ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠨᠡᠶᠢᠭᠡᠮ ᠤᠨ ᠦᠨᠡᠯᠡᠨ ᠶᠠᠷᠢᠯᠴᠠᠬᠤ ᠲᠦᠷᠢᠮ
ᠨᠡᠶᠢᠲᠡᠯᠡᠭᠰᠡᠨ ᠴᠠᠭ᠄
2021/11/30
           ᠨᠢᠭᠡᠳᠦᠭᠡᠷ  ᠵᠦᠢᠯ᠂ ᠪᠥᠬᠦ ᠬᠤᠰᠢᠭᠤᠨ ᠤ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠶᠢ ᠪᠠᠲᠤᠯᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠷᠠᠳ ᠣᠯᠠᠨ ᠤ ᠦᠢᠯᠡᠳᠪᠦᠷᠢᠯᠡᠯ᠂ ᠠᠮᠢᠳᠤᠷᠠᠯ ᠪᠠ ᠠᠵᠤ ᠠᠬᠤᠶ ᠨᠡᠶᠢᠭᠡᠮ ᠤᠨ ᠠᠵᠢᠯᠯᠠᠭ᠎ᠠ ᠳᠤ  ᠦᠢᠯᠡᠴᠢᠯᠡᠬᠦ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ᠤᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠦᠷᠢᠮ ᠢ ᠲᠣᠭᠲᠠᠭᠠᠪᠠ᠃    ᠬᠤᠶᠠᠳᠤᠭᠠᠷ ᠵᠦᠢᠯ᠂ ᠨᠡᠶᠢᠭᠡᠮ ᠤᠨ ᠦᠨᠡᠯᠡᠨ ᠶᠠᠷᠢᠯᠴᠠᠬᠤ ᠠᠵᠢᠯᠯᠠᠭ᠎ᠠ ᠶᠢ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃    ᠭᠤᠷᠪᠠᠳᠤᠭᠠᠷ ᠵᠦᠢᠯ᠂ ᠨᠡᠶᠢᠭᠡᠮ ᠤᠨ ᠦᠨᠡᠯᠡᠨ ᠶᠠᠷᠢᠯᠴᠠᠬᠤ ᠡᠲᠡᠭᠡᠳ ᠪᠣᠯ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠠᠷᠠᠳ ᠤᠯᠠᠨ ᠤ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠤᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ᠎ᠠ᠃    ᠳᠥᠷᠪᠡᠳᠦᠭᠡᠷ ᠵᠦᠢᠯ᠂ ᠨᠡᠶᠢᠭᠡᠮ ᠤᠨ ᠦᠨᠡᠯᠡᠯᠲᠡ ᠶᠢ ᠤᠯᠠᠨ ᠨᠡᠶᠢᠲᠡ ᠪᠠᠷ ᠢᠶᠠᠨ ᠦᠨᠡᠯᠡᠬᠦ᠂ ᠣᠨᠴᠠ ᠤᠷᠢᠵᠤ ᠦᠨᠡᠯᠡᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠲᠣᠭᠲᠠᠮᠠᠯ ᠬᠤᠭᠤᠴᠠᠭ᠎ᠠ ᠲᠠᠢ ᠪᠠᠷ ᠶᠠᠪᠤᠭᠳᠠᠭᠤᠯᠤᠨ᠎ᠠ᠃ ᠣᠯᠠᠨ ᠨᠡᠶᠢᠲᠡ ᠶᠢᠨ ᠦᠨᠡᠯᠡᠯᠲᠡ ᠶᠢ ᠡᠯ᠎ᠡ ᠱᠠᠲᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶᠡᠨ ᠳᠡᠭᠡᠷ᠎ᠡ ᠢᠯᠡ ᠪᠠᠷ ᠶᠠᠪᠤᠭᠳᠠᠭᠤᠯᠵᠤ ᠪᠣᠯᠤᠨ᠎ᠠ᠂ ᠪᠠᠰᠠ ᠵᠠᠭᠤᠴᠢᠯᠠᠭᠤᠷ ᠪᠤᠶᠤ ᠬᠤᠯᠪᠣᠭᠳᠠᠯ ᠪᠥᠬᠦᠶ ᠨᠢᠭᠡᠴᠢ ᠳᠤ ᠨᠠᠶᠢᠳᠠᠵᠤ ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠢᠯᠭᠡᠵᠦ ᠪᠣᠯᠤᠨ᠎ᠠ︔ ᠣᠨᠴᠠ ᠤᠷᠢᠭᠰᠠᠨ ᠦᠨᠡᠯᠡᠯᠲᠡ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯᠲᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠤᠯᠠᠨ ᠲᠦᠮᠡᠨ ᠤ ᠲᠥᠯᠥᠭᠡᠯᠡᠭᠴᠢ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠬᠤ ᠪᠠ ᠤᠷᠢᠵᠤ ᠶᠠᠪᠤᠭᠳᠠᠭᠤᠯᠵᠤ ᠪᠣᠯᠤᠨ᠎ᠠ᠃    ᠲᠠᠪᠤᠳᠤᠭᠠᠷ ᠵᠦᠢᠯ᠂ ᠨᠡᠶᠢᠭᠡᠮ ᠤᠨ ᠦᠨᠡᠯᠡᠨ ᠶᠠᠷᠢᠯᠴᠠᠬᠤ ᠶᠢᠨ ᠭᠤᠣᠯ ᠠᠭᠤᠯᠭ᠎ᠠ᠄    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠪᠠᠶᠢᠳᠠᠯ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢ ᠲᠣᠳᠣᠷᠬᠠᠶᠢᠯᠠᠭᠰᠠᠨ ᠡᠰᠡᠬᠦ᠂ ᠤᠳᠤᠷᠢᠳᠤᠯᠭ᠎ᠠ ᠶᠢᠨ ᠭᠤᠣᠯᠯᠠᠨ ᠬᠠᠮᠢᠶᠠᠷᠤᠭᠴᠢ ᠪᠠᠶᠢᠬᠤ ᠡᠰᠡᠬᠦ᠂ ᠲᠤᠰᠬᠠᠶ ᠬᠥᠮᠦᠨ ᠢᠶᠠᠷ ᠬᠠᠷᠢᠭᠤᠴᠠᠭᠤᠯᠤᠭᠰᠠᠨ ᠡᠰᠡᠬᠦ᠃    ︵ᠬᠤᠶᠠᠷ︶ ᠬᠤᠯᠪᠣᠭᠳᠠᠯ ᠪᠥᠬᠦᠶ ᠲᠦᠷᠢᠮ ᠢ ᠳᠣᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠪᠠ ᠭᠤᠶᠤᠴᠢᠯᠠᠯ ᠢᠶᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᡽ ᠰᠣᠨᠢᠨ ᠮᠡᠳᠡᠭᠡ ᠨᠡᠶᠢᠲᠡᠯᠡᠬᠦ ᠪᠠ ᠰᠣᠨᠢᠨ ᠮᠡᠳᠡᠭᠡ ᠨᠡᠶᠢᠲᠡᠯᠡᠭᠴᠢ ᠶᠢᠨ ᠲᠦᠷᠢᠮ ᠢ ᠪᠠᠷᠢᠮᠲᠠᠯᠠᠭᠰᠠᠨ ᠡᠰᠡᠬᠦ︔ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠨᠡᠶᠢᠭᠡᠮ ᠤᠨ ᠦᠨᠡᠯᠡᠨ ᠶᠠᠷᠢᠯᠴᠠᠬᠤ ᠶᠢ ᠵᠣᠬᠢᠶᠠᠨ ᠪᠠᠶᠢᠭᠤᠯᠵᠤ ᠬᠢᠭᠰᠡᠨ ᠡᠰᠡᠬᠦ᠂ ᠣᠨ ᠤ ᠠᠵᠢᠯ ᠤᠨ ᠮᠡᠳᠡᠭᠦᠯᠦᠯᠲᠡ ᠶᠢ ᠴᠠᠭ ᠲᠤᠬᠠᠶ ᠳᠤᠨᠢ ᠨᠠᠶᠢᠷᠠᠭᠤᠯᠤᠨ ᠵᠣᠬᠢᠶᠠᠵᠤ ᠨᠡᠶᠢᠲᠡᠯᠡᠭᠰᠡᠨ ᠡᠰᠡᠬᠦ ᠵᠡᠷᠭᠡ ᠪᠣᠯᠤᠨ᠎ᠠ᠃    ︵ᠭᠤᠷᠪᠠ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ ᠪᠠ ᠢᠯᠡ ᠪᠣᠯᠭᠠᠬᠤ ᠭᠠᠷᠴᠠᠭ ᠢ ᠨᠠᠶᠢᠷᠠᠭᠤᠯᠤᠨ ᠵᠣᠬᠢᠶᠠᠭᠰᠠᠨ ᠪᠠᠶᠢᠳᠠᠯ᠃ ᠢᠯᠡ ᠪᠣᠯᠭᠠᠬᠤ ᠵᠦᠭᠯᠡᠭᠦᠷ ᠪᠠ ᠢᠯᠡ ᠪᠣᠯᠭᠠᠬᠤ ᠭᠠᠷᠴᠠᠭ ᠨᠢ ᠪᠣᠳᠠᠲᠠᠶ᠂ ᠪᠦᠬᠦ ᠲᠠᠯ᠎ᠠ ᠶᠢᠨ ᠪᠠᠶᠢᠬᠤ ᠡᠰᠡᠬᠦ︔ ᠵᠠᠰᠠᠭ ᠤᠨ ᠣᠷᠳᠣᠨ ᠤ  ᠫᠤᠷᠲ᠋ᠧᠯ ᠰᠦᠯᠵᠢᠶ᠎ᠡ ᠪᠠ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠪᠠᠶᠢᠴᠠᠭᠠᠨ ᠦᠵᠡᠬᠦ ᠲᠠᠯᠠᠪᠤᠷ ᠲᠤ ᠨᠡᠶᠢᠲᠡᠯᠡᠭᠰᠡᠨ ᠡᠰᠡᠬᠦ᠂ ᡽ ᠴᠠᠭ ᠲᠤᠬᠠᠶ ᠳᠤᠨᠢ ᠰᠢᠨᠡᠳᠬᠡᠭᠰᠡᠨ ᠡᠰᠡᠬᠦ᠃    ︵ᠳᠥᠷᠪᠡ︶ ᠢᠯᠡ ᠪᠣᠯᠭᠠᠬᠤ ᠬᠦᠷᠢᠶ᠎ᠡ ᠬᠡᠪᠴᠢᠶ᠎ᠡ᠃ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠭᠤᠯᠭ᠎ᠠ ᠨᠢ ︽ᠳᠦᠷᠢᠮ︾ ᠤᠨ ᠲᠣᠭᠲᠠᠭᠠᠯ ᠤᠨ ᠱᠠᠭᠠᠷᠳᠠᠯᠭ᠎ᠠ ᠳᠤ ᠬᠦᠷᠦᠭᠰᠡᠨ ᠡᠰᠡᠬᠦ᠂ ᠭᠤᠣᠯᠳᠠᠯᠭ᠎ᠠ ᠲᠠᠢ ᠪᠠᠷ ᠢᠯᠡ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠨᠢ ᠪᠣᠳᠠᠲᠠᠶ ᠪᠥᠭᠡᠳ ᠪᠦᠬᠦ ᠲᠠᠯ᠎ᠠ ᠶᠢᠨ ᠪᠠᠶᠢᠬᠤ ᠡᠰᠡᠬᠦ᠂ ᠪᠣᠳᠠᠲᠤ ᠪᠠᠶᠢᠳᠠᠯ ᠳᠤ ᠨᠡᠶᠢᠴᠡᠬᠦ ᠡᠰᠡᠬᠦ᠂ ᠣᠷᠬᠢᠭᠳᠠᠭᠤᠯᠤᠭᠰᠠᠨ ᠵᠦᠢᠯ ᠪᠠᠶᠢᠬᠤ  ᠡᠰᠡᠬᠦ᠃    ︵ᠲᠠᠪᠤ︶ ᠢᠯᠡ ᠪᠣᠯᠭᠠᠬᠤ ᠠᠷᠭ᠎ᠠ ᠮᠠᠶ᠋ᠢᠭ ᠪᠠ ᠳᠠᠷᠠᠭᠠᠯᠠᠯ ᠤᠨ ᠪᠠᠶᠢᠳᠠᠯ᠃ ᠵᠠᠰᠠᠭ ᠤᠨ ᠣᠷᠳᠣᠨ ᠠᠴᠠ ᠮᠡᠳᠡᠭᠡ ᠵᠠᠩᠭᠢ ᠶᠢᠨ ᠲᠠᠯᠠᠪᠤᠷ ᠭᠠᠵᠠᠷ ᠭᠠᠷᠭᠠᠬᠤ ᠶᠢᠨ ᠬᠠᠮᠲᠤ ᠵᠣᠬᠢᠴᠠᠩᠭᠤᠶ ᠪᠡᠯᠡᠳᠬᠡᠮᠵᠢ᠂ ᠲᠥᠬᠦᠭᠡᠷᠦᠮᠵᠢ ᠶᠢ ᠲᠣᠬᠢᠷᠠᠭᠤᠯᠤᠭᠰᠠᠨ ᠡᠰᠡᠬᠦ︔ ᠵᠠᠰᠠᠭ ᠵᠠᠬᠢᠷᠭᠠᠨ ᠤ ᠪᠠᠶᠢᠭᠤᠯᠭ᠎ᠠ ᠳᠤ ᠣᠯᠠᠨ ᠨᠡᠶᠢᠲᠡ ᠶᠢᠨ ᠪᠠᠶᠢᠴᠠᠭᠠᠨ ᠦᠵᠡᠬᠦ ᠲᠠᠰᠤᠭ᠂ ᠮᠠᠲ᠋ᠧᠷᠢᠶᠠᠯ ᠠᠪᠬᠤ ᠴᠡᠭ᠂ ᠮᠡᠳᠡᠭᠡ ᠵᠠᠩᠭᠢ ᠶᠢᠨ ᠠᠯᠪᠠᠨ ᠵᠠᠷ ᠤᠨ ᠪᠤᠯᠤᠩ᠂ ᠡᠯᠧᠺᠲᠷᠣᠨ ᠮᠡᠳᠡᠭᠡ ᠵᠠᠩᠭᠢ ᠶᠢᠨ ᠳᠡᠯᠭᠡᠴᠡ ᠵᠡᠷᠭᠡ ᠲᠠᠯᠠᠪᠤᠷ ᠭᠠᠵᠠᠷ᠂ ᠲᠥᠬᠦᠭᠡᠷᠦᠮᠵᠢ ᠭᠠᠷᠭᠠᠭᠰᠠᠨ ᠡᠰᠡᠬᠦ︔ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠪᠴᠢᠶᠡᠨ ᠳᠤ ᠪᠠᠭᠲᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠦᠴᠦᠨ ᠲᠠᠢ ᠬᠤᠭᠤᠴᠠᠭᠠᠨ ᠳᠤ ᠢᠯᠡ ᠪᠣᠯᠭᠠᠬᠤ ᠡᠰᠡᠬᠦ ᡽ ᠭᠤᠶᠤᠴᠢᠯᠠᠭᠴᠢ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠳᠤ ᠲᠣᠭᠲᠠᠭᠰᠠᠨ ᠬᠤᠭᠤᠴᠠᠭᠠᠨ ᠤ ᠳᠣᠲᠣᠷ᠎ᠠ ᠬᠠᠷᠢᠭᠤᠯᠲᠠ ᠥᠭᠬᠦ ᠡᠰᠡᠬᠦ᠂ ᡽ ᠲᠣᠭᠲᠠᠭᠠᠯ ᠢ ᠵᠥᠷᠢᠴᠡᠨ ᠰᠦᠢᠳᠬᠡᠯ ᠬᠤᠷᠢᠶᠠᠭᠰᠠᠨ ᠡᠰᠡᠬᠦ︔ ᠪᠤᠰᠤᠳ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠢᠶᠠᠷ ᠳᠠᠮᠵᠢᠭᠤᠯᠤᠨ ᠲᠥᠯᠥᠪᠦᠷᠢᠲᠦ ᠦᠢᠯᠡᠴᠢᠯᠡᠭᠡᠨ ᠤ ᠬᠡᠯᠪᠡᠷᠢ ᠪᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠩᠭᠠᠭᠰᠠᠨ ᠡᠰᠡᠬᠦ  ᠂᡽ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠦᠭᠡᠶ ᠪᠤᠶᠤ ᠴᠠᠭ ᠲᠤᠬᠠᠶ ᠳᠤᠨᠢ ᠢᠯᠡ ᠪᠣᠯᠭᠠᠭᠰᠠᠨ ᠦᠭᠡᠶ ᠠᠴᠠ ᠪᠣᠯᠤᠭᠰᠠᠨ ᠠᠳᠡᠯ ᠭᠠᠷᠤᠭᠰᠠᠨ ᠡᠰᠡᠬᠦ᠃    ᠵᠢᠷᠭᠤᠳᠤᠭᠠᠷ ᠵᠦᠢᠯ᠂ ᠨᠡᠶᠢᠭᠡᠮ ᠤᠨ ᠦᠨᠡᠯᠡᠨ ᠶᠠᠷᠢᠯᠴᠠᠬᠤ ᠭᠤᠣᠯ ᠵᠢᠷᠤᠮ᠄    ︵ᠨᠢᠭᠡ︶ ᠨᠡᠶᠢᠭᠡᠮ ᠤᠨ ᠦᠨᠡᠯᠡᠨ ᠶᠠᠷᠢᠯᠴᠠᠭᠰᠠᠨ ᠮᠡᠳᠡᠭᠳᠡᠯ ᠪᠠᠭᠤᠯᠭᠠᠬᠤ ᠪᠤᠶᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ᠂ ᠬᠠᠮᠢᠶ᠎ᠠ ᠪᠥᠬᠦᠶ ᠪᠠᠶᠢᠴᠠᠭᠠᠨ ᠯᠠᠪᠯᠠᠬᠤ ᠲᠠᠪᠴᠠᠩ ᠳᠤ ᠨᠡᠶᠢᠭᠡᠮ ᠤᠨ ᠦᠨᠡᠯᠡᠨ ᠶᠠᠷᠢᠯᠴᠠᠭᠰᠠᠨ ᠵᠠᠷ ᠨᠡᠶᠢᠲᠡᠯᠡᠨ᠎ᠡ︔    ︵ᠬᠤᠶᠠᠷ︶ ᠨᠡᠶᠢᠭᠡᠮ ᠤᠨ  ᠦᠨᠡᠯᠡᠬᠦ ᠬᠦᠰᠦᠨᠦᠭᠲᠦ ᠶᠢ ᠨᠠᠶᠢᠷᠠᠭᠤᠯᠤᠨ ᠵᠣᠬᠢᠶᠠᠨ᠎ᠠ︔    ︵ᠭᠤᠷᠪᠠ︶ ᠨᠡᠶᠢᠭᠡᠮ ᠤᠨ ᠦᠨᠡᠯᠡᠨ ᠶᠠᠷᠢᠯᠴᠠᠬᠤ ᠳᠤ ᠣᠷᠣᠯᠴᠠᠬᠤ ᠬᠥᠮᠦᠰ ᠢ ᠲᠣᠭᠲᠠᠭᠠᠨ᠎ᠠ︔    ︵ᠲᠥᠷᠪᠡ︶ ᠰᠢᠯᠭᠠᠷᠠᠭᠤᠯᠤᠯᠲᠠ ᠳᠤ ᠣᠷᠣᠯᠴᠠᠬᠤ ᠬᠥᠮᠦᠰ ᢭ ᠢ ᠵᠣᠬᠢᠶᠠᠨ ᠪᠠᠶᠢᠭᠤᠯᠤᠨ ᠮᠠᠲ᠋ᠧᠷᠢᠶᠠᠯ ᠢ ᠪᠠᠶᠢᠴᠠᠭᠠᠨ ᠦᠵᠡᠭᠦᠯᠵᠦ᠂ ᠵᠠᠰᠠᠭ  ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ  ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠎ᠠ︔    ︵ᠲᠠᠪᠤ︶ ᠨᠡᠶᠢᠭᠡᠮ ᠤᠨ ᠦᠨᠡᠯᠡᠨ ᠲᠣᠭᠲᠠᠭᠠᠭᠰᠠᠨ ᠬᠡᠮᠵᠢᠨ ᠲᠣᠭᠲᠠᠭᠠᠬᠤ ᠬᠦᠰᠦᠨᠦᠭᠲᠦ ᠲᠠᠷᠬᠠᠭᠠᠬᠤ᠂ ᠲᠠᠭᠯᠠᠨ ᠪᠢᠴᠢᠬᠦ᠂  ᠬᠤᠷᠢᠶᠠᠨ ᠠᠪᠬᠤ᡾︔    ︵ᠵᠢᠷᠭᠤᠭ᠎ᠠ︶ ᠨᠡᠶᠢᠭᠡᠮ ᠤᠨ ᠦᠨᠡᠯᠡᠨ ᠲᠣᠭᠲᠠᠭᠠᠭᠰᠠᠨ ᠪᠠᠶᠢᠳᠠᠯ ᠢ ᠬᠤᠷᠢᠶᠠᠩᠭᠤᠶᠢᠯᠠᠬᠤ ︵ᠰᠦᠯᠵᠢᠶᠡᠨ ᠳᠡᠭᠡᠷ᠎ᠡ ᠰᠢᠯᠭᠠᠨ ᠲᠣᠭᠲᠠᠭᠠᠬᠤ ᠶᠢ ᠪᠠᠭᠲᠠᠭᠠᠨ᠎ᠠ︶ ᠪᠥᠭᠡᠳ ᠦᠷ᠎ᠡ ᠳ᠋ᠦᠩ ᠢ ᠵᠣᠬᠢᠬᠤ ᠬᠡᠪᠴᠢᠶᠡᠨ ᠳᠤ ᠢᠯᠡ ᠪᠣᠯᠭᠠᠨ᠎ᠠ︔    ︵ᠳᠣᠯᠤᠭ᠎ᠠ︶ ᠨᠡᠶᠢᠭᠡᠮ ᠤᠨ ᠦᠨᠡᠯᠡᠨ ᠶᠠᠷᠢᠯᠴᠠᠭᠰᠠᠨ ᠦᠷ᠎ᠡ ᠳ᠋ᠦᠩ ᠢ ᠦᠨᠳᠦᠰᠦᠯᠡᠨ᠂ ᠵᠣᠬᠢᠰᠲᠠᠶ  ᠰᠢᠢᠳᠪᠦᠷᠢᠯᠡᠨ᠎ᠡ᠃    ᠳᠣᠯᠣᠳᠤᠭᠠᠷ ᠵᠦᠢᠯ᠂ ᠨᠡᠶᠢᠭᠡᠮ ᠤᠨ ᠦᠨᠡᠯᠡᠨ ᠶᠠᠷᠢᠯᠴᠠᠭᠰᠠᠨ ᠦᠷ᠎ᠡ ᠳ᠋ᠦᠩ ᠢ ᠰᠢᠯᠢᠳᠡᠭ᠂ ᠰᠠᠶᠢᠨ᠂ ᠡᠩ ᠤᠨ ᠂ ᠪᠠᠷᠤᠭᠲᠠᠶ ᠭᠡᠵᠦ ᠳᠥᠷᠪᠡᠨ ᠳᠡᠰ ᠬᠤᠪᠢᠶᠠᠨ᠎ᠠ᠃ ᠦᠨᠡᠯᠡᠨ ᠶᠠᠷᠢᠯᠴᠠᠭᠰᠠᠨ ᠦᠷ᠎ᠡ ᠳ᠋ᠦᠩ ᠢ ᠪᠥᠬᠦ ᠬᠤᠰᠢᠭᠤᠨ ᠳᠤ ᠢᠯᠡ ᠪᠠᠷ ᠨᠡᠶᠢᠲᠡᠯᠡᠬᠦ ᠶᠢᠨ ᠬᠠᠮᠲᠤ ᠦᠨᠡᠯᠡᠨ ᠶᠠᠷᠢᠯᠴᠠᠭᠳᠠᠭᠰᠠᠨ ᠰᠠᠯᠠᠭ᠎ᠠ ᠮᠥᠴᠢᠷ᠂  ᠨᠢᠭᠡᠴᠢ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠬᠢᠨᠠᠨ ᠰᠢᠯᠭᠠᠯᠲᠠ ᠶᠢᠨ ᠴᠢᠬᠤᠯᠠ ᠦᠨᠳᠦᠰᠦᠯᠡᠯ ᠪᠣᠯᠭᠠᠨ᠎ᠠ᠃    ᠨᠠᠢᠮᠠᠳᠤᠭᠠᠷ ᠵᠦᠢᠯ᠂ ᠲᠤᠰ ᠲᠥᠷᠢᠮ  ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号