2020 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ(ᠨᠢᠭᠡ)
ᠨᠡᠶᠢᠲᠡᠯᠡᠭᠰᠡᠨ ᠴᠠᠭ᠄
2020/5/11
                     ᠵᠠᠰᠠᠭ ᠤᠨ ᠣᠷᠳᠣᠨ ᠤ ᠠᠵᠢᠯ ᠤᠨ ᠢᠯᠡᠳᠬᠡᠯ            2020 ᠣᠨ ᠤ 4 ᠰᠠᠷ᠎ᠠ ᠶᠢᠨ 15 ᠤ ᠡᠳᠦᠷ ᠠᠤᠬᠠᠨ ᠬᠤᠰᠢᠭᠤᠨ ᠳᠤ          ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ          ᠶᠡᠭᠡ  ᠬᠤᠷᠠᠯ  ᠤᠨ  ᠳᠥᠷᠪᠡᠳᠦᠭᠡᠷ  ᠬᠤᠷᠠᠯᠳᠤᠭᠠᠨ  ᠳᠡᠭᠡᠷ᠎ᠡ         ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ  ᠳᠠᠷᠤᠭ᠎ᠠ ᠢᠦᠶ ᠪᠦᠦ ᠵᠢᠶᠦ᠋ᠨ     ᠲᠥᠯᠥᠭᠡᠯᠡᠭᠴᠢᠳ ᠡ᠄      ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ  ᠮᠡᠳᠡᠭᠦᠯᠦᠯᠲᠡ ᠬᠢᠶ᠎ᠡ᠂ ᠬᠢᠨᠠᠨ ᠵᠥᠪᠯᠡᠬᠦ ᠪᠣᠯᠪᠠᠤ  ᠃ ᠡᠭᠦᠨ ᠤ ᠬᠠᠮᠲᠤ ᠬᠤᠰᠢᠭᠤᠨ ᠤ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ  ᠪᠤᠰᠤᠳ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠤᠭᠠᠷᠠᠢ᠃      ᠨᠢᠭᠡ᠂ 2019 ᠣᠨ ᠤ ᠠᠵᠢᠯ ᠤᠨ ᠡᠷᠭᠢᠴᠡᠭᠦᠯᠦᠯ      ᠡᠨᠡ ᠨᠢᠭᠡ ᠵᠢᠯ ᠳᠤ᠂ ᠪᠢᠳᠡ ᠬᠦᠴᠢᠷ ᠪᠡᠷᠬᠡᠰᠢᠶᠡᠯ ᠢ ᠬᠠᠮᠲᠤᠪᠠᠷ ᠲᠤᠭᠤᠯᠵᠤ᠂ ᠬᠦᠰᠡᠯ ᠵᠡᠭᠦᠳᠦ ᠪᠠᠨ  ᠲᠡᠷᠭᠡᠯᠰᠢᠭᠦᠯᠦᠨ ᠤᠷᠤᠭᠰᠢᠯᠠᠵᠤ᠂  ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂  ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂  ᠬᠤᠰᠢᠭᠤᠨ ᠤ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ ᠎ᠠ᠂ ᠬᠤᠰᠢᠭᠤᠨ ᠤ ᠵᠠᠰᠠᠭ ᠤᠨ ᠣᠷᠳᠣᠨ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠡᠯ᠎ᠡ ᠲᠥᠷᠥᠯ ᠤᠨ ᠠᠵᠢᠯ ᠤᠨ ᠴᠢᠬᠤᠯᠠ ᠶᠡᠭᠡ ᠠᠬᠢᠯᠲᠠ ᠲᠠᠢ ᠪᠣᠯᠬᠤ ᠶᠢ ᠠᠬᠢᠭᠤᠯᠪᠠ︔ ᠡᠨᠡ ᠨᠢᠭᠡ ᠵᠢᠯ ᠳᠤ᠂ ᠪᠢᠳᠡ ᠪᠣᠭᠤᠮᠲᠠ ᠰᠢᠪᠲᠤᠯᠵᠤ᠂ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ ᠠᠷᠠᠳ ᠤᠨ ᠠᠮᠢᠳᠤᠷᠠᠯ ᠤᠨ ᠦᠢᠯᠡᠰ ᠦᠷᠭᠦᠯᠵᠢᠯᠡᠨ ᠰᠠᠶᠢᠵᠢᠷᠠᠵᠤ᠂ ᠤᠯᠠᠨ ᠲᠦᠮᠡᠨ ᠨᠡᠩ ᠵᠣᠯ  ᠵᠢᠷᠭᠠᠯᠲᠠᠢ ᠪᠤᠯᠵᠤ᠂ ᠠᠮᠢᠳᠤᠷᠠᠯ ᠨᠡᠩ ᠰᠠᠶᠢᠨ ᠰᠠᠶᠢᠬᠠᠨ ᠪᠤᠯᠵᠤ᠂ ᠺᠠᠳ᠋ᠷ ᠤᠯᠠᠨ ᠲᠦᠮᠡᠨ ᠨᠡᠩ ᠦᠢᠷ᠎ᠠ ᠳᠣᠲᠣᠨᠣ ᠪᠤᠯᠵᠤ᠂ ᠬᠠᠶᠢᠷ᠎ᠠ ᠰᠡᠳᠬᠢᠯᠭᠡ ᠨᠡᠩ ᠭᠦᠨ ᠵᠤᠵᠠᠭᠠᠨ ᠪᠣᠯᠪᠠ︔ ᠡᠨᠡ ᠨᠢᠭᠡ ᠵᠢᠯ ᠳᠤ᠂ ᠪᠢᠳᠡ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠰᠠᠯᠬᠢ ᠪᠣᠷᠣᠭᠠᠨ ᠳᠤ ᠨᠣᠷᠣᠭᠳᠠᠨ᠂ ᠶᠡᠷᠦᠩᠬᠡᠶᠢᠯᠡᠭᠰᠡᠨ ᠵᠠᠰᠠᠯᠲᠠ ᠵᠢᠷᠤᠮᠵᠢᠯ ᠲᠠᠢ ᠡᠮᠬᠢ ᠵᠢᠷᠤᠮ ᠲᠠᠢ᠂ ᠨᠡᠶᠢᠭᠡᠮ ᠨᠠᠩ ᠡᠶ᠎ᠡ  ᠵᠣᠬᠢᠴᠠᠯ ᠲᠠᠢ᠂ ᠬᠤᠲᠠ ᠬᠥᠳᠡᠭᠡ ᠨᠠᠩ ᠭᠤᠶᠢᠳᠠ ᠰᠠᠶᠢᠬᠠᠨ ᠪᠠᠶᠢᠵᠤ᠂ ᠠᠤᠬᠠᠨ ᠤ ᠲᠩᠷᠢ ᠨᠠᠩ ᠴᠡᠯᠮᠡᠭ᠂ ᠭᠠᠵᠠᠷ ᠨᠠᠩ  ᠨᠣᠭᠤᠭᠠᠨ᠂ ᠤᠰᠤ ᠨᠠᠩ ᠲᠤᠩᠭᠠᠯᠠᠭ ᠪᠣᠯᠪᠠ᠃ ᠪᠥᠬᠦ ᠵᠢᠯ ᠤᠨ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ 140.2 ᠳ᠋ᠦᠩᠰᠢᠭᠤᠷ ᠲᠥᠭᠦᠷᠢᠭ  ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.6% ᠨᠡᠮᠡᠭᠳᠡᠪᠡ︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 41.8 ᠳ᠋ᠦᠩᠰᠢᠭᠤᠷ ᠲᠥᠭᠦᠷᠢᠭ  ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4% ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠰᠤᠯᠠ ᠬᠤᠳᠠᠯᠳᠤᠭᠰᠠᠨ ᠶᠡᠷᠦᠩᠬᠡᠶ ᠲᠤᠭ᠎ᠠ 58.5 ᠳ᠋ᠦᠩᠰᠢᠭᠤᠷ ᠲᠥᠭᠦᠷᠢᠭ  ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7.5% ᠨᠡᠮᠡᠭᠳᠡᠪᠡ︔  ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 4.4 ᠳ᠋ᠦᠩᠰᠢᠭᠤᠷ ᠲᠥᠭᠦᠷᠢᠭ  ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10% ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠵᠠᠷᠤᠴᠠᠭᠤᠯᠵᠤ ᠪᠣᠯᠬᠤ ᠣᠷᠤᠯᠭ᠎ᠠ ᠬᠥᠮᠦᠨ  ᠪᠦᠷᠢ ᠲᠡᠭᠰᠢᠳᠭᠡᠭᠡᠳ ᠲᠤᠰᠪᠤᠷᠢ 30335 ᠲᠥᠭᠦᠷᠢᠭ ᠪᠠ 12513 ᠲᠥᠭᠦᠷᠢᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 7.2% ᠪᠠ 11.2% ᠨᠡᠮᠡᠭᠳᠡᠪᠡ᠃      ︵ᠨᠢᠭᠡ︶ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠯᠠᠪᠳᠠᠭᠤᠨ ᠪᠠᠲᠤᠲᠠᠶ ᠠᠬᠢᠭᠤᠯᠪᠠ     ︽ᠶᠠᠳᠠᠭᠤ ᠬᠦᠴᠢᠷᠳᠡᠯᠲᠡᠢ ᠬᠤᠰᠢᠭᠤ︾ ᠶᠢ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ  ᠠᠩᠭᠢᠵᠢᠷᠠᠭᠤᠯᠪᠠ᠃ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠪᠠᠷᠢᠮᠵᠢᠶ᠎ᠠ ᠶᠢ ᠪᠠᠷᠢᠮᠲᠠᠯᠠᠵᠤ᠂ ︽ᠠᠷᠪᠠᠨ ᠵᠦᠢᠯ ᠢ ᠦᠭᠡᠶᠢᠰᠭᠡᠬᠦ ᠶᠢ ᠪᠠᠷᠢᠮᠵᠢᠶ᠎ᠠ ᠳᠤ ᠬᠦᠷᠭᠡᠬᠦ︾ ﹇ᠲᠠᠶᠢᠯᠪᠤᠷᠢ1﹈ ᠶᠢᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠡᠷᠦᠬᠡ  ᠪᠠᠷ ᠨᠢᠭᠡᠴᠢ ᠪᠣᠯᠭᠠᠵᠤ᠂ ︽ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠰᠠᠶᠢᠵᠢᠷᠠᠭᠤᠯᠬᠤ︾᠂ ︽ᠶᠠᠳᠠᠭᠤ ᠠᠴᠠ ᠠᠩᠭᠢᠵᠢᠷᠠᠭᠤᠯᠬᠤ ᠮᠠᠯᠠᠭᠠᠶ ᠪᠠᠨ ᠠᠪᠴᠤ ᠬᠠᠶᠠᠬᠤ ᠲᠥᠪᠯᠡᠷᠡᠭᠦᠯᠦᠨ ᠰᠢᠪᠲᠤᠯᠤᠯᠲᠠ ᠬᠢᠬᠦ︾ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠡᠷᠬᠢᠨ ᠬᠠᠷᠠᠬᠤ︾ ᠶᠢ ᠦᠷᠭᠦᠯᠵᠢᠯᠡᠨ  ᠦᠷᠨᠢᠭᠦᠯᠪᠡ᠃ ᠰᠠᠯᠪᠤᠷᠢ ᠶᠢᠨ   ᠲᠦᠬᠦᠭᠡᠷᠦᠮᠵᠢᠲᠦ ᠲᠠᠷᠢᠶᠠᠯᠠᠩ ᠵᠡᠷᠭᠡ 15 ᠭᠠᠵᠠᠷ ᠤᠨ ᠬᠤᠰᠢᠭᠤᠨ ᠤ ᠲᠠᠰ ᠤᠨ ᠶᠠᠳᠠᠭᠤ ᠶᠢ ᠲᠡᠳᠬᠦᠬᠦ ᠠᠵᠤ  ᠦᠢᠯᠡᠰ ᠤᠨ ᠬᠦᠷᠢᠶᠡᠯᠡᠩ ᠢ ᠲᠡᠳᠬᠦᠨ ᠪᠤᠵᠠᠭᠠᠶᠢᠷᠠᠭᠤᠯᠵᠤ᠂ ᠶᠠᠳᠠᠭᠤ ᠶᠢ ᠲᠡᠳᠬᠦᠬᠦ ᠲᠥᠷᠥᠯ  ᠵᠦᠢᠯ ᠨᠢ ᠪᠣᠶ ᠪᠥᠬᠦᠶ ᠶᠠᠳᠠᠭᠤ ᠬᠦᠴᠢᠷᠳᠡᠯᠲᠡᠶ ᠬᠥᠮᠦᠨ ᠠᠮᠠ ᠶᠢ ᠬᠠᠮᠤᠷᠪᠠ᠃ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠠᠷᠭ᠎ᠠ ᠪᠠᠷᠢᠯ ᠢ ᠪᠥᠬᠦ ᠣᠷᠣᠨ ᠳᠤ  ᠳᠡᠯᠭᠡᠷᠡᠭᠦᠯᠪᠡ᠃ 4681 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ ᠰᠢᠨ ᠬᠤᠢ ᠪᠠᠯᠭᠠᠰᠤᠨ ᠤ  ᠭᠡᠭᠡᠨ ᠵᠣᠣ ᠵᠡᠷᠭᠡ 6 ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠲᠥᠪᠬᠢᠨᠡᠭᠦᠯᠬᠦ ᠣᠷᠣᠨ ᠳᠤ 791 ᠶᠠᠳᠠᠭᠤ ᠬᠦᠴᠢᠷᠳᠡᠯᠲᠡᠢ ᠡᠷᠦᠬᠡ ᠶᠢ ᠲᠥᠪᠬᠢᠨᠡᠭᠦᠯᠪᠡ᠃ ᠠᠮᠢ ᠠᠬᠤᠶ ᠪᠠᠷ ᠶᠠᠳᠠᠭᠤ ᠶᠢ ᠲᠡᠳᠬᠦᠭᠰᠡᠨ ᠠᠴᠠ 886 ᠶᠠᠳᠠᠭᠤ ᠬᠦᠴᠢᠷᠳᠡᠯᠲᠡᠶ ᠡᠷᠦᠬᠡ ᠶᠢ ᠲᠣᠭᠲᠠᠭᠤᠨ ᠠᠰᠢᠭ  ᠬᠥᠷᠲᠡᠭᠡᠪᠡ᠃ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠤᠤᠭᠤᠬᠤ  ᠤᠰᠤᠨ ᠤ ᠠᠮᠤᠷ ᠲᠦᠪᠰᠢᠨ ᠢ ᠶᠠᠳᠠᠭᠤ ᠶᠢ ᠲᠡᠳᠬᠦᠬᠦ ᠪᠠᠷᠢᠮᠵᠢᠶ᠎ᠠ ᠳᠤ  ᠬᠦᠷᠦᠭᠦᠯᠪᠡ᠃ ᠡᠳ᠋ ᠬᠥᠷᠥᠩᠭᠡ ᠶᠢᠨ ᠠᠰᠢᠭ ᠣᠷᠣᠯᠭ᠎ᠠ ᠶᠢ ᠬᠤᠶᠠᠳᠠᠬᠢ ᠤᠳᠠᠭ᠎ᠠ ᠬᠤᠪᠢᠶᠠᠷᠢᠯᠠᠬᠤ᠂ ᠬᠠᠶᠢᠷ᠎ᠠ ᠬᠠᠯᠠᠮᠵᠢ ᠶᠢᠨ ᠬᠡᠲᠦ ᠳᠡᠯᠭᠡᠭᠦᠷ ᠨᠢ ᠶᠠᠳᠠᠭᠤ ᠬᠦᠴᠢᠷᠳᠡᠯᠲᠡᠶ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠪᠡ᠃ ᠦᠨᠳᠦᠰᠦᠨ ᠵᠦᠢᠯ  ᠤᠨ ᠪᠠᠲᠤᠯᠠᠭ᠎ᠠ ᠨᠢ ᠪᠠᠲᠤᠯᠠᠪᠠᠰᠤ ᠵᠣᠬᠢᠬᠤ ᠶᠢ ᠪᠦᠬᠦᠨ ᠢ ᠪᠠᠲᠤᠯᠠᠵᠤ᠂ ᠪᠠᠲᠤᠯᠠᠪᠠᠰᠤ ᠵᠣᠬᠢᠬᠤ ᠶᠢ ᠪᠦᠬᠦᠨ ᠢ ᠪᠠᠲᠤᠯᠠᠬᠤ ᠶᠢ ᠪᠡᠶᠡᠯᠡᠭᠦᠯᠪᠡ᠃ ᠶᠠᠳᠠᠭᠤ ᠠᠴᠠ ᠠᠩᠭᠢᠵᠢᠷᠠᠭᠤᠯᠬᠤ  ᠪᠣᠭᠤᠮᠲᠠ ᠰᠢᠪᠲᠤᠯᠬᠤ ᠲᠣᠰᠬᠠᠢ  ᠲᠦᠷᠦᠯ ᠢ ᠰᠢᠢᠳᠪᠦᠷᠢᠯᠡᠬᠦ ᠲᠣᠭᠤᠷᠢᠨ ᠪᠠᠶᠢᠴᠠᠭᠠᠯᠲᠠ ᠪᠠ ᠬᠢᠨᠠᠨ ᠰᠢᠯᠭᠠᠷᠠᠭᠤᠯᠤᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠶᠡᠷᠦᠩᠬᠡᠶᠢᠯᠡᠨ ᠴᠡᠭᠴᠡᠯᠡᠨ ᠰᠠᠶᠢᠵᠢᠷᠠᠭᠤᠯᠤᠭᠰᠠᠨ  ᠨᠣᠷᠮ᠎ᠠ  98.3% ᠳᠤ ᠬᠦᠷᠪᠡ᠃ ᠶᠠᠳᠠᠭᠤ ᠶᠢ ᠲᠡᠳᠬᠦᠬᠦ ᠪᠡᠯᠡ ᠮᠥᠩᠭᠦ ᠶᠢ ᠨᠡᠶᠢᠲᠡ 6.85 ᠳ᠋ᠦᠩᠰᠢᠭᠤᠷ ᠲᠥᠭᠦᠷᠢᠭ ᠣᠷᠣᠭᠤᠯᠵᠤ᠂ ᠪᠦᠬᠦ ᠵᠢᠯ ᠳᠤ 10455 ᠬᠥᠮᠦᠨ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠵᠤ᠂ ᠶᠠᠳᠠᠭᠤᠷᠠᠯ ᠤᠨ ᠨᠣᠷᠮ᠎ᠠ ᠶᠢ 0.61% ᠪᠣᠯᠲᠠᠯ᠎ᠠ ᠪᠠᠭᠤᠷᠠᠭᠤᠯᠵᠤ᠂ ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠢ ᠪᠦᠬᠦᠨ ᠢ ᠶᠠᠳᠠᠭᠤ ᠬᠦᠴᠢᠷᠳᠡᠯᠲᠡᠢ ᠡᠩᠨᠡᠭᠡ ᠠᠴᠠ ᠭᠠᠷᠭᠠᠵᠠᠢ᠃ ᠭᠤᠴᠢ ᠭᠠᠷᠤᠶ ᠵᠢᠯ ᠤᠨ ᠤᠯᠤᠰ ᠤᠨ ᠲᠠᠰ ᠤᠨ ︽ᠶᠠᠳᠠᠭᠤ ᠬᠦᠴᠢᠷᠳᠡᠯᠲᠡᠶ ᠬᠤᠰᠢᠭᠤ︾ ᠶᠢᠨ ᠡᠩᠨᠡᠭᠡ ᠠᠴᠠ ᠭᠠᠷᠴᠤ᠂ ᠣᠶᠢᠷ᠎ᠠ ᠶᠢᠨ ᠵᠢᠯ ᠤᠳ ᠲᠤ ᠥᠪᠡᠷᠲᠡᠭᠡᠨ ᠵᠠᠰᠠᠬᠤ ᠣᠷᠣᠨ ᠤ ᠶᠡᠷᠦᠩᠬᠡᠶ ᠠᠩᠭᠢ᠂ ᠬᠤᠲᠠ  ᠶᠢᠨ ᠠᠬᠢᠭᠤᠯᠬᠤ ᠳᠤᠭᠤᠶᠢᠯᠠᠩ ᠤᠨ ᠪᠥᠬᠦ ᠰᠡᠳᠬᠢᠯ ᠢᠶᠠᠷ ᠢᠶᠠᠨ ᠵᠢᠯᠣᠭᠤᠳᠤᠭᠰᠠᠨ᠂ ᠲᠥᠪ ᠤᠨ ᠰᠢᠭᠤᠳ ᠬᠠᠷᠢᠶ᠎ᠠ ᠪᠠᠶᠢᠭᠤᠯᠭ᠎ᠠ᠂ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠤᠨ ᠰᠢᠰᠲ᠋ᠧᠮ ᠵᠢᠴᠢ ᠨᠡᠶᠢᠭᠡᠮ ᠤᠨ ᠬᠦᠴᠦᠨ ᠤ ᠬᠠᠪᠰᠤᠷᠤᠨ ᠲᠡᠳᠬᠦᠭᠰᠡᠨ ᠠᠴᠠ ᠪᠣᠯᠵᠣ᠂ 6600 ᠭᠠᠷᠤᠶ ᠬᠤᠰᠢᠭᠤ  ᠰᠢᠶᠠᠩ ᠲᠣᠰᠬᠤᠨ ᠤ ᠬᠠᠪᠰᠤᠷᠤᠨ ᠲᠡᠳᠬᠦᠬᠦ ᠺᠠᠳ᠋ᠷ᠂ ᠨᠢᠭᠡᠳᠦᠭᠡᠷ ᠱᠦᠵᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠨ  ᠠᠵᠢᠯᠯᠠᠪᠠ᠃      ᠠᠶᠤᠯ ᠲᠦᠭᠰᠢᠭᠦᠷᠢ ᠶᠢ ᠰᠡᠷᠭᠡᠶᠢᠯᠡᠨ ᠤᠷᠢᠳᠴᠢᠯᠠᠨ ᠲᠣᠭᠲᠠᠭᠠᠭᠰᠠᠨ ᠬᠠᠷᠠᠯᠲᠠ ᠪᠠᠨ  ᠪᠡᠶᠡᠯᠡᠭᠦᠯᠪᠡ᠃ ᠬᠦᠤ ᠮᠥᠩᠭᠦ ᠶᠢ ᠪᠠᠭᠤᠷᠠᠭᠤᠯᠬᠤ ᠪᠠᠷ ᠬᠡᠯᠡᠯᠴᠡᠭᠡ ᠬᠢᠬᠦ᠂ ᠰᠤᠯᠠ ᠪᠠᠶᠢᠭ᠎ᠠ ᠤᠯᠤᠰ ᠤᠨ ᠥᠮᠴᠢᠯᠡᠯ ᠤᠨ ᠡᠳ᠋  ᠬᠥᠷᠦᠩᠭᠡ‌‍ᠶᠢ  ᠰᠢᠢᠳᠪᠦᠷᠢᠯᠡᠬᠦ᠂ ᠠᠪᠴᠠᠭ᠎ᠠ ᠶᠢ ᠰᠣᠯᠢᠬᠤ᠂ ᠭᠠᠶᠢᠯᠢ ᠶᠢ ᠶᠡᠷᠦᠩᠬᠡᠶᠢᠯᠡᠨ ᠵᠠᠰᠠᠬᠤ ᠵᠡᠷᠭᠡ ᠠᠷᠭ᠎ᠠ  ᠮᠠᠶ᠋ᠢᠭ ᠢ ᠠᠪᠴᠤ ᠪᠠᠶᠢᠭᠠᠳ 6.69 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠠᠷᠢᠯᠭᠠᠪᠠ᠃  ᠳᠠᠭᠠᠭᠠᠴᠢᠯᠠᠭᠰᠠᠨ ᠬᠤᠳᠠᠯᠳᠤᠭᠠᠴᠢᠨ ᠤ ᠪᠠᠩᠬᠢ ᠶᠢᠨ ᠨᠠᠶᠢᠳᠠᠯᠭ᠎ᠠ ᠪᠠᠷ ᠬᠠᠮᠢᠶᠠᠷᠬᠤ ᠠᠵᠢᠯ ᠢ ᠲᠣᠬᠢᠲᠠᠶ  ᠰᠢᠢᠳᠪᠦᠷᠢᠯᠡᠪᠡ᠃ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ᠂ ᠢᠨᠲ᠋ᠧᠷ ᠰᠦᠯᠵᠢᠶᠡᠨ ᠤ ᠮᠥᠩᠭᠦᠨ  ᠭᠦᠢᠯᠭᠡᠭᠡ ᠵᠡᠷᠭᠡ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠠᠷᠠᠳ ᠤᠨ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ 4900 ᠲᠦᠮᠡᠨ ᠲᠥᠭᠦᠷᠢᠭ ᠤᠨ  ᠳᠠᠩᠰᠠ ᠵᠣᠭᠤᠰ ᠢ ᠢᠯᠭᠠᠷᠠᠭᠤᠯᠤᠨ ᠳᠢᠭᠯᠡᠪᠡ᠃ ᠰᠢᠰᠲ᠋ᠧᠮ ᠤᠨ ᠴᠢᠨᠠᠷᠲᠠᠶ ᠮᠥᠩᠬᠦᠨ ᠭᠦᠢᠯᠭᠡᠭᠡᠨ ᠤ ᠲᠦᠭᠰᠢᠭᠦᠷᠢ  ᠭᠠᠷᠬᠤ ᠶᠢ ᠰᠡᠷᠭᠡᠶᠢᠯᠡᠬᠦ  ᠢ ᠪᠠᠲᠤ ᠰᠠᠬᠢᠪᠠ᠃      ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠬᠥᠬᠡ ᠣᠭᠲᠠᠷᠭᠤᠶ᠂  ᠲᠤᠩᠭᠠᠯᠠᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠶ  ᠦᠷᠨᠢᠭᠦᠯᠪᠡ᠃ ᠦᠢᠯᠡᠳᠪᠦᠷᠢᠯᠡᠯ ᠤᠨ ᠠᠵᠤ ᠠᠬᠤᠶᠢᠯᠠᠯ ᠤᠨ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠶᠢ ᠴᠢᠩᠭ᠎ᠠ ᠬᠢᠵᠠᠭᠠᠷᠯᠠᠵᠤ᠂ 1000 ᠡᠷᠦᠬᠡ ᠰᠠᠭᠤᠭᠠᠯᠢ ᠠᠷᠠᠳ ᠤᠨ ᠨᠡᠭᠦᠷᠡᠰᠦ ᠰᠢᠲᠠᠭᠠᠬᠤ ᠵᠤᠤᠬ᠎ᠠ ᠶᠢᠨ ᠥᠭᠡᠷᠡᠴᠢᠯᠡᠯᠲᠡ ᠶᠢ  ᠪᠡᠶᠡᠯᠡᠭᠦᠯᠵᠦ᠂ ᠪᠦᠬᠦ ᠵᠢᠯ ᠤᠨ ᠣᠷᠴᠢᠨ ᠲᠣᠭᠤᠷᠢᠨ ᠤ ᠠᠭᠠᠷ ᠤᠨ ᠰᠢᠯᠢᠳᠡᠭ‌ᠡᠳᠦᠷ ᠤᠨ ᠲᠤᠭ᠎ᠠ 323 ᠡᠳᠦᠷ ᠲᠤ  ᠬᠦᠷᠪᠡ᠃ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ 5 ᠰᠢᠶᠠᠩ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠥᠷᠲᠡᠭᠡ ᠶᠢᠨ ᠭᠤᠤᠯ ᠴᠣᠭᠴᠠ ᠶᠢᠨ ᠪᠠᠷᠢᠯᠭ᠎ᠠ ᠳᠠᠭᠤᠰᠪᠠ᠃ ᠤᠰᠤᠨ ᠤ ᠪᠣᠬᠢᠷᠲᠤᠯ ᠤᠨ ᠡᠬᠢ ᠰᠤᠷᠪᠤᠯᠵᠢ ᠶᠢ ᠨᠡᠶᠢᠳᠡᠮ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠰᠢᠨ ᠬᠤᠢ ᠬᠤᠲᠠ ᠲᠣᠭᠤᠷᠢᠭ ᠤᠨ ᠪᠣᠬᠢᠷ ᠤᠰᠤ  ᠰᠢᠢᠳᠪᠦᠷᠢᠯᠡᠬᠦ  ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ᠂ ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠬᠤᠭᠤᠯᠠᠶ ᠶᠢᠨ ᠲᠣᠤᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠪᠡ᠃ ᠪᠦᠬᠦ ᠬᠤᠰᠢᠭᠤᠨ ᠤ ᠬᠢᠮᠢ ᠶᠢᠨ ᠪᠣᠷᠳᠣᠭᠤᠷ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠵᠤ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 75.8% ᠳᠤ  ᠬᠦᠷᠭᠡᠵᠦ᠂ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠠᠯᠠᠪᠠᠢ ᠶᠢᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠪᠠ᠃ ᠪᠦᠬᠦ ᠬᠤᠰᠢᠭᠤᠨ ᠤ 325 ᠨᠡᠷᠡᠰ ᠭᠤᠣᠯ ᠮᠥᠷᠡᠨ ᠤ ᠳᠠᠷᠤᠭ᠎ᠠ ᠰᠠᠨᠠᠭᠠᠴᠢᠯᠠᠭ᠎ᠠ ᠠᠴᠠ ᠪᠠᠨ ᠭᠤᠣᠯ ᠮᠥᠷᠡᠨ ᠢ ᠴᠠᠭᠳᠠᠵᠤ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠪᠡ᠃ 74 ᠠᠭᠤᠷᠬᠠᠢ ᠶᠢᠨ ᠠᠵᠤ ᠠᠬᠤᠶᠢᠯᠠᠯ ᠨᠢ ᠭᠠᠵᠠᠷ ᠰᠢᠨᠵᠢᠯᠡᠭᠡᠨ ᠤ ᠣᠷᠴᠢᠨ ᠲᠣᠭᠤᠷᠢᠨ  ᠢ ᠵᠠᠰᠠᠬᠤ ᠰᠢᠯᠭᠠᠯᠲᠠ ᠶᠢ ᠥᠩᠭᠡᠷᠡᠭᠡᠪᠡ᠃ ᠶᠢᠨ ᠲᠤᠤ ᠺᠣᠮᠫᠠᠨᠢ᠂ ᠵᠢᠶ ᠯᠦᠩ ᠠᠭᠤᠷᠬᠠᠶ ᠶᠢᠨ  ᠦᠢᠯᠡᠰ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠪᠡ᠃  ᠳᠡᠭᠡᠷ᠎ᠡ ᠭᠤᠷᠪᠠᠨ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ  ᠲᠣᠭᠤᠷᠢᠨ ᠪᠠᠶᠢᠴᠠᠭᠠᠯᠲᠠ ᠪᠣᠯᠤᠨ ᠬᠢᠨᠠᠨ ᠰᠢᠯᠭᠠᠷᠠᠭᠤᠯᠤᠯᠲᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠴᠠᠭ ᠤᠨ ᠳᠠᠷᠠᠭᠠᠯᠠᠯ ᠢᠶᠠᠷ  ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠭᠠᠨ ᠠᠪᠬᠤ ᠶᠢ ᠪᠠᠲᠤᠯᠠᠪᠠ᠃      ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠡᠮᠬᠢ ᠵᠢᠷᠤᠮ ᠲᠠᠢ ᠬᠡᠷᠡᠭᠵᠢᠭᠦᠯᠪᠡ     ᠨᠡᠶᠢᠲᠡᠯᠢᠭ ᠵᠢᠱᠢᠶ᠎ᠡ ᠦᠵᠡᠭᠦᠯᠬᠦ ᠦᠢᠯᠡᠳᠦᠯ ᠨᠢ ᠬᠥᠲᠥᠯᠥᠨ ᠳᠠᠭᠠᠭᠤᠯᠬᠤ  ᠦᠢᠯᠡᠳᠦᠯ ᠪᠠᠳᠠᠷᠠᠭᠤᠯᠪᠠ᠃ 33.5 ᠳ᠋ᠦᠩᠰᠢᠭᠤᠷ ᠲᠥᠭᠦᠷᠢᠭ ᠤᠨ ᠪᠡᠯᠡ  ᠵᠠᠷᠤᠴᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ 22 ᠰᠢᠨ᠎ᠡ ᠪᠠᠷ ᠪᠠᠶᠢᠭᠤᠯᠪᠠ᠃ ᠤᠯᠤᠰ ᠤᠨ ᠵᠠᠮ 111 ᠱᠤᠭᠤᠮ᠂ 305 ᠱᠤᠭᠤᠮ ᠪᠠ ᠮᠤᠵᠢ ᠶᠢᠨ ᠵᠠᠮ 210 ᠱᠤᠭᠤᠮ ᠤᠨ ᠳᠠᠭᠠᠤ  ᠵᠢᠱᠢᠶ᠎ᠡ ᠦᠵᠡᠭᠦᠯᠬᠦ ᠪᠦᠰᠡ ᠶᠢ ᠪᠠᠶᠢᠭᠤᠯᠪᠠ᠃ ᠰᠧ ᠵᠢᠶᠠ ᠽᠢ ᠪᠠᠯᠭᠠᠰᠤ᠂  ᠰᠠᠯᠪᠤᠷᠢ ᠰᠢᠶᠠᠩ ᠪᠣᠯᠤᠨ 27 ᠭᠠᠴᠠᠭ᠎ᠠ ᠲᠣᠰᠬᠤᠨ ᠢ ᠲᠤᠰ ᠲᠤᠰ ᠥᠪᠡᠷᠲᠡᠭᠡᠨ ᠵᠠᠰᠠᠬᠤ  ᠣᠷᠤᠨ ᠤ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠢ ᠡᠭᠦᠳᠦᠨ ᠪᠠᠶᠢᠭᠤᠯᠬᠤ ᠠᠵᠢᠯ ᠤᠨ ᠵᠢᠱᠢᠶ᠎ᠡ  ᠦᠵᠡᠭᠦᠯᠬᠦ ᠰᠢᠶᠠᠩ᠂ ᠵᠢᠱᠢᠶ᠎ᠡ ᠦᠵᠡᠭᠦᠯᠬᠦ ᠲᠣᠰᠬᠤᠨ ᠢᠶᠠᠷ ᠵᠢᠭᠰᠠᠭᠠᠪᠠ᠃     ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠪᠡ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠳᠤ ᠲᠦᠰᠢᠭᠯᠡᠵᠦ᠂ ᠤᠳᠤ ᠦᠶ᠎ᠡ ᠶᠢᠨ ᠲᠠᠷᠢᠶᠠᠯᠠᠩ ᠤᠨ ᠠᠵᠤ  ᠦᠢᠯᠡᠰ ᠤᠨ ᠰᠢᠰᠲ᠋ᠧᠮ᠂ ᠦᠢᠯᠡᠳᠪᠦᠷᠢᠯᠡᠯ ᠤᠨ ᠰᠢᠰᠲ᠋ᠧᠮ᠂ ᠡᠵᠡᠩᠨᠡᠯᠲᠡ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ  ᠠᠬᠢᠭᠤᠯᠪᠠ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠭᠦᠨᠵᠡᠭᠡᠶ ᠡᠳ᠋ᠰᠢᠭᠦᠯᠬᠦ᠂ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠵᠡᠷᠭᠡ ᠲᠥᠷᠥᠯ ᠵᠦᠢᠯ ᠳᠤ ᠲᠦᠰᠢᠭᠯᠡᠨ᠂ ᠠᠮᠢ ᠠᠬᠤᠶ ᠶᠢᠨ ᠲᠠᠷᠢᠶᠠᠯᠠᠩ᠂  ᠲᠦᠬᠦᠭᠡᠷᠦᠮᠵᠢᠲᠦ ᠲᠠᠷᠢᠶᠠᠯᠠᠩ᠂ ᠪᠡᠶᠡᠴᠢᠯᠡᠨ ᠣᠶᠢᠯᠠᠭᠠᠬᠤ ᠲᠠᠷᠢᠶᠠᠯᠠᠩ᠂ ᠵᠠᠬᠢᠶᠠᠯᠠᠨ  ᠦᠢᠯᠡᠳᠬᠦ ᠲᠠᠷᠢᠶᠠᠯᠠᠩ ᠢ  ᠬᠦᠭᠵᠢᠭᠦᠯᠵᠦ᠂ ᠲᠠᠷᠢᠶᠠᠴᠢᠨ ᠮᠠᠯᠴᠢᠳ ᠢ ᠳᠠᠶᠢᠴᠢᠯᠠᠨ ᠬᠥᠮᠦᠨ ᠪᠦᠷᠢ ᠳᠤ ᠳᠤᠮᠳᠠᠴᠢ ᠪᠠᠷ 500 ᠲᠥᠭᠦᠷᠢᠭ  ᠨᠡᠮᠡᠭᠳᠡᠭᠦᠯᠪᠡ᠃     ᠦᠩᠬᠡᠨ ᠲᠠᠯ᠎ᠠ ᠪᠠ ᠦᠨᠳᠦᠰᠦ ᠠᠴᠠ ᠨᠢ ᠵᠠᠰᠠᠵᠤ ᠠᠭᠤᠰᠤᠯᠴᠠᠭᠤᠯᠤᠨ ᠬᠠᠮᠲᠤᠪᠠᠷ ᠪᠠᠶᠢᠭᠤᠯᠬᠤ ᠶᠢ ᠠᠬᠢᠭᠤᠯᠪᠠ᠃ ᠵᠢᠱᠢᠶ᠎ᠡ ᠦᠵᠡᠭᠦᠯᠬᠦ ᠰᠢᠶᠠᠩ ᠪᠠᠯᠭᠠᠰᠤ᠂ ᠭᠠᠴᠠᠭ᠎ᠠ ᠲᠣᠰᠬᠤᠨ ᠤ  ᠰᠠᠭᠤᠭᠠᠯᠢ‌ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ  ᠪᠡᠶᠡᠯᠡᠭᠦᠯᠪᠡ᠃ ᠲᠣᠰᠬᠤᠨ ᠤ ᠳᠦᠷᠢ ᠲᠥᠷᠬᠦ ᠶᠢ ᠴᠡᠭᠴᠡᠯᠡᠨ ᠵᠠᠰᠠᠬᠤ ᠶᠢ ᠠᠬᠢᠭᠤᠯᠵᠤ᠂ 2710 ᠡᠷᠦᠬᠡ ᠶᠢᠨ ᠵᠣᠷᠯᠣᠩ ᠢ ᠥᠭᠡᠷᠡᠴᠢᠯᠡᠵᠦ᠂ 4.9 ᠲᠦᠮᠡᠨ ᠲᠣᠨ ᠠᠮᠢᠳᠤᠷᠠᠯ ᠤᠨ ᠬᠤᠭ ᠨᠣᠪᠰᠢ ᠶᠢ ᠴᠡᠪᠡᠷᠯᠡᠪᠡ᠃ 3  ᠭᠠᠵᠠᠷ ᠴᠢᠳᠠᠪᠤᠷᠢᠲᠠᠨ ᠬᠥᠮᠦᠵᠢᠭᠦᠯᠬᠦ ᠲᠥᠪ ᠢ ᠰᠢᠨ᠎ᠡ ᠪᠠᠷ ᠪᠠᠶᠢᠭᠤᠯᠵᠤ᠂ ᠲᠥᠷᠥᠯ ᠬᠤᠪᠢᠶᠠᠨ ᠳᠠᠪᠲᠠᠨ ᠪᠣᠯᠪᠠᠰᠤᠷᠠᠭᠤᠯᠬᠤ ᠶᠢ ᠬᠡᠷᠡᠭᠵᠢᠭᠦᠯᠪᠡ᠃ ︽ᠭᠤᠷᠪᠠ ᠶᠢ ᠵᠠᠰᠠᠬᠤ ᠶᠢ ᠠᠭᠤᠰᠤᠯᠴᠠᠭᠤᠯᠬᠤ︾ ﹇ᠲᠠᠶᠢᠯᠪᠤᠷᠢ2﹈ ᠶᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠪᠣᠯᠪᠠᠰᠤᠨ  ᠨᠣᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ  ᠬᠥᠮᠦᠵᠢᠭᠦᠯᠪᠡ᠃  ᠰᠠᠯᠪᠤᠷᠢ ᠰᠢᠶᠠᠩ ᠨᠢ ᠤᠯᠤᠰ ᠤᠨ ᠲᠠᠪᠤᠨ ᠶᠠᠮᠤᠨ ᠵᠥᠪᠯᠡᠯ ᠤᠨ ︽ᠪᠦᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ  ᠵᠢᠱᠢᠶ᠎ᠡ‌ᠦᠵᠡᠭᠦᠯᠬᠦ ᠰᠢᠶᠠᠩ ᠪᠠᠯᠭᠠᠰᠤ︾ ᠪᠠᠷ ᠦᠨᠡᠯᠡᠭᠳᠡᠪᠡ᠃      ︵ᠭᠤᠷᠪᠠ︶ ᠲᠠᠷᠢᠶᠠᠯᠠᠩ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠵᠡᠷᠭᠡᠪᠡᠷ ᠳᠡᠭᠡᠭᠰᠢᠯᠡᠪᠡ     ᠶᠡᠷᠦᠩᠬᠡᠶᠢᠯᠡᠭᠰᠡᠨ ᠦᠷ᠎ᠡ ᠠᠰᠢᠭ ᠠᠯᠬᠤᠮ ᠠᠯᠬᠤᠮ ᠢᠶᠠᠷ ᠳᠡᠭᠡᠭᠰᠢᠯᠡᠪᠡ᠃ 400 ᠲᠦᠮᠡᠨ ᠮᠦ ᠲᠠᠷᠢᠮᠠᠯ ᠲᠠᠷᠢᠵᠤ᠂ ᠪᠦᠬᠦ ᠵᠢᠯ ᠳᠤ 24.75 ᠳ᠋ᠦᠩᠰᠢᠭᠤᠷ ᠵᠢᠩ ᠠᠮᠤ ᠪᠤᠳᠠᠭ᠎ᠠ ᠦᠢᠯᠡᠳᠪᠦᠷᠢᠯᠡᠵᠦ᠂ ︽ᠠᠷᠪᠠᠨ ᠬᠤᠶᠠᠷ ᠵᠢᠯ ᠳᠠᠷᠠᠭᠠᠯᠠᠨ ᠡᠯᠪᠡᠭᠵᠢᠬᠦ︾ ᠶᠢ ᠪᠡᠶᠡᠯᠡᠭᠦᠯᠪᠡ᠃ ᠮᠠᠯᠵᠢᠯ ᠤᠨ ᠵᠢᠯ ᠤᠨ ᠭᠡᠷ ᠤᠨ ᠲᠡᠵᠢᠭᠡᠪᠦᠷᠢ ᠶᠢᠨ ᠲᠤᠭ᠎ᠠ ᠲᠣᠯᠣᠭᠠᠢ 301.5 ᠲᠦᠮᠡ ᠳᠤ ᠬᠦᠷᠴᠦ᠂ 353 ᠲᠦᠮᠡᠨ ᠲᠣᠯᠣᠭᠠᠢ ᠪᠣᠷᠤᠯᠠᠭᠤᠯᠪᠠ᠃ ᠲᠠᠷᠢᠶᠠᠯᠠᠩ ᠤᠨ ᠮᠠᠰᠢᠨ ᠤ ᠶᠡᠷᠦᠩᠬᠡᠢ ᠬᠥᠳᠡᠯᠭᠡᠬᠦ ᠬᠦᠴᠦᠨ 84.4 ᠲᠦᠮᠡᠨ ᠺᠢᠯᠣᠸᠠᠲ ᠲᠤ ᠬᠦᠷᠪᠡ᠃ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ 2400 ᠪᠤᠯᠵᠤ᠂ ᠡᠭᠦᠨ ᠤ ᠳᠣᠲᠣᠷ᠎ᠠ ᠬᠤᠳᠠ ᠶᠢᠨ  ᠳᠡᠰ ᠠᠴᠠ ᠳᠡᠭᠡᠭᠰᠢᠬᠢ ᠬᠤᠷᠰᠢᠶ᠎ᠠ 54 ᠪᠤᠯᠵᠤ᠂ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠦᠷᠬᠦᠴᠡ ᠶᠢᠨ ᠨᠤᠷᠮ᠎ᠠ 54.5% ᠳᠤ ᠬᠦᠷᠴᠡᠶ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠤᠬᠠᠶ ᠶᠢᠨ ᠭᠠᠵᠠᠷ ᠲᠤᠨᠢ ᠡᠳ᠋ᠰᠢᠭᠦᠯᠦᠨ  ᠬᠤᠪᠢᠷᠠᠭᠤᠯᠬᠤ ᠨᠣᠷᠮ᠎ᠠ 57.6% ᠳᠤ  ᠬᠦᠷᠪᠡ᠃      ᠠᠵᠤ ᠦᠢᠯᠡᠰ ᠤᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠪᠡ᠃ ᠲᠠᠷᠢᠮᠠᠯ ᠤᠨ  ᠦᠢᠯᠡᠰ ᠤᠨ ︽ᠬᠤᠶᠠᠷ ᠢ ᠪᠠᠭᠠᠰᠬᠠᠵᠤ ᠬᠤᠶᠠᠷ ᠢ ᠨᠡᠮᠡᠭᠳᠡᠭᠦᠯᠬᠦ︾ ﹇ᠲᠠᠶᠢᠯᠪᠤᠷᠢ3﹈ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠡᠷᠳᠡᠨᠢ ᠰᠢᠰᠢ᠂ ᠰᠢᠰᠢ ᠶᠢ 10 ᠲᠦᠮᠡᠨ ᠮᠦ ᠪᠠᠭᠠᠰᠬᠠᠨ᠂ ᠡᠯᠳᠡᠪ ᠠᠮᠤ  ᠪᠤᠷᠴᠠᠭ ᠢ ᠨᠡᠮᠡᠭᠳᠡᠭᠦᠯᠵᠦ᠂ ᠠᠵᠤ ᠠᠬᠤᠶ ᠶᠢᠨ ᠲᠠᠷᠢᠮᠠᠯ ᠢ 10 ᠲᠦᠮᠡᠨ ᠮᠦ  ᠨᠡᠮᠡᠭᠳᠡᠭᠦᠯᠪᠡ᠃ ᠲᠥᠬᠦᠭᠡᠷᠦᠮᠵᠢᠲᠦ ᠲᠠᠷᠢᠶᠠᠯᠠᠩ ᠢ 1.5 ᠲᠦᠮᠡᠨ ᠮᠦ ᠰᠢᠨ᠎ᠡ ᠪᠠᠷ ᠨᠡᠮᠡᠭᠳᠡᠭᠦᠯᠪᠡ᠃ ᠲᠡᠵᠢᠭᠡᠨ ᠦᠷᠡᠵᠢᠭᠦᠯᠬᠦ  ᠦᠢᠯᠡᠰ ᠤᠨ ︽ᠨᠢᠭᠡ ᠶᠢ ᠬᠠᠰᠤᠵᠤ ᠭᠤᠷᠪᠠ ᠶᠢ ᠨᠡᠮᠡᠭᠳᠡᠭᠦᠯᠬᠦ︾ ᠪᠠᠶᠢᠯᠳᠤᠬᠤ  ᠪᠣᠳᠤᠯᠭ᠎ᠠ﹇ᠲᠠᠶᠢᠯᠪᠤᠷᠢ4﹈ ᠶᠢ ᠬᠡᠷᠡᠭᠵᠢᠭᠦᠯᠵᠦ᠂ 20 ᠲᠦᠮᠡᠨ ᠣᠬᠤᠷ ᠰᠡᠭᠦᠯᠲᠦ ᠦᠯᠴᠢᠷ ᠬᠤᠨᠢ ᠶᠢ  ᠰᠢᠯᠢᠳᠡᠭᠵᠢᠭᠦᠯᠵᠦ᠂ 20 ᠲᠦᠮᠡᠨ ᠰᠢᠯᠢᠳᠡᠭ ᠮᠢᠬᠠᠨ ᠤ ᠬᠤᠨᠢ᠂ 10 ᠲᠦᠮᠡᠨ ᠭᠠᠭ᠋ᠠᠶ᠂ 1 ᠲᠦᠮᠡᠨ ᠡᠯᠵᠢᠭᠡ ᠨᠡᠮᠡᠭᠳᠡᠭᠦᠯᠪᠡ᠃ ᠣᠶ ᠰᠢᠭᠤᠶ ᠶᠢᠨ ᠠᠵᠤ  ᠦᠢᠯᠡᠰ ᠤᠨ ︽ᠨᠢᠭᠡ ᠶᠢ ᠪᠠᠭᠠᠰᠬᠠᠵᠤ ᠭᠤᠷᠪᠠ ᠶᠢ ᠨᠡᠮᠡᠭᠳᠡᠭᠦᠯᠵᠦ ᠬᠤᠶᠠᠷ ᠢ  ᠥᠭᠡᠷᠡᠴᠢᠯᠡᠬᠦ︾ ᠪᠠᠶᠢᠯᠳᠤᠬᠤ ᠪᠣᠳᠣᠯᠭ᠎ᠠ ﹇ᠲᠠᠶᠢᠯᠪᠤᠷᠢ5﹈ ᠶᠢ ᠬᠡᠷᠡᠭᠵᠢᠭᠦᠯᠵᠦ᠂ 6 ᠲᠦᠮᠡᠨ ᠮᠥ ᠮᠠᠭᠤᠳᠠᠭᠰᠠᠨ ᠣᠶ ᠰᠢᠭᠤᠶ ᠶᠢ ᠪᠠᠭᠠᠰᠬᠠᠨ᠂ 2.5 ᠲᠦᠮᠡᠨ ᠮᠥ ᠰᠧᠩᠳᠧᠩ ᠮᠣᠳᠤᠨ‌ᠵᠢᠮᠢᠰ᠂ 2 ᠲᠦᠮᠡᠨ ᠮᠥ ᠵᠢᠭᠠᠷᠲᠤ ᠨᠠᠷᠠᠰᠤ᠂ 0.5 ᠲᠦᠮᠡᠨ ᠮᠥ ᠵᠢᠮᠢᠰ ᠤᠨ ᠠᠵᠤ ᠠᠬᠤᠶ  ᠶᠢᠨ ᠣᠶ᠂ 0.5 ᠲᠦᠮᠡᠨ ᠮᠥ ᠠᠭᠤᠯᠠᠨ ᠬᠦᠢᠯᠡᠰᠦ ᠶᠢ ᠬᠠᠪᠲᠠᠭᠠᠶ ᠭᠦᠢᠯᠡᠰᠦ ᠪᠣᠯᠭᠠᠨ ᠥᠭᠡᠷᠡᠴᠢᠯᠡᠨ ᠵᠠᠯᠭᠠᠵᠤ᠂ 0.5 ᠲᠦᠮᠡᠨ ᠮᠥ  ᠴᠢᠴᠠᠷᠭᠠᠨ᠎ᠠ  ᠶᠢ ᠪᠤᠶᠢᠵᠢᠭᠤᠯᠤᠨ  ᠰᠠᠶᠢᠵᠢᠷᠠᠭᠤᠯᠪᠠ᠃     ᠨᠠᠷᠠᠲᠤ ᠲᠡᠮᠳᠡᠭᠲᠦ ᠶᠢᠨ  ᠦᠢᠯᠡᠳᠦᠯ ᠡᠳᠦᠷ ᠢᠷᠡᠬᠦᠶ᠎ᠡ ᠲᠣᠪᠤᠶᠢᠮ᠎ᠠ ᠪᠣᠯᠪᠠ᠃ ᠵᠢᠷᠭᠤᠳᠤᠭᠠᠷ ᠬᠤᠭᠤᠴᠠᠭᠠᠨ ᠤ ᠳᠡᠯᠡᠬᠡᠶ ᠶᠢᠨ ᠨᠠᠷᠢᠮᠤ ᠶᠢᠨ ᠡᠭᠦᠰᠦᠯ ᠬᠢᠭᠡᠳ ᠬᠥᠭᠵᠢᠯᠲᠡ ᠶᠢᠨ ᠬᠤᠷᠠᠯᠳᠤᠭᠠᠨ ᠢ ᠳᠠᠭᠠᠭᠠᠨ ᠡᠷᠬᠢᠯᠡᠪᠡ᠃ ︽ᠠᠤᠬᠠᠨ ᠨᠠᠷᠢᠮᠤ᠂ ᠳᠤᠮᠳᠠᠳᠤ ᠤᠯᠤᠰ ᠤᠨ ᠦᠨᠦᠷ ᠠᠮᠲᠠ ᠲᠠᠢ︾ ᠵᠠᠷ ᠮᠡᠳᠡᠭᠡ ᠲᠥᠪ ᠲᠧᠯᠸᠢᠰ ᠲᠤ  ᠨᠡᠪᠲᠡᠷᠡᠭᠦᠯᠪᠡ᠃ ᠠᠤᠬᠠᠨ ᠨᠠᠷᠢᠮᠤ ᠳᠤᠮᠳᠠᠳᠤ ᠤᠯᠤᠰ ᠤᠨ ᠲᠠᠷᠢᠶᠠᠯᠠᠩ ᠤᠨ ᠨᠠᠷᠠᠲᠤ ᠲᠡᠮᠳᠡᠭ ᠤᠨ ᠭᠠᠷᠴᠠᠭ ᠪᠠ ᠲᠥᠪ ᠲᠧᠯᠸᠢᠰ ᠤᠨ ︽ᠤᠯᠤᠰ ᠤᠨ ᠨᠠᠷᠠᠲᠤ ᠲᠡᠮᠳᠡᠭ ᠤᠨ ᠲᠥᠯᠥᠪᠯᠡᠭᠡ︾ ᠳᠤ ᠰᠣᠩᠭᠤᠭᠳᠠᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠪᠦᠲᠦᠭᠡᠭᠳᠡᠭᠦᠨ ᠤ ᠵᠠᠬ᠎ᠠ ᠳᠡᠯᠭᠡᠭᠦᠷ ᠤᠨ ᠨᠡᠶᠢᠭᠡᠮᠯᠢᠭ ᠤᠨ ᠦᠨᠡᠯᠡᠨ ᠵᠢᠱᠢᠭᠰᠡᠨ ᠥᠷᠲᠡᠭ ᠵᠠᠭᠤᠨ ᠳ᠋ᠦᠩᠰᠢᠭᠤᠷ  ᠲᠦᠭᠦᠷᠢᠭ ᠢ ᠳᠠᠪᠠᠵᠠᠶ᠃ ᠠᠤᠬᠠᠨ ᠨᠠᠷᠢᠮᠤ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠲᠠᠷᠢᠶᠠᠯᠠᠩ ᠤᠨ ᠪᠥᠸᠧ ᠤᠣ ᠳᠠᠬᠢ  ᠶᠠᠷᠢᠯᠴᠠᠭᠠᠨ ᠤ ᠲᠠᠪᠴᠠᠩ ᠳᠤ ︽ᠱᠧᠨ ᠨᠦᠩ ᠬᠤᠨᠳᠠᠭᠠᠲᠤ︾ ᠣᠨ ᠤ ᠨᠥᠯᠥᠭᠡᠯᠡᠬᠦ ᠬᠦᠴᠦᠨ ᠤ ᠲᠠᠷᠢᠶᠠᠯᠠᠩ ᠤᠨ  ᠪᠦᠲᠦᠭᠡᠭᠳᠡᠭᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠭᠥᠷᠳᠡᠪᠡ᠃ ᠮᠠᠨ ᠤ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ ︽ᠰᠠᠶᠢᠨ ᠠᠮᠤ ᠲᠣᠰᠣ︾ ᠶᠢᠨ ᠵᠢᠱᠢᠶ᠎ᠡ ᠦᠵᠡᠭᠦᠯᠬᠦ ᠬᠤᠰᠢᠭᠤ  ᠪᠠᠷ ᠦᠨᠡᠯᠡᠭᠳᠡᠵᠦ᠂ ᠲᠣᠰ ᠲᠣᠰ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠳᠤᠮᠳᠠᠳᠤ ᠤᠯᠤᠰ ᠤᠨ ᠣᠶ ᠰᠢᠭᠤᠶ ᠶᠢᠨ  ᠰᠢᠨᠵᠢᠯᠡᠬᠦ ᠤᠬᠠᠭᠠᠨ ᠤ ᠬᠦᠷᠢᠶᠡᠯᠡᠩ ᠢᠶᠠᠷ ᠥᠪᠥᠷ ᠮᠣᠩᠭᠤᠯ ᠣᠷᠣᠨ ᠤ ᠴᠣᠷ ᠤᠨ ᠭᠠᠭᠴᠠ ᠤᠯᠤᠰ ᠤᠨ ᠣᠷᠣᠨ ᠪᠦᠰᠡ ᠶᠢᠨ ᠴᠢᠨᠠᠷᠲᠠᠶ ᠡᠯᠳᠡᠪ ᠠᠮᠤ  ᠪᠤᠷᠴᠠᠭ ︵ᠠᠮᠤ ᠪᠤᠳᠠᠭ᠎ᠠ︶ ᠤᠨ ᠰᠠᠶᠢᠨ ᠡᠭᠦᠯᠳᠡᠷ ᠢ ᠤᠷᠭᠤᠭᠤᠯᠤᠨ ᠪᠣᠶᠢᠵᠢᠭᠤᠯᠬᠤ ᠰᠠᠭᠤᠷᠢᠨ ᠭᠠᠵᠠᠷ᠂ ᠲᠤᠷᠰᠢᠯᠲᠠ ᠬᠢᠵᠦ ᠳᠡᠯᠭᠡᠷᠡᠭᠦᠯᠬᠦ ᠰᠠᠭᠤᠷᠢᠨ ᠭᠠᠵᠠᠷ ᠲᠤ ᠵᠢᠭᠰᠠᠭᠠᠭᠳᠠᠪᠠ᠃  ᠪᠣᠭᠤᠲᠤ ᠶᠢᠨ ᠠᠮᠳᠠᠳᠤ ᠬᠡᠮᠬᠡ᠂ ᠠᠤᠬᠠᠨ ᠤ ᠴᠢᠴᠠᠷᠭᠠᠨ᠎ᠠ ᠨᠢ ᠤᠯᠤᠰ ᠤᠨ ᠭᠠᠵᠠᠷ ᠵᠦᠶ ᠶᠢᠨ ᠪᠡᠯᠭᠡ ᠳᠡᠮᠳᠡᠭ ᠤᠨ  ᠭᠡᠷᠡᠴᠢᠯᠡᠭᠰᠡᠨ ᠲᠠᠸᠠᠷ ᠤᠨ ᠲᠡᠮᠳᠡᠭ ᠢᠶᠠᠷ ᠵᠥᠪᠰᠢᠶᠡᠷᠡᠭᠳᠡᠵᠦ᠂ ︽ᠭᠤᠷᠪᠠᠨ ᠪᠦᠲᠦᠭᠡᠭᠳᠡᠬᠦᠨ ᠨᠢᠭᠡ  ᠲᠡᠮᠲᠡᠭᠲᠦ︾ ﹇ᠲᠠᠶᠢᠯᠪᠤᠷᠢ 6 ﹈  ᠦᠢᠯᠡᠳᠭᠦᠨ ᠨᠢ 97 ᠵᠦᠢᠯ ᠳᠤ ᠬᠦᠷᠴᠦ᠂ ᠪᠥᠬᠦ ᠬᠤᠲᠠ ᠳᠤ ᠲᠡᠷᠢᠭᠦᠯᠡᠪᠡ᠃ ᠰᠠᠭᠠᠯᠢ ᠶᠢᠨ ᠢᠮᠠᠭ᠎ᠠ᠂ ᠰᠠᠭᠠᠯᠢ ᠶᠢᠨ ᠬᠤᠨᠢᠨ ᠤ ᠦᠷ᠎ᠡ  ᠶᠢ ᠪᠤᠶᠢᠵᠢᠭᠤᠯᠬᠤ ᠢᠨᠵᠧᠨᠧᠷᠢᠩ ᠪᠠ ︽ᠠᠤᠬᠠᠨ ᠡᠯᠵᠢᠭᠡ︾᠂ ︽ᠣᠪᠣᠭᠠᠲᠤ ᠬᠤᠨᠢ︾ ᠶᠢᠨ ᠨᠡᠷᠡᠲᠦ ᠲᠡᠮᠳᠡᠭ ᠢ ᠡᠭᠦᠳᠦᠨ ᠪᠠᠶᠢᠭᠤᠯᠬᠤ ᠠᠵᠢᠯ ᠢ ᠬᠡᠷᠡᠭᠵᠢᠭᠦᠯᠪᠡ᠃      ︵ᠳᠥᠷᠪᠡ︶ ᠠᠵᠤ  ᠦᠢᠯᠡᠳᠪᠦᠷᠢ ᠶᠢᠨ ᠠᠵᠤ ᠠᠬᠤᠶ ᠲᠣᠭᠲᠠᠭᠤᠨ ᠢᠶᠠᠷ ᠰᠠᠶᠢᠵᠢᠷᠠᠪᠠ      ᠠᠵᠤ ᠠᠬᠤᠢ ᠶᠢᠨ ᠶᠡᠷᠦᠩᠬᠡᠢ ᠬᠡᠮᠵᠢᠶ᠎ᠡ ᠦᠷᠭᠦᠯᠵᠢᠯᠡᠨ ᠥᠷᠭᠡᠵᠢᠪᠡ᠃ ︽ᠠᠵᠤ  ᠦᠢᠯᠡᠳᠪᠦᠷᠢ ᠶᠢᠨ ᠳᠠᠬᠢᠨ ᠢᠶᠠᠷ ᠨᠡᠮᠡᠭᠳᠡᠬᠦ ᠠᠵᠢᠯᠯᠠᠭ᠎ᠠ︾ ᠶᠢ ᠡᠬᠢᠯᠡᠭᠦᠯᠵᠦ᠂ ᠠᠭᠤᠷᠬᠠᠢ ᠶᠢᠨ ᠦᠢᠯᠡᠰ ᠤᠨ ᠠᠵᠤ ᠠᠬᠤᠢ ᠶᠢᠨ ︽ᠬᠤᠶᠠᠳᠠᠬᠢ ᠤᠳᠠᠭᠠᠨ ᠤ ᠬᠥᠭᠵᠢᠯ ᠮᠠᠨᠳᠤᠯ︾ ᠢ ᠠᠬᠢᠭᠤᠯᠵᠤ᠂ 5000 ᠲᠦᠮᠡᠨ ᠲᠥᠭᠦᠷᠢᠭ ᠠᠴᠠ  ᠳᠡᠭᠡᠭᠰᠢᠬᠢ ᠠᠵᠤ  ᠦᠢᠯᠡᠳᠪᠦᠷᠢ ᠶᠢᠨ ᠲᠥᠷᠥᠯ ᠵᠦᠢᠯ ᠢ 15 ᠬᠡᠷᠡᠭᠵᠢᠭᠦᠯᠪᠡ᠃ ᠹᠦ᠋ ᠰᠢᠨ ᠶᠤᠸᠠᠨ ᠺᠣᠮᠫᠠᠨᠢ ᠨᠢ ᠪᠠᠶᠢᠯᠳᠤᠬᠤ ᠪᠣᠳᠣᠯᠭ᠎ᠠ ᠶᠢᠨ ᠳᠠᠬᠢᠨ ᠵᠣᠬᠢᠶᠠᠨ ᠪᠠᠶᠢᠭᠤᠯᠬᠤ ᠶᠢ ᠪᠡᠶᠡᠯᠡᠭᠦᠯᠵᠦ᠂ ᠶᠢᠨ ᠭᠸᠦ ᠲᠠᠷᠢᠶᠠᠯᠠᠩ ᠨᠢ ᠲᠠᠷᠢᠶᠠᠯᠠᠩ ᠤᠨ ᠠᠵᠤ  ᠦᠢᠯᠡᠰᠵᠢᠯᠡᠯᠲᠡ ᠶᠢᠨ ᠤᠯᠤᠰ ᠤᠨ ᠲᠠᠰ ᠤᠨ ᠭᠤᠤᠯᠳᠠᠯᠭ᠎ᠠ   ᠲᠠᠢ ᠬᠥᠲᠥᠴᠢ ᠠᠵᠤ ᠠᠬᠤᠶᠢᠯᠠᠯ ᠪᠣᠯᠵᠣ᠂  ᠠᠣᠬᠠᠨ ᠤ ᠴᠡᠴᠡᠭ ᠤᠨ ᠺᠣᠮᠫᠠᠨᠢ ᠳᠥᠷᠪᠡᠳᠦᠭᠡᠷ ᠪᠦᠯᠦᠭ ᠤᠨ ᠤᠯᠤᠰ ᠤᠨ ᠣᠶ ᠰᠢᠭᠤᠶ ᠶᠢᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠪᠣᠯᠪᠠ᠃ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ  ᠦᠢᠯᠡᠳᠭᠦᠨ ᠤ ᠥᠷᠲᠡᠭ 31.62 ᠳ᠋ᠦᠩᠰᠢᠭᠤᠷ ᠲᠥᠭᠦᠷᠢᠭ  ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.7% ᠪᠠᠷ ᠨᠡᠮᠡᠭᠳᠡᠪᠡ᠃      ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠲᠦᠷᠭᠡᠳᠬᠡᠪᠡ᠃ ᠠᠭᠤᠷᠬᠠᠶ ᠶᠢᠨ ᠦᠢᠯᠡᠰ ᠤᠨ ᠠᠵᠤ ᠠᠬᠤᠶᠢᠯᠠᠯ ᠤᠨ ᠠᠭᠤᠷᠬᠠᠶ ᠬᠠᠶᠢᠨ ᠰᠢᠨᠵᠢᠵᠦ ᠨᠥᠭᠡᠴᠡ ᠪᠠᠨ ᠨᠡᠮᠡᠭᠳᠡᠭᠦᠯᠬᠦ᠂ ᠮᠡᠷᠭᠡᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠳᠡᠮᠵᠢᠵᠦ᠂ ᠤᠯᠠᠮᠵᠢᠯᠠᠯᠲᠤ ᠠᠵᠤ  ᠦᠢᠯᠡᠰ ᠤᠨ ᠣᠷᠴᠢᠨ ᠲᠣᠭᠤᠷᠢᠨ ᠢ ᠬᠠᠮᠠᠭᠠᠯᠠᠬᠤ ᠮᠠᠶ᠋ᠢᠭ ᠤᠨ᠂ ᠤᠶᠤᠨᠴᠢᠯᠠᠭᠰᠠᠨ ᠥᠭᠡᠷᠡᠴᠢᠯᠡᠯᠲᠡ ᠬᠢᠬᠦ ᠶᠢ  ᠵᠣᠷᠢᠭᠵᠢᠭᠤᠯᠪᠠ᠃  ᠳ᠋ᠦᠩ ᠡᠸ᠋ ᠬᠠᠷ᠎ᠠ ᠡᠯᠵᠢᠭᠡᠨ ᠺᠣᠮᠫᠠᠨᠢ ᠶᠢᠨ ᠥᠨᠳᠥᠷ ᠦᠷ᠎ᠡ ᠠᠰᠢᠭᠲᠤ ᠦᠷᠡᠵᠢᠯ᠂ ᠶᠢᠨ ᠲᠤᠤ ᠺᠣᠮᠫᠠᠨᠢ ᠶᠢᠨ  ᠶᠡᠷᠥᠩᠬᠡᠶᠢᠯᠡᠭᠰᠡᠨ ᠬᠤᠷᠢᠶᠠᠵᠤ ᠠᠪᠬᠤ ᠤᠷ᠎ᠠ ᠮᠡᠷᠭᠡᠵᠢᠯ ᠵᠡᠷᠭᠡ ᠵᠠᠩᠭᠢᠯᠠᠭ᠎ᠠ ᠶᠢᠨ ᠮᠡᠷᠭᠡᠵᠢᠯ ᠢ ᠪᠥᠬᠦ ᠣᠷᠣᠨ ᠤ  ᠪᠣᠭᠤᠮᠲᠠ ᠰᠢᠪᠲᠤᠯᠬᠤ ᠲᠥᠯᠥᠪᠯᠡᠭᠡ ᠶᠢᠨ ᠲᠥᠷᠥᠯ ᠵᠦᠢᠯ ᠳᠤ ᠣᠷᠣᠭᠤᠯᠪᠠ᠃ ᠬᠡᠷᠡᠯ ᠸᠣᠯᠲ᠂ ᠰᠠᠯᠬᠢᠨ ᠬᠦᠴᠦᠨ ᠤ ᠴᠠᠬᠢᠯᠭᠠᠨ᠂ ᠮᠣᠩᠭᠤᠯ ᠬᠢᠲᠠᠳ ᠡᠮ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠠᠯᠬᠤᠮ ᠠᠯᠬᠤᠮ ᠢᠶᠠᠷ ᠪᠤᠵᠠᠭᠠᠶᠢᠷᠠᠵᠤ᠂ ᠠᠵᠤ  ᠦᠢᠯᠡᠳᠪᠦᠷᠢ ᠶᠢᠨ ᠠᠵᠤ ᠠᠬᠤᠶ ᠶᠢᠨ ᠪᠦᠲᠦᠴᠡ ᠵᠦᠶ ᠵᠣᠬᠢᠰᠲᠠᠶ ᠪᠣᠯᠬᠤ ᠬᠠᠨᠳᠤᠰᠢ ᠲᠠᠢ ᠪᠣᠯᠪᠠ᠃     ᠬᠥᠭᠵᠢᠯᠲᠡ ᠶᠢᠨ ᠲᠠᠪᠴᠠᠩ ᠨᠠᠩ ᠪᠠᠲᠤ ᠪᠠᠬᠢ ᠪᠣᠯᠪᠠ᠃ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠪᠡ ᠪᠠ ᠠᠵᠤ ᠦᠢᠯᠡᠰ ᠤᠨ ᠲᠥᠯᠥᠪᠵᠢᠭᠦᠯᠪᠡ ᠶᠢ ᠬᠤᠲᠠ ᠶᠢᠨ ᠵᠠᠰᠠᠭ ᠤᠨ ᠣᠷᠳᠣᠨ ᠠᠴᠠ ᠴᠣᠬᠤᠯᠠᠪᠤᠷᠢᠯᠠᠨ ᠬᠠᠷᠢᠭᠤᠯᠪᠠ᠃ 6.67 ᠲᠦᠮᠡᠨ ᠲᠡᠭᠰᠢ ᠳᠥᠷᠪᠡᠯᠵᠢᠨ  ᠮᠧᠲᠷ ᠪᠠᠷᠢᠮᠵᠢᠶᠠᠵᠢᠭᠰᠠᠨ  ᠦᠢᠯᠡᠳᠪᠦᠷᠢ ᠶᠢᠨ ᠭᠡᠷ ᠪᠠᠶᠢᠰᠢᠩ ᠢ ᠰᠢᠨ᠎ᠡ ᠪᠠᠷ  ᠪᠠᠶᠢᠭᠤᠯᠵᠤ  ᠂ 4 ᠲᠦᠮᠡᠨ ᠲᠡᠭᠰᠢ ᠳᠥᠷᠪᠡᠯᠵᠢᠨ  ᠮᠧᠲᠷ ᠰᠤᠯᠠ ᠪᠠᠶᠢᠭ᠎ᠠ ᠦᠢᠯᠡᠳᠪᠦᠷᠢ ᠶᠢᠨ ᠭᠡᠷ ᠪᠠᠶᠢᠰᠢᠩ ᠢ  ᠠᠮᠢᠯᠠᠭᠤᠯᠪᠠ᠃ 11 ︽ᠬᠤᠭᠤᠰᠣᠨ ᠠᠵᠤ ᠠᠬᠤᠶᠢᠯᠠᠯ︾ ᠢ ᠴᠡᠪᠡᠷᠯᠡᠨ᠂ 8 ᠠᠵᠤ ᠠᠬᠤᠶᠢᠯᠠᠯ ᠰᠢᠨ᠎ᠡ ᠪᠠᠷ ᠨᠡᠮᠡᠭᠳᠡᠪᠡ᠃ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠬᠤᠷᠢᠶᠠᠨ ᠴᠤᠭᠯᠠᠭᠤᠯᠬᠤ ᠪᠠ ᠳᠤᠮᠳᠠ ᠤᠰᠤ ᠶᠢ ᠠᠰᠢᠭᠯᠠᠬᠤ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠠᠬᠤᠶᠢᠯᠠᠯ ᠤᠨ  ᠦᠢᠯᠡᠳᠭᠦᠨ ᠤ ᠥᠷᠲᠡᠭ 22.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 37.5% ᠪᠠᠷ ᠨᠡᠮᠡᠭᠳᠡᠪᠡ᠃      ︵ᠲᠠᠪᠤ︶ ᠭᠤᠷᠪᠠᠳᠤᠭᠠᠷ ᠠᠵᠤ  ᠦᠢᠯᠡᠰ  ᠤᠨ ᠬᠡᠯᠪᠡᠷᠢ ᠶᠢ ᠬᠤᠪᠢᠷᠠᠭᠤᠯᠤᠨ ᠲᠡᠰ  ᠳᠡᠪᠰᠢᠭᠦᠯᠪᠡ      ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠵᠡᠷᠭᠡᠪᠡᠷ ᠬᠥᠭᠵᠢᠪᠡ᠃ ᠳᠤᠮᠳᠠᠳᠤ ᠤᠯᠤᠰ ᠤᠨ ᠨᠠᠷᠢᠮᠤ ᠪᠤᠳᠠᠭᠠᠨ ᠤ ᠮᠦᠽᠧᠶ᠂ ᠥᠪᠥᠷ ᠮᠣᠩᠭᠤᠯ ᠤᠨ ᠪᠠᠯᠠᠷ ᠡᠷᠲᠡᠨ ᠤ ᠰᠣᠶᠣᠯ ᠤᠨ ᠮᠦᠽᠧᠶ᠂ ᠪᠡᠶ᠎ᠡ ᠶᠢᠨ ᠲᠠᠮᠢᠷ ᠤᠨ ᠴᠡᠴᠡᠷᠯᠢᠭ᠂ ᠯᠦᠩ ᠶᠤᠸᠠᠨ ᠬᠡᠦ ᠨᠠᠭᠤᠷ ᠤᠨ ᠠᠭᠤᠳᠠᠮ ᠲᠠᠯᠠᠪᠠᠢ ᠶᠢᠨ ᠭᠤᠤᠯ ᠴᠣᠭᠴᠠ ᠶᠢᠨ ᠢᠵᠧᠨᠧᠷᠢᠩ ᠢ ᠪᠠᠷᠢᠵᠤ ᠳᠠᠭᠤᠰᠬᠠᠪᠠ᠃ ᠠᠤᠬᠠᠨ ᠤ ᠲᠡᠤᠬᠡᠨ ᠠᠴᠠ ᠡᠮᠦᠨᠡᠬᠢ ᠣᠳᠣᠨ ᠣᠷᠣᠨ ᠬᠢᠭᠡᠳ ᠲᠠᠷᠢᠶᠠᠯᠠᠩ ᠤᠨ ᠪᠣᠯᠪᠠᠰᠤᠨ ᠤ ᠬᠠᠭᠤᠴᠢ ᠰᠤᠳᠤᠯᠤᠯ ᠤᠨ ᠲᠥᠷᠥᠯ ᠵᠦᠢᠯ ᠢ ᠡᠬᠢᠯᠡᠭᠦᠯᠵᠦ᠂ ᠰᠢᠩ ᠯᠦᠩ ᠸᠠ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠡᠮᠦᠨᠡᠬᠢ ᠬᠤᠭᠤᠴᠠᠭᠠᠨ ᠤ ᠠᠵᠢᠯ ᠢ ᠬᠡᠷᠡᠭᠵᠢᠭᠦᠯᠪᠡ᠃ ᠠᠩᠬᠠᠳᠤᠭᠠᠷ ᠬᠤᠭᠤᠴᠠᠭᠠᠨ ᠤ ᠳ᠋ᠢᠩ ᠰᠢᠶᠠᠩ ᠬᠤᠸᠠ ᠵᠢᠭᠤᠯᠴᠢᠯᠠᠯ ᠤᠨ ᠪᠠᠶᠠᠷ ᠪᠠ ᠬᠤᠶᠠᠳᠤᠭᠠᠷ ᠬᠤᠭᠤᠴᠠᠭᠠᠨ ᠤ  ᠭᠦᠢᠯᠡᠰᠦᠨ ᠬᠤᠸᠠᠷ ᠤᠨ ᠵᠢᠭᠤᠯᠴᠢᠯᠠᠯ ᠤᠨ ᠪᠠᠶᠠᠷ ᠢ ᠡᠷᠬᠢᠯᠡᠪᠡ᠃ ᠣᠷᠤᠨ ᠬᠤᠲᠠ ᠶᠢᠨ ᠪᠡᠶ᠎ᠡ ᠶᠢᠨ ᠲᠠᠮᠢᠷ ᠤᠨ ᠱᠠᠩᠨᠠᠯᠲᠤ  ᠰᠤᠭᠤᠯᠠᠭ᠎ᠠ ᠶᠢᠨ ᠪᠡᠶ᠎ᠡ ᠶᠢᠨ ᠲᠠᠮᠢᠷ ᠤᠨ ᠴᠤᠭᠯᠠᠭᠠᠨ᠂ ᠣᠯᠠᠨ ᠤᠯᠤᠰ ᠤᠨ  ᠥᠪᠡᠷᠲᠡᠭᠡᠨ  ᠬᠤᠯᠪᠤᠭᠠᠯᠠᠭᠰᠠᠨ ᠵᠢᠵᠢᠭ ᠬᠦᠷᠳᠦᠲᠦ ᠲᠡᠷᠭᠡᠨ ᠤ  ᠮᠦᠷᠦᠶᠢᠴᠡᠭᠡᠨ᠂ ᠠᠤᠬᠠᠨ ᠤ 100 ᠬᠤᠯᠠ ᠭᠦᠶᠦᠬᠦ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠤᠷᠤᠯᠳᠤᠭᠠᠨ ᠢ ᠳᠠᠭᠠᠭᠠᠴᠢᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠵᠢᠵᠢᠭ ᠬᠦᠷᠳᠦᠲᠦ ᠲᠡᠷᠭᠡᠨ ᠤ ᠬᠤᠷᠳᠤᠴᠠ ᠮᠥᠷᠦ᠋ᠢᠴᠡᠬᠦ ᠠᠵᠢᠯ ᠮᠡᠷᠭᠡᠵᠢᠯ ᠤᠨ ᠠᠩᠭᠢ ᠶᠢ ᠵᠣᠬᠢᠶᠠᠨ ᠪᠠᠶᠢᠭᠤᠯᠬᠤ ᠠᠵᠢᠯ ᠢ ᠡᠬᠢᠯᠡᠭᠦᠯᠪᠡ᠃ ᠣᠳᠣ ᠦᠶ᠎ᠡ ᠶᠢᠨ ᠫᠢᠩᠵᠢᠦᠶ ᠵᠦᠴᠦᠭᠡ ︽ᠨᠤᠷ᠎ᠠ ᠡᠯᠡᠰᠦ ᠶᠢᠨ ᠨᠣᠮᠢᠨ ᠰᠦᠨᠡᠰᠦ︾ ᠶᠢ ᠪᠡᠭᠡᠵᠢᠩ ᠤᠨ ᠦᠨᠳᠦᠰᠦᠲᠡᠨ ᠤ ᠰᠣᠶᠣᠯ ᠤᠨ ᠣᠷᠳᠣᠨ ᠤ ᠲᠢᠶᠠᠲᠷ ᠲᠤ ᠨᠡᠶᠢᠰᠯᠡᠯ ᠤᠨ ᠣᠯᠠᠨ ᠲᠦᠮᠡᠨ ᠤ ᠲᠣᠭᠯᠠᠯᠲᠠ ᠳᠤ ᠲᠣᠭᠯᠠᠵᠤ᠂ ︽ ᠨᠠᠷᠢᠮᠤ ᠶᠢᠨ ᠲᠣᠬᠠᠢ ᠨᠠᠢᠮᠠᠨ ᠮᠢᠩᠭᠠᠨ ᠣᠨ︾  ᠤ ᠲᠤᠰᠬᠠᠶ ᠰᠡᠳᠦᠪᠲᠦ ᠹᠢᠯᠢᠮ ᠢ ᠰᠡᠭᠦᠳᠡᠷᠯᠡᠵᠦ᠂ ︽ ᠨᠤᠷ᠎ᠠ ᠡᠯᠡᠰᠦ ᠶᠢᠨ ᠨᠣᠮᠢᠨ  ᠰᠦᠨᠡᠰᠦ︾ ︽ ᠨᠤᠭᠤᠨᠵᠠᠶᠠᠭ᠎ᠠ︾ ᠺᠢᠨᠣ᠋ ᠶᠢ ᠰᠡᠭᠦᠳᠡᠷᠯᠡᠵᠡᠶ᠃ 1.07 ᠲᠦᠮᠡᠨ ᠡᠷᠦᠬᠡ ᠳᠤ ᠤᠲᠠᠰᠤᠲᠤ ᠲᠣᠭᠠᠴᠢᠯᠠᠭᠰᠠᠨ ᠲᠧᠯᠸᠢᠰ ᠬᠡᠷᠡᠭᠯᠡᠭᠴᠢ ᠶᠢ ᠬᠥᠭᠵᠢᠭᠦᠯᠵᠦ᠂ ᠪᠦᠬᠦ ᠵᠢᠯ ᠳᠤ 2736 ᠲᠠᠯᠠᠪᠠᠢ ᠨᠡᠶᠢᠲᠡ ᠶᠢᠨ ᠠᠰᠠᠷᠠᠮᠵᠢ ᠶᠢᠨ ᠺᠢᠨᠣ᠋ ᠭᠠᠷᠭᠠᠵᠤ᠂ 196 ᠲᠠᠯᠠᠪᠠᠢ ᠡᠯ᠎ᠡ ᠲᠥᠷᠥᠯ ᠤᠨ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ ᠥᠷᠨᠢᠭᠦᠯᠪᠡ᠃      ᠡᠯᠧᠺᠲᠷᠣᠨ ᠬᠤᠳᠠᠯᠳᠤᠭᠠᠨ ᠤ ᠡᠳ᠋ ᠪᠠᠷᠠᠭᠠᠨ ᠤ  ᠭᠦᠢᠯᠭᠡᠭᠡ ᠶᠢᠨ ᠪᠠᠶᠢᠳᠠᠯ ᠬᠦᠴᠦᠲᠡᠶ ᠪᠠᠶᠢᠨ᠎ᠠ᠃ ᠮᠠᠨ ᠤ ᠬᠤᠰᠢᠭᠤ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠲᠠᠰ ᠳᠡᠪᠰᠢᠭᠰᠡᠨ ᠵᠢᠱᠢᠶ᠎ᠡ ᠦᠵᠡᠭᠦᠯᠬᠦ ᠰᠢᠶᠠᠨ ᠳᠤ ᠵᠥᠪᠰᠢᠶᠡᠷᠡᠨ᠂ ᠪᠥᠬᠦ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠵᠢᠴᠢ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠪᠣᠯᠪᠠᠰᠤᠷᠠᠭᠤᠯᠤᠯ ᠤᠨ ᠬᠤᠷᠠᠯ ᠢ ᠳᠠᠭᠠᠭᠠᠴᠢᠯᠠᠨ ᠡᠷᠭᠢᠯᠡᠪᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ  ᠦᠢᠯᠡᠰ ᠤᠨ ᠬᠦᠷᠢᠶᠡᠯᠡᠩ 560 ᠠᠵᠤ ᠠᠬᠤᠶᠢᠯᠠᠯ ᠰᠠᠭᠤᠷᠢᠰᠢᠵᠤ᠂ 206 ᠡᠯᠧᠺᠲᠷᠣᠨ ᠬᠤᠳᠠᠯᠳᠤᠭᠠᠨ ᠤ ᠶᠠᠪᠤᠳᠠᠯ ᠤᠨ  ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ ᠂ ᠺᠠᠩ ᠵᠢᠶᠠ ᠳ᠋ᠢᠶᠠᠨ ᠲᠣᠰᠬᠤᠨ ᠢᠶᠠᠷ ᠵᠠᠭᠪᠤᠷ ᠪᠣᠯᠭᠠᠨ ᠪᠢᠴᠢᠯ ᠬᠤᠳᠠᠯᠳᠤᠭᠠᠨ ᠤ ᠲᠣᠰᠬᠤᠨ ᠢ ᠪᠠᠶᠢᠭᠤᠯᠵᠤ᠂ ᠪᠥᠬᠦ ᠵᠢᠯ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠣᠷᠣᠯᠠᠭᠤᠯᠤᠯᠲᠠ 17.56 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33% ᠨᠡᠮᠡᠭᠳᠡᠪᠡ᠃ ᠪᠣᠳᠠᠰ ᠤᠨ ᠭᠦᠢᠯᠭᠡᠭᠡᠨ ᠤ ᠬᠦᠷᠢᠶᠡᠯᠡᠩ ᠲᠣᠭᠤᠷᠢᠭ ᠲᠤ 46 ᠠᠵᠤ ᠠᠬᠤᠶᠢᠯᠠᠯ ᠰᠠᠭᠤᠷᠢᠰᠢᠵᠤ᠂ ᠪᠣᠷᠣᠯᠠᠭᠤᠯᠭ᠎ᠠ ᠶᠢᠨ ᠣᠷᠣᠯᠭ᠎ᠠ ᠶᠢ 7.1 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠪᠣᠳᠠᠰ ᠤᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠠᠵᠢᠯ ᠢ 100% ᠶᠢᠨ ᠰᠢᠶᠠᠩ ᠪᠠᠯᠭᠠᠰᠤ᠂ 91% ᠶᠢᠨ ᠵᠠᠰᠠᠭ ᠵᠠᠬᠢᠷᠭᠠᠨ ᠤ ᠲᠣᠰᠬᠤᠨ ᠳᠤ  ᠪᠦᠷᠬᠦᠭᠦᠯᠪᠡ᠃     ᠮᠥᠩᠭᠦᠨ ᠭᠦᠢᠯᠭᠡᠭᠡᠨ ᠤ ᠳᠠᠭᠠᠳᠬᠠᠯ ᠬᠦᠴᠦᠲᠡᠶ ᠪᠣᠯᠪᠠ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠦᠯᠡᠳᠡᠪᠦᠷᠢ 159.9  ᠳ᠋ᠦᠩᠰᠢᠭᠤᠷ ᠲᠥᠭᠦᠷᠢᠭ᠂ ᠵᠢᠭᠡᠯᠡᠯᠭᠡ ᠶᠢᠨ ᠦᠯᠡᠳᠡᠪᠦᠷᠢ 89.9 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ  ᠤ ᠠᠴᠠ ᠲᠣᠰ ᠲᠣᠰ 10.3% ᠪᠠ 8.1% ᠪᠠᠷ ᠨᠡᠮᠡᠭᠳᠡᠵᠦ᠂ ᠬᠠᠳᠠᠭᠠᠯᠠᠮᠵᠢ ᠪᠠ ᠵᠢᠭᠡᠯᠡᠯᠭᠡ ᠶᠢᠨ ᠬᠠᠷᠢᠴᠠᠯ 56.5% ᠪᠣᠯᠤᠨ ᠰᠢᠯᠢᠳᠡᠭᠵᠢᠪᠡ᠃ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠬᠤᠯᠪᠣᠭᠠᠲᠤ ᠬᠤᠷᠰᠢᠶ᠎ᠠ ᠶᠢ ᠥᠭᠡᠷᠡᠴᠢᠯᠡᠬᠦ ᠬᠥᠳᠡᠭᠡ  ᠲᠣᠰᠬᠤᠨ ᠤ ᠬᠤᠳᠠᠯᠳᠤᠭᠠᠨ ᠤ ᠪᠠᠩᠬᠢ ᠶᠢ ᠪᠡᠯᠡᠳᠬᠡᠨ ᠪᠠᠶᠢᠭᠤᠯᠬᠤ ᠠᠵᠢᠯ ᠢ ᠪᠡᠶᠡᠯᠡᠭᠦᠯᠪᠡ᠃ ᠡᠯ᠎ᠡ ᠲᠥᠷᠥᠯ ᠤᠨ ᠳᠠᠭᠠᠳᠬᠠᠯ ᠤᠨ ᠪᠠᠶᠢᠭᠤᠯᠤᠮᠵᠢ ᠶᠢᠨ ᠣᠷᠣᠯᠭ᠎ᠠ 1.9 ᠳ᠋ᠦᠩᠰᠢᠭᠤᠷ ᠲᠥᠭᠦᠷᠢᠭ ᠲᠤ ᠬᠦᠷᠴᠦ᠂ ᠲᠦᠯᠦᠪᠦᠷᠢ ᠥᠭᠬᠦ ᠵᠠᠷᠤᠯᠭ᠎ᠠ 0.4 ᠳ᠋ᠦᠩᠰᠢᠭᠤᠷ ᠲᠥᠭᠦᠷᠢᠭ ᠲᠤ ᠬᠦᠷᠪᠡ᠃  ᠠ ᠯᠢ ᠪᠠ ᠪᠠ ᠰᠢᠷᠭᠤᠯᠵᠢᠨ ᠮᠥᠩᠬᠦᠨ ᠭᠦᠢᠯᠭᠡᠭᠡᠨ ᠤ ᠦᠢᠯᠡᠴᠢᠯᠡᠭᠡ ᠶᠢᠨ ᠲᠥᠷᠥᠯ  ᠵᠦᠢᠯ ﹇ᠲᠠᠶᠢᠯᠪᠤᠷᠢ 7﹈ 4.8 ᠲᠦᠮᠡᠨ ᠬᠥᠮᠦᠨ ᠤᠳᠠᠭ᠎ᠠ ᠳᠤ 3 ᠳ᠋ᠦᠩᠰᠢᠭᠤᠷ  ᠲᠦᠭᠦᠷᠢᠭ ᠤᠨ ᠢᠲᠡᠭᠡᠮᠵᠢ ᠣᠯᠭᠤᠪᠠ᠃      ︵ᠵᠢᠷᠭᠤᠭ᠎ᠠ︶ ᠪᠡᠯᠡ ᠣᠷᠣᠭᠤᠯᠤᠯᠲᠠ ᠶᠢᠨ ᠳᠠᠶᠢᠴᠢᠯᠠᠯᠲᠠ ᠶᠢᠨ ᠦᠢᠯᠡᠳᠦᠯ ᠴᠢᠩᠭᠠᠷᠠᠪᠠ     ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠪᠡ᠃ 1000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 108 ᠬᠡᠷᠡᠭᠵᠢᠭᠦᠯᠵᠦ᠂ 44.8 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ 1.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠮᠧᠶ ᠮᠧᠶ ᠰᠢᠨᠵᠢᠯᠡᠬᠦ ᠤᠬᠠᠭᠠᠨ ᠮᠡᠷᠭᠡᠵᠢᠯ ᠤᠨ ᠲᠦᠮᠡᠨ ᠮᠤ᠋  ᠲᠥᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ᠂ 1.6 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠭᠰᠠᠨ ᠪᠸᠢ ᠯᠠᠩ ᠵᠦᠩ ᠡᠭᠦᠯᠳᠡᠷ ᠤᠨ ᠭᠠᠭ᠋ᠠᠢ ᠶᠢ ᠠᠵᠤ ᠦᠢᠯᠡᠰᠵᠢᠭᠦᠯᠬᠦ ᠪᠠ 9 ᠳ᠋ᠦᠩᠰᠢᠭᠤᠷ ᠲᠥᠭᠦᠷᠢᠭ ᠤᠨ ᠪᠡᠯᠡ  ᠣᠷᠤᠭᠤᠯᠤᠭᠰᠠᠨ ᠬᠦᠢ ᠯᠢᠦ ᠮᠠᠯ ᠠᠵᠤ ᠠᠬᠤᠢ ᠶᠢᠨ ᠨᠤᠭᠤᠰᠤ ᠶᠢᠨ ᠠᠵᠤ ᠦᠢᠯᠡᠰᠵᠢᠭᠦᠯᠬᠦ ᠲᠥᠷᠥᠯ ᠵᠦᠢᠯ ᠢ ᠯᠠᠪᠳᠠᠭᠤᠨ ᠪᠠᠲᠤᠲᠠᠢ ᠠᠬᠢᠭᠤᠯᠵᠤ᠂ 4.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠶᠢᠨ ᠬᠤᠢ ᠸᠠᠨ ᠵᠢᠶᠠ ᠬᠤᠲᠠ ᠶᠢᠨ ᠶᠡᠷᠦᠩᠬᠡᠶᠢᠯᠡᠭᠰᠡᠨ ᠴᠣᠭᠴᠠ ᠶᠢᠨ ᠭᠤᠣᠯ ᠴᠣᠭᠴᠠ ᠶᠢᠨ ᠪᠠᠷᠢᠯᠭ᠎ᠠ ᠳᠠᠭᠤᠰᠴᠤ᠂ 31.4 ᠰᠠᠶ᠎ᠠ ᠸᠠᠲ ᠭᠡᠷᠡᠯ ᠸᠣᠯᠲ ᠢᠶᠠᠷ ᠶᠠᠳᠠᠭᠤ ᠶᠢ ᠲᠡᠳᠬᠦᠬᠦ ᠲᠣᠰᠬᠤᠨ ᠤ ᠳᠡᠰ ᠤᠨ ᠴᠠᠬᠢᠯᠭᠠᠨ  ᠥᠷᠲᠡᠭᠡᠨ ᠤ ᠲᠣᠣᠷ  ᠨᠡᠶᠢᠯᠡᠭᠦᠯᠦᠨ ᠴᠠᠬᠢᠯᠭᠠᠨ ᠭᠠᠷᠭᠠᠪᠠ᠃     ᠠᠷᠠᠯᠵᠢᠶᠠᠴᠢᠨ ᠤᠷᠢᠵᠤ ᠪᠡᠯᠡ ᠣᠷᠤᠭᠤᠯᠬᠤ ᠨᠢ ᠬᠥᠭᠵᠢᠯᠲᠡ ᠶᠢᠨ ᠠᠴᠢᠶᠠᠯᠠᠪᠤᠷᠢ ᠶᠢ ᠥᠷᠭᠡᠳᠭᠡᠪᠡ᠃ 66 ᠬᠤᠳᠠᠯᠳᠤᠭᠠᠴᠢᠨ ᠤᠷᠢᠬᠤ ᠬᠠᠷᠢᠭᠤᠴᠠᠯᠭᠠᠲᠤ ᠰᠠᠯᠠᠭ᠎ᠠ ᠮᠥᠴᠢᠷ᠂ 4 ᠬᠤᠳᠠᠯᠳᠤᠭᠠᠴᠢᠨ ᠤᠷᠢᠬᠤ ᠬᠤᠪᠢᠶᠠᠷᠢ ᠪᠠᠭ᠎ᠠ ᠠᠩᠭᠢ ᠪᠡᠭᠡᠵᠢᠩ ᠲᠢᠶᠠᠨᠵᠢᠨ  ᠡᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠪᠠ ᠪᠥᠬᠦ ᠤᠯᠤᠰ ᠤᠨ ᠱᠠᠨ ᠰᠢ ᠶᠢᠨ ᠬᠤᠳᠠᠯᠳᠤᠭᠠᠴᠢᠨ ᠵᠡᠷᠭᠡ ᠶᠢ ᠰᠠᠨᠠᠭᠠᠴᠢᠯᠠᠭ᠎ᠠ ᠠᠴᠠ ᠪᠠᠨ ᠬᠤᠳᠠᠯᠳᠤᠭᠠᠴᠢᠨ ᠤᠷᠢᠪᠠ᠃ ᠠᠤᠬᠠᠨ ᠬᠤᠰᠢᠭᠤᠨ ᠤ ᠪᠡᠭᠡᠵᠢᠩ ᠤᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ  ᠶᠠᠷᠢᠯᠴᠠᠬᠤ ᠬᠤᠷᠠᠯ᠂ ᠬᠤᠶᠠᠳᠤᠭᠠᠷ ᠬᠤᠭᠤᠴᠠᠭᠠᠨ ᠤ ︽ ᠤᠯᠠᠭᠠᠨᠬᠠᠳᠠ ᠨᠤᠲᠤᠭᠲᠠᠢ ᠰᠣᠳᠤᠨᠴᠤᠳ ᠤᠨ ᠴᠤᠭᠯᠠᠭᠠᠨ ︾ ᠵᠡᠷᠭᠡ ᠠᠵᠢᠯᠯᠠᠭ᠎ᠠ ᠶᠢ ᠡᠷᠬᠢᠯᠡᠪᠡ᠃ ᠪᠦᠬᠦ ᠵᠢᠯ ᠳᠤ 58 ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠬᠡᠷᠡᠭᠵᠢᠭᠦᠯᠵᠦ᠂ 35.8 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠪᠠ᠃     ᠳᠡᠭᠡᠳᠦ ᠱᠠᠲᠤᠨ ᠤ ᠪᠠᠯᠠ ᠣᠷᠣᠭᠤᠯᠤᠯᠲᠠ ᠨᠢ ᠬᠥᠭᠵᠢᠯᠲᠡ ᠳᠤ ᠲᠤᠯᠭᠠᠭᠤᠷᠢᠯᠠᠯ  ᠬᠠᠩᠭᠠᠪᠠ᠃ ᠪᠥᠬᠦ ᠵᠢᠯ ᠳᠤ ᠡᠯ᠎ᠡ ᠲᠥᠷᠥᠯ ᠤᠨ ᠰᠢᠯᠵᠢᠭᠦᠯᠦᠨ ᠥᠭᠬᠦ ᠪᠠᠯᠠ ᠮᠥᠩᠭᠦ ᠶᠢ 23.8 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠠᠳᠠᠯᠢ ᠬᠤᠭᠤᠴᠠᠭᠠᠨ ᠤ ᠬᠢ ᠠᠴᠠ 2.2%  ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 52.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ  ᠬᠤᠭᠤᠴᠠᠭᠠᠨ ᠤ ᠬᠢ ᠠᠴᠠ 15% ᠨᠡᠮᠡᠭᠳᠡᠵᠦ᠂ ᠶᠡᠷᠦᠩᠬᠡᠶ ᠬᠡᠮᠵᠢᠶ᠎ᠡ ᠪᠠ ᠨᠡᠮᠡᠭᠳᠡᠯ ᠤᠨ ᠬᠤᠷᠳᠤᠴᠠ ᠨᠢ ᠴᠥᠮ ᠪᠥᠬᠦ ᠬᠤᠲᠠ  ᠳᠤ  ᠲᠡᠷᠢᠭᠦᠯᠡᠪᠡ᠃      ︵ᠲᠤᠯᠤᠭ᠎ᠠ︶ ᠬᠤᠳᠠ ᠬᠥᠳᠡᠭᠡ ᠶᠢᠨ ᠳᠦᠷᠰᠦ ᠪᠠᠶᠢᠳᠠᠯ ᠦᠷᠭᠦᠯᠵᠢᠯᠡᠨ ᠰᠠᠶᠢᠵᠢᠷᠠᠪᠠ      ᠲᠥᠯᠥᠪᠵᠢᠭᠦᠯᠭᠡ ᠶᠢᠨ ᠬᠠᠮᠤᠷᠬᠤ ᠬᠡᠪᠴᠢᠶ᠎ᠡ ᠲᠠᠰᠤᠷᠠᠯᠲᠠ ᠦᠭᠡᠢ ᠥᠷᠭᠡᠵᠢᠪᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠪᠡ᠃ 8 ᠵᠦᠢᠯ ᠤᠨ ᠲᠤᠰᠬᠠᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠪᠠ᠃ ᠬᠤᠲᠠ ᠬᠥᠳᠡᠭᠡ ᠶᠢᠨ ᠶᠡᠷᠦᠩᠬᠡᠶ ᠲᠥᠯᠥᠪᠵᠢᠭᠦᠯᠪᠡ ᠪᠣᠯᠤᠨ ᠰᠢᠶᠠᠩ ᠪᠠᠯᠭᠠᠰᠤ ᠶᠢᠨ ᠬᠤᠶᠠᠳᠤᠭᠠᠷ ᠡᠭᠡᠯᠵᠢ ᠶᠢᠨ ᠶᠡᠷᠥᠩᠬᠡᠢ ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ ᠨᠠᠶᠢᠷᠠᠭᠤᠯᠬᠤ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ ᠰᠢᠶᠠᠩ ᠪᠠᠯᠭᠠᠰᠤᠨ ᠤ  ᠪᠠᠶᠢᠭ᠎ᠠ ᠭᠠᠵᠠᠷ ᠤᠨ ᠶᠡᠷᠦᠩᠬᠡᠢ ᠲᠥᠯᠥᠪᠵᠢᠭᠦᠯᠭᠡ ᠶᠢ ᠪᠦᠬᠦᠨ ᠢ ᠪᠦᠷᠬᠦᠭᠦᠯᠪᠡ᠃     ᠬᠤᠲᠠ ᠬᠥᠳᠡᠭᠡ ᠶᠢᠨ ᠴᠢᠳᠠᠮᠵᠢᠲᠤ ᠴᠢᠨᠠᠷ ᠡᠳᠦᠷ ᠢᠷᠡᠬᠦᠶ᠎ᠡ  ᠲᠡᠭᠦᠯᠳᠡᠷᠵᠢᠪᠡ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ 8.34 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ  ᠪᠡᠶᠡᠯᠡᠭᠦᠯᠪᠡ᠃ ᠰᠢᠨ ᠬᠤᠢ ᠬᠤᠲᠠ ᠲᠣᠭᠤᠷᠢᠭ ᠤᠨ ᠵᠠᠮ ᠤᠨ ᠬᠥᠭᠦᠷᠭᠡ᠂ ᠨᠣᠭᠤᠭᠠᠷᠠᠭᠤᠯᠤᠯᠲᠠ ᠶᠢᠨ ᠰᠢᠷᠢᠰ ᠢᠨᠵᠧᠨᠧᠷᠢᠩ ﹇ᠲᠠᠶᠢᠯᠪᠤᠷᠢ8﹈ ᠢ  ᠬᠡᠷᠡᠭᠵᠢᠭᠦᠯᠵᠦ᠂ ᠪᠠᠶᠢᠭᠠᠯᠢ ᠶᠢᠨ ᠰᠢᠲᠠᠮᠠᠬᠠᠢ ᠬᠡᠢ᠂ ᠢᠯᠴᠢ ᠬᠠᠩᠭᠠᠬᠤ᠂ ᠤᠰᠤ ᠬᠠᠩᠭᠠᠬᠤ ᠬᠤᠭᠤᠯᠠᠢ ᠶᠢᠨ ᠲᠣᠣᠷ 19.5  ᠺᠢᠯᠦᠮᠧᠲᠷ ᠪᠠᠶᠢᠭᠤᠯᠵᠤ  ᠂ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠤᠭᠰᠠᠨ ᠢᠯᠴᠢ ᠰᠣᠯᠢᠬᠤ ᠥᠷᠲᠡᠭᠡ 3 ᠪᠤᠢ᠃ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢ 68.6 ᠲᠦᠮᠡᠨ ᠲᠡᠭᠰᠢ ᠳᠥᠷᠪᠡᠯᠵᠢᠨ ᠮᠧᠲᠷ ᠨᠡᠭᠡᠭᠡᠨ  ᠬᠦᠭᠵᠢᠭᠦᠯᠪᠡ᠃ 260 ᠢᠵᠢ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠪᠡᠶᠡᠯᠡᠭᠦᠯᠪᠡ᠃ ᠵᠢᠵᠢᠭ ᠬᠤᠲᠠ  ᠪᠠᠯᠭᠠᠰᠤᠨ ᠳᠤ 720 ᠵᠤᠷᠪᠤᠰ ᠵᠠᠮ ᠤᠨ ᠳ᠋ᠧᠩ ᠤᠭᠰᠠᠷᠠᠵᠤ᠂ 24 ᠺᠢᠯᠣᠮᠧᠲᠷ ᠵᠠᠮ  ᠢ ᠬᠠᠲᠠᠭᠤᠷᠠᠭᠤᠯᠵᠤ᠂ 132.3 ᠺᠢᠯᠣᠮᠧᠲᠷ ᠤᠰᠤ ᠬᠠᠩᠭᠠᠬᠤ ᠬᠤᠭᠤᠯᠠᠶ ᠶᠢᠨ ᠲᠣᠤᠷ ᠢ ᠰᠢᠨ᠎ᠡ ᠪᠠᠷ ᠥᠭᠡᠷᠡᠴᠢᠯᠡᠨ ᠪᠠᠶᠢᠭᠤᠯᠪᠠ᠃ ᠪᠦᠬᠦ ᠬᠤᠰᠢᠭᠤᠨ ᠤ ᠬᠤᠲᠠ ᠪᠠᠯᠭᠠᠰᠤᠵᠢᠯᠲᠠ ᠶᠢᠨ ᠨᠣᠷᠮ᠎ᠠ 44.3% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.7 ᠵᠠᠭᠤᠨ ᠤ ᠨᠢᠭᠡᠴᠢ ᠨᠡᠮᠡᠭᠳᠡᠪᠡ᠃     ᠬᠠᠮᠢᠶᠠᠷᠤᠯᠲᠠ ᠶᠢᠨ  ᠨᠠᠷᠢᠯᠢᠭ ᠤᠨ ᠬᠡᠮᠵᠢᠶ᠎ᠡ ᠶᠢ ᠠᠯᠬᠤᠮ ᠠᠯᠬᠤᠮ ᠢᠶᠠᠷ  ᠳᠡᠭᠡᠭᠰᠢᠯᠡᠪᠡ᠃ ᠬᠤᠳᠠ ᠬᠥᠳᠡᠭᠡ ᠶᠢᠨ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠤᠳᠠ ᠶᠢᠨ ᠳᠦᠷᠰᠦ ᠪᠠᠶᠢᠳᠠᠯ ᠤᠨ ᠬᠠᠮᠢᠶᠠᠷᠤᠯᠲᠠ ᠶᠢ ᠴᠢᠩᠭᠠᠷᠠᠭᠤᠯᠪᠠ᠃ ᠠᠳᠠᠯ ᠠᠬᠤᠶ ᠶᠢᠨ ᠲᠣᠪᠤᠶᠢᠮ᠎ᠠ ᠠᠰᠠᠭᠤᠳᠠᠯ ᠢ ᠲᠤᠰᠬᠠᠶᠢᠯᠠᠨ ᠵᠠᠰᠠᠵᠤ᠂ ᠠᠳᠠᠯ ᠠᠬᠤᠶ ᠶᠢᠨ ᠦᠢᠯᠡᠴᠢᠯᠡᠭᠡᠨ ᠤ ᠬᠢᠷᠢ ᠲᠦᠪᠰᠢᠨ ᠢ ᠡᠮᠬᠢ ᠵᠢᠷᠤᠮ ᠲᠠᠢ ᠳᠡᠭᠡᠭᠰᠢᠯᠡᠭᠦᠯᠪᠡ᠃ ᠬᠠᠤᠯᠢ ᠶᠢ ᠵᠥᠷᠢᠴᠡᠨ ᠲᠡᠷᠭᠡ‌ᠵᠣᠭᠰᠤᠭᠠᠬᠤ ᠶᠢ ᠴᠡᠭᠴᠡᠯᠡᠨ ᠵᠠᠰᠠᠬᠤ ᠡᠷᠴᠢᠮ  ᠢᠶᠠᠨ ᠴᠢᠩᠭᠠᠷᠠᠭᠤᠯᠪᠠ᠃ ᠳᠤᠷ᠎ᠠ ᠪᠠᠷ ᠢᠶᠠᠨ ᠪᠠᠶᠢᠭᠤᠯᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ ᠬᠤᠳᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠺᠣᠮᠢᠰ ᠢ ᠪᠠᠶᠢᠭᠤᠯᠵᠤ᠂ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠨᠢ ᠬᠤᠳᠠ ᠬᠥᠳᠡᠭᠡ ᠶᠢ ᠨᠢᠭᠡ ᠴᠤᠭᠴᠠᠵᠢᠭᠤᠯᠬᠤ ᠶᠢ ᠪᠡᠶᠡᠯᠡᠭᠦᠯᠪᠡ᠃      ︵ᠨᠠᠢᠮᠠ︶ ᠰᠠᠭᠤᠷᠢ ᠪᠠᠲᠤᠯᠠᠭ᠎ᠠ ᠨᠠᠩ ᠬᠦᠴᠦᠲᠡᠶ ᠪᠣᠯᠪᠠ      ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠦᠷᠭᠦᠯᠵᠢᠯᠡᠨ ᠪᠠᠬᠢᠵᠢᠪᠡ᠃ 13.5 ᠲᠦᠮᠡᠨ ᠮᠦ ᠣᠶᠢᠵᠢᠭᠤᠯᠤᠯᠲᠠ ᠶᠢ ᠪᠡᠶᠡᠯᠡᠭᠦᠯᠪᠡ᠃ ᠤᠯᠤᠰ ᠤᠨ ᠪᠠ ᠮᠤᠵᠢ ᠶᠢᠨ ᠨᠡᠪᠲᠡᠷᠡᠬᠦ ᠵᠠᠮ ᠢ 8000 ᠮᠦ ᠨᠣᠭᠤᠭᠠᠷᠠᠭᠤᠯᠵᠤ᠂ ᠲᠦᠮᠡᠨ ᠮᠦ ᠠᠮᠢ ᠠᠬᠤᠶ ᠶᠢᠨ  ᠦᠵᠡᠮᠵᠢ ᠶᠢᠨ ᠶᠡᠷᠦᠩᠬᠡᠶ ᠴᠣᠭᠴᠠ ᠶᠢ 1200 ᠮᠦ ᠣᠶᠢᠵᠢᠭᠤᠯᠵᠤ᠂ ᠰᠢᠷᠭᠤᠯᠵᠢᠨ ᠤᠢ  ﹇ᠲᠠᠶᠢᠯᠪᠤᠷᠢ 9﹈ ᠳᠤᠮᠳᠠᠳᠤ ᠤᠯᠤᠰ ᠤᠨ ᠶᠠᠳᠠᠭᠤ ᠶᠢ ᠲᠡᠳᠬᠦᠬᠦ ᠰᠠᠭᠤᠷᠢ ᠮᠥᠩᠭᠦᠨ ᠤ ᠨᠡᠶᠢᠭᠡᠮᠯᠢᠭ ᠤᠨ ᠴᠢᠴᠠᠷᠭᠠᠨ᠎ᠠ ᠶᠢ 5391 ᠮᠦ ᠣᠶᠢᠵᠢᠭᠤᠯᠪᠠ᠃ ᠬᠥᠮᠦᠨ ᠤ ᠬᠦᠴᠦ ᠪᠠᠷ 6 ᠲᠦᠮᠡᠨ ᠮᠦ ᠡᠪᠡᠰᠦ  ᠲᠠᠷᠢᠪᠠ᠃      ᠡᠬᠢ ᠪᠠᠶᠠᠯᠢᠭ ᠤᠨ ᠬᠠᠮᠢᠶᠠᠷᠤᠯᠲᠠ ᠡᠵᠡᠮᠰᠢᠯ ᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠣᠯᠭᠠᠪᠠ᠃ 2 ᠲᠦᠮᠡᠨ ᠮᠦ ᠭᠠᠵᠠᠷ ᠰᠢᠷᠣᠶ ᠶᠢ ᠴᠡᠭᠴᠡᠯᠡᠨ ᠵᠠᠰᠠᠬᠤ ᠶᠢ ᠪᠡᠶᠡᠯᠡᠭᠦᠯᠪᠡ᠃ ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠵᠤ ᠲᠠᠩᠰᠠᠯᠠᠨ ᠦᠨᠡᠮᠯᠡᠯ ᠣᠯᠭᠤᠬᠤ ᠨᠤᠷᠮ᠎ᠠ ᠶᠢ 95.4% ᠳᠤ ᠬᠦᠷᠭᠡᠪᠡ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ  ᠬᠤᠯᠪᠤᠭᠳᠠᠭᠰᠠᠨ ᠭᠦᠢᠴᠡᠳᠭᠡᠯ ᠲᠤᠭ᠎ᠠ ᠶᠢᠨ ᠠᠷᠠᠯᠵᠢᠶ᠎ᠠ ᠰᠢᠪᠲᠤᠯᠤᠯᠲᠠ ᠲᠠᠢ ᠪᠣᠯᠵᠤ᠂ 445 ᠮᠦ ᠠᠷᠠᠯᠵᠢᠶ᠎ᠠ ᠶᠢ  ᠪᠡᠶᠡᠯᠡᠭᠦᠯᠵᠦ᠂ 4500 ᠲᠦᠮᠡᠨ ᠲᠥᠭᠦᠷᠢᠭ ᠤᠨ ᠣᠷᠣᠯᠭ᠎ᠠ ᠶᠢ ᠪᠡᠶᠡᠯᠡᠭᠦᠯᠪᠡ᠃ ︽ ᠶᠡᠭᠡ ᠰᠠᠷᠠᠪᠴᠢᠨ ᠭᠡᠷ︾ ᠢ ᠴᠡᠪᠡᠷᠯᠡᠨ ᠴᠡᠭᠴᠡᠯᠡᠪᠡ᠂ ︽ᠣᠷᠣᠨ ᠰᠠᠭᠤᠴᠠ ᠬᠡᠯᠪᠡᠷᠢ︾  ᠶᠢᠨ ᠪᠤᠯᠠᠰᠢᠨ ᠭᠠᠵᠠᠷ ᠢ ᠴᠡᠪᠡᠷᠯᠡᠨ  ᠪᠠᠶᠢᠴᠠᠭᠠᠵᠤ᠂ ᠱᠠᠰᠢᠨ ᠰᠤᠷᠲᠠᠬᠤᠨ ᠳᠤ ᠬᠡᠷᠡᠭᠯᠡᠬᠦ ᠭᠠᠵᠠᠷ᠂ ᠬᠠᠤᠯᠢ ᠪᠤᠰᠤ ᠪᠠᠷ ᠵᠤᠰᠠᠯᠠᠩ ᠪᠠᠷᠢᠬᠤ ᠠᠰᠠᠭᠤᠳᠠᠯ ᠢ ᠴᠡᠪᠡᠷᠯᠡᠨ ᠴᠡᠭᠴᠡᠯᠡᠵᠦ᠂ 51 ᠬᠤᠪᠢ ᠬᠠᠤᠯᠢ ᠪᠤᠰᠤ ᠪᠠᠷ ᠭᠠᠵᠠᠷ ᠬᠡᠷᠡᠭᠯᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠪᠡ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠬᠡᠬᠦ ᠲᠤᠭ᠎ᠠ ᠶᠢ 2600 ᠮᠦ  ᠴᠢᠷᠮᠠᠶᠢᠨ  ᠣᠯᠵᠤ᠂ ᠭᠤᠣᠯᠳᠠᠯᠭ᠎ᠠ ᠲᠠᠢ ᠲᠥᠷᠥᠯ ᠵᠦᠢᠯ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠪᠠ᠃     ᠵᠠᠮ ᠲᠡᠭᠡᠭᠡᠪᠦᠷᠢ ᠡᠳᠦᠷ ᠢᠷᠡᠬᠦᠶ᠎ᠡ ᠰᠠᠭᠠᠳ ᠦᠭᠡᠢ ᠨᠡᠪᠲᠡᠷᠡᠪᠡ᠃ ᠤᠯᠤᠰ  ᠤᠨ ᠲᠡᠰ ᠤᠨ ᠵᠠᠰᠠᠮᠠᠯ ᠵᠠᠮ 305 ᠱᠣᠭᠤᠮ ᠤᠨ ᠮᠠᠨᠢᠬᠠᠨ ᠠᠴᠠ ᠢᠦᠢ ᠲᠢᠶᠠᠨ ᠭᠤᠤ ᠬᠦᠷᠬᠦ ᠬᠡᠰᠡᠭ᠂ ᠮᠤᠵᠢ ᠶᠢᠨ ᠳᠡᠰ ᠤᠨ ᠵᠠᠮ 210 ᠱᠤᠭᠤᠮ ᠤᠨ ᠭᠤᠷᠣᠬᠠᠨ ᠠᠴᠠ ᠶᠠᠩ ᠴᠠᠩ ᠬᠦᠷᠬᠦ ᠬᠡᠰᠡᠭ ᠤᠨ ᠬᠤᠶᠠᠳᠤᠭᠠᠷ ᠲᠡᠰ ᠤᠨ ᠵᠠᠰᠠᠮᠠᠯ ᠵᠠᠮ ᠪᠠ ᠰᠢᠨ ᠬᠤᠢ ᠶᠡᠭᠡ ᠬᠥᠭᠦᠷᠭᠡ ᠶᠢ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠪᠡ᠃ ᠪᠥᠬᠦ ᠬᠤᠰᠢᠭᠤᠨ ᠤ ᠪᠠᠶᠢᠭᠠᠯᠢᠯᠢᠭ ᠲᠣᠰᠬᠤᠨ ᠳᠤ ᠴᠠᠷᠳᠠᠮᠠᠯ ᠵᠠᠮ ᠨᠡᠪᠲᠡᠷᠡᠭᠦᠯᠦᠭᠰᠡᠨ ᠨᠣᠷᠮ᠎ᠠ 77.8% ᠳᠤ ᠬᠦᠷᠴᠦ᠂ ᠲᠣᠰᠬᠤᠨ ᠤ ᠳᠤᠭᠤᠶᠢᠯᠠᠩ ᠤᠨ ᠰᠢᠷᠣᠶ ᠶᠢᠨ ᠵᠠᠮ ᠢ 1016 ᠺᠢᠯᠣᠮᠧᠲᠷ ᠵᠠᠰᠠᠵᠤ ᠳᠠᠭᠤᠰᠬᠠᠪᠠ᠃ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠲᠥᠷᠥᠯ  ᠵᠦᠢᠯ ᠢ ᠴᠡᠷᠢᠭ ᠤᠨ ᠲᠠᠯ᠎ᠠ ᠶᠢᠨ ᠬᠢᠨ ᠴᠣᠬᠤᠯᠠᠪᠤᠷᠢᠯᠠᠪᠠ᠃ ᠬᠤᠳᠠ ᠪᠠᠯᠭᠠᠰᠤᠨ ᠤ ᠨᠡᠶᠢᠲᠡ ᠶᠢᠨ ᠮᠠᠰᠢᠨ ᠲᠡᠷᠭᠡᠨ ᠤ ᠥᠭᠡᠷᠡᠴᠢᠯᠡᠯᠲᠡ ᠶᠢᠨ ᠠᠵᠢᠯ ᠢ ᠡᠬᠢᠯᠡᠭᠦᠯᠪᠡ᠃     ᠤᠰᠤᠨ ᠠᠰᠢᠭᠯᠠᠯᠲᠠ ᠶᠢᠨ ᠪᠠᠷᠢᠯᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ ᠵᠢᠵᠢᠭ ᠰᠠᠪᠠ ᠭᠠᠵᠠᠷ ᠪᠠ ᠨᠠᠯᠠᠤ ᠲᠠᠷᠢᠶᠠᠨ ᠭᠠᠵᠠᠷ ᠤᠨ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠯᠲᠠ ᠶᠢ 3.2 ᠲᠦᠮᠡᠨ ᠮᠥ ᠪᠡᠶᠡᠯᠡᠭᠦᠯᠵᠦ᠂ 2800 ᠮᠥ ᠬᠡᠪᠲᠡᠭᠡ ᠱᠠᠲᠤᠨ ᠲᠠᠷᠢᠶᠠᠨ ᠭᠠᠵᠠᠷ ᠢ ᠪᠠᠶᠢᠭᠤᠯᠪᠠ᠃ ᠤᠰᠤᠨ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢ  ᠴᠢᠩᠭᠠᠳᠬᠠᠪᠠ᠃ 321 ᠭᠠᠵᠠᠷ  ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ ᠪᠡᠶᠡᠯᠡᠭᠦᠯᠵᠦ  ᠂ ᠹᠯᠣᠷ ᠢ ᠤᠰᠤ ᠪᠣᠯᠭᠠᠨ ᠥᠭᠡᠷᠡᠴᠢᠯᠡᠬᠦ ᠢᠨᠵᠧᠨᠧᠷᠢᠩ 76 ᠢ ᠪᠡᠶᠡᠯᠡᠭᠦᠯᠵᠦ᠂ 4.4 ᠲᠦᠮᠡᠨ ᠡᠷᠦᠬᠡ᠂ 15.1 ᠲᠦᠮᠡᠨ ᠬᠥᠮᠦᠨ ᠳᠤ ᠠᠰᠢᠭ ᠬᠦᠷᠲᠡᠭᠡᠪᠡ᠃     ᠴᠠᠬᠢᠯᠭᠠᠨ ᠬᠦᠴᠦᠨ ᠤ ᠬᠠᠩᠭᠠᠯᠭ᠎ᠠ ᠪᠦᠲᠦᠮᠵᠢᠲᠡᠶ ᠨᠠᠶᠢᠳᠠᠪᠤᠷᠢᠵᠢᠪᠠ᠃ 66 ᠺᠢᠯᠣᠸᠠᠲ ᠤᠨ ᠢᠦᠢ ᠯᠢᠨ᠂ ᠰᠢᠶᠣᠤ ᠱᠠᠨ ᠪᠣᠯᠤᠨ ᠴᠠᠩ ᠱᠧᠩ ᠤᠨ ᠬᠦᠴᠦᠳᠡᠯ ᠥᠭᠡᠷᠡᠴᠢᠯᠡᠬᠦ ᠥᠷᠲᠡᠭᠡ ᠶᠢᠨ ᠥᠭᠡᠷᠡᠴᠢᠯᠡᠨ ᠪᠠᠶᠢᠭᠤᠯᠬᠤ ᠢᠨᠵᠧᠨᠧᠷᠢᠩ ᠠᠰᠢᠭᠯᠠᠯᠲᠠ ᠳᠤ ᠣᠷᠣᠪᠠ᠃ 66 ᠺᠢᠯᠣᠸᠠᠲ ᠤᠨ ᠺᠠᠩ ᠵᠢᠶᠠ ᠶᠢᠩ ᠠᠴᠠ ᠰᠢᠶᠤᠤ ᠱᠠᠨ ᠬᠦᠷᠬᠦ  ᠱᠤᠭᠤᠮ ᠢ ᠰᠢᠨ᠎ᠡ ᠪᠠᠷ ᠪᠠᠶᠢᠭᠤᠯᠬᠤ ᠢᠨᠵᠧᠨᠧᠷᠢᠩ ᠪᠣᠯᠤᠨ 150 ᠲᠥᠷᠥᠯ ᠤᠨ 10 ᠺᠢᠯᠣᠸᠠᠲ ᠵᠢᠴᠢ ᠲᠡᠭᠦᠨ ᠠᠴᠠ ᠳᠣᠷᠣᠭᠰᠢᠬᠢ ᠲᠠᠷᠢᠶᠠᠯᠠᠩ ᠤᠨ ᠴᠠᠬᠢᠯᠭᠠᠨ ᠤ ᠲᠣᠤᠷ ᠤᠨ ᠢᠨᠵᠧᠨᠧᠷᠢᠩ ᠢ ᠬᠡᠷᠡᠭᠵᠢᠭᠦᠯᠪᠡ᠃ ᠪᠦᠬᠦ ᠬᠤᠰᠢᠭᠤᠨ ᠤ ᠴᠠᠬᠢᠯᠭᠠᠨ ᠬᠠᠩᠭᠠᠬᠤ ᠨᠠᠶᠢᠳᠠᠪᠤᠷᠢᠲᠠᠢ ᠨᠣᠷᠮ᠎ᠠ 99.6% ᠳᠤ ᠬᠦᠷᠪᠡ᠃      ︵ᠶᠢᠰᠦ︶ ᠨᠡᠶᠢᠭᠡᠮ ᠤᠨ ᠦᠢᠯᠡᠰ ᠬᠠᠮᠵᠢᠯᠴᠠᠨ  ᠬᠦᠭᠵᠢᠪᠡ     ᠠᠤᠬᠠᠨ ᠤ ᠺᠠᠳ᠋ᠷ ᠤᠨ ᠳᠡᠭᠡᠳᠦ ᠰᠤᠷᠭᠠᠭᠤᠯᠢ ᠠᠩᠭᠢ ᠡᠷᠬᠢᠯᠡᠵᠦ  ᠰᠤᠷᠤᠯᠴᠠᠯᠭ᠎ᠠ ᠡᠬᠢᠯᠡᠪᠡ᠃ ᠳᠡᠭᠡᠳᠦ ᠰᠤᠷᠭᠠᠭᠤᠯᠢ ᠨᠢ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ 52 ︽ᠪᠦᠬᠦ ᠤᠯᠤᠰ ᠤᠨ ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ︾ ᠤ ᠨᠢᠭᠡ ᠪᠤᠯᠵᠤ᠂ ᠲᠦᠷᠪᠡᠨ ᠪᠣᠯᠪᠠᠰᠤᠷᠠᠯ ᠤᠨ ᠬᠡᠪᠯᠡᠯ ᠢ ᠪᠦᠷᠢᠯᠳᠦᠭᠦᠯᠵᠦ᠂  ᠲᠦᠰᠦᠭᠡᠯᠡᠯ ᠬᠢᠬᠦ᠂ ᠬᠠᠷᠢᠯᠴᠠᠨ ᠶᠠᠷᠢᠯᠴᠠᠭ᠎ᠠ ᠬᠢᠬᠦ ᠵᠡᠷᠭᠡ 12 ᠵᠦᠢᠯ ᠤᠨ ᠪᠣᠳᠠᠲᠠᠢ ᠵᠠᠭᠪᠤᠷ  ᠢᠶᠠᠷ ᠲᠦᠰᠦᠪᠯᠡᠪᠡ᠃ ᠨᠡᠶᠢᠲᠡ 22 ᠬᠤᠭᠤᠴᠠᠭ᠎ᠠ ᠪᠣᠯᠪᠠᠰᠤᠷᠠᠯ ᠤᠨ ᠠᠩᠭᠢ ᠡᠷᠬᠢᠯᠡᠵᠦ᠂ 3700 ᠭᠠᠷᠤᠶ ᠰᠤᠷᠤᠭᠴᠢ ᠪᠣᠯᠪᠠᠰᠤᠷᠠᠭᠤᠯᠵᠤ᠂ ᠲᠤᠬᠠᠶ ᠶᠢᠨ ᠲᠠᠯᠠᠪᠤᠷ ᠤᠨ ᠵᠢᠭᠠᠨ ᠰᠤᠷᠭᠠᠯᠲᠠ ᠶᠢᠨ ᠴᠡᠭ ᠨᠢ ᠡᠯ᠎ᠡ ᠱᠠᠲᠤᠨ ᠤ ᠪᠠᠶᠢᠴᠠᠭᠠᠯᠲᠠ ᠶᠢ 38 ᠤᠳᠠᠭ᠎ᠠ ᠵᠠᠯᠭᠠᠨ ᠠᠪᠴᠤ᠂ ︽ᠪᠣᠬᠢᠷᠲᠤᠯ ᠥᠬᠡᠶ ᠠᠤᠬᠠᠨ︾  ᠢ ᠨᠠᠩ ᠶᠡᠭᠡ ᠠᠭᠤᠯᠤᠭᠳᠠᠬᠤᠨ ᠲᠠᠢ  ᠪᠣᠯᠭᠠᠪᠠ᠃      ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠤᠬᠢᠷᠠᠭᠤᠯᠤᠯᠳᠡ ᠶᠢ ᠨᠡᠩ ᠲᠡᠩᠴᠡᠭᠦᠷᠢᠲᠡᠶ  ᠪᠣᠯᠭᠠᠪᠠ᠃ ᠰᠢᠨ ᠬᠤᠢ  ᠨᠠᠢᠮᠠᠳᠤᠭᠠᠷ ᠪᠠᠭ᠎ᠠ ᠰᠤᠷᠭᠠᠭᠤᠯᠢ ᠪᠠ ᠠᠯᠪᠠᠨ ᠠᠴᠠ ᠡᠷᠬᠢᠯᠡᠭᠰᠡᠨ 7 ᠬᠡᠤᠬᠡᠳ ᠤᠨ ᠴᠡᠴᠡᠷᠯᠢᠭ ᠢ  ᠠᠰᠢᠭᠯᠠᠯᠲᠠ ᠳᠤ ᠣᠷᠣᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ 8 ᠬᠡᠤᠬᠡᠳ ᠤᠨ  ᠴᠡᠴᠡᠷᠯᠢᠭ ᠢ ᠰᠢᠨ᠎ᠡ ᠪᠠᠷ ᠨᠡᠮᠡᠭᠳᠡᠭᠦᠯᠪᠡ᠃ ᠰᠢᠨ ᠬᠤᠢ  ᠬᠤᠲᠠ ᠲᠣᠭᠤᠷᠢᠭ ᠤᠨ ᠰᠤᠷᠤᠭᠴᠢ ᠡᠯᠰᠡᠬᠦ ᠣᠷᠣᠨ ᠪᠦᠰᠡ ᠶᠢ ᠳᠠᠬᠢᠨ ᠰᠢᠨ᠎ᠡ ᠪᠠᠷ ᠵᠠᠭᠠᠭᠯᠠᠨ ᠲᠣᠭᠲᠠᠭᠠᠵᠤ᠂ ᠰᠤᠷᠤᠭᠴᠢ ᠣᠯᠠᠨᠲᠠᠢ ᠠᠩᠭᠢ ᠶᠢᠨ ᠦᠵᠡᠭᠳᠡᠯ ᠢ ᠲᠦᠢᠯᠪᠤᠷᠢᠲᠠᠢ  ᠠᠷᠢᠯᠭᠠᠪᠠ᠃ ᠪᠠᠷᠢᠮᠵᠢᠶ᠎ᠠ ᠶᠢᠨ ᠨᠠᠷᠢᠨ ᠬᠠᠭᠤᠳᠠᠰᠤ᠂ ᠠᠰᠠᠭᠤᠳᠠᠯ ᠤᠨ ᠨᠠᠷᠢᠨ ᠬᠠᠭᠤᠳᠠᠰᠤ᠂ ᠡᠭᠦᠷᠭᠡ ᠶᠢᠨ ᠨᠠᠷᠢᠨ ᠬᠠᠭᠤᠳᠠᠰᠤ᠂ ᠦᠨᠡᠯᠡᠯᠲᠡ ᠶᠢᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠰᠤᠷᠭᠠᠭᠤᠯᠢ ᠶᠢᠨ ᠵᠠᠬᠢᠷᠤᠯ ᠤᠨ ᠡᠩᠨᠡᠭᠡ ᠪᠠ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ  ᠴᠢᠩᠭᠠᠳᠬᠠᠨᠪᠠ᠃ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠢᠩᠬᠢᠨᠢ ᠠᠩᠭᠢ ᠳᠤ ᠣᠷᠤᠭᠰᠠᠨ ᠨᠣᠷᠮ᠎ᠠ 53.9% ᠪᠣᠯᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠬᠦ ᠠᠵᠢᠯ ᠨᠢ ᠥᠪᠡᠷᠲᠡᠭᠡᠨ ᠵᠠᠰᠠᠬᠤ ᠣᠷᠣᠨ ᠤ ᠦᠨᠡᠯᠡᠨ ᠵᠢᠱᠢᠵᠦ ᠰᠢᠯᠭᠠᠨ ᠠᠪᠬᠤ ᠶᠢ  ᠥᠩᠭᠡᠷᠡᠭᠦᠯᠪᠡ᠃      ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ  ᠦᠢᠯᠡᠴᠢᠯᠡᠭᠡ ᠦᠷᠭᠦᠯᠵᠢᠯᠡᠨ ᠰᠠᠶᠢᠵᠢᠷᠠᠪᠠ᠃ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠡᠬᠢᠯᠡᠭᠦᠯᠪᠡ᠃  ᠬᠤᠰᠢᠭᠤᠨ ᠤ ᠡᠮᠨᠡᠯᠭᠡ ᠶᠢᠨ ᠬᠤᠷᠢᠶ᠎ᠠ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ  ᠦᠢᠯᠡᠴᠢᠯᠡᠭᠡᠨ ᠤ ᠲᠥᠪ᠂ ᠵᠡᠮᠳᠡᠭᠴᠦᠳ ᠤᠨ ᠡᠷᠡᠭᠦᠯᠵᠢᠯ ᠤᠨ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠺᠠᠩ ᠵᠢᠶᠠ ᠶᠢᠩᠽᠢ᠂ ᠬᠢᠷᠢᠶᠡᠲᠦ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠡᠪᠡᠳᠴᠢᠲᠡᠨ ᠤ ᠠᠰᠠᠷ ᠠᠰᠢᠭᠯᠠᠯᠲᠠ ᠳᠤ ᠣᠷᠤᠪᠠ᠃ 16 ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ 195 ᠭᠠᠴᠠᠭ᠎ᠠ ᠲᠣᠰᠬᠤᠨ ᠤ ᠡᠷᠡᠭᠦᠯ  ᠬᠠᠮᠠᠭᠠᠯᠠᠯ ᠤᠨ ᠲᠠᠰᠤᠭ ᠢ ᠤᠯᠤᠰ ᠤᠨ ᠪᠠᠷᠢᠮᠵᠢᠶ᠎ᠠ ᠳᠤ  ᠬᠦᠷᠦᠭᠦᠯᠪᠡ᠃ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠬᠢᠲᠠᠳ ᠡᠮ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢᠨ  ᠠᠵᠢᠯ ᠢ ᠡᠬᠢᠯᠡᠭᠦᠯᠵᠦ᠂ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠲᠡᠷᠢᠭᠦᠨ ᠤ ᠠᠵᠢᠯ ᠤᠨ  ᠨᠢᠭᠡᠴᠢ︾ ᠳᠠᠬᠢᠨ ᠬᠢᠨᠠᠯᠲᠠ ᠳᠤ ᠬᠢᠷᠢ ᠲᠡᠩᠴᠡᠵᠦ᠂  ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ  ᠶᠢ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠪᠣᠯᠭᠠᠨ ᠳᠡᠪᠰᠢᠭᠦᠯᠪᠡ᠃ ᠪᠥᠬᠦ ᠬᠤᠰᠢᠭᠤᠨ ᠤ ᠬᠥᠮᠦᠨ ᠠᠮᠠ ᠶᠢᠨ ᠲᠥᠷᠥᠯᠲᠡ ᠶᠢᠨ ᠨᠣᠷᠮ᠎ᠠ ᠨᠢ 6.22‰ ᠪᠠᠶᠢᠵᠤ᠂ ᠠᠶᠠᠨᠳᠠᠭᠠᠨ ᠨᠡᠮᠡᠭᠳᠡᠬᠦ ᠨᠣᠷᠮ᠎ᠠ ᠨᠢ 2.2‰  ᠪᠣᠯᠪᠠ᠃     ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠠᠵᠢᠯ ᠢ ᠡᠮᠬᠢ ᠵᠢᠷᠤᠮ ᠲᠠᠢ ᠠᠬᠢᠭᠤᠯᠪᠠ᠃ ᠪᠦᠬᠦ ᠵᠢᠯ ᠳᠤ 18 ᠰᠢᠨ᠎ᠡ ᠡᠭᠦᠯᠳᠡᠷ᠂ 10 ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠪᠠ᠃  29 ᠳᠡᠭᠡᠳᠦ ᠲᠡᠰ ᠳᠠᠪᠬᠤᠷᠭ᠎ᠠ ᠶᠢᠨ ᠮᠡᠷᠭᠡᠵᠢᠯ ᠤᠨ ᠴᠢᠨᠠᠷᠲᠠᠶ ᠴᠢᠳᠠᠪᠤᠷᠢᠲᠠᠨ ᠢ ᠣᠷᠣᠭᠤᠯᠤᠨ ᠠᠪᠴᠢᠷᠠᠪᠠ᠃ 223 ᠠᠯᠪᠠᠲᠠᠨ᠂ ᠠᠵᠢᠯ  ᠦᠢᠯᠡᠰ ᠤᠨ ᠠᠵᠢᠯᠲᠠᠨ ᠡᠯᠰᠡᠪᠡ᠃ ᠶᠢᠨ ᠲᠤᠤ ᠺᠣᠮᠫᠠᠨᠢ᠂ ᠾᠧ  ᠸᠧᠢ ᠭᠦᠢ ᠦᠷ᠎ᠡ ᠶᠢᠨ ᠦᠢᠯᠡᠰ ᠨᠢ ᠭᠤᠷᠪᠠᠳᠤᠭᠠᠷ ᠪᠦᠯᠦᠭ ᠤᠨ ᠤᠯᠤᠰ  ᠤᠨ  ᠳᠡᠰ ᠤᠨ  ᠰᠢᠨ᠎ᠡ ᠮᠡᠷᠭᠡᠵᠢᠯ ᠤᠨ ᠠᠵᠤ ᠠᠬᠤᠶᠢᠯᠠᠯ  ᠤᠨ ᠦᠨᠡᠮᠯᠡᠯ ᠢ ᠬᠦᠷᠲᠡᠪᠡ᠃      ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠴᠢᠳᠠᠪᠤᠷᠢ ᠶᠢ ᠦᠨᠡᠨ ᠬᠦ ᠴᠢᠩᠭᠠᠳᠬᠠᠪᠠ᠃ ᠭᠤᠷᠪᠠᠳᠤᠭᠠᠷ ᠳᠡᠰ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠲᠥᠪ ︵ᠦᠷᠲᠡᠭᠡ︶ ᠢ  ᠪᠠᠶᠢᠭᠤᠯᠵᠤ᠂ ᠢᠷᠠᠭᠤ ᠠᠯᠳᠠᠷ ᠤᠨ ᠫᠠᠶᠢᠰᠠ ᠶᠢ 8636 ᠡᠯᠭᠦᠪᠡ᠃ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠢ ᠲᠣᠭᠲᠠᠭᠠᠨ ᠵᠥᠪᠰᠢᠶᠡᠷᠡᠨ ᠣᠷᠣᠭᠤᠯᠬᠤ ᠵᠢᠴᠢ ᠤᠬᠤᠷᠢᠨ ᠭᠠᠷᠬᠤ  ᠳᠣᠭᠲᠠᠴᠠ ᠶᠢ ᠲᠡᠭᠦᠯᠳᠡᠷᠵᠢᠭᠦᠯᠪᠡ᠃ ᠡᠮ ᠡᠮᠨᠡᠯᠭᠡ ᠶᠢᠨ ᠳᠠᠭᠠᠳᠬᠠᠯ ᠳᠤ 53.2 ᠲᠦᠮᠡᠨ ᠬᠥᠮᠦᠨ ᠣᠷᠣᠯᠴᠠᠵᠤ᠂ ᠰᠠᠭᠤᠷᠢ ᠮᠥᠩᠭᠦ ᠶᠢᠨ ᠣᠷᠣᠯᠭ᠎ᠠ 5.3 ᠳ᠋ᠦᠩᠰᠢᠭᠤᠷ ᠲᠥᠭᠦᠷᠢᠭ᠂ ᠵᠠᠷᠤᠯᠭ᠎ᠠ 5.2 ᠳ᠋ᠦᠩᠰᠢᠭᠤᠷ ᠲᠥᠭᠦᠷᠢᠭ︔ ᠨᠠᠰᠤᠵᠢᠯ ᠤᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ 29.5 ᠲᠦᠮᠡᠨ ᠬᠥᠮᠦᠨ ᠣᠷᠤᠯᠴᠠᠵᠤ᠂ ᠰᠠᠭᠤᠷᠢ ᠮᠥᠩᠭᠦᠨ ᠤ ᠣᠷᠣᠯᠭ᠎ᠠ 14.4 ᠳ᠋ᠦᠩᠰᠢᠭᠤᠷ ᠲᠥᠭᠦᠷᠢᠭ᠂ ᠵᠠᠷᠤᠯᠭ᠎ᠠ 14.7 ᠳ᠋ᠦᠩᠰᠢᠭᠤᠷ ᠲᠥᠭᠦᠷᠢᠭ︔ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠯᠠ ᠮᠥᠩᠭᠦ ᠶᠢ 1.46 ᠳ᠋ᠦᠩᠰᠢᠭᠤᠷ ᠲᠥᠭᠦᠷᠢᠭ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠪᠠᠯᠠ ᠮᠥᠩᠭᠦ ᠶᠢ 2922 ᠲᠦᠮᠡᠨ ᠲᠥᠭᠦᠷᠢᠭ᠂ ᠥᠨᠳᠥᠷ ᠨᠠᠰᠤᠨ ᠤ ᠨᠡᠮᠡᠭᠦᠷᠢ ᠮᠥᠩᠭᠦ ᠶᠢ 1245 ᠲᠦᠮᠡᠨ ᠲᠥᠭᠦᠷᠢᠭ᠂ ᠵᠡᠮᠳᠡᠭᠴᠦᠳ ᠤᠨ ᠬᠤᠶᠠᠷ  ᠵᠦᠢᠯ ᠤᠨ ᠨᠥᠬᠦᠪᠥᠷᠢ ᠮᠥᠩᠭᠦ ᠶᠢ 1741 ᠲᠦᠮᠡᠨ ᠲᠥᠭᠦᠷᠢᠭ᠂ ᠲᠦᠷ ᠴᠠᠭ ᠤᠨ ᠠᠪᠤᠷᠠᠨ ᠲᠤᠰᠠᠯᠠᠬᠤ ᠪᠠᠯᠠ ᠮᠥᠩᠭᠦ ᠶᠢ 1300 ᠲᠦᠮᠡᠨ ᠲᠥᠭᠦᠷᠢᠭ ᠲᠠᠷᠬᠠᠭᠠᠪᠠ᠃ 60 ᠪᠦᠬᠦᠯᠢ ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠠᠨᠠᠭᠠᠨ ᠳᠤ ᠥᠬᠡᠶ ᠭᠡᠮᠲᠦᠯ ᠤᠨ ᠳᠠᠭᠠᠳᠬᠠᠯ 134.9 ᠲᠦᠮᠡᠨ ᠲᠥᠭᠦᠷᠢᠭ ᠬᠤᠳᠠᠯᠳᠤᠨ ᠠᠪᠴᠤ ᠥᠭᠴᠡᠶ᠃ 8 ᠲᠥᠷᠥᠯᠬᠢ ᠴᠢᠨᠠᠷᠲᠠᠶ ᠵᠢᠷᠦᠬᠡᠨ ᠡᠪᠡᠳᠴᠢᠨ ᠲᠠᠢ ᠬᠡᠤᠬᠡᠳ᠂ 170 ᠴᠠᠭᠠᠨ  ᠴᠡᠴᠡᠬᠡᠢ‌ᠡᠪᠡᠳᠴᠢᠲᠡᠨ ᠢ ᠰᠦᠢᠳᠭᠡᠯ ᠬᠤᠷᠢᠶᠠᠬᠤ ᠥᠬᠡᠶ ᠪᠠᠷ ᠡᠮᠨᠡᠨ ᠵᠠᠰᠠᠭᠤᠯᠪᠠ᠃      ᠠᠵᠢᠯ ᠣᠯᠵᠤ ᠠᠳᠠᠯ  ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ  ᠭᠦᠢᠴᠡᠳ ᠪᠠᠳᠠᠷᠠᠭᠤᠯᠪᠠ᠃ᠤᠶᠤᠲᠠᠳ ᠤᠨ ᠠᠳᠠᠯ  ᠦᠢᠯᠡᠰ ᠴᠣᠭᠴᠠᠯᠠᠬᠤ ᠶᠢ ᠬᠥᠲᠥᠯᠥᠨ ᠳᠠᠭᠠᠭᠤᠯᠬᠤ ᠲᠥᠯᠥᠪᠯᠡᠭᠡ︾ ᠶᠢ ᠬᠡᠷᠡᠭᠵᠢᠭᠦᠯᠵᠦ᠂ 45 ᠣᠶᠤᠲᠠᠨ ᠨᠤᠲᠤᠭ ᠲᠠᠭᠠᠨ ᠪᠤᠴᠠᠵᠤ ᠠᠳᠠᠯ  ᠦᠢᠯᠡᠰ ᠴᠣᠭᠴᠠᠯᠠᠪᠠ᠃ ᠪᠥᠬᠦ ᠬᠤᠰᠢᠭᠤᠨ ᠳᠤ 1517 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 4.1% ᠳᠤ ᠬᠥᠷᠪᠡ᠃ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ 11.6 ᠲᠦᠮᠡᠨ ᠬᠥᠮᠦᠨ ᠳᠤ ᠰᠢᠯᠵᠢᠭᠦᠯᠦᠨ ᠠᠵᠢᠯ ᠣᠯᠭᠤᠵᠤ᠂ ᠬᠥᠳᠡᠯᠮᠦᠷᠢ  ᠦᠢᠯᠡᠴᠢᠯᠡᠭᠡᠨ ᠤ ᠣᠷᠣᠯᠭ᠎ᠠ ᠶᠢ 22.6 ᠳ᠋ᠦᠩᠰᠢᠭᠤᠷ ᠲᠥᠭᠦᠷᠢᠭ ᠪᠡᠶᠡᠯᠡᠭᠦᠯᠪᠡ᠃ ︽ᠠᠤᠬᠠᠨ ᠤ ᠤᠲᠠᠰᠤ ᠲᠠᠲᠠᠬᠤ ᠠᠵᠢᠯᠴᠢᠨ︾ ᠨᠢ ᠪᠥᠬᠦ ᠤᠯᠤᠰ ᠤᠨ ᠬᠥᠳᠡᠯᠮᠦᠷᠢ  ᠦᠢᠯᠡᠴᠢᠯᠡᠭᠡᠨ ᠤ ᠨᠠᠷᠠᠲᠤ ᠲᠡᠮᠳᠡᠭ‌‍ᠢᠶ᠋ᠡᠷ ᠦᠨᠡᠯᠡᠭᠳᠡᠪᠡ᠃      ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠵᠢᠷᠤᠮᠵᠢᠯ ᠲᠠᠢ ᠪᠥᠭᠡᠳ ᠪᠦᠲᠦᠮᠵᠢᠲᠡᠶ ᠪᠣᠯᠪᠠ᠃ ᠲᠥᠪᠯᠡᠷᠡᠭᠦᠯᠦᠨ ᠴᠡᠭᠴᠡᠯᠡᠨ ᠵᠠᠰᠠᠬᠤ᠂ ᠬᠠᠤᠯᠢ ᠪᠤᠰᠤ ᠪᠠ ᠬᠠᠤᠯᠢ ᠪᠤᠰᠤ ᠠᠵᠢᠯᠯᠠᠭ᠎ᠠ ᠶᠢ ᠵᠠᠰᠠᠬᠤ ᠵᠡᠷᠭᠡ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠠᠶᠤᠯᠭᠦᠶ  ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ  ᠪᠠᠶᠢᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ ︽ᠴᠣᠬᠢᠯᠲᠠ ᠥᠭᠴᠦ ᠬᠤᠷᠢᠭᠯᠠᠨ ᠵᠣᠭᠰᠣᠭᠠᠬᠤ︾ ︽ᠭᠦᠨ ᠠᠭᠤᠳᠠᠯᠵᠤ ᠦᠨᠳᠦᠰᠦᠨ ᠠᠴᠠ ᠨᠢ ᠵᠠᠰᠠᠬᠤ︾ ᠠᠵᠢᠯ  ᠱᠠᠲᠤᠴᠢ  ᠴᠢᠨᠠᠷᠲᠠᠢ ᠦᠷ᠎ᠡ ᠪᠦᠲᠦᠮᠵᠢ ᠤᠯᠪᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠪᠣᠯᠬᠤ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠤᠨ ᠲᠤᠰᠬᠠᠶ ᠵᠠᠰᠠᠯᠲᠠ ᠶᠢ ᠥᠷᠨᠢᠭᠦᠯᠪᠡ᠃ ᠢᠳᠡᠭᠡᠨ ᠤ  ᠵᠦᠢᠯ ᠡᠮ ᠤᠨ ᠵᠦᠢᠯ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠥᠬᠦ ᠶᠠᠪᠤᠴᠠ ᠶᠢ ᠡᠯᠧᠺᠲᠷᠤᠨᠴᠢᠯᠠᠨ ᠳᠠᠩᠰᠠᠯᠠᠬᠤ ᠶᠢ  ᠬᠡᠷᠡᠭᠵᠢᠭᠦᠯᠪᠡ᠃ ᠣᠳᠣᠬᠢᠴᠢᠯᠠᠭᠰᠠᠨ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠲᠠᠪᠴᠠᠩ ᠢ ᠪᠠᠶᠢᠭᠤᠯᠪᠠ᠃ ︽5 · 17︾ ᠤ ᠬᠤᠢ ᠰᠠᠯᠬᠢᠨ ᠤ ᠭᠠᠮᠰᠢᠭ ᠢ ᠲᠣᠬᠢᠲᠠᠶ ᠰᠢᠢᠳᠪᠦᠷᠢᠯᠡᠪᠡ᠃ ᠪᠦᠬᠦ ᠬᠤᠰᠢᠭᠤᠨ ᠳᠤ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠤᠭᠰᠠᠨ ᠦᠭᠡᠢ᠃ ᠠᠹᠷᠢᠺᠠ ᠲᠢᠪ ᠤᠨ ᠭᠠᠭ᠋ᠠᠶ ᠶᠢᠨ ᠬᠢᠵᠢᠭ᠂ ᠬᠤᠯᠤᠭᠠᠨ᠎ᠠ ᠶᠢᠨ ᠬᠢᠵᠢᠭ ᠵᠡᠷᠭᠡ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠪᠥᠬᠦ ᠬᠤᠰᠢᠭᠤᠨ ᠤ ︽ᠬᠢᠵᠢᠭ ᠥᠬᠡᠶ︾ ᠶᠢ ᠪᠡᠶᠡᠯᠡᠭᠦᠯᠪᠡ᠃ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠢ ᠪᠦᠬᠦ ᠲᠠᠯ᠎ᠠ ᠪᠠᠷ ᠰᠠᠭᠠᠳ ᠦᠭᠡᠢ ᠨᠡᠪᠲᠡᠷᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠲᠣᠬᠢᠲᠠᠶ ᠰᠢᠢᠳᠪᠦᠷᠢᠯᠡᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠪᠠ᠃      ︵ᠠᠷᠪᠠ︶ ᠲᠣᠰ ᠪᠡᠶ᠎ᠡ ᠶᠢᠨ ᠪᠠᠶᠢᠭᠤᠯᠤᠯᠲᠠ ᠪᠠᠨ ᠪᠥᠬᠦ ᠲᠠᠯ᠎ᠠ ᠪᠠᠷ ᠴᠢᠩᠭᠠᠳᠬᠠᠪᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ  ᠰᠠᠨᠠᠭ᠎ᠠ  ᠪᠠᠷ ᠵᠢᠯᠣᠭᠤᠳᠣᠯᠭ᠎ᠠ ᠪᠣᠯᠭᠠᠵᠤ᠂ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠡᠭᠡᠳᠦ ᠱᠠᠲᠤ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ  ᠲᠤᠤᠱᠯᠠᠭᠤᠯᠤᠨ  ᠨᠠᠶᠢᠳᠠᠪᠤᠷᠢᠵᠢᠭᠤᠯᠪᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ︽ᠭᠤᠷᠪᠠᠨ ᠴᠢᠬᠤᠯᠠ ᠨᠢᠭᠡ ᠶᠡᠭᠡ︾ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠦᠷᠢᠮ ᠢ ᠴᠢᠩᠭ᠎ᠠ  ᠬᠡᠷᠡᠭᠵᠢᠭᠦᠯᠪᠡ᠃ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠡᠯ᠎ᠡ ᠲᠥᠷᠥᠯ ᠤᠨ ᠲᠣᠭᠤᠷᠢᠨ ᠪᠠᠶᠢᠴᠠᠭᠠᠬᠤ ᠴᠠᠭᠳᠠᠨ  ᠪᠠᠶᠢᠴᠠᠭᠠᠬᠤ ᠬᠠᠷᠢᠭᠤ ᠲᠤᠰᠬᠠᠭᠰᠠᠨ ᠠᠰᠠᠭᠤᠳᠠᠯ ᠢ ᠨᠠᠷᠢᠨ ᠬᠢᠨᠠᠮᠠᠭᠠᠶ ᠴᠡᠭᠴᠡᠯᠡᠨ ᠰᠠᠶᠢᠵᠢᠷᠠᠭᠤᠯᠪᠠ᠃ ᠵᠠᠰᠠᠭ ᠵᠠᠬᠢᠷᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠤᠯᠤᠰ ᠤᠨ  ᠦᠮᠴᠢᠯᠡᠯ ᠤᠨ ᠤᠢ ᠰᠢᠭᠤᠶ ᠶᠢᠨ ᠲᠠᠯᠠᠪᠠᠢ ᠶᠢᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠪᠡ᠃ ᠭᠠᠶᠢᠯᠢ ᠬᠥᠩᠭᠡᠯᠡᠵᠦ  ᠰᠦᠢᠳᠭᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂  ᠪᠦᠬᠦ ᠵᠢᠯ ᠳᠤ 1.3 ᠳ᠋ᠦᠩᠰᠢᠭᠤᠷ ᠲᠥᠭᠦᠷᠢᠭ ᠤᠨ ᠭᠠᠶᠢᠯᠢ ᠬᠥᠩᠭᠡᠯᠡᠵᠦ ᠭᠠᠶᠢᠯᠢ ᠠᠴᠠ ᠬᠡᠯᠲᠦᠷᠢᠭᠦᠯᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ︽ᠳᠣᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ  ᠦᠷᠨᠢᠭᠦᠯᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠳᠠᠯᠳᠤᠭ᠎ᠠ  ᠡᠷᠬᠢᠯᠡᠬᠦ ᠪᠠᠷ ᠣᠷᠴᠢᠨ ᠨᠥᠬᠦᠴᠡᠯ ᠢ ᠰᠢᠯᠢᠳᠡᠭᠵᠢᠭᠦᠯᠦᠨ᠂ 38 ᠰᠠᠯᠠᠭ᠎ᠠ ᠮᠥᠴᠢᠷ ᠤᠨ ︽ᠨᠠᠢᠮᠠᠨ ᠲᠣᠳᠣᠷᠬᠠᠶ ᠬᠠᠭᠤᠳᠠᠰᠤ︾ ﹇ᠲᠠᠶᠢᠯᠪᠤᠷᠢ 10﹈ 1.1 ᠲᠦᠮᠡᠨ  ᠵᠦᠢᠯ ᠢ ᠡᠮᠬᠢᠯᠡᠨ ᠳᠠᠭᠤᠰᠬᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠣᠯᠠᠨ ᠲᠦᠮᠡᠨ ᠳᠤ 60.1 ᠲᠦᠮᠡᠨ ᠬᠤᠪᠢ ᠡᠯ᠎ᠡ ᠵᠦᠢᠯ ᠤᠨ ᠬᠡᠷᠡᠭ ᠶᠠᠪᠤᠳᠠᠯ ᠢ ᠰᠢᠢᠳᠪᠦᠷᠢᠯᠡᠵᠦ ᠥᠭᠪᠡ᠃ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠥᠷᠥᠯ ᠵᠦᠢᠯ ᠢ 344 ᠪᠡᠶᠡᠯᠡᠭᠦᠯᠵᠦ᠂ ᠬᠤᠳᠠᠯᠳᠤᠨ ᠠᠪᠤᠭᠰᠠᠨ ᠪᠣᠳᠠᠲᠠᠢ ᠵᠣᠭᠤᠰ ᠤᠨ ᠲᠤᠭ᠎ᠠ 3.4 ᠳ᠋ᠦᠩᠰᠢᠭᠤᠷ ᠲᠥᠭᠦᠷᠢᠭ ᠲᠤ ᠬᠦᠷᠴᠦ᠂ 0.6 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠠᠷᠪᠢᠯᠠᠪᠠ᠃  ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠢᠩᠭᠤ ᠶᠢᠨ ᠬᠤᠷᠢᠶ᠎ᠠ ᠶᠢᠨ ᠬᠠᠤᠯᠢ  ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠰᠢᠭᠤᠨ ᠤ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ  ᠬᠦᠯᠢᠶᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ 89 ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ 77 ᠬᠤᠪᠢ ᠳᠤ ᠬᠠᠷᠢᠭᠤᠯᠲᠠ ᠥᠭᠴᠦ᠂ ᠬᠠᠨᠤᠮᠵᠢ ᠶᠢᠨ ᠨᠣᠷᠮ᠎ᠠ ᠲᠤᠰ ᠲᠤᠰ 98.4% ᠪᠠ 100%  ᠃ ᠪᠦᠬᠦ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠂ ᠰᠢᠨ᠎ᠡ ᠨᠢᠭᠡᠨ ᠡᠭᠡᠯᠵᠢ ᠶᠢᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠪᠡ᠃ ᠳᠥᠷᠪᠡᠳᠦᠭᠡᠷ ᠤᠳᠠᠭᠠᠨ ᠤ ᠪᠦᠬᠦ ᠤᠯᠤᠰ  ‍ᠤᠨ‌ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ  ᠦᠷᠨᠢᠭᠦᠯᠵᠦ᠂ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠨᠢᠭᠡᠴᠢ ᠪᠣᠯᠤᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ 26214 ᠪᠣᠯᠪᠠ᠃ ᠬᠥᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠢ ᠦᠯᠢᠭᠡᠷ ᠠᠪᠴᠤ ᠪᠠᠶᠢᠴᠠᠭᠠᠬᠤ᠂ ᠵᠤᠨ ᠤ ᠤᠯᠠᠷᠢᠯ ᠤᠨ ᠮᠠᠯ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠪᠡ᠃  ᠠᠯᠪᠠᠨ ᠤ ᠭᠤᠷᠪᠠᠨ ᠵᠦᠢᠯ ᠤᠨ ᠵᠠᠷᠤᠳᠠᠯ ᠦᠷᠭᠦᠯᠵᠢᠯᠡᠨ ᠪᠠᠭᠤᠷᠠᠪᠠ᠃ ᠥᠷᠢ‌ᠥᠭᠴᠡᠭᠡ‌ᠠᠷᠢᠯᠭᠠᠬᠤ᠂ ᠶᠠᠳᠠᠭᠤ ᠶᠢ ᠲᠡᠳᠬᠦᠬᠦ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠬᠢᠨᠠᠨ ᠪᠣᠳᠤᠵᠤ ᠬᠢᠨᠠᠯᠲᠠ ᠲᠠᠯᠪᠢᠬᠤ ᠡᠷᠴᠢᠮ ᠢᠶᠠᠨ  ᠴᠢᠩᠭᠠᠷᠠᠭᠤᠯᠪᠠ᠃ ᠲᠥᠪ ᠬᠤᠷᠢᠶᠠᠨ ᠤ  ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠴᠡᠭᠴᠡᠯᠡᠨ ᠵᠠᠰᠠᠪᠠ᠃ ᠡᠭᠦᠨ ᠤ ᠬᠠᠮᠲᠤ᠂ ᠦᠨᠳᠦᠰᠦᠲᠡᠨ ᠤ ᠱᠠᠰᠢᠨ ᠰᠤᠷᠲᠠᠬᠤᠨ᠂ ᠤᠯᠠᠭᠠᠨ ᠵᠠᠭᠠᠯᠮᠠᠶᠢᠲᠠᠨ᠂ ᠲᠠᠩᠰᠠ ᠡᠪᠬᠡᠮᠡᠯ᠂ ᠠᠷᠠᠳ  ‍ᠤᠨ‌ᠠᠭᠠᠷ ᠤᠨ ᠰᠡᠷᠭᠡᠶᠢᠯᠡᠯᠲᠡ᠂ ᠲᠡᠤᠬᠡ ᠣᠶᠢᠯᠠᠯᠭ᠎ᠠ᠂ ᠥᠲᠡᠭᠦᠰ᠂ ᠵᠡᠮᠳᠡᠭᠴᠦᠳ ᠤᠨ ᠬᠤᠯᠪᠣᠭ᠎ᠠ᠂ ᠨᠢᠭᠦᠯᠡᠰᠦᠩᠭᠦᠶ ᠵᠡᠷᠭᠡ ᠠᠵᠢᠯ ᠰᠢᠨ᠎ᠡ ᠠᠬᠢᠴᠠ ᠲᠠᠢ ᠪᠣᠯᠪᠠ᠃      ᠲᠥᠯᠥᠭᠡᠯᠡᠭᠴᠢᠳ ᠡ᠂ ᠡᠳᠡᠭᠡᠷ ᠠᠮᠵᠢᠯᠲᠠ ᠪᠦᠲᠦᠮᠵᠢ ᠪᠣᠯ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠤᠨ ᠪᠣᠯᠤᠨ  ᠬᠤᠰᠢᠭᠤᠨ ᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠪᠦᠬᠦ  ᠬᠤᠰᠢᠭᠤᠨ ᠤ ᠡᠯ᠎ᠡ ᠱᠠᠲᠤᠨ ᠤ ᠺᠠᠳ᠋ᠷ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠭᠦᠨ ᠵᠤᠵᠠᠭᠠᠨ ᠣᠷᠣᠯᠴᠠᠯᠭ᠎ᠠ ᠠᠭᠤᠯᠤᠭᠳᠠᠵᠤ ᠪᠠᠶᠢᠬᠤ ᠪᠥᠭᠡᠳ ᠨᠠᠩ ᠴᠤ ᠪᠦᠬᠦ ᠬᠤᠰᠢᠭᠤᠨ ᠤ 60 ᠲᠦᠮᠡᠨ ᠠᠷᠠᠳ ᠲᠦᠮᠡᠨ ᠤ ᠬᠦᠴᠦᠨ ᠴᠢᠳᠠᠯ ᠢ ᠠᠴᠢᠶᠠᠯᠠᠵᠤ ᠪᠠᠶᠢᠨ᠎ᠠ︕ ᠠᠳᠡ᠂ ᠪᠢ  ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠥᠷᠭᠡᠨ ᠣᠯᠠᠨ ᠺᠠᠳ᠋ᠷ ᠣᠯᠠᠨ ᠲᠦᠮᠡᠨ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ᠂ ᠪᠦᠬᠦ ᠪᠡᠯᠡ ᠣᠷᠣᠭᠤᠯᠤᠭᠴᠢ᠂ ᠪᠦᠲᠦᠭᠡᠨ ᠪᠠᠶᠢᠭᠤᠯᠤᠭᠴᠢ ᠪᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠲᠤ ᠴᠢᠩ ᠰᠡᠳᠬᠢᠯ  ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠲᠦ ᠬᠦᠨᠳᠦᠳᠬᠡᠯ ᠢᠶᠠᠨ ᠳᠡᠪᠰᠢᠭᠦᠯᠦᠶ᠎ᠡ︕      ᠠᠮᠵᠢᠯᠲᠠ ᠨᠢ ᠪᠢᠳᠡᠨ ᠤ ᠢᠲᠡᠭᠡᠯ ᠵᠣᠷᠢᠭ ᠢ ᠬᠦᠪᠴᠢᠯᠡᠵᠦ᠂ ᠬᠦᠴᠢᠷᠳᠡᠯ ᠪᠢᠳᠡᠨ ᠢ ᠬᠤᠶᠢᠷᠭᠤᠰᠢᠵᠤ ᠪᠣᠯᠬᠤ ᠦᠭᠡᠢ ᠭᠡᠵᠦ ᠱᠠᠭᠠᠷᠳᠠᠵᠤ  ᠪᠠᠶᠢᠨ᠎ᠠ᠃ ᠣᠳᠣᠬᠠᠨ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠰᠢᠩᠭᠡᠭᠡᠬᠦ ᠬᠤᠭᠤᠴᠠᠭᠠᠨ ᠳᠤ ᠣᠷᠣᠰᠢᠵᠤ ᠪᠠᠶᠢᠨ᠎ᠠ᠃ ᠤᠢᠢᠷ᠎ᠠ ᠶᠢᠨ ᠵᠢᠯ ᠠᠴᠠ᠂ ᠲᠥᠪ ᠠᠴᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠯᠢ ᠤᠯᠠᠨ ᠰᠢᠨ᠎ᠡ ᠣᠶᠢᠯᠠᠭᠠᠭᠳᠠᠬᠤᠨ᠂ ᠰᠢᠨ᠎ᠡ ᠲᠦᠷᠦ ᠶᠢᠨ ᠪᠤᠳᠤᠯᠭ᠎ᠠ ᠶᠢ ᠨᠡᠶᠢᠲᠡᠯᠡᠪᠡ᠃ ᠭᠡᠪᠡᠴᠦ ᠴᠥᠭᠡᠨ ᠲᠣᠭᠠᠨ ᠤ ᠺᠠᠳ᠋ᠷ ᠰᠠᠶᠢᠲᠤᠷ ᠰᠤᠷᠤᠯᠴᠠᠬᠤ ᠦᠭᠡᠢ᠂ ᠭᠦᠨᠵᠡᠭᠡᠶ ᠰᠤᠳᠤᠯᠬᠤ ᠦᠭᠡᠢ᠂ ᠴᠥᠭᠡᠨ ᠲᠣᠭᠠᠨ ᠤ ᠨᠢᠭᠡᠴᠢ ᠶᠢᠨ ᠠᠵᠢᠯ ᠨᠢ ︽ᠲᠡᠷᠭᠡ ᠳᠠᠭᠠᠬᠤ ᠨᠢ ᠴᠢᠩᠭ᠎ᠠ ᠪᠢᠰᠢ᠂ ᠲᠣᠷᠮᠣᠰᠯᠠᠬᠤ ᠨᠢ ᠰᠠᠶᠢᠨ ᠪᠢᠰᠢ︾᠂ ᠲᠦᠷᠦ  ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠠᠶᠢᠵᠠᠮ ᠨᠢ ᠤᠳᠠᠭᠠᠨ᠂ ᠦᠷ᠎ᠡ ᠪᠦᠲᠦᠮᠵᠢ ᠨᠢ ᠠᠨᠠᠶ ᠪᠠᠶᠢᠨ᠎ᠠ᠃ ᠬᠡᠷᠬᠢᠨ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ  ᠪᠠᠷᠢᠮᠳᠠᠯᠠᠨ ᠲᠤᠤᠱᠯᠠᠭᠤᠯᠬᠤ ᠪᠣᠯ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠢ ᠰᠢᠯᠭᠠᠨ ᠪᠠᠶᠢᠴᠠᠭᠠᠬᠤ ᠨᠢᠭᠡᠨ ᠴᠢᠬᠤᠯᠠ ᠬᠡᠮᠵᠢᠭᠦᠷ ᠮᠥᠨ᠃ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠰᠢᠯᠵᠢᠯᠲᠡ ᠶᠢᠨ ᠦᠶ᠎ᠡ ᠳᠤ ᠣᠷᠣᠰᠢᠵᠤ ᠪᠠᠶᠢᠨ᠎ᠠ᠃ ᠪᠥᠬᠦ ᠬᠤᠰᠢᠭᠤᠨ ᠳᠤ ᠡᠯᠪᠡᠭ ᠪᠠᠶᠠᠯᠢᠭ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ᠂ ᠠᠭᠤᠷᠬᠠᠶ ᠶᠢᠨ ᠡᠬᠢ ᠪᠠᠶᠠᠯᠢᠭ᠂ ᠬᠥᠮᠦᠨ ᠰᠣᠶᠣᠯ ᠤᠨ ᠡᠬᠢ ᠪᠠᠶᠠᠯᠢᠭ ᠲᠠᠢ᠃ ᠡᠯ᠎ᠡ ᠲᠥᠷᠥᠯ ᠤᠨ ᠠᠵᠤ ᠦᠢᠯᠡᠰ ᠤᠨ ᠳᠡᠰ ᠳᠠᠪᠬᠤᠷᠭ᠎ᠠ ᠨᠢ ᠳᠣᠣᠷ᠎ᠠ᠂ ᠬᠡᠯᠬᠢᠶ᠎ᠡ ᠨᠢ ᠣᠬᠤᠷ᠂ ᠡᠬᠢ ᠪᠠᠶᠠᠯᠢᠭ ᠤᠨ  ᠣᠯᠠᠩᠬᠢ ᠨᠢ ᠠᠩᠬ᠎ᠠ ᠡᠳ᠋ᠰᠢᠭᠦᠯᠬᠦ᠂ ᠪᠦᠳᠦᠭᠦᠯᠢᠭ ᠡᠳ᠋ᠰᠢᠭᠦᠯᠬᠦ ᠱᠠᠲᠤᠨ ᠳᠤ ᠣᠷᠣᠰᠢᠵᠤ᠂ ᠤᠶᠤᠨᠴᠢᠯᠠᠭᠰᠠᠨ᠂ ᠰᠢᠨ᠎ᠡ ᠮᠡᠷᠭᠡᠵᠢᠯ ᠢ ᠬᠡᠷᠡᠭᠯᠡᠬᠦ ᠬᠡᠪᠴᠢᠶ᠎ᠡ ᠨᠢ ᠬᠢᠵᠠᠭᠠᠷ ᠲᠠᠢ᠂ ᠣᠯᠠᠨ ᠡᠰᠢᠵᠢᠭᠰᠡᠨ᠂ ᠣᠯᠠᠨ ᠳᠡᠰ ᠳᠠᠪᠬᠤᠷᠭ᠎ᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠬᠦᠴᠦᠨ᠂ ᠥᠷᠢᠰᠦᠯᠳᠦᠬᠦ ᠬᠦᠴᠦᠨ ᠢᠶᠠᠷ ᠳᠤᠲᠠᠮᠠᠭ ᠪᠠᠶᠢᠨ᠎ᠠ᠃ ᠬᠡᠷᠬᠢᠨ ᠰᠢᠨ᠎ᠡ ᠬᠥᠳᠡᠯᠭᠡᠬᠦ ᠡᠨᠧᠷᠭᠢ ᠪᠣᠯᠤᠨ ᠨᠡᠮᠡᠭᠳᠡᠯ ᠤᠨ ᠴᠡᠭ ᠢ ᠪᠤᠶᠢᠵᠢᠭᠤᠯᠵᠤ᠂ ᠡᠬᠢ ᠪᠠᠶᠠᠯᠢᠭ ᠤᠨ  ᠳᠠᠪᠠᠭᠤᠯᠢᠭ ᠢ ᠦᠷ᠎ᠡ ᠠᠰᠢᠭ ᠤᠨ ᠳᠠᠪᠠᠭᠤᠯᠢᠭ ᠪᠣᠯᠭᠠᠨ ᠬᠤᠪᠢᠷᠠᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠬᠤ ᠲᠤᠯᠭᠠᠮ ᠭᠤᠣᠯ ᠰᠡᠳᠦᠪ ᠪᠣᠯᠤᠨ᠎ᠠ᠃ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠦᠷᠢᠨ ᠲᠡᠭᠦᠯᠳᠡᠷ ᠬᠤᠭᠤᠴᠠᠭᠠᠨ ᠳᠤ ᠣᠷᠣᠰᠢᠵᠤ ᠪᠠᠶᠢᠨ᠎ᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠳᠤᠷᠠᠳᠤᠨ ᠭᠠᠷᠭᠠᠪᠠ᠃ ᠣᠳᠣᠬᠠᠨ ᠳᠤ᠂ ᠪᠥᠬᠦ ᠬᠤᠰᠢᠭᠤᠨ ᠤ ᠡᠯ᠎ᠡ ᠬᠦᠷᠢᠶᠡᠨ ᠤ ᠬᠠᠮᠢᠶᠠᠷᠤᠯᠲᠠ ᠬᠠᠷᠢᠴᠠᠩᠭᠤᠶ ᠪᠠᠷ ᠪᠡᠶ᠎ᠡ ᠪᠠᠨ ᠳᠠᠭᠠᠭᠠᠵᠤ᠂ ᠬᠠᠷᠢᠯᠴᠠᠨ ᠬᠤᠯᠪᠣᠭᠠᠯᠠᠨ ᠬᠥᠳᠡᠯᠦᠯᠴᠡᠬᠦ ᠪᠠ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠲᠠᠯ᠎ᠠ ᠪᠠᠷ ᠳᠤᠲᠠᠭᠳᠠᠵᠤ ᠪᠠᠶᠢᠨ᠎ᠠ︔ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠲᠣᠭᠲᠠᠴᠠ ᠬᠠᠷᠢᠴᠠᠩᠭᠤᠶ ᠲᠣᠭᠲᠠᠪᠤᠷᠢᠲᠠᠶ ᠪᠠᠶᠢᠵᠤ᠂ ᠪᠣᠳᠠᠲᠤ  ᠦᠢᠯᠡᠳᠦᠯᠳᠦ ᠴᠢᠨᠠᠷ ᠪᠠ ᠠᠮᠢᠳᠤᠯᠢᠭ ᠴᠢᠨᠠᠷ ᠢᠶᠠᠷ ᠳᠤᠲᠠᠮᠠᠭ ᠪᠠᠶᠢᠨ᠎ᠠ︔ ᠲᠣᠤᠷᠵᠢᠭᠤᠯᠤᠨ ᠵᠠᠰᠠᠬᠤ ᠬᠡᠪ ᠵᠠᠭᠪᠤᠷ᠂ ᠠᠭᠤᠯᠭ᠎ᠠ ᠨᠢ ᠲᠠᠩ ᠴᠤᠯᠭᠤᠶ ᠪᠠᠶᠢᠵᠤ᠂ ᠣᠯᠠᠨ ᠢᠶᠠᠷ ᠢᠶᠠᠨ  ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ  ᠦᠢᠯᠡᠳᠦᠯ ᠢ  ᠭᠦᠢᠴᠡᠳ ᠪᠠᠳᠠᠷᠠᠭᠤᠯᠤᠭᠰᠠᠨ ᠥᠬᠡᠶ︔ ᠴᠥᠭᠡᠨ ᠲᠣᠭᠠᠨ ᠤ ᠬᠤᠷᠰᠢᠭᠰᠠᠨ ᠵᠣᠬᠢᠶᠠᠨ ᠪᠠᠶᠢᠭᠤᠯᠤᠯᠲᠠ ᠨᠢ ᠬᠤᠭᠤᠰᠣᠨ ᠪᠠᠶᠢᠳᠠᠯ ᠳᠤ ᠣᠷᠣᠰᠢᠵᠤ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠪᠣᠳᠠᠲᠤ ᠬᠦᠴᠦᠨ ᠨᠡᠯᠢᠶᠡᠳ ᠪᠠᠭᠤᠷᠠᠶ ᠪᠠᠶᠢᠵᠤ᠂ ᠵᠢᠱᠢᠶ᠎ᠡ ᠦᠵᠡᠭᠦᠯᠬᠦ᠂  ᠳᠠᠶᠢᠴᠢᠯᠠᠬᠤ ᠪᠠ ᠬᠥᠲᠥᠯᠥᠨ ᠳᠠᠭᠠᠭᠤᠯᠬᠤ  ᠦᠢᠯᠡᠳᠦᠯ ᠢᠶᠠᠨ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ︔ ᠨᠡᠩ ᠪᠣᠯᠪᠠᠰᠤᠷᠠᠩᠭᠤᠢ᠂ ᠨᠡᠩ ᠬᠡᠯᠪᠡᠷᠢᠵᠢᠭᠰᠡᠨ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠪᠦᠷᠢᠯᠳᠦᠭᠦᠯᠬᠦ ᠪᠣᠯ ᠴᠥᠬᠦᠷᠡᠰᠢ ᠦᠭᠡᠢ ᠠᠬᠢᠭᠤᠯᠬᠤ ᠴᠢᠬᠤᠯᠠᠲᠠᠢ ᠨᠢᠭᠡᠨ ᠰᠢᠰᠲ᠋ᠧᠮᠲᠦ ᠢᠨᠵᠧᠨᠧᠷᠢᠩ ᠮᠥᠨ᠃ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠲᠡᠩᠴᠡᠭᠦᠷᠢᠲᠡᠶ ᠪᠠᠶᠢᠬᠤ ᠨᠢ ᠬᠦᠴᠢᠷᠲᠡᠶ ᠬᠤᠭᠤᠴᠠᠭᠠᠨ ᠳᠤ ᠣᠷᠣᠰᠢᠵᠤ ᠪᠠᠶᠢᠨ᠎ᠠ᠃ ᠭᠠᠶᠢᠯᠢ ᠶᠢ ᠬᠥᠩᠭᠡᠯᠡᠵᠦ  ᠰᠦᠢᠳᠭᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂  ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠨᠥᠯᠥᠭᠡ ᠶᠢ ᠬᠦᠷᠳᠡᠵᠦ᠂ ᠡᠳ᠋ ᠤᠨ ᠵᠠᠰᠠᠭ ᠤᠨ ᠭᠠᠶᠢᠯᠢ ᠶᠢᠨ ᠣᠷᠣᠯᠭ᠎ᠠ ᠶᠢᠨ ᠨᠡᠮᠡᠭᠳᠡᠯ  ᠤᠨ ᠬᠡᠮᠵᠢᠶ᠎ᠡ ᠬᠠᠷᠢᠴᠠᠩᠭᠤᠶ ᠪᠠᠷ ᠪᠠᠭᠤᠷᠠᠪᠠ᠃ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠴᠠᠯᠢᠩ ᠢ ᠪᠠᠲᠤᠯᠠᠬᠤ᠂ ᠠᠵᠢᠯᠯᠠᠭᠠᠨ ᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠡᠯ᠎ᠡ ᠲᠥᠷᠥᠯ ᠤᠨ ᠳᠤᠲᠠᠭᠤᠳᠠᠯ ᠢ ᠠᠯᠬᠤᠮ ᠠᠯᠬᠤᠮ ᠢᠶᠠᠷ ᠨᠥᠬᠦᠪᠥᠷᠢᠯᠡᠬᠦ ᠳᠤ ᠴᠥᠮ ᠪᠠᠯᠠ ᠮᠥᠩᠭᠦ ᠶᠢᠨ  ᠴᠢᠩᠭ᠎ᠠ ᠵᠠᠷᠤᠯᠭ᠎ᠠ ᠶᠢ ᠬᠡᠷᠡᠭᠰᠡᠨ᠎ᠡ᠃ ᠲᠦᠢᠯ ᠤᠨ ᠬᠢᠵᠠᠭᠠᠷ ᠲᠠᠢ ᠡᠳ᠋ ᠤᠨ ᠬᠦᠴᠦᠨ ᠢ ᠠᠰᠢᠭᠯᠠᠨ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠪᠣᠯ ᠮᠠᠨ ᠤ ᠲᠦᠷᠦ ᠪᠠᠷᠢᠬᠤ ᠴᠢᠳᠠᠪᠤᠷᠢ ᠶᠢᠨ ᠲᠤᠬᠠᠶ ᠨᠢᠭᠡ ᠵᠦᠢᠯ ᠤᠨ ᠴᠢᠩᠭ᠎ᠠ ᠰᠢᠯᠭᠠᠯᠲᠠ ᠮᠥᠨ᠃ ᠡᠭᠦᠨ ᠳᠤ ᠪᠢᠳᠡ ᠡᠷᠬᠡᠪᠰᠢ ᠬᠢᠨᠠᠮᠠᠭᠠᠶ ᠬᠠᠨᠳᠤᠵᠤ᠂ ᠲᠣᠬᠢᠲᠠᠶ  ᠰᠢᠢᠳᠪᠦᠷᠢᠯᠡᠬᠦ ᠬᠡᠷᠡᠭᠲᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号