ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠶᠡᠷᠦᠩᠬᠡᠶ ᠱᠠᠭᠠᠷᠳᠠᠯᠭ᠎ᠠ ᠪᠠ | ᠭᠤᠤᠯ ᠬᠠᠷᠠᠯᠲᠠ᠄ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ᠄ ᠳᠤᠮᠳᠠᠳᠤ ᠤᠯᠤᠰ ᠤᠨ ᠤᠠᠴᠠᠯᠢᠬᠳᠤ ᠨᠡᠶᠢᠭᠡᠮ | ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ᠂ | ᠲᠠᠪᠤᠳᠤᠭᠠᠷ ᠪᠦᠬᠦᠳᠠ ᠬᠤᠷᠠᠯᠳᠣᠭᠠᠨ ᠤ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠳᠣᠭᠤᠰᠢᠯᠠᠭᠤᠯᠵᠤ᠂ ᠮᠠᠷᠺᠰ ᠯᠧᠨᠢᠨ ᠤ ᠦᠵᠡᠯ ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠤ | ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ | ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠳᠠᠯᠠᠵᠤ᠂ ᠨᠠᠮ ᠤᠨ | ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠪᠦᠬᠦ ᠲᠠᠯ᠎ᠠ ᠪᠠᠷ | ᠳᠣᠭᠤᠰᠢᠯᠠᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ | ᠲᠦᠯᠦᠪᠵᠢᠭᠦᠯᠦᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠠ ᠠᠷᠠᠳ | ᠲᠦᠮᠡᠨ ᠢᠶᠠᠷ ᠭᠤᠣᠯ ᠪᠣᠯᠭᠠᠬᠤ ᠶᠢ ᠪᠠᠷᠢᠮᠳᠠᠯᠠᠨ᠂ ᠰᠢᠨ᠎ᠡ ᠬᠥᠭᠵᠢᠯᠲᠡ ᠶᠢᠨ ᠤᠨᠤᠯᠵᠢᠬᠤᠨ ᠢ ᠡᠷᠡᠰ ᠭᠤᠶᠢᠪᠢᠰᠢ | ᠦᠭᠡᠢ ᠳᠣᠭᠤᠰᠢᠯᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠵᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ | ᠪᠣᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠤᠯᠭᠠᠵᠤ᠂ ᠠᠷᠠᠳ | ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ | ᠦᠨᠳᠦᠰᠦᠨ ᠵᠣᠷᠢᠯᠭ᠎ᠠ ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠦᠯᠦᠪᠯᠡᠵᠦ᠂ ᠠᠮᠢ | ᠠᠬᠤᠶ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠭᠤᠶᠢᠪᠢᠰᠢ ᠦᠭᠡᠢ ᠪᠠᠷᠢᠮᠳᠠᠯᠠᠵᠤ᠂ ᠣᠳᠣᠬᠢᠴᠢᠯᠠᠭᠰᠠᠨ ᠠᠵᠤ | ᠠᠬᠤᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠥᠡᠭᠡᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠲᠠᠢ | ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠦᠷᠭᠦᠯᠵᠢᠯᠡᠨ | ᠪᠠᠬᠢᠵᠢᠭᠦᠯᠦᠨ ᠬᠥᠭᠵᠢᠭᠦᠯᠦᠨ᠎ᠡ᠃ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠲᠠᠰᠤᠷᠠᠯᠲᠠ ᠦᠭᠡᠢ ᠠᠬᠢᠭᠤᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ ᠳᠤ ᠠᠤᠬᠠᠨ ᠤ ᠬᠦᠴᠦᠨ ᠢᠶᠠᠨ ᠨᠠᠮᠡᠷᠢᠯᠡᠨᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ᠄ ᠪᠥᠬᠦ ᠬᠤᠰᠢᠭᠤᠨ ᠤ ᠣᠷᠤᠨ ᠨᠣᠲᠤᠭ ᠤᠨ ᠦᠢᠯᠡᠳᠪᠦᠷᠢᠯᠡᠯ ᠤᠨ | ᠶᠡᠷᠦᠩᠬᠡᠶ ᠥᠷᠲᠡᠭ ᠢ ᠵᠢᠯ ᠪᠥᠷᠢ ᠲᠤᠮᠳᠠᠴᠢ ᠪᠠᠷ 6.5% ᠨᠡᠮᠡᠭᠳᠡᠬᠦᠯᠬᠦ ᠪᠠᠷ ᠲᠥᠯᠥᠪᠯᠡᠵᠤ᠂ ᠭᠤᠷᠪᠠᠨ ᠠᠵᠤ | ᠦᠢᠯᠡᠰ ᠤᠨ ᠬᠠᠷᠢᠴᠠᠯ ᠢ 29.5᠄ 24᠄ 46.5 ᠪᠣᠯᠭᠠᠨ ᠰᠢᠯᠢᠳᠡᠭᠵᠢᠭᠦᠯᠦᠨ᠎ᠡ︔ 500 ᠲᠦᠮᠡᠨ | ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠵᠢᠯ ᠪᠥᠷᠢ ᠲᠤᠮᠳᠠᠴᠢ ᠪᠠᠷ 6. | 5 % ᠨᠡᠮᠡᠭᠳᠡᠭᠦᠯᠦᠨ᠎ᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ ᠳᠠᠬᠢᠨ ᠢᠶᠠᠷ | ᠨᠡᠮᠡᠭᠳᠡᠭᠦᠯᠬᠦ ᠶᠢ ᠪᠡᠶᠡᠯᠡᠭᠦᠯᠵᠦ᠂ 10 ᠳ᠋ᠦᠩᠰᠢᠭᠤᠷ ᠲᠥᠭᠦᠷᠢᠭ ᠶᠢ ᠲᠠᠪᠠᠭᠤᠯᠬᠤ ᠪᠠᠷ ᠴᠢᠷᠮᠠᠶᠢᠨ᠎ᠠ︔ ᠡᠩ ᠤᠨ | ᠣᠯᠠᠨ ᠨᠡᠶᠢᠲᠡ ᠶᠢᠨ ᠲᠥᠰᠦᠪ ᠤᠨ ᠤᠷᠤᠯᠭ᠎ᠠ ᠶᠢ ᠲᠠᠬᠢᠨ ᠢᠶᠠᠷ ᠨᠡᠮᠡᠭᠳᠡᠬᠦᠯᠵᠦ᠂ ᠡᠩ ᠤᠨ ᠤᠯᠠᠠ ᠨᠠᠶᠢᠳᠠ ᠶᠢᠨ | ᠲᠥᠰᠥᠪ ᠤᠨ ᠵᠠᠷᠤᠳᠠᠯ ᠢ ᠵᠢᠯ ᠪᠥᠷᠢ ᠲᠤᠮᠳᠠᠴᠢ ᠪᠠᠷ 6 % ᠨᠡᠮᠡᠭᠳᠡᠬᠦᠯᠤᠨ᠎ᠡ᠂ ᠨᠡᠶᠢᠭᠡᠮ ᠤᠨ ᠬᠡᠷᠡᠭᠯᠡᠭᠡᠨ ᠤ | ᠵᠦᠢᠯᠡᠰ ᠤᠨ ᠰᠤᠯᠠ ᠪᠠᠷ ᠬᠤᠳᠠᠯᠳᠤᠬᠰᠠᠠ ᠶᠡᠷᠦᠩᠬᠡᠢ ᠨᠤᠷᠮ᠎ᠠ ᠶᠢ ᠵᠢᠯ ᠪᠥᠷᠢ ᠲᠤᠮᠳᠠᠴᠢ ᠪᠠᠷ 7% ᠨᠡᠮᠡᠭᠳᠡᠭᠦᠯᠦᠨ᠎ᠡ | ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠲᠤᠮᠳᠠᠴᠢ ᠡᠵᠡᠮᠳᠠᠬᠦ ᠣᠷᠣᠯᠭ᠎ᠠ ᠶᠢ ᠵᠢᠯ ᠪᠥᠷᠢ | ᠲᠤᠮᠳᠠᠴᠢ ᠪᠠᠷ 8 % ᠪᠠ 8.5 % ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠳᠣᠣᠷᠠᠬᠢ ᠲᠠᠪᠤᠨ ᠵᠠᠷᠴᠢᠮ ᠢ | ᠪᠠᠷᠢᠮᠳᠠᠯᠠᠨ᠎ᠠ᠄ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠳᠠᠯᠠᠨ᠎ᠠ᠃ ᠨᠠᠮ ᠤᠨ ᠲᠥᠪ ᠬᠤᠷᠢᠶᠠᠨ ᠤ | ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ︽ᠬᠤᠶᠠᠷ ᠶᠡᠭᠡ | ᠲᠠᠯ᠎ᠠ︾ ᠶᠢ ᠴᠡᠭᠡᠵᠢᠨ ᠳᠡᠭᠡᠨ ᠠᠬᠤᠭᠤᠯᠤᠠ᠂ ᠤᠯᠤᠰ ᠤᠨ ᠶᠡᠭᠡ ᠲᠠᠯ᠎ᠠ ᠶᠢ ᠰᠠᠳᠬᠢᠯ ᠳᠡᠭᠡᠨ ᠪᠠᠭᠳᠠᠭᠠᠵᠤ᠂ | ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠶᠢᠯᠭᠠᠬᠤ ᠴᠢᠳᠠᠪᠤᠷᠢ᠂ ᠤᠯᠤᠰ ᠲᠦᠷᠦ ᠶᠢᠨ | ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠲᠠᠯ᠎ᠠ ᠳᠤ ᠦᠢᠯᠡᠴᠢᠯᠡᠬᠦ ᠶᠢᠨ | ᠵᠠᠷᠭᠡᠪᠠᠷ ᠠᠤᠬᠠᠨ ᠤ ᠰᠢᠨ᠎ᠡ ᠳᠠᠪᠠᠭᠤᠯᠢᠭ ᠢ ᠢᠳᠠᠪᠭᠡᠶᠢᠳᠠᠢ ᠡᠷᠢᠯᠬᠢᠯᠡᠵᠦ᠂ ᠬᠥᠭᠵᠢᠯᠲᠡ ᠶᠢᠨ ᠰᠢᠨ᠎ᠡ ᠳᠡᠭᠲᠡᠷ ᠲᠤ | ᠭᠠᠷᠬᠤ ᠪᠠᠷ ᠴᠠᠷᠮᠠᠶᠢᠨ᠎ᠠ᠃ | ᠠᠷᠠᠳ ᠲᠦᠮᠡᠨ ᠢᠶᠠᠷ ᠭᠤᠣᠯ ᠪᠣᠯᠭᠠᠬᠤ ᠶᠢ ᠢᠮᠠᠭᠲᠠ ᠪᠠᠷᠢᠮᠳᠠᠯᠠᠨ᠎ᠠ᠃ ᠠᠷᠠᠳ ᠲᠦᠮᠡᠨ ᠳᠤ ᠠᠰᠢᠭ | ᠣᠯᠭᠤᠬᠤ᠂ ᠠᠷᠠᠳ ᠲᠦᠮᠡᠨ ᠳᠤ ᠬᠠᠷᠢᠭᠤᠴᠠᠬᠤ᠂ ᠠᠷᠠᠳ ᠲᠦᠮᠡᠨ ᠤ ᠲᠥᠯᠥᠭᠡ ᠡᠭᠦᠷᠭᠡᠯᠡᠬᠦ ᠶᠢ ᠪᠠᠷᠢᠮᠲᠠᠯᠠᠵᠤ᠂ | ᠠᠷᠠᠳ ᠲᠦᠮᠡᠨ ᠳᠤ ᠠᠰᠢᠭ ᠤᠯᠭᠤᠬᠤ ᠶᠢ ᠪᠤᠳᠤᠯᠭ᠎ᠠ ᠲᠣᠭᠲᠠᠭᠠᠬᠤ᠂ ᠰᠢᠢᠳᠪᠤᠷᠢ ᠭᠠᠷᠭᠠᠬᠤ᠂ ᠠᠵᠢᠯ | ᠥᠷᠨᠢᠬᠦᠯᠬᠦ ᠶᠢᠨ ᠡᠬᠦᠰᠤᠴᠠ ᠪᠠ ᠵᠤᠬᠰᠤᠴᠠ ᠪᠤᠯᠭᠠᠨ᠎ᠠ᠂ ᠠᠮᠢ ᠠᠬᠤᠢ ᠶᠢ ᠲᠡᠷᠢᠬᠦᠠ ᠳᠤ ᠲᠠᠯᠪᠢᠬᠰᠠᠠ ᠪᠤᠬᠢᠷᠳᠤᠯ | ᠥᠭᠡᠢ ᠬᠥᠭᠵᠢᠬᠦᠯᠥᠯᠳᠡ ᠶᠢ ᠪᠠᠷᠢᠮᠳᠠᠯᠠᠵᠤ᠂ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠢ ᠰᠠᠶᠢᠳᠤᠷ | ᠬᠥᠢᠴᠠᠳᠭᠡᠵᠦ᠂ ᠨᠡᠶᠢᠭᠡᠮ ᠤᠨ ᠲᠥᠪ ᠭᠤᠣᠯᠴᠢ ᠶᠢ ᠠᠬᠢᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢ 60 | ᠲᠦᠮᠡᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠡᠳ᠋ᠯᠡᠭᠦᠯᠦᠨ᠎ᠡ᠃ | ᠰᠢᠨ᠎ᠡ ᠬᠥᠭᠵᠢᠯᠲᠡ ᠶᠢᠨ ᠤᠬᠠᠮᠰᠠᠷ ᠢ ᠢᠮᠠᠭᠲᠠ ᠪᠠᠷᠢᠮᠲᠠᠯᠠᠨ᠎ᠠ᠃ ᠴᠢᠨᠠᠷ ᠰᠠᠶᠢᠲᠠᠢ ᠬᠥᠭᠵᠢᠯᠲᠡ ᠶᠢᠨ ᠭᠤᠣᠯ | ᠰᠡᠳᠦᠪ ᠪᠣᠯᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠭᠤᠣᠯ ᠱᠤᠭᠤᠮ ᠢ | ᠴᠢᠩᠭ᠎ᠠ ᠡᠵᠡᠮᠳᠡᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠨ᠎ᠡ᠃ ᠠᠤᠬᠠᠨ ᠢ ︽ | ᠪᠦᠸᠧᠬᠠᠶ ᠲᠠᠩᠭᠢᠰ ᠢ ᠲᠣᠭᠤᠷᠢᠭᠰᠠᠨ︾ ︽ᠪᠡᠭᠡᠵᠢᠩ ᠲᠢᠶᠠᠨᠵᠢᠨ ᠾᠧᠪᠧᠶ︾ ᠭᠠᠵᠠᠷ ᠤᠷᠤᠠ ᠳᠤ ᠪᠣᠬᠢᠷᠲᠤᠯ | ᠥᠬᠡᠶ ᠢᠳᠡᠭᠡᠨ ᠦᠢᠯᠡᠳᠪᠦᠷᠢᠯᠡᠵᠦ ᠭᠠᠳᠠᠬᠰᠢᠭᠤᠯᠬᠤ ᠰᠠᠭᠤᠷᠢᠨ ᠭᠠᠵᠠᠷ᠂ ᠥᠪᠥᠷ ᠮᠣᠩᠭᠤᠯ ᠤᠨ ᠵᠡᠭᠦᠨ ᠬᠡᠰᠡᠭ | ᠯᠢᠶᠤᠤᠨᠢᠩ ᠤᠨ ᠪᠠᠷᠠᠭᠤᠨ ᠤᠷᠤᠨ ᠤ ᠥᠩᠭᠡᠲᠦ ᠲᠡᠮᠦᠷᠯᠢᠭ᠂ ᠬᠠᠷ᠎ᠠ ᠥᠩᠭᠡᠲᠦ ᠲᠡᠮᠦᠷᠯᠢᠭ ᠪᠠ ᠦᠨᠡᠲᠦ ᠲᠡᠮᠦᠷᠯᠢᠭ | ᠦᠢᠯᠡᠳᠪᠦᠷᠢᠯᠡᠨ ᠪᠣᠯᠪᠠᠰᠤᠷᠠᠭᠤᠯᠬᠤ ᠰᠠᠭᠤᠷᠢᠨ ᠭᠠᠵᠠᠷ ᠪᠤᠯᠭᠠᠵᠦ᠂ ᠤᠯᠠᠭᠠᠨᠬᠠᠳᠠ ᠬᠤᠲᠠ ᠶᠢᠨ ᠪᠠᠳᠤᠳᠠᠢ ᠴᠡᠪᠡᠷ | ᠡᠨᠧᠷᠭᠢ ᠶᠢ ᠭᠠᠳᠠᠬᠰᠢᠯᠠᠭᠤᠯᠬᠤ ᠰᠠᠭᠤᠷᠢᠨ ᠭᠠᠵᠠᠷ ᠪᠣᠯᠭᠠᠬᠤ ᠪᠠᠷ ᠴᠢᠷᠮᠠᠶᠢᠨ᠎ᠠ᠃ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠢᠮᠠᠭᠲᠠ ᠪᠠᠷᠢᠮᠳᠠᠯᠠᠨ᠎ᠠ᠃ ᠭᠤᠣᠯᠳᠠᠯᠭ᠎ᠠ ᠲᠠᠢ ᠬᠦᠷᠢᠶ᠎ᠡ ᠪᠠ | ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠲᠥᠷᠢᠮ ᠲᠣᠭᠲᠠᠴᠠ ᠶᠢᠨ | ᠬᠠᠷᠰᠢ ᠰᠠᠭᠠᠳ ᠢ ᠬᠦᠴᠦᠯᠡᠨ ᠠᠷᠢᠯᠭᠠᠨ᠎ᠠ᠃ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠵᠦ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠳᠬᠠᠵᠤ᠂ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠭᠦᠢᠴᠡᠳ ᠪᠠᠳᠠᠷᠠᠭᠤᠯᠵᠤ᠂ ᠠᠤᠬᠠᠨ ᠢ | ᠰᠢᠨᠡᠴᠢᠯᠡᠯᠳᠠ ᠡᠬᠦᠳᠤᠯᠳᠡ ᠶᠢᠨ ︽ᠥᠨᠳᠦᠷᠯᠢᠭ ᠤᠷᠤᠠ︾᠂ ᠡᠷᠳᠠᠮᠳᠡᠠ ᠴᠢᠳᠠᠪᠤᠷᠢᠲᠠᠨ ᠤ ︽ ᠴᠤᠭᠯᠠᠷᠠᠯ ᠤᠨ | ᠭᠠᠵᠠᠷ︾᠂ ᠪᠡᠯᠡ ᠣᠷᠣᠭᠤᠯᠤᠯᠲᠠ ᠶᠢᠨ ︽ᠥᠯᠵᠠᠶᠢᠳᠤ ᠨᠤᠳᠤᠭ︾ ᠪᠣᠯᠭᠠᠨ᠎ᠠ᠃ | ᠰᠢᠰᠲ᠋ᠧᠮ ᠤᠨ ᠦᠵᠡᠯᠲᠡ ᠶᠢ ᠢᠮᠠᠭᠲᠠ ᠪᠠᠷᠢᠮᠳᠠᠯᠠᠨ᠎ᠠ᠃ ᠤᠷᠢᠳᠠᠴᠢ ᠴᠢᠨᠠᠷᠲᠠᠢ ᠰᠠᠳᠬᠢᠨ ᠪᠤᠳᠤᠯᠬᠢᠯᠠᠬᠤ᠂ | ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠪᠠᠶᠢᠷᠢᠰᠢᠭᠤᠯᠬᠤ᠂ ᠪᠦᠬᠦᠯᠢ ᠴᠣᠭᠴᠠ ᠶᠢᠨ ᠴᠢᠨᠠᠷᠲᠠᠢ ᠲᠥᠯᠬᠢᠨ ᠠᠬᠢᠭᠤᠯᠬᠤ | ᠤᠬᠠᠮᠰᠠᠷ ᠢᠶᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ᠂ ᠬᠠᠩᠭᠠᠯᠭ᠎ᠠ ᠶᠢᠨ ᠲᠠᠯ᠎ᠠ ᠪᠠ ᠬᠡᠷᠡᠭᠴᠡᠭᠡᠨ ᠤ ᠲᠠᠯ᠎ᠠ᠂ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠢ ᠲᠥᠯᠥᠪᠵᠢᠭᠦᠯᠵᠦ᠂ ᠰᠠᠭᠤᠷᠢ ᠪᠠᠨ ᠪᠠᠬᠢᠵᠢᠭᠦᠯᠬᠦ᠂ ᠳᠤᠲᠠᠭᠤᠳᠠᠯ ᠢᠶᠠᠨ ᠨᠥᠬᠦᠪᠥᠷᠢᠯᠡᠬᠦ᠂ ᠪᠠᠭᠤᠷᠠᠢ | ᠲᠠᠯ᠎ᠠ ᠪᠠᠨ ᠬᠦᠴᠦᠷᠬᠡᠭᠵᠢᠭᠦᠯᠬᠦ ᠪᠠᠷ ᠬᠦᠴᠦᠯᠡᠵᠦ᠂ ᠪᠦᠬᠦ ᠬᠤᠰᠢᠭᠤᠨ ᠤ ᠬᠥᠭᠵᠢᠯᠲᠡ ᠶᠢᠨ ᠶᠠᠰᠤ ᠴᠢᠨᠠᠷ᠂ | ᠪᠦᠲᠦᠴᠡ᠂ ᠦᠷ᠎ᠡ ᠠᠰᠢᠭ ᠬᠠᠷᠢᠯᠴᠠᠨ ᠨᠢᠭᠡᠳᠦᠭᠰᠡᠨ ᠰᠢᠨ᠎ᠡ ᠲᠥᠯᠥᠪᠰᠢᠷᠠᠯ ᠢ ᠪᠤᠢ ᠪᠤᠯᠭᠠᠨ᠎ᠠ᠃ | ᠲᠥᠯᠥᠭᠡᠯᠡᠭᠴᠢᠳ ᠡ︕ ︽ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ︵ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠪᠠ 2035 ᠣᠨ ᠤ ᠠᠯᠤᠰ ᠤᠨ | ᠬᠠᠷᠠᠯᠲᠠ ᠶᠢᠨ ᠬᠥᠲᠥᠯᠪᠦᠷᠢ ︵ᠲᠥᠰᠦᠯ︶︾ ᠶᠢ ᠶᠡᠭᠡ ᠬᠤᠷᠠᠯ ᠳᠤ ᠬᠠᠮᠳᠤ ᠳᠤᠨᠢ ᠲᠡᠪᠰᠢᠭᠦᠯᠵᠦ ᠬᠢᠨᠠᠨ | ᠵᠥᠪᠯᠡᠭᠦᠯᠬᠦ ᠪᠠᠷ ᠪᠤᠯᠪᠠ᠃ | ᠭᠤᠷᠪᠠ᠂ 2021 ᠤᠨ ᠤ ᠠᠵᠢᠯ ᠤᠨ ᠪᠠᠶᠢᠷᠢᠭᠤᠯᠤᠯᠳᠠ | 2021 ᠤᠨ ᠪᠤᠯ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠡᠨ 100 ᠵᠢᠯ ᠤᠨ ᠤᠢ᠂ | ︿︿ᠠᠷᠪᠠᠨ ᠲᠦᠷᠪᠡᠳᠤᠭᠡᠷ ᠲᠠᠪᠤ﹀﹀ ᠶᠢᠨ ᠡᠬᠢᠯᠡᠯᠳᠠ ᠶᠢᠨ ᠵᠢᠯ᠂ ᠮᠦᠨ ᠴᠦ ᠨᠡᠶᠢᠭᠡᠮ ᠵᠢᠷᠤᠮᠳᠤ ᠤᠳᠤᠬᠢᠴᠢᠯᠠᠭᠰᠠᠨ | ᠤᠯᠤᠰ ᠢ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠠᠮᠡᠴᠡᠯ ᠤᠨ | ᠬᠠᠷᠠᠯᠳᠠ ᠵᠦᠭ ᠤᠷᠤᠭᠰᠢᠯᠠᠬᠤ ᠠᠩᠬᠠᠨ ᠤ ᠵᠢᠯ ᠪᠤᠯᠤᠨ᠎ᠠ᠃ ᠪᠢᠳᠡ ᠲᠥᠷᠥᠬᠦᠨ ᠤ ᠠᠯᠬᠤᠮ ᠢᠶᠠᠨ ᠰᠠᠶᠢᠳᠤᠷ | ᠡᠬᠢᠯᠠᠬᠦᠯᠵᠤ᠂ ᠬᠥᠭᠵᠢᠯᠳᠡ ᠶᠢᠨ ᠰᠢᠨ᠎ᠡ ᠪᠠᠶᠢᠳᠠᠯ ᠢ ᠡᠬᠦᠳᠬᠦ ᠬᠡᠷᠡᠭᠳᠡᠢ᠃ | ᠪᠦᠬᠦ ᠬᠤᠰᠢᠭᠤᠨ ᠤ ᠠᠵᠦ ᠠᠬᠤᠢ ᠨᠡᠶᠢᠭᠡᠮ ᠤᠨ ᠬᠦᠭᠵᠢᠯᠳᠠ ᠶᠢᠨ ᠵᠢᠱᠢᠭᠰᠡᠨ ᠬᠠᠷᠠᠯᠳᠠ ᠪᠤᠯ᠄ ᠤᠷᠤᠨ | ᠨᠤᠳᠤᠭ ᠤᠨ ᠦᠢᠯᠡᠥᠡᠪᠦᠷᠢᠯᠡᠯ ᠤᠨ ᠶᠡᠷᠤᠩᠬᠡᠢ ᠦᠷᠳᠡᠭ 156.1 ᠳ᠋ᠦᠩᠰᠢᠭᠤᠷ ᠪᠡᠶᠡᠯᠡᠭᠦᠯᠵᠦ᠂ ᠥᠩᠭᠡᠷᠡᠭᠰᠡᠨ | ᠠᠳᠠᠯᠢ ᠬᠤᠭᠤᠴᠠᠭᠠᠨ ᠤ ᠬᠢ ᠠᠴᠠ 6.5% ᠨᠡᠮᠡᠭᠳᠠᠭᠦᠯᠦᠨᠠ᠃ 500 ᠲᠦᠮᠡᠨ ᠲᠦᠭᠦᠷᠢᠭ ᠠᠴᠠ ᠲᠡᠭᠡᠭᠰᠢᠬᠢ | ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 46.2 ᠳ᠋ᠦᠩᠰᠢᠭᠤᠷ ᠲᠥᠬᠦᠷᠢᠭ ᠪᠡᠶᠡᠯᠡᠭᠦᠯᠵᠦ᠂ ᠥᠩᠭᠡᠷᠡᠭᠰᠡᠨ | ᠠᠳᠠᠯᠢ ᠬᠤᠭᠤᠴᠠᠭᠠᠨ ᠤ ᠬᠢ ᠠᠴᠠ 6% ᠨᠡᠮᠡᠭᠳᠠᠭᠦᠯᠦᠨᠠ᠃ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ | ᠬᠤᠳᠠᠯᠳᠤᠭᠰᠠᠨ ᠶᠡᠷᠦᠩᠭᠡᠢ ᠨᠤᠷᠮ᠎ᠠ 38.7 ᠳ᠋ᠦᠩᠰᠢᠭᠤᠷ ᠪᠡᠶᠡᠯᠡᠭᠦᠯᠵᠦ᠂ ᠥᠩᠭᠡᠷᠡᠭᠰᠡᠨᠠᠳᠠᠯᠢ ᠬᠤᠭᠤᠴᠠᠭᠠᠨ ᠤ | ᠬᠢ ᠠᠴᠠ 7% ᠨᠡᠮᠡᠭᠳᠠᠭᠦᠯᠦᠨᠠ᠃ ᠡᠩ ᠤᠨ ᠨᠡᠶᠢᠳᠠ ᠶᠢᠨ ᠲᠦᠰᠦᠪ ᠤᠨ ᠤᠷᠤᠯᠭ᠎ᠠ 4.39 ᠳ᠋ᠦᠩᠰᠢᠭᠤᠷ | ᠪᠠᠶᠡᠯᠡᠭᠦᠯᠵᠦ᠂ ᠥᠩᠭᠡᠷᠡᠭᠰᠡᠨ ᠠᠳᠠᠯᠢ ᠬᠤᠭᠤᠴᠠᠭᠠᠨ ᠤ ᠬᠢ ᠠᠴᠠ 7% ᠨᠡᠮᠡᠭᠳᠠᠭᠦᠯᠦᠨᠠ᠃ ᠬᠤᠳᠠ ᠬᠦᠳᠡᠭᠡ | ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠥᠨ ᠤᠨ ᠬᠦᠮᠦᠨ ᠲᠤᠮᠳᠠᠴᠢ ᠡᠵᠡᠮᠳᠠᠬᠦ ᠤᠷᠤᠯᠭ᠎ᠠ ᠶᠢ 33301 | ᠲᠦᠭᠦᠷᠢᠭ ᠪᠠ 14730 ᠲᠦᠭᠦᠷᠢᠭ ᠠᠴᠠ ᠲᠠᠪᠠᠭᠤᠯᠵᠤ᠂ ᠥᠩᠭᠡᠷᠡᠭᠰᠡᠨ ᠠᠳᠠᠯᠢ ᠬᠤᠭᠤᠴᠠᠭᠠᠨ ᠤ ᠬᠢ ᠠᠴᠠ | 7% ᠪᠠ 8% ᠨᠡᠮᠡᠭᠳᠠᠭᠦᠯᠦᠨᠠ᠃ | ᠡᠨᠡ ᠵᠢᠯ ᠤᠨ ᠬᠠᠷᠠᠯᠳᠠ ᠡᠭᠦᠷᠭᠡ ᠶᠢ ᠪᠡᠶᠡᠯᠡᠭᠦᠯᠬᠦ ᠳᠤ ᠲᠤᠤᠷᠡᠬᠢ ᠲᠤᠯᠤᠭᠠᠨ ᠲᠠᠯ᠎ᠠ ᠶᠢᠨ ᠠᠵᠢᠯ ᠢ | ᠭᠤᠤᠯᠳᠠᠯᠭ᠎ᠠ ᠲᠠᠢ ᠬᠢᠨ᠎ᠡ᠄ | ︵ᠨᠢᠭᠡ︶ ᠪᠦᠬᠦ ᠬᠦᠴᠦᠨ ᠢᠶᠠᠷ ᠪᠡᠯᠡ ᠤᠷᠤᠭᠤᠯᠤᠯᠳᠠ ᠪᠠᠨ ᠲᠤᠬᠳᠠᠪᠤᠷᠢᠵᠢᠭᠤᠯᠵᠤ᠂ ᠴᠢᠨᠡᠷ ᠰᠠᠶᠢᠳᠠᠢ | ᠬᠦᠭᠵᠢᠯᠳᠠ ᠶᠢᠨ ᠲᠥᠯᠬᠢᠴᠠ ᠬᠥᠴᠤᠨ ᠢ ᠨᠥᠭᠡᠴᠡᠯᠡᠨᠠ | ᠲᠠᠪᠴᠠᠩ ᠪᠠᠷ ᠬᠥᠳᠤᠯᠡᠬᠦᠯᠬᠦ ᠶᠢ ᠪᠠᠷᠢᠮᠳᠠᠯᠠᠵᠦ᠂ ᠬᠦᠷᠢᠶᠠᠯᠠᠩ ᠲᠤᠭᠤᠷᠢᠭ ᠤᠨ ᠪᠦᠳᠦᠭᠡᠨ ᠪᠠᠶᠢᠭᠤᠯᠤᠯᠳᠠ | ᠶᠢ ᠦᠨᠳᠦᠷ ᠪᠠᠷᠢᠮᠵᠢᠶ᠎ᠠ ᠪᠠᠷ ᠰᠠᠶᠢᠳᠤᠷ ᠠᠥᠡᠬᠤᠨᠠ᠃ ︿︿ᠨᠢᠭᠡ ᠬᠦᠷᠢᠶᠠᠯᠠᠩ ᠭᠤᠷᠪᠠᠨ ᠲᠤᠭᠤᠷᠢᠭ﹀﹀ ᠤᠨ | ᠲᠤᠭᠳᠠᠴᠠ ᠶᠢ ᠨᠠᠷᠢᠯᠢᠭᠵᠢᠭᠤᠯᠵᠦ᠂ ᠢᠳᠠᠭᠡᠨ ᠪᠤᠯᠪᠠᠰᠤᠷᠠᠭᠤᠯᠬᠤ ᠪᠠ ᠬᠥᠩᠭᠡᠨ ᠠᠵᠤ ᠥᠢᠯᠠᠳᠪᠤᠷᠢ ᠶᠢᠨ | ᠥᠢᠯᠠᠳᠬᠦ ᠥᠢᠯᠠᠰ ᠢᠶᠠᠷ ᠭᠤᠤᠯ ᠪᠤᠯᠭᠠᠭᠰᠠᠨ ᠰᠢᠨ ᠬᠤᠢ ᠠᠵᠦ ᠦᠢᠯᠡᠥᠡᠪᠦᠷᠢ ᠶᠢᠨ ᠲᠤᠭᠤᠷᠢᠭ᠂ ᠠᠯᠳᠠ | ᠪᠤᠯᠪᠠᠰᠤᠷᠠᠭᠤᠯᠬᠤ ᠦᠢᠯᠡᠰ ᠪᠠ ᠰᠢᠨ᠎ᠡ ᠮᠠᠲ᠋ᠧᠷᠢᠶᠠᠯ ᠥᠢᠯᠠᠳᠬᠦ ᠪᠠᠷ ᠭᠤᠤᠯ ᠪᠤᠯᠭᠠᠭᠰᠠᠨ ᠰᠧ ᠵᠢᠶᠠ ᠽᠢ ᠠᠵᠦ | ᠦᠢᠯᠡᠥᠡᠪᠦᠷᠢ ᠶᠢᠨ ᠲᠤᠭᠤᠷᠢᠭ᠂ ᠰᠠᠨᠰᠠᠷ ᠠᠶᠠᠯᠠᠯ ᠤᠨ ᠠᠵᠦ ᠦᠢᠯᠡᠰ ᠪᠠ ᠮᠠᠰᠢᠨ ᠮᠧᠬᠠᠨᠢᠭ ᠥᠢᠯᠠᠳᠬᠦ᠂ | ᠲᠠᠷᠢᠶᠠᠯᠠᠩ ᠮᠠᠯ ᠤᠨ ᠪᠥᠳᠥᠭᠡᠭᠳᠠᠬᠦᠨ ᠪᠤᠯᠪᠠᠰᠤᠷᠠᠭᠤᠯᠬᠤ ᠪᠠᠷ ᠭᠤᠤᠯ ᠪᠤᠯᠭᠠᠭᠰᠠᠨ ᠬᠤᠸᠠᠩ ᠶᠠᠩ ᠸᠠ ᠠᠵᠦ | ᠦᠢᠯᠡᠥᠡᠪᠦᠷᠢ ᠶᠢᠨ ᠲᠤᠭᠤᠷᠢᠭ ᠶᠢ ᠪᠦᠳᠦᠭᠡᠨ ᠪᠠᠶᠢᠭᠤᠯᠤᠨ᠎ᠠ᠃ ᠰᠧ ᠵᠢᠶᠠ ᠽᠢ ᠠᠵᠦ ᠦᠢᠯᠡᠥᠡᠪᠦᠷᠢ ᠶᠢᠨ | ᠲᠤᠭᠤᠷᠢᠭ᠂ ᠬᠤᠸᠠᠩ ᠶᠠᠩ ᠸᠠ ᠠᠵᠦ ᠦᠢᠯᠡᠥᠡᠪᠦᠷᠢ ᠶᠢᠨ ᠲᠤᠭᠤᠷᠢᠭ ᠤᠨ ᠵᠢᠷᠤᠭ ᠲᠦᠯᠦᠪᠯᠡᠯᠭᠡ ᠶᠢ ᠵᠢᠯ | ᠲᠤᠳᠤᠷᠠᠬᠢᠵᠦ ᠲᠠᠭᠤᠰᠬᠠᠨ᠎ᠠ᠃ ᠰᠢᠨ ᠬᠤᠢ ᠠᠵᠦ ᠦᠢᠯᠡᠥᠡᠪᠦᠷᠢ ᠶᠢᠨ ᠲᠤᠭᠤᠷᠢᠭ ᠢ ︿︿ᠵᠡᠭᠦᠨᠰᠢ ᠤᠮᠠᠷᠠᠰᠢ | ᠦᠷᠭᠡᠥᠡᠭᠡᠬᠦ﹀﹀ ᠲᠦᠯᠦᠪᠯᠠᠯᠭᠡ ᠶᠢ ᠬᠡᠷᠡᠭᠵᠢᠭᠦᠯᠵᠦ᠂ ᠠᠵᠦ ᠦᠢᠯᠡᠥᠡᠪᠦᠷᠢ ᠶᠢᠨ ᠲᠤᠭᠤᠷᠢᠭ ᠲᠤ ᠬᠡᠷᠡᠭᠯᠡᠬᠦ ᠭᠠᠵᠡᠷ | ᠰᠢᠷᠤᠢ ᠶᠢ 3000 ᠭᠠᠷᠤᠢ ᠮᠤ᠋ ᠨᠡᠮᠡᠭᠳᠡᠭᠦᠯᠦᠨ᠎ᠠ᠃ ᠵᠢᠭᠡᠯᠯᠡᠭᠡ ᠶᠢᠨ ᠲᠡᠮᠳᠡᠭᠳᠦ ᠪᠡᠯᠡ ᠮᠦᠩᠭᠦ ᠤᠯᠬᠤ᠂ ᠨᠡᠶᠢᠭᠡᠮ | ᠤᠨ ᠬᠥᠷᠥᠩᠭᠡ ᠶᠢ ᠲᠠᠳᠠᠬᠤ᠂ ᠬᠦᠷᠢᠶᠡᠯᠠᠩ ᠲᠤᠭᠤᠷᠢᠭ ᠤᠨ ᠭᠠᠵᠡᠷ ᠰᠢᠷᠤᠢ ᠪᠠᠷ ᠬᠤᠪᠢ ᠤᠷᠤᠬᠤ ᠵᠠᠷᠭᠡ ᠬᠡᠯᠪᠡᠷᠢ | ᠪᠠᠷ ᠲᠠᠮᠵᠢᠭᠤᠯᠤᠨ ᠭᠠᠵᠡᠷ ᠰᠢᠷᠤᠢ ᠨᠥᠭᠡᠴᠡᠯᠡᠬᠦ ᠪᠠ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠳᠠ ᠶᠢ | ᠲᠦᠷᠭᠡᠥᠡᠭᠡᠵᠦ᠂ ᠬᠦᠷᠢᠶᠡᠯᠠᠩ ᠲᠤᠭᠤᠷᠢᠭ ᠤᠨ ᠠᠴᠢᠶᠠᠯᠠᠬᠤ ᠴᠢᠳᠠᠪᠤᠷᠢ ᠶᠢ ᠲᠠᠰᠤᠷᠠᠯ ᠦᠭᠡᠢ ᠲᠡᠭᠡᠭᠰᠢᠯᠡᠭᠦᠯᠦᠨ᠎ᠠ᠃ | ᠨᠠᠷᠢᠯᠢᠭ ᠤᠨᠤᠴᠠᠳᠠᠢ ᠠᠷᠠᠯᠵᠢᠶᠠᠴᠢᠨ ᠤᠷᠢᠬᠤ ᠶᠢ ᠪᠠᠷᠢᠮᠲᠠᠯᠠᠵᠤ᠂ ᠭᠠᠳᠠᠭᠠᠳᠤ ᠨᠡᠭᠡᠭᠡᠯᠲᠡ ᠶᠢ ᠪᠥᠬᠦ | ᠲᠠᠯ᠎ᠠ ᠪᠠᠷ ᠥᠷᠭᠡᠳᠬᠡᠨ᠎ᠡ᠃ ᠤᠯᠤᠰ ᠤᠨ ᠳᠣᠲᠣᠭᠠᠳᠤ ᠶᠢᠨ ᠶᠡᠭᠡ ᠣᠷᠴᠢᠯ ᠠᠴᠠ ᠪᠣᠯᠤᠭᠰᠠᠨ ᠠᠵᠤ ᠦᠢᠯᠡᠰ ᠤᠨ | ᠰᠢᠯᠵᠢᠯᠲᠡ ᠶᠢᠨ ᠠᠵᠠ ᠲᠣᠬᠢᠶᠠᠯ ᠢ ᠠᠮᠵᠢᠵᠤ᠂ ᠪᠡᠭᠡᠵᠢᠩ ᠲᠢᠶᠠᠨᠵᠢᠨ ᠾᠧᠪᠸᠢ ᠪᠠᠷ ᠭᠤᠤᠯ ᠪᠤᠯᠭᠠᠵᠦ᠂ | ᠬᠥᠬᠡᠮᠥ᠋ᠷᠡᠨ ᠤ ᠭᠤᠷᠪᠠᠯᠵᠢᠨ ᠬᠤᠶᠢᠭ ᠪᠠᠷ ᠬᠦᠨᠵᠡᠭᠡᠶᠢᠷᠡᠵᠦ᠂ ᠠᠷᠠᠯᠵᠢᠶᠠᠴᠢᠨ ᠤᠷᠢᠬᠤ ᠲᠤᠬᠳᠠᠯᠴᠠᠭ᠎ᠠ ᠪᠠᠨ | ᠪᠦᠷᠢᠨᠰᠢᠭᠦᠯᠦᠨ ᠲᠡᠭᠦᠯᠳᠡᠷᠵᠢᠭᠦᠯᠵᠦ᠂ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ︽ᠤᠷᠤᠨ | ᠠᠯᠤᠰᠯᠠᠭᠰᠠᠨ ᠠᠵᠤ ᠠᠬᠤᠢ︾ ᠶᠢᠨ ᠲᠥᠷᠥ ᠶᠢᠨ ᠪᠠᠳᠤᠯᠭ᠎ᠠ ᠶᠢ ᠰᠠᠶᠢᠲᠤᠷ ᠠᠰᠢᠭᠯᠠᠵᠤ᠂ ᠪᠦᠬᠦ ᠬᠥᠷᠢᠶᠠᠠ ᠳᠤ | ᠠᠷᠠᠯᠵᠢᠶᠠᠴᠢᠨ ᠤᠷᠢᠬᠤ᠂ ᠪᠥᠬᠦᠳᠡ ᠤᠯᠠᠠ ᠢᠶᠠᠷ ᠢᠶᠠᠨ ᠠᠷᠠᠯᠵᠢᠶᠠᠴᠢᠨ ᠤᠷᠢᠬᠤ᠂ ᠪᠦᠬᠦ ᠠᠷᠠᠳ ᠢᠶᠠᠷ ᠢᠶᠠᠨ | ᠠᠷᠠᠯᠵᠢᠶᠠᠡᠵᠡᠩᠨᠡᠬᠦ ᠠᠭᠤᠷ ᠠᠮᠢᠰᠬᠤᠯ ᠢ ᠪᠦᠷᠢᠯᠳᠦᠭᠦᠯᠦᠨ᠎ᠡ᠃ ᠬᠤᠷᠴᠠ ᠴᠢᠳᠠᠮᠠᠭᠠᠶ ᠬᠦᠴᠦᠨ ᠢᠶᠠᠷ ᠪᠦᠷᠢᠯᠳᠦᠭᠰᠡᠨ | ᠠᠷᠠᠯᠵᠢᠶᠠᠴᠢᠨ ᠤᠷᠢᠵᠦ ᠪᠣᠭᠤᠮᠲᠠ ᠰᠢᠪᠲᠤᠯᠬᠤ ᠠᠩᠭᠢ 3 ᠪᠠᠶᠢᠭᠤᠯᠤᠨ᠂ 50 ᠲᠥᠷᠥᠯ ᠵᠦᠢᠯ ᠢ ᠣᠷᠣᠭᠤᠯᠤᠨ | ᠠᠪᠴᠢᠷᠠᠬᠤ ᠪᠠᠷ ᠲᠥᠯᠥᠪᠯᠡᠵᠦ᠂ ᠡᠭᠦᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠡ ᠤᠷᠤᠭᠤᠯᠤᠯᠳᠡ ᠲᠠᠢ | ᠲᠥᠷᠥᠯ ᠵᠦᠢᠯ 10 ᠬᠥᠷᠭᠡᠵᠦ᠂ ᠪᠤᠳᠠᠳᠠᠶᠢᠵᠢᠭᠤᠯᠤᠬᠰᠠᠨ ᠪᠡᠯᠡ ᠤᠷᠤᠭᠤᠯᠤᠯᠳᠠ ᠶᠢᠨ ᠨᠡᠮᠡᠭᠳᠡᠯ 12% ᠠᠴᠠ | ᠲᠠᠪᠠᠭᠤᠯᠤᠨ᠎ᠠ᠃ ᠵᠢᠶᠡ ᠢᠥᠢ ᠴᠡᠪᠡᠷ ᠡᠨᠧᠷᠭᠢ ᠶᠢᠨ ᠠᠵᠤ ᠦᠢᠯᠡᠰ ᠤᠨ ᠰᠠᠭᠤᠷᠢᠨ ᠭᠠᠵᠠᠷ᠂ 15 ᠲᠦᠮᠡᠨ | ᠺᠢᠯᠣᠸᠠᠲ ᠤᠨ ᠬᠡᠷᠡᠯ ᠴᠡᠨᠡᠭ ᠢᠶᠠᠷ ᠡᠯᠡᠰᠦ ᠵᠠᠰᠠᠬᠤ ᠵᠡᠷᠭᠡ 5 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ | ᠣᠷᠣᠭᠤᠯᠤᠯᠲᠠ ᠲᠠᠢ 7 ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ᠃ | ᠡᠯᠧᠮᠧᠨ᠋ᠲ ᠤᠨ ᠪᠠᠲᠤᠯᠠᠭ᠎ᠠ ᠶᠢ ᠪᠠᠷᠢᠮᠲᠠᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠣᠯᠠᠨ | ᠲᠠᠰ ᠳᠠᠪᠬᠤᠷᠭ᠎ᠠ ᠪᠠᠷ ᠠᠬᠢᠭᠤᠯᠤᠨ᠎ᠠ᠃ ᠲᠥᠷᠥᠯ ᠵᠦᠢᠯ ᠢᠶᠠᠷ ᠭᠤᠤᠯ ᠪᠣᠯᠭᠠᠬᠤ ᠣᠨᠣᠯᠵᠢᠬᠤᠨ ᠢ ᠪᠠᠷᠢᠮᠲᠠᠯᠠᠨ᠂ ︽ | ᠲᠥᠷᠥᠯ ᠵᠦᠢᠯ ᠤᠨ ᠬᠠᠮᠢᠶᠠᠷᠤᠭᠴᠢ︾ ᠶᠢᠨ ᠲᠦᠷᠢᠮ ᠢ ᠲᠡᠭᠦᠯᠳᠡᠷᠵᠢᠭᠦᠯᠵᠦ᠂ ᠠᠷᠠᠯᠵᠢᠶ᠎ᠠ ᠡᠵᠡᠩᠨᠡᠬᠦ ᠣᠷᠴᠢᠨ | ᠨᠥᠬᠦᠴᠡᠯ ᠢ ᠪᠥᠬᠦ ᠬᠦᠴᠦᠨ ᠢᠶᠠᠷ ᠰᠢᠯᠢᠳᠡᠭᠵᠢᠭᠦᠯᠦᠨ᠂ ᠲᠥᠷᠥᠯ ᠵᠦᠢᠯ ᠢ ᠮᠡᠳᠡᠭᠦᠯᠦᠨ ᠵᠥᠪᠰᠢᠶᠡᠷᠡᠭᠦᠯᠬᠦ᠂ ᠭᠠᠵᠠᠷ | ᠰᠢᠷᠣᠶ ᠲᠠᠲᠠᠪᠤᠷᠢᠯᠠᠨ ᠬᠡᠷᠡᠭᠯᠡᠬᠦ᠂ ᠭᠠᠷᠳᠠᠮ ᠬᠦᠢᠴᠡᠥᠡᠭᠡᠬᠦ ᠵᠡᠷᠭᠡ ᠭᠤᠭᠴᠤᠭ᠎ᠠ ᠠᠴᠠ ᠭᠠᠷᠳᠠᠵᠤ᠂ ᠪᠠᠯᠠ ᠮᠥᠩᠭᠦ | ᠴᠤᠭᠯᠠᠭᠤᠯᠬᠤ᠂ ᠭᠠᠵᠠᠷ ᠰᠢᠷᠣᠶ ᠲᠠᠲᠠᠪᠤᠷᠢᠯᠠᠨ ᠬᠡᠷᠡᠭᠯᠡᠬᠦ᠂ ᠡᠨᠧᠷᠭᠢ ᠶᠢᠨ ᠬᠤᠷᠣᠭᠳᠠᠯ ᠤᠨ ᠬᠦᠢᠴᠡᠥᠡᠭᠡᠯ ᠲᠤᠭ᠎ᠠ | ᠵᠡᠷᠭᠡ ᠪᠣᠭᠤᠮᠢ ᠶᠢ ᠬᠦᠴᠦᠯᠡᠨ ᠰᠢᠢᠥᠡᠪᠦᠷᠢᠯᠡᠵᠦ᠂ ᠪᠥᠬᠦᠶᠢᠯᠡ ᠶᠠᠪᠤᠴᠠ ᠳᠤ ᠣᠷᠣᠯᠠᠨ ᠬᠦᠢᠴᠡᠥᠡᠭᠡᠬᠦ | ᠠᠵᠢᠯ ᠤᠨ ᠶᠠᠰᠤ ᠴᠢᠨᠠᠷ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ 1000 ᠲᠦᠮᠡᠨ | ᠲᠥᠭᠦᠷᠢᠭ ᠠᠴᠠ ᠳᠡᠭᠡᠭᠰᠢᠬᠢ ᠪᠡᠯᠡ ᠤᠷᠤᠭᠤᠯᠤᠯᠳᠠ ᠲᠠᠢ 141 ᠲᠥᠷᠥᠯ ᠵᠦᠢᠯ ᠢ ᠠᠵᠢᠯ ᠡᠬᠢᠯᠡᠬᠦᠯᠬᠦ ᠪᠤᠶᠤ | ᠥᠢᠯᠠᠳᠪᠤᠷᠢᠯ ᠰᠡᠷᠭᠦᠭᠡᠵᠦ᠂ ᠶᠢᠨ ᠺᠧᠨ ᠮᠤ᠋ ᠶᠧ ᠺᠤᠮᠫᠠᠨᠢ ᠶᠢᠨ ᠲᠦᠮᠡᠨ ᠲᠤᠯᠤᠭᠠᠢ ᠰᠠᠭᠠᠯᠢ ᠶᠢᠨ ᠦᠨᠢᠶᠡᠨ ᠤ | ᠵᠢᠱᠢᠶ᠎ᠡ ᠦᠵᠡᠭᠦᠯᠬᠦ ᠲᠠᠯᠠᠪᠠᠢ᠂ ᠠᠮᠢᠳᠤᠷᠠᠯ ᠤᠨ ᠬᠤᠭ ᠨᠣᠪᠰᠢ ᠶᠢᠨ ᠰᠢᠳᠠᠭᠠᠯᠭ᠎ᠠ ᠪᠠᠷ ᠴᠠᠬᠢᠯᠭᠠᠨ ᠭᠠᠷᠭᠠᠬᠤ ᠵᠡᠷᠭᠡ | 50 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠡ ᠤᠷᠤᠭᠤᠯᠤᠯᠳᠠ ᠲᠠᠢ ᠲᠥᠷᠥᠯ ᠵᠦᠢᠯ ᠢ ᠰᠢᠨ᠎ᠡ | ᠰᠢᠪᠲᠤᠯᠤᠯᠲᠠ ᠲᠠᠢ ᠪᠤᠯᠭᠠᠨ᠎ᠠ᠃ | ᠵᠣᠯᠭᠠᠭᠤᠯᠤᠨ ᠲᠤᠯᠭᠠᠭᠤᠷᠢᠯᠠᠬᠤ ᠶᠢ ᠪᠠᠷᠢᠮᠲᠠᠯᠠᠵᠤ᠂ ᠲᠠᠭᠡᠳᠤ ᠱᠠᠳᠤᠠ ᠠᠴᠠ ᠪᠡᠯᠡ ᠮᠥᠩᠬᠦ ᠤᠯᠬᠤ ᠬᠥᠷᠢᠶ᠎ᠠ | ᠭᠡᠪᠴᠢᠶ᠎ᠠ ᠪᠠᠨ ᠥᠷᠭᠡᠳᠭᠡᠨ᠎ᠡ᠃ ᠲᠠᠭᠡᠳᠦ ᠱᠠᠲᠤᠨ ᠤ ᠲᠥᠷᠦ ᠶᠢᠨ ᠪᠣᠳᠣᠯᠭ᠎ᠠ ᠶᠢᠨ ᠵᠢᠯᠣᠭᠤᠳᠤᠮᠵᠢ ᠶᠢ ᠭᠦᠨᠵᠡᠭᠡᠢ | ᠰᠤᠳᠤᠯᠵᠤ᠂ ᠪᠦᠬᠦ ᠬᠤᠰᠢᠭᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠰᠠᠭᠤᠷᠢ ᠲᠥᠬᠦᠭᠡᠷᠦᠮᠵᠢ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠬᠦᠷᠢᠶ᠎ᠡ ᠬᠡᠪᠴᠢᠶᠡᠨ ᠳᠤ ᠬᠤᠯᠪᠣᠭᠳᠠᠭᠰᠠᠨ ᠳᠤᠲᠠᠭᠤᠳᠠᠯ ᠢᠶᠠᠨ | ᠨᠥᠬᠦᠪᠥᠷᠢᠯᠡᠬᠦ ᠪᠠ ᠲᠤᠮᠤ ᠲᠥᠷᠥᠯ ᠵᠦᠢᠯ ᠢ ᠨᠠᠷᠢᠨ ᠬᠢᠨᠠᠮᠠᠭᠠᠢ ᠲᠥᠰᠦᠪᠯᠡᠨ ᠨᠥᠭᠡᠴᠡᠯᠡᠵᠦ᠂ ᠲᠥᠷᠥᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠢ ᠭᠦᠨᠵᠡᠭᠡᠢ ᠨᠠᠷᠢᠯᠢᠭ ᠬᠢᠵᠦ᠂ ᠲᠥᠷᠥᠯ ᠵᠦᠢᠯ ᠤᠨ ᠪᠣᠯᠤᠮᠵᠢᠲᠤ ᠴᠢᠨᠠᠷ᠂ ᠬᠢᠨᠠᠨ | ᠵᠥᠪᠰᠢᠶᠡᠷᠡᠭᠦᠯᠬᠦ ᠴᠢᠨᠠᠷ ᠪᠠ ᠪᠣᠳᠠᠲᠤ ᠦᠷ᠎ᠡ ᠪᠦᠳᠦᠮᠵᠢᠳᠦ ᠴᠢᠨᠠᠷ ᠢ ᠴᠢᠩᠭᠠᠳᠬᠠᠨ᠂ 1000 ᠲᠦᠮᠡᠨ | ᠲᠥᠭᠦᠷᠢᠭ ᠠᠴᠠ ᠳᠡᠭᠡᠭᠰᠢᠬᠢ ᠪᠠᠯᠡ ᠤᠷᠤᠭᠤᠯᠤᠯᠳᠠ ᠲᠠᠢ ᠭᠡᠷᠡᠴᠢᠯᠡᠨ ᠨᠤᠳᠠᠯᠠᠬᠰᠠᠠ ᠲᠥᠷᠥᠯ ᠵᠦᠢᠯ 140 | ᠭᠠᠷᠤᠢ ᠨᠦᠭᠡᠴᠡᠯᠡᠵᠦ᠂ ᠲᠠᠭᠡᠳᠤ ᠱᠠᠳᠤᠨ ᠠᠴᠠ ᠲᠥᠯᠥᠪᠦᠷᠢ ᠦᠭᠡᠢ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ | 23 ᠳ᠋ᠦᠩᠰᠢᠭᠤᠷ ᠠᠴᠠ ᠲᠡᠭᠡᠭᠰᠢ ᠣᠯᠬᠤ ᠪᠠᠷ ᠴᠢᠷᠮᠠᠶᠢᠨ᠎ᠠ᠃ | ︵ᠬᠤᠶᠠᠷ︶ ᠬᠡᠯᠪᠡᠷᠢ ᠥᠭᠡᠷᠡᠳᠥᠬᠦᠯᠤᠨ ᠬᠥᠭᠵᠢᠯᠳᠡ ᠪᠠᠨ ᠲᠥᠷᠭᠡᠳᠭᠡᠬᠦ ᠶᠢ ᠢᠮᠠᠬᠳᠠ ᠪᠠᠷᠢᠮᠳᠠᠯᠠᠵᠤ᠂ ᠠᠵᠤ | ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠯᠠᠪᠳᠠᠭᠤᠨ ᠢᠶᠠᠷ ᠠᠬᠢᠭᠤᠯᠤᠨ᠎ᠠ | ᠨᠢᠭᠡᠳᠦᠭᠡᠷ ᠠᠵᠤ ᠦᠢᠯᠡᠰ ᠢ ᠰᠢᠯᠢᠳᠡᠭᠵᠢᠭᠦᠯᠵᠦ᠂ ᠲᠠᠷᠢᠶᠠᠯᠠᠩ ᠤᠨ ᠬᠥᠭᠵᠢᠯᠲᠡ ᠶᠢᠨ ᠠᠷᠭ᠎ᠠ ᠮᠠᠶ᠋ᠢᠭ ᠢ | ᠲᠦᠷᠭᠡᠪᠴᠢᠯᠡᠨ ᠬᠤᠪᠢᠷᠠᠭᠤᠯᠤᠨ᠎ᠠ᠃ 400 ᠲᠦᠮᠡᠨ ᠮᠦ ᠲᠠᠷᠢᠶᠠᠨ ᠭᠠᠵᠠᠷ ᠤᠨ ᠲᠠᠯᠠᠪᠠᠢ ᠶᠢᠨ ᠵᠠᠭᠠᠭ ᠱᠤᠭᠤᠮ ᠢ | ᠪᠠᠲᠤ ᠰᠠᠬᠢᠵᠤ᠂ ᠲᠠᠷᠢᠶᠠᠨ ᠭᠠᠵᠠᠷ ᠤᠨ ᠭᠡᠷᠡᠭᠴᠡᠭᠡ ᠥᠭᠡᠷᠡᠳᠤᠬᠦᠯᠬᠦ ᠥᠢᠯᠨ ᠠᠵᠢᠯᠯᠠᠭ᠎ᠠ ᠶᠢ ᠡᠷᠡᠰ ᠬᠤᠷᠢᠭᠯᠠᠨ᠎ᠠ᠃ | ︽ᠰᠢᠨ᠎ᠡ ᠮᠠᠷᠭᠡᠵᠢᠯ ᠤᠨ ᠲᠠᠷᠢᠵᠤ ᠠᠷᠠᠴᠢᠯᠠᠬᠤ︾᠂ ︽ᠤᠰᠤ ᠶᠢ ᠪᠠᠳᠤᠯᠠᠵᠤ ᠤᠨᠠᠯᠲᠠ ᠨᠡᠮᠡᠭᠳᠡᠬᠦᠯᠬᠦ︾ ᠠᠷᠭ᠎ᠠ | ᠪᠠᠷ᠂ 5 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠵᠤ᠂ 7 ᠲᠦᠮᠡᠨ ᠮᠥ | ᠬᠥᠲᠥᠯ ᠭᠠᠵᠠᠷ ᠢ ᠦᠭᠡᠷᠡᠴᠢᠯᠡᠨ ᠱᠠᠳᠤᠨ ᠲᠠᠷᠢᠶ᠎ᠠ ᠪᠤᠯᠭᠠᠨ᠎ᠠ᠂ ᠭᠦᠢᠬᠡᠨ ᠪᠤᠯᠠᠵᠤ ᠳᠤᠰᠤᠯᠭᠠᠨ ᠤᠰᠤᠯᠠᠬᠤ᠂ | ᠨᠡᠪᠴᠢᠭᠦᠯᠦᠨ ᠤᠰᠤᠯᠠᠬᠤ ᠵᠡᠷᠭᠡ ᠥᠨᠳᠥᠷ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠢ ᠲᠤᠷᠰᠢᠨ ᠳᠡᠯᠭᠡᠷᠡᠭᠦᠯᠵᠦ᠂ | ᠭᠠᠩᠳᠠᠯ ᠤᠰᠤᠳᠤᠯ ᠤᠨ ᠭᠠᠮᠰᠢᠭ ᠢ ᠵᠠᠶᠢᠯᠠᠭᠤᠯᠵᠤ᠂ ᠥᠨᠳᠥᠷ ᠬᠤᠷᠢᠶᠠᠯᠳᠠ ᠲᠣᠭᠲᠠᠭᠤᠨ ᠤᠨᠠᠯᠳᠠ ᠶᠢ ᠪᠠᠳᠤᠯᠠᠨ᠎ᠠ | ᠃ ᠨᠠᠷᠢᠮᠤ᠂ ᠠᠯᠠᠰᠢᠨ ᠦᠬᠡᠷ᠂ ᠲᠦᠭᠦᠭᠡᠷᠦᠮᠵᠢᠳᠦ ᠲᠠᠷᠢᠶᠠᠯᠠᠩ ᠭᠤᠷᠪᠠᠨ ᠶᠡᠭᠡ ᠭᠤᠤᠯᠯᠠᠬᠤ ᠠᠵᠤ ᠦᠢᠯᠡᠰ ᠤᠨ | ᠲᠣᠭᠤᠷᠢᠨ ᠳᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ | ᠳᠣᠭᠢᠷᠠᠭᠤᠯᠤᠨ ᠰᠢᠯᠢᠳᠡᠭᠵᠢᠭᠦᠯᠦᠨ᠎ᠡ᠃ ᠲᠠᠷᠢᠮᠠᠯ ᠤᠨ ᠦᠢᠯᠡᠰ ᠤᠨ ︽ᠭᠤᠷᠪᠠ ᠶᠢ ᠨᠡᠮᠡᠭᠳᠡᠭᠦᠯᠵᠦ ᠨᠢᠭᠡ ᠶᠢ | ᠰᠢᠯᠢᠳᠡᠭᠵᠢᠭᠦᠯᠬᠦ︾ ᠢᠨᠵᠧᠨᠧᠷᠢᠩ ᠢ ᠬᠡᠷᠡᠭᠵᠢᠭᠦᠯᠵᠦ᠂ ᠲᠦᠭᠦᠭᠡᠷᠦᠮᠵᠢᠳᠦ ᠲᠠᠷᠢᠶᠠᠯᠠᠩ ᠢ 3 ᠲᠦᠮᠡᠨ ᠮᠦ᠂ | ᠤᠳᠪᠠᠯᠠ ᠨᠣᠭᠤᠭ᠎ᠠ᠂ ᠨᠣᠭᠤᠭᠠᠨ ᠳᠠᠷᠤᠰᠢ ᠶᠢᠨ ᠡᠷᠳᠡᠨᠢ ᠰᠢᠰᠢ ᠵᠡᠷᠭᠡ ᠠᠵᠤ ᠠᠬᠤᠢ ᠶᠢᠨ ᠲᠠᠷᠢᠮᠠᠯ ᠢ 35 ᠲᠦᠮᠡᠨ | ᠮᠦ᠂ ᠡᠯᠳᠡᠪ ᠠᠮᠤ ᠪᠤᠷᠴᠠᠭ ᠢ 15 ᠲᠦᠮᠡᠨ ᠮᠦ ᠨᠡᠮᠡᠭᠳᠡᠭᠦᠯᠦᠨ᠎ᠡ᠃ ᠨᠠᠷᠢᠮᠤ ᠳᠠᠷᠢᠬᠤ ᠭᠤᠤᠯ ᠵᠢᠱᠢᠶ᠎ᠡ ᠦᠵᠡᠭᠦᠯᠬᠦ | ᠣᠷᠣᠨ ᠤ 10 ᠲᠦᠮᠡᠨ ᠮᠥ ᠨᠠᠷᠢᠮᠤ ᠶᠢᠨ ᠡᠬᠦᠯᠳᠠᠷ ᠢ ᠰᠢᠯᠢᠳᠡᠭᠵᠢᠭᠦᠯᠦᠨ᠎ᠡ᠃ ᠲᠡᠵᠢᠭᠡᠨ ᠦᠷᠡᠵᠢᠭᠦᠯᠬᠦ ᠦᠢᠯᠡᠰ ᠤᠨ | ︽ᠬᠤᠶᠠᠷ ᠢ ᠨᠡᠮᠡᠭᠳᠡᠭᠦᠯᠵᠦ ᠬᠤᠶᠠᠷ ᠢ ᠰᠢᠯᠢᠳᠡᠭᠵᠢᠭᠦᠯᠬᠦ︾ ᠢᠨᠵᠧᠨᠧᠷᠢᠩ ᠢ ᠬᠡᠷᠡᠭᠵᠢᠭᠦᠯᠵᠦ᠂ ᠠᠯᠠᠰᠢᠨ ᠦᠬᠡᠷ ᠢ | 12 ᠲᠦᠮᠡᠨ ᠲᠤᠯᠤᠭᠠᠢ᠂ ᠨᠤᠭᠤᠰᠤ 100 ᠲᠦᠮᠡ ᠨᠡᠮᠡᠭᠳᠡᠭᠦᠯᠦᠨ᠎ᠠ᠃ ᠰᠠᠭᠤᠷᠢ ᠡᠬᠡ ᠬᠤᠨᠢᠨ ᠤ ᠰᠦᠷᠦᠭᠵᠢᠯ | ᠤᠨ ᠪᠦᠲᠦᠴᠡ ᠶᠢ ᠰᠢᠯᠢᠳᠡᠭᠵᠢᠭᠦᠯᠵᠦ᠂ ᠮᠢᠬᠠᠠ ᠤ ᠴᠢᠨᠠᠷ ᠰᠠᠶᠢᠲᠠᠶ ᠠᠯᠠᠰᠢᠨ ᠬᠤᠨᠢᠨ ᠤ ᠲᠤᠭ᠎ᠠ ᠶᠢ 180 | ᠲᠥᠮᠡ ᠲᠠᠭᠡᠷ᠎ᠠ ᠲᠤᠭᠳᠠᠪᠤᠷᠢᠵᠢᠭᠤᠯᠵᠦ᠂ ᠭᠠᠭ᠋ᠠᠢ ᠲᠠᠵᠢᠭᠡᠬᠦ ᠠᠵᠤ ᠥᠢᠯᠠᠰ ᠤᠨ ᠤᠷᠴᠢᠯ ᠭᠡᠪ ᠢ ᠴᠢᠨᠠᠬᠰᠢᠳᠠ | ᠰᠢᠯᠢᠳᠡᠭᠵᠢᠭᠦᠯᠵᠦ᠂ ᠬᠠᠰᠢᠶᠠᠠ ᠳᠤ ᠪᠠᠶᠢᠭ᠎ᠠ ᠭᠠᠭ᠋ᠠᠢ ᠶᠢᠨ ᠲᠤᠭ᠎ᠠ ᠶᠢ 100 ᠲᠦᠮᠡ | ᠲᠡᠭᠡᠷᠠᠲ᠋ᠣᠭᠲᠠᠪᠤᠷᠢᠵᠢᠭᠤᠯᠤᠨᠠ᠃ ᠤᠢ ᠰᠢᠭᠤᠢ ᠶᠢᠨ ᠠᠵᠤ ᠦᠢᠯᠡᠰ ᠤᠨ ︽ᠨᠢᠭᠡ ᠶᠢ ᠪᠠᠭᠠᠰᠬᠠᠵᠤ ᠭᠤᠷᠪᠠ ᠶᠢ | ᠨᠡᠮᠡᠭᠳᠡᠭᠦᠯᠵᠦ ᠬᠤᠶᠠᠷ ᠢ ᠥᠭᠡᠷᠡᠴᠢᠯᠡᠬᠦ︾ ᠢᠨᠵᠧᠨᠧᠷᠢᠩ ᠢ ᠬᠡᠷᠡᠭᠵᠢᠭᠦᠯᠵᠦ᠂ ᠮᠠᠭᠤᠳᠠᠭᠰᠠᠨ ᠤᠢ ᠶᠢᠨ ᠲᠠᠯᠠᠪᠠᠢ 10 | ᠲᠦᠮᠡᠨ ᠮᠦ ᠪᠠᠭᠠᠰᠬᠠᠵᠤ᠂ ᠵᠢᠮᠢᠰ ᠤᠨ ᠠᠵᠤ ᠠᠬᠤᠢ ᠶᠢᠨ ᠤᠢ 1 ᠲᠦᠮᠡᠨ ᠮᠦ ᠨᠡᠮᠡᠭᠳᠡᠭᠦᠯᠵᠦ᠂ ᠰᠡᠩᠳᠡᠩ ᠮᠤᠳᠤ | ᠵᠡᠷᠭᠡ ᠮᠣᠳᠣᠯᠢᠭ ᠲᠣᠰᠣᠯᠢᠭ ᠲᠠᠷᠢᠮᠠᠯ ᠤᠨ ᠤᠢ 3 ᠲᠦᠮᠡᠨ ᠮᠦ ᠨᠡᠮᠡᠭᠳᠡᠭᠦᠯᠵᠦ᠂ ᠬᠠᠶᠢᠯᠠᠷ ᠨᠠᠷᠠᠰᠤ ᠲᠠᠷᠢᠬᠤ | ᠰᠠᠭᠤᠷᠢᠨ ᠭᠠᠵᠠᠷ 4 ᠲᠦᠮᠡᠨ ᠮᠦ ᠨᠡᠮᠡᠭᠳᠡᠭᠦᠯᠵᠦ᠂ ᠬᠡᠭᠡᠷ᠎ᠡ ᠶᠢᠨ ᠭᠦᠢᠯᠡᠰᠦᠨ ᠤᠢ 1 ᠲᠦᠮᠡᠨ ᠮᠦ | ᠥᠭᠡᠷᠡᠴᠢᠯᠡᠵᠦ᠂ ᠴᠢᠴᠠᠷᠭᠠᠨ᠎ᠠ 1 ᠲᠦᠮᠡᠨ ᠮᠦ ᠪᠢᠳᠡᠬᠦᠮᠵᠢᠯᠡᠨ ᠤᠶᠢᠵᠢᠭᠤᠯᠤᠨ᠎ᠠ᠃ ︽ᠤᠯᠤᠰ ᠤᠨ ᠲᠠᠰ ᠤᠨ | ᠦᠷ᠎ᠡ ᠶᠢᠨ ᠢᠨᠵᠧᠨᠧᠷᠢᠩ ᠤᠨ ᠵᠢᠱᠢᠶ᠎ᠡ ᠦᠵᠡᠭᠦᠯᠬᠦ ᠰᠢᠶᠠᠨ︾ ᠢ ᠪᠥᠲᠥᠭᠡᠨ ᠪᠠᠶᠢᠭᠤᠯᠬᠤ ᠶᠢᠨ ᠲᠣᠭᠤᠷᠢᠨ ᠳᠤ᠂ | ᠲᠠᠷᠢᠶᠠᠯᠠᠩ ᠤᠨ ᠥᠪ ᠬᠥᠷᠥᠩᠭᠡ ᠶᠢᠨ ᠬᠠᠮᠠᠭᠠᠯᠠᠯᠲᠠ ᠶᠢᠨ ᠲᠥᠪ᠂ ᠬᠤᠲᠠ ᠶᠢᠨ ᠡᠭᠦᠯᠳᠡᠷ ᠤᠨ ᠪᠤᠬ᠎ᠠ ᠶᠢᠨ | ᠥᠷᠲᠡᠭᠡ᠂ ᠰᠠᠶᠢᠨ ᠡᠭᠦᠯᠳᠡᠷ ᠦᠷᠡᠵᠢᠭᠦᠯᠦᠨ ᠪᠤᠶᠢᠵᠢᠭᠤᠯᠬᠤ ᠲᠥᠪ᠂ ︽ᠬᠤᠶᠡᠷ ᠢ ᠡᠭᠦᠥᠡᠬᠦ︾ ᠰᠢᠨᠵᠢᠯᠡᠬᠦ | ᠤᠬᠠᠭᠠᠨ ᠮᠡᠷᠭᠡᠵᠢᠯ ᠤᠨ ᠬᠦᠷᠢᠶᠡᠯᠡᠩ ᠤᠨ ᠳ᠋ᠣᠺᠲ᠋ᠣᠷ ᠤᠨ ᠶᠠᠳᠠᠭᠤ ᠶᠢ ᠲᠡᠳᠬᠦᠬᠦ ᠠᠵᠢᠯ ᠤᠨ ᠥᠷᠲᠡᠭᠡ᠂ ᠭᠠᠷᠠᠮ | ᠲᠠᠭᠠᠭᠰᠠᠨ ᠬᠡᠯᠪᠡᠷᠢ ᠶᠢᠨ ᠭᠠᠳᠠᠭᠠᠳᠤ ᠠᠴᠠ ᠣᠷᠣᠭᠤᠯᠤᠭᠰᠠᠨ ᠦᠷᠡᠰ ᠮᠠᠯ ᠢ ᠲᠤᠰᠠᠭᠠᠷᠯᠠᠬᠤ ᠲᠠᠯᠠᠪᠠᠶ ᠵᠠᠷᠭᠡᠳᠤ | ᠲᠦᠰᠢᠭᠯᠡᠨ᠂ ᠨᠠᠷᠢᠮᠤ᠂ ᠰᠢᠰᠢ᠂ ᠰᠠᠭᠠᠭ ᠵᠡᠷᠭᠡ ᠡᠯᠳᠡᠪ ᠠᠮᠤ ᠶᠢ ᠴᠢᠨᠠᠷᠯᠢᠭ ᠰᠣᠩᠭᠤᠨ ᠪᠤᠶᠢᠵᠢᠭᠤᠯᠵᠦ᠂ ᠠᠯᠠᠰᠢᠨ | ᠦᠬᠡᠷ᠂ ᠠᠯᠠᠰᠢᠨ ᠬᠤᠨᠢᠨ ᠤ ᠡᠭᠦᠯᠳᠡᠷ ᠢ ᠰᠠᠶᠢᠵᠢᠷᠠᠭᠤᠯᠤᠨ ᠦᠷ᠎ᠡ ᠠᠰᠢᠭ ᠢ ᠨᠡᠮᠡᠭᠳᠡᠭᠦᠯᠤᠨ᠎ᠠ᠃ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠲᠡᠮᠳᠡᠭᠡᠭᠦᠥᠡᠬᠦ ᠠᠵᠢᠯ ᠢ ᠲᠤᠪᠤᠶᠢᠮᠠᠠᠳᠬᠤᠵᠤ᠂ ︽ | ᠰᠤᠷᠪᠤᠯᠵᠢᠳᠤ ᠲᠠᠮᠳᠡᠭᠳᠦ︾ ᠪᠥᠳᠥᠭᠡᠭᠳᠠᠬᠦᠨ ᠢ ᠥᠭᠡᠷᠡᠴᠢᠯᠡᠨ ᠲᠠᠰ ᠳᠡᠪᠰᠢᠭᠦᠯᠵᠦ᠂ ᠨᠠᠩ ᠣᠯᠠᠨ ︽ᠠᠤᠬᠠᠨ | ᠲᠡᠮᠳᠡᠭᠳᠦ︾ ᠪᠥᠳᠥᠭᠡᠭᠳᠠᠬᠦᠨ ᠢ ᠡᠬᠦᠳᠴᠤ ᠪᠥᠳᠥᠭᠡᠨᠠ᠃ | ᠬᠤᠶᠠᠳᠤᠭᠠᠷ ᠠᠵᠤ ᠦᠢᠯᠡᠰ ᠢ ᠬᠦᠴᠦᠷᠬᠡᠭᠵᠢᠭᠦᠯᠦᠨ᠂ ᠠᠵᠤ ᠦᠢᠯᠡᠥᠡᠪᠦᠷᠢ ᠶᠢᠨ ᠠᠵᠤ ᠠᠬᠤᠢ ᠶᠢᠨ | ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠤᠨ᠎ᠠ᠃ ᠳᠠᠪᠠᠭᠤᠯᠢᠭ ᠡᠬᠢ ᠪᠠᠶᠠᠯᠢᠭ ᠢ ᠬᠤᠪᠢᠷᠠᠭᠤᠯᠬᠤ᠂ | ᠤᠯᠠᠮᠵᠢᠯᠠᠯᠲᠤ ᠠᠵᠤ ᠦᠢᠯᠡᠰ ᠢ ᠳᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠬᠤ ᠳᠤ | ᠰᠠᠭᠤᠷᠢᠯᠠᠨ᠂ ᠣᠳᠣ ᠦᠶ᠎ᠡ ᠶᠢᠨ ᠠᠵᠤ ᠦᠢᠯᠡᠳᠪᠦᠷᠢ ᠶᠢᠨ ᠰᠢᠰᠲ᠋ᠧᠮ ᠢ ᠲᠦᠷᠭᠡᠥᠡᠭᠡᠨ ᠪᠠᠶᠢᠭᠤᠯᠤᠨ᠎ᠠ᠃ ᠠᠵᠤ | ᠦᠢᠯᠡᠥᠡᠪᠦᠷᠢ ᠶᠢᠨ ᠬᠦᠭᠵᠢᠯᠳᠠ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ | 1000 ᠲᠦᠮᠡᠨ ᠲᠥᠭᠦᠷᠢᠭ ᠠᠴᠠ ᠳᠡᠭᠡᠭᠰᠢᠬᠢ ᠪᠠᠯᠡ ᠤᠷᠤᠭᠤᠯᠤᠯᠳᠠ ᠲᠠᠢ 37 ᠠᠵᠤ ᠦᠢᠯᠡᠥᠡᠪᠦᠷᠢ ᠶᠢᠨ | ᠲᠥᠷᠥᠯ ᠵᠦᠢᠯ ᠢ ᠬᠡᠷᠡᠭᠵᠢᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠥᠡᠪᠦᠷᠢ ᠶᠢᠨ ᠠᠵᠤ ᠠᠬᠤᠶᠢᠯᠠᠯ 2 | ᠤᠷᠤᠭᠤᠯᠤᠨ ᠠᠪᠴᠢᠷᠠᠵᠤ᠂ ᠭᠤᠤᠯᠳᠠᠯᠭ᠎ᠠ ᠲᠠᠢ ᠠᠵᠤ ᠦᠢᠯᠡᠥᠡᠪᠦᠷᠢ ᠶᠢᠨ ᠲᠥᠷᠥᠯ ᠵᠦᠢᠯ ᠤᠨ ᠪᠡᠯᠡ | ᠣᠷᠣᠭᠤᠯᠤᠯᠲᠠ ᠶᠢ15% ᠣᠷᠴᠢᠮ ᠢᠶᠠᠷ ᠨᠡᠮᠡᠭᠳᠡᠭᠦᠯᠦᠨ᠎ᠡ᠃ ᠡᠬᠢ ᠪᠠᠶᠠᠯᠢᠭ ᠤᠨ ᠨᠡᠭᠡᠭᠡᠯᠲᠡ ᠶᠢ ᠲᠣᠪᠤᠶᠢᠯᠭᠠᠨ | ᠠᠳᠬᠤᠵᠤ᠂ ᠶᠢᠨ ᠲᠤᠤ ᠺᠣᠮᠫᠠᠨᠢ᠂ ᠵᠢᠶ ᠯᠦᠩ ᠠᠭᠤᠷᠬᠠᠶ ᠶᠢᠨ ᠦᠢᠯᠡᠰ ᠤᠨ ᠠᠭᠤᠷᠬᠠᠶ ᠬᠠᠶᠢᠵᠦ ᠨᠡᠮᠡᠵᠦ | ᠨᠥᠭᠡᠴᠡᠯᠡᠬᠦ ᠶᠢ ᠳᠡᠮᠵᠢᠵᠦ᠂ ᠳ᠋ᠠ ᠮᠧᠶ ᠬᠦᠢ ᠭᠦ᠋ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ | ᠪᠦᠲᠦᠭᠡᠨ ᠪᠠᠶᠢᠭᠤᠯᠤᠯᠲᠠ ᠶᠢ ᠲᠠᠭᠤᠰᠬᠠᠵᠤ᠂ ᠠᠵᠤ ᠦᠢᠯᠡᠰ ᠤᠨ ᠬᠡᠯᠬᠢᠶ᠎ᠡ ᠶᠢ ᠤᠷᠳᠤᠥᠡᠬᠠᠨᠠ᠃ ᠱᠤᠸᠠᠩ ᠹᠧᠩ | ᠲᠡᠮᠦᠷ ᠤᠨ ᠠᠭᠤᠷᠬᠠᠶ᠂ ᠶᠢᠨ ᠢ ᠠᠭᠤᠷᠬᠠᠶ ᠶᠢᠨ ᠦᠢᠯᠡᠰ ᠤᠨ ᠲᠠᠰ ᠳᠡᠪᠰᠢᠬᠦ ᠂ ᠭᠠᠷᠤᠯᠲᠠ ᠶᠢ ᠨᠡᠮᠡᠭᠳᠡᠬᠦᠯᠬᠦ᠂ | ᠪᠠᠭᠲᠠᠭᠠᠮᠵᠢ ᠥᠷᠭᠡᠳᠭᠡᠬᠦ ᠶᠢ ᠲᠥᠯᠬᠢᠨ ᠠᠬᠢᠭᠤᠯᠤᠨ᠎ᠠ᠃ ᠮᠠᠨᠢᠬᠠᠨ ᠤ ᠲᠤᠭᠤᠯᠭ᠎ᠠ ᠴᠠᠶᠢᠷ᠂ ᠰᠠᠯᠪᠤᠷᠢ ᠶᠢᠨ | ᠮᠤᠯᠢᠪᠳᠧᠨ ᠸᠣᠯᠹᠷᠠᠮ ᠤᠨ ᠡᠬᠢ ᠪᠠᠶᠠᠯᠢᠭ ᠤᠨ ︽ᠬᠠᠶᠢᠯᠳᠡ ᠠᠴᠠ ᠨᠠᠭᠡᠭᠡᠯᠳᠡ ᠳᠤ ᠰᠢᠯᠵᠢᠬᠦ︾ ᠠᠬᠢᠴᠠ ᠶᠢ ᠡᠮᠬᠢ | ᠴᠡᠭᠴᠡ ᠲᠠᠢ ᠠᠬᠢᠭᠤᠯᠵᠤ᠂ ᠥᠩᠭᠡᠲᠦ ᠲᠡᠮᠦᠷᠯᠢᠭ ᠨᠡᠭᠡᠭᠡᠨ ᠬᠥᠭᠵᠢᠭᠦᠯᠬᠦ ᠴᠢᠬᠤᠯᠠ ᠪᠠᠯᠭᠠᠰᠤ ᠪᠤᠯᠭᠠᠵᠤ | ᠪᠠᠶᠢᠭᠤᠯᠤᠨ᠎ᠠ᠃ ᠰᠢᠯᠢᠳᠡᠭ ᠢ ᠨᠢ ᠪᠤᠶᠢᠵᠢᠭᠤᠯᠤᠨ᠂ ᠬᠦᠴᠦᠷᠬᠡᠭ ᠢ ᠨᠢ ᠲᠡᠳᠬᠦᠵᠤ᠂ ᠭᠡᠯᠪᠡᠷᠢ ᠶᠢ ᠨᠢ | ᠥᠭᠡᠷᠡᠳᠤᠬᠦᠯᠬᠦ᠂ ᠪᠠᠯᠠ ᠨᠡᠶᠢᠯᠡᠭᠦᠯᠦᠨ ᠬᠠᠮᠲᠤᠷᠠᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠲᠣ ᠪᠠᠶᠢᠭ᠎ᠠ ᠠᠵᠤ | ᠠᠬᠤᠶᠢᠯᠠᠯ ᠶᠢ ᠬᠥᠴᠥᠷᠭᠡᠭᠵᠢᠬᠦᠯᠥᠨ ᠪᠤᠵᠠᠭᠠᠶᠢᠷᠠᠭᠤᠯᠵᠤ᠂ ᠳ᠋ᠦᠩ ᠳ᠋ᠡ ᠫᠢᠨ ᠵᠧᠩ ᠾᠧ ᠨᠢᠦ ᠦᠬᠡᠷ ᠨᠢᠲᠤᠯᠬᠤ | ᠦᠢᠯᠡᠥᠡᠪᠦᠷᠢ ᠪᠠ ᠵᠥᠩ ᠤᠣ ᠪᠤᠯᠭᠤᠭᠰᠠᠨ ᠢᠳᠡᠭᠡᠨ ᠨᠠᠷᠢᠯᠢᠭ ᠡᠳ᠋ᠰᠢᠬᠦᠯᠬᠦ᠂ ᠬᠦᠶ ᠯᠢᠦ ᠨᠤᠭᠤᠰᠤᠨ ᠤ ᠠᠵᠤ | ᠦᠢᠯᠡᠰ᠂ ᠸᠧᠶ ᠨᠢ ᠬᠤᠤ ᠤᠳᠪᠠᠯᠠ ᠶᠢᠨ ᠨᠤᠨᠲᠠᠭ ᠨᠠᠷᠢᠯᠢᠭ ᠡᠳ᠋ᠰᠢᠭᠦᠯᠬᠦ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ᠎ᠡ᠃ ᠨᠠᠷᠢᠮᠤ ᠵᠢᠨᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠤᠯᠤᠰ ᠤᠨ ᠲᠡᠰ ᠤᠨ ᠣᠳᠣᠬᠢᠴᠢᠯᠠᠭᠰᠠᠨ ᠲᠠᠷᠢᠶᠠᠯᠠᠩ | ᠦᠢᠯᠡᠰ ᠤᠨ ᠬᠦᠷᠢᠶᠡᠯᠡᠩ ᠪᠤᠯᠭᠠᠵᠤ ᠪᠠᠶᠢᠭᠤᠯᠬᠤ ᠪᠠᠷ ᠴᠠᠷᠮᠠᠶᠢᠨ᠎ᠠ᠃ ︽ᠰᠢᠩᠭᠡᠯᠢᠭ ᠰᠤᠯᠠᠯᠠᠵᠤ ᠰᠢᠪᠠᠭᠤ ᠰᠣᠯᠢᠬᠤ︾ | ᠠᠷᠭ᠎ᠠ ᠶᠢ ᠭᠡᠷᠡᠭᠯᠡᠨ᠂ ᠰᠤᠯᠠ ᠪᠠᠶᠢᠭᠠᠭᠠᠵᠠᠷ ᠰᠢᠷᠤᠢ ᠪᠠ ︽ᠤᠷᠤᠠᠴᠤᠭ ᠠᠵᠤ ᠠᠬᠤᠶᠢᠯᠠᠯ︾ ᠢ ᠪᠦᠲᠦᠮᠵᠢᠲᠡᠶ | ᠰᠢᠢᠥᠡᠪᠦᠷᠢᠯᠡᠵᠦ᠂ ᠲᠠᠳᠠᠵᠦ ᠬᠤᠯᠪᠤᠭᠠᠯᠠᠨ ᠲᠠᠪᠳᠠᠠ ᠪᠥᠯᠥᠭᠯᠠᠬᠦ ᠠᠷᠭ᠎ᠠ ᠶᠢ ᠭᠡᠷᠡᠭᠯᠡᠨ᠂ ᠸᠠᠨ ᠬᠤᠸᠠ ᠴᠢᠳᠬᠤᠮᠠᠯ | ᠲᠣᠨᠤᠭ᠂ ᠲᠢᠶᠠᠨ ᠾᠧᠩ ᠰᠦᠯᠢᠶᠣᠣ ᠶᠢᠨ ᠦᠢᠯᠡᠰ ᠵᠡᠷᠭᠡ ᠡᠵᠡᠯᠡᠬᠦ ᠲᠠᠯᠠᠪᠠᠶ ᠪᠠ ᠡᠳ᠋ ᠬᠥᠷᠥᠩᠭᠡ ᠨᠡᠯᠢᠶᠡᠳ ᠶᠡᠭᠡ | ᠠᠵᠤ ᠠᠬᠤᠶᠢᠯᠠᠯ ᠢ ᠰᠠᠷᠬᠦᠭᠡᠵᠤ ᠠᠮᠢᠯᠠᠭᠤᠯᠤᠨ᠎ᠠ᠃ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠲᠠᠰᠤᠭ ᠤᠨ | ᠪᠠᠷᠢᠯᠭ᠎ᠠ ᠶᠢᠨ ᠲᠠᠯᠠᠪᠠᠢ 10 ᠲᠦᠮᠡᠨ ᠲᠡᠭᠰᠢ ᠳᠥᠷᠪᠡᠯᠵᠢᠨ ᠮᠧᠲᠷ ᠠᠴᠠ ᠲᠠᠪᠠᠭᠤᠯᠤᠨ᠎ᠠ ᠃ ᠡᠨᠧᠷᠭᠢ ᠶᠢᠨ | ᠬᠤᠷᠣᠭᠳᠠᠯ ᠤᠨ ᠬᠤᠶᠠᠷ ᠢ ᠬᠢᠵᠠᠭᠠᠷᠯᠠᠬᠤ ᠬᠠᠮᠢᠶᠠᠷᠤᠯᠲᠠ ᠶᠢ ᠴᠢᠩᠭᠠᠳᠬᠠᠵᠤ᠂ ᠢᠵᠢ ᠪᠦᠷᠢᠳᠦᠭᠦᠯᠬᠦ | ᠪᠠᠪᠠᠲᠤᠯᠠᠭᠠ ᠶᠢᠨ ᠲᠠᠯ᠎ᠠ ᠪᠠᠷ ᠥᠠᠳᠤᠷ ᠴᠢᠩᠭᠠᠱᠠᠭᠠᠷᠳᠠᠯᠭᠠ ᠲᠠᠢ ᠲᠥᠷᠥᠯ ᠵᠦᠢᠯ ᠬᠦᠷᠢᠶᠡᠯᠡᠩ ᠲᠣᠭᠤᠷᠢᠭ ᠲᠤ | ᠲᠥᠪᠯᠡᠷᠡᠭᠦᠯᠬᠦ ᠶᠢ ᠵᠣᠷᠢᠭᠵᠢᠭᠤᠯᠤᠨ᠎ᠠ᠃ | ᠭᠤᠷᠪᠠᠳᠤᠭᠠᠷ ᠠᠵᠤ ᠦᠢᠯᠡᠰ ᠢ ᠠᠮᠢᠵᠢᠷᠠᠭᠤᠯᠤᠨ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ | ᠲᠦᠪᠰᠢᠨ ᠢ ᠳᠡᠭᠡᠭᠰᠢᠯᠡᠭᠦᠯᠦᠨ᠎ᠡ᠃ ︽ᠪᠠᠯᠠᠷ ᠡᠷᠲᠡᠨ ᠤ ᠰᠣᠶᠣᠯ ᠤᠨ ᠰᠤᠳᠤᠯᠤᠯ ᠰᠢᠠᠵᠢᠯᠡᠯ ᠵᠤᠭᠠᠴᠠᠯ︾ ᠤᠨ | ᠬᠥᠭᠵᠢᠬᠦᠯᠥᠯᠳᠡ ᠶᠢ ᠲᠤᠪᠤᠶᠢᠯᠭᠠᠠ ᠠᠳᠬᠤᠵᠤ᠂ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠪᠠ ᠵᠦᠶ | ᠵᠣᠬᠢᠰᠲᠠᠶ ᠠᠰᠢᠭᠯᠠᠬᠤ ᠶᠢ ᠴᠢᠩᠭᠠᠳᠬᠠᠵᠤ᠂ ᠰᠣᠶᠣᠯ ᠤᠨ ᠦᠷ᠎ᠡ ᠪᠦᠲᠦᠭᠡᠯ ᠢ ᠰᠣᠶᠣᠯ ᠤᠨ ᠠᠵᠤ ᠦᠢᠯᠡᠰ ᠳᠠᠰᠢ | ᠬᠤᠪᠢᠷᠠᠭᠤᠯᠬᠤ ᠶᠢ ᠠᠬᠢᠭᠤᠯᠤᠨ᠎ᠠ᠃ ︽ᠲᠠᠪᠤᠨ ᠣᠷᠳᠣᠨ ᠵᠢᠷᠭᠤᠭᠠᠨ ᠬᠦᠷᠢᠶᠡᠯᠡᠩ︾ ︽ᠬᠤᠶᠠᠷ ᠭᠠᠵᠠᠷ ᠨᠢᠭᠡ | ᠠᠭᠤᠯᠠ︾ ᠳᠤ ᠲᠦᠰᠢᠭᠯᠡᠨ᠂ ᠨᠡᠶᠢᠭᠡᠮ ᠤᠨ ᠬᠥᠷᠥᠩᠭᠡ ᠶᠢ ᠤᠷᠤᠯᠴᠠᠭᠤᠯᠤᠨ ᠨᠡᠭᠡᠭᠡᠨ ᠬᠥᠭᠵᠢᠬᠦᠯᠬᠦ ᠶᠢ | ᠵᠤᠷᠢᠬᠵᠢᠭᠤᠯᠵᠤ᠂ ᠳ᠋ᠠ ᠾᠧᠢ ᠱᠠᠨ ᠠᠭᠤᠯᠠ ᠵᠡᠷᠭᠡ ᠡᠷᠬᠢᠨ ᠲᠤᠭᠤᠷᠢᠨ ᠤ ᠦᠵᠡᠮᠵᠢ ᠶᠢᠨ ᠣᠷᠣᠨ ᠯᠤᠭ᠎ᠠ ᠶᠢᠨ | ᠠᠭᠤᠰᠤᠯᠴᠠᠯ ᠵᠣᠯᠭᠠᠯᠴᠠᠭ᠎ᠠ ᠶᠢ ᠴᠢᠩᠭᠠᠳᠬᠠᠵᠤ᠂ ᠠᠮᠢ ᠠᠬᠤᠢ ᠶᠢᠨ ᠥᠵᠡᠮᠵᠢ ᠶᠢᠨ ᠰᠤᠨᠢᠷᠬᠯ ᠵᠤᠭᠠᠴᠠᠯ᠂ ᠰᠣᠶᠣᠯ | ᠪᠡᠶ᠎ᠡ ᠶᠢᠨ ᠲᠠᠮᠢᠷ ᠤᠨ ᠤᠷᠤᠯᠳᠤᠭᠠᠨ ᠤ ᠰᠡᠯᠡᠬᠦᠴᠡᠯ ᠵᠤᠭᠠᠴᠠᠯ᠂ ᠬᠠᠭᠤᠷᠠᠢ ᠲᠠᠷᠢᠶᠠᠯᠠᠩ ᠢ ᠪᠡᠶᠡᠴᠢᠯᠡᠨ | ᠣᠶᠢᠯᠠᠭᠠᠬᠤ ᠲᠠᠨᠢᠯᠴᠠᠯ ᠵᠤᠭᠠᠴᠠᠯ ᠢᠶᠠᠷ ᠭᠤᠣᠯ ᠪᠣᠯᠭᠠᠭᠰᠠᠨ ᠪᠦᠬᠦ ᠣᠷᠣᠨ ᠪᠦᠰᠡ ᠶᠢᠨ ᠵᠤᠭᠠᠴᠠᠯ ᠤᠨ ᠰᠢᠨ᠎ᠡ | ᠪᠠᠶᠢᠷᠢᠰᠢᠯ ᠢ ᠪᠤᠢ ᠪᠤᠯᠭᠠᠨ᠎ᠠ᠃ ᠪᠠᠷᠠᠭ᠎ᠠ ᠶᠢᠨ ᠬᠥᠢᠯᠭᠡᠭᠡᠨ ᠢ ᠡᠮᠬᠢᠯᠡᠨ ᠴᠡᠭᠴᠡᠯᠡᠬᠦ᠂ ᠰᠥᠢᠳᠭᠡᠯ ᠪᠠᠭᠤᠷᠠᠭᠤᠯᠬᠤ᠂ | ᠬᠤᠷᠳᠤᠴᠠ ᠲᠥᠷᠭᠡᠳᠭᠡᠬᠦ ᠶᠢ ᠲᠥᠯᠬᠢᠨ ᠠᠬᠢᠭᠤᠯᠵᠤ᠂ ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃ ᠬᠥᠳᠡᠭᠡ | ᠲᠣᠰᠬᠤᠨ ᠤ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ︽ᠲᠡᠰ ᠲᠡᠪᠰᠢᠬᠦᠯᠬᠦ ᠭᠡᠪ︾ | ᠤᠨ ᠲᠥᠷᠥᠯ ᠵᠦᠢᠯ ᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠬᠤᠰᠢᠭᠤ ᠰᠢᠶᠠᠩ ᠲᠣᠰᠬᠤᠨ ᠭᠤᠷᠪᠠᠨ | ᠱᠠᠲᠤᠨ ᠤ ᠪᠠᠷᠠᠭ᠎ᠠ ᠶᠢᠨ ᠬᠦᠢᠯᠭᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠤᠰᠢᠭᠤ ᠲᠠᠰ ᠤᠨ ᠡᠯᠧᠺᠲᠷᠣᠨ | ᠬᠤᠳᠠᠯᠳᠤᠭᠠᠨ ᠤ ᠨᠠᠶᠢᠭᠡᠮ ᠤᠨ ᠦᠢᠯᠡᠴᠢᠯᠡᠭᠡᠨ ᠤ ᠲᠥᠪ᠂ ᠲᠣᠰᠬᠤᠨ ᠲᠠᠰ ᠤᠨ ᠡᠯᠧᠺᠲᠷᠣᠨ ᠬᠤᠳᠠᠯᠳᠤᠭᠠᠨ ᠤ | ᠦᠢᠯᠡᠴᠢᠯᠡᠭᠡᠨ ᠤ ᠥᠷᠲᠡᠭᠡ ᠶᠢ ᠥᠭᠡᠷᠡᠴᠢᠯᠡᠨ ᠲᠠᠰ ᠳᠡᠪᠰᠢᠭᠦᠯᠵᠦ᠂ ᠰᠥᠯᠵᠢᠶᠠᠠ ᠲᠠᠭᠡᠷ᠎ᠠ ᠰᠢᠭᠤᠤᠠ ᠪᠤᠷᠤᠯᠠᠭᠤᠯᠬᠤ | ᠲᠠᠷᠢᠶᠠᠯᠠᠩ ᠤᠨ ᠪᠦᠲᠦᠭᠡᠭᠳᠡᠬᠦᠨ 80 ᠲᠥᠮᠠᠠ ᠢᠵᠢ ᠠᠴᠠ ᠲᠠᠪᠠᠭᠤᠯᠤᠨ᠎ᠠ᠃ ᠶᠢᠨ ᠬᠤᠢ ᠸᠠᠨ ᠵᠢᠶᠡ ᠠᠷᠠᠯᠵᠢᠶ᠎ᠠ | ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠠᠰᠢᠬᠯᠠᠯᠳᠠ ᠳᠤ ᠣᠷᠣᠬᠤ ᠶᠢ ᠲᠥᠯᠬᠢᠨᠠᠬᠢᠭᠤᠯᠵᠤ᠂ ᠲᠡᠮᠦᠷᠯᠢᠭ | ᠮᠠᠰᠢᠨ ᠴᠠᠬᠢᠯᠭᠠᠨ ᠭᠡᠷ ᠤᠨ ᠬᠡᠷᠡᠭᠰᠡᠯ ᠤᠨ ᠬᠤᠲᠠ ᠶᠢᠨ ᠪᠠᠶᠢᠭᠤᠯᠤᠯᠳᠠ᠂ ᠰᠢᠨ ᠬᠤᠢ ᠪᠠᠷᠠᠭ᠎ᠠ ᠶᠢᠨ ᠭᠦᠢᠯᠭᠡᠭᠡᠨ ᠤ | ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠪᠠᠷᠠᠭ᠎ᠠ ᠶᠢᠨ | ᠭᠦᠢᠯᠭᠡᠭᠡᠨ ᠤ ᠲᠣᠭᠤᠷᠢᠭ ᠤᠨ ᠠᠴᠢᠶᠠᠯᠠᠬᠤ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃ | ᠤᠳᠤᠬᠢᠴᠢᠯᠠᠬᠰᠠᠠ ᠮᠥᠩᠭᠦᠨ ᠭᠦᠢᠯᠭᠡᠭᠡᠨ ᠤ ᠦᠢᠯᠡᠰ ᠢ ᠲᠣᠭᠲᠠᠭᠤᠨ ᠢᠶᠠᠷ ᠬᠥᠭᠵᠢᠭᠦᠯᠵᠦ᠂ ᠬᠥᠳᠡᠭᠡ ᠲᠣᠰᠬᠤᠨ ᠤ | ᠠᠷᠠᠯᠵᠢᠶᠠᠠ ᠤ ᠪᠠᠩᠬᠢ ᠡᠷᠳᠡᠭᠡᠨ ᠫᠠᠶᠢᠰᠠ ᠡᠯᠭᠦᠨ ᠡᠵᠡᠩᠨᠡᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠨᠡᠩ ᠣᠯᠠᠨ ᠲᠥᠷᠥᠯ ᠤᠨ ᠢᠳᠡᠭᠡᠮᠵᠢᠳᠤ ᠵᠢᠭᠡᠯᠡᠯᠭᠡ ᠲᠠᠯᠪᠢᠬᠤ ᠶᠢ ᠵᠣᠷᠢᠭᠵᠢᠭᠤᠯᠵᠤ᠂ ᠮᠥᠩᠭᠦᠨ | ᠭᠦᠢᠯᠭᠡᠭᠡᠨ ᠢ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠳᠡ ᠳᠤ ᠨᠠᠩ ᠰᠠᠶᠢᠨ ᠥᠢᠯᠡᠴᠢᠯᠡᠬᠦᠯᠤᠨᠠ᠃ | ᠳᠠᠭᠠᠳᠬᠠᠯ ᠤᠨ ᠲᠥᠷᠥᠯ ᠵᠥᠢᠯ ᠢ ᠡᠯᠪᠡᠭᠵᠢᠬᠦᠯᠥᠨ ᠰᠢᠯᠢᠳᠡᠭᠵᠢᠬᠦᠯᠵᠦ᠂ ᠲᠠᠷᠢᠶᠠᠯᠠᠩ ᠮᠠᠯ ᠠᠵᠤ ᠠᠬᠤᠶ ᠪᠠ | ᠪᠢᠴᠢᠬᠠᠨ ᠵᠢᠵᠢᠭ ᠠᠵᠤ ᠠᠬᠤᠶᠢᠯᠠᠯ ᠤᠨ ᠳᠠᠭᠠᠳᠬᠠᠯ ᠳᠤ ᠤᠷᠤᠯᠴᠠᠬᠤ ᠬᠡᠪᠴᠢᠶ᠎ᠡ ᠶᠢ ᠥᠷᠭᠡᠳᠬᠡᠨ᠎ᠡ᠃ | ︵ᠭᠤᠷᠪᠠ︶ ᠨᠢᠭᠡᠳᠦᠯᠲᠡᠶ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ ᠦᠷ᠎ᠡ ᠪᠦᠲᠦᠮᠵᠢ ᠶᠢ | ᠴᠢᠬᠤᠯᠠᠴᠢᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ | ᠬᠡᠷᠡᠭᠵᠢᠭᠦᠯᠦᠨ᠎ᠡ | ᠵᠤᠯᠭᠠᠯᠴᠠᠭ᠎ᠠ ᠪᠠᠷ ᠳᠤᠲᠠᠭᠤᠳᠠᠯ ᠢᠶᠠᠨ ᠨᠥᠬᠦᠪᠥᠷᠢᠯᠡᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ | ᠪᠦᠲᠦᠭᠡᠯ ᠢᠶᠠᠨ ᠪᠠᠬᠢᠵᠢᠭᠦᠯᠬᠦ ᠳᠤ ᠬᠥᠳᠡᠯᠭᠡᠬᠦ ᠬᠦᠴᠦᠨ ᠨᠠᠮᠠᠷᠢᠯᠡᠨ᠎ᠠ᠃ ︽ᠳᠥᠷᠪᠡ ᠶᠢ ᠲᠠᠶᠠᠭᠳᠠᠬᠤ ᠥᠬᠡᠶ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠠᠬᠤ | ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠪᠠ ᠠᠵᠢᠯ ᠤᠨ ᠲᠣᠭᠲᠠᠴᠠ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠡᠮᠬᠢ ᠵᠢᠷᠤᠮ ᠲᠠᠢ ᠵᠣᠯᠭᠠᠭᠤᠯᠬᠤ ᠶᠢ ᠦᠨᠡᠨ ᠬᠦ ᠪᠠᠲᠤᠯᠠᠵᠤ᠂ ᠤᠳᠦ ᠭᠡᠷᠡᠭᠵᠢᠬᠦᠯᠥᠭᠰᠡᠭᠡᠷ | ᠪᠠᠶᠢᠭ᠎ᠠ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠲᠥᠷᠥᠯ ᠬᠤᠪᠢᠶᠠᠵᠤ ᠨᠠᠷᠢᠯᠢᠬᠵᠢᠭᠤᠯᠤᠨ᠎ᠠ᠃ ᠲᠠᠬᠢᠨ | ᠶᠠᠳᠠᠭᠤᠷᠠᠬᠤ ᠠᠴᠠ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠲᠣᠭᠲᠠᠴᠠ ᠶᠢ | ᠪᠦᠷᠢᠨᠰᠢᠬᠦᠯᠵᠤ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠦᠵᠡᠭᠳᠡᠯ ᠡᠭᠦᠰᠬᠦ ᠶᠢ ᠡᠷᠡᠰ ᠰᠡᠷᠭᠡᠶᠢᠯᠡᠨ᠎ᠡ᠃ | ᠶᠠᠳᠠᠭᠤ ᠶᠢ ᠲᠡᠳᠬᠦᠬᠦ ᠠᠵᠤ ᠦᠢᠯᠡᠰ ᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ᠂ 15 ᠶᠠᠳᠠᠭᠤ ᠶᠢ | ᠲᠡᠳᠬᠦᠬᠦ ᠠᠵᠤ ᠦᠢᠯᠡᠰ ᠪᠠᠷ ᠲᠠᠭᠠᠭᠤᠯᠵᠦ᠂ ᠶᠠᠳᠠᠭᠤ ᠶᠢ ᠲᠡᠳᠬᠦᠬᠦ ᠪᠦᠷᠢᠨ ᠪᠦᠲᠦᠨ ᠠᠵᠤ ᠦᠢᠯᠡᠰ ᠤᠨ | ᠬᠡᠯᠬᠢᠶ᠎ᠡ ᠶᠢ ᠪᠦᠷᠢᠨᠰᠢᠭᠦᠯᠵᠦ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠭᠦᠨᠵᠡᠭᠡᠶᠢᠷᠡᠭᠦᠯᠦᠨ ᠥᠷᠭᠡᠳᠬᠡᠵᠦ᠂ | ᠶᠠᠳᠠᠭᠤ ᠶᠢ ᠲᠡᠳᠬᠦᠬᠦ ᠦᠢᠯᠡᠥᠡᠭᠦᠨ ᠤ ᠶᠠᠰᠤ ᠴᠢᠨᠠᠷ᠂ ᠦᠷ᠎ᠡ ᠠᠰᠢᠭ ᠪᠠ ᠥᠷᠢᠰᠦᠯᠳᠦᠬᠦ ᠬᠦᠴᠦᠨ ᠢ | ᠳᠡᠭᠡᠭᠰᠢᠯᠡᠭᠦᠯᠦᠨ᠎ᠡ᠃ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠳᠡᠮᠵᠢᠯᠭᠡ ᠶᠢᠨ ᠡᠷᠴᠢᠮ ᠢᠶᠠᠨ | ᠴᠢᠩᠭᠠᠷᠠᠭᠤᠯᠵᠤ᠂ 16 ᠲᠥᠪᠯᠡᠷᠡᠭᠦᠯᠦᠨ ᠲᠥᠪᠬᠢᠨᠡᠭᠦᠯᠬᠦ ᠣᠷᠣᠨ ᠤ ᠤᠯᠠᠨ ᠨᠡᠶᠢᠲᠡ ᠶᠢᠨ ᠦᠢᠯᠡᠴᠢᠯᠡᠭᠡᠨ ᠤ | ᠰᠠᠭᠤᠷᠢ ᠲᠥᠬᠦᠭᠡᠷᠦᠮᠵᠢ ᠶᠢ ᠢᠵᠢ ᠪᠦᠷᠢᠲᠦᠭᠦᠯᠵᠦ ᠲᠡᠭᠦᠯᠳᠡᠷᠵᠢᠭᠦᠯᠦᠨ᠎ᠡ᠃ ᠰᠢᠶᠠᠩ ᠪᠠᠯᠭᠠᠰᠤᠨ ᠤ ᠬᠥᠳᠡᠯᠮᠦᠷᠢ | ᠦᠢᠯᠡᠴᠢᠯᠡᠭᠡ ᠲᠣᠮᠢᠯᠠᠬᠤ ᠺᠣᠮᠫᠠᠨᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠲᠡ ᠶᠢᠨ ᠠᠰᠠᠷᠠᠮᠵᠢ ᠶᠢᠨ | ᠠᠵᠢᠯ ᠤᠨ ᠪᠠᠶᠢᠷᠢ ᠶᠢ ᠵᠦᠢ ᠵᠣᠬᠢᠰᠲᠠᠢ ᠨᠢᠭᠡᠳᠦᠯᠲᠡᠢ ᠲᠥᠯᠥᠪᠯᠡᠨ᠂ ᠶᠠᠳᠠᠭᠤ ᠠᠴᠠ ᠠᠩᠭᠢᠵᠢᠷᠠᠭᠰᠠᠨ ᠬᠥᠮᠦᠨ | ᠠᠮᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠶᠢ ᠠᠬᠢᠭᠤᠯᠤᠨ᠎ᠠ᠃ ᠵᠡᠭᠦᠨ ᠪᠠᠷᠠᠭᠤᠨ | ᠣᠷᠣᠨ ᠤ ᠬᠠᠮᠵᠢᠯᠴᠠᠭ᠎ᠠ ᠪᠠ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ ᠠᠵᠤ | ᠦᠢᠯᠡᠰ ᠤᠨ ᠰᠢᠯᠵᠢᠯᠲᠡ᠂ ᠬᠥᠳᠡᠯᠮᠦᠷᠢ ᠬᠦᠴᠦᠨ ᠤ ᠬᠠᠮᠵᠢᠯᠴᠠᠭ᠎ᠠ᠂ ᠴᠢᠳᠠᠪᠤᠷᠢᠲᠠᠨ ᠤ ᠳᠡᠮᠵᠢᠯᠭᠡ ᠵᠡᠷᠭᠡ ᠬᠥᠷᠢᠶ᠎ᠠ | ᠴᠠᠷᠢᠶᠠᠠ ᠤ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠶᠠᠳᠠᠭᠤ ᠶᠢ ᠲᠡᠳᠬᠦᠬᠦ ᠪᠡᠯᠡ ᠮᠥᠩᠭᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ | ᠠᠯᠳᠠᠭᠳᠠᠬᠤ ᠶᠢ ᠴᠢᠩᠭ᠎ᠠ ᠰᠡᠷᠭᠡᠶᠢᠯᠡᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠥᠬᠦ | ᠬᠥᠴᠤᠨ ᠢᠶᠠᠷ ᠲᠠᠮᠵᠢᠵᠦ ᠪᠠᠶᠢᠭᠰᠠᠨ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ | ᠠᠬᠢᠭᠤᠯᠬᠤ ᠲᠡᠶᠢᠰᠢ ᠯᠠᠪᠳᠠᠭᠤᠨ ᠰᠢᠯᠵᠢᠨ᠎ᠠ᠃ | ᠲᠣᠰᠬᠤᠨ ᠤ ᠪᠠᠶᠢᠭᠤᠯᠤᠯᠲᠠ ᠪᠠᠷ ᠰᠠᠭᠤᠷᠢ ᠪᠠᠨ ᠴᠢᠩᠭᠠᠳᠬᠠᠵᠤ᠂ ᠬᠥᠳᠡᠭᠡ ᠲᠣᠰᠬᠤᠨ ᠢ ᠣᠷᠣᠰᠢᠨ | ᠰᠠᠭᠤᠵᠤ ᠦᠢᠯᠡᠰ ᠪᠤᠰᠬᠠᠬᠤ ᠳᠤ ᠲᠣᠬᠢᠷᠠᠮᠵᠢᠲᠠᠶ ᠪᠤᠯᠭᠠᠬᠤ ᠪᠠᠷ ᠬᠥᠴᠤᠯᠠᠠ ᠴᠠᠷᠮᠠᠶᠢᠨ᠎ᠠ᠃ ᠣᠨᠴᠠᠯᠢᠭᠲᠤ ᠠᠵᠤ | ᠦᠢᠯᠡᠰ ᠢ ᠬᠥᠭᠵᠢᠭᠦᠯᠵᠦ᠂ ᠭᠠᠵᠠᠷ ᠰᠢᠷᠣᠶ ᠶᠢᠨ ᠠᠰᠢᠭᠯᠠᠯᠲᠠ᠂ ᠠᠵᠤ ᠦᠢᠯᠡᠰ ᠤᠨ ᠬᠥᠭᠵᠢᠯᠲᠡ᠂ ᠠᠮᠢ | ᠠᠬᠤᠶ ᠶᠢᠨ ᠬᠠᠮᠠᠭᠠᠯᠠᠯᠲᠠ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠨᠢᠭᠡ ᠪᠦᠯᠦᠭ ᠦᠪᠡᠷ ᠤᠨ ᠢᠶᠠᠨ ᠣᠨᠴᠠᠯᠢᠭ ᠲᠠᠢ ᠲᠠᠷᠢᠮᠠᠯ ᠤᠨ ᠬᠦᠷᠢᠶᠠᠯᠠᠩ᠂ | ᠤᠳᠤᠬᠢᠴᠢᠯᠠᠬᠰᠠᠠ ᠠᠵᠤ ᠦᠢᠯᠡᠰ ᠤᠨ ᠬᠦᠷᠢᠶᠡᠯᠡᠩ᠂ ᠣᠨᠴᠠᠯᠢᠭᠲᠤ ᠵᠢᠵᠢᠭ ᠪᠠᠯᠭᠠᠰᠤ᠂ ᠬᠥᠳᠡᠭᠡ ᠨᠤᠳᠤᠭ ᠤᠨ | ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠵᠤ᠂ ︽ᠨᠢᠭᠡ ᠲᠣᠰᠬᠤᠨ ᠨᠢᠭᠡ ᠲᠦᠷᠦᠯ ᠲᠡᠮᠳᠡᠭ ︾᠂ ︽ᠨᠢᠭᠡ ᠰᠢᠶᠠᠩ | ᠨᠢᠭᠡ ᠣᠨᠴᠠᠯᠢᠭ ︾ ᠲᠠᠢ ᠬᠢᠷᠢ ᠲᠥᠪᠰᠢᠨ ᠳᠤ ᠬᠥᠷᠭᠡᠨ᠎ᠠ᠃ ᠬᠥᠳᠡᠭᠡ ᠲᠣᠰᠬᠤᠨ ᠤ ᠰᠠᠭᠤᠷᠢ ᠶᠢ ᠪᠠᠳᠤᠵᠢᠭᠤᠯᠵᠤ | ᠂ ︽ᠲᠥᠷᠪᠠᠨ ᠰᠠᠶᠢᠠᠳᠠᠢ ᠬᠥᠳᠡᠭᠡ ᠶᠢᠨ ᠵᠠᠮ︾ ᠪᠠ ᠲᠠᠷᠢᠶᠠᠯᠠᠩ ᠤᠨ ᠤᠰᠤᠨ ᠠᠰᠢᠭᠯᠠᠯᠲᠠ᠂ ᠬᠦᠳᠡᠭᠡ ᠲᠤᠰᠬᠤᠨ | ᠤ ᠴᠠᠬᠢᠯᠭᠠᠨ ᠲᠤᠤᠷᠵᠢᠯ ᠢ ᠲᠠᠰ ᠲᠠᠪᠰᠢᠯᠳᠡ᠂ ᠴᠢᠮᠡᠭᠡ ᠬᠤᠯᠪᠣᠭᠠᠨ ᠤ ᠲᠣᠤᠷ ᠰᠦᠯᠵᠢᠶ᠎ᠡ ᠵᠡᠷᠭᠡ | ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠬᠥᠳᠡᠭᠡ ᠲᠣᠰᠬᠤᠨ ᠤ | ᠣᠷᠴᠢᠨ ᠲᠣᠭᠤᠷᠢᠨ ᠢ ᠰᠢᠯᠢᠳᠡᠭᠵᠢᠭᠦᠯᠵᠦ᠂ ︽ᠵᠣᠷᠯᠣᠩ ᠤᠨ ᠥᠭᠡᠷᠡᠴᠢᠯᠡᠯᠳᠡ︾ ᠶᠢ ᠭᠦᠨᠵᠡᠭᠡᠶ ᠠᠬᠢᠭᠤᠯᠵᠤ᠂ 1. | 5 ᠲᠦᠮᠡᠨ ᠡᠷᠦᠬᠡ ᠶᠢᠨ ᠵᠣᠷᠯᠣᠩ ᠢ ᠥᠭᠡᠷᠡᠴᠢᠯᠡᠨ ᠰᠢᠨᠠᠳᠭᠡᠵᠦ᠂ ᠴᠡᠪᠡᠷ ᠠᠷᠢᠭᠤᠨ ᠵᠣᠷᠯᠣᠩ ᠢ | ᠲᠦᠭᠡᠮᠡᠯᠵᠢᠭᠦᠯᠦᠭᠰᠡᠨ ᠨᠣᠷᠮ᠎ᠠ ᠶᠢ 55% ᠠᠴᠠ ᠲᠠᠪᠠᠭᠤᠯᠵᠤ ᠂ ᠵᠤᠷᠯᠤᠩ ᠤᠨ ᠦᠭᠡᠷᠡᠴᠢᠯᠡᠯᠳᠠ ᠶᠢᠨ ᠲᠠᠷᠠᠭᠠᠬᠢ | ᠬᠠᠮᠢᠶᠠᠷᠤᠯᠳᠠ ᠶᠢ ᠴᠢᠩᠭᠠᠥᠡᠬᠠᠵᠦ᠂ ︽ᠬᠠᠮᠢᠶᠠᠷᠬᠤ ᠬᠤᠷᠢᠶᠠᠬᠤ ᠬᠡᠷᠡᠭᠯᠡᠬᠦ ︾ ᠤᠷᠳᠤ ᠬᠤᠭᠤᠴᠠᠭᠠᠨ ᠤ | ᠪᠦᠳᠦᠮᠵᠢᠳᠡᠢ ᠲᠣᠭᠲᠠᠴᠠ ᠶᠢ ᠪᠠᠶᠢᠭᠤᠯᠤᠨ᠎ᠠ᠃ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ ᠵᠠᠰᠠᠬᠤ | ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠠᠶᠢᠯ ᠲᠣᠰᠬᠤᠨ ᠤ ᠬᠤᠭ ᠨᠣᠪᠰᠢ ᠢ ᠴᠤᠭᠯᠠᠭᠤᠯᠬᠤ | ᠰᠢᠰᠲ᠋ᠧᠮᠵᠢ ᠶᠢ ᠲᠡᠭᠦᠯᠳᠠᠷᠵᠢᠭᠦᠯᠦᠨᠠ᠃ ᠵᠠᠯᠠᠭᠤᠴᠤᠳ ᠪᠠ ᠴᠢᠳᠠᠪᠤᠷᠢᠳᠠᠳ ᠢ ᠨᠤᠳᠤᠭ ᠥᠭᠡᠳᠡ ᠪᠠᠨ ᠲᠠᠳᠠᠬᠤ | ᠢᠨᠵᠧᠨᠧᠷᠢᠩ ᠢ ᠬᠡᠷᠡᠭᠵᠢᠭᠦᠯᠵᠦ᠂ ᠨᠤᠲᠤᠭ ᠲᠠᠭᠠᠨ ᠪᠤᠴᠠᠬᠰᠠᠳ ᠤᠨ ᠠᠳᠠᠯ ᠦᠢᠯᠡᠰ ᠪᠤᠰᠬᠠᠬᠤ ᠶᠢ ᠲᠡᠮᠵᠢᠬᠦ | ᠲᠥᠷᠥ ᠶᠢᠨ ᠪᠣᠳᠣᠯᠭ᠎ᠠ ᠪᠠᠨ ᠴᠢᠩᠭᠠᠷᠠᠭᠤᠯᠤᠨ᠂ ᠨᠠᠩ ᠣᠯᠠᠨ ᠴᠢᠳᠠᠪᠤᠷᠢᠲᠠᠨ᠂ ᠬᠥᠷᠥᠩᠭᠡ᠂ ᠮᠡᠷᠭᠡᠵᠢᠯ ᠵᠡᠷᠭᠡ | ᠴᠢᠬᠤᠯᠡ ᠡᠯᠧᠮᠧᠨ᠋ᠲ ᠶᠢ ᠬᠥᠳᠡᠭᠡ ᠲᠣᠰᠬᠤᠨ ᠳᠠᠰᠢ ᠲᠠᠳᠠᠵᠦ ᠰᠢᠯᠵᠢᠭᠦᠯᠦᠨ᠎ᠡ᠃ ᠨᠤᠳᠤᠭ ᠲᠠᠭᠠᠨ ᠪᠠᠶᠢᠭ᠎ᠠ | ᠴᠢᠳᠠᠪᠤᠷᠢᠳᠠᠠ ᠢ ᠰᠠᠶᠢᠳᠤᠷ ᠠᠰᠢᠬᠯᠠᠵᠤ᠂ ᠰᠢᠨ᠎ᠡ ᠬᠡᠯᠪᠡᠷᠢ ᠶᠢᠨ ᠠᠵᠢᠯ ᠮᠠᠷᠭᠡᠵᠢᠯ ᠲᠠᠢ ᠮᠠᠯᠴᠢᠨ ᠲᠠᠷᠢᠶᠠᠴᠢᠨ 500 | ᠬᠥᠮᠦᠨ ᠬᠥᠮᠦᠵᠢᠭᠦᠯᠵᠦ᠂ ︽ᠨᠢᠭᠡ ᠬᠥᠮᠦᠨ ᠢ ᠬᠥᠮᠤᠵᠢᠬᠦᠯᠵᠤ᠂ ᠨᠢᠭᠡ ᠲᠣᠰᠬᠤᠨ ᠢ ᠲᠠᠶᠢᠴᠢᠯᠠᠬᠤ︾ ᠬᠠᠷᠠᠯᠳᠡ ᠶᠢ | ᠪᠡᠶᠡᠯᠡᠭᠦᠯᠦᠨ᠎ᠡ᠃ | ᠥᠭᠡᠷᠡᠴᠢᠯᠡᠯᠲᠡ ᠪᠠᠷ ᠬᠥᠭᠵᠢᠯᠲᠡ ᠶᠢ ᠠᠬᠢᠭᠤᠯᠵᠤ᠂ ᠴᠢᠨᠠᠷ ᠰᠠᠶᠢᠲᠠᠢ ᠥᠨᠳᠥᠷ ᠥᠷ᠎ᠠ ᠪᠥᠳᠥᠮᠵᠢᠳᠤ | ᠲᠠᠷᠢᠶᠠᠯᠠᠩ ᠤᠨ ᠬᠥᠭᠵᠢᠯᠳᠡ ᠳᠤ ᠠᠮᠢᠵᠢᠷᠠᠯ ᠤᠨ ᠬᠦᠴᠦᠨ ᠨᠡᠮᠡᠷᠢᠯᠡᠨ᠎ᠠ᠃ ᠬᠥᠳᠡᠭᠡ ᠲᠣᠰᠬᠤᠨ ᠤ ︽ᠭᠤᠷᠪᠠ ᠶᠢ | ᠬᠤᠪᠢᠷᠠᠭᠤᠯᠬᠤ︾ ᠥᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠠᠵᠤ ᠠᠬᠤᠶᠢᠯᠠᠯ᠂ ᠲᠠᠷᠢᠶᠠᠴᠢᠨ ᠡᠷᠦᠬᠡ ᠬᠢᠭᠡᠳ | ᠵᠠᠬ᠎ᠠ ᠳᠡᠯᠭᠡᠭᠦᠷ ᠤᠨ ᠣᠷᠭᠠᠨᠢᠭ ᠤᠶᠠᠯᠳᠤᠯ ᠶᠢ ᠠᠬᠢᠭᠤᠯᠤᠨ᠎ᠠ᠃ ᠲᠣᠰᠬᠤᠨ ᠤ ᠭᠠᠵᠠᠷ ᠰᠢᠷᠣᠶ ᠶᠢᠨ | ᠡᠵᠡᠩᠨᠠᠯᠳᠠ ᠶᠢᠨ ᠡᠷᠭᠡ ᠶᠢ ᠰᠢᠯᠵᠢᠬᠦᠯᠬᠦ ᠲᠥᠪ ᠢ ᠰᠠᠳᠤᠨ ᠪᠠᠶᠢᠭᠤᠯᠵᠤ᠂ ᠭᠠᠵᠠᠷ ᠰᠢᠷᠣᠶ ᠶᠢᠨ ᠬᠤᠪᠢ | ᠤᠷᠤᠭᠤᠯᠬᠤ᠂ ᠰᠢᠯᠵᠢᠬᠦᠯᠤᠨ ᠡᠵᠡᠩᠨᠠᠬᠦᠯᠬᠦ᠂ ᠨᠠᠶᠢᠳᠠᠨ ᠬᠠᠮᠢᠶᠠᠷᠤᠭᠤᠯᠬᠤ᠂ ᠬᠠᠮᠲᠤᠷᠠᠨ ᠬᠠᠭᠠᠪᠤᠷᠢᠯᠠᠵᠦ ᠬᠠᠮᠲᠤᠷᠠᠨ | ᠲᠠᠷᠢᠬᠤ ᠵᠡᠷᠭᠡ ᠣᠯᠠᠨ ᠵᠦᠢᠯ ᠤᠨ ᠡᠵᠡᠩᠨᠡᠯᠲᠡ ᠶᠢᠨ ᠠᠷᠭ᠎ᠠ ᠮᠠᠶ᠋ᠢᠭ ᠢ ᠭᠡᠷᠡᠭᠵᠢᠬᠦᠯᠬᠦ ᠪᠠᠷ ᠲᠠᠮᠵᠢᠠ᠂ ᠭᠠᠵᠠᠷ | ᠰᠢᠷᠣᠶ ᠶᠢᠨ ᠡᠵᠡᠩᠨᠠᠯᠳᠠ ᠶᠢᠨ ᠡᠷᠭᠡ ᠶᠢ ᠰᠢᠯᠵᠢᠬᠦᠯᠥᠭᠰᠡᠨ ᠨᠣᠷᠮ᠎ᠠ 65 % ᠬᠥᠷᠭᠡᠬᠦ ᠪᠠᠷ ᠴᠢᠷᠮᠠᠶᠢᠨ᠎ᠠ᠃ | ᠬᠡᠪᠴᠢᠶ᠎ᠡ ᠵᠣᠬᠢᠰᠲᠠᠶ᠂ ᠦᠢᠯᠡᠥᠡᠪᠦᠷᠢᠯᠡᠯ ᠡᠷᠴᠢᠮᠯᠢᠭ᠂ ᠦᠷ᠎ᠡ ᠠᠰᠢᠭ ᠰᠠᠶᠢᠳᠠᠢ ᠨᠢᠭᠡ ᠪᠦᠯᠦᠭ ᠬᠤᠷᠰᠢᠭᠰᠠᠨ | ᠵᠣᠬᠢᠶᠠᠨ ᠪᠠᠶᠢᠭᠤᠯᠤᠯᠲᠠ᠂ ᠲᠠᠷᠢᠮᠠᠯ ᠲᠠᠵᠢᠭᠡᠪᠤᠷᠢ ᠶᠢᠨ ᠲᠣᠮᠣ ᠡᠷᠦᠬᠡ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ | ᠲᠠᠯᠠᠪᠠᠶ ᠶᠢ ᠲᠡᠳᠬᠦᠨ ᠪᠤᠶᠢᠵᠢᠭᠤᠯᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠴᠢᠳᠠᠪᠤᠷᠢ ᠪᠠᠷ ᠴᠢᠩᠭ᠎ᠠ ᠰᠢᠨ᠎ᠡ | ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ100 ᠡᠷᠦᠭᠡ ᠬᠦᠮᠦᠵᠢᠭᠦᠯᠦᠨ᠎ᠠ᠃ ᠨᠡᠶᠢᠲᠡ ᠶᠢᠨ ᠠᠰᠢᠭ | ᠲᠤᠰᠠ ᠳᠤ ᠬᠤᠯᠪᠤᠬᠳᠠᠬᠤ ᠭᠠᠵᠠᠷ ᠰᠢᠷᠤᠢ ᠶᠢ ᠲᠠᠳᠠᠪᠤᠷᠢᠯᠠᠠ ᠭᠡᠷᠡᠭᠯᠡᠬᠦ ᠶᠢ ᠬᠢᠨᠠᠠ ᠲᠣᠭᠲᠠᠭᠠᠬᠤ ᠲᠣᠭᠲᠠᠴᠠ ᠶᠢ | ᠪᠠᠶᠢᠭᠤᠯᠵᠤ᠂ ᠭᠠᠵᠠᠷ ᠰᠢᠷᠣᠢ ᠪᠠᠨ ᠠᠯᠳᠠᠬᠰᠠᠠ ᠲᠠᠷᠢᠶᠠᠴᠢᠨ ᠪᠠ ᠬᠠᠮᠲᠤ ᠨᠢᠭᠡᠴᠡ ᠶᠢᠨ ᠡᠷᠬᠡ ᠠᠰᠢᠭ ᠢ | ᠬᠠᠮᠠᠭᠠᠯᠠᠨ᠎ᠠ᠃ ︽ᠨᠠᠢᠮᠠᠨ ᠡᠰᠠ ᠵᠥᠪᠰᠢᠶᠡᠷᠡᠬᠦ︾ ᠲᠤᠬᠳᠠᠭᠠᠯ ᠢ ᠡᠷᠡᠰ ᠲᠤᠭᠤᠰᠢᠯᠠᠭᠤᠯᠵᠦ᠂ ︽ᠨᠢᠭᠡ | ᠡᠷᠦᠬᠡ ᠶᠢᠨ ᠨᠢᠭᠡ ᠣᠷᠣᠨ ᠰᠠᠭᠤᠴᠠ︾ ᠶᠢᠨ ᠲᠥᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠰᠠᠯᠪᠤᠷᠢ | ᠰᠢᠶᠠᠩ ᠤᠨ ︽ᠭᠤᠷᠪᠠᠨ ᠵᠠᠰᠠᠯᠳᠠ ᠶᠢ ᠨᠢᠭᠡᠳᠬᠡᠬᠦ︾ ᠲᠤᠷᠰᠢᠯᠭ᠎ᠠ ᠶᠢ ᠦᠷᠭᠦᠯᠵᠢᠯᠡᠨ ᠳᠡᠯᠭᠡᠷᠡᠭᠦᠯᠵᠦ᠂ ᠨᠡᠶᠢᠭᠡᠮ ᠤᠨ | ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠰᠠᠶᠢᠨ ᠰᠠᠶᠢᠬᠠᠨ ᠭᠡᠷ ᠤᠨ | ᠰᠤᠷᠲᠠᠯ ᠢ ᠬᠦᠮᠦᠵᠢᠭᠦᠯᠵᠦ᠂ ᠪᠣᠯᠪᠠᠰᠤᠨ ᠶᠤᠰᠤᠷᠬᠠᠭ ᠨᠤᠲᠤᠭ ᠤᠨ ᠰᠤᠷᠲᠠᠯ ᠢ ᠪᠤᠢ ᠪᠣᠯᠭᠠᠵᠤ᠂ ᠢᠲᠡᠭᠡᠯ | ᠵᠢᠷᠤᠮᠯᠠᠭᠰᠠᠳ ᠢ ᠬᠤᠯᠪᠣᠭᠠᠯᠠᠨ ᠬᠦᠬᠢᠭᠦᠯᠵᠤ᠂ ᠢᠲᠡᠭᠡᠯ ᠠᠯᠳᠠᠭᠰᠠᠳ ᠢ ᠬᠤᠯᠪᠣᠭᠠᠯᠠᠨ ᠴᠡᠭᠡᠷᠯᠡᠭᠦᠯᠬᠦ ᠰᠠᠶᠢᠨ | ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ | ︵ᠲᠦᠷᠪᠡ︶ ᠨᠤᠭᠤᠭᠠᠨ ᠥᠩᠭᠡ ᠳᠤ ᠰᠠᠭᠤᠷᠢᠯᠠᠠ ᠠᠮᠢ ᠠᠬᠤᠶ ᠶᠢ ᠬᠥᠭᠵᠢᠬᠦᠯᠵᠦ᠂ ᠪᠣᠬᠢᠷᠲᠤᠯ ᠥᠬᠡᠶ | ᠬᠥᠭᠵᠢᠯᠲᠡ ᠶᠢᠨ ᠤᠨᠤᠯᠵᠢᠬᠤᠨ ᠢ ᠭᠦᠨᠵᠡᠭᠡᠶ ᠦᠢᠯᠡᠳᠦᠯᠭᠡᠵᠢᠭᠦᠯᠦᠨ᠎ᠠ | ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠪᠣᠬᠢᠷᠲᠤᠯ ᠢ ᠰᠡᠷᠭᠡᠶᠢᠯᠡᠨ ᠵᠠᠰᠠᠭᠰᠠᠨ ᠥᠷ᠎ᠠ ᠪᠥᠳᠥᠭᠡᠯ ᠢᠶᠠᠨ | ᠰᠠᠶᠢᠳᠤᠷ ᠬᠠᠮᠠᠭᠠᠯᠠᠨ᠎ᠠ᠃ ᠡᠯ᠎ᠡ ᠱᠠᠲᠤᠨ ᠤ ᠲᠣᠭᠤᠷᠢᠨ ᠦᠵᠡᠵᠦ ᠱᠠᠯᠠᠪᠳᠠᠭᠤᠯᠤᠨ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠴᠡᠭᠴᠡᠯᠡᠨ | ᠰᠠᠶᠢᠵᠢᠷᠠᠭᠤᠯᠬᠤ ᠡᠭᠦᠷᠭᠡ ᠪᠠᠨ ᠬᠤᠭᠤᠴᠠᠭ᠎ᠠ ᠶᠤᠰᠤᠭᠠᠷ ᠪᠡᠶᠡᠯᠡᠭᠦᠯᠦᠨ᠎ᠡ᠃ ᠨᠢᠭᠡ ᠠᠴᠠ ᠨᠥᠭᠦᠭᠡ ᠶᠢ ᠵᠦᠢᠴᠢᠯᠡᠨ | ᠮᠡᠳᠡᠬᠦ ᠠᠷᠭ᠎ᠠ ᠶᠢ ᠪᠠᠷᠢᠮᠳᠠᠯᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ | ᠢᠵᠢᠯᠢᠭᠡᠨ ᠠᠰᠠᠭᠤᠳᠠᠯ ᠢ ᠲᠦᠢᠯᠪᠤᠷᠢᠲᠠᠶ ᠰᠢᠢᠥᠡᠪᠦᠷᠢᠯᠡᠬᠦ ᠶᠢ ᠪᠠᠳᠤᠯᠠᠨ᠎ᠠ᠃ ᠠᠭᠠᠷ ᠮᠠᠨᠳᠠᠯ ᠤᠨ ᠪᠣᠬᠢᠷᠲᠤᠯ ᠢ | ᠶᠡᠷᠦᠩᠬᠡᠶᠢᠯᠡᠨ ᠵᠠᠰᠠᠬᠤ ᠪᠠ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠠᠵᠢᠯ ᠢ ᠢᠳᠡᠪᠬᠢᠲᠡᠶ ᠥᠷᠨᠢᠭᠦᠯᠵᠦ᠂ | ᠠᠭᠠᠷ ᠤᠨ ᠴᠡᠪᠡᠷᠰᠢᠯᠳᠡ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠤᠰᠤᠨ ᠤ ᠡᠬᠢ ᠪᠠᠶᠠᠯᠢᠭ ᠤᠨ ᠬᠠᠮᠤᠭ ᠤᠨ | ᠴᠢᠩᠭ᠎ᠠ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠤᠰᠤ ᠠᠷᠪᠢᠯᠠᠬᠤ ᠭᠡᠯᠡᠪᠷᠢ ᠶᠢᠨ ᠨᠠᠶᠢᠭᠡᠮ ᠤᠨ | ᠪᠠᠶᠢᠭᠤᠯᠤᠯᠳᠠ ᠶᠢ ᠠᠬᠢᠭᠤᠯᠵᠤ᠂ ᠤᠷᠳᠤᠮᠵᠢᠳᠦ ᠴᠢᠨᠠᠷᠳᠠᠢ ᠬᠥᠭᠵᠢᠬᠦᠯᠥᠯᠳᠡ ᠶᠢ ᠪᠠᠳᠤᠯᠠᠨ᠎ᠠ᠃ ᠬᠢᠮᠢ ᠶᠢᠨ | ᠪᠣᠷᠳᠣᠭᠤᠷ᠂ ᠲᠠᠷᠢᠶᠠᠨ ᠡᠮ ᠤᠨ ᠭᠡᠷᠡᠭᠯᠡᠬᠦ ᠬᠡᠮᠵᠢᠶ᠎ᠡ ᠶᠢ ᠪᠠᠭᠠᠰᠬᠠᠬᠤ ᠪᠠ ᠬᠥᠷᠥᠰᠥ ᠰᠢᠷᠣᠶ ᠶᠢᠨ ᠪᠣᠬᠢᠷᠲᠤᠯ ᠢ | ᠵᠠᠰᠠᠬᠤ ᠠᠵᠢᠯ ᠢ ᠲᠦᠯᠬᠢᠨ ᠠᠬᠢᠭᠤᠯᠵᠤ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠪᠠᠭᠠᠰᠬᠠᠨ᠎ᠠ᠃ | ᠥᠷ᠎ᠠ ᠪᠥᠳᠥᠭᠡᠯ ᠢᠶᠠᠨ ᠪᠠᠳᠤᠳᠬᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠵᠢᠨᠰᠠᠭᠤᠷᠢ ᠶᠢ | ᠪᠠᠬᠢᠵᠢᠭᠦᠯᠦᠨ᠎ᠡ᠃ 13 ᠲᠦᠮᠡᠨ ᠮᠦ ᠣᠶᠢᠵᠢᠭᠤᠯᠤᠯᠲᠠ ᠶᠢᠨ ᠡᠬᠦᠷᠭᠡ ᠶᠢ ᠪᠡᠶᠡᠯᠡᠭᠦᠯᠦᠨ᠎ᠠ᠃ ᠣᠶ ᠰᠢᠭᠤᠶ ᠶᠢᠨ | ᠡᠵᠡᠩᠨᠡᠯᠲᠡ ᠶᠢᠨ ᠥᠭᠡᠷᠡᠴᠢᠯᠡᠯᠲᠡ ᠶᠢ ᠯᠠᠪᠳᠠᠭᠤᠨ ᠠᠬᠢᠭᠤᠯᠵᠤ᠂ ᠤᠯᠤᠰ ᠤᠨ ᠣᠶ ᠰᠢᠭᠤᠶ ᠶᠢᠨ ᠡᠵᠡᠩᠨᠡᠯᠲᠡ ᠶᠢᠨ | ᠲᠤᠷᠰᠢᠯᠲᠠ ᠶᠢᠨ ᠴᠡᠭ ᠪᠤᠯᠤᠬᠰᠠᠠ ᠠᠵᠠ ᠲᠣᠬᠢᠶᠠᠯ ᠢᠶᠠᠷ ᠣᠶ ᠰᠢᠭᠤᠶ ᠶᠢᠨ ᠵᠠᠰᠠᠯᠲᠠ ᠥᠭᠡᠷᠡᠴᠢᠯᠡᠯᠲᠡ ᠪᠠᠷ ᠠᠮᠢ | ᠠᠬᠤᠶ ᠶᠢᠨ ᠰᠡᠷᠬᠦᠭᠡᠯᠳᠡ ᠪᠠ ᠠᠵᠤ ᠦᠢᠯᠡᠰ ᠤᠨ ᠬᠥᠭᠵᠢᠯᠲᠡ ᠶᠢ ᠲᠠᠶᠢᠴᠢᠯᠠᠨ᠎ᠠ᠃ ᠪᠡᠭᠡᠵᠢᠩ ᠲᠢᠶᠠᠨᠵᠢᠨ ᠤ | ᠡᠷᠭᠢᠨ ᠲᠣᠭᠤᠷᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠤᠨ ᠨᠤᠲᠤᠭ ᠪᠡᠯᠴᠢᠭᠡᠷ ᠢ ᠬᠠᠮᠠᠭᠠᠯᠠᠵᠤ | ᠪᠥᠳᠥᠭᠡᠨ ᠪᠠᠶᠢᠭᠤᠯᠬᠤ ᠲᠥᠷᠥᠯ ᠵᠦᠢᠯ ᠳᠤ ᠲᠦᠰᠢᠭᠯᠡᠨ᠂ 8 ᠲᠦᠮᠡᠨ ᠲᠡᠭᠰᠢ ᠳᠥᠷᠪᠡᠯᠵᠢᠨ ᠮᠧᠲᠷ ᠫᠧᠩ | ᠰᠠᠷᠠᠪᠴᠢ᠂1.1 ᠲᠦᠮᠡᠨ ᠲᠡᠭᠰᠢ ᠳᠥᠷᠪᠡᠯᠵᠢᠨ ᠮᠧᠲᠷ ᠡᠪᠡᠰᠦ ᠬᠠᠳᠠᠭᠠᠯᠠᠬᠤ ᠫᠧᠩ ᠪᠠ 1.5 ᠲᠦᠮᠡᠨ ᠪᠣᠰᠤᠭ᠎ᠠ | ᠳᠥᠷᠪᠡᠯᠵᠢᠨ ᠮᠧᠲᠷ ᠨᠣᠭᠤᠭᠠᠨ ᠳᠠᠷᠤᠰᠢ ᠶᠢᠨ ᠵᠣᠭᠤᠷᠢ ᠪᠠᠶᠢᠭᠤᠯᠬᠤ ᠡᠬᠦᠷᠭᠡ ᠶᠢ ᠲᠠᠭᠤᠰᠬᠠᠨ᠎ᠠ᠃ ᠣᠶ ᠰᠢᠭᠤᠶ | ᠡᠪᠡᠰᠦᠨ ᠤ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠶᠡᠬᠡᠪᠡᠷ ᠠᠬᠢᠭᠤᠯᠵᠤ᠂ ᠣᠶ ᠰᠢᠭᠤᠶ ᠡᠪᠡᠰᠦᠨ ᠤ | ᠠᠵᠤ ᠥᠢᠯᠠᠰ ᠠᠭᠤᠰᠤᠯᠴᠠᠨ ᠬᠥᠭᠵᠢᠭᠰᠡᠨ ᠵᠢᠱᠢᠶ᠎ᠡ ᠦᠵᠡᠭᠦᠯᠬᠦ ᠣᠷᠣᠨ ᠤ ᠲᠠᠯᠠᠪᠠᠢ10 ᠲᠦᠮᠡᠨ ᠮᠥ ᠬᠥᠷᠭᠡᠨ᠎ᠠ᠃ | ︽ᠤᠢ ᠶᠢᠨ ᠳᠠᠷᠤᠭ᠎ᠠ ᠶᠢᠨ ᠳᠦᠷᠢᠮ︾᠂ ︽ᠨᠤᠲᠤᠭ ᠪᠡᠯᠴᠢᠭᠡᠷ ᠤᠨ ᠳᠠᠷᠤᠭ᠎ᠠ ᠶᠢᠨ ᠳᠦᠷᠢᠮ︾ ᠢ ᠢᠳᠡᠪᠬᠢᠲᠡᠢ | ᠠᠬᠢᠭᠤᠯᠵᠤ᠂ ᠣᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠤᠶᠤᠠᠴᠢ ᠢᠨᠵᠧᠨᠧᠷᠢᠩ ᠢ | ᠡᠬᠢᠯᠡᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠣᠳᠣᠬᠢᠴᠢᠯᠠᠯᠲᠠ᠂ ᠤᠶᠤᠨᠴᠢᠯᠠᠯᠲᠠ᠂ ᠲᠣᠣᠷᠵᠢᠭᠤᠯᠤᠯᠲᠠ ᠶᠢ | ᠪᠡᠶᠡᠯᠡᠭᠦᠯᠦᠨ᠎ᠡ᠃ | ᠦᠷ᠎ᠡ ᠠᠰᠢᠭ ᠢ ᠨᠡᠮᠡᠭᠳᠡᠭᠦᠯᠵᠦ᠂ ᠪᠣᠬᠢᠷᠲᠤᠯ ᠦᠭᠡᠢ ᠬᠥᠭᠵᠢᠯᠲᠡ ᠶᠢᠨ ᠢᠳᠡᠪᠬᠢ ᠬᠥᠴᠤᠨ ᠢ | ᠬᠤᠷᠠᠮᠳᠤᠭᠤᠯᠤᠨ᠎ᠠ᠃ ᠣᠶ ᠶᠢᠨ ᠲᠤᠳᠤᠷᠠᠬᠢ ᠠᠵᠤ ᠠᠬᠤᠶ ᠶᠢ ᠪᠤᠵᠠᠭᠠᠶᠢᠷᠠᠭᠤᠯᠵᠤ᠂ ᠣᠶ ᠶᠢᠨ ᠲᠤᠳᠤᠷ᠎ᠠ 30 | ᠲᠦᠮᠡᠨ ᠨᠤᠭᠤᠰᠤ ᠲᠡᠵᠢᠭᠡᠵᠦ᠂ ᠬᠢᠲᠠᠳ ᠡᠮ ᠤᠨ ᠮᠠᠲ᠋ᠧᠷᠢᠶᠠᠯ ᠢ 1 ᠲᠦᠮᠡᠨ ᠮᠥ ᠲᠠᠷᠢᠨ᠎ᠠ᠃ ᠠᠮᠢ ᠠᠬᠤᠢ ᠶᠢᠨ | ᠵᠢᠭᠤᠯᠴᠢᠯᠠᠯ ᠢ ᠬᠦᠭᠵᠢᠭᠦᠯᠵᠦ᠂ ᠬᠤᠷᠴᠢᠨ ᠤ ᠡᠯᠡᠰᠤᠨ ᠤ ᠵᠢᠭᠤᠯᠴᠢᠯᠠᠯ ᠤᠨ ᠴᠡᠴᠡᠷᠯᠢᠭ᠂ ᠳ᠋ᠠ ᠾᠧᠢ ᠱᠠᠨ ᠣᠢ | ᠰᠢᠭᠤᠢ ᠶᠢᠨ ᠲᠠᠯᠠᠪᠠᠢ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ᠂ ᠰᠢᠨ ᠬᠤᠢ ᠣᠢ ᠰᠢᠭᠤᠢ ᠶᠢᠨ ᠲᠠᠯᠠᠪᠠᠢ | ᠵᠡᠷᠭᠡ 10 ᠣᠢ ᠰᠢᠭᠤᠢ ᠶᠢᠨ ᠬᠦᠷᠢᠶᠡᠯᠡᠩ ᠤᠨ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠤᠨ᠎ᠠ᠃ ᠮᠧᠩ ᠱᠤ᠋ | ᠲᠦᠮᠡᠨ ᠮᠦ ᠠᠮᠢ ᠠᠬᠤᠶ ᠶᠢᠨ ᠦᠵᠡᠮᠵᠢ ᠶᠢᠨ ᠶᠡᠷᠦᠩᠬᠡᠶᠢᠯᠡᠭᠰᠡᠨ ᠬᠥᠭᠵᠢᠯᠲᠡ ᠶᠢᠨ ᠵᠠᠭᠪᠤᠷ ᠢ ᠳᠡᠯᠭᠡᠷᠡᠭᠦᠯᠵᠦ᠂ | ᠲᠠᠷᠢᠶᠠᠯᠠᠩ ᠣᠶ ᠰᠢᠭᠤᠶ ᠶᠢᠨ ᠠᠵᠤ ᠠᠬᠤᠶᠢᠯᠠᠯ ᠪᠣᠯᠤᠨ ᠨᠡᠶᠢᠭᠡᠮ ᠤᠨ ᠲᠠᠯ᠎ᠠ ᠠᠴᠠ ᠣᠶ ᠰᠢᠭᠤᠶ ᠶᠢᠨ ᠠᠵᠤ | ᠦᠢᠯᠡᠰ ᠤᠨ ᠨᠡᠭᠡᠭᠡᠯᠲᠡ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠨᠡᠭᠦᠷᠡᠰᠦᠲᠥ᠋ᠷᠥᠭᠴᠢ ᠬᠤᠷᠠᠮᠳᠣᠭᠤᠯᠬᠤ ᠣᠢ | ᠰᠢᠭᠤᠢ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠳᠠ ᠶᠢ ᠠᠬᠢᠭᠤᠯᠵᠤ᠂ ᠠᠷᠠᠯᠵᠢᠶᠠᠨ ᠤ ᠰᠢᠰᠲ᠋ᠧᠮ ᠪᠠ ᠨᠠᠶᠢᠳᠠᠨ | ᠬᠠᠮᠢᠶᠠᠷᠤᠭᠤᠯᠬᠤ ᠰᠢᠰᠲ᠋ᠧᠮ ᠢ ᠲᠡᠭᠦᠯᠳᠡᠷᠵᠢᠭᠦᠯᠵᠦ᠂ ᠠᠮᠢ ᠠᠬᠤᠢ ᠶᠢᠨ ᠦᠷ᠎ᠡ ᠠᠰᠢᠭ ᠪᠠᠷ ᠭᠤᠤᠯ ᠪᠤᠯᠭᠠᠵᠦ᠂ ︽ | ᠭᠤᠷᠪᠠᠨ ᠦᠷ᠎ᠡ ᠠᠰᠢᠭ ᠤᠨ ᠨᠢᠭᠡᠳᠤᠯ︾ ᠲᠡᠰᠢ ᠰᠢᠯᠵᠢᠬᠦ ᠶᠢ ᠠᠬᠢᠭᠤᠯᠤᠨ᠎ᠠ᠃ | ︵ᠲᠠᠪᠤ︶ ᠴᠢᠨᠠᠷ ᠴᠢᠨᠰᠠᠭ᠎ᠠ ᠶᠢ ᠲᠠᠭᠡᠭᠰᠢᠯᠠᠬᠦᠯᠬᠦ ᠲᠠᠭᠡᠷ᠎ᠠ ᠠᠩᠬᠠᠷᠤᠯ ᠢᠶᠠᠨ ᠲᠥᠪᠯᠡᠷᠡᠭᠦᠯᠵᠦ᠂ ᠬᠤᠲᠠ | ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ | ᠬᠤᠲᠠ ᠬᠥᠳᠡᠭᠡ ᠶᠢᠨ ᠬᠥᠭᠵᠢᠯᠲᠡ ᠶᠢᠨ ᠣᠷᠣᠨ ᠵᠠᠶ ᠶᠢ ᠰᠤᠯᠠᠯᠠᠨ᠎ᠠ᠃ ᠪᠦᠬᠦ ᠬᠤᠰᠢᠭᠤᠨ ᠤ ᠤᠯᠤᠰ ᠤᠨ | ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ | ᠬᠢᠵᠦ᠂ ︽ᠭᠤᠷᠪᠠᠨ ᠲᠤᠭᠤᠷᠢᠭ ᠭᠤᠷᠪᠠᠨ ᠱᠤᠭᠤᠮ︾ ᠤᠨ ᠪᠠᠶᠢᠷᠢᠯᠠᠭᠤᠯᠤᠯᠲᠠ ᠶᠢ ᠵᠣᠬᠢᠰᠲᠠᠶ ᠲᠣᠬᠢᠷᠠᠭᠤᠯᠵᠦ᠂ | 12 ᠲᠤᠰᠬᠠᠶ ᠵᠥᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ 52 | ᠲᠤᠷᠰᠢᠯᠲᠠ ᠶᠢᠨ ᠭᠠᠴᠠᠭ᠎ᠠ ᠲᠣᠰᠬᠤᠨ ᠵᠢᠴᠢ ᠭᠤᠤᠯᠳᠠᠯᠭ᠎ᠠ ᠲᠠᠢ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠶᠢ ᠲᠠᠭᠤᠰᠬᠠᠵᠤ᠂ ᠪᠥᠬᠦ ᠬᠤᠰᠢᠭᠤᠨ ᠤ ᠤᠯᠤᠰ ᠤᠨ | ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮᠵᠢ ᠶᠢ ᠪᠠᠶᠢᠭᠤᠯᠤᠨ᠎ᠠ᠃ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠤᠢ ᠶᠢᠨ ᠬᠦᠢᠴᠡᠥᠡᠭᠡᠯ ᠲᠤᠭ᠎ᠠ ᠶᠢ ᠢᠳᠠᠪᠬᠡᠶᠢᠯᠡᠨ ᠡᠷᠮᠠᠯᠵᠠᠯᠡᠵᠦ᠂ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠤᠢ ᠶᠢᠨ ᠨᠡᠮᠡᠭᠳᠡᠯ ᠬᠠᠰᠤᠭᠳᠠᠯ ᠢ | ᠬᠤᠯᠪᠣᠭᠳᠠᠭᠤᠯᠬᠤ ᠲᠥᠷᠥᠯ ᠵᠦᠢᠯ 2466 ᠮᠦ ᠲᠠᠭᠤᠰᠬᠠᠨ᠎ᠠ᠃ ︽ᠬᠡᠷ ᠪᠠᠶᠢᠰᠢᠩ ᠭᠠᠵᠠᠷ ᠰᠢᠷᠣᠶ ᠶᠢᠨ | ᠥᠮᠴᠢᠯᠠᠬᠦ ᠡᠷᠬᠡ ᠶᠢ ᠨᠢᠭᠡᠳᠭᠡᠨ ᠳᠡᠩᠰᠡᠯᠡᠵᠦ ᠦᠨᠡᠮᠯᠡᠯ ᠣᠯᠭᠤᠬᠤ︾ ᠠᠵᠢᠯ ᠢ ᠲᠥᠷᠭᠡᠳᠭᠡᠨᠠ᠃ | ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ LXB ᠤᠰᠤ ᠲᠠᠳᠠᠬᠤ | ᠢᠨᠵᠧᠨᠧᠷᠢᠩ ᠤᠨ ᠠᠤᠬᠠᠨ ᠳᠠᠬᠢ ᠬᠤᠪᠢᠶᠠᠷᠢ ᠢᠨᠵᠧᠨᠧᠷᠢᠩ ᠢ ᠠᠬᠢᠭᠤᠯᠵᠤ᠂ ᠬᠦᠳᠦᠯ ᠭᠠᠵᠡᠷ ᠤᠨ ᠲᠠᠷᠢᠶᠠᠨ ᠤ | ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ᠢᠨᠵᠧᠨᠧᠷᠢᠩ᠂ ᠮᠥᠩᠬᠡ ᠭᠤᠣᠯ ᠤᠨ ᠮᠤᠳᠤᠠᠠᠶᠢᠯ ᠰᠢᠶᠠᠩ ᠤᠨ ᠬᠡᠰᠡᠭ | ᠳᠠᠬᠢ ᠦᠶᠡᠷ ᠢ ᠰᠡᠷᠭᠡᠶᠢᠯᠡᠬᠦ ᠢᠨᠵᠧᠨᠧᠷᠢᠩ᠂ ᠮᠠᠯᠵᠢᠬᠤ ᠲᠠᠷᠢᠶᠠᠯᠠᠬᠤ ᠣᠷᠣᠨ ᠤ 56 ᠭᠡᠰᠡᠭ ᠭᠠᠵᠠᠷ ᠲᠤ ᠢᠳᠠᠬᠦ | ᠤᠰᠤᠨ ᠤ ᠠᠶᠤᠯᠬᠦᠢ ᠢᠨᠵᠧᠨᠧᠷᠢᠩ ᠬᠡᠷᠡᠭᠵᠢᠭᠦᠯᠵᠦ᠂ ᠰᠢᠨ ᠬᠤᠢ ᠭᠤᠣᠯ ᠬᠤᠲᠠ ᠲᠣᠭᠤᠷᠢᠭ ᠤᠨ ᠬᠤᠪᠢ | ᠪᠠᠷ ᠢᠶᠠᠨ ᠮᠠᠯᠳᠠᠬᠰᠠᠠ ᠬᠤᠳᠳᠤᠭ ᠢ ᠪᠢᠲᠡᠭᠦᠮᠵᠢᠯᠡᠬᠦ ᠠᠵᠢᠯ ᠢ ᠲᠠᠭᠤᠰᠬᠠᠵᠤ᠂ ︽ᠭᠤᠣᠯ ᠤᠨ ᠳᠠᠷᠤᠭ᠎ᠠ ᠶᠢᠨ | ᠳᠦᠷᠢᠮ︾ ᠢ ᠭᠦᠨᠵᠡᠭᠡᠢ ᠨᠠᠶᠢᠳᠠᠪᠤᠷᠢᠵᠢᠭᠤᠯᠵᠦ᠂ ᠭᠤᠣᠯ ᠤᠨ ᠬᠡᠪᠡᠯᠢ ᠤᠨ ︽ᠳᠥᠷᠪᠡᠨ ᠡᠮᠬᠢ ᠪᠤᠰᠤ︾ ᠢ | ᠴᠡᠪᠡᠷᠯᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ 305 ᠤᠯᠤᠰ ᠤᠨ ᠵᠠᠮ ᠤᠨ ᠳ᠋ᠠ ᠾᠧᠢ ᠱᠠᠨ ᠠᠴᠠ | ᠬᠤᠨᠢᠠ ᠲᠠᠯᠠᠪᠠᠢ ᠬᠦᠷᠬᠦ ᠬᠡᠰᠡᠭ ᠤᠨ ᠵᠠᠮ ᠵᠠᠰᠠᠬᠤ ᠲᠦᠷᠦᠯ ᠵᠦᠢᠯ ᠤᠨ ᠵᠥᠪᠰᠢᠶᠡᠷᠯ ᠤᠯᠭᠤᠬᠤ ᠠᠵᠢᠯ ᠢ | ᠠᠬᠢᠭᠤᠯᠵᠤ᠂ ᠲᠣᠰᠬᠤᠨ ᠳᠤ ᠨᠡᠪᠲᠡᠷᠡᠬᠦ 5 ᠵᠤᠷᠪᠤᠰ ᠵᠠᠰᠠᠮᠠᠯ ᠵᠠᠮ ᠢ ᠬᠤᠣᠰ ᠲᠡᠷᠭᠡᠨ ᠵᠠᠮ ᠪᠤᠯᠭᠠᠵᠤ ᠥᠭᠡᠷᠡᠴᠢᠯᠠᠬᠦ | ᠠᠵᠢᠯ ᠢ ᠡᠬᠢᠯᠡᠭᠦᠯᠵᠦ᠂ ᠵᠢᠭᠤᠯᠴᠢᠯᠠᠯ ᠤᠨ ᠵᠠᠮ᠂ ᠠᠵᠤ ᠦᠢᠯᠡᠰ ᠤᠨ ᠵᠠᠮ᠂ ᠲᠤᠤᠷ ᠰᠥᠯᠵᠢᠶᠠᠠ ᠤ ᠵᠠᠮ ᠢ 5 | ᠵᠤᠷᠪᠤᠰ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠬᠤᠲᠠ ᠬᠥᠳᠡᠭᠡ ᠶᠢᠨ ᠨᠡᠶᠢᠲᠡ ᠶᠢᠨ ᠮᠠᠰᠢᠨ ᠪᠠ ᠠᠶᠠᠨᠴᠢᠳ | ᠤᠨ ᠮᠠᠰᠢᠨᠢ ᠨᠢᠭᠡᠨ ᠴᠣᠭᠴᠠᠵᠢᠭᠤᠯᠬᠤ ᠶᠢ ᠢᠳᠡᠪᠬᠢᠲᠡᠢ ᠠᠬᠢᠭᠤᠯᠵᠤ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ | ᠲᠠᠷᠭᠡᠨ ᠤ ᠵᠤᠬᠰᠤᠭᠠᠯ ᠢ ᠪᠠᠶᠢᠭᠤᠯᠵᠤ ᠲᠠᠭᠤᠰᠬᠠᠨ᠎ᠠ᠃ ᠹᠧᠩ ᠱᠦᠢ ᠱᠠᠨ ᠠᠭᠤᠯᠠᠨ ᠤ 66 ᠺᠢᠯᠣᠸᠠᠲ ᠤᠨ | ᠴᠠᠬᠢᠯᠭᠠᠨ ᠬᠦᠴᠦᠳᠡᠯ ᠬᠤᠪᠢᠰᠬᠠᠬᠤ ᠪᠠᠷᠢᠯᠭ᠎ᠠ ᠶᠢ ᠪᠠᠶᠢᠭᠤᠯᠵᠤ᠂ 10 ᠵᠢᠴᠢ ᠲᠠᠬᠦᠠ ᠠᠴᠠ ᠲᠤᠭᠤᠬᠰᠢᠬᠢ | ᠺᠢᠯᠣᠸᠠᠲ ᠶᠢᠨ ᠴᠠᠬᠢᠯᠭᠠᠨ ᠤᠳᠠᠰᠤ 254 ᠺᠢᠯᠤᠮᠧᠲᠷ ᠰᠢᠨᠡᠴᠢᠯᠠᠬᠦ ᠪᠤᠶᠤ ᠦᠭᠡᠷᠡᠴᠢᠯᠡᠨ᠎ᠠ᠃ | ᠬᠤᠲᠠ ᠬᠥᠳᠡᠭᠡ ᠶᠢᠨ ᠦᠢᠯᠡᠴᠢᠯᠡᠭᠡᠨ ᠤ ᠪᠥᠳᠥᠭᠡᠮᠵᠢ ᠶᠢ ᠳᠡᠭᠡᠭᠰᠢᠯᠡᠭᠦᠯᠦᠨ᠎ᠡ᠃ ᠬᠤᠲᠠ ᠲᠣᠭᠤᠷᠢᠭ ᠢ | ᠭᠤᠶᠤᠵᠢᠭᠤᠯᠬᠤ ᠢᠨᠵᠧᠨᠧᠷᠢᠩ ᠢ ᠪᠦᠬᠦ ᠲᠠᠯ᠎ᠠ ᠪᠠᠷ ᠠᠬᠢᠭᠤᠯᠵᠤ᠂ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ | ᠥᠢᠯᠡᠴᠢᠯᠡᠭᠡᠨ ᠤ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠨᠡᠶᠢᠲᠡ ᠶᠢᠨ ᠲᠡᠷᠭᠡᠨ ᠵᠣᠭᠰᠣᠭᠠᠯ | ᠪᠠ ᠲᠥᠬᠦᠷᠵᠢᠬᠦᠯᠥᠭᠰᠡᠨ ᠲᠡᠷᠭᠡᠨ ᠵᠣᠭᠰᠣᠭᠠᠯ ᠢ ᠪᠠᠶᠢᠭᠤᠯᠤᠨ᠎ᠠ᠃ 1.02 ᠳ᠋ᠦᠩᠰᠢᠭᠤᠷ ᠲᠥᠭᠦᠷᠢᠭ ᠪᠡᠯᠡ | ᠣᠷᠣᠭᠤᠯᠵᠤ᠂ ᠬᠤᠢ ᠶᠤᠸᠠᠨ ᠵᠠᠮ᠂ ᠶᠢᠨ ᠶᠤᠸᠠᠨ ᠵᠡᠭᠡᠯᠢ᠂ ᠰᠢᠩ ᠯᠦᠩ ᠵᠡᠭᠡᠯᠢ ᠵᠢᠨᠵᠠᠮ ᠢ ᠵᠠᠰᠠᠵᠤ᠂ ᠬᠤᠢ | ᠶᠤᠸᠠᠨ ᠬᠥᠭᠦᠷᠭᠡ ᠶᠢ ᠪᠠᠶᠢᠭᠤᠯᠵᠤ᠂ ᠴᠢᠩ ᠴᠢᠤᠸᠠᠨ ᠵᠠᠮ᠂ ᠶᠢᠨ ᠾᠧ ᠵᠡᠭᠡᠯᠢ ᠶᠢᠨ ᠵᠠᠮ ᠢ ᠡᠬᠢᠯᠡᠵᠦ ᠵᠠᠰᠠᠨ᠎ᠠ᠂ | ᠬᠤᠲᠠ ᠲᠣᠭᠤᠷᠢᠭ ᠤᠨ ᠮᠤᠬᠤᠷ ᠵᠠᠮ ᠢ ᠵᠠᠰᠠᠵᠤ ᠨᠡᠪᠲᠡᠷᠡᠭᠦᠯᠦᠨ᠎ᠡ᠃ ᠬᠤᠲᠠ ᠲᠣᠭᠤᠷᠢᠭ ᠲᠤ ᠲᠤᠰᠠᠭᠠᠷ | ᠤᠷᠤᠰᠢᠵᠤ ᠪᠠᠶᠢᠭ᠎ᠠ 44 ᠰᠠᠭᠤᠷᠢ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠨ᠎ᠠ᠃ | ᠬᠠᠶᠠᠬᠳᠠᠮᠠᠯ ᠤᠰᠤ ᠭᠠᠳᠠᠬᠰᠢᠭᠤᠯᠬᠤ ᠬᠤᠭᠤᠯᠠᠢ 4.5 ᠺᠢᠯᠤᠮᠧᠲᠷ ᠨᠡᠮᠡᠵᠤ ᠵᠠᠯᠭᠠᠨ᠎ᠠ᠃ ᠬᠤᠲᠠ ᠶᠢᠨ ᠴᠡᠴᠡᠷᠯᠢᠭ᠂ | ᠬᠤᠲᠠ ᠲᠣᠭᠤᠷᠢᠭ ᠤᠨ ᠪᠣᠷᠣᠭᠠᠨ ᠤ ᠤᠰᠤ ᠪᠤᠯᠤᠠ ᠪᠣᠬᠢᠷ ᠤᠰᠤ ᠶᠢ ᠰᠠᠯᠭᠠᠬᠤ᠂ ᠲᠠᠬᠢᠯᠳᠡ ᠤᠰᠤ ᠲᠠᠮᠵᠢᠭᠤᠯᠬᠤ | ᠬᠤᠭᠤᠯᠠᠢ᠂ ᠢᠯᠴᠢ ᠬᠠᠩᠭᠠᠯᠳᠠ ᠶᠢᠨ ᠬᠤᠭᠤᠯᠠᠢ ᠵᠢᠴᠢ ᠰᠢᠶᠠᠩ ᠪᠠᠯᠭᠠᠰᠤᠨ ᠤ ᠬᠤᠭ ᠨᠣᠪᠰᠢ ᠶᠢ ᠪᠤᠬᠢᠷᠳᠤᠯ ᠥᠭᠡᠢ | ᠰᠢᠢᠳᠪᠦᠷᠢᠯᠡᠬᠦ ᠵᠡᠷᠭᠡ ᠢᠨᠵᠧᠨᠧᠷᠢᠩ ᠤᠳ ᠢ ᠡᠬᠢᠯᠡᠭᠦᠯᠦᠨ᠎ᠡ᠃ ᠤᠰᠤᠨ ᠬᠠᠩᠭᠠᠯᠭ᠎ᠠ ᠶᠢᠨ ᠮᠡᠳᠡᠭᠡ ᠵᠠᠩᠭᠢᠵᠢᠯᠲᠠ ᠶᠢᠨ | ᠰᠢᠰᠲ᠋ᠧᠮ ᠵᠢᠴᠢ ᠤᠰᠤ ᠠᠷᠪᠢᠯᠠᠬᠤ ᠬᠤᠭᠤᠯᠠᠢ ᠲᠤᠤᠷᠵᠢᠯ ᠤᠨ ᠥᠭᠡᠷᠡᠴᠢᠯᠡᠯᠲᠡ ᠶᠢ ᠲᠠᠭᠤᠰᠬᠠᠨ᠎ᠠ᠃ | ᠲᠤᠬᠳᠠᠭᠠᠯ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠵᠤ᠂ ᠬᠤᠪᠢ ᠪᠠᠷ ᠢᠶᠠᠨ ᠪᠠᠷᠢᠵᠦ ᠳᠤᠷ᠎ᠠ ᠪᠠᠷ ᠢᠶᠠᠨ | ᠪᠠᠶᠢᠭᠤᠯᠤᠭᠰᠠᠨ ᠪᠠᠷᠢᠯᠭ᠎ᠠ ᠶᠢ ᠴᠡᠪᠡᠷᠯᠡᠨ ᠠᠷᠢᠯᠭᠠᠵᠤ᠂ ᠬᠤᠲᠠ ᠬᠥᠳᠡᠭᠡ ᠶᠢᠨ ᠪᠦᠬᠦᠯᠢ ᠴᠣᠭᠴᠠ ᠶᠢᠨ ᠡᠷᠬᠢᠯᠭᠡᠨ ᠤ | ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠎ᠡ᠃ | ︵ᠵᠢᠷᠭᠤᠭ᠎ᠠ︶ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ | ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠭᠦᠯᠦᠨ᠎ᠠ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠣᠯᠠᠨ ᠲᠦᠮᠡᠨ ᠤ ᠤᠯᠤᠯᠳᠠ ᠶᠢᠨ | ᠲᠥᠷᠥᠭᠳᠡᠯ ᠢ ᠨᠡᠮᠡᠭᠳᠡᠭᠦᠯᠦᠨ᠎ᠡ᠃ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ | ᠠᠵᠢᠯᠯᠠᠭ᠎ᠠ ᠶᠢ ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨ᠂ ᠬᠤᠲᠠ ᠪᠠᠯᠭᠠᠰᠤᠨ ᠤ 1400 ᠬᠥᠮᠦᠨ ᠳᠤ ᠠᠵᠢᠯ ᠣᠯᠭᠤᠵᠤ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 5% ᠶᠢᠨ ᠳᠣᠲᠣᠷ᠎ᠠ ᠬᠢᠵᠠᠭᠠᠷᠯᠠᠵᠤ᠂ ᠪᠥᠬᠦ ᠭᠡᠷ | ᠪᠠᠷ ᠢᠶᠠᠨ ᠠᠵᠢᠯ ᠥᠭᠡᠢ ᠡᠷᠤᠭᠡ ᠶᠢ ᠥᠭᠡᠶᠢᠰᠭᠡᠨᠠ᠃ ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠠᠵᠢᠯ | ᠤᠯᠭᠤᠯᠳᠠ ᠶᠢ 10 ᠲᠦᠮᠡᠨ ᠬᠥᠮᠦᠨ ᠤᠳᠠᠭ᠎ᠠ ᠠᠴᠠ ᠲᠠᠪᠠᠭᠤᠯᠤᠨ᠎ᠠ᠃ ᠴᠠᠯᠢᠩ ᠥᠷᠢᠲᠦᠬᠦ ᠠᠰᠠᠭᠤᠳᠠᠯ ᠢ | ᠦᠨᠳᠦᠰᠦᠨ ᠠᠴᠠ ᠨᠢ ᠰᠢᠢᠳᠪᠤᠷᠢᠯᠡᠭᠰᠡᠨ ᠦᠷ᠎ᠡ ᠪᠦᠲᠦᠭᠡᠯ ᠢ ᠪᠠᠳᠤᠳᠬᠠᠨ᠎ᠠ᠃ ᠪᠦᠬᠦ ᠠᠷᠠᠳ ᠢ ᠬᠠᠮᠤᠷᠤᠭᠰᠠᠨ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠠᠭᠠᠳᠬᠠᠯ ᠶᠢ ᠪᠦᠬᠦ ᠠᠷᠠᠳᠴᠢᠯᠠᠬᠤ | ᠲᠥᠯᠥᠪᠯᠡᠭᠡ ᠶᠢ ᠲᠦᠯᠬᠢᠨ ᠠᠬᠢᠭᠤᠯᠤᠨ᠎ᠠ᠃ ᠡᠮ ᠡᠮᠨᠡᠯᠭᠡ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠬᠢᠴᠢᠯᠠᠯᠳᠠ᠂ ᠪᠠᠷᠢᠮᠵᠢᠶᠠᠵᠢᠭᠤᠯᠤᠯᠳᠠ ᠶᠢᠨ | ᠬᠢᠷᠢ ᠲᠦᠪᠰᠢᠨ ᠢ ᠲᠡᠭᠡᠭᠰᠢᠯᠡᠭᠦᠯᠵᠦ᠂ ᠬᠠᠤᠯᠢ ᠶᠣᠰᠣᠭᠠᠷ ᠳᠠᠭᠠᠳᠬᠠᠯ ᠳᠤ ᠣᠷᠣᠯᠴᠠᠬᠤ᠂ ᠡᠮ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦ ᠶᠢ ᠬᠠᠤᠯᠢ ᠶᠣᠰᠣᠭᠠᠷ ᠬᠡᠷᠡᠭᠯᠡᠬᠦ ᠶᠢ ᠠᠬᠢᠭᠤᠯᠤᠨ᠎ᠠ᠃ ᠬᠡᠷ ᠲᠡᠭᠡᠨ ᠠᠰᠠᠷᠠᠬᠤ ᠪᠠ | ᠨᠡᠶᠢᠭᠡᠮ ᠲᠣᠭᠤᠷᠢᠭ ᠬᠠᠷᠭᠠᠯᠵᠠᠠ ᠠᠰᠠᠷᠠᠬᠤ ᠶᠢ ᠬᠠᠷᠢᠯᠴᠠᠠ ᠤᠶᠠᠯᠳᠤᠭᠤᠯᠤᠭᠰᠠᠨ᠂ ᠡᠮᠨᠡᠯᠭᠡ ᠳᠤ ᠰᠤᠪᠢᠯᠠᠬᠤ ᠪᠠ | ᠡᠷᠡᠭᠦᠯᠵᠢᠯ ᠤᠨ ᠭᠠᠵᠠᠷ ᠰᠤᠪᠢᠯᠠᠬᠤ ᠶᠢ ᠬᠠᠷᠢᠯᠴᠠᠨ ᠤᠶᠠᠯᠳᠤᠭᠤᠯᠤᠭᠰᠠᠨ ᠠᠰᠠᠷᠠᠮᠵᠢ ᠶᠢᠨ ᠦᠢᠯᠡᠴᠢᠯᠡᠭᠡᠨ ᠤ | ᠰᠢᠰᠲ᠋ᠧᠮ ᠢ ᠰᠥᠪᠡᠭᠴᠢᠯᠡᠵᠦ ᠬᠡᠷᠡᠭᠵᠢᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠠᠰ ᠳᠠᠪᠬᠤᠷᠭ᠎ᠠ | ᠂ ᠲᠥᠷᠥᠯ ᠵᠥᠢᠯ ᠢᠯᠭᠠᠨ ᠬᠠᠮᠢᠶᠠᠷᠴᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠨᠠᠭᠠᠳᠦ | ᠵᠠᠬ᠎ᠠ ᠵᠢᠨᠠᠮᠢᠳᠤᠷᠠᠯ ᠤᠨ ᠱᠠᠭᠠᠷᠳᠠᠯᠭ᠎ᠠ ᠶᠢ ᠥᠨᠠᠠᠬᠦ ᠪᠠᠲᠤᠯᠠᠨ᠎ᠠ᠃ ᠨᠢᠭᠦᠯᠡᠰᠦᠩᠭᠦᠶ ᠦᠢᠯᠡᠰ ᠤᠨ ᠬᠥᠭᠵᠢᠯᠲᠡ ᠶᠢ | ᠳᠡᠮᠵᠢᠵᠦ᠂ ᠡᠮᠡᠭᠲᠡᠶᠢᠴᠦᠳ ᠬᠡᠤᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠵᠡᠮᠳᠡᠭᠴᠦᠳ ᠢ | ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠎ᠡ᠃ ᠬᠤᠶᠠᠷ ᠢ ᠬᠥᠷᠢᠶᠠᠯᠠᠬᠦ ᠠᠵᠢᠯ ᠶᠢ | ᠰᠠᠶᠢᠳᠤᠷ ᠬᠢᠵᠤ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠪᠠ ᠪᠠᠲᠤᠯᠠᠭ᠎ᠠ ᠶᠢᠨ ᠬᠢᠷᠢ ᠭᠡᠮᠵᠢᠶ᠎ᠠ ᠶᠢ | ᠳᠡᠭᠡᠭᠰᠢᠯᠡᠭᠦᠯᠦᠨ᠎ᠡ᠃ | ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠰᠠᠭᠤᠭᠠᠯᠢ ᠠᠷᠠᠳ ᠤᠨ ᠵᠣᠯ | ᠵᠢᠷᠭᠠᠯᠲᠤ ᠲᠥᠷᠥᠭᠳᠡᠯ ᠢ ᠴᠢᠩᠭᠠᠷᠠᠭᠤᠯᠤᠨ᠎ᠠ᠃ ᠤᠶᠤᠨᠲᠤ ᠬᠤᠲᠠ ᠲᠣᠭᠤᠷᠢᠭ ᠤᠨ ᠪᠦᠲᠦᠭᠡᠨ ᠪᠠᠢᠭᠤᠯᠤᠯᠲᠠ ᠶᠢ | ᠠᠬᠢᠭᠤᠯᠵᠤ᠂ ᠬᠤᠲᠠ ᠶᠢᠨ ᠲᠣᠭᠤᠷᠢᠭ ᠤᠨ ︽10 ᠮᠢᠨᠦ᠋ᠲ︾ ᠤᠨ ᠠᠷᠠᠳ ᠲᠤ ᠳᠥᠭᠦᠮ ᠦᠵᠡᠭᠦᠯᠬᠦ | ᠦᠢᠯᠡᠴᠢᠯᠡᠭᠡᠨ ᠤ ᠲᠣᠭᠤᠷᠢᠭ ᠢ ᠪᠠᠶᠢᠭᠤᠯᠤᠨ᠎ᠠ᠃ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠠᠷᠠᠳ ᠤᠨ | ᠲᠥᠯᠥᠭᠡᠯᠡᠭᠴᠢᠳ ᠤᠨ ᠫᠢᠶᠤᠤ ᠢᠶᠠᠷ ᠲᠣᠭᠲᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠰᠤᠷᠭᠠᠨ | ᠬᠥᠮᠦᠵᠢᠯ ᠤᠨ ᠪᠠᠯᠠ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠬᠦᠯᠵᠦ᠂ ᠰᠢᠨ ᠬᠤᠶ ᠳᠤᠮᠳᠠᠳᠤ ᠰᠤᠷᠭᠠᠭᠤᠯᠢ ᠶᠢ | ᠨᠠᠬᠦᠯᠭᠡᠵᠤ ᠪᠠᠶᠢᠭᠤᠯᠬᠤ ᠠᠵᠢᠯ ᠢ ᠡᠬᠢᠯᠡᠭᠦᠯᠵᠦ᠂ ᠬᠡᠤᠬᠡᠳ ᠤᠨ ᠴᠡᠴᠡᠷᠯᠢᠭ 4 ᠪᠠᠶᠢᠭᠤᠯᠵᠤ᠂ 4 ᠰᠢᠶᠠᠩ | ᠪᠠᠯᠭᠠᠰᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠨᠥᠬᠦᠴᠡᠯ ᠢ ᠰᠠᠶᠢᠵᠢᠷᠠᠭᠤᠯᠤᠨ᠎ᠠ᠃ ᠲᠦᠭᠡᠮᠡᠯ ᠬᠠᠷᠠᠭᠠᠯᠵᠠᠯ ᠤᠨ | ᠴᠢᠨᠠᠷᠲᠠᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠤᠠᠴᠤᠭᠤᠢ ᠰᠤᠷᠭᠠᠨ ᠬᠥᠮᠦᠵᠢᠯ | ᠬᠢᠭᠡᠳᠦᠨᠳᠦᠰᠦᠲᠡᠨ ᠤ ᠰᠤᠷᠭᠠᠨ ᠬᠥᠮᠦᠵᠢᠯ ᠢ ᠲᠦᠯᠬᠢᠨ ᠠᠬᠢᠭᠤᠯᠤᠨ᠎ᠠ᠃ ᠰᠤᠷᠭᠠᠨ ᠬᠥᠮᠦᠵᠢᠯ ᠢ ᠬᠢᠨᠠᠨ | ᠵᠢᠯᠣᠭᠤᠳᠬᠤ ᠪᠠᠶᠢᠭᠤᠯᠤᠮᠵᠢ ᠢ ᠪᠦᠷᠢᠨᠰᠢᠭᠦᠯᠵᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠨ᠂ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠢ ᠦᠨᠡᠨᠬᠦ ᠰᠠᠶᠢᠲᠤᠷ ᠡᠷᠬᠢᠯᠡᠵᠦ᠂ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ᠂ ᠨᠠᠶᠢᠳᠠᠨ ᠬᠠᠮᠢᠶᠠᠷᠤᠭᠤᠯᠬᠤ ᠪᠠᠶᠢᠭᠤᠯᠭ᠎ᠠ ᠶᠢ ᠵᠢᠷᠤᠮᠵᠢᠭᠤᠯᠤᠨ᠎ᠠ᠃ | ︽ᠡᠷᠡᠭᠦᠯ ᠡᠩᠬᠡ ᠠᠤᠬᠠᠨ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠬᠤᠰᠢᠭᠤᠨ ᠤ ᠡᠮᠨᠡᠯᠭᠡ ᠶᠢᠨ | ᠬᠤᠷᠢᠶ᠎ᠠ ᠶᠢᠨ ᠰᠢᠨ᠎ᠡ ᠰᠠᠭᠤᠴᠠ ᠶᠢ ᠪᠠᠶᠢᠭᠤᠯᠤᠨ ᠲᠠᠭᠤᠰᠬᠠᠵᠤ ᠠᠰᠢᠭᠯᠠᠯᠲᠠ ᠳᠤ ᠤᠷᠤᠭᠤᠯᠬᠤ ᠶᠢ ᠪᠠᠳᠤᠯᠠᠵᠦ᠂ | ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ | ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠎ᠡ᠃ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠲᠦᠯᠦᠪᠯᠡᠯᠭᠡᠳᠦ | ᠦᠷᠡᠵᠢᠯ ᠤᠨ ᠦᠢᠯᠡᠴᠢᠯᠡᠭᠡᠨ ᠤ ᠲᠥᠪ ᠢ ᠥᠷᠭᠡᠳᠬᠡᠨ ᠪᠠᠶᠢᠭᠤᠯᠬᠤ ᠪᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠲᠥᠪ ᠤᠨ ᠶᠡᠷᠦᠩᠬᠡᠶᠢᠯᠡᠭᠰᠡᠨ ᠠᠰᠠᠷ᠂ ᠬᠤᠰᠢᠭᠤᠨ ᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ | ᠲᠤᠰᠠᠭᠠᠷᠯᠠᠬᠤ ᠤᠷᠤᠠ ᠪᠠᠶᠢᠭᠤᠯᠬᠤ ᠶᠢ ᠠᠬᠢᠭᠤᠯᠤᠨ᠎ᠠ᠃ ᠬᠥᠮᠦᠨ ᠠᠮᠠ ᠶᠢᠨ ᠲᠡᠩᠴᠡᠭᠦᠷᠢ ᠪᠠ | ᠨᠠᠰᠤᠳᠠᠶᠢᠴᠤᠤᠯ ᠤᠨ ᠡᠷᠡᠭᠦᠯ ᠮᠡᠨᠳᠦ ᠶᠢ ᠪᠠᠳᠤᠯᠠᠬᠤ ᠠᠵᠢᠯ ᠢ ᠰᠠᠶᠢᠲᠤᠷ ᠠᠳᠬᠤᠵᠤ᠂ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠠᠵᠢᠯᠯᠭᠠᠠ ᠢ ᠭᠦᠨᠵᠡᠭᠡᠢ ᠥᠷᠨᠢᠭᠦᠯᠦᠨ᠎ᠡ᠃ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠰᠣᠶᠣᠯ ᠢ ᠬᠥᠳᠡᠭᠡ ᠬᠥᠷᠭᠡᠬᠦ ᠵᠡᠷᠭᠡᠡᠯ᠎ᠡ ᠵᠥᠢᠯ ᠤᠨ ᠣᠯᠠᠨ | ᠲᠦᠮᠡᠨᠴᠢ ᠴᠢᠨᠠᠷᠲᠠᠶ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠲᠥᠯᠥᠪᠯᠡᠭᠡ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ | ᠶᠡᠷᠦᠩᠬᠡᠶᠢᠯᠡᠨ ᠵᠠᠰᠠᠬᠤ ᠶᠠᠰᠤ ᠴᠢᠨᠠᠷ ᠦᠷ᠎ᠡ ᠪᠦᠲᠦᠮᠵᠢ ᠶᠢ ᠴᠢᠩᠭᠠᠳᠬᠠᠵᠤ᠂ ᠣᠯᠠᠨ ᠨᠡᠶᠢᠲᠡ ᠶᠢᠨ ᠠᠮᠤᠷ | ᠲᠦᠪᠰᠢᠨ ᠤ ᠲᠥᠷᠥᠭᠳᠡᠯ ᠢ ᠳᠡᠭᠡᠭᠰᠢᠯᠡᠭᠦᠯᠦᠨ᠎ᠡ᠃ ︽ᠲᠠᠪᠤᠨ ᠡᠷᠦᠬᠡ ᠬᠤᠯᠪᠣᠭᠠᠯᠠᠨ ᠪᠠᠲᠤᠯᠠᠬᠤ᠂ ᠠᠷᠪᠠᠨ ᠡᠷᠦᠬᠡ | ᠬᠤᠯᠪᠣᠭᠠᠯᠠᠨ ᠰᠡᠷᠭᠡᠶᠢᠯᠡᠬᠦ︾ ᠪᠠᠷ ᠦᠨᠳᠦᠰᠦᠨ ᠱᠠᠲᠤᠨ ᠤ ᠵᠠᠰᠠᠯᠲᠠ ᠶᠢᠨ ᠴᠢᠬᠤᠯᠠ ᠭᠠᠷᠳᠠᠴᠠ ᠪᠣᠯᠭᠠᠵᠤ᠂ ᠰᠢᠨ᠎ᠡ | ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠨᠡᠶᠢᠭᠡᠮ ᠤᠨ ᠵᠥᠷᠢᠴᠡᠯ | ᠵᠢᠭᠤᠷᠠᠭᠠᠨ ᠢ ᠥᠠᠳᠤᠰᠤᠨ ᠠᠴᠠ ᠨᠢ ᠰᠡᠷᠭᠡᠶᠢᠯᠡᠨ ᠡᠵᠡᠮᠳᠡᠬᠦ᠂ ᠵᠢᠭᠰᠠᠭᠠᠨ ᠪᠠᠶᠢᠴᠠᠭᠠᠵᠤ ᠡᠮᠬᠢᠯᠡᠬᠦ᠂ ᠡᠶᠡᠳᠤᠬᠦᠯᠵᠤ | ᠨᠠᠮᠳᠠᠭᠤᠯᠬᠤ᠂ ᠲᠥᠷᠭᠡᠨ ᠠᠷᠭᠠᠴᠠᠭᠠᠨ ᠰᠢᠢᠥᠡᠪᠦᠷᠢᠯᠡᠬᠦ ᠶᠢ ᠨᠢᠭᠡᠨ ᠴᠤᠬᠴᠠᠯᠠᠬᠰᠠᠠ ᠨᠠᠶᠢᠭᠡᠮ ᠤᠨ ᠵᠥᠷᠢᠴᠡᠯ ᠢ | ᠰᠢᠢᠳᠪᠤᠷᠢᠯᠠᠬᠦ ᠰᠢᠰᠲ᠋ᠧᠮ ᠢ ᠢᠳᠠᠪᠭᠡᠶᠢᠳᠠᠢ ᠪᠠᠶᠢᠭᠤᠯᠤᠨ᠎ᠠ᠃ ᠥᠷᠢ ᠥᠭᠴᠡᠭᠡ ᠶᠢᠨ ᠭᠡᠷ᠎ᠡ ᠠᠴᠠ ᠵᠥᠷᠢᠴᠡᠬᠦ᠂ | ᠬᠠᠤᠯᠢ ᠪᠤᠰᠤ ᠪᠠᠷ ᠪᠠᠯᠠ ᠴᠤᠭᠯᠠᠭᠤᠯᠬᠤ᠂ ᠴᠠᠯᠢᠩ ᠥᠷᠢᠲᠦᠬᠦ᠂ ᠲᠣᠤᠷ ᠰᠦᠯᠵᠢᠶ᠎ᠡ ᠲᠠᠭᠡᠷᠠᠨᠢᠭᠤᠴᠠ | ᠵᠠᠳᠠᠷᠠᠭᠤᠯᠬᠤ ᠵᠡᠷᠭᠡ ᠠᠶᠤᠯ ᠢ ᠪᠦᠲᠦᠮᠵᠢᠲᠡᠶ ᠠᠷᠭᠠᠴᠠᠨ᠎ᠠ᠃ ᠢᠳᠡᠭᠡᠨ ᠡᠮ ᠤᠨ ᠵᠦᠢᠯᠡᠰ ᠤᠨ ︽ᠳᠥᠷᠪᠡᠨ | ᠬᠠᠮᠤᠭ ᠴᠢᠩᠭ᠎ᠠ︾ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠷᠢᠯᠢᠭ ᠨᠠᠶᠢᠳᠠᠪᠤᠷᠢᠵᠢᠭᠤᠯᠵᠤ᠂ ᠥᠷᠭᠡᠨ | ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠨ᠎ᠠ᠃ ᠵᠠᠬᠢᠳᠠᠯ ᠰᠤᠷᠪᠤᠯᠵᠢᠯᠠᠯ ᠤᠨ | ᠠᠷᠭ᠎ᠠᠵᠠᠮ ᠢ ᠰᠢᠯᠤᠭᠤᠳᠬᠠᠵᠤ᠂ ᠵᠠᠬᠢᠳᠠᠯ ᠰᠤᠷᠪᠤᠯᠵᠢᠯᠠᠯ ᠤᠨ ᠡᠮᠬᠢ ᠲᠢᠭᠯᠢᠮ ᠢ ᠵᠢᠷᠤᠮᠵᠢᠭᠤᠯᠤᠨ᠎ᠠ᠃ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤᠵᠢᠭᠰᠠᠨ ᠲᠣᠭᠲᠠᠴᠠ ᠶᠢ ᠦᠷᠭᠦᠯᠵᠢᠯᠡᠨ ᠲᠠᠬᠦᠯᠳᠡᠷᠵᠢᠬᠦᠯᠵᠦ᠂ | ᠬᠠᠤᠯᠢ ᠠᠴᠠ ᠵᠥᠷᠢᠴᠡᠭᠰᠡᠨ ᠡᠯ᠎ᠠ ᠵᠥᠢᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ︵ᠲᠤᠯᠤᠭ᠎ᠠ︶ ᠳᠤᠲᠠᠭᠤᠳᠠᠯ ᠢᠶᠠᠨ ᠨᠥᠬᠦᠪᠥᠷᠢᠯᠡᠨ ᠲᠦᠭᠰᠢᠭᠦᠷᠢ ᠶᠢ ᠵᠠᠶᠢᠯᠠᠭᠤᠯᠵᠤ᠂ ᠨᠡᠶᠢᠭᠡᠮ ᠤᠨ | ᠵᠠᠰᠠᠯᠲᠠ ᠶᠢ ᠦᠷᠭᠦᠯᠵᠢᠯᠡᠨ ᠴᠢᠩᠭᠠᠳᠬᠠᠵᠤ ᠰᠢᠨᠡᠴᠢᠯᠡᠨ᠎ᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠶᠠᠨ ᠥᠷᠬᠦᠯᠵᠢᠯᠠᠠ ᠡᠷᠴᠢᠮᠵᠢᠬᠦᠯᠥᠨᠡ᠃ ︽ | ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠭᠡᠶᠢᠯᠡᠬᠦ︾ ︽ᠬᠥᠮᠤᠠ ᠪᠤᠳᠠᠰ ᠤᠨ ᠬᠠᠯᠳᠠᠪᠤᠷᠢᠯᠠᠯ ᠢ ᠬᠠᠮᠳᠤ ᠳᠤᠨᠢ | ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠡᠮᠴᠢᠯᠡᠭᠡᠨ ᠤ | ᠪᠠᠶᠢᠭᠤᠯᠤᠮᠵᠢ ᠶᠢᠨ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠪᠠ ᠬᠠᠯᠠᠭᠤᠷᠠᠬᠤ ᠡᠭᠦᠳᠡᠨ ᠡᠮᠨᠡᠯᠭᠡ ᠶᠢᠨ | ᠡᠯ᠎ᠡ ᠵᠦᠢᠯ ᠤᠨ ᠬᠠᠮᠢᠶᠠᠷᠤᠯᠲᠠ ᠶᠢᠨ ᠲᠦᠷᠢᠮ ᠢ ᠴᠢᠩᠳᠠᠯᠠᠵᠤ᠂ ᠡᠮᠨᠡᠯᠭᠡ ᠶᠢᠨ ᠬᠤᠷᠢᠶᠠᠨ ᠤ ᠲᠤᠳᠤᠭᠠᠳᠤ ᠳᠤ | ᠬᠠᠯᠳᠠᠪᠤᠷᠢᠯᠠᠯ ᠡᠬᠦᠰᠬᠦ ᠶᠢ ᠡᠷᠡᠰ ᠲᠡᠪᠴᠢᠬᠦ ᠭᠡᠷᠡᠭᠳᠡᠢ᠃ ᠬᠥᠮᠦᠨ ᠣᠯᠠᠨ ᠴᠤᠭᠯᠠᠷᠠᠬᠤ ᠭᠠᠵᠠᠷ ᠪᠠ ᠵᠠᠩᠭᠢᠯᠠᠭ᠎ᠠ ᠶᠢᠨ | ᠭᠤᠭᠴᠤᠭ᠎ᠠ ᠶᠢ ᠴᠢᠩᠭ᠎ᠠ ᠬᠠᠮᠢᠶᠠᠷᠤᠠ ᠡᠵᠡᠮᠳᠡᠵᠤ᠂ ᠲᠠᠯ᠎ᠠ ᠲᠠᠯ᠎ᠠ ᠠᠴᠠ ᠤᠷᠢᠳᠴᠢᠯᠠᠨ ᠰᠡᠷᠡᠮᠵᠢᠯᠡᠬᠦᠯᠬᠦ ᠰᠢᠰᠲ᠋ᠧᠮ ᠢ | ᠴᠢᠩᠭᠠᠳᠬᠠᠨ᠎ᠠ᠃᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠲᠠᠪᠤᠨ ᠡᠩᠨᠡᠭᠡ︾ ᠶᠢᠨ ᠪᠠᠶᠢᠭᠤᠯᠤᠯᠲᠠ ᠶᠢ | ᠴᠢᠩᠭᠠᠳᠬᠠᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠦᠷᠭᠦᠯᠵᠢᠯᠡᠨ ᠪᠣᠳᠠᠲᠠᠶᠢᠵᠢᠭᠤᠯᠵᠤ᠂ ᠪᠥᠬᠦ | ᠬᠤᠰᠢᠭᠤᠨ ᠤ ︽ᠬᠢᠵᠢᠭ ᠥᠬᠡᠶ︾ ᠦᠷ᠎ᠡ ᠪᠦᠲᠦᠭᠡᠯ ᠢ ᠪᠠᠬᠢᠵᠢᠭᠦᠯᠦᠨ᠎ᠡ᠃ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠰᠠᠬᠢᠨ᠎ᠠ᠃ | ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠨ᠂ ᠤᠯᠤᠰ ᠤᠨ ᠠᠮᠤᠷ ᠲᠦᠪᠰᠢᠨ ᠤ ᠶᠠᠷᠣᠩᠭᠡᠢ ᠦᠵᠡᠯᠲᠡ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠷᠢ ᠥᠭᠴᠡᠭᠡ ᠶᠢ ᠥᠭᠡᠶᠢᠰᠭᠡᠬᠦ ᠠᠷᠭ᠎ᠠ ᠵᠠᠮ ᠢ ᠵᠦᠶ ᠵᠣᠬᠢᠰᠲᠠᠶ | ᠥᠷᠭᠡᠳᠬᠡᠨ᠂ 4.2 ᠳ᠋ᠦᠩᠰᠢᠭᠤᠷ ᠲᠥᠭᠦᠷᠢᠭᠵᠠᠰᠠᠭ ᠤᠨ ᠣᠷᠳᠣᠨ ᠤ ᠨᠢᠭᠤᠬᠳᠠᠮᠠᠯ ᠥᠷᠢ ᠰᠢᠷᠢ ᠶᠢ ᠤᠰᠠᠳᠬᠠᠨ᠎ᠠ | ᠃ ᠪᠦᠳᠦᠭᠡᠨ ᠪᠠᠶᠢᠭᠤᠯᠤᠯᠳᠠ ᠶᠢᠨ ᠭᠡᠷᠡᠭᠴᠡᠭᠡᠳᠦ ᠭᠠᠵᠡᠷ ᠰᠢᠷᠤᠢ ᠶᠢᠨ ᠬᠠᠩᠭᠠᠯᠭ᠎ᠠ ᠶᠢ ᠤᠯᠠᠮ ᠰᠢᠨᠵᠢᠯᠡᠬᠦ | ᠤᠬᠠᠭᠠᠨᠴᠢ᠂ ᠡᠮᠬᠢ ᠲᠢᠭᠯᠢᠮ ᠲᠠᠢ ᠪᠤᠯᠭᠠᠵᠤ᠂᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ | ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠰᠡᠷᠭᠡᠶᠢᠯᠡᠬᠦ ᠬᠠᠷᠢᠶᠠᠳᠤ ᠣᠷᠣᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠰᠢᠰᠲ᠋ᠧᠮᠵᠢᠳᠦ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠡᠬᠦᠰᠬᠦ ᠶᠢ ᠡᠷᠡᠰ ᠬᠤᠷᠢᠬᠯᠠᠨ᠎ᠠ᠃ | ᠦᠨᠳᠦᠰᠦᠲᠡᠨ ᠤ ᠪᠦᠯᠬᠦᠮᠳᠡᠯ ᠤᠨ ᠠᠵᠢᠯ ᠢ ᠰᠠᠶᠢᠲᠤᠷ ᠬᠢᠨ᠎ᠡ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠴᠤᠬᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ | ᠪᠦᠯᠬᠦᠮᠳᠡᠯ ᠳᠠᠪᠰᠢᠯᠳᠠ ᠶᠢᠨ ᠬᠥᠮᠦᠵᠢᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ︽ | ᠲᠠᠪᠤᠨ ᠬᠠᠮᠲᠤ ᠶᠢᠨ ᠮᠡᠳᠡᠷᠠᠬᠦᠢ︾ ᠶᠢ ᠦᠨᠡᠨᠬᠦ ᠴᠢᠩᠭᠠᠷᠠᠭᠤᠯᠤᠨ᠎ᠠ᠃ ᠰᠢᠨ᠎ᠡ ᠴᠠᠭ ᠦᠶ᠎ᠡ ᠶᠢᠨ ᠦᠭᠡ ᠬᠡᠯᠡ | ᠦᠰᠦᠭ ᠪᠢᠴᠢᠭ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠦᠨᠳᠦᠰᠦᠲᠡᠨ ᠤ ᠦᠭᠡ ᠬᠡᠯᠡ ᠪᠠᠷ | ᠬᠢᠴᠢᠶᠡᠯᠯᠡᠵᠦ ᠪᠠᠶᠢᠭ᠎ᠠ ᠰᠤᠷᠭᠠᠭᠤᠯᠢ ᠨᠤᠭᠤᠳ ᠲᠤ ᠤᠯᠤᠰ ᠠᠴᠠ ᠨᠢᠭᠡᠳᠦᠯᠲᠡᠶ ᠨᠠᠶᠢᠷᠠᠭᠤᠯᠤᠭᠰᠠᠨ ᠭᠤᠷᠪᠠᠨ | ᠬᠢᠴᠢᠶᠡᠯ ᠲᠥᠷᠥᠯ ᠤᠨ ᠵᠢᠭᠠᠬᠤ ᠮᠠᠲ᠋ᠧᠷᠢᠶᠠᠯ ᠭᠡᠷᠡᠭᠯᠡᠬᠦᠯᠬᠦ ᠲᠥᠷᠢᠮ ᠢ ᠨᠠᠶᠢᠳᠠᠪᠤᠷᠢᠵᠢᠭᠤᠯᠤᠨ᠎ᠠ᠃ | ᠦᠨᠳᠦᠰᠦᠲᠡᠨ ᠤ ᠤᠷᠤᠠ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭᠠᠳᠬᠠᠵᠤ᠂ ᠦᠨᠳᠦᠰᠦᠲᠡᠨ ᠳᠤ | ᠬᠤᠯᠪᠣᠭᠳᠠᠬᠤ ᠡᠯᠮᠧᠨ᠋ᠲ ᠶᠢ ᠪᠠᠴᠢᠮ ᠠᠷᠭᠠᠴᠠᠬᠤ ᠲᠥᠰᠦᠯ ᠢ ᠲᠡᠭᠦᠯᠳᠡᠷᠵᠢᠭᠦᠯᠵᠦ᠂ ᠡᠯ᠎ᠡ ᠵᠦᠢᠯ ᠤᠨ | ᠬᠠᠭᠠᠴᠠᠭᠤᠯᠤᠯ ᠡᠪᠳᠡᠯᠭᠡ ᠶᠢᠨ ᠠᠵᠢᠯᠯᠠᠭ᠎ᠠ ᠳᠤ ᠬᠦᠴᠦᠲᠡᠢ ᠴᠣᠬᠢᠯᠲᠠ ᠥᠭᠴᠦ᠂ ᠦᠨᠳᠦᠰᠦᠲᠡᠨ ᠤ ᠣᠷᠣᠨ ᠤ | ᠨᠡᠶᠢᠭᠡᠮ ᠤᠨ ᠲᠣᠭᠲᠠᠭᠤᠨ ᠪᠠᠶᠢᠳᠠᠯ ᠢ ᠥᠨᠠᠠᠬᠦ ᠪᠠᠲᠤᠯᠠᠨ᠎ᠠ᠃ | ᠠᠶᠤᠯᠭᠦᠢ ᠬᠥᠭᠵᠢᠯᠲᠡ ᠶᠢᠨ ᠤᠬᠠᠮᠰᠠᠷ ᠢ ᠪᠠᠲᠤ ᠴᠤᠬᠴᠠᠯᠠᠨ᠎ᠠ᠃ ᠠᠶᠤᠯᠭᠦᠢ ᠦᠢᠯᠡᠳᠪᠦᠷᠢᠯᠡᠯ ᠢ | ᠲᠤᠰᠬᠠᠶᠢᠯᠠᠠ ᠴᠡᠭᠴᠡᠯᠠᠬᠦ ᠭᠤᠷᠪᠠᠨ ᠵᠢᠯ ᠤᠨ ᠠᠵᠢᠯᠯᠠᠭ᠎ᠠ ᠶᠢ ᠬᠥᠠᠵᠡᠭᠡᠢ ᠥᠷᠨᠢᠬᠦᠯᠵᠤ᠂ ᠠᠶᠤᠯᠬᠦᠢ | ᠥᠢᠯᠠᠳᠪᠤᠷᠢᠯᠠᠯ ᠤᠨ ︽ᠬᠤᠶᠠᠷ ᠰᠠᠭᠤᠷᠢ︾ ᠪᠠᠶᠢᠭᠤᠯᠬᠤᠯ᠊ ᠤᠠ ᠤ ᠠᠵᠢᠯᠯᠠᠭ᠎ᠠ ᠥᠷᠨᠢᠬᠦᠯᠵᠤ᠂ ᠠᠶᠤᠯᠭᠦᠢ | ᠦᠢᠯᠡᠳᠪᠦᠷᠢᠯᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠭᠤᠣᠯᠳᠠᠯᠭ᠎ᠠ ᠲᠠᠢ ᠠᠵᠢᠯ ᠲᠥᠷᠥᠯ ᠤᠨ | ᠲᠤᠰᠬᠠᠢ ᠴᠡᠭᠴᠡᠯᠡᠯᠳᠡ ᠶᠢ ᠴᠢᠩᠭᠠᠳᠬᠠᠵᠤ᠂ ᠠᠶᠤᠯᠬᠦᠢ ᠦᠢᠯᠡᠳᠪᠦᠷᠢᠯᠡᠯ ᠤᠨ ᠶᠠᠭᠡᠭᠡᠨ ᠲᠠᠰ ᠠᠴᠠ ᠲᠡᠭᠡᠭᠰᠢᠬᠢ ᠶᠢᠨ | ᠠᠳᠡᠯ ᠭᠠᠷᠬᠤ ᠶᠢ ᠡᠷᠡᠰ ᠬᠤᠷᠢᠭᠯᠠᠨ᠎ᠠ᠃ ᠬᠠᠮᠳᠤᠷᠠᠠ ᠬᠥᠳᠡᠯᠤᠯᠴᠡᠵᠦ ᠪᠠᠴᠢᠮ ᠪᠠᠶᠢᠳᠠᠯ ᠢ ᠠᠪᠤᠷᠠᠨ ᠲᠤᠰᠠᠯᠠᠬᠤ ᠪᠠ | ᠬᠠᠮᠳᠤᠷᠠᠠ ᠬᠤᠯᠪᠤᠭᠠᠯᠠᠵᠤ ᠪᠠᠶᠢᠭᠠᠯᠢ ᠶᠢᠨ ᠭᠠᠮᠰᠢᠭ ᠢ ᠤᠷᠢᠳᠴᠢᠯᠠᠨ ᠰᠡᠷᠭᠡᠶᠢᠯᠠᠬᠦ ᠲᠣᠭᠲᠠᠴᠠ ᠶᠢ | ᠲᠠᠬᠦᠯᠳᠡᠷᠵᠢᠬᠦᠯᠵᠦ᠂ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠬᠠᠤ ᠠᠵᠢᠯ ᠢ ᠥᠨᠳᠥᠷ ᠪᠦᠲᠦᠮᠵᠢᠲᠡᠶ ᠡᠮᠬᠢ | ᠵᠢᠷᠤᠮ ᠲᠠᠢ ᠥᠷᠨᠢᠬᠦᠯᠵᠤ᠂ ᠪᠠᠶᠢᠭᠠᠯᠢ ᠶᠢᠨ ᠭᠠᠮᠰᠢᠭ ᠤᠨ ᠬᠤᠬᠢᠷᠠᠯ ᠢ ᠠᠯᠢ ᠴᠢᠳᠠᠬᠤ ᠪᠠᠷ ᠪᠠᠭᠠᠰᠬᠠᠨ᠎ᠠ᠃ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠴᠢᠳᠠᠮᠵᠢ ᠪᠠᠨ ᠲᠡᠭᠡᠭᠰᠢᠯᠡᠬᠦᠯᠥᠨ᠎ᠡ᠃ ︽ᠲᠡᠤᠬᠡ ᠶᠢᠨ | ᠳᠤᠷᠠᠰᠬᠠᠯᠲᠤ ᠵᠦᠢᠯᠡᠰ ᠤᠨ ᠲᠠᠷᠤᠭ᠎ᠠ ᠶᠢᠨ ᠲᠦᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠤ ᠠᠨ | ᠵᠧᠤ ᠶᠢᠨ ᠯᠢᠶᠣᠤ ᠤᠯᠤᠰ ᠤᠨ ᠦᠶ᠎ᠡ ᠶᠢᠨ ᠰᠤᠪᠤᠷᠭ᠎ᠠ ᠶᠢ ᠪᠠᠬᠢᠵᠢᠬᠦᠯᠤᠨ ᠵᠠᠰᠠᠬᠤ ᠢᠨᠵᠧᠨᠧᠷᠢᠩ ᠢ ᠲᠠᠭᠤᠰᠬᠠᠨ᠎ᠠ᠃ | ᠤᠯᠤᠰ᠂ ᠥᠪᠡᠷᠲᠡᠭᠡᠨ ᠵᠠᠰᠠᠬᠤ ᠣᠷᠣᠨ ᠠᠴᠠ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠥᠷᠥᠯ | ᠵᠦᠢᠯ ᠤᠨ ᠪᠡᠯᠡ ᠮᠥᠩᠭᠦ ᠶᠢ ᠢᠳᠡᠪᠬᠢᠯᠡᠨ ᠣᠯᠵᠤ᠂ ᠰᠢᠩ ᠯᠦᠩ ᠸᠠ ᠳᠠᠬᠢ ᠤᠯᠤᠰ ᠤᠨ ᠲᠠᠰ ᠤᠨ | ᠬᠠᠭᠤᠴᠢᠳ ᠤᠨ ᠪᠠᠭᠤᠷᠢ ᠶᠢᠨ ᠴᠡᠴᠡᠷᠯᠢᠭ᠂ ᠳ᠋ᠠ ᠳ᠋ᠢᠶᠠᠨ ᠽᠢ ᠪᠣᠯᠤᠨ ᠡᠦ ᠠᠨ ᠵᠧᠤ ᠶᠢᠨ ᠬᠠᠭᠤᠴᠢᠳ ᠤᠨ | ᠪᠠᠭᠤᠷᠢ ᠶᠢ ᠮᠠᠯᠳᠠᠠ ᠢᠯᠡᠷᠠᠬᠦᠯᠬᠦ ᠲᠥᠷᠥᠯ ᠵᠦᠢᠯ ᠢ ᠡᠬᠢᠯᠡᠭᠦᠯᠵᠦ᠂ ᠤᠯᠤᠰ ᠤᠨ ᠲᠠᠰ ᠤᠨ ᠪᠠᠯᠠᠷ ᠡᠷᠲᠡᠨ ᠤ | ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠬᠯᠠᠬᠰᠠᠠ ᠵᠢᠱᠢᠶ᠎ᠡ ᠦᠵᠡᠭᠦᠯᠬᠦ ᠲᠣᠭᠤᠷᠢᠭ ᠢ | ᠬᠦᠴᠦᠯᠡᠨ ᠪᠠᠶᠢᠭᠤᠯᠤᠨ᠎ᠠ᠃ | ᠡᠬᠦᠠ ᠤ ᠵᠠᠷᠭᠡᠪᠠᠷ᠂ ᠲᠠᠩᠰᠠ ᠡᠪᠭᠡᠮᠡᠯ᠂ ᠠᠷᠠᠳ ᠤᠨ ᠠᠭᠠᠷ ᠤᠨ ᠰᠠᠷᠭᠡᠶᠢᠯᠠᠯᠳᠠ᠂ ᠲᠠᠤᠭᠡ ᠲᠡᠮᠳᠡᠭᠯᠡᠯ᠂ | ᠥᠳᠡᠬᠦᠰᠴᠤᠤᠠ᠂ ᠨᠢᠬᠦᠯᠡᠰᠥᠩᠬᠦᠢ ᠶᠢᠨ ᠥᠢᠯᠠᠰ᠂ ᠴᠠᠭ ᠠᠭᠤᠷ᠂ ᠤᠯᠠᠭᠠᠨ ᠵᠠᠭᠠᠯᠮᠠᠶᠢᠳᠠᠠ ᠵᠠᠷᠭᠡ ᠠᠵᠢᠯ ᠢ | ᠰᠠᠶᠢᠳᠤᠷ ᠬᠢᠵᠦ᠂ ᠠᠵᠢᠯᠴᠢᠨ᠂ ᠵᠠᠯᠠᠭᠤᠴᠤᠳ᠂ ᠡᠮᠡᠭᠳᠡᠶᠢᠴᠥᠳ ᠵᠠᠷᠭᠡ ᠪᠥᠯᠬᠦᠮ ᠨᠠᠶᠢᠳᠠ ᠶᠢᠨ ᠵᠤᠬᠢᠶᠠᠠ | ᠪᠠᠶᠢᠭᠤᠯᠤᠬᠤ ᠥᠢᠯᠠᠳᠤᠯ ᠢᠶᠠᠨ ᠨᠠᠩ ᠰᠠᠶᠢᠳᠤᠷ ᠪᠠᠳᠠᠷᠠᠭᠤᠯᠬᠤ ᠶᠢ ᠲᠠᠮᠵᠢᠨ᠎ᠡ᠃ | ᠳᠥᠷᠪᠡ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠠᠷᠠᠳ ᠲᠦᠮᠡᠨ ᠤ ᠬᠦᠰᠡᠯ ᠪᠤᠯ ᠵᠠᠰᠠᠭ ᠶᠠᠪᠤᠭᠤᠯᠬᠤ ᠴᠢᠭᠯᠡᠯ ᠪᠠᠶᠢᠵᠤ᠂ ᠵᠠᠰᠠᠭ ᠪᠠᠷᠢᠬᠤ ᠶᠢᠨ ᠡᠷᠬᠢᠮ ᠨᠢ | ᠪᠡᠶ᠎ᠡ ᠪᠠᠨ ᠱᠠᠭᠠᠷᠳᠠᠬᠤ ᠤᠴᠢᠷ ᠪᠤᠯᠤᠨ᠎ᠠ᠃ ᠰᠢᠨ᠎ᠡ ᠱᠠᠳᠤ᠂ ᠰᠢᠨ᠎ᠡ ᠪᠠᠶᠢᠳᠠᠯ᠂ ᠰᠢᠨ᠎ᠡ ᠡᠭᠦᠷᠭᠡ ᠶᠢᠨ ᠡᠮᠦᠨ᠎ᠡ᠂ | ᠪᠢᠳᠡ ᠡᠷᠭᠡᠪᠰᠢ ᠬᠠᠷᠢᠭᠤᠴᠠᠯᠭ᠎ᠠ ᠪᠠᠨ ᠴᠡᠭᠡᠵᠢᠨ ᠳᠡᠭᠡᠨ ᠠᠬᠤᠭᠤᠯᠵᠦ᠂ ᠪᠡᠶᠠᠠ ᠳᠡᠭᠡᠨ ᠡᠭᠦᠷᠭᠡᠯᠡᠵᠦ᠂ ᠥᠢᠯᠡ | ᠠᠵᠢᠯᠯᠠᠭ᠎ᠠ ᠪᠠᠷ ᠢᠶᠠᠨ ᠭᠦᠢᠴᠡᠳᠬᠡᠬᠦ ᠬᠡᠷᠡᠭᠲᠡᠢ᠃ | ︵ᠨᠢᠭᠡ︶ ᠵᠣᠭᠰᠣᠴᠠ ᠪᠠᠨ ᠳᠡᠭᠡᠭᠰᠢᠯᠡᠭᠦᠯᠵᠦ᠂ ᠦᠨᠡᠨᠴᠢ ᠰᠢᠳᠤᠷᠭᠤ ᠤᠤᠷ ᠴᠢᠨᠠᠷ ᠢᠶᠠᠨ ᠡᠭᠦᠷᠢᠳᠡ | ᠬᠠᠳᠠᠭᠠᠯᠠᠨ᠎ᠠ᠃ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠪᠠᠨ | ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ | ᠨᠢᠭᠡᠳᠭᠡᠨᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ︽ᠨᠢᠭᠡ | ᠪᠠᠶᠢᠷᠢ ᠤᠨ ᠬᠤᠣᠰ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ | ᠪᠠᠭᠢᠯᠡᠯᠳᠡ ᠪᠠᠨ ᠴᠢᠩᠭᠠᠳᠬᠠᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠬᠦᠯᠤᠯ ᠶᠢ ᠨᠠᠷᠢᠨ ᠬᠢᠨᠠᠮᠠᠭᠠᠢ | ᠥᠷᠨᠢᠭᠦᠯᠵᠦ᠂ ᠤᠬ ᠦᠨᠳᠦᠰᠦ ᠠᠴᠠ ᠨᠢ ᠴᠡᠭᠴᠡᠯᠡᠨ ᠵᠠᠰᠠᠵᠤ᠂ ᠤᠬ ᠦᠨᠳᠦᠰᠦ ᠠᠴᠠ ᠨᠢ ᠪᠠᠬᠢᠵᠢᠭᠦᠯᠦᠨ᠎ᠠ᠃ | ᠲᠡᠭᠡᠳᠦ ᠱᠠᠲᠤᠨ ᠤ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠵᠦ᠂ ᠰᠡᠳᠬᠢᠯ ᠵᠣᠷᠢᠭ ᠬᠠᠷᠠᠯᠳᠠ ᠨᠢᠭᠡᠳᠡᠢ ᠪᠠᠶᠢᠵᠤ᠂ ᠪᠦᠬᠦ | ᠰᠡᠳᠬᠢᠯ ᠪᠦᠬᠦ ᠵᠣᠷᠢᠭ ᠪᠥᠬᠦ ᠬᠥᠴᠤᠠ ᠢᠶᠠᠷ ᠭᠦᠢᠴᠡᠳᠬᠡᠨ᠎ᠡ᠃ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠤᠭᠤᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠵᠢᠯ ᠢᠶᠠᠨ | ᠨᠠᠩ ᠲᠥᠷᠢᠮᠵᠢᠬᠦᠯᠵᠤ ᠵᠢᠷᠤᠮᠵᠢᠭᠤᠯᠤᠨ᠎ᠠ᠃ | ︵ᠬᠤᠶᠠᠷ︶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠬᠦᠳᠤᠨ ᠰᠢᠨᠡᠴᠢᠯᠠᠬᠦ ᠠᠮᠢᠵᠢᠷᠠᠯ ᠤᠨ ᠬᠦᠴᠦᠨ ᠢ | ᠬᠥᠭᠵᠢᠭᠡᠨ᠎ᠡ᠃ ᠠᠵᠢᠯ ᠢᠶᠠᠨ ᠨᠠᠷᠢᠯᠢᠬᠵᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠭᠦᠷᠭᠡ᠂ | ᠬᠠᠷᠢᠭᠤᠴᠠᠯᠭ᠎ᠠ᠂ ᠠᠰᠠᠭᠤᠳᠠᠯ ᠢ ᠨᠠᠷᠢᠯᠢᠬᠵᠢᠭᠤᠯᠤᠨ᠂ ᠵᠢᠷᠤᠬᠯᠠᠠ ᠲᠥᠯᠥᠪᠯᠡᠵᠤ ᠠᠵᠢᠯᠯᠠᠬᠤ ᠠᠷᠭ᠎ᠠ ᠶᠢ | ᠬᠡᠷᠡᠭᠵᠢᠭᠦᠯᠦᠨ᠂ ᠬᠠᠷᠢᠭᠤᠴᠠᠯᠭ᠎ᠠ ᠪᠠᠨ ᠱᠠᠲᠤ ᠱᠠᠲᠤ ᠪᠠᠷ ᠪᠣᠳᠠᠲᠠᠶᠢᠵᠢᠭᠤᠯᠤᠨ᠎ᠠ᠃ ᠬᠦᠴᠦᠲᠡᠶ ᠠᠷᠭ᠎ᠠ ᠬᠡᠮᠵᠢᠶ᠎ᠡ | ᠠᠪᠴᠤ᠂ ᠬᠠᠲᠠᠭᠤ ᠪᠡᠷᠬᠡᠰᠢᠶᠡᠯ ᠢ ᠢᠯᠡᠨ ᠳᠠᠪᠠᠵᠤ᠂ ᠠᠷᠠᠯᠵᠢᠶ᠎ᠠ ᠡᠵᠡᠩᠨᠠᠬᠦ ᠣᠷᠴᠢᠨ ᠲᠤᠭᠤᠷᠢᠨ ᠢ | ᠪᠣᠬᠢᠷᠲᠤᠭᠤᠯᠤᠭᠰᠠᠨ ︽ᠬᠤᠤᠷᠳᠤ ᠰᠤᠷᠲᠠᠯ︾ ᠪᠠ ᠠᠷᠠᠯᠵᠢᠶ᠎ᠠ ᠡᠵᠡᠩᠨᠠᠬᠦ ᠣᠷᠴᠢᠨ ᠲᠤᠭᠤᠷᠢᠨ ᠢ ᠡᠪᠳᠡᠭᠰᠡᠨ ︽ | ᠲᠥᠢᠳᠥᠮᠡᠯ ᠠᠮᠢᠳᠠᠠ︾ ᠢ ᠡᠷᠡᠰ ᠤᠰᠠᠳᠬᠠᠵᠤ᠂ ᠠᠷᠠᠯᠵᠢᠶ᠎ᠠ ᠡᠵᠡᠩᠨᠠᠬᠦ ᠣᠷᠴᠢᠨ ᠲᠤᠭᠤᠷᠢᠨ ᠢ | ᠰᠢᠯᠢᠳᠡᠭᠵᠢᠭᠦᠯᠦᠨ᠎ᠠ᠃ ︽ᠤᠪᠤᠭ᠎ᠠ ᠲᠤᠪᠤᠭ᠎ᠠ ᠮᠠᠲ᠋ᠧᠷᠢᠶᠠᠯ ᠤᠯᠠᠠ ᠠᠷᠪᠢᠨ ᠬᠤᠷᠠᠯ︾᠂ ︽ᠡᠯ᠎ᠠ | ᠵᠥᠢᠯ ᠦᠨᠮᠠᠲ᠋ᠧᠷᠢᠶᠠᠯ ᠡᠯᠳᠡᠪ ᠶᠠᠩᠵᠤ ᠶᠢᠨ ᠬᠦᠰᠦᠨᠦᠭᠲᠦ︾ ᠶᠢ ᠠᠯᠢ ᠴᠢᠳᠠᠬᠤ ᠪᠠᠷ ᠪᠠᠭᠠᠰᠬᠠᠵᠤ᠂ ᠨᠠᠩ ᠣᠯᠠᠨ | ᠴᠠᠭ ᠪᠠ ᠬᠥᠴᠤ ᠪᠠᠨ ᠨᠠᠶᠢᠳᠠᠪᠤᠷᠢᠵᠢᠭᠤᠯᠵᠦ ᠪᠤᠳᠠᠳᠠᠶᠢᠵᠢᠭᠤᠯᠬᠤ ᠳᠡᠭᠡᠷ᠎ᠡ ᠵᠠᠷᠤᠴᠠᠭᠤᠯᠤᠨ᠎ᠠ᠃ ᠵᠠᠰᠠᠭ ᠤᠨ | ᠶᠠᠪᠤᠳᠠᠯ ᠢ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ | ᠢᠳᠡᠪᠬᠢᠲᠡᠶ ᠬᠠᠯᠠᠮᠵᠢᠯᠡᠨ ᠬᠥᠢᠴᠠᠳᠭᠡᠵᠦ᠂ ᠵᠠᠰᠠᠭ ᠤᠨ ᠣᠷᠳᠣᠨ ᠤ ᠠᠵᠢᠯ ᠤᠨ ᠲᠤᠳᠤᠷᠠᠴᠠ ᠪᠠ ᠢᠳᠠᠭᠡᠮᠵᠢ ᠪᠠᠨ | ᠳᠡᠭᠡᠭᠰᠢᠯᠡᠭᠦᠯᠦᠨ᠎ᠡ᠃ | ︵ᠭᠤᠷᠪᠠ︶ ᠡᠬᠦᠷᠭᠡ ᠲᠤᠰᠢᠶᠠᠯ ᠪᠠᠨ ᠭᠦᠢᠴᠡᠳᠬᠡᠵᠦ᠂ ᠠᠵᠢᠯ ᠬᠢᠵᠦ ᠦᠢᠯᠡᠰ ᠪᠦᠳᠦᠭᠡᠬᠦ ᠠᠭᠤᠷ | ᠠᠮᠢᠰᠬᠤᠯ ᠢ ᠪᠤᠢ ᠪᠣᠯᠭᠠᠨ᠎ᠠ᠃ ︽ᠭᠤᠷᠪᠠᠨ ᠴᠢᠬᠤᠯᠠ ᠨᠢᠭᠡ ᠶᠡᠭᠡ︾ ᠵᠦᠢᠯᠡᠰ ᠢ ᠬᠠᠮᠲᠤ ᠪᠠᠷ ᠰᠢᠢᠳᠪᠤᠷᠢ | ᠭᠠᠷᠭᠠᠵᠤ ᠲᠣᠭᠲᠠᠭᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢ | ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠤᠯᠢᠵᠢᠭᠤᠯᠬᠤ ᠶᠢ ᠠᠬᠢᠭᠤᠯᠤᠨ᠎ᠠ᠃ ᠬᠠᠤᠯᠢ ᠵᠠᠰᠠᠬᠳᠤ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠥᠷᠭᠡᠳᠬᠡᠵᠦ᠂ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠲᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠪᠠᠷ ᠬᠢᠨᠠᠯᠲᠠ ᠲᠠᠯᠪᠢᠬᠤ᠂ | ᠠᠵᠢᠯ ᠢᠶᠠᠷ ᠬᠢᠨᠠᠯᠳᠠ ᠲᠠᠯᠪᠢᠬᠤ ᠪᠠ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ | ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠨᠠᠶᠢᠳᠠ ᠪᠠᠷ ᠬᠢᠨᠠᠯᠲᠠ ᠲᠠᠯᠪᠢᠬᠤ᠂ ᠶᠠᠷᠢᠶ᠎ᠠ ᠭᠡᠯᠡᠯᠴᠡᠭᠡ ᠪᠠᠷ | ᠬᠢᠨᠠᠯᠲᠠ ᠲᠠᠯᠪᠢᠬᠤ ᠶᠢ ᠥᠷᠭᠡᠨ ᠢᠶᠠᠷ ᠬᠥᠯᠢᠶᠠᠠ ᠠᠪᠴᠤ᠂ ᠰᠢᠨᠵᠢᠯᠡᠬᠦ ᠤᠬᠠᠭᠠᠨᠴᠢ ᠪᠠᠷ ᠰᠢᠢᠳᠪᠤᠷᠢ ᠲᠤᠬᠳᠠᠭᠠᠵᠦ᠂ | ᠬᠠᠤᠯᠢ ᠶᠣᠰᠣᠭᠠᠷ ᠬᠠᠷᠢᠭᠤᠴᠠᠯᠭ᠎ᠠ ᠭᠦᠢᠴᠡᠳᠬᠡᠬᠦ ᠶᠢ ᠥᠨᠠᠠᠬᠦ ᠪᠡᠶᠡᠯᠡᠭᠦᠯᠦᠨ᠎ᠡ᠃ ᠱᠠᠩᠨᠠᠠ ᠬᠥᠬᠢᠬᠦᠯᠬᠦ ᠳᠦᠷᠢᠮ᠂ | ᠠᠭᠤᠴᠢᠯᠠᠨ ᠪᠠᠭᠲᠠᠭᠠᠬᠤ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ︽ᠤᠴᠢᠷ ᠪᠥᠬᠦᠠ ᠢ | ᠤᠷᠤᠬᠰᠢᠳᠠᠢ ᠪᠡᠶᠡᠯᠠᠬᠦᠯᠵᠤ᠂ ᠬᠥᠮᠦᠨ ᠪᠥᠬᠦᠠ ᠬᠥᠴᠤᠯᠠᠠ ᠴᠠᠷᠮᠠᠶᠢᠵᠤ᠂ ᠤᠯᠠᠠ ᠪᠥᠬᠦᠳᠠᠭᠡᠷ ᠤᠮᠤᠬᠳᠠᠢ | ᠬᠠᠷᠢᠭᠤᠴᠠᠬᠤ︾ ᠤᠪᠥᠷ ᠢᠶᠠᠷ ᠡᠯ᠎ᠡ ᠵᠦᠢᠯ ᠤᠨ ᠠᠵᠢᠯ ᠤᠨ ᠢᠳᠡ ᠬᠥᠴᠤ ᠲᠠᠢ᠂ ᠥᠷ᠎ᠠ ᠪᠥᠳᠥᠮᠵᠢ ᠲᠠᠢ | ᠨᠠᠶᠢᠳᠠᠪᠤᠷᠢᠵᠢᠭᠤᠯᠬᠤ ᠵᠢᠦᠨᠡᠨᠬᠦ ᠪᠠᠲᠤᠯᠠᠨ᠎ᠠ᠃ | ︵ᠳᠥᠷᠪᠡ︶ ᠬᠤᠷᠢᠭ᠎ᠠ ᠱᠤᠭᠤᠮ ᠢ ᠪᠠᠲᠤ ᠰᠠᠬᠢᠵᠤ᠂ ᠲᠥᠪ ᠴᠢᠩᠭ᠎ᠠ ᠰᠤᠷᠲᠠᠯ ᠢ ᠪᠣᠶ ᠪᠣᠯᠭᠠᠨ᠎ᠠ᠃ | ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠤᠨ ᠠᠰᠠᠭᠤᠳᠠᠯ ᠲᠠᠬᠢᠨ ᠡᠭᠦᠰᠬᠦ ᠶᠢ ᠴᠢᠩᠭ᠎ᠠ ᠰᠡᠷᠭᠡᠶᠢᠯᠡᠨ᠎ᠡ᠃ | ᠵᠠᠰᠠᠭ ᠤᠨ ᠤᠷᠳᠤᠨ ᠤ ᠲᠤᠰ ᠪᠡᠶ᠎ᠡ ᠪᠠᠨ ᠴᠢᠩᠭ᠎ᠠ ᠪᠤᠳᠠᠳᠠᠢ ᠬᠢᠨᠡᠨ ᠬᠢᠵᠠᠭᠠᠷᠯᠠᠵᠤ᠂ ᠢᠯᠵᠢᠷᠡᠯ ᠤᠨ ᠠᠰᠠᠭᠤᠳᠠᠯ ᠢ | ᠴᠥᠬᠦᠷᠡᠰᠢ ᠦᠭᠡᠢ ᠵᠠᠰᠠᠵᠤ ᠴᠡᠭᠴᠡᠯᠡᠨ᠎ᠡ᠃ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ ᠬᠠᠩᠭᠠᠨ | ᠪᠤᠷᠤᠯᠠᠭᠤᠯᠭ᠎ᠠ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠬᠤ ᠠᠵᠢᠯ ᠢ | ᠰᠠᠶᠢᠲᠤᠷ ᠬᠢᠨ᠎ᠡ᠃ ᠠᠵᠢᠯᠴᠢ ᠠᠷᠪᠢᠴᠢ ᠠᠮᠢᠳᠤᠷᠠᠬᠤ ᠠᠷᠭ᠎ᠠ ᠶᠢ ᠪᠠᠷᠢᠮᠲᠠᠯᠠᠵᠤ᠂ ︽ᠭᠤᠷᠪᠠᠨ ᠵᠦᠢᠯ ᠤᠨ ᠠᠯᠪᠠᠨ | ᠵᠠᠷᠤᠳᠠᠯ︾ ᠪᠠ ᠶᠠᠷᠤᠳᠠ ᠶᠢᠨ ᠲᠥᠰᠥᠪ ᠤᠨ ᠵᠠᠷᠤᠳᠠᠯ ᠢ ᠦᠷᠭᠦᠯᠵᠢᠯᠡᠨ ᠪᠠᠭᠠᠰᠬᠠᠵᠤ᠂ ᠵᠤᠭᠤᠰ ᠪᠥᠬᠦᠠ ᠢ | ᠴᠢᠬᠤᠯᠠᠲᠠᠢ᠂ ᠬᠡᠷᠡᠭᠴᠡᠭᠡᠳᠡᠢ ᠭᠠᠵᠠᠷ ᠲᠤᠨᠢ ᠵᠠᠷᠤᠴᠠᠭᠤᠯᠤᠨ᠎ᠠ᠃ ᠵᠠᠰᠠᠭ ᠵᠠᠬᠢᠷᠭᠠᠨ᠂ ᠬᠢᠨᠠᠨ ᠪᠣᠳᠣᠯᠲᠠ ᠪᠠᠷ | ᠬᠢᠨᠠᠯᠲᠠ ᠲᠠᠯᠪᠢᠬᠤ ᠶᠢ ᠴᠢᠩᠭᠠᠳᠬᠠᠵᠤ᠂ ᠡᠷᠭᠡ ᠪᠠᠨ ᠢᠯᠡ ᠲᠤᠳᠤ ᠭᠡᠷᠡᠭᠵᠢᠬᠦᠯᠵᠦ᠂ ᠵᠠᠰᠠᠭ ᠤᠨ ᠤᠷᠳᠤᠨ ᠤ | ᠠᠵᠢᠯ ᠤᠨ ᠲᠦᠪ ᠴᠢᠭᠡᠴᠢ᠂ ᠠᠷᠢᠭᠤᠨ ᠴᠢᠭᠡᠴᠢ᠂ ᠲᠤᠳᠤ ᠲᠤᠪᠤᠭᠤᠷ ᠪᠠᠶᠢᠬᠤ ᠶᠢ ᠪᠠᠳᠤᠯᠠᠨ᠎ᠠ᠃ | ᠲᠥᠯᠥᠭᠡᠯᠡᠭᠴᠢᠳ ᠡ︕ ᠵᠠᠭᠤᠨ ᠤᠠ ᠤ ᠵᠠᠮᠨᠠᠯ ᠳᠠᠭᠠᠨ ᠰᠢᠨ᠎ᠡ ᠬᠠᠭᠤᠳᠠᠰᠤ ᠶᠢ ᠪᠢᠴᠢᠭᠯᠡᠵᠦ᠂ ᠠᠤᠭ᠎ᠠ | ᠰᠠᠨᠠᠭ᠎ᠠ ᠡᠷᠡᠯᠬᠡᠭ ᠵᠣᠷᠢᠭ ᠢᠶᠠᠷ ᠰᠢᠨ᠎ᠡ ᠠᠶᠠᠠ ᠳᠠᠭᠠᠨ ᠮᠤᠷᠳᠠᠯᠡ︕ ᠪᠢᠳᠡ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠥᠬᠦᠠ ᠠᠴᠠ ᠲᠠᠪᠠᠭ᠋ᠤ ᠡᠷᠴᠢ ᠵᠤᠷᠢᠭ ᠡᠪᠤᠷᠯᠠᠠ᠂ ᠪᠦᠬᠦ | ᠬᠤᠰᠢᠭᠤᠨ ᠤ ᠬᠦᠴᠦᠨ ᠴᠢᠳᠠᠯ ᠢ ᠨᠢᠭᠲᠠᠷᠠᠭᠤᠯᠵᠤ᠂ ᠪᠥᠬᠦᠶᠢᠨ ᠤᠷᠤᠬᠰᠢᠯᠠᠬᠤ ᠮᠥᠩᠬᠦᠠ ᠲᠥᠷᠥᠭᠡ ᠪᠠᠨ | ᠴᠢᠩᠭᠠᠯᠠᠵᠤ᠂ ᠬᠥᠴᠤ ᠴᠢᠷᠮᠠᠶᠢᠯᠭ᠎ᠠ ᠪᠠᠷ ᠢᠶᠠᠨ ᠬᠦᠰᠡᠯ ᠵᠡᠭᠦᠳᠦ ᠪᠠᠨ ᠲᠡᠷᠭᠡᠯᠰᠢᠯᠬᠦᠯᠵᠦ᠂ ᠴᠢᠰᠤ ᠬᠥᠯᠤᠰᠤ | ᠪᠠᠷ ᠢᠶᠠᠨ ᠴᠠᠭ ᠤᠨ ᠥᠩᠭᠡ ᠶᠢ ᠪᠤᠳᠤᠬᠯᠠᠵᠦ᠂ ᠡᠷᠢᠨ ᠴᠠᠭ ᠲᠤ ᠢᠴᠢᠩᠬᠦᠷᠡᠯ ᠦᠭᠡᠢ᠂ ᠠᠷᠠᠳ ᠲᠦᠮᠡᠨ ᠳᠤ | ᠤᠰᠤᠯᠳᠠᠯ ᠦᠭᠡᠢ ᠴᠣ ᠰᠢᠨ᠎ᠡ ᠠᠮᠵᠢᠯᠲᠠ ᠭᠠᠷᠭᠠᠬᠤ ᠪᠠᠷ ᠴᠢᠷᠮᠠᠶᠢᠳᠤᠭᠠᠢ ︕ |