2021 ᠣᠨ ᠳᠤ ᠡᠯ᠎ᠡ ᠠᠶᠢᠮᠠᠭ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠶᠢ ᠥᠷᠨᠢᠭᠦᠯᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/11/30
     ᠥᠷᠭᠡᠨ ᠤᠯᠠᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ᠄    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠠᠯᠪᠠᠨ ᠬᠡᠷ ᠤᠨ 2021 ᠣᠨ ᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ  ᠭᠦᠢᠴᠡᠳᠭᠡᠭᠰᠡᠨ ᠪᠠᠶᠢᠳᠠᠯ ᠢ ᠦᠨᠡᠯᠡᠬᠦ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠥᠷᠭᠡᠨ ᠢᠶᠠᠷ ᠣᠶᠢᠯᠠᠭᠠᠵᠤ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠢ ᠪᠤᠰᠤᠳᠴᠢ᠂ ᠲᠥᠪ ᠭᠤᠤᠯᠴᠢ᠂ ᠰᠢᠨᠵᠢᠯᠡᠬᠦ ᠤᠬᠠᠭᠠᠨᠴᠢ ᠪᠠᠷ ᠦᠨᠡᠯᠡᠬᠦ ᠶᠢᠨ ᠲᠤᠰᠠᠳᠠ᠂ ᠡᠳᠦᠭᠡ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠶᠢᠨ ᠠᠵᠢᠯ ᠢ ᠦᠷᠨᠢᠭᠦᠯᠬᠦ ᠪᠠᠷ ᠵᠠᠷᠯᠠᠶ᠎ᠠ᠄    ᠨᠢᠭᠡ᠂  ᠪᠠᠶᠢᠴᠠᠭᠠᠬᠤ ᠴᠠᠭ    2021 ᠣᠨ ᠤ 11 ᠰᠠᠷ᠎ᠠ ᠶᠢᠨ 5 ᠤ ᠡᠳᠦᠷ ᠠᠴᠠ 12 ᠰᠠᠷ᠎ᠠ ᠶᠢᠨ5 ᠤ ᠡᠳᠦᠷ ᠪᠣᠯᠲᠠᠯ᠎ᠠ    ᠬᠤᠶᠠᠷ᠂ ᠪᠠᠶᠢᠴᠠᠭᠠᠯᠲᠠ ᠶᠢᠨ ᠠᠭᠤᠯᠭ᠎ᠠ    2021 ᠣᠨ ᠤ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠦᠨᠡᠯᠡᠬᠦ ᠭᠤᠤᠯᠳᠠᠯᠭ᠎ᠠ ᠶᠢᠨ ᠲᠣᠭᠤᠷᠢᠨ ᠳᠤ᠂ ᠰᠤᠷᠭᠠᠨ ᠬᠥᠮᠦᠵᠢᠯ ᠤᠨ ᠡᠷᠬᠡ ᠲᠡᠭᠰᠢ᠂ ᠰᠤᠷᠭᠠᠨ ᠬᠥᠮᠦᠵᠢᠯ ᠤᠨ ᠶᠠᠰᠤ ᠴᠢᠨᠠᠷ᠂ ᠵᠠᠰᠠᠭ ᠤᠨ ᠣᠷᠳᠣᠨ ᠤ ᠵᠠᠰᠠᠯᠲᠠ᠂ ᠶᠡᠷᠦᠩᠬᠡᠶ ᠦᠨᠡᠯᠡᠯᠲᠡ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ᠎ᠡ᠃    ᠭᠤᠷᠪᠠ᠂ ᠪᠠᠶᠢᠴᠠᠭᠠᠬᠤ ᠠᠷᠭ᠎ᠠ ᠬᠡᠯᠪᠡᠷᠢ    ︽ᠢᠨᠲ᠋ᠧᠷ ᠰᠦᠯᠵᠢᠶ᠎ᠡ + ᠪᠠᠶᠢᠴᠠᠭᠠᠯᠲᠠ︾ ᠶᠢᠨ ᠠᠷᠭ᠎ᠠ ᠮᠠᠶ᠋ᠢᠭ ᠢ ᠬᠡᠷᠡᠭᠯᠡᠨ᠂ ᠨᠡᠶᠢᠭᠡᠮ ᠳᠤ ᠬᠠᠨᠳᠤᠭᠤᠯᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠥᠷᠨᠢᠭᠦᠯᠦᠨ᠎ᠡ᠃    ᠳᠥᠷᠪᠡ᠂ ᠪᠠᠶᠢᠴᠠᠭᠠᠭᠳᠠᠬᠤ ᠡᠲᠡᠭᠡᠳ ᠵᠢᠴᠢ ᠠᠰᠠᠭᠤᠯᠲᠠ ᠶᠢᠨ ᠬᠠᠭᠤᠳᠠᠰᠤ ᠶᠢᠨ ᠲᠥᠷᠥᠯ ᠬᠡᠯᠪᠡᠷᠢ    ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠡᠲᠡᠭᠡᠳ ᠨᠢ ᠨᠡᠶᠢᠭᠡᠮ ᠤᠨ ᠬᠥᠮᠦᠰ᠂ ᠪᠠᠭᠰᠢ ᠪᠠ ᠰᠣᠷᠣᠭᠴᠢ ᠵᠡᠷᠭᠡ 3 ᠲᠥᠷᠥᠯ ᠤᠨ ᠬᠥᠮᠦᠰ ᠲᠤ ᠬᠤᠯᠪᠣᠭᠳᠠᠨ᠎ᠠ᠃ ᠪᠠᠶᠢᠴᠠᠭᠠᠭᠳᠠᠬᠤ ᠡᠲᠡᠭᠡᠳ ᠪᠠ ᠪᠠᠶᠢᠴᠠᠭᠠᠯᠲᠠ ᠶᠢᠨ ᠭᠤᠣᠯᠳᠠᠯᠭ᠎ᠠ ᠶᠢᠨ ᠠᠳᠠᠯᠢ ᠪᠤᠰᠤ ᠶᠢ ᠦᠨᠳᠦᠰᠦᠯᠡᠨ᠂ ᠡᠯ᠎ᠡ ᠲᠦᠷᠦᠯ ᠤᠨ ᠠᠰᠠᠭᠤᠯᠲᠠ ᠶᠢᠨ ᠬᠠᠭᠤᠳᠠᠰᠤ ᠶᠢᠨ ᠠᠭᠤᠯᠭ᠎ᠠ ᠨᠢ ᠲᠤᠰ ᠲᠤᠰ ᠤᠨ ᠭᠤᠣᠯᠳᠠᠯᠭ᠎ᠠ ᠲᠠᠢ ᠪᠠᠶᠢᠳᠠᠭ᠃    ᠲᠠᠪᠤ᠂ ᠪᠣᠳᠠᠲᠠᠶ ᠬᠡᠷᠡᠭᠵᠢᠭᠦᠯᠬᠦ    1. ᠪᠠᠶᠢᠴᠠᠭᠠᠭᠳᠠᠬᠤ ᠡᠲᠡᠭᠡᠳ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠶᠢᠨ ᠰᠢᠰᠲ᠋ᠧᠮ︾ ᠤᠨ ᠬᠤᠶᠠᠷ ᠬᠡᠮᠵᠢᠯᠳᠦ ᠺᠣᠳ᠋ ᠢ ᠰᠢᠷᠪᠢᠵᠦ᠂ ᠲᠣᠰ ᠲᠣᠰ ᠤᠨ ᠪᠡᠶ᠎ᠡ ᠶᠢᠨ ᠭᠠᠷᠤᠯ ︵ᠨᠡᠶᠢᠭᠡᠮ ᠤᠨ ᠬᠥᠮᠦᠰ᠂ ᠪᠠᠭᠰᠢ ᠪᠠ ᠰᠣᠷᠣᠭᠴᠢ︶ ᠢᠶᠠᠨ ᠰᠣᠩᠭᠤᠵᠤ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠳᠤ ᠣᠷᠣᠯᠴᠠᠭᠤᠯᠤᠨ᠎ᠠ᠃
   ︵ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠰᠢᠰᠲ᠋ᠧᠮ ᠤᠨ ᠬᠤᠶᠠᠷ ᠬᠡᠮᠵᠢᠯᠳᠦ ᠺᠣᠳ᠋︶   2. ᠠᠰᠠᠭᠤᠯᠲᠠ ᠶᠢᠨ ᠬᠠᠭᠤᠳᠠᠰᠤ ᠶᠢ ᠡᠭᠡᠭᠦᠯᠦᠨ ᠬᠤᠷᠢᠶᠠᠬᠤ᠃ ᠲᠠᠭᠯᠠᠵᠤ ᠬᠠᠷᠢᠭᠤᠯᠤᠭᠴᠢ ᠠᠰᠠᠭᠤᠯᠲᠠ ᠶᠢᠨ ᠬᠠᠭᠤᠳᠠᠰᠤ ᠪᠠᠨ ᠲᠤᠰᠢᠶᠠᠭᠰᠠᠨ ᠤ ᠳᠠᠷᠠᠭ᠎ᠠ᠂ ᠰᠢᠰᠲ᠋ᠧᠮ ᠤᠨ ᠠᠷᠤ ᠲᠠᠪᠴᠠᠩ ᠳᠤ ᠠᠶᠠᠨᠳᠠᠭᠠᠨ ᠳᠠᠮᠵᠢᠭᠤᠯᠵᠤ᠂ ᠪᠠᠶᠢᠴᠠᠭᠠᠯᠲᠠ ᠶᠢᠨ ᠶᠠᠪᠤᠴᠠ ᠶᠢᠨ ᠲᠥᠪ ᠭᠤᠤᠯᠴᠢ ᠪᠠᠶᠢᠬᠤ ᠶᠢ ᠪᠠᠲᠤᠯᠠᠵᠤ᠂ ᠠᠰᠠᠭᠤᠯᠲᠠ ᠶᠢᠨ ᠬᠠᠭᠤᠳᠠᠰᠤ ᠶᠢ ᠲᠠᠭᠯᠠᠵᠤ ᠬᠠᠷᠢᠭᠤᠯᠬᠤ ᠠᠭᠤᠯᠭ᠎ᠠ ᠶᠢᠨ ᠨᠢᠭᠤᠴᠠ ᠶᠢ ᠬᠠᠮᠠᠭᠠᠯᠠᠨ᠎ᠠ᠃    ᠵᠢᠷᠭᠤᠭ᠎ᠠ᠂ ᠬᠤᠯᠪᠣᠭᠳᠠᠯ ᠪᠦᠬᠦᠢ ᠱᠠᠭᠠᠷᠳᠠᠯᠭ᠎ᠠ    ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠶᠢᠨ ᠠᠵᠢᠯ ᠳᠤ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠨ᠂ ᠬᠤᠳᠠᠯ ᠬᠠᠭᠤᠷᠮᠠᠭ ᠢᠶᠠᠷ ᠲᠠᠭᠯᠠᠨ ᠮᠡᠳᠡᠭᠦᠯᠬᠦ ᠵᠡᠷᠭᠡ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ  ᠦᠢᠯᠡ ᠠᠵᠢᠯᠯᠠᠭ᠎ᠠ ᠶᠢ ᠲᠠᠰᠤ ᠵᠣᠭᠰᠣᠭᠠᠵᠤ᠂ ᠪᠠᠶᠢᠴᠠᠭᠠᠯᠲᠠ ᠶᠢᠨ ᠦᠷ᠎ᠡ ᠳ᠋ᠦᠩ ᠤᠨ ᠪᠤᠰᠤᠳᠴᠢ ᠪᠥᠭᠡᠳ ᠲᠥᠪ ᠭᠤᠤᠯᠴᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃    ᠠᠤᠬᠠᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ    2021 ᠣᠨ ᠤ 11 ᠰᠠᠷ᠎ᠠ ᠶᠢᠨ 15
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号