ᠵᠠᠰᠠᠭ ᠤᠨ ᠣᠷᠳᠣᠨ ᠤ ᠠᠵᠢᠯ ᠤᠨ ᠢᠯᠡᠳᠬᠡᠯ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠤᠯᠪᠣᠭᠳᠠᠯ ᠪᠦᠬᠦᠢ ᠲᠠᠶᠢᠯᠪᠤᠷᠢ | | 1᠂ ᠠᠷᠪᠠᠨ ᠵᠦᠢᠯ ᠢ ᠦᠭᠡᠶᠢᠰᠭᠡᠬᠦ ᠶᠢ ᠪᠠᠷᠢᠮᠵᠢᠶ᠎ᠠ ᠳᠤ ᠬᠦᠷᠦᠭᠦᠯᠬᠦ᠄ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠶᠢ ᠡᠷᠦᠬᠡ ᠳᠤ ᠬᠦᠷᠲᠡᠯ᠎ᠡ ᠪᠡᠶᠡᠯᠡᠭᠦᠯᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠥᠬᠡᠶ ᠪᠤᠶᠤ ᠬᠡᠷᠡᠭᠵᠢᠭᠦᠯᠦᠭᠡᠳ ᠵᠥᠷᠢᠶ᠎ᠡ ᠲᠠᠢ ᠪᠠᠶᠢᠬᠤ ᠶᠢ ᠠᠷᠢᠯᠭᠠᠬᠤ ᠶᠢ | ᠪᠡᠶᠡᠯᠠᠭᠦᠯᠦᠨᠡ︔ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠵᠤ ᠦᠢᠯᠡᠰ ᠢᠶᠠᠷ | ᠶᠠᠳᠠᠭᠤ ᠶᠢ ᠲᠡᠳᠬᠦᠬᠦ ᠲᠥᠷᠥᠯ ᠵᠦᠢᠯ ᠢ ᠪᠦᠷᠬᠦᠭᠰᠡᠨ ᠥᠬᠡᠶ ᠪᠠ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ | ᠬᠦᠴᠢᠷᠳᠡᠯᠲᠡᠶ ᠬᠥᠮᠦᠨ ᠠᠮᠠ ᠶᠢᠨ ᠦᠨᠳᠦᠰᠦᠨ ᠵᠦᠢᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠪᠦᠷᠬᠦᠭᠰᠡᠨ | ᠥᠬᠡᠶ ᠪᠠᠶᠢᠬᠤ ᠶᠢ ᠠᠷᠢᠯᠭᠠᠬᠤ ᠶᠢ ᠪᠡᠶᠡᠯᠠᠭᠦᠯᠦᠨᠡ︔ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠤ ᠬᠠᠮᠲᠤ ᠶᠢᠨ | ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠬᠠᠮᠲᠤ ᠶᠢᠨ ᠠᠵᠤ ᠠᠬᠤᠶ ᠶᠢᠨ ᠪᠠᠭᠤᠷᠠᠶ ᠶᠠᠳᠠᠭᠤ | ᠬᠦᠴᠢᠷᠳᠡᠯᠲᠡᠶ ᠭᠠᠴᠠᠭ᠎ᠠ ᠲᠣᠰᠬᠤᠨ ᠢ ᠠᠷᠢᠯᠭᠠᠬᠤ ᠶᠢ ᠪᠡᠶᠡᠯᠡᠭᠦᠯᠦᠨ᠎ᠡ︔ ᠲᠠᠩᠰᠠ ᠪᠠ ᠺᠠᠷᠲ ᠲᠠᠢ ᠶᠠᠳᠠᠭᠤ | ᠬᠦᠴᠢᠷᠳᠡᠯᠲᠡᠶ ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠪᠦᠬᠦᠨ ᠢ ᠠᠷᠢᠯᠭᠠᠬᠤ ᠶᠢ ᠪᠡᠶᠡᠯᠡᠭᠦᠯᠦᠨ᠎ᠡ︔ | ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠳᠤ ᠴᠠᠬᠢᠯᠭᠠᠨᠬᠥ᠋ᠳᠡᠯᠭᠡᠬᠦ ᠬᠦᠴᠦᠨ ᠨᠡᠪᠲᠡᠷᠡᠭᠡᠳᠦᠶ᠂ ᠶᠠᠳᠠᠭᠤ | ᠬᠥᠴᠢᠷᠳᠡᠯᠲᠡᠢ ᠡᠷᠦᠬᠡ ᠶᠢᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠢ ᠪᠠᠷᠢᠮᠵᠢᠶ᠎ᠠ ᠳᠤ ᠥᠯᠥ ᠬᠥᠷᠬᠦ ᠵᠢᠠᠷᠢᠯᠭᠠᠬᠤ ᠶᠢ | ᠪᠡᠶᠡᠯᠠᠭᠦᠯᠦᠨᠡ︔ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠣᠨᠳᠣᠤ ᠭᠠᠵᠠᠷ ᠲᠤ ᠨᠡᠭᠦᠯᠭᠡᠨ | ᠶᠠᠳᠠᠭᠤ ᠶᠢ ᠳᠡᠳᠭᠦᠬᠦ ᠡᠭᠦᠷᠭᠡ ᠶᠢ ᠪᠦᠬᠦᠨ ᠢ ᠠᠷᠢᠯᠭᠠᠬᠤ ᠶᠢ ᠪᠡᠶᠡᠯᠠᠭᠦᠯᠦᠨᠡ︔ ᠨᠠᠷᠢᠯᠢᠭ ᠣᠨᠤᠪᠴᠢᠲᠠᠢ | ᠶᠠᠳᠠᠭᠤ ᠶᠢ ᠲᠡᠳᠬᠦᠬᠦ ᠳᠡᠩᠰᠡᠯᠡᠨ ᠺᠠᠷᠲᠯᠠᠬᠤ ᠲᠠᠪᠴᠠᠩ ᠤᠨ ᠳ᠋ᠠᠶᠢᠲ᠋ᠠ ᠶᠢᠨ ᠰᠢᠰᠲ᠋ᠧᠮ ᠤᠨ ᠪᠥᠲᠥᠭᠡᠨ | ᠪᠠᠶᠢᠭᠤᠯᠤᠯᠲᠠ ᠶᠢ ᠪᠠᠷᠢᠮᠵᠢᠶ᠎ᠠ ᠳᠤ ᠬᠦᠷᠦᠭᠦᠯᠦᠨ᠎ᠡ︔ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠨᠳᠦᠰᠦᠨ | ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠰᠢᠶᠠᠩ | ᠪᠠᠯᠭᠠᠰᠤ ᠰᠤᠮᠤ ᠭᠠᠴᠠᠭ᠎ᠠ ᠲᠣᠰᠬᠤᠨ ᠤ ᠬᠤᠶᠠᠷ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠬᠡᠷ︶ ᠶᠢᠨ | ᠲᠥᠬᠦᠭᠡᠷᠦᠮᠵᠢ᠂ ᠠᠵᠢᠯᠲᠠᠨ᠂ ᠡᠮ ᠵᠡᠷᠭᠡ ᠦᠨᠳᠦᠰᠦᠨ ᠡᠮᠴᠢᠯᠡᠭᠡᠨ ᠤ ᠦᠢᠯᠡᠴᠢᠯᠡᠭᠡ ᠶᠢ ᠪᠠᠷᠢᠮᠵᠢᠶ᠎ᠠ ᠳᠤ | ᠬᠦᠷᠦᠭᠦᠯᠦᠨ᠎ᠡ︔ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠤᠤᠭᠤᠬᠤ ᠤᠰᠤᠨ ᠤ ᠠᠮᠤᠷ | ᠲᠦᠪᠰᠢᠨ ᠢ ᠪᠠᠷᠢᠮᠵᠢᠶ᠎ᠠ ᠲᠤ ᠬᠦᠷᠦᠭᠦᠯᠬᠦ ᠶᠢ ᠪᠡᠶᠡᠯᠡᠭᠦᠯᠦᠨ᠎ᠡ︔ ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠰᠤᠷᠭᠠᠭᠤᠯᠢ ᠶᠢ ᠥᠭᠡᠷᠡᠴᠢᠯᠡᠬᠦ ᠪᠠ ᠬᠥᠳᠡᠭᠡ ᠲᠣᠰᠬᠤᠨ ᠤ ᠪᠠᠭ᠎ᠠ | ᠬᠡᠪᠴᠢᠶᠡᠨ ᠤ ᠰᠤᠷᠭᠠᠭᠤᠯᠢ᠂ ᠰᠢᠶᠠᠩ ᠪᠠᠯᠭᠠᠰᠤᠨ ᠤ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢ | ᠥᠭᠡᠷᠡᠴᠢᠯᠡᠬᠦ ᠶᠢ ᠪᠡᠶᠡᠯᠡᠭᠦᠯᠵᠦ᠂ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠶ ᠭᠡᠷ | ᠪᠦᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠦᠷ᠎ᠡ ᠬᠡᠤᠬᠡᠳ ᠤᠨ ᠰᠤᠷᠤᠯᠭ᠎ᠠ ᠪᠠᠨ | ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠪᠠ ᠪᠠᠷᠢᠮᠵᠢᠶ᠎ᠠ ᠳᠤ ᠬᠦᠷᠦᠭᠦᠯᠬᠦ ᠶᠢ | ᠪᠡᠶᠡᠯᠡᠭᠦᠯᠦᠨ᠎ᠡ᠃ | 2᠂ ᠭᠤᠷᠪᠠ ᠶᠢ ᠵᠠᠰᠠᠬᠤ ᠶᠢ ᠠᠭᠤᠰᠤᠯᠴᠠᠭᠤᠯᠬᠤ᠄ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ ᠪᠠ | ᠶᠣᠰᠣ ᠮᠣᠷᠠᠯ ᠢᠶᠠᠷ ᠵᠠᠰᠠᠬᠤ ᠶᠢ ᠠᠭᠤᠰᠤᠯᠴᠠᠭᠤᠯᠬᠤ᠂ ᠥᠪᠡᠷᠲᠡᠭᠡᠨ ᠵᠠᠰᠠᠬᠤ ᠪᠣᠯ ᠭᠤᠤᠯ ᠠᠭᠤᠯᠭ᠎ᠠ᠂ ᠬᠠᠤᠯᠢ ᠪᠠᠷ | ᠵᠠᠰᠠᠬᠤ ᠪᠣᠯ ᠪᠠᠲᠤᠯᠠᠭ᠎ᠠ ᠶᠢᠨ ᠬᠤᠷᠢᠭ᠎ᠠ ᠱᠤᠭᠤᠮ᠂ ᠶᠣᠰᠣ ᠮᠣᠷᠠᠯ ᠢᠶᠠᠷ ᠵᠠᠰᠠᠬᠤ ᠪᠣᠯ ᠲᠤᠰᠠᠯᠠᠬᠤ ᠪᠠᠭᠠᠵᠢ ᠮᠥᠨ᠃ | | 3᠂ ᠬᠤᠶᠠᠷ ᠢ ᠪᠠᠭᠠᠰᠬᠠᠬᠤ ᠬᠤᠶᠠᠷ ᠢ ᠨᠡᠮᠡᠭᠳᠡᠭᠦᠯᠬᠦ ᠪᠠᠶᠢᠯᠳᠤᠬᠤ ᠪᠣᠳᠣᠯᠭ᠎ᠠ᠄ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠬᠤᠰᠢᠭᠤᠨ ᠤ ᠵᠢᠯ ᠪᠦᠷᠢ ᠡᠷᠳᠡᠨᠢ ᠰᠢᠰᠢ᠂ ᠰᠢᠰᠢ 20 ᠲᠦᠮᠡᠨ | ᠮᠥ ᠪᠠᠭᠠᠰᠬᠠᠨ᠂ ᠵᠢᠯ ᠪᠦᠷᠢ ᠨᠠᠷᠢᠮᠤ ᠵᠡᠷᠭᠡ ᠡᠯᠳᠡᠪ ᠠᠮᠤ ᠪᠤᠷᠴᠠᠭ ᠢ 10 ᠲᠦᠮᠡᠨ ᠮᠥ ᠨᠡᠮᠡᠭᠳᠡᠭᠦᠯᠵᠦ᠂ ᠲᠡᠵᠢᠭᠡᠯ | ᠪᠣᠷᠳᠣᠭᠠᠨ ᠤ ᠲᠠᠷᠢᠮᠠᠯ ᠢ 10 ᠲᠦᠮᠡᠨ ᠮᠥ ᠨᠡᠮᠡᠭᠳᠡᠭᠦᠯᠦᠨ᠎ᠡ᠃ 2020 ᠣᠨ ᠪᠣᠯᠬᠤ ᠳᠤ᠂ ᠪᠦᠬᠦ ᠬᠤᠰᠢᠭᠤᠨ ᠤ | ᠡᠷᠳᠡᠨᠢ ᠰᠢᠰᠢ᠂ ᠰᠢᠰᠢ ᠲᠠᠷᠢᠬᠤ ᠲᠠᠯᠠᠪᠠᠢ ᠶᠢ 100 ᠲᠦᠮᠡᠨ ᠮᠦ ᠳᠤ ᠳᠣᠭᠲᠠᠪᠤᠷᠢᠵᠢᠭᠤᠯᠵᠤ᠂ ᠨᠠᠷᠢᠮᠤ ᠶᠢ | 100 ᠲᠦᠮᠡᠨ ᠮᠦ᠂ ᠡᠯᠳᠡᠪ ᠠᠮᠤ ᠪᠤᠷᠴᠠᠭ ᠢ 100 ᠲᠦᠮᠡᠨ ᠮᠦ᠂ ᠲᠡᠵᠢᠭᠡᠯ ᠪᠣᠷᠳᠣᠭᠠᠨ ᠤ ᠲᠠᠷᠢᠮᠠᠯ ᠢ 100 | ᠲᠦᠮᠡᠨ ᠮᠦ ᠳᠤ ᠲᠣᠭᠲᠠᠪᠤᠷᠢᠵᠢᠭᠤᠯᠤᠨ᠎ᠠ᠃ | 4᠂ ᠨᠢᠭᠡ ᠶᠢ ᠬᠠᠰᠤᠵᠤ ᠭᠤᠷᠪᠠ ᠶᠢ ᠨᠡᠮᠡᠭᠳᠡᠭᠦᠯᠬᠦ ᠪᠠᠶᠢᠯᠳᠤᠬᠤ ᠪᠣᠳᠣᠯᠭ᠎ᠠ᠄ 2020 ᠣᠨ ᠪᠣᠯᠬᠤ ᠳᠤ᠂ | ᠪᠦᠬᠦ ᠬᠤᠰᠢᠭᠤᠨ ᠤ ᠣᠬᠤᠷ ᠰᠡᠭᠦᠯᠲᠦ ᠦᠯᠴᠢᠷ ᠬᠤᠨᠢ ᠶᠢ 100 ᠲᠦᠮᠡ ᠪᠠᠭᠠᠰᠬᠠᠵᠤ᠂ ᠴᠢᠨᠠᠷ ᠰᠠᠶᠢᠲᠠᠶ ᠡᠬᠡ | ᠣᠬᠤᠷ ᠰᠡᠭᠦᠯᠲᠦ ᠦᠯᠴᠢᠷ ᠬᠤᠨᠢ ᠶᠢ 50 ᠲᠦᠮᠡ ᠦᠯᠡᠳᠡᠭᠡᠨ᠎ᠡ᠃ ᠴᠢᠨᠠᠷ ᠰᠠᠶᠢᠲᠠᠶ ᠬᠤᠨᠢ ᠶᠢ 100 ᠲᠦᠮᠡ | ᠨᠡᠮᠡᠭᠳᠡᠭᠦᠯᠵᠦ᠂ ᠭᠠᠭ᠋ᠠᠶ ᠶᠢ 200 ᠲᠦᠮᠡ ᠨᠡᠮᠡᠭᠳᠡᠭᠦᠯᠵᠦ᠂ 300 ᠲᠦᠮᠡ ᠳᠤ ᠬᠦᠷᠦᠭᠦᠯᠵᠦ᠂ ᠡᠯᠵᠢᠭᠡ ᠶᠢ 20 | ᠲᠦᠮᠡ ᠨᠡᠮᠡᠭᠳᠡᠭᠦᠯᠵᠦ᠂ 40 ᠲᠦᠮᠡ ᠳᠤ ᠬᠦᠷᠦᠭᠦᠯᠦᠨ᠎ᠡ᠃ | 5᠂ ᠨᠢᠭᠡ ᠶᠢ ᠬᠠᠰᠤᠵᠤ ᠭᠤᠷᠪᠠ ᠶᠢ ᠨᠡᠮᠡᠭᠳᠡᠭᠦᠯᠵᠦ ᠬᠤᠶᠠᠷ ᠢ ᠥᠭᠡᠷᠡᠴᠢᠯᠡᠬᠦ ᠪᠠᠶᠢᠯᠳᠤᠬᠤ ᠪᠣᠳᠣᠯᠭ᠎ᠠ᠄ | 2020 ᠣᠨ ᠪᠣᠯᠬᠤ ᠳᠤ᠂ ᠪᠦᠬᠦ ᠬᠤᠰᠢᠭᠤᠨ ᠳᠤ 60 ᠲᠦᠮᠡᠨ ᠮᠦ ᠶᠢᠨ ᠮᠠᠭᠤᠳᠠᠭᠰᠠᠨ ᠣᠶ ᠶᠢ ᠪᠠᠭᠠᠰᠬᠠᠨ᠂ | 5 ᠲᠦᠮᠡᠨ ᠮᠦ ᠵᠢᠮᠢᠰ ᠤᠨ ᠠᠵᠤ ᠠᠬᠤᠶ ᠶᠢᠨ ᠣᠶ ᠶᠢ ᠨᠡᠮᠡᠭᠳᠡᠭᠦᠯᠵᠦ᠂ 20 ᠲᠦᠮᠡᠨ ᠮᠦ ᠰᠧᠩᠳᠧᠩ ᠮᠣᠳᠤᠨ | ᠵᠢᠮᠢᠰ ᠨᠡᠮᠡᠵᠦ᠂ 20 ᠲᠦᠮᠡᠨ ᠮᠦ ᠵᠢᠭᠠᠷᠲᠤ ᠨᠠᠷᠠᠰᠤ ᠶᠢ ᠨᠡᠮᠡᠭᠳᠡᠭᠦᠯᠵᠦ᠂ 10 ᠲᠦᠮᠡᠨ ᠮᠦ ᠠᠭᠤᠯᠠᠨ | ᠬᠦᠢᠯᠡᠰᠦ ᠶᠢ ᠵᠠᠯᠭᠠᠵᠤ᠂ 10 ᠲᠦᠮᠡᠨ ᠮᠦ ᠴᠢᠴᠠᠷᠭᠠᠨ᠎ᠠ ᠶᠢ ᠪᠤᠶᠢᠵᠢᠭᠤᠯᠤᠨ ᠰᠠᠶᠢᠵᠢᠷᠠᠭᠤᠯᠤᠨ᠎ᠠ᠃ | 6᠂ ᠭᠤᠷᠪᠠᠨ ᠪᠦᠲᠦᠭᠡᠭᠳᠡᠬᠦᠨ ᠨᠢᠭᠡ ᠲᠡᠮᠳᠡᠭ᠄ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ᠂ | ᠪᠣᠬᠢᠷᠲᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ | ᠭᠠᠵᠠᠷ ᠵᠦᠶ ᠶᠢᠨ ᠲᠡᠮᠳᠡᠭ᠃ | 7᠂ ᠠ ᠯᠢ ᠪᠠ ᠪᠠ ᠰᠢᠷᠭᠤᠯᠵᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠲᠥᠷᠥᠯ ᠵᠦᠢᠯ᠄ | ᠠ ᠯᠢ ᠪᠠ ᠪᠠ ᠪᠦᠯᠦᠭᠯᠡᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠴᠤᠤᠷᠢᠶᠠᠲᠤᠨ ᠳᠠᠭᠠᠵᠤ᠂ ᠰᠢᠶᠠᠨ ᠤ ᠬᠡᠪᠴᠢᠶᠡᠨ ᠤ ᠬᠥᠳᠡᠭᠡ ᠲᠣᠰᠬᠤᠨ ᠤ ᠭᠠᠵᠠᠷ ᠣᠷᠣᠨ ᠤ ᠮᠥᠩᠭᠦᠨ | ᠭᠦᠢᠯᠭᠡᠭᠡᠨ ᠤ ᠠᠰᠢᠭ ᠭᠥᠷᠳᠡᠬᠦ ᠴᠢᠨᠠᠷ ᠬᠠᠷᠢᠴᠠᠩᠭᠤᠶ ᠬᠦᠷᠦᠯᠴᠡᠬᠦ ᠥᠬᠡᠶ᠂ ᠣᠷᠣᠨ ᠪᠦᠰᠡ ᠶᠢᠨ ᠬᠥᠭᠵᠢᠯᠲᠡ | ᠲᠡᠩᠴᠡᠭᠦᠷᠢ ᠥᠬᠡᠶ ᠵᠢᠴᠢ ᠲᠠᠷᠢᠶᠠᠴᠢᠳ ᠤᠨ ᠪᠠᠯᠠ ᠲᠣᠬᠢᠷᠠᠭᠤᠯᠬᠤ ᠳᠤ ᠬᠦᠴᠢᠷᠲᠡᠶ᠂ ᠪᠠᠯᠠ ᠲᠣᠬᠢᠷᠠᠭᠤᠯᠬᠤ ᠳᠤ | ᠦᠨᠡᠲᠡᠶ᠂ ᠪᠠᠯᠠ ᠲᠣᠬᠢᠷᠠᠭᠤᠯᠬᠤ ᠳᠤ ᠤᠳᠠᠭᠠᠨ ᠪᠠᠶᠢᠬᠤ ᠪᠣᠳᠠᠲᠠᠶ ᠠᠰᠠᠭᠤᠳᠠᠯ ᠳᠤ ᠴᠢᠭᠯᠡᠭᠦᠯᠦᠨ᠂ ᠭᠠᠷᠭᠠᠭᠰᠠᠨ | ᠬᠥᠳᠡᠭᠡ ᠲᠣᠰᠬᠤᠨ ᠤ ᠲᠣᠭᠠᠴᠢᠯᠠᠭᠰᠠᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠦᠢᠯᠡᠳᠭᠦᠨ ᠨᠢ | ᠰᠢᠷᠭᠤᠯᠵᠢᠨ ᠮᠥᠩᠭᠦᠨ ᠭᠦᠢᠯᠭᠡᠭᠡᠨ ᠤ ︽ᠲᠣᠮᠣ ᠳ᠋ᠠᠶᠢᠲ᠋ᠠ + ᠵᠣᠬᠢᠶᠠᠮᠠᠯ ᠣᠶᠤᠨ ᠴᠢᠳᠠᠪᠤᠷᠢ︾ ᠮᠡᠷᠭᠡᠵᠢᠯ ᠤᠨ | ᠳᠠᠪᠠᠭᠤᠯᠢᠭ ᠢ ᠠᠰᠢᠭᠯᠠᠨ᠂ ᠲᠠᠷᠢᠶᠠᠴᠢᠳ ᠢ ᠭᠡᠷ ᠠᠴᠠ ᠪᠠᠨ ᠭᠠᠷᠬᠤ ᠥᠬᠡᠶ ᠪᠠᠷ ᠬᠤᠲᠠ ᠶᠢᠨ ᠬᠥᠮᠦᠰ ᠲᠠᠢ ᠠᠳᠠᠯᠢ | ᠳᠥᠭᠦᠮ ᠳᠥᠲᠡ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠬᠦᠷᠲᠡᠭᠡᠨ᠎ᠡ᠃ | 8᠂ ᠰᠢᠨ ᠬᠤᠶ ᠬᠤᠲᠠ ᠲᠣᠭᠤᠷᠢᠭ ᠤᠨ ᠵᠠᠮ ᠤᠨ ᠬᠥᠭᠦᠷᠭᠡ᠂ ᠨᠣᠭᠤᠭᠠᠷᠠᠭᠤᠯᠤᠯᠲᠠ ᠶᠢᠨ ᠰᠢᠷᠢᠰ | ᠢᠨᠵᠧᠨᠧᠷᠢᠩ᠄ ᠵᠠᠮ ᠤᠨ ᠬᠥᠭᠦᠷᠭᠡ ᠶᠢᠨ ᠢᠨᠵᠧᠨᠧᠷᠢᠩ ᠨᠢ ᠰᠢᠨ ᠬᠤᠶ ᠬᠤᠲᠠ ᠲᠣᠭᠤᠷᠢᠭ ᠤᠨ ᠬᠤᠢ ᠵᠧᠤ ᠵᠡᠭᠡᠯᠢ | ᠂ ᠸᠧᠨ ᠬᠤᠸᠠ ᠵᠠᠮ᠂ ᠸᠧᠨ ᠺᠠᠩ ᠵᠠᠮ᠂ ᠰᠢᠤᠸᠠᠢ ᠶᠤᠸᠠᠨ ᠵᠠᠮ᠂ ᠰᠢᠩ ᠯᠦᠩ ᠵᠡᠭᠡᠯᠢ ᠭᠤᠳᠤᠮᠵᠢ᠂ ᠶᠢᠩ ᠪᠢᠨ | ᠶᠡᠭᠡ ᠬᠥᠭᠦᠷᠭᠡ ᠵᠡᠷᠭᠡ ᠢᠨᠵᠧᠨᠧᠷᠢᠩ ᠢ ᠵᠢᠭᠠᠨ᠎ᠠ᠃ ᠨᠣᠭᠤᠭᠠᠷᠠᠭᠤᠯᠬᠤ ᠢᠨᠵᠧᠨᠧᠷᠢᠩ ᠭᠡᠳᠡᠭ ᠨᠢ ᠮᠥᠩᠬᠡ | ᠭᠤᠣᠯ ᠤᠨ ᠬᠤᠶᠢᠲᠦ ᠬᠡᠰᠡᠭ᠂ ᠶᠢᠩ ᠪᠢᠨ ᠶᠡᠭᠡ ᠵᠠᠮ ᠤᠨ ᠵᠡᠭᠦᠨ ᠡᠮᠦᠨ᠎ᠡ ᠬᠡᠰᠡᠭ᠂ ᠰᠢᠨ ᠵᠧᠤ ᠵᠡᠭᠡᠯᠢ ᠶᠢᠨ | ᠬᠤᠶᠢᠲᠤ ᠬᠡᠰᠡᠭ᠂ ᠬᠤᠲᠠ ᠲᠣᠭᠤᠷᠢᠭ ᠤᠨ ᠭᠠᠳᠠᠷ ᠲᠣᠭᠤᠷᠢᠯ ᠵᠠᠮ ᠤᠨ ᠨᠣᠭᠤᠭᠠᠷᠠᠭᠤᠯᠬᠤ ᠢᠨᠵᠧᠨᠧᠷᠢᠩ ᠢ | ᠵᠢᠭᠠᠵᠤ ᠪᠣᠶ᠃ | 9᠂ ᠰᠢᠷᠭᠤᠯᠵᠢᠨ ᠣᠶ᠄ ᡁᠢ ᠹᠦ᠋ ᠪᠣᠣ ᠶᠢᠨ ᠬᠡᠷᠡᠭᠯᠡᠭᠴᠢ ᠶᠢᠨ ᠦᠵᠦᠭᠦᠷ ᠤᠨ ᠠᠩᠬᠠᠨ ᠤ ᠬᠤᠭᠤᠴᠠᠭᠠᠨ ᠤ | ︽ᠨᠡᠭᠦᠷᠡᠰᠦᠲᠥ᠋ᠷᠥᠭᠴᠢ ᠶᠢᠨ ᠲᠠᠩᠰᠠᠨ ᠡᠷᠦᠬᠡ︾ ᠪᠠᠷ ᠲᠥᠯᠥᠪᠯᠡᠭᠰᠡᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ | ᠪᠣᠯᠤᠨ᠎ᠠ᠂ ᠬᠡᠷᠡᠭᠯᠡᠭᠴᠢ ᠶᠠᠪᠠᠭᠠᠨ ᠶᠠᠪᠤᠬᠤ᠂ ᠭᠠᠵᠠᠷ ᠳᠣᠤᠷᠠᠬᠢ ᠲᠡᠮᠦᠷ ᠵᠠᠮ ᠢᠶᠠᠷ ᠭᠠᠳᠠᠭᠰᠢ ᠭᠠᠷᠬᠤ᠂ ᠰᠦᠯᠵᠢᠶᠡᠨ | ᠳᠡᠭᠡᠷ᠎ᠡ ᠰᠦᠢᠳᠭᠡᠯ ᠲᠤᠰᠢᠶᠠᠬᠤ᠂ ᠰᠦᠯᠵᠢᠶᠡᠨ ᠳᠡᠭᠡᠷ᠎ᠡ ᠳ᠋ᠤᠭᠠᠷᠯᠠᠬᠤ ᠵᠡᠷᠭᠡ ᠦᠢᠯᠡ ᠠᠵᠢᠯᠯᠠᠭ᠎ᠠ ᠪᠠᠷ | ᠳᠠᠮᠵᠢᠭᠤᠯᠤᠨ᠂ ᠵᠣᠬᠢᠬᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ᠂ ᡁᠢ ᠹᠦ᠋ ᠪᠣᠣ ᠳᠤ | ᠨᠢᠭᠡ ᠵᠣᠬᠢᠶᠠᠮᠠᠯ ᠮᠣᠳᠣ ᠲᠡᠵᠢᠭᠡᠬᠦ ᠳᠤ ᠬᠡᠷᠡᠭᠯᠡᠨ᠎ᠡ᠃ ᠡᠨᠡ ᠮᠣᠳᠣ ᠤᠷᠭᠤᠭᠠᠳ ᠲᠣᠮᠤ ᠪᠣᠯᠪᠠᠯ᠂ ᠨᠡᠶᠢᠲᠡ ᠶᠢᠨ | ᠠᠰᠠᠷᠠᠮᠵᠢ ᠶᠢᠨ ᠵᠣᠬᠢᠶᠠᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠠᠬᠤᠶᠢᠯᠠᠯ ᠵᠡᠷᠭᠡ | ᠠᠮᠢ ᠠᠬᠤᠶ ᠶᠢᠨ ᠬᠠᠨᠢᠲᠠᠨ ᠬᠡᠷᠡᠭᠯᠡᠭᠴᠢ ᠶᠢᠨ ︽ᠮᠣᠳᠣ ᠶᠢ ︽ᠬᠤᠳᠠᠯᠳᠤᠨ ᠠᠪᠴᠤ︾ ᠪᠣᠯᠬᠤ ᠪᠥᠭᠡᠳ ᠪᠣᠳᠠᠲᠤ | ᠭᠠᠵᠠᠷ ᠣᠷᠣᠨ ᠳᠤ ᠨᠢᠭᠡ ᠮᠣᠳᠣ ᠳᠠᠷᠢᠵᠤ ᠪᠣᠯᠤᠨ᠎ᠠ᠃ | 10᠂ ᠨᠠᠢᠮᠠᠨ ᠲᠣᠳᠣᠷᠬᠠᠶ ᠬᠠᠭᠤᠳᠠᠰᠤ᠄ ᠡᠷᠬᠡ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ᠂ ᠣᠯᠠᠨ | ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠲᠣᠳᠣᠷᠬᠠᠶ ᠬᠠᠭᠤᠳᠠᠰᠤ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠵᠠᠭᠤᠴᠢ ᠦᠢᠯᠡᠴᠢᠯᠡᠭᠡᠨ ᠤ ᠵᠦᠢᠯᠡᠰ ᠤᠨ ᠲᠣᠳᠣᠷᠬᠠᠶ ᠬᠠᠭᠤᠳᠠᠰᠤ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠵᠠᠭᠤᠴᠢ ᠦᠢᠯᠡᠴᠢᠯᠡᠭᠡᠨ ᠤ ᠰᠦᠢᠳᠭᠡᠯ ᠬᠤᠷᠢᠶᠠᠬᠤ ᠵᠦᠢᠯᠡᠰ ᠤᠨ ᠲᠣᠳᠣᠷᠬᠠᠶ ᠬᠠᠭᠤᠳᠠᠰᠤ᠂ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠬᠦ ᠦᠨᠡᠮᠯᠡᠯ ᠤᠨ ᠵᠦᠢᠯᠡᠰ ᠤᠨ ᠲᠣᠳᠣᠷᠬᠠᠶ ᠬᠠᠭᠤᠳᠠᠰᠤ᠂ ᠵᠠᠰᠠᠭ ᠵᠠᠬᠢᠷᠭᠠᠨ ᠠᠵᠢᠯ | ᠦᠢᠯᠡᠰ ᠤᠨ ᠴᠢᠨᠠᠷᠲᠠᠶ ᠰᠦᠢᠳᠭᠡᠯ ᠬᠤᠷᠢᠶᠠᠬᠤ ᠵᠦᠢᠯᠡᠰ ᠤᠨ ᠲᠣᠳᠣᠷᠬᠠᠶ ᠬᠠᠭᠤᠳᠠᠰᠤ᠂ ᠠᠵᠤ ᠠᠬᠤᠶᠢᠯᠠᠯ ᠤᠨ | ᠡᠵᠡᠩᠨᠡᠯᠲᠡ ᠦᠢᠯᠡᠴᠢᠯᠡᠭᠡᠨ ᠤ ᠴᠢᠨᠠᠷᠲᠠᠶ ᠰᠦᠢᠳᠭᠡᠯ ᠬᠤᠷᠢᠶᠠᠬᠤ ᠵᠦᠢᠯᠡᠰ ᠤᠨ ᠲᠣᠳᠣᠷᠬᠠᠶ ᠬᠠᠭᠤᠳᠠᠰᠤ᠂ | ᠲᠠᠰᠢᠷᠠᠮ ᠢᠶᠠᠷ ᠰᠤᠭᠤᠴᠢᠨ ᠪᠠᠶᠢᠴᠠᠭᠠᠬᠤ ᠵᠦᠢᠯᠡᠰ ᠤᠨ ᠲᠣᠳᠤᠷᠬᠠᠢ ᠬᠠᠭᠤᠳᠠᠰᠤ᠃ | 11᠂ ᠭᠤᠷᠪᠠᠨ ᠬᠤᠭᠤᠴᠠᠭ᠎ᠠ ᠳᠠᠪᠬᠤᠴᠠᠬᠤ᠄ ᠨᠡᠮᠡᠭᠳᠡᠯ ᠤᠨ ᠬᠤᠷᠳᠤᠴᠠ ᠰᠣᠯᠢᠭᠳᠠᠬᠤ ᠬᠤᠭᠤᠴᠠᠭ᠎ᠠ ᠪᠣᠯ | ᠠᠵᠤ ᠠᠬᠤᠶ ᠶᠢᠨ ᠬᠦᠭᠵᠢᠯᠲᠡ ᠶᠢᠨ ᠪᠤᠰᠤᠳᠴᠢ ᠵᠢᠮ᠎ᠡ ᠶᠣᠰᠣ ᠪᠠᠷ ᠲᠣᠭᠳᠠᠭᠠᠭᠳᠠᠭᠰᠠᠨ ᠶᠤᠮ᠃ ᠪᠦᠲᠦᠴᠡ ᠶᠢᠨ | ᠲᠤᠬᠢᠷᠠᠭᠤᠯᠤᠯᠳᠠ ᠶᠢᠨ ᠡᠪᠡᠷᠰᠢᠶᠡᠬᠦ ᠬᠤᠭᠤᠴᠠᠭ᠎ᠠ ᠪᠣᠯ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠤᠨ | ᠬᠤᠪᠢᠷᠠᠭᠤᠯᠤᠯᠲᠠ ᠶᠢ ᠲᠦᠷᠭᠡᠳᠬᠡᠬᠦ ᠰᠠᠨᠠᠭᠠᠴᠢᠯᠠᠭᠠᠲᠤ ᠰᠣᠩᠭᠤᠯᠲᠠ ᠮᠥᠨ᠃ ᠡᠮᠦᠨᠡᠬᠢ ᠬᠤᠭᠤᠴᠠᠭᠠᠨ ᠤ ᠰᠡᠳᠡᠯᠲᠡ | ᠥᠭᠬᠦ ᠲᠦᠷᠦ ᠶᠢᠨ ᠪᠤᠳᠤᠯᠭ᠎ᠠ ᠶᠢ ᠰᠢᠩᠭᠡᠭᠡᠬᠦ ᠬᠤᠭᠤᠴᠠᠭ᠎ᠠ ᠪᠣᠯ ᠤᠯᠠᠨ ᠵᠢᠯ ᠤᠨ ᠲᠤᠷᠰᠢ ᠬᠤᠷᠠᠮᠳᠤᠭᠰᠠᠨ ᠭᠦᠨ | ᠳᠠᠪᠬᠤᠷᠭ᠎ᠠ ᠶᠢᠨ ᠵᠥᠷᠢᠴᠡᠯ ᠢ ᠠᠷᠢᠯᠭᠠᠬᠤᠳᠤ ᠵᠠᠪᠠᠯ ᠥᠩᠭᠡᠷᠡᠭᠡᠬᠦ ᠱᠠᠲᠤ ᠦᠶ᠎ᠡ ᠮᠥᠨ᠃ | 12᠂ ᠳᠥᠷᠪᠡᠨ ᠰᠠᠭᠤᠷᠢ᠄ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ | ᠶᠢᠰᠦᠳᠦᠭᠡᠷ ᠪᠥᠬᠦᠳᠡ ᠬᠤᠷᠠᠯ ᠠᠴᠠ ᠠᠷᠠᠳ ᠤᠨ ᠠᠮᠢᠳᠤᠷᠠᠯ ᠤᠨ ᠦᠢᠯᠡᠰ ᠢ ᠶᠡᠬᠡᠪᠡᠷ ᠬᠥᠭᠵᠢᠭᠦᠯᠬᠦ᠂ | ᠪᠦᠲᠦᠮᠵᠢᠲᠡᠶ ᠪᠠᠯᠠ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠬᠦ᠂ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ᠂ ᠣᠯᠠᠨ ᠨᠡᠶᠢᠲᠡ ᠶᠢᠨ ᠠᠮᠤᠷ ᠲᠦᠪᠰᠢᠨ ᠢ ᠦᠨᠡᠨ ᠬᠦ | ᠬᠠᠮᠠᠭᠠᠯᠠᠬᠤ ᠳᠥᠷᠪᠡᠨ ᠵᠦᠢᠯ ᠤᠨ ᠰᠠᠭᠤᠷᠢ ᠠᠵᠢᠯ ᠢ ᠡᠷᠬᠡᠪᠰᠢ ᠪᠠᠬᠢᠵᠢᠭᠦᠯᠬᠦ ᠬᠡᠷᠡᠭᠲᠡᠶ ᠭᠡᠵᠦ ᠳᠤᠷᠠᠳᠤᠨ ᠭᠠᠷᠭᠠᠵᠠᠶ᠃ | | 13᠂ ᠬᠤᠶᠠᠷ ᠢ ᠦᠨᠡᠨᠬᠦ ᠪᠠᠲᠤᠯᠠᠬᠤ᠄ 2020 ᠣᠨ ᠪᠣᠯᠬᠤ ᠳᠤ᠂ ᠣᠳᠣ ᠶᠢᠨ ᠬᠡᠷᠡᠭᠵᠢᠭᠦᠯᠵᠦ ᠪᠠᠶᠢᠭ᠎ᠠ | ᠪᠠᠷᠢᠮᠵᠢᠶ᠎ᠠ ᠳᠣᠣᠷᠠᠬᠢ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ | ᠠᠩᠭᠢᠵᠢᠷᠠᠭᠤᠯᠬᠤ ᠶᠢ ᠦᠨᠡᠨ ᠬᠦ ᠪᠠᠲᠤᠯᠠᠵᠤ᠂ ᠶᠠᠳᠠᠭᠤ ᠬᠦᠴᠢᠷᠳᠡᠯᠲᠡᠶ ᠰᠢᠶᠠᠨ ᠢ ᠪᠦᠬᠦᠨ ᠢ ᠶᠠᠳᠠᠭᠤ ᠠᠴᠠ | ᠠᠩᠭᠢᠵᠢᠷᠠᠭᠤᠯᠬᠤ ᠶᠢ ᠦᠨᠡᠨ ᠬᠦ ᠪᠠᠲᠤᠯᠠᠨ᠎ᠠ᠃ | 14᠂ ᠲᠦᠷᠪᠡ ᠶᠢ ᠠᠪᠴᠤ ᠬᠠᠶᠠᠬᠤ ᠦᠭᠡᠢ᠄ ᠶᠠᠳᠠᠭᠤ ᠠᠴᠠ ᠠᠩᠭᠢᠵᠢᠷᠠᠭᠤᠯᠬᠤ ᠳᠤ ᠬᠠᠷᠢᠭᠤᠴᠠᠯᠭ᠎ᠠ ᠪᠠᠨ | ᠬᠠᠶᠠᠬᠤ ᠦᠭᠡᠢ᠂ ᠬᠠᠪᠰᠤᠷᠤᠨ ᠲᠡᠳᠬᠦᠬᠦ ᠪᠠᠨ ᠵᠣᠭᠰᠣᠬᠤ ᠦᠭᠡᠢ᠂ ᠲᠦᠷᠦ ᠶᠢᠨ ᠪᠤᠳᠤᠯᠭ᠎ᠠ ᠪᠠᠨ ᠬᠠᠶᠠᠬᠤ ᠦᠭᠡᠢ᠂ | ᠬᠢᠨᠠᠯᠲᠠ ᠬᠠᠮᠢᠶᠠᠷᠤᠯᠲᠠ ᠪᠠᠨ ᠬᠠᠶᠠᠬᠤ ᠦᠭᠡᠢ᠃ | 15᠂ ᠨᠢᠭᠡ ᠬᠠᠷᠠᠮᠵᠢ ᠶᠢᠨ ᠬᠤᠤᠰ ᠺᠠᠷᠲ᠄ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ | ᠠᠮᠠ ᠶᠢᠨ ᠦᠢᠯᠡᠳᠪᠦᠷᠢᠯᠡᠯ᠂ ᠡᠵᠡᠩᠨᠡᠯᠲᠡ ᠶᠢᠨ ᠴᠢᠳᠠᠪᠤᠷᠢ ᠥᠬᠡᠶ ᠪᠠᠶᠢᠳᠠᠯ ᠳᠤ ᠴᠢᠭᠯᠡᠭᠦᠯᠦᠨ᠂ ᠵᠠᠰᠠᠭ ᠤᠨ | ᠣᠷᠳᠣᠨ ᠠᠴᠠ ᠦᠷ᠎ᠡ ᠬᠡᠤᠬᠡᠳ ᠲᠤ ᠨᠢ ᠠᠵᠢᠯ ᠣᠯᠭᠤᠬᠤ ᠠᠵᠢᠯ ᠤᠨ ᠪᠠᠶᠢᠷᠢ ᠬᠠᠩᠭᠠᠵᠤ᠂ ᠬᠦᠴᠦ ᠶᠠᠪᠤᠬᠤ | ᠴᠠᠯᠢᠩ ᠬᠥᠯᠥᠰᠥ ᠶᠢᠨ 10% — 20% ᠶᠢ ᠨᠢ ᠡᠴᠢᠭᠡ ᠡᠬᠡ ᠶᠢᠨ ᠢᠶᠠᠨ ᠨᠠᠰᠤᠵᠢᠯ ᠤᠨ ᠠᠰᠠᠷᠠᠮᠵᠢ ᠶᠢᠨ | ᠮᠥᠩᠭᠦ ᠶᠢᠨ ᠺᠠᠷᠲ ᠲᠤ ᠣᠷᠣᠭᠤᠯᠤᠨ᠎ᠠ᠃ | 16᠂ ᠣᠷᠣᠨ ᠠᠯᠤᠰᠯᠠᠭᠰᠠᠨ ᠲᠥᠷᠥ ᠶᠢᠨ ᠪᠣᠳᠣᠯᠭ᠎ᠠ᠄ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ | ᠬᠢᠵᠠᠭᠠᠷᠯᠠᠯ ᠢ ᠡᠪᠳᠡᠬᠦ ᠪᠠᠷ ᠳᠠᠮᠵᠢᠭᠤᠯᠤᠨ᠂ ︽ ᠨᠢᠰᠦᠨ ᠭᠠᠷᠤᠭᠰᠠᠨ ᠭᠠᠵᠠᠷ︾ ᠤᠨ ᠪᠠᠯᠠ ᠮᠥᠩᠭᠦ ᠪᠠ ᠲᠥᠷᠥᠯ | ᠵᠦᠢᠯ ᠢ ᠵᠠᠰᠠᠭ ᠵᠠᠬᠢᠷᠭᠠᠨ ᠤ ᠲᠠᠯ᠎ᠠ ᠪᠠᠷ ᠬᠠᠷᠢᠯᠴᠠᠨ ᠬᠠᠷᠢᠶᠠᠯᠠᠭᠳᠠᠬᠤ ᠥᠬᠡᠶ ︽ᠨᠢᠰᠦᠨ ᠤᠷᠤᠭᠰᠠᠨ ᠭᠠᠵᠠᠷ︾ | ᠤᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠲᠤ ᠲᠠᠯᠪᠢᠵᠤ᠂ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ | ᠂ ᠬᠠᠮᠢᠶᠠᠷᠤᠯᠲᠠ ᠪᠠ ᠭᠠᠶᠢᠯᠢ ᠲᠠᠲᠠᠪᠤᠷᠢ ᠶᠢᠨ ᠬᠤᠪᠢᠶᠠᠷᠢᠯᠠᠯᠲᠠ ᠵᠡᠷᠭᠡ ᠬᠠᠮᠲᠤᠷᠠᠯᠴᠠᠭᠠᠨ ᠤ ᠲᠣᠭᠲᠠᠴᠠ ᠪᠠᠷ | ᠳᠠᠮᠵᠢᠭᠤᠯᠤᠨ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ᠃ | 17᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠣᠢ ᠰᠢᠭᠤᠶ ᠶᠢᠨ ᠲᠥᠷᠥᠯ ᠵᠦᠢᠯ ᠤᠨ | ᠬᠤᠶᠠᠳᠤᠭᠠᠷ ᠬᠤᠭᠤᠴᠠᠭᠠᠨ ᠤ ᠢᠨᠵᠧᠨᠧᠷᠢᠩ᠄ ᠪᠦᠬᠦᠯᠢ ᠨᠡᠷ᠎ᠡ ᠨᠢ ᠶᠡᠭᠡ ᠳᠤᠮᠳᠠ ᠠᠽᠢᠶ᠎ᠠ ᠶᠢᠨ ᠣᠷᠣᠨ | ᠪᠦᠰᠡ ᠶᠢᠨ ᠤᠷᠭᠤᠮᠠᠯ ᠬᠤᠴᠢᠯᠭ᠎ᠠ ᠶᠢ ᠰᠡᠷᠭᠦᠭᠡᠬᠦ ᠪᠠ ᠣᠢ ᠰᠢᠭᠤᠶ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ | ᠠᠰᠢᠭᠯᠠᠯᠲᠠ ᠶᠢᠨ ᠵᠢᠱᠢᠶ᠎ᠡ ᠦᠵᠡᠭᠦᠯᠬᠦ ᠲᠦᠷᠦᠯ ᠵᠦᠢᠯ ︵ᠬᠤᠶᠠᠳᠤᠭᠠᠷ ᠬᠤᠭᠤᠴᠠᠭ᠎ᠠ︶᠂ ᠶᠡᠭᠡ ᠳᠤᠮᠳᠠ | ᠠᠽᠢᠶ᠎ᠠ ᠶᠢᠨ ᠣᠷᠣᠨ ᠪᠦᠰᠡ ᠶᠢᠨ ᠲᠥᠰᠦᠭᠡᠲᠡᠶ ᠭᠠᠵᠠᠷ ᠣᠷᠣᠨ ᠤ ᠤᠷᠭᠤᠮᠠᠯ ᠬᠤᠴᠢᠯᠭ᠎ᠠ ᠶᠢ ᠰᠡᠷᠭᠦᠭᠡᠬᠦ ᠪᠠ ᠣᠢ | ᠰᠢᠭᠤᠶ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠰᠢᠭᠯᠠᠯᠲᠠ ᠳᠤ ᠨᠡᠶᠢᠲᠡᠯᠢᠭ ᠵᠢᠱᠢᠶ᠎ᠡ ᠦᠵᠡᠭᠦᠯᠬᠦ ᠶᠢᠨ | ᠲᠥᠯᠥᠭᠡ ᠶᠤᠮ᠃ | 18᠂ ᠭᠤᠷᠪᠠᠨ ᠦᠷ᠎ᠡ ᠠᠰᠢᠭ ᠤᠨ ᠨᠢᠭᠡᠳᠦᠯ᠄ ᠠᠮᠢ ᠠᠬᠤᠶ ᠶᠢᠨ ᠦᠷ᠎ᠡ ᠠᠰᠢᠭ᠂ ᠠᠵᠤ ᠠᠬᠤᠶ ᠶᠢᠨ | ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠤᠨ ᠨᠢᠭᠡᠳᠦᠯ ᠢ ᠵᠢᠭᠠᠵᠤ ᠪᠠᠶᠢᠨ᠎ᠠ᠃ | 19᠂ ᠦᠯᠦ ᠮᠡᠳᠡᠬᠦ ᠡᠪᠡᠳᠴᠢᠨ ᠢ ᠵᠠᠰᠠᠬᠤ᠄ ᠦᠯᠦ ᠮᠡᠳᠡᠬᠦ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ | ᠵᠠᠷᠢᠮ ᠨᠢᠭᠡᠨᠲᠡ ᠣᠷᠣᠰᠢᠵᠤ ᠪᠠᠶᠢᠭ᠎ᠠ ᠡᠪᠡᠳᠴᠢᠨ ᠡᠮᠭᠡᠭ ᠤᠨ ᠬᠦᠨᠳᠦᠷᠡᠬᠦ ᠶᠢ ᠰᠡᠷᠭᠡᠶᠢᠯᠡᠬᠦ ᠨᠢ ᠭᠤᠣᠯᠳᠠᠭᠤ | ᠢᠳᠡᠭᠡᠨ ᠣᠮᠳᠠᠭᠠᠨ ᠤ ᠬᠢᠵᠠᠭᠠᠷᠯᠠᠯ᠂ ᠬᠤᠪᠢ ᠬᠥᠮᠦᠨ ᠤ ᠪᠣᠯᠪᠠᠰᠤᠷᠠᠯ ᠵᠢᠴᠢ ᠤᠷᠮ᠎ᠠ ᠶᠢᠨ ᠡᠵᠡᠮᠰᠢᠯ ᠵᠡᠷᠭᠡ | ᠲᠠᠯ᠎ᠠ ᠪᠠᠷ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠦᠢᠯᠡᠳᠦᠯ ᠦᠵᠡᠭᠦᠯᠵᠦ ᠪᠣᠯᠬᠤ ᠪᠥᠭᠡᠳ ᠮᠥᠨ ᠴᠦ ᠬᠢᠲᠠᠳ | ᠡᠮᠨᠡᠯᠭᠡ ᠶᠢᠨ ᠪᠡᠶ᠎ᠡ ᠰᠤᠪᠢᠯᠠᠬᠤ ᠶᠢᠨ ᠴᠢᠬᠤᠯᠠ ᠠᠯᠬᠤᠮ ᠳᠠᠷᠠᠭ᠎ᠠ ᠪᠣᠯᠤᠨ᠎ᠠ᠃ | 20᠂ ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠨ ᠬᠡᠷᠡᠭᠯᠡᠨ᠎ᠡ᠄ ᠠᠯᠪᠠᠨ ᠠᠴᠠ ᠡᠷᠭᠢᠯᠡᠭᠰᠡᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠥᠬᠦ ᠪᠠᠭᠰᠢ ᠪᠣᠯᠤᠨ ᠰᠤᠷᠭᠠᠭᠤᠯᠢ ᠶᠢᠨ ᠵᠠᠬᠢᠷᠤᠯ | ᠳᠤ ᠴᠥᠮ ᠰᠢᠶᠠᠨ ᠤ ᠱᠠᠲᠤᠨ ᠤ ᠵᠠᠰᠠᠭ ᠤᠨ ᠣᠷᠳᠣᠨ ᠤ ᠨᠢᠭᠡᠳᠦᠯᠲᠡᠶ ᠬᠠᠮᠢᠶᠠᠷᠤᠯᠲᠠ ᠶᠢ ᠬᠡᠷᠡᠭᠵᠢᠭᠦᠯᠵᠦ᠂ | ᠢᠯᠠᠩᠭᠤᠶ᠎ᠠ ᠲᠣᠭᠲᠠᠮᠠᠯ ᠬᠤᠭᠤᠴᠠᠭ᠎ᠠ ᠲᠠᠢ ᠠᠯᠪᠠᠲᠠᠨ ᠰᠢᠶᠠᠨ ᠤ ᠬᠡᠪᠴᠢᠶᠡᠨ ᠳᠠᠬᠢ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠳᠤ ᠰᠢᠯᠵᠢᠭᠦᠯᠬᠦ ᠶᠢᠨ ᠤᠯᠠᠮ ᠠᠴᠠ ᠪᠠᠭᠰᠢ ᠪᠣᠯᠤᠨ ᠰᠤᠷᠭᠠᠭᠤᠯᠢ ᠶᠢᠨ ᠵᠠᠬᠢᠷᠤᠯ ᠢ | ᠨᠢᠭᠡᠨ ᠰᠤᠷᠭᠠᠭᠤᠯᠢ ᠶᠢᠨ ︽ᠰᠤᠷᠭᠠᠭᠤᠯᠢ ᠶᠢᠨ ᠬᠥᠮᠦᠨ︾ ᠠᠴᠠ ᠰᠢᠶᠠᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠢᠰᠲ᠋ᠧᠮ ᠤᠨ ︽ᠰᠢᠰᠲ᠋ᠧᠮ ᠤᠨ ᠬᠥᠮᠦᠨ︾ ᠪᠣᠯᠭᠠᠨ ᠬᠤᠪᠢᠷᠠᠭᠤᠯᠤᠨ᠎ᠠ᠃ | 21᠂ ᠤᠯᠤᠰ ᠤᠨ ᠳᠣᠲᠣᠭᠠᠳᠤ ᠭᠠᠳᠠᠭᠠᠳᠤ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ᠄ ᠣᠯᠠᠨ | ᠤᠯᠤᠰ ᠤᠨ ᠥᠪᠡᠷᠲᠡᠭᠡᠨ ᠬᠤᠯᠪᠤᠭᠠᠯᠠᠭᠰᠠᠨ ᠵᠢᠵᠢᠭ ᠬᠦᠷᠳᠦᠲᠦ ᠲᠡᠷᠭᠡᠨ ᠤ ᠬᠤᠷᠳᠤᠴᠠ ᠮᠥᠷᠦ᠋ᠢᠴᠡᠬᠦ | ᠨᠢᠭᠡᠳᠦᠭᠡᠷ ᠳᠡᠰ ᠤᠨ ᠤᠷᠤᠯᠳᠤᠭᠠᠨ᠂ ᠳᠤᠮᠳᠠᠳᠤ ᠤᠯᠤᠰ ᠤᠨ BMX ᠳᠤᠭᠤᠶ ᠲᠡᠷᠭᠡᠨ ᠤ ᠬᠤᠯᠪᠣᠭᠠᠲᠤ | ᠤᠷᠤᠯᠳᠤᠭᠠᠨ᠂ ᠣᠯᠠᠨ ᠤᠯᠤᠰ ᠤᠨ ᠥᠪᠡᠷᠲᠡᠭᠡᠨ ᠵᠠᠰᠠᠬᠤ ᠬᠤᠯᠪᠣᠭᠠᠨ ᠤ ᠵᠠᠰᠠᠮᠠᠯ ᠵᠠᠮ ᠤᠨ ᠬᠡᠭᠡᠷᠡᠯᠡᠭᠴᠢ ᠠᠵᠢᠯ | ᠮᠡᠷᠭᠡᠵᠢᠯ ᠤᠨ ᠨᠢᠭᠡᠳᠦᠭᠡᠷ ᠳᠡᠰ ᠤᠨ ᠤᠷᠤᠯᠳᠤᠭᠠᠨ ᠪᠠ ᠳᠡᠯᠡᠬᠡᠶ ᠶᠢᠨ ᠬᠤᠨᠳᠠᠭᠠᠲᠤ ᠤᠷᠤᠯᠳᠤᠭᠠᠨ ᠢ ᠳᠠᠭᠠᠭᠠᠴᠢᠯᠠᠨ | ᠡᠷᠭᠢᠯᠡᠨ᠎ᠡ᠃ | 22᠂ ᠹᠧᠩ ᠴᠢᠶᠣᠤ ᠶᠢᠨ ᠲᠤᠷᠰᠢᠯᠭ᠎ᠠ᠄ ᠳᠡᠭᠡᠷ᠎ᠡ ᠵᠠᠭᠤᠨ ᠤ ᠵᠢᠷᠠᠭᠠᠳ ᠣᠨ ᠳᠤ ᠵᠧᠵᠢᠶᠠᠩ ᠮᠤᠵᠢ ᠶᠢᠨ | ᠱᠣᠤᠰᠢᠩ ᠬᠤᠲᠠ ᠶᠢᠨ ᠣᠯᠠᠨ ᠲᠦᠮᠡᠨ ᠵᠢᠴᠢ ᠹᠧᠩ ᠴᠢᠶᠣᠤ ᠶᠢᠨ ᠺᠠᠳ᠋ᠷ ᠣᠯᠠᠨ ᠲᠦᠮᠡᠨ ᠨᠡᠶᠢᠭᠡᠮ ᠵᠢᠷᠤᠮ ᠤᠨ | ᠰᠤᠷᠭᠠᠨ ᠬᠥᠮᠦᠵᠢᠯ ᠤᠨ ᠬᠥᠳᠡᠯᠭᠡᠭᠡᠨ ᠳᠤ ︽ᠣᠯᠠᠨ ᠲᠦᠮᠡᠨ ᠢ ᠳᠠᠶᠢᠴᠢᠯᠠᠬᠤ ᠪᠠ ᠲᠦᠰᠢᠭᠯᠡᠵᠦ᠂ ᠵᠥᠷᠢᠴᠡᠯ ᠢ | ᠳᠡᠭᠡᠭᠰᠢ ᠲᠤᠰᠢᠶᠠᠬᠤ ᠥᠬᠡᠶ᠂ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ ᠶᠢ ᠪᠠᠷᠢᠮᠲᠠᠯᠠᠵᠤ᠂ ᠬᠥᠮᠦᠨ ᠴᠥᠭᠡᠨ᠂ | ᠠᠮᠤᠷ ᠤᠨ ᠬᠠᠮᠠᠭᠠᠯᠠᠯᠲᠠ ᠰᠠᠶᠢᠨ︾ ︽ᠹᠧᠩ ᠴᠢᠶᠣᠤ ᠶᠢᠨ ᠲᠤᠷᠰᠢᠯᠭ᠎ᠠ︾ ᠶᠢ ᠡᠭᠦᠳᠴᠡᠶ᠃ 50 ᠭᠠᠷᠤᠶ | ᠵᠢᠯ ᠤᠨ ᠲᠤᠷᠰᠢ᠂ ︽ᠹᠧᠩ ᠴᠢᠶᠣᠤ ᠶᠢᠨ ᠲᠤᠷᠰᠢᠯᠭ᠎ᠠ︾ ᠲᠠᠰᠤᠷᠠᠯᠲᠠ ᠥᠬᠡᠶ ᠰᠢᠨ᠎ᠡ ᠠᠭᠤᠯᠤᠭᠳᠠᠬᠤᠨ | ᠣᠯᠭᠤᠵᠤ᠂ ᠲᠡᠭᠦᠨ ᠤ ᠴᠢᠳᠠᠮᠵᠢ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠥᠷᠭᠡᠳᠬᠡᠵᠦ᠂ ᠪᠥᠬᠦ | ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠶᠡᠷᠦᠩᠬᠡᠶᠢᠯᠡᠨ ᠵᠠᠰᠠᠬᠤ ᠹᠷᠣᠨᠲ ᠤᠨ ᠨᠢᠭᠡᠨ ᠲᠤᠭ ᠪᠣᠯᠵᠠᠢ᠃ | | |