ᠤᠯᠠᠭᠠᠨᠬᠠᠲᠠ ᠰᠤᠷᠭᠠᠨ ᠠᠯᠪᠠᠨ ᠦᠰᠦᠭᠲᠦ ﹇2020﹈ 44 ᠲᠣᠭᠠᠲᠤ | ᠡᠯ᠎ᠡ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠰᠤᠷᠭᠠᠨ | ᠬᠥᠮᠦᠵᠢᠯ ᠤᠨ ᠲᠣᠪᠴᠢᠶ᠎ᠠ ᠶᠢᠨ ᠰᠢᠭᠤᠳ ᠬᠠᠷᠢᠶ᠎ᠠ ᠡᠯ᠎ᠡ ᠰᠤᠷᠭᠠᠭᠤᠯᠢ᠂ ᠬᠡᠤᠬᠡᠳ ᠤᠨ ᠴᠡᠴᠡᠷᠯᠢᠭ ᠲᠤ᠄ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽2020 ᠣᠨ ᠤ ᠳᠤᠮᠳᠠᠳᠤ | ᠪᠠᠭ᠎ᠠ ᠰᠤᠷᠭᠠᠭᠤᠯᠢ ᠶᠢᠨ ᠵᠤᠨ ᠤ ᠠᠮᠠᠷᠠᠯᠲᠠ ᠶᠢᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ | ︾ ᠤᠨ ᠬᠤᠯᠪᠤᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ᠣᠨ ᠤ ᠵᠢᠭᠠᠨ ᠰᠤᠷᠭᠠᠯᠲᠠ ᠶᠢᠨ | ᠡᠭᠦᠷᠭᠡ ᠶᠢ ᠪᠠᠲᠤᠯᠠᠵᠤ᠂ ᠰᠤᠷᠤᠭᠴᠢᠳ ᠤᠨ ᠵᠤᠨ ᠤ ᠠᠮᠠᠷᠠᠯᠲᠠ ᠶᠢᠨ ᠰᠤᠷᠤᠯᠭ᠎ᠠ ᠠᠮᠢᠳᠤᠷᠠᠯ ᠢ ᠵᠣᠬᠢᠰᠲᠠᠶ | ᠲᠣᠬᠢᠷᠠᠭᠤᠯᠵᠤ ᠶᠢᠨ ᠲᠥᠯᠥᠭᠡ᠂ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠬᠤᠭᠤᠴᠠᠭᠠᠨ ᠡᠴᠦᠰ | ᠪᠠ ᠵᠤᠨ ᠤ ᠠᠮᠠᠷᠠᠯᠲᠠ ᠶᠢᠨ ᠬᠠᠮᠢᠶ᠎ᠠ ᠪᠦᠬᠦᠢ ᠠᠵᠢᠯ ᠰᠠᠶᠢᠲᠤᠷ ᠬᠢᠬᠦ ᠲᠤᠬᠠᠶ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠴᠠᠭ ᠬᠤᠭᠤᠴᠠᠭᠠᠨ ᠤ ᠲᠣᠬᠢᠷᠠᠭᠤᠯᠤᠯᠲᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ | ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠴᠢᠯᠥᠭᠡ ᠲᠠᠯᠪᠢᠬᠤ | ᠴᠠᠭ ᠨᠢ᠂ ᠬᠡᠤᠬᠡᠳ ᠤᠨ ᠴᠡᠴᠡᠷᠯᠢᠭ᠂ ᠨᠢᠭᠡᠳᠦᠭᠡᠷ ᠣᠨ ᠠᠴᠠ ᠳᠣᠯᠣᠳᠤᠭᠠᠷ ᠣᠨ᠂ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ 7 ᠰᠠᠷ᠎ᠠ ᠶᠢᠨ 15 ᠤ ᠡᠳᠦᠷ ᠠᠴᠠ ᠣᠷᠦ᠋ᠢᠲᠠᠵᠤ ᠪᠣᠯᠬᠤ ᠦᠭᠡᠢ᠃ ᠨᠠᠢᠮᠠ᠂ | ᠶᠢᠰᠦᠳᠦᠭᠡᠷ ᠣᠨ ᠳᠡᠭᠡᠳᠦ ᠲᠤᠮᠳᠠᠳᠤ ᠶᠢᠨ ᠳᠠᠪᠰᠢᠬᠤ ᠰᠢᠯᠭᠠᠯᠲᠠ ᠳᠠᠭᠤᠰᠤᠭᠰᠠᠨ ᠤ ᠳᠠᠷᠠᠭ᠎ᠠ ᠠᠮᠠᠷᠠᠯᠲᠠ ᠶᠢᠨ | ᠬᠤᠭᠤᠴᠠᠭ᠎ᠠ ᠲᠠᠯᠪᠢᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 7 ᠰᠠᠷ᠎ᠠ ᠶᠢᠨ 20 ᠤ | ᠡᠳᠦᠷ ᠠᠴᠠ ᠣᠷᠦ᠋ᠢᠲᠠᠵᠤ ᠪᠣᠯᠬᠤ ᠥᠬᠡᠶ᠃ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ 9 ᠰᠠᠷ᠎ᠠ ᠶᠢᠨ | 1 ᠤ ᠡᠳᠦᠷ ᠨᠢᠭᠡᠳᠦᠯᠲᠡᠶ ᠰᠤᠷᠭᠠᠭᠤᠯᠢ ᠡᠬᠢᠯᠡᠨ᠎ᠡ᠃ | ᠡᠯ᠎ᠡ ᠭᠠᠵᠠᠷ ᠡᠯ᠎ᠡ ᠰᠤᠷᠭᠠᠭᠤᠯᠢ ᠵᠤᠨ ᠤ ᠠᠮᠠᠷᠠᠯᠲᠠ ᠶᠢᠨ ᠴᠠᠭ ᠢᠶᠠᠨ ᠴᠢᠩᠭ᠎ᠠ ᠬᠡᠷᠡᠭᠵᠢᠭᠦᠯᠵᠦ᠂ | ᠳᠤᠷ᠎ᠠ ᠪᠠᠷ ᠢᠶᠠᠨ ᠬᠤᠶᠢᠰᠢᠯᠠᠭᠤᠯᠵᠤ ᠪᠣᠯᠬᠤ ᠦᠭᠡᠢ᠂ ᠠᠮᠠᠷᠠᠯᠲᠠ ᠶᠢᠨ ᠬᠤᠭᠤᠴᠠᠭᠠᠨ ᠳᠤ ᠰᠤᠷᠤᠭᠴᠢᠳ ᠢ | ᠵᠣᠬᠢᠶᠠᠨ ᠪᠠᠶᠢᠭᠤᠯᠤᠨ ᠰᠤᠷᠭᠠᠭᠤᠯᠢ ᠳᠤ ᠢᠷᠡᠭᠦᠯᠵᠦ ᠲᠥᠪᠯᠡᠷᠡᠭᠦᠯᠦᠨ ᠬᠢᠴᠢᠶᠡᠯ ᠨᠥᠬᠦᠬᠦ ᠪᠤᠶᠤ ᠰᠢᠨ᠎ᠡ ᠬᠢᠴᠢᠶᠡᠯ | ᠣᠷᠤᠬᠤ ᠶᠢ ᠴᠢᠩᠭ᠎ᠠ ᠴᠠᠭᠠᠵᠠᠯᠠᠨ᠎ᠠ᠃ ᠠᠮᠠᠷᠠᠯᠲᠠ ᠶᠢᠨ ᠬᠤᠭᠤᠴᠠᠭᠠᠨ ᠠᠴᠠ ᠡᠮᠦᠨ᠎ᠡ ᠲᠣᠭᠲᠠᠭᠰᠠᠨ ᠴᠠᠭ ᠲᠤ | ᠰᠤᠷᠭᠠᠭᠤᠯᠢ ᠳᠤ ᠣᠴᠢᠬᠤ᠂ ᠰᠤᠷᠭᠠᠭᠤᠯᠢ ᠲᠠᠷᠬᠠᠬᠤ ᠬᠡᠷᠡᠭᠲᠡᠶ᠂ ᠰᠤᠷᠤᠭᠴᠢᠳ ᠤᠨ ᠠᠮᠠᠷᠠᠬᠤ ᠴᠠᠭ ᠢ ᠰᠢᠬᠠᠨ | ᠡᠵᠡᠯᠡᠬᠦ ᠶᠢ ᠴᠢᠩᠭ᠎ᠠ ᠴᠠᠭᠠᠵᠠᠯᠠᠨ᠎ᠠ᠃ | ᠬᠤᠶᠠᠷ᠂ ᠬᠤᠭᠤᠴᠠᠭᠠᠨ ᠡᠴᠦᠰ ᠤᠨ ᠰᠢᠯᠭᠠᠯᠲᠠ ᠶᠢ ᠴᠢᠩᠭ᠎ᠠ ᠵᠣᠬᠢᠶᠠᠨ ᠪᠠᠶᠢᠭᠤᠯᠬᠤ ᠬᠡᠷᠡᠭᠲᠡᠢ | ᠪᠠᠭ᠎ᠠ ᠰᠤᠷᠭᠠᠭᠤᠯᠢ ᠶᠢᠨ ᠱᠠᠲᠤᠨ ᠳᠤ ᠬᠤᠭᠤᠴᠠᠭᠠᠨ ᠡᠴᠦᠰ ᠤᠨ ᠰᠢᠯᠭᠠᠯᠲᠠ ᠶᠢ ᠵᠣᠬᠢᠶᠠᠨ ᠪᠠᠶᠢᠭᠤᠯᠵᠤ | ᠪᠣᠯᠬᠤ ᠦᠭᠡᠢ᠃ ᠠᠩᠬ᠎ᠠ ᠳᠤᠮᠳᠠᠳᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠨᠤᠭᠤᠳ ᠬᠢᠵᠢᠭ ᠤᠨ | ᠬᠤᠭᠤᠴᠠᠭᠠᠨ ᠳᠠᠬᠢ ᠵᠢᠭᠠᠨ ᠰᠤᠷᠭᠠᠯᠲᠠ ᠳᠤ ᠦᠵᠡᠭᠦᠯᠬᠦ ᠨᠥᠯᠥᠭᠡ ᠶᠢ ᠭᠦᠢᠴᠡᠳ ᠪᠣᠳᠣᠯᠬᠢᠯᠠᠵᠤ᠂ ᠬᠤᠭᠤᠴᠠᠭᠠᠨ | ᠡᠴᠦᠰ ᠤᠨ ᠰᠢᠯᠭᠠᠯᠲᠠ ᠶᠢᠨ ᠬᠡᠪᠴᠢᠶ᠎ᠡ ᠶᠢ ᠵᠦᠶ ᠵᠣᠬᠢᠰᠲᠠᠶ ᠲᠣᠭᠲᠠᠭᠠᠵᠤ᠂ ᠰᠢᠯᠭᠠᠯᠲᠠ ᠶᠢᠨ ᠰᠡᠳᠦᠪ ᠤᠨ | ᠬᠦᠴᠢᠷ ᠤᠨ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠰᠢᠯᠭᠠᠯᠲᠠ ᠶᠢᠨ ᠴᠠᠭ ᠬᠤᠭᠤᠴᠠᠭ᠎ᠠ ᠵᠢᠴᠢ | ᠳᠡᠰ ᠳᠠᠷᠠᠭᠠᠯᠠᠯ ᠢ ᠵᠦᠶ ᠵᠣᠬᠢᠰᠲᠠᠶ ᠲᠣᠬᠢᠷᠠᠭᠤᠯᠵᠤ᠂ ᠠᠯᠢᠪᠠ ᠬᠡᠯᠪᠡᠷᠢ ᠪᠠᠷ ᠰᠢᠯᠭᠠᠯᠲᠠ ᠶᠢᠨ ᠬᠢᠷᠢ ᠪᠦᠲᠦᠮᠵᠢ | ᠵᠢᠴᠢ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ ᠶᠢ ᠴᠢᠩᠭ᠎ᠠ ᠴᠠᠭᠠᠵᠠᠯᠠᠵᠤ᠂ ᠵᠢᠭᠠᠨ ᠰᠤᠷᠭᠠᠯᠲᠠ ᠶᠢᠨ ᠬᠢᠷᠢ | ᠪᠦᠲᠦᠮᠵᠢ ᠪᠠᠷ ᠰᠤᠷᠭᠠᠭᠤᠯᠢ ᠪᠠ ᠪᠠᠭᠰᠢ ᠶᠢ ᠥᠷᠥᠭᠡᠰᠦᠭᠡᠯ ᠢᠶᠠᠷ ᠦᠨᠡᠯᠡᠬᠦ ᠶᠢ ᠴᠢᠩᠭ᠎ᠠ ᠴᠠᠭᠠᠵᠠᠯᠠᠨ᠎ᠠ᠃ | ᠭᠤᠷᠪᠠ᠂ ᠠᠮᠠᠷᠠᠯᠲᠠ ᠶᠢᠨ ᠬᠤᠭᠤᠴᠠᠭᠠᠨ ᠤ ᠳᠠᠰᠬᠠᠯ ᠢ ᠵᠦᠶ ᠵᠣᠬᠢᠰᠲᠠᠶ ᠪᠠᠶᠢᠷᠢᠯᠠᠭᠤᠯᠬᠤ ᠬᠡᠷᠡᠭᠲᠡᠢ | ︽ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ︾ ᠶᠢ ᠪᠦᠬᠦ ᠲᠠᠯ᠎ᠠ ᠪᠠᠷ | ᠬᠥᠭᠵᠢᠭᠦᠯᠬᠦ ᠱᠠᠭᠠᠷᠳᠠᠯᠭ᠎ᠠ ᠶᠣᠰᠣᠭᠠᠷ ᠠᠮᠠᠷᠠᠯᠲᠠ ᠶᠢᠨ ᠬᠤᠭᠤᠴᠠᠭᠠᠨ ᠤ ᠳᠠᠰᠬᠠᠯ ᠢ ᠰᠢᠨᠵᠢᠯᠡᠬᠦ ᠤᠬᠠᠭᠠᠨᠴᠢ ᠪᠠᠷ | ᠲᠥᠯᠥᠪᠯᠡᠵᠦ᠂ ᠳᠠᠪᠲᠠᠭᠳᠠᠭᠰᠠᠨ ᠴᠢᠨᠠᠷᠲᠠᠶ᠂ ᠮᠧᠬᠠᠨᠢᠭ ᠴᠢᠨᠠᠷᠲᠠᠶ ᠳᠠᠰᠬᠠᠯ ᠢ ᠡᠷᠡᠰ ᠬᠤᠷᠢᠭᠯᠠᠵᠤ᠂ ᠰᠢᠨ᠎ᠡ ᠶᠢ | ᠡᠭᠦᠳᠬᠦ ᠵᠣᠷᠢᠭ ᠰᠠᠨᠠᠭ᠎ᠠ᠂ ᠦᠢᠯᠡᠳᠦᠯᠭᠡ ᠶᠢᠨ ᠴᠢᠳᠠᠪᠤᠷᠢ ᠶᠢ ᠬᠥᠮᠦᠵᠢᠭᠦᠯᠬᠦ ᠳᠤ ᠠᠰᠢᠭᠲᠠᠶ ᠠᠵᠢᠯᠯᠠᠭᠠᠲᠤ ᠴᠢᠨᠠᠷ᠂ | ᠬᠥᠳᠡᠯᠮᠦᠷᠢ ᠶᠢᠨ ᠴᠢᠨᠠᠷᠲᠠᠶ ᠲᠠᠰᠬᠠᠯ ᠢ ᠵᠣᠬᠢᠰᠲᠠᠶ ᠪᠠᠷ ᠨᠡᠮᠡᠭᠳᠡᠭᠦᠯᠵᠦ᠂ ᠤᠩᠰᠢᠯᠭ᠎ᠠ ᠶᠢᠨ ᠦᠢᠯᠡᠳᠦᠯᠭᠡ ᠶᠢᠨ | ᠠᠵᠢᠯᠯᠠᠭ᠎ᠠ ᠶᠢ ᠢᠳᠡᠪᠬᠢᠲᠡᠶ ᠥᠷᠨᠢᠭᠦᠯᠦᠨ᠎ᠡ᠃ ᠬᠢᠵᠢᠭ ᠤᠨ ᠪᠠᠶᠢᠳᠠᠯ ᠳᠤ ᠵᠥᠪᠰᠢᠶᠡᠷᠡᠭᠳᠡᠬᠦ ᠶᠢᠨ ᠬᠠᠮᠲᠤ ᠬᠢᠵᠢᠭ ᠢ | ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠤᠷᠢᠲᠠᠯ ᠳᠣᠤᠷ᠎ᠠ᠂ ᠰᠤᠷᠤᠭᠴᠢᠳ ᠢ ᠬᠥᠲᠥᠯᠥᠨ | ᠵᠢᠯᠣᠭᠤᠳᠴᠤ ᠪᠠᠶᠢᠭᠠᠳ ᠨᠡᠶᠢᠭᠡᠮ ᠤᠨ ᠦᠢᠯᠡᠳᠦᠯᠭᠡ᠂ ᠨᠡᠶᠢᠭᠡᠮ ᠤᠨ ᠪᠠᠶᠢᠴᠠᠭᠠᠯᠲᠠ᠂ ᠨᠡᠶᠢᠭᠡᠮ ᠲᠣᠭᠤᠷᠢᠭ ᠤᠨ | ᠰᠠᠶᠢᠨ ᠳᠤᠷ᠎ᠠ ᠶᠢᠨ ᠦᠢᠯᠡᠴᠢᠯᠡᠭᠡ ᠦᠷᠨᠢᠭᠦᠯᠬᠦ ᠬᠡᠷᠡᠭᠲᠡᠶ᠃ ᠪᠠᠭ᠎ᠠ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ | ᠣᠨ ᠳᠤ ᠵᠤᠨ ᠤ ᠠᠮᠠᠷᠠᠯᠲᠠ ᠶᠢᠨ ᠳᠠᠰᠬᠠᠯ ᠲᠣᠬᠢᠷᠠᠭᠤᠯᠬᠤ ᠶᠢ ᠴᠢᠩᠭ᠎ᠠ ᠴᠠᠭᠠᠵᠠᠯᠠᠨ᠎ᠠ᠃ | ᠳᠥᠷᠪᠡ᠂ ᠣᠨᠴᠠᠭᠠᠶ ᠰᠣᠷᠣᠭᠴᠢ ᠶᠢ ᠬᠠᠯᠠᠮᠵᠢᠯᠠᠬᠤ ᠬᠡᠷᠡᠭᠲᠡᠢ | ︽ᠨᠢᠭᠡ ᠶᠢ ᠴᠦ ᠣᠷᠬᠢᠭᠳᠠᠭᠤᠯᠵᠤ ᠪᠣᠯᠬᠤ ᠦᠭᠡᠢ︾ ᠵᠠᠷᠴᠢᠮ ᠶᠣᠰᠣᠭᠠᠷ ᠲᠣᠰ ᠭᠠᠵᠠᠷ ᠤᠨ ᠳᠠᠭᠠᠵᠤ | ᠨᠡᠭᠦᠭᠰᠡᠨ ᠬᠡᠤᠬᠡᠳ᠂ ᠭᠡᠷ ᠲᠡᠭᠡᠨ ᠬᠤᠴᠣᠷᠤᠭᠰᠠᠨ ᠬᠡᠤᠬᠡᠳ᠂ ᠬᠢᠨᠠᠨ ᠬᠠᠮᠢᠶᠠᠷᠤᠯᠲᠠ ᠳᠤᠲᠠᠮᠠᠭ ᠬᠡᠤᠬᠡᠳ ᠤᠨ ᠭᠡᠷ | ᠪᠦᠯᠢ ᠶᠢᠨ ᠪᠠᠶᠢᠳᠠᠯ ᠢ ᠨᠠᠷᠢᠨ ᠪᠠᠶᠢᠴᠠᠭᠠᠵᠤ᠂ ᠲᠡᠭᠦᠨ ᠢ ᠬᠠᠪᠰᠤᠷᠤᠨ ᠠᠮᠠᠷᠠᠯᠲᠠ ᠶᠢᠨ ᠠᠮᠢᠳᠤᠷᠠᠯ ᠢ ᠨᠢ | ᠲᠥᠯᠥᠪᠵᠢᠭᠦᠯᠵᠦ᠂ ᠭᠡᠷ ᠲᠡᠭᠡᠨ ᠬᠤᠴᠣᠷᠤᠭᠰᠠᠨ ᠬᠡᠤᠬᠡᠳ᠂ ᠰᠡᠳᠬᠢᠴᠡ ᠶᠢᠨ ᠠᠰᠠᠭᠤᠳᠠᠯ ᠲᠠᠢ ᠬᠡᠤᠬᠡᠳ ᠲᠤ | ᠢᠳᠡᠪᠬᠢᠲᠡᠶ ᠪᠠᠷ ᠰᠡᠳᠬᠢᠴᠡ ᠶᠢᠨ ᠵᠢᠯᠣᠭᠤᠳᠤᠯᠭ᠎ᠠ ᠬᠠᠩᠭᠠᠵᠤ᠂ ᠬᠢᠨᠠᠨ ᠬᠠᠮᠢᠶᠠᠷᠤᠯᠲᠠ ᠳᠤᠲᠠᠮᠠᠭ ᠬᠡᠤᠬᠡᠳ ᠢ | ᠬᠠᠯᠠᠮᠵᠢᠯᠠᠨ ᠬᠠᠷᠠᠭᠠᠯᠵᠠᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠨᠢ | ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠢᠳᠡᠪᠬᠢᠲᠡᠢ | ᠵᠣᠬᠢᠴᠠᠭᠤᠯᠬᠤ ᠬᠡᠷᠡᠭᠲᠡᠢ᠃ | ᠲᠠᠪᠤ᠂ ᠭᠡᠷ ᠪᠠ ᠰᠤᠷᠭᠠᠭᠤᠯᠢ ᠶᠢᠨ ᠨᠡᠪᠲᠡᠷᠡᠯᠴᠡᠬᠦ ᠠᠵᠢᠯ ᠢ ᠰᠠᠶᠢᠲᠤᠷ ᠬᠢᠬᠦ ᠬᠡᠷᠡᠭᠲᠡᠢ | ᠭᠡᠷ ᠤᠨ ᠠᠬᠠᠮᠠᠳ ᠤᠨ ᠬᠤᠷᠠᠯ᠂ ᠭᠡᠷ ᠤᠨ ᠠᠬᠠᠮᠠᠳ ᠲᠠᠭᠠᠨ ᠥᠭᠭᠦᠭᠰᠡᠨ ᠵᠠᠬᠢᠳᠠᠯ᠂ ᠭᠡᠷ ᠤᠨ | ᠰᠤᠷᠪᠤᠯᠵᠢᠯᠠᠭ᠎ᠠ ᠵᠡᠷᠭᠡ ᠬᠡᠯᠪᠡᠷᠢ ᠪᠠᠷ ᠳᠠᠮᠵᠢᠭᠤᠯᠤᠨ᠂ ᠭᠡᠷ ᠪᠦᠯᠢ ᠶᠢᠨ ᠬᠥᠮᠦᠵᠢᠯ ᠤᠨ ᠵᠥᠪ ᠣᠶᠢᠯᠠᠭᠠᠭᠳᠠᠬᠤᠨ ᠢ | ᠤᠬᠠᠭᠤᠯᠵᠤ᠂ ᠭᠡᠷ ᠤᠨ ᠠᠬᠠᠮᠠᠳ ᠢ ᠬᠥᠳᠡᠯᠦᠨ ᠵᠢᠯᠤᠭᠤᠳᠴᠤ ᠪᠠᠶᠢᠭᠠᠳ ᠴᠢᠳᠠᠪᠤᠷᠢᠲᠠᠨ ᠪᠣᠯᠬᠤ᠂ ᠰᠤᠷᠭᠠᠨ | ᠬᠥᠮᠦᠵᠢᠯ ᠤᠨ ᠵᠥᠪ ᠦᠵᠡᠯᠲᠡ ᠶᠢ ᠪᠣᠢ ᠪᠣᠯᠭᠠᠵᠤ ᠂ ᠬᠡᠤᠬᠡᠳ ᠢ ᠰᠣᠬᠤᠷ ᠪᠠᠯᠠᠶ ᠪᠠᠷ ᠰᠢᠨᠵᠢᠯᠡᠭᠡᠨ ᠤ | ᠲᠥᠷᠥᠯ ᠤᠨ ᠪᠣᠯᠪᠠᠰᠤᠷᠠᠯ ᠤᠨ ᠠᠩᠭᠢ ᠳᠤ ᠣᠷᠣᠯᠴᠠᠭᠤᠯᠬᠤ ᠦᠭᠡᠢ᠃ ᠰᠤᠷᠭᠠᠭᠤᠯᠢ ᠪᠣᠯᠤᠨ ᠭᠡᠷ ᠪᠦᠯᠢ ᠶᠢᠨ | ᠬᠠᠷᠢᠯᠴᠠᠭ᠎ᠠ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠰᠤᠷᠤᠭᠴᠢᠳ ᠤᠨ ᠳᠠᠷᠤᠭᠠᠰᠤ ᠶᠢ ᠬᠥᠩᠭᠡᠷᠡᠭᠦᠯᠵᠦ᠂ | ᠰᠤᠷᠤᠭᠴᠢᠳ ᠤᠨ ᠰᠡᠳᠬᠢᠴᠡ ᠪᠣᠯᠤᠨ ᠭᠡᠷ ᠪᠦᠯᠢ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠬᠡᠲᠦᠷᠡᠮᠡᠬᠡᠶ | ᠦᠵᠡᠯ ᠰᠠᠨᠠᠭᠠᠨ ᠤ ᠬᠥᠳᠡᠯᠦᠯ ᠪᠠᠶᠢᠳᠠᠯ ᠲᠠᠢ ᠪᠣᠯ ᠤᠷᠢᠳᠴᠢᠯᠠᠨ ᠬᠠᠮᠢᠶᠠᠷᠴᠤ᠂ ᠴᠠᠭ ᠲᠤᠬᠠᠶ ᠳᠤᠨᠢ ᠬᠥᠲᠥᠯᠥᠨ | ᠵᠢᠯᠤᠭᠤᠳᠬᠤ ᠬᠡᠷᠡᠭᠲᠡᠢ᠃ | ᠵᠢᠷᠭᠤᠭ᠎ᠠ᠂ ᠠᠮᠤᠷ ᠲᠦᠪᠰᠢᠨ ᠤ ᠬᠥᠮᠦᠵᠢᠯ ᠪᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ | ᠪᠠᠭᠰᠢ ᠰᠤᠷᠤᠭᠴᠢᠳ ᠤᠨ ᠬᠢᠵᠢᠭ ᠢ ᠰᠡᠷᠭᠡᠶᠢᠯᠡᠨ ᠡᠵᠡᠮᠳᠡᠬᠦ᠂ ᠠᠮᠢ ᠨᠠᠰᠤ ᠪᠠᠨ ᠬᠠᠶᠢᠷᠠᠯᠠᠬᠤ᠂ ᠵᠠᠮ | ᠬᠠᠷᠢᠯᠴᠠᠭᠠᠨ ᠤ ᠠᠮᠤᠷ ᠲᠦᠪᠰᠢᠨ᠂ ᠭᠠᠮᠰᠢᠭ ᠢ ᠰᠡᠷᠭᠡᠶᠢᠯᠡᠬᠦ᠂ ᠬᠤᠤᠷ ᠴᠠᠭᠠᠵᠠᠯᠠᠬᠤ᠂ ᠤᠰᠤᠨ ᠳᠤ ᠤᠨᠠᠬᠤ ᠶᠢ | ᠰᠡᠷᠭᠡᠶᠢᠯᠡᠬᠦ᠂ ᠳᠣᠷᠣᠮᠵᠢᠯᠠᠯ ᠪᠠ ᠬᠦᠴᠦᠷᠬᠡᠭᠯᠡᠯ ᠢ ᠰᠡᠷᠭᠡᠶᠢᠯᠡᠬᠦ᠂ ᠰᠦᠯᠵᠢᠶᠡᠨ ᠤ ᠰᠢᠨᠤᠯ ᠢ ᠰᠡᠷᠭᠡᠶᠢᠯᠡᠬᠦ ᠵᠡᠷᠭᠡ | ᠲᠠᠯ᠎ᠠ ᠶᠢᠨ ᠬᠥᠮᠦᠵᠢᠯ ᠢ ᠴᠢᠩᠭᠠᠳᠬᠠᠨ᠎ᠠ᠃ ᠭᠤᠣᠯ ᠰᠡᠳᠦᠪᠲᠦ ᠠᠵᠢᠯᠯᠠᠭ᠎ᠠ᠂ ᠮᠠᠲ᠋ᠧᠷᠢᠶᠠᠯ ᠲᠠᠷᠬᠠᠭᠠᠬᠤ᠂ ᠭᠡᠷ ᠤᠨ | ᠠᠬᠠᠮᠠᠳ ᠲᠠᠭᠠᠨ ᠥᠭᠭᠦᠭᠰᠡᠨ ᠵᠠᠬᠢᠳᠠᠯ ᠵᠡᠷᠭᠡ ᠬᠡᠯᠪᠡᠷᠢ ᠪᠠᠷ ᠳᠠᠮᠵᠢᠭᠤᠯᠤᠨ᠂ ᠭᠡᠷ ᠤᠨ ᠠᠬᠠᠮᠠᠳ ᠤᠨ | ᠬᠠᠷᠢᠭᠤᠴᠠᠯᠭᠠᠲᠤ ᠤᠬᠠᠮᠰᠠᠷ ᠢ ᠴᠢᠩᠭᠠᠳᠬᠠᠵᠤ᠂ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠪᠠ | ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ | ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ | ᠡᠭᠦᠷᠭᠡᠯᠡᠬᠦ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠣᠰᠣᠭᠠᠷ᠂ ᠵᠤᠨ ᠤ | ᠠᠮᠠᠷᠠᠯᠲᠠ ᠠᠴᠠ ᠡᠮᠦᠨ᠎ᠡ ᠪᠠ ᠰᠤᠷᠭᠠᠭᠤᠯᠢ ᠡᠬᠢᠯᠡᠬᠦ ᠠᠴᠠ ᠡᠮᠦᠨ᠎ᠡ᠂ ᠡᠯ᠎ᠡ ᠭᠠᠵᠠᠷ ᠣᠷᠣᠨ ᠡᠯ᠎ᠡ | ᠰᠤᠷᠭᠠᠭᠤᠯᠢ ᠨᠤᠭᠤᠳ ᠬᠡᠪ ᠤᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠴᠢᠩᠭ᠎ᠠ | ᠥᠷᠨᠢᠭᠦᠯᠵᠦ᠂ ᠰᠤᠷᠤᠭᠴᠢᠳ ᠤᠨ ᠪᠠᠶᠢᠷᠢ᠂ ᠬᠤᠭᠤᠯᠠᠨ ᠭᠡᠷ᠂ ᠬᠢᠴᠢᠶᠡᠯ ᠤᠨ ᠭᠡᠷ᠂ ᠶᠣᠰᠣᠯᠠᠯ ᠤᠨ ᠲᠠᠩᠬᠢᠮ᠂ | ᠨᠣᠮ ᠤᠨ ᠰᠠᠩ᠂ ᠲᠤᠷᠰᠢᠯᠲᠠ ᠶᠢᠨ ᠭᠡᠷ᠂ ᠲᠤᠷᠰᠢᠯᠲᠠ ᠶᠢᠨ ᠬᠡᠷᠡᠭᠰᠡᠯ ᠤᠨ ᠰᠠᠩ ᠬᠥᠮᠥᠷᠭᠡ᠂ ᠵᠤᠤᠬ᠎ᠠ ᠶᠢᠨ ᠭᠡᠷ᠂ | ᠴᠠᠬᠢᠯᠭᠠᠨ ᠲᠦᠭᠡᠭᠡᠬᠦ ᠭᠡᠷ ᠂ ᠰᠤᠷᠭᠠᠭᠤᠯᠢ ᠶᠢᠨ ᠬᠦᠷᠢᠶᠡᠨ ᠤ ᠪᠠᠷᠢᠯᠭ᠎ᠠ ᠪᠠᠷᠢᠬᠤ ᠲᠤᠬᠠᠶ ᠶᠢᠨ ᠲᠠᠯᠠᠪᠠᠢ᠂ | ᠰᠤᠷᠭᠠᠭᠤᠯᠢ ᠶᠢᠨ ᠬᠠᠭᠤᠴᠢᠨ ᠭᠡᠷ ᠪᠠᠶᠢᠰᠢᠩ ᠵᠡᠷᠭᠡ ᠣᠷᠣᠨ ᠲᠣᠭᠤᠷᠢᠭ ᠪᠣᠯᠤᠨ ᠬᠦᠮᠦᠨ ᠣᠯᠠᠨ ᠴᠤᠭᠯᠠᠷᠠᠬᠤ | ᠭᠠᠵᠠᠷ ᠲᠠᠯᠠᠪᠤᠷ ᠤᠨ ᠠᠮᠤᠷ ᠲᠦᠪᠰᠢᠨ ᠤ ᠳᠠᠯᠳᠠ ᠭᠡᠮ ᠢ ᠬᠦᠴᠦᠨ ᠢᠶᠠᠨ ᠲᠥᠪᠯᠡᠷᠡᠭᠦᠯᠦᠨ ᠪᠦᠬᠦ ᠲᠠᠯ᠎ᠠ ᠪᠠᠷ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠡᠷᠡᠭᠲᠡᠢ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠠᠵᠢᠯ ᠤᠨ ᠪᠠᠶᠢᠷᠢ ᠣᠷᠣᠯᠠᠨ ᠳᠠᠳᠤᠯᠭ᠎ᠠ ᠬᠢᠬᠦ | ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ | ᠰᠤᠷᠭᠠᠭᠤᠯᠢ ᠶᠢᠨ ᠵᠠᠬᠢᠷᠤᠯ ᠨᠢ ᠠᠵᠢᠯ ᠶᠢᠨ ᠪᠠᠶᠢᠷᠢ ᠣᠷᠣᠯᠠᠨ ᠳᠠᠳᠤᠯᠭ᠎ᠠ ᠬᠢᠬᠦ ᠠᠮᠤᠷ ᠲᠦᠪᠰᠢᠨ ᠤ ᠬᠥᠮᠦᠵᠢᠯ ᠤᠨ | ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠳᠠᠳᠤᠯᠭ᠎ᠠ ᠶᠢᠨ ᠠᠵᠤ ᠠᠬᠤᠶᠢᠯᠠᠯ ᠯᠤᠭ᠎ᠠ ᠶᠢᠨ | ᠬᠠᠷᠢᠯᠴᠠᠭ᠎ᠠ ᠪᠠᠨ ᠴᠢᠩᠭᠠᠳᠬᠠᠵᠤ᠂ ᠳᠠᠭᠠᠭᠤᠯᠤᠭᠴᠢ ᠪᠠᠭᠰᠢ ᠪᠠ ᠰᠤᠷᠤᠭᠴᠢᠳ ᠤᠨ ᠠᠮᠢᠳᠤᠷᠠᠯ ᠠᠵᠢᠯ ᠤᠨ | ᠪᠠᠶᠢᠳᠠᠯ ᠢ ᠬᠠᠯᠠᠮᠵᠢᠯᠠᠵᠤ᠂ ᠰᠤᠷᠤᠭᠴᠢᠳ ᠤᠨ ᠠᠵᠢᠯ ᠤᠨ ᠪᠠᠶᠢᠷᠢ ᠣᠷᠣᠯᠠᠨ ᠳᠠᠳᠤᠯᠭ᠎ᠠ ᠬᠢᠬᠦ ᠶᠢ ᠤᠷᠤᠭᠰᠢᠲᠠᠶ | ᠪᠡᠶᠡᠯᠡᠭᠦᠯᠬᠦ ᠶᠢ ᠦᠨᠡᠨᠬᠦ ᠪᠠᠳᠤᠯᠠᠬᠤ ᠬᠡᠷᠡᠭᠲᠡᠢ᠃ | ᠳᠣᠯᠤᠭ᠎ᠠ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠠᠮᠠᠷᠠᠯᠲᠠ ᠶᠢᠨ ᠬᠤᠭᠤᠴᠠᠭᠠᠨ ᠳᠤ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠲᠥᠷᠥᠯ ᠤᠨ ᠪᠣᠯᠪᠠᠰᠤᠷᠠᠯ ᠤᠨ ᠠᠩᠭᠢ ᠶᠢ | ᠬᠢᠨᠠᠨ ᠬᠠᠷᠭᠤᠭᠤᠯᠵᠤ ᠳᠠᠩᠰᠠᠯᠠᠬᠤ ᠶᠢ ᠴᠢᠩᠭ᠎ᠠ ᠬᠡᠷᠡᠭᠵᠢᠭᠦᠯᠬᠦ ᠶᠢᠨ ᠬᠠᠮᠲᠤ ᠨᠡᠶᠢᠭᠡᠮ ᠨᠡᠶᠢᠲᠡ ᠳᠤ ᠢᠯᠡ | ᠨᠡᠶᠢᠲᠡᠯᠡᠨ᠎ᠡ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ ᠠᠷᠠᠳ ᠤᠨ ᠶᠠᠪᠤᠳᠠᠯ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠵᠢᠴᠢ ᠵᠡᠭᠡᠯᠢ ᠭᠤᠳᠤᠮᠵᠢ᠂ | ᠰᠠᠭᠤᠭᠠᠯᠢ ᠠᠷᠠᠳ ᠤᠨ ᠵᠥᠪᠯᠡᠯ ᠵᠡᠷᠭᠡ ᠲᠠᠢ ᠬᠠᠮᠲᠤᠷᠠᠨ᠂ ᠵᠤᠨ ᠤ ᠠᠮᠠᠷᠠᠯᠲᠠ ᠶᠢᠨ ᠬᠤᠭᠤᠴᠠᠭᠠᠨ ᠳᠤ ᠲᠣᠭᠲᠠᠮᠠᠯ | ᠪᠤᠰᠤ ᠬᠤᠭᠤᠴᠠᠭ᠎ᠠ ᠲᠠᠢ ᠪᠠᠷ ᠲᠤᠰᠬᠠᠶ ᠲᠣᠭᠤᠷᠢᠨ ᠪᠠᠶᠢᠴᠠᠭᠠᠨ ᠬᠢᠨᠠᠨ ᠬᠡᠮᠵᠢᠯᠲᠡ ᠬᠢᠵᠦ᠂ ᠪᠣᠯᠪᠠᠰᠤᠷᠠᠭᠤᠯᠤᠯ ᠤᠨ | ᠪᠠᠶᠢᠭᠤᠯᠤᠮᠵᠢ ᠲᠥᠪᠯᠡᠷᠡᠭᠰᠡᠨ ᠣᠷᠣᠨ ᠲᠣᠭᠤᠷᠢᠭ ᠵᠢᠴᠢ ᠰᠤᠷᠭᠠᠭᠤᠯᠢ ᠶᠢᠨ ᠡᠷᠭᠢᠨ ᠲᠣᠭᠤᠷᠢᠨ ᠤ ᠭᠠᠵᠠᠷ | ᠣᠷᠣᠨ ᠳᠤ ᠭᠤᠣᠯᠳᠠᠯᠭ᠎ᠠ ᠲᠠᠢ ᠲᠣᠭᠤᠷᠢᠨ ᠪᠠᠶᠢᠴᠠᠭᠠᠵᠤ᠂ ᠪᠣᠯᠪᠠᠰᠤᠷᠠᠭᠤᠯᠤᠯ ᠤᠨ ᠪᠠᠶᠢᠭᠤᠯᠤᠮᠵᠢ | ᠲᠣᠭᠲᠠᠭᠠᠯ ᠠᠴᠠ ᠵᠥᠷᠢᠴᠡᠨ ᠪᠣᠯᠪᠠᠰᠤᠷᠠᠭᠤᠯᠤᠯ ᠥᠷᠨᠢᠭᠦᠯᠦᠭᠰᠡᠨ ᠪᠠᠶᠢᠪᠠᠯ ᠡᠷᠡᠰ ᠴᠢᠩᠭ᠎ᠠ ᠪᠠᠶᠢᠴᠠᠭᠠᠨ | ᠰᠢᠢᠳᠪᠦᠷᠢᠯᠡᠬᠦ ᠶᠢᠨ ᠬᠠᠮᠲᠤ ᠴᠠᠭ ᠲᠤᠬᠠᠶ ᠳᠤᠨᠢ ᠨᠡᠶᠢᠭᠡᠮ ᠳᠤ ᠨᠡᠶᠢᠳᠡᠯᠡᠨ᠎ᠡ᠃ ᠦᠨᠡᠮᠯᠡᠯ ᠦᠭᠡᠢ ᠪᠠᠷ ᠡᠵᠡᠩᠨᠡᠭᠰᠡᠨ᠂ | ᠬᠦᠨᠳᠦ ᠶᠡᠭᠡ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ | ︽ᠥᠴᠦᠬᠡᠨ ᠴᠦ ᠠᠭᠤᠴᠢᠯᠠᠬᠤ ᠦᠭᠡᠢ︾ ᠶᠢ ᠬᠡᠷᠡᠭᠵᠢᠭᠦᠯᠵᠦ᠂ ᠲᠤᠬᠠᠶ ᠶᠢᠨ ᠲᠠᠯᠠᠪᠤᠷ ᠲᠤ ᠬᠦᠴᠦᠨ ᠥᠬᠡᠶ | ᠪᠣᠯᠭᠠᠬᠤ ᠪᠤᠶᠤ ᠵᠠᠷᠯᠢᠭᠳᠠᠵᠤ ᠪᠠᠶᠢᠭᠠᠳ ᠲᠡᠷᠡ ᠳᠠᠷᠤᠶ ᠳᠤᠨᠢ ᠠᠵᠢᠯ ᠢ ᠨᠢ ᠵᠣᠭᠰᠣᠭᠠᠨ ᠴᠡᠭᠴᠡᠯᠡᠨ | ᠰᠠᠶᠢᠵᠢᠷᠠᠭᠤᠯᠤᠨ᠎ᠠ᠃ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ᠂ ᠣᠯᠠᠨᠲᠠ ᠰᠤᠷᠭᠠᠪᠠᠴᠤ ᠵᠠᠰᠠᠷᠠᠬᠤ ᠦᠭᠡᠢ | ᠪᠠᠶᠢᠭᠤᠯᠤᠮᠵᠢ ᠳᠤ ᠬᠠᠤᠯᠢ ᠲᠣᠭᠲᠠᠭᠠᠯ ᠶᠣᠰᠣᠭᠠᠷ ᠰᠢᠢᠳᠭᠡᠨ ᠲᠣᠷᠭᠠᠬᠤ ᠶᠢᠨ ᠬᠠᠮᠲᠤ ᠰᠤᠷᠭᠠᠭᠤᠯᠢ ᠡᠷᠬᠢᠯᠡᠬᠦ | ᠵᠥᠪᠰᠢᠶᠡᠷᠡᠯ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ | ᠰᠠᠯᠠᠭ᠎ᠠ ᠮᠥᠴᠢᠷ ᠲᠤ ᠳᠡᠪᠰᠢᠭᠦᠯᠵᠦ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃ | ᠨᠠᠢᠮᠠ᠂ ᠪᠠᠭᠰᠢ ᠶᠢᠨ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠤᠨ ᠵᠢᠯᠣᠭᠤᠳᠣᠯᠭ᠎ᠠ ᠶᠢ ᠰᠠᠶᠢᠲᠤᠷ ᠬᠢᠬᠦ | ᠬᠡᠷᠡᠭᠲᠡᠢ | ᠡᠯ᠎ᠡ ᠭᠠᠵᠠᠷ ᠡᠯ᠎ᠡ ᠰᠤᠷᠭᠠᠭᠤᠯᠢ ᠠᠮᠠᠷᠠᠯᠲᠠ ᠶᠢᠨ ᠬᠤᠭᠤᠴᠠᠭ᠎ᠠ ᠪᠠᠨ ᠠᠰᠢᠭᠯᠠ ᠪᠠᠭᠰᠢ ᠨᠠᠷ ᠢ ᠵᠣᠬᠢᠶᠠᠨ | ᠪᠠᠶᠢᠭᠤᠯᠤᠨ ᠨᠣᠮ ᠤᠩᠰᠢᠬᠤ ᠠᠵᠢᠯᠯᠠᠭ᠎ᠠ ᠥᠷᠨᠢᠭᠦᠯᠵᠦ᠂ ᠪᠠᠭᠰᠢ ᠶᠢᠨ ᠨᠣᠮ ᠪᠢᠴᠢᠭ ᠤᠩᠰᠢᠵᠤ ᠰᠤᠷᠤᠯᠴᠠᠬᠤ ᠶᠢ | ᠵᠢᠯᠣᠭᠤᠳᠴᠤ᠂ ᠰᠤᠷᠤᠯᠭ᠎ᠠ ᠶᠢᠨ ᠠᠩᠬᠠᠨ ᠤ ᠬᠤᠭᠤᠴᠠᠭᠠᠨ ᠤ ᠬᠢᠴᠢᠶᠡᠯ ᠤᠨ ᠪᠣᠯᠪᠠᠰᠤᠷᠠᠯ ᠢ ᠰᠠᠶᠢᠲᠤᠷ | ᠥᠷᠨᠢᠭᠦᠯᠦᠨ᠎ᠡ᠃ ᠪᠠᠭᠰᠢ ᠶᠢᠨ ᠬᠠᠤᠯᠢ ᠰᠠᠬᠢᠯᠭ᠎ᠠ ᠠᠴᠠ ᠵᠥᠷᠢᠴᠡᠭᠰᠡᠨ ᠠᠵᠢᠯᠯᠠᠭ᠎ᠠ ᠳᠤ ᠣᠷᠣᠯᠴᠠᠬᠤ ᠶᠢ ᠴᠢᠩᠭ᠎ᠠ | ᠴᠠᠭᠠᠵᠠᠯᠠᠵᠤ᠂ ᠠᠵᠢᠯ ᠳᠤ ᠪᠠᠶᠢᠭ᠎ᠠ ᠪᠠᠭᠰᠢ ᠶᠢᠨ ᠲᠥᠯᠥᠪᠦᠷᠢ ᠲᠠᠢ ᠬᠢᠴᠢᠶᠡᠯ ᠨᠥᠬᠦᠬᠦ ᠶᠢ ᠴᠢᠩᠭ᠎ᠠ ᠴᠠᠭᠠᠵᠠᠯᠠᠨ᠎ᠠ᠃ | | ᠶᠢᠰᠦ᠂ ᠪᠠᠭᠰᠢ ᠰᠤᠷᠤᠭᠴᠢᠳ ᠤᠨ ᠬᠢᠵᠢᠭ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠬᠡᠷᠡᠭᠲᠡᠢ | ᠵᠤᠨ ᠤ ᠠᠮᠠᠷᠠᠯᠲᠠ ᠶᠢᠨ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ ᠪᠠ ᠠᠵᠢᠯᠲᠠᠨ ᠢ | ᠬᠠᠮᠢᠶᠠᠷᠤᠨ ᠡᠵᠡᠮᠳᠡᠬᠦ ᠲᠥᠰᠦᠯ ᠢ ᠨᠠᠷᠢᠯᠢᠭᠵᠢᠭᠤᠯᠵᠤ᠂ ᠡᠯ᠎ᠡ ᠰᠤᠷᠭᠠᠭᠤᠯᠢ ᠡᠳᠦᠷ ᠪᠦᠷᠢ ᠨᠢᠭᠡ ᠨᠠᠮ ᠵᠠᠰᠠᠭ ᠤᠨ | ᠬᠠᠷᠢᠭᠤᠴᠠᠯᠭᠠᠲᠠᠨ ᠠᠵᠢᠯ ᠤᠨ ᠪᠠᠶᠢᠷᠢ ᠳᠤ ᠭᠠᠷᠴᠤ ᠵᠢᠵᠢᠭᠦᠷ ᠳᠠᠭᠠᠭᠤᠯᠵᠤ᠂ ᠵᠢᠵᠢᠭᠦᠷᠯᠡᠭᠴᠢ ᠨᠢ 24 ᠴᠠᠭ | ᠠᠵᠢᠯ ᠤᠨ ᠪᠠᠶᠢᠷᠢ ᠳᠠᠭᠠᠨ ᠪᠠᠶᠢᠵᠤ᠂ ᠭᠡᠨᠡᠳᠲᠡ ᠶᠢᠨ ᠬᠡᠷᠡᠭ ᠲᠣᠬᠢᠶᠠᠯᠳᠤᠪᠠᠯ ᠵᠢᠷᠤᠮ ᠶᠣᠰᠣᠭᠠᠷ ᠴᠠᠭ | ᠲᠤᠬᠠᠶ ᠳᠤᠨᠢ ᠰᠢᠢᠳᠪᠦᠷᠢᠯᠡᠵᠦ ᠳᠡᠭᠡᠭᠰᠢ ᠮᠡᠳᠡᠭᠦᠯᠦᠨ᠎ᠡ᠃ ᠵᠤᠨ ᠤ ᠠᠮᠠᠷᠠᠯᠲᠠ ᠶᠢᠨ ᠬᠤᠭᠤᠴᠠᠭᠠᠨ ᠳᠤ | ᠰᠤᠷᠭᠠᠭᠤᠯᠢ ᠶᠢᠨ ᠭᠠᠳᠠᠨᠠᠬᠢ ᠪᠠᠭᠰᠢ ᠰᠤᠷᠤᠭᠴᠢᠳ ᠨᠢ ᠴᠢᠬᠤᠯᠠ ᠦᠭᠡᠢ ᠭᠠᠳᠠᠭᠰᠢ ᠭᠠᠷᠬᠤ ᠶᠢ ᠪᠠᠭᠠᠰᠬᠠᠵᠤ᠂ | ᠵᠠᠷᠴᠢᠮ ᠳᠡᠭᠡᠷ᠎ᠡ ᠪᠠᠨ ᠭᠠᠳᠠᠭᠠᠳᠤ ᠤᠯᠤᠰ ᠪᠠ ᠤᠯᠤᠰ ᠤᠨ ᠳᠣᠲᠣᠭᠠᠳᠤ ᠶᠢᠨ ᠳᠤᠮᠳᠠ ᠥᠨᠳᠦᠷ ᠠᠶᠤᠯ | ᠲᠥᠭᠰᠢᠭᠦᠷᠢᠲᠡᠢ ᠭᠠᠵᠠᠷ ᠣᠷᠤᠨ ᠳᠤ ᠣᠴᠢᠬᠤ ᠦᠭᠡᠢ᠂ ᠮᠤᠵᠢ ᠠᠯᠤᠰᠯᠠᠵᠤ ᠬᠤᠯᠠ ᠵᠠᠮ ᠤᠨ ᠵᠢᠭᠤᠯᠴᠢᠯᠠᠯ ᠬᠢᠬᠦ | ᠦᠭᠡᠢ᠂ ᠣᠷᠣᠰᠢᠨ ᠰᠠᠭᠤᠵᠤ ᠪᠠᠶᠢᠭ᠎ᠠ ᠭᠠᠵᠠᠷ ᠠᠴᠠ ᠪᠠᠨ ᠰᠠᠯᠬᠤ ᠴᠢᠬᠤᠯᠠ ᠲᠠᠢ ᠪᠣᠯ ᠡᠷᠬᠡᠪᠰᠢ ᠰᠤᠷᠭᠠᠭᠤᠯᠢ ᠳᠤ | ᠮᠡᠳᠡᠭᠦᠯᠬᠦ ᠬᠡᠷᠡᠭᠲᠡᠢ᠃ | ᠡᠯ᠎ᠡ ᠭᠠᠵᠠᠷ ᠡᠯ᠎ᠡ ᠰᠤᠷᠭᠠᠭᠤᠯᠢ ᠨᠤᠭᠤᠳ ᠲᠤᠰ ᠭᠠᠵᠠᠷ ᠤᠨ ᠢᠶᠠᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ | 2020 ᠣᠨ ᠤ ᠳᠡᠭᠡᠷ᠎ᠡ ᠬᠤᠭᠤᠴᠠᠭᠠᠨ ᠤ ᠰᠡᠭᠦᠯᠴᠢ᠂ ᠵᠤᠨ ᠤ ᠠᠮᠠᠷᠠᠯᠲᠠ ᠪᠣᠯᠤᠨ ᠳᠠᠷᠠᠭ᠎ᠠ ᠬᠤᠭᠤᠴᠠᠭᠠᠨ ᠤ | ᠰᠤᠷᠭᠠᠭᠤᠯᠢ ᠡᠬᠢᠯᠡᠬᠦ ᠠᠵᠢᠯ ᠤᠨ ᠲᠥᠰᠦᠯ ᠢ ᠲᠣᠭᠲᠠᠭᠠᠨ ᠬᠡᠷᠡᠭᠵᠢᠭᠦᠯᠬᠦ ᠬᠡᠷᠡᠭᠲᠡᠢ᠃ | | ᠤᠯᠠᠭᠠᠨᠬᠠᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ | | 2020 ᠣᠨ ᠤ 6 ᠰᠠᠷ᠎ᠠ ᠶᠢᠨ 28 ᠤ ᠡᠳᠦᠷ | | |