︽ᠠᠤᠬᠠᠨ ᠬᠤᠰᠢᠭᠤᠨ ᠤ ᠲᠠᠷᠢᠮᠠᠯ ᠪᠡᠯᠴᠢᠭᠡᠷ ᠤᠨ ᠰᠢᠨᠡᠴᠢᠯᠡᠯᠲᠡ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ  ᠲᠠᠷᠬᠠᠭᠠᠬᠤ ᠲᠤᠬᠠᠶ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/12/3
       ︽ᠠᠤᠬᠠᠨ ᠬᠤᠰᠢᠭᠤᠨ ᠤ ᠲᠠᠷᠢᠮᠠᠯ ᠪᠡᠯᠴᠢᠭᠡᠷ ᠤᠨ ᠰᠢᠨᠡᠴᠢᠯᠡᠯᠲᠡ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ  ︾ ᠶᠢ ᠳᠠᠷᠤᠮᠠᠯᠯᠠᠨ  ᠲᠠᠷᠬᠠᠭᠠᠬᠤ ᠮᠡᠳᠡᠭᠳᠡᠯ        ᠠᠣᠬᠠᠨ ᠵᠠᠰᠠᠭ ᠲᠠᠷᠬᠠᠭᠠᠬᠤ ︹ 2020 ︺ 17 ᠳ᠋ᠤᠭᠠᠷ ᠲᠣᠭᠠᠲᠤ    ᠡᠯ᠎ᠡ ᠰᠢᠶᠠᠩ ᠪᠠᠯᠭᠠᠰᠤ ᠰᠤᠮᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠠᠯᠪᠠᠨ ᠬᠡᠷ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠬᠤᠯᠪᠣᠭᠳᠠᠯ ᠪᠥᠬᠦᠶ ᠵᠥᠪᠯᠡᠯ ᠠᠯᠪᠠᠨ ᠬᠡᠷ  ᠲᠣᠪᠴᠢᠶ᠎ᠠ ᠳᠤ᠄    ︽ᠠᠤᠬᠠᠨ ᠬᠤᠰᠢᠭᠤᠨ ᠤ ᠲᠠᠷᠢᠮᠠᠯ ᠪᠡᠯᠴᠢᠭᠡᠷ ᠤᠨ ᠰᠢᠨᠡᠴᠢᠯᠡᠯᠲᠡ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ︾ ᠶᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2020 ᠣᠨ ᠤ ᠳᠥᠷᠪᠡᠳᠦᠭᠡᠷ ᠤᠳᠠᠭ᠎ᠠ ᠶᠢᠨ ᠬᠤᠷᠠᠯ ᠢᠶᠠᠷ ᠨᠢᠭᠡᠨᠲᠡ ᠰᠤᠳᠤᠯᠤᠨ ᠪᠠᠲᠤᠯᠠᠪᠠ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠪᠠ᠂ ᠨᠠᠷᠢᠨ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃    ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ    2020 ᠣᠨ ᠤ 5 ᠰᠠᠷ᠎ᠠ ᠶᠢᠨ 20 ᠤ ᠡᠳᠦᠷ    ᠠᠤᠬᠠᠨ ᠬᠤᠰᠢᠭᠤᠨ ᠤ ᠲᠠᠷᠢᠮᠠᠯ ᠪᠡᠯᠴᠢᠭᠡᠷ ᠤᠨ ᠰᠢᠨᠡᠴᠢᠯᠡᠯᠲᠡ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ    ᠨᠢᠭᠡᠳᠦᠭᠡᠷ ᠪᠦᠯᠦᠭ    ᠵᠡᠷᠦᠩᠬᠡᠶ ᠲᠦᠷᠢᠮ  ᠨᠢᠭᠡᠳᠦᠭᠡᠷ ᠵᠦᠢᠯ᠂ ᠪᠦᠬᠦ ᠬᠤᠰᠢᠭᠤᠨ ᠤ ᠲᠠᠷᠢᠮᠠᠯ ᠪᠡᠯᠴᠢᠭᠡᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ᠂ ᠵᠦᠢ ᠵᠣᠬᠢᠰᠲᠠᠶ ᠨᠡᠭᠡᠭᠡᠨ ᠠᠰᠢᠭᠯᠠᠬᠤ ᠶᠢᠨ ᠲᠥᠯᠥᠭᠡ᠂ ᠪᠥᠬᠦ ᠬᠤᠰᠢᠭᠤᠨ ᠤ ᠲᠠᠷᠢᠮᠠᠯ ᠪᠡᠯᠴᠢᠭᠡᠷ ᠤᠨ ᠰᠢᠨᠡᠴᠢᠯᠡᠯᠲᠡ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠵᠢᠷᠤᠮᠵᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠬᠦ ᠨᠠᠷᠢᠨ ᠲᠦᠷᠢᠮ︾ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠲᠠᠷᠢᠮᠠᠯ ᠪᠡᠯᠴᠢᠭᠡᠷ ᠡᠪᠡᠰᠦᠨ ᠤ ᠠᠮᠢᠳᠤ ᠪᠣᠳᠠᠰ ᠤᠨ ᠰᠤᠳᠤᠯᠤᠯ ᠤᠨ ᠣᠨᠴᠠᠯᠢᠭ ᠪᠠ ᠪᠥᠬᠦ ᠬᠤᠰᠢᠭᠤᠨ ᠤ ᠪᠣᠳᠠᠲᠠᠶ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃    ᠬᠤᠶᠠᠳᠤᠭᠠᠷ  ᠵᠦᠢᠯ᠂ ᠲᠣᠰ ᠠᠷᠭ᠎ᠠ ᠳᠤ ᠬᠡᠯᠡᠵᠦ ᠪᠠᠶᠢᠭ᠎ᠠ ᠲᠠᠷᠢᠮᠠᠯ ᠪᠡᠯᠴᠢᠭᠡᠷ ᠢ ᠰᠢᠨᠡᠳᠬᠡᠬᠦ ᠭᠡᠳᠡᠭ ᠨᠢ ᠲᠠᠷᠢᠮᠠᠯ ᠪᠡᠯᠴᠢᠭᠡᠷ ᠢ ᠠᠰᠢᠭᠯᠠᠬᠤ ᠶᠠᠪᠤᠴᠠ ᠳᠤ  ᠪᠡᠯᠴᠢᠭᠡᠷ ᠡᠪᠡᠰᠦᠨ ᠤ ᠭᠠᠷᠤᠯᠲᠠ ᠶᠢᠨ ᠬᠡᠮᠵᠢᠶ᠎ᠡ ᠪᠠ ᠪᠡᠯᠴᠢᠭᠡᠷ ᠡᠪᠡᠰᠦᠨ ᠤ ᠶᠠᠰᠤ ᠴᠢᠨᠠᠷ ᠢᠯᠡᠳᠲᠡ ᠪᠠᠭᠤᠷᠠᠭᠰᠠᠨ ᠤ ᠳᠠᠷᠠᠭ᠎ᠠ᠂ ᠳᠠᠷᠢᠬᠤ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠮᠠᠯ ᠪᠡᠯᠴᠢᠭᠡᠷ ᠤᠨ  ᠦᠢᠯᠡᠳᠪᠦᠷᠢᠯᠡᠯ ᠤᠨ ᠴᠢᠳᠠᠪᠤᠷᠢ ᠶᠢ ᠰᠡᠷᠭᠦᠭᠡᠬᠦ ᠡᠵᠡᠩᠨᠡᠯᠲᠡ ᠶᠢᠨ ᠠᠷᠭ᠎ᠠ ᠮᠠᠶ᠋ᠢᠭ ᠢ ᠵᠢᠭᠠᠵᠤ ᠪᠣᠶ᠃    ᠭᠤᠷᠪᠠᠳᠤᠭᠠᠷ ᠵᠦᠢᠯ᠂  ᠲᠣᠰ ᠠᠷᠭ᠎ᠠ ᠶᠢ ᠪᠥᠬᠦ ᠬᠤᠰᠢᠭᠤᠨ ᠤ ᠬᠡᠪᠴᠢᠶᠡᠨ ᠳᠠᠬᠢ ᠲᠠᠷᠢᠮᠠᠯ ᠪᠡᠯᠴᠢᠭᠡᠷ ᠤᠨ ᠰᠢᠨᠡᠴᠢᠯᠡᠯᠲᠡ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠳᠤ ᠬᠡᠷᠡᠭᠯᠡᠬᠦ ᠬᠡᠷᠡᠭᠲᠡᠢ᠃ ᠲᠠᠷᠢᠶᠠᠨ ᠭᠠᠵᠠᠷ ᠳᠡᠭᠡᠷ᠎ᠡ ᠳᠠᠷᠢᠭᠰᠠᠨ ᠡᠪᠡᠰᠦ ᠪᠡᠯᠴᠢᠭᠡᠷ ᠢ ᠰᠢᠨᠡᠳᠬᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠡᠪᠴᠢᠶᠡᠨ ᠳᠤ ᠣᠷᠣᠭᠤᠯᠬᠤ ᠥᠬᠡᠶ ᠪᠠᠶᠢᠬᠤ ᠬᠡᠷᠡᠭᠲᠡᠢ᠃    ᠳᠥᠷᠪᠡᠳᠦᠭᠡᠷ ᠵᠦᠢᠯ᠂ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠨᠢ ᠪᠥᠬᠦ ᠬᠤᠰᠢᠭᠤᠨ ᠤ ᠲᠠᠷᠢᠮᠠᠯ ᠪᠡᠯᠴᠢᠭᠡᠷ ᠤᠨ ᠰᠢᠨᠡᠴᠢᠯᠡᠯᠲᠡ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠢ  ᠬᠠᠷᠢᠭᠤᠴᠠᠬᠤ ᠬᠡᠷᠡᠭᠲᠡᠢ᠃    ᠲᠠᠪᠤᠳᠤᠭᠠᠷ  ᠵᠦᠢᠯ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠨᠤᠭᠤᠳ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠲᠠᠷᠢᠮᠠᠯ ᠪᠡᠯᠴᠢᠭᠡᠷ ᠢ ᠭᠠᠵᠠᠷ ᠳᠠᠷᠠᠭᠠᠯᠠᠨ ᠳᠡᠩᠰᠡᠯᠡᠨ ᠲᠡᠮᠳᠡᠭᠯᠡᠵᠦ᠂ ᠲᠣᠰ ᠭᠠᠵᠠᠷ ᠣᠷᠣᠨ ᠤ ᠪᠠᠨ ᠨᠤᠲᠤᠭ ᠪᠡᠯᠴᠢᠭᠡᠷ ᠤᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠠᠰᠢᠭᠯᠠᠯᠲᠠ ᠶᠢᠨ ᠲᠥᠯᠥᠪᠵᠢᠭᠦᠯᠭᠡ ᠶᠢ ᠲᠣᠭᠲᠠᠭᠠᠬᠤ ᠬᠡᠷᠡᠭᠲᠡᠶ᠃    ᠵᠢᠷᠭᠤᠳᠤᠭᠠᠷ ᠵᠦᠢᠯ᠂  ᠨᠢᠭᠡᠴᠢ ᠪᠣᠯᠤᠨ ᠬᠤᠪᠢ ᠬᠥᠮᠦᠨ ᠤ ᠪᠠᠶᠢᠭ᠎ᠠ ᠭᠠᠵᠠᠷ ᠤᠨ ᠢᠶᠠᠨ ᠨᠤᠲᠤᠭ ᠪᠡᠯᠴᠢᠭᠡᠷ ᠤᠨ ᠬᠠᠮᠠᠭᠠᠯᠠᠯᠲᠠ ᠪᠦᠳᠦᠭᠡᠠ ᠪᠠᠶᠢᠭᠤᠯᠤᠯᠲᠠ ᠶᠢᠨ ᠠᠰᠢᠭᠯᠠᠯᠲᠠ ᠶᠢᠨ ᠲᠥᠯᠥᠪᠵᠢᠭᠦᠯᠭᠡ ᠶᠣᠰᠣᠭᠠᠷ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠨ ᠰᠠᠶᠢᠵᠢᠷᠠᠭᠤᠯᠬᠤ᠂ ᠬᠥᠷᠥᠰᠥ ᠰᠢᠷᠣᠶ ᠢᠳᠡᠭᠳᠡᠬᠦ ᠪᠠ ᠭᠠᠵᠠᠷ ᠰᠢᠷᠣᠶ ᠶᠢᠨ ᠡᠯᠡᠰᠦᠵᠢᠬᠦ ᠶᠢ ᠰᠡᠷᠭᠡᠶᠢᠯᠡᠨ ᠬᠤᠷᠢᠭᠯᠠᠬᠤ ᠤᠷᠢᠲᠠᠯ ᠤᠨ ᠳᠣᠣᠷ᠎ᠠ᠂ ᠮᠠᠭᠤᠳᠠᠭᠰᠠᠨ ᠲᠠᠷᠢᠮᠠᠯ ᠪᠡᠯᠴᠢᠭᠡᠷ ᠢ ᠰᠢᠨᠡᠳᠬᠡᠬᠦ ᠶᠢ  ᠵᠣᠷᠢᠭᠵᠢᠭᠤᠯᠬᠤ ᠬᠡᠷᠡᠭᠲᠡᠢ᠃    ᠳᠣᠯᠣᠳᠤᠭᠠᠷ ᠵᠦᠢᠯ᠂ ᠲᠠᠷᠢᠮᠠᠯ ᠪᠡᠯᠴᠢᠭᠡᠷ ᠢ ᠰᠢᠨᠡᠳᠬᠡᠬᠦ ᠳᠤ ᠳᠣᠣᠷ᠎ᠠ ᠵᠢᠭᠰᠠᠭᠠᠭᠰᠠᠨ ᠵᠠᠷᠴᠢᠮ ᠤᠳ ᠢ ᠵᠢᠷᠤᠮᠯᠠᠬᠤ ᠬᠡᠷᠡᠭᠲᠡᠶ᠄    ︵ᠨᠢᠭᠡ︶ ᠲᠥᠯᠥᠪᠵᠢᠭᠦᠯᠭᠡ ᠪᠠᠷ ᠤᠳᠤᠷᠢᠳᠤᠮᠵᠢ ᠪᠣᠯᠭᠠᠬᠤ᠂ ᠬᠠᠤᠯᠢ ᠶᠣᠰᠣᠭᠠᠷ ᠬᠢᠨᠠᠨ ᠵᠥᠪᠰᠢᠶᠡᠷᠡᠬᠦ ᠵᠠᠷᠴᠢᠮ ᠢ  ᠪᠠᠷᠢᠮᠳᠠᠯᠠᠬᠤ ᠬᠡᠷᠡᠭᠲᠡᠢ᠃ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠰᠢᠨᠵᠢᠯᠡᠬᠦ ᠤᠬᠠᠭᠠᠨᠴᠢ᠂ ᠬᠠᠤᠯᠢ ᠶᠣᠰᠣᠭᠠᠷ᠂ ᠲᠣᠬᠢᠷᠠᠮᠵᠢᠲᠠᠶ ᠪᠠᠶᠢᠯᠭᠠᠬᠤ ᠵᠠᠷᠴᠢᠮ ᠶᠣᠰᠣᠭᠠᠷ ᠲᠥᠯᠥᠪᠯᠡᠭᠡ ᠲᠠᠢ᠂ ᠠᠯᠬᠤᠮ ᠳᠠᠷᠠᠭ᠎ᠠ ᠲᠠᠢ ᠪᠠᠷ ᠲᠠᠷᠢᠮᠠᠯ ᠪᠡᠯᠴᠢᠭᠡᠷ ᠢ ᠰᠢᠨᠡᠳᠬᠡᠬᠦ ᠬᠡᠷᠡᠭᠲᠡᠶ᠃    ︵ᠬᠤᠶᠠᠷ︶ ᠰᠢᠨᠵᠢᠯᠡᠬᠦ ᠤᠬᠠᠭᠠᠨᠴᠢ ᠪᠠᠷ ᠨᠤᠲᠠᠯᠠᠯᠲᠠ ᠬᠢᠬᠦ᠂ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠬᠦ ᠵᠠᠷᠴᠢᠮ ᠢ ᠪᠠᠷᠢᠮᠳᠠᠯᠠᠬᠤ ᠬᠡᠷᠡᠭᠲᠡᠢ᠃ ᠲᠠᠷᠢᠮᠠᠯ ᠪᠡᠯᠴᠢᠭᠡᠷ ᠢ ᠰᠢᠨᠡᠳᠬᠡᠬᠦ ᠳᠤ ᠰᠢᠨᠵᠢᠯᠡᠬᠦ ᠤᠬᠠᠭᠠᠨᠴᠢ ᠨᠤᠲᠠᠯᠠᠯᠲᠠ ᠪᠠ ᠦᠨᠡᠯᠡᠨ ᠵᠢᠱᠢᠯᠲᠡ  ᠶᠢ ᠭᠦᠢᠴᠡᠳ ᠬᠢᠵᠦ᠂ ᠠᠮᠢ ᠠᠬᠤᠶ  ᠶᠢᠨ ᠣᠷᠴᠢᠨ ᠲᠣᠭᠤᠷᠢᠨ  ᠢ ᠬᠠᠮᠠᠭᠠᠯᠠᠬᠤ ᠪᠠ ᠰᠠᠶᠢᠵᠢᠷᠠᠭᠤᠯᠵᠤ᠂ ᠬᠥᠷᠥᠰᠥ ᠰᠢᠷᠣᠶ ᠢᠳᠡᠭᠳᠡᠬᠦ ᠪᠠ ᠭᠠᠵᠠᠷ ᠰᠢᠷᠣᠶ ᠡᠯᠡᠰᠦᠵᠢᠬᠦ  ᠶᠢ ᠰᠡᠷᠭᠡᠶᠢᠯᠡᠨ ᠬᠤᠷᠢᠭᠯᠠᠬᠤ ᠬᠡᠷᠡᠭᠲᠡᠶ᠃    ︵ᠭᠤᠷᠪᠠ︶ ᠠᠮᠢ ᠠᠬᠤᠶ ᠶᠢ ᠲᠡᠷᠢᠭᠦᠨ ᠳᠤ ᠲᠠᠯᠪᠢᠬᠤ᠂ ᠠᠮᠢ ᠠᠬᠤᠶ᠂ ᠨᠡᠶᠢᠭᠡᠮ᠂ ᠠᠵᠤ ᠠᠬᠤᠶ ᠶᠢᠨ ᠦᠷ᠎ᠡ ᠠᠰᠢᠭ ᠢ ᠬᠠᠷᠢᠯᠴᠠᠨ ᠨᠢᠭᠡᠳᠬᠡᠬᠦ ᠵᠠᠷᠴᠢᠮ ᠢ ᠪᠠᠷᠢᠮᠳᠠᠯᠠᠬᠤ ᠬᠡᠷᠡᠭᠲᠡᠢ᠃    ᠬᠤᠶᠠᠳᠤᠭᠠᠷ ᠪᠦᠯᠦᠭ    ᠮᠡᠳᠡᠭᠦᠯᠬᠦ ᠨᠥᠬᠦᠴᠡᠯ     ᠨᠠᠢᠮᠠᠳᠤᠭᠠᠷ ᠵᠦᠢᠯ᠂ ᠲᠠᠷᠢᠮᠠᠯ ᠪᠡᠯᠴᠢᠭᠡᠷ ᠢ ᠰᠢᠨᠡᠳᠬᠡᠬᠦ ᠪᠠᠷ ᠮᠡᠳᠡᠭᠦᠯᠬᠦ ᠨᠥᠬᠦᠴᠡᠯ    ︵ᠨᠢᠭᠡ︶ ᠲᠤᠰ ᠭᠠᠵᠠᠷ ᠤᠨ ᠢᠶᠠᠨ ᠨᠤᠲᠤᠭ ᠪᠡᠯᠴᠢᠭᠡᠷ ᠤᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠠᠰᠢᠭᠯᠠᠯᠲᠠ ᠶᠢᠨ ᠲᠥᠯᠥᠪᠵᠢᠭᠦᠯᠭᠡ ᠳᠤ ᠨᠡᠶᠢᠴᠡᠵᠦ᠂ ᠲᠤᠰ ᠭᠠᠵᠠᠷ ᠤᠨ ᠢᠶᠠᠨ ᠠᠮᠢ ᠠᠬᠤᠶ ᠶᠢᠨ ᠣᠷᠴᠢᠨ ᠲᠣᠭᠤᠷᠢᠨ᠂  ᠦᠢᠯᠡᠳᠪᠦᠷᠢᠯᠡᠯ ᠠᠮᠢᠳᠤᠷᠠᠯ ᠳᠤ ᠮᠠᠭᠤ ᠨᠥᠯᠥᠭᠡ ᠪᠣᠯᠬᠤ ᠥᠬᠡᠶ ᠪᠠᠶᠢᠬᠤ ᠬᠡᠷᠡᠭᠲᠡᠢ᠃ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠪᠠᠷ ᠨᠢᠭᠡᠴᠢ ᠪᠣᠯᠭᠠᠵᠤ᠂ ᠰᠢᠨᠡᠳᠬᠡᠬᠦ ᠶᠢ ᠪᠡᠶᠡᠯᠡᠭᠦᠯᠦᠭᠡᠳᠦᠶ ᠨᠡᠶᠢᠲᠡ ᠬᠢᠨᠠᠨ ᠵᠥᠪᠰᠢᠶᠡᠷᠡᠭᠰᠡᠨ ᠲᠠᠯᠠᠪᠠᠶ ᠶᠢ ᠲᠣᠰ ᠰᠢᠶᠠᠩ ᠪᠠᠯᠭᠠᠰᠤ  ᠰᠤᠮᠤ ᠵᠡᠭᠡᠯᠢ ᠭᠤᠳᠤᠮᠵᠢ ᠶᠢᠨ ᠲᠠᠷᠢᠮᠠᠯ ᠪᠡᠯᠴᠢᠭᠡᠷ ᠤᠨ ᠶᠡᠷᠦᠩᠬᠡᠶ ᠲᠠᠯᠠᠪᠠᠶ ᠶᠢᠨ 30% ᠠᠴᠠ ᠥᠨᠳᠥᠷ ᠪᠠᠶᠢᠯᠭᠠᠵᠤ ᠪᠣᠯᠬᠤ ᠥᠬᠡᠶ ᠪᠠᠶᠢᠬᠤ ᠬᠡᠷᠡᠭᠲᠡᠢ᠃    ︵ᠬᠤᠶᠠᠷ︶ ᠣᠯᠠᠨ  ᠦᠶᠡᠯᠡᠯᠲᠦ ᠲᠡᠵᠢᠭᠡᠯ ᠡᠪᠡᠰᠦᠨ ᠤ ᠨᠢᠭᠡ ᠦᠢᠯᠡᠳᠪᠦᠷᠢᠯᠡᠯ ᠤᠨ ᠦᠶᠡᠯᠡᠯ ᠤᠨ ᠬᠤᠭᠤᠴᠠᠭ᠎ᠠ ᠳᠠᠭᠤᠰᠤᠭᠰᠠᠨ ᠪᠤᠶᠤ ᠠᠭᠤᠷ ᠠᠮᠢᠰᠬᠤᠯ᠂ ᠪᠠᠶᠢᠭᠠᠯᠢ ᠶᠢᠨ ᠭᠠᠮᠰᠢᠭ ᠵᠡᠷᠭᠡ ᠰᠢᠯᠲᠠᠭᠠᠨ ᠠᠴᠠ ᠪᠣᠯᠵᠣ᠂ ᠤᠷᠭᠤᠮᠠᠯ ᠤᠨ ᠬᠤᠴᠢᠯᠭ᠎ᠠ ᠰᠡᠶᠢᠷᠡᠭ᠂ ᠦᠢᠯᠡᠳᠪᠦᠷᠢᠯᠡᠯ ᠤᠨ ᠬᠦᠴᠦᠨ ᠪᠠᠭᠤᠷᠠᠵᠤ᠂ ᠦᠨᠡᠨᠬᠦ ᠰᠢᠨᠡᠳᠬᠡᠬᠦ ᠴᠢᠬᠤᠯᠠ ᠲᠠᠢ ᠪᠣᠯᠤᠭᠰᠠᠨ᠃ ᠪᠣᠷᠣ ᠴᠠᠷᠭᠠᠰᠤ ᠶᠢ ᠰᠢᠨᠡᠳᠬᠡᠬᠦ ᠵᠢᠯ ᠬᠤᠭᠤᠴᠠᠭ᠎ᠠ ᠶᠢ 5 ᠵᠢᠯ ᠠᠴᠠ ᠳᠤᠲᠠᠭᠤ ᠪᠠᠶᠢᠯᠭᠠᠵᠤ ᠪᠣᠯᠬᠤ ᠥᠬᠡᠶ᠂  ᠬᠤᠨᠴᠢᠷ ᠢ ᠰᠢᠨᠡᠳᠬᠡᠬᠦ ᠵᠢᠯ ᠬᠤᠭᠤᠴᠠᠭ᠎ᠠ ᠶᠢ 4 ᠵᠢᠯ ᠠᠴᠠ ᠳᠤᠲᠠᠭᠤ ᠪᠠᠶᠢᠯᠭᠠᠵᠤ ᠪᠣᠯᠬᠤ ᠥᠬᠡᠶ ᠮᠥᠷᠲᠡᠭᠡᠨ ᠡᠪᠡᠰᠦᠲᠦ ᠭᠠᠵᠠᠷ ᠤᠨ ᠤᠨᠠᠯᠲᠠ ᠶᠢ ᠢᠯᠡᠳᠲᠡ  ᠪᠠᠭᠤᠷᠠᠭᠰᠠᠨ ᠭᠠᠵᠠᠷ ᠣᠷᠤᠨ᠃    ︵ᠭᠤᠷᠪᠠ︶ ᠪᠦᠲᠦᠮᠵᠢᠲᠡᠶ ᠬᠠᠯᠬᠠᠪᠴᠢ ᠣᠶ ᠶᠢᠨ ᠬᠠᠮᠠᠭᠠᠯᠠᠯᠲᠠ ᠥᠬᠡᠶ ᠲᠥᠪᠯᠡᠷᠡᠨ ᠵᠠᠯᠭᠠᠯᠳᠤᠭᠰᠠᠨ ᠲᠠᠷᠢᠮᠠᠯ ᠪᠡᠯᠴᠢᠭᠡᠷ ᠤᠨ  ᠰᠢᠨᠡᠳᠭᠡᠭᠰᠡᠨ ᠲᠠᠯᠠᠪᠠᠶ ᠶᠢ 300 ᠮᠥ ᠠᠴᠠ ᠪᠠᠭ᠎ᠠ ᠪᠠᠶᠢᠯᠭᠠᠬᠤ ᠬᠡᠷᠡᠭᠲᠡᠶ᠃    ︵ᠲᠦᠷᠪᠡ︶ ᠭᠠᠵᠠᠷ ᠰᠢᠷᠣᠶ ᠶᠢᠨ ᠡᠷᠬᠡ ᠶᠢᠨ ᠬᠠᠷᠢᠶᠠᠯᠠᠯ ᠨᠢ ᠮᠠᠷᠭᠤᠭᠠᠨ ᠤᠢᠭᠡᠢ ᠲᠠᠷᠢᠮᠠᠯ ᠪᠡᠯᠴᠢᠭᠡᠷ᠃    ︵ᠲᠠᠪᠤ︶ ᠭᠤᠶᠤᠴᠢᠯᠠᠬᠤ ᠮᠠᠲ᠋ᠧᠷᠢᠶᠠᠯ ᠨᠢ ᠪᠦᠷᠢᠨ ᠭᠦᠢᠴᠡᠳ᠂ ᠦᠨᠡᠨ ᠪᠣᠳᠠᠲᠠᠶ ᠪᠥᠭᠡᠳ ᠬᠦᠴᠦᠨ ᠲᠠᠢ ᠪᠠᠶᠢᠬᠤ᠃    ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠤᠳ᠃    ᠭᠤᠷᠪᠠᠳᠤᠭᠠᠷ ᠪᠦᠯᠦᠭ     ᠭᠤᠶᠤᠴᠢᠯᠠᠬᠤ ᠪᠠ ᠬᠢᠨᠠᠨ ᠵᠥᠪᠰᠢᠶᠡᠷᠡᠬᠦ    ᠶᠢᠰᠦᠳᠦᠭᠡᠷ ᠵᠦᠢᠯ  ᠂ ᠲᠠᠷᠢᠮᠠᠯ ᠪᠡᠯᠴᠢᠭᠡᠷ ᠢ ᠰᠢᠨᠡᠳᠭᠡᠬᠦ  ᠪᠠᠷ ᠭᠤᠶᠤᠴᠢᠯᠠᠭᠰᠠᠨ ᠨᠢᠭᠡᠴᠢ ᠪᠠ ᠬᠤᠪᠢ ᠬᠥᠮᠦᠨ ᠲᠠᠷᠢᠮᠠᠯ ᠪᠡᠯᠴᠢᠭᠡᠷ ᠢᠯᠡᠳᠲᠡ ᠮᠠᠭᠤᠳᠠᠭᠰᠠᠨ ᠦᠶ᠎ᠡ ᠳᠤ  ᠰᠢᠨᠡᠳᠭᠡᠬᠦ ᠪᠠᠷ ᠭᠤᠶᠤᠴᠢᠯᠠᠬᠤ ᠬᠡᠷᠡᠭᠲᠡᠶ᠃ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠴᠠᠭ ᠲᠤᠬᠠᠶ ᠳᠤᠨᠢ ᠦᠨᠡᠯᠡᠨ ᠵᠢᠱᠢᠬᠦ ᠪᠠ ᠬᠢᠨᠠᠨ ᠵᠥᠪᠰᠢᠶᠡᠷᠡᠬᠦ ᠶᠢ  ᠦᠷᠨᠢᠭᠦᠯᠬᠦ ᠬᠡᠷᠡᠭᠲᠡᠢ᠃    ᠠᠷᠪᠠᠳᠤᠭᠠᠷ ᠵᠦᠢᠯ᠂  ᠲᠠᠷᠢᠮᠠᠯ ᠪᠡᠯᠴᠢᠭᠡᠷ ᠢ ᠰᠢᠨᠡᠳᠭᠡᠬᠦ ᠪᠠᠷ ᠭᠤᠶᠤᠴᠢᠯᠠᠬᠤ  ᠨᠢᠭᠡᠴᠢ ᠪᠠ ᠬᠤᠪᠢ ᠬᠥᠮᠦᠨ᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠳᠤ ᠭᠤᠶᠤᠴᠢᠯᠠᠯ ᠭᠠᠷᠭᠠᠬᠤ ᠶᠢᠨ ᠬᠠᠮᠲᠤ ᠳᠣᠤᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠶ᠄    ︵ᠨᠢᠭᠡ︶ ᠲᠠᠷᠢᠮᠠᠯ ᠪᠡᠯᠴᠢᠭᠡᠷ ᠢ ᠰᠢᠨᠡᠳᠬᠡᠬᠦ ᠭᠤᠶᠤᠴᠢᠯᠠᠯ ᠤᠨ ᠪᠢᠴᠢᠭ︔    ︵ᠬᠤᠶᠠᠷ︶ ᠨᠢᠭᠡᠴᠢ ᠶᠢᠨ ᠡᠵᠡᠩᠨᠡᠯᠲᠡ ᠶᠢᠨ ᠦᠨᠡᠮᠯᠡᠯ᠂ ᠬᠠᠤᠯᠢ ᠶᠢᠨ ᠬᠥᠮᠦᠨ ᠤ ᠭᠡᠷᠡᠴᠢ ᠪᠤᠶᠤ ᠬᠤᠪᠢ ᠬᠥᠮᠦᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ︔    ︵ᠭᠤᠷᠪᠠ︶ ᠰᠢᠶᠠᠩ ᠪᠠᠯᠭᠠᠰᠤ ᠰᠤᠮᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠠᠯᠪᠠᠨ ᠬᠡᠷ︶ ᠠᠴᠠ ᠭᠠᠷᠭᠠᠭᠰᠠᠨ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠢ ᠭᠡᠷᠡᠴᠢᠯᠡᠬᠦ ᠮᠠᠲ᠋ᠧᠷᠢᠶᠠᠯ︔    ︵ᠲᠦᠷᠪᠡ︶ ᠲᠠᠷᠢᠮᠠᠯ ᠪᠡᠯᠴᠢᠭᠡᠷ ᠢ ᠰᠢᠨᠡᠳᠬᠡᠬᠦ ᠪᠠᠷ ᠭᠤᠶᠤᠴᠢᠯᠠᠬᠤ ᠭᠡᠵᠦ ᠪᠠᠶᠢᠭ᠎ᠠ ᠭᠠᠵᠠᠷ ᠣᠷᠣᠨ ᠤ ᠪᠠᠶᠢᠷᠢᠰᠢᠯ ᠤᠨ ᠵᠢᠷᠤᠭ︔    ︵ᠲᠠᠪᠤ︶ ᠲᠤᠰ ᠭᠠᠵᠠᠷ ᠤᠨ ᠭᠠᠴᠠᠭᠠᠨ ᠤ ᠠᠷᠠᠳ ᠤᠨ ᠵᠥᠪᠯᠡᠯ ᠤᠨ ᠭᠠᠷᠭᠠᠭᠰᠠᠨ ᠰᠠᠨᠠᠯ ᠤᠨ  ᠪᠢᠴᠢᠭ ︔    ︵ᠵᠢᠷᠭᠤᠭ᠎ᠠ︶  ᠲᠤᠰ ᠭᠠᠵᠠᠷ ᠤᠨ ᠰᠢᠶᠠᠩ ᠪᠠᠯᠭᠠᠰᠤ ᠰᠤᠮᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠠᠯᠪᠠᠨ ᠬᠡᠷ︶᠂ ᠭᠠᠴᠠᠭᠠᠨ ᠤ ᠠᠷᠠᠳ ᠤᠨ ᠵᠥᠪᠯᠡᠯ᠂ ᠭᠤᠶᠤᠴᠢᠯᠠᠭᠴᠢ ᠭᠤᠷᠪᠠᠨ ᠲᠠᠯ᠎ᠠ ᠶᠢᠨ ᠲᠣᠭᠲᠠᠭᠠᠭᠰᠠᠨ ᠲᠠᠷᠢᠮᠠᠯ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠥᠪᠯᠡᠯᠴᠡᠭᠡᠷ︔    ︵ᠲᠤᠯᠤᠭ᠎ᠠ︶ ᠲᠠᠷᠢᠮᠠᠯ ᠪᠡᠯᠴᠢᠭᠡᠷ ᠢ ᠰᠢᠨᠡᠳᠬᠡᠬᠦ ᠭᠤᠶᠤᠴᠢᠯᠠᠯ ᠤᠨ ᠬᠦᠰᠦᠨᠦᠭᠲᠦ︔    ︵ᠨᠠᠢᠮᠠ︶ ᠨᠥᠬᠦᠪᠥᠷᠢᠯᠡᠬᠦ ᠴᠢᠬᠤᠯᠠᠲᠠᠶ ᠪᠤᠰᠤᠳ ᠮᠠᠲ᠋ᠧᠷᠢᠶᠠᠯ᠃    ᠠᠷᠪᠠᠨ ᠨᠢᠭᠡᠳᠦᠭᠡᠷ ᠵᠦᠢᠯ᠂   ᠬᠢᠨᠠᠨ ᠵᠥᠪᠰᠢᠶᠡᠷᠡᠬᠦ ᠳᠡᠰ ᠳᠠᠷᠠᠭᠠᠯᠠᠯ    ︵ᠨᠢᠭᠡ︶ ᠲᠠᠷᠢᠮᠠᠯ ᠪᠡᠯᠴᠢᠭᠡᠷ ᠢ ᠰᠢᠨᠡᠳᠭᠡᠬᠦ ᠪᠠᠷ ᠭᠤᠶᠤᠴᠢᠯᠠᠬᠤ ᠨᠢᠭᠡᠴᠢ ᠪᠠ ᠬᠤᠪᠢ ᠬᠥᠮᠦᠨ ᠲᠤᠰ ᠭᠠᠵᠠᠷ ᠤᠨ ᠢᠶᠠᠨ ᠭᠠᠴᠠᠭᠠᠨ ᠤ ᠠᠷᠠᠳ ᠤᠨ ᠵᠥᠪᠯᠡᠯ ᠳᠤ ᠲᠠᠷᠢᠮᠠᠯ ᠪᠡᠯᠴᠢᠭᠡᠷ ᠢ ᠰᠢᠨᠡᠳᠭᠡᠬᠦ ᠪᠠᠷ ᠭᠤᠶᠤᠴᠢᠯᠠᠬᠤ ᠬᠡᠷᠡᠭᠲᠡᠢ᠃ ᠲᠤᠰ ᠭᠠᠵᠠᠷ ᠤᠨ ᠭᠠᠴᠠᠭᠠᠨ ᠤ ᠠᠷᠠᠳ ᠤᠨ ᠵᠥᠪᠯᠡᠯ ᠨᠢ ᠬᠢᠨᠠᠨ ᠵᠥᠪᠰᠢᠶᠡᠷᠡᠭᠰᠡᠨ ᠤ ᠳᠠᠷᠠᠭ᠎ᠠ᠂ ᠵᠣᠬᠢᠬᠤ  ᠨᠣᠲᠤᠭ ᠪᠡᠯᠴᠢᠭᠡᠷ ᠤᠨ ᠡᠷᠬᠡ ᠶᠢᠨ ᠭᠡᠷᠡᠴᠢ ᠪᠣᠯᠤᠨ ᠲᠠᠷᠢᠮᠠᠯ ᠪᠡᠯᠴᠢᠭᠡᠷ ᠢ ᠰᠢᠨᠡᠳᠬᠡᠬᠦ ᠰᠠᠨᠠᠯ ᠢ ᠭᠠᠷᠭᠠᠵᠤ᠂ ᠰᠢᠶᠠᠩ ᠪᠠᠯᠭᠠᠰᠤ ᠰᠤᠮᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠠᠯᠪᠠᠨ ᠬᠡᠷ︶ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ  ᠨᠢᠭᠡᠴᠢ ᠳᠤ ᠮᠡᠳᠡᠭᠦᠯᠵᠦ᠂ ᠰᠢᠶᠠᠩ ᠪᠠᠯᠭᠠᠰᠤ ᠰᠤᠮᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠠᠯᠪᠠᠨ ᠬᠡᠷ︶ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠶ᠃    ︵ᠬᠤᠶᠠᠷ︶ ᠬᠤᠰᠢᠭᠤᠨ ᠤ ᠣᠶ ᠰᠢᠭᠤᠶ  ᠨᠤᠲᠤᠭ ᠪᠡᠯᠴᠢᠭᠡᠷ ᠤᠨ ᠲᠣᠪᠴᠢᠶ᠎ᠠ ᠠᠴᠠ ᠭᠤᠶᠤᠴᠢᠯᠠᠯ ᠤᠨ ᠮᠠᠲ᠋ᠧᠷᠢᠶᠠᠯ ᠤᠨ ᠪᠦᠷᠢᠨ  ᠭᠦᠢᠴᠡᠳ ᠡᠰᠡᠬᠦ ᠶᠢ ᠬᠢᠨᠠᠨ ᠪᠠᠶᠢᠴᠠᠭᠠᠬᠤ ᠶᠢᠨ ᠬᠠᠮᠲᠤ᠂ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠰᠢᠨᠡᠳᠬᠡᠬᠦ ᠪᠠᠷ ᠭᠤᠶᠤᠴᠢᠯᠠᠭᠰᠠᠨ ᠲᠠᠷᠢᠮᠠᠯ ᠪᠡᠯᠴᠢᠭᠡᠷ ᠲᠤ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠬᠢᠵᠦ᠂ ᠨᠤᠲᠤᠭ ᠪᠡᠯᠴᠢᠭᠡᠷ ᠤᠨ ᠭᠠᠵᠠᠷ ᠤᠨ ᠪᠠᠶᠢᠷᠢᠯᠠᠯ᠂ ᠲᠠᠯᠠᠪᠠᠶ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ᠂  ᠦᠢᠯᠡᠳᠪᠦᠷᠢᠯᠡᠯ ᠤᠨ ᠬᠦᠴᠦᠨ ᠵᠡᠷᠭᠡ ᠪᠠᠶᠢᠳᠠᠯ ᠢ ᠬᠢᠨᠠᠨ ᠪᠠᠶᠢᠴᠠᠭᠠᠬᠤ ᠬᠡᠷᠡᠭᠲᠡᠢ᠃    ︵ᠭᠤᠷᠪᠠ︶ ᠲᠤᠬᠠᠶ ᠶᠢᠨ ᠲᠠᠯᠠᠪᠠᠶ ᠶᠢᠨ ᠪᠠᠶᠢᠴᠠᠭᠠᠨ ᠰᠢᠯᠭᠠᠬᠤ ᠠᠵᠢᠯᠲᠠᠨ ︽ᠲᠠᠷᠢᠮᠠᠯ ᠪᠡᠯᠴᠢᠭᠡᠷ ᠢ ᠰᠢᠨᠡᠳᠬᠡᠬᠦ ᠭᠤᠶᠤᠴᠢᠯᠠᠯ ᠤᠨ ᠬᠦᠰᠦᠨᠦᠭᠲᠦ︾ ᠳᠡᠭᠡᠷ᠎ᠡ ᠪᠠᠶᠢᠴᠠᠭᠠᠨ ᠰᠢᠯᠭᠠᠭᠰᠠᠨ ᠰᠠᠨᠠᠯ ᠳᠤ ᠭᠠᠷ ᠤᠨ ᠥᠰᠥᠭ ᠵᠢᠷᠤᠭᠰᠠᠨ ᠤ ᠳᠠᠷᠠᠭ᠎ᠠ᠂ ᠬᠠᠮᠢᠶ᠎ᠠ ᠪᠥᠬᠦᠶ ᠮᠠᠲ᠋ᠧᠷᠢᠶᠠᠯ ᠢ ᠬᠤᠰᠢᠭᠤᠨ ᠤ ᠣᠶ ᠰᠢᠭᠤᠶ ᠨᠣᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠦᠨ ᠬᠦᠷᠭᠡᠵᠦ ᠬᠢᠨᠠᠨ ᠪᠠᠶᠢᠴᠠᠭᠠᠯᠭᠠᠬᠤ ᠬᠡᠷᠡᠭᠲᠡᠢ᠃ ᠬᠢᠨᠠᠨ ᠪᠠᠶᠢᠴᠠᠭᠠᠭᠠᠳ ᠵᠥᠪᠰᠢᠶᠡᠷᠡᠭᠰᠡᠨ ᠪᠠᠶᠢᠪᠠᠯ᠂ ᠲᠠᠷᠢᠮᠠᠯ ᠪᠡᠯᠴᠢᠭᠡᠷ ᠢ ᠰᠢᠨᠡᠳᠬᠡᠬᠦ ᠭᠡᠵᠦ ᠪᠠᠶᠢᠭ᠎ᠠ ᠭᠠᠴᠠᠭᠠᠨ ᠤ ᠵᠥᠪᠯᠡᠯ ᠠᠴᠠ 5 ᠠᠵᠢᠯᠯᠠᠬᠤ ᠡᠳᠦᠷ ᠤᠨ ᠮᠠᠷᠭᠤᠯᠳᠤᠭᠠᠨ ᠥᠬᠡᠶ ᠪᠠᠶᠢᠬᠤ ᠶᠢ ᠵᠠᠷᠯᠠᠨ ᠨᠡᠶᠢᠲᠡᠯᠡᠭᠰᠡᠨ ᠤ ᠳᠠᠷᠠᠭ᠎ᠠ᠂ ᠬᠤᠰᠢᠭᠤᠨ ᠤ ᠣᠶ ᠰᠢᠭᠤᠶ‌ᠨᠣᠲᠤᠭ ᠪᠡᠯᠴᠢᠭᠡᠷ ᠤᠨ ᠲᠣᠪᠴᠢᠶ᠎ᠠ ᠠᠴᠠ ᠭᠤᠶᠤᠴᠢᠯᠠᠭᠴᠢ ᠳᠤ ︽ᠲᠠᠷᠢᠮᠠᠯ ᠪᠡᠯᠴᠢᠭᠡᠷ ᠢ ᠰᠢᠨᠡᠳᠬᠡᠬᠦ ᠬᠢᠨᠠᠨ ᠵᠥᠪᠰᠢᠶᠡᠷᠡᠯ ᠤᠨ ᠲᠣᠭᠲᠠᠭᠠᠯ ᠤᠨ ᠪᠢᠴᠢᠭ︾  ᠣᠯᠭᠤᠬᠤ ᠬᠡᠷᠡᠭᠲᠡᠢ︔ ᠬᠢᠨᠠᠨ ᠪᠠᠶᠢᠴᠠᠭᠠᠭᠠᠳ ᠵᠥᠪᠰᠢᠶᠡᠷᠡᠬᠦ ᠦᠭᠡᠢ ᠪᠠᠶᠢᠪᠠᠯ᠂ ᠵᠥᠪᠰᠢᠶᠡᠷᠡᠬᠦ ᠦᠭᠡᠢ ᠰᠢᠯᠲᠠᠭᠠᠨ ᠢᠶᠠᠨ ᠲᠣᠳᠣᠷᠬᠠᠶᠢᠯᠠᠬᠤ ᠪᠥᠭᠡᠳ ᠭᠤᠶᠤᠴᠢᠯᠠᠭᠴᠢ ᠳᠤ  ᠮᠡᠳᠡᠭᠳᠡᠬᠦ ᠬᠡᠷᠡᠭᠲᠡᠢ᠃    ᠳᠥᠷᠪᠡᠳᠦᠭᠡᠷ ᠪᠦᠯᠦᠭ    ᠰᠢᠨᠡᠳᠬᠡᠬᠦ ᠬᠠᠮᠢᠶᠠᠷᠤᠯᠲᠠ    ᠠᠷᠪᠠᠨ ᠬᠤᠶᠠᠳᠤᠭᠠᠷ ᠵᠦᠢᠯ᠂ ᠭᠤᠶᠤᠴᠢᠯᠠᠭᠴᠢ ︽ᠲᠠᠷᠢᠮᠠᠯ ᠪᠡᠯᠴᠢᠭᠡᠷ ᠢ ᠰᠢᠨᠡᠳᠬᠡᠬᠦ ᠶᠢ ᠬᠢᠨᠠᠨ ᠵᠥᠪᠰᠢᠶᠡᠷᠡᠭᠰᠡᠨ ᠲᠣᠭᠲᠠᠭᠠᠯ ᠤᠨ ᠪᠢᠴᠢᠭ︾ ᠢ ᠣᠯᠤᠭᠰᠠᠨ ᠤ ᠲᠠᠷᠠᠭ᠎ᠠ ᠰᠠᠶ᠋ᠢ ᠲᠠᠷᠢᠮᠠᠯ ᠪᠡᠯᠴᠢᠭᠡᠷ ᠢ ᠰᠢᠨᠡᠳᠬᠡᠵᠦ ᠪᠣᠯᠤᠨ᠎ᠠ᠃ ᠲᠠᠷᠢᠮᠠᠯ ᠪᠡᠯᠴᠢᠭᠡᠷ ᠢ ᠰᠢᠨᠡᠳᠬᠡᠬᠦ ᠶᠢᠨ ᠠᠯᠤᠰᠯᠠᠬᠤ ᠬᠤᠭᠤᠴᠠᠭ᠎ᠠ ᠨᠢ ᠬᠤᠶᠠᠷ ᠵᠢᠯ ᠪᠠᠶᠢᠵᠤ᠂ ᠠᠯᠤᠰᠯᠠᠬᠤ ᠬᠤᠭᠤᠴᠠᠭᠠᠨ ᠳᠤ ᠦᠶᠡᠲᠦ ᠤᠷᠭᠤᠮᠠᠯ  ᠤᠨ ᠢᠵᠠᠭᠤᠷ  ᠤᠨ ᠡᠪᠡᠰᠦ ᠪᠣᠷᠳᠤᠭᠠᠨ ᠤ ᠲᠠᠷᠢᠮᠠᠯ ︵ᠨᠣᠬᠠᠶ ᠶᠢᠨ ᠬᠤᠰᠢᠭᠤ ᠡᠪᠡᠰᠦ᠂ ᠡᠷᠳᠡᠨᠢ ᠰᠢᠰᠢ᠂ ᠨᠠᠷᠢᠮᠤ᠂ ᠪᠤᠭᠤᠳᠠᠢ ᠵᠡᠷᠭᠡ ᠪᠠᠭᠲᠠᠨ᠎ᠠ︶  ᠢ ᠲᠠᠷᠢᠵᠤ ᠪᠣᠯᠤᠨ᠎ᠠ᠃    ᠠᠷᠪᠠᠨ ᠭᠤᠷᠪᠠᠳᠤᠭᠠᠷ ᠵᠦᠢᠯ᠂ ᠲᠠᠷᠢᠮᠠᠯ ᠪᠡᠯᠴᠢᠭᠡᠷ  ᠢ ᠰᠢᠨᠡᠳᠬᠡᠬᠦ ᠠᠯᠤᠰᠯᠠᠬᠤ ᠬᠤᠭᠤᠴᠠᠭ᠎ᠠ ᠨᠢ  ᠭᠦᠢᠴᠡᠪᠡᠯ᠂ ᠲᠠᠷᠢᠮᠠᠯ ᠪᠡᠯᠴᠢᠭᠡᠷ  ᠢ ᠰᠢᠨᠡᠳᠬᠡᠬᠦ ᠪᠠᠷ ᠭᠤᠶᠤᠴᠢᠯᠠᠭᠰᠠᠨ  ᠨᠢᠭᠡᠴᠢ ᠪᠣᠯᠤᠨ ᠬᠤᠪᠢ ᠬᠥᠮᠦᠨ ᠵᠥᠪᠰᠢᠶᠡᠷᠡᠭᠰᠡᠨ ᠭᠠᠵᠠᠷ᠂ ᠲᠠᠯᠠᠪᠠᠢ᠂ ᠬᠤᠭᠤᠴᠠᠭ᠎ᠠ ᠬᠢᠵᠠᠭᠠᠷ᠂ ᠲᠥᠷᠥᠯ ᠵᠦᠢᠯ  ᠤᠨ ᠶᠣᠰᠣᠭᠠᠷ  ᠰᠢᠨᠡᠳᠭᠡᠵᠦ᠂ ᠲᠤᠰ ᠵᠢᠯ  ᠤᠨ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠤᠯᠠᠨ ᠨᠠᠰᠤᠲᠤ ᠪᠡᠯᠴᠢᠭᠡᠷ ᠡᠪᠡᠰᠦ ᠶᠢ ᠰᠡᠷᠭᠦᠭᠡᠨ ᠲᠠᠷᠢᠵᠤ᠂ ᠪᠡᠯᠴᠢᠭᠡᠷ ᠡᠪᠡᠰᠦ ᠶᠢ ᠪᠤᠰᠤᠳ ᠲᠠᠷᠢᠶᠠᠯᠠᠩ ᠠᠵᠤ ᠠᠬᠤᠶ ᠶᠢᠨ ᠲᠠᠷᠢᠮᠠᠯ ᠯᠤᠭ᠎ᠠ ᠬᠤᠯᠢᠯᠳᠤᠭᠤᠯᠤᠨ ᠲᠠᠷᠢᠬᠤ ᠶᠢ ᠴᠢᠩᠭ᠎ᠠ ᠴᠠᠭᠠᠵᠠᠯᠠᠵᠤ᠂ ᠬᠡᠰᠡᠭ ᠭᠠᠵᠠᠷ ᠰᠣᠯᠢᠵᠤ ᠣᠷᠣᠯᠠᠭᠤᠯᠬᠤ ᠶᠢ ᠴᠢᠩᠭ᠎ᠠ  ᠴᠠᠭᠠᠵᠠᠯᠠᠬᠤ ᠬᠡᠷᠡᠭᠲᠡᠢ᠃ ᠠᠳᠠᠯᠢ ᠨᠢᠭᠡ ᠬᠡᠰᠡᠭ ᠭᠠᠵᠠᠷ ᠲᠤ᠂ ᠠᠳᠠᠯᠢ ᠨᠢᠭᠡ ᠡᠭᠦᠯᠳᠡᠷ ᠤᠨ ᠣᠯᠠᠨ ᠨᠠᠰᠤᠲᠤ ᠪᠡᠯᠴᠢᠭᠡᠷ ᠡᠪᠡᠰᠦ ᠶᠢ ᠳᠠᠷᠢᠵᠤ᠂ ᠲᠠᠷᠢᠮᠠᠯ ᠪᠡᠯᠴᠢᠭᠡᠷ ᠤᠨ ᠬᠡᠪᠴᠢᠶᠡᠵᠢᠯ᠂ ᠡᠷᠴᠢᠮᠵᠢᠭᠦᠯᠦᠭᠰᠡᠨ ᠡᠵᠡᠩᠨᠡᠯᠲᠡ ᠶᠢ ᠳᠥᠯᠭᠢᠨ ᠠᠬᠢᠭᠤᠯᠬᠤ ᠬᠡᠷᠡᠭᠲᠡᠶ᠃    ᠠᠷᠪᠠᠨ ᠳᠥᠷᠪᠡᠳᠦᠭᠡᠷ ᠵᠦᠢᠯ᠂ ᠲᠠᠷᠢᠮᠠᠯ ᠪᠡᠯᠴᠢᠭᠡᠷ ᠢ ᠰᠢᠨᠡᠳᠬᠡᠬᠦ ᠠᠵᠢᠯ ᠢ ᠪᠡᠶᠡᠯᠡᠭᠦᠯᠦᠭᠰᠡᠨ ᠨᠢᠭᠡᠴᠢ ᠪᠣᠯᠤᠨ ᠬᠤᠪᠢ ᠬᠥᠮᠦᠨ ᠲᠠᠷᠢᠮᠠᠯ ᠪᠡᠯᠴᠢᠭᠡᠷ ᠢ ᠰᠢᠨᠡᠳᠬᠡᠨ ᠲᠠᠷᠢᠬᠤ ᠶᠢ ᠪᠡᠶᠡᠯᠡᠭᠦᠯᠦᠭᠰᠡᠨ ᠤ ᠳᠠᠷᠠᠭ᠎ᠠ 60 ᠡᠳᠦᠷ ᠤᠨ ᠳᠣᠲᠣᠷ᠎ᠠ᠂ ᠪᠡᠯᠴᠢᠭᠡᠷ ᠭᠠᠵᠠᠷ ᠤᠨ ᠪᠠᠶᠢᠭ᠎ᠠ ᠭᠠᠴᠠᠭᠠᠨ ᠤ ᠠᠷᠠᠳ ᠤᠨ ᠵᠥᠪᠯᠡᠯ ᠪᠣᠯᠤᠨ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ  ᠨᠢᠭᠡᠴᠢ ᠳᠤ ᠮᠡᠳᠡᠭᠦᠯᠬᠦ ᠶᠢᠨ ᠬᠠᠮᠲᠤ ᠰᠢᠯᠭᠠᠨ ᠠᠪᠬᠤ ᠭᠤᠶᠤᠴᠢᠯᠠᠯ ᠭᠠᠷᠭᠠᠬᠤ ᠬᠡᠷᠡᠭᠲᠡᠶ᠃    ᠠᠷᠪᠠᠨ ᠲᠠᠪᠤᠳᠤᠭᠠᠷ  ᠵᠦᠢᠯ᠂ ᠡᠯ᠎ᠡ ᠬᠤᠯᠪᠣᠭᠳᠠᠯ ᠪᠥᠬᠦᠶ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠨᠢ ᠵᠢᠯ ᠪᠦᠷᠢ ᠠᠯᠤᠰᠯᠠᠬᠤ ᠬᠤᠭᠤᠴᠠᠭ᠎ᠠ ᠨᠢ  ᠭᠦᠢᠴᠡᠭᠰᠡᠨ ᠨᠢᠭᠡᠴᠢ ᠪᠣᠯᠤᠨ ᠬᠤᠪᠢ ᠬᠥᠮᠦᠨ ᠳᠤ ᠴᠠᠭ ᠲᠤᠬᠠᠶ ᠳᠤᠨᠢ ᠲᠠᠷᠢᠮᠠᠯ ᠪᠡᠯᠴᠢᠭᠡᠷ ᠢ ᠬᠤᠭᠤᠴᠠᠭ᠎ᠠ ᠬᠢᠵᠠᠭᠠᠷᠯᠠᠨ ᠰᠢᠨᠡᠳᠬᠡᠬᠦ ᠮᠡᠳᠡᠭᠳᠡᠯ ᠤᠨ ᠪᠢᠴᠢᠭ ᠪᠠᠭᠤᠯᠭᠠᠵᠤ᠂ ᠲᠡᠳᠡᠨ ᠢ ᠵᠣᠬᠢᠶᠠᠨ ᠪᠠᠶᠢᠭᠤᠯᠵᠤ ᠪᠠᠶᠢᠭᠠᠳ ᠲᠠᠷᠢᠮᠠᠯ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠥᠪᠯᠡᠯᠴᠡᠭᠡᠷ ᠤᠨ ᠶᠣᠰᠣᠭᠠᠷ ᠣᠯᠠᠨ ᠨᠠᠰᠤᠲᠤ ᠪᠡᠯᠴᠢᠭᠡᠷ ᠡᠪᠡᠰᠦ ᠳᠠᠷᠢᠬᠤ ᠶᠢ ᠪᠡᠶᠡᠯᠡᠭᠦᠯᠵᠦ᠂ ᠲᠠᠷᠢᠮᠠᠯ ᠪᠡᠯᠴᠢᠭᠡᠷ ᠢ ᠰᠢᠨᠡᠳᠬᠡᠵᠦ ᠰᠢᠯᠭᠠᠨ ᠠᠪᠬᠤ ᠠᠵᠢᠯ ᠢ ᠴᠠᠭ ᠲᠤᠬᠠᠶ ᠳᠤᠨᠢ ᠥᠷᠨᠢᠭᠦᠯᠬᠦ ᠶᠢᠨ ᠬᠠᠮᠲᠤ ᠰᠢᠯᠭᠠᠨ ᠠᠪᠤᠭᠰᠠᠨ ᠪᠠᠶᠢᠳᠠᠯ ᠢᠶᠠᠨ ᠬᠤᠰᠢᠭᠤᠨ ᠤ ᠣᠶ ᠰᠢᠭᠤᠶ  ᠨᠣᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠵᠢᠯ ᠪᠦᠷᠢ ᠬᠤᠰᠢᠭᠤᠨ ᠤ ᠣᠶ ᠰᠢᠭᠤᠶ  ᠨᠤᠲᠤᠭ ᠪᠡᠯᠴᠢᠭᠡᠷ ᠤᠨ ᠲᠣᠪᠴᠢᠶ᠎ᠠ ᠠᠴᠠ ᠪᠥᠬᠦ ᠬᠤᠰᠢᠭᠤᠨ ᠤ  ᠰᠢᠨᠡᠳᠭᠡᠭᠰᠡᠨ ᠪᠠᠶᠢᠳᠠᠯ ᠳᠤ ᠪᠥᠬᠦ ᠲᠠᠯ᠎ᠠ ᠶᠢᠨ ᠰᠢᠯᠭᠠᠨ ᠪᠠᠶᠢᠴᠠᠭᠠᠯᠲᠠ ᠬᠢᠬᠦ ᠬᠡᠷᠡᠭᠲᠡᠢ᠃ ᠲᠠᠷᠢᠮᠠᠯ ᠪᠡᠯᠴᠢᠭᠡᠷ ᠢ ᠰᠢᠨᠡᠳᠬᠡᠬᠦ ᠠᠯᠤᠰᠯᠠᠬᠤ ᠬᠤᠭᠤᠴᠠᠭ᠎ᠠ ᠨᠢ  ᠭᠦᠢᠴᠡᠭᠰᠡᠨ ᠤ ᠳᠠᠷᠠᠭ᠎ᠠ᠂ ᠱᠠᠭᠠᠷᠳᠠᠯᠭ᠎ᠠ ᠲᠣᠭᠲᠠᠭᠠᠯ ᠶᠣᠰᠣᠭᠠᠷ ᠣᠯᠠᠨ ᠨᠠᠰᠤᠲᠤ ᠪᠡᠯᠴᠢᠭᠡᠷ ᠡᠪᠡᠰᠦ ᠳᠠᠷᠢᠭᠰᠠᠨ ᠥᠬᠡᠶ ᠪᠠᠶᠢᠪᠠᠯ᠂ ᠬᠤᠯᠪᠣᠭᠳᠠᠯ ᠪᠥᠬᠦᠶ ᠰᠢᠶᠠᠩ ᠪᠠᠯᠭᠠᠰᠤ ᠰᠤᠮᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠠᠯᠪᠠᠨ ᠬᠡᠷ︶᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ  ᠰᠠᠶᠢᠵᠢᠷᠠᠭᠤᠯᠬᠤ ᠬᠡᠷᠡᠭᠲᠡᠢ᠃    ᠲᠠᠪᠤᠳᠤᠭᠠᠷ ᠪᠦᠯᠦᠭ    ᠬᠢᠨᠠᠯᠲᠠ ᠲᠠᠯᠪᠢᠵᠤ ᠪᠠᠶᠢᠴᠠᠭᠠᠬᠤ    ᠠᠷᠪᠠᠨ ᠵᠢᠷᠭᠤᠳᠤᠭᠠᠷ  ᠵᠦᠢᠯ  ᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠰᠢᠶᠠᠩ ᠪᠠᠯᠭᠠᠰᠤ ᠰᠤᠮᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠠᠯᠪᠠᠨ ᠬᠡᠷ︶ ᠤ ᠠᠵᠢᠯᠲᠠᠨ ᠵᠢᠴᠢ ᠪᠤᠰᠤᠳ ᠲᠥᠷᠥ ᠶᠢᠨ ᠪᠠᠶᠢᠭᠤᠯᠭ᠎ᠠ ᠶᠢᠨ ᠠᠵᠢᠯᠲᠠᠨ ᠲᠠᠷᠢᠮᠠᠯ ᠪᠡᠯᠴᠢᠭᠡᠷ ᠤᠨ ᠰᠢᠨᠡᠳᠭᠡᠯ ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠤᠨ ᠳᠤᠮᠳᠠ ᠡᠭᠦᠷᠭᠡ ᠲᠤᠰᠢᠶᠠᠯ ᠳᠠᠭᠠᠨ ᠣᠰᠣᠯᠳᠠᠵᠤ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠲᠡᠭᠦᠨ ᠤ ᠪᠠᠶᠢᠭ᠎ᠠ ᠨᠢᠭᠡᠴᠢ  ᠪᠤᠶᠤ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠪᠠᠶᠢᠭᠤᠯᠭ᠎ᠠ ᠠᠴᠠ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠴᠦ᠂ ᠶᠠᠯ᠎ᠠ ᠪᠣᠯᠵᠣ ᠪᠦᠷᠢᠯᠳᠦᠭᠰᠡᠨ ᠪᠠᠶᠢᠪᠠᠯ᠂ ᠲᠡᠭᠦᠨ ᠠᠴᠠ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃    ᠠᠷᠪᠠᠨ ᠳᠣᠯᠣᠳᠤᠭᠠᠷ ᠵᠦᠢᠯ᠂ ᠵᠥᠪᠰᠢᠶᠡᠷᠡᠯ ᠢᠶᠠᠷ ᠳᠡᠮᠵᠢᠨ ᠲᠠᠷᠢᠮᠠᠯ ᠪᠡᠯᠴᠢᠭᠡᠷ ᠢ ᠰᠢᠨᠡᠳᠬᠡᠬᠦ ᠳᠤ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠤᠯᠪᠣᠭᠳᠠᠯ ᠪᠥᠬᠦᠶ ᠰᠢᠶᠠᠩ ᠪᠠᠯᠭᠠᠰᠤ ᠰᠤᠮᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠠᠯᠪᠠᠨ ᠬᠡᠷ︶᠂ ᠬᠤᠰᠢᠭᠤᠨ ᠤ ᠣᠶ ᠰᠢᠭᠤᠶ  ᠨᠤᠲᠤᠭ ᠪᠡᠯᠴᠢᠭᠡᠷ ᠤᠨ ᠲᠣᠪᠴᠢᠶ᠎ᠠ ᠠᠴᠠ ᠵᠠᠷᠯᠢᠭᠳᠠᠵᠤ ᠪᠠᠶᠢᠭᠠᠳ ᠰᠢᠨᠡᠳᠬᠡᠬᠦ ᠶᠢ ᠨᠢ ᠵᠣᠭᠰᠣᠭᠠᠬᠤ ᠶᠢᠨ ᠬᠠᠮᠲᠤ ᠬᠠᠮᠢᠶ᠎ᠠ ᠪᠥᠬᠦᠶ ᠬᠠᠷᠢᠭᠤᠴᠠᠯᠭ᠎ᠠ ᠶᠢ  ᠨᠡᠬᠡᠮᠵᠢᠯᠡᠬᠦ ᠬᠡᠷᠡᠭᠲᠡᠢ᠄    ︵ᠨᠢᠭᠡ︶ ᠰᠢᠨᠡᠳᠬᠡᠬᠦ ᠣᠷᠣᠨ ᠪᠠᠶᠢᠷᠢ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠪᠤᠶᠤ ᠰᠢᠨᠡᠳᠬᠡᠬᠦ ᠬᠦᠷᠢᠶ᠎ᠡ ᠬᠡᠪᠴᠢᠶ᠎ᠡ ᠶᠢ ᠥᠷᠭᠡᠳᠬᠡᠭᠰᠡᠨ︔    ︵ᠬᠤᠶᠠᠷ︶ ︽ᠲᠠᠷᠢᠮᠠᠯ ᠪᠡᠯᠴᠢᠭᠡᠷ ᠢ ᠰᠢᠨᠡᠳᠬᠡᠬᠦ ᠶᠢ ᠬᠢᠨᠠᠨ ᠵᠥᠪᠰᠢᠶᠡᠷᠡᠭᠰᠡᠨ ᠲᠣᠭᠲᠠᠭᠠᠯ ᠤᠨ ᠪᠢᠴᠢᠭ︾ ᠢ ᠠᠪᠤᠭᠰᠠᠨ ᠤ ᠲᠠᠷᠠᠭ᠎ᠠ ᠠᠯᠤᠰᠯᠠᠬᠤ ᠬᠤᠭᠤᠴᠠᠭ᠎ᠠ ᠨᠢ  ᠭᠦᠢᠴᠡᠭᠰᠡᠨ ᠪᠠᠶᠢᠲᠠᠯ᠎ᠠ ᠮᠥᠨ ᠰᠢᠨᠡᠳᠬᠡᠭᠰᠡᠨ ᠦᠭᠡᠢ︔    ︵ᠭᠤᠷᠪᠠ︶ ᠭᠠᠵᠠᠷ ᠰᠢᠷᠣᠶ ᠶᠢᠨ ᠬᠡᠷᠡᠭᠯᠡᠯᠲᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ᠃    ᠠᠷᠪᠠᠨ ᠨᠠᠢᠮᠠᠳᠤᠭᠠᠷ ᠵᠦᠢᠯ  ᠂ ᠬᠢᠨᠠᠨ ᠵᠥᠪᠰᠢᠶᠡᠷᠡᠭᠦᠯᠦᠭᠰᠡᠨ ᠦᠬᠡᠢ ᠪᠠᠷ ᠲᠠᠷᠢᠮᠠᠯ ᠪᠡᠯᠴᠢᠭᠡᠷ  ᠢ ᠳᠤᠷ᠎ᠠ ᠪᠠᠷ ᠟  ᠢᠶᠠᠨ ᠰᠢᠨᠡᠳᠬᠡᠭᠰᠡᠨ ᠪᠤᠶᠤ ᠲᠣᠭᠲᠠᠭᠠᠯ ᠠᠴᠠ ᠬᠡᠲᠦᠷᠡᠭᠦᠯᠦᠨ ᠰᠢᠨᠡᠳᠬᠡᠭᠰᠡᠨ ᠦᠢᠯᠡ ᠠᠵᠢᠯᠯᠠᠭ᠎ᠠ  ᠶᠢ ᠲᠠᠷᠢᠮᠠᠯ ᠪᠡᠯᠴᠢᠭᠡᠷ  ᠢ ᠬᠠᠤᠯᠢ ᠪᠤᠰᠤ ᠪᠠᠷ ᠬᠠᠭᠠᠯᠪᠤᠷᠢᠯᠠᠭᠰᠠᠨ ᠢᠶᠠᠷ ᠦᠵᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠨᠤᠲᠤᠭ ᠪᠡᠯᠴᠢᠭᠡᠷ  ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ  ᠤᠨ ᠬᠠᠮᠢᠶᠠᠷᠤᠯᠲᠠ  ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ  ᠢ ᠦᠨᠳᠦᠰᠦᠯᠡᠨ ᠴᠢᠩᠭ᠎ᠠ ᠪᠠᠶᠢᠴᠠᠭᠠᠨ  ᠰᠢᠢᠳᠪᠦᠷᠢᠯᠡᠵᠦ᠂ ᠶᠠᠯ᠎ᠠ ᠳᠤ ᠬᠥᠷᠥᠭᠰᠡᠨ ᠢ ᠨᠢ ᠬᠠᠤᠯᠢ ᠴᠠᠭᠠᠵᠠ  ᠶᠢᠨ  ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ  ᠰᠢᠢᠳᠪᠦᠷᠢᠯᠡᠭᠦᠯᠬᠦ ᠬᠡᠷᠡᠭᠲᠡᠶ᠃    ᠵᠢᠷᠭᠤᠳᠤᠭᠠᠷ ᠪᠦᠯᠦᠭ    ᠳᠠᠭᠠᠯᠳᠤᠭᠤᠯᠤᠭᠰᠠᠨ ᠲᠦᠷᠢᠮ    ᠠᠷᠪᠠ ᠶᠢᠰᠦᠳᠦᠭᠡᠷ ᠵᠦᠢᠯ  ᠂ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ  ᠬᠡᠷᠡᠭᠵᠢᠭᠦᠯᠬᠦ ᠬᠡᠷᠡᠭᠲᠡᠢ᠃    ᠬᠤᠷᠢᠳᠤᠭᠠᠷ  ᠵᠦᠢᠯ᠂  ᠲᠣᠰ ᠠᠷᠭ᠎ᠠ ᠶᠢ ᠬᠤᠰᠢᠭᠤᠨ ᠤ ᠣᠶ ᠰᠢᠭᠤᠶ  ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠬᠤ ᠬᠡᠷᠡᠭᠲᠡᠢ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号