ᠰᠢᠶᠣᠣ ᠾᠧ ᠶᠠᠨ ᠦᠵᠡᠮᠵᠢ ᠶᠢᠨ ᠠᠮᠠᠷᠠᠯᠲᠠ ᠶᠢᠨ ᠲᠣᠰᠬᠤᠨ
ᠨᠡᠶᠢᠲᠡᠯᠡᠭᠰᠡᠨ ᠴᠠᠭ᠄
2020/2/20
     ᠰᠢᠶᠤᠤ ᠾᠧ ᠶᠠᠨ ᠤ ᠦᠵᠡᠮᠵᠢ ᠶᠢᠨ ᠠᠮᠠᠷᠠᠯᠲᠠ ᠶᠢᠨ ᠲᠣᠰᠬᠤᠨ ᠨᠢ ᠠᠤᠬᠠᠨ ᠬᠤᠰᠢᠭᠤᠨ ᠤ ᠪᠠᠷᠠᠭᠤᠨ ᠬᠤᠶᠢᠲᠤ  ᠬᠡᠰᠡᠭ ᠲᠤ  ᠪᠠᠶᠢᠷᠢᠰᠢᠵᠤ᠂ ᠭᠠᠵᠠᠷ ᠵᠦᠢ ᠶᠢᠨ ᠪᠠᠶᠢᠷᠢᠰᠢᠯ ᠨᠢ ᠵᠡᠭᠦᠨ ᠤᠷᠲᠤᠷᠢᠭ ᠤᠨ 119。29ˊ — 119。47ˊ᠂ ᠤᠮᠠᠷᠠᠲᠤ ᠥᠷᠭᠡᠷᠢᠭ ᠤᠨ 42。21ˊ — 42。41ˊ᠂ ᠶᠡᠷᠦᠩᠬᠡᠢ ᠲᠠᠯᠠᠪᠠᠢ ᠨᠢ 1800 ᠾᠧᠺᠲ᠋ᠠᠷ ᠪᠣᠯᠤᠨ᠎ᠠ᠃ ᠰᠢᠶᠤᠤ ᠾᠧ ᠶᠠᠨ ᠤ  ᠦᠵᠡᠮᠵᠢ ᠶᠢᠨ ᠠᠮᠠᠷᠠᠯᠲᠠ ᠶᠢᠨ ᠲᠣᠰᠬᠤᠨ ᠨᠢ ᠰᠢᠶᠤᠤ ᠾᠧ ᠶᠠᠨ ᠤ ᠨᠤᠭᠤ ᠭᠠᠵᠠᠷ  ᠤᠨ ᠰᠢᠪᠠᠭᠤᠳ ᠤᠨ ᠲᠦᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠠᠴᠠ ᠪᠤᠯᠵᠤ ᠨᠡᠷᠡᠯᠡᠭᠳᠡᠪᠡ᠃  ᠰᠢᠶᠤᠤ ᠾᠧ ᠶᠠᠨ ᠳᠠᠭᠠᠤ ᠨᠤᠭᠤ ᠭᠠᠵᠠᠷ ᠤᠨ ᠰᠢᠪᠠᠭᠤᠨ ᠤ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ 6 ᠵᠦᠢᠯ ᠤᠨ ᠨᠤᠭᠤ ᠭᠠᠵᠠᠷ ᠤᠨ ᠦᠵᠡᠮᠵᠢ ᠶᠢᠨ ᠲᠥᠷᠥᠯ ᠪᠣᠶ᠄ ᠲᠣᠰ ᠲᠣᠰ ᠭᠤᠤᠯ ᠮᠥᠷᠡᠨ ᠤ ᠬᠡᠯᠪᠡᠷᠢ ᠶᠢᠨ ᠨᠤᠭᠤ ᠭᠠᠵᠠᠷ ᠤᠨ ᠦᠵᠡᠮᠵᠢ︔ ᠭᠤᠣᠯ ᠮᠥᠷᠡᠨ ᠤ ᠬᠡᠯᠪᠡᠷᠢ ᠶᠢᠨ ᠤᠰᠤᠨ ᠲᠠᠷᠢᠶ᠎ᠠ ᠪᠣᠯᠤᠨ ᠥᠨᠳᠥᠷ ᠡᠪᠡᠰᠦᠨ ᠪᠤᠲᠠᠯᠢᠭ ᠬᠤᠯᠢᠮᠠᠭ ᠬᠡᠯᠪᠡᠷᠢ ᠶᠢᠨ ᠦᠵᠡᠮᠵᠢ︔ ᠭᠤᠣᠯ ᠮᠥᠷᠡᠨ ᠨᠠᠭᠤᠷ ᠴᠥᠭᠦᠷᠥᠮ ᠤᠨ ᠦᠵᠡᠮᠵᠢ︔ ᠭᠤᠣᠯ ᠮᠥᠷᠡᠨ ᠤ ᠬᠡᠯᠪᠡᠷᠢ ᠶᠢᠨ ᠥᠨᠳᠥᠷ ᠡᠪᠡᠰᠦᠨ ᠪᠤᠲᠠᠯᠢᠭ ᠨᠤᠭᠤ ᠭᠠᠵᠠᠷ ᠤᠨ ᠦᠵᠡᠮᠵᠢ︔ ᠭᠤᠣᠯ ᠮᠥᠷᠡᠨ ᠤ ᠬᠡᠯᠪᠡᠷᠢ ᠶᠢᠨ ᠰᠡᠶᠢᠷᠡᠭ ᠣᠶᠢᠲᠤ ᠰᠥᠭᠡᠭ ᠨᠤᠭᠤ ᠭᠠᠵᠠᠷ ᠤᠨ ᠦᠵᠡᠮᠵᠢ︔  ᠤᠰᠤᠯᠠᠯᠲᠠ ᠶᠢᠨ ᠨᠣᠭᠤ ᠭᠠᠵᠠᠷ ᠤᠨ ᠦᠵᠡᠮᠵᠢ᠃      ᠲᠣᠰ ᠬᠠᠮᠠᠭᠠᠯᠠᠯᠲᠠ ᠶᠢᠨ ᠣᠷᠣᠨ ᠨᠢ  ᠲᠠᠯ᠎ᠠ ᠪᠡᠯᠴᠢᠭᠡᠷ ᠤᠨ ᠣᠷᠣᠨ ᠳᠤ ᠪᠠᠶᠢᠷᠢᠯᠠᠵᠤ᠂ ᠨᠤᠭᠤ ᠭᠠᠵᠠᠷ  ᠤᠨ ᠤᠷᠭᠤᠮᠠᠯ ᠨᠢ ᠧᠦ᠋ᠷᠣᠫᠠ ᠠᠽᠢᠶ᠎ᠠ ᠶᠢᠨ ᠨᠤᠲᠤᠭ ᠪᠡᠯᠴᠢᠭᠡᠷ ᠤᠨ ᠠᠽᠢᠶ᠎ᠠ ᠲᠢᠪ ᠳᠤᠮᠳᠠ ᠣᠷᠣᠨ ᠤ ᠰᠢᠷ᠎ᠠ ᠬᠥᠷᠥᠰᠥᠲᠦ ᠥᠨᠳᠦᠷᠯᠢᠭ ᠤᠨ ᠮᠤᠵᠢ ᠳᠤ ᠬᠠᠷᠢᠶᠠᠯᠠᠭᠳᠠᠵᠤ᠂ ᠪᠦᠰᠡᠯᠢᠭ ᠤᠷᠭᠤᠮᠠᠯ ᠤᠨ ᠬᠤᠴᠢᠯᠭ᠎ᠠ ᠨᠢ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠪᠠᠶᠢᠵᠤ᠂  ᠳᠤᠯᠠᠭᠠᠨ ᠬᠡᠯᠪᠡᠷᠢ ᠶᠢᠨ ᠨᠤᠲᠤᠭ ᠪᠡᠯᠴᠢᠭᠡᠷ ᠤᠨ ᠳᠤᠮᠳᠠ ᠴᠢᠭᠢᠭᠯᠢᠭ ᠬᠡᠯᠪᠡᠷᠢ ᠶᠢᠨ ᠨᠤᠲᠤᠭ ᠪᠡᠯᠴᠢᠭᠡᠷ ᠲᠤ ᠰᠢᠯᠵᠢᠬᠦ ᠰᠢᠯᠵᠢᠯᠲᠡ ᠶᠢᠨ ᠪᠦᠰᠡ ᠲᠤ ᠪᠠᠭᠲᠠᠨ᠎ᠠ᠂ ᠨᠡᠶᠢᠲᠡ 6 ᠤᠷᠭᠤᠮᠠᠯ ᠤᠨ ᠬᠤᠴᠢᠯᠭ᠎ᠠ ᠶᠢᠨ ᠬᠡᠯᠪᠡᠷᠢ᠂ 12 ᠠᠽᠢᠶ᠎ᠠ ᠶᠢᠨ ᠤᠷᠭᠤᠮᠠᠯ ᠤᠨ ᠬᠤᠴᠢᠯᠭ᠎ᠠ ᠶᠢᠨ ᠬᠡᠯᠪᠡᠷᠢ᠂ 65 ᠪᠦᠯᠦᠭᠯᠡᠯ ᠤᠨ ᠰᠢᠰᠲ᠋ᠧᠮ ᠪᠠᠶᠢᠵᠤ᠂ ᠤᠷᠭᠤᠮᠠᠯ ᠨᠢ 56  ᠲᠥᠷᠥᠯ   ᠤᠨ 169 ᠵᠦᠢᠯ  263 ᠤᠷᠭᠤᠮᠠᠯ ᠤᠨ ᠲᠦᠷᠦᠯ ᠪᠠᠶᠢᠨ᠎ᠠ᠃      ᠲᠣᠰ ᠬᠠᠮᠠᠭᠠᠯᠠᠯᠲᠠ ᠶᠢᠨ ᠣᠷᠣᠨ ᠨᠢ ᠨᠤᠭᠤ ᠭᠠᠵᠠᠷ ᠤᠨ ᠡᠬᠢ ᠪᠠᠶᠠᠯᠢᠭ ᠵᠢᠴᠢ ᠡᠯᠪᠡᠭ ᠪᠠᠶᠠᠯᠢᠭ ᠰᠢᠪᠠᠭᠤᠨ ᠤ  ᠡᠬᠢ ᠪᠠᠶᠠᠯᠢᠭ ᠢ ᠬᠠᠮᠠᠭᠠᠯᠠᠬᠤ ᠳᠤ ᠠᠰᠢᠭᠲᠠᠶ᠂  ᠣᠨᠴᠠᠭᠠᠶᠢᠯᠠᠨ 3 ᠶᠡᠭᠡ ᠬᠤᠨ ᠭᠠᠯᠠᠭᠤ᠂  ᠬᠠᠯᠢᠭᠤᠨ ᠭᠠᠯᠠᠭᠤ᠂ ᠲᠡᠭᠡᠯᠡᠢ ᠶᠢᠨ ᠲᠥᠷᠥᠯ᠂ ᠪᠦᠷᠭᠦᠳ ᠤᠨ ᠲᠥᠷᠥᠯ᠂ ᠬᠠᠷᠴᠠᠭᠠᠶ ᠶᠢᠨ ᠲᠥᠷᠥᠯ ᠵᠡᠷᠭᠡ ᠬᠤᠪᠣᠷ ᠴᠤᠬᠠᠭ ᠮᠥᠬᠦᠬᠦ ᠰᠢᠬᠠᠭᠰᠠᠨ ᠰᠢᠪᠠᠭᠤ ᠶᠢ ᠬᠠᠮᠠᠭᠠᠯᠠᠬᠤ ᠳᠤ ᠠᠰᠢᠭᠲᠠᠶ ᠪᠠᠶᠢᠵᠤ᠂ ᠬᠠᠮᠠᠭᠠᠯᠠᠯᠲᠠ ᠶᠢᠨ ᠣᠷᠣᠨ ᠳᠤ ᠤᠯᠤᠰ ᠤᠨ ᠨᠢᠭᠡᠳᠦᠭᠡᠷ ᠳᠡᠰ ᠤᠨ ᠭᠤᠤᠯᠳᠠᠯᠭ᠎ᠠ ᠲᠠᠢ ᠬᠠᠮᠠᠭᠠᠯᠠᠬᠤ ᠰᠢᠪᠠᠭᠤᠨ ᠤ ᠲᠥᠷᠥᠯ 2᠂ ᠤᠯᠤᠰ ᠤᠨ ᠬᠤᠶᠠᠳᠤᠭᠠᠷ ᠳᠡᠰ ᠤᠨ ᠭᠤᠤᠯᠳᠠᠯᠭ᠎ᠠ ᠲᠠᠢ ᠬᠠᠮᠠᠭᠠᠯᠠᠬᠤ ᠰᠢᠪᠠᠭᠤᠨ ᠤ ᠲᠥᠷᠥᠯ 20 ᠪᠣᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号