ᠤᠢ ᠰᠢᠭᠤᠢ ᠨᠤᠲᠤᠭ ᠪᠡᠯᠴᠢᠭᠡᠷ ᠤᠨ ᠭᠠᠯ ᠴᠠᠭᠠᠵᠠᠯᠠᠬᠤ ᠳᠤᠬᠠᠢ ᠤᠯᠠᠭᠠᠨᠬᠠᠳᠡ ᠬᠤᠳᠠ ᠶᠢᠨ ᠠᠷᠠᠳ ᠤᠨ  ᠵᠠᠰᠠᠭ ᠤᠨ ᠤᠷᠳᠤᠨ ᠤ ᠵᠠᠷᠯᠠᠯ
ᠨᠡᠶᠢᠲᠡᠯᠡᠭᠰᠡᠨ ᠴᠠᠭ᠄
2021/6/30
     ᠣᠳᠣᠬᠠᠨ ᠳᠤ ᠪᠦᠬᠦ ᠬᠤᠲᠠ ᠶᠢᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠢᠯᠡᠬᠦ ᠠᠵᠢᠯ  ᠵᠠᠩᠭᠢᠯᠠᠭ᠎ᠠ ᠶᠢᠨ ᠬᠤᠭᠤᠴᠠᠭ᠎ᠠ ᠳᠤ ᠣᠷᠣᠪᠠ᠃ ᠤᠢ ᠰᠢᠭᠤᠢ ᠨᠤᠲᠤᠭ ᠪᠡᠯᠴᠢᠭᠡᠷ ᠤᠨ ᠭᠠᠯ ᠶᠢᠨ ᠭᠠᠮᠰᠢᠭ ᠢ ᠪᠦᠳᠦᠮᠵᠢᠲᠠᠢ  ᠰᠡᠷᠭᠡᠢᠯᠡᠬᠦ ᠪᠠ ᠬᠤᠷᠢᠭᠯᠠᠵᠤ᠂ ᠪᠦᠬᠦ ᠬᠤᠲᠠ ᠶᠢᠨ ᠠᠮᠢ ᠠᠬᠤᠢ ᠶᠢᠨ ᠪᠠᠢᠭᠤᠯᠤᠯᠲᠠ ᠶᠢᠨ ᠦᠷ᠎ᠡ ᠪᠦᠲᠦᠭᠡᠯ ᠢ  ᠬᠠᠮᠠᠭᠠᠯᠠᠬᠤ ᠶᠢᠨ ᠲᠥᠯᠥᠭᠡ᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠨᠤᠲᠤᠭ  ᠪᠡᠯᠴᠢᠭᠡᠷ ᠤᠨ ᠭᠠᠯ ᠰᠡᠷᠭᠡᠢᠯᠡᠭᠦ ᠳᠦᠷᠢᠮ︾ ᠢ ᠦᠨᠳᠦᠰᠦᠯᠡᠵᠦ᠂ ᠬᠤᠯᠪᠤᠭᠳᠠᠯ ᠪᠦᠬᠦᠢ ᠶᠠᠪᠦᠳᠠᠯ ᠢ ᠳᠤᠤᠷᠠᠬᠢ ᠮᠡᠳᠤ  ᠵᠠᠷᠯᠠᠶ᠎ᠠ᠄              ᠨᠢᠭᠡ᠂ ᠭᠠᠯ ᠴᠠᠭᠠᠵᠠᠯᠠᠬᠤ ᠬᠤᠭᠤᠴᠠᠭ᠎ᠠ᠄ 2021 ᠤᠨ ᠤ 3 ᠰᠠᠷ᠎ᠠ ᠶᠢᠨ 15 ᠤ ᠡᠳᠦᠷ — 6  ᠰᠠᠷ᠎ᠠ ᠶᠢᠨ 15 ᠤ ᠡᠳᠤᠷ᠂ 9 ᠰᠠᠷ᠎ᠠ ᠶᠢᠨ 15 ᠤ ᠡᠳᠦᠷ — 11 ᠰᠠᠷ᠎ᠠ ᠶᠢᠨ 15 ᠤ ᠡᠳᠦᠷ ᠬᠦᠷᠲᠡᠯ᠎ᠡ᠃              ᠬᠤᠶᠠᠷ᠂ ᠭᠠᠯ ᠴᠠᠭᠠᠵᠠᠯᠠᠬᠤ ᠬᠡᠪᠴᠢᠶ᠎ᠡ᠄ ᠪᠦᠬᠦ ᠬᠤᠲᠠ ᠶᠢᠨ ᠤᠢ ᠰᠢᠭᠤᠢ ᠨᠤᠲᠤᠭ ᠪᠡᠯᠴᠢᠭᠡᠷ ᠤᠨ ᠭᠠᠯ  ᠴᠠᠭᠠᠵᠠᠯᠠᠬᠤ ᠤᠷᠤᠨ ᠪᠦᠰᠡ᠃              ᠭᠤᠷᠪᠠ᠂ ᠭᠠᠯ ᠴᠠᠭᠠᠵᠠᠯᠠᠬᠤ ᠱᠠᠭᠠᠷᠳᠠᠯᠭ᠎ᠠ᠄ ᠭᠠᠯ ᠨᠣᠴᠤᠭᠠᠭᠤᠷ ᠵᠢᠴᠢ ᠰᠢᠳᠠᠮᠠᠳᠠᠬᠠᠢ ᠳᠡᠯᠪᠡᠷᠡᠮᠡᠳᠡᠬᠡᠢ ᠡᠳ᠋ ᠢ  ᠭᠠᠯ ᠰᠡᠷᠭᠡᠢᠯᠡᠬᠦ ᠬᠡᠪᠴᠢᠶᠡᠨ ᠳᠠᠬᠢ ᠤᠢ ᠰᠢᠭᠤᠢ ᠨᠤᠲᠤᠭ ᠪᠡᠯᠴᠢᠭᠡᠷ ᠲᠤ ᠠᠪᠴᠤ ᠤᠷᠤᠬᠤ ᠶᠢ ᠡᠷᠡᠰ ᠴᠠᠭᠠᠵᠠᠯᠠᠨ᠎ᠠ᠃  ᠴᠠᠭᠠᠰᠤ ᠰᠢᠲᠠᠭᠠᠬᠤ᠂ ᠬᠦᠵᠢ ᠠᠰᠠᠭᠠᠬᠤ᠂ ᠳᠠᠮᠠᠬᠢ ᠳᠠᠲᠠᠬᠤ᠂ ᠬᠡᠭᠡᠷ᠎ᠡ ᠲᠣᠭᠤᠭᠠᠯᠠᠬᠤ ᠪᠠ ᠫᠤᠤᠵᠢᠩ ᠲᠠᠯᠪᠢᠬᠤ ᠵᠡᠷᠭᠡ  ᠭᠠᠯ ᠬᠡᠷᠡᠭᠯᠡᠬᠦ ᠠᠵᠢᠯᠯᠠᠭ᠎ᠠ ᠶᠢ ᠡᠷᠡᠰ ᠴᠠᠭᠠᠵᠠᠯᠠᠨ᠎ᠠ᠃ ᠠᠲᠠᠷ ᠭᠠᠯᠳᠠᠬᠤ᠂ ᠡᠰᠢ ᠰᠦᠷᠡᠯ ᠰᠢᠲᠠᠭᠠᠬᠤ᠂ ᠵᠠᠭᠠᠭ ᠬᠢᠵᠠᠭᠠᠷ ᠤᠨ  ᠬᠠᠰᠢᠯᠠᠭ᠎ᠠ ᠰᠢᠲᠠᠭᠠᠬᠤ ᠢ ᠡᠷᠡᠰ ᠴᠠᠭᠠᠵᠠᠯᠠᠨ᠎ᠠ᠃ ᠪᠣᠰᠣᠳ ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠢᠴᠢ ᠤᠢ ᠰᠢᠭᠤᠢ ᠨᠤᠲᠤᠭ  ᠪᠡᠯᠴᠢᠭᠡᠷ ᠤᠨ ᠭᠠᠯ ᠤᠨ ᠭᠠᠮᠰᠢᠭ ᠠᠮᠠᠷᠬᠠᠨ ᠡᠭᠦᠰᠭᠡᠬᠦ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃              ᠳᠦᠷᠪᠡ᠂ ᠲᠤᠰ ᠵᠠᠷᠯᠠᠯ ᠠᠴᠠ ᠵᠦᠷᠢᠴᠡᠭᠰᠡᠳ ᠢ ᠬᠤᠯᠪᠤᠭᠳᠠᠯ ᠪᠦᠬᠦᠢ ᠬᠠᠤᠯᠢ ᠴᠠᠭᠠᠵᠠ ᠳᠦᠷᠢᠮ  ᠳᠤᠭᠲᠠᠭᠠᠯ ᠢᠶᠠᠷ ᠴᠢᠩᠭ᠎ᠠ ᠰᠢᠳᠭᠡᠨ᠎ᠡ᠃              ᠲᠠᠪᠦ᠂ ᠡᠯ᠎ᠡ ᠬᠤᠰᠢᠭᠤ ᠰᠢᠶᠠᠨ ᠲᠤᠭᠤᠷᠢᠭ ᠤᠳ ᠭᠠᠯ ᠰᠡᠷᠭᠡᠢᠯᠡᠬᠦ ᠵᠠᠷᠯᠡᠯ ᠨᠡᠢᠲᠡᠯᠡᠵᠤ᠂ ᠤᠢ ᠰᠢᠭᠤᠢ ᠨᠤᠲᠤᠭ  ᠪᠡᠯᠴᠢᠭᠡᠷ ᠤᠨ ᠭᠠᠯ ᠰᠡᠷᠭᠡᠢᠯᠡᠬᠦ ᠬᠦᠷᠢᠶ᠎ᠡ ᠬᠡᠪᠴᠢᠶ᠎ᠡ ᠪᠠ ᠭᠠᠯ ᠤᠨ ᠠᠶᠤᠯ ᠤᠨ ᠵᠡᠷᠭᠡ ᠳᠡᠰ ᠢ ᠬᠤᠪᠢᠶᠠᠷᠢᠯᠠᠵᠤ ᠨᠡᠢᠭᠡᠮ ᠳᠤ  ᠨᠡᠢᠲᠡᠯᠡᠬᠦ ᠬᠡᠷᠡᠭᠲᠡᠢ᠃ ᠦᠷᠭᠡᠨ ᠤᠯᠡᠨ ᠺᠠᠳ᠋ᠷ ᠣᠯᠠᠨ ᠲᠦᠮᠡᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠢᠯᠡᠬᠦ  ᠳᠦᠷᠢᠮ ᠢ ᠤᠬᠠᠨᠮᠰᠠᠷ ᠠᠴᠠ ᠪᠠᠷᠢᠮᠲᠠᠯᠠᠵᠤ᠂ ᠳᠤᠭᠲᠠᠭᠠᠯ ᠠᠴᠠ ᠵᠦᠷᠢᠴᠡᠵᠦ ᠭᠠᠯ ᠬᠡᠷᠡᠭᠯᠡᠬᠦ ᠪᠠ ᠤᠢ ᠰᠢᠭᠤᠢ ᠨᠤᠲᠤᠭ  ᠪᠡᠯᠴᠢᠭᠡᠷ ᠶᠢᠨ ᠭᠠᠯ ᠤᠨ ᠪᠠᠢᠳᠠᠯ ᠢ ᠤᠯᠵᠤ ᠮᠡᠳᠡᠪᠡᠯ ᠳᠠᠷᠤᠢ ᠲᠦᠷᠭᠡᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ  ᠰᠡᠷᠭᠡᠢᠯᠡᠬᠦ ᠤᠲᠠᠰᠤ᠄ 12119 ᠳᠤ ᠣᠳᠠᠰᠣᠳᠠᠵᠤ ᠮᠡᠳᠡᠭᠦᠯᠬᠦ ᠬᠡᠷᠡᠭᠲᠡᠢ ᠃                                                                              2021 ᠤᠨ ᠤ 3 ᠰᠠᠷ᠎ᠠ ᠶᠢᠨ 19 ᠤ ᠡᠳᠦᠷ      
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号