ᠰᠢ ᠶᠢᠨ ᠫᠢᠩ ᠨᠠᠮ ᠤᠨ ᠲᠥᠪ ᠬᠤᠷᠢᠶ᠎ᠠ ᠳᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠡᠮᠦᠨ᠎ᠡ ᠠᠴᠠ ᠴᠠᠬᠢᠯᠭᠠᠨ ᠴᠢᠮᠡᠭᠡ ᠶᠠᠪᠤᠭᠤᠯᠵᠦ ᠪᠠᠶᠠᠷ ᠬᠦᠷᠭᠡᠵᠠᠢ | ᠯᠢ ᠺᠧ ᠴᠢᠶᠠᠩ ᠸᠠᠩ ᠬᠤ᠋ ᠨᠢᠩ ᠪᠡᠭᠡᠵᠢᠩ ᠳᠤ ᠬᠠᠷᠪᠤᠯᠳᠠ ᠶᠢᠨ ᠪᠤᠳᠠᠳᠤ ᠪᠠᠶᠢᠳᠠᠯ ᠢ ᠦᠵᠡᠵᠠᠢ | ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 29 ᠤ ᠴᠠᠬᠢᠯᠭᠠᠨ ᠮᠡᠳᠡᠭᠡ 4 ᠰᠠᠷ᠎ᠠ ᠶᠢᠨ 29 ᠤ | ᠡᠳᠦᠷ ᠤᠨ 11 ᠴᠠᠭ 23 ᠮᠢᠨᠦ᠋ᠲ ᠲᠤ᠂ ᠳᠤᠮᠳᠠᠳᠤ ᠤᠯᠤᠰ ᠤᠨ ᠣᠭᠲᠠᠷᠭᠤᠢ ᠶᠢᠨ ᠦᠷᠳᠡᠭᠡ ᠶᠢᠨ ᠲᠢᠶᠠᠠ ᠡᡁᠧ | ᠭᠤᠣᠯ ᠦᠷᠦᠬᠡ ᠶᠢ ᠣᠭᠲᠠᠷᠭᠤᠢ ᠳᠤ ᠬᠠᠷᠪᠤᠵᠤ ᠭᠠᠷᠭᠠᠨ᠂ ᠵᠢᠱᠢᠭᠰᠡᠨ ᠲᠣᠭᠤᠷᠢᠯᠲᠠ ᠶᠢᠨ ᠵᠠᠮ ᠳᠤ ᠣᠨᠣᠪᠴᠢᠲᠠᠢ | ᠣᠷᠣᠵᠤ᠂ ᠬᠠᠷᠪᠤᠯᠳᠠ ᠶᠢᠨ ᠡᠭᠦᠷᠭᠡ ᠶᠢ ᠠᠮᠵᠢᠯᠲᠠ ᠲᠠᠢ ᠪᠡᠶᠡᠯᠡᠭᠦᠯᠵᠠᠢ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ | ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ ᠤᠨ | ᠢᠨᠵᠧᠨᠧᠷᠢᠩ ᠤᠨ ᠣᠭᠲᠠᠷᠭᠤᠢ ᠶᠢᠨ ᠦᠷᠳᠡᠭᠡ ᠶᠢᠨ ᠱᠠᠳᠤᠴᠢ ᠴᠢᠨᠠᠷᠲᠠᠢ ᠨᠢᠰᠦᠯᠲᠡ ᠶᠢᠨ ᠡᠭᠦᠷᠭᠡ ᠶᠢᠨ ᠶᠡᠷᠦᠩᠬᠡᠢ | ᠵᠢᠯᠣᠭᠤᠳᠬᠤ ᠭᠠᠵᠠᠷ ᠬᠢᠭᠡᠳ ᠲᠢᠶᠠᠨ ᠾᠧ ᠭᠤᠣᠯ ᠦᠷᠦᠬᠡ ᠶᠢᠨ ᠬᠠᠷᠪᠤᠯᠲᠠ ᠶᠢᠨ ᠡᠭᠦᠷᠭᠡ ᠶᠢᠨ ᠰᠤᠳᠤᠯᠭᠠᠨ ᠪᠠ | ᠲᠤᠷᠰᠢᠯᠲᠠ ᠳᠤ ᠣᠷᠣᠯᠴᠠᠭᠰᠠᠨ ᠡᠯ᠎ᠡ ᠪᠠᠶᠢᠭᠤᠯᠭ᠎ᠠ ᠨᠢᠭᠡᠴᠢ ᠪᠣᠯᠤᠨ ᠪᠦᠬᠦ ᠨᠥᠬᠦᠳ ᠲᠤ ᠬᠠᠯᠠᠭᠤᠨ ᠪᠠᠶᠠᠷ ᠬᠦᠷᠭᠡᠵᠦ | ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠠᠢ᠃ | ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠣᠭᠲᠠᠷᠭᠤᠢ ᠶᠢᠨ ᠦᠷᠲᠡᠭᠡ ᠪᠠᠶᠢᠭᠤᠯᠬᠤ᠂ ᠤᠯᠤᠰ ᠤᠨ | ᠰᠠᠨᠰᠠᠷ ᠤᠨ ᠲᠤᠷᠰᠢᠯᠲᠠ ᠶᠢᠨ ᠲᠠᠰᠤᠭ ᠢ ᠪᠠᠶᠢᠭᠤᠯᠤᠭᠰᠠᠨ ᠨᠢ ᠮᠠᠨ ᠤ ᠤᠯᠤᠰ ᠤᠨ ᠬᠥᠮᠦᠨ ᠰᠠᠭᠤᠯᠭᠠᠭᠰᠠᠨ ᠰᠠᠨᠰᠠᠷ ᠤᠨ | ᠠᠶᠠᠯᠠᠯ ᠤᠨ ᠢᠨᠵᠧᠨᠧᠷᠢᠩ ᠤᠨ ︽ᠭᠤᠷᠪᠠᠨ ᠠᠯᠬᠤᠮ ᠢᠶᠠᠷ ᠶᠠᠪᠤᠬᠤ︾ ᠪᠠᠶᠢᠯᠳᠤᠬᠤ ᠪᠤᠳᠤᠯᠭ᠎ᠠ ᠶᠢ ᠪᠡᠶᠡᠯᠡᠭᠦᠯᠬᠦ ᠶᠢᠨ | ᠴᠢᠬᠤᠯᠠ ᠬᠠᠷᠠᠯᠲᠠ ᠮᠥᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ ᠰᠠᠨᠰᠠᠷ ᠤᠨ ᠠᠶᠠᠯᠠᠯ ᠤᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠴᠢᠬᠤᠯᠠ ᠳᠠᠭᠠᠭᠤᠯᠬᠤ ᠴᠢᠨᠠᠷᠲᠠᠢ ᠢᠨᠵᠧᠨᠧᠷᠢᠩ ᠮᠥᠨ᠃ ᠲᠢᠶᠠᠨ | ᠾᠧ ᠭᠤᠣᠯ ᠦᠷᠦᠬᠡ ᠶᠢ ᠠᠮᠵᠢᠯᠲᠠ ᠲᠠᠢ ᠬᠠᠷᠪᠤᠭᠰᠠᠨ ᠨᠢ ᠮᠠᠨ ᠤ ᠤᠯᠤᠰ ᠤᠨ ᠣᠭᠲᠠᠷᠭᠤᠢ ᠶᠢᠨ ᠦᠷᠳᠡᠭᠡ ᠶᠢᠨ | ᠪᠦᠳᠦᠬᠡᠨ ᠪᠠᠶᠢᠭᠤᠯᠤᠯᠲᠠ ᠪᠦᠬᠦ ᠲᠠᠯ᠎ᠠ ᠪᠠᠷ ᠬᠡᠷᠡᠭᠵᠢᠭᠦᠯᠬᠦ ᠱᠠᠲᠤᠨ ᠳᠤ ᠤᠷᠤᠬᠰᠠᠨ ᠢ ᠬᠠᠷᠠᠭᠤᠯᠵᠤ᠂ ᠲᠠᠷᠠᠭᠠᠴᠢ ᠶᠢᠨ | ᠡᠭᠦᠷᠭᠡ ᠶᠢ ᠥᠷᠨᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠦ ᠦᠭᠭᠦᠭᠰᠡᠨ ᠪᠠᠶᠢᠨ᠎ᠠ᠃ ᠲᠠ ᠨᠠᠷ ᠤᠨ ︽ᠬᠤᠶᠠᠷ ᠪᠥᠮᠪᠦᠭᠡ | ᠨᠢᠭᠡ ᠤᠳᠤᠨ︾ ᠤ ᠵᠣᠷᠢᠭ ᠰᠠᠨᠠᠭ᠎ᠠ ᠪᠣᠯᠤᠨ ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠵᠣᠷᠢᠭ ᠰᠠᠨᠠᠭ᠎ᠠ ᠶᠢ | ᠶᠡᠭᠡ ᠪᠠᠷ ᠪᠠᠳᠠᠷᠠᠭᠤᠯᠤᠨ᠂ ᠪᠡᠶ᠎ᠡ ᠪᠠᠨ ᠳᠠᠭᠠᠭᠠᠨ ᠬᠦᠴᠦᠷᠬᠡᠭᠵᠢᠵᠦ᠂ ᠰᠢᠨ᠎ᠡ ᠶᠢ ᠡᠭᠦᠳᠴᠤ ᠳᠠᠪᠠᠨ ᠲᠤᠭᠤᠯᠵᠤ᠂ | ᠣᠭᠲᠠᠷᠭᠤᠢ ᠶᠢᠨ ᠦᠷᠲᠡᠭᠡ ᠪᠠᠶᠢᠭᠤᠯᠬᠤ ᠡᠭᠦᠷᠭᠡ ᠶᠢᠨ ᠪᠦᠬᠦ ᠲᠠᠯ᠎ᠠ ᠶᠢᠨ ᠢᠯᠠᠯᠲᠠ ᠶᠢ ᠣᠯᠵᠤ᠂ ᠨᠡᠶᠢᠭᠡᠮ ᠵᠢᠷᠤᠮᠲᠦ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠡ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ | ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ︕ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ ᠸᠠᠩ ᠬᠤ᠋ ᠨᠢᠩ | ᠪᠡᠭᠡᠵᠢᠩ ᠤᠨ ᠰᠠᠨᠰᠠᠷ ᠤᠨ ᠠᠶᠠᠯᠠᠯ ᠤᠨ ᠨᠢᠰᠦᠯᠲᠡ ᠶᠢ ᠡᠵᠡᠮᠳᠡᠬᠦ ᠲᠥᠪ ᠲᠤ ᠬᠠᠷᠪᠤᠯᠲᠠ ᠶᠢᠨ ᠪᠣᠳᠠᠲᠤ ᠪᠠᠶᠢᠳᠠᠯ ᠢ | ᠦᠵᠡᠵᠠᠢ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠳᠡᠳ᠋ ᠲᠡᠷᠢᠭᠦᠯᠡᠭᠴᠢ ᠵᠠᠩ ᠶᠢᠦ ᠰᠢᠶᠠ ᠬᠠᠶᠢᠨᠠᠨ ᠤ ᠸᠧᠨᠴᠠᠩ ᠰᠠᠨᠰᠠᠷ ᠤᠨ ᠠᠶᠠᠯᠠᠯ ᠤᠨ | ᠬᠠᠷᠪᠤᠯᠲᠠ ᠶᠢᠨ ᠲᠠᠯᠠᠪᠠᠢ ᠳᠤ ᠰᠢ ᠶᠢᠨ ᠫᠢᠩ ᠤᠨ ᠪᠠᠶᠠᠷ ᠤᠨ ᠴᠠᠬᠢᠯᠭᠠᠨ ᠴᠢᠮᠡᠭᠡ ᠶᠢ ᠤᠩᠰᠢᠨ ᠨᠡᠶᠢᠲᠡᠯᠡᠪᠡ᠃ | ᠯᠢᠦ ᠾᠧ᠂ ᠰᠢᠤᠢ ᠴᠢ ᠯᠢᠶᠠᠩ᠂ ᠰᠢᠶᠤᠤ ᠵᠢᠶᠧ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠨ | ᠯᠢ ᠽᠦᠸᠧ ᠴᠧᠩ᠂ ᠮᠢᠶᠣᠣ ᠬᠤᠸᠠ᠂ ᠵᠠᠩ ᠱᠧᠩ ᠮᠢᠨ ᠪᠡᠭᠡᠵᠢᠩ ᠤᠨ ᠰᠠᠨᠰᠠᠷ ᠤᠨ ᠠᠶᠠᠯᠠᠯ ᠤᠨ ᠨᠢᠰᠦᠯᠲᠡ ᠶᠢ ᠡᠵᠡᠮᠳᠡᠬᠦ | ᠲᠥᠪ ᠲᠤ ᠬᠠᠷᠪᠤᠯᠲᠠ ᠶᠢ ᠦᠵᠡᠵᠠᠢ᠃ | ᠳᠤᠮᠳᠠᠳᠤ ᠤᠯᠤᠰ ᠤᠨ ᠣᠭᠲᠠᠷᠭᠤᠢ ᠶᠢᠨ ᠦᠷᠲᠡᠭᠡ ᠪᠣᠯ ᠳᠤᠮᠳᠠᠳᠤ ᠤᠯᠤᠰ ᠤᠨ ᠪᠡᠶ᠎ᠡ ᠪᠠᠨ ᠳᠠᠭᠠᠭᠠᠵᠤ | ᠪᠠᠶᠢᠭᠤᠯᠵᠤ ᠡᠵᠡᠩᠨᠡᠬᠦ ᠬᠥᠮᠦᠨ ᠰᠠᠭᠤᠯᠭᠠᠭᠰᠠᠨ ᠣᠭᠲᠠᠷᠭᠤᠢ ᠶᠢᠨ ᠦᠷᠲᠡᠭᠡ ᠪᠣᠯᠤᠨ᠎ᠠ᠂ ᠲᠢᠶᠠᠨ ᠾᠧ ᠭᠤᠣᠯ ᠦᠷᠦᠭᠡ᠂ | ᠸᠧᠨ ᠲᠢᠶᠠᠨ ᠲᠤᠷᠰᠢᠯᠲᠠ ᠶᠢᠨ ᠦᠷᠦᠭᠡ᠂ ᠮᠧᠩ ᠲᠢᠶᠠᠨ ᠲᠤᠷᠰᠢᠯᠲᠠ ᠶᠢᠨ ᠦᠷᠦᠭᠡ ᠵᠡᠷᠭᠡ ᠭᠤᠷᠪᠠᠨ ᠦᠷᠦᠭᠡ ᠪᠠᠷ | ᠪᠦᠷᠢᠯᠳᠦᠵᠡᠢ᠃ ᠲᠢᠶᠠᠨ ᠾᠧ ᠭᠤᠤᠯ ᠥᠷᠥᠭᠡ ᠪᠣᠯ ᠣᠭᠲᠠᠷᠭᠤᠶ ᠶᠢᠨ ᠥᠷᠲᠡᠭᠡ ᠶᠢᠨ ᠬᠠᠮᠢᠶᠠᠷᠤᠯᠲᠠ ᠪᠠ ᠡᠵᠡᠮᠳᠡᠬᠦ ᠲᠥᠪ | ᠪᠠᠶᠢᠵᠤ᠂ ᠲᠣᠭᠤᠷᠢᠯᠲᠠ ᠶᠢᠨ ᠵᠠᠮ ᠳᠤ ᠣᠷᠣᠭᠤᠯᠤᠭᠰᠠᠨ ᠣᠭᠲᠠᠷᠭᠤᠶ ᠶᠢᠨ ᠥᠷᠲᠡᠭᠡ ᠶᠢᠨ ᠠᠩᠬᠠᠨ ᠤ ᠦᠷᠦᠭᠡ ᠪᠣᠯᠤᠨ᠎ᠠ | ᠃ ᠡᠭᠦᠷᠭᠡ ᠶᠢᠨ ᠲᠣᠬᠢᠷᠠᠭᠤᠯᠤᠯᠲᠠ ᠶᠢ ᠦᠨᠳᠦᠰᠦᠯᠡᠪᠡᠯ᠂ ᠤᠭᠲᠠᠷᠭᠤᠢ ᠶᠢᠨ ᠥᠷᠲᠡᠭᠡ ᠶᠢ 2022 ᠣᠨ ᠳᠤ | ᠲᠣᠭᠤᠷᠢᠯᠲᠠ ᠶᠢᠨ ᠵᠠᠮ ᠳᠡᠭᠡᠷ᠎ᠡ ᠪᠠᠶᠢᠭᠤᠯᠵᠤ ᠳᠠᠭᠤᠰᠬᠠᠨ᠂ ᠭᠠᠵᠠᠷ ᠤᠨ ᠪᠥᠮᠪᠥᠷᠴᠡᠭ ᠠᠴᠠ ᠣᠶᠢᠷ᠎ᠠ ᠣᠭᠲᠠᠷᠭᠤᠶ ᠳᠤ | ᠬᠦᠮᠦᠨ ᠤ ᠤᠷᠤᠯᠴᠠᠯᠭ᠎ᠠ ᠲᠠᠢ ᠰᠢᠨᠵᠢᠯᠡᠬᠦ ᠤᠬᠠᠭᠠᠨ ᠤ ᠲᠤᠷᠰᠢᠯᠲᠠ᠂ ᠮᠡᠷᠭᠡᠵᠢᠯ ᠤᠨ ᠲᠤᠷᠰᠢᠯᠲᠠ ᠶᠢ ᠣᠷᠳᠣ | ᠬᠤᠭᠤᠴᠠᠭ᠎ᠠ ᠪᠠᠷ ᠥᠷᠨᠢᠭᠦᠯᠬᠦ ᠪᠠ ᠰᠠᠨᠰᠠᠷ ᠤᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠠᠠᠯᠠᠬᠤ ᠴᠢᠳᠠᠪᠤᠷᠢ ᠶᠢ | ᠪᠦᠷᠢᠳᠦᠭᠦᠯᠵᠤ᠂ ᠬᠡᠷᠡᠭᠯᠡᠭᠡ ᠪᠠ ᠬᠥᠭᠵᠢᠯᠲᠡ ᠶᠢᠨ ᠱᠠᠲᠤᠨ ᠳᠤ ᠰᠢᠯᠵᠢᠬᠦ ᠪᠤᠯᠤᠨ᠎ᠠ᠃ | | |