2019 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵ᠨᠢᠭᠡ︶
ᠨᠡᠶᠢᠲᠡᠯᠡᠭᠰᠡᠨ ᠴᠠᠭ᠄
2019/8/28
     ᠵᠠᠰᠠᠭ ᠤᠨ ᠣᠷᠳᠣᠨ ᠤ ᠠᠵᠢᠯ ᠤᠨ ᠢᠯᠡᠳᠬᠡᠯ      2019 ᠤᠨ 3 ᠰᠠᠷ᠎ᠠ ᠶᠢᠨ 28 ᠤ ᠡᠳᠦᠷ ᠠᠤᠬᠠᠨ ᠬᠤᠰᠢᠭᠤᠨ ᠳᠤ      ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ      ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ      ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ  ᠬᠤᠰᠢᠭᠤᠨ ᠳᠠᠷᠤᠭ᠎ᠠ      ᠢᠦᠢ ᠪᠦᠦ ᠵᠢᠶᠦ᠋ᠨ ᠠᠴᠠ ᠲᠦᠯᠦᠭᠡᠯᠡᠭᠴᠢᠳ ᠡ᠄      ᠣᠳᠣ ᠪᠢ  ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠵᠦ᠂ ᠬᠢᠨᠠᠨ ᠵᠥᠪᠯᠡᠶ᠎ᠡ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠪᠤᠰᠤᠳ ᠨᠥᠬᠦᠳ ᠰᠠᠨᠠᠯ ᠢᠶᠠᠨ ᠳᠤᠷᠠᠳᠬᠤ  ᠪᠣᠯᠪᠠᠤ᠃      ᠨᠢᠭᠡ᠂ 2018  ᠣᠨ ᠤ ᠠᠵᠢᠯ ᠤᠨ ᠡᠷᠭᠢᠴᠡᠭᠦᠯᠦᠯ      ᠨᠢᠭᠡ ᠵᠢᠯ ᠤᠨ ᠲᠤᠷᠰᠢ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂  ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂  ᠬᠤᠰᠢᠭᠤᠨ ᠤ ᠵᠠᠰᠠᠭ ᠤᠨ ᠣᠷᠳᠣᠨ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠪᠦᠬᠦ ᠬᠦᠴᠦᠨ ᠢᠶᠠᠷ ᠢᠶᠠᠨ ᠨᠡᠮᠡᠭᠳᠡᠯ ᠢ ᠲᠣᠭᠲᠠᠪᠤᠷᠢᠵᠢᠭᠤᠯᠤᠨ᠂ ᠪᠦᠲᠦᠴᠡ ᠶᠢ ᠲᠣᠬᠢᠷᠠᠭᠤᠯᠵᠤ᠂ ᠰᠠᠭᠤᠷᠢ ᠶᠢ ᠴᠢᠩᠭᠠᠳᠬᠠᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠶᠤᠯ ᠲᠦᠭᠰᠢᠭᠦᠷᠢ ᠶᠢ ᠰᠡᠷᠭᠡᠶᠢᠯᠡᠨ᠂ ᠠᠵᠤ ᠠᠬᠤᠢ ᠨᠡᠶᠢᠭᠡᠮ ᠤᠨ ᠬᠥᠭᠵᠢᠯᠲᠡ ᠢᠲᠡᠭᠡᠯ ᠲᠡᠭᠦᠯᠳᠡᠷ ᠪᠥᠭᠡᠳ ᠡᠷᠡᠰ ᠪᠠᠲᠤ ᠠᠯᠬᠤᠮ ᠢ ᠠᠯᠬᠤᠪᠠ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 131 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7 % ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠪᠣᠳᠠᠰ 54.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.1 % ᠪᠠᠷ ᠨᠡᠮᠡᠭᠳᠡᠪᠡ︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 41.9 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠤ 11 ᠵᠠᠭᠤᠨ ᠤ  ᠴᠢᠭ ᠠᠴᠠ ᠥᠨᠳᠥᠷ ᠪᠣᠯᠪᠠ︔ ᠣᠷᠣᠨ ᠨᠤᠲᠤᠭ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 4 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠠᠷᠠᠯᠲᠠ ᠪᠠᠨ 101.6 % ᠪᠠᠷ ᠪᠡᠶᠡᠯᠡᠭᠦᠯᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 28298 ᠲᠥᠭᠦᠷᠢᠭ ᠪᠠ 11253 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.7 % ᠪᠠ 10.1 % ᠨᠡᠮᠡᠭᠳᠡᠪᠡ᠃ ᠡᠯ᠎ᠡ ᠵᠦᠢᠯ ᠤᠨ  ᠭᠦᠢᠴᠡᠳᠭᠡᠯ ᠲᠤᠭ᠎ᠠ ᠨᠢ ᠳᠤᠮᠳᠠᠴᠢ ᠪᠠᠷ 1978 ᠣᠨ ᠤ 280 ᠳᠠᠬᠢᠨ ᠪᠠᠶᠢᠵᠤ᠂ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠠᠮᠵᠢᠯᠲᠠ ᠪᠦᠲᠦᠮᠵᠢ ᠶᠢ ᠢᠯᠡᠷᠡᠭᠦᠯᠵᠦ᠂ ᠥᠷᠭᠡᠨ ᠣᠯᠠᠨ ᠺᠠᠳ᠋ᠷ ᠤᠨ ᠰᠢᠷᠭᠠᠭᠤ ᠴᠢᠷᠮᠠᠶᠢᠯᠭ᠎ᠠ ᠶᠢ ᠲᠠᠶᠢᠯᠪᠤᠷᠢᠯᠠᠵᠤ᠂ 60 ᠲᠦᠮᠡᠨ ᠨᠤᠲᠤᠭ ᠤᠨ  ᠠᠬ᠎ᠠ ᠳᠡᠭᠦᠤ ᠨᠡᠷ ᠤᠨ ᠰᠢᠷᠭᠠᠭᠤ ᠬᠠᠲᠠᠭᠤᠵᠢᠯᠲᠠᠶ ᠲᠡᠮᠡᠴᠡᠯ ᠤᠨ ᠥᠩᠭᠡᠷᠡᠯᠲᠡ ᠶᠢ ᠲᠡᠮᠳᠡᠭᠯᠡᠵᠦ᠂ ᠪᠦᠬᠦ ᠬᠤᠰᠢᠭᠤᠨ ᠤ ᠠᠷᠠᠳ ᠲᠦᠮᠡᠨ ᠭᠠᠷ  ᠬᠤᠯᠪᠤᠯᠴᠠᠨ ᠴᠢᠨᠡᠭᠡᠯᠢᠭ ᠨᠡᠶᠢᠭᠡᠮ ᠢ ᠪᠡᠶᠡᠯᠡᠭᠦᠯᠬᠦ ᠳᠤ ᠯᠠᠪᠲᠠᠶ ᠢᠯᠠᠯᠲᠠ ᠣᠯᠬᠤ ᠢᠲᠡᠭᠡᠯ ᠵᠣᠷᠢᠭ ᠢ ᠪᠠᠲᠤᠳᠬᠠᠵᠠᠶ᠃      ︵ᠨᠢᠭᠡ︶ ᠭᠤᠷᠪᠠᠨ ᠶᠡᠭᠡ ᠪᠣᠭᠤᠮᠲᠠ ᠶᠢ ᠰᠢᠪᠲᠤᠯᠬᠤ ᠳᠠᠶᠢᠨ ᠢ ᠡᠮᠬᠢ ᠵᠢᠷᠤᠮ ᠲᠠᠢ ᠠᠬᠢᠭᠤᠯᠪᠠ      ᠠᠶᠤᠯ ᠲᠦᠭᠰᠢᠭᠦᠷᠢ ᠶᠢ ᠰᠡᠷᠭᠡᠶᠢᠯᠡᠬᠦ ᠡᠭᠦᠷᠭᠡ ᠪᠠᠨ ᠪᠡᠶᠡᠯᠡᠭᠦᠯᠪᠡ᠃ ᠥᠷᠢ ᠥᠭᠴᠡᠭᠡ ᠶᠢ ᠠᠷᠢᠯᠭᠠᠬᠤ ᠲᠥᠰᠦᠯ ᠢ ᠲᠣᠭᠲᠠᠭᠠᠵᠤ᠂ 7 ᠵᠦᠢᠯ ᠤᠨ ᠥᠷᠢ ᠥᠭᠴᠡᠭᠡ ᠶᠢ ᠠᠷᠢᠯᠭᠠᠬᠤ ᠠᠷᠭ᠎ᠠ ᠬᠡᠮᠵᠢᠶ᠎ᠡ ᠠᠪᠴᠤ᠂ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠡᠬᠡ ᠬᠦᠦ ᠮᠥᠩᠭᠦ ᠶᠢ 6.7 ᠳ᠋ᠦᠩᠰᠢᠭᠤᠷ ᠲᠥᠭᠦᠷᠢᠭ ᠠᠷᠢᠯᠭᠠᠪᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠪᠠᠭ᠎ᠠ ᠵᠢᠭᠡᠯᠡᠯᠭᠡ ᠶᠢᠨ ᠺᠣᠮᠫᠠᠨᠢ ᠶᠢᠨ ᠪᠡᠯᠡᠨ ᠵᠣᠭᠤᠰ ᠤᠨ ᠵᠢᠭᠡᠯᠡᠯᠭᠡ᠂ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠲᠦᠭᠰᠢᠭᠦᠷᠢ ᠪᠠ ᠠᠵᠤ ᠠᠬᠤᠶᠢᠯᠠᠯ ᠤᠨ ᠬᠥᠯᠥᠰᠥᠨ ᠠᠵᠢᠯᠴᠢᠨ ᠤ ᠴᠠᠯᠢᠩ ᠢ ᠥᠷᠢᠲᠦᠬᠦ ᠲᠤᠰᠬᠠᠢ ᠴᠡᠭᠴᠡᠯᠡᠯᠲᠡ ᠶᠢᠨ ᠠᠵᠢᠯᠯᠠᠭ᠎ᠠ ᠥᠷᠨᠢᠭᠦᠯᠵᠦ᠂ ᠪᠦᠬᠦ ᠬᠤᠰᠢᠭᠤᠨ ᠳᠤ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠭᠠᠷᠤᠭᠰᠠᠨ ᠦᠭᠡᠢ᠃      ᠶᠠᠳᠠᠭᠤ ᠠᠴᠠ ᠠᠩᠭᠢᠵᠢᠷᠠᠭᠤᠯᠬᠤ  ᠪᠣᠭᠤᠮᠲᠠ  ᠰᠢᠪᠲᠤᠯᠬᠤ ᠠᠵᠢᠯ ᠴᠢᠬᠤᠯᠠ ᠶᠡᠭᠡ ᠠᠬᠢᠯᠲᠠ ᠲᠠᠢ ᠪᠣᠯᠪᠠ᠃ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠪᠠᠷᠢᠮᠵᠢᠶ᠎ᠠ ᠲᠠᠢ ᠬᠠᠷᠢᠴᠠᠭᠤᠯᠵᠤ᠂ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠥᠷᠨᠢᠭᠦᠯᠵᠦ᠂ ᠠᠴᠢᠯᠠᠯ ᠲᠡᠳᠬᠦᠮᠵᠢ  ᠂ ᠬᠠᠮᠲᠤ ᠶᠢᠨ ᠲᠤᠰᠠᠯᠠᠮᠵᠢ ﹇ᠲᠣᠳᠤᠷᠬᠠᠶᠢᠯᠠᠯᠲᠠ 1﹈ ᠪᠠ ᠡᠳ᠋ ᠬᠥᠷᠥᠩᠭᠡ ᠶᠢᠨ ᠠᠰᠢᠭ ᠣᠷᠣᠯᠭ᠎ᠠ ᠶᠢᠨ ︽ᠬᠤᠶᠠᠳᠠᠬᠢ ᠤᠳᠠᠭ᠎ᠠ ᠮᠤᠷᠦ᠋ᠢᠬᠤ︾ ﹇ᠲᠣᠳᠤᠷᠬᠠᠶᠢᠯᠠᠯᠲᠠ 2﹈ ᠶᠢ ᠬᠡᠷᠡᠭᠵᠢᠭᠦᠯᠪᠡ᠃ ᠡᠷᠦᠬᠡ ᠳᠤ ᠬᠦᠷᠭᠡᠬᠦ 6 ᠲᠥᠷᠥᠯ ᠤᠨ ᠲᠥᠷᠥᠯ  ᠵᠦᠢᠯ ᠢ 15 ᠠᠵᠤ ᠦᠢᠯᠡᠰ ᠤᠨ ᠬᠦᠷᠢᠶᠡᠯᠡᠩ ᠯᠦᠭᠡ ᠠᠭᠤᠰᠤᠯᠴᠠᠭᠤᠯᠬᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠬᠢᠭᠡᠳ ᠪᠠᠯᠠ ᠮᠥᠩᠭᠦ ᠶᠢ ᠡᠮᠬᠢᠯᠡᠨ ᠨᠡᠶᠢᠯᠡᠭᠦᠯᠬᠦ ᠶᠢ ᠬᠠᠷᠢᠯᠴᠠᠨ ᠵᠣᠯᠭᠠᠭᠤᠯᠵᠤ᠂ ᠶᠠᠳᠠᠭᠤ ᠶᠢ ᠲᠡᠳᠬᠦᠬᠦ ᠠᠵᠤ  ᠦᠢᠯᠡᠰ᠂ ᠦᠨᠳᠦᠰᠦᠨ ᠪᠠᠲᠤᠯᠠᠭ᠎ᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃ ᠲᠥᠪ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ  ᠴᠢᠭ ᠲᠣᠭᠲᠠᠭᠠᠨ ᠬᠠᠪᠰᠤᠷᠤᠨ ᠲᠡᠳᠬᠦᠬᠦ᠂ ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠳᠤ ᠲᠦᠰᠢᠭᠯᠡᠨ᠂ 6872.8 ᠲᠦᠮᠡᠨ ᠲᠥᠭᠦᠷᠢᠭ ᠤᠨ ᠪᠠᠯᠠ ᠮᠥᠩᠭᠦ ᠶᠢ  ᠨᠠᠶᠢᠳᠠᠪᠤᠷᠢᠵᠢᠭᠤᠯᠬᠤ᠂ 22 ᠲᠥᠷᠥᠯ ᠵᠦᠢᠯ ᠢ ᠬᠡᠷᠡᠭᠵᠢᠭᠦᠯᠦᠨ᠂ ᠦᠷᠭᠦᠯᠵᠢᠯᠡᠨ ᠬᠥᠭᠵᠢᠬᠦ ᠪᠠ ᠥᠪᠡᠷ ᠢ ᠪᠠᠨ ᠶᠠᠳᠠᠭᠤ ᠠᠴᠠ ᠠᠩᠭᠢᠵᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠪᠡ᠃ ᠺᠠᠲᠠᠷᠴᠤᠳ ᠬᠠᠪᠰᠤᠷᠤᠯᠴᠠᠭ᠎ᠠ ᠪᠠᠶᠢᠭᠤᠯᠵᠤ ᠬᠠᠪᠰᠤᠷᠤᠨ ᠲᠡᠳᠬᠦᠬᠦ ᠳᠤ ᠮᠠᠰᠢ ᠶᠡᠭᠡ ᠬᠦᠴᠦ ᠣᠷᠣᠭᠤᠯᠵᠤ᠂  ᠨᠡᠶᠢᠭᠡᠮ ᠤᠨ ᠬᠠᠪᠰᠤᠷᠤᠨ ᠲᠡᠳᠬᠦᠬᠦ ᠬᠦᠴᠦᠨ ᠬᠠᠶᠢᠷ᠎ᠠ ᠬᠠᠯᠠᠮᠵᠢ ᠬᠦᠷᠭᠡᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠳᠣᠲᠣᠭᠠᠳᠤ ᠬᠥᠳᠡᠯᠭᠡᠬᠦ ᠬᠦᠴᠦᠨ ᠪᠣᠯᠤᠨ ᠶᠠᠳᠠᠭᠤ ᠠᠴᠠ ᠠᠩᠭᠢᠵᠢᠷᠠᠬᠤ ᠢᠲᠡᠭᠡᠯ ᠵᠣᠷᠢᠭ ᠢ ᠨᠡᠮᠡᠭᠳᠡᠭᠦᠯᠪᠡ᠃ ᠮᠠᠨ ᠤ ᠬᠤᠰᠢᠭᠤ ᠤᠷᠢᠳ ᠬᠤᠵᠢᠳ 5 ᠤᠳᠠᠭ᠎ᠠ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢ ᠲᠥᠯᠥᠭᠡᠯᠡᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠯᠲᠠ ᠶᠢ ᠤᠭᠲᠤᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ︽ᠤᠯᠤᠰ ᠤᠨ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠢᠨᠵᠧᠨᠧᠷᠢᠩ ᠤᠨ ᠵᠢᠱᠢᠶ᠎ᠡ ᠦᠵᠡᠭᠦᠯᠬᠦ ᠬᠤᠰᠢᠭᠤ︾ ᠶᠢᠨ ᠢᠷᠠᠭᠤ ᠠᠯᠳᠠᠷ ᠢ ᠬᠦᠷᠲᠡᠪᠡ᠃ ᠪᠥᠬᠦ ᠵᠢᠯ ᠳᠤ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠠᠯᠠ ᠮᠥᠩᠭᠦ 5.56 ᠳ᠋ᠦᠩᠰᠢᠭᠤᠷ ᠲᠥᠭᠦᠷᠢᠭ ᠣᠷᠣᠭᠤᠯᠵᠤ᠂ ᠡᠭᠦᠨ ᠳᠤ ᠬᠤᠰᠢᠭᠤᠨ ᠤ ᠲᠤᠰ ᠱᠠᠲᠤᠨ ᠤ ᠪᠠᠯᠠ ᠮᠥᠩᠭᠦ 0.8 ᠳ᠋ᠦᠩᠰᠢᠭᠤᠷ ᠲᠥᠭᠦᠷᠢᠭ ᠣᠷᠣᠭᠤᠯᠵᠤ᠂ 69 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠢ ᠪᠦᠬᠦᠯᠢ ᠴᠣᠭᠴᠠ ᠠᠴᠠ ᠨᠢ ᠵᠢᠭᠰᠠᠭᠠᠨ ᠭᠠᠷᠭᠠᠵᠤ᠂ 16331 ᠬᠥᠮᠦᠨ ᠢ ᠶᠠᠳᠠᠭᠤ ᠠᠴᠠ ᠠᠩᠭᠢᠵᠢᠷᠠᠭᠤᠯᠵᠤ᠂ ᠪᠥᠬᠦ ᠬᠤᠰᠢᠭᠤᠨ ᠤ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ 2.21 % ᠪᠣᠯᠲᠠᠯ᠎ᠠ ᠪᠠᠭᠤᠷᠠᠪᠠ᠃      ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠵᠢᠴᠢ ︽ᠡᠷᠭᠢᠨ ᠬᠠᠷᠠᠬᠤ︾ ᠪᠠ ︽ᠨᠣᠭᠤᠭᠠᠨ ᠪᠠᠮᠪᠠᠢ 2018︾ ᠶᠢ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠨᠢᠭᠡᠳ ᠨᠢᠭᠡ ᠪᠠᠷ ᠪᠦᠬᠦᠨ ᠢ ᠬᠦᠯᠢᠶᠡᠨ ᠠᠪᠴᠤ᠂ ᠴᠠᠭ ᠤᠨ ᠳᠠᠷᠠᠭᠠᠯᠠᠯ ᠶᠣᠰᠣᠭᠠᠷ ᠦᠨᠳᠦᠰᠦᠨ ᠳᠡᠭᠡᠨ ᠴᠡᠭᠴᠡᠯᠡᠨ ᠰᠠᠶᠢᠵᠢᠷᠠᠭᠤᠯᠪᠠ᠃ ︽ᠠᠭᠠᠷ ᠮᠠᠨᠳᠠᠯ ᠤᠨ ᠠᠷᠪᠠᠨ ᠵᠤᠷᠪᠤᠰ᠂ ᠤᠰᠤᠨ ᠤ ᠠᠷᠪᠠᠨ ᠵᠤᠷᠪᠤᠰ᠂ ᠰᠢᠷᠣᠶ ᠶᠢᠨ ᠠᠷᠪᠠᠨ ᠵᠤᠷᠪᠤᠰ︾ ﹇ᠲᠣᠳᠤᠷᠬᠠᠶᠢᠯᠠᠯᠲᠠ 3﹈ ᠢ ᠴᠢᠩᠭ᠎ᠠ ᠨᠠᠶᠢᠳᠠᠪᠤᠷᠢᠵᠢᠭᠤᠯᠪᠠ᠃ ᠬᠡᠭᠡᠷ᠎ᠡ ᠭᠠᠳᠠᠨ᠎ᠠ ᠡᠰᠢ ᠰᠦᠷᠡᠯ ᠰᠢᠲᠠᠭᠠᠬᠤ ᠶᠢ ᠴᠠᠭᠠᠵᠠᠯᠠᠵᠤ᠂ ᠠᠵᠤ  ᠦᠢᠯᠡᠳᠪᠦᠷᠢ ᠶᠢᠨ ᠬᠠᠶᠠᠭᠳᠠᠮᠠᠯ ᠬᠡᠢ ᠶᠢᠨ ᠭᠠᠳᠠᠭᠰᠢᠯᠠᠭᠤᠯᠤᠯᠲᠠ ᠶᠢ ᠴᠢᠩᠭ᠎ᠠ ᠬᠢᠵᠠᠭᠠᠷᠯᠠᠨ᠂ ᠰᠢᠨ ᠬᠤᠢ ᠬᠤᠲᠠ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠨᠣᠷᠮ᠎ᠠ ᠶᠢ 90 % ᠳᠤ  ᠬᠦᠷᠦᠭᠦᠯᠪᠡ᠃ ᠭᠤᠷᠪᠠᠨ ᠲᠡᠰ ᠤᠨ ᠭᠤᠣᠯ ᠮᠥᠷᠡᠨ ᠤ ᠳᠠᠷᠤᠭ᠎ᠠ ᠶᠢᠨ ᠳᠦᠷᠢᠮ  ᠢ ᠴᠢᠩᠭ᠎ᠠ  ᠨᠠᠶᠢᠳᠠᠪᠤᠷᠢᠵᠢᠭᠤᠯᠬᠤ᠂  ᠯᠤᠤᠬ᠎ᠠ ᠶᠢᠨ ᠭᠤᠣᠯ ᠤᠨ  ᠳᠡᠭᠡᠳᠦ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠤ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠵᠦ᠂ 5 ᠰᠢᠶᠠᠩ ᠪᠠᠯᠭᠠᠰᠤ ᠰᠤᠮᠤᠨ ᠤ ᠪᠣᠬᠢᠷ ᠤᠰᠤ ᠶᠢ ᠰᠢᠢᠳᠪᠦᠷᠢᠯᠡᠬᠦ ᠥᠷᠲᠡᠭᠡ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠪᠡᠶᠡᠯᠡᠭᠦᠯᠵᠦ᠂ ᠰᠢᠨ ᠬᠤᠢ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠪᠠ᠃ ᠰᠢᠨ ᠬᠤᠢ ᠬᠤᠲᠠ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠨᠣᠷᠮ᠎ᠠ 91.3 % ᠳᠤ ᠬᠦᠷᠪᠡ᠃ ᠠᠶᠤᠯᠲᠠᠶ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠠ ᠨᠡᠪᠴᠢᠵᠦ ᠭᠤᠭᠤᠵᠢᠬᠤ ᠶᠢ ᠰᠡᠷᠭᠡᠶᠢᠯᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠨ ᠡᠮ᠂ ᠬᠢᠮᠢ ᠶᠢᠨ ᠪᠣᠷᠳᠣᠭᠤᠷ ᠵᠡᠷᠭᠡ ᠨᠢ ᠠᠳᠠᠯᠢ ᠬᠤᠭᠤᠴᠠᠭᠠᠨ ᠤ ᠬᠢ ᠠᠴᠠ 7.8 % ᠪᠠ 3 % ᠪᠠᠷ ᠪᠠᠭᠤᠷᠠᠪᠠ᠃ ᠳ᠋ᠠ ᠾᠧᠢ ᠱᠠᠨ ᠠᠭᠤᠯᠠ ᠶᠢᠨ ᠤᠯᠤᠰ  ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠵᠠᠰᠠᠨ ᠨᠠᠶᠢᠷᠠᠭᠤᠯᠵᠤ᠂ ᠠᠮᠢ ᠠᠬᠤᠢ ᠶᠢᠨ ᠤᠯᠠᠭᠠᠨ ᠱᠤᠭᠤᠮ ᠢ 870 ᠲᠡᠭᠰᠢ ᠳᠥᠷᠪᠡᠯᠵᠢᠨ ᠺᠢᠯᠣᠮᠧᠲᠷ ᠲᠣᠭᠲᠠᠭᠠᠪᠠ᠃       ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠶ ᠡᠬᠢᠯᠡᠭᠦᠯᠪᠡ      ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠢᠭᠡᠳᠦᠯᠲᠡᠶ ᠲᠥᠯᠥᠪᠯᠡᠨ  ᠪᠠᠶᠢᠷᠢᠯᠠᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽20 ᠦᠰᠦᠭ ᠤᠨ ᠴᠢᠭᠯᠡᠯᠲᠡ︾ ﹇ᠲᠣᠳᠤᠷᠬᠠᠶᠢᠯᠠᠯᠲᠠ 4﹈ ᠶᠢᠨ ᠶᠡᠷᠦᠩᠬᠡᠶ ᠱᠠᠭᠠᠷᠳᠠᠯᠭ᠎ᠠ ᠶᠣᠰᠣᠭᠠᠷ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ  ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠪᠠᠷ ᠬᠠᠷᠠᠯᠲᠠ ᠪᠣᠯᠭᠠᠵᠤ᠂  ᠳᠡᠭᠡᠳᠦ ᠲᠡᠰ ᠤᠨ ᠠᠵᠤ ᠠᠬᠤᠶᠢᠯᠠᠯ ᠪᠠ ᠡᠯ᠎ᠡ ᠲᠥᠷᠥᠯ ᠤᠨ ᠡᠷᠳᠡᠮ ᠰᠢᠨᠵᠢᠯᠡᠭᠡᠨ ᠤ ᠲᠤᠰᠬᠠᠶ ᠮᠡᠷᠭᠡᠵᠢᠯᠲᠡᠨ ᠤ ᠲᠡᠷᠢᠭᠦᠨ ᠤ ᠣᠶᠢᠯᠠᠭᠠᠭᠳᠠᠬᠤᠨ ᠢ  ᠠᠰᠢᠭᠯᠠᠨ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠷᠦᠩᠬᠡᠶ ᠲᠦᠯᠦᠪᠵᠢᠭᠦᠯᠭᠡ᠂ ᠲᠠᠷᠢᠶᠠᠯᠠᠩ ᠤᠨ ᠪᠦᠲᠦᠭᠡᠭᠳᠡᠬᠦᠨ ᠢ ᠳᠡᠭᠡᠭᠰᠢ ᠬᠥᠭᠵᠢᠭᠦᠯᠬᠦ ᠪᠠ ᠨᠠᠷᠢᠮᠤ᠂ ᠥᠨᠳᠡᠭᠡᠨ ᠲᠠᠬᠢᠶᠠᠨ ᠤ ᠠᠵᠤ ᠦᠢᠯᠡᠰ ᠵᠡᠷᠭᠡ ᠲᠤᠰᠬᠠᠶ ᠲᠥᠯᠥᠪᠵᠢᠭᠦᠯᠭᠡ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠰᠠᠶᠢᠲᠤᠷ ᠵᠢᠯᠣᠭᠤᠳᠴᠤ᠂ ᠰᠠᠶᠢᠨ ᠡᠬᠢᠯᠡᠯᠲᠡ ᠲᠠᠢ  ᠪᠣᠯᠭᠠᠪᠠ᠃      ᠨᠡᠶᠢᠲᠡᠯᠢᠭ ᠵᠢᠱᠢᠶ᠎ᠡ ᠪᠠᠷ ᠵᠠᠮᠴᠢᠯᠠᠭᠤᠯᠵᠤ᠂ ᠠᠯᠬᠤᠮ ᠠᠯᠬᠤᠮ ᠢᠶᠠᠷ ᠳᠡᠯᠭᠡᠷᠡᠭᠦᠯᠬᠦ ᠬᠡᠷᠡᠭᠲᠡᠶ᠃ ᠬᠤᠲᠠ ᠶᠢᠨ ᠨᠠᠮ ᠤᠨ ᠬᠤᠷᠢᠶᠠᠨ ᠤ ︽ᠨᠢᠭᠡ ᠵᠢᠯ ᠳᠤ ᠯᠠᠪᠳᠠᠭᠤᠨ ᠪᠠᠲᠤᠲᠠᠢ ᠡᠬᠢᠯᠡᠭᠦᠯᠵᠦ᠂ ᠬᠤᠶᠠᠷ ᠵᠢᠯ ᠳᠤ ᠢᠯᠡᠳᠲᠡ ᠬᠤᠪᠢᠷᠠᠯᠲᠠ ᠭᠠᠷᠴᠤ᠂ ᠭᠤᠷᠪᠠᠨ ᠵᠢᠯ ᠳᠤ ᠦᠨᠳᠦᠰᠦᠨ ᠳᠡᠭᠡᠨ ᠬᠡᠯᠪᠡᠷᠢᠵᠢᠭᠰᠡᠨ︾ ᠠᠵᠢᠯ ᠤᠨ ᠰᠡᠳᠬᠢᠴᠡ ᠶᠣᠰᠣᠭᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠰᠦᠯ ᠢ ᠨᠡᠶᠢᠲᠡᠯᠡᠵᠦ᠂ ᠤᠯᠤᠰ  ᠤᠨ ᠵᠠᠮ  111 ᠱᠤᠭᠤᠮ ᠳᠠᠭᠠᠤ 26 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ  ᠴᠢᠭ ᠢ ᠪᠠᠶᠢᠭᠤᠯᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂   ᠴᠢᠭ ᠢᠶᠠᠷ ᠨᠡᠶᠢᠳᠡᠮ  ᠳᠤᠨᠢ ᠳᠠᠶᠢᠴᠢᠯᠠᠬᠤ ᠶᠢ ᠪᠠᠷᠢᠮᠲᠠᠯᠠᠵᠤ᠂ ᠣᠨᠴᠠᠯᠢᠭ ᠢᠶᠠᠷ ᠢᠯᠡ ᠲᠣᠳᠣ᠂ ᠠᠵᠤ ᠦᠢᠯᠡᠰ ᠠᠭᠤᠰᠤᠯᠴᠠᠭᠰᠠᠨ᠂ ᠲᠠᠲᠠᠬᠤ ᠬᠦᠴᠦᠨ ᠢᠶᠠᠷ ᠪᠢᠯᠬᠠᠮ᠎ᠠ ᠣᠳᠣ ᠦᠶ᠎ᠡ ᠶᠢᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠠᠢ᠃      ᠲᠦᠷᠦ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠬᠥᠳᠡᠯᠭᠡᠬᠦ ᠬᠦᠴᠦᠨ ᠢ ᠨᠡᠮᠡᠭᠳᠡᠭᠦᠯᠪᠡ᠃ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ ᠲᠣᠯᠣᠭᠠᠶᠢᠯᠠᠭᠴᠢ ᠠᠵᠤ ᠠᠬᠤᠶᠢᠯᠠᠯ ᠪᠠ ᠶᠣᠰᠣ ᠮᠣᠷᠠᠯ ᠤᠨ ᠵᠢᠱᠢᠶᠡᠴᠢ᠂ ᠪᠠᠶᠠᠵᠢᠯ ᠤᠨ ᠴᠢᠳᠠᠪᠤᠷᠢᠲᠠᠨ ᠤ ᠳᠠᠢᠴᠢᠯᠠᠯᠲᠠ ᠪᠠᠷ ᠳᠠᠮᠵᠢᠭᠤᠯᠤᠨ᠂ ︽ᠭᠤᠷᠪᠠ ᠶᠢ ᠵᠠᠰᠠᠬᠤ ᠶᠢ ᠠᠭᠤᠰᠤᠯᠳᠤᠭᠤᠯᠬᠤ︾ ﹇ᠲᠣᠳᠤᠷᠬᠠᠶᠢᠯᠠᠯᠲᠠ 5﹈ ᠬᠥᠳᠡᠭᠡ ᠲᠣᠰᠬᠤᠨ ᠢ ᠵᠠᠰᠠᠬᠤ ᠵᠠᠭᠪᠤᠷ  ᠢ ᠬᠡᠷᠡᠭᠵᠢᠭᠦᠯᠵᠦ᠂ ᠲᠠᠷᠢᠶᠠᠴᠢᠳ ᠤᠨ ᠪᠡᠶᠡᠴᠢ ᠴᠣᠭᠴᠠ ᠶᠢᠨ  ᠦᠢᠯᠡᠳᠦᠯ ᠢ  ᠭᠦᠢᠴᠡᠳ ᠪᠠᠳᠠᠷᠠᠭᠤᠯᠤᠨ᠂ ᠬᠥᠳᠡᠭᠡ ᠲᠣᠰᠬᠤᠨ ᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠨᠤᠲᠤᠭ ᠤᠨ ᠳᠤᠷᠠᠳᠬᠠᠯ ᠳᠤᠷᠠᠰᠤᠮᠵᠢ ᠶᠢ ᠦᠯᠡᠳᠡᠭᠡᠵᠦ᠂ ᠲᠠᠷᠢᠶᠠᠯᠠᠩ ᠬᠥᠳᠡᠭᠡ ᠲᠣᠰᠬᠤᠨ ᠤ ᠥᠪᠡᠷ ᠢ ᠪᠠᠨ ᠬᠥᠭᠵᠢᠭᠦᠯᠬᠦ ᠬᠥᠳᠡᠯᠭᠡᠭᠴᠢ ᠬᠦᠴᠦᠨ ᠢ ᠴᠢᠩᠭᠠᠷᠠᠭᠤᠯᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠠᠮᠢᠳᠤᠷᠠᠯ ᠢ ᠨᠠᠩ ᠲᠠᠭᠠᠯᠠᠮᠵᠢᠲᠠᠶ ᠪᠣᠯᠭᠠᠪᠠ᠃      ︵ᠭᠤᠷᠪᠠ︶ ᠣᠳᠣ ᠦᠶ᠎ᠡ ᠶᠢᠨ ᠲᠠᠷᠢᠶᠠᠯᠠᠩ ᠤᠨ ᠶᠠᠰᠤ ᠴᠢᠨᠠᠷ  ᠢ ᠳᠡᠭᠡᠭᠰᠢᠯᠡᠭᠦᠯᠦᠨ ᠦᠷ᠎ᠡ ᠠᠰᠢᠭ ᠢ  ᠨᠡᠮᠡᠭᠳᠡᠭᠦᠯᠪᠡ      ᠶᠡᠷᠦᠩᠬᠡᠶᠢᠯᠡᠭᠰᠡᠨ ᠪᠣᠳᠠᠲᠤ ᠬᠦᠴᠦᠨ ᠦᠷᠭᠦᠯᠵᠢᠯᠡᠨ ᠳᠡᠭᠡᠭᠰᠢᠯᠡᠪᠡ᠃ ᠲᠠᠷᠢᠶᠠᠯᠠᠩ ᠤᠨ ᠲᠠᠷᠢᠮᠠᠯ ᠢ 396.8 ᠲᠦᠮᠡᠨ ᠮᠤ᠋ ᠲᠠᠷᠢᠵᠤ᠂ ᠠᠮᠤ ᠪᠤᠳᠠᠭᠠᠨ ᠤ ᠶᠡᠷᠦᠩᠬᠡᠶ ᠤᠨᠠᠯᠲᠠ 23.6 ᠳ᠋ᠦᠩᠰᠢᠭᠤᠷ ᠵᠢᠩ ᠳᠤ ᠬᠦᠷᠪᠡ᠃ ᠡᠭᠦᠨ ᠳᠤ ᠡᠯᠵᠢᠭᠡ 36 ᠲᠦᠮᠡ ᠪᠠᠶᠢᠵᠤ᠂ ᠪᠦᠬᠦ ᠤᠯᠤᠰ  ᠤᠨ ᠰᠢᠶᠠᠨ ᠤ ᠱᠠᠲᠤᠨ ᠤ  ᠨᠢᠭᠡᠴᠡ ᠳᠤ ᠲᠡᠷᠢᠭᠦᠯᠡᠵᠡᠶ᠃ ᠲᠠᠷᠢᠶᠠᠯᠠᠩ ᠤᠨ ᠮᠠᠰᠢᠨ ᠲᠣᠨᠣᠭᠯᠠᠯ ᠤᠨ ᠶᠡᠷᠦᠩᠬᠡᠢ ᠬᠥᠳᠡᠯᠭᠡᠬᠦ ᠬᠦᠴᠦᠨ 77.9 ᠲᠦᠮᠡᠨ ᠺᠢᠯᠣᠸᠠᠲ ᠲᠤ ᠬᠦᠷᠴᠦ ᠂ ᠶᠡᠷᠥᠩᠬᠡᠶᠢᠯᠡᠭᠰᠡᠨ ᠮᠠᠰᠢᠨᠴᠢᠯᠠᠯᠲᠠ ᠶᠢᠨ ᠬᠢᠷᠢ ᠲᠦᠪᠰᠢᠨ 82.2 % ᠲᠤ ᠬᠦᠷᠴᠦ᠂ ᠮᠠᠨ ᠤ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ ᠭᠤᠣᠯ ᠪᠣᠯᠬᠤ ᠲᠠᠷᠢᠮᠠᠯ ᠤᠨ ᠦᠢᠯᠡᠳᠪᠦᠷᠢᠯᠡᠯ ᠤᠨ ᠪᠦᠬᠦ ᠶᠠᠪᠤᠴᠠ ᠶᠢᠨ ᠮᠠᠰᠢᠨᠴᠢᠯᠠᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠪᠠᠷ ᠲᠣᠭᠲᠠᠭᠠᠭᠳᠠᠵᠠᠢ᠃ ᠡᠰᠢ ᠰᠦᠷᠡᠯ ᠤᠨ ᠮᠠᠰᠢᠨ ᠢ 50 % ᠳᠤ ᠬᠦᠷᠭᠡᠵᠦ᠂ ᠭᠠᠵᠠᠷ ᠰᠢᠷᠣᠢ ᠶᠢᠨ ᠡᠷᠭᠢᠯᠲᠡ ᠶᠢᠨ ᠨᠣᠷᠮ᠎ᠠ ᠶᠢ 43 % ᠳᠤ ᠬᠦᠷᠭᠡᠪᠡ᠃ ᠡᠯ᠎ᠡ ᠲᠥᠷᠥᠯ ᠤᠨ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ 2710 ᠡᠷᠦᠬᠡ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 202 ᠡᠷᠦᠬᠡ᠂ ᠬᠥᠳᠡᠭᠡ ᠲᠣᠰᠬᠤᠨ ᠤ ᠵᠠᠭᠤᠴᠢᠯᠠᠭᠴᠢ 3520 ᠬᠥᠮᠦᠨ ᠪᠠᠶᠢᠵᠤ᠂ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠬᠦᠴᠡ ᠶᠢᠨ ᠨᠣᠷᠮ᠎ᠠ 53.8 % ᠳᠤ ᠬᠦᠷᠪᠡ᠃      ᠠᠵᠤ ᠦᠢᠯᠡᠰ ᠤᠨ ᠪᠦᠲᠦᠴᠡ ᠵᠦᠢ ᠵᠣᠬᠢᠰᠲᠠᠢ᠃ ᠲᠠᠷᠢᠮᠠᠯ ᠤᠨ ᠦᠢᠯᠡᠰ ᠲᠤ ︽ᠬᠤᠶᠠᠷ ᠢ ᠪᠠᠭᠠᠰᠬᠠᠵᠤ ᠬᠤᠶᠠᠷ ᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ ﹇ᠲᠣᠳᠤᠷᠬᠠᠶᠢᠯᠠᠯᠲᠠ 6﹈᠂ ᠡᠷᠳᠡᠨᠢ ᠰᠢᠰᠢ ᠶᠢ 10 ᠲᠦᠮᠡᠨ ᠮᠦ ᠪᠠᠭᠠᠰᠬᠠᠵᠤ᠂ ᠡᠯᠳᠡᠪ ᠠᠮᠤ ᠡᠯᠳᠡᠪ ᠪᠤᠷᠴᠠᠭ᠂ ᠪᠣᠷᠳᠣᠭᠠᠨ ᠲᠠᠷᠢᠮᠠᠯ ᠢ 10 ᠲᠦᠮᠡᠨ ᠮᠦ ᠨᠡᠮᠡᠭᠳᠡᠭᠦᠯᠵᠦ᠂ ᠪᠡᠯᠡᠳᠬᠡᠮᠵᠢᠲᠦ ᠲᠠᠷᠢᠶᠠᠯᠠᠩ ᠢ 2 ᠲᠦᠮᠡᠨ ᠮᠦ  ᠬᠦᠭᠵᠢᠭᠦᠯᠪᠡ᠃  ᠲᠡᠵᠢᠭᠡᠨ ᠦᠷᠡᠵᠢᠭᠦᠯᠬᠦ ᠦᠢᠯᠡᠰ ᠨᠢ ︽ᠨᠢᠭᠡ ᠶᠢ ᠪᠠᠭᠠᠰᠬᠠᠵᠤ ᠭᠤᠷᠪᠠ ᠶᠢ ᠨᠡᠮᠡᠭᠳᠡᠭᠦᠯᠬᠦ︾ ﹇ᠲᠣᠳᠤᠷᠬᠠᠶᠢᠯᠠᠯᠲᠠ 6﹈ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠰᠠᠶᠢᠨ ᠡᠭᠦᠯᠳᠡᠷ ᠢ ᠦᠷᠡᠵᠢᠭᠦᠯᠦᠨ ᠳᠡᠯᠭᠡᠷᠡᠭᠦᠯᠬᠦ ᠲᠥᠪ ᠢ ᠪᠠᠶᠢᠭᠤᠯᠵᠤ᠂ 60 ᠲᠦᠮᠡᠨ ᠣᠬᠤᠷ ᠰᠡᠭᠦᠯᠲᠦ ᠬᠤᠨᠢ ᠶᠢ ᠴᠥᠭᠡᠳᠬᠡᠵᠦ᠂ ᠳ᠋ᠦ᠋ ᠬᠠᠨ  ᠰᠢᠯᠢᠳᠡᠭ ᠡᠭᠦᠯᠳᠡᠷ ᠤᠨ ᠠᠯᠠᠰᠢᠨ ᠬᠤᠨᠢ 70 ᠲᠦᠮᠡ᠂ ᠭᠠᠭ᠋ᠠᠶ 50 ᠲᠦᠮᠡ᠂ ᠡᠯᠵᠢᠭᠡ 5.5 ᠲᠦᠮᠡ ᠨᠡᠮᠡᠭᠳᠡᠪᠡ᠃ ᠣᠢ ᠰᠢᠭᠤᠶ ᠶᠢᠨ ᠠᠵᠤ ᠦᠢᠯᠡᠰ ᠨᠢ ︽ᠨᠢᠭᠡ ᠶᠢ ᠪᠠᠭᠠᠰᠬᠠᠵᠤ ᠭᠤᠷᠪᠠ ᠶᠢ ᠨᠡᠮᠡᠭᠳᠡᠭᠦᠯᠵᠦ ᠬᠤᠶᠠᠷ ᠢ ᠥᠭᠡᠷᠡᠴᠢᠯᠡᠬᠦ︾ ᠪᠠᠶᠢᠯᠳᠤᠬᠤ ᠪᠣᠳᠣᠯᠭ᠎ᠠ ﹇ᠲᠣᠳᠤᠷᠬᠠᠶᠢᠯᠠᠯᠲᠠ 8﹈ ᠶᠢ ᠦᠷᠭᠦᠯᠵᠢᠯᠡᠨ ᠬᠡᠷᠡᠭᠵᠢᠭᠦᠯᠵᠦ᠂ ᠮᠠᠭᠤᠵᠢᠷᠠᠭᠰᠠᠨ ᠣᠢ ᠮᠣᠳᠣ ᠶᠢ 8 ᠲᠦᠮᠡᠨ ᠮᠦ ᠪᠠᠭᠠᠰᠬᠠᠵᠤ᠂   ᠰᠡᠩᠳᠡᠩ ᠮᠣᠳᠤᠨ ᠵᠢᠮᠢᠰ 3 ᠲᠦᠮᠡᠨ ᠮᠦ᠂ ᠬᠠᠶᠢᠯᠠᠷ ᠨᠠᠷᠠᠰᠤ 2.5 ᠲᠦᠮᠡᠨ ᠮᠦ᠂ ᠵᠢᠮᠢᠰ ᠤᠨ ᠠᠵᠤ ᠠᠬᠤᠢ ᠶᠢᠨ ᠣᠢ 0.4 ᠲᠦᠮᠡᠨ ᠮᠦ᠂ ᠬᠡᠭᠡᠷ᠎ᠡ ᠶᠢᠨ ᠭᠦᠢᠯᠡᠰᠦ 0.8 ᠲᠦᠮᠡᠨ ᠮᠦ ᠂ ᠴᠢᠴᠠᠷᠭᠠᠨ᠎ᠠ ᠶᠢ 0.4 ᠲᠦᠮᠡᠨ ᠮᠦ ᠥᠭᠡᠷᠡᠴᠢᠯᠡᠨ ᠰᠠᠶᠢᠵᠢᠷᠠᠭᠤᠯᠪᠠ᠃      ᠨᠡᠷᠡᠲᠦ  ᠲᠡᠮᠲᠡᠭᠲᠦ ᠶᠢᠨ ᠦᠢᠯᠡᠳᠦᠯ ᠡᠳᠦᠷ ᠢᠷᠡᠬᠦᠶ᠎ᠡ  ᠳᠣᠪᠤᠶᠢᠮ᠎ᠠ  ᠪᠣᠯᠪᠠ᠃ ᠠᠤᠬᠠᠨ ᠤ ᠬᠠᠭᠤᠷᠠᠶ ᠲᠠᠷᠢᠶᠠᠯᠠᠩ ᠤᠨ ᠰᠢᠰᠲ᠋ᠧᠮ 2018 ᠣᠨ ᠤ ᠳᠤᠮᠳᠠᠳᠤ ᠤᠯᠤᠰ  ᠤᠨ ᠣᠯᠠᠨ ᠤᠯᠤᠰ  ᠤᠨ ᠲᠥᠮᠥᠰᠥᠨ ᠤ ᠦᠢᠯᠡᠰ ᠤᠨ ᠦᠵᠡᠭᠦᠯᠦᠯᠭᠡ ᠳᠤ ᠣᠷᠣᠯᠴᠠᠪᠠ᠃ ᠲᠠᠪᠤᠳᠤᠭᠠᠷ ᠬᠤᠭᠤᠴᠠᠭᠠᠨ ᠤ ᠳᠡᠯᠡᠬᠡᠶ ᠶᠢᠨ ᠨᠠᠷᠢᠮᠤ ᠠᠮᠤ ᠶᠢᠨ ᠡᠭᠦᠰᠦᠯ ᠪᠠ ᠬᠥᠭᠵᠢᠯᠲᠡ ᠶᠢᠨ ᠬᠤᠷᠠᠯ ᠢ ᠳᠠᠭᠠᠭᠠᠨ ᠡᠷᠬᠢᠯᠡᠪᠡ᠃ ᠠᠤᠬᠠᠨ ᠤ ᠨᠠᠷᠢᠮᠤ ᠨᠢ ︽ᠳᠤᠮᠳᠠᠳᠤ ᠤᠯᠤᠰ  ᠤᠨ ᠨᠡᠷᠡᠲᠦ  ᠲᠡᠮᠲᠡᠭᠲᠦ ᠶᠢᠨ ᠦᠪᠡᠳᠡᠭᠰᠢ ᠶᠣᠰᠣᠯᠠᠯ︾᠂ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ  ᠤᠨ ᠶᠠᠳᠠᠭᠤ ᠶᠢ ᠲᠡᠳᠬᠦᠬᠦ ᠭᠠᠵᠠᠷ ᠣᠷᠣᠨ ᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠲᠦ ᠲᠡᠮᠲᠡᠭᠲᠦ ᠶᠢ ᠲᠠᠨᠢᠯᠴᠠᠭᠤᠯᠬᠤ ᠵᠥᠪᠳᠡᠯᠴᠡᠬᠡᠷ ᠤᠨ ᠬᠤᠷᠠᠯ᠂ ︽ ᠲᠡᠯᠡᠬᠡᠢ ᠶᠢᠨ ᠠᠮᠤ ᠪᠤᠳᠠᠭᠠᠨ ᠤ ᠬᠥᠮᠥᠷᠭᠡ · 2018  ᠲᠢᠶᠠᠨ ᠮᠣᠣ ᠰᠦᠯᠵᠢᠶᠡᠨ ᠤ ᠰᠢᠨ᠎ᠡ ᠠᠮᠤ ᠶᠢᠨ ᠪᠠᠶᠠᠷ︾ ᠳᠡᠭᠡᠷ᠎ᠡ ᠢᠯᠡᠷᠡᠵᠦ᠂ ᠪᠥᠬᠦ ᠤᠯᠤᠰ ᠤᠨ ᠠᠩᠬᠠᠳᠠᠭᠴᠢ ᠪᠦᠯᠦᠭ ︽ᠨᠢᠭᠡ ᠰᠢᠶᠠᠨ ᠨᠢᠭᠡ ᠨᠡᠷᠡᠲᠦ  ᠲᠡᠮᠲᠡᠭᠲᠦ︾  ᠶᠢᠨ ᠨᠡᠷᠡᠲᠦ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠪᠣᠯᠪᠠ᠃ ᠠᠤᠬᠠᠨ ᠤ ᠨᠠᠷᠢᠮᠤ ᠶᠢᠨ ᠠᠭᠤᠷ ᠠᠮᠢᠰᠬᠤᠯ ᠤᠨ ᠴᠢᠨᠠᠷ ᠴᠢᠨᠰᠠᠭ᠎ᠠ ᠶᠢᠨ ᠭᠡᠷᠡᠴᠢᠯᠡᠯᠲᠡ ᠶᠢ ᠪᠡᠶᠡᠯᠡᠭᠦᠯᠪᠡ ﹇ᠲᠣᠳᠤᠷᠬᠠᠶᠢᠯᠠᠯᠲᠠ 9﹈᠃ ᠡᠯᠡᠰᠦᠨ  ᠴᠡᠴᠡᠭ ᠤᠨ ᠤᠯᠤᠰ  ᠤᠨ ᠪᠠᠷᠢᠮᠵᠢᠶ᠎ᠠ ᠬᠤᠶᠠᠷ ᠬᠡᠮᠵᠢᠯ  ᠺᠣᠳ᠋ ᠤᠨ ᠬᠠᠭᠤᠷᠮᠠᠭ ᠢ ᠰᠡᠷᠭᠡᠶᠢᠯᠡᠬᠦ ᠨᠡᠬᠡᠮᠵᠢᠯᠡᠬᠦ ᠲᠠᠪᠴᠠᠩ  ᠢ ᠪᠠᠶᠢᠭᠤᠯᠪᠠ᠃ ᠠᠤᠬᠠᠨ ᠤ ᠮᠢᠬᠠᠨ ᠡᠯᠵᠢᠭᠡ᠂ ᠠᠤᠬᠠᠨ ᠤ ᠭᠠᠭ᠋ᠠᠶ ︽ᠤᠯᠤᠰ  ᠤᠨ ᠭᠠᠵᠠᠷ ᠵᠦᠶ ᠶᠢᠨ ᠪᠡᠯᠭᠡ ᠲᠡᠮᠳᠡᠭ ᠢᠶᠠᠷ ᠭᠡᠷᠡᠴᠢᠯᠡᠭᠰᠡᠨ ᠲᠠᠸᠠᠷ ᠤᠨ ᠲᠡᠮᠳᠡᠭ︾ ᠢᠶᠠᠷ ᠵᠥᠪᠰᠢᠶᠡᠷᠡᠭᠳᠡᠪᠡ᠃ ᠲᠠᠷᠢᠶᠠᠯᠠᠩ ᠤᠨ ᠲᠠᠷᠢᠮᠠᠯ ᠢ ᠰᠠᠨᠰᠠᠷ ᠲᠤ ᠪᠣᠶᠢᠵᠢᠭᠤᠯᠤᠭᠰᠠᠨ ᠨᠢ ᠰᠢᠪᠲᠤᠯᠤᠯᠲᠠ ᠭᠠᠷᠭᠠᠪᠠ᠃ ᠪᠥᠬᠦ ᠬᠤᠰᠢᠭᠤᠨ ᠤ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠪᠦᠲᠦᠭᠡᠭᠳᠡᠬᠦᠨ 97 ᠳᠤ ᠬᠦᠷᠴᠦ᠂ ᠡᠭᠦᠨ ᠳᠤ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ 45 ᠪᠠᠶᠢᠵᠤ᠂ ᠪᠥᠬᠦ ᠬᠤᠲᠠ ᠳᠤ ᠲᠡᠷᠢᠭᠦᠯᠡᠪᠡ᠃      ︵ᠳᠦᠷᠪᠡ︶ ᠠᠵᠤ  ᠦᠢᠯᠡᠳᠪᠦᠷᠢ ᠶᠢᠨ ᠠᠵᠤ ᠠᠬᠤᠶ ᠲᠣᠭᠲᠠᠭᠤᠨ ᠢᠶᠠᠷ ᠰᠠᠶᠢᠵᠢᠷᠠᠪᠠ      ᠭᠤᠣᠯᠳᠠᠯᠭ᠎ᠠ ᠲᠠᠢ ᠲᠥᠷᠥᠯ ᠵᠦᠢᠯ ᠤᠨ ᠲᠤᠯᠭᠠᠭᠤᠷᠢᠯᠠᠯ ᠬᠦᠴᠦᠲᠡᠢ᠃ 3000 ᠲᠦᠮᠡᠨ ᠲᠥᠭᠦᠷᠢᠭ ᠠᠴᠠ ᠳᠡᠭᠡᠭᠰᠢᠬᠢ ᠠᠵᠤ  ᠦᠢᠯᠡᠳᠪᠦᠷᠢ 14 ᠲᠥᠷᠥᠯ ᠵᠦᠢᠯ ᠢ ᠬᠡᠷᠡᠭᠵᠢᠭᠦᠯᠵᠦ᠂ 13.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃  ᠳ᠋ᠦᠩ ᠧ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠦᠢᠯᠡᠳᠪᠦᠷᠢ ᠶᠢᠨ ᠭᠤᠣᠯ ᠴᠣᠭᠴᠠ ᠶᠢᠨ ᠪᠠᠷᠢᠯᠭ᠎ᠠ ᠳᠠᠭᠤᠰᠴᠤ᠂ ᠮᠤ᠋ ᠶᠤᠸᠠᠨ  ᠲᠡᠵᠢᠭᠡᠯ ᠪᠣᠷᠳᠤᠭ᠎ᠠ ᠪᠣᠯᠪᠠᠰᠤᠷᠠᠭᠤᠯᠬᠤ  ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠤᠷᠤᠭᠰᠢᠲᠠᠢ ᠠᠬᠢᠪᠠ᠃ ᠡᠯᠡᠰᠦᠨ ᠴᠡᠴᠡᠭ ᠤᠨ ᠺᠣᠮᠫᠠᠨᠢ ᠶᠢᠨ  ᠦᠢᠯᠡᠳᠪᠦᠷᠢᠯᠡᠯ  ᠤᠨ ᠠᠦ᠋ᠲ᠋ᠣᠴᠢᠯᠠᠯᠲᠠ ᠶᠢᠨ ᠲᠥᠷᠥᠯ  ᠵᠦᠢᠯ᠂ ᠵᠢᠶ ᠯᠦᠩ ᠠᠭᠤᠷᠬᠠᠢ ᠶᠢᠨ ᠦᠢᠯᠡᠰ ᠤᠨ ᠺᠣᠮᠫᠠᠨᠢ ᠶᠢᠨ ᠠᠮᠤᠷ ᠲᠦᠪᠰᠢᠨ ᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ  ᠵᠦᠢᠯ ᠢ ᠡᠵᠡᠩᠨᠡᠯᠲᠡ ᠳᠤ ᠣᠷᠣᠭᠤᠯᠪᠠ᠃ ᠬᠦᠢ ᠯᠢᠦ ᠪᠦᠯᠦᠭᠯᠡᠯ ᠤᠨ ᠨᠤᠭᠤᠰᠤ ᠶᠢ ᠠᠵᠤ ᠦᠢᠯᠡᠰᠵᠢᠭᠦᠯᠬᠦ᠂ ᠪᠡᠭᠡᠵᠢᠩ ᠤᠨ ᠷᠦᠩ ᠧᠨ G ᠢᠰᠭᠡᠭᠦᠷ ᠤᠨ ᠮᠥᠭᠦ ᠶᠢᠨ ᠡᠮ ᠵᠡᠷᠭᠡ ᠲᠥᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃      ᠠᠵᠤ ᠦᠢᠯᠡᠰ ᠤᠨ ᠬᠥᠳᠡᠯᠭᠡᠭᠴᠢ ᠡᠨᠧᠷᠭᠢ ᠵᠠᠯᠭᠠᠯᠳᠤᠨ ᠰᠣᠯᠢᠭᠳᠠᠪᠠ᠃ ᠳᠥᠷᠪᠡᠨ ︽ᠵᠠᠭᠤᠨ ᠳ᠋ᠦᠩᠰᠢᠭᠤᠷ ᠲᠥᠭᠦᠷᠢᠭ︾ ᠤᠨ ᠠᠵᠤ ᠦᠢᠯᠡᠰ ᠲᠤ ᠲᠦᠰᠢᠭᠯᠡᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠤᠨ ᠬᠡᠪᠴᠢᠶ᠎ᠡ ᠦᠷᠭᠦᠯᠵᠢᠯᠡᠨ ᠪᠤᠵᠠᠭᠠᠶᠢᠷᠠᠵᠤ᠂ ᠪᠦᠲᠦᠭᠡᠭᠳᠡᠬᠦᠨ ᠢ ᠲᠤᠬᠠᠢ ᠶᠢᠨ ᠭᠠᠵᠠᠷ ᠲᠤᠨᠢ ᠡᠳ᠋ᠰᠢᠭᠦᠯᠦᠨ ᠪᠣᠯᠪᠠᠰᠤᠷᠠᠭᠤᠯᠤᠯᠲᠠ 57.6 % ᠳᠤ ᠬᠦᠷᠭᠡᠵᠦ᠂ ᠦᠢᠯᠡᠳᠬᠦᠨ ᠤ ᠥᠷᠲᠡᠭ ᠢ ᠠᠳᠠᠯᠢ ᠬᠤᠭᠤᠴᠠᠭᠠᠨ ᠤ ᠬᠢ ᠠᠴᠠ 42.9 % ᠪᠠᠷ ᠨᠡᠮᠡᠭᠳᠡᠭᠦᠯᠪᠡ᠃ ᠭᠡᠷᠡᠯ ᠸᠣᠯᠲ᠂ ᠰᠠᠯᠬᠢᠨ ᠬᠦᠴᠦᠨ ᠤ ᠴᠠᠬᠢᠯᠭᠠᠨ᠂ ᠮᠣᠩᠭᠤᠯ ᠬᠢᠲᠠᠳ ᠡᠮ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠠᠨᠳᠤᠰᠢ ᠰᠠᠶᠢᠨ ᠪᠠᠶᠢᠵᠤ᠂  ᠦᠢᠯᠡᠳᠭᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 35.2 % ᠢᠶᠠᠷ ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠤ ᠰᠢᠶᠠᠨ ᠤ ᠱᠠᠲᠤᠨ ᠤ ᠨᠢᠭᠡᠴᠡ ᠶᠢᠨ ᠴᠣᠭᠴᠠ ᠶᠢᠨ ᠬᠡᠪᠴᠢᠶ᠎ᠡ ᠪᠠᠷ ᠬᠠᠮᠤᠭ ᠤᠨ ᠶᠡᠭᠡ 100 ᠰᠠᠶ᠎ᠠ ᠸᠠᠲ ᠤᠨ ᠲᠥᠪᠯᠡᠷᠡᠩᠭᠦᠶ ᠮᠠᠶ᠋ᠢᠭ ᠤᠨ ᠭᠡᠷᠡᠯ ᠸᠣᠯᠲ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠢ ᠲᠣᠤᠷ ᠨᠡᠶᠢᠯᠡᠭᠦᠯᠦᠨ ᠴᠠᠬᠢᠯᠭᠠᠨ ᠭᠠᠷᠭᠠᠪᠠ᠃ ᠠᠭᠤᠷᠬᠠᠢ ᠶᠢᠨ ᠠᠵᠤ ᠠᠬᠤᠶ ᠲᠣᠭᠲᠠᠭᠤᠨ ᠢᠶᠠᠷ ᠬᠥᠭᠵᠢᠵᠦ᠂ ᠠᠵᠤ ᠦᠢᠯᠡᠳᠪᠦᠷᠢ ᠶᠢᠨ ᠦᠢᠯᠡᠳᠭᠦᠨ ᠤ ᠶᠡᠷᠦᠩᠬᠡᠶ ᠥᠷᠲᠡᠭ ᠤᠨ 41.1 % ᠶᠢ ᠡᠵᠡᠯᠡᠵᠦ᠂ ᠤᠯᠠᠭᠠᠨᠬᠠᠳᠠ ᠶᠢᠨ ᠰᠢᠵᠢᠷ ᠠᠯᠲᠠ ᠯᠠᠤᠰ ᠤᠨ  ᠰᠠᠢ ᠪᠠᠩ ︵S e p o n︶ ᠤᠨ ᠵᠡᠰ ᠠᠯᠲᠠᠨ ᠠᠭᠤᠷᠬᠠᠶ ᠶᠢ ᠠᠮᠵᠢᠯᠲᠠ ᠲᠠᠢ ᠪᠠᠷ ᠬᠤᠳᠠᠯᠳᠤᠨ ᠠᠪᠴᠠᠶ᠃      ᠳᠠᠭᠠᠭᠠᠴᠠ ᠶᠢᠨ ᠴᠢᠳᠠᠯ ᠲᠣᠭᠲᠠᠭᠤᠨ ᠢᠶᠠᠷ ᠳᠡᠭᠡᠭᠰᠢᠯᠡᠪᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠢ ᠲᠥᠯᠥᠪᠵᠢᠭᠦᠯᠪᠡ ᠪᠠ ᠠᠵᠤ ᠦᠢᠯᠡᠰ ᠤᠨ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠢ ᠪᠡᠶᠡᠯᠡᠭᠦᠯᠪᠡ᠃ ᠠᠵᠤ  ᠦᠢᠯᠡᠳᠪᠦᠷᠢ ᠶᠢᠨ ᠬᠥᠭᠵᠢᠯᠲᠡ ᠶᠢᠨ ᠪᠠᠶᠢᠷᠢᠰᠢᠭᠤᠯᠤᠯ ᠨᠠᠩ ᠰᠢᠯᠢᠳᠡᠭᠵᠢᠵᠦ᠂ ᠰᠠᠭᠤᠷᠢ ᠲᠥᠬᠦᠭᠡᠷᠦᠮᠵᠢ ᠶᠢᠨ ᠲᠥᠬᠦᠷᠵᠢᠯᠲᠡ ᠨᠠᠩ ᠲᠡᠭᠦᠯᠳᠡᠷᠵᠢᠵᠦ᠂ ᠳᠠᠪᠠᠭᠤᠯᠢᠭ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠡᠰᠢ ᠲᠥᠪᠯᠡᠷᠡᠬᠦ ᠶᠢ ᠲᠠᠲᠠᠵᠤ᠂ ᠭᠤᠤᠯᠯᠠᠬᠤ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠳᠠᠶᠢᠴᠢᠯᠠᠪᠠ᠃ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠬᠥᠲᠥᠴᠢ ᠠᠵᠤ ᠠᠬᠤᠶᠢᠯᠠᠯ 31 ᠪᠠᠶᠢᠵᠤ᠂ 10.8 ᠳ᠋ᠦᠩᠰᠢᠭᠤᠷ ᠲᠥᠭᠦᠷᠢᠭ ᠤᠨ  ᠦᠢᠯᠡᠳᠭᠦᠨ ᠤ ᠥᠷᠲᠡᠭ ᠢ ᠪᠡᠶᠡᠯᠡᠭᠦᠯᠪᠡ᠃      ︵ᠲᠠᠪᠤ︶ ᠭᠤᠷᠪᠠᠳᠤᠭᠠᠷ ᠠᠵᠤ  ᠦᠢᠯᠡᠰ ᠥᠷᠨᠢᠩᠭᠦᠶ ᠬᠥᠭᠵᠢᠪᠡ      ᠰᠣᠶᠣᠯ ᠵᠢᠭᠤᠯᠴᠢᠯᠠᠯ ᠢ ᠣᠷᠭᠠᠨᠢᠭ ᠢᠶᠠᠷ ᠠᠭᠤᠰᠤᠯᠴᠠᠭᠤᠯᠪᠠ᠃ ᠥᠪᠥᠷ ᠮᠣᠩᠭᠤᠯ ᠤᠨ ᠲᠡᠤᠬᠡ ᠠᠴᠠ ᠡᠮᠦᠨᠡᠬᠢ ᠰᠣᠶᠣᠯ ᠤᠨ ᠮᠦᠽᠧᠶ ᠶᠢᠨ ᠭᠤᠤᠯ ᠴᠣᠭᠴᠠ ᠶᠢᠨ ᠢᠨᠵᠧᠨᠧᠷᠢᠩ ᠪᠠᠷᠢᠯᠭ᠎ᠠ ᠳᠠᠭᠤᠰᠴᠤ᠂ ᠪᠡᠶ᠎ᠡ ᠶᠢᠨ ᠲᠠᠮᠢᠷ ᠤᠨ ᠴᠡᠴᠡᠷᠯᠢᠭ᠂ ᠬᠠᠭᠤᠷᠠᠶ ᠲᠠᠷᠢᠶᠠᠯᠠᠩ ᠤᠨ ᠰᠢᠰᠲ᠋ᠧᠮ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠪᠠ᠃ ᠤᠯᠤᠰ  ᠤᠨ  ᠬᠠᠭᠤᠴᠢᠳ ᠢ ᠰᠣᠳᠤᠯᠬᠤ ᠴᠡᠴᠡᠷᠯᠢᠭ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠪᠡ᠃  ᠰᠢᠨᠬᠤᠸᠠ ᠰᠣᠶᠣᠯ ᠤᠨ ᠠᠭᠤᠳᠠᠮ ᠲᠠᠯᠠᠪᠠᠢ ᠶᠢ ᠠᠰᠢᠭᠯᠠᠯᠲᠠ ᠳᠤ ᠣᠷᠣᠭᠤᠯᠪᠠ᠃ ︽ᠠᠤᠬᠠᠨ ᠤ ᠳᠣᠮᠤᠭ ᠦᠯᠢᠭᠡᠷ︾ ᠨᠢ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠪᠦᠯᠦᠭ ᠤᠨ ᠪᠣᠳᠠᠰ ᠤᠨ ᠪᠤᠰᠤ ᠰᠣᠶᠣᠯ ᠤᠨ ᠥᠪ ᠢᠶᠠᠷ ᠦᠨᠡᠯᠡᠭᠳᠡᠪᠡ᠃ ᠠᠤᠬᠠᠨ ᠬᠤᠰᠢᠭᠤᠨ ᠤ ᠵᠢᠵᠢᠭ ᠬᠦᠷᠳᠦᠲᠦ ᠲᠡᠷᠭᠡᠨ ᠤ ᠣᠯᠠᠨ ᠤᠯᠤᠰ  ᠤᠨ ᠤᠷᠤᠯᠳᠤᠭᠠᠨ ᠤ ᠲᠠᠯᠠᠪᠤᠷ ᠪᠠ ᠵᠠᠰᠠᠮᠠᠯ ᠵᠠᠮ ᠤᠨ ᠳᠤᠭᠤᠶ ᠲᠡᠷᠭᠡᠨ ᠤ ᠬᠡᠭᠡᠷᠡᠯᠡᠬᠦ ᠣᠯᠠᠨ ᠤᠯᠤᠰ  ᠤᠨ ᠤᠷᠤᠯᠳᠤᠭᠠᠨ ᠤ ᠲᠠᠯᠠᠪᠤᠷ ᠨᠢ ᠣᠯᠠᠨ ᠤᠯᠤᠰ  ᠤᠨ ᠥᠪᠡᠷᠲᠡᠭᠡᠨ ᠵᠠᠰᠠᠬᠤ ᠬᠤᠯᠪᠣᠭ᠎ᠠ ᠶᠢᠨ ᠠᠯᠪᠠᠨ ᠲᠠᠯ᠎ᠠ ᠶᠢᠨ ᠤᠷᠤᠯᠳᠤᠭᠠᠨ ᠤ ᠵᠠᠮ ᠤᠨ ᠭᠡᠷᠡᠴᠢᠯᠡᠯ ᠢ ᠣᠯᠵᠤ᠂ ᠵᠢᠵᠢᠭ ᠬᠦᠷᠳᠦᠲᠦ ᠲᠡᠷᠭᠡᠨ ᠬᠤᠷᠳᠤᠴᠠ ᠣᠷᠣᠯᠳᠤᠬᠤ ᠳᠤᠮᠳᠠᠳᠤ ᠤᠯᠤᠰ  ᠤᠨ ᠤᠯᠤᠰ  ᠤᠨ ᠠᠩᠬᠢ   ᠠᠤᠬᠠᠨ ᠳᠤ ᠪᠠᠶᠢᠭᠤᠯᠤᠭᠳᠠᠭᠰᠠᠨ ᠢ ᠲᠤᠩᠬᠠᠭᠯᠠᠪᠠ᠃ ᠤᠯᠤᠰ  ᠤᠨ ᠳᠣᠲᠤᠭᠠᠲᠤ ᠭᠠᠳᠠᠭᠠᠲᠤ ᠶᠢᠨ ᠭᠤᠷᠪᠠᠨ  ᠵᠦᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠳᠠᠭᠠᠭᠠᠨ ᠠᠪᠴᠤ ᠡᠷᠬᠢᠯᠡᠪᠡ ﹇ᠲᠣᠳᠤᠷᠬᠠᠶᠢᠯᠠᠯᠲᠠ10﹈᠃ ᠠᠤᠬᠠᠨ ᠤ ᠬᠠᠯᠠᠭᠤᠨ ᠷᠠᠰᠢᠶᠠᠨ ᠤ ᠬᠤᠲᠠ ᠶᠢᠨ 4 A ᠲᠡᠰ ᠤᠨ ᠦᠵᠡᠮᠵᠢ ᠶᠢᠨ ᠣᠷᠣᠨ᠂  ᠰᠢᠨ ᠵᠧᠤ ᠶᠢᠨ ᠮᠦᠽᠧᠶ ᠶᠢᠨ 3 A ᠲᠡᠰ ᠤᠨ ᠦᠵᠡᠮᠵᠢ ᠶᠢᠨ ᠣᠷᠣᠨ ᠮᠠᠰᠢ ᠰᠠᠶᠢᠨ ᠠᠵᠢᠯᠯᠠᠵᠤ ᠪᠠᠶᠢᠨ᠎ᠠ᠃      ᠡᠳ᠋ ᠪᠠᠷᠠᠭ᠎ᠠ ᠶᠢᠨ ᠭᠦᠢᠯᠭᠡᠭᠡᠨ ᠤ ᠠᠵᠤ ᠦᠢᠯᠡᠰ ᠢ ᠳᠡᠰ ᠳᠡᠪᠰᠢᠭᠦᠯᠪᠡ᠃ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠨᠡᠶᠢᠲᠡ 12 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠦᠷᠢᠶᠡᠯᠡᠩ ᠳᠤ ᠣᠷᠣᠭᠰᠠᠨ 35 ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠣᠷᠣᠯᠭ᠎ᠠ 5.7 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ ᠦᠨᠳᠦᠰᠦᠨ ᠱᠠᠲᠤᠨ ᠤ  ᠬᠤᠷᠰᠢᠶ᠎ᠠ ᠶᠢ ᠰᠡᠷᠭᠦᠭᠡᠨ ᠳᠠᠬᠢᠨ ᠪᠠᠶᠢᠭᠤᠯᠬᠤ ᠠᠵᠢᠯ ᠢ ᠥᠷᠨᠢᠭᠦᠯᠵᠦ᠂ ᠰᠢᠶᠠᠩ ᠪᠠᠯᠭᠠᠰᠤ ᠰᠤᠮᠤ ᠳᠤ ᠪᠦᠬᠦᠨ ᠢ ᠪᠦᠷᠬᠦᠭᠦᠯᠬᠦ ᠶᠢ ᠪᠡᠶᠡᠯᠡᠭᠦᠯᠪᠡ᠃ ᠰᠢᠨ᠎ᠡ ᠬᠤᠲᠠ ᠶᠢᠨ ᠲᠠᠷᠢᠶᠠᠯᠠᠩ ᠠᠷᠠᠯᠵᠢᠶᠠᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢ ᠠᠰᠢᠭᠯᠠᠯᠲᠠ ᠳᠤ ᠣᠷᠣᠭᠤᠯᠪᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠣᠰᠬᠤᠨ ᠤ ᠱᠠᠲᠤᠨ ᠤ ᠥᠷᠲᠡᠭᠡ  ᠴᠢᠭ ᠤᠨ ᠬᠠᠮᠤᠷᠬᠤ ᠨᠣᠷᠮ᠎ᠠ 91 % ᠲᠤ ᠬᠦᠷᠴᠦ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠬᠢᠨᠠᠨ  ᠰᠢᠯᠭᠠᠯᠲᠠ ᠳᠤ ᠪᠥᠬᠦ ᠣᠷᠣᠨ  ᠳᠤ ᠲᠡᠷᠢᠭᠦᠨ  ᠪᠠᠶᠢᠷᠢᠨ ᠳᠤ ᠣᠷᠣᠪᠠ᠃ ᠡᠳ᠋ ᠪᠠᠷᠠᠭ᠎ᠠ ᠶᠢᠨ  ᠭᠦᠢᠯᠭᠡᠭᠡᠨ ᠤ ᠲᠤᠬᠢᠷᠠᠭᠤᠯᠤᠨ ᠬᠦᠷᠭᠡᠬᠦ ᠲᠣᠤᠷ ᠰᠦᠯᠵᠢᠶ᠎ᠡ ᠶᠢ ᠰᠢᠶᠠᠩ ᠪᠠᠯᠭᠠᠰᠤᠨ ᠳᠤ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠠᠰᠢᠭᠯᠠᠯᠲᠠ ᠳᠤ ᠣᠷᠣᠵᠤ᠂ 520 ᠵᠢᠵᠢᠭ ᠪᠢᠴᠢᠯ ᠠᠵᠤ ᠠᠬᠤᠶᠢᠯᠠᠯ  ᠰᠦᠯᠵᠢᠶᠡᠨ ᠤ ᠲᠠᠪᠴᠠᠩ ᠳᠤ ᠰᠠᠭᠤᠷᠢᠰᠢᠪᠠ᠃ ᠮᠠᠨ ᠤ ᠬᠤᠰᠢᠭᠤ ︽ᠡᠯᠧᠺᠲᠷᠣᠨ ᠬᠤᠳᠠᠯᠳᠤᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠦᠯᠢᠭᠡᠷ ᠳᠠᠭᠤᠷᠢᠶᠠᠯ ᠰᠢᠶᠠᠨ︾ ᠢ ᠠᠮᠵᠢᠯᠲᠠ ᠲᠠᠢ ᠪᠡᠶᠡᠯᠡᠭᠦᠯᠪᠡ᠃ ᠪᠥᠬᠦ ᠵᠢᠯ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶ᠎ᠠ ᠶᠢᠨ ᠲᠤᠭ᠎ᠠ 13.2 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 36 % ᠨᠡᠮᠡᠭᠳᠡᠪᠡ᠃      ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠬᠠᠪᠰᠤᠷᠤᠯᠭ᠎ᠠ ᠬᠦᠴᠦᠲᠡᠶ ᠪᠣᠯᠪᠠ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠦᠯᠡᠳᠡᠪᠦᠷᠢ 145 ᠳ᠋ᠦᠩᠰᠢᠭᠤᠷ ᠲᠥᠭᠦᠷᠢᠭ᠂ ᠵᠢᠭᠡᠯᠡᠯᠭᠡ ᠶᠢᠨ ᠦᠯᠡᠳᠡᠪᠦᠷᠢ 83.2 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 19.4 ᠳ᠋ᠦᠩᠰᠢᠭᠤᠷ ᠲᠥᠭᠦᠷᠢᠭ ᠪᠠ 20.4 ᠳ᠋ᠦᠩᠰᠢᠭᠤᠷ ᠲᠥᠭᠦᠷᠢᠭ ᠨᠡᠮᠡᠭᠳᠡᠵᠦ᠂ ᠬᠠᠳᠠᠭᠠᠯᠠᠮᠵᠢ ᠪᠠ ᠵᠢᠭᠡᠯᠡᠯᠭᠡ ᠶᠢᠨ ᠬᠠᠷᠢᠴᠠᠯ 57.3 % ᠪᠣᠯᠵᠤ ᠰᠢᠯᠢᠳᠡᠭᠵᠢᠨ᠂ ᠠᠳᠠᠯᠢ ᠬᠤᠭᠤᠴᠠᠭᠠᠨ ᠤ ᠬᠢ ᠠᠴᠠ 7.2 ᠵᠠᠭᠤᠨ ᠤ ᠨᠢᠭᠡᠴᠢ ᠳᠡᠭᠡᠭᠰᠢᠯᠡᠪᠡ᠃ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠬᠤᠯᠪᠣᠭᠠᠲᠤ ᠬᠤᠷᠰᠢᠶᠠᠨ ᠤ ᠪᠠᠶᠢᠭᠤᠯᠤᠯ ᠢ ᠥᠭᠡᠷᠡᠴᠢᠯᠡᠬᠦ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠠᠵᠢᠯ ᠢ ᠡᠬᠢᠯᠡᠭᠦᠯᠪᠡ᠃ ᠪᠦᠬᠦ ᠵᠢᠯ ᠤᠨ ᠳᠠᠭᠠᠳᠬᠠᠯ ᠤᠨ ᠣᠷᠣᠯᠭ᠎ᠠ 2.3 ᠳ᠋ᠦᠩᠰᠢᠭᠤᠷ ᠲᠥᠭᠦᠷᠢᠭ ᠲᠤ ᠬᠦᠷᠴᠦ᠂ 0.6 ᠳ᠋ᠦᠩᠰᠢᠭᠤᠷ ᠲᠥᠭᠦᠷᠢᠭ ᠵᠠᠷᠤᠴᠠᠭᠤᠯᠪᠠ᠃      ︵ᠵᠢᠷᠭᠤᠭ᠎ᠠ︶ ᠪᠡᠯᠡ ᠣᠷᠣᠭᠤᠯᠤᠯᠲᠠ ᠪᠠᠷ ᠳᠠᠶᠢᠴᠢᠯᠠᠬᠤ  ᠬᠦᠴᠦᠨ ᠡᠳᠦᠷ ᠢᠷᠡᠬᠦᠶ᠎ᠡ ᠴᠢᠬᠢᠷᠠᠭᠵᠢᠪᠠ      ᠠᠷᠠᠯᠵᠢᠶᠠᠴᠢᠨ ᠤᠷᠢᠵᠤ ᠪᠡᠯᠡ ᠣᠷᠣᠭᠤᠯᠬᠤ ᠨᠢ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠪᠡ᠃ ᠪᠡᠯᠡ ᠣᠷᠣᠭᠤᠯᠵᠤ ᠬᠠᠮᠲᠤᠷᠠᠨ ᠠᠵᠢᠯᠯᠠᠬᠤ ᠠᠷᠭ᠎ᠠ ᠳᠤ ᠵᠠᠰᠠᠪᠤᠷᠢ ᠣᠷᠣᠭᠤᠯᠵᠤ᠂ ᠬᠤᠳᠠᠯᠳᠤᠭᠠᠴᠢᠨ ᠤᠷᠢᠬᠤ 4 ᠰᠠᠯᠪᠤᠷᠢ ᠠᠩᠭᠢ ᠶᠢ ᠪᠠᠶᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠥᠪᠯᠡᠭᠴᠢ ᠶᠢᠨ ᠪᠦᠯᠬᠦᠮ ᠢ ᠵᠣᠬᠢᠶᠠᠨ ᠪᠠᠶᠢᠭᠤᠯᠵᠤ᠂ ᠪᠡᠭᠡᠵᠢᠩ ᠲᠢᠶᠠᠨᠵᠢᠨ ᠡᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠵᠡᠭᠦᠨ ᠬᠤᠶᠢᠲᠤ ᠣᠷᠣᠨ ᠪᠠ ᠪᠦᠬᠦ ᠤᠯᠤᠰ  ᠤᠨ ᠱᠠᠨ ᠰᠢ ᠶᠢᠨ ᠬᠤᠳᠠᠯᠳᠤᠭᠠᠴᠢᠳ ᠤᠨ ᠨᠡᠶᠢᠭᠡᠮᠯᠢᠭ ᠲᠤ ᠠᠩᠬᠠᠷᠤᠯ ᠢᠶᠠᠨ ᠲᠥᠪᠯᠡᠷᠡᠭᠦᠯᠦᠨ ᠬᠤᠳᠠᠯᠳᠤᠭᠠᠴᠢᠨ ᠤᠷᠢᠪᠠ᠃ ᠠᠤᠬᠠᠨ ᠤ ᠪᠡᠭᠡᠵᠢᠩ ᠤᠨ ᠠᠵᠤ  ᠠᠬᠤᠶᠢᠯᠠᠯ ᠤᠨ ᠬᠤᠳᠠᠯᠳᠤᠭᠠᠴᠢᠳ ᠤᠨ ᠡᠪᠯᠡᠯ ᠢ ᠪᠠᠶᠢᠭᠤᠯᠵᠤ᠂ ︽ᠤᠯᠠᠭᠠᠨᠬᠠᠳᠠ ᠨᠤᠲᠤᠭᠲᠠᠢ ᠰᠣᠳᠤᠨᠴᠤᠳ ᠤᠨ ᠴᠤᠭᠯᠠᠭᠠᠨ︾ ᠤ ᠠᠤᠬᠠᠨ ᠤ ᠰᠠᠯᠪᠤᠷᠢ ᠬᠤᠷᠠᠯ᠂ ᠪᠡᠭᠡᠵᠢᠩ ᠪᠣᠯᠤᠨ ᠮᠦᠭᠳᠡᠨ ᠤ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠶᠠᠷᠢᠯᠴᠠᠬᠤ ᠬᠤᠷᠠᠯ᠂ ᠱᠠᠨ ᠰᠢ ᠶᠢᠨ ᠬᠤᠳᠠᠯᠳᠤᠭᠠᠨ ᠤ ᠶᠡᠭᠡ ᠬᠤᠷᠠᠯ ᠢ ᠡᠷᠬᠢᠯᠡᠪᠡ᠃ ᠪᠥᠬᠦ ᠵᠢᠯ ᠳᠤ 62 ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ  ᠵᠦᠢᠯ ᠢ ᠬᠡᠷᠡᠭᠵᠢᠭᠦᠯᠵᠦ᠂ 38 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠪᠠ᠃      ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠣᠷᠣᠨ ᠵᠠᠶ ᠶᠢ ᠥᠷᠭᠡᠳᠬᠡᠪᠡ᠃ 1000 ᠲᠦᠮᠡᠨ ᠲᠥᠭᠦᠷᠢᠭ ᠠᠴᠠ ᠳᠡᠭᠡᠭᠰᠢᠬᠢ 58 ᠲᠥᠷᠥᠯ ᠵᠦᠢᠯ ᠢ ᠬᠡᠷᠡᠭᠵᠢᠭᠦᠯᠵᠦ᠂ 40.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠶᠢᠨ ᠬᠤᠢ  ᠸᠠᠨ ᠵᠢᠶᠠ ᠬᠤᠲᠠ ᠶᠢᠨ ᠶᠡᠷᠦᠩᠬᠡᠶᠢᠯᠡᠭᠰᠡᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃  ᠳ᠋ᠦᠩ ᠧ ᠰᠣᠶᠣᠯ ᠤᠨ ᠲᠥᠪ ᠤᠨ ᠭᠤᠣᠯ ᠴᠣᠭᠴᠠ ᠶᠢᠨ ᠪᠠᠷᠢᠯᠭ᠎ᠠ ᠳᠠᠭᠤᠰᠴᠤ᠂ ᠡᠯᠵᠢᠭᠡ ᠠᠷᠠᠯᠵᠢᠶᠠᠯᠠᠬᠤ ᠵᠠᠬ᠎ᠠ ᠳᠡᠯᠭᠡᠭᠦᠷ ᠢ ᠠᠰᠢᠭᠯᠠᠯᠲᠠ ᠳᠤ ᠣᠷᠣᠭᠤᠯᠪᠠ᠃ ᠰᠡᠩᠳᠡᠩ ᠮᠣᠳᠤ ᠶᠢᠨ ᠠᠵᠤ  ᠦᠢᠯᠡᠰᠴᠢᠯᠡᠯᠲᠡ ᠶᠢᠨ ᠲᠥᠷᠥᠯ ᠵᠦᠢᠯ ᠤᠨ  ᠰᠠᠭᠤᠷᠢᠨ ᠭᠠᠵᠠᠷ ᠢ 5800 ᠮᠦ ᠰᠢᠨ᠎ᠡ ᠪᠠᠷ  ᠨᠡᠮᠡᠭᠳᠡᠭᠦᠯᠪᠡ᠃  ᠦᠬᠡᠷ ᠲᠡᠵᠢᠭᠡᠨ ᠦᠷᠡᠵᠢᠭᠦᠯᠬᠦ ᠪᠠᠷ ᠶᠠᠳᠠᠭᠤ ᠶᠢ ᠲᠡᠳᠬᠦᠬᠦ ᠲᠥᠷᠥᠯ ᠵᠦᠢᠯ᠂ ᠰᠢᠶᠠ ᠸᠠ ᠶᠢᠨ ᠭᠠᠭ᠋ᠠᠢ ᠲᠡᠵᠢᠭᠡᠨ ᠦᠷᠡᠵᠢᠭᠦᠯᠬᠦ ᠪᠠᠷ ᠶᠠᠳᠠᠭᠤ ᠶᠢ ᠲᠡᠳᠬᠦᠬᠦ ᠰᠠᠭᠤᠷᠢᠨ ᠭᠠᠵᠠᠷ ᠢ ᠠᠰᠢᠭᠯᠠᠯᠲᠠ ᠳᠤ ᠣᠷᠣᠭᠤᠯᠪᠠ᠃      ᠳᠡᠭᠡᠲᠦ ᠱᠠᠲᠤᠨ ᠤ ᠣᠷᠣᠭᠤᠯᠤᠯᠲᠠ ᠨᠢ ᠬᠥᠭᠵᠢᠯᠲᠡ ᠶᠢ ᠴᠢᠩᠭᠠᠳᠬᠠᠵᠠᠢ᠃ ᠪᠦᠬᠦ ᠵᠢᠯ ᠳᠤ ᠳᠡᠭᠡᠲᠦ ᠱᠠᠲᠤᠨ ᠤ ᠲᠥᠯᠥᠪᠦᠷᠢ ᠦᠭᠡᠢ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ 24.4 ᠳ᠋ᠦᠩᠰᠢᠭᠤᠷ ᠲᠥᠭᠦᠷᠢᠭ ᠢ  ᠴᠢᠷᠮᠠᠶᠢᠨ ᠣᠯᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 45.7 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 18.6 % ᠨᠡᠮᠡᠭᠳᠡᠵᠦ᠂ ᠪᠦᠬᠦ ᠬᠤᠲᠠ ᠳᠤ ᠲᠡᠷᠢᠭᠦᠨ ᠪᠠᠶᠢᠷᠢᠨ ᠳᠤ  ᠪᠠᠶᠢᠵᠤ᠂ ᠰᠠᠭᠤᠷᠢ ᠲᠥᠬᠦᠭᠡᠷᠦᠮᠵᠢ ᠪᠠ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠶᠢ ᠬᠦᠴᠦᠲᠡᠢ ᠠᠬᠢᠭᠤᠯᠪᠠ᠃      ︵ᠳᠣᠯᠤᠭ᠎ᠠ︶ ᠬᠥᠭᠵᠢᠯᠲᠡ ᠶᠢᠨ ᠰᠠᠭᠤᠷᠢ ᠪᠠᠲᠤᠯᠠᠭ᠎ᠠ ᠬᠦᠴᠦᠨ ᠲᠠᠢ      ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠦᠷᠭᠦᠯᠵᠢᠯᠡᠨ ᠪᠠᠬᠢᠵᠢᠪᠡ᠃ ᠬᠠᠮᠠᠭᠠᠯᠠᠨ ᠬᠥᠭᠵᠢᠭᠦᠯᠬᠦ ᠬᠠᠷᠠᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠬᠠᠰᠢᠶᠠᠯᠠᠨ ᠲᠡᠵᠢᠭᠡᠬᠦ ᠮᠠᠯ ᠠᠵᠤ ᠠᠬᠤᠢ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠷᠴᠢᠮ ᠢ ᠨᠡᠮᠡᠭᠳᠡᠭᠦᠯᠪᠡ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠣᠢ ᠰᠢᠭᠤᠢ ﹇ᠲᠣᠳᠤᠷᠬᠠᠶᠢᠯᠠᠯᠲᠠ11﹈᠂ ᠲᠠᠷᠢᠶᠠᠯᠠᠬᠤ ᠶᠢ ᠵᠣᠭᠰᠣᠭᠠᠵᠤ ᠣᠢ ᠮᠣᠳᠣ ᠲᠠᠷᠢᠬᠤ ᠵᠡᠷᠭᠡ ᠲᠥᠷᠥᠯ  ᠵᠦᠢᠯ ᠳᠤ ᠲᠦᠰᠢᠭᠯᠡᠨ᠂ 14.1 ᠲᠦᠮᠡᠨ ᠮᠤ᠋ ᠣᠢ ᠮᠣᠳᠣ ᠲᠠᠷᠢᠵᠤ᠂ ᠪᠦᠬᠦ ᠬᠤᠰᠢᠭᠤᠨ ᠤ ᠣᠢ ᠰᠢᠭᠤᠢ ᠶᠢᠨ ᠪᠦᠷᠬᠦᠭᠰᠡᠨ ᠨᠣᠷᠮ᠎ᠠ 44.07 % ᠳᠤ ᠬᠦᠷᠪᠡ᠃      ᠵᠠᠮ ᠬᠠᠷᠢᠯᠴᠠᠭ᠎ᠠ ᠡᠳᠦᠷ ᠢᠷᠡᠬᠦᠶ᠎ᠡ ᠰᠠᠭᠠᠳ ᠦᠭᠡᠢ ᠪᠣᠯᠪᠠ᠃ ᠤᠯᠤᠰ  ᠤᠨ ᠵᠠᠮ 305 ᠱᠤᠭᠤᠮ ᠤᠨ ᠮᠠᠨᠢᠬᠠᠨ ᠠᠴᠠ ᠢᠦᠶ ᠲᠢᠶᠠᠨ ᠭᠤᠤ ᠬᠦᠷᠬᠦ ᠬᠤᠶᠠᠳᠤᠭᠠᠷ ᠲᠡᠰ ᠤᠨ ᠵᠠᠰᠠᠮᠠᠯ ᠵᠠᠮ ᠤᠨ ᠠᠤᠬᠠᠨ ᠬᠤᠰᠢᠭᠤᠨ ᠤ ᠬᠢᠯᠢ ᠳᠣᠲᠣᠷᠠᠬᠢ ᠨᠢᠭᠡᠳᠦᠭᠡᠷ᠂ ᠭᠤᠷᠪᠠᠳᠤᠭᠠᠷ ᠪᠠᠷᠢᠮᠵᠢᠶᠠᠲᠤ ᠬᠡᠰᠡᠭ ᠢ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠵᠦ᠂ ᠮᠤᠵᠢ ᠶᠢᠨ ᠵᠠᠮ 210 ᠱᠤᠭᠤᠮ ᠤᠨ ᠭᠤᠷᠣᠬᠠᠨ ᠠᠴᠠ ᠶᠠᠩ ᠴᠠᠩ ᠬᠦᠷᠬᠦ ᠬᠤᠶᠠᠳᠤᠭᠠᠷ ᠲᠡᠰ ᠤᠨ ᠵᠠᠰᠠᠮᠠᠯ ᠵᠠᠮ ᠤᠨ ᠰᠠᠭᠤᠷᠢ ᠲᠠᠯᠪᠢᠬᠤ ᠪᠠ  ᠬᠦᠭᠦᠷᠭᠡ ᠶᠢᠨ ᠭᠤᠤᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠪᠡ᠃ ᠲᠣᠰᠬᠤᠨ ᠳᠤ ᠨᠡᠪᠲᠡᠷᠡᠬᠦ ᠵᠠᠰᠠᠮᠠᠯ ᠵᠠᠮ  ᠢ188 ᠺᠢᠯᠤᠮᠧᠲᠷ ᠰᠢᠨ᠎ᠡ ᠪᠠᠷ  ᠵᠠᠰᠠᠵᠤ᠂ ᠮᠠᠨ ᠤ ᠬᠤᠰᠢᠭᠤ ᠥᠪᠡᠷᠲᠡᠭᠡᠨ ᠵᠠᠰᠠᠬᠤ ᠣᠷᠣᠨ ᠤ ᠲᠡᠰ ᠤᠨ ︽ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ︾ ᠤᠨ ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠪᠡ᠃      ᠤᠰᠤᠨ ᠠᠰᠢᠭᠯᠠᠯᠲᠠ ᠶᠢᠨ ᠢᠨᠵᠧᠨᠧᠷᠢᠩ ᠠᠯᠬᠤᠮ ᠠᠯᠬᠤᠮ ᠢᠶᠠᠷ ᠲᠡᠭᠦᠯᠳᠡᠷᠵᠢᠪᠡ᠃ ᠣᠷᠣᠨ ᠪᠦᠰᠡ ᠠᠯᠤᠰᠯᠠᠨ ᠤᠰᠤ ᠲᠠᠲᠠᠬᠤ ᠠᠤᠬᠠᠨ ᠤ ᠰᠠᠯᠪᠤᠷᠢ ᠱᠤᠭᠤᠮ ᠤᠨ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠪᠡ᠃ ᠳᠥᠷᠪᠡᠳᠦᠭᠡᠷ ᠤᠰᠤᠨ ᠰᠤᠷᠪᠤᠯᠵᠢ ᠶᠢᠨ ᠤᠰᠤ ᠬᠠᠩᠭᠠᠬᠤ ᠪᠠᠷᠢᠯᠭ᠎ᠠ ᠶᠢᠨ ᠠᠵᠢᠯᠯᠠᠭᠠᠨ ᠢ ᠲᠣᠭᠲᠠᠭᠤᠨ  ᠪᠠᠶᠢᠯᠭᠠᠪᠠ᠃ 187 ᠬᠥᠮᠦᠨ ᠤ  ᠤᠤᠭᠤᠬᠤ ᠤᠰᠤ ᠶᠢᠨ ᠠᠮᠤᠷ ᠲᠦᠪᠰᠢᠨ ᠢ ᠪᠠᠲᠤᠳᠬᠠᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠪᠡ᠃ 97 ᠲᠦᠮᠡᠨ ᠮᠤ᠋ ᠪᠦᠷᠬᠦᠪᠴᠢ ᠶᠢᠨ  ᠳᠣᠣᠭᠤᠷ ᠤᠰᠤᠯᠠᠬᠤ ᠲᠠᠯᠠᠪᠠᠢ ᠶᠢ ᠰᠢᠨ᠎ᠡ ᠪᠠᠷ ᠪᠠᠶᠢᠭᠤᠯᠤᠭᠰᠠᠨ ᠪᠠ ᠪᠠᠬᠢᠵᠢᠭᠦᠯᠵᠦ᠂ ᠪᠦᠬᠦ ᠬᠤᠲᠠ ᠳᠤ ᠲᠡᠷᠢᠭᠦᠯᠡᠪᠡ᠃      ᠴᠠᠬᠢᠯᠭᠠᠨ ᠬᠦᠴᠦᠨ ᠤ ᠬᠠᠩᠭᠠᠯᠭ᠎ᠠ ᠪᠦᠲᠦᠮᠵᠢᠲᠡᠶ ᠰᠠᠶᠢᠵᠢᠷᠠᠪᠠ᠃ 66 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ 3 ᠶᠢ ᠥᠭᠡᠷᠡᠴᠢᠯᠡᠨ ᠪᠠᠶᠢᠭᠤᠯᠵᠤ᠂ 10 ᠺᠢᠯᠣᠸᠠᠲ ᠤᠨ ᠱᠤᠭᠤᠮ ᠪᠠ 586.7 ᠺᠢᠯᠤᠮᠧᠲᠷ ᠤᠨ ᠳᠣᠣᠷ᠎ᠠ ᠬᠦᠴᠦᠳᠡᠯᠲᠦ ᠴᠠᠬᠢᠯᠭᠠᠨ ᠱᠤᠭᠤᠮ ᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠵᠤ᠂ ᠴᠠᠬᠢᠯᠭᠠᠨ ᠬᠠᠩᠭᠠᠯᠲᠠ ᠶᠢᠨ ᠨᠠᠶᠢᠳᠠᠪᠤᠷᠢᠲᠤ ᠨᠣᠷᠮ᠎ᠠ 99.8 % ᠳᠤ ᠬᠦᠷᠪᠡ᠃      ᠭᠠᠵᠠᠷ ᠰᠢᠷᠣᠶ ᠶᠢᠨ ᠠᠰᠢᠭᠯᠠᠯᠲᠠ ᠶᠢ ᠥᠨᠳᠥᠷ ᠪᠦᠲᠦᠮᠵᠢᠲᠡᠶ‌ᠡᠷᠴᠢᠮᠵᠢᠭᠦᠯᠪᠡ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ 2100 ᠮᠦ ᠳᠠᠬᠢᠨ ᠬᠠᠭᠠᠯᠪᠤᠷᠢᠯᠠᠵᠤ᠂ 2.4 ᠲᠦᠮᠡᠨ ᠮᠦ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠢ ᠬᠡᠷᠡᠭᠵᠢᠭᠦᠯᠪᠡ᠃ ᠭᠤᠷᠪᠠᠳᠤᠭᠠᠷ ᠤᠳᠠᠭᠠᠨ ᠤ ᠪᠦᠬᠦ ᠤᠯᠤᠰ  ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃ ︽ᠶᠡᠭᠡ‌‍ᠰᠠᠷᠠᠪᠴᠢᠨ ᠭᠡᠷ︾ ᠤᠨ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠵᠤ᠂ 3748 ᠲᠠᠷᠢᠶᠠᠯᠠᠩ ᠤᠨ  ᠶᠡᠭᠡ ᠰᠠᠷᠠᠪᠴᠢ ᠶᠢ ᠲᠣᠤᠷᠯᠠᠨ ᠪᠠᠶᠢᠴᠠᠭᠠᠵᠤ᠂ 88 ᠰᠠᠭᠤᠷᠢ ᠪᠠᠷᠢᠮᠵᠢᠶ᠎ᠡ ᠠᠴᠠ ᠬᠡᠲᠦᠷᠡᠭᠰᠡᠨ  ᠭᠡᠷ ᠢ ᠪᠦᠬᠦᠨ ᠢ ᠨᠤᠷᠠᠭᠠᠵᠤ᠂ ᠲᠠᠷᠢᠶᠠᠨ ᠭᠠᠵᠠᠷ  ᠢ ᠲᠠᠷᠢᠶᠠᠯᠠᠩ ᠤᠨ ᠪᠤᠰᠤ ᠪᠣᠯᠭᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠪᠠ᠃      ︵ᠨᠠᠢᠮᠠ︶ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠡᠳᠦᠷ ᠢᠷᠡᠬᠦᠶ᠎ᠡ ᠲᠡᠭᠦᠯᠳᠡᠷᠵᠢᠪᠡ      ᠲᠥᠯᠥᠪᠵᠢᠭᠦᠯᠪᠡ ᠨᠢ ᠨᠠᠩ ᠢᠯᠡᠭᠦᠤ ᠵᠢᠯᠣᠭᠤᠳᠬᠤ ᠴᠢᠨᠠᠷ ᠪᠠ ᠵᠢᠷᠤᠮᠵᠢᠯᠳᠤ ᠴᠢᠨᠠᠷ ᠲᠠᠢ ᠪᠣᠯᠪᠠ᠃ 20 ᠵᠦᠢᠯ ᠤᠨ ᠬᠢᠵᠠᠭᠠᠷᠯᠠᠬᠤ ᠴᠢᠨᠠᠷᠲᠠᠢ ᠨᠠᠷᠢᠨ ᠲᠥᠯᠥᠪᠵᠢᠭᠦᠯᠭᠡ ᠶᠢ ᠪᠡᠶᠡᠯᠡᠭᠦᠯᠵᠦ᠂ 50 ᠵᠦᠢᠯ ᠤᠨ ᠵᠠᠰᠠᠨ ᠪᠠᠶᠢᠭᠤᠯᠬᠤ ᠴᠢᠨᠠᠷᠲᠠᠢ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠠᠢ᠃ ᠪᠦᠬᠦ ᠬᠤᠰᠢᠭᠤᠨ ᠤ ᠶᠡᠷᠦᠩᠬᠡᠢ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠠᠩᠬ᠎ᠠ ᠠᠯᠬᠤᠮ ᠤᠨ ᠲᠥᠰᠦᠯ ᠢ ᠪᠡᠶᠡᠯᠡᠭᠦᠯᠵᠦ᠂ ᠰᠢᠨ ᠬᠤᠢ ᠬᠠᠭᠤᠴᠢᠨ ᠬᠤᠲᠠ ᠲᠣᠭᠤᠷᠢᠭ ᠤᠨ ᠥᠭᠡᠷᠡᠴᠢᠯᠡᠯᠲᠡ ᠪᠠ ᠬᠤᠲᠠ ᠶᠢᠨ ᠬᠤᠣᠰ ᠵᠠᠰᠠᠯᠲᠠ ᠶᠢᠨ ᠲᠥᠯᠥᠪᠯᠡᠭᠡ ᠶᠢ ᠡᠬᠢᠯᠡᠭᠦᠯᠪᠡ᠃      ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ  ᠢ ᠨᠥᠬᠦᠪᠥᠷᠢᠯᠡᠬᠦ ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ  ᠴᠢᠬᠤᠯᠠᠴᠢᠯᠠᠪᠠ᠃ ᠪᠦᠬᠦ ᠵᠢᠯ ᠳᠤ 13.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠶᠢᠨ ᠴᠠᠩ ᠭᠸᠦ ᠯᠢᠶᠠᠩ ᠤᠨ ᠲᠤᠰᠠᠭᠠᠷ ᠦᠢᠯᠡᠳᠪᠦᠷᠢ ᠠᠭᠤᠷᠬᠠᠢ ᠶᠢᠨ ᠣᠷᠣᠨ ᠢ ᠨᠡᠭᠦᠯᠭᠡᠨ ᠥᠭᠡᠷᠡᠴᠢᠯᠡᠬᠦ ᠢᠨᠵᠧᠨᠧᠷᠢᠩ ᠢ ᠤᠯᠤᠰ ᠠᠴᠠ ᠵᠡᠭᠦᠨ ᠬᠤᠶᠢᠲᠤ ᠣᠷᠣᠨ ᠤ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠳᠤ  ᠣᠷᠤᠭᠤᠯᠪᠠ᠃  ᠶᠢᠩ ᠪᠢᠨ ᠶᠡᠭᠡ ᠵᠠᠮ ᠤᠨ ᠬᠥᠭᠦᠷᠭᠡ᠂  ᠬᠤᠢ ᠵᠧᠤ ᠵᠡᠭᠡᠯᠢ᠂ ᠰᠢᠤᠸᠠᠢ ᠶᠤᠸᠠᠨ ᠵᠠᠮ᠂ ᠶᠢᠨ ᠶᠤᠸᠠᠨ ᠵᠡᠭᠡᠯᠢ᠂ ᠰᠢᠨ ᠶᠤᠸᠠᠨ ᠵᠠᠮ ᠵᠡᠷᠭᠡ ᠵᠠᠮ  ᠢ ᠪᠠᠶᠢᠭᠤᠯᠪᠠ᠃ 73.3 ᠲᠦᠮᠡᠨ ᠲᠡᠭᠰᠢ ᠳᠥᠷᠪᠡᠯᠵᠢᠨ ᠮᠧᠲᠷ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠠᠰᠢᠭᠯᠠᠯᠲᠠ ᠶᠢ  ᠬᠡᠷᠡᠭᠵᠢᠭᠦᠯᠪᠡ᠃ ᠰᠢᠨ ᠬᠤᠢ ᠬᠤᠲᠠ ᠲᠣᠭᠤᠷᠢᠭ ᠤᠨ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ᠂ 3 ᠬᠠᠭᠤᠴᠢᠨ ᠰᠠᠭᠤᠭᠠᠯᠢ ᠲᠣᠭᠤᠷᠢᠭ᠂ ᠪᠢᠨ ᠾᠧ ᠵᠡᠭᠡᠯᠢ᠂  ᠰᠢᠨ ᠰᠢ ᠵᠡᠭᠡᠯᠢ ᠶᠢᠨ ᠥᠭᠡᠷᠡᠴᠢᠯᠡᠯᠲᠡ ᠪᠠ ᠰᠢᠨ ᠬᠤᠢ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠢ ᠨᠡᠭᠦᠯᠭᠡᠨ ᠪᠠᠶᠢᠭᠤᠯᠪᠠ᠃ ᠰᠢᠨ ᠬᠤᠢ ᠬᠤᠲᠠ ᠲᠣᠭᠤᠷᠢᠭ ᠤᠨ ︽ᠨᠢᠭᠡ ᠬᠤᠩᠭᠢᠯ ᠭᠤᠷᠪᠠᠨ ᠬᠦᠷᠢᠶᠡᠯᠡᠩ ᠳᠥᠷᠪᠡᠨ ᠪᠦᠰᠡ︾ ﹇ᠲᠣᠳᠤᠷᠬᠠᠶᠢᠯᠠᠯᠲᠠ 12﹈  ᠶᠢ ᠨᠣᠭᠤᠭᠠᠷᠠᠭᠤᠯᠬᠤ ᠠᠵᠢᠯ ᠢ ᠪᠡᠶᠡᠯᠡᠭᠦᠯᠪᠡ᠃ ᠪᠠᠯᠭᠠᠰᠤᠨ  ᠬᠡᠪᠴᠢᠶᠡᠨ ᠳᠤ 9.6 ᠺᠢᠯᠤᠮᠧᠲᠷ ᠵᠠᠮ ᠵᠠᠰᠠᠵᠤ᠂ 105 ᠺᠢᠯᠤᠮᠧᠲᠷ ᠤᠰᠤ ᠵᠠᠯᠠᠬᠤ ᠬᠤᠭᠤᠯᠠᠢ ᠶᠢ ᠰᠢᠨ᠎ᠡ ᠪᠠᠷ ᠳᠡᠪᠢᠰᠪᠡ᠃ 2530 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠶᠢ ᠪᠡᠶᠡᠯᠡᠭᠦᠯᠪᠡ᠃ ᠪᠦᠬᠦ ᠬᠤᠰᠢᠭᠤᠨ ᠤ ᠬᠤᠲᠠ  ᠪᠠᠯᠭᠠᠰᠤᠴᠢᠯᠠᠯᠲᠠ ᠶᠢᠨ ᠨᠣᠷᠮ᠎ᠠ 42.6 % ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.8 % ᠪᠠᠷ ᠨᠡᠮᠡᠭᠳᠡᠪᠡ᠃      ᠬᠠᠮᠢᠶᠠᠷᠤᠯᠲᠠ ᠨᠢ ᠨᠠᠷᠢᠯᠢᠭᠵᠢᠭᠰᠠᠨ ᠪᠠ ᠨᠢᠭᠡ ᠴᠣᠭᠴᠠᠵᠢᠭᠰᠠᠨ ᠪᠠᠶᠢᠳᠠᠯ ᠢ ᠢᠯᠡᠷᠡᠭᠦᠯᠪᠡ᠃ ᠠᠩᠬᠠᠳᠤᠭᠠᠷ ᠬᠤᠭᠤᠴᠠᠭᠠᠨ ᠤ ᠪᠥᠬᠦ ᠬᠤᠰᠢᠭᠤᠨ ᠤ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠠᠳᠠᠯ ᠠᠬᠤᠢ ᠶᠢᠨ ᠠᠵᠤ  ᠠᠬᠤᠶᠢᠯᠠᠯ  ᠳᠤ ᠣᠷᠣᠵᠤ ᠰᠠᠭᠤᠭᠰᠠᠨ ᠰᠠᠭᠤᠭᠠᠯᠢ ᠠᠷᠠᠳ ᠤᠨ ᠲᠣᠭᠤᠷᠢᠭ ᠠᠳᠠᠯᠢ ᠬᠤᠭᠤᠴᠠᠭᠠᠨ ᠤ ᠬᠢ ᠠᠴᠠ 41.1 % ᠨᠡᠮᠡᠭᠳᠡᠵᠦ᠂ ᠠᠳᠠᠯ ᠠᠬᠤᠢ ᠶᠢᠨ  ᠦᠢᠯᠡᠴᠢᠯᠡᠭᠡᠨ ᠤ ᠲᠠᠯᠠᠪᠠᠢ ᠠᠳᠠᠯᠢ ᠬᠤᠭᠤᠴᠠᠭᠠᠨ ᠤ ᠬᠢ ᠠᠴᠠ 27.7 % ᠨᠡᠮᠡᠭᠳᠡᠪᠡ᠃ ᠰᠢᠨ ᠬᠤᠢ ᠬᠤᠲᠠ ᠲᠣᠭᠤᠷᠢᠭ ᠤᠨ ᠲᠡᠷᠭᠡ  ᠶᠢᠨ ᠬᠠᠮᠢᠶᠠᠷᠤᠯᠲᠠ ᠶᠢ ᠴᠢᠩᠳᠠᠯᠠᠵᠤ᠂ 3 ᠲᠣᠮᠣ ᠬᠡᠯᠪᠡᠷᠢ ᠶᠢᠨ ᠲᠡᠷᠭᠡᠨ ᠵᠣᠭᠰᠣᠭᠠᠯ ᠢ ᠲᠣᠬᠢᠷᠠᠭᠤᠯᠵᠤ᠂ 3000 ᠲᠡᠷᠭᠡᠨ ᠵᠣᠭᠰᠣᠭᠠᠯ ᠢ ᠵᠠᠭᠠᠭᠯᠠᠨ ᠳᠣᠭᠲᠠᠭᠠᠪᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢ ᠰᠢᠶᠠᠩ ᠪᠠᠯᠭᠠᠰᠤ ᠰᠤᠮᠤᠨ ᠳᠤ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃       ︵ᠶᠢᠰᠦ︶ ᠨᠡᠶᠢᠭᠡᠮ ᠤᠨ  ᠦᠢᠯᠡᠰ ᠬᠠᠮᠵᠢᠯᠴᠠᠨ ᠳᠠᠪᠰᠢᠪᠠ      ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ ᠪᠠᠭᠤᠷᠠᠢ ᠵᠦᠢᠯᠡᠰ ᠢ ᠪᠦᠬᠦ ᠲᠠᠯ᠎ᠠ ᠪᠠᠷ ᠥᠭᠡᠷᠡᠴᠢᠯᠡᠵᠦ᠂ ᠳᠡᠭᠡᠭᠰᠢᠯᠡᠭᠦᠯᠬᠦ ᠢᠨᠵᠧᠨᠧᠷᠢᠩ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠪᠠᠷᠢᠮᠵᠢᠶ᠎ᠠ ᠳᠤ ᠬᠦᠷᠭᠡᠬᠦ ᠢᠨᠵᠧᠨᠧᠷᠢᠩ ᠢ ᠬᠡᠷᠡᠭᠵᠢᠭᠦᠯᠵᠦ᠂ ᠪᠦᠲᠦᠴᠡ ᠶᠢᠨ ᠪᠠᠶᠢᠷᠢᠯᠠᠭᠤᠯᠤᠯᠲᠠ ᠶᠢ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠠᠯᠪᠠᠨ ᠠᠴᠠ ᠡᠷᠬᠢᠯᠡᠭᠰᠡᠨ 5 ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠢᠳᠡᠭ ᠪᠠᠭᠰᠢ ᠶᠢ ᠤᠷᠢᠨ ᠬᠡᠷᠡᠭᠯᠡᠬᠦ ᠠᠵᠢᠯ ᠢ ᠥᠷᠨᠢᠭᠦᠯᠵᠦ᠂ ᠰᠤᠷᠭᠠᠭᠤᠯᠢ ᠶᠢᠨ ᠵᠠᠬᠢᠷᠤᠯ ᠤᠨ ᠡᠩᠨᠡᠭᠡ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ ᠢ ᠨᠡᠶᠢᠲᠡᠯᠡᠵᠦ ᠂ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠵᠢᠯ ᠢ ᠠᠯᠬᠤᠮ ᠠᠯᠬᠤᠮ ᠢᠶᠠᠷ ᠲᠦᠯᠬᠢᠨ ᠠᠬᠢᠭᠤᠯᠪᠠ᠃ ᠪᠦᠬᠦ ᠬᠤᠰᠢᠭᠤᠨ ᠤ ᠡᠩ ᠤᠨ ᠵᠢᠩᠬᠢᠨᠢ ᠠᠩᠭᠢ ᠳᠤ ᠤᠷᠤᠭᠰᠠᠨ ᠨᠣᠷᠮ᠎ᠠ 57.2 % ᠲᠤ ᠬᠦᠷᠴᠦ᠂ 4 ᠬᠥᠮᠦᠨ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ ᠳᠤ ᠡᠯᠰᠡᠭᠳᠡᠪᠡ᠃      ᠺᠠᠳ᠋ᠷ ᠤᠨ ᠳᠡᠭᠡᠲᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠪᠠ᠃ ᠵᠢᠭᠠᠨ ᠰᠤᠷᠭᠠᠬᠤ ᠲᠥᠪ ᠢ ᠥᠭᠡᠷᠡᠴᠢᠯᠡᠬᠦ᠂ ᠵᠢᠭᠠᠨ ᠰᠤᠷᠭᠠᠬᠤ ᠴᠢᠭ ᠢ ᠳᠡᠰ ᠳᠡᠪᠰᠢᠭᠦᠯᠬᠦ ᠢᠨᠵᠧᠨᠧᠷᠢᠩ ᠤᠷᠤᠭᠰᠢᠲᠠᠶ ᠶᠠᠪᠤᠭᠳᠠᠵᠤ᠂  ᠳᠡᠭᠡᠲᠦ ᠰᠤᠷᠭᠠᠭᠤᠯᠢ ᠶᠢᠨ ᠪᠠᠭᠰᠢ ᠶᠢᠨ ᠡᠩᠨᠡᠭᠡ ᠶᠢ ᠶᠠᠭ ᠵᠣᠬᠢᠶᠠᠨ ᠪᠠᠶᠢᠭᠤᠯᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠤᠨ ᠪᠣᠯᠪᠠᠰᠤᠷᠠᠯ ᠤᠨ ᠲᠣᠪᠴᠢᠶ᠎ᠠ ᠪᠠᠷ ᠵᠥᠪᠰᠢᠶᠡᠷᠡᠭᠦᠯᠦᠭᠡᠳ᠂ ᠺᠠᠳ᠋ᠷ ᠤᠨ ᠳᠡᠭᠡᠲᠦ ᠰᠤᠷᠭᠠᠭᠤᠯᠢ ᠶᠢᠨ ᠳᠠᠩᠰᠠᠯᠠᠭᠤᠯᠤᠯᠲᠠ ᠶᠢ ᠪᠥᠬᠦ ᠤᠯᠤᠰ  ᠤᠨ ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ ᠭᠠᠵᠠᠷ ᠤᠨ  ᠬᠠᠮᠢᠶᠠᠷᠤᠯᠲᠠ ᠳᠤ  ᠣᠷᠤᠭᠤᠯᠪᠠ᠃      ᠡᠮ ᠡᠮᠨᠡᠯᠭᠡ ᠡᠷᠡᠭᠦᠯ ᠬᠠᠮᠠᠭᠠᠯᠠᠯ ᠤᠨ ᠬᠢᠷᠢ ᠬᠡᠮᠵᠢᠶ᠎ᠡ ᠠᠯᠬᠤᠮ ᠠᠯᠬᠤᠮ ᠢᠶᠠᠷ ᠳᠡᠭᠡᠭᠰᠢᠯᠡᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠱᠠᠲᠤ ᠬᠤᠪᠢᠶᠠᠨ  ᠣᠨᠤᠰᠢᠯᠠᠨ ᠡᠮᠨᠡᠬᠦ᠂ ᠤᠳᠠᠭᠠᠨ ᠴᠢᠨᠠᠷᠲᠠᠢ  ᠡᠪᠡᠳᠴᠢᠲᠡᠨ ᠳᠤ ᠡᠮ ᠬᠦᠷᠭᠡᠬᠦ ᠪᠠ ︽ᠤᠷᠢᠳᠠᠪᠠᠷ ᠣᠨᠤᠰᠢᠯᠠᠨ ᠡᠮᠨᠡᠭᠦᠯᠵᠦ ᠳᠠᠷᠠᠭ᠎ᠠ ᠨᠢ ᠰᠦᠢᠳᠬᠡᠯ ᠲᠤᠰᠢᠶᠠᠬᠤ︾ ᠵᠡᠷᠭᠡ ᠠᠵᠢᠯ ᠢ ᠯᠠᠪᠳᠠᠭᠤᠨ ᠪᠠᠲᠤᠲᠠᠢ ᠦᠷᠨᠢᠭᠦᠯᠪᠡ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ 249 ᠭᠡᠷ ᠪᠦᠯᠢ ᠶᠢᠨ ᠡᠮᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠵᠤ ᠭᠡᠷ᠎ᠡ ᠲᠣᠭᠲᠠᠬᠤ  ᠦᠢᠯᠡᠴᠢᠯᠡᠭᠡ  ᠦᠷᠨᠢᠭᠦᠯᠪᠡ᠃ ᠬᠤᠰᠢᠭᠤ ᠡᠮᠨᠡᠯᠭᠡ ᠶᠢᠨ ᠬᠤᠷᠢᠶᠠᠨ ᠤ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠰᠡᠷᠭᠦᠭᠡᠵᠦ᠂  ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠡᠪᠡᠳᠴᠢᠲᠡᠨ ᠤ ᠥᠷᠥᠭᠡ ᠶᠢᠨ ᠶᠡᠷᠦᠩᠬᠡᠶᠢᠯᠡᠭᠰᠡᠨ ᠠᠰᠠᠷ᠂ ᠡᠬᠡ ᠨᠢᠯᠬᠠᠰ ᠤᠨ  ᠡᠷᠡᠭᠦᠯᠵᠢᠯ ᠤᠨ ᠲᠥᠪ ᠵᠡᠷᠭᠡ ᠲᠥᠷᠥᠯ ᠵᠦᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠪᠦᠬᠦ ᠬᠤᠰᠢᠭᠤᠨ ᠤ ᠡᠮ ᠡᠮᠨᠡᠯᠭᠡ ᠶᠢᠨ ᠬᠠᠶᠠᠭᠳᠠᠮᠠᠯ ᠪᠣᠳᠠᠰ ᠢ ᠨᠢᠭᠡᠳᠦᠯᠲᠡᠢ ᠳᠦᠷᠢᠮᠵᠢᠭᠦᠯᠦᠨ ᠰᠢᠢᠳᠪᠦᠷᠢᠯᠡᠬᠦ ᠶᠢ ᠪᠡᠶᠡᠯᠡᠭᠦᠯᠪᠡ᠃      ᠰᠣᠶᠣᠯ ᠲᠠᠮᠢᠷ ᠷᠠᠳᠢᠣ᠋ ᠲᠧᠯᠸᠢᠰ ᠤᠨ ᠦᠢᠯᠡᠰ ᠵᠣᠬᠢᠴᠠᠩᠭᠤᠢ ᠬᠥᠭᠵᠢᠪᠡ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠡᠬᠢᠯᠡᠭᠦᠯᠪᠡ᠃ ᠠᠩᠬᠠᠳᠤᠭᠠᠷ ᠬᠤᠭᠤᠴᠠᠭᠠᠨ ᠤ ᠭᠦᠢᠯᠡᠰᠦᠨ ᠬᠤᠸᠠᠷ ᠤᠨ ᠵᠤᠭᠠᠴᠠᠯ ᠤᠨ ᠨᠠᠶᠢᠷ᠂ ᠠᠷᠠᠳ ᠤᠨ ᠵᠠᠩ ᠦᠢᠯᠡ ᠶᠢᠨ ᠰᠣᠶᠣᠯ ᠤᠨ ᠨᠠᠶᠢᠷ ᠵᠡᠷᠭᠡ ᠰᠢᠷᠢᠰ ᠠᠵᠢᠯᠯᠠᠭ᠎ᠠ ᠶᠢ ᠡᠷᠬᠢᠯᠡᠵᠡᠢ᠃ ᠰᠢᠩ ᠯᠦᠩ ᠭᠸᠦ ᠲᠣᠰᠬᠤᠨ   ᠨᠢ ᠪᠦᠬᠦ ᠤᠯᠤᠰ  ᠤᠨ ᠵᠠᠭᠤᠨ ᠰᠣᠶᠣᠯ ᠤᠨ ᠨᠡᠷᠡᠲᠦ ᠲᠣᠰᠬᠤᠨ ᠢᠶᠠᠷ  ᠰᠤᠩᠭᠤᠭᠳᠠᠵᠤ᠂ ᠰᠢᠩ ᠯᠦᠩ ᠭᠸᠦ  ᠶᠢᠨ ᠪᠣᠷᠣᠭᠠᠨ ᠭᠤᠶᠤᠵᠤ  ᠳᠠᠭᠠᠳᠬᠠᠬᠤ ᠳᠡᠭᠡᠳᠦᠰ ᠢᠶᠠᠨ ᠳᠠᠬᠢᠬᠤ ᠠᠵᠢᠯᠯᠠᠭ᠎ᠠ ᠨᠢ ᠪᠦᠬᠦ ᠤᠯᠤᠰ  ᠤᠨ ᠵᠠᠭᠤᠨ ᠡᠯᠪᠡᠭ ᠬᠤᠷᠢᠶᠠᠯᠲᠠ ᠶᠢᠨ ᠪᠠᠶᠠᠷ ᠤᠨ ᠬᠥᠳᠡᠭᠡ ᠲᠣᠰᠬᠤᠨ ᠤ ᠰᠣᠶᠣᠯ ᠤᠨ ᠠᠵᠢᠯᠯᠠᠭ᠎ᠠ  ᠪᠠᠷ ᠰᠤᠩᠭᠤᠳᠠᠵᠠᠢ᠃ ᠤᠯᠠᠭᠠᠨᠮᠥ᠋ᠴᠢᠷ ᠤᠨ ᠨᠠᠶᠢᠷᠠᠭᠤᠯᠤᠭᠰᠠᠨ ᠤᠳᠤ ᠦᠶ᠎ᠡ ᠶᠢᠨ ᠫᠢᠩᠵᠢᠦᠶ ᠵᠦᠴᠦᠭᠡ ︽ᠨᠤᠷ᠎ᠠ ᠡᠯᠡᠰᠦ ᠶᠢᠨ ᠨᠣᠮᠢᠨ ᠰᠦᠨᠡᠰᠦ︾ ᠨᠢ ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ · ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ᠂ ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠷᠣᠨ ᠨᠤᠲᠤᠭ ᠤᠨ ᠰᠢ ᠵᠦᠴᠦᠭᠡ ᠪᠠ ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ  ᠤᠨ ᠫᠢᠩᠵᠢᠦᠶ ᠵᠦᠴᠦᠭᠡ ᠶᠢᠨ ᠤᠷᠠᠯᠢᠭ ᠤᠨ  ᠨᠠᠶᠢᠷ ᠤᠨ ᠰᠢᠯᠢᠳᠡᠭ ᠵᠦᠴᠦᠭᠡ ᠶᠢᠨ ᠪᠦᠲᠦᠭᠡᠯ ᠤᠨ ᠱᠠᠩᠨᠠᠯ ᠢ ᠬᠦᠷᠲᠡᠭᠰᠡᠨ ᠪᠥᠭᠡᠳ ᠪᠢᠴᠢᠯ ᠺᠢᠨᠣ᠋ ︽ᠨᠠᠷᠢᠮᠤ ᠶᠢᠨ ᠨᠤᠲᠤᠭ ᠤᠨ ᠢᠨᠠᠭ ᠳᠤᠷᠠᠯᠠᠯ︾ ᠲᠠᠢ ᠬᠠᠮᠲᠤ ᠪᠠᠷ ᠤᠯᠠᠭᠠᠨᠬᠠᠳᠠ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ ᠶᠢᠨ ᠢᠨᠵᠧᠨᠧᠷᠢᠩ︾ ᠤᠨ ᠰᠢᠯᠢᠳᠡᠭ ᠪᠦᠲᠦᠭᠡᠯ ᠤᠨ ᠱᠠᠩᠨᠠᠯ ᠢ ᠬᠦᠷᠲᠡᠪᠡ᠃ ᠪᠥᠬᠦ ᠬᠤᠰᠢᠭᠤᠨ ᠤ ᠷᠠᠳᠢᠣ᠋ ᠲᠧᠯᠸᠢᠰ ᠤᠨ ᠪᠦᠷᠬᠦᠴᠡ ᠪᠠ ︽ᠥᠷᠭᠡᠨ ᠪᠦᠰᠡᠲᠦ ᠬᠥᠳᠡᠭᠡ ᠲᠣᠰᠬᠤᠨ︾ ᠤ ᠢᠨᠵᠧᠨᠧᠷᠢᠩ ᠲᠣᠭᠠᠴᠢᠯᠠᠭᠰᠠᠨ ᠲᠧᠯᠸᠢᠰ ᠤᠨ ᠬᠡᠷᠡᠭᠯᠡᠭᠴᠢ ᠶᠢ 2 ᠲᠦᠮᠡᠨ ᠡᠷᠦᠬᠡ ᠳᠤ ᠬᠥᠭᠵᠢᠭᠦᠯᠪᠡ᠃      ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠠᠵᠢᠯ ᠢ ᠡᠮᠬᠢ ᠵᠢᠷᠤᠮ ᠲᠠᠢ  ᠬᠡᠷᠡᠭᠵᠢᠭᠦᠯᠪᠡ᠃ ᠪᠦᠬᠦ ᠬᠤᠰᠢᠭᠤᠨ ᠤ ᠬᠤᠶᠠᠳᠤᠭᠠᠷ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠬᠥᠬᠢᠭᠦᠯᠦᠯ ᠤᠨ ᠬᠤᠷᠠᠯ ᠢ ᠬᠤᠷᠠᠯᠳᠤᠭᠤᠯᠪᠠ᠃ ᠪᠦᠬᠦ ᠵᠢᠯ ᠳᠤ 22 ᠰᠢᠨ᠎ᠡ ᠲᠥᠷᠥᠯ ᠵᠦᠢᠯ᠂ 8 ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠵᠠᠢ᠃ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠡᠮᠬᠢ ᠵᠢᠷᠤᠮ ᠲᠠᠢ ᠪᠠᠷ ᠥᠷᠨᠢᠭᠦᠯᠵᠦ᠂ ᠥᠨᠳᠥᠷ ᠤᠷᠤᠮ ᠲᠠᠢ ᠤᠰᠤᠲᠥ᠋ᠷᠥᠭᠴᠢ ᠶᠢ ᠠᠵᠢᠭᠯᠠᠬᠤ ᠥᠷᠲᠡᠭᠡ ᠶᠢᠨ ᠰᠦᠯᠵᠢᠶᠡᠨ ᠤ ᠲᠦᠭᠰᠢᠭᠦᠷᠢ ᠮᠡᠳᠡᠭᠡᠯᠡᠬᠦ ᠰᠢᠰᠲ᠋ᠧᠮ ᠢ ᠠᠰᠢᠭᠯᠠᠯᠲᠠ ᠳᠤ ᠣᠷᠣᠭᠤᠯᠪᠠ᠃ 4 G ᠰᠦᠯᠵᠢᠶ᠎ᠡ ᠶᠢ ᠵᠠᠰᠠᠭ ᠵᠠᠬᠢᠷᠭᠠᠨ ᠤ ᠲᠣᠰᠬᠤᠨ ᠳᠤ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃ ᠪᠦᠬᠦ ᠵᠢᠯ ᠳᠤ 53 ᠠᠯᠪᠠᠲᠠᠨ ᠡᠯᠰᠡᠵᠦ᠂ 30 ᠠᠵᠤ ᠠᠬᠤᠶᠢᠯᠠᠯ ᠤᠨ ᠴᠢᠳᠠᠪᠤᠷᠢᠲᠠᠨ ᠢ ᠨᠥᠭᠡᠴᠡᠯᠡᠪᠡ᠃      ᠨᠡᠶᠢᠭᠡᠮ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠦᠨᠡᠨ ᠬᠦ ᠴᠢᠩᠭᠠᠳᠬᠠᠪᠠ᠃ ᠥᠨᠳᠥᠷ ᠨᠠᠰᠤᠨ ᠤ ᠨᠥᠬᠦᠪᠥᠷᠢ 1145 ᠲᠦᠮᠡᠨ ᠲᠥᠭᠦᠷᠢᠭ᠂ ᠶᠠᠳᠠᠭᠤ ᠬᠦᠴᠢᠷᠳᠡᠯᠲᠡᠢ ᠣᠯᠠᠨ ᠲᠦᠮᠡᠨ ᠢ‌ᠠᠪᠤᠷᠠᠨ ᠲᠤᠰᠠᠯᠠᠬᠤ ᠮᠥᠩᠭᠦ 2.6 ᠳ᠋ᠦᠩᠰᠢᠭᠤᠷ ᠲᠥᠭᠦᠷᠢᠭ ᠢ ᠲᠠᠷᠬᠠᠭᠠᠪᠠ᠃ ᠴᠡᠷᠢᠭ ᠤᠨ ᠠᠯᠪᠠᠨ ᠠᠴᠠ ᠪᠠᠭᠤᠭᠰᠠᠳ ᠵᠢᠴᠢ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠪᠡᠶᠡᠯᠡᠭᠦᠯᠪᠡ᠃ ᠬᠤᠲᠠ ᠪᠠᠯᠭᠠᠰᠤᠨ ᠤ ᠠᠵᠢᠯᠴᠢᠨ᠂  ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ 30.1 ᠲᠦᠮᠡᠨ ᠬᠥᠮᠦᠨ ᠣᠷᠣᠯᠴᠠᠪᠠ᠃ ᠨᠠᠰᠤᠵᠢᠯ ᠤᠨ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 11.2 ᠳ᠋ᠦᠩᠰᠢᠭᠤᠷ ᠲᠥᠭᠦᠷᠢᠭ᠂ ᠵᠠᠷᠤᠯᠭ᠎ᠠ 12 ᠳ᠋ᠦᠩᠰᠢᠭᠤᠷ ᠲᠥᠭᠦᠷᠢᠭ᠃ ᠬᠤᠲᠠ ᠪᠠᠯᠭᠠᠰᠤᠨ ᠤ ᠠᠵᠢᠯᠴᠢᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢ 4.9 ᠳ᠋ᠦᠩᠰᠢᠭᠤᠷ ᠲᠥᠭᠦᠷᠢᠭ ᠲᠣᠬᠢᠷᠠᠭᠤᠯᠪᠠ᠃ ᠵᠡᠮᠳᠡᠭᠴᠦᠳ ᠢ ᠡᠷᠡᠭᠦᠯᠵᠢᠭᠦᠯᠬᠦ  ᠦᠢᠯᠡᠴᠢᠯᠡᠭᠡᠨ ᠤ ᠲᠥᠪ ᠤᠨ ᠭᠤᠤᠯ ᠴᠣᠭᠴᠠ ᠶᠢᠨ ᠢᠨᠵᠧᠨᠧᠷᠢᠩ ᠠᠵᠢᠯ ᠳᠠᠭᠤᠰᠪᠠ᠃ ᠮᠡᠷᠭᠡᠵᠢᠯ ᠴᠢᠳᠠᠪᠤᠷᠢ ᠪᠠ ᠠᠳᠠᠯ  ᠦᠢᠯᠡᠰ ᠴᠣᠭᠴᠠᠯᠠᠬᠤ ᠪᠣᠯᠪᠠᠰᠤᠷᠠᠯ ᠤᠨ ᠠᠩᠭᠢ ᠶᠢ 19 ᠤᠳᠠᠭ᠎ᠠ ᠡᠷᠬᠢᠯᠡᠵᠦ᠂ ᠠᠳᠠᠯ  ᠦᠢᠯᠡᠰ ᠴᠣᠭᠴᠠᠯᠠᠬᠤ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠰᠠᠭᠤᠷᠢᠨ ᠭᠠᠵᠠᠷ ᠢ 5 ᠪᠠᠶᠢᠭᠤᠯᠵᠤ᠂  ᠳ᠋ᠦᠩ ᠧ ᠡᠯᠵᠢᠭᠡᠨ ᠠᠵᠤ ᠦᠢᠯᠡᠰ ᠤᠨ ᠬᠦᠷᠢᠶᠡᠯᠡᠩ ᠢ ᠪᠦᠬᠦ ᠤᠯᠤᠰ  ᠤᠨ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠰᠠᠭᠤᠷᠢᠨ ᠭᠠᠵᠠᠷ ᠢᠶᠠᠷ ᠨᠡᠷᠡᠶᠢᠳᠪᠡ᠃ ᠪᠥᠬᠦ ᠬᠤᠰᠢᠭᠤᠨ ᠳᠤ 2075 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3.84 % ᠳᠤ ᠬᠦᠷᠴᠦ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ 11.5 ᠲᠦᠮᠡᠨ ᠬᠥᠮᠦᠨ ᠳᠤ ᠰᠢᠯᠵᠢᠭᠦᠯᠦᠨ ᠠᠵᠢᠯ ᠣᠯᠭᠤᠵᠤ᠂ ᠬᠥᠳᠡᠯᠮᠦᠷᠢ ᠦᠢᠯᠡᠴᠢᠯᠡᠭᠡᠨ ᠤ ᠣᠷᠣᠯᠭ᠎ᠠ ᠶᠢ 22.5 ᠳ᠋ᠦᠩᠰᠢᠭᠤᠷ ᠲᠥᠭᠦᠷᠢᠭ ᠪᠡᠶᠡᠯᠡᠭᠦᠯᠪᠡ᠂ ᠡᠭᠦᠨ ᠳᠤ ᠳᠠᠩᠰᠠ ᠡᠪᠬᠡᠮᠡᠯ ᠪᠠᠶᠢᠭᠤᠯᠤᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢ 1148 ᠬᠥᠮᠦᠨ ᠳᠤ ᠰᠢᠯᠵᠢᠭᠦᠯᠦᠨ ᠠᠵᠢᠯ ᠣᠯᠭᠤᠪᠠ᠃      ᠬᠥᠮᠦᠨ ᠠᠮᠠ ᠲᠥᠯᠥᠪᠯᠡᠭᠡᠲᠦ ᠦᠷᠡᠵᠢᠯ ᠤᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ᠃ ᠬᠤᠶᠠᠷ ᠬᠡᠦᠬᠡᠳ ᠠᠪᠴᠤ ᠪᠣᠯᠬᠤ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠬᠤᠰᠢᠭᠤᠨ ᠤ ᠬᠥᠮᠦᠨ ᠠᠮᠠ ᠶᠢᠨ ᠲᠥᠷᠥᠯᠲᠡ ᠶᠢᠨ ᠨᠣᠷᠮ᠎ᠠ 7.44 ‰᠂ ᠠᠶᠠᠨᠳᠠᠭᠠᠨ ᠨᠡᠮᠡᠭᠳᠡᠬᠦ ᠨᠣᠷᠮ᠎ᠠ 2.55 ‰ ᠳᠤ ᠬᠦᠷᠴᠦ᠂ ᠲᠥᠷᠦ ᠶᠢᠨ ᠪᠣᠳᠣᠯᠭ᠎ᠠ ᠳᠤ ᠨᠡᠶᠢᠴᠡᠭᠰᠡᠨ ᠦᠷᠡᠵᠢᠯ ᠤᠨ ᠨᠣᠷᠮ᠎ᠠ 95.81 % ᠳᠤ ᠬᠦᠷᠪᠡ᠃      ᠨᠡᠶᠢᠭᠡᠮ ᠤᠨ ᠵᠠᠰᠠᠯᠲᠠ ᠶᠢ ᠨᠠᠩ ᠵᠢᠷᠤᠮᠵᠢᠭᠤᠨ ᠪᠥᠭᠡᠳ ᠪᠦᠲᠦᠮᠵᠢᠲᠡᠶ ᠪᠣᠯᠭᠠᠪᠠ᠃ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠣᠣᠷᠴᠢᠯᠠᠭᠰᠠᠨ ᠬᠠᠮᠢᠶᠠᠷᠤᠯᠲᠠ ᠶᠢᠨ ᠬᠡᠯᠪᠡᠷᠢ ᠶᠢ ᠰᠦᠪᠡᠭᠴᠢᠯᠡᠨ ᠬᠡᠷᠡᠭᠵᠢᠭᠦᠯᠵᠦ᠂ ᠪᠦᠬᠦ ᠬᠤᠰᠢᠭᠤᠨ ᠳᠤ ᠨᠡᠯᠢᠶᠡᠳ ᠶᠡᠭᠡ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠤᠭᠰᠠᠨ ᠦᠭᠡᠢ᠃ ᠭᠤᠣᠯᠳᠠᠯᠭ᠎ᠠ ᠲᠠᠢ ᠦᠢᠯᠡᠳᠬᠦᠨ ᠦᠢᠯᠡᠳᠪᠦᠷᠢᠯᠡᠬᠦ ᠠᠵᠤ ᠠᠬᠤᠶᠢᠯᠠᠯ ᠤᠨ ᠮᠥᠷᠳᠡᠨ  ᠨᠡᠬᠡᠮᠵᠢᠯᠡᠬᠦ ᠳᠣᠭᠲᠠᠯᠴᠠᠭ᠎ᠠ ᠶᠢ ᠪᠠᠶᠢᠭᠤᠯᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠢᠯ ᠲᠥᠷᠥᠯ ᠤᠨ ︽ᠠᠷᠢᠭᠤᠨ ᠴᠡᠪᠡᠷ ᠲᠣᠭᠤᠭᠠᠨ ᠭᠡᠷ︾ ᠤᠨ ᠢᠨᠵᠧᠨᠧᠷᠢᠩ ᠢ ᠲᠦᠯᠬᠢᠨ ᠠᠬᠢᠭᠤᠯᠪᠠ᠃ ᠠᠹᠷᠢᠺᠠ ᠲᠢᠪ ᠤᠨ ᠭᠠᠭ᠋ᠠᠶ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠵᠤ᠂ ᠪᠦᠬᠦ ᠬᠤᠰᠢᠭᠤᠨ ᠳᠤ ︽ᠬᠢᠵᠢᠭ ᠤᠨ  ᠪᠠᠶᠢᠳᠠᠯ ᠦᠭᠡᠢ︾ ᠪᠠᠶᠢᠬᠤ ᠶᠢ ᠪᠡᠶᠡᠯᠡᠭᠦᠯᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠨᠢ  ᠱᠠᠲᠤᠴᠢ ᠴᠢᠨᠠᠷᠲᠠᠶ ᠦᠷ᠎ᠡ  ᠪᠦᠲᠦᠮᠵᠢ ᠣᠯᠵᠤ᠂  ᠨᠡᠶᠢᠭᠡᠮ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠴᠡᠪᠡᠷᠰᠢᠭᠦᠯᠪᠡ᠃ ︽ᠳᠣᠯᠣᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ  ᠳᠤᠮᠳᠠ ᠬᠤᠭᠤᠴᠠᠭᠠᠨ ᠤ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠵᠦ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠨᠢ ᠬᠠᠤᠯᠢ ᠴᠠᠭᠠᠵᠠ ᠶᠢᠨ ᠶᠠᠮᠤᠨ ᠠᠴᠠ ᠠᠷᠠᠳ ᠤᠨ ᠡᠶᠡᠳᠡᠭᠦᠯᠦᠭᠡ ᠶᠢᠨ ᠲᠡᠷᠢᠭᠦᠨ ᠤ ᠬᠠᠮᠲᠤ ᠪᠠᠷ ᠦᠨᠡᠯᠡᠭᠳᠡᠪᠡ᠃ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ  ᠢ ᠪᠦᠬᠦ ᠲᠠᠯ᠎ᠠ ᠪᠠᠷ ᠰᠠᠭᠠᠳ ᠦᠭᠡᠢ ᠨᠡᠪᠲᠡᠷᠡᠭᠦᠯᠵᠦ᠂ ᠵᠥᠷᠢᠴᠡᠯ ᠵᠢᠭᠤᠷᠠᠯᠳᠤᠭᠠᠨ ᠢ ᠢᠳᠡᠪᠬᠢᠲᠡᠢ  ᠰᠢᠢᠳᠪᠦᠷᠢᠯᠡᠨ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠲᠣᠬᠢᠲᠠᠶ ᠰᠢᠢᠳᠪᠦᠷᠢᠯᠡᠪᠡ᠃ ᠲᠠᠷᠢᠶᠠᠯᠠᠬᠤ ᠮᠠᠯᠵᠢᠬᠤ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ  ᠰᠢᠰᠲ᠋ᠧᠮ ᠢ  ᠨᠠᠩ ᠲᠡᠭᠦᠯᠳᠡᠷᠵᠢᠭᠦᠯᠪᠡ᠃       ︵ᠠᠷᠪᠠ︶ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠪᠠ      ᠨᠢᠭᠡ ᠵᠢᠯ ᠤᠨ ᠲᠤᠷᠰᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠣᠬᠤᠯᠠᠪᠤᠷᠢ᠂ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠬᠡᠷᠡᠭᠵᠢᠭᠦᠯᠵᠦ᠂  ᠳᠡᠭᠡᠲᠦ ᠱᠠᠲᠤ ᠪᠠ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠪᠠ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠠᠬᠢᠭᠤᠯᠵᠤ᠂ ᠨᠠᠮ ᠤᠨ ᠭᠡᠰᠢᠭᠦᠨ ᠺᠠᠳ᠋ᠷ ᠤᠨ ︽ᠳᠥᠷᠪᠡᠨ ᠤᠬᠠᠮᠰᠠᠷ︾ ᠢ ᠴᠢᠩᠭᠠᠳᠬᠠᠵᠤ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠰᠢᠭᠤᠷᠬᠠᠶ ᠪᠣᠯᠭᠠᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠡᠯ᠎ᠡ ᠵᠦᠢᠯ ᠤᠨ ᠥᠭᠡᠷᠡᠴᠢᠯᠡᠯᠲᠡ ᠶᠢᠨ ᠠᠵᠢᠯ ᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠤᠯᠤᠰ  ᠤᠨ ᠥᠮᠴᠢᠯᠡᠯᠲᠡ ᠣᠢ ᠰᠢᠭᠤᠶ ᠶᠢᠨ ᠲᠠᠯᠠᠪᠠᠢ ᠶᠢᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠵᠦ᠂ ᠭᠠᠵᠠᠷ ᠰᠢᠷᠣᠶ ᠶᠢᠨ ᠡᠷᠬᠡ ᠶᠢ ᠨᠤᠲᠠᠯᠠᠨ ᠳᠠᠩᠰᠠᠯᠠᠵᠤ ᠦᠨᠡᠮᠯᠡᠯ ᠣᠯᠭᠤᠬᠤ ᠠᠵᠢᠯ ᠠᠩᠬ᠎ᠠ ᠠᠯᠬᠤᠮ ᠤᠨ ᠰᠢᠯᠭᠠᠯᠲᠠ ᠪᠠᠷ ᠳᠠᠮᠵᠢᠨ᠂ 43 ᠰᠠᠯᠠᠭ᠎ᠠ ᠮᠥᠴᠢᠷ ᠤᠨ ︽ᠨᠠᠢᠮᠠᠨ ᠲᠣᠳᠣᠷᠬᠠᠶ ᠬᠠᠭᠤᠳᠠᠰᠤ︾ ﹇ᠲᠣᠳᠤᠷᠬᠠᠶᠢᠯᠠᠯᠲᠠ 13﹈ ᠶᠢᠨ 12461  ᠵᠦᠢᠯᠡᠰ ᠢ ᠡᠮᠬᠢᠯᠡᠵᠦ ᠳᠠᠭᠤᠰᠬᠠᠪᠠ᠃ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠪᠠ᠃ ᠡᠯᠧᠺᠲᠷᠣᠨ ᠠᠯᠪᠠᠨ ᠪᠢᠴᠢᠭ ᠰᠣᠯᠢᠯᠴᠠᠬᠤ ᠲᠠᠪᠴᠠᠩ ᠢ ᠬᠤᠲᠠ ᠶᠢᠨ ᠵᠠᠰᠠᠭ ᠤᠨ ᠣᠷᠳᠣᠨ ᠲᠠᠢ ᠤᠷᠤᠭᠰᠢᠲᠠᠢ ᠵᠣᠯᠭᠠᠭᠤᠯᠵᠤ᠂  ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠰᠢᠶᠠᠩ ᠪᠠᠯᠭᠠᠰᠤ ᠰᠤᠮᠤᠨ ᠤ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠶᠢ ᠪᠦᠬᠦᠨ ᠢ ᠬᠠᠮᠤᠷᠪᠠ᠃ ᠬᠤᠰᠢᠭᠤᠨ ᠤ ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ ᠶᠢᠨ ᠳᠡᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂  ᠬᠤᠰᠢᠭᠤᠨ ᠤ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃ ᠠᠷᠠᠳ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ 136 ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 110 ᠬᠤᠪᠢ ᠭᠦᠢᠴᠡᠳᠬᠡᠵᠦ᠂ ᠬᠠᠨᠤᠮᠵᠢ ᠶᠢᠨ ᠬᠡᠮᠵᠢᠶ᠎ᠡ ᠶᠢ 96 % ᠠᠴᠠ ᠳᠡᠭᠡᠭᠰᠢ ᠳᠤ ᠬᠦᠷᠭᠡᠪᠡ᠃ ᠪᠦᠲᠦᠭᠡᠨ ᠪᠠᠶᠢᠭᠤᠯᠬᠤ᠂ ᠪᠠᠷᠢᠯᠭ᠎ᠠ ᠶᠢᠨ ᠢᠯᠡ ᠪᠠᠷ ᠳᠠᠭᠠᠭᠠᠴᠢᠯᠠᠯᠲᠠ ᠵᠠᠷᠯᠠᠵᠤ ᠠᠷᠠᠯᠵᠢᠶᠠᠯᠠᠬᠤ ᠲᠥᠷᠥᠯ  ᠵᠦᠢᠯ ᠢ ᠪᠦᠬᠦ ᠶᠠᠪᠤᠴᠠ ᠳᠤ  ᠡᠯᠧᠺᠲᠷᠤᠨᠴᠢᠯᠠᠬᠤ ᠶᠢ ᠪᠡᠶᠡᠯᠡᠭᠦᠯᠪᠡ᠃ ᠪᠦᠬᠦ ᠵᠢᠯ ᠳᠤ 447 ᠤᠳᠠᠭ᠎ᠠ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠶᠢ ᠪᠡᠶᠡᠯᠡᠭᠦᠯᠵᠦ᠂ ᠦᠨᠡᠯᠡᠨ ᠵᠢᠱᠢᠭᠰᠡᠨ ᠦᠨ᠎ᠡ ᠬᠠᠩᠰᠢ 6.4 ᠳ᠋ᠦᠩᠰᠢᠭᠤᠷ ᠲᠥᠭᠦᠷᠢᠭ ᠲᠤ ᠬᠦᠷᠴᠦ᠂ ᠪᠣᠳᠠᠲᠠᠶ ᠬᠤᠳᠠᠯᠳᠤᠨ ᠠᠪᠤᠭᠰᠠᠨ ᠵᠣᠭᠤᠰ ᠤᠨ ᠲᠤᠭ᠎ᠠ 5.8 ᠳ᠋ᠦᠩᠰᠢᠭᠤᠷ ᠲᠥᠭᠦᠷᠢᠭ ᠲᠤ ᠬᠦᠷᠴᠦ᠂ 0.6 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠠᠷᠪᠢᠯᠠᠪᠠ᠃ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠳᠠᠭᠤᠰᠬᠠᠪᠠ᠃ ᠪᠠᠶᠢᠴᠠᠭᠠᠭᠳᠠᠬᠤ ᠡᠳᠡᠭᠡᠳ ᠢ ᠬᠢᠨᠠᠨ ᠪᠠᠶᠢᠴᠠᠭᠠᠬᠤ᠂ ᠵᠤᠨ ᠤ ᠤᠯᠠᠷᠢᠯ ᠤᠨ ᠮᠠᠯ ᠠᠵᠤ ᠠᠬᠤᠢ ᠶᠢᠨ ᠨᠡᠶᠢᠳᠡᠮ ᠪᠠᠶᠢᠴᠠᠭᠠᠯᠲᠠ᠂ ᠬᠥᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠢ ᠰᠤᠭᠤᠴᠢᠨ ᠪᠠᠶᠢᠴᠠᠭᠠᠬᠤ ᠶᠢ ᠪᠡᠶᠡᠯᠡᠭᠦᠯᠪᠡ᠃ ︽ᠴᠠᠯᠢᠩ ᠢ ᠪᠠᠲᠤᠯᠠᠬᠤ᠂ ᠠᠵᠢᠯᠯᠠᠭᠠᠨ ᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠭᠤᠤᠯᠳᠠᠯᠭ᠎ᠠ ᠶᠢ ᠪᠠᠲᠤᠯᠠᠬᠤ︾ ᠵᠠᠷᠴᠢᠮ  ᠢ ᠪᠠᠷᠢᠮᠲᠠᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠪᠡ᠃ ᠭᠤᠤᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ ᠰᠠᠯᠠᠭ᠎ᠠ ᠮᠥᠴᠢᠷ᠂ ᠭᠤᠤᠯᠳᠠᠯᠭ᠎ᠠ ᠲᠠᠢ ᠪᠡᠯᠡ ᠮᠥᠩᠭᠦ ᠪᠠ ᠭᠤᠤᠯᠳᠠᠯᠭ᠎ᠠ ᠲᠠᠢ ᠵᠠᠩᠭᠢᠯᠠᠭ᠎ᠠ ᠳᠤ ᠬᠢᠨᠠᠨ ᠪᠣᠳᠣᠯᠲᠠ ᠬᠢᠵᠦ ᠬᠢᠨᠠᠯᠲᠠ ᠲᠠᠯᠪᠢᠬᠤ ᠶᠢ  ᠴᠢᠩᠭᠠᠷᠠᠭᠤᠯᠪᠠ᠃ ᠪᠦᠬᠦ ᠬᠤᠰᠢᠭᠤᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ  ᠢ ᠠᠰᠢᠭᠯᠠᠯᠲᠠ ᠳᠤ ᠣᠷᠣᠭᠤᠯᠪᠠ᠃ ᠲᠥᠪ ᠬᠤᠷᠢᠶᠠᠨ ᠤ  ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠰᠤᠷᠲᠠᠯ ᠤᠨ ᠪᠠᠶᠢᠭᠤᠯᠤᠯᠲᠠ ᠤᠯᠠᠮ ᠨᠢᠭᠡ ᠠᠯᠬᠤᠮ ᠰᠠᠶᠢᠵᠢᠷᠠᠪᠠ᠃ ᠡᠭᠦᠨ ᠤ ᠬᠠᠮᠲᠤ᠂ ᠦᠨᠳᠦᠰᠦᠲᠡᠨ ᠤ ᠱᠠᠰᠢᠨ ᠰᠤᠷᠲᠠᠬᠤᠨ᠂ ᠤᠯᠠᠭᠠᠨ ᠵᠠᠭᠠᠯᠮᠠᠶᠢᠳᠠᠨ᠂ ᠳᠠᠩᠰᠠ ᠡᠪᠬᠡᠮᠡᠯ᠂ ᠠᠷᠠᠳ ᠤᠨ ᠠᠭᠠᠷ ᠤᠨ ᠰᠡᠷᠭᠡᠶᠢᠯᠡᠯᠲᠡ᠂ ᠲᠡᠤᠬᠡ ᠣᠶᠢᠯᠠᠯᠭ᠎ᠠ᠂ ᠨᠠᠰᠤᠲᠠᠶᠢᠴᠤᠳ᠂ ᠵᠡᠮᠳᠡᠭᠴᠦᠳ ᠤᠨ ᠬᠤᠯᠪᠣᠭ᠎ᠠ᠂ ᠨᠢᠭᠦᠯᠡᠰᠦᠩᠭᠦᠶ  ᠦᠢᠯᠡᠰ ᠵᠡᠷᠭᠡ ᠠᠵᠢᠯ ᠢᠯᠡᠳᠲᠡ ᠳᠠᠪᠰᠢᠯᠲᠠ ᠲᠠᠢ ᠪᠣᠯᠪᠠ᠃      ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ ᠣᠯᠤᠭᠰᠠᠨ ᠠᠮᠵᠢᠯᠲᠠ ᠪᠦᠲᠦᠮᠵᠢ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠪᠠᠷ ᠵᠢᠭᠠᠨ ᠵᠢᠯᠣᠭᠤᠳᠤᠭᠰᠠᠨ ᠤ ᠦᠷ᠎ᠡ ᠳ᠋ᠦᠩ ᠮᠥᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ  ᠬᠤᠰᠢᠭᠤᠨ ᠤ ᠨᠠᠮ ᠤᠨ ᠬᠤᠷᠢᠶ᠎ᠠ ᠶᠢᠨ ᠵᠥᠪ ᠣᠨᠤᠪᠴᠢᠲᠠᠢ ᠤᠳᠤᠷᠢᠳᠤᠭᠰᠠᠨ ᠤ ᠦᠷ᠎ᠡ ᠳ᠋ᠦᠩ ᠮᠥᠨ᠂ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ ᠳᠡᠮᠵᠢᠯᠭᠡ ᠠᠴᠠ ᠪᠣᠯᠤᠭᠰᠠᠨ ᠶᠤᠮ᠂ ᠺᠠᠳ᠋ᠷ ᠣᠯᠠᠨ ᠲᠦᠮᠡᠨ ᠤ ᠰᠢᠷᠭᠠᠭᠤ ᠬᠠᠲᠠᠭᠤᠵᠢᠯᠲᠠᠢ ᠬᠥᠳᠡᠯᠮᠦᠷᠢ ᠠᠴᠠ ᠰᠠᠯᠵᠤ ᠴᠢᠳᠠᠬᠤ ᠦᠭᠡᠢ︕ ᠠᠳᠡ ᠪᠢ  ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ᠂ ᠠᠤᠬᠠᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠦᠰ ᠲᠤ ᠡᠷᠬᠢᠮ  ᠳᠡᠭᠡᠲᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠦᠬᠦ ᠬᠤᠰᠢᠭᠤᠨ ᠳᠤ ᠮᠥᠨ ᠯᠡ ᠵᠠᠷᠢᠮ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ ᠪᠢᠳᠡ ᠣᠯᠵᠤ ᠬᠠᠷᠠᠬᠤ ᠬᠡᠷᠡᠭᠲᠡᠶ᠄ ᠨᠢᠭᠡ ᠳᠤ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢ ᠠᠬᠢᠭᠤᠯᠬᠤ ᠳᠤ ᠬᠤᠯᠪᠤᠯᠴᠠᠬᠤ ᠬᠡᠮᠵᠢᠶ᠎ᠡ ᠳᠤᠲᠠᠭᠳᠠᠵᠤ ᠪᠠᠶᠢᠨ᠎ᠠ᠃ ᠬᠥᠭᠵᠢᠯᠲᠡ ᠶᠢᠨ ᠬᠡᠮᠵᠢᠶᠡᠨ ᠤ ᠬᠢᠵᠠᠭᠠᠷᠯᠠᠯ ᠠᠴᠠ ᠪᠣᠯᠵᠤ᠂ ᠡᠯ᠎ᠡ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ᠂ ᠠᠵᠤ ᠠᠬᠤᠢ ᠶᠢᠨ ᠵᠣᠬᠢᠶᠠᠨ  ᠪᠠᠶᠢᠭᠤᠯᠤᠯᠲᠠ  ᠶᠢᠨ  ᠦᠢᠯᠡᠳᠭᠦᠨ ᠪᠠᠰᠠ  ᠴᠤᠯᠭᠤᠶ᠂ ᠮᠡᠷᠭᠡᠵᠢᠯ ᠬᠤᠴᠣᠷᠤᠩᠭᠤᠶ  ᠪᠠᠶᠢᠬᠤ ᠡᠬᠢᠯᠡᠯᠲᠡ ᠶᠢᠨ ᠱᠠᠲᠤᠨ ᠳᠤ ᠣᠷᠣᠰᠢᠵᠤ᠂ ᠠᠭᠤᠰᠤᠯᠴᠠᠨ ᠬᠥᠭᠵᠢᠬᠦ  ᠬᠠᠨᠲᠤᠰᠢ ᠳᠤ᠂ ᠠᠵᠤ ᠠᠬᠤᠢ ᠶᠢᠨ ᠪᠣᠳᠠᠲᠤ ᠬᠦᠴᠦᠨ ᠪᠠᠶᠢᠬᠤ ᠥᠬᠡᠶ ᠮᠥᠷᠲᠡᠭᠡᠨ ᠠᠮᠢᠳᠤᠯᠢᠭ ᠰᠡᠳᠬᠢᠬᠦᠶ ᠴᠦ ᠳᠤᠲᠠᠮᠠᠭ ᠪᠠᠶᠢᠵᠤ᠂ ᠣᠬᠤᠷ ᠠᠪᠰᠠᠷᠬᠠᠨ᠂ ᠳᠡᠰ ᠳᠠᠪᠬᠤᠷᠭ᠎ᠠ ᠳᠣᠤᠷ᠎ᠠ᠂ ᠬᠥᠳᠡᠯᠭᠡᠬᠦ ᠴᠢᠳᠠᠪᠤᠷᠢ ᠪᠠᠭᠤᠷᠠᠶ ︽ᠬᠠᠴᠢᠨ ᠴᠠᠭᠠᠷᠢᠭ︾ ᠠᠴᠠ ᠭᠠᠷᠴᠤ ᠴᠢᠳᠠᠭᠰᠠᠨ ᠥᠬᠡᠶ᠃ ᠬᠡᠷᠬᠢᠨ ᠭᠤᠷᠪᠠᠨ ᠠᠵᠤ ᠦᠢᠯᠡᠰ ᠤᠨ ᠠᠭᠤᠰᠤᠯᠴᠠᠯ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ᠂ ᠠᠵᠤ  ᠠᠬᠤᠶᠢᠯᠠᠯ ᠤᠨ ᠦᠷ᠎ᠡ ᠠᠰᠢᠭ ᠢ ᠳᠡᠭᠡᠭᠰᠢᠯᠡᠭᠦᠯᠬᠦ ᠶᠢ ᠠᠬᠢᠭᠤᠯᠬᠤ ᠪᠣᠯ ᠠᠵᠤ ᠦᠢᠯᠡᠰ ᠤᠨ ᠬᠥᠭᠵᠢᠯᠲᠡ ᠶᠢ ᠪᠡᠶᠡᠯᠡᠭᠦᠯᠬᠦ ᠳᠤ ᠡᠷᠬᠡᠪᠰᠢ ᠰᠢᠢᠳᠪᠦᠷᠢᠯᠡᠬᠦ ᠴᠢᠬᠤᠯᠠᠲᠠᠶ ᠨᠢᠭᠡᠨ ᠬᠦᠴᠢᠷ ᠠᠰᠠᠭᠤᠳᠠᠯ ᠪᠣᠯᠤᠨ᠎ᠠ᠃ ᠬᠤᠶᠠᠷ ᠲᠤ᠂ ᠳᠠᠪᠠᠭᠤᠯᠢᠭ ᠢᠶᠠᠨ ᠬᠥᠳᠡᠯᠭᠡᠬᠦ ᠬᠦᠴᠦᠨ ᠪᠣᠯᠭᠠᠨ  ᠬᠤᠪᠢᠷᠭᠠᠬᠤ ᠭᠠᠷᠳᠠᠬᠤ  ᠴᠢᠭ ᠳᠤᠲᠠᠭᠳᠠᠵᠤ ᠪᠠᠶᠢᠨ᠎ᠠ᠃ ᠪᠦᠬᠦ ᠬᠤᠰᠢᠭᠤᠨ ᠳᠤ ᠭᠦᠨ ᠵᠤᠵᠠᠭᠠᠨ ᠲᠡᠤᠬᠡ ᠰᠣᠶᠣᠯ ᠲᠠᠢ ᠪᠣᠯᠪᠠᠴᠤ ᠳᠡᠯᠭᠡᠨ ᠦᠵᠡᠭᠦᠯᠬᠦ ᠲᠠᠪᠴᠠᠩ ᠬᠦᠷᠦᠯᠴᠡᠬᠦ ᠥᠬᠡᠶ᠂  ᠦᠢᠯᠡᠳᠦᠯ  ᠪᠠᠳᠠᠷᠠᠭᠤᠯᠬᠤ ᠨᠢ ᠳᠤᠲᠠᠮᠠᠭ︔ ᠡᠯᠪᠡᠭ ᠳᠡᠯᠪᠡᠭ ᠲᠠᠷᠢᠶᠠᠯᠠᠩ ᠮᠠᠯ ᠠᠵᠤ ᠠᠬᠤᠶ ᠪᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠲᠠᠢ ᠪᠣᠯᠪᠠᠴᠤ ᠬᠡᠪᠴᠢᠶ᠎ᠡ ᠨᠢ ᠪᠠᠭ᠎ᠠ᠂ ᠲᠣᠯᠣᠭᠠᠶᠢᠯᠠᠭᠴᠢ ᠨᠢ ᠴᠥᠭᠡᠨ︔ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠪᠠᠶᠢᠬᠤ ᠪᠣᠯᠪᠠᠴᠤ ᠦᠷ᠎ᠡ ᠠᠰᠢᠭ ᠨᠢ ᠢᠯᠡᠷᠬᠡᠶ ᠪᠢᠰᠢ᠂ ᠤᠬᠠᠭᠤᠯᠭ᠎ᠠ ᠳᠤ ᠪᠠᠯᠠᠶ ᠣᠷᠣᠨ  ᠪᠠᠶᠢᠨ᠎ᠠ᠃ ᠬᠡᠷᠬᠢᠨ ᠠᠵᠤ  ᠦᠢᠯᠡᠰ ᠪᠠ ᠲᠥᠷᠥᠯ  ᠵᠦᠢᠯ ᠤᠨ ᠲᠤᠯᠭᠠᠭᠤᠷᠢᠯᠠᠯ ᠳᠤ ᠲᠦᠰᠢᠭᠯᠡᠵᠦ᠂ ᠡᠬᠢ ᠪᠠᠶᠠᠯᠢᠭ ᠤᠨ ᠳᠠᠪᠠᠭᠤᠯᠢᠭ ᠢ ᠬᠦᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠣᠯ ᠥᠷᠭᠦᠯᠵᠢᠯᠡᠨ ᠬᠦᠭᠵᠢᠬᠦ ᠶᠢ ᠪᠡᠶᠡᠯᠡᠭᠦᠯᠬᠦ ᠳᠤ ᠡᠷᠬᠡᠪᠰᠢ ᠰᠢᠪᠲᠤᠯᠤᠨ ᠭᠠᠷᠭᠠᠬᠤ ᠨᠢᠭᠡᠨ ᠠᠰᠠᠭᠤᠳᠠᠯ ᠪᠣᠯᠤᠨ᠎ᠠ᠃ ᠭᠤᠷᠪᠠ ᠳᠤ᠂ ᠡᠳ᠋ ᠤᠨ ᠵᠠᠰᠠᠭ ᠤᠨ ᠣᠷᠤᠯᠭ᠎ᠠ ᠵᠠᠷᠤᠯᠭ᠎ᠠ ᠶᠢᠨ ᠲᠡᠩᠴᠡᠭᠦᠷᠢ ᠶᠢ ᠪᠠᠶᠡᠯᠡᠭᠦᠯᠬᠦ ᠳᠤ ᠰᠢᠨ᠎ᠡ ᠡᠳ᠋ ᠤᠨ ᠢᠷᠡᠯᠲᠡ ᠳᠤᠲᠠᠭᠳᠠᠵᠤ ᠪᠠᠶᠢᠨ᠎ᠠ᠃ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠲᠡᠩᠴᠡᠭᠦᠷᠢ ᠦᠭᠡᠢ  ᠪᠠᠶᠢᠳᠠᠯ ᠳᠣᠤᠷ᠎ᠠ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠤᠯᠤᠰ  ᠤᠨ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠠᠭ ᠤᠨ ᠳᠠᠷᠠᠭᠠᠯᠠᠯ ᠶᠣᠰᠣᠭᠠᠷ ᠪᠡᠶᠡᠯᠡᠭᠦᠯᠵᠦ᠂ ᠥᠷᠢ ᠥᠭᠴᠡᠭᠡ ᠶᠢ ᠠᠷᠢᠯᠭᠠᠬᠤ᠂ ᠰᠠᠭᠤᠷᠢ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠢᠨᠵᠧᠨᠧᠷᠢᠩ᠂ ᠴᠠᠯᠢᠩ ᠣᠯᠭᠤᠬᠤ ᠵᠡᠷᠭᠡ ᠠᠵᠢᠯ ᠢ ᠥᠷᠨᠢᠭᠦᠯᠬᠦ ᠳᠤ ᠴᠥᠮ ᠪᠡᠯᠡ ᠮᠥᠩᠭᠦ ᠶᠢᠨ ᠵᠠᠷᠤᠯᠭ᠎ᠠ ᠬᠡᠷᠡᠭᠰᠡᠨ᠎ᠡ᠃ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠪᠣᠯᠤᠨ ᠭᠤᠤᠯᠳᠠᠯᠭ᠎ᠠ ᠲᠠᠢ ᠠᠵᠢᠯ ᠢ ᠬᠡᠷᠬᠢᠨ ᠡᠮᠬᠢ ᠵᠢᠷᠤᠮ ᠲᠠᠢ ᠪᠠᠷ  ᠠᠬᠢᠭᠤᠯᠬᠤ᠂ ᠰᠢᠨ᠎ᠡ ᠡᠳ᠋ ᠤᠨ ᠢᠷᠡᠯᠲᠡ ᠶᠢ ᠪᠤᠶᠢᠵᠢᠭᠤᠯᠬᠤ ᠪᠣᠯ ᠮᠠᠨ ᠤ ᠲᠥᠷᠥ ᠪᠠᠷᠢᠬᠤ ᠴᠢᠳᠠᠪᠤᠷᠢ ᠶᠢ ᠰᠢᠯᠭᠠᠬᠤ ᠪᠠᠷᠢᠮᠵᠢᠶ᠎ᠠ ᠪᠣᠯᠤᠨ᠎ᠠ᠃ ᠳᠥᠷᠪᠡ ᠳᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ  ᠰᠢᠨ᠎ᠡ ᠬᠥᠳᠡᠯᠭᠡᠭᠴᠢ ᠬᠦᠴᠦᠨ ᠳᠤᠲᠠᠭᠳᠠᠵᠤ ᠪᠠᠶᠢᠨ᠎ᠠ᠃ ᠪᠦᠬᠦ ᠬᠤᠰᠢᠭᠤ ᠤᠳᠤ ᠶᠠᠭ ᠬᠥᠭᠵᠢᠯᠲᠡ ᠲᠡᠩᠴᠡᠭᠦᠷᠢ ᠦᠭᠡᠢ᠂  ᠭᠦᠢᠴᠡᠳ ᠦᠭᠡᠢ ᠱᠠᠲᠤᠨ ᠳᠤ ᠣᠷᠣᠰᠢᠵᠤ᠂ ᠡᠮ ᠡᠮᠨᠡᠯᠭᠡ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠵᠠᠮ ᠬᠠᠷᠢᠯᠴᠠᠭ᠎ᠠ᠂ ᠨᠠᠰᠤᠵᠢᠯ ᠤᠨ ᠠᠰᠠᠷᠠᠮᠵᠢ ᠵᠡᠷᠭᠡ ᠬᠥᠭᠵᠢᠯᠲᠡ ᠶᠢᠨ ᠣᠳᠣᠬᠢ ᠪᠠᠶᠢᠳᠠᠯ ᠨᠢ ᠥᠷᠭᠡᠨ ᠣᠯᠠᠨ ᠲᠦᠮᠡᠨ ᠤ ᠬᠦᠰᠡᠯ ᠡᠷᠡᠮᠡᠯᠵᠡᠯ ᠲᠠᠢ ᠪᠠᠰᠠ ᠵᠥᠷᠢᠶ᠎ᠡ ᠲᠠᠢ ᠪᠠᠶᠢᠨ᠎ᠠ᠂ ᠢᠯᠠᠩᠭᠤᠶ᠎ᠠ ᠨᠡᠶᠢᠭᠡᠮ ᠠᠴᠠ ᠬᠤᠲᠠ  ᠲᠣᠭᠤᠷᠢᠭ ᠤᠨ ᠵᠠᠮ ᠬᠠᠷᠢᠯᠴᠠᠭ᠎ᠠ ᠲᠦᠭᠵᠢᠷᠡᠬᠦ᠂ ᠬᠠᠭᠤᠴᠢᠨ ᠰᠠᠭᠤᠭᠠᠯᠢ ᠲᠣᠭᠤᠷᠢᠭ  ᠢ ᠥᠭᠡᠷᠡᠴᠢᠯᠡᠬᠦ᠂ ᠬᠥᠳᠡᠭᠡ ᠲᠣᠰᠬᠤᠨ ᠤ ᠲᠥᠬᠦᠭᠡᠷᠦᠮᠵᠢ ᠬᠤᠴᠣᠷᠤᠩᠭᠤᠶ ᠪᠠᠶᠢᠬᠤ ᠵᠡᠷᠭᠡ ᠠᠰᠠᠭᠤᠳᠠᠯ ᠢ  ᠳᠡᠭᠡᠲᠦ ᠬᠡᠮᠵᠢᠶ᠎ᠡ ᠪᠠᠷ ᠠᠩᠬᠠᠷᠴᠤ ᠪᠠᠶᠢᠨ᠎ᠠ᠃ ᠬᠥᠭᠵᠢᠯᠲᠡ ᠶᠢᠨ ᠠᠯᠢ ᠣᠯᠠᠨ ᠳᠤᠲᠠᠭᠤᠳᠠᠯ ᠢ ᠬᠡᠷᠬᠢᠨ ᠨᠥᠬᠦᠪᠥᠷᠢᠯᠡᠵᠦ᠂  ᠬᠦᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠬᠤ ᠪᠣᠯ ᠪᠢᠳᠡᠨ ᠤ ᠨᠠᠷᠢᠨ ᠬᠢᠨᠠᠮᠠᠭᠠᠶ ᠲᠠᠭᠯᠠᠬᠤ ᠴᠢᠬᠤᠯᠠᠲᠠᠶ ᠨᠢᠭᠡᠨ ᠬᠠᠭᠤᠳᠠᠰᠤ ᠪᠣᠯᠤᠨ᠎ᠠ᠃ ᠡᠳᠡᠭᠡᠷ ᠬᠦᠴᠢᠷᠳᠡᠯ ᠪᠠ ᠠᠰᠠᠭᠤᠳᠠᠯ ᠳᠤ ᠪᠢᠳᠡ ᠡᠷᠬᠡᠪᠰᠢ ᠨᠠᠷᠢᠨ ᠬᠢᠨᠠᠮᠠᠭᠠᠶ ᠬᠠᠨᠳᠤᠵᠤ᠂ ᠲᠣᠬᠢᠲᠠᠶ  ᠰᠢᠢᠳᠪᠦᠷᠢᠯᠡᠬᠦ ᠬᠡᠷᠡᠭᠲᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号