ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ  ᠰᠦᠯᠵᠢᠶ᠎ᠡ ᠶᠢᠨ ᠲᠤᠬᠠᠶ
ᠨᠡᠶᠢᠲᠡᠯᠡᠭᠰᠡᠨ ᠴᠠᠭ᠄
2021/11/26
          ᠣᠶᠢᠷ᠎ᠠ ᠶᠢᠨ ᠵᠢᠯ ᠤᠳ ᠲᠤ᠂ ᠠᠤᠬᠠᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠮᠣᠩᠭᠤᠯ ᠬᠡᠯᠡᠨ ᠤ  ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠡᠭᠡᠳᠦ ᠱᠠᠲᠤᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠤᠳᠤᠷᠢᠳᠬᠤ ᠲᠣᠭᠲᠠᠴᠠ ᠶᠢ ᠪᠠᠶᠢᠭᠤᠯᠵᠤ᠂ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ  ᠴᠢᠩᠭᠠᠳᠬᠠᠨ᠂ ᠲᠤᠰᠬᠠᠶ ᠠᠵᠢᠯᠲᠠᠨ ᠲᠣᠬᠢᠷᠠᠭᠤᠯᠵᠤ᠂ ᠰᠦᠯᠵᠢᠶ᠎ᠡ ᠶᠢ ᠵᠣᠬᠢᠴᠠᠩᠭᠤᠶ ᠪᠥᠭᠡᠳ ᠰᠢᠯᠢᠳᠡᠭ ᠰᠠᠶᠢᠨ ᠠᠵᠢᠯᠯᠠᠭᠤᠯᠬᠤ ᠶᠢ ᠦᠨᠡᠨ ᠬᠦ ᠪᠠᠲᠤᠯᠠᠭᠰᠠᠨ ᠪᠠᠶᠢᠨ᠎ᠠ᠃      ᠨᠢᠭᠡ᠂ ᠮᠣᠩᠭᠤᠯ ᠬᠡᠯᠡᠨ ᠤ  ᠰᠦᠯᠵᠢᠶ᠎ᠡ ᠶᠢᠨ ᠦᠨᠳᠦᠰᠦᠨ ᠪᠠᠶᠢᠳᠠᠯ   ᠠᠤᠬᠠᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ‌ᠨᠢ 2016 ᠣᠨ ᠤ 7 ᠰᠠᠷ᠎ᠠ ᠶᠢᠨ 18 ᠤ ᠡᠳᠦᠷ ᠵᠢᠩᠬᠢᠨᠢ ᠪᠠᠷ  ᠪᠠᠶᠢᠭᠤᠯᠤᠭᠳᠠᠨ ᠠᠰᠢᠭᠯᠠᠯᠲᠠ ᠳᠤ ᠣᠷᠤᠵᠤ᠂ ᠠᠤᠬᠠᠨ ᠤ ᠲᠦᠢᠮᠣ ᠪᠠᠶᠢᠳᠠᠯ᠂ ᠰᠣᠨᠢᠨ ᠮᠡᠳᠡᠭᠡ᠂ ᠢᠯᠡ ᠵᠠᠰᠠᠭ᠂ ᠨᠠᠮ ᠤᠨ ᠲᠡᠦᠬᠡ᠂ ᠦᠢᠯᠡᠴᠢᠯᠡᠭᠡ ᠲᠤᠰᠠᠯᠠᠮᠵᠢ᠂  ᠰᠦᠯᠵᠢᠶᠡᠨ ᠤ ᠲᠣᠬᠠᠢ ᠵᠡᠷᠭᠡ ᠵᠢᠷᠭᠤᠭᠠᠨ ᠶᠡᠭᠡ ᠪᠤᠯᠤᠩ ᠢᠶᠠᠷ  ᠪᠦᠷᠢᠯᠳᠦᠵᠦ᠂ ᠠᠤᠬᠠᠨ ᠤ ᠰᠣᠨᠢᠨ ᠮᠡᠳᠡᠭᠡ᠂ ᠠᠯᠪᠠᠨ ᠨᠡᠶᠢᠳᠡᠯᠡᠯ᠂  ᠬᠠᠮ ᠰᠤᠷᠠᠭ᠂  ᠰᠤᠮᠤ ᠪᠠᠯᠭᠠᠰᠤᠨ ᠤ  ᠮᠡᠳᠡᠭᠡ᠂  ᠠᠯᠪᠠᠨ ᠪᠢᠴᠢᠭ᠂  ᠬᠠᠤᠯᠢ ᠳᠦᠷᠢᠮ᠂  ᠰᠤᠷᠪᠤᠯᠵᠢᠯᠠᠭ᠎ᠠ᠂ ᠲᠠᠨ ᠳᠤ ᠦᠢᠯᠡᠴᠢᠯᠡᠬᠦ  ᠵᠡᠷᠭᠡ ᠣᠯᠠᠨ ᠬᠤᠪᠢᠶᠠᠷᠢ ᠪᠤᠯᠤᠩ  ᠢᠶᠠᠷ ᠪᠦᠷᠢᠯᠳᠦᠭᠰᠡᠨ ᠪᠠᠶᠢᠨ᠎ᠠ᠃     ᠠᠤᠬᠠᠨ ᠤ ᠲᠦᠢᠮᠣ ᠪᠠᠶᠢᠳᠠᠯ ᠳᠤ ᠭᠤᠤᠯᠳᠠᠭᠤ ᠪᠥᠬᠦ ᠬᠤᠰᠢᠭᠤ ᠪᠣᠯᠤᠨ ᠡᠯ᠎ᠡ ᠰᠢᠶᠠᠩ ᠪᠠᠯᠭᠠᠰᠤ ᠰᠤᠮᠤ ᠶᠢᠨ ᠦᠨᠳᠦᠰᠦᠨ ᠪᠠᠶᠢᠳᠠᠯ᠂ ᠪᠠᠶᠢᠭᠠᠯᠢ ᠶᠢᠨ ᠡᠬᠢ ᠪᠠᠶᠠᠯᠢᠭ᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢ ᠶᠢᠨ ᠵᠢᠷᠤᠭ ᠪᠣᠯᠤᠨ ᠭᠤᠤᠯ ᠵᠢᠭᠤᠯᠴᠢᠯᠠᠯ ᠤᠨ ᠦᠵᠡᠮᠵᠢ ᠶᠢᠨ ᠣᠷᠣᠨ ᠤ ᠥᠩᠭᠡ ᠦᠵᠡᠮᠵᠢ ᠶᠢᠨ ᠬᠡᠷᠡᠯ ᠵᠢᠷᠤᠭ᠂ ᠪᠢᠴᠢᠭᠯᠡᠯ ᠤᠨ ᠦᠵᠡᠭᠦᠯᠦᠯᠭᠡ ᠶᠢ  ᠪᠠᠭᠲᠠᠭᠠᠵᠠᠢ᠃     ᠰᠣᠨᠢᠨ ᠮᠡᠳᠡᠭᠡ ᠳᠤ ᠭᠤᠤᠯᠳᠠᠭᠤ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠵᠡᠷᠭᠡ ᠰᠠᠯᠠᠭ᠎ᠠ ᠮᠥᠴᠢᠷ ᠤᠨ ᠴᠢᠬᠤᠯᠠ ᠠᠵᠢᠯᠯᠠᠭ᠎ᠠ ᠵᠢᠴᠢ ᠳᠡᠭᠡᠳᠦ ᠱᠠᠲᠤᠨ ᠤ ᠤᠳᠤᠷᠢᠳᠤᠯᠭ᠎ᠠ ᠶᠢᠨ ᠠᠤᠬᠠᠨ ᠳᠤ ᠬᠦᠷᠴᠦ ᠠᠵᠢᠯ ᠪᠠᠶᠢᠴᠠᠭᠠᠭᠰᠠᠨ ᠰᠣᠨᠢᠨ ᠮᠡᠳᠡᠭᠡᠨ ᠤ ᠮᠡᠳᠡᠭᠡ ᠵᠠᠩᠭᠢ ᠶᠢᠨ ᠪᠢᠴᠢᠭ ᠮᠠᠲ᠋ᠧᠷᠢᠶᠠᠯ ᠵᠢᠴᠢ ᠬᠡᠷᠡᠯ ᠵᠢᠷᠤᠭ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠭᠤᠤᠯᠳᠠᠯᠭ᠎ᠠ ᠲᠠᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ᠂ ᠰᠣᠨᠢᠨ ᠮᠡᠳᠡᠭᠡᠨ ᠤ ᠪᠢᠴᠢᠭ ᠮᠠᠲ᠋ᠧᠷᠢᠶᠠᠯ ᠵᠢᠴᠢ ᠬᠡᠷᠡᠯ ᠵᠢᠷᠤᠭ ᠢ ᠪᠠᠭᠲᠠᠭᠠᠵᠠᠢ᠃      ᠢᠯᠡ ᠵᠠᠰᠠᠭ ᠲᠤ ᠭᠤᠤᠯᠳᠠᠭᠤ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ᠂ ᠠᠯᠪᠠᠨ ᠮᠡᠳᠡᠭᠡ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠪᠠᠴᠢᠮ ᠪᠠᠶᠢᠳᠠᠯ ᠢ ᠠᠷᠭᠠᠴᠠᠬᠤ ᠲᠥᠰᠦᠯ᠂ ᠡᠯ᠎ᠡ ᠰᠠᠯᠠᠭ᠎ᠠ ᠮᠥᠴᠢᠷ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠦᠷᠢᠮ ᠲᠣᠭᠲᠠᠭᠠᠯ᠂ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ  ᠤᠳᠤᠷᠢᠳᠤᠯᠭ᠎ᠠ ᠶᠢᠨ ᠬᠡᠷᠡᠯ ᠵᠢᠷᠤᠭ᠂ ᠲᠣᠪᠴᠢ ᠨᠠᠮᠲᠠᠷ᠂ ᠠᠵᠢᠯ ᠤᠨ ᠬᠤᠪᠢᠶᠠᠷᠢᠯᠠᠯ ᠵᠡᠷᠭᠡ ᠶᠢ  ᠪᠠᠭᠲᠠᠭᠠᠵᠠᠢ᠃        ᠨᠠᠮ ᠤᠨ ᠲᠡᠦᠬᠡ ᠳᠤ ᠭᠤᠣᠯᠳᠠᠭᠤ ᠨᠠᠮ ᠤᠨ ᠲᠡᠦᠬᠡ ᠶᠢᠨ ᠰᠤᠷᠤᠯᠴᠠᠯᠭ᠎ᠠ  ᠶᠢᠨ ᠲᠣᠬᠠᠢ ᠬᠤᠯᠪᠤᠭᠳᠠᠭᠰᠠᠨ ᠠᠭᠤᠯᠭ᠎ᠠ ᠶᠢ ᠪᠦᠬᠦᠨ ᠢ ᠪᠠᠭᠲᠠᠭᠠᠵᠠᠢ᠃        ᠦᠢᠯᠡᠴᠢᠯᠡᠭᠡ ᠲᠤᠰᠠᠯᠠᠮᠵᠢ ᠳᠤ ᠭᠤᠤᠯᠳᠠᠭᠤ ᠠᠵᠢᠯ ᠶᠠᠪᠤᠳᠠᠯ  ᠭᠦᠢᠴᠡᠳᠭᠡᠬᠦ ᠵᠦᠭᠯᠡᠭᠦᠷ ᠵᠢᠴᠢ ᠴᠤᠪᠤᠷᠠᠯ ᠤᠨ ᠵᠢᠷᠤᠭ ᠵᠢᠴᠢ ᠪᠢᠴᠢᠭᠯᠡᠯ ᠢ  ᠪᠠᠭᠲᠠᠭᠠᠵᠠᠢ᠃      ᠰᠦᠯᠵᠢᠶᠡᠨ ᠤ ᠲᠣᠬᠠᠢ ᠳᠤ ᠭᠤᠤᠯᠳᠠᠭᠤ ᠠᠤᠬᠠᠨ ᠬᠤᠰᠢᠭᠤᠨ ᠤ ᠮᠣᠩᠭᠤᠯ ᠬᠡᠯᠡᠨ ᠤ ᠰᠦᠯᠵᠢᠶ᠎ᠡ ᠶᠢᠨ ᠦᠨᠡᠯᠡᠯᠲᠡ᠂ ᠴᠡᠭᠴᠡᠯᠡᠨ ᠰᠠᠶᠢᠵᠢᠷᠠᠭᠤᠯᠬᠤ ᠰᠠᠨᠠᠯ ᠵᠡᠷᠭᠡ ᠪᠢᠴᠢᠭ ᠮᠠᠲ᠋ᠧᠷᠢᠶᠠᠯ ᠢ  ᠪᠠᠭᠳᠠᠭᠠᠵᠠᠢ᠃        ᠬᠤᠶᠠᠷ᠂ ᠮᠣᠩᠭᠤᠯ ᠬᠡᠯᠡᠨ ᠤ  ᠰᠦᠯᠵᠢᠶ᠎ᠡ ᠶᠢ ᠠᠵᠢᠯᠯᠠᠭᠤᠯᠤᠭᠰᠠᠨ ᠪᠠᠶᠢᠳᠠᠯ    ᠠᠤᠬᠠᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ ᠵᠢᠩᠬᠢᠨᠢ ᠪᠠᠷ  ᠠᠰᠢᠭᠯᠠᠯᠲᠠ ᠳᠤ ᠣᠷᠤᠭᠰᠠᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠤᠯ ᠰᠦᠯᠵᠢᠶ᠎ᠡ ᠲᠠᠢ ᠵᠣᠯᠭᠠᠭᠤᠯᠬᠤ ᠶᠢ ᠪᠡᠶᠡᠯᠡᠭᠦᠯᠵᠦ᠂ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ  ᠰᠦᠯᠵᠢᠶᠡᠨ ᠴᠤᠭᠯᠠᠷᠠᠯ ᠳᠤ ᠬᠠᠷᠢᠶᠠᠯᠠᠭᠳᠠᠨ ᠨᠢᠭᠡᠳᠦᠯᠲᠡᠶ  ᠬᠠᠮᠢᠶᠠᠷᠴᠦ ᠪᠠᠶᠢᠨ᠎ᠠ᠃  ᠰᠦᠯᠵᠢᠶ᠎ᠡ ᠶᠢ ᠠᠵᠢᠯᠯᠠᠭᠤᠯᠵᠤ ᠪᠠᠲᠤᠯᠠᠬᠤ ᠠᠵᠢᠯ ᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠠᠴᠠ ᠬᠠᠷᠢᠭᠤᠴᠠᠵᠤ᠂ ᠳᠡᠭᠡᠲᠦ ᠱᠠᠲᠤᠨ ᠤ  ᠰᠦᠯᠵᠢᠶ᠎ᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠢᠯᠣᠭᠤᠳᠣᠯᠭ᠎ᠠ ᠳᠣᠤᠷ᠎ᠠ᠂ ᠲᠣᠰ ᠱᠠᠲᠤᠨ ᠤ  ᠰᠦᠯᠵᠢᠶ᠎ᠡ ᠶᠢᠨ ᠪᠤᠯᠤᠩ ᠢ ᠰᠢᠨᠡᠳᠬᠡᠬᠦ᠂ ᠠᠭᠤᠯᠭ᠎ᠠ ᠶᠢ ᠰᠤᠷᠪᠤᠯᠵᠢᠯᠠᠨ ᠨᠠᠶᠢᠷᠠᠭᠤᠯᠬᠤ᠂ ᠣᠷᠴᠢᠭᠤᠯᠵᠤ ᠬᠢᠨᠠᠨ ᠲᠣᠭᠲᠠᠭᠠᠬᠤ᠂ ᠳᠡᠭᠡᠭᠰᠢ ᠳᠠᠮᠵᠢᠭᠤᠯᠵᠤ ᠰᠢᠨᠡᠳᠬᠡᠬᠦ᠂ ᠡᠳᠦᠷ ᠲᠤᠲᠤᠮ ᠤᠨ  ᠰᠢᠨᠡᠳᠭᠡᠬᠦ ᠠᠵᠢᠯ  ᠂ ᠬᠠᠮᠠᠭᠠᠯᠠᠵᠤ  ᠬᠠᠮᠢᠶᠠᠷᠴᠤ ᠠᠵᠢᠯᠯᠠᠭᠤᠯᠬᠤ ᠵᠡᠷᠭᠡ ᠠᠵᠢᠯ ᠢ ᠰᠠᠶᠢᠲᠤᠷ ᠬᠢᠪᠡ᠃ ᠠᠤᠬᠠᠨ ᠬᠤᠰᠢᠭᠤᠨ ᠤ ᠮᠣᠩᠭᠤᠯ ᠬᠡᠯᠡᠨ ᠤ ᠰᠦᠯᠵᠢᠶ᠎ᠡ ᠶᠢ ᠬᠠᠮᠢᠶᠠᠷᠤᠨ ᠠᠵᠢᠯᠯᠠᠭᠤᠯᠵᠤ ᠪᠠᠶᠢᠬᠤ ᠬᠤᠭᠤᠴᠠᠭᠠᠨ ᠳᠤ᠂ ᠡᠯ᠎ᠡ ᠬᠤᠯᠪᠣᠭᠳᠠᠯ ᠪᠥᠬᠦᠶ ᠮᠠᠲ᠋ᠧᠷᠢᠶᠠᠯ ᠢ ᠨᠠᠷᠢᠨ ᠬᠢᠨᠠᠮᠠᠭᠠᠶ ᠴᠤᠭᠯᠠᠭᠤᠯᠤᠨ ᠣᠷᠴᠢᠭᠤᠯᠬᠤ ᠶᠢᠨ ᠬᠠᠮᠲᠤ ᠮᠠᠲ᠋ᠧᠷᠢᠶᠠᠯ ᠢ ᠰᠢᠯᠢᠨ ᠰᠣᠩᠭᠤᠬᠤ ᠪᠠ ᠬᠢᠨᠠᠨ ᠬᠠᠷᠭᠤᠭᠤᠯᠵᠤ ᠂ ᠠᠵᠢᠯ ᠤᠨ ᠭᠤᠤᠯᠳᠠᠯᠭ᠎ᠠ ᠪᠠᠨ ᠰᠦᠯᠵᠢᠶᠡᠨ ᠳᠡᠭᠡᠷ᠎ᠡ ᠳᠠᠮᠵᠢᠭᠤᠯᠵᠤ᠂ ᠰᠦᠯᠵᠢᠶ᠎ᠡ ᠶᠢᠨ   ᠲᠤᠰ ᠪᠡᠶ᠎ᠡ ᠶᠢᠨ ᠴᠢᠳᠠᠮᠵᠢ ᠪᠠᠷ ᠶᠡᠭᠡ᠂ ᠠᠭᠤᠯᠭ᠎ᠠ ᠪᠠᠷ ᠪᠠᠶᠠᠯᠢᠭ᠂ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠨᠡᠳᠬᠡᠬᠦ ᠳᠡᠭᠡᠷ᠎ᠡ ᠲᠠᠯᠪᠢᠵᠤ᠂ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠨᠡᠳᠬᠡᠬᠦ ᠶᠢ  ᠪᠠᠲᠤᠯᠠᠪᠠ᠃        ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ       ︵ᠨᠢᠭᠡ︶  ᠰᠦᠯᠵᠢᠶ᠎ᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠡᠪ ᠢᠶᠠᠷ  ᠠᠵᠢᠯᠯᠠᠭᠤᠯᠬᠤ ᠶᠢ ᠦᠨᠡᠨᠬᠦ  ᠪᠠᠲᠤᠯᠠᠨ᠎ᠠ     ᠮᠣᠩᠭᠤᠯ ᠬᠡᠯᠡᠨ ᠤ  ᠰᠦᠯᠵᠢᠶ᠎ᠡ ᠶᠢᠨ ᠬᠡᠪᠯᠡᠯ ᠤᠨ ᠨᠢᠭᠤᠷ ᠤᠨ ᠵᠢᠷᠤᠭ ᠲᠥᠯᠥᠪᠯᠡᠭᠡ ᠪᠠ ᠪᠤᠯᠤᠩ ᠤᠨ ᠲᠥᠯᠥᠪᠵᠢᠭᠦᠯᠭᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠰᠡᠳᠦᠪ ᠵᠢᠴᠢ ᠴᠠᠭ ᠤᠨ ᠪᠠᠶᠢᠳᠠᠯ ᠤᠯᠤᠰ ᠲᠥᠷᠥ ᠶᠢᠨ ᠮᠡᠳᠡᠭᠡ ᠵᠠᠩᠭᠢ ᠵᠡᠷᠭᠡ ᠠᠭᠤᠯᠭ᠎ᠠ ᠶᠢ ᠴᠠᠭ ᠲᠤᠬᠠᠶ ᠳᠤᠨᠢ ᠳᠠᠮᠵᠢᠭᠤᠯᠵᠤ᠂ ᠮᠣᠩᠭᠤᠯ ᠬᠡᠯᠡᠨ ᠤ ᠡᠬᠢ ᠪᠠᠶᠠᠯᠢᠭ ᠤᠨ ᠬᠥᠮᠥᠷᠭᠡ ᠶᠢ ᠠᠯᠬᠤᠮ ᠠᠯᠬᠤᠮ ᠢᠶᠠᠷ  ᠥᠷᠭᠡᠳᠭᠡᠨ᠎ᠡ᠃ ᠡᠭᠦᠨ ᠤ ᠬᠠᠮᠲᠤ᠂ ᠰᠦᠯᠵᠢᠶᠡᠨ ᠤ ᠣᠷᠴᠢᠭᠤᠯᠭ᠎ᠠ ᠶᠢᠨ ᠠᠭᠤᠯᠭ᠎ᠠ ᠶᠢ ᠬᠢᠨᠠᠨ ᠪᠠᠶᠢᠴᠠᠭᠠᠬᠤ ᠪᠣᠭᠤᠮᠲᠠ ᠶᠢ ᠴᠢᠩᠭ᠎ᠠ ᠠᠳᠬᠤᠵᠤ᠂ ᠠᠭᠤᠯᠭ᠎ᠠ᠂ ᠮᠡᠷᠭᠡᠵᠢᠯ ᠵᠢᠴᠢ ᠥᠰᠥᠭ ᠪᠢᠴᠢᠭ ᠤᠨ ᠲᠠᠯ᠎ᠠ ᠪᠠᠷ ᠪᠤᠷᠤᠭᠤ ᠭᠠᠷᠬᠤ ᠠᠴᠠ ᠵᠠᠶᠢᠯᠠᠰᠬᠢᠵᠦ᠂ ᠮᠣᠩᠭᠤᠯ ᠬᠡᠯᠡᠨ ᠤ ᠰᠦᠯᠵᠢᠶ᠎ᠡ ᠶᠢ ᠵᠢᠷᠤᠮᠵᠢᠯ ᠲᠠᠢ ᠪᠥᠭᠡᠳ ᠥᠨᠳᠥᠷ ᠪᠦᠲᠦᠮᠵᠢᠲᠡᠶ  ᠠᠵᠢᠯᠯᠠᠭᠤᠯᠬᠤ ᠶᠢ ᠦᠨᠡᠨ ᠬᠦ  ᠪᠠᠲᠤᠯᠠᠨ᠎ᠠ᠃       ︵ᠬᠤᠶᠠᠷ︶ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠠᠪᠴᠠᠩ ᠤᠨ  ᠦᠢᠯᠡᠳᠦᠯ ᠢ  ᠭᠦᠢᠴᠡᠳ ᠪᠠᠳᠠᠷᠠᠭᠤᠯᠤᠨ᠎ᠠ   ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠮᠣᠩᠭᠤᠯ ᠬᠡᠯᠡᠨ ᠤ  ᠰᠦᠯᠵᠢᠶ᠎ᠡ ᠶᠢᠨ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ᠮᠣᠩᠭᠤᠯ ᠦᠨᠳᠦᠰᠦᠲᠡᠨ ᠬᠠᠷᠢᠴᠠᠩᠭᠤᠶ ᠲᠥᠪᠯᠡᠷᠡᠭᠰᠡᠨ ᠰᠢᠶᠠᠩ ᠪᠠᠯᠭᠠᠰᠤ ᠰᠤᠮᠤ᠂ ᠭᠠᠴᠠᠭ᠎ᠠ ︵ᠲᠣᠰᠬᠤᠨ᠂ ᠰᠠᠭᠤᠭᠠᠯᠢ ᠠᠷᠠᠳ ᠤᠨ ᠵᠥᠪᠯᠡᠯ︶ ᠳᠤ ᠴᠢᠭᠯᠡᠭᠦᠯᠬᠦ ᠴᠢᠨᠠᠷᠲᠠᠶ ᠪᠠᠷ ᠰᠦᠯᠵᠢᠶ᠎ᠡ ᠶᠢ ᠳᠡᠯᠭᠡᠷᠡᠭᠦᠯᠵᠦ᠂ ᠭᠠᠭᠴᠠ ᠲᠠᠯ᠎ᠠ ᠠᠴᠠ ᠪᠠᠨ ᠮᠡᠳᠡᠭᠡ ᠵᠠᠩᠭᠢ ᠳᠠᠮᠵᠢᠭᠤᠯᠬᠤ ᠤᠯᠠᠮᠵᠢᠯᠠᠯᠲᠤ ᠦᠵᠡᠯᠲᠡ ᠶᠢ ᠬᠤᠪᠢᠷᠠᠭᠤᠯᠤᠨ᠂ ᠰᠣᠯᠢᠯᠴᠠᠬᠤ ᠴᠣᠩᠬᠤ ᠶᠢ ᠨᠡᠮᠡᠭᠳᠡᠭᠦᠯᠵᠦ᠂  ᠰᠦᠯᠵᠢᠶ᠎ᠡ ᠶᠢᠨ ᠨᠡᠶᠢᠭᠡᠮ ᠤᠨ ᠡᠯ᠎ᠡ ᠡᠲᠡᠭᠡᠳ ᠲᠤ  ᠦᠢᠯᠡᠴᠢᠯᠡᠬᠦ᠂ ᠥᠷᠭᠡᠨ ᠣᠯᠠᠨ ᠮᠠᠯᠴᠢᠨ ᠲᠠᠷᠢᠶᠠᠴᠢᠨ ᠳᠤ  ᠦᠢᠯᠡᠴᠢᠯᠡᠬᠦ  ᠦᠢᠯᠡᠳᠦᠯ ᠢ  ᠭᠦᠢᠴᠡᠳ ᠪᠠᠳᠠᠷᠠᠭᠤᠯᠬᠤ ᠶᠢ ᠦᠨᠡᠨᠬᠦ  ᠪᠠᠲᠤᠯᠠᠨ᠎ᠠ᠃      ︵ᠭᠤᠷᠪᠠ︶ ᠡᠩᠨᠡᠭᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ ᠰᠢᠰᠲ᠋ᠧᠮ ᠢ  ᠰᠢᠯᠤᠭᠤᠳᠬᠠᠨ᠎ᠠ     ᠮᠣᠩᠭᠤᠯ ᠬᠡᠯᠡᠨ ᠤ ᠰᠦᠯᠵᠢᠶ᠎ᠡ ᠶᠢᠨ  ᠬᠡᠪ ᠶᠣᠰᠤᠭᠠᠷ ᠠᠵᠢᠯᠯᠠᠭᠤᠯᠬᠤ ᠶᠢ  ᠪᠠᠲᠤᠯᠠᠵᠤ᠂ ᠠᠵᠢᠯᠳᠠᠨ ᠢ  ᠢᠯᠡᠭᠦᠬᠡᠨ ᠪᠣᠯᠪᠠᠰᠤᠷᠠᠭᠤᠯᠤᠯ ᠳᠤ ᠣᠷᠤᠯᠴᠠᠭᠤᠯᠵᠤ᠂  ᠰᠦᠯᠵᠢᠶ᠎ᠡ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠰᠢᠯᠭᠠᠨ ᠬᠢᠨᠠᠬᠤ ᠬᠠᠮᠢᠶᠠᠷᠤᠯᠲᠠ ᠶᠢ ᠴᠢᠩᠭᠠᠳᠬᠠᠨ᠂ ᠮᠣᠩᠭᠤᠯ ᠬᠡᠯᠡᠨ ᠤ  ᠰᠦᠯᠵᠢᠶ᠎ᠡ ᠶᠢᠨ ᠪᠤᠯᠤᠩ ᠢ ᠰᠢᠨᠡᠳᠬᠡᠬᠦ᠂ ᠠᠭᠤᠯᠭ᠎ᠠ ᠶᠢ ᠰᠤᠷᠪᠤᠯᠵᠢᠯᠠᠨ ᠨᠠᠶᠢᠷᠠᠭᠤᠯᠬᠤ᠂ ᠣᠷᠴᠢᠭᠤᠯᠵᠤ ᠬᠢᠨᠠᠨ ᠲᠣᠭᠲᠠᠭᠠᠬᠤ᠂ ᠬᠠᠮᠠᠭᠠᠯᠠᠨ  ᠬᠠᠮᠢᠶᠠᠷᠴᠤ ᠠᠵᠢᠯᠯᠠᠭᠤᠯᠬᠤ ᠵᠡᠷᠭᠡ  ᠠᠵᠢᠯ ᠢ ᠰᠠᠶᠢᠲᠤᠷ ᠬᠢᠵᠦ᠂ ᠠᠵᠢᠯᠯᠠᠭᠤᠯᠬᠤ᠂ ᠬᠠᠮᠠᠭᠠᠯᠠᠬᠤ᠂ ᠬᠢᠨᠠᠯᠲᠠ ᠲᠠᠯᠪᠢᠬᠤ᠂ ᠬᠢᠨᠠᠨ ᠪᠠᠶᠢᠴᠠᠭᠠᠬᠤ ᠶᠢ ᠨᠢᠭᠡ ᠴᠣᠠᠠᠴᠠᠵᠢᠭᠤᠯᠥᠠᠠᠰᠠᠨ ᠠᠵᠢᠯ ᠤᠨ ᠲᠣᠭᠲᠠᠴᠠ ᠶᠢ   ᠪᠠᠶᠢᠭᠤᠯᠤᠨ᠎ᠠ᠃   ᠬᠤᠶᠢᠰᠢᠳᠠ ᠠᠣᠬᠠᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠬᠡᠯᠡᠨ ᠤ  ᠰᠦᠯᠵᠢᠶ᠎ᠡ ᠨᠢ ᠬᠠᠮᠢᠶᠠᠷᠤᠯᠲᠠ ᠪᠠᠨ ᠴᠢᠩᠭᠠᠳᠬᠠᠵᠤ᠂  ᠰᠦᠯᠵᠢᠶ᠎ᠡ ᠶᠢᠨ ᠠᠭᠤᠯᠭ᠎ᠠ ᠶᠢ ᠴᠠᠭ ᠲᠤᠬᠠᠶ ᠳᠤᠨᠢ ᠰᠢᠨᠡᠳᠬᠡᠵᠦ᠂ ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤ ᠥᠭᠴᠦ᠂ ᠠᠣᠬᠠᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠠᠬᠢᠭᠤᠯᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ᠂ ᠣᠯᠠᠨ ᠨᠡᠶᠢᠲᠡ ᠶᠢᠨ ᠬᠢᠨᠠᠯᠲᠠ ᠲᠠᠯᠪᠢᠬᠤ ᠶᠢ ᠬᠦᠯᠢᠶᠡᠬᠦ᠂ ᠵᠠᠰᠠᠭ ᠵᠠᠬᠢᠷᠭᠠᠨ ᠤ ᠬᠠᠮᠢᠶᠠᠷᠤᠯᠲᠠ ᠶᠢ ᠰᠠᠶᠢᠵᠢᠷᠠᠭᠤᠯᠬᠤ ᠵᠡᠷᠭᠡ  ᠦᠢᠯᠡᠳᠦᠯ ᠢ ᠭᠦᠢᠴᠡᠳ ᠪᠠᠳᠠᠷᠠᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号