| 2021ᠤᠠ ᠤ 3 ᠰᠠᠷ᠎ᠡ ᠶᠢᠨ 5 ᠤ ᠡᠳᠤᠷ ᠠᠥᠬᠠᠠ ᠬᠤᠰᠢᠭᠤᠠ ᠤ ᠠᠷᠪᠠᠠ ᠲᠤᠯᠤᠳᠤᠭᠠᠷ | ᠬᠤᠭᠤᠴᠠᠭᠠᠠ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠠ ᠤ ᠬᠤᠷᠠᠯᠳᠤᠭᠠᠨ | ᠲᠠᠭᠡᠷ᠎ᠡ | ᠠᠥᠬᠠᠠ ᠬᠤᠰᠢᠭᠤᠠ ᠤ ᠠᠷᠠᠳ ᠤᠨ ᠵᠠᠰᠠᠭ ᠤᠨ ᠤᠷᠳᠤᠠ ᠤ ᠬᠤᠰᠢᠭᠤᠠ ᠲᠠᠷᠤᠭ᠎ᠠ ᠢᠥᠢ ᠪᠤᠤ | ᠵᠢᠶᠥ᠋ᠨ | | | ᠲᠥᠯᠥᠭᠡᠯᠡᠭᠴᠢᠳ ᠡ᠄ | ᠤᠳᠤ ᠪᠢ ᠬᠤᠰᠢᠭᠤᠠ ᠤ ᠠᠷᠠᠳ ᠤᠨ ᠵᠠᠰᠠᠭ ᠤᠨ ᠤᠷᠳᠤᠠ ᠤ ᠡᠮᠤᠨ᠎ᠠ ᠠᠴᠠ ᠶᠡᠭᠡ ᠬᠤᠷᠠᠯ ᠳᠤ ᠠᠵᠢᠯ ᠤᠨ | ᠮᠡᠳᠡᠬᠦᠯᠥᠯᠳᠠ ᠬᠢᠶ᠎ᠠ᠂ ᠬᠢᠨᠠᠠ ᠵᠥᠪᠯᠠᠬᠦ ᠪᠤᠯᠪᠠᠤ᠂ ᠡᠬᠦᠠ ᠤ ᠬᠠᠮᠳᠤ᠂ ᠤᠯᠤᠰ ᠲᠥᠷᠤ ᠶᠢᠨ ᠵᠥᠪᠯᠠᠯᠭᠡᠠ ᠤ | ᠭᠡᠰᠢᠭᠦᠳ ᠪᠤᠯᠤᠠ ᠪᠤᠰᠤᠳ ᠰᠤᠯᠠ ᠤᠷᠤᠯᠴᠠᠬᠰᠠᠠ ᠨᠥᠬᠦᠳ ᠰᠠᠨᠠᠯ ᠲᠤᠷᠠᠳᠤᠭᠠᠷᠠᠢ᠃ | ᠨᠢᠭᠡ᠂ 2020 ᠤᠠ ᠵᠢᠴᠢ ︽ᠠᠷᠪᠠᠨ ᠭᠤᠷᠪᠠᠳᠤᠭᠠᠷ ᠲᠠᠪᠤᠠ ᠵᠢᠯ︾ ᠤᠨ ᠠᠵᠢᠯ ᠤᠨ ᠡᠷᠬᠢᠴᠠᠬᠦᠯᠤᠯ | 2020 ᠣᠨ ᠪᠣᠯ ᠠᠤᠬᠠᠨ ᠬᠤᠰᠢᠭᠤᠨ ᠤ ᠬᠥᠭᠵᠢᠯᠲᠡ ᠶᠢᠨ ᠲᠡᠤᠬᠡᠨ ᠳᠡᠭᠡᠷᠡᠬᠢ ᠲᠦᠢᠯ ᠤᠨ ᠶᠡᠷᠥᠮᠳᠡᠭ | ᠪᠤᠰᠤ᠂ ᠮᠠᠰᠢ ᠬᠠᠲᠠᠭᠤᠵᠢᠯᠲᠠᠶ᠂ ᠮᠠᠷᠲᠠᠭᠳᠠᠰᠢ ᠥᠬᠡᠶ ᠨᠢᠭᠡ ᠵᠢᠯ ᠪᠣᠯᠤᠨ᠎ᠠ᠃ ᠬᠤᠰᠢᠭᠤᠨ ᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠵᠢᠴᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠬᠤᠰᠢᠭᠤᠨ ᠤ | ᠵᠠᠰᠠᠭ ᠤᠨ ᠣᠷᠳᠣᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ | ᠬᠢᠵᠢᠭ ᠢ ᠰᠡᠷᠭᠡᠶᠢᠯᠡᠨ ᠡᠵᠡᠮᠳᠡᠬᠦ ᠪᠤᠯᠤᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ | ᠲᠥᠯᠥᠪᠵᠢᠭᠦᠯᠦᠨ ᠠᠬᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠷ | ᠬᠤᠯᠪᠣᠨ ᠭᠠᠷᠮᠠᠭᠠᠶᠢᠯᠠᠠ ᠲᠠᠪᠰᠢᠵᠤ᠂ ᠬᠦᠴᠢᠷ ᠢ ᠳᠤᠭᠤᠯᠤᠨ ᠪᠣᠭᠤᠮᠲᠠ ᠰᠢᠪᠳᠤᠯᠵᠤ᠂ ᠯᠠᠪᠳᠠᠭᠤᠨ ᠲᠤᠬᠳᠠᠭᠤᠨ | ᠤᠷᠤᠬᠰᠢᠯᠠᠵᠤ ᠢᠷᠡᠵᠡᠢ᠃ ᠪᠥᠬᠦ ᠵᠢᠯ ᠤᠨ ᠣᠷᠣᠨ ᠨᠤᠳᠤᠭ ᠤᠨ ᠥᠢᠯᠠᠳᠪᠤᠷᠢᠯ ᠤᠨ ᠶᠡᠷᠦᠩᠬᠡᠶ ᠥᠷᠲᠡᠭ 146.6 | ᠳ᠋ᠦᠩᠰᠢᠭᠤᠷ ᠲᠥᠭᠦᠷᠢᠭ ᠲᠤ ᠬᠥᠷᠴᠤ᠂ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 2.2% | ᠨᠡᠮᠡᠭᠳᠡᠪᠡ︔ 500 ᠲᠦᠮᠡᠨ ᠲᠥᠭᠦᠷᠢᠭ ᠢ ᠲᠠᠪᠠᠭᠰᠠᠠ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 43.5 | ᠳ᠋ᠦᠩᠰᠢᠭᠤᠷ ᠲᠥᠭᠦᠷᠢᠭ ᠲᠤ ᠬᠦᠷᠴᠦ᠂ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 4 . | 3% ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠰᠤᠯᠨ ᠪᠠᠷ ᠬᠤᠳᠠᠯᠳᠤᠭᠰᠠᠨ ᠶᠠᠷᠤᠩᠭᠡᠢ ᠲᠤᠭ᠎ᠠ 36. | 2 ᠳ᠋ᠦᠩᠰᠢᠭᠤᠷ ᠲᠥᠭᠦᠷᠢᠭ ᠲᠤ ᠬᠦᠷᠴᠦ᠂ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 7.6% | ᠪᠠᠭᠤᠷᠠᠪᠠ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ 4.23 ᠳ᠋ᠦᠩᠰᠢᠭᠤᠷ ᠲᠥᠭᠦᠷᠢᠭ ᠲᠤ | ᠬᠦᠷᠴᠦ᠂ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 3.8% ᠪᠠᠭᠤᠷᠠᠪᠠ︔ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠬᠥᠮᠦᠨ ᠳᠤᠮᠳᠠᠴᠢ ᠬᠤᠪᠢᠶᠠᠷᠯᠠᠵᠦ ᠪᠤᠯᠬᠤᠶᠢᠴᠠ ᠣᠷᠣᠯᠭ᠎ᠠ ᠲᠣᠰ ᠲᠣᠰ 31123 | ᠲᠥᠭᠦᠷᠢᠭ ᠪᠠ 13639 ᠲᠥᠭᠦᠷᠢᠭ ᠲᠤ ᠬᠦᠷᠴᠦ᠂ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 2. | 6% ᠪᠠ 9% ᠨᠡᠮᠡᠭᠳᠡᠪᠡ᠃ | ( ᠨᠢᠭᠡ ) ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠤᠯᠠᠷᠠᠰᠢ ᠦᠭᠡᠢ ᠠᠳᠬᠤᠪᠠ | ᠪᠦᠬᠦ ᠲᠠᠯ᠎ᠠ ᠶᠢ ᠡᠵᠡᠮᠳᠠᠵᠤ᠂ ᠰᠡᠷᠭᠡᠶᠢᠯᠡᠯᠲᠡ ᠶᠢᠨ ᠱᠤᠭᠤᠮ ᠪᠠᠨ ᠪᠠᠳᠤᠵᠢᠭᠤᠯᠪᠡ᠃ ᠬᠢᠵᠢᠭ ᠤᠨ ᠪᠠᠶᠢᠳᠠᠯ ᠢ | ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ᠂ ᠬᠢᠵᠢᠭ ᠢ ᠰᠡᠷᠭᠡᠶᠢᠯᠡᠨ ᠡᠵᠡᠮᠳᠡᠬᠦ ᠵᠢᠯᠤᠭᠤᠥᠡᠬᠤ | ᠭᠠᠵᠡᠷ ᠶᠢ ᠦᠳᠲᠡᠷ ᠲᠦᠷᠭᠡᠨ ᠪᠠᠶᠢᠭᠤᠯᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠤᠨ | ᠲᠣᠭᠲᠠᠴᠠ ᠶᠢ ᠪᠥᠷᠢᠯᠳᠥᠬᠦᠯᠪᠡ᠃ ᠵᠠᠮ ᠬᠠᠷᠢᠯᠴᠠᠭᠠᠨ ᠤ ᠭᠤᠤᠯ ᠱᠤᠭᠤᠮ᠂ ᠰᠠᠭᠤᠭᠠᠯᠢ ᠲᠣᠭᠤᠷᠢᠭ ᠤᠨ | ᠨᠡᠪᠲᠡᠷᠡᠬᠦ ᠵᠠᠮ᠂ ᠠᠶᠢᠯ ᠲᠣᠰᠬᠤᠨ ᠤ ᠤᠷᠤᠵᠦ ᠭᠠᠷᠬᠤ ᠵᠠᠮ ᠲᠠᠭᠡᠷ᠎ᠠ ᠬᠠᠷᠠᠭᠤᠯ ᠴᠡᠭ 1477᠂ ᠵᠢᠵᠢᠬᠦᠷᠯᠡᠭᠴᠢ | 4219 ᠬᠥᠮᠤᠠ ᠲᠣᠬᠢᠷᠠᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠳᠤ ᠪᠢᠳᠡᠭᠦᠮᠵᠢᠯᠡᠭᠰᠡᠨ | ᠬᠠᠮᠢᠶᠠᠷᠤᠯᠳᠠ ᠶᠠᠪᠤᠭᠤᠯᠵᠤ᠂ ᠬᠢᠵᠢᠭ ᠲᠠᠷᠬᠠᠬᠤ ᠠᠶᠤᠯ ᠲᠦᠭᠰᠢᠭᠦᠷᠢ ᠶᠢ ᠪᠦᠲᠦᠮᠵᠢᠲᠡᠶ ᠪᠠᠭᠠᠰᠬᠠᠪᠠ᠃ | ᠪᠦᠬᠦ ᠰᠡᠳᠬᠢᠯ ᠢᠶᠠᠷ ᠠᠷᠠᠳ ᠲᠤ ᠥᠢᠯᠠᠴᠢᠯᠠᠵᠤ᠂ ᠬᠠᠮᠤᠭ ᠤᠨ ᠥᠠᠳᠤᠰᠤᠨ ᠱᠠᠭᠠᠷᠳᠠᠯᠭ᠎ᠠ ᠭᠡᠷᠡᠭᠴᠡᠭᠡ ᠶᠢ | ᠪᠠᠳᠤᠯᠠᠪᠠ᠃ ᠬᠢᠵᠢᠭ ᠢ ᠰᠡᠷᠭᠡᠶᠢᠯᠡᠨ ᠡᠵᠡᠮᠳᠠᠬᠦ ᠳᠤ ᠡᠳ᠋ ᠤᠨ ᠵᠠᠰᠠᠭ ᠤᠨ ᠪᠠᠯᠠ ᠮᠥᠩᠭᠦ ᠨᠠᠶᠢᠳᠠ 6575 ᠲᠦᠮᠡᠨ | ᠲᠥᠭᠦᠷᠢᠭ ᠵᠠᠷᠤᠴᠠᠭᠤᠯᠪᠠ᠃ ᠮᠢᠬ᠎ᠠ ᠲᠤᠰᠤ᠂ ᠠᠮᠤ ᠪᠤᠳᠠᠭ᠎ᠠ᠂ ᠢᠳᠠᠰᠢᠨ ᠨᠤᠭᠤᠭ᠎ᠠ ᠵᠠᠷᠭᠡ ᠶᠢᠨ ᠦᠢᠯᠡᠳᠪᠦᠷᠢᠯᠡᠯ᠂ | ᠭᠦᠢᠯᠭᠡᠭᠡ ᠪᠠ ᠬᠠᠩᠭᠠᠯᠭ᠎ᠠ ᠶᠢ ᠪᠦᠬᠦ ᠬᠥᠴᠤᠨ ᠢᠶᠠᠷ ᠪᠠᠲᠤᠯᠠᠵᠤ᠂ ᠪᠢᠲᠡᠭᠦᠮᠵᠢᠯᠡᠨ ᠬᠠᠮᠢᠶᠠᠷᠬᠤ | ᠬᠤᠭᠤᠴᠠᠭᠠᠨ ᠳᠠᠬᠢ ᠠᠷᠠᠳ ᠤᠨ ᠠᠮᠢᠳᠤᠷᠠᠯ ᠤᠨ ᠭᠡᠷᠡᠭᠰᠡᠯ ᠤᠨ ᠡᠳ᠋ ᠪᠠᠷᠠᠭ᠎ᠠ ᠶᠢ ᠬᠥᠢᠴᠠᠳ ᠬᠠᠩᠭᠠᠵᠤ᠂ ᠦᠨ᠎ᠡ | ᠬᠠᠩᠰᠢ ᠶᠢ ᠲᠣᠭᠲᠠᠭᠤᠨ ᠪᠠᠶᠢᠯᠭᠠᠪᠠ᠃ ᠡᠮᠴᠢᠯᠡᠭᠡᠨ ᠤ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ | ᠨᠡᠮᠡᠭᠳᠡᠭᠦᠯᠵᠦ᠂ ᠪᠥᠭᠡᠮ ᠬᠦᠴᠢᠯ ᠤᠨ ᠪᠠᠶᠢᠴᠠᠭᠠᠯᠳᠠ ᠶᠢ ᠪᠦᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ | ᠠᠴᠠ ᠤᠷᠢᠳᠴᠢᠯᠠᠠ ᠶᠠᠪᠤᠬᠳᠠᠭᠤᠯᠵᠤ᠂ ᠨᠡᠶᠢᠲᠡ 5.54 ᠲᠦᠮᠡᠨ ᠬᠥᠮᠦᠨ ᠤᠳᠠᠭᠠᠨ ᠤ ᠪᠥᠭᠡᠮ ᠬᠥᠴᠢᠯ ᠤᠨ | ᠪᠠᠶᠢᠴᠠᠭᠠᠯᠳᠠ ᠶᠢ ᠲᠠᠭᠤᠰᠬᠠᠪᠡ᠃ | ︽ᠬᠤᠤᠰ ᠱᠤᠭᠤᠮ︾ ᠢ ᠪᠥᠬᠦ ᠲᠠᠯ᠎ᠠ ᠪᠠᠷ ᠨᠢᠭᠡᠳᠦᠯᠲᠡᠶ ᠲᠥᠯᠥᠪᠯᠡᠨ ᠪᠣᠳᠠᠲᠠᠶ ᠠᠳᠬᠤᠪᠠ᠃ ᠰᠡᠷᠭᠡᠶᠢᠯᠡᠨ | ᠡᠵᠡᠮᠳᠡᠬᠦ ᠠᠷᠭ᠎ᠠ ᠪᠤᠳᠤᠯᠭ᠎ᠠ ᠪᠠᠨ ᠴᠠᠭ ᠲᠤᠬᠠᠢ ᠳᠤᠨᠢ ᠵᠤᠬᠢᠴᠠᠭᠤᠯᠵᠤ᠂ ᠠᠵᠢᠯ ᠦᠢᠯᠡᠳᠪᠦᠷᠢᠯᠡᠯ ᠤᠨ ᠰᠡᠷᠬᠦᠭᠡᠯᠳᠡ | ᠶᠢ ᠡᠮᠬᠢ ᠲᠢᠭᠯᠢᠮ ᠲᠠᠢ ᠲᠥᠯᠬᠢᠨ ᠠᠬᠢᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠤᠷᠢᠯᠠᠠ ᠠᠰᠢᠭ | ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ 2.3 ᠳ᠋ᠦᠩᠰᠢᠭᠤᠷ ᠲᠥᠭᠦᠷᠢᠭ ᠤᠨ | ᠭᠠᠶᠢᠯᠢ ᠰᠦᠢᠳᠬᠡᠯ ᠢ ᠪᠠᠭᠠᠰᠬᠠᠵᠤ ᠪᠠᠭᠤᠷᠠᠭᠤᠯᠪᠡ᠃ ᠭᠤᠤᠯᠳᠠᠯᠭᠠᠳᠦ ᠠᠵᠢᠯ ᠲᠥᠷᠥᠯ ᠪᠠ ᠬᠠᠮᠳᠤ ᠤᠯᠠᠠ ᠢ | ᠰᠠᠶᠢᠳᠤᠷ ᠬᠠᠪᠰᠤᠷᠤᠨ ᠲᠠᠳᠬᠦᠵᠤ᠂ 2.05 ᠳ᠋ᠥᠩᠰᠢᠭᠤᠷ ᠲᠥᠭᠦᠷᠢᠭ ᠤᠨ ᠲᠠᠳᠬᠦᠮᠵᠢ ᠮᠥᠩᠬᠦ ᠲᠠᠷᠬᠠᠭᠠᠪᠠ᠃ | ᠲᠠᠭᠡᠳᠦ ᠱᠠᠳᠤᠠ ᠠᠴᠠ ᠡᠳ᠋ ᠤᠨ ᠵᠠᠰᠠᠭ ᠤᠨ ᠴᠢᠨᠠᠷᠳᠠᠢ ᠨᠥᠬᠦᠪᠥᠷᠢ ᠮᠥᠩᠬᠦ 17.2 ᠳ᠋ᠥᠩᠰᠢᠭᠤᠷ ᠲᠥᠭᠦᠷᠢᠭ | ᠴᠢᠷᠮᠠᠶᠢᠨ ᠤᠯᠵᠦ᠂ ᠭᠤᠤᠯᠳᠠᠭᠤ ᠵᠠᠬ᠎ᠠ ᠳᠡᠯᠭᠡᠭᠦᠷ ᠤᠨ ᠭᠤᠣᠯ ᠴᠣᠭᠴᠠ᠂ ᠠᠵᠢᠯ ᠣᠯᠭᠤᠯᠲᠠ᠂ ᠠᠷᠠᠳ ᠤᠨ | ᠠᠮᠢᠳᠤᠷᠠᠯ ᠢ ᠪᠠᠳᠤᠯᠠᠬᠤ ᠳᠤ ᠵᠠᠷᠤᠴᠠᠭᠤᠯᠪᠠ᠃ | ᠪᠦᠬᠦ ᠶᠠᠪᠤᠴᠠ ᠶᠢ ᠬᠠᠮᠢᠶᠠᠷᠤᠠ ᠡᠵᠡᠮᠳᠠᠵᠤ᠂ ᠬᠤᠷᠢᠭ᠎ᠠ ᠱᠤᠭᠤᠮ ᠢ ᠴᠢᠩᠭ᠎ᠠ ᠰᠠᠬᠢᠪᠠ᠃ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠪᠠᠨ ᠪᠠᠶᠢᠩᠭᠤᠵᠢᠭᠤᠯᠵᠤ ᠂ ︽ᠲᠠᠪᠤᠨ ᠡᠷᠦᠬᠡ ᠬᠤᠯᠪᠣᠭᠠᠯᠠᠨ ᠪᠠᠲᠤᠯᠠᠬᠤ᠂ ᠠᠷᠪᠠᠨ | ᠡᠷᠦᠬᠡ ᠬᠠᠮᠳᠤᠷᠠᠠ ᠰᠡᠷᠭᠡᠶᠢᠯᠡᠬᠦ︾ ᠨᠠᠷᠢᠯᠢᠭ ᠤᠨᠤᠪᠴᠢᠳᠠᠢ ᠬᠠᠮᠢᠶᠠᠷᠤᠨ ᠡᠵᠡᠮᠳᠡᠬᠦ ᠠᠷᠭ᠎ᠠ ᠶᠢ ᠰᠢᠨᠡᠴᠢᠯᠡᠨ | ᠬᠡᠷᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠬᠦᠷᠭᠡ ᠬᠠᠷᠢᠭᠤᠴᠠᠯᠭ᠎ᠠ ᠪᠠᠨ ᠲᠠᠰ ᠲᠠᠰ ᠪᠠᠷ | ᠪᠠᠳᠤᠵᠢᠭᠤᠯᠤᠨ ᠨᠠᠶᠢᠳᠠᠪᠤᠷᠢᠵᠢᠭᠤᠯᠪᠡ᠃ ︽ᠭᠠᠳᠠᠨ᠎ᠠ ᠠᠴᠠ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ︾ ︽ | ᠬᠥᠮᠤᠠ ᠪᠤᠳᠠᠰ ᠤᠨ ᠬᠠᠯᠳᠠᠪᠤᠷᠢᠯᠠᠯ ᠢ ᠬᠠᠮᠳᠤ ᠳᠤᠨᠢ ᠰᠡᠷᠭᠡᠶᠢᠯᠡᠬᠦ︾ ᠠᠷᠭ᠎ᠠ ᠭᠡᠮᠵᠢᠶ᠎ᠠ ᠶᠢ ᠲᠤᠶᠢᠯᠠᠪᠤᠷᠢᠳᠡᠢ | ᠭᠡᠷᠡᠭᠵᠢᠬᠦᠯᠵᠥ᠂ ᠭᠤᠤᠯᠳᠠᠯᠭᠠᠳᠤ ᠬᠥᠮᠦᠰ ᠤᠨ ᠬᠠᠮᠢᠶᠠᠷᠤᠯᠲᠠ᠂ ᠠᠵᠢᠯ ᠥᠢᠯᠠᠳᠪᠤᠷᠢᠯᠠᠯ ᠰᠤᠷᠤᠯᠭ᠎ᠠ ᠶᠢᠨ | ᠰᠠᠷᠬᠦᠭᠡᠯᠳᠠ ᠶᠢᠨ ᠬᠠᠮᠢᠶᠠᠷᠤᠯᠳᠠ᠂ ᠬᠥᠯᠳᠠᠬᠦᠤ ᠢᠳᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠴᠢᠩᠭ᠎ᠠ | ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ | ᠵᠢᠱᠢᠶ᠎ᠡ ᠡᠬᠦᠰᠥᠭᠰᠡᠨᠥᠬᠡᠶ᠃ | ︵ᠬᠤᠶᠠᠷ︶ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶ ᠠᠬᠢᠭᠤᠯᠪᠠ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠰᠢᠢᠳᠪᠦᠷᠢᠲᠦ ᠴᠢᠨᠠᠷᠲᠠᠢ ᠠᠮᠵᠢᠯᠲᠠ | ᠤᠯᠪᠠ᠃ ᠪᠦᠬᠦ ᠵᠢᠯ ᠳᠤ ᠡᠯ᠎ᠡ ᠲᠥᠷᠥᠯ ᠤᠨ ᠶᠠᠳᠠᠭᠤ ᠶᠢ ᠲᠡᠥᠡᠭᠦᠬᠦ ᠪᠠᠯᠠ ᠮᠥᠩᠭᠦ 7.2 ᠳ᠋ᠦᠩᠰᠢᠭᠤᠷ ᠲᠥᠭᠦᠷᠢᠭ | ᠲᠤ ᠬᠥᠷᠴᠤ᠂ ᠠᠵᠤ ᠥᠢᠯᠠᠰ ᠢᠶᠠᠷ ᠶᠠᠳᠠᠭᠤ ᠶᠢ ᠲᠡᠳᠬᠦᠬᠦ᠂ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ | ᠂ ᠤᠤᠡᠭᠤᠬᠤ ᠤᠰᠤᠨ ᠤ ᠠᠶᠤᠯᠬᠦᠢ ᠶᠢ ᠪᠠᠳᠤᠯᠠᠬᠤ ᠵᠡᠷᠭᠡ ᠲᠠᠯ᠎ᠠ ᠵᠢᠨᠲ᠋ᠤᠲᠠᠭᠤᠳᠠᠯ ᠢᠶᠠᠨ ᠨᠥᠬᠦᠪᠤᠷᠢᠯᠠᠠ | ᠪᠠᠬᠢᠵᠢᠭᠦᠯᠵᠦ᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ | ᠠᠵᠢᠯ ᠣᠯᠭᠤᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠰᠠᠶᠢᠳᠤᠷ ᠨᠠᠶᠢᠳᠠᠪᠤᠷᠢᠵᠢᠭᠤᠯᠪᠠ᠃ ᠲᠥᠪ ᠤᠨ ᠰᠢᠭᠤᠳ | ᠬᠠᠷᠢᠶ᠎ᠠ ᠪᠠᠶᠢᠭᠤᠯᠭ᠎ᠠ᠂ ᠪᠡᠭᠡᠵᠢᠩ ᠬᠤᠲᠠ ᠶᠢᠨ ᠬᠠᠢ ᠳ᠋ᠢᠶᠠᠠ ᠲᠣᠭᠤᠷᠢᠭ ᠴᠢᠩ ᠰᠠᠳᠬᠢᠯ ᠠᠴᠠ ᠪᠠᠨ ᠬᠠᠪᠰᠤᠷᠤᠨ | ᠲᠡᠳᠬᠦᠵᠦ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠶ ᠠᠩᠭᠢ᠂ ᠤᠯᠠᠭᠠᠨᠬᠠᠳᠠ ᠬᠤᠲᠠ ᠶᠢᠨ ᠠᠬᠢᠭᠤᠯᠬᠤ | ᠳᠤᠭᠤᠶᠢᠯᠠᠩ ᠪᠥᠬᠦ ᠬᠦᠴᠦᠨ ᠢᠶᠠᠷ ᠢᠶᠠᠨ ᠬᠠᠪᠰᠤᠷᠤᠨ ᠲᠤᠰᠠᠯᠠᠵᠤ᠂ ᠪᠥᠬᠦ ᠬᠤᠰᠢᠭᠤᠨ ᠤ ᠶᠠᠳᠠᠭᠤ ᠠᠴᠠ | ᠠᠩᠬᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠳᠤ ᠯᠤᠳᠦ ᠶᠡᠭᠡ ᠲᠥᠯᠬᠢᠴᠠ ᠬᠦᠴᠦᠨ ᠨᠡᠮᠡᠷᠢᠯᠡᠵᠡᠢ᠃ ᠪᠥᠬᠦ | ᠬᠤᠰᠢᠭᠤᠨ ᠤ ᠦᠯᠡᠳᠡᠵᠦ ᠪᠠᠶᠢᠭ᠎ᠠ 3122 ᠶᠠᠳᠠᠭᠤ ᠠᠴᠠ ᠠᠩᠬᠢᠵᠢᠷᠠᠭᠠ ᠦᠭᠡᠢ ᠬᠥᠮᠦᠨ ᠠᠮᠠ ᠶᠢ ᠪᠦᠬᠦᠨ ᠢ | ᠶᠠᠳᠠᠭᠤ ᠠᠴᠠ ᠨᠢ ᠠᠩᠬᠢᠵᠢᠷᠠᠭᠤᠯᠵᠤ᠂ ᠶᠠᠳᠠᠭᠤ ᠠᠴᠠ ᠠᠩᠬᠢᠵᠢᠷᠠᠭᠰᠠᠨ 3.28 ᠲᠦᠮᠡᠨ ᠬᠥᠮᠦᠨ ᠠᠮᠠ᠂ | ᠶᠠᠳᠠᠭᠤᠷᠠᠬᠤ ᠪᠤᠯᠤᠮᠵᠢ ᠲᠠᠢ 2514 ᠬᠥᠮᠦᠨ ᠠᠮᠠ ᠳᠠᠬᠢᠨ ᠶᠠᠳᠠᠭᠤᠷᠠᠬᠤ ᠪᠠᠶᠢᠳᠠᠯ ᠭᠠᠷᠤᠬᠰᠠᠠ ᠥᠭᠡᠢ᠃ | ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢ ᠬᠢᠨᠠᠨ ᠰᠢᠯᠭᠠᠷᠠᠭᠤᠯᠬᠤ᠂ ᠳᠡᠩᠰᠡᠯᠡᠨ | ᠺᠠᠷᠲᠯᠠᠭᠰᠠᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠪᠠᠶᠢᠴᠠᠭᠠᠬᠤ ᠵᠡᠷᠭᠡ ᠠᠵᠢᠯ ᠢ ᠥᠠᠳᠤᠷ ᠶᠠᠰᠤ ᠴᠢᠨᠠᠷ | ᠲᠠᠢ ᠪᠡᠶᠡᠯᠡᠬᠦᠯᠵᠤ᠂ ᠤᠯᠤᠰ ᠤᠨ ᠬᠢᠨᠠᠯᠳᠠ ᠪᠠᠶᠢᠴᠠᠭᠠᠯᠳᠠ ᠶᠢ ᠤᠷᠤᠬᠰᠢᠳᠠᠢ ᠥᠩᠭᠡᠷᠡᠬᠦᠯᠪᠡ᠃ ᠮᠠᠨ ᠤ | ᠬᠤᠰᠢᠭᠤ ᠨᠢ ᠪᠥᠬᠦ ᠤᠯᠤᠰ ᠤᠨ ᠴᠣᠷ ᠤᠨ ᠭᠠᠭᠴᠠ ᠬᠡᠷᠡᠯ ᠤᠨ ᠡᠨᠧᠷᠭᠢ ᠶᠢᠨ ᠠᠵᠤ ᠥᠢᠯᠠᠰ ᠢᠶᠠᠷ ᠶᠠᠳᠠᠭᠤ ᠶᠢ | ᠲᠡᠳᠬᠦᠬᠦ ᠲᠥᠷᠥᠯ ᠵᠥᠢᠯ ᠤᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠤᠢ ᠰᠢᠭᠤᠢ ᠶᠢᠨ ᠠᠷᠠᠯᠵᠢᠶᠠᠨ ᠤ | ᠲᠤᠷᠰᠢᠯᠲᠠ ᠶᠢᠨ ᠬᠤᠰᠢᠭᠤ ᠪᠠᠷ ᠲᠤᠬᠳᠠᠭᠠᠬᠳᠠᠪᠠ᠃ ᠠᠤᠬᠠᠨ ᠤ ᠨᠠᠷᠢᠮᠤ ᠪᠠᠷ ᠲᠥᠯᠥᠭᠡᠯᠡᠭᠦᠯᠦᠭᠰᠡᠨ ᠬᠠᠭᠤᠷᠠᠶ | ᠲᠠᠷᠢᠶᠠᠯᠠᠩ ᠪᠠᠷ ᠶᠠᠳᠠᠭᠤ ᠶᠢ ᠲᠠᠳᠬᠦᠭᠰᠡᠨ ᠠᠷᠭ᠎ᠠ ᠮᠠᠶ᠋ᠢᠭ ᠨᠢ ᠪᠥᠬᠦ ᠪᠥᠮᠪᠥᠷᠴᠡᠭ ᠤᠨ ᠶᠠᠳᠠᠭᠤᠷᠠᠯ ᠢ ᠪᠠᠭᠠᠰᠬᠠᠬᠰᠠᠠ | ᠬᠠᠮᠤᠭ ᠰᠢᠯᠢᠳᠡᠭ ᠵᠢᠱᠢᠶ᠎ᠡ ᠳᠤ ᠰᠣᠩᠭᠤᠭᠳᠠᠪᠠ᠃ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠪᠠ᠃ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠠ ᠪᠠᠶᠢᠴᠭᠠᠯᠳᠠ ᠵᠢᠴᠢ ︽ᠡᠷᠬᠢᠨ | ᠬᠠᠷᠠᠬᠤ︾ ᠳᠤ ᠬᠠᠷᠢᠭᠤ ᠲᠤᠰᠬᠠᠭᠰᠠᠨᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠦᠨᠳᠦᠰᠦᠨ ᠳᠡᠭᠡᠨ | ᠪᠡᠶᠡᠯᠡᠭᠦᠯᠵᠦ᠂ ᠡᠯ᠎ᠡ ᠲᠥᠷᠥᠯ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ 158 ᠢᠵᠢ | ᠶᠡᠷᠦᠩᠬᠡᠶᠢᠯᠡᠨ ᠵᠠᠰᠠᠵᠤ ᠴᠡᠭᠴᠡᠯᠡᠪᠠ᠃ ᠰᠢᠨ ᠬᠤᠶ ᠬᠤᠲᠠ ᠲᠣᠭᠤᠷᠢᠭ ᠳᠠᠬᠢ 10 ᠲᠣᠨ ᠠᠴᠠ ᠲᠤᠷᠤᠭᠰᠢ | ᠠᠭᠤᠷᠰᠢᠯᠲᠠ ᠶᠢᠨ ᠬᠡᠮᠵᠢᠶ᠎ᠡ ᠲᠠᠢ ᠨᠡᠭᠦᠷᠡᠰᠦ ᠰᠢᠲᠠᠭᠠᠬᠤ ᠰᠢᠳᠠᠭᠠᠯᠭ᠎ᠠ ᠶᠢᠨ ᠵᠤᠤᠬ᠎ᠠ ᠶᠢ ᠪᠦᠬᠦᠨ ᠢ ᠤᠰᠠᠳᠬᠠᠵᠤ᠂ | ᠪᠠᠶᠢᠰᠢᠩ ᠳᠤ ᠰᠠᠭᠤᠭ᠎ᠠ 2015 ᠰᠠᠭᠤᠭᠠᠯᠢ ᠡᠷᠤᠭᠡ ᠶᠢᠨ ᠲᠤᠯᠠᠭᠠᠯᠠᠭ᠎ᠠ ᠶᠢᠨ ᠲᠥᠬᠦᠭᠡᠷᠥᠮᠵᠢ ᠶᠢ ᠥᠭᠡᠷᠡᠴᠢᠯᠠᠨ | ᠰᠠᠶᠢᠵᠢᠷᠠᠭᠤᠯᠵᠤ᠂ ᠲᠠᠷᠠᠬᠠᠶ ᠪᠤᠲᠠᠷᠬᠠᠶ ᠪᠤᠵᠠᠷ ᠪᠤᠬᠢᠷᠳᠤᠯ ᠲᠠᠢ 13 ᠠᠵᠤ ᠠᠬᠤᠶᠢᠯᠠᠯ ᠢ ᠵᠢᠭᠰᠠᠭᠠᠨ ᠪᠠᠶᠢᠴᠠᠭᠠᠵᠦ | ᠬᠦᠴᠦᠨ ᠥᠬᠡᠶ ᠪᠤᠯᠭᠠᠵᠤ᠂ ᠪᠥᠬᠦ ᠵᠢᠯ ᠤᠨ ᠠᠭᠠᠷ ᠨᠢ ᠰᠢᠯᠢᠳᠡᠭ ᠡᠳᠦᠷ ᠤᠨ ᠲᠤᠭ᠎ᠠ 298 ᠪᠤᠯᠪᠠ᠃ | ᠯᠤᠤᠬ᠎ᠠ ᠶᠢᠨ ᠭᠤᠤᠯ ᠤᠨ ᠤᠷᠤᠰᠬᠠᠯ ᠲᠠᠭᠠᠤ ᠤᠷᠤᠨ ᠢ ᠴᠡᠭᠴᠡᠯᠡᠨ ᠵᠠᠰᠠᠬᠤ ︽ᠭᠤᠷᠪᠠᠨ ᠵᠢᠯ ᠤᠨ ᠠᠵᠢᠯᠯᠠᠭᠠᠨ ᠤ | ᠲᠥᠯᠥᠪᠯᠡᠭᠡ︾ ᠶᠢ ᠭᠦᠨᠵᠡᠭᠡᠶ ᠠᠬᠢᠭᠤᠯᠵᠤ᠂ 5 ᠰᠢᠶᠠᠩ ᠪᠠᠯᠭᠠᠰᠤᠨ ᠤ ᠬᠠᠶᠠᠬᠳᠠᠮᠠᠯ ᠤᠰᠤ ᠰᠢᠢᠳᠪᠤᠷᠢᠯᠠᠬᠦ | ᠥᠷᠲᠡᠭᠡ ᠶᠢ ᠪᠠᠶᠢᠭᠤᠯᠤᠨ ᠳᠠᠭᠤᠰᠬᠠᠵᠤ ᠲᠣᠬᠢᠷᠠᠭᠤᠯᠤᠨ ᠲᠤᠷᠰᠢᠪᠠ᠃ ︽ᠭᠤᠤᠯ ᠤᠨ ᠳᠠᠷᠤᠭ᠎ᠠ ᠶᠢᠨ ᠲᠦᠷᠢᠮ︾ ᠢ | ᠴᠢᠩᠭ᠎ᠠ ᠨᠠᠶᠢᠳᠠᠪᠤᠷᠢᠵᠢᠭᠤᠯᠵᠤ᠂ ᠭᠤᠤᠯ ᠤᠨ ᠬᠡᠪᠡᠯᠢ ᠶᠢᠨ ︿︿ᠳᠥᠷᠪᠡᠨ ᠡᠮᠬᠢ ᠪᠤᠰᠤ﹀﹀ ᠪᠠᠶᠢᠳᠠᠯ ᠢ ᠴᠢᠩᠭ᠎ᠠ | ᠴᠡᠭᠴᠡᠯᠡᠵᠦ᠂ 320 ᠺᠢᠯᠥᠮᠧᠲᠷ ᠭᠤᠤᠯ ᠤᠨ ᠭᠡᠪᠡᠯᠢ ᠶᠢ ᠵᠠᠰᠠᠵᠤ ᠴᠡᠪᠡᠷᠯᠡᠪᠡ᠃ ᠬᠠᠲᠠᠭᠤ ᠪᠡᠶᠡᠲᠦ ᠬᠠᠶᠠᠭᠳᠠᠮᠠᠯ | ᠪᠣᠳᠠᠰ ᠢᠯᠭᠠᠷᠠᠭᠤᠯᠬᠤ 71 ᠭᠤᠤᠯᠳᠠᠯᠭᠠᠳᠤ ᠨᠢᠭᠡᠴᠡ ᠶᠢ ᠥᠪᠡᠷᠲᠡᠭᠡᠨ ᠵᠠᠰᠠᠬᠤ ᠣᠷᠣᠨ ᠤ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠳᠤ ᠤᠷᠤᠭᠤᠯᠪᠡ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠦᠷᠭᠦᠯᠵᠢᠯᠡᠨ | ᠴᠢᠩᠭ᠎ᠠ ᠬᠠᠮᠢᠶᠠᠷᠤᠨ ᠡᠵᠡᠮᠳᠠᠵᠤ᠂ ᠬᠢᠮᠢ ᠶᠢᠨ ᠪᠣᠷᠲᠣᠭᠤᠷ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠥᠩᠭᠡᠷᠡᠭᠰᠡᠨ ᠤ | ᠠᠳᠠᠯᠢ ᠬᠤᠭᠤᠴᠠᠭᠠᠨ ᠤ ᠬᠢ ᠠᠴᠠ ᠲᠣᠰ ᠲᠣᠰ 20.36% ᠪᠠ 10.56% ᠪᠠᠭᠠᠰᠪᠠ᠃ ᠮᠠᠯ ᠵᠢᠭᠦᠷᠲᠡᠨ | ᠲᠡᠵᠢᠭᠡᠨ ᠠᠷᠠᠴᠢᠯᠠᠬᠤ ᠬᠤᠷᠢᠭᠠᠳᠤ ᠤᠷᠤᠨ ᠢ ᠵᠠᠭᠠᠬᠯᠠᠠ ᠲᠣᠭᠲᠠᠭᠠᠵᠤ᠂ ᠲᠠᠵᠢᠭᠡᠪᠤᠷᠢ ᠶᠢᠨ ᠪᠠᠭᠠᠰᠤ ᠰᠢᠩᠭᠡᠭ᠂ | ᠬᠠᠶᠠᠬᠳᠠᠮᠠᠯ ᠭᠡᠭᠡᠭᠳᠡᠮᠡᠯ ᠪᠤᠳᠠᠰ ᠢ ᠶᠡᠷᠦᠩᠬᠡᠶᠢᠯᠡᠨ ᠠᠰᠢᠭᠯᠠᠭᠰᠠᠨ ᠨᠣᠷᠮ᠎ᠠ 76 % ᠳᠤ ᠬᠦᠷᠪᠡ᠃ | ᠠᠶᠤᠯ ᠲᠦᠭᠰᠢᠭᠦᠷᠢ ᠶᠢ ᠰᠠᠷᠭᠡᠶᠢᠯᠠᠨ ᠵᠠᠶᠢᠯᠠᠭᠤᠯᠬᠤ ᠠᠵᠢᠯ ᠱᠠᠳᠤᠴᠢ ᠴᠢᠨᠠᠷᠲᠠᠢ ᠠᠮᠵᠢᠯᠳᠠ ᠤᠯᠪᠡ᠃ | ᠥᠷᠢ ᠥᠭᠴᠡᠭᠡ ᠶᠢ ᠲᠠᠬᠢᠵᠤ ᠨᠢᠭᠡᠳᠭᠡᠬᠦ᠂ ᠠᠪᠴᠠᠭᠠᠨ ᠤ ᠡᠷᠬᠡ ᠶᠢ ᠰᠣᠯᠢᠬᠤ᠂ ᠬᠡᠯᠡᠯᠴᠡᠭᠡᠷ ᠬᠢᠵᠦ | ᠦᠨ᠎ᠡ ᠪᠠᠭᠤᠷᠠᠭᠤᠯᠬᠤ᠂ ᠰᠤᠯᠠ ᠪᠠᠶᠢᠭ᠎ᠠ ᠤᠯᠤᠰ ᠤᠨᠥᠮᠴᠢᠯᠡᠯᠳᠤ ᠡᠳ᠋ ᠬᠥᠷᠥᠩᠭᠡ ᠶᠢ ᠰᠢᠢᠳᠪᠦᠷᠢᠯᠡᠬᠦ ᠵᠡᠷᠭᠡ | ᠠᠷᠭ᠎ᠠ ᠬᠡᠯᠪᠡᠷᠢ ᠪᠠᠷ ᠳᠠᠮᠵᠢᠭᠤᠯᠤᠨ᠂ ᠵᠠᠰᠠᠭ ᠤᠨ ᠣᠷᠳᠣᠨ ᠤ ᠨᠢᠭᠤᠬᠳᠠᠮᠠᠯ ᠥᠷᠢ ᠰᠢᠷᠢ ᠶᠢ 4.86 ᠳ᠋ᠥᠩᠰᠢᠭᠤᠷ | ᠲᠥᠭᠦᠷᠢᠭ ᠰᠢᠢᠳᠪᠤᠷᠢᠯᠠᠵᠦ᠂ ᠪᠡᠯᠡ ᠮᠥᠩᠭᠦ ᠠᠷᠪᠢᠯᠠᠭᠰᠠᠨ ᠨᠣᠷᠮ᠎ᠠ 20% ᠳᠤ ᠬᠥᠷᠪᠡ᠃ ᠮᠥᠩᠭᠦᠨ | ᠭᠦᠢᠯᠭᠡᠭᠡᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠮᠥᠩᠭᠦᠨ ᠭᠦᠢᠯᠭᠡᠭᠡᠨ ᠤ ᠢᠳᠡᠭᠡᠮᠵᠢᠳᠤ ᠦᠢᠯᠡᠴᠢᠯᠡᠭᠡᠨ ᠤ | ᠲᠥᠪ ᠢ ᠪᠠᠶᠢᠭᠤᠯᠵᠦ᠂ ᠡᠷᠡᠭᠦᠯ ᠪᠤᠰᠤ ᠵᠢᠭᠡᠯᠡᠯᠭᠡ ᠶᠢ 9913 ᠲᠦᠮᠡᠨ ᠲᠥᠭᠦᠷᠢᠭ ᠰᠢᠢᠳᠪᠤᠷᠢᠯᠡᠪᠡ᠃ ᠬᠠᠤᠯᠢ | ᠪᠤᠰᠤ ᠪᠠᠷ ᠪᠠᠯᠠ ᠴᠤᠭᠯᠠᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠥᠨᠳᠥᠷ ᠬᠥᠦ ᠲᠠᠢ ᠵᠢᠭᠡᠯᠡᠯᠭᠡ ᠲᠠᠯᠪᠢᠬᠤ | ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮᠵᠢᠳᠦ | ᠴᠢᠨᠠᠷᠲᠠᠶ ᠮᠥᠩᠭᠦᠨ ᠬᠥᠢᠯᠭᠡᠭᠡᠨ ᠤ ᠲᠦᠭᠰᠢᠭᠦᠷᠢ ᠡᠬᠦᠰᠬᠦ ᠶᠢ ᠪᠥᠳᠥᠮᠵᠢᠳᠠᠢ ᠬᠤᠷᠢᠬᠯᠠᠪᠡ᠃ | ︵ᠭᠤᠷᠪᠠ︶ ᠲᠠᠷᠢᠶᠠᠯᠠᠩ ᠥᠢᠯᠠᠳᠪᠤᠷᠢᠯ ᠤᠨ ᠶᠠᠰᠤ ᠴᠢᠨᠠᠷ ᠲᠡᠭᠡᠭᠰᠢᠯᠠᠵᠦ ᠦᠷ᠎ᠡ ᠠᠰᠢᠭ ᠨᠡᠮᠡᠭᠳᠡᠪᠡ | ᠶᠡᠷᠦᠩᠬᠡᠶᠢᠯᠡᠭᠰᠡᠨ ᠦᠷ᠎ᠡ ᠠᠰᠢᠭ ᠲᠣᠭᠲᠠᠭᠤᠨ ᠢᠶᠠᠷ ᠲᠡᠭᠡᠭᠰᠢᠯᠡᠪᠡ᠃ ᠲᠠᠷᠢᠮᠠᠯ ᠤᠨ ᠲᠠᠯᠠᠪᠠᠢ 400 ᠲᠦᠮᠡᠨ | ᠮᠦ ᠳᠤ ᠬᠥᠷᠴᠤ᠂ ᠠᠮᠤ ᠪᠤᠳᠠᠭᠠᠨ ᠤ ᠤᠨᠠᠯᠲᠠ 20.26 ᠳ᠋ᠦᠩᠰᠢᠭᠤᠷ ᠵᠢᠩ ᠳᠤ ᠬᠦᠷᠪᠡ᠃ ᠮᠠᠯᠵᠢᠯ ᠤᠨ ᠣᠨ ᠤ | ᠭᠡᠷ ᠤᠨ ᠲᠡᠵᠢᠭᠡᠪᠦᠷᠢ ᠶᠢᠨ ᠲᠤᠭ᠎ᠠ ᠲᠤᠯᠤᠭᠠᠢ 325.5 ᠲᠥᠮᠨ ᠬᠦᠷᠴᠦ᠂ ᠵᠠᠬ᠎ᠠ ᠲᠠᠯᠭᠡᠬᠦᠷ ᠲᠤ ᠭᠠᠷᠭᠠᠬᠰᠠᠠ | ᠮᠠᠯ ᠤᠨ ᠲᠤᠭ᠎ᠠ ᠲᠤᠯᠤᠭᠠᠢ 389 ᠲᠥᠮᠨ ᠬᠥᠷᠪᠡ᠃ ᠲᠠᠷᠢᠶᠠᠯᠠᠩ ᠤᠨ ᠮᠠᠰᠢᠨ ᠲᠣᠨᠣᠭᠯᠠᠯ ᠤᠨ ᠶᠡᠷᠦᠩᠬᠡᠶ | ᠬᠥᠳᠡᠯᠭᠡᠬᠦ ᠬᠦᠴᠦᠨ 95 ᠲᠦᠮᠡᠨ ᠺᠢᠯᠣᠸᠠᠲ ᠲᠤ ᠬᠦᠷᠴᠦ᠂ ᠮᠠᠰᠢᠨᠴᠢᠯᠠᠯᠲᠠ ᠶᠢᠨ ᠶᠠᠷᠤᠩᠭᠡᠢ ᠬᠢᠷᠢ ᠬᠡᠮᠵᠢᠶ᠎ᠡ 85. | 1% ᠬᠥᠷᠪᠡ᠃ ᠡᠰᠢ ᠰᠦᠷᠡᠯ ᠢ ᠶᠡᠷᠦᠩᠬᠡᠶᠢᠯᠡᠨ ᠠᠰᠢᠬᠯᠠᠬᠰᠠᠠ ᠨᠣᠷᠮ᠎ᠠ 85% ᠬᠥᠷᠪᠡ᠃ ᠬᠤᠷᠰᠢᠭᠰᠠᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠬᠦᠴᠡ 56.7 % ᠬᠦᠷᠪᠡ᠃ | ᠭᠤᠤᠯᠯᠠᠬᠤ ᠠᠵᠤ ᠥᠢᠯᠠᠰ ᠬᠥᠭᠵᠢᠯᠳᠡ ᠶᠢᠨ ᠵᠠᠮ ᠳᠠᠭᠠᠨ ᠯᠠᠪᠳᠠᠭᠤᠨ ᠤᠷᠤᠪᠡ᠃ ᠨᠠᠷᠢᠮᠤ ᠲᠠᠷᠢᠭᠰᠠᠨ | ᠲᠠᠯᠠᠪᠠᠶ 100 ᠲᠦᠮᠡᠨ ᠮᠥ ᠲᠠᠭᠡᠷ᠎ᠠ ᠲᠤᠬᠳᠠᠪᠤᠷᠢᠵᠢᠵᠤ᠂ ᠲᠠᠷᠢᠬᠤ ᠲᠠᠯᠠᠪᠠᠢ ᠮᠢᠩᠭᠠᠨ ᠮᠥ ᠠᠴᠠ ᠲᠠᠪᠠᠭᠰᠠᠠ ᠴᠢᠨᠠᠷ | ᠰᠠᠶᠢᠲᠠᠶ ᠨᠠᠷᠢᠮᠤ ᠶᠢᠨ ᠵᠢᠱᠢᠶ᠎ᠡ ᠦᠵᠡᠭᠦᠯᠬᠦ ᠣᠷᠣᠨ 16 ᠪᠠᠶᠢᠭᠤᠯᠵᠤ᠂ ᠰᠧᠯᠧᠨ ᠡᠯᠪᠡᠭ ᠨᠠᠷᠢᠮᠤ ᠶᠢᠨ ᠰᠠᠭᠤᠷᠢᠨ | ᠭᠠᠵᠠᠷ ᠤᠨ ᠲᠠᠯᠠᠪᠠᠢ 2 ᠲᠦᠮᠡᠨ ᠮᠥ ᠬᠥᠷᠴᠤ᠂ ᠨᠠᠷᠢᠮᠤ ᠠᠮᠤ ᠶᠢᠨ ᠵᠢᠯ ᠤᠨ ᠭᠠᠷᠤᠯᠳᠠ 6.1 ᠳ᠋ᠦᠩᠰᠢᠭᠤᠷ ᠵᠢᠩ | ᠳᠤ ᠬᠥᠷᠴᠠᠢ᠃ ᠲᠥᠬᠦᠭᠡᠷᠦᠮᠵᠢᠲᠦ ᠲᠠᠷᠢᠶᠠᠯᠠᠩ 2.4 ᠲᠦᠮᠡᠨ ᠮᠦ ᠰᠢᠨ᠎ᠠ ᠪᠠᠷ ᠪᠠᠶᠢᠭᠤᠯᠵᠤ᠂ ᠥᠩᠭᠡᠷᠡᠭᠰᠡᠨ ᠤ | ᠠᠳᠠᠯᠢ ᠬᠤᠭᠤᠴᠠᠭᠠᠨ ᠤ ᠬᠢ ᠠᠴᠠ 60% ᠨᠡᠮᠡᠭᠳᠡᠪᠡ᠃ ᠪᠥᠬᠦ ᠬᠤᠰᠢᠭᠤᠨ ᠤ ᠠᠯᠠᠰᠢᠨ ᠦᠬᠡᠷ 18.3 ᠲᠦᠮᠡᠨ | ᠲᠣᠯᠣᠭᠠᠶ ᠪᠠᠶᠢᠵᠤ᠂ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 22% ᠨᠡᠮᠡᠭᠳᠡᠵᠦ᠂ ᠠᠯᠠᠰᠢᠨ ᠥᠭᠡᠷ | ᠤᠨ ᠲᠤᠭ᠎ᠠ ᠲᠥᠮᠨ ᠶᠢ ᠲᠠᠪᠠᠭᠰᠠᠠ ᠲᠡᠵᠢᠭᠡᠨ ᠦᠷᠡᠵᠢᠭᠦᠯᠬᠦ ᠲᠠᠯᠠᠪᠠᠶ 2᠂ ᠠᠯᠠᠰᠢᠨ ᠥᠭᠡᠷ ᠤᠨ ᠲᠤᠭ᠎ᠠ 500 ᠶᠢ | ᠲᠠᠪᠠᠭᠰᠠᠠ ᠲᠡᠵᠢᠭᠡᠨ ᠦᠷᠡᠵᠢᠭᠦᠯᠬᠦ ᠲᠠᠯᠠᠪᠠᠶ 7 ᠪᠠᠶᠢᠭᠤᠯᠵᠤ᠂ ᠠᠯᠠᠰᠢᠨ ᠦᠬᠡᠷ ᠲᠠᠵᠢᠭᠡᠬᠦ ᠲᠤᠰᠬᠠᠶ ᠲᠣᠰᠬᠤᠨ | 47 ᠬᠥᠭᠵᠢᠬᠦᠯᠵᠡᠢ᠃ | ᠨᠡᠷᠡᠲᠦ ᠲᠡᠮᠳᠡᠭ ᠪᠠᠶᠢᠭᠤᠯᠵᠤ ᠡᠬᠦᠳᠬᠦ ᠲᠠᠯ᠎ᠠ ᠪᠠᠷ ᠲᠣᠪᠦ᠋ᠮ᠎ᠠ ᠠᠮᠵᠢᠯᠲᠠ ᠣᠯᠪᠠ᠃ ᠳᠣᠯᠣᠳᠤᠭᠠᠷ | ᠬᠤᠭᠤᠴᠠᠭᠠᠨ ᠤ ᠳᠡᠯᠡᠬᠡᠶ ᠶᠢᠨ ᠨᠠᠷᠢᠮᠤ ᠶᠢᠨ ᠡᠭᠦᠰᠦᠯ ᠵᠢᠴᠢ ᠬᠥᠭᠵᠢᠯᠲᠡ ᠶᠢ ᠰᠤᠳᠤᠯᠤᠨ ᠶᠠᠷᠢᠴᠯᠠᠬᠤ ᠬᠤᠷᠠᠯ ᠢ | ᠲᠠᠭᠠᠭᠠᠴᠢᠯᠠᠠ ᠡᠷᠭᠢᠯᠡᠵᠦ᠂ ᠠᠤᠬᠠᠨ ᠨᠠᠷᠢᠮᠤ ᠶᠢᠨ LOGO ᠵᠢᠩᠬᠢᠨᠢ ᠪᠠᠷ ᠨᠡᠶᠢᠳᠡᠯᠡᠭᠳᠡᠪᠡ᠃ ︿︿ᠠᠤᠬᠠᠨ | ᠨᠠᠷᠢᠮᠤ ᠶᠢᠨ ᠠᠩᠬᠢᠯᠤᠮ᠎ᠠ ᠥᠨᠤᠷ ᠤᠯᠤᠰ ᠤᠨ ᠢᠳᠡᠭᠡᠨ ᠤ ᠠᠮᠳᠠ ᠶᠢᠨ ᠰᠤᠳᠦ﹀﹀ ᠭᠡᠬᠦ ᠵᠠᠷ ᠮᠡᠳᠡᠭᠡ ᠶᠢ ᠲᠥᠪ | ᠲᠧᠯᠸᠢᠰ ᠠᠴᠠ ᠥᠷᠬᠦᠯᠵᠢᠯᠠᠠ ᠨᠡᠪᠳᠡᠷᠡᠬᠦᠯᠵᠦ᠂ ᠠᠤᠬᠠᠠ ᠨᠠᠷᠢᠮᠤ ᠶᠢᠨ ᠨᠥᠯᠥᠭᠡ ᠲᠤᠰᠬᠠᠯ ᠢᠯᠡᠳᠳᠡ | ᠲᠡᠭᠡᠭᠰᠢᠯᠡᠵᠡᠢ᠃ ᠠᠤᠬᠠᠨ ᠨᠠᠷᠢᠮᠤ 2020 ᠣᠨ ᠤ ᠳᠥᠷᠪᠡᠳᠦᠭᠡᠷ ᠬᠤᠭᠤᠴᠠᠭᠠᠨ ᠤ ︿︿ᠱᠧᠨ ᠨᠦᠩ ᠬᠤᠨᠳᠠᠭᠠᠲᠤ | ﹀﹀ ᠣᠨ ᠤ ᠨᠥᠯᠥᠭᠡᠯᠡᠬᠦ ᠬᠦᠴᠦᠨ ᠲᠠᠢ ᠨᠠᠷᠠᠲᠤ ᠲᠡᠮᠳᠡᠭ ᠤᠨ ᠴᠤᠯᠨ ᠬᠥᠷᠳᠠᠵᠤ᠂ ᠡᠯᠳᠡᠪ ᠠᠮᠤ ᠥᠢᠯᠠᠳᠪᠤᠷᠢᠯᠠᠬᠦ | 30 ᠠᠵᠤ ᠠᠬᠤᠶᠢᠯᠠᠯ ᠭᠠᠵᠠᠷ ᠵᠦᠶ ᠶᠢᠨ ᠲᠡᠮᠳᠡᠭ ᠤᠨ ᠲᠤᠰᠬᠠᠶ ᠢᠯᠡᠳᠬᠡᠮᠵᠢ ᠬᠡᠷᠡᠭᠯᠡᠬᠦ ᠡᠷᠭᠡ ᠤᠯᠵᠠᠢ᠃ | ᠣᠷᠭᠠᠨᠢᠭ ᠪᠦᠲᠦᠭᠡᠭᠳᠡᠬᠦᠨ ᠤ ᠭᠡᠷᠡᠴᠢᠯᠡᠯ ᠤᠯᠤᠭᠰᠠᠨ ᠠᠵᠤ ᠠᠬᠤᠶᠢᠯᠠᠯ ᠪᠦᠬᠦ ᠵᠢᠯ ᠳᠤ 21 ᠨᠡᠮᠡᠭᠳᠡᠵᠦ᠂ ︽ | ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠲᠠᠢ ᠲᠠᠷᠢᠶᠠᠯᠠᠩ ᠤᠨ ᠪᠦᠲᠦᠭᠡᠭᠳᠡᠬᠦᠨ ᠤ ᠲᠤᠭ᠎ᠠ 97 ᠳᠤ ᠬᠥᠷᠴᠤ᠂ | ᠪᠦᠬᠦ ᠬᠤᠲᠠ ᠳᠤ ᠲᠡᠷᠢᠭᠦᠯᠡᠪᠡ᠃ ᠸᠠᠨ ᠵᠢᠶᠠ ᠮᠦᠭᠦ ᠶᠢᠨ ᠦᠢᠯᠡᠰ᠂ ᠾᠧ ᠹᠧᠩ ᠹᠦ᠋ ᠰᠢᠨ ᠶᠤᠸᠠᠨ᠂ ᠮᠦ ᠶᠤᠸᠠᠨ | ᠺᠣᠮᠫᠠᠨᠢ ᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠦᠯᠦᠯᠲᠡ ᠶᠢᠨ | ᠭᠤᠤᠯᠳᠠᠯᠭ᠎ᠠ ᠲᠠᠢ ᠲᠣᠯᠣᠭᠠᠶᠢᠯᠠᠭᠴᠢ ᠠᠵᠤ ᠠᠬᠤᠶᠢᠯᠠᠯ ᠤᠨ ᠢᠷᠠᠭᠤ ᠠᠯᠳᠠᠷ ᠬᠦᠷᠲᠡᠪᠡ᠃ ᠾᠧ ᠸᠧᠶ ᠬᠦᠶ | ᠲᠠᠷᠢᠶᠠᠯᠠᠩ ᠤᠨ ᠬᠦᠭᠵᠢᠭᠦᠯᠦᠯᠳᠠ ᠶᠢᠨ ᠬᠢᠵᠠᠭᠠᠷᠲᠤ ᠺᠣᠮᠫᠠᠨᠢ ᠲᠦᠷᠦᠭᠦᠤ ᠪᠦᠯᠦᠭ ᠤᠨ ︿︿ᠮᠣᠩᠭᠤᠯ ᠲᠡᠮᠳᠡᠭᠳᠦ ﹀﹀ | ᠶᠢᠨ ᠭᠡᠷᠡᠴᠢᠯᠡᠯ ᠬᠥᠷᠳᠡᠪᠡ᠃ | ᠡᠬᠦᠯᠳᠠᠷ ᠤᠨ ᠢᠨᠵᠧᠨᠧᠷᠢᠩ ᠤᠨ ᠭᠡᠷᠡᠭᠵᠢᠬᠦᠯᠥᠯᠳᠡ ᠬᠦᠨᠵᠡᠭᠡᠶᠢᠷᠡᠪᠠ᠃ ᠤᠯᠤᠰ ᠤᠨ ᠲᠠᠰ ᠤᠨ ᠣᠷᠣᠨ | ᠪᠦᠰᠡ ᠶᠢᠨ ᠴᠢᠨᠠᠷᠲᠠᠶ ᠡᠯᠳᠡᠪ ᠠᠮᠤ ᠪᠤᠷᠴᠠᠭ ︵ᠨᠠᠷᠢᠮᠤ︶ ᠤᠨ ᠡᠭᠦᠯᠳᠡᠷ ᠰᠠᠶᠢᠵᠢᠷᠠᠭᠤᠯᠬᠤ ᠰᠠᠭᠤᠷᠢᠨ ᠭᠠᠵᠠᠷ | 8000 ᠮᠥ ᠪᠥᠲᠥᠭᠡᠨ ᠪᠠᠶᠢᠭᠤᠯᠵᠤ᠂ 2 ᠵᠥᠢᠯ ᠤᠨ ᠰᠠᠨᠰᠠᠷ ᠤᠨ ᠨᠠᠷᠢᠮᠤ ᠵᠢᠨᠡᠭᠦᠯᠳᠡᠷ ᠰᠣᠩᠭᠤᠨ ᠪᠤᠶᠢᠵᠢᠭᠤᠯᠬᠤ | ᠠᠵᠢᠯ ᠢ ᠲᠠᠭᠤᠰᠬᠠᠪᠡ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠲᠠᠢ | ᠬᠠᠮᠲᠤᠷᠠᠨ ᠠᠯᠠᠰᠢᠨ ᠬᠤᠨᠢᠨ ᠤ ᠠᠵᠤ ᠥᠢᠯᠠᠰ ᠤᠨ ᠲᠤᠰᠬᠠᠶ ᠮᠡᠷᠭᠡᠵᠢᠯᠲᠡᠨ ᠤ ᠠᠵᠢᠯᠯᠠᠬᠤ ᠥᠷᠲᠡᠭᠡ ᠪᠠᠶᠢᠭᠤᠯᠵᠤ᠂ | 762 ᠬᠤᠴᠠ ᠬᠤᠨᠢ ᠶᠢᠨ ᠥᠢᠯᠠᠳᠪᠤᠷᠢᠯᠠᠯ ᠤᠨ ᠴᠢᠳᠠᠮᠵᠢ ᠶᠢ ᠬᠡᠮᠵᠢᠨ ᠲᠣᠭᠲᠠᠭᠠᠬᠤ ᠠᠵᠢᠯ ᠢ ᠲᠠᠭᠤᠰᠬᠠᠵᠤ᠂ ︽ | ᠠᠤᠬᠠᠠ ᠳ᠋ᠥ᠋ ᠪᠥᠸᠧ︾ ᠡᠬᠦᠯᠳᠠᠷ ᠤᠨ ᠠᠯᠠᠰᠢᠨ ᠬᠤᠨᠢᠨ ᠤ ᠭᠤᠤᠯ ᠰᠦᠷᠦᠭ ᠪᠠᠶᠢᠭᠤᠯᠵᠤ᠂ 500 ᠡᠬᠦᠯᠳᠠᠷ | ᠤᠨ ᠬᠤᠨᠢ ᠥᠷᠡᠵᠢᠬᠦᠯᠪᠡ᠃ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠥᠷᠲᠡᠭᠡ 80 ᠪᠠᠶᠢᠭᠤᠯᠤᠨ | ᠲᠡᠭᠦᠯᠳᠡᠷᠵᠢᠭᠦᠯᠵᠦ᠂ ᠢᠴᠡᠭᠡᠯ ᠦᠷ᠎ᠡ ᠪᠠᠷ ᠬᠡᠭᠡᠯᠲᠦᠭᠦᠯᠭᠡ ᠬᠢᠭᠰᠡᠨ ᠨᠣᠷᠮ᠎ᠠ 95% ᠶᠢ ᠲᠠᠪᠠᠪᠡ᠃ ᠬᠤᠲᠠ ᠶᠢᠨ | ᠡᠭᠦᠯᠳᠡᠷ ᠤᠨ ᠥᠭᠡᠷ ᠪᠤᠶᠢᠵᠢᠭᠤᠯᠬᠤ ᠥᠷᠲᠡᠭᠡ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠲᠠᠭᠤᠰᠬᠠᠪᠡ᠃ | ︵ᠲᠦᠷᠪᠡ︶ ᠠᠵᠤ ᠦᠢᠯᠡᠳᠪᠦᠷᠢ ᠶᠢᠨ ᠠᠵᠤ ᠠᠬᠤᠶ ᠬᠡᠯᠪᠡᠷᠢ ᠪᠠᠨ ᠬᠤᠪᠢᠷᠠᠭᠤᠯᠤᠨ ᠴᠢᠳᠠᠮᠵᠢ ᠪᠠᠨ | ᠥᠷᠭᠡᠳᠭᠡᠪᠠ | ᠠᠵᠤ ᠠᠬᠤᠶ ᠶᠢᠨ ᠶᠡᠷᠦᠩᠬᠡᠶ ᠬᠡᠮᠵᠢᠶ᠎ᠡ ᠨᠠᠵᠠᠭᠠᠢ ᠪᠠᠶᠢᠳᠠᠯ ᠢ ᠢᠯᠠᠠ ᠲᠠᠪᠠᠵᠤ ᠲᠡᠭᠡᠭᠰᠢᠯᠠᠪᠠ᠃ ᠠᠵᠤ | ᠥᠢᠯᠠᠳᠪᠤᠷᠢ ᠶᠢᠨ ᠨᠡᠮᠡᠭᠳᠡᠯ ᠥᠷᠲᠡᠭ 27.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠥᠩᠭᠡᠷᠡᠭᠰᠡᠨ ᠠᠳᠠᠯᠢ | ᠬᠤᠭᠤᠴᠠᠭᠠᠨ ᠤ ᠬᠢ ᠠᠴᠠ10% ᠨᠡᠮᠡᠭᠳᠡᠵᠦ᠂ ᠪᠦᠬᠦ ᠬᠤᠲᠠ ᠶᠢᠨ ᠳᠥᠷᠪᠡᠳᠦᠭᠡᠷ ᠪᠠᠶᠢᠷᠢᠨ ᠳᠤ ᠣᠷᠣᠪᠡ᠃ ᠪᠡᠯᠨ | ᠤᠷᠤᠭᠤᠯᠤᠯᠳᠡ 5000 ᠲᠦᠮᠡᠨ ᠲᠥᠭᠦᠷᠢᠭ ᠢ ᠲᠠᠪᠠᠭᠰᠠᠠ ᠭᠤᠣᠯᠳᠠᠯᠭ᠎ᠠ ᠲᠠᠢ ᠠᠵᠤ ᠥᠢᠯᠠᠳᠪᠤᠷᠢ ᠶᠢᠨ ᠲᠥᠷᠥᠯ | ᠵᠦᠢᠯ 9 ᠪᠠᠶᠢᠵᠤ᠂ 7.46 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠠᠵᠤ | ᠥᠢᠯᠠᠳᠪᠤᠷᠢ ᠳᠤ ᠵᠠᠷᠤᠴᠠᠭᠤᠯᠤᠬᠰᠠᠠ ᠴᠠᠬᠢᠯᠭᠠᠨ ᠤ ᠭᠡᠮᠵᠢᠶ᠎ᠠ 2.9 ᠳ᠋ᠦᠩᠰᠢᠭᠤᠷ ᠺᠢᠯᠣᠸᠠᠲ ᠴᠠᠭ ᠪᠠᠶᠢᠵᠤ᠂ | ᠥᠩᠭᠡᠷᠡᠭᠰᠡᠨ ᠠᠳᠠᠯᠢ ᠬᠤᠭᠤᠴᠠᠭᠠᠨ ᠤ ᠬᠢ ᠠᠴᠠ 20.3% ᠨᠡᠮᠡᠭᠳᠡᠪᠡ᠃ | ᠠᠵᠤ ᠦᠢᠯᠡᠰ ᠤᠨ ᠪᠦᠲᠦᠴᠡ ᠳᠤ ᠣᠯᠠᠨ ᠡᠰᠢᠵᠢᠬᠦ ᠬᠠᠨᠳᠤᠰᠢ ᠢᠯᠡᠷᠡᠪᠡ ᠃ ᠢᠦᠶ ᠶᠠᠨ ᠲᠠᠩ | ᠨᠠᠷᠢᠮᠤ ᠶᠢᠨ ᠥᠢᠯᠠᠰ᠂ ᠬᠦᠶ ᠯᠢᠦ ᠨᠤᠭᠤᠰᠤᠨ ᠤ ᠠᠵᠤ ᠥᠢᠯᠠᠰ ᠵᠡᠷᠭᠡ ᠲᠠᠷᠢᠶᠠᠯᠠᠩ ᠮᠠᠯ ᠠᠵᠤ ᠠᠬᠤᠶ ᠶᠢᠨ | ᠨᠠᠷᠢᠯᠢᠭ ᠡᠳ᠋ᠰᠢᠭᠦᠯᠬᠦ ᠲᠥᠷᠥᠯ ᠵᠥᠢᠯ ᠤᠷᠤᠭᠰᠢᠲᠠᠶ ᠠᠭᠢᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ | ᠥᠢᠯᠡᠰᠵᠢᠯᠳᠡ ᠶᠢᠨ ᠲᠤᠯᠤᠭᠠᠶᠢᠯᠠᠬᠴᠢ ᠠᠵᠤ ᠠᠬᠤᠶᠢᠯᠠᠯ 31 ᠪᠣᠯᠪᠠ᠃ ᠵᠢᠢ ᠯᠦᠩ ᠠᠭᠤᠷᠬᠠᠢ ᠶᠢᠨ ᠦᠢᠯᠡᠰ ᠤᠨ | ᠭᠠᠵᠠᠷ ᠳᠣᠣᠷᠠᠬᠢ ᠠᠭᠤᠷᠬᠠᠢ ᠨᠠᠭᠡᠭᠡᠬᠦ ᠲᠥᠷᠥᠯ ᠵᠥᠢᠯ᠂ ᠶᠢᠨ ᠢ ᠠᠭᠤᠷᠬᠠᠢ ᠶᠢᠨ ᠦᠢᠯᠡᠰ ᠤᠨ ᠣᠰᠣᠳᠦᠷᠢᠭᠴᠢᠳᠦ | ᠹᠯᠣᠷ ᠬᠦᠴᠢᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠠᠰᠢᠭᠯᠠᠯᠲᠠ ᠳᠤ ᠣᠷᠣᠵᠤ᠂ ᠱᠤᠸᠠᠩ | ᠹᠧᠩ ᠲᠡᠮᠦᠷ ᠤᠨ ᠠᠭᠤᠷᠬᠠᠢ ᠦᠢᠯᠡᠳᠪᠦᠷᠢᠯᠡᠯ ᠡᠵᠡᠩᠨᠡᠯᠲᠡ ᠪᠠᠨ ᠰᠡᠷᠭᠦᠭᠡᠵᠦ᠂ ᠳ᠋ᠠ ᠮᠸᠢ ᠬᠦᠢ ᠬᠦ᠋ ᠶᠢᠨ ᠠᠵᠤ | ᠦᠢᠯᠡᠰ ᠤᠨ ᠬᠦᠷᠢᠶᠡᠯᠡᠩ ᠤᠨ ᠪᠠᠶᠢᠭᠤᠯᠤᠯᠳᠠ ᠶᠢᠨ ᠠᠬᠢᠴᠠ ᠲᠥᠷᠭᠡᠳᠭᠡᠪᠡ᠃ ᠮᠠᠨᠢᠬᠠᠨ ᠤ ᠲᠤᠭᠤᠯᠭ᠎ᠠ | ᠴᠠᠶᠢᠷ ᠤᠨ ᠡᠬᠢ ᠪᠠᠶᠠᠯᠢᠭ ᠤᠨ ᠬᠠᠶᠢᠨ ᠲᠣᠳᠣᠯᠠᠭᠰᠠᠨ ᠬᠠᠳᠠᠭᠠᠯᠠᠭᠳᠠᠴᠠ 50 ᠲᠦᠮᠡᠨ ᠲᠣᠨ ᠬᠥᠷᠴᠤ᠂ | ᠰᠠᠯᠪᠤᠷᠢ ᠶᠢᠨ ᠮᠤᠯᠢᠪᠳᠧᠨ ᠸᠣᠯᠹᠷᠠᠮ ᠤᠨ ᠡᠬᠢ ᠪᠠᠶᠠᠯᠢᠭ ᠤᠨ ᠬᠠᠶᠢᠨ ᠳᠣᠲᠣᠯᠠᠭᠰᠠᠨ ᠬᠠᠳᠠᠭᠠᠯᠠᠭᠳᠠᠴᠠ 9 ᠲᠦᠮᠡᠨ | ᠲᠣᠨ ᠬᠦᠷᠴᠦ᠂ ᠤᠮᠠᠷᠠᠲᠤ ᠣᠷᠣᠨ ᠳᠠᠬᠢ ᠮᠤᠯᠢᠪᠳᠧᠨ ᠸᠣᠯᠹᠷᠠᠮ ᠤᠨ ᠠᠭᠤᠷᠬᠠᠶ ᠶᠢᠨ ᠬᠠᠳᠠᠭᠠᠯᠠᠭᠳᠠᠴᠠ | ᠬᠤᠭᠤᠰᠣᠨ ᠲᠠᠤᠭᠡ ᠶᠢ ᠡᠴᠦᠰᠯᠠᠭᠦᠯᠵᠡᠢ᠃ ᠬᠡᠷᠡᠯ ᠴᠡᠨᠡᠭ᠂ ᠰᠠᠯᠬᠢᠨ ᠬᠦᠴᠦᠨ ᠤ ᠴᠠᠬᠢᠯᠭᠠᠨ᠂ ᠮᠣᠩᠭᠤᠯ ᠬᠢᠲᠠᠳ | ᠡᠮ ᠵᠡᠷᠭᠡ ᠰᠢᠨ᠎ᠡ ᠮᠠᠠᠳᠤᠬᠰᠠᠠ ᠠᠵᠤ ᠥᠢᠯᠠᠰ ᠦᠷᠭᠦᠯᠵᠢᠯᠡᠨ ᠬᠥᠭᠵᠢᠵᠦ ᠪᠤᠵᠠᠭᠠᠶᠢᠷᠠᠪᠠ᠃ | ᠲᠠᠪᠴᠠᠩ ᠤᠨ ᠲᠤᠯᠭᠠᠭᠤᠷᠢᠯᠠᠬᠤ ᠥᠢᠯᠠᠳᠣᠯ ᠨᠠᠩ ᠴᠢᠩᠭᠠᠷᠠᠪᠠ᠃ ᠠᠵᠤ ᠥᠢᠯᠠᠳᠪᠤᠷᠢ ᠶᠢᠨ ᠲᠣᠭᠤᠷᠢᠭ ᠤᠨ | ᠶᠡᠷᠦᠩᠬᠡᠢ ᠲᠥᠯᠥᠪᠵᠢᠬᠦᠯᠭᠡ᠂ ᠬᠥᠭᠵᠢᠯᠲᠡ ᠶᠢᠨ ᠲᠥᠯᠥᠪᠵᠢᠭᠦᠯᠪᠡ ᠪᠠ ᠣᠷᠴᠢᠨ ᠲᠣᠭᠤᠷᠢᠨ ᠤ ᠨᠥᠯᠥᠭᠡᠯᠡᠯ ᠤᠨ | ᠮᠡᠳᠡᠭᠦᠯᠦᠯᠲᠡ ᠨᠢ ᠵᠦᠪᠰᠢᠶᠡᠷᠡᠭᠳᠠᠵᠦ᠂ ᠰᠢᠨ ᠬᠤᠶ ᠠᠵᠤ ᠥᠢᠯᠠᠳᠪᠤᠷᠢ ᠶᠢᠨ ᠲᠤᠭᠤᠷᠢᠭ 1.8 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠯᠲᠠ ᠪᠡᠶᠡᠯᠡᠬᠦᠯᠪᠡ᠃ ᠠᠵᠤ ᠥᠢᠯᠠᠳᠪᠤᠷᠢ ᠶᠢᠨ ᠲᠤᠭᠤᠷᠢᠭ ᠲᠤ 15 ᠠᠵᠤ | ᠠᠬᠤᠶᠢᠯᠠᠯ ᠨᠡᠮᠡᠭᠳᠡᠵᠦ᠂ ᠨᠠᠷᠢᠮᠤ ᠶᠢᠨ ᠠᠵᠤ ᠥᠢᠯᠠᠰ ᠤᠨ ᠬᠦᠷᠢᠶᠡᠯᠡᠩ ᠳᠤ 6 ᠠᠵᠤ ᠠᠬᠤᠶᠢᠯᠠᠯ ᠰᠠᠭᠤᠷᠢᠰᠢᠪᠡ᠃ | ᠰᠢᠨ᠎ᠡ ᠪᠠᠶᠢᠭᠤᠯᠤᠬᠰᠠᠠ ᠪᠠᠷᠢᠮᠵᠢᠶᠠᠵᠢᠭᠰᠠᠨ ᠥᠢᠯᠠᠳᠪᠤᠷᠢ ᠶᠢᠨ ᠲᠠᠰᠤᠭ 5 ᠲᠦᠮᠡᠨ ᠲᠡᠭᠰᠢ ᠳᠥᠷᠪᠡᠯᠵᠢᠨ ᠮᠧᠲᠷ | ᠪᠠᠶᠢᠵᠤ᠂ ᠲᠤᠭᠤᠷᠢᠭ ᠤᠨ ᠬᠠᠶᠠᠬᠳᠠᠮᠠᠯ ᠤᠰᠤ ᠰᠢᠢᠳᠪᠦᠷᠢᠯᠡᠬᠦ ᠦᠢᠯᠡᠳᠪᠦᠷᠢ᠂ ᠬᠠᠲᠠᠭᠤ ᠪᠡᠶᠡᠲᠦ ᠬᠠᠶᠠᠭᠳᠠᠮᠠᠯ | ᠪᠣᠳᠠᠰ ᠰᠢᠢᠳᠪᠦᠷᠢᠯᠡᠬᠦ ᠲᠠᠯᠠᠪᠠᠢ ᠶᠢ ᠠᠰᠢᠭᠯᠠᠯᠲᠠ ᠳᠤ ᠣᠷᠣᠭᠤᠯᠤᠨ᠂ 4.2 ᠺᠢᠯᠥᠮᠧᠲᠷ ᠤᠷᠳᠤ ᠲᠤᠤᠷᠵᠢᠯ | ᠬᠤᠭᠤᠯᠠᠢ ᠲᠠᠪᠢᠰᠬᠦ ᠠᠵᠢᠯ ᠢ ᠲᠠᠭᠤᠰᠬᠠᠵᠤ᠂ 13 ᠡᠷᠤᠭᠡ ︽ᠤᠷᠤᠠᠴᠤᠭ ᠠᠵᠤ ᠠᠬᠤᠶᠢᠯᠠᠯ︾ ᠪᠠ ︽ | ᠤᠷᠬᠢᠬᠳᠠᠮᠠᠯ ᠲᠥᠷᠦᠯ ᠵᠦᠢᠯ︾ ᠢ ᠴᠡᠪᠡᠷᠯᠡᠵᠦ᠂ 1176 ᠮᠦ ᠭᠠᠵᠠᠷ ᠰᠢᠷᠣᠢ ᠬᠤᠷᠢᠶᠠᠨ ᠠᠪᠤᠪᠠ᠃ | ︵ᠲᠠᠪᠤ︶ ᠭᠤᠷᠪᠠᠳᠤᠭᠠᠷ ᠠᠵᠤ ᠦᠢᠯᠡᠰ ᠬᠠᠷᠢᠯᠴᠠᠠ ᠠᠭᠤᠰᠤᠯᠴᠠᠵᠤ ᠲᠠᠰ ᠲᠡᠪᠰᠢᠪᠡ | ᠠᠵᠤ ᠥᠢᠯᠠᠰ ᠤᠨ ᠰᠢᠨ᠎ᠡ ᠬᠡᠯᠪᠡᠷᠢ ᠶᠢ ᠪᠤᠢ ᠪᠤᠯᠭᠠᠪᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ | ᠬᠥᠳᠡᠭᠡ ᠲᠣᠰᠬᠤᠨ ᠳᠤ ᠤᠷᠤᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠥᠢᠯ ᠢ ᠯᠠᠪᠳᠠᠭᠤᠨ | ᠪᠠᠲᠤᠲᠠᠶ ᠠᠬᠢᠭᠤᠯᠵᠤ᠂ ᠡᠯᠧᠺᠲᠷᠣᠨ ᠬᠤᠳᠠᠯᠳᠤᠭ᠎ᠠ ᠶᠢᠨ ᠪᠠᠷᠠᠭ᠎ᠠ ᠢᠯᠭᠠᠬᠤ ᠲᠥᠪ ᠠᠰᠢᠬᠯᠠᠯᠳᠠ ᠳᠤ ᠤᠷᠤᠪᠡ᠃ | ᠠ ᠯᠢ ᠪᠠ ᠪᠠ ᠲᠣᠭᠠᠴᠢᠯᠠᠭᠰᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠰᠢᠶᠠᠨ ᠢ ᠪᠠᠶᠢᠭᠤᠯᠬᠤ ᠲᠥᠷᠥᠯ | ᠵᠥᠢᠯ ᠤᠷᠤᠬᠰᠢᠳᠠᠢ ᠶᠠᠪᠤᠬᠳᠠᠵᠠᠢ᠃ ︽ᠳ᠋ᠸᠦ ᠶᠢᠨ ︾᠂ ︽ᠺᠤᠸᠠᠢ ᠱᠸᠤ ︾ ᠵᠠᠷᠭᠡ ᠰᠥᠯᠵᠢᠶᠠᠠ ᠲᠠᠪᠴᠠᠩ ᠢ | ᠠᠰᠢᠭᠯᠠ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠢᠶᠠᠨ ᠭᠠᠳᠠᠬᠰᠢ ᠤᠬᠠᠭᠤᠯᠵᠤ᠂ ᠬᠤᠰᠢᠭᠤᠨ ᠤ ᠵᠠᠰᠠᠭ ᠤᠨ | ᠤᠷᠳᠤᠨ ᠤ ᠤᠳᠤᠷᠢᠳᠤᠯᠭ᠎ᠠ ᠨᠠᠷ ᠰᠥᠯᠵᠢᠶᠠᠠ ᠲᠠᠭᠡᠷ᠎ᠠ ᠡᠭᠡᠯᠵᠢᠯᠡᠨ ᠰᠢᠭᠤᠳ ᠨᠡᠪᠳᠡᠷᠡᠬᠦᠯᠵᠦ ᠪᠠᠷᠠᠭ᠎ᠠ | ᠬᠤᠳᠠᠯᠳᠤᠪᠠ᠂ ᠪᠦᠬᠦ ᠬᠤᠰᠢᠭᠤᠨ ᠤ 200 ᠭᠠᠷᠤᠢ ᠰᠥᠯᠵᠢᠶᠠᠠ ᠴᠤᠤᠳᠠᠳ ᠰᠢᠭᠤᠤᠠ ᠨᠡᠪᠳᠡᠷᠡᠬᠦᠯᠤᠨ ᠪᠠᠷᠠᠭ᠎ᠠ | ᠬᠤᠳᠠᠯᠳᠤᠵᠤ᠂ 1800 ᠲᠦᠮᠡᠨ ᠲᠥᠭᠦᠷᠢᠭ ᠤᠨ ᠪᠣᠷᠣᠯᠠᠭᠤᠯᠭ᠎ᠠ ᠶᠢᠨ ᠣᠷᠣᠯᠭ᠎ᠠ ᠡᠬᠦᠳᠴᠠᠢ᠃ | ᠵᠤᠭᠠᠴᠠᠯ ᠤᠨ ᠰᠢᠨ᠎ᠡ ᠭᠢᠯᠠᠰ ᠴᠡᠭ ᠢ ᠡᠬᠦᠳᠪᠡ᠃ ᠤᠯᠠᠭᠠᠨᠬᠠᠳᠠ ᠬᠤᠲᠠ ᠶᠢᠨ ᠬᠤᠶᠠᠳᠤᠭᠠᠷ | ᠬᠤᠭᠤᠴᠠᠭᠠᠨ ᠤ ᠵᠢᠭᠤᠯᠴᠢᠯᠠᠯ ᠤᠨ ᠬᠦᠭᠵᠢᠭᠦᠯᠦᠯᠳᠠ ᠶᠢᠨ ᠶᠡᠭᠡ ᠬᠤᠷᠠᠯ ᠢ ᠳᠠᠭᠠᠭᠠᠴᠢᠯᠠᠨ ᠡᠷᠬᠢᠯᠡᠵᠦ᠂ ︽ | ᠨᠤᠭᠤᠨᠵᠢᠶᠠᠭ᠎ᠠ︾ ᠭᠡᠬᠦ ᠺᠢᠨᠣ᠋ ᠰᠡᠭᠦᠳᠡᠷᠯᠡᠨ ᠦᠢᠯᠡᠳᠴᠦ᠂ ︽ᠵᠢᠷᠭᠤᠭ᠎ᠠ ᠳᠤ ᠤᠷᠤᠭᠤᠯᠬᠤ︾ ᠠᠷᠠᠳ ᠢ | ᠲᠤᠬᠤᠨᠢᠭᠤᠯᠬᠤ ᠲᠤᠬᠯᠠᠯᠳᠠ 150 ᠲᠠᠯᠠᠪᠤᠷ ᠵᠣᠬᠢᠶᠠᠨ ᠪᠠᠶᠢᠭᠤᠯᠵᠤ ᠶᠠᠪᠤᠭᠳᠠᠭᠤᠯᠪᠠ᠃ ︽ᠥᠪᠥᠷ ᠮᠣᠩᠭᠤᠯ ᠤᠨ | ᠪᠠᠯᠠᠷ ᠡᠷᠲᠡᠨ ᠤ ᠰᠣᠶᠣᠯ ᠤᠨ ᠰᠣᠳᠤᠯᠤᠯ ᠰᠢᠠᠵᠢᠯᠡᠯ ᠵᠤᠭᠠᠴᠠᠯ ᠤᠨ ᠰᠠᠭᠤᠷᠢᠨ ᠭᠠᠵᠠᠷ︾ ᠳᠤ ᠰᠠᠭᠤᠷᠢᠯᠠᠵᠤ᠂ | ᠰᠣᠶᠣᠯ ᠵᠤᠭᠠᠴᠠᠯ ᠤᠨ ᠦᠢᠯᠡᠰ ᠢ ᠶᠡᠬᠡᠪᠡᠷ ᠬᠥᠭᠵᠢᠭᠦᠯᠵᠦ᠂ ᠥᠪᠥᠷ ᠮᠣᠩᠭᠤᠯ ᠤᠨ ᠪᠠᠯᠠᠷ ᠡᠷᠲᠡᠨ ᠤ ᠰᠣᠶᠣᠯ ᠤᠨ | ᠮᠦᠽᠧᠢ᠂ ᠨᠠᠷᠢᠮᠤ ᠶᠢᠨ ᠮᠦᠽᠧᠢ᠂ ᠪᠡᠶ᠎ᠡ ᠶᠢᠨ ᠲᠠᠮᠢᠷ ᠤᠨ ᠴᠡᠴᠡᠷᠯᠢᠭ᠂ ᠯᠦᠩ ᠶᠤᠸᠠᠨ ᠬᠤ᠋ ᠨᠠᠭᠤᠷ ᠤᠨ ᠴᠡᠴᠡᠷᠯᠢᠭ | ᠂ ᠨᠠᠷᠢᠥᠨ ᠤᠨ ᠭᠤᠣᠯ ᠤᠨ ᠡᠬᠢ ᠶᠢᠨ ᠬᠤᠪᠢ ᠶᠢᠨ ᠮᠠᠰᠢᠨ ᠤ ᠵᠢᠭᠤᠯᠴᠢᠯᠠᠯ ᠤᠨ ᠰᠠᠭᠤᠷᠢᠨ ᠭᠠᠵᠡᠷ ᠵᠡᠷᠭᠡ ᠶᠢ | ᠵᠠᠯᠭᠠᠪᠠᠷ ᠪᠠᠶᠢᠭᠤᠯᠪᠠ᠃ | ᠬᠥᠭᠵᠢᠯᠳᠡ ᠶᠢᠨ ᠰᠢᠨ᠎ᠡ ᠢᠳᠡᠪᠬᠢ ᠬᠦᠴᠦᠨ ᠢ ᠨᠡᠮᠡᠷᠢᠯᠡᠪᠠ᠃ ᠪᠠᠷᠠᠭ᠎ᠠ ᠶᠢᠨ ᠭᠦᠢᠯᠭᠡᠭᠡᠨ ᠤ ᠲᠣᠭᠤᠷᠢᠭ | ᠨᠡᠶᠢᠲᠡ 12.57 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠡ ᠪᠡᠶᠡᠯᠡᠬᠦᠯᠵᠤ᠂ 46 ᠠᠵᠤ ᠠᠬᠤᠶᠢᠯᠠᠯ | ᠲᠤᠭᠤᠷᠢᠭ ᠲᠤ ᠰᠠᠭᠤᠷᠢᠰᠢᠵᠤ᠂ 7.1 ᠳ᠋ᠦᠩᠰᠢᠭᠤᠷ ᠲᠥᠭᠦᠷᠢᠭ ᠤᠨ ᠪᠣᠷᠣᠯᠠᠭᠤᠯᠭ᠎ᠠ ᠶᠢᠨ ᠣᠷᠣᠯᠭ᠎ᠠ ᠡᠬᠦᠳᠪᠡ᠃ | ᠪᠦᠬᠦ ᠬᠤᠰᠢᠭᠤᠨ ᠤ ᠪᠠᠷᠠᠭ᠎ᠠ ᠶᠢᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠰᠢᠰᠲ᠋ᠧᠮ ᠨᠢ ᠪᠥᠬᠦ ᠰᠢᠶᠠᠩ ᠪᠠᠯᠭᠠᠰᠤ | ᠪᠠ 90% ᠶᠢᠨ ᠵᠠᠰᠠᠭ ᠵᠠᠬᠢᠷᠭᠠᠨ ᠤ ᠲᠣᠰᠬᠤᠨ ᠢ ᠬᠠᠮᠤᠷᠴᠤ᠂ ᠰᠥᠯᠵᠢᠶ᠎ᠡ ᠪᠠᠷ ᠰᠢᠭᠤᠤᠠ ᠪᠤᠷᠤᠯᠠᠭᠤᠯᠤᠬᠰᠠᠠ | ᠲᠠᠷᠢᠶᠠᠯᠠᠩ ᠤᠨ ᠪᠦᠲᠦᠭᠡᠭᠳᠡᠬᠦᠨ 70 ᠲᠦᠮᠡᠨ ᠬᠤᠪᠢ ᠪᠡᠶᠡᠯᠡᠬᠦᠯᠵᠠᠢ᠃ ᠡᠯ᠎ᠡ ᠵᠥᠢᠯ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠬᠠᠳᠠᠭᠠᠯᠠᠮᠵᠢ ᠶᠢᠨ ᠦᠯᠡᠳᠡᠪᠦᠷᠢ 179.9 ᠳ᠋ᠦᠩᠰᠢᠭᠤᠷ ᠲᠥᠭᠦᠷᠢᠭ ᠲᠤ ᠬᠦᠷᠴᠦ᠂ | ᠵᠢᠭᠡᠯᠡᠯᠭᠡ ᠶᠢᠨ ᠦᠯᠡᠳᠡᠪᠦᠷᠢ 99.5 ᠳ᠋ᠦᠩᠰᠢᠭᠤᠷ ᠲᠥᠭᠦᠷᠢᠭ ᠲᠤ ᠬᠦᠷᠴᠦ᠂ ᠬᠠᠳᠠᠭᠠᠯᠠᠮᠵᠢ ᠵᠢᠭᠡᠯᠡᠯᠭᠡ ᠶᠢᠨ | ᠬᠠᠷᠢᠴᠠᠯ 55.3% ᠪᠤᠯᠪᠡ᠃ ᠬᠥᠳᠡᠭᠡ ᠲᠤᠰᠬᠤᠨ ᠤ ᠢᠳᠡᠭᠡᠮᠵᠢ ᠶᠢᠨ ᠬᠤᠯᠪᠤᠭᠠᠳᠤ ᠬᠤᠷᠰᠢᠶ᠎ᠠ ᠶᠢ ᠬᠥᠳᠡᠭᠡ | ᠠᠷᠠᠯᠵᠢᠶᠠᠠ ᠤ ᠪᠠᠩᠬᠢ ᠪᠤᠯᠭᠠᠵᠤ ᠥᠭᠡᠷᠡᠴᠢᠯᠠᠬᠦ ᠡᠬᠦᠷᠭᠡ ᠶᠢ ᠥᠠᠳᠤᠰᠤᠠ ᠳᠡᠭᠡᠨ ᠪᠠᠶᠡᠯᠡᠬᠦᠯᠪᠡ᠃ | ︵ᠵᠢᠷᠭᠤᠭ᠎ᠠ︶ ᠬᠥᠭᠵᠢᠯᠲᠡ ᠶᠢᠨ ᠨᠥᠭᠡᠴᠡ ᠬᠦᠴᠦᠨ ᠴᠢᠩᠭᠠᠷᠠᠪᠠ | ᠨᠤᠲᠤᠭ ᠳᠡᠪᠢᠰᠬᠡᠷ ᠤᠨ ᠣᠷᠣᠨ ᠵᠠᠶ ᠦᠷᠭᠦᠯᠵᠢᠯᠡᠨ ᠰᠢᠯᠢᠳᠡᠭᠵᠢᠪᠠ᠃ ︽ᠭᠤᠷᠪᠠᠨ ᠤᠷᠤᠠ ᠭᠤᠷᠪᠠᠨ | ᠱᠤᠭᠤᠮ︾ ᠢ ᠵᠠᠭᠠᠬᠯᠠᠨ ᠲᠤᠬᠳᠠᠭᠠᠬᠤ ᠠᠵᠢᠯ ᠢ ᠦᠨᠳᠦᠰᠦᠨ ᠳᠡᠭᠡᠨ ᠲᠠᠭᠤᠰᠬᠠᠵᠤ᠂18 ᠵᠦᠢᠯ ᠤᠨ | ᠬᠢᠵᠠᠷᠭᠠᠷᠯᠠᠯ ᠤᠨ ᠴᠢᠨᠠᠷᠲᠠᠢ ᠨᠠᠷᠢᠯᠢᠭ ᠲᠥᠯᠥᠪᠵᠢᠭᠦᠯᠭᠡ ᠶᠢᠨ ᠲᠥᠰᠦᠯ ᠨᠠᠶᠢᠷᠠᠭᠤᠯᠤᠨ ᠵᠣᠬᠢᠶᠠᠵᠤ᠂ ︽ᠣᠯᠠᠨ | ᠲᠥᠯᠥᠪᠵᠢᠭᠦᠯᠭᠡ ᠶᠢ ᠨᠢᠭᠡᠳᠬᠡᠬᠦ︾ ᠰᠢᠰᠲ᠋ᠧᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ ᠪᠥᠬᠦ | ᠬᠤᠰᠢᠭᠤᠨ ᠤ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠠᠵᠢᠯ ᠢ ᠴᠠᠭ ᠤᠨ | ᠲᠠᠷᠠᠭᠠᠯᠠᠯ ᠢᠶᠠᠷ ᠠᠬᠢᠭᠤᠯᠪᠠ᠃ ᠲᠠᠷᠢᠶᠠᠨ ᠭᠠᠵᠠᠷ 2.1 ᠲᠦᠮᠡᠨ ᠮᠦ ᠨᠡᠮᠡᠭᠳᠡᠭᠦᠯᠪᠡ᠃ ᠭᠠᠵᠠᠷ ᠰᠢᠷᠣᠶ ᠶᠢᠨ | ᠨᠡᠮᠡᠭᠳᠡᠯ ᠬᠠᠰᠤᠭᠳᠠᠯ ᠳᠤ ᠬᠤᠯᠪᠤᠬᠳᠠᠭᠤᠯᠬᠤ ᠥᠯᠠᠳᠡᠪᠤᠷᠢ ᠲᠤᠭᠠᠨ ᠤ ᠠᠷᠠᠯᠵᠢᠶ᠎ᠠ 1214.19 ᠮᠥ ᠪᠡᠶᠡᠯᠡᠬᠦᠯᠵᠤ | ᠂ 1.1 ᠳ᠋ᠦᠩᠰᠢᠭᠤᠷ ᠲᠥᠭᠦᠷᠢᠭ ᠤᠨ ᠠᠰᠢᠭ ᠣᠷᠣᠯᠭ᠎ᠠ ᠡᠬᠦᠳᠪᠡ᠃ | ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠡᠷᠴᠢᠮᠲᠡᠶ ᠶᠠᠪᠤᠬᠳᠠᠪᠡ᠃ 1000 ᠲᠦᠮᠡᠨ | ᠲᠥᠭᠦᠷᠢᠭ ᠠᠴᠠ ᠲᠡᠭᠡᠭᠰᠢᠬᠢ 109 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 59.28 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ 3800 ᠲᠦᠮᠡᠨ ᠲᠥᠭᠦᠷᠢᠭ ᠪᠡᠯᠡ | ᠤᠷᠤᠭᠤᠯᠤᠭᠰᠠᠨ ᠰᠢᠨ ᠬᠤᠶ ᠬᠤᠲᠠ ᠲᠣᠭᠤᠷᠢᠭ ᠤᠨ 66 ᠺᠢᠯᠣᠸᠠᠲ ᠤᠨ ᠴᠠᠬᠢᠯᠭᠠᠨ ᠲᠤᠤᠷ ᠢ ᠨᠡᠭᠦᠯᠭᠡᠨ | ᠦᠭᠡᠷᠡᠴᠢᠯᠡᠬᠦ ᠢᠨᠵᠧᠨᠧᠷᠢᠩ ᠠᠮᠵᠢᠯᠳᠠ ᠲᠠᠢ ᠲᠠᠭᠤᠰᠴᠤ ᠠᠰᠢᠭᠯᠠᠯᠲᠠ ᠳᠤ ᠤᠷᠤᠪᠡ᠃ 2.6 ᠳ᠋ᠦᠩᠰᠢᠭᠤᠷ | ᠲᠥᠭᠦᠷᠢᠭ ᠪᠡᠯᠡ ᠤᠷᠤᠭᠤᠯᠤᠭᠰᠠᠨ ᠾᠧ ᠸᠧᠢ ᠬᠦᠢ ᠶᠢᠨ ︽ᠢ ᠨᠦᠩ ᠨᠢᠭᠡᠳᠦᠯ︾ ᠬᠦᠳᠡᠭᠡ ᠲᠤᠰᠬᠤᠨ ᠤ | ᠶᠡᠷᠦᠩᠬᠡᠶᠢᠯᠡᠭᠰᠡᠨ ᠴᠣᠭᠴᠠ᠂ 4.7 ᠳ᠋ᠦᠩᠰᠢᠭᠤᠷ ᠲᠥᠭᠦᠷᠢᠭ ᠪᠡᠯᠡ ᠤᠷᠤᠭᠤᠯᠤᠭᠰᠠᠨ ᠶᠢᠨ ᠬᠤᠢ ᠸᠠᠠ ᠵᠢᠶ᠋ᠨ | ᠬᠤᠳᠠ ᠶᠢᠨ ᠶᠡᠷᠦᠩᠬᠡᠶᠢᠯᠡᠭᠰᠡᠨ ᠴᠣᠭᠴᠠ᠂ 10 ᠳ᠋ᠦᠩᠰᠢᠭᠤᠷ ᠲᠥᠭᠦᠷᠢᠭ ᠪᠡᠯᠡ ᠤᠷᠤᠭᠤᠯᠤᠭᠰᠠᠨ ᠸᠧᠢ ᠨᠢ ᠬᠤᠤ | ᠤᠳᠪᠡᠯᠨ ᠵᠢᠨᠨᠤᠨᠲᠠᠭ ᠨᠠᠷᠢᠯᠢᠭ ᠡᠳ᠋ᠰᠢᠭᠦᠯᠬᠦ ᠵᠡᠷᠭᠡ ᠲᠦᠷᠦᠯ ᠵᠦᠢᠯ ᠤᠷᠤᠭᠰᠢᠲᠠᠢ ᠶᠠᠪᠤᠬᠳᠠᠪᠡ᠂ ᠡᠳᠡᠭᠡᠷ ᠲᠥᠷᠥᠯ | ᠵᠥᠢᠯ ᠤᠨ ᠶᠠᠷᠣᠩᠭᠡᠢ ᠪᠡᠯᠨ ᠤᠷᠤᠭᠤᠯᠤᠯᠳᠠ 36 ᠳ᠋ᠥᠩᠰᠢᠭᠤᠷ ᠲᠥᠬᠦᠷᠢᠭ ᠠᠴᠠ ᠲᠠᠪᠠᠪᠡ᠃ | ᠠᠷᠠᠯᠵᠢᠶᠠᠴᠢᠨ ᠤᠷᠢᠵᠤ ᠪᠡᠯᠡ ᠣᠷᠣᠭᠤᠯᠤᠭᠰᠠᠨ ᠦᠷ᠎ᠡ ᠪᠦᠲᠦᠭᠡᠯ ᠥᠠᠳᠤᠷ ᠠᠮᠵᠢᠯᠳᠠ ᠤᠯᠪᠡ᠃ | ᠠᠷᠠᠯᠵᠢᠶ᠎ᠠ ᠡᠵᠡᠩᠨᠡᠬᠦ ᠤᠷᠴᠢᠨ ᠠᠬᠤᠢ ᠶᠢ ᠶᠠᠭᠡᠪᠠᠷ ᠰᠠᠶᠢᠵᠢᠷᠠᠭᠤᠯᠵᠤ᠂ ᠭᠤᠤᠯᠳᠠᠯᠭ᠎ᠠ ᠲᠠᠢ ᠲᠥᠷᠥᠯ ᠵᠥᠢᠯ ᠳᠤ ︽ | ᠶᠡᠷᠦᠩᠬᠡᠶᠢᠯᠡᠭᠰᠡᠨ ᠥᠢᠯᠠᠴᠢᠯᠠᠭᠡᠨ ᠤ ᠴᠣᠩᠬᠤ︾ ᠨᠠᠭᠡᠭᠡᠵᠤ᠂ ᠡᠯ᠎ᠡ ᠵᠥᠢᠯ ᠤᠨ ᠭᠠᠷ ᠬᠥᠢᠴᠠᠳᠭᠡᠯ ᠢ ᠣᠷᠣᠯᠠᠨ | ᠬᠥᠢᠴᠠᠳᠭᠡᠬᠦ ᠲᠥᠷᠢᠮ ᠢ ᠭᠡᠷᠡᠭᠵᠢᠬᠦᠯᠵᠥ᠂ ᠮᠠᠲ᠋ᠧᠷᠢᠶᠠᠯ ᠭᠤᠶᠤᠴᠢᠯᠠᠬᠤ᠂ ᠬᠢᠨᠠᠨ ᠵᠥᠪᠰᠢᠶᠡᠷᠠᠬᠦᠯᠬᠦ ᠭᠤᠭᠴᠤᠭ᠎ᠠ ᠶᠢ | ᠲᠣᠰ ᠲᠣᠰ 34.2% ᠪᠠ 36.5% ᠴᠣᠮᠬᠠᠳᠬᠠᠪᠠ᠃ ᠭᠤᠷᠪᠠᠳᠤᠭᠠᠷ ᠬᠤᠭᠤᠴᠠᠭᠠᠨ ᠤ ︽ᠤᠯᠠᠭᠠᠠᠬᠠᠳᠠ | ᠨᠤᠳᠤᠭ ᠲᠠᠢ ᠰᠤᠳᠤᠠᠴᠤᠤᠠ ᠤᠨ ᠴᠤᠬᠯᠠᠭᠠᠨ — ᠨᠤᠳᠤᠭ ᠲᠠᠭᠠᠨ ᠪᠤᠴᠠᠬᠰᠠᠠ ᠠᠤᠬᠠᠠᠴᠤᠤᠠ ᠤᠨ ᠨᠠᠶᠢᠷ︾᠂ | ᠱᠠᠨᠳᠦ᠋ᠩ ᠤᠨ ᠬᠤᠳᠠᠯᠳᠤᠭᠠᠴᠢᠨ ᠤ ᠡᠪᠯᠡᠯ ᠤᠨ ᠣᠨ ᠤ ᠬᠤᠷᠠᠯ ᠵᠡᠷᠭᠡ ᠲᠠᠪᠴᠠᠩ ᠳᠤ ᠲᠦᠰᠢᠭᠯᠡᠨ᠂ ᠪᠡᠭᠡᠵᠢᠩ | ᠲᠢᠶᠠᠨᠵᠢᠨ ᠾᠧᠪᠧᠶ ᠪᠠᠷ ᠭᠤᠤᠯ ᠪᠤᠯᠭᠠᠵᠤ᠂ ᠪᠦᠸᠧᠬᠠᠶ ᠲᠠᠩᠭᠢᠰ ᠤᠨ ᠡᠷᠬᠢᠨ ᠲᠤᠭᠤᠷᠢᠨ ᠤ ᠭᠠᠵᠠᠷ ᠤᠷᠤᠠ ᠠᠴᠠ | 20 ᠭᠠᠷᠤᠢ ᠲᠥᠷᠥᠯ ᠵᠥᠢᠯ ᠢ ᠣᠷᠣᠭᠤᠯᠤᠨ ᠠᠪᠴᠢᠷᠠᠵᠤ᠂ 13 ᠲᠥᠷᠥᠯ ᠵᠥᠢᠯ ᠢ ᠠᠵᠢᠯ ᠡᠬᠢᠯᠡᠭᠦᠯᠦᠨ᠂ 7.5 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠪᠡᠶᠡᠯᠡᠬᠦᠯᠵᠤ᠂ ᠥᠩᠭᠡᠷᠡᠭᠰᠡᠨ ᠤ ᠠᠳᠠᠯᠢ | ᠬᠤᠭᠤᠴᠠᠭᠠᠨ ᠤ ᠬᠢ ᠠᠴᠠ 188% ᠨᠡᠮᠡᠭᠳᠡᠬᠦᠯᠪᠡ᠃ | ᠳᠡᠭᠡᠳᠦ ᠱᠠᠲᠤᠨ ᠤ ᠪᠡᠯᠡ ᠣᠷᠣᠭᠤᠯᠤᠯᠲᠠ ᠦᠷᠭᠦᠯᠵᠢᠯᠡᠨ ᠨᠡᠮᠡᠭᠳᠡᠪᠡ᠃ ᠳᠡᠭᠡᠳᠦ ᠱᠠᠲᠤᠨ ᠠᠴᠠ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠲᠥᠯᠥᠪᠦᠷᠢ ᠥᠬᠡᠶ ᠪᠠᠯᠠ ᠮᠥᠩᠭᠦ ᠨᠡᠶᠢᠲᠡ 21.6 ᠳ᠋ᠦᠩᠰᠢᠭᠤᠷ ᠲᠥᠭᠦᠷᠢᠭ | ᠴᠢᠷᠮᠠᠶᠢᠨ ᠣᠯᠵᠤ᠂ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 13% ᠨᠡᠮᠡᠭᠳᠡᠪᠡ᠃ 16 ᠲᠥᠷᠥᠯ | ᠵᠥᠢᠯ ᠢ ᠬᠤᠰᠢᠭᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭ ᠤᠨ ᠰᠢᠰᠲ᠋ᠧᠮ ᠳᠤ | ᠤᠷᠤᠭᠤᠯᠵᠤ᠂ ᠶᠡᠷᠦᠩᠬᠡᠶ ᠪᠠᠯᠠ ᠣᠷᠣᠭᠤᠯᠤᠯᠲᠠ 12.8 ᠳ᠋ᠦᠩᠰᠢᠭᠤᠷ ᠲᠥᠭᠦᠷᠢᠭ ᠲᠤ ᠬᠥᠷᠪᠡ᠃ ᠡᠩ ᠤᠨ | ᠤᠯᠠᠨ ᠨᠡᠶᠢᠳᠡ ᠶᠢᠨ ᠲᠥᠰᠦᠪ ᠤᠨ ᠵᠠᠷᠤᠳᠠᠯ 48.8 ᠳ᠋ᠦᠩᠰᠢᠭᠤᠷ ᠲᠥᠭᠦᠷᠢᠭ ᠪᠠᠶᠢᠵᠦ᠂ ᠪᠦᠬᠦ ᠬᠤᠲᠠ ᠳᠤ | ᠲᠡᠷᠢᠭᠦᠯᠡᠪᠡ᠃ | ︵ᠲᠤᠯᠤᠭ᠎ᠠ︶ ᠬᠤᠳᠠ ᠬᠥᠳᠡᠭᠡ ᠶᠢᠨ ᠲᠥᠷᠢ ᠲᠥᠷᠬᠦ ᠳᠤ ᠴᠣ ᠰᠢᠨ᠎ᠡ ᠬᠤᠪᠢᠷᠠᠯᠳᠠ ᠭᠠᠷᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠠᠮᠵᠢᠯᠳᠠ ᠤᠯᠪᠡ᠃ ᠬᠤᠰᠢᠭᠤᠨ | ᠲᠠᠰ ᠤᠨ ᠶᠠᠷᠤᠩᠭᠡᠢ ᠲᠥᠯᠥᠪᠵᠢᠬᠦᠯᠭᠡ ᠶᠢ ᠥᠠᠳᠤᠰᠤᠨ ᠳᠡᠭᠡᠨ ᠨᠠᠶᠢᠷᠠᠭᠤᠯᠤᠨ ᠲᠠᠭᠤᠰᠬᠠᠪᠡ᠃ ᠬᠥᠳᠡᠭᠡ | ᠲᠤᠰᠬᠤᠨ ᠢ ᠬᠥᠭᠵᠢᠬᠦᠯᠥᠨ ᠮᠠᠠᠳᠤᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠭᠤᠤᠯᠳᠠᠯᠭ᠎ᠠ ᠲᠠᠢ ᠲᠥᠷᠥᠯ | ᠵᠥᠢᠯ 15 ᠭᠡᠷᠡᠭᠵᠢᠬᠦᠯᠵᠥ᠂ 4.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ︽ | ᠭᠤᠷᠪᠠᠨ ᠵᠠᠰᠠᠯᠳᠡ ᠶᠢᠨ ᠠᠭᠤᠰᠤᠯᠴᠠᠯ︾ ᠤᠨ ᠠᠴᠢᠶᠠᠯᠠᠬᠤ ᠥᠢᠯᠠᠳᠤᠯ ᠢ ᠬᠥᠢᠴᠠᠳ ᠪᠠᠳᠠᠷᠠᠭᠤᠯᠵᠤ᠂ ᠬᠥᠳᠡᠭᠡ | ᠲᠣᠰᠬᠤᠨ ᠤ ᠵᠠᠰᠠᠯᠲᠠ ᠶᠢᠨ ᠴᠢᠳᠠᠪᠦᠷᠢ ᠪᠠ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ ᠠᠵᠤ ᠥᠢᠯᠠᠰ ᠢᠶᠠᠷ | ᠶᠠᠳᠠᠭᠤ ᠶᠢ ᠲᠡᠳᠬᠦᠬᠦ ᠪᠠ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠬᠥᠠ ᠠᠭᠤᠰᠤᠯᠴᠠᠭᠤᠯᠵᠤ᠂ 2.1 | ᠳ᠋ᠦᠩᠰᠢᠭᠤᠷ ᠲᠥᠭᠦᠷᠢᠭ ᠤᠨ ᠪᠣᠷᠣᠯᠠᠭᠤᠯᠭ᠎ᠠ ᠶᠢᠨ ᠤᠷᠤᠯᠭ᠎ᠠ ᠡᠬᠦᠳᠴᠠᠢ᠃ ᠬᠥᠳᠡᠭᠡ ᠲᠣᠰᠬᠤᠨ ᠤ ᠥᠮᠴᠢᠯᠡᠬᠦ | ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠬᠥᠠᠵᠡᠭᠡᠶᠢᠷᠠᠬᠦᠯᠵᠦ᠂ 225 ᠭᠠᠴᠠᠭ᠎ᠠ ᠲᠣᠰᠬᠤᠨ ᠤ ᠬᠠᠮᠲᠤ ᠶᠢᠨ | ᠠᠵᠤ ᠠᠬᠤᠶ ᠨᠢ ᠴᠦᠮ 10 ᠲᠦᠮᠡᠨ ᠲᠥᠭᠦᠷᠢᠭ ᠢ ᠳᠠᠪᠠᠪᠠ᠃ 3.2 ᠲᠦᠮᠡᠨ ᠡᠷᠦᠬᠡ ᠳᠤ ︽ᠵᠣᠷᠯᠣᠩ ᠤᠨ | ᠥᠭᠡᠷᠡᠴᠢᠯᠡᠯᠳᠡ︾ ᠬᠢᠵᠤ ᠲᠠᠭᠤᠰᠬᠠᠪᠡ᠃ | ᠬᠤᠲᠠ ᠬᠥᠳᠡᠭᠡ ᠶᠢᠨ ᠳᠦᠷᠰᠦ ᠪᠠᠢᠳᠠᠯ ᠳᠤ ᠰᠢᠨ᠎ᠡ ᠬᠤᠪᠢᠷᠠᠯᠲᠠ ᠭᠠᠷᠪᠠ᠃ ᠶᠢᠩ ᠪᠢᠨ ᠶᠡᠭᠡ ᠬᠥᠭᠦᠷᠭᠡ | ᠪᠠᠷᠢᠯᠭ᠎ᠠ ᠲᠠᠭᠤᠰᠴᠤ ᠲᠡᠷᠭᠡ ᠨᠡᠪᠲᠡᠷᠡᠪᠡ᠂ ᠬᠤᠢ ᠶᠤᠸᠠᠨ ᠵᠠᠮ᠂ ᠬᠤᠢ ᠮᠢᠨ ᠵᠠᠮ᠂ ᠰᠢᠨ ᠰᠢ ᠵᠠᠭᠡᠯᠢ ᠶᠢᠨ | ᠤᠮᠠᠷᠠᠳᠤ ᠭᠡᠰᠡᠭ ᠤᠨ ᠵᠠᠮ ᠤᠳ ᠢ ᠪᠠᠶᠢᠭᠤᠯᠤᠠ ᠲᠠᠭᠤᠰᠬᠠᠵᠤ᠂ ᠬᠤᠢ ᠶᠤᠸᠠᠨ ᠵᠠᠮ ᠤᠨ ᠬᠥᠭᠦᠷᠭᠡ᠂ ᠶᠢᠨ ᠶᠤᠸᠠᠨ | ᠵᠡᠭᠡᠯᠢ᠂ ᠰᠢᠨ ᠶᠤᠸᠠᠨ ᠵᠠᠮ ᠤᠨ ᠪᠠᠶᠢᠭᠤᠯᠤᠯᠳᠠ ᠤᠷᠤᠭᠰᠢᠲᠠᠢ ᠠᠬᠢᠪᠠ᠃ ᠰᠢᠨ ᠵᠧᠦ ᠵᠡᠭᠡᠯᠢ ᠶᠢᠨ ᠤᠮᠠᠷᠠᠳᠤ | ᠬᠡᠰᠡᠭ ᠢ ᠥᠨᠳᠥᠷ ᠪᠠᠷᠢᠮᠵᠢᠶ᠎ᠠ ᠪᠠᠷ ᠥᠭᠡᠷᠡᠴᠢᠯᠠᠵᠤ ᠲᠠᠭᠤᠰᠪᠡ᠃ ᠤᠰᠤ ᠬᠠᠩᠭᠠᠵᠤ ᠭᠠᠳᠠᠬᠰᠢᠯᠠᠭᠤᠯᠬᠤ ᠬᠤᠭᠤᠯᠠᠢ᠂ | ᠪᠠᠶᠢᠭᠠᠯᠢ ᠶᠢᠨ ᠰᠢᠲᠠᠮᠠᠬᠠᠢ ᠬᠡᠢ ᠲᠠᠮᠵᠢᠭᠤᠯᠬᠤ ᠬᠤᠭᠤᠯᠠᠢ᠂ ᠢᠯᠴᠢ ᠬᠠᠩᠭᠠᠬᠤ ᠬᠤᠭᠤᠯᠠᠢ ᠵᠠᠷᠭᠡ ᠲᠤᠤᠷᠵᠢᠯ | ᠬᠤᠭᠤᠯᠠᠢ 34.8 ᠺᠢᠯᠥᠮᠧᠲᠷ ᠳᠡᠪᠢᠰᠴᠦ᠂ ᠢᠯᠴᠢ ᠲᠠᠮᠵᠢᠭᠤᠯᠭ᠎ᠠ ᠶᠢᠨ ᠥᠷᠲᠡᠭᠡ 9 ᠪᠠᠶᠢᠭᠤᠯᠪᠠ᠃ ᠭᠡᠷ ᠭᠠᠵᠠᠷ | ᠬᠥᠷᠥᠩᠭᠡ ᠶᠢᠨ ᠨᠡᠭᠡᠭᠡᠯᠲᠡ 110 ᠲᠦᠮᠡᠨ ᠲᠡᠭᠰᠢ ᠳᠥᠷᠪᠡᠯᠵᠢᠨ ᠮᠧᠲᠷ ᠲᠠᠭᠤᠰᠬᠠᠵᠤ᠂ ᠵᠢᠵᠢᠭ ᠬᠤᠳᠠ | ᠪᠠᠯᠭᠠᠰᠤᠨ ᠤ ᠪᠥᠳᠥᠭᠡᠨ ᠪᠠᠶᠢᠭᠤᠯᠤᠯᠳᠠ 600 ᠲᠦᠮᠡᠨ ᠲᠥᠭᠦᠷᠢᠭ ᠤᠨ ᠪᠡᠯᠡ ᠤᠷᠤᠭᠤᠯᠤᠯᠳᠡ ᠶᠢ ᠪᠡᠶᠡᠯᠡᠬᠦᠯᠪᠡ᠃ | ᠮᠠᠨ ᠤ ᠬᠤᠰᠢᠭᠤ ᠤᠯᠤᠰ ᠤᠨᠨᠢᠭᠡᠳᠦᠭᠡᠷ ᠪᠦᠯᠦᠭ ᠭᠤᠶᠤ ᠰᠠᠶᠢᠬᠠᠨ ᠣᠷᠴᠢᠨ ᠲᠣᠭᠤᠷᠢᠨ ᠪᠠ ᠵᠣᠯ ᠵᠢᠷᠭᠠᠯᠲᠤ | ᠠᠮᠢᠳᠤᠷᠠᠯ ᠢ ᠬᠠᠮᠲᠤᠪᠠᠷ ᠴᠣᠭᠴᠠᠯᠠᠨ ᠪᠠᠶᠢᠭᠤᠯᠬᠤ ᠠᠵᠢᠯᠯᠠᠭᠠᠨ ᠤ ᠪᠤᠯᠪᠠᠰᠤᠷᠠᠭᠤᠯᠤᠯ ᠤᠨ ᠰᠠᠭᠤᠷᠢᠨ ᠭᠠᠵᠠᠷ ᠤᠨ | ᠨᠡᠷᠡᠰ ᠲᠤ ᠵᠢᠭᠰᠠᠭᠠᠭᠳᠠᠪᠠ᠃ | ᠬᠤᠳᠠ ᠬᠥᠳᠡᠭᠡ ᠶᠢᠨ ᠵᠠᠰᠠᠯᠲᠠ ᠰᠢᠨ᠎ᠡ ᠲᠥᠪᠰᠢᠨ ᠳᠤ ᠬᠥᠷᠪᠡ᠃ ︽ᠠᠳᠠᠯ ᠠᠬᠤᠶ ᠶᠢᠨ | ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠥᠷᠨᠢᠭᠦᠯᠪᠡ᠃ ᠰᠢᠨ ᠬᠤᠢ | ᠬᠤᠲᠠ ᠲᠣᠭᠤᠷᠢᠭ ᠲᠤ ᠲᠦᠷ ᠴᠠᠭ ᠤᠨ ᠵᠠᠬ᠎ᠠ ᠳᠡᠯᠭᠡᠭᠦᠷ ᠪᠠᠶᠢᠭᠤᠯᠵᠤ᠂ 9000 ᠭᠠᠷᠤᠶ ᠲᠡᠷᠭᠡᠨ ᠵᠤᠬᠰᠤᠭᠠᠯ | ᠵᠠᠭᠠᠭᠯᠠᠨ ᠲᠤᠬᠳᠠᠭᠠᠵᠤ᠂ 1000 ᠭᠠᠷᠤᠢ ᠨᠠᠶᠢᠳᠠ ᠶᠢᠨ ᠲᠤᠭᠤᠢ ᠲᠡᠷᠭᠡ ᠶᠢ ᠠᠰᠢᠭᠯᠠᠯᠲᠠ ᠳᠤ ᠣᠷᠣᠭᠤᠯᠪᠠ᠃ | ᠣᠷᠴᠢᠨ ᠲᠣᠭᠤᠷᠢᠨ ᠢ ᠴᠡᠪᠡᠷᠯᠠᠬᠦ ᠠᠵᠢᠯ ᠤᠨ ᠲᠥᠷᠢᠮ ᠳᠤ ᠬᠤᠪᠢᠴᠠᠭᠠᠨ ᠤ ᠡᠷᠬᠡ ᠶᠢᠨ ᠥᠭᠡᠷᠡᠴᠢᠯᠡᠯᠲᠡ ᠬᠢᠵᠦ᠂ | ᠬᠤᠲᠠ ᠲᠣᠭᠤᠷᠢᠭ ᠤᠨ ᠤᠷᠴᠢᠠ ᠲᠤᠭᠤᠷᠢᠨ ᠤ ᠴᠡᠪᠡᠷᠰᠢᠯᠳᠡ ᠶᠢᠨ ᠨᠣᠷᠮ᠎ᠠ ᠶᠠᠭᠡᠪᠠᠷ ᠲᠡᠭᠡᠭᠰᠢᠯᠡᠪᠡ᠃ ᠰᠢᠶᠠᠩ | ᠪᠠᠯᠭᠠᠰᠤ ᠶᠢᠨ ᠬᠥᠳᠡᠯᠮᠦᠷᠢ ᠬᠦᠴᠦ ᠲᠣᠮᠢᠯᠠᠬᠤ ᠺᠣᠮᠫᠠᠨᠢ ᠳᠤ ᠲᠦᠰᠢᠭᠯᠡᠨ᠂ ᠲᠣᠰᠬᠤᠨ ︵ᠳᠤᠭᠤᠶᠢᠯᠠᠩ︶ ᠤ ᠬᠤᠭ | ᠨᠣᠪᠰᠢ ᠬᠤᠷᠢᠶᠠᠬᠤ᠂ ᠰᠢᠯᠵᠢᠭᠦᠯᠬᠦ᠂ ᠲᠡᠭᠡᠭᠡᠪᠦᠷᠢᠯᠡᠬᠦ ᠬᠠᠮᠢᠶᠠᠷᠤᠯᠲᠠ ᠶᠢᠨ ᠰᠢᠰᠲ᠋ᠧᠮ ᠢ ᠭᠡᠷᠡᠭᠵᠢᠬᠦᠯᠵᠥ᠂ ᠬᠤᠭ | ᠨᠣᠪᠰᠢ ᠪᠤᠯᠠᠵᠤ ᠬᠠᠶᠠᠬᠤ ᠲᠠᠯᠠᠪᠤᠷ 125 ᠪᠠᠶᠢᠭᠤᠯᠵᠤ᠂ 12 ᠲᠦᠮᠡᠨ ᠲᠣᠨ ᠠᠮᠢᠳᠤᠷᠠᠯ ᠤᠨ ᠬᠤᠭ ᠨᠣᠪᠰᠢ ᠢ | ᠴᠡᠪᠡᠷᠯᠡᠨ ᠰᠢᠢᠳᠪᠤᠷᠢᠯᠠᠵᠦ᠂ ᠬᠥᠳᠡᠭᠡ ᠲᠤᠰᠬᠤᠨ ᠤ ᠣᠷᠴᠢᠨ ᠲᠣᠭᠤᠷᠢᠨ ᠢ ᠥᠷᠬᠦᠯᠵᠢᠯᠠᠠ ᠰᠠᠶᠢᠵᠢᠷᠠᠭᠤᠯᠵᠠᠢ᠃ | ︵ᠨᠠᠢᠮᠠ︶ ᠠᠷᠠᠳ ᠤᠨ ᠠᠮᠢᠳᠤᠷᠠᠯ ᠠᠰᠢᠭ ᠬᠥᠷᠳᠡᠭᠡᠯ ᠪᠥᠬᠦ ᠲᠠᠯ᠎ᠠ ᠪᠠᠷ ᠲᠠᠪᠰᠢᠪᠠ | ᠠᠮᠢ ᠠᠬᠤᠶ ᠶᠢᠨ ᠥᠵᠡᠮᠵᠢ ᠪᠠᠶᠢᠳᠠᠯ ᠥᠩᠭᠡ ᠪᠤᠳᠤᠭ ᠤᠯᠠᠮ ᠭᠤᠶᠤᠵᠢᠪᠡ᠃ 12.8 ᠲᠦᠮᠡᠨ ᠮᠥ | ᠤᠶᠢᠵᠢᠭᠤᠯᠤᠯᠳᠠ ᠬᠢᠵᠦ᠂ 9 ᠲᠦᠮᠡᠨ ᠮᠥ ᠡᠪᠡᠰᠦ ᠳᠠᠷᠢᠵᠤ᠂ ᠭᠤᠤᠯᠳᠠᠯᠭᠠᠳᠦ ᠤᠷᠤᠠ ᠤ ᠨᠣᠭᠤᠭᠠᠷᠠᠭᠤᠯᠤᠯᠲᠠ | 7000 ᠮᠥ ᠲᠠᠭᠤᠰᠬᠠᠪᠡ᠃ ᠠᠭᠤᠷᠬᠠᠢ ᠶᠢᠨ ᠤᠷᠤᠨ ᠤ ᠠᠮᠢ ᠠᠬᠤᠢ ᠶᠢᠨ ᠰᠠᠷᠬᠦᠭᠡᠯᠳᠠ ᠶᠢ ᠲᠦᠷᠭᠡᠳᠬᠡᠵᠦ᠂ ᠳ᠋ᠠ | ᠾᠧᠢ ᠱᠠᠨ ᠠᠭᠤᠯᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠪᠠᠶᠢᠭ᠎ᠠ ᠦᠢᠯᠡᠳᠪᠦᠷᠢ ᠠᠭᠤᠷᠬᠠᠢ ᠶᠢᠨ | ᠠᠵᠤ ᠠᠬᠤᠶᠢᠯᠠᠯ ᠢ ᠪᠦᠬᠦᠨ ᠢ ᠴᠡᠪᠡᠷᠯᠡᠵᠦ ᠭᠠᠷᠭᠠᠪᠠ᠃ ᠳ᠋ᠠ ᠾᠧ ᠱᠠᠨ ᠠᠭᠤᠯᠠᠨ ᠤ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ᠂ ᠰᠢᠶᠤᠤ ᠾᠧ ᠶᠠᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠠᠶᠢᠨ | ᠰᠢᠠᠵᠢᠯᠡᠭᠡᠨ ᠤ ᠵᠠᠭᠠᠭ ᠲᠤᠬᠳᠠᠭᠠᠵᠤ ᠬᠥᠰᠢᠶ᠎ᠡ ᠪᠣᠰᠬᠠᠬᠤ ᠠᠵᠢᠯ ᠢ ᠲᠠᠭᠤᠰᠬᠠᠪᠡ᠃ ᠠᠤᠬᠠᠨ ᠬᠤᠰᠢᠭᠤᠨ ᠤ ᠯᠢᠦᠶ | ᠲᠤᠤ ᠨᠡᠭᠦᠷᠡᠰᠦᠲᠥ᠋ᠷᠥᠭᠴᠢ ᠬᠤᠷᠠᠮᠳᠠᠭᠤᠯᠬᠤ ᠣᠶ ᠰᠢᠭᠤᠶ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢ | ᠪᠠᠶᠢᠭᠤᠯᠵᠤ᠂ ᠪᠥᠬᠦ ᠬᠤᠰᠢᠭᠤᠨ ᠤ ᠣᠶ ᠰᠢᠭᠤᠶ ᠶᠢᠨ ᠨᠡᠭᠦᠷᠡᠰᠦᠲᠥ᠋ᠷᠥᠭᠴᠢ ᠬᠤᠷᠠᠮᠳᠠᠭᠤᠯᠬᠤ ᠰᠠᠭᠤᠷᠢ ᠲᠤᠭ᠎ᠠ | ᠪᠠᠷᠢᠮᠲᠠ ᠶᠢ ᠬᠤᠷᠢᠶᠠᠩᠭᠤᠶᠢᠯᠠᠵᠤ ᠲᠠᠭᠤᠰᠪᠡ᠃ | ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠦᠷᠭᠦᠯᠵᠢᠯᠡᠨ ᠲᠡᠭᠦᠯᠳᠡᠷᠵᠢᠪᠡ᠃ 305 | ᠤᠯᠤᠰ ᠤᠨ ᠵᠠᠮ ᠤᠨ ᠳ᠋ᠠ ᠾᠸᠢ ᠱᠠᠠ ᠠᠴᠠ ᠬᠤᠨᠢᠨ ᠲᠠᠯᠠᠪᠠᠢ ᠬᠥᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ | ᠪᠠᠶᠢᠭᠤᠯᠤᠯᠳᠠ ᠨᠢ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤ︾ ᠶᠢᠨ ᠭᠤᠤᠯᠳᠠᠯᠭ᠎ᠠ ᠲᠠᠢ | ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠳᠤ ᠵᠢᠬᠰᠠᠭᠠᠬᠳᠠᠵᠤ᠂ ᠲᠣᠰᠬᠤᠨ ᠳᠤ | ᠨᠡᠪᠳᠡᠷᠡᠬᠦᠯᠥᠭᠰᠡᠨᠵᠠᠰᠠᠮᠠᠯ ᠵᠠᠮ ᠤᠨ ᠤᠷᠳᠦ 18.7 ᠺᠢᠯᠣᠮᠧᠲᠷ ᠲᠤ ᠬᠥᠷᠴᠤ᠂ ᠬᠠᠲᠠᠭᠤᠷᠠᠭᠤᠯᠤᠭᠰᠠᠨ ᠵᠠᠰᠠᠮᠠᠯ | ᠵᠠᠮ ᠤᠨ ᠤᠷᠳᠤ 145.1 ᠺᠢᠯᠣᠮᠧᠲᠷ ᠲᠤ ᠬᠥᠷᠴᠠᠢ᠃ ᠨᠡᠶᠢᠳᠡᠮ ᠭᠡᠷᠡᠭᠯᠠᠭᠡᠨ ᠤ ᠨᠢᠰᠬᠡᠯ ᠤᠨ ᠪᠠᠭᠤᠳᠠᠯ ᠤᠨ | ᠭᠦᠶᠦᠯᠲᠡ ᠶᠢᠨ ᠵᠠᠮ ᠢ ᠲᠠᠪᠢᠰᠴᠤ ᠲᠠᠭᠤᠰᠬᠠᠪᠡ᠃ 60 ᠰᠠᠤᠷᠢ ᠰᠢᠨ᠎ᠡ ᠡᠨᠧᠷᠭᠢ ᠶᠢᠨ ᠬᠤᠳᠠ ᠲᠣᠭᠤᠷᠢᠭ ᠤᠨ | ᠨᠡᠶᠢᠲᠡ ᠶᠢᠨ ᠮᠠᠰᠢᠨ ᠲᠡᠷᠭᠡ ᠶᠢ ᠠᠰᠢᠭᠯᠠᠯᠲᠠ ᠳᠤ ᠤᠷᠤᠭᠤᠯᠪᠡ︔ ᠤᠰᠤᠨ ᠴᠥᠭᠦᠷᠥᠮ᠂ ᠤᠤᠭᠤᠬᠤ ᠤᠰᠤ᠂ | ᠤᠰᠤ ᠠᠷᠪᠢᠯᠠᠬᠤ ᠲᠥᠬᠦᠭᠡᠷᠦᠮᠵᠢ ᠵᠡᠷᠭᠡ 15 ᠵᠦᠢᠯ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢ ᠰᠢᠨ᠎ᠡ ᠪᠠᠷ | ᠪᠠᠶᠢᠭᠤᠯᠤᠭᠰᠠᠨ ᠪᠤᠶᠤ ᠦᠷᠭᠦᠯᠵᠢᠯᠡᠨ ᠪᠠᠶᠢᠭᠤᠯᠪᠠ︔ ᠺᠠᠩ ᠵᠢᠶᠠ ᠶᠢᠩᠽᠢ—ᠰᠢᠶᠤᠤ ᠱᠠᠨ ᠤ 66 ᠺᠢᠯᠣᠸᠠᠲ ᠤᠨ | ᠴᠠᠬᠢᠯᠭᠠᠨ ᠤᠳᠠᠰᠤ ᠲᠠᠳᠠᠬᠤ ᠢᠨᠵᠧᠨᠧᠷᠢᠩ ᠪᠠᠶᠢᠭᠤᠯᠤᠬᠳᠠᠠ ᠠᠰᠢᠭᠯᠠᠯᠲᠠ ᠳᠤ ᠤᠷᠤᠵᠤ᠂ ᠰᠢᠶᠠ ᠸᠠ ᠶᠢᠨ 66 | ᠺᠢᠯᠣᠸᠠᠲ ᠤᠨ ᠴᠠᠬᠢᠯᠭᠠᠨ ᠬᠤᠪᠢᠰᠬᠠᠬᠤ ᠥᠷᠲᠡᠭᠡ ᠶᠢ ᠥᠠᠳᠤᠰᠤᠨ ᠳᠡᠭᠡᠨ ᠥᠭᠡᠷᠡᠴᠢᠯᠠᠠ ᠲᠠᠭᠤᠰᠬᠠᠵᠤ᠂ 10 | ᠪᠤᠶᠤ ᠲᠠᠬᠦᠠ ᠠᠴᠠ ᠲᠤᠭᠤᠬᠰᠢᠬᠢ ᠺᠢᠯᠣᠸᠠᠲ ᠤᠨ ᠬᠥᠳᠡᠭᠡ ᠲᠣᠰᠬᠤᠨ ᠤ ᠴᠠᠬᠢᠯᠭᠠᠨ ᠲᠣᠤᠷ ᠤᠨ ᠲᠠᠩ ᠴᠣᠭᠴᠠᠲᠤ | ᠢᠨᠵᠧᠨᠧᠷᠢᠩ ᠢ 61 ᠭᠡᠷᠡᠭᠵᠢᠬᠦᠯᠵᠥ᠂ ᠪᠥᠬᠦ ᠬᠤᠰᠢᠭᠤᠨ ᠤ ᠶᠡᠷᠦᠩᠬᠡᠶᠢᠯᠡᠭᠰᠡᠨ ᠴᠠᠬᠢᠯᠭᠠᠨ ᠬᠠᠩᠭᠠᠯᠭ᠎ᠠ ᠶᠢᠨ | ᠨᠠᠶᠢᠳᠠᠪᠤᠷᠢᠲᠤ ᠨᠣᠷᠮ᠎ᠠ 99.83% ᠪᠤᠯᠪᠡ︔ ︽ᠤᠶᠤᠨᠯᠢᠭ ᠷᠠᠳᠢᠣ᠋ ᠲᠧᠯᠸᠢᠰ︾ ᠢ ᠲᠣᠰᠬᠤᠨ ᠳᠤ | ᠬᠥᠷᠭᠡᠵᠤ ᠡᠷᠦᠬᠡ ᠳᠤ ᠣᠷᠣᠭᠤᠯᠬᠤ ᠢᠨᠵᠧᠨᠧᠷᠢᠩ ᠢ ᠭᠦᠨᠵᠡᠭᠡᠶ ᠠᠬᠢᠭᠤᠯᠵᠤ᠂ ᠭᠡᠷᠡᠯᠯᠢᠭ ᠤᠳᠠᠰᠤᠨ ᠤ | ᠲᠤᠤᠷᠵᠢᠯ ᠤᠨ ᠪᠥᠷᠬᠦᠯᠳᠡ 7.8 ᠲᠦᠮᠡᠨ ᠡᠷᠦᠬᠡ ᠶᠢ ᠬᠠᠮᠤᠷᠴᠤ᠂ 4G ᠰᠦᠯᠵᠢᠶ᠎ᠡ ᠪᠦᠬᠦ ᠵᠠᠰᠠᠭ ᠵᠠᠬᠢᠷᠭᠠᠨ ᠤ | ᠲᠣᠰᠬᠤᠨ ᠶᠢ ᠪᠥᠷᠬᠦᠵᠤ᠂ 5G ᠰᠦᠯᠵᠢᠶ᠎ᠡ ᠶᠢ ᠲᠦᠷᠭᠡᠪᠴᠢᠯᠡᠨ ᠪᠠᠶᠢᠷᠢᠯᠠᠭᠤᠯᠵᠤ ᠪᠠᠶᠢᠨ᠎ᠠ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠲᠠᠰᠤᠷᠠᠯᠲᠠ ᠦᠭᠡᠢ ᠲᠠᠬᠦᠯᠳᠡᠷᠵᠢᠪᠡ᠃ ᠡᠳ᠋ ᠤᠨ ᠵᠠᠰᠠᠭ ᠤᠨ | ᠪᠡᠯᠡ ᠤᠷᠤᠭᠤᠯᠤᠯᠳᠡ ᠳᠠᠬᠢ ᠠᠷᠠᠳ ᠤᠨ ᠠᠮᠢᠳᠤᠷᠠᠯ ᠤᠨ ᠬᠦᠷᠢᠶᠡᠨ ᠤ ᠪᠡᠯᠡ ᠤᠷᠤᠭᠤᠯᠤᠯᠳᠡ 76% ᠶᠢ | ᠡᠵᠡᠯᠡᠪᠡ᠃ ᠬᠤᠳᠠ ᠪᠠᠯᠭᠠᠰᠤᠨ ᠤ1486 ᠬᠥᠮᠦᠨ ᠳᠤ ᠠᠵᠢᠯ ᠤᠯᠭᠤᠵᠦ᠂ ᠬᠥᠳᠡᠭᠡ ᠲᠣᠰᠬᠤᠨ ᠤ ᠬᠥᠳᠡᠯᠮᠦᠷᠢ | ᠬᠥᠴᠤ ᠶᠢ 11.5 ᠲᠦᠮᠡᠨ ᠬᠥᠮᠦᠨ ᠤᠳᠠᠭ᠎ᠠ ᠰᠢᠯᠵᠢᠭᠦᠯᠦᠨ ᠠᠵᠢᠯ ᠣᠯᠭᠤᠵᠤ᠂ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠠᠵᠢᠯ ᠤᠨ ᠪᠠᠶᠢᠷᠢ 3783 ᠲᠤᠬᠢᠷᠠᠭᠤᠯᠵᠦ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠳᠠᠯᠲᠠ ᠶᠢᠨ ᠨᠤᠷᠮ᠎ᠠ ᠶᠢ 4.5% ᠤᠨ ᠳᠣᠲᠣᠷ᠎ᠠ ᠬᠢᠵᠠᠭᠠᠷᠯᠠᠪᠠ᠃ ︽ᠬᠤᠶᠠᠷ ᠲᠦᠷᠢᠮ︾ ᠢ ᠡᠷᠴᠢᠮᠳᠠᠢ | ᠵᠤᠯᠭᠤᠭᠤᠯᠵᠤ᠂ 2.07 ᠲᠥᠮᠠᠠ ᠶᠠᠳᠠᠭᠤ ᠬᠦᠴᠢᠷᠳᠡᠯᠲᠡᠶ ᠡᠷᠦᠬᠡ ᠶᠢ ᠲᠤᠤᠷ᠎ᠠ ᠪᠠᠳᠤᠯᠭᠠᠳᠤ ᠡᠷᠤᠭᠡ ᠪᠤᠯᠤᠠ | ᠤᠨᠴᠠ ᠬᠦᠴᠢᠷᠳᠡᠯᠳᠡᠢ ᠠᠰᠠᠷᠠᠨ ᠬᠠᠷᠠᠭᠠᠯᠵᠠᠬᠤ ᠴᠢᠬᠤᠯᠳᠠᠢ ᠬᠦᠮᠦᠰ ᠤᠨ ᠡᠩᠨᠠᠭᠡᠨ ᠳᠤ ᠤᠷᠤᠭᠤᠯᠪᠡ᠃ | ᠨᠠᠰᠤᠵᠢᠯ ᠤᠨ ᠳᠠᠭᠠᠳᠬᠠᠯ ᠳᠤ 24.03 ᠲᠦᠮᠡᠨ ᠬᠥᠮᠦᠨ ᠣᠷᠣᠯᠴᠠᠵᠤ᠂ ᠡᠮ ᠡᠮᠨᠡᠯᠭᠡ ᠶᠢᠨ ᠳᠠᠭᠠᠳᠬᠠᠯ ᠪᠠ | ᠦᠷᠡᠵᠢᠯ ᠤᠨ ᠳᠠᠭᠠᠳᠬᠠᠯ ᠳᠤ 53.5 ᠲᠦᠮᠡᠨ ᠬᠥᠮᠦᠨ ᠣᠷᠣᠯᠴᠠᠵᠤ᠂ ᠠᠵᠢᠯ ᠠᠯᠳᠠᠯᠲᠠ ᠶᠢᠨ ᠳᠠᠭᠠᠳᠬᠠᠯ ᠳᠤ 2. | 05 ᠬᠥᠮᠦᠨ ᠣᠷᠣᠯᠴᠠᠪᠠ᠃ ᠡᠮᠦᠨᠡᠲᠦ ᠬᠡᠰᠡᠭ ᠤᠨ ᠲᠠᠪᠤᠨ ᠰᠢᠶᠠᠩ ᠪᠠᠯᠭᠠᠰᠤᠨ ᠳᠤ ᠪᠣᠯᠪᠠᠰᠤᠨ | ᠣᠷᠣᠰᠢᠭᠤᠯᠭ᠎ᠠ ᠶᠢᠨ ᠥᠭᠡᠷᠡᠴᠢᠯᠡᠯᠲᠡ ᠬᠢᠵᠤ ᠲᠠᠭᠤᠰᠬᠠᠪᠡ᠃ ᠤᠯᠠᠭᠠᠠᠬᠠᠳᠠ ᠶᠢᠨ ᠠᠩᠬᠠᠳᠠᠭᠴᠢ ᠵᠡᠮᠳᠡᠭᠴᠦᠳ ᠤᠨ | ︽ᠬᠠᠯᠠᠭᠤᠨ ᠳᠤᠯᠠᠭᠠᠨ ᠬᠡᠷ ᠣᠷᠣᠨ︾ ᠪᠠ ︽ᠡᠯᠧᠺᠲᠷᠣᠨ ᠬᠤᠳᠠᠯᠳᠤᠭ᠎ᠠ ᠪᠠᠷ ᠵᠡᠮᠳᠡᠭᠴᠦᠳ ᠢ ᠲᠡᠳᠬᠦᠬᠦ | ᠥᠢᠯᠡᠴᠢᠯᠡᠭᠡᠨ ᠤ ᠲᠥᠪ︾ ᠠᠰᠢᠭᠯᠠᠯᠲᠠ ᠳᠤ ᠤᠷᠤᠪᠡ᠃ ᠬᠦᠴᠦ ᠶᠠᠪᠤᠵᠦ ᠪᠠᠶᠢᠭ᠎ᠠ ᠮᠠᠯᠴᠢᠨ ᠲᠠᠷᠢᠶᠠᠴᠢᠥᠨ ᠤᠨ | ᠬᠠᠤᠯᠢ ᠶᠣᠰᠣᠨ ᠤ ᠡᠷᠬᠡ ᠠᠰᠢᠭ ᠢ ᠪᠥᠬᠦ ᠬᠦᠴᠦᠨ ᠢᠶᠠᠷ ᠬᠠᠮᠠᠭᠠᠯᠠᠵᠤ᠂ ᠴᠠᠯᠢᠩ ᠥᠷᠢᠲᠦᠬᠦ ᠠᠰᠠᠭᠤᠳᠠᠯ ᠢ | ᠦᠨᠳᠦᠰᠦᠨ ᠠᠴᠠ ᠨᠢ ᠵᠠᠰᠠᠵᠤ ᠢᠯᠡᠳᠲᠡ ᠦᠷ᠎ᠡ ᠪᠦᠲᠦᠮᠵᠢ ᠤᠯᠵᠠᠢ᠃ ᠡᠯ᠎ᠡ ᠬᠥᠷᠢᠶᠠᠠ ᠤ ᠴᠢᠳᠠᠪᠤᠷᠢᠲᠠᠨ 172 | ᠬᠥᠮᠤᠠ ᠤᠷᠢᠨ ᠵᠠᠯᠠᠵᠤ᠂ 20 ᠰᠢᠨ᠎ᠡ ᠡᠬᠦᠯᠳᠠᠷ᠂ 15 ᠰᠢᠨ᠎ᠡ ᠮᠡᠷᠭᠡᠵᠢᠯ ᠤᠷᠤᠭᠤᠯᠤᠨ ᠠᠪᠴᠢᠷᠠᠵᠠᠢ᠃ ᠵᠢᠶ | ᠯᠦᠩ ᠠᠭᠤᠷᠬᠠᠶ ᠶᠢᠨ ᠥᠢᠯᠠᠰ᠂ ᠱᠠ ᠮᠥᠸᠧ ᡁᠢ ᠬᠤᠸᠠ ᠬᠢᠵᠠᠭᠠᠷᠳᠤ ᠺᠣᠮᠫᠠᠨᠢ ᠤᠯᠤᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢᠶᠠᠷ ᠵᠥᠪᠰᠢᠶᠡᠷᠡᠭᠳᠡᠪᠡ᠃ ᠮᠠᠨ ᠤ ᠬᠤᠰᠢᠭᠤ ᠣᠷᠣᠨ ᠤ ᠲᠡᠰ ᠤᠨ ︽ᠬᠤᠶᠠᠷ ᠢ | ᠬᠦᠷᠢᠶᠡᠯᠡᠬᠦ ᠵᠢᠱᠢᠶᠡᠴᠢ ᠬᠤᠲᠠ︾ ᠶᠢᠨ ᠢᠷᠠᠭᠤ ᠠᠯᠳᠠᠷ ᠢ ᠵᠠᠯᠭᠠᠪᠠᠷ ᠨᠠᠢᠮᠠ ᠤᠳᠠᠭ᠎ᠠ ᠬᠥᠷᠳᠡᠵᠠᠢ᠃ | ᠰᠤᠷᠭᠠᠨ ᠬᠥᠮᠦᠵᠢᠯ ᠤᠨ ᠦᠢᠯᠡᠰ ᠲᠡᠩᠴᠡᠬᠦᠷᠢᠳᠠᠢ ᠬᠥᠭᠵᠢᠪᠡ᠃ ︽ᠬᠤᠶᠠᠷ ᠡᠩᠨᠡᠭᠡ︾ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠨᠠᠩ | ᠰᠢᠯᠢᠳᠡᠭᠵᠢᠪᠡ᠃ ᠶᠡᠭᠡ ᠰᠤᠷᠭᠠᠭᠤᠯᠢ ᠳᠤ ᠲᠠᠪᠰᠢᠬᠤ ᠰᠢᠯᠭᠠᠯᠳᠠ ᠶᠢᠨ ᠵᠢᠩᠬᠢᠨᠢ ᠠᠩᠬᠢ ᠶᠢᠨ ᠬᠤᠪᠢᠨ ᠳᠤ | ᠬᠥᠷᠥᠭᠰᠡᠨ ᠨᠤᠷᠮ᠎ᠠ 59.8% ᠪᠠᠶᠢᠵᠤ᠂ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 5.9% ᠪᠠᠷ | ᠨᠡᠮᠡᠭᠳᠡᠨ᠂ ᠴᠢᠩᠬᠤᠸᠠ ᠶᠡᠭᠡ ᠰᠤᠷᠭᠠᠭᠤᠯᠢ ᠪᠤᠯᠤᠨ ᠪᠡᠭᠡᠵᠢᠩ ᠶᠡᠭᠡ ᠰᠤᠷᠭᠠᠭᠤᠯᠢ ᠳᠤ 11 ᠰᠤᠷᠤᠬᠴᠢ ᠡᠯᠰᠡᠭᠳᠡᠪᠡ | ᠃ 5 ᠳᠤᠮᠳᠠᠳᠤ ᠪᠠᠭ᠎ᠠ ᠰᠤᠷᠭᠠᠭᠤᠯᠢ ᠂ 6 ᠬᠡᠤᠬᠡᠳ ᠤᠨ ᠴᠡᠴᠡᠷᠯᠢᠭ ᠢ ᠥᠭᠡᠷᠡᠴᠢᠯᠠᠬᠦ ᠪᠤᠶᠤ ᠥᠷᠭᠡᠳᠬᠡᠨ | ᠪᠠᠶᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠤᠶᠠᠷ ᠵᠢᠭᠠᠯᠳᠡ ᠲᠤᠭ᠎ᠠ ᠪᠥᠷ | ᠪᠠᠷᠢᠮᠵᠢᠶ᠎ᠠ ᠳᠤ ᠬᠥᠷᠪᠡ᠃ 502 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠦᠨᠳᠦᠰᠦᠲᠡᠨ ᠤ | ᠰᠤᠷᠭᠠᠭᠤᠯᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠮᠣᠩᠭᠤᠯ | ᠬᠢᠲᠠᠳ ᠬᠡᠯᠡᠨ ᠳᠤ ᠨᠡᠪᠲᠡᠷᠡᠭᠰᠡᠨ 7 ᠪᠠᠭᠰᠢ ᠶᠢ ᠤᠷᠢᠵᠤ ᠭᠡᠷᠡᠭᠯᠡᠪᠡ᠃ ᠦᠨᠳᠦᠰᠦᠲᠡᠨ ᠤ ᠬᠡᠯᠡ ᠪᠠᠷ ᠪᠠᠨ | ᠬᠢᠴᠢᠶᠡᠯᠯᠡᠬᠦ ᠰᠤᠷᠭᠠᠭᠤᠯᠢ ᠶᠢᠨ ᠠᠩᠬᠠᠳᠤᠭᠠᠷ ᠤᠠ ᠠᠴᠠ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ︽ᠬᠡᠯᠡ ᠪᠢᠴᠢᠭ︾ ᠢ ᠭᠡᠷᠡᠭᠯᠡᠬᠦᠯᠬᠦ ᠠᠵᠢᠯ ᠢ ᠲᠠᠭᠤᠰᠬᠠᠪᠡ᠃ | ᠡᠷᠡᠭᠦᠯ ᠡᠩᠬᠡ ᠠᠤᠬᠠᠨ ᠢ ᠪᠠᠶᠢᠭᠤᠯᠬᠤ ᠠᠵᠢᠯ ᠯᠠᠪᠳᠠᠭᠤᠨ ᠪᠠᠲᠤᠲᠠᠶ ᠠᠬᠢᠪᠠ᠃ ᠬᠤᠰᠢᠭᠤᠨ ᠤ | ᠡᠮᠨᠡᠯᠭᠡ ᠶᠢᠨ ᠬᠤᠷᠢᠶ᠎ᠡ ᠶᠢ ᠨᠡᠬᠦᠯᠭᠡᠵᠦ ᠪᠠᠶᠢᠭᠤᠯᠬᠤ ᠠᠵᠢᠯ ᠥᠠᠳᠤᠰᠤᠨ ᠳᠡᠭᠡᠨ ᠳᠠᠭᠤᠰᠪᠠ᠃ ᠮᠣᠩᠭᠤᠯ ᠬᠢᠲᠠᠳ | ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠥᠢᠯᠡᠴᠢᠯᠡᠭᠡᠨ ᠤ ᠲᠥᠪ᠂ | ᠵᠡᠮᠳᠡᠭᠴᠦᠳ ᠤᠨ ᠡᠷᠡᠭᠦᠯᠵᠢᠯ ᠤᠨ ᠲᠥᠪ ᠵᠢᠴᠢ 4 ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ | ᠡᠭᠦᠳᠡᠨ ᠡᠮᠨᠡᠯᠭᠡ᠂ ᠡᠪᠡᠳᠴᠢᠲᠡᠨ ᠤ ᠠᠰᠠᠷ ᠢ ᠪᠠᠶᠢᠭᠤᠯᠤᠨ ᠲᠠᠭᠤᠰᠬᠠᠵᠤ ᠠᠰᠢᠭᠯᠠᠯᠲᠠ ᠳᠤ ᠤᠷᠤᠭᠤᠯᠪᠡ᠃ | ᠮᠣᠩᠭᠤᠯ ᠬᠢᠲᠠᠳ ᠡᠮ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠠᠵᠢᠯ ᠥᠪᠡᠷᠲᠡᠭᠡᠨ ᠵᠠᠰᠠᠬᠤ ᠣᠷᠣᠨ ᠤ | ᠰᠢᠯᠭᠠᠨ ᠪᠠᠶᠢᠴᠠᠭᠠᠯᠳᠠ ᠳᠤ ᠬᠢᠷᠢ ᠲᠡᠩᠴᠡᠪᠡ᠃ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠬᠢᠯᠪᠠᠷ | ᠨᠡᠷᠪᠡᠭᠳᠡᠭᠰᠡᠳ ᠢ ᠠᠩᠬᠠᠨ ᠤ ᠬᠤᠭᠤᠴᠠᠭᠠᠨ ᠳᠤᠨᠢ ᠰᠢᠭᠰᠢᠨ ᠪᠠᠶᠢᠴᠠᠭᠠᠬᠤ ᠪᠠ ᠶᠡᠷᠦᠩᠬᠡᠶᠢᠯᠡᠨ ᠬᠠᠮᠢᠶᠠᠷᠬᠤ ᠲᠥᠷᠥᠯ | ᠵᠥᠢᠯ ᠨᠢ ︽ᠤᠯᠤᠰ ᠤᠨ ᠲᠠᠰ ᠤᠨ ᠲᠡᠷᠢᠭᠦᠨ ᠤ ᠲᠥᠷᠥᠯ ᠵᠥᠢᠯ ᠤᠨ ᠴᠡᠭ︾ ᠢᠶᠠᠷ ᠥᠨᠡᠯᠡᠭᠳᠡᠪᠡ᠃ ᠪᠦᠬᠦ | ᠬᠤᠰᠢᠭᠤᠨ ᠤ ᠬᠥᠮᠦᠨ ᠠᠮᠠ ᠶᠢᠨ ᠥᠰᠥᠯᠲᠡ ᠶᠢᠨ ᠨᠣᠷᠮ᠎ᠠ 2.59 ‰ ᠪᠤᠯᠪᠡ᠃ | ᠲᠠᠤᠭᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠦᠨᠡᠨ ᠬᠦ ᠴᠢᠩᠭᠠᠳᠬᠠᠪᠠ᠃ ᠰᠢ ᠶᠢᠨ ᠫᠢᠩ | ᠶᠡᠷᠦᠩᠬᠡᠢ ᠱᠦᠵᠢ ᠶᠢᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠳᠡᠭᠡᠳᠦ | ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ ᠪᠣᠯᠤᠨ ᠲᠤᠰᠬᠠᠢ ᠮᠡᠷᠭᠡᠵᠢᠯᠲᠡᠨ ᠤ | ᠱᠠᠭᠠᠷᠳᠠᠯᠭ᠎ᠠ ᠪᠠᠷ᠂ ᠯᠢᠶᠣᠤ ᠤᠯᠤᠰ ᠤᠨ ᠦᠶ᠎ᠡ ᠶᠢᠨ ᠡᠦ ᠠᠨ ᠵᠧᠦ ᠶᠢᠨ ᠴᠠᠭᠠᠨ ᠰᠤᠪᠤᠷᠭ᠎ᠠ ᠶᠢᠨ 5 ᠠᠴᠠ 13 | ᠳ᠋ᠤᠭᠠᠷ ᠲᠠᠪᠬᠤᠷᠯᠢᠭ ᠤᠨ ᠢᠷᠮᠡᠭ ᠢ ᠵᠠᠰᠠᠵᠤ ᠪᠠᠬᠢᠵᠢᠬᠦᠯᠵᠡᠢ᠃ ᠠᠤᠬᠠᠨ ᠬᠤᠰᠢᠭᠤᠨ ᠤ ᠰᠣᠶᠣᠯ ᠤᠨ ᠪᠠᠭᠤᠷᠢ ᠶᠢᠨ | ᠬᠠᠮᠠᠭᠠᠯᠠᠯᠲᠠ ᠶᠢᠨ ᠲᠥᠪ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ ᠶᠢ ᠪᠠᠶᠢᠭᠤᠯᠵᠤ᠂ ︽ᠲᠡᠤᠬᠡ ᠶᠢᠨ ᠳᠤᠷᠠᠰᠬᠠᠯᠲᠤ ᠵᠥᠢᠯᠠᠰ ᠤᠨ ᠳᠠᠷᠤᠭ᠎ᠠ ᠶᠢᠨ ᠲᠦᠷᠢᠮ︾ | ᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠥᠬᠦ ᠬᠤᠰᠢᠭᠤᠨ ᠤ ᠲᠡᠤᠬᠡ ᠶᠢᠨ ᠳᠤᠷᠠᠰᠬᠠᠯᠲᠤ ᠵᠥᠢᠯᠠᠰ ᠤᠨ ᠠᠮᠤᠷ | ᠲᠦᠪᠰᠢᠨ ᠤ ᠬᠡᠮ ᠰᠣᠭᠤᠭ ᠢ ᠪᠠᠶᠢᠴᠠᠭᠠᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠪᠡ᠃ | ᠵᠠᠰᠠᠯᠲᠠ ᠬᠠᠮᠢᠶᠠᠷᠤᠯᠳᠠ ᠶᠢᠨ ᠴᠢᠳᠠᠪᠤᠷᠢ ᠲᠣᠭᠲᠠᠭᠤᠨ ᠳᠡᠭᠡᠭᠰᠢᠯᠡᠪᠡ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠨᠠᠢᠮᠠ ᠳᠤ | ᠤᠷᠤᠭᠤᠯᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠠᠢ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠪᠠᠶᠢᠩᠭᠤᠵᠢᠭᠰᠠᠨ ᠲᠣᠭᠲᠠᠴᠠ ᠲᠠᠰᠤᠷᠠᠯᠲᠠ ᠦᠭᠡᠢ ᠲᠡᠬᠦᠯᠳᠡᠷᠵᠢᠵᠤ᠂ ︽ᠤᠯᠠᠠ ᠲᠥᠮᠡᠠᠴᠢᠯᠡᠭᠰᠡᠨ ᠠᠮᠤᠷ ᠢ | ᠬᠠᠮᠠᠭᠠᠯᠠᠬᠤ ᠢᠨᠵᠧᠨᠧᠷᠢᠩ︾᠂ ᠵᠠᠮ ᠬᠠᠷᠢᠯᠴᠠᠭᠠᠨ ᠤ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠲᠦᠷᠦᠯ ᠵᠦᠢᠯ | ᠡᠮᠬᠢ ᠲᠢᠭᠯᠢᠮ ᠲᠠᠢ ᠶᠠᠪᠤᠬᠳᠠᠵᠤ᠂ ᠠᠮᠤᠷ ᠬᠠᠮᠠᠭᠠᠯᠠᠠ ᠰᠡᠷᠭᠡᠶᠢᠯᠡᠨ ᠡᠵᠡᠮᠳᠡᠬᠦ ᠰᠢᠰᠲ᠋ᠧᠮ ᠨᠡᠩ ᠲᠡᠭᠦᠯᠳᠡᠷᠵᠢᠪᠡ᠃ | ᠦᠢᠯᠡᠳᠪᠦᠷᠢᠯᠡᠯ ᠤᠨ ᠠᠮᠤᠷ ᠲᠥᠪᠰᠢᠨ ᠢ ᠲᠤᠰᠬᠠᠶᠢᠯᠠᠨ ᠴᠡᠭᠴᠡᠯᠡᠬᠦ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ | ᠥᠷᠨᠢᠭᠦᠯᠵᠦ᠂ ᠪᠦᠬᠦ ᠬᠤᠰᠢᠭᠤᠨ ᠳᠤ ᠨᠠᠯᠢᠶᠠᠳ ᠶᠡᠭᠡ ᠲᠠᠰ ᠠᠴᠠ ᠲᠠᠪᠠᠭᠰᠠᠠ ᠦᠢᠯᠡᠳᠪᠦᠷᠢᠯᠡᠯ ᠤᠨ ᠠᠳᠠᠯ | ᠡᠭᠦᠰᠦᠭᠰᠡᠨ ᠦᠭᠡᠢ᠃ ᠢᠳᠡᠭᠡᠨ ᠪᠠ ᠡᠮ ᠤᠨ ᠵᠦᠢᠯᠡᠰ᠂ ᠤᠨᠴᠠᠭᠠᠢ ᠲᠣᠨᠤᠭ ᠲᠥᠬᠦᠭᠡᠷᠦᠮᠵᠢ ᠶᠢᠨ ᠬᠢᠨᠠᠯᠳᠠ | ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠲᠣᠭᠤᠷᠢᠭ ᠤᠨ ᠢᠳᠡᠭᠡᠨ ᠪᠠ ᠡᠮ ᠤᠨ ᠵᠦᠢᠯᠡᠰ ᠤᠨ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠡ ᠳᠤ ᠲᠤᠭᠠᠴᠢᠯᠠᠬᠰᠠᠠ ᠬᠢᠨᠠᠯᠳᠠ ᠬᠠᠮᠢᠶᠠᠷᠤᠯᠳᠠ ᠭᠡᠷᠡᠭᠵᠢᠬᠦᠯᠵᠥ᠂ ᠪᠦᠬᠦ ᠬᠤᠰᠢᠭᠤᠨ ᠤ ︽ | ᠭᠡᠭᠡᠨ ᠰᠠᠷᠠᠭᠤᠯ ᠠᠷᠢᠭᠤᠨ ᠴᠡᠪᠡᠷ ᠲᠣᠭᠤᠭᠠᠨ ᠭᠡᠷ︾ ᠤᠨ ᠪᠠᠷᠢᠮᠵᠢᠶᠠᠵᠢᠬᠰᠠᠨ ᠨᠣᠷᠮ᠎ᠠ 95% ᠬᠦᠷᠪᠡ᠃ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠢᠯᠠᠳᠳᠡ ᠲᠡᠭᠡᠭᠰᠢᠯᠡᠵᠡᠢ᠃ ᠬᠤᠯᠤᠭᠠᠨ᠎ᠠ ᠶᠢᠨ ᠬᠢᠵᠢᠭ ᠢ | ᠰᠠᠶᠢᠳᠤᠷ ᠰᠡᠷᠭᠡᠶᠢᠯᠡᠨ ᠡᠵᠡᠮᠳᠠᠵᠤ᠂ ᠬᠢᠵᠢᠭ ᠡᠬᠦᠰᠬᠦ ᠶᠢ ᠲᠠᠰᠤ ᠬᠤᠷᠢᠬᠯᠠᠪᠡ᠃ ᠵᠠᠬᠢᠳᠠᠯ ᠰᠤᠷᠪᠤᠯᠵᠢᠯᠠᠯ ᠠᠮᠤᠷ ᠢ | ᠬᠠᠮᠠᠭᠠᠯᠠᠬᠤ ᠠᠵᠢᠯ ᠢ ᠪᠥᠬᠦ ᠬᠥᠴᠤᠨ ᠢᠶᠠᠷ ᠰᠠᠶᠢᠲᠤᠷ ᠬᠢᠵᠦ᠂ ᠪᠦᠬᠦ ᠬᠤᠰᠢᠭᠤᠨ ᠤ ︽ᠭᠤᠷᠪᠡ ᠪᠠᠶᠢᠬᠤ ᠦᠭᠡᠢ︾ | ᠨᠣᠷᠮ᠎ᠠ 92% ᠬᠥᠷᠴᠤ᠂ ᠨᠡᠶᠢᠭᠡᠮ ᠤᠨ ᠶᠠᠷᠤᠩᠭᠡᠢ ᠪᠠᠶᠢᠳᠠᠯ ᠡᠶ᠎ᠡ ᠵᠤᠬᠢᠴᠠᠩᠭᠤᠢ᠂ ᠠᠮᠤᠷ ᠲᠣᠭᠲᠠᠭᠤᠨ | ᠪᠠᠶᠢᠬᠤ ᠶᠢ ᠪᠠᠳᠤᠯᠠᠵᠢ᠃ | ︵ᠶᠢᠰᠦ︶ ᠲᠤᠰ ᠪᠡᠶ᠎ᠡ ᠶᠢᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠪᠠ | ᠨᠠᠮ ᠤᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ᠨᠠᠮ ᠢ ᠴᠢᠩᠭ᠎ᠠ ᠵᠠᠰᠠᠬᠤ | ︽ᠬᠤᠶᠠᠷ ᠬᠠᠷᠢᠭᠤᠴᠠᠯᠭ᠎ᠠ︾ ᠶᠢ ᠪᠦᠬᠦ ᠲᠠᠯ᠎ᠠ ᠪᠠᠷ ᠭᠦᠢᠴᠡᠳᠬᠡᠵᠦ᠂ ᠲᠥᠪ ᠬᠤᠷᠢᠶᠠᠨ ᠤ ᠨᠠᠢᠮᠠᠨ ᠵᠤᠷᠪᠤᠰ | ᠲᠣᠭᠲᠠᠭᠠᠯ ᠵᠢᠴᠢ ᠲᠡᠬᠦᠨ ᠢ ᠭᠡᠷᠡᠭᠵᠢᠬᠦᠯᠬᠦ ᠨᠠᠷᠢᠨ ᠲᠥᠷᠢᠮ ᠤᠨ ᠵᠤᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ | ᠂ ︽ᠳᠥᠷᠪᠡᠨ ᠰᠤᠷᠲᠠᠯ︾ ᠢ ᠴᠡᠭᠴᠡᠯᠡᠬᠦ ᠠᠰᠠᠭᠤᠳᠠᠯ ᠢ ᠰᠤᠯᠠᠷᠠᠰᠢ ᠥᠭᠡᠢ ᠠᠳᠬᠤᠵᠤ᠂ ︽ᠭᠤᠷᠪᠠᠨ ᠠᠯᠪᠠᠨ | ᠵᠠᠷᠤᠳᠠᠯ︾᠂ ᠡᠩ ᠤᠨ ᠵᠠᠷᠤᠳᠠᠯ ᠢ ᠲᠣᠰ ᠲᠣᠰ 17.2% ᠪᠠ 17.8 % ᠪᠠᠭᠤᠷᠠᠭᠤᠯᠪᠠ᠃ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠳᠤᠳᠬᠠᠵᠠᠢ᠃ ᠲᠠᠭᠡᠷ᠎ᠠ ᠭᠤᠷᠪᠠᠨ ᠱᠠᠳᠤᠨ ᠤ ᠡᠯ᠎ᠡ | ᠵᠥᠢᠯ ᠤᠨ ᠲᠣᠭᠤᠷᠢᠨ ᠪᠠᠶᠢᠴᠠᠭᠠᠵᠤ᠂ ᠬᠢᠨᠠᠠ ᠵᠢᠯᠣᠭᠤᠳᠴᠤ᠂ ᠬᠠᠷᠢᠭᠤ ᠲᠤᠰᠬᠠᠭᠰᠠᠨ ᠠᠰᠠᠭᠤᠳᠠᠯ ᠢ ᠬᠢᠨᠠᠠ | ᠬᠠᠷᠭᠤᠭᠤᠯᠵᠤ ᠬᠠᠷᠢᠴᠠᠭᠤᠯᠤᠠ ᠥᠵᠠᠵᠤ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠠᠢ᠃ ᠬᠠᠤᠯᠢᠵᠢᠯ | ᠵᠠᠰᠠᠭ ᠤᠨ ᠣᠷᠳᠣᠨ ᠪᠠᠶᠢᠭᠤᠯᠬᠤ ᠬᠠᠷᠠᠯᠲᠠ ᠪᠠᠨ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠳᠣᠯᠣᠳᠤᠭᠠᠷ ᠲᠠᠪᠤᠨ | ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠪᠡ᠃ ︽ᠰᠤᠯᠠᠯᠠᠬᠤ ᠬᠠᠮᠢᠶᠠᠷᠬᠤ ᠥᠢᠯᠠᠴᠢᠯᠠᠬᠦ︾ ᠲᠥᠷᠢᠮ ᠤᠨ ᠥᠭᠡᠷᠡᠴᠢᠯᠡᠯᠲᠡ ᠶᠢ ᠬᠥᠴᠤᠳᠠᠢ | ᠠᠬᠢᠭᠤᠯᠵᠤ᠂ ︽ᠠᠬᠠᠯᠠᠬᠤ ᠲᠥᠯᠥᠭᠡᠯᠡᠭᠴᠢ ᠶᠢᠨ ᠲᠦᠷᠢᠮ︾ ᠪᠠ ᠬᠢᠨᠠᠠ ᠵᠥᠪᠰᠢᠶᠡᠷᠠᠬᠦ ᠲᠤᠰᠬᠠᠶ ᠲᠠᠮᠠᠭ᠎ᠠ ᠶᠢᠨ | ᠲᠥᠷᠢᠮ ᠢ ᠭᠡᠷᠡᠭᠵᠢᠬᠦᠯᠪᠡ᠃ ︽ᠭᠤᠷᠪᠠᠨ ᠴᠢᠬᠤᠯᠡ ᠨᠢᠭᠡ ᠶᠡᠭᠡ︾ ᠳᠦᠷᠢᠮ ᠢ ᠴᠢᠩᠭ᠎ᠠ ᠬᠡᠷᠡᠭᠵᠢᠭᠦᠯᠵᠦ᠂ | ᠵᠠᠰᠠᠭ ᠤᠨ ᠣᠷᠳᠣᠨ ᠤ ᠪᠥᠳᠥᠭᠡᠮᠵᠢ ᠶᠢᠨ ᠴᠢᠳᠠᠪᠤᠷᠢ ᠦᠷᠭᠦᠯᠵᠢᠯᠡᠨ ᠴᠢᠩᠭᠠᠷᠠᠪᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠪᠠᠷ ᠬᠢᠨᠠᠯᠲᠠ ᠲᠠᠯᠪᠢᠬᠤ᠂ ᠤᠯᠤᠰ ᠲᠥᠷᠦ ᠶᠢᠨ ᠵᠥᠪᠯᠡᠯᠭᠡᠨ ᠤ | ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠪᠠᠶᠢᠴᠠᠭᠠᠯᠳᠠ ᠰᠣᠳᠤᠯᠤᠯᠳᠠ ᠪᠠ | ᠲᠤᠰᠬᠠᠢ ᠰᠠᠳᠤᠪᠳᠤ ᠵᠥᠪᠯᠡᠯᠭᠡᠨ 15 ᠤᠳᠠᠭ᠎ᠠ ᠬᠠᠮᠵᠢᠯᠴᠠᠠᠥᠷᠨᠢᠭᠦᠯᠵᠦ᠂ ᠲᠥᠯᠥᠭᠡᠯᠡᠭᠴᠢᠳ ᠤᠨ ᠰᠠᠨᠠᠭᠤᠯᠭ᠎ᠠ | 62 ᠢᠵᠢ᠂ ᠭᠡᠰᠢᠭᠦᠳ ᠤᠨ ᠳᠤᠷᠠᠳᠤᠯᠭ᠎ᠠ 93 ᠢᠵᠢ ᠶᠢ ᠲᠤᠰ ᠲᠤᠰ ᠬᠥᠢᠴᠠᠳᠭᠡᠵᠤ᠂ ᠲᠥᠯᠥᠭᠡᠯᠡᠭᠴᠢᠳ ᠤᠨ | ᠰᠠᠨᠠᠭᠤᠯᠭ᠎ᠠ ᠶᠢ ᠬᠦᠢᠴᠡᠥᠡᠭᠡᠵᠦ ᠬᠠᠷᠢᠭᠤᠯᠤᠭᠰᠠᠨ ᠬᠠᠨᠤᠮᠵᠢ ᠶᠢᠨ ᠨᠤᠷᠮ᠎ᠠ 95 %᠂ ᠦᠨᠳᠦᠰᠦᠨ ᠳᠡᠭᠡᠨ | ᠬᠠᠨᠤᠮᠵᠢᠲᠠᠢ ᠨᠣᠷᠮ᠎ᠠ 5%᠂ ᠤᠯᠤᠰ ᠲᠥᠷᠦ ᠶᠢᠨ ᠵᠥᠪᠯᠡᠯᠭᠡᠨ ᠤ ᠳᠤᠷᠠᠳᠤᠯᠭ᠎ᠠ ᠶᠢ ᠬᠦᠢᠴᠡᠥᠡᠭᠡᠵᠦ | ᠬᠠᠷᠢᠭᠤᠯᠤᠭᠰᠠᠨ ᠬᠠᠨᠤᠮᠵᠢ ᠶᠢᠨ ᠨᠤᠷᠮ᠎ᠠ 100% ᠬᠥᠷᠪᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠦᠨᠳᠦᠰᠦᠨ ᠳᠡᠭᠡᠨ ᠨᠠᠶᠢᠷᠠᠭᠤᠯᠵᠤ ᠲᠠᠭᠤᠰᠬᠠᠪᠡ᠃ ᠳᠣᠯᠣᠳᠤᠭᠠᠷ ᠤᠳᠠᠭᠠᠨ ᠤ ᠪᠦᠬᠦ | ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠴᠢᠨᠠᠷᠯᠢᠭ ᠪᠠᠶᠡᠯᠡᠬᠦᠯᠪᠡ᠃ ᠠᠷᠪᠠᠨ | ᠨᠢᠭᠡᠳᠤᠭᠡᠷ ᠬᠤᠭᠤᠴᠠᠭᠠᠨ ᠤ ᠭᠠᠴᠠᠭ᠎ᠠ ᠲᠤᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠤᠯᠢᠬᠤ | ᠰᠤᠩᠭᠤᠭᠤᠯᠢ ᠶᠢᠨ ᠠᠵᠢᠯ ᠢ ᠡᠬᠢᠯᠡᠬᠦᠯᠪᠡ᠃ ︽ᠠᠤᠬᠠᠨ ᠬᠤᠰᠢᠭᠤᠨ ᠤ ᠣᠶᠢᠯᠠᠯᠭ᠎ᠠ ︵1986—2005 ᠣᠨ︶ | ︾ ᠪᠣᠯᠤᠨ ︽ᠠᠤᠬᠠᠨ ᠤ ᠣᠨ ᠤ ᠤᠶᠢᠯᠡᠪᠤᠷᠢ ︵2020 ᠣᠨ︶︾ ᠢ ᠭᠡᠪᠯᠡᠬᠦᠯᠵᠤ᠂ ︽ᠬᠤᠶᠠᠷ ᠪᠥᠬᠦᠳᠡ︾ | ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠪᠡ᠃ ᠡᠬᠦᠠ ᠠᠴᠠ ᠬᠠᠮᠳᠤ᠂ ᠬᠤᠶᠢᠴᠢ ᠦᠶ᠎ᠡ ᠪᠠᠨ | ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ᠂ ᠡᠮᠡᠭᠲᠡᠶᠢᠴᠦᠳ ᠭᠡᠤᠭᠡᠳ ᠨᠠᠰᠤᠳᠠᠶᠢᠴᠤᠤᠨ᠂ ᠡᠪ ᠬᠠᠮᠲᠤ | ᠵᠠᠯᠠᠭᠤᠴᠤᠳ᠂ ᠤᠯᠠᠭᠠᠨ ᠵᠠᠭᠠᠯᠮᠠᠶᠢᠲᠠᠨ᠂ ᠭᠠᠵᠠᠷ ᠬᠥᠳᠡᠯᠤᠯᠳᠡ᠂ ᠴᠠᠭ ᠠᠭᠤᠷ᠂ ᠠᠵᠢᠯᠴᠢᠨ ᠤ ᠡᠪᠯᠡᠯ᠂ ᠲᠧᠭᠨᠢᠭ | ᠮᠡᠷᠭᠡᠵᠢᠯ ᠤᠨ ᠨᠡᠶᠢᠭᠡᠮᠯᠢᠭ᠂ ᠲᠠᠩᠰᠠ ᠡᠪᠬᠢᠮᠡᠯ ᠵᠡᠷᠭᠡ ᠠᠵᠢᠯ ᠰᠢᠨ᠎ᠡ ᠳᠠᠪᠰᠢᠯᠲᠠ ᠲᠠᠢ ᠪᠣᠯᠪᠠ᠃ | ᠲᠥᠯᠥᠭᠡᠯᠡᠭᠴᠢᠳ ᠡ᠂ ᠬᠦᠴᠢᠷ ᠢ ᠲᠤᠭᠤᠯᠵᠤ ᠬᠥᠴᠤᠯᠠᠠ ᠤᠷᠤᠭᠰᠢᠯᠠᠭᠰᠠᠨ 2020 ᠣᠨ ᠨᠢ ᠬᠥᠭᠯᠡᠷᠡᠨ | ᠲᠠᠪᠠᠯᠭᠠᠬᠰᠠᠠ ︽ᠠᠷᠪᠠᠨ ᠭᠤᠷᠪᠠᠳᠤᠭᠠᠷ ᠲᠠᠪᠤᠨ ᠵᠢᠯ︾ ᠢᠶᠠᠨ ᠭᠠᠨᠵᠤᠭ᠎ᠠ ᠲᠥᠬᠦᠷᠡᠩ ᠮᠤᠷᠳᠠᠭᠤᠯᠤᠯᠠ᠃ | ᠬᠡᠳᠦᠶᠢᠪᠡᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠣᠯᠤᠨ ᠬᠤᠷᠸ᠎ᠠ ᠠᠵᠤ | ᠠᠬᠤᠶ ᠶᠢᠨ ᠮᠠᠭᠤᠳᠠᠯ ᠤᠨ ᠨᠥᠯᠥᠭᠡ ᠳᠤ ᠲᠠᠭᠠᠷᠢᠬᠳᠠᠬᠰᠠᠠ ᠪᠤᠯᠪᠠᠴᠤ᠂ ᠪᠢᠳᠠ ᠭᠤᠤᠯ ᠡᠭᠦᠷᠭᠡ ᠬᠠᠷᠠᠯᠲᠠ ᠪᠠᠨ | ᠨᠢᠭᠡᠨᠳᠠ ᠪᠡᠶᠡᠯᠡᠬᠦᠯᠪᠡ᠃ ᠥᠩᠭᠡᠷᠡᠭᠰᠡᠨ ᠲᠠᠪᠤᠨ ᠵᠢᠯ ᠨᠢ ᠠᠤᠬᠠᠨ ᠤ ᠬᠥᠭᠵᠢᠯᠲᠡ ᠶᠢᠨ ᠲᠠᠤᠭᠡᠨ ᠬᠠᠭᠤᠳᠠᠰᠤᠨ ᠳᠤ | ᠬᠥᠠ ᠵᠤᠵᠠᠭᠠᠨ ᠥᠩᠭᠡ ᠪᠤᠳᠤᠭ ᠨᠡᠮᠡᠷᠢᠯᠡᠭᠰᠡᠨ ᠪᠠᠶᠢᠨ᠎ᠠ᠃ | ᠲᠠᠪᠤᠨ ᠵᠢᠯ ᠤᠨ ᠲᠤᠷᠰᠢ᠂ ᠪᠢᠳᠡ ᠬᠦᠴᠦᠨ ᠴᠢᠳᠠᠯ ᠢᠶᠠᠨ ᠰᠢᠪᠬᠠᠠ ᠨᠥᠭᠡᠴᠡ ᠬᠦᠴᠦᠨ ᠢᠶᠠᠨ | ᠴᠢᠩᠭᠠᠷᠠᠭᠤᠯᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠨ ᠳᠠᠬᠢᠨ ᠢᠶᠠᠷ ᠨᠡᠮᠡᠭᠳᠡᠬᠦᠯᠪᠡ᠃ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠦᠬᠦ ᠬᠤᠰᠢᠭᠤᠨ ᠤ ᠣᠷᠤᠨ ᠨᠣᠲᠤᠭ ᠤᠨ | ᠦᠢᠯᠡᠳᠪᠦᠷᠢᠯᠡᠯ ᠤᠨ ᠶᠡᠷᠥᠩᠬᠡᠢ ᠥᠷᠳᠡᠭ ᠵᠢᠯ ᠪᠥᠷᠢ ᠳᠤᠮᠳᠠᠴᠢ ᠪᠠᠷ 4.4% ᠨᠡᠮᠡᠭᠳᠡᠵᠦ᠂ 500 ᠲᠦᠮᠡᠨ | ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠵᠢᠯ ᠪᠥᠷᠢ ᠳᠤᠮᠳᠠᠴᠢ ᠪᠠᠷ 3. | 3% ᠨᠡᠮᠡᠭᠳᠡᠵᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠢᠯ ᠪᠥᠷᠢ ᠳᠤᠮᠳᠠᠴᠢ ᠪᠠᠷ 6. | 7% ᠨᠡᠮᠡᠭᠳᠠᠨ᠂ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠰᠤᠯᠠ ᠪᠠᠷ ᠬᠤᠳᠠᠯᠳᠤᠭᠰᠠᠨ ᠶᠡᠷᠥᠩᠬᠡᠢ ᠨᠤᠷᠮ᠎ᠠ | 178.9 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠥᠷᠢ ᠳᠤᠮᠳᠠᠴᠢ ᠪᠠᠷ 3.8% ᠨᠡᠮᠡᠭᠳᠡᠪᠡ᠃ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠠᠬᠦ ᠣᠷᠣᠯᠭ᠎ᠠ ᠵᠢᠯ ᠪᠥᠷᠢ ᠳᠤᠮᠳᠠᠴᠢ ᠪᠠᠷ 6.9% | ᠪᠠ 9.4% ᠨᠡᠮᠡᠭᠳᠡᠪᠡ᠃ 1000 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ | ᠨᠡᠶᠢᠲᠡ 540 ᠬᠡᠷᠡᠭᠵᠢᠭᠦᠯᠵᠦ᠂ 329 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ | ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠲᠠᠭᠡᠳᠦ ᠱᠠᠳᠤᠠ ᠠᠴᠠ ᠥᠨ᠎ᠠ ᠲᠥᠯᠥᠪᠤᠷᠢ ᠥᠭᠡᠢ ᠪᠥᠳᠥᠭᠡᠨ | ᠪᠠᠶᠢᠭᠤᠯᠤᠯᠳᠠ ᠶᠢᠨ ᠪᠡᠯᠡ ᠮᠥᠩᠬᠦ 107 ᠳ᠋ᠥᠩᠰᠢᠭᠤᠷ ᠲᠥᠬᠦᠷᠢᠭ ᠴᠢᠷᠮᠠᠶᠢᠨ ᠤᠯᠵᠦ᠂ ︽ᠠᠷᠪᠠᠨ ᠬᠤᠶᠠᠳᠤᠭᠠᠷ | ᠲᠠᠪᠤᠠ ᠵᠢᠯ ︾ ᠤᠨ ᠬᠤᠭᠤᠴᠠᠭᠠᠨ ᠤ ᠬᠢ ᠠᠴᠠ 23% ᠨᠡᠮᠡᠭᠳᠡᠪᠡ᠃ ᠠᠤᠬᠠᠨ ᠤ ᠺᠠᠳ᠋ᠷ ᠤᠨ ᠳᠡᠭᠡᠳᠦ | ᠰᠤᠷᠭᠠᠭᠤᠯᠢ ᠨᠢ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ 52 ᠰᠠᠤᠷᠢ ︽ᠪᠦᠬᠦ ᠤᠯᠤᠰ ᠤᠨ ᠨᠠᠮᠴᠢ | ᠴᠢᠨᠠᠷ ᠤᠨ ᠬᠥᠮᠥᠵᠢᠬᠦᠯᠤᠯ ᠤᠨ ᠰᠠᠭᠤᠷᠢᠨ ᠭᠠᠵᠠᠷ︾ ᠤᠨ ᠨᠢᠭᠡ ᠨᠢ ᠪᠤᠯᠵᠤ᠂ ᠰᠠᠯᠪᠤᠷᠢ ᠰᠢᠶᠠᠩ ︽ᠪᠥᠬᠦ | ᠤᠯᠤᠰ ᠤᠨ ᠬᠥᠳᠡᠭᠡ ᠲᠤᠰᠬᠤᠨ ᠤ ᠵᠠᠰᠠᠯᠳᠡ ᠶᠢᠨ ᠵᠢᠱᠢᠶᠡᠴᠢ ᠰᠢᠶᠠᠩ ᠪᠠᠯᠭᠠᠰᠤ︾ ᠢᠶᠠᠷ ᠥᠨᠡᠯᠡᠭᠳᠡᠵᠦ᠂ ᠪᠦᠬᠦ | ᠬᠤᠰᠢᠭᠤᠨ ᠳᠤ ᠣᠷᠣᠨ ᠤ ᠲᠠᠰ ᠠᠴᠠ ᠳᠡᠭᠡᠭᠰᠢᠬᠢ ᠢᠷᠠᠭᠤ ᠠᠯᠳᠠᠷ ᠬᠥᠷᠳᠡᠭᠰᠡᠨ ᠵᠥᠢᠯ 28 ᠪᠠᠶᠢᠨ᠎ᠠ᠃ | ᠲᠠᠪᠤᠨ ᠵᠢᠯ ᠤᠨ ᠲᠤᠷᠰᠢ᠂ ᠪᠢᠳᠡ ᠪᠦᠲᠦᠴᠡ ᠪᠠᠨ ᠰᠢᠯᠢᠳᠡᠭᠵᠢᠬᠦᠯᠥᠨ ᠲᠤᠭ᠎ᠠ ᠭᠡᠮᠵᠢᠶ᠎ᠠ ᠪᠠᠨ ᠨᠡᠮᠡᠭᠳᠡᠬᠦᠯᠵᠦ | ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠬᠥᠭᠵᠢᠬᠦᠯᠬᠦ ᠠᠬᠢᠴᠠ ᠶᠢ ᠲᠥᠷᠭᠡᠳᠭᠡᠪᠡ᠃ ᠲᠠᠷᠢᠮᠠᠯ ᠤᠨ | ᠦᠢᠯᠡᠰ ᠤᠨ ︽ᠬᠤᠶᠠᠷ ᠢ ᠪᠠᠭᠠᠰᠬᠠᠵᠤ ᠬᠤᠶᠠᠷ ᠢ ᠨᠡᠮᠡᠭᠳᠡᠭᠦᠯᠬᠦ︾᠂ ᠲᠡᠵᠢᠭᠡᠨ ᠦᠷᠡᠵᠢᠭᠦᠯᠬᠦ ᠦᠢᠯᠡᠰ ᠤᠨ ︽ | ᠨᠢᠭᠡ ᠶᠢ ᠪᠠᠭᠠᠰᠬᠠᠵᠤ ᠭᠤᠷᠪᠠ ᠶᠢ ᠨᠡᠮᠡᠭᠳᠡᠭᠦᠯᠬᠦ︾᠂ ᠣᠶ ᠰᠢᠭᠤᠶ ᠶᠢᠨ ᠠᠵᠤ ᠦᠢᠯᠡᠰ ᠤᠨ ︽ᠨᠢᠭᠡ ᠶᠢ | ᠪᠠᠭᠠᠰᠬᠠᠵᠤ ᠭᠤᠷᠪᠠ ᠶᠢ ᠨᠡᠮᠡᠭᠳᠡᠭᠦᠯᠵᠦ ᠬᠤᠶᠠᠷ ᠢ ᠥᠭᠡᠷᠡᠴᠢᠯᠡᠬᠦ︾ ᠪᠠᠶᠢᠯᠳᠤᠬᠤ ᠪᠣᠳᠣᠯᠭ᠎ᠠ ᠶᠢ ᠭᠡᠷᠡᠭᠵᠢᠬᠦᠯᠪᠡ᠃ | ᠠᠮᠤ ᠪᠤᠳᠠᠭᠠᠨ ᠤ ᠤᠨᠠᠯᠲᠠ ᠶᠢ 13 ᠵᠢᠯ ᠳᠠᠷᠠᠭᠠᠯᠠᠨ 20 ᠳ᠋ᠦᠩᠰᠢᠭᠤᠷ ᠵᠢᠩ ᠠᠴᠠ ᠳᠡᠭᠡᠭᠰᠢ ᠳᠤ | ᠲᠣᠭᠲᠠᠪᠤᠷᠢᠵᠢᠭᠤᠯᠪᠠ᠃ ᠬᠡᠷ ᠤᠨ ᠲᠡᠵᠢᠭᠡᠪᠦᠷᠢ ᠶᠢᠨ ᠵᠤᠬᠰᠤᠭ᠎ᠠ ᠲᠤᠭ᠎ᠠ ᠪᠠ ᠪᠣᠷᠤᠯᠠᠭᠤᠯᠤᠯᠲᠠ ᠶᠢᠨ ᠲᠤᠭ᠎ᠠ | 2015 ᠣᠨ ᠤ ᠬᠢ ᠠᠴᠠ ᠲᠤᠰᠪᠤᠷᠢ 80.1 ᠲᠦᠮᠡ ᠪᠠ 117 ᠲᠦᠮᠡ ᠨᠡᠮᠡᠭᠳᠡᠵᠦ᠂ ᠵᠢᠮᠢᠰ ᠤᠨ ᠠᠵᠤ | ᠠᠬᠤᠶ ᠶᠢᠨ ᠣᠶ 2.4 ᠲᠦᠮᠡᠨ ᠮᠥ ᠨᠡᠮᠡᠭᠳᠡᠵᠦ᠂ ᠠᠤᠬᠠᠨ ᠤ ᠣᠨᠴᠠᠯᠢᠭᠲᠤ ︽ᠠᠮᠤ ᠪᠣᠳᠠᠭ᠎ᠠ︾ ︽ᠢᠳᠡᠰᠢᠨ | ᠨᠣᠭᠤᠭ᠎ᠠ︾ ︽ᠵᠢᠮᠢᠰ︾ ᠢ ᠪᠣᠶ ᠪᠣᠯᠭᠠᠪᠠ᠃ ᠲᠥᠬᠦᠭᠡᠷᠥᠮᠵᠢᠳᠤ ᠲᠠᠷᠢᠶᠠᠯᠠᠩ ᠨᠢ ︽ᠠᠷᠪᠠᠨ ᠭᠤᠷᠪᠠᠳᠤᠭᠠᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠡᠬᠢᠨ ᠤ ᠦᠶ᠎ᠡ ᠶᠢᠨ ᠬᠢ ᠠᠴᠠ 4.35 ᠲᠦᠮᠡᠨ ᠮᠦ ᠨᠡᠮᠡᠭᠳᠡᠪᠡ᠃ ᠠᠤᠬᠠᠨ | ᠨᠠᠷᠢᠮᠤ ᠤᠯᠤᠰ ᠤᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠲᠣᠪᠴᠢᠶ᠎ᠠ ᠶᠢᠨ ᠬᠥᠷᠥᠰᠥ ᠰᠢᠷᠣᠶ ᠶᠢᠨ | ᠬᠡᠮᠵᠢᠯᠲᠡ ᠶᠢᠨ ᠱᠠᠭᠠᠷᠳᠠᠯᠭ᠎ᠠ ᠳᠤ ᠬᠥᠷᠥᠭᠰᠡᠨ ᠮᠥᠷᠳᠡᠭᠡᠨ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ | ᠶᠠᠰᠤ ᠴᠢᠨᠠᠷ ᠢ ᠭᠡᠷᠡᠴᠢᠯᠠᠬᠦ ᠰᠢᠯᠭᠠᠷᠠᠭᠤᠯᠤᠯᠳᠠ ᠶᠢ ᠥᠩᠭᠡᠷᠡᠬᠦᠯᠵᠠᠢ᠃ ᠨᠠᠷᠠᠲᠤ ᠲᠡᠮᠳᠡᠭ ᠡᠬᠦᠳᠬᠦ ᠬᠥᠭᠵᠢᠯᠲᠡ ᠶᠢᠨ | ᠲᠥᠯᠥᠪᠵᠢᠭᠦᠯᠭᠡ ᠶᠢ ᠶᠡᠬᠡᠪᠡᠷ ᠳᠥᠯᠭᠢᠨ ᠠᠬᠢᠭᠤᠯᠵᠤ᠂ ᠨᠠᠷᠢᠮᠤ ᠳᠠᠷᠢᠬᠤ ᠲᠠᠯᠠᠪᠠᠶ ᠪᠠ ᠦᠨ᠎ᠡ ᠬᠠᠩᠰᠢ ᠳᠠᠬᠢᠨ ᠢᠶᠠᠷ | ᠨᠡᠮᠡᠭᠳᠡᠪᠡ︔ ᠠᠵᠤ ᠦᠢᠯᠡᠳᠪᠦᠷᠢ ᠶᠢᠨ ᠬᠦᠭᠵᠢᠯᠲᠡ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠦᠷᠭᠦᠯᠵᠢᠯᠡᠨ | ᠠᠬᠢᠭᠤᠯᠵᠤ᠂ 3000 ᠲᠦᠮᠡᠨ ᠲᠥᠭᠦᠷᠢᠭ ᠠᠴᠠ ᠳᠡᠭᠡᠭᠰᠢᠬᠢ ᠪᠠᠯᠡ ᠤᠷᠤᠭᠤᠯᠤᠯᠳᠠ ᠲᠠᠢ ᠠᠵᠤ | ᠦᠢᠯᠡᠳᠪᠦᠷᠢ ᠶᠢᠨ ᠲᠥᠷᠥᠯ ᠵᠦᠢᠯ ᠢ ᠨᠡᠶᠢᠲᠡ 75 ᠬᠡᠷᠡᠭᠵᠢᠭᠦᠯᠵᠦ᠂ 112.5 ᠳ᠋ᠦᠩᠰᠢᠭᠤᠷ ᠲᠥᠭᠦᠷᠢᠭ ᠤᠨ | ᠪᠠᠯᠠ ᠣᠷᠣᠭᠤᠯᠤᠯᠲᠠ ᠪᠡᠶᠡᠯᠡᠬᠦᠯᠪᠡ ᠃ ᠪᠣᠬᠢᠷᠲᠤᠯ ᠦᠭᠡᠢ ᠠᠭᠤᠷᠬᠠᠢ ᠶᠢᠨ ᠠᠵᠤ ᠠᠬᠤᠶᠢᠯᠠᠯ ᠢ ᠨᠡᠶᠢᠲᠡ 8 | ᠡᠷᠦᠬᠡ ᠬᠥᠭᠵᠢᠬᠦᠯᠪᠡ᠃ ᠪᠦᠬᠦ ᠬᠤᠰᠢᠭᠤᠨ ᠤ ᠠᠵᠤ ᠦᠢᠯᠡᠳᠪᠦᠷᠢ ᠶᠢᠨ ᠲᠣᠭᠤᠷᠢᠭ ᠤᠨ ᠪᠦᠲᠦᠭᠡᠨ | ᠪᠠᠶᠢᠭᠤᠯᠤᠭᠰᠠᠨ ᠲᠠᠯᠠᠪᠠᠢ 7 ᠲᠡᠭᠰᠢ ᠳᠥᠷᠪᠡᠯᠵᠢᠨ ᠺᠢᠯᠦᠮᠧᠲᠷ ᠲᠤ ᠬᠦᠷᠴᠦ᠂ 64 ᠲᠥᠷᠥᠯ ᠵᠦᠢᠯ ᠢ | ᠰᠠᠭᠤᠷᠢᠰᠢᠭᠤᠯᠵᠤ᠂ ᠨᠡᠶᠢᠲᠡ 60 ᠳ᠋ᠦᠩᠰᠢᠭᠤᠷ ᠲᠥᠭᠦᠷᠢᠭ ᠤᠨ ᠪᠣᠷᠣᠯᠠᠭᠤᠯᠭ᠎ᠠ ᠶᠢᠨ ᠣᠷᠣᠯᠭ᠎ᠠ ᠡᠬᠦᠳᠪᠡ᠃ | ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ᠂ ᠪᠠᠷᠠᠭᠠᠨ ᠤ ᠭᠦᠢᠯᠭᠡᠭᠡ ᠵᠡᠷᠭᠡ ᠠᠵᠤ ᠦᠢᠯᠡᠰ ᠥᠷᠨᠢᠨ | ᠬᠥᠭᠵᠢᠵᠦ᠂ ᠮᠠᠠ ᠤ ᠬᠤᠰᠢᠭᠤ ᠬᠤᠳᠠᠯᠳᠤᠭᠠᠨ ᠤ ᠶᠠᠪᠤᠳᠠᠯ ᠤᠨ ᠶᠠᠮᠤᠨ ᠳᠤ ᠬᠥᠳᠡᠭᠡ ᠲᠤᠰᠬᠤᠨ ᠤ ︽ᠲᠠᠰ | ᠲᠡᠪᠰᠢᠭᠰᠡᠨ ᠭᠡᠪ︾ ᠤᠨ ᠡᠯᠧᠺᠲᠷᠣᠨ ᠬᠤᠳᠠᠯᠳᠤᠭᠠᠨ ᠤ ᠵᠢᠱᠢᠶ᠎ᠡ ᠦᠵᠡᠭᠦᠯᠬᠦ ᠰᠢᠶᠠᠨ ᠢᠶᠠᠷ ᠵᠥᠪᠰᠢᠶᠡᠷᠡᠭᠳᠡᠵᠦ᠂ | ᠪᠠᠷᠠᠭ᠎ᠠ ᠶᠢᠨ ᠭᠦᠢᠯᠭᠡᠭᠡᠨ ᠤ ᠲᠣᠭᠤᠷᠢᠭ ᠨᠢ ᠣᠷᠣᠨ ᠤ ᠲᠡᠰ ᠤᠨ ᠦᠢᠯᠡᠴᠢᠯᠡᠭᠡᠨ ᠤ ᠦᠢᠯᠡᠰ ᠲᠥᠪᠯᠡᠷᠡᠭᠰᠡᠨ | ᠲᠣᠭᠤᠷᠢᠭ ᠪᠤᠯᠵᠤ ᠳᠠᠪᠰᠢᠪᠠ᠃ ᠪᠦᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ 10 ᠡᠷᠤᠭᠡ | ᠪᠤᠯᠵᠦ᠂ ᠬᠠᠳᠠᠭᠠᠯᠠᠮᠵᠢ ᠵᠢᠭᠡᠯᠡᠯᠭᠡ ᠶᠢᠨ ᠬᠠᠷᠢᠴᠠᠯ 2015 ᠣᠨ ᠬᠢ ᠠᠴᠠ 5.5 ᠵᠠᠭᠤᠨ ᠬᠤᠪᠢ ᠶᠢᠨ ᠴᠡᠭ | ᠲᠡᠭᠡᠭᠰᠢᠯᠡᠪᠡ᠃ | ᠲᠠᠪᠤᠨ ᠵᠢᠯ ᠤᠨ ᠲᠤᠷᠰᠢ᠂ ᠪᠢᠳᠡ ᠠᠶᠤᠯ ᠲᠦᠭᠰᠢᠭᠦᠷᠢ ᠶᠢ ᠵᠠᠶᠢᠯᠠᠭᠤᠯᠤᠠ ᠳᠤᠲᠠᠭᠤᠳᠠᠯ ᠢᠶᠠᠨ | ᠨᠥᠬᠦᠪᠥᠷᠢᠯᠡᠵᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠲᠠᠰᠤᠷᠠᠯᠳᠠ ᠥᠭᠡᠢ ᠬᠥᠴᠤᠠ | ᠨᠠᠮᠡᠷᠢᠯᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠡᠯ᠎ᠡ ᠵᠥᠢᠯ ᠤᠨ ᠪᠠᠯᠠ ᠮᠥᠩᠭᠦ | ᠨᠡᠶᠢᠲᠡ 27 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠠᠳᠬᠦᠭᠰᠡᠨ ᠪᠥᠷᠬᠦᠴᠠ | 100 % ᠳᠤ ᠬᠥᠷᠴᠤ᠂ 4835 ᠬᠥᠮᠦᠨ ᠢ ᠣᠨᠳᠣᠤ ᠭᠠᠵᠠᠷ ᠲᠤ ᠨᠡᠬᠦᠯᠭᠡᠵᠦ ᠶᠠᠳᠠᠭᠤ ᠠᠴᠠ | ᠠᠩᠬᠢᠵᠢᠷᠠᠭᠤᠯᠵᠠᠢ᠃ ᠠᠵᠢᠯ ᠤᠯᠭᠤᠯᠳᠠ ᠪᠠᠷ ᠶᠠᠳᠠᠭᠤ ᠶᠢ ᠲᠠᠳᠬᠦᠬᠦ ᠠᠷᠭ᠎ᠠ ᠶᠢ ᠰᠢᠨᠡᠴᠢᠯᠡᠨ ᠡᠬᠦᠳᠴᠤ᠂ ᠰᠢᠶᠠᠩ | ᠪᠠᠯᠭᠠᠰᠤᠨ ᠤ ᠬᠥᠳᠠᠯᠯᠮᠤᠷᠢ ᠬᠥᠴᠤᠨ ᠲᠤᠮᠢᠯᠠᠬᠤ ᠺᠤᠮᠫᠠᠨᠢ 6476 ᠬᠥᠮᠤᠠ ᠢ ᠰᠢᠯᠵᠢᠬᠦᠯᠤᠨ ᠠᠵᠢᠯ ᠤᠯᠭᠤᠵᠦ | ᠤᠷᠤᠯᠭ᠎ᠠ ᠨᠡᠮᠡᠭᠳᠡᠬᠦᠯᠵᠡᠢ᠃ ᠲᠤᠰᠬᠠᠶ ᠵᠦᠢᠯ ᠢᠶᠠᠷ ᠶᠠᠳᠠᠭᠤ ᠶᠢ ᠲᠡᠳᠬᠦᠬᠦ᠂ ᠠᠵᠢᠯ ᠲᠥᠷᠥᠯ ᠢᠶᠠᠷ ᠶᠠᠳᠠᠭᠤ ᠶᠢ | ᠲᠡᠳᠬᠦᠬᠦ᠂ ᠨᠡᠶᠢᠭᠡᠮ ᠠᠴᠠ ᠶᠠᠳᠠᠭᠤ ᠶᠢ ᠲᠡᠳᠬᠦᠬᠦ ᠵᠠᠷᠭᠡ ᠣᠯᠠᠨ ᠲᠠᠯ᠎ᠠ ᠪᠠᠷ ᠬᠦᠴᠦᠯᠡᠵᠦ᠂ ︽ᠬᠤᠶᠠᠷ ᠲᠤ | ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠡᠬᠦᠷᠭᠡ ᠶᠢ ᠪᠥᠬᠦ ᠲᠠᠯ᠎ᠠ ᠪᠠᠷ ᠪᠡᠶᠡᠯᠡᠭᠦᠯᠪᠡ᠃ ᠶᠠᠳᠠᠭᠤ ᠶᠢ ᠲᠠᠳᠬᠦᠬᠦ | ᠪᠠᠯᠡ ᠬᠥᠷᠥᠩᠭᠡ ᠶᠢᠨ ᠬᠠᠮᠢᠶᠠᠷᠤᠯᠳᠠ ᠶᠢᠨ ᠲᠥᠪ ᠪᠠᠶᠢᠭᠤᠯᠵᠤ᠂ ᠬᠠᠮᠢᠶᠠᠷᠤᠯᠳᠠ ᠶᠢᠨ ᠬᠢᠷᠢ ᠭᠡᠮᠵᠢᠶ᠎ᠠ ᠪᠠᠨ ᠪᠥᠬᠦ | ᠲᠠᠯ᠎ᠠ ᠪᠠᠷ ᠲᠠᠭᠡᠭᠰᠢᠯᠡᠬᠦᠯᠵᠡᠢ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠨ ᠤ | ᠬᠤᠭᠤᠴᠠᠭᠠᠨ ᠤ 3.85 ᠲᠦᠮᠡᠨ ᠶᠠᠳᠠᠭᠤ ᠬᠦᠴᠢᠷᠳᠡᠯ ᠲᠠᠢ ᠬᠥᠮᠦᠨ ᠠᠮᠠ ᠲᠣᠭᠲᠠᠭᠤᠨ ᠢᠶᠠᠷ ᠶᠠᠳᠠᠭᠤ ᠠᠴᠠ | ᠠᠩᠬᠢᠵᠢᠷᠠᠵᠦ᠂ 99 ᠶᠠᠳᠠᠭᠤ ᠬᠦᠴᠢᠷᠳᠡᠯ ᠲᠠᠢ ᠭᠠᠴᠠᠭ᠎ᠠ ᠲᠣᠰᠬᠤᠨ ᠢ ᠶᠠᠳᠠᠭᠤ ᠶᠢᠨ ᠡᠩᠨᠡᠭᠡ ᠠᠴᠠ ᠭᠠᠷᠭᠠᠵᠤ᠂ | 11 ᠵᠥᠢᠯ ᠤᠨ ᠤᠷᠤᠠ ᠤ ᠲᠠᠰ ᠠᠴᠠ ᠲᠠᠭᠡᠭᠰᠢᠬᠢ ᠶᠠᠳᠠᠭᠤ ᠶᠢ ᠲᠠᠳᠬᠦᠭᠰᠡᠨ ᠢᠷᠠᠭᠤ ᠠᠯᠳᠠᠷ ᠬᠥᠷᠳᠡᠪᠡ᠃ | ᠬᠦᠨᠳᠦ ᠶᠡᠭᠡ ᠠᠶᠤᠯ ᠲᠦᠭᠰᠢᠭᠦᠷᠢ ᠶᠢ ᠢᠳᠡᠪᠬᠢᠲᠡᠢ ᠯᠠᠪᠳᠠᠭᠤᠨ ᠢᠶᠠᠷ ᠰᠡᠷᠭᠡᠶᠢᠯᠡᠨ ᠵᠠᠶᠢᠯᠠᠭᠤᠯᠵᠤ᠂ ᠵᠠᠰᠠᠭ ᠤᠨ | ᠣᠷᠳᠣᠨ ᠤ ᠥᠷᠢ ᠥᠭᠴᠡᠭᠡ ᠶᠢᠨ ᠡᠬᠡ ᠬᠦᠦ ᠮᠥᠩᠬᠦ ᠶᠢ ᠨᠡᠶᠢᠲᠡ 21.58 ᠳ᠋ᠦᠩᠰᠢᠭᠤᠷ ᠲᠥᠭᠦᠷᠢᠭ | ᠰᠢᠢᠳᠪᠦᠷᠢᠯᠡᠵᠦ᠂ ᠠᠷᠠᠳ ᠤᠨ ᠳᠤᠮᠳᠠᠬᠢ ᠵᠢᠭᠡᠯᠡᠯᠭᠡ ᠶᠢᠨ ᠶᠡᠷᠦᠩᠬᠡᠢ ᠬᠡᠮᠵᠢᠶ᠎ᠡ ᠪᠠ ᠡᠷᠦᠬᠡ ᠶᠢᠨ ᠲᠤᠭ᠎ᠠ ᠪᠥᠷ | ᠲᠤᠷᠤᠬᠰᠢᠯᠠᠪᠡ᠃ ᠲᠠᠭᠡᠳᠦ ᠱᠠᠳᠤᠠ ᠤ ᠤᠷᠴᠢᠠ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠠ ᠪᠠᠶᠢᠴᠠᠭᠠᠵᠤ | ᠬᠠᠷᠢᠭᠤ ᠲᠤᠰᠬᠠᠬᠰᠠᠠ ᠠᠰᠠᠭᠤᠳᠠᠯ ᠢ ᠥᠭᠡᠷᠡᠴᠢᠯᠡᠨ ᠰᠢᠢᠳᠪᠤᠷᠢᠯᠠᠬᠦ ᠡᠬᠦᠷᠭᠡ ᠶᠢ ᠥᠠᠳᠤᠰᠤᠨ ᠳᠡᠭᠡᠨ ᠲᠠᠭᠤᠰᠬᠠᠵᠤ | ᠂ ᠲᠣᠪᠤᠶᠢᠮ᠎ᠠ ᠠᠰᠠᠭᠤᠳᠠᠯ ᠪᠦᠲᠦᠮᠵᠢᠲᠡᠶ ᠰᠢᠢᠳᠪᠤᠷᠢᠯᠡᠭᠳᠡᠵᠦ᠂ ᠠᠮᠢ ᠠᠬᠤᠶ ᠶᠢᠨ ᠣᠷᠴᠢᠨ ᠲᠣᠭᠤᠷᠢᠨ | ᠦᠷᠭᠦᠯᠵᠢᠯᠡᠨ ᠰᠠᠶᠢᠵᠢᠷᠠᠵᠠᠢ᠃ ᠣᠢ ᠰᠢᠭᠤᠢ ᠶᠢᠨ ᠪᠦᠷᠬᠦᠴᠡ 44.17 % ᠬᠥᠷᠴᠤ᠂ 2015 | ᠣᠨ ᠤ ᠬᠢ ᠠᠴᠠ 1.08 ᠵᠠᠭᠤᠨ ᠬᠤᠪᠢ ᠶᠢᠨ ᠴᠡᠭ ᠲᠡᠭᠡᠭᠰᠢᠯᠡᠪᠡ᠃ | ᠲᠠᠪᠤᠨ ᠵᠢᠯ ᠤᠨ ᠲᠤᠷᠰᠢ᠂ ᠪᠢᠳᠡ ᠨᠢᠭᠡᠳᠦᠯᠲᠡᠢ ᠲᠥᠯᠥᠪᠵᠢᠭᠦᠯᠦᠨ ᠪᠠᠳᠤᠯᠭ᠎ᠠ ᠪᠠᠨ ᠴᠢᠩᠭᠠᠷᠠᠭᠤᠯᠵᠤ᠂ | ᠬᠤᠲᠠ ᠬᠥᠳᠡᠭᠡ ᠶᠢᠨ ᠳᠦᠷᠰᠦ ᠪᠠᠶᠢᠳᠠᠯ ᠳᠤ ᠭᠦᠨᠵᠡᠭᠡᠢ ᠬᠤᠪᠢᠷᠠᠯᠲᠠ ᠭᠠᠷᠭᠠᠪᠠ᠃ 31.4 ᠳ᠋ᠦᠩᠰᠢᠭᠤᠷ | ᠲᠥᠭᠦᠷᠢᠭ ᠪᠡᠯᠡ ᠤᠷᠤᠭᠤᠯᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠢᠭᠤᠯᠤᠯᠲᠠ ᠶᠢ | ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠤᠰᠤ ᠴᠠᠬᠢᠯᠭᠠᠨ ᠵᠠᠮ᠂ ᠰᠣᠶᠣᠯ ᠰᠤᠷᠭᠠᠨ ᠬᠥᠮᠦᠵᠢᠯ ᠡᠷᠡᠭᠦᠯ | ᠬᠠᠮᠠᠭᠠᠯᠠᠯ ᠵᠡᠷᠭᠡ ᠰᠠᠭᠤᠷᠢ ᠲᠥᠬᠦᠭᠡᠷᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ 210 ᠮᠤᠵᠢ ᠶᠢᠨ ᠵᠠᠮ ᠤᠨ | ᠰᠧ ᠵᠢᠶᠠ ᠽᠢ ᠠᠴᠠ ᠰᠢᠨ ᠬᠤᠢ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠪᠠ 305 ᠤᠯᠤᠰ ᠤᠨ ᠵᠠᠮ ᠤᠨ | ᠮᠠᠨᠢᠬᠠᠨ ᠠᠴᠠ ᠢᠳᠤᠭᠤᠨ ᠭᠤᠤ ᠬᠦᠷᠬᠦ ᠬᠡᠰᠡᠭ᠂ ᠭᠤᠷᠣᠬᠠᠨ ᠠᠴᠠ ᠬᠤᠨᠢᠨ ᠲᠠᠯᠠᠪᠠᠢ ᠬᠦᠷᠬᠦ ᠬᠤᠶᠠᠳᠤᠭᠠᠷ | ᠳᠡᠰ ᠤᠨ ᠵᠠᠰᠠᠮᠠᠯ ᠵᠠᠮ ᠢ ᠪᠦᠲᠦᠭᠡᠨ ᠪᠠᠶᠢᠭᠤᠯᠵᠤ ᠲᠡᠷᠭᠡ ᠨᠡᠪᠲᠡᠷᠡᠭᠦᠯᠪᠡ᠃ ᠲᠤᠰᠬᠤᠨ ᠳᠤ ᠨᠡᠪᠳᠡᠷᠡᠬᠦ ᠵᠠᠰᠠᠮᠠᠯ ᠵᠠᠮ | 817 ᠺᠢᠯᠥᠮᠧᠲᠷ ᠲᠠᠪᠢᠰᠴᠤ᠂ ᠵᠠᠭᠡᠯᠢ ᠭᠤᠳᠤᠮᠵᠢ ᠶᠢᠨ ᠬᠠᠳᠠᠭᠤᠷᠠᠭᠤᠯᠤᠯᠳᠠ 4790 ᠺᠢᠯᠥᠮᠧᠲᠷ ᠲᠤ ᠬᠥᠷᠴᠤ᠂ | ᠵᠠᠰᠠᠭ ᠵᠠᠬᠢᠷᠭᠠᠨ ᠤ ᠲᠤᠰᠬᠤᠨ ᠤ ᠵᠠᠮ ᠢ ᠪᠥᠬᠦᠠ ᠢ ᠴᠠᠷᠳᠠᠵᠤ ᠬᠠᠳᠠᠭᠤᠷᠠᠭᠤᠯᠪᠡ᠃ 276 ᠭᠡᠰᠡᠭ ᠭᠠᠵᠠᠷ ᠤᠨ | ᠠᠶᠤᠯᠬᠦᠢ ᠢᠳᠠᠬᠦ ᠤᠰᠤᠨ ᠢᠨᠵᠧᠨᠧᠷᠢᠩ ᠢ ᠪᠠᠬᠢᠵᠢᠭᠦᠯᠦᠨ ᠴᠢᠨᠠᠷᠵᠢᠭᠤᠯᠵᠦ᠂ 4.88 ᠲᠦᠮᠡᠨ ᠡᠷᠦᠬᠡ ᠶᠢᠨ 16. | 27 ᠲᠦᠮᠡᠨ ᠬᠥᠮᠦᠨ ᠳᠤ ᠠᠰᠢᠭ ᠬᠥᠷᠳᠡᠭᠡᠪᠡ᠃ 573 ᠲᠡᠭᠰᠢ ᠳᠥᠷᠪᠡᠯᠵᠢᠨ ᠺᠢᠯᠣᠮᠧᠲᠷ ᠤᠰᠤ ᠬᠥᠷᠥᠰᠤᠨ ᠤ | ᠬᠠᠮᠠᠭᠠᠯᠠᠯᠲᠠ ᠶᠢ ᠪᠡᠶᠡᠯᠡᠬᠦᠯᠵᠤ᠂ LXB ᠤᠰᠤ ᠲᠤᠬᠢᠷᠠᠭᠤᠯᠬᠤ ᠢᠨᠵᠧᠨᠧᠷᠢᠩ ᠢ ᠡᠬᠢᠯᠠᠵᠤ ᠭᠡᠷᠡᠭᠵᠢᠬᠦᠯᠵᠡᠢ᠃ 10 | ᠪᠤᠶᠤ ᠲᠡᠭᠦᠨ ᠠᠴᠠ ᠲᠤᠭᠤᠬᠰᠢᠬᠢ ᠺᠢᠯᠤᠸᠠᠲ ᠶᠢᠨ ᠬᠥᠳᠡᠭᠡ ᠲᠣᠰᠬᠤᠨ ᠤ ᠴᠠᠬᠢᠯᠭᠠᠨ ᠲᠣᠣᠷ ᠤᠨ | ᠢᠨᠵᠧᠨᠧᠷᠢᠩ ᠢ 150 ᠵᠦᠢᠯ ᠬᠡᠷᠡᠭᠵᠢᠭᠦᠯᠪᠡ᠃ ᠰᠢᠨ ᠬᠤᠶ ᠬᠤᠲᠠ ᠲᠣᠭᠤᠷᠢᠭ ᠤᠨ ᠪᠥᠳᠥᠭᠡᠨ ᠪᠠᠶᠢᠭᠤᠯᠤᠭᠰᠠᠨ | ᠲᠠᠯᠠᠪᠠᠢ 10 ᠲᠡᠭᠰᠢ ᠳᠥᠷᠪᠡᠯᠵᠢᠨ ᠺᠢᠯᠦᠮᠧᠲᠷ ᠲᠤ ᠬᠦᠷᠴᠦ᠂ 1886 ᠢᠵᠢ ᠲᠥᠬᠦᠮ ᠪᠥᠳᠥᠴᠠᠳᠤ ᠤᠷᠤᠠ | ᠰᠠᠭᠤᠴᠠ ᠶᠢᠨ ᠥᠭᠡᠷᠡᠴᠢᠯᠠᠳᠡ ᠶᠢ ᠲᠠᠭᠤᠰᠬᠠᠪᠡ᠃ ᠬᠠᠭᠤᠷᠠᠶ ᠲᠠᠷᠢᠶᠠᠯᠠᠩ ᠤᠨ ᠰᠢᠰᠲ᠋ᠧᠮ ᠤᠨ ᠭᠦᠷᠢᠶᠡᠯᠡᠩ᠂ | ᠪᠡᠶ᠎ᠡ ᠶᠢᠨ ᠲᠠᠮᠢᠷ ᠤᠨ ᠴᠡᠴᠡᠷᠯᠢᠭ᠂ ᠥᠠᠳᠤᠷ ᠬᠥᠴᠤᠳᠡᠯᠳᠤ ᠴᠠᠬᠢᠯᠭᠠᠨ ᠤᠳᠠᠰᠤ ᠶᠢ ᠰᠢᠯᠵᠢᠬᠦᠯᠬᠦ ᠵᠠᠷᠭᠡ ᠲᠥᠷᠥᠯ | ᠵᠥᠢᠯ ᠢ ᠲᠠᠭᠤᠰᠬᠠᠪᠡ᠃ 7 ᠰᠢᠶᠠᠩ ᠪᠠᠯᠭᠠᠰᠤ ᠶᠢᠨ ᠰᠠᠭᠤᠭ᠎ᠠ ᠭᠠᠨᠵᠷ ᠲᠤ ᠲᠥᠪᠯᠡᠷᠡᠭᠦᠯᠦᠨ ᠢᠯᠴᠢ ᠬᠠᠩᠭᠠᠬᠤ ᠶᠢ | ᠪᠡᠶᠡᠯᠡᠭᠦᠯᠵᠦ᠂ ᠪᠦᠬᠦ ᠬᠤᠰᠢᠭᠤᠨ ᠤ ᠬᠤᠲᠠ ᠪᠠᠯᠭᠠᠰᠤᠵᠢᠯᠲᠠ ᠶᠢᠨ ᠨᠣᠷᠮ᠎ᠠ 44.3% ᠬᠦᠷᠴᠦ᠂ 2015 | ᠣᠨ ᠬᠢ ᠠᠴᠠ 6.9 ᠵᠠᠭᠤᠨ ᠬᠤᠪᠢ ᠶᠢᠨ ᠴᠡᠭ ᠳᠡᠭᠡᠭᠰᠢᠯᠡᠪᠡ᠃ | ᠲᠠᠪᠤᠨ ᠵᠢᠯ ᠤᠨ ᠲᠤᠷᠰᠢ᠂ ᠪᠢᠳᠠ ᠠᠷᠠᠳ ᠤᠨ ᠠᠮᠢᠳᠤᠷᠠᠯ ᠢ ᠰᠠᠶᠢᠵᠢᠷᠠᠭᠤᠯᠤᠨ ᠠᠵᠠ ᠵᠢᠷᠭᠠᠯ ᠢ ᠨᠢ | ᠨᠡᠮᠡᠭᠳᠡᠭᠦᠯᠵᠦ᠂ ᠨᠡᠶᠢᠭᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠬᠥᠭᠵᠢᠬᠦᠯᠪᠡ᠃ ᠲᠤᠮᠳᠠᠳᠤ ᠪᠠᠭ᠎ᠠ ᠰᠤᠷᠭᠠᠭᠤᠯᠢ | ᠂ ᠭᠡᠤᠭᠡᠳ ᠤᠨ ᠴᠡᠴᠡᠷᠯᠢᠭ 11 ᠨᠡᠮᠠᠠ ᠪᠠᠶᠢᠭᠤᠯᠵᠤ᠂ 65 ᠲᠤᠮᠳᠠᠳᠤ ᠪᠠᠭ᠎ᠠ ᠰᠤᠷᠭᠠᠭᠤᠯᠢ᠂ ᠭᠡᠤᠭᠡᠳ ᠤᠨ | ᠴᠡᠴᠡᠷᠯᠢᠭ ᠢ ᠥᠷᠭᠡᠳᠭᠡᠨ ᠥᠭᠡᠷᠡᠴᠢᠯᠡᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠬᠦᠷᠢᠰᠢᠯ ᠢ | ᠦᠨᠳᠦᠰᠦᠨ ᠳᠡᠭᠡᠨ ᠪᠠᠷᠢᠮᠵᠢᠶᠠᠨ ᠳᠤ ᠬᠥᠷᠭᠡᠵᠤ᠂ ᠨᠡᠶᠢᠲᠡ 32 ᠰᠤᠷᠤᠬᠴᠢ ᠴᠢᠩᠬᠤᠸᠠ ᠶᠡᠭᠡ ᠰᠤᠷᠭᠠᠭᠤᠯᠢ ᠪᠤᠶᠤ | ᠪᠡᠭᠡᠵᠢᠩ ᠶᠡᠭᠡ ᠰᠤᠷᠭᠠᠭᠤᠯᠢ ᠳᠤ ᠡᠯᠰᠡᠭᠳᠡᠵᠦ᠂ ᠵᠢᠩᠬᠢᠨᠢ ᠠᠩᠬᠢ ᠳᠤ ᠰᠢᠯᠭᠠᠨ ᠤᠷᠤᠬᠰᠠᠠ ᠨᠤᠷᠮ᠎ᠠ ᠵᠢᠯ | ᠲᠤᠮᠳᠠᠴᠢ 3.2 % ᠨᠡᠮᠡᠭᠳᠡᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠬᠥᠠᠵᠡᠭᠡᠢ ᠠᠬᠢᠭᠤᠯᠵᠤ᠂ 13 ᠡᠷᠡᠭᠦᠯ ᠬᠠᠮᠠᠭᠠᠯᠠᠯ ᠤᠨ ᠬᠤᠷᠢᠶ᠎ᠡ ᠪᠠ ᠡᠮᠨᠡᠯᠭᠡ ᠶᠢᠨ ᠬᠤᠷᠢᠶ᠎ᠡ ᠶᠢ ᠥᠭᠡᠷᠡᠴᠢᠯᠡᠵᠦ | ᠰᠢᠨᠡᠴᠢᠯᠡᠪᠡ᠃ ᠪᠦᠬᠦ ᠬᠤᠰᠢᠭᠤᠨ ᠤ ᠵᠢᠯ ᠳᠤᠮᠳᠠᠴᠢ ᠰᠢᠨ᠎ᠡ ᠨᠡᠮᠡᠭᠳᠡᠬᠦᠯᠥᠭᠰᠡᠨ ᠬᠤᠲᠠ ᠪᠠᠯᠭᠠᠰᠤᠨ ᠤ ᠠᠵᠢᠯ | ᠤᠯᠭᠤᠯᠳᠠ1500 ᠬᠥᠮᠤᠠ ᠪᠠᠶᠢᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ | ᠨᠣᠷᠮ᠎ᠠ ᠶᠢ 4.5 % ᠳᠣᠲᠣᠷ᠎ᠠ ᠬᠢᠵᠠᠭᠠᠷᠯᠡᠪᠡ᠃ 10 ᠨᠠᠰᠤᠲᠠᠨ ᠠᠰᠠᠷᠠᠬᠤ ᠬᠦᠷᠢᠶᠡᠯᠡᠩ᠂ 30 ᠵᠣᠯ ᠵᠢᠷᠭᠠᠯᠲᠤ | ᠬᠦᠷᠢᠶᠡᠯᠡᠩ ᠪᠠᠶᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ᠂ ᠡᠮ | ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 90 % ᠠᠴᠠ ᠲᠠᠪᠠᠪᠡ᠃ ︽ᠬᠠᠤᠯᠢ ᠲᠥᠷᠢᠮᠳᠤ ᠠᠤᠬᠠᠨ︾ | ᠂ ︽ᠪᠣᠯᠪᠠᠰᠤᠨ ᠠᠤᠬᠠᠨ︾᠂ ︽ᠠᠮᠤᠭᠤᠯᠠᠩ ᠠᠤᠬᠠᠨ︾ ᠤ ᠪᠥᠲᠥᠭᠡᠨ ᠪᠠᠶᠢᠭᠤᠯᠤᠯᠲᠠ ᠶᠢ ᠭᠦᠨᠵᠡᠭᠡᠶ | ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠪᠣᠳᠠᠲᠤ ᠦᠷ᠎ᠡ ᠪᠦᠲᠦᠮᠵᠢ | ᠣᠯᠵᠤ᠂ ᠬᠠᠤᠯᠢ ᠪᠤᠰᠤ ᠪᠠᠷ ᠲᠠᠷᠢᠶᠠᠨ ᠭᠠᠵᠠᠷ ᠢ ᠡᠵᠡᠯᠡᠵᠦ ᠭᠡᠷ ᠰᠠᠷᠠᠪᠴᠢ ᠪᠠᠶᠢᠭᠤᠯᠬᠤ ᠶᠢ ᠵᠠᠰᠠᠠ ᠴᠡᠭᠴᠡᠯᠡᠬᠦ ᠪᠠ | ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶᠢᠯᠠᠠ ᠴᠢᠭᠴᠡᠯᠠᠬᠦ ᠠᠵᠢᠯ ᠢ | ᠯᠠᠪᠳᠠᠭᠤᠨ ᠪᠤᠳᠠᠳᠠᠢ ᠥᠷᠨᠢᠬᠦᠯᠪᠡ᠃ ᠵᠠᠬᠢᠳᠠᠯ ᠰᠤᠷᠪᠤᠯᠵᠢᠯᠠᠯ ᠤᠨ ᠲᠥᠷᠢᠮ ᠲᠣᠭᠲᠠᠴᠠ ᠶᠢ ᠨᠡᠩ | ᠲᠡᠭᠦᠯᠳᠡᠷᠵᠢᠭᠦᠯᠵᠦ᠂ ᠵᠠᠬᠢᠳᠠᠯ ᠰᠤᠷᠪᠤᠯᠵᠢᠯᠠᠯ ᠤᠨ ᠲᠤᠭ᠎ᠠ ᠨᠤᠷᠮ᠎ᠠ ︽ᠠᠷᠪᠠᠨ ᠬᠤᠶᠠᠳᠤᠭᠠᠷ ᠲᠠᠪᠤᠠ ᠵᠢᠯ︾ ᠤᠨ | ᠬᠤᠭᠤᠴᠠᠭᠠᠨ ᠤ ᠬᠢ ᠠᠴᠠ 66 . 2 % ᠪᠠᠭᠤᠷᠠᠪᠠ᠃ | ᠲᠥᠯᠥᠭᠡᠯᠡᠭᠴᠢᠳ ᠡ︕ ᠲᠠᠪᠤᠠ ᠵᠢᠯ ᠤᠨ ᠰᠠᠯᠬᠢ ᠪᠤᠷᠤᠭᠠᠨ᠂ ᠲᠠᠪᠤᠠ ᠵᠢᠯ ᠤᠨ ᠪᠠᠷᠭᠡ ᠪᠠᠷᠳᠠᠭ᠎ᠠ᠂ | ᠠᠮᠵᠢᠯᠳᠠ ᠪᠥᠳᠥᠭᠡᠯ ᠠᠷᠢᠭᠤᠨ ᠬᠥᠯᠤᠰᠤ ᠪᠠᠷ ᠤᠮᠳᠠᠯᠠᠬᠳᠠᠵᠤ᠂ ᠠᠤᠭ᠎ᠠ ᠥᠢᠯᠠᠰ ᠠᠷᠠᠳ ᠤᠨ ᠰᠠᠳᠬᠢᠯ ᠢᠶᠠᠷ | ᠰᠥᠮᠪᠥᠷᠯᠡᠭᠰᠡᠨ᠃ ᠡᠯ᠎ᠡ ᠱᠠᠲᠤᠨ ᠤ ᠺᠠᠳ᠋ᠷᠴᠤᠳ ᠬᠠᠳᠠᠭᠤ ᠪᠡᠷᠭᠡᠳᠤ ᠲᠠᠶᠢᠠ ᠬᠠᠮᠤᠭ ᠭᠡᠴᠡᠬᠦᠤ ᠰᠢᠯᠭᠠᠯᠲᠠ ᠶᠢᠨ | ᠳᠤᠮᠳᠠ᠂ ᠬᠦᠨᠳᠦ ᠶᠢ ᠡᠬᠦᠷᠤᠨ ᠬᠤᠯᠠ ᠶᠢ ᠵᠤᠷᠢᠵᠦ᠂ ᠡᠷᠡᠯᠬᠡᠭᠯᠡᠨ ᠲᠠᠮᠠᠴᠠᠵᠦ ᠡᠷᠡᠮᠡᠬᠡᠶᠢᠯᠡᠨ ᠤᠷᠤᠭᠰᠢᠯᠠᠵᠤ᠂ | ᠲᠡᠤᠬᠡ ᠪᠠ ᠪᠣᠳᠠᠲᠤ ᠪᠠᠶᠢᠳᠠᠯ ᠤᠨ ᠰᠤᠷᠢᠯᠳᠠ ᠪᠠᠷ ᠲᠠᠮᠵᠢᠵᠦ᠂ ᠨᠠᠮ ᠪᠠ ᠠᠷᠠᠳ ᠲᠥᠮᠠᠠ ᠳᠡᠭᠡᠨ ᠬᠢᠷᠢ | ᠲᠡᠩᠴᠡᠭᠰᠡᠨ ᠰᠢᠯᠭᠠᠯᠳᠠ ᠶᠢᠨ ᠬᠠᠭᠤᠳᠠᠰᠤ ᠪᠠᠨ ᠲᠤᠰᠢᠶᠠᠪᠠ᠃ ᠳᠡᠭᠡᠳᠦ ᠱᠠᠲᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠭᠦᠨ ᠬᠠᠶᠢᠷ᠎ᠠ ᠬᠥᠠᠴᠠ ᠬᠠᠯᠠᠮᠵᠢᠯᠠᠯ ᠨᠢ ᠠᠤᠬᠠᠨ ᠬᠤᠰᠢᠭᠤᠨ ᠤ ᠬᠥᠭᠡᠭᠡᠵᠦ ᠨᠠᠭᠡᠭᠡᠵᠤ | ᠬᠥᠭᠵᠢᠵᠦ ᠤᠷᠤᠬᠰᠢᠯᠠᠬᠤ ᠢᠳᠠᠭᠡᠯ ᠵᠣᠷᠢᠭ ᠢ ᠬᠥᠪᠴᠢᠯᠡᠪᠡ᠃ ᠬᠤᠰᠢᠭᠤᠨ ᠤ ᠨᠠᠮ ᠤᠨ ᠬᠤᠷᠢᠶ᠎ᠠ ᠪᠦᠬᠦ | ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠪᠦᠲᠦᠮᠵᠢᠲᠡᠶ ᠬᠢᠨᠠᠯᠲᠠ ᠲᠠᠯᠪᠢᠵᠤ᠂ ᠪᠦᠬᠦ ᠬᠦᠴᠦᠨ ᠢᠶᠠᠷ ᠢᠶᠠᠨ ᠲᠡᠮᠵᠢᠭᠰᠡᠨ ᠨᠢ ᠠᠤᠬᠠᠨ | ᠬᠤᠰᠢᠭᠤᠨ ᠤ ᠬᠥᠭᠵᠢᠯᠲᠡ ᠪᠠᠨ ᠲᠦᠷᠭᠡᠳᠬᠡᠬᠦ ᠬᠦᠴᠦᠨ ᠴᠢᠳᠠᠯ ᠢ ᠨᠢᠭᠲᠠᠷᠠᠭᠤᠯᠪᠠ︔ ᠪᠦᠬᠦ ᠬᠤᠰᠢᠭᠤᠨ ᠤ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠰᠡᠳᠬᠢᠯ ᠨᠢᠭᠡᠳᠦᠨ ᠬᠥᠴᠣᠨ ᠢᠶᠠᠨ ᠬᠠᠮᠲᠤᠳᠬᠠᠵᠤ᠂ | ᠬᠥᠴᠤᠯᠠᠠ ᠴᠠᠷᠮᠠᠶᠢᠨ ᠡᠷᠡᠮᠡᠬᠡᠶᠢᠯᠡᠨ ᠤᠷᠤᠭᠰᠢᠯᠠᠵᠤ᠂ ᠭᠠᠳᠠᠨ᠎ᠠ ᠭᠠᠵᠠᠷ ᠬᠢᠯᠠᠷᠠᠭᠤᠯᠵᠦ ᠶᠠᠪᠤᠭ᠎ᠠ ᠠᠤᠬᠠᠠ | ᠬᠤᠰᠢᠭᠤᠨ ᠤ ᠥᠷᠭᠡᠨ ᠤᠯᠠᠨ ᠡᠷᠳᠡᠮᠲᠡᠨ ᠮᠡᠷᠭᠡᠳ ᠬᠥᠴᠤᠯᠠᠠ ᠵᠢᠳᠬᠦᠵᠦ ᠬᠦᠴᠦᠳᠠᠢ ᠬᠠᠪᠰᠤᠷᠤᠯᠴᠠᠵᠤ᠂ | ᠠᠤᠬᠠᠨ ᠬᠤᠰᠢᠭᠤᠨ ᠤ ᠲᠠᠪᠠᠯᠳᠠᠳᠤ ᠬᠥᠭᠵᠢᠯᠲᠡ ᠶᠢᠨ ᠢᠷᠠᠭᠤ ᠬᠠᠭᠤᠳᠠᠰᠤ ᠶᠢ ᠪᠢᠴᠢᠭᠯᠡᠭᠰᠡᠨ ᠪᠠᠶᠢᠨ᠎ᠠ︕ ᠠᠳᠡ | ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠦᠬᠦ ᠬᠤᠰᠢᠭᠤᠨ ᠤ 60 ᠲᠦᠮᠡᠨ | ᠦᠨᠳᠦᠰᠦᠲᠡᠨ ᠨᠦᠭᠦᠳ ᠤᠨ ᠠᠷᠠᠳ ᠲᠦᠮᠡᠨ ᠳᠤ᠂ ᠠᠤᠬᠠᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠶᠢ | ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠲᠤ ᠡᠷᠬᠢᠮ ᠳᠡᠭᠡᠲᠦ ᠬᠦᠨᠳᠦᠳᠬᠡᠯ ᠪᠠ ᠴᠢᠩ ᠰᠡᠳᠬᠢᠯ ᠤᠨ | ᠲᠠᠯᠠᠷᠬᠠᠯ ᠢᠶᠠᠨ ᠲᠡᠪᠰᠢᠬᠦᠯᠥᠶᠠ︕ | ᠢᠳᠠᠭᠡᠯ ᠡᠪᠤᠷᠯᠡᠭᠰᠡᠨ ᠬᠥᠮᠤᠠ ᠤᠬᠠᠭᠠᠷᠠᠵᠤ ᠰᠠᠩᠭᠡᠷᠡᠬᠦ ᠶᠤᠰᠤᠳᠠᠢ᠂ ᠰᠡᠩᠭᠡᠷᠡᠵᠦ ᠤᠬᠠᠭᠠᠷᠠᠬᠰᠠᠠ ᠬᠥᠮᠤᠠ | ᠬᠥᠴᠥᠷᠭᠡᠭᠵᠢᠨ ᠴᠢᠩᠭᠠᠷᠠᠬᠤ ᠶᠣᠰᠣᠲᠠᠢ᠃ ᠠᠮᠵᠢᠯᠲᠠ ᠪᠠᠨ ᠭᠦᠢᠴᠡᠳ ᠨᠤᠲᠠᠯᠠᠬᠤ ᠶᠢᠨ ᠬᠠᠮᠲᠤ᠂ ᠠᠰᠠᠭᠤᠳᠠᠯ ᠪᠠ | ᠬᠦᠴᠢᠷᠳᠡᠯ ᠢᠶᠠᠨ ᠰᠡᠷᠭᠡᠭ ᠢᠶᠠᠷ ᠲᠠᠨᠢᠬᠤ ᠬᠡᠷᠡᠭᠳᠡᠢ᠄ ᠨᠢᠭᠡ ᠳᠤ᠂ ᠡᠯ᠎ᠡ ᠵᠥᠢᠯ ᠤᠨ ᠠᠵᠤ ᠦᠢᠯᠡᠰ ᠤᠨ ᠲᠠᠰ | ᠳᠠᠪᠬᠤᠷᠭ᠎ᠠ ᠳᠣᠤᠷ᠎ᠠ᠂ ᠬᠡᠯᠬᠢᠶ᠎ᠡ ᠣᠬᠤᠷ ᠪᠠᠶᠢᠨ᠎ᠠ᠃ ᠡᠬᠢ ᠪᠠᠶᠠᠯᠢᠭ ᠤᠨ ᠨᠡᠭᠡᠭᠡᠯᠲᠡ᠂ ᠠᠵᠤ ᠦᠢᠯᠡᠰ ᠤᠨ | ᠬᠥᠭᠵᠢᠯᠲᠡ ᠶᠢᠨ ᠶᠠᠭᠡᠩᠬᠢ ᠨᠢ ᠡᠬᠢᠯᠡᠯᠲᠡ ᠶᠢᠨ ᠱᠠᠲᠤᠨ ᠳᠠᠭᠠᠨ ᠪᠠᠶᠢᠵᠤ᠂ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ᠂ ᠰᠢᠨ᠎ᠡ ᠭᠡᠪ ᠵᠠᠭᠪᠤᠷ ᠨᠢ ᠪᠦᠲᠦᠮᠵᠢᠲᠡᠢ ᠲᠦᠰᠢᠭ ᠲᠤᠯᠭᠠᠭᠤᠷᠢ ᠪᠤᠯᠵᠤ ᠴᠢᠳᠠᠭᠠᠳᠤᠢ᠂ ᠰᠠᠶᠢᠨ | ᠦᠢᠯᠡᠳᠬᠦᠨ ᠨᠢ ᠰᠠᠶᠢᠨ ᠦᠷᠳᠡᠭ ᠲᠠᠢ ᠪᠤᠯᠵᠤ ᠴᠢᠳᠠᠭ᠎ᠠ ᠥᠭᠡᠢ᠂ ᠰᠠᠶᠢᠨ ᠠᠵᠤ ᠦᠢᠯᠡᠰ ᠨᠢ ᠦᠷ᠎ᠡ ᠠᠰᠢᠭ ᠢᠶᠠᠨ | ᠬᠥᠢᠴᠠᠳ ᠪᠠᠳᠠᠷᠠᠭᠤᠯᠤᠭᠠ ᠦᠭᠡᠢ᠃ ᠪᠠᠭ᠎ᠠ ᠠᠴᠠ ᠨᠢᠭᠡ ᠮᠥᠬᠦᠯᠢᠭ ᠪᠤᠳᠠᠭ᠎ᠠ᠂ ᠶᠡᠭᠡ ᠠᠴᠠ ᠨᠢᠭᠡ ᠠᠭᠤᠷᠬᠠᠢ | ᠬᠦᠷᠲᠡᠯ᠎ᠡ ᠬᠡᠷᠬᠢᠨ ᠪᠦᠲᠦᠮᠵᠢᠲᠡᠢ ᠠᠰᠢᠭᠯᠠᠬᠤ ᠨᠢ ᠮᠥᠨ ᠯᠡ ᠭᠦᠨ ᠰᠦᠪᠡᠭᠴᠢᠯᠡᠭᠦᠰᠢᠲᠡᠢ ᠤᠴᠢᠷ ᠪᠣᠯᠤᠨ᠎ᠠ᠃ | ᠬᠤᠶᠠᠷ ᠲᠤ᠂ ᠬᠡᠰᠡᠭ ᠲᠥᠯᠥᠪᠵᠢᠭᠦᠯᠭᠡ ᠨᠢ ᠪᠣᠳᠠᠲᠤ ᠬᠡᠷᠡᠭᠴᠡᠭᠡ ᠦᠭᠡᠢ᠂ ᠨᠠᠶᠢᠳᠠᠪᠤᠷᠢᠵᠢᠭᠤᠯᠬᠤ ᠳᠤ ᠪᠡᠷᠬᠡᠲᠡᠢ | ᠪᠠᠶᠢᠨ᠎ᠠ᠃ ᠭᠠᠭᠴᠠ ᠬᠦ ᠠᠤᠬᠠᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠳᠡᠭᠡᠳᠦ ᠱᠠᠲᠤᠨ ᠤ ᠲᠥᠷᠥ ᠶᠢᠨ | ᠪᠣᠳᠣᠯᠭ᠎ᠠ᠂ ᠪᠠᠯᠠ ᠣᠷᠣᠭᠤᠯᠤᠯᠲᠠ ᠶᠢᠨ ᠤᠳᠤᠷᠢᠳᠤᠮᠵᠢ ᠶᠢ ᠨᠢᠬᠳᠠ ᠵᠣᠯᠭᠠᠭᠤᠯᠪᠠᠯ ᠰᠠᠶ᠋ᠢ ᠨᠠᠩ ᠣᠯᠠᠨ ᠲᠥᠷᠥᠯ | ᠵᠦᠢᠯ ᠤᠨ ᠠᠰᠢᠬᠯᠠᠯᠳᠠ ᠶᠢ ᠲᠡᠭᠡᠭᠰᠢᠯᠡᠬᠦᠯᠵᠦ᠂ ᠬᠤᠷᠳᠤᠴᠠ ᠶᠢ ᠲᠥᠷᠭᠡᠳᠭᠡᠵᠦ ᠴᠢᠳᠠᠨ᠎ᠠ ᠃ ᠡᠯ᠎ᠡ ᠲᠥᠷᠥᠯ ᠤᠨ | ᠲᠥᠯᠥᠪᠵᠢᠭᠦᠯᠭᠡ ᠶᠢ ᠬᠡᠷᠬᠢᠨ ︽ᠳᠡᠭᠡᠭᠰᠢ ᠲᠦᠷᠦ ᠶᠢᠨ ᠪᠤᠳᠤᠯᠭ᠎ᠠ ᠲᠠᠢ ᠵᠤᠬᠢᠴᠠᠭᠤᠯᠵᠦ ᠳᠣᠷᠤᠭᠰᠢ ᠪᠤᠳᠠᠳᠤ | ᠪᠠᠶᠢᠳᠠᠯ ᠲᠠᠢ ᠤᠶᠠᠯᠳᠤᠭᠤᠯᠬᠤ︾ ᠶᠢ ᠪᠡᠶᠡᠯᠡᠬᠦᠯᠤᠨ᠂ ᠪᠥᠬᠦ ᠬᠤᠰᠢᠭᠤᠨ ᠤ ᠬᠥᠭᠵᠢᠯᠲᠡ ᠶᠢ ᠬᠦᠴᠦᠲᠡᠶ ᠠᠬᠢᠭᠤᠯᠬᠤ | ᠠᠰᠠᠭᠤᠳᠠᠯ ᠢ ᠪᠠᠰᠠ ᠭᠦᠨᠵᠡᠭᠡᠶ ᠰᠤᠳᠤᠯᠤᠨ ᠲᠥᠯᠥᠪᠵᠢᠭᠦᠯᠬᠦ ᠴᠢᠬᠤᠯᠠᠲᠠᠶ ᠪᠠᠶᠢᠨ᠎ᠠ᠃ ᠭᠤᠷᠪᠠ ᠳᠤ᠂ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠣᠯᠭᠠᠬᠤ ᠳᠤ ᠬᠦᠴᠢᠷᠲᠡᠢ᠂ ᠳᠠᠷᠤᠯᠲᠠ ᠶᠡᠭᠡ ᠪᠠᠶᠢᠨ᠎ᠠ᠃ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠲᠣᠭᠲᠠᠪᠤᠷᠢ ᠥᠬᠡᠶ ᠴᠢᠨᠠᠷ ᠵᠢᠴᠢ ᠭᠠᠶᠢᠯᠢ | ᠬᠥᠩᠭᠡᠯᠡᠵᠦ ᠰᠦᠢᠳᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ᠂ ᠥᠷᠢ ᠥᠭᠴᠡᠭᠡ ᠶᠢ ᠠᠷᠢᠯᠭᠠᠬᠤ ᠶᠢ | ᠨᠠᠶᠢᠳᠠᠪᠤᠷᠢᠵᠢᠭᠤᠯᠬᠤ ᠵᠡᠷᠭᠡ ᠨᠥᠯᠥᠭᠡ ᠠᠴᠠ ᠪᠣᠯᠵᠣ᠂ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠬᠦ ᠬᠦᠴᠢᠷᠳᠡᠯ | ᠨᠡᠯᠢᠶᠡᠳ ᠶᠡᠭᠡ ᠪᠠᠶᠢᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠠᠷᠠᠳ ᠤᠨ ᠠᠮᠢᠳᠤᠷᠠᠯ ᠢ ᠪᠠᠳᠤᠯᠠᠬᠤ ᠵᠡᠷᠭᠡ ᠲᠤᠬᠳᠠᠮᠠᠯ ᠵᠠᠷᠤᠯᠭ᠎ᠠ ᠵᠢᠯ ᠳᠠᠷᠠᠭᠠᠯᠠᠨ ᠨᠡᠮᠡᠭᠳᠡᠵᠦ | ᠪᠠᠶᠢᠨ᠎ᠠ᠃ ᠨᠢᠭᠡᠳᠦᠯᠲᠡᠢ ᠲᠥᠯᠥᠪᠵᠢᠬᠦᠯᠬᠦ᠂ ᠦᠷᠭᠦᠯᠵᠢᠯᠡᠨ ᠬᠥᠭᠵᠢᠭᠦᠯᠬᠦ ᠶᠠᠪᠤᠳᠠᠯ ᠢ ᠬᠡᠷᠬᠢᠨ ᠪᠡᠶᠡᠯᠡᠭᠦᠯᠬᠦ ᠨᠢ | ᠮᠠᠨ ᠤ ᠵᠠᠰᠠᠭ ᠶᠠᠪᠤᠭᠤᠯᠬᠤ ᠴᠢᠳᠠᠪᠤᠷᠢ ᠶᠢᠨ ᠲᠠᠯ᠎ᠠ ᠪᠠᠷ ᠬᠢ ᠬᠠᠲᠠᠭᠤ ᠰᠢᠯᠭᠠᠯᠲᠠ ᠮᠥᠨ᠃ ᠳᠥᠷᠪᠡ ᠳᠤ᠂ | ᠠᠷᠠᠯᠵᠢᠶ᠎ᠠ ᠡᠵᠡᠩᠨᠠᠬᠦ ᠣᠷᠴᠢᠨ ᠨᠥᠬᠦᠴᠡᠯ ᠳᠤ ᠳᠤᠲᠠᠭᠤᠳᠠᠯ ᠪᠠ ᠪᠠᠭᠤᠷᠠᠶ ᠲᠠᠯ᠎ᠠ ᠣᠷᠣᠰᠢᠵᠤ ᠪᠠᠶᠢᠨ᠎ᠠ᠃ ᠣᠨᠴᠠ | ᠵᠠᠷᠢᠮ ᠺᠠᠳ᠋ᠷᠴᠤᠤᠨ ᠲᠤᠰᠬᠠᠬᠳᠠᠵᠤ᠂ ᠤᠨᠤᠬᠳᠠᠵᠤ᠂ ᠨᠡᠭᠡᠮᠵᠢᠯᠡᠭᠳᠡᠬᠦ ᠠᠴᠠ ᠡᠮᠢᠶᠠᠵᠤ᠂ ᠣᠨᠴᠠ ᠵᠠᠷᠢᠮ ᠰᠠᠯᠠᠭ᠎ᠠ | ᠮᠥᠴᠢᠷ ᠤᠳ ᠲᠤ ︽ᠲᠦᠭᠵᠢᠷᠡᠯ︾ ᠤᠨ ᠦᠵᠡᠭᠳᠡᠯ ᠣᠷᠣᠰᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠲᠤᠰᠬᠠᠯ ᠴᠢᠩᠭᠠᠷᠠᠵᠦ᠂ ᠭᠠᠵᠠᠷ ᠣᠷᠣᠨ ᠤ ᠲᠦᠷᠢ ᠲᠥᠷᠬᠦ ᠶᠢ ᠨᠦᠯᠦᠭᠡᠯᠡᠨ᠂ ᠴᠢᠨᠠᠷ ᠰᠠᠶᠢᠲᠠᠢ ᠬᠥᠭᠵᠢᠯᠲᠡ ᠶᠢ | ᠬᠢᠵᠠᠭᠠᠷᠯᠠᠬᠤ ᠪᠣᠭᠤᠮᠢ ᠪᠤᠯᠵᠤ ᠪᠠᠶᠢᠨ᠎ᠠ᠃ ᠶᠠᠰᠤ ᠶᠢ ᠨᠢ ᠬᠤᠰᠤᠵᠤ ᠬᠤᠤᠷ ᠢ ᠨᠢ ᠲᠠᠶᠢᠯᠵᠤ᠂ ᠠᠷᠬᠠᠭ ᠬᠡᠮ ᠢ ᠨᠢ | ᠵᠠᠰᠠᠨ ᠵᠠᠯᠠᠷᠠᠭᠤᠯᠬᠤ ᠪᠤᠯ ᠪᠢᠳᠡᠨ ᠤ ᠵᠣᠷᠢᠭᠲᠠᠶ ᠪᠠᠷ ᠰᠢᠨᠡᠴᠢᠯᠡᠯᠲᠡ ᠬᠢᠬᠦ ᠶᠢᠨ ᠬᠥᠴᠤᠳᠤ ᠭᠡᠷᠡᠴᠢᠯᠡᠯ ᠪᠤᠯᠤᠨ᠎ᠠ᠃ | ᠪᠢᠳᠡ ᠡᠳᠡᠭᠡᠷ ᠠᠰᠠᠭᠤᠳᠠᠯ ᠳᠤ ᠡᠷᠬᠡᠪᠰᠢ ᠨᠠᠷᠢᠨ ᠬᠢᠨᠠᠮᠠᠭᠠᠢ ᠬᠠᠨᠳᠤᠵᠦ᠂ ᠦᠨᠡᠨ ᠬᠦ ᠰᠠᠶᠢᠳᠤᠷ ᠰᠢᠢᠳᠪᠦᠷᠢᠯᠡᠬᠦ | ᠬᠡᠷᠡᠭᠲᠡᠢ᠃ |