠶᠢᠯᠠᠯ ᠤᠨ ᠨᠡᠶᠢᠯᠡᠮᠡᠯ ᠬᠠᠮᠢᠶᠠᠷᠤᠯᠲᠠ ᠶᠢᠨ ᠰᠢᠰᠲ᠋ᠧᠮ ᠢ ᠲᠤᠤᠱᠯᠠᠭᠤᠯᠬᠤ ᠶᠢ ᠵᠣᠷᠢᠭᠵᠢᠭᠤᠯᠵᠤ᠂ ᠥᠪᠡᠷ ᠤᠨ ᠥᠷᠲᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠶ᠃ ᠠᠵᠤ ᠦᠢᠯᠡᠳᠪᠦᠷᠢ ᠠᠵᠤ ᠠᠬᠤᠶᠢᠯᠠᠯ ᠤᠨ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠶᠢ ᠲᠡᠮᠵᠢᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠣᠯᠤᠨ ᠳᠤᠮᠳᠠ ᠵᠢᠵᠢᠭ ᠠᠵᠤ ᠠᠬᠤᠶᠢᠯᠠᠯ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠡᠷᠡᠭᠦᠯ ᠢᠶᠠᠷ ᠬᠥᠭᠵᠢᠭᠦᠯᠬᠦ ᠶᠢ ᠠᠬᠢᠭᠤᠯᠬᠤ ᠬᠡᠷᠡᠭᠲᠡᠶ᠃     ᠭᠤᠷᠪᠠᠳᠤᠭᠠᠷ ᠠᠵᠤ ᠦᠢᠯᠡᠰ ᠢ ᠪᠦᠬᠦ ᠲᠠᠯ᠎ᠠ ᠪᠠᠷ ᠰᠢᠯᠢᠳᠡᠭᠵᠢᠭᠦᠯᠬᠦ ᠬᠡᠷᠡᠭᠲᠡᠶ᠃ ᠰᠣᠶᠣᠯ ᠵᠢᠭᠤᠯᠴᠢᠯᠠᠯ ᠤᠨ ᠨᠡᠷᠡᠲᠦ ᠲᠡᠮᠲᠡᠭᠲᠦ ᠡᠭᠦᠳᠬᠦ ᠶᠢ ᠬᠦᠴᠦᠯᠡᠨ ᠪᠠᠶᠢᠭᠤᠯᠤᠨ᠎ᠠ᠃ ᠪᠠᠯᠠᠷ ᠡᠷᠲᠡᠨ ᠤ ᠰᠣᠶᠣᠯ ᠢ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠨᠡᠷᠡᠲᠦ ᠲᠡᠮᠲᠡᠭᠲᠦ ᠶᠢ ᠪᠠᠶᠢᠭᠤᠯᠵᠤ᠂ ᠥᠪᠥᠷ ᠮᠣᠩᠭᠤᠯ ᠤᠨ ᠪᠠᠯᠠᠷ ᠡᠷᠲᠡᠨ ᠤ ᠰᠣᠶᠣᠯ ᠤᠨ ᠮᠦᠽᠧᠶ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠬᠡᠷᠡᠭᠲᠡᠶ᠃ ︽ᠴᠢᠶᠠᠨ ᠰᠧᠨ ᠪᠧᠢ︾ ᠰᠢᠷᠢᠰ ᠪᠠᠭ᠎ᠠ ᠬᠦᠷᠳᠦᠲᠦ ᠲᠡᠷᠭᠡ ᠪᠠ ᠳᠤᠭᠤᠶ ᠲᠡᠷᠭᠡᠨ ᠤ  ᠬᠡᠭᠡᠷᠡᠯᠡᠨ ᠤᠷᠤᠯᠳᠤᠬᠤ ᠬᠤᠶᠠᠷ ᠵᠦᠢᠯ ᠤᠨ ᠤᠯᠠᠨ ᠤᠯᠤᠰ ᠤᠨ ᠤᠷᠤᠯᠳᠤᠭᠠᠨ ᠵᠢᠴᠢ ᠪᠥᠬᠦ ᠤᠯᠤᠰ ᠤᠨ ᠪᠠᠭ᠎ᠠ ᠬᠦᠷᠳᠦᠲᠦ ᠲᠡᠷᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠢ ᠳᠠᠭᠠᠭᠠᠴᠢᠯᠠᠨ ᠡᠷᠬᠢᠯᠡᠨ᠎ᠡ᠃ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠰᠠᠭᠤᠷᠢ ᠴᠢᠳᠠᠮᠵᠢ ᠶᠢ ᠲᠡᠭᠦᠯᠳᠡᠷᠵᠢᠭᠦᠯᠵᠦ᠂ ᠪᠦᠭᠦ ᠣᠷᠣᠨ ᠤ ᠵᠢᠯ ᠤᠨ ᠳᠦᠷᠪᠡᠨ ᠤᠯᠠᠷᠢᠯ ᠤᠨ ᠪᠦᠬᠦ ᠵᠢᠭᠤᠯᠴᠢᠯᠠᠯ ᠤᠨ ᠦᠢᠯᠡᠰ ᠤᠨ ᠪᠠᠶᠢᠭᠤᠯᠤᠯᠲᠠ ᠳᠤ ᠪᠠᠲᠤ ᠪᠠᠬᠢ ᠰᠠᠭᠤᠷᠢ  ᠲᠠᠯᠪᠢᠵᠤ ᠥᠭᠬᠦ ᠬᠡᠷᠡᠭᠲᠡᠢ᠃ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠵᠠᠬ᠎ᠠ ᠳᠡᠯᠭᠡᠭᠦᠷ ᠢ ᠪᠦᠬᠦ ᠬᠦᠴᠦ ᠪᠠᠷ ᠢᠶᠠᠨ ᠥᠷᠭᠡᠳᠭᠡᠨ᠎ᠡ᠃  ᠡᠳ᠋ ᠪᠠᠷᠠᠭ᠎ᠠ ᠶᠢᠨ ᠭᠦᠢᠯᠭᠡᠭᠡᠨ ᠤ  ᠲᠣᠭᠤᠷᠢᠭ ᠤᠨ ᠪᠡᠶᠡᠴᠢ ᠴᠣᠭᠴᠠ ᠶᠢᠨ ᠴᠢᠳᠠᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠳᠤᠭᠡᠨ ᠪᠠᠶᠢᠭᠤᠯᠤᠯᠲᠠ ᠶᠢᠨ ᠠᠬᠢᠴᠠ ᠶᠢ ᠲᠦᠯᠬᠢᠨ ᠠᠬᠢᠭᠤᠯᠤᠨ᠎ᠠ᠃ ᠳᠠᠬᠢᠯᠲᠠ ᠡᠬᠢ ᠪᠠᠶᠠᠯᠢᠭ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠥᠷᠥᠯ ᠵᠦᠢᠯ  ᠢ ᠡᠬᠢᠯᠡᠭᠦᠯᠵᠦ᠂ ᠡᠷᠦᠬᠡ ᠪᠦᠷᠢ ᠳᠤ ᠠᠰᠢᠭ ᠬᠦᠷᠲᠡᠭᠡᠬᠦ ᠬᠤᠳᠠ  ᠶᠢᠨ ᠶᠡᠷᠥᠩᠬᠡᠶᠢᠯᠡᠭᠰᠡᠨ ᠰᠢᠰᠲ᠋ᠧᠮ ᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠵᠦ ᠂ ᠸᠠᠨ ᠴᠢᠶᠠᠩ ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠶᠡᠷᠦᠩᠬᠡᠶᠢᠯᠡᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠠᠷᠠᠯᠵᠢᠶᠠᠴᠢᠨ ᠤᠷᠢᠬᠤ ᠡᠵᠡᠩᠨᠡᠯᠲᠡ ᠶᠢ ᠠᠬᠢᠭᠤᠯᠤᠨ᠎ᠠ᠃ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠥᠷᠭᠦᠯᠵᠢᠯᠡᠨ ᠠᠬᠢᠭᠤᠯᠵᠤ᠂ ᠬᠥᠳᠡᠭᠡ ᠠᠵᠤ ᠠᠬᠤᠶ ᠶᠢᠨ ᠪᠦᠲᠦᠭᠡᠭᠳᠡᠬᠦᠨ ᠢ  ᠳᠦᠯᠬᠢᠨ ᠤᠷᠤᠭᠰᠢᠭᠤᠯᠤᠨ᠎ᠠ᠃ ᠠᠷᠠᠳ ᠲᠦᠮᠡᠨ  ᠪᠣᠯᠤᠨ ᠠᠵᠤ ᠠᠬᠤᠶᠢᠯᠠᠯ ᠳᠤ ᠠᠰᠢᠭ ᠣᠯᠭᠤᠬᠤ ᠵᠠᠷᠴᠢᠮ ᠶᠣᠰᠤᠭᠠᠷ ᠠ ᠯᠢ ᠪᠠ ᠪᠠ ᠲᠠᠢ ᠬᠠᠮᠲᠤᠷᠠᠯᠴᠠᠭ᠎ᠠ ᠪᠠᠨ ᠭᠦᠨᠵᠡᠭᠡᠢ ᠥᠷᠨᠢᠭᠦᠯᠵᠦ᠂ ᠠᠣᠬᠠᠨ ᠨᠠᠷᠢᠮᠤ ᠶᠢᠨ ᠭᠤᠣᠯ ᠬᠥᠮᠥᠷᠭᠡ ᠶᠢᠨ ᠪᠦᠳᠦᠭᠡᠠ ᠪᠠᠶᠢᠭᠤᠯᠬᠤ ᠶᠢ ᠡᠬᠢᠯᠡᠭᠦᠯᠵᠦ᠂ ᠡᠯᠧᠺᠲᠷᠣᠨ ᠬᠤᠳᠠᠯᠳᠤᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠳᠠᠭᠤᠷᠢᠶᠠᠯᠲᠤ ᠰᠢᠶᠠᠨ ᠤ ᠪᠠᠶᠢᠭᠤᠯᠤᠯᠲᠠ ᠶᠢᠨ ᠶᠠᠪᠤᠴᠠ ᠶᠢ ᠲᠦᠷᠭᠡᠳᠭᠡᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ‍ᠤᠨ‌‍ᠲ᠋ᠣᠭᠤᠷᠢᠭ ᠤᠨ ᠴᠢᠳᠠᠮᠵᠢ ᠶᠢ ᠲᠡᠭᠦᠯᠳᠡᠷᠵᠢᠭᠦᠯᠵᠦ᠂ 500 ᠵᠢᠵᠢᠭ ᠪᠢᠴᠢᠯ ᠠᠵᠤ ᠠᠬᠤᠶᠢᠯᠠᠯ ᠤᠨ ᠬᠡᠯᠪᠡᠷᠢ  ᠬᠤᠪᠢᠷᠠᠭᠤᠯᠬᠤ ᠶᠢ ᠪᠡᠶᠡᠯᠡᠭᠦᠯᠦᠨ᠎ᠡ᠃ ︽ᠠᠤᠬᠠᠨ ᠨᠠᠷᠢᠮᠤ ᠶᠢᠨ ᠠᠯᠪᠠᠨ ᠲᠠᠯ᠎ᠠ ᠶᠢᠨ ᠬᠤᠰᠢᠭᠤᠴᠢ ᠳᠡᠯᠭᠡᠭᠦᠷ︾ ᠢ ᠰᠠᠶᠢᠲᠤᠷ ᠡᠵᠠᠩᠨᠡᠵᠦ᠂ ᠡᠯᠧᠺᠲᠷᠣᠨ ᠬᠤᠳᠠᠯᠳᠤᠭᠠᠨ ᠤ ᠠᠤᠬᠠᠨ ᠨᠠᠷᠢᠮᠤ ᠶᠢᠨ ᠨᠡᠷᠡᠲᠦ ᠳᠡᠮᠲᠡᠭᠲᠦ ᠬᠡᠷᠡᠭᠯᠡᠬᠦ ᠶᠢ ᠵᠢᠷᠤᠮᠵᠢᠭᠤᠯᠵᠤ᠂ ᠠᠣᠬᠠᠨ ᠨᠠᠷᠢᠮᠤ ᠶᠢᠨ ᠰᠦᠯᠵᠢᠶᠡᠨ ᠳᠡᠭᠡᠷᠡᠬᠢ ᠪᠣᠷᠤᠯᠠᠭᠤᠯᠤᠯᠲᠠ ᠶᠢ 8000 ᠲᠦᠮᠡᠨ ᠲᠦᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠢ ᠶᠡᠭᠡ ᠪᠠᠷ ᠪᠣᠶᠢᠵᠢᠭᠤᠯᠤᠨ᠎ᠠ᠃ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠥᠭᠡᠷᠡᠴᠢᠯᠡᠯᠲᠡ ᠶᠢ ᠡᠬᠢᠯᠡᠭᠦᠯᠵᠦ᠂ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ  ᠶᠢᠨ ᠪᠠᠶᠢᠭᠤᠯᠤᠯ ᠢ ᠥᠭᠡᠷᠡᠴᠢᠯᠡᠨ ᠵᠣᠬᠢᠶᠠᠨ ᠪᠠᠶᠢᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠪᠠᠶᠢᠳᠠᠯ ᠢ ᠦᠨᠳᠦᠰᠦᠯᠡᠵᠦ᠂ ᠠᠯᠪᠠᠨ ᠵᠣᠭᠤᠰ ᠬᠠᠳᠠᠭᠠᠯᠠᠬᠤ ᠳᠠᠩᠰᠠᠨ ᠶᠢ ᠵᠣᠬᠢᠰᠲᠠᠶ ᠪᠠᠷ ᠵᠣᠬᠢᠴᠠᠭᠤᠯᠤᠨ᠎ᠠ᠃ ᠡᠭᠦᠨ ᠤ ᠵᠡᠷᠭᠡᠪᠡᠷ᠂ ᠰᠢᠶᠠᠨ ᠤ ᠬᠡᠪᠴᠢᠶᠡᠨ ᠤ ᠮᠥᠩᠭᠦᠨ ᠭᠦᠢᠯᠭᠡᠭᠡᠨ ᠤ ᠢᠨᠵᠧᠨᠧᠷᠢᠩ ᠤᠨ ᠲᠤᠷᠰᠢᠯᠲᠠ ᠶᠢᠨ ᠠᠵᠢᠯ ᠢ ᠰᠠᠶᠢᠲᠤᠷ ᠦᠷᠨᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ  ᠶᠢᠨ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠬᠠᠳᠠᠭᠠᠯᠠᠮᠵᠢ ᠪᠣᠯᠤᠨ ᠵᠢᠭᠡᠯᠡᠯᠭᠡ ᠶᠢᠨ ᠬᠠᠷᠢᠴᠠᠯ ᠤᠨ 5 — 10 ᠵᠠᠭᠤᠨ ᠤ ᠨᠢᠭᠡᠴᠢ ᠳᠡᠭᠡᠭᠰᠢᠯᠡᠭᠦᠯᠬᠦ ᠶᠢ ᠬᠦᠴᠦᠯᠡᠨ ᠴᠢᠷᠮᠠᠶᠢᠬᠤ ᠬᠡᠷᠡᠭᠲᠡᠶ᠃     ︵ᠲᠦᠷᠪᠡ︶ ᠭᠠᠵᠠᠷ ᠣᠷᠣᠨ ᠤ ᠬᠥᠭᠵᠢᠯᠲᠡ ᠶᠢᠨ ᠲᠠᠯᠳᠠ ᠬᠦᠴᠦᠨ ᠢ ᠭᠦᠢᠴᠡᠳ ᠠᠭᠤᠳᠠᠯᠵᠤ᠂ ᠠᠮᠢᠵᠢᠷᠠᠯ ᠤᠨ ᠬᠦᠴᠦᠨ ᠲᠠᠢ ᠠᠤᠬᠠᠨ  ᠢ ᠪᠠᠶᠢᠭᠤᠯᠤᠨ᠎ᠠ     ᠬᠤᠳᠠᠯᠳᠤᠭᠠᠴᠢᠨ ᠤᠷᠢᠵᠤ ᠪᠡᠯᠡ ᠣᠷᠣᠭᠤᠯᠬᠤ  ᠶᠢ ᠭᠦᠨᠵᠡᠭᠡᠶ ᠦᠷᠨᠢᠭᠦᠯᠦᠨ᠎ᠡ᠃ ᠳᠣᠲᠤᠨᠤ ᠴᠢᠭᠡᠴᠢ ᠰᠢᠨ᠎ᠡ ᠬᠡᠯᠪᠡᠷᠢ ᠶᠢᠨ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠵᠤ᠂ ᠠᠵᠤ ᠠᠬᠤᠶᠢᠯᠠᠯᠲᠠᠨ ᠤ ᠤᠶᠤᠨ ᠤᠬᠠᠭᠠᠨ ᠢ ᠬᠥᠭᠵᠢᠭᠡᠬᠦ᠂ ᠠᠵᠤ ᠠᠬᠤᠶᠢᠯᠠᠯᠲᠠᠨ ᠤ ᠢᠲᠡᠭᠡᠯ ᠵᠣᠷᠢᠭ ᠢ ᠨᠡᠮᠡᠭᠳᠡᠭᠦᠯᠦᠨ᠂ ᠬᠤᠪᠢ  ᠪᠠᠷ ᠡᠵᠡᠩᠨᠡᠭᠰᠡᠨ ᠠᠵᠤ ᠠᠬᠤᠶᠢᠯᠠᠯ  ᠢ ᠵᠠᠬ᠎ᠠ ᠳᠡᠯᠭᠡᠭᠦᠷ ᠤᠨ ᠠᠵᠤ ᠠᠬᠤᠶ ᠶᠢᠨ ᠥᠷᠨᠢᠯᠲᠡ ᠳᠤᠮᠳᠠ ᠠᠯᠢ ᠴᠢᠳᠠᠬᠤ ᠪᠠᠷ ᠭᠠᠷᠮᠠᠭᠠᠶᠢᠯᠠᠭᠤᠯᠬᠤ ᠬᠡᠷᠡᠭᠲᠡᠶ᠃ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠠᠵᠢᠯ ᠤᠨ  ᠵᠠᠯᠭᠠᠯᠲᠠ ᠶᠢᠨ ᠠᠯᠪᠠᠨ ᠭᠡᠷ ᠢ ᠵᠣᠬᠢᠶᠠᠨ ᠪᠠᠶᠢᠭᠤᠯᠵᠤ᠂ ᠪᠡᠭᠡᠵᠢᠩ ᠲᠢᠶᠠᠨᠵᠢᠨ ᠡᡁᠧᠪᠧᠢ ᠶᠢᠨ ᠠᠵᠤ ᠦᠢᠯᠡᠰ ᠤᠨ ᠰᠢᠯᠵᠢᠭᠦᠯᠦᠨ ᠥᠭᠬᠦ ᠲᠦᠷᠦ ᠶᠢᠨ ᠪᠤᠳᠤᠯᠭ᠎ᠠ ᠶᠢ ᠵᠤᠯᠭᠠᠭᠤᠯᠵᠤ᠂ ᠪᠡᠭᠡᠵᠢᠩ ᠲᠢᠶᠠᠨᠵᠢᠨ ᠡᡁᠧᠪᠧᠢ ᠪᠣᠯᠤᠨ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠠᠴᠠ ᠠᠷᠠᠯᠵᠢᠶᠠᠴᠢᠨ ᠤᠷᠢᠬᠤ ᠶᠢ ᠵᠣᠷᠢᠭᠤᠯᠤᠨ᠎ᠠ᠃ 33 ᠵᠦᠢᠯ ᠤᠨ 3000 ᠲᠦᠮᠡᠨ ᠲᠥᠭᠦᠷᠢᠭ ᠠᠴᠠ ᠳᠡᠭᠡᠭᠰᠢ ᠭᠤᠣᠯᠳᠠᠯᠭ᠎ᠠ ᠲᠠᠢ ᠲᠦᠷᠦᠯ ᠵᠦᠢᠯ᠂ 15 ᠳ᠋ᠦᠩᠰᠢᠭᠤᠷ ᠲᠦᠭᠦᠷᠢᠭ ᠠᠴᠠ ᠳᠡᠭᠡᠭᠰᠢ ᠭᠤᠣᠯᠳᠠᠯᠭ᠎ᠠ ᠲᠠᠢ ᠲᠦᠷᠦᠯ ᠵᠦᠢᠯ ᠢ ᠲᠠᠲᠠᠨ ᠣᠷᠤᠭᠤᠯᠬᠤ ᠪᠠᠷ ᠲᠦᠯᠦᠪᠯᠡᠨ᠎ᠡ᠃ ᠲᠦᠷᠦᠯ ᠵᠦᠢᠯ ᠢ ᠣᠨᠤᠪᠴᠢᠲᠠᠢ ᠣᠷᠤᠭᠤᠯᠵᠤ᠂ ᠦᠢᠯᠡᠳᠪᠦᠷᠢᠯᠡᠬᠦ ᠴᠢᠳᠠᠪᠤᠷᠢ  ᠦᠯᠡᠭᠦᠦ ᠠᠵᠤ ᠦᠢᠯᠡᠰ᠂ ᠡᠨᠧᠷᠭᠢ ᠶᠢᠨ ᠬᠤᠷᠣᠭᠳᠠᠯ ᠶᠡᠭᠡ᠂ ᠪᠣᠬᠢᠷᠲᠤᠯ ᠶᠡᠬᠡᠲᠡᠶ ᠲᠦᠷᠦᠯ ᠵᠦᠢᠯ ᠠᠤᠬᠠᠨ ᠳᠤ ᠰᠠᠭᠤᠷᠢᠰᠢᠬᠤ ᠶᠢ ᠬᠤᠷᠢᠭᠯᠠᠨ᠎ᠠ᠃  ᠣᠷᠤᠨ ᠠᠯᠤᠰᠯᠠᠭᠰᠠᠨ ᠲᠦᠷᠦ ᠶᠢᠨ ᠪᠤᠳᠤᠯᠭ᠎ᠠ ᠶᠢ ᠢᠳᠡᠪᠬᠢᠲᠡᠶ ᠰᠤᠳᠤᠯᠵᠤ᠂ 1 ᠲᠦᠷᠦᠯ ᠤᠨ ᠣᠷᠤᠨ ᠠᠯᠤᠰᠯᠠᠭᠰᠠᠨ ᠲᠦᠷᠦᠯ ᠵᠦᠢᠯ ᠤᠯᠠᠭᠠᠨᠬᠠᠳᠠ ᠶᠢᠨ ᠵᠡᠭᠦᠨ ᠬᠡᠰᠡᠭ ᠤᠨ ᠦᠢᠯᠡᠳᠪᠦᠷᠢ ᠶᠢᠨ ᠠᠵᠤ ᠠᠬᠤᠶ ᠶᠢᠨ ᠬᠤᠩᠭᠢᠯ  ᠭᠠᠷᠭᠠᠬᠤ ᠪᠠᠷ ᠬᠦᠴᠦᠯᠡᠨ ᠴᠢᠷᠮᠠᠶᠢᠬᠤ ᠬᠡᠷᠡᠭᠲᠡᠶ᠃     ᠭᠤᠣᠯᠳᠠᠯᠭ᠎ᠠ ᠲᠠᠢ ᠳᠦᠷᠦᠯ ᠵᠦᠢᠯ ᠢ ᠳᠣᠭᠳᠠᠭᠤᠨ ᠠᠬᠢᠭᠤᠯᠤᠨ᠎ᠠ᠃ ᠤᠯᠤᠰ ᠤᠨ ᠠᠵᠤ ᠦᠢᠯᠡᠰ ᠤᠨ ᠲᠥᠷᠥ ᠶᠢᠨ ᠪᠤᠳᠤᠯᠭ᠎ᠠ ᠪᠠ ᠪᠡᠯᠡ ᠣᠷᠣᠭᠤᠯᠤᠯᠲᠠ ᠶᠢᠨ ᠤᠳᠤᠷᠢᠳᠤᠮᠵᠢ ᠶᠢ ᠣᠨᠣᠪᠴᠢᠲᠠᠶ ᠡᠵᠡᠮᠳᠡᠵᠦ᠂ ᠠᠵᠤ ᠦᠢᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ ᠪᠣᠯᠤᠨ ᠠᠷᠠᠳ ᠤᠨ ᠠᠮᠢᠳᠤᠷᠠᠯ ᠤᠨ ᠬᠡᠷᠡᠭᠴᠡᠭᠡ ᠲᠠᠢ ᠤᠶᠠᠯᠳᠤᠭᠤᠯᠤᠨ᠂ ᠲᠦᠷᠦᠯ ᠵᠦᠢᠯ᠂ ᠪᠡᠯᠡ ᠣᠷᠣᠭᠤᠯᠬᠤ ᠬᠡᠪᠴᠢᠶ᠎ᠡ ᠶᠢ ᠥᠷᠭᠡᠳᠬᠡᠬᠦ ᠶᠢ ᠪᠦᠬᠦ ᠬᠦᠴᠦᠨ ᠢᠶᠠᠷ ᠢᠶᠠᠨ ᠲᠡᠮᠡᠴᠡᠨ ᠣᠯᠬᠤ ᠬᠡᠷᠡᠭᠲᠡᠢ᠃ 106 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠵᠠᠷᠤᠴᠠᠭᠤᠯᠤᠨ 56 ᠵᠦᠢᠯ 5000 ᠲᠦᠮᠡᠨ ᠲᠦᠭᠦᠷᠢᠭ ᠠᠴᠠ ᠳᠡᠭᠡᠭᠰᠢ ᠭᠤᠣᠯᠳᠠᠯᠭ᠎ᠠ ᠲᠠᠢ ᠲᠦᠷᠦᠯ ᠵᠦᠢᠯ ᠤᠨ ᠲᠥᠯᠥᠪᠯᠡᠭᠡ ᠶᠢ ᠬᠡᠷᠡᠭᠵᠢᠭᠦᠯᠦᠨ᠎ᠡ᠃  ᠨᠢᠭᠡᠨ ᠲᠦᠷᠦᠯ ᠵᠦᠢᠯ ᠳᠤ ︽ᠨᠢᠭᠡ ᠬᠤᠰᠢᠭᠤᠨ ᠳᠡᠰ ᠤᠨ ᠬᠠᠷᠢᠭᠤᠴᠠᠯᠭᠠᠲᠤ ᠤᠳᠤᠷᠢᠳᠤᠯᠭ᠎ᠠ᠂ ᠨᠢᠭᠡᠨ ᠪᠦᠷᠢᠨ‌‍ᠲ᠋ᠦ᠋ᠭᠦᠷ ᠠᠵᠢᠯ ᠤᠨ ᠪᠠᠭ᠂ ᠨᠢᠭᠡ ᠬᠤᠪᠢ ᠠᠵᠢᠯ ᠢ ᠠᠬᠢᠭᠤᠯᠬᠤ ᠲᠦᠰᠦᠯ︾ ᠤᠨ ᠠᠵᠢᠯ ᠤᠨ ᠳᠣᠭᠲᠠᠴᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠢ ᠭᠦᠢᠴᠡᠳ ᠪᠣᠯᠭᠠᠨ ᠲᠦᠷᠦᠯ ᠵᠦᠢᠯ ᠢ ᠨᠤᠲᠤᠭᠰᠢᠭᠤᠯᠤᠨ ᠪᠠᠷᠢᠯᠭ᠎ᠠ ᠪᠠᠨ ᠡᠬᠢᠯᠡᠭᠦᠯᠬᠦ  ᠶᠢ ᠠᠬᠢᠭᠤᠯᠤᠨ᠂ ᠡᠷᠲᠡᠬᠡᠨ ᠠᠰᠢᠭᠯᠠᠯᠲᠠ ᠳᠤ ᠣᠷᠤᠭᠤᠯᠵᠤ ᠦᠷ᠎ᠡ ᠪᠦᠲᠦᠮᠵᠢ ᠣᠯᠭᠤᠬᠤ ᠬᠡᠷᠡᠭᠲᠡᠢ᠃  ᠣᠷᠴᠢᠨ ᠠᠬᠤᠶ ᠶᠢᠨ ᠬᠠᠮᠠᠭᠠᠯᠠᠯᠲᠠ ᠶᠢᠨ ᠪᠣᠭᠤᠮᠲᠠ᠂ ᠭᠠᠵᠠᠷ ᠰᠢᠷᠣᠶ ᠪᠠ ᠲᠥᠯᠥᠪᠵᠢᠭᠦᠯᠭᠡ ᠶᠢᠨ ᠪᠣᠭᠤᠮᠲᠠ ᠶᠢ ᠴᠢᠩᠭ᠎ᠠ ᠠᠳᠬᠤᠵᠤ᠂ ᠲᠦᠰᠦᠯ ᠲᠣᠭᠲᠠᠭᠠᠬᠤ᠂ ᠳᠠᠭᠠᠭᠠᠴᠢᠯᠠᠯᠲᠠ ᠵᠠᠷᠯᠠᠬᠤ  ᠂ ᠪᠠᠷᠢᠯᠭ᠎ᠠ ᠡᠬᠢᠯᠡᠬᠦ᠂  ᠬᠢᠨᠠᠨ ᠬᠠᠮᠢᠶᠠᠷᠬᠤ᠂ ᠰᠢᠯᠭᠠᠨ ᠬᠤᠷᠢᠶᠠᠬᠤ ᠵᠡᠷᠭᠡ ᠵᠠᠩᠭᠢᠯᠠᠭ᠎ᠠ ᠶᠢᠨ ᠶᠠᠪᠤᠴᠠ ᠶᠢ ᠴᠢᠩᠭ᠎ᠠ ᠬᠢᠵᠠᠭᠠᠷᠯᠠᠵᠤ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠳᠦᠷᠢᠮᠵᠢᠭᠦᠨ ᠠᠵᠢᠯᠯᠠᠵᠤ᠂ ᠪᠠᠷᠢᠯᠭ᠎ᠠ ᠶᠢᠨ ᠶᠠᠰᠤ ᠴᠢᠨᠠᠷ ᠪᠥᠬᠦ ᠲᠠᠯ᠎ᠠ ᠪᠠᠷ ᠪᠠᠷᠢᠮᠵᠢᠶ᠎ᠠ ᠳᠤ ᠬᠦᠷᠬᠦ ᠶᠢ ᠪᠠᠲᠤᠯᠠᠨ᠎ᠠ᠃     ᠣᠷᠤᠨ ᠨᠤᠲᠤᠭ ᠶᠢᠨ ᠠᠵᠤ ᠠᠬᠤᠶᠢᠯᠠᠯ  ᠢ ᠬᠦᠴᠦᠯᠡᠨ ᠳᠡᠮᠵᠢᠨ᠎ᠡ᠃  ᠪᠦᠭᠦ ᠬᠤᠰᠢᠭᠤᠨ ᠤ ᠭᠤᠣᠯᠯᠠᠬᠤ ᠠᠵᠤ ᠦᠢᠯᠡᠰ ᠤᠨ ᠬᠥᠭᠵᠢᠯᠲᠡ ᠲᠠᠢ ᠤᠶᠠᠯᠳᠤᠭᠤᠯᠤᠨ᠂  ᠨᠡᠩ ᠣᠯᠠᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠣᠷᠤᠨ ᠨᠣᠲᠤᠭ ᠤᠨ ᠠᠵᠤ ᠠᠬᠤᠶᠢᠯᠠᠯ ᠲᠡᠰᠢ ᠬᠡᠯᠪᠡᠶᠢᠯᠭᠡᠵᠦ᠂ ᠣᠷᠤᠨ ᠨᠤᠲᠤᠭ ᠠᠵᠤ ᠠᠬᠤᠶᠢᠯᠠᠯ ᠤᠨ ᠬᠥᠭᠵᠢᠵᠦ ᠬᠦᠴᠦᠷᠬᠡᠭᠵᠢᠬᠦ ᠶᠢ ᠲᠦᠯᠬᠢᠨ ᠠᠬᠢᠭᠤᠯᠤᠨ᠎ᠠ᠃ ᠳᠦᠷᠦᠯ ᠵᠦᠢᠯ  ᠢᠶᠠᠷ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠪᠴᠢᠶ᠎ᠡ ᠶᠢ ᠥᠷᠭᠡᠳᠬᠡᠬᠦ ᠶᠢ ᠳᠡᠮᠵᠢᠬᠦ ᠶᠢ ᠢᠳᠡᠪᠬᠢᠯᠡᠨ ᠣᠯᠵᠤ  ᠂ ᠮᠡᠷᠭᠡᠵᠢᠯ ᠤᠨ ᠳᠡᠰ ᠳᠡᠪᠰᠢᠭᠦᠯᠦᠨ ᠥᠭᠡᠷᠡᠴᠢᠯᠡᠬᠦ ᠶᠢ ᠦᠷᠨᠢᠭᠦᠯᠵᠦ᠂ ᠦᠢᠯᠡᠳᠬᠦᠨ ᠤ ᠵᠠᠬ᠎ᠠ ᠳᠡᠯᠭᠡᠭᠦᠷ ᠤᠨ ᠡᠵᠡᠯᠡᠬᠦ ᠬᠤᠪᠢ ᠶᠢᠨ ᠲᠤᠭ᠎ᠠ ᠶᠢ ᠳᠡᠭᠡᠭᠰᠢᠯᠡᠭᠦᠯᠬᠦ ᠬᠡᠷᠡᠭᠲᠡᠶ᠃ ᠠᠵᠤ ᠠᠬᠤᠶᠢᠯᠠᠯ ᠤᠨ ᠡᠯ᠎ᠡ ᠳᠦᠷᠦᠯ ᠤᠨ ᠮᠡᠷᠭᠡᠵᠢᠯ ᠤᠨ ᠴᠢᠳᠠᠪᠤᠷᠢᠲᠠᠨ ᠪᠠ ᠬᠠᠮᠢᠶᠠᠷᠤᠯᠲᠠ ᠶᠢᠨ ᠴᠢᠳᠠᠪᠤᠷᠢᠲᠠᠨ ᠢ ᠬᠦᠮᠦᠵᠢᠭᠦᠯᠦᠨ ᠪᠣᠯᠪᠠᠰᠤᠷᠠᠯ ᠬᠥᠷᠲᠡᠭᠡᠬᠦ ᠶᠢ ᠬᠠᠪᠰᠤᠷᠠᠨ ᠳᠡᠮᠵᠢᠵᠦ᠂ ᠭᠠᠳᠠᠭᠰᠢ ᠭᠠᠷᠴᠤ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠨᠤᠲᠤᠭ ᠲᠠᠭᠠᠨ ᠪᠤᠴᠠᠵᠤ ᠠᠵᠢᠯ ᠣᠯᠵᠤ ᠠᠳᠠᠯ ᠦᠢᠯᠡᠰ ᠪᠤᠰᠬᠠᠬᠤ ᠶᠢ ᠲᠠᠲᠠᠨ᠂ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ  ᠳᠤ ᠴᠢᠳᠠᠪᠤᠷᠢᠲᠠᠨ ᠬᠠᠩᠭᠠᠬᠤ ᠶᠢ ᠳᠡᠮᠵᠢᠬᠦ ᠬᠡᠷᠡᠭᠲᠡᠶ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠠᠵᠤ ᠠᠬᠤᠶᠢᠯᠠᠯ ᠳᠤ ᠬᠠᠪᠰᠤᠷᠤᠨ ᠲᠡᠳᠬᠦᠬᠦ ᠬᠠᠮᠵᠢᠯᠴᠠᠭᠠᠨ ᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠤᠨ ᠪᠡᠯᠡ ᠮᠥᠩᠭᠦ  ᠶᠢᠨ ᠪᠣᠭᠤᠮᠢ ᠬᠢᠵᠠᠭᠠᠷᠯᠠᠯ ᠢ ᠠᠷᠢᠯᠭᠠᠨ᠎ᠠ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ  ᠭᠠᠷᠬᠤ ᠶᠢ  ᠢᠳᠡᠪᠬᠢᠲᠡᠶ ᠵᠣᠷᠢᠭᠵᠢᠭᠤᠯᠵᠤ᠂ ᠪᠡᠯᠡ  ᠣᠷᠤᠭᠤᠯᠤᠯᠲᠠ ᠶᠢᠨ ᠠᠷᠭ᠎ᠠ ᠵᠠᠮ  ᠶᠢ ᠲᠠᠰᠤᠷᠠᠯᠲᠠ ᠦᠭᠡᠶ  ᠥᠷᠭᠡᠳᠭᠡᠨ᠎ᠡ᠃     ᠡᠳ᠋ ᠮᠥᠩᠭᠦᠨ ᠤ ᠢᠷᠡᠯᠲᠡ ᠶᠢ ᠢᠳᠡᠪᠬᠢᠲᠡᠶ  ᠪᠣᠶᠢᠵᠢᠭᠤᠯᠤᠨ᠎ᠠ᠃ ᠭᠠᠶᠢᠯᠢ ᠲᠠᠪᠴᠠᠩ ᠢ ᠶᠡᠷᠦᠩᠬᠡᠶᠢᠯᠡᠨ ᠵᠠᠰᠠᠬᠤ ᠶᠢ  ᠰᠠᠶᠢᠲᠤᠷ ᠠᠰᠢᠭᠯᠠᠵᠤ  ᠂ ᠭᠠᠶᠢᠯᠢ ᠲᠠᠲᠠᠪᠤᠷᠢ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠭᠠᠶᠢᠯᠢ ᠲᠠᠲᠠᠪᠤᠷᠢᠯᠠᠬᠤ ᠶᠢ ᠬᠢᠨᠠᠨ ᠪᠣᠳᠤᠯᠳᠠ ᠬᠢᠨᠠᠬᠤ ᠬᠡᠪᠴᠢᠶᠡᠨ ᠳᠤ ᠣᠷᠤᠭᠤᠯᠵᠤ᠂ ᠬᠠᠤᠯᠢ ᠶᠣᠰᠣᠭᠠᠷ ᠲᠠᠲᠠᠪᠤᠷᠢᠯᠠᠬᠤ᠂ ᠬᠤᠷᠢᠶᠠᠪᠠᠰᠤ ᠵᠣᠬᠢᠬᠤ ᠶᠢ ᠨᠢ ᠪᠦᠷ ᠬᠤᠷᠢᠶᠠᠬᠤ  ᠶᠢ ᠪᠠᠲᠤᠯᠠᠨ᠎ᠠ᠃ ᠬᠠᠳᠠᠭᠠᠯᠠᠮᠵᠢ ᠶᠢᠨ ᠵᠢᠭᠡᠯᠡᠯᠭᠡ ᠶᠢ ᠬᠥᠳᠡᠯᠭᠡᠵᠦ᠂ ᠪᠠᠩᠬᠢ ᠶᠢᠨ ᠪᠦᠲᠦᠮᠵᠢᠲᠡᠶ ᠢᠲᠡᠭᠡᠮᠵᠢᠲᠦ ᠵᠢᠭᠡᠯᠡᠯᠭᠡ ᠲᠠᠯᠪᠢᠬᠤ  ᠶᠢ ᠴᠢᠷᠮᠠᠶᠢᠨ ᠦᠷᠭᠡᠳᠭᠡᠨ᠎ᠡ᠃ ᠬᠤᠭᠤᠴᠠᠭ᠎ᠠ ᠲᠤᠯᠤᠭᠰᠠᠨ ᠥᠭᠴᠡᠭᠡ ᠶᠢ ᠰᠣᠯᠢᠬᠤ ᠪᠠ ᠰᠢᠨ᠎ᠡ ᠪᠠᠷ ᠨᠡᠮᠡᠭᠳᠡᠭᠦᠯᠬᠦ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠢᠳᠡᠪᠬᠢᠯᠡᠨ ᠣᠯᠵᠤ᠂  ᠡᠳ᠋ ᠤᠨ ᠵᠠᠰᠠᠭ ᠤᠨ ᠳᠠᠷᠤᠯᠲᠠ ᠶᠢ  ᠵᠣᠬᠢᠰᠳᠠᠢ ᠨᠠᠮᠳᠠᠭᠤᠯᠬᠤ ᠬᠡᠷᠡᠭᠲᠡᠢ᠃     ︵ᠲᠠᠪᠤ︶  ᠬᠤᠲᠠ ᠪᠠᠯᠭᠠᠰᠤᠨ ᠤ  ᠪᠠᠶᠢᠭᠤᠯᠤᠯᠲᠠ ᠬᠠᠮᠢᠶᠠᠷᠤᠯᠳᠠ ᠶᠢᠨ ᠴᠢᠨᠠᠷ ᠳᠡᠰ ᠢ ᠳᠣᠭᠲᠠᠭᠤᠨ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠤᠬᠠᠨ ᠢ ᠪᠠᠶᠢᠭᠤᠯᠤᠨ᠎ᠠ     ᠰᠣᠳᠣᠨ ᠪᠦᠲᠦᠭᠡᠭᠳᠡᠭᠦᠨ ᠤ ᠴᠢᠳᠠᠮᠵᠢ ᠪᠠᠶᠢᠭᠤᠯᠬᠤ ᠶᠢ ᠲᠡᠭᠦᠯᠳᠡᠷᠵᠢᠭᠦᠯᠦᠨ᠎ᠡ᠃ ᠣᠷᠣᠨ ᠰᠠᠭᠤᠴᠠ ᠶᠢᠨ ᠪᠠᠲᠤᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂15.9 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 30 ᠲᠦᠮᠡᠨ ᠲᠡᠭᠰᠢ ᠳᠦᠷᠪᠡᠯᠵᠢᠨ ᠮᠧᠲᠷ ᠭᠡᠷ ᠪᠠᠶᠢᠰᠢᠩ ᠭᠠᠵᠠᠷ ᠬᠦᠷᠦᠩᠭᠡ  ᠶᠢ ᠰᠢᠨ᠎ᠡ ᠪᠠᠷ ᠪᠠᠶᠢᠭᠤᠯᠵᠤ᠂ 18.4 ᠲᠦᠮᠡᠨ ᠲᠡᠭᠰᠢ ᠳᠦᠷᠪᠡᠯᠵᠢᠨ ᠮᠧᠲᠷ ᠤᠨ ᠭᠡᠷ ᠪᠠᠶᠢᠰᠢᠩ ᠭᠠᠵᠠᠷ ᠬᠦᠷᠦᠩᠭᠡ ᠶᠢ ᠦᠷᠭᠦᠯᠵᠢᠯᠡᠨ ᠪᠠᠶᠢᠭᠤᠯᠤᠨ᠎ᠠ᠃ 7.07 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠲᠡᠮᠡᠴᠡᠨ ᠣᠯᠵᠤ1000 ᠡᠷᠦᠬᠡ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ᠎ᠡ᠃ ᠰᠠᠭᠠᠳ ᠦᠭᠡᠢ ᠨᠡᠪᠲᠡᠷᠡᠭᠦᠯᠬᠦ ᠢᠨᠵᠧᠨᠧᠷᠢᠩ  ᠢ ᠬᠡᠷᠡᠭᠵᠢᠭᠦᠯᠵᠦ᠂ ᠶᠢᠩ ᠪᠢᠨ ᠶᠡᠭᠡ ᠵᠡᠭᠡᠯᠢ ᠶᠢᠨ ᠵᠠᠮ ᠤᠨ ᠬᠥᠭᠦᠷᠭᠡ᠂ ᠡᠾᠦ᠋ᠢ ᠶᠤᠸᠠᠨ ᠵᠠᠮ ᠤᠨ ᠬᠥᠭᠦᠷᠭᠡ᠂ ᠶᠢᠨ ᠾᠧ ᠵᠡᠭᠡᠯᠢ᠂ ᠪᠢᠨ ᠾᠧ ᠵᠡᠭᠡᠯᠢ ᠵᠡᠷᠭᠡ ᠵᠡᠮ ᠤᠨ ᠶᠠᠪᠤᠳᠠᠯ ᠤᠨ ᠲᠥᠷᠥᠯ ᠵᠦᠢᠯ ᠢ ᠪᠠᠶᠢᠭᠤᠯᠤᠨ᠎ᠠ ᠃ ︽ᠨᠢᠭᠡ ᠬᠤᠩᠭᠢᠯ ᠭᠤᠷᠪᠠᠨ ᠴᠡᠴᠡᠷᠯᠢᠭ ᠳᠥᠷᠪᠡᠨ ᠪᠦᠰᠡ︾ ᠶᠢᠨ ᠨᠣᠭᠤᠭᠠᠷᠠᠭᠤᠯᠬᠤ ᠪᠠᠷᠢᠯᠭ᠎ᠠ ᠶᠢ  ᠬᠡᠷᠡᠭᠵᠢᠭᠦᠯᠵᠦ᠂ ᠬᠤᠲᠠ ᠪᠠᠯᠭᠠᠰᠤ  ᠶᠢᠨ ᠨᠣᠭᠤᠭᠠᠷᠠᠭᠤᠯᠤᠯᠲᠠ ᠶᠢᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠠᠭᠤᠷᠠᠶ ᠲᠠᠷᠢᠶᠠᠯᠠᠩ ᠤᠨ ᠭᠤᠣᠯ ᠰᠡᠳᠦᠪᠲᠦ ᠴᠡᠴᠡᠷᠯᠢᠭ ᠵᠢᠴᠢ ᠠᠤᠬᠠᠨ ᠤ ᠺᠠᠳ᠋ᠷ ᠤᠨ ᠳᠡᠭᠡᠳᠦ ᠰᠤᠷᠭᠠᠭᠤᠯᠢ᠂ ᠪᠡᠶ᠎ᠡ ᠲᠠᠮᠢᠷ ᠤᠨ ᠴᠡᠴᠡᠷᠯᠢᠭ᠂ ᠰᠢᠨ ᠬᠤᠢ ᠳᠤᠮᠳᠠᠳᠤ ᠰᠤᠷᠭᠠᠭᠤᠯᠢ  ᠢ ᠰᠢᠯᠵᠢᠭᠦᠯᠦᠨ ᠰᠢᠨ᠎ᠡ ᠪᠠᠷ ᠪᠠᠶᠢᠭᠤᠯᠬᠤ  ᠵᠡᠷᠭᠡ ᠢᠨᠵᠧᠨᠧᠷᠢᠩ ᠢ ᠡᠬᠢᠯᠡᠭᠦᠯᠵᠦ᠂ ᠤᠳᠤ ᠶᠢᠨ ᠪᠠᠶᠢᠭ᠎ᠠ ᠭᠠᠵᠠᠷ ᠰᠢᠷᠣᠶ ᠶᠢᠨ ᠡᠬᠢ ᠪᠠᠶᠠᠯᠢᠭ ᠢ ᠬᠥᠳᠡᠯᠭᠡᠵᠦ᠂ ᠡᠷᠬᠢᠨ ᠲᠣᠭᠤᠷᠢᠨ ᠤ ᠭᠠᠵᠠᠷ ᠰᠢᠷᠣᠶ ᠶᠢ ᠨᠡᠭᠡᠭᠡᠨ ᠠᠰᠢᠭᠯᠠᠬᠤ ᠶᠢ ᠳᠠᠶᠢᠴᠢᠯᠠᠨ᠂ ᠡᠬᠢ ᠪᠠᠶᠠᠯᠢᠭ ᠢ ᠡᠷᠴᠢᠮᠯᠢᠭ ᠠᠰᠢᠭᠯᠠᠬᠤ ᠶᠢ ᠪᠡᠶᠡᠯᠡᠭᠦᠯᠬᠦ ᠬᠡᠷᠡᠭᠲᠡᠶ᠃ ᠬᠠᠭᠤᠴᠢᠨ ᠲᠣᠭᠤᠷᠢᠭ ᠢ ᠵᠠᠰᠠᠨ ᠥᠭᠡᠷᠡᠴᠢᠯᠡᠬᠦ ᠢᠨᠵᠧᠨᠧᠷᠢᠩ ᠢ ᠡᠬᠢᠯᠡᠭᠦᠯᠵᠦ᠂ ᠬᠠᠤᠯᠢ ᠶᠣᠰᠣᠭᠠᠷ ᠲᠦᠷᠢᠮ ᠵᠥᠷᠢᠴᠡᠭᠰᠡᠨ ᠪᠠᠷᠢᠯᠭ᠎ᠠ ᠶᠢ ᠵᠠᠰᠠᠨ ᠨᠤᠷᠠᠭᠠᠵᠤ᠂ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢ ᠵᠦᠢ ᠵᠣᠬᠢᠰᠲᠠᠶ ᠲᠥᠯᠥᠪᠵᠢᠭᠦᠯᠵᠦ᠂  ᠣᠷᠣᠰᠢᠨ ᠰᠠᠭᠤᠷᠢᠰᠢᠬᠤ  ᠳᠤ ᠲᠣᠬᠢᠷᠠᠮᠵᠢᠲᠠᠶ ᠬᠥᠮᠦᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃     ᠨᠠᠷᠢᠯᠢᠭᠵᠢᠭᠤᠨ  ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠬᠦ ᠬᠡᠷᠡᠭᠲᠡᠶ᠃ ︽ᠪᠠᠶᠢᠭᠤᠯᠤᠯᠲᠠ ᠬᠠᠮᠢᠶᠠᠷᠤᠯᠲᠠ ᠤᠶᠠᠯᠳᠤᠭᠰᠠᠨ︾ ᠠᠷᠭ᠎ᠠ ᠮᠠᠶ᠋ᠢᠭ ᠢᠶᠠᠷ᠂  ︽ᠳᠥᠷᠪᠡᠨ ᠵᠠᠮ ᠨᠠᠢᠮᠠᠨ ᠣᠷᠣᠨ︾ ᠤ ᠲᠡᠷᠭᠡᠨ ᠵᠣᠭᠰᠣᠭᠠᠯ ᠬᠠᠮᠢᠶᠠᠷᠤᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠤᠷ᠎ᠠ ᠪᠠᠷ ᠢᠶᠠᠨ ᠵᠣᠭᠰᠣᠬᠤ ᠪᠠ ᠳᠤᠷ᠎ᠠ ᠪᠠᠷ ᠢᠶᠠᠨ ᠲᠠᠯᠪᠢᠬᠤ᠂ ᠵᠠᠮ ᠬᠠᠷᠢᠯᠴᠠᠭᠠᠨ ᠤ ᠲᠦᠭᠵᠢᠷᠡᠯ ᠵᠡᠷᠭᠡ ᠬᠦᠴᠢᠷ ᠰᠡᠳᠦᠪ ᠢ ᠰᠢᠢᠳᠪᠦᠷᠢᠯᠡᠨ᠎ᠡ᠃ ᠠᠳᠠᠯ ᠠᠬᠤᠶ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ ᠨᠡᠶᠢᠲᠡᠯᠡᠵᠦ᠂ ᠨᠡᠭᠡᠭᠡᠨ ᠬᠦᠭᠵᠢᠭᠦᠯᠬᠦ ᠬᠤᠳᠠᠯᠳᠤᠭᠠᠴᠢᠨ᠂ ᠠᠳᠠᠯ ᠠᠬᠤᠶ ᠶᠢᠨ ᠺᠣᠮᠫᠠᠨᠢ᠂ ᠥᠮᠴᠢᠲᠡᠨ ᠤ ᠺᠣᠮᠢᠰ᠂ ᠬᠠᠷᠢᠶ᠎ᠠ ᠭᠠᠵᠠᠷ ᠤᠨ ᠵᠡᠭᠡᠯᠢ ᠭᠤᠳᠤᠮᠵᠢ᠂ ᠬᠢᠨᠠᠨ ᠬᠠᠮᠢᠶᠠᠷᠬᠤ ᠰᠠᠯᠠᠭ᠎ᠠ ᠮᠥᠴᠢᠷ   ᠵᠡᠷᠭᠡ ᠲᠠᠪᠤᠨ ᠲᠠᠯ᠎ᠠ ᠶᠢᠨ ᠲᠤᠰᠢᠶᠠᠯ ᠬᠠᠷᠢᠭᠤᠴᠠᠯᠭ᠎ᠠ ᠶᠢ ᠲᠣᠳᠤᠷᠬᠠᠶᠢᠯᠠᠵᠤ᠂ ᠠᠳᠠᠯ ᠠᠬᠤᠶ  ᠶᠢᠨ ᠬᠠᠮᠢᠶᠠᠷᠤᠯᠲᠠ  ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃     ᠣᠨᠴᠠᠯᠢᠭ ᠢ ᠢᠯᠡᠷᠡᠭᠦᠯᠵᠦ ᠭᠤᠶᠢᠲᠠ ᠰᠠᠶᠢᠬᠠᠨ ᠬᠥᠳᠡᠭᠡ ᠲᠣᠰᠬᠤᠨ ᠪᠠᠶᠢᠭᠤᠯᠤᠨ᠎ᠠ  ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠬᠤ  ᠪᠠ ᠵᠢᠭᠤᠯᠴᠢᠯᠠᠯ  ᠤᠨ ᠠᠵᠤ ᠦᠢᠯᠡᠰ ᠤᠨ ᠬᠠᠷᠢᠯᠴᠠᠨ ᠤᠶᠠᠯᠳᠤᠭᠤᠯᠬᠤ ᠶᠢ ᠠᠬᠢᠭᠤᠯᠵᠤ᠂ ᠰᠢᠶᠠ ᠸᠠ ︽ᠴᠢᠴᠠᠷᠭᠠᠨ᠎ᠠ ᠶᠢᠨ ᠪᠠᠯᠭᠠᠰᠤ︾ ᠶᠢᠨ ᠲᠥᠯᠥᠪᠵᠢᠭᠦᠯᠭᠡ ᠪᠠ ᠪᠦᠲᠦᠭᠡᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠰᠧ ᠵᠢᠶᠠ ᠽᠢ ︽ᠨᠠᠷᠢᠮᠤ ᠶᠢᠨ ᠪᠠᠯᠭᠠᠰᠤ︾ ᠶᠢ ᠥᠪᠡᠷᠲᠡᠭᠡᠨ ᠵᠠᠰᠠᠬᠤ ᠣᠷᠣᠨ ᠤ ᠳᠡᠰ ᠤᠨ ᠭᠤᠣᠯᠳᠠᠯᠭ᠎ᠠ ᠲᠠᠢ  ᠪᠠᠯᠭᠠᠰᠤᠨ ᠳᠤ ᠣᠷᠤᠭᠤᠯᠬᠤ ᠶᠢ ᠲᠡᠮᠡᠴᠡᠨ ᠣᠯᠵᠤ᠂  ︽ᠡᠯᠵᠢᠭᠡᠨ  ᠪᠠᠯᠭᠠᠰᠤ︾᠂ ︽ᠭᠡᠷᠡᠯ ᠢᠶᠠᠷ ᠴᠠᠬᠢᠯᠭᠠᠨ ᠭᠠᠷᠭᠠᠬᠤ ᠪᠠᠯᠭᠠᠰᠤ︾᠂ ︽ᠰᠡᠩᠳᠡᠩ ᠮᠣᠳᠤᠨ ᠪᠠᠯᠭᠠᠰᠤ︾ ᠵᠡᠷᠭᠡ ᠶᠢ ᠪᠠᠶᠢᠭᠤᠯᠵᠤ᠂  ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠳᠡᠰ ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠪᠠᠶᠢᠭᠠᠯᠢ ᠶᠢᠨ ᠠᠮᠢ ᠠᠬᠤᠶ ᠶᠢᠨ ᠳᠦᠷᠰᠦ ᠪᠠᠶᠢᠳᠠᠯ ᠢ ᠰᠠᠶᠢᠲᠤᠷ ᠬᠠᠮᠠᠭᠠᠯᠠᠵᠤ᠂ ᠬᠥᠳᠡᠭᠡ ᠲᠣᠰᠬᠤᠨ ᠢ ᠨᠡᠩ  ᠦᠵᠡᠰᠭᠦᠯᠡᠩᠲᠦ ᠰᠠᠶᠢᠬᠠᠨ ᠪᠣᠯᠭᠠᠨ᠎ᠠ᠃    ︵ᠵᠢᠷᠭᠤᠭ᠎ᠠ︶  ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠬᠠᠮᠲᠤ ᠪᠠᠷ ᠡᠳ᠋ᠯᠡᠬᠦ ᠠᠤᠬᠠᠨ ᠢ ᠪᠠᠶᠢᠭᠤᠯᠤᠨ᠎ᠠ     ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠤᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠡᠪᠡᠰᠦ ᠪᠡᠯᠴᠢᠭᠡᠷ ᠤᠢ ᠰᠢᠭᠤᠶ ᠶᠢᠨ ᠬᠠᠮᠠᠭᠠᠯᠠᠯᠲᠠ ᠵᠢᠨ‌ᠢᠨᠵᠧᠨᠧᠷᠢᠩ ᠢ ᠦᠷᠭᠦᠯᠵᠢᠯᠡᠨ ᠦᠷᠨᠢᠭᠦᠯᠵᠦ  ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠵᠠᠰᠠᠭ  ᠤᠨ ᠣᠷᠳᠣᠨ ᠤ ᠲᠥᠷᠥᠯ ᠵᠦᠢᠯ ᠤᠨ ᠣᠷᠣᠭᠤᠯᠤᠯᠲᠠ  ᠪᠠᠷ ᠨᠡᠶᠢᠭᠡᠮ ᠤᠨ ᠬᠥᠷᠥᠩᠭᠡ ᠶᠢ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠳᠤ ᠣᠷᠤᠯᠴᠠᠭᠤᠯᠬᠤ ᠶᠢ ᠳᠠᠶᠢᠴᠢᠯᠠᠬᠤ ᠪᠠᠷ ᠳᠠᠮᠵᠢᠵᠤ᠂ ᠬᠤᠪᠬᠠᠶᠢᠷᠠᠭᠰᠠᠨ ᠤᠢ ᠮᠣᠳᠤ ᠶᠢ ᠬᠡᠰᠡᠭᠯᠡᠨ  ᠥᠭᠡᠷᠡᠴᠢᠯᠡᠬᠦ ᠪᠠ ᠵᠠᠰᠠᠨ ᠰᠡᠷᠭᠦᠭᠡᠬᠦ  ᠶᠢ ᠭᠤᠣᠯᠳᠠᠯᠭ᠎ᠠ ᠲᠠᠢ ᠲᠦᠯᠬᠢᠨ ᠠᠬᠢᠭᠤᠯᠬᠤ ᠬᠡᠷᠡᠭᠲᠡᠶ ᠂ ︽ᠲᠠᠪᠤᠨ ᠶᠡᠭᠡ ᠢᠨᠵᠧᠨᠧᠷᠢᠩ ᠨᠢᠭᠡ ᠰᠠᠭᠤᠷᠢᠨ ᠭᠠᠵᠠᠷ︾ ᠢ ᠦᠷᠭᠦᠯᠵᠢᠯᠡᠨ ᠪᠠᠶᠢᠭᠤᠯᠵᠤ᠂ 14 ᠲᠦᠮᠡᠨ ᠮᠤ᠋ ᠣᠶᠢᠵᠢᠭᠤᠯᠬᠤ ᠶᠢ ᠲᠦᠯᠦᠪᠯᠡᠨ ᠪᠡᠶᠡᠯᠡᠭᠦᠯᠦᠨ᠎ᠡ᠃ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ ᠠᠵᠢᠯ ᠤᠨ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ 5 ᠲᠦᠮᠡᠨ ᠮᠤ᠋ ᠬᠥᠮᠦᠨ ᠤ ᠬᠦᠴᠦ ᠪᠠᠷ ᠡᠪᠡᠰᠦ ᠲᠡᠷᠢᠬᠤ ᠶᠢ  ᠪᠡᠶᠡᠯᠡᠭᠦᠯᠦᠨ᠎ᠡ᠃ ᠪᠣᠬᠢᠷᠲᠤᠯ ᠦᠭᠡᠢ ᠠᠭᠤᠷᠬᠠᠶ ᠶᠢᠨ ᠪᠦᠲᠦᠭᠡᠨ ᠪᠠᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ︽ᠬᠡᠨ ᠡᠪᠳᠡᠯᠡᠪᠡᠯ ᠬᠡᠨ ᠵᠠᠰᠠᠬᠤ︾ ᠵᠠᠷᠴᠢᠮ ᠶᠣᠰᠣᠭᠠᠷ᠂ ᠠᠭᠤᠷᠬᠠᠶ ᠶᠢᠨ ᠤᠷᠭᠤᠮᠠᠯ ᠤᠨ ᠬᠤᠴᠢᠯᠠᠭ᠎ᠠ ᠶᠢ ᠰᠡᠷᠭᠦᠭᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠳ᠋ᠠ ᠾᠧᠢ ᠱᠠᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷ᠎ᠠ ᠠᠭᠤᠷᠬᠠᠶ ᠶᠢᠨ ᠦᠢᠯᠡᠰ ᠤᠨ ᠡᠷᠬᠡ ᠶᠢ ᠬᠠᠤᠯᠢ ᠶᠣᠰᠣᠭᠠᠷ ᠡᠮᠬᠢ ᠵᠢᠷᠤᠮ ᠲᠠᠢ ᠤᠬᠤᠷᠢᠨ ᠭᠠᠷᠭᠠᠬᠤ ᠶᠢ ᠠᠬᠢᠭᠤᠯᠤᠨ᠎ᠠ᠃ ︽ᠤᠶᠤᠨᠴᠢ ᠣᠶ︾ ᠶᠢᠨ ᠭᠠᠯ ᠰᠡᠷᠭᠡᠶᠢᠯᠡᠬᠦ ᠰᠢᠰᠲ᠋ᠧᠮ ᠢ ᠪᠠᠶᠢᠭᠤᠯᠵᠤ᠂ ᠳᠠᠬᠢᠯᠭ᠎ᠠ ᠶᠢᠨ ᠴᠢᠭ᠂ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠵᠡᠷᠭᠡ ᠰᠠᠭᠤᠷᠢ ᠲᠥᠬᠦᠭᠡᠷᠦᠮᠵᠢ ᠶᠢ ᠲᠦᠪᠯᠡᠷᠡᠭᠦᠯᠦᠨ ᠲᠡᠭᠦᠯᠳᠡᠷᠵᠢᠭᠦᠯᠵᠦ᠂ ᠤᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃     ᠵᠠᠮ ᠬᠠᠷᠢᠯᠴᠠᠭ᠎ᠠ ᠲᠡᠭᠡᠭᠡᠪᠦᠷᠢ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ ᠳᠡᠰ ᠤᠨ ᠵᠠᠮ 305 ᠱᠤᠭᠤᠮ ᠤᠨ ᠮᠠᠨᠢᠬᠠᠨ ᠠᠴᠠ ᠢᠦᠢ ᠲᠢᠶᠠᠨ ᠭᠤᠣ ᠬᠦᠷᠲᠡᠯᠡᠬᠢ ᠬᠡᠰᠡᠭ ᠤᠨ ᠬᠤᠶᠠᠳᠤᠭᠠᠷ ᠳᠡᠰ ᠤᠨ ᠵᠠᠰᠠᠮᠠᠯ ᠵᠠᠮ ᠢ ᠪᠠᠶᠢᠭᠤᠯᠵᠤ ᠲᠡᠷᠭᠡ ᠨᠡᠪᠲᠡᠷᠡᠭᠦᠯᠬᠦ ᠶᠢ ᠬᠦᠴᠦᠯᠡᠨ ᠴᠢᠷᠮᠠᠶᠢᠵᠤ᠂ ᠮᠤᠵᠢ ᠶᠢᠨ ᠳᠡᠰ ᠤᠨ ᠵᠡᠮ 210 ᠱᠤᠭᠤᠮ ᠤᠨ ᠭᠤᠷᠣᠬᠠᠨ ᠠᠴᠠ ᠶᠠᠩ ᠴᠠᠩ ᠬᠦᠷᠲᠡᠯᠡᠬᠢ ᠬᠡᠰᠡᠭ ᠤᠨ ᠬᠤᠶᠠᠳᠤᠭᠠᠷ ᠳᠡᠰ ᠤᠨ ᠵᠠᠰᠠᠮᠠᠯ ᠵᠠᠮ ‍ᠤᠨ‌ᠠᠵᠢᠯ ᠢ ᠡᠬᠢᠯᠡᠭᠦᠯᠦᠨ ᠪᠠᠶᠢᠭᠤᠯᠤᠨ᠎ᠠ᠃ ᠤᠯᠤᠰ ᠤᠨ ᠳᠡᠰ ᠤᠨ ᠵᠠᠮ 305 ᠱᠤᠭᠤᠮ ᠤᠨ ᠳ᠋ᠠ ᠾᠧᠢ ᠱᠠᠨ ᠠᠴᠠ ᠶᠠᠩ ᠴᠠᠩ ᠬᠦᠷᠲᠡᠯᠡᠬᠢ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ ᠤᠨ ᠳᠤᠮᠳᠠ ᠬᠤᠭᠤᠴᠠᠭᠠᠨ ᠤ ᠲᠣᠬᠢᠷᠠᠭᠤᠯᠤᠯᠲᠠ ᠶᠢᠨ ᠲᠥᠯᠥᠪᠵᠢᠭᠦᠯᠭᠡ ᠶᠢ ᠲᠡᠮᠡᠴᠡᠨ ᠣᠯᠵᠤ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠬᠦ ᠪᠠᠷ ᠴᠢᠷᠮᠠᠶᠢᠨ᠎ᠠ᠃     ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠶ᠃ ᠬᠠᠮᠤᠭ ᠤᠨ ᠴᠢᠩᠭ᠎ᠠ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠠᠶᠢᠭᠤᠯᠤᠨ᠎ᠠ᠃ 2.5 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠬᠤ ᠪᠠᠷ ᠲᠥᠯᠥᠪᠯᠡᠵᠦ᠂   ᠭᠠᠩ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠬᠤ ᠤᠰᠤᠨ ᠰᠤᠷᠪᠤᠯᠵᠢ ᠶᠢᠨ ᠪᠠᠶᠢᠭᠤᠯᠤᠯᠲᠠ᠂ ᠭᠤᠣᠯ ᠤᠨ ᠵᠠᠮ ᠤᠨ ᠵᠠᠰᠠᠯᠲᠠ ᠪᠠ ᠦᠶᠡᠷ ᠢ ᠰᠡᠷᠭᠡᠶᠢᠯᠡᠬᠦ᠂ ᠥᠨᠳᠥᠷ ᠦᠷ᠎ᠡ ᠠᠰᠢᠭᠲᠤ ᠤᠰᠤ  ᠠᠷᠪᠢᠯᠠᠬᠤ ᠤᠰᠤᠯᠠᠯᠲᠠ ᠵᠡᠷᠭᠡ ᠢᠨᠵᠧᠨᠧᠷᠢᠩ ᠤᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠦᠨ᠎ᠡ᠃ ᠬᠦᠴᠦᠯᠡᠨ ᠴᠢᠷᠮᠠᠶᠢᠵᠤ᠂ ᠯᠢᠶᠣᠤ ᠶᠢᠨ ᠪᠠᠷᠠᠭᠤᠨ ᠬᠤᠶᠢᠲᠤ ᠣᠷᠣᠨ ᠤ ᠤᠰᠤ ᠲᠣᠬᠢᠷᠠᠭᠤᠯᠬᠤ ᠲᠦᠷᠦᠯ ᠵᠦᠢᠯ  ᠢ ᠲᠣᠭᠲᠠᠭᠠᠬᠤ ᠲᠤᠬᠠᠶ ᠴᠣᠬᠤᠯᠠᠪᠤᠷᠢ ᠶᠢ ᠬᠦᠴᠦᠯᠡᠨ ᠣᠯᠤᠨ᠎ᠠ᠃  ᠵᠢᠵᠢᠭ  ᠭᠤᠣᠯ ᠤᠨ ᠰᠠᠪᠠ  ᠪᠠ ᠨᠠᠯᠠᠤ ᠲᠠᠷᠢᠶᠠᠨ ᠭᠠᠵᠠᠷ  ᠢ ᠶᠡᠷᠦᠩᠬᠡᠶᠢᠯᠡᠨ ᠵᠠᠰᠠᠵᠤ᠂  ᠪᠦᠬᠦᠨ ᠢ ᠵᠠᠰᠠᠬᠤ ᠪᠠ ᠴᠢᠩᠭ᠎ᠠ ᠵᠠᠰᠠᠬᠤ ᠶᠢ ᠠᠯᠭᠤᠷ ᠪᠡᠶᠡᠯᠡᠭᠦᠯᠬᠦ ᠬᠡᠷᠡᠭᠲᠡᠶ᠃     ᠴᠠᠬᠢᠯᠭᠠᠨ ᠬᠦᠴᠦᠨ ᠤ ᠬᠠᠩᠭᠠᠯᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠬᠥᠳᠡᠭᠡ ᠲᠣᠰᠬᠤᠨ ᠤ ᠴᠠᠬᠢᠯᠭᠠᠨ ᠲᠣᠣᠷᠵᠢᠯ ᠤᠨ ᠥᠭᠡᠷᠡᠴᠢᠯᠡᠯᠲᠡ ᠶᠢᠨ ᠪᠠᠷᠢᠯᠭ᠎ᠠ  ᠶᠢᠨ ᠠᠵᠢᠯ ᠢ ᠦᠷᠭᠦᠯᠵᠢᠯᠡᠨ ᠬᠡᠷᠡᠭᠵᠢᠭᠦᠯᠵᠦ᠂ 1.19  ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠵᠠᠷᠤᠴᠠᠭᠤᠯᠬᠤ ᠪᠠᠷ ᠲᠦᠯᠦᠪᠯᠡᠵᠦ᠂ 66 ᠺᠢᠯᠣᠧᠣᠯᠲ  ᠵᠢᠴᠢ ᠲᠡᠭᠦᠨ ᠤ  ᠳᠠᠭᠠᠭᠠᠴᠠ ᠶᠢᠨ ᠬᠦᠴᠦᠳᠡᠯ ᠥᠭᠡᠷᠡᠴᠢᠯᠡᠬᠦ ᠦᠷᠳᠡᠭᠡ ᠶᠢ ᠥᠭᠡᠷᠡᠴᠢᠯᠡᠵᠦ᠂ ᠴᠠᠬᠢᠯᠭᠠᠨ  ᠬᠠᠩᠭᠠᠯᠲᠠ ᠶᠢᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠶ᠃     ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠬᠤ ᠬᠡᠷᠡᠭᠲᠡᠶ᠃ 6 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠡᠶᠡᠯᠡᠭᠦᠯᠵᠦ᠂  1200 ᠮᠤ᠋ ᠨᠡᠮᠡᠭᠳᠡᠯ ᠬᠠᠰᠤᠭᠳᠠᠯ  ᠢ ᠬᠤᠯᠪᠣᠭᠳᠠᠭᠤᠯᠬᠤ ᠲᠥᠷᠥᠯ ᠵᠦᠢᠯ ᠢ ᠬᠡᠷᠡᠭᠵᠢᠭᠦᠯᠵᠦ᠂  ᠪᠥᠳᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠬᠡᠬᠦ ᠲᠤᠭ᠎ᠠ ᠶᠢ3000 ᠮᠥ ᠲᠡᠮᠡᠴᠡᠨ ᠣᠯᠵᠤ᠂ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠥᠮᠥᠷᠭᠡ ᠶᠢᠨ ᠲᠦᠷᠦᠯ ᠵᠦᠢᠯ 3200 ᠮᠤ᠋ ᠬᠡᠷᠡᠭᠵᠢᠭᠦᠯᠵᠦ᠂ ᠬᠤᠳᠠ ᠬᠥᠳᠡᠭᠡ ᠶᠢᠨ ᠬᠥᠭᠵᠢᠯᠲᠡ ᠪᠣᠯᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠦᠨᠡᠨ ᠬᠦ ᠪᠠᠲᠤᠯᠠᠵᠤ᠂ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ  ᠴᠢᠩᠭᠠᠳᠬᠠᠵᠤ᠂ ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ᠂ ᠡᠵᠡᠯᠡᠬᠦ ᠪᠠ ᠨᠥᠬᠦᠪᠥᠷᠢᠯᠡᠬᠦ  ᠶᠢ ᠲᠡᠩᠴᠡᠭᠦᠷᠢᠲᠡᠶ ᠪᠠᠶᠢᠯᠭᠠᠬᠤ ᠬᠡᠷᠡᠭᠲᠡᠶ᠃    ︵ᠲᠤᠯᠤᠭ᠎ᠠ︶ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠠᠯᠭᠤᠷ ᠲᠡᠭᠦᠯᠳᠡᠷᠵᠢᠭᠦᠯᠵᠦ᠂ ᠢᠲᠡᠭᠡᠮᠵᠢᠲᠦ ᠠᠤᠬᠠᠨ  ᠢ  ᠪᠠᠶᠢᠭᠤᠯᠤᠨ᠎ᠠ     ᠨᠡᠶᠢᠭᠡᠮ ᠤᠨ ᠦᠨᠡᠨᠴᠢ ᠢᠲᠡᠭᠡᠮᠵᠢ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠶ᠃ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠢ ᠨᠢᠭᠡᠳᠦᠯᠲᠡᠶ ᠲᠥᠯᠥᠪᠯᠡᠵᠦ ᠡᠮᠬᠢᠯᠡᠨ ᠨᠡᠶᠢᠯᠡᠭᠦᠯᠵᠦ᠂ ᠡᠯ᠎ᠡ ᠠᠵᠢᠯ ᠲᠦᠷᠦᠯ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠰᠣᠯᠢᠯᠴᠠᠭ᠎ᠠ ᠪᠠᠨ ᠬᠠᠮᠲᠤ ᠪᠠᠷ ᠡᠳ᠋ᠯᠡᠬᠦ ᠲᠠᠪᠴᠠᠩ ᠢ ᠪᠠᠶᠢᠭᠤᠯᠬᠤ ᠬᠡᠷᠡᠭᠲᠡᠶ᠃ ᠦᠨᠡᠨᠴᠢ ᠢᠲᠡᠭᠡᠮᠵᠢ ᠶᠢᠨ ᠵᠠᠰᠠᠭ ᠶᠠᠪᠤᠭᠤᠯᠬᠤ ᠪᠠᠷ ᠴᠢᠬᠤᠯᠠ ᠪᠠᠷᠢᠮᠵᠢᠶ᠎ᠠ ᠪᠣᠯᠭᠠᠵᠤ᠂ ᠬᠡᠯᠡᠪᠡᠯ ᠵᠠᠪᠠᠯ ᠬᠢᠵᠦ᠂ ᠬᠢᠪᠡᠯ ᠵᠠᠪᠠᠯ ᠪᠦᠲᠦᠮᠵᠢᠲᠡᠢ ᠪᠠᠶᠢᠵᠤ᠂ ᠵᠠᠰᠠᠭ ᠤᠨ ᠣᠷᠳᠣᠨ ᠤ ᠨᠡᠶᠢᠲᠡ ᠶᠢᠨ ᠢᠲᠡᠭᠡᠮᠵᠢ ᠶᠢ ᠳᠡᠭᠡᠭᠰᠢᠯᠡᠭᠦᠯᠦᠨ᠎ᠡ᠃ ᠦᠨᠡᠨᠴᠢ ᠢᠲᠡᠭᠡᠮᠵᠢᠲᠡᠶ ᠡᠵᠡᠩᠨᠡᠬᠦ ᠤᠢᠢᠯᠠᠭᠠᠭᠳᠠᠬᠤᠨ ᠢ ᠪᠤᠢ ᠪᠣᠯᠭᠠᠬᠤ ᠶᠢ ᠪᠠᠳᠠᠷᠠᠭᠤᠯᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ  ᠶᠢᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠂ ᠬᠠᠤᠯᠢ ᠶᠢ ᠰᠠᠬᠢᠨ ᠡᠵᠡᠩᠨᠡᠬᠦ ᠶᠢ ᠢᠳᠡᠪᠬᠢᠲᠡᠢ ᠬᠥᠲᠥᠯᠥᠨ ᠵᠢᠯᠣᠭᠤᠳᠴᠤ᠂ ︽ᠭᠠᠯ ᠢ ᠰᠡᠷᠭᠡᠶᠢᠯᠡᠬᠦ ᠦᠢᠯᠡᠳᠬᠦᠨ ᠤ ᠶᠠᠰᠤ ᠴᠢᠨᠠᠷ ᠢ ᠪᠦᠭᠦ ᠬᠦᠴᠦᠨ ᠢᠶᠠᠷ ᠪᠠᠶᠢᠭᠤᠯᠤᠨ᠎ᠠ︾᠂ ᠢᠲᠡᠭᠡᠮᠵᠢᠲᠦ ᠬᠡᠷᠡᠭᠯᠡᠭᠡᠨ ᠤ ︽ᠡᠷᠬᠡ ᠠᠰᠢᠭ ᠤᠨ  ᠬᠠᠮᠠᠭᠠᠯᠠᠯᠲᠠ ᠶᠢᠨ ᠲᠣᠣᠷᠵᠢᠯ︾ ᠢ ᠪᠠᠶᠢᠭᠤᠯᠤᠨ᠎ᠠ᠃ ᠬᠤᠪᠢ ᠬᠥᠮᠦᠨ ᠤ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠵᠤ᠂ ᠡᠯ᠎ᠡ ᠬᠦᠷᠢᠶᠡᠨ ᠳᠠᠬᠢ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠤᠪᠢ ᠬᠥᠮᠦᠨ ᠤ ᠢᠲᠡᠭᠡᠮᠵᠢ ᠶᠢᠨ ᠵᠡᠷᠭᠡ ᠳᠡᠰ ᠲᠤ ᠦᠨᠡᠯᠡᠨ ᠵᠢᠱᠢᠬᠦ᠂ ᠲᠡᠮᠳᠡᠭᠯᠡᠯ ᠬᠢᠬᠦ᠂ ᠡᠪᠬᠡᠮᠡᠯ ᠳᠤ ᠣᠷᠤᠭᠤᠯᠵᠤ᠂ ᠢᠲᠡᠭᠡᠮᠵᠢ ᠶᠢᠨ ᠰᠠᠭᠤᠷᠢ  ᠶᠢᠨ ᠲᠤᠭ᠎ᠠ  ᠪᠠᠷᠢᠮᠳᠠ ᠶᠢ ᠠᠯᠭᠤᠷ  ᠲᠡᠭᠦᠯᠳᠡᠷᠵᠢᠭᠦᠯᠵᠦ᠂  ᠮᠡᠳᠡᠭᠡ ᠵᠠᠩᠭᠢ ᠴᠤᠭᠯᠠᠭᠤᠯᠬᠤ ᠶᠢ ᠪᠦᠬᠦ ᠲᠠᠯ᠎ᠠ ᠪᠠᠷ ᠪᠦᠷᠬᠦᠬᠦ ᠶᠢ  ᠪᠡᠶᠡᠯᠡᠭᠦᠯᠦᠨ᠎ᠡ᠃     ᠦᠨᠡᠨᠴᠢ ᠢᠲᠡᠭᠡᠮᠵᠢ ᠶᠢᠨ ᠣᠷᠴᠢᠨ ᠠᠬᠤᠢ ᠶᠢᠨ ᠨᠥᠬᠦᠴᠡᠯ ᠢ ᠴᠢᠷᠮᠠᠶᠢᠨ ᠪᠤᠢ ᠪᠣᠯᠭᠠᠬᠤ ᠬᠡᠷᠡᠭᠲᠡᠶ᠃ ᠤᠬᠠᠭᠤᠯᠭ᠎ᠠ ᠬᠥᠮᠦᠵᠢᠯ ᠪᠠ ᠶᠠᠷᠢᠶ᠎ᠠ ᠬᠡᠯᠡᠯᠴᠡᠭᠡ ᠶᠢᠨ ᠵᠢᠯᠤᠭᠤᠳᠤᠮᠵᠢ ᠶᠢ ᠴᠢᠬᠤᠯᠠᠴᠢᠯᠠᠵᠤ᠂ ᠤᠯᠠᠨ ᠵᠦᠢᠯ ᠤᠨ ᠬᠡᠯᠪᠡᠷᠢ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠢ  ᠵᠢᠯᠣᠭᠤᠳᠴᠤ ᠰᠢᠯᠢᠳᠡᠭ ᠰᠠᠶᠢᠨ ᠨᠡᠶᠢᠭᠡᠮ ᠨᠡᠶᠢᠲᠡ ᠶᠢᠨ ᠮᠣᠷᠠᠯ᠂ ᠠᠵᠢᠯ ᠮᠡᠷᠭᠡᠵᠢᠯ ᠤᠨ ᠶᠣᠰᠤ ᠮᠣᠷᠠᠯ᠂ ᠬᠡᠷ ᠪᠦᠯᠢ ᠶᠢᠨ ᠰᠠᠶᠢᠬᠠᠨ ᠵᠠᠩ ᠰᠤᠷᠲᠠᠯ ᠢ ᠪᠣᠢ ᠪᠣᠯᠭᠠᠨ᠎ᠠ᠃ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠶᠡᠬᠡᠪᠡᠷ ᠪᠠᠳᠠᠷᠠᠭᠤᠯᠵᠤ᠂ ᠦᠨᠡᠨᠴᠢ ᠢᠲᠡᠭᠡᠮᠵᠢ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠥᠷᠭᠡᠨ ᠢᠶᠠᠷ ᠥᠷᠨᠢᠭᠦᠯᠵᠦ᠂  ᠰᠠᠬᠢᠯᠭ᠎ᠠ ᠶᠢ ᠵᠢᠷᠤᠮᠯᠠᠨ ᠬᠠᠤᠯᠢ ᠶᠢ ᠰᠠᠬᠢᠬᠤ ᠦᠵᠡᠯᠲᠡ ᠶᠢ ᠴᠢᠩᠭᠠᠳᠬᠠᠵᠤ᠂ ᠠᠷᠠᠳ ᠨᠡᠶᠢᠲᠡ ᠶᠢᠨ ᠦᠨᠡᠨᠴᠢ ᠢᠲᠡᠭᠡᠮᠵᠢᠲᠡᠶ ᠪᠠᠶᠢᠬᠤ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃     ᠢᠲᠡᠭᠡᠯ ᠠᠯᠳᠠᠭᠰᠠᠳ ᠲᠤ ᠰᠢᠢᠳᠭᠡᠯ ᠦᠭᠬᠦ ᠳᠦᠷᠢᠮ ᠤᠨ ᠬᠤᠯᠪᠤᠭᠠᠯᠠᠯ ᠢ ᠪᠠᠶᠢᠭᠤᠯᠤᠨ᠎ᠠ᠃ ᠢᠲᠡᠭᠡᠯ ᠠᠯᠳᠠᠭᠰᠠᠳ ᠢ ᠰᠢᠳᠬᠡᠬᠦ ᠪᠠ ᠨᠡᠶᠢᠭᠡᠮ ᠤᠨ ᠬᠠᠮᠲᠤᠷᠠᠨ ᠰᠡᠷᠭᠡᠶᠢᠯᠡᠬᠦ ᠲᠣᠭᠲᠠᠴᠠ ᠶᠢ ᠪᠦᠷᠢᠨᠰᠢᠭᠦᠯᠵᠦ᠂ ᠬᠦᠨᠳᠦ ᠨᠣᠴᠢᠲᠠᠶ ᠢᠲᠡᠭᠡᠯ ᠠᠯᠳᠠᠭᠰᠠᠨ ᠪᠡᠶᠡᠴᠢ ᠴᠣᠭᠴᠠ ᠶᠢ ᠭᠤᠣᠯ ᠤᠷᠤᠰᠬᠠᠯ ᠵᠠᠭᠤᠴᠢᠯᠠᠭᠤᠷ ᠢᠶᠠᠷ ᠢᠯᠡ ᠨᠡᠶᠢᠳᠡᠯᠡᠨ᠎ᠡ᠃  ᠢᠲᠡᠭᠡᠯ ᠠᠯᠳᠠᠭᠰᠠᠨ ᠬᠠᠤᠯᠢ ᠵᠦᠷᠢᠴᠡᠭᠰᠡᠨ ᠪᠡᠶᠡᠴᠢ ᠴᠣᠭᠴᠠ ᠶᠢ ︽ᠨᠡᠷ᠎ᠡ ᠶᠢᠨ ᠬᠠᠷ᠎ᠠ ᠲᠠᠩᠰᠠ︾ ᠳᠤ ᠣᠷᠤᠭᠤᠯᠵᠤ᠂ ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ᠂ ᠡᠳ᠋ ᠤᠨ ᠵᠠᠰᠠᠭ ᠤᠨ ᠪᠡᠯᠡ ᠮᠥᠩᠭᠦᠨ ᠤ ᠳᠡᠮᠵᠢᠯᠭᠡ ᠶᠢ  ᠭᠤᠶᠤᠴᠢᠯᠠᠬᠤ᠂ ᠳᠡᠭᠡᠳᠦ ᠳᠡᠰ ᠤᠨ ᠬᠡᠷᠡᠭᠯᠡᠭᠡ ᠵᠡᠷᠭᠡ ᠨᠡᠶᠢᠭᠡᠮ ᠤᠨ ᠠᠵᠢᠯᠯᠠᠭ᠎ᠠ ᠳᠤ ᠣᠷᠣᠯᠴᠠᠬᠤ ᠶᠢ ᠬᠠᠤᠯᠢ ᠶᠣᠰᠤᠭᠠᠷ  ᠬᠢᠵᠠᠭᠠᠷᠯᠠᠵᠤ᠂ ᠢᠲᠡᠭᠡᠯ ᠠᠯᠳᠠᠭᠰᠠᠨ ᠥᠪᠡᠷ ᠤᠨ ᠦᠷᠳᠡᠭ ᠢ ᠨᠡᠮᠡᠭᠳᠡᠭᠦᠯᠬᠦ ᠪᠠᠷ ᠳᠠᠮᠵᠢᠭᠤᠯᠤᠨ᠂ ᠢᠲᠡᠭᠡᠮᠵᠢ ᠠᠯᠳᠠᠭᠰᠠᠨ ᠬᠥᠮᠦᠰ ᠢ ᠭᠠᠷᠬᠤ ᠵᠠᠮ ᠦᠭᠡᠢ ᠪᠣᠯᠭᠠᠵᠤ᠂ ᠢᠲᠡᠭᠡᠮᠵᠢ ᠲᠠᠢ ᠬᠥᠮᠦᠰ ᠤᠨ ᠵᠠᠮ ᠢ ᠰᠠᠭᠠᠳ ᠦᠭᠡᠢ ᠪᠣᠯᠭᠠᠬᠤ ᠬᠡᠷᠡᠭᠲᠡᠶ᠃     ︵ᠨᠠᠢᠮᠠ︶ ᠠᠷᠠᠳ ᠤᠨ ᠠᠮᠢᠳᠤᠷᠠᠯ ᠢ ᠪᠦᠬᠦ ᠲᠠᠯ᠎ᠠ ᠪᠠᠷ ᠰᠠᠶᠢᠵᠢᠷᠠᠭᠤᠯᠬᠤ ᠪᠠᠲᠤᠯᠠᠵᠤ᠂ ᠵᠣᠯ ᠵᠢᠷᠭᠠᠯᠲᠤ ᠠᠤᠬᠠᠨ ᠢ ᠪᠠᠶᠢᠭᠤᠯᠤᠨ᠎ᠠ     ᠨᠡᠶᠢᠭᠡᠮ ᠤᠨ ᠠᠵᠢᠯ ᠦᠢᠯᠡᠰ ᠤᠨ ᠲᠡᠩᠴᠡᠭᠦᠷᠢᠰᠢᠯᠲᠡ ᠶᠢ ᠠᠬᠢᠭᠤᠯᠤᠨ᠎ᠠ᠃ ᠠᠷᠠᠳ ᠲᠦᠮᠡᠨ ᠳᠤ ᠬᠠᠨᠤᠮᠵᠢᠲᠠᠶ ᠰᠤᠷᠭᠠᠨ ᠬᠦᠮᠦᠵᠢᠯ ᠢ ᠰᠠᠶᠢᠲᠤᠷ ᠬᠢᠨ᠎ᠡ᠃ ᠪᠦᠬᠦ ᠲᠠᠯ᠎ᠠ ᠪᠠᠷ ᠥᠭᠡᠷᠡᠴᠢᠯᠡᠬᠦ᠂ ᠳᠡᠭᠡᠭᠰᠢᠯᠡᠯᠲᠡ ᠶᠢᠨ ᠢᠨᠵᠧᠨᠧᠷᠢᠩ ᠪᠣᠯᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠪᠠᠷᠢᠮᠵᠢᠶ᠎ᠠ ᠳᠤ ᠬᠦᠷᠭᠡᠬᠦ ᠵᠡᠷᠭᠡ ᠲᠦᠷᠦᠯ ᠵᠦᠢᠯ ᠢ ᠬᠦᠴᠦᠯᠡᠨ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠥᠪᠡᠷᠲᠡᠭᠡᠨ ᠵᠠᠰᠠᠬᠤ ᠣᠷᠣᠨ ᠪᠠ ᠤᠯᠤᠰ ᠤᠨ ᠰᠢᠯᠭᠠᠨ ᠠᠪᠬᠤ ᠪᠠᠷᠢᠮᠵᠢᠶ᠎ᠠ ᠳᠤ ᠬᠦᠷᠭᠡᠬᠦ  ᠶᠢ ᠦᠨᠡᠨ ᠬᠦ ᠪᠠᠲᠤᠯᠠᠬᠤ ᠬᠡᠷᠡᠭᠲᠡᠶ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ  ᠤᠨ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠴᠢᠷᠮᠠᠶᠢᠨ ᠰᠠᠶᠢᠵᠢᠷᠠᠭᠤᠯᠵᠤ ᠂ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠳᠤ ᠢᠳᠡᠪᠬᠢᠲᠡᠶ ᠵᠣᠬᠢᠴᠠᠭᠤᠯᠬᠤ ᠬᠡᠷᠡᠭᠲᠡᠢ᠃ ᠰᠤᠷᠭᠠᠭᠤᠯᠢ ᠶᠢᠨ ᠵᠠᠬᠢᠷᠤᠯ ᠤᠨ ᠡᠩᠨᠡᠭᠡ ᠪᠠ ᠪᠠᠭᠰᠢ ᠶᠢᠨ ᠡᠩᠨᠡᠭᠡ ᠶᠢ ᠪᠠᠶᠢᠭᠤᠯᠵᠤ᠂ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ ᠵᠢᠷᠤᠮᠵᠢᠭᠤᠯᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠬᠤ ᠬᠠᠮᠢᠶᠠᠷᠤᠯᠲᠠ ᠶᠢ ᠳᠦᠷᠢᠮᠵᠢᠭᠦᠯᠵᠦ᠂ ᠰᠤᠷᠭᠠᠨ ᠬᠥᠮᠦᠵᠢᠭᠦᠯᠬᠦ ᠵᠢᠭᠠᠨ ᠰᠣᠷᠭᠠᠯᠳᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠰᠤᠷᠭᠠᠭᠤᠯᠢ ᠶᠢᠨ ᠬᠦᠷᠢᠶᠡᠨ ᠤ ᠲᠣᠣᠷ ᠰᠦᠯᠵᠢᠶ᠎ᠡ ᠪᠠ ᠴᠠᠬᠢᠯᠭᠠᠨ ᠬᠤᠯᠪᠣᠭᠠᠨ ᠤ ᠳᠠᠮᠵᠢᠭᠤᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠂ ᠣᠳᠣᠬᠢᠴᠢᠯᠠᠭᠰᠠᠨ ᠰᠤᠷᠭᠠᠨ ᠬᠥᠮᠦᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠠᠣᠬᠠᠨ ᠤ ᠺᠠᠳ᠋ᠷ ᠤᠨ ᠳᠡᠭᠡᠳᠦ ᠰᠤᠷᠭᠠᠭᠤᠯᠢ ᠶᠢ  ᠪᠦᠬᠦ ᠬᠦᠴᠦ ᠪᠠᠷ ᠢᠶᠠᠨ ᠰᠠᠶᠢᠲᠤᠷ ᠪᠠᠶᠢᠭᠤᠯᠤᠨ᠎ᠠ᠃ ᠳᠡᠭᠡᠳᠦ ᠰᠤᠷᠭᠠᠭᠤᠯᠢ ᠶᠢᠨ ᠶᠡᠷᠦᠩᠬᠡᠶᠢᠯᠡᠭᠰᠡᠨ ᠲᠥᠪ᠂ ᠵᠢᠭᠠᠨ ᠰᠤᠷᠭᠠᠯᠲᠠ ᠶᠢᠨ ᠲᠥᠪ ᠪᠠ ᠲᠤᠬᠠᠶ ᠶᠢᠨ ᠲᠠᠯᠠᠪᠠᠢ  ᠶᠢᠨ ᠵᠢᠭᠠᠨ ᠰᠣᠷᠭᠠᠯᠳᠠ ᠶᠢᠨ ᠴᠡᠭ ᠤᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠵᠦ᠂ ᠳᠡᠭᠡᠳᠦ ᠰᠤᠷᠭᠠᠭᠤᠯᠢ ᠶᠢᠨ ᠰᠣᠳᠣᠨ ᠬᠢᠴᠢᠶᠡᠯ ᠰᠤᠳᠤᠯᠤᠨ ᠨᠡᠭᠡᠭᠡᠬᠦ ᠶᠢ ᠠᠬᠢᠭᠤᠯᠵᠤ᠂ ᠳᠡᠭᠡᠳᠦ ᠰᠤᠷᠭᠠᠭᠤᠯᠢ ᠶᠢᠨ ᠪᠠᠭᠰᠢ ᠶᠢᠨ ᠡᠩᠨᠡᠭᠡ ᠶᠢ ᠵᠣᠬᠢᠶᠠᠨ ᠪᠠᠶᠢᠭᠤᠯᠬᠤ ᠠᠵᠢᠯ ᠢ ᠭᠠᠷᠳᠠᠨ ᠬᠢᠵᠦ᠂ ᠵᠢᠯ ᠤᠨ ᠳᠣᠲᠣᠷ᠎ᠠ ᠰᠤᠷᠭᠠᠨ  ᠬᠦᠮᠦᠵᠢᠯ ᠪᠠ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠬᠤ ᠬᠡᠷᠡᠭᠲᠡᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ᠃ ᠬᠤᠰᠢᠭᠤᠨ ᠤ ᠡᠮᠨᠡᠯᠭᠡ ᠶᠢᠨ ᠬᠤᠷᠢᠶ᠎ᠠ ᠶᠢ ᠰᠢᠯᠵᠢᠭᠦᠯᠦᠨ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠪᠠᠶᠢᠭᠤᠯᠤᠯᠲᠠ ᠶᠢ ᠠᠬᠢᠭᠤᠯᠤᠨ᠎ᠠ᠃  ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠡᠪᠡᠳᠴᠢᠲᠡᠨ ᠤ ᠦᠷᠦᠭᠡ ᠶᠢᠨ ᠶᠡᠷᠦᠩᠬᠡᠶᠢᠯᠡᠭᠰᠡᠨ ᠠᠰᠠᠷ᠂ ᠡᠬᠡ ᠨᠢᠯᠬᠠᠰ ᠤᠨ ᠡᠷᠡᠭᠦᠯ  ᠬᠠᠮᠠᠭᠠᠯᠠᠯ ᠤᠨ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠢ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠠᠯᠲᠠ ᠶᠢ ᠭᠦᠨᠵᠡᠭᠡᠶᠢᠷᠡᠭᠦᠯᠵᠦ᠂ ᠡᠮᠨᠡᠯᠭᠡ ᠶᠢᠨ ᠬᠤᠯᠪᠣᠭᠠᠲᠤ ᠴᠣᠭᠴᠠ ᠪᠠ ᠡᠮᠨᠡᠯᠭᠡ ᠶᠢᠨ ᠴᠣᠭᠴᠠᠯᠠᠯᠲᠠ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠰ ᠬᠤᠪᠢᠶᠠᠨ ᠣᠨᠣᠰᠢᠯᠠᠨ ᠡᠮᠨᠡᠬᠦ ᠲᠦᠷᠢᠮ ᠢ ᠭᠦᠨᠵᠡᠭᠡᠢ ᠠᠬᠢᠭᠤᠯᠵᠤ᠂ ᠭᠡᠷ᠎ᠡ ᠲᠣᠭᠲᠠᠵᠤ ᠦᠢᠯᠡᠴᠢᠯᠡᠬᠦ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠯᠠᠨ ᠲᠦᠮᠡᠨ ᠤ ᠡᠮᠴᠢᠯᠡᠬᠦ ᠳᠠᠷᠤᠭᠠᠰᠤ ᠶᠢ ᠥᠷᠭᠦᠯᠵᠢᠯᠡᠨ ᠬᠥᠩᠭᠡᠷᠡᠭᠦᠯᠬᠦ ᠬᠡᠷᠡᠭᠲᠡᠶ᠃ ᠬᠦᠨᠳᠦ ᠡᠪᠡᠳᠴᠢᠨ ᠢ ᠲᠥᠪᠯᠡᠷᠡᠭᠦᠯᠦᠨ ᠡᠮᠨᠡᠬᠦ ᠪᠠ ᠤᠳᠠᠭᠠᠨ ᠴᠢᠨᠠᠷᠲᠠᠶ ᠡᠪᠡᠳᠴᠢᠨ ᠢ ᠵᠠᠰᠠᠬᠤ ᠠᠵᠢᠯ ᠢ ᠨᠠᠷᠢᠨ ᠬᠢᠨᠠᠮᠠᠭᠠᠶ ᠥᠷᠨᠢᠭᠦᠯᠵᠦ᠂ ᠪᠦᠬᠦ ᠤᠯᠤᠰ ᠤᠨ ᠡᠷᠡᠭᠦᠯ ᠢᠶᠠᠷ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠬᠦ ᠰᠢᠶᠠᠨ ᠢ ᠪᠠᠶᠢᠭᠤᠯᠬᠤ ᠠᠵᠢᠯ ᠤᠨ ᠰᠢᠯᠭᠠᠯᠲᠠ ᠳᠤ ᠬᠢᠷᠢ ᠲᠡᠩᠴᠡᠬᠦ ᠪᠠᠷ ᠬᠦᠴᠦᠯᠡᠨ᠎ᠡ᠃ ᠰᠣᠶᠣᠯ ᠪᠡᠶ᠎ᠡ ᠲᠠᠮᠢᠷ  ᠷᠠᠳᠢᠤ᠋ ᠲᠧᠯᠸᠢᠰ ᠤᠨ ᠦᠢᠯᠡᠰ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠵᠠᠩ ᠦᠢᠯᠡ ᠬᠡᠷᠡᠯ ᠵᠢᠷᠤᠭ ᠵᠡᠷᠭᠡ ᠤᠯᠡᠠ ᠲᠦᠮᠡᠨᠴᠢ ᠴᠢᠨᠠᠷᠲᠠᠶ ᠠᠵᠢᠯᠯᠠᠭᠠᠨ ᠤ ᠤᠷᠤᠯᠳᠤᠭᠠᠨ ᠢ ᠦᠷᠨᠢᠭᠦᠯᠦᠨ᠎ᠡ᠃ ᠤᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠲᠠᠪᠴᠠᠩ  ᠤᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠤᠨ᠎ᠠ᠃ ︽ᠨᠤᠭᠤᠨᠵᠠᠶᠠᠭ᠎ᠠ︾  ᠪᠠᠷ ᠭᠤᠣᠯ ᠠᠭᠤᠯᠭ᠎ᠠ ᠪᠣᠯᠭᠠᠭᠰᠠᠨ ᠠᠤᠬᠠᠨ ᠠᠷᠠᠳ ᠤᠨ ᠳᠠᠭᠤᠤ ᠨᠢ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠲᠤᠬᠠᠶ ᠴᠣᠬᠤᠯᠠᠪᠤᠷᠢ ᠪᠠᠷ ᠦᠨᠡᠯᠡᠭᠳᠡᠬᠦ ᠶᠢ ᠠᠬᠢᠭᠤᠯᠵᠤ᠂ ︽ᠠᠤᠬᠠᠨ ᠤ ᠲᠠᠷᠢᠶᠠᠯᠠᠬᠤ ᠵᠠᠩᠰᠢᠯ︾ ᠪᠣᠯᠤᠨ ︽ᠠᠤᠬᠠᠨ ᠠᠷᠠᠳ ᠤᠨ ᠲᠣᠭᠯᠠᠭᠠᠮ  ︾ ᠢ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ  ᠢᠶᠠᠷ ᠮᠡᠳᠡᠭᠦᠯᠬᠦ ᠶᠢ ᠲᠡᠮᠡᠴᠡᠨ ᠣᠯᠬᠤ ᠬᠡᠷᠡᠭᠲᠡᠢ᠃ ᠲᠠᠷᠢᠶᠠᠯᠠᠬᠤ ᠮᠠᠯᠵᠢᠬᠤ ᠣᠷᠣᠨ ᠤ ᠷᠠᠳᠢᠤ᠋ ᠲᠧᠯᠸᠢᠰ ᠤᠨ ᠪᠦᠬᠦᠨ ᠢ ᠬᠠᠮᠤᠷᠬᠤ ᠪᠠ ︽ᠥᠷᠭᠡᠨ ᠪᠦᠰᠡᠲᠦ ᠬᠥᠳᠡᠭᠡ ᠲᠣᠰᠬᠤᠨ︾ ᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ 2 ᠲᠦᠮᠡᠨ ᠡᠷᠦᠬᠡ ᠶᠢ ᠤᠲᠠᠰᠤᠲᠤ ᠲᠧᠯᠸᠢᠰ ᠬᠡᠷᠡᠭᠯᠡᠬᠦ  ᠳᠤ ᠰᠢᠯᠵᠢᠭᠦᠯᠬᠦ ᠬᠡᠷᠡᠭᠲᠡᠢ᠃ 500 ᠢᠵᠢ ᠡᠷᠦᠬᠡ ᠪᠦᠬᠦᠨ ᠳᠤ ᠨᠡᠪᠲᠡᠷᠡᠭᠦᠯᠬᠦ ᠷᠠᠳᠢᠣ᠋ ᠲᠧᠯᠸᠢᠰ ᠤᠨ ᠲᠥᠬᠦᠭᠡᠷᠦᠮᠵᠢ ᠶᠢ ᠣᠭᠰᠠᠷᠠᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠪᠦᠭᠦ ᠬᠤᠰᠢᠭᠤᠨ ᠤ ᠳᠠᠪᠠᠭᠤᠯᠢᠭ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠦᠢᠯᠡᠰ ᠢ ᠨᠠᠶᠢᠷᠠᠭᠤᠯᠤᠨ ᠵᠣᠬᠢᠶᠠᠬᠤ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠶ᠃ ᠬᠥᠳᠡᠭᠡ ᠠᠵᠤ ᠠᠬᠤᠶ  ᠶᠢᠨ ᠰᠣᠶᠣᠯ ᠤᠨ ᠥᠪ ᠢ ᠬᠠᠮᠠᠭᠠᠯᠠᠬᠤ ᠶᠢ ᠴᠢᠩᠭᠠᠳᠬᠠᠵᠤ᠂ ᠰᠠᠨᠰᠠᠷ ᠲᠤ ᠦᠷ᠎ᠡ ᠪᠤᠶᠢᠵᠢᠭᠤᠯᠬᠤ ᠰᠡᠭᠦᠯ ᠤᠨ ᠬᠤᠭᠤᠴᠠᠭᠠᠨ ᠤ ᠠᠵᠢᠯ ᠢ ᠰᠠᠶᠢᠲᠤᠷ ᠥᠷᠨᠢᠭᠦᠯᠬᠦ ᠬᠡᠷᠡᠭᠲᠡᠢ᠃ ᠲᠦᠯᠦᠪᠯᠡᠭᠡᠲᠦ ᠦᠷᠡᠵᠢᠯ ᠤᠨ ᠲᠦᠷᠤ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠬᠤᠶᠠᠳᠤᠭᠠᠷ ᠬᠡᠤᠬᠡᠳ ᠠᠪᠬᠤ ᠲᠦᠷᠦ ᠶᠢᠨ ᠪᠣᠳᠤᠯᠭ᠎ᠠ ᠶᠢ ᠢᠳᠡᠪᠬᠢᠲᠡᠢ ᠬᠡᠷᠡᠭᠵᠢᠭᠦᠯᠵᠦ᠂ ᠨᠡᠮᠡᠭᠳᠡᠯ ᠬᠥᠮᠦᠨ ᠠᠮᠠ ᠶᠢᠨ ᠴᠢᠨᠠᠷ ᠤᠨ ᠢᠯᠭᠠᠯ ᠤᠨ ᠬᠠᠷᠢᠴᠠᠯ ᠢ ᠰᠢᠯᠢᠳᠡᠭᠵᠢᠭᠦᠯᠵᠦ᠂ ᠪᠦᠬᠦ ᠬᠤᠰᠢᠭᠤᠨ ᠤ ᠬᠥᠮᠦᠨ ᠠᠮᠠ ᠶᠢᠨ ᠲᠦᠷᠦᠵᠤ ᠥᠰᠬᠦ ᠨᠤᠷᠮ᠎ᠠ ᠶᠢ 14 ‰ ᠶᠢᠨ ᠳᠣᠲᠣᠷ᠎ᠠ ᠬᠢᠵᠠᠭᠠᠷᠯᠠᠨ᠎ᠠ᠂ ᠬᠥᠮᠦᠨ ᠠᠮᠠ ᠶᠢᠨ ᠠᠶᠠᠨᠳᠠᠭᠠᠨ  ᠥᠰᠦᠯᠲᠡ ᠶᠢᠨ ᠨᠤᠷᠮ᠎ᠠ ᠶᠢ 8 ‰ ᠶᠢᠨ ᠳᠣᠲᠣᠷ᠎ᠠ ᠬᠢᠵᠠᠭᠠᠷᠯᠠᠨ᠎ᠠ᠃     ᠨᠡᠶᠢᠭᠡᠮ ᠤᠨ ᠪᠠᠲᠤᠯᠠᠭ᠎ᠠ ᠶᠢ ᠲᠡᠩᠴᠡᠭᠦᠷᠢᠲᠡᠶ ᠪᠣᠯᠭᠠᠬᠤ ᠶᠢ ᠠᠬᠢᠭᠤᠯᠬᠤ ᠬᠡᠷᠡᠭᠲᠡᠶ᠃ ᠴᠢᠳᠠᠪᠤᠷᠢᠲᠠᠨ ᠢ ᠲᠠᠲᠠᠨ ᠣᠷᠤᠭᠤᠯᠬᠤ ᠡᠷᠴᠢᠮ ᠢ ᠴᠢᠩᠭᠠᠷᠠᠭᠤᠯᠤᠨ᠎ᠠ᠃ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠰᠣᠳᠤᠯᠬᠤ ᠰᠣᠷᠤᠭᠴᠢ ᠪᠠ ᠰᠦᠢᠳᠬᠡᠯ ᠣᠢᠯᠤ ᠬᠤᠷᠢᠶᠠᠬᠤ ᠪᠠᠭᠰᠢ ᠶᠢᠨ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠲᠤ ︽ᠰᠠᠭᠠᠳ ᠥᠭᠡᠢ ᠨᠡᠪᠲᠡᠷᠡᠬᠦ ᠵᠠᠮ︾ ᠨᠡᠬᠡᠭᠡᠨ ᠥᠭᠭᠦᠨ᠎ᠡ᠃ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠡᠯᠰᠡᠬᠦ ᠠᠵᠢᠯ ᠢ ᠰᠠᠶᠢᠲᠤᠷ  ᠬᠢᠵᠦ ᠂ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ  ᠳᠤ ᠰᠢᠯᠢᠳᠡᠭ ᠴᠢᠳᠠᠪᠤᠷᠢᠲᠠᠨ ᠢ  ᠣᠷᠤᠭᠤᠯᠤᠭᠰᠠᠨ ᠪᠠᠶᠢᠬᠤ ᠬᠡᠷᠡᠭᠲᠡᠢ᠃  ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠨᠡᠮᠡᠭᠳᠡᠭᠦᠯᠦᠨ᠎ᠡ᠃ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠡᠪᠲᠡᠶ ᠪᠥᠭᠡᠳ ᠬᠦᠢᠴᠡᠳ ᠬᠡᠷᠡᠭᠯᠡᠵᠦ᠂ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠡᠯ᠎ᠡ ᠲᠥᠷᠥᠯ  ᠤᠨ ᠨᠠᠰᠤᠵᠢᠯ ᠤᠨ ᠳᠠᠭᠠᠳᠬᠠᠯ ᠤᠨ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠪᠠᠲᠤᠯᠠᠨ᠎ᠠ᠃ ᠶᠡᠷᠥᠩᠬᠡᠢ ᠲᠣᠭᠠᠨ ᠤ ᠲᠥᠰᠦᠪ ᠢᠶᠠᠷ ᠭᠤᠣᠯ ᠪᠣᠯᠭᠠᠭᠰᠠᠨ ᠡᠮ ᠡᠮᠨᠡᠯᠭᠡ ᠶᠢᠨ ᠳᠠᠭᠠᠳᠬᠠᠯ ᠤᠨ ᠣᠯᠠᠨ ᠲᠦᠷᠦᠯ ᠤᠨ ᠵᠠᠷᠤᠳᠠᠯ ᠲᠤᠰᠢᠶᠠᠬᠤ ᠠᠷᠭ᠎ᠠ ᠬᠡᠯᠪᠡᠷᠢ ᠵᠢᠨ‌ᠥᠭᠡᠷᠡᠴᠢᠯᠡᠯᠲᠡ ᠶᠢ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠡᠮᠨᠡᠯᠭᠡ ᠶᠢᠨ ᠬᠤᠷᠢᠶ᠎ᠠ ᠡᠷᠬᠢᠯᠡᠬᠦ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠡᠮ ᠵᠠᠷᠤᠬᠤ ᠦᠢᠯᠡ ᠠᠵᠢᠯᠯᠠᠭ᠎ᠠ ᠶᠢ ᠴᠢᠩᠭ᠎ᠠ ᠳᠦᠷᠢᠮᠵᠢᠭᠦᠯᠦᠨ᠎ᠡ᠃ ᠨᠡᠢᠭᠡᠮ ᠤᠨ ᠳᠠᠭᠠᠳᠬᠠᠯ ᠬᠢᠭᠡᠳ ᠡᠮᠨᠡᠯᠭᠡ ᠶᠢᠨ ᠳᠠᠭᠠᠳᠬᠠᠯ ᠢᠶᠠᠷ ᠶᠠᠳᠠᠭᠤ ᠶᠢ ᠲᠡᠳᠬᠦᠬᠦ ᠠᠵᠢᠯ ᠢ ᠥᠷᠨᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮ ᠤᠨ ᠡᠷᠡᠭᠦᠯ ᠢᠶᠠᠷ ᠶᠠᠳᠠᠭᠤ ᠶᠢ ᠲᠡᠳᠬᠦᠬᠦ  ᠳᠤ ᠲᠤᠯᠭᠠᠭᠤᠷᠢᠯᠠᠬᠤ ᠴᠢᠳᠠᠪᠤᠷᠢ ᠦᠵᠡᠭᠦᠯᠬᠦ ᠶᠢ ᠳᠡᠭᠡᠭᠰᠢᠯᠡᠭᠦᠯᠬᠦ ᠬᠡᠷᠡᠭᠲᠡᠶ᠃ ᠠᠪᠤᠷᠠᠨ ᠲᠤᠰᠠᠯᠠᠬᠤ ᠠᠰᠠᠷᠠᠨ ᠬᠠᠷᠠᠭᠠᠯᠵᠠᠬᠤ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠬᠠᠮᠤᠭ ᠳᠣᠣᠷ᠎ᠠ ᠵᠠᠬ᠎ᠠ ᠶᠢᠨ ᠪᠠᠲᠤᠯᠠᠭ᠎ᠠ ᠶᠢ ᠳᠦᠷᠢᠮᠵᠢᠭᠦᠯᠦᠭᠰᠡᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠣᠨᠴᠠ ᠬᠦᠴᠢᠷᠳᠡᠯ ᠲᠠᠢ ᠬᠥᠮᠦᠰ ᠤᠨ ᠠᠮᠢᠳᠤᠷᠠᠯ ᠤᠨ ᠬᠠᠮᠤᠭ ᠳᠣᠣᠷ᠎ᠠ ᠪᠠᠲᠤᠯᠠᠭ᠎ᠠ ᠶᠢ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠪᠡᠶᠡᠯᠡᠭᠦᠯᠬᠦ ᠬᠡᠷᠡᠭᠲᠡᠶ᠃ ᠪᠡᠯᠡ ᠮᠥᠩᠭᠦ ᠶᠢ ᠢᠳᠡᠪᠬᠢᠯᠡᠨ ᠣᠯᠵᠤ᠂ 5 ᠰᠢᠶᠠᠩ ᠪᠠᠯᠭᠠᠰᠤᠨ ᠤ ᠨᠠᠰᠤᠲᠠᠨ ᠢ ᠠᠰᠠᠷᠠᠬᠤ ᠬᠦᠷᠢᠶᠡᠯᠡᠩ ᠤᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠵᠣᠯ ᠵᠢᠷᠭᠠᠯᠲᠤ ᠶᠡᠭᠡ ᠬᠦᠷᠢᠶᠡᠨ ᠤ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠣᠷᠣᠵᠤ ᠰᠠᠭᠤᠬᠤ ᠨᠣᠷᠮ᠎ᠠ ᠶᠢ ᠳᠣᠭᠲᠠᠭᠤᠨ ᠳᠡᠭᠡᠭᠰᠢᠯᠡᠭᠦᠯᠦᠨ᠎ᠡ  ᠃ ᠰᠢᠨ ᠬᠤᠢ ᠶᠢᠨ ᠪᠠᠭᠠᠲᠤᠷᠴᠤᠳ ᠤᠨ ᠣᠩᠭᠤᠨ ᠤ ᠭᠠᠵᠠᠷ ᠢ ᠨᠡᠭᠦᠯᠭᠡᠨ ᠪᠠᠶᠢᠭᠤᠯᠬᠤ ᠲᠦ᠋ᠷᠦᠯ ᠵᠦᠢᠯ  ᠤᠨ ᠠᠵᠢᠯ ᠢ ᠡᠬᠢᠯᠡᠭᠦᠯᠦᠨ᠎ᠡ᠃     ᠠᠮᠤᠷ ᠢ ᠬᠠᠮᠠᠭᠠᠯᠠᠨ ᠡᠵᠡᠮᠳᠡᠬᠦ  ᠱᠣᠴᠢᠯᠠᠯᠲᠠ ᠶᠢ ᠲᠦᠯᠬᠢᠨ ᠠᠬᠢᠭᠤᠯᠬᠤ ᠬᠡᠷᠡᠭᠲᠡᠶ᠃ ᠠᠮᠤᠷ ᠲᠦᠪᠰᠢᠨ ᠪᠠᠶᠢᠭᠤᠯᠤᠯᠲᠠ ᠶᠢ ᠭᠦᠨᠵᠡᠭᠡᠶ ᠥᠷᠨᠢᠭᠦᠯᠵᠦ᠂ ᠪᠠᠶᠢᠳᠠᠯ ᠢ ᠪᠤᠢ ᠪᠣᠯᠭᠠᠬᠤ᠂ ︽ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ︾ ᠲᠤᠰᠬᠠᠶ ᠲᠡᠮᠡᠴᠡᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ︽ᠱᠠᠯᠢᠭ ᠵᠠᠪᠬᠠᠶ ᠵᠣᠭᠤᠰ ᠨᠠᠭᠠᠳᠬᠤ ᠬᠤᠣᠷ ᠠᠷᠠᠯᠵᠢᠶᠠᠯᠠᠬᠤ︾ ᠶᠠᠯᠠᠲᠤ ᠬᠡᠷᠡᠭ  ᠲᠤ ᠴᠢᠩᠭ᠎ᠠ ᠴᠣᠬᠢᠯᠲᠠ ᠦᠭᠭᠦᠨ᠎ᠡ᠃ ︽ᠭᠡᠭᠡᠠ ᠲᠤᠩᠭᠠᠯᠠᠭ ᠢᠨᠵᠧᠨᠧᠷᠢᠩ︾ ᠢ ᠬᠡᠷᠡᠭᠵᠢᠭᠦᠯᠵᠦ᠂ ᠨᠡᠶᠢᠭᠡᠮ ᠤᠨ ᠵᠠᠰᠠᠯᠲᠠ ᠶᠢ ᠴᠢᠩᠭᠠᠳᠬᠠᠨ  ᠰᠢᠨᠡᠴᠢᠯᠡᠵᠦ᠂ ᠤᠯᠠᠨ ᠨᠡᠶᠢᠲᠡ ᠶᠢᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ᠂ ᠨᠡᠶᠢᠭᠡᠮ ᠲᠣᠭᠤᠷᠢᠭ ᠤᠨ ᠵᠠᠰᠠᠯᠲᠠ ᠵᠡᠷᠭᠡ  ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠭᠡᠨ᠎ᠡ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰᠢᠶᠠᠯ ᠢᠶᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠡᠪᠴᠢᠶᠡᠨ ᠳᠠᠬᠢ ᠠᠶᠤᠯ ᠥᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠣᠯᠤᠨ ᠰᠡᠷᠭᠡᠶᠢᠯᠡᠬᠦ ᠶᠢ ᠤᠯᠠᠮ ᠨᠢᠭᠡ ᠠᠯᠬᠤᠮ  ᠴᠢᠩᠭᠠᠳᠬᠠᠬᠤ ᠬᠡᠷᠡᠭᠲᠡᠶ᠃ ᠤᠯᠠᠭᠠᠨᠬᠠᠳᠠ ᠬᠤᠲᠠ ᠶᠢᠨ ᠠᠶᠤᠯ ᠥᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠣᠨ ᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠲᠤᠪᠤᠶᠢᠮ᠎ᠠ ᠰᠠᠶᠢᠲᠤᠷ ᠠᠳᠬᠤᠬᠤ ᠬᠡᠷᠡᠭᠲᠡᠢ᠃ ᠢᠳᠡᠭᠡᠨ ᠤ ᠵᠦᠢᠯ ᠡᠮ ᠤᠨ ᠵᠦᠢᠯ ᠤᠨ ᠠᠵᠢᠯ ᠲᠦᠷᠦᠯ ᠤᠨ ᠬᠠᠮᠢᠶᠠᠷᠤᠯᠲᠠ ᠶᠢ ᠴᠢᠩᠭᠠᠳᠬᠠᠵᠤ᠂ ᠥᠷᠭᠡᠨ ᠤᠯᠠᠨ ᠲᠦᠮᠡᠨ ᠤ ᠢᠳᠡᠭᠡᠨ ᠤᠮᠳᠠᠭᠠᠨ᠂ ᠡᠮ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠥᠰᠦᠯ  ᠢ ᠲᠡᠭᠦᠯᠳᠡᠷᠵᠢᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠶ᠃     ᠥᠭᠡᠷᠡᠴᠢᠯᠡᠯᠲᠡ ᠬᠥᠭᠵᠢᠯᠲᠡ ᠶᠢᠨ ᠪᠠᠶᠢᠩᠭᠤᠵᠢᠭᠤᠯᠤᠯᠲᠠ ᠶᠢ ᠳᠥᠯᠭᠢᠨ ᠠᠬᠢᠭᠤᠯᠤᠨ᠎ᠠ᠃ ᠠᠵᠤ ᠠᠬᠤᠶ ᠶᠢᠨ ᠪᠠᠶᠢᠭᠤᠯᠤᠯ᠂ ᠠᠮᠢ ᠠᠬᠤᠶ ᠶᠢᠨ ᠪᠣᠯᠪᠠᠰᠤᠨ ᠵᠡᠷᠭᠡ ᠡᠯ᠎ᠡ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠬᠡᠯᠪᠡᠷᠢ ᠶᠢᠨ ᠥᠭᠡᠷᠡᠴᠢᠯᠡᠯᠲᠡ ᠬᠢᠬᠦ ᠶᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠶ᠃ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠶᠡᠬᠡᠪᠡᠷ ᠲᠦᠯᠬᠢᠨ ᠠᠬᠢᠭᠤᠯᠵᠤ᠂ ᠣᠯᠠᠨ ᠲᠠᠯ᠎ᠠ ᠠᠴᠠ ᠣᠯᠠᠨ ᠳᠠᠪᠬᠤᠷᠭᠠᠲᠤ ᠳᠠᠬᠢᠨ ᠳᠠᠪᠲᠠᠨ ᠬᠠᠤᠯᠢ ᠬᠡᠷᠡᠭᠵᠢᠭᠦᠯᠬᠦ ᠠᠰᠠᠭᠤᠳᠠᠯ ᠢ ᠬᠦᠴᠦᠯᠡᠨ ᠰᠢᠶ᠋ᠳᠪᠦᠷᠢᠯᠡᠬᠦ ᠬᠡᠷᠡᠭᠲᠡᠶ᠃ ᠤᠯᠤᠰ ᠤᠨ ᠥᠮᠴᠢᠯᠡᠯ ᠤᠨ ᠤᠢ ᠰᠢᠭᠤᠶ ᠶᠢᠨ ᠲᠠᠯᠠᠪᠠᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠲᠤᠭ᠎ᠠ ᠪᠦᠷᠢᠳᠬᠡᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶ ᠶᠢᠨ ᠠᠵᠢᠯᠯᠠᠭᠠᠨ ᠤ ᠬᠢᠨᠠᠨ ᠰᠢᠯᠭᠠᠬᠤ ᠪᠠ ᠲᠤᠭ᠎ᠠ ᠪᠦᠷᠢᠳᠬᠡᠯ ᠤᠨ ᠵᠠᠳᠠᠯᠤᠯᠲᠠ ᠬᠢᠬᠦ ᠶᠢ ᠴᠢᠩᠭᠠᠷᠠᠭᠤᠯᠵᠤ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠬᠡᠷᠡᠭᠲᠡᠶ᠃ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠶ ᠳᠡᠩᠰᠡᠯᠡᠯᠲᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ  ᠶᠢᠨ ᠰᠢᠰᠲ᠋ᠧᠮ ᠤᠨ ᠪᠠᠶᠢᠭᠤᠯᠤᠯᠲᠠ ᠶᠢ ᠪᠡᠶᠡᠯᠡᠭᠦᠯᠵᠦ᠂ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠥᠷᠨᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠡᠭᠦᠨ ᠤ ᠵᠡᠷᠭᠡᠪᠡᠷ᠂ ᠦᠨᠳᠦᠰᠦᠲᠡᠨ ᠤ ᠱᠠᠰᠢᠨ ᠰᠤᠷᠲᠠᠬᠤᠨ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠳᠠᠩᠰᠠ ᠡᠪᠬᠡᠮᠡᠯ᠂ ᠠᠷᠠᠳ ᠤᠨ ᠰᠡᠷᠭᠡᠶᠢᠯᠡᠯᠲᠡ᠂  ᠲᠡᠦᠬᠡ ᠣᠶᠢᠯᠠᠯᠭ᠎ᠠ᠂ ᠨᠠᠰᠤᠲᠠᠶᠢᠴᠤᠳ᠂ ᠵᠡᠮᠳᠡᠭᠴᠦᠳ ᠤᠨ ᠬᠤᠯᠪᠣᠭ᠎ᠠ᠂ ᠨᠢᠭᠦᠯᠡᠰᠦᠩᠭᠦᠶ ᠵᠡᠷᠭᠡ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠠᠵᠢᠯᠴᠢᠨ᠂ ᠵᠠᠯᠠᠭᠤᠴᠤᠳ᠂  ᠡᠮᠡᠭᠲᠡᠶᠢᠴᠦᠳ ᠵᠡᠷᠭᠡ ᠤᠯᠠᠨ ᠲᠦᠮᠡᠨ ᠤ ᠪᠦᠯᠬᠦᠮ ᠤᠨ ᠵᠣᠬᠢᠶᠠᠨ  ᠪᠠᠶᠢᠭᠤᠯᠤᠭᠰᠠᠨ ᠠᠵᠢᠯ ᠢ ᠳᠡᠮᠵᠢᠬᠦ  ᠬᠡᠷᠡᠭᠲᠡᠢ᠃     ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠎ᠠ     ᠰᠢᠨ᠎ᠡ ᠴᠠᠭ ᠦᠶ᠎ᠡ ᠳᠤ ᠰᠢᠨ᠎ᠡ ᠠᠭᠤᠷ ᠠᠮᠢᠰᠬᠤᠯ ᠲᠠᠢ᠂ ᠰᠢᠨ᠎ᠡ ᠴᠠᠭ ᠦᠶ᠎ᠡ ᠳᠤ ᠰᠢᠨ᠎ᠡ  ᠦᠢᠯᠡ ᠠᠵᠢᠯᠯᠠᠭ᠎ᠠ ᠲᠠᠢ ᠪᠠᠶᠢᠬᠤ ᠬᠡᠷᠡᠭᠲᠡᠶ᠃ ᠪᠢᠳᠠ ᠨᠠᠮ ᠤᠨ ᠠᠯᠢᠪᠠ ᠠᠵᠢᠯ ᠤᠨ ᠲᠤᠬᠠᠶ ᠤᠳᠤᠷᠢᠳᠤᠯᠭ᠎ᠠ  ᠶᠢ ᠪᠠᠷᠢᠮᠳᠠᠯᠠᠵᠤ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠡᠷᠳᠡᠮ ᠴᠢᠳᠠᠪᠤᠷᠢ ᠪᠠᠷ ᠪᠠᠲᠤ ᠴᠢᠩᠭ᠎ᠠ᠂ ᠣᠪᠣᠷ ᠰᠤᠷᠲᠠᠯ ᠤᠨ ᠲᠠᠯ᠎ᠠ ᠪᠠᠷ ᠰᠢᠯᠢᠳᠡᠭ ᠰᠠᠶᠢᠨ ᠺᠠᠳ᠋ᠷ ᠤᠨ ᠡᠩᠨᠡᠭᠡ ᠶᠢ ᠴᠢᠷᠮᠠᠶᠢᠨ ᠪᠠᠶᠢᠭᠤᠯᠵᠤ᠂ ᠠᠷᠠᠳ ᠲᠦᠮᠡᠨ ᠤ ᠰᠡᠳᠬᠢᠯ ᠳᠤ ᠬᠠᠨᠤᠮᠵᠢᠲᠠᠶ ᠵᠠᠰᠠᠭ ᠤᠨ ᠣᠷᠳᠣᠨ ᠢ ᠪᠠᠶᠢᠭᠤᠯᠬᠤ ᠬᠡᠷᠡᠭᠲᠡᠶ᠃     ︵ᠨᠢᠭᠡ︶ ᠠᠷᠠᠳ ᠤᠨ ᠲᠥᠯᠥᠭᠡ  ᠵᠠᠰᠠᠭ  ᠪᠠᠷᠢᠬᠤ᠂ ᠦᠢᠯᠡᠴᠢᠯᠡᠭᠡᠨ ᠤ ᠵᠠᠰᠠᠭ ᠤᠨ ᠣᠷᠳᠣᠨ ᠢ  ᠪᠠᠶᠢᠭᠤᠯᠬᠤ ᠬᠡᠷᠡᠭᠲᠡᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠭᠰᠠᠨ ᠦᠵᠡᠯ ᠰᠠᠨᠠᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠬᠦ ᠲᠠᠯ᠎ᠠ ᠂ ᠪᠦᠬᠦ ᠶᠠᠪᠤᠴᠠ ᠳᠤ ᠠᠭᠤᠰᠬᠠᠨ   ᠣᠷᠤᠭᠤᠯᠬᠤ ᠬᠡᠷᠡᠭᠲᠡᠢ᠃ ︽ᠬᠤᠶᠠᠷ ᠢ ᠲᠠᠰᠢᠷᠠᠮ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠤᠳᠠᠯ ᠬᠠᠭᠤᠷᠮᠠᠭ ᠮᠠᠭᠤ ᠪᠦᠲᠦᠭᠡᠭᠳᠡᠭᠦᠨ ᠡᠭᠦᠰᠦᠨ ᠳᠡᠯᠭᠡᠷᠡᠬᠦ ᠂ ᠬᠠᠤᠯᠢ ᠬᠡᠷᠡᠭᠵᠢᠭᠦᠯᠦᠭᠴᠢ ᠢᠳᠡᠬᠦ ᠠᠪᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ ᠪᠠᠶᠢᠬᠤ ᠬᠡᠷᠡᠭᠲᠡᠢ  ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶ᠋ᠯᠡᠴᠢᠯᠡᠭᠡ︾ ᠶᠢ ᠭᠦᠨᠵᠡᠭᠡᠶ ᠲᠦᠯᠬᠢᠨ ᠠᠬᠢᠭᠤᠯᠵᠤ᠂ ᠣᠯᠠᠨ ᠲᠦᠮᠡᠨ ᠢ ᠳᠤᠲᠠᠭᠤ ᠵᠠᠮ ᠭᠦᠢᠯᠭᠡᠭᠡᠵᠦ᠂ ᠮᠡᠳᠡᠭᠡ ᠵᠠᠩᠭᠢ ᠶᠢ ᠢᠯᠡᠭᠦᠬᠡᠨ  ᠳᠠᠮᠵᠢᠭᠤᠯᠬᠤ ᠬᠡᠷᠡᠭᠲᠡᠢ᠃ ᠡᠯᠧᠺᠲᠷᠣᠨ ᠵᠠᠰᠠᠭ ᠤᠨ ᠶᠠᠪᠤᠳᠠᠯ  ᠤᠨ ᠰᠦᠯᠵᠢᠶᠡᠨ ᠤ ᠴᠢᠳᠠᠮᠵᠢ ᠶᠢ ᠪᠦᠷᠢᠨᠰᠢᠭᠦᠯᠵᠦ᠂ OA ᠪᠠᠷ ᠠᠵᠢᠯᠯᠠᠬᠤ ᠰᠢᠰᠲ᠋ᠧᠮ ᠢ ᠳᠡᠯᠭᠡᠷᠡᠭᠦᠯᠦᠨ ᠬᠡᠷᠡᠭᠯᠡᠨ᠎ᠡ᠃  ᠡᠯ᠎ᠡ ᠵᠦᠢᠯ ᠤᠨ ᠪᠢᠴᠢᠭ ᠮᠠᠲ᠋ᠧᠷᠢᠶᠠᠯ ᠪᠣᠯᠤᠨ ᠬᠤᠷᠠᠯ  ᠢ ᠦᠷᠭᠦᠯᠵᠢᠯᠡᠨ  ᠪᠠᠭᠠᠰᠬᠠᠨ᠎ᠠ᠃     ︵ᠬᠤᠶᠠᠷ︶ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠬᠡᠷᠡᠭᠲᠡᠶ᠃ ︽ᠬᠠᠤᠯᠢ ᠪᠠᠷ ᠵᠦᠷᠢᠴᠡᠭᠰᠡᠨ ᠠᠵᠢᠯ ᠢ ᠬᠢᠬᠦ ᠦᠭᠡᠢ᠂ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠡᠷᠬᠡᠪᠰᠢ ᠭᠦᠢᠴᠡᠳᠭᠡᠬᠦ︾ ᠵᠠᠷᠴᠢᠮ ᠢ ᠪᠠᠷᠢᠮᠳᠠᠯᠠᠵᠤ᠂ ᠵᠠᠰᠠᠭ ᠤᠨ ᠣᠷᠳᠣᠨ ᠤ ᠴᠢᠬᠤᠯᠠ ᠶᠡᠭᠡ ᠠᠰᠠᠭᠤᠳᠠᠯ ᠤᠨ ᠲᠤᠬᠠᠶ ᠬᠠᠮᠲᠤ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠦᠷᠢᠮ ᠢ ᠬᠢᠨᠠᠮᠠᠭᠠᠢ ᠬᠡᠷᠡᠭᠵᠢᠭᠦᠯᠦᠨ᠎ᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ  ᠴᠠᠭᠠᠵᠠ ᠶᠢᠨ ᠬᠢᠨᠠᠯᠲᠠ ᠲᠠᠯᠪᠢᠬᠤ ᠪᠠ ᠠᠵᠢᠯ ᠤᠨ ᠬᠢᠨᠠᠯᠲᠠ ᠲᠠᠯᠪᠢᠬᠤ  ᠶᠢ  ᠬᠠᠤᠯᠢ ᠶᠣᠰᠤᠭᠠᠷ ᠬᠦᠯᠢᠶᠡᠨ᠂ ᠤᠯᠤᠰ ᠲᠦᠷᠤ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠪᠠ ᠨᠡᠶᠢᠭᠡᠮ ᠤᠨ ᠡᠯ᠎ᠡ ᠡᠲᠡᠭᠡᠳ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ  ᠤᠬᠠᠮᠰᠠᠷ ᠠᠴᠠ ᠪᠠᠨ ᠬᠦᠯᠢᠶᠡᠭᠰᠡᠨ ᠪᠠᠶᠢᠬᠤ ᠬᠡᠷᠡᠭᠲᠡᠢ᠃ ᠵᠠᠰᠠᠭ ᠤᠨ ᠣᠷᠳᠣᠨ ᠤ ᠪᠠᠶᠢᠭᠤᠯᠤᠮᠵᠢ᠂ ᠴᠢᠳᠠᠪᠤᠷᠢ᠂  ᠡᠷᠬᠡ ᠶᠢᠨ ᠬᠢᠵᠠᠭᠠᠷ᠂  ᠠᠯᠬᠤᠮ ᠳᠠᠷᠠᠭ᠎ᠠ᠂ ᠬᠠᠷᠢᠭᠤᠴᠠᠯᠭ᠎ᠠ  ᠶᠢ ᠬᠠᠤᠯᠢᠵᠢᠭᠤᠯᠤᠨ ᠲᠣᠭᠲᠠᠭᠠᠬᠤ ᠪᠣᠯᠤᠨ ᠵᠠᠰᠠᠭ ᠤᠨ ᠣᠷᠳᠣᠨ ᠤ ᠠᠵᠢᠯ ᠶᠠᠪᠤᠳᠠᠯ ᠤᠨ ᠡᠷᠬᠡ ᠶᠢᠨ ᠵᠢᠷᠤᠮᠵᠢᠭᠤᠯᠤᠯᠲᠠ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠰᠣᠨᠢᠨ ᠮᠡᠳᠡᠭᠡ ᠨᠡᠶᠢᠲᠡᠯᠡᠬᠦ ᠶᠢ ᠪᠠᠶᠢᠩᠭᠤᠵᠢᠭᠤᠯᠬᠤ ᠠᠵᠢᠯ ᠢ ᠵᠣᠬᠢᠰᠲᠠᠢ ᠶᠠᠪᠤᠭᠤᠯᠤᠨ᠎ᠠ᠃ ︽ᠬᠡᠨ ᠬᠠᠤᠯᠢ ᠬᠡᠷᠡᠭᠵᠢᠭᠦᠯᠬᠦ᠂ ᠬᠡᠨ ᠬᠠᠤᠯᠢ ᠲᠥᠭᠡᠮᠡᠯᠵᠢᠯᠡᠬᠦᠯᠬᠦ︾ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠳᠣᠯᠣᠳᠤᠭᠠᠷ ᠲᠠᠪᠤᠨ ᠵᠢᠯ ᠤᠨ ᠲᠥᠯᠥᠪᠯᠡᠭᠡᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠶᠢ ᠭᠦᠨᠵᠡᠭᠡᠶ ᠥᠷᠨᠢᠭᠦᠯᠵᠦ᠂ ᠬᠠᠤᠯᠢ ᠪᠠᠷ ᠵᠠᠰᠠᠬᠤ ᠰᠡᠳᠬᠢᠬᠦᠶ ᠪᠣᠯᠤᠨ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠠᠰᠠᠭᠤᠳᠠᠯ ᠰᠢᠢᠳᠪᠦᠷᠢᠯᠡᠬᠦ᠂ ᠵᠥᠷᠢᠴᠡᠯ ᠢ ᠨᠠᠮᠳᠠᠭᠤᠯᠬᠤ᠂ ᠬᠥᠭᠵᠢᠯᠲᠡ ᠶᠢ ᠠᠬᠢᠭᠤᠯᠬᠤ ᠬᠡᠷᠡᠭᠲᠡᠶ᠃    ︵ᠭᠤᠷᠪᠠ︶ ᠠᠵᠢᠯ ᠶᠠᠪᠤᠳᠠᠯ ᠬᠢᠵᠦ ᠠᠳᠠᠯ ᠦᠢᠯᠡᠰ ᠴᠣᠭᠴᠠᠯᠠᠬᠤ᠂  ᠬᠠᠷᠢᠭᠤᠴᠠᠯᠭᠠᠲᠤ ᠵᠠᠰᠠᠭ ᠤᠨ ᠣᠷᠳᠣᠨ ᠢ ᠪᠠᠶᠢᠭᠤᠯᠬᠤ ᠬᠡᠷᠡᠭᠲᠡᠶ᠃ ᠠᠵᠢᠯ ᠡᠭᠦᠷᠭᠡᠯᠡᠭᠴᠢ ᠶᠢ  ᠳᠡᠮᠵᠢᠨ ᠵᠣᠷᠢᠭᠵᠢᠭᠤᠯᠤᠨ ᠬᠠᠮᠠᠭᠠᠯᠠᠵᠤ᠂ ᠵᠣᠷᠢᠭᠲᠠᠶ ᠪᠠᠷ ᠡᠭᠦᠷᠭᠡ ᠬᠠᠷᠢᠭᠤᠴᠠᠵᠤ ᠪᠠᠶᠢᠭ᠎ᠠ ᠺᠠᠲᠠᠷᠴᠤᠳ ᠲᠤ ᠢᠲᠠ ᠬᠦᠴᠦᠨ ᠂ ᠡᠷᠴᠢ ᠵᠣᠷᠢᠭ ᠢ ᠨᠢ ᠬᠦᠪᠴᠢᠯᠡᠭᠰᠡᠨ ᠪᠠᠶᠢᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠵᠦ᠂ ᠣᠯᠠᠨ ᠲᠦᠮᠡᠨ ᠤ ᠬᠡᠷᠡᠭᠴᠡᠭᠡ ᠶᠢ ᠪᠤᠳᠦᠵᠦ ᠡᠵᠡᠮᠰᠢᠵᠦ᠂ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠨᠠᠷᠢᠯᠢᠭ ᠣᠨᠣᠪᠴᠢᠲᠤ ᠴᠢᠨᠠᠷ ᠢ ᠴᠢᠩᠭᠠᠳᠬᠠᠨ᠎ᠠ᠃ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠬᠦ ᠠᠵᠢᠯ ᠤᠨ ᠣᠪᠣᠷ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂  ᠠᠵᠢᠯ ᠬᠢᠬᠦ ᠦᠭᠡᠢ᠂ ᠤᠳᠠᠭᠠᠨ  ᠬᠢᠬᠦ᠂ ᠬᠠᠭᠤᠷᠮᠠᠭ ᠬᠢᠬᠦ᠂ ᠳᠤᠷ᠎ᠠ ᠪᠠᠷ ᠢᠶᠠᠨ ᠬᠢᠬᠦ ᠵᠡᠷᠭᠡ ᠠᠵᠢᠯᠯᠠᠭ᠎ᠠ ᠶᠢ ᠡᠷᠡᠰ ᠴᠡᠭᠴᠡᠯᠡᠨ  ᠵᠠᠰᠠᠵᠤ᠂ ᠵᠠᠰᠠᠭ ᠤᠨ ᠣᠷᠳᠣᠨ ᠤ  ᠬᠡᠷᠡᠭᠵᠢᠭᠦᠯᠦᠯᠲᠡ ᠶᠢᠨ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃     ︵ᠳᠥᠷᠪᠡ︶ ᠤᠭ ᠴᠢᠨᠠᠷ ᠢᠶᠠᠨ ᠡᠭᠦᠷᠢᠳᠡ ᠬᠠᠳᠠᠭᠠᠯᠠᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠬᠤ ᠬᠡᠷᠡᠭᠲᠡᠶ᠃ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠵᠢᠴᠢ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠲᠦᠯᠬᠢᠨ ᠠᠬᠢᠭᠤᠯᠤᠨ᠎ᠠ᠃ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠭᠤᠷᠪᠠ ᠶᠢ ᠬᠠᠷᠢᠴᠠᠭᠤᠯᠤᠨ ᠨᠢᠭᠡ ᠶᠢ ᠴᠡᠭᠴᠡᠯᠡᠬᠦ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂  ᠬᠤᠷᠢᠭ᠎ᠠ ᠱᠤᠭᠤᠮ ᠢ ᠳᠠᠪᠠᠭ᠋ᠤ ᠦᠭᠡᠢ ᠪᠠᠶᠢᠭᠰᠠᠨ ᠪᠠᠶᠢᠬᠤ ᠬᠡᠷᠡᠭᠲᠡᠢ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ  ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ︽ᠳᠥᠷᠪᠡᠨ ᠰᠤᠷᠲᠠᠯ︾ ᠤᠨ ᠠᠰᠠᠭᠤᠳᠠᠯ ᠳᠠᠬᠢᠨ ᠡᠭᠦᠰᠬᠦ ᠶᠢ ᠡᠷᠡᠰ ᠬᠤᠷᠢᠭᠯᠠᠨ᠎ᠠ᠃ ︽ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ  ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠵᠦ᠂  ᠵᠠᠰᠠᠭ ᠤᠨ ᠣᠷᠳᠣᠨ ᠤ ︽ᠠᠷᠢᠭᠤᠨ ᠴᠢᠬᠡᠴᠢ ᠶᠢᠨ ᠵᠢᠭᠠᠯᠲᠠ ᠲᠤᠭ᠎ᠠ ︾ ᠪᠠᠷ ︽ᠠᠷᠠᠳ ᠤᠯᠠᠨ ᠤ ᠰᠡᠳᠬᠢᠯ ᠬᠠᠨᠤᠮᠵᠢᠲᠠᠶ ᠵᠢᠭᠠᠯᠲᠠ ᠲᠤᠭ᠎ᠠ︾  ᠶᠢ ᠳᠡᠭᠡᠭᠰᠢᠯᠡᠭᠦᠯᠬᠦ ᠬᠡᠷᠡᠭᠲᠡᠢ᠃     ᠲᠦᠯᠦᠭᠡᠯᠡᠭᠴᠢᠳ ᠡ᠄ ᠰᠢᠨ᠎ᠡ ᠴᠠᠭ ᠦᠶ᠎ᠡ  ᠶᠢᠨ ᠰᠢᠨ᠎ᠡ ᠠᠶᠠᠨ ᠵᠠᠮ ᠢ ᠨᠢᠭᠡᠨᠲᠡ ᠨᠡᠬᠡᠭᠡᠵᠦ᠂ ᠰᠢᠨ᠎ᠡ ᠬᠠᠷᠠᠯᠲᠠ ᠡᠭᠦᠷᠭᠡ ᠬᠥᠮᠦᠰ ᠢ ᠰᠢᠪᠡᠲᠡᠨ ᠣᠷᠤᠭᠰᠢᠯᠠᠭᠤᠯᠤᠨᠠᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠪᠦᠯᠬᠦᠮᠳᠡᠨ ᠨᠢᠭᠲᠠᠷᠠᠵᠤ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠬ᠎ᠠ ᠤᠳᠤᠷᠢᠳᠤᠯᠭ᠎ᠠ ᠳᠣᠣᠷ᠎ᠠ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠣᠷᠭᠢᠯᠤᠮ᠎ᠠ ᠰᠡᠳᠭᠢᠯᠭᠡ ᠪᠣᠯᠤᠨ ᠬᠠᠷᠢᠭᠤᠴᠠᠯᠭ᠎ᠠ ᠡᠭᠦᠷᠭᠡᠯᠡᠯ᠂ ᠤᠶᠤᠨ ᠤᠬᠠᠭᠠᠨ ᠪᠣᠯᠤᠨ ᠲᠡᠰᠪᠦᠷᠢ ᠵᠣᠷᠢᠭ ᠢᠶᠠᠷ ᠢᠶᠠᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠢᠳᠪᠦᠷᠢᠲᠦ ᠢᠯᠠᠯᠲᠠ ᠶᠢᠨ ᠰᠢᠨ᠎ᠡ ᠬᠠᠭᠤᠳᠠᠰᠣ ᠶᠢ ᠬᠠᠮᠲᠤᠪᠠᠷ ᠪᠢᠴᠢᠭᠯᠡᠨ᠂ ᠠᠤᠬᠠᠨ ᠬᠤᠰᠢᠭᠤᠨ ᠤ ᠭᠦᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠪᠠᠷ ᠴᠢᠷᠮᠠᠶᠢᠨ  ᠲᠡᠮᠡᠴᠡᠰᠦᠭᠡᠢ  ︕
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号