ᠬᠤᠶᠠᠷ᠂ 2019 ᠤᠨ ᠠᠵᠢᠯ ᠤᠨ ᠲᠣᠬᠢᠷᠠᠭᠤᠯᠤᠯᠲᠠ | ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ | ᠪᠣᠯᠤᠨ᠎ᠠ᠂ ᠮᠥᠨᠴᠦ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠤᠷᠢᠲᠤ ᠢᠯᠠᠯᠲᠠ ᠶᠢ ᠣᠯᠬᠤ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠃ ᠠᠵᠠ ᠲᠣᠬᠢᠶᠠᠯ ᠪᠣᠯᠤᠨ | ᠥᠷᠢᠰᠥᠯᠳᠦᠭᠡᠨ᠂ ᠬᠥᠳᠡᠯᠭᠡᠬᠦ ᠬᠦᠴᠦᠨ ᠪᠣᠯᠤᠨ ᠳᠠᠷᠤᠯᠲᠠ ᠵᠡᠷᠭᠡᠪᠡᠷ ᠣᠷᠣᠰᠢᠵᠤ᠂ ᠪᠦᠬᠦ ᠵᠢᠯ ᠤᠨ ᠠᠵᠢᠯ ᠢᠶᠠᠨ | ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠠᠯᠤᠰ ᠬᠡᠲᠦ ᠶᠢᠨ ᠨᠥᠯᠥᠭᠡ ᠲᠠᠢ ᠪᠠᠶᠢᠵᠤ᠂ | ᠡᠷᠬᠡᠪᠰᠢ ᠳᠦᠷᠪᠡᠨ ᠵᠠᠷᠴᠢᠮ ᠢ ᠵᠢᠷᠤᠮᠯᠠᠨ ᠪᠠᠷᠢᠮᠲᠠᠯᠠᠬᠤ ᠬᠡᠷᠡᠭᠲᠡᠶ᠄ | ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠤᠯᠤᠰ ᠲᠥᠷᠦ ᠶᠢᠨ ᠡᠭᠦᠷᠭᠡᠯᠡᠯ ᠢᠶᠠᠨ | ᠴᠢᠩᠭᠠᠳᠬᠠᠨ᠎ᠠ᠃ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ | ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠤᠯᠤᠰ ᠲᠥᠷᠥ ᠶᠢᠨ ᠰᠠᠬᠢᠯᠭ᠎ᠠ ᠪᠠᠲᠤ ᠪᠠ | ᠤᠯᠤᠰ ᠲᠥᠷᠥ ᠶᠢᠨ ᠶᠣᠰᠣ ᠳᠦᠷᠢᠮ ᠢ ᠡᠷᠡᠰ ᠬᠠᠮᠠᠭᠠᠯᠠᠨ᠎ᠠ᠃ ᠳᠡᠭᠡᠳᠤ ᠱᠠᠲᠤ ᠪᠠ ᠬᠤᠰᠢᠭᠤ ᠨᠠᠮ ᠤᠨ | ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠤ ᠪᠦᠷ ᠲᠥᠰᠦᠯ ᠲᠠᠢ᠂ ᠠᠷᠭ᠎ᠠ | ᠬᠡᠮᠵᠢᠶ᠎ᠡ ᠲᠠᠢ᠂ ᠦᠷ᠎ᠡ ᠪᠦᠲᠦᠮᠵᠢ ᠲᠠᠢ ᠪᠠᠶᠢᠵᠤ᠂ ᠬᠠᠷᠠᠯᠲᠠ ᠪᠠᠨ ᠪᠠᠲᠤ ᠴᠡᠭᠡᠵᠢᠯᠡᠵᠦ᠂ ᠡᠭᠦᠷᠭᠡ ᠪᠠᠨ | ᠪᠣᠳᠠᠳᠠᠶᠢᠴᠢᠯᠠᠨ ᠨᠠᠶᠢᠳᠠᠪᠤᠷᠢᠵᠢᠭᠤᠯᠬᠤ ᠬᠡᠷᠡᠭᠲᠡᠢ᠃ | ᠬᠤᠷᠸ᠎ᠠ ᠲᠥᠷᠦ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠢᠩᠭ᠎ᠠ ᠳᠠᠭᠠᠵᠤ᠂ ᠬᠥᠭᠵᠢᠯᠲᠡ ᠶᠢᠨ ᠠᠵᠠ | ᠲᠣᠬᠢᠶᠠᠯ ᠢ ᠠᠳᠬᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠰᠢᠢᠳᠪᠦᠷᠢᠲᠦ | ᠪᠣᠳᠣᠯᠭ᠎ᠠ ᠪᠠ ᠪᠠᠶᠢᠷᠢᠯᠠᠭᠤᠯᠤᠯᠲᠠ ᠶᠢ ᠬᠡᠷᠡᠭᠵᠢᠭᠦᠯᠵᠦ᠂ ︽ᠲᠠᠪᠤᠨ ᠲᠣᠮᠣ ᠬᠤᠲᠠ︾ ﹇ᠲᠣᠳᠤᠷᠬᠠᠶᠢᠯᠠᠯᠲᠠ 14﹈ | ᠶᠢᠨ ᠴᠢᠭᠯᠡᠯ ᠪᠠ ᠬᠠᠷᠠᠯᠲᠠ ᠶᠢ ᠬᠡᠷᠡᠭᠵᠢᠭᠦᠯᠵᠦ᠂ ︽ᠲᠠᠪᠤᠨ ᠰᠡᠳᠬᠢᠬᠦᠶ︾ ﹇ᠲᠣᠳᠤᠷᠬᠠᠶᠢᠯᠠᠯᠲᠠ 15﹈ ᠶᠢ ᠪᠠᠲᠤ | ᠪᠠᠬᠢ ᠪᠤᠢ ᠪᠣᠯᠭᠠᠵᠤ᠂ ᠳᠡᠭᠡᠳᠤ ᠱᠠᠲᠤᠨ ᠤ ᠲᠥᠷᠦ ᠶᠢᠨ ᠪᠣᠳᠣᠯᠭ᠎ᠠ ᠬᠢᠭᠡᠳ ︽ᠲᠠᠪᠤᠨ ᠪᠠᠶᠢᠯᠳᠤᠬᠤ ᠪᠣᠳᠣᠯᠭ᠎ᠠ︾ | ﹇ᠲᠣᠳᠤᠷᠬᠠᠶᠢᠯᠠᠯᠲᠠ 16﹈ ᠶᠢ ᠨᠢᠭᠲᠠ ᠤᠶᠠᠯᠳᠤᠭᠤᠯᠵᠤ᠂ ︽ᠮᠤᠷᠦ᠋ᠢᠯᠲᠠ ᠶᠢᠨ ᠵᠠᠮ ᠢᠶᠠᠷ ᠲᠡᠷᠭᠡ ᠳᠠᠪᠠᠭ᠋ᠤ︾ | ᠬᠦᠴᠦᠷᠬᠡᠭ ᠶᠡᠭᠡ ᠬᠥᠳᠡᠯᠭᠡᠭᠦᠷ ᠢ ᠪᠤᠢ ᠪᠣᠯᠭᠠᠵᠤ᠂ ᠲᠠᠪᠠᠯᠳᠠᠳᠤ ᠬᠥᠭᠵᠢᠯᠲᠡ ᠶᠢᠨ ᠰᠠᠭᠠᠳ ᠦᠭᠡᠢ ᠨᠡᠪᠲᠡᠷᠡᠬᠦ ᠵᠠᠮ | ᠢ ᠨᠡᠬᠡᠭᠡᠬᠦ ᠬᠡᠷᠡᠭᠲᠡᠢ᠃ | ᠠᠭᠤᠰᠤᠯᠴᠠᠭᠤᠯᠤᠨ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠣᠯᠭᠠᠵᠤ᠂ ᠣᠯᠠᠨ ᠲᠠᠯ᠎ᠠ ᠪᠠᠷ | ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠰᠢᠨ᠎ᠡ ᠴᠠᠭ ᠦᠶ᠎ᠡ ᠳᠤ ᠣᠷᠣᠵᠤ᠂ ᠰᠢᠨ᠎ᠡ ᠣᠷᠣᠨ ᠪᠠᠶᠢᠷᠢ ᠳᠤ | ᠰᠠᠭᠤᠷᠢᠯᠠᠨ᠂ ᠰᠢᠨ᠎ᠡ ᠪᠠᠶᠢᠷᠢᠰᠢᠯ ᠬᠠᠨᠳᠤᠬᠤ ᠳᠤ᠂ ᠪᠢᠳᠡ ᠡᠷᠬᠡᠪᠰᠢ ᠪᠠᠶᠢᠳᠠᠯ ᠢ ᠲᠠᠭᠠᠨ ᠬᠥᠳᠡᠯᠦᠯᠴᠡᠵᠦ᠂ ᠪᠦᠬᠦ | ᠲᠠᠯ᠎ᠠ ᠪᠠᠷ ᠬᠦᠴᠦᠯᠡᠬᠦ ᠬᠡᠷᠡᠭᠲᠡᠶ᠃ ᠠᠵᠤ ᠦᠢᠯᠡᠰ ᠤᠨ ᠬᠤᠭᠤᠷᠣᠨᠳᠣᠬᠢ ︽ᠲᠤᠰᠠᠭᠠᠷᠯᠠᠬᠤ ᠪᠦᠰᠡ︾ ᠶᠢ | ᠰᠢᠪᠲᠤᠯᠵᠤ᠂ ᠠᠭᠤᠰᠤᠯᠴᠠᠨ ᠬᠥᠭᠵᠢᠬᠦ ︽ᠨᠠᠭᠠᠯᠳᠤᠭᠤᠯᠤᠭᠴᠢ︾ ᠶᠢ ᠪᠣᠳᠣᠯᠬᠢᠯᠠᠵᠤ᠂ ︽ᠪᠣᠬᠢᠷᠲᠤᠯ ᠦᠭᠡᠢ | ᠫᠠᠶᠢᠰᠠ᠂ ᠠᠯᠲᠠᠯᠢᠭ ᠫᠠᠶᠢᠰᠠ᠂ ᠤᠯᠠᠭᠠᠨ ᠫᠠᠶᠢᠰᠠ︾ ᠶᠢ ᠰᠠᠶᠢᠲᠤᠷ ᠴᠣᠭᠴᠠᠯᠠᠵᠤ᠂ ᠠᠵᠤ ᠦᠢᠯᠡᠰ ᠤᠨ ᠳᠡᠭᠡᠲᠦ | ᠳᠣᠣᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ | ᠪᠦᠬᠦ ᠬᠤᠰᠢᠭᠤᠨ ᠤ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠠᠤᠬᠠᠨ ᠤ ᠬᠦᠴᠦᠨ | ᠴᠢᠳᠠᠯ ᠢᠶᠠᠨ ᠡᠷᠭᠦᠨ᠎ᠡ᠃ ᠭᠠᠵᠠᠷ ᠣᠷᠣᠨ ᠤ ᠳᠠᠯᠳᠠ ᠬᠦᠴᠦᠨ ᠢ ᠲᠠᠰᠤᠷᠠᠯᠲᠠ ᠦᠭᠡᠢ ᠠᠭᠤᠳᠠᠯᠬᠤ ᠪᠠ | ᠪᠠᠳᠠᠷᠠᠭᠤᠯᠵᠤ᠂ ᠬᠠᠨᠳᠤᠰᠢ ᠳᠤᠨᠢ ᠲᠤᠬᠢᠷᠠᠭᠤᠯᠤᠨ ᠴᠢᠳᠠᠮᠠᠭᠠᠶ ᠪᠠᠷ ᠬᠥᠲᠥᠯᠥᠨ ᠵᠢᠯᠣᠭᠤᠳᠬᠤ᠂ ᠰᠠᠶᠢᠨ | ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠦᠬᠦᠪᠦᠷᠢᠯᠡᠵᠦ᠂ ᠪᠠᠶᠢᠳᠠᠯ ᠢ ᠠᠰᠢᠭᠯᠠ ᠬᠦᠴᠦᠯᠡᠬᠦ᠂ ᠠᠷᠪᠠᠨ | ᠬᠤᠷᠤᠭᠤ ᠪᠠᠷ ᠲᠡᠭᠦᠯᠳᠡᠷ ᠬᠤᠭᠤᠷ ᠬᠥᠭᠵᠢᠮᠳᠡᠬᠦ ᠶᠢ ᠰᠤᠷᠬᠤ ᠬᠡᠷᠡᠭᠲᠡᠶ᠃ ᠡᠭᠦᠨ ᠤ ᠬᠠᠮᠲᠤ᠂ ᠰᠡᠳᠬᠢᠯ ᠰᠢᠭᠤᠳᠤᠨ | ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ ᠳᠤ᠂ ᠪᠦᠬᠦ ᠬᠤᠲᠠ᠂ ᠪᠦᠬᠦ ᠣᠷᠣᠨ ᠤ | ᠬᠡᠪᠴᠢᠶᠡᠨ ᠳᠤ ᠶᠠᠭᠠᠬᠢᠭᠰᠠᠨ ᠴᠤ ᠬᠤᠶᠢᠰᠢᠯᠠᠭᠤᠯᠵᠤ ᠪᠣᠯᠬᠤ ᠦᠭᠡᠢ᠂ ᠬᠥᠭᠵᠢᠯᠲᠡ ᠶᠢᠨ ᠡᠷᠴᠢ ᠬᠦᠴᠦᠨ ᠢ ᠦᠨᠡᠨᠬᠦ | ᠴᠢᠩᠭᠠᠳᠬᠠᠬᠤ ᠬᠡᠷᠡᠭᠲᠡᠶ᠃ | ᠠᠵᠢᠯ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠪᠦᠬᠦ | ᠤᠯᠤᠰ᠂ ᠪᠦᠬᠦ ᠣᠷᠣᠨ᠂ ᠪᠦᠬᠦ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠪᠠ ᠬᠤᠰᠢᠭᠤᠨ ᠤ | ᠨᠠᠮ ᠤᠨ ᠬᠤᠷᠢᠶ᠎ᠠ ᠶᠢᠨ ᠳᠣᠯᠤᠳᠤᠭᠠᠷ ᠤᠳᠠᠭᠠᠨ ᠤ ᠰᠠᠨᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠴᠢᠨᠠᠷ | ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠪᠠᠷᠢᠮᠲᠠᠯᠠᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠯᠢᠪᠠ ᠠᠵᠢᠯ ᠳᠠᠬᠢ | ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠨᠡᠮᠡᠭᠳᠡᠯ ᠢ | ᠲᠣᠭᠲᠠᠪᠤᠷᠢᠵᠢᠭᠤᠯᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠵᠡᠷᠭᠡᠪᠡᠷ ᠴᠢᠬᠤᠯᠠᠴᠢᠯᠠᠬᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠵᠡᠷᠭᠡᠪᠡᠷ ᠴᠢᠬᠤᠯᠠᠴᠢᠯᠠᠬᠤ᠂ | ᠥᠭᠡᠷᠡᠴᠢᠯᠡᠯᠲᠡ ᠶᠢ ᠠᠬᠢᠭᠤᠯᠬᠤ ᠪᠠ ᠨᠡᠭᠡᠭᠡᠯᠲᠡ ᠶᠢ ᠠᠬᠢᠭᠤᠯᠵᠤ ᠬᠤᠯᠪᠣᠭᠠᠯᠠᠨ ᠬᠥᠳᠡᠯᠦᠯᠴᠡᠬᠦ᠂ ᠲᠥᠪᠯᠡᠷᠡᠭᠦᠯᠦᠨ | ᠪᠣᠭᠤᠮᠲᠠ ᠰᠢᠪᠲᠤᠯᠬᠤ ᠪᠠ ᠡᠯ᠎ᠡ ᠵᠦᠢᠯ ᠤᠨ ᠠᠵᠢᠯ ᠢ ᠬᠠᠮᠲᠤ ᠳᠤᠨᠢ ᠬᠠᠷᠠᠭᠠᠯᠵᠠᠬᠤ ᠶᠢ ᠪᠠᠷᠢᠮᠲᠠᠯᠠᠵᠤ᠂ ︽ᠲᠠᠪᠤᠨ | ᠰᠡᠳᠬᠢᠬᠦᠶ︾ ᠶᠢ ᠪᠣᠶ ᠪᠣᠯᠭᠠᠬᠤ ᠬᠡᠷᠡᠭᠲᠡᠢ᠃ ︽ᠲᠠᠪᠤ ᠶᠢ ᠪᠠᠷᠢᠮᠲᠠᠯᠠᠬᠤ︾ ᠶᠢ ᠡᠵᠡᠮᠳᠡᠵᠦ᠂ ︽ᠲᠠᠪᠤᠨ ᠣᠷᠣᠨ | ᠪᠠᠶᠢᠷᠢ︾ ᠳᠤ ᠴᠢᠭᠯᠡᠭᠦᠯᠦᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠰᠠᠭᠤᠷᠢ ᠶᠢ | ᠴᠢᠩᠭᠠᠳᠬᠠᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ | ᠰᠢᠢᠳᠪᠦᠷᠢᠯᠡᠭᠴᠢ ᠴᠢᠨᠠᠷᠲᠠᠶ ᠰᠠᠭᠤᠷᠢ ᠶᠢ ᠲᠠᠯᠪᠢᠨ ᠥᠭᠴᠦ᠂ ᠰᠢᠯᠢᠳᠡᠭ ᠬᠢᠷᠢ ᠪᠦᠲᠦᠮᠵᠢ ᠪᠠᠷ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠬᠡᠷᠡᠭᠲᠡᠶ᠃ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7 | % ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 11 % ᠠᠴᠠ ᠳᠡᠭᠡᠭᠰᠢ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ | ᠲᠥᠰᠦᠪ ᠤᠨ ᠣᠷᠣᠯᠭ᠎ᠠ ᠶᠢ 6 % ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠢ 8 | % ᠠᠴᠠ ᠳᠡᠭᠡᠭᠰᠢ ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠲᠣᠰᠪᠣᠷᠢ 8 % ᠪᠠ 9 % ᠠᠴᠠ ᠳᠡᠭᠡᠭᠰᠢ ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠳᠣᠣᠷᠠᠬᠢ ᠠᠷᠪᠠᠨ | ᠲᠠᠯ᠎ᠠ ᠶᠢ ᠰᠠᠶᠢᠲᠦᠷ ᠬᠢᠬᠦ ᠬᠡᠷᠡᠭᠲᠡᠢ | ︵ᠨᠢᠭᠡ︶ ᠦᠷᠭᠦᠯᠵᠢᠯᠡᠨ ᠬᠦᠴᠦᠯᠡᠨ ᠴᠢᠷᠮᠠᠶᠢᠵᠤ᠂ ᠭᠤᠷᠪᠠᠨ ᠶᠡᠭᠡ ᠰᠢᠪᠲᠤᠯᠤᠯᠲᠠ ᠶᠢᠨ | ᠳᠠᠶᠢᠯᠠᠯᠳᠤᠭᠠᠨ ᠢ ᠡᠷᠡᠰ ᠰᠠᠶᠢᠲᠤᠷ ᠬᠢᠵᠦ ᠢᠯᠠᠯᠲᠠ ᠣᠯᠬᠤ ᠬᠡᠷᠡᠭᠲᠡᠢ᠃ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠤ | ᠢᠯᠠᠯᠲᠠ ᠶᠢ ᠣᠯᠬᠤ ᠬᠡᠷᠡᠭᠲᠡᠢ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠬᠢᠨᠠᠨ | ᠡᠵᠡᠮᠳᠡᠬᠦ ᠶᠢ ᠴᠢᠩᠭᠠᠳᠬᠠᠵᠤ᠂ ᠤᠯᠤᠰ ᠤᠨ ᠥᠮᠴᠢᠯᠡᠯᠲᠡ ᠪᠡᠯᠡ ᠲᠣᠬᠢᠷᠠᠭᠤᠯᠭ᠎ᠠ ᠶᠢᠨ ᠲᠠᠪᠴᠠᠩ ᠢ | ᠵᠢᠷᠤᠮᠵᠢᠭᠤᠯᠤᠨ ᠡᠵᠡᠩᠨᠡᠵᠦ᠂ ᠥᠷᠢ ᠥᠭᠴᠡᠭᠡ ᠰᠢᠨ᠎ᠡ ᠪᠠᠷ ᠨᠡᠮᠡᠭᠳᠡᠬᠦ ᠶᠢ ᠴᠢᠩᠭ᠎ᠠ ᠬᠢᠵᠠᠭᠠᠷᠯᠠᠨ᠎ᠠ᠃ ᠤᠯᠤᠰ ᠤᠨ | ᠥᠮᠴᠢᠯᠡᠯᠲᠡ ᠡᠳ᠋ ᠬᠥᠷᠥᠩᠭᠡ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠰᠢᠨ᠎ᠡ ᠬᠡᠯᠪᠡᠷᠢ ᠶᠢᠨ ᠭᠠᠶᠢᠯᠢ ᠶᠢᠨ | ᠢᠷᠡᠯᠲᠡ ᠶᠢ ᠪᠤᠶᠢᠵᠢᠭᠤᠯᠤᠨ᠂ ᠭᠠᠶᠢᠯᠢ ᠲᠠᠲᠠᠪᠤᠷᠢ ᠶᠢᠨ ᠲᠠᠲᠠᠪᠤᠷᠢᠯᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠤᠯᠪᠣᠬᠤ ᠦᠯᠡᠳᠡᠪᠦᠷᠢ ᠶᠢᠨ | ᠭᠦᠢᠴᠡᠳᠬᠡᠯ ᠲᠤᠭ᠎ᠠ ᠶᠢ ᠮᠣᠵᠢ ᠠᠯᠤᠰᠯᠠᠨ ᠠᠷᠠᠯᠵᠢᠶᠠᠯᠠᠬᠤ ᠬᠤᠰᠢᠭᠤ ᠰᠢᠶᠠᠨ ᠪᠣᠯᠭᠠᠬᠤ ᠪᠠᠷ ᠴᠢᠷᠮᠠᠶᠢᠵᠤ᠂ ᠥᠷᠢ | ᠥᠭᠴᠡᠭᠡ ᠠᠷᠢᠯᠭᠠᠬᠤ ᠲᠣᠭᠲᠠᠴᠠ ᠶᠢᠨ ᠰᠢᠨ᠎ᠡ ᠶᠢ ᠡᠭᠦᠳᠴᠦ᠂ ᠤᠯᠤᠰ ᠤᠨ ᠥᠮᠴᠢᠯᠡᠯᠲᠡ ᠰᠤᠯᠠ ᠪᠠᠶᠢᠭ᠎ᠠ ᠡᠬᠢ | ᠪᠠᠶᠠᠯᠢᠭ ᠢ ᠠᠮᠢᠳᠤᠯᠢᠭ ᠪᠣᠯᠭᠠᠨ᠂ ᠲᠦᠯᠦᠪᠯᠡᠭᠡ ᠶᠣᠰᠤᠭᠠᠷ ᠥᠷᠢ ᠥᠭᠴᠡᠭᠡ ᠶᠢ ᠨᠠᠮᠳᠠᠭᠠᠬᠤ ᠶᠢ ᠪᠡᠶᠡᠯᠡᠭᠦᠯᠦᠨ᠎ᠡ᠃ | ᠲᠥᠰᠦᠪ ᠤᠨ ᠬᠢᠵᠠᠭᠠᠷᠯᠠᠯ ᠢ ᠴᠢᠩᠳᠠᠯᠠᠵᠤ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠡᠮᠬᠢ ᠵᠢᠷᠤᠮ ᠲᠠᠢ | ᠣᠷᠣᠯᠭ᠎ᠠ ᠵᠠᠷᠤᠯᠭ᠎ᠠ ᠶᠢ ᠪᠠᠲᠤᠯᠠᠨ᠎ᠠ᠃ ᠭᠤᠤᠯᠳᠠᠯᠭ᠎ᠠ ᠲᠠᠢ ᠬᠦᠷᠢᠶᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ | ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠬᠠᠤᠯᠢ ᠲᠣᠭᠲᠠᠭᠠᠯ ᠢ ᠵᠥᠷᠢᠴᠡᠭᠰᠡᠨ ᠮᠥᠩᠭᠦᠨ ᠭᠦᠢᠯᠭᠡᠭᠡᠨ ᠤ | ᠠᠵᠢᠯᠯᠠᠭ᠎ᠠ ᠪᠠ ᠵᠣᠷᠢᠭᠤᠳᠠ ᠪᠠᠷ ᠥᠷᠢ ᠥᠭᠴᠡᠭᠡ ᠠᠴᠠ ᠵᠠᠶᠢᠯᠠᠬᠤ ᠠᠵᠢᠯᠯᠠᠭ᠎ᠠ ᠳᠤ ᠪᠦᠲᠦᠮᠵᠢᠲᠡᠶ ᠴᠣᠬᠢᠯᠲᠠ | ᠥᠭᠭᠦᠨ᠎ᠡ᠃ ᠶᠠᠮᠠᠷᠪᠠ ᠳᠠᠯᠳᠠ ᠭᠡᠮ ᠢ ᠶᠠᠭᠠᠬᠢᠭᠰᠠᠨ ᠴᠤ ᠲᠠᠯᠪᠢᠵᠤ ᠪᠣᠯᠬᠤ ᠦᠭᠡᠢ᠂ ᠣᠷᠣᠨ ᠪᠦᠰᠡ ᠶᠢᠨ ᠴᠢᠨᠠᠷᠲᠠᠶ | ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ | ᠨᠠᠷᠢᠯᠢᠭ ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠳᠤ | ᠢᠯᠠᠯᠲᠠ ᠣᠯᠬᠤ ᠬᠡᠷᠡᠭᠲᠡᠢ᠃ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ | ᠲᠥᠷᠥᠯ ᠤᠨ ᠪᠡᠯᠡ ᠮᠥᠩᠭᠦ ᠶᠢ 6 ᠳ᠋ᠦᠩᠰᠢᠭᠤᠷ ᠲᠥᠭᠦᠷᠢᠭ ᠣᠷᠣᠭᠤᠯᠬᠤ ᠪᠠᠷ ᠲᠥᠯᠥᠪᠯᠡᠵᠦ᠂ ᠪᠡᠯᠡ ᠮᠥᠩᠭᠦ ᠶᠢᠨ | ᠲᠣᠬᠢᠷᠠᠭᠤᠯᠤᠯᠲᠠ ᠶᠢ ᠰᠠᠶᠢᠲᠤᠷ ᠬᠢᠵᠦ᠂ ᠪᠡᠯᠡ ᠮᠥᠩᠭᠦ ᠰᠠᠭᠠᠲᠠᠬᠤ ᠶᠢ ᠬᠤᠷᠢᠭᠯᠠᠨ᠎ᠠ᠃ ᠬᠤᠰᠢᠭᠤ ᠰᠢᠶᠠᠩ ᠬᠤᠶᠠᠷ | ᠱᠠᠲᠤᠨ ᠤ ᠲᠥᠷᠥᠯ ᠵᠦᠢᠯ ᠤᠨ ᠬᠥᠮᠥᠷᠭᠡ ᠶᠢ ᠲᠡᠭᠦᠯᠳᠡᠷᠵᠢᠭᠦᠯᠵᠦ᠂ ᠪᠡᠯᠡ ᠮᠥᠩᠭᠦ ᠶᠢᠨ ᠣᠷᠣᠭᠤᠯᠤᠯᠲᠠ ᠯᠤᠭ᠎ᠠ | ᠵᠣᠬᠢᠴᠠᠯᠳᠤᠭᠤᠯᠤᠨ᠂ ᠲᠥᠷᠥᠯ ᠵᠦᠢᠯ ᠳᠤ ᠠᠵᠢᠯᠯᠠᠬᠤ ᠴᠢᠨᠠᠷ ᠲᠠᠢ ᠪᠠᠶᠢᠵᠤ᠂ ᠦᠷ᠎ᠡ ᠠᠰᠢᠭ ᠲᠤ | ᠦᠷᠭᠦᠯᠵᠢᠯᠡᠬᠦᠶᠢᠴᠡ ᠴᠢᠨᠠᠷ ᠲᠠᠢ ᠪᠠᠶᠢᠬᠤ ᠶᠢ ᠦᠨᠡᠨᠬᠦ ᠪᠠᠲᠤᠯᠠᠨ᠎ᠠ᠃ ᠡᠳ᠋ ᠬᠥᠷᠥᠩᠭᠡ ᠶᠢᠨ ᠠᠰᠢᠭ ᠣᠯᠵᠠᠪᠤᠷᠢ ᠶᠢᠨ | ᠮᠥᠩᠭᠦ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠠᠴᠢᠯᠠᠵᠤ ᠲᠡᠳᠬᠦᠵᠦ | ᠬᠠᠮᠲᠤᠪᠠᠷ ᠲᠡᠳᠬᠦᠬᠦ ᠪᠠ ᠡᠳ᠋ ᠬᠥᠷᠥᠩᠭᠡ ᠶᠢᠨ ᠠᠰᠢᠭ ᠣᠯᠵᠠᠪᠤᠷᠢ ᠶᠢᠨ ︽ᠬᠤᠶᠠᠳᠠᠬᠢ ᠤᠳᠠᠭ᠎ᠠ ᠮᠤᠷᠦ᠋ᠢᠬᠤ︾ ᠶᠢ | ᠠᠬᠢᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ | ᠬᠥᠳᠡᠯᠮᠦᠷᠢᠯᠡᠬᠦ ᠦᠭᠡᠢ ᠪᠠᠷ ᠣᠯᠬᠤ ᠶᠢ ᠡᠷᠡᠰ ᠰᠡᠷᠭᠡᠶᠢᠯᠡᠨ᠎ᠡ᠃ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ | ᠪᠠᠲᠤᠯᠠᠬᠤ︾ ᠪᠠᠷᠢᠮᠵᠢᠶ᠎ᠠ ᠲᠠᠢ ᠬᠠᠷᠢᠴᠠᠭᠤᠯᠵᠤ᠂ ᠪᠠᠷᠢᠮᠵᠢᠶ᠎ᠠ ᠶᠢ ᠳᠣᠭᠲᠠᠪᠤᠷᠢᠵᠢᠭᠤᠯᠬᠤ ᠮᠥᠷᠲᠡᠭᠡᠨ ᠥᠨᠳᠥᠷ | ᠪᠠᠬ᠎ᠠ ᠶᠢ ᠲᠠᠲᠠᠬᠤ ᠥᠬᠡᠶ ᠪᠠᠶᠢᠵᠤ᠂ ᠶᠠᠳᠠᠭᠤ ᠬᠦᠴᠢᠷᠳᠡᠯᠳᠡᠢ ᠲᠣᠰᠬᠤᠨ ᠤ ᠵᠠᠮ ᠨᠡᠪᠲᠡᠷᠡᠬᠦ᠂ ᠬᠡᠷᠡᠭᠯᠡᠭᠡᠨ ᠤ | ᠤᠰᠤᠨ ᠤ ᠠᠮᠤᠷ ᠲᠦᠪᠰᠢᠨ᠂ ᠣᠷᠣᠨ ᠰᠠᠭᠤᠴᠠ ᠶᠢᠨ ᠠᠮᠤᠷ ᠲᠦᠪᠰᠢᠨ᠂ ᠰᠤᠷᠭᠠᠨ ᠬᠥᠮᠦᠵᠢᠯ ᠤᠨ ᠪᠠᠲᠤᠯᠠᠭ᠎ᠠ | ᠪᠠ ᠡᠮᠴᠢᠯᠡᠭᠡᠨ ᠤ ᠪᠠᠲᠤᠯᠠᠭ᠎ᠠ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠰᠢᠯᠭᠠᠨ ᠠᠪᠬᠤ | ᠱᠠᠭᠠᠷᠳᠠᠯᠭ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠲᠥᠪ ᠤᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠴᠢᠭ | ᠲᠣᠭᠲᠠᠭᠠᠨ ᠬᠠᠪᠰᠤᠷᠤᠨ ᠲᠡᠳᠬᠦᠬᠦ ᠪᠠ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠪᠰᠤᠷᠤᠨ | ᠲᠡᠳᠬᠦᠬᠦ ᠶᠢ ᠭᠦᠨᠵᠡᠭᠡᠶᠢᠷᠡᠭᠦᠯᠵᠦ᠂ ᠨᠠᠩ ᠣᠯᠠᠨ ᠲᠥᠷᠥᠯ ᠵᠦᠢᠯ ᠤᠨ ᠪᠡᠯᠡ ᠮᠥᠩᠭᠦ ᠶᠢᠨ ᠳᠡᠮᠵᠢᠯᠭᠡ ᠶᠢ | ᠣᠯᠬᠤ ᠪᠠᠷ ᠴᠢᠷᠮᠠᠶᠢᠨ᠎ᠠ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠳᠤᠲᠠᠭᠤᠳᠠᠯ ᠢ | ᠬᠦᠴᠦᠯᠡᠨ ᠨᠥᠬᠦᠪᠥᠷᠢᠯᠡᠵᠦ᠂ ᠡᠯ᠎ᠡ ᠱᠠᠲᠤᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠰᠢᠪᠠᠳᠠᠨ | ᠪᠠᠶᠢᠴᠠᠭᠠᠬᠤ ᠪᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠡᠰ ᠪᠡᠶᠡᠯᠡᠭᠦᠯᠵᠦ᠂ | ︽ᠠᠷᠪᠠᠨ ᠵᠦᠢᠯ ᠤᠨ ᠪᠦᠬᠦᠨ ᠢ ᠢᠯᠭᠠᠷᠠᠭᠤᠯᠤᠨ ᠪᠠᠷᠢᠮᠵᠢᠶ᠎ᠠ ᠳᠤ ᠬᠦᠷᠭᠡᠬᠦ︾ ᠲᠤᠰᠬᠠᠶ ᠠᠵᠢᠯᠯᠠᠭ᠎ᠠ ᠶᠢ | ᠯᠠᠪᠳᠠᠭᠤᠨ ᠪᠠᠲᠤᠲᠠᠶ ᠦᠷᠨᠢᠭᠦᠯᠦᠨ᠎ᠡ ﹇ᠲᠣᠳᠤᠷᠬᠠᠶᠢᠯᠠᠯᠲᠠ 17﹈ ᠃ ᠵᠢᠯ ᠤᠨ ᠳᠣᠲᠣᠷ᠎ᠠ 1.19 ᠲᠦᠮᠡᠨ | ᠬᠥᠮᠦᠨ ᠢ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠡᠶᠡᠯᠡᠭᠦᠯᠵᠦ᠂ 2.6 ᠲᠦᠮᠡᠨ ᠬᠥᠮᠦᠨ ᠢ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ︽ᠬᠤᠰᠢᠭᠤ ᠶᠢ ᠶᠠᠳᠠᠭᠤ ᠠᠴᠠ ᠠᠩᠭᠢᠵᠢᠷᠠᠭᠤᠯᠬᠤ᠂ | ᠬᠥᠮᠦᠨ ᠢ ᠶᠠᠳᠠᠭᠤ ᠠᠴᠠ ᠠᠩᠭᠢᠵᠢᠷᠠᠭᠤᠯᠬᠤ︾ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠣᠨ᠎ᠠ᠃ | ᠲᠣᠤᠷᠵᠢᠭᠤᠯᠤᠭᠰᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠠᠷᠠᠬᠠᠶ ᠪᠤᠲᠠᠷᠬᠠᠶ ᠪᠣᠬᠢᠷᠲᠤᠯ | ᠶᠡᠬᠡᠲᠡᠶ ᠠᠵᠤ ᠠᠬᠤᠶᠢᠯᠠᠯ ᠢ ᠢᠯᠭᠠᠷᠠᠭᠤᠯᠤᠨ ᠴᠡᠭᠴᠡᠯᠡᠨ᠎ᠡ᠃ ᠴᠡᠯᠮᠡᠭ ᠲᠩᠷᠢ ᠶᠢ ᠬᠠᠮᠠᠭᠠᠯᠠᠬᠤ ᠳᠠᠶᠢᠨ ᠢ | ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠬᠠᠶᠠᠭᠳᠠᠮᠠᠯ ᠬᠡᠢ ᠶᠢ ᠪᠠᠷᠢᠮᠵᠢᠶ᠎ᠠ ᠳᠤ ᠬᠦᠷᠦᠭᠦᠯᠦᠨ | ᠭᠠᠳᠠᠭᠰᠢᠯᠠᠭᠤᠯᠬᠤ ᠶᠢ ᠪᠠᠲᠤᠯᠠᠵᠤ᠂ ᠰᠢᠨ ᠬᠤᠢ ᠬᠤᠲᠠ ᠲᠣᠭᠤᠷᠢᠭ ᠤᠨ ᠰᠠᠭᠤᠭᠠᠯᠢ ᠠᠷᠠᠳ ᠤᠨ 1000 | ᠡᠷᠦᠬᠡ ᠶᠢᠨ ᠵᠤᠤᠬ᠎ᠠ ᠶᠢ ᠥᠭᠡᠷᠡᠴᠢᠯᠡᠨ᠎ᠡ᠃ ᠴᠡᠩᠭᠡᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠬᠡᠷᠡᠭᠵᠢᠭᠦᠯᠵᠦ᠂ | ᠭᠤᠷᠪᠠᠨ ᠱᠠᠲᠤᠨ ᠤ ᠭᠤᠤᠯ ᠮᠥᠷᠡᠨ ᠤ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠶ | ᠨᠠᠶᠢᠳᠠᠪᠤᠷᠢᠵᠢᠭᠤᠯᠵᠤ᠂ ᠭᠤᠤᠯ ᠮᠥᠷᠡᠨ ᠢ ᠬᠠᠶᠢᠨ ᠪᠠᠶᠢᠴᠠᠭᠠᠵᠤ ᠭᠤᠤᠯ ᠮᠥᠷᠡᠨ ᠢ ᠵᠠᠰᠠᠬᠤ ᠠᠵᠢᠯ ᠢ ᠯᠠᠪᠳᠠᠭᠤᠨ | ᠪᠠᠲᠤᠲᠠᠶ ᠥᠷᠨᠢᠭᠦᠯᠦᠨ᠎ᠡ᠃ ᠯᠤᠤᠬ᠎ᠠ ᠶᠢᠨ ᠭᠤᠤᠯ ᠤᠨ ᠠᠮᠢ ᠠᠬᠤᠢ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠤ | ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠢᠨ ᠬᠤᠢ ᠬᠤᠲᠠ | ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ | ᠢᠨᠵᠧᠨᠧᠷᠢᠩ ᠢ ᠬᠡᠷᠡᠭᠵᠢᠭᠦᠯᠵᠦ᠂ 5 ᠰᠢᠶᠠᠩ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠥᠷᠲᠡᠭᠡ ᠪᠠ ᠰᠢᠨ᠎ᠡ | ᠬᠥᠳᠡᠭᠡ ᠲᠣᠰᠬᠤᠨ ᠤ ᠪᠣᠬᠢᠷ ᠤᠰᠤ ᠰᠢᠢᠳᠪᠦᠷᠢᠯᠡᠬᠦ ᠵᠢᠱᠢᠶ᠎ᠡ ᠦᠵᠡᠭᠦᠯᠬᠦ ᠴᠢᠭ ᠢ ᠪᠠᠢᠭᠤᠯᠵᠤ᠂ ᠰᠢᠨ ᠬᠤᠢ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ | ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠬᠦᠷᠢᠶᠡᠯᠡᠩ ᠲᠣᠭᠤᠷᠢᠭ ᠤᠨ ᠬᠠᠲᠠᠭᠤ ᠪᠡᠶᠡᠲᠦ ᠬᠠᠶᠠᠭᠳᠠᠮᠠᠯ | ᠰᠢᠭᠠᠷᠤ ᠶᠢᠨ ᠲᠠᠯᠠᠪᠠᠢ᠂ ᠪᠣᠬᠢᠷ ᠤᠰᠤ ᠴᠤᠭᠯᠠᠭᠤᠯᠬᠤ ᠪᠠ ᠳᠤᠮᠳᠠ ᠵᠡᠷᠭᠡ ᠶᠢᠨ ᠤᠰᠤ ᠶᠢ ᠡᠭᠡᠭᠦᠯᠦᠨ ᠬᠡᠷᠡᠭᠯᠡᠬᠦ | ᠬᠤᠭᠤᠯᠠᠶ ᠶᠢᠨ ᠲᠣᠤᠷ ᠢ ᠪᠦᠲᠦᠭᠡᠨ ᠪᠠᠶᠢᠭᠤᠯᠵᠤ᠂ ᠲᠥᠪᠯᠡᠷᠡᠭᠦᠯᠦᠨ ᠢᠯᠴᠢ ᠬᠠᠩᠭᠠᠬᠤ᠂ ᠲᠥᠪᠯᠡᠷᠡᠭᠦᠯᠦᠨ ᠤᠰᠤ | ᠬᠠᠩᠭᠠᠬᠤ ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠠᠬᠤᠶᠢᠯᠠᠯ ᠢ ᠬᠠᠮᠤᠷᠬᠤ ᠶᠢ ᠶᠡᠬᠡᠪᠡᠷ ᠲᠦᠯᠬᠢᠨ | ᠠᠬᠢᠭᠤᠯᠤᠨ᠎ᠠ᠃ ᠰᠧ ᠵᠢᠶᠠ ᠽᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ | ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠲᠥᠪᠯᠡᠷᠡᠩᠭᠦᠶ ᠮᠠᠶ᠋ᠢᠭ ᠤᠨ | ᠬᠡᠷᠡᠭᠯᠡᠭᠡᠨ ᠤ ᠤᠰᠤᠨ ᠰᠤᠷᠪᠤᠯᠵᠢ ᠶᠢᠨ ᠭᠠᠵᠠᠷ ᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ᠃ ᠴᠡᠪᠡᠷ | ᠬᠥᠷᠥᠰᠥ ᠶᠢ ᠬᠠᠮᠠᠭᠠᠯᠠᠬᠤ ᠳᠠᠶᠢᠨ ᠢ ᠬᠡᠷᠡᠭᠵᠢᠭᠦᠯᠵᠦ᠂ ᠬᠦᠨᠳᠦ ᠲᠡᠮᠦᠷᠯᠢᠭ ᠤᠨ ᠠᠵᠤ ᠠᠬᠤᠶᠢᠯᠠᠯ ᠢ ᠴᠢᠩᠭ᠎ᠠ ᠬᠢᠨᠠᠨ | ᠬᠠᠮᠢᠶᠠᠷᠴᠤ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠪᠦᠬᠦ ᠲᠠᠯ᠎ᠠ ᠪᠠᠷ ᠬᠢᠨᠠᠨ ᠡᠵᠡᠮᠳᠡᠵᠦ᠂ ᠰᠦᠯᠢᠶᠣᠣ | ᠪᠦᠷᠬᠦᠪᠴᠢ ᠪᠠ ᠲᠠᠷᠢᠮᠠᠯ ᠤᠨ ᠡᠰᠢ ᠰᠦᠷᠡᠯ ᠢ ᠬᠤᠷᠢᠶᠠᠨ ᠠᠪᠴᠤ ᠠᠰᠢᠭᠯᠠᠨ᠎ᠠ᠃ ᠬᠥᠳᠡᠭᠡ ᠲᠣᠰᠬᠤᠨ ᠤ ᠮᠠᠯ | ᠵᠢᠭᠦᠷᠲᠡᠨ ᠤ ᠪᠠᠭᠠᠰᠤ ᠰᠢᠭᠡᠰᠦᠨ ᠤ ᠪᠣᠬᠢᠷᠲᠤᠯ ᠢ ᠰᠢᠢᠳᠪᠦᠷᠢᠯᠡᠬᠦ ᠢᠨᠵᠧᠨᠧᠷᠢᠩ ᠢ ᠡᠬᠢᠯᠡᠭᠦᠯᠵᠦ᠂ ᠮᠠᠯ ᠵᠢᠭᠦᠷᠲᠡᠨ ᠤ | ᠪᠠᠭᠠᠰᠤ ᠰᠢᠭᠡᠰᠦᠨ ᠤ ᠪᠣᠬᠢᠷᠲᠤᠯ ᠢ ᠪᠦᠲᠦᠮᠵᠢᠲᠡᠶ ᠠᠰᠢᠭᠯᠠᠵᠤ᠂ ᠬᠢᠮᠢ ᠶᠢᠨ ᠪᠣᠷᠳᠣᠭᠤᠷ᠂ ᠲᠠᠷᠢᠶᠠᠨ ᠡᠮ ᠤᠨ | ᠦᠷᠭᠦᠯᠵᠢᠯᠡᠨ ᠰᠥᠭᠡᠷᠭᠦ ᠨᠡᠮᠡᠭᠳᠡᠬᠦ ᠶᠢ ᠦᠨᠡᠨ ᠬᠦ ᠪᠠᠲᠤᠯᠠᠨ᠎ᠠ᠃ ᠳ᠋ᠠ ᠾᠧᠢ ᠱᠠᠨ ᠠᠭᠤᠯᠠ ᠶᠢᠨ ᠤᠯᠤᠰ ᠤᠨ | ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠠᠭᠠᠭ ᠱᠤᠭᠤᠮ ᠢ ᠬᠠᠶᠢᠨ ᠪᠠᠶᠢᠴᠠᠭᠠᠵᠤ ᠪᠠᠷᠢᠮᠵᠢᠶ᠎ᠠ | ᠲᠣᠭᠲᠠᠭᠠᠬᠤ ᠪᠠ ᠤᠷᠭᠤᠮᠠᠯ ᠤᠨ ᠪᠦᠷᠬᠦᠴᠡ ᠶᠢ ᠰᠡᠷᠭᠦᠭᠡᠬᠦ ᠠᠵᠢᠯ ᠢ ᠥᠷᠨᠢᠭᠦᠯᠵᠦ᠂ ᠪᠠᠷᠢᠯᠭ᠎ᠠ ᠶᠢᠨ ᠠᠵᠢᠯ ᠤᠨ | ᠡᠮᠬᠢ ᠵᠢᠷᠤᠮ ᠲᠠᠢ ᠪᠠᠷ ᠤᠬᠤᠷᠢᠨ ᠭᠠᠷᠬᠤ ᠶᠢ ᠲᠦᠯᠬᠢᠨ ᠠᠬᠢᠭᠤᠯᠤᠨ᠎ᠠ᠃ ᠴᠠᠭ ᠤᠨ ᠳᠠᠷᠠᠭᠠᠯᠠᠯ ᠶᠣᠰᠣᠭᠠᠷ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠵᠢᠴᠢ ︽ᠡᠷᠭᠢᠨ ᠬᠠᠷᠠᠬᠤ︾ | ᠪᠠ ︽ᠨᠣᠭᠤᠭᠠᠨ ᠪᠠᠮᠪᠠᠢ 2018︾ ᠶᠢ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠪᠡᠶᠡᠯᠡᠭᠦᠯᠵᠦ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠶᠢ ᠤᠭᠲᠤᠬᠤ ᠠᠵᠢᠯ ᠢ ᠰᠠᠶᠢᠲᠤᠷ ᠬᠢᠨ᠎ᠡ᠃ | ︵ᠬᠤᠶᠠᠷ︶ ᠲᠣᠬᠠᠢ ᠭᠠᠵᠠᠷ ᠲᠤᠨᠢ ᠲᠤᠬᠢᠷᠠᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠎ᠡ | ᠥᠨᠳᠥᠷ ᠡᠬᠢᠯᠡᠯᠲᠡ ᠪᠠᠷ ᠨᠢᠭᠡ ᠪᠦᠯᠦᠭ ᠲᠦᠯᠦᠪᠵᠢᠭᠦᠯᠭᠡ ᠵᠣᠬᠢᠶᠠᠨ᠎ᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠲᠤᠷᠰᠢᠯᠭ᠎ᠠ ᠶᠢ ᠳ᠋ᠦᠩᠨᠡᠵᠦ᠂ ᠲᠡᠷᠢᠭᠦᠨ ᠤ | ᠭᠠᠵᠠᠷ ᠣᠷᠣᠨ ᠤ ᠠᠮᠵᠢᠯᠲᠠ ᠲᠠᠢ ᠬᠡᠷᠡᠭ ᠵᠢᠱᠢᠶ᠎ᠡ ᠪᠠᠷ ᠲᠣᠯᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠡᠷᠦᠩᠬᠡᠶ ᠲᠦᠯᠦᠪᠵᠢᠭᠦᠯᠭᠡ ᠪᠣᠯᠤᠨ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠣᠬᠢᠶᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠵᠢᠷᠤᠮᠯᠠᠬᠤ ᠳᠦᠷᠢᠮ ᠲᠠᠢ ᠪᠠᠶᠢᠬᠤ ᠶᠢ ᠦᠨᠡᠨᠬᠦ ᠪᠠᠲᠤᠯᠠᠨ᠎ᠠ᠃ | ᠬᠤᠶᠠᠷ ᠵᠢᠭᠠᠨ ᠰᠤᠷᠭᠠᠬᠤ ᠭᠠᠵᠠᠷ ᠢ ᠦᠨᠳᠦᠷ ᠪᠠᠷᠢᠮᠵᠢᠶ᠎ᠠ ᠪᠠᠷ ᠰᠠᠶᠢᠲᠤᠷ ᠡᠷᠬᠢᠯᠡᠬᠦ ᠬᠡᠷᠡᠭᠲᠡᠶ᠃ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠵᠢᠭᠠᠨ ᠰᠤᠷᠭᠠᠬᠤ ᠭᠠᠵᠠᠷ ᠤᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ | ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠭᠠᠨ ᠰᠤᠷᠭᠠᠬᠤ ᠭᠠᠵᠠᠷ ᠢ ᠪᠠᠶᠢᠭᠤᠯᠵᠤ᠂ ︽ᠭᠤᠷᠪᠠ ᠶᠢ | ᠵᠠᠰᠠᠬᠤ ᠶᠢ ᠠᠭᠤᠰᠤᠯᠴᠠᠭᠤᠯᠬᠤ︾ ᠬᠥᠳᠡᠭᠡ ᠲᠣᠰᠬᠤᠨ ᠢ ᠵᠠᠰᠠᠬᠤ ᠵᠠᠭᠪᠤᠷ ᠢ ᠦᠷᠭᠦᠯᠵᠢᠯᠡᠨ ᠬᠡᠷᠡᠭᠵᠢᠭᠦᠯᠵᠦ᠂ | ᠮᠠᠯᠴᠢᠨ ᠲᠠᠷᠢᠶᠠᠴᠢᠨ ᠤ ᠦᠵᠡᠯ ᠰᠠᠨᠠᠭᠠᠨ ᠤ ᠬᠥᠮᠦᠵᠢᠯ ᠤᠨ ᠠᠵᠢᠯ ᠢ ᠴᠢᠬᠤᠯᠠᠴᠢᠯᠠᠨ ᠰᠠᠶᠢᠲᠤᠷ ᠠᠳᠬᠤᠵᠤ᠂ | ᠨᠠᠰᠤᠲᠠᠶᠢᠴᠤᠳ ᠢ ᠠᠰᠠᠷᠠᠨ ᠲᠡᠵᠢᠭᠡᠬᠦ ᠥᠬᠡᠶ᠂ ᠬᠥᠷᠰᠢ ᠵᠡᠷᠭᠡᠯᠡᠳᠡᠭᠡ ᠨᠥᠬᠦᠷᠰᠡᠭ ᠪᠤᠰᠤ ᠪᠠᠶᠢᠬᠤ᠂ | ᠬᠦᠳᠡᠯᠮᠦᠷᠢᠯᠡᠬᠦ ᠳᠤᠷ᠎ᠠ ᠥᠬᠡᠶ ᠪᠠᠶᠢᠬᠤ᠂ ᠡᠭᠦᠷᠭᠡ ᠡᠭᠦᠷᠭᠡᠯᠡᠬᠦ ᠥᠬᠡᠶ ᠪᠠᠶᠢᠬᠤ ᠵᠡᠷᠭᠡᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠬᠥᠳᠡᠭᠡ ᠲᠣᠰᠬᠤᠨ ᠢ ᠢᠳᠡᠪᠬᠢ ᠬᠦᠴᠦᠨ ᠢᠶᠠᠷ ᠪᠢᠯᠬᠠᠮ᠎ᠠ ᠪᠣᠯᠭᠠᠨ᠎ᠠ ᠃ | ᠭᠤᠷᠪᠠᠨ ᠵᠢᠱᠢᠶ᠎ᠡ ᠦᠵᠡᠭᠦᠯᠬᠦ ᠪᠦᠰᠡ ᠶᠢ ᠥᠨᠳᠥᠷ ᠪᠠᠷᠢᠮᠵᠢᠶ᠎ᠠ ᠪᠠᠷ ᠪᠠᠶᠢᠭᠤᠯᠤᠨ᠎ᠠ᠃ ᠨᠢᠭᠡᠳᠦᠭᠡᠷ | ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠪᠠᠷ ᠬᠠᠷᠠᠯᠲᠠ ᠪᠣᠯᠭᠠᠵᠤ᠂ | ᠤᠯᠤᠰ ᠤᠨ ᠵᠠᠮ 111 ᠱᠤᠭᠤᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ | ᠵᠢᠱᠢᠶ᠎ᠡ ᠦᠵᠡᠭᠦᠯᠬᠦ ᠪᠦᠰᠡ ᠶᠢ ᠦᠷᠭᠦᠯᠵᠢᠯᠡᠨ ᠪᠠᠶᠢᠭᠤᠯᠵᠤ᠂ ᠮᠤᠵᠢ ᠶᠢᠨ ᠵᠠᠮ 210 ᠱᠤᠭᠤᠮ ᠳᠠᠭᠠᠤ᠂ | ᠤᠯᠤᠰ ᠤᠨ ᠵᠠᠮ 305 ᠱᠤᠭᠤᠮ ᠳᠠᠭᠠᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ | ᠵᠢᠱᠢᠶ᠎ᠡ ᠦᠵᠡᠭᠦᠯᠬᠦ ᠪᠦᠰᠡ ᠶᠢ ᠵᠡᠷᠭᠡᠪᠡᠷ ᠲᠥᠯᠥᠪᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠪᠠ ᠬᠥᠮᠦᠰ ᠤᠨ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠬᠡᠷᠡᠭᠵᠢᠭᠦᠯᠵᠦ᠂ ᠬᠤᠭ ᠨᠣᠪᠰᠢ ᠶᠢ | ᠰᠢᠢᠳᠪᠦᠷᠢᠯᠡᠬᠦ ᠶᠢ ᠵᠠᠬ᠎ᠠ ᠳᠡᠯᠭᠡᠭᠦᠷᠴᠢᠯᠡᠨ ᠡᠵᠡᠩᠨᠡᠬᠦ ᠶᠢ ᠪᠡᠶᠡᠯᠡᠭᠦᠯᠵᠦ᠂ ︽ᠡᠷᠦᠬᠡ ᠲᠥᠷᠥᠯ ᠬᠤᠪᠢᠶᠠᠬᠤ᠂ | ᠲᠣᠰᠬᠤᠨ ᠴᠤᠭᠯᠠᠭᠤᠯᠬᠤ᠂ ᠰᠢᠶᠠᠩ ᠵᠥᠭᠡᠭᠡᠪᠦᠷᠢᠯᠡᠬᠦ᠂ ᠬᠤᠰᠢᠭᠤ ᠰᠢᠢᠳᠪᠦᠷᠢᠯᠡᠬᠦ︾ ᠠᠵᠢᠯᠯᠠᠭᠠᠨ ᠤ ᠵᠠᠭᠪᠤᠷ ᠢ | ᠠᠯᠬᠤᠮ ᠠᠯᠬᠤᠮ ᠢᠶᠠᠷ ᠪᠠᠶᠢᠭᠤᠯᠤᠨ᠎ᠠ᠃ | ᠳᠥᠷᠪᠡᠨ ᠲᠠᠪᠴᠠᠩ ᠢ ᠥᠨᠳᠥᠷ ᠪᠠᠷᠢᠮᠵᠢᠶ᠎ᠠ ᠪᠠᠷ ᠪᠠᠶᠢᠭᠤᠯᠤᠨ᠎ᠠ᠃ ᠪᠥᠬᠦ ᠬᠤᠰᠢᠭᠤᠨ ᠤ ᠲᠠᠷᠢᠶᠠᠯᠠᠩ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠮᠠᠯᠴᠢᠨ ᠲᠠᠷᠢᠶᠠᠴᠢᠨ ᠤ ᠵᠣᠬᠢᠶᠠᠨ ᠪᠠᠶᠢᠭᠤᠯᠤᠯᠴᠠᠬᠤ | ᠬᠡᠮᠵᠢᠶ᠎ᠡ ᠶᠢ ᠳᠡᠭᠡᠭᠰᠢᠯᠡᠭᠦᠯᠦᠨ᠂ ᠭᠠᠵᠠᠷ ᠰᠢᠷᠣᠶ ᠶᠢ ᠰᠢᠯᠵᠢᠭᠦᠯᠬᠦ ᠡᠮᠬᠢ ᠳᠢᠭᠯᠢᠮ ᠢ ᠵᠢᠷᠤᠮᠵᠢᠭᠤᠯᠵᠤ᠂ | ᠦᠢᠯᠡᠳᠪᠦᠷᠢᠯᠡᠯ ᠤᠨ ᠬᠡᠷᠡᠭᠰᠡᠯ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠮᠡᠳᠡᠭᠡ ᠵᠠᠩᠭᠢ ᠶᠢ | ᠲᠡᠭᠦᠯᠳᠡᠷᠵᠢᠭᠦᠯᠦᠨ᠂ ᠡᠯ᠎ᠡ ᠲᠥᠷᠥᠯ ᠤᠨ ᠬᠤᠷᠰᠢᠭᠰᠠᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ | ᠭᠦᠢᠴᠡᠳ ᠪᠠᠳᠠᠷᠠᠭᠤᠯᠬᠤ ᠶᠢ ᠳᠠᠶᠢᠴᠢᠯᠠᠨ᠎ᠠ᠃ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠠᠪᠴᠠᠩ ᠢ | ᠪᠠᠶᠢᠭᠤᠯᠵᠤ᠂ ︽ᠤᠶᠤᠨᠲᠤ ᠰᠢᠶᠠᠨ ᠤ ᠬᠡᠪᠴᠢᠶ᠎ᠡ + ᠮᠥᠩᠭᠦᠨ ᠭᠦᠢᠯᠭᠡᠭᠡᠨ ᠤ ᠠᠰᠢᠭ ᠢ ᠲᠥᠭᠡᠮᠡᠯᠵᠢᠭᠦᠯᠬᠦ︾ ﹇ | ᠲᠣᠳᠤᠷᠬᠠᠶᠢᠯᠠᠯᠲᠠ 18﹈ ᠲᠥᠷᠥᠯ ᠵᠦᠢᠯ ᠢ ᠬᠡᠷᠡᠭᠵᠢᠭᠦᠯᠵᠦ᠂ ᠣᠯᠠᠨ ᠲᠦᠮᠡᠨ ᠳᠤ ᠳᠦᠭᠦᠮ ᠲᠦᠷᠭᠡᠨ ᠪᠡᠯᠡ | ᠲᠣᠬᠢᠷᠠᠭᠤᠯᠭ᠎ᠠ ᠶᠢᠨ ᠦᠢᠯᠡᠴᠢᠯᠡᠭᠡ ᠬᠠᠩᠭᠠᠨ᠎ᠠ᠃ ᠪᠦᠬᠦ ᠬᠤᠰᠢᠭᠤᠨ ᠤ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠲᠣᠣᠷ ᠰᠦᠯᠵᠢᠶᠡᠨ ᠤ | ᠺᠣᠮᠫᠠᠨᠢ ᠲᠠᠢ ᠬᠠᠮᠲᠤᠷᠠᠨ ᠠᠵᠢᠯᠯᠠᠵᠤ᠂ ︽ᠤᠶᠤᠨᠲᠤ ᠠᠤᠬᠠᠨ︾ ᠢᠨᠵᠧᠨᠧᠷᠢᠩ ᠢ ᠪᠦᠲᠦᠭᠡᠨ ᠪᠠᠶᠢᠭᠤᠯᠤᠨ᠎ᠠ᠃ | ᠪᠦᠬᠦ ᠤᠯᠤᠰ ᠲᠤ ᠬᠠᠨᠲᠤᠭᠤᠯᠤᠭᠰᠠᠨ ᠺᠠᠳ᠋ᠷ ᠤᠨ ᠪᠣᠯᠪᠠᠰᠤᠷᠠᠯ ᠤᠨ ᠳᠠᠪᠴᠠᠩ ᠢ ᠪᠠᠶᠢᠭᠤᠯᠵᠤ᠂ ᠠᠤᠬᠠᠨ ᠤ | ᠺᠠᠳ᠋ᠷ ᠤᠨ ᠳᠡᠭᠡᠲᠦ ᠰᠤᠷᠭᠠᠭᠤᠯᠢ ᠶᠢ ᠳᠣᠭᠲᠠᠭᠰᠠᠨ ᠴᠠᠭ ᠲᠠᠭᠠᠨ ᠰᠤᠷᠤᠯᠭ᠎ᠠ ᠡᠬᠢᠯᠡᠬᠦ ᠶᠢ ᠪᠦᠬᠦ ᠬᠦᠴᠦᠨ ᠢᠶᠠᠷ | ᠠᠬᠢᠭᠤᠯᠵᠤ᠂ ᠪᠥᠬᠦ ᠬᠤᠰᠢᠭᠤᠨ ᠤ ᠬᠡᠳᠦᠨ ᠠᠷᠪᠠᠨ ᠵᠢᠯ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ | ᠲᠡᠤᠬᠡᠨ ᠶᠠᠪᠤᠴᠠ ᠶᠢ ᠳᠡᠯᠭᠡᠨ ᠦᠵᠡᠭᠦᠯᠵᠦ᠂ ︽ᠬᠢᠬᠦ ᠥᠬᠡᠶ ᠪᠣᠯ ᠪᠣᠯᠬᠤ ᠥᠬᠡᠶ᠂ ᠬᠢᠪᠡᠯ ᠰᠠᠶᠢᠨ ᠬᠢᠬᠦ︾ | ᠠᠤᠬᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ | ︵ᠭᠤᠷᠪᠠ︶ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠡᠷᠡᠰ ᠭᠤᠶᠢᠪᠢᠰᠢ ᠦᠭᠡᠢ ᠪᠠᠷ ᠪᠦᠬᠦ | ᠬᠦᠴᠦᠨ ᠢᠶᠠᠷ ᠠᠬᠢᠭᠤᠯᠤᠨ᠎ᠠ᠃ | ᠨᠡᠷᠡᠲᠦ ᠲᠥᠷᠥᠯ ᠤᠨ ᠲᠡᠮᠳᠡᠭᠲᠦ ᠶᠢ ᠨᠠᠷᠢᠯᠢᠭ ᠬᠢᠵᠦ᠂ ᠲᠠᠷᠢᠶᠠᠯᠠᠩ ᠮᠠᠯ ᠠᠵᠤ ᠠᠬᠤᠢ ᠶᠢᠨ | ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠶᠠᠰᠤ ᠴᠢᠨᠠᠷ ᠤᠨ ᠲᠠᠷᠢᠶᠠᠯᠠᠩ ᠢ ᠬᠥᠭᠵᠢᠭᠦᠯᠬᠦ᠂ | ᠪᠣᠬᠢᠷᠲᠤᠯ ᠦᠭᠡᠢ ᠪᠠᠷ ᠲᠠᠷᠢᠶᠠᠯᠠᠩ ᠢ ᠬᠥᠭᠵᠢᠭᠦᠯᠬᠦ ᠶᠢ ᠪᠠᠷᠢᠮᠲᠠᠯᠠᠨ᠂ ᠠᠮᠤ ᠪᠤᠳᠠᠭᠠᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠤᠯᠤᠰ ᠤᠨ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ︾ ︽ᠤᠯᠤᠰ ᠤᠨ ᠲᠡᠰ ᠤᠨ ᠦᠷ᠎ᠡ ᠶᠢᠨ | ᠢᠨᠵᠧᠨᠧᠷᠢᠩ ᠤᠨ ᠵᠢᠱᠢᠶ᠎ᠡ ᠦᠵᠡᠭᠦᠯᠬᠦ ᠰᠢᠶᠠᠨ︾ ᠪᠠ ︽ᠤᠯᠤᠰ ᠤᠨ ᠣᠷᠭᠠᠨᠢᠭ ᠪᠦᠲᠦᠭᠡᠭᠳᠡᠬᠦᠨ ᠤ | ᠭᠡᠷᠡᠴᠢᠯᠡᠯ ᠤᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠬᠤ ᠣᠷᠣᠨ︾ ᠢ ᠪᠦᠬᠦ ᠬᠦᠴᠦᠨ ᠢᠶᠠᠷ ᠢᠶᠠᠨ ᠡᠭᠦᠳᠦᠨ | ᠪᠠᠶᠢᠭᠤᠯᠤᠨ᠎ᠠ᠃ ᠲᠠᠷᠢᠮᠠᠯ ᠤᠨ ᠦᠢᠯᠡᠰ ᠲᠤ ︽ᠬᠤᠶᠠᠷ ᠢ ᠪᠠᠭᠠᠰᠬᠠᠵᠤ ᠬᠤᠶᠠᠷ ᠢ ᠨᠡᠮᠡᠭᠳᠡᠭᠦᠯᠬᠦ︾ ᠪᠠᠶᠢᠯᠳᠤᠬᠤ | ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ 400 ᠲᠦᠮᠡᠨ ᠮᠤ᠋ ᠲᠠᠷᠢᠮᠠᠯ ᠲᠠᠷᠢᠵᠤ᠂ ᠡᠷᠳᠡᠨᠢ ᠰᠢᠰᠢ᠂ ᠰᠢᠰᠢ ᠶᠢ | 10 ᠲᠦᠮᠡᠨ ᠮᠤ᠋ ᠪᠠᠭᠠᠰᠬᠠᠵᠤ᠂ ᠡᠯᠳᠡᠪ ᠠᠮᠤ ᠡᠯᠳᠡᠪ ᠪᠤᠷᠴᠠᠭ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ | 50 ᠲᠦᠮᠡᠨ ᠮᠤ᠋ ᠠᠵᠤ ᠠᠬᠤᠢ ᠶᠢᠨ ᠲᠠᠷᠢᠮᠠᠯ ᠲᠠᠷᠢᠨ᠎ᠠ᠃ ᠨᠠᠷᠢᠮᠤ ᠶᠢᠨ ᠲᠠᠷᠢᠮᠠᠯ ᠢ 90 ᠲᠦᠮᠡᠨ ᠮᠦ ᠠᠴᠠ | ᠳᠡᠭᠡᠭᠰᠢ ᠪᠠᠶᠢᠯᠭᠠᠬᠤ ᠶᠢ ᠪᠠᠲᠤᠯᠠᠵᠤ᠂ ᠠᠤᠬᠠᠨ ᠨᠠᠷᠢᠮᠤ ᠶᠢᠨ ᠨᠡᠷᠡᠲᠦ ᠲᠡᠮᠲᠡᠭᠲᠦ ᠪᠠ ᠣᠷᠭᠠᠨᠢᠭ ᠰᠢᠰᠲ᠋ᠧᠮ ᠤᠨ | ᠪᠠᠶᠢᠭᠤᠯᠤᠯᠲᠠ ᠶᠢ ᠠᠬᠢᠭᠤᠯᠵᠤ᠂ ᠠᠤᠬᠠᠨ ᠨᠠᠷᠢᠮᠤ ᠶᠢᠨ ᠵᠠᠷ ᠮᠡᠳᠡᠭᠡ ᠶᠢ ᠲᠥᠪ ᠲᠧᠯᠸᠢᠰ ᠳᠡᠭᠡᠷ᠎ᠡ ᠨᠡᠪᠲᠡᠷᠡᠭᠦᠯᠬᠦ ᠶᠢ | ᠬᠦᠴᠦᠯᠡᠨ ᠠᠬᠢᠭᠤᠯᠤᠨ᠎ᠠ᠃ ᠲᠠᠷᠢᠮᠠᠯ ᠲᠠᠷᠢᠬᠤ ᠲᠠᠯᠠᠪᠠᠢ ᠶᠢ ᠨᠡᠮᠡᠭᠳᠡᠭᠦᠯᠵᠦ᠂ ᠪᠡᠯᠡᠳᠬᠡᠮᠵᠢᠲᠦ ᠲᠠᠷᠢᠶᠠᠯᠠᠩ ᠢ | ᠲᠡᠳᠬᠦᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠤᠯᠠᠮᠵᠢᠯᠠᠯᠲᠤ ᠲᠠᠷᠢᠮᠠᠯ ᠤᠨ ᠲᠥᠷᠥᠯ ᠵᠦᠢᠯ ᠤᠨ ᠬᠠᠮᠠᠭᠠᠯᠠᠬᠤ | ᠠᠵᠢᠯ ᠢ ᠰᠠᠶᠢᠲᠤᠷ ᠬᠢᠵᠦ᠂ ᠰᠠᠨᠰᠠᠷ ᠤᠨ ᠰᠢᠨ᠎ᠡ ᠲᠥᠷᠥᠯ ᠵᠦᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠶᠢ | ᠬᠡᠷᠡᠭᠵᠢᠭᠦᠯᠦᠨ᠎ᠡ᠃ ᠲᠡᠵᠢᠭᠡᠨ ᠤᠷᠭᠤᠭᠤᠯᠬᠤ ᠦᠢᠯᠡᠰ ᠲᠤ ︽ᠨᠢᠭᠡ ᠶᠢ ᠪᠠᠭᠠᠰᠬᠠᠵᠤ ᠭᠤᠷᠪᠠ ᠶᠢ ᠨᠡᠮᠡᠭᠳᠡᠭᠦᠯᠬᠦ︾ | ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ 20 ᠲᠦᠮᠡᠨ ᠬᠤᠨᠢ ᠶᠢ ᠰᠢᠭᠰᠢᠭᠳᠡᠭᠦᠯᠦᠨ᠂ ᠳ᠋ᠦ᠋ ᠬᠠᠨ | ᠰᠢᠯᠢᠳᠡᠭ ᠡᠭᠦᠯᠳᠡᠷ ᠤᠨ ᠮᠢᠬᠠᠨ ᠤ ᠬᠤᠨᠢ 20 ᠲᠦᠮᠡ᠂ ᠭᠠᠭ᠋ᠠᠢ 30 ᠲᠦᠮᠡ᠂ ᠡᠯᠵᠢᠭᠡ 3 ᠲᠦᠮᠡ ᠨᠡᠮᠡᠭᠳᠡᠭᠦᠯᠵᠦ | ᠂ ᠮᠢᠬᠠᠨ ᠤ ᠦᠬᠡᠷ ᠤᠨ ᠲᠤᠭ᠎ᠠ ᠶᠢ ᠲᠣᠭᠲᠠᠭᠤᠨ ᠢᠶᠠᠷ ᠥᠷᠭᠡᠳᠬᠡᠨ᠎ᠡ᠃ ᠮᠠᠯ ᠠᠵᠤ ᠠᠬᠤᠢ ᠵᠢᠯ ᠳᠤ 320 | ᠲᠦᠮᠡᠨ ᠲᠣᠯᠣᠭᠠᠢ ᠂ 400 ᠲᠦᠮᠡᠨ ᠲᠣᠯᠣᠭᠠᠢ ᠶᠢ ᠪᠣᠷᠤᠯᠠᠭᠤᠯᠬᠤ ᠪᠠᠷ ᠲᠥᠯᠥᠪᠯᠡᠪᠡ᠃ ᠰᠠᠶᠢᠨ ᠡᠭᠦᠯᠳᠡᠷ ᠢ | ᠦᠷᠡᠵᠢᠭᠦᠯᠦᠨ ᠳᠡᠯᠭᠡᠷᠡᠭᠦᠯᠬᠦ ᠲᠥᠪ ᠲᠤ ᠲᠦᠰᠢᠭᠯᠡᠨ᠂ ᠡᠯᠵᠢᠭᠡ᠂ ᠠᠯᠠᠰᠢᠨ ᠬᠤᠨᠢ᠂ ᠾᠧ ᠦᠬᠡᠷ᠂ ᠵᠤᠤ ᠤᠳᠠ | ᠠᠯᠠᠰᠢᠨ ᠦᠬᠡᠷ ᠤᠨ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠰᠠᠭᠠᠯᠢ ᠶᠢᠨ | ᠢᠮᠠᠭ᠎ᠠ᠂ ᠰᠠᠭᠠᠯᠢ ᠶᠢᠨ ᠬᠤᠨᠢᠨ ᠤ ᠡᠭᠦᠯᠳᠡᠷ ᠤᠨ ᠢᠷᠡᠯᠲᠡ ᠶᠢ ᠪᠤᠶᠢᠵᠢᠭᠤᠯᠬᠤ ᠢᠨᠵᠧᠨᠧᠷᠢᠩ ᠢ ᠬᠡᠷᠡᠭᠵᠢᠭᠦᠯᠦᠨ᠂ ︽ | ᠠᠤᠬᠠᠨ ᠡᠯᠵᠢᠭᠡ︾᠂ ︽ᠣᠪᠣᠤ ᠬᠤᠨᠢ︾ ᠶᠢᠨ ᠨᠡᠷᠡᠲᠦ ᠲᠥᠷᠥᠯ ᠤᠨ ᠲᠡᠮᠳᠡᠭᠲᠦ ᠶᠢ ᠡᠭᠦᠳᠦᠨ ᠪᠠᠶᠢᠭᠤᠯᠬᠤ | ᠠᠵᠢᠯ ᠢ ᠡᠬᠢᠯᠡᠭᠦᠯᠦᠨ᠎ᠡ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠲᠡᠳᠬᠦᠨ | ᠪᠤᠵᠠᠭᠠᠶᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠯᠲᠡ ᠶᠢᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠮᠠᠯᠴᠢᠨ ᠲᠠᠷᠢᠶᠠᠴᠢᠨ ᠤ ᠠᠰᠢᠭ | ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠲᠠᠷᠢᠶᠠᠯᠠᠩ ᠮᠠᠯ ᠠᠵᠤ ᠠᠬᠤᠶ +︾ ᠵᠠᠭᠪᠤᠷ | ᠢᠠᠪᠴᠤ᠂ ︽ᠲᠠᠷᠢᠬᠤ ᠲᠡᠵᠢᠭᠡᠬᠦ ᠪᠣᠯᠪᠠᠰᠤᠷᠠᠭᠤᠯᠬᠤ ᠮᠠᠯᠵᠢᠬᠤ ᠠᠵᠤ ᠦᠢᠯᠡᠳᠪᠦᠷᠢ ᠲᠠᠷᠢᠶᠠᠯᠠᠩ︾ ᠢ ᠨᠢᠭᠡ | ᠴᠣᠭᠴᠠᠵᠢᠭᠤᠯᠤᠭᠰᠠᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠤᠨ᠎ᠠ᠃ | ᠶᠡᠷᠥᠩᠬᠡᠢ ᠬᠡᠮᠵᠢᠶ᠎ᠡ ᠶᠢ ᠶᠡᠬᠡᠰᠬᠡᠵᠦ᠂ ᠠᠵᠤ ᠦᠢᠯᠡᠳᠪᠦᠷᠢ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ | ᠨᠠᠶᠢᠳᠠᠪᠤᠷᠢᠵᠢᠭᠤᠯᠤᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠪᠠᠷ ᠬᠤᠷᠢᠭ᠎ᠠ ᠱᠤᠭᠤᠮ ᠪᠣᠯᠭᠠᠵᠤ᠂ ᠠᠮᠤᠷ | ᠲᠦᠪᠰᠢᠨ ᠢᠶᠠᠷ ᠰᠠᠭᠤᠷᠢ ᠪᠣᠯᠭᠠᠵᠤ᠂ ᠪᠦᠲᠦᠴᠡ ᠶᠢ ᠲᠣᠬᠢᠷᠠᠭᠤᠯᠵᠤ᠂ ᠳᠡᠰ ᠳᠡᠪᠰᠢᠬᠦ ᠶᠢ ᠠᠬᠢᠭᠤᠯᠤᠨ᠎ᠠ᠃ | ᠳᠥᠷᠪᠡᠨ ︽ᠵᠠᠭᠤᠨ ᠳ᠋ᠦᠩᠰᠢᠭᠤᠷ ᠲᠥᠭᠦᠷᠢᠭ︾ ᠤᠨ ᠠᠵᠤ ᠦᠢᠯᠡᠰ ᠲᠤ ᠲᠦᠰᠢᠭᠯᠡᠨ᠂ ᠪᠡᠯᠡ ᠮᠥᠩᠭᠦ ᠶᠢᠨ | ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠨᠠᠷᠢᠮᠤ ᠶᠢᠨ ᠠᠵᠤ ᠦᠢᠯᠡᠰ ᠤᠨ ᠬᠦᠷᠢᠶᠡᠯᠡᠩ᠂ | ᠪᠡᠭᠡᠵᠢᠩ ᠤᠨ ᠷᠦᠩ ᠧᠨ G ᠢᠰᠭᠡᠭᠴᠢ ᠮᠥᠭᠦ ᠶᠢᠨ ᠡᠮ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠪᠴᠢᠶ᠎ᠡ ᠶᠢ ᠦᠷᠭᠦᠯᠵᠢᠯᠡᠨ | ᠥᠷᠭᠡᠳᠬᠡᠨ᠎ᠡ᠃ ᠳᠡᠭᠡᠲᠦ ᠱᠠᠲᠤᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽ᠬᠤᠤᠰ ᠥᠪ︾ ﹇ | ᠲᠣᠳᠤᠷᠬᠠᠶᠢᠯᠠᠯᠲᠠ19﹈ ᠤᠨ ᠥᠪᠡᠷᠮᠢᠴᠡ ᠳᠠᠪᠠᠭᠤᠯᠢᠭ ᠢ ᠪᠠᠳᠠᠷᠠᠭᠤᠯᠤᠨ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠤᠨ ᠠᠭᠤᠰᠤᠯᠴᠠᠯ ᠤᠨ ᠬᠡᠮᠵᠢᠶ᠎ᠡ ᠶᠢ ᠨᠡᠮᠡᠭᠳᠡᠭᠦᠯᠵᠦ᠂ ᠠᠵᠤ | ᠦᠢᠯᠡᠰ ᠨᠢ ᠥᠷᠲᠡᠭ ᠤᠨ ᠲᠡᠰᠢ ᠤᠯᠠᠷᠢᠨ ᠬᠤᠪᠢᠰᠬᠤ ᠶᠢ ᠲᠦᠯᠬᠢᠨ ᠠᠬᠢᠭᠤᠯᠤᠨ᠎ᠠ᠃ ᠠᠭᠤᠷᠬᠠᠢ ᠶᠢᠨ | ᠦᠢᠯᠡᠰ ᠤᠨ ᠬᠤᠴᠣᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠲᠠᠶᠠᠭᠳᠠᠭᠤᠯᠵᠤ᠂ ᠲᠣᠰᠣᠲᠤ ᠵᠠᠨᠠᠷ ᠤᠨ | ᠴᠢᠯᠠᠭᠤᠯᠢᠭ᠂ ᠵᠠᠨᠠᠷ ᠤᠨ ᠴᠢᠯᠠᠭᠤᠯᠢᠭ᠂ ᠲᠤᠭᠤᠯᠭ᠎ᠠ ᠴᠠᠶᠢᠷ ᠵᠡᠷᠭᠡ ᠡᠬᠢ ᠪᠠᠶᠠᠯᠢᠭ ᠢ ᠵᠢᠷᠤᠮᠵᠢᠭᠤᠯᠤᠨ ᠨᠡᠭᠡᠭᠡᠨ | ᠬᠥᠭᠵᠢᠭᠦᠯᠵᠦ᠂ 3 ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠵᠦ᠂ ᠯᠤᠤᠬ᠎ᠠ ᠶᠢᠨ ᠭᠤᠣᠯ ᠤᠨ ᠰᠠᠪᠠ ᠭᠠᠵᠠᠷ ᠤᠨ ᠠᠭᠤᠷᠬᠠᠢ ᠶᠢᠨ ᠵᠠᠰᠠᠯᠲᠠ ᠶᠢ | ᠦᠷᠭᠦᠯᠵᠢᠯᠡᠨ ᠥᠷᠨᠢᠭᠦᠯᠵᠦ᠂ ᠠᠭᠤᠷᠬᠠᠢ ᠶᠢᠨ ᠠᠵᠤ ᠠᠬᠤᠢ ᠶᠢᠨ ᠡᠨᠧᠷᠭᠢ ᠶᠢ ᠥᠷᠭᠡᠳᠬᠡᠨ ᠦᠷ᠎ᠡ ᠠᠰᠢᠭ ᠢ | ᠨᠡᠮᠡᠭᠳᠡᠭᠦᠯᠵᠦ᠂ ᠬᠤᠶᠠᠳᠠᠬᠢ ᠤᠳᠠᠭ᠎ᠠ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠣᠷᠴᠢᠨ ᠲᠣᠭᠤᠷᠢᠨ ᠤ | ᠠᠴᠢᠶᠠᠯᠠᠭᠴᠢ ᠶᠢᠨ ᠴᠢᠳᠠᠪᠬᠢ ᠶᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠰᠠᠯᠬᠢᠨ ᠬᠦᠴᠦᠨ ᠤ ᠴᠠᠬᠢᠯᠭᠠᠨ | ᠂ ᠲᠣᠰᠬᠤᠨ ᠤ ᠱᠠᠲᠤᠨ ᠤ ᠭᠡᠷᠡᠯ ᠸᠣᠯᠲ ᠤᠨ ᠴᠠᠬᠢᠯᠭᠠᠨ ᠥᠷᠲᠡᠭᠡ ᠵᠡᠷᠭᠡ ᠲᠥᠷᠥᠯ ᠵᠦᠢᠯ ᠢ ᠶᠡᠬᠡᠪᠡᠷ | ᠬᠥᠭᠵᠢᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠤᠪᠢ ᠶᠢᠨ ᠵᠢᠩ ᠢ ᠦᠨᠡᠨᠬᠦ ᠳᠡᠭᠡᠭᠰᠢᠯᠡᠭᠦᠯᠦᠨ᠎ᠡ᠃ | ᠰᠢᠨ ᠬᠤᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ | ᠨᠠᠶᠢᠷᠠᠭᠤᠯᠬᠤ ᠶᠢ ᠪᠡᠶᠡᠯᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠪᠠ ᠠᠵᠤ ᠦᠢᠯᠡᠰ ᠤᠨ | ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ | ᠦᠢᠯᠡᠴᠢᠯᠡᠭᠡ ᠶᠢ ᠰᠢᠯᠢᠳᠡᠭᠵᠢᠭᠦᠯᠵᠦ᠂ ᠭᠤᠷᠪᠠᠳᠤᠭᠠᠷ ᠠᠵᠤ ᠦᠢᠯᠡᠰ ᠤᠨ ᠠᠮᠢᠵᠢᠷᠠᠯ ᠤᠨ ᠬᠦᠴᠦᠨ ᠢ | ᠬᠥᠭᠵᠢᠭᠡᠨ᠎ᠡ᠃ ᠳᠠᠪᠠᠭᠤᠯᠢᠭ ᠢᠶᠠᠨ ᠭᠦᠨᠵᠡᠭᠡᠶ ᠠᠭᠤᠳᠠᠯᠬᠤ ᠪᠠᠷ ᠠᠷᠭ᠎ᠠ ᠵᠠᠮ ᠪᠣᠯᠭᠠᠵᠤ᠂ ᠬᠡᠯᠪᠡᠷᠢ ᠪᠠᠨ | ᠬᠤᠪᠢᠷᠠᠭᠤᠯᠤᠨ ᠠᠭᠤᠰᠤᠯᠴᠠᠬᠤ ᠪᠠᠷ ᠠᠴᠢᠶᠠᠯᠠᠪᠤᠷᠢ ᠪᠣᠯᠭᠠᠵᠤ᠂ ᠳᠠᠲᠠᠬᠤ ᠬᠦᠴᠦᠨ ᠢᠶᠠᠨ ᠭᠤᠶᠢᠪᠢᠰᠢ ᠦᠭᠡᠢ ᠪᠠᠷ | ᠳᠡᠯᠭᠡᠨ ᠦᠵᠡᠭᠦᠯᠵᠦ᠂ ᠣᠯᠠᠨ ᠡᠰᠢᠴᠢᠯᠡᠨ ᠬᠥᠭᠵᠢᠭᠦᠯᠦᠨ᠎ᠡ᠃ ᠡᠯᠧᠺᠲᠷᠣᠨ ᠬᠤᠳᠠᠯᠳᠤᠭᠠᠨ ᠤ ᠪᠠᠷᠠᠭ᠎ᠠ ᠶᠢᠨ | ᠭᠦᠢᠯᠭᠡᠭᠡᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠤᠯᠤᠰ ᠤᠨ ᠡᠯᠧᠺᠲᠷᠣᠨ | ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ | ᠢᠨᠵᠧᠨᠧᠷᠢᠩ ᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠣᠯᠠᠨ | ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠠ ᠯᠢ ᠪᠠ ᠪᠠ ᠪᠦᠯᠦᠭᠯᠡᠯ ᠯᠦᠭᠡ ᠶᠢᠨ | ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠲᠢᠶᠠᠨ ᠮᠤᠤ ᠰᠦᠯᠵᠢᠶᠡᠨ ᠳᠡᠭᠡᠷᠡᠠᠤᠬᠠᠨ ᠨᠠᠷᠢᠮᠤ ᠶᠢᠨ ᠠᠯᠪᠠᠨ | ᠡᠲᠡᠭᠡᠳ ᠤᠨ ᠳᠡᠯᠭᠡᠭᠦᠷ ᠢ ᠪᠦᠬᠦ ᠬᠦᠴᠦᠨ ᠢᠶᠠᠷ ᠢᠶᠠᠨ ᠡᠵᠡᠩᠨᠡᠬᠦ ᠬᠡᠷᠡᠭᠲᠡᠶ᠃ ᠠ ᠯᠢ ᠪᠠ ᠪᠠ ᠰᠦᠯᠵᠢᠶᠡᠨ ᠤ ︽ | ᠡᠯᠧᠺᠲᠷᠣᠨ ᠬᠤᠳᠠᠯᠳᠤᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠦᠯᠢᠭᠡᠷ ᠳᠠᠭᠤᠷᠢᠶᠠᠯ ᠰᠢᠶᠠᠨ︾ ᠤ | ᠳᠠᠪᠠᠭᠤᠯᠢᠭ ᠢ ᠠᠰᠢᠭᠯᠠᠵᠤ᠂ ᠲᠠᠷᠢᠶᠠᠯᠠᠩ ᠤᠨ ᠪᠦᠲᠦᠭᠡᠭᠳᠡᠬᠦᠨ ᠢ ᠳᠡᠭᠡᠭᠰᠢ ᠳᠠᠮᠵᠢᠭᠤᠯᠬᠤ ᠪᠠ ᠡᠯᠧᠺᠲᠷᠣᠨ | ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠶᠢ ᠠᠬᠢᠭᠤᠯᠤᠨ᠎ᠠ᠃ ᠠᠤᠬᠠᠨ ᠨᠠᠷᠢᠮᠤ ᠶᠢᠨ ᠰᠦᠯᠵᠢᠶᠡᠨ ᠤ ᠥᠷᠲᠡᠭᠡ ᠶᠢ | ᠪᠠᠶᠢᠭᠤᠯᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠲᠡᠭᠲᠦ ᠶᠢ ᠪᠦᠬᠦ ᠬᠦᠴᠦᠨ ᠢᠶᠠᠷ | ᠡᠭᠦᠳᠦᠨ᠎ᠡ᠃ ᠭᠤᠷᠪᠠᠳᠠᠬᠢ ᠡᠲᠡᠭᠡᠳ ᠤᠨ ᠬᠥᠷᠥᠩᠭᠡ ᠶᠢ ᠲᠥᠰᠦᠪᠯᠡᠨ ᠣᠷᠣᠭᠤᠯᠵᠤ᠂ ︽ᠠᠤᠬᠠᠨ ᠤ ᠦᠨᠦᠷ | ᠠᠮᠲᠠ︾ ᠪᠠᠷ ᠰᠡᠳᠦᠪᠯᠡᠭᠰᠡᠨ ᠬᠤᠭᠤᠯᠠᠨ ᠭᠡᠷ ᠢ ᠪᠠᠶᠢᠭᠤᠯᠤᠨ᠎ᠠ᠃ ᠪᠣᠳᠠᠰ ᠤᠨ ᠭᠦᠢᠯᠭᠡᠭᠡᠨ ᠤ ᠲᠣᠭᠤᠷᠢᠭ ᠤᠨ | ᠬᠤᠶᠠᠳᠤᠭᠠᠷ ᠬᠤᠭᠤᠴᠠᠭᠠᠨ ᠤ ᠢᠨᠵᠧᠨᠧᠷᠢᠩ ᠪᠠ ᠬᠤᠰᠢᠭᠤ ᠰᠢᠶᠠᠩ ᠲᠣᠰᠬᠤᠨ ᠤ ᠪᠣᠳᠠᠰ ᠤᠨ ᠭᠦᠢᠯᠭᠡᠭᠡᠨ ᠤ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠮᠥᠩᠭᠦᠨ ᠭᠦᠢᠯᠭᠡᠭᠡᠨ ᠤ ᠦᠢᠯᠡᠴᠢᠯᠡᠭᠡᠨ ᠤ | ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ | ᠳᠦᠷᠢᠮ ᠢᠶᠠᠨ ᠥᠭᠡᠷᠡᠴᠢᠯᠡᠵᠦ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢ ᠵᠣᠬᠢᠶᠠᠨ ᠪᠠᠶᠢᠭᠤᠯᠬᠤ ᠠᠵᠢᠯ ᠢ | ᠦᠷᠭᠦᠯᠵᠢᠯᠡᠨ ᠲᠦᠯᠬᠢᠨ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢᠲᠦ | ᠵᠢᠭᠡᠯᠡᠯᠭᠡ ᠶᠢᠨ ᠨᠡᠷᠡᠳᠬᠦᠨ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠵᠤ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ᠂ ᠵᠢᠵᠢᠭ ᠪᠢᠴᠢᠯ ᠠᠵᠤ ᠠᠬᠤᠶᠢᠯᠠᠯ ᠪᠣᠯᠤᠨ ᠲᠠᠷᠢᠶᠠᠴᠢᠨ ᠮᠠᠯᠴᠢᠳ ᠤᠨ ᠪᠡᠯᠡ ᠮᠥᠩᠭᠦ ᠶᠢᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠵᠤ᠂ ᠬᠠᠳᠠᠭᠠᠯᠠᠬᠤ ᠵᠢᠭᠡᠯᠡᠬᠦ ᠬᠠᠷᠢᠴᠠᠯ ᠢ 60 % ᠠᠴᠠ ᠳᠡᠭᠡᠭᠰᠢ ᠳᠤ ᠬᠦᠷᠦᠭᠦᠯᠬᠦ ᠪᠠᠷ | ᠴᠢᠷᠮᠠᠶᠢᠨ᠎ᠠ᠃ ᠳᠠᠭᠠᠳᠬᠠᠯ ᠤᠨ ᠦᠢᠯᠡᠳᠭᠦᠨ ᠤ ᠪᠦᠲᠦᠴᠡ ᠶᠢ ᠰᠢᠯᠢᠳᠡᠭᠵᠢᠭᠦᠯᠵᠦ᠂ ᠬᠥᠳᠡᠭᠡ ᠲᠣᠰᠬᠤᠨ ᠤ | ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ | ᠰᠠᠭᠤᠷᠢ ᠲᠠᠯᠪᠢᠬᠤ ᠶᠢ ᠰᠠᠶᠢᠲᠤᠷ ᠬᠢᠵᠦ᠂ ᠭᠠᠵᠠᠷ ᠣᠷᠣᠨ ᠤ ᠬᠥᠭᠵᠢᠯᠲᠡ ᠶᠢᠨ ᠰᠡᠭᠦᠯᠴᠢ ᠶᠢᠨ ᠬᠦᠴᠦᠨ ᠢ | ᠴᠢᠩᠭᠠᠳᠬᠠᠨ᠎ᠠ᠃ ᠳᠣᠲᠣᠭᠰᠢ ᠣᠷᠣᠭᠤᠯᠵᠤ ᠭᠠᠳᠠᠭᠠᠳᠤ ᠲᠠᠢ ᠬᠤᠯᠪᠣᠭᠠᠯᠠᠬᠤ ᠪᠠᠷ ᠠᠷᠭ᠎ᠠ ᠪᠣᠯᠭᠠᠵᠤ᠂ | ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠲᠡᠬᠦ ᠪᠠᠷ ᠬᠠᠷᠠᠯᠲᠠ ᠪᠣᠯᠭᠠᠵᠤ᠂ ᠰᠡᠳᠬᠢᠯ ᠰᠠᠨᠠᠭ᠎ᠠ ᠪᠠᠨ ᠪᠠᠬᠢ | ᠪᠣᠯᠭᠠᠵᠤ ᠰᠠᠭᠤᠷᠢ ᠶᠢ ᠪᠠᠲᠤᠳᠬᠠᠵᠤ᠂ ᠣᠷᠣᠨ ᠵᠠᠶ ᠶᠢ ᠥᠷᠭᠡᠳᠬᠡᠨ᠎ᠡ᠃ ᠪᠡᠯᠡ ᠮᠥᠩᠭᠦ ᠪᠠ ᠣᠶᠤᠨ ᠤᠬᠠᠭᠠᠨ ᠢ | ᠲᠡᠳᠡᠨ ᠣᠷᠣᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠦᠨ᠎ᠡ᠃ ᠣᠳᠣ ᠪᠠᠶᠢᠭ᠎ᠠ ᠠᠺᠠᠳᠧᠮᠢᠴᠢ ᠶᠢᠨ ᠶᠠᠳᠠᠭᠤ ᠶᠢ | ᠲᠡᠳᠬᠦᠬᠦ ᠠᠵᠢᠯ ᠶᠢᠨ ᠥᠷᠲᠡᠭᠡ ᠳᠤ ᠲᠦᠰᠢᠭᠯᠡᠨ᠂ ᠳ᠋ᠣᠺᠲ᠋ᠤᠷ ᠤᠨ ᠶᠠᠳᠠᠭᠤ ᠶᠢ ᠲᠡᠳᠬᠦᠬᠦ ᠠᠵᠢᠯ ᠶᠢᠨ | ᠥᠷᠲᠡᠭᠡ ᠶᠢ ᠪᠠᠶᠢᠭᠤᠯᠵᠤ᠂ ᠳᠡᠭᠡᠳᠦ ᠲᠡᠰ ᠤᠨ ᠡᠷᠳᠡᠮ ᠰᠢᠨᠵᠢᠯᠡᠭᠡ ᠶᠢᠨ ᠦᠷ᠎ᠡ ᠪᠦᠲᠦᠮᠵᠢ ᠶᠢ ᠰᠢᠭᠤᠳ | ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠤᠨ᠎ᠠ᠃ ᠠᠤᠬᠠᠨ ᠬᠤᠰᠢᠭᠤᠨ ᠤ ᠭᠠᠳᠠᠨᠠᠬᠢ ᠪᠠᠶᠢᠭ᠎ᠠ | ᠴᠢᠳᠠᠪᠤᠷᠢᠲᠠᠨ ᠤ ᠨᠤᠲᠤᠭ ᠤᠰᠤ ᠪᠠᠨ ᠬᠠᠯᠠᠮᠵᠢᠯᠠᠵᠤ᠂ ᠨᠤᠲᠤᠭ ᠲᠠᠭᠠᠨ ᠪᠤᠴᠠᠵᠤ ᠦᠢᠯᠡᠰ ᠪᠣᠰᠬᠠᠬᠤ ᠶᠢ | ᠬᠥᠲᠥᠯᠥᠨ ᠵᠢᠯᠤᠭᠤᠳᠤᠨ᠎ᠠ᠃ ᠤᠷᠲᠤ ᠬᠤᠭᠤᠴᠠᠭ᠎ᠠ ᠪᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠣᠨᠤᠯᠵᠢᠬᠤᠨ ᠢ ᠪᠤᠢ ᠪᠣᠯᠭᠠᠵᠤ᠂ ᠬᠤᠳᠠᠯᠳᠤᠭᠠᠴᠢᠨ ᠤᠷᠢᠬᠤ ᠰᠠᠯᠪᠤᠷᠢ ᠪᠠᠭ᠎ᠠ ᠠᠩᠭᠢ ᠶᠢᠨ ᠦᠢᠯᠡᠳᠦᠯ ᠢ | ᠪᠠᠳᠠᠷᠠᠭᠤᠯᠤᠨ᠂ ᠵᠥᠪᠯᠡᠭᠴᠢ ᠶᠢᠨ ᠪᠦᠯᠬᠦᠮ ᠤᠨ ᠬᠥᠮᠦᠨ ᠤ ᠬᠠᠷᠢᠴᠠᠭᠠᠨ ᠤ ᠡᠬᠢ ᠪᠠᠶᠠᠯᠢᠭ ᠢ ᠠᠰᠢᠭᠯᠠᠵᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠮᠵᠢᠯᠲᠠ ᠣᠯᠬᠤ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠰᠤᠯᠠ | ᠪᠠᠶᠢᠭ᠎ᠠ ᠡᠳ᠋ ᠬᠥᠷᠥᠩᠭᠡ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ︽ᠦᠬᠦᠰᠢᠷᠡᠮᠡᠯ ᠠᠵᠤ ᠠᠬᠤᠶᠢᠯᠠᠯ︾ ᠢ | ᠴᠡᠪᠡᠷᠯᠡᠬᠦ ᠡᠷᠴᠢᠮ ᠢᠶᠠᠨ ᠴᠢᠩᠭᠠᠷᠠᠭᠤᠯᠤᠨ᠎ᠠ᠃ ᠪᠡᠯᠡ ᠣᠷᠣᠭᠤᠯᠤᠯᠲᠠ ᠨᠢ 3000 ᠲᠦᠮᠡᠨ ᠲᠥᠭᠦᠷᠢᠭ ᠢ | ᠳᠠᠪᠠᠭᠰᠠᠨ ᠲᠥᠷᠥᠯ ᠵᠦᠢᠯ ᠢ 10 ᠠᠴᠠ ᠳᠡᠭᠡᠭᠰᠢ ᠣᠷᠣᠭᠤᠯᠤᠨ᠎ᠠ᠃ 5 ᠲᠦᠮᠡᠨ ᠲᠡᠭᠰᠢ ᠳᠥᠷᠪᠡᠯᠵᠢᠨ ᠮᠧᠲᠷ ᠤᠨ | ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠴᠢᠷᠮᠠᠶᠢᠨ ᠪᠡᠶᠡᠯᠡᠭᠦᠯᠦᠨ᠎ᠡ | ᠃ ᠭᠤᠣᠯᠳᠠᠯᠭ᠎ᠠ ᠲᠠᠢ ᠲᠥᠷᠥᠯ ᠵᠦᠢᠯ ᠢ ᠦᠨᠳᠦᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠤᠨ᠎ᠠ᠃ ᠪᠦᠬᠦ | ᠬᠤᠰᠢᠭᠤᠨ ᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠪᠡ ᠪᠠ ᠳᠡᠭᠡᠳᠦ ᠱᠠᠲᠤᠨ ᠤ | ᠲᠥᠷᠦ ᠶᠢᠨ ᠪᠣᠳᠣᠯᠭ᠎ᠠ ᠲᠠᠢ ᠬᠠᠷᠢᠴᠠᠭᠤᠯᠵᠤ᠂ ᠳᠡᠭᠡᠳᠤ ᠱᠠᠲᠤᠨ ᠤ ᠪᠡᠯᠡ ᠣᠷᠣᠭᠤᠯᠤᠯᠲᠠ ᠶᠢᠨ ᠬᠦᠴᠦᠯᠡᠴᠡ ᠪᠠ | ᠬᠤᠪᠢ ᠶᠢ ᠦᠯᠦ ᠪᠠᠭᠠᠰᠬᠠᠬᠤ ᠵᠠᠷᠴᠢᠮ ᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠠᠭᠤᠷᠢ ᠲᠥᠬᠦᠭᠡᠷᠦᠮᠵᠢ ᠵᠡᠷᠭᠡ ᠬᠦᠷᠢᠶ᠎ᠡ ᠴᠠᠷᠠᠭ᠎ᠠ ᠳᠤ | ᠴᠢᠭᠯᠡᠭᠦᠯᠦᠨ᠂ 1000 ᠲᠦᠮᠡᠨ ᠲᠥᠭᠦᠷᠢᠭ ᠠᠴᠠ ᠳᠡᠭᠡᠭᠰᠢᠬᠢ ᠲᠥᠷᠦᠯ ᠵᠦᠢᠯ ᠢ 87 ᠬᠡᠷᠡᠭᠵᠢᠭᠦᠯᠬᠦ ᠪᠠᠷ | ᠲᠥᠯᠥᠪᠯᠡᠵᠦ᠂ ᠵᠢᠯ ᠤᠨ ᠳᠣᠲᠣᠷ᠎ᠠ 84.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ | ᠃ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠰᠢᠨ ᠬᠤᠢ ᠪᠠᠯᠭᠠᠰᠤᠨ ᠤ ᠲᠥᠪᠯᠡᠷᠡᠭᠦᠯᠦᠨ ᠲᠥᠪᠬᠢᠨᠡᠭᠦᠯᠬᠦ | ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠶᠢᠨ ᠴᠠᠩ ᠭᠸᠦ ᠯᠢᠶᠠᠩ ᠤᠨ ᠲᠤᠰᠠᠭᠠᠷ | ᠦᠢᠯᠡᠳᠪᠦᠷᠢᠠᠭᠤᠷᠬᠠᠢ ᠶᠢᠨ ᠣᠷᠣᠨ ᠤ 6 ᠲᠠᠩ ᠴᠣᠭᠴᠠᠲᠤ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠦᠨ᠎ᠡ ﹇ | ᠲᠣᠳᠤᠷᠬᠠᠶᠢᠯᠠᠯᠲᠠ 20﹈᠃ ᠠᠤᠬᠠᠨ ᠤ ᠨᠡᠶᠢᠳᠡᠮ ᠬᠡᠷᠡᠭᠯᠡᠬᠦ ᠨᠢᠰᠬᠡᠯ ᠤᠨ ᠲᠠᠯᠠᠪᠠᠢ ᠶᠢᠨ ᠠᠵᠢᠯ ᠡᠬᠢᠯᠡᠬᠦ ᠶᠢ | ᠬᠦᠴᠦᠯᠡᠨ ᠠᠬᠢᠭᠤᠯᠵᠤ᠂ ᠸᠧᠨ ᠣᠪᠤᠭᠲᠤ ᠶᠢᠨ ᠪᠦᠯᠦᠭᠯᠡᠯ ᠤᠨ ᠲᠡᠵᠢᠭᠡᠯ ᠪᠣᠷᠳᠣᠭᠠᠨ ᠤ ᠦᠢᠯᠡᠳᠪᠦᠷᠢ᠂ ᠬᠦᠢ ᠯᠢᠦ | ᠪᠦᠯᠦᠭᠯᠡᠯ ᠤᠨ ᠨᠤᠭᠤᠰᠤᠨ ᠤ ᠠᠵᠤ ᠦᠢᠯᠡᠰᠴᠢᠯᠡᠯᠲᠡ᠂ ᠸᠠᠨ ᠵᠢᠶᠠ ᠮᠦᠬᠦ ᠶᠢᠨ ᠦᠢᠯᠡᠰ ᠤᠨ ᠢᠳᠡᠭᠡᠨ ᠤ | ᠪᠠᠺᠲ᠋ᠧᠷᠢ ᠲᠠᠷᠢᠬᠤ ᠪᠠ ᠨᠠᠷᠢᠯᠢᠭ ᠡᠳ᠋ᠰᠢᠭᠦᠯᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠭᠦᠨ ᠳᠡᠰ ᠳᠠᠪᠬᠤᠷᠭ᠎ᠠ ᠪᠠᠷ ᠰᠢᠯᠢᠳᠡᠭᠵᠢᠭᠦᠯᠦᠨ᠎ᠡ | ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠶᠢᠨ ᠥᠭᠡᠷᠡᠴᠢᠯᠡᠯᠲᠡ ᠶᠢ ᠠᠬᠢᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ ᠵᠠᠷᠴᠢᠮ ᠢ ᠪᠠᠷᠢᠮᠲᠠᠯᠠᠵᠤ᠂ ︽ᠨᠢᠭᠡ | ᠴᠣᠩᠬᠤᠪᠴᠢ ᠪᠠᠷ ᠦᠢᠯᠡᠴᠢᠯᠡᠬᠦ᠂ ᠨᠢᠭᠡ ᠪᠠᠶᠢᠭᠤᠯᠤᠮᠵᠢ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠨᠢᠭᠡᠠᠯᠪᠠᠨ | ᠲᠠᠮᠠᠭ᠎ᠠ ᠪᠠᠷ ᠭᠠᠳᠠᠭᠠᠳᠤ ᠲᠠᠢ ᠬᠠᠷᠢᠯᠴᠠᠬᠤ︾ ᠶᠢ ᠴᠢᠷᠮᠠᠶᠢᠨ ᠪᠡᠶᠡᠯᠡᠭᠦᠯᠦᠨ᠎ᠡ᠃ ︽ ᠦᠨᠡᠮᠯᠡᠯ ᠰᠡᠭᠦᠳᠡᠷ ᠢ ᠰᠠᠯᠭᠠᠬᠤ | ︾ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠬᠤᠶᠠᠷ ᠢ ᠰᠤᠭᠤᠴᠢᠵᠤ᠂ ᠨᠢᠭᠡ ᠶᠢ ᠢᠯᠡ | ᠪᠣᠯᠭᠠᠬᠤ︾ ᠬᠢᠨᠠᠯᠲᠠ ᠬᠠᠮᠢᠶᠠᠷᠤᠯᠲᠠ ᠪᠠ ᠪᠦᠬᠦ ᠶᠠᠪᠤᠴᠠ ᠳᠤ ᠡᠯᠧᠺᠲᠷᠤᠨᠵᠢᠭᠦᠯᠦᠨ ᠳᠠᠩᠰᠠᠯᠠᠬᠤ ᠶᠢ ᠪᠦᠬᠦ | ᠲᠠᠯ᠎ᠠ ᠪᠠᠷ ᠬᠡᠷᠡᠭᠵᠢᠭᠦᠯᠦᠨ᠎ᠡ᠃ ᠭᠠᠶᠢᠯᠢ ᠬᠥᠩᠭᠡᠯᠡᠬᠦ ᠲᠥᠷᠦ ᠶᠢᠨ ᠪᠣᠳᠣᠯᠭ᠎ᠠ᠂ ︽26 ᠵᠤᠷᠪᠤᠰ ᠠᠷᠭ᠎ᠠ ᠬᠡᠮᠵᠢᠶ᠎ᠡ︾ | ﹇ᠲᠣᠳᠤᠷᠬᠠᠶᠢᠯᠠᠯᠲᠠ 21﹈ ᠶᠢᠨ ᠬᠡᠷᠡᠭᠵᠢᠭᠦᠯᠦᠯᠲᠡ ᠶᠢ ᠠᠬᠢᠭᠤᠯᠵᠤ᠂ ᠵᠠᠰᠠᠭ ᠪᠠᠩᠬᠢ ᠠᠵᠤ ᠠᠬᠤᠶᠢᠯᠠᠯ ᠤᠨ | ᠵᠣᠯᠭᠠᠯᠴᠠᠭ᠎ᠠ ᠶᠢ ᠴᠢᠩᠭᠠᠳᠬᠠᠵᠤ᠂ ︽ᠬᠤᠪᠢ ᠬᠥᠮᠦᠨ ᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ ᠂ ᠪᠠᠭ᠎ᠠ | ᠬᠡᠮᠵᠢᠶ᠎ᠡ ᠪᠠᠷ ᠳᠦᠷᠢᠮ ᠲᠣᠭᠲᠠᠭᠠᠯ ᠢ ᠳᠡᠭᠡᠭᠰᠢᠯᠡᠭᠦᠯᠬᠦ᠂ ᠳᠦᠷᠢᠮ ᠢ ᠥᠭᠡᠷᠡᠴᠢᠯᠡᠨ ᠬᠤᠪᠢ ᠣᠷᠣᠭᠤᠯᠬᠤ᠂ ᠬᠤᠪᠢ | ᠣᠷᠣᠭᠤᠯᠤᠯᠲᠠ ᠶᠢ ᠵᠠᠬ᠎ᠠ ᠳᠡᠯᠭᠡᠭᠦᠷ ᠲᠤ ᠭᠠᠷᠭᠠᠬᠤ︾ ᠠᠷᠭ᠎ᠠ ᠪᠠᠷᠢᠯ ᠢ ᠬᠡᠷᠡᠭᠵᠢᠭᠦᠯᠵᠦ᠂ ᠳᠤᠮᠳᠠ ᠵᠢᠵᠢᠭ ᠠᠵᠤ | ᠠᠬᠤᠶᠢᠯᠠᠯ ᠢ ᠠᠶᠠᠲᠠᠶᠢᠬᠠᠨ ᠡᠬᠢᠯᠡᠭᠦᠯᠵᠦ᠂ ᠠᠷᠠᠳ ᠤᠨ ᠡᠵᠡᠩᠨᠡᠭᠰᠡᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ | ᠬᠦᠭᠵᠢᠭᠡᠨ᠎ᠡ᠃ | ︵ᠳᠦᠷᠪᠡ︶ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠵᠤ᠂ ᠦᠵᠡᠰᠬᠦᠯᠡᠩᠲᠦ | ᠰᠠᠶᠢᠬᠠᠨᠠᠮᠢ ᠠᠬᠤᠢ ᠶᠢᠨ ᠲᠣᠮᠣ ᠬᠤᠰᠢᠭᠤ ᠶᠢ ᠪᠠᠶᠢᠭᠤᠯᠤᠨ᠎ᠠ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠦᠨ᠎ᠡ᠃ ᠬᠦᠬᠡ ᠠᠭᠤᠯᠠ | ᠬᠥᠬᠡᠮᠳᠦᠭ ᠣᠰᠤ ᠪᠣᠯ ᠠᠯᠲᠠ ᠮᠥᠩᠬᠦᠨ ᠠᠭᠤᠯᠠ ᠭᠡᠬᠦ ᠣᠨᠤᠯ ᠢ ᠪᠠᠷᠢᠮᠳᠠᠯᠠᠵᠤ᠂ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠳᠣᠣᠷᠠᠳᠤ ᠬᠠᠭᠠᠰ ᠲᠠᠯᠠᠪᠤᠷ ᠢ ᠡᠷᠡᠰ ᠰᠠᠶᠢᠲᠤᠷ ᠴᠣᠭᠴᠠᠯᠠᠬᠤ ᠬᠡᠷᠡᠭᠲᠡᠶ᠃ 12 ᠲᠦᠮᠡᠨ ᠮᠤ᠋ | ᠣᠶᠢᠵᠢᠭᠤᠯᠵᠤ᠂ 6 ᠲᠦᠮᠡᠨ ᠮᠤ᠋ ᠬᠥᠮᠦᠨ ᠤ ᠬᠦᠴᠦ ᠪᠠᠷ ᠡᠪᠡᠰᠦ ᠲᠠᠷᠢᠬᠤ ᠶᠢ ᠪᠡᠶᠡᠯᠡᠭᠦᠯᠦᠨ᠎ᠡ᠃ ᠠ ᠯᠢ ᠪᠠ | ᠪᠠ ᠪᠦᠯᠦᠭᠯᠡᠯ ᠯᠤᠭ᠎ᠠ ᠬᠠᠮᠲᠤᠷᠠᠨ ︽ᠣᠢ ᠰᠢᠭᠤᠶ︾ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ ᠣᠢ | ᠰᠢᠭᠤᠶ ᠶᠢᠨ ᠠᠵᠤ ᠦᠢᠯᠡᠰ ᠲᠤ ︽ᠨᠢᠭᠡ ᠶᠢ ᠪᠠᠭᠠᠰᠬᠠᠵᠤ ᠭᠤᠷᠪᠠ ᠶᠢ ᠨᠡᠮᠡᠭᠳᠡᠭᠦᠯᠵᠦ ᠬᠤᠶᠠᠷ ᠢ ᠥᠭᠡᠷᠡᠴᠢᠯᠡᠬᠦ︾ | ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ︽ᠲᠠᠪᠤᠨ ᠶᠡᠭᠡᠢᠨᠵᠧᠨᠧᠷᠢᠩ ᠨᠢᠭᠡ ᠰᠠᠭᠤᠷᠢᠨ ᠭᠠᠵᠠᠷ | ︾ ᠲᠠᠢ ᠤᠶᠠᠯᠳᠤᠭᠤᠯᠤᠨ ﹇ᠲᠣᠳᠤᠷᠬᠠᠶᠢᠯᠠᠯᠲᠠ 22﹈᠂ ᠮᠠᠭᠤᠵᠢᠷᠠᠭᠰᠠᠨ ᠣᠢ ᠮᠣᠳᠣᠨ ᠤ ᠬᠤᠪᠢᠶᠠᠷᠢᠯᠠᠯ ᠢ 6.5 | ᠲᠦᠮᠡᠨ ᠮᠤ᠋ ᠪᠠᠭᠠᠰᠬᠠᠵᠤ᠂ 2 ᠲᠦᠮᠡᠨ ᠮᠤ᠋ ᠰᠡᠩᠳᠡᠩ ᠮᠣᠳᠤ᠂ 2 ᠲᠦᠮᠡᠨ ᠮᠤ᠋ ᠬᠠᠶᠢᠯᠠᠷ ᠨᠠᠷᠠᠰᠤ᠂ 0.5 | ᠲᠦᠮᠡᠨ ᠮᠤ᠋ ᠵᠢᠮᠢᠰᠦᠨᠠᠵᠤ ᠠᠬᠤᠢ ᠶᠢᠨ ᠣᠢ᠂ 1 ᠲᠦᠮᠡᠨ ᠮᠤ᠋ ᠬᠡᠭᠡᠷ᠎ᠡ ᠶᠢᠨ ᠭᠦᠢᠯᠡᠰᠦ ᠶᠢ ᠬᠠᠪᠲᠠᠭᠠᠶ ᠭᠦᠢᠯᠡᠰᠦ | ᠪᠣᠯᠭᠠᠨ ᠥᠭᠡᠷᠡᠴᠢᠯᠡᠨ ᠵᠠᠯᠭᠠᠬᠤ᠂ 1 ᠲᠦᠮᠡᠨ ᠮᠤ᠋ ᠴᠢᠴᠠᠷᠭᠠᠨ᠎ᠠ ᠶᠢ ᠥᠭᠡᠷᠡᠴᠢᠯᠡᠨ ᠰᠠᠶᠢᠵᠢᠷᠠᠭᠤᠯᠤᠨ᠎ᠠ᠃ ᠮᠥᠩᠬᠡ | ᠭᠤᠣᠯ ᠤᠨ ᠬᠡᠰᠡᠭ᠂ ᠬᠤᠲᠠ ᠶᠢᠨ ᠲᠣᠭᠤᠷᠢᠭ ᠤᠨ ᠭᠠᠳᠠᠨᠠᠬᠢ ᠲᠣᠭᠤᠷᠢᠯ ᠵᠠᠮ ᠪᠠ ᠤᠯᠤᠰ ᠤᠨ ᠵᠠᠮ 305 | ᠱᠤᠭᠤᠮ᠂ ᠮᠤᠵᠢ ᠶᠢᠨ ᠵᠠᠮ 210 ᠱᠤᠭᠤᠮ᠂ ᠺᠠᠳ᠋ᠷ ᠤᠨ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠬᠤ ᠴᠢᠭ ᠢ | ᠨᠣᠭᠤᠭᠠᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠰᠡᠩᠳᠡᠩ ᠮᠣᠳᠤ ᠶᠢᠨ ᠠᠵᠤ ᠦᠢᠯᠡᠰ ᠤᠨ ᠬᠦᠷᠢᠶᠡᠯᠡᠩ ᠪᠠ ︽ | ᠲᠦᠮᠡᠨ ᠮᠦ ᠶᠢᠨ ᠠᠮᠢ ᠠᠬᠤᠢ ᠶᠢᠨ ᠦᠵᠡᠮᠵᠢ ᠶᠢᠨ ᠶᠡᠷᠦᠩᠬᠡᠶᠢᠯᠡᠭᠰᠡᠨ ᠴᠣᠭᠴᠠ︾ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ | ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠨ᠎ᠠ᠃ ᠬᠥᠮᠦᠨ ᠬᠢᠭᠡᠳ | ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠶᠢᠬᠤ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠨᠤᠲᠤᠭ ᠪᠡᠯᠴᠢᠭᠡᠷ᠂ | ᠣᠢ ᠰᠢᠭᠤᠶ ᠶᠢ ᠬᠠᠮᠠᠭᠠᠯᠠᠬᠤ ᠶᠠᠪᠤᠳᠠᠯ ᠢ ᠴᠢᠩᠭ᠎ᠠ ᠠᠳᠬᠤᠬᠤ ᠬᠡᠷᠡᠭᠲᠡᠶ᠃ ᠬᠥᠭᠵᠢᠯᠲᠡ ᠶᠢ ᠬᠠᠮᠠᠭᠠᠯᠠᠬᠤ | ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠣᠢ ᠰᠢᠭᠤᠢ ᠨᠤᠲᠤᠭ | ᠪᠡᠯᠴᠢᠭᠡᠷ ᠡᠪᠳᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠠᠯ ᠠᠵᠤ ᠠᠬᠤᠢ ᠶᠢ ᠬᠠᠰᠢᠶᠠᠯᠠᠨ ᠲᠡᠵᠢᠭᠡᠬᠦ | ᠲᠥᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠣᠢ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠠᠵᠢᠯ ᠢ ᠪᠠᠶᠢᠩᠭᠤᠵᠢᠭᠤᠯᠬᠤ ᠶᠢ ᠳᠦᠯᠬᠢᠨ ᠠᠬᠢᠭᠤᠯᠵᠤ᠂ ᠭᠠᠯ ᠰᠡᠷᠭᠡᠶᠢᠯᠡᠬᠦ ᠬᠠᠷᠠᠭᠠᠨ ᠳᠠᠪᠲᠠᠮᠵᠢ ᠶᠢᠨ | ᠬᠢᠨᠠᠨ ᠬᠡᠮᠵᠢᠬᠦ ᠴᠢᠭ ᠢ ᠨᠡᠮᠡᠵᠦ ᠪᠠᠶᠢᠭᠤᠯᠬᠤ ᠬᠡᠷᠡᠭᠲᠡᠶ᠃ ᠣᠢ ᠰᠢᠭᠤᠶ ᠨᠤᠲᠤᠭ ᠪᠡᠯᠴᠢᠭᠡᠷ ᠲᠤ ᠬᠥᠨᠥᠭᠡᠯᠲᠡᠶ | ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠣᠢ ᠰᠢᠭᠤᠶ ᠨᠤᠲᠤᠭ ᠪᠡᠯᠴᠢᠭᠡᠷ ᠤᠨ ᠡᠬᠢ | ᠪᠠᠶᠠᠯᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠨ ᠪᠠᠭᠠᠰᠬᠠᠨ᠎ᠠ᠃ | ᠠᠮᠢ ᠠᠬᠤᠢ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠠᠭᠤᠳᠠᠯᠤᠨ᠎ᠠ᠃ ︽ᠪᠦᠬᠦ ᠪᠥᠮᠪᠥᠷᠴᠡᠭ ᠤᠨ 500 | ᠰᠢᠯᠢᠳᠡᠭ︾ ᠳᠠᠪᠠᠭᠤᠯᠢᠭ ᠢ ᠠᠰᠢᠭᠯᠠᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ | ᠰᠢᠨ᠎ᠡ ᠵᠠᠮ ᠢ ᠰᠦᠪᠡᠭᠴᠢᠯᠡᠨ᠎ᠡ᠃ ᠤᠯᠤᠰ ᠤᠨ ᠥᠮᠴᠢᠯᠡᠯᠲᠡ ᠣᠢ ᠰᠢᠭᠤᠶ ᠶᠢᠨ ᠲᠠᠯᠠᠪᠠᠢ ᠶᠢᠨ ᠥᠭᠡᠷᠡᠴᠢᠯᠡᠯᠲᠡ | ᠪᠣᠯᠤᠨ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠬᠤ ᠳᠤ ᠲᠦᠰᠢᠭᠯᠡᠨ᠂ ᠣᠢ ᠰᠢᠭᠤᠶ ᠨᠣᠲᠤᠭ | ᠪᠡᠯᠴᠢᠭᠡᠷ ᠤᠨ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ ᠠᠰᠢᠭᠯᠠᠬᠤ ᠬᠡᠷᠡᠭᠲᠡᠶ᠃ ᠵᠠᠬ᠎ᠠ ᠳᠡᠯᠭᠡᠭᠦᠷ ᠢᠶᠠᠷ | ᠤᠳᠤᠷᠢᠳᠤᠮᠵᠢ ᠪᠣᠯᠭᠠᠭᠰᠠᠨ᠂ ᠲᠠᠷᠢᠶᠠᠴᠢᠨ ᠢᠶᠠᠷ ᠭᠤᠤᠯ ᠴᠣᠭᠴᠠ ᠪᠣᠯᠭᠠᠭᠰᠠᠨ᠂ ᠠᠵᠤ ᠠᠬᠤᠶᠢᠯᠠᠯ ᠢᠶᠠᠷ ᠲᠦᠰᠢᠭ | ᠪᠣᠯᠭᠠᠭᠰᠠᠨ ᠪᠠ ᠵᠠᠰᠠᠭ ᠤᠨ ᠣᠷᠳᠣᠨ ᠢᠶᠠᠷ ᠪᠠᠲᠤᠯᠠᠭ᠎ᠠ ᠪᠣᠯᠭᠠᠭᠰᠠᠨ ᠬᠠᠮᠲᠤᠷᠠᠨ ᠠᠵᠢᠯᠯᠠᠵᠤ ᠬᠠᠮᠲᠤ ᠪᠠᠷ | ᠪᠠᠶᠢᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠤᠢ ᠶᠢᠨ ᠬᠤᠷᠮᠣᠶ ᠶᠢᠨ ᠠᠵᠤ ᠠᠬᠤᠶ ᠶᠢ ᠶᠡᠬᠡᠪᠡᠷ | ᠬᠥᠭᠵᠢᠭᠦᠯᠦᠨ᠂ ᠠᠮᠢ ᠠᠬᠤᠢ ᠶᠢᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠠᠮᠢ | ᠠᠬᠤᠢ ᠶᠢᠨ ᠦᠷ᠎ᠡ ᠪᠦᠲᠦᠭᠡᠯ ᠢ ᠵᠢᠭᠤᠯᠴᠢᠯᠠᠯ ᠤᠨ ᠡᠬᠢ ᠪᠠᠶᠠᠯᠢᠭ ᠪᠣᠯᠭᠠᠨ ᠬᠤᠪᠢᠷᠠᠭᠤᠯᠵᠤ᠂ ᠣᠯᠠᠨ ᠲᠦᠮᠡᠨ ᠤ | ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠤᠨ᠎ᠠ᠃ | ︵ᠲᠠᠪᠤ︶ ᠨᠢᠭᠡᠳᠦᠯᠲᠡᠢ ᠲᠥᠯᠥᠪᠵᠢᠭᠦᠯᠦᠨ ᠠᠭᠤᠰᠤᠯᠴᠠᠭᠤᠯᠵᠤ᠂ ᠬᠤᠲᠠ ᠬᠥᠳᠡᠭᠡ ᠶᠢᠨ ᠬᠥᠭᠵᠢᠯᠲᠡ ᠶᠢᠨ | ᠳᠦᠷᠢ ᠲᠥᠷᠬᠦ ᠶᠢ ᠬᠦᠴᠦᠯᠡᠨ ᠰᠠᠢᠵᠢᠷᠠᠭᠤᠯᠤᠨ᠎ᠠ | ᠵᠦᠶ ᠵᠣᠬᠢᠰᠲᠠᠶ ᠪᠠᠶᠢᠷᠢᠯᠠᠭᠤᠯᠵᠤ᠂ ᠲᠥᠯᠥᠪᠵᠢᠭᠦᠯᠭᠡ ᠪᠠᠨ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢ | ᠠᠭᠤᠰᠤᠯᠴᠠᠭᠤᠯᠬᠤ᠂ ᠨᠢᠭᠡ ᠴᠣᠭᠴᠠᠵᠢᠭᠤᠯᠤᠨ ᠵᠢᠷᠤᠭᠯᠠᠨ ᠲᠥᠯᠥᠪᠯᠡᠬᠦ᠂ ᠣᠯᠠᠨ ᠲᠥᠯᠥᠪᠵᠢᠭᠦᠯᠭᠡ ᠶᠢ | ᠨᠢᠭᠡᠳᠦᠭᠦᠯᠬᠦ ᠶᠢ ᠪᠠᠷᠢᠮᠲᠠᠯᠠᠵᠤ᠂ ᠰᠢᠨ ᠬᠤᠢ ᠬᠤᠲᠠ ᠲᠣᠭᠤᠷᠢᠭ ᠤᠨ ᠶᠡᠷᠦᠩᠬᠡᠢ ᠲᠥᠯᠥᠪᠵᠢᠭᠦᠯᠭᠡ ᠶᠢ ᠵᠠᠰᠠᠨ | ᠨᠠᠶᠢᠷᠠᠭᠤᠯᠬᠤ ᠶᠢ ᠠᠬᠢᠭᠤᠯᠵᠤ᠂ ᠬᠤᠲᠠ ᠶᠢᠨ ᠲᠥᠯᠥᠪᠵᠢᠭᠦᠯᠭᠡ ᠶᠢᠨ ᠦᠵᠡᠭᠦᠯᠦᠯᠭᠡ ᠶᠢᠨ ᠲᠥᠪ ᠤᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠵᠦ᠂ ᠬᠤᠲᠠ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠶᠢ | ᠲᠣᠭᠠᠴᠢᠨ᠎ᠠ᠃ ᠣᠨᠴᠠᠯᠢᠭᠲᠤ ᠵᠢᠷᠤᠭ ᠲᠥᠯᠥᠪᠯᠡᠭᠡ ᠶᠢ ᠪᠡᠶᠡᠯᠡᠭᠦᠯᠵᠦ᠂ ᠬᠤᠲᠠ ᠬᠥᠳᠡᠭᠡ ᠶᠢᠨ ᠬᠥᠭᠵᠢᠯᠲᠡ ᠶᠢᠨ | ᠠᠯᠬᠤᠴᠠ ᠶᠢ ᠲᠦᠷᠭᠡᠳᠬᠡᠨ᠎ᠡ᠃ | ᠳᠤᠲᠠᠭᠤᠳᠠᠯ ᠢ ᠨᠥᠬᠦᠪᠥᠷᠢᠯᠡᠵᠦ᠂ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ 16 ᠭᠤᠣᠯᠳᠠᠯᠭ᠎ᠠ ᠲᠠᠢ | ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃ ᠰᠢᠨ ᠬᠤᠢ ᠳᠤᠮᠳᠠᠳᠤ ᠰᠤᠷᠭᠠᠭᠤᠯᠢ᠂ ᠴᠠᠬᠢᠯᠭᠠᠨ ᠬᠦᠴᠦᠨ ᠤ | ᠬᠤᠩᠭᠢᠯ ᠤᠨ ᠬᠡᠰᠡᠭ ᠲᠣᠭᠤᠷᠢᠭ ᠤᠨ ᠨᠡᠭᠡᠭᠡᠨ ᠬᠥᠭᠵᠢᠭᠦᠯᠦᠯᠲᠡ ᠶᠢ ᠠᠬᠢᠭᠤᠯᠵᠤ᠂ ᠪᠡᠶ᠎ᠡ ᠶᠢᠨ ᠲᠠᠮᠢᠷ ᠤᠨ | ᠴᠡᠴᠡᠷᠯᠢᠭ ᠢ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠰᠢᠨ ᠬᠤᠢ ᠬᠠᠭᠤᠴᠢᠨ ᠬᠤᠲᠠ ᠲᠣᠭᠤᠷᠢᠭ ᠤᠨ | ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠪᠠ ᠬᠤᠲᠠ ᠲᠣᠭᠤᠷᠢᠭ ᠤᠨ ᠰᠠᠭᠠᠳ ᠦᠭᠡᠢ ᠨᠡᠪᠲᠡᠷᠡᠬᠦ | ᠢᠨᠵᠧᠨᠧᠷᠢᠩ ᠢ ᠬᠡᠷᠡᠭᠵᠢᠭᠦᠯᠵᠦ᠂ ︽ᠨᠢᠭᠡ ᠵᠠᠮ᠂ ᠬᠤᠶᠠᠷ ᠬᠥᠭᠦᠷᠭᠡ᠂ ᠭᠤᠷᠪᠠᠨ ᠵᠡᠭᠡᠯᠢ᠂ ᠳᠥᠷᠪᠡᠨ ᠰᠦᠯᠵᠢᠶ᠎ᠡ︾ | ﹇ᠲᠣᠳᠤᠷᠬᠠᠶᠢᠯᠠᠯᠲᠠ 23﹈ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ 47.7 ᠲᠦᠮᠡᠨ ᠲᠡᠭᠰᠢ | ᠳᠥᠷᠪᠡᠯᠵᠢᠨ ᠮᠧᠲᠷ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠠᠰᠢᠭᠯᠠᠯᠲᠠ ᠶᠢ ᠬᠡᠷᠡᠭᠵᠢᠭᠦᠯᠵᠦ᠂ 600 | ᠡᠷᠦᠬᠡ ︵ᠢᠵᠢ︶ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠬᠤ ᠶᠢ | ᠪᠡᠶᠡᠯᠡᠭᠦᠯᠵᠦ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ 7 ᠲᠦᠮᠡᠨ ᠲᠡᠭᠰᠢ | ᠳᠥᠷᠪᠡᠯᠵᠢᠨ ᠮᠧᠲᠷ ᠬᠡᠷᠡᠭᠵᠢᠭᠦᠯᠬᠦ ᠪᠠᠷ ᠴᠢᠷᠮᠠᠶᠢᠨ᠎ᠠ᠃ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ | ᠢᠨᠵᠧᠨᠧᠷᠢᠩ ᠢ ᠦᠷᠭᠦᠯᠵᠢᠯᠡᠨ ᠠᠬᠢᠭᠤᠯᠤᠨ᠎ᠠ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠬᠢᠭᠡᠳ | ᠬᠥᠳᠡᠭᠡ ᠲᠣᠰᠬᠤᠨ ᠤ ᠵᠢᠭᠤᠯᠴᠢᠯᠠᠯ ᠢ ᠣᠷᠭᠠᠨᠢᠭ ᠢᠶᠠᠷ ᠤᠶᠠᠯᠳᠤᠭᠤᠯᠵᠤ᠂ ᠨᠢᠭᠡ ᠪᠦᠯᠦᠭ ᠣᠨᠴᠠᠯᠢᠭᠲᠤ ᠵᠢᠵᠢᠭ | ᠪᠠᠯᠭᠠᠰᠤ ᠶᠢ ᠪᠠᠶᠢᠭᠤᠯᠵᠤ᠂ ᠣᠯᠠᠨ ᠲᠦᠮᠡᠨ ᠳᠤ ᠬᠤᠲᠠ ᠬᠥᠳᠡᠭᠡ ᠶᠢᠨ ᠬᠥᠭᠵᠢᠯᠲᠡ ᠶᠢᠨ ᠦᠷ᠎ᠡ ᠪᠦᠲᠦᠭᠡᠯ ᠢ | ᠬᠠᠮᠲᠤᠪᠠᠷ ᠡᠳ᠋ᠯᠡᠭᠦᠯᠦᠨ᠎ᠡ᠃ | ᠶᠡᠷᠦᠩᠬᠡᠶᠢᠯᠡᠨ ᠵᠠᠰᠠᠵᠤ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠰᠢᠨ | ᠬᠤᠢ ᠬᠤᠲᠠ ᠲᠣᠭᠤᠷᠢᠭ ᠤᠨ ᠵᠠᠰᠠᠵᠤ ᠴᠡᠭᠴᠡᠯᠡᠬᠦ ᠵᠢᠷᠤᠮᠵᠢᠭᠰᠠᠨ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠲᠡᠷᠭᠡ | ᠤᠨᠤᠭ᠎ᠠ ᠶᠢ ᠳᠤᠷ᠎ᠠ ᠪᠠᠷ ᠵᠣᠭᠰᠣᠭᠠᠵᠤ ᠳᠤᠷ᠎ᠠ ᠪᠠᠷ ᠲᠠᠯᠪᠢᠬᠤ ᠠᠵᠢᠯᠯᠠᠭ᠎ᠠ ᠶᠢ ᠭᠤᠣᠯᠳᠠᠯᠭ᠎ᠠ ᠲᠠᠢ ᠴᠡᠭᠴᠡᠯᠡᠨ | ᠵᠠᠰᠠᠨ᠎ᠠ᠃ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠵᠢᠷᠤᠮᠵᠢᠭᠤᠯᠵᠤ᠂ ᠬᠠᠭᠤᠴᠢᠨ ᠰᠠᠭᠤᠭᠠᠯᠢ ᠲᠣᠭᠤᠷᠢᠭ ᠤᠨ ᠰᠠᠭᠤᠷᠢ ᠴᠢᠳᠠᠪᠬᠢ ᠶᠢ ᠠᠯᠬᠤᠮ ᠠᠯᠬᠤᠮ ᠢᠶᠠᠷ | ᠲᠡᠭᠦᠯᠳᠡᠷᠵᠢᠭᠦᠯᠦᠨ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠠᠵᠢᠯᠲᠠᠨ ᠤ ᠬᠡᠪ ᠴᠢᠨᠠᠷ ᠢ ᠳᠡᠭᠡᠭᠰᠢᠯᠡᠭᠦᠯᠵᠦ᠂ | ᠣᠯᠠᠨ ᠲᠦᠮᠡᠨ ᠤ ᠬᠠᠨᠤᠮᠵᠢ ᠵᠢᠨᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ | ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠢᠶᠠᠷ ᠠᠵᠢᠯᠯᠠᠬᠤ ᠶᠢ | ᠪᠠᠲᠤᠯᠠᠵᠤ᠂ ᠬᠤᠪᠢ ᠪᠠᠷ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠬᠤᠪᠢ ᠪᠠᠷ ᠲᠠᠲᠠᠵᠤ ᠳᠤᠷ᠎ᠠ ᠪᠠᠷ ᠢᠶᠠᠨ ᠵᠠᠯᠭᠠᠬᠤ | ᠵᠡᠷᠭᠡ ᠠᠰᠠᠭᠤᠳᠠᠯ ᠢ ᠰᠢᠢᠳᠪᠦᠷᠢᠯᠡᠨ᠎ᠡ᠃ | ︵ᠵᠢᠷᠭᠤᠭ᠎ᠠ︶ ᠤᠭ ᠦᠨᠳᠦᠰᠦ ᠶᠢ ᠨᠢ ᠡᠷᠢᠵᠦ᠂ ᠲᠡᠤᠬᠡ ᠰᠣᠶᠣᠯ ᠤᠨ ᠭᠦᠨ ᠵᠤᠵᠠᠭᠠᠨ ᠠᠭᠤᠯᠭ᠎ᠠ ᠶᠢ | ᠢᠯᠡᠷᠡᠭᠦᠯᠦᠨ᠎ᠡ | ᠪᠠᠯᠠᠷ ᠡᠷᠲᠡᠨ ᠤ ᠰᠣᠶᠣᠯ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠢ ᠡᠭᠦᠳᠦᠨ ᠪᠠᠶᠢᠭᠤᠯᠤᠨ᠎ᠠ᠃ | ᠰᠣᠶᠣᠯ ᠵᠢᠭᠤᠯᠴᠢᠯᠠᠯ ᠤᠨ ᠲᠣᠮᠣ ᠬᠡᠯᠪᠡᠷᠢ ᠶᠢᠨ ᠠᠵᠤ ᠠᠬᠤᠶᠢᠯᠠᠯ ᠢ ᠢᠳᠡᠪᠬᠢᠲᠡᠢ ᠣᠷᠣᠭᠤᠯᠤᠨ ᠠᠪᠴᠢᠷᠠᠵᠤ᠂ | ᠠᠤᠬᠠᠨ ᠤ ︽ᠠᠷᠪᠠᠨ ᠨᠢᠭᠡᠨ︾ ﹇ᠲᠣᠳᠤᠷᠬᠠᠶᠢᠯᠠᠯᠲᠠ 24﹈ ᠤ ᠦᠯᠢᠭᠡᠷ ᠢ ᠰᠠᠶᠢᠲᠤᠷ ᠶᠠᠷᠢᠨ᠎ᠠ᠃ ᠥᠪᠥᠷ | ᠮᠣᠩᠭᠤᠯ ᠤᠨ ᠪᠠᠯᠠᠷ ᠡᠷᠲᠡᠨ ᠤ ᠰᠣᠶᠣᠯ ᠤᠨ ᠮᠦᠽᠧᠶ ᠶᠢᠨ ᠣᠷᠳᠣᠨ ᠨᠡᠭᠡᠭᠡᠵᠦ ᠳᠡᠯᠭᠡᠨ ᠦᠵᠡᠭᠦᠯᠬᠦ ᠶᠢ ᠦᠨᠡᠨᠬᠦ | ᠪᠠᠲᠤᠯᠠᠨ᠎ᠠ᠃ ᠬᠠᠭᠤᠷᠠᠶ ᠲᠠᠷᠢᠶᠠᠯᠠᠩ ᠤᠨ ᠰᠢᠰᠲ᠋ᠧᠮ ᠤᠨ ᠴᠡᠴᠡᠷᠯᠢᠭ ᠢ ᠲᠦᠷᠭᠡᠳᠬᠡᠨ ᠪᠠᠶᠢᠭᠤᠯᠵᠤ᠂ ᠨᠠᠷᠢᠮᠤ ᠶᠢᠨ | ᠮᠦᠽᠧᠶ ᠶᠢᠨ ᠳᠡᠯᠭᠡᠨ ᠦᠵᠡᠭᠦᠯᠬᠦ ᠵᠢᠷᠤᠭ ᠲᠥᠯᠥᠪᠯᠡᠭᠡ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠳᠡᠯᠭᠡᠨ | ᠦᠵᠡᠭᠦᠯᠬᠦ ᠠᠵᠢᠯ ᠢ ᠰᠠᠶᠢᠲᠤᠷ ᠬᠢᠨ᠎ᠡ᠃ ᠰᠢᠩ ᠯᠦᠩ ᠸᠠ ᠤᠯᠤᠰ ᠤᠨ ᠬᠠᠭᠤᠴᠢᠳ ᠢ ᠰᠣᠳᠤᠯᠬᠤ | ᠴᠡᠴᠡᠷᠯᠢᠭ ᠤᠨ ᠲᠥᠯᠥᠪᠵᠢᠭᠦᠯᠭᠡ ᠶᠢ ᠪᠡᠶᠡᠯᠡᠭᠦᠯᠵᠦ᠂ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ | ᠲᠣᠪᠴᠢᠶ᠎ᠠ ᠳᠤ ᠮᠡᠳᠡᠭᠦᠯᠦᠨ ᠬᠢᠨᠠᠨ ᠵᠥᠪᠰᠢᠶᠡᠷᠡᠭᠦᠯᠵᠦ ᠲᠥᠷᠥᠯ ᠵᠦᠢᠯ ᠲᠣᠭᠲᠠᠭᠠᠨ᠎ᠠ᠃ ᠤᠯᠤᠰ ᠣᠷᠣᠨ ᠲᠠᠢ | ᠬᠠᠮᠲᠤᠷᠠᠨ ᠠᠵᠢᠯᠯᠠᠵᠤ᠂ ᠴᠧᠩ ᠽᠢ ᠱᠠᠨ ᠤ ᠲᠥᠭᠡᠷᠢᠯ ᠣᠷᠳᠣᠨ ᠤ ᠣᠳᠣᠨ ᠣᠷᠣᠨ ᠤ ᠠᠵᠢᠭᠯᠠᠯᠲᠠ ᠲᠥᠷᠥᠯ | ᠵᠦᠢᠯ ᠢ ᠵᠢᠷᠤᠭᠯᠠᠨ ᠲᠥᠯᠥᠪᠯᠡᠵᠦ᠂ ︽ᠲᠩᠷᠢ ᠳᠠᠬᠢᠵᠤ ᠪᠤᠶᠠᠨ ᠦᠢᠯᠡᠳᠬᠦ︾ ᠵᠡᠷᠭᠡ ᠪᠠᠯᠠᠷ ᠡᠷᠲᠡᠨ ᠤ ᠠᠮᠢ | ᠠᠬᠤᠢ ᠶᠢᠨ ᠵᠢᠭᠤᠯᠴᠢᠯᠠᠯ ᠢ ᠨᠡᠭᠡᠭᠡᠨ ᠬᠥᠭᠵᠢᠭᠦᠯᠦᠨ᠎ᠡ᠃ | ᠠᠷᠠᠳ ᠤᠨ ᠵᠠᠩ ᠠᠭᠠᠯᠢ ᠠᠷᠠᠳ ᠤᠨ ᠵᠠᠩ ᠰᠤᠷᠲᠠᠯ ᠤᠨ ᠲᠡᠤᠬᠡᠲᠦ ᠴᠢᠨᠠᠷᠲᠠᠶ ᠤᠯᠠᠮᠵᠢᠯᠠᠨ | ᠵᠠᠯᠭᠠᠮᠵᠢᠯᠠᠯᠲᠠ ᠶᠢ ᠲᠦᠯᠬᠢᠨ ᠠᠬᠢᠭᠤᠯᠤᠨ᠎ᠠ᠃ ᠺᠢᠨᠣ᠋ ︽ ᠨᠤᠭᠤᠨᠵᠠᠶᠠᠭ᠎ᠠ︾ ᠶᠢ ᠰᠡᠭᠦᠳᠡᠷᠯᠡᠬᠦ ᠠᠵᠢᠯ ᠢ | ᠳᠠᠭᠤᠰᠬᠠᠵᠤ᠂ ᠪᠠᠷᠢᠮᠲᠠᠲᠤ ᠺᠢᠨᠣ᠋ ︽ᠨᠠᠷᠢᠮᠤ ᠶᠢᠨ ᠨᠠᠢᠮᠠᠨ ᠮᠢᠩᠭᠠᠨ ᠣᠨ︾ ᠢ ᠰᠡᠭᠦᠳᠡᠷᠯᠡᠨ᠎ᠡ᠃ ᠪᠦᠬᠦ ᠠᠷᠠᠳ | ᠨᠡᠶᠢᠲᠡ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠵᠤ ᠦᠨᠳᠦᠰᠦᠨ ᠱᠠᠲᠤᠨ ᠳᠤ ᠪᠠᠭᠤᠬᠤ ᠠᠵᠢᠯᠯᠠᠭ᠎ᠠ ᠶᠢ ᠥᠷᠨᠢᠭᠦᠯᠵᠦ | ᠂ ᠣᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠢ ᠰᠠᠶᠢᠲᠤᠷ ᠡᠷᠬᠢᠯᠡᠵᠦ᠂ ᠣᠯᠠᠨ ᠨᠡᠶᠢᠲᠡ ᠶᠢᠨ | ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠨᠡᠮᠡᠭᠳᠡᠭᠦᠯᠦᠨ᠎ᠡ᠃ ᠪᠡᠶ᠎ᠡ ᠶᠢᠨ ᠲᠠᠮᠢᠷ ᠬᠢᠭᠡᠳ ᠪᠡᠶ᠎ᠡ ᠴᠢᠭᠢᠷᠠᠭᠵᠢᠭᠤᠯᠬᠤ᠂ | ᠰᠡᠯᠡᠭᠦᠴᠡᠯ᠂ ᠰᠣᠶᠣᠯ᠂ ᠵᠢᠭᠤᠯᠴᠢᠯᠠᠯ ᠢ ᠬᠠᠷᠢᠯᠴᠠᠨ ᠠᠭᠤᠰᠤᠯᠴᠠᠭᠤᠯᠵᠤ᠂ ᠤᠯᠤᠰ ᠤᠨ ᠳᠣᠲᠣᠭᠠᠳᠤ ᠶᠢᠨ ᠣᠯᠠᠨ | ᠤᠯᠤᠰ ᠤᠨ ᠪᠡᠶ᠎ᠡ ᠶᠢᠨ ᠲᠠᠮᠢᠷ ﹇ᠲᠣᠳᠤᠷᠬᠠᠶᠢᠯᠠᠯᠲᠠ 25﹈ ᠢ ᠳᠠᠭᠠᠭᠠᠨ ᠡᠷᠬᠢᠯᠡᠵᠦ᠂ ᠪᠡᠶ᠎ᠡ ᠶᠢᠨ ᠲᠠᠮᠢᠷ ᠤᠨ | ᠵᠢᠵᠢᠭ ᠪᠠᠯᠭᠠᠰᠤ ᠶᠢ ᠬᠦᠴᠦᠯᠡᠨ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠷᠠᠳᠢᠣ᠋ ᠲᠧᠯᠸᠢᠰ ᠢ ᠪᠦᠷᠢᠨ | ᠪᠦᠷᠬᠦᠭᠦᠯᠬᠦ ᠪᠠ ︽ᠥᠷᠭᠡᠨ ᠪᠦᠰᠡᠲᠦ ᠬᠥᠳᠡᠭᠡ ᠲᠣᠰᠬᠤᠨ︾ ᠤ ᠢᠨᠵᠧᠨᠧᠷᠢᠩ ᠢ ᠪᠡᠶᠡᠯᠡᠭᠦᠯᠦᠨ᠎ᠡ ᠃ | ᠣᠯᠠᠨ ᠨᠡᠶᠢᠲᠡ ᠶᠢᠨ ᠰᠣᠶᠣᠯ ᠤᠨ ᠣᠯᠠᠨ ᠲᠦᠮᠡᠨᠴᠢ ᠴᠢᠨᠠᠷᠲᠠᠶ ᠲᠠᠪᠴᠠᠩ ᠢ ᠪᠠᠶᠢᠭᠤᠯᠤᠨ᠎ᠠ᠃ | ᠤᠯᠠᠭᠠᠨᠮᠥ᠋ᠴᠢᠷ ᠤᠨ ᠲᠢᠶᠠᠲᠷ᠂ ᠨᠣᠮ ᠤᠨ ᠰᠠᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠣᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠰᠢᠷᠢᠰ ᠰᠣᠶᠣᠯ ᠤᠨ | ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠬᠤᠶᠠᠳᠤᠭᠠᠷ ᠬᠤᠭᠤᠴᠠᠭᠠᠨ ᠤ ᠫᠢᠩᠵᠢᠦᠶ ᠵᠦᠴᠦᠭᠡ ᠶᠢᠨ ᠤᠷᠤᠯᠳᠤᠭᠠᠨ ᠢ | ᠡᠷᠬᠢᠯᠡᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠪᠠ ᠰᠢ ᠵᠦᠴᠦᠭᠡ ᠶᠢ ᠬᠥᠳᠡᠭᠡ ᠬᠦᠷᠭᠡᠬᠦ ᠠᠵᠢᠯᠯᠠᠭ᠎ᠠ ᠶᠢ | ᠥᠷᠨᠢᠭᠦᠯᠦᠨ᠎ᠡ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠴᠢᠩᠭᠠᠳᠬᠠᠨ᠎ᠠ᠃ ᠰᠣᠶᠣᠯ ᠤᠨ | ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠵᠤ᠂ ᠰᠣᠶᠣᠯ ᠤᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠣᠶᠣᠯ ᠤᠨ ᠵᠢᠭᠰᠠᠭᠠᠯ ᠤᠨ ᠭᠠᠵᠠᠷ ᠤᠨ ᠠᠮᠤᠷ ᠲᠦᠪᠰᠢᠨ ᠢ ᠪᠠᠲᠤᠯᠠᠨ᠎ᠠ᠃ | ︵ᠳᠣᠯᠤᠭ᠎ᠠ︶ ᠬᠥᠮᠦᠨ ᠢ ᠬᠥᠮᠦᠵᠢᠭᠦᠯᠵᠦ᠂ ᠰᠤᠷᠭᠠᠨ ᠬᠥᠮᠦᠵᠢᠯ ᠢ ᠦᠨᠡᠨᠬᠦ ᠰᠠᠶᠢᠲᠤᠷ ᠡᠷᠬᠢᠯᠡᠬᠦ ᠬᠡᠷᠡᠭᠲᠡᠢ | ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠨ᠎ᠠ᠃ ᠡᠬᠢ ᠪᠠᠶᠠᠯᠢᠭ ᠢ | ᠲᠡᠩᠴᠡᠭᠦᠷᠢᠰᠢᠭᠦᠯᠵᠦ᠂ ᠴᠢᠨᠠᠷᠵᠢᠭᠤᠯᠤᠨ ᠲᠣᠬᠢᠷᠠᠭᠤᠯᠵᠤ᠂ ᠣᠷᠣᠨ ᠪᠦᠰᠡ ᠶᠢᠨ ᠬᠤᠭᠤᠷᠣᠨᠳᠣᠬᠢ᠂ | ᠰᠤᠷᠭᠠᠭᠤᠯᠢ ᠶᠢᠨ ᠬᠤᠭᠤᠷᠣᠨᠳᠣᠬᠢ ᠵᠥᠷᠢᠶ᠎ᠡ ᠶᠢ ᠪᠠᠭᠠᠰᠬᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠢ | ᠲᠡᠩᠴᠡᠭᠦᠷᠢᠲᠡᠶ ᠬᠥᠭᠵᠢᠭᠦᠯᠬᠦ ᠶᠢ ᠪᠠᠷᠢᠮᠵᠢᠶ᠎ᠠ ᠳᠤ ᠬᠦᠷᠦᠭᠦᠯᠬᠦ ᠲᠥᠷᠥᠯ ᠵᠦᠢᠯ ᠢ ᠪᠡᠶᠡᠯᠡᠭᠦᠯᠵᠦ᠂ ᠥᠪᠡᠷᠲᠡᠭᠡᠨ | ᠵᠠᠰᠠᠬᠤ ᠣᠷᠣᠨ ᠪᠣᠯᠤᠨ ᠤᠯᠤᠰ ᠠᠴᠠ ᠰᠢᠯᠭᠠᠨ ᠠᠪᠬᠤ ᠶᠢ ᠦᠨᠡᠨᠬᠦ ᠪᠠᠲᠤᠯᠠᠨ᠎ᠠ᠃ ︽ᠬᠤᠶᠠᠷ ᠱᠤᠭᠤᠮ ᠢᠶᠠᠷ | ᠰᠤᠷᠤᠯᠭ᠎ᠠ ᠪᠠᠨ ᠳᠣᠷᠭᠤᠨ ᠵᠣᠭᠰᠣᠬᠤ ᠶᠢ ᠡᠵᠡᠮᠳᠡᠬᠦ︾ ﹇ᠲᠣᠳᠤᠷᠬᠠᠶᠢᠯᠠᠯᠲᠠ 26﹈ ᠬᠠᠷᠢᠭᠤᠴᠠᠯᠭ᠎ᠠ ᠶᠢᠨ | ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ | ᠰᠤᠷᠤᠯᠭ᠎ᠠ ᠶᠢ ᠪᠠᠲᠤᠯᠠᠬᠤ ᠠᠵᠢᠯ ᠢ ᠴᠢᠩᠭᠠᠳᠬᠠᠨ᠎ᠠ᠃ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ | ᠲᠠᠰᠤᠷᠠᠯᠲᠠ ᠥᠬᠡᠶ ᠰᠢᠯᠢᠳᠡᠭᠵᠢᠭᠦᠯᠵᠦ᠂ ᠰᠢᠨ ᠬᠤᠢ ᠨᠠᠢᠮᠠᠳᠤᠭᠠᠷ ᠪᠠᠭ᠎ᠠ ᠰᠤᠷᠭᠠᠭᠤᠯᠢ ᠪᠠ 5 ᠬᠡᠤᠬᠡᠳ ᠤᠨ | ᠴᠡᠴᠡᠷᠯᠢᠭ ﹇ᠲᠣᠳᠤᠷᠬᠠᠶᠢᠯᠠᠯᠲᠠ 27﹈ ᠠᠰᠢᠭᠯᠠᠯᠲᠠ ᠳᠤ ᠣᠷᠣᠬᠤ ᠶᠢ ᠪᠠᠲᠤᠯᠠᠵᠤ᠂ ᠰᠤᠷᠭᠠᠭᠤᠯᠢ ᠳᠤ | ᠣᠷᠣᠬᠤ ᠳᠤ ᠬᠦᠴᠢᠷᠲᠡᠶ᠂ ᠴᠡᠴᠡᠷᠯᠢᠭ ᠲᠤ ᠣᠷᠣᠬᠤ ᠳᠤ ᠬᠦᠴᠢᠷᠲᠡᠶ᠂ ᠴᠡᠴᠡᠷᠯᠢᠭ ᠲᠤ ᠣᠷᠣᠬᠤ ᠳᠤ ᠦᠨᠡᠲᠡᠶ | ᠵᠡᠷᠭᠡ ᠠᠰᠠᠭᠤᠳᠠᠯ ᠢ ᠰᠢᠢᠳᠪᠦᠷᠢᠯᠡᠨ᠎ᠡ᠃ | ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠪᠠᠭᠰᠢ ᠶᠢ | ᠣᠷᠣᠭᠤᠯᠤᠨ ᠠᠪᠴᠢᠷᠠᠵᠤ ᠪᠣᠯᠪᠠᠰᠤᠷᠠᠭᠤᠯᠬᠤ᠂ ᠰᠤᠷᠭᠠᠭᠤᠯᠢ ᠶᠢᠨ ᠵᠠᠬᠢᠷᠤᠯ ᠢ ᠬᠥᠮᠦᠵᠢᠭᠦᠯᠵᠦ ᠰᠢᠯᠢᠨ ᠳᠡᠪᠰᠢᠭᠦᠯᠬᠦ | ᠂ ᠰᠣᠯᠢᠯᠴᠠᠨ ᠠᠵᠢᠯ ᠶᠢᠨ ᠪᠠᠶᠢᠷᠢ ᠡᠭᠡᠯᠵᠢᠯᠡᠭᠦᠯᠬᠦ ᠶᠢ ᠠᠬᠢᠭᠤᠯᠬᠤ ᠪᠠᠷ ᠭᠤᠤᠯ ᠴᠣᠭᠴᠠ ᠪᠣᠯᠭᠠᠵᠤ᠂ ᠪᠠᠭᠰᠢ ᠶᠢᠨ | ᠮᠣᠷᠠᠯ ᠰᠤᠷᠲᠠᠯ ᠤᠨ ᠬᠥᠮᠦᠵᠢᠯ ᠢ ᠴᠢᠩᠭᠠᠳᠬᠠᠬᠤ ᠪᠠᠷ ᠶᠡᠷᠥᠩᠬᠡᠶᠢᠯᠡᠨ ᠭᠠᠷᠳᠠᠵᠤ᠂ ᠠᠵᠢᠯ ᠶᠠᠪᠤᠳᠠᠯ ᠤᠨ ᠡᠷᠬᠡ᠂ | ᠬᠥᠮᠦᠨ ᠤ ᠡᠷᠬᠡ᠂ ᠡᠳ᠋ ᠤᠨ ᠡᠷᠬᠡ ᠶᠢ ᠨᠢᠭᠡᠳᠬᠡᠭᠰᠡᠨ ᠬᠠᠮᠢᠶᠠᠷᠤᠯᠲᠠ ᠶᠢᠨ ᠵᠠᠭᠪᠤᠷ ᠢ ᠰᠦᠪᠡᠭᠴᠢᠯᠡᠨ ᠪᠠᠶᠢᠭᠤᠯᠵᠤ | ᠂ ᠰᠤᠷᠭᠠᠭᠤᠯᠢ ᠶᠢᠨ ᠵᠠᠬᠢᠷᠤᠯ ᠤᠨ ᠡᠩᠨᠡᠭᠡ ᠪᠣᠯᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ﹇ᠲᠣᠳᠤᠷᠬᠠᠶᠢᠯᠠᠯᠲᠠ 28﹈ ᠬᠠᠮᠢᠶᠠᠷᠤᠯᠲᠠ ᠶᠢᠨ | ᠪᠠᠶᠢᠭᠤᠯᠤᠯ ᠢ ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ᠣᠷᠣᠨ ᠲᠤᠭ᠎ᠠ ᠪᠠ ᠠᠵᠢᠯ ᠤᠨ ᠪᠠᠶᠢᠷᠢ ᠶᠢ ᠰᠢᠨᠵᠢᠯᠡᠬᠦ | ᠤᠬᠠᠭᠠᠨᠴᠢ ᠪᠠᠷ ᠲᠣᠬᠢᠷᠠᠭᠤᠯᠵᠤ᠂ ᠪᠦᠬᠦ ᠠᠵᠢᠯᠲᠠᠨ ᠤ ᠠᠵᠢᠯ ᠤᠨ ᠪᠠᠶᠢᠷᠢ ᠶᠢᠨ ᠠᠵᠢᠯ ᠤᠨ ᠠᠮᠵᠢᠯᠲᠠ | ᠪᠦᠲᠦᠮᠵᠢ ᠶᠢ ᠲᠥᠷᠥᠯ ᠬᠤᠪᠢᠶᠠᠨ ᠬᠢᠨᠠᠨ ᠰᠢᠯᠭᠠᠵᠤ ᠦᠨᠡᠯᠡᠬᠦ ᠰᠢᠰᠲ᠋ᠧᠮ ᠶᠢ ᠲᠡᠭᠦᠯᠳᠡᠷᠵᠢᠭᠦᠯᠦᠨ᠂ ᠱᠠᠩᠨᠠᠯ ᠤᠨ | ᠴᠢᠨᠠᠷᠲᠠᠶ ᠠᠵᠢᠯ ᠤᠨ ᠠᠮᠵᠢᠯᠲᠠ ᠪᠦᠲᠦᠮᠵᠢ᠂ ᠬᠥᠳᠡᠭᠡ ᠲᠣᠰᠬᠤᠨ ᠤ ᠪᠠᠭᠰᠢ ᠨᠠᠷ ᠲᠤ ᠨᠥᠬᠦᠪᠥᠷᠢ ᠥᠭᠬᠦ ᠳᠦᠷᠢᠮ | ᠪᠠ ᠠᠩᠭᠢ ᠶᠢᠨ ᠡᠷᠬᠢᠯᠡᠭᠴᠢ ᠳᠤ ᠨᠥᠬᠦᠪᠥᠷᠢ ᠥᠭᠬᠦ ᠳᠦᠷᠢᠮ ᠢ ᠪᠠᠶᠢᠭᠤᠯᠵᠤ᠂ ᠥᠷᠭᠡᠨ ᠣᠯᠠᠨ ᠪᠠᠭᠰᠢ ᠨᠠᠷ ᠢ | ᠰᠡᠳᠬᠢᠯ ᠲᠠᠶᠢᠪᠤᠩ᠂ ᠰᠡᠳᠬᠢᠯ ᠠᠮᠤᠷ ᠂ ᠬᠠᠯᠠᠭᠤᠨ ᠰᠡᠳᠬᠢᠯ ᠢᠶᠠᠷ ᠪᠠᠭᠰᠢᠯᠠᠭᠤᠯᠤᠨ᠎ᠠ᠃ | ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠤᠳᠤ ᠦᠶ᠎ᠡ ᠶᠢᠨ | ᠰᠤᠷᠭᠠᠭᠤᠯᠢ ᠶᠢᠨ ᠳᠦᠷᠢᠮ ᠢ ᠪᠠᠶᠢᠭᠤᠯᠵᠤ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠬᠥᠲᠥᠯᠥᠨ | ᠳᠠᠭᠠᠭᠤᠯᠵᠤ᠂ ᠪᠠᠭᠰᠢ ᠰᠤᠷᠭᠠᠭᠤᠯᠢ ᠶᠢᠨ ᠵᠠᠬᠢᠷᠤᠯ ᠤᠨ ᠲᠤᠰᠬᠠᠶ ᠮᠡᠷᠭᠡᠵᠢᠯ ᠤᠨ ᠳᠠᠪᠰᠢᠯᠲᠠ ᠶᠢ ᠠᠬᠢᠭᠤᠯᠵᠤ᠂ | ᠪᠠᠷᠢᠮᠵᠢᠶ᠎ᠠ᠂ ᠠᠰᠠᠭᠤᠳᠠᠯ᠂ ᠡᠭᠦᠷᠭᠡ᠂ ᠦᠨᠡᠯᠡᠯᠲᠡ ᠵᠡᠷᠭᠡ ᠳᠥᠷᠪᠡᠨ ᠨᠠᠷᠢᠨ ᠳᠠᠩᠰᠠ ᠶᠢ ᠪᠠᠶᠢᠭᠤᠯᠤᠨ᠎ᠠ᠃ | ᠬᠢᠴᠢᠶᠡᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠰᠤᠳᠤᠯᠤᠯ ᠢ ᠠᠬᠢᠭᠤᠯᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢ ᠦᠨᠡᠯᠡᠬᠦ ᠲᠣᠭᠲᠠᠴᠠ ᠶᠢᠨ ᠰᠢᠨ᠎ᠡ ᠶᠢ | ᠡᠭᠦᠳᠦᠨ᠎ᠡ᠃ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠰᠢᠯᠢᠳᠡᠭ | ᠤᠯᠠᠮᠵᠢᠯᠠᠯᠲᠤ ᠰᠣᠶᠣᠯ᠂ ᠠᠤᠬᠠᠨ ᠨᠤᠲᠤᠭ ᠤᠨ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠣᠷᠤᠭᠤᠯᠬᠤ ᠶᠢ | ᠠᠬᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠴᠢᠩᠭᠠᠳᠬᠠᠵᠤ᠂ ᠨᠡᠶᠢᠭᠡᠮ ᠳᠤ ᠨᠠᠩ ᠣᠯᠠᠨ | ᠬᠡᠷᠡᠭᠯᠡᠭᠡᠨ ᠤ ᠴᠢᠳᠠᠪᠤᠷᠢᠲᠠᠨ ᠢ ᠬᠥᠮᠦᠵᠢᠭᠦᠯᠵᠦ ᠥᠭᠭᠦᠨ᠎ᠡ᠃ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ | ᠴᠢᠬᠤᠯᠠᠴᠢᠯᠠᠬᠤ᠂ ᠣᠶᠤᠨ ᠤᠬᠠᠭᠠᠨ ᠢ ᠡᠷᠬᠢᠮᠯᠡᠨ ᠰᠤᠷᠤᠯᠴᠠᠯᠭ᠎ᠠ ᠶᠢ ᠡᠷᠬᠢᠮᠯᠡᠬᠦ ᠰᠢᠯᠢᠳᠡᠭ ᠤᠯᠠᠮᠵᠢᠯᠠᠯ ᠢ | ᠪᠠᠳᠠᠷᠠᠭᠤᠯᠵᠤ᠂ ᠪᠦᠬᠦ ᠨᠡᠶᠢᠭᠡᠮ ᠢᠶᠠᠷ ᠢᠶᠠᠨ ᠰᠤᠷᠭᠠᠨ ᠬᠥᠮᠦᠵᠢᠯ ᠢ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠢ | ᠪᠤᠢ ᠪᠣᠯᠭᠠᠨ᠎ᠠ᠃ | ︵ ᠨᠠᠢᠮᠠ︶ ᠦᠨᠳᠦᠰᠦᠨ ᠪᠠᠲᠤᠯᠠᠭ᠎ᠠ ᠶᠢᠨ ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ | ᠰᠠᠭᠠᠳ ᠦᠭᠡᠢ ᠨᠡᠪᠲᠡᠷᠡᠬᠦ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠪᠠᠶᠢᠭᠤᠯᠤᠨ᠎ᠠ᠃ ᠮᠤᠵᠢ ᠶᠢᠨ | ᠲᠡᠰ ᠤᠨ ᠵᠠᠮ 210 ᠱᠤᠭᠤᠮ ᠤᠨ ᠭᠤᠷᠣᠬᠠᠨ ᠠᠴᠠ ᠶᠠᠩ ᠴᠠᠩ ᠬᠦᠷᠬᠦ ᠬᠤᠶᠠᠳᠤᠭᠠᠷ ᠲᠡᠰ ᠤᠨ ᠵᠠᠰᠠᠮᠠᠯ ᠵᠠᠮ ᠢ | ᠪᠠᠶᠢᠭᠤᠯᠵᠤ ᠲᠡᠷᠭᠡ ᠨᠡᠪᠲᠡᠷᠡᠭᠦᠯᠬᠦ ᠶᠢ ᠦᠨᠡᠨᠬᠦ ᠪᠠᠲᠤᠯᠠᠨ᠎ᠠ᠃ 78 ᠺᠢᠯᠣᠮᠧᠲᠷ ᠲᠣᠰᠬᠤᠨ ᠳᠤ ᠨᠡᠪᠲᠡᠷᠡᠬᠦ ᠵᠠᠰᠠᠮᠠᠯ | ᠵᠠᠮ ᠢ ᠪᠦᠲᠦᠭᠡᠨ ᠪᠠᠶᠢᠭᠤᠯᠵᠤ᠂ 179 ᠺᠢᠯᠣᠮᠧᠲᠷ ᠵᠡᠭᠡᠯᠢ ᠭᠤᠳᠤᠮᠵᠢ ᠶᠢ ᠬᠠᠲᠠᠭᠤᠷᠠᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠲᠡᠰ ᠤᠨ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠤᠯᠤᠰ ᠤᠨ ᠲᠡᠰ ᠤᠨ ︽ᠳᠥᠷᠪᠡᠨ | ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠢᠳᠡᠪᠬᠢᠲᠡᠢ ᠡᠭᠦᠳᠦᠨ ᠪᠠᠶᠢᠭᠤᠯᠤᠨ᠎ᠠ᠃ | ︽ᠪᠠᠶᠢᠭᠤᠯᠬᠤ ᠬᠠᠮᠢᠶᠠᠷᠬᠤ ᠶᠢ ᠵᠡᠷᠭᠡ ᠳᠤᠨᠢ ᠴᠢᠬᠤᠯᠠᠴᠢᠯᠠᠬᠤ︾ ᠵᠠᠷᠴᠢᠮ ᠢ ᠪᠠᠷᠢᠮᠲᠠᠯᠠᠨ᠂ ᠬᠥᠳᠡᠭᠡ ᠲᠣᠰᠬᠤᠨ ᠤ | ᠵᠠᠰᠠᠮᠠᠯ ᠵᠠᠮ ᠤᠨ ᠨᠡᠶᠢᠭᠡᠮᠴᠢᠯᠡᠭᠰᠡᠨ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠬᠠᠶᠢᠨ ᠰᠦᠪᠡᠭᠴᠢᠯᠡᠬᠦ ᠬᠡᠷᠡᠭᠲᠡᠢ᠃ | ᠬᠤᠲᠠ ᠪᠠᠯᠭᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠰᠦᠪᠡᠭᠴᠢᠯᠡᠨ ᠬᠡᠷᠡᠭᠵᠢᠭᠦᠯᠦᠨ᠎ᠡ᠃ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠠᠭᠤᠷᠢ ᠶᠢ ᠪᠠᠲᠤᠳᠬᠠᠨ᠎ᠠ᠃ ᠯᠤᠤᠬ᠎ᠠ ᠶᠢᠨ ᠭᠤᠤᠯ ᠤᠨ | ᠠᠤᠬᠠᠨ ᠤ ᠬᠢᠯᠢ ᠳᠠᠬᠢ ᠬᠡᠰᠡᠭ ᠤᠨ ᠦᠶᠡᠷ ᠢ ᠰᠡᠷᠭᠡᠶᠢᠯᠡᠬᠦ ᠪᠠᠷᠢᠯᠭ᠎ᠠ ᠶᠢ ᠳᠠᠭᠤᠰᠬᠠᠨ᠎ᠠ᠃ ᠨᠠᠷᠢᠳ ᠤᠨ ᠭᠤᠣᠯ ᠤᠨ | ᠦᠶᠡᠷ ᠢ ᠰᠡᠷᠭᠡᠶᠢᠯᠡᠨ ᠵᠠᠰᠠᠬᠤ ᠢᠨᠵᠧᠨᠧᠷᠢᠩ ᠢ ᠡᠬᠢᠯᠡᠭᠦᠯᠦᠨ᠎ᠡ᠃ ᠣᠷᠣᠨ ᠪᠦᠰᠡ ᠠᠯᠤᠰᠯᠠᠨ ᠠᠤᠬᠠᠨ ᠤ ᠰᠠᠯᠪᠤᠷᠢ | ᠱᠤᠭᠤᠮ ᠤᠨ ᠪᠠᠷᠢᠯᠭ᠎ᠠ ᠶᠢᠨ ᠠᠵᠢᠯ ᠢ ᠡᠬᠢᠯᠡᠭᠦᠯᠬᠦ ᠪᠠᠷ ᠴᠢᠷᠮᠠᠶᠢᠨ᠎ᠠ᠃ 119 ᠲᠥᠪᠯᠡᠷᠡᠩᠭᠦᠶ ᠮᠠᠶ᠋ᠢᠭ ᠤᠨ | ᠤᠭᠤᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ ᠪᠡᠶᠡᠯᠡᠭᠦᠯᠵᠦ᠂ 3 ᠭᠠᠵᠠᠷ ︽ᠮᠢᠩᠭᠠᠨ ᠲᠣᠨ | ᠲᠦᠮᠡᠨ ᠬᠥᠮᠦᠨ ᠬᠤᠯᠪᠣᠭᠠᠯᠠᠭᠰᠠᠨ ᠲᠣᠰᠬᠤᠨ︾ ᠤ ᠤᠰᠤ ᠬᠠᠩᠭᠠᠬᠤ ᠪᠠ ᠱᠠᠨ ᠸᠠᠨ ᠽᠢ ᠤᠰᠤᠨ ᠴᠥᠭᠦᠷᠥᠮ ᠤᠨ | ᠨᠡᠪᠴᠢᠵᠦ ᠭᠤᠭᠤᠵᠢᠬᠤ ᠶᠢ ᠰᠡᠷᠭᠡᠶᠢᠯᠡᠬᠦ ᠢᠨᠵᠧᠨᠧᠷᠢᠩ ᠢ ᠡᠬᠢᠯᠡᠭᠦᠯᠦᠨ᠎ᠡ᠃ ᠵᠢᠯ ᠤᠨ ᠳᠣᠲᠣᠷ᠎ᠠ 3.6 ᠲᠦᠮᠡᠨ ᠮᠤ᠋ | ᠬᠥᠷᠥᠰᠥ ᠰᠢᠷᠣᠶ ᠶᠢᠨ ᠢᠳᠡᠭᠳᠡᠯ ᠢ ᠵᠠᠰᠠᠨ᠎ᠠ᠃ ᠤᠰᠤᠨ ᠤ ᠡᠬᠢ ᠪᠠᠶᠠᠯᠢᠭ ᠤᠨ ︽ᠭᠤᠷᠪᠠᠨ ᠵᠣᠷᠪᠤᠰ ᠤᠯᠠᠭᠠᠨ | ᠱᠤᠭᠤᠮ︾ ᠤᠨ ᠬᠠᠮᠢᠶᠠᠷᠤᠯᠲᠠ ᠪᠠ ︽ᠤᠯᠠᠭᠠᠨᠬᠠᠳᠠ ᠬᠤᠲᠠ ᠶᠢᠨ ᠭᠠᠵᠠᠷ ᠳᠣᠣᠷᠠᠬᠢ ᠤᠰᠤ ᠶᠢ ᠬᠠᠮᠠᠭᠠᠯᠠᠬᠤ | ᠳᠦᠷᠢᠮ︾ ᠢ ᠴᠢᠩᠭ᠎ᠠ ᠬᠡᠷᠡᠭᠵᠢᠭᠦᠯᠵᠦ᠂ ᠤᠰᠤ ᠠᠷᠪᠢᠯᠠᠬᠤ ᠢᠨᠵᠧᠨᠧᠷᠢᠩ ᠢ ᠬᠡᠷᠡᠭᠵᠢᠭᠦᠯᠵᠦ᠂ ᠭᠠᠵᠠᠷ ᠳᠣᠣᠷᠠᠬᠢ | ᠤᠰᠤ ᠶᠢ ᠦᠷᠭᠦᠯᠵᠢᠯᠡᠨ ᠠᠰᠢᠭᠯᠠᠬᠤ ᠶᠢ ᠠᠬᠢᠭᠤᠯᠤᠨ᠎ᠠ᠃ | ᠴᠠᠬᠢᠯᠭᠠᠨ ᠬᠦᠴᠦᠨ ᠤ ᠬᠠᠩᠭᠠᠯᠭ᠎ᠠ ᠶᠢ ᠦᠷᠭᠦᠯᠵᠢᠯᠡᠨ ᠪᠠᠲᠤᠯᠠᠨ᠎ᠠ᠃ ᠺᠠᠩ ᠵᠢᠶᠠ ᠶᠢᠩᠽᠢ ᠠᠴᠠ ᠰᠢᠶᠣᠤ | ᠱᠠᠨ ᠬᠦᠷᠬᠦ 2 ᠭᠠᠵᠠᠷ ᠤᠨ 66 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢᠨ ᠥᠭᠡᠷᠡᠴᠢᠯᠡᠯᠲᠡ ᠶᠢᠨ | ᠢᠨᠵᠧᠨᠧᠷᠢᠩ ᠢ ᠪᠡᠶᠡᠯᠡᠭᠦᠯᠵᠦ᠂ ᠳ᠋ᠠ ᠳ᠋ᠢᠶᠠᠨ ᠽᠢ ᠵᠡᠷᠭᠡ 2 ᠭᠠᠵᠠᠷ ᠤᠨ 66 ᠺᠢᠯᠣᠸᠠᠲ ᠤᠨ ᠬᠦᠴᠦᠳᠡᠯ | ᠥᠭᠡᠷᠡᠴᠢᠯᠡᠬᠦ ᠥᠷᠲᠡᠭᠡ ᠶᠢᠨ ᠥᠭᠡᠷᠡᠴᠢᠯᠡᠯᠲᠡ ᠶᠢᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠨ᠎ᠡ᠃ 10 | ᠺᠢᠯᠣᠸᠠᠲ ᠤᠨ ᠴᠠᠬᠢᠯᠭᠠᠨ ᠱᠤᠭᠤᠮ ᠤᠨ 256 ᠺᠢᠯᠣᠮᠧᠲᠷ᠂ 200 ᠺᠢᠯᠣᠮᠧᠲᠷ ᠤᠨ ᠳᠣᠤᠷ᠎ᠠ ᠬᠦᠴᠦᠳᠡᠯᠲᠦ | ᠴᠠᠬᠢᠯᠭᠠᠨ ᠱᠤᠭᠤᠮ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠵᠠᠰᠠᠵᠤ᠂ 127 ᠴᠠᠬᠢᠯᠭᠠᠨ ᠲᠦᠭᠡᠭᠡᠬᠦ | ᠥᠷᠲᠡᠭᠡ ᠶᠢᠨ ᠣᠷᠣᠨ ᠢ ᠥᠭᠡᠷᠡᠴᠢᠯᠡᠨ ᠪᠠᠶᠢᠭᠤᠯᠤᠨ᠎ᠠ᠃ ᠴᠠᠬᠢᠯᠭᠠᠨ ᠬᠠᠩᠭᠠᠬᠤ ᠨᠠᠶᠢᠳᠠᠪᠤᠷᠢᠲᠤ ᠨᠣᠷᠮ᠎ᠠ ᠶᠢ 99 | % ᠠᠴᠠ ᠳᠡᠭᠡᠭᠰᠢ ᠪᠠᠶᠢᠯᠭᠠᠬᠤ ᠶᠢ ᠦᠨᠡᠨᠬᠦ ᠪᠠᠲᠤᠯᠠᠨ᠎ᠠ᠃ | ᠭᠠᠵᠠᠷ ᠰᠢᠷᠣᠶ ᠶᠢᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠎ᠠ᠃ ᠭᠤᠷᠪᠠᠳᠤᠭᠠᠷ ᠤᠳᠠᠭᠠᠨ ᠤ ᠪᠦᠬᠦ | ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠪᠠ ᠪᠦᠬᠦ ᠬᠤᠰᠢᠭᠤᠨ ᠤ ᠭᠠᠵᠠᠷ ᠰᠢᠷᠣᠢ ᠶᠢ ᠠᠰᠢᠭᠯᠠᠬᠤ ᠶᠡᠷᠦᠩᠬᠡᠢ | ᠲᠥᠯᠥᠪᠵᠢᠭᠦᠯᠭᠡ ᠶᠢᠨ ᠲᠣᠬᠢᠷᠠᠭᠤᠯᠤᠯᠲᠠ ᠶᠢ ᠪᠡᠶᠡᠯᠡᠭᠦᠯᠦᠨ᠎ᠡ᠃ ︽ ᠶᠡᠭᠡ ᠰᠠᠷᠠᠪᠴᠢᠨ ᠭᠡᠷ ᠪᠠᠶᠢᠰᠢᠩ︾ ᠤᠨ | ᠠᠰᠠᠭᠤᠳᠠᠯ ᠢ ᠲᠤᠰᠬᠠᠶᠢᠯᠠᠨ ᠴᠡᠪᠡᠷᠯᠡᠨ ᠴᠡᠭᠴᠡᠯᠡᠬᠦ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠭᠠᠵᠠᠷ | ᠰᠢᠷᠣᠢ ᠪᠠ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠩᠰᠠᠯᠠᠵᠤ ᠦᠨᠡᠮᠯᠡᠯ ᠣᠯᠭᠤᠬᠤ ᠠᠵᠢᠯ ᠢ ᠪᠦᠬᠦ | ᠲᠠᠯ᠎ᠠ ᠪᠠᠷ ᠪᠡᠶᠡᠯᠡᠭᠦᠯᠦᠨ᠎ᠡ᠃ 1 ᠲᠦᠮᠡᠨ ᠮᠦ ᠲᠠᠷᠢᠶᠠᠨ ᠭᠠᠵᠠᠷ ᠢ ᠨᠥᠬᠦᠪᠥᠷᠢᠯᠡᠵᠦ᠂ ᠭᠠᠵᠠᠷ ᠰᠢᠷᠣᠶ ᠶᠢ ᠡᠵᠡᠯᠡᠬᠦ | ᠪᠠ ᠨᠥᠬᠦᠪᠥᠷᠢᠯᠡᠬᠦ ᠶᠢᠨ ᠲᠡᠩᠴᠡᠭᠦᠷᠢ ᠶᠢ ᠦᠨᠡᠨ ᠬᠦ ᠪᠠᠲᠤᠯᠠᠨ᠎ᠠ᠃ 5660 ᠲᠦᠮᠡᠨ ᠲᠥᠭᠦᠷᠢᠭ ᠤᠨ ᠪᠡᠯᠡ | ᠣᠷᠣᠭᠤᠯᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠤᠯᠪᠣᠵᠤ ᠨᠤᠷᠠᠭᠠᠨ | ᠨᠡᠭᠦᠯᠭᠡᠬᠦ ᠪᠠ ᠳᠠᠬᠢᠨ ᠬᠠᠭᠠᠯᠪᠤᠷᠢᠯᠠᠬᠤ ᠶᠢ ᠬᠡᠷᠡᠭᠵᠢᠭᠦᠯᠦᠨ᠎ᠡ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ | ᠰᠢᠷᠣᠶ ᠶᠢᠨ ᠭᠦᠢᠴᠡᠳᠭᠡᠯ ᠲᠤᠭ᠎ᠠ ᠶᠢ ᠢᠳᠡᠪᠬᠢᠲᠡᠢ ᠴᠢᠷᠮᠠᠶᠢᠨ ᠣᠯᠵᠤ᠂ ᠰᠤᠯᠠ ᠰᠡᠯᠡᠭᠦᠤ ᠪᠠ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢ ᠠᠮᠢᠳᠤᠯᠢᠭ ᠪᠣᠯᠭᠠᠵᠤ᠂ ᠬᠤᠲᠠ ᠬᠥᠳᠡᠭᠡ ᠶᠢᠨ ᠬᠥᠭᠵᠢᠯᠲᠡ ᠪᠠ | ᠭᠤᠤᠯᠳᠠᠯᠭ᠎ᠠ ᠲᠠᠢ ᠵᠦᠢᠯᠡᠰ ᠤᠨ ᠭᠠᠵᠠᠷ ᠰᠢᠷᠣᠶ ᠶᠢᠨ ᠬᠡᠷᠡᠭᠴᠡᠭᠡ ᠶᠢ ᠪᠠᠲᠤᠯᠠᠨ᠎ᠠ᠃ | ︵ᠶᠢᠰᠦ︶ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠤᠨ ᠠᠮᠢᠳᠤᠷᠠᠯ ᠤᠨ ᠦᠢᠯᠡᠰ ᠤᠨ | ᠬᠥᠭᠵᠢᠯᠲᠡ ᠶᠢ ᠠᠬᠢᠭᠤᠯᠤᠨ᠎ᠠ | ᠣᠯᠠᠨ ᠲᠦᠮᠡᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠰᠢᠭᠤ ᠡᠮᠨᠡᠯᠭᠡ ᠶᠢᠨ | ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ᠂ ᠪᠡᠶ᠎ᠡ ᠶᠢᠨ ᠪᠠᠶᠢᠴᠠᠭᠠᠯᠲᠠ ᠶᠢᠨ ᠲᠥᠪ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠬᠡᠷᠢᠶᠡᠲᠡᠢ᠂ ᠺᠠᠩ ᠵᠢᠶᠠ ᠶᠢᠩᠽᠢ ᠪᠣᠯᠤᠨ ᠱᠤᠸᠠᠩ ᠵᠢᠩ ᠤᠨ ᠡᠷᠡᠭᠦᠯ | ᠬᠠᠮᠠᠭᠠᠯᠠᠯ ᠤᠨ ᠬᠤᠷᠢᠶᠠᠨ ᠤ ᠡᠭᠦᠳᠡᠨ ᠡᠮᠨᠡᠯᠭᠡ ᠶᠢᠨ ᠡᠪᠡᠳᠴᠢᠲᠡᠨ ᠤ ᠭᠡᠷ ᠤᠨ ᠠᠰᠠᠷ ᠢ ᠪᠦᠲᠦᠭᠡᠨ ᠪᠠᠶᠢᠭᠤᠯᠬᠤ ᠶᠢᠨ | ᠬᠠᠮᠲᠤ ᠠᠰᠢᠭᠯᠠᠯᠲᠠ ᠳᠤ ᠣᠷᠣᠭᠤᠯᠤᠨ᠎ᠠ᠃ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠢ ᠬᠡᠷᠡᠭᠵᠢᠭᠦᠯᠵᠦ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠡᠮᠬᠢ ᠵᠢᠷᠤᠮ ᠲᠠᠢ ᠪᠠᠷ ᠡᠪᠡᠳᠴᠢᠨ ᠦᠵᠡᠭᠦᠯᠬᠦ ᠶᠢ ᠦᠨᠡᠨᠬᠦ ᠪᠠᠲᠤᠯᠠᠨ᠎ᠠ᠃ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠮᠣᠩᠭᠤᠯ ᠬᠢᠲᠠᠳ | ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠪᠡᠳᠴᠢᠨ ᠡᠮᠭᠡᠭ ᠢ ᠤᠷᠢᠳᠴᠢᠯᠠᠨ | ᠰᠡᠷᠭᠡᠶᠢᠯᠡᠵᠦ ᠬᠢᠵᠠᠭᠠᠷᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠶᠢ ᠠᠬᠢᠭᠤᠯᠬᠤ ᠬᠤᠰᠢᠭᠤ | ︾ ᠶᠢ ᠢᠳᠡᠪᠬᠢᠲᠡᠢ ᠡᠭᠦᠳᠦᠨ ᠪᠠᠶᠢᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ | ᠯᠠᠪᠳᠠᠭᠤᠨ ᠪᠠᠲᠤᠲᠠᠢ ᠥᠷᠨᠢᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠡᠮ ᠡᠮᠨᠡᠯᠭᠡ ᠶᠢᠨ ᠳᠠᠭᠠᠳᠬᠠᠯ ᠤᠨ | ᠳᠠᠭᠠᠳᠬᠠᠯ ᠳᠤ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ | ᠮᠥᠩᠭᠦ ᠶᠢᠨ ᠬᠠᠩᠭᠠᠯᠭ᠎ᠠ ᠶᠢ ᠪᠠᠲᠤᠯᠠᠨ᠎ᠠ᠃ ᠡᠪᠡᠳᠴᠢᠨ ᠤ ᠲᠦᠷᠦᠯ ᠵᠦᠢᠯ ᠢᠶᠠᠷ ᠰᠦᠢᠳᠭᠡᠯ ᠳᠤᠰᠢᠶᠠᠬᠤ ᠵᠡᠷᠭᠡ | ᠥᠭᠡᠷᠡᠴᠢᠯᠡᠯᠲᠡ ᠶᠢᠨ ᠠᠷᠭ᠎ᠠ ᠶᠢ ᠬᠡᠷᠡᠭᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ | ᠬᠤᠰᠢᠭᠤᠨ ᠳᠣᠲᠣᠷᠠᠬᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠲᠡᠰᠢ ᠬᠡᠯᠪᠠᠶᠢᠯᠭᠡᠨ᠎ᠡ᠃ ᠬᠤᠲᠠ | ᠬᠥᠳᠡᠭᠡ ᠶᠢ ᠨᠢᠭᠡ ᠴᠣᠭᠴᠠᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠵᠠᠷᠤᠯᠭ᠎ᠠ ᠶᠢᠨ | ᠦᠢᠯᠡ ᠠᠵᠢᠯᠯᠠᠭ᠎ᠠ ᠶᠢ ᠴᠢᠩᠭ᠎ᠠ ᠰᠢᠳᠭᠡᠨ᠎ᠡ᠃ ᠴᠢᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ | ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ ᠲᠣᠭᠲᠠᠴᠠ ᠶᠢ ᠪᠦᠷᠢᠨᠰᠢᠭᠦᠯᠵᠦ᠂ ᠠᠷᠠᠳ ᠠᠴᠠ ᠡᠵᠡᠩᠨᠡᠭᠰᠡᠨ | ᠴᠢᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠲᠤᠭ᠎ᠠ ᠬᠡᠮᠵᠢᠶ᠎ᠡ ᠪᠠ ᠡᠮᠴᠢᠯᠡᠭᠡᠨ ᠤ ᠳᠠᠭᠠᠳᠬᠠᠯ ᠤᠨ | ᠰᠠᠭᠤᠷᠢ ᠮᠥᠩᠭᠦ ᠶᠢᠨ ᠬᠡᠷᠡᠭᠯᠡᠬᠦ ᠲᠤᠭ᠎ᠠ ᠬᠡᠮᠵᠢᠶ᠎ᠡ ᠶᠢ ᠪᠠᠭᠠᠰᠬᠠᠨ᠎ᠠ᠃ ᠬᠤᠳᠠᠯᠳᠤᠭᠠᠨ ᠤ ᠳᠠᠭᠠᠳᠬᠠᠯ ᠬᠢᠭᠡᠳ | ᠰᠠᠭᠤᠷᠢ ᠮᠥᠩᠭᠦ ᠶᠢᠨ ᠶᠡᠷᠦᠩᠬᠡᠶᠢᠯᠡᠭᠰᠡᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠳᠤ ᠦᠵᠡᠭᠦᠯᠬᠦ ᠡᠮᠴᠢᠯᠡᠭᠡᠨ ᠤ ᠳᠠᠭᠠᠳᠬᠠᠯ ᠤᠨ | ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠬᠤᠶᠠᠷ ᠵᠦᠢᠯ ᠤᠨ ᠳᠦᠷᠢᠮ︾ ᠢ ᠵᠣᠯᠭᠠᠭᠤᠯᠬᠤ ﹇ | ᠲᠣᠳᠤᠷᠬᠠᠶᠢᠯᠠᠯᠲᠠ 30﹈ ᠶᠢ ᠰᠠᠶᠢᠲᠤᠷ ᠬᠢᠵᠦ᠂ ᠨᠥᠬᠦᠴᠡᠯ ᠳᠤ ᠨᠡᠶᠢᠴᠡᠬᠦ ᠳᠠᠩᠰᠠ ᠡᠪᠬᠡᠮᠡᠯ ᠪᠠᠶᠢᠭᠤᠯᠤᠨ ᠺᠠᠷᠲ | ᠵᠣᠬᠢᠶᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃ ᠰᠢᠶᠠᠩ ᠪᠠᠯᠭᠠᠰᠤᠨ ᠤ ᠨᠠᠰᠤᠲᠠᠨ ᠢ ᠠᠰᠠᠷᠠᠬᠤ ᠬᠦᠷᠢᠶᠡᠯᠡᠩ ᠢ | ᠨᠢᠭᠡᠳᠬᠡᠬᠦ ᠠᠵᠢᠯ ᠢ ᠠᠬᠢᠭᠤᠯᠵᠤ᠂ ᠬᠥᠳᠡᠭᠡ ᠲᠣᠰᠬᠤᠨ ᠤ ᠲᠠᠬᠢᠯᠭ᠎ᠠ ᠶᠢᠨ ᠴᠢᠭ ᠤᠨ ᠪᠠᠶᠢᠭᠤᠯᠤᠯᠲᠠ ᠶᠢ | ᠦᠷᠭᠦᠯᠵᠢᠯᠡᠨ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠪᠣᠯᠤᠨ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠡᠮᠴᠢᠯᠡᠭᠡ ᠨᠠᠰᠤᠵᠢᠯ ᠢ ᠤᠶᠠᠯᠳᠤᠭᠤᠯᠤᠭᠰᠠᠨ ᠨᠠᠰᠤᠵᠢᠯ ᠤᠨ ᠵᠠᠭᠪᠤᠷ ᠢ ᠢᠳᠡᠪᠬᠢᠲᠡᠢ ᠬᠡᠷᠡᠭᠵᠢᠭᠦᠯᠦᠨ᠎ᠡ᠃ | ᠭᠡᠷ ᠲᠡᠭᠡᠨ ᠬᠤᠴᠣᠷᠤᠭᠰᠠᠨ ᠬᠡᠤᠬᠡᠳ᠂ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠪᠠᠲᠤᠯᠠᠭ᠎ᠠ ᠶᠢᠨ ᠠᠵᠢᠯ ᠢ | ᠰᠠᠶᠢᠲᠤᠷ ᠬᠢᠵᠦ᠂ ᠵᠡᠮᠳᠡᠭᠴᠦᠳ ᠢ ᠡᠷᠡᠭᠦᠯᠵᠢᠭᠦᠯᠬᠦ ᠲᠥᠪ ᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ | ᠃ ᠬᠥᠯᠥᠰᠥᠨ ᠠᠵᠢᠯᠴᠢᠨ ᠤ ᠴᠠᠯᠢᠩ ᠢ ᠥᠭᠬᠦ ᠪᠠᠲᠤᠯᠠᠭ᠎ᠠ ᠶᠢᠨ ᠠᠵᠢᠯ ᠢ ᠴᠢᠩᠭᠠᠳᠬᠠᠨ᠎ᠠ᠃ ᠴᠡᠷᠢᠭ ᠤᠨ ᠬᠥᠮᠦᠨ | ᠴᠡᠷᠢᠭ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠴᠡᠷᠢᠭ ᠤᠨ ᠪᠠ | ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠪᠣᠯᠤᠨ ᠴᠡᠷᠢᠭ ᠠᠴᠠ ᠬᠠᠯᠠᠭᠳᠠᠭᠰᠠᠳ ᠵᠡᠷᠭᠡ ᠭᠡᠷ ᠪᠦᠯᠢ ᠳᠤ ᠫᠠᠶᠢᠰᠠ | ᠢᠯᠡᠷᠬᠡᠶᠢᠯᠡᠯ ᠡᠯᠭᠦᠬᠦ ᠠᠵᠢᠯ ᠢ ᠰᠠᠶᠢᠲᠤᠷ ᠬᠢᠨ᠎ᠡ᠃ | ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠳᠡᠭᠡᠳᠦ ᠱᠠᠲᠤᠨ ᠤ | ᠲᠥᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ | ᠪᠠᠶᠢᠷᠢ ᠶᠢ ᠢᠳᠡᠪᠬᠢᠲᠡᠢ ᠨᠡᠭᠡᠭᠡᠵᠦ᠂ ᠵᠢᠯ ᠤᠨ ᠳᠣᠲᠣᠷ᠎ᠠ 2000 ᠬᠥᠮᠦᠨ ᠳᠤ ᠰᠢᠨ᠎ᠡ ᠪᠠᠷ ᠠᠵᠢᠯ ᠣᠯᠭᠤᠵᠤ᠂ | ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠨ ᠨᠣᠷᠮ᠎ᠠ ᠶᠢᠨ 4 % ᠠᠴᠠ ᠳᠣᠷᠣᠭᠰᠢ | ᠬᠢᠵᠠᠭᠠᠷᠯᠠᠵᠤ᠂ 10 ᠲᠦᠮᠡ ᠠᠴᠠ ᠳᠡᠭᠡᠭᠰᠢ ᠬᠥᠳᠡᠯᠮᠦᠷᠢ ᠬᠦᠴᠦ ᠶᠢ ᠭᠠᠳᠠᠭᠰᠢ ᠭᠠᠷᠭᠠᠬᠤ ᠶᠢ ᠪᠡᠶᠡᠯᠡᠭᠦᠯᠦᠨ᠎ᠡ᠃ | ᠠᠳᠠᠯ ᠦᠢᠯᠡᠰ ᠴᠣᠭᠴᠠᠯᠠᠬᠤ ᠲᠠᠪᠴᠠᠩ ᠢ ᠪᠠᠶᠢᠭᠤᠯᠵᠤ᠂ ᠭᠠᠳᠠᠭᠰᠢ ᠭᠠᠷᠴᠤ ᠨᠤᠲᠤᠭ ᠲᠠᠭᠠᠨ ᠪᠤᠴᠠᠵᠤ ᠠᠳᠠᠯ | ᠦᠢᠯᠡᠰ ᠴᠣᠭᠴᠠᠯᠠᠬᠤ ᠶᠢ ᠵᠣᠷᠢᠭᠵᠢᠭᠤᠯᠤᠨ᠂ ᠦᠯᠡᠭᠦᠤ ᠬᠥᠳᠡᠯᠮᠦᠷᠢ ᠬᠦᠴᠦᠨ ᠤ ᠣᠶᠢᠷ᠎ᠠ ᠬᠠᠪᠢ ᠳᠠᠭᠠᠨ ᠠᠵᠢᠯ | ᠣᠯᠬᠤ ᠶᠢ ᠳᠠᠶᠢᠴᠢᠯᠠᠵᠤ᠂ ᠣᠯᠠᠨ ᠲᠦᠮᠡᠨ ᠤ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠠᠵᠢᠯ ᠢ ᠲᠦᠯᠬᠢᠨ ᠠᠬᠢᠭᠤᠯᠤᠨ᠎ᠠ᠃ ᠪᠦᠬᠦ | ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠨ ᠬᠥᠬᠢᠭᠦᠯᠬᠦ ᠠᠷᠭ᠎ᠠ ᠳᠤ ᠵᠠᠰᠠᠪᠤᠷᠢ ᠣᠷᠣᠭᠤᠯᠵᠤ᠂ | ᠨᠡᠶᠢᠭᠡᠮ ᠤᠨ ᠡᠯ᠎ᠡ ᠡᠲᠡᠭᠡᠳ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃ ᠳᠠᠪᠠᠭᠤᠯᠢᠭ ᠠᠵᠤ ᠦᠢᠯᠡᠰ ᠤᠨ | ᠲᠣᠭᠤᠷᠢᠨ ᠳᠤ ᠲᠦᠷᠦᠯ ᠵᠦᠢᠯ ᠨᠠᠶᠢᠷᠠᠭᠤᠯᠤᠨ ᠮᠡᠳᠡᠭᠦᠯᠬᠦ ᠬᠡᠷᠡᠭᠲᠡᠢ᠃ ᠴᠢᠳᠠᠪᠤᠷᠢᠲᠠᠨ ᠢ ᠪᠣᠯᠪᠠᠰᠤᠷᠠᠭᠤᠯᠬᠤ | ᠡᠷᠴᠢᠮ ᠢᠶᠠᠨ ᠴᠢᠩᠭᠠᠷᠠᠭᠤᠯᠤᠨ᠎ᠠ᠃ ᠢᠯᠡ ᠲᠣᠳᠣ ᠲᠥᠪ ᠭᠤᠤᠯᠴᠢ ᠡᠷᠬᠡ ᠲᠡᠭᠰᠢ ᠪᠠᠶᠢᠬᠤ ᠵᠠᠷᠴᠢᠮ ᠢ | ᠪᠠᠷᠢᠮᠲᠠᠯᠠᠵᠤ᠂ ︽ᠰᠠᠭᠠᠳ ᠥᠬᠡᠶ ᠨᠡᠪᠲᠡᠷᠡᠬᠦ ᠵᠠᠮ︾ ᠢᠶᠠᠷ ᠳᠠᠮᠵᠢᠨ ᠳᠡᠭᠡᠳᠤ ᠳᠡᠰ ᠳᠠᠪᠬᠤᠷᠭ᠎ᠠ ᠶᠢᠨ | ᠴᠢᠳᠠᠪᠤᠷᠢᠲᠠᠨ ᠢ ᠣᠷᠣᠭᠤᠯᠤᠨ ᠠᠪᠴᠢᠷᠠᠨ᠎ᠠ᠃ ᠳᠡᠭᠡᠳᠦ ᠱᠠᠲᠤᠨ ᠤ ᠲᠥᠷᠥᠯ ᠵᠦᠢᠯ ᠤᠨ ᠪᠡᠯᠡ ᠮᠥᠩᠭᠦ ᠶᠢᠨ | ᠳᠡᠮᠵᠢᠯᠭᠡ ᠶᠢ ᠴᠢᠷᠮᠠᠶᠢᠨ ᠣᠯᠵᠤ᠂ ᠠᠤᠬᠠᠨ ᠣᠷᠣᠨ ᠤ ᠭᠠᠵᠠᠷ ᠰᠢᠨᠵᠢᠯᠡᠭᠡᠨ ᠤ ᠪᠦᠲᠦᠴᠡ ᠶᠢ ᠬᠠᠶᠢᠨ ᠬᠡᠮᠵᠢᠬᠦ | ᠠᠵᠢᠯ ᠢ ᠬᠡᠷᠡᠭᠵᠢᠭᠦᠯᠦᠨ᠎ᠡ᠃ | ︵ᠠᠷᠪᠠ︶ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠨᠡᠶᠢᠭᠡᠮ ᠤᠨ ᠡᠶ᠎ᠡ | ᠵᠣᠬᠢᠴᠠᠩᠭᠤᠢ ᠲᠣᠭᠲᠠᠭᠤᠨ ᠢ ᠦᠷᠭᠦᠯᠵᠢᠯᠡᠨ ᠬᠠᠮᠠᠭᠠᠯᠠᠨ᠎ᠠ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠴᠢᠩᠭᠠᠷᠠᠭᠤᠯᠤᠨ᠎ᠠ᠃ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠳᠡᠭᠡᠳᠦ ᠳᠣᠣᠷᠠᠳᠤ | ᠱᠠᠲᠤ ᠬᠠᠮᠲᠤᠷᠠᠨ ᠬᠥᠳᠡᠯᠦᠯᠴᠡᠵᠦ᠂ ᠪᠤᠰᠢᠭᠤ ᠲᠦᠷᠭᠡᠨ ᠲᠤᠰᠬᠠᠵᠤ᠂ ᠪᠦᠲᠦᠮᠵᠢᠲᠡᠶ ᠰᠢᠢᠳᠪᠦᠷᠢᠯᠡᠬᠦ ᠬᠡᠷᠡᠭᠲᠡᠶ᠃ | ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠠᠶᠤᠯᠭᠦᠶ ᠦᠢᠯᠡᠳᠪᠦᠷᠢᠯᠡᠯ ᠤᠨ ᠲᠣᠤᠷᠵᠢᠭᠤᠯᠤᠭᠰᠠᠨ ᠬᠠᠮᠢᠶᠠᠷᠤᠯᠲᠠ ᠪᠠ ᠤᠬᠠᠭᠤᠯᠭ᠎ᠠ ᠬᠥᠮᠦᠵᠢᠯ ᠤᠨ ︽ | ᠳᠣᠯᠤᠭ᠎ᠠ ᠶᠢ ᠣᠷᠣᠭᠤᠯᠬᠤ︾ ﹇ᠲᠣᠳᠤᠷᠬᠠᠶᠢᠯᠠᠯᠲᠠ 31﹈ ᠠᠵᠢᠯᠯᠠᠭ᠎ᠠ ᠶᠢ ᠲᠦᠯᠬᠢᠨ ᠠᠬᠢᠭᠤᠯᠵᠤ᠂ ᠨᠡᠯᠢᠶᠡᠳ | ᠶᠡᠭᠡ ᠵᠢᠴᠢ ᠲᠡᠭᠦᠨ ᠠᠴᠠ ᠳᠡᠭᠡᠭᠰᠢᠬᠢ ᠠᠶᠤᠯᠭᠦᠶ ᠦᠢᠯᠡᠳᠪᠦᠷᠢᠯᠡᠯ ᠤᠨ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ | ᠣᠢ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠡᠩᠨᠡᠭᠡᠨ ᠤ ᠪᠠᠶᠢᠭᠤᠯᠤᠯᠲᠠ ᠪᠣᠯᠤᠨ ᠡᠳ᠋ ᠪᠣᠳᠠᠰ | ᠨᠥᠭᠡᠴᠡᠯᠡᠬᠦ ᠶᠢ ᠴᠢᠩᠭᠠᠳᠬᠠᠬᠤ ᠬᠡᠷᠡᠭᠲᠡᠶ᠃ ᠬᠥᠳᠡᠭᠡ ᠲᠣᠰᠬᠤᠨ ᠤ ᠭᠠᠯ ᠤᠨᠲᠠᠷᠠᠭᠠᠬᠤ ᠥᠷᠲᠡᠭᠡ ᠶᠢᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠭᠠᠯ ᠤᠨ ᠭᠠᠮᠰᠢᠭ ᠠᠴᠠ ᠠᠪᠤᠷᠠᠨ ᠲᠤᠰᠠᠯᠠᠬᠤ ᠶᠢ ᠪᠦᠲᠦᠮᠵᠢᠲᠡᠶ | ᠪᠣᠭᠤᠨᠢᠰᠬᠠᠨ᠎ᠠ᠃ ᠭᠠᠵᠠᠷ ᠬᠥᠳᠡᠯᠦᠯᠲᠡ᠂ ᠦᠶᠡᠷ᠂ ᠭᠠᠩ ᠬᠠᠭᠰᠠᠷᠠᠭᠠᠨ ᠵᠡᠷᠭᠡ ᠭᠠᠮᠰᠢᠭ ᠢ ᠰᠢᠨᠵᠢᠯᠡᠬᠦ | ᠤᠬᠠᠭᠠᠨᠴᠢ ᠪᠠᠷ ᠰᠡᠷᠭᠡᠶᠢᠯᠡᠵᠦ᠂ ᠪᠠᠶᠢᠭᠠᠯᠢ ᠶᠢᠨ ᠭᠠᠮᠰᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠨ᠎ᠠ᠃ | ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ︽ᠭᠡᠭᠡᠨ ᠰᠠᠷᠠᠭᠤᠯ ᠢᠨᠵᠧᠨᠧᠷᠢᠩ + | ᠤᠶᠤᠨᠲᠤ ᠳᠣᠲᠣᠭᠠᠳᠤ ᠶᠢ ᠬᠠᠮᠠᠭᠠᠯᠠᠬᠤ︾ ᠪᠠᠶᠢᠭᠤᠯᠤᠯᠲᠠ ᠶᠢ ᠦᠷᠭᠦᠯᠵᠢᠯᠡᠨ ᠬᠡᠷᠡᠭᠵᠢᠭᠦᠯᠵᠦ᠂ ᠪᠣᠰᠤᠭ᠎ᠠ | ᠴᠣᠭᠴᠠᠲᠤ ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠵᠤ᠂ ᠬᠠᠷ᠎ᠠ | ᠪᠦᠯᠦᠭᠲᠡᠨ ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠷ᠎ᠠ ᠪᠦᠯᠦᠭᠲᠡᠨ | ᠬᠠᠷᠭᠢᠰ ᠬᠦᠴᠦᠨ ᠤ ᠬᠠᠮᠠᠭᠠᠯᠠᠯᠲᠠ ᠶᠢᠨ ᠰᠢᠬᠦᠷ ᠪᠠ ᠬᠠᠷᠢᠴᠠᠭᠠᠨ ᠤ ᠲᠣᠤᠷ ᠢ ᠲᠦᠢᠯᠪᠤᠷᠢᠲᠠᠶ ᠪᠠᠶᠢᠴᠠᠭᠠᠵᠤ᠂ ᠬᠠᠷ᠎ᠠ | ᠪᠦᠯᠦᠭᠲᠡᠨ ᠬᠠᠷᠭᠢᠰ ᠬᠦᠴᠦᠨ ᠤ ᠪᠣᠶ ᠪᠣᠯᠬᠤ ᠬᠥᠷᠥᠰᠥ ᠰᠢᠷᠣᠶ ᠶᠢ ᠲᠦᠢᠯᠪᠤᠷᠢᠲᠠᠶ ᠪᠠᠶᠢᠴᠠᠭᠠᠨ᠎ᠠ᠃ ᠠᠹᠷᠢᠺᠠ | ᠲᠢᠪ ᠤᠨ ᠭᠠᠭ᠋ᠠᠶ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠵᠤ᠂ ︽ᠬᠢᠵᠢᠭ ᠤᠨ ᠪᠠᠶᠢᠳᠠᠯ | ᠦᠭᠡᠢ︾ ᠦᠷ᠎ᠡ ᠪᠦᠲᠦᠭᠡᠯ ᠢ ᠪᠠᠲᠤ ᠰᠠᠬᠢᠨ᠎ᠠ᠃ ᠢᠳᠡᠭᠡᠨ ᠤ ᠵᠦᠢᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠲᠠᠷᠢᠶᠠᠯᠠᠩ ᠤᠨ ᠪᠦᠲᠦᠭᠡᠭᠳᠡᠬᠦᠨ ᠤ ᠡᠬᠢ ᠡᠭᠦᠰᠦᠯ ᠠᠴᠠ ᠨᠢ ᠬᠠᠮᠢᠶᠠᠷᠤᠨ | ᠡᠵᠡᠮᠳᠡᠬᠦ ᠶᠢ ᠴᠢᠩᠭᠠᠷᠠᠭᠤᠯᠵᠤ᠂ ᠢᠳᠡᠭᠡᠨ ᠤ ᠵᠦᠢᠯ ᠤᠨ ᠵᠢᠵᠢᠭ ᠴᠠᠷᠠᠰᠤ ᠡᠳ᠋ᠰᠢᠭᠦᠯᠬᠦ ᠬᠦᠷᠢᠶᠡᠯᠡᠩ ᠲᠣᠭᠤᠷᠢᠭ ᠢ | ᠪᠦᠲᠦᠭᠡᠨ ᠪᠠᠶᠢᠭᠤᠯᠵᠤ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠳᠦᠷᠢᠮ ᠳᠣᠭᠲᠠᠭᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ | ᠪᠦᠬᠦ ᠤᠯᠤᠰ ᠤᠨ ᠳᠥᠷᠪᠡᠳᠦᠭᠡᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠢᠨᠠᠮᠠᠭᠠᠶ | ᠥᠷᠨᠢᠭᠦᠯᠬᠦ ᠬᠡᠷᠡᠭᠲᠡᠶ᠃ ᠣᠯᠠᠨ ᠲᠦᠮᠡᠨ ᠤ ᠵᠦᠢ ᠶᠣᠰᠣᠨ ᠤ ᠭᠤᠮᠣᠳᠠᠯ ᠲᠣᠭᠠᠴᠢᠯᠲᠠ ᠳᠤ ᠴᠠᠭ ᠲᠤᠬᠠᠢ ᠳᠤᠨᠢ | ᠬᠠᠷᠢᠭᠤᠯᠲᠠ ᠥᠭᠴᠦ᠂ ᠵᠠᠬᠢᠳᠠᠯ ᠰᠤᠷᠪᠤᠯᠵᠢᠯᠠᠭ᠎ᠠ ᠶᠢᠨ ᠨᠡᠮᠡᠭᠳᠡᠯ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠵᠠᠬᠢᠳᠠᠯ | ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠠ ᠡᠮᠦᠨᠡᠬᠡᠨ ᠤ ᠦᠯᠡᠳᠡᠭᠡᠭᠰᠡᠨ ᠠᠰᠠᠭᠤᠳᠠᠯ ᠢ ᠬᠦᠴᠦᠯᠡᠨ | ᠨᠠᠮᠲᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠦᠯᠡᠳᠡᠭᠡᠯ ᠢ ᠪᠠᠭᠠᠰᠬᠠᠨ᠎ᠠ᠃ ᠨᠠᠮ ᠢᠶᠠᠨ ᠬᠠᠶᠢᠷᠠᠯᠠᠬᠤ ᠤᠯᠤᠰ ᠢᠶᠠᠨ | ᠬᠠᠶᠢᠷᠠᠯᠠᠬᠤ ᠬᠥᠮᠦᠵᠢᠯ ᠤᠨ ᠠᠵᠢᠯ ᠢ ᠴᠢᠩᠭᠠᠳᠬᠠᠨ᠎ᠠ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ | ᠥᠷᠨᠢᠭᠦᠯᠦᠨ᠎ᠡ᠃ ᠨᠡᠶᠢᠭᠡᠮ ᠢ ᠨᠠᠩ ᠠᠮᠤᠷ ᠲᠣᠭᠲᠠᠭᠤᠨ᠂ ᠣᠯᠠᠨ ᠲᠦᠮᠡᠨ ᠢ ᠨᠠᠩ ᠠᠮᠤᠷ ᠲᠠᠶᠢᠪᠤᠩ ᠪᠣᠯᠭᠠᠬᠤ ᠪᠠᠷ | ᠴᠢᠷᠮᠠᠶᠢᠬᠤ ᠬᠡᠷᠡᠭᠲᠡᠶ᠃ | ᠡᠭᠦᠨ ᠤ ᠬᠠᠮᠲᠤ᠂ ᠱᠠᠰᠢᠨ ᠰᠤᠷᠲᠠᠬᠤᠨ᠂ ᠳᠠᠩᠰᠠ ᠡᠪᠬᠡᠮᠡᠯ᠂ ᠠᠷᠠᠳ ᠤᠨ ᠠᠭᠠᠷ ᠤᠨ ᠰᠡᠷᠭᠡᠶᠢᠯᠡᠯᠲᠡ᠂ | ᠲᠡᠤᠬᠡ ᠣᠶᠢᠯᠠᠯᠭ᠎ᠠ᠂ ᠨᠠᠰᠤᠲᠠᠶᠢᠴᠤᠳ᠂ ᠨᠢᠭᠦᠯᠡᠰᠦᠩᠭᠦᠢ᠂ ᠤᠯᠠᠭᠠᠨ ᠵᠠᠭᠠᠯᠮᠠᠶᠢᠳᠠᠨ ᠵᠡᠷᠭᠡ ᠠᠵᠢᠯ ᠢ ᠨᠠᠷᠢᠨ | ᠬᠢᠨᠠᠮᠠᠭᠠᠢ ᠰᠠᠶᠢᠲᠤᠷ ᠬᠢᠵᠦ᠂ ᠠᠵᠢᠯᠴᠢᠨ᠂ ᠵᠠᠯᠠᠭᠤᠴᠤᠳ᠂ ᠡᠮᠡᠭᠳᠠᠶᠢᠴᠦᠳ ᠵᠡᠷᠭᠡ ᠣᠯᠠᠨ ᠲᠦᠮᠡᠨ ᠤ ᠠᠵᠢᠯ ᠢ | ᠳᠠᠮᠵᠢᠨ᠎ᠠ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠠᠷᠠᠳ ᠤᠨ ᠬᠦᠰᠡᠯ ᠪᠣᠯ ᠵᠠᠰᠠᠭ ᠤᠨ ᠴᠢᠭᠯᠡᠯ ᠮᠥᠨ᠃ ᠪᠦᠬᠦ ᠬᠤᠰᠢᠭᠤᠨ ᠤ ᠬᠥᠭᠵᠢᠯᠲᠡ ᠶᠢ ᠲᠦᠷᠭᠡᠳᠬᠡᠨ | ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠳᠤ᠂ ᠪᠢᠳᠡ ᠡᠷᠬᠡᠪᠰᠢ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠭᠡᠵᠦ᠂ ᠠᠷᠠᠳ | ᠣᠯᠠᠨ ᠳᠤ ᠬᠠᠨᠤᠮᠵᠢᠲᠠᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ︵ᠨᠢᠭᠡ︶ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ᠎ᠡ᠃ ᠦᠨᠳᠦᠰᠦᠨ ᠬᠠᠤᠯᠢ | ᠬᠠᠤᠯᠢ ᠴᠠᠭᠠᠵᠠ ᠶᠢ ᠴᠢᠩᠭ᠎ᠠ ᠵᠢᠷᠤᠮᠯᠠᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠬᠠᠤᠯᠢ ᠪᠠᠷ | ᠲᠣᠭᠲᠠᠭᠠᠭᠰᠠᠨ ᠵᠢᠷᠤᠮ ᠪᠠ ᠮᠡᠳᠡᠭᠦᠯᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠪᠠ | ᠠᠵᠢᠯ ᠤᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠨ᠎ᠡ᠃ ︽ | ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ | ᠠᠷᠠᠳ ᠤᠨ ᠡᠶᠡᠳᠡᠭᠦᠯᠦᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨ᠎ᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠤᠨ ᠳᠠᠩᠰᠠᠯᠠᠬᠤ ᠠᠵᠢᠯ ᠢ ᠰᠠᠶᠢᠲᠤᠷ ᠬᠢᠨ᠎ᠡ᠃ ᠰᠠᠯᠠᠭ᠎ᠠ ᠮᠥᠴᠢᠷ ᠤᠨ | ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠦᠷᠢᠨ ᠪᠣᠯᠭᠠᠨ ᠨᠠᠷᠢᠯᠢᠭᠵᠢᠭᠤᠯᠤᠨ᠎ᠠ᠃ ᠬᠢᠨᠠᠨ ᠪᠣᠳᠣᠯᠲᠠ ᠶᠢᠨ | ᠬᠢᠨᠠᠯᠲᠠ ᠲᠠᠯᠪᠢᠬᠤ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠨ᠂ ᠴᠢᠬᠤᠯᠠ ᠶᠡᠭᠡ ᠲᠥᠷᠦ ᠶᠢᠨ ᠪᠣᠳᠣᠯᠭ᠎ᠠ ᠪᠠ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠴᠢᠬᠤᠯᠠ ᠶᠡᠭᠡ ᠵᠦᠢᠯᠡᠰ ᠪᠠ ᠠᠷᠠᠳ ᠤᠨ | ᠠᠮᠢᠳᠤᠷᠠᠯ ᠤᠨ ᠭᠤᠤᠯᠳᠠᠯᠭ᠎ᠠ ᠲᠠᠢ ᠪᠡᠯᠡ ᠮᠥᠩᠭᠦ ᠵᠡᠷᠭᠡ ᠬᠦᠷᠢᠶᠡᠨ ᠳᠤ ᠦᠷᠭᠦᠯᠵᠢᠯᠡᠨ ᠬᠦᠴᠦᠯᠡᠬᠦ ᠶᠢ ᠠᠬᠢᠭᠤᠯᠤᠨ᠎ᠠ | ᠃ | ︵ᠬᠤᠶᠠᠷ︶ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠭᠡᠵᠦ᠂ ᠪᠣᠳᠠᠲᠠᠶ ᠶᠢ ᠡᠷᠬᠢᠮᠯᠡᠨ ᠥᠨᠳᠥᠷ | ᠦᠷ᠎ᠡ ᠪᠦᠲᠦᠮᠵᠢ ᠲᠠᠢ ᠪᠠᠶᠢᠬᠤ ᠬᠡᠷᠡᠭᠲᠡᠶ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠢᠶᠠᠷ | ᠠᠬᠢᠭᠤᠯᠵᠤ᠂ ᠬᠥᠮᠦᠨ ᠤ ᠰᠡᠳᠬᠢᠯ ᠰᠠᠷᠨᠢᠬᠤ ᠦᠭᠡᠢ᠂ ᠡᠩᠨᠡᠭᠡ ᠰᠠᠮᠠᠭᠤᠷᠠᠬᠤ ᠦᠭᠡᠢ᠂ ᠠᠵᠢᠯ ᠲᠠᠰᠤᠷᠠᠬᠤ ᠦᠭᠡᠢ | ᠪᠠᠶᠢᠬᠤ ᠶᠢ ᠪᠠᠲᠤᠯᠠᠨ᠎ᠠ᠃ ᠬᠤᠷᠠᠯ᠂ ᠪᠢᠴᠢᠭ ᠮᠠᠲ᠋ᠧᠷᠢᠶᠠᠯ ᠤᠨ ︽ᠬᠤᠶᠠᠷ ᠢ ᠪᠠᠭᠤᠷᠠᠭᠤᠯᠬᠤ︾ ᠶᠢ ᠴᠢᠷᠮᠠᠶᠢᠨ | ᠪᠡᠶᠡᠯᠡᠭᠦᠯᠵᠦ᠂ ᠰᠢᠮᠳᠠᠭᠤᠯᠤᠨ ᠪᠠᠶᠢᠴᠠᠭᠠᠬᠤ ᠳᠠᠪᠲᠠᠮᠵᠢ ᠶᠢ ᠪᠠᠭᠠᠰᠬᠠᠨ᠂ ᠰᠢᠮᠳᠠᠭᠤᠯᠤᠨ ᠪᠠᠶᠢᠴᠠᠭᠠᠬᠤ ᠶᠠᠰᠤ | ᠴᠢᠨᠠᠷ ᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠭ ᠡᠯᠧᠺᠲᠷᠤᠨᠴᠢᠯᠠᠭᠰᠠᠨ | ᠰᠢᠰᠲ᠋ᠧᠮ ᠢ ᠲᠡᠭᠦᠯᠳᠡᠷᠵᠢᠭᠦᠯᠦᠨ᠂ ᠲᠥᠷᠥᠯ ᠢᠯᠭᠠᠯ ᠤᠨ ᠲᠥᠷᠥᠯ ᠵᠦᠢᠯ ᠪᠦᠬᠦᠨ ᠢ ᠠᠯᠤᠰ ᠠᠴᠠ ᠣᠨᠳᠣᠣ ᠭᠠᠵᠠᠷ | ᠳᠠᠭᠠᠭᠠᠴᠢᠯᠠᠯᠲᠠ ᠰᠢᠯᠭᠠᠷᠠᠭᠤᠯᠬᠤ ᠶᠢ ᠪᠡᠶᠡᠯᠡᠭᠦᠯᠬᠦ ᠬᠡᠷᠡᠭᠲᠡᠢ᠃ ︽e ᠵᠠᠰᠠᠭ ᠤᠨ ᠶᠠᠪᠤᠳᠠᠯ ᠤᠨ ᠰᠦᠯᠵᠢᠶᠡᠨ | ᠳᠡᠭᠡᠷ᠎ᠡ ᠬᠡᠷᠡᠭ ᠡᠷᠬᠢᠯᠡᠬᠦ ᠲᠥᠪ︾ ᠤᠨ ᠪᠠᠶᠢᠭᠤᠯᠤᠯᠲᠠ ᠶᠢ ᠲᠦᠷᠭᠡᠳᠬᠡᠵᠦ᠂ ᠰᠦᠯᠵᠢᠶᠡᠨ ᠳᠡᠭᠡᠷ᠎ᠡ ᠠᠷᠠᠳ ᠲᠤ | ᠳᠥᠭᠦᠮ ᠦᠵᠡᠭᠦᠯᠬᠦ ᠦᠢᠯᠡᠴᠢᠯᠡᠭᠡ ᠶᠢ ᠬᠥᠳᠡᠭᠡ ᠲᠣᠰᠬᠤᠨ ᠳᠤ ᠬᠦᠷᠲᠡᠯ᠎ᠡ ᠤᠷᠲᠤᠳᠬᠠᠨ᠎ᠠ᠃ ︽ᠢᠨᠲ᠋ᠧᠷ | ᠰᠦᠯᠵᠢᠶ᠎ᠡ + ᠵᠠᠰᠠᠭ ᠤᠨ ᠶᠠᠪᠤᠳᠠᠯ ᠢ ᠢᠯᠡ ᠪᠣᠯᠭᠠᠬᠤ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠮᠡᠳᠡᠭᠡ | ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ ᠨᠡᠶᠢᠭᠡᠮ ᠤᠨ ᠪᠠᠶᠢᠳᠠᠯ ᠢ ᠰᠢᠯᠤᠭᠤᠳᠬᠠᠵᠤ᠂ ᠨᠡᠪᠲᠡᠷᠡᠯᠴᠡᠬᠦ | ᠠᠷᠭ᠎ᠠ ᠵᠠᠮ ᠢ ᠰᠢᠯᠤᠭᠤᠳᠬᠠᠨ ᠲᠤᠰᠠᠯᠠᠬᠤ ᠬᠡᠷᠡᠭᠲᠡᠶ᠃ | ︵ᠭᠤᠷᠪᠠ︶ ᠤᠭ ᠰᠠᠨᠠᠭ᠎ᠠ ᠪᠠᠨ ᠦᠯᠦ ᠮᠠᠷᠲᠠᠨ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠎ᠡ᠃ | ᠨᠡᠶᠢᠭᠡᠮ ᠳᠤ ᠬᠢᠭᠰᠡᠨ ᠠᠮᠠᠯᠠᠯᠲᠠ ᠪᠠᠨ ᠴᠢᠩᠭ᠎ᠠ ᠭᠦᠢᠴᠡᠳᠭᠡᠵᠦ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠪᠦᠷᠢᠨ | ᠲᠡᠭᠦᠯᠳᠡᠷ ᠰᠢᠰᠲ᠋ᠧᠮ ᠢ ᠪᠠᠶᠢᠭᠤᠯᠤᠨ᠎ᠠ᠃ ᠤᠯᠤᠰ ᠲᠥᠷᠥ ᠨᠢ ᠴᠢᠩᠭ᠎ᠠ᠂ ᠣᠶᠢᠯᠠᠭᠠᠭᠳᠠᠬᠤᠨ ᠨᠢ ᠤᠷᠢᠳᠠᠪᠠᠷ᠂ | ᠴᠢᠳᠠᠪᠤᠷᠢ ᠨᠢ ᠴᠢᠩᠭ᠎ᠠ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠡᠷᠳᠡᠮ ᠴᠢᠳᠠᠪᠤᠷᠢ ᠪᠣᠯᠤᠨ | ᠴᠢᠳᠠᠪᠤᠷᠢ ᠶᠢᠨ ᠬᠢᠮᠤᠷᠠᠯ ᠢ ᠡᠷᠡᠰ ᠬᠤᠷᠢᠭᠯᠠᠬᠤ ᠬᠡᠷᠡᠭᠲᠡᠶ᠃ ᠨᠡᠶᠢᠭᠡᠮ ᠤᠨ ᠬᠠᠮᠤᠭ ᠠᠴᠠ ᠠᠩᠬᠠᠷᠴᠤ ᠪᠠᠶᠢᠭ᠎ᠠ | ᠠᠰᠠᠭᠤᠳᠠᠯ ᠤᠨ ᠲᠣᠭᠤᠷᠢᠨ ᠳᠤ᠂ ᠬᠥᠮᠦᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠢ | ᠠᠷᠠᠳ ᠤᠨ ᠠᠮᠢᠳᠤᠷᠠᠯ ᠤᠨ ᠲᠡᠰᠢ ᠬᠡᠯᠪᠠᠶᠢᠯᠭᠡᠨ᠎ᠡ᠃ ᠵᠠᠭᠤᠴᠢᠯᠠᠭᠤᠷ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ | ᠭᠤᠤᠯ ᠤᠷᠤᠰᠬᠠᠯ ᠤᠨ ᠶᠠᠷᠢᠶ᠎ᠠ ᠬᠡᠯᠡᠯᠴᠡᠭᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠥᠪ ᠴᠢᠬᠡᠴᠢ | ᠰᠦᠯᠵᠢᠶᠡᠨ ᠤ ᠣᠷᠣᠨ ᠵᠠᠶ ᠶᠢ ᠪᠣᠶ ᠪᠣᠯᠭᠠᠨ᠎ᠠ᠃ ᠤᠷᠮᠠᠰᠢᠭᠤᠯᠬᠤ ᠲᠣᠭᠲᠠᠴᠠ ᠪᠠ ᠠᠯᠳᠠᠭ᠎ᠠ ᠪᠤᠷᠤᠭᠤ ᠶᠢ | ᠪᠠᠭᠲᠠᠭᠠᠬᠤ ᠲᠣᠭᠲᠠᠴᠠ ᠶᠢ ᠪᠦᠷᠢᠨᠰᠢᠭᠦᠯᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠭᠰᠠᠨ ᠺᠠᠳ᠋ᠷ ᠢ ᠡᠷᠴᠢ ᠵᠣᠷᠢᠭ ᠲᠠᠢ᠂ ᠬᠦᠰᠡᠯ ᠡᠷᠡᠮᠡᠯᠵᠡᠯ ᠲᠠᠢ ᠪᠣᠯᠭᠠᠨ᠎ᠠ᠃ | ︵ ᠳᠦᠷᠪᠡ︶ ᠮᠡᠳᠡᠬᠦᠶ ᠬᠢᠬᠦᠶ ᠶᠢ ᠨᠢᠭᠡᠳᠬᠡᠵᠦ᠂ ᠠᠷᠢᠭᠤᠨ ᠴᠢᠬᠡᠴᠢ ᠵᠠᠰᠠᠭ ᠪᠠᠷᠢᠬᠤ ᠬᠡᠷᠡᠭᠲᠡᠶ᠃ | ᠨᠠᠮ ᠤᠨ ᠳᠣᠲᠣᠭᠠᠳᠤ ᠶᠢᠨ ᠤᠯᠤᠰ ᠲᠥᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ ᠦᠵᠡᠯ ᠤᠬᠠᠮᠰᠠᠷ ᠤᠨ | ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠪᠠ ︽ᠬᠤᠶᠠᠷ ᠬᠠᠷᠢᠭᠤᠴᠠᠯᠭ᠎ᠠ︾᠂ ︽ᠨᠢᠭᠡ ᠠᠵᠢᠯ ᠤᠨ ᠪᠠᠶᠢᠷᠢ ᠳᠤ | ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠨᠠᠶᠢᠳᠠᠪᠤᠷᠢᠵᠢᠭᠤᠯᠵᠤ᠂ ᠺᠠᠳ᠋ᠷᠴᠤᠳ ᠤᠨ ᠵᠣᠷᠢᠯᠲᠠ ᠶᠢᠨ ᠤᠬᠠᠮᠰᠠᠷ | ᠪᠠ ᠬᠠᠷᠢᠭᠤᠴᠠᠯᠭ᠎ᠠ ᠡᠭᠦᠷᠭᠡ ᠶᠢ ᠴᠢᠩᠭᠠᠳᠬᠠᠨ᠎ᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ | ᠰᠠᠨᠠᠭ᠎ᠠ ᠶᠢ ᠴᠢᠩᠭ᠎ᠠ ᠵᠢᠷᠤᠮᠯᠠᠨ ᠰᠠᠬᠢᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠲᠦᠯᠬᠢᠨ ᠠᠬᠢᠭᠤᠯᠤᠨ᠎ᠠ᠃ ︽ᠳᠥᠷᠪᠡᠨ ᠰᠤᠷᠲᠠᠯ︾ | ᠤᠨ ᠠᠰᠠᠭᠤᠳᠠᠯ ᠢ ᠴᠡᠭᠴᠡᠯᠡᠨ ᠵᠠᠰᠠᠬᠤ ᠪᠠᠷ ᠤᠳᠠᠭᠠᠨ ᠳᠠᠭᠠᠭᠠᠮᠠᠭᠠᠶ ᠬᠦᠴᠦᠯᠡᠵᠦ᠂ ᠦᠨᠳᠦᠰᠦᠨ ᠱᠠᠲᠤᠨ ᠤ | ᠳᠠᠷᠤᠭᠠᠰᠤ ᠶᠢ ᠦᠨᠡᠨᠬᠦ ᠬᠥᠩᠭᠡᠷᠡᠭᠦᠯᠦᠨ᠎ᠡ᠃ ︽ᠠᠯᠪᠠᠨ ᠵᠠᠷᠤᠳᠠᠯ︾ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ | ᠰᠠᠨᠠᠭᠠᠴᠢᠯᠠᠵᠤ᠂ ᠲᠦᠷᠦᠭᠦᠯᠡᠨ ᠠᠷᠪᠢᠯᠠᠨ ᠭᠠᠮᠨᠠᠵᠤ ᠠᠮᠢᠳᠤᠷᠠᠬᠤ ᠬᠡᠷᠡᠭᠲᠡᠶ᠃ ᠠᠰᠠᠭᠤᠳᠠᠯ ᠳᠤ ᠵᠣᠷᠢᠭᠲᠠᠶ ᠪᠠᠷ | ᠰᠢᠭᠤᠳ ᠬᠠᠨᠳᠤᠵᠤ᠂ ᠲᠠᠰᠤᠷᠠᠯᠲᠠ ᠦᠭᠡᠢ ᠥᠪᠡᠷ ᠢ ᠪᠠᠨ ᠰᠢᠨᠡᠴᠢᠯᠡᠬᠦ᠂ ᠡᠷᠡᠰ ᠬᠠᠲᠠᠭᠤ ᠤᠯᠤᠰ ᠲᠥᠷᠥ ᠶᠢᠨ ᠬᠡᠪ | ᠨᠠᠮᠪᠠ ᠲᠠᠢ ᠪᠠᠶᠢᠬᠤ ᠬᠡᠷᠡᠭᠲᠡᠶ᠃ | ᠲᠥᠯᠥᠭᠡᠯᠡᠭᠴᠢᠳ ᠡ᠂ ᠵᠤᠯ ᠵᠢᠷᠭᠠᠯᠲᠤ ᠠᠮᠢᠳᠤᠷᠠᠯ ᠨᠢ ᠣᠶᠤᠨ ᠤᠬᠠᠭᠠᠨ ᠪᠣᠯᠤᠨ ᠬᠥᠯᠥᠰᠥ ᠪᠠᠨ ᠰᠢᠪᠠᠭ᠋ᠤ | ᠲᠠᠢ ᠬᠤᠯᠪᠤᠯᠳᠠᠵᠤ ᠪᠠᠶᠢᠳᠠᠭ᠂ ᠰᠠᠶᠢᠨ ᠰᠠᠶᠢᠬᠠᠨ ᠢᠷᠡᠭᠡᠳᠦᠢ ᠨᠢ ᠴᠢᠷᠮᠠᠶᠢᠨ ᠲᠡᠮᠡᠴᠡᠬᠦ ᠶᠢ ᠬᠦᠯᠢᠶᠡᠵᠦ ᠪᠣᠢ︕ | ᠪᠢᠳᠡ ᠰᠢᠨ᠎ᠡ ᠠᠶᠠᠨ ᠳᠠᠶᠢᠨ ᠤ ᠡᠷᠡᠯᠬᠡᠭᠯᠡᠨ ᠲᠡᠮᠡᠴᠡᠭᠴᠢ ᠪᠣᠯᠵᠤ᠂ ᠰᠢᠨ᠎ᠡ ᠴᠠᠭ ᠦᠶ᠎ᠡ ᠶᠢᠨ ᠬᠦᠰᠡᠯ ᠵᠡᠭᠦᠳᠦ ᠪᠠᠨ | ᠬᠥᠭᠡᠭᠡᠴᠡᠯᠳᠦᠭᠴᠢ ᠪᠣᠯᠬᠤ ᠪᠠᠷ ᠴᠢᠷᠮᠠᠶᠢᠵᠤ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠤᠷ᠎ᠠ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠭᠠᠷ ᠬᠤᠯᠪᠤᠯᠴᠠᠨ ᠬᠠᠮᠲᠤᠪᠠᠷ | ᠤᠷᠤᠭᠰᠢᠯᠠᠵᠤ᠂ ᠪᠦᠬᠦ ᠬᠤᠰᠢᠭᠤᠨ ᠤ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠳᠡᠪᠰᠢᠭᠦᠯᠵᠦ | ᠂ ᠰᠢᠯᠢᠳᠡᠭ ᠠᠮᠵᠢᠯᠲᠠ ᠪᠠᠷ ᠢᠶᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 70 | ᠵᠢᠯ ᠤᠨ ᠣᠢ ᠶᠢ ᠪᠡᠯᠭᠡᠯᠡᠬᠦ ᠬᠡᠷᠡᠭᠲᠡᠶ︕ |