ᠰᠢᠶᠣᠣ  ᠾᠧ ᠶᠠᠨ ᠦᠵᠡᠮᠵᠢ ᠶᠢᠨ ᠠᠮᠠᠷᠠᠯᠲᠠ ᠶᠢᠨ ᠲᠣᠰᠬᠤᠨ
ᠨᠡᠶᠢᠲᠡᠯᠡᠭᠰᠡᠨ ᠴᠠᠭ᠄
2020/3/10
     ᠰᠢᠶᠤᠤ ᠾᠧ ᠶᠠᠨ ᠤ ᠦᠵᠡᠮᠵᠢ  ᠶᠢᠨ ᠠᠮᠠᠷᠠᠯᠲᠠ ᠶᠢᠨ ᠲᠣᠰᠬᠤᠨ ᠨᠢ ᠠᠤᠬᠠᠨ ᠬᠤᠰᠢᠭᠤᠨ ᠤ ᠪᠠᠷᠠᠭᠤᠨ ᠬᠤᠶᠢᠲᠤ ᠬᠡᠰᠡᠭ ᠲᠤ ᠪᠠᠶᠢᠷᠢᠰᠢᠵᠤ᠂ ᠭᠠᠵᠠᠷ ᠵᠦᠢ ᠶᠢᠨ ᠪᠠᠶᠢᠷᠢᠰᠢᠯ ᠨᠢ ᠵᠡᠭᠦᠨ ᠤᠷᠲᠤᠷᠢᠭ ᠤᠨ 119 。29ˊ — 119。47ˊ᠂ ᠤᠮᠠᠷᠠᠲᠤ ᠥᠷᠭᠡᠷᠢᠭ ᠤᠨ 42。21ˊ — 42。41ˊ᠂ ᠶᠡᠷᠦᠩᠬᠡᠢ ᠲᠠᠯᠠᠪᠠᠢ ᠨᠢ 1800 ᠾᠧᠺᠲ᠋ᠠᠷ ᠪᠣᠯᠤᠨ᠎ᠠ᠃ ᠰᠢᠶᠤᠤ ᠾᠧ ᠶᠠᠨ ᠤ ᠦᠵᠡᠮᠵᠢ ᠶᠢᠨ ᠠᠮᠠᠷᠠᠯᠲᠠ ᠶᠢᠨ ᠲᠣᠰᠬᠤᠨ ᠨᠢ ᠰᠢᠶᠤᠤ ᠾᠧ ᠶᠠᠨ ᠤ ᠨᠤᠭᠤ ᠭᠠᠵᠠᠷ ᠤᠨ ᠰᠢᠪᠠᠭᠤᠳ ᠤᠨ ᠲᠦᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠠᠴᠠ ᠪᠤᠯᠵᠤ ᠨᠡᠷᠡᠯᠡᠭᠳᠡᠪᠡ᠃  ᠰᠢᠶᠣᠣ ᠾᠧ ᠶᠠᠨ ᠤ ᠨᠤᠭᠤ ᠭᠠᠵᠠᠷ ᠤᠨ ᠰᠢᠪᠠᠭᠤᠨ ᠤ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ 6  ᠵᠦᠢᠯ ᠤᠨ ᠨᠤᠭᠤ ᠭᠠᠵᠠᠷ ᠤᠨ ᠦᠵᠡᠮᠵᠢ ᠶᠢᠨ ᠲᠥᠷᠥᠯ ᠬᠡᠯᠪᠡᠷᠢ ᠪᠣᠶ᠄ ᠲᠣᠰ ᠲᠣᠰ ᠭᠤᠤᠯ ᠮᠥᠷᠡᠨ ᠤ ᠬᠡᠯᠪᠡᠷᠢ ᠶᠢᠨ ᠨᠤᠭᠤ ᠭᠠᠵᠠᠷ ᠤᠨ ᠦᠵᠡᠮᠵᠢ  ︔ ᠭᠤᠣᠯ ᠮᠥᠷᠡᠨ ᠤ ᠬᠡᠯᠪᠡᠷᠢ ᠶᠢᠨ ᠤᠰᠤᠨ ᠲᠠᠷᠢᠶ᠎ᠠ ᠪᠣᠯᠤᠨ ᠥᠨᠳᠥᠷ ᠡᠪᠡᠰᠦᠨ ᠪᠤᠲᠠᠯᠢᠭ ᠬᠤᠯᠢᠮᠠᠭ ᠬᠡᠯᠪᠡᠷᠢ ᠶᠢᠨ ᠦᠵᠡᠮᠵᠢ︔ ᠭᠤᠣᠯ ᠮᠥᠷᠡᠨ ᠨᠠᠭᠤᠷ ᠴᠥᠭᠦᠷᠥᠮ ᠤᠨ ᠦᠵᠡᠮᠵᠢ︔ ᠭᠤᠣᠯ ᠮᠥᠷᠡᠨ ᠤ ᠬᠡᠯᠪᠡᠷᠢ ᠶᠢᠨ ᠥᠨᠳᠥᠷ ᠡᠪᠡᠰᠦᠨ ᠪᠤᠲᠠᠯᠢᠭ ᠨᠤᠭᠤ ᠭᠠᠵᠠᠷ ᠤᠨ ᠦᠵᠡᠮᠵᠢ︔ ᠭᠤᠣᠯ ᠮᠥᠷᠡᠨ ᠤ ᠬᠡᠯᠪᠡᠷᠢ ᠶᠢᠨ ᠰᠡᠶᠢᠷᠡᠭ ᠣᠶᠢᠲᠤ ᠰᠥᠭᠡᠭ ᠨᠤᠭᠤ ᠭᠠᠵᠠᠷ ᠤᠨ ᠦᠵᠡᠮᠵᠢ  ︔ ᠤᠰᠤᠯᠠᠬᠤ ᠭᠠᠵᠠᠷ ᠤᠨ ᠨᠦᠲᠠᠨ ᠭᠠᠵᠠᠷ ᠤᠨ ᠦᠵᠡᠮᠵᠢ᠃      ᠲᠣᠰ ᠬᠠᠮᠠᠭᠠᠯᠠᠯᠲᠠ ᠶᠢᠨ ᠣᠷᠣᠨ ᠨᠢ ᠲᠠᠯ᠎ᠠ ᠨᠤᠲᠤᠭ  ᠤᠨ ᠣᠷᠣᠨ ᠳᠤ ᠪᠠᠶᠢᠷᠢᠯᠠᠵᠤ ᠪᠠᠶᠢᠭ᠎ᠠ ᠪᠣᠯᠬᠤᠷ᠂ ᠨᠤᠭᠤ ᠭᠠᠵᠠᠷ  ᠤᠨ ᠤᠷᠭᠤᠮᠠᠯ ᠤᠨ ᠬᠤᠴᠢᠯᠭ᠎ᠠ  ᠨᠢ ᠧᠦ᠋ᠷᠣᠫᠠ ᠠᠽᠢᠶ᠎ᠠ ᠶᠢᠨ ᠲᠠᠯ᠎ᠠ ᠨᠤᠲᠤᠭ ᠤᠨ ᠠᠽᠢᠶ᠎ᠠ ᠲᠢᠪ  ᠤᠨ ᠳᠤᠮᠳᠠ ᠬᠡᠰᠡᠭ ᠣᠷᠤᠨ ᠤ  ᠰᠢᠷ᠎ᠠ ᠬᠥᠷᠥᠰᠥᠲᠦ ᠥᠨᠳᠦᠷᠯᠢᠭ ᠤᠨ ᠮᠤᠵᠢ ᠳᠤ ᠬᠠᠷᠢᠶᠠᠯᠠᠭᠳᠠᠵᠤ᠂ ᠪᠦᠰᠡᠯᠢᠭ ᠤᠷᠭᠤᠮᠠᠯ ᠤᠨ ᠬᠤᠴᠢᠯᠭ᠎ᠠ ᠨᠢ ᠲᠠᠯ᠎ᠠ ᠨᠤᠲᠤᠭ ᠤᠨ ᠤᠷᠭᠤᠮᠠᠯ ᠤᠨ ᠬᠤᠴᠢᠯᠭ᠎ᠠ ᠪᠠᠶᠢᠵᠤ᠂ ᠳᠤᠯᠠᠭᠠᠨ  ᠰᠡᠷᠢᠭᠦᠨ ᠴᠢᠨᠠᠷᠲᠠᠢ ᠠᠭᠤᠷ ᠠᠮᠢᠰᠬᠤᠯ ᠤᠨ ᠬᠡᠯᠪᠡᠷᠢ ᠠᠴᠠ ᠲᠠᠯ᠎ᠠ ᠨᠤᠲᠤᠭ ᠤᠨ ᠳᠤᠮᠳᠠ ᠴᠢᠭᠢᠭᠯᠢᠭ ᠥᠭᠡᠳᠡ ᠰᠢᠯᠵᠢᠬᠦ ᠰᠢᠯᠵᠢᠯᠲᠡ ᠶᠢᠨ ᠪᠦᠰᠡ ᠲᠤ ᠪᠠᠭᠲᠠᠨ᠎ᠠ᠂ ᠨᠡᠶᠢᠲᠡ 6 ᠤᠷᠭᠤᠮᠠᠯ ᠤᠨ ᠬᠤᠴᠢᠯᠭ᠎ᠠ ᠶᠢᠨ ᠬᠡᠯᠪᠡᠷᠢ᠂ 12 ᠤᠷᠭᠤᠮᠠᠯ ᠤᠨ  ᠬᠡᠯᠪᠡᠷᠢ᠂ 65 ᠪᠦᠯᠦᠭᠯᠡᠯ ᠤᠨ ᠰᠢᠰᠲ᠋ᠧᠮ ᠪᠠᠶᠢᠵᠤ᠂ 56 ᠲᠥᠷᠥᠯ ᠤᠨ 169 ᠲᠥᠷᠥᠯ ᠤᠨ ᠤᠷᠭᠤᠮᠠᠯ ᠤᠨ ᠲᠦᠷᠦᠯ ᠪᠠᠶᠢᠨ᠎ᠠ᠃      ᠲᠣᠰ ᠬᠠᠮᠠᠭᠠᠯᠠᠯᠲᠠ ᠶᠢᠨ ᠣᠷᠣᠨ ᠨᠢ ᠨᠤᠭᠤ ᠭᠠᠵᠠᠷ ᠤᠨ ᠡᠬᠢ ᠪᠠᠶᠠᠯᠢᠭ ᠵᠢᠴᠢ ᠰᠢᠪᠠᠭᠤᠨ ᠤ ᠡᠯᠪᠡᠭ ᠪᠠᠶᠠᠯᠢᠭ ᠡᠬᠢ ᠪᠠᠶᠠᠯᠢᠭ ᠢ ᠬᠠᠮᠠᠭᠠᠯᠠᠬᠤ ᠳᠤ ᠠᠰᠢᠭᠲᠠᠶ᠂ ᠢᠯᠠᠩᠭᠤᠶ᠎ᠠ 3 ᠶᠡᠭᠡ ᠬᠤᠨ ᠭᠠᠯᠠᠭᠤ᠂  ᠬᠠᠯᠢᠭᠤᠨ ᠭᠠᠯᠠᠭᠤ᠂  ᠳᠡᠭᠡᠯᠡᠢ ᠶᠢᠨ᠊ ᠲᠥᠷᠥᠯ᠂ ᠪᠦᠷᠭᠦᠳ ᠤᠨ ᠲᠥᠷᠥᠯ᠂ ᠬᠠᠷᠴᠠᠭᠠᠶ ᠶᠢᠨ ᠲᠥᠷᠥᠯ ᠵᠡᠷᠭᠡ ᠬᠤᠪᠣᠷ ᠴᠤᠬᠠᠭ ᠮᠥᠬᠦᠬᠦ ᠰᠢᠬᠠᠭᠰᠠᠨ ᠰᠢᠪᠠᠭᠤ  ᠶᠢᠨ ᠲᠦᠷᠦᠯ ᠪᠠᠶᠢᠳᠠᠭ᠂ ᠬᠠᠮᠠᠭᠠᠯᠠᠯᠲᠠ ᠶᠢᠨ ᠣᠷᠣᠨ ᠳᠤ ᠤᠯᠤᠰ ᠤᠨ ᠨᠢᠭᠡᠳᠦᠭᠡᠷ ᠳᠡᠰ ᠤᠨ ᠭᠤᠤᠯᠳᠠᠯᠭ᠎ᠠ ᠲᠠᠢ ᠬᠠᠮᠠᠭᠠᠯᠠᠬᠤ ᠰᠢᠪᠠᠭᠤᠨ ᠤ ᠲᠥᠷᠥᠯ 2᠂ ᠤᠯᠤᠰ ᠤᠨ ᠬᠤᠶᠠᠳᠤᠭᠠᠷ ᠳᠡᠰ ᠤᠨ ᠭᠤᠤᠯᠳᠠᠯᠭ᠎ᠠ ᠲᠠᠢ ᠬᠠᠮᠠᠭᠠᠯᠠᠬᠤ ᠰᠢᠪᠠᠭᠤᠨ ᠤ ᠲᠥᠷᠥᠯ 20 ᠵᠦᠢᠯ ᠪᠣᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号